︽ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠤᠭᠲᠠᠭᠠᠯ︾ ︵ | ᠲᠤᠲᠤᠭᠠᠲᠤ ᠶᠢ ᠬᠠᠮᠠᠭᠠᠯᠠᠬᠤ ᠶᠠᠮᠤᠨ ᠤ 123 ᠳ᠋ᠤᠭᠠᠷ ᠲᠤᠭᠠᠲᠤ ᠵᠠᠷᠯᠢᠭ︶ ᠳᠤ ᠵᠢᠯᠤᠭᠤᠴᠢ ᠶᠢᠨ ᠦᠨᠡᠮᠯᠡᠯ | ᠭᠤᠶᠤᠴᠢᠯᠠᠨ ᠠᠪᠬᠤ ᠳᠤ ᠪᠦᠷᠢᠳᠥᠭᠦᠯᠪᠡᠰᠦ ᠵᠤᠬᠢᠬᠤ ᠨᠦᠬᠦᠴᠡᠯ ᠢ ᠪᠤᠳᠠᠲᠠᠢ ᠲᠣᠭᠲᠠᠭᠠᠭᠰᠠᠨ ᠨᠢ ᠳᠤᠤᠷᠠᠬᠢ ᠮᠡᠲᠦ᠄ | | ᠠᠷᠪᠠᠨ ᠨᠢᠭᠡᠳᠦᠭᠡᠷ ᠵᠦᠢᠯ ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠭᠤᠶᠤᠴᠢᠯᠠᠬᠤ ᠳᠤ᠂ ᠳᠣᠣᠷ᠎ᠠ | ᠵᠢᠭᠰᠠᠭᠠᠭᠰᠠᠨ ᠲᠤᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠄ | ︵ᠨᠢᠭᠡ︶ ᠨᠠᠰᠤ ᠵᠢᠯ ᠤᠨ ᠨᠦᠬᠦᠴᠡᠯ᠄ | 1. ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ᠂ | ᠵᠡᠮᠳᠡᠭᠴᠤᠳ ᠤᠨ ᠲᠤᠰᠬᠠᠢ ᠬᠡᠷᠡᠭᠯᠡᠬᠦ ᠠᠦ᠋ᠲ᠋ᠤ᠋ ᠵᠠᠯᠭᠠᠯᠲᠠ ᠲᠠᠢ ᠠᠶᠠᠨᠴᠢᠳ ᠤᠨ ᠮᠠᠰᠢᠨ ᠲᠡᠷᠭᠡ᠂ ᠬᠦᠡᠭᠭᠡᠨ ᠮᠤᠲ᠋ᠤᠷ | ᠲᠡᠷᠭᠡ ᠵᠡᠷᠭᠡ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ 18 ᠨᠠᠰᠤᠨ ᠠᠴᠠ | ᠳᠡᠭᠡᠭᠰᠢ᠂ ᠪᠦᠬᠦᠯᠢ 70 ᠨᠠᠰᠤᠨ ᠠᠴᠠ ᠳᠣᠷᠣᠭᠰᠢ ᠪᠠᠶᠢᠬᠤ᠃ | 2. ᠪᠠᠷᠠᠭᠠᠨ ᠤ ᠳᠣᠣᠷ᠎ᠠ ᠬᠤᠷᠳᠤᠴᠠᠲᠦ ᠮᠠᠰᠢᠨ ᠲᠡᠷᠭᠡ᠂ ᠭᠤᠷᠪᠠᠨ ᠬᠦᠷᠳᠦᠲᠦ ᠮᠠᠰᠢᠨ ᠲᠡᠷᠭᠡ᠂ ᠡᠩ ᠤᠨ | ᠭᠤᠷᠪᠠᠨ ᠬᠦᠷᠲᠦᠲᠦ ᠮᠤᠲ᠋ᠤᠷ ᠲᠡᠷᠭᠡ᠂ ᠡᠩ ᠤᠨ ᠬᠤᠶᠠᠷ ᠬᠦᠷᠲᠦᠲᠦ ᠮᠤᠲ᠋ᠤᠷ ᠲᠡᠷᠭᠡ ᠪᠤᠶᠤ ᠠᠶᠠᠨᠳᠠᠭᠠᠨ ᠶᠠᠪᠤᠬᠤ | ᠬᠦᠷᠲᠦᠲᠦ ᠮᠧᠬᠠᠸ᠋ᠨᠢᠭ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ 18 ᠪᠦᠬᠦᠯᠢ | ᠨᠠᠰᠦᠨ ᠠᠴᠠ ᠳᠡᠭᠡᠭᠰᠢ᠂ 60 ᠪᠦᠬᠦᠯᠢ ᠨᠠᠰᠤᠨ ᠠᠴᠠ ᠳᠣᠷᠣᠭᠰᠢ ᠪᠠᠶᠢᠬᠤ᠃ | 3. ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠲᠤᠮᠦ ᠬᠡᠯᠪᠡᠷᠢ ᠶᠢᠨ ᠪᠠᠷᠠᠭᠠᠨ ᠤ ᠲᠡᠷᠭᠡ᠂ ᠵᠢᠮ | ᠦᠭᠡᠢ ᠴᠠᠬᠢᠯᠭᠠᠨ ᠲᠡᠷᠭᠡ ᠪᠤᠶᠤ ᠵᠢᠮᠲᠦ ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ | ᠭᠤᠶᠤᠴᠢᠯᠠᠪᠠᠯ᠂ ᠪᠦᠬᠦᠯᠢ 20 ᠨᠠᠰᠤᠨ ᠠᠴᠠ ᠳᠡᠭᠡᠭᠰᠢ᠂ ᠪᠦᠬᠦᠯᠢ 50 ᠨᠠᠰᠦᠨ ᠠᠴᠠ ᠳᠣᠷᠣᠭᠰᠢ ᠪᠠᠶᠢᠬᠤ᠃ | 4. ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢ ᠭᠤᠶᠤᠴᠢᠯᠠᠪᠠᠯ᠂ ᠪᠦᠬᠦᠯᠢ 21ᠨᠠᠰᠤᠨ ᠠᠴᠠ ᠳᠡᠭᠡᠭᠰᠢ᠂ ᠪᠦᠬᠦᠯᠢ 50 ᠨᠠᠰᠤᠨ ᠠᠴᠠ ᠳᠣᠷᠣᠭᠰᠢ | ᠪᠠᠶᠢᠬᠤ᠃ | 5. ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ 24 | ᠨᠠᠰᠤᠨ ᠠᠴᠠ ᠳᠡᠭᠡᠭᠰᠢ᠂ ᠪᠦᠬᠦᠯᠢ 50 ᠨᠠᠰᠤᠨ ᠠᠴᠠ ᠳᠣᠷᠣᠭᠰᠢ ᠪᠠᠶᠢᠬᠤ᠃ | 6. ᠠᠶᠠᠨᠴᠢᠳ ᠤᠨ ᠲᠤᠮᠦ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠤᠯᠬᠤ ᠲᠡᠷᠭᠡᠨ ᠤ | ᠬᠡᠯᠪᠡᠷᠢ ᠶᠢ ᠭᠤᠶᠤᠴᠢᠯᠠᠪᠠᠯ᠂ ᠪᠦᠬᠦᠯᠢ 26 ᠨᠠᠰᠤᠨ ᠠᠴᠠ ᠳᠡᠭᠡᠭᠰᠢ᠂ ᠪᠦᠬᠦᠯᠢ 50 ᠨᠠᠰᠦᠨ ᠠᠴᠠ ᠳᠣᠷᠣᠭᠰᠢ | ᠪᠠᠶᠢᠬᠤ᠃ | ︵ᠬᠤᠶᠠᠷ︶ ᠪᠡᠶ᠎ᠡ ᠮᠠᠬᠠᠪᠤᠳ ᠤᠨ ᠨᠦᠬᠦᠴᠡᠯ᠄ | 1. ᠪᠡᠶ᠎ᠡ ᠶᠢᠨ ᠦᠨᠳᠦᠷ᠄ ᠠᠶᠠᠨᠴᠢᠳ ᠤᠨ ᠲᠤᠮᠦ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠬᠡ᠂ | ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠲᠤᠮᠦ ᠬᠡᠯᠪᠡᠷᠢ ᠶᠢᠨ ᠪᠠᠷᠠᠭᠠᠨ ᠤ ᠲᠡᠷᠭᠡ᠂ ᠵᠢᠮ ᠦᠭᠡᠢ | ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠡᠶ᠎ᠡ ᠶᠢᠨ ᠦᠨᠳᠦᠷ 155 | ᠰᠡᠨᠲ᠋ᠢᠮᠧᠲᠷ ᠠᠴᠠ ᠳᠡᠭᠡᠭᠰᠢ ᠪᠠᠶᠢᠬᠤ᠃ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ | ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ | ᠪᠡᠶ᠎ᠡ ᠶᠢᠨ ᠦᠨᠳᠦᠷ 150 ᠰᠡᠨᠲ᠋ᠢᠮᠧᠲᠷ ᠠᠴᠠ ᠳᠡᠭᠡᠭᠰᠢ ᠪᠠᠶᠢᠬᠤ᠃ | 2. ᠬᠠᠷᠠᠭ᠎ᠠ᠄ ᠠᠶᠠᠨᠴᠢᠳ ᠤᠨ ᠲᠤᠮᠦ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠬᠡ᠂ ᠬᠤᠲᠠ ᠶᠢᠨ | ᠣᠯᠠᠨ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ ᠲᠤᠮᠤ ᠬᠡᠯᠪᠡᠷᠢ ᠶᠢᠨ | ᠪᠠᠷᠠᠭᠠᠨ ᠤ ᠲᠡᠷᠭᠡ᠂ ᠵᠢᠮ ᠦᠭᠡᠢ ᠴᠠᠬᠢᠯᠭᠠᠨ ᠲᠡᠷᠭᠡ ᠪᠤᠶᠤ ᠵᠢᠮᠲᠦ ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠬᠤᠶᠠᠷ ᠨᠢᠳᠦᠨ ᠤ ᠰᠢᠯ ᠦᠭᠡᠢ ᠬᠠᠷᠠᠭ᠎ᠠ ᠪᠤᠶᠤ ᠵᠠᠰᠠᠷᠠᠭᠰᠠᠨ ᠬᠠᠷᠠᠭ᠎ᠠ ᠨᠢ | ᠬᠠᠷᠠᠭᠠᠨ ᠤ ᠬᠦᠰᠦᠨᠦᠭᠲᠦ ᠶᠢᠨ 5.0 ᠠᠴᠠ ᠳᠡᠭᠡᠭᠰᠢ ᠳᠤ ᠬᠦᠷᠥᠭᠰᠡᠨ ᠪᠠᠶᠢᠬᠤ᠃ ᠵᠢᠯᠤᠭᠤᠳᠴᠦ ᠪᠣᠯᠬᠤ ᠪᠤᠰᠤᠳ | ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠬᠤᠶᠠᠷ ᠨᠢᠳᠦᠨ ᠤ ᠰᠢᠯ ᠦᠭᠡᠢ ᠬᠠᠷᠠᠭ᠎ᠠ ᠪᠤᠶᠤ ᠵᠠᠰᠠᠷᠠᠭᠰᠠᠨ ᠬᠠᠷᠠᠭ᠎ᠠ ᠨᠢ | ᠬᠠᠷᠠᠭᠠᠨ ᠤ ᠬᠦᠰᠦᠨᠦᠭᠲᠦ ᠶᠢᠨ 4.9 ᠠᠴᠠ ᠳᠡᠭᠡᠭᠰᠢ ᠳᠤ ᠬᠦᠷᠥᠭᠰᠡᠨ ᠪᠠᠶᠢᠬᠤ ᠃ | 3. ᠦᠡᠭᠭᠡ ᠢᠯᠭᠠᠬᠤ ᠴᠢᠳᠠᠪᠤᠷᠢ᠄ ᠤᠯᠠᠭᠠᠨ ᠨᠤᠭᠤᠭᠠᠨ ᠦᠡᠭᠭᠡᠨ ᠤ ᠬᠠᠷᠠᠯᠭᠠᠨ ᠦᠭᠡᠢ ᠪᠠᠶᠢᠬᠤ᠃ | 4. ᠰᠤᠨᠤᠷ᠄ ᠬᠤᠶᠠᠷ ᠴᠢᠬᠢ ᠨᠢ ᠲᠤᠰ ᠪᠦᠷᠢ 50 ᠰᠡᠨᠲ᠋ᠢᠮᠧᠲᠷ ᠤᠨ ᠵᠠᠢ ᠲᠠᠢ ᠲᠠᠭᠤᠨ ᠠᠴᠠ ᠠᠴᠠ | ᠳᠠᠭᠤᠨ ᠤ ᠡᠭᠦᠰᠦᠯ ᠤᠨ ᠴᠢᠭᠯᠡᠯ ᠢ ᠢᠯᠭᠠᠵᠦ ᠳᠡᠶᠢᠯᠬᠦ᠃ ᠰᠤᠨᠤᠷ ᠤᠨ ᠰᠠᠭᠠᠳ ᠲᠠᠢ ᠪᠣᠯᠪᠠᠴᠦ ᠰᠣᠨᠣᠷ | ᠲᠣᠳᠤᠳᠬᠠᠬᠤ ᠲᠦᠬᠦᠭᠡᠷᠥᠮᠵᠢ ᠵᠡᠬᠦᠭᠡᠳ ᠳᠡᠭᠡᠷᠡᠬᠢ ᠨᠦᠬᠦᠴᠡᠯ ᠳᠤ ᠬᠦᠷᠴᠦ ᠳᠡᠶᠢᠯᠪᠡᠯ᠂ ᠪᠠᠭ᠎ᠠ ᠬᠡᠯᠪᠡᠷᠢ ᠶᠢᠨ | ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢᠨ ᠮᠠᠰᠢᠨᠲᠦ ᠲᠡᠷᠭᠡᠨ ᠤ ᠵᠢᠯᠤᠭᠤᠳᠬᠤ ᠦᠨᠡᠮᠯᠡᠯ ᠢ ᠭᠤᠶᠤᠴᠢᠯᠠᠵᠤ ᠪᠤᠯᠤᠨ᠎ᠠ ᠃ | 5. ᠳᠡᠭᠡᠲᠦ ᠮᠦᠴᠢ᠄ ᠬᠤᠶᠠᠷ ᠭᠠᠷ ᠤᠨ ᠡᠷᠡᠬᠡᠢ ᠬᠤᠷᠤᠭᠤ ᠨᠢ ᠡᠷᠡᠬᠦᠯ ᠪᠦᠲᠦᠨ᠂ ᠭᠠᠷ ᠪᠦᠷᠢ ᠶᠢᠨ | ᠪᠤᠰᠤᠳ ᠬᠤᠷᠤᠭᠤ ᠶᠢᠨ ᠭᠤᠷᠪᠠ ᠨᠢ ᠡᠷᠡᠭᠦᠯ ᠪᠦᠲᠦᠨ ᠪᠠᠶᠢᠬᠤ᠂ ᠮᠦᠴᠢ ᠪᠠ ᠬᠤᠷᠤᠭᠤ ᠶᠢᠨ ᠬᠦᠳᠡᠯᠭᠡᠭᠡᠨ ᠬᠢᠬᠦ | ᠴᠢᠳᠠᠮᠵᠢ ᠨᠢ ᠡᠷᠡᠭᠦᠯ ᠪᠠᠶᠢᠬᠤ᠃ ᠬᠤᠷᠤᠭᠤᠨ ᠤ ᠦᠵᠦᠭᠦᠷ ᠤᠨ ᠬᠡᠰᠡᠭ ᠨᠢ ᠵᠡᠮᠳᠡᠭ ᠳᠤᠲᠠᠭᠤ ᠪᠤᠶᠤ ᠪᠠᠷᠠᠭᠤᠨ | ᠭᠠᠷ ᠤᠨ ᠡᠷᠡᠬᠡᠢ ᠬᠤᠷᠤᠭᠤ ᠨᠢ ᠳᠤᠲᠠᠭᠤ ᠪᠣᠯᠪᠠᠴᠦ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ | ᠪᠠᠭ᠎ᠠ ᠬᠡᠯᠪᠡᠷᠢ ᠶᠢᠨ ᠮᠠᠰᠢᠨ ᠲᠡᠷᠭᠡ᠂ ᠳᠤᠤᠷ᠎ᠠ ᠬᠤᠷᠳᠤᠴᠠᠲᠦ ᠠᠴᠢᠶᠠᠨ ᠤ ᠲᠡᠷᠭᠡ᠂ ᠭᠤᠷᠪᠠᠨ ᠬᠦᠷᠲᠦᠲᠦ ᠮᠠᠰᠢᠨ | ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠦ ᠲᠡᠷᠭᠡ ᠵᠢᠯᠤᠭᠤᠳᠬᠤ ᠦᠨᠡᠮᠯᠡᠯ | ᠭᠤᠶᠤᠴᠢᠯᠠᠵᠤ ᠪᠤᠯᠤᠨ᠎ᠠ︔ | 6. ᠳᠤᠤᠷᠠᠳᠤ ᠮᠦᠴᠢ᠄ ᠳᠤᠤᠷᠠᠲᠤ ᠬᠤᠶᠠᠷ ᠮᠦᠴᠢ ᠨᠢ ᠡᠷᠡᠬᠦᠯ ᠪᠦᠲᠦᠨ ᠮᠦᠷᠲᠡᠭᠡᠨ ᠬᠦᠳᠡᠯᠭᠡᠭᠡᠨ ᠬᠢᠬᠦ | ᠴᠢᠳᠠᠮᠵᠢ ᠨᠢ ᠡᠷᠡᠬᠦᠯ᠂ ᠤᠷᠲᠤ ᠶᠢᠨ ᠵᠦᠷᠢᠶ᠎ᠡ ᠨᠢ 5 ᠰᠡᠨᠲ᠋ᠢᠮᠧᠲᠷ ᠠᠴᠠ ᠶᠡᠭᠡ ᠪᠠᠶᠢᠵᠤ ᠪᠤᠯᠬᠤ ᠦᠭᠡᠢ᠃ ᠵᠡᠬᠦᠨ | ᠲᠠᠯ᠎ᠠ ᠶᠢᠨ ᠳᠤᠤᠷᠠᠳᠤ ᠮᠦᠴᠢ ᠨᠢ ᠳᠤᠲᠠᠭᠤ ᠪᠤᠶᠤ ᠬᠦᠳᠡᠯᠭᠡᠭᠡᠨ ᠬᠢᠬᠦ ᠴᠢᠳᠠᠮᠵᠢ ᠪᠠᠨ ᠠᠯᠳᠠᠭᠰᠠᠨ ᠪᠣᠯᠪᠠᠴᠦ | ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ | ᠮᠠᠰᠢᠨᠲᠦ ᠲᠡᠷᠭᠡ ᠵᠢᠯᠤᠭᠤᠳᠬᠤ ᠦᠨᠡᠮᠯᠡᠯ ᠭᠤᠶᠤᠴᠢᠯᠠᠵᠤ ᠪᠤᠯᠤᠨ᠎ᠠ᠃ ᠪᠠᠷᠠᠭᠤᠨ ᠲᠠᠯ᠎ᠠ ᠶᠢᠨ ᠳᠤᠤᠷᠠᠲᠤ ᠮᠦᠴᠢ᠂ | ᠳᠤᠤᠷᠠᠲᠤ ᠬᠤᠶᠠᠷ ᠮᠦᠴᠢ ᠨᠢ ᠳᠤᠲᠠᠭᠤ ᠪᠤᠶᠤ ᠬᠦᠳᠡᠯᠭᠡᠭᠡᠨ ᠬᠢᠬᠦ ᠴᠢᠳᠠᠮᠵᠢ ᠪᠠᠨ ᠠᠯᠳᠠᠭᠰᠠᠨ ᠪᠤᠯᠪᠠᠴᠤ | ᠦᠪᠡᠰᠤᠪᠡᠨ ᠪᠤᠰᠴᠤ ᠰᠠᠭᠤᠵᠤ ᠳᠡᠶᠢᠯᠪᠡᠯ᠂ ᠵᠡᠮᠳᠡᠭᠴᠦᠳ ᠤᠨ ᠲᠤᠰᠬᠠᠢ ᠬᠡᠷᠡᠭᠯᠡᠬᠦ ᠠᠦ᠋ᠲ᠋ᠤ᠋ ᠵᠠᠯᠭᠠᠯᠲᠠ ᠲᠠᠢ | ᠠᠶᠠᠨᠴᠢᠳ ᠤᠨ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠦ | ᠲᠡᠷᠭᠡ ᠵᠢᠯᠤᠭᠤᠳᠬᠤ ᠦᠨᠡᠮᠯᠡᠯ ᠭᠤᠶᠤᠴᠢᠯᠠᠵᠤ ᠪᠤᠯᠤᠨ᠎ᠠ ᠃ | 7. ᠭᠤᠤᠯ ᠪᠡᠶ᠎ᠡ᠂ ᠬᠦᠵᠦᠬᠦᠦ᠄ ᠬᠦᠳᠡᠯᠭᠡᠭᠡᠨ ᠬᠢᠬᠦ ᠴᠢᠳᠠᠮᠵᠢ ᠶᠢᠨ ᠬᠠᠷᠰᠢ ᠰᠠᠭᠠᠳ ᠦᠭᠡᠢ ᠪᠠᠶᠢᠬᠤ᠃ |