︽ᠭᠡᠷ ᠪᠦᠯᠢ ᠤᠨ ᠬᠦᠴᠦᠷᠭᠡᠭᠯᠡᠯ ᠢ ᠡᠰᠡᠷᠬᠦᠴᠡᠬᠦ ᠬᠠᠤᠯᠢ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2017/1/3
        2016᠎ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠮᠠᠨ ᠤ ᠤᠯᠤᠰ ᠤᠨ ᠠᠩᠬᠠᠳᠠᠭᠴᠢ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾᠎ ᠶᠢ ᠵᠢᠩᠭᠢᠨᠢ ᠪᠠᠷ ᠬᠡᠷᠡᠭᠵᠢᠬᠦᠯᠪᠡ᠃ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾᠎ ᠳᠤ᠂ ᠬᠡᠷ ᠪᠦᠯᠢ ᠶᠢᠨ ᠬᠦᠴᠦᠷᠬᠡᠭᠯᠡᠯ ᠤᠨ ᠠᠭᠤᠯᠤᠭᠳᠠᠬᠤᠨ᠂ ᠰᠡᠷᠬᠡᠶᠢᠯᠡᠯᠳᠡ᠂ ᠰᠢᠢᠳᠪᠦᠷᠢᠯᠡᠯᠳᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠬᠡ ᠲᠠᠯ᠎ᠠ ᠪᠠᠷ ᠳᠤᠳᠤᠷᠬᠠᠢ ᠲᠤᠭᠳᠠᠭᠠᠵᠦ᠂ 10 ᠬᠢᠯᠠᠰ ᠴᠢᠭ ᠢ ᠢᠯᠡᠷᠡᠬᠦᠯᠵᠠᠢ᠃         ᠬᠢᠯᠠᠰ ᠴᠢᠭ ᠨᠢᠬᠡ᠄ ︽ᠤᠶᠤᠨ ᠤ ᠬᠤᠤᠷ ᠬᠥᠨᠦᠬᠡᠯ︾᠎ ᠨᠢ ᠬᠡᠷ ᠪᠦᠯᠢ ᠶᠢᠨ ᠬᠦᠴᠦᠷᠬᠡᠭᠯᠡᠯ ᠳᠤ ᠪᠠᠭᠳᠠᠨ᠎ᠠ᠃         ᠬᠢᠯᠠᠰ ᠴᠢᠭ ᠬᠤᠶᠠᠷ᠄ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠠᠵᠢᠯ ᠢ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠬᠡᠴᠡ ᠶᠢᠨ ᠠᠵᠢᠯ ᠤᠨ ᠬᠠᠷᠢᠭᠤᠴᠠᠯᠭ᠎ᠠ ᠶᠢᠨ ᠬᠡᠪᠴᠢᠶᠡᠨ ᠳᠤ ᠤᠷᠤᠭᠤᠯᠵᠠᠢ᠃         ᠬᠢᠯᠠᠰ ᠴᠢᠭ ᠭᠤᠷᠪᠠ᠄ ᠬᠥᠮᠦᠨ ᠬᠡᠷᠡᠭᠯᠡᠬᠦ ᠨᠢᠬᠡᠴᠡ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠠᠵᠢᠯ ᠲᠤᠮᠳᠠ ᠡᠬᠦᠷᠬᠡᠯᠡᠬᠦ ᠵᠤᠬᠢᠰᠳᠠᠢ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠨ᠎ᠡ᠃         ᠬᠢᠯᠠᠰ ᠴᠢᠭ ᠲᠦᠷᠪᠡ᠄ ᠬᠡᠷ ᠪᠦᠯᠢ ᠶᠢᠨ ᠬᠦᠴᠦᠷᠬᠡᠭᠯᠡᠯ ᠤᠷᠤᠰᠢᠵᠦ ᠪᠠᠶᠢᠬᠤ ᠶᠢ ᠮᠡᠳᠡᠵᠦ ᠪᠠᠶᠢᠭᠠᠳ ᠬᠡᠷᠡᠭ ᠮᠡᠳᠡᠬᠦᠯᠬᠦ ᠦᠬᠡᠢ ᠪᠤᠯ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠤ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃         ᠬᠢᠯᠠᠰ ᠴᠢᠭ ᠲᠠᠪᠤ᠄ ᠳᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠬᠡᠷ ᠪᠦᠯᠢ ᠶᠢᠨ ᠬᠦᠴᠦᠷᠬᠡᠭᠯᠡᠯ ᠤᠨ ᠬᠡᠷᠡᠭ ᠤᠨ ᠮᠡᠳᠡᠬᠦᠯᠦᠯᠳᠡ ᠶᠢ ᠲᠤᠰᠤᠭᠰᠠᠨ ᠤ ᠲᠠᠷᠠᠭ᠎ᠠ ᠴᠠᠭ ᠲᠤᠬᠠᠢ ᠳᠤᠨᠢ ᠴᠠᠭᠳᠠᠭ᠎ᠠ ᠲᠤᠮᠢᠯᠠᠵᠦ᠂ ᠬᠡᠷ ᠪᠦᠯᠢ ᠶᠢᠨ ᠬᠦᠴᠦᠷᠬᠡᠭᠯᠡᠯ ᠢ ᠬᠤᠷᠢᠭᠯᠠᠬᠤ ᠶᠢᠨ ᠳᠠᠭᠠᠤ ᠬᠠᠮᠢᠶ᠎ᠠ ᠪᠦᠬᠦᠢ ᠲᠤᠭᠳᠠᠭᠠᠯ ᠤᠨ ᠲᠡᠰ ᠲᠠᠷᠠᠭᠠᠯᠠᠯ ᠢᠶᠠᠷ ᠬᠡᠷᠡᠴᠢ ᠪᠠᠷᠢᠮᠳᠠ ᠶᠢ ᠪᠠᠶᠢᠴᠠᠭᠠᠬᠤ᠂ ᠬᠤᠬᠢᠷᠠᠯ ᠠᠮᠰᠠᠭᠰᠠᠳ ᠤᠨ ᠡᠮᠴᠢᠯᠡᠬᠡᠨ ᠳᠤ ᠲᠡᠮᠵᠢᠯᠬᠡ ᠦᠵᠡᠬᠦᠯᠬᠦ᠂ ᠰᠢᠷᠠᠭᠳᠤᠯ ᠤᠨ ᠪᠠᠶᠢᠳᠠᠯ ᠢ ᠬᠢᠨᠠᠨ ᠲᠤᠭᠳᠠᠭᠠᠬᠤ ᠵᠡᠷᠬᠡ ᠠᠵᠢᠯ ᠢ ᠬᠢᠬᠦ ᠬᠡᠷᠡᠭᠳᠠᠢ᠃        ᠬᠢᠯᠠᠰ ᠴᠢᠭ ᠵᠢᠷᠭᠤᠭ᠎ᠠ᠄ ᠳᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠡᠯᠢᠶᠡᠳ ᠬᠥᠡᠭᠭᠡᠨ ᠬᠡᠷ ᠪᠦᠯᠢ ᠶᠢᠨ ᠬᠦᠴᠦᠷᠬᠡᠭᠯᠡᠬᠦ ᠡᠳᠡᠬᠡᠳ ᠲᠤ ᠬᠠᠨᠳᠤᠭᠤᠯᠵᠦ ᠰᠡᠷᠡᠮᠵᠢᠯᠡᠬᠦᠯᠤᠨ ᠰᠠᠨᠠᠭᠤᠯᠬᠤ ᠪᠢᠴᠢᠭ ᠪᠠᠭᠤᠯᠭᠠᠨ᠎ᠠ᠃              ᠬᠢᠯᠠᠰ ᠴᠢᠭ ᠲᠤᠯᠤᠭ᠎ᠠ᠄ ︽ᠬᠡᠷ ᠪᠦᠯᠢ ᠶᠢᠨ ᠬᠦᠴᠦᠷᠬᠡᠭᠯᠡᠯ︾᠎ ᠤᠨ ᠬᠡᠷᠡᠭ ᠤᠨ ᠬᠡᠷᠡᠴᠢ ᠪᠠᠷᠢᠮᠳᠠ ᠴᠤᠭᠯᠠᠭᠤᠯᠬᠤ ᠳᠤ ᠬᠦᠴᠢᠷ ᠪᠠᠶᠢᠬᠤ ᠠᠰᠠᠭᠤᠳᠠᠯ ᠢ ᠨᠡᠯᠢᠶᠡᠳ ᠲᠦᠢᠯᠪᠤᠷᠢᠳᠠᠢ ᠰᠢᠢᠳᠪᠦᠷᠢᠯᠡᠨ᠎ᠡ᠃        ᠬᠢᠯᠠᠰ ᠴᠢᠭ ᠨᠠᠢᠮᠠ᠄ ︽ᠪᠡᠶ᠎ᠡ ᠶᠢᠨ ᠠᠮᠤᠷ ᠲᠥᠪᠰᠢᠨ ᠢ ᠬᠠᠮᠠᠭᠠᠯᠠᠬᠤ ᠵᠠᠷᠯᠠᠯ︾᠎ ᠨᠢ ᠬᠡᠷ ᠪᠦᠯᠢ ᠶᠢᠨ ᠬᠦᠴᠦᠷᠬᠡᠭᠯᠡᠯ ᠢ ᠠᠮᠰᠠᠭᠰᠠᠨ ᠡᠳᠡᠬᠡᠳ ᠢ ᠦᠷ᠎ᠡ ᠪᠦᠳᠦᠮᠵᠢᠳᠠᠢ ᠬᠠᠮᠠᠭᠠᠯᠠᠨ᠎ᠠ᠃        ᠬᠢᠯᠠᠰ ᠴᠢᠭ ᠶᠢᠰᠦ᠄ ᠲᠤᠰ ᠬᠠᠤᠯᠢ ᠳᠤ ︽ᠬᠠᠮᠳᠤ ᠰᠠᠭᠤᠬᠤ︾᠂ ︽ᠲᠡᠵᠢᠬᠡᠯᠬᠡᠬᠦ︾ ᠵᠡᠷᠬᠡ ᠬᠠᠮᠳᠤ ᠠᠮᠢᠳᠤᠷᠠᠬᠤ ᠬᠠᠷᠢᠴᠠᠭ᠎ᠠ ᠲᠤᠬᠢᠷᠠᠨ᠎ᠠ᠃         ᠬᠢᠯᠠᠰ ᠴᠢᠭ ᠠᠷᠪᠠ᠄ ᠬᠡᠷ ᠪᠦᠯᠢ ᠶᠢᠨ ᠬᠦᠴᠦᠷᠬᠡᠭᠯᠡᠯ ᠠᠮᠰᠠᠭᠰᠠᠳ ᠤᠨ ᠵᠠᠷᠭᠤ ᠵᠠᠭᠠᠯᠳᠤᠯᠭ᠎ᠠ ᠶᠢᠨ ᠰᠦᠢᠳᠬᠡᠯ ᠢ ᠬᠠᠰᠤᠵᠦ ᠬᠡᠯᠳᠦᠷᠢᠬᠦᠯᠦᠨ᠎ᠡ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号