ᠳ᠋ᠦ᠋ ᠵᠢᠶᠧ ᠨᠦᠬᠦᠷ ᠤᠨ ᠶᠠᠷᠢᠶ᠎ᠠ
ᠨᠡᠶᠢᠲᠡᠯᠡᠭᠰᠡᠨ ᠴᠠᠭ᠄
2017/10/11
            ᠬᠤᠷᠠᠯ ᠤᠨ ᠲᠤᠬᠢᠷᠠᠭᠤᠯᠤᠯᠳᠠ ᠶᠤᠰᠤᠭᠠᠷ᠂ ᠲᠤᠤᠷ᠎ᠠ ᠪᠢ ᠬᠤᠳᠠ᠂ ᠰᠤᠮᠤ ᠪᠠᠯᠭᠠᠰᠣᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠤᠯᠤᠨ ᠬᠤᠳᠠ ᠶᠢᠨ ᠣᠯᠣᠰ ᠲᠦᠷᠦ ᠵᠦᠪᠯᠡᠯᠭᠡᠨ ᠎ ᠤ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠬᠦ ᠲᠤᠬᠠᠢ ᠬᠡᠳᠦᠨ ᠪᠤᠳᠠᠳᠠᠢ ᠰᠠᠨᠠᠯ ᠲᠤᠷᠠᠳᠤᠶ᠎ᠠ᠃        ᠨᠢᠭᠡ᠂ ᠬᠤᠭᠤᠴᠠᠭ᠎ᠠ ᠰᠤᠯᠢᠬᠤ ᠱᠠᠭᠠᠷᠳᠠᠯᠭ᠎ᠠ ᠶᠢ ᠤᠨᠤᠪᠴᠢᠳᠠᠢ ᠠᠳᠬᠤᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠤᠯᠤᠨ ᠬᠤᠳᠠ ᠶᠢᠨ ᠨᠠᠮ ᠎ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠦᠨ᠎ᠡ᠃        ᠲᠡᠭᠡᠳᠤ ᠱᠠᠳᠤᠨ ᠤ ᠨᠠᠮ ᠤᠨ ᠬᠤᠷᠢᠶ᠎ᠠ ᠪᠤᠯᠤᠨ ᠬᠤᠳᠠ ᠶᠢᠨ ᠨᠠᠮ ᠤᠨ ᠬᠤᠷᠢᠶ᠎ᠠ ᠡᠨᠡ ᠤᠳᠠᠭᠠᠨ ᠤ ᠬᠤᠭᠤᠴᠠᠭ᠎ᠠ ᠰᠤᠯᠢᠬᠤ ᠠᠵᠢᠯ ᠢ ᠲᠡᠭᠡᠳᠦ ᠭᠡᠮᠵᠢᠶ᠎ᠠ ᠪᠠᠷ ᠬᠦᠨᠳᠤᠳᠭᠡᠨ᠂ ᠵᠠᠯᠭᠠᠪᠠᠷ ᠮᠡᠳᠡᠭᠳᠡᠯ ᠪᠠᠭᠤᠯᠭᠠᠵᠤ᠂ ᠬᠠᠮᠢᠶ᠎ᠠ ᠪᠦᠬᠦᠢ ᠬᠤᠷᠠᠯ ᠢ ᠬᠤᠷᠠᠯᠳᠤᠭᠤᠯᠤᠨ᠂ ᠬᠤᠭᠤᠴᠠᠭ᠎ᠠ ᠰᠤᠯᠢᠬᠤ ᠠᠵᠢᠯ ᠢ ᠰᠤᠳᠤᠯᠠᠵᠤ ᠪᠠᠶᠢᠷᠢᠯᠠᠭᠤᠯᠤᠭᠰᠠᠨ ᠪᠠᠶᠢᠨ᠎ᠠ᠃ 9 ᠰᠠᠷ᠎ᠠ ᠶᠢᠨ 5᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠭᠡᠰᠢᠬᠦᠨ ᠤ ᠬᠤᠷᠠᠯ ᠬᠤᠷᠠᠯᠳᠤᠭᠤᠯᠵᠤ᠂ ᠲᠡᠭᠡᠳᠦ ᠱᠠᠳᠣᠨ ᠤ ᠨᠠᠮ ᠤ ᠬᠤᠷᠢᠶᠠᠨ ᠤ ᠬᠤᠭᠤᠴᠠᠭ᠎ᠠ ᠰᠤᠯᠢᠬᠤ ᠬᠤᠷᠠᠯ ᠤᠨ ᠬᠤᠯᠪᠤᠭᠳᠠᠯ ᠪᠦᠬᠦᠢ ᠵᠤᠷᠢᠭ ᠰᠠᠨᠠᠭ᠎ᠠ ᠶᠢ ᠲᠤᠰᠬᠠᠢ ᠰᠡᠳᠤᠪ ᠢᠶᠠᠷ ᠰᠤᠷᠤᠯᠴᠠᠨ ᠤᠯᠠᠮᠵᠢᠯᠠᠵᠦ᠂ ︽ᠰᠢᠯᠢ ᠶᠢᠨ ᠬᠤᠳᠠ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠪᠤᠯᠤᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾᠎ ᠢ ᠰᠤᠳᠤᠯᠠᠨ ᠵᠦᠪᠯᠡᠵᠦ᠂ ᠡᠨᠡ ᠤᠳᠠᠭᠠᠨ ᠤ ᠬᠤᠭᠤᠴᠠᠭ᠎ᠠ ᠰᠤᠯᠢᠬᠤ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠤᠯ ᠡᠭᠦᠷᠭᠡ ᠪᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠲᠤᠭᠳᠠᠭᠠᠯ ᠢ ᠲᠤᠳᠤᠷᠬᠠᠶᠢᠯᠠᠭᠰᠠᠨ ᠪᠠᠶᠢᠨ᠎ᠠ᠂ ᠪᠦᠬᠦᠳᠡᠭᠡᠷ ᠰᠠᠶᠢᠳᠤᠷ ᠠᠳᠬᠤᠵᠤ ᠲᠤᠤᠱᠳᠠᠢ ᠨᠠᠶᠢᠳᠠᠪᠤᠷᠢᠵᠢᠭᠤᠯᠬᠤ ᠬᠡᠷᠡᠭᠳᠡᠢ᠃         ︵ᠨᠢᠭᠡ︶ ᠣᠳᠣᠷᠢᠳᠬᠤ ᠪᠠᠭ ᠤᠨ ᠲᠤᠰᠢᠶᠠᠯ ᠤᠨ ᠤᠷᠤᠨ ᠲᠤᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠨᠠᠮ ᠤᠨ ᠬᠤᠷᠢᠶ᠎ᠠ ᠠᠴᠠ᠂ ᠬᠤᠰᠢᠭᠤ ᠰᠢᠶᠠᠨ ᠬᠤᠳᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠲᠤᠰᠢᠶᠠᠯ ᠤᠨ ᠤᠷᠤᠨ ᠲᠤᠭ᠎ᠠ ᠶᠢ ᠴᠢᠩᠭ᠎ᠠ ᠡᠵᠡᠮᠳᠡᠵᠦ᠂ ᠶᠡᠷᠦᠩᠬᠡᠢ ᠳᠤᠨᠢ ᠲᠡᠭᠡᠷ᠎ᠡ ᠬᠤᠭᠤᠴᠠᠭ᠎ᠠ ᠲᠠᠢ ᠠᠳᠠᠯᠢᠬᠠᠨ ᠪᠠᠶᠢᠯᠭᠠᠬᠤ ᠭᠡᠷᠡᠭᠳᠡᠢ ᠭᠡᠵᠦ ᠲᠤᠭᠳᠠᠭᠰᠠᠨ ᠪᠠᠶᠢᠨ᠎ᠠ᠃ ᠮᠠᠨ ᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠣᠯᠣᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠎ ᠤᠨ ᠲᠤᠰᠢᠶᠠᠯ ᠤᠨ ᠤᠷᠤᠨ ᠲᠤᠭ᠎ᠠ ᠨᠢ ᠴᠦᠮ 5 ᠨᠡᠷᠡᠰ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠲᠤᠰᠢᠶᠠᠯ ᠤᠨ ᠤᠷᠤᠨ ᠲᠤᠭ᠎ᠠ ᠨᠢ 7 ᠨᠡᠷᠡᠰ᠂ ᠡᠬᠦᠨ ᠤ ᠲᠤᠮᠳᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠲᠠᠷᠤᠭ᠎ᠠ ᠨᠢ ᠵᠠᠰᠠᠭ ᠤᠨ ᠤᠷᠳᠤᠨ ᠤ ᠲᠡᠳ᠋ ᠲᠤᠰᠢᠶᠠᠯ ᠢ ᠬᠠᠪᠰᠤᠷᠭᠠᠨ ᠡᠬᠦᠷᠭᠡᠯᠡᠨ᠎ᠡ᠃ ᠡᠯ᠎ᠡ ᠰᠤᠮᠤ ᠪᠠᠯᠭᠠᠰᠤᠨ ᠤ ᠤᠳᠤᠷᠢᠳᠬᠤ ᠪᠠᠭ ᠤᠨ ᠲᠤᠰᠢᠶᠠᠯ ᠤᠨ ᠤᠷᠤᠨ ᠲᠤᠭ᠎ᠠ ᠨᠢ 10 ᠨᠡᠷᠡᠰ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠰᠬᠠᠢ ᠲᠤᠰᠢᠶᠠᠯ ᠤᠨ ᠲᠡᠷᠢᠬᠦᠯᠡᠭᠴᠢ 1 ᠨᠡᠷ᠎ᠡ ᠲᠤᠬᠢᠷᠠᠭᠤᠯᠵᠤ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠢᠱᠢᠭᠳᠡᠭᠴᠢ ᠪᠠᠷ ᠨᠡᠷ᠎ᠡ ᠲᠤᠷᠠᠳᠤᠨ᠎ᠠ︔ ᠵᠠᠰᠠᠭ ᠤᠨ ᠤᠷᠳᠤᠨ ᠤ ᠵᠢᠩᠬᠢᠨᠢ ᠲᠤᠰᠢᠶᠠᠯ 1 ᠨᠡᠷ᠎ᠡ᠂ ᠲᠡᠳ᠋ ᠲᠤᠰᠢᠶᠠᠯ 3 ᠨᠡᠷ᠎ᠡ᠃ ᠬᠤᠳᠠ᠂ ᠰᠤᠮᠤ ᠪᠠᠯᠭᠠᠰᠤᠨ ᠤ  ᠨᠠᠮ ᠵᠠᠰᠠᠭ ᠲᠤ ᠰᠤᠯᠪᠢᠴᠡᠯᠡᠨ ᠲᠤᠰᠢᠶᠠᠯ ᠡᠭᠦᠷᠭᠡᠯᠡᠬᠦ ᠨᠢ ᠶᠡᠷᠦ ᠳᠡᠭᠡᠨ 2᠎ ᠠᠴᠠ 3 ᠬᠦᠮᠦᠨ        ︵ᠬᠤᠶᠠᠷ︶ ᠲᠤᠰᠢᠶᠠᠯ ᠡᠬᠦᠷᠭᠡᠯᠡᠬᠦ ᠨᠠᠰᠤ ᠪᠤᠯᠤᠨ ᠨᠡᠷ᠎ᠡ ᠲᠤᠷᠠᠳᠬᠤ ᠨᠠᠰᠤᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠭᠳᠠᠭᠠᠯ ᠢ ᠦᠨᠳᠤᠰᠤᠯᠠᠪᠠᠯ᠂ ᠬᠤᠳᠠ ᠶᠢᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ᠂ ᠵᠠᠰᠠᠭ ᠤᠨ ᠤᠷᠳᠤᠨ᠂ ᠣᠯᠣᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ︽ᠬᠤᠶᠠᠷ ᠲᠠᠷᠤᠭ᠎ᠠ︾ ᠵᠢᠴᠢ ᠰᠤᠮᠤ ᠪᠠᠯᠭᠠᠰᠤᠨ ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠡᠬᠦᠷᠭᠡᠯᠡᠬᠦ ᠨᠠᠰᠣᠨ ᠤ ᠬᠢᠵᠠᠭᠠᠷᠯᠠᠯ ᠪᠤᠯ ᠪᠦᠬᠦᠯᠢ 60 ᠨᠠᠰᠤ᠃ ᠬᠤᠭᠤᠴᠠᠭ᠎ᠠ ᠰᠤᠯᠢᠬᠤ ᠦᠶᠡᠰ᠂ ᠬᠤᠳᠠ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠠᠰᠠᠭ ᠤᠨ ᠤᠷᠳᠤᠨ ᠪᠠ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠲᠤᠮᠳᠠᠬᠢ ᠨᠠᠮ ᠤᠨ ᠭᠡᠰᠢᠬᠦᠨ ᠪᠦᠷᠢᠯᠳᠦᠬᠦᠨ ᠵᠢᠴᠢ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ︽ᠬᠤᠶᠠᠷ ᠲᠠᠷᠤᠭ᠎ᠠ︾᠎ ᠶᠢᠨ ᠨᠠᠰᠤ ᠨᠢ ᠪᠦᠬᠦᠯᠢ 58 ᠨᠠᠰᠤ ᠵᠢᠴᠢ ᠲᠡᠬᠦᠨ ᠤ ᠲᠡᠭᠡᠭᠰᠢᠬᠢ ᠶᠡᠷᠣ ᠳᠤ ᠪᠠᠨ ᠲᠠᠬᠢᠵᠦ ᠨᠡᠷ᠎ᠡ ᠲᠤᠷᠠᠳᠬᠤ ᠦᠭᠡᠢ︔  ᠠᠳᠠᠯᠢ ᠱᠠᠳᠣ ᠪᠠᠷ ᠰᠢᠯᠵᠢᠬᠦᠯᠦᠨ ᠲᠤᠰᠢᠶᠠᠯ ᠡᠬᠦᠷᠭᠡᠯᠡᠪᠠᠯ ᠶᠡᠷᠦ ᠳᠤ ᠪᠠᠨ ᠪᠦᠬᠦᠯᠢ 3 ᠵᠢᠯ ᠠᠵᠢᠯᠯᠠᠵᠤ ᠲᠡᠶᠢᠯᠬᠦ ᠬᠡᠷᠡᠭᠲᠠᠢ︔ ᠤᠳᠤᠷᠢᠳᠬᠤ ᠪᠠᠭ ᠲᠤ ᠰᠢᠨ᠎ᠡ ᠪᠠᠷ ᠲᠡᠪᠰᠢᠬᠦᠯᠬᠦ ᠬᠦᠮᠦᠨ ᠵᠠᠷᠴᠢᠮ ᠲᠡᠭᠡᠷ᠎ᠡ ᠪᠠᠨ ᠪᠦᠬᠦᠯᠢ ᠨᠢᠭᠡ ᠬᠤᠭᠤᠴᠠᠭ᠎ᠠ ᠠᠵᠢᠯᠯᠠᠵᠤ ᠲᠡᠶᠢᠯᠬᠦ ᠬᠡᠷᠡᠭᠲᠠᠢ᠃ ᠬᠤᠲᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ ᠤ ᠤᠳᠤᠷᠢᠳᠬᠤ ᠪᠠᠭ ᠤᠨ ᠲᠤᠲᠤᠷᠠᠬᠢ ᠨᠠᠮ ᠤᠨ ᠭᠠᠳᠠᠨᠠᠬᠢ ᠺᠠᠳ᠋ᠷ ᠎ ᠤᠨ ᠲᠤᠰᠢᠶᠠᠯ ᠡᠭᠦᠷᠭᠡᠯᠡᠬᠦ ᠨᠠᠰᠤᠨ ᠤ ᠬᠢᠵᠠᠭᠠᠷᠯᠠᠯ ᠪᠠ ᠨᠡᠷ᠎ᠡ ᠲᠤᠷᠠᠳᠬᠤ ᠨᠠᠰᠤᠨ ᠤ ᠬᠢᠵᠠᠭᠠᠷᠯᠠᠯ ᠨᠢ ᠵᠠᠷᠴᠢᠮ ᠲᠡᠭᠡᠷ᠎ᠡ ᠪᠠᠨ ᠨᠠᠮ ᠤᠨ ᠭᠡᠰᠢᠬᠦᠨ ᠤ ᠲᠡᠳ᠋ ᠲᠤᠰᠢᠶᠠᠯᠲᠡᠨ ᠲᠠᠢ ᠠᠳᠠᠯᠢ᠃ ᠪᠤᠳᠠᠳᠠᠢ ᠭᠡᠷᠡᠭᠵᠢᠬᠦᠯᠬᠦ ᠲᠤᠮᠳᠠ᠂ ᠠᠬᠠᠮᠠᠳ ᠢᠳᠡᠷ ᠵᠠᠯᠠᠭᠤ ᠨᠠᠰᠣ ᠶᠢ ᠬᠠᠷᠢᠯᠴᠠᠨ ᠤᠶᠠᠯᠳᠤᠭᠤᠯᠵᠤ ᠱᠠᠳᠤᠴᠢᠯᠠᠨ ᠲᠤᠬᠢᠷᠠᠭᠤᠯᠬᠤ ᠶᠢ ᠪᠠᠷᠢᠮᠳᠠᠯᠠᠨ᠂ ᠤᠳᠤᠷᠢᠳᠬᠤ ᠪᠠᠭ ᠤᠨ ᠲᠤᠳᠤᠷ᠎ᠠ ᠠᠳᠠᠯᠢ ᠪᠤᠰᠤ ᠨᠠᠰᠤᠨ ᠤ ᠺᠠᠳ᠋ᠷ ᠢ ᠲᠤᠬᠢᠷᠠᠭᠤᠯᠬᠤ ᠳᠠᠭᠠᠨ ᠬᠠᠷᠢᠴᠠᠯ ᠢ ᠨᠢᠭᠡᠳᠦᠯᠳᠡᠢ ᠲᠦᠯᠦᠪᠯᠡᠵᠦ᠂ ᠲᠠᠩ ᠭᠠᠭᠴᠠ ᠨᠠᠰᠣ ᠪᠠᠷ ᠬᠤᠪᠢᠶᠠᠷᠢᠯᠠᠨ ᠵᠠᠭᠠᠭᠯᠠᠵᠤ ᠪᠤᠯᠬᠤ ᠦᠬᠡᠢ᠂ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠡᠬᠦᠷᠭᠡᠯᠡᠬᠦ ᠨᠠᠰᠤ ᠶᠢ ᠱᠠᠳᠣ ᠲᠠᠷᠠᠭᠠᠯᠠᠨ ᠪᠠᠭᠤᠷᠠᠭᠤᠯᠬᠤ ᠪᠠ ︽ᠨᠢᠭᠡᠯᠡ ᠪᠠᠷᠢᠮᠵᠢᠶ᠎ᠠ ᠪᠠᠷ ᠬᠢᠵᠠᠭᠠᠷᠯᠠᠵᠤ ᠪᠤᠯᠬᠤ ᠦᠬᠡᠢ︾᠃ ᠨᠠᠰᠤ ᠪᠠᠷ ᠨᠠᠯᠢᠶᠠᠳ ᠠᠬᠠᠮᠠᠳ ᠰᠢᠯᠢᠳᠡᠭ ᠺᠠᠳ᠋ᠷ ᠤᠨ ᠣᠶᠢᠯᠡᠳᠦᠯ ᠢ ᠪᠠᠳᠠᠷᠠᠭᠤᠯᠬᠤ ᠶᠢ ᠠᠩᠬᠠᠷᠤᠨ᠎ᠠ᠃        ︵ᠭᠤᠷᠪᠠ︶ ᠲᠤᠰᠬᠠᠢ ᠮᠡᠷᠭᠡᠵᠢᠯ ᠪᠠ ᠮᠡᠳᠡᠯᠭᠡ ᠶᠢᠨ ᠪᠦᠳᠦᠴᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠲᠤᠭᠤᠷᠢᠨ ᠳᠤ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠭᠤᠯᠵᠤ᠂ ᠠᠵᠢᠯ ᠤᠨ ᠪᠠᠶᠢᠳᠠᠯ ᠢ ᠦᠨᠳᠤᠰᠤᠯᠠᠨ ᠬᠦᠮᠤᠨ ᠰᠤᠩᠭᠤᠵᠤ᠂ ᠬᠦᠮᠤᠨ ᠪᠠ ᠠᠵᠢᠯ ᠤᠨ ᠪᠠᠶᠢᠷᠢ ᠲᠤᠬᠢᠷᠠᠯᠴᠠᠨ᠂ ᠰᠢᠯᠢᠳᠡᠭ ᠲᠠᠯ᠎ᠠ ᠎ ᠶᠢ ᠨᠢ ᠪᠠᠳᠠᠷᠠᠭᠤᠯᠵᠤ᠂ ᠤᠳᠤᠷᠢᠳᠬᠤ ᠪᠠᠭ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠭᠦᠯᠤᠨ᠎ᠡ᠃ ᠵᠠᠰᠠᠭ ᠤᠨ ᠤᠷᠳᠤᠨ ᠤ ᠤᠳᠤᠷᠢᠳᠬᠤ ᠲᠤᠳᠤᠷ᠎ᠠ ᠰᠢᠨ᠎ᠠ ᠬᠦᠭᠵᠢᠯᠳᠠ ᠶᠢᠨ ᠦᠵᠡᠯᠳᠠ ᠶᠢ ᠲᠣᠣᠱᠳᠠᠢ ᠨᠠᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠰᠢᠨ᠎ᠠ ᠶᠢ ᠡᠬᠦᠳᠬᠦ ᠴᠢᠳᠠᠪᠦᠷᠢ ᠲᠠᠢ ᠪᠠ ᠲᠤᠰᠬᠠᠢ  ᠮᠡᠷᠭᠡᠵᠢᠯ ᠤᠨ ᠰᠡᠳᠬᠢᠬᠦᠢ᠂ ᠲᠤᠰᠬᠠᠢ ᠮᠡᠷᠭᠡᠵᠢᠯ ᠤᠨ ᠪᠤᠯᠪᠠᠰᠤᠷᠠᠯ᠂ ᠲᠤᠰᠬᠠᠢ ᠮᠡᠷᠭᠡᠵᠢᠯ ᠤᠨ ᠠᠷᠭ᠎ᠠ ᠪᠠᠷᠢᠯ ᠲᠠᠢ ᠺᠠᠳ᠋ᠷ ᠢ ᠲᠤᠬᠢᠷᠠᠭᠤᠯᠬᠤ ᠶᠢ ᠠᠩᠬᠠᠷᠤᠨ᠎ᠠ᠂ ᠤᠨᠴᠠᠭᠠᠶᠢᠯᠠᠨ ᠤᠳᠤ ᠦᠶ᠎ᠡ ᠶᠢᠨ ᠠᠵᠤ ᠦᠢᠯᠡᠰ ᠤᠨ ᠬᠦᠭᠵᠢᠯᠲᠡ᠂ ᠨᠡᠶᠢᠭᠡᠮ ᠤᠨ ᠵᠠᠰᠠᠯᠲᠠ᠂ ᠤᠯᠡᠨ ᠨᠡᠶᠢᠲᠡ ᠶᠢᠨ ᠦᠢᠯᠡᠴᠢᠯᠡᠭᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠦᠢᠯᠠᠭᠠᠳᠠᠭ ᠺᠠᠳ᠋ᠷ ᠢ ᠭᠤᠤᠯᠳᠠᠯᠭ᠎ᠠ ᠲᠠᠢ ᠲᠤᠬᠢᠷᠠᠭᠤᠯᠤᠨ᠎ᠠ︔  ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠎ ᠤᠨ ᠲᠤᠳᠤᠷ᠎ᠠ ᠪᠦᠬᠦ ᠲᠠᠯ᠎ᠠ ᠶᠢᠨ ᠲᠠᠨᠢᠯᠳᠠ᠂ ᠬᠠᠤᠯᠢ ᠶᠢᠨ ᠤᠶᠢᠯᠠᠭᠠᠭᠳᠠᠬᠤᠨ ᠢᠶᠠᠷ ᠴᠢᠩᠭ᠎ᠠ᠂ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠺᠠᠳ᠋ᠷ ᠢ ᠲᠤᠬᠢᠷᠠᠭᠤᠯᠬᠤ ᠶᠢ ᠠᠩᠬᠠᠷᠤᠨ᠎ᠠ︔ ᠤᠯᠤᠰ ᠲᠦᠷᠤ ᠶᠢᠨ ᠵᠦᠪᠯᠡᠯᠭᠡᠨ ᠤ ᠤᠳᠤᠷᠢᠳᠬᠤ ᠪᠠᠭ ᠲᠤᠳᠤᠷ᠎ᠠ ᠲᠤᠷᠰᠢᠯᠭ᠎ᠠ ᠨᠠᠯᠢᠶᠠᠳ ᠪᠠᠶᠠᠯᠢᠭ᠂ ᠬᠠᠮᠳᠤᠷᠠᠨ ᠠᠵᠢᠯᠯᠠᠬᠤ ᠳᠠᠭᠠᠨ ᠴᠢᠳᠠᠮᠠᠭᠠᠢ᠂ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠴᠢᠳᠠᠪᠦᠷᠢ ᠴᠢᠩᠭ᠎ᠠ ᠺᠠᠳ᠋ᠷ ᠢ ᠲᠤᠬᠢᠷᠠᠭᠤᠯᠬᠤ ᠶᠢ ᠠᠩᠬᠠᠷᠤᠨ᠎ᠠ︔  ︽ᠰᠢᠬᠦᠬᠦ ᠪᠠᠶᠢᠴᠠᠭᠠᠬᠤ︾ ᠬᠤᠶᠠᠷ ᠲᠠᠷᠤᠭ᠎ᠠ ᠶᠢᠨ ᠵᠢᠱᠢᠭᠳᠡᠭᠴᠢ ᠶᠢ ᠰᠣᠩᠭᠤᠬᠤ ᠳᠤ ᠬᠤᠯᠪᠤᠭᠳᠠᠯ ᠪᠦᠬᠦᠢ ᠬᠠᠤᠯᠢ ᠴᠠᠭᠠᠵᠠ ᠳᠤ ᠲᠤᠭᠳᠠᠭᠰᠠᠨ ᠲᠤᠰᠢᠶᠠᠯ ᠡᠬᠦᠷᠭᠡᠯᠡᠬᠦ ᠬᠢᠷᠢ ᠭᠡᠮ ᠤᠨ ᠨᠦᠬᠦᠴᠡᠯ ᠳᠤ ᠨᠡᠶᠢᠴᠡᠵᠦ᠂ ᠬᠠᠤᠯᠢ ᠴᠠᠭᠠᠵᠠ ᠶᠢᠨ ᠲᠤᠰᠬᠠᠢ ᠮᠡᠳᠡᠯᠭᠡ ᠪᠡ ᠬᠠᠤᠯᠢ ᠴᠠᠭᠠᠵᠠ ᠶᠢᠨ ᠠᠵᠢᠯ ᠤᠨ ᠦᠩᠭᠡᠷᠡᠯᠳᠠ ᠲᠠᠢ ᠺᠠᠳ᠋ᠷ ᠢ ᠬᠡᠷᠡᠭᠯᠡᠬᠦ ᠶᠢ ᠪᠠᠷᠢᠮᠳᠠᠯᠠᠨ᠎ᠠ᠃ ᠰᠣᠮᠣ ᠪᠠᠯᠭᠠᠰᠤᠨ ᠤ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠰᠤᠮᠤ ᠪᠠᠯᠭᠠᠰᠤᠨ ᠤ ᠤᠳᠤᠷᠢᠳᠬᠤ ᠪᠠᠶᠢᠷᠢᠨ ᠳᠤ ᠲᠤᠰᠢᠶᠠᠯ ᠡᠬᠦᠷᠭᠡᠯᠡᠵᠦ ᠪᠠᠶᠢᠭᠰᠠᠨ ᠬᠦᠮᠦᠰ ᠤᠨ ᠲᠤᠮᠳᠠ ᠠᠴᠠ ᠤᠷᠢᠳᠡᠪᠡᠷ ᠰᠤᠩᠭᠤᠵᠦ᠂ ᠤᠳᠤ ᠦᠶ᠎ᠡ ᠶᠢᠨ ᠮᠠᠯ ᠠᠵᠤ ᠠᠬᠤᠢ᠂ ᠶᠠᠳᠠᠭᠤ ᠶᠢ ᠲᠡᠳᠬᠦᠵᠤ ᠪᠤᠭᠤᠮᠲᠠ ᠰᠢᠪᠲᠤᠯᠠᠬᠤ᠂ ᠲᠤᠰᠬᠤᠨ ᠪᠠᠯᠭᠠᠰᠤᠨ ᠤ ᠲᠦᠯᠤᠪᠵᠢᠬᠦᠯᠭᠡ᠂ ᠤᠷᠴᠢᠨ ᠲᠤᠭᠤᠷᠢᠨ ᠤ ᠵᠠᠰᠠᠯᠲᠠ ᠵᠡᠷᠭᠡ ᠲᠠᠯ᠎ᠠ ᠶᠢᠨ ᠠᠵᠢᠯ ᠢ ᠦᠢᠯᠠᠭᠠᠳᠠᠭ ᠲᠤᠰᠬᠠᠢ ᠮᠡᠷᠭᠡᠵᠢᠯ ᠤᠨ ᠴᠢᠳᠡᠪᠦᠷᠢᠳᠡᠨ ᠢ ᠰᠤᠩᠭᠤᠬᠤ ᠶᠢ ᠴᠢᠬᠤᠯᠠᠴᠢᠯᠠᠨ᠎ᠠ᠃ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠲᠤᠭᠡᠨ ᠪᠠᠶᠢᠭᠤᠯᠤᠯᠲᠠ ᠶᠢ ᠨᠢᠭᠡᠳᠤᠯᠲᠠᠢ ᠲᠦᠯᠤᠪᠯᠡᠨ ᠰᠠᠶᠢᠲᠤᠷ ᠬᠢᠵᠤ᠂ ᠰᠤᠮᠤ ᠪᠠᠯᠭᠠᠰᠤᠨ ᠤ ᠠᠵᠢᠯ ᠦᠢᠯᠡᠰ ᠤᠨ ᠤᠷᠤᠨ ᠲᠤᠭᠠᠨ ᠲᠤᠳᠤᠷᠠᠬᠢ ᠬᠦᠮᠤᠰ᠂ ᠰᠢᠯᠢᠳᠡᠭ ᠭᠠᠴᠠᠭᠠᠨ ᠤ ᠺᠠᠳ᠋ᠷ᠂ ᠤᠶᠤᠲᠡᠨ ᠭᠠᠴᠠᠭᠠᠨ ᠲᠠᠷᠤᠭ᠎ᠠ ᠶᠢᠨ ᠲᠤᠮᠳᠡ ᠠᠴᠠ ᠰᠤᠮᠤ ᠪᠠᠯᠭᠠᠰᠤᠨ  ᠤ ᠤᠳᠤᠷᠢᠳᠬᠤ ᠪᠠᠭ ᠤᠨ ᠪᠦᠷᠢᠯᠳᠤᠭᠦᠨ ᠰᠤᠩᠭᠤᠬᠤ ᠬᠦᠴᠦᠯᠠᠴᠠ ᠶᠢ ᠶᠡᠬᠡᠳᠭᠡᠨ᠂ ᠰᠤᠮᠤ ᠪᠠᠯᠭᠠᠰᠤᠨ ᠤ ᠤᠳᠤᠷᠢᠳᠬᠤ ᠪᠠᠭ ᠨᠢᠭᠡᠪᠤᠷᠢ ᠲᠤᠳᠤᠷ᠎ᠠ ᠲᠡᠭᠡᠷᠡᠬᠢ ᠭᠤᠷᠪᠡᠨ ᠲᠦᠷᠤᠯ ᠤᠨ ᠬᠦᠮᠤᠰ ᠠᠴᠠ ᠰᠢᠯᠢᠳᠡᠭ ᠢ ᠨᠢ ᠰᠤᠩᠭᠤᠵᠤ ᠨᠠᠭᠠᠲᠤ ᠵᠠᠬ᠎ᠠ ᠳᠠᠭᠠᠨ 1 ᠨᠡᠷ᠎ᠡ ᠲᠤᠬᠢᠷᠠᠭᠤᠯᠤᠨ᠎ᠠ᠃ ᠠᠵᠤ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠺᠠᠳ᠋ᠷ᠂ ᠬᠤᠲᠠ ᠶᠢᠨ  ᠰᠢᠭᠤᠳ ᠬᠠᠷᠢᠶ᠎ᠠ ᠪᠠᠶᠢᠭᠤᠯᠭ᠎ᠠ ᠠᠴᠠ ᠬᠦᠭᠵᠢᠯᠲᠡ ᠶᠢᠨ ᠨᠦᠭᠡᠴᠡ ᠬᠦᠴᠤᠨ ᠲᠠᠢ ᠵᠠᠯᠠᠭᠤ ᠺᠠᠳ᠋ᠷ ᠢ ᠰᠤᠩᠭᠤᠵᠤ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠵᠢᠱᠢᠭᠳᠡᠭᠰᠡᠳ ᠪᠤᠯᠭᠠᠬᠤ ᠶᠢ ᠠᠩᠬᠠᠷᠤᠨ᠎ᠠ᠃         ︵ᠲᠦᠷᠪᠡ︶ ᠵᠠᠯᠠᠭᠤ ᠺᠠᠳ᠋ᠷ ᠪᠠ ᠡᠮᠡᠭᠳᠡᠢ ᠺᠠᠳ᠋ᠷ᠂ ᠴᠦᠭᠡᠨ ᠲᠤᠭᠠᠳᠤ ᠦᠨᠳᠦᠰᠦᠳᠡᠨ ᠤ ᠺᠠᠳ᠋ᠷ᠂ ᠨᠠᠮ ᠎ ᠤᠨ ᠭᠠᠳᠠᠨᠠᠬᠢ ᠺᠠᠳ᠋ᠷ ᠢ ᠲᠤᠬᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠯᠠᠭᠤ ᠺᠠᠳ᠋ᠷ ᠲᠤᠬᠢᠷᠠᠭᠤᠯᠬᠤ ᠲᠠᠯ᠎ᠠ ᠪᠠᠷ᠂ ᠬᠤᠲᠠ ᠶᠢᠨ ᠨᠠᠮ ᠵᠠᠰᠠᠭ  ᠤᠨ ᠤᠳᠤᠷᠢᠳᠬᠤ ᠪᠠᠭ ᠤᠨ ᠲᠤᠳᠤᠷ᠎ᠠ 40 ᠨᠠᠰᠤᠨ  ᠤ ᠤᠷᠴᠢᠮ ᠤᠨ ᠺᠠᠳ᠋ᠷ ᠢ ᠲᠤᠬᠢᠷᠠᠭᠤᠯᠬᠤ ᠳᠠᠭᠠᠨ ᠶᠡᠷᠦᠩᠬᠡᠢ ᠳᠡᠭᠡᠨ ᠵᠤᠬᠢᠴᠠᠭᠰᠠᠨ ᠲᠠᠰ ᠱᠠᠳᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠤᠭᠦᠨ  ᠤ ᠶᠡᠷᠤᠩᠬᠡᠢ ᠲᠤᠭᠠᠨ ᠤ ᠲᠠᠪᠤᠨ ᠤ ᠨᠢᠭᠡ ᠶᠢᠨ ᠬᠠᠷᠢᠴᠠᠯ ᠢᠶᠠᠷ ᠲᠤᠬᠢᠷᠠᠭᠤᠯᠵᠤ᠂ ᠪᠦᠬᠦ ᠠᠶᠢᠮᠠᠭ ᠤᠨ ᠬᠡᠪᠴᠢᠶᠠᠨ ᠳᠤ ᠨᠢᠭᠡᠳᠤᠯᠲᠠᠢ ᠪᠤᠳᠤᠯᠬᠢᠯᠡᠨ᠂ ᠶᠡᠷᠤᠩᠭᠡᠢ ᠲᠤᠭ᠎ᠠ ᠶᠢ ᠲᠤᠬᠢᠷᠠᠭᠤᠯᠤᠨ ᠡᠵᠡᠮᠳᠡᠵᠤ᠂ ᠤᠳᠤᠷᠢᠳᠬᠤ ᠪᠠᠭ ᠨᠢᠭᠡᠪᠦᠷᠢ ᠳᠤ ᠵᠠᠪᠠᠯ ᠲᠤᠬᠢᠷᠠᠭᠤᠯᠬᠤ ᠪᠢᠰᠢ᠃ ᠰᠤᠮᠤ ᠪᠠᠯᠭᠠᠰᠤᠨ ᠎ ᠤ ᠨᠠᠮ ᠵᠠᠰᠠᠭ ᠤᠨ ᠤᠳᠤᠷᠢᠳᠬᠤ ᠪᠠᠭ ᠤᠨ ᠲᠤᠲᠤᠷ᠎ᠠ 35 ᠨᠠᠰᠤᠨ ᠤ ᠤᠷᠴᠢᠮ ᠤᠨ ᠺᠠᠳ᠋ᠷ  ᠢ ᠲᠤᠬᠢᠷᠠᠭᠤᠯᠬᠤ  ᠶᠢ ᠠᠩᠬᠠᠷᠤᠨ᠎ᠠ᠃ ᠡᠮᠡᠭᠲᠠᠢ ᠺᠠᠳ᠋ᠷ ᠢ ᠲᠤᠬᠢᠷᠠᠭᠤᠯᠬᠤ ᠲᠠᠯ᠎ᠠ ᠪᠠᠷ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠪᠠᠭ ᠲᠤ ᠬᠠᠮᠤᠭ ᠴᠦᠬᠡᠨ ᠳᠡᠭᠡᠨ 1 ᠨᠡᠷ᠎ᠡ ᠡᠮᠡᠭᠲᠠᠢ ᠺᠠᠳ᠋ᠷ ᠲᠤᠬᠢᠷᠠᠭᠤᠯᠵᠤ᠂ ᠰᠤᠯᠢᠪᠴᠡᠯᠠᠨ ᠲᠤᠰᠢᠶᠠᠯ ᠡᠭᠦᠷᠭᠡᠯᠡᠭᠰᠡᠳ ᠢ ᠲᠠᠪᠳᠠᠨ ᠪᠤᠳᠤᠬᠤ ᠦᠭᠡᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠠᠭ ᠲᠤ ᠡᠮᠡᠭᠳᠡᠢ ᠺᠠᠳ᠋ᠷ ᠢ ᠲᠤᠬᠢᠷᠠᠭᠤᠯᠬᠤ ᠲᠠᠯ᠎ᠠ ᠪᠠᠷ ᠲᠤᠳᠤᠷᠬᠠᠢ  ᠱᠠᠭᠠᠷᠳᠠᠯᠭ᠎ᠠ ᠪᠠᠶᠢᠬᠤ ᠦᠬᠡᠢ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠲᠤᠳᠤᠷ᠎ᠠ ᠡᠮᠡᠭᠲᠠᠢ ᠺᠠᠳ᠋ᠷ ᠤᠨ ᠲᠤᠭ᠎ᠠ ᠨᠢ ᠲᠡᠭᠡᠷ᠎ᠡ ᠬᠤᠭᠤᠴᠠᠭ᠎ᠠ ᠠᠴᠠ ᠵᠤᠬᠢᠬᠤ ᠨᠡᠮᠡᠭᠳᠡᠯ ᠲᠠᠢ ᠪᠠᠶᠢᠬᠤ ᠬᠡᠷᠡᠭᠲᠠᠢ᠃ ᠴᠦᠬᠡᠨ ᠲᠤᠭᠠᠲᠤ ᠦᠨᠳᠤᠰᠤᠲᠡᠨ ᠤ ᠺᠠᠳ᠋ᠷ ᠢ ᠲᠤᠬᠢᠷᠠᠭᠤᠯᠬᠤ ᠲᠠᠯ᠎ᠠ ᠪᠠᠷ᠂ ᠬᠠᠮᠢᠶ᠎ᠠ ᠪᠦᠬᠦᠢ ᠬᠠᠤᠯᠢ ᠴᠠᠭᠠᠵᠠ ᠪᠠ ᠪᠤᠲᠠᠲᠠᠢ ᠱᠠᠭᠠᠷᠳᠠᠯᠭ᠎ᠠ  ᠪᠠᠨ ᠦᠨᠳᠤᠰᠤᠯᠡᠵᠤ᠂ ᠴᠦᠬᠡᠨ ᠲᠤᠭᠠᠲᠤ ᠦᠨᠳᠤᠰᠤᠲᠡᠨ ᠤ ᠺᠠᠳ᠋ᠷ ᠢ ᠰᠤᠩᠭᠤᠨ ᠲᠤᠬᠢᠷᠠᠭᠤᠯᠤᠨ᠎ᠠ᠃ ᠨᠠᠮ ᠤᠨ ᠭᠠᠳᠠᠨᠠᠬᠢ ᠺᠠᠳ᠋ᠷ ᠢ ᠲᠤᠬᠢᠷᠠᠭᠤᠯᠬᠤ ᠲᠠᠯ᠎ᠠ ᠪᠠᠷ᠂ ᠬᠤᠲᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠤᠳᠤᠷᠢᠳᠬᠤ ᠪᠠᠭ ᠤᠨ ᠲᠤᠲᠤᠷ᠎ᠠ ᠵᠤᠬᠢᠬᠤ ᠲᠤᠭᠠᠨ ᠤ ᠨᠠᠮ ᠤᠨ ᠭᠠᠳᠠᠨᠠᠬᠢ ᠺᠠᠳ᠋ᠷ ᠰᠤᠩᠭᠤᠨ ᠲᠤᠬᠢᠷᠠᠭᠤᠯᠵᠤ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠪᠠᠭ ᠨᠢ ᠪᠤᠲᠠᠲᠠᠢ ᠪᠠᠶᠢᠳᠠᠯ ᠠᠴᠠ ᠡᠬᠦᠰᠴᠤ ᠨᠠᠮ  ᠤᠨ ᠭᠠᠳᠠᠨᠠᠬᠢ ᠺᠠᠳ᠋ᠷ ᠢ ᠲᠤᠬᠢᠷᠠᠭᠤᠯᠤᠨ᠂ ᠤᠯᠤᠰ ᠲᠦᠷᠤ ᠶᠢᠨ ᠵᠦᠪᠯᠡᠯᠭᠡᠨ ᠤ ᠤᠳᠤᠷᠢᠳᠬᠤ ᠪᠠᠭ ᠤᠨ ᠲᠤᠲᠤᠷ᠎ᠠ ᠨᠠᠮ ᠤᠨ ᠭᠠᠳᠠᠨᠠᠬᠢ ᠲᠡᠳ᠋ ᠲᠡᠷᠢᠭᠦᠯᠡᠭᠴᠢ ᠨᠢ 50%᠎ ᠠᠴᠠ ᠴᠦᠬᠡᠨ ᠪᠠᠶᠢᠵᠤ ᠪᠤᠯᠬᠤ ᠦᠬᠡᠢ᠂  ᠠᠷᠠᠳ ᠎ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠤᠨ ᠲᠡᠳ᠋ ᠲᠤᠰᠢᠶᠠᠯᠲᠠᠨ ᠢ ᠲᠤᠬᠢᠷᠠᠭᠤᠯᠬᠤ ᠳᠠᠭᠠᠨ ᠲᠤᠰᠢᠶᠠᠯ ᠡᠭᠦᠷᠭᠡᠯᠡᠬᠦ ᠨᠦᠬᠦᠴᠡᠯ ᠳᠤ ᠨᠡᠶᠢᠴᠡᠬᠦ ᠨᠠᠮ ᠤᠨ ᠭᠠᠳᠠᠨᠠᠬᠢ ᠺᠠᠳ᠋ᠷ ᠢ ᠲᠤᠬᠢᠷᠠᠭᠤᠯᠬᠤ ᠶᠢ ᠠᠩᠬᠠᠷᠤᠨ᠎ᠠ᠃ ᠡᠬᠦᠨ ᠤ ᠬᠠᠮᠳᠣ᠂ ᠤᠳᠤᠷᠢᠳᠬᠤ ᠪᠠᠭ ᠤᠨ ᠪᠦᠳᠦᠭᠡᠨ ᠪᠠᠶᠢᠭᠤᠯᠤᠯᠳᠠ ᠶᠢᠨ ᠪᠤᠳᠠᠳᠤ ᠱᠠᠭᠠᠷᠳᠠᠯᠭ᠎ᠠ ᠠᠴᠠ ᠡᠬᠦᠰᠴᠦ᠂ ᠵᠠᠯᠠᠭᠤ ᠺᠠᠳ᠋ᠷ᠂ ᠡᠮᠡᠭᠲᠠᠢ ᠺᠠᠳ᠋ᠷ᠂ ᠴᠦᠬᠡᠨ ᠲᠤᠭᠠᠲᠤ ᠦᠨᠳᠤᠰᠤᠲᠡᠨ ᠤ ᠺᠠᠳ᠋ᠷ ᠂ ᠨᠠᠮ ᠤᠨ ᠭᠠᠳᠠᠨᠠᠬᠢ ᠺᠠᠳ᠋ᠷ ᠵᠢᠴᠢ ᠪᠤᠰᠤᠳ ᠺᠠᠳ᠋ᠷ ᠢ ᠰᠤᠩᠭᠤᠵᠤ ᠬᠡᠷᠡᠭᠯᠡᠬᠦ ᠶᠢ ᠶᠡᠷᠦᠩᠬᠡᠢ ᠳᠤᠨᠢ ᠪᠤᠳᠤᠯᠬᠢᠯᠡᠵᠦ᠂ ᠴᠢᠨᠠᠷ ᠴᠢᠨᠰᠠᠭ᠎ᠠ ᠶᠢ ᠪᠠᠲᠤᠯᠠᠭᠰᠡᠨ ᠤᠷᠢᠳᠡᠯ ᠲᠤᠤᠷ᠎ᠠ ᠲᠤᠬᠢᠷᠠᠭᠤᠯᠬᠤ ᠴᠢᠬᠤᠯᠠᠳᠠᠢ ᠶᠢ ᠨᠢ ᠴᠢᠳᠠᠬᠤ ᠶᠢᠨ ᠬᠢᠷᠢ ᠪᠠᠷ ᠬᠦᠢᠴᠡᠳ ᠲᠤᠬᠢᠷᠠᠭᠤᠯᠤᠨ᠎ᠠ︔ ᠦᠨᠡᠬᠡᠷ ᠬᠦᠢᠴᠡᠳ ᠲᠤᠬᠢᠷᠠᠭᠤᠯᠵᠤ ᠲᠠᠶᠢᠯᠬᠦ ᠦᠭᠡᠢ ᠪᠤᠯ᠂ ᠤᠷᠤᠨ ᠲᠤᠭ᠎ᠠ ᠶᠢ ᠨᠢ ᠦᠯᠡᠳᠡᠭᠡᠵᠤ ᠬᠤᠭᠤᠴᠠᠭ᠎ᠠ ᠲᠤᠮᠳᠠ ᠨᠦᠬᠦᠪᠤᠷᠢᠯᠡᠵᠤ ᠪᠤᠯᠤᠨ᠎ᠠ᠂ ᠭᠡᠪᠡᠴᠦ ᠠᠳᠠᠯᠢ ᠨᠢᠭᠡ ᠪᠠᠭ ᠤᠨ ᠲᠤᠳᠤᠷᠠᠬᠢ  ᠬᠤᠭᠤᠰᠤᠨ ᠤᠷᠤᠨ ᠲᠤᠭ᠎ᠠ ᠨᠢ ᠶᠠᠷᠤ ᠳᠡᠭᠡᠨ 1᠎ ᠠᠴᠠ ᠭᠡᠳᠦᠷᠡᠵᠦ ᠪᠤᠯᠬᠤ ᠦᠬᠡᠢ᠃          ᠬᠤᠶᠠᠷ᠂ ᠭᠤᠤᠯᠳᠠᠯᠭᠠᠳᠤ ᠠᠵᠢᠯ ᠢ ᠲᠤᠪᠤᠶᠢᠮ᠎ᠠ ᠰᠠᠶᠢᠳᠦᠷ ᠠᠳᠬᠤᠵᠤ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠪᠦᠬᠦ ᠠᠵᠢᠯ ᠲᠦᠷᠦᠯ ᠤᠨ ᠡᠬᠦᠷᠭᠡ ᠶᠢ ᠲᠤᠤᠱᠳᠠᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃        ᠡᠨᠡ ᠤᠳᠠᠭᠠᠨ ᠤ ᠬᠤᠷᠠᠯ ᠤᠨ ᠲᠠᠷᠠᠭ᠎ᠠ᠂ ᠬᠤᠭᠤᠴᠠᠭ᠎ᠠ ᠰᠤᠯᠢᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠎ᠡ᠃ ᠰᠤᠮᠤ ᠪᠠᠯᠭᠠᠰᠤ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠰᠤᠩᠭᠤᠬᠤ ᠠᠵᠢᠯ ᠨᠢ 2017 ᠤᠨ ᠤ 9 ᠰᠠᠷ᠎ᠠ  — 11 ᠰᠠᠷ᠎ᠠ ᠶᠢᠨ ᠰᠡᠬᠦᠯᠴᠢ ᠬᠦᠷᠲᠡᠯ᠎ᠡ ᠶᠠᠪᠤᠭᠳᠠᠨ᠎ᠠ᠃ ᠡᠬᠦᠨ ᠳᠤ᠂ ᠰᠤᠮᠤ ᠪᠠᠯᠭᠠᠰᠤᠨ ᠤ ᠬᠢ 11 ᠰᠠᠷᠠᠶᠢᠨ 20᠎ ᠤ ᠡᠳᠦᠷ ᠠᠴᠠ ᠡᠮᠦᠨ᠎ᠠ ᠰᠢᠨ᠎ᠠ ᠨᠢᠬᠡ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠤᠳᠤᠷᠢᠳᠬᠤ ᠪᠠᠭ ᠎ ᠢ ᠰᠤᠩᠭᠤᠨ ᠲᠤᠳᠤᠷᠠᠭᠤᠯᠤᠨ᠎ᠠ︔  ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠵᠢᠴᠢ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ︽ᠬᠤᠶᠠᠷ ᠲᠠᠷᠤᠭ᠎ᠠ︾ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢ 2018 ᠤᠨ ᠤ 1 ᠰᠠᠷᠠᠶᠢᠨ 10᠎ ᠤ ᠡᠳᠦᠷ ᠠᠴᠠ ᠡᠮᠦᠨ᠎ᠠ ᠰᠤᠩᠭᠤᠨ ᠲᠤᠳᠤᠷᠠᠭᠤᠯᠤᠨ᠎ᠠ᠃ ᠡᠨᠡ ᠲᠠᠯ᠎ᠠ ᠪᠠᠷ ᠪᠢ ᠭᠡᠳᠦᠨ  ᠵᠠᠩᠬᠢᠯᠭ᠎ᠠ ᠶᠢᠨ ᠠᠵᠢᠯ ᠢ ᠭᠤᠤᠯᠳᠠᠯᠭ᠎ᠠ ᠲᠠᠢ ᠲᠤᠷᠠᠳᠤᠶ᠎ᠠ᠃          ︵ᠨᠢᠭᠡ︶ ᠺᠠᠳ᠋ᠷ ᠢ ᠰᠢᠯᠭᠠᠨ ᠪᠠᠶᠢᠴᠠᠭᠠᠬᠤ ᠠᠵᠢᠯ ᠢ ᠦᠨᠡᠨᠬᠦ ᠰᠠᠶᠢᠳᠦᠷ ᠬᠢᠨ᠎ᠠ᠃ ᠨᠢᠭᠡ ᠳᠤ᠂ ᠠᠷᠠᠳᠴᠢᠯᠠᠯ ᠢᠶᠠᠷ ᠲᠠᠨᠢᠯᠴᠠᠭᠤᠯᠬᠤ ᠠᠷᠭ᠎ᠠ ᠬᠡᠯᠪᠡᠷᠢ ᠶᠢ ᠰᠠᠶᠢᠵᠢᠷᠠᠭᠤᠯᠤᠨ᠎ᠠ᠃ ᠠᠷᠠᠳᠴᠢᠯᠠᠯ ᠢᠶᠠᠷ ᠲᠠᠨᠢᠯᠴᠠᠭᠤᠯᠬᠤ ᠎ ᠳᠠᠭᠠᠨ ᠰᠣᠮᠣ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ ᠤ ᠤᠳᠤᠷᠢᠳᠬᠤ ᠪᠠᠭ ᠤᠨ ᠲᠤᠰᠢᠶᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ ᠪᠦᠬᠦ ᠤᠷᠤᠨ ᠲᠤᠭ᠎ᠠ ᠪᠠᠷ ᠬᠠᠨᠳᠤᠯᠠᠭ᠎ᠠ ᠲᠠᠢ ᠪᠠᠷ ᠲᠠᠨᠢᠯᠴᠠᠭᠤᠯᠵᠤ᠂ ᠤᠷᠢᠳᠠᠪᠠᠷ ᠬᠤᠪᠢ ᠬᠦᠮᠤᠨ ᠲᠠᠢ ᠨᠢ ᠨᠢᠭᠤᠷᠳᠡᠨ ᠶᠠᠷᠢᠯᠴᠠᠵᠤ ᠲᠠᠨᠢᠯᠴᠠᠭᠤᠯᠤᠨ᠂ ᠲᠠᠷᠠᠭ᠎ᠠ ᠳᠤᠨᠢ ᠬᠤᠷᠠᠯ ᠢᠶᠠᠷ ᠲᠠᠨᠢᠯᠴᠠᠭᠤᠯᠬᠤ ᠠᠷᠭ᠎ᠠ ᠶᠢ ᠬᠡᠷᠡᠭᠵᠢᠬᠦᠯᠦᠨ᠎ᠡ᠃ ᠨᠢᠭᠤᠷᠳᠠᠨ ᠶᠠᠷᠢᠯᠴᠠᠵᠤ ᠲᠠᠨᠢᠯᠴᠠᠭᠤᠯᠬᠤ ᠳᠠᠭᠠᠨ᠂ ᠰᠢᠯᠭᠠᠨ ᠪᠠᠶᠢᠴᠠᠭᠠᠬᠤ ᠠᠵᠢᠯ ᠤᠨ ᠱᠠᠭᠠᠷᠳᠠᠯᠭ᠎ᠠ᠂ ᠠᠵᠢᠯ ᠤᠨ ᠠᠬᠢᠴᠠ ᠵᠡᠷᠭᠡ ᠪᠠᠶᠢᠳᠠᠯ ᠢ ᠶᠡᠷᠦᠩᠬᠡᠢ ᠪᠤᠳᠤᠯᠬᠢᠯᠠᠨ ᠪᠠᠶᠢᠴᠠᠭᠠᠵᠤ᠂ ᠦᠨᠡᠨᠬᠦ ᠪᠠᠶᠢᠳᠠᠯ ᠤᠶᠢᠯᠠᠭᠠᠳᠠᠭ ᠬᠦᠮᠦᠰ ᠢ ᠨᠢᠭᠤᠷᠳᠡᠨ ᠶᠠᠷᠢᠯᠴᠠᠭᠰᠡᠳ ᠳᠤ ᠤᠷᠤᠭᠤᠯᠤᠨ᠂ ᠨᠢᠭᠤᠷᠳᠡᠨ ᠶᠠᠷᠢᠯᠴᠠᠵᠤ ᠲᠠᠨᠢᠯᠴᠠᠭᠤᠯᠬᠤ ᠬᠦᠮᠦᠨ ᠤ ᠬᠡᠪᠴᠢᠶ᠎ᠡ ᠶᠢ ᠵᠤᠬᠢᠰᠲᠠᠢ ᠦᠷᠭᠡᠳᠭᠡᠵᠤ ᠪᠤᠯᠤᠨ᠎ᠠ᠃ ᠨᠢᠭᠤᠷᠳᠡᠨ ᠶᠠᠷᠢᠯᠴᠠᠵᠤ ᠲᠠᠨᠢᠯᠴᠠᠭᠤᠯᠬᠤ ᠪᠠ ᠵᠢᠱᠢᠭᠳᠡᠭᠰᠡᠳ ᠤᠨ ᠨᠦᠬᠦᠴᠡᠯ᠂ ᠪᠠᠭ ᠤᠨ ᠪᠦᠲᠤᠴᠡ ᠵᠡᠷᠭᠡ ᠪᠠᠶᠢᠳᠠᠯ ᠢ ᠶᠡᠷᠤᠩᠬᠡᠶᠢᠯᠡᠨ ᠪᠤᠳᠤᠯᠬᠢᠯᠠᠵᠤ᠂ ᠰᠢᠯᠭᠠᠨ ᠪᠠᠶᠢᠴᠠᠭᠠᠬᠤ ᠲᠤᠭᠤᠶᠢᠯᠠᠩ ᠨᠢ ᠠᠳᠠᠯᠢ ᠱᠠᠲᠤᠨ ᠤ ᠨᠠᠮ ᠤᠨ ᠬᠤᠷᠢᠶ᠎ᠠ ᠲᠠᠢ ᠶᠠᠷᠢᠯᠴᠠᠨ ᠰᠤᠳᠤᠯᠠᠵᠤ᠂ ᠵᠤᠬᠢᠬᠤ ᠵᠦᠷᠢᠶᠠᠲᠤ ᠲᠤᠭᠠᠨ ᠤ ᠬᠠᠷᠢᠴᠠᠯ ᠺᠠᠳ᠋ᠷ ᠤᠨ ᠪᠦᠳᠦᠴᠡ ᠪᠠ ᠲᠤᠬᠢᠷᠠᠭᠤᠯᠬᠤ ᠱᠠᠭᠠᠷᠳᠠᠯᠭ᠎ᠠ ᠶᠢ ᠶᠠᠷᠦᠩᠬᠡᠢ ᠳᠤᠨᠢ ᠪᠤᠳᠤᠯᠬᠢᠯᠠᠭᠰᠠᠨ ᠰᠠᠭᠤᠷᠢᠨ ᠲᠡᠭᠡᠷ᠎ᠡ ᠬᠤᠷᠠᠯ ᠠᠴᠠ ᠲᠠᠨᠢᠯᠴᠠᠭᠤᠯᠬᠤ ᠨᠡᠷᠡᠰ ᠢ ᠠᠩᠬ᠎ᠠ ᠠᠯᠬᠤᠮ ᠲᠤᠷᠠᠳᠤᠨ ᠭᠠᠷᠭᠠᠵᠤ᠂ ᠲᠡᠭᠡᠲᠤ ᠱᠠᠲᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠵᠦᠪᠰᠢᠶᠠᠷᠡᠭᠰᠡᠨ ᠤ ᠲᠠᠷᠠᠭ᠎ᠠ᠂ ᠨᠠᠮ ᠤᠨ ᠬᠤᠷᠢᠶᠠᠨ ᠤ ᠪᠦᠬᠦ ᠬᠡᠰᠢᠭᠦᠳ ︵ᠦᠷᠭᠡᠳᠭᠡᠭᠰᠡᠨ︶᠎ ᠤᠨ ᠬᠤᠷᠠᠯ ᠤᠨ ᠬᠡᠪᠴᠢᠶᠠᠨ ᠳᠤ ᠲᠠᠨᠢᠯᠴᠠᠭᠤᠯᠤᠨ᠎ᠠ᠃ ᠠᠷᠠᠳᠴᠢᠯᠠᠯ ᠢᠶᠠᠷ ᠲᠠᠨᠢᠯᠴᠠᠭᠤᠯᠬᠤ ᠦᠷ᠎ᠡ ᠳ᠋ᠦᠡᠭ ᠢ ᠰᠢᠯᠭᠠᠨ ᠪᠠᠶᠢᠴᠠᠭᠠᠭᠳᠠᠭᠰᠡᠳ ᠢ ᠲᠤᠭᠲᠠᠭᠠᠬᠤ ᠴᠢᠬᠤᠯᠡ ᠯᠡᠪᠯᠡᠯᠲᠡ ᠪᠤᠯᠭᠠᠵᠤ᠂ ᠭᠠᠭᠴᠠᠬᠦ ᠪᠢᠯᠧᠲ ᠶᠢᠨ ᠲᠤᠭ᠎ᠠ ᠪᠠᠷ ᠲᠤᠭᠳᠠᠭᠠᠬᠤ ᠠᠴᠠ ᠰᠡᠷᠭᠡᠶᠢᠯᠡᠨ᠎ᠡ᠃       ᠬᠤᠶᠠᠷ ᠲᠤ ᠲᠠᠨᠢᠯᠴᠠᠭᠤᠯᠵᠤ ᠰᠢᠯᠭᠠᠨ ᠪᠠᠶᠢᠴᠠᠭᠠᠬᠤ ᠶᠠᠰᠤ ᠴᠢᠨᠠᠷ ᠢ ᠲᠡᠭᠡᠭᠰᠢᠯᠡᠭᠦᠯᠤᠨ᠎ᠡ᠃ ᠰᠢᠯᠭᠠᠨ ᠪᠠᠶᠢᠴᠠᠭᠠᠯᠳᠠ ᠶᠢᠨ ᠪᠠᠶᠢᠳᠠᠯ ᠢ ᠨᠡᠪᠳᠡᠷᠬᠡᠢ ᠤᠶᠢᠯᠠᠭᠠᠬᠤ ᠪᠠ ᠬᠢᠨᠠᠨ ᠪᠠᠶᠢᠴᠠᠭᠠᠯᠳᠠ ᠬᠢᠬᠦ ᠴᠢᠳᠠᠪᠬᠢ ᠶᠢ ᠬᠦᠢᠴᠡᠳ ᠪᠠᠳᠠᠷᠠᠭᠤᠯᠵᠤ᠂ ᠰᠢᠯᠭᠠᠨ ᠪᠠᠶᠢᠴᠠᠭᠠᠵᠤ ᠨᠢᠭᠤᠷᠳᠡᠨ ᠶᠠᠷᠢᠯᠴᠠᠬᠤ ᠴᠢᠬᠤᠯᠠ ᠠᠷᠭ᠎ᠠ ᠠᠪᠴᠢᠯ ᠢ ᠰᠠᠶᠢᠨ ᠭᠡᠷᠡᠭᠯᠡᠨ᠂ ᠺᠠᠳ᠋ᠷ ᠤᠨ ᠴᠢᠬᠤᠯᠠ ᠤᠶᠢᠯᠡ ᠠᠵᠢᠯᠯᠠᠭ᠎ᠠ ᠶᠢᠨ ᠤᠨᠴᠠᠯᠢᠭ ᠢ ᠠᠳᠬᠤᠵᠦ᠂ ᠠᠰᠠᠭᠤᠳᠠᠯ ᠢ ᠲᠤᠳᠤᠷᠬᠠᠶᠢᠯᠠᠵᠤ ᠲᠠᠶᠢᠯᠬᠦ ᠭᠡᠷᠡᠭ ᠤᠨ ᠵᠢᠱᠢᠶ᠎ᠡ ᠶᠢ ᠠᠳᠬᠤᠨ᠂ ᠺᠠᠳ᠋ᠷ ᠢ ᠦᠨᠡᠨᠬᠦ ᠤᠨᠤᠪᠴᠢᠳᠠᠢ ᠮᠦᠷᠳᠡᠭᠡᠨ ᠪᠤᠳᠠᠳᠠᠢ ᠪᠠᠷ ᠰᠢᠯᠭᠠᠨ ᠪᠠᠶᠢᠴᠠᠭᠠᠨ᠎ᠠ᠃ ᠴᠢᠯᠤᠭᠡᠳᠡᠢ ᠨᠢᠭᠤᠷᠳᠡᠨ ᠶᠠᠷᠢᠯᠴᠡᠬᠤ ᠤᠷᠴᠢᠨ ᠲᠤᠭᠤᠷᠢᠨ ᠢ ᠢᠳᠡᠪᠬᠢᠳᠡᠢ ᠡᠬᠦᠳᠴᠦ᠂ ᠨᠢᠭᠤᠷᠳᠡᠨ ᠶᠠᠷᠢᠯᠴᠡᠬᠤ ᠴᠠᠭ ᠢ ᠪᠠᠳᠤᠯᠠᠨ᠂ ᠢᠭᠤᠷᠳᠡᠨ ᠶᠠᠷᠢᠯᠴᠠᠬᠤ ᠡᠳᠡᠭᠡᠳ ᠤᠨ ᠰᠠᠨᠠᠭ᠎ᠠ ᠠᠮᠦᠷ᠂ ᠴᠢᠯᠦᠭᠡᠳᠡᠢ᠂ ᠬᠦᠨᠵᠡᠬᠡᠢ᠂ ᠪᠤᠳᠠᠳᠠᠢ ᠶᠠᠷᠢᠯᠴᠠᠬᠤ ᠶᠢ ᠵᠤᠷᠢᠭᠵᠢᠭᠤᠯᠤᠨ᠎ᠠ᠃ ᠰᠠᠨᠠᠯ ᠢ ᠪᠦᠬᠦ ᠲᠠᠯ᠎ᠠ ᠪᠠᠷ ᠬᠦᠯᠢᠶᠠᠨ ᠰᠤᠨᠤᠰᠴᠤ᠂ ᠤᠯᠠᠩᠬᠢ ᠲᠤᠭᠠᠨ ᠤ ᠬᠦᠮᠤᠰ ᠤᠨ ᠰᠠᠨᠠᠯ ᠢ ᠴᠢᠬᠤᠯᠠᠴᠢᠯᠠᠬᠤ ᠶᠢᠨ ᠬᠠᠮᠳᠤ᠂ ᠰᠤᠩᠭᠤᠬᠤ ᠬᠦᠮᠦᠨ ᠤ ᠪᠠᠶᠢᠳᠠᠯ ᠢ ᠤᠶᠢᠯᠠᠭᠠᠬᠤ ︽ᠴᠦᠭᠡᠨ ᠲᠤᠭᠠᠨ ᠤ ᠬᠦᠮᠦᠰ︾᠎ ᠤᠨ ᠰᠠᠨᠠᠯ ᠢ ᠪᠠᠰᠠ ᠬᠦᠨᠳᠤᠳᠭᠡᠬᠦ ᠬᠡᠷᠡᠭᠳᠡᠢ᠃ ᠬᠦᠨᠵᠡᠬᠡᠢ ᠰᠢᠯᠭᠠᠨ ᠪᠠᠶᠢᠴᠠᠭᠠᠬᠤ ᠰᠠᠭᠤᠷᠢᠨ ᠲᠡᠭᠡᠷ᠎ᠡ ᠲᠤᠰ ᠬᠦᠮᠦᠨ ᠤ ᠪᠠᠶᠢᠳᠠᠯ ᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠨ᠎ᠠ᠃ ᠲᠤᠭᠤᠷᠢᠨ ᠦᠵᠡᠵᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠪᠠ ᠱᠠᠯᠠᠪᠳᠡᠨ ᠪᠠᠶᠢᠴᠠᠭᠠᠬᠤ ᠪᠠᠷ ᠲᠠᠮᠵᠢᠵᠤ ᠲᠤᠰᠬᠠᠭᠰᠠᠨ ᠠᠰᠠᠭᠤᠳᠠᠯ ᠵᠢᠴᠢ ᠰᠢᠯᠭᠠᠨ ᠪᠠᠶᠢᠴᠠᠭᠠᠭᠳᠠᠭᠰᠡᠳ ᠤᠨ ᠨᠠᠮ ᠵᠠᠰᠠᠭ ᠤᠨ ᠰᠢᠳᠭᠡᠯ ᠤᠯᠤᠭᠰᠡᠨ ᠪᠠᠶᠢᠳᠠᠯ᠂ ᠦᠢᠷ᠎ᠠ ᠶᠢᠨ 3 ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷ᠎ᠡ ᠤᠯᠡᠨ ᠲᠦᠮᠡᠨ ᠤ ᠲᠤᠷᠠᠳᠤᠭᠰᠡᠨ ᠰᠠᠨᠠᠯ ᠵᠡᠷᠭᠡ  ᠶᠢ ᠬᠢᠨᠠᠮᠠᠭᠠᠢ ᠡᠮᠬᠢᠳᠭᠡᠵᠤ᠂ ᠺᠠᠳ᠋ᠷ ᠢ ᠰᠢᠭᠰᠢᠨ ᠢᠯᠭᠠᠵᠤ᠂ ᠦᠨᠡᠨ ᠮᠦᠨ ᠢᠶᠠᠷ ᠮᠠᠭᠠᠳᠯᠠᠨ ᠨᠤᠲᠠᠯᠠᠨ᠎ᠠ  ᠃ ᠡᠬᠦᠨ ᠤ ᠬᠠᠮᠳᠤ ᠱᠠᠭᠠᠷᠳᠠᠯᠭ᠎ᠠ᠂ ᠰᠢᠯᠭᠠᠨ ᠪᠠᠶᠢᠴᠠᠭᠠᠬᠤ ᠭᠡᠪᠴᠢᠶ᠎ᠠ ᠶᠢ ᠬᠦᠨᠵᠡᠬᠡᠶᠢᠷᠠᠬᠦᠯᠬᠦ ᠴᠢᠬᠤᠯᠠᠳᠠᠢ ᠶᠢ ᠨᠢ ᠡᠷᠭᠡᠪᠰᠢ ᠬᠦᠨᠵᠡᠬᠡᠶᠢᠷᠠᠬᠦᠯᠬᠦ ᠬᠡᠷᠡᠭᠳᠡᠢ᠃        ᠭᠤᠷᠪᠠ ᠳᠤ ︽ᠠᠰᠠᠭᠤᠳᠠᠯ ᠲᠠᠢ ᠺᠠᠳ᠋ᠷ ᠢ ᠲᠡᠪᠰᠢᠬᠦᠯᠵᠤ ᠬᠡᠷᠡᠭᠯᠡᠬᠦ︾᠂ ︽ᠠᠰᠠᠭᠤᠳᠠᠯ ᠲᠠᠢ ᠺᠠᠳ᠋ᠷ ᠢ ᠠᠵᠢᠯ ᠤᠨ ᠪᠠᠶᠢᠷᠢᠨ ᠳᠤ ᠭᠠᠷᠭᠠᠬᠤ︾᠎ ᠶᠢ ᠡᠷᠡᠰ ᠰᠡᠷᠭᠡᠶᠢᠯᠡᠨ᠎ᠡ᠃ ᠤᠯᠤᠰ ᠲᠦᠷᠤ  ᠶᠢᠨ ᠪᠤᠭᠤᠮᠳᠠ᠂ ᠠᠷᠢᠭᠤᠨ ᠴᠢᠭᠡᠴᠢ ᠶᠢᠨ ᠪᠤᠭᠤᠮᠳᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠣᠩᠭᠤᠭᠳᠠᠬᠤ ᠬᠦᠮᠦᠨ ᠤ ᠤᠯᠤᠰ ᠲᠦᠷᠦ ᠶᠢᠨ ᠢᠯᠡᠷᠡᠯ ᠢ ᠴᠢᠬᠤᠯᠠᠴᠢᠯᠠᠵᠤ᠂ ᠤᠯᠤᠰ ᠲᠦᠷᠤ ᠶᠢᠨ ᠲᠠᠯ᠎ᠠ ᠪᠠᠷ ᠦᠯᠤ ᠬᠢᠷᠢ ᠲᠡᠩᠴᠡᠭᠰᠡᠳ ᠢ ︽ᠨᠢᠭᠡ ᠪᠢᠯᠧᠲ  ᠪᠠᠷ ᠦᠭᠡᠶᠢᠰᠭᠡᠨ᠎ᠡ︾︔ ᠠᠷᠢᠭᠤᠨ ᠴᠢᠭᠡᠴᠢ ᠶᠢ ᠰᠠᠭᠤᠷᠢ ᠱᠤᠭᠤᠮ ᠪᠤᠯᠭᠠᠨ᠂ ᠠᠷᠢᠭᠤᠨ ᠴᠢᠭᠡᠴᠢ ᠶᠢᠨ ᠲᠠᠯ᠎ᠠ ᠪᠠᠷ ᠠᠰᠠᠭᠤᠳᠠᠯ ᠲᠠᠢ ᠶᠢ ᠤᠭᠲᠤ ᠬᠡᠷᠡᠭᠯᠡᠬᠦ ᠦᠭᠡᠢ᠂ ᠠᠷᠢᠭᠤᠨ ᠴᠢᠭᠡᠴᠢ ᠶᠢᠨ ᠲᠠᠯᠠᠷᠬᠢ ᠠᠰᠠᠭᠤᠳᠠᠯ ᠪᠠ ᠰᠡᠵᠢᠭᠲᠡᠢ ᠲᠠᠯ᠎ᠠ ᠶᠢ ᠪᠠᠶᠢᠴᠠᠭᠠᠨ ᠲᠤᠲᠤᠯᠠᠭᠠᠳᠤᠢ ᠪᠤᠯ ᠰᠤᠩᠭᠤᠭᠳᠠᠬᠤ ᠬᠦᠮᠦᠨ ᠢᠶᠠᠷ ᠨᠡᠷ᠎ᠡ ᠲᠤᠷᠠᠳᠴᠤ ᠪᠤᠯᠬᠤ ᠦᠭᠡᠢ᠃ ︽ᠨᠡᠷ᠎ᠡ ᠲᠤᠷᠠᠳᠤᠪᠠᠯ ᠲᠦᠷᠪᠡᠨ ᠲᠦᠷᠦᠯ ᠢ ᠡᠷᠬᠡᠪᠰᠢ ᠪᠠᠶᠢᠴᠠᠭᠠᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠬᠤ ᠬᠡᠷᠡᠭᠳᠡᠢ᠄ ᠨᠢᠭᠡ ᠳᠤ ᠺᠠᠳ᠋ᠷ ᠤᠨ ᠲᠠᠩᠰᠡ ᠡᠪᠬᠡᠮᠡᠯ ᠢ ᠡᠷᠬᠡᠪᠰᠢ ᠪᠠᠶᠢᠴᠠᠭᠠᠨ᠎ᠠ᠃ ︽ᠭᠤᠷᠪᠠᠨ ᠵᠦᠢᠯ ᠤᠨ ᠨᠠᠰᠤ ᠬᠤᠶᠠᠷ ᠨᠠᠮᠲᠠᠷ ᠨᠢᠭᠡ ᠪᠠᠶ᠎ᠠ ᠶᠢᠨ ᠭᠠᠷᠤᠯ︾ ᠠᠰᠠᠭᠤᠳᠠᠯ ᠲᠠᠢ ᠪᠤᠯ᠂ ᠦᠷ᠎ᠡ ᠳ᠋ᠦᠡᠭ ᠭᠠᠷᠭᠠᠬᠤ ᠎ ᠠᠴᠠ ᠡᠮᠤᠨ᠎ᠡ ᠰᠣᠩᠭᠤᠭᠳᠠᠬᠤ ᠬᠦᠮᠦᠨ ᠪᠤᠯᠭᠠᠵᠤ ᠪᠤᠯᠬᠤ ᠦᠭᠡᠢ᠃ ᠬᠤᠶᠠᠷ ᠲᠤ ᠬᠤᠪᠢ ᠬᠦᠮᠤᠨ ᠤ ᠬᠤᠯᠪᠤᠭᠳᠠᠯ ᠪᠦᠬᠦᠢ ᠬᠡᠷᠡᠭ ᠤᠴᠢᠷ ᠤᠨ ᠮᠡᠳᠡᠭᠦᠯᠤᠯᠲᠡ ᠶᠢ ᠡᠷᠬᠡᠪᠰᠢ ᠬᠠᠷᠭᠤᠭᠤᠯᠤᠨ᠎ᠠ᠃ ᠡᠨᠡ ᠤᠳᠠᠭᠠᠨ ᠤ ᠬᠤᠭᠤᠴᠠᠭ᠎ᠠ ᠰᠤᠯᠢᠬᠤ ᠲᠤᠮᠳᠠ᠂ ᠰᠠᠯᠠᠭ᠎ᠠ ᠲᠠᠰ ᠤᠨ ᠤᠳᠤᠷᠢᠳᠬᠤ ᠺᠠᠳ᠋ᠷ ᠢᠶᠠᠷ ᠲᠤᠮᠢᠯᠠᠬᠤ ᠭᠡᠵᠦ ᠪᠠᠶᠢᠭ᠎ᠠ ᠬᠦᠮᠦᠰ ᠴᠦᠮ ᠱᠠᠭᠠᠡᠳᠠᠯᠭ᠎ᠠ ᠶᠤᠰᠤᠭᠠᠷ ᠲᠠᠭᠯᠠᠨ ᠪᠢᠴᠢᠵᠦ᠂ ᠮᠡᠳᠡᠭᠦᠯᠤᠭ᠍ᠰᠡᠨ ᠵᠦᠢᠯ ᠨᠢ ᠪᠤᠲᠠᠲᠠᠢ ᠲᠠᠢ ᠨᠡᠶᠢᠴᠡᠬᠦ ᠦᠭᠡᠢ ᠪᠤᠯ ᠨᠠᠷᠢᠨ  ᠬᠢᠨᠠᠮᠠᠭᠠᠢ ᠬᠠᠷᠢᠭᠤᠴᠠᠯᠭ᠎ᠠ ᠲᠠᠢ ᠪᠠᠷ ᠬᠢᠨᠠᠨ ᠲᠤᠭᠲᠠᠭᠠᠵᠤ᠂ ᠦᠨᠡᠬᠡᠷ ᠨᠢᠭᠤᠨ ᠲᠠᠯᠲᠠᠯᠠᠵᠤ ᠦᠯᠤ ᠮᠡᠳᠡᠭᠦᠯᠤᠭ᠍ᠰᠡᠨ ᠪᠤᠯ ᠡᠷᠬᠡᠪᠰᠢ ᠡᠷᠡᠰ ᠰᠢᠭᠤᠷᠬᠠᠢ ᠪᠠᠷ ︽ᠡᠭᠦᠳᠡᠨ ᠤ ᠭᠠᠳᠠᠨ᠎ᠠ︾ ᠪᠠᠶᠢᠯᠭᠠᠨ᠎ᠠ᠃ ᠭᠤᠷᠪᠠ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠡᠷᠬᠡᠪᠰᠢ ᠰᠤᠨᠤᠰᠤᠨ᠎ᠠ᠃ ᠵᠠᠯᠭᠠᠪᠠᠷ ᠨᠡᠷ᠎ᠡ ᠲᠤᠷᠠᠳᠬᠤ ᠰᠣᠩᠭᠤᠭᠳᠠᠬᠤ ᠬᠦᠮᠦᠨ᠂ ᠲᠡᠪᠰᠢᠭᠦᠯᠤᠨ ᠬᠡᠷᠡᠭᠯᠡᠬᠦ ᠪᠠ ᠴᠢᠬᠤᠯᠠᠴᠢᠯᠡᠨ ᠬᠡᠷᠡᠭᠯᠡᠬᠦ ᠭᠡᠵᠦ ᠪᠠᠶᠢᠭ᠎ᠠ ᠺᠠᠳ᠋ᠷ ᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠳ᠋ᠦᠩᠨᠡᠯᠲᠡ ᠶᠢᠨ ᠴᠢᠨᠠᠷᠲᠠᠢ ᠰᠠᠨᠠᠯ ᠭᠠᠷᠭᠠᠨ᠎ᠠ᠃ ᠲᠦᠷᠪᠡ ᠳᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠬᠦᠯᠦᠯᠳᠡ ᠶᠢ ᠡᠷᠬᠡᠪᠰᠢ ᠪᠠᠶᠢᠴᠠᠭᠠᠨ᠎ᠠ᠃ ᠰᠢᠯᠭᠠᠨ ᠪᠠᠶᠢᠴᠠᠭᠠᠭᠳᠠᠭᠰᠡᠳ ᠲᠤ ᠢᠯᠡᠴᠢᠯᠡᠨ ᠮᠡᠳᠡᠬᠦᠯᠦᠯᠳᠠ ᠶᠢ ᠴᠠᠭ ᠲᠤᠬᠠᠢ ᠳᠤᠨᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠠᠰᠠᠭᠤᠳᠠᠯ ᠢ ᠪᠠᠶᠢᠴᠠᠭᠠᠨ ᠲᠤᠲᠤᠯᠠᠭᠠᠳᠤᠢ ᠪᠤᠯ ᠲᠡᠪᠰᠢᠬᠦᠯᠤᠨ ᠬᠡᠷᠡᠭᠯᠡᠵᠤ ᠪᠤᠯᠬᠤ ᠦᠭᠡᠢ  ᠃        ︵ᠬᠤᠶᠠᠷ︶ ᠬᠤᠭᠤᠴᠠᠭ᠎ᠠ ᠰᠤᠯᠢᠬᠤ ᠠᠵᠢᠯᠳᠠᠨ ᠤ ᠶᠠᠪᠤᠳᠠᠯ ᠤᠨ ᠲᠤᠬᠢᠷᠠᠭᠤᠯᠤᠯᠳᠠ ᠶᠢᠨ ᠠᠵᠢᠯ ᠢ ᠦᠨᠡᠨᠬᠦ ᠰᠠᠶᠢᠳᠦᠷ ᠬᠢᠨ᠎ᠠ᠃ ᠨᠢᠭᠡ ᠳᠤ ᠶᠡᠷᠤᠩᠬᠡᠶᠢᠯᠡᠨ ᠵᠠᠳᠠᠯᠠᠵᠦ ᠰᠤᠳᠤᠯᠤᠨ ᠲᠤᠳᠤᠯᠠᠬᠤ ᠶᠢ ᠰᠠᠶᠢᠲᠤᠷ ᠬᠢᠨ᠎ᠠ᠃  ᠰᠤᠳᠤᠯᠤᠨ ᠲᠤᠳᠤᠯᠠᠬᠤ ᠲᠠᠯ᠎ᠠ ᠪᠠᠷ ᠬᠤᠶᠠᠷ  ᠵᠦᠢᠯ ᠢ ᠠᠳᠬᠤᠬᠤ ᠶᠢ ᠰᠠᠶᠢᠳᠦᠷ ᠠᠩᠬᠠᠷᠤᠨ᠎ᠠ᠂ ᠨᠢᠭᠡᠳᠦᠭᠡᠷ ᠲᠤ ᠤᠳᠤᠷᠢᠳᠬᠤ ᠪᠠᠭ᠂ ᠭᠤᠤᠯᠳᠠᠭᠤ ᠤᠳᠤᠷᠢᠳᠬᠤ ᠪᠠᠭ ᠤᠨ ᠡᠷᠬᠢᠯᠲᠠ᠂ ᠪᠦᠬᠦᠶᠢᠯᠨ ᠴᠤᠭᠴᠠ ᠶᠢᠨ ᠪᠦᠲᠤᠴᠡ᠂ ᠰᠢᠯᠢᠳᠡᠭᠵᠢᠭᠦᠯᠬᠦ ᠬᠠᠨᠳᠤᠰᠢ᠂ ᠲᠡᠪᠰᠢᠬᠦᠯᠬᠦ ᠪᠠᠭᠤᠯᠭᠠᠬᠤ ᠦᠯᠡᠳᠡᠭᠡᠬᠦ ᠰᠢᠯᠵᠢᠬᠦᠯᠬᠦ ᠵᠢᠴᠢ ᠬᠤᠯᠪᠤᠭᠳᠠᠭᠰᠠᠨ ᠰᠤᠩᠭᠤᠭᠳᠠᠬᠤ ᠬᠦᠮᠦᠨ ᠵᠡᠷᠭᠡ ᠪᠠᠶᠢᠳᠠᠯ ᠤᠨ ᠲᠤᠭᠤᠷᠢᠨ ᠳᠤ ᠰᠣᠳᠣᠯᠣᠨ ᠲᠤᠳᠤᠯᠠᠨ᠎ᠠ᠃ ᠬᠤᠶᠡᠳᠤᠭᠠᠷ ᠲᠤ ᠪᠠᠭ ᠎ ᠤᠨ ᠪᠦᠷᠢᠯᠳᠦᠬᠦᠨ᠂ ᠭᠤᠤᠯᠳᠠᠭᠤ ᠦᠵᠡᠯ ᠰᠠᠨᠠᠭᠠᠨ ᠤ ᠪᠠᠶᠢᠳᠠᠯ᠂ ᠬᠠᠷᠢᠭᠤᠴᠠᠯᠭ᠎ᠠ ᠬᠦᠢᠴᠡᠳᠭᠡᠭᠰᠡᠨ ᠦᠷ᠎ᠠ ᠪᠦᠲᠤᠮᠵᠢ᠂ ᠠᠵᠢᠯ ᠤᠨ ᠤᠪᠤᠷ ᠰᠤᠷᠲᠠᠯ ᠵᠡᠷᠭᠡ ᠪᠠᠶᠢᠳᠠᠯ ᠤᠨ ᠲᠤᠭᠤᠷᠢᠨ ᠳᠤ ᠰᠣᠳᠣᠯᠣᠨ ᠲᠤᠳᠤᠯᠠᠨ᠎ᠠ᠃ ᠰᠣᠳᠣᠯᠣᠨ ᠲᠤᠳᠤᠯᠠᠬᠤ ᠠᠷᠭ᠎ᠠ ᠶᠢᠨ ᠲᠠᠯ᠎ᠠ ᠪᠠᠷ᠂ ᠤᠳᠤᠷᠢᠳᠬᠤ ᠪᠠᠭ ᠤᠨ ᠪᠦᠬᠦᠯᠢ ᠴᠤᠭᠴᠠ ᠶᠢ ᠪᠤᠳᠠᠭᠠᠯᠢ ᠪᠠᠶ᠎ᠠ ᠎ ᠶᠢᠨ ᠰᠤᠳᠤᠯᠤᠨ ᠲᠤᠳᠤᠯᠠᠬᠤ ᠲᠠᠢ ᠬᠠᠷᠢᠯᠴᠠᠨ ᠤᠶᠠᠯᠳᠤᠭᠤᠯᠵᠤ᠂ ᠤᠳᠤᠷᠢᠳᠬᠤ ᠪᠠᠭ ᠤᠨ ᠪᠦᠳᠦᠴᠡ᠂ ᠪᠡᠯᠡᠳᠭᠡᠯ ᠺᠠᠳ᠋ᠷ ᠵᠡᠷᠭᠡ ᠪᠠᠶᠢᠳᠠᠯ ᠢ ᠤᠶᠢᠯᠠᠭᠠᠬᠤ ᠮᠦᠷᠳᠡᠭᠡᠨ ᠤᠳᠤᠷᠢᠳᠬᠤ ᠪᠠᠭ ᠤᠨ ᠪᠦᠷᠢᠯᠳᠦᠬᠦᠨ ᠤ ᠪᠤᠳᠠᠭᠠᠯᠢ ᠪᠠᠶ᠎ᠠ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠨᠠᠰᠣᠨ ᠳᠤ ᠬᠦᠷᠴᠦ ᠠᠵᠢᠯ ᠠᠴᠠ ᠠᠮᠠᠷᠠᠬᠤ᠂ ᠬᠤᠭᠤᠰᠤᠨ ᠤᠷᠤᠨ ᠲᠤᠭ᠎ᠠ ᠶᠢ ᠨᠦᠬᠦᠪᠦᠷᠢᠯᠡᠬᠦ᠂ ᠲᠤᠬᠢᠷᠠᠭᠤᠯᠬᠤ ᠴᠢᠭᠯᠡᠯ ᠵᠡᠷᠭᠡ ᠪᠠᠶᠢᠳᠠᠯ ᠢ ᠨᠢᠭᠡᠳᠦᠯᠳᠡᠢ ᠲᠦᠯᠦᠪᠯᠠᠵᠦ ᠡᠵᠡᠮᠳᠡᠨ᠎ᠡ︔  ᠲᠦᠪᠯᠠᠷᠠᠩᠬᠦᠢ ᠪᠠᠶᠢᠴᠠᠭᠠᠯᠳᠠ ᠪᠤᠯᠤᠨ ᠡᠳᠦᠷ ᠲᠤᠳᠤᠮ ᠤᠨ ᠬᠠᠮᠢᠶᠠᠷᠤᠯᠳᠠ ᠶᠢ ᠬᠠᠷᠢᠯᠴᠡᠨ ᠤᠶᠠᠯᠳᠤᠭᠤᠯᠵᠤ᠂ ᠺᠠᠳ᠋ᠷ ᠎ ᠤᠨ ᠵᠢᠯ ᠤᠨ ᠬᠢᠨᠠᠨ ᠪᠠᠶᠢᠴᠠᠭᠠᠯᠳᠠ᠂ ᠲᠤᠭᠤᠷᠢᠨ ᠦᠵᠡᠵᠦ ᠴᠠᠭᠳᠠᠨ ᠪᠠᠶᠢᠴᠠᠭᠠᠭᠰᠠᠨ ᠪᠠᠶᠢᠳᠠᠯ᠂ ᠵᠡᠬᠢᠳᠡᠯ ᠰᠣᠷᠪᠤᠯᠵᠢᠯᠠᠭ᠎ᠠ ᠬᠢᠨᠠᠨ ᠪᠤᠳᠤᠯᠳᠠ ᠶᠢᠨ ᠪᠠᠶᠢᠳᠠᠯ ᠲᠦᠪᠯᠡᠷᠡᠩᠬᠦᠢ ᠰᠤᠳᠤᠯᠤᠨ ᠲᠤᠳᠤᠯᠠᠬᠤ ᠶᠢᠨ ᠬᠠᠮᠳᠤ ᠪᠠᠰᠠ ᠺᠠᠳ᠋ᠷ ᠎ ᠤᠨ ᠡᠩ ᠤᠨ ᠴᠠᠭ ᠤᠨ ᠢᠯᠡᠷᠡᠯ ᠪᠤᠯᠤᠨ  ᠰᠤᠳᠤᠯᠤᠨ ᠲᠤᠳᠤᠯᠠᠭᠰᠠᠨ ᠦᠷ᠎ᠡ ᠳ᠋ᠦᠩ ᠲᠠᠢ ᠬᠠᠷᠢᠯᠴᠠᠨ ᠬᠠᠷᠭᠤᠭᠤᠯᠵᠤ᠂ ᠴᠢᠳᠠᠬᠤ ᠶᠢᠨ ᠬᠢᠷᠢ ᠪᠠᠷ ᠪᠦᠬᠦ ᠲᠠᠯ᠎ᠠ ᠪᠠᠷ᠂ ᠬᠦᠨᠵᠡᠬᠡᠢ᠂ ᠪᠤᠰᠤᠳᠴᠢ᠂ ᠵᠦᠪ ᠤᠨᠦᠪᠴᠢᠳᠠᠢ ᠪᠠᠷ ᠦᠨᠡᠯᠡᠯᠳᠡ ᠬᠢᠨ᠎ᠠ᠃ ᠦᠷ᠎ᠡ ᠳ᠋ᠦᠩ ᠢ ᠠᠰᠢᠭᠯᠠᠨ ᠬᠡᠷᠡᠭᠯᠡᠬᠦ ᠲᠠᠯ᠎ᠠ ᠪᠠᠷ᠂ ᠬᠤᠳᠠ ᠶᠢᠨ ᠨᠠᠮ ᠤᠨ ᠬᠤᠷᠢᠶ᠎ᠠ ᠪᠠ ᠵᠤᠬᠢᠶᠠᠨ ᠪᠠᠶᠢᠭᠤᠯᠬᠤ ᠭᠡᠯᠳᠡᠰ ᠨᠢ ᠵᠠᠳᠠᠯᠤᠨ ᠰᠢᠨᠵᠢᠯᠠᠵᠤ ᠰᠤᠳᠤᠯᠤᠨ ᠲᠤᠳᠤᠯᠠᠬᠤ ᠦᠷ᠎ᠡ ᠳ᠋ᠦᠩ  ᠎ ᠢ ᠦᠨᠳᠦᠰᠦᠯᠡᠵᠦ᠂ ᠤᠳᠤᠷᠢᠳᠬᠤ ᠪᠠᠭ ᠤᠨ ᠲᠤᠬᠢᠷᠠᠭᠤᠯᠤᠯᠳᠠ ᠪᠤᠯᠤᠨ ᠺᠠᠳ᠋ᠷ ᠢ ᠲᠡᠪᠰᠢᠬᠦᠯᠵᠦ ᠬᠡᠷᠡᠭᠯᠡᠬᠦ ᠠᠩᠬᠠᠨ ᠤᠨ ᠰᠠᠨᠠᠯ ᠢ ᠲᠤᠷᠠᠳᠤᠨ᠎ᠠ᠃        ᠬᠤᠶᠠᠷ ᠲᠤ ᠨᠠᠷᠢᠨ ᠤᠨᠤᠪᠴᠢᠳᠠᠢ ᠰᠢᠨᠵᠢᠯᠡᠬᠦ ᠤᠬᠠᠭᠠᠨᠴᠢ ᠪᠠᠷ ᠬᠦᠮᠦᠨ ᠰᠤᠩᠭᠤᠬᠤ ᠶᠢ ᠪᠠᠷᠢᠮᠳᠠᠯᠠᠨ᠎ᠠ᠃ ᠪᠦᠬᠦ ᠬᠤᠳᠠ ᠶᠢᠨ ᠠᠵᠦ ᠠᠬᠤᠢ ᠨᠠᠶᠢᠭᠡᠮ ᠤᠨ ᠬᠦᠭᠵᠢᠯᠳᠡ ᠪᠤᠯᠤᠨ ᠡᠯ᠎ᠡ ᠱᠠᠳᠤᠨ ᠤ ᠤᠳᠤᠷᠢᠳᠬᠤ ᠪᠠᠭ ᠤᠨ ᠠᠯᠤᠰ ᠬᠡᠳᠤ ᠶᠢᠨ ᠪᠦᠳᠦᠭᠡᠨ ᠪᠠᠶᠢᠭᠤᠯᠤᠯᠳᠠ ᠶᠢᠨ ᠭᠡᠷᠡᠭᠴᠡᠭᠡᠨ ᠳᠤ  ᠬᠠᠨᠳᠤᠭᠤᠯᠵᠤ᠂ ᠲᠡᠳᠡᠭᠡᠷ ᠰᠢᠨ᠎ᠠ ᠬᠦᠭᠵᠢᠯᠳᠠ ᠶᠢᠨ ᠤᠶᠢᠯᠠᠭᠠᠳᠠᠬᠤᠨ ᠢ ᠲᠤᠤᠱᠯᠠᠭᠤᠯᠵᠤ᠂ ᠰᠢᠨ᠎ᠡ ᠭᠡᠯᠪᠡᠷᠢ ᠶᠢᠨ ᠠᠵᠦ ᠤᠶᠢᠯᠡᠳᠪᠦᠷᠢᠵᠢᠯᠳᠠ᠂ ᠰᠤᠷᠠᠭ ᠵᠠᠩᠬᠢᠴᠢᠯᠳᠠ᠂ ᠬᠤᠳᠠ ᠪᠠᠯᠭᠠᠰᠤᠵᠢᠯᠳᠠ᠂ ᠲᠠᠷᠢᠶᠠᠯᠡᠩ ᠮᠠᠯ ᠠᠵᠦ ᠠᠬᠤᠢ ᠶᠢᠨ ᠤᠳᠤᠬᠢᠴᠢᠯᠠᠯᠳᠠ ᠶᠢ ᠠᠬᠢᠭᠤᠯᠬᠤ ᠪᠠ ᠨᠠᠷᠢᠨ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠨᠠᠷᠢᠨ ᠤᠨᠤᠪᠴᠢᠳᠠᠢ ᠢᠶᠠᠷ ᠶᠠᠳᠠᠭᠤ ᠠᠴᠠ ᠠᠩᠬᠢᠵᠢᠷᠠᠭᠤᠯᠬᠤ ᠳᠤ ᠴᠢᠳᠠᠮᠠᠭᠠᠢ ᠺᠠᠳ᠋ᠷ ᠢ ᠶᠡᠬᠡᠪᠡᠷ ᠲᠡᠪᠰᠢᠬᠦᠯᠵᠦ᠂ ᠬᠠᠮᠤᠭ ᠲᠤᠬᠢᠷᠠᠮᠵᠢᠳᠠᠢ ᠬᠦᠮᠦᠨ ᠢ ᠬᠠᠮᠤᠭ ᠲᠤᠬᠢᠷᠠᠮᠵᠢᠳᠠᠢ ᠪᠠᠶᠢᠷᠢᠨ ᠳᠤ  ᠰᠤᠩᠭᠤᠵᠤ ᠲᠡᠪᠰᠢᠬᠦᠯᠦᠨ᠎ᠠ᠃ ᠡᠬᠦᠨ ᠤ ᠬᠠᠮᠳᠤ᠂ ᠬᠤᠭᠤᠴᠠᠭ᠎ᠠ ᠰᠤᠯᠢᠬᠤ ᠲᠠᠢ ᠤᠶᠠᠯᠳᠤᠭᠤᠯᠤᠨ ᠴᠢᠩᠭ᠎ᠠ  ᠬᠦᠴᠦᠳᠠᠢ ᠠᠷᠭ᠎ᠠ ᠠᠪᠴᠢᠯ ᠠᠪᠴᠤ᠂ ᠵᠠᠷᠢᠮ ᠡᠬᠦᠷᠭᠡᠯᠡᠬᠦ ᠵᠤᠷᠢᠭ ᠦᠬᠡᠢ᠂ ᠠᠵᠢᠯ ᠬᠢᠬᠦ ᠦᠬᠡᠢ ᠪᠤᠶᠤ ᠠᠵᠢᠯ ᠤᠨ ᠪᠠᠶᠢᠷᠢᠨ ᠳᠤ ᠲᠤᠬᠢᠷᠠᠬᠤ ᠦᠬᠡᠢ ᠺᠠᠳ᠋ᠷ ᠢ ᠪᠠᠭᠤᠯᠭᠠᠨ᠎ᠠ᠃       ᠭᠤᠷᠪᠠ ᠳᠤ ᠺᠠᠳ᠋ᠷ ᠤᠨ ᠰᠣᠯᠢᠯᠴᠠᠭ᠎ᠠ ᠶᠢ ᠠᠯᠬᠤᠮ ᠲᠠᠷᠠᠭᠠᠯᠠᠯ ᠲᠠᠢ ᠠᠬᠢᠭᠤᠯᠤᠨ᠎ᠠ᠃ ᠺᠠᠳ᠋ᠷ ᠢ ᠰᠣᠯᠢᠯᠴᠠᠬᠤ ᠪᠠ ᠵᠠᠶᠢᠯᠠᠭᠤᠯᠬᠤ ᠬᠤᠯᠪᠤᠭᠳᠠᠯ ᠪᠦᠬᠦᠢ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠦ᠂ ᠺᠠᠳ᠋ᠷ ᠤᠨ ᠰᠣᠯᠢᠯᠴᠠᠭ᠎ᠠ ᠎ ᠶᠢ ᠤᠳᠤᠷᠢᠳᠬᠤ ᠪᠠᠭ ᠤᠨ ᠪᠦᠳᠦᠴᠡ ᠶᠢ ᠰᠢᠯᠢᠳᠡᠭᠵᠢᠬᠦᠯᠬᠦ᠂ ᠪᠦᠬᠦᠯᠢ ᠴᠤᠭᠴᠠ ᠶᠢᠨ ᠴᠢᠳᠠᠪᠦᠷᠢ ᠶᠢ ᠴᠢᠩᠭᠠᠳᠬᠠᠬᠤ ᠲᠠᠢ ᠤᠶᠠᠯᠳᠤᠭᠤᠯᠵᠤ᠂ ᠺᠠᠳ᠋ᠷ ᠤᠨ ᠰᠣᠯᠢᠯᠴᠠᠭ᠎ᠠ ᠶᠢ ᠲᠤᠭᠳᠠᠭᠤᠨ ᠠᠯᠬᠤᠮ ᠲᠠᠷᠠᠭᠠᠯᠠᠯ ᠲᠠᠢ ᠠᠬᠢᠭᠤᠯᠤᠨ᠂ ᠡᠯ᠎ᠡ ᠲᠠᠯ᠎ᠠ ᠶᠢᠨ ᠢᠳᠡᠪᠬᠢ ᠴᠢᠨᠠᠷ ᠢ ᠲᠠᠶᠢᠴᠢᠯᠠᠬᠤ ᠶᠢᠨ ᠬᠠᠮᠳᠣ ᠪᠠᠰᠠ ᠺᠠᠳ᠋ᠷ ᠢ ᠲᠤᠬᠢᠷᠠᠭᠤᠯᠬᠤ ᠶᠢᠨ ᠲᠦᠯᠦᠭᠡ ᠰᠤᠯᠢᠯᠴᠠᠬᠤ ᠶᠢ ᠰᠡᠷᠬᠡᠶᠢᠯᠡᠨ᠎ᠡ᠃ ᠠᠳᠡ ᠤᠨᠴᠠᠭᠠᠶᠢᠯᠠᠨ ᠴᠢᠬᠤᠯᠠᠴᠢᠯᠠᠬᠤ ᠨᠢ᠂ ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ᠺᠠᠳ᠋ᠷ ᠢ ᠰᠤᠯᠢᠯᠴᠠᠬᠤ ᠲᠤᠬᠠᠢ ᠰᠢᠨ᠎ᠠ ᠱᠠᠭᠠᠷᠳᠠᠯᠭ᠎ᠠ ᠶᠢ ᠦᠨᠳᠤᠰᠤᠯᠠᠪᠠᠯ᠂ ᠬᠤᠭᠤᠴᠠᠭ᠎ᠠ ᠰᠤᠯᠢᠬᠤ ᠦᠶᠠᠰ ᠨᠢᠭᠡ ᠲᠤᠰᠢᠶᠠᠯ ᠤᠨ ᠪᠠᠶᠢᠷᠢᠨ ᠳᠤ ᠪᠦᠬᠦᠯᠢ 10 ᠵᠢᠯ ᠲᠤᠰᠢᠶᠠᠯ ᠡᠬᠦᠷᠭᠡᠯᠡᠭᠰᠡᠨ ᠪᠣᠯ᠂ ᠶᠡᠷᠦ ᠎ ᠳᠡᠭᠡᠨ  ᠰᠤᠯᠢᠯᠴᠠᠬᠤ ᠴᠢᠬᠤᠯᠠᠳᠠᠢ᠃ ᠪᠤᠳᠠᠳᠠᠢ ᠠᠵᠢᠯᠯᠠᠭᠠᠨ ᠲᠤᠮᠳᠠ᠂ ᠨᠢᠭᠡ ᠲᠤᠰᠢᠶᠠᠯ ᠤᠨ ᠪᠠᠶᠢᠷᠢᠨ ᠳᠤ ᠪᠦᠬᠦᠯᠢ 10 ᠵᠢᠯ ᠲᠦᠰᠢᠶᠠᠯ ᠡᠬᠦᠷᠭᠡᠯᠡᠭᠰᠡᠨ ᠪᠤᠯ᠂ ᠺᠠᠳ᠋ᠷ ᠤᠨ ᠲᠤᠰ ᠪᠠᠶ᠎ᠠ ᠶᠢᠨ ᠨᠦᠬᠦᠴᠡᠯ ᠪᠠ ᠤᠳᠤᠷᠢᠳᠬᠤ ᠪᠠᠭ ᠤᠨ ᠪᠠᠶᠢᠭᠤᠯᠤᠯᠳᠠ ᠤᠨ ᠬᠡᠷᠡᠭᠴᠡᠭᠡ ᠶᠢ ᠦᠨᠳᠦᠰᠦᠯᠡᠵᠦ᠂ ᠰᠣᠯᠢᠯᠴᠠᠭ᠎ᠠ ᠬᠢᠵᠦ  ᠠᠵᠢᠯ ᠤᠨ ᠪᠠᠶᠢᠷᠢᠨ ᠠᠴᠠ ᠰᠢᠯᠵᠢᠬᠦ ᠎ ᠶᠢ ᠪᠤᠳᠤᠯᠬᠢᠯᠠᠨ᠎ᠠ᠃         ︵ᠭᠤᠷᠪᠠ︶ ᠠᠷᠠᠳ ᠤᠨ ᠲᠦᠯᠦᠭᠡᠯᠡᠭᠴᠢ ᠶᠢ ᠲᠠᠨᠢᠯᠴᠠᠭᠤᠯᠤᠨ ᠰᠤᠩᠭᠤᠬᠤ ᠪᠤᠯᠤᠨ ᠣᠯᠣᠰ ᠲᠦᠷᠦ ᠎ ᠶᠢᠨ ᠵᠦᠪᠯᠡᠯᠭᠡᠨ ᠤ ᠬᠡᠰᠢᠬᠦᠨ ᠢ ᠵᠦᠪᠳᠡᠯᠴᠡᠨ ᠨᠡᠷ᠎ᠡ ᠲᠤᠷᠠᠳᠬᠤ ᠠᠵᠢᠯ ᠢ ᠰᠠᠶᠢᠳᠤᠷ ᠬᠢᠨ᠎ᠠ᠃ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠢ ᠲᠤᠳᠤᠷᠠᠭᠤᠯᠬᠤ ᠪᠤᠯ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠠᠰᠠᠭ ᠤᠨ ᠤᠷᠳᠤᠨ ᠣᠯᠣᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠰᠠᠭᠤᠷᠢ ᠪᠤᠯᠬᠤ ᠵᠠᠩᠬᠢᠯᠠᠭ᠎ᠠ ᠶᠢᠨ ᠶᠠᠪᠤᠴᠠ ᠪᠤᠯᠤᠨ᠎ᠠ᠃ ᠲᠦᠯᠦᠭᠡᠯᠡᠭᠴᠢ᠂ ᠭᠡᠰᠢᠬᠦᠨ ᠤ  ᠰᠤᠩᠭᠤᠭᠳᠠᠬᠤ ᠬᠦᠮᠦᠨ ᠢ ᠲᠤᠳᠤᠷᠠᠭᠤᠯᠬᠤ ᠳᠤ ᠨᠠᠮ ᠤᠨ ᠵᠤᠬᠢᠶᠠᠨ ᠪᠠᠶᠢᠭᠤᠯᠤᠯᠳᠠ ᠠᠴᠠ ᠭᠤᠤᠯᠯᠠᠨ ᠵᠢᠯᠤᠭᠤᠳᠬᠤ ᠶᠢ ᠪᠠᠷᠢᠮᠳᠠᠯᠠᠵᠤ᠂ ᠬᠢᠨᠠᠨ ᠪᠠᠶᠢᠴᠠᠭᠠᠬᠤ᠂ ᠵᠦᠪᠳᠡᠯᠴᠡᠬᠦ ᠵᠡᠷᠭᠡ ᠶᠠᠪᠤᠴᠠ ᠳᠤ ᠪᠠᠷᠢᠮᠵᠢᠶ᠎ᠠ ᠶᠢ ᠴᠢᠩᠭ᠎ᠠ ᠠᠳᠬᠤᠨ᠂ ᠲᠠᠰ ᠲᠠᠷᠠᠭᠠᠯᠠᠯ ᠢ ᠴᠢᠩᠭ᠎ᠠ ᠪᠠᠶᠢᠯᠭᠠᠵᠤ᠂ ᠪᠤᠭᠤᠮᠳᠠ ᠶᠢ ᠴᠢᠩᠭ᠎ᠠ ᠠᠳᠬᠤᠨ᠎ᠠ᠃ ᠨᠢᠭᠡ ᠳᠤ ᠤᠯᠤᠰ ᠲᠦᠷᠦ ᠶᠢᠨ ᠪᠤᠭᠤᠮᠳᠠ ᠶᠢ ᠴᠢᠩᠭ᠎ᠠ ᠠᠳᠬᠤᠨ᠎ᠠ᠃ ᠠᠷᠠᠳ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠪᠤᠯᠤᠭᠰᠡᠳ ᠨᠢ ᠡᠷᠪᠡᠭᠰᠢ ᠪᠠᠳᠤ ᠴᠢᠩᠭ᠎ᠠ ᠤᠯᠤᠰ ᠲᠦᠷᠦ ᠤᠨ ᠵᠤᠭᠰᠤᠯᠳᠠ ᠲᠠᠢ᠂ ᠲᠤᠮᠳᠠᠳᠤ ᠤᠯᠤᠰ ᠎ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠠ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠪᠠᠶᠢᠭᠤᠯᠤᠯ ᠢ ᠬᠦᠷᠢᠶᠡᠯᠡᠵᠦ᠂ ᠦᠨᠳᠤᠰᠤᠨ ᠬᠠᠤᠯᠢ ᠬᠠᠤᠯᠢ ᠴᠠᠭᠠᠵᠨ ᠶᠢ ᠵᠢᠱᠢᠶᠡᠴᠢ ᠪᠠᠷ ᠵᠢᠷᠤᠮᠯᠠᠨ᠂ ᠦᠨᠳᠦᠰᠦᠳᠡᠨ ᠤ ᠪᠦᠯᠭᠦᠮᠳᠡᠯ ᠪᠠ ᠤᠯᠤᠰ ᠤᠨ ᠨᠢᠭᠡᠳᠦᠯ ᠢ ᠬᠠᠮᠠᠭᠠᠯᠠᠨ᠂ ᠨᠠᠯᠢᠶᠠᠳ ᠴᠢᠩᠭ᠎ᠠ ᠲᠤᠰᠢᠶᠠᠯ ᠬᠦᠢᠴᠡᠳᠭᠡᠬᠦ ᠪᠠ ᠤᠬᠢ ᠰᠠᠶᠢᠨ ᠨᠡᠶᠢᠭᠡᠮ ᠤᠨ ᠲᠦᠷᠢ ᠲᠦᠷᠬᠦ ᠲᠠᠢ ᠪᠠᠶᠢᠬᠤ ᠬᠡᠷᠡᠭᠳᠡᠢ᠃ ᠲᠦᠪ ᠲᠠᠷᠬᠠᠭᠠᠭᠰᠠᠨ ﹇2016﹈ 3 ᠲᠤᠭᠠᠳᠤ ᠮᠡᠲ᠋ᠧᠷᠢᠶᠠᠯ ᠤᠨ ᠲᠤᠭᠳᠠᠭᠠᠯ ᠢ ᠴᠢᠩᠭ᠎ᠠ ᠬᠡᠷᠡᠭᠵᠢᠬᠦᠯᠵᠦ᠂  9 ᠵᠦᠢᠯ ᠤᠨ ︽ᠨᠠᠵᠠᠭᠠᠢ ᠲᠠᠯ᠎ᠠ ᠶᠢᠨ ᠨᠠᠷᠢᠨ ᠲᠠᠩᠰᠠ︾᠎ ᠶᠢᠨ ᠠᠰᠠᠭᠤᠳᠠᠯ ᠲᠠᠢ ᠬᠦᠮᠦᠰ ᠢ ᠴᠦᠮ ᠲᠦᠯᠦᠭᠡᠯᠡᠭᠴᠢ᠂ ᠭᠡᠰᠢᠬᠦᠨ ᠤ ᠰᠣᠩᠭᠤᠭᠳᠠᠬᠤ ᠬᠦᠮᠦᠨ ᠢᠶᠠᠷ ᠨᠡᠷ᠎ᠡ ᠲᠤᠷᠠᠳᠴᠤ ᠲᠠᠨᠢᠯᠴᠠᠭᠤᠯᠵᠤ ᠪᠤᠯᠬᠤ ᠦᠬᠡᠢ᠂ ᠤᠨᠴᠠᠭᠠᠢ  ᠴᠢᠬᠤᠯᠠᠴᠢᠯᠠᠬᠤ ᠨᠢ ᠂ ᠲᠦᠯᠦᠭᠡᠯᠡᠭᠴᠢ᠂ ᠭᠡᠰᠢᠬᠦᠨ ᠤ ᠰᠣᠩᠭᠤᠭᠳᠠᠬᠤ ᠬᠦᠮᠦᠨ ᠪᠠᠷ‌ᠨᠡᠷ᠎ᠡ ᠲᠤᠷᠠᠳᠤᠨ ᠲᠠᠨᠢᠯᠴᠠᠭᠤᠯᠬᠤ ᠶᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠷᠭ᠎ᠠ ᠪᠠᠷᠢᠯ ᠪᠤᠯᠭᠠᠵᠤ ᠪᠤᠯᠬᠤ ᠦᠬᠡᠢ᠂ ᠲᠠᠩ ᠭᠠᠭᠴᠠ ᠡᠳ᠋ ᠬᠤᠭᠰᠢᠯ ᠤᠨ ᠭᠡᠪᠴᠢᠶ᠎ᠠ᠂ ᠭᠠᠶᠢᠯᠢ ᠲᠤᠰᠢᠶᠠᠭᠰᠠᠨ ᠪᠠᠶᠢᠳᠠᠯ᠂ ᠨᠡᠶᠢᠭᠡᠮ ᠤᠨ ᠨᠡᠷ᠎ᠡ ᠠᠯᠳᠠᠷᠰᠢᠯ ᠵᠡᠷᠭᠡ ᠪᠠᠷ ᠰᠣᠩᠭᠤᠭᠳᠠᠬᠤ ᠰᠤᠩᠭᠤᠬᠤ ᠪᠠᠷᠢᠮᠵᠢᠶ᠎ᠠ ᠪᠤᠯᠭᠠᠵᠤ ᠪᠤᠯᠬᠤ ᠦᠬᠡᠢ  ᠰᠤᠩᠭᠤᠭᠳᠠᠬᠤ ᠬᠦᠮᠦᠨ ᠢ ᠨᠡᠷ᠎ᠡ ᠲᠤᠷᠠᠳᠴᠤ ᠲᠠᠨᠢᠯᠴᠠᠭᠯᠤᠬᠤ ᠲᠡᠭᠡᠷ᠎ᠡ ᠠᠰᠢᠭ ᠲᠤᠰᠠ ᠶᠢᠨ ᠰᠤᠯᠢᠯᠴᠠᠭ᠎ᠠ ᠬᠢᠵᠦ ᠪᠤᠯᠬᠤ ᠦᠬᠡᠢ᠃        ᠬᠤᠶᠠᠷ ᠳᠤ ᠠᠯᠬᠤᠮ ᠲᠠᠷᠠᠭᠠᠯᠠᠯ ᠤᠨ ᠪᠤᠭᠤᠮᠳᠠ ᠶᠢ ᠴᠢᠩᠭ᠎ᠠ ᠠᠳᠬᠤᠨ᠎ᠠ᠃ ᠠᠷᠠᠳ ᠤᠨ ᠲᠦᠯᠦᠭᠡᠯᠡᠭᠴᠢ ᠎ ᠶᠢ ᠲᠠᠨᠢᠯᠴᠠᠭᠤᠯᠬᠤ ᠳᠤ ᠲᠤᠤᠷᠠᠬᠢ ︽ᠲᠦᠷᠪᠡᠨ ᠠᠯᠬᠤᠮ︾᠎ ᠢ ᠰᠠᠶᠢᠳᠦᠷ ᠬᠢᠨ᠎ᠡ᠄ ᠨᠢᠭᠡᠳᠦᠭᠡᠷ ᠠᠯᠬᠤᠮ ᠲᠤ ᠲᠠᠨᠢᠯᠴᠠᠭᠤᠯᠬᠤ ᠠᠵᠢᠯ ᠤᠨ ᠲᠦᠰᠦᠯ ᠢ ᠲᠤᠭᠳᠠᠭᠠᠨ᠎ᠠ᠃ ᠵᠤᠬᠢᠶᠠᠨ ᠪᠠᠶᠢᠭᠤᠯᠬᠤ ᠭᠡᠯᠳᠡᠰ ᠨᠢ ᠨᠢᠭᠡᠳᠤᠮᠠᠯ ᠹᠷᠤᠨᠲ ᠎ ᠶᠢᠨ ᠭᠡᠯᠳᠡᠰ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠤᠭᠳᠠᠯ ᠪᠦᠬᠦᠢ ᠪᠠᠶᠢᠭᠤᠯᠤᠮᠵᠢ ᠲᠠᠢ ᠬᠠᠮᠳᠤ᠂ ᠲᠤᠰ ᠤᠳᠠᠭᠠᠨ ᠤ ᠲᠦᠯᠦᠭᠡᠯᠡᠭᠴᠢ ᠶᠢᠨ ᠲᠤᠰᠢᠶᠠᠯ ᠬᠦᠢᠴᠡᠳᠭᠡᠭᠰᠡᠨ ᠪᠠᠶᠢᠳᠠᠯ ᠪᠤᠯᠤᠨ ᠦᠯᠡᠳᠡᠬᠡᠵᠦ ᠪᠠᠭᠤᠯᠭᠠᠬᠤ ᠪᠠᠶᠢᠳᠠᠯ ᠳᠤ ᠶᠡᠷᠤᠩᠬᠡᠶᠢᠯᠡᠨ ᠵᠠᠳᠠᠯᠤᠯᠳᠠ ᠬᠢᠵᠦ᠂ ᠨᠠᠷ᠎ᠠ ᠲᠤᠷᠠᠳᠤᠨ ᠲᠠᠨᠢᠯᠴᠠᠭᠤᠯᠬᠤ ᠠᠵᠢᠯ ᠤᠨ ᠲᠦᠰᠦᠯ ᠢ ᠰᠣᠳᠣᠯᠣᠨ ᠲᠤᠷᠠᠳᠴᠤ ᠬᠤᠳᠠ ᠶᠢᠨ ᠨᠠᠮ ᠤᠨ ᠬᠤᠷᠢᠶ᠎ᠠ ᠳᠤ ᠮᠡᠳᠡᠬᠦᠯᠵᠦ ᠬᠢᠨᠠᠨ ᠲᠤᠭᠳᠠᠭᠠᠨ᠎ᠠ᠃ ᠬᠤᠶᠠᠳᠤᠭᠠᠷ ᠠᠯᠬᠤᠮ ᠳ᠋ᠤ᠋‌ᠠᠩᠬ᠎ᠠ ᠠᠯᠬᠤᠮ ᠤᠨ ᠰᠠᠨᠠᠭᠤᠯᠭ᠎ᠠ ᠶᠢᠨ ᠨᠠᠷᠠᠰ ᠢ ᠲᠤᠷᠠᠳᠤᠨ᠎ᠠ᠃ ᠵᠤᠬᠢᠶᠠᠨ ᠪᠠᠶᠢᠭᠤᠯᠬᠤ ᠭᠡᠯᠳᠡᠰ ᠨᠢ ᠬᠤᠯᠪᠤᠭᠳᠠᠯ ᠪᠦᠬᠦᠢ ᠡᠳᠡᠭᠡᠳ ᠲᠠᠢ ᠬᠠᠮᠳᠤ ᠲᠦᠯᠦᠭᠡᠯᠡᠭᠴᠢ ᠪᠠᠷ ᠰᠤᠩᠭᠤᠭᠳᠠᠬᠤ ᠬᠦᠮᠦᠨ ᠤ ᠠᠩᠬ᠎ᠠ ᠠᠯᠬᠤᠮ ᠤᠨ ᠰᠠᠨᠠᠭᠤᠯᠭ᠎ᠠ ᠶᠢᠨ ᠨᠠᠷᠠᠰ ᠢ ᠲᠤᠷᠠᠳᠴᠣ᠂ ᠠᠷᠠᠳᠴᠢᠯᠠᠯ ᠢ ᠪᠠᠳᠠᠷᠠᠭᠤᠯᠵᠤ᠂ ᠦᠷᠭᠡᠨ ᠲᠡᠯᠭᠡᠷᠡᠩᠬᠦᠢ ᠪᠠᠷ ᠰᠠᠨᠠᠯ ᠰᠤᠨᠤᠰᠴᠤ᠂ ᠲᠠᠬᠢᠨ ᠲᠠᠪᠳᠡᠨ ᠵᠦᠪᠳᠡᠯᠴᠡᠨ ᠶᠠᠷᠢᠯᠴᠠᠵᠤ᠂ ᠬᠤᠪᠢ ᠬᠦᠮᠦᠨ ᠤ ᠲᠠᠨᠢᠯᠴᠠᠭᠤᠯᠭ᠎ᠠ ᠪᠠᠷ ᠵᠤᠬᠢᠶᠠᠨ ᠪᠠᠶᠢᠭᠤᠯᠤᠯᠳᠠ ᠶᠢᠨ ᠲᠠᠨᠢᠯᠴᠠᠭᠤᠯᠭ᠎ᠠ ᠶᠢ  ᠤᠷᠤᠯᠠᠭᠤᠯᠵᠤ ᠪᠤᠯᠬᠤ ᠦᠬᠡᠢ᠃ ᠨᠢᠭᠡᠳᠤᠮᠠᠯ ᠹᠷᠤᠨᠲ ᠤᠨ ᠭᠡᠯᠳᠡᠰ ᠨᠢ ᠬᠤᠯᠪᠤᠭᠳᠠᠯ ᠪᠦᠬᠦᠢ ᠲᠠᠯ᠎ᠠ ᠲᠠᠢ ᠵᠦᠪᠳᠡᠯᠴᠡᠵᠦ᠂ ᠨᠠᠮ ᠤᠨ ᠭᠠᠳᠠᠨᠠᠬᠢ ᠲᠦᠯᠦᠭᠡᠯᠡᠭᠴᠢ ᠪᠠᠷ ᠰᠤᠩᠭᠤᠭᠳᠠᠬᠤ ᠬᠦᠮᠦᠨ ᠤ ᠨᠡᠷ᠎ᠡ ᠲᠤᠷᠠᠳᠤᠨ ᠲᠠᠨᠢᠯᠴᠠᠭᠤᠯᠬᠤ ᠠᠵᠢᠯ ᠢ ᠰᠠᠶᠢᠳᠦᠷ ᠬᠢᠨ᠎ᠡ᠃ ᠠᠩᠬ᠎ᠠ ᠠᠯᠬᠤᠮ ᠤᠨ ᠰᠠᠨᠠᠭᠤᠯᠭ᠎ᠠ ᠶᠢᠨ ᠨᠡᠷᠠᠰ ᠢ ᠬᠤᠭᠤᠴᠠᠭ᠎ᠠ ᠰᠤᠯᠢᠬᠤ ᠠᠵᠢᠯ ᠤᠨ ᠤᠳᠤᠷᠢᠳᠤᠬᠤ ᠲᠤᠭᠤᠶᠢᠯᠡᠩ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠳᠤ ᠮᠡᠳᠡᠬᠦᠯᠵᠦ ᠵᠦᠪᠰᠢᠶᠡᠷᠡᠬᠦᠯᠦᠨ᠎ᠡ᠃ ᠭᠤᠷᠪᠠᠳᠤᠭᠠᠷ ᠠᠯᠬᠤᠮ ᠳᠤ ᠵᠤᠬᠢᠶᠠᠨ ᠪᠠᠶᠢᠭᠤᠯᠤᠯᠳᠠ ᠠᠴᠠ ᠬᠢᠨᠠᠨ ᠪᠠᠶᠢᠴᠠᠭᠠᠨ᠎ᠠ᠃ ᠵᠤᠬᠢᠶᠠᠨ ᠪᠠᠶᠢᠭᠤᠯᠬᠤ ᠭᠡᠯᠳᠡᠰ ᠨᠢ ᠲᠦᠯᠦᠭᠡᠯᠡᠭᠴᠢ ᠪᠠ᠊ ᠰᠤᠩᠭᠤᠭᠳᠠᠬᠤ ᠬᠦᠮᠦᠨ ᠤ ᠬᠢᠨᠠᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢ ᠡᠬᠦᠷᠭᠡᠯᠡᠵᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠨ᠎ᠠ᠃ ᠵᠤᠬᠢᠶᠠᠨ ᠪᠠᠶᠢᠭᠤᠯᠬᠤ ᠭᠡᠯᠳᠡᠰ ᠨᠢ ᠰᠠᠬᠢᠯᠭ᠎ᠠ ᠪᠠᠳᠣ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠨᠢᠭᠡᠳᠤᠮᠠᠯ ᠹᠷᠤᠨᠲ᠂ ᠣᠯᠤᠰ ᠲᠦᠷᠦ ᠬᠠᠤᠯᠢ ᠴᠠᠭᠠᠵᠠ ᠵᠡᠷᠭᠡ ᠰᠠᠯᠠᠭ᠎ᠠ ᠮᠦᠴᠢᠷ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠤᠭᠳᠠᠯ ᠪᠦᠬᠦᠢ ᠪᠠᠶᠢᠭᠤᠯᠤᠮᠵᠢ ᠎ ᠲᠠᠢ ᠬᠠᠮᠳᠤ᠂ ᠲᠦᠯᠦᠭᠡᠯᠡᠭᠴᠢ ᠪᠠᠷ ᠰᠣᠩᠭᠤᠭᠳᠠᠬᠤ ᠬᠦᠮᠦᠨ ᠤ ᠤᠯᠤᠰ ᠲᠦᠷᠦ ᠶᠢᠨ ᠴᠢᠨᠠᠷ ᠴᠢᠨᠰᠠᠭ᠎ᠠ᠂ ᠦᠵᠡᠯ ᠰᠠᠨᠠᠭ᠎ᠠ ᠵᠠᠩ ᠰᠤᠷᠳᠠᠯ᠂ ᠠᠷᠢᠭᠤᠨ ᠴᠢᠬᠢᠴᠢ᠂ ᠲᠤᠰᠢᠶᠠᠯ ᠬᠦᠢᠴᠡᠳᠭᠡᠭᠰᠡᠨ ᠴᠢᠳᠠᠪᠦᠷᠢ᠂ ᠤᠯᠠᠨ ᠲᠦᠮᠡᠨᠴᠢ ᠰᠠᠭᠤᠷᠢ᠂ ᠨᠡᠶᠢᠭᠡᠮ ᠤᠨ ᠲᠦᠷᠢ ᠲᠦᠷᠬᠦ ᠵᠡᠷᠭᠡ ᠲᠠᠯ᠎ᠠ ᠳᠤ ᠶᠡᠷᠦᠩᠬᠡᠢ ᠬᠢᠨᠠᠨ ᠪᠠᠶᠢᠴᠠᠭᠠᠯᠳᠠ ᠬᠢᠨ᠎ᠠ᠃  ᠬᠤᠳᠠ ᠎ ᠶᠢᠨ ᠨᠮ᠎ᠠ ᠤᠨ ᠬᠤᠷᠢᠶ᠎ᠠ ᠨᠢ ᠲᠤᠤᠷ᠎ᠡ ᠨᠢᠭᠡ ᠱᠠᠳᠣᠨ ᠤ ᠨᠠᠮ ᠤᠨ ᠬᠤᠷᠢᠶ᠎ᠠ ︵ᠨᠠᠮ ᠤᠨ ᠲᠤᠭᠤᠶᠢᠯᠡᠩ︶᠎ ᠳᠤ ᠨᠠᠶᠢᠳᠠᠵᠤ ᠺᠠᠳ᠋ᠷ ᠤᠨ ᠬᠠᠮᠢᠶᠠᠷᠤᠯᠳᠠ ᠶᠢᠨ ᠡᠷᠭᠡ ᠮᠡᠳᠡᠯ ᠤᠨ ᠬᠡᠪᠴᠢᠶ᠎ᠠ ᠪᠤᠶᠤ ᠬᠠᠷᠢᠶᠠᠳᠤ ᠣᠷᠣᠨ ᠤ ᠵᠠᠷᠴᠢᠮ ᠶᠤᠰᠤᠭᠠᠷ ᠪᠠᠶᠢᠴᠠᠯᠭᠠᠵᠤ  ᠪᠤᠯᠤᠨ᠎ᠠ᠂ ᠭᠡᠪᠡᠴᠦ ᠱᠠᠳᠣ ᠱᠠᠳᠣ ᠪᠠᠷ ᠨᠠᠶᠢᠳᠠᠨ ᠪᠠᠶᠢᠴᠠᠯᠭᠠᠵᠤ ᠪᠤᠯᠬᠤ ᠦᠬᠡᠢ᠃ ᠤᠨᠴᠠᠭᠠᠢ ᠴᠢᠬᠤᠯᠠᠴᠢᠯᠠᠬᠤ ᠨᠢ᠂ ᠶᠡᠭᠡ ᠬᠤᠷᠠᠯ᠂ ᠰᠣᠮᠣ ᠪᠠᠯᠭᠠᠰᠤᠨ ᠤ ᠨᠠᠮ ᠤᠨ ᠬᠤᠷᠢᠶ᠎ᠠ ᠨᠢ ᠭᠠᠴᠠᠭᠠᠨ ᠳᠤ ᠨᠠᠶᠢᠳᠠᠵᠤ ᠰᠣᠮᠣ ᠪᠠᠯᠭᠠᠰᠤᠨ ᠤ ᠱᠠᠳᠣᠨ ᠤ ᠠᠷᠠᠳ ᠤᠨ ᠲᠦᠯᠦᠭᠡᠯᠡᠭᠴᠢ ᠳᠤ ᠬᠢᠨᠠᠨ ᠪᠠᠶᠢᠴᠠᠭᠠᠯᠳᠠ ᠬᠢᠵᠦ ᠪᠤᠯᠬᠤ ᠦᠬᠡᠢ᠃ ᠲᠦᠯᠦᠭᠡᠯᠡᠭᠴᠢ ᠪᠠᠷ ᠰᠣᠩᠭᠤᠭᠳᠠᠬᠤ ᠬᠦᠮᠦᠨ ᠲᠤᠳᠤᠷᠠᠭᠰᠠᠨ ᠤ ᠲᠠᠷᠠᠭ᠎ᠠ ᠡᠬᠦᠰᠬᠦ ᠳᠤ ᠦᠷᠭᠡᠨ ᠲᠡᠯᠭᠡᠷᠡᠩᠬᠦᠢ ᠪᠠᠷ ᠰᠠᠨᠠᠯ ᠰᠤᠨᠤᠰᠬᠤ ᠮᠦᠷᠳᠡᠭᠡᠨ ᠲᠤᠭᠳᠠᠭᠰᠠᠨ ᠭᠡᠪᠴᠢᠶᠠᠨ ᠲᠤᠳᠤᠷ᠎ᠠ ᠵᠠᠷᠯᠠᠨ᠎ᠠ᠃ ᠲᠦᠷᠪᠡᠳᠦᠭᠡᠷ ᠠᠯᠬᠤᠮ ᠳᠤ ᠬᠤᠳᠠ ᠶᠢᠨ ᠨᠠᠮ ᠤᠨ ᠬᠤᠷᠢᠶ᠎ᠠ ᠠᠴᠠ ᠨᠡᠷ᠎ᠡ ᠲᠤᠷᠠᠳᠤᠭᠰᠠᠨ ᠰᠣᠩᠭᠤᠭᠳᠠᠬᠤ ᠬᠦᠮᠦᠨ ᠢ ᠬᠢᠨᠠᠨ ᠲᠤᠭᠳᠠᠭᠠᠨ᠎ᠠ᠃ ᠠᠷᠠᠳ ᠤᠨ ᠲᠦᠯᠦᠭᠡᠯᠡᠭᠴᠢ ᠪᠠᠷ ᠰᠣᠩᠭᠤᠭᠳᠠᠬᠤ ᠬᠦᠮᠦᠨ ᠤ ᠰᠠᠨᠠᠭᠤᠯᠭ᠎ᠠ ᠶᠢᠨ ᠨᠠᠷᠠᠰ ᠢ ᠵᠤᠬᠢᠶᠠᠨ ᠪᠠᠶᠢᠭᠤᠯᠬᠤ ᠭᠡᠯᠳᠡᠰ ᠠᠴᠠ ᠬᠤᠳᠠ ᠶᠢᠨ ᠨᠠᠮ ᠤᠨ ᠬᠤᠷᠢᠶᠠᠨ ᠳᠤ ᠮᠡᠳᠡᠬᠦᠯᠵᠦ ᠬᠢᠨᠠᠨ ᠲᠤᠭᠳᠠᠭᠠᠭᠰᠠᠨ ᠤ ᠲᠠᠷᠠᠭ᠎ᠠ᠂ ᠰᠤᠩᠭᠤᠭᠤᠯᠢ ᠶᠢᠨ ᠬᠠᠤᠯᠢ ᠳᠤ ᠲᠤᠭᠳᠠᠭᠰᠠᠨ ᠶᠠᠪᠤᠴᠠ ᠶᠤᠰᠤᠭᠠᠷ ᠬᠦᠢᠴᠡᠳᠭᠡᠨ᠎ᠡ᠃        ᠣᠯᠣᠰ ᠲᠦᠷᠦ ᠶᠢᠨ ᠵᠦᠪᠯᠡᠯᠭᠡᠨ ᠤ ᠭᠡᠰᠢᠬᠦᠨ ᠪᠠᠷ ᠰᠤᠩᠭᠤᠭᠳᠠᠬᠤ ᠬᠦᠮᠦᠨ ᠢ ᠲᠤᠳᠤᠷᠠᠭᠤᠯᠬᠤ ᠠᠯᠬᠤᠮ ᠲᠠᠷᠠᠭᠠᠯᠠᠯ  ᠎ ᠨᠢ ᠮᠦᠨ ᠲᠤᠤᠷᠠᠬᠢ ︽ᠲᠦᠷᠪᠡᠨ ᠠᠯᠬᠤᠮ︾  ᠎ ᠢ ᠵᠢᠷᠤᠮᠯᠠᠨ᠎ᠠ᠄ ᠨᠢᠭᠡᠳᠦᠭᠡᠷ ᠠᠯᠬᠤᠮ ᠳᠤ ᠠᠵᠢᠯ ᠤᠨ ᠲᠦᠰᠦᠯ ᠢ ᠲᠤᠭᠳᠠᠭᠠᠨ᠎ᠠ᠃ ᠵᠤᠬᠢᠶᠠᠨ ᠪᠠᠶᠢᠭᠤᠯᠬᠤ ᠬᠡᠯᠳᠡᠰ ᠨᠢ ᠨᠢᠭᠡᠳᠦᠮᠡᠯ ᠹᠷᠤᠨᠲ ᠤᠨ ᠭᠡᠯᠳᠡᠰ᠂ ᠣᠯᠣᠰ ᠲᠦᠷᠦ ᠤᠨ ᠵᠦᠪᠯᠡᠯᠭᠡᠨ ᠤ ᠨᠠᠮ ᠤᠨ ᠲᠤᠭᠤᠶᠢᠯᠡᠩ ᠲᠠᠢ ᠬᠠᠮᠳᠤ᠂ ᠭᠡᠰᠢᠬᠦᠨ ᠤ ᠲᠤᠬᠢᠷᠠᠭᠤᠯᠤᠯᠳᠠ ᠶᠢᠨ ᠲᠦᠰᠦᠯ ᠢ ᠰᠣᠳᠣᠯᠣᠨ ᠲᠤᠷᠠᠳᠴᠣ᠂ ᠬᠤᠳᠠ ᠶᠢᠨ ᠨᠠᠮ ᠤᠨ ᠬᠤᠷᠢᠶᠠᠨ ᠳᠤ ᠮᠡᠳᠡᠬᠦᠯᠵᠦ ᠬᠢᠨᠠᠨ ᠲᠤᠭᠳᠠᠭᠠᠨ᠎ᠠ᠃ ᠬᠤᠶᠠᠳᠤᠭᠠᠷ ᠠᠯᠬᠤᠮ ᠳᠤ ᠵᠤᠬᠢᠶᠠᠨ ᠪᠠᠶᠢᠭᠤᠯᠤᠯᠳᠠ ᠠᠴᠠ ᠲᠠᠨᠢᠯᠴᠠᠭᠤᠯᠵᠤ ᠬᠢᠨᠠᠨ ᠪᠠᠶᠢᠴᠠᠭᠠᠨ᠎ᠠ᠃ ᠲᠠᠨᠢᠯᠴᠠᠭᠤᠯᠬᠤ ᠡᠯ᠎ᠡ ᠪᠠᠶᠢᠭᠤᠯᠭ᠎ᠠ ᠨᠢ ᠬᠦᠢᠴᠡᠳ ᠶᠠᠷᠢᠯᠴᠠᠵᠤ᠂ ᠪᠤᠭᠤᠮᠳᠠ ᠶᠢ ᠴᠢᠩᠭ᠎ᠠ ᠠᠳᠬᠤᠭᠰᠠᠨ ᠰᠠᠭᠤᠷᠢᠨ ᠲᠡᠭᠡᠷ᠎ᠡ᠂ ᠲᠠᠨᠢᠯᠴᠠᠭᠤᠯᠬᠤ ᠭᠡᠵᠦ ᠪᠠᠶᠢᠭ᠎ᠠ  ᠰᠤᠩᠭᠤᠭᠳᠠᠬᠤ ᠬᠦᠮᠦᠨ ᠤ ᠨᠡᠷ᠎ᠡ ᠶᠢ ᠲᠤᠷᠠᠳᠴᠤ᠂ ᠨᠠᠮ ᠤᠨ ᠲᠤᠳᠤᠭᠠᠬᠢ ᠨᠠᠮ ‍ᠤᠨ‌ᠭᠠᠳᠠᠨᠠᠬᠢ ᠶᠢ ᠲᠤᠰ ᠪᠦᠷᠢ ᠵᠤᠬᠢᠶᠠᠨ ᠪᠠᠶᠢᠭᠤᠯᠬᠤ ᠭᠡᠯᠳᠡᠰ᠂ ᠨᠢᠭᠡᠳᠤᠮᠠᠯ ᠹᠷᠤᠨᠲ ᠶᠢᠨ ᠭᠡᠯᠳᠡᠰ ᠲᠤ ᠮᠡᠳᠡᠬᠦᠯᠦᠨ᠎ᠡ᠃ ᠬᠢᠨᠠᠨ ᠪᠠᠶᠢᠴᠠᠭᠠᠬᠤ ᠳᠠᠭᠠᠨ ᠠᠷᠠᠳ ᠤᠨ ᠲᠦᠯᠦᠭᠡᠯᠡᠭᠴᠢ ᠶᠢ ᠬᠢᠨᠠᠨ ᠪᠠᠶᠢᠴᠠᠭᠠᠭᠰᠠᠨ ᠲᠠᠢ ᠠᠳᠠᠯᠢᠬᠠᠨ ᠢᠶᠠᠷ᠂ ᠬᠤᠳᠠ ᠶᠢᠨ ᠨᠮ᠎ᠠ ᠤᠨ ᠬᠤᠷᠢᠶ᠎ᠠ ᠠᠴᠠ ᠲᠤᠤᠷ᠎ᠡ ᠨᠢᠭᠡ ᠱᠠᠳᠣᠨ ᠤ ᠨᠠᠮ ᠤᠨ ᠬᠤᠷᠢᠶ᠎ᠠ ︵ᠨᠠᠮ ᠎ ᠤᠨ ᠲᠤᠭᠤᠶᠢᠯᠡᠩ︶᠎ ᠳᠤ ᠨᠠᠶᠢᠳᠠᠨ ᠪᠠᠶᠢᠴᠠᠯᠭᠠᠵᠦ ᠪᠤᠯᠤᠨ᠎ᠠ᠂ ᠭᠡᠪᠡᠴᠦ ᠱᠠᠳᠣ ᠱᠠᠳᠣ ᠪᠠᠷ ᠨᠠᠶᠢᠳᠠᠨ ᠪᠠᠶᠢᠴᠠᠭᠠᠵᠤ ᠪᠤᠯᠬᠤ ᠦᠬᠡᠢ᠂ ᠵᠤᠬᠢᠬᠤ ᠭᠡᠪᠴᠢᠶᠠᠨ ᠲᠤᠳᠤᠷ᠎ᠠ ᠵᠠᠷᠯᠠᠨ᠎ᠠ᠃ ᠭᠤᠷᠪᠠᠳᠤᠭᠠᠷ ᠠᠯᠬᠤᠮ ᠳᠤ ᠠᠷᠠᠳᠴᠢᠯᠠᠯ ᠪᠠᠷ ᠵᠦᠪᠳᠡᠯᠴᠡᠨ᠎ᠡ᠃ ᠵᠤᠬᠢᠶᠠᠨ ᠪᠠᠶᠢᠭᠤᠯᠬᠤ ᠭᠡᠯᠳᠡᠰ᠂ ᠨᠢᠭᠡᠳᠦᠮᠡᠯ ᠹᠷᠤᠨᠲ ᠶᠢᠨ ᠭᠡᠯᠳᠡᠰ ᠨᠢ ᠲᠠᠨᠢᠯᠴᠠᠭᠤᠯᠤᠭᠰᠠᠨ ᠨᠡᠷᠡᠰ ᠤᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠡᠩ ᠤᠨ ᠰᠠᠨᠠᠯ ᠢ ᠰᠤᠨᠤᠰᠴᠤ᠂  ᠲᠠᠨᠢᠯᠴᠠᠭᠤᠯᠤᠭᠰᠠᠨ ᠡᠯ᠎ᠡ ᠪᠠᠶᠢᠭᠤᠯᠭ᠎ᠠ ᠲᠠᠢ ᠶᠠᠷᠢᠯᠴᠠᠨ ᠵᠦᠪᠳᠡᠯᠴᠡᠬᠦ ᠶᠢᠨ ᠬᠠᠮᠳᠣ ᠬᠢᠨᠠᠨ ᠪᠠᠶᠢᠴᠠᠭᠠᠭᠰᠠᠨ ᠪᠠᠶᠢᠳᠠᠯ ᠎ ᠢ ᠦᠨᠳᠦᠰᠦᠯᠡᠵᠦ᠂ ᠨᠠᠮ ᠤᠨ ᠲᠤᠳᠤᠭᠠᠬᠢ ᠨᠠᠮ ᠤᠨ ᠭᠠᠳᠠᠨᠠᠬᠢ ᠲᠠᠨᠢᠯᠴᠠᠭᠤᠯᠤᠭᠰᠠᠨ ᠨᠡᠷᠡᠰ ᠤᠨ ᠲᠤᠬᠠᠢ ᠠᠩᠬ᠎ᠠ ᠠᠯᠬᠤᠮ ᠰᠤᠩᠭᠤᠭᠳᠠᠬᠤ ᠬᠦᠮᠦᠨ ᠢ ᠲᠤᠷᠠᠳᠴᠤ᠂ ᠨᠢᠭᠡᠳᠤᠮᠡᠯ ᠹᠷᠤᠨᠲ ᠤᠨ ᠭᠡᠯᠳᠡᠰ ᠠᠴᠠ ᠬᠤᠷᠢᠶᠠᠩᠭᠤᠶᠢᠯᠡᠵᠦ᠂ ᠬᠤᠯᠪᠤᠭᠳᠠᠯ ᠪᠦᠬᠦᠢ ᠲᠠᠯ᠎ᠠ ᠶᠢᠨ ᠰᠠᠨᠠᠯ ᠢ ᠤᠯᠠᠮ ᠨᠢᠭᠡ ᠠᠯᠬᠤᠮ ᠬᠤᠷᠢᠶᠠᠨ ᠠᠪᠤᠭᠰᠠᠨ ᠤ ᠲᠠᠷᠠᠭ᠎ᠠ᠂ ᠰᠤᠩᠭᠤᠭᠳᠠᠬᠤ ᠬᠦᠮᠦᠨ ᠤ ᠰᠠᠨᠠᠭᠤᠯᠭ᠎ᠠ ᠶᠢᠨ ᠨᠠᠷᠡᠰ ᠢ ᠪᠤᠢ ᠪᠤᠯᠭᠠᠨ᠎ᠠ᠃ ᠲᠦᠷᠪᠡᠳᠦᠭᠡᠷ ᠠᠯᠬᠤᠮ ᠳᠤ ᠬᠤᠳᠠ ᠶᠢᠨ ᠨᠠᠮ ᠤᠨ ᠬᠤᠷᠢᠶ᠎ᠠ ᠬᠢᠨᠠᠨ ᠵᠦᠪᠯᠡᠵᠦ ᠲᠤᠭᠳᠠᠭᠠᠨ᠎ᠠ᠃ ᠰᠣᠩᠭᠤᠭᠳᠠᠬᠤ ᠬᠦᠮᠦᠨ ᠤ ᠰᠠᠨᠠᠭᠤᠯᠭ᠎ᠠ ᠶᠢᠨ ᠨᠠᠷᠠᠰ ᠢ ᠵᠤᠬᠢᠶᠠᠨ ᠪᠠᠶᠢᠭᠤᠯᠬᠤ ᠭᠡᠯᠳᠡᠰ ᠠᠴᠠ ᠬᠤᠳᠠ ᠶᠢᠨ ᠨᠠᠮ ᠤᠨ ᠬᠤᠷᠢᠶᠠᠨ ᠳᠤ ᠮᠡᠳᠡᠬᠦᠯᠵᠦ ᠬᠢᠨᠠᠨ ᠲᠤᠭᠳᠠᠭᠰᠠᠨ ᠤ ᠲᠠᠷᠠᠭ᠎ᠠ᠂ ᠣᠯᠣᠰ ᠲᠦᠷᠦ ᠶᠢᠨ ᠵᠦᠪᠯᠡᠯᠭᠡᠨ ᠤ ᠲᠦᠷᠢᠮ ᠳᠤ ᠲᠤᠭᠳᠠᠭᠰᠠᠨ ᠶᠠᠪᠤᠴᠠ ᠶᠤᠰᠤᠭᠠᠷ ᠬᠦᠢᠴᠡᠳᠭᠡᠨ᠎ᠡ᠃       ᠭᠤᠷᠪᠠ ᠳᠤ ᠪᠦᠲᠦᠴᠡ ᠶᠢᠨ ᠪᠤᠭᠤᠮᠳᠠ ᠶᠢ ᠴᠢᠩᠭ᠎ᠠ ᠠᠳᠬᠤᠨ᠎ᠠ᠃ ᠠᠷᠠᠳ ᠤᠨ ᠲᠥᠯᠥᠭᠡᠯᠡᠭᠴᠢ ᠪᠠᠷ ᠰᠤᠩᠭᠤᠭᠳᠠᠬᠤ ᠬᠦᠮᠦᠰ ᠤᠨ ᠲᠤᠳᠤᠷ᠎ᠠ ᠦᠨᠳᠦᠰᠦᠨ ᠱᠠᠲᠤᠨ ᠤ ᠢᠯᠠᠩᠭᠤᠶ᠎ᠠ ᠨᠢᠭᠡᠳᠦᠭᠡᠷ ᠹᠷᠣᠨᠲ ᠤᠨ ᠠᠵᠢᠯᠴᠢᠨ᠂ ᠲᠠᠷᠢᠶᠠᠴᠢᠨ ᠮᠠᠯᠴᠢᠨ᠂ ᠲᠤᠰᠬᠠᠶ ᠮᠡᠷᠭᠡᠯᠵᠢᠳᠡᠨ ᠪᠠ  ᠡᠮᠡᠭᠳᠡᠢ ᠲᠦᠯᠦᠭᠡᠯᠡᠭᠴᠢ ᠶᠢᠨ ᠬᠠᠷᠢᠴᠠᠯ ᠢ ᠵᠣᠬᠢᠰᠲᠠᠶ ᠪᠠᠷ ᠳᠡᠭᠡᠭᠰᠢᠯᠡᠭᠦᠯᠵᠦ᠂ ᠺᠠᠳ᠋ᠷ ᠢᠶᠠᠷ ᠰᠤᠩᠭᠤᠭᠳᠠᠬᠤ  ᠬᠦᠮᠦᠰ ᠤᠨ ᠬᠠᠷᠢᠴᠠᠯ ᠢ ᠬᠢᠵᠠᠭᠠᠷᠯᠠᠵᠦ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠲᠥᠯᠥᠭᠡᠯᠡᠭᠴᠢ ᠶᠢᠨ ᠬᠠᠷᠢᠴᠠᠯ ᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠪᠠᠳᠤᠯᠠᠨ᠎ᠠ᠂ ᠨᠠᠮ ᠤᠨ ᠭᠠᠳᠠᠨᠠᠬᠢ ᠲᠥᠯᠥᠭᠡᠯᠡᠭᠴᠢ ᠨᠢ ᠵᠤᠬᠢᠬᠤ ᠬᠠᠷᠢᠴᠠᠯ ᠲᠠᠢ ᠪᠠᠶᠢᠬᠤ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠᠷ ᠰᠤᠩᠭᠤᠭᠳᠠᠬᠤ ᠬᠦᠮᠦᠨ ᠢ ᠲᠤᠭᠢᠷᠠᠭᠤᠯᠬᠤ ᠳᠠᠭᠠᠨ ᠨᠢᠭᠡᠳᠦᠯᠲᠡᠶ ᠲᠦᠯᠦᠪᠯᠡᠵᠦ ᠲᠡᠩᠴᠡᠭᠦᠷᠢᠲᠡᠶ ᠪᠤᠯᠭᠠᠬᠤ ᠶᠢ ᠠᠩᠬᠠᠷᠴᠤ᠂ ᠨᠠᠮ ᠤᠨ ᠭᠠᠳᠠᠨᠠᠬᠢ ᠲᠥᠯᠥᠭᠡᠯᠡᠭᠴᠢ ᠶᠢᠨ ᠬᠠᠷᠢᠴᠠᠯ ᠨᠢ 60 %᠎ ᠠᠴᠠ ᠳᠤᠲᠠᠭᠤ ᠪᠠᠶᠢᠵᠤ ᠪᠣᠯᠬᠤ ᠦᠭᠡᠢ᠂ ᠡᠮᠡᠭᠳᠡᠢ ᠭᠡᠰᠢᠭᠦᠨ᠂ ᠴᠥᠭᠡᠨ ᠲᠣᠭᠠᠲᠤ ᠦᠨᠳᠦᠰᠦᠲᠡᠨ ᠤ ᠭᠡᠰᠢᠭᠦᠨ ᠵᠣᠬᠢᠬᠤ ᠬᠠᠷᠢᠴᠠᠯ ᠢ ᠡᠵᠡᠯᠡᠵᠦ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠵᠣᠬᠢᠰᠲᠠᠶ ᠪᠠᠷ ᠨᠡᠮᠡᠭᠳᠡᠬᠦᠯᠦᠨ᠎ᠡ᠃ ᠨᠠᠮ ᠵᠠᠰᠠᠭ ᠤᠨ ᠺᠠᠳ᠋ᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠦᠨᠳᠦᠰᠦᠨ ᠱᠠᠳᠣᠨ ᠤ ᠤᠯᠠᠨ ᠲᠦᠮᠡᠨ ᠤ ᠤᠷᠤᠨ ᠲᠤᠭ᠎ᠠ ᠶᠢ ᠰᠢᠬᠠᠨ ᠡᠵᠡᠯᠡᠬᠦ ᠶᠢ ᠡᠷᠡᠰ ᠰᠡᠷᠬᠡᠶᠢᠯᠡᠨ᠎ᠡ᠃ ᠲᠦᠯᠦᠭᠡᠯᠡᠭᠴᠢ᠂ ᠭᠡᠰᠢᠬᠦᠨ ᠪᠠᠷ ᠰᠤᠩᠭᠤᠭᠳᠠᠬᠤ ᠬᠦᠮᠦᠨ ᠤ ᠪᠡᠶ᠎ᠡ ᠶᠢᠨ ᠭᠠᠷᠤᠯ ᠢ ᠰᠤᠩᠭᠤᠭᠤᠯᠢ ᠎ ᠳᠤ ᠤᠷᠤᠯᠴᠠᠬᠤ ᠦᠶ᠎ᠠ ᠶᠢᠨ ᠪᠤᠶᠤ ᠵᠦᠪᠳᠡᠯᠴᠡᠨ ᠨᠡᠷ᠎ᠡ ᠲᠤᠷᠠᠳᠬᠤ ᠦᠶ᠎ᠡ ᠶᠢᠨ ᠡᠷᠬᠢᠯᠡᠭᠰᠡᠨ ᠠᠵᠢᠯ ᠢᠶᠠᠷ ᠪᠠᠷᠢᠮᠵᠢᠶ᠎ᠠ ᠪᠤᠯᠭᠠᠵᠤ᠂ ᠲᠠᠪᠬᠤᠷ ᠪᠠᠶ᠎ᠠ  ᠎ ᠶᠢᠨ ᠭᠠᠷᠤᠯ ᠲᠠᠢ ᠪᠤᠯ ᠲᠦᠯᠦᠭᠡᠯᠡᠭᠴᠢ ᠴᠢᠨᠠᠷ ᠪᠤᠯᠤᠨ ᠠᠵᠢᠯ ᠤᠨ ᠰᠢᠨᠵᠢ ᠴᠢᠨᠠᠷ ᠤᠨ ᠭᠤᠤᠯ ᠲᠡᠳ᠋ ᠢᠶᠠᠷ ᠬᠢᠨᠠᠨ ᠲᠤᠭᠳᠠᠭᠠᠨ᠎ᠠ᠃       ︵ᠲᠦᠷᠪᠡ︶ ᠶᠡᠭᠡ ᠬᠤᠷᠠᠯ ᠤᠨ ᠰᠤᠩᠭᠤᠭᠤᠯᠢ ᠶᠢᠨ ᠠᠵᠢᠯ ᠢ ᠦᠨᠡᠨᠬᠦ ᠰᠠᠶᠢᠲᠤᠷ ᠬᠢᠨ᠎ᠠ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠤᠯᠢ  ᠶᠤᠰᠤᠭᠠᠷ ᠠᠵᠢᠯᠯᠠᠬᠤ ᠎ ᠶᠢ ᠰᠤᠩᠭᠤᠭᠤᠯᠢ ᠶᠢᠨ ᠪᠦᠬᠦ ᠶᠠᠪᠤᠴᠠ ᠳᠤ  ᠲᠤᠤᠱᠯᠠᠭᠤᠯᠵᠤ᠂ ᠰᠣᠩᠭᠤᠭᠤᠯᠢ ᠨᠢ ᠲᠦᠷᠢᠮᠵᠢ ᠲᠠᠢ ᠡᠮᠬᠢ ᠲᠠᠷᠠᠭᠠᠯᠠᠯ ᠲᠠᠢ ᠶᠠᠪᠤᠭᠳᠠᠬᠤ ᠶᠢ ᠪᠠᠳᠤᠯᠠᠨ᠎ᠠ᠃ ᠨᠢᠭᠡ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠰᠤᠩᠭᠤᠭᠤᠯᠢ ᠶᠢᠨ ᠠᠵᠢᠯ ᠤᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠰᠣᠩᠭᠤᠭᠤᠯᠢ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠣᠳᠣᠯᠣᠨ ᠰᠢᠢᠳᠪᠦᠷᠢᠯᠡᠨ᠎ᠠ᠃ ᠦᠨᠳᠦᠰᠦᠨ ᠬᠠᠤᠯᠢ ᠪᠠ ᠰᠣᠩᠭᠤᠭᠤᠯᠢ ᠶᠢᠨ ᠬᠠᠤᠯᠢ᠂ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ᠂ ᠤᠯᠤᠰ ᠲᠦᠷᠦ ᠶᠢᠨ ᠵᠥᠪᠯᠡᠯᠭᠡᠨ ᠤ ᠳᠦᠷᠢᠮ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠰᠤᠩᠭᠤᠭᠤᠯᠢ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠰᠣᠩᠭᠤᠭᠤᠯᠢ ᠶᠢᠨ ᠡᠯ᠎ᠡ ᠶᠠᠪᠤᠴᠠ ᠳᠤ ᠲᠣᠳᠣᠷᠬᠠᠶ ᠲᠣᠭᠲᠠᠭᠠᠯ ᠭᠠᠷᠭᠠᠨ᠂ ᠵᠢᠱᠢᠭᠳᠡᠭᠰᠡᠳ ᠤᠨ ᠬᠢᠷᠢ ᠬᠡᠮ ᠤᠨ ᠨᠥᠬᠦᠴᠡᠯ ᠳᠤ ᠱᠠᠭᠠᠷᠳᠠᠯᠭ᠎ᠠ ᠳᠤᠷᠠᠳᠴᠤ᠂ ᠬᠠᠤᠯᠢ ᠳᠤ ᠲᠤᠭᠳᠠᠭᠰᠠᠨ ᠶᠠᠪᠤᠴᠠ ᠪᠠᠷ ᠲᠠᠮᠵᠢᠵᠦ ᠵᠣᠬᠢᠶᠠᠨ ᠪᠠᠶᠢᠭᠤᠯᠤᠯᠲᠠ ᠶᠢᠨ ᠵᠤᠷᠢᠯᠳᠠ ᠤᠷᠤᠭᠰᠢᠲᠠᠶ ᠪᠡᠶᠡᠯᠡᠭᠳᠡᠬᠦ ᠶᠢ ᠪᠠᠳᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠠᠶᠢᠳᠠᠯ ᠢ ᠴᠠᠭ ᠲᠤᠬᠠᠶ ᠳᠤᠨᠢ  ᠤᠶᠢᠯᠠᠭᠠᠨ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠵᠤ ᠪᠠᠶᠢᠴᠠᠭᠠᠨ ᠵᠢᠯᠤᠭᠤᠳᠬᠤ ᠲᠤᠭᠤᠶᠢᠯᠡᠩ ᠲᠤᠮᠢᠯᠠᠨ᠂ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ᠂ ᠵᠢᠭᠠᠨ ᠵᠢᠯᠣᠭᠤᠳᠤᠨ᠎ᠠ᠃     ᠬᠤᠶᠠᠷ ᠲᠤ ᠲᠥᠯᠥᠭᠡᠯᠡᠭᠴᠢ᠂ ᠭᠡᠰᠢᠬᠦᠨ ᠤ ᠠᠷᠠᠳᠴᠢᠯᠠᠯ ᠤᠨ ᠡᠷᠬᠡ ᠪᠠᠨ ᠵᠥᠪ ᠢᠶᠠᠷ ᠬᠡᠷᠡᠭᠵᠢᠭᠦᠯᠬᠦ ᠶᠢ ᠬᠦᠳᠦᠯᠤᠨ ᠲᠠᠭᠠᠭᠤᠯᠤᠨ᠎ᠠ᠃ ᠲᠥᠯᠥᠭᠡᠯᠡᠭᠴᠢ᠂ ᠭᠡᠰᠢᠬᠦᠨ ᠢ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠬᠦ᠂ ᠰᠠᠨᠠᠭᠠᠴᠢᠯᠠᠭ᠎ᠠ ᠠᠴᠠ ᠪᠠᠨ ᠰᠠᠨᠠᠯ ᠵᠥᠪᠯᠡᠯᠭᠡ ᠲᠤᠷᠠᠳᠬᠤ᠂ ᠮᠡᠳᠡᠬᠦᠯᠦᠯᠳᠡ ᠶᠢ ᠬᠢᠨᠠᠨ ᠵᠦᠪᠯᠡᠬᠦ ᠳᠤ ᠢᠳᠡᠪᠬᠢᠳᠡᠢ ᠤᠷᠤᠯᠴᠡᠵᠦ᠂ ᠶᠠᠷᠢᠯᠴᠠᠨ ᠵᠦᠪᠳᠡᠯᠴᠡᠵᠦ ᠨᠡᠷ᠎ᠡ ᠲᠤᠷᠠᠳᠬᠤ᠂ ᠶᠡᠭᠡ ᠬᠤᠷᠠᠯ ᠤᠨ ᠰᠣᠩᠭᠤᠭᠤᠯᠢ ᠶᠢ ᠬᠦᠢᠴᠡᠳᠭᠡᠬᠦ ᠵᠡᠷᠭᠡ ᠠᠵᠢᠯ ᠳᠤ ᠢᠳᠡᠪᠬᠢᠳᠡᠢ ᠤᠷᠤᠯᠴᠬᠤ ᠶᠢ  ᠵᠤᠷᠢᠭᠵᠢᠭᠤᠯᠤᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠠᠶᠢᠭᠤᠯᠤᠯᠳᠠ ᠶᠢᠨ ᠲᠤᠬᠠᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠲᠤᠳᠤᠷᠬᠠᠢ ᠶᠠᠷᠢᠵᠤ᠂ ᠠᠵᠢᠯᠲᠠᠨ ᠢ ᠲᠤᠬᠢᠷᠠᠭᠤᠯᠤᠯᠳᠠ ᠶᠢᠨ ᠲᠥᠰᠦᠯ ᠤᠨ ᠪᠦᠷᠢᠯᠳᠦᠭᠰᠡᠨ ᠶᠠᠪᠤᠴᠠ ᠶᠢ ᠲᠣᠳᠣᠷᠬᠠᠶ ᠶᠠᠷᠢᠵᠤ᠂ ᠨᠡᠷ᠎ᠡ ᠲᠤᠷᠠᠳᠤᠭᠰᠠᠨ ᠰᠢᠯᠲᠠᠭᠠᠨ ᠢ ᠲᠣᠳᠣᠷᠬᠠᠶ ᠶᠠᠷᠢᠵᠤ᠂  ᠲᠦᠯᠦᠭᠡᠯᠡᠭᠴᠢ᠂ ᠭᠡᠰᠢᠭᠦᠨ ᠳᠤ ᠵᠢᠱᠢᠭᠳᠡᠭᠰᠡᠳ ᠤᠨ ᠪᠠᠶᠢᠳᠠᠯ ᠢ ᠲᠤᠳᠤᠷᠬᠠᠢ ᠲᠠᠨᠢᠯᠴᠠᠭᠤᠯᠵᠤ᠂ ᠪᠠᠶᠢᠳᠠᠯ ᠎ ᠢ ᠤᠶᠢᠯᠠᠭᠠᠭᠰᠠᠨ ᠰᠠᠭᠤᠷᠢᠨ ᠲᠡᠭᠡᠷ᠎ᠡ ᠪᠢᠯᠧᠲ ᠦᠭᠬᠦ ᠬᠡᠷᠡᠭᠳᠡᠢ᠃ ︽ᠪᠦᠬᠦᠯᠢ ᠪᠢᠯᠧᠲ ᠢᠶᠠᠷ ᠰᠤᠩᠭᠤᠭᠳᠠᠬᠤ ᠦᠵᠠᠯᠳᠠ︾᠎ ᠢ  ᠰᠤᠯᠠᠷᠠᠭᠤᠯᠵᠤ᠂ ᠪᠦᠬᠦᠯᠢ ᠪᠢᠯᠧᠲ ᠪᠠᠷ ᠰᠤᠩᠭᠤᠭᠳᠠᠬᠤ ᠱᠠᠭᠠᠷᠳᠠᠯᠭ᠎ᠠ ᠶᠢ ᠲᠤᠷᠠᠳᠬᠤ ᠦᠬᠡᠢ᠃       ᠭᠤᠷᠪᠠ ᠳᠤ ᠡᠯ᠎ᠡ ᠵᠤᠶᠢᠯ ᠤᠨ ᠵᠥᠷᠢᠶᠡᠲᠦ ᠲᠣᠭᠠᠨ ᠰᠤᠩᠭᠤᠭᠳᠠᠬᠤ ᠬᠦᠮᠦᠰ ᠲᠤ ᠭᠤᠤᠯ ᠵᠢᠯᠤᠭᠤᠭᠬᠤ ᠰᠠᠨᠠᠯ ᠲᠤᠷᠠᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠬᠦᠯᠵᠦ᠂ ᠠᠵᠢᠯᠲᠠᠨ ᠤ ᠶᠠᠪᠤᠳᠠᠯ ᠢ ᠵᠦᠪᠳᠡᠯᠴᠡᠬᠦ᠂ ᠶᠡᠭᠡ ᠬᠤᠷᠠᠯ ᠤᠨ ᠰᠤᠩᠭᠤᠭᠤᠯᠢ ᠶᠢᠨ ᠶᠠᠪᠤᠴᠠ ᠲᠤᠮᠳᠠ ᠳᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠡᠯ᠎ᠡ ᠵᠦᠢᠯ ᠤᠨ ᠵᠦᠷᠢᠶᠠᠳᠦ ᠲᠤᠭᠠᠨ ᠤ ᠰᠤᠩᠭᠤᠭᠳᠠᠬᠤ ᠬᠦᠮᠦᠰ ᠤᠨ ᠲᠤᠬᠠ᠊ ᠰᠠᠨᠠᠯ ᠢ ᠲᠥᠯᠥᠭᠡᠯᠡᠭᠴᠢ ᠎ ᠳᠤ ᠲᠣᠳᠣᠷᠬᠠᠶ ᠶᠠᠷᠢᠵᠤ ᠥᠭᠬᠦ ᠬᠡᠷᠡᠭᠳᠡᠢ ᠮᠦᠷᠳᠡᠭᠡᠨ ᠲᠣᠳᠣᠷᠬᠠᠶ ᠱᠠᠭᠠᠷᠳᠠᠯᠭ᠎ᠠ ᠳᠤᠷᠠᠳᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠪᠠᠳᠤᠯᠠᠨ᠎ᠠ᠃ ᠲᠥᠯᠥᠭᠡᠯᠡᠭᠴᠢ ᠶᠢᠨ ᠨᠡᠷ᠎ᠡ ᠬᠤᠯᠪᠤᠭᠠᠯᠠᠨ ᠰᠤᠩᠭᠤᠭᠳᠠᠬᠤ ᠬᠦᠮᠦᠨ ᠲᠤᠷᠠᠳᠬᠤ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠨ᠎ᠠ᠃ ᠬᠤᠳᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ︽ᠮᠡᠳᠡᠭᠳᠡᠯ︾᠎ ᠳᠤ ᠳᠤᠷᠠᠳᠤᠭᠰᠠᠨ ᠨᠢ᠂ ᠲᠦᠯᠦᠭᠡᠯᠡᠭᠴᠢ ᠶᠢᠨ ᠨᠡᠷ᠎ᠡ ᠬᠤᠯᠪᠤᠭᠠᠯᠠᠨ ᠨᠡᠷ᠎ᠡ ᠵᠢᠱᠢᠭᠳᠡᠭᠰᠡᠳ ᠢ ᠳᠤᠷᠠᠳᠬᠤ ᠡᠷᠭᠡ ᠶᠢ ᠬᠠᠤᠯᠢ ᠶᠣᠰᠣᠭᠠᠷ ᠬᠦᠨᠳᠦᠳᠭᠡᠨ ᠪᠠᠳᠤᠯᠠᠵᠦ᠂ ᠲᠥᠯᠥᠭᠡᠯᠡᠭᠴᠢ ᠨᠢ ᠵᠥᠷᠢᠶᠡᠲᠦ  ᠲᠤᠭ᠎ᠠ ᠪᠠᠷ ᠰᠢᠯᠭᠠᠨ  ᠪᠠᠶᠢᠴᠠᠭᠠᠭᠰᠠᠨ ᠬᠦᠮᠦᠰ ᠤᠨ ᠳᠣᠲᠣᠷ᠎ᠠ ᠠᠴᠠ ᠨᠡᠷ᠎ᠡ ᠬᠤᠯᠪᠤᠭᠠᠯᠠᠨ ᠵᠢᠱᠢᠭᠳᠡᠭᠴᠢ ᠲᠤᠷᠠᠳᠴᠤ ᠪᠤᠯᠤᠨ᠎ᠠ᠃ ᠡᠨᠡ ᠪᠣᠯ ᠬᠤᠭᠤᠴᠠᠭ᠎ᠠ ᠰᠣᠯᠢᠬᠤ ᠠᠵᠢᠯ ᠤᠨ ᠳᠤᠮᠳᠠᠬᠢ ᠨᠢᠭᠡᠨ ᠲᠦᠪᠡᠭᠳᠡᠢ ᠠᠰᠠᠭᠤᠳᠠᠯ ᠪᠤᠯᠤᠨ᠎ᠠ᠂ ᠭᠤᠣᠯᠳᠠᠯᠭ᠎ᠠ ᠲᠠᠢ ᠰᠠᠶᠢᠲᠤᠷ ᠡᠵᠡᠮᠰᠢᠬᠦ ᠬᠡᠷᠡᠭᠲᠡᠶ᠃ ᠨᠢᠭᠡᠳᠦᠭᠡᠷ ᠳᠤ ᠲᠥᠯᠥᠭᠡᠯᠡᠭᠴᠢ ᠶᠢᠨ ᠡᠷᠬᠡ ᠶᠢ ᠬᠦᠨᠳᠦᠳᠬᠡᠵᠦ ᠪᠠᠲᠤᠯᠠᠨ᠎ᠠ᠃ ᠲᠥᠯᠥᠭᠡᠯᠡᠭᠴᠢ ᠶᠢ ᠬᠦᠳᠦᠯᠦᠨ ᠵᠢᠯᠤᠭᠤᠳᠴᠦ ᠨᠡᠷ᠎ᠡ ᠬᠤᠯᠪᠤᠭᠠᠯᠠᠨ ᠲᠤᠷᠠᠳᠬᠤ ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠯᠭᠠᠨ ᠪᠠᠶᠢᠴᠠᠭᠠᠭᠰᠠᠨ ᠬᠦᠮᠦᠨ ᠲᠠᠢ ᠤᠶᠠᠯᠳᠣᠭᠤᠯᠵᠤ᠂ ᠵᠣᠬᠢᠶᠠᠨ ᠪᠠᠶᠢᠭᠤᠯᠤᠯᠲᠠ ᠠᠴᠠ ᠬᠢᠨᠠᠨ ᠪᠠᠶᠢᠴᠠᠭᠠᠭᠰᠠᠨ ᠬᠦᠮᠦᠰ ᠤᠨ ᠲᠤᠳᠤᠷ᠎ᠠ ᠠᠴᠠ ᠨᠡᠷ᠎ᠡ ᠬᠤᠯᠪᠤᠭᠠᠨ ᠵᠢᠱᠢᠭᠳᠡᠭᠰᠡᠳ ᠲᠤᠷᠠᠳᠤᠨ᠎ᠠ᠃ ᠬᠤᠶᠠᠳᠤᠭᠠᠷ ᠲᠤ ᠪᠣᠭᠤᠮᠲᠠ ᠶᠢ ᠴᠢᠩᠭ᠎ᠠ ᠪᠠᠶᠢᠴᠠᠭᠠᠨ ᠬᠠᠷᠭᠤᠭᠤᠯᠬᠤ ᠎ ᠶᠢ ᠠᠤᠬᠤᠨ᠎ᠠ᠃ ᠨᠠᠷ᠎ᠠ ᠬᠤᠯᠪᠤᠭᠠᠯᠠᠨ ᠲᠤᠷᠠᠳᠤᠭᠰᠠᠨ ᠬᠦᠮᠦᠨ ᠨᠢ ᠵᠣᠬᠢᠶᠠᠨ ᠪᠠᠶᠢᠭᠤᠯᠤᠯᠲᠠ ᠠᠴᠠ ᠰᠢᠯᠭᠠᠨ ᠪᠠᠶᠢᠴᠠᠭᠠᠭᠰᠠᠨ ᠬᠦᠮᠦᠨ ᠪᠢᠰᠢ ᠪᠤᠯ᠂ ᠵᠣᠬᠢᠶᠠᠨ ᠪᠠᠶᠢᠭᠤᠯᠤᠯᠲᠠ ᠨᠢ ᠴᠢᠩᠭ᠎ᠠ ᠬᠢᠨᠠᠨ ᠬᠠᠷᠭᠤᠭᠤᠯᠵᠤ᠂ ᠨᠠᠷᠢᠨ ᠬᠢᠨᠠᠮᠠᠭᠠᠢ ᠰᠢᠯᠭᠠᠨ ᠪᠠᠶᠢᠴᠠᠭᠠᠵᠤ᠂ ᠳᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠰᠠᠬᠢᠯᠭ᠎ᠠ ᠪᠠᠲᠤ ᠪᠠᠶᠢᠴᠠᠭᠠᠬᠤ  ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠰᠣᠨᠣᠰᠴᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ  ᠪᠠ ᠲᠤᠰᠢᠶᠠᠯ ᠡᠬᠦᠷᠭᠡᠯᠡᠬᠦ ᠨᠥᠬᠦᠴᠡᠯ ᠳᠤ ᠨᠡᠶᠢᠴᠡᠬᠦ ᠦᠭᠡᠢ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠦᠷᠢ ᠦᠬᠡᠢ᠂ ᠠᠷᠢᠭᠤᠨ ᠴᠢᠬᠡᠴᠢ ᠪᠠᠷ ᠪᠡᠶ᠎ᠡ ᠪᠠᠨ  ᠪᠠᠷᠢᠬᠤ ᠵᠡᠷᠭᠡ ᠲᠠᠯ᠎ᠠ ᠪᠠᠷ ᠠᠰᠠᠭᠤᠳᠠᠯ ᠲᠠᠢ ᠪᠤᠯ ᠲᠥᠯᠥᠭᠡᠯᠡᠭᠴᠢᠳ ᠲᠤ ᠲᠠᠶᠢᠯᠪᠤᠷᠢᠯᠠᠨ ᠲᠤᠳᠤᠷᠬᠠᠶᠢᠯᠠᠬᠤ ᠠᠵᠢᠯ ᠬᠢᠵᠦ᠂ ᠵᠢᠱᠢᠭᠳᠡᠭᠰᠡᠳ ᠲᠤ ᠤᠷᠤᠭᠤᠯᠬᠤ ᠦᠭᠡᠢ᠃ ᠬᠡᠷᠪᠡ ᠨᠡᠷ᠎ᠡ ᠲᠤᠷᠠᠳᠤᠭᠰᠠᠨ ᠬᠦᠮᠦᠨ ᠨᠢ ᠨᠡᠷ᠎ᠡ ᠲᠤᠷᠠᠳᠬᠤ ᠶᠢ ᠬᠦᠯᠢᠶᠡᠨ ᠠᠪᠬᠤ ᠳᠤᠷ᠎ᠠ ᠦᠬᠡᠢ ᠪᠤᠯ᠂ ᠲᠤᠰ ᠬᠥᠮᠦᠨ ᠤ ᠰᠠᠨᠠᠯ ᠢ ᠬᠦᠨᠳᠤᠳᠭᠡᠨ᠂ ᠨᠡᠷ᠎ᠡ ᠬᠤᠯᠪᠤᠭᠠᠯᠠᠭᠰᠠᠨ ᠲᠥᠯᠥᠭᠡᠯᠡᠭᠴᠢ ᠳᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠢᠱᠢᠭᠳᠡᠭᠰᠡᠳ ᠲᠤ ᠤᠷᠤᠭᠤᠯᠬᠤ ᠦᠬᠡᠢ᠃ ᠭᠤᠷᠪᠠᠳᠤᠭᠠᠷ ᠳᠤ ᠬᠠᠤᠯᠢ ᠳᠦᠷᠢᠮ ᠶᠣᠰᠣᠭᠠᠷ ᠠᠵᠢᠯᠯᠠᠬᠤ ᠶᠢ ᠪᠠᠷᠢᠮᠳᠠᠯᠠᠨ᠎ᠠ᠃ ᠰᠣᠩᠭᠤᠭᠤᠯᠢ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠬᠠᠤᠯᠢ ᠴᠠᠭᠠᠵᠠ ᠪᠠᠷ ᠰᠢᠢᠳᠪᠦᠷᠢᠯᠡᠬᠦ ᠳᠤ ᠴᠢᠳᠠᠮᠠᠭᠠᠶ ᠪᠠᠶᠢᠵᠦ᠂ ᠡᠬᠦᠨ ᠤ ᠬᠠᠮᠲᠤ ᠴᠠᠭ ᠲᠤᠬᠠᠶ ᠳᠤᠨᠢ ᠬᠠᠷᠢᠭᠤ ᠮᠡᠳᠡᠭᠦᠯᠦᠨ ᠵᠢᠭᠠᠪᠤᠷᠢ  ᠠᠪᠴᠤ᠂ ᠰᠣᠩᠭᠤᠭᠤᠯᠢ ᠨᠢ ᠡᠮᠬᠢ ᠵᠢᠷᠤᠮ ᠲᠠᠢ ᠡᠷᠡᠭᠦᠯ ᠲᠣᠭᠲᠠᠭᠤᠨ ᠢᠶᠠᠷ ᠶᠠᠪᠤᠭᠳᠠᠬᠤ ᠶᠢ ᠪᠠᠳᠤᠯᠠᠨ᠎ᠠ᠃      ᠲᠦᠷᠪᠡ ᠳᠤ ᠵᠢᠱᠢᠭᠳᠡᠭᠰᠡᠳ ᠢ ᠲᠠᠨᠢᠯᠴᠠᠭᠤᠯᠬᠤ ᠠᠷᠭ᠎ᠠ ᠪᠠᠨ ᠰᠠᠶᠢᠵᠢᠷᠡᠭᠤᠯᠤᠨ᠎ᠠ᠃ ᠠᠵᠢᠯᠳᠠᠨ ᠤ ᠶᠠᠪᠤᠳᠠᠯ ᠎ ᠤᠨ ᠲᠤᠬᠢᠷᠠᠭᠤᠯᠤᠯᠳᠠ ᠶᠢᠨ ᠲᠥᠰᠦᠯ ᠢ ᠲᠠᠶᠢᠯᠪᠦᠷᠢᠯᠡᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠪᠠᠭ ᠤᠨ ᠪᠦᠲᠦᠴᠡ ᠶᠢᠨ ᠱᠠᠭᠠᠷᠳᠠᠯᠭ᠎ᠠ᠂ ᠰᠤᠩᠭᠤᠭᠳᠠᠭᠰᠠᠨ ᠬᠦᠮᠦᠨ ᠤ ᠪᠠᠶᠢᠳᠠᠯ ᠵᠢᠴᠢ ᠲᠥᠰᠦᠯ ᠪᠦᠷᠢᠯᠳᠦᠭᠰᠡᠨ ᠶᠠᠪᠤᠴᠠ ᠶᠢ ᠭᠤᠤᠯᠳᠠᠯᠭ᠎ᠠ ᠲᠠᠢ ᠲᠣᠳᠣᠷᠬᠠᠶᠢᠯᠠᠵᠤ ᠥᠭᠬᠦ ᠬᠡᠷᠡᠭᠲᠡᠶ᠃ ᠵᠢᠱᠢᠭᠳᠡᠭᠰᠡᠳ ᠢ ᠲᠠᠨᠢᠯᠴᠠᠭᠤᠯᠬᠤ ᠠᠭᠤᠯᠭ᠎ᠠ ᠶᠢ  ᠪᠦᠷᠢᠨᠰᠢᠬᠦᠯᠵᠦ᠂ ᠠᠵᠢᠯ ᠤᠨ ᠲᠣᠪᠴᠢ ᠨᠠᠮᠲᠠᠷ ᠵᠡᠷᠭᠡ ᠦᠨᠳᠦᠰᠦᠨ ᠪᠠᠶᠢᠳᠠᠯ ᠢ ᠬᠠᠩᠭᠠᠭᠰᠠᠨ ᠰᠠᠭᠤᠷᠢᠨ ᠳᠡᠭᠡᠷ᠎ᠡ᠂ ᠪᠣᠳᠠᠲᠤ ᠢᠯᠡᠷᠡᠯ᠂ ᠠᠵᠢᠯ ᠤᠨ ᠠᠮᠵᠢᠯᠲᠠ ᠪᠦᠲᠦᠮᠵᠢ ᠪᠣᠯᠤᠨ ᠱᠠᠩᠨᠠᠵᠦ  ᠰᠢᠢᠳᠭᠡᠭᠰᠡᠨ ᠵᠡᠷᠭᠡ ᠠᠭᠤᠯᠭ᠎ᠠ ᠶᠢ ᠨᠡᠮᠡᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠵᠢᠱᠢᠭᠳᠡᠭᠰᠡᠳ ᠢ ᠲᠠᠨᠢᠯᠴᠠᠭᠤᠯᠤᠨ᠎ᠠ᠃ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠨᠢ ᠵᠢᠱᠢᠭᠳᠡᠭᠰᠡᠳ ᠪᠤᠯᠤᠨ ᠰᠤᠩᠭᠤᠭᠤᠯᠢ ᠶᠢᠨ ᠬᠦᠮᠦᠰ ᠢ ᠵᠤᠬᠢᠶᠠᠨ ᠪᠠᠶᠢᠭᠤᠯᠵᠤ ᠠᠭᠤᠯᠵᠠᠭᠤᠯᠬᠤ᠂ ᠥᠪᠡᠷ ᠤᠨ ᠪᠡᠶ᠎ᠡ ᠪᠠᠨ ᠲᠠᠨᠢᠯᠴᠠᠭᠤᠯᠬᠤ᠂ ᠲᠤᠬᠠᠶ ᠶᠢᠨ ᠭᠠᠵᠠᠷ ᠲᠤᠨᠢ ᠠᠰᠠᠭᠤᠯᠲᠠ ᠬᠠᠷᠢᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠵᠢᠱᠢᠭᠳᠡᠭᠰᠡᠳ ᠪᠤᠯᠤᠨ ᠰᠤᠩᠭᠤᠭᠤᠯᠢ ᠶᠢᠨ ᠠᠷᠠᠳ ᠎ ᠤᠨ ᠣᠶᠢᠯᠠᠭᠠᠯᠲᠠ ᠶᠢ ᠨᠡᠮᠡᠭᠳᠡᠬᠦᠯᠵᠦ ᠪᠤᠯᠤᠨ᠎ᠠ᠃       ᠭᠤᠷᠪᠠ᠂ ᠠᠵᠢᠯ ‍ᠤᠨ‌ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠨ᠎ᠠ᠃     ︵ᠨᠢᠭᠡ︶ ᠬᠠᠷᠢᠭᠤᠴᠠᠯᠭ᠎ᠠ ᠨᠠᠶᠢᠳᠠᠪᠦᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠡᠷᠬᠡ ᠪᠠ ᠰᠠᠨᠠᠭᠠᠴᠢᠯᠠᠯᠳᠤ ᠡᠷᠬᠡ ᠶᠢ ᠪᠠᠲᠤ ᠠᠳᠬᠤᠵᠤ᠂ ᠲᠦᠯᠦᠭᠡᠯᠡᠭᠴᠢ ᠭᠡᠰᠢᠬᠦᠨ ᠲᠤᠳᠤᠷᠠᠬᠤ᠂ ᠵᠢᠱᠢᠭᠳᠡᠭᠰᠡᠳ ᠢ ᠵᠦᠪᠳᠡᠯᠴᠡᠨ ᠨᠡᠷ᠎ᠡ ᠲᠤᠷᠠᠳᠬᠤ᠂ ᠶᠡᠭᠡ ᠬᠤᠷᠠᠯ ᠤᠨ ᠰᠣᠩᠭᠤᠭᠤᠯᠢ ᠵᠡᠷᠭᠡ ᠲᠠᠯ᠎ᠠ ᠳᠤ᠂ ᠤᠳᠤᠷᠢᠳᠬᠤ ᠪᠠ ᠪᠤᠭᠤᠮᠳᠠ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠳᠤᠷᠢᠳᠬᠤ ᠪᠠᠶᠢᠭᠤᠯᠤᠮᠵᠢ ᠪᠠ ᠠᠵᠢᠯᠯᠠᠬᠤ ᠪᠠᠶᠢᠭᠤᠯᠤᠮᠵᠢ ᠪᠠᠶᠢᠭᠤᠯᠵᠤ᠂ ᠬᠤᠭᠤᠴᠠᠭ᠎ᠠ ᠰᠣᠯᠢᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠠᠬᠢᠭᠤᠯᠤᠨ ᠶᠠᠪᠤᠭᠳᠠᠭᠤᠯᠬᠤ ᠠᠵᠢᠯ ᠢ ᠰᠠᠶᠢᠳᠦᠷ ᠠᠳᠬᠤᠨ᠎ᠠ᠃ ᠬᠤᠭᠤᠴᠠᠭ᠎ᠠ ᠰᠣᠯᠢᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠣᠳᠠᠲᠠᠶ ᠲᠥᠰᠦᠯ ᠢ ᠰᠤᠳᠤᠯᠤᠨ ᠲᠤᠭᠳᠠᠭᠠᠨ᠂ ᠠᠵᠢᠯ ᠢ ᠠᠬᠢᠭᠤᠯᠬᠤ ᠴᠠᠭ ᠬᠤᠭᠤᠴᠠᠭᠠᠨ ᠤ ᠬᠦᠰᠦᠨᠦᠭᠲᠦ ᠲᠠᠢ᠂ ᠨᠠᠶᠢᠳᠠᠪᠤᠷᠢᠵᠢᠭᠤᠯᠬᠤ ᠡᠭᠦᠷᠭᠡ ᠶᠢᠨ ᠪᠢᠴᠢᠭ ᠲᠠᠢ᠂ ᠠᠵᠢᠯ ᠤᠨ ᠠᠬᠢᠴᠠ ᠶᠢ ᠲᠤᠳᠤᠷᠬᠠᠶᠢᠯᠠᠭᠰᠠᠨ ᠠᠯᠬᠤᠮ ᠲᠠᠷᠠᠭᠠᠯᠠᠯ ᠤᠨ ᠵᠢᠷᠤᠭ ᠲᠠᠢ ᠪᠠᠶᠢᠬᠤ ᠬᠡᠷᠡᠭᠳᠡᠢ᠃  ᠵᠣᠬᠢᠶᠠᠨ ᠪᠠᠶᠢᠭᠤᠯᠬᠤ ᠬᠡᠯᠲᠡᠰ ᠨᠢ ᠬᠤᠭᠤᠴᠠᠭ᠎ᠠ ᠰᠣᠯᠢᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠲᠤᠰᠢᠶᠠᠯ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠣᠯᠤᠨ ᠬᠢᠨᠠᠨ ᠬᠠᠷᠭᠤᠭᠤᠯᠵᠤ ᠪᠣᠭᠤᠮᠲᠠ ᠠᠳᠬᠤᠬᠤ ᠶᠢ ᠴᠢᠩᠭᠠᠳᠬᠠᠨ᠂ ᠬᠤᠭᠤᠴᠠᠭ᠎ᠠ ᠰᠣᠯᠢᠬᠤ ᠲᠦᠷᠦ ᠶᠢᠨ ᠪᠤᠳᠤᠯᠭ᠎ᠠ ᠪᠠ ᠬᠢᠨᠠᠨ ᠪᠠᠶᠢᠴᠠᠭᠠᠬᠤ ᠲᠥᠰᠦᠯ ᠢ ᠲᠣᠭᠲᠠᠭᠠᠬᠤ ᠬᠤᠭᠤᠴᠠᠭᠠᠨ ᠳᠤ᠂ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠤᠯᠤᠨ ᠬᠢᠨᠠᠨ ᠪᠠᠶᠢᠴᠠᠭᠠᠬᠤ ᠠᠵᠢᠯ ᠤᠨ ᠲᠥᠰᠦᠯ ᠳᠤ ᠴᠢᠩᠭ᠎ᠠ ᠬᠢᠨᠠᠨ ᠪᠠᠶᠢᠴᠠᠭᠠᠯᠳᠠ ᠬᠢᠨ᠎ᠠ︔ ᠬᠤᠭᠤᠴᠠᠭ᠎ᠠ ᠰᠣᠯᠢᠬᠤ ᠬᠢᠨᠠᠨ ᠪᠠᠶᠢᠴᠠᠭᠠᠯᠳᠠ ᠶᠢᠨ ᠬᠤᠭᠤᠴᠠᠭᠠᠨ ᠳᠤ᠂ ᠭᠤᠤᠯᠳᠠᠭᠤ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ᠂ ᠬᠢᠨᠠᠨ ᠪᠠᠶᠢᠴᠠᠭᠠᠬᠤ ᠶᠠᠪᠤᠴᠠ ᠶᠢᠨ ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠪᠣᠳᠠᠲᠠᠶ ᠵᠢᠯᠤᠭᠤᠳᠤᠯᠭ᠎ᠠ ᠬᠢᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠥᠪᠯᠡᠯᠭᠡᠨ ᠤ ᠬᠤᠷᠠᠯ ᠢ ᠬᠤᠷᠠᠯᠳᠤᠭᠤᠯᠬᠤ ᠬᠤᠭᠤᠴᠠᠭᠠᠨ ᠳᠤ᠂ ᠰᠣᠩᠭᠤᠭᠤᠯᠢ ᠶᠢ ᠰᠠᠶᠢᠳᠦᠷ ᠬᠢᠬᠦ᠂ ᠵᠣᠬᠢᠶᠠᠨ ᠪᠠᠶᠢᠭᠤᠯᠤᠯᠲᠠ ᠶᠢᠨ ᠵᠤᠷᠢᠯᠳᠠ ᠶᠢ ᠤᠷᠤᠭᠰᠢᠲᠠᠶ ᠪᠡᠶᠡᠯᠡᠬᠦᠯᠬᠦ ᠵᠡᠷᠭᠡ ᠳᠤ ᠵᠢᠯᠤᠭᠤᠳᠤᠯᠭ᠎ᠠ ᠪᠠᠨ ᠴᠢᠩᠭᠠᠳᠬᠠᠨ᠎ᠠ᠃       ︵ᠬᠤᠶᠠᠷ︶ ᠵᠤᠬᠢᠴᠠᠭᠤᠯᠤᠨ ᠬᠠᠮᠵᠢᠯᠴᠠᠬᠤ ᠶᠢ ᠠᠩᠬᠠᠷᠤᠨ᠎ᠠ᠃ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠬᠤᠯᠪᠤᠭᠳᠠᠭᠰᠠᠨ ᠭᠡᠪᠴᠢᠶ᠎ᠠ ᠨᠢ ᠶᠡᠭᠡ᠂ ᠤᠯᠠᠨ ᠲᠠᠯ᠎ᠠ ᠶᠢᠨ ᠡᠯᠮᠧᠨᠧᠲ ᠢ ᠪᠣᠳᠣᠯᠬᠢᠯᠠᠬᠤ ᠴᠢᠬᠤᠯᠠᠲᠠᠶ᠃ ᠵᠣᠬᠢᠶᠠᠨ ᠪᠠᠶᠢᠭᠤᠯᠬᠤ ᠬᠡᠯᠲᠡᠰ ᠲᠦᠷᠦᠭᠦᠯᠡᠨ ᠬᠠᠷᠢᠭᠤᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ᠂ ᠨᠢᠭᠡᠳᠦᠮᠡᠯ ᠹᠷᠣᠨᠲ ᠤᠨ ᠬᠡᠯᠲᠡᠰ᠂ ᠰᠢᠬᠦᠬᠦ ᠪᠠᠶᠢᠴᠠᠭᠠᠬᠤ ︽ᠬᠤᠶᠠᠷ ᠬᠤᠷᠢᠶ᠎ᠠ︾᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠪᠦᠬᠦ ᠲᠠᠯ᠎ᠠ ᠶᠢᠨ ᠦᠵᠡᠯᠳᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠲᠠᠭᠰᠠᠨ ᠶᠠᠪᠤᠴᠠ ᠪᠣᠯᠤᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠭᠡᠨ᠂ ᠠᠵᠢᠯ ᠤᠨ ᠨᠢᠬᠳᠠᠷᠠᠯ ᠬᠦᠴᠦᠨ ᠢ ᠪᠦᠷᠢᠯᠳᠦᠬᠦᠯᠵᠦ᠂ ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠲᠤᠭᠳᠠᠭᠠᠤᠨ‌ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠤᠨ᠎ᠠ᠃        ︵ᠭᠤᠷᠪᠠ︶ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠦᠪ ᠴᠢᠩᠭ᠎ᠠ ᠪᠤᠯᠭᠠᠨ᠎ᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠤᠷᠲᠠᠯ ᠰᠠᠬᠢᠯᠭ᠎ᠠ ᠶᠢ ᠴᠢᠩᠳᠠᠯᠠᠬᠤ ᠠᠵᠢᠯ ᠢ ᠪᠠᠳᠤ ᠠᠳᠬᠤᠵᠤ᠂ ︽ᠲᠦᠷᠪᠡᠨ ᠡᠷᠭᠡᠪᠰᠢ‌ᠦᠵᠡᠬᠦ︾᠂ ︽ᠲᠦᠷᠪᠡᠨ ᠡᠷᠭᠡᠪᠰᠢ ᠶᠠᠷᠢᠯᠴᠠᠬᠤ︾᠂ ︽ᠲᠦᠷᠪᠡᠨ ᠡᠷᠭᠡᠪᠰᠢ ᠪᠤᠯᠪᠠᠰᠤᠷᠠᠭᠤᠯᠬᠤ︾ ᠪᠣᠯᠤᠨ ︽ᠨᠡᠷ᠎ᠡ ᠲᠤᠷᠠᠳᠪᠠᠯ ᠲᠦᠷᠪᠡᠨ ᠡᠷᠭᠡᠪᠰᠢ ᠪᠠᠶᠢᠴᠠᠭᠠᠬᠤ︾ ᠵᠡᠷᠭᠡ ᠲᠣᠭᠲᠠᠭᠠᠯ ᠪᠠ ᠱᠠᠭᠠᠷᠳᠠᠯᠭ᠎ᠠ ᠶᠢ ᠨᠢᠭᠡ ᠨᠢᠭᠡ ᠪᠠᠷ ᠨᠠᠷᠢᠨ ᠪᠣᠳᠠᠲᠠᠶ ᠠᠳᠬᠤᠨ᠂ ᠲᠤᠤᠱᠳᠠᠢ ᠬᠦᠢᠴᠡᠳ ᠬᠢᠬᠦ ᠬᠡᠷᠡᠭᠳᠡᠢ᠃ ᠰᠤᠷᠭᠠᠨ ᠬᠦᠮᠦᠵᠢᠯ ᠢ ᠲᠡᠷᠢᠭᠦᠨ ᠳᠤ ᠲᠠᠯᠪᠢᠬᠤ᠂ ᠰᠡᠷᠡᠮᠵᠢᠬᠦᠯᠬᠦ ᠶᠢ ᠲᠡᠷᠢᠬᠦᠨ ᠳᠤ ᠲᠠᠯᠪᠢᠬᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠶ ᠰᠡᠳᠦᠪᠲᠦ ᠰᠤᠷᠤᠯᠴᠠᠯᠭ᠎ᠠ᠂ ᠰᠡᠷᠡᠮᠵᠢᠬᠦᠯᠵᠦ ᠬᠦᠮᠦᠵᠢᠬᠦᠯᠬᠦ ᠹᠢᠯᠢᠮ ᠢ ᠦᠵᠡᠬᠦ᠂ ᠪᠢᠴᠢᠭ ᠤᠨ ᠠᠮᠠᠯᠠᠯᠲᠠ ᠲᠤᠭᠳᠠᠬᠤ ᠵᠡᠷᠭᠡ ᠠᠷᠭ᠎ᠠ ᠬᠡᠯᠪᠡᠷᠢ ᠪᠠᠷ᠂ ︽ᠶᠢᠰᠦ ᠶᠢ ᠴᠢᠩᠭ᠎ᠠ ᠴᠠᠭᠠᠵᠠᠯᠠᠬᠤ︾ ᠵᠡᠷᠭᠡ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠤᠨ ᠱᠠᠭᠠᠷᠳᠠᠯᠭ᠎ᠠ ᠤᠨ ᠲᠤᠬᠠᠢ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠪᠠ ᠲᠥᠯᠥᠭᠡᠯᠡᠭᠴᠢ᠂ ᠭᠡᠰᠢᠬᠦᠨ ᠢ ᠬᠦᠳᠦᠯᠦᠨ ᠵᠢᠯᠤᠭᠤᠳᠴᠦ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠎ᠠ᠃ ᠦᠵᠡᠯ ᠰᠠᠨᠠᠭᠠᠨ ᠤ ᠠᠵᠢᠯ ᠢ ᠭᠦᠨᠵᠡᠭᠡᠶ ᠨᠢᠮᠪᠠᠶ ᠰᠠᠶᠢᠲᠤᠷ ᠬᠢᠵᠦ᠂ ᠤᠳᠤᠷᠢᠳᠬᠤ ᠺᠠᠳ᠋ᠷ ᠤᠨ ᠤᠯᠤᠰ ᠲᠦᠷᠦ ᠶᠢ ᠡᠷᠬᠢᠮᠯᠡᠬᠦ᠂ ᠪᠦᠬᠦ ᠲᠠᠯ᠎ᠠ ᠶᠢ ᠬᠠᠷᠠᠭᠠᠯᠵᠠᠬᠤ ᠂ ᠶᠤᠰᠤ ᠲᠦᠷᠢᠮ ᠢ ᠵᠢᠷᠤᠮᠯᠠᠬᠤ ᠶᠢ ᠬᠦᠮᠦᠵᠢᠬᠦᠯᠦᠨ ᠵᠢᠯᠤᠭᠤᠳᠴᠦ᠂ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠡ ᠶᠢ ᠡᠷᠡᠰ ᠲᠠᠭᠠᠵᠤ᠂  ᠲᠡᠪᠰᠢᠬᠦ ᠪᠠᠭᠤᠬᠤ ᠦᠯᠡᠳᠡᠬᠦ ᠰᠢᠯᠵᠢᠬᠦ ᠶᠠᠪᠤᠳᠠᠯ ᠳᠤ ᠵᠥᠪ ᠢᠶᠠᠷ ᠬᠠᠨᠳᠤᠨ᠎ᠠ᠃ ᠬᠤᠭᠤᠴᠠᠭ᠎ᠠ ᠰᠣᠯᠢᠬᠤ ᠢᠯᠡᠴᠢᠯᠡᠨ ᠮᠡᠳᠡᠬᠦᠯᠦᠯᠳᠡ ᠶᠢ ᠬᠦᠯᠢᠶᠡᠨ ᠠᠪᠴᠦ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠬᠡᠢ ᠨᠡᠪᠳᠡᠷᠡᠬᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ︽12388︾ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ︽12380︾ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠬᠦᠯᠢᠶᠡᠨ ᠠᠪᠴᠤ᠂ ᠰᠠᠬᠢᠯᠭ᠎ᠠ ᠪᠠᠲᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠵᠥᠭᠡᠯᠡᠨ ᠬᠠᠨᠳᠤᠵᠤ ᠪᠤᠯᠬᠤ ᠦᠭᠡᠢ᠃ ᠵᠣᠬᠢᠶᠠᠨ ᠪᠠᠶᠢᠭᠤᠯᠬᠤ ᠬᠡᠯᠲᠡᠰ ᠨᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠬᠡᠷᠡᠭᠵᠢᠭᠦᠯᠦᠭᠴᠢ᠂ ᠬᠠᠮᠠᠭᠠᠯᠠᠭᠴᠢ ᠶᠢ ᠲᠦᠷᠦᠬᠦᠯᠡᠨ ᠰᠠᠶᠢᠳᠦᠷ ᠬᠢᠵᠦ᠂ ᠪᠤᠰᠤᠳ ᠬᠥᠮᠦᠨ ᠢ ᠬᠦᠢᠴᠡᠳᠭᠡᠬᠦ ᠪᠠᠷ ᠱᠠᠭᠠᠷᠳᠠᠭᠰᠠᠨ ᠵᠦᠢᠯ ᠢ ᠥᠪᠡᠰᠦᠪᠡᠨ ᠤᠷᠢᠳᠠᠪᠠᠷ ᠪᠡᠶᠡᠯᠡᠬᠦᠯᠦᠨ᠎ᠡ︔ ᠪᠤᠰᠤᠳ ᠬᠥᠮᠦᠨ ᠢ ᠬᠢᠵᠦ ᠪᠣᠯᠬᠤ ᠦᠭᠡᠶ ᠭᠡᠵᠦ ᠱᠠᠭᠠᠷᠳᠠᠭᠰᠠᠨ ᠵᠦᠢᠯ ᠎ ᠢ  ᠥᠪᠡᠷ ᠢᠶᠠᠨ ᠶᠠᠭᠠᠬᠢᠭᠰᠠᠨ ᠴᠤ ᠬᠢᠵᠦ ᠪᠤᠯᠬᠤ ᠦᠬᠡᠢ᠃      ︵ᠲᠦᠷᠪᠡ︶ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠶᠢ ᠴᠢᠩᠭᠠᠳᠬᠠᠨ᠎ᠠ᠃ ᠬᠤᠭᠤᠴᠠᠭ᠎ᠠ ᠰᠣᠯᠢᠬᠤ ᠠᠵᠢᠯ ᠤᠨ ᠵᠢᠯᠤᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠳᠠ ᠶᠢᠨ ᠨᠠᠮ ᠤᠨ ᠬᠤᠷᠢᠶ᠎ᠠ ᠨᠢ 4 ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠳᠤᠭᠤᠶᠢᠯᠠᠩ ᠢ ᠲᠣᠮᠢᠯᠠᠨ ᠬᠤᠭᠤᠴᠠᠭ᠎ᠠ ᠰᠣᠯᠢᠬᠤ ᠠᠵᠢᠯ ᠤᠨ ᠪᠦᠬᠦ ᠶᠠᠪᠤᠴᠠ ᠶᠢ ᠱᠠᠯᠠᠪᠳᠠᠨ ᠪᠠᠶᠢᠴᠠᠭᠠᠨ᠎ᠠ᠃ ᠬᠤᠷᠠᠯ ᠤᠨ ᠲᠠᠷᠠᠭ᠎ᠠ᠂ ᠡᠯ᠎ᠡ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠨᠢ ᠬᠠᠷᠢᠯᠴᠠᠬᠤ ᠰᠤᠮᠤ ᠪᠠᠯᠭᠠᠰᠤᠨ ᠳᠤ  ᠲᠠᠷᠦᠢ ᠲᠦᠷᠭᠡᠨ ᠬᠦᠷᠴᠦ ᠠᠵᠢᠯ ᠢᠶᠠᠨ ᠵᠤᠯᠭᠠᠯᠳᠤᠭᠤᠯᠤᠨ᠂ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ ᠱᠠᠯᠠᠪᠳᠠᠭᠤᠯᠤᠨ ᠪᠠᠶᠢᠴᠠᠭᠠᠬᠤ ᠭᠠᠵᠠᠷ ᠣᠷᠣᠨ ᠤ ᠬᠤᠭᠤᠴᠠᠭ᠎ᠠ ᠰᠣᠯᠢᠬᠤ ᠠᠵᠢᠯ ᠤᠨ ᠲᠤᠬᠢᠷᠠᠭᠤᠯᠤᠯᠳᠠ᠂ ᠺᠠᠳ᠋ᠷᠴᠤᠳ ᠤᠨ ᠦᠵᠡᠯ ᠰᠠᠨᠠᠭᠠᠨ ᠤ ᠪᠠᠶᠢᠳᠠᠯ᠂ ᠬᠤᠭᠤᠴᠠᠭ᠎ᠠ ᠰᠣᠯᠢᠬᠤ ᠬᠡᠪ ᠰᠤᠷᠲᠠᠯ ᠵᠡᠷᠭᠡ ᠪᠠᠶᠢᠳᠠᠯ ᠢ ᠦᠨᠡᠨᠬᠦ ᠡᠵᠡᠮᠰᠢᠨ᠎ᠠ᠃ ᠡᠯ᠎ᠡ ᠰᠤᠮᠤ ᠪᠠᠯᠭᠠᠰᠤ ᠡᠮᠦᠨᠡᠬᠢ ᠬᠤᠭᠤᠴᠠᠭᠠᠨ ᠤ ᠠᠵᠢᠯ ᠢᠶᠠᠨ ᠲᠠᠷᠦᠢ ᠲᠦᠷᠭᠡᠨ ᠥᠷᠨᠢᠭᠦᠯᠵᠦ᠂ ᠡᠷᠬᠡᠪᠰᠢ 9 ᠰᠠᠷ᠎ᠠ ᠶᠢᠨ 15᠎ ᠤ ᠡᠳᠦᠷ ᠠᠴᠠ ᠡᠮᠦᠨ᠎ᠡ ᠲᠤᠰ ᠰᠤᠮᠤ ᠪᠠᠯᠭᠠᠰᠤᠨ ᠤ ᠬᠤᠭᠤᠴᠠᠭ᠎ᠠ ᠰᠣᠯᠢᠬᠤ ᠠᠵᠢᠯ ᠤᠨ ᠬᠤᠷᠠᠯ ᠢ ᠬᠤᠷᠠᠯᠳᠤᠨ᠎ᠠ᠃ ᠡᠯ᠎ᠡ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠨᠢ ᠱᠠᠯᠠᠪᠳᠠᠭᠤᠯᠤᠨ ᠪᠠᠶᠢᠴᠠᠭᠠᠬᠤ ᠭᠤᠣᠯᠳᠠᠯᠭ᠎ᠠ ᠎ ᠶᠢ ᠠᠳᠬᠤᠵᠤ᠂ ᠬᠤᠭᠤᠴᠠᠭ᠎ᠠ ᠰᠣᠯᠢᠬᠤ ᠪᠡᠯᠡᠳᠬᠡᠯ ᠪᠠᠶᠢᠷᠢᠯᠠᠭᠤᠯᠤᠯᠲᠠ᠂ ᠠᠷᠠᠳ ᠤᠨ ᠲᠥᠯᠥᠭᠡᠯᠡᠭᠴᠢ ᠶᠢ ᠰᠤᠩᠭᠤᠬᠤ᠂ ᠬᠤᠭᠤᠴᠠᠭ᠎ᠠ ᠰᠣᠯᠢᠬᠤ ᠵᠢᠱᠢᠭᠳᠡᠭᠴᠢ ᠶᠢ ᠲᠤᠭᠳᠠᠬᠤ᠂ ᠬᠤᠷᠠᠯ ᠢ ᠵᠤᠬᠢᠶᠠᠨ ᠪᠠᠶᠢᠭᠤᠯᠬᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠬᠢ ᠬᠢᠨᠠᠨ ᠪᠠᠶᠢᠴᠠᠭᠠᠯᠳᠠ ᠵᠢᠯᠤᠭᠤᠳᠤᠯᠭ᠎ᠠ ᠶᠢ ᠲᠤᠪᠤᠶᠢᠮ᠎ᠠ ᠠᠳᠬᠤᠵᠤ᠂ ᠵᠠᠷᠴᠢᠮ ᠢ ᠡᠷᠡᠰ ᠭᠤᠶᠢᠪᠠᠰᠢ ᠦᠬᠡᠢ ᠪᠠᠷᠢᠮᠳᠠᠯᠠᠵᠦ᠂ ᠪᠠᠷᠢᠮᠵᠢᠶ᠎ᠠ ᠶᠢ ᠲᠡᠷᠡ ᠶᠤᠰᠤᠭᠠᠷ ᠬᠡᠷᠡᠭᠵᠢᠬᠦᠯᠦᠨ᠂ ᠶᠠᠪᠤᠴᠠ ᠶᠢ ᠲᠤᠭᠳᠠᠭᠠᠯ ᠶᠤᠰᠤᠭᠠᠷ ᠬᠦᠢᠴᠡᠳᠭᠡᠨ᠎ᠡ᠃ ᠱᠠᠯᠠᠪᠳᠠᠭᠤᠯᠤᠨ ᠪᠠᠶᠢᠴᠠᠭᠠᠬᠤ ᠲᠤᠭᠤᠶᠢᠯᠡᠩ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠦ᠂ ᠳᠤᠭᠤᠶᠢᠯᠠᠩ ᠤᠨ ᠳᠠᠷᠤᠭ᠎ᠠ ᠨᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠢᠭᠡᠳᠦᠯᠲᠡᠶ ᠲᠥᠯᠥᠪᠯᠡᠨ᠂ ᠳᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠪᠦᠯᠬᠦᠮᠳᠡᠨ ᠬᠠᠮᠵᠢᠯᠴᠠᠬᠤ ᠶᠢ ᠴᠢᠬᠤᠯᠠᠴᠢᠯᠠᠵᠤ᠂  ᠪᠦᠷᠢᠯᠳᠦᠬᠦᠨ ᠤ ᠳᠠᠪᠠᠭᠤᠯᠢᠭ ᠲᠠᠯ᠎ᠠ ᠶᠢ  ᠪᠠᠳᠠᠷᠠᠭᠤᠯᠤᠨ᠂ ᠰᠠᠬᠢᠯᠭ᠎ᠠ ᠪᠠᠲᠤ ᠭᠡᠪ ᠰᠤᠷᠳᠠᠯ ᠤᠨ ᠬᠤᠯᠪᠤᠭᠳᠠᠯ ᠪᠦᠬᠦᠢ ᠲᠣᠭᠲᠠᠭᠠᠯ ᠢ ᠭᠡᠷᠡᠭᠵᠢᠬᠦᠯᠦᠨ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠤᠯᠭᠠᠨ ᠬᠠᠮᠠᠭᠠᠯᠠᠵᠤ᠂ ᠱᠠᠯᠠᠪᠳᠠᠭᠤᠯᠤᠨ ᠪᠠᠶᠢᠴᠠᠭᠠᠵᠦ ᠵᠢᠯᠤᠭᠤᠳᠬᠤ ᠡᠬᠦᠷᠭᠡ ᠶᠢ ᠦᠨᠳᠦᠷ ᠶᠠᠰᠤ ᠴᠢᠨᠠᠷ ᠥᠨᠳᠥᠷ ᠪᠠᠷᠢᠮᠵᠢᠶ᠎ᠠ ᠪᠠᠷ ᠪᠡᠶᠡᠯᠡᠬᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号