ᠴᠤᠬᠠᠠᠭᠤᠯᠨ ᠰᠤᠮᠤᠨ ᠤ ᠮᠠᠯᠴᠢᠳ ᠤᠨ ᠲᠤᠰᠬᠠᠭᠰᠡᠨ ᠨᠡᠶᠢᠲᠡ ᠶᠢᠨ ᠠᠰᠠᠷᠠᠮᠵᠢ ᠶᠢᠨ   ᠤᠢ  ᠎ ᠶᠢᠨ   ᠨᠦᠬᠦᠪᠤᠷᠢ  ᠎ ᠶᠢᠨ ᠠᠰᠠᠭᠤᠳᠠᠯ  ᠎ ᠤᠨ   ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄
2017-11-15
        ᠰᠢᠯᠢ ᠶᠢᠨ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠤᠢ ᠶᠢᠨ ᠲᠠᠯᠠᠪᠠᠢ ᠨᠢ ᠨᠡᠶᠢᠲᠡ 266.36 ᠲᠦᠮᠡᠨ ᠮᠤ᠋᠂ ᠡᠭᠦᠨ ᠤ ᠲᠤᠲᠤᠷ᠎ᠠ 113.96 ᠲᠦᠮᠡᠨ ᠮᠤ᠋ ᠨᠢ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠂ ᠬᠤᠪᠢ ᠬᠦᠮᠤᠨ ᠤ ᠬᠢ ︵ᠨᠡᠶᠢᠲᠡ ᠶᠢᠨ︶ 152.4 ᠲᠦᠮᠡᠨ ᠮᠤ᠋᠂ 721 ᠡᠷᠤᠬᠡ ᠲᠠᠢ ᠬᠤᠯᠪᠤᠭᠳᠠᠨ᠎ᠠ᠃ ᠨᠦᠬᠦᠪᠤᠷᠢ ᠦᠭᠬᠦ ᠲᠠᠯᠠᠪᠠᠢ ᠨᠢ ᠨᠠᠶᠢᠳᠠ 73.66 ᠲᠦᠮᠡᠨ ᠮᠤ᠋᠂ ᠡᠬᠦᠨ ᠳᠤ ᠤᠯᠤᠰ ᠠᠴᠠ ᠨᠦᠬᠦᠪᠤᠷᠢ ᠦᠭᠬᠦ ᠨᠢ 71.5 ᠲᠦᠮᠡᠨ ᠮᠤ᠋ ︵25.72 ᠲᠦᠮᠡᠨ ᠮᠤ᠋ ᠨᠢ ᠤᠯᠤᠰ ᠤᠨ ᠦᠮᠴᠢᠯᠡᠯ ᠳᠤ ᠬᠠᠷᠢᠶᠠᠯᠠᠭᠳᠠᠵᠤ᠂ ᠬᠤᠪᠢ ᠬᠦᠮᠤᠨ ᠤ ᠬᠢ ᠨᠢ ︵ᠨᠡᠶᠢᠲᠡ ᠶᠢᠨ︶ 45.78 ᠲᠦᠮᠡᠨ ᠮᠤ᠋᠂ 222 ᠡᠷᠤᠬᠡ ᠲᠠᠢ ᠬᠤᠯᠪᠤᠭᠳᠠᠨ᠎ᠠ︶᠂ ᠤᠷᠤᠨ ᠨᠤᠲᠤᠭ ᠠᠴᠠ ᠨᠦᠬᠦᠪᠤᠷᠢ ᠦᠭᠬᠦ ᠲᠠᠯᠠᠪᠠᠢ ᠨᠢ 2.16 ᠲᠦᠮᠡᠨ ᠮᠤ᠋ ︵ᠴᠦᠮ ᠤᠯᠤᠰ ᠤᠨ ᠦᠮᠴᠢᠯᠡᠯ ᠤᠨ ᠬᠢ ᠪᠤᠯᠤᠨ᠎ᠠ︶᠃ 192.7 ᠲᠦᠮᠡᠨ ᠮᠤ᠋ ᠶᠢ ᠨᠦᠬᠦᠪᠤᠷᠢ ᠦᠭᠬᠦ ᠬᠡᠪᠴᠢᠶᠡᠨ ᠳᠤ ᠤᠷᠤᠭᠤᠯᠤᠭᠰᠡᠨ ᠦᠭᠡᠢ᠂ ᠡᠭᠦᠨ ᠤ ᠲᠤᠲᠤᠷ᠎ᠠ ᠤᠯᠤᠰ ᠤᠨ ᠦᠮᠴᠢᠯᠡᠯ ᠤᠨ 86.06 ᠲᠦᠮᠡᠨ ᠮᠤ᠋︔ ᠬᠤᠪᠢ ᠬᠦᠮᠤᠨ ᠤ ᠬᠢ ︵ᠨᠡᠶᠢᠲᠡ ᠶᠢᠨ︶ 106.64 ᠲᠦᠮᠡᠨ ᠮᠤ᠋᠂ 579 ᠡᠷᠤᠬᠡ ᠲᠠᠢ ᠬᠤᠯᠪᠤᠭᠳᠠᠨ᠎ᠠ ︵ᠡᠭᠦᠨ ᠤ ᠲᠤᠲᠤᠷ᠎ᠠ 287 ᠡᠷᠤᠬᠡ᠂ 57.3 ᠲᠦᠮᠡᠨ ᠮᠤ᠋ ᠨᠢ ᠴᠤᠬᠠᠭᠤᠯᠨ ᠰᠤᠮᠤᠨ ᠤ ᠬᠢ︶᠃ 1. ᠦᠨᠡᠮᠯᠡᠯ ᠦᠭᠬᠦ ᠦᠶᠠᠰ ᠲᠤ ᠨᠡᠶᠢᠲᠡ ᠶᠢᠨ ᠠᠰᠠᠷᠠᠮᠵᠢ ᠶᠢᠨ ᠤᠢ ᠳᠤ ᠨᠦᠬᠦᠪᠤᠷᠢ ᠦᠭᠬᠦᠨ᠎ᠡ ᠭᠡᠵᠤ ᠬᠡᠯᠡᠪᠡ᠂ ᠬᠡᠪᠡᠴᠤ ᠶᠠᠭᠠᠬᠢᠭᠠᠳ ᠤᠳᠤ ᠪᠤᠯᠲᠠᠯ᠎ᠠ ᠨᠦᠬᠦᠪᠤᠷᠢ ᠦᠭᠬᠦᠲᠤᠢ ᠪᠤᠢ ᠭᠡᠵᠦ ᠴᠤᠬᠠᠠᠭᠤᠯᠨ ᠰᠤᠮᠤᠨ ᠤ ᠮᠠᠯᠴᠢᠳ ᠲᠤᠰᠬᠠᠪᠠ᠃ ᠦᠪᠡᠷᠲᠡᠭᠡᠨ ᠵᠠᠰᠠᠬᠤ ᠤᠷᠤᠨ ᠤ ᠲᠠᠰ ᠤᠨ ᠤᠢ ᠰᠢᠭᠤᠢ ᠶᠢᠨ ᠬᠠᠶᠢᠨ ᠪᠠᠶᠢᠴᠠᠭᠠᠯᠲᠠ ᠶᠢᠨ ᠬᠦᠷᠢᠶᠡᠯᠡᠩ ᠨᠢ ᠣᠢ ᠎ ᠤᠨ ᠭᠠᠵᠠᠷ ᠢ ᠲᠦᠷᠦᠯ ᠠᠩᠬᠢᠯᠠᠨ ᠬᠤᠪᠢᠶᠠᠬᠤ ᠠᠵᠢᠯ ᠢ ᠬᠠᠷᠢᠭᠤᠴᠠᠨ᠎ᠠ᠃ ᠣᠢ ᠮᠤᠳᠤᠨ ᠤ ᠦᠮᠴᠢᠯᠡᠯ ᠤᠨ ᠡᠷᠭᠡ ᠎ ᠶᠢᠨ ᠦᠨᠡᠮᠯᠡᠯ ᠳᠤ ︽ᠮᠤᠳᠤ ᠲᠠᠷᠢᠬᠤ ᠳᠤ ᠲᠤᠬᠢᠷᠠᠮᠵᠢᠳᠠᠢ ᠭᠠᠵᠠᠷ︾᠂ ︽ᠮᠤᠳᠤ ᠲᠠᠷᠢᠭᠰᠠᠨ ᠪᠤᠯᠪᠠᠴᠣ ᠤᠶᠢᠵᠢᠭᠤᠯᠤᠭᠠᠳᠤᠢ ᠭᠠᠵᠠᠷ  ︾᠂ ︽ᠮᠤᠳᠤ ᠲᠠᠷᠢᠭᠰᠠᠨ ᠦᠬᠡᠢ ᠤᠢ ᠶᠢᠨ ᠭᠠᠵᠠᠷ︾ ᠲᠤᠷᠠᠳᠤᠭᠰᠠᠨ ᠵᠡᠷᠭᠡ ᠭᠠᠵᠠᠷ ᠎ ᠲᠤ ᠤᠳᠤᠬᠠᠨ ᠲᠤ ᠨᠦᠬᠦᠪᠦᠷᠢ ᠪᠡᠶᠢᠬᠤ ᠦᠬᠡᠢ᠂ ᠤᠯᠤᠰ ᠤᠨ ᠲᠦᠷᠦ ᠶᠢᠨ ᠪᠤᠳᠤᠯᠭ᠎ᠠ ᠶᠢ ᠬᠦᠯᠢᠶᠡᠵᠦ ᠪᠡᠶᠢᠨ᠎ᠠ᠃ ︽ᠤᠨᠴᠠᠭᠠᠢ ᠨᠦᠬᠦᠴᠡᠯ ᠳᠤ ᠲᠤᠬᠢᠷᠠᠭᠰᠠᠨ ᠪᠤᠳᠠ ᠮᠤᠳᠤ ᠶᠢᠨ ᠤᠢ ᠶᠢᠨ ᠭᠠᠵᠠᠷ︾᠎ ᠨᠢ ᠤᠯᠤᠰ ᠲᠤ ᠮᠡᠳᠡᠭᠦᠯᠵᠦ   ᠴᠤᠬᠤᠯᠪᠤᠷᠢᠯᠠᠨ ᠵᠦᠪᠰᠢᠶᠡᠷᠡᠬᠦᠯᠦᠭᠰᠡᠨ ᠤ ᠲᠠᠷᠠᠭ᠎ᠠ ᠰᠠᠶ᠋ᠢ ᠤᠢ ᠶᠢᠨ ᠨᠦᠬᠦᠪᠦᠷᠢ ᠲᠠᠢ ᠪᠤᠯᠤᠨ᠎ᠠ᠃ ᠪᠦᠬᠦ ᠠᠶᠢᠮᠠᠭ ᠎ ᠲᠤ 638 ᠲᠦᠮᠡᠨ ᠮᠤ᠋ ᠣᠢ ᠶᠢᠨ ᠭᠠᠵᠠᠷ ᠢ ᠮᠡᠳᠡᠬᠦᠯᠵᠦ ᠴᠤᠬᠤᠯᠪᠤᠷᠢᠯᠳᠠ ᠤᠯᠤᠭᠰᠠᠨ ᠦᠬᠡᠢ᠂ ᠰᠢᠯᠢ ᠶᠢᠨ ᠬᠤᠳᠠ ᠳᠤ 52 ᠲᠦᠮᠡᠨ ᠮᠤ᠋ ᠣᠢ ᠶᠢᠨ ᠭᠠᠵᠠᠷ ᠴᠤᠬᠤᠯᠪᠤᠷᠢᠯᠳᠠ ᠤᠯᠤᠭᠰᠠᠨ ᠦᠬᠡᠢ᠂ ᠴᠤᠬᠠᠠᠭᠤᠯᠠ ᠰᠤᠮᠤᠨ ᠳᠤ ᠪᠠᠰᠠ 5.5 ᠲᠦᠮᠡᠨ ᠮᠤ᠋ ᠴᠤᠬᠤᠯᠪᠤᠷᠢᠯᠳᠠ ᠤᠯᠤᠭᠰᠠᠨ ᠦᠬᠡᠢ᠂ ᠡᠨᠡ ᠨᠢ 54 ᠡᠷᠦᠭᠡ ᠲᠠᠢ ᠬᠤᠯᠪᠤᠭᠳᠠᠨ᠎ᠠ᠃ 2013᠎ ᠠᠴᠠ ᠡᠬᠢᠯᠡᠵᠦ ᠡᠯ᠎ᠡ ᠱᠠᠳᠣᠨ ᠤ ᠵᠠᠰᠠᠭ ᠤᠨ ᠤᠷᠳᠤᠨ ᠢᠳᠡᠪᠬᠢᠳᠡᠢ ᠲᠡᠭᠡᠭᠰᠢ ᠮᠡᠳᠡᠬᠦᠯᠵᠦ ᠣᠯᠣᠰ ᠤᠨ ᠴᠤᠬᠤᠯᠪᠤᠷᠢᠯᠳᠠ ᠶᠢ ᠤᠯᠬᠤ ᠪᠠᠷ ᠴᠢᠷᠮᠠᠶᠢᠪᠠ᠃        2. ᠴᠤᠬᠠᠠᠭᠤᠯᠠ ᠰᠤᠮᠤ ᠶᠢᠨ ᠮᠠᠯᠴᠢᠳ ᠨᠡᠶᠢᠳᠡ ᠶᠢᠨ ᠠᠰᠠᠷᠠᠮᠵᠢ ᠶᠢᠨ ᠣᠢ ᠶᠢ ᠵᠠᠭᠠᠭᠯᠠᠵᠤ ᠲᠤᠭᠳᠠᠭᠠᠬᠤ ᠎ ᠳᠠᠭᠠᠨ ︵ᠵᠠᠭᠠᠭ ᠱᠤᠭᠤᠮ︶ ᠪᠤᠳᠠᠳᠤ ᠭᠠᠵᠠᠷ ᠲᠤ ᠨᠢ ᠶᠠᠪᠤᠭᠳᠠᠭᠰᠠᠨ ᠦᠬᠡᠢ᠂ ᠲᠤᠷ᠎ᠠ ᠪᠠᠷ ᠢᠯᠭᠠᠨ ᠲᠤᠭᠳᠠᠭᠠᠵᠡᠢ ᠭᠡᠵᠦ ᠲᠤᠰᠬᠠᠭᠰᠠᠨ ᠪᠡᠶᠢᠨ᠎ᠠ᠃ ᠵᠠᠭᠠᠭᠯᠠᠵᠤ ᠲᠤᠭᠳᠠᠭᠠᠭᠰᠠᠨ ᠡᠰᠢ ᠪᠠᠷᠢᠮᠳᠠ ᠨᠢ ᠶᠠᠭᠤ ᠪᠤᠢ︖        2009 ᠤᠨ ᠳᠤ᠂ ᠦᠪᠦᠷ ᠮᠤᠩᠭᠤᠯ ᠤᠨ ᠤᠢ ᠰᠢᠭᠤᠢ ᠶᠢᠨ ᠲᠢᠩᠬᠢᠮ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠢ ᠰᠢᠭᠤᠢ ᠶᠢᠨ ᠬᠠᠶᠢᠨ ᠪᠠᠶᠢᠴᠠᠭᠠᠯᠳᠠ ᠶᠢᠨ ᠬᠤᠶᠠᠳᠤᠭᠠᠷ ᠬᠦᠷᠢᠶᠡᠯᠡᠩ ᠢ ᠨᠠᠶᠢᠳᠠᠵᠤ᠂ ᠰᠢᠯᠢ ᠶᠢᠨ ᠬᠤᠳᠠ ᠶᠢᠨ ᠤᠯᠤᠰ ᠤᠨ ᠲᠡᠰ ᠤᠨ ᠨᠡᠶᠢᠳᠡ ᠶᠢᠨ ᠠᠰᠠᠷᠠᠮᠵᠢ ᠶᠢᠨ ᠣᠢ ᠶᠢ ᠬᠤᠪᠢᠶᠠᠷᠢᠯᠠᠨ ᠵᠠᠭᠠᠭᠯᠠᠪᠠ᠃ ᠤᠨᠴᠠᠭᠠᠢ ᠨᠦᠬᠦᠴᠠᠯ ᠳᠤ ᠲᠤᠬᠢᠷᠠᠭᠰᠠᠨ ᠪᠤᠳᠠ ᠮᠤᠳᠤ ᠶᠢᠨ ᠤᠢ ᠶᠢᠨ ᠭᠠᠵᠠᠷ ᠢ ᠵᠠᠭᠠᠭᠯᠠᠨ ᠲᠤᠭᠳᠠᠭᠠᠬᠤ ᠪᠠᠷᠢᠮᠵᠢᠶ᠎ᠠ ᠪᠤᠯ ᠪᠦᠷᠬᠦᠪᠴᠡ ᠨᠢ ᠡᠷᠭᠡᠪᠰᠢ 30%᠎ ᠳᠤ ᠬᠦᠷᠬᠦ ᠮᠦᠷᠳᠡᠭᠡᠨ ᠲᠠᠯᠠᠪᠠᠢ ᠨᠢ 450 ᠮᠤ᠋ ᠎ ᠳᠤ ᠬᠦᠷᠬᠦ ᠭᠡᠷᠡᠭᠳᠡᠢ᠃ ᠪᠤᠳᠠᠳᠠᠢ ᠵᠠᠭᠠᠭᠯᠠᠨ ᠲᠤᠭᠳᠠᠭᠠᠬᠤ ᠳᠠᠭᠠᠨ ᠤᠷᠢᠳᠠᠪᠠᠷ ᠲᠠᠭᠠᠭᠤᠯᠢ ᠤᠳᠤᠨ ᠤ ᠵᠢᠷᠤᠭ ᠢ ᠦᠨᠳᠦᠰᠦᠯᠡᠵᠦ ᠤᠢ ᠶᠢᠨ ᠭᠠᠵᠠᠷ ᠢ ᠠᠩᠬ᠎ᠠ ᠠᠯᠬᠤᠮ ᠮᠠᠭᠠᠳᠯᠠᠨ ᠲᠤᠭᠳᠠᠭᠠᠵᠤ᠂ ᠲᠠᠷᠠᠭ᠎ᠠ ᠨᠢ ᠠᠬᠤᠢ ᠲᠠᠯᠠᠪᠠᠢ ᠎ ᠳᠤᠨᠢ ᠬᠦᠷᠴᠦ ᠦᠯᠢᠭᠡᠷ ᠭᠡᠪ ᠰᠤᠩᠭᠤᠵᠦ ᠪᠠᠶᠢᠴᠠᠭᠠᠨ ᠦᠵᠡᠵᠦ᠂ ᠪᠠᠷᠢᠮᠵᠢᠶᠠᠨ ᠳᠤ ᠬᠦᠷᠦᠭᠰᠡᠨ ᠢ ᠨᠢ ᠤᠨᠴᠭᠠᠢ ᠨᠦᠬᠦᠴᠡᠯ ᠳᠤ ᠲᠤᠬᠢᠷᠠᠭᠰᠠᠨ ᠪᠤᠳᠠ ᠮᠤᠳᠤ ᠶᠢᠨ ᠤᠢ ᠶᠢᠨ ᠭᠠᠵᠠᠷ ᠢᠶᠠᠷ ᠲᠤᠭᠳᠠᠵᠤ᠂ ᠨᠤᠳᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠨᠢ ᠤᠢ ᠰᠢᠭᠤᠢ ᠶᠢᠨ ᠰᠠᠯᠠᠭ᠎ᠠ ᠮᠦᠴᠢᠷ ᠤᠨ ᠵᠠᠭᠠᠭᠯᠠᠨ ᠲᠤᠭᠳᠠᠭᠠᠭᠰᠠᠨ ᠤᠢ ᠶᠢᠨ ᠭᠠᠵᠠᠷ ᠢ ᠡᠷᠦᠭᠡ ᠳᠤ ᠬᠤᠪᠢᠶᠠᠷᠯᠠᠨ ᠦᠭᠬᠦᠨ᠎ᠡ᠃   ᠤᠷᠤᠨ ᠬᠤᠪᠢᠶᠠᠷᠢ ᠶᠢ ᠵᠠᠭᠠᠭᠯᠠᠵᠤ ᠲᠤᠭᠳᠠᠭᠠᠬᠤ ᠎ ᠳᠠᠭᠠᠨ ᠤᠢ ᠶᠢᠨ ᠭᠠᠵᠠᠷ ᠢ ᠦᠨᠳᠤᠰᠦᠯᠡᠵᠦ ᠬᠤᠪᠢᠶᠠᠷᠢᠯᠠᠨ᠎ᠠ᠂ ᠬᠠᠷᠢᠨ ᠮᠠᠯᠴᠢᠳ ᠤᠨ ᠨᠤᠳᠤᠭ ᠪᠡᠯᠴᠢᠭᠡᠷ ᠤᠨ ᠵᠠᠭᠠᠭ ᠢ ᠦᠨᠳᠦᠰᠦᠯᠡᠵᠦ ᠬᠤᠪᠢᠶᠠᠷᠢᠯᠠᠬᠤ ᠦᠬᠡᠢ᠃       3. ᠴᠤᠬᠠᠭᠤᠯᠠ ᠰᠤᠮᠤ ᠶᠢᠨ ᠮᠠᠯᠴᠢᠳ ᠣᠢ ᠰᠢᠭᠤᠢ ᠣᠰᠣᠨ ᠠᠰᠢᠭᠯᠠᠯᠳᠠ ᠶᠢᠨ ᠲᠤᠪᠴᠢᠶᠠᠨ ᠳᠤ ᠣᠢ ᠎ ᠲᠠᠢ ᠭᠠᠵᠠᠷ ᠲᠤ ᠨᠦᠬᠦᠪᠦᠷᠢ ᠦᠭᠬᠦᠭᠰᠡᠨ ᠦᠬᠡᠢ ᠭᠡᠵᠦ ᠤᠯᠠᠨ ᠤᠳᠠᠭ᠎ᠠ ᠬᠠᠷᠢᠭᠤ ᠲᠤᠰᠬᠠᠭᠰᠠᠨ ᠪᠠᠶᠢᠨ᠎ᠠ᠃ ᠰᠦᠬᠡ ᠵᠡᠷᠭᠡ ᠲᠠᠪᠤᠨ ᠲᠦᠯᠦᠭᠡᠯᠡᠭᠴᠢ᠄ ᠮᠠᠨ ᠤ ᠬᠢᠨ ᠣᠢ ᠶᠢᠨ ᠭᠠᠵᠠᠷ ᠶᠢᠨ ᠲᠠᠯᠠᠪᠡᠢ ᠵᠢᠴᠢ ᠣᠢ ᠮᠤᠳᠤ ᠶᠢᠨ ᠣᠷᠭᠤᠴᠠ ᠎ ᠨᠢ ᠨᠦᠬᠦᠪᠦᠷᠢ ᠬᠦᠷᠳᠡᠭᠰᠡᠨ ᠮᠠᠯᠴᠢᠳ ᠤᠨ ᠤᠢ ᠶᠢᠨ ᠲᠠᠯᠠᠪᠡᠢ ᠠᠴᠠ ᠶᠡᠭᠡ ᠮᠦᠷᠳᠡᠭᠡᠨ ᠤᠷᠭᠤᠴᠠ ᠰᠠᠶᠢᠨ᠂ ᠭᠡᠳᠡᠷᠬᠦ ᠪᠠᠨ ᠨᠦᠬᠦᠪᠦᠷᠢ ᠪᠡᠶᠢᠬᠤ ᠦᠬᠡᠢ︖ ᠲᠠᠬᠢᠪᠠᠯ ᠰᠤᠮᠤᠨ ᠤ ︵ᠪᠠᠯᠭᠠᠰᠤ︶ ᠵᠠᠮ ᠤᠨ ᠬᠤᠶᠠᠷ ᠬᠠᠵᠠᠭᠤ ᠪᠤᠯᠤᠨ ᠰᠤᠮᠤ ︵ᠪᠠᠯᠭᠠᠰᠤ︶᠎ ᠶᠢᠨ ᠡᠷᠬᠢᠨ ᠲᠤᠭᠤᠷᠢᠨ ᠤ ᠤᠢ ᠲᠠᠢ ᠭᠠᠵᠠᠷ ᠲᠤ ᠪᠦᠷ ᠨᠦᠬᠦᠪᠦᠷᠢ ᠦᠭᠴᠦ᠂ ᠮᠠᠨ ᠎ ᠤ ᠬᠤᠯᠡ ᠪᠠᠶᠢᠭ᠎ᠠ ᠤᠢ ᠲᠠᠢ ᠭᠠᠵᠠᠷ ᠬᠠᠷᠢᠨ ᠨᠦᠬᠦᠪᠦᠷᠢ ᠪᠡᠶᠢᠬᠤ ᠦᠬᠡᠢ ᠬᠡᠵᠦ ᠲᠤᠰᠬᠠᠭᠰᠠᠨ ᠪᠠᠶᠢᠨ᠎ᠠ᠃       ᠨᠦᠬᠦᠪᠦᠷᠢ ᠤᠯᠤᠭᠰᠠᠨ ᠦᠬᠡᠢ ᠤᠢ ᠲᠠᠢ ᠭᠠᠵᠠᠷ ᠢ ᠠᠮᠢ ᠠᠬᠤᠢ ᠶᠢᠨ ᠨᠡᠶᠢᠳᠡ ᠶᠢᠨ ᠠᠰᠠᠷᠠᠮᠵᠢ ᠶᠢᠨ ᠣᠢ ᠎ ᠳᠤ ᠪᠠᠭᠳᠠᠬᠤ ᠦᠬᠡᠢ ᠶᠤᠮ᠃ 2009 ᠤᠨ ᠳᠤ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠬᠠᠶᠢᠨ ᠪᠠᠶᠢᠴᠠᠭᠠᠯᠲᠠ ᠶᠢᠨ ᠬᠤᠶᠠᠳᠤᠭᠠᠷ ᠬᠦᠷᠢᠶᠡᠯᠡᠩ ᠨᠢ ᠲᠤᠬᠠᠢ ᠶᠢᠨ ᠦᠶ᠎ᠠ ᠶᠢᠨ ᠤᠢ ᠶᠢᠨ ᠭᠠᠵᠠᠷ ᠨᠢ ᠤᠯᠤᠰ ᠤᠨ ᠲᠠᠰ ᠤᠨ ᠨᠠᠶᠢᠳᠠ ᠶᠢᠨ ᠠᠰᠠᠷᠠᠮᠵᠢ ᠶᠢᠨ ᠤᠢ ᠶᠢᠨ ᠪᠠᠷᠢᠮᠵᠢᠶᠠᠨ ᠳᠤ ᠬᠦᠷᠴᠦ᠂ ᠡᠶᠢᠮᠦ ᠠᠴᠠ ᠤᠢ ᠶᠢᠨ ᠭᠠᠵᠠᠷ ᠤᠨ ᠨᠦᠬᠦᠪᠦᠷᠢ ᠶᠢᠨ ᠭᠡᠪᠴᠢᠶᠠᠨ ᠳᠤ ᠤᠷᠤᠵᠤ ᠪᠤᠯᠤᠨ᠎ᠠ ᠭᠡᠵᠦ ᠲᠤᠭᠳᠠᠭᠠᠪᠠ᠃ 2013 ᠣᠨ ᠠᠴᠠ ᠤᠳᠤ ᠪᠤᠯᠳᠠᠯ᠎ᠠ ᠤᠯᠤᠰ ᠤᠨ ᠲᠠᠰ ᠤᠨ ᠨᠠᠶᠢᠳᠠ ᠶᠢᠨ ᠠᠰᠠᠷᠠᠮᠵᠢ ᠶᠢᠨ ᠣᠢ ᠶᠢᠨ ᠭᠠᠵᠠᠷ ᠢ ᠡᠷᠡᠮᠵᠡᠯᠡᠭᠰᠡᠨ ᠪᠤᠯᠪᠠᠴᠣ ᠨᠦᠬᠦᠪᠦᠷᠢ ᠦᠭᠬᠦ ᠲᠠᠯᠠᠪᠠᠢ ᠶᠢ ᠨᠡᠮᠡᠭᠳᠡᠬᠦᠯᠦᠨ᠎ᠡ ᠬᠡᠵᠦ ᠤᠯᠤᠰ ᠠᠴᠠ ᠵᠦᠪᠰᠢᠶᠡᠷᠡᠨ ᠴᠤᠬᠤᠯᠪᠤᠷᠢᠯᠠᠭᠰᠠᠨ ᠦᠬᠡᠢ᠂ ᠦᠪᠡᠷᠳᠡᠭᠡᠨ ᠵᠠᠰᠠᠬᠤ ᠤᠷᠤᠨ ᠴᠤ ᠤᠷᠤᠨ ᠨᠤᠳᠤᠭ ᠤᠨ ᠨᠠᠶᠢᠳᠠ ᠶᠢᠨ ᠠᠰᠠᠷᠠᠮᠵᠢ ᠶᠢᠨ ᠣᠢ ᠶᠢᠨ ᠨᠦᠬᠦᠪᠦᠷᠢ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠬᠦᠯᠦᠭᠰᠡᠨ ᠦᠬᠡᠢ᠃       4. ᠵᠠᠷᠢᠮ ᠮᠠᠯᠴᠢᠳ 2014 ᠤᠨ ᠳᠤ ᠨᠦᠬᠦᠪᠦᠷᠢ ᠬᠦᠷᠳᠡᠵᠡᠢ᠂ 2015 ᠤᠨ ᠠᠴᠠ ᠬᠤᠶᠢᠰᠢ ᠨᠦᠬᠦᠪᠦᠷᠢ ᠬᠦᠷᠳᠡᠭᠰᠡᠨ ᠦᠬᠡᠢ ᠭᠡᠵᠦ ᠲᠤᠰᠬᠠᠵᠡᠢ᠃ ᠶᠠᠭᠤᠨ ᠳᠤ ᠪᠤᠢ︖      2010 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠣᠢ ᠰᠢᠭᠤᠢ ᠶᠢᠨ ᠬᠠᠶᠢᠨ ᠪᠠᠶᠢᠴᠠᠭᠠᠯᠳᠠ ᠶᠢᠨ ᠬᠤᠶᠠᠳᠤᠭᠠᠷ ᠬᠦᠷᠢᠶᠡᠯᠡᠩ ᠲᠤᠬᠠᠢ ᠶᠢᠨ ᠭᠠᠵᠠᠷ ᠲᠤ ᠨᠢ ᠬᠦᠷᠴᠦ᠂ ᠤᠷᠤᠨ ᠬᠤᠪᠢᠶᠠᠨ ᠵᠠᠭᠠᠭ ᠲᠤᠭᠳᠠᠭᠠᠬᠤ ᠪᠠᠷ ᠲᠠᠮᠵᠢᠵᠤ ᠲᠡᠪᠰᠢᠬᠦᠯᠦᠭᠰᠡᠨ ︽ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠳᠠ ᠶᠢᠨ ᠣᠯᠣᠰ ᠤᠨ ᠲᠠᠰ ᠤᠨ ᠨᠡᠶᠢᠳᠡ ᠶᠢᠨ ᠠᠰᠠᠷᠠᠮᠵᠢ ᠶᠢᠨ ᠤᠢ ᠶᠢᠨ ᠤᠷᠤᠨ ᠬᠤᠪᠢᠶᠠᠷᠢ ᠶᠢᠨ ᠵᠠᠭᠠᠭ ᠢ ᠲᠠᠬᠢᠨ ᠲᠤᠭᠳᠠᠭᠠᠭᠰᠠᠨ ᠮᠡᠳᠡᠬᠦᠯᠦᠯᠳᠡ︾᠎ ᠶᠢᠨ ᠲᠤᠮᠳᠠ᠂ ᠤᠤᠯ ᠳᠠᠭᠠᠨ ᠤᠯᠤᠰ ᠤᠨ ᠲᠠᠰ ᠤᠨ ᠨᠡᠶᠢᠳᠡ ᠶᠢᠨ ᠠᠰᠠᠷᠠᠮᠵᠢ ᠎ ᠶᠢᠨ ᠣᠢ ᠶᠢᠨ ᠨᠦᠬᠦᠪᠦᠷᠢ ᠶᠢ ᠬᠦᠷᠳᠡᠵᠦ ᠪᠠᠶᠢᠭᠰᠠᠨ ᠤᠢ ᠶᠢᠨ ᠭᠠᠵᠠᠷ ᠤᠨ ᠪᠦᠷᠬᠦᠴᠡ ᠨᠢ 30% ᠬᠦᠷᠬᠦ ᠦᠬᠡᠢ ᠲᠤᠯᠡ᠂ ᠪᠦᠬᠦ ᠬᠤᠳᠠ ᠶᠢᠨ ᠤᠯᠤᠰ ᠤᠨ ᠲᠠᠰ ᠤᠨ ᠨᠡᠶᠢᠳᠡ ᠶᠢᠨ ᠠᠰᠠᠷᠠᠮᠵᠢ ᠶᠢᠨ ᠣᠢ ᠪᠠᠷ ᠨᠦᠬᠦᠪᠦᠷᠢ ᠦᠭᠴᠦ ᠪᠠᠶᠢᠭᠰᠠᠨ ᠲᠠᠯᠠᠪᠠᠢ ᠠᠴᠠ 1.6 ᠲᠦᠮᠡᠨ ᠮᠦ ᠶᠢ ᠲᠤᠬᠢᠷᠠᠭᠤᠯᠤᠨ ᠭᠠᠷᠭᠠᠪᠠ᠂ ᠡᠨᠡ ᠨᠢ 21 ᠮᠠᠯᠴᠢᠨ ᠡᠷᠦᠭᠡ ᠲᠠᠢ ᠬᠤᠯᠪᠤᠭᠳᠠᠨ᠎ᠠ ︵ᠡᠬᠦᠨ ᠤ ᠲᠤᠮᠳᠠ ᠴᠤᠬᠠᠭᠤᠯᠠ ᠰᠤᠮᠤ ᠶᠢᠨ 9 ᠡᠷᠦᠭᠡ 0.7 ᠲᠦᠮᠡᠨ ᠮᠦ ᠪᠠᠭᠳᠠᠨ᠎ᠠ︶᠃ ︽ ᠮᠡᠳᠡᠬᠦᠯᠦᠯᠳᠡ︾᠎ ᠶᠢ ᠦᠨᠳᠦᠰᠦᠯᠡᠪᠡᠯ᠂ ᠲᠤᠰ ᠭᠠᠵᠠᠷ ᠨᠢ ᠨᠢᠭᠡᠨᠳᠡ ᠤᠯᠤᠰ ᠤᠨ ᠲᠠᠰ ᠤᠨ ᠨᠡᠶᠢᠳᠡ ᠶᠢᠨ ᠠᠰᠠᠷᠠᠮᠵᠢ ᠶᠢᠨ ᠣᠢ ᠳᠤ ᠬᠠᠷᠢᠶᠠᠯᠠᠭᠳᠠᠬᠤ ᠦᠬᠡᠢ ᠪᠤᠯᠪᠠ᠃      5. ᠮᠠᠨ ᠤ ᠤᠳᠤ ᠬᠡᠷᠡᠭᠵᠢᠬᠦᠯᠦᠭᠳᠡᠵᠦ ᠪᠡᠶᠢᠭ᠎ᠠ ᠨᠦᠬᠦᠪᠦᠷᠢ ᠶᠢᠨ ᠪᠠᠷᠢᠮᠵᠢᠶ᠎ᠠ ᠨᠢ ᠬᠡᠳᠦᠢ ᠪᠤᠢ︖       ᠬᠤᠪᠢ ᠬᠦᠮᠦᠨ ︵ᠨᠡᠶᠢᠳᠡ︶᠎ ᠤ ᠣᠯᠣᠰ ᠤᠨ ᠲᠠᠰ ᠤᠨ ᠨᠡᠶᠢᠳᠡ ᠶᠢᠨ ᠠᠰᠠᠷᠠᠮᠵᠢ ᠶᠢᠨ ᠣᠢ ᠶᠢᠨ ᠨᠦᠬᠦᠪᠦᠷᠢ ᠶᠢᠨ ᠪᠠᠷᠢᠮᠵᠢᠶ᠎ᠠ ᠨᠢ ᠮᠦ ᠪᠦᠷᠢ 14.25 ᠲᠦᠬᠦᠷᠢᠭ᠃   ﹇ᠬᠤᠪᠢ ᠬᠦᠮᠦᠨ ︵ᠨᠡᠶᠢᠳᠡ︶᠎ ᠤ ᠣᠯᠣᠰ ᠎ ᠤᠨ ᠲᠠᠰ ᠤᠨ ᠨᠡᠶᠢᠳᠡ ᠶᠢᠨ ᠠᠰᠠᠷᠠᠮᠵᠢ ᠶᠢᠨ ᠣᠢ ᠶᠢᠨ ᠨᠦᠬᠦᠪᠦᠷᠢ ᠶᠢᠨ ᠪᠠᠷᠢᠮᠵᠢᠶ᠎ᠠ ᠨᠢ ᠮᠦ ᠪᠦᠷᠢ 10 ᠲᠦᠬᠦᠷᠢᠭ︔ ᠤᠢ ᠬᠠᠮᠠᠭᠠᠯᠠᠬᠤ ᠠᠵᠢᠯᠳᠠᠨ ᠤ ᠬᠠᠮᠢᠶᠠᠷᠤᠯᠳᠠ ᠬᠠᠮᠠᠭᠠᠯᠠᠯᠳᠠ ᠶᠢᠨ ᠵᠠᠷᠤᠳᠠᠯ ᠤᠨ ᠪᠠᠷᠢᠮᠵᠢᠶ᠎ᠠ ᠨᠢ ᠮᠦ ᠪᠦᠷᠢ 4.25 ᠲᠦᠬᠦᠷᠢᠭ﹈ ᠰᠢᠯᠢ ᠶᠢᠨ ᠬᠤᠳᠠ ᠶᠢᠨ ᠨᠡᠶᠢᠳᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠳᠠ ᠶᠢᠨ ᠦᠷᠳᠡᠭᠡ 2017 ᠤᠨ ᠤ 8 ᠰᠠᠷ᠎ᠠ ᠶᠢᠨ 6᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号