︽ᠰᠢᠯᠢ ᠶᠢᠨ ᠬᠤᠳᠠ ᠶᠢᠨ ᠦᠪᠡᠷ ᠢᠶᠠᠨ ᠮᠠᠯᠳᠠᠭᠰᠠᠨ ᠬᠤᠳᠳᠤᠭ ᠵᠢᠴᠢ ᠲᠠᠶᠠᠭᠳᠠᠭᠳᠠᠭᠰᠠᠨ ᠬᠤᠳᠳᠤᠭ ᠢ | ᠪᠢᠳᠡᠬᠦᠮᠵᠢᠯᠡᠬᠦ ᠠᠵᠢᠯ ᠤᠨ ᠬᠡᠷᠡᠭᠵᠢᠬᠦᠯᠬᠦ ᠲᠦᠰᠦᠯ︾ ᠢ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠦ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠣᠯᠣᠰ ᠤᠨ ᠦᠮᠴᠢᠯᠡᠯᠳᠦ | ᠲᠠᠷᠢᠶᠠᠯᠠᠩ ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠳᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠦᠴᠢᠷ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠣᠳᠣ ︽ᠰᠢᠯᠢ ᠶᠢᠨ ᠬᠤᠳᠠ ᠶᠢᠨ ᠦᠪᠡᠷ ᠢᠶᠠᠨ ᠮᠠᠯᠳᠠᠭᠰᠠᠨ ᠬᠤᠳᠳᠤᠭ ᠵᠢᠴᠢ ᠲᠠᠶᠠᠭᠳᠠᠭᠳᠠᠭᠰᠠᠨ | ᠬᠤᠳᠳᠤᠭ ᠢ ᠪᠢᠳᠡᠬᠦᠮᠵᠢᠯᠡᠬᠦ ᠠᠵᠢᠯ ᠤᠨ ᠬᠡᠷᠡᠭᠵᠢᠬᠦᠯᠬᠦ ᠲᠦᠰᠦᠯ︾ ᠢ ᠲᠠᠷᠣᠮᠠᠯᠯᠠᠨ ᠲᠠᠷᠬᠠᠭᠠᠯ᠎ᠠ᠂ ᠬᠢᠨᠠᠮᠠᠭᠠᠢ | ᠵᠤᠬᠢᠶᠠᠨ ᠪᠠᠶᠢᠭᠤᠯᠵᠦ ᠬᠡᠷᠡᠭᠵᠢᠭᠦᠯᠲᠦᠭᠡᠢ᠃ | ᠰᠢᠯᠢ ᠶᠢᠨ ᠬᠤᠳᠠ ᠶᠢᠨ ᠦᠪᠡᠷ ᠢᠶᠠᠨ ᠮᠡᠯᠳᠠᠭᠰᠠᠨ ᠬᠤᠳᠳᠤᠭ ᠵᠢᠴᠢ ᠲᠠᠶᠠᠭᠳᠠᠭᠳᠠᠭᠰᠠᠨ ᠬᠤᠳᠳᠤᠭ ᠢ | ᠪᠢᠳᠡᠬᠦᠮᠵᠢᠬᠦᠯᠬᠦ ᠠᠵᠢᠯ ᠤᠨ ᠲᠤᠬᠠᠢ ᠬᠡᠷᠡᠭᠵᠢᠬᠦᠯᠬᠦ ᠲᠦᠰᠦᠯ | ︽ᠪᠦᠬᠦᠳᠡ ᠨᠡᠶᠢᠷᠠᠮᠳᠠᠬᠤ ᠲᠤᠮᠳᠠᠳᠦ ᠠᠷᠠᠳ ᠤᠯᠤᠰ ᠤᠨ ᠤᠰᠤᠨ ᠤ ᠬᠠᠤᠯᠢ︾᠂ ︽ᠠᠶᠤᠯᠬᠦᠢ | ᠦᠢᠯᠡᠳᠪᠦᠷᠢᠯᠡᠯ ᠤᠨ ᠬᠠᠤᠯᠢ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠲᠤᠤᠷᠠᠬᠢ | ᠤᠰᠤᠨ ᠤ ᠬᠠᠮᠢᠶᠠᠷᠤᠯᠳᠡ ᠶᠢᠨ ᠠᠷᠭ᠎ᠠ︾ ᠵᠢᠴᠢ ︽ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ ᠠᠯᠪᠠᠨ | ᠲᠢᠩᠬᠢᠮ ᠤᠨ ᠪᠦᠬᠦ ᠠᠶᠢᠮᠠᠭ ᠤᠨ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠠᠵᠢᠯ ᠤᠨ ᠲᠤᠬᠠᠢ | ᠮᠡᠳᠡᠭᠳᠡᠯ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠦᠷᠢᠮ ᠢ ᠦᠨᠳᠦᠰᠦᠯᠡᠵᠦ᠂ ᠮᠠᠨ ᠤ ᠬᠤᠳᠠ | ᠶᠢᠨ ᠭᠠᠵᠠᠷ ᠲᠤᠤᠷᠠᠬᠢ ᠣᠰᠣᠨ ᠤ ᠰᠤᠷᠪᠤᠯᠵᠢ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠦ᠂ | ᠤᠰᠤᠨ ᠰᠤᠷᠪᠤᠯᠵᠢ ᠶᠢ ᠲᠦᠬᠢᠷᠠᠮᠵᠢᠳᠠᠢ ᠬᠦᠢᠴᠡᠳ ᠠᠰᠢᠭᠯᠠᠨ᠂ ᠦᠪᠡᠷ ᠢᠶᠠᠨ ᠮᠠᠯᠳᠠᠭᠰᠠᠨ ᠬᠤᠳᠳᠤᠭ ᠢ | ᠪᠢᠳᠡᠬᠦᠮᠵᠢᠯᠡᠵᠦ᠂ ᠲᠠᠶᠠᠭᠳᠠᠭᠳᠠᠭᠰᠠᠨ ᠬᠤᠳᠳᠤᠭ ᠤᠨ ᠠᠮᠤᠷ ᠲᠦᠪᠰᠢᠨ ᠤ ᠭᠡᠮ ᠰᠤᠭᠤᠭ ᠢ ᠠᠷᠢᠯᠭᠠᠬᠤ ᠠᠵᠢᠯ ᠢ | ᠰᠠᠶᠢᠳᠤᠷ ᠬᠢᠬᠦ ᠶᠢᠨ ᠲᠤᠰᠠᠳᠠ᠂ ᠮᠠᠨ ᠤ ᠬᠤᠳᠠ ᠶᠢᠨ ᠪᠤᠳᠠᠳᠦ ᠪᠠᠶᠢᠳᠠᠯ ᠲᠠᠢ ᠤᠶᠠᠯᠳᠤᠭᠤᠯᠤᠨ᠂ ᠲᠤᠰ | ᠬᠡᠷᠡᠭᠵᠢᠬᠦᠯᠬᠦ ᠲᠦᠰᠦᠯ ᠢ ᠲᠤᠭᠳᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠳᠠ ᠪᠠᠨ ᠲᠡᠭᠡᠭᠰᠢᠯᠡᠬᠦᠯᠵᠦ᠂ ᠨᠢᠭᠡᠳᠤᠯᠳᠠᠢ ᠲᠦᠯᠦᠪᠵᠢᠬᠦᠯᠵᠦ | ᠨᠡᠶᠢᠳᠡ ᠳᠤᠨᠢ ᠬᠠᠷᠠᠭᠠᠯᠵᠠᠨ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠠᠯᠬᠤᠮ ᠬᠤᠪᠢᠶᠠᠨ | ᠬᠡᠷᠡᠭᠵᠢᠬᠦᠯᠦᠨ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠪᠠᠷ ᠲᠠᠮᠵᠢᠨ ᠤᠰᠤᠨ ᠰᠤᠷᠪᠤᠯᠵᠢ ᠳᠤ | ᠲᠦᠬᠢᠷᠠᠮᠵᠢᠳᠠᠢ ᠨᠡᠭᠡᠭᠡᠯᠳᠡ ᠬᠢᠬᠦ᠂ ᠰᠢᠯᠢᠳᠡᠭᠵᠢᠬᠦᠯᠦᠨ ᠲᠤᠬᠢᠷᠠᠭᠤᠯᠬᠤ ᠪᠠ ᠠᠷᠪᠢᠯᠠᠨ ᠭᠠᠮᠨᠠᠵᠦ ᠬᠠᠮᠠᠭᠠᠯᠠᠬᠤ ᠶᠢ | ᠠᠬᠢᠭᠤᠯᠤᠨ᠎ᠠ᠃ ᠲᠠᠶᠠᠭᠳᠠᠭᠳᠠᠭᠰᠠᠨ ᠬᠤᠳᠳᠤᠭ ᠢ ᠵᠠᠰᠠᠨ ᠦᠭᠡᠷᠡᠴᠢᠯᠡᠬᠦ ᠪᠠᠷ ᠲᠠᠮᠵᠢᠨ᠂ ᠠᠮᠤᠷ ᠲᠦᠪᠰᠢᠨ ᠤ ᠭᠡᠮ | ᠰᠤᠭᠤᠭ ᠢ ᠠᠷᠢᠯᠭᠠᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠬᠠᠮᠢᠶᠠᠷᠤᠯᠳᠠ ᠪᠠᠨ ᠴᠢᠩᠭᠠᠳᠬᠠᠬᠤ᠂ ᠲᠣᠬᠢᠷᠠᠮᠵᠢᠲᠠᠢ ᠨᠡᠭᠡᠭᠡᠨ ᠬᠦᠭᠵᠢᠬᠦᠯᠬᠦ᠂ ᠰᠢᠨᠵᠢᠯᠡᠬᠦ | ᠤᠬᠠᠭᠠᠨᠴᠢ ᠪᠠᠷ ᠠᠰᠢᠭᠯᠠᠬᠤ ᠬᠠᠮᠠᠭᠠᠯᠠᠯᠳᠠ ᠶᠢ ᠴᠢᠩᠭᠠᠳᠬᠠᠬᠤ᠂ ᠪᠤᠵᠠᠷᠳᠤᠯ ᠢ ᠰᠡᠷᠭᠡᠶᠢᠯᠡᠬᠦ᠂ ᠡᠬᠢ ᠪᠠᠶᠠᠯᠢᠭ ᠢ | ᠠᠷᠪᠢᠯᠠᠬᠤ᠂ ᠦᠷ᠎ᠡ ᠠᠰᠢᠭ ᠢ ᠬᠦᠨᠳᠦᠳᠬᠡᠬᠦ ᠵᠠᠷᠴᠢᠮ ᠢ ᠪᠠᠷᠢᠮᠳᠠᠯᠠᠵᠦ᠂ ᠤᠯᠤᠰ ᠭᠡᠷ᠂ ᠦᠪᠡᠷᠳᠡᠭᠡᠨ ᠵᠠᠰᠠᠬᠤ | ᠤᠷᠤᠨ ᠵᠢᠴᠢ ᠠᠶᠢᠮᠠᠭ ᠤᠨ ᠵᠠᠬᠢᠷᠭᠠᠨ ᠤ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠵᠦ᠂ ᠰᠢᠯᠢ ᠶᠢᠨ ᠬᠤᠳᠠ | ᠣᠷᠣᠨ ᠤ ᠪᠦᠬᠦᠶᠢᠯᠡ ᠦᠪᠡᠷ ᠢᠶᠠᠨ ᠮᠠᠯᠳᠠᠭᠰᠠᠨ ᠬᠤᠳᠳᠤᠭ ᠪᠠ ᠲᠠᠶᠠᠭᠳᠠᠭᠳᠠᠭᠰᠠᠨ ᠬᠤᠳᠳᠤᠭ ᠲᠤ ᠪᠦᠬᠦ ᠲᠠᠯ᠎ᠠ | ᠶᠢᠨ ᠪᠠᠶᠢᠴᠠᠭᠠᠯᠳᠠ ᠬᠢᠵᠦ᠂ ᠲᠦᠪᠯᠡᠷᠡᠬᠦᠯᠵᠦ ᠵᠠᠰᠠᠨ ᠰᠠᠶᠢᠵᠢᠷᠠᠭᠤᠯᠬᠤ ᠪᠠᠷ ᠲᠠᠮᠵᠢᠨ ᠬᠠᠤᠯᠢ ᠶᠢ ᠵᠦᠷᠢᠴᠡᠵᠦ ᠭᠠᠵᠠᠷ | ᠲᠤᠤᠷᠠᠬᠢ ᠤᠰᠤᠨ ᠰᠤᠷᠪᠤᠯᠵᠢ ᠶᠢ ᠠᠰᠢᠭᠯᠠᠬᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ ᠭᠠᠵᠠᠷ | ᠲᠤᠤᠷᠠᠬᠢ ᠣᠰᠤᠨ ᠰᠤᠷᠪᠤᠯᠵᠢ ᠶᠢᠨ ᠦᠨᠡᠨᠬᠦ ᠬᠠᠮᠠᠭᠠᠯᠠᠭᠳᠠᠬᠤ ᠪᠠ ᠡᠮᠬᠢ ᠵᠢᠷᠤᠮ ᠲᠠᠢ ᠠᠰᠢᠭᠯᠠᠯᠳᠠ ᠶᠢ ᠪᠠᠳᠤᠯᠠᠨ᠎ᠠ | ᠃ | ︵ᠬᠤᠶᠠᠷ︶ ᠵᠤᠬᠢᠰᠳᠠᠢ ᠵᠢᠯᠤᠭᠤᠳᠬᠤ ᠪᠠ ᠠᠯᠪᠠᠳᠠᠯᠭ᠎ᠠ ᠶᠢᠨ ᠴᠢᠨᠠᠷᠳᠠᠢ ᠪᠢᠳᠠᠬᠦᠮᠵᠢᠯᠡᠬᠦ ᠵᠠᠷᠴᠢᠮ ᠢ | ᠪᠠᠷᠢᠮᠳᠠᠯᠠᠵᠦ᠂ ᠲᠤᠭᠳᠠᠭᠰᠠᠨ ᠬᠦᠷᠢᠶ᠎ᠡ ᠬᠡᠪᠴᠢᠶᠡᠨ ᠳᠠᠬᠢ ᠪᠦᠬᠦᠶᠢᠯᠡ ᠦᠪᠡᠷ ᠢᠶᠠᠨ ᠮᠠᠯᠳᠠᠭᠰᠠᠨ ᠬᠤᠳᠳᠤᠭ ᠢ | ᠪᠢᠳᠡᠬᠦᠮᠵᠢᠯᠡᠵᠦ ᠵᠤᠭᠰᠤᠭᠠᠨ᠎ᠠ᠃ | ︵ᠭᠤᠷᠪᠠ︶ ᠴᠡᠪᠡᠷᠰᠢᠬᠦᠯᠦᠭᠰᠡᠨ ᠣᠰᠣ ᠨᠠᠪᠴᠢᠮᠠᠯ ᠣᠰᠣ ᠪᠠ ᠭᠠᠵᠠᠷ ᠤᠨ ᠭᠠᠳᠠᠷᠭᠤ ᠶᠢᠨ ᠤᠰᠤ ᠶᠢ | ᠤᠷᠢᠳᠡᠪᠡᠷ ᠬᠡᠷᠡᠭᠯᠡᠬᠦ ᠵᠠᠷᠴᠢᠮ ᠢ ᠪᠠᠷᠢᠮᠳᠠᠯᠠᠵᠦ᠂ ᠣᠰᠣ ᠬᠡᠷᠡᠭᠯᠡᠬᠦ ᠬᠡᠷᠡᠭᠴᠡᠭᠡᠳᠠᠢ ᠡᠷᠦᠭᠡ ᠶᠢ ᠬᠠᠮᠵᠢᠵᠦ᠂ ᠤᠷᠤᠯᠠᠵᠦ | ᠪᠤᠯᠬᠤ ᠣᠰᠣᠨ ᠰᠣᠷᠪᠤᠯᠵᠢ ᠶᠢ ᠡᠷᠢᠯᠬᠢᠯᠡᠨ᠎ᠡ᠃ ᠬᠡᠷᠪᠡ ᠤᠷᠤᠯᠠᠭᠤᠯᠬᠤ ᠣᠰᠣᠨ ᠰᠣᠷᠪᠤᠯᠵᠢ ᠦᠭᠡᠢ ᠪᠤᠯ᠂ | ᠬᠡᠷᠡᠭᠯᠡᠬᠦ ᠭᠠᠵᠠᠷ ᠲᠤᠤᠷᠠᠬᠢ ᠤᠰᠤᠨ ᠤ ᠨᠠᠶᠢᠳᠠᠪᠤᠷᠢᠳᠦ ᠴᠢᠨᠠᠷ᠂ ᠶᠠᠪᠤᠭᠳᠠᠵᠦ ᠪᠤᠯᠬᠤᠶᠢᠴᠠ ᠴᠢᠨᠠᠷ ᠵᠢᠴᠢ ᠤᠰᠤ | ᠭᠡᠷᠡᠭᠰᠡᠬᠦ ᠭᠠᠵᠠᠷ ᠤᠨ ᠦᠢᠷ᠎ᠠ ᠬᠠᠪᠢ ᠶᠢᠨ ᠭᠠᠵᠠᠷ ᠤᠷᠣᠨ ᠳᠤ ᠦᠵᠡᠬᠦᠯᠬᠦ ᠨᠦᠯᠦᠭᠡ ᠶᠢ ᠰᠢᠨᠵᠢᠯᠡᠬᠦ ᠤᠬᠠᠭᠠᠨᠴᠢ | ᠨᠤᠳᠠᠯᠠᠯᠳᠠ ᠬᠢᠵᠦ᠂ ᠨᠤᠳᠠᠯᠠᠯᠳᠠ ᠨᠢ ᠤᠰᠤᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠳᠠ | ᠳᠤ ᠬᠢᠷᠢ ᠲᠡᠭᠴᠡᠭᠰᠡᠨ ᠤ ᠲᠠᠷᠠᠭ᠎ᠠ᠂ ᠣᠰᠣ ᠬᠡᠷᠡᠭᠯᠡᠬᠦ ᠶᠢ ᠵᠦᠪᠰᠢᠶᠡᠷᠡᠬᠦ ᠭᠠᠷ ᠬᠦᠢᠴᠡᠳᠭᠡᠯ ᠬᠢᠵᠦ ᠪᠤᠯᠤᠨ᠎ᠠ᠃ | ᠭᠤᠷᠪᠠ᠂ ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ | ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠪᠠ ᠲᠠᠶᠠᠭᠳᠠᠭᠳᠠᠭᠰᠠᠨ ᠬᠤᠳᠳᠤᠭ ᠢ ᠵᠠᠰᠠᠨ | ᠰᠡᠯᠪᠢᠬᠦ ᠠᠵᠢᠯ ᠤᠨ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠦᠯᠦᠭᠡ ᠰᠢᠯᠢ ᠶᠢᠨ | ᠬᠤᠳᠠ ᠶᠢᠨ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠠᠵᠢᠯ ᠤᠨ ᠤᠳᠤᠷᠢᠳᠬᠤ ᠪᠠᠭ᠎ᠠ | ᠲᠤᠭᠤᠶᠢᠯᠠᠩ ᠪᠠᠶᠢᠭᠤᠯᠤᠭᠰᠠᠨ ᠪᠠᠶᠢᠨ᠎ᠠ᠃ ᠲᠤᠭᠤᠶᠢᠯᠠᠩ ᠤᠨ | ᠲᠠᠷᠤᠭ᠎ᠠ᠄ ᠲᠡᠯᠭᠡᠷᠴᠤᠭᠳᠦ ᠬᠤᠳᠠ ᠶᠢᠨ ᠲᠡᠳ᠋ ᠲᠠᠷᠤᠭ᠎ᠠ ᠲᠤᠭᠤᠶᠢᠯᠠᠩ ᠤᠨ ᠲᠡᠳ᠋ | ᠲᠠᠷᠤᠭ᠎ᠠ᠄ ᠳ᠋ᠦ᠋ ᠽᠠᠨ ᠵᠢᠶᠦ᠋ᠨ ᠬᠤᠳᠠ ᠶᠢᠨ ᠤᠢ ᠰᠢᠭᠤᠢ ᠣᠰᠣᠨ ᠠᠰᠢᠭᠯᠠᠯᠳᠠ ᠶᠢᠨ ᠲᠤᠪᠴᠢᠶ᠎ᠠ ᠶᠢᠨ | ᠲᠤᠪᠴᠢᠶᠠᠨ ᠲᠠᠷᠤᠭ᠎ᠠ | ᠲᠠᠯᠠᠨᠭᠤᠷᠪᠠ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ | ᠵᠠᠩ ᠸᠧᠢ ᠳ᠋ᠦᠡᠭ ᠬᠤᠳᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ | ᠲᠤᠪᠴᠢᠶᠠᠨ ᠲᠠᠷᠤᠭ᠎ᠠ | ᠭᠡᠰᠢᠬᠦᠨ᠄ ᠯᠢᠦ ᠳ᠋ᠦᠡᠭ ᠬᠤᠨᠭ᠌ ᠬᠤᠳᠠ ᠶᠢᠨ ᠤᠬᠠᠭᠤᠯᠬᠤ ᠬᠡᠯᠳᠡᠰ ᠤᠨ ᠲᠡᠳ᠋ ᠬᠡᠯᠳᠡᠰ ᠤᠨ ᠲᠡᠷᠤᠭ᠎ᠠ | ᠪᠣᠣ ᠴᠢ ᠯᠦᠡᠭ ᠬᠤᠳᠠ ᠶᠢᠨ ᠰᠢᠬᠦᠬᠦ ᠬᠤᠷᠢᠶᠠᠨ ᠤ ᠲᠡᠳ᠋ ᠬᠤᠷᠢᠶᠠᠨ ᠲᠠᠷᠤᠭ᠎ᠠ | ᠮᠦᠷᠡᠨ ᠬᠤᠳᠠ ᠶᠢᠨ ᠠᠮᠤᠷ ᠢ ᠬᠠᠮᠠᠭᠠᠯᠠᠬᠤ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ | ᠱᠢ ᠰᠢᠶᠤᠤ ᠳ᠋ᠦᠡᠭ ᠬᠤᠳᠠ ᠶᠢᠨ ᠤᠰᠤ ᠬᠠᠨᠭ᠍ᠭᠠᠬᠤ ᠺᠤᠮᠫᠠᠨᠢ ᠶᠢᠨ ᠲᠠᠭᠠᠭᠠᠮᠠᠯ | ᠸᠠᠩ ᠰᠢᠶᠤ ᠬᠤᠨᠭ᠌ ᠬᠤᠳᠠ ᠶᠢᠨ ᠤᠢ ᠰᠢᠭᠤᠢ ᠤᠰᠤᠨ ᠠᠰᠢᠭᠯᠠᠯᠳᠠ ᠶᠢᠨ ᠲᠤᠪᠴᠢᠶᠠᠨ ᠤ ᠲᠡᠳ᠋ | ᠲᠤᠪᠴᠢᠶᠠᠨ ᠲᠠᠷᠤᠭ᠎ᠠ | ᠤᠳᠤᠷᠢᠳᠬᠤ ᠲᠤᠭᠤᠶᠢᠯᠠᠩ ᠪᠠᠶᠢᠭᠤᠯᠵᠦ ᠠᠯᠪᠠᠨ ᠭᠡᠷ ᠲᠤᠬᠢᠷᠠᠭᠤᠯᠤᠭᠰᠠᠨ ᠪᠠᠶᠢᠨ᠎ᠠ᠂ ᠠᠯᠪᠠᠨ ᠭᠡᠷ ᠤᠨ | ᠡᠷᠬᠢᠯᠡᠭᠴᠢ᠂ ᠸᠠᠩ ᠰᠢᠶᠤᠤ ᠬᠤᠨᠭ᠌ ︵ᠬᠠᠪᠰᠤᠷᠭᠠᠨ᠎ᠠ︶᠂ ᠬᠤᠳᠠ ᠲᠤᠭᠤᠷᠢᠭ ᠤᠨ ᠦᠪᠡᠷ ᠢᠶᠠᠨ ᠮᠠᠯᠳᠠᠭᠰᠠᠨ | ᠬᠤᠳᠳᠤᠭ ᠢ ᠪᠢᠳᠡᠬᠦᠮᠵᠢᠯᠡᠬᠦ ᠪᠠ ᠲᠠᠶᠠᠭᠳᠠᠭᠳᠠᠭᠰᠠᠨ ᠬᠤᠳᠳᠤᠭ ᠢ ᠵᠠᠰᠠᠵᠦ ᠦᠭᠡᠷᠡᠴᠢᠯᠡᠬᠦ ᠡᠳᠦᠷ ᠲᠤᠳᠤᠮ ᠤᠨ | ᠠᠵᠢᠯ ᠢ ᠬᠠᠷᠢᠭᠤᠴᠠᠨ᠎ᠠ᠃ | ᠲᠦᠷᠪᠡ᠂ ᠬᠠᠷᠠᠯᠳᠠ ᠡᠬᠦᠷᠭᠡ | ︵ᠨᠢᠭᠡ︶ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠬᠠᠷᠠᠯᠳᠠ ᠡᠬᠦᠷᠭᠡ | ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠲᠤᠭᠤᠶᠢᠯᠠᠩ ᠬᠤᠳᠠ ᠲᠤᠭᠤᠷᠢᠭ ᠤᠨ ᠲᠤᠳᠤᠷ᠎ᠠ ᠬᠢ | ᠦᠪᠡᠷ ᠢᠶᠠᠨ ᠮᠠᠯᠳᠠᠭᠰᠠᠨ ᠬᠤᠳᠳᠤᠭ ᠲᠤ ᠠᠭᠠᠵᠢᠮ ᠢᠶᠠᠷ ᠲᠤᠰᠬᠠᠢ ᠲᠦᠷᠦᠯ ᠤᠨ ᠵᠠᠰᠠᠨ ᠦᠭᠡᠷᠡᠴᠢᠯᠡᠯᠳᠡ | ᠪᠢᠳᠡᠬᠦᠮᠵᠢᠯᠡᠯᠳᠡ ᠬᠢᠵᠦ᠂ ᠭᠠᠵᠠᠷ ᠲᠤᠤᠷᠠᠬᠢ ᠤᠰᠤᠨ ᠤ ᠡᠬᠢ ᠰᠤᠷᠪᠤᠯᠵᠢ ᠶᠢ ᠵᠤᠬᠢᠰᠳᠠᠢ ᠨᠡᠭᠡᠭᠡᠨ ᠬᠦᠭᠵᠢᠬᠦᠯᠬᠦ ᠶᠢ | ᠠᠬᠢᠭᠤᠯᠵᠦ᠂ ᠣᠰᠣᠨ ᠤ ᠡᠬᠢ ᠰᠣᠷᠪᠤᠯᠵᠢ ᠶᠢ ᠦᠷᠬᠦᠯᠵᠢᠯᠡᠬᠦᠶᠢᠴᠡ ᠠᠰᠢᠭᠯᠠᠯᠳᠠ ᠶᠢ ᠪᠠᠳᠤᠯᠠᠨ᠎ᠠ᠃ | 1. ᠣᠰᠣ ᠬᠡᠷᠡᠭᠯᠡᠬᠦ ᠶᠢ ᠵᠦᠪᠰᠢᠶᠡᠷᠡᠬᠦᠯᠬᠦ ᠪᠠᠶᠢᠳᠠᠯ᠃ ᠣᠰᠣ ᠬᠡᠷᠡᠭᠯᠡᠬᠦ ᠶᠢ ᠵᠦᠪᠰᠢᠶᠡᠷᠡᠬᠦ ᠭᠡᠷᠡᠴᠢ ᠪᠠᠶᠢᠬᠤ | ᠡᠰᠡᠬᠦ᠂ ᠵᠦᠪᠰᠢᠷᠠᠵᠦ ᠲᠠᠷᠬᠠᠭᠠᠭᠰᠠᠨ ᠪᠠᠶᠢᠭᠤᠯᠭ᠎ᠠ ᠨᠢᠭᠡᠴᠡ᠂ ᠴᠠᠭ ᠬᠤᠭᠤᠴᠠᠭ᠎ᠠ ᠦᠷ᠎ᠡ ᠪᠦᠳᠦᠮᠵᠢ᠂ ᠰᠢᠨ᠎ᠡ | ᠤᠰᠤ ᠬᠡᠷᠡᠭᠯᠡᠬᠦ ᠶᠢ ᠵᠦᠪᠰᠢᠶᠡᠷᠡᠬᠦ ᠭᠡᠷᠡᠴᠢ ᠦᠨᠡᠮᠯᠠᠯ ᠢ ᠰᠤᠯᠢᠵᠦ ᠲᠠᠷᠬᠠᠭᠠᠬᠤ ᠵᠢᠴᠢ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ ᠤᠨ ᠤᠰᠤᠨ ᠤ ᠡᠬᠢ ᠰᠣᠷᠪᠤᠯᠵᠢ ᠶᠢᠨ ᠨᠣᠲᠠᠯᠠᠯᠲᠠ ᠶᠢᠨ ᠪᠠᠶᠢᠳᠠᠯ ᠵᠡᠷᠭᠡ ᠶᠢ ᠴᠦᠮ ᠪᠠᠭᠳᠠᠭᠠᠨ᠎ᠠ᠃ | | 2. ᠤᠰᠤ ᠬᠡᠷᠡᠭᠯᠡᠬᠦ ᠪᠠᠶᠢᠳᠠᠯ᠃ ᠦᠪᠡᠷ ᠢᠶᠠᠨ ᠮᠠᠯᠳᠠᠭᠰᠠᠨ ᠬᠤᠳᠳᠤᠭ ᠤᠨ ᠲᠤᠭ᠎ᠠ ᠬᠡᠮᠵᠢᠶ᠎ᠡ᠂ ᠤᠰᠤ | ᠬᠡᠷᠡᠭᠯᠡᠬᠦ ᠬᠡᠮᠵᠢᠶ᠎ᠡ᠂ ᠤᠰᠤ ᠬᠡᠷᠡᠭᠯᠡᠬᠦ ᠬᠡᠷᠡᠭᠴᠡᠭᠡ᠂ ᠤᠰᠤ ᠬᠡᠷᠡᠭᠯᠡᠬᠦ ᠰᠢᠨᠵᠢ ᠴᠢᠨᠠᠷ ︵ᠠᠮᠢᠳᠤᠷᠠᠯ / ᠠᠵᠦ | ᠦᠢᠯᠡᠳᠪᠤᠷᠢ/ ᠠᠷᠠᠯᠵᠢᠶ᠎ᠠ᠂ ᠬᠤᠳᠠᠯᠳᠤᠭ᠎ᠠ︶᠂ ᠣᠰᠣ ᠬᠡᠷᠡᠭᠯᠡᠬᠦ ᠭᠠᠵᠠᠷ ᠣᠷᠣᠨ ︵ᠬᠠᠷᠢᠴᠠᠩᠭᠤᠢ ᠤᠷᠤᠨ | ᠪᠠᠶᠢᠷᠢ ᠶᠢᠨ ᠵᠢᠷᠤᠭ︶᠂ ᠤᠰᠤ ᠬᠡᠷᠡᠭᠯᠡᠬᠦ ᠬᠡᠯᠪᠡᠷᠢ ︵ᠬᠦᠨ ᠬᠤᠳᠳᠤᠭ ᠤᠨ ᠬᠦᠭᠡᠷᠭᠡ/ ᠬᠦᠶᠦᠬᠡᠨ ᠤᠰᠤᠨ | ᠬᠦᠭᠡᠷᠭᠡ︶ ᠵᠡᠷᠭᠡ︔ | 3. ᠬᠠᠮᠢᠶᠠᠷᠤᠯᠳᠠ ᠶᠢᠨ ᠪᠠᠶᠢᠳᠠᠯ᠃ ᠬᠡᠮᠵᠢᠶ᠎ᠡ ᠶᠢ ᠬᠡᠮᠵᠢᠶᠡᠯᠡᠬᠦ ᠲᠦᠬᠦᠭᠡᠷᠦᠮᠵᠢ ᠤᠭᠰᠠᠷᠠᠭᠰᠠᠨ ᠡᠰᠡᠬᠦ᠂ | ᠬᠢᠨᠠᠨ ᠡᠵᠡᠮᠰᠢᠬᠦ ᠲᠦᠬᠦᠭᠡᠷᠦᠮᠵᠢ ᠪᠠ ᠣᠰᠣ ᠠᠷᠪᠢᠯᠠᠬᠤ ᠠᠷᠭ᠎ᠠ ᠠᠪᠴᠠᠯ ᠵᠡᠷᠭᠡ︔ | ︵ᠬᠤᠶᠠᠷ︶ ᠲᠠᠶᠠᠭᠳᠠᠭᠳᠠᠭᠰᠠᠨ ᠬᠤᠳᠳᠤᠭ ᠢ ᠵᠠᠰᠠᠨ ᠦᠭᠡᠷᠡᠴᠢᠯᠡᠬᠦ ᠬᠠᠷᠠᠯᠳᠠ ᠡᠬᠦᠷᠭᠡ | ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠲᠤᠭᠤᠶᠢᠯᠠᠩ ᠪᠦᠬᠦ ᠬᠤᠳᠠ ᠶᠢᠨ ᠪᠦᠬᠦᠶᠢᠯᠡ ᠲᠠᠶᠠᠭᠳᠠᠭᠳᠠᠭᠰᠠᠨ | ᠬᠤᠳᠳᠤᠭ ᠲᠤ ᠬᠢᠨᠠᠨ ᠪᠠᠶᠢᠴᠠᠭᠠᠯᠳᠠ ᠶᠠᠪᠤᠭᠳᠠᠭᠤᠯᠵᠦ᠂ ᠡᠯ᠎ᠡ ᠪᠠᠶᠢᠭᠤᠯᠭ᠎ᠠ ᠨᠢᠭᠡᠴᠡ ᠶᠢ ᠱᠠᠯᠠᠪᠳᠠᠭᠤᠯᠤᠨ | ᠲᠠᠶᠠᠭᠳᠠᠭᠳᠠᠭᠰᠠᠨ ᠬᠤᠳᠳᠤᠭ ᠢ ᠪᠢᠳᠡᠬᠦᠮᠵᠢᠯᠡᠵᠦ ᠪᠦᠭᠯᠡᠬᠦ ᠠᠵᠢᠯ ᠢ ᠶᠠᠪᠤᠭᠳᠠᠭᠤᠯᠤᠨ᠎ᠠ᠃ | ᠲᠠᠪᠤ᠂ ᠵᠠᠰᠠᠨ ᠦᠭᠡᠷᠡᠴᠢᠯᠡᠬᠦ ᠡᠳᠡᠭᠡᠳ ᠵᠢᠴᠢ ᠠᠷᠭ᠎ᠠ ᠪᠠᠷᠢᠯ | ︵ᠨᠢᠭᠡ︶ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠠᠷᠭ᠎ᠠ ᠪᠠᠷᠢᠯ | 1. ᠲᠦᠭᠡᠭᠡᠯ ᠤᠰᠤᠨ ᠤ ᠬᠤᠭᠤᠯᠠᠢ ᠲᠤᠤᠷ ᠪᠦᠷᠬᠦᠭᠰᠡᠨ ᠬᠡᠪᠴᠢᠶᠡᠨ ᠲᠤᠳᠤᠷ᠎ᠠ ᠦᠪᠡᠷ ᠢᠶᠠᠨ ᠮᠠᠯᠳᠠᠭᠰᠠᠨ | ᠬᠤᠳᠳᠤᠭ ᠤᠨ ︽ᠣᠰᠣ ᠬᠡᠷᠡᠭᠯᠡᠬᠦ ᠦᠨᠡᠮᠯᠡᠯ︾ ᠳᠤ ᠨᠢᠭᠡᠳ ᠨᠢᠭᠡ ᠪᠠᠷ ᠬᠢᠨᠠᠨ ᠪᠠᠶᠢᠴᠠᠭᠠᠯᠳᠠ ᠬᠢᠵᠦ᠂ ᠲᠤᠭᠳᠠᠭᠠᠯ | ᠳᠤ ᠦᠯᠦ ᠨᠡᠶᠢᠴᠡᠬᠦ ᠶᠢ᠂ ᠭᠡᠷᠡᠴᠢ ᠦᠨᠡᠮᠯᠡᠯ ᠢ ᠨᠢ ᠬᠤᠷᠢᠶᠠᠨ ᠠᠪᠴᠦ᠂ ᠬᠤᠳᠳᠤᠭ ᠢ ᠪᠢᠳᠡᠬᠦᠮᠵᠢᠯᠡᠨ᠎ᠡ᠃ | 2. ᠲᠦᠭᠡᠭᠡᠯ ᠤᠰᠤᠨ ᠤ ᠬᠤᠭᠤᠯᠠᠢ ᠲᠤᠤᠷ ᠤᠨ ᠪᠦᠷᠬᠦᠴᠡ ᠶᠢᠨ ᠬᠡᠪᠴᠢᠶᠡᠨ ᠠᠴᠠ ᠭᠠᠳᠠᠨᠠᠬᠢ᠂ ︽ | ᠣᠰᠣ ᠬᠡᠷᠡᠭᠯᠡᠬᠦ ᠶᠢ ᠵᠦᠪᠰᠢᠶᠡᠷᠡᠬᠦ ᠦᠨᠡᠮᠯᠡᠯ︾ ᠪᠠᠶᠢᠬᠤ ᠦᠭᠡᠢ ᠡᠰᠡᠬᠦᠯ᠎ᠡ ᠱᠠᠭᠠᠷᠳᠠᠯᠭ᠎ᠠ ᠶᠤᠰᠤᠭᠠᠷ ᠴᠠᠭ ᠲᠤᠬᠠᠢ | ᠳᠤᠨᠢ ᠰᠢᠨ᠎ᠡ ᠤᠰᠤ ᠬᠡᠷᠡᠭᠯᠡᠬᠦ ᠶᠢ ᠵᠦᠪᠰᠢᠶᠡᠷᠡᠬᠦ ᠭᠡᠷᠡᠴᠢ ᠦᠨᠡᠮᠯᠡᠯ ᠰᠤᠯᠢᠭᠰᠡᠨ ᠦᠭᠡᠢ ᠦᠪᠡᠷ ᠢᠶᠠᠨ ᠮᠠᠯᠳᠠᠭᠰᠠᠨ | ᠬᠤᠳᠳᠤᠭ ᠢ᠂ ᠤᠷᠢᠳᠠᠪᠡᠷ ᠬᠡᠷᠡᠭᠯᠡᠬᠦ ᠶᠢ ᠵᠤᠭᠰᠤᠭᠠᠬᠤ ᠶᠢ ᠵᠠᠷᠯᠢᠭᠳᠡᠨ᠂ ᠤᠰᠤ ᠬᠡᠷᠡᠭᠯᠡᠬᠦ ᠶᠢ ᠵᠦᠪᠰᠢᠶᠡᠷᠡᠬᠦ ᠭᠠᠷ | ᠬᠦᠢᠴᠡᠳᠬᠡᠯ ᠨᠦᠬᠦᠵᠦ ᠬᠦᠢᠴᠡᠳᠭᠡᠭᠰᠡᠨ ᠤ ᠲᠠᠷᠠᠭ᠎ᠠ ᠰᠠᠶ᠋ᠢ ᠬᠡᠷᠡᠭᠯᠡᠬᠦ ᠶᠢ ᠵᠦᠪᠰᠢᠶᠡᠷᠡᠨ᠎ᠡ᠃ ᠡᠬᠦᠨ ᠤ ᠬᠠᠮᠳᠦ᠂ | ᠨᠡᠶᠢᠳᠡ ᠶᠢᠨ ᠣᠰᠣ ᠬᠠᠨᠭ᠍ᠭᠠᠬᠤ ᠬᠤᠭᠤᠯᠠᠢ ᠲᠤᠤᠷ ᠢ ᠵᠠᠯᠭᠠᠵᠦ ᠪᠦᠷᠬᠦᠬᠦᠯᠦᠭᠰᠡᠨ ᠤ ᠲᠠᠷᠠᠭ᠎ᠠ᠂ ᠲᠠᠷᠤᠢ ᠲᠦᠷᠭᠡᠨ | ᠭᠡᠷᠡᠭᠯᠡᠯᠳᠡ ᠪᠠᠨ ᠵᠤᠭᠰᠤᠭᠠᠨ᠎ᠠ᠃ | 3. ᠲᠦᠭᠡᠭᠡᠯ ᠤᠰᠤᠨ ᠤ ᠬᠤᠭᠤᠯᠠᠢ ᠲᠤᠤᠷ ᠤᠨ ᠪᠦᠷᠬᠦᠴᠡ ᠶᠢᠨ ᠬᠡᠪᠴᠢᠶᠡᠨ ᠲᠤᠳᠤᠷ᠎ᠠ᠂ | ᠨᠤᠭᠤᠭᠠᠷᠠᠭᠤᠯᠤᠯᠳᠠ ᠳᠤ ᠬᠡᠷᠡᠭᠯᠡᠬᠦ ᠤᠰᠤᠨ ᠤ ᠦᠪᠡᠷ ᠢᠶᠠᠨ ᠮᠠᠯᠳᠠᠭᠰᠠᠨ ᠬᠤᠳᠳᠤᠭ ᠢ ᠪᠦᠬᠦᠨ ᠢ ᠭᠡᠷᠡᠭᠯᠡᠬᠦ ᠶᠢ | ᠵᠤᠭᠰᠤᠭᠠᠵᠦ᠂ ᠬᠤᠳᠠ ᠶᠢᠨ ᠲᠤᠮᠳᠠᠬᠢ ᠤᠰᠤ ᠶᠢ ᠬᠡᠷᠡᠭᠯᠡᠬᠦᠯᠦᠨ᠎ᠡ᠃ | 4. ᠲᠦᠭᠡᠭᠡᠯ ᠤᠰᠤᠨ ᠤ ᠬᠤᠭᠤᠯᠠᠢ ᠲᠤᠤᠷ ᠪᠦᠷᠬᠦᠭᠰᠡᠨ ᠬᠡᠪᠴᠢᠶᠡᠨ ᠲᠤᠳᠤᠷ᠎ᠠ᠂ ᠲᠤᠯᠠᠭᠠᠯᠭ᠎ᠠ ᠬᠠᠨᠭ᠍ᠭᠠᠬᠤ | ᠡᠳᠡᠰᠢᠬᠦᠯᠵᠦ ᠦᠢᠯᠡᠳᠪᠦᠷᠢᠯᠡᠬᠦ ᠦᠢᠯᠡᠰ᠂ ᠤᠬᠢᠶᠠᠯᠭ᠎ᠠ ᠶᠢᠨ ᠭᠠᠵᠠᠷ ᠲᠡᠷᠭᠡ ᠤᠬᠢᠶᠠᠬᠤ ᠦᠢᠯᠡᠰ᠂ ᠬᠤᠭᠤᠯᠠᠨ ᠭᠡᠷ᠂ | ᠵᠤᠴᠢᠳ ᠤᠨ ᠪᠠᠭᠤᠳᠠᠯ ᠤᠨ ᠪᠠᠭᠤᠳᠠᠯ ᠤᠨ ᠦᠪᠡᠷ ᠢᠶᠠᠨ ᠮᠠᠯᠳᠠᠭᠰᠠᠨ ᠬᠤᠳᠳᠤᠭ ᠢ ᠪᠦᠬᠦᠨ ᠢ ᠬᠡᠷᠡᠭᠯᠡᠬᠦ ᠪᠠᠨ | ᠵᠤᠭᠰᠤᠭᠠᠨ᠂ ᠲᠦᠭᠡᠭᠡᠯ ᠤᠰᠤ ᠵᠠᠯᠭᠠᠵᠦ ᠭᠡᠷᠡᠭᠯᠡᠬᠦᠯᠦᠨᠡ᠃ | 5. ᠡᠷᠬᠡᠪᠰᠢ ᠦᠯᠡᠳᠡᠭᠡᠵᠦ ᠬᠡᠷᠡᠭᠯᠡᠬᠦ ᠴᠢᠬᠤᠯᠠᠲᠠᠢ ᠭᠡᠷᠡᠴᠢ ᠦᠨᠡᠮᠯᠡᠯ ᠲᠠᠢ ᠦᠪᠡᠷ ᠢᠶᠠᠨ ᠮᠠᠯᠳᠠᠭᠰᠠᠨ | ᠬᠤᠳᠳᠤᠭ ᠢ ᠲᠠᠪᠳᠠᠷᠯᠠᠨ ᠲᠡᠮᠳᠡᠭᠯᠡᠵᠦ ᠲᠠᠩᠰᠠ ᠡᠪᠬᠡᠮᠡᠯ ᠵᠤᠬᠢᠶᠠᠵᠦ᠂ ᠬᠠᠮᠢᠶᠠᠷᠤᠯᠳᠠ ᠪᠠᠨ ᠴᠢᠩᠭᠠᠳᠬᠠᠨ᠎ᠠ᠃ | ︵ᠬᠤᠶᠠᠷ︶ ᠲᠠᠶᠠᠭᠳᠠᠭᠳᠠᠭᠰᠠᠨ ᠬᠤᠳᠳᠤᠭ ᠢ ᠵᠠᠰᠠᠨ ᠦᠭᠡᠷᠡᠴᠢᠯᠡᠬᠦ ᠠᠷᠭ᠎ᠠ ᠠᠪᠴᠠᠯ | 1. ᠪᠠᠶᠢᠴᠠᠭᠠᠬᠤ ᠬᠢᠨᠠᠨ ᠬᠠᠷᠭᠤᠭᠤᠯᠤᠭᠰᠠᠨ ᠰᠠᠭᠤᠷᠢᠨ ᠲᠡᠭᠡᠷ᠎ᠡ᠂ ᠤᠤᠯ ᠤᠨ ᠤᠰᠤ ᠭᠠᠷᠭᠠᠬᠤ ᠴᠢᠳᠡᠪᠬᠢ | ᠪᠠᠨ ᠠᠯᠳᠠᠭᠰᠠᠨ ᠬᠤᠳᠳᠤᠭ᠂ ᠨᠢᠭᠡᠨᠳᠡ ᠲᠠᠶᠠᠭᠳᠠᠭᠳᠠᠭᠰᠠᠨ ᠬᠤᠳᠳᠤᠭ ᠵᠢᠴᠢ ᠬᠠᠭᠤᠷᠠᠢ ᠬᠤᠳᠳᠤᠭ ᠢ ᠬᠦᠮᠦᠨ | ᠤ ᠬᠦᠴᠦᠨ ᠢᠶᠠᠷ ᠪᠦᠭᠯᠡᠵᠦ ᠬᠠᠶᠠᠨ᠎ᠠ︔ | 2. ᠰᠢᠨ᠎ᠡ ᠪᠠᠷ ᠮᠠᠯᠳᠠᠬᠤ ᠬᠤᠳᠳᠤᠭ᠂ ᠬᠡᠷᠪᠡ ᠣᠰᠣ ᠭᠠᠷᠤᠭᠰᠠᠨ ᠦᠭᠡᠢ ᠪᠤᠯ᠂ ᠬᠡᠨ ᠤ ᠰᠢᠯᠳᠡᠭᠠᠨ | ᠠᠴᠠ ᠡᠬᠦᠰᠦᠭᠰᠡᠨ ᠪᠤᠯ ᠲᠡᠷᠡ ᠵᠠᠰᠠᠵᠦ ᠦᠭᠡᠷᠡᠴᠢᠯᠡᠬᠦ ᠵᠠᠷᠴᠢᠮ ᠶᠤᠰᠤᠭᠠᠷ᠂ ᠬᠤᠳᠳᠤᠭ ᠮᠠᠯᠳᠠᠭᠰᠠᠨ ᠪᠠᠶᠢᠭᠤᠯᠭ᠎ᠠ | ᠨᠢᠭᠡᠴᠡ ᠬᠠᠷᠢᠭᠤᠴᠠᠵᠦ ᠬᠤᠳᠳᠤᠭ ᠦᠷᠦᠮᠳᠡᠬᠦ ᠠᠩᠬᠢ ᠶᠢ ᠵᠤᠬᠢᠶᠠᠨ ᠪᠠᠶᠢᠭᠤᠯᠵᠦ ᠪᠦᠭᠯᠡᠵᠦ ᠰᠢᠳᠪᠦᠷᠢᠯᠡᠨ᠎ᠡ᠃ | ᠲᠤᠰ ᠭᠠᠵᠠᠷ ᠤᠨ ᠤᠰᠤᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤᠬᠠᠢ ᠶᠢᠨ ᠲᠠᠯᠠᠪᠤᠷ ᠲᠤ | ᠪᠠᠶᠢᠴᠠᠭᠠᠯᠳᠠ ᠬᠢᠨ᠎ᠡ᠃ | ᠵᠢᠷᠭᠤᠭ᠎ᠠ᠂ ᠬᠡᠷᠡᠭᠵᠢᠬᠦᠯᠬᠦ ᠠᠯᠬᠤᠮ ᠲᠠᠷᠠᠭ᠎ᠠ | ︵ᠨᠢᠭᠡ︶ ᠤᠬᠠᠭᠤᠯᠬᠤ | 1. ᠠᠵᠢᠯ ᠤᠨ ᠬᠤᠷᠠᠯ ᠬᠤᠷᠠᠯᠳᠤᠭᠤᠯᠵᠦ᠂ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠪᠠ | ᠲᠠᠶᠠᠭᠳᠠᠭᠳᠠᠭᠰᠠᠨ ᠬᠤᠳᠳᠤᠭ ᠢ ᠵᠠᠰᠠᠵᠦ ᠦᠭᠡᠷᠡᠴᠢᠯᠡᠬᠦ ᠠᠵᠢᠯ ᠤᠨ ᠪᠠᠶᠢᠷᠢᠯᠠᠭᠤᠯᠤᠯᠳᠠ ᠬᠢᠨ᠎ᠡ᠃ ᠦᠪᠡᠷ ᠢᠶᠠᠨ | ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠪᠠ ᠲᠠᠶᠠᠭᠳᠠᠭᠳᠠᠭᠰᠠᠨ ᠬᠤᠳᠳᠤᠭ ᠢ ᠵᠠᠰᠠᠨ ᠦᠭᠡᠷᠡᠴᠢᠯᠡᠬᠦ ᠠᠵᠢᠯ ᠢ | ᠲᠤᠰ ᠠᠵᠢᠯ ᠤᠨ ᠤᠳᠤᠷᠢᠳᠬᠤ ᠲᠤᠭᠤᠶᠢᠯᠠᠩ ᠬᠠᠷᠢᠭᠤᠴᠠᠵᠦ᠂ ᠬᠦᠮᠦᠨ ᠵᠤᠬᠢᠶᠠᠨ ᠪᠠᠶᠢᠭᠤᠯᠵᠦ᠂ ᠦᠪᠡᠷ ᠢᠶᠠᠨ | ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠪᠠ ᠲᠠᠶᠠᠭᠳᠠᠭᠳᠠᠭᠰᠠᠨ ᠬᠤᠳᠳᠤᠭ ᠢ ᠵᠠᠰᠠᠨ ᠦᠭᠡᠷᠡᠴᠢᠯᠡᠬᠦ ᠠᠵᠢᠯ ᠢ | ᠪᠤᠳᠠᠳᠠᠢ ᠪᠡᠶᠡᠯᠡᠬᠦᠯᠵᠦ᠂ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ | 2. ᠦᠷᠭᠡᠨ ᠢᠶᠠᠷ ᠤᠬᠠᠭᠤᠯᠵᠦ ᠠᠵᠢᠯᠯᠠᠬᠤ ᠠᠭᠤᠷ ᠠᠮᠢᠰᠬᠤᠯ ᠢ ᠪᠤᠢ ᠪᠤᠯᠭᠠᠨ᠎ᠠ᠃ ᠷᠠᠳᠢᠣ᠋ | ᠨᠡᠪᠳᠡᠷᠡᠬᠦᠯᠦᠯᠭᠡ᠂ ᠲᠧᠯᠸᠢᠰ ᠲᠤᠤᠷ ᠰᠦᠯᠵᠢᠶ᠎ᠡ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠵᠦ᠂ ᠵᠠᠷᠯᠠᠯ | ᠨᠡᠶᠢᠳᠡᠯᠡᠬᠦ ᠵᠡᠷᠭᠡ ᠠᠷᠭ᠎ᠠ ᠵᠠᠮ ᠢ ᠠᠰᠢᠭᠯᠠᠵᠦ᠂ ᠡᠳᠡᠭᠡᠷ ᠠᠷᠭ᠎ᠠ ᠵᠠᠮ ᠢᠶᠠᠷ ᠲᠠᠮᠵᠢᠵᠦ᠂ ᠦᠪᠡᠷ ᠢᠶᠠᠨ ᠮᠠᠯᠳᠠᠭᠰᠠᠨ | ᠬᠤᠳᠳᠤᠭ ᠢ ᠪᠢᠳᠡᠬᠦᠮᠵᠢᠯᠡᠬᠦ ᠪᠠ ᠲᠠᠶᠠᠭᠳᠠᠭᠳᠠᠭᠰᠠᠨ ᠬᠤᠳᠳᠤᠭ ᠢ ᠦᠭᠡᠷᠡᠴᠢᠯᠡᠬᠦ ᠠᠵᠢᠯ ᠤᠨ ᠴᠢᠬᠤᠯᠠ ᠴᠢᠨᠠᠷ ᠢ | ᠤᠬᠠᠭᠤᠯᠤᠨ᠎ᠠ᠃ | ︵ᠬᠤᠶᠠᠷ︶ ᠪᠠᠶᠢᠴᠠᠭᠠᠬᠤ | 1. ᠲᠦᠭᠡᠭᠡᠯ ᠤᠰᠤᠨ ᠤ ᠬᠤᠭᠤᠯᠠᠢ ᠲᠤᠤᠷ ᠪᠦᠷᠬᠦᠭᠰᠡᠨ ᠬᠡᠪᠴᠢᠶᠡᠨ ᠳᠠᠬᠢ ᠦᠪᠡᠷ ᠢᠶᠠᠨ ᠮᠠᠯᠳᠠᠭᠰᠠᠨ | ᠬᠤᠳᠳᠤᠭ ᠤᠨ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠡᠷᠦᠭᠡ | ᠲᠠᠷᠠᠭᠠᠯᠠᠨ ᠣᠰᠣ ᠬᠡᠷᠡᠭᠯᠡᠬᠦ ᠵᠦᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠵᠦ᠂ ᠲᠠᠩᠰᠠ ᠡᠪᠬᠡᠮᠡᠯ ᠵᠤᠬᠢᠶᠠᠨ᠂ | ᠰᠢᠢᠳᠪᠤᠷᠢᠯᠡᠬᠦ ᠰᠠᠨᠠᠯ ᠲᠤᠷᠠᠳᠤᠨ᠎ᠠ᠃ | 2. ᠤᠤᠯ ᠤᠨ ᠲᠠᠶᠠᠭᠳᠠᠭᠳᠠᠭᠰᠠᠨ ᠬᠤᠳᠳᠤᠭ ᠵᠢᠴᠢ ᠰᠢᠨ᠎ᠡ ᠮᠠᠯᠳᠠᠭᠰᠠᠨ ᠬᠤᠳᠳᠤᠭ ᠤᠨ ᠰᠢᠷᠬᠢᠭᠰᠡᠨ | ᠬᠤᠳᠳᠤᠭ ᠲᠤ ᠪᠠᠶᠢᠴᠠᠭᠠᠯᠳᠠ ᠲᠡᠮᠳᠡᠭᠯᠡᠯ ᠬᠢᠵᠦ᠂ ᠲᠡᠩᠰᠡ ᠡᠪᠬᠡᠮᠡᠯ ᠵᠤᠬᠢᠶᠠᠨ᠂ ᠲᠤᠰᠬᠠᠢ ᠬᠠᠷᠢᠭᠤᠴᠠᠯᠭᠠᠳᠦ | ᠬᠦᠮᠦᠨ ᠢ ᠲᠣᠳᠣᠷᠬᠠᠶᠢᠯᠠᠵᠦ᠂ ᠵᠠᠰᠠᠨ ᠦᠭᠡᠷᠡᠴᠢᠯᠡᠬᠦ ᠴᠠᠭ ᠪᠠ ᠠᠷᠭ᠎ᠠ ᠪᠠᠷᠢᠯ ᠢ ᠨᠠᠶᠢᠳᠡᠪᠤᠷᠢᠵᠢᠭᠤᠯᠤᠨᠠ᠃ | ︵ᠭᠤᠷᠪᠠ︶ ᠪᠢᠳᠡᠬᠦᠮᠵᠢᠯᠡᠬᠦ᠂ ᠵᠠᠰᠠᠨ ᠦᠭᠡᠷᠡᠴᠢᠯᠡᠬᠦ | 1. ᠲᠦᠭᠡᠭᠡᠯ ᠤᠰᠤᠨ ᠤ ᠺᠤᠮᠫᠠᠨᠢ ᠬᠤᠳᠠ ᠪᠠᠯᠭᠠᠰᠤᠨ ᠤ ᠨᠡᠶᠢᠳᠡ ᠶᠢᠨ ᠣᠰᠣ ᠬᠠᠨᠭ᠍ᠭᠠᠬᠤ ᠪᠦᠷᠬᠦᠴᠡ ᠶᠢᠨ | ᠬᠤᠭᠤᠯᠠᠢ ᠲᠤᠤᠷ ᠤᠨ ᠬᠡᠪᠴᠢᠶᠡᠨ ᠳᠠᠬᠢ ᠦᠪᠡᠷ ᠢᠶᠠᠨ ᠮᠠᠯᠳᠠᠭᠰᠠᠨ ᠬᠤᠳᠳᠤᠭ ᠤᠨ ᠬᠤᠭᠤᠯᠠᠢ ᠲᠤᠤᠷ ᠤᠨ | ᠵᠠᠯᠭᠠᠯᠳᠠ ᠶᠢᠨ ᠠᠵᠢᠯ ᠢ ᠰᠠᠶᠢᠳᠤᠷ ᠬᠢᠵᠦ᠂ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠭᠰᠡᠨ ᠤ | ᠲᠠᠷᠠᠭᠠᠬᠢ ᠣᠰᠣᠨ ᠤ ᠬᠡᠪ ᠤᠨ ᠬᠠᠨᠭ᠍ᠭᠠᠯᠭ᠎ᠠ ᠶᠢ ᠪᠠᠳᠤᠯᠠᠨ᠎ᠠ᠃ | 2. ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠩᠬᠢ ︽ᠦᠪᠡᠷ ᠢᠶᠠᠨ ᠮᠠᠯᠳᠠᠭᠰᠠᠨ ᠬᠤᠳᠳᠤᠭ ᠢ | ᠬᠤᠭᠤᠴᠠᠭ᠎ᠠ ᠬᠢᠵᠠᠭᠠᠷᠯᠠᠵᠦ ᠪᠢᠳᠡᠬᠦᠮᠵᠢᠯᠡᠬᠦ ᠮᠡᠳᠡᠭᠳᠡᠯ ᠤᠨ ᠪᠢᠴᠢᠭ︾ ᠲᠠᠷᠬᠠᠭᠠᠵᠦ᠂ ᠣᠰᠣᠨ ᠤ ᠶᠠᠪᠤᠳᠠᠯ ᠤᠨ | ᠬᠠᠤᠯᠢ ᠬᠡᠷᠡᠭᠵᠢᠬᠦᠯᠦᠭᠴᠢ ᠠᠴᠠ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠱᠠᠭᠠᠷᠳᠠᠯᠭ᠎ᠠ ᠶᠤᠰᠤᠭᠠᠷ | ᠲᠤᠰ ᠠᠵᠢᠯ ᠢ ᠦᠷᠨᠢᠬᠦᠯᠦᠨ᠎ᠡ᠂ ᠬᠡᠬᠦ ᠮᠦᠷᠳᠡᠭᠡᠨ ᠲᠠᠩᠰᠡ ᠡᠪᠬᠡᠮᠡᠯ ᠪᠠᠶᠢᠭᠤᠯᠵᠦ᠂ ᠲᠦᠷᠰᠦ ᠰᠢᠩᠭᠡᠭᠡᠯᠳᠡ | ᠮᠠᠲ᠋ᠧᠷᠢᠶᠠᠯ᠂ ᠬᠤᠳᠳᠤᠭ ᠤᠨ ᠰᠤᠯᠪᠢᠴᠠᠯ ᠤᠨ ᠪᠠᠶᠢᠷᠢ ᠲᠤᠭᠳᠠᠭᠠᠯᠳᠠ ᠵᠡᠷᠭᠡ ᠶᠢ ᠦᠯᠡᠳᠡᠭᠡᠨ᠎ᠡ᠃ | 3. ᠲᠠᠶᠠᠭᠳᠠᠭᠳᠠᠭᠰᠠᠨ ᠬᠤᠳᠳᠤᠭ ᠤᠨ ᠬᠠᠷᠢᠭᠤᠴᠠᠬᠤ ᠪᠠᠶᠢᠭᠤᠯᠭ᠎ᠠ ᠶᠢ ᠱᠠᠯᠠᠪᠳᠠᠭᠤᠯᠵᠦ᠂ ᠲᠤᠭᠳᠠᠭᠰᠠᠨ | ᠬᠤᠭᠤᠴᠠᠭᠠᠨ ᠳᠤ ᠪᠦᠭᠯᠡᠵᠦ ᠵᠠᠰᠠᠬᠤ ᠠᠵᠢᠯ ᠢ ᠲᠠᠭᠤᠰᠬᠠᠨ᠎ᠠ︔ ᠰᠢᠨ᠎ᠡ ᠮᠠᠯᠳᠠᠭᠰᠠᠨ ᠬᠠᠭᠤᠷᠠᠢ ᠬᠤᠳᠳᠤᠭ ᠢ | ᠬᠤᠳᠳᠤᠭ ᠮᠠᠯᠳᠠᠭᠰᠠᠨ ᠪᠠᠶᠢᠭᠤᠯᠭ᠎ᠠ ᠨᠢᠭᠡᠴᠡ ᠠᠴᠠ ᠪᠦᠭᠯᠡᠵᠦ ᠵᠠᠰᠠᠬᠤ ᠠᠵᠢᠯ ᠢ ᠨᠠᠶᠢᠳᠡᠪᠤᠷᠢᠵᠢᠭᠤᠯᠤᠨᠠ᠃ | ︵ᠲᠦᠷᠪᠡ︶ ᠠᠯᠪᠠᠳᠠᠨ ᠵᠠᠰᠠᠵᠦ ᠦᠭᠡᠷᠡᠴᠢᠯᠡᠬᠦ | ᠲᠤᠭᠳᠠᠭᠠᠭᠰᠠᠨ ᠴᠠᠭ ᠬᠤᠭᠤᠴᠠᠭᠠᠨ ᠳᠤ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠬᠦ ᠠᠵᠢᠯ | ᠪᠠ ᠲᠠᠶᠠᠭᠳᠠᠭᠳᠠᠭᠰᠠᠨ ᠬᠤᠳᠳᠤᠭ ᠢ ᠪᠦᠭᠯᠡᠬᠦ ᠠᠵᠢᠯ ᠢ ᠪᠡᠶᠡᠯᠡᠭᠦᠯᠦᠭᠰᠡᠨ ᠦᠭᠡᠢ ᠪᠠᠶᠢᠪᠠᠯ ᠠᠯᠪᠠᠳᠠᠯᠭ᠎ᠠ ᠶᠢᠨ | ᠴᠢᠨᠠᠷᠳᠡᠢ ᠪᠢᠳᠡᠬᠦᠮᠵᠢᠯᠡᠨ᠎ᠡ᠃ ᠬᠠᠮᠢᠶ᠎ᠠ ᠪᠦᠬᠦᠢ ᠵᠠᠷᠤᠳᠠᠯ ᠮᠦᠡᠭᠬᠦ ᠶᠢ ᠦᠪᠡᠷ ᠢᠶᠠᠨ ᠮᠠᠯᠳᠠᠭᠰᠠᠨ ᠬᠤᠳᠳᠤᠭ ᠤᠨ | ᠦᠮᠴᠢᠯᠡᠯ ᠤᠨ ᠡᠷᠭᠡᠳᠦ ᠪᠠᠶᠢᠭᠤᠯᠭ᠎ᠠ ᠪᠠ ᠬᠤᠪᠢ ᠬᠦᠮᠦᠨ ᠠᠴᠠ ᠬᠠᠷᠢᠭᠤᠴᠠᠨ᠎ᠠ᠃ | ᠲᠤᠯᠤᠭ᠎ᠠ᠂ ᠪᠠᠳᠤᠯᠠᠭ᠎ᠠ ᠠᠷᠭ᠎ᠠ ᠪᠠᠷᠢᠯ | ︵ᠨᠢᠭᠡ︶ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ᠃ ᠦᠪᠡᠷ ᠢᠶᠠᠨ ᠮᠠᠯᠳᠠᠭᠰᠠᠨ ᠬᠤᠳᠳᠤᠭ ᠢ | ᠪᠢᠳᠡᠬᠦᠮᠵᠢᠯᠡᠬᠦ ᠤᠳᠤᠷᠢᠳᠬᠤ ᠲᠣᠭᠤᠶᠢᠯᠠᠩ ᠪᠠᠶᠢᠭᠤᠯᠵᠦ᠂ ᠲᠣᠰ ᠠᠵᠢᠯ ᠤᠨ ᠠᠯᠪᠠᠯᠠᠬᠤ ᠭᠡᠷ ᠢ ᠤᠰᠤᠨ ᠤ | ᠶᠠᠪᠤᠳᠠᠯ ᠢ ᠬᠢᠨᠠᠨ ᠪᠠᠶᠢᠴᠠᠭᠠᠬᠤ ᠠᠩᠬᠢ ᠳᠤ ᠲᠤᠬᠢᠷᠠᠭᠤᠯᠵᠦ᠂ ᠦᠪᠡᠷ ᠢᠶᠠᠨ ᠮᠠᠯᠳᠠᠭᠰᠠᠨ ᠬᠤᠳᠳᠤᠭ ᠢ | ᠪᠢᠳᠡᠬᠦᠮᠵᠢᠯᠡᠬᠦ ᠵᠠᠷ ᠮᠡᠳᠡᠭᠡ ᠶᠢ ᠲᠠᠷᠣᠮᠠᠯᠯᠠᠨ ᠲᠠᠷᠬᠠᠭᠠᠬᠤ ᠠᠵᠢᠯ ᠢ ᠬᠠᠷᠢᠭᠤᠴᠠᠵᠦ᠂ ᠤᠬᠠᠭᠤᠯᠵᠦ ᠰᠤᠷᠭᠠᠨ | ᠬᠦᠮᠦᠵᠢᠬᠦᠯᠬᠦ ᠪᠠᠶᠢᠳᠠᠯ ᠢ ᠤᠶᠢᠯᠠᠭᠠᠵᠦ ᠪᠠᠶᠢᠴᠠᠭᠠᠯᠳᠠ ᠬᠢᠬᠦ᠂ ᠬᠠᠤᠯᠢ ᠶᠤᠰᠤᠭᠠᠷ ᠪᠢᠳᠡᠬᠦᠮᠵᠢᠯᠡᠬᠦ᠂ ᠬᠠᠷᠢᠭᠤ | ᠮᠡᠳᠡᠬᠦᠯᠵᠦ ᠳ᠋ᠦᠡᠭᠨᠡᠯᠳᠡ ᠬᠢᠬᠦ ᠡᠯ᠎ᠡ ᠲᠠᠯ᠎ᠠ ᠶᠢᠨ ᠠᠵᠢᠯ ᠢ ᠵᠤᠬᠢᠴᠠᠭᠤᠯᠤᠨ᠎ᠠ᠃ | ︵ᠬᠤᠶᠠᠷ︶ ᠬᠢᠨᠠᠨ ᠬᠠᠮᠢᠶᠠᠷᠠᠬᠤ ᠠᠷᠭ᠎ᠠ ᠪᠠᠷᠢᠯ᠃ ᠦᠪᠡᠷ ᠢᠶᠠᠨ ᠮᠠᠯᠳᠠᠭᠰᠠᠨ ᠬᠤᠳᠳᠤᠭ ᠢ ᠨᠢᠭᠡᠨᠳᠡ | ᠪᠢᠳᠡᠬᠦᠮᠵᠢᠯᠡᠭᠰᠡᠨ ᠤ ᠲᠠᠷᠠᠭ᠎ᠠ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠲᠤᠷ᠎ᠠ ᠲᠠᠪᠠ ᠢᠶᠠᠷ ᠢᠶᠠᠨ | ᠪᠢᠳᠡᠬᠦᠮᠵᠢᠯᠡᠯ ᠢ ᠡᠪᠳᠡᠵᠦ ᠬᠡᠷᠡᠭᠯᠡᠵᠦ ᠪᠤᠯᠬᠤ ᠦᠭᠡᠢ᠃ ᠦᠪᠡᠷ ᠢᠶᠠᠨ ᠮᠠᠯᠳᠠᠭᠰᠠᠨ ᠬᠤᠳᠳᠤᠭ ᠢ ᠪᠢᠳᠡᠬᠦᠮᠵᠢᠯᠡᠭᠰᠡᠨ | ᠤ ᠲᠠᠷᠠᠭ᠎ᠠ᠂ ᠬᠠᠮᠢᠶ᠎ᠠ ᠪᠦᠬᠦᠢ ᠴᠢᠳᠠᠪᠬᠢᠳᠦ ᠰᠠᠯᠠᠭ᠎ᠠ ᠮᠦᠴᠢᠷ ᠬᠢᠨᠡᠨ ᠪᠠᠶᠢᠴᠠᠭᠠᠯᠳᠠ ᠪᠠᠨ ᠴᠢᠩᠭᠠᠳᠬᠠᠵᠦ᠂ | ᠪᠢᠳᠡᠬᠦᠮᠵᠢᠯᠡᠭᠰᠡᠨ ᠤ ᠲᠠᠷᠠᠭᠠᠬᠢ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠦᠨᠡᠨᠬᠦ ᠴᠢᠩᠭᠠᠳᠬᠠᠨ᠎ᠠ᠃ | ᠲᠤᠷ᠎ᠠ ᠪᠠᠷ ᠢᠶᠠᠨ ᠪᠢᠳᠡᠬᠦᠮᠵᠢᠯᠡᠯ ᠢ ᠡᠪᠳᠡᠵᠦ ᠬᠤᠳᠳᠤᠭ ᠢ ᠭᠡᠷᠡᠭᠯᠡᠭᠰᠡᠨ ᠪᠠᠶᠢᠪᠠᠯ᠂ ᠬᠤᠯᠪᠤᠭᠳᠠᠯ ᠪᠦᠬᠦᠢ ᠬᠦᠮᠦᠨ | ᠤ ᠬᠠᠷᠢᠭᠤᠴᠠᠯᠭ᠎ᠠ ᠶᠢ ᠨᠡᠭᠡᠮᠵᠢᠯᠡᠨ᠎ᠡ᠃ |