| ᠪᠦᠬᠦ ᠬᠤᠲᠠ ᠶᠢᠨ ᠬᠦᠳᠡᠯᠮᠦᠷᠢ ᠶᠢᠨ ᠵᠢᠱᠢᠶᠠᠴᠢ ᠪᠤᠯᠤᠨ ᠲᠡᠷᠢᠬᠦᠨ ᠤ ᠠᠵᠢᠯᠳᠡᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠲᠡᠭᠡᠷᠡᠬᠢ ᠶᠠᠷᠢᠶ᠎ᠠ | ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠢᠨ ᠮᠢᠩ | | ᠨᠦᠬᠦᠳ ᠡ᠄ | ᠡᠨᠡ ᠵᠢᠯ ᠪᠤᠯ ᠦᠪᠦᠷ ᠮᠤᠩᠭᠤᠯ ᠪᠠᠶᠢᠭᠤᠯᠤᠭᠳᠠᠭᠰᠠᠨ 70 ᠵᠢᠯ ᠤᠨ ᠤᠢ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠᠰᠠ ᠶᠠᠭ ᠰᠠᠶᠢᠬᠠᠨ ᠬᠤᠷᠠᠯᠳᠤᠵᠦ ᠪᠠᠶᠢᠨ᠎ᠠ᠂ ᠪᠢᠳᠡ ᠪᠦᠬᠦ ᠬᠤᠲᠠ ᠶᠢᠨ ᠬᠦᠳᠡᠯᠮᠦᠷᠢ | ᠶᠢᠨ ᠵᠢᠱᠢᠶᠠᠴᠢ ᠪᠤᠯᠤᠨ ᠲᠡᠷᠢᠬᠦᠨ ᠤ ᠠᠵᠢᠯᠳᠡᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠵᠦ᠂ | ᠪᠦᠬᠦ ᠬᠤᠳᠠ ᠶᠢᠨ ᠡᠯ᠎ᠡ ᠰᠠᠯᠠᠭ᠎ᠠ ᠮᠦᠴᠢᠷ᠂ ᠡᠯ᠎ᠡ ᠹᠷᠤᠨᠲ ᠲᠤ ᠴᠤᠯᠭᠤᠷᠠᠨ ᠭᠠᠷᠤᠭᠰᠠᠨ ᠬᠦᠳᠡᠯᠮᠦᠷᠢ ᠶᠢᠨ | ᠵᠢᠱᠢᠶᠡᠴᠢ ᠪᠠ ᠲᠡᠷᠢᠬᠦᠨ ᠤ ᠠᠵᠢᠯᠳᠡᠨ ᠢ ᠦᠪᠳᠡᠭᠰᠢ ᠶᠡᠭᠡ ᠪᠠᠷ ᠬᠦᠬᠢᠬᠦᠯᠦᠨ ᠰᠠᠶᠢᠰᠢᠶᠠᠬᠤ ᠪᠤᠯᠤᠨ᠎ᠠ᠃ ᠠᠳᠡ ᠪᠢ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠵᠦ᠂ ᠬᠦᠬᠢᠬᠦᠯᠦᠯ ᠬᠦᠷᠳᠡᠭᠰᠡᠨ ᠬᠦᠳᠡᠯᠮᠦᠷᠢ | ᠶᠢᠨ ᠵᠢᠱᠢᠶᠡᠴᠢ ᠪᠠ ᠲᠡᠷᠢᠬᠦᠨ ᠤ ᠠᠵᠢᠯᠳᠡᠨ ᠳᠤ ᠬᠠᠯᠠᠭᠤᠨ ᠢᠶᠠᠷ ᠪᠠᠶᠠᠷ ᠬᠦᠷᠭᠡᠵᠦ ᠪᠠᠶᠢᠨ᠎ᠠ︕ ᠪᠦᠬᠦ ᠬᠤᠳᠠ ᠶᠢᠨ | ᠡᠯ᠎ᠡ ᠰᠠᠯᠠᠭ᠎ᠠ ᠮᠦᠴᠢᠷ᠂ ᠡᠯ᠎ᠡ ᠹᠷᠤᠨᠲ ᠲᠡᠭᠡᠷ᠎ᠡ ᠴᠢᠷᠮᠠᠶᠢᠨ ᠠᠵᠢᠯᠯᠠᠵᠦ ᠪᠠᠶᠢᠭ᠎ᠠ ᠦᠷᠭᠡᠨ ᠤᠯᠡᠨ ᠠᠵᠢᠯᠳᠡᠨ ᠣᠯᠠᠨ | ᠲᠦᠮᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠤᠢᠢᠷ᠎ᠠ ᠶᠢᠨ ᠵᠢᠯ᠂ ᠴᠢᠩᠭ᠎ᠠ ᠪᠤᠳᠤᠯᠢᠶᠠᠨᠳᠠᠢ ᠬᠦᠭᠵᠢᠯᠳᠡ ᠶᠢᠨ ᠪᠠᠶᠢᠳᠠᠯ ᠪᠤᠯᠤᠨ ᠠᠵᠤ ᠠᠬᠤᠢ ᠶᠢᠨ | ᠲᠤᠷᠤᠭᠰᠢᠯᠠᠬᠤ ᠲᠠᠷᠤᠯᠳᠠᠳᠤ ᠲᠤᠤᠷ᠎ᠠ᠂ ᠪᠥᠬᠦ ᠬᠤᠲᠠ ᠪᠠᠷ ᠢᠶᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ | ᠱᠦᠵᠢ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠬᠦᠴᠢᠷ ᠪᠡᠷᠬᠡ ᠶᠢ ᠢᠯᠠᠨ | ᠳᠠᠪᠠᠵᠤ᠂ ᠬᠦᠴᠦᠯᠡᠨ ᠴᠢᠷᠮᠠᠶᠢᠨ᠂ ᠥᠭᠡᠷᠡᠴᠢᠯᠡᠯᠲᠡ ᠬᠢᠵᠦ ᠰᠢᠨ᠎ᠡ ᠶᠢ ᠡᠬᠦᠳᠴᠦ᠂ ᠪᠥᠬᠦ ᠬᠤᠲᠠ ᠶᠢᠨ ᠠᠵᠤ | ᠠᠬᠤᠶ ᠶᠢᠨ ᠭᠤᠣᠯ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠨ᠂ ᠠᠵᠤ ᠦᠢᠯᠡᠰ ᠤᠨ ᠪᠦᠲᠦᠴᠡ | ᠲᠠᠰᠤᠷᠠᠯᠲᠠ ᠦᠭᠡᠶ ᠰᠢᠯᠢᠳᠡᠭᠵᠢᠵᠦ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ | ᠠᠷᠠᠳ ᠤᠨ ᠠᠮᠢᠳᠤᠷᠠᠯ ᠤᠨ ᠦᠢᠯᠡᠰ ᠢᠯᠡᠳᠲᠡ ᠰᠠᠶᠢᠵᠢᠷᠠᠨ᠂ ᠨᠡᠶᠢᠭᠡᠮ ᠤᠨ ᠶᠡᠭᠡ ᠪᠠᠶᠢᠳᠠᠯ ᠡᠶ᠎ᠡ ᠵᠤᠬᠢᠴᠠᠩᠭᠤᠢ | ᠲᠣᠭᠲᠠᠭᠤᠨ ᠪᠠᠶᠢᠨ᠎ᠠ᠃ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ ᠪᠦᠬᠦ ᠬᠤᠳᠠ ᠶᠢᠨ ᠠᠷᠠᠳ ᠲᠦᠮᠡᠨ ᠤ | ᠰᠡᠳᠭᠢᠯ ᠵᠤᠷᠢᠭ ᠢᠶᠠᠨ ᠨᠢᠭᠡᠳᠭᠡᠨ ᠲᠡᠮᠡᠴᠡᠭᠰᠡᠨ ᠤ ᠦᠷ᠎ᠡ ᠳ᠋ᠦᠩ᠂ ᠥᠷᠭᠡᠨ ᠤᠯᠠᠨ ᠬᠥᠳᠡᠯᠮᠦᠷᠢᠴᠢᠳ ᠤᠨ | ᠰᠢᠷᠭᠠᠭᠤ ᠬᠠᠳᠠᠭᠤᠵᠢᠯᠳᠠᠢ ᠬᠦᠴᠦ ᠬᠥᠳᠡᠯᠮᠦᠷᠢ ᠪᠠ ᠤᠶᠤᠨ ᠤᠬᠠᠭᠠᠨ ᠤ ᠤᠬᠢ ᠪᠦᠲᠦᠭᠡᠯ ᠪᠤᠯᠤᠨ᠎ᠠ᠃ | ᠤᠳᠤᠬᠠᠨ ᠳᠤ᠂ ᠮᠠᠨ ᠤ ᠬᠤᠲᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠦᠶ᠎ᠡ | ᠳᠤ ᠤᠷᠤᠰᠢᠵᠦ᠂ ᠬᠥᠭᠵᠢᠯᠲᠡ ᠶᠢᠨ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠭᠰᠠᠭᠠᠷ᠂ ᠨᠡᠮᠡᠭᠳᠡᠯ ᠢ | ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠮᠢ ᠠᠬᠤᠶ ᠶᠢ ᠬᠠᠮᠠᠭᠠᠯᠠᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠥᠭᠡᠷᠡᠴᠢᠯᠡᠯᠲᠡ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠡᠭᠦᠷᠭᠡ ᠮᠦᠨᠬᠦ ᠬᠦᠨᠳᠦ ᠪᠠᠶᠢᠨ᠎ᠠ᠃ ᠲᠦᠪᠡᠭ ᠪᠤᠳᠤᠯᠢᠶᠠᠨᠲᠠᠶ ᠪᠠᠶᠢᠳᠠᠯ ᠪᠣᠯᠤᠨ ᠬᠦᠴᠢᠷ ᠪᠡᠷᠬᠡᠰᠢᠶᠡᠯᠲᠡᠶ ᠡᠭᠦᠷᠭᠡ | ᠶᠢᠨ ᠡᠮᠦᠨ᠎ᠡ᠂ ᠪᠢᠳᠡ ᠥᠩᠭᠡᠷᠡᠭᠰᠡᠨ ᠤ ᠠᠯᠢ ᠦᠶ᠎ᠡ ᠠᠴᠠ ᠴᠤ ᠢᠯᠡᠬᠦᠤ ᠬᠥᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ ᠶᠢ ᠬᠡᠷᠡᠭᠯᠡᠵᠦ᠂ ᠪᠦᠬᠦ ᠬᠤᠳᠠ ᠶᠢᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠵᠤ᠂ ᠥᠩᠭᠡᠷᠡᠭᠰᠡᠨ ᠤ ᠠᠯᠢ ᠦᠶ᠎ᠡ ᠠᠴᠠ ᠴᠤ ᠢᠯᠡᠬᠦᠤ ᠬᠦᠳᠡᠯᠮᠦᠷᠢᠴᠢᠳ ᠤᠨ ᠤᠶᠤᠨ ᠤᠬᠠᠭᠠᠨ ᠪᠠ | ᠬᠦᠴᠦᠨ ᠴᠢᠳᠠᠯ ᠢ ᠬᠡᠷᠡᠭᠯᠡᠵᠦ᠂ ᠰᠢᠨ᠎ᠡ ᠬᠡᠪ ᠪᠠᠶᠢᠳᠠᠯ ᠳᠣᠣᠷᠠᠬᠢ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠪᠠᠶᠢᠳᠠᠯ ᠢ ᠡᠬᠦᠳᠬᠦ ᠴᠢᠬᠤᠯᠠᠳᠠᠢ ᠶᠤᠮ᠃ ᠪᠦᠬᠦ ᠬᠤᠳᠠ ᠶᠢᠨ ᠥᠷᠭᠡᠨ ᠤᠯᠠᠨ ᠠᠵᠢᠯᠳᠠᠨ ᠪᠠ ᠬᠥᠳᠡᠯᠮᠦᠷᠢᠴᠢᠨ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠷᠠᠭᠤ ᠠᠯᠳᠠᠷᠲᠤ ᠡᠭᠦᠷᠭᠡ ᠶᠢ | ᠤᠬᠠᠮᠰᠠᠷ ᠠᠴᠠ ᠪᠠᠨ ᠡᠭᠦᠷᠭᠡᠯᠡᠵᠦ᠂ ᠰᠢᠯᠢ ᠶᠢᠨ ᠬᠤᠳᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ | ᠳᠤ ᠢᠳᠡᠪᠬᠢᠲᠡᠶ ᠤᠷᠤᠯᠴᠠᠨ᠂ ᠤᠷᠤᠭᠰᠢᠯᠠᠯᠲᠠ ᠶᠢᠨ ᠵᠠᠮ ᠳᠡᠭᠡᠷ᠎ᠡ ᠰᠢᠨ᠎ᠡ ᠠᠮᠵᠢᠯᠲᠠ ᠪᠦᠲᠦᠮᠵᠢ ᠶᠢ ᠲᠡᠰᠤᠷᠡᠯᠳᠡ | ᠦᠭᠡᠢ ᠡᠭᠦᠳᠦᠨ ᠪᠦᠳᠦᠭᠡᠶ᠎ᠡ ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠳᠤ᠂ ᠠᠵᠢᠯ ᠬᠢᠵᠦ | ᠦᠢᠯᠡᠰ ᠪᠤᠰᠬᠠᠬᠤ ᠭᠦᠨ ᠵᠤᠵᠠᠭᠠᠨ ᠤᠷᠴᠢᠨ ᠲᠤᠭᠤᠷᠢᠨ ᠢ ᠡᠬᠦᠳᠬᠦ ᠬᠡᠷᠡᠭᠳᠡᠢ᠃ ᠥᠨᠥᠳᠦᠷ ᠬᠥᠬᠢᠭᠦᠯᠦᠨ | ᠰᠠᠶᠢᠰᠢᠶᠠᠭᠳᠠᠭᠰᠠᠨ 70 ᠨᠡᠷ᠎ᠡ ᠬᠥᠳᠡᠯᠮᠦᠷᠢ ᠶᠢᠨ ᠵᠢᠱᠢᠶᠡᠴᠢ ᠬᠢᠭᠡᠳ ᠲᠡᠷᠢᠭᠦᠨ ᠤ ᠠᠵᠢᠯᠳᠠᠨ ᠨᠢ ᠪᠥᠬᠦ | ᠬᠤᠲᠠ ᠶᠢᠨ ᠡᠯ᠎ᠡ ᠬᠦᠷᠢᠶ᠎ᠠ ᠴᠠᠷᠠᠭ᠎ᠠ ᠠᠴᠠ ᠢᠷᠡᠭᠰᠡᠨ ᠶᠤᠮ᠂ ᠴᠥᠮ ᠲᠤᠰ ᠠᠵᠢᠯ ᠲᠦᠷᠤᠯ ᠤᠨ ᠬᠢᠨ ᠤ ᠬᠡᠪ | ᠳᠠᠭᠤᠷᠢᠶᠠᠯ ᠪᠤᠯᠤᠨ᠎ᠠ᠃ ᠪᠢᠳᠡ ᠲᠤᠰ ᠤᠳᠠᠭᠠᠨ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠪᠦᠬᠦ ᠨᠡᠶᠢᠭᠡᠮ ᠢ ᠬᠦᠳᠦᠯᠦᠨ ᠵᠢᠯᠤᠭᠤᠳᠴᠦ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠵᠦ᠂ | ᠲᠡᠳᠡᠨᠡᠷ ᠠᠴᠠ ᠲᠠᠭᠠᠨ ᠰᠤᠷᠤᠯᠴᠠᠨ᠂ ᠬᠥᠳᠡᠯᠮᠦᠷᠢ ᠶᠢᠨ ᠵᠢᠱᠢᠶᠡᠴᠢ ᠪᠣᠯᠬᠤ ᠪᠠᠷ ᠴᠢᠷᠮᠠᠶᠢᠵᠤ᠂ ᠠᠵᠢᠯ ᠬᠢᠵᠦ | ᠦᠢᠯᠡᠰ ᠪᠤᠰᠬᠠᠬᠤ ᠭᠦᠨ ᠵᠤᠵᠠᠭᠠᠨ ᠤᠷᠴᠢᠨ ᠲᠤᠭᠤᠷᠢᠨ ᠢ ᠡᠬᠦᠳᠬᠦ ᠪᠠᠷ ᠴᠢᠷᠮᠠᠶᠢᠨ᠎ᠠ᠃ ᠬᠦᠳᠡᠯᠮᠦᠷᠢ ᠶᠢᠨ | ᠵᠢᠱᠢᠶᠡᠴᠢ ᠶᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠬᠤ᠂ ᠪᠤᠳᠠᠳᠠᠢ | ᠶᠢ ᠡᠷᠬᠢᠮᠯᠡᠬᠦ ᠵᠣᠷᠢᠭ ᠰᠠᠨᠠᠭ᠎ᠠ ᠶᠢ ᠲᠠᠭᠠᠨ ᠰᠣᠷᠤᠯᠴᠠᠵᠦ᠂ ᠪᠣᠳᠠᠲᠤ ᠪᠠᠶᠢᠳᠠᠯ ᠳᠤ ᠰᠠᠭᠤᠷᠢᠯᠠᠨ ᠦᠵᠡᠯ ᠰᠠᠨᠠᠭ᠎ᠠ ᠪᠠᠨ | ᠴᠢᠯᠤᠭᠡᠯᠡᠵᠦ᠂ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠬᠠᠷᠰᠢ ᠰᠠᠭᠠᠳ ᠪᠠ ᠣᠶᠢᠯᠠᠭᠠᠭᠳᠠᠬᠤᠨ ᠢ ᠲᠡᠪᠴᠢᠵᠦ᠂ | ᠪᠥᠬᠦ ᠬᠤᠲᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠵᠤ᠂ ᠮᠠᠨ ᠤ ᠬᠤᠲᠠ ᠶᠢᠨ ᠬᠡᠯᠪᠡᠷᠢ ᠪᠠᠨ | ᠬᠤᠪᠢᠷᠠᠭᠤᠯᠬᠤ ᠬᠦᠭᠵᠢᠯᠳᠡ ᠶᠢ ᠲᠦᠷᠭᠡᠳᠬᠡᠬᠦ ᠳᠡᠭᠡᠷ᠎ᠡ ᠲᠦᠪᠯᠡᠷᠡᠬᠦᠯᠦᠨ᠎ᠡ᠃ ᠬᠥᠳᠡᠯᠮᠦᠷᠢ ᠶᠢᠨ ᠵᠢᠱᠢᠶᠡᠴᠢ ᠶᠢᠨ | ᠰᠡᠳᠬᠢᠵᠦ ᠰᠤᠷᠤᠯᠴᠠᠨ᠂ ᠵᠣᠷᠢᠭᠲᠠᠶ ᠪᠠᠷ ᠬᠠᠶᠢᠨ ᠰᠦᠪᠡᠭᠴᠢᠯᠡᠬᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠠᠴᠠ ᠲᠠᠭᠠᠨ | ᠰᠤᠷᠤᠯᠴᠠᠵᠦ᠂ ᠥᠷᠭᠡᠨ ᠣᠯᠠᠨ ᠬᠥᠳᠡᠯᠮᠦᠷᠢᠴᠢᠨ ᠢ ᠵᠤᠷᠢᠭᠵᠢᠭᠤᠯᠤᠨ ᠶᠠᠮᠠᠷ ᠠᠵᠢᠯ ᠬᠢᠪᠡᠯ᠂ ᠲᠡᠷᠡ ᠠᠵᠢᠯ ᠢᠶᠠᠨ | ᠬᠠᠶᠢᠷᠠᠯᠠᠵᠦ᠂ ᠶᠠᠮᠠᠷ ᠠᠵᠢᠯ ᠳᠤ ᠰᠢᠮᠳᠠᠪᠠᠯ᠂ ᠲᠠᠷᠠ ᠠᠵᠢᠯ ᠳᠠᠭᠠᠨ ᠴᠠᠭᠠᠷᠠᠵᠦ᠂ ᠲᠡᠷᠢᠭᠦᠨ ᠤ ᠲᠧᠭᠨᠢᠭ | ᠮᠡᠷᠭᠡᠵᠢᠯ ᠤᠨ ᠬᠢᠷᠢ ᠬᠡᠮᠵᠢᠶ᠎ᠡ ᠶᠢ ᠲᠡᠰᠦᠷᠡᠯᠳᠠ ᠦᠬᠡᠢ ᠬᠦᠬᠡᠬᠡᠴᠡᠯᠳᠦᠨ᠂ ᠰᠢᠯᠢᠳᠡᠭ ᠠᠵᠢᠯ ᠤᠨ ᠠᠮᠵᠢᠯᠲᠠ | ᠡᠬᠦᠳᠦᠨ᠎ᠠ᠃ ᠬᠦᠳᠡᠯᠮᠦᠷᠢ ᠶᠢᠨ ᠵᠢᠱᠢᠶᠡᠴᠢ ᠶᠢᠨ ᠯᠠᠪᠳᠠᠭᠤᠨ ᠪᠠᠲᠤᠲᠠᠶ᠂ ᠰᠢᠷᠭᠠᠭᠤ ᠬᠠᠲᠠᠭᠤᠵᠢᠯᠲᠠᠶ ᠠᠵᠢᠯᠯᠠᠬᠤ | ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠠᠴᠠ ᠲᠠᠭᠠᠨ ᠰᠣᠷᠤᠯᠴᠠᠵᠦ᠂ ᠥᠷᠭᠡᠨ ᠤᠯᠠᠨ ᠬᠥᠳᠡᠯᠮᠦᠷᠢᠴᠢᠨ ᠢ | ᠬᠦᠳᠦᠯᠦᠨ ᠵᠢᠯᠤᠭᠤᠳᠴᠦ ᠤᠶᠢᠯᠡᠰ ᠢᠶᠠᠨ ᠲᠡᠭᠡᠳᠦᠯᠡᠨ᠂ ᠡᠭᠦᠷᠭᠡ ᠲᠤᠰᠢᠶᠠᠯ ᠢᠶᠠᠨ ᠴᠢᠷᠮᠠᠶᠢᠨ ᠬᠦᠢᠴᠡᠳᠭᠡᠵᠦ᠂ | ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠬᠤᠪᠢ ᠨᠡᠮᠡᠷᠢ ᠦᠵᠡᠬᠦᠯᠦᠨ᠎ᠡ᠃ ᠬᠦᠳᠡᠯᠮᠦᠷᠢ ᠶᠢᠨ ᠵᠢᠱᠢᠶᠡᠴᠢ ᠶᠢᠨ | ᠵᠣᠷᠢᠭᠲᠠᠶ ᠪᠠᠷ ᠬᠠᠷᠢᠭᠤᠴᠠᠯᠭ᠎ᠠ ᠡᠬᠦᠷᠭᠡᠯᠡᠵᠦ᠂ ᠬᠦᠴᠢᠷ ᠪᠡᠷᠬᠡᠰᠢᠶᠡᠯ ᠢ ᠲᠤᠭᠤᠯᠤᠨ ᠲᠠᠪᠠᠭ᠋ᠤ ᠵᠣᠷᠢᠭ ᠰᠠᠨᠠᠭ᠎ᠠ ᠠᠴᠠ | ᠲᠠᠭᠠᠨ ᠰᠤᠷᠤᠯᠴᠠᠵᠦ᠂ ᠪᠦᠬᠦ ᠬᠤᠲᠠ ᠶᠢᠨ ᠡᠯ᠎ᠡ ᠱᠠᠳᠣᠨ ᠤ ᠠᠵᠢᠯᠳᠡᠨ ᠤᠯᠠᠨ ᠲᠦᠮᠡᠨ ᠢ ᠵᠢᠯᠤᠭᠤᠳᠴᠦ | ᠵᠣᠷᠢᠭᠲᠠᠶ ᠪᠠᠷ ᠬᠦᠴᠢᠷ ᠪᠡᠷᠬᠡᠰᠢᠶᠡᠯ ᠢ ᠲᠤᠭᠤᠯᠤᠨ ᠤᠷᠤᠭᠰᠢᠯᠠᠵᠦ᠂ ᠠᠵᠢᠯ ᠤᠨ ᠬᠠᠷᠢᠭᠤᠴᠠᠯᠭᠠᠲᠤ ᠤᠬᠠᠮᠰᠠᠷ ᠪᠠ | ᠡᠭᠦᠷᠭᠡᠯᠡᠬᠦ ᠵᠣᠷᠢᠭ ᠰᠠᠨᠠᠭ᠎ᠠ ᠪᠠᠨ ᠦᠨᠡᠨᠬᠦ ᠴᠢᠩᠭᠠᠳᠬᠠᠨ᠎ᠠ᠃ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠦᠢᠯᠡ | ᠠᠵᠢᠯᠯᠠᠭ᠎ᠠ ᠪᠠᠷ ᠡᠷᠴᠢ ᠵᠣᠷᠢᠭ ᠢᠶᠠᠨ ᠬᠦᠭᠵᠢᠭᠡᠨ ᠵᠣᠷᠢᠭᠵᠢᠭᠤᠯᠵᠤ᠂ ᠬᠥᠳᠡᠯᠮᠦᠷᠢ ᠶᠢᠨ ᠵᠣᠷᠢᠭ ᠰᠠᠨᠠᠭᠠᠨ ᠤ ᠡᠯᠪᠡᠭ | ᠳᠡᠯᠪᠡᠭ ᠠᠭᠤᠯᠬᠤᠨ ᠢᠶᠠᠷ ᠨᠡᠶᠢᠭᠡᠮ ᠤᠨ ᠬᠡᠪ ᠰᠤᠷᠲᠠᠯ ᠢ ᠵᠢᠯᠣᠭᠤᠳᠤᠨ ᠲᠠᠭᠠᠭᠤᠯᠵᠦ᠂ ᠬᠦᠴᠦᠨ ᠴᠢᠳᠠᠯ ᠢᠶᠠᠨ | ᠨᠢᠭᠲᠠᠷᠠᠭᠤᠯᠤᠨ᠂ ᠪᠥᠬᠦ ᠬᠤᠲᠠ ᠶᠢᠨ ᠡᠯ᠎ᠡ ᠱᠠᠳᠣᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠪᠣᠯᠤᠨ | ᠠᠵᠢᠯ ᠬᠢᠵᠦ ᠦᠢᠯᠡᠰ ᠪᠤᠰᠬᠠᠬᠤ ᠬᠠᠯᠠᠭᠤᠨ ᠵᠣᠷᠢᠭ ᠢ ᠤᠯᠠᠮ ᠨᠢᠭᠡ ᠠᠯᠬᠤᠮ ᠤᠷᠠᠮᠰᠢᠭᠤᠯᠤᠨᠠ ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠬᠤ ᠳᠤ᠂ ᠵᠣᠷᠢᠭᠲᠠᠶ ᠪᠠᠷ | ᠡᠭᠦᠷᠭᠡᠯᠡᠬᠦ ᠬᠠᠷᠢᠭᠤᠴᠠᠯᠭᠠᠳᠤ ᠦᠵᠡᠯ ᠤᠬᠠᠮᠰᠠᠷ ᠢ ᠪᠤᠢ ᠪᠤᠯᠭᠠᠬᠤ ᠭᠡᠷᠡᠭᠳᠡᠢ᠃ ᠬᠥᠬᠢᠭᠦᠯᠦᠨ ᠰᠠᠶᠢᠰᠢᠶᠠᠭᠳᠠᠭᠰᠠᠨ | ᠬᠥᠳᠡᠯᠮᠦᠷᠢ ᠶᠢᠨ ᠵᠢᠱᠢᠶᠡᠴᠢ ᠪᠤᠯᠭᠠᠨ ᠪᠦᠷ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠤ᠂ ᠴᠥᠬᠦᠷᠡᠯ ᠤᠢᠭᠡᠢ | ᠵᠢᠳᠬᠦᠬᠦ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠤᠴᠠᠬᠤ ᠦᠬᠡᠢ ᠵᠣᠷᠢᠭ ᠰᠠᠨᠠᠭ᠎ᠠ ᠲᠠᠢ᠂ ᠶᠠᠭ | ᠡᠶᠢᠮᠦ ᠵᠣᠷᠢᠭ ᠰᠠᠨᠠᠭ᠎ᠠ ᠲᠠᠢ ᠪᠠᠶᠢᠮᠠᠨᠵᠢᠨ ᠲᠡᠳᠡᠨ ᠤ ᠠᠵᠢᠯ ᠤᠶᠢᠯᠡᠰ ᠰᠠᠶ᠋ᠢ ᠠᠮᠵᠢᠯᠲᠠ ᠣᠯᠵᠤ᠂ ᠦᠪᠡᠷ ᠤᠨ | ᠦᠨ᠎ᠡ ᠥᠷᠲᠡᠭ ᠢᠶᠠᠨ ᠢᠯᠡᠷᠡᠬᠦᠯᠪᠡ᠃ ᠪᠢᠳᠡ ᠶᠠᠮᠠᠷ ᠨᠢᠭᠡᠨ ᠠᠵᠢᠯ ᠢ ᠬᠢᠬᠦ ᠳᠤ᠂ ᠬᠡᠷᠪᠡ ᠵᠥᠷᠢᠴᠡᠯ ᠲᠠᠢ | ᠲᠤᠬᠢᠶᠠᠯᠳᠤᠪᠠᠯ ︽ᠵᠠᠮ ᠲᠤᠭᠤᠷᠢᠨ ᠭᠠᠷᠴᠤ︾᠂ ᠬᠦᠴᠢᠷ ᠪᠡᠷᠬᠡᠰᠢᠶᠡᠯ ᠤᠨ ᠡᠮᠦᠨ᠎ᠡ ︽ᠳᠣᠷᠣᠭᠰᠢ ᠬᠠᠷᠠᠵᠤ︾᠂ | ᠠᠰᠠᠭᠤᠳᠠᠯ ᠲᠤᠯᠭᠠᠷᠠᠮᠠᠭᠴᠠ ︽ᠬᠤᠶᠢᠰᠢ ᠤᠬᠤᠷᠢᠨ︾᠂ ᠪᠠᠷᠢᠮᠲᠠᠯᠠᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ | ᠦᠭᠡᠶ᠂ ᠨᠢᠭᠡᠯᠡ ᠬᠦᠴᠦᠨ ᠢᠶᠠᠷ ᠡᠴᠣᠰ ᠳᠤᠨᠢ ᠲᠤᠯᠲᠠᠯ᠎ᠠ ᠠᠳᠬᠤᠬᠤ ᠦᠬᠡᠢ ᠪᠤᠯ᠂ ᠶᠠᠭᠤ ᠶᠢ ᠴᠤ ᠪᠦᠲᠦᠭᠡᠵᠦ | ᠲᠡᠶᠢᠯᠬᠦ ᠦᠬᠡᠢ ᠪᠤᠯᠤᠨ᠎ᠠ᠃ ᠡᠶᠢᠮᠦ ᠠᠴᠠ ᠪᠦᠬᠦ ᠬᠤᠲᠠ ᠪᠠᠷ ᠢᠶᠠᠨ ᠵᠣᠷᠢᠭᠲᠠᠶ ᠪᠠᠷ ᠬᠠᠷᠢᠭᠤᠴᠠᠯᠭ᠎ᠠ ᠡᠬᠦᠷᠭᠡᠯᠡᠬᠦ᠂ | ᠵᠣᠷᠢᠭᠲᠠᠶ ᠪᠠᠷ ᠬᠢᠬᠦ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠭ᠋ᠤ ᠬᠥᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠦ᠂ ᠠᠵᠢᠯ ᠤᠨ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠵᠣᠷᠢᠭ ᠰᠠᠨᠠᠭ᠎ᠠ ᠶᠢ | ᠦᠨᠡᠨᠬᠦ ᠴᠢᠩᠭᠠᠳᠬᠠᠨ᠂ ᠵᠥᠷᠢᠴᠡᠯ ᠪᠠ ᠠᠰᠠᠭᠤᠳᠠᠯ ᠳᠤ ᠵᠣᠷᠢᠭᠲᠠᠶ ᠬᠠᠨᠳᠤᠵᠤ᠂ ᠵᠣᠷᠢᠭᠲᠠᠶ ᠪᠠᠷ ᠬᠦᠨᠳᠦ ᠡᠭᠦᠷᠭᠡ | ᠶᠢ ᠳᠠᠭᠠᠭᠠᠨ ᠠᠪᠴᠤ᠂ ᠬᠦᠴᠢᠷ ᠪᠡᠷᠬᠡᠰᠢᠶᠡᠯ ᠢ ᠲᠤᠭᠤᠯᠤᠨ᠂ ᠬᠡᠵᠢᠶᠡᠳᠡ ᠢᠯᠠᠭᠳᠠᠬᠤ ᠦᠬᠡᠢ ᠭᠡᠰᠡᠨ ᠨᠡᠭᠡᠭᠡᠨ | ᠣᠷᠣᠭᠰᠢᠯᠠᠬᠤ ᠬᠦᠴᠦᠨ ᠪᠠ ᠮᠣᠬᠤᠰᠢ ᠦᠭᠡᠶ ᠠᠵᠢᠯ ᠦᠢᠯᠡᠰ ᠲᠤ ᠵᠢᠳᠬᠦᠬᠦ ᠰᠡᠳᠬᠢᠯᠭᠡ ᠪᠠᠷ ᠦᠪᠡᠷ ᠦᠪᠡᠷ ᠤᠨ | ᠠᠵᠢᠯ ᠤᠨ ᠪᠠᠶᠢᠷᠢ ᠲᠡᠭᠡᠷ᠎ᠡ ᠪᠠᠨ ︽ᠲᠤᠭᠳᠠᠵᠦ ᠲᠡᠶᠢᠯᠬᠦ︾᠂ ︽ᠨᠡᠷ᠎ᠡ ᠴᠤᠤᠲᠠᠶ︾ ᠠᠮᠵᠢᠯᠲᠠ ᠪᠦᠲᠦᠭᠡᠯ ᠢ ᠤᠯᠠᠮ | ᠠᠷᠪᠢᠨ ᠡᠬᠦᠳᠦᠨ ᠪᠦᠳᠦᠭᠡᠨ᠎ᠡ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠬᠤ ᠳᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠴᠢᠳᠠᠪᠤᠷᠢ ᠪᠠ ᠬᠡᠪ ᠴᠢᠨᠠᠷ ᠢ ᠴᠢᠩᠭᠠᠳᠬᠠᠬᠤ ᠭᠡᠷᠡᠭᠳᠡᠢ᠃ ᠪᠢᠳᠠ ᠬᠥᠳᠡᠯᠮᠦᠷᠢ ᠶᠢᠨ | ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠦᠵᠡᠪᠡᠯ᠂ ᠵᠢᠷ ᠤᠨ ᠠᠵᠢᠯ ᠤᠨ ᠪᠠᠶᠢᠷᠢ ᠲᠡᠭᠡᠷ᠎ᠡ ᠪᠠᠨ | ᠯᠠᠪᠳᠠᠭᠤᠨ ᠪᠠᠲᠤᠲᠠᠶ ᠠᠵᠢᠯᠯᠠᠵᠤ᠂ ᠨᠡᠷ᠎ᠡ ᠴᠤᠤ ᠦᠬᠡᠢ ᠪᠠᠷ ᠦᠪᠡᠷ ᠤᠨ ᠬᠤᠪᠢ ᠨᠡᠮᠡᠷᠢ ᠪᠠᠨ ᠦᠵᠡᠬᠦᠯᠦᠭᠰᠡᠨ | ᠤᠶᠢᠯᠡ ᠠᠵᠢᠯᠯᠠᠭ᠎ᠠ ᠪᠠᠶᠢᠬᠤ ᠮᠦᠷᠳᠡᠭᠡᠨ ᠪᠠᠰᠠ ᠪᠤᠰᠤᠳ ᠠᠴᠠ ᠤᠨᠴᠠᠭᠠᠢ ᠰᠢᠨ᠎ᠡ ᠡᠬᠦᠳᠦᠯᠳᠡ ᠪᠠᠶᠢᠬᠤ ᠶᠤᠮ᠃ | ᠪᠤᠰᠤᠳ ᠬᠦᠮᠦᠨ ᠠᠴᠠ ᠢᠯᠡᠬᠦᠦ ᠵᠣᠷᠢᠭᠲᠠᠶ ᠠᠵᠢᠯᠯᠠᠵᠤ᠂ ᠡᠷᠡᠰ ᠰᠢᠢᠳᠮᠡᠭᠡᠢ ᠪᠠᠷ ᠰᠢᠨᠠᠴᠢᠯᠠᠯᠳᠠ ᠬᠢᠬᠦ ᠪᠤᠯ | ᠬᠥᠳᠡᠯᠮᠦᠷᠢ ᠶᠢᠨ ᠵᠢᠱᠢᠶᠡᠴᠢ ᠶᠢᠨ ᠬᠠᠮᠳᠤ ᠶᠢᠨ ᠣᠨᠴᠠᠯᠢᠭ᠂ ᠮᠥᠨ ᠴᠦ ᠴᠠᠭ ᠦᠶ᠎ᠡ ᠶᠢᠨ ᠬᠥᠭᠵᠢᠯᠲᠡ ᠶᠢᠨ | ᠪᠤᠰᠤᠳᠴᠢ ᠱᠠᠭᠠᠷᠳᠠᠯᠭ᠎ᠠ ᠮᠥᠨ ᠭᠡᠵᠦ ᠬᠡᠯᠡᠵᠦ ᠪᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ | ᠳᠤᠷ᠎ᠠ ᠪᠠᠷ ᠢᠶᠠᠨ ᠡᠬᠦᠳᠴᠦ ᠲᠤᠷ᠎ᠠ ᠪᠠᠷ ᠢᠶᠠᠨ ᠲᠤᠷᠰᠢᠬᠤ ᠤᠴᠢᠷ ᠪᠢᠰᠢ ᠶᠤᠮ᠂ ᠪᠠᠲᠤ ᠪᠠᠬᠢ ᠤᠨᠤᠯ ᠤᠨ | ᠪᠣᠯᠪᠠᠰᠤᠷᠠᠯ᠂ ᠰᠢᠨᠵᠢᠯᠡᠬᠦ ᠤᠬᠠᠭᠠᠨ ᠤ ᠪᠠᠶᠠᠯᠢᠭ ᠮᠡᠳᠡᠯᠭᠡ᠂ ᠨᠠᠶᠢᠳᠠᠪᠤᠷᠢᠲᠠᠶ ᠲᠦᠷᠦ ᠶᠢᠨ ᠪᠤᠳᠤᠯᠭ᠎ᠠ ᠶᠢᠨ ᠰᠠᠭᠤᠷᠢ | ᠪᠠᠷ ᠪᠠᠲᠤᠯᠠᠭ᠎ᠠ ᠪᠤᠯᠭᠠᠭᠰᠠᠨ ᠪᠠᠶᠢᠬᠤ ᠬᠡᠷᠡᠭᠳᠡᠢ᠃ ᠡᠶᠢᠮᠦ ᠠᠴᠠ ᠪᠢᠳᠡ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ᠂ | ᠰᠢᠨ᠎ᠡ ᠬᠡᠪ ᠪᠠᠶᠢᠳᠠᠯ ᠳᠤ ᠢᠳᠡᠪᠬᠢᠲᠡᠶ ᠵᠣᠬᠢᠴᠠᠵᠤ᠂ ᠨᠠᠷᠢᠨ ᠬᠢᠨᠠᠮᠠᠭᠠᠢ ᠰᠢᠷᠭᠠᠭᠤ ᠮᠦᠷᠳᠡᠭᠡᠨ ᠰᠠᠨᠠᠭᠠᠴᠢᠯᠠᠭ᠎ᠠ ᠠᠴᠠ | ᠪᠠᠨ ᠰᠤᠷᠤᠯᠴᠠᠨ᠂ ᠰᠤᠷᠤᠯᠴᠠᠯᠭ᠎ᠠ ᠶᠢᠨ ᠳᠤᠮᠳᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ | ᠰᠢᠨ᠎ᠡ ᠮᠡᠳᠡᠯᠭᠡ ᠶᠢ ᠡᠵᠡᠮᠰᠢᠵᠦ᠂ ᠰᠢᠨ᠎ᠡ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠬᠦᠯᠦᠨ᠂ ᠰᠢᠨ᠎ᠡ ᠳᠠᠪᠠᠭᠤᠯᠢᠭ ᠢ | ᠣᠯᠵᠤ᠂ ᠥᠭᠡᠷᠡᠴᠢᠯᠡᠯᠲᠡ ᠬᠢᠬᠦ ᠠᠷᠭ᠎ᠠ ᠪᠠᠷ ᠤᠷᠤᠭᠰᠢᠯᠠᠯᠲᠠ ᠶᠢᠨ ᠳᠤᠮᠳᠠᠬᠢ ᠬᠦᠴᠢᠷ ᠪᠡᠷᠬᠡᠰᠢᠶᠡᠯ ᠢ ᠢᠯᠠᠨ | ᠲᠠᠪᠠᠵᠦ᠂ ᠰᠢᠨ᠎ᠡ ᠶᠢ ᠡᠭᠦᠳᠬᠦ ᠠᠷᠭ᠎ᠠ ᠪᠠᠷ ᠲᠤᠯᠭᠠᠷᠠᠭᠰᠠᠨ ᠰᠢᠨ᠎ᠡ ᠵᠥᠷᠢᠴᠡᠯ ᠰᠢᠨ᠎ᠡ ᠠᠰᠠᠭᠤᠳᠠᠯ ᠢ ᠰᠢᠢᠳᠪᠦᠷᠢᠯᠡᠬᠦ | ᠶᠢ ᠰᠤᠷᠤᠨ᠎ᠠ᠃ ︽ᠶᠠᠭᠤ ᠬᠢᠪᠡᠯ ᠶᠠᠭᠤ ᠶᠢ ᠰᠤᠷᠬᠤ︾ ︽ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ︾ | ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠪᠤᠯᠪᠠᠰᠤᠷᠠᠯ ᠪᠠ ᠠᠵᠢᠯ ᠤᠨ ᠪᠠᠶᠢᠷᠢ ᠶᠢᠨ ᠪᠤᠯᠪᠠᠰᠤᠷᠠᠯ᠂ ᠤᠷ᠎ᠠ | ᠮᠡᠷᠭᠡᠵᠢᠯ ᠤᠨ ᠮᠦᠷᠤᠶᠢᠴᠡᠭᠡᠨ ᠳᠤ ᠢᠳᠡᠪᠬᠢᠲᠡᠶ ᠣᠷᠣᠯᠴᠠᠵᠤ᠂ ᠦᠢᠯᠡᠳᠦᠯᠭᠡ ᠶᠢᠨ ᠪᠤᠯᠪᠠᠰᠤᠷᠠᠭᠤᠯᠤᠯᠳᠠ ᠲᠤᠮᠳᠠ | ᠬᠦᠴᠢᠷ ᠪᠡᠷᠬᠡ ᠶᠢ ᠢᠯᠡᠨ ᠲᠠᠪᠠᠵᠤ᠂ ᠴᠢᠳᠠᠪᠤᠷᠢ ᠪᠠᠨ ᠲᠡᠭᠡᠭᠰᠢᠯᠡᠬᠦᠯᠦᠨ᠂ ᠠᠵᠢᠯ ᠤᠨ ᠬᠠᠰᠢᠷ ᠭᠠᠷ᠂ ᠮᠡᠷᠭᠡᠵᠢᠯ ᠤᠨ | ᠴᠢᠳᠠᠪᠤᠷᠢᠲᠠᠨ ᠪᠤᠯᠵᠤ᠂ ᠴᠢᠳᠠᠪᠤᠷᠢ ᠪᠣᠯᠤᠨ ᠬᠡᠪ ᠴᠢᠨᠠᠷ ᠢ ᠬᠦᠴᠦᠯᠡᠨ ᠲᠡᠭᠡᠭᠰᠢᠯᠡᠬᠦᠯᠦᠨ᠎ᠡ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠬᠦᠴᠦᠨ ᠢᠶᠠᠷ ᠪᠠᠳᠠᠷᠠᠭᠤᠯᠬᠤ ᠳᠤ᠂ | ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ᠃ ᠬᠥᠳᠡᠯᠮᠦᠷᠢ ᠶᠢᠨ | ᠵᠢᠱᠢᠶᠡᠴᠢ ᠪᠤᠯᠵᠦ᠂ ᠨᠢᠭᠡᠨ ᠬᠦᠷᠢᠶ᠎ᠡ ᠴᠠᠷᠠᠭᠠᠨ ᠳᠤ ᠠᠮᠵᠢᠯᠲᠠ ᠤᠯᠬᠤ ᠨᠢ ᠬᠤᠪᠢ ᠬᠥᠮᠦᠨ ᠤ ᠴᠢᠷᠮᠠᠶᠢᠯᠭ᠎ᠠ | ᠪᠠᠶᠢᠬᠤ ᠪᠠᠷ ᠪᠠᠷᠠᠬᠤ ᠦᠬᠡᠢ᠂ ᠪᠠᠰᠠ ᠬᠠᠷᠢᠯᠴᠠᠨ ᠳᠡᠮᠵᠢᠵᠦ᠂ ᠡᠶ᠎ᠡ ᠵᠤᠬᠢᠴᠠᠩᠭᠤᠢ ᠪᠠᠷ ᠤᠷᠤᠭᠰᠢᠯᠠᠬᠤ ᠬᠠᠮᠳᠤ | ᠪᠦᠯᠬᠦᠮ ᠠᠴᠠ ᠰᠠᠯᠵᠤ ᠴᠢᠳᠠᠬᠤ ᠤᠢᠭᠡᠢ ᠶᠤᠮ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠬᠤ ᠳᠤ ᠪᠦᠬᠦ ᠲᠠᠯ᠎ᠠ ᠶᠢ ᠬᠠᠷᠠᠭᠠᠯᠵᠠᠵᠤ᠂ ᠬᠠᠮᠲᠤ ᠨᠡᠶᠢᠲᠡ ᠶᠢᠨ ᠠᠰᠢᠭ ᠲᠤᠰᠠ ᠶᠢ ᠤᠬᠠᠮᠰᠠᠷ ᠠᠴᠠ ᠪᠠᠨ | ᠬᠠᠮᠠᠭᠠᠯᠠᠨ᠂ ᠬᠤᠪᠢ ᠬᠥᠮᠦᠨ ᠪᠣᠯᠤᠨ ᠬᠠᠮᠲᠤ ᠨᠡᠶᠢᠲᠡ᠂ ᠬᠡᠰᠡᠭ ᠲᠠᠯ᠎ᠠ ᠪᠤᠯᠤᠨ ᠪᠦᠬᠦᠯᠢ ᠴᠣᠭᠴᠠ᠂ ᠣᠳᠣᠬᠠᠨ ᠤ | ᠪᠠ ᠠᠯᠤᠰ ᠬᠡᠳᠦ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠬᠤᠪᠢ ᠶᠢᠨ ᠠᠰᠢᠭ ᠲᠤᠰᠠ ᠶᠢ ᠪᠦᠬᠦ ᠲᠠᠯ᠎ᠠ | ᠂ ᠬᠠᠮᠲᠤ ᠨᠡᠶᠢᠲᠡ ᠶᠢᠨ ᠳᠤᠮᠳᠠ ᠲᠠᠯᠪᠢᠵᠦ ᠪᠤᠳᠤᠯᠬᠢᠯᠠᠨ᠎ᠠ᠃ ᠬᠠᠷᠢᠯᠴᠠᠨ ᠬᠠᠮᠵᠢᠯᠴᠡᠵᠦ᠂ ᠬᠠᠷᠢᠯᠴᠠᠨ | ᠤᠶᠢᠯᠠᠭᠠᠯᠴᠠᠵᠤ᠂ ᠬᠠᠷᠢᠯᠴᠠᠨ ᠲᠡᠮᠵᠢᠯᠴᠡᠨ᠂ ︽ᠬᠠᠨᠴᠤᠶ ᠳᠤᠭᠲᠦ᠋ᠢᠯᠠᠨ ᠬᠠᠷᠠᠵᠤ ᠵᠤᠭᠰᠤᠵᠤ︾ ᠪᠤᠯᠬᠤ ᠦᠭᠡᠢ᠃ | ᠰᠠᠶᠢᠨ ᠲᠤᠷ᠎ᠠ ᠠᠴᠠ ᠪᠠᠨ ᠵᠢᠳᠬᠦᠵᠦ᠂ ᠠᠭᠤᠵᠢᠭᠤ ᠪᠠᠭᠳᠠᠭᠠᠮᠵᠢᠳᠠᠢ᠂ ᠬᠤᠭᠤᠰᠤᠨ ᠨᠡᠷ᠎ᠡ ᠶᠢ ᠬᠥᠭᠡᠭᠡᠴᠡᠯᠳᠦᠬᠦ | ᠦᠭᠡᠢ᠂ ᠬᠤᠪᠢ ᠬᠥᠮᠦᠨ ᠤ ᠣᠯᠵᠤ ᠠᠯᠳᠠᠬᠤ ᠶᠢ ᠠᠳᠠᠯᠢᠳᠬᠠᠬᠤ ᠦᠬᠡᠢ ᠪᠠᠶᠢᠬᠤ ᠬᠡᠷᠡᠭᠳᠡᠢ᠃ ᠬᠥᠳᠡᠯᠮᠦᠷᠢ ᠶᠢᠨ | ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠪᠠᠷ ᠡᠷᠴᠢ ᠵᠣᠷᠢᠭ ᠢᠶᠠᠨ ᠬᠦᠭᠵᠢᠶᠠᠵᠦ᠂ ᠬᠥᠳᠡᠯᠮᠦᠷᠢ ᠶᠢᠨ | ᠵᠢᠱᠢᠶᠡᠴᠢ ᠶᠢᠨ ᠰᠢᠯᠢᠳᠡᠭ ᠵᠠᠩ ᠴᠢᠨᠠᠷ ᠢᠶᠠᠷ ᠬᠡᠪ ᠰᠤᠷᠲᠠᠯ ᠢ ᠵᠢᠯᠣᠭᠤᠳᠤᠨ ᠲᠠᠭᠠᠭᠤᠯᠵᠤ᠂ ᠬᠦᠴᠦᠨ ᠴᠢᠳᠠᠯ ᠢ | ᠨᠢᠭᠲᠠᠷᠠᠭᠤᠯᠤᠨ᠂ ᠪᠦᠬᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠦᠭᠵᠢᠶᠠᠵᠦ᠂ ᠬᠥᠳᠡᠯᠮᠦᠷᠢᠯᠡᠬᠦ ᠬᠠᠯᠠᠭᠤᠨ ᠤᠷᠮ᠎ᠠ᠂ ᠬᠦᠳᠡᠯᠮᠦᠷᠢᠯᠡᠬᠦ ᠳᠠᠯᠳᠠ ᠴᠢᠳᠠᠪᠤᠷᠢ ᠶᠢ ᠤᠯᠠᠮ ᠨᠢᠭᠡ | ᠠᠯᠬᠤᠮ ᠪᠠᠳᠠᠷᠠᠭᠤᠯᠵᠤ᠂ ᠰᠢᠷᠭᠠᠭᠤ ᠬᠠᠳᠠᠭᠤᠵᠢᠯᠳᠠᠢ ᠬᠥᠳᠡᠯᠮᠦᠷᠢ ᠪᠠ ᠦᠨᠡᠨᠴᠢ ᠰᠢᠷᠭᠠᠭᠤ ᠠᠵᠢᠯᠯᠠᠭ᠎ᠠ ᠪᠠᠷ | ᠲᠠᠮᠵᠢᠨ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠳᠦᠭᠡᠨ᠎ᠡ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠬᠤ ᠳᠤ᠂ ᠪᠠᠰᠠ | ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠶ᠃ ᠬᠥᠳᠡᠯᠮᠦᠷᠢ ᠶᠢᠨ | ᠵᠢᠱᠢᠶᠡᠴᠢ ᠶᠢ ᠬᠦᠨᠳᠦᠳᠭᠡᠬᠦ᠂ ᠬᠦᠳᠡᠯᠮᠦᠷᠢ ᠶᠢᠨ ᠵᠢᠱᠢᠶᠠᠴᠢ ᠠᠴᠠ ᠲᠠᠭᠠᠨ ᠰᠤᠷᠤᠯᠴᠠᠬᠤ᠂ ᠬᠥᠳᠡᠯᠮᠦᠷᠢ ᠶᠢᠨ | ᠵᠢᠱᠢᠶᠡᠴᠢ ᠪᠤᠯᠬᠤ ᠪᠠᠷ ᠴᠢᠷᠮᠠᠶᠢᠬᠤ᠂ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠬᠤ ᠭᠦᠨ ᠵᠤᠵᠠᠭᠠᠨ ᠤᠷᠴᠢᠨ | ᠲᠤᠭᠤᠷᠢᠨ ᠢ ᠪᠦᠷᠢᠯᠳᠦᠬᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ | ᠳᠡᠭᠡᠳᠦ ᠵᠣᠷᠢᠭ ᠰᠠᠨᠠᠭ᠎ᠠ ᠶᠢ ᠦᠷᠭᠡᠨ ᠲᠡᠯᠭᠡᠷᠡᠩᠬᠦᠢ ᠤᠬᠠᠭᠤᠯᠵᠤ᠂ ᠬᠥᠳᠡᠯᠮᠦᠷᠢᠴᠢᠨ ᠢ ᠬᠠᠯᠠᠮᠵᠢᠯᠠᠨ᠂ ᠲᠡᠳᠡᠨ ᠢ | ᠬᠠᠪᠰᠤᠷᠤᠨ ᠠᠵᠢᠯ ᠣᠯᠭᠤᠯᠲᠠ᠂ ᠤᠷᠤᠯᠭ᠎ᠠ᠂ ᠬᠤᠪᠢᠶᠠᠷᠢᠯᠠᠯᠳᠠ ᠪᠤᠯᠤᠨ ᠨᠡᠶᠢᠭᠡᠮ ᠤᠨ ᠪᠠᠲᠤᠯᠠᠭ᠎ᠠ ᠵᠡᠷᠭᠡ | ᠲᠠᠯ᠎ᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠬᠥᠳᠡᠯᠮᠦᠷᠢ ᠶᠢ ᠬᠦᠨᠳᠦᠳᠬᠡᠬᠦ᠂ ᠡᠷᠳᠡᠮ ᠮᠡᠳᠡᠯᠭᠡ ᠶᠢ | ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ ᠰᠠᠶᠢᠬᠠᠨ | ᠨᠠᠶᠢᠬᠡᠮ ᠤᠨ ᠣᠷᠴᠢᠨ ᠲᠤᠭᠤᠷᠢᠨ ᠢ ᠡᠬᠦᠳᠦᠨ᠎ᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ︽ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠤᠬᠠᠶ ᠰᠠᠨᠠᠯ︾ ᠢ | ᠨᠠᠷᠢᠢᠨ ᠬᠢᠨᠠᠮᠠᠭᠠᠢ ᠰᠣᠷᠣᠯᠴᠠᠨ ᠲᠤᠤᠱᠯᠠᠭᠤᠯᠵᠤ᠂ ᠠᠵᠢᠯᠳᠡᠨ ᠬᠡᠷᠡᠭᠯᠡᠬᠦ ᠳᠤ ᠨᠡᠩ ᠲᠦᠷᠢᠮᠵᠢᠵᠦ᠂ ᠠᠵᠢᠯᠲᠠᠨ ᠤ | ᠴᠠᠯᠢᠩ ᠵᠦᠢ ᠵᠣᠬᠢᠰᠲᠠᠶ ᠦᠰᠴᠦ᠂ ᠬᠥᠳᠡᠯᠮᠦᠷᠢ ᠶᠢᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠨ᠂ ᠠᠵᠢᠯᠳᠠᠨ ᠤ | ᠠᠮᠤᠷ ᠲᠦᠪᠰᠢᠨ ᠪᠠ ᠡᠷᠡᠭᠦᠯ ᠮᠡᠨᠳᠦ ᠶᠢ ᠦᠨᠡᠨᠬᠦ ᠪᠠᠳᠤᠯᠠᠵᠤ᠂ ᠨᠡᠶᠢᠭᠡᠮ ᠤᠨ ᠳᠠᠭᠠᠳᠬᠠᠯ ᠪᠦᠬᠦᠨ ᠢ ᠬᠠᠮᠤᠷᠴᠤ᠂ | ᠬᠦᠮᠦᠨᠴᠢ ᠬᠠᠯᠠᠮᠵᠢᠯᠠᠯ ᠡᠳᠦᠷ ᠢᠷᠡᠬᠦᠶ᠎ᠡ ᠨᠡᠮᠡᠭᠳᠡᠨ᠂ ᠬᠥᠳᠡᠯᠮᠦᠷᠢ ᠶᠢᠨ ᠬᠠᠷᠢᠴᠠᠭᠠᠨ ᠤ ᠵᠥᠷᠢᠴᠡᠯ ᠢ | ᠪᠦᠲᠦᠮᠵᠢᠲᠡᠶ ᠪᠠᠷ ᠰᠡᠷᠬᠡᠶᠢᠯᠡᠨ ᠠᠷᠢᠯᠭᠠᠬᠤ ᠬᠠᠷᠠᠯᠳᠠ ᠶᠢ ᠪᠡᠶᠡᠯᠡᠬᠦᠯᠵᠦ᠂ ᠲᠦᠷᠢᠮᠵᠢᠭᠰᠡᠨ ᠡᠮᠬᠢ ᠲᠢᠭᠯᠢᠮ ᠲᠠᠢ᠂ | ᠲᠥᠪ ᠭᠤᠣᠯᠴᠢ ᠵᠦᠢ ᠵᠣᠬᠢᠰᠲᠠᠶ᠂ ᠬᠠᠷᠢᠯᠴᠠᠨ ᠠᠰᠢᠭ ᠬᠦᠷᠳᠡᠭᠰᠡᠨ᠂ ᠡᠶ᠎ᠡ ᠵᠤᠬᠢᠴᠠᠩᠭᠤᠢ ᠲᠣᠭᠲᠠᠭᠤᠨ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠨᠠᠮ ᠠᠵᠢᠯᠲᠠᠨ ᠢ ᠬᠠᠷᠢᠴᠠᠬᠤ ᠬᠥᠭᠦᠷᠭᠡ | ᠬᠤᠯᠪᠣᠭᠠᠰᠤ ᠪᠣᠯᠤᠭᠰᠠᠨ ᠤ ᠬᠤᠪᠢ ᠳᠤ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠠᠵᠢᠯᠳᠠᠨ ᠲᠦᠮᠡᠨ ᠳᠤ ᠤᠬᠠᠭᠤᠯᠤᠨ | ᠲᠠᠶᠢᠯᠪᠤᠷᠢᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠥᠷᠭᠡᠨ ᠤᠯᠠᠨ ᠠᠵᠢᠯᠳᠠᠨ ᠲᠦᠮᠡᠨ ᠢ | ᠬᠦᠳᠦᠯᠦᠨ ᠲᠠᠭᠠᠭᠤᠯᠵᠦ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠪᠠᠷ ᠵᠠᠮᠨᠠᠵᠦ᠂ | ᠥᠷᠭᠡᠨ ᠤᠯᠠᠨ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠬᠦᠯᠵᠦ᠂ ᠪᠥᠬᠦ | ᠬᠤᠲᠠ ᠶᠢᠨ ᠠᠵᠢᠯ ᠲᠠᠢ ᠨᠢᠭᠲᠠ ᠤᠶᠠᠯᠳᠤᠭᠤᠯᠤᠨ᠂ ᠠᠵᠢᠯᠳᠠᠨ ᠲᠦᠮᠡᠨ ᠳᠤ ᠴᠢᠩ ᠦᠨᠡᠨᠴᠢ ᠪᠠᠷ ᠦᠢᠯᠡᠴᠢᠯᠡᠬᠦ | ᠪᠠᠷ ᠠᠯᠢᠪᠠ ᠠᠵᠢᠯ ᠤᠨ ᠡᠬᠦᠰᠦᠯᠳᠡ ᠪᠠ ᠵᠤᠭᠰᠤᠯᠳᠠ ᠪᠣᠯᠭᠠᠵᠤ᠂ ᠠᠵᠢᠯ ᠤᠨ ᠭᠤᠣᠯᠳᠠᠯᠭ᠎ᠠ ᠪᠠᠨ ᠬᠠᠮᠤᠭ ᠤᠨ | ᠥᠷᠭᠡᠨ ᠤᠯᠠᠨ ᠵᠢᠷ ᠤᠨ ᠠᠵᠢᠯᠳᠠᠨ ᠤ ᠪᠡᠶ᠎ᠡ ᠳᠡᠭᠡᠷ᠎ᠡ ᠲᠠᠯᠪᠢᠵᠤ᠂ ᠦᠢᠯᠡᠴᠢᠯᠡᠬᠦ ᠤᠬᠠᠮᠰᠠᠷ ᠢᠶᠠᠨ ᠬᠦᠴᠦᠯᠡᠨ | ᠴᠢᠩᠭᠠᠳᠬᠠᠵᠤ᠂ ᠦᠢᠯᠡᠴᠢᠯᠡᠬᠦ ᠴᠢᠳᠠᠪᠤᠷᠢ ᠶᠢ ᠦᠨᠡᠨᠬᠦ ᠲᠡᠭᠡᠭᠰᠢᠯᠡᠬᠦᠯᠦᠨ᠂ ᠠᠵᠢᠯᠳᠠᠨ ᠲᠦᠮᠡᠨ ᠤ ᠦᠨᠡᠨᠬᠦ ᠢᠳᠡᠭᠡᠨ | ᠨᠠᠶᠢᠳᠠᠳᠡᠭ ︽ᠠᠵᠢᠯᠳᠠᠨ ᠤ ᠭᠡᠷ︾ ᠪᠤᠯᠭᠠᠨ᠎ᠠ᠃ ᠲᠥᠪ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠤᠯᠤᠨ ᠠᠶᠢᠮᠠᠭ ᠤᠨ ᠨᠠᠮ ᠤᠨ ᠬᠤᠷᠢᠶᠠᠨ ᠤ ᠤᠯᠠᠠ ᠲᠦᠮᠡᠨ ᠤ ᠪᠦᠯᠬᠦᠮ ᠤᠨ ᠦᠭᠡᠷᠡᠴᠢᠯᠡᠯᠳᠠ ᠶᠢ | ᠭᠦᠨᠵᠡᠭᠡᠶᠢᠷᠡᠭᠦᠯᠬᠦ ᠲᠤᠬᠠᠶ ᠪᠠᠶᠢᠷᠢᠯᠠᠭᠤᠯᠤᠯᠲᠠ ᠶᠤᠰᠤᠭᠠᠷ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ᠂ ᠠᠵᠢᠯᠯᠠᠬᠤ ᠵᠣᠬᠢᠴᠠᠮᠵᠢ᠂ ᠠᠵᠢᠯᠯᠠᠭᠠᠨ ᠤ ᠬᠡᠯᠪᠡᠷᠢ ᠳᠤ ᠰᠢᠨᠠᠴᠢᠯᠠᠯᠳᠠ ᠬᠢᠵᠦ᠂ ᠠᠵᠢᠯᠴᠢᠨ ᠤ | ᠡᠪᠯᠡᠯ ᠤᠨ ᠠᠵᠢᠯ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠨᠢ ᠠᠵᠢᠯᠴᠢᠨ ᠤ ᠡᠪᠯᠡᠯ ᠤᠨ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯᠴᠢᠨ ᠤ | ᠡᠪᠯᠡᠯ ᠤᠨ ᠠᠵᠢᠯ ᠳᠤ ᠨᠡᠩ ᠠᠰᠢᠭᠲᠠᠶ ᠨᠥᠬᠦᠴᠡᠯ ᠢ ᠪᠦᠷᠢᠯᠳᠦᠭᠦᠯᠵᠦ ᠦᠭᠬᠦᠨ᠎ᠠ ᠃ | ᠨᠥᠬᠦᠳ ᠡ᠂ ᠬᠦᠳᠡᠯᠮᠦᠷᠢ ᠪᠤᠯ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ᠂ ᠵᠣᠷᠢᠭ ᠰᠠᠨᠠᠭ᠎ᠠ ᠶᠢ | ᠡᠬᠦᠳᠦᠨ ᠪᠦᠳᠦᠭᠡᠵᠦ᠂ ᠢᠷᠡᠭᠡᠳᠦᠶ ᠶᠢ ᠴᠤᠭᠴᠠᠯᠠᠳᠠᠭ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠠᠷᠪᠠᠨ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠲᠠᠢ ᠨᠢᠭᠲᠠ ᠤᠶᠠᠯᠳᠤᠭᠤᠯᠤᠨ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠶᠡᠭᠡ ᠬᠦᠴᠦᠨ ᠪᠠᠷ ᠪᠠᠳᠠᠷᠠᠭᠤᠯᠵᠤ᠂ | ᠠᠵᠢᠯᠴᠢᠨ ᠠᠩᠬᠢ ᠪᠠ ᠥᠷᠭᠡᠨ ᠤᠯᠠᠨ ᠬᠥᠳᠡᠯᠮᠦᠷᠢᠴᠢᠨ ᠲᠦᠮᠡᠨ ᠤ ᠠᠭᠤᠤ ᠶᠡᠭᠡ ᠵᠠᠩ ᠰᠤᠷᠲᠠᠯ ᠢ ᠶᠡᠭᠡᠪᠡᠷ | ᠰᠤᠷᠳᠠᠯᠴᠢᠯᠠᠨ᠂ ᠵᠣᠷᠢᠭ ᠬᠥᠪᠴᠢᠯᠡᠨ ᠤᠷᠤᠭᠰᠢᠯᠠᠵᠤ᠂ ᠰᠢᠨ᠎ᠡ ᠢ ᠡᠬᠦᠳᠦᠨ᠂ ︽ ᠦᠵᠡᠰᠬᠦᠯᠡᠩᠳᠦ ᠰᠠᠶᠢᠬᠠᠨ | ᠥᠪᠥᠷ ᠮᠣᠩᠭᠤᠯ ᠢ ᠪᠠᠶᠢᠭᠤᠯᠵᠦ᠂ ᠳᠤᠮᠳᠠᠳᠤ ᠤᠨ ᠠᠭᠤᠤ ᠶᠡᠭᠡ ᠬᠦᠰᠡᠯ ᠵᠡᠭᠦᠳᠦ ᠶᠢ ᠲᠡᠷᠭᠡᠯᠰᠢᠬᠦᠯᠬᠦ︾ ᠳᠤ ᠰᠢᠨ᠎ᠠ | ᠨᠡᠩ ᠶᠡᠭᠡ ᠬᠤᠪᠢ ᠨᠡᠮᠡᠷᠢ ᠦᠵᠡᠬᠦᠯᠦᠶ᠎ᠡ ︕ |