ᠠᠶᠢᠮᠠᠭ ᠤᠨ ᠦᠭᠡᠷᠡᠴᠢᠯᠡᠯᠳᠡ ᠬᠦᠭᠵᠢᠭᠦᠯᠦᠯᠳᠡ ᠶᠢᠨ ᠵᠦᠪᠯᠡᠯ ᠮᠠᠯ ᠬᠤᠳᠠᠯᠳᠤᠨ ᠠᠪᠬᠤ ᠶᠢᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2017/1/3

      ᠮᠠᠯ ᠤᠨ ᠵᠠᠷᠤᠴᠠᠭᠤᠯᠤᠯᠳᠠ ᠡᠬᠢᠯᠡᠭᠰᠡᠨ ᠠᠴᠠ ᠨᠠᠰᠢ᠂ ᠠᠶᠢᠮᠠᠭ ᠤᠨ ᠭᠦᠭᠵᠢᠭᠦᠯᠦᠯᠳᠡ ᠦᠭᠡᠷᠡᠴᠢᠯᠡᠯᠳᠡ ᠶᠢᠨ

ᠵᠦᠪᠯᠡᠯ ᠤᠨ ᠠᠯᠪᠠᠨ ᠤ ᠳᠠᠯ᠎ᠡ ᠶᠢᠨ ᠤᠯᠠᠨ ᠨᠡᠶᠢᠳᠡ ᠶᠢᠨ ᠸᠢᠴᠠᠲ ᠲᠠᠪᠴᠠᠩ ︽ᠰᠢᠯᠢ ᠶᠢᠨ ᠭᠤᠤᠯ ᠤᠨ ᠦᠨ᠎ᠠ

ᠬᠠᠨᠭ᠍ᠰᠢ︾ ᠶᠢᠨ ᠪᠤᠯᠤᠩ ᠳᠠᠭᠠᠨ ᠡᠳᠦᠷ ᠪᠦᠷᠢ ᠬᠤᠨᠢ ᠬᠤᠷᠠᠭ᠎ᠠ ᠬᠤᠳᠠᠯᠳᠤᠨ ᠠᠪᠬᠤ ᠦᠨ᠎ᠠ ᠶᠢ ᠨᠡᠶᠢᠳᠡᠯᠡᠵᠦ᠂

ᠬᠠᠮᠢᠶ᠎ᠠ ᠪᠦᠭᠦᠢ ᠰᠠᠯᠠᠭ᠎ᠠ ᠮᠦᠴᠢᠷ ᠪᠠᠰᠠ ᠤᠯᠠᠭᠠᠨ ᠢᠳᠡᠭᠡᠨ ᠬᠤᠳᠠᠯᠳᠤᠨ ᠠᠪᠬᠤ᠂ ᠡᠳ᠋ᠰᠢᠭᠦᠯᠵᠦ

ᠪᠤᠯᠪᠠᠰᠤᠷᠠᠭᠤᠯᠬᠤ ᠶᠢ ᠲᠦᠷᠢᠮᠵᠢᠭᠦᠯᠭᠦ ᠠᠷᠭ᠎ᠠ ᠭᠡᠮᠵᠢᠶ᠎ᠠ ᠠᠪᠴᠦ᠂ ᠪᠦᠭᠦ ᠠᠶᠢᠮᠠᠭ ᠤᠨ ᠮᠠᠯᠵᠢᠬᠤ

ᠦᠢᠯᠡᠳᠪᠦᠷᠢᠯᠡᠯ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠪᠠᠳᠤᠯᠠᠵᠦ ᠪᠤᠢ᠃    

      8 ᠳ᠋ᠤᠭᠠᠷ ᠰᠠᠷ᠎ᠠ ᠶᠢᠨ ᠰᠡᠭᠦᠯᠴᠢ ᠪᠠᠷ᠂ ᠠᠶᠢᠮᠠᠭ ᠵᠢᠴᠢ ᠰᠢᠯᠢ ᠶᠢᠨ ᠬᠤᠳᠠ ᠶᠢᠨ ᠦᠨ᠎ᠠ ᠬᠠᠨᠭ᠍ᠰᠢ ᠶᠢ

ᠪᠠᠶᠢᠴᠠᠭᠠᠬᠤ ᠲᠤᠪᠴᠢᠶ᠎ᠠ ︵ᠭᠠᠵᠠᠷ︶ ᠰᠢᠯᠢ ᠶᠢᠨ ᠬᠤᠳᠠ ᠶᠢᠨ ᠤᠯᠠᠭᠠᠨ ᠢᠳᠡᠭᠡᠨ ᠡᠳ᠋ᠰᠢᠬᠦᠯᠤᠨ ᠪᠤᠯᠪᠠᠰᠤᠷᠠᠭᠤᠯᠬᠤ

27 ᠠᠵᠦ ᠠᠬᠤᠢᠢᠯᠠᠯ ᠢ ᠪᠠᠶᠢᠴᠠᠭᠠᠬᠰᠠᠨ ᠤ ᠬᠠᠮᠳᠦ᠂ ᠦᠨ᠎ᠠ ᠬᠠᠨᠭ᠍ᠰᠢ ᠶᠢᠨ ᠬᠠᠤᠯᠢ ᠠᠴᠠ ᠵᠦᠷᠢᠴᠡᠭᠰᠡᠨ ᠠᠵᠦ

ᠠᠬᠤᠢᠢᠯᠠᠯ ᠳᠤ ᠰᠡᠷᠡᠮᠵᠢᠯᠡᠭᠦᠯᠭᠦ ᠪᠢᠴᠢᠭ ᠪᠠᠭᠤᠯᠭᠠᠪᠠ᠃ ᠡᠯ᠎ᠠ ᠬᠤᠰᠢᠭᠤ ᠰᠢᠶᠠᠨ ᠬᠤᠳᠠ ︵ᠤᠷᠤᠨ︶ ᠵᠠᠬ᠎ᠠ  

ᠲᠡᠯᠭᠡᠭᠦᠷ ᠲᠤ ᠪᠠᠶᠢᠴᠠᠭᠠᠯᠳᠠ ᠬᠢᠵᠦ᠂ ᠦᠨ᠎ᠠ ᠬᠠᠨᠭ᠍ᠰᠢ ᠶᠢ ᠬᠢᠨᠠᠨ ᠲᠤᠭᠳᠠᠭᠠᠬᠤ ᠰᠠᠯᠠᠭ᠎ᠠ ᠮᠦᠴᠢᠷ ᠬᠤᠨᠢᠨ ᠮᠢᠬ᠎ᠠ

ᠬᠤᠳᠠᠯᠳᠤᠨ ᠠᠪᠬᠤ᠂ ᠪᠤᠷᠤᠯᠠᠭᠤᠯᠬᠤ ᠦᠨ᠎ᠠ ᠬᠠᠨᠭ᠍ᠰᠢ ᠶᠢ ᠰᠠᠶᠢᠳᠦᠷ ᠠᠩᠬᠠᠷᠴᠦ᠂ ᠬᠠᠮᠢᠶ᠎ᠠ ᠪᠦᠭᠦᠢ ᠰᠠᠯᠠᠭ᠎ᠠ

ᠮᠦᠴᠢᠷ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠦᠨ᠎ᠠ ᠬᠠᠨᠭ᠍ᠰᠢ ᠶᠢᠨ ᠪᠠᠶᠢᠳᠠᠯ᠂ ᠬᠤᠨᠢᠨ ᠮᠢᠬᠠᠨ ᠤ

ᠦᠨ᠎ᠠ ᠪᠠᠭᠤᠷᠠᠵᠦ ᠪᠠᠶᠢᠭ᠎ᠠ ᠰᠢᠯᠳᠠᠭᠠᠨ᠂ ᠦᠭᠡᠷ ᠬᠤᠨᠢ ᠲᠡᠵᠢᠭᠡᠨ ᠦᠷᠡᠵᠢᠭᠦᠯᠭᠦ ᠦᠷᠳᠡᠭ ᠤᠨ ᠵᠠᠳᠠᠯᠤᠯᠳᠠ ᠵᠢᠴᠢ

ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠠᠷᠭ᠎ᠠ ᠭᠡᠮᠵᠢᠶ᠎ᠠ ᠵᠡᠷᠭᠡ ᠳᠤ ᠬᠠᠨᠳᠤᠭᠤᠯᠤᠨ ᠦᠷᠭᠡᠨ ᠢᠶᠠᠷ ᠤᠬᠠᠭᠤᠯᠬᠤ ᠶᠢᠨ

ᠬᠠᠮᠳᠦ᠂ ᠸᠢᠴᠠᠲ ᠢᠶᠠᠷ ᠲᠠᠮᠵᠢᠬᠳᠠᠵᠦ ᠪᠠᠶᠢᠭ᠎ᠠ ᠴᠤᠤᠷᠬᠠᠯ ᠢ ᠴᠠᠭ ᠲᠤᠬᠠᠢ ᠳᠤᠨᠢ ᠨᠢᠴᠤᠭᠠᠵᠦ ᠪᠠᠶᠢᠨ᠎ᠠ᠃

      ᠠᠶᠢᠮᠠᠭ ᠤᠨ ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠭᠦᠢ ᠠᠵᠢᠯᠳᠠᠨ

ᠲᠠᠨᠢᠯᠴᠠᠭᠤᠯᠬᠤ ᠳᠠᠭᠠᠨ᠄ ︽ᠪᠢᠳᠡ ᠬᠤᠨᠢᠨ ᠤ ᠦᠨ᠎ᠠ ᠬᠠᠨᠭ᠍ᠰᠢ ᠵᠢᠴᠢ ᠡᠪᠡᠰᠦ ᠪᠤᠷᠳᠤᠭᠠᠨ ᠤ ᠦᠨ᠎ᠠ ᠬᠠᠨᠭ᠍ᠰᠢ ᠶᠢ

ᠬᠢᠨᠡᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠴᠠᠭᠴᠢ ᠴᠢᠨᠡᠷ᠂ ᠤᠨᠤᠪᠴᠢᠳᠦ ᠴᠢᠨᠡᠷ ᠢ

ᠲᠡᠭᠡᠭᠰᠢᠯᠡᠭᠦᠯᠵᠦ᠂ ᠰᠤᠷᠠᠭ ᠴᠢᠮᠡᠭᠡ ᠶᠢ ᠴᠠᠬ ᠲᠤᠬᠠᠢ ᠳᠤᠨᠢ ᠲᠠᠮᠵᠢᠭᠤᠯᠤᠨ ᠨᠡᠶᠢᠳᠡᠯᠡᠨ᠎ᠠ᠃ ᠦᠨ᠎ᠠ ᠬᠠᠨᠭ᠍ᠰᠢ ᠶᠢ

ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤᠭᠳᠠᠮᠠᠯ ᠪᠤᠰᠤ ᠬᠤᠭᠤᠴᠠᠭ᠎ᠠ ᠪᠠᠷ ᠤᠯᠠᠭᠠᠨ ᠢᠳᠡᠭᠡᠨ ᠪᠤᠯᠪᠠᠰᠤᠷᠠᠭᠤᠯᠬᠤ

ᠠᠵᠦ ᠠᠬᠤᠢᠢᠯᠠᠯ᠂ ᠡᠪᠡᠰᠦ ᠪᠤᠷᠳᠤᠭ᠎ᠠ ᠪᠤᠷᠤᠯᠠᠭᠤᠯᠬᠤ ᠠᠵᠦ ᠠᠬᠤᠢᠢᠯᠠᠯ ᠤᠨ ᠦᠨ᠎ᠠ ᠬᠠᠨᠭ᠍ᠰᠢ ᠶᠢ

ᠪᠠᠶᠢᠴᠠᠭᠠᠨ‌‍ᠰᠤᠷᠪᠤᠯᠵᠢᠯᠠᠵᠦ᠂ ᠬᠤᠨᠢᠨ ᠤ ᠦᠨ᠎ᠠ ᠶᠢ ᠲᠤᠷ᠎ᠠ ᠪᠠᠷ ᠲᠠᠷᠤᠬᠤ᠂ ᠡᠪᠡᠰᠦ ᠪᠤᠷᠳᠤᠭᠠᠨ ᠤ ᠦᠨ᠎ᠠ ᠶᠢ

ᠲᠤᠷ᠎ᠠ ᠪᠠᠷ ᠦᠰᠭᠡᠭᠦ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠂ ᠬᠤᠳᠠ ᠶᠢᠨ ᠠᠷᠠᠳ

︿12358﹀ ᠦᠨ᠎ᠠ ᠬᠠᠨᠭ᠍ᠰᠢ ᠶᠢ ᠢᠯᠡᠴᠢᠯᠡᠨ ᠮᠡᠳᠡᠭᠦᠯᠭᠦ ᠤᠳᠠᠰᠦ ᠪᠠᠷ ᠬᠠᠤᠯᠢ ᠪᠤᠰᠤ ᠠᠵᠢᠯᠯᠠᠭ᠎ᠠ ᠶᠢ ᠵᠠᠭᠠᠯᠳᠦᠵᠦ

ᠪᠤᠯᠤᠨ᠎ᠠ︾ ᠭᠡᠪᠡ᠃

 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号