4 ᠰᠠᠷ᠎ᠠ ᠶᠢᠨ 6 ᠤ ᠡᠳᠦᠷ᠂ ᠰᠢᠯᠢ ᠶᠢᠨ ᠬᠤᠳᠠ ᠶᠢᠨ ᠳᠤᠳᠤᠭᠠᠲᠤ ᠶᠢ ᠬᠠᠮᠠᠭᠠᠯᠠᠬᠤ ᠲᠤᠪᠴᠢᠶᠡᠨ ᠤ | ᠪᠠᠶᠠᠨᠬᠦ᠋ᠷᠢᠶ᠎ᠡ ᠲᠤᠮᠢᠯᠠᠭᠰᠠᠨ ᠰᠠᠯᠪᠤᠷᠢ ᠨᠢ ᠬᠠᠷᠢᠶᠠᠳᠤ ᠤᠷᠤᠨ ᠤ ᠮᠠᠯᠴᠢᠨ ᠡᠦ ᠤᠪᠤᠭᠳᠤ ᠡᠬᠡᠨᠡᠷ ᠲᠠᠢ ᠪᠠᠨ | ᠮᠤᠲ᠋ᠤᠷ ᠲᠠᠢ ᠬᠦᠢᠳᠡᠨ ᠰᠢᠯᠢ ᠤᠷᠤᠭᠤ ᠶᠠᠪᠤᠬᠤ ᠵᠠᠮ ᠳᠠᠭᠠᠨ ᠪᠤᠯᠭᠤᠮᠵᠢ ᠦᠬᠡᠢ ᠠᠴᠠ ᠨᠢᠬᠡ ᠪᠤᠭᠴᠦ ᠪᠠᠨ ᠬᠡᠬᠡᠵᠦ᠂ | ᠪᠤᠭᠴᠤᠨ ᠳᠤᠳᠤᠷ᠎ᠠ ᠨᠢ ᠳᠡᠳᠡ ᠬᠤᠶᠠᠭᠤᠯᠠ ᠶᠢᠨ ᠪᠡᠶ᠎ᠡ ᠶᠢᠨ ᠦᠨᠡᠮᠯᠡᠯ ᠪᠠᠶᠢᠬᠤ ᠪᠦᠬᠡᠳ ᠲᠦᠮᠡ ᠭᠠᠷᠤᠢ ᠲᠦᠭᠦᠷᠢᠭ | ᠪᠠᠶᠢᠬᠤ ᠬᠡᠷᠡᠭ ᠮᠡᠳᠡᠬᠦᠯᠬᠦ ᠤᠳᠠᠰᠦ ᠶᠢ ᠲᠤᠰᠤᠭᠰᠠᠨ ᠪᠠᠶᠢᠨ᠎ᠠ᠃ ᠬᠡᠷᠡᠭ ᠮᠡᠳᠡᠬᠦᠯᠬᠦ ᠤᠳᠠᠰᠦ ᠶᠢ ᠳᠤᠰᠤᠭᠰᠠᠨ ᠤ | ᠲᠠᠷᠠᠭ᠎ᠠ᠂ ᠴᠠᠭᠳᠠᠭ᠎ᠠ ᠨᠠᠷ ᠲᠡᠷᠡ ᠲᠠᠷᠤᠢ ᠳᠤᠨᠢ ᠵᠠᠮ ᠳᠠᠭᠠᠵᠦ ᠡᠷᠢᠬᠦ ᠶᠢᠨ ᠳᠠᠭᠠᠤ ᠲᠠᠯ᠎ᠠ ᠨᠤᠳᠤᠭ ᠤᠨ 110 ᠤᠨ | ᠬᠤᠯᠪᠤᠭᠠᠯᠠᠨ ᠰᠡᠷᠬᠡᠶᠢᠯᠡᠬᠦ ᠲᠤᠤᠷ ᠰᠦᠯᠵᠢᠶ᠎ᠡ ᠪᠠᠷ ᠴᠠᠭᠳᠠᠭ᠎ᠠ ᠳᠤ ᠮᠡᠳᠡᠬᠦᠯᠬᠦ ᠰᠢᠰᠲᠧᠮ ᠢᠶᠠᠷ ᠲᠠᠮᠵᠢᠨ ᠬᠠᠷᠢᠶᠠᠳᠤ | ᠤᠷᠤᠨ ᠤ ᠤᠯᠠᠨ ᠲᠦᠮᠡᠨ ᠳᠤ ᠰᠤᠷᠠᠭ ᠵᠠᠩᠭᠢ ᠲᠠᠮᠵᠢᠭᠤᠯᠵᠦ᠂ ᠬᠠᠷᠢᠶᠠᠳᠤ ᠤᠷᠤᠨ ᠤ ᠤᠯᠠᠨ ᠲᠦᠮᠡᠨ ᠢ ᠵᠤᠬᠢᠶᠠᠨ | ᠪᠠᠶᠢᠭᠤᠯᠵᠦ ᠡᠷᠢᠵᠠᠢ᠃ ᠬᠠᠮᠳᠤᠷᠠᠨ ᠬᠥᠳᠡᠯᠦᠯᠴᠡᠬᠦ ᠠᠵᠢᠯᠯᠠᠭ᠎ᠠ ᠲᠤᠮᠳᠠ ᠨᠢᠬᠡ ᠮᠠᠯᠴᠢᠨ ᠲᠤᠮᠢᠯᠠᠭᠰᠠᠨ ᠰᠠᠯᠪᠤᠷᠢ ᠳᠤ | ᠤᠳᠠᠰᠦ ᠢᠷᠡᠵᠦ᠂ ᠬᠡᠬᠡᠭᠰᠡᠨ ᠪᠤᠭᠴᠦ ᠶᠢ ᠤᠯᠵᠦ ᠠᠪᠤᠭᠰᠠᠨ ᠢᠶᠠᠨ ᠮᠡᠳᠡᠭᠳᠡᠵᠠᠢ᠃ ᠢᠡᠭᠭᠢᠭᠡᠳ ᠡᠦ ᠤᠪᠤᠭᠳᠤ ᠶᠢᠨ | ᠪᠤᠭᠴᠦ ᠶᠢ ᠨᠢᠬᠡ ᠴᠠᠭ ᠤᠨ ᠳᠤᠳᠤᠷ᠎ᠠ ᠤᠯᠵᠦ ᠠᠪᠤᠭᠰᠠᠨ ᠪᠠᠶᠢᠨ᠎ᠠ᠃ | ᠮᠠᠯᠴᠢᠨ ᠲᠦᠮᠡᠨ ᠤ ᠠᠮᠤᠷ ᠲᠥᠪᠰᠢᠨ ᠢ ᠪᠠᠳᠤᠯᠠᠬᠤ᠂ ᠭᠠᠴᠢᠭᠳᠠᠯ ᠪᠡᠷᠬᠡᠳᠡᠯ ᠠᠴᠠ ᠠᠪᠤᠷᠠᠨ ᠲᠤᠰᠠᠯᠠᠬᠤ᠂ | ᠬᠡᠷᠡᠭ ᠭᠠᠷᠪᠠᠯ ᠲᠦᠷᠬᠡᠨ ᠪᠦᠳᠦᠮᠵᠢᠳᠠᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠵᠦ᠂ ᠮᠠᠯᠵᠢᠬᠤ ᠤᠷᠤᠨ ᠤ | ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ ᠶᠢᠨ ᠲᠤᠯᠠᠳᠠ ᠰᠢᠯᠢ ᠶᠢᠨ ᠬᠤᠳᠠ ᠶᠢᠨ ᠳᠤᠳᠤᠭᠠᠲᠤ ᠶᠢ | ᠬᠠᠮᠠᠭᠠᠯᠠᠬᠤ ᠲᠤᠪᠴᠢᠶ᠎ᠡ ᠨᠢ ᠰᠢᠯᠢ ᠶᠢᠨ ᠬᠤᠳᠠ ᠶᠢᠨ ᠵᠤᠤ ᠲᠠᠢ ᠰᠢᠨᠵᠢᠯᠡᠭᠡ ᠮᠡᠷᠬᠡᠵᠢᠯ ᠤᠨ ᠺᠤᠮᠫᠠᠨᠢ ᠲᠠᠢ ᠬᠠᠮᠳᠤᠷᠠᠨ | ᠂ ︽ᠮᠠᠯᠵᠢᠬᠤ ᠤᠷᠤᠨ ᠤ ᠬᠤᠯᠪᠤᠭᠠᠯᠠᠨ ᠰᠡᠷᠬᠡᠶᠢᠯᠡᠬᠦ ᠲᠤᠤᠷ ᠰᠦᠯᠵᠢᠶ᠎ᠡ ᠪᠠᠷ ᠴᠠᠭᠳᠠᠭ᠎ᠠ ᠳᠤ ᠮᠡᠳᠡᠬᠦᠯᠬᠦ︾ ᠲᠦᠷᠦᠯ | ᠵᠦᠢᠯ ᠢ ᠰᠤᠳᠤᠯᠤᠨ ᠨᠡᠬᠡᠬᠡᠵᠦ᠂ ᠲᠡᠷᠡ ᠨᠢ ᠬᠡᠷᠡᠭ ᠮᠡᠳᠡᠬᠦᠯᠦᠯᠳᠡ ᠶᠢᠨ ᠲᠡᠪᠴᠡᠩ ᠪᠠ ᠬᠡᠷᠡᠭ ᠮᠡᠳᠡᠬᠦᠯᠬᠦ ᠭᠠᠷ | ᠤᠳᠠᠰᠦ ᠪᠠᠷ ᠪᠦᠷᠢᠯᠳᠦᠵᠦ᠂ ᠮᠠᠯᠴᠢᠳ ᠶᠡᠷᠦᠳᠡ ᠶᠢᠨ ᠠᠮᠢᠳᠤᠷᠠᠯ ᠲᠤᠮᠳᠠ ᠪᠠᠴᠢᠮ ᠪᠠᠶᠢᠳᠠᠯ ᠲᠤᠯᠭᠠᠷᠠᠪᠠᠯ᠂ ᠭᠠᠷ | ᠤᠳᠠᠰᠦ ᠪᠠᠷ ᠢᠶᠠᠨ ᠰᠢᠭᠤᠳ ᠴᠠᠭᠳᠠᠭ᠎ᠠ ᠲᠠᠢ ᠬᠠᠷᠢᠯᠴᠠᠵᠦ ᠲᠡᠶᠢᠯᠬᠦ ᠮᠦᠷᠳᠡᠬᠡᠨ GPS ᠤᠷᠤᠨ ᠪᠠᠶᠢᠷᠢ | ᠲᠤᠭᠳᠠᠭᠠᠬᠤ ᠪᠠᠷ ᠲᠠᠮᠵᠢᠨ᠂ ᠴᠠᠭᠳᠠᠭ᠎ᠠ ᠨᠠᠷ ᠬᠡᠷᠡᠭ ᠮᠡᠳᠡᠬᠦᠯᠬᠦ ᠤᠳᠠᠰᠦ ᠶᠢ ᠲᠤᠰᠬᠤ ᠶᠢᠨ ᠳᠠᠭᠠᠤ ᠬᠡᠷᠡᠭ | ᠡᠬᠦᠰᠦᠭᠰᠡᠨ ᠭᠠᠵᠠᠷ ᠢ ᠤᠨᠤᠪᠴᠢᠳᠠᠢ ᠮᠡᠳᠡᠵᠦ᠂ ᠬᠠᠮᠤᠭ ᠤᠬᠤᠷ ᠬᠤᠭᠤᠴᠠᠭᠠᠨ ᠲᠤᠳᠤᠷ᠎ᠠ᠂ ᠮᠠᠯᠴᠢᠨ ᠲᠦᠮᠡᠨ ᠤ | ᠠᠮᠢ ᠨᠠᠰᠤ ᠵᠢᠴᠢ ᠡᠳ᠋ ᠬᠥᠷᠦᠩᠭᠡ ᠶᠢᠨ ᠰᠦᠢᠳᠦᠯ ᠢ ᠪᠠᠭᠠᠰᠬᠠᠵᠦ ᠲᠡᠶᠢᠯᠦᠨ᠎ᠡ᠃ |