ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠭᠤᠤᠯᠯᠠᠬᠤ ᠳᠤᠭᠤᠶᠢᠯᠠᠩ 2017 ᠤᠨ ᠤ ᠠᠷᠪᠠᠨ ᠬᠤᠶᠠᠳᠤᠭᠠᠷ ᠣᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2017-11-14
    10 ᠰᠠᠷ᠎ᠠ ᠶᠢᠨ 9᠎ ᠤ ᠡᠳᠦᠷ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠭᠤᠤᠯᠯᠠᠬᠤ ᠳᠤᠭᠤᠶᠢᠯᠠᠩ 2017 ᠤᠨ ᠤ ᠠᠷᠪᠠᠨ ᠬᠤᠶᠠᠳᠤᠭᠠᠷ ᠣᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃      ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠢᠨ ᠮᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠭᠥᠸᠧ ᠢ ᠵᠢᠶᠧ᠂ ᠬᠤᠳᠠ ᠶᠢᠨ ᠨᠠᠮ ᠵᠠᠰᠠᠭ ᠎ ᠤᠨ ᠤᠳᠤᠷᠢᠳᠤᠯᠭ᠎ᠠ  ᠴᠢ ᠵᠧᠨ ᠬᠤᠸᠠ᠂ ᠳ᠋ᠦᠩ ᠳ᠋ᠧ ᠹᠦ᠋᠂ ᠳ᠋ᠦ᠋ ᠵᠢᠶᠧ᠂ ᠭᠥᠸᠧ ᠵᠢᠩ ᠵᠢᠶᠤᠸᠠᠨ᠂ ᠸᠠᠩ ᠵᠠᠨ ᠴᠢ᠂ ᠲᠡᠯᠭᠡᠷᠴᠤᠭᠳᠣ᠂ ᠵᠣᠣ ᠭᠥᠸᠧ ᠵᠦ᠂ ᠪᠣᠣ ᠿᠥᠩ ᡁᠢ ᠵᠢᠴᠢ‌ᠭᠤᠤᠯᠯᠠᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠪᠠ᠃     ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠲᠠᠷᠤᠮᠠᠯᠯᠠᠨ ᠲᠠᠷᠬᠠᠭᠠᠭᠰᠠᠨ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠤᠨ ᠲᠣᠭᠤᠷᠢᠨ ᠪᠠᠶᠢᠴᠠᠭᠠᠭᠰᠠᠨ ᠠᠵᠢᠯ ᠤᠨ ᠳ᠋ᠦᠡᠭᠨᠡᠯᠳᠠ︾  ᠎ ᠤᠨ ᠮᠡᠳᠡᠭᠳᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠳᠤ ᠲᠤᠭᠤᠷᠢᠨ ᠪᠠᠶᠢᠴᠠᠭᠠᠯᠳᠠ ᠥᠷᠨᠢᠭᠦᠯᠬᠦ ᠲᠤᠬᠠᠶ ᠬᠠᠷᠢᠭᠤ ᠲᠤᠰᠬᠠᠭᠰᠠᠨ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠰᠢᠯᠢ ᠶᠢᠨ ᠭᠤᠣᠯ ᠠᠶᠢᠮᠠᠭ ᠢ ᠲᠤᠭᠤᠷᠢᠨ ᠪᠠᠶᠢᠴᠠᠭᠠᠭᠠᠳ ᠬᠠᠷᠢᠭᠤ ᠲᠤᠰᠬᠠᠬᠤ ᠬᠤᠷᠠᠯ ᠳᠡᠭᠡᠷ᠎ᠡ ᠬᠡᠯᠡᠭᠰᠡᠨ ᠦᠭᠡ ᠵᠢᠴᠢ ᠯᠥᠸᠧ ᠬᠤ᠋ ᠽᠠᠢ ᠱᠦᠵᠢ ᠶᠢᠨ ᠤᠪᠤᠷ ᠢᠶᠠᠨ ᠢᠯᠡᠳᠭᠡᠭᠰᠡᠨ ᠶᠠᠷᠢᠶᠠᠨ ᠤ ᠵᠣᠷᠢᠭ ᠰᠠᠨᠠᠭ᠎ᠠ ᠪᠣᠯᠤᠨ ᠯᠦᠸᠧ ᠬᠤ᠋ ᠽᠠᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠦ ᠵᠠᠰᠠᠨ ᠴᠡᠴᠡᠭᠯᠡᠬᠦ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠦ ᠰᠣᠷᠣᠯᠴᠠᠪᠠ᠃ ᠬᠤᠷᠠᠯ ᠠᠴᠠ ᠪᠠᠰᠠ ︽ᠰᠢ ᠶᠢᠨ ᠫᠢᠩ ᠶᠡᠷᠦᠩᠬᠡᠶ ᠱᠦᠵᠢ ᠤᠨ ᠨᠢᠭᠤᠴᠠ ᠮᠠᠲ᠋ᠧᠷᠢᠶᠠᠯ ᠨᠢᠭᠤᠴᠠ ᠨᠣᠮᠧᠷ ᠤᠨ ᠠᠵᠢᠯ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠤᠱᠠᠯᠭᠤᠯᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠣᠶᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠲᠤᠬᠠᠢ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠥᠯᠥᠨ ᠪᠤᠶᠢᠷ ᠬᠤᠲᠠ ᠶᠢᠨ ᠤᠤᠭᠤᠬᠤ ᠣᠰᠣᠨ ᠤ ᠰᠤᠷᠪᠤᠯᠵᠢ ᠭᠠᠵᠠᠷ ᠤᠨ ᠬᠠᠮᠠᠭᠠᠯᠠᠬᠤ ᠬᠦᠴᠦᠨ ᠲᠡᠬᠦᠯᠳᠡᠷ ᠪᠤᠰᠤ ᠪᠠᠶᠢᠬᠤ ᠠᠰᠠᠭᠤᠳᠠᠯ ᠤᠨ ᠲᠤᠬᠠᠶ ᠮᠡᠳᠡᠭᠳᠡᠯ︾ ᠪᠤᠯᠤᠨ ︽ᠭᠦᠨ ᠤᠬᠠᠭᠠᠨ ᠢ ᠰᠣᠷᠤᠯᠴᠠᠨ ᠭᠦᠨ ᠤᠬᠠᠭᠠᠨ ᠢ ᠬᠡᠷᠡᠭᠯᠡᠬᠦ ᠰᠢᠯᠢᠳᠡᠭ ᠤᠯᠠᠮᠵᠢᠯᠠᠯ ᠢᠶᠠᠨ ᠤᠯᠠᠮ ᠨᠢᠭᠡ ᠠᠯᠬᠤᠮ ᠪᠠᠳᠠᠷᠠᠭᠤᠯᠤᠶ᠎ᠠ︾᠂ ︽ᠣᠳᠣᠬᠠᠨ ᠤ ᠪᠦᠬᠦ ᠠᠶᠢᠮᠠᠭ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠪᠠᠶᠢᠳᠠᠯ ᠤᠨ ᠲᠤᠬᠠᠶ ᠮᠡᠳᠡᠭᠡᠯᠡᠯ︾᠂ ᠵᠢᠴᠢ ︽ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠨᠢᠭᠡᠴᠡ ᠶᠢᠨ ︿ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ﹀ ᠵᠡᠷᠭᠡ ᠲᠠᠪᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠵᠤ ᠲᠤᠤᠱᠯᠠᠭᠤᠯᠤᠭᠰᠠᠨ ᠪᠠᠶᠢᠳᠠᠯ ᠤᠨ ᠲᠤᠬᠠᠶ ᠱᠠᠯᠠᠪᠳᠠᠭᠤᠯᠤᠨ ᠪᠠᠶᠢᠴᠠᠭᠠᠵᠤ ᠰᠤᠳᠤᠯᠤᠭᠰᠠᠨ ᠮᠡᠳᠡᠭᠦᠯᠦᠯᠲᠡ︾  ᠎ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号