ᠭᠥᠸᠧ ᠵᠢᠩ ᠵᠢᠶᠤᠸᠡᠨ ᠨᠥᠬᠦᠷ ᠤᠨ ᠶᠠᠷᠢᠶ᠎ᠠ
ᠨᠡᠶᠢᠲᠡᠯᠡᠭᠰᠡᠨ ᠴᠠᠭ᠄
2017/10/11
       ᠬᠤᠷᠠᠯ ᠤᠨ ᠲᠤᠬᠢᠷᠠᠭᠤᠯᠤᠯᠳᠠ ᠶᠤᠰᠤᠭᠠᠷ᠂  ᠲᠤᠤᠷ᠎ᠠ ᠪᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠦ᠂  ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠬᠡᠳᠦᠨ ᠰᠠᠨᠠᠯ ᠶᠠᠷᠢᠶ᠎ᠠ᠃      ᠨᠢᠭᠡ᠂ ᠤᠯᠤᠰ ᠲᠦᠷᠤ ᠶᠢᠨ ᠵᠣᠭᠰᠣᠴᠠ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠭᠡᠷᠡᠭᠳᠡᠢ᠃     ᠡᠨᠡ ᠵᠢᠯ᠂ ᠬᠤᠲᠠ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠣᠯᠤᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠯᠳᠡᠢ ᠪᠠᠷ ᠬᠤᠭᠤᠴᠠᠭ᠎ᠠ ᠰᠤᠯᠢᠬᠤ ᠪᠤᠯᠤᠨ᠎ᠠ᠂ ᠡᠨᠡ ᠪᠣᠯ ᠨᠢᠳᠤᠨᠤᠨ ᠵᠢᠯ ᠤᠨ ᠬᠤᠳᠠ ᠶᠢᠨ ᠨᠠᠮ ᠤᠨ ᠬᠤᠷᠢᠶ᠎ᠠ᠂ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠭᠤᠴᠠᠭ᠎ᠠ ᠰᠤᠯᠢᠭᠰᠠᠨ ᠤ ᠲᠠᠷᠠᠭᠠᠬᠢ᠂ ᠮᠠᠨ ᠤ ᠬᠤᠲᠠ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠠᠰᠠ ᠨᠢᠭᠡᠨ ᠲᠦᠮᠦ ᠶᠠᠪᠤᠳᠠᠯ ᠪᠤᠯᠤᠨ᠎ᠠ᠂ ᠡᠭᠦᠨ ᠤ ᠬᠠᠮᠲᠤ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠨᠢ ᠶᠠᠭ ᠰᠠᠶᠢᠬᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠳᠠᠯ ᠦᠭᠡᠶ ᠠᠮᠵᠢᠯᠳᠠᠳᠠᠢ ᠪᠠᠷ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠪᠣᠯᠵᠤ ᠪᠠᠶᠢᠭ᠎ᠠ ᠦᠶ᠎ᠡ ᠪᠤᠯᠬᠤᠷ᠂ ᠤᠯᠤᠰ ᠲᠦᠷᠦ ᠶᠢᠨ ᠮᠡᠳᠡᠷᠡᠮᠵᠢ ᠶᠢᠨ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠦᠨᠳᠦᠷ ᠪᠠᠶᠢᠵᠦ ᠂ ᠮᠠᠨ ᠤ ᠬᠤᠲᠠ ᠤᠨ ᠨᠠᠮ ᠵᠠᠰᠠᠭ ᠤᠨ ᠰᠤᠷᠲᠠᠯ ᠳᠤ ᠪᠠᠰᠠ ᠨᠢᠭᠡ ᠤᠳᠠᠭᠠᠨ ᠤ ᠰᠢᠯᠭᠠᠯᠲᠠ ᠪᠣᠯᠬᠤ ᠶᠤᠮ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠣᠯᠤᠨ ᠬᠡᠪ ᠰᠤᠷᠲᠠᠯ ᠢ  ᠬᠢᠷᠢ ᠵᠡᠷᠭᠡ ᠡᠰᠡᠬᠦ ᠨᠢ ᠬᠤᠭᠤᠴᠠᠭ᠎ᠠ ᠰᠣᠯᠢᠬᠤ ᠠᠵᠢᠯ ᠤᠨ ᠠᠮᠵᠢᠯᠳᠠ ᠤᠯᠬᠤ ᠡᠰᠡᠬᠦ ᠲᠠᠢ ᠰᠢᠭᠤᠳ ᠬᠤᠯᠪᠤᠭᠳᠠᠵᠦ ᠪᠠᠶᠢᠬᠤ ᠪᠠᠷ ᠦᠯᠦ ᠪᠠᠷᠠᠮ᠂ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠲᠠᠢ ᠰᠢᠭᠤᠳ ᠬᠤᠯᠪᠤᠭᠳᠠᠵᠦ᠂ ᠨᠡᠩ ᠴᠤ ᠤᠯᠤᠰ ᠲᠦᠷᠦ ᠶᠢᠨ ᠠᠮᠢ ᠠᠬᠤᠶ ᠶᠢ ᠴᠤᠭᠴᠠᠯᠠᠨ ᠪᠠᠶᠢᠭᠤᠯᠬᠤ ᠶᠢ ᠨᠦᠯᠦᠭᠡᠯᠡᠵᠦ ᠪᠠᠶᠢᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠨᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠮᠡᠳᠡᠭᠳᠡᠯ ᠢ ᠣᠯᠠᠨ ᠤᠳᠠᠭ᠎ᠠ ᠪᠠᠭᠤᠯᠭᠠᠵᠠᠢ︔ ᠦᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠨᠢ ᠬᠤᠭᠤᠴᠠᠭ᠎ᠠ ᠰᠣᠯᠢᠬᠤ ᠠᠵᠢᠯ ᠤᠨ ᠬᠤᠷᠠᠯ ᠢ ᠵᠠᠯᠭᠠᠪᠡᠷ ᠬᠤᠷᠠᠯᠳᠤᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠦ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠰᠬᠠᠢ ᠪᠠᠶᠢᠷᠢᠯᠠᠭᠤᠯᠤᠯᠲᠠ ᠬᠢᠪᠡ᠃ ᠵᠢᠯ ᠤᠨ ᠡᠬᠢᠨ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠳᠡᠭᠡᠷ᠎ᠡ ᠪᠠᠰᠠ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠬᠤ ᠲᠤᠬᠠᠢ ᠤᠷᠢᠳᠴᠢᠯᠠᠨ ᠪᠠᠶᠢᠷᠢᠯᠠᠭᠤᠯᠤᠯᠳᠠ ᠪᠤᠯᠤᠨ ᠲᠤᠬᠢᠷᠠᠭᠤᠯᠤᠯᠳᠠ ᠬᠢᠪᠡ᠃ ᠰᠠᠶ᠋ᠢᠬᠠᠨ᠂ ᠵᠠᠩ ᠱᠦᠵᠢ ᠪᠣᠯᠤᠨ ᠳ᠋ᠦ᠋ ᠭᠡᠯᠳᠡᠰ ᠤᠨ ᠲᠠᠷᠤᠭ᠎ᠠ ᠪᠠᠰᠠ ᠲᠤᠰ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠤᠯᠡᠠ ᠢᠶᠠᠷ ᠢᠶᠠᠨ ᠵᠠᠪᠠᠯ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠶᠢ ᠡᠷᠭᠡᠪᠰᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠯᠴᠠᠨ ᠵᠤᠬᠢᠴᠠᠯᠳᠤᠨ ᠬᠠᠮᠵᠢᠯᠴᠠᠵᠤ᠂ ᠠᠵᠢᠯ ᠤᠨ ᠨᠢᠬᠳᠡᠷᠡᠯ ᠤᠨ ᠬᠦᠴᠦᠨ ᠢ ᠪᠦᠷᠢᠯᠳᠦᠬᠦᠯᠦᠨ᠂ ᠬᠤᠭᠤᠴᠠᠭ᠎ᠠ ᠰᠣᠯᠢᠬᠤ ᠠᠵᠢᠯ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠳᠤᠯᠠᠨ᠎ᠠ᠃       ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠵᠠᠪᠠᠯ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠨᠠᠮ ᠳᠠᠭᠠᠨ ᠦᠨᠡᠨᠴᠢ ᠰᠢᠳᠤᠷᠭᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠤᠯᠤᠨ ᠨᠢᠭᠡᠳᠦᠯᠲᠡᠶ ᠲᠦᠪᠯᠡᠷᠡᠭᠰᠡᠨ ᠤᠳᠤᠷᠢᠳᠤᠯᠭ᠎ᠠ ᠶᠢ ᠡᠷᠡᠰ ᠬᠠᠮᠠᠭᠠᠯᠠᠬᠤ ᠳᠤ ᠵᠤᠭᠰᠤᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ᠂ ᠤᠯᠤᠰ ᠲᠦᠷᠦ ᠶᠢᠨ ᠵᠥᠪᠯᠡᠯᠭᠡᠨ ᠤ ᠲᠦᠷᠢᠮ ᠢ ᠪᠠᠷᠢᠮᠳᠠᠯᠠᠨ ᠲᠡᠬᠦᠯᠳᠡᠷᠵᠢᠬᠦᠯᠵᠦ᠂ ᠬᠠᠤᠯᠢ ᠶᠣᠰᠣᠭᠠᠷ ᠲᠦᠷᠦ ᠪᠠᠨ ᠵᠠᠰᠠᠬᠤ ᠠᠬᠢᠴᠠ ᠶᠢ ᠤᠯᠠᠮ ᠨᠢᠭᠡ ᠠᠯᠬᠤᠮ ᠠᠬᠢᠭᠤᠯᠬᠤ ᠦᠨᠳᠦᠷᠴᠡ ᠳᠤ ᠵᠤᠭᠰᠤᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ  ᠨᠠᠶᠢᠳᠠᠪᠦᠷᠢᠵᠢᠭᠤᠯᠵᠤ᠂ ᠲᠦᠪ ᠴᠢᠬᠡᠴᠢ ᠢᠶᠠᠷ ᠤᠯᠤᠰ ᠲᠦᠷᠦ ᠶᠢᠨ ᠠᠮᠢ ᠠᠬᠤᠶ ᠢ ᠡᠬᠦᠳᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠲᠡᠭᠡᠷ᠎ᠡ ᠵᠤᠭᠰᠤᠵᠤ᠂ ᠤᠯᠤᠰ ᠲᠦᠷᠤ ᠶᠢᠨ ᠤᠬᠠᠮᠰᠠᠷᠳᠦ ᠴᠢᠨᠠᠷ ᠢ ᠲᠡᠭᠡᠭᠰᠢᠯᠡᠬᠦᠯᠦᠨ᠂ ᠤᠯᠤᠰ ᠲᠦᠷᠦ ᠶᠢᠨ ᠡᠬᠦᠷᠭᠡᠯᠡᠬᠦ ᠤᠪᠤᠷ ᠰᠤᠷᠳᠠᠯ ᠢ ᠴᠢᠩᠭᠠᠳᠬᠠᠵᠦ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠤᠯᠤᠰ ᠲᠦᠷᠦ ᠶᠢᠨ ᠱᠠᠭᠠᠷᠳᠠᠯᠭ᠎ᠠ ᠲᠡᠷᠡ ᠶᠤᠰᠤᠭᠠᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠨ᠂ ᠶᠣᠰᠣ ᠲᠦᠷᠢᠮ ᠢ ᠰᠠᠶᠢᠲᠤᠷ ᠵᠢᠷᠤᠮᠯᠠᠵᠤ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠪᠠ ᠲᠥᠪ ᠪᠤᠰᠤ ᠰᠤᠷᠲᠠᠯ ᠢ ᠡᠷᠡᠰ ᠲᠡᠪᠴᠢᠨ᠎ᠠ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠢ ᠬᠤᠭᠤᠴᠠᠭ᠎ᠠ ᠰᠣᠯᠢᠬᠤ ᠬᠡᠪ ᠰᠤᠷᠲᠠᠯ ᠢ ᠬᠠᠮᠠᠭᠠᠯᠠᠬᠤ ᠲᠤᠶᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠢᠨᠠᠯᠲᠠ ᠲᠠᠯᠪᠢᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠲᠤᠬᠠᠶ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠮᠦᠷ ᠮᠡᠳᠦ ᠲᠦᠪ ᠴᠢᠩᠭ᠎ᠠ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠠᠵᠢᠯ ᠤᠨ ᠡᠮᠬᠢ ᠵᠢᠷᠤᠮ ᠲᠠᠢ ᠤᠷᠤᠭᠰᠢᠲᠠᠶ ᠪᠡᠶᠡᠯᠡᠭᠳᠡᠬᠦ ᠶᠢ ᠦᠨᠡᠨ ᠬᠦ  ᠪᠠᠳᠤᠯᠠᠨ᠎ᠠ᠃         ᠬᠤᠶᠠᠷ᠂ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠳᠤ ᠮᠦᠷᠳᠡᠭᠡᠨ ᠨᠠᠶᠢᠳᠠᠪᠦᠷᠢᠵᠢᠭᠤᠯᠬᠤ ᠭᠡᠷᠡᠭᠳᠡᠢ᠃       ᠬᠤᠭᠤᠴᠠᠭ᠎ᠠ ᠰᠣᠯᠢᠬᠤ ᠬᠡᠪ ᠰᠤᠷᠲᠠᠯ ᠪᠣᠯ ᠤᠯᠤᠰ ᠲᠦᠷᠦ ᠶᠢᠨ ᠠᠮᠢ ᠠᠬᠤᠶ ᠶᠢᠨ ︽ᠰᠠᠶᠢᠨ ᠮᠠᠭᠤ ᠡᠰᠡᠬᠦ ᠎ ᠶᠢᠨ ᠰᠢᠯᠭᠠᠭᠤᠷ︾ ᠮᠥᠨ᠃ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠭᠡᠬᠦ ᠨᠢ  ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠤᠷᠤᠭᠰᠢᠲᠠᠶ ᠶᠠᠪᠤᠭᠳᠠᠬᠤ ᠶᠢ ᠪᠠᠳᠤᠯᠠᠬᠤ ᠦᠨᠳᠦᠰᠦᠨ ᠪᠠᠲᠤᠯᠠᠭ᠎ᠠ ᠪᠤᠯᠤᠨ᠎ᠠ᠃ ᠪᠢᠳᠡ ᠨᠢᠳᠤᠨᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠢ ᠤᠷᠤᠭᠰᠢᠳᠠᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠲᠥᠪ ᠤᠨ ︽ᠶᠢᠰᠦ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠣᠯᠤᠨ ︽ᠶᠢᠰᠦ ᠶᠢ ᠡᠷᠭᠡᠪᠰᠢ ᠰᠢᠳᠭᠡᠬᠦ︾ ᠲᠣᠭᠲᠠᠭᠠᠯ ᠢ ᠦᠷᠬᠦᠯᠵᠢᠯᠡᠨ ᠰᠠᠶᠢᠳᠦᠷ ᠬᠡᠷᠡᠭᠵᠢᠬᠦᠯᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠦᠨᠳᠡᠵᠤ ᠪᠣᠯᠬᠤ ᠦᠭᠡᠢ ᠤᠯᠠᠭᠠᠨ ᠱᠤᠭᠤᠮ᠂ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠠ ︽ᠥᠨᠳᠥᠷ ᠳᠠᠷᠤᠯᠲᠠᠲᠤ ᠱᠣᠭᠤᠮ︾ ᠪᠤᠯᠭᠠᠨ᠎ᠠ᠃ ︽ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ᠂ ᠰᠡᠷᠡᠮᠵᠢᠯᠡᠭᠦᠯᠬᠦ ᠶᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ︾ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠶᠢ ᠴᠢᠩᠳᠠᠯᠠᠵᠦ᠂ ᠤᠷᠢᠳᠴᠢᠯᠠᠨ ᠰᠡᠷᠭᠡᠶᠢᠯᠡᠬᠦ᠂ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠶᠢ ᠬᠤᠭᠤᠴᠠᠭ᠎ᠠ ᠰᠣᠯᠢᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠎ᠠ᠃        ᠬᠢᠨᠠᠯᠳᠠ ᠲᠠᠯᠪᠢᠬᠪ ᠨᠢᠭᠤᠷᠯᠠᠯ ᠤᠨ ᠲᠠᠯ᠎ᠠ ᠪᠠᠷ᠂ ᠬᠤᠯᠪᠣᠭᠳᠠᠯ ᠪᠦᠬᠦᠢ ᠤᠳᠤᠷᠢᠳᠬᠤ ᠺᠠᠳ᠋ᠷ᠂ ᠪᠡᠯᠡᠳᠬᠡᠯ ᠺᠠᠳ᠋ᠷ ᠵᠡᠷᠭᠡ ᠶᠢ ᠭᠤᠣᠯᠳᠠᠯᠭ᠎ᠠ ᠪᠤᠯᠭᠠᠬᠤ ᠪᠠᠷ ᠪᠠᠷᠠᠬᠤ ᠦᠬᠡᠢ᠂ ᠪᠠᠰᠠ ᠬᠤᠭᠤᠴᠠᠭ᠎ᠠ ᠰᠣᠯᠢᠬᠤ ᠠᠵᠢᠯ ᠤᠨ ᠬᠤᠯᠪᠣᠭᠳᠠᠯ ᠪᠦᠬᠦᠢ ᠠᠵᠢᠯᠳᠡᠨ ᠢ ᠬᠠᠮᠦᠷᠴᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠬᠤ ᠪᠤᠯᠤᠨ ︽ᠬᠤᠶᠠᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠎ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠤᠯᠢ ᠴᠠᠭᠠᠵᠠ ᠰᠠᠬᠢᠯᠭ᠎ᠠ ᠪᠠᠳᠤ ᠶᠢᠨ ᠦᠵᠡᠯᠲᠡ ᠶᠢ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠰᠠᠬᠢᠯᠭ᠎ᠠ ᠪᠠᠲᠤ ᠶᠢᠨ ᠬᠥᠮᠦᠵᠢᠯ ᠢᠶᠠᠷ ᠪᠦᠬᠦ ᠲᠠᠯ᠎ᠠ ᠶᠢ ᠪᠦᠷᠬᠦᠬᠦᠯᠤᠨ᠎ᠡ᠃ ᠬᠡᠯᠪᠡᠷᠢ ᠶᠢᠨ ᠲᠠᠯ᠎ᠠ ᠪᠠᠷ᠂ ᠲᠤᠰᠬᠠᠶ ᠰᠡᠳᠦᠪᠲᠦ ᠰᠤᠷᠤᠯᠴᠠᠯᠭ᠎ᠠ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠰᠠᠬᠢᠯᠭ᠎ᠠ ᠪᠠᠲᠤ ᠶᠢᠨ ᠬᠥᠮᠦᠵᠢᠯ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠤᠭᠤᠴᠠᠭ᠎ᠠ ᠰᠣᠯᠢᠬᠤ ᠠᠵᠢᠯ ᠤᠨ ᠡᠯ᠎ᠡ ᠭᠤᠭᠴᠤᠭᠠᠨ ᠳᠤ ᠨᠡᠪᠴᠢᠬᠦᠯᠦᠨ᠎ᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠭᠡᠯ ᠥᠭᠬᠦ ᠲᠦᠷᠢᠮ︾ ᠵᠡᠷᠭᠡ ᠨᠠᠮ ᠤᠨ ᠲᠣᠭᠲᠠᠭᠠᠯ ᠰᠠᠬᠢᠯᠭ᠎ᠠ ᠪᠠᠳᠤ ᠶᠢᠨ ᠰᠣᠷᠤᠯᠴᠠᠯᠭ᠎ᠠ ᠬᠥᠮᠦᠵᠢᠯ ᠢ ᠴᠢᠩᠭᠠᠳᠬᠠᠨ᠂ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠰᠣᠷᠣᠯᠴᠠᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠬᠤᠭᠤᠴᠠᠭ᠎ᠠ ᠰᠣᠯᠢᠬᠤ ᠠᠵᠢᠯ ᠤᠨ ᠲᠦᠷᠦ ᠶᠢᠨ ᠪᠤᠳᠤᠯᠭ᠎ᠠ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠥᠪ ᠣᠨᠣᠪᠴᠢᠲᠠᠶ ᠡᠵᠡᠮᠳᠡᠬᠦ ᠶᠢ ᠵᠢᠯᠤᠭᠤᠳᠤᠨ᠎ᠠ᠃ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠎ ᠤᠨ ᠵᠢᠱᠢᠶ᠎ᠡ ᠶᠢ ᠢᠯᠡ ᠪᠠᠷ ᠮᠡᠳᠡᠭᠳᠡᠬᠦᠯᠵᠦ᠂ ᠬᠤᠨᠠᠨ ᠤ ᠾᠧᠩ ᠶᠠᠩ ᠤᠨ ᠰᠤᠩᠭᠤᠭᠤᠯᠢ ᠶᠢ ᠲᠦᠢᠪᠡᠭᠡᠭᠰᠡᠨ ᠬᠡᠷᠡᠭ ᠂ ᠰᠧᠴᠦᠸᠠᠨ ᠤ ᠨᠠᠨ ᠴᠦᠩ ᠤᠨ ᠬᠡᠬᠡᠯᠢ ᠬᠠᠭ᠋ᠤᠤᠯᠢ ᠲᠦᠯᠬᠢᠵᠦ ᠪᠢᠯᠧᠲ ᠲᠠᠳᠠᠭᠰᠠᠨ ᠬᠡᠷᠡᠭ᠂ ᠯᠢᠶᠤᠨᠢᠩ ᠮᠤᠵᠢ ᠎ ᠶᠢᠨ ᠬᠡᠬᠡᠯᠢ ᠬᠠᠭ᠋ᠤᠤᠯᠢ ᠲᠦᠯᠬᠢᠵᠦ ᠪᠢᠯᠧᠲ ᠲᠠᠳᠠᠭᠰᠠᠨ ᠬᠡᠷᠡᠭ ᠤᠨ ᠬᠦᠨᠳᠦ ᠰᠤᠷᠭᠠᠮᠵᠢ ᠶᠢ ᠬᠦᠨᠵᠡᠬᠡᠢ  ᠬᠦᠯᠢᠶᠠᠨ ᠠᠪᠴᠤ᠂ ᠨᠠᠮ ᠤᠨ ᠭᠡᠰᠢᠭᠦᠨ ᠺᠠᠳ᠋ᠷ ᠢ ᠵᠢᠯᠤᠭᠤᠳᠴᠦ ᠲᠡᠦᠬᠡ ᠪᠠᠷ ᠲᠤᠯᠢ ᠪᠤᠯᠭᠠᠵᠦ᠂ ᠪᠢᠰᠢᠷᠠᠨ ᠵᠢᠷᠤᠭᠡᠰᠢᠬᠦ ᠶᠢ ᠮᠡᠳᠡᠨ ᠬᠤᠷᠢᠭ᠎ᠠ ᠱᠤᠭᠤᠮ ᠢ ᠣᠶᠢᠯᠠᠭᠠᠨ᠂ ᠤᠬᠠᠭᠠᠷᠠᠯ ᠰᠡᠷᠡᠮᠵᠢᠬᠦᠯᠦᠯ ᠢ ᠤᠯᠤᠨ᠎ᠠ᠃ ᠠᠷᠭ᠎ᠠ ᠠᠪᠴᠠᠯ ᠤᠨ ᠲᠠᠯ᠎ᠠ ᠪᠠᠷ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶ ᠪᠣᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠦ ᠂ ᠨᠠᠮ ᠤᠨ ᠬᠤᠷᠢᠶ᠎ᠠ᠂ ᠨᠠᠮ ᠤᠨ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠵᠡᠷᠭᠡ ᠡᠯ᠎ᠡ ᠲᠦᠷᠦᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠠᠷᠢᠭᠤᠴᠠᠯᠭ᠎ᠠ ᠲᠤᠳᠠᠭᠳᠠᠬᠤ ᠡᠭᠦᠰᠴᠦ ᠮᠡᠳᠡᠬᠦ ᠪᠠᠶᠢᠳᠠᠯ ᠳᠤ ᠴᠢᠭᠯᠡᠭᠦᠯᠦᠨ᠂ ᠶᠠᠮᠠᠷ ᠪᠠᠶᠢᠳᠠᠯ ᠲᠤᠤᠷ᠎ᠠ ᠬᠠᠷᠢᠭᠤᠴᠠᠯᠭ᠎ᠠ ᠠᠰᠠᠭᠤᠵᠤ ᠶᠠᠮᠠᠷ ᠪᠠᠶᠢᠳᠠᠯ ᠲᠤᠤᠷ᠎ᠠ ᠬᠠᠷᠢᠭᠤᠴᠠᠯᠭ᠎ᠠ ᠨᠡᠭᠡᠮᠵᠢᠬᠦᠯᠡᠬᠦ ᠶᠢ ᠲᠤᠳᠤᠷᠬᠠᠶᠢᠯᠠᠵᠤ᠂ ᠡᠷᠭᠡ  ᠪᠠᠶᠢᠪᠠᠯ ᠬᠠᠷᠢᠭᠤᠴᠠᠯᠭ᠎ᠠ ᠵᠠᠪᠠᠯ ᠪᠠᠶᠢᠵᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠭᠡᠷᠡᠭᠳᠡᠢ᠃ ᠬᠤᠭᠤᠴᠠᠭ᠎ᠠ ᠰᠣᠯᠢᠬᠤ ᠦᠶ᠎ᠠ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠳᠤᠷᠠᠨ ᠬᠤᠭᠤᠴᠠᠭ᠎ᠠ ᠰᠣᠯᠢᠬᠤ ᠠᠵᠢᠯ ᠢ ᠬᠢᠨᠠᠨ  ᠪᠠᠶᠢᠴᠠᠭᠠᠵᠦ ᠵᠢᠯᠤᠭᠤᠳᠬᠤ ᠳᠤᠭᠤᠶᠢᠯᠠᠩ ᠢ ᠲᠣᠮᠢᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠭᠤᠴᠠᠭ᠎ᠠ ᠰᠣᠯᠢᠬᠤ ᠠᠵᠢᠯ ᠢ ᠵᠢᠯᠤᠭᠤᠳᠴᠤ ᠬᠢᠨᠠᠯᠳᠠ ᠲᠠᠯᠪᠢᠬᠤ ᠠᠵᠢᠯ ᠳᠤ ᠤᠷᠤᠯᠴᠠᠬᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠨᠢ ᠲᠤᠰᠢᠶᠠᠯ ᠬᠠᠷᠢᠭᠤᠴᠠᠯᠭ᠎ᠠ ᠪᠠᠨ ᠣᠨᠣᠪᠴᠢᠲᠠᠶ ᠡᠷᠢᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠳᠦᠷᠪᠡᠨ ᠵᠦᠢᠯ ᠤᠨ ᠬᠡᠯᠪᠡᠷᠢ︾᠎ ᠶᠢ ᠢᠳᠡᠪᠬᠢᠲᠡᠶ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠪᠣᠳᠠᠲᠤ ᠭᠠᠵᠠᠷ ᠲᠤᠨᠢ ᠦᠨᠡᠨ ᠬᠦ ᠨᠠᠶᠢᠳᠠᠪᠤᠷᠢᠵᠢᠭᠤᠯᠬᠤ ᠶᠢ ᠪᠠᠳᠤᠯᠠᠵᠦ᠂ ᠡᠬᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠬᠦ ᠬᠡᠷᠡᠭᠳᠡᠢ᠃         ᠭᠤᠷᠪᠠ᠂ ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠢ ᠦᠨᠡᠨᠬᠦ ᠬᠠᠮᠠᠭᠠᠯᠠᠬᠤ ᠭᠡᠷᠡᠭᠳᠡᠢ᠃        ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠷᠡᠰ ᠰᠢᠭᠤᠷᠬᠠᠢ ᠣᠪᠣᠷ ᠪᠠᠶᠢᠳᠠᠯ᠂ ᠬᠠᠲᠠᠭᠤ ᠴᠢᠩᠭ᠎ᠠ ᠠᠷᠭ᠎ᠠ ᠬᠡᠮᠵᠢᠶ᠎ᠡ᠂ ᠡᠷᠴᠢ ᠬᠦᠴᠦᠳᠡᠢ ᠬᠢᠨᠠᠯᠲᠠ ᠪᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠣᠱᠯᠠᠭᠳᠠᠨ ᠬᠡᠷᠡᠭᠵᠢᠬᠦᠯᠦᠭᠳᠡᠬᠦ ᠶᠢ ᠪᠠᠳᠤᠯᠠᠨ᠎ᠠ᠃ ᠤᠯᠤᠰ ᠲᠦᠷᠦ ᠶᠢᠨ ᠪᠤᠭᠤᠮᠳᠠ ᠶᠢ ᠴᠢᠩᠭ᠎ᠠ ᠠᠳᠬᠤᠵᠤ᠂ ᠨᠠᠮ ᠳᠠᠭᠠᠨ ᠦᠨᠡᠨᠴᠢ᠂ ᠤᠯᠤᠰ ᠳᠦᠷᠦ ᠶᠢᠨ ᠲᠠᠯ᠎ᠠ ᠪᠠᠷ ᠨᠠᠶᠢᠳᠠᠪᠤᠷᠢᠲᠠᠶ ᠪᠠᠶᠢᠬᠤ ᠶᠢ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ︽ᠲᠤᠯᠤᠭᠠᠨ ᠤᠶᠢᠯᠠ ᠠᠵᠢᠯᠯᠠᠭ᠎ᠠ ᠲᠠᠢ︾ ᠪᠠᠶᠢᠬᠤ ᠡᠰᠡᠬᠦ ᠶᠢᠨ ᠲᠤᠭᠤᠷᠢᠨ ᠳᠤ᠂ ᠲᠦᠯᠦᠭᠡᠯᠡᠭᠴᠢ ᠭᠡᠰᠢᠬᠦᠨ ᠢᠶᠠᠷ ᠨᠡᠷ᠎ᠡ ᠲᠤᠷᠠᠳᠤᠭᠰᠠᠨ ᠬᠦᠮᠦᠨ ᠢ ᠨᠠᠷᠢᠨ ᠬᠢᠨᠠᠮᠠᠭᠠᠢ ᠰᠢᠭᠰᠢᠨ ᠰᠤᠩᠭᠤᠵᠤ᠂ ᠤᠯᠤᠰ ᠲᠥᠷᠥ ᠶᠢᠨ ᠠᠮᠢ ᠠᠬᠤᠶ ᠶᠢ ᠦᠨᠳᠦᠰᠦᠨ ᠠᠴᠠ ᠨᠢ ᠴᠡᠪᠡᠷᠰᠢᠬᠦᠯᠦᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠣᠭᠤᠮᠲᠠ ᠶᠢ ᠴᠢᠩᠭ᠎ᠠ ᠡᠵᠡᠮᠰᠢᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠪᠠᠶᠢᠳᠠᠯ ᠣᠶᠢᠯᠠᠭᠠᠵᠦ᠂ ᠺᠠᠳ᠋ᠷ ᠤᠨ ᠡᠩᠨᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠪᠠᠶᠢᠳᠠᠯ ᠳᠤ ᠰᠠᠨᠠᠯ ᠲᠤᠷᠠᠳᠴᠤ ᠬᠠᠷᠢᠭᠤ ᠥᠭᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠤᠯᠤᠰ ᠳᠦᠷᠦ ᠶᠢᠨ ᠲᠠᠯ᠎ᠠ ᠪᠠᠷ ᠠᠰᠠᠭᠤᠳᠠᠯ ᠲᠠᠢ ᠶᠢ ᠨᠢᠭᠡ ᠪᠢᠯᠧᠲ ᠪᠠᠷ ᠦᠬᠡᠶᠢᠰᠭᠡᠵᠦ᠂ ᠠᠷᠢᠭᠤᠨ ᠴᠢᠬᠡᠴᠢ ᠶᠢᠨ ᠲᠠᠯ᠎ᠠ ᠪᠠᠷ ᠠᠯᠳᠠᠭ᠎ᠠ ᠲᠤᠳᠠᠭᠳᠠᠯ ᠲᠠᠢ ᠶᠢ ᠨᠢ ᠡᠷᠡᠰ ᠬᠢᠵᠠᠭᠠᠷᠯᠠᠨ᠎ᠠ᠃ ᠟    ᠲᠦᠯᠦᠭᠡᠯᠡᠭᠴᠢ ᠪᠠ ᠭᠡᠰᠢᠭᠦᠨ ᠢ ᠨᠡᠷ᠎ᠡ ᠲᠤᠷᠠᠳᠬᠤ᠂ ᠲᠠᠨᠢᠯᠴᠠᠭᠤᠯᠬᠤ᠂ ᠪᠠᠶᠢᠴᠠᠭᠠᠬᠤ᠂ ᠵᠠᠷᠯᠠᠨ ᠨᠠᠶᠢᠳᠠᠯᠠᠬᠦ ᠪᠠ ᠰᠣᠩᠭᠤᠬᠤ ᠵᠡᠷᠭᠡ ᠡᠯ᠎ᠡ ᠭᠤᠭᠴᠤᠭᠠᠨ ᠳᠤ ᠬᠢᠨᠠᠯᠲᠠ ᠲᠠᠯᠪᠢᠬᠤ ᠶᠢ ᠲᠤᠤᠱᠯᠠᠭᠤᠯᠵᠤ᠂ ᠺᠠᠳ᠋ᠷ ᠢ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠢ ᠪᠣᠳᠠᠲᠠᠶ ᠪᠠᠷ ᠲᠡᠮᠳᠡᠭᠯᠡᠬᠦ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠬᠤᠭᠤᠴᠠᠭ᠎ᠠ ᠰᠣᠯᠢᠬᠤ ᠳᠤ ᠨᠡᠷ᠎ᠡ ᠲᠤᠷᠠᠳᠤᠭᠤᠯᠤᠭᠰᠠᠨ ᠬᠦᠮᠦᠨ ᠢ ᠲᠡᠪᠰᠢᠬᠦᠯᠵᠦ ᠲᠤᠮᠢᠯᠠᠨ ᠬᠡᠷᠡᠭᠯᠡᠭᠰᠡᠨ ᠡᠯ᠎ᠡ ᠭᠤᠭᠴᠤᠭᠠᠨ ᠤ ᠭᠤᠤᠯ ᠠᠵᠢᠯ ᠪᠤᠯᠤᠨ ᠴᠢᠬᠤᠯᠠ ᠪᠠᠶᠢᠳᠠᠯ ᠢ ᠦᠨᠡᠨ ᠪᠤᠳᠠᠳᠠᠢ ᠪᠠᠷ ᠲᠡᠮᠳᠡᠭᠯᠡᠵᠦ᠂  ᠰᠤᠩᠭᠤᠭᠳᠠᠬᠤ ᠬᠦᠮᠦᠨ ᠨᠢᠭᠡᠪᠦᠷᠢ ᠶᠢᠨ ᠶᠠᠪᠤᠴᠠ ᠶᠢ ᠰᠤᠩᠭᠤᠨ ᠲᠤᠮᠢᠯᠠᠬᠤ ᠶᠢ ᠨᠡᠬᠡᠮᠵᠢᠯᠡᠨ ᠮᠦᠷᠳᠡᠬᠦ ᠪᠠ ᠭᠡᠳᠡᠷᠬᠦ ᠪᠠᠶᠢᠴᠠᠭᠠᠵᠤ ᠲᠡᠶᠢᠯᠬᠦ ᠪᠤᠯᠭᠠᠵᠦ᠂ ᠬᠤᠭᠤᠴᠠᠭ᠎ᠠ ᠰᠣᠯᠢᠬᠤ ᠠᠵᠢᠯ ᠨᠢ ᠶᠠᠮᠠᠷ ᠶᠠᠪᠤᠴᠠ ᠳᠤ ᠬᠦᠷᠴᠦ ᠪᠠᠶᠢᠪᠠᠯ᠂ ᠬᠢᠨᠠᠯᠲᠠ ᠲᠠᠯᠪᠢᠬᠤ ᠎ ᠶᠢ ᠲᠡᠨᠳᠡ ᠪᠦᠷᠬᠦᠬᠦᠯᠵᠦ᠂ ᠠᠰᠠᠭᠤᠳᠠᠯ ᠢ ᠪᠠᠶᠢᠴᠠᠭᠠᠵᠤ ᠲᠤᠳᠦᠯᠡᠭᠠᠳᠦᠢ᠂ ᠰᠡᠵᠢᠭ ᠲᠠᠢ ᠭᠠᠵᠠᠷ ᠨᠢ ᠠᠷᠢᠯᠭᠠᠭᠠᠳᠤᠶ ᠬᠦᠮᠦᠨ ᠢ ᠨᠡᠷ᠎ᠡ ᠲᠤᠷᠠᠳᠴᠤ ᠪᠣᠯᠬᠤ ᠤᠢᠭᠡᠢ᠂ ᠬᠡᠨ ᠢ ᠨᠡᠷ᠎ᠡ ᠲᠤᠷᠠᠳᠤᠪᠠᠯ ᠲᠡᠷᠡ ᠬᠦᠮᠦᠨ ᠤ ᠪᠠᠶᠢᠳᠠᠯ ᠢ ᠣᠶᠢᠯᠠᠭᠠᠵᠦ᠂ ᠪᠠᠶᠢᠳᠠᠯ ᠢ ᠨᠢ ᠤᠶᠢᠯᠠᠭᠠᠮᠠᠨᠵᠢᠨ ᠰᠠᠶ᠋ᠢ ᠨᠡᠷ᠎ᠡ ᠲᠤᠷᠠᠳᠴᠦ᠂ ᠰᠤᠩᠭᠤᠭᠳᠠᠬᠤ ᠬᠦᠮᠦᠨ ᠢ ᠰᠠᠶᠢᠨ ᠤ ᠲᠤᠮᠳᠠ ᠠᠴᠠ ᠰᠠᠶᠢᠨ ᠢ ᠰᠣᠩᠭᠤᠵᠤ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠶᠢ ᠪᠠᠳᠤᠯᠠᠨ᠎ᠠ ᠃ ᠲᠤᠭᠤᠷᠢᠨ ᠪᠠᠶᠢᠴᠠᠭᠠᠬᠤ ︽ᠬᠤᠷᠴᠠ ᠰᠡᠯᠡᠮ᠎ᠡ︾᠎ ᠶᠢᠨ ᠤᠶᠢᠯᠡᠳᠤᠯ ᠢ ᠢᠳᠡᠪᠬᠢᠳᠡᠢ ᠪᠠᠳᠠᠷᠠᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠢᠨᠠᠵᠦ ᠪᠠᠶᠢᠴᠠᠭᠠᠬᠤ ᠭᠤᠣᠯᠳᠠᠯᠭ᠎ᠠ ᠪᠤᠯᠭᠠᠨ᠂ ᠬᠡᠷᠡᠭᠴᠡᠭᠡ ᠪᠠᠨ ᠦᠨᠳᠦᠰᠦᠯᠡᠨ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠶᠢ ᠦᠷᠨᠢᠬᠦᠯᠤᠨ᠂ ᠬᠤᠭᠤᠴᠠᠭ᠎ᠠ ᠰᠣᠯᠢᠬᠤ ᠠᠵᠢᠯ ᠰᠠᠶᠢᠨ ᠡᠬᠢᠯᠡᠯᠳᠠ ᠲᠠᠢ ᠰᠠᠶᠢᠨ ᠲᠡᠬᠦᠰᠭᠡᠯ ᠲᠠᠢ ᠪᠠᠶᠢᠬᠤ ᠶᠢ ᠪᠠᠳᠤᠯᠠᠨ᠎ᠠ᠃ ᠬᠤᠭᠤᠴᠠᠭ᠎ᠠ ᠰᠣᠯᠢᠬᠤ ᠠᠵᠢᠯ ᠢ ᠵᠢᠭᠠᠨ ᠵᠢᠯᠤᠭᠤᠳᠴᠦ ᠬᠢᠨᠠᠨ ᠪᠠᠶᠢᠴᠠᠭᠠᠬᠤ ᠡᠯ᠎ᠡ ᠳᠤᠭᠤᠶᠢᠯᠠᠩ ᠨᠢ ᠬᠡᠬᠡᠯᠢ ᠬᠠᠭ᠋ᠤᠤᠯᠢ ᠲᠦᠯᠬᠢᠵᠦ ᠪᠢᠯᠧᠲ ᠲᠠᠳᠠᠭᠰᠠᠨ᠂ ᠲᠤᠭᠳᠠᠭᠠᠯ ᠵᠦᠷᠢᠴᠡᠵᠦ ᠬᠥᠮᠦᠨ ᠬᠡᠷᠡᠭᠯᠡᠭᠰᠡᠨ᠂ ᠨᠢᠭᠤᠴᠠ ᠶᠢ ᠵᠠᠳᠠᠷᠠᠭᠤᠯᠤᠭᠰᠠᠨ᠂ ᠰᠤᠩᠭᠤᠭᠤᠯᠢ ᠶᠢ ᠲᠦᠢᠪᠡᠭᠡᠭᠰᠡᠨ ᠵᠡᠷᠭᠡ ᠬᠤᠭᠤᠴᠠᠭ᠎ᠠ ᠰᠣᠯᠢᠬᠤ ︽ᠲᠦᠭᠰᠢᠭᠦᠷᠢ ᠴᠡᠭ︾᠎ ᠢ ᠠᠩᠬᠠᠷᠴᠤ᠂ ᠬᠤᠭᠤᠴᠠᠭ᠎ᠠ ᠰᠣᠯᠢᠬᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠰᠠᠶᠢᠳᠦᠷ ᠨᠠᠶᠢᠳᠠᠪᠤᠷᠢᠵᠢᠭᠤᠯᠤᠭᠰᠠᠨ ᠦᠬᠡᠢ᠂ ᠬᠥᠮᠦᠨ ᠰᠣᠩᠭᠤᠵᠤ ᠬᠥᠮᠦᠨ ᠬᠡᠷᠡᠭᠯᠡᠬᠦ ᠬᠢᠨᠠᠯᠲᠠ ᠲᠠᠯᠪᠢᠬᠤ ᠲᠦᠷᠢᠮ ᠢ ᠴᠢᠩᠭ᠎ᠠ ᠭᠡᠷᠡᠭᠵᠢᠬᠦᠯᠦᠭᠰᠡᠨ ᠦᠬᠡᠢ᠂ ︽ᠨᠡᠷ᠎ᠡ ᠲᠤᠷᠠᠳᠤᠪᠠᠯ ᠲᠦᠷᠪᠡᠨ ᠲᠦᠷᠦᠯ ᠢ ᠡᠷᠬᠡᠪᠰᠢ ᠪᠠᠶᠢᠴᠠᠭᠠᠬᠤ︾ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠭᠰᠠᠨ ᠦᠬᠡᠢ ᠪᠠᠶᠢᠬᠤ ᠵᠡᠷᠭᠡ ᠠᠰᠠᠭᠤᠳᠠᠯ ᠢ ᠡᠷᠲᠡ ᠮᠡᠳᠡᠵᠦ᠂ ᠡᠷᠲᠡ ᠮᠡᠳᠡᠬᠦᠯᠦᠨ᠂ ᠡᠷᠲᠡ ᠰᠢᠢᠳᠪᠦᠷᠢᠯᠡᠵᠦ᠂  ︽ᠠᠰᠠᠭᠤᠳᠠᠯ ᠲᠠᠢ ᠺᠠᠳ᠋ᠷ ᠢ ᠨᠡᠷ᠎ᠡ ᠲᠤᠷᠠᠳᠬᠤ︾᠂ ︽ᠠᠰᠠᠭᠤᠳᠠᠯ ᠲᠠᠢ ᠺᠠᠳ᠋ᠷ ᠢ ᠲᠡᠪᠰᠢᠬᠦᠯᠵᠦ ᠬᠡᠷᠡᠭᠯᠡᠬᠦ︾᠎ ᠶᠢ ᠡᠷᠡᠰ ᠰᠡᠷᠬᠡᠶᠢᠯᠡᠨ᠎ᠡ᠃        ᠲᠦᠷᠪᠡ᠂ ᠰᠠᠬᠢᠯᠭ᠎ᠠ ᠪᠠᠲᠤ ᠶᠢ ᠬᠡᠷᠡᠭᠵᠢᠯᠬᠦᠯᠬᠦ ᠬᠦᠴᠤᠯᠡᠴᠡ ᠶᠢ ᠴᠢᠩᠭᠠᠷᠠᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃        ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠣᠯ ᠤᠯᠤᠰ ᠲᠦᠷᠦ ᠶᠢᠨ ᠰᠠᠬᠢᠯᠭ᠎ᠠ ᠪᠠᠲᠤ ᠮᠦᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠠᠯᠢᠪᠠ ᠠᠵᠢᠯᠯᠠᠭ᠎ᠠ ᠨᠢ ᠴᠥᠮ ᠨᠠᠮ ᠳᠠᠭᠠᠨ ᠰᠢᠳᠤᠷᠭᠤ ᠪᠤᠰᠤ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢ ᠦᠭᠡᠢ ᠶᠤᠮ᠂ ᠡᠨᠡ ᠪᠣᠯ ᠦᠨᠳᠦᠰᠦᠨ ᠴᠢᠨᠠᠷᠲᠠᠶ ᠠᠰᠠᠭᠤᠳᠠᠯ ᠪᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠢ ᠴᠢᠩᠭ᠎ᠠ ᠬᠠᠳᠠᠭᠤ ᠰᠢᠳᠭᠡᠯ ᠢᠶᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠠᠮᠠᠭᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠪᠤᠯᠭᠠᠵᠦ᠂ ᠬᠤᠭᠤᠴᠠᠭ᠎ᠠ ᠰᠣᠯᠢᠬᠤ ᠶᠠᠪᠤᠴᠠ ᠡᠬᠦᠰᠦᠭᠰᠡᠨ ᠳᠤ ᠰᠠᠬᠢᠯᠭ᠎ᠠ ᠪᠠᠲᠤ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠢᠩᠭ᠎ᠠ ᠮᠦᠷᠳᠡᠭᠡᠨ ᠲᠦᠷᠭᠡᠨ ᠰᠢᠢᠳᠪᠦᠷᠢᠯᠡᠵᠦ᠂ ᠬᠤᠭᠤᠴᠠᠭ᠎ᠠ ᠰᠣᠯᠢᠬᠤ ᠳᠤᠮᠳᠠᠬᠢ ᠲᠥᠪ ᠪᠤᠰᠤ ᠰᠤᠷᠲᠠᠯ ᠢ ᠡᠷᠡᠰ ᠬᠤᠷᠢᠭᠯᠠᠨ᠂ ᠲᠥᠪ ᠴᠢᠬᠡᠴᠢ ᠬᠤᠭᠤᠴᠠᠭ᠎ᠠ ᠰᠤᠯᠢᠬᠤ ᠣᠷᠴᠢᠨ ᠲᠣᠭᠤᠷᠢᠨ ᠢ ᠡᠬᠦᠳᠦᠨ᠎ᠡ᠃ ᠠᠰᠠᠭᠤᠳᠠᠯ ᠤᠨ ᠰᠦᠪᠡᠭᠴᠢ ᠶᠢ ᠤᠯᠠᠨ ᠠᠷᠭ᠎ᠠ ᠵᠠᠮ ᠢᠶᠠᠷ ᠤᠯᠵᠤ ᠠᠪᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠬᠢ ᠪᠠᠨ ᠴᠠᠭ ᠲᠤᠬᠠᠶ ᠳᠤᠨᠢ ᠰᠣᠯᠢᠯᠴᠠᠵᠤ᠂ ᠠᠵᠢᠯ ᠤᠨ ᠦᠷ᠎ᠡ ᠪᠦᠲᠦᠮᠵᠢ ᠎ ᠪᠠᠨ ᠲᠡᠭᠡᠭᠰᠢᠯᠡᠬᠦᠯᠦᠨ᠎ᠡ︔ ᠵᠠᠬᠢᠳᠠᠯ ᠰᠤᠷᠪᠤᠯᠵᠢᠯᠠᠭ᠎ᠠ ᠎ ᠶᠢᠨ ᠢᠯᠡᠴᠢᠯᠡᠨ ᠮᠡᠳᠡᠬᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠦ᠂ ᠵᠠᠬᠢᠳᠠᠯ᠂ ᠤᠳᠠᠰᠦ᠂ ᠰᠤᠷᠪᠤᠯᠵᠢᠯᠠᠭ᠎ᠠ ᠪᠠ ᠰᠦᠯᠵᠢᠶ᠎ᠡ ︽ᠲᠦᠷᠪᠡ ᠶᠢ ᠨᠢᠭᠡ ᠴᠤᠬᠴᠠᠵᠢᠭᠤᠯᠬᠤ︾ ᠶᠡᠷᠦᠩᠬᠡᠶ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠢᠨᠠᠯᠲᠠ ᠲᠠᠯᠪᠢᠬᠤ ᠠᠷᠭ᠎ᠠ ᠵᠠᠮ ᠢ  ᠦᠷᠭᠡᠳᠭᠡᠨ᠂ ᠬᠤᠭᠤᠴᠠᠭ᠎ᠠ ᠰᠣᠯᠢᠬᠤ ᠳᠤ ᠬᠤᠯᠪᠣᠭᠳᠠᠭᠰᠠᠨ ᠢ ᠢᠯᠡᠴᠢᠯᠡᠨ ᠮᠡᠳᠡᠬᠦᠯᠦᠯᠳᠡ ᠶᠢ ᠴᠠᠭ ᠲᠤᠬᠠᠶ ᠳᠤᠨᠢ ᠬᠦᠯᠢᠶᠡᠨ ᠠᠪᠴᠤ᠂ ᠲᠤᠰᠬᠠᠶ ᠬᠥᠮᠦᠨ ᠬᠠᠮᠢᠶᠠᠷᠴᠤ᠂ ᠲᠤᠰᠬᠠᠶ ᠬᠥᠮᠦᠨ ᠱᠠᠯᠠᠪᠳᠠᠨ ᠬᠦᠢᠴᠡᠳᠭᠡᠬᠦ ᠶᠢ ᠬᠡᠷᠡᠭᠵᠢᠬᠦᠯᠦᠨ᠂ ᠢᠯᠡᠴᠢᠯᠡᠨ ᠮᠡᠳᠡᠬᠦᠯᠦᠯᠳᠡ ᠪᠠᠶᠢᠪᠠᠯ ᠵᠠᠪᠠᠯ ᠪᠠᠶᠢᠴᠠᠭᠠᠵᠤ᠂ ᠨᠢᠭᠡ ᠶᠢ ᠴᠦ ᠤᠷᠬᠢᠭᠳᠠᠭᠤᠯᠵᠤ ᠪᠤᠯᠬᠤ ᠦᠬᠡᠢ ᠪᠠᠶᠢᠬᠤ ᠬᠡᠷᠡᠭᠳᠡᠢ︔ ᠬᠤᠭᠤᠴᠠᠭ᠎ᠠ ᠰᠣᠯᠢᠬᠤ ᠶᠠᠷᠢᠶ᠎ᠠ ᠬᠡᠯᠡᠯᠴᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠶᠠᠷᠢᠶ᠎ᠠ ᠬᠡᠯᠡᠯᠴᠡᠭᠡ  ᠤᠨᠴᠠᠭᠠᠶᠢᠯᠠᠨ ᠰᠦᠯᠵᠢᠶᠠᠨ ᠲᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠴᠠᠭ ᠲᠤᠬᠠᠢ ᠳᠤᠨᠢ ᠬᠠᠷᠢᠭᠤ ᠲᠤᠰᠬᠠᠯ ᠬᠢᠵᠦ᠂ ᠪᠠᠶᠢᠴᠠᠭᠠᠬᠤ ᠪᠠᠷ ᠳᠠᠮᠵᠢᠭᠠᠳ ᠢᠯᠡᠷᠡᠭᠦᠯᠦᠭᠰᠡᠨ ᠠᠰᠠᠭᠤᠳᠠᠯ ᠨᠢ ᠦᠨᠡᠨ ᠪᠠᠶᠢᠪᠠᠯ᠂ ᠦᠳᠲᠡᠷ ᠲᠦᠷᠭᠡᠨ ᠰᠢᠢᠳᠪᠦᠷᠢᠯᠡᠬᠦ ᠮᠦᠷᠳᠡᠭᠡᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠠᠶᠢᠳᠠᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠬᠢᠨᠠᠨ ᠬᠠᠷᠭᠤᠭᠤᠯᠤᠨ ᠪᠠᠶᠢᠴᠠᠭᠠᠵᠦ ᠲᠤᠰᠬᠠᠢ ᠰᠢᠢᠳᠪᠦᠷᠢᠯᠡᠬᠦ ᠲᠦᠷᠢᠮ ᠢ ᠪᠠᠶᠢᠭᠤᠯᠵᠤ᠂ ᠲᠤᠰᠬᠠᠭᠰᠠᠨ ᠠᠰᠠᠭᠤᠳᠠᠯ ᠤᠨ ᠰᠦᠪᠡᠭᠴᠢ ᠨᠢ ᠲᠣᠳᠣᠷᠬᠠᠶ᠂ ᠠᠭᠤᠯᠭ᠎ᠠ ᠨᠢ ᠪᠣᠳᠠᠲᠠᠶ ᠪᠠᠯ ᠰᠢᠢᠳᠪᠦᠷᠢᠯᠡᠬᠦ ᠴᠠᠭ ᠬᠤᠭᠤᠴᠠᠭ᠎ᠠ ᠶᠢ ᠲᠣᠳᠣᠷᠬᠠᠶ ᠪᠤᠯᠭᠠᠵᠦ᠂ ᠬᠦᠴᠦᠨ ᠢᠶᠠᠨ ᠵᠣᠬᠢᠶᠠᠨ ᠪᠠᠶᠢᠭᠤᠯᠵᠤ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠲᠤᠰᠬᠠ᠊ ᠬᠡᠷᠡᠭ ᠪᠤᠯᠭᠠᠨ ᠱᠠᠯᠠᠪᠳᠠᠨ ᠰᠢᠢᠳᠪᠦᠷᠢᠯᠡᠬᠦ ᠵᠦᠢᠯ ᠢ 15 ᠡᠳᠦᠷ ᠤᠨ ᠳᠣᠲᠣᠷ᠎ᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠮᠡᠳᠡᠬᠦᠯᠦᠨ ᠬᠦᠷᠭᠡᠨ᠎ᠡ᠃ ᠲᠤᠰᠬᠠᠭᠰᠠᠨ ᠠᠰᠠᠭᠤᠳᠠᠯ ᠨᠢ ᠰᠢᠯᠭᠠᠨ ᠪᠠᠶᠢᠴᠠᠭᠠᠬᠤ ᠡᠳᠡᠭᠡᠳ ᠲᠠᠢ ᠬᠤᠯᠪᠤᠭᠳᠠᠪᠠᠯ᠂  ᠰᠢᠯᠭᠠᠨ ᠪᠠᠶᠢᠴᠠᠭᠠᠬᠤ ᠠᠵᠢᠯ ᠳᠠᠭᠤᠰᠬᠤ ᠠᠴᠠ ᠡᠮᠦᠨ᠎ᠡ ᠰᠢᠢᠳᠪᠦᠷᠢᠯᠡᠵᠦ᠂ ᠰᠢᠯᠭᠠᠨ ᠪᠠᠶᠢᠴᠠᠭᠠᠬᠤ ᠡᠳᠡᠭᠡᠳ ᠢ ᠬᠦᠵᠢᠷᠯᠡᠵᠦ ᠭᠤᠳᠤᠭᠠᠭᠰᠠᠨ ᠢ ᠴᠠᠭ ᠲᠤᠬᠠᠶ ᠳᠤᠨᠢ ᠲᠤᠳᠤᠷᠬᠠᠶᠢᠯᠠᠬᠤ ᠮᠦᠷᠳᠡᠭᠡᠨ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠤᠯᠪᠣᠭᠳᠠᠯ ᠪᠦᠬᠦᠢ ᠬᠥᠮᠦᠰ ᠢ ᠰᠢᠢᠳᠪᠦᠷᠢᠯᠡᠵᠦ᠂ ᠴᠠᠭ ᠲᠤᠬᠠᠶ ᠳᠤᠨᠢ ᠬᠢᠨᠠᠨ ᠪᠠᠶᠢᠴᠠᠭᠠᠭᠰᠠᠨ ᠦᠬᠡᠢ ᠠᠴᠠ ᠪᠤᠯᠵᠤ ᠺᠠᠳ᠋ᠷ ᠬᠡᠷᠡᠭᠯᠡᠬᠦ ᠶᠢ ᠨᠥᠯᠥᠭᠡᠯᠡᠬᠦ ᠠᠴᠠ ᠵᠠᠶᠢᠯᠠᠰᠬᠢᠨ᠎ᠠ᠃        ᠪᠠᠶᠢᠴᠠᠭᠠᠨ ᠰᠢᠢᠳᠪᠦᠷᠢᠯᠡᠬᠦ ᠶᠢ ᠭᠤᠣᠯᠳᠠᠯᠭ᠎ᠠ ᠲᠠᠢ ᠲᠤᠪᠤᠶᠢᠯᠭᠠᠨ᠎ᠠ᠃ ᠬᠤᠭᠤᠴᠠᠭ᠎ᠠ ᠰᠣᠯᠢᠬᠤ ᠦᠶ᠎ᠠ ᠪᠤᠯ ᠂ ᠶᠡᠷᠦ ᠨᠢ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠦᠷᠢᠴᠡᠬᠦ ᠪᠠᠶᠢᠳᠠᠯ ᠤᠯᠠᠨ ᠭᠠᠷᠳᠠᠭ ᠴᠠᠭ ᠦᠶ᠎ᠠ ᠪᠤᠯᠤᠨ᠎ᠠ᠃ ᠲᠥᠪ ᠤᠨ ᠱᠠᠭᠠᠷᠳᠠᠯᠭ᠎ᠠ ᠶᠣᠰᠣᠭᠠᠷ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤ ︽ᠥᠯᠥ ᠬᠦᠯᠢᠴᠡᠬᠦ︾ ᠤᠪᠤᠷ ᠠᠪᠴᠤ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠨ᠎ᠡ᠃  ᠬᠡᠬᠡᠯᠢ ᠬᠠᠭ᠋ᠤᠤᠯᠢ ᠲᠦᠯᠬᠢᠵᠦ ᠪᠢᠯᠧᠲ ᠲᠠᠳᠠᠭᠰᠠᠨ ᠤᠶᠢᠯᠠ ᠠᠵᠢᠯᠯᠠᠭ᠎ᠠ ᠶᠢ ᠨᠢᠭᠲᠠ ᠠᠩᠬᠠᠷᠴᠤ᠂ ᠲᠡᠳᠡᠭᠡᠷ ᠠᠵᠢᠯᠯᠠᠭ᠎ᠠ ᠶᠢ ᠣᠯᠵᠤ ᠮᠡᠳᠡᠮᠡᠭᠴᠡ ᠴᠢᠩᠭ᠎ᠠ ᠰᠢᠳᠭᠡᠨ᠎ᠡ᠃ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠰᠡᠨ ᠦᠬᠡᠢ ᠎ ᠠᠴᠠ ᠪᠤᠯᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠲᠥᠪ ᠪᠤᠰᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠰᠤᠯᠠ ᠵᠠᠳᠠᠭᠠᠶ᠂ ᠰᠣᠩᠭᠤᠭᠤᠯᠢ ᠶᠢᠨ ᠳᠤᠮᠳᠠ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢᠯᠡᠷᠡᠭᠰᠡᠨ ᠪᠠᠶᠢᠳᠠᠯ ᠢ ᠴᠥᠮ ᠬᠠᠷᠢᠭᠤᠴᠠᠯᠭ᠎ᠠ ᠨᠡᠬᠡᠮᠵᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠨᠢ ᠪᠤᠢ ᠪᠤᠯᠭᠠᠭᠰᠠᠨ ᠨᠦᠯᠦᠭᠡᠯᠡᠯ ᠤᠨ ᠬᠡᠮᠵᠢᠶ᠎ᠡ ᠶᠢ ᠦᠨᠳᠦᠰᠦᠯᠡᠵᠦ᠂ ᠨᠠᠮ ᠤᠨ ᠲᠦᠷᠢᠮ᠂ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠶᠤᠰᠤᠭᠠᠷ᠂ ᠵᠤᠬᠢᠴᠠᠭᠰᠠᠨ ᠰᠠᠬᠢᠯᠭ᠎ᠠ ᠪᠠᠲᠤ ᠶᠢᠨ ᠰᠢᠳᠬᠡᠯ ᠦᠭᠴᠦ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠰᠡᠵᠢᠭᠯᠡᠯᠲᠡᠶ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠢᠤᠪᠦᠷᠢᠯᠡᠨ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠭᠡᠢ᠃ ᠬᠤᠭᠤᠴᠠᠭ᠎ᠠ ᠰᠣᠯᠢᠬᠤ ᠦᠶ᠎ᠠ ᠪᠤᠯ ᠮᠦᠨᠴᠦ ᠭᠦᠳᠬᠡᠨ ᠵᠠᠭᠠᠯᠳᠤᠵᠦ ᠭᠦᠵᠢᠷᠯᠡᠨ ᠬᠤᠣᠷᠯᠠᠵᠤ᠂ ᠴᠣᠬᠢᠯᠲᠠ ᠥᠭᠴᠦ ᠬᠠᠷᠢᠭᠤ ᠠᠪᠬᠤ ᠲᠥᠪᠯᠡᠷᠡᠩᠭᠦᠶ ᠴᠠᠭ ᠦᠶ᠎ᠠ ᠪᠤᠯᠤᠨ᠎ᠠ᠂ ᠡᠳᠡᠭᠡᠷ ᠰᠠᠬᠢᠯᠭ᠎ᠠ ᠪᠠᠲᠤ ᠶᠢ ᠵᠥᠷᠢᠴᠡᠭᠰᠡᠨ ᠤᠶᠢᠯᠠ ᠠᠵᠢᠯᠯᠠᠭ᠎ᠠ ᠶᠢ ᠠᠳᠠᠯᠢᠬᠠᠨ ᠴᠢᠩᠭ᠎ᠠ ᠰᠢᠳᠭᠡᠵᠦ᠂ ᠭᠠᠵᠢᠭᠤ ᠰᠤᠷᠲᠠᠯ ᠢ ᠴᠢᠩᠭ᠎ᠠ ᠬᠤᠷᠢᠭᠯᠠᠨ᠎ᠠ᠃ ᠡᠭᠦᠨ ᠤ ᠬᠠᠮᠳᠤ᠂ ᠢᠯᠡ ᠪᠠᠷ ᠵᠠᠷᠯᠠᠬᠤ ᠬᠦᠴᠤᠯᠠᠴᠡ ᠪᠠᠨ ᠶᠡᠭᠡᠳᠬᠡᠵᠦ᠂ ᠪᠠᠶᠢᠴᠠᠭᠠᠨ ᠰᠢᠢᠳᠪᠦᠷᠢᠯᠡᠭᠰᠡᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠷ᠎ᠡ ᠵᠢᠭᠠᠵᠤ ᠢᠯᠡᠴᠢᠯᠡᠨ ᠮᠡᠳᠡᠬᠦᠯᠵᠦ᠂ ᠢᠯᠡ ᠪᠠᠷ ᠨᠠᠶᠢᠳᠠᠯᠡᠬᠦ ᠰᠤᠷᠳᠡᠬᠦᠯᠦᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠡᠷᠬᠡ ᠰᠦᠷᠲᠦ  ᠴᠢᠨᠠᠷ ᠢ ᠬᠠᠮᠠᠭᠠᠯᠠᠨ᠎ᠠ᠃     ᠨᠥᠬᠦᠳ ᠡ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠴᠢᠩᠳᠠᠯᠠᠬᠤ ᠪᠠ ᠬᠤᠭᠤᠴᠠᠭ᠎ᠠ ᠰᠣᠯᠢᠬᠤ ᠬᠡᠪ ᠰᠤᠷᠲᠠᠯ ᠳᠤ ᠴᠢᠩᠭ᠎ᠠ ᠬᠢᠨᠠᠯᠲᠠ ᠲᠠᠯᠪᠢᠬᠤ ᠡᠬᠦᠷᠭᠡ ᠬᠠᠷᠢᠭᠤᠴᠠᠯᠭ᠎ᠠ ᠡᠬᠦᠷᠭᠡ ᠬᠦᠨᠳᠦ ᠶᠡᠭᠡ ᠪᠠᠶᠢᠨ᠎ᠠ᠂  ᠡᠨᠡ ᠨᠢ ᠬᠤᠭᠤᠴᠠᠭ᠎ᠠ ᠰᠣᠯᠢᠬᠤ ᠠᠵᠢᠯ ᠤᠨ ᠢᠯᠠᠵᠤ ᠢᠯᠠᠭᠳᠠᠬᠤ ᠲᠠᠢ ᠬᠤᠯᠪᠤᠭᠳᠠᠬᠤ ᠪᠤᠯᠬᠤᠷ᠂ ᠤᠯᠠᠨ ᠢᠶᠠᠷ ᠢᠶᠠᠨ ᠵᠠᠪᠠᠯ ᠬᠠᠷᠢᠭᠤᠴᠠᠯᠭ᠎ᠠ ᠪᠠᠨ ᠰᠠᠶᠢᠨ ᠡᠭᠦᠷᠭᠡᠯᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠠᠷᠠ ᠶᠤᠰᠤᠭᠠᠷ ᠨᠠᠶᠢᠳᠠᠪᠦᠷᠢᠵᠢᠭᠤᠯᠵᠤ᠂ ᠰᠡᠳᠬᠢᠯ ᠢᠶᠠᠨ ᠨᠢᠭᠡᠳᠬᠡᠵᠦ᠂ ᠬᠦᠴᠦᠨ ᠢᠶᠠᠨ ᠬᠠᠮᠳᠤᠳᠬᠠᠨ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠪᠣᠯᠤᠨ ᠲᠦᠪ ᠴᠢᠩᠭ᠎ᠠ ᠰᠠᠬᠢᠯᠭ᠎ᠠ ᠪᠠᠲᠤ ᠪᠠᠷ ᠬᠤᠲᠠ᠂ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠣᠯᠤᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠡᠭᠦᠷᠭᠡ ᠶᠢ ᠦᠨᠳᠦᠷ ᠴᠢᠨᠠᠷ ᠴᠢᠨᠰᠠᠭ᠎ᠠ ᠥᠨᠳᠥᠷ ᠪᠠᠷᠢᠮᠵᠢᠶ᠎ᠠ ᠪᠠᠷ᠂ ᠪᠠᠶᠠᠯᠡᠬᠦᠯᠦᠨ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠶ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号