ᠨᠠᠮ ᠤᠨ ᠲᠦᠷᠢᠮ ᠨᠠᠮ ᠤᠨ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦ ᠰᠡᠳᠭᠡᠯ ᠪᠦᠬᠦ ᠵᠤᠷᠢᠭ ᠢᠶᠠᠷ ᠤᠯᠠᠨ ᠲᠦᠮᠡᠨ ᠳᠤ ᠤᠶᠢᠯᠡᠴᠢᠯᠡᠵᠤ᠂ ᠶᠠᠳᠠᠭᠤ ᠠᠴᠠ ᠠᠩᠬᠢᠵᠢᠷᠠᠵᠤ ᠪᠠᠶᠠᠵᠢᠬᠤ ᠮᠡᠩᠯᠡᠶᠢᠯᠡᠭᠴᠢ ᠪᠤᠯᠬᠤ ᠪᠠᠷ ᠲᠡᠮᠡᠴᠡᠬᠦ ᠬᠡᠷᠡᠭᠳᠡᠢ
ᠨᠡᠶᠢᠲᠡᠯᠡᠭᠰᠡᠨ ᠴᠠᠭ᠄
2017/11/15
         ᠨᠠᠮ ᠤᠨ ᠲᠦᠷᠢᠮ ᠨᠠᠮ ᠤᠨ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦ ᠰᠡᠳᠭᠡᠯ ᠪᠦᠬᠦ ᠵᠤᠷᠢᠭ ᠢᠶᠠᠷ ᠤᠯᠠᠨ ᠲᠦᠮᠡᠨ ᠳᠤ ᠤᠶᠢᠯᠡᠴᠢᠯᠡᠵᠤ᠂ ᠶᠠᠳᠠᠭᠤ ᠠᠴᠠ ᠠᠩᠬᠢᠵᠢᠷᠠᠵᠤ ᠪᠠᠶᠠᠵᠢᠬᠤ ᠮᠡᠩᠯᠡᠶᠢᠯᠡᠭᠴᠢ ᠪᠤᠯᠬᠤ ᠪᠠᠷ ᠲᠡᠮᠡᠴᠡᠬᠦ ᠬᠡᠷᠡᠭᠳᠡᠢ                                                            ᠵᠣᠣ ᠭᠥᠸᠧ ᠵᠦ          ᠦᠨᠦᠳᠦᠷ᠂ ᠪᠦᠬᠦᠳᠡᠭᠡᠷ ᠬᠠᠮᠳᠦ ᠪᠠᠷ ᠰᠤᠯᠢᠯᠴᠠᠬᠤ ᠡᠶᠢᠮᠦ ᠨᠢᠭᠡᠨ ᠵᠠᠪᠰᠢᠶᠠᠨ ᠲᠤᠬᠢᠶᠠᠯᠳᠤᠭᠰᠠᠨ ᠳᠤ ᠲᠤᠩ ᠶᠡᠭᠡ ᠪᠠᠶᠠᠷ ᠲᠠᠢ ᠪᠠᠶᠢᠨ᠎ᠠ᠃ ᠡᠨᠡ ᠬᠡᠳᠦᠨ ᠵᠢᠯ ᠤᠨ ᠦᠨᠳᠦᠰᠦᠨ ᠱᠠᠳᠣᠨ ᠤ ᠠᠵᠢᠯ ᠤᠨ ᠡᠬᠦᠷᠭᠡ ᠶᠡᠭᠡ ᠬᠦᠨᠳᠦ ᠪᠠᠶᠢᠵᠤ᠂ ᠨᠠᠮ ᠤᠨ ᠵᠠᠮ ᠱᠤᠭᠤᠮ᠂ ᠴᠢᠭᠯᠡᠯᠳᠠ᠂ ᠲᠦᠷᠦ ᠶᠢᠨ ᠪᠤᠳᠤᠯᠭ᠎ᠠ ᠪᠤᠯᠤᠨ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠡᠯ᠎ᠡ ᠰᠢᠢᠳᠪᠦᠷᠢ ᠪᠠᠶᠢᠷᠢᠰᠢᠭᠤᠯᠤᠯᠳᠠ ᠶᠢ ᠪᠦᠬᠦᠳᠡᠭᠡᠷ ᠨᠠᠷᠢᠨ ᠬᠢᠨᠠᠮᠠᠭᠠᠢ ᠲᠤᠤᠰᠯᠠᠭᠤᠯᠵᠤ ᠂ ᠠᠵᠢᠯ ᠢᠶᠠᠨ ᠬᠠᠷᠢᠭᠤᠴᠠᠯᠭ᠎ᠠ ᠲᠠᠢ ᠬᠦᠢᠴᠡᠳᠭᠡᠨ᠂ ᠯᠠᠪᠳᠠᠭᠤᠨ ᠠᠵᠢᠯᠯᠠᠵᠤ᠂ ᠭᠠᠴᠠᠭᠠᠨ ᠤ ᠠᠵᠦ ᠠᠬᠤᠢ ᠶᠢᠨ ᠬᠦᠭᠵᠢᠯᠳᠠ᠂ ᠠᠷᠠᠳ ᠲᠦᠮᠡᠨ ᠤ ᠠᠮᠢᠳᠤᠷᠠᠯ ᠤᠶᠢᠯᠡᠳᠪᠦᠷᠢᠯᠠᠯ ᠤᠨ ᠬᠢᠷᠢ ᠲᠦᠪᠰᠢᠨ ᠢ ᠰᠠᠶᠢᠵᠢᠷᠠᠭᠤᠯᠬᠤ᠂ ᠰᠢᠨ᠎ᠡ ᠬᠦᠳᠡᠭᠡ ᠲᠤᠰᠬᠤᠨ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠳᠤ ᠬᠦᠨᠳᠦ ᠴᠢᠬᠤᠯᠡ ᠣᠶᠢᠯᠡᠳᠦᠯ ᠪᠠᠳᠠᠷᠠᠭᠤᠯᠵᠤ᠂ ᠢᠳᠡᠪᠭᠢᠳᠠᠢ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠠᠳᠡ ᠳᠤ᠂ ᠪᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠢ ᠲᠦᠯᠦᠭᠡᠯᠡᠵᠤ᠂ ᠲᠤᠤᠷ᠎ᠠ ᠰᠠᠭᠤᠭ᠎ᠠ ᠤᠯᠠᠨ ᠤ ᠠᠮᠤᠷ ᠎ ᠢ ᠠᠰᠠᠭᠤᠵᠤ᠂ ᠦᠨᠡᠨ ᠰᠡᠳᠭᠡᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕        ᠲᠤᠤᠷ᠎ᠡ ᠪᠢ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠬᠡᠪᠰᠢᠬᠦᠯᠬᠦ ᠲᠦᠷᠢᠮᠵᠢᠬᠦᠯᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠱᠢᠭᠤᠴᠢ ᠵᠢᠱᠢᠶᠠᠴᠢ ᠶᠢᠨ ᠤᠶᠢᠯᠡᠳᠦᠯ ᠢ ᠪᠠᠳᠠᠷᠠᠭᠤᠯᠬᠤ᠂ ᠶᠠᠳᠠᠭᠤ ᠠᠴᠠ ᠠᠩᠬᠢᠵᠢᠷᠠᠵᠤ ᠪᠠᠶᠠᠵᠢᠬᠤ ᠶᠢ ᠬᠦᠳᠦᠯᠬᠦ ᠵᠡᠷᠭᠡ ᠠᠭᠤᠯᠭ᠎ᠠ ᠶᠢᠨ ᠲᠤᠭᠤᠷᠢᠨ ᠳᠤ᠂ ᠤᠯᠠᠨ ᠲᠠᠢ ᠭᠤᠤᠯᠳᠠᠭᠤ ᠭᠤᠷᠪᠡᠨ ᠲᠠᠯ᠎ᠠ ᠠᠴᠠ ᠰᠤᠯᠢᠯᠴᠠᠭ᠎ᠠ ᠬᠢᠨ᠎ᠡ᠃         ᠨᠢᠬᠡ᠂ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠬᠡᠪᠰᠢᠬᠦᠯᠬᠦ ᠲᠦᠷᠢᠮᠵᠢᠬᠦᠯᠬᠦ ᠴᠢᠬᠤᠯᠡ ᠴᠢᠨᠠᠷ ᠢ ᠲᠦᠯᠬᠢᠨ ᠠᠬᠢᠭᠤᠯᠬᠤ ᠲᠤᠬᠠᠢ         ᠨᠢᠭᠡ ᠳᠤ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠬᠡᠪᠰᠢᠬᠦᠯᠬᠦ ᠲᠦᠷᠢᠮᠵᠢᠬᠦᠯᠬᠦ ᠪᠤᠯ ᠨᠠᠮ ᠢ ᠴᠢᠩᠭ᠎ᠠ ᠵᠠᠰᠠᠬᠤ ᠴᠢᠬᠤᠯᠡ ᠠᠷᠭ᠎ᠠ ᠬᠡᠮᠵᠢᠶ᠎ᠠ ᠪᠤᠯᠬᠤ ᠶᠢ ᠦᠨᠡᠨ ᠬᠦ ᠲᠠᠨᠢᠵᠤ ᠮᠡᠳᠡᠬᠦ ᠬᠡᠷᠡᠭᠳᠡᠢ᠃ ᠰᠢ ᠶᠢᠨ ᠫᠢᠩ ᠨᠦᠬᠦᠷ ᠵᠢᠭᠠᠵᠤ ᠭᠠᠷᠭᠠᠭᠰᠠᠨ ᠨᠢ᠂ ︽ᠬᠤᠶᠡᠷ ᠎ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠷᠢᠰᠢᠭᠤᠯᠬᠤ ᠪᠤᠯ᠂ ᠨᠠᠮ ᠤᠨ ᠲᠤᠳᠤᠭᠠᠳᠤ ᠳᠠᠬᠢ ᠰᠣᠷᠭᠠᠨ ᠬᠦᠮᠦᠵᠢᠯ ᠢ ︽ᠵᠠᠩᠬᠢᠯᠠᠭ᠎ᠠ ᠶᠢᠨ ᠴᠦᠭᠡᠨ ᠲᠤᠭ᠎ᠠ︾᠎ ᠠᠴᠠ ᠦᠷᠭᠡᠨ ᠤᠯᠡᠨ ᠨᠠᠮ ᠤᠨ ᠭᠡᠰᠢᠬᠦᠨ ᠳᠤ ᠦᠷᠭᠡᠳᠭᠡᠬᠦ᠂ ᠲᠦᠪᠯᠡᠷᠡᠩᠭᠦᠢ ᠴᠢᠨᠠᠷ ᠤᠨ ᠬᠦᠮᠦᠵᠢᠯ ᠠᠴᠠ ᠦᠷᠬᠦᠯᠵᠢ ᠶᠢᠨ ᠴᠢᠨᠠᠷ ᠲᠠᠢ ᠰᠣᠷᠭᠠᠨ ᠬᠦᠮᠦᠵᠢᠯ ᠳᠤ ᠤᠷᠳᠤᠳᠬᠠᠬᠤ‌‍ᠶᠢ ᠲᠦᠯᠬᠢᠨ ᠠᠬᠢᠭᠤᠯᠬᠤ ᠬᠡᠷᠡᠭᠳᠡᠢ᠃ ᠨᠠᠮ ᠎ ᠤᠨ ᠠᠷᠪᠡᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ᠂ ᠲᠦᠪ ᠠᠴᠠ ᠨᠠᠮ ᠨᠢ ᠨᠠᠮ ᠢᠶᠠᠨ ᠬᠠᠮᠢᠶᠠᠷᠠᠬᠤ᠂ ᠨᠠᠮ ᠢ ᠴᠢᠩᠭ᠎ᠠ ᠵᠠᠰᠠᠬᠤ ᠶᠢ ᠲᠤᠷᠠᠳᠴᠤ᠂ ᠨᠠᠮ ᠤᠨ ᠤᠯᠡᠨ ᠲᠦᠮᠡᠨᠴᠢ ᠱᠣᠭᠤᠮ ᠤᠨ ᠰᠣᠷᠭᠠᠨ ᠬᠦᠮᠦᠵᠢᠯ ᠤᠨ ᠤᠶᠢᠯᠡᠳᠦᠯᠭᠡ ᠶᠢᠨ ᠬᠦᠳᠡᠯᠭᠡᠭᠡᠨ᠂ ︽ᠭᠤᠷᠪᠡᠨ ᠴᠢᠩᠭ᠎ᠠ ᠭᠤᠷᠪᠡᠨ ᠪᠤᠳᠠᠳᠠᠢ︾ ᠲᠤᠰᠬᠠᠢ ᠰᠡᠳᠤᠪᠳᠦ ᠰᠤᠷᠭᠠᠨ ᠬᠦᠮᠦᠵᠢᠯ ᠪᠤᠯᠤᠨ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠦᠷᠨᠢᠬᠦᠯᠵᠦ᠂ ᠡᠮᠦᠨᠡᠬᠢ ᠬᠤᠶᠠᠷ ᠰᠤᠷᠤᠯᠴᠠᠯᠭ᠎ᠠ ᠶᠢᠨ ᠭᠤᠤᠯᠳᠠᠯᠭ᠎ᠠ ᠨᠢ ᠪᠦᠷ ᠰᠢᠶᠠᠨ ᠎ ᠤ ᠭᠠᠵᠠᠷ ᠤ ᠲᠠᠰ ᠤᠨ ᠤᠳᠤᠷᠢᠳᠤᠯᠭ᠎ᠠ ᠺᠠᠳ᠋ᠷ ᠤᠨ ᠲᠤᠮᠳᠠ ᠦᠷᠨᠢᠬᠦᠯᠪᠠ᠃ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠨᠢ᠂ ᠪᠦᠬᠦ ᠨᠠᠮ ᠪᠤᠯᠤᠨ ᠪᠦᠬᠦ ᠨᠠᠮ ᠎ ᠤᠨ ᠬᠡᠰᠢᠬᠦᠨ ᠤ ᠲᠤᠮᠳᠠ ᠦᠷᠨᠢᠬᠦᠯᠦᠭᠰᠡᠨ ᠪᠠᠶᠢᠨ᠎ᠠ᠃ ᠡᠨᠡ ᠨᠢ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠷ ᠪᠠᠷᠠᠬᠤ ᠦᠬᠡᠢ᠂ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠣᠨ ᠵᠦᠭ ᠦᠷᠭᠡᠳᠭᠡᠬᠦ ᠴᠢᠬᠤᠯᠡ ᠠᠷᠭ᠎ᠠ ᠭᠡᠮᠵᠢᠶ᠎ᠠ ᠶᠢ ᠲᠦᠯᠬᠢᠨ ᠠᠬᠢᠭᠤᠯᠵᠤ᠂ ᠨᠠᠮ ᠤᠨ ᠤᠯᠡᠨ ᠲᠦᠮᠡᠨᠴᠢ ᠱᠤᠭᠤᠮ ᠎ ᠤᠨ ᠬᠦᠮᠦᠵᠢᠯ ᠤᠨ ᠤᠶᠢᠯᠡᠳᠦᠯᠬᠡ ᠪᠤᠯᠤᠨ ︽ᠭᠤᠷᠪᠡᠨ ᠴᠢᠩᠭ᠎ᠠ ᠭᠤᠷᠪᠡᠨ ᠪᠤᠳᠠᠳᠠᠢ︾ ᠲᠤᠰᠬᠠᠢ ᠰᠡᠳᠤᠪᠳᠦ ᠬᠦᠮᠦᠵᠢᠯ ᠤᠨ ᠤᠯᠤᠭᠰᠡᠨ ᠦᠷ᠎ᠡ ᠪᠦᠳᠦᠭᠡᠯ ᠢ ᠤᠯᠠᠮ ᠨᠢᠭᠡ ᠠᠯᠬᠤᠮ ᠵᠠᠯᠭᠠᠮᠵᠢᠯᠠᠵᠤ ᠦᠷᠭᠡᠳᠭᠡᠭᠰᠡᠨ ᠪᠠᠶᠢᠨ᠎ᠠ᠃        ᠬᠤᠶᠡᠷ ᠲᠤ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠬᠡᠪᠰᠢᠬᠦᠯᠬᠦ ᠲᠦᠷᠢᠮᠵᠢᠬᠦᠯᠬᠦ ᠪᠤᠯ ᠤᠳᠤᠬᠢ ᠨᠠᠮ ᠪᠠᠶᠢᠭᠤᠯᠬᠤ ᠳᠤ ᠤᠷᠤᠰᠢᠵᠤ ᠪᠠᠶᠢᠭ᠎ᠠ ᠠᠰᠠᠭᠤᠳᠠᠯ ᠤᠨ ᠵᠠᠶᠢᠯᠠᠰᠢ ᠦᠬᠡᠢ ᠱᠠᠭᠠᠷᠳᠠᠯᠭ᠎ᠠ ᠪᠤᠯᠬᠤ ᠶᠢ ᠦᠨᠡᠨ ᠬᠦ ᠲᠠᠨᠢᠵᠤ ᠮᠡᠳᠡᠬᠦ ᠬᠡᠷᠡᠭᠳᠡᠢ᠃ ᠠᠰᠠᠭᠤᠳᠠᠯ ᠎ ᠤᠨ ᠦᠵᠡᠯ ᠤᠬᠠᠮᠰᠠᠷ ᠢ ᠪᠠᠬᠢᠵᠢᠬᠦᠯᠬᠦ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠳᠠᠯᠠᠬᠤ ᠨᠢ ᠨᠠᠮ ᠤᠨ ᠠᠷᠪᠡᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠨ ᠨᠢᠭᠡᠨ ᠬᠢᠯᠢᠰ ᠴᠢᠭ᠂ ᠨᠢᠭᠡᠨ ᠠᠮᠵᠢᠯᠳᠠ ᠲᠠᠢ ᠲᠤᠷᠰᠢᠯᠭ᠎ᠠ ᠪᠤᠯᠤᠨ᠎ᠠ᠃ ᠤᠳᠦ ᠭᠡᠰᠡᠭ ᠨᠠᠮ ᠤᠨ ᠭᠡᠰᠢᠭᠦᠳ ᠤᠨ ᠤᠯᠤᠰ ᠲᠦᠷᠦ ᠶᠢᠨ ᠦᠵᠡᠯ ᠤᠬᠠᠮᠰᠡᠷ ᠰᠠᠶᠢᠷᠡᠭ᠂ ᠤᠯᠤᠰ ᠲᠦᠷᠦ ᠶᠢᠨ ᠬᠠᠷᠢᠭᠤᠴᠠᠯᠭᠠᠳᠤ ᠪᠤᠳᠤᠯ ᠲᠤᠳᠠᠮᠠᠭ ᠠᠰᠠᠭᠤᠳᠠᠯ ᠮᠦᠨ ᠬᠦ ᠤᠷᠤᠰᠢᠵᠤ᠂ ᠵᠠᠷᠢᠮ ᠨᠠᠮ ᠤᠨ  ᠬᠡᠰᠢᠬᠦᠨ ᠺᠠᠳ᠋ᠷ ᠴᠤᠭ ᠰᠦᠯᠳᠠ ᠦᠬᠡᠢ᠂ ᠨᠠᠵᠠᠭᠠᠢ ᠴᠠᠯᠠᠭᠠᠶᠢᠷᠠᠵᠤ᠂ ᠵᠠᠷᠢᠮ ᠨᠢ ᠡᠬᠦᠷᠭᠡ ᠬᠠᠷᠢᠭᠤᠴᠠᠯᠭ᠎ᠠ ᠡᠬᠦᠷᠭᠡᠯᠡᠬᠦ ᠠᠴᠠ ᠵᠢᠷᠤᠭᠡᠰᠢᠶᠡᠵᠤ᠂ ᠵᠠᠷᠢᠮ ᠨᠢ ᠦᠵᠡᠯ ᠰᠠᠨᠠᠭ᠎ᠠ ᠭᠦᠰᠢᠬᠦᠨ᠂ ᠰᠢᠨ᠎ᠡ ᠶᠢ ᠡᠭᠦᠳᠬᠦ ᠪᠠᠷ ᠲᠤᠳᠠᠮᠠᠭ᠂ ᠵᠠᠷᠢᠮ ᠨᠢ ᠴᠢᠳᠠᠪᠦᠷᠢ ᠨᠢ ᠬᠦᠷᠦᠯᠴᠡᠬᠦ ᠦᠬᠡᠢ ᠶᠠᠭᠠᠷᠠᠵᠤ ᠰᠠᠨᠳᠣᠷᠠᠬᠤ ᠵᠡᠷᠬᠡ᠃ ᠡᠳᠡᠭᠡᠷ ᠠᠰᠠᠭᠤᠳᠠᠯ ᠨᠢ ᠮᠠᠨ ᠤ ᠬᠤᠳᠠ ᠶᠢᠨ ᠭᠡᠰᠡᠭ ᠨᠠᠮ ᠤᠨ ᠭᠡᠰᠢᠬᠦᠨ ᠺᠠᠳ᠋ᠷ ᠤᠨ ᠲᠤᠮᠳᠠ ᠪᠠᠰᠠ ᠤᠨᠳᠤᠤ ᠬᠡᠮᠵᠢᠶ᠎ᠠ ᠪᠠᠷ ᠤᠷᠤᠰᠢᠵᠤ᠂ ᠬᠦᠨᠳᠦ ᠴᠢᠬᠤᠯᠡ ᠠᠵᠢᠯ ᠤᠨ ᠲᠦᠯᠬᠢᠨ ᠠᠬᠢᠭᠤᠯᠬᠤ ᠶᠢ ᠨᠠᠶᠢᠳᠠᠪᠤᠷᠢᠵᠢᠭᠤᠯᠬᠤ ᠶᠢ ᠨᠦᠯᠦᠭᠡᠯᠡᠬᠦ ᠪᠤᠯᠤᠨ᠎ᠠ᠃ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠦᠷᠨᠢᠬᠦᠯᠬᠦ ᠶᠢᠨ ᠵᠠᠩᠭᠢᠯᠠᠭ᠎ᠠ ᠪᠤᠯ᠂ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠯᠭ᠎ᠠ ᠶᠤᠰᠤᠭᠠᠷ᠂ ᠠᠰᠠᠭᠤᠳᠠᠯ ᠤᠨ ᠣᠳᠣᠷᠢᠳᠣᠮᠵᠢ ᠶᠢ ᠲᠤᠪᠤᠶᠢᠯᠭᠠᠵᠤ᠂ ᠠᠰᠠᠭᠤᠳᠠᠯ ᠲᠠᠭᠠᠭᠤᠯᠵᠤ ᠪᠠᠶᠢᠭᠠᠤᠨ ᠰᠤᠷᠤᠯᠴᠡᠨ᠂ ᠠᠰᠠᠭᠤᠳᠠᠯ ᠳᠤ ᠴᠢᠭᠯᠡᠬᠦᠯᠦᠨ ᠵᠠᠯᠠᠷᠠᠭᠤᠯᠵᠤ᠂ ᠰᠣᠷᠣᠯᠴᠠᠯᠭ᠎ᠠ ᠬᠦᠮᠦᠵᠢᠯ ᠤᠨ ᠪᠦᠬᠦ ᠶᠠᠪᠤᠴᠠ ᠳᠤ ᠠᠰᠠᠭᠤᠳᠠᠯ ᠰᠢᠢᠳᠪᠦᠷᠢᠯᠡᠬᠦ ᠶᠢ ᠲᠤᠤᠱᠯᠠᠭᠤᠯᠵᠤ᠂ ᠡᠳᠡᠭᠡᠷ ᠲᠤᠳᠠᠭᠳᠠᠯ  ᠎ ᠲᠠᠢ ᠲᠠᠯ᠎ᠠ ᠪᠠᠨ ᠵᠢᠩᠬᠢᠨᠢ ᠪᠠᠷ ᠬᠠᠯᠠᠬᠤ ᠬᠡᠷᠡᠭᠳᠡᠢ᠃       ᠭᠤᠷᠪᠡ ᠳᠤ ︽ᠬᠤᠶᠡᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ ᠬᠡᠪᠰᠢᠬᠦᠯᠬᠦ ᠲᠦᠷᠢᠮᠵᠢᠬᠦᠯᠬᠦ ᠪᠤᠯ ᠪᠢᠳᠡᠨ ᠤ ︽ᠠᠷᠪᠡᠨ ᠭᠤᠷᠪᠡᠳᠤᠭᠠᠷ ᠲᠠᠪᠤᠨ ᠵᠢᠯ ᠎ ᠤᠨ ᠲᠤᠯᠤᠪᠯᠡᠯᠭᠡ︾᠎ ᠶᠢᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠴᠢᠬᠤᠯᠠ ᠪᠠᠳᠣᠯᠠᠭ᠎ᠠ ᠪᠤᠯᠬᠤ ᠶᠢ ᠦᠨᠡᠨ ᠬᠦ ᠲᠠᠨᠢᠵᠤ ᠮᠡᠳᠡᠬᠦ ᠬᠡᠷᠡᠭᠳᠡᠢ᠃ ᠪᠦᠬᠦ ᠬᠤᠳᠠ ᠶᠢᠨ ᠶᠡᠷᠦᠩᠬᠡᠢ ᠪᠠᠶᠢᠳᠠᠯ ᠤᠨ ᠲᠤᠬᠠᠢ᠂ ᠪᠢᠳᠡ ᠶᠠᠳᠠᠭᠤ ᠠᠴᠠ ᠠᠩᠬᠢᠵᠢᠷᠠᠵᠤ ᠪᠠᠶᠠᠵᠢᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠢᠳᠦ ᠬᠠᠶᠠᠨ ᠪᠡᠶᠡᠯᠡᠬᠦᠯᠬᠦ ᠱᠠᠭᠠᠷᠳᠠᠯᠭ᠎ᠠ ᠶᠢ ᠲᠤᠷᠠᠳᠴᠦ᠂ ᠨᠢᠭᠡ ᠰᠤᠮᠤ ᠪᠠᠯᠭᠠᠰᠤ᠂ ᠨᠢᠭᠡ ᠭᠠᠴᠠᠭ᠎ᠠ ᠲᠤᠰᠬᠤᠨ ᠳᠤ ᠬᠦᠷᠳᠡᠯ᠎ᠡ ᠪᠣᠳᠠᠳᠠᠶᠢᠵᠢᠭᠤᠯᠤᠨ᠂ ᠮᠠᠯᠵᠢᠬᠤ ᠤᠷᠤᠨ ᠤ ᠠᠵᠦ ᠤᠶᠢᠯᠠᠰ ᠤᠨ ᠬᠦᠭᠵᠢᠯᠳᠠ ᠪᠤᠯᠤᠨ ᠪᠦᠳᠦᠴᠡ ᠶᠢᠨ ᠲᠤᠭᠢᠷᠠᠭᠤᠯᠤᠯᠳᠠ᠂ ᠶᠠᠳᠠᠭᠤ ᠠᠴᠠ ᠠᠩᠭᠢᠵᠢᠷᠠᠭᠤᠯᠬᠤ ᠵᠡᠷᠭᠡ ᠢᠨᠵᠧᠨᠧᠷᠢᠩ ᠢ ᠪᠦᠬᠦ ᠲᠠᠯ᠎ᠠ ᠪᠠᠷ ᠰᠠᠶᠢᠳᠤᠷ ᠠᠳᠬᠤᠵᠤ᠂ ᠭᠠᠴᠠᠭ᠎ᠠ ᠶᠢᠨ ᠬᠠᠮᠳᠦ ᠨᠠᠶᠢᠳᠠ ᠶᠢᠨ ᠠᠵᠦ ᠠᠬᠤᠢ ᠶᠢ ᠪᠤᠵᠠᠭᠠᠶᠢᠷᠠᠭᠤᠯᠵᠤ᠂ ᠠᠷᠠᠳ ᠲᠦᠮᠡᠨ ᠨᠢᠭᠡᠪᠦᠷᠢ ᠶᠢᠨ ᠪᠤᠶᠠᠨ ᠭᠡᠰᠢᠭ ᠢ ᠲᠡᠭᠡᠭᠰᠢᠯᠡᠬᠦᠯᠦᠨ᠂ ᠶᠡᠮᠡᠷᠪᠡ ᠨᠢᠭᠡ ᠬᠦᠮᠦᠨ ᠢ ᠴᠢᠨᠡᠭᠡᠯᠢᠭ ᠨᠡᠶᠢᠭᠡᠮ ᠤᠨ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠮ ᠤᠨ ᠡᠩᠨᠡᠭᠡ ᠠᠴᠠ ᠬᠤᠴᠤᠷᠭᠠᠬᠤ ᠦᠬᠡᠢ ᠪᠠᠷ ᠴᠢᠷᠮᠠᠶᠢᠵᠤ᠂ ᠡᠳᠡᠭᠡᠷ ᠨᠢ ᠦᠷᠭᠡᠨ ᠤᠯᠡᠨ ᠨᠠᠮ ᠤᠨ ᠬᠡᠰᠢᠬᠦᠨ ᠤ  ᠣᠷᠣᠯᠴᠠᠯᠭ᠎ᠠ ᠪᠤᠯᠤᠨ ᠲᠠᠮᠵᠢᠯᠭᠡ ᠠᠴᠠ ᠰᠠᠯᠵᠤ ᠴᠢᠳᠠᠬᠤ ᠦᠬᠡᠢ᠃      ᠬᠤᠶᠡᠷ᠂ ᠮᠦᠷᠦᠨ ᠲᠡᠭᠡᠷᠡᠭᠢ ᠡᠬᠦᠷᠬᠡ ᠬᠠᠷᠢᠭᠤᠴᠠᠯᠭ᠎ᠠ ᠪᠠᠨ ᠬᠦᠢᠴᠡᠳ ᠤᠶᠢᠯᠠᠭᠠᠨ ᠲᠠᠨᠢᠬᠤ ᠶᠢᠨ ᠲᠤᠬᠠᠢ      ᠭᠠᠴᠠᠭ᠎ᠠ ᠶᠢᠨ ︽ᠬᠤᠶᠡᠷ ᠬᠤᠷᠢᠶ᠎ᠠ︾ ᠪᠤᠯ ᠨᠠᠮ ᠤᠨ ᠪᠦᠬᠦ ᠠᠵᠢᠯ ᠪᠤᠯᠤᠨ ᠪᠠᠶᠢᠯᠳᠤᠬᠤ ᠬᠦᠴᠦᠨ ᠤ ᠰᠠᠭᠤᠷᠢ ᠪᠠᠶᠢᠵᠤ᠂ ᠨᠢᠭᠡ ᠲᠠᠯ᠎ᠠ ᠨᠢ ᠴᠢᠭᠯᠡᠯᠳᠠ ᠲᠦᠷᠦ ᠶᠢᠨ ᠪᠤᠳᠤᠯᠭ᠎ᠠ ᠶᠢ ᠬᠤᠯᠪᠤᠵᠤ᠂ ᠨᠢᠭᠡ ᠲᠠᠯ᠎ᠠ ᠨᠢ ᠮᠢᠩᠭᠠᠨ ᠠᠶᠢᠯ ᠲᠦᠮᠡᠨ ᠡᠷᠦᠬᠡ ᠶᠢ ᠬᠤᠯᠪᠤᠨ᠂ ᠤᠯᠡᠨ ᠲᠦᠮᠡᠨ ᠲᠠᠢ ᠰᠢᠭᠤᠳ ᠨᠢᠭᠤᠷᠳᠡᠨ ᠶᠠᠪᠤᠯᠴᠠᠵᠤ᠂ ᠣᠷᠣᠨ ᠪᠠᠶᠢᠷᠢ ᠎ ᠨᠢ ᠤᠨᠴᠠᠭᠠᠢ᠂ ᠡᠬᠦᠷᠭᠡ ᠬᠠᠷᠢᠭᠤᠴᠠᠯᠭ᠎ᠠ ᠨᠢ ᠬᠦᠨᠳᠤ ᠴᠢᠬᠤᠯᠠ᠃ ᠮᠢᠨᠤ ᠪᠤᠳᠤᠬᠤ ᠪᠠᠷ᠂ ᠭᠤᠤᠯᠳᠠᠭᠤ ᠲᠤᠤᠷᠠᠬᠢ ᠭᠤᠷᠪᠡᠨ ᠲᠠᠯ᠎ᠠ ᠪᠠᠷ ᠢᠯᠠᠷᠠᠵᠤ ᠪᠤᠢ᠃ ᠨᠢᠭᠡ ᠳᠤ ᠤᠯᠡᠨ ᠲᠦᠮᠡᠨ ᠢ ᠵᠤᠬᠢᠶᠠᠨ ᠪᠠᠶᠢᠭᠤᠯᠤᠨ᠎ᠠ᠃ ᠨᠠᠮ ᠤᠨ ᠮᠠᠯᠵᠢᠬᠤ ᠤᠷᠤᠨ ᠳᠠᠬᠢ ᠵᠠᠮ ᠱᠣᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠪᠤᠳᠠᠳᠠᠢ ᠲᠤᠤᠱᠯᠠᠭᠤᠯᠬᠤ᠂ ᠡᠯ᠎ᠡ ᠲᠠᠯ᠎ᠠ ᠶᠢᠨ ᠡᠬᠦᠷᠭᠡ ᠤᠨ ᠤᠷᠤᠭᠰᠢᠳᠠᠢ ᠶᠠᠪᠤᠭᠳᠠᠬᠤ ᠨᠢ ᠬᠠᠮᠤᠭ ᠡᠴᠣᠰ ᠲᠤ ᠪᠠᠨ ᠭᠠᠴᠠᠭᠠᠨ ᠤ ᠨᠠᠮ ᠤᠨ ᠡᠬᠦᠷ᠂ ᠱᠦᠵᠢ᠂ ᠡᠷᠬᠢᠯᠡᠭᠴᠢ᠂ ᠺᠠᠳ᠋ᠷ ᠨᠠᠷ ᠢ  ᠲᠦᠰᠢᠵᠦ᠂ ᠤᠯᠡᠨ ᠲᠦᠮᠡᠨ ᠢ ᠵᠤᠬᠢᠶᠠᠨ ᠪᠠᠶᠢᠭᠤᠯᠵᠤ᠂ ᠣᠯᠡᠨ ᠲᠦᠮᠡᠨ ᠢ ᠲᠠᠭᠠᠭᠤᠯᠤᠨ ᠴᠢᠷᠮᠠᠶᠢᠨ ᠲᠡᠮᠡᠴᠡᠨ᠎ᠠ  ᠃ ᠡᠰᠡᠬᠦᠯ᠎ᠡ ᠶᠠᠮᠠᠷᠪᠠ ᠰᠠᠶᠢᠨ ᠵᠤᠷᠢᠯᠳᠠ ᠴᠦ ᠪᠤᠳᠠᠳᠠᠢ ᠪᠠᠶᠢᠳᠠᠯ ᠢ ᠬᠤᠪᠢᠷᠠᠭᠤᠯᠵᠤ ᠲᠡᠶᠢᠯᠬᠦ ᠦᠬᠡᠢ᠃ ᠬᠤᠶᠠᠷ ᠲᠤ᠂ ᠤᠯᠡᠨ ᠲᠦᠮᠡᠨ ᠲᠠᠢ ᠬᠠᠷᠢᠯᠴᠠᠨ᠎ᠠ᠃ ᠦᠷᠭᠡᠨ ᠣᠯᠡᠨ ᠠᠷᠠᠳ ᠲᠦᠮᠡᠨ ᠤ ᠰᠠᠨᠠᠯ᠂ ᠬᠦᠰᠡᠯᠡᠩ ᠪᠤᠯᠤᠨ ᠱᠠᠭᠠᠷᠳᠠᠯᠭ᠎ᠠ᠂ ᠨᠠᠮ ᠤᠨ ᠵᠠᠮ ᠱᠣᠭᠤᠮ ᠴᠢᠭᠯᠡᠯᠳᠠ ᠲᠦᠷᠦ ᠶᠢᠨ ᠪᠤᠳᠤᠯᠭ᠎ᠠ ᠪᠤᠯᠤᠨ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢ ᠪᠠᠷᠢᠰᠢᠭᠤᠯᠤᠯᠳᠠ ᠤᠨ ᠮᠠᠯᠵᠢᠬᠤ ᠤᠷᠤᠨ ᠳᠤ ᠪᠤᠳᠠᠳᠠᠶᠢᠵᠢᠭᠤᠯᠵᠤ ᠲᠤᠤᠱᠯᠠᠭᠤᠯᠬᠤ ᠪᠠᠶᠢᠭ᠎ᠠ ᠪᠠᠶᠢᠳᠠᠯ᠂ ᠪᠦᠷ ᠭᠠᠴᠠᠭᠠᠨ ᠤ ︽ᠬᠤᠶᠠᠷ ᠬᠤᠷᠢᠶ᠎ᠠ︾᠎ ᠤᠨ ᠲᠦᠪᠯᠡᠷᠡᠬᠦ ᠪᠠᠷ ᠲᠠᠮᠵᠢᠨ᠂ ᠲᠡᠭᠡᠭᠰᠢ ᠲᠤᠰᠬᠠᠵᠤ᠂ ᠲᠡᠭᠡᠷ᠎ᠡ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠴᠠᠭ ᠲᠤᠬᠠᠢ ᠳᠤ ᠨᠢ ᠣᠯᠡᠨ ᠲᠦᠮᠡᠨ ᠤ ᠪᠠᠶᠢᠳᠠᠯ ᠢ ᠤᠶᠢᠯᠠᠭᠠᠨ ᠮᠡᠳᠡᠵᠦ᠂ ᠤᠯᠡᠨ ᠲᠦᠮᠡᠨ ᠤ ᠬᠦᠰᠡᠯ ᠱᠠᠭᠠᠷᠳᠠᠯᠭ᠎ᠠ ᠶᠢ ᠤᠯᠵᠤ ᠰᠤᠨᠤᠰᠤᠨ᠂ ᠤᠯᠡᠨ ᠲᠦᠮᠡᠨ ᠤ ᠶᠠᠭᠤ ᠶᠢ ᠵᠦᠪᠰᠢᠶᠠᠷᠠᠬᠦ᠂ ᠶᠠᠭᠤ ᠶᠢ ᠡᠰᠡᠷᠬᠦᠴᠡᠬᠦ ᠶᠢ ᠮᠡᠳᠡᠵᠦ᠂ ᠡᠬᠦᠨ ᠤ ᠰᠠᠭᠤᠷᠢᠨ ᠲᠡᠭᠡᠷ᠎ᠡ ᠵᠦᠪ ᠤᠨᠤᠪᠴᠢᠳᠠᠢ ᠰᠢᠢᠳᠪᠦᠷᠢ ᠭᠠᠷᠭᠠᠬᠤ ᠳᠤ ᠠᠰᠢᠭᠳᠠᠢ ᠃ ᠭᠤᠷᠪᠡ ᠳᠤ ᠤᠯᠡᠨ ᠲᠦᠮᠡᠨ ᠢ ᠤᠬᠠᠭᠤᠯᠤᠨ᠎ᠠ᠃ ᠨᠠᠮ ᠤᠨ ᠵᠠᠮ ᠱᠣᠭᠤᠮ ᠴᠢᠭᠯᠡᠯᠳᠠ ᠲᠦᠷᠦ ᠶᠢᠨ ᠪᠤᠳᠤᠯᠭ᠎ᠠ᠂ ᠲᠡᠭᠡᠷ᠎ᠡ ᠱᠠᠳᠣᠨ ᠠᠴᠠ ᠲᠤᠷᠤᠭᠰᠢ ᠶᠠᠪᠤᠭᠤᠯᠤᠭᠰᠠᠨ  ᠪᠠᠶᠢᠷᠢᠯᠠᠭᠤᠯᠤᠯᠳᠠ ᠶᠢᠨ ᠡᠬᠦᠷᠭᠡ ᠬᠠᠷᠢᠭᠤᠴᠠᠯᠭ᠎ᠠ ᠨᠢ ᠭᠠᠴᠠᠭᠠᠨ ᠤ ᠨᠠᠮ ᠤᠨ ᠡᠬᠦᠷ᠂ ᠱᠦᠵᠢ᠂ ᠡᠷᠬᠢᠯᠡᠭᠴᠢ᠂ ᠺᠠᠳ᠋ᠷ ᠢᠶᠠᠷ ᠲᠠᠮᠵᠢᠵᠤ᠂ ᠦᠷᠭᠡᠨ ᠤᠯᠡᠨ ᠠᠷᠠᠳ ᠲᠦᠮᠡᠨ ᠎ ᠳᠤ ᠰᠣᠷᠭᠠᠨ ᠬᠦᠮᠦᠵᠢᠯ ᠢ   ᠣᠬᠠᠭᠤᠯᠵᠤ᠂ ᠬᠦᠴᠢᠷ ᠮᠠᠳᠠᠭ ᠢ ᠲᠠᠶᠢᠪᠤᠷᠢᠯᠡᠨ᠂ ᠤᠷᠮ᠎ᠠ ᠵᠤᠷᠢᠭ ᠢ ᠢᠯᠭᠠᠳᠬᠠᠵᠤ᠂ ᠵᠦᠷᠢᠴᠡᠯ ᠢ ᠠᠷᠢᠯᠭᠠᠬᠤ ᠬᠡᠷᠡᠭᠳᠡᠢ᠃ ᠮᠠᠯᠵᠢᠬᠤ ᠤᠷᠤᠨ ᠤ ᠨᠠᠮ ᠤᠨ ᠭᠡᠰᠢᠬᠦᠨ ᠺᠠᠳ᠋ᠷ ᠪᠤᠯᠤᠭᠰᠡᠨ ᠤ ᠬᠤᠪᠢ ᠳᠤ᠂ ᠢᠮᠠᠭᠳᠠ ᠴᠠᠭ ᠦᠶ᠎ᠠ ᠶᠢᠨ ᠬᠦᠭᠵᠢᠯᠳᠡ ᠶᠢᠨ ᠲᠡᠷᠢᠬᠦᠨ ᠡᠩᠨᠡᠭᠡᠨ ᠳᠤ ᠵᠤᠭᠰᠤᠨ᠂ ᠡᠯ᠎ᠡ ᠲᠦᠷᠦᠯ ᠤᠨ ᠴᠢᠬᠤᠯᠠ ᠠᠵᠢᠯ ᠤᠨ ︽ᠡᠮᠤᠨ᠎ᠡ ᠹᠷᠤᠨᠲ︾᠎ ᠳᠤ ᠲᠡᠮᠡᠴᠡᠵᠦ᠂ ᠬᠦᠴᠢᠷ ᠪᠡᠷᠭᠡ ᠢ ᠢᠯᠡᠨ ᠲᠠᠪᠠᠵᠤ᠂ ᠲᠠᠰᠤᠷᠠᠯᠳᠠ ᠦᠬᠡᠢ ᠤᠷᠤᠭᠰᠢᠯᠠᠬᠤ ᠬᠡᠷᠡᠭᠳᠡᠢ᠃ ᠨᠠᠮ ᠤᠨ ᠬᠡᠰᠢᠬᠦᠨ ᠪᠤᠯ ᠲᠠᠪᠰᠢᠩᠭᠤᠢ ᠶᠢᠨ︽ᠲᠦᠯᠦᠭᠡᠨ ᠤ ᠨᠡᠷ᠎ᠡ ᠦᠭᠡ︾ ᠭᠡᠵᠦ ᠬᠡᠯᠡᠵᠦ ᠪᠤᠯᠤᠨ᠎ᠠ᠃ ᠡᠷᠭᠡᠪᠰᠢ ᠲᠠᠰᠣᠷᠠᠯᠳᠠ ᠦᠬᠡᠢ ᠰᠢᠨ᠎ᠠ ᠭᠡᠪ ᠪᠠᠶᠢᠳᠠᠯ ᠲᠠᠢ ᠵᠤᠬᠢᠴᠠᠵᠦ᠂ ᠠᠵᠢᠯ ᠤᠨ ᠰᠢᠨ᠎ᠠ ᠪᠦᠳᠦᠮᠵᠢ ᠶᠢ ᠣᠶᠢᠯᠠᠳᠣᠪᠠᠯ ᠰᠠᠶ᠋ᠢ ᠨᠢᠭᠡᠨ ᠭᠢᠷᠢ ᠲᠡᠩᠴᠡᠭᠰᠡᠨ ᠨᠠᠮ ᠤᠨ ᠭᠡᠰᠢᠬᠦᠨ ᠪᠤᠯᠵᠤ ᠲᠡᠶᠢᠯᠤᠨ᠎ᠠ᠃ ᠨᠢᠭᠡ ᠲᠠᠯ᠎ᠠ ᠪᠠᠷ᠂ ᠤᠳᠤᠬᠢ ᠬᠡᠯᠪᠡᠷᠢ ᠶᠢ ᠲᠤᠳᠤᠷᠬᠠᠢ ᠲᠠᠨᠢᠬᠤ ᠬᠡᠷᠡᠭᠳᠡᠢ᠃ ᠡᠯ᠎ᠡ ᠵᠦᠢᠯ ᠤᠨ ᠦᠭᠡᠷᠡᠴᠢᠯᠡᠬᠦ ᠠᠵᠢᠯᠯᠠᠭ᠎ᠠ ᠎ ᠶᠢ ᠬᠦᠨᠵᠡᠬᠡᠢ ᠠᠬᠢᠭᠤᠯᠬᠤ ᠪᠤᠯᠤᠨ ᠠᠵᠦ ᠠᠬᠤᠢ ᠨᠠᠶᠢᠭᠡᠮ ᠲᠠᠰᠣᠷᠠᠯᠳᠠ ᠦᠬᠡᠢ ᠬᠦᠭᠵᠢᠬᠦ ᠶᠢ ᠲᠠᠭᠠᠯᠳᠤᠨ᠂ ᠮᠠᠯᠵᠢᠬᠤ ᠤᠷᠤᠨ ᠤ ᠠᠵᠢᠯ ᠤᠨ ᠭᠡᠯᠪᠡᠷᠢ ᠮᠠᠰᠢ ᠬᠦᠨᠵᠡᠬᠡᠢ ᠬᠤᠪᠢᠷᠠᠯᠳᠠ ᠭᠠᠷᠤᠭᠰᠠᠨ ᠪᠠᠶᠢᠨ᠎ᠠ᠃ ᠤᠳᠤᠬᠢ ᠰᠢᠨ᠎ᠠ ᠭᠡᠯᠪᠡᠷᠢ ᠪᠠᠶᠢᠳᠠᠯ ᠤᠨ ᠲᠤᠤᠷ᠎ᠠ᠂ ᠨᠠᠮ ᠤᠨ ᠬᠡᠰᠢᠬᠦᠨ ᠪᠠᠶᠠᠵᠢᠵᠦ ᠲᠡᠶᠢᠯᠬᠦ ᠦᠬᠡᠢ᠂ ᠴᠢᠨᠠᠨᠰᠢᠯᠠᠪᠠᠯ ᠣᠯᠡᠨ ᠲᠦᠮᠡᠨ ᠎ ᠠᠴᠠ ᠢᠯᠡᠬᠦᠦ ᠶᠠᠳᠠᠭᠤ ᠪᠠᠶᠢᠪᠠᠯ᠂ ᠣᠯᠡᠨ ᠲᠦᠮᠡᠨ ᠤ ᠲᠤᠮᠳᠠ ᠢᠳᠡᠭᠡᠯ ᠪᠠᠶᠢᠬᠤ ᠦᠬᠡᠢ ᠪᠠᠶᠢᠵᠤ᠂ ᠨᠠᠮ ᠤᠨ ᠭᠡᠰᠢᠬᠦᠨ ᠤ ᠲᠠᠪᠰᠢᠩᠭᠤᠢ ᠴᠢᠨᠠᠷ ᠨᠡᠩ ᠴᠤ ᠶᠠᠷᠢᠬᠤ ᠶᠢᠨ ᠠᠷᠭ᠎ᠠ ᠦᠬᠡᠢ᠃ ᠦᠨᠳᠦᠰᠦᠨ ᠱᠠᠳᠦᠨ ᠤ ᠨᠠᠮ ᠤᠨ ᠭᠡᠰᠢᠬᠦᠨ ᠪᠤᠯᠤᠭᠰᠠᠨ ᠬᠤᠪᠢ ᠳᠤ᠃ ᠡᠷᠭᠡᠪᠰᠢ ᠭᠠᠴᠠᠭᠠᠨ ᠤ ᠠᠵᠦ ᠠᠬᠤᠢ ᠶᠢᠨ ᠬᠦᠭᠵᠢᠯᠳᠠ ᠶᠢ ᠲᠦᠯᠬᠢᠨ ᠠᠬᠢᠭᠤᠯᠬᠤ ᠪᠠᠷ ᠡᠬᠦᠷᠭᠡ ᠪᠠᠨ ᠪᠤᠯᠭᠠᠵᠤ᠂ ᠣᠯᠡᠨ ᠲᠦᠮᠡᠨ ᠢ ᠲᠠᠭᠠᠭᠤᠯᠤᠨ ᠬᠠᠮᠳᠤ ᠪᠠᠷ ᠪᠠᠶᠠᠵᠢᠬᠤ ᠪᠠᠷ ᠬᠠᠷᠠᠯᠳᠠ ᠎ ᠪᠠᠨ ᠪᠤᠯᠭᠠᠨ᠂ ᠪᠤᠳᠠᠳᠤ ᠪᠠᠶᠢᠳᠠᠯ ᠳᠤ ᠬᠠᠨᠳᠤᠵᠤ᠂ ᠬᠦᠴᠢᠷ ᠪᠡᠷᠭᠡ ᠶᠢ ᠵᠦᠪ ᠢᠶᠠᠷ ᠲᠠᠨᠢᠵᠤ᠂ ᠬᠦᠴᠢᠷ ᠪᠡᠷᠭᠡ ᠶᠢ ᠢᠯᠡᠨ ᠲᠠᠪᠠᠵᠤ᠂ ᠤᠯᠡᠨ ᠲᠦᠮᠡᠨ ᠤ ᠲᠦᠯᠦᠬᠡ ᠨᠢᠭᠡᠨ ᠤᠷᠤᠯᠭ᠎ᠠ ᠨᠡᠮᠡᠭᠳᠡᠬᠦᠯᠵᠦ ᠪᠠᠶᠠᠵᠢᠬᠤ ᠰᠠᠶᠢᠨ ᠵᠠᠮ ᠢ ᠭᠠᠷᠭᠠᠵᠤ ᠦᠭᠬᠦ ᠪᠠᠷ ᠴᠢᠷᠮᠠᠶᠢᠵᠠᠭᠠᠶ᠎ᠠ︕
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号