ᠰᠢᠯᠢ ᠶᠢᠨ ᠬᠤᠳᠠ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠬᠠᠮᠢᠶᠠᠷᠤᠯᠳᠠ ᠶᠢ ᠴᠢᠩᠭᠠᠳᠬᠠᠨ ᠠᠮᠢ ᠠᠬᠤᠢ ᠶᠢ ᠬᠠᠮᠠᠭᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2017-10-16
          ᠤᠶᠢᠷ᠎ᠡ ᠶᠢᠨ ᠵᠢᠯ ᠠᠴᠠ ᠨᠠᠰᠢ᠂ ᠰᠢᠯᠢ ᠶᠢᠨ ᠬᠤᠳᠠ ᠰᠢᠨ᠎ᠠ ᠶᠢ ᠡᠬᠦᠳᠬᠦ ᠵᠤᠬᠢᠴᠠᠩᠭᠤᠢ᠂ ᠪᠤᠬᠢᠷᠳᠤᠯ ᠦᠬᠡᠢ᠂ ᠴᠢᠯᠦᠭᠡᠳᠡᠢ ᠶᠠᠪᠤᠯᠴᠠᠬᠤ᠂ ᠬᠠᠮᠳᠤᠪᠠᠷ ᠡᠳ᠋ᠯᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠴᠢᠩᠭ᠎ᠠ ᠪᠤᠢ ᠪᠤᠯᠭᠠᠨ᠂ ᠠᠮᠢ ᠠᠬᠤᠢ ᠶᠢ ᠰᠡᠷᠬᠦᠭᠡᠬᠦ ᠪᠡ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯᠳᠠᠯᠭ᠎ᠠ ᠪᠤᠯᠭᠠᠨ᠂ ᠲᠠᠯ᠎ᠠ ᠨᠤᠳᠤᠭ ᠤᠨ ᠠᠮᠢ ᠠᠬᠤᠢ ᠶᠢᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠶᠢ ᠲᠡᠭᠡᠭᠰᠢᠯᠡᠬᠦᠯᠦᠭᠰᠡᠨ ᠪᠠᠶᠢᠨ᠎ᠠ᠃           ᠰᠢᠯᠢ ᠶᠢᠨ ᠬᠤᠳᠠ ᠶᠢᠨ ᠴᠤᠬᠠᠠᠭᠤᠯᠠ ᠰᠤᠮᠤᠨ ᠤ ᠲᠦᠬᠦᠷᠢᠭ ᠭᠠᠴᠠᠭᠠᠨ ᠳᠤ᠂ ᠲᠠᠯ᠎ᠠ ᠨᠤᠳᠤᠭ ᠤᠨ ᠠᠮᠢ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠬᠠᠤᠯᠢ ᠬᠡᠷᠡᠭᠵᠢᠬᠦᠯᠦᠭᠴᠢᠳ ᠲᠠᠯ᠎ᠠ ᠨᠤᠳᠤᠭ ᠤᠨ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠤᠰᠤᠭᠠᠷ᠂ ᠭᠡᠳᠦᠷᠡᠳᠦᠯ᠎ᠡ ᠮᠠᠯᠵᠢᠵᠦ ᠪᠠᠶᠢᠭ᠎ᠠ ᠮᠠᠯᠵᠢᠬᠤ ᠡᠷᠦᠭᠡ ᠶᠢᠨ ᠮᠠᠯ ᠳᠤ ᠠᠬᠤᠢ ᠲᠠᠯᠠᠪᠠᠢ ᠳᠤ ᠲᠤᠭᠠᠯᠠᠯᠭ᠎ᠠ ᠬᠢᠵᠦ ᠪᠠᠶᠢᠯ᠎ᠠ᠂ ᠰᠤᠮᠤ ᠪᠠᠯᠭᠠᠰᠤᠨ ᠤ ᠬᠡᠷᠡᠭᠵᠢᠬᠦᠯᠵᠦ ᠪᠠᠶᠢᠭ᠎ᠠ 13 ᠮᠤ᠋ ᠳᠤ ᠨᠢᠭᠡ ︵ᠬᠤᠨᠢ ᠪᠠᠷ ᠨᠢᠭᠡᠴᠢᠯᠡᠭᠰᠡᠨ︶ ᠪᠠᠷᠢᠮᠵᠢᠶ᠎ᠠ ᠪᠠᠷ᠂ ᠭᠡᠳᠤᠷᠡᠳᠤᠯ᠎ᠠ ᠮᠠᠯᠵᠢᠵᠦ ᠪᠠᠶᠢᠭ᠎ᠠ ᠡᠷᠦᠭᠡ ᠳᠤ ︽ᠵᠠᠰᠠᠭ ᠵᠠᠬᠢᠷᠭᠠᠨ ᠤ ᠰᠢᠳᠭᠡᠯ ᠤᠨ ᠤᠷᠢᠳᠴᠢᠯᠠᠨ ᠮᠡᠳᠡᠭᠳᠡᠬᠦ ᠪᠢᠴᠢᠭ︾ ᠪᠠᠭᠤᠯᠭᠠᠭᠰᠠᠨ ᠪᠠᠶᠢᠨ᠎ᠠ᠃            ᠰᠢᠯᠢ ᠶᠢᠨ ᠬᠤᠳᠠ ᠶᠢᠨ ᠲᠠᠯ᠎ᠠ ᠨᠤᠳᠤᠭ ᠤᠨ ᠶᠡᠷᠦᠩᠬᠡᠢ ᠲᠠᠯᠠᠪᠡᠢ 2095 ᠲᠦᠮᠡᠨ ᠮᠤ᠋ ᠪᠠᠶᠢᠵᠦ᠂ ᠡᠬᠦᠨ ᠳᠤ ᠪᠡᠯᠴᠢᠭᠡᠷᠯᠡᠬᠦᠯᠬᠦ ᠶᠢ ᠵᠤᠭᠰᠣᠭᠠᠭᠰᠠᠨ ᠤᠷᠤᠨ ᠤ ᠲᠠᠯᠠᠪᠠᠢ 279.85 ᠲᠦᠮᠡᠨ ᠮᠤ᠋ ᠪᠠᠶᠢᠵᠦ᠂ ᠮᠠᠯ ᠪᠡᠯᠴᠢᠭᠡᠷ ᠤᠨ ᠲᠡᠩᠴᠡᠬᠦᠷᠢ ᠶᠢᠨ ᠤᠷᠤᠨ 1807.13 ᠲᠦᠮᠡᠨ ᠮᠤ᠋ ᠪᠠᠶᠢᠨ᠎ᠠ᠃ ᠱᠠᠩᠨᠠᠨ ᠨᠦᠬᠦᠪᠦᠷᠢᠯᠡᠬᠦ ᠲᠤᠭᠳᠠᠴᠠ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠲᠠᠮᠵᠢᠨ᠂ ᠲᠠᠯ᠎ᠠ ᠨᠤᠳᠤᠭ ᠤᠨ ᠠᠮᠢ ᠠᠬᠤᠢ ᠮᠡᠳᠡᠭᠳᠡᠮ᠎ᠡ ᠰᠠᠶᠢᠵᠢᠷᠠᠵᠦ᠂ ᠪᠡᠯᠴᠢᠭᠡᠷ ᠰᠡᠷᠭᠦᠨ᠂2011 ᠤᠨ ᠲᠠᠢ ᠬᠠᠷᠢᠴᠠᠭᠤᠯᠪᠠᠯ᠂ ᠤᠷᠭᠤᠮᠠᠯ ᠤᠨ ᠪᠦᠷᠬᠦᠴᠡ ᠶᠢᠨ ᠬᠡᠮᠵᠢᠶ᠎ᠠ 34% ᠠᠴᠠ 45% ᠪᠤᠯᠵᠦ ᠨᠡᠮᠡᠭᠳᠡᠵᠦ᠂ ᠲᠠᠯ᠎ᠠ ᠨᠤᠳᠤᠭ ᠤᠨ ᠠᠮᠢ ᠠᠬᠤᠢ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃ ᠮᠠᠯᠴᠢᠳ ᠴᠤ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠲᠠᠢ ᠢᠳᠡᠪᠬᠢᠳᠠᠢ ᠬᠠᠮᠵᠢᠯᠴᠠᠨ᠂ ᠤᠷᠤᠯᠭ᠎ᠠ ᠶᠢᠨ ᠬᠡᠮᠵᠢᠶ᠎ᠠ ᠨᠢ ᠢᠯᠡᠷᠬᠡᠢ ᠰᠠᠶᠢᠵᠢᠷᠠᠯᠳᠠ ᠲᠠᠢ ᠪᠤᠯᠵᠡᠢ᠃             ᠰᠢᠯᠢ ᠶᠢᠨ ᠬᠤᠳᠠ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠤᠬᠢᠷᠳᠤᠯ ᠦᠬᠡᠢ ᠬᠦᠭᠵᠢᠯᠳᠡ ᠶᠢᠨ ᠤᠶᠢᠯᠠᠭᠠᠳᠠᠬᠤᠨ ᠢ ᠪᠠᠳᠤ ᠴᠢᠩᠭ᠎ᠠ ᠪᠤᠢ ᠪᠤᠯᠭᠠᠨ᠂ ᠮᠠᠯ ᠠᠵᠦ ᠠᠬᠤᠢ ᠶᠢᠨ ᠪᠦᠳᠦᠴᠡ ᠶᠢ ᠲᠤᠬᠢᠷᠠᠭᠤᠯᠤᠨ᠂ ᠤᠶᠢᠯᠡᠳᠪᠦᠷᠢᠯᠡᠯ ᠡᠵᠡᠩᠨᠡᠯᠳᠠ ᠶᠢᠨ ᠠᠷᠭ᠎ᠠ ᠪᠠᠷᠢᠯ ᠢ ᠬᠤᠪᠢᠷᠠᠭᠤᠯᠬᠤ ᠪᠠᠷ ᠭᠤᠤᠯᠳᠠᠯᠭ᠎ᠠ ᠪᠤᠯᠭᠠᠵᠦ᠂ ᠲᠠᠷᠢᠶᠠᠯᠡᠩ ᠮᠠᠯ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠢᠳᠡᠪᠬᠢᠳᠠᠢ ᠲᠦᠯᠬᠢᠨ ᠠᠬᠢᠭᠤᠯᠵᠦ᠂ ᠪᠤᠬᠢᠷᠳᠤᠯ ᠦᠬᠡᠢ ᠤᠷᠭᠠᠨᠢᠭ ᠪᠦᠳᠦᠭᠡᠭᠳᠡᠬᠦᠨ ᠤ ᠬᠠᠩᠭᠠᠯᠭ᠎ᠠ ᠶᠢᠨ ᠬᠢᠷᠢ ᠲᠦᠪᠰᠢᠨ ᠶᠢ ᠲᠡᠭᠡᠭᠰᠢᠯᠡᠬᠦᠯᠵᠦ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠲᠠᠰᠤᠷᠠᠯᠳᠠ ᠦᠬᠡᠢ ᠦᠷᠭᠡᠳᠭᠡᠨ᠂ ᠮᠠᠯᠵᠢᠬᠤ ᠤᠷᠤᠨ ᠤ ᠠᠵᠦ ᠠᠬᠤᠢ ᠶᠢᠨ ᠦᠷᠬᠦᠯᠵᠢᠯᠡᠨ ᠬᠦᠭᠵᠢᠬᠦ ᠶᠢ ᠤᠯᠠᠮ ᠨᠢᠭᠡ ᠠᠯᠬᠤᠮ ᠠᠬᠢᠭᠤᠯᠵᠦ᠂ ᠮᠠᠯᠴᠢᠳ ᠤᠨ ᠤᠷᠤᠯᠭ᠎ᠠ ᠶᠢᠨ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号