ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠭᠡᠯᠳᠡᠰ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠬᠠᠮᠳᠤᠷᠠᠨ — ᠲᠠᠪᠤᠨ ᠵᠢᠯ ᠤᠨ ᠬᠤᠭᠤᠴᠠᠭ᠎ᠠ ᠲᠠᠢ ︽ᠤᠷ᠎ᠠ ᠴᠢᠳᠠᠪᠤᠷᠢ ᠪᠠᠷ ᠶᠠᠳᠠᠭᠤ ᠶᠢ ᠲᠡᠳᠬᠦᠬᠦ ᠮᠢᠩᠭᠠᠨ ᠰᠤᠷᠭᠠᠭᠤᠯᠢ ᠶᠢᠨ ᠠᠵᠢᠯᠯᠠᠭ᠎ᠠ︾ ᠦᠷᠨᠢᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/11/4
       ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠭᠡᠯᠳᠡᠰ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠢᠢᠷ᠎ᠠ ᠶᠢᠨ ᠡᠳᠤᠷ ᠬᠠᠮᠳᠤᠷᠠᠨ ︽ᠤᠷ᠎ᠠ ᠴᠢᠳᠠᠪᠤᠷᠢ ᠪᠠᠷ ᠶᠠᠳᠠᠭᠤ ᠶᠢ ᠲᠡᠳᠬᠦᠬᠦ ᠮᠢᠩᠭᠠᠨ ᠰᠤᠷᠭᠠᠭᠤᠯᠢ ᠶᠢᠨ ᠠᠵᠢᠯᠯᠠᠭ᠎ᠠ ᠦᠷᠨᠢᠬᠦᠯᠬᠦ ᠲᠤᠬᠠᠢ ᠮᠡᠳᠡᠭᠳᠡᠯ︾ ᠪᠠᠭᠤᠯᠭᠠᠵᠥ᠂ 2016 ᠤᠨ ᠠᠴᠠ 2020 ᠤᠨ ᠪᠤᠯᠳᠠᠯ᠎ᠠ᠂ ᠪᠦᠬᠦ ᠤᠯᠤᠰ ᠲᠤ ᠮᠢᠩᠭᠠᠠ ᠤᠷᠴᠢᠮ ᠮᠤᠵᠢ ᠶᠢᠨ  ᠲᠡᠰ ‍ᠤᠨ‌ᠭᠤᠤᠯᠳᠠᠯᠭ᠎ᠠ ᠲᠠᠢ ᠰᠤᠷᠭᠠᠭᠤᠯᠢ ᠠᠴᠠ ᠲᠡᠭᠡᠭᠰᠢᠬᠢ ᠮᠡᠷᠭᠡᠵᠢᠯ ᠤᠨ ᠠᠵᠢᠯᠴᠢᠨ ᠤ ᠲᠡᠭᠡᠳᠤ ᠰᠤᠷᠭᠠᠭᠤᠯᠢ ᠳᠤ ᠤᠷ᠎ᠠ ᠴᠢᠳᠠᠪᠤᠷᠢ ᠪᠠᠷ ᠶᠠᠳᠠᠭᠤ ᠶᠢ ᠲᠡᠳᠬᠦᠬᠦ ᠮᠢᠩᠭᠠᠨ ᠰᠤᠷᠭᠠᠭᠤᠯᠢ ᠶᠢᠨ ᠠᠵᠢᠯᠯᠠᠭ᠎ᠠ ᠦᠷᠨᠢᠬᠦᠯᠬᠦ ᠪᠠᠷ ᠲᠤᠭᠳᠠᠭᠰᠠᠠ  ᠪᠠᠶᠢᠨ᠎ᠠ᠃ ᠮᠡᠳᠡᠭᠳᠡᠯ ᠳᠤ᠂ ᠮᠢᠩᠭᠠᠠ ᠤᠷᠴᠢᠮ ᠮᠤᠵᠢ ᠶᠢᠨ ᠲᠡᠰ ᠤᠨ ᠭᠤᠤᠯᠳᠠᠯᠭ᠎ᠠ ᠲᠠᠢ ᠰᠤᠷᠭᠠᠭᠤᠯᠢ ᠠᠴᠠ ᠲᠡᠭᠡᠭᠰᠢᠬᠢ  ᠮᠡᠷᠭᠡᠵᠢᠯ ᠤᠨ ᠠᠵᠢᠯᠴᠢᠨ ᠤ ᠲᠡᠭᠡᠳᠤ ᠰᠤᠷᠭᠠᠭᠤᠯᠢ ᠳᠤ ᠲᠦᠰᠢᠭᠯᠡᠨ ᠤᠷ᠎ᠠ ᠴᠢᠳᠠᠪᠤᠷᠢ ᠪᠠᠷ ᠶᠠᠳᠠᠭᠤ ᠶᠢ ᠲᠡᠳᠬᠦᠬᠦ ᠮᠢᠩᠭᠠᠨ ᠰᠤᠷᠭᠠᠭᠤᠯᠢ ᠶᠢᠨ ᠠᠵᠢᠯᠯᠠᠭ᠎ᠠ ᠦᠷᠨᠢᠬᠦᠯᠵᠥ᠂ ᠮᠡᠷᠬᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠬᠤ ᠰᠠᠨᠠᠭ᠎ᠠ ᠲᠠᠢ ᠲᠠᠩᠰᠠ ᠡᠪᠬᠡᠮᠡᠯ ᠪᠠᠶᠢᠭᠤᠯᠵᠥ ᠺᠠᠷᠲ ᠬᠢᠯᠬᠡᠭᠰᠡᠡ ᠶᠠᠳᠠᠭᠤ ᠬᠦᠴᠢᠷᠳᠡᠯᠳᠡᠢ ᠬᠡᠷ ᠪᠦᠯᠢ ᠶᠢᠨ ᠲᠤᠰ ᠬᠤᠭᠤᠴᠠᠭ᠎ᠠ᠂ ᠦᠩᠬᠡᠷᠡᠭᠰᠡᠡ ᠬᠤᠭᠤᠴᠠᠭ᠎ᠠ ᠶᠢᠨ ᠠᠩᠬ᠎ᠠ ᠲᠤᠮᠳᠠᠳᠤ᠂ ᠦᠨᠳᠤᠷ ᠲᠤᠮᠳᠠᠳᠤ ᠲᠡᠬᠦᠰᠦᠭᠡᠳ ᠰᠤᠷᠭᠠᠭᠤᠯᠢ ᠲᠡᠪᠰᠢᠵᠥ ᠲᠡᠶᠢᠯᠥᠭᠰᠡᠡ ᠦᠭᠡᠢ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠡᠤᠬᠡᠳ ᠲᠤ  ᠰᠦᠢᠳᠭᠡᠯ ᠬᠤᠷᠢᠶᠠᠬᠤ ᠦᠭᠡᠢ ᠪᠠᠷ ᠮᠡᠷᠬᠡᠵᠢᠯ ᠤᠨ ᠠᠵᠢᠯᠴᠢᠨ ᠤ ᠬᠦᠮᠥᠵᠢᠯ ᠬᠦᠷᠳᠡᠭᠡᠵᠥ᠂ ᠬᠦᠳᠡᠯᠮᠤᠷᠢᠯᠡᠬᠦ ᠴᠢᠳᠠᠪᠤᠷᠢ‌‍ᠲ᠋ᠠᠢ ᠪᠦᠭᠡᠳ ᠠᠵᠢᠯ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠬᠤ ᠰᠠᠨᠠᠭ᠎ᠠ ᠲᠠᠢ ᠲᠠᠩᠰᠠ ᠡᠪᠬᠡᠮᠡᠯ ᠪᠠᠶᠢᠭᠤᠯᠵᠥ ᠺᠠᠷᠲ ᠬᠢᠯᠬᠡᠭᠰᠡᠡ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠦᠳᠡᠯᠮᠤᠷᠢᠴᠢᠨ ᠪᠦᠷᠢ ᠶᠢ ᠵᠢᠯ ᠳᠤ ᠨᠢᠬᠡ ᠤᠳᠠᠭ᠎ᠠ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠤᠴᠢᠭᠤᠯᠤᠨ ᠰᠦᠢᠳᠭᠡᠯ ᠬᠤᠷᠢᠶᠠᠬᠤ ᠦᠭᠡᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠦᠷᠳᠡᠭᠡᠵᠥ᠂ ︽ᠨᠢᠬᠡ ᠬᠦᠮᠥᠨ ᠢ ᠬᠦᠮᠥᠵᠢᠬᠦᠯᠥᠨ ᠪᠤᠯᠪᠠᠰᠤᠷᠠᠭᠤᠯᠬᠤ᠂ ᠨᠢᠬᠡ ᠬᠦᠮᠥᠨ ᠢ ᠠᠵᠢᠯ ᠤᠯᠭᠤᠨ ᠦᠢᠯᠡᠰ ᠪᠤᠰᠬᠠᠯᠭᠠᠵᠥ᠂ ᠨᠢᠬᠡ ᠡᠷᠦᠬᠡ ᠶᠢ ᠪᠠᠶᠠᠵᠢᠭᠤᠯᠬᠤ︾ ᠬᠠᠷᠠᠯᠳᠡ ᠶᠢ ᠪᠡᠶᠡᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号