︽ᠰᠢᠯᠢ ᠶᠢᠨ ᠬᠤᠲᠠ ︿ᠦᠪᠤᠷ ᠮᠤᠩᠭᠤᠯ ᠤᠨ ᠦᠪᠡᠷᠲᠡᠭᠡᠨ ᠵᠠᠰᠠᠬᠤᠤᠷᠤᠨ ᠤ ᠤᠯᠤᠰ ᠤᠨ ᠦᠮᠴᠢᠯᠠᠯᠲᠤ ᠭᠠᠵᠠᠷ | ᠰᠢᠷᠤᠢ ᠲᠡᠭᠡᠷᠡᠬᠢ ᠭᠡᠷ ᠪᠠᠶᠢᠰᠢᠩ ᠢ ᠲᠠᠲᠠᠪᠤᠷᠢᠯᠡᠨᠠᠪᠬᠤ ᠪᠠ ᠨᠦᠬᠦᠪᠤᠷᠢ ᠦᠭᠬᠦ ᠲᠦᠷᠢᠮ﹀ ᠢ | ᠲᠤᠤᠱᠯᠠᠭᠤᠯᠤᠨᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠤᠯᠤᠰ ᠤᠨ ᠦᠮᠴᠢᠯᠡᠯᠲᠤ ᠲᠠᠷᠢᠶᠠᠯᠡᠩ | ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠦᠴᠢᠷ᠂ ᠠᠵᠤ ᠠᠬᠤᠶᠢᠯᠡᠯ ᠠᠵᠢᠯ ᠦᠢᠯᠡᠰ ᠤᠨ ᠨᠢᠭᠡᠴᠡ᠄ | ᠬᠤᠲᠠ ᠶᠢᠨ ᠵᠠᠰᠠᠭ ᠤᠨ ᠤᠷᠳᠤᠨ ᠤ ᠰᠤᠳᠤᠯᠤᠨ ᠵᠦᠪᠰᠢᠶᠡᠷᠡᠬᠦ ᠪᠠᠷ ᠡᠳᠦᠭᠡ ︽ᠰᠢᠯᠢ ᠶᠢᠨ ᠬᠤᠲᠠ | ︿ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠠᠯᠲᠤ ᠭᠠᠵᠠᠷ ᠰᠢᠷᠤᠢ ᠲᠡᠭᠡᠷᠡᠬᠢ ᠭᠡᠷ | ᠪᠠᠶᠢᠰᠢᠩ ᠢ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠲᠦᠷᠢᠮ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠤᠬᠠᠢ ᠬᠡᠷᠡᠭᠵᠢᠭᠦᠯᠬᠦ ᠰᠠᠨᠠᠯ︾ ᠢ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠪᠤᠲᠠᠳᠤ ᠪᠠᠶᠢᠳᠠᠯ ᠲᠠᠢ ᠪᠠᠨ | ᠤᠶᠠᠯᠳᠤᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠤᠭᠡᠢ᠃ | ᠰᠢᠯᠢ ᠶᠢᠨ ᠬᠤᠲᠠ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠠᠯᠲᠤ | ᠭᠠᠵᠠᠷ ᠰᠢᠷᠤᠢ ᠲᠡᠭᠡᠷᠡᠬᠢ ᠭᠡᠷ ᠪᠠᠶᠢᠰᠢᠩ ᠢ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠲᠦᠷᠢᠮ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ | ᠨᠢᠭᠡᠳᠤᠭᠡᠷ ᠪᠦᠯᠤᠭ᠌ ᠶᠡᠷᠤᠩᠭᠡᠢ ᠲᠦᠷᠢᠮ | ᠨᠢᠭᠡᠳᠤᠭᠡᠷ ᠵᠦᠢᠯ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠠᠯᠲᠤ | ᠭᠠᠵᠠᠷ ᠰᠢᠷᠤᠢ ᠲᠡᠭᠡᠷᠡᠬᠢ ᠭᠡᠷ ᠪᠠᠶᠢᠰᠢᠩ ᠢ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠲᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠠᠯᠪᠡᠨ ᠲᠢᠩᠬᠢᠮ ᠤᠨ ︽ | ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠠᠯᠲᠤ ᠭᠠᠵᠠᠷ ᠰᠢᠷᠤᠢ ᠲᠡᠭᠡᠷᠡᠬᠢ ᠭᠡᠷ | ᠪᠠᠶᠢᠰᠢᠩ ᠢ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠲᠦᠷᠢᠮ ᠢ ᠲᠤᠤᠱᠯᠠᠭᠤᠯᠤᠨ ᠬᠡᠷᠡᠭᠵᠢᠭᠦᠯᠬᠦ ᠬᠤᠯᠪᠤᠭᠳᠠᠯ | ᠪᠦᠬᠦᠢ ᠶᠠᠪᠤᠳᠠᠯ ᠤᠨ ᠲᠤᠬᠠᠢ ᠮᠡᠳᠡᠭᠳᠡᠯ︾ ︵ᠦᠪᠤᠷ ᠵᠠᠰᠠᠭ ᠠᠯᠪᠡᠨ ᠲᠠᠷᠬᠠᠭᠠᠭᠰᠡᠨ[2016]15 ᠲᠤᠭᠠᠲᠤ | ︶ ᠤᠨ ᠬᠠᠮᠢᠶ᠎ᠠ ᠪᠦᠬᠦᠢ ᠲᠤᠭᠲᠠᠭᠠᠯ ᠢ ᠦᠨᠳᠤᠰᠤᠯᠡᠵᠤ᠂ ᠮᠠᠨ ᠤ ᠬᠤᠲᠠ ᠶᠢᠨ ᠪᠤᠲᠠᠳᠤ ᠪᠠᠶᠢᠳᠠᠯ ᠲᠠᠢ | ᠤᠶᠠᠯᠳᠤᠭᠤᠯᠤᠨ ᠲᠤᠰ ᠬᠡᠷᠡᠭᠵᠢᠭᠦᠯᠬᠦ ᠰᠠᠨᠠᠯ ᠢ ᠲᠤᠭᠲᠠᠭᠠᠪᠠ᠃ | ᠬᠤᠶᠠᠳᠤᠭᠠᠷ ᠵᠦᠢᠯ ᠲᠤᠰ ᠬᠡᠷᠡᠭᠵᠢᠭᠦᠯᠬᠦ ᠰᠠᠨᠠᠯ ᠨᠢ ᠰᠢᠯᠢ ᠶᠢᠨ ᠬᠤᠲᠠ ᠶᠢᠨ ᠬᠤᠲᠠ ᠶᠢᠨ | ᠲᠦᠯᠤᠪᠵᠢᠭᠦᠯᠭᠡ ᠶᠢᠨ ᠬᠡᠪᠴᠢᠶᠡᠨ ᠲᠤᠲᠤᠷᠠᠬᠢ ᠤᠯᠤᠰ ᠤᠨ ᠦᠮᠴᠢᠯᠠᠯᠲᠤ ᠭᠠᠵᠠᠷ ᠰᠢᠷᠤᠢ ᠲᠡᠭᠡᠷᠡᠬᠢ ᠭᠡᠷ | ᠪᠠᠶᠢᠰᠢᠩ ᠢ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠳᠤ ᠲᠤᠬᠢᠷᠠᠨ᠎ᠠ᠃ | ᠭᠤᠷᠪᠠᠳᠤᠭᠠᠷ ᠵᠦᠢᠯ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠲᠤᠰ ᠬᠠᠷᠢᠶ᠎ᠠ ᠤᠷᠤᠨ | ᠤ ᠪᠠᠨ ᠭᠡᠷ ᠪᠠᠶᠢᠰᠢᠩ ᠲᠠᠲᠠᠪᠤᠷᠢᠯᠡᠨ ᠠᠪᠬᠤ ᠪᠠ ᠨᠦᠬᠦᠪᠤᠷᠢ ᠦᠭᠬᠦ ᠠᠵᠢᠯ ᠢ ᠬᠠᠷᠢᠭᠤᠴᠠᠵᠤ᠂ ᠬᠤᠲᠠ ᠶᠢᠨ ᠵᠠᠰᠠᠭ | ᠤᠨ ᠤᠷᠳᠤᠨ ᠤ ᠭᠡᠷ ᠪᠠᠶᠢᠰᠢᠩ ᠲᠠᠳᠠᠪᠤᠷᠢᠯᠡᠨ ᠠᠪᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ | ᠬᠡᠷᠡᠭᠵᠢᠭᠦᠯᠤᠨ᠎ᠡ᠃ | ᠲᠦᠷᠪᠡᠳᠤᠭᠡᠷ ᠵᠦᠢᠯ ᠭᠡᠷ ᠪᠠᠶᠢᠰᠢᠩ ᠲᠠᠲᠠᠪᠤᠷᠢᠯᠡᠨ ᠠᠪᠬᠤ ᠳ᠋ᠠᠭᠠᠨᠨᠢᠭᠡᠳᠤᠯᠲᠠᠢ ᠲᠦᠯᠤᠪᠵᠢᠭᠦᠯᠬᠦ᠂ | ᠬᠤᠭᠤᠴᠠᠭ᠎ᠠ ᠬᠤᠪᠢᠶᠠᠨ ᠲᠠᠲᠠᠪᠤᠷᠢᠯᠠᠬᠤ᠂ ᠵᠦᠢ ᠵᠤᠬᠢᠰᠲᠠᠢ ᠪᠠᠶᠢᠷᠢᠯᠠᠭᠤᠯᠬᠤ᠂ ᠢᠵᠢ ᠲᠦᠬᠦᠭᠡᠷᠴᠢᠯᠡᠨ ᠪᠠᠶᠢᠭᠤᠯᠬᠤ | ᠂ ᠠᠷᠠᠳ ᠲᠤ ᠠᠰᠢᠭ ᠬᠦᠷᠲᠡᠭᠡᠬᠦ ᠵᠠᠷᠴᠢᠮ ᠢ ᠪᠠᠷᠢᠮᠲᠠᠯᠠᠨ᠎ᠠ᠃ | ᠲᠠᠪᠤᠳᠤᠭᠠᠷ ᠵᠦᠢᠯ ᠭᠡᠷ ᠪᠠᠶᠢᠰᠢᠩ ᠲᠠᠲᠠᠪᠤᠷᠢᠯᠡᠨ ᠠᠪᠬᠤ ᠰᠢᠢᠳᠪᠤᠷᠢ ᠭᠠᠷᠭᠠᠬᠤ ᠠᠴᠠ ᠡᠮᠤᠨ᠎ᠡ᠂ ᠭᠡᠷ | ᠪᠠᠶᠢᠰᠢᠩ ᠲᠠᠲᠠᠪᠤᠷᠢᠯᠠᠬᠤ ᠲᠦᠷᠤᠯ ᠵᠦᠢᠯ ᠤᠨ ᠬᠢᠨᠡᠨ ᠬᠠᠮᠢᠶᠠᠷᠤᠯᠲᠠ ᠶᠢᠨ ᠪᠡᠯᠨ ᠮᠦᠩᠭᠦ ᠪᠤᠯᠤᠨ ᠨᠦᠬᠦᠪᠤᠷᠢ ᠦᠭᠬᠦ | ᠵᠠᠷᠤᠳᠠᠯ ᠢ ᠬᠦᠢᠴᠡᠳ ᠨᠠᠶᠢᠳᠠᠪᠤᠷᠢᠵᠢᠭᠤᠯᠤᠭᠰᠡᠨ ᠪᠠᠶᠢᠬᠤ ᠬᠡᠷᠡᠭᠲᠠᠢ᠃ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ | ᠮᠦᠴᠢᠷ ᠠᠴᠠ ᠲᠤᠰᠬᠠᠢ ᠲᠠᠩᠰᠡ ᠡᠷᠤᠬᠡ ᠭᠠᠷᠭᠠᠵᠤ ᠬᠠᠳᠠᠭᠠᠯᠠᠨ᠂ ᠲᠤᠰᠬᠠᠢ ᠵᠠᠷᠤᠳᠠᠯ ᠢ ᠲᠤᠰᠬᠠᠢ ᠬᠡᠷᠡᠭᠯᠡᠵᠤ᠂ | ᠪᠤᠰᠤᠳ ᠶᠠᠪᠤᠳᠠᠯ ᠳᠤ ᠰᠢᠯᠵᠢᠭᠦᠯᠤᠨ ᠬᠡᠷᠡᠭᠯᠡᠵᠤ ᠪᠤᠯᠬᠤ ᠦᠭᠡᠢ᠃ | ᠵᠢᠷᠭᠤᠳᠤᠭᠠᠷ ᠵᠦᠢᠯ ᠲᠠᠲᠠᠪᠤᠷᠢᠯᠠᠬᠤ ᠭᠡᠷ ᠪᠠᠶᠢᠰᠢᠩ ᠳᠤ ᠨᠦᠬᠦᠪᠤᠷᠢ ᠦᠭᠬᠦ ᠳᠡᠭᠡᠨ᠂ ᠲᠠᠲᠠᠪᠤᠷᠢᠯᠡᠨ | ᠠᠪᠬᠤ ᠰᠢᠢᠳᠪᠤᠷᠢ ᠢ ᠵᠠᠷᠯᠠᠭᠰᠡᠨ ᠡᠳᠤᠷ ᠤᠨ ᠲᠤᠰ ᠭᠡᠷ ᠪᠠᠶᠢᠰᠢᠩ ᠲᠠᠢ ᠠᠳᠠᠯᠢᠪᠳᠤᠷ ᠭᠡᠷ ᠬᠦᠷᠤᠩᠭᠡ ᠶᠢᠨ ᠲᠤᠰ | ᠬᠤᠲᠠᠨ ᠳᠠᠬᠢ ᠵᠠᠬ᠎ᠠ ᠲᠡᠯᠭᠡᠭᠦᠷ ᠤᠨ ᠦᠨ᠎ᠡ ᠬᠠᠩᠰᠢ ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃ | ᠲᠤᠯᠤᠳᠤᠭᠠᠷ ᠵᠦᠢᠯ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠡᠨ ᠬᠦᠮᠤᠨ ︵ᠲᠤᠤᠷ᠎ᠠ ᠲᠠᠲᠠᠪᠤᠷᠢᠯᠠᠭᠳᠠᠭᠰᠡᠨ | ᠬᠦᠮᠤᠨ ᠭᠡᠵᠤ ᠲᠦᠭᠦᠮᠴᠢᠯᠡᠨ᠎ᠡ︶ ᠵᠤᠭᠤᠰ ᠢᠶᠠᠷ ᠨᠦᠬᠦᠪᠤᠷᠢ ᠦᠭᠬᠦ ᠶᠢ ᠰᠤᠩᠭᠤᠵᠤ ᠪᠤᠯᠤᠨ᠎ᠠ᠂ ᠭᠡᠷ ᠪᠠᠶᠢᠰᠢᠩ ᠤᠨ | ᠦᠮᠴᠢᠯᠡᠯ ᠤᠨ ᠡᠷᠬᠡ ᠪᠠᠨ ᠰᠤᠯᠢᠬᠤ ᠶᠢ ᠴᠤ ᠰᠤᠩᠭᠤᠵᠤ ᠪᠤᠯᠤᠨ᠎ᠡ᠃ | ᠨᠠᠢᠮᠠᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠤ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ | ᠦᠨᠡᠮᠯᠡᠯ ᠵᠢᠴᠢ ᠡᠭᠦᠨ ᠤ ᠬᠠᠮᠢᠶᠠᠲᠠᠢ ᠲᠡᠮᠳᠡᠭᠯᠡᠯ ᠪᠤᠯ ᠲᠤᠰ ᠬᠡᠷᠡᠭᠵᠢᠭᠦᠯᠬᠦ ᠰᠠᠨᠠᠯ ᠤᠨ ᠬᠠᠮᠢᠶ᠎ᠠ ᠪᠦᠬᠦᠢ ᠲᠤᠭᠲᠠᠭᠠᠯ | ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢᠨ ᠬᠠᠤᠯᠢ ᠶᠤᠰᠤᠨ ᠤ ᠡᠰᠢ ᠪᠠᠷᠢᠮᠲᠠ ᠶᠤᠮ᠃ ᠭᠡᠷ ᠪᠠᠶᠢᠰᠢᠩ ᠤᠨ | ᠦᠮᠴᠢᠯᠡᠯ ᠤᠨ ᠡᠷᠬᠡ ᠶᠢᠨ ᠦᠨᠡᠮᠯᠡᠯ ᠦᠭᠡᠢ ᠡᠰᠡᠭᠦᠯ᠎ᠡ ᠦᠨᠡᠬᠡᠷ ᠲᠡᠤᠬᠡ ᠶᠢᠨ ᠦᠯᠡᠳᠡᠭᠳᠡᠯ ᠠᠰᠠᠭᠤᠳᠠᠯ ᠪᠤᠯ | ᠲᠠᠲᠠᠪᠤᠷᠢᠯᠠᠭᠳᠠᠭᠰᠡᠨ ᠬᠦᠮᠤᠨ ᠠᠴᠠ ᠡᠷᠭᠦᠳᠡᠯ ᠭᠠᠷᠭᠠᠵᠤ᠂ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠬᠢᠨᠡᠨ ᠬᠠᠷᠭᠤᠭᠤᠯᠬᠤ ᠶᠢᠨ ᠬᠠᠮᠲᠤ ᠠᠯᠪᠡᠨ ᠭᠡᠷᠡᠴᠢᠯᠡᠯ ᠬᠢᠭᠰᠡᠨ ᠤ ᠲᠠᠷᠠᠭ᠎ᠠ᠂ ᠲᠤᠰ | ᠬᠡᠷᠡᠭᠵᠢᠭᠦᠯᠬᠦ ᠰᠠᠨᠠᠯ ᠤᠨ ᠬᠠᠮᠢᠶ᠎ᠠ ᠪᠦᠬᠦᠢ ᠲᠤᠭᠲᠠᠭᠠᠯ ᠢᠶᠠᠷ ᠬᠡᠷᠡᠭᠵᠢᠭᠦᠯᠵᠤ ᠪᠤᠯᠤᠨ᠎ᠡ᠃ | ᠶᠢᠰᠤᠳᠤᠭᠡᠷ ᠵᠦᠢᠯ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠰᠢᠨᠵᠢ ᠴᠢᠨᠠᠷ ᠪᠠ ᠲᠠᠯᠠᠪᠡᠢ ᠶᠢ ᠭᠡᠷ | ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠲᠡᠭᠡᠷ᠎ᠡ ᠲᠡᠮᠳᠡᠭᠯᠡᠭᠰᠡᠨ ᠤ ᠬᠢ ᠪᠠᠷ ᠪᠠᠷᠢᠮᠵᠢᠶ᠎ᠠ ᠪᠤᠯᠭᠠᠨ᠎ᠠ︔ | ᠲᠠᠲᠠᠪᠤᠷᠢᠯᠠᠭᠳᠠᠭᠰᠡᠨ ᠭᠡᠷ ᠪᠠᠶᠢᠰᠢᠩ ᠨᠢ ᠦᠮᠴᠢᠯᠡᠯ ᠤᠨ ᠡᠷᠬᠡ ᠶᠢᠨ ᠦᠨᠡᠮᠯᠡᠯ ᠦᠭᠡᠢ ᠪᠤᠯ᠂ ᠭᠡᠷ ᠪᠠᠶᠢᠰᠢᠩ | ᠲᠠᠩᠰᠠᠯᠠᠬᠤ ᠲᠡᠪᠲᠡᠷ ᠲᠡᠭᠡᠷ᠎ᠡ ᠲᠡᠮᠳᠡᠭᠯᠡᠭᠰᠡᠨ ᠢᠶᠠᠷ ᠪᠠᠷᠢᠮᠵᠢᠶ᠎ᠠ ᠪᠤᠯᠭᠠᠨ᠎ᠠ᠃ ᠭᠡᠷ ᠪᠠᠶᠢᠰᠢᠩ ᠤᠨ ᠦᠮᠴᠢᠯᠡᠯ ᠤᠨ | ᠡᠷᠬᠡ ᠶᠢᠨ ᠦᠨᠡᠮᠯᠡᠯ ᠨᠢ ᠭᠡᠷ ᠪᠠᠶᠢᠰᠢᠩ ᠲᠠᠩᠰᠠᠯᠠᠬᠤ ᠲᠡᠪᠲᠡᠷ ᠲᠡᠭᠡᠷ᠎ᠡ ᠲᠡᠮᠳᠡᠭᠯᠡᠭᠰᠡᠨ ᠲᠠᠢ ᠠᠳᠠᠯᠢ ᠦᠭᠡᠢ ᠪᠤᠯ᠂ | ᠭᠡᠷ ᠪᠠᠶᠢᠰᠢᠩ ᠲᠠᠩᠰᠠᠯᠠᠬᠤ ᠲᠡᠪᠲᠡᠷ ᠨᠢ ᠦᠨᠡᠨᠬᠦ ᠪᠤᠷᠤᠭᠤ ᠪᠠᠶᠢᠬᠤ ᠶᠢ ᠬᠡᠷᠡᠴᠢᠯᠡᠵᠤ ᠴᠢᠳᠠᠬᠤ ᠠᠴᠠ ᠭᠠᠳᠠᠨ᠎ᠠ᠂ | ᠭᠡᠷ ᠪᠠᠶᠢᠰᠢᠩ ᠲᠠᠩᠰᠠᠯᠠᠬᠤ ᠲᠡᠪᠲᠡᠷ ᠢᠶᠠᠷ ᠪᠠᠷᠢᠮᠵᠢᠶ᠎ᠠ ᠪᠤᠯᠭᠠᠨ᠎ᠠ᠃ | ᠭᠡᠷ ᠪᠠᠶᠢᠰᠢᠩ ᠲᠠᠲᠠᠪᠤᠷᠢᠯᠡᠨ ᠠᠪᠬᠤ ᠬᠡᠪᠴᠢᠶᠡᠨ ᠲᠤᠲᠤᠷ᠎ᠠ ᠪᠠᠶᠢᠭ᠎ᠠ ᠦᠮᠴᠢᠯᠡᠯ ᠤᠨ ᠡᠷᠬᠡ ᠪᠠᠨ ᠲᠠᠩᠰᠠᠯᠠᠭᠠᠳᠤᠢ | ᠭᠡᠷ ᠪᠠᠶᠢᠰᠢᠩ ᠳᠤ ᠴᠢᠭᠯᠡᠭᠦᠯᠵᠤ᠂ ᠬᠤᠲᠠ ᠶᠢᠨ ᠵᠠᠰᠠᠭ ᠤᠨ ᠤᠷᠳᠤᠨ ᠠᠴᠠ ᠤᠷᠤᠨ ᠰᠠᠭᠤᠴᠠ ᠪᠠ ᠬᠤᠲᠠ | ᠬᠦᠳᠡᠭᠡ ᠶᠢᠨ ᠪᠦᠲᠤᠭᠡᠨ ᠪᠠᠶᠢᠭᠤᠯᠤᠯᠲᠠ᠂ ᠲᠦᠯᠤᠪᠵᠢᠭᠦᠯᠭᠡ᠂ ᠭᠠᠵᠠᠷ ᠰᠢᠷᠤᠢ ᠡᠬᠢ ᠰᠤᠷᠪᠤᠯᠵᠢ ᠵᠡᠷᠭᠡ ᠬᠠᠮᠢᠶ᠎ᠠ | ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠪᠠᠶᠢᠭᠠᠳ ᠬᠠᠤᠯᠢ ᠶᠤᠰᠤᠭᠠᠷ ᠪᠠᠶᠢᠴᠠᠭᠠᠯᠲᠠ ᠬᠢᠵᠤ ᠦᠨᠡᠯᠯᠡᠨ | ᠲᠤᠭᠲᠠᠭᠠᠬᠤ ᠪᠤᠶᠤ ᠰᠢᠢᠳᠪᠤᠷᠢᠯᠡᠨ᠎ᠡ᠃ ᠬᠠᠤᠯᠢ ᠠᠴᠠ ᠵᠦᠷᠢᠴᠡᠵᠤ ᠪᠠᠷᠢᠭᠰᠡᠨ ᠪᠠᠷᠢᠯᠭ᠎ᠠ ᠪᠠ ᠵᠦᠪᠰᠢᠶᠡᠷᠡᠭᠰᠡᠨ | ᠬᠤᠭᠤᠴᠠᠭ᠎ᠠ ᠠᠴᠠ ᠭᠡᠲᠤᠷᠡᠭᠰᠡᠨ ᠲᠦᠷ ᠴᠠᠭ ᠤᠨ ᠪᠠᠷᠢᠯᠭ᠎ᠠ ᠳᠤ ᠨᠦᠬᠦᠪᠤᠷᠢ ᠦᠭᠬᠦ ᠦᠭᠡᠢ᠃ | ᠬᠤᠶᠠᠳᠤᠭᠠᠷ ᠪᠦᠯᠤᠭ᠌ ᠦᠨ᠎ᠡ ᠬᠠᠩᠰᠢ ᠶᠢ ᠦᠨᠡᠯᠡᠨ ᠵᠢᠱᠢᠬᠦ | ᠠᠷᠪᠠᠳᠤᠭᠠᠷ ᠵᠦᠢᠯ ᠲᠠᠲᠠᠪᠤᠷᠢᠯᠠᠬᠤ ᠭᠡᠷ ᠪᠠᠶᠢᠰᠢᠩ ᠤᠨ ᠦᠨ᠎ᠡ ᠦᠷᠲᠡᠭ ᠢ ᠭᠡᠷ ᠭᠠᠵᠠᠷ ᠤᠨ | ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠬᠢᠷᠢ ᠭᠡᠮ ᠲᠠᠢ ᠬᠠᠮᠢᠶ᠎ᠠ ᠪᠦᠬᠦᠢ ᠪᠠᠶᠢᠭᠤᠯᠤᠮᠵᠢ ᠠᠴᠠ | ᠤᠷᠤᠨ ᠰᠠᠭᠤᠴᠠ ᠪᠠ ᠪᠦᠲᠤᠭᠡᠨ ᠪᠠᠶᠢᠭᠤᠯᠤᠯᠲᠠ ᠶᠢᠨ ᠶᠠᠮᠤᠨ ᠤ ︽ᠤᠯᠤᠰ ᠤᠨ ᠦᠮᠴᠢᠯᠡᠯᠲᠤ ᠭᠠᠵᠠᠷ ᠰᠢᠷᠤᠢ | ᠲᠡᠭᠡᠷᠡᠬᠢ ᠭᠡᠷ ᠪᠠᠶᠢᠰᠢᠩ ᠢ ᠲᠠᠲᠠᠪᠤᠷᠢᠯᠡᠨ ᠠᠪᠴᠤ ᠦᠨᠡᠯᠡᠨ ᠵᠢᠱᠢᠬᠦ ᠠᠷᠭ᠎ᠠ︾ ᠶᠢᠨ ᠲᠤᠭᠲᠠᠭᠠᠯ ᠢ ᠦᠨᠳᠤᠰᠤᠯᠡᠵᠤ | ᠦᠨᠡᠯᠡᠨ ᠲᠤᠭᠲᠠᠭᠠᠨ᠎ᠠ᠃ | ᠲᠠᠲᠠᠪᠤᠷᠢᠯᠠᠭᠳᠠᠭᠰᠡᠨ ᠭᠡᠷ ᠪᠠᠶᠢᠰᠢᠩ ᠪᠠ ᠦᠮᠴᠢᠯᠡᠯ ᠤᠨ ᠡᠷᠬᠡ ᠶᠢ ᠰᠤᠯᠢᠬᠤ ᠳᠤ ᠬᠡᠷᠡᠭᠯᠡᠬᠦ ᠭᠡᠷ ᠪᠠᠶᠢᠰᠢᠩ ᠤᠨ | ᠦᠨ᠎ᠡ ᠦᠷᠲᠡᠭ ᠢ ᠵᠢᠱᠢᠨ ᠦᠨᠡᠯᠡᠬᠦ ᠳᠡᠭᠡᠨ ᠭᠡᠷ ᠪᠠᠶᠢᠰᠢᠩ ᠲᠠᠲᠠᠪᠤᠷᠢᠯᠠᠬᠤ ᠰᠢᠢᠳᠪᠤᠷᠢ ᠶᠢ ᠵᠠᠷᠯᠠᠭᠰᠡᠨ ᠡᠳᠤᠷ ᠪᠠᠷ | ᠪᠠᠷᠢᠮᠵᠢᠶ᠎ᠠ ᠪᠤᠯᠭᠠᠨ᠎ᠠ᠃ | ᠠᠷᠪᠡᠨ ᠨᠢᠭᠡᠳᠤᠭᠡᠷ ᠵᠦᠢᠯ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠶᠢ ᠲᠤᠭᠲᠠᠭᠠᠬᠤ ᠳᠠᠭᠠᠨ ᠲᠠᠲᠠᠪᠤᠷᠢᠯᠠᠭᠳᠠᠭᠰᠡᠨ ᠬᠦᠮᠤᠨ ᠲᠠᠢ ᠵᠦᠪᠳᠡᠯᠴᠡᠬᠦ ᠬᠡᠷᠡᠭᠲᠠᠢ᠃ ᠭᠡᠷ | ᠪᠠᠶᠢᠰᠢᠩ ᠲᠠᠲᠠᠪᠤᠷᠢᠯᠡᠨ ᠠᠪᠬᠤ ᠰᠠᠯᠠᠭ᠎ᠠ ᠮᠦᠴᠢᠷ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ | ᠵᠢᠱᠢᠬᠦ ᠪᠠᠶᠢᠭᠤᠯᠤᠮᠵᠢ ᠶᠢᠨ ᠨᠡᠷᠡᠰ ᠢ ᠨᠡᠶᠢᠲᠡᠯᠡᠭᠰᠡᠨ ᠡᠳᠤᠷ ᠠᠴᠠ ᠡᠬᠢᠯᠡᠨ 10 ᠡᠳᠤᠷ ᠤᠨ ᠲᠤᠲᠤᠷ᠎ᠠ ᠵᠦᠪᠳᠡᠯᠴᠡᠨ | ᠲᠤᠭᠲᠠᠵᠤ ᠲᠡᠶᠢᠯᠬᠦ ᠦᠭᠡᠢ ᠪᠤᠯ᠂ ᠭᠡᠷ ᠪᠠᠶᠢᠰᠢᠩ ᠲᠠᠲᠠᠪᠤᠷᠢᠯᠡᠨ ᠠᠪᠬᠤ ᠰᠠᠯᠠᠭ᠎ᠠ ᠮᠦᠴᠢᠷ ᠲᠠᠲᠠᠪᠤᠷᠢᠯᠠᠭᠳᠠᠭᠰᠡᠨ | ᠬᠦᠮᠤᠨ ᠢ ᠵᠤᠬᠢᠶᠠᠨ ᠪᠠᠶᠢᠭᠤᠯᠵᠤ᠂ ᠴᠦᠬᠡᠨ ᠲᠤᠠᠭᠠᠨ ᠤ ᠬᠦᠮᠤᠰ ᠤᠯᠡᠨ ᠲᠤᠭᠠᠨ ᠤ ᠬᠦᠮᠤᠰ ᠢ ᠲᠠᠭᠠᠬᠤ ᠵᠠᠷᠴᠢᠮ | ᠢᠶᠠᠷ ᠪᠢᠯᠧᠲ ᠦᠭᠴᠤ ᠲᠤᠭᠲᠠᠭᠠᠬᠤ ᠪᠤᠶᠤ ᠰᠢᠪᠠᠭ᠎ᠠ ᠰᠤᠭᠤᠯᠬᠤ ᠵᠡᠷᠭᠡ ᠠᠷᠭ᠎ᠠ ᠪᠠᠷ ᠲᠤᠭᠲᠠᠭᠠᠨ᠎ᠠ᠃ | ᠲᠡᠭᠡᠷᠡᠬᠢ ᠠᠷᠭ᠎ᠠ ᠪᠠᠷ ᠲᠠᠮᠵᠢᠵᠤ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ | ᠵᠢᠱᠢᠬᠦ ᠪᠠᠶᠢᠭᠤᠯᠤᠮᠵᠢ ᠶᠢ ᠲᠤᠭᠲᠠᠭᠠᠬᠤ ᠳᠠᠭᠠᠨ ᠤᠷᠤᠯᠴᠠᠬᠤ ᠦᠨᠡᠯᠡᠨ ᠵᠢᠱᠢᠬᠦ ᠪᠠᠶᠢᠭᠤᠯᠤᠮᠵᠢ ᠭᠤᠷᠪᠡ ᠠᠴᠠ | ᠴᠦᠬᠡᠨ ᠪᠠᠶᠢᠵᠤ ᠪᠤᠯᠬᠤ ᠦᠭᠡᠢ᠃ ᠪᠢᠯᠧᠲ ᠦᠭᠬᠦ ᠠᠷᠭ᠎ᠠ ᠪᠠᠷ ᠦᠨᠡᠯᠡᠨ ᠵᠢᠱᠢᠬᠦ ᠪᠠᠶᠢᠭᠤᠯᠤᠮᠵᠢ ᠶᠢ ᠲᠤᠭᠲᠠᠭᠠᠬᠤ | ᠳᠠᠭᠠᠨ᠂ ᠵᠠᠪᠠᠯ ᠬᠠᠭᠠᠰ ᠠᠴᠠ ᠲᠡᠭᠡᠭᠰᠢᠬᠢ ᠲᠠᠲᠠᠪᠤᠷᠢᠯᠠᠭᠳᠠᠭᠰᠡᠨ ᠬᠦᠮᠤᠨ ᠤᠷᠤᠯᠴᠡᠵᠤ ᠪᠢᠯᠧᠲ ᠦᠭᠬᠦ ᠶᠢᠨ ᠬᠠᠮᠲᠤ | ᠪᠢᠯᠧᠲ ᠶᠢᠨ ᠲᠤᠭ᠎ᠠ ᠨᠢ ᠪᠢᠯᠧᠲ ᠦᠭᠭᠦᠭᠰᠡᠨ ᠬᠦᠮᠤᠨ ᠤ ᠬᠠᠭᠠᠰ ᠠᠴᠠ ᠲᠡᠭᠡᠭᠰᠢ ᠪᠠᠶᠢᠬᠤ ᠬᠡᠷᠡᠭᠲᠠᠢ᠃ | ᠲᠡᠭᠡᠷᠡᠬᠢ ᠠᠷᠭ᠎ᠠ ᠪᠠᠷ ᠲᠠᠮᠵᠢᠵᠤ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠶᠢ ᠲᠤᠭᠲᠠᠭᠠᠬᠤ ᠳᠠᠭᠠᠨ ᠠᠯᠪᠡᠨ ᠭᠡᠷᠡᠴᠢᠯᠡᠯ ᠤᠨ ᠪᠠᠶᠢᠭᠤᠯᠤᠮᠵᠢ ᠠᠴᠠ ᠠᠬᠤᠢ ᠲᠠᠯᠠᠪᠡᠢ ᠳᠤᠨᠢ | ᠬᠦᠷᠴᠤ ᠭᠡᠷᠡᠴᠢᠯᠡᠯ ᠬᠢᠬᠦ ᠬᠡᠷᠡᠭᠲᠠᠢ᠃ ᠭᠡᠷᠡᠴᠢᠯᠡᠯ ᠤᠨ ᠰᠦᠢᠳᠭᠡᠯ ᠢ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ | ᠮᠦᠴᠢᠷ ᠬᠠᠷᠢᠭᠤᠴᠠᠨ᠎ᠠ᠃ | ᠠᠷᠪᠡᠨ ᠬᠤᠶᠠᠳᠤᠭᠠᠷ ᠵᠦᠢᠯ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠶᠢ ᠰᠤᠩᠭᠤᠵᠤ ᠲᠤᠭᠲᠠᠭᠠᠭᠰᠡᠨ ᠤ ᠲᠠᠷᠠᠭ᠎ᠠ᠂ ᠭᠡᠷ ᠪᠠᠶᠢᠰᠢᠩ ᠲᠠᠲᠠᠪᠤᠷᠢᠯᠡᠨ ᠠᠪᠬᠤ ᠰᠠᠯᠠᠭ᠎ᠠ | ᠮᠦᠴᠢᠷ ᠨᠠᠶᠢᠳᠠᠭᠴᠢ ᠲᠠᠯ᠎ᠠ ᠪᠤᠯᠵᠤ᠂ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠲᠠᠢ ᠭᠡᠷ ᠪᠠᠶᠢᠰᠢᠩ ᠲᠠᠲᠠᠪᠤᠷᠢᠯᠡᠨ ᠠᠪᠬᠤ ᠠᠵᠢᠯ ᠤᠨ ᠵᠢᠱᠢᠨ ᠦᠨᠡᠯᠡᠬᠦ ᠨᠠᠶᠢᠳᠠᠯᠭ᠎ᠠ ᠶᠢᠨ ᠭᠡᠷ᠎ᠡ | ᠲᠤᠭᠲᠠᠨ᠎ᠠ᠃ | ᠠᠷᠪᠡᠨ ᠭᠤᠷᠪᠠᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠪᠤᠶᠤ ᠭᠡᠷ ᠪᠠᠶᠢᠰᠢᠩ ᠲᠠᠲᠠᠪᠤᠷᠢᠯᠠᠬᠤ | ᠰᠠᠯᠠᠭ᠎ᠠ ᠮᠦᠴᠢᠷ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠦᠨᠡᠯᠡᠨ ᠲᠤᠭᠲᠠᠭᠠᠭᠰᠡᠨ ᠦᠨ᠎ᠡ ᠦᠷᠲᠡᠭ ᠲᠤ | ᠠᠳᠠᠯᠢ ᠪᠤᠰᠤ ᠰᠠᠨᠠᠯ ᠲᠠᠢ ᠪᠤᠯ ᠵᠢᠱᠢᠨ ᠦᠨᠡᠯᠡᠬᠦ ᠮᠠᠳᠠᠭᠦᠯᠤᠯᠲᠡ ᠶᠢ ᠤᠯᠤᠭᠰᠡᠨ ᠠᠷᠪᠡᠨ ᠡᠳᠤᠷ ᠤᠨ ᠲᠤᠲᠤᠷ᠎ᠠ | ᠦᠨᠡᠯᠡᠨ ᠵᠢᠱᠢᠬᠦ ᠪᠠᠶᠢᠭᠤᠯᠤᠮᠵᠢ ᠳᠤ ᠲᠠᠬᠢᠨ ᠦᠨᠡᠯᠡᠭᠦᠯᠬᠦ ᠪᠠᠷ ᠡᠷᠡᠮᠡᠯᠵᠡᠯᠡᠵᠤ ᠪᠤᠯᠤᠨ᠎ᠡ᠂ ᠦᠨᠡᠯᠡᠨ ᠵᠢᠱᠢᠬᠦ | ᠪᠠᠶᠢᠭᠤᠯᠤᠮᠵᠢ ᠲᠤᠰ ᠡᠷᠡᠮᠡᠯᠵᠡᠯᠡᠯ ᠢ ᠤᠯᠤᠭᠰᠡᠨ ᠠᠷᠪᠡᠨ ᠡᠳᠤᠷ ᠤᠨ ᠲᠤᠲᠤᠷ᠎ᠠ ᠲᠦᠯᠤᠪᠤᠷᠢ ᠦᠭᠡᠢ ᠪᠠᠷ ᠲᠠᠬᠢᠨ | ᠦᠨᠡᠯᠡᠨ ᠵᠢᠱᠢᠵᠤ ᠦᠭᠭᠦᠨ᠎ᠡ︔ ᠲᠠᠬᠢᠨ ᠦᠨᠡᠯᠡᠨ ᠵᠢᠱᠢᠭᠰᠡᠨ ᠦᠷ᠎ᠡ ᠳ᠋ᠦᠡᠭ ᠳᠤ ᠪᠠᠰᠠ ᠰᠠᠨᠠᠯ ᠲᠠᠢ ᠪᠤᠯ᠂ ᠲᠠᠬᠢᠨ | ᠦᠨᠡᠯᠡᠨ ᠵᠢᠱᠢᠭᠰᠡᠨ ᠦᠷ᠎ᠡ ᠳ᠋ᠦᠡᠭ ᠢ ᠤᠯᠤᠭᠰᠡᠨ ᠠᠷᠪᠡᠨ ᠡᠳᠤᠷ ᠤᠨ ᠲᠤᠲᠤᠷ᠎ᠠ ᠠᠶᠢᠮᠠᠭ ᠤᠨ ᠵᠠᠬᠢᠷᠭᠠᠨ ᠤ ᠭᠡᠷ | ᠪᠠᠶᠢᠰᠢᠩ ᠲᠠᠲᠠᠪᠤᠷᠢᠯᠡᠨ ᠠᠪᠬᠤ ᠰᠠᠯᠠᠭ᠎ᠠ ᠮᠦᠴᠢᠷ ᠤᠨ ᠪᠠᠶᠢᠭᠤᠯᠤᠭᠰᠡᠨ ᠭᠡᠷ ᠭᠠᠵᠠᠷ ᠤᠨ ᠬᠦᠷᠤᠩᠭᠡ ᠶᠢᠨ ᠦᠨ᠎ᠡ | ᠬᠠᠩᠰᠢ ᠶᠢ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠵᠦᠪᠯᠡᠯ ᠳᠤ ᠬᠢᠨᠡᠨ ᠲᠤᠭᠲᠠᠭᠠᠯᠭᠠᠬᠤ ᠪᠠᠷ ᠡᠷᠡᠮᠡᠯᠵᠡᠯᠡᠵᠤ | ᠪᠤᠯᠤᠨ᠎ᠠ᠂ ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ | ᠵᠦᠪᠯᠡᠯ ᠨᠢ ᠠᠷᠪᠡᠨ ᠡᠳᠤᠷ ᠤᠨ ᠲᠤᠲᠤᠷ᠎ᠠ ᠬᠢᠨᠡᠨ ᠲᠤᠭᠲᠠᠭᠠᠬᠤ ᠰᠠᠨᠠᠯ ᠭᠠᠷᠭᠠᠨ᠎ᠠ︔ ᠭᠡᠷ ᠭᠠᠵᠠᠷ ᠤᠨ ᠬᠦᠷᠤᠩᠭᠡ | ᠶᠢᠨ ᠦᠨ᠎ᠡ ᠬᠠᠩᠰᠢ ᠶᠢ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠵᠦᠪᠯᠡᠯ ᠤᠨ ᠭᠠᠷᠭᠠᠭᠰᠡᠨ ᠰᠠᠨᠠᠯ ᠳᠤ ᠮᠦᠨᠬᠦ | ᠠᠳᠠᠯᠢ ᠪᠤᠰᠤ ᠰᠠᠨᠠᠯ ᠲᠠᠢ ᠪᠤᠯ ᠲᠤᠰ ᠬᠡᠷᠡᠭᠵᠢᠭᠦᠯᠬᠦ ᠰᠠᠨᠠᠯ ᠤᠨ ᠭᠤᠴᠢᠨ ᠭᠤᠷᠪᠠᠳᠤᠭᠠᠷ ᠵᠦᠢᠯ ᠤᠨ ᠲᠤᠭᠲᠠᠭᠠᠯ | ᠢᠶᠠᠷ ᠰᠢᠢᠳᠪᠤᠷᠢᠯᠡᠨ᠎ᠡ᠃ | ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠵᠢᠱᠢᠨ ᠦᠨᠡᠯᠡᠬᠦ ᠵᠠᠷᠤᠳᠠᠯ ᠢ ᠨᠠᠶᠢᠳᠠᠭᠴᠢ ᠠᠴᠠ ᠡᠭᠦᠷᠭᠡᠯᠡᠨ᠎ᠡ | ᠂ ᠬᠢᠨᠡᠨ ᠲᠤᠭᠲᠠᠭᠠᠬᠤ ᠵᠠᠷᠤᠳᠠᠯ ᠢ ᠡᠷᠡᠮᠡᠯᠵᠡᠯᠡᠭᠰᠡᠨ ᠬᠦᠮᠤᠨ ᠠᠴᠠ ᠡᠭᠦᠷᠭᠡᠯᠡᠨ᠎ᠡ᠂ ᠬᠢᠨᠡᠨ ᠲᠤᠭᠲᠠᠭᠠᠯ ᠨᠢ ᠤᠤᠯ | ᠲᠤᠭᠲᠠᠭᠠᠯ ᠤᠨ ᠦᠷ᠎ᠡ ᠳ᠋ᠦᠡᠭ ᠢ ᠬᠤᠪᠢᠷᠠᠭᠤᠯᠤᠭᠰᠡᠨ ᠪᠠᠶᠢᠪᠠᠯ᠂ ᠬᠢᠨᠠᠨ ᠲᠤᠭᠲᠠᠭᠠᠬᠤ ᠵᠠᠷᠤᠳᠠᠯ ᠢ ᠤᠤᠯ ᠤᠨ ᠭᠡᠷ | ᠭᠠᠵᠠᠷ ᠤᠨ ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠡᠭᠦᠷᠭᠡᠯᠡᠨ᠎ᠡ᠃ | ᠭᠤᠷᠪᠠᠳᠣᠭᠠᠷ ᠪᠦᠯᠤᠭ᠌ ᠵᠤᠭᠤᠰ ᠢᠶᠠᠷ ᠨᠦᠬᠦᠪᠤᠷᠢ ᠦᠭᠬᠦ | ᠠᠷᠪᠡᠨ ᠲᠦᠷᠪᠡᠳᠤᠭᠡᠷ ᠵᠦᠢᠯ ᠬᠤᠪᠢ ᠬᠦᠮᠤᠨ ᠤ ᠤᠷᠤᠨ ᠰᠠᠭᠤᠴᠠ ᠶᠢ ᠲᠠᠲᠠᠪᠤᠷᠢᠯᠡᠨ ᠠᠪᠬᠤ ᠳᠤ | ᠬᠡᠷᠪᠡ ᠲᠤᠰ ᠬᠦᠮᠤᠨ ᠨᠢ ᠵᠤᠭᠤᠰ ᠢᠶᠠᠷ ᠨᠦᠬᠦᠪᠤᠷᠢ ᠦᠭᠬᠦ ᠶᠢ ᠰᠤᠩᠭᠤᠭᠰᠡᠨ ᠪᠠᠶᠢᠪᠠᠯ᠂ ᠠᠳᠠᠯᠢ ᠪᠠᠷᠢᠯᠭ᠎ᠠ ᠶᠢᠨ | ᠲᠠᠯᠠᠪᠡᠢ ᠪᠦᠬᠦᠢ ᠰᠢᠨ᠎ᠡ ᠪᠠᠷ ᠪᠠᠷᠢᠭᠰᠡᠨ ᠲᠠᠸᠠᠷ ᠤᠨ ᠤᠷᠤᠨ ᠰᠠᠭᠤᠴᠠ ᠶᠢᠨ ᠵᠠᠬ᠎ᠠ ᠲᠡᠯᠭᠡᠭᠦᠷ ᠤᠨ ᠦᠨ᠎ᠡ ᠬᠠᠩᠰᠢ | ᠪᠠᠷ ᠨᠦᠬᠦᠪᠤᠷᠢ ᠦᠭᠭᠦᠨ᠎ᠡ᠃ ᠲᠠᠲᠠᠪᠤᠷᠢᠯᠠᠭᠳᠠᠭᠰᠡᠨ ᠬᠦᠮᠤᠨ ᠠᠳᠠᠯᠢ ᠪᠤᠰᠤ ᠰᠠᠨᠠᠯ ᠲᠠᠢ ᠪᠤᠯ ᠭᠡᠷ ᠭᠠᠵᠠᠷ ᠤᠨ | ᠬᠦᠷᠤᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠶᠢ ᠨᠠᠶᠢᠳᠠᠵᠤ ᠲᠠᠲᠠᠪᠤᠷᠢᠯᠠᠭᠳᠠᠭᠰᠡᠨ ᠤᠷᠤᠨ | ᠰᠠᠭᠤᠴᠠ ᠶᠢᠨ ᠦᠨ᠎ᠡ ᠦᠷᠲᠡᠭ ᠲᠤ ᠦᠨᠡᠯᠡᠯᠲᠡ ᠬᠢᠯᠭᠡᠵᠤ ᠪᠤᠯᠤᠨ᠎ᠠ᠃ | ᠠᠷᠪᠡᠨ ᠲᠠᠪᠤᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠤ ᠭᠡᠷ ᠪᠠᠶᠢᠰᠢᠩ ᠨᠢ ᠮᠠᠰᠢᠨ ᠲᠡᠷᠭᠡ | ᠵᠤᠭᠰᠤᠭᠠᠬᠤ ︵ᠬᠤᠶᠠᠷ ᠬᠦᠷᠲᠤᠲᠤ ᠲᠡᠷᠭᠡ᠂ ᠭᠤᠷᠪᠡᠨ ᠬᠦᠷᠲᠤᠲᠤ ᠲᠡᠷᠭᠡ᠂ ᠲᠦᠷᠪᠡᠨ ᠬᠦᠷᠲᠤᠲᠤ | ᠲᠠᠷᠢᠶᠠᠯᠠᠩ ᠤᠨ ᠮᠠᠰᠢᠨ ᠲᠡᠷᠭᠡ᠂ ᠲᠤᠰᠤ ᠰᠢᠲᠠᠭᠠᠬᠤ ᠬᠦᠳᠡᠯᠭᠡᠭᠦᠷ ᠲᠡᠷᠭᠡ᠂ ᠴᠠᠬᠢᠯᠭᠠᠨ ᠬᠦᠳᠡᠯᠭᠡᠭᠦᠷ ᠲᠡᠷᠭᠡ ᠵᠡᠷᠭᠡ | ᠠᠴᠠ ᠭᠠᠳᠠᠨ᠎ᠠ︶ ᠳᠤ ᠬᠡᠷᠡᠭᠯᠡᠵᠤ ᠪᠠᠶᠢᠪᠠᠯ᠂ ᠲᠠᠲᠠᠪᠤᠷᠢᠯᠠᠭᠳᠠᠭᠰᠡᠨ ᠬᠦᠮᠤᠨ ᠨᠢ ᠬᠡᠷᠪᠡ ᠭᠡᠷ ᠪᠠᠶᠢᠰᠢᠩ | ᠲᠠᠲᠠᠪᠤᠷᠢᠯᠠᠬᠤ ᠦᠨᠳᠤᠰᠤᠨ ᠪᠠᠶᠢᠳᠠᠯ ᠤᠨ ᠪᠠᠶᠢᠴᠠᠭᠠᠯᠲᠠ ᠡᠬᠢᠯᠡᠬᠦ ᠠᠴᠠ ᠡᠮᠤᠨ᠎ᠡ ᠲᠠᠷᠤᠢ ᠲᠤᠰ ᠬᠦᠮᠤᠨ ᠤ ᠨᠠᠷᠠ | ᠲᠤᠤᠷᠠᠬᠢ ᠮᠠᠰᠢᠨ ᠲᠡᠷᠭᠡ ᠬᠤᠳᠠᠯᠳᠤᠨ ᠠᠪᠤᠭᠰᠡᠨ ᠪᠠᠷᠢᠮᠲᠠ ᠪᠠ ᠲᠡᠷᠭᠡ ᠬᠦᠰᠭᠡᠨ ᠤ ᠠᠶᠠᠯᠠᠯ ᠤᠨ ᠦᠨᠡᠮᠯᠡᠯ ᠲᠠᠢ | ᠪᠤᠶᠤ ᠲᠠᠲᠠᠪᠤᠷᠢᠯᠠᠭᠳᠠᠭᠰᠡᠨ ᠬᠦᠮᠤᠨ ᠲᠤᠰ ᠪᠠᠶ᠎ᠠ ᠨᠢ ᠲᠦᠷᠢᠶᠡᠰᠤᠨ ᠮᠠᠰᠢᠨ ᠲᠡᠷᠭᠡ ᠶᠢᠨ ᠡᠵᠡᠩᠨᠡᠯᠲᠡ ᠬᠢᠵᠤ | ᠪᠠᠶᠢᠭ᠎ᠠ ᠮᠦᠷᠲᠡᠭᠡᠨ ᠬᠠᠤᠯᠢ ᠶᠤᠰᠤᠨ ᠤ ᠭᠠᠷ ᠬᠦᠢᠴᠡᠳᠭᠡᠯ ᠲᠠᠢ ᠪᠤᠯ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ | ᠪᠠ ᠬᠡᠷᠡᠭᠯᠡᠭᠡᠨ ᠤ ᠬᠢᠨᠡᠨ ᠲᠤᠭᠲᠠᠭᠠᠬᠤ ᠠᠵᠢᠯ ᠤᠨ ᠲᠤᠭᠤᠶᠢᠯᠡᠩ ᠠᠴᠠ ᠬᠠᠷᠭᠤᠭᠤᠯᠵᠤ ᠬᠢᠨᠡᠨ ᠲᠤᠭᠲᠠᠭᠠᠭᠰᠠ ᠤ | ᠲᠠᠷᠠᠭ᠎ᠠ᠂ ᠲᠤᠰ ᠬᠡᠷᠡᠭᠵᠢᠭᠦᠯᠬᠦ ᠰᠠᠨᠠᠯ ᠤᠨ ᠦᠨᠡᠯᠡᠨ ᠵᠢᠱᠢᠬᠦ ᠠᠷᠭ᠎ᠠ ᠪᠠᠷ ᠵᠢᠱᠢᠵᠤ ᠦᠨᠡᠯᠡᠨ ᠦᠨ᠎ᠡ ᠶᠢ ᠨᠢ | ᠪᠤᠳᠤᠵᠤ ᠵᠤᠭᠤᠰ ᠢᠶᠠᠷ ᠨᠦᠬᠦᠪᠤᠷᠢ ᠦᠭᠭᠦᠨ᠎ᠡ᠃ | ᠠᠷᠪᠡᠨ ᠵᠢᠷᠭᠤᠳᠤᠭᠠᠷ ᠵᠦᠢᠯ ᠬᠠᠤᠯᠢ ᠶᠤᠰᠤᠨ ᠤ ᠡᠵᠡᠩᠨᠡᠯᠲᠡ ᠶᠢᠨ ᠭᠠᠷ ᠬᠦᠢᠴᠡᠳᠭᠡᠯ ᠲᠠᠢ ᠤᠯᠤᠰ | ᠤᠨ ᠦᠮᠴᠢᠯᠡᠯᠲᠤ ᠪᠤᠰᠤ ᠠᠵᠤ ᠦᠢᠯᠡᠳᠪᠤᠷᠢ ᠠᠵᠤ ᠠᠬᠤᠶᠢᠯᠡᠯ᠂ ᠬᠤᠪᠢ ᠶᠢᠨ ᠪᠤᠯᠪᠠᠰᠤᠷᠠᠭᠤᠯᠬᠤ ᠠᠵᠤ ᠦᠢᠯᠠᠰ | ᠪᠤᠶᠤ ᠪᠤᠰᠤᠳ ᠦᠢᠯᠡᠳᠪᠤᠷᠢᠯᠡᠯ ᠡᠵᠡᠩᠨᠡᠯᠲᠡ ᠶᠢᠨ ᠦᠢᠯᠡᠰ ᠤᠨ ᠭᠡᠷ ᠪᠠᠶᠢᠰᠢᠩ ᠬᠦᠷᠢᠶ᠎ᠡ ᠬᠠᠰᠢᠶ᠎ᠠ ᠶᠢ | ᠲᠠᠲᠠᠪᠤᠷᠢᠯᠡᠨ ᠠᠪᠬᠤ ᠳᠤ ᠵᠠᠷᠴᠢᠮ ᠲᠡᠭᠡᠷ᠎ᠡ ᠪᠠᠨ ᠵᠤᠭᠤᠰ ᠢᠶᠠᠷ ᠨᠦᠬᠦᠪᠤᠷᠢ ᠦᠭᠬᠦ ᠪᠠᠷ ᠭᠤᠤᠯ ᠪᠤᠯᠭᠠᠨ᠎ᠠ᠂ ᠭᠡᠷ | ᠪᠠᠶᠢᠰᠢᠩ ᠵᠢᠴᠢ ᠲᠦᠬᠦᠭᠡᠷᠤᠮᠵᠢ ᠶᠢ ᠲᠤᠰ ᠬᠡᠷᠡᠭᠵᠢᠭᠦᠯᠬᠦ ᠰᠠᠨᠠᠯ ᠤᠨ ᠵᠢᠱᠢᠨ ᠦᠨᠡᠯᠡᠬᠦ ᠠᠷᠭ᠎ᠠ ᠪᠠᠷ ᠵᠢᠱᠢᠵᠤ | ᠦᠨᠡᠯᠡᠭᠰᠡᠨ ᠤ ᠲᠠᠷᠠᠭ᠎ᠠ᠂ ᠵᠢᠱᠢᠵᠤ ᠦᠨᠡᠯᠡᠭᠰᠡᠨ ᠦᠨ᠎ᠡ ᠪᠠᠷ ᠨᠢ ᠵᠤᠭᠤᠰ ᠢ ᠨᠢ ᠨᠢᠭᠡᠯᠨ ᠤᠳᠠᠭ᠎ᠠ ᠲᠡᠭᠡᠷ᠎ᠡ | ᠪᠤᠳᠤᠵᠤ ᠦᠭᠭᠦᠨ᠎ᠡ᠃ ᠵᠤᠬᠢᠬᠤ ᠬᠡᠪᠴᠢᠶ᠎ᠡ ᠲᠠᠢ᠂ ᠤᠳᠤᠬᠠᠨ ᠤ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ | ᠱᠠᠭᠠᠷᠳᠠᠯᠭ᠎ᠠ ᠲᠠᠢ ᠨᠡᠶᠢᠴᠡᠬᠦ᠂ ᠦᠢᠯᠡᠳᠪᠤᠷᠢᠯᠡᠯ ᠤᠨ ᠮᠡᠷᠭᠡᠵᠢᠯ ᠪᠠ ᠲᠦᠬᠦᠭᠡᠷᠤᠮᠵᠢ ᠨᠢ ᠤᠯᠤᠰ ᠤᠨ ᠬᠤᠯᠪᠤᠭᠳᠠᠯ | ᠪᠦᠬᠦᠢ ᠪᠠᠷᠢᠮᠵᠢᠶᠠᠨ ᠳᠤ ᠬᠦᠷᠤᠭ᠍ᠰᠡᠨ ᠪᠦᠭᠡᠳ ᠦᠷᠭᠦᠯᠵᠢᠯᠡᠨ ᠡᠵᠡᠩᠨᠡᠵᠤ ᠪᠤᠯᠬᠤ ᠪᠤᠯ᠂ ᠭᠡᠷ ᠪᠠᠶᠢᠰᠢᠩ | ᠲᠠᠲᠠᠪᠤᠷᠢᠯᠡᠨ ᠠᠪᠬᠤ ᠰᠠᠯᠠᠭ᠎ᠠ ᠮᠦᠴᠢᠷ ᠲᠠᠲᠠᠪᠤᠷᠢᠯᠠᠭᠳᠠᠭᠰᠡᠨ ᠬᠦᠮᠤᠨ ᠲᠠᠢ ᠶᠠᠷᠢᠯᠴᠠᠨ ᠵᠦᠪᠳᠡᠯᠴᠡᠵᠤ᠂ ᠦᠭᠡᠷ᠎ᠡ | ᠭᠠᠵᠠᠷ ᠲᠤ ᠨᠡᠭᠦᠯᠭᠡᠨ ᠰᠢᠯᠵᠢᠭᠦᠯᠵᠤ ᠪᠤᠯᠤᠨ᠎ᠡ᠃ | ᠠᠷᠪᠡᠨ ᠲᠤᠯᠤᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠨᠢ ᠵᠤᠭᠤᠰ ᠢᠶᠠᠷ ᠨᠦᠬᠦᠪᠤᠷᠢ ᠦᠭᠬᠦ ᠶᠢ | ᠰᠤᠩᠭᠤᠵᠤ᠂ ᠪᠠᠰᠨ ᠭᠠᠵᠠᠷ ᠰᠢᠷᠤᠢ ᠲᠠᠲᠠᠪᠤᠷᠢᠯᠡᠨ ᠠᠪᠴᠤ ᠨᠦᠬᠦᠪᠤᠷᠢ ᠦᠭᠬᠦ ᠲᠦᠰᠤᠯ ᠳᠤ ᠲᠤᠭᠲᠠᠭᠰᠡᠨ ᠭᠡᠷ᠎ᠡ | ᠲᠤᠭᠲᠠᠭᠠᠬᠤ ᠬᠤᠭᠤᠴᠠᠭᠠᠨ ᠲᠤᠲᠤᠷ᠎ᠠ ᠨᠦᠬᠦᠪᠤᠷᠢ ᠦᠭᠬᠦ ᠬᠡᠯᠡᠯᠴᠡᠭᠡᠷ ᠲᠤᠭᠲᠠᠭᠠᠰᠠᠨ ᠪᠤᠯ᠂ ᠨᠢᠭᠡᠨᠲᠡ | ᠬᠠᠷᠭᠤᠭᠤᠯᠤᠨ ᠲᠤᠭᠲᠠᠭᠰᠠᠨ ᠨᠦᠬᠦᠪᠤᠷᠢ ᠶᠢᠨ ᠦᠨ᠎ᠡ ᠬᠠᠩᠰᠢ ᠠᠴᠠ ᠵᠠᠭᠤᠨ ᠤ ᠠᠷᠪᠠ ᠪᠠᠷ ᠨᠡᠮᠡᠭᠳᠡᠭᠦᠯᠵᠤ ᠱᠠᠩᠨᠠᠯ | ᠤᠯᠭᠤᠨ᠎ᠠ᠃ | ᠲᠠᠲᠠᠪᠤᠷᠢᠯᠠᠭᠳᠠᠭᠰᠡᠨ ᠬᠦᠮᠤᠨ ᠵᠤᠭᠤᠰ ᠢᠶᠠᠷ ᠨᠦᠬᠦᠪᠤᠷᠢ ᠦᠭᠬᠦ ᠶᠢ ᠰᠤᠩᠭᠤᠭᠰᠠᠨ ᠪᠦᠭᠡᠳ ᠭᠠᠵᠠᠷ ᠰᠢᠷᠤᠢ | ᠲᠠᠲᠠᠪᠤᠷᠢᠯᠡᠨ ᠠᠪᠴᠤ ᠨᠦᠬᠦᠪᠤᠷᠢ ᠦᠭᠬᠦ ᠲᠦᠰᠤᠯ ᠤᠨ ᠲᠤᠭᠲᠠᠭᠰᠡᠨ ᠱᠠᠩᠨᠠᠯ ᠤᠨ ᠬᠤᠭᠤᠴᠠᠭᠠᠨ ᠳᠤ ᠨᠦᠬᠦᠪᠤᠷᠢ | ᠦᠭᠬᠦ ᠬᠡᠯᠡᠯᠴᠡᠭᠡᠷ ᠲᠤᠭᠲᠠᠭᠰᠡᠨ ᠮᠦᠷᠲᠡᠭᠡᠨ ᠪᠤᠯᠵᠤᠭᠰᠡᠨ ᠬᠤᠭᠤᠴᠠᠭᠠᠨ ᠲᠤᠲᠤᠷ᠎ᠠ ᠨᠡᠭᠦᠭᠰᠡᠨ ᠪᠤᠯ ᠭᠡᠷ ᠪᠠᠶᠢᠰᠢᠩ | ᠲᠠᠲᠠᠪᠤᠷᠢᠯᠠᠬᠤ ᠰᠠᠯᠠᠭ᠎ᠠ ᠮᠦᠴᠢᠷ ᠠᠴᠠ ᠠᠷᠠᠳ ᠤᠨ ᠵᠤᠭᠤᠰ ᠢᠶᠠᠷ 6 ᠲᠦᠮᠡᠨ ᠲᠦᠭᠦᠷᠢᠭ ᠤᠨ ᠱᠠᠩᠨᠠᠯ ᠤᠯᠭᠤᠨ᠎ᠠ | ᠂ ᠬᠤᠭᠤᠴᠠᠭ᠎ᠠ ᠠᠴᠠ ᠭᠡᠲᠤᠷᠡᠪᠡᠯ ᠱᠠᠩᠨᠠᠯ ᠦᠭᠬᠦ ᠦᠭᠡᠢ᠃ | ᠲᠦᠷᠪᠡᠳᠤᠭᠡᠷ ᠪᠦᠯᠤᠭ᠌ ᠦᠮᠴᠢᠯᠡᠯ ᠤᠨ ᠡᠷᠬᠡ ᠪᠠᠨ ᠰᠤᠯᠢᠬᠤ | ᠠᠷᠪᠡᠨ ᠨᠠᠢᠮᠠᠳᠤᠭᠠᠷ ᠵᠦᠢᠯ ᠬᠤᠲᠠ ᠶᠢᠨ ᠬᠠᠭᠤᠴᠢᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠠᠴᠠ | ᠪᠤᠯᠵᠤ ᠬᠤᠪᠢ ᠬᠦᠮᠤᠨ ᠤ ᠤᠷᠤᠨ ᠰᠠᠭᠤᠴᠠ ᠶᠢ ᠲᠠᠲᠠᠪᠤᠷᠢᠯᠡᠨ ᠠᠪᠬᠤ ᠳᠤ ᠬᠡᠷᠪᠡ ᠲᠠᠲᠠᠪᠤᠷᠢᠯᠠᠭᠳᠠᠭᠰᠡᠨ ᠬᠦᠮᠤᠨ | ᠨᠢ ᠦᠭᠡᠷᠡᠴᠢᠯᠡᠨ ᠪᠠᠶᠢᠭᠤᠯᠬᠤ ᠤᠷᠤᠨ ᠲᠤᠲᠤᠷ᠎ᠠ ᠭᠡᠷ ᠪᠠᠶᠢᠰᠢᠩ ᠤᠨ ᠦᠮᠴᠢᠯᠡᠯ ᠤᠨ ᠡᠷᠬᠡ ᠪᠠᠨ ᠰᠤᠯᠢᠬᠤ ᠶᠢ | ᠰᠤᠩᠭᠤᠵᠤ᠂ ᠬᠠᠮᠲᠤ ᠳᠤᠨᠢ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠭᠤᠤᠯ ᠴᠤᠭᠴᠠ ᠨᠢ ᠪᠠᠶᠢᠰᠢᠩ ᠭᠡᠷ | ᠪᠠᠶᠢᠵᠤ᠂ ᠡᠭᠦᠨ ᠢᠶᠠᠷ ᠢᠶᠠᠨ ᠤᠯᠡᠨ ᠲᠠᠪᠬᠤᠷᠭᠠᠲᠤ ᠠᠰᠠᠷ ᠰᠤᠯᠢᠪᠡᠯ᠂ ᠪᠠᠷᠢᠯᠭ᠎ᠠ ᠶᠢᠨ ᠲᠠᠯᠠᠪᠡᠢ ᠶᠢᠨ 1᠄ 1.2 | ᠤᠨ ᠬᠠᠷᠢᠴᠠᠯ ᠢᠶᠠᠷ ᠰᠤᠯᠢᠵᠤ ᠦᠭᠭᠦᠨ᠎ᠡ︔ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠭᠤᠤᠯ ᠴᠤᠭᠴᠠ ᠨᠢ | ᠪᠠᠶᠢᠰᠢᠩ ᠭᠡᠷ ᠪᠠᠶᠢᠵᠤ᠂ ᠡᠭᠦᠨ ᠢᠶᠠᠷ ᠢᠶᠠᠨ ᠦᠨᠳᠤᠷ ᠲᠠᠪᠬᠤᠷᠭᠠᠲᠤ ᠠᠰᠠᠷ ᠰᠤᠯᠢᠪᠡᠯ᠂ ᠪᠠᠷᠢᠯᠭ᠎ᠠ ᠶᠢᠨ ᠲᠠᠯᠠᠪᠡᠢ | ᠶᠢᠨ 1᠄ 1.3 ᠶᠢᠨ ᠬᠠᠷᠢᠴᠠᠯ ᠢᠶᠠᠷ ᠰᠤᠯᠢᠵᠤ ᠦᠭᠭᠦᠨ᠎ᠡ᠃ | ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠲᠠᠭᠠᠯᠳᠤᠭᠤᠯᠤᠯ ᠪᠠᠷᠢᠯᠭ᠎ᠠ ᠳᠤ ᠨᠦᠬᠦᠪᠤᠷᠢ ᠦᠭᠬᠦ ᠳᠡᠭᠡᠨ᠂ | ᠭᠡᠷ ᠭᠠᠵᠠᠷ ᠤᠨ ᠬᠦᠷᠤᠩᠭᠡ ᠶᠢᠨ ᠦᠨ᠎ᠡ ᠬᠠᠩᠰᠢ ᠦᠨᠡᠯᠡᠨ ᠵᠢᠱᠢᠬᠦ ᠪᠠᠶᠢᠭᠤᠯᠤᠮᠵᠢ ᠶᠢᠨ ᠵᠢᠱᠢᠵᠤ ᠦᠨᠡᠯᠡᠭᠰᠡᠨ | ᠦᠷ᠎ᠡ ᠳ᠋ᠦᠡᠭ ᠢᠶᠠᠷ ᠨᠦᠬᠦᠪᠤᠷᠢᠯᠡᠬᠦ ᠲᠤᠭ᠎ᠠ ᠶᠢ ᠲᠤᠭᠲᠠᠭᠠᠨ᠎ᠠ᠃ | ᠲᠠᠲᠠᠪᠤᠷᠢᠯᠠᠭᠳᠠᠭᠰᠡᠨ ᠬᠦᠮᠤᠨ ᠬᠡᠷᠪᠡ ᠭᠡᠷ ᠪᠠᠶᠢᠰᠢᠩ ᠤᠨ ᠲᠠᠭᠠᠯᠳᠤᠭᠤᠯᠤᠯ ᠪᠠᠷᠢᠯᠭ᠎ᠠ ᠪᠠᠨ ᠦᠮᠴᠢᠯᠡᠯ ᠤᠨ ᠡᠷᠬᠡ | ᠰᠤᠯᠢᠬᠤ ᠠᠷᠭ᠎ᠠ ᠶᠢ ᠰᠤᠩᠭᠤᠵᠤ᠂ ᠲᠠᠭᠠᠯᠳᠤᠭᠤᠯᠤᠯ ᠪᠠᠷᠢᠯᠭ᠎ᠠ ᠨᠢ ᠬᠡᠷᠪᠡ ᠲᠤᠭᠤᠰᠬ᠎ᠠ ᠪᠧᠲ᠋ᠤᠨ ᠪᠦᠲᠤᠴᠡᠲᠠᠢ | ᠪᠤᠶᠤ ᠲᠤᠭᠤᠰᠬ᠎ᠠ ᠮᠤᠳᠤᠨ ᠪᠦᠲᠤᠴᠠᠲᠠᠢ ᠪᠤᠯ ᠪᠠᠷᠢᠯᠭ᠎ᠠ ᠶᠢᠨ ᠲᠠᠯᠠᠪᠡᠢ ᠶᠢᠨ 1᠄ 0.4 ᠶᠢᠨ ᠬᠠᠷᠢᠴᠠᠯ ᠢᠶᠠᠷ | ᠰᠤᠯᠢᠵᠤ ᠦᠭᠭᠦᠨ᠎ᠡ︔ ᠰᠢᠷᠤᠢ ᠮᠤᠳᠤᠨ ᠪᠦᠲᠤᠴᠡᠲᠠᠢ ᠪᠤᠯ ᠪᠠᠷᠢᠯᠭ᠎ᠠ ᠶᠢᠨ ᠲᠠᠯᠠᠪᠡᠢ ᠶᠢᠨ 1᠄ 0.3 ᠶᠢᠨ | ᠬᠠᠷᠢᠴᠠᠯ ᠢᠶᠠᠷ ᠰᠤᠯᠢᠵᠤ ᠦᠭᠭᠦᠨ᠎ᠡ᠃ | ᠠᠷᠪᠡᠨ ᠶᠢᠰᠤᠳᠤᠭᠡᠷ ᠵᠦᠢᠯ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠭᠤᠤᠯ ᠴᠤᠭᠴᠠ ᠨᠢ ᠠᠰᠠᠷ | ᠪᠠᠶᠢᠵᠤ᠂ ᠡᠭᠦᠨ ᠢᠶᠠᠷ ᠤᠯᠡᠨ ᠲᠠᠪᠬᠤᠷᠭᠠᠲᠤ ᠠᠰᠠᠷ ᠰᠤᠯᠢᠪᠡᠯ᠂ ᠪᠠᠷᠢᠯᠭ᠎ᠠ ᠶᠢᠨ ᠲᠠᠯᠠᠪᠡᠢ ᠶᠢᠨ 1᠄ 1.2 ᠤᠨ | ᠬᠠᠷᠢᠴᠠᠯ ᠢᠶᠠᠷ ᠰᠤᠯᠢᠵᠤ ᠦᠭᠭᠦᠨ᠎ᠡ︔ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠭᠤᠤᠯ ᠴᠤᠭᠴᠠ ᠨᠢ ᠠᠰᠠᠷ | ᠪᠠᠶᠢᠵᠤ᠂ ᠡᠭᠦᠨ ᠢᠶᠠᠷ ᠦᠨᠳᠤᠷ ᠲᠠᠪᠬᠤᠷᠭᠠᠲᠤ ᠠᠰᠠᠷ ᠰᠤᠯᠢᠪᠡᠯ᠂ ᠪᠠᠷᠢᠯᠭ᠎ᠠ ᠶᠢᠨ ᠲᠠᠯᠠᠪᠡᠢ ᠶᠢᠨ 1᠄ 1.3 ᠶᠢᠨ | ᠬᠠᠷᠢᠴᠠᠯ ᠢᠶᠠᠷ ᠰᠤᠯᠢᠵᠤ ᠦᠭᠭᠦᠨ᠎ᠡ᠃ | ᠲᠠᠭᠠᠯᠳᠤᠭᠤᠯᠤᠯ ᠪᠠᠷᠢᠯᠭ᠎ᠠ ᠶᠢ ᠪᠦᠷ ᠪᠠᠷᠢᠯᠭ᠎ᠠ ᠶᠢᠨ ᠲᠠᠯᠠᠪᠡᠢ ᠶᠢᠨ 1᠄ 0.6 ᠶᠢᠨ ᠬᠠᠷᠢᠴᠠᠯ ᠢᠶᠠᠷ ᠰᠤᠯᠢᠵᠤ | ᠦᠭᠭᠦᠨ᠎ᠡ᠃ | ᠬᠤᠷᠢᠳᠤᠭᠠᠷ ᠵᠦᠢᠯ ᠲᠠᠲᠠᠪᠤᠷᠢᠯᠠᠭᠳᠠᠭᠰᠡᠨ ᠭᠡᠷ ᠪᠠᠶᠢᠰᠢᠩ ᠤᠨ ᠭᠤᠤᠯ ᠴᠤᠭᠴᠠ ᠨᠢ ᠲᠤᠰᠠᠭᠠᠷ ᠪᠠᠶᠢᠭ᠎ᠠ | ᠤᠷᠤᠨ ᠰᠠᠭᠤᠴᠠ ᠶᠢᠨ ᠠᠰᠠᠷ ᠪᠠᠶᠢᠵᠤ ︵ᠲᠤᠰᠠᠭᠠᠷ ᠢᠶᠠᠨ ᠡᠭᠦᠳᠡ ᠪᠠ ᠬᠦᠷᠢᠶ᠎ᠡ ᠬᠠᠰᠢᠶ᠎ᠠ ᠲᠠᠢ᠂ ᠬᠤᠶᠠᠷ | ᠲᠠᠪᠬᠤᠷᠭ᠎ᠠ ᠪᠠ ᠬᠤᠶᠠᠷ ᠲᠠᠪᠬᠤᠷᠭ᠎ᠠ ᠠᠴᠠ ᠲᠡᠭᠡᠭᠰᠢᠬᠢ ᠪᠠᠭᠲᠠᠨ᠎ᠠ︶᠂ ᠦᠮᠴᠢᠯᠡᠯ ᠤᠨ ᠡᠷᠬᠡ ᠪᠠᠨ ᠰᠤᠯᠢᠬᠤ | ᠠᠷᠭ᠎ᠠ ᠶᠢ ᠰᠤᠩᠭᠤᠪᠡᠯ᠂ ᠪᠠᠷᠢᠯᠭ᠎ᠠ ᠶᠢᠨ ᠲᠠᠯᠠᠪᠡᠢ ᠶᠢᠨ 1᠄ 1.6 ᠶᠢᠨ ᠬᠠᠷᠢᠴᠠᠯ ᠢᠶᠠᠷ ᠰᠤᠯᠢᠵᠤ ᠦᠭᠭᠦᠨ᠎ᠡ︔ | ᠲᠠᠭᠠᠯᠳᠤᠭᠤᠯᠤᠯ ᠪᠠᠷᠢᠯᠭ᠎ᠠ ᠶᠢ ᠨᠢ ᠪᠠᠷᠢᠯᠭ᠎ᠠ ᠶᠢᠨ ᠲᠠᠯᠠᠪᠡᠢ ᠶᠢᠨ 1᠄ 1 ᠶᠢᠨ ᠬᠠᠷᠢᠴᠠᠯ ᠢᠶᠠᠷ ᠰᠤᠯᠢᠵᠤ ᠦᠭᠭᠦᠨ᠎ᠡ᠃ | | ᠬᠤᠷᠢᠨ ᠨᠢᠭᠡᠳᠤᠭᠡᠷ ᠵᠦᠢᠯ ᠲᠠᠲᠠᠪᠤᠷᠢᠯᠠᠭᠳᠠᠭᠰᠡᠨ ᠬᠦᠮᠤᠨ ᠤ ᠭᠡᠷ ᠪᠠᠶᠢᠰᠢᠩ ᠤᠨ ᠪᠠᠷᠢᠯᠭ᠎ᠠ ᠶᠢᠨ | ᠲᠠᠯᠠᠪᠡᠢ ᠨᠢ ᠲᠠᠪᠢᠨ ᠲᠡᠭᠰᠢ ᠲᠦᠷᠪᠡᠯᠵᠢᠨ ᠮᠧᠲᠷ ᠠᠴᠠ ᠪᠠᠭ᠎ᠠ ᠮᠦᠷᠲᠡᠭᠡᠨ ᠲᠤᠰ ᠬᠤᠲᠠᠨ ᠳᠤ ᠡᠨᠡ ᠨᠢᠭᠡᠯᠨ | ᠤᠷᠤᠨ ᠰᠠᠭᠤᠴᠠ ᠲᠠᠢ ᠪᠤᠯ᠂ ᠦᠮᠴᠢᠯᠡᠯ ᠤᠨ ᠡᠷᠬᠡ ᠪᠠᠨ ᠰᠤᠯᠢᠬᠤ ᠳᠠᠭᠠᠨ ᠲᠠᠯᠠᠪᠡᠢ ᠶᠢ ᠨᠢ ᠲᠠᠪᠢᠨ ᠲᠡᠭᠰᠢ | ᠲᠦᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠤᠯᠬᠤ ᠦᠭᠡᠢ︔ ᠵᠤᠭᠤᠰ ᠢᠶᠠᠷ ᠨᠦᠬᠦᠪᠤᠷᠢ ᠦᠭᠬᠦ ᠳᠡᠭᠡᠨ ᠦᠨ᠎ᠡ | ᠬᠠᠩᠰᠢ ᠦᠨᠡᠯᠡᠨ ᠵᠢᠱᠢᠬᠦ ᠪᠠᠶᠢᠭᠤᠯᠤᠮᠵᠢ ᠶᠢᠨ ᠲᠤᠭᠲᠠᠭᠠᠭᠰᠡᠨ ᠰᠢᠨ᠎ᠡ ᠪᠠᠷ ᠪᠠᠷᠢᠭᠰᠠᠨ ᠡᠶᠢᠮᠤᠷᠬᠦ ᠬᠡᠯᠪᠡᠷᠢ ᠶᠢᠨ | ᠲᠠᠸᠠᠷ ᠤᠨ ᠤᠷᠤᠨ ᠰᠭᠤᠴᠠ ᠶᠢᠨ ᠵᠠᠬ᠎ᠠ ᠲᠡᠯᠭᠡᠭᠦᠷ ᠲᠡᠭᠡᠷᠡᠬᠢ ᠦᠨ᠎ᠡ ᠬᠠᠩᠰᠢ ᠶᠢᠨ ᠲᠤᠮᠳᠠᠴᠢ ᠬᠤᠳᠠᠯᠳᠤᠬᠤ | ᠦᠨ᠎ᠡ ᠪᠠᠷ ᠲᠠᠪᠢᠨ ᠲᠡᠭᠰᠢ ᠲᠦᠷᠪᠡᠯᠵᠢᠨ ᠮᠧᠲᠷ ᠪᠦᠬᠦᠢ ᠤᠷᠤᠨ ᠰᠠᠭᠤᠴᠠ ᠶᠢ ᠬᠤᠳᠠᠯᠳᠤᠨ ᠠᠪᠴᠤ ᠲᠡᠶᠢᠯᠬᠦ | ᠦᠨ᠎ᠡ ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠡᠷ᠎ᠡ ᠡᠮ᠎ᠡ ᠬᠤᠶᠠᠭᠤᠯᠨ ᠪᠠᠨ ᠡᠰᠡᠭᠦᠯ᠎ᠡ | ᠨᠠᠰᠤᠨ ᠳᠤ ᠬᠦᠷᠤᠭᠡᠳᠤᠢ ᠬᠡᠤᠬᠡᠳ ᠨᠢ ᠲᠤᠰ ᠬᠤᠲᠠᠨ ᠳᠤ ᠬᠤᠶᠠᠷ ᠪᠤᠶᠤ ᠬᠤᠶᠠᠷ ᠠᠴᠠ ᠲᠡᠭᠡᠭᠰᠢᠬᠢ ᠤᠷᠤᠨ | ᠰᠠᠭᠤᠴᠠ ᠲᠠᠢ ᠪᠠᠶᠢᠵᠤ᠂ ᠬᠠᠮᠲᠤ ᠳᠤᠨᠢ ᠤᠷᠤᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠨᠢ ᠨᠡᠶᠢᠯᠡᠭᠡᠳ ᠲᠠᠪᠢᠨ | ᠲᠡᠭᠰᠢ ᠲᠦᠷᠪᠡᠯᠵᠢᠨ ᠮᠧᠲᠷ ᠠᠴᠠ ᠭᠡᠲᠤᠷᠡᠭᠰᠡᠨ ᠪᠤᠯ᠂ ᠪᠠᠷᠢᠯᠭ᠎ᠠ ᠶᠢᠨ ᠲᠠᠯᠠᠪᠡᠢ ᠶᠢ ᠨᠢ ᠨᠡᠶᠢᠯᠡᠭᠦᠯᠵᠤ ᠪᠤᠳᠤᠭᠰᠡᠨ ᠤ | ᠲᠠᠷᠠᠭ᠎ᠠ᠂ ᠡᠭᠦᠨ ᠲᠠᠢ ᠲᠤᠬᠢᠷᠠᠭᠰᠡᠨ ᠦᠮᠴᠢᠯᠡᠯ ᠤᠨ ᠡᠷᠬᠡ ᠶᠢ ᠰᠤᠯᠢᠬᠤ ᠬᠠᠷᠢᠴᠠᠯ ᠢ ᠬᠡᠷᠡᠭᠵᠢᠭᠦᠯᠤᠨ᠎ᠡ᠃ | ᠲᠠᠲᠠᠪᠤᠷᠢᠯᠠᠭᠳᠠᠭᠰᠡᠨ ᠬᠦᠮᠤᠨ ᠨᠢ ᠨᠢᠭᠡᠨᠲᠡ ᠬᠢᠮᠳᠠ ᠲᠦᠷᠢᠶᠡᠰᠤᠨ ᠭᠡᠷ ᠤᠨ ᠪᠠᠳᠤᠯᠠᠭ᠎ᠠ ᠶᠢᠨ ᠲᠦᠷᠤ ᠶᠢᠨ | ᠪᠤᠳᠤᠯᠭ᠎ᠠ ᠶᠢ ᠬᠦᠷᠲᠡᠭᠰᠡᠨ ᠪᠤᠯ᠂ ︽ᠨᠢᠭᠡ ᠲᠡᠭᠰᠢ ᠲᠦᠷᠪᠡᠯᠵᠢᠨ ᠮᠧᠲᠷ ᠲᠠᠲᠠᠪᠤᠷᠢᠯᠠᠭᠰᠡᠨ ᠪᠤᠯ ᠨᠢᠭᠡ ᠲᠡᠭᠰᠢ | ᠲᠦᠷᠪᠡᠯᠵᠢᠨ ᠮᠧᠲᠷ ᠰᠤᠯᠢᠵᠤ ᠦᠭᠬᠦ ︾ ᠲᠤᠭᠲᠠᠭᠠᠯ ᠢᠶᠠᠷ ᠨᠦᠬᠦᠪᠤᠷᠢ ᠦᠭᠭᠦᠨ᠎ᠡ᠃ | ᠬᠤᠷᠢᠨ ᠭᠤᠷᠪᠠᠳᠤᠭᠠᠷ ᠵᠦᠢᠯ ᠲᠠᠲᠠᠪᠤᠷᠢᠯᠠᠭᠳᠠᠭᠰᠡᠨ ᠬᠦᠮᠤᠨ ᠨᠢ ᠨᠢᠭᠡᠨᠲᠡ ᠬᠠᠷᠭᠤᠭᠤᠯᠵᠤ | ᠲᠤᠭᠲᠠᠭᠠᠭᠰᠡᠨ ᠭᠡᠷ ᠪᠠᠶᠢᠰᠢᠩ ᠤᠨ ᠦᠮᠴᠢᠯᠡᠯ ᠤᠨ ᠡᠷᠬᠡ ᠰᠤᠯᠢᠬᠤ ᠲᠠᠯᠠᠪᠡᠢ ᠶᠢᠨ ᠰᠠᠭᠤᠷᠢᠨ ᠲᠡᠭᠡᠷ᠎ᠡ ᠰᠤᠯᠢᠬᠤ | ᠲᠠᠯᠠᠪᠠᠢ ᠪᠠᠨ ᠨᠡᠮᠡᠭᠳᠡᠭᠦᠯᠤᠶᠡ ᠭᠡᠪᠡᠯ᠂ 10 ᠲᠡᠭᠰᠢ ᠲᠦᠷᠪᠡᠯᠵᠢᠨ ᠮᠧᠲᠷ ᠠᠴᠠ ᠲᠤᠷᠤᠭᠰᠢ ᠨᠡᠮᠡᠭᠳᠡᠭᠦᠯᠪᠡᠯ ︵10 | ᠲᠡᠭᠰᠢ ᠲᠦᠷᠪᠡᠯᠵᠢᠨ ᠮᠧᠲᠷ ᠪᠠᠭᠲᠠᠨ᠎ᠠ︶᠂ ᠲᠡᠭᠰᠢ ᠲᠦᠷᠪᠡᠯᠵᠢᠨ ᠮᠧᠲᠷ ᠪᠦᠷᠢ 1000 ᠲᠦᠭᠦᠷᠢᠭ ᠤᠨ | ᠬᠠᠷᠠᠭᠠᠯᠵᠠᠯ ᠤᠨ ᠦᠨ᠎ᠡ ᠪᠠᠷ ᠵᠦᠷᠢᠶᠡᠳᠤ ᠦᠨ᠎ᠡ ᠲᠤᠰᠢᠶᠠᠨ᠎ᠠ︔10 ᠲᠡᠭᠰᠢ ᠲᠦᠷᠪᠡᠯᠵᠢᠨ ᠮᠧᠲᠷ ᠠᠴᠠ 30 | ᠲᠡᠭᠰᠢ ᠲᠦᠷᠪᠡᠯᠵᠢᠨ ᠮᠧᠲᠷ ᠤᠨ ᠬᠤᠭᠤᠷᠤᠨᠳᠤ ᠨᠡᠮᠡᠭᠳᠡᠭᠦᠯᠤᠶᠡ ᠭᠡᠪᠡᠯ 1300 ᠲᠦᠭᠦᠷᠢᠭ ᠤᠨ ᠲᠦᠪᠬᠢᠨᠡᠭᠦᠯᠬᠦ | ᠦᠨ᠎ᠡ ᠪᠠᠷ ᠵᠦᠷᠢᠶᠡᠳᠤ ᠦᠨ᠎ᠡ ᠲᠤᠰᠢᠶᠠᠨ᠎ᠠ︔ 30 ᠲᠡᠭᠰᠢ ᠲᠦᠷᠪᠡᠯᠵᠢᠨ ᠮᠧᠲᠷ ᠠᠴᠠ ᠲᠡᠭᠡᠭᠰᠢ ᠨᠡᠮᠡᠭᠳᠡᠭᠦᠯᠤᠶᠡ | ᠭᠡᠪᠡᠯ᠂ ᠭᠡᠲᠤᠷᠡᠭᠰᠡᠨ ᠭᠡᠰᠡᠭ ᠢ ᠨᠢ ᠬᠡᠯᠡᠯᠴᠡᠭᠡᠷ ᠲᠤᠭᠲᠠᠭᠰᠡᠨ ᠵᠢᠯ ᠤᠨ ᠲᠤᠰ ᠬᠤᠲᠠ ᠶᠢᠨ ᠭᠡᠷ ᠬᠦᠷᠤᠩᠭᠡ ᠶᠢᠨ | ᠵᠠᠬ᠎ᠠ ᠲᠡᠯᠭᠡᠭᠦᠷ ᠤᠨ ᠦᠨ᠎ᠡ ᠬᠠᠩᠰᠢ ᠪᠠᠷ ᠵᠦᠷᠢᠶᠡᠲᠤ ᠦᠨ᠎ᠡ ᠲᠤᠰᠢᠶᠠᠨ᠎ᠠ᠃ | ᠬᠤᠷᠢᠨ ᠲᠦᠷᠪᠡᠳᠦᠭᠡᠷ ᠵᠦᠢᠯ ᠲᠠᠲᠠᠪᠣᠷᠢᠯᠠᠭᠳᠠᠭᠰᠠᠨ ᠣᠷᠣᠨ ᠰᠠᠭᠤᠴᠠ ᠶᠢᠨ ᠴᠢᠨᠠᠷᠲᠠᠢ ᠭᠡᠷ ᠪᠠᠷᠢᠯᠭ᠎ᠠ ︵ | ᠲᠠᠭᠠᠯᠳᠣᠭᠤᠯᠣᠯ ᠭᠡᠷ ᠪᠠᠷᠢᠯᠭ᠎ᠠ ᠶᠢ ᠪᠠᠭᠲᠠᠭᠠᠨ᠎ᠠ︶ ᠶᠢ ᠡᠵᠡᠩᠨᠡᠯᠲᠡ ᠶᠢᠨ ᠴᠢᠨᠠᠷᠲᠠᠢ ᠭᠡᠷ ᠪᠠᠶᠢᠰᠢᠩ ᠪᠣᠯᠭᠠᠬᠤ ᠳᠤ | ᠵᠠᠪᠠᠯ ᠬᠠᠮᠢᠶ᠎ᠠ ᠪᠦᠬᠦᠢ ᠬᠠᠮᠢᠶᠠᠷᠣᠯᠲᠠ ᠶᠢᠨ ᠨᠢᠭᠡᠴᠡ ᠶᠢᠨ ᠵᠦᠪᠰᠢᠶᠡᠷᠡᠯ ᠤᠨ ᠪᠢᠴᠢᠭ ᠪᠠᠶᠢᠬᠤ ᠬᠡᠷᠡᠭᠲᠡᠢ᠃ ᠶᠠᠭᠤᠨ | ᠤ ᠡᠮᠦᠨ᠎ᠡ᠂ ᠡᠵᠡᠩᠨᠡᠨ ᠬᠡᠷᠡᠭᠯᠡᠬᠦ ᠠᠷᠭ᠎ᠠ ᠵᠠᠮ ᠢ ᠲᠣᠳᠣᠷᠬᠠᠶᠢᠯᠠᠭᠰᠠᠨ ᠣᠷᠢᠳᠠᠯ ᠲᠣᠣᠷ᠎ᠠ ᠠᠰᠢᠭ ᠬᠤᠣᠷ ᠤᠨ | ᠬᠠᠷᠢᠴᠠᠭ᠎ᠠ ᠲᠠᠢ ᠬᠦᠮᠦᠨ ᠤ ᠵᠦᠪᠰᠢᠶᠡᠷᠡᠯ ᠢ ᠤᠯᠤᠭᠰᠠᠨ ᠤ ᠲᠠᠷᠠᠭ᠎ᠠ᠂ ᠨᠡᠶᠢᠭᠡᠮ ᠲᠤᠭᠤᠷᠢᠭ ᠤᠨ ᠰᠠᠭᠤᠭᠠᠯᠢ | ᠠᠷᠠᠳ ᠤᠨ ᠵᠦᠪᠯᠡᠯ ᠤᠨ ᠲᠠᠮᠠᠭ᠎ᠠ ᠶᠢ ᠲᠠᠷᠤᠵᠤ ᠵᠦᠪᠰᠢᠶᠡᠷᠡᠭᠦᠯᠦᠨ᠎ᠡ︔ ᠲᠤᠭᠲᠠᠭᠠᠯ ᠶᠣᠰᠣᠭᠠᠷ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠨᠢ ᠵᠠᠪᠠᠯ ᠬᠢᠨᠠᠨ ᠪᠠᠶᠢᠴᠠᠭᠠᠬᠰᠠᠨ ᠰᠠᠨᠠᠯ ᠭᠠᠷᠭᠠᠨ ᠦᠭᠬᠦ | ᠬᠡᠷᠡᠭᠲᠡᠢ︔ ᠬᠤᠲᠠ ᠶᠢᠨ ᠲᠦᠯᠦᠪᠵᠢᠭᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ | ᠪᠠᠶᠢᠴᠠᠭᠠᠵᠤ᠂ ᠣᠷᠣᠨ ᠰᠠᠭᠤᠴᠠ ᠨᠢ ᠵᠠᠪᠠᠯ ᠬᠤᠲᠠ ᠶᠢᠨ ᠲᠦᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ | ᠬᠡᠷᠡᠭᠲᠡᠢ᠂ ᠲᠡᠷᠡ ᠮᠦᠷᠲᠡᠭᠡᠨ ᠬᠤᠲᠠ ᠶᠢᠨ ᠲᠦᠯᠦᠪᠵᠢᠭᠦᠯᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠢᠶᠠᠷ ᠲᠤᠰ ᠰᠠᠭᠤᠬᠤ ᠭᠡᠷ ᠢ ᠡᠵᠡᠩᠨᠡᠯᠲᠡ ᠶᠢᠨ ᠴᠢᠨᠠᠷᠲᠠᠢ ᠭᠡᠷ ᠪᠤᠯᠭᠠᠨ ᠬᠡᠷᠡᠭᠯᠡᠬᠦ ᠶᠢ ᠵᠦᠪᠰᠢᠶᠡᠷᠡᠭᠦᠯᠬᠦ ᠬᠡᠷᠡᠭᠲᠡᠢ︔ | ᠰᠠᠭᠤᠬᠤ ᠭᠡᠷ ᠢ ᠡᠵᠡᠩᠨᠡᠯᠲᠡ ᠶᠢᠨ ᠴᠢᠨᠠᠷᠲᠠᠢ ᠭᠡᠷ ᠪᠤᠯᠭᠠᠨ ᠬᠡᠷᠡᠭᠯᠡᠭᠰᠡᠨ ᠤ ᠲᠠᠷᠠᠭ᠎ᠠ᠂ ᠭᠡᠷ ᠪᠠᠶᠢᠰᠢᠩ ᠤᠨ | ᠦᠮᠴᠢᠯᠡᠯ ᠤᠨ ᠡᠷᠬᠡ ᠶᠢᠨ ᠦᠨᠡᠮᠯᠡᠯ ᠪᠠ ᠲᠦᠯᠦᠪᠵᠢᠭᠦᠯᠭᠡ ᠶᠢᠨ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠭᠰᠡᠨ | ᠪᠠᠷᠢᠮᠲᠠ ᠶᠢ ᠠᠪᠴᠤ᠂ ᠭᠡᠷ ᠲᠠᠩᠰᠠᠯᠠᠬᠤ ᠭᠠᠵᠠᠷ ᠤᠴᠢᠵᠤ᠂ ᠬᠤᠪᠢᠷᠠᠭᠤᠯᠬᠤ ᠪᠠᠷ ᠳᠠᠩᠰᠠᠯᠠᠨ ᠲᠡᠮᠳᠡᠭᠯᠡᠭᠦᠯᠦᠨ᠎ᠡ︔ | ᠢᠳᠡᠭᠡᠨ ᠡᠮ ᠤᠨ ᠵᠦᠢᠯᠡᠰ ᠪᠠ ᠠᠵᠤ ᠦᠢᠯᠡᠳᠪᠦᠷᠢ ᠬᠤᠳᠠᠯᠳᠤᠭ᠎ᠠ ᠶᠠᠰᠣ ᠴᠢᠨᠠᠷ ᠮᠡᠷᠭᠡᠵᠢᠯ ᠢ ᠬᠢᠨᠠᠨ ᠪᠠᠶᠢᠴᠠᠭᠠᠬᠤ | ᠰᠠᠯᠠᠭ᠎ᠠ ᠮᠦᠴᠢᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠭᠠᠵᠠᠷ ᠠᠴᠠ ᠠᠪᠣᠭᠰᠠᠨ ᠡᠵᠡᠩᠨᠡᠯᠲᠡ | ᠶᠢᠨ ᠦᠨᠡᠮᠯᠡᠯ ᠪᠠ ᠭᠠᠶᠢᠯᠢ ᠳᠠᠩᠰᠠᠯᠠᠬᠤ ᠦᠨᠡᠮᠯᠡᠯ ᠵᠡᠷᠭᠡ ᠬᠠᠮᠢᠶ᠎ᠠ ᠪᠦᠬᠦᠢ ᠭᠠᠷ ᠭᠦᠢᠴᠡᠳᠬᠡᠯ ᠲᠠᠢ ︵ᠭᠡᠷ ᠪᠠᠶᠢᠰᠢᠩ | ᠲᠠᠲᠠᠪᠣᠷᠢᠯᠠᠨ ᠠᠪᠬᠤ ᠮᠡᠳᠡᠭᠳᠡᠯ ᠢ ᠨᠡᠶᠢᠲᠡᠯᠡᠬᠦ ᠠᠴᠠ ᠡᠮᠦᠨ᠎ᠡ᠂ ᠡᠵᠡᠩᠨᠯᠲᠡ ᠶᠢᠨ ᠦᠨᠡᠮᠯᠡᠯ ᠠᠪᠤᠭᠠᠳ ᠨᠢᠭᠡᠨᠲᠡ 3 | ᠵᠢᠯ ᠠᠴᠠ ᠲᠡᠭᠡᠭᠰᠢ ᠪᠤᠯᠤᠭᠰᠠᠨ︶᠃ | ᠲᠠᠲᠠᠪᠣᠷᠢᠯᠠᠭᠳᠠᠭᠰᠠᠨ ᠭᠡᠷ ᠪᠠᠶᠢᠰᠢᠩ ᠢ ︵ᠲᠠᠭᠠᠯᠳᠣᠭᠤᠯᠣᠯ ᠭᠡᠷ ᠪᠠᠷᠢᠯᠭ᠎ᠠ ᠶᠢ ᠪᠠᠭᠲᠠᠭᠠᠨ᠎ᠠ︶ | ᠡᠵᠡᠩᠨᠡᠯᠲᠡ ᠶᠢᠨ ᠴᠢᠨᠠᠷᠲᠠᠢ ᠭᠡᠷ ᠪᠠᠶᠢᠰᠢᠩ ᠢᠶᠠᠷ ᠲᠤᠭᠲᠠᠭᠠᠬᠤ ᠦᠶᠡᠰ᠂ ᠬᠠᠩᠭᠠᠭᠰᠠᠨ ᠬᠠᠮᠢᠶ᠎ᠠ ᠪᠦᠭᠦᠢ ᠰᠠᠯᠠᠭ᠎ᠠ | ᠮᠦᠴᠢᠷ ᠤᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ᠂ ᠡᠵᠡᠩᠨᠡᠯᠲᠡ ᠶᠢᠨ ᠦᠨᠡᠮᠯᠡᠯ᠂ ᠭᠡᠷᠡᠴᠢ ᠵᠡᠷᠭᠡ ᠶᠢ ᠭᠡᠷ | ᠪᠠᠶᠢᠰᠢᠩ ᠤᠨ ᠦᠮᠴᠢᠯᠡᠭᠳᠡᠬᠦ ᠡᠷᠬᠡ ᠪᠠ ᠬᠡᠷᠡᠭᠴᠡᠭᠡ ᠶᠢ ᠬᠢᠨᠠᠨ ᠲᠣᠭᠲᠠᠭᠠᠬᠤ ᠲᠤᠭᠤᠶᠢᠯᠠᠩ ᠠᠴᠠ ᠬᠢᠨᠠᠨ | ᠲᠤᠭᠲᠠᠭᠠᠬᠰᠠᠨ ᠤ ᠲᠠᠷᠠᠭ᠎ᠠ᠂ ᠭᠤᠣᠯ ᠭᠡᠷ ᠪᠠᠶᠢᠰᠢᠩ ᠢᠶᠠᠨ ᠡᠵᠡᠩᠨᠡᠯᠲᠡ ᠶᠢᠨ ᠴᠢᠨᠠᠷᠲᠠᠢ ᠭᠡᠷ ᠪᠠᠶᠢᠰᠢᠩ ᠪᠣᠯᠭᠠᠨ | ᠬᠤᠪᠢᠷᠠᠭᠤᠯᠪᠠᠯ᠂ ᠪᠠᠷᠢᠯᠭ᠎ᠠ ᠶᠢᠨ ᠲᠠᠯᠠᠪᠠᠢ ᠶᠢᠨ 1᠄ 1.3 ᠶᠢᠨ ᠬᠠᠷᠢᠴᠠᠯ ᠢᠶᠠᠷ ᠨᠣᠭᠤᠯᠣᠨ ᠪᠣᠳᠣᠵᠣ᠂ ᠦᠮᠴᠢᠯᠡᠯ | ᠤᠨ ᠡᠷᠭᠡ ᠶᠢ ᠨᠢ ᠰᠣᠯᠢᠵᠦ ᠦᠭᠭᠦᠨ᠎ᠡ︔ ᠲᠠᠭᠠᠯᠳᠣᠭᠤᠯᠣᠯ ᠭᠡᠷ ᠪᠠᠷᠢᠯᠭ᠎ᠠ ᠶᠢ ᠡᠵᠡᠩᠨᠡᠯᠲᠡ ᠶᠢᠨ ᠴᠢᠨᠠᠷᠲᠠᠢ ᠭᠡᠷ | ᠪᠠᠶᠢᠰᠢᠩ ᠪᠤᠯᠭᠠᠨ ᠬᠤᠪᠢᠷᠠᠭᠤᠯᠪᠠᠯ᠂ ᠪᠠᠷᠢᠯᠭ᠎ᠠ ᠶᠢᠨ ᠲᠠᠯᠠᠪᠠᠢ ᠶᠢ 1᠄ 0.6 ᠪᠠᠷ ᠨᠣᠭᠤᠯᠵᠣ ᠪᠣᠳᠣᠨ᠎ᠠ᠃ | ᠲᠠᠲᠠᠪᠣᠷᠢᠯᠠᠭᠳᠠᠭᠰᠠᠨ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠨᠢ ᠠᠷᠠᠯᠵᠢᠶᠠᠨ ᠤ | ᠲᠦᠷᠦᠯ ᠤᠨ ᠪᠠᠶᠢᠪᠠᠯ᠂ ᠦᠮᠴᠢᠯᠡᠯ ᠤᠨ ᠡᠷᠬᠡ ᠶᠢᠨ ᠦᠨᠡᠮᠯᠡᠯ ᠳᠡᠭᠡᠷ᠎ᠡ ᠪᠠᠶᠢᠵᠤ ᠪᠠᠶᠢᠭ᠎ᠠ ᠲᠠᠯᠠᠪᠠᠢ ᠶᠢᠨ 1᠄ 1 ᠪᠠᠷ | ᠠᠷᠠᠯᠵᠢᠶᠠᠨ ᠤ ᠲᠦᠷᠦᠯ ᠤᠨ ᠠᠰᠠᠷ ᠰᠣᠯᠢᠵᠤ ᠦᠭᠭᠦᠨ᠎ᠡ᠃ | ᠲᠠᠲᠠᠪᠣᠷᠢᠯᠠᠭᠳᠠᠭᠰᠠᠨ ᠭᠡᠷ ᠤᠨ ᠦᠮᠴᠢᠯᠡᠯ ᠤᠨ ᠦᠨᠡᠮᠯᠡᠯ ᠨᠢ ᠠᠯᠪᠠᠯᠠᠬᠤ ᠳᠤ ᠬᠡᠷᠡᠭᠯᠡᠬᠦ ᠪᠠᠷ ᠪᠠᠶᠢᠪᠠᠯ᠂ ᠬᠦᠴᠦᠨ | ᠪᠦᠬᠦᠢ ᠦᠨᠡᠮᠯᠡᠯ ᠳᠡᠭᠡᠷ᠎ᠡ ᠪᠠᠶᠢᠵᠤ ᠪᠠᠶᠢᠭ᠎ᠠ ᠲᠠᠯᠠᠪᠠᠢ ᠶᠢᠨ 1᠄ 1.2 ᠪᠠᠷ ᠣᠷᠣᠨ ᠰᠠᠭᠤᠴᠠ ᠶᠢᠨ ᠠᠰᠠᠷ ᠰᠣᠯᠢᠵᠤ | ᠦᠭᠭᠦᠨ᠎ᠡ᠃ | ᠬᠤᠷᠢᠨ ᠲᠠᠪᠤᠳᠣᠭᠠᠷ ᠵᠦᠢᠯ ᠦᠮᠴᠢᠯᠡᠯ ᠤᠨ ᠡᠷᠬᠡ ᠪᠠᠨ ᠰᠣᠯᠢᠬᠤ ᠠᠷᠭ᠎ᠠ ᠶᠢ ᠰᠤᠩᠭᠤᠪᠠᠯ᠂ | ᠲᠦᠷᠢᠶᠡᠰᠦᠯᠡᠬᠦ ᠠᠷᠭ᠎ᠠ ᠪᠠᠷ ᠭᠠᠵᠠᠷ ᠰᠢᠷᠤᠢ ᠬᠡᠷᠡᠭᠯᠡᠬᠦ ᠡᠷᠬᠡ ᠶᠢ ᠣᠯᠣᠭᠰᠠᠨ ᠪᠣᠯ ᠦᠮᠴᠢᠯᠡᠯ ᠤᠨ ᠡᠷᠬᠡ ᠶᠢ | ᠰᠣᠯᠢᠬᠤ ᠦᠶᠡᠰ ᠭᠠᠵᠠᠷ ᠰᠢᠷᠤᠢ ᠶᠢᠨ ᠨᠦᠬᠦᠪᠦᠷᠢ ᠶᠢ ᠪᠤᠳᠤᠬᠤ ᠦᠭᠡᠢ᠂ ᠬᠤᠳᠠᠯᠳᠣᠵᠣ ᠦᠭᠭᠦ ᠬᠡᠯᠪᠡᠷᠢ ᠪᠠᠷ | ᠭᠠᠵᠠᠷ ᠰᠢᠷᠤᠢ ᠬᠡᠷᠡᠭᠯᠡᠬᠦ ᠡᠷᠬᠡ ᠶᠢ ᠣᠯᠣᠭᠰᠠᠨ ᠪᠣᠯ ᠦᠮᠴᠢᠯᠡᠯ ᠤᠨ ᠡᠷᠬᠡ ᠶᠢ ᠰᠣᠯᠢᠬᠤ ᠦᠶᠡᠰ ᠭᠠᠵᠠᠷ ᠰᠢᠷᠣᠢ | ᠶᠢᠨ ᠰᠢᠨᠵᠢ ᠴᠢᠨᠠᠷ ᠢ ᠦᠨᠳᠦᠰᠦᠯᠡᠵᠦ ᠵᠠᠬ᠎ᠠ ᠲᠡᠯᠭᠡᠭᠦᠷ ᠤᠨ ᠦᠨ᠎ᠡ ᠪᠠᠷ ᠦᠨᠡᠯᠡᠵᠦ᠂ ᠵᠤᠭᠤᠰ ᠢᠶᠠᠷ | ᠨᠦᠬᠦᠪᠦᠷᠢᠯᠡᠨ᠎ᠡ᠃ | ᠬᠤᠷᠢᠨ ᠵᠢᠷᠭᠤᠳᠣᠭᠠᠷ ᠵᠦᠢᠯ᠂ ᠨᠢᠭᠡᠨᠲᠡ ᠬᠢᠨᠠᠨ ᠲᠣᠭᠲᠠᠭᠠᠭᠰᠠᠨ ᠦᠮᠴᠢᠯᠡᠯ ᠤᠨ ᠡᠷᠬᠡ ᠶᠢ ᠰᠣᠯᠢᠬᠤ | ᠲᠠᠯᠠᠪᠠᠢ ᠨᠢ ᠰᠣᠯᠢᠵᠣ ᠦᠭᠬᠦ ᠭᠡᠷ ᠤᠨ ᠬᠠᠮᠤᠭ ᠤᠨ ᠲᠣᠮᠣ ᠲᠠᠯᠠᠪᠠᠢ ᠠᠴᠠ ᠴᠦ ᠬᠡᠲᠦᠷᠡᠭᠰᠡᠨ ᠠᠴᠠ ᠪᠣᠰᠣᠳ | ᠲᠠᠲᠠᠪᠣᠷᠢᠯᠠᠭᠳᠠᠭᠰᠠᠨ ᠬᠦᠮᠦᠨ ᠳᠤ ᠦᠮᠴᠢᠯᠡᠬᠦ ᠡᠷᠬᠡ ᠶᠢ ᠰᠣᠯᠢᠵᠣ ᠲᠣᠬᠢᠷᠠᠭᠤᠯᠬᠤ ᠳᠤ ᠬᠤᠶᠠᠷ ᠭᠡᠷ ᠦᠭᠴᠦ | ᠪᠣᠯᠬᠤ ᠦᠭᠡᠢ᠃ ᠲᠠᠲᠠᠪᠣᠷᠢᠯᠠᠭᠳᠠᠭᠰᠠᠳ ᠦᠨᠡᠨᠬᠦ ᠣᠨᠴᠠᠭᠠᠢ ᠪᠠᠶᠢᠳᠠᠯ ᠲᠠᠢ ᠪᠠᠶᠢᠵᠦ᠂ ᠡᠷᠦᠬᠡ ᠰᠠᠯᠭᠠᠬᠤ ᠪᠠᠷ | ᠭᠤᠶᠤᠴᠢᠯᠠᠪᠠᠯ᠂ ᠰᠠᠭᠤᠷᠢᠰᠢᠵᠦ ᠪᠠᠶᠢᠭ᠎ᠠ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠠᠷ᠂ | ᠲᠤᠮᠢᠯᠠᠭᠰᠠᠨ ᠰᠠᠯᠪᠤᠷᠢ ᠬᠤᠯᠪᠤᠭᠳᠠᠯ ᠪᠦᠬᠦᠢ ᠦᠰᠦᠭ ᠪᠢᠴᠢᠭ ᠤᠨ ᠬᠡᠯᠪᠡᠷᠢ ᠶᠢᠨ ᠭᠡᠷᠡᠴᠢ ᠬᠢᠵᠦ ᠡᠷᠦᠬᠡ ᠰᠠᠯᠭᠠᠬᠤ | ᠶᠢ ᠵᠦᠪᠰᠢᠶᠡᠷᠡᠭᠰᠡᠨ ᠪᠠᠶᠢᠬᠤ ᠬᠡᠷᠡᠭᠲᠡᠢ᠃ ᠲᠠᠲᠠᠪᠣᠷᠢᠯᠠᠭᠳᠠᠭᠰᠠᠳ ᠬᠠᠷᠭᠠᠯᠵᠠᠯᠠᠯ ᠬᠦᠷᠲᠡᠬᠦ ᠴᠢᠬᠤᠯᠠᠲᠠᠢ ᠨᠠᠰᠣ | ᠠᠬᠢᠭᠰᠠᠨ᠂ ᠡᠪᠡᠳᠴᠢᠨ ᠡᠮᠬᠡᠭ ᠲᠠᠢ ᠵᠡᠮᠳᠡᠭ ᠡᠲᠡᠭᠡᠳ ᠪᠠᠶᠢᠪᠠᠯ᠂ ᠦᠪᠡᠷᠲᠡᠭᠡᠨ ᠡᠷᠡᠮᠵᠡᠯᠡᠬᠦ ᠵᠢᠴᠢ ᠰᠠᠭᠤᠵᠤ | ᠪᠠᠶᠢᠭ᠎ᠠ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠲᠤᠮᠢᠯᠠᠭᠰᠠᠨ ᠰᠠᠯᠪᠤᠷᠢ | ᠠᠴᠠ ᠭᠡᠷᠡᠴᠢᠯᠡᠭᠰᠡᠨ ᠪᠠᠶᠢᠪᠠᠯ᠂ ᠲᠤᠤᠷ᠎ᠠ ᠲᠠᠪᠬᠤᠷᠭ᠎ᠠ ᠶᠢᠨ ᠠᠰᠠᠷ ᠢ ᠲᠤᠬᠢᠷᠠᠭᠤᠯᠬᠤ ᠶᠢ ᠪᠤᠳᠤᠯᠬᠢᠯᠠᠵᠤ ᠪᠤᠯᠤᠨ᠎ᠠ᠃ | ᠬᠤᠷᠢᠨ ᠲᠤᠯᠤᠳᠤᠭᠠᠷ ᠵᠦᠢᠯ ᠦᠮᠴᠢᠯᠡᠯ ᠤᠨ ᠡᠷᠬᠡ ᠶᠢ ᠰᠣᠯᠢᠬᠤ ᠳᠤ ᠪᠠᠷᠢᠭᠰᠠᠨ ᠠᠰᠠᠷ ᠨᠢ ᠵᠠᠷᠴᠢᠮ | ᠲᠡᠭᠡᠷ᠎ᠡ ᠪᠠᠨ ᠵᠢᠷᠭᠤᠭᠠᠨ ᠲᠠᠪᠬᠤᠷᠭ᠎ᠠ ︵ᠵᠢᠷᠭᠤᠳᠣᠭᠠᠷ ᠲᠠᠪᠬᠤᠷᠭ᠎ᠠ ᠶᠢ ᠪᠠᠭᠲᠠᠭᠠᠨ᠎ᠠ︶ ᠠᠴᠠ ᠲᠣᠷᠣᠭᠰᠢ ᠪᠠᠷ | ᠭᠤᠣᠯ ᠪᠣᠯᠭᠠᠨ᠎ᠠ᠂ ᠠᠰᠠᠷ ᠤᠨ ᠲᠠᠪᠬᠤᠷᠭ᠎ᠠ ᠨᠢ ᠬᠤᠶᠠᠳᠣᠭᠠᠷ ᠳᠠᠪᠬᠤᠷᠭ᠎ᠠ᠂ ᠲᠦᠷᠪᠡᠳᠦᠭᠡᠷ ᠳᠠᠪᠬᠤᠷᠭ᠎ᠠ ᠪᠤᠯ | ᠲᠡᠭᠰᠢ ᠲᠦᠷᠪᠡᠯᠵᠢᠨ ᠮᠧᠲᠷ ᠪᠦᠷᠢ ᠳᠤ 40 ᠲᠦᠭᠦᠷᠢᠭ ᠤᠨ ᠵᠦᠷᠢᠶ᠎ᠡ ᠦᠨ᠎ᠡ ᠢ ᠨᠦᠬᠦᠪᠦᠷᠢᠯᠡᠨ᠎ᠡ᠂ ᠭᠤᠷᠪᠠᠳᠣᠭᠠᠷ | ᠳᠠᠪᠬᠤᠷᠭ᠎ᠠ ᠪᠤᠯ ᠲᠡᠭᠰᠢ ᠲᠦᠷᠪᠡᠯᠵᠢᠨ ᠮᠧᠲᠷ ᠪᠦᠷᠢ ᠳᠤ 60 ᠲᠦᠭᠦᠷᠢᠭ ᠤᠨ ᠵᠦᠷᠢᠶ᠎ᠡ ᠦᠨ᠎ᠡ ᠢ ᠨᠦᠬᠦᠪᠦᠷᠢᠯᠡᠨ᠎ᠡ | ᠂ ᠨᠢᠭᠡᠳᠦᠭᠡᠷ ᠳᠠᠪᠬᠤᠷᠭ᠎ᠠ ᠪᠤᠯ ᠵᠦᠷᠢᠶ᠎ᠡ ᠦᠨ᠎ᠡ ᠪᠠᠶᠢᠬᠤ ᠦᠭᠡᠢ᠃ ᠠᠰᠠᠷ ᠤᠨ ᠲᠠᠪᠬᠤᠷᠭ᠎ᠠ ᠶᠢᠨ ᠵᠦᠷᠢᠶ᠎ᠡ ᠦᠨ᠎ᠡ | ᠶᠢ ᠭᠡᠷ ᠪᠠᠶᠢᠰᠢᠩ ᠲᠠᠲᠠᠪᠣᠷᠢᠯᠠᠨ ᠠᠪᠬᠤ ᠬᠤᠷᠢᠶᠠᠨ ᠠᠪᠬᠤ ᠪᠠᠶᠢᠭᠤᠯᠭ᠎ᠠ ᠬᠤᠷᠢᠶᠠᠨ ᠠᠪᠣᠭᠰᠠᠨ ᠠᠴᠠ ᠰᠡᠭᠦᠯᠡᠷ᠂ | ᠬᠠᠮᠤᠭ ᠲᠡᠭᠡᠷ᠎ᠡ ᠲᠠᠪᠬᠤᠷᠭ᠎ᠠ ᠶᠢᠨ ᠠᠰᠠᠷ ︵ᠣᠷᠣᠶᠢᠪᠴᠢ ᠶᠢᠨ ᠭᠡᠷ ᠢ ᠪᠠᠭᠲᠠᠭᠠᠬᠤ ᠦᠭᠡᠢ︶ ᠲᠤ ᠰᠠᠭᠤᠵᠣ | ᠪᠠᠶᠢᠭ᠎ᠠ ᠬᠦᠮᠦᠨ ᠳᠤ ᠠᠰᠠᠷ ᠤᠨ ᠲᠠᠪᠬᠤᠷᠭ᠎ᠠ ᠶᠢᠨ ᠦᠨ᠎ᠡ ᠶᠢᠨ ᠵᠦᠷᠢᠶ᠎ᠡ ᠶᠢ ᠨᠦᠬᠦᠪᠦᠷᠢᠯᠡᠨ᠎ᠡ᠃ ᠦᠮᠴᠢᠯᠡᠯ ᠤᠨ | ᠡᠷᠬᠡ ᠶᠢ ᠰᠣᠯᠢᠬᠤ ᠠᠰᠠᠷ ᠨᠢ ᠦᠨᠳᠦᠷ ᠲᠠᠪᠬᠤᠷᠭ᠎ᠠ ᠶᠢᠨ ᠠᠰᠠᠷ ︵ᠵᠢᠷᠭᠤᠭᠠᠳᠣᠭᠠᠷ ᠲᠠᠪᠬᠤᠷᠭ᠎ᠠ ᠠᠴᠠ ᠲᠡᠭᠡᠭᠰᠢᠬᠢ | ᠂ ᠵᠢᠠᠷᠭᠤᠭᠠᠳᠣᠭᠠᠷ ᠲᠠᠪᠬᠤᠷᠭ᠎ᠠ ᠶᠢ ᠪᠠᠭᠲᠠᠭᠠᠬᠤ ᠦᠭᠡᠢ︶ ᠪᠣᠯ ᠠᠰᠠᠷ ᠤᠨ ᠲᠠᠪᠬᠤᠷᠭ᠎ᠠ ᠶᠢᠨ ᠵᠦᠷᠢᠶ᠎ᠡ ᠦᠨ᠎ᠡ | ᠬᠠᠷᠢᠯᠴᠠᠨ ᠨᠦᠬᠦᠪᠦᠷᠢᠯᠡᠬᠦ ᠦᠭᠡᠢ᠃ | ᠦᠮᠴᠢᠯᠡᠯ ᠤᠨ ᠡᠷᠬᠡ ᠶᠢ ᠲᠣᠬᠢᠷᠠᠭᠤᠯᠣᠨ ᠰᠣᠯᠢᠬᠤ ᠭᠡᠷ ᠪᠠᠶᠢᠰᠢᠩ ᠢ ᠣᠯᠣᠰ ᠤᠨ ᠪᠣᠬᠢᠷᠳᠣᠯ ᠦᠭᠡᠢ | ᠪᠠᠷᠢᠯᠭ᠎ᠠ ᠶᠢᠨ ᠬᠠᠮᠤᠭ ᠲᠣᠣᠷ᠎ᠠ ᠪᠠᠷᠢᠮᠵᠢᠶ᠎ᠠ ᠪᠠᠷ ᠲᠦᠰᠦᠪᠯᠡᠨ ᠪᠠᠶᠢᠭᠤᠯᠣᠨ᠎ᠠ᠃ ᠵᠠᠰᠠᠨ ᠴᠢᠮᠡᠭᠯᠡᠬᠦ ᠴᠢᠬᠤᠯᠠᠲᠠᠢ ᠭᠡᠷ | ᠪᠠᠶᠢᠰᠢᠩ ᠢ ᠨᠢ ᠪᠦᠬᠦᠨ ᠢ ᠵᠠᠰᠠᠨ ᠴᠢᠮᠡᠭᠯᠡᠬᠦ ᠮᠡᠷᠭᠡᠵᠢᠯ ᠤᠨ ᠪᠠᠷᠢᠮᠵᠢᠶ᠎ᠠ ᠪᠠᠷ ᠵᠠᠰᠠᠨ ᠴᠢᠮᠡᠭᠯᠡᠨ᠎ᠡ᠃ | ᠬᠤᠷᠢᠨ ᠨᠠᠢᠮᠠᠳᠣᠭᠠᠷ ᠵᠦᠢᠯ᠂ ᠦᠮᠴᠢᠯᠡᠯ ᠤᠨ ᠡᠷᠬᠡ ᠶᠢ ᠰᠣᠯᠢᠨ ᠲᠤᠬᠢᠷᠠᠭᠤᠯᠬᠤ ᠶᠢ ᠰᠤᠩᠭᠤᠭᠰᠠᠨ | ᠲᠠᠲᠠᠪᠤᠷᠢᠯᠠᠭᠳᠠᠭᠰᠠᠳ ᠲᠠᠲᠠᠪᠤᠷᠢᠯᠠᠨ ᠠᠪᠬᠤ ᠲᠦᠰᠦᠯ ᠳᠤ ᠲᠤᠭᠲᠠᠭᠰᠠᠨ ᠱᠠᠩᠨᠠᠯ ᠣᠯᠭᠤᠬᠤ ᠬᠤᠭᠤᠴᠠᠭᠠᠨ | ᠲᠤᠲᠤᠷ᠎ᠠ ᠨᠦᠬᠦᠪᠦᠷᠢᠯᠡᠬᠦ ᠬᠡᠯᠡᠯᠴᠡᠭᠡᠷ ᠲᠤᠭᠲᠠᠭᠰᠠᠨ ᠮᠦᠷᠲᠡᠭᠡᠨ ᠬᠡᠯᠡᠯᠴᠡᠭᠡᠷ ᠤᠨ ᠬᠤᠭᠤᠴᠠᠭᠠᠨ ᠲᠤᠲᠤᠷ᠎ᠠ ᠨᠡᠭᠦᠨ | ᠰᠢᠯᠵᠢᠭᠰᠡᠨ ᠪᠤᠯ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠦᠴᠢᠷ ᠠᠴᠠ ᠭᠤᠷᠪᠠᠨ ᠲᠦᠮᠡᠨ ᠲᠦᠭᠦᠷᠢᠭ ᠤᠨ | ᠱᠠᠩᠨᠠᠯ ᠤᠯᠭᠤᠨ᠎ᠠ᠂ ᠬᠤᠭᠤᠴᠠᠭ᠎ᠠ ᠠᠴᠠ ᠬᠡᠲᠦᠷᠡᠪᠡᠯ ᠱᠠᠩᠨᠠᠯ ᠤᠯᠭᠤᠬᠤ ᠦᠭᠡᠢ᠃ | ᠬᠤᠷᠢ ᠶᠢᠰᠦᠳᠦᠭᠡᠷ ᠵᠦᠢᠯ ᠲᠠᠲᠠᠪᠤᠷᠢᠯᠠᠭᠳᠠᠭᠰᠠᠨ ᠬᠦᠮᠦᠨ ᠭᠡᠷ ᠪᠠᠶᠢᠰᠢᠩ ᠤᠨ ᠦᠮᠴᠢᠯᠡᠯ ᠤᠨ ᠡᠷᠬᠡ | ᠶᠢ ᠲᠤᠬᠢᠷᠠᠭᠤᠯᠤᠨ ᠰᠣᠯᠢᠬᠤ ᠶᠠᠪᠤᠴᠠ ᠳᠤ ᠰᠣᠯᠢᠵᠣ ᠪᠠᠶᠢᠭ᠎ᠠ ᠭᠡᠷ ᠪᠠᠶᠢᠰᠢᠩ ᠢᠶᠠᠨ ᠪᠣᠰᠣᠳ ᠲᠤ ᠰᠢᠯᠵᠢᠭᠦᠯᠦᠨ | ᠦᠭᠴᠦ ᠪᠣᠯᠬᠤ ᠦᠭᠡᠢ᠂ ᠭᠡᠷ ᠪᠠᠶᠢᠰᠢᠩ ᠢ ᠦᠮᠴᠢᠯᠡᠯ ᠤᠨ ᠡᠷᠬᠡ ᠶᠢ ᠲᠣᠬᠢᠷᠠᠭᠤᠯᠣᠨ ᠰᠣᠯᠢᠬᠤ ᠬᠤᠯᠪᠤᠭᠳᠠᠯ | ᠪᠦᠬᠦᠢ ᠭᠠᠷ ᠭᠦᠢᠴᠡᠳᠬᠡᠯ ᠪᠠ ᠳ᠋ᠦᠩᠨᠡᠨ ᠪᠤᠳᠤᠯᠲᠠ ᠶᠢ ᠪᠦᠬᠦᠨ ᠢ ᠲᠠᠭᠤᠰᠬᠠᠭᠰᠠᠨ ᠠᠴᠠ ᠰᠡᠭᠦᠯᠡᠷ ᠰᠢᠯᠵᠢᠭᠦᠯᠦᠨ | ᠦᠭᠴᠦ ᠪᠣᠯᠣᠨ᠎ᠠ᠃ ᠡᠰᠡ ᠲᠡᠶᠢᠮᠦ ᠪᠣᠯᠪᠠᠯ ᠡᠭᠦᠨ ᠠᠴᠠ ᠪᠣᠯᠣᠭᠰᠠᠨ ᠬᠠᠤᠯᠢ ᠶᠢᠨ ᠬᠠᠷᠢᠭᠤᠴᠠᠯᠭ᠎ᠠ ᠪᠤᠯᠤᠨ | ᠬᠤᠯᠪᠣᠭᠳᠠᠯ ᠪᠦᠬᠦᠢ ᠬᠤᠬᠢᠷᠠᠯ ᠢ ᠲᠤᠰ ᠲᠠᠲᠠᠪᠤᠷᠢᠯᠠᠭᠳᠠᠭᠰᠠᠳ ᠦᠪᠡᠷᠲᠡᠭᠡᠨ ᠬᠠᠷᠢᠭᠤᠴᠠᠨ᠎ᠠ᠃ | ᠲᠠᠪᠣᠳᠣᠭᠠᠷ ᠪᠦᠯᠦᠭ ᠨᠡᠭᠦᠯᠭᠡᠨ ᠰᠢᠯᠵᠢᠭᠦᠯᠬᠦ ᠨᠦᠬᠦᠪᠦᠷᠢ | ᠭᠤᠴᠢᠳᠤᠭᠠᠷ ᠵᠦᠢᠯ ᠭᠡᠷ ᠪᠠᠶᠢᠰᠢᠩ ᠢ ᠲᠠᠲᠠᠪᠤᠷᠢᠯᠠᠬᠤ ᠠᠴᠠ ᠪᠤᠯᠵᠤ ᠨᠡᠭᠦᠨ ᠰᠢᠯᠵᠢᠬᠦ ᠪᠤᠯᠪᠠᠯ ᠭᠡᠷ | ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ ᠠᠴᠠ ᠲᠠᠲᠠᠪᠤᠷᠢᠯᠠᠭᠳᠠᠭᠰᠠᠨ ᠬᠦᠮᠦᠨ ᠳᠤ ᠨᠡᠬᠦᠨ ᠰᠢᠯᠵᠢᠬᠦ ᠵᠠᠷᠤᠳᠠᠯ | ᠦᠭᠭᠦᠨ᠎ᠡ᠂ ᠨᠡᠭᠦᠯᠭᠡᠨ ᠰᠢᠯᠵᠢᠭᠦᠯᠬᠦ ᠵᠠᠷᠤᠳᠠᠯ ᠢ ᠲᠡᠭᠰᠢ ᠲᠦᠷᠪᠡᠯᠵᠢᠨ ᠮᠧᠲᠷ ᠪᠦᠷᠢ ᠳᠤ 10 ᠲᠦᠭᠦᠷᠢᠭ ᠢᠶᠠᠷ | ᠪᠤᠳᠤᠵᠤ᠂ ᠡᠷᠦᠬᠡ ᠪᠦᠷᠢ ᠳᠤ 600 ᠲᠦᠭᠦᠷᠢᠭ ᠠᠴᠠ ᠲᠤᠤᠷ᠎ᠠ ᠪᠠᠶᠢᠵᠤ ᠪᠤᠯᠬᠤ ᠦᠭᠡᠢ᠃ ᠭᠡᠷ ᠪᠠᠶᠢᠰᠢᠩ ᠤᠨ | ᠦᠮᠴᠢᠯᠡᠯ ᠤᠨ ᠡᠷᠬᠡ ᠶᠢ ᠰᠣᠯᠢᠨ ᠲᠤᠬᠢᠷᠠᠭᠤᠯᠪᠠᠯ᠂ ᠦᠮᠴᠢᠯᠡᠯ ᠤᠨ ᠡᠷᠬᠡ ᠪᠠᠨ ᠰᠣᠯᠢᠬᠤ ᠭᠡᠷ ᠢᠶᠠᠨ ᠲᠤᠰᠢᠶᠠᠬᠤ | ᠠᠴᠠ ᠪᠠᠨ ᠡᠮᠦᠨ᠎ᠡ᠂ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠦᠴᠢᠷ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠳ | ᠲᠤ ᠲᠦᠷ ᠴᠠᠭ ᠲᠡᠭᠰᠢ ᠲᠦᠷᠪᠡᠯᠵᠢᠨ ᠮᠧᠲᠷ ᠪᠦᠷᠢ ᠰᠠᠷ᠎ᠠ ᠶᠢᠨ 8 ᠲᠦᠭᠦᠷᠢᠭ ᠤᠨ ᠲᠦᠪᠬᠢᠨᠡᠭᠦᠯᠬᠦ ᠨᠦᠬᠦᠪᠦᠷᠢ | ᠦᠭᠴᠦ᠂ ᠡᠷᠦᠬᠡ ᠪᠦᠷᠢ ᠰᠠᠷ᠎ᠠ ᠳᠤ 600 ᠲᠦᠭᠦᠷᠢᠭ ᠠᠴᠠ ᠲᠤᠤᠷ᠎ᠠ ᠪᠠᠶᠢᠵᠤ ᠪᠤᠯᠬᠤ ᠦᠭᠡᠢ᠃ ᠨᠡᠭᠦᠯᠭᠡᠨ | ᠰᠢᠯᠵᠢᠭᠦᠯᠬᠦ ᠵᠠᠷᠤᠳᠠᠯ ᠪᠠ ᠲᠦᠷ ᠴᠠᠭ ᠤᠨ ᠲᠦᠪᠬᠢᠨᠡᠭᠦᠯᠬᠦ ᠨᠦᠬᠦᠪᠦᠷᠢ ᠶᠢ ᠲᠠᠲᠠᠪᠤᠷᠢᠯᠠᠭᠰᠠᠨ ᠭᠡᠷ ᠤᠨ ᠦᠮᠴᠢᠯᠡᠯ | ᠤᠨ ᠦᠨᠡᠮᠯᠡᠯ ᠲᠡᠭᠡᠷᠡᠬᠢ ᠲᠠᠯᠠᠪᠠᠢ ᠪᠠ ᠲᠠᠭᠠᠯᠳᠣᠭᠤᠯᠣᠯ ᠭᠡᠷ ᠤᠨ ᠲᠠᠯᠠᠪᠠᠢ ᠶᠢ ᠨᠤᠭᠤᠯᠤᠨ ᠪᠤᠳᠤᠭᠰᠠᠨ ᠠᠴᠠ | ᠰᠡᠭᠦᠯᠡᠷᠬᠢ ᠲᠠᠯᠠᠪᠠᠢ ᠪᠠᠷ ᠪᠤᠳᠤᠨ᠎ᠠ᠃ ᠬᠡᠷᠪᠡ ᠬᠢᠨᠠᠨ ᠲᠣᠭᠲᠠᠭᠰᠠᠨ ᠰᠣᠯᠢᠬᠤ ᠲᠠᠯᠠᠪᠠᠢ ᠪᠠᠷ ᠨᠢ ᠨᠢᠭᠡ ᠯᠡ ᠤᠳᠠᠭ᠎ᠠ | ᠲᠡᠭᠡᠷ᠎ᠡ ᠰᠣᠯᠢᠵᠦ ᠦᠭᠴᠦ ᠲᠡᠶᠢᠯᠬᠦ ᠦᠭᠡᠢ ᠪᠤᠯ ᠦᠯᠡᠳᠡᠭᠰᠡᠨ ᠬᠡᠰᠡᠭ ᠲᠤ ᠨᠢ ᠦᠷᠭᠦᠯᠵᠢᠯᠡᠨ ᠲᠡᠭᠡᠷᠡᠬᠢ ᠪᠠᠷᠢᠮᠵᠢᠶ᠎ᠠ | ᠪᠠᠷ ᠲᠦᠷ ᠴᠠᠭ ᠤᠨ ᠲᠦᠪᠬᠢᠨᠡᠭᠦᠯᠬᠦ ᠨᠦᠬᠦᠪᠦᠷᠢ ᠤᠯᠭᠤᠨ᠎ᠠ᠃ ᠵᠤᠭᠤᠰ ᠢᠶᠠᠷ ᠨᠦᠬᠦᠪᠦᠷᠢᠯᠡᠭᠰᠡᠨ ᠵᠢᠴᠢ ᠵᠤᠭᠤᠰ | ᠢᠶᠠᠷ ᠨᠦᠬᠦᠪᠦᠷᠢᠯᠡᠨ ᠲᠦᠪᠬᠢᠨᠡᠭᠦᠯᠦᠭᠰᠡᠨ ᠪᠤᠯ ᠵᠦᠪᠬᠡᠨ ᠨᠢᠬᠡ ᠯᠡ ᠤᠳᠠᠭ᠎ᠠ ᠨᠡᠭᠦᠯᠭᠡᠨ ᠰᠢᠯᠵᠢᠭᠦᠯᠬᠦ ᠵᠠᠷᠤᠳᠠᠯ | ᠦᠭᠭᠦᠨ᠎ᠡ᠃ | ᠦᠮᠴᠢᠯᠡᠯ ᠤᠨ ᠡᠷᠬᠡ ᠶᠢ ᠰᠣᠯᠢᠬᠤ ᠭᠡᠷ ᠪᠠᠶᠢᠰᠢᠩ ᠨᠢ ᠲᠣᠭᠲᠠᠭᠰᠠᠨ ᠬᠤᠭᠤᠴᠠᠭᠠᠨ ᠳᠤ ᠪᠠᠨ ᠭᠠᠷᠴᠣ | ᠢᠷᠡᠵᠦ ᠲᠡᠶᠢᠯᠦᠭᠰᠡᠨ ᠦᠭᠡᠢ ᠪᠣᠯ᠂ ᠭᠡᠷ ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ ᠲᠤᠭᠲᠠᠭᠰᠠᠨ | ᠬᠤᠭᠤᠴᠠᠭ᠎ᠠ ᠠᠴᠠ ᠪᠠᠨ ᠬᠡᠲᠦᠷᠡᠭᠰᠡᠨ ᠡᠳᠦᠷ ᠠᠴᠠ ᠪᠠᠨ ᠡᠬᠢᠯᠡᠨ ᠣᠣᠯ ᠪᠠᠷᠢᠮᠵᠢᠶᠠᠨ ᠤ ᠬᠤᠶᠠᠷ ᠲᠠᠬᠢᠨ ᠢᠶᠠᠷ | ᠲᠦᠷ ᠴᠠᠭ ᠲᠦᠪᠬᠢᠨᠡᠭᠦᠯᠬᠦ ᠨᠦᠬᠦᠪᠦᠷᠢ ᠤᠯᠭᠤᠨ᠎ᠠ᠃ | ᠭᠤᠴᠢᠨ ᠨᠢᠭᠡᠳᠦᠭᠡᠷ ᠵᠦᠢᠯ ᠣᠷᠣᠨ ᠰᠠᠭᠤᠴᠠ ᠶᠢᠨ ᠪᠤᠰᠣ ᠭᠡᠷ ᠪᠠᠶᠢᠰᠢᠩ ᠢ ᠲᠠᠲᠠᠪᠣᠷᠢᠯᠠᠭᠰᠠᠨ ᠠᠴᠠ ᠪᠣᠯᠵᠣ᠂ | ᠦᠢᠯᠡᠳᠪᠦᠷᠢᠯᠡᠯ᠂ ᠡᠵᠡᠩᠨᠡᠯᠲᠡ ᠵᠣᠭᠰᠣᠭᠰᠠᠨ ᠵᠡᠷᠭᠡ ᠬᠤᠬᠢᠷᠠᠯ ᠣᠴᠠᠷᠠᠭᠤᠯᠪᠠᠯ ᠲᠣᠰ ᠭᠡᠷ ᠪᠠᠶᠢᠰᠢᠩ ᠢ ᠨᠢ | ᠲᠠᠲᠠᠪᠤᠷᠢᠯᠠᠬᠤ ᠠᠴᠠ ᠡᠮᠦᠨᠡᠬᠢ ᠠᠰᠢᠭ ᠤᠷᠤᠯᠭ᠎ᠠ᠂ ᠦᠢᠯᠡᠳᠪᠦᠷᠢᠯᠡᠯ ᠡᠵᠡᠩᠨᠡᠯᠲᠡ ᠵᠤᠭᠰᠣᠭᠰᠠᠨ ᠬᠤᠭᠤᠴᠠᠭ᠎ᠠ ᠶᠢ | ᠨᠢ ᠦᠨᠳᠦᠰᠦᠯᠡᠵᠦ ᠨᠦᠬᠦᠪᠦᠷᠢ ᠦᠭᠭᠦᠨ᠎ᠡ᠃ ᠨᠦᠬᠦᠪᠦᠷᠢ ᠶᠢᠨ ᠪᠠᠷᠢᠮᠵᠢᠶ᠎ᠠ ᠨᠢ ᠲᠠᠲᠠᠪᠤᠷᠢᠯᠠᠭᠳᠠᠭᠰᠠᠨ ᠭᠡᠷ ᠤᠨ | ᠦᠨ᠎ᠡ ᠶᠢᠨ ᠵᠠᠭᠤᠨ ᠤ ᠭᠤᠷᠪᠠ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠠᠲᠠᠪᠣᠷᠢᠯᠠᠭᠳᠠᠭᠰᠠᠨ ᠬᠦᠮᠦᠨ ᠤ ᠦᠢᠯᠡᠳᠪᠦᠷᠢᠯᠡᠯ ᠵᠤᠭᠰᠤᠭᠰᠠᠨ᠂ ᠡᠵᠡᠩᠨᠡᠯᠲᠡ ᠵᠣᠭᠰᠣᠭᠰᠠᠨ | ᠬᠤᠬᠢᠷᠠᠯ ᠨᠢ ᠡᠮᠦᠨᠡᠬᠢ ᠲᠣᠭᠲᠠᠭᠰᠠᠨ ᠲᠤᠭᠲᠠᠭᠠᠯ ᠢ ᠦᠨᠳᠦᠰᠦᠯᠡᠵᠦ ᠪᠣᠳᠣᠵᠣ ᠭᠠᠷᠭᠠᠭᠰᠠᠨ ᠨᠦᠬᠦᠪᠦᠷᠢ ᠠᠴᠠ | ᠢᠯᠡᠭᠦᠦ ᠭᠡᠪᠡᠯ᠂ ᠭᠡᠷ ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ ᠲᠤ ᠲᠠᠲᠠᠪᠤᠷᠢᠯᠠᠬᠤ ᠠᠴᠠ ᠡᠮᠦᠨᠡᠬᠢ ᠭᠤᠷᠪᠠᠨ | ᠵᠢᠯ ᠤᠨ ᠣᠷᠣᠯᠭ᠎ᠠ᠂ ᠭᠠᠶᠢᠯᠢ ᠲᠣᠰᠢᠶᠠᠭᠰᠠᠨ ᠪᠠᠷᠢᠮᠲᠠ᠂ ᠦᠢᠯᠡᠳᠪᠦᠷᠢᠯᠡᠯ ᠵᠤᠭᠰᠤᠭᠰᠠᠨ᠂ ᠡᠵᠡᠩᠨᠡᠯᠲᠡ | ᠵᠣᠭᠰᠣᠭᠰᠠᠨ ᠴᠠᠭ ᠬᠤᠭᠤᠴᠠᠭ᠎ᠠ ᠵᠡᠷᠭᠡ ᠬᠤᠯᠪᠣᠭᠳᠠᠯ ᠪᠦᠭᠦᠢ ᠭᠡᠷᠡᠴᠢ ᠢᠶᠠᠨ ᠮᠠᠲ᠋ᠧᠷᠢᠶᠠᠯ ᠢ ᠬᠠᠩᠭᠠᠨ᠎ᠠ᠃ ᠭᠡᠷ | ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠨ ᠲᠠᠢ ᠬᠠᠮᠲᠤ | ᠪᠠᠷ ᠬᠠᠤᠯᠢ ᠶᠤᠰᠤᠨ ᠤ ᠦᠨᠡᠯᠡᠨ ᠵᠢᠱᠢᠬᠦ ᠪᠠᠶᠢᠭᠤᠯᠤᠮᠵᠢ ᠶᠢ ᠨᠠᠶᠢᠳᠠᠵᠣ᠂ ᠦᠢᠯᠡᠳᠪᠦᠷᠢᠯᠡᠯ ᠵᠤᠭᠰᠤᠭᠠᠭᠰᠠᠨ᠂ | ᠡᠵᠡᠩᠨᠡᠯᠲᠡ ᠵᠣᠭᠰᠣᠭᠰᠠᠨ ᠬᠤᠬᠢᠷᠠᠯ ᠢᠶᠠᠨ ᠦᠨᠡᠯᠡᠨ ᠵᠢᠱᠢᠭᠦᠯᠦᠨᠡ᠂ ᠲᠠᠭᠠᠤ ᠳᠤ ᠨᠢ ᠦᠨᠡᠯᠡᠨ ᠵᠢᠱᠢᠭᠰᠡᠨ ᠦᠷ᠎ᠡ | ᠳ᠋ᠦᠩ ᠢᠶᠠᠷ ᠨᠢ ᠨᠦᠬᠦᠪᠦᠷᠢ ᠦᠭᠭᠦᠨ᠎ᠡ᠃ | ᠵᠢᠷᠭᠤᠳᠣᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠣᠭᠠᠷ ᠵᠦᠢᠯ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠨ ᠭᠡᠷ ᠪᠠᠶᠢᠰᠢᠩ | ᠲᠠᠲᠠᠪᠤᠷᠢᠯᠠᠬᠤ ᠶᠠᠪᠤᠴᠠ ᠳᠤ ᠬᠠᠭᠤᠷᠮᠠᠭ ᠭᠡᠷ ᠪᠠᠶᠢᠰᠢᠩ ᠤᠨ ᠦᠮᠴᠢᠯᠡᠯ ᠤᠨ ᠦᠨᠡᠮᠯᠡᠯ᠂ ᠭᠠᠵᠠᠷ ᠰᠢᠷᠤᠢ ᠬᠡᠷᠡᠭᠯᠡᠬᠦ | ᠦᠨᠡᠮᠯᠡᠯ᠂ ᠲᠦᠯᠦᠪᠵᠢᠭᠦᠯᠭᠡ ᠶᠢᠨ ᠵᠦᠪᠰᠢᠶᠡᠷᠡᠭᠰᠡᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠭᠠᠶᠢᠯᠢ | ᠳᠠᠩᠰᠠᠯᠭᠤᠯᠤᠭᠰᠠᠨ ᠦᠨᠡᠮᠯᠡᠯ᠂ ᠲᠡᠷᠭᠡ ᠬᠦᠰᠬᠡᠨ ᠤ ᠠᠶᠠᠯᠠᠯ ᠤᠨ ᠦᠨᠡᠮᠯᠡᠯ᠂ ᠲᠡᠷᠭᠡ ᠬᠤᠳᠠᠯᠳᠣᠨ ᠠᠪᠣᠭᠰᠠᠨ | ᠪᠠᠷᠢᠮᠲᠠ ᠵᠢᠴᠢ ᠬᠠᠮᠢᠶ᠎ᠠ ᠪᠦᠬᠦᠢ ᠭᠡᠷᠡᠴᠢ ᠠᠯᠪᠠᠨ ᠪᠢᠴᠢᠭ ᠪᠤᠯᠤᠨ ᠮᠠᠲ᠋ᠧᠷᠢᠶᠠᠯ ᠦᠭᠭᠦᠪᠡᠯ᠂ ᠪᠠᠶᠢᠴᠠᠭᠠᠨ | ᠲᠤᠳᠤᠯᠠᠭᠰᠠᠨ ᠤ ᠲᠠᠷᠠᠭ᠎ᠠ᠂ ᠬᠦᠷᠲᠡᠵᠦ ᠪᠠᠶᠢᠬᠤ ᠬᠠᠷᠭᠠᠯᠵᠠᠯᠠᠯ ᠤᠨ ᠲᠦᠷᠦ ᠶᠢᠨ ᠪᠤᠳᠤᠯᠭ᠎ᠠ ᠶᠢᠨ ᠵᠦᠢᠯᠡᠰ ᠢ | ᠪᠦᠬᠦᠨ ᠢ ᠬᠦᠴᠦᠨ ᠦᠭᠡᠢ ᠪᠣᠯᠭᠠᠨ᠎ᠠ᠂ ᠬᠠᠮᠲᠣ ᠳᠤ ᠨᠢ ᠨᠢᠭᠡᠨᠲᠡ ᠦᠭᠭᠦᠭᠰᠡᠨ ᠮᠦᠩᠭᠦ ᠶᠢ ᠨᠢ ᠡᠭᠡᠭᠦᠯᠦᠨ ᠠᠪᠣᠨ᠎ᠠ | ︔ ᠪᠠᠶᠢᠳᠠᠯ ᠬᠦᠨᠳᠤ ᠨᠤᠴᠢᠲᠠᠢ ᠪᠣᠯ ᠣᠣᠯ ᠤᠨ ᠲᠠᠲᠠᠪᠤᠷᠢᠯᠠᠬᠤ ᠬᠡᠯᠡᠯᠴᠡᠭᠡᠷ ᠢ ᠬᠦᠴᠦᠨ ᠦᠭᠡᠢ ᠪᠣᠯᠭᠠᠬᠤ ᠶᠢᠨ | ᠲᠠᠭᠠᠤ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠣᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠵᠤ᠂ ᠬᠠᠣᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠭᠤᠷᠪᠠᠳᠣᠭᠠᠷ ᠵᠦᠢᠯ ᠭᠡᠷ ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ ᠪᠠ ᠭᠡᠷ | ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠦᠮᠦᠨ ᠲᠠᠲᠠᠪᠤᠷᠢᠯᠠᠨ ᠠᠪᠬᠤ ᠨᠦᠬᠦᠪᠦᠷᠢ ᠦᠭᠬᠦ ᠲᠦᠰᠦᠯ ᠳᠤ | ᠲᠤᠭᠲᠠᠭᠰᠠᠨ ᠬᠤᠭᠤᠴᠠᠭᠠᠨ ᠲᠣᠲᠣᠷ᠎ᠠ ᠨᠦᠬᠦᠪᠦᠷᠢᠯᠡᠬᠦ ᠬᠡᠯᠡᠯᠴᠡᠭᠡᠷ ᠲᠤᠭᠲᠠᠵᠤ ᠲᠡᠶᠢᠯᠬᠦ ᠦᠭᠡᠢ ᠲᠠᠲᠠᠪᠣᠷᠢᠯᠠᠭᠳᠠᠬᠤ | ᠭᠡᠷ ᠪᠠᠶᠢᠰᠢᠩ ᠤᠨ ᠦᠮᠴᠢᠯᠡᠯ ᠤᠨ ᠡᠷᠬᠡ ᠨᠢ ᠲᠣᠳᠣᠷᠬᠠᠢ ᠦᠭᠡᠢ ᠪᠤᠯ᠂ ᠭᠡᠷ ᠪᠠᠶᠢᠰᠢᠩ ᠲᠠᠲᠠᠪᠤᠷᠢᠯᠠᠬᠤ ᠰᠢᠢᠳᠪᠦᠷᠢ | ᠭᠠᠷᠭᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠦᠰᠦᠯ ᠢ ᠦᠨᠳᠦᠰᠦᠯᠡᠵᠦ᠂ ᠨᠦᠬᠦᠪᠦᠷᠢ | ᠦᠭᠬᠦ ᠰᠢᠳᠪᠤᠷᠢ ᠭᠠᠷᠭᠠᠨ᠎ᠠ᠂ ᠲᠠᠭᠠᠤ ᠳᠤ ᠨᠢ ᠲᠠᠲᠠᠪᠤᠷᠢᠯᠠᠬᠤ ᠬᠦᠷᠢᠶ᠎ᠡ ᠬᠡᠪᠴᠢᠶᠡᠨ ᠳᠤ ᠵᠠᠷᠯᠠᠨ᠎ᠠ᠃ | ᠨᠦᠬᠦᠪᠦᠷᠢᠯᠡᠬᠦ ᠰᠢᠢᠳᠪᠦᠷᠢ ᠳᠤ ᠲᠣᠭᠲᠠᠭᠠᠭᠰᠠᠨ ᠨᠡᠭᠦᠨ ᠰᠢᠯᠵᠢᠬᠦ ᠬᠤᠭᠤᠴᠠᠭ᠎ᠠ ᠨᠢ ᠠᠷᠪᠠᠨ ᠲᠠᠪᠣᠨ ᠡᠳᠦᠷ ᠠᠴᠠ | ᠪᠠᠭ᠎ᠠ ᠪᠠᠶᠢᠵᠣ ᠪᠣᠯᠬᠤ ᠦᠭᠡᠢ᠃ | ᠭᠡᠷ ᠪᠠᠶᠢᠰᠢᠩ ᠢᠶᠠᠨ ᠲᠠᠲᠠᠪᠣᠷᠢᠯᠠᠭᠳᠠᠭᠰᠠᠨ ᠬᠦᠮᠦᠨ ᠨᠦᠬᠦᠪᠦᠷᠢ ᠶᠢᠨ ᠰᠢᠢᠳᠪᠦᠷᠢ ᠶᠢ ᠲᠠᠭᠠᠬᠤ ᠦᠭᠡᠢ | ᠪᠣᠯ᠂ ᠬᠠᠣᠯᠢ ᠶᠣᠰᠣᠭᠠᠷ ᠵᠠᠰᠠᠭ ᠵᠠᠬᠢᠷᠠᠭᠠᠨ ᠢᠶᠠᠷ ᠲᠠᠬᠢᠨ ᠵᠦᠪᠯᠡᠭᠦᠯᠬᠦ ᠶᠢ ᠡᠷᠡᠮᠡᠯᠵᠡᠯᠡᠵᠦ ᠪᠣᠯᠣᠨ᠎ᠠ᠂ ᠪᠠᠰᠠ ᠬᠠᠣᠯᠢ | ᠶᠣᠰᠣᠭᠠᠷ ᠵᠠᠰᠠᠭ ᠵᠠᠬᠢᠷᠠᠭᠠᠨ ᠤ ᠵᠠᠭᠠᠯᠳᠣᠯᠠᠭᠠ ᠬᠢᠵᠦ ᠪᠤᠯᠤᠨ᠎ᠠ᠃ | ᠭᠡᠷ ᠪᠠᠶᠢᠰᠢᠩ ᠢᠶᠠᠨ ᠲᠠᠲᠠᠪᠣᠷᠢᠯᠠᠭᠳᠠᠭᠰᠠᠨ ᠬᠦᠮᠦᠨ ᠬᠠᠣᠯᠢ ᠳᠤ ᠲᠣᠭᠲᠠᠭᠰᠠᠨ ᠬᠤᠭᠤᠴᠠᠭᠠᠨ ᠳᠤ ᠵᠠᠰᠠᠭ | ᠵᠠᠬᠢᠷᠠᠭᠠᠨ ᠢᠶᠠᠷ ᠲᠠᠬᠢᠨ ᠵᠦᠪᠯᠡᠭᠦᠯᠬᠦ ᠪᠠ ᠵᠠᠰᠠᠭ ᠵᠠᠬᠢᠷᠠᠭᠠᠨ ᠤ ᠵᠠᠭᠠᠯᠳᠣᠯᠠᠭᠠ ᠬᠢᠭᠰᠡᠨ ᠦᠭᠡᠢ ᠮᠦᠷᠲᠡᠭᠡᠨ | ᠨᠦᠬᠦᠪᠦᠷᠢᠯᠡᠬᠦ ᠲᠤᠭᠲᠠᠭᠠᠯ ᠳᠤ ᠲᠤᠭᠲᠠᠭᠰᠠᠨ ᠬᠤᠭᠤᠴᠠᠭᠠᠨ ᠳᠤ ᠨᠡᠭᠦᠨ ᠰᠢᠯᠵᠢᠭᠰᠡᠨ ᠦᠭᠡᠢ᠂ ᠬᠠᠣᠯᠢ ᠶᠣᠰᠣ ᠪᠠᠷ | ᠦᠰᠦᠭ ᠪᠢᠴᠢᠭ ᠤᠨ ᠬᠡᠯᠪᠡᠷᠢ ᠪᠠᠷ ᠮᠡᠳᠡᠭᠳᠡᠭᠰᠡᠨ ᠪᠣᠯᠪᠠᠴᠣ ᠪᠠᠰᠠ ᠨᠡᠭᠦᠨ ᠰᠢᠯᠵᠢᠭᠰᠡᠨ ᠦᠭᠡᠢ ᠪᠣᠯ᠂ ᠭᠡᠷ | ᠪᠠᠶᠢᠰᠢᠩ ᠢ ᠲᠠᠲᠠᠪᠤᠷᠢᠯᠠᠬᠤ ᠰᠢᠢᠳᠪᠣᠷᠢ ᠭᠠᠷᠭᠠᠭᠰᠠᠨ ᠠᠷᠠᠳ ᠤᠨ ᠵᠠᠰᠠᠭ ᠤᠨ ᠣᠷᠳᠣᠨ ᠬᠠᠣᠯᠢ ᠶᠣᠰᠣᠭᠠᠷ ᠠᠷᠠᠳ | ᠤᠨ ᠰᠢᠭᠦᠬᠦ ᠬᠤᠷᠢᠶᠠᠨ ᠳᠤ ᠠᠯᠪᠠᠳᠠᠨ ᠬᠡᠷᠡᠭᠵᠢᠭᠦᠯᠬᠦ ᠪᠠᠷ ᠡᠷᠡᠮᠡᠯᠵᠡᠯᠡᠨ᠎ᠡ᠃ | ᠭᠤᠴᠢᠨ ᠳᠦᠷᠪᠡᠳᠦᠭᠡᠷ ᠵᠦᠢᠯ ᠬᠦᠴᠦᠷᠬᠡᠭᠯᠡᠯ᠂ ᠰᠦᠷᠳᠡᠭᠦᠯᠦᠯ᠂ ᠪᠣᠯᠣᠨ ᠬᠡᠷᠡᠭᠦᠯ ᠦᠳᠦᠭᠡᠬᠦ᠂ | ᠪᠦᠯᠦᠭᠯᠳᠦᠨ ᠬᠠᠷᠢᠶᠠᠯ ᠲᠠᠯᠪᠢᠬᠤ᠂ ᠴᠣᠣ ᠲᠠᠷᠬᠠᠭᠠᠵᠣ ᠦᠢᠮᠡᠭᠦᠯᠬᠦ ᠵᠡᠷᠭᠡ ᠠᠷᠭ᠎ᠠ ᠠᠪᠴᠠᠯ ᠠᠪᠴᠣ᠂ ᠬᠠᠣᠯᠢ | ᠶᠣᠰᠣᠭᠠᠷ ᠶᠠᠪᠣᠭᠳᠠᠵᠣ ᠪᠠᠶᠢᠭ᠎ᠠ ᠭᠡᠷ ᠪᠠᠶᠢᠰᠢᠩ ᠲᠠᠲᠠᠪᠤᠷᠢᠯᠠᠬᠤ ᠠᠵᠢᠯ ᠢ ᠬᠠᠷᠰᠢᠯᠠᠵᠣ᠂ ᠶᠠᠯ᠎ᠠ ᠬᠢᠪᠡᠯ ᠬᠠᠣᠯᠢ | ᠶᠤᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠮᠤᠷ ᠲᠦᠪᠰᠢᠨ ᠤ ᠬᠠᠮᠢᠶᠠᠷᠤᠯᠲᠠ ᠶᠢ ᠡᠪᠳᠡᠭᠰᠡᠨ | ᠠᠵᠢᠯᠯᠠᠭ᠎ᠠ ᠪᠤᠯᠪᠠᠯ᠂ ᠬᠠᠤᠯᠢ ᠶᠤᠰᠤᠭᠠᠷ ᠠᠮᠤᠷ ᠲᠦᠪᠰᠢᠨ ᠤ ᠬᠠᠮᠢᠶᠠᠷᠤᠯᠲᠠ ᠶᠢᠨ ᠰᠢᠳᠬᠡᠯ ᠲᠤᠷᠭᠤᠭᠤᠯᠢ | ᠦᠭᠭᠦᠨ᠎ᠡ᠃ | ᠲᠣᠯᠣᠳᠣᠭᠠᠷ ᠪᠦᠯᠦᠭ ᠪᠤᠰᠤᠳ ᠵᠦᠢᠯ | ᠭᠤᠴᠢᠨ ᠲᠠᠪᠤᠳᠤᠭᠠᠷ ᠵᠦᠢᠯ ᠦᠮᠴᠢᠯᠡᠯ ᠤᠨ ᠡᠷᠬᠡ ᠶᠢ ᠰᠣᠯᠢᠬᠤ ᠠᠰᠠᠷ ᠤᠨ ᠲᠦᠷᠦᠯ ᠵᠦᠢᠯ ᠤᠨ | ᠠᠵᠢᠯ ᠲᠠᠭᠤᠰᠴᠣ ᠠᠰᠢᠭᠯᠠᠯᠲᠠ ᠳᠤ ᠣᠷᠣᠬᠤ ᠦᠶᠡᠰ᠂ ᠭᠡᠷ ᠪᠠᠶᠢᠰᠢᠩ ᠲᠠᠲᠠᠪᠤᠷᠢᠯᠠᠭᠰᠠᠨ ᠰᠠᠯᠠᠭ᠎ᠠ ᠮᠦᠴᠢᠷ | ᠦᠪᠡᠷᠲᠡᠭᠡᠨ ᠵᠠᠰᠠᠬᠤ ᠤᠷᠤᠨ ᠤ ︽ᠠᠳᠠᠯ ᠠᠬᠤᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠦᠬᠦᠢ | ᠲᠤᠭᠲᠠᠭᠠᠯ ᠢ ᠦᠨᠳᠦᠰᠦᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠷᠢᠵᠦ ᠠᠪᠴᠢᠷᠠᠨ᠂ | ᠠᠳᠠᠯ ᠠᠬᠤᠢ ᠶᠢᠨ ᠬᠠᠮᠢᠶᠠᠷᠤᠯᠲᠠ ᠶᠢ ᠡᠬᠢᠯᠡᠭᠦᠯᠬᠦ ᠶᠢᠨ ᠬᠠᠮᠲᠤ ᠭᠡᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠳᠠᠩᠰᠠᠯᠠᠭᠤᠯᠤᠨ ᠲᠡᠮᠳᠡᠭᠯᠡᠭᠦᠯᠦᠨ᠎ᠡ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠤᠷᠢᠨ ᠬᠡᠷᠡᠭᠯᠡᠬᠦ ᠠᠴᠠ ᠡᠮᠦᠨ᠎ᠡ᠂ ᠲᠦᠷᠦᠯ ᠵᠦᠢᠯ ᠪᠠᠶᠢᠭ᠎ᠠ ᠨᠡᠶᠢᠭᠡᠮ ᠲᠤᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠲᠦᠪ ᠤᠷᠤᠯᠠᠨ ᠬᠠᠮᠢᠶᠠᠷᠤᠨ᠎ᠠ᠃ ᠦᠮᠴᠢᠯᠡᠯ ᠤᠨ ᠡᠷᠬᠡ ᠶᠢ ᠰᠣᠯᠢᠬᠤ ᠠᠰᠠᠷ ᠠᠰᠢᠭᠯᠠᠯᠲᠠ ᠳᠤ | ᠣᠷᠣᠬᠤ ᠦᠶᠡᠰ ᠲᠦᠷᠦᠯ ᠵᠦᠢᠯ ᠢ ᠲᠠᠭᠠᠭᠠᠴᠢᠯᠠᠭᠰᠠᠨ ᠭᠤᠣᠯ ᠴᠣᠭᠴᠠ ᠲᠠᠲᠠᠪᠣᠷᠢᠯᠠᠭᠳᠠᠭᠰᠠᠨ ᠬᠦᠮᠦᠨ ᠳᠤ ᠭᠡᠷ | ᠪᠠᠶᠢᠰᠢᠩ ᠤᠨ ᠦᠮᠴᠢᠯᠡᠯ ᠤᠨ ᠦᠨᠡᠮᠯᠡᠯ ᠢ ᠴᠠᠭ ᠲᠤᠬᠠᠢ ᠳᠤ ᠨᠢ ᠭᠦᠢᠴᠡᠳᠬᠡᠵᠦ ᠦᠭᠭᠦᠨ᠎ᠡ᠂ ᠰᠢᠯᠢ ᠬᠤᠲᠠ ᠵᠠᠰᠠᠭ | ᠦᠰᠦᠭ ﹇2008﹈ 75 ᠲᠤᠭᠠᠲᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠲᠦᠷᠦᠯ ᠵᠦᠢᠯ ᠢ ᠲᠠᠭᠠᠭᠠᠴᠢᠯᠠᠭᠰᠠᠨ ᠭᠤᠣᠯ ᠴᠣᠭᠴᠠ ᠲᠠᠲᠠᠪᠣᠷᠢᠯᠠᠭᠳᠠᠭᠰᠠᠨ ᠬᠦᠮᠦᠨ ᠢ ᠬᠠᠮᠵᠢᠵᠦ ᠨᠢᠭᠡᠲᠦᠯᠲᠡᠢ | ᠪᠠᠷ ᠭᠡᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠤᠷᠤᠨ ᠰᠠᠭᠤᠴᠠ ᠶᠢ ᠰᠡᠯᠪᠢᠨ ᠵᠠᠰᠠᠬᠤ | ᠲᠤᠰᠬᠠᠢ ᠲᠦᠷᠦᠯ ᠤᠨ ᠪᠡᠯᠡ ᠮᠦᠩᠭᠦ ᠬᠠᠳᠠᠭᠠᠯᠠᠵᠤ ᠲᠤᠰᠢᠶᠠᠨ᠎ᠠ᠃ | ᠭᠤᠴᠢᠨ ᠵᠢᠷᠭᠤᠳᠣᠭᠠᠷ ᠵᠦᠢᠯ ᠲᠣᠰ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ᠲᠣᠰ ᠰᠠᠨᠠᠯ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠭᠡᠷ ᠪᠠᠶᠢᠰᠢᠩ ᠢ ᠨᠤᠷᠠᠭᠠᠨ ᠨᠡᠭᠦᠯᠭᠡᠬᠦ | ᠵᠦᠪᠰᠢᠶᠡᠷᠡᠯ ᠤᠨ ᠦᠨᠡᠮᠯᠡᠯ ᠠᠪᠤᠭᠰᠠᠨ ᠲᠦᠷᠦᠯ ᠵᠦᠢᠯ ᠪᠣᠯ ᠤᠤᠯ ᠤᠨ ᠲᠤᠭᠲᠠᠭᠠᠯ ᠢᠶᠠᠷ ᠢᠶᠠᠨ ᠬᠡᠷᠡᠭᠵᠢᠭᠦᠯᠦᠨ᠎ᠡ᠃ | ︽ᠣᠯᠣᠰ ᠤᠨ ᠦᠮᠴᠢᠯᠡᠯᠲᠦ ᠭᠠᠵᠠᠷ ᠰᠢᠷᠣᠢ ᠲᠡᠭᠡᠷᠡᠬᠢ ᠭᠡᠷ ᠪᠠᠶᠢᠰᠢᠩ ᠲᠠᠲᠠᠪᠣᠷᠢᠯᠠᠨ ᠠᠪᠬᠤ ᠪᠠ ᠨᠦᠬᠦᠪᠦᠷᠢ | ᠦᠭᠬᠦ ᠲᠦᠷᠢᠮ︾ ︵ᠲᠦᠷᠦ ᠶᠢᠨ ᠶᠠᠪᠣᠳᠠᠯ ᠤᠨ ᠬᠤᠷᠢᠶᠠᠨ ᠤ ᠵᠠᠷᠯᠢᠭ 590 ᠲᠣᠭᠠᠲᠣ︶ ᠢ ᠬᠡᠷᠡᠭᠵᠢᠭᠦᠯᠦᠭᠰᠡᠨ | ᠠᠴᠠ ᠰᠡᠭᠦᠯᠡᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠣᠰ ᠤᠨ ᠦᠮᠴᠢᠯᠡᠯᠲᠦ ᠭᠠᠵᠠᠷ | ᠰᠢᠷᠣᠢ ᠲᠡᠭᠡᠷᠡᠬᠢ ᠭᠡᠷ ᠪᠠᠶᠢᠰᠢᠩ ᠢ ᠲᠠᠲᠠᠪᠤᠷᠢᠯᠠᠨ ᠠᠪᠬᠤ ᠪᠠ ᠨᠦᠬᠦᠪᠦᠷᠢ ᠦᠭᠬᠦ ᠲᠦᠷᠢᠮ︾ ︵ᠦᠪᠡᠷᠲᠡᠭᠡᠨ | ᠵᠠᠰᠠᠬᠤ ᠣᠷᠣᠨ ᠤ 12 ᠳ᠋ᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ 16 ᠲᠣᠭᠠᠲᠣ ᠠᠯᠪᠠᠨ ᠵᠠᠷ︶ ᠢ ᠬᠡᠷᠡᠭᠵᠢᠭᠦᠯᠬᠦ ᠠᠴᠠ ᠡᠮᠦᠨ᠎ᠡ᠂ ᠬᠤᠲᠠ ᠶᠢᠨ ᠵᠠᠰᠠᠭ ᠤᠨ | ᠣᠷᠳᠣᠨ ᠨᠢᠭᠡᠨᠲᠡ ᠲᠠᠲᠠᠪᠤᠷᠢᠯᠠᠬᠤ ᠰᠢᠢᠳᠪᠦᠷᠢ ᠪᠠᠭᠤᠯᠭᠠᠭᠰᠠᠨ ᠲᠦᠷᠦᠯ ᠵᠦᠢᠯ ᠨᠢ ᠦᠷᠭᠦᠯᠵᠢᠯᠡᠨ ᠬᠤᠲᠠ ᠶᠢᠨ | ᠵᠠᠰᠠᠭ ᠤᠨ ᠣᠷᠳᠣᠨ ᠤ ︽ᠲᠦᠷᠦ ᠶᠢᠨ ᠶᠠᠪᠣᠳᠠᠯ ᠤᠨ ᠬᠤᠷᠢᠶᠠᠨ ᠤ ᠣᠯᠣᠰ ᠤᠨ ᠦᠮᠴᠢᠯᠡᠯᠲᠦ ᠭᠠᠵᠠᠷ ᠰᠢᠷᠣᠢ | ᠲᠡᠭᠡᠷᠡᠬᠢ ᠭᠡᠷ ᠪᠠᠶᠢᠰᠢᠩ ᠢ ᠲᠠᠲᠠᠪᠣᠷᠢᠯᠠᠨ ᠠᠪᠬᠤ ᠪᠠ ᠨᠦᠬᠦᠪᠦᠷᠢ ᠦᠭᠬᠦ ᠲᠦᠷᠢᠮ ᠢ ᠨᠠᠶᠢᠳᠠᠪᠣᠷᠢᠵᠢᠭᠤᠯᠣᠨ | ᠬᠡᠷᠡᠭᠵᠢᠭᠦᠯᠬᠦ ᠲᠣᠬᠠᠢ ᠰᠠᠨᠠᠯ︾ ︵ᠰᠢᠯᠢ ᠬᠤᠲᠠ ᠵᠠᠰᠠᠭ ᠲᠠᠷᠬᠠᠭᠠᠭᠰᠠᠨ ﹇2011﹈ 79 ᠲᠣᠭᠠᠲᠣ︶ ᠶᠢ | ᠬᠡᠷᠡᠭᠵᠢᠭᠦᠯᠦᠨ᠎ᠡ᠃ | ᠭᠤᠴᠢᠨ ᠲᠣᠯᠣᠳᠣᠭᠠᠷ ᠵᠦᠢᠯ ᠲᠣᠰ ᠬᠡᠷᠡᠭᠵᠢᠭᠦᠯᠬᠦ ᠰᠠᠨᠠᠯ ᠲᠣᠭᠲᠠᠭᠠᠭᠰᠠᠨ ᠦᠭᠡᠢ ᠵᠦᠢᠯ ᠪᠣᠶᠣ ᠲᠦᠷᠦ | ᠶᠢᠨ ᠶᠠᠪᠣᠳᠠᠯ ᠤᠨ ᠬᠤᠷᠢᠶᠠᠨ ᠤ ︽ᠣᠯᠣᠰ ᠤᠨ ᠦᠮᠴᠢᠯᠡᠯᠲᠦ ᠭᠠᠵᠠᠷ ᠰᠢᠷᠣᠢ ᠲᠡᠭᠡᠷᠡᠬᠢ ᠭᠡᠷ ᠪᠠᠶᠢᠰᠢᠩ ᠢ | ᠲᠠᠲᠠᠪᠣᠷᠢᠯᠠᠨ ᠠᠪᠬᠤ ᠪᠠ ᠨᠦᠬᠦᠪᠦᠷᠢ ᠦᠭᠬᠦ ᠲᠦᠷᠢᠮ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ | ᠤ ᠣᠯᠣᠰ ᠤᠨ ᠦᠮᠴᠢᠯᠡᠯᠲᠦ ᠭᠠᠵᠠᠷ ᠰᠢᠷᠣᠢ ᠲᠡᠭᠡᠷᠡᠬᠢ ᠭᠡᠷ ᠪᠠᠶᠢᠰᠢᠩ ᠢ ᠲᠠᠲᠠᠪᠣᠷᠢᠯᠠᠨ ᠠᠪᠬᠤ ᠪᠠ ᠨᠦᠬᠦᠪᠦᠷᠢ | ᠦᠭᠬᠦ ᠲᠦᠷᠢᠮ︾ ᠲᠠᠢ ᠠᠳᠠᠯᠢ ᠦᠭᠡᠢ ᠵᠦᠢᠯ ᠪᠠᠶᠢᠪᠠᠯ᠂ ᠪᠦᠷ ᠲᠦᠷᠦ ᠶᠢᠨ ᠶᠠᠪᠣᠳᠠᠯ ᠤᠨ ᠬᠤᠷᠢᠶ᠎ᠠ᠂ | ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠬᠡᠷᠡᠭᠵᠢᠭᠦᠯᠦᠨ᠎ᠡ᠃ | ᠭᠤᠴᠢᠨ ᠨᠠᠢᠮᠠᠳᠣᠭᠠᠷ ᠵᠦᠢᠯ ᠲᠣᠰ ᠬᠡᠷᠡᠭᠵᠢᠭᠦᠯᠬᠦ ᠰᠠᠨᠠᠯ ᠳᠤ ᠬᠤᠲᠠ ᠶᠢᠨ ᠭᠡᠷ ᠪᠠᠶᠢᠰᠢᠩ | ᠲᠠᠲᠠᠪᠤᠷᠢᠯᠠᠬᠤ ᠵᠠᠰᠠᠭ ᠵᠠᠬᠢᠷᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠲᠠᠶᠢᠯᠪᠣᠷᠢ | ᠬᠢᠨ᠎ᠡ᠃ |