ᠰᠢᠯᠢ ᠶᠢᠨ ᠬᠤᠳᠠ ᠶᠢᠨ ᠠᠵᠢᠯᠳᠠᠨ ᠤ ᠶᠡᠷᠦᠩᠭᠡᠢ ᠡᠪᠯᠠᠯ ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠵᠣᠷᠢᠭᠵᠢᠭᠤᠯᠬᠤ ᠰᠢᠷᠢᠰ ᠠᠵᠢᠯᠯᠠᠭᠠᠨ ᠤ ᠡᠬᠢᠯᠠᠯᠳᠠ ᠶᠢᠨ ᠶᠤᠰᠤᠯᠠᠯ ᠶᠡᠪᠤᠭᠳᠠᠭᠤᠯᠤᠭᠰᠠᠨ
ᠨᠡᠶᠢᠲᠡᠯᠡᠭᠰᠡᠨ ᠴᠠᠭ᠄
2017-11-13
          ᠤᠶᠢᠷ᠎ᠡ ᠶᠢᠨ ᠡᠳᠤᠷ᠂ ᠰᠢᠯᠢ ᠶᠢᠨ ᠬᠤᠳᠠ ᠶᠢᠨ ᠠᠵᠢᠯᠳᠠᠨ ᠤ ᠶᠡᠷᠦᠩᠬᠡᠢ ᠡᠪᠯᠠᠯ ᠪᠦᠬᠦ ᠠᠷᠠᠳ ᠢᠶᠠᠷ ᠎ ᠢᠶᠠᠨ ᠨᠤᠮ ᠤᠩᠰᠢᠬᠤ ᠶᠢ ᠵᠤᠷᠢᠭᠵᠢᠭᠤᠯᠬᠤ ᠰᠢᠷᠢᠰ ᠠᠵᠢᠯᠯᠠᠭᠠᠨ ᠤ ᠡᠬᠢᠯᠠᠯᠳᠠ ᠶᠢᠨ ᠶᠤᠰᠣᠯᠠᠯ ᠢ ᠰᠢᠯᠢ ᠶᠢᠨ ᠬᠤᠳᠠ ᠶᠢᠨ ᠰᠣᠷᠭᠠᠨ ᠬᠦᠮᠦᠵᠢᠯ ᠤᠨ ᠴᠡᠴᠡᠷᠯᠢᠭᠴᠦ ᠨᠤᠮ ᠤᠨ ᠰᠠᠩ ᠳᠤ ᠶᠠᠪᠤᠭᠳᠠᠭᠤᠯᠤᠭᠰᠠᠨ ᠪᠠᠶᠢᠨ᠎ᠠ᠃         ᠡᠬᠢᠯᠠᠯᠳᠠ ᠶᠢᠨ ᠶᠤᠰᠤᠯᠠᠯ ᠤᠨ ᠠᠬᠤᠢ ᠲᠠᠯᠠᠪᠠᠢ ᠳᠤ᠂ ᠰᠢᠯᠢ ᠶᠢᠨ ᠬᠤᠳᠠ ᠶᠢᠨ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠠᠷᠠᠳ ᠤᠨ ᠪᠦᠯᠬᠦᠮ᠂ ᠠᠵᠦ ᠠᠬᠤᠶᠢᠯᠠᠯ᠂ ᠠᠵᠢᠯ ᠤᠶᠢᠯᠡᠰ ᠤᠨ ᠨᠢᠭᠡᠴᠡ ᠶᠢᠨ ᠬᠢᠨ ᠤ ᠠᠵᠢᠯᠳᠡᠨ ᠨᠠᠷ ᠬᠠᠮᠳᠤ ᠎ ᠳᠠᠭᠠᠨ ᠬᠤᠷᠠᠨ ᠴᠤᠭᠯᠠᠷᠠᠨ ᠰᠠᠭᠤᠴᠠᠭᠠᠵᠤ᠂ ᠨᠤᠮ ᠤᠩᠰᠢᠨ ᠲᠦᠷᠦᠭᠳᠡᠯ ᠢᠶᠠᠨ ᠰᠣᠯᠢᠯᠴᠠᠬᠤ ᠵᠢᠴᠢ ᠰᠠᠶᠢᠨ ᠨᠤᠮ ᠲᠠᠨᠢᠯᠴᠠᠭᠤᠯᠬᠤ ᠵᠡᠷᠭᠡ ᠭᠤᠭᠴᠤᠭ᠎ᠠ ᠪᠠᠷ ᠲᠠᠮᠵᠢᠨ ᠤᠯᠠᠨ ᠢᠶᠠᠷ ᠢᠶᠠᠨ ᠦᠪᠡᠷ ᠦᠪᠡᠷ ᠤᠨ ᠨᠤᠮ ᠤᠩᠰᠢᠭᠰᠡᠨ ᠪᠤᠳᠤᠯ ᠲᠦᠷᠦᠭᠳᠡᠯ ᠢᠶᠠᠨ ᠶᠠᠷᠢᠴᠠᠭᠠᠭᠰᠠᠨ ᠪᠠᠶᠢᠨ᠎ᠠ᠃         ᠠᠵᠢᠯᠯᠠᠭ᠎ᠠ ᠳᠤ ᠪᠠᠰᠠ ᠠᠬᠤᠢ ᠲᠠᠯᠠᠪᠠᠢ ᠳᠤ ᠤᠷᠤᠯᠴᠠᠭᠰᠠᠨ ᠡᠯ᠎ᠡ ᠪᠠᠶᠢᠭᠤᠯᠭ᠎ᠠ ᠨᠢᠭᠡᠴᠡ ᠬᠦᠮᠦᠰ ᠦᠪᠡᠷ ᠤᠨ ᠠᠵᠢᠯᠳᠠᠨ ᠤ ᠶᠡᠦᠷᠩᠬᠡᠢ ᠡᠪᠯᠡᠯ ᠤᠨ ᠭᠡᠰᠢᠬᠦᠨ ᠤ ᠭᠡᠷᠡᠴᠢ ᠦᠨᠡᠮᠯᠡᠯ ᠢᠶᠠᠷ ᠢᠶᠠᠨ ᠦᠨ᠎ᠡ ᠲᠦᠯᠦᠪᠦᠷᠢ ᠦᠬᠡᠢ ᠨᠤᠮ ᠪᠢᠴᠢᠭ ᠭᠠᠷᠳᠠᠨ ᠠᠪᠤᠭᠰᠠᠨ ᠪᠠᠶᠢᠨ᠎ᠠ᠂         ᠤᠶᠢᠯᠠᠭᠠᠭᠰᠠᠨ ᠢᠶᠠᠷ᠂ ᠲᠤᠰ ᠤᠳᠠᠭᠠᠨ ᠤ ᠰᠢᠷᠢᠰ ᠠᠵᠢᠯᠯᠠᠭ᠎ᠠ ᠨᠢ 10 ᠰᠠᠷ᠎ᠠ ᠶᠢᠨ 16᠎ ᠤᠨ ᠡᠳᠦᠷ ᠎ ᠠᠴᠠ 31᠎ ᠤ ᠡᠳᠦᠷ ᠪᠤᠯᠳᠠᠯ᠎ᠠ ᠦᠡᠬᠦᠯᠵᠢᠯᠡᠵᠦ᠂ ᠡᠯᠪᠡᠭ ᠪᠠᠶᠠᠯᠢᠭ ᠠᠭᠤᠯᠭ᠎ᠠ ᠶᠢ ᠲᠤᠬᠢᠷᠠᠭᠤᠯᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠭᠰᠠᠨ ᠢ ᠪᠡᠯᠭᠡᠯᠡᠬᠦ ᠶᠢᠨ ᠬᠠᠮᠳᠤ᠂ ᠦᠷᠭᠡᠨ ᠤᠯᠠᠨ ᠠᠵᠢᠯᠳᠠᠨ ᠳᠤ ᠬᠠᠮᠳᠤᠪᠠᠷ ᠰᠠᠨᠠᠯ ᠢᠶᠠᠨ ᠰᠤᠯᠢᠯᠴᠡᠨ᠂ ᠬᠠᠷᠢᠯᠴᠡᠨ ᠰᠤᠷᠤᠯᠴᠠᠬᠤ ᠲᠠᠪᠴᠡᠩ ᠬᠠᠩᠭᠠᠨ᠂ ᠨᠤᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号