ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ | ᠬᠤᠷᠢᠶᠠᠨ ᠤ ᠨᠢᠭᠡᠳᠤᠯᠲᠠᠢ ᠪᠠᠶᠢᠷᠢᠯᠠᠭᠤᠯᠤᠯᠲᠠ ᠶᠤᠰᠤᠭᠠᠷ᠂ ᠦᠨᠤ ᠵᠢᠯ ᠤᠨ 9 ᠰᠠᠷ᠎ᠠ ᠠᠴᠠ ᠢᠷᠡᠬᠦ ᠵᠢᠯ ᠤᠨ | 1 ᠰᠠᠷ᠎ᠠ ᠬᠦᠷᠲᠡᠯ᠎ᠡ ᠬᠤᠲᠠ᠂ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠤᠷᠳᠤᠨ ᠪᠠ ᠬᠤᠲᠠ ᠶᠢᠨ ᠤᠯᠤᠰ ᠲᠦᠷᠤ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ | ᠲᠤᠤᠷ᠎ᠠ ᠠᠴᠠ ᠲᠡᠭᠡᠭᠰᠢ ᠪᠠᠨ ᠶᠠᠪᠤᠭᠳᠠᠬᠤ ᠪᠤᠯᠤᠨ᠎ᠠ᠂ ᠡᠨᠡ ᠪᠤᠯ ᠨᠢᠳᠤᠨᠤᠨ ᠤ ᠬᠤᠲᠠ᠂ ᠰᠤᠮᠤ ᠪᠠᠯᠭᠠᠰᠤᠨ ᠤ | ᠨᠠᠮ ᠤᠨ ᠬᠤᠷᠢᠶ᠎ᠠ ᠬᠤᠭᠤᠴᠠᠭ᠎ᠠ ᠰᠤᠯᠢᠭᠰᠡᠨ ᠤ ᠲᠠᠷᠠᠭᠠᠬᠢ ᠪᠦᠬᠦ ᠬᠤᠲᠠ ᠶᠢᠨ ᠤᠯᠤᠰ ᠲᠦᠷᠤ ᠶᠢᠨ | ᠠᠮᠢᠳᠤᠷᠠᠯ ᠤᠨ ᠲᠤᠮᠳᠠᠬᠢ ᠪᠠᠰᠡ ᠨᠢᠭᠡᠨ ᠶᠡᠭᠡ ᠶᠠᠪᠤᠳᠠᠯ ᠶᠤᠮ᠃ ᠬᠤᠲᠠ ᠶᠢᠨ ᠨᠠᠮ ᠤᠨ ᠬᠤᠷᠢᠶ᠎ᠠ ᠲᠤᠰ | ᠤᠳᠠᠭᠠᠨ ᠤ ᠬᠤᠷᠠᠯ ᠢ ᠬᠤᠷᠠᠯᠳᠤᠭᠤᠯᠵᠤ ᠂ ᠭᠤᠤᠯ ᠡᠭᠦᠷᠬᠡ ᠨᠢ ᠶᠡᠷᠤᠩᠬᠡᠢ ᠱᠦᠵᠢ ᠰᠢ ᠶᠢᠨ ᠫᠢᠡᠭ ᠤᠨ | ᠰᠢᠷᠢᠰ ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠤᠯᠤᠨ ᠬᠤᠭᠤᠴᠠᠭ᠎ᠠ ᠰᠤᠯᠢᠬᠤ ᠠᠵᠢᠯ ᠤᠨ ᠲᠤᠬᠠᠢ ᠴᠢᠬᠤᠯᠨ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠰᠤᠷᠤᠯᠴᠠᠵᠤ᠂ ᠦᠪᠡᠷᠲᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠤᠨ ᠲᠤᠬᠠᠢ | ᠲᠦᠷᠤ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ᠂ ᠰᠤᠮᠤ | ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠠ ᠬᠤᠲᠠ ᠶᠢᠨ | ᠤᠯᠤᠰ ᠲᠦᠷᠤ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠪᠠᠶᠢᠷᠢᠯᠠᠭᠤᠯᠤᠨ᠎ᠠ᠃ ᠳ᠋ᠦ᠋ ᠵᠢᠶᠧ᠂ | ᠬᠦᠸᠧ ᠵᠢᠩ ᠵᠢᠶᠤᠸᠡᠨ᠂ ᠵᠤᠤ ᠬᠦᠸᠧ ᠵᠤ᠋᠂ ᠯᠢ ᠸᠠᠨ ᠬᠦᠸᠧ᠂ ᠰᠢᠦᠢ ᠬᠦᠢ ᠢᠡᠭ 5 ᠨᠦᠬᠦᠳ ᠬᠤᠭᠤᠴᠠᠭ᠎ᠠ | ᠰᠤᠯᠢᠬᠤ ᠠᠵᠢᠯ ᠢ ᠰᠠᠶᠢᠲᠤᠷ ᠬᠢᠬᠦ ᠲᠤᠬᠠᠢ ᠪᠤᠲᠠᠲᠠᠢ ᠪᠠᠶᠢᠷᠢᠯᠠᠭᠤᠯᠤᠯᠲᠠ ᠬᠢᠨ᠎ᠠ᠂ ᠤᠯᠡᠨ ᠨᠠᠷ ᠢᠶᠠᠨ | ᠬᠢᠨᠠᠮᠠᠭᠠᠢ ᠰᠤᠷᠤᠯᠴᠠᠨ ᠦᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ | ᠬᠡᠷᠡᠭᠲᠠᠢ᠃ | ᠲᠤᠤᠷ᠎ᠠ᠂ ᠪᠢ ᠲᠦᠷᠪᠡᠨ ᠲᠠᠯ᠎ᠠ ᠶᠢᠨ ᠰᠠᠨᠠᠯ ᠶᠠᠷᠢᠶ᠎ᠠ᠃ | ᠨᠢᠭᠡ᠂ ᠤᠯᠤᠰ ᠲᠦᠷᠤ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠤᠯᠤᠰ ᠲᠦᠷᠤ ᠶᠢᠨ ᠵᠤᠭᠰᠤᠴᠠ ᠪᠠᠨ | ᠲᠡᠭᠡᠭᠰᠢᠯᠡᠭᠦᠯᠵᠤ᠂ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠬᠦ ᠶᠢᠨ ᠴᠢᠬᠤᠯᠨ ᠠᠴᠢ ᠬᠤᠯᠪᠤᠭᠳᠠᠯ ᠢ | ᠬᠦᠢᠴᠡᠳ ᠲᠠᠨᠢᠬᠤ ᠬᠡᠷᠡᠭᠲᠠᠢ | ᠨᠠᠮ ᠤᠨ ᠲᠦᠪ ᠬᠤᠷᠢᠶ᠎ᠠ ᠬᠤᠭᠤᠴᠠᠭ᠎ᠠ ᠰᠤᠯᠢᠬᠤ ᠠᠵᠢᠯ ᠢ ᠲᠡᠭᠡᠳᠤ ᠬᠡᠮᠵᠢᠶ᠎ᠠ ᠪᠠᠷ ᠬᠦᠨᠳᠤᠳᠬᠡᠨ᠂ | ᠶᠡᠷᠤᠩᠬᠡᠢ ᠱᠦᠵᠢ ᠰᠢ ᠶᠢᠨ ᠫᠢᠡᠭ ᠬᠤᠭᠤᠴᠠᠭ᠎ᠠ ᠰᠤᠯᠢᠬᠤ ᠠᠵᠢᠯ ᠤᠨ ᠲᠤᠬᠠᠢ ᠤᠯᠡᠨ ᠣᠳᠠᠭ᠎ᠠ ᠴᠢᠬᠤᠯᠨ | ᠵᠢᠭᠠᠪᠤᠷᠢ ᠭᠠᠷᠭᠠᠵᠤ᠂ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠤᠷᠴᠡ ᠠᠴᠠ ᠬᠤᠭᠤᠴᠠᠭ᠎ᠠ ᠰᠤᠯᠢᠬᠤ | ᠠᠵᠢᠯ ᠤᠨ ᠴᠢᠬᠤᠯᠨ ᠠᠴᠢ ᠬᠤᠯᠪᠤᠭᠳᠠᠯ᠂ ᠴᠢᠬᠤᠯᠨ ᠵᠠᠷᠴᠢᠮ ᠪᠠ ᠭᠤᠤᠯ ᠡᠭᠦᠷᠭᠡ ᠶᠢ ᠬᠦᠨᠵᠡᠭᠡᠢ | ᠲᠠᠶᠢᠯᠪᠤᠷᠢᠯᠠᠵᠤ ᠂ ᠬᠤᠭᠤᠴᠠᠭ᠎ᠠ ᠰᠤᠯᠢᠬᠤ ᠠᠵᠢᠯ ᠳᠤ ᠦᠨᠳᠤᠰᠤᠨ ᠵᠢᠷᠤᠮᠯᠠᠯ ᠬᠠᠩᠭᠠᠭᠰᠡᠨ ᠪᠠᠶᠢᠨ᠎ᠠ᠃ 8 ᠰᠠᠷ᠎ᠠ | ᠶᠢᠨ 18 ᠤ ᠡᠳᠤᠷ ᠠᠴᠠ 19 ᠤ ᠡᠳᠤᠷ ᠬᠦᠷᠲᠡᠯ᠎ᠡ ᠨᠡᠮ ᠤᠨ ᠲᠦᠪ ᠬᠤᠷᠢᠶ᠎ᠠ ᠠᠴᠠ ᠮᠤᠵᠢ ᠦᠪᠡᠷᠲᠡᠭᠡᠨ | ᠵᠠᠰᠠᠬᠤ ᠤᠷᠤᠨ ᠬᠤᠲᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠠ | ᠤᠯᠤᠰ ᠲᠦᠷᠤ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠤᠨ ᠬᠤᠷᠠᠯ ᠬᠤᠷᠠᠯᠳᠤᠭᠤᠯᠤᠨ᠂ | ᠬᠤᠭᠤᠴᠠᠭ᠎ᠠ ᠰᠤᠯᠢᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠤ᠂ ᠲᠤᠲᠤᠷᠬᠠᠢ ᠱᠠᠭᠠᠷᠳᠠᠯᠭ᠎ᠠ | ᠲᠤᠷᠠᠳᠤᠪᠠ᠃ 8 ᠰᠠᠷ᠎ᠠ ᠶᠢᠨ 25 ᠤ ᠡᠳᠤᠷ ᠠᠴᠠ 9 ᠰᠠᠷ᠎ᠠ ᠶᠢᠨ 1 ᠤ ᠡᠳᠤᠷ ᠬᠦᠷᠲᠡᠯ᠎ᠡ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠤᠷᠢᠳ ᠬᠤᠵᠢᠳ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠠ ᠤᠯᠤᠰ ᠲᠦᠷᠤ ᠶᠢᠨ ᠵᠦᠪᠯᠡᠯᠭᠡᠨ ᠤ | ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠤᠨ᠂ | ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠬᠦ ᠳᠤ ᠬᠦᠴᠤᠲᠠᠢ ᠵᠢᠯᠤᠭᠤᠳᠤᠯᠭ᠎ᠠ ᠬᠠᠩᠭᠠᠪᠠ᠃ ᠪᠦᠬᠦ ᠬᠤᠲᠠ | ᠶᠢᠨ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠬᠤᠭᠤᠴᠠᠭ᠎ᠠ ᠰᠤᠯᠢᠬᠤ ᠠᠵᠢᠯ ᠤᠨ ᠴᠢᠬᠤᠯᠨ | ᠠᠴᠢ ᠬᠤᠯᠪᠤᠭᠳᠠᠯ ᠤᠨ ᠲᠤᠬᠠᠢ ᠡᠷᠬᠡᠪᠰᠢ ᠬᠦᠢᠴᠡᠳ ᠲᠠᠨᠢᠯᠲᠠ ᠲᠠᠢ ᠪᠠᠶᠢᠵᠤ᠂ ︽ᠲᠦᠷᠪᠡᠨ ᠤᠬᠠᠮᠰᠠᠷ︾ ᠢ | ᠦᠨᠡᠨᠬᠦ ᠴᠢᠩᠭᠠᠳᠬᠠᠨ᠂ ᠦᠵᠡᠯ ᠰᠠᠨᠠᠭ᠎ᠠ ᠪᠤᠯᠤᠨ ᠦᠢᠯᠨ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ | ᠲᠦᠪ ᠬᠤᠷᠢᠶᠠᠨ ᠤ ᠰᠢᠢᠳᠪᠤᠷᠢ ᠪᠠᠶᠢᠷᠢᠯᠠᠭᠤᠯᠤᠯᠲᠠ ᠲᠡᠭᠡᠷ᠎ᠡ ᠨᠢᠭᠡᠳᠤᠭᠦᠯᠵᠤ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠤᠯᠤᠰ ᠲᠦᠷᠤ ᠶᠢᠨ ᠵᠤᠭᠰᠤᠴᠠ ᠪᠠᠨ ᠲᠡᠭᠡᠭᠰᠢᠯᠡᠬᠦᠯᠤᠨ᠂ ᠲᠡᠭᠡᠲᠤ ᠬᠡᠮᠵᠢᠶᠡᠨ ᠤ | ᠤᠯᠤᠰ ᠲᠦᠷᠤ ᠶᠢᠨ ᠬᠠᠷᠢᠭᠤᠴᠠᠯᠭᠠᠲᠤ ᠰᠡᠳᠬᠢᠯᠭᠡ ᠪᠠ ᠲᠠᠤᠬᠡᠲᠤ ᠬᠠᠷᠢᠭᠤᠴᠠᠯᠭᠠᠲᠤ ᠰᠡᠳᠬᠢᠯᠭᠡ ᠪᠠᠷ | ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠨ᠎ᠠ᠃ | ᠨᠢᠭᠡᠳᠤᠭᠡᠷ ᠲᠤ᠂ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠬᠦ ᠪᠤᠯ ᠲᠤᠭ ᠲᠡᠮᠳᠡᠭ ᠲᠤᠲᠤᠷᠬᠠᠢ ᠪᠠᠷ | ᠤᠯᠤᠰ ᠲᠦᠷᠤ ᠶᠢ ᠡᠷᠬᠢᠮᠯᠡᠬᠦ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠬᠦᠢ ᠨᠢᠭᠡᠳᠤᠯᠲᠠᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ ᠪᠠᠶᠢᠭ᠎ᠠ ᠴᠢᠬᠤᠯᠨ ᠢᠯᠡᠷᠡᠯ᠃ ᠲᠤᠭ ᠲᠡᠮᠳᠡᠭ ᠲᠤᠲᠤᠷᠬᠠᠢ ᠪᠠᠷ ᠤᠯᠤᠰ | ᠲᠦᠷᠤ ᠶᠢ ᠡᠷᠬᠢᠮᠯᠡᠬᠦ ᠪᠤᠯ ᠮᠠᠷᠺᠠᠰ ᠤᠨ ᠦᠵᠡᠯ ᠤᠨ ᠲᠦᠷᠤ ᠶᠢᠨ ᠨᠠᠮ ᠤᠨ ᠦᠨᠳᠤᠰᠤᠨ ᠱᠠᠭᠠᠷᠳᠠᠯᠭ᠎ᠠ᠂ | ᠮᠠᠨ ᠤ ᠨᠠᠮ ᠤᠨ ᠺᠠᠯᠼ ᠨᠦᠬᠦᠪᠤᠷᠢᠯᠡᠵᠤ ᠶᠠᠰᠤ ᠪᠠᠨ ᠬᠠᠲᠠᠵᠢᠭᠤᠯᠬᠤ ᠪᠠ ᠲᠤᠰ ᠪᠡᠶ᠎ᠡ ᠪᠠᠨ | ᠬᠦᠴᠤᠷᠬᠡᠭᠵᠢᠬᠦᠯᠬᠦ ᠶᠢᠨ ᠦᠨᠳᠤᠰᠤᠨ ᠪᠠᠲᠤᠯᠠᠭ᠎ᠠ᠂ ᠮᠦᠨᠴᠤ ᠮᠠᠨ ᠤ ᠨᠠᠮ ᠦᠪᠡᠷ ᠢ ᠪᠠᠨ ᠦᠭᠡᠷᠡᠴᠢᠯᠡᠵᠤ | ᠰᠠᠶᠢᠵᠢᠷᠠᠭᠤᠯᠬᠤ ᠵᠤᠷᠢᠭ ᠲᠠᠢ ᠪᠤᠯᠭᠠᠵᠤ᠂ ᠦᠪᠡᠷ ᠢ ᠪᠠᠨ ᠠᠷᠢᠭᠤᠳᠬᠠᠨ ᠴᠡᠪᠡᠷᠰᠢᠬᠦᠯᠬᠦ ᠴᠢᠳᠠᠪᠤᠷᠢ ᠶᠢ | ᠴᠢᠩᠭᠠᠳᠬᠠᠬᠤ ᠦᠨᠳᠤᠰᠤᠨ ᠠᠷᠭ᠎ᠠ ᠵᠠᠮ ᠮᠦᠨ᠃ ᠰᠢ ᠶᠢᠨ ᠫᠢᠡᠭ ᠶᠡᠷᠤᠩᠬᠡᠢ ᠱᠦᠵᠢ ︽7.26︾ ᠤ | ᠴᠢᠬᠤᠯᠨ ᠶᠠᠷᠢᠶᠠᠨ ᠳᠠᠭᠠᠨ ᠨᠠᠮ ᠪᠤᠯᠤᠨ ᠤᠯᠤᠰ ᠤᠨ ᠪᠦᠬᠦ ᠲᠠᠯ᠎ᠠ ᠶᠢᠨ ᠦᠨᠳᠤᠷᠴᠡ ᠠᠴᠠ ᠲᠤᠭ ᠲᠡᠮᠳᠡᠭ | ᠲᠤᠲᠤᠷᠬᠠᠢ ᠪᠠᠷ ᠤᠯᠤᠰ ᠲᠦᠷᠤ ᠶᠢ ᠡᠷᠬᠢᠮᠯᠡᠬᠦ ᠳᠤ ᠬᠦᠨᠵᠡᠭᠡᠢ ᠲᠤᠲᠤᠷᠬᠠᠶᠢᠯᠠᠯᠲᠠ ᠬᠢᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠳᠤ ᠴᠢᠬᠤᠯᠨ ᠦᠨᠳᠤᠰᠤᠯᠡᠯ ᠬᠠᠩᠭᠠᠪᠠ᠃ ᠲᠤᠭ ᠲᠡᠮᠳᠡᠭ ᠲᠤᠲᠤᠷᠬᠠᠢ ᠪᠠᠷ ᠤᠯᠤᠰ | ᠲᠦᠷᠤ ᠶᠢ ᠡᠷᠬᠢᠮᠯᠡᠬᠦ ᠳᠤ ᠬᠠᠮᠤᠭ ᠦᠨᠳᠤᠰᠤ ᠨᠢ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠤᠯ ᠴᠤᠭᠴᠠ ᠶᠢᠨ ᠤᠬᠠᠮᠰᠠᠷ᠂ ᠨᠢᠭᠡᠳᠤᠯᠲᠠᠢ ᠪᠠᠶᠢᠬᠤ ᠤᠬᠠᠮᠰᠠᠷ ᠢ ᠪᠠᠲᠤ ᠪᠤᠯᠭᠠᠬᠤ ᠳᠤ ᠪᠤᠢ᠂ | ᠬᠠᠮᠤᠭ ᠴᠢᠬᠤᠯᠨ ᠨᠢ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠬᠦᠢ ᠨᠢᠭᠡᠳᠤᠯᠲᠠᠢ | ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠨ᠂ ᠦᠵᠡᠯ ᠰᠠᠨᠠᠭ᠎ᠠ ᠤᠯᠤᠰ ᠲᠦᠷᠤ ᠦᠢᠯᠨ | ᠠᠵᠢᠯᠯᠠᠭᠠᠨ ᠶᠢᠨ ᠲᠠᠯ᠎ᠠ ᠪᠠᠷ ᠢᠮᠠᠭᠲᠠ ᠰᠢ ᠶᠢᠨ ᠫᠢᠡᠭ ᠨᠦᠬᠦᠷ ᠢᠶᠠᠷ ᠭᠤᠤᠯ ᠴᠤᠭᠴᠠ ᠪᠤᠯᠭᠠᠭᠰᠡᠨ ᠨᠠᠮ ᠤᠨ | ᠲᠦᠪ ᠬᠤᠷᠢᠶ᠎ᠠ ᠲᠠᠢ ᠲᠡᠭᠡᠲᠤ ᠬᠡᠮᠵᠢᠶ᠎ᠡ ᠪᠠᠷ ᠨᠢᠭᠡᠳᠤᠯᠲᠠᠢ ᠪᠠᠶᠢᠬᠤ ᠳᠤ ᠪᠠᠶᠢᠨ᠎ᠠ᠃ ᠰᠢᠶᠠᠨ ᠰᠢᠶᠠᠩ ᠨᠢ ᠨᠠᠮ | ᠤᠨ ᠲᠦᠷᠤ ᠪᠠᠷᠢᠵᠤ ᠤᠯᠤᠰ ᠢᠶᠠᠨ ᠮᠡᠨᠳᠤᠭᠤᠯᠬᠤ ᠰᠠᠭᠤᠷᠢ ᠪᠤᠯᠤᠭᠰᠡᠨ ᠬᠤᠪᠢ ᠳᠤ ᠨᠠᠮ ᠤᠨ ᠲᠦᠪ ᠬᠤᠷᠢᠶ᠎ᠠ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠬᠤᠷᠢᠶᠠᠨ ᠤ ᠰᠢᠢᠳᠪᠤᠷᠢᠲᠤ | ᠪᠤᠳᠤᠯᠭ᠎ᠠ ᠶᠢ ᠨᠡᠶᠢᠳᠡᠪᠤᠷᠢᠵᠢᠭᠤᠯᠬᠤ ᠴᠢᠬᠤᠯᠨ ᠬᠠᠷᠢᠭᠤᠴᠠᠯᠭ᠎ᠠ ᠶᠢ ᠡᠭᠦᠷᠭᠡᠯᠡᠵᠤ᠂ ᠪᠠᠶᠢᠷᠢ ᠰᠠᠭᠤᠷᠢ ᠪᠠ | ᠦᠢᠯᠡᠳᠤᠯ ᠨᠢ ᠮᠠᠰᠢ ᠴᠢᠬᠤᠯᠨ ᠶᠤᠮ᠃ ᠪᠢᠳᠡ ᠬᠤᠭᠤᠴᠠᠭ᠎ᠠ ᠰᠤᠯᠢᠬᠤ ᠪᠠᠷ ᠲᠠᠮᠵᠢᠨ ︽ᠲᠦᠷᠪᠡᠨ ᠤᠬᠠᠮᠰᠡᠷ︾ | ᠪᠠᠲᠤ ᠴᠢᠩᠭ᠎ᠠ᠂ ︽ ᠲᠦᠷᠪᠡᠨ ᠢᠲᠡᠭᠡᠯ︾ ᠡᠷᠡᠰ ᠭᠤᠶᠢᠪᠢᠰᠢ ᠦᠭᠡᠢ᠂ ᠰᠢ ᠶᠢᠨ ᠫᠢᠡᠭ ᠶᠡᠷᠤᠩᠬᠡᠢ ᠱᠦᠵᠢ ᠶᠢᠨ | ᠭᠤᠤᠯ ᠴᠤᠭᠴᠠ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ | ᠪᠠ ᠲᠦᠪᠯᠡᠷᠡᠩᠬᠦᠢ ᠨᠢᠭᠡᠳᠤᠯᠲᠠᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠳᠠᠭ ᠤᠳᠤᠷᠢᠳᠬᠤ | ᠪᠠᠭ ᠪᠤᠯᠤᠨ ᠤᠳᠤᠷᠢᠳᠬᠤ ᠺᠠᠳ᠋ᠷ ᠢ ᠰᠤᠩᠭᠤᠵᠤ ᠂ ᠨᠠᠮ ᠤᠨ ᠲᠦᠪ ᠬᠤᠷᠢᠶᠠᠨ ᠤ ᠲᠦᠷᠤ ᠶᠢᠨ ᠪᠤᠳᠤᠯᠭ᠎ᠠ | ᠴᠢᠭᠯᠡᠯᠲᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠬᠤᠷᠢᠶᠠᠨ ᠤ | ᠰᠢᠢᠳᠪᠤᠷᠢᠲᠤ ᠪᠤᠳᠤᠯᠭ᠎ᠠ ᠨᠠᠶᠢᠳᠠᠪᠤᠷᠢᠵᠢᠭᠳᠡᠬᠤ ᠶᠢ ᠪᠠᠲᠤᠯᠠᠨ᠂ ᠪᠦᠬᠦ ᠬᠤᠲᠠ ᠶᠢᠨ ᠡᠯ᠎ᠡ ᠲᠦᠷᠤᠯ ᠤᠨ ᠠᠵᠢᠯ | ᠦᠢᠯᠡᠰ ᠢᠮᠠᠭᠲᠠ ᠵᠦᠪ ᠴᠢᠭᠯᠡᠯ ᠢᠶᠠᠷ ᠬᠦᠭᠵᠢᠬᠦ ᠶᠢ ᠪᠠᠲᠤᠯᠠᠨ᠎ᠠ᠃ | ᠬᠤᠶᠠᠳᠤᠭᠠᠷ ᠲᠤ᠂ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠬᠦ ᠪᠤᠯ ᠪᠦᠬᠦ ᠲᠠᠯ᠎ᠠ ᠪᠠᠷ ᠴᠢᠨᠡᠭᠡᠯᠢᠭᠵᠢᠬᠦ | ᠢᠯᠡᠯᠲᠡ ᠶᠢ ᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠤ ᠰᠠᠶᠢᠬᠠᠨ ᠦᠵᠡᠮᠵᠢ ᠶᠢᠨ | ᠤᠷᠤᠨ ᠢ ᠴᠤᠭᠴᠠᠯᠬᠤ ᠴᠢᠬᠤᠯᠨ ᠪᠠᠲᠤᠯᠠᠭ᠎ᠠ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠰᠢ ᠶᠢᠨ ᠫᠢᠡᠭ ᠨᠦᠬᠦᠷ ᠢᠶᠠᠷ ᠭᠤᠤᠯ ᠴᠤᠭᠴᠠ ᠪᠤᠯᠭᠠᠭᠰᠡᠨ ᠨᠠᠮ ᠤᠨ ᠲᠦᠪ ᠬᠤᠷᠢᠶ᠎ᠠ ᠴᠠᠭ ᠦᠶ᠎ᠡ ᠶᠢᠨ | ᠬᠦᠭᠵᠢᠯᠲᠡ ᠶᠢᠨ ᠬᠠᠨᠳᠤᠰᠢ ᠶᠢ ᠤᠨᠤᠪᠴᠢᠲᠠᠢ ᠡᠵᠡᠮᠳᠡᠨ᠂ ᠰᠠᠨᠠᠭᠠᠴᠢᠯᠠᠭ᠎ᠠ ᠠᠴᠠ ᠪᠠᠨ ᠬᠦᠭᠵᠢᠯᠲᠡ ᠶᠢᠨ ᠶᠡᠭᠡ | ᠬᠠᠨᠳᠤᠰᠢ ᠶᠢ ᠲᠠᠭᠠᠵᠤ᠂ ᠡᠳᠤᠢ ᠲᠡᠳᠤᠢ ᠲᠦᠷᠤ ᠶᠢ ᠵᠠᠰᠠᠬᠤ ᠰᠢᠨ᠎ᠡ ᠤᠨᠤᠯᠵᠢᠬᠤᠨ ᠰᠢᠨ᠎ᠡ ᠦᠵᠡᠯ ᠰᠠᠨᠠᠭ᠎ᠠ | ᠰᠢᠨ᠎ᠡ ᠪᠠᠶᠢᠯᠳᠤᠬᠤ ᠪᠤᠳᠤᠯᠭ᠎ᠠ ᠶᠢ ᠪᠦᠷᠢᠯᠳᠤᠭᠦᠯᠵᠤ᠂ ᠰᠢᠨ᠎ᠡ ᠲᠠᠤᠬᠡᠲᠤ ᠨᠦᠬᠦᠴᠡᠯ ᠲᠤᠤᠷ᠎ᠠ ᠦᠭᠡᠷᠡᠴᠢᠯᠡᠯᠲᠡ | ᠨᠡᠭᠡᠭᠡᠯᠲᠡ ᠶᠢ ᠬᠦᠨᠵᠡᠭᠡᠶᠢᠷᠡᠬᠦᠯᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠠᠬᠢᠭᠤᠯᠬᠤ ᠳᠤ ᠠᠵᠢᠯᠯᠠᠭᠠᠨ | ᠤ ᠵᠦᠭᠯᠡᠭᠦᠷ ᠬᠠᠩᠭᠠᠪᠠ᠃ ᠰᠢ ᠶᠢᠨ ᠫᠢᠡᠭ ᠶᠡᠷᠤᠩᠬᠡᠢ ᠱᠦᠵᠢ ᠶᠢᠨ ᠦᠪᠤᠷ ᠮᠤᠩᠭᠤᠯ ᠢ ᠪᠠᠶᠢᠴᠠᠭᠠᠬᠤ ᠦᠶ᠎ᠡ | ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠡᠨ 70 | ᠵᠢᠯ ᠤᠨ ᠤᠢ ᠶᠢ ᠪᠡᠯᠭᠡᠯᠡᠬᠦ ᠳᠤ ᠪᠢᠴᠢᠭᠰᠡᠨ ᠦᠭᠡ ᠨᠢ ᠦᠪᠤᠷ ᠮᠤᠩᠭᠤᠯ ᠤᠨ ᠦᠭᠡᠷᠡᠴᠢᠯᠡᠯᠲᠡ ᠨᠡᠭᠡᠭᠡᠯᠲᠡ ᠪᠠ | ᠤᠳᠤᠬᠢᠴᠢᠯᠠᠯᠲᠠ ᠶᠢᠨ ᠪᠦᠲᠤᠭᠡᠨ ᠪᠠᠶᠢᠭᠤᠯᠤᠯᠲᠠ ᠳᠤ ᠤᠷᠤᠭᠰᠢᠯᠠᠬᠤ ᠴᠢᠭᠯᠡᠯ ᠵᠢᠭᠠᠵᠤ ᠭᠠᠷᠭᠠᠭᠰᠡᠨ ᠪᠠᠶᠢᠨ᠎ᠠ᠃ | ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠤᠭᠡᠯᠡᠭᠴᠢᠳ ᠤᠨ ᠶᠡᠭᠡ ᠬᠤᠷᠠᠯ ᠨᠢ | ᠦᠪᠤᠷ ᠮᠤᠩᠭᠤᠯ ᠤᠨ ᠡᠯ᠎ᠡ ᠲᠦᠷᠤᠯ ᠤᠨ ᠠᠵᠢᠯ ᠦᠢᠯᠡᠰ ᠤᠨ ᠠᠤᠭ᠎ᠠ ᠶᠡᠭᠡ ᠬᠦᠭᠵᠢᠯᠲᠡ ᠶᠢᠨ ᠢᠷᠡᠭᠡᠳᠤᠢ | ᠶᠢ ᠵᠢᠷᠤᠭᠯᠠᠪᠠ᠃ ᠨᠢᠳᠤᠨᠤᠨ ᠠᠴᠠ ᠡᠬᠢᠯᠡᠭᠡᠳ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠦᠬᠦ ᠠᠶᠢᠮᠠᠭ | ᠤᠨ ᠬᠦᠭᠵᠢᠯᠲᠡ ᠶᠢᠨ ᠪᠤᠲᠠᠲᠠᠢ ᠪᠠᠶᠢᠳᠠᠯ ᠳᠤ ᠰᠠᠭᠤᠷᠢᠯᠠᠵᠤ᠂ ᠬᠦᠭᠵᠢᠯᠲᠡ ᠶᠢᠨ ᠪᠠᠶᠢᠷᠢ ᠲᠤᠭᠲᠠᠭᠠᠯᠲᠠ ᠪᠠ | ᠬᠠᠷᠠᠯᠲᠠ ᠡᠭᠦᠷᠭᠡ ᠶᠢ ᠤᠯᠡᠮ ᠨᠢᠬᠡ ᠠᠯᠬᠤᠮ ᠲᠤᠲᠤᠷᠬᠠᠶᠢᠯᠠᠪᠠ᠃ ᠨᠠᠮ ᠤᠨ ᠲᠦᠪ ᠬᠤᠷᠢᠶ᠎ᠠ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠤᠷᠢᠲᠤ ᠪᠤᠳᠤᠯᠭ᠎ᠠ | ᠶᠢ ᠰᠠᠶᠢᠲᠤᠷ ᠨᠠᠶᠢᠳᠠᠪᠤᠷᠢᠵᠢᠭᠤᠯᠵᠤ ᠲᠠᠶᠢᠯᠬᠦ ᠡᠰᠡᠬᠦ᠂ ᠰᠡᠳᠬᠢᠴᠡ ᠶᠢ ᠠᠷᠭ᠎ᠠ ᠪᠤᠳᠤᠯᠭ᠎ᠠ ᠪᠤᠯᠭᠠᠨ ᠬᠤᠪᠢᠷᠠᠭᠤᠯᠵᠤ | ᠲᠠᠶᠢᠯᠬᠦ ᠡᠰᠡᠬᠦ᠂ ᠬᠦᠭᠵᠢᠯᠲᠡ ᠶᠢᠨ ᠢᠷᠡᠭᠡᠳᠤᠢ ᠶᠢ ᠪᠤᠳᠠᠳᠤ ᠪᠠᠶᠢᠳᠠᠯ ᠪᠤᠯᠭᠠᠨ ᠪᠡᠶᠡᠯᠡᠭᠦᠯᠵᠤ ᠲᠠᠶᠢᠯᠬᠦ ᠡᠰᠡᠬᠦ ᠨᠢ | ᠭᠤᠤᠯᠳᠠᠭᠤ ᠤᠳᠤᠷᠢᠳᠬᠤ ᠪᠠᠭ ᠲᠤ ᠪᠤᠢ᠂ ᠵᠠᠩᠬᠢᠯᠠᠭ᠎ᠠ ᠨᠢ ᠺᠠᠳ᠋ᠷ ᠤᠨ ᠡᠩᠨᠡᠭᠡᠨ ᠳᠤ ᠪᠠᠶᠢᠨ᠎ᠠ᠃ ᠬᠤᠭᠤᠴᠠᠭ᠎ᠠ | ᠰᠤᠯᠢᠭᠰᠡᠨ ᠤ ᠲᠠᠷᠠᠭᠠᠬᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠪᠠ | ᠬᠤᠲᠠ ᠶᠢᠨ ᠤᠯᠤᠰ ᠲᠦᠷᠤ ᠶᠢᠨ ᠵᠦᠪᠯᠡᠯᠭᠡᠨ ᠤ ᠤᠳᠤᠷᠢᠳᠬᠤ ᠪᠠᠭ ᠨᠢ ᠨᠠᠮ ᠤᠨ ᠠᠷᠪᠠᠨ ᠶᠢᠰᠤᠳᠤᠭᠡᠷ ᠶᠡᠭᠡ | ᠬᠤᠷᠠᠯ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠤᠭᠡᠯᠡᠭᠴᠢᠳ ᠤᠨ ᠶᠡᠭᠡ | ᠬᠤᠷᠠᠯ ᠤᠨ ᠵᠤᠷᠢᠭ ᠰᠠᠨᠠᠭ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠳᠤᠢ ᠲᠡᠳᠤᠢ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ ᠲᠠᠪᠤ ᠶᠢ ᠨᠢᠭᠡ | ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠲᠠ ᠶᠢ ᠨᠢᠭᠡᠳᠤᠯᠲᠠᠢ ᠲᠦᠯᠤᠪᠯᠡᠨ ᠠᠬᠢᠭᠤᠯᠬᠤ ᠪᠠ ︽ ᠲᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ᠂ | ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠲᠠᠷᠬᠠᠨ ᠬᠠᠷᠢᠭᠤᠴᠠᠯᠭ᠎ᠠ ᠶᠢ ᠡᠬᠦᠷᠭᠡᠯᠡᠵᠤ | ᠪᠠᠶᠢᠨ᠎ᠠ᠃ ᠪᠢᠳᠡ ᠬᠤᠭᠤᠴᠠᠭ᠎ᠠ ᠰᠤᠯᠢᠬᠤ ᠪᠠᠷ ᠲᠠᠮᠵᠢᠵᠤ᠂ ᠵᠤᠷᠢᠭᠲᠠᠢ ᠪᠠᠷ ᠡᠭᠦᠷᠭᠡᠯᠡᠬᠦ ᠪᠠᠲᠤ ᠴᠢᠩᠭ᠎ᠠ | ᠤᠳᠤᠷᠢᠳᠬᠤ ᠪᠠᠭ ᠢ ᠰᠤᠩᠭᠤᠨ ᠭᠠᠷᠭᠠᠵᠤ᠂ ᠲᠠᠮᠤᠷ ᠮᠡᠲᠤ ᠪᠠᠲᠤ ᠴᠢᠩᠭ᠎ᠠ ᠢᠲᠡᠭᠡᠯ ᠪᠢᠰᠢᠷᠡᠯ ᠲᠠᠢ᠂ ᠲᠡᠮᠤᠷ | ᠮᠡᠲᠤ ᠪᠠᠲᠤ ᠴᠢᠩᠭ᠎ᠠ ᠰᠦᠰᠤ ᠵᠤᠷᠢᠭ ᠲᠠᠢ᠂ ᠲᠡᠮᠤᠷ ᠮᠡᠲᠤ ᠪᠠᠲᠤ ᠴᠢᠩᠭ᠎ᠠ ᠰᠠᠬᠢᠯᠭ᠎ᠠ ᠪᠠᠲᠤ ᠲᠠᠢ᠂ ᠲᠡᠮᠤᠷ | ᠮᠡᠲᠤ ᠪᠠᠲᠤ ᠴᠢᠩᠭ᠎ᠠ ᠡᠭᠦᠷᠭᠡᠯᠡᠯ ᠲᠠᠢ ᠺᠠᠳ᠋ᠷ ᠤᠨ ᠡᠩᠨᠡᠭᠡ ᠶᠢ ᠰᠤᠩᠭᠤᠨ ᠭᠠᠷᠭᠠᠵᠤ᠂ ᠦᠨᠳᠤᠰᠤᠲᠡᠨ ᠨᠦᠭᠦᠳ | ᠤᠨ ᠺᠠᠳ᠋ᠷ ᠤᠯᠡᠨ ᠲᠦᠮᠡᠨ ᠢ ᠪᠦᠯᠬᠦᠮᠳᠡᠨ ᠲᠠᠭᠠᠭᠤᠯᠵᠤ᠂ ᠰᠡᠳᠬᠢᠯ ᠢᠶᠠᠨ ᠨᠢᠭᠲᠠᠷᠠᠭᠤᠯᠵᠤ ᠬᠦᠴᠤ ᠪᠠᠨ | ᠬᠠᠮᠳᠤᠳᠬᠠᠨ᠂ ᠡᠷᠢᠯᠬᠢᠯᠡᠨ ᠲᠠᠪᠰᠢᠵᠤ ᠰᠢᠨ᠎ᠡ ᠶᠢ ᠡᠭᠦᠳᠤᠨ᠂ ᠡᠬᠡ ᠤᠯᠤᠰ ᠤᠨ ᠤᠮᠠᠷᠠᠲᠤ ᠬᠢᠯᠢ ᠶᠢᠨ | ᠦᠵᠡᠰᠬᠦᠯᠡᠩᠲᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠢᠯᠡᠯᠲᠡ | ᠶᠢ ᠤᠯᠬᠤ ᠶᠢᠨ ᠲᠦᠯᠤᠭᠡ ᠴᠢᠷᠮᠠᠶᠢᠨ ᠲᠡᠮᠡᠴᠡᠶ᠎ᠡ᠃ | ᠭᠤᠷᠪᠠᠳᠤᠭᠠᠷ ᠲᠤ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠪᠤᠯ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠵᠤ᠂ ᠤᠬᠢ ᠰᠠᠶᠢᠨ ᠤᠯᠤᠰ ᠲᠦᠷᠤ ᠶᠢᠨ ᠤᠷᠴᠢᠨ ᠲᠤᠭᠤᠷᠢᠨ ᠢ ᠡᠭᠦᠳᠬᠦ ᠴᠢᠬᠤᠯᠨ ᠦᠢᠯᠡᠳᠤᠯᠭᠡ᠃ ᠨᠠᠮ | ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠡᠭ ᠨᠦᠬᠦᠷ ᠢᠶᠠᠷ ᠭᠤᠤᠯ ᠴᠤᠭᠴᠠ ᠪᠤᠯᠭᠠᠭᠰᠡᠨ | ᠨᠠᠮ ᠤᠨ ᠲᠦᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ | ᠂ ︽ ᠲᠦᠷᠪᠡᠨ ᠰᠤᠷᠲᠠᠯ︾ ᠢ ᠡᠰᠡᠷᠭᠦᠴᠡᠬᠦ᠂ ᠨᠠᠮ ᠤᠨ ᠰᠤᠷᠲᠠᠯ ᠢ ᠲᠦᠪ ᠪᠤᠯᠭᠠᠬᠤ᠂ ᠢᠯᠵᠠᠷᠠᠮᠠᠯ ᠢ | ᠡᠰᠡᠷᠭᠦᠴᠡᠬᠦ᠂ ᠠᠷᠢᠭᠤᠨ ᠴᠢᠭᠡᠴᠢ ᠶᠢ ᠡᠷᠬᠢᠮᠯᠠᠬᠦ ᠤᠯᠤᠰ ᠲᠦᠷᠤ ᠶᠢᠨ ᠲᠤᠭᠲᠠᠮᠠᠯ ᠬᠦᠴᠤᠨ ᠢ ᠢᠮᠠᠭᠲᠠ | ᠪᠠᠲᠤᠯᠠᠭᠰᠠᠭᠠᠷ ᠢᠷᠡᠵᠤ᠂ ᠠᠯᠬᠤᠮ ᠠᠯᠬᠤᠮ ᠢᠶᠠᠷ ᠠᠬᠢᠭᠤᠯᠵᠤ᠂ ᠤᠷᠲᠤ ᠬᠤᠭᠤᠴᠠᠭ᠎ᠠ ᠪᠠᠷ ᠬᠦᠴᠤᠯᠡᠨ | ᠴᠢᠷᠮᠠᠶᠢᠵᠤ ᠂ ᠨᠠᠮ ᠤᠨ ᠰᠤᠷᠲᠠᠯ ᠵᠠᠰᠠᠭ ᠤᠨ ᠰᠤᠷᠲᠠᠯ ᠨᠠᠶᠢᠭᠡᠮ ᠤᠨ ᠰᠤᠷᠲᠠᠯ ᠤᠨ ᠲᠤᠪᠤᠶᠢᠮ᠎ᠠ | ᠰᠠᠶᠢᠵᠢᠷᠠᠯᠲᠠ ᠲᠠᠢ ᠪᠤᠯᠪᠠ᠃ ᠬᠤᠲᠠ ᠶᠢᠨ ᠨᠠᠮ ᠤᠨ ᠬᠤᠷᠢᠶ᠎ᠠ ᠨᠢ ᠲᠦᠪ ᠬᠤᠷᠢᠶ᠎ᠠ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠤ ᠶᠢᠨ ᠡᠭᠦᠷᠭᠡ ᠶᠢ ᠱᠠᠲᠤ | ᠲᠠᠷᠠᠭᠠᠯᠠᠨ ᠨᠠᠶᠢᠳᠠᠪᠤᠷᠢᠵᠢᠭᠤᠯᠵᠤ᠂ ᠨᠠᠮ ᠤᠨ ᠲᠤᠲᠤᠭᠠᠳᠤᠬᠢ ᠤᠯᠤᠰ ᠲᠦᠷᠤ ᠶᠢᠨ ᠠᠮᠢᠳᠤᠷᠠᠯ ᠢ | ᠴᠢᠩᠭᠠᠷᠠᠭᠤᠯᠤᠨ ᠲᠦᠷᠢᠮᠵᠢᠭᠦᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠮᠠᠯ | ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠵᠤ᠂ ᠤᠪᠤᠷ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ | ᠦᠭᠡᠢ ᠴᠢᠩᠭᠠᠳᠬᠠᠨ᠂ ᠦᠭᠡᠷᠡᠴᠢᠯᠡᠯᠲᠡ ᠬᠦᠭᠵᠢᠯᠲᠡ ᠲᠤᠭᠲᠠᠭᠤᠨ ᠢ ᠠᠬᠢᠭᠤᠯᠬᠤ ᠳᠤ ᠰᠠᠶᠢᠨ ᠰᠠᠶᠢᠬᠠᠨ | ᠤᠷᠴᠢᠨ ᠲᠤᠭᠤᠷᠢᠨ ᠢ ᠡᠭᠦᠳᠪᠡ᠃ ᠶᠡᠷᠤᠩᠬᠡᠢ ᠳᠤᠨᠢ ᠦᠵᠡᠪᠡᠯ᠂ ᠪᠦᠬᠦ ᠬᠤᠲᠠ ᠶᠢᠨ ᠡᠯ᠎ᠡ ᠱᠠᠲᠤᠨ ᠤ | ᠤᠳᠤᠷᠢᠳᠬᠤ ᠪᠠᠭ ᠤᠯᠤᠰ ᠲᠦᠷᠤ ᠶᠢ ᠡᠷᠬᠢᠮᠯᠠᠨ᠂ ᠶᠡᠭᠡ ᠲᠠᠯ᠎ᠠ ᠶᠢ ᠪᠤᠳᠤᠯᠬᠢᠯᠠᠵᠤ᠂ ᠪᠦᠯᠬᠦᠮᠳᠡᠯ ᠢ | ᠴᠢᠬᠤᠯᠠᠴᠢᠯᠠᠵᠤ᠂ ᠡᠯ᠎ᠡ ᠱᠠᠲᠤᠨ ᠤ ᠺᠠᠳ᠋ᠷ ᠴᠤ ᠠᠵᠢᠯ ᠬᠢᠬᠦ ᠬᠦᠰᠡᠯ ᠲᠠᠢ᠂ ᠬᠠᠷᠢᠭᠤᠴᠠᠯᠭ᠎ᠠ ᠡᠭᠦᠷᠭᠡᠯᠡᠬᠦ ᠵᠤᠷᠢᠭ | ᠲᠠᠢ᠂ ᠨᠠᠶᠢᠳᠠᠪᠤᠷᠢᠵᠢᠭᠤᠯᠬᠤ ᠴᠢᠳᠠᠪᠤᠷᠢ ᠲᠠᠢ ᠪᠠᠶᠢᠵᠤ᠂ ᠪᠦᠬᠦ ᠬᠤᠲᠠ ᠶᠢᠨ ᠦᠭᠡᠷᠡᠴᠢᠯᠡᠯᠲᠡ ᠬᠦᠭᠵᠢᠯᠲᠡ | ᠲᠤᠭᠲᠠᠭᠤᠨ ᠦᠢᠯᠡᠰ ᠲᠤ ᠴᠢᠬᠤᠯᠨ ᠦᠢᠯᠡᠳᠤᠯ ᠦᠵᠡᠭᠦᠯᠤᠭ᠍ᠰᠡᠨ ᠪᠠᠶᠢᠨ᠎ᠠ᠃ ᠬᠡᠪᠡᠴᠤ ᠪᠢᠳᠡᠨ ᠤ ᠵᠠᠷᠢᠮ ᠪᠠᠭ | ᠤᠨ ᠲᠤᠲᠤᠷ᠎ᠠ ᠪᠦᠲᠤᠴᠡ ᠰᠢᠯᠢᠳᠡᠭ ᠪᠤᠰᠤ᠂ ᠴᠢᠳᠠᠪᠬᠢ ᠴᠢᠩᠭ᠎ᠠ ᠪᠤᠰᠤ᠂ ᠠᠵᠢᠯ ᠬᠢᠵᠤ ᠦᠢᠯᠡᠰ ᠪᠦᠲᠤᠭᠡᠬᠦ | ᠠᠮᠢᠵᠢᠷᠠᠯ ᠤᠨ ᠬᠦᠴᠤᠨ ᠪᠠ ᠤᠷᠮ᠎ᠠ ᠵᠤᠷᠢᠭ ᠬᠦᠷᠤᠯᠴᠡᠬᠦ ᠦᠭᠡᠢ᠂ ᠵᠠᠷᠢᠮ ᠺᠠᠳ᠋ᠷ ᠤᠷᠤᠭᠰᠢᠯᠠᠨ ᠲᠠᠪᠰᠢᠬᠤ | ᠤᠬᠠᠮᠰᠠᠷ ᠢᠶᠠᠷ ᠬᠦᠢᠴᠡᠳ ᠪᠤᠰᠤ᠂ ᠡᠭᠦᠷᠭᠡᠯᠡᠬᠦ ᠵᠤᠷᠢᠭ ᠰᠠᠨᠠᠭ᠎ᠠ ᠪᠠᠷ ᠲᠤᠲᠠᠮᠠᠭ᠂ ᠠᠵᠢᠯ ᠬᠢᠬᠦ ᠠᠴᠠ | ᠵᠢᠷᠤᠬᠡᠰᠢᠶᠠᠵᠤ᠂ ᠠᠵᠢᠯ ᠬᠢᠬᠦ ᠳᠤ ᠴᠢᠳᠠᠮᠠᠭᠠᠢ ᠪᠤᠰᠤ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠵᠤ | ᠪᠠᠶᠢᠭ᠎ᠠ ᠶᠢ ᠦᠭᠡᠶᠢᠰᠬᠡᠬᠦ ᠶᠢᠨ ᠠᠷᠭ᠎ᠠ ᠦᠭᠡᠢ ᠶᠤᠮ᠃ ᠡᠨᠡ ᠤᠳᠠᠭᠠᠨ ᠤ ᠬᠤᠭᠤᠴᠠᠭ᠎ᠠ ᠰᠤᠯᠢᠬᠤ ᠪᠤᠯ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠯᠪᠠᠨ ᠲᠤᠰᠢᠶᠠᠯᠲᠠᠨ ᠢ ᠴᠢᠩᠭ᠎ᠠ ᠵᠠᠰᠠᠬᠤ ᠶᠢᠨ ᠪᠤᠲᠠᠲᠠᠢ ᠦᠢᠯᠡᠳᠤᠯᠭᠡ | ᠮᠦᠨ᠂ ᠮᠦᠨᠴᠤ ᠠᠷᠢᠭᠤᠨ ᠴᠢᠭᠡᠴᠢ ᠲᠦᠪ ᠭᠤᠤᠯᠴᠢ ᠤᠯᠤᠰ ᠲᠦᠷᠤ ᠶᠢᠨ ᠠᠮᠢ ᠠᠬᠤᠢ ᠪᠠ ᠠᠵᠢᠯ ᠬᠢᠵᠤ | ᠦᠢᠯᠡᠰ ᠪᠦᠲᠤᠭᠡᠬᠦ ᠵᠠᠰᠠᠭ ᠤᠨ ᠶᠠᠪᠤᠳᠠᠯ ᠳᠤ ᠤᠷᠤᠯᠴᠠᠬᠤ ᠤᠷᠴᠢᠨ ᠲᠤᠭᠤᠷᠢᠨ ᠢ ᠡᠬᠦᠳᠬᠦ ᠴᠢᠬᠤᠯᠨ | ᠠᠵᠠ ᠲᠤᠬᠢᠶᠠᠯ ᠪᠤᠯᠤᠨ᠎ᠠ᠃ ᠪᠢᠳᠡ ᠬᠤᠭᠤᠴᠠᠭ᠎ᠠ ᠰᠤᠯᠢᠬᠤ ᠪᠠᠷ ᠲᠠᠮᠵᠢᠨ ᠵᠦᠪ ᠤᠨᠤᠪᠴᠢᠲᠠᠢ ᠬᠦᠮᠤᠨ | ᠰᠤᠩᠭᠤᠬᠤ ᠬᠦᠮᠤᠨ ᠬᠡᠷᠡᠭᠯᠡᠬᠦ ᠤᠳᠤᠷᠢᠮᠳᠤᠵᠢ ᠶᠢ ᠤᠯᠡᠮ ᠨᠢᠭᠡ ᠠᠯᠬᠤᠮ ᠪᠤᠢ ᠪᠤᠯᠭᠠᠨ᠂ ᠰᠠᠬᠢᠯᠭ᠎ᠠ ᠪᠠᠲᠤ ᠪᠠ | ᠶᠤᠰᠤ ᠲᠦᠷᠢᠮ ᠢ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠤᠳᠤᠷᠢᠳᠬᠤ ᠪᠠᠭ ᠪᠠ ᠺᠠᠳ᠋ᠷ ᠤᠨ ᠪᠡᠶ᠎ᠡ ᠲᠠᠭᠡᠷ᠎ᠡ ᠨᠠᠶᠢᠳᠠᠪᠤᠷᠢᠵᠢᠭᠤᠯᠤᠨ᠂ ᠺᠠᠳ᠋ᠷ ᠢ ᠤᠨᠤᠪᠴᠢᠲᠠᠢ ᠰᠤᠩᠭᠤᠵᠤ | ᠰᠠᠶᠢᠲᠤᠷ ᠬᠡᠷᠡᠭᠯᠡᠨ᠂ ᠪᠠᠭ ᠢ ᠰᠠᠶᠢᠲᠤᠷ ᠰᠤᠩᠭᠤᠵᠤ ᠡᠷᠴᠢᠮᠲᠠᠢ ᠲᠤᠬᠢᠷᠠᠭᠤᠯᠤᠨ᠂ ᠪᠠᠲᠤ ᠴᠢᠩᠭ᠎ᠠ ᠬᠦᠴᠤᠨ | ᠲᠡᠭᠦᠯᠳᠡᠷ᠂ ᠮᠡᠷᠡᠶᠢᠨ ᠴᠢᠷᠮᠠᠶᠢᠵᠤ ᠦᠢᠯᠡᠰ ᠪᠦᠲᠤᠭᠡᠬᠦ ᠤᠳᠤᠷᠢᠳᠬᠤ ᠪᠠᠭ ᠢ ᠪᠠᠶᠢᠭᠤᠯᠤᠨ᠂ ᠨᠠᠮ ᠳᠤ ᠦᠨᠡᠨᠴᠢ᠂ | ᠲᠤᠰ ᠪᠡᠶ᠎ᠡ ᠨᠢ ᠠᠷᠢᠭᠤᠨ ᠴᠢᠭᠡᠴᠢ᠂ ᠵᠤᠷᠢᠭᠲᠠᠢ ᠪᠠᠷ ᠡᠭᠦᠷᠭᠡᠯᠡᠬᠦ ᠺᠠᠳ᠋ᠷ ᠤᠨ ᠡᠩᠨᠡᠭᠡ ᠶᠢ ᠴᠤᠭᠴᠠᠯᠠᠵᠤ᠂ ᠨᠠᠮ | ᠢ ᠬᠠᠮᠢᠶᠠᠷᠬᠤ ᠨᠠᠮ ᠢ ᠵᠠᠰᠠᠬᠤ ᠦᠷ᠎ᠡ ᠪᠦᠲᠤᠭᠡᠯ ᠢ ᠲᠠᠰᠤᠷᠠᠯᠲᠠ ᠦᠭᠡᠢ ᠪᠠᠳᠤᠳᠬᠠᠨ ᠦᠷᠭᠡᠳᠭᠡᠵᠤ᠂ ᠤᠯᠤᠰ | ᠲᠦᠷᠤ ᠶᠢᠨ ᠠᠮᠢ ᠠᠬᠤᠢ ᠶᠢᠨ ︽ ᠬᠦᠬᠡ ᠤᠰᠤ ᠬᠦᠬᠡᠮᠳᠡᠭ ᠠᠭᠤᠯᠨ︾ ᠶᠢ ᠴᠤᠭᠴᠠᠯᠠᠨ᠎ᠠ᠃ | ᠬᠤᠶᠠᠷ᠂ ᠶᠡᠭᠡ ᠲᠠᠯ᠎ᠠ ᠳᠤ ᠬᠠᠨᠳᠤᠵᠤ᠂ ᠴᠢᠩᠭ᠎ᠠ ᠱᠠᠭᠠᠷᠳᠠᠨ᠂ ᠬᠤᠭᠤᠴᠠᠭ᠎ᠠ ᠰᠤᠯᠢᠬᠤ ᠠᠵᠢᠯ ᠢ ᠦᠨᠳᠤᠷ | ᠪᠠᠷᠢᠮᠵᠢᠶ᠎ᠠ ᠦᠨᠳᠤᠷ ᠴᠢᠨᠠᠷ ᠴᠢᠨᠰᠠᠭ᠎ᠠ ᠪᠠᠷ ᠪᠡᠶᠡᠯᠡᠬᠦᠯᠤᠨ᠎ᠡ | ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ | ᠤ ᠬᠤᠭᠤᠴᠠᠭ᠎ᠠ ᠰᠤᠯᠢᠬᠤ ᠠᠵᠢᠯ ᠤᠨ ᠲᠤᠬᠠᠢ ᠬᠠᠷᠠᠯᠲᠠ ᠡᠭᠦᠷᠭᠡ ᠮᠠᠰᠢ ᠲᠤᠲᠤᠷᠬᠠᠢ ᠶᠤᠮ᠂ ᠵᠠᠩᠬᠢᠯᠠᠭ᠎ᠠ ᠨᠢ | ᠴᠢᠩᠭ᠎ᠠ ᠪᠠ ᠪᠤᠲᠠᠲᠠᠢ ᠵᠤᠷᠢᠭ ᠰᠠᠨᠠᠭ᠎ᠠ ᠪᠠᠷ ᠨᠠᠶᠢᠳᠠᠪᠤᠷᠢᠵᠢᠭᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ | ᠡᠶᠢᠮᠤ ᠠᠴᠠ ᠪᠢᠳᠡ ᠡᠷᠬᠡᠪᠰᠢ ᠵᠦᠪ ᠤᠨᠤᠪᠴᠢᠲᠠᠢ ᠤᠯᠤᠰ ᠲᠦᠷᠤ ᠶᠢᠨ ᠴᠢᠭᠯᠡᠯ ᠢ ᠪᠠᠷᠢᠮᠲᠠᠯᠠᠵᠤ᠂ ᠬᠤᠭᠤᠴᠠᠭ᠎ᠠ | ᠰᠤᠯᠢᠬᠤ ᠠᠵᠢᠯ ᠤᠨ ᠤᠯᠤᠰ ᠲᠦᠷᠤ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠨ ᠨᠢᠮᠪᠠᠢ | ᠵᠤᠬᠢᠶᠠᠨ ᠪᠠᠶᠢᠭᠤᠯᠵᠤ᠂ ᠨᠢᠭᠲᠠ ᠴᠢᠩᠭ᠎ᠠ ᠬᠡᠷᠡᠭᠵᠢᠭᠦᠯᠤᠨ᠂ ᠡᠮᠬᠢ ᠲᠠᠷᠠᠭᠠᠯᠠᠯ ᠲᠠᠢ ᠪᠠᠷ ᠶᠠᠪᠤᠭᠳᠠᠭᠤᠯᠵᠤ᠂ | ᠬᠤᠭᠤᠴᠠᠭ᠎ᠠ ᠰᠤᠯᠢᠬᠤ ᠠᠵᠢᠯ ᠲᠡᠭᠦᠰ ᠠᠮᠵᠢᠯᠲᠠᠲᠠᠢ ᠪᠡᠶᠡᠯᠡᠭᠳᠡᠬᠦ ᠶᠢ ᠪᠠᠲᠤᠯᠠᠨ᠎ᠠ᠃ | ᠨᠢᠭᠡᠳᠤᠭᠡᠷ ᠲᠤ᠂ ᠺᠠᠳ᠋ᠷ ᠢ ᠨᠠᠮ ᠠᠴᠠ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠨᠠᠮ ᠤᠨ ᠤᠳᠤᠷᠢᠳᠤᠯᠭ᠎ᠠ ᠪᠤᠯ | ᠦᠨᠳᠤᠰᠤ᠂ ᠠᠷᠠᠳᠴᠢᠯᠠᠯ ᠢ ᠪᠠᠳᠠᠷᠠᠭᠤᠯᠬᠤ ᠪᠤᠯ ᠰᠠᠭᠤᠷᠢ᠂ ᠬᠠᠤᠯᠢ ᠶᠤᠰᠤᠭᠠᠷ ᠠᠵᠢᠯᠯᠠᠬᠤ ᠪᠤᠯ ᠪᠠᠲᠤᠯᠠᠭ᠎ᠠ᠃ | ᠵᠦᠪ ᠤᠨᠤᠪᠴᠢᠲᠠᠢ ᠴᠢᠭᠯᠡᠯ ᠢ ᠴᠢᠩᠭ᠎ᠠ ᠡᠵᠡᠮᠳᠡᠨ᠎ᠡ᠂ ᠬᠤᠭᠤᠴᠠᠭ᠎ᠠ ᠰᠤᠯᠢᠬᠤ ᠠᠵᠢᠯ ᠤᠨ ᠪᠦᠬᠦ ᠶᠠᠪᠤᠴᠠ ᠪᠠ | ᠡᠯ᠎ᠡ ᠲᠠᠯ᠎ᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠬᠤᠷᠢᠶᠠᠨ ᠤ ᠪᠦᠬᠦ ᠲᠠᠯ᠎ᠠ ᠶᠢ | ᠡᠵᠡᠮᠳᠡᠵᠤ᠂ ᠡᠯ᠎ᠡ ᠲᠠᠯ᠎ᠠ ᠶᠢᠨ ᠬᠢ ᠶᠢ ᠵᠤᠬᠢᠴᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠨᠠᠮ ᠤᠨ | ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠪᠤᠭᠤᠮᠳᠠ ᠠᠳᠬᠤᠬᠤ ᠦᠢᠯᠡᠳᠤᠯ ᠢ ᠪᠠᠳᠠᠷᠠᠭᠤᠯᠵᠤ᠂ ᠨᠠᠮ ᠤᠨ | ᠲᠦᠪ ᠬᠤᠷᠢᠶᠠᠨ ᠤ ᠲᠤᠭᠲᠠᠭᠰᠡᠨ ᠴᠢᠭᠯᠡᠯᠲᠡ ᠵᠠᠷᠴᠢᠮ ᠢ ᠢᠮᠠᠭᠲᠠ ᠪᠠᠷᠢᠮᠲᠠᠯᠠᠨ᠂ ᠨᠠᠮ ᠤᠨ ᠲᠦᠪ ᠬᠤᠷᠢᠶᠠᠨ | ᠤ ᠲᠤᠭᠲᠠᠭᠰᠡᠨ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠤ᠂ ᠨᠠᠮ ᠤᠨ ᠲᠦᠪ ᠬᠤᠷᠢᠶᠠᠨ ᠤ | ᠲᠤᠭᠲᠠᠭᠰᠠᠨ ᠰᠠᠬᠢᠯᠭ᠎ᠠ ᠪᠠᠲᠤ ᠶᠢᠨ ᠲᠤᠭᠲᠠᠭᠠᠯ ᠢ ᠴᠢᠩᠭ᠎ᠠ ᠬᠡᠷᠡᠭᠵᠢᠭᠦᠯᠤᠨ᠂ ᠦᠵᠡᠯ ᠰᠠᠨᠠᠭ᠎ᠠ ᠤᠯᠤᠰ ᠲᠦᠷᠤ | ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠨᠠᠮ ᠤᠨ ᠤᠳᠤᠷᠢᠳᠤᠯᠭ᠎ᠠ ᠶᠢ ᠦᠨᠡᠨᠬᠦ ᠪᠠᠷᠢᠮᠲᠠᠯᠠᠵᠤ ᠪᠤᠲᠠᠲᠠᠢ ᠳᠤ | ᠨᠠᠶᠢᠳᠠᠪᠤᠷᠢᠵᠢᠭᠤᠯᠤᠨ᠎ᠠ᠃ ᠠᠷᠠᠳᠴᠢᠯᠠᠯ ᠢ ᠬᠦᠢᠴᠡᠳ ᠪᠠᠳᠠᠷᠠᠭᠤᠯᠤᠨ᠎ᠠ᠂ ᠠᠷᠠᠳ ᠲᠦᠮᠡᠨ ᠤ ᠭᠤᠤᠯ ᠴᠤᠭᠴᠠ | ᠶᠢᠨ ᠦᠢᠯᠡᠳᠤᠯ ᠢ ᠪᠠᠷᠢᠮᠲᠠᠯᠠᠵᠤ᠂ ᠨᠠᠮ ᠤᠨ ᠤᠯᠡᠨ ᠲᠦᠮᠡᠨᠴᠢ ᠱᠤᠭᠤᠮ ᠢ ᠦᠢᠯᠡᠳᠤᠯᠭᠡᠵᠢᠭᠦᠯᠵᠤ᠂ | ᠲᠦᠯᠤᠭᠡᠯᠡᠭᠴᠢ ᠭᠡᠰᠢᠬᠦᠨ᠂ ᠨᠠᠮ ᠤᠨ ᠭᠡᠰᠢᠬᠦᠨ ᠺᠠᠳ᠋ᠷ ᠤᠯᠡᠨ ᠲᠦᠮᠡᠨ ᠤ ᠠᠷᠠᠳᠴᠢᠯᠠᠯ ᠤᠨ ᠡᠷᠬᠡ ᠶᠢ | ᠬᠦᠨᠳᠤᠳᠭᠡᠨ ᠪᠠᠲᠤᠯᠠᠵᠤ᠂ ᠡᠮᠬᠢ ᠵᠠᠮᠪᠠᠷᠠᠭ᠎ᠠ ᠲᠠᠢ ᠪᠠᠷ ᠤᠯᠤᠰ ᠲᠦᠷᠤ ᠳᠤ ᠤᠷᠤᠯᠴᠠᠬᠤ ᠶᠢ ᠦᠷᠭᠡᠳᠭᠡᠨ | ᠲᠡᠭᠦᠯᠳᠡᠷᠵᠢᠭᠦᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ | ᠲᠦᠷᠤ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ ᠰᠠᠨᠠᠯ ᠢ ᠬᠦᠨᠳᠤᠳᠭᠡᠨ ᠰᠤᠨᠤᠰᠴᠤ᠂ ᠨᠠᠮ ᠤᠨ | ᠭᠠᠳᠠᠨᠠᠬᠢ ᠬᠦᠮᠤᠰ ᠪᠠ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠰᠤᠨᠤᠰᠴᠤ᠂ ᠬᠦᠰᠡᠯ ᠵᠤᠷᠢᠯᠲᠠ | ᠪᠠᠨ ᠦᠨᠡᠨ ᠮᠦᠨ ᠢᠶᠠᠷ ᠢᠯᠡᠳᠭᠡᠬᠦ ᠳᠤ ᠠᠰᠢᠭᠲᠠᠢ ᠤᠷᠴᠢᠨ ᠠᠬᠤᠢ ᠪᠠ ᠨᠦᠬᠦᠴᠡᠯ ᠡᠭᠦᠳᠴᠤ᠂ | ᠲᠦᠯᠤᠭᠡᠯᠡᠭᠴᠢ ᠭᠡᠰᠢᠬᠦᠨ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠡᠷᠭᠡ ᠪᠠᠨ ᠵᠦᠪ ᠢᠶᠠᠷ | ᠬᠡᠷᠡᠭᠯᠡᠨ᠂ ᠪᠠᠶᠢᠪᠠᠰᠤ ᠵᠤᠬᠢᠬᠤ ᠦᠢᠯᠡᠳᠤᠯ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ ᠂ ᠨᠠᠮ ᠤᠨ | ᠤᠳᠤᠷᠢᠳᠤᠯᠭ᠎ᠠ ᠪᠠ ᠠᠷᠠᠳᠴᠢᠯᠠᠯ ᠲᠦᠪᠯᠡᠷᠡᠯ ᠤᠨ ᠲᠦᠷᠢᠮ ᠢ ᠪᠠᠷᠢᠮᠲᠠᠯᠠᠬᠤ ᠤᠷᠢᠳᠠᠯ ᠲᠤᠤᠷ᠎ᠠ᠂ | ᠲᠠᠨᠢᠯᠴᠠᠭᠤᠯᠬᠤ᠂ ᠰᠢᠯᠭᠠᠨ ᠪᠠᠶᠢᠴᠠᠭᠠᠬᠤ᠂ ᠶᠠᠷᠢᠯᠴᠠᠨ ᠵᠦᠪᠳᠡᠯᠴᠡᠬᠦ᠂ ᠨᠠᠷᠠ ᠲᠤᠷᠠᠳᠬᠤ ᠪᠠ ᠶᠡᠭᠡ ᠬᠤᠷᠠᠯ ᠤᠨ | ᠰᠤᠩᠭᠤᠭᠤᠯᠢ ᠵᠡᠷᠭᠡ ᠡᠯ᠎ᠡ ᠶᠠᠪᠤᠴᠠ ᠪᠠᠷ ᠲᠠᠮᠵᠢᠨ᠂ ᠬᠤᠭᠤᠴᠠᠭ᠎ᠠ ᠰᠤᠯᠢᠬᠤ ᠠᠵᠢᠯᠲᠠᠨ ᠤ ᠲᠤᠬᠢᠷᠠᠭᠤᠯᠤᠯᠲᠠ ᠶᠢ | ᠦᠷᠭᠡᠨ ᠲᠡᠯᠭᠡᠷᠡᠩᠬᠦᠢ ᠮᠦᠷᠲᠡᠭᠡᠨ ᠪᠠᠲᠤ ᠪᠠᠬᠢ ᠠᠷᠠᠳ ᠤᠨ ᠰᠠᠨᠠᠯ ᠤᠨ ᠰᠠᠭᠤᠷᠢ ᠲᠠᠢ ᠪᠤᠯᠭᠠᠨ᠎ᠠ᠃ ᠬᠠᠤᠯᠢ ᠶᠢ | ᠴᠢᠩᠭ᠎ᠠ ᠵᠢᠷᠤᠮᠯᠠᠨ ᠠᠵᠢᠯ ᠬᠦᠢᠴᠡᠳᠭᠡᠨ᠎ᠡ᠂ ᠤᠯᠤᠰ ᠤᠨ ᠬᠠᠤᠯᠢ ᠴᠠᠭᠠᠵᠠ᠂ ᠨᠠᠮ ᠤᠨ ᠲᠤᠲᠤᠭᠠᠳᠤ ᠶᠢᠨ | ᠬᠠᠤᠯᠢ ᠲᠦᠷᠢᠮ ᠤᠨ ᠲᠦᠪ ᠴᠢᠩᠭ᠎ᠠ ᠴᠢᠨᠠᠷ ᠪᠠ ᠡᠷᠬᠡ ᠰᠦᠷ ᠴᠢᠨᠠᠷ ᠢ ᠤᠬᠠᠮᠰᠠᠷ ᠠᠴᠠ ᠪᠠᠨ ᠬᠠᠮᠠᠭᠠᠯᠠᠵᠤ᠂ | ᠦᠨᠳᠤᠰᠤᠨ ᠬᠠᠤᠯᠢ᠂ ᠰᠤᠩᠭᠤᠭᠤᠯᠢ ᠶᠢᠨ ᠬᠠᠤᠯᠢ᠂ ᠤᠷᠤᠨ ᠨᠤᠲᠤᠭ ᠤᠨ ᠵᠤᠬᠢᠶᠠᠨ ᠪᠠᠶᠢᠭᠤᠯᠤᠯᠲᠠ ᠶᠢᠨ | ᠬᠠᠤᠯᠢ᠂ ᠤᠯᠤᠰ ᠲᠦᠷᠤ ᠶᠢᠨ ᠵᠦᠪᠯᠡᠯᠭᠡᠨ ᠤ ᠲᠦᠷᠢᠮ ᠵᠡᠷᠭᠡ ᠬᠤᠯᠪᠤᠭᠳᠠᠯ ᠪᠦᠬᠦᠢ ᠲᠤᠭᠲᠠᠭᠠᠯ ᠢ ᠬᠢᠨᠠᠮᠠᠭᠠᠢ | ᠬᠡᠷᠡᠭᠵᠢᠭᠦᠯᠵᠤ᠂ ᠬᠠᠤᠯᠢ ᠴᠠᠭᠠᠵᠠ ᠶᠢᠨ ᠬᠡᠪᠴᠢᠶᠠᠨ ᠲᠤᠲᠤᠷ᠎ᠠ ᠠᠵᠢᠯ ᠦᠷᠨᠢᠭᠦᠯᠵᠤ᠂ ᠬᠠᠤᠯᠢ ᠴᠠᠭᠠᠵᠠ | ᠲᠤᠭᠲᠠᠭᠠᠯ ᠪᠠ ᠤᠯᠤᠰ ᠲᠦᠷᠤ ᠶᠢᠨ ᠵᠦᠪᠯᠡᠯᠭᠡᠨ ᠤ ᠲᠦᠷᠢᠮ ᠢ ᠴᠢᠳᠠᠮᠠᠭᠠᠢ ᠪᠠᠷ ᠠᠰᠢᠭᠯᠠᠵᠤ ᠠᠰᠠᠭᠤᠳᠠᠯ ᠢ | ᠰᠢᠢᠳᠪᠤᠷᠢᠯᠡᠨ᠎ᠡ᠂ ᠢᠯᠠᠩᠭᠤᠶ᠎ᠠ ᠬᠠᠤᠯᠢ ᠠᠴᠠ ᠲᠤᠭᠲᠠᠭᠰᠡᠨ ᠠᠯᠬᠤᠮ ᠶᠠᠪᠤᠴᠠ ᠶᠢ ᠴᠢᠩᠭ᠎ᠠ ᠬᠦᠢᠴᠡᠳᠭᠡᠨ᠂ | ᠪᠠᠶᠢᠬᠤ ᠴᠢᠬᠤᠯᠠᠲᠠᠢ ᠠᠯᠬᠤᠮ ᠶᠠᠪᠤᠴᠠ ᠨᠢᠭᠡ ᠴᠤ ᠲᠤᠲᠠᠭᠳᠠᠵᠤ ᠪᠤᠯᠬᠤ ᠦᠭᠡᠢ᠂ ᠵᠢᠷᠤᠮᠯᠠᠬᠤ ᠴᠢᠬᠤᠯᠠᠲᠠᠢ ᠶᠤᠰᠤ | ᠲᠦᠷᠢᠮ ᠢ ᠨᠢᠭᠡ ᠴᠤ ᠡᠪᠳᠡᠵᠤ ᠪᠤᠯᠬᠤ ᠦᠭᠡᠢ᠂ ᠬᠠᠤᠯᠢ ᠳᠤ ᠲᠤᠭᠲᠠᠭᠰᠡᠨ ᠠᠯᠬᠤᠮ ᠶᠠᠪᠤᠴᠠ ᠪᠠᠷ ᠲᠠᠮᠵᠢᠨ ᠨᠠᠮ | ᠤᠨ ᠵᠤᠷᠢᠯᠲᠠ ᠶᠢ ᠤᠯᠤᠰ ᠤᠨ ᠵᠤᠷᠢᠯᠲᠠ ᠪᠤᠯᠭᠠᠵᠤ᠂ ᠨᠠᠮ ᠤᠨ ᠵᠤᠬᠢᠶᠠᠨ ᠪᠠᠶᠢᠭᠤᠯᠤᠯᠲᠠ ᠠᠴᠠ | ᠲᠠᠨᠢᠯᠴᠠᠭᠤᠯᠤᠭᠰᠡᠨ ᠬᠦᠮᠤᠨ ᠢ ᠤᠳᠤᠷᠢᠳᠬᠤ ᠪᠠᠶᠢᠷᠢᠨ ᠳᠤ ᠰᠤᠩᠭᠤᠵᠤ ᠭᠠᠷᠭᠠᠨ᠎ᠠ ᠃ | ᠬᠤᠶᠠᠳᠤᠭᠠᠷ ᠲᠤ᠂ ᠵᠦᠪ ᠤᠨᠤᠪᠴᠢᠲᠠᠢ ᠬᠦᠮᠤᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠨ᠎ᠠ᠃ ᠬᠦᠮᠤᠨ | ᠬᠡᠷᠡᠭᠯᠡᠬᠦ ᠵᠠᠩᠬᠢᠯᠠᠭ᠎ᠠ ᠨᠢ ᠤᠳᠤᠷᠢᠳᠤᠮᠵᠢ ᠳᠤ ᠪᠤᠢ᠃ ᠶᠠᠮᠠᠷ ᠬᠦᠮᠤᠨ ᠢ ᠰᠤᠩᠭᠤᠵᠤ ᠶᠠᠮᠠᠷ ᠬᠦᠮᠤᠨ ᠢ ᠬᠡᠷᠡᠭᠯᠡᠬᠦ | ᠨᠢ ᠬᠤᠭᠤᠴᠠᠭ᠎ᠠ ᠰᠤᠯᠢᠬᠤ ᠦᠷ᠎ᠡ ᠪᠦᠲᠤᠮᠵᠢ ᠶᠢ ᠰᠢᠯᠭᠠᠨ ᠪᠠᠶᠢᠴᠠᠭᠠᠬᠤ ᠶᠢᠨ ᠴᠢᠬᠤᠯᠨ ᠪᠠᠷᠢᠮᠵᠢᠶ᠎ᠠ ᠮᠦᠨ᠃ | ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠨ᠎ᠠ᠂ ᠬᠤᠲᠠ ᠶᠢᠨ ᠨᠠᠮ ᠤᠨ ᠬᠤᠷᠢᠶᠠᠨ ᠤ ᠭᠤᠤᠯ ᠠᠵᠢᠯ ᠪᠠ | ᠪᠦᠬᠦ ᠬᠤᠲᠠ ᠶᠢᠨ ᠬᠦᠭᠵᠢᠯᠲᠡ ᠶᠢᠨ ᠶᠡᠭᠡ ᠪᠠᠶᠢᠳᠠᠯ ᠳᠤ ᠬᠠᠨᠳᠤᠭᠤᠯᠤᠨ ᠺᠠᠳ᠋ᠷ ᠲᠤᠬᠢᠷᠠᠭᠤᠯᠵᠤ᠂ ᠬᠦᠰᠡᠯᠠᠩ | ᠢᠲᠡᠭᠡᠯ ᠪᠠᠲᠤ᠂ ᠨᠠᠮ ᠪᠠ ᠤᠯᠡᠨ ᠲᠦᠮᠡᠨ ᠳᠤ ᠦᠨᠡᠨᠴᠢ᠂ ︽ ᠭᠤᠷᠪᠡᠨ ᠴᠢᠩᠭ᠎ᠠ ᠭᠤᠷᠪᠠᠨ ᠪᠤᠲᠠᠲᠠᠢ︾ ᠶᠢ | ᠤᠬᠠᠮᠰᠠᠷ ᠠᠴᠠ ᠪᠠᠨ ᠦᠢᠯᠡᠳᠤᠯᠭᠡᠵᠢᠭᠦᠯᠬᠦ ᠺᠠᠳ᠋ᠷ ᠢ ᠶᠡᠬᠡᠪᠡᠷ ᠰᠤᠩᠭᠤᠨ ᠲᠡᠪᠰᠢᠬᠦᠯᠤᠨ᠎ᠡ᠂ ᠦᠪᠡᠷ ᠤᠨ ᠪᠡᠶ᠎ᠡ | ᠪᠠᠨ ᠴᠢᠩᠭ᠎ᠠ ᠱᠠᠭᠠᠷᠳᠠᠵᠤ᠂ ᠦᠨᠡᠨᠬᠦ ᠠᠵᠢᠯ ᠬᠢᠳᠡᠭ᠂ ᠤᠪᠤᠷ ᠰᠤᠷᠲᠠᠯ ᠲᠦᠪ ᠺᠠᠳ᠋ᠷ ᠢ ᠰᠤᠩᠭᠤᠨ | ᠲᠡᠪᠰᠢᠬᠦᠯᠤᠨ᠎ᠡ᠂ ᠰᠢᠨ᠎ᠡ ᠬᠦᠭᠵᠢᠯᠲᠡ ᠶᠢᠨ ᠤᠨᠤᠯᠵᠢᠬᠤᠨ ᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ | ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠲᠠᠢ ᠵᠤᠬᠢᠴᠠᠵᠤ ᠲᠠᠶᠢᠯᠬᠦ ᠮᠦᠷᠲᠡᠭᠡᠨ ᠬᠦᠲᠤᠯᠤᠨ | ᠲᠠᠭᠠᠭᠤᠯᠵᠤ ᠴᠢᠳᠠᠬᠤ᠂ ᠠᠵᠢᠯ ᠤᠨ ᠲᠤᠮᠳᠠ ᠵᠤᠷᠢᠭᠲᠠᠢ ᠪᠠᠷ ᠡᠭᠦᠷᠭᠡᠯᠡᠵᠤ᠂ ᠠᠵᠢᠯ ᠤᠨ ᠦᠷ᠎ᠡ ᠪᠦᠲᠤᠮᠵᠢ | ᠲᠤᠪᠤᠶᠢᠮ᠎ᠠ ᠺᠠᠳ᠋ᠷ ᠢ ᠰᠤᠩᠭᠤᠨ ᠲᠡᠪᠰᠢᠬᠦᠯᠤᠨ᠎ᠡ᠂ ᠠᠷᠢᠭᠤᠨ ᠴᠢᠭᠡᠴᠢ ᠪᠠᠷ ᠵᠠᠰᠠᠭ ᠪᠠᠷᠢᠵᠤ᠂ ᠤᠯᠡᠨ ᠲᠦᠮᠡᠨ ᠳᠤ | ᠢᠲᠡᠭᠡᠯ ᠲᠠᠢ ᠺᠠᠳ᠋ᠷ ᠢ ᠰᠤᠩᠭᠤᠨ ᠲᠡᠪᠰᠢᠬᠦᠯᠤᠨ᠎ᠡ᠂ ᠤᠳᠤᠬᠢ ᠲᠤᠰᠢᠶᠠᠯ ᠢᠶᠠᠨ ᠬᠦᠢᠴᠡᠳᠭᠡᠵᠤ ᠲᠠᠶᠢᠯᠬᠦ ᠦᠭᠡᠢ | ᠺᠠᠳ᠋ᠷ ᠢ ᠲᠤᠬᠢᠷᠠᠭᠤᠯᠬᠤ ᠡᠷᠴᠢᠮ ᠢ ᠶᠡᠭᠡᠳᠭᠡᠨ᠂ ᠬᠦᠮᠤᠨ ᠤ ᠴᠢᠨᠠᠷ ᠢᠶᠠᠷ ᠮᠠᠭᠤ᠂ ᠤᠯᠡᠨ ᠲᠦᠮᠡᠨ ᠤ ᠲᠤᠮᠳᠠ | ᠨᠦᠯᠤᠭᠡ ᠮᠠᠭᠤᠲᠠᠢ᠂ ᠠᠵᠢᠯ ᠤᠨ ᠦᠷ᠎ᠡ ᠪᠦᠲᠤᠮᠵᠢ ᠲᠤᠪᠤᠶᠢᠮ᠎ᠠ ᠪᠤᠰᠤ᠂ ᠡᠳᠤᠷ ᠢ ᠠᠷᠭᠠᠴᠠᠨ ᠦᠩᠭᠡᠷᠡᠭᠦᠯᠵᠤ | ᠪᠠᠶᠢᠭ᠎ᠠ ᠺᠠᠳ᠋ᠷ ᠢ ᠡᠷᠬᠡᠪᠰᠢ ᠲᠤᠬᠢᠷᠠᠭᠤᠯᠬᠤ ᠪᠤᠶᠤ ᠤᠭᠲᠤ ᠬᠡᠷᠡᠭᠯᠡᠵᠤ ᠪᠤᠯᠬᠤ ᠦᠭᠡᠢ᠂ ᠴᠢᠳᠠᠪᠤᠷᠢ ᠲᠠᠢ ᠶᠢ ᠨᠢ | ᠲᠡᠪᠰᠢᠬᠦᠯᠵᠤ᠂ ᠶᠡᠷᠤᠮᠳᠡᠭ ᠢ ᠨᠢ ᠪᠠᠭᠤᠯᠭᠠᠵᠤ᠂ ᠠᠳᠠᠭ ᠢ ᠨᠢ ᠰᠢᠭ᠍ᠰᠢᠵᠤ᠂ ᠪᠦᠬᠦ ᠬᠤᠲᠠ ᠶᠢᠨ ᠬᠡᠪᠴᠢᠶᠠᠨ | ᠳᠤ ᠵᠤᠷᠢᠭᠲᠠᠢ ᠪᠠᠷ ᠡᠭᠦᠷᠭᠡᠯᠡᠵᠤ ᠦᠢᠯᠡᠰ ᠪᠦᠲᠤᠭᠡᠬᠦ ᠤᠷᠴᠢᠨ ᠲᠤᠭᠤᠷᠢᠨ ᠢ ᠪᠤᠢ ᠪᠤᠯᠭᠠᠨ᠎ᠠ᠃ ᠲᠠᠨᠢᠯᠴᠠᠭᠤᠯᠬᠤ | ᠰᠢᠯᠭᠠᠨ ᠪᠠᠶᠢᠴᠠᠭᠠᠬᠤ ᠠᠷᠭ᠎ᠠ ᠶᠢ ᠰᠢᠨᠠᠳᠭᠡᠨᠡ᠃ ᠰᠠᠨᠠᠯ ᠢ ᠬᠦᠯᠢᠶᠠᠨ ᠠᠪᠴᠤ ᠰᠤᠨᠤᠰᠬᠤ ᠪᠠ ᠵᠤᠬᠢᠶᠠᠨ | ᠪᠠᠶᠢᠭᠤᠯᠤᠯᠲᠠ ᠶᠢᠨ ᠵᠤᠷᠢᠯᠲᠠ ᠶᠢ ᠬᠠᠷᠢᠯᠴᠠᠨ ᠤᠶᠠᠯᠳᠤᠭᠤᠯᠬᠤ᠂ ᠠᠷᠠᠳᠴᠢᠯᠠᠯ ᠪᠠ ᠲᠦᠪᠯᠡᠷᠡᠯ ᠢ ᠬᠠᠷᠢᠯᠴᠠᠨ | ᠨᠢᠭᠡᠳᠭᠡᠬᠦ᠂ ᠬᠤᠭᠤᠴᠠᠭ᠎ᠠ ᠰᠤᠯᠢᠬᠤ ᠰᠢᠯᠭᠠᠨ ᠪᠠᠶᠢᠴᠠᠭᠠᠯᠲᠠ ᠪᠠ ᠶᠡᠷᠤᠳᠡ ᠶᠢᠨ ᠢᠯᠡᠷᠡᠯ ᠢ ᠬᠠᠷᠢᠯᠴᠠᠨ | ᠬᠠᠷᠭᠤᠭᠤᠯᠬᠤ ᠶᠢ ᠪᠠᠷᠢᠮᠲᠠᠯᠠᠨ᠂ ᠰᠢ ᠶᠢᠨ ᠫᠢᠡᠭ ᠶᠡᠷᠤᠩᠬᠡᠢ ᠱᠦᠵᠢ ᠶᠢᠨ ᠲᠤᠷᠠᠳᠤᠭᠰᠡᠨ ︽ᠲᠠᠪᠤᠨ ᠲᠠᠯ᠎ᠠ ᠶᠢ | ᠠᠵᠢᠭᠯᠠᠨ ᠪᠠᠶᠢᠴᠠᠭᠠᠬᠤ ᠲᠠᠪᠤ ᠶᠢ ᠦᠵᠡᠬᠦ︾ ︵ᠲᠡᠳᠡᠨ ᠤ ᠴᠢᠬᠤᠯᠨ ᠶᠡᠭᠡ ᠬᠡᠷᠡᠭ ᠶᠠᠪᠤᠳᠠᠯ ᠤᠨ ᠲᠤᠬᠠᠢ | ᠪᠤᠳᠤᠯᠬᠢᠯᠠᠯ ᠢ ᠰᠢᠨᠵᠢᠯᠡᠨ ᠪᠠᠶᠢᠴᠠᠭᠠᠬᠤ ᠠᠴᠠ ᠦᠵᠡᠯᠲᠡ ᠲᠠᠨᠢᠯᠲᠠ ᠶᠢ ᠨᠢ ᠦᠢᠯᠠᠭᠠᠵᠤ ᠲᠠᠶᠢᠯᠤᠨ᠎ᠡ᠂ ᠲᠡᠳᠡᠨ | ᠤ ᠤᠯᠡᠨ ᠲᠦᠮᠡᠨ ᠳᠤ ᠬᠠᠨᠳᠤᠬᠤ ᠤᠪᠤᠷ ᠢ ᠰᠢᠨᠵᠢᠯᠠᠨ ᠪᠠᠶᠢᠴᠠᠭᠠᠬᠤ ᠠᠴᠠ ᠵᠠᠩ ᠴᠢᠨᠠᠷ ᠬᠠᠶᠢᠷ᠎ᠠ | ᠰᠡᠳᠬᠢᠯᠭᠡ ᠶᠢ ᠨᠢ ᠦᠢᠯᠠᠭᠠᠵᠤ ᠲᠠᠶᠢᠯᠤᠨ᠎ᠡ᠂ ᠲᠡᠳᠡᠨ ᠤ ᠨᠡᠷ᠎ᠡ ᠠᠰᠢᠭ ᠲᠤ ᠬᠠᠨᠳᠤᠬᠤ ᠤᠪᠤᠷ ᠢ ᠰᠢᠨᠵᠢᠯᠡᠨ | ᠪᠠᠶᠢᠴᠠᠭᠠᠬᠤ ᠠᠴᠠ ᠬᠢᠷᠢ ᠲᠦᠪᠰᠢᠨ ᠢ ᠨᠢ ᠦᠢᠯᠠᠭᠠᠵᠤ ᠲᠠᠶᠢᠯᠤᠨ᠎ᠡ᠂ ᠲᠡᠳᠡᠨ ᠤ ᠬᠦᠮᠤᠨ ᠲᠠᠢ ᠬᠠᠷᠢᠯᠴᠠᠵᠤ | ᠶᠠᠪᠤᠳᠠᠯ ᠬᠦᠢᠴᠡᠳᠭᠡᠬᠦ ᠠᠷᠭ᠎ᠠ ᠮᠠᠶ᠋ᠢᠭ ᠢ ᠰᠢᠨᠵᠢᠯᠡᠨ ᠪᠠᠶᠢᠴᠠᠭᠠᠬᠤ ᠠᠴᠠ ᠶᠤᠰᠤ ᠰᠤᠷᠲᠠᠬᠤᠨ ᠮᠦᠨ ᠴᠢᠨᠠᠷ ᠢ | ᠨᠢ ᠦᠢᠯᠠᠭᠠᠵᠤ ᠲᠠᠶᠢᠯᠤᠨ᠎ᠡ᠂ ᠲᠡᠳᠡᠨ ᠤ ᠪᠤᠳᠠᠯᠢᠶᠠᠨᠲᠠᠢ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ | ᠰᠢᠨᠵᠢᠯᠡᠨ ᠪᠠᠶᠢᠴᠠᠭᠠᠬᠤ ᠠᠴᠠ ᠶᠡᠷᠤᠩᠬᠡᠢ ᠴᠢᠨᠠᠷ ᠴᠢᠨᠰᠠᠭ᠎ᠠ ᠶᠢ ᠨᠢ ᠦᠢᠯᠠᠭᠠᠵᠤ ᠲᠠᠶᠢᠯᠤᠨ᠎ᠡ ︶ ᠬᠦᠮᠤᠨ | ᠰᠤᠩᠭᠤᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠷᠤᠩᠬᠡᠢ ᠵᠠᠳᠠᠯᠤᠨ ᠮᠠᠭᠠᠳᠯᠠᠯᠲᠠ ᠶᠢ | ᠴᠢᠩᠭᠠᠳᠬᠠᠨ᠎ᠠ᠂ ᠠᠷᠠᠳᠴᠢᠯᠠᠯ ᠢᠶᠠᠷ ᠲᠠᠨᠢᠯᠴᠠᠭᠤᠯᠬᠤ ᠠᠷᠭ᠎ᠠ ᠶᠢ ᠰᠠᠶᠢᠵᠢᠷᠠᠭᠤᠯᠤᠨ᠂ ︽ ᠨᠡᠶᠢᠳᠡᠮ ᠰᠤᠩᠭᠤᠬᠤ︾ | ︽ᠨᠡᠶᠢᠳᠡᠮ ᠲᠠᠨᠢᠯᠴᠠᠭᠤᠯᠬᠤ︾ ᠠᠷᠭ᠎ᠠ ᠶᠢ ᠠᠪᠴᠤ ᠪᠤᠯᠬᠤ ᠦᠭᠡᠢ᠂ ᠺᠠᠳ᠋ᠷ ᠲᠠᠢ ᠦᠷᠭᠦᠯᠵᠢ ᠮᠦᠷᠲᠡᠭᠡᠨ | ᠵᠠᠷᠴᠢᠮ ᠲᠠᠢ ᠪᠠᠷ ᠬᠠᠷᠢᠯᠴᠠᠵᠤ᠂ ᠺᠠᠳ᠋ᠷ ᠢ ᠤᠯᠡᠨ ᠲᠠᠯ᠎ᠠ ᠠᠴᠠ᠂ ᠤᠯᠡᠨ ᠲᠠᠪᠬᠤᠷᠭ᠎ᠠ ᠠᠴᠠ ᠰᠢᠯᠭᠠᠨ | ᠪᠠᠶᠢᠴᠠᠭᠠᠵᠤ᠂ ᠺᠠᠳ᠋ᠷ ᠢ ᠪᠦᠬᠦ ᠲᠠᠯ᠎ᠠ ᠪᠠᠷ᠂ ᠲᠠᠤᠬᠡᠲᠤ᠂ ᠬᠤᠪᠢᠰᠤᠩᠭᠤᠢ ᠪᠠᠷ ᠦᠨᠡᠯᠡᠵᠤ᠂ ᠤᠨᠤᠪᠴᠢᠲᠠᠢ | ᠰᠢᠯᠭᠠᠨ ᠪᠠᠶᠢᠴᠠᠭᠠᠵᠤ᠂ ᠵᠦᠪ ᠰᠤᠩᠭᠤᠵᠤ ᠰᠠᠶᠢᠨ ᠺᠠᠳ᠋ᠷ ᠰᠤᠩᠭᠤᠨ᠎ᠡ᠃ ︽ᠠᠰᠠᠭᠤᠳᠠᠯ ᠲᠠᠢ ᠺᠠᠳ᠋ᠷ ᠢ | ᠲᠡᠪᠰᠢᠬᠦᠯᠤᠨ ᠬᠡᠷᠡᠭᠯᠡᠬᠦ︾ ᠶᠢ ᠡᠷᠡᠰ ᠰᠠᠷᠭᠡᠶᠢᠯᠡᠨ᠎ᠡ᠂ ︽〈 ᠠᠰᠠᠭᠤᠳᠠᠯ ᠲᠠᠢ ᠺᠠᠳ᠋ᠷ ᠢ ᠲᠡᠪᠰᠢᠬᠦᠯᠤᠨ | ᠬᠡᠷᠡᠭᠯᠡᠬᠦ 〉 ᠶᠢ ᠰᠡᠷᠭᠡᠶᠢᠯᠡᠬᠦ ᠲᠤᠬᠠᠢ ᠰᠠᠨᠠᠯ︾ ᠢ ᠴᠢᠩᠭ᠎ᠠ ᠬᠡᠷᠡᠭᠵᠢᠭᠦᠯᠤᠨ᠂᠂ ︽ᠲᠡᠪᠰᠢᠬᠦᠯᠤᠨ ᠬᠡᠷᠡᠭᠯᠡᠪᠡᠯ | ᠡᠷᠬᠡᠪᠰᠢ ᠲᠦᠷᠪᠡ ᠶᠢ ᠪᠠᠶᠢᠴᠠᠭᠠᠬᠤ︾ ︵ᠺᠠᠳ᠋ᠷ ᠤᠨ ᠲᠠᠩᠰᠡ ᠡᠪᠬᠡᠮᠡᠯ ᠢ ᠡᠷᠬᠡᠪᠰᠢ ᠬᠢᠨᠠᠬᠤ᠂ ᠬᠤᠪᠢ ᠬᠦᠮᠤᠨ | ᠤ ᠬᠤᠯᠪᠤᠭᠳᠠᠯ ᠪᠦᠬᠦᠢ ᠶᠠᠪᠤᠳᠠᠯ ᠤᠨ ᠮᠡᠳᠡᠭᠦᠯᠤᠯᠲᠡ ᠶᠢ ᠡᠷᠬᠡᠪᠰᠢ ᠬᠠᠷᠭᠤᠭᠤᠯᠬᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠡᠷᠬᠡᠪᠰᠢ ᠰᠤᠨᠤᠰᠬᠤ᠂ ᠪᠤᠲᠠᠲᠠᠢ ᠬᠡᠷᠡᠭ ᠤᠨ | ᠰᠦᠪᠡᠭᠴᠢ ᠲᠠᠢ ᠵᠠᠬᠢᠳᠠᠯ ᠰᠤᠷᠪᠤᠯᠵᠢᠯᠠᠭ᠎ᠠ ᠶᠢ ᠡᠷᠬᠡᠪᠰᠢ ᠪᠠᠶᠢᠴᠠᠭᠠᠬᠤ︶ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠯᠲᠠ ᠶᠢᠨ ᠴᠢᠳᠠᠪᠬᠢ ᠶᠢ ᠬᠦᠢᠴᠡᠳ ᠪᠠᠳᠠᠷᠠᠭᠤᠯᠤᠨ᠂ ᠬᠢᠨᠠᠮᠠᠭᠠᠢ | ᠵᠠᠳᠠᠯᠤᠨ ᠰᠤᠳᠤᠯᠤᠵᠤ᠂ ᠤᠯᠡᠨ ᠲᠦᠮᠡᠨ ᠤ ᠰᠠᠨᠠᠯ ᠢ ᠬᠦᠨᠳᠤᠳᠭᠡᠨ ᠰᠤᠨᠤᠰᠴᠤ᠂ ᠬᠤᠯᠪᠤᠭᠳᠠᠯ ᠪᠦᠬᠦᠢ ᠲᠠᠯ᠎ᠠ | ᠶᠢᠨ ᠲᠤᠰᠬᠠᠯ ᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ ᠰᠢᠢᠳᠪᠤᠷᠢᠯᠡᠨ᠂ ᠠᠰᠠᠭᠤᠳᠠᠯ ᠲᠠᠢ ᠺᠠᠳ᠋ᠷ ᠢ | ᠲᠠᠯᠪᠢᠵᠤ ᠪᠤᠯᠬᠤ ᠦᠭᠡᠢ ᠮᠦᠷᠲᠡᠭᠡᠨ ᠠᠰᠠᠭᠤᠳᠠᠯ ᠦᠭᠡᠢ ᠺᠠᠳ᠋ᠷ ᠢ ᠰᠠᠭᠠᠳᠠᠭᠠᠵᠤ ᠪᠤᠯᠬᠤ ᠦᠭᠡᠢ︔ ᠵᠤᠷᠢᠭᠤᠳᠠ | ᠬᠦᠳᠭᠡᠨ ᠵᠠᠭᠠᠯᠳᠤᠵᠤ᠂ ᠬᠦᠵᠢᠷᠳᠡᠨ ᠬᠤᠤᠷᠯᠠᠵᠤ᠂ ᠴᠤᠤᠷᠬᠠᠯ ᠲᠠᠷᠬᠠᠭᠠᠭᠰᠡᠳ ᠢ ᠲᠠᠷᠤᠶᠢᠬᠠᠨ ᠬᠠᠷᠭᠤᠭᠤᠯᠤᠨ | ᠪᠠᠶᠢᠴᠠᠭᠠᠵᠤ᠂ ᠴᠢᠩᠭ᠎ᠠ ᠰᠢᠳᠭᠡᠨ᠎ᠡ᠂ ᠠᠵᠢᠯ ᠨᠢ ᠴᠢᠩᠭ᠎ᠠ ᠪᠤᠲᠠᠲᠠᠢ ᠠᠴᠠ ᠪᠤᠯᠵᠤ ᠬᠦᠮᠤᠨ ᠬᠡᠷᠡᠭᠯᠡᠬᠦ ᠲᠠᠯ᠎ᠠ ᠪᠠᠷ | ᠠᠯᠳᠠᠭ᠎ᠠ ᠭᠠᠷᠴᠤ᠂ ᠮᠠᠭᠤ ᠨᠦᠯᠤᠭᠡ ᠦᠵᠡᠭᠦᠯᠤᠭ᠍ᠰᠡᠨ ᠪᠤᠯ ᠬᠡᠳᠡᠷᠬᠦ ᠪᠠᠶᠢᠴᠠᠭᠠᠵᠤ ᠬᠠᠷᠢᠭᠤᠴᠠᠯᠭ᠎ᠠ ᠴᠢᠩᠭ᠎ᠠ | ᠨᠡᠬᠡᠮᠵᠢᠯᠡᠨ᠎ᠡ᠃ | ᠭᠤᠷᠪᠠᠳᠤᠭᠠᠷ ᠲᠤ᠂ ᠪᠠᠭ ᠤᠨ ᠪᠦᠬᠦᠶᠢᠯᠨ ᠴᠤᠭᠴᠠ ᠶᠢᠨ ᠴᠢᠳᠠᠪᠬᠢ ᠶᠢ ᠬᠦᠴᠤᠯᠡᠨ ᠴᠢᠩᠭᠠᠳᠬᠠᠨ᠎ᠠ᠃ ᠪᠠᠭ | ᠤᠨ ᠲᠠᠶᠢᠴᠢᠨ ᠬᠦᠴᠤ ᠬᠢᠷᠢ ᠵᠡᠷᠭᠡ ᠭᠡᠰᠡᠨ ᠢ ᠬᠡᠮᠵᠢᠬᠦ ᠳᠤ ᠵᠠᠩᠬᠢᠯᠠᠭ᠎ᠠ ᠨᠢ ᠪᠦᠲᠤᠴᠡ ᠨᠢ ᠰᠢᠯᠢᠳᠡᠭ ᠡᠰᠡᠬᠦ᠂ | ᠴᠢᠳᠡᠪᠬᠢ ᠨᠢ ᠴᠢᠩᠭ᠎ᠠ ᠡᠰᠡᠬᠦ ᠶᠢ ᠦᠵᠡᠨ᠎ᠡ᠃ ᠬᠦᠴᠤᠨ ᠲᠡᠭᠦᠯᠳᠡᠷ ᠪᠦᠬᠦᠢ ᠤᠳᠤᠷᠢᠳᠬᠤ ᠪᠠᠭ ᠤᠨ ᠵᠢᠩᠬᠢᠨᠢ | ᠲᠤᠰᠢᠶᠠᠯᠲᠠ ᠢ ᠲᠤᠬᠢᠷᠠᠭᠤᠯᠤᠨ᠎ᠠ᠂ ᠦᠰᠤᠨ ᠪᠤᠶᠢᠵᠢᠭ᠍ᠰᠡᠨ ᠦᠩᠭᠡᠷᠡᠯᠲᠡ ᠶᠢ ᠨᠢ ᠴᠢᠬᠤᠯᠠᠴᠢᠯᠠᠨ ᠦᠵᠡᠵᠤ᠂ | ᠵᠦᠢᠲᠠᠢ ᠲᠤᠬᠢᠷᠠᠯᠴᠠᠬᠤ ᠶᠢ ᠠᠩᠬᠠᠷᠴᠤ᠂ ᠰᠠᠶᠢᠨ ᠤ ᠲᠤᠮᠳᠠ ᠠᠴᠠ ᠰᠢᠯᠢᠳᠡᠭ ᠢ ᠨᠢ᠂ ᠰᠢᠯᠢᠳᠡᠭ ᠤᠨ | ᠲᠤᠮᠳᠠ ᠠᠴᠠ ᠤᠬᠢ ᠶᠢ ᠨᠢ ᠰᠤᠩᠭᠤᠵᠤ᠂ ᠲᠡᠳᠡᠭᠡᠷ ᠤᠯᠤᠰ ᠲᠦᠷᠤ ᠶᠢᠨ ᠴᠢᠨᠠᠷ ᠴᠢᠨᠰᠠᠭ᠎ᠠ ᠰᠠᠶᠢᠨ᠂ ᠪᠦᠬᠦ | ᠲᠠᠯ᠎ᠠ ᠶᠢ ᠡᠵᠡᠮᠳᠡᠵᠤ ᠲᠠᠶᠢᠯᠬᠦ᠂ ᠤᠯᠡᠨ ᠠᠵᠢᠯ ᠤᠨ ᠪᠠᠶᠢᠷᠢᠨ ᠳᠤ ᠲᠠᠪᠲᠠᠨ ᠪᠤᠯᠪᠠᠰᠤᠷᠠᠵᠤ ᠦᠩᠭᠡᠷᠡᠭᠰᠡᠨ᠂ | ᠪᠤᠲᠠᠲᠠᠢ ᠠᠵᠢᠯ ᠬᠢᠳᠡᠭ᠂ ᠪᠠᠭ ᠢ ᠠᠳᠬᠤᠵᠤ ᠡᠩᠨᠡᠭᠡ ᠲᠠᠭᠠᠭᠤᠯᠬᠤ ᠳᠤ ᠴᠢᠳᠠᠮᠠᠭᠠᠢ᠂ ᠲᠦᠪ ᠭᠤᠤᠯᠴᠢ᠂ | ᠠᠭᠤᠵᠢᠭᠤ ᠪᠠᠭᠲᠠᠭᠠᠮᠵᠢᠲᠠᠢ᠂ ᠪᠡᠶ᠎ᠡ ᠪᠠᠨ ᠴᠢᠩᠭ᠎ᠠ ᠱᠠᠭᠠᠷᠳᠠᠳᠠᠭ ᠰᠢᠯᠢᠳᠡᠭ ᠺᠠᠳ᠋ᠷ ᠢ ᠪᠠᠭ ᠤᠨ ᠵᠢᠩᠬᠢᠨᠢ | ᠲᠤᠰᠢᠶᠠᠯᠲᠠᠨ ᠤ ᠪᠠᠶᠢᠷᠢᠨ ᠳᠤ ᠦᠨᠡᠨᠬᠦ ᠰᠤᠩᠭᠤᠵᠤ ᠭᠠᠷᠭᠠᠨ᠎ᠠ᠃ ᠲᠡᠭᠡᠲᠤ ᠱᠠᠲᠤᠨ ᠤ ᠰᠤᠩᠭᠤᠨ ᠲᠤᠬᠢᠷᠠᠭᠤᠯᠬᠤ | ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠲᠤᠰᠢᠶᠠᠯ ᠴᠢᠳᠠᠪᠬᠢ ᠶᠢᠨ ᠱᠠᠭᠠᠷᠳᠠᠯᠭ᠎ᠠ ᠶᠢ ᠪᠦᠬᠦ ᠲᠠᠯ᠎ᠠ | ᠪᠠᠷ ᠡᠵᠡᠮᠳᠡᠨ᠂ ᠵᠠᠰᠠᠭ ᠤᠨ ᠤᠷᠳᠤᠨ ᠤ ᠵᠢᠩᠬᠢᠨᠢ ᠲᠤᠰᠢᠶᠠᠯᠲᠠᠨ ᠢ ᠰᠤᠩᠭᠤᠬᠤ ᠳᠤ ᠭᠤᠤᠯᠳᠠᠭᠤ ᠰᠢᠨ᠎ᠡ | ᠬᠦᠭᠵᠢᠯᠲᠡ ᠶᠢᠨ ᠤᠨᠤᠯᠵᠢᠬᠤᠨ ᠢ ᠡᠷᠡᠰ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢ | ᠦᠢᠯᠠᠭᠠᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠦᠭᠡᠷᠡᠴᠢᠯᠡᠯᠲᠡ ᠨᠡᠭᠡᠭᠡᠯᠲᠡ ᠬᠢᠬᠦ᠂ ᠪᠦᠯᠬᠦᠮᠳᠡᠯ ᠰᠠᠶᠢᠲᠠᠢ | ᠺᠠᠳ᠋ᠷ ᠢ ᠰᠤᠩᠭᠤᠨ᠎ᠠ︔ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠤ ᠶᠢᠨ | ᠵᠦᠪᠯᠡᠯᠭᠡᠨ ᠤ ᠵᠢᠩᠬᠢᠨᠢ ᠲᠤᠰᠢᠶᠠᠯᠲᠡᠨ ᠢ ᠰᠤᠩᠭᠤᠬᠤ ᠳᠤ ᠭᠤᠤᠯᠳᠠᠭᠤ ᠲᠤᠮᠳᠠᠳᠤ ᠤᠯᠤᠰ ᠤᠨ ᠤᠨᠴᠠᠯᠢᠭ | ᠪᠦᠬᠦᠢ ᠨᠡᠶᠢᠭᠡᠮ ᠵᠢᠷᠤᠮ ᠤᠨ ᠤᠯᠤᠰ ᠲᠦᠷᠤ ᠶᠢᠨ ᠬᠦᠭᠵᠢᠯᠲᠡ ᠶᠢᠨ ᠵᠠᠮ ᠢ ᠪᠠᠷᠢᠮᠲᠠᠯᠠᠨ᠂ ᠨᠠᠮ ᠤᠨ | ᠵᠤᠷᠢᠯᠲᠠ ᠪᠠ ᠰᠢᠢᠳᠪᠤᠷᠢᠲᠤ ᠪᠤᠳᠤᠯᠭ᠎ᠠ ᠶᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠠ ᠤᠯᠤᠰ | ᠲᠦᠷᠤ ᠶᠢᠨ ᠵᠦᠪᠯᠡᠯᠭᠡᠨ ᠤ ᠠᠵᠢᠯ ᠤᠨ ᠲᠤᠮᠳᠠ ᠴᠢᠳᠠᠮᠠᠭᠠᠢ ᠪᠠᠷ ᠲᠤᠤᠱᠯᠠᠭᠤᠯᠵᠤ ᠴᠢᠳᠠᠳᠠᠭ᠂ ᠠᠵᠢᠯ | ᠤᠨ ᠲᠤᠷᠰᠢᠯᠭ᠎ᠠ ᠪᠠᠶᠠᠯᠢᠭ᠂ ᠺᠠᠳ᠋ᠷ ᠤᠯᠡᠨ ᠲᠦᠮᠡᠨ ᠤ ᠲᠤᠮᠳᠠ ᠨᠡᠯᠢᠶᠡᠳ ᠦᠨᠳᠤᠷ ᠨᠡᠷ᠎ᠡ ᠬᠦᠨᠳᠤ ᠲᠠᠢ ᠺᠠᠳ᠋ᠷ ᠢ | ᠰᠤᠩᠭᠤᠨ᠎ᠡ︔ ᠤᠳᠤᠷᠢᠳᠬᠤ ᠪᠠᠭ ᠤᠨ ᠪᠦᠲᠤᠴᠡ ᠶᠢ ᠰᠢᠯᠢᠳᠡᠭᠵᠢᠭᠦᠯᠤᠨ᠎ᠡ᠂ ᠡᠯ᠎ᠡ ᠵᠦᠢᠯ ᠤᠨ ᠰᠢᠯᠢᠳᠡᠭ | ᠴᠢᠳᠠᠪᠤᠷᠢᠲᠡᠨ ᠤ ᠤᠳᠤᠷᠢᠳᠬᠤ ᠺᠠᠳ᠋ᠷ ᠤᠨ ᠡᠩᠨᠡᠭᠡᠨ ᠳᠤ ᠤᠷᠤᠬᠤ ᠵᠠᠮ ᠢ ᠢᠳᠡᠪᠬᠢᠲᠠᠢ ᠦᠷᠭᠡᠳᠭᠡᠨ᠂ | ᠶᠡᠷᠤᠩᠬᠡᠢ ᠴᠢᠨᠡᠷ ᠴᠢᠨᠰᠠᠭ᠎ᠠ ᠰᠠᠶᠢᠨ᠂ ᠨᠡᠯᠢᠶᠡᠳ ᠦᠨᠳᠤᠷ ᠮᠡᠳᠡᠯᠭᠡ ᠪᠠ ᠲᠤᠰᠬᠠᠢ ᠮᠡᠷᠭᠡᠵᠢᠯ ᠤᠨ ᠲᠦᠪᠰᠢᠨ | ᠲᠠᠢ ᠺᠠᠳ᠋ᠷ ᠢ ᠰᠤᠩᠭᠤᠵᠤ᠂ ᠤᠳᠤᠷᠢᠳᠬᠤ ᠪᠠᠭ ᠤᠨ ᠲᠤᠰᠬᠠᠶᠢᠵᠢᠭᠰᠡᠨ ᠬᠢᠷᠢ ᠬᠡᠮᠵᠢᠶ᠎ᠡ ᠶᠢ ᠲᠡᠭᠡᠭᠰᠢᠯᠡᠭᠦᠯᠤᠨ᠂ | ᠨᠢᠭᠡ ᠤᠳᠤᠷᠢᠳᠬᠤ ᠪᠠᠭ ᠤᠨ ᠲᠤᠲᠤᠷ᠎ᠠ ᠨᠢᠭᠡᠯᠨ ᠲᠦᠷᠤᠯ ᠤᠨ ᠺᠠᠳ᠋ᠷ ᠬᠡᠲᠤ ᠲᠦᠪᠯᠡᠷᠡᠬᠦ ᠶᠢ ᠰᠡᠷᠭᠡᠶᠢᠯᠡᠨ᠎ᠡ᠃ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ | ᠤ ᠪᠠᠭ ᠤᠨ ᠠᠳᠠᠯᠢ ᠪᠤᠰᠤ ᠤᠨᠴᠠᠯᠢᠭ ᠠᠴᠠ ᠡᠭᠦᠰᠴᠤ᠂ ᠨᠠᠮ ᠤᠨ ᠪᠠᠶᠢᠭᠤᠯᠤᠯᠲᠠ᠂ ᠠᠵᠤ ᠠᠬᠤᠢ ᠶᠢᠨ | ᠬᠠᠮᠢᠶᠠᠷᠤᠯᠲᠠ᠂ ᠠᠵᠤ ᠦᠢᠯᠡᠰ ᠤᠨ ᠬᠦᠭᠵᠢᠯᠲᠡ᠂ ᠬᠤᠲᠠ ᠪᠠᠯᠭᠠᠰᠤᠨ ᠤ ᠪᠠᠶᠢᠭᠤᠯᠤᠯᠲᠠ᠂ ᠨᠡᠶᠢᠭᠡᠮ ᠤᠨ | ᠵᠠᠰᠠᠯᠲᠠ᠂ ᠠᠮᠢ ᠠᠬᠤᠢ ᠶᠢᠨ ᠪᠤᠯᠪᠠᠰᠤᠨ ᠤ ᠪᠦᠲᠤᠭᠡᠨ ᠪᠠᠶᠢᠭᠤᠯᠤᠯᠲᠠ ᠵᠡᠷᠭᠡ ᠠᠵᠢᠯ ᠢ ᠦᠢᠯᠠᠭᠠᠳᠠᠭ ᠺᠠᠳ᠋ᠷ ᠢ | ᠲᠤᠬᠢᠷᠠᠭᠤᠯᠵᠤ᠂ ᠺᠠᠳ᠋ᠷ ᠤᠨ ᠰᠠᠯᠠᠭ᠎ᠠ ᠮᠦᠴᠢᠷ ᠠᠯᠤᠰᠯᠠᠨ᠂ ᠠᠵᠢᠯ ᠲᠦᠷᠤᠯ ᠠᠯᠤᠰᠯᠠᠨ ᠰᠤᠯᠢᠯᠴᠠᠬᠤ ᠶᠢ | ᠠᠬᠢᠭᠤᠯᠵᠤ᠂ ᠪᠠᠭ ᠤᠨ ᠪᠦᠬᠦᠶᠢᠯᠨ ᠴᠤᠭᠴᠠ ᠶᠢᠨ ᠴᠢᠳᠠᠪᠬᠢ ᠪᠤᠯᠤᠨ ᠨᠡᠶᠢᠯᠡᠮᠡᠯ ᠬᠦᠴᠤᠨ ᠢ ᠦᠨᠡᠨᠬᠦ | ᠴᠢᠩᠭᠠᠳᠬᠠᠵᠤ᠂ ᠤᠳᠤᠷᠢᠳᠬᠤ ᠪᠠᠭ ᠤᠨ ᠪᠦᠲᠤᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠬᠢᠷᠢ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠦᠢᠯᠡᠳᠤᠯᠭᠡ ᠪᠠᠷ ᠪᠠᠷᠢᠮᠵᠢᠶ᠎ᠠ ᠪᠤᠯᠭᠠᠵᠤ᠂ | ᠰᠤᠷᠤᠯᠴᠠᠵᠤ ᠦᠩᠭᠡᠷᠡᠭᠰᠡᠨ ᠡᠰᠡᠬᠦ᠂ ᠬᠢᠵᠤ ᠦᠩᠭᠡᠷᠡᠭᠰᠡᠨ ᠡᠰᠡᠬᠦ᠂ ᠬᠠᠮᠢᠶᠠᠷᠴᠤ ᠦᠩᠭᠡᠷᠡᠭᠰᠡᠨ ᠡᠰᠡᠬᠦ ᠶᠢ ᠯᠨ | ᠦᠵᠡᠵᠤ ᠪᠤᠯᠬᠤ ᠦᠭᠡᠢ᠂ ᠲᠤᠰᠬᠠᠢ ᠮᠡᠷᠭᠡᠵᠢᠯ ᠤᠨ ᠰᠤᠷᠤᠯᠴᠠᠭᠰᠡᠨ ᠨᠠᠮᠲᠠᠷ᠂ ᠲᠤᠰᠬᠠᠢ ᠮᠡᠷᠭᠡᠵᠢᠯ ᠤᠨ ᠲᠤᠰᠢᠶᠠᠯ | ᠤᠨ ᠴᠤᠯᠨ ᠵᠡᠷᠭᠡ ᠶᠢ ᠲᠦᠬᠦᠮᠬᠡᠨ ᠢᠶᠠᠷ ᠲᠤᠰᠬᠠᠶᠢᠵᠢᠯᠲᠡ ᠭᠡᠵᠤ ᠦᠵᠡᠵᠤ ᠪᠤᠯᠬᠤ ᠦᠭᠡᠢ᠂ ᠬᠠᠷᠢᠨ ᠺᠠᠳ᠋ᠷ ᠤᠨ | ᠠᠵᠢᠯᠯᠠᠭᠰᠡᠨ ᠨᠠᠮᠲᠠᠷ ᠢ ᠬᠢᠨᠠᠮᠠᠭᠠᠢ ᠵᠠᠳᠠᠯᠤᠵᠤ᠂ ᠶᠡᠮᠡᠷ ᠠᠵᠢᠯ ᠬᠢᠭᠰᠡᠨ᠂ ᠶᠡᠮᠡᠷ ᠦᠢᠯᠡᠰ ᠪᠦᠲᠤᠭᠡᠭᠰᠡᠨ᠂ ᠬᠢᠷᠢ | ᠵᠡᠷᠭᠡ ᠬᠢᠭᠰᠡᠨ᠂ ᠬᠠᠮᠢᠶᠠᠷᠤᠭᠰᠡᠨ ᠨᠢ ᠰᠠᠶᠢᠨ ᠮᠠᠭᠤ ᠡᠰᠡᠬᠦ ᠶᠢ ᠦᠵᠡᠨ᠎ᠡ᠂ ᠲᠤᠰᠬᠠᠢ ᠮᠡᠷᠭᠡᠵᠢᠯ ᠤᠨ ᠮᠡᠳᠡᠯᠭᠡ᠂ | ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠰᠤᠷᠲᠠᠯ᠂ ᠲᠤᠰᠬᠠᠢ ᠮᠡᠷᠭᠡᠵᠢᠯ ᠤᠨ ᠵᠤᠷᠢᠭ | ᠰᠠᠨᠠᠭ᠎ᠠ ᠶᠢᠨ ᠪᠤᠲᠠᠲᠠᠢ ᠢᠯᠡᠷᠡᠯ ᠢ ᠨᠢ ᠦᠵᠡᠨ᠎ᠡ᠂ ᠪᠤᠲᠠᠲᠠᠢ ᠠᠵᠢᠯ ᠤᠨ ᠬᠢᠷᠢ ᠪᠦᠲᠤᠮᠵᠢ ᠪᠠ ᠡᠯ᠎ᠡ ᠲᠠᠯ᠎ᠠ | ᠶᠢᠨ ᠬᠢᠨ ᠤ ᠦᠨᠡᠯᠡᠯᠲᠡ ᠠᠴᠠ ᠨᠢᠭᠡ ᠺᠠᠳ᠋ᠷ ᠤᠨ ᠦᠨᠡᠨᠬᠦ ᠦᠢᠯᠠᠭᠠᠬᠤ ᠡᠰᠡᠬᠦ ᠪᠠ ᠲᠤᠬᠠᠢ ᠮᠡᠷᠭᠡᠵᠢᠯ ᠲᠠᠢ | ᠡᠰᠡᠬᠦ ᠶᠢ ᠦᠨᠡᠯᠡᠨ ᠲᠤᠭᠲᠠᠭᠠᠨ᠎ᠠ᠃ ᠨᠢᠭᠡᠳᠤᠯᠲᠠᠢ ᠲᠦᠯᠤᠪᠵᠢᠭᠦᠯᠵᠤ ᠲᠤᠬᠢᠷᠠᠮᠵᠢᠲᠠᠢ ᠲᠤᠬᠢᠷᠠᠭᠤᠯᠤᠨ᠎ᠠ᠂ | ᠠᠳᠠᠯᠢ ᠪᠤᠰᠤ ᠨᠠᠰᠤᠨ ᠤ ᠺᠠᠳ᠋ᠷ ᠢ ᠲᠤᠬᠢᠷᠠᠭᠤᠯᠬᠤ ᠬᠠᠷᠢᠴᠠᠯ ᠢ ᠨᠢᠭᠡᠳᠤᠯᠲᠠᠢ ᠲᠦᠯᠤᠪᠯᠡᠵᠤ᠂᠂ ᠭᠠᠭᠴᠠᠬᠦ ᠨᠠᠰᠤ | ᠪᠠᠷ ᠬᠤᠪᠢᠶᠠᠷᠢᠯᠠᠨ ᠵᠠᠭᠠᠭᠯᠠᠵᠤ ᠪᠤᠯᠬᠤ ᠦᠭᠡᠢ᠂ ᠤᠳᠤᠷᠢᠳᠬᠤ ᠪᠠᠭ ᠤᠨ ᠪᠦᠷᠢᠯᠳᠤᠬᠦᠨ ᠤ ᠲᠤᠰᠢᠶᠠᠯ | ᠡᠭᠦᠷᠭᠡᠯᠡᠬᠦ ᠨᠠᠰᠤ ᠶᠢ ᠱᠠᠲᠤ ᠱᠠᠲᠤ ᠪᠠᠷ ᠬᠠᠰᠤᠬᠤ ᠪᠠ ︽ ᠨᠢᠭᠡᠯᠨ ᠪᠠᠷᠢᠮᠵᠢᠶ᠎ᠠ ᠪᠠᠷ ᠬᠢᠵᠠᠭᠠᠷᠯᠠᠵᠤ︾ ᠪᠤᠯᠬᠤ | ᠦᠭᠡᠢ ᠃ ᠲᠡᠳᠡᠭᠡᠷ ᠨᠠᠰᠤ ᠪᠠᠷ ᠨᠡᠯᠢᠶᠡᠳ ᠶᠡᠭᠡ ᠪᠤᠯᠪᠠᠴᠤ ᠲᠤᠷᠰᠢᠯᠭ᠎ᠠ ᠪᠠᠷ ᠪᠠᠶᠠᠯᠢᠭ᠂ ᠠᠵᠢᠯ ᠦᠢᠯᠡᠰᠴᠢ᠂ | ᠠᠵᠢᠯ ᠳᠠᠭᠠᠨ ᠰᠠᠶᠢᠨ ᠺᠠᠳ᠋ᠷ ᠤᠨ ᠦᠢᠯᠡᠳᠤᠯ ᠢ ᠪᠠᠳᠠᠷᠠᠭᠤᠯᠬᠤ ᠶᠢ ᠠᠩᠬᠠᠷᠤᠨ᠎ᠠ᠃ ᠵᠠᠯᠠᠭᠤ ᠺᠠᠳ᠋ᠷ᠂ ᠡᠮᠡᠭᠲᠠᠢ | ᠺᠠᠳ᠋ᠷ᠂ ᠴᠦᠬᠡᠨ ᠲᠤᠭᠠᠲᠤ ᠦᠨᠳᠤᠰᠤᠲᠡᠨ ᠤ ᠺᠠᠳ᠋ᠷ᠂ ᠨᠠᠮ ᠤᠨ ᠭᠠᠳᠠᠨᠠᠬᠢ ᠺᠠᠳ᠋ᠷ ᠤᠨ ᠲᠤᠬᠢᠷᠠᠭᠤᠯᠤᠯᠲᠠ ᠶᠢ | ᠨᠢᠭᠡᠳᠤᠯᠲᠠᠢ ᠲᠦᠯᠤᠪᠯᠡᠵᠤ᠂ ᠠᠵᠢᠯ ᠤᠨ ᠪᠤᠯᠪᠠᠰᠤᠷᠠᠩᠭᠤᠢ ᠬᠡᠮᠵᠢᠶ᠎ᠡ ᠪᠠ ᠠᠵᠢᠯ ᠤᠨ ᠪᠠᠶᠢᠷᠢ ᠲᠠᠢ ᠲᠤᠬᠢᠷᠠᠯᠴᠠᠬᠤ | ᠡᠰᠡᠬᠦ ᠶᠢ ᠬᠦᠢᠴᠡᠳ ᠪᠤᠳᠤᠯᠬᠢᠯᠠᠨ᠂ ᠤᠯᠤᠰ ᠲᠦᠷᠤ ᠪᠠ ᠦᠢᠯᠡᠳᠤᠯᠭᠡ ᠶᠢᠨ ᠲᠠᠯᠠᠷᠬᠢ ᠲᠠᠪᠳᠡᠨ | ᠪᠤᠯᠪᠠᠰᠤᠷᠠᠭᠤᠯᠤᠯᠲᠠ ᠶᠢ ᠴᠢᠬᠤᠯᠠᠴᠢᠯᠠᠨ᠂ ᠴᠢᠨᠠᠷ ᠴᠢᠨᠰᠠᠭ᠎ᠠ ᠪᠤᠯᠤᠨ ᠶᠠᠰᠤ ᠴᠢᠨᠠᠷ ᠤᠨ ᠪᠤᠭᠤᠮᠳᠠ ᠶᠢ | ᠰᠠᠶᠢᠲᠤᠷ ᠠᠳᠬᠤᠵᠤ᠂ ᠶᠠᠰᠤ ᠴᠢᠨᠠᠷ ᠢ ᠪᠠᠲᠤᠯᠠᠭᠰᠡᠨ ᠤᠷᠢᠳᠡᠯ ᠲᠤᠤᠷ᠎ᠠ ᠲᠤᠬᠢᠷᠠᠭᠤᠯᠬᠤ ᠵᠤᠬᠢᠰᠲᠠᠢ ᠶᠢ ᠨᠢ | ᠪᠦᠬᠦᠨ ᠢ ᠲᠤᠬᠢᠷᠠᠭᠤᠯᠵᠤ᠂ ᠦᠨᠡᠬᠡᠷ ᠪᠦᠷᠢᠨ ᠲᠤᠬᠢᠷᠠᠭᠤᠯᠵᠤ ᠲᠡᠶᠢᠯᠬᠦ ᠦᠭᠡᠢ ᠪᠤᠯ᠂ ᠤᠷᠤᠨ ᠲᠤᠭ᠎ᠠ ᠶᠢ ᠨᠢ | ᠦᠯᠡᠳᠡᠭᠡᠵᠤ ᠬᠤᠭᠤᠴᠠᠭᠠᠨ ᠲᠤᠮᠳᠠ ᠨᠦᠬᠦᠪᠤᠷᠢᠯᠡᠨ᠎ᠡ᠂ ᠲᠠᠩ ᠭᠠᠭᠴᠠ ᠪᠦᠲᠤᠴᠡ ᠶᠢᠨ ᠱᠠᠭᠠᠷᠳᠠᠯᠭ᠎ᠠ ᠪᠠ | ᠨᠠᠰᠤᠨ ᠤ ᠱᠠᠭᠠᠷᠳᠠᠯᠭ᠎ᠠ ᠶᠢ ᠬᠠᠩᠭᠠᠬᠤ ᠶᠢᠨ ᠲᠦᠯᠤᠭᠡ ᠪᠠᠷᠢᠮᠵᠢᠶ᠎ᠠ ᠶᠢ ᠨᠢ ᠲᠤᠷᠤᠭᠰᠢᠯᠠᠭᠤᠯᠵᠤ ᠵᠠᠪᠠᠯ | ᠲᠤᠬᠢᠷᠠᠭᠤᠯᠬᠤ ᠪᠢᠰᠢ᠃ | ᠲᠦᠷᠪᠡᠳᠤᠭᠡᠷ ᠲᠤ᠂ ᠲᠦᠯᠤᠭᠡᠯᠡᠭᠴᠢ ᠭᠡᠰᠢᠭᠦᠨ ᠢ ᠲᠤᠲᠤᠷᠠᠭᠤᠯᠬᠤ ᠪᠠ ᠶᠡᠭᠡ ᠬᠤᠷᠠᠯ ᠤᠨ ᠰᠤᠩᠭᠤᠭᠤᠯᠢ ᠶᠢᠨ | ᠠᠵᠢᠯ ᠢ ᠨᠢᠮᠪᠠᠢ ᠰᠠᠶᠢᠲᠤᠷ ᠬᠢᠨ᠎ᠠ᠃ ᠲᠦᠯᠤᠭᠡᠯᠡᠭᠴᠢ ᠭᠡᠰᠢᠭᠦᠨ ᠢ ᠲᠤᠲᠤᠷᠠᠭᠤᠯᠬᠤ ᠪᠤᠯ ᠬᠤᠭᠤᠴᠠᠭ᠎ᠠ ᠰᠤᠯᠢᠬᠤ | ᠠᠵᠢᠯ ᠢ ᠰᠠᠶᠢᠲᠤᠷ ᠬᠢᠬᠦ ᠶᠢᠨ ᠰᠠᠭᠤᠷᠢ ᠂ᠶᠡᠭᠡ ᠬᠤᠷᠠᠯ ᠤᠨ ᠰᠤᠩᠭᠤᠭᠤᠯᠢ ᠶᠢ ᠰᠠᠶᠢᠲᠤᠷ ᠵᠤᠬᠢᠶᠠᠨ | ᠪᠠᠶᠢᠭᠤᠯᠬᠤ ᠪᠤᠯ ᠵᠠᠩᠬᠢᠯᠠᠭ᠎ᠠ ᠶᠢᠨ ᠭᠤᠭᠴᠤᠭ᠎ᠠ ᠃ ᠲᠦᠯᠤᠭᠡᠯᠡᠭᠴᠢ᠂ ᠭᠡᠰᠢᠬᠦᠨ ᠢ ᠲᠤᠲᠤᠷᠠᠭᠤᠯᠬᠤ ᠳᠤ ᠨᠠᠮ | ᠤᠨ ᠵᠤᠬᠢᠶᠠᠨ ᠪᠠᠶᠢᠭᠤᠯᠤᠯᠲᠠ ᠠᠴᠠ ᠭᠤᠤᠯᠯᠠᠨ ᠵᠢᠯᠤᠭᠤᠳᠤᠨ᠎ᠠ᠂ ᠦᠨᠳᠤᠰᠤᠨ ᠬᠠᠤᠯᠢ ᠪᠠ ᠬᠠᠤᠯᠢ ᠴᠠᠭᠠᠵᠠ ᠳᠤ | ᠲᠤᠭᠲᠠᠭᠰᠡᠨ ᠦᠨᠳᠤᠰᠤᠨ ᠨᠦᠬᠦᠴᠡᠯ ᠢ ᠴᠢᠩᠭ᠎ᠠ ᠬᠡᠷᠡᠭᠵᠢᠭᠦᠯᠤᠨ᠂ ᠲᠠᠨᠢᠯᠴᠠᠭᠤᠯᠬᠤ᠂ ᠨᠡᠷ᠎ᠡ ᠲᠤᠷᠠᠳᠬᠤ᠂ | ᠰᠢᠯᠭᠠᠨ ᠪᠠᠶᠢᠴᠠᠭᠠᠬᠤ ᠵᠡᠷᠭᠡ ᠡᠯ᠎ᠡ ᠶᠠᠪᠤᠴᠠ ᠳᠤ ᠤᠯᠤᠰ ᠲᠦᠷᠤ ᠶᠢᠨ ᠪᠤᠭᠤᠮᠲᠠ᠂ ᠴᠢᠨᠠᠷ ᠴᠢᠨᠰᠠᠭ᠎ᠠ ᠶᠢᠨ | ᠪᠤᠭᠤᠮᠲᠠ ᠪᠠ ᠪᠦᠲᠤᠴᠡ ᠶᠢᠨ ᠪᠤᠭᠤᠮᠲᠠ ᠶᠢ ᠰᠠᠶᠢᠲᠤᠷ ᠠᠳᠬᠤᠨ᠎ᠠ᠃ ᠤᠯᠤᠰ ᠲᠦᠷᠤ ᠶᠢᠨ ᠪᠤᠭᠤᠮᠲᠠ ᠶᠢ | ᠲᠡᠷᠢᠭᠦᠨ ᠳᠤ ᠲᠠᠯᠪᠢᠵᠤ᠂ ᠤᠯᠤᠰ ᠲᠦᠷᠤ ᠶᠢᠨ ᠰᠠᠬᠢᠯᠭ᠎ᠠ ᠪᠠᠲᠤ ᠪᠤᠯᠤᠨᠤᠯᠤᠰ ᠲᠦᠷᠤ ᠶᠢᠨ ᠶᠤᠰᠤ ᠲᠦᠷᠢᠮ | ᠢ ᠦᠯᠤ ᠰᠠᠬᠢᠬᠤ᠂ ᠪᠦᠯᠤᠭ᠍ᠯᠡᠨ ᠰᠦᠯᠪᠡᠭᠡᠯᠳᠤᠬᠦ᠂ ᠨᠠᠮ ᠰᠦᠯᠪᠡᠭᠡ ᠪᠠᠶᠢᠭᠤᠯᠤᠨ ᠬᠤᠪᠢ ᠶᠢᠨ ᠬᠡᠷᠡᠭ ᠢ | ᠦᠢᠯᠡᠳᠬᠦ᠂ ᠦᠩᠭᠡᠨ ᠲᠡᠭᠡᠷ᠎ᠡ ᠪᠠᠨ ᠲᠠᠭᠠᠵᠤ ᠲᠠᠯᠳᠠᠭᠤᠷ ᠵᠦᠷᠢᠴᠡᠬᠦ᠂ ᠦᠪᠡᠷ ᠦᠪᠡᠷ ᠤᠨ ᠰᠠᠨᠠᠭ᠎ᠠ ᠪᠠᠷ | ᠢᠶᠠᠨ ᠬᠢᠬᠦ᠂ ᠨᠠᠮ ᠤᠨ ᠲᠦᠪ ᠬᠤᠷᠢᠶ᠎ᠠ ᠶᠢ ᠲᠤᠷ᠎ᠠ ᠪᠠᠷ ᠶᠠᠷᠢᠬᠤ ᠬᠦᠮᠤᠰ᠂ ᠤᠯᠤᠰ ᠪᠠ ᠠᠷᠠᠳ ᠲᠦᠮᠡᠨ ᠤ | ᠠᠰᠢᠭ ᠲᠤᠰᠡ ᠶᠢ ᠬᠤᠬᠢᠷᠠᠭᠤᠯᠬᠤ᠂ ᠦᠨᠳᠤᠰᠤᠲᠡᠨ ᠤ ᠪᠦᠯᠬᠦᠮᠳᠡᠯ ᠢ ᠡᠪᠳᠡᠬᠦ᠂ ᠨᠡᠶᠢᠭᠡᠮ ᠤᠨ ᠲᠤᠭᠲᠠᠭᠤᠨ ᠢ | ᠨᠦᠯᠤᠭᠡᠯᠡᠬᠦ᠂ ᠦᠢᠯᠨ ᠠᠵᠢᠯᠯᠠᠭ᠎ᠠ ᠲᠦᠪ ᠪᠤᠰᠤ᠂ ᠶᠤᠰᠤ ᠰᠤᠷᠲᠠᠬᠤᠨ ᠲᠤᠷᠤᠶᠢᠲᠠᠬᠤ᠂ ᠬᠡᠬᠡᠯᠢ ᠲᠦᠯᠬᠢᠬᠦ ᠪᠠ | ᠠᠪᠬᠤ᠂ ᠡᠷᠬᠡ ᠮᠦᠩᠭᠦᠨ ᠠᠷᠠᠯᠵᠢᠶᠠᠯᠠᠬᠤ᠂ ᠬᠡᠬᠡᠯᠢ ᠲᠦᠯᠬᠢᠵᠤ ᠪᠢᠯᠧᠲ ᠲᠠᠲᠠᠬᠤ ᠵᠡᠷᠭᠡ ᠬᠠᠤᠯᠢ ᠪᠤᠰᠤ | ᠠᠵᠢᠯᠯᠠᠭ᠎ᠠ ᠲᠠᠢ ᠬᠦᠮᠤᠰ ᠢ ᠲᠠᠨᠢᠯᠴᠠᠭᠤᠯᠤᠨ ᠨᠠᠷᠠ ᠲᠤᠷᠠᠳᠬᠤ ᠪᠠ ᠦᠷᠬᠦᠯᠵᠢᠯᠠᠨ ᠲᠦᠯᠤᠭᠡᠯᠡᠭᠴᠢ ᠭᠡᠰᠢᠬᠦᠨ | ᠢᠶᠠᠷ ᠨᠠᠷᠠ ᠲᠤᠷᠠᠳᠴᠤ ᠪᠤᠯᠬᠤ ᠦᠭᠡᠢ᠃ ᠴᠢᠨᠠᠷ ᠴᠢᠨᠰᠠᠭ᠎ᠠ ᠶᠢᠨ ᠪᠤᠭᠤᠮᠲᠠ ᠶᠢ ᠪᠠᠲᠤᠲᠠᠢ ᠠᠳᠬᠤᠵᠤ᠂ ᠠᠵᠢᠯ | ᠵᠦᠪᠯᠡᠬᠦ ᠴᠢᠳᠠᠪᠤᠷᠢ ᠪᠠ ᠨᠠᠮ ᠤᠨ ᠭᠡᠰᠢᠬᠦᠨ ᠤᠯᠡᠨ ᠲᠦᠮᠡᠨ ᠲᠠᠢ ᠬᠠᠷᠢᠯᠴᠠᠬᠤ ᠴᠢᠳᠠᠪᠤᠷᠢ ᠲᠠᠢ᠂ ᠶᠤᠰᠤ | ᠰᠤᠷᠲᠠᠬᠤᠨ ᠨᠠᠶᠢᠭᠡᠮ ᠤᠨ ᠲᠦᠷᠢ ᠲᠦᠷᠬᠦ ᠨᠡᠯᠢᠶᠡᠳ ᠰᠠᠶᠢᠨ᠂ ᠬᠤᠰᠢᠭᠤᠴᠢ ᠵᠢᠱᠢᠶᠡᠴᠢ ᠦᠢᠯᠡᠳᠤᠯ ᠬᠦᠢᠴᠡᠳ | ᠪᠠᠳᠠᠷᠠᠭᠤᠯᠵᠤ ᠲᠠᠶᠢᠯᠬᠦ ᠬᠦᠮᠤᠰ ᠢ ᠰᠤᠩᠭᠤᠵᠤ ᠲᠦᠯᠤᠭᠡᠯᠡᠭᠴᠢ ᠭᠡᠰᠢᠬᠦᠨ ᠤ ᠵᠢᠱᠢᠭᠳᠡᠭᠴᠢ ᠪᠤᠯᠭᠠᠨ᠎ᠠ᠃ | ᠪᠦᠲᠤᠴᠡ ᠶᠢᠨ ᠪᠤᠭᠤᠮᠲᠠ ᠶᠢ ᠰᠠᠶᠢᠲᠤᠷ ᠠᠳᠬᠤᠨ᠎ᠠ᠂ ᠲᠦᠯᠤᠭᠡᠯᠡᠭᠴᠢ ᠭᠡᠰᠢᠬᠦᠨ ᠤ ᠪᠡᠶ᠎ᠡ ᠶᠢᠨ ᠭᠠᠷᠤᠯ ᠤᠨ | ᠦᠨᠡᠨ ᠪᠤᠲᠠᠲᠠᠢ ᠴᠢᠨᠠᠷ ᠪᠠ ᠦᠷᠭᠡᠨ ᠲᠡᠯᠭᠡᠷᠡᠩᠬᠦᠢ ᠴᠢᠨᠠᠷ ᠢ ᠪᠠᠷᠢᠮᠲᠠᠯᠠᠵᠤ᠂ ᠪᠡᠶ᠎ᠡ ᠶᠢᠨ ᠭᠠᠷᠤᠯ ᠦᠨᠡᠨ | ᠪᠤᠲᠠᠲᠠᠢ ᠪᠢᠰᠢ᠂ ᠡᠰᠡᠭᠦᠯ᠎ᠡ ᠪᠡᠶ᠎ᠡ ᠶᠢᠨ ᠭᠠᠷᠤᠯ ᠢᠶᠠᠨ ᠦᠭᠡᠷᠡᠴᠢᠯᠡᠵᠤ ᠬᠢᠨᠠᠨ ᠪᠠᠶᠢᠴᠠᠭᠠᠯᠲᠠ ᠠᠴᠠ ᠵᠠᠶᠢᠯᠠᠰᠬᠢᠬᠦ | ᠶᠢ ᠰᠡᠷᠭᠡᠶᠢᠯᠡᠨ᠂ ᠠᠵᠢᠯᠴᠢᠨ᠂ ᠮᠠᠯᠴᠢᠨ᠂ ᠲᠤᠰᠬᠠᠢ ᠮᠡᠷᠭᠡᠵᠢᠯᠲᠡᠨ ᠤ ᠤᠷᠤᠨ ᠲᠤᠭ᠎ᠠ ᠶᠢ ᠡᠵᠡᠯᠡᠬᠦ ᠠᠴᠠ | ᠰᠡᠷᠭᠡᠶᠢᠯᠡᠵᠤ᠂ ᠪᠡᠶ᠎ᠡ ᠶᠢᠨ ᠭᠠᠷᠤᠯ ᠤᠨ ᠲᠠᠯ᠎ᠠ ᠪᠠᠷ ᠬᠤᠳᠠᠯ ᠬᠡᠯᠡᠵᠤ ᠬᠠᠭᠤᠷᠮᠠᠭ ᠵᠤᠬᠢᠶᠠᠬᠤ ᠶᠢ ᠡᠷᠡᠰ | ᠬᠢᠵᠠᠭᠠᠷᠯᠠᠵᠤ᠂ ᠲᠦᠯᠤᠭᠡᠯᠡᠭᠴᠢ ᠭᠡᠰᠢᠬᠦᠨ ᠤ ᠶᠠᠰᠤ ᠴᠢᠨᠠᠷ ᠢ ᠦᠨᠡᠨᠬᠦ ᠲᠡᠭᠡᠭᠰᠢᠯᠡᠬᠦᠯᠤᠨ᠎ᠡ᠃ ᠨᠠᠷᠢᠨ ᠨᠢᠮᠪᠠᠢ | ᠵᠤᠬᠢᠶᠠᠨ ᠪᠠᠶᠢᠭᠤᠯᠵᠤ ᠰᠤᠩᠭᠤᠭᠤᠯᠢ ᠶᠢᠨ ᠠᠵᠢᠯ ᠢ ᠰᠠᠶᠢᠲᠤᠷ ᠬᠢᠨ᠎ᠠ᠂ ᠨᠢᠭ᠌ᠲᠡ ᠴᠢᠩᠭ᠎ᠠ ᠲᠦᠷᠢᠮᠵᠢᠭᠰᠡᠨ ᠠᠵᠢᠯ | ᠤᠨ ᠲᠦᠰᠤᠯ ᠪᠠ ᠰᠢᠨᠵᠢᠯᠡᠬᠦ ᠤᠬᠠᠭᠠᠨᠴᠢ ᠰᠤᠩᠭᠤᠭᠤᠯᠢ ᠶᠢᠨ ᠠᠷᠭ᠎ᠠ ᠶᠢ ᠰᠤᠳᠤᠯᠤᠨ ᠲᠤᠭᠲᠠᠭᠠᠵᠤ᠂ | ᠬᠤᠭᠤᠴᠠᠭ᠎ᠠ ᠰᠤᠯᠢᠬᠤ ᠠᠵᠢᠯᠲᠡᠨ ᠤ ᠶᠠᠪᠤᠳᠠᠯ ᠤᠨ ᠲᠤᠬᠢᠷᠠᠭᠤᠯᠤᠯᠲᠠ ᠶᠢᠨ ᠲᠦᠰᠤᠯ ᠢ ᠲᠠᠶᠢᠯᠪᠤᠷᠢᠯᠠᠬᠤ ᠠᠵᠢᠯ | ᠢ ᠰᠠᠶᠢᠲᠤᠷ ᠬᠢᠵᠤ᠂ ᠵᠢᠱᠢᠭᠳᠡᠭᠰᠡᠳ ᠢ ᠲᠠᠨᠢᠯᠴᠠᠭᠤᠯᠬᠤ ᠠᠷᠭ᠎ᠠ ᠶᠢ ᠬᠠᠯᠠᠨ ᠰᠠᠶᠢᠵᠢᠷᠠᠭᠤᠯᠵᠤ᠂ ᠲᠠᠨᠢᠯᠴᠠᠭᠤᠯᠬᠤ | ᠠᠭᠤᠯᠭ᠎ᠠ ᠶᠢ ᠪᠦᠷᠢᠨᠰᠢᠬᠦᠯᠵᠤ᠂ ᠰᠤᠩᠭᠤᠭᠤᠯᠢ ᠶᠢᠨ ᠠᠯᠬᠤᠮ ᠲᠠᠷᠠᠭᠠᠯᠠᠯ ᠪᠠ ᠪᠢᠯᠧᠲ ᠦᠭᠬᠦ ᠬᠡᠯᠪᠡᠷᠢ ᠶᠢ | ᠲᠡᠭᠦᠯᠳᠡᠷᠵᠢᠭᠦᠯᠤᠨ᠂ ᠤᠳᠤᠷᠢᠳᠬᠤ ᠪᠠᠭ ᠤᠨ ᠪᠦᠲᠤᠭᠡᠨ ᠪᠠᠶᠢᠭᠤᠯᠤᠯᠲᠠ ᠶᠢᠨ ᠲᠤᠬᠠᠢ ᠲᠡᠭᠡᠳᠤ ᠱᠠᠲᠤᠨ ᠤ | ᠴᠢᠭᠯᠡᠯᠲᠡ᠂ ᠲᠦᠷᠤ ᠶᠢᠨ ᠪᠤᠳᠤᠯᠭ᠎ᠠ᠂ ᠱᠠᠭᠠᠷᠳᠠᠯᠭ᠎ᠠ ᠶᠢ ᠲᠤᠲᠤᠷᠬᠠᠢ ᠶᠠᠷᠢᠵᠤ᠂ ᠠᠵᠢᠯᠲᠡᠨ ᠤ ᠶᠠᠪᠤᠳᠠᠯ ᠤᠨ | ᠲᠤᠬᠢᠷᠠᠭᠤᠯᠤᠯᠲᠠ ᠶᠢᠨ ᠲᠦᠰᠤᠯ ᠤᠨ ᠪᠤᠢ ᠪᠤᠯᠤᠭᠰᠡᠨ ᠶᠠᠪᠤᠴᠠ ᠶᠢ ᠲᠤᠲᠤᠷᠬᠠᠢ ᠶᠠᠷᠢᠵᠤ᠂ ᠨᠡᠷ᠎ᠡ ᠲᠤᠷᠠᠳᠬᠤ | ᠰᠢᠯᠲᠠᠭᠠᠨ ᠢ ᠲᠤᠲᠤᠷᠬᠠᠢ ᠶᠠᠷᠢᠵᠤ᠂ ᠲᠦᠯᠤᠭᠡᠯᠡᠭᠴᠢ ᠭᠡᠰᠢᠬᠦᠨ ᠢ ᠵᠢᠯᠤᠭᠤᠳᠴᠤ ᠠᠷᠠᠳᠴᠢᠯᠠᠯ ᠪᠠ ᠲᠦᠪᠯᠡᠷᠡᠯ᠂ | ᠡᠷᠬᠡ ᠪᠠ ᠬᠠᠷᠢᠭᠤᠴᠠᠯᠭ᠎ᠠ ᠶᠢᠨ ᠬᠠᠷᠢᠴᠠᠭ᠎ᠠ ᠶᠢ ᠵᠦᠪ ᠢᠶᠠᠷ ᠰᠢᠢᠳᠪᠤᠷᠢᠯᠡᠵᠤ᠂ ᠠᠷᠠᠳᠴᠢᠯᠠᠯ ᠤᠨ ᠡᠷᠬᠡ ᠪᠠᠨ | ᠵᠦᠪ ᠬᠡᠷᠡᠭᠵᠢᠭᠦᠯᠤᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠰᠤᠩᠭᠤᠭᠤᠯᠢ ᠶᠢᠨ ᠠᠵᠢᠯ ᠤᠨ | ᠤᠳᠤᠷᠢᠳᠤᠯᠭ᠎ᠠ ᠶᠢ ᠴᠢᠩᠭᠠᠳᠬᠠᠨ᠂ ᠰᠤᠩᠭᠤᠭᠤᠯᠢ ᠶᠢᠨ ᠠᠵᠢᠯ ᠤᠨ ᠲᠦᠰᠤᠯ ᠤᠨ ᠬᠡᠷᠡᠭᠵᠢᠭᠦᠯᠤᠭ᠍ᠳᠡᠬᠦ | ᠶᠠᠪᠤᠴᠠ ᠶᠢ ᠨᠢᠭᠲᠠ ᠠᠩᠬᠠᠷᠤᠨ᠂ ᠠᠰᠠᠭᠤᠳᠠᠯ ᠭᠠᠷᠤᠭᠰᠠᠭᠠᠷ ᠴᠠᠭ ᠲᠤᠬᠠᠢ ᠳᠤᠨᠢ ᠰᠤᠳᠤᠯᠤᠨ ᠰᠢᠢᠳᠪᠤᠷᠢᠯᠡᠵᠤ᠂ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ ᠬᠤᠷᠠᠯ ᠤᠨ | ᠬᠤᠭᠤᠴᠠᠭᠠᠨ ᠳᠤ ᠲᠦᠷ ᠴᠠᠭ ᠤᠨ ᠨᠠᠮ ᠤᠨ ᠵᠤᠬᠢᠶᠠᠨ ᠪᠠᠶᠢᠭᠤᠯᠤᠯᠲᠠ ᠪᠠᠶᠢᠭᠤᠯᠤᠨ᠂ ᠵᠦᠷᠢᠶᠡᠲᠤ ᠲᠤᠭᠠᠨ ᠤ | ᠵᠢᠱᠢᠭᠳᠡᠭᠰᠡᠳ ᠤᠨ ᠨᠠᠷᠠᠰ ᠲᠤ ᠵᠢᠯᠤᠭᠤᠳᠬᠤ ᠰᠠᠨᠠᠯ ᠭᠠᠷᠭᠠᠵᠤ᠂ ᠰᠤᠩᠭᠤᠭᠤᠯᠢ ᠶᠢᠨ ᠠᠵᠢᠯ ᠤᠨ | ᠤᠳᠤᠷᠢᠳᠬᠤ ᠡᠷᠬᠡ ᠪᠤᠯᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ᠃ | ᠭᠤᠷᠪᠠ᠂ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠢᠭᠤᠨ ᠴᠢᠭᠡᠴᠢ | ᠲᠦᠪ ᠭᠤᠤᠯᠴᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠡᠭᠦᠳᠤᠨ᠎ᠡ | ᠬᠤᠭᠤᠴᠠᠭ᠎ᠠ ᠰᠤᠯᠢᠬᠤ ᠠᠵᠢᠯ ᠤᠨ ᠰᠤᠷᠲᠠᠯ ᠢ ᠴᠢᠩᠳᠠᠯᠠᠬᠤ ᠪᠤᠯ ᠬᠤᠭᠤᠴᠠᠭ᠎ᠠ ᠰᠤᠯᠢᠬᠤ ᠠᠵᠢᠯ ᠠᠮᠵᠢᠯᠲᠡ | ᠤᠯᠬᠤ ᠶᠢᠨ ᠴᠢᠬᠤᠯᠨ ᠪᠠᠲᠤᠯᠠᠭ᠎ᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠨ ᠠᠭᠤᠯᠭ᠎ᠠ᠃ | ᠡᠯ᠎ᠡ ᠱᠠᠲᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠡᠬᠢᠯᠡᠮᠡᠨᠵᠢᠨ ᠲᠠᠷᠤᠢ ᠶᠤᠰᠤ ᠲᠦᠷᠢᠮ | ᠪᠠᠶᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠨ᠂ ᠬᠤᠭᠤᠴᠠᠭ᠎ᠠ ᠰᠤᠯᠢᠬᠤ ᠤᠪᠤᠷ ᠰᠤᠷᠲᠠᠯ ᠢ ᠴᠢᠩᠭᠠᠳᠬᠠᠨ᠎ᠠ᠃ | ᠨᠢᠭᠡ ᠳᠤ ᠰᠡᠷᠡᠮᠵᠢᠭᠦᠯᠤᠯ ᠤᠨ ᠰᠤᠷᠭᠠᠨ ᠬᠦᠮᠤᠵᠢᠯ ᠢ ᠴᠢᠩᠭᠠᠳᠬᠠᠨ᠎ᠠ᠃ ᠤᠷᠢᠳᠠᠪᠡᠷ ᠰᠤᠷᠭᠠᠨ ᠬᠦᠮᠤᠵᠢᠬᠦᠯᠬᠦ᠂ | ᠤᠷᠢᠳᠠᠪᠡᠷ ᠰᠡᠷᠡᠮᠵᠢᠯᠡᠬᠦᠯᠬᠦ᠂ ᠤᠷᠢᠳᠡᠪᠡᠷ ᠰᠡᠷᠭᠡᠶᠢᠯᠡᠬᠦ ᠶᠢ ᠲᠤᠪᠤᠶᠢᠯᠭᠠᠨ᠂ ︽ᠲᠦᠷᠪᠡ ᠶᠢ ᠡᠷᠬᠡᠪᠰᠢ ᠶᠠᠷᠢᠯᠴᠠᠬᠤ | ᠲᠦᠷᠪᠡ ᠶᠢ ᠡᠷᠬᠡᠪᠰᠢ ᠪᠤᠯᠪᠠᠰᠤᠷᠠᠭᠤᠯᠬᠤ︾ ᠱᠠᠭᠠᠷᠳᠠᠯᠭ᠎ᠠ ᠶᠤᠰᠤᠭᠠᠷ᠂ ᠺᠠᠳ᠋ᠷ ᠢ ᠰᠤᠩᠭᠤᠨ ᠲᠡᠪᠰᠢᠬᠦᠯᠵᠤ | ᠬᠡᠷᠡᠭᠯᠡᠬᠦ ᠪᠠ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠦᠷᠤ ᠶᠢᠨ ᠪᠤᠳᠤᠯᠭ᠎ᠠ ᠬᠠᠤᠯᠢ ᠲᠦᠷᠢᠮ | ᠢ ᠬᠦᠨᠵᠡᠭᠡᠢ ᠰᠤᠷᠤᠯᠴᠠᠨ ᠤᠬᠠᠭᠤᠯᠵᠤ᠂ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ | ᠶᠢᠨ ᠰᠢᠳᠭᠡᠯ ᠦᠭᠬᠦ ᠲᠦᠷᠢᠮ︾᠂ ︽ ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠭᠡᠴᠢ | ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾ ᠵᠡᠷᠭᠡ ᠨᠠᠮ ᠤᠨ ᠲᠤᠲᠤᠭᠠᠳᠤᠬᠢ ᠬᠠᠤᠯᠢ ᠲᠦᠷᠢᠮ ᠢ ᠰᠤᠷᠤᠯᠴᠠᠵᠤ᠂ | ︽ ᠶᠢᠰᠤ ᠶᠢ ᠡᠷᠡᠰ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠤᠯᠤᠨ ︽ᠶᠢᠰᠤ ᠶᠢ ᠡᠷᠬᠡᠪᠰᠢ | ᠰᠢᠳᠬᠡᠬᠦ︾ ᠲᠤᠭᠲᠠᠭᠠᠯ ᠢ ᠰᠤᠷᠤᠯᠴᠠᠨ᠂ ︽ ᠬᠤᠶᠠᠷ ᠹᠡᠯᠢᠮ ᠨᠢᠭᠡ ᠨᠤᠮ︾ ᠢ ᠡᠷᠬᠡᠪᠰᠢ ᠦᠵᠡᠵᠤ ᠡᠷᠬᠡᠪᠰᠢ | ᠰᠤᠷᠤᠯᠴᠠᠬᠤ ᠮᠠᠲ᠋ᠧᠷᠢᠶᠠᠯ ᠪᠤᠯᠭᠠᠨ᠂ ᠬᠤᠷᠠᠯ ᠳᠤ ᠤᠷᠤᠯᠴᠠᠬᠤ ᠬᠦᠮᠤᠰ ᠢ ᠵᠤᠬᠢᠶᠠᠨ ᠪᠠᠶᠢᠭᠤᠯᠵᠤ | ᠰᠠᠷᠡᠮᠵᠢᠬᠦᠯᠤᠯ ᠤᠨ ᠹᠡᠯᠢᠮ ᠦᠵᠡᠬᠦᠯᠬᠦ ᠶᠢ ᠰᠤᠩᠭᠤᠭᠤᠯᠢ ᠠᠴᠠ ᠡᠮᠤᠨ᠎ᠡ ᠵᠠᠪᠠᠯ ᠶᠠᠪᠤᠭᠳᠠᠭᠤᠯᠬᠤ ᠶᠠᠪᠤᠴᠠ | ᠪᠤᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠦᠨᠳᠤᠳᠭᠡᠨ ᠵᠢᠷᠤᠬᠡᠰᠢᠬᠦ ᠰᠡᠳᠬᠢᠯᠭᠡ ᠪᠠ ᠰᠠᠬᠢᠯᠭ᠎ᠠ | ᠪᠠᠲᠤ ᠶᠢᠨ ᠤᠬᠠᠮᠰᠠᠷ ᠢ ᠦᠨᠡᠨᠬᠦ ᠴᠢᠩᠭᠠᠳᠬᠠᠨ᠎ᠠ᠃ ᠵᠦᠪ ᠲᠠᠯ᠎ᠠ ᠶᠢᠨ ᠬᠦᠮᠤᠵᠢᠯ ᠪᠠ ᠨᠠᠵᠠᠭᠠᠢ ᠲᠠᠯ᠎ᠠ ᠶᠢᠨ | ᠰᠡᠷᠡᠮᠵᠢᠬᠦᠯᠤᠯ ᠢ ᠬᠠᠷᠢᠯᠴᠠᠨ ᠤᠶᠠᠯᠳᠤᠭᠤᠯᠵᠤ᠂ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠤᠨ ᠲᠤᠬᠠᠢ ᠰᠠᠬᠢᠯᠭ᠎ᠠ ᠪᠠᠲᠤ | ᠶᠢᠨ ᠱᠠᠭᠠᠷᠳᠠᠯᠭ᠎ᠠ ᠶᠢ ᠶᠡᠬᠡᠪᠡᠷ ᠤᠬᠠᠭᠤᠯᠤᠨ᠂ ᠤᠨᠴᠠᠭᠠᠶᠢᠯᠠᠨ ᠬᠤᠨᠠᠨ ᠡᠾᠸᠡᠭ ᠶᠠᠩ ᠤᠨ ᠰᠤᠩᠭᠤᠭᠤᠯᠢ ᠶᠢ | ᠡᠪᠳᠡᠭᠡᠭᠰᠡᠨ ᠬᠡᠷᠡᠭ᠂ ᠰᠧᠴᠤᠸᠡᠨ ᠨᠡᠨ ᠴᠦᠡᠭ ᠤᠨ ᠬᠡᠬᠡᠯᠢ ᠲᠦᠯᠬᠢᠵᠤ ᠪᠢᠯᠧᠲ ᠲᠠᠲᠠᠭᠰᠡᠨ ᠬᠡᠷᠡᠭ᠂ ᠯᠢᠶᠤᠨᠢᠩ | ᠤᠨ ᠬᠡᠬᠡᠯᠢ ᠲᠦᠯᠬᠢᠵᠤ ᠪᠢᠯᠧᠲ ᠲᠠᠲᠠᠭᠰᠡᠨ ᠬᠡᠷᠡᠭ ᠤᠨ ᠬᠦᠨ ᠰᠤᠷᠭᠠᠮᠵᠢ ᠪᠠᠷ ᠴᠡᠭᠡᠷᠯᠡᠯ ᠪᠤᠯᠭᠠᠵᠤ᠂ ᠡᠯ᠎ᠡ | ᠱᠠᠲᠤᠨ ᠤ ᠤᠳᠤᠷᠢᠳᠬᠤ ᠺᠠᠳ᠋ᠷ ᠢ ᠬᠦᠲᠤᠯᠤᠨ ᠵᠢᠯᠤᠭᠤᠳᠴᠤ ᠰᠠᠬᠢᠯᠭ᠎ᠠ ᠪᠠᠲᠤ ᠶᠢ ᠢᠮᠠᠭᠲᠠ ᠴᠢᠩᠭ᠎ᠠ | ᠵᠢᠷᠤᠮᠯᠠᠵᠤ᠂ ᠦᠨᠳᠤᠷ ᠲᠠᠷᠤᠯᠲᠠᠲᠤ ᠱᠤᠭᠤᠮ ᠳᠤ ᠶᠠᠭᠠᠬᠢᠭᠰᠡᠨ ᠴᠤ ᠬᠠᠯᠳᠠᠵᠤ ᠪᠤᠯᠬᠤ ᠦᠭᠡᠢ᠂ ᠦᠪᠡᠷ ᠤᠨ | ᠠᠯᠤᠰ ᠢᠷᠡᠭᠡᠳᠤᠢ ᠪᠠᠨ ᠶᠠᠭᠠᠬᠢᠭᠰᠡᠨ ᠴᠤ ᠬᠦᠨᠤᠭᠡᠵᠤ ᠪᠤᠯᠬᠤ ᠦᠭᠡᠢ᠃ ᠬᠤᠭᠤᠴᠠᠭ᠎ᠠ ᠰᠤᠯᠢᠬᠤ ᠰᠠᠬᠢᠯᠭ᠎ᠠ ᠪᠠᠲᠤ | ᠶᠢᠨ ᠬᠦᠮᠤᠵᠢᠯ ᠢ ᠨᠠᠮ ᠤᠨ ᠭᠠᠳᠠᠨᠠᠬᠢ ᠬᠦᠮᠤᠰ ᠲᠤ ᠦᠷᠭᠡᠳᠭᠡᠵᠤ᠂ ᠨᠠᠮ ᠤᠨ ᠭᠠᠳᠠᠨᠠᠬᠢ ᠬᠦᠮᠤᠰ ᠢ | ᠵᠢᠯᠤᠭᠤᠳᠤᠨ ᠬᠤᠭᠤᠴᠠᠭ᠎ᠠ ᠰᠤᠯᠢᠬᠤ ᠳᠤ ᠵᠦᠪ ᠲᠠᠨᠢᠯᠲᠠ ᠲᠠᠢ ᠪᠠᠶᠢᠵᠤ᠂ ᠬᠠᠤᠯᠢ ᠲᠦᠷᠢᠮ ᠶᠤᠰᠤᠭᠠᠷ | ᠬᠤᠭᠤᠴᠠᠭ᠎ᠠ ᠰᠤᠯᠢᠬᠤ ᠳᠤ ᠤᠷᠤᠯᠴᠠᠨ᠂ ᠨᠠᠶᠢᠭᠡᠮ ᠵᠢᠷᠤᠮ ᠤᠨ ᠠᠷᠠᠳᠴᠢᠯᠠᠭᠰᠡᠨ ᠤᠯᠤᠰ ᠲᠦᠷᠤ ᠶᠢᠨ | ᠪᠦᠲᠤᠭᠡᠨ ᠪᠠᠶᠢᠭᠤᠯᠤᠯᠲᠠ ᠳᠤ ᠢᠳᠡᠪᠬᠢᠲᠠᠢ ᠮᠦᠷᠲᠡᠭᠡᠨ ᠲᠡᠭᠡᠲᠤ ᠬᠡᠮᠵᠢᠶᠠᠨ ᠤ ᠬᠠᠷᠢᠭᠤᠴᠠᠯᠭᠠᠲᠤ ᠤᠪᠤᠷ ᠢᠶᠠᠷ | ᠤᠷᠤᠯᠴᠠᠨ᠎ᠠ᠃ | ᠬᠤᠶᠠᠷ ᠲᠤ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ ᠲᠤᠰᠬᠠᠶᠢᠯᠠᠨ4 | ᠨᠡᠷ᠎ᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ 4 ᠱᠠᠯᠠᠪᠳᠠᠨ ᠪᠠᠶᠢᠴᠠᠭᠠᠵᠤ | ᠵᠢᠯᠤᠭᠤᠳᠬᠤ ᠲᠤᠭᠤᠶᠢᠯᠠᠩ ᠲᠤᠮᠢᠯᠠᠵᠤ᠂ ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠠᠵᠢᠯ ᠳᠤ ᠲᠤᠰ ᠲᠤᠰ | ᠳᠤᠨᠢ ᠵᠢᠯᠤᠭᠤᠳᠤᠯᠭ᠎ᠠ ᠪᠠᠶᠢᠴᠠᠭᠠᠯᠲᠠ ᠶᠠᠪᠤᠭᠤᠯᠵᠤ᠂ ᠵᠤᠷᠢᠯᠭ᠎ᠠ ᠨᠢ ᠲᠠᠷᠤᠢ ᠴᠢᠩᠭ᠎ᠠ ᠬᠢᠨᠠᠯᠲᠠ ᠲᠠᠯᠪᠢᠵᠤ | ᠪᠠᠶᠢᠴᠠᠭᠠᠬᠤ ᠶᠢ ᠰᠤᠩᠭᠤᠭᠤᠯᠢ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠬᠤ ᠶᠢᠨ ᠲᠦᠯᠤᠭᠡ | ᠶᠤᠮ᠃ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠨ᠂ ᠵᠠᠬᠢᠳᠡᠯ ᠢᠷᠡᠬᠦ᠂ ᠤᠲᠠᠰᠤ ᠢᠷᠡᠬᠦ᠂ | ᠰᠤᠷᠪᠤᠯᠵᠢᠯᠠᠭ᠎ᠠ ᠬᠢᠬᠦ᠂ ᠰᠦᠯᠵᠢᠶ᠎ᠡ ᠪᠠᠷ ᠲᠤᠰᠬᠠᠬᠤ ︽ᠲᠦᠷᠪᠡ ᠶᠢ ᠨᠢᠭᠡ ᠴᠤᠭᠴᠠᠵᠢᠭᠤᠯᠤᠭᠰᠡᠨ ︾ ᠢᠯᠡᠴᠢᠯᠡᠨ | ᠮᠡᠳᠡᠭᠦᠯᠬᠦ ᠲᠠᠪᠴᠠᠩ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠵᠤᠬᠢᠶᠠᠨ ᠪᠠᠶᠢᠭᠤᠯᠤᠯᠲᠠ ᠠᠴᠠ ᠬᠢᠨᠠᠯᠲᠠ | ᠲᠠᠯᠪᠢᠬᠤ᠂ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠶᠠᠷᠢᠶ᠎ᠡ ᠬᠡᠯᠡᠯᠴᠡᠭᠡ ᠠᠴᠠ ᠬᠢᠨᠠᠯᠲᠠ ᠲᠠᠯᠪᠢᠬᠤ᠂ ᠤᠯᠡᠨ | ᠲᠦᠮᠡᠨ ᠠᠴᠠ ᠬᠢᠨᠠᠯᠲᠠ ᠲᠠᠯᠪᠢᠬᠤ ᠵᠡᠷᠭᠡ ᠠᠷᠭ᠎ᠠ ᠶᠢ ᠶᠡᠷᠤᠩᠬᠡᠶᠢᠯᠡᠨ ᠠᠰᠢᠭᠯᠠᠵᠤ᠂ ︽ ᠵᠢᠵᠢᠭ ᠪᠦᠯᠬᠦᠮ︾᠂ | ᠡᠷᠬᠡ ᠲᠤᠰᠢᠶᠠᠯᠲᠡᠨ ᠳᠤ ᠨᠠᠶᠢᠳᠠᠬᠤ᠂ ᠨᠤᠶᠠᠨ ᠦᠭᠬᠦ ᠪᠠᠷ ᠠᠮᠠᠯᠠᠬᠤ᠂ ᠺᠠᠳ᠋ᠷ ᠢ ᠰᠤᠩᠭᠤᠬᠤ ᠳᠤ ᠪᠤᠭᠤᠮᠲᠠ | ᠠᠳᠬᠤᠭᠰᠡᠨ ᠨᠢ ᠴᠢᠩᠭ᠎ᠠ ᠪᠤᠰᠤ ᠵᠡᠷᠭᠡ ᠠᠰᠠᠭᠤᠳᠠᠯ ᠢ ᠭᠤᠤᠳᠠᠯᠭ᠎ᠠ ᠲᠠᠢ ᠬᠢᠨᠠᠨ ᠪᠠᠶᠢᠴᠠᠭᠠᠵᠤ᠂ ᠲᠠᠶᠢᠰᠤᠩᠨᠠᠭᠴᠢ | ᠡᠲᠡᠭᠡᠳ᠂ ᠬᠠᠷ᠎ᠠ ᠪᠦᠯᠤᠭ᠍ᠲᠡᠨ᠂ ᠠᠶᠢᠮᠠᠭ ᠤᠭᠰᠠᠭ᠎ᠠ ᠪᠠ ᠱᠠᠰᠢᠨ ᠰᠤᠷᠲᠠᠬᠤᠨ ᠤ ᠬᠦᠴᠤᠨ ᠰᠤᠩᠭᠤᠭᠤᠯᠢ ᠶᠢ | ᠬᠠᠷᠰᠢᠯᠠᠵᠤ ᠡᠪᠳᠡᠬᠦ ᠵᠡᠷᠭᠡ ᠠᠰᠠᠭᠤᠳᠠᠯ ᠳᠤ ᠭᠤᠤᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠵᠤ᠂ ᠲᠦᠯᠤᠭᠡᠯᠡᠭᠴᠢ | ᠰᠤᠩᠭᠤᠬᠤ ᠪᠠ ᠭᠡᠰᠢᠬᠦᠨ ᠢ ᠨᠡᠷ᠎ᠡ ᠲᠤᠷᠠᠳᠬᠤ ᠶᠠᠪᠤᠴᠠ ᠳᠤ ᠡᠷᠬᠡ ᠮᠦᠩᠬᠦᠨ ᠠᠠᠷᠠᠯᠵᠢᠶᠠᠯᠠᠬᠤ᠂ ᠬᠤᠳᠠᠯ ᠬᠡᠯᠡᠵᠤ | ᠬᠠᠭᠤᠷᠮᠠᠭᠯᠠᠨ ᠵᠤᠬᠢᠶᠠᠬᠤ ᠵᠡᠷᠭᠡ ᠦᠢᠯᠨ ᠠᠵᠢᠯᠯᠠᠭᠠᠨ ᠳᠤ ᠬᠢᠨᠠᠨ ᠪᠠᠶᠢᠴᠠᠭᠠᠯᠲᠠ ᠬᠢᠬᠦ ᠶᠢ ᠴᠢᠩᠭᠠᠳᠬᠠᠨ᠎ᠠ᠂ | ᠬᠤᠭᠤᠴᠠᠭ᠎ᠠ ᠰᠤᠯᠢᠬᠤ ᠰᠢᠯᠭᠠᠨ ᠪᠠᠶᠢᠴᠠᠭᠠᠬᠤ ᠲᠤᠭᠤᠶᠢᠯᠠᠩ ᠤᠨ ᠰᠠᠬᠢᠯᠭ᠎ᠠ ᠲᠦᠷᠢᠮ ᠢ ᠵᠢᠷᠤᠮᠯᠠᠭᠰᠡᠨ ᠪᠠᠶᠢᠳᠠᠯ | ᠳᠤ ᠬᠢᠨᠠᠨ ᠪᠠᠶᠢᠴᠠᠭᠠᠯᠲᠠ ᠬᠢᠬᠦ ᠪᠠᠨ ᠴᠢᠩᠭᠠᠳᠬᠠᠨ᠂ ᠰᠤᠩᠭᠤᠭᠤᠯᠢ ᠶᠢᠨ ᠡᠮᠬᠢ ᠲᠠᠷᠠᠭᠠᠯᠠᠯ ᠢ ᠡᠪᠳᠡᠵᠤ᠂ | ᠰᠤᠩᠭᠤᠭᠤᠯᠢ ᠶᠢᠨ ᠠᠵᠢᠯ ᠢ ᠨᠦᠯᠤᠭᠡᠯᠡᠬᠦ ᠲᠦᠪ ᠪᠤᠰᠤ ᠰᠤᠷᠲᠠᠯ ᠢ ᠡᠷᠡᠰ ᠰᠡᠷᠭᠡᠶᠢᠯᠡᠨ᠎ᠡ᠃ | ᠭᠤᠷᠪᠡ ᠳᠤ ᠰᠠᠬᠢᠯᠭ᠎ᠠ ᠪᠠᠲᠤ ᠠᠴᠠ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠳᠭᠡᠨ᠎ᠡ᠃ ᠡᠷᠲᠡᠬᠡᠨ | ᠠᠳᠬᠤᠵᠤ ᠪᠠᠭ᠎ᠠ ᠠᠴᠠ ᠠᠳᠬᠤᠨ᠂ ᠬᠡᠬᠡᠯᠢ ᠲᠦᠯᠬᠢᠵᠤ ᠪᠢᠯᠧᠲ ᠲᠠᠲᠠᠬᠤ᠂ ᠨᠢᠭᠤᠷ ᠬᠠᠶᠠᠬᠤ᠂ ᠨᠤᠶᠠᠨ ᠪᠤᠯᠬᠤ | ᠪᠠᠷ ᠬᠦᠶᠤᠬᠦ᠂ ᠨᠤᠶᠠᠨ ᠵᠩᠡ ᠠᠷᠠᠯᠵᠢᠶᠠᠯᠠᠬᠤ᠂ ᠬᠤᠭᠤᠴᠠᠭ᠎ᠠ ᠰᠤᠯᠢᠬᠤ ᠶᠢ ᠬᠠᠷᠰᠢᠯᠠᠬᠤ᠂ ᠰᠤᠩᠭᠤᠭᠤᠯᠢ ᠶᠢ | ᠡᠪᠳᠡᠬᠦ ᠵᠡᠷᠭᠡ ᠠᠵᠢᠯᠯᠠᠭ᠎ᠠ ᠪᠠᠶᠢᠭᠰᠠᠭᠠᠷ᠂ ᠨᠢᠭᠡ ᠶᠢ ᠢᠯᠡᠷᠡᠭᠰᠡᠭᠡᠷ ᠨᠢᠭᠡ ᠶᠢ ᠴᠢᠩᠭ᠎ᠠ ᠰᠢᠳᠭᠡᠵᠤ᠂ ︽ ᠤᠭᠲᠤ | ᠠᠭᠤᠴᠢᠯᠠᠬᠤ ᠦᠭᠡᠢ ᠤᠪᠤᠷ︾ ᠢᠶᠠᠷ ᠰᠤᠷᠲᠠᠯ ᠢ ᠴᠡᠭᠴᠡᠯᠡᠵᠤ ᠰᠠᠬᠢᠯᠭ᠎ᠠ ᠶᠢ ᠴᠢᠩᠳᠠᠯᠠᠨ᠎ᠠ᠃ ᠦᠳᠳᠤᠷ | ᠲᠦᠷᠭᠡᠨ ᠪᠠᠶᠢᠴᠠᠭᠠᠨ ᠬᠠᠷᠭᠤᠭᠤᠯᠬᠤ ᠪᠠ ᠮᠡᠳᠡᠭᠳᠡᠭᠦᠯᠵᠤ ᠨᠡᠶᠢᠲᠡᠯᠡᠬᠦ ᠲᠤᠭᠲᠠᠴᠠ ᠶᠢ ᠪᠠᠶᠢᠭᠤᠯᠤᠨ | ᠲᠡᠭᠦᠯᠳᠡᠷᠵᠢᠬᠦᠯᠵᠤ᠂ ᠠᠰᠠᠭᠤᠳᠠᠯ ᠢ ᠤᠯᠵᠤ ᠮᠡᠳᠡᠭᠰᠡᠭᠡᠷ ᠦᠳᠳᠤᠷ ᠲᠦᠷᠭᠡᠨ ᠬᠠᠷᠢᠭᠤ ᠲᠤᠰᠬᠠᠵᠤ᠂ ᠲᠠᠷᠤᠢ | ᠳᠤᠨᠢ ᠰᠢᠢᠳᠪᠤᠷᠢᠯᠡᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠶᠢ ᠵᠦᠷᠢᠴᠡᠭᠰᠡᠨ ᠬᠡᠷᠡᠭ ᠶᠠᠪᠤᠳᠠᠯ ᠢ ᠴᠠᠭ | ᠲᠠᠷᠤᠢ ᠳᠤᠨᠢ ᠮᠡᠳᠡᠭᠳᠡᠭᠦᠯᠵᠤ ᠨᠡᠶᠢᠲᠡᠯᠡᠨ᠂ ᠲᠦᠪ ᠪᠤᠰᠤ ᠰᠤᠷᠲᠠᠯ ᠢ ᠴᠡᠭᠴᠡᠯᠡᠨ ᠵᠠᠰᠠᠬᠤ ᠦᠨᠳᠤᠷ ᠲᠠᠷᠤᠯᠲᠠᠲᠤ | ᠬᠠᠨᠳᠤᠰᠢ ᠶᠢ ᠦᠷᠬᠦᠯᠵᠢᠲᠡ ᠪᠠᠲᠤᠯᠠᠨ᠎ᠠ᠃ ᠬᠤᠭᠤᠴᠠᠭ᠎ᠠ ᠰᠤᠯᠢᠬᠤ ᠠᠵᠢᠯ ᠤᠨ ᠰᠤᠷᠲᠠᠯ ᠤᠨ ᠬᠠᠷᠢᠭᠤᠴᠠᠯᠭ᠎ᠠ | ᠠᠰᠠᠭᠤᠬᠤ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠲᠠᠯ ᠲᠦᠪ ᠪᠤᠰᠤ᠂ ᠰᠠᠬᠢᠯᠭ᠎ᠠ ᠪᠠᠲᠤ ᠰᠤᠯᠨ᠂ | ᠵᠤᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠭᠠᠷᠴᠤ᠂ ᠬᠢᠨᠠᠯᠲᠠ ᠲᠠᠯᠪᠢᠵᠤ ᠪᠠᠶᠢᠴᠠᠭᠠᠨ ᠰᠢᠳᠭᠡᠭᠰᠡᠨ ᠨᠢ | ᠬᠦᠴᠤᠨ ᠲᠡᠭᠦᠯᠳᠡᠷ ᠪᠤᠰᠤ ᠠᠴᠠ ᠪᠤᠯᠵᠤ ᠮᠠᠭᠤ ᠨᠦᠯᠤᠭᠡ ᠦᠵᠡᠭᠦᠯᠤᠭ᠍ᠰᠡᠨ ᠪᠤᠯ᠂ ᠨᠠᠮ ᠤᠨ ᠬᠤᠷᠢᠶ᠎ᠠ ᠪᠠ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠤᠳᠤᠷᠢᠳᠤᠯᠭ᠎ᠠ ᠠᠴᠠ ᠬᠠᠷᠢᠭᠤᠴᠠᠯᠭ᠎ᠠ ᠴᠢᠩᠭ᠎ᠠ | ᠨᠡᠬᠡᠮᠵᠢᠯᠠᠨ᠎ᠠ᠃ | ᠲᠦᠷᠪᠡ᠂ ᠤᠳᠤᠷᠢᠳᠤᠯᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠬᠤᠭᠤᠴᠠᠭ᠎ᠠ | ᠰᠤᠯᠢᠬᠤ ᠠᠵᠢᠯ ᠡᠮᠬᠢ ᠲᠢᠭᠯᠢᠮ ᠲᠠᠢ ᠡᠷᠡᠭᠦᠯ ᠲᠤᠭᠲᠠᠭᠤᠨ ᠢᠶᠠᠷ ᠶᠠᠪᠤᠭᠳᠠᠬᠤ ᠶᠢ ᠪᠠᠲᠤᠯᠠᠨ᠎ᠠ | ᠲᠤᠰ ᠤᠳᠠᠭᠠᠨ ᠤ ᠬᠤᠭᠤᠴᠠᠭ᠎ᠠ ᠰᠤᠯᠢᠬᠤ ᠨᠢ ᠬᠤᠲᠠ᠂ ᠰᠤᠮᠤ ᠪᠠᠯᠭᠠᠰᠤ ᠬᠤᠶᠠᠷ ᠱᠠᠲᠤᠨ ᠤ ᠪᠠᠭ ᠲᠤ | ᠬᠤᠯᠪᠤᠭᠳᠠᠨ᠎ᠠ᠂ ᠲᠦᠷᠤ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ ᠠᠵᠢᠯ ᠤᠨ ᠬᠡᠮᠵᠢᠶ᠎ᠠ ᠶᠡᠭᠡ᠃ ᠪᠢᠳᠡ | ᠡᠷᠬᠡᠪᠰᠢ ᠲᠡᠭᠡᠲᠤ ᠬᠡᠮᠵᠢᠶ᠎ᠡ ᠪᠠᠷ ᠬᠦᠨᠳᠤᠳᠭᠡᠨ᠂ ᠨᠢᠭᠡᠳᠤᠯᠲᠠᠢ ᠲᠦᠯᠤᠪᠵᠢᠭᠦᠯᠵᠤ᠂ ᠠᠯᠬᠤᠮ ᠲᠠᠷᠠᠭᠠᠯᠠᠯ ᠲᠠᠢ ᠪᠠᠷ | ᠶᠠᠪᠤᠭᠳᠠᠭᠤᠯᠵᠤ᠂ ᠡᠨᠡᠬᠦ ᠴᠢᠬᠤᠯᠨ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ ᠦᠨᠡᠨᠬᠦ ᠲᠠᠭᠠᠭᠠᠨ ᠠᠪᠴᠤ᠂ | ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ᠨᠢᠭᠡ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ | ᠠᠴᠠ ᠬᠤᠭᠤᠴᠠᠭ᠎ᠠ ᠰᠤᠯᠢᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ ᠠᠯᠪᠠᠨ ᠭᠡᠷ ᠢ ᠵᠤᠬᠢᠶᠠᠨ | ᠪᠠᠶᠢᠭᠤᠯᠬᠤ ᠬᠡᠯᠲᠡᠰ ᠲᠤ ᠪᠠᠶᠢᠷᠢᠯᠠᠭᠤᠯᠤᠨ᠂ ᠬᠤᠭᠤᠴᠠᠭ᠎ᠠ ᠰᠤᠯᠢᠬᠤ ᠡᠳᠤᠷ ᠲᠤᠳᠤᠮ ᠤᠨ ᠠᠵᠢᠯ ᠢ | ᠬᠠᠷᠢᠭᠤᠴᠠᠨ᠎ᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠴᠤ ᠬᠤᠯᠪᠤᠭᠳᠠᠯ ᠪᠦᠬᠦᠢ ᠤᠳᠤᠷᠢᠳᠬᠤ | ᠪᠠᠶᠢᠭᠤᠯᠤᠮᠵᠢ ᠪᠠ ᠠᠵᠢᠯ ᠤᠨ ᠪᠠᠶᠢᠭᠤᠯᠤᠮᠵᠢ ᠪᠠᠶᠢᠭᠤᠯᠤᠨ᠂ ᠲᠤᠰ ᠱᠠᠲᠤᠨ ᠤ ᠬᠤᠭᠤᠴᠠᠭ᠎ᠠ ᠰᠤᠯᠢᠬᠤ ᠠᠵᠢᠯ ᠢ | ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠭᠦᠯᠤᠨ᠎ᠡ᠃ ᠬᠤᠲᠠ ᠶᠢᠨ ᠨᠠᠮ ᠤᠨ ᠬᠤᠷᠢᠶ᠎ᠠ ᠪᠠ ᠰᠤᠮᠤ ᠪᠠᠯᠭᠠᠰᠤᠨ ᠤ | ᠨᠠᠮ ᠤᠨ ᠬᠤᠷᠢᠶ᠎ᠠ ᠨᠢ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠬᠤᠭᠤᠴᠠᠭ᠎ᠠ ᠰᠤᠯᠢᠬᠤ ᠠᠵᠢᠯ | ᠤᠨ ᠲᠤᠮᠳᠠᠬᠢ ᠴᠢᠬᠤᠯᠨ ᠶᠡᠭᠡ ᠠᠰᠠᠭᠤᠳᠠᠯ ᠢ ᠨᠡᠶᠢᠲᠡ ᠪᠠᠷ ᠰᠤᠳᠤᠯᠤᠨ ᠲᠤᠭᠲᠠᠭᠠᠨ᠎ᠠ︔ ᠨᠠᠮ ᠤᠨ ᠬᠤᠷᠢᠶᠠᠨ | ᠤ ᠱᠦᠵᠢ ︽ ᠨᠢᠭᠡᠳᠤᠭᠡᠷ ᠬᠠᠷᠢᠭᠤᠴᠠᠯᠭ᠎ᠠ ᠶᠢᠨ ᠬᠦᠮᠤᠨ︾ ᠤ ᠬᠠᠷᠢᠭᠤᠴᠠᠯᠭ᠎ᠠ ᠶᠢ ᠬᠦᠢᠴᠡᠳᠭᠡᠨ᠂ | ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠤ᠂ ᠠᠵᠢᠯ ᠤᠨ ᠴᠢᠭᠯᠡᠯ ᠢ ᠰᠠᠶᠢᠲᠤᠷ ᠡᠵᠡᠮᠳᠡᠨ᠎ᠡ︔ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠨᠢ ᠨᠠᠮ | ᠤᠨ ᠬᠤᠷᠢᠶᠠᠨ ᠤ ᠨᠢᠭᠡᠳᠤᠯᠲᠠᠢ ᠤᠳᠤᠷᠢᠳᠤᠯᠭ᠎ᠠ ᠲᠤᠤᠷ᠎ᠠ᠂ ᠢᠳᠡᠪᠬᠢᠲᠠᠢ ᠬᠦᠳᠡᠯᠤᠩᠬᠦᠢ ᠪᠠᠷ ᠠᠵᠢᠯ ᠢᠶᠠᠨ | ᠰᠠᠶᠢᠲᠤᠷ ᠬᠢᠵᠤ᠂ ᠦᠢᠯᠡᠳᠤᠯ ᠢᠶᠠᠨ ᠬᠦᠢᠴᠡᠳ ᠪᠠᠳᠠᠷᠠᠭᠤᠯᠤᠨ᠎ᠠ︔ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠪᠠᠶᠢᠴᠠᠭᠠᠬᠤ ᠪᠠ ᠰᠠᠬᠢᠯᠭ᠎ᠠ ᠪᠠᠲᠤ ᠶᠢ | ᠬᠡᠷᠡᠭᠵᠢᠭᠦᠯᠬᠦ ᠡᠷᠴᠢᠮ ᠢ ᠶᠡᠭᠡᠳᠭᠡᠨ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠠᠴᠠ ᠵᠦᠷᠢᠴᠡᠭᠰᠡᠨ ᠠᠰᠠᠭᠤᠳᠠᠯ | ᠢ ᠴᠢᠩᠭ᠎ᠠ ᠪᠠᠶᠢᠴᠠᠭᠠᠨ ᠰᠢᠳᠭᠡᠨ᠎ᠡ︔ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠢ ᠰᠢᠭᠤᠳ ᠬᠠᠷᠢᠭᠤᠴᠠᠯᠭ᠎ᠠ ᠶᠢ | ᠡᠭᠦᠷᠭᠡᠯᠡᠵᠤ᠂ ᠴᠢᠳᠡᠪᠬᠢ ᠶᠢᠨ ᠦᠢᠯᠡᠳᠤᠯ ᠢ ᠰᠠᠶᠢᠲᠤᠷ ᠪᠠᠳᠠᠷᠠᠭᠤᠯᠤᠨ᠂ ᠰᠢᠯᠭᠠᠨ ᠪᠠᠶᠢᠴᠠᠭᠠᠬᠤ ᠬᠠᠷᠢᠭᠤᠴᠠᠯᠭ᠎ᠠ | ᠶᠢ ᠬᠦᠢᠴᠡᠳᠭᠡᠨ᠂ ᠠᠵᠢᠯ ᠤᠨ ᠵᠢᠯᠤᠭᠤᠳᠤᠯᠭ᠎ᠠ ᠶᠢ ᠴᠢᠬᠤᠯᠠᠴᠢᠯᠡᠨ᠂ ᠪᠤᠰᠤᠳ ᠰᠠᠯᠠᠭ᠎ᠠ ᠮᠦᠴᠢᠷ ᠲᠠᠢ | ᠵᠤᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠨᠠᠮ ᠤᠨ ᠬᠤᠷᠢᠶᠠᠨ ᠤ ᠰᠠᠶᠢᠨ ᠬᠠᠪᠰᠤᠷᠤᠭᠴᠢ ᠪᠤᠯᠤᠨ᠎ᠠ︔ | ᠤᠬᠠᠭᠤᠯᠬᠤ᠂ ᠨᠢᠭᠡᠳᠤᠮᠡᠯ ᠹᠷᠤᠲ᠂ ᠤᠯᠤᠰ ᠲᠦᠷᠤ ᠬᠠᠤᠯᠢ ᠴᠠᠭᠠᠵᠠ ᠵᠡᠷᠭᠡ ᠰᠠᠯᠠᠭ᠎ᠠ ᠮᠦᠴᠢᠷ ᠲᠤᠰ ᠲᠤᠰ ᠤᠨ | ᠬᠠᠷᠢᠭᠤᠴᠠᠯᠭ᠎ᠠ ᠪᠠᠨ ᠬᠦᠢᠴᠡᠳᠭᠡᠨ᠂ ᠨᠢᠭᠲᠠ ᠬᠠᠮᠵᠢᠯᠴᠠᠵᠤ᠂ ᠨᠡᠶᠢᠯᠡᠮᠡᠯ ᠬᠦᠴᠤᠨ ᠪᠤᠯᠵᠤ ᠪᠦᠷᠢᠯᠳᠤᠨ᠂ | ᠬᠤᠭᠤᠴᠠᠭ᠎ᠠ ᠰᠤᠯᠢᠬᠤ ᠠᠵᠢᠯ ᠢ ᠬᠠᠮᠲᠤ ᠪᠠᠷ ᠰᠠᠶᠢᠲᠤᠷ ᠬᠢᠨ᠎ᠠ᠃ | ᠬᠤᠶᠠᠷ ᠲᠤ ᠠᠵᠢᠯ ᠢ ᠨᠢᠭᠡᠳᠤᠯᠲᠠᠢ ᠲᠦᠯᠤᠪᠵᠢᠭᠦᠯᠤᠨ ᠰᠠᠶᠢᠲᠤᠷ ᠬᠢᠨ᠎ᠠ᠃ ᠠᠵᠢᠯᠲᠠᠨ ᠤ ᠲᠤᠬᠢᠷᠠᠭᠤᠯᠤᠯᠲᠠ | ᠶᠢ ᠨᠢᠭᠡᠳᠤᠯᠲᠠᠢ ᠲᠦᠯᠤᠪᠵᠢᠬᠦᠯᠵᠤ᠂ ᠲᠡᠭᠡᠲᠤ ᠲᠤᠤᠷ᠎ᠠ ᠱᠠᠲᠤ ᠪᠠ ᠠᠳᠠᠯᠢ ᠱᠠᠲᠤᠨ ᠤ ᠤᠳᠤᠷᠢᠳᠬᠤ ᠪᠠᠭ ᠤᠨ | ᠲᠤᠬᠢᠷᠠᠭᠤᠯᠤᠯᠲᠠ ᠶᠢ ᠨᠢᠭᠡᠳᠤᠯᠲᠠᠢ ᠪᠤᠳᠤᠯᠬᠢᠯᠠᠵᠤ᠂ ᠲᠡᠭᠡᠲᠤ ᠱᠠᠲᠤᠨ ᠤ ᠤᠳᠤᠷᠢᠳᠬᠤ ᠪᠠᠭ ᠬᠤᠭᠤᠴᠠᠭ᠎ᠠ | ᠰᠤᠯᠢᠭᠰᠡᠨ ᠠᠴᠠ ᠪᠤᠯᠵᠤ ᠲᠤᠤᠷ᠎ᠠ ᠱᠠᠲᠤᠨ ᠤ ᠤᠳᠤᠷᠢᠳᠬᠤ ᠪᠠᠭ ᠲᠠᠬᠢᠨ ᠲᠠᠪᠲᠠᠨ ᠰᠤᠯᠢᠭᠲᠠᠬᠤ ᠠᠴᠠ | ᠰᠡᠷᠭᠡᠶᠢᠯᠡᠵᠤ᠂ ᠲᠤᠰ ᠬᠤᠭᠤᠴᠠᠭᠠᠨ ᠤ ᠤᠳᠤᠷᠢᠳᠬᠤ ᠪᠠᠭ ᠬᠠᠷᠢᠴᠠᠩᠭᠤᠢ ᠲᠤᠭᠲᠠᠭᠤᠨ ᠪᠠᠶᠢᠬᠤ ᠶᠢ ᠪᠠᠲᠤᠯᠠᠨ᠎ᠠ᠃ | ᠺᠠᠳ᠋ᠷ ᠢ ᠲᠤᠬᠢᠷᠠᠭᠤᠯᠬᠤ ᠳᠠᠭᠠᠨ᠂ ᠡᠯ᠎ᠡ ᠲᠦᠷᠤᠯ ᠤᠨ ᠺᠠᠳ᠋ᠷ ᠤᠨ ᠡᠬᠢ ᠰᠤᠷᠪᠤᠯᠵᠢ ᠶᠢ ᠰᠠᠶᠢᠲᠤᠷ ᠬᠡᠷᠡᠭᠯᠡᠵᠤ᠂ | ᠪᠦᠬᠦ ᠲᠠᠯ᠎ᠠ ᠳᠤ ᠬᠠᠨᠳᠤᠭᠤᠯᠵᠤ᠂ ᠡᠯ᠎ᠡ ᠹᠷᠤᠨᠲ ᠡᠯ᠎ᠡ ᠬᠦᠷᠢᠶ᠎ᠠ ᠴᠠᠷᠠᠭᠠᠨ ᠳᠤ ᠬᠠᠨᠳᠤᠭᠤᠯᠵᠤ᠂ ᠨᠡᠩ ᠦᠷᠭᠡᠨ | ᠬᠡᠪᠴᠢᠶᠡᠨ ᠲᠤᠲᠤᠷ᠎ᠠ ᠠᠴᠠ ᠴᠢᠳᠠᠪᠤᠷᠢᠲᠠᠨ ᠰᠤᠩᠭᠤᠨ᠎ᠡ᠃ ᠠᠵᠢᠯ ᠢ ᠨᠢᠭᠡᠳᠤᠯᠲᠠᠢ ᠲᠤᠬᠢᠷᠠᠭᠤᠯᠵᠤ᠂ | ᠬᠤᠭᠤᠴᠠᠭ᠎ᠠ ᠰᠤᠯᠢᠬᠤ ᠠᠵᠢᠯ ᠢ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ᠂ ᠶᠠᠳᠠᠭᠤ ᠠᠴᠠ | ᠠᠩᠬᠢᠵᠢᠷᠠᠭᠤᠯᠵᠤ ᠪᠠᠬᠢᠯᠡᠯᠲᠡ ᠰᠢᠪᠲᠤᠯᠠᠬᠤ᠂ ᠵᠠᠬᠢᠳᠠᠯ ᠰᠤᠷᠪᠤᠯᠵᠢᠯᠠᠭ᠎ᠠ ᠲᠤᠭᠲᠠᠭᠤᠨ ᠪᠠᠶᠢᠯᠭᠠᠬᠤ ᠠᠵᠢᠯ ᠲᠠᠢ | ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠲᠦᠷᠤᠯ ᠤᠨ ᠠᠵᠢᠯ ᠢ ᠴᠢᠩᠭᠠᠳᠬᠠᠬᠤ ᠲᠠᠢ | ᠤᠶᠠᠯᠳᠤᠭᠤᠯᠵᠤ᠂ ᠲᠦᠪ ᠤᠨ ᠦᠪᠡᠷᠲᠡᠭᠡᠨ ᠵᠠᠰᠠᠬᠤ ᠤᠷᠤᠨ ᠤ ︽ ᠡᠷᠬᠢᠨ ᠬᠠᠷᠠᠬᠤ︾ ᠶᠢ ᠲᠤᠭᠤᠷᠢᠨ | ᠪᠠᠶᠢᠴᠠᠭᠠᠵᠤ ᠲᠤᠰᠬᠠᠭᠰᠡᠨ ᠰᠠᠨᠠᠯ ᠢ ᠴᠡᠭᠴᠡᠯᠡᠨ ᠵᠠᠯᠠᠷᠠᠭᠤᠯᠬᠤ ᠠᠵᠢᠯ ᠪᠠ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠰᠢᠯᠢ ᠶᠢᠨ ᠭᠤᠤᠯ ᠠᠶᠢᠮᠠᠭ ᠢ ᠲᠤᠭᠤᠷᠢᠨ ᠪᠠᠶᠢᠴᠠᠭᠠᠵᠤ ᠲᠤᠰᠬᠠᠭᠰᠡᠨ ᠰᠠᠨᠠᠯ ᠢ | ᠴᠡᠭᠴᠡᠯᠡᠨ ᠨᠡᠶᠢᠳᠠᠪᠤᠷᠢᠵᠢᠭᠤᠯᠬᠤ ᠠᠵᠢᠯ ᠲᠠᠢ ᠤᠶᠠᠯᠳᠤᠭᠤᠯᠵᠤ᠂ ᠬᠤᠭᠤᠴᠠᠭ᠎ᠠ ᠰᠤᠯᠢᠬᠤ ᠠᠵᠢᠯ ᠲᠤᠭᠲᠠᠭᠤᠨ | ᠶᠠᠪᠤᠭᠳᠠᠵᠤ᠂ ᠡᠳᠤᠷ ᠲᠤᠳᠤᠮ ᠤᠨ ᠠᠵᠢᠯ ᠡᠮᠬᠢ ᠲᠠᠷᠠᠭᠠᠯᠠᠯ ᠲᠠᠢ ᠶᠠᠪᠤᠭᠳᠠᠬᠤ ᠶᠢ ᠪᠠᠲᠤᠯᠠᠨ᠂ ᠬᠤᠶᠠᠷ ᠠᠵᠢᠯ ᠢ | ᠵᠡᠷᠭᠡᠪᠡᠷ ᠠᠬᠢᠭᠤᠯᠵᠤ᠂ ᠠᠯᠢ ᠶᠢ ᠴᠤ ᠰᠠᠭᠠᠳᠠᠭᠠᠵᠤ ᠪᠤᠯᠬᠤ ᠦᠭᠡᠢ᠃ | ᠭᠤᠷᠪᠠ ᠳᠤ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠤᠭᠤᠴᠠᠭ᠎ᠠ ᠰᠤᠯᠢᠬᠤ ᠠᠵᠢᠯ ᠺᠠᠳ᠋ᠷ | ᠤᠨ ᠲᠤᠰ ᠪᠡᠶ᠎ᠡ ᠶᠢᠨ ᠠᠰᠢᠭ ᠲᠤᠰᠡ ᠲᠠᠢ ᠬᠤᠯᠪᠤᠭᠳᠠᠬᠤ ᠲᠤᠯᠨ ᠦᠵᠡᠯ ᠰᠠᠨᠠᠭᠠᠨ ᠤ ᠲᠠᠯ᠎ᠠ ᠪᠠᠷ ᠬᠡᠯᠪᠡᠵᠡᠯ | ᠭᠠᠷᠬᠤ ᠨᠢ ᠶᠠᠷᠢᠶᠠᠨ ᠦᠭᠡᠢ ᠶᠤᠮ᠂ ᠡᠶᠢᠮᠤ ᠴᠠᠭ ᠦᠶ᠎ᠡ ᠳᠤ ᠤᠯᠡᠮ ᠦᠵᠡᠯ ᠰᠠᠨᠠᠭ᠎ᠠ ᠤᠯᠤᠰ ᠲᠦᠷᠤ ᠶᠢᠨ | ᠠᠵᠢᠯ ᠢ ᠰᠠᠶᠢᠲᠤᠷ ᠬᠢᠬᠦ ᠴᠢᠬᠤᠯᠠᠲᠠᠢ᠃ ᠺᠠᠳ᠋ᠷ ᠤᠨ ᠦᠵᠡᠯ ᠰᠠᠨᠠᠭᠠᠨ ᠤ ᠪᠠᠶᠢᠳᠠᠯ ᠢ ᠤᠨᠤᠪᠴᠢᠲᠠᠢ ᠡᠵᠡᠮᠳᠡᠵᠤ᠂ | ᠨᠢᠭᠤᠷᠳᠡᠨ ᠶᠠᠷᠢᠯᠴᠠᠵᠤ ᠰᠡᠳᠬᠢᠯ ᠢᠶᠠᠨ ᠰᠤᠯᠢᠯᠴᠠᠨ᠎ᠠ᠂ ᠲᠤᠬᠢᠷᠠᠭᠤᠯᠤᠯᠲᠠ ᠬᠢᠵᠤ ᠪᠠᠭᠤᠯᠭᠠᠭᠰᠡᠨ᠂ ᠠᠵᠢᠯ | ᠤᠨ ᠪᠠᠶᠢᠷᠢ ᠪᠠᠨ ᠡᠭᠡᠯᠵᠢᠵᠤ ᠰᠤᠯᠢᠯᠴᠠᠭᠰᠡᠨ ᠨᠦᠬᠦᠳ ᠪᠠ ᠨᠡᠷ᠎ᠡ ᠲᠤᠷᠠᠳᠤᠭᠤᠯᠤᠭᠰᠡᠨ ᠦᠭᠡᠢ ᠵᠤᠷᠢᠶᠡᠲᠤ | ᠲᠤᠭᠠᠨ ᠤ ᠰᠢᠯᠭᠠᠨ ᠪᠠᠶᠢᠴᠠᠭᠠᠬᠤ ᠡᠲᠡᠭᠡᠳ᠂ ᠵᠤᠷᠢᠶᠡᠲᠤ ᠲᠤᠭ᠎ᠠ ᠪᠠᠷ ᠰᠤᠩᠭᠤᠭᠤᠯᠢ ᠳᠤ ᠤᠷᠤᠯᠴᠠᠵᠤ | ᠭᠤᠭᠤᠵᠢᠭᠳᠠᠭᠰᠡᠨ ᠨᠦᠬᠦᠳ᠂ ᠢᠯᠠᠩᠭᠤᠶ᠎ᠠ ᠲᠦᠯᠤᠭᠡᠯᠡᠭᠴᠢ ᠨᠡᠷ᠎ᠡ ᠬᠤᠯᠪᠤᠭᠠᠯᠠᠨ ᠲᠤᠷᠠᠳᠤᠭᠰᠡᠨ ᠵᠢᠱᠢᠭᠳᠡᠭᠴᠢ ᠲᠠᠢ | ᠨᠠᠮ ᠤᠨ ᠬᠤᠷᠢᠶ᠎ᠠ ᠪᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠪᠡᠶᠡᠴᠢᠯᠡᠨ | ᠶᠠᠷᠢᠯᠴᠠᠵᠤ᠂ ᠤᠯᠡᠨ ᠢ ᠵᠢᠯᠤᠭᠤᠳᠴᠤ ᠨᠠᠮᠴᠢ ᠴᠢᠨᠠᠷ ᠤᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠵᠤᠬᠢᠶᠠᠨ | ᠪᠠᠶᠢᠭᠤᠯᠤᠯᠲᠠ ᠶᠢᠨ ᠤᠬᠠᠮᠰᠠᠷ ᠢ ᠴᠢᠩᠭᠠᠳᠬᠠᠨ᠂ ᠵᠤᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠲᠠ ᠶᠢ | ᠤᠬᠠᠮᠰᠠᠷ ᠠᠴᠠ ᠪᠠᠨ ᠲᠠᠭᠠᠵᠤ᠂ ᠬᠤᠪᠢ ᠬᠦᠮᠤᠨ ᠤ ᠲᠠᠪᠰᠢᠬᠦ ᠪᠠᠭᠤᠬᠤ ᠦᠯᠡᠳᠡᠬᠦ ᠰᠢᠯᠵᠢᠬᠦ ᠳᠤ ᠵᠦᠪ ᠢᠶᠠᠷ | ᠬᠠᠨᠳᠤᠵᠤ᠂ ᠬᠤᠭᠤᠴᠠᠭ᠎ᠠ ᠰᠤᠯᠢᠬᠤ ᠶᠢ ᠤᠬᠢ ᠰᠠᠶᠢᠨ ᠤᠯᠤᠰ ᠲᠦᠷᠤ ᠶᠢᠨ ᠠᠮᠢ ᠠᠬᠤᠢ ᠪᠠ ᠵᠠᠰᠠᠭ ᠲᠤ | ᠤᠷᠤᠯᠴᠠᠬᠤ ᠤᠷᠴᠢᠨ ᠲᠤᠭᠤᠷᠢᠨ ᠢ ᠡᠭᠦᠳᠬᠦ ᠨᠢᠬᠡ ᠤᠳᠠᠭᠠᠨ ᠤ ᠠᠮᠢᠳᠤᠯᠢᠭ ᠦᠢᠯᠡᠳᠤᠯᠭᠡ ᠪᠤᠯᠭᠠᠨ᠎ᠠ᠃ ᠵᠦᠪ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠵᠦᠪ ᠲᠠᠯ᠎ᠠ ᠶᠢᠨ ᠤᠬᠠᠭᠤᠯᠭ᠎ᠠ ᠬᠦᠮᠤᠵᠢᠯ ᠢ | ᠴᠢᠩᠭᠠᠳᠬᠠᠨ᠂ ᠰᠦᠯᠵᠢᠶᠠᠨ ᠤ ᠶᠠᠷᠢᠶ᠎ᠠ ᠬᠡᠯᠡᠯᠴᠡᠭᠡᠨ ᠤ ᠬᠢᠨᠠᠨ ᠡᠵᠡᠮᠳᠡᠯ ᠪᠠ ᠵᠢᠯᠤᠭᠤᠳᠤᠯᠭ᠎ᠠ ᠶᠢ | ᠴᠢᠩᠭᠠᠳᠬᠠᠨ᠂ ᠵᠤᠬᠢᠰ ᠦᠭᠡᠢ ᠤᠬᠠᠭᠤᠯᠭ᠎ᠠ ᠶᠢ ᠰᠡᠷᠭᠡᠶᠢᠯᠡᠵᠤ᠂ ᠬᠤᠭᠤᠴᠠᠭ᠎ᠠ ᠰᠤᠯᠢᠬᠤ ᠠᠵᠢᠯ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠢ ᠡᠭᠦᠳᠤᠨ᠎ᠠ᠃ | ᠨᠦᠬᠦᠳ ᠡ᠂ ᠲᠤᠰ ᠤᠳᠠᠭᠠᠨ ᠤ ᠬᠤᠲᠠ᠂ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠤᠷᠳᠤᠨ ᠪᠠ ᠬᠤᠲᠠ ᠶᠢᠨ ᠤᠯᠤᠰ ᠲᠦᠷᠤ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ | ᠠᠵᠢᠯ ᠨᠢ ᠪᠦᠬᠦ ᠬᠤᠲᠠ ᠶᠢᠨ ᠦᠭᠡᠷᠡᠴᠢᠯᠡᠯᠲᠡ ᠬᠦᠭᠵᠢᠯᠲᠡ ᠲᠤᠭᠲᠠᠭᠤᠨ ᠪᠠᠶᠢᠳᠠᠯ ᠲᠠᠢ ᠬᠤᠯᠪᠤᠭᠳᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠲᠠᠢ ᠬᠤᠯᠪᠤᠭᠳᠠᠵᠤ ᠪᠠᠶᠢᠨ᠎ᠠ᠃ ᠪᠢᠳᠡ | ᠡᠷᠬᠡᠪᠰᠢ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ | ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠨ᠂ | ᠤᠯᠤᠰ ᠲᠦᠷᠤ ᠶᠢᠨ ᠵᠤᠭᠰᠤᠴᠠ ᠪᠠᠨ ᠬᠦᠴᠤᠯᠡᠨ ᠲᠡᠭᠡᠭᠰᠢᠯᠡᠬᠦᠯᠵᠤ᠂ ᠲᠡᠭᠡᠲᠤ ᠬᠡᠮᠵᠢᠶᠡᠨ ᠤ | ᠬᠠᠷᠢᠭᠤᠴᠠᠯᠭᠠᠲᠤ ᠵᠤᠷᠢᠭ ᠰᠠᠨᠠᠭ᠎ᠠ ᠪᠠᠷ ᠡᠯ᠎ᠡ ᠲᠦᠷᠤᠯ ᠤᠨ ᠠᠵᠢᠯ ᠢ ᠰᠠᠶᠢᠲᠤᠷ ᠬᠢᠵᠤ᠂ ᠬᠤᠭᠤᠴᠠᠭ᠎ᠠ ᠰᠤᠯᠢᠬᠤ | ᠡᠭᠦᠷᠭᠡ ᠶᠢ ᠦᠨᠳᠤᠷ ᠪᠠᠷᠢᠮᠵᠢᠶ᠎ᠠ ᠦᠨᠳᠤᠷ ᠶᠠᠰᠤ ᠴᠢᠨᠠᠷ ᠢᠶᠠᠷ ᠪᠡᠶᠡᠯᠡᠬᠦᠯᠵᠤ᠂ ︽ᠦᠵᠡᠰᠭᠦᠯᠡᠩᠲᠤ ᠰᠠᠶᠢᠬᠠᠨ | ᠦᠪᠤᠷ ᠮᠤᠩᠭᠤᠯ ᠢ ᠪᠦᠲᠤᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠬᠦᠰᠡᠯ ᠵᠡᠭᠦᠳᠤ ᠶᠢ ᠬᠠᠮᠲᠤ | ᠪᠠᠷ ᠲᠡᠷᠭᠡᠯᠰᠢᠬᠦᠯᠬᠦ︾ ᠳᠤ ᠪᠠᠲᠤ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠰᠢᠯᠢᠳᠡᠭ | ᠦᠷ᠎ᠡ ᠪᠦᠲᠤᠮᠵᠢ ᠪᠠᠷ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ | ᠶᠢ ᠤᠭᠲᠤᠶ᠎ᠠ ︕ |