ᠳᠦᠷᠦ ᠶᠢᠨ ᠶᠠᠪᠤᠳᠠᠯ ᠤᠨ ᠬᠤᠷᠢᠶᠠᠨ ᠤ ︽ᠡᠷᠤᠭᠡ ᠠᠮᠠ ᠦᠭᠡᠢ ᠬᠦᠮᠦᠰ ᠤᠨ ᠡᠷᠤᠭᠡ ᠠᠮᠠ ᠶᠢ | ᠤᠷᠤᠭᠤᠯᠬᠤ ᠠᠰᠠᠭᠤᠳᠠᠯ ᠢ ᠰᠢᠢᠳᠪᠤᠷᠢᠯᠡᠬᠦ ᠲᠤᠬᠠᠢ ᠰᠠᠨᠠᠯ ᠤᠳ︾ ᠤᠨ ᠮᠡᠳᠡᠭᠳᠡᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠡᠷᠤᠭᠡ | ᠠᠮᠠ ᠶᠢᠨ ᠬᠠᠮᠢᠶᠠᠷᠤᠯᠳᠠ ᠶᠢᠨ ᠤᠶᠢᠯᠡᠴᠢᠯᠡᠭᠡ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠭᠢᠴᠠᠭᠤᠯᠤᠨ | ᠨᠡᠪᠳᠡᠷᠡᠯᠴᠡᠬᠦ ᠠᠵᠢᠯ ᠢ ᠴᠢᠩᠭᠠᠳᠬᠠᠵᠦ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠲᠦᠯᠤᠪᠯᠡᠭᠡᠳᠤ | ᠦᠷᠡᠵᠢᠯ ᠤᠨ ᠪᠤᠰᠤ ᠰᠠᠶ᠋ᠢ ᠲᠦᠷᠦᠭᠰᠡᠨ ᠭᠡᠤᠭᠡᠳ ᠤᠨ ᠡᠷᠤᠭᠡ ᠠᠮᠠ ᠶᠢ ᠤᠷᠤᠭᠤᠯᠬᠤ ᠠᠰᠠᠭᠤᠳᠠᠯ ᠢ ᠭᠠᠷᠳᠠᠨ | ᠰᠢᠢᠳᠪᠤᠷᠢᠯᠡᠵᠦ ᠪᠠᠶᠢᠨ᠎ᠠ᠃ | ᠨᠢᠭᠡ ᠳᠤ ᠲᠦᠯᠤᠪᠯᠡᠭᠡᠳᠤ ᠦᠷᠡᠵᠢᠯ ᠤᠨ ᠲᠦᠷᠤ ᠶᠢᠨ ᠪᠤᠳᠤᠯᠭ᠎ᠠ ᠳᠤ ᠨᠡᠶᠢᠴᠡᠭᠰᠡᠨ ᠰᠠᠶ᠋ᠢ ᠲᠦᠷᠦᠭᠰᠡᠨ | ᠬᠡᠤᠭᠡᠳ ᠤᠨ ᠡᠷᠤᠭᠡ ᠠᠮᠠ ᠶᠢ ᠤᠷᠤᠭᠤᠯᠬᠤ ᠦᠶᠡᠰ᠂ ᠤᠭ ᠤᠨ ᠪᠠᠶᠢᠭᠰᠠᠨ ᠭᠠᠷ ᠬᠦᠢᠴᠡᠳᠭᠡᠯ ᠢ ᠲᠦᠭᠦᠮᠴᠢᠯᠡᠵᠦ᠂ | ᠡᠷᠡᠬᠦᠯ ᠬᠠᠮᠠᠭᠠᠯᠠᠯ ᠲᠦᠯᠤᠪᠯᠡᠭᠡᠳᠤ ᠦᠷᠡᠵᠢᠯ ᠤᠨ ᠵᠦᠪᠯᠡᠯ ᠤᠨ ︽ᠭᠤᠷᠪᠠᠨ ᠬᠤᠯᠪᠤᠭ᠎ᠠ ᠪᠠᠷᠢᠮᠳᠠ︾ ᠶᠢ | ᠦᠭᠡᠶᠢᠰᠭᠡᠵᠠᠢ᠃ | ᠬᠤᠶᠠᠷ ᠲᠤ ᠲᠦᠯᠤᠪᠯᠡᠭᠡᠳᠤ ᠦᠷᠡᠵᠢᠯ ᠤᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠰᠠᠶ᠋ᠢ ᠲᠦᠷᠦᠭᠰᠡᠨ | ᠬᠡᠤᠭᠡᠳ ᠲᠤ ᠡᠷᠤᠭᠡ ᠠᠮᠠ ᠤᠷᠤᠭᠤᠯᠬᠤ ᠳᠤ ᠰᠠᠶᠢᠨ ᠲᠤᠷ᠎ᠠ ᠠᠴᠠ ᠪᠠᠨ ᠡᠴᠢᠭᠡ ᠡᠭᠡ ᠠᠯᠢ ᠨᠢᠭᠡ ᠲᠠᠯ᠎ᠠ ᠶᠢ ᠨᠢ | ᠴᠦ ᠲᠠᠭᠠᠵᠦ ᠡᠷᠤᠭᠡ ᠠᠮᠠ ᠤᠷᠤᠭᠤᠯᠵᠦ ᠪᠤᠯᠬᠤ ᠲᠦᠷᠦ ᠶᠢᠨ ᠪᠤᠳᠤᠯᠭ᠎ᠠ ᠶᠤᠰᠤᠭᠠᠷ᠂ ᠲᠤᠰ ᠬᠦᠮᠦᠨ ᠪᠤᠶᠤ | ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠪᠠ ᠡᠴᠢᠭᠡ | ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ | ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠡᠷᠤᠭᠡ | ᠠᠮᠠ ᠳᠤ ᠲᠡᠮᠳᠡᠭᠯᠡᠬᠦᠯᠬᠦ ᠭᠤᠶᠤᠴᠢᠯᠠᠯ ᠭᠠᠷᠭᠠᠨ᠎ᠠ᠃ ᠬᠡᠷᠪᠡ ᠠᠪᠤ ᠪᠠᠨ ᠲᠠᠭᠠᠵᠦ ᠡᠷᠤᠭᠡ ᠠᠮᠠ ᠤᠷᠤᠭᠤᠯᠬᠤ | ᠴᠢᠬᠤᠯᠠᠳᠠᠢ ᠤᠷᠤᠭᠯᠠᠭ᠎ᠠ ᠦᠭᠡᠢ ᠪᠠᠷ ᠰᠠᠶ᠋ᠢ ᠲᠦᠷᠦᠭᠰᠡᠨ ᠭᠡᠤᠭᠡᠳ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ | ᠲᠤᠭᠳᠠᠭᠠᠬᠤ ᠪᠠᠶᠢᠭᠤᠯᠤᠮᠵᠢ ᠠᠴᠠ ᠭᠠᠷᠭᠠᠭᠰᠠᠨ ︽ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ | ︾ ᠬᠠᠩᠭᠠᠬᠤ ᠶᠢᠨ ᠬᠠᠮᠳᠤ ᠬᠠᠷᠢᠶ᠎ᠠ ᠲᠤᠭᠤᠷᠢᠭ ᠤᠨ ᠲᠤᠮᠢᠯᠠᠭᠰᠠᠨ ᠰᠠᠯᠪᠤᠷᠢ ᠪᠠᠷ ᠢᠶᠠᠨ ᠬᠢᠨᠠᠨ ᠮᠠᠭᠠᠳᠯᠠᠯᠳᠠ | ᠬᠢᠯᠭᠡᠵᠦ᠂ ᠪᠠᠶᠢᠩᠭᠤ ᠰᠠᠭᠤᠭ᠎ᠠ ᠡᠷᠤᠭᠡ ᠠᠮᠠ ᠳᠤ ᠲᠡᠮᠳᠡᠭᠯᠡᠬᠦᠯᠬᠦ ᠪᠠᠷ ᠭᠤᠶᠤᠴᠢᠯᠡᠵᠦ ᠪᠤᠯᠤᠨ᠎ᠠ᠃ | ᠭᠤᠷᠪᠠ ᠳᠤ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠦᠭᠡᠢ ᠰᠠᠶ᠋ᠢ ᠲᠦᠷᠦᠭᠰᠡᠨ ᠬᠡᠤᠭᠡᠳ ᠨᠢ | ᠡᠷᠤᠭᠡ ᠠᠮᠠ ᠤᠷᠤᠭᠤᠯᠬᠤ ᠳᠠᠭᠠᠨ ᠭᠡᠷᠪᠡ ᠲᠦᠷᠤᠬᠦ ᠳᠤ ᠲᠤᠰᠠᠯᠠᠬᠤ ᠪᠠᠶᠢᠭᠤᠯᠤᠮᠵᠢ ︵ᠵᠢᠱᠢᠶᠡᠯᠡᠪᠠᠯ ᠡᠮᠨᠡᠯᠭᠡ ᠶᠢᠨ | ᠬᠤᠷᠢᠶ᠎ᠠ︶ ᠳᠤ ᠲᠦᠷᠦᠭᠰᠡᠨ ᠪᠠᠶᠢᠪᠠᠯ᠂ ᠲᠤᠰ ᠬᠦᠮᠦᠨ ᠪᠤᠶᠤ ᠲᠡᠬᠦᠨ ᠤ ᠬᠠᠷᠠᠭᠠᠯᠵᠠᠨ ᠬᠠᠮᠠᠭᠠᠯᠠᠭᠴᠢ ᠨᠢ ︽ | ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠬᠢᠯᠭᠡᠵᠦ ᠪᠤᠯᠤᠨ᠎ᠠ᠃ ᠬᠡᠷᠪᠡ ᠡᠮᠨᠡᠯᠭᠡ ᠶᠢᠨ ᠬᠤᠷᠢᠶᠠᠨ ᠠᠴᠠ | ᠭᠠᠳᠠᠨ᠎ᠠ ᠲᠦᠷᠦᠭᠰᠡᠨ ᠪᠠᠶᠢᠪᠠᠯ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠨᠢ ᠬᠢᠷᠢ ᠭᠡᠮ ᠤᠨ | ᠪᠠᠳᠤᠯᠠᠭ᠎ᠠ ᠲᠠᠢ ᠰᠢᠯᠭᠠᠨ ᠲᠤᠭᠳᠠᠭᠠᠬᠤ ᠪᠠᠶᠢᠭᠤᠯᠤᠮᠵᠢ ᠪᠠᠷ ︽ᠲᠦᠷᠦᠭᠰᠡᠨ ᠭᠡᠤᠭᠡᠳ ᠤᠨ ᠰᠢᠯᠭᠠᠨ | ᠲᠤᠭᠳᠠᠭᠠᠯᠳᠠ ᠶᠢᠨ ᠬᠡᠷᠡᠴᠢ︾ ᠬᠢᠯᠭᠡᠵᠦ᠂ ᠡᠴᠢᠭᠡ ᠡᠬᠡ ᠶᠢᠨ ᠡᠷᠤᠭᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ | ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠠᠶᠢᠳᠠᠵᠦ ︽ | ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠭᠤᠶᠤᠴᠢᠯᠠᠨ᠎ᠠ᠃ ᠲᠡᠬᠢᠨ ᠲᠤᠰ ᠬᠦᠮᠦᠨ ᠪᠤᠶᠤ ᠲᠡᠭᠦᠨ ᠤ | ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠬᠢᠭᠡᠳ ᠡᠴᠢᠭᠡ | ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ | ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠬᠦᠮᠦᠨ | ᠠᠮᠠ ᠳᠤ ᠲᠡᠮᠳᠡᠭᠯᠡᠬᠦᠯᠬᠦ ᠪᠠᠷ ᠭᠤᠶᠤᠴᠢᠯᠠᠵᠦ ᠪᠤᠯᠤᠨ᠎ᠠ᠃ |