ᠵᠡᠮᠳᠡᠭᠴᠦᠳ ᠠᠴᠠ ᠦᠯᠦ ᠰᠦᠢᠳᠭᠡᠯ ᠬᠤᠷᠢᠶᠠᠵᠦ ᠬᠤᠳᠠ ᠶᠢᠨ ᠨᠠᠶᠢᠳᠠ ᠶᠢᠨ ᠮᠠᠰᠢᠨ ᠲᠡᠷᠭᠡᠨ ᠳᠤ ᠰᠠᠭᠤᠯᠭᠠᠬᠤ ᠲᠤᠬᠠᠢ ᠰᠢᠯᠢ ᠶᠢᠨ ᠬᠤᠳᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2017-11-16

ᠵᠡᠮᠳᠡᠭᠴᠦᠳ ᠨᠠᠶᠢᠵᠠ ᠨᠦᠬᠦᠳ ᠡ᠄

        ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠢ ᠬᠠᠮᠠᠭᠠᠯᠠᠬᠤ ᠬᠠᠤᠯᠢ︾᠎ ᠶᠢ

ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠵᠡᠮᠳᠡᠭᠴᠦᠳ ᠤᠨ ᠶᠠᠪᠤᠵᠦ ᠰᠠᠭᠤᠬᠤ ᠪᠠ ᠨᠠᠶᠢᠭᠡᠮ ᠤᠨ

ᠠᠮᠢᠳᠤᠷᠠᠯ ᠳᠤ ᠤᠷᠤᠯᠴᠠᠬᠤ ᠡᠷᠭᠡ ᠠᠰᠢᠭ ᠢ ᠪᠠᠳᠤᠯᠠᠵᠦ᠂ ᠨᠠᠮ ᠪᠠ ᠵᠠᠰᠠᠭ ᠤᠨ ᠤᠷᠳᠤᠨ ᠤ ᠵᠡᠮᠳᠡᠭᠴᠦᠳ ᠳᠠᠬᠢ

ᠬᠠᠶᠢᠷ᠎ᠠ ᠬᠠᠯᠠᠮᠵᠢ ᠶᠢ ᠤᠯᠠᠮ ᠨᠢᠭᠡ ᠠᠯᠬᠤᠮ ᠢᠯᠡᠷᠡᠬᠦᠯᠦᠨ᠂ ᠡᠶ᠎ᠡ ᠵᠤᠬᠢᠴᠠᠩᠭᠤᠢ᠂ ᠬᠠᠯᠠᠭᠤᠨ ᠲᠤᠯᠠᠭᠠᠨ ᠨᠡᠶᠢᠭᠡᠮ

᠎ ᠤᠨ ᠠᠭᠤᠷ ᠠᠮᠢᠰᠬᠤᠯ ᠢ ᠪᠤᠢ ᠪᠤᠯᠭᠠᠬᠤ  ᠎ ᠶᠢᠨ ᠲᠦᠯᠦᠭᠡ᠂ ᠤᠳᠤ ᠰᠢᠯᠢ ᠶᠢᠨ ᠬᠤᠳᠠ ᠶᠢᠨ ᠵᠡᠮᠳᠡᠭᠴᠦᠳ ᠠᠴᠠ

ᠰᠦᠢᠳᠭᠡᠯ ᠦᠯᠦ ᠬᠤᠷᠢᠶᠠᠵᠦ ᠬᠤᠳᠠ ᠶᠢᠨ ᠨᠠᠶᠢᠳᠠ ᠶᠢᠨ ᠮᠠᠰᠢᠨ ᠲᠡᠷᠭᠡᠨ ᠳᠤ ᠰᠠᠭᠤᠯᠭᠠᠬᠤ ᠬᠤᠯᠪᠤᠭᠳᠠᠯ ᠪᠦᠬᠦᠢ

ᠶᠠᠪᠤᠳᠠᠯ ᠢ ᠲᠤᠤᠷᠠᠬᠢ ᠮᠡᠳᠦ ᠵᠠᠷᠯᠠᠶ᠎ᠠ᠄

          ᠨᠢᠭᠡ᠂ ᠬᠠᠷᠭᠠᠯᠵᠠᠯ ᠦᠵᠡᠬᠦᠯᠬᠦ ᠡᠳᠡᠭᠡᠳ

          ᠬᠤᠶᠠᠳᠤᠭᠠᠷ ᠦᠶ᠎ᠠ ᠶᠢᠨ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭ ᠬᠦᠮᠦᠨ

᠎ ᠤ ᠬᠡᠷᠡᠴᠢ︾ ︵ᠲᠤᠤᠷ᠎ᠠ ︽ᠵᠡᠮᠳᠡᠭ ᠬᠦᠮᠦᠨ ᠤ ᠬᠡᠷᠡᠴᠢ︾ ᠬᠡᠵᠦ ᠲᠦᠬᠦᠮᠴᠢᠯᠡᠨ᠎ᠡ︶᠎ ᠲᠠᠢ ᠪᠠᠶᠢᠬᠤ ᠵᠡᠮᠳᠡᠭᠴᠦᠳ᠂

ᠡᠷᠦᠭᠡ ᠠᠮᠠ ᠶᠢᠨ ᠬᠢᠵᠠᠭᠠᠷᠯᠠᠯ ᠪᠠᠶᠢᠬᠤ ᠦᠬᠡᠢ᠂ ᠭᠠᠳᠠᠨ᠎ᠠ ᠤᠷᠤᠨ ᠤ ᠬᠡᠷᠡᠴᠢ ᠪᠠᠶᠢᠬᠤ   ᠵᠡᠮᠳᠡᠭᠴᠦᠳ ᠨᠢ ᠮᠠᠨ ᠤ

ᠬᠤᠳᠠ ᠶᠢᠨ ᠵᠡᠮᠳᠡᠭᠴᠦᠳ ᠲᠠᠢ ᠠᠳᠠᠯᠢ ᠰᠦᠢᠳᠭᠡᠯ ᠬᠤᠷᠢᠶᠠᠬᠤ ᠦᠬᠡᠢ ᠪᠠᠷ ᠬᠤᠳᠠ ᠶᠢᠨ ᠨᠠᠶᠢᠳᠠ ᠶᠢᠨ ᠮᠠᠰᠢᠨ

ᠲᠡᠷᠭᠡᠨ ᠳᠤ ᠰᠠᠭᠤᠬᠤ ᠡᠷᠬᠡ ᠲᠠᠢ᠃

          ᠬᠤᠶᠠᠷ᠂ ᠪᠤᠳᠠᠳᠠᠢ ᠲᠤᠭᠳᠠᠭᠠᠯ

         1.᠂ ᠵᠡᠮᠳᠡᠭᠴᠦᠳ ᠬᠤᠳᠠ ᠶᠢᠨ ᠨᠠᠶᠢᠳᠠ ᠶᠢᠨ ᠮᠠᠰᠢᠨ ᠲᠡᠷᠭᠡᠨ ᠳᠤ ᠰᠠᠭᠤᠬᠤ ᠳᠤ᠂ ᠲᠠᠷᠭᠡᠨ ᠳᠤ

ᠭᠠᠷᠬᠤ ᠠᠴᠠ ᠡᠮᠤᠨ᠎ᠡ ᠵᠠᠪᠠᠯ ᠰᠠᠨᠠᠭᠠᠴᠢᠯᠠᠭ᠎ᠠ ᠠᠴᠠ ᠪᠠᠨ ︽ᠵᠡᠮᠳᠡᠭ ᠬᠦᠮᠦᠨ ᠤ ᠬᠡᠷᠡᠴᠢ︾᠎ ᠶᠢ ᠦᠵᠡᠬᠦᠯᠵᠦ᠂

ᠲᠡᠷᠭᠡᠨ ᠳᠤ ᠰᠠᠭᠤᠬᠤ ᠡᠯ᠎ᠡ ᠵᠦᠢᠯ ᠤᠨ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠠᠰᠠᠷᠠᠵᠦ ᠬᠠᠷᠭᠠᠯᠵᠠᠬᠤ

ᠬᠦᠮᠦᠰ ᠨᠢ ᠲᠤᠭᠳᠠᠭᠠᠯ ᠶᠤᠰᠤᠭᠠᠷ ᠪᠢᠯᠧᠲ ᠬᠤᠳᠠᠯᠳᠤᠨ ᠠᠪᠤᠨ᠎ᠠ᠃

        2. ︽ᠵᠡᠮᠳᠡᠭ ᠬᠦᠮᠦᠨ ᠤ ᠭᠡᠷᠡᠴᠢ︾᠎ ᠨᠢ ᠵᠦᠪᠭᠡᠨ ᠲᠤᠰ ᠬᠦᠮᠦᠨ ᠨᠢ ᠬᠡᠷᠡᠭᠯᠡᠵᠦ᠂ ᠪᠤᠰᠤᠳ ᠬᠦᠮᠦᠨ

᠎ ᠳᠤ ᠵᠢᠭᠡᠯᠡᠬᠦᠯᠦᠨ ᠬᠡᠷᠡᠭᠯᠡᠬᠦᠯᠵᠦ ᠪᠤᠯᠬᠤ ᠦᠬᠡᠢ᠂ ᠤᠯᠵᠦ ᠮᠡᠳᠡᠪᠡᠯ᠂ ᠰᠦᠢᠳᠭᠡᠯ ᠬᠤᠷᠢᠶᠠᠬᠤ ᠦᠬᠡᠢ ᠪᠠᠷ ᠨᠡᠶᠢᠳᠠ

᠎ ᠶᠢᠨ ᠮᠠᠰᠢᠨ ᠲᠡᠷᠭᠡᠨ ᠳᠤ ᠰᠠᠭᠤᠬᠤ ᠬᠢᠷᠢ ᠭᠡᠮ ᠢ ᠬᠦᠴᠦᠨ ᠦᠬᠡᠢ ᠪᠤᠯᠭᠠᠨ᠎ᠠ᠃

         3. ᠵᠡᠮᠳᠡᠭᠴᠦᠳ ᠠᠴᠠ ᠦᠯᠦ ᠰᠦᠢᠳᠭᠡᠯ ᠬᠤᠷᠢᠶᠠᠵᠦ ᠨᠡᠶᠢᠳᠡ ᠶᠢᠨ ᠮᠠᠰᠢᠨ ᠲᠡᠷᠭᠡᠨ ᠳᠤ

ᠰᠠᠭᠤᠯᠭᠠᠬᠤ ᠶᠢ 2017 ᠤᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠵᠦ ᠭᠡᠷᠡᠭᠵᠢᠬᠦᠯᠦᠨ᠎ᠡ᠃

                       

                            ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠤᠷᠳᠤᠨ

                                   

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号