ᠰᠢᠯᠢ ᠶᠢᠨ ᠬᠤᠳᠠ ᠶᠢᠨ ᠠᠩᠬᠠᠳᠤᠭᠠᠷ ᠬᠤᠭᠤᠴᠠᠭᠠᠨ ᠤ ᠬᠡᠤᠭᠡᠳ ᠤᠨ ᠬᠦᠯ ᠪᠦᠮᠪᠦᠭᠡ ᠶᠢᠨ ᠬᠦᠭᠵᠢᠶᠡᠨᠳᠤ ᠪᠠᠶᠡᠷ ᠵᠢᠴᠢ ᠰᠤᠨᠢᠷᠬᠠᠯᠳᠤ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠠᠷᠪᠠᠨ ᠨᠢᠭᠡᠳᠦᠭᠡᠷ ᠰᠠᠷ᠎ᠠ ᠎ ᠶᠢᠨ ᠠᠷᠪᠠᠨ ᠬᠤᠶᠠᠷ ᠤᠨ ᠡᠳᠤᠷ ᠰᠢᠯᠢ ᠶᠢᠨ ᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2017-11-16
      ᠤᠶᠢᠷ᠎ᠡ ᠶᠢᠨ ᠵᠢᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠡᠭᠡᠳᠦ ᠬᠡᠮᠵᠢᠶᠠᠨ ᠤ ᠠᠩᠬᠠᠷᠤᠯ ᠪᠠ ᠬᠦᠴᠦᠳᠠᠢ ᠲᠡᠮᠵᠢᠯᠭᠡ ᠲᠤᠤᠷ᠎ᠠ᠂ ᠰᠢᠯᠢ ᠶᠢᠨ ᠬᠤᠳᠠ ᠨᠢ ᠣᠯᠣᠰ ᠤᠨ ᠰᠤᠷᠭᠠᠭᠤᠯᠢ ᠎ ᠶᠢᠨ ᠬᠦᠷᠢᠶᠠᠨ ᠤ ᠬᠦᠯ ᠪᠦᠮᠪᠦᠭᠡ ᠶᠢᠨ ᠤᠶᠢᠯᠠᠰ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ᠬᠦᠯ ᠪᠦᠮᠪᠦᠭᠡ ᠶᠢ ᠬᠡᠤᠬᠡᠳ ᠠᠴᠠ ᠨᠢ ᠡᠬᠢᠯᠡᠵᠦ ᠠᠳᠬᠤᠬᠤ︾ ᠰᠠᠨᠠᠭᠠᠴᠢᠯᠠᠭ᠎ᠠ ᠶᠢ ᠢᠳᠡᠪᠬᠢᠳᠡᠢ ᠴᠣᠣᠷᠢᠶᠠᠳᠤᠨ ᠲᠠᠭᠠᠵᠤ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠤᠶᠢᠯᠡᠰ ᠢ ᠬᠦᠴᠦᠳᠡᠢ ᠬᠦᠭᠵᠢᠬᠦᠯᠵᠡᠢ᠃ ᠤᠳᠤᠬᠠᠨ ᠳᠤ ᠰᠢᠯᠢ ᠶᠢᠨ ᠬᠤᠳᠠ ᠶᠢᠨ 19 ᠲᠤᠮᠳᠠᠳᠤ ᠪᠠᠭ᠎ᠠ ᠰᠤᠷᠭᠠᠭᠤᠯᠢ ᠶᠢᠨ 6᠎ ᠨᠢ ᠤᠯᠤᠰ ᠤᠨ ᠲᠠᠰ ᠤᠨ ᠰᠣᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠤᠨᠴᠠᠯᠢᠭᠳᠣ ᠰᠤᠷᠭᠠᠭᠤᠯᠢ ᠪᠠᠷ ᠦᠨᠡᠯᠡᠭᠳᠡᠵᠦ᠂ ᠪᠤᠰᠣᠳ ᠨᠢ ᠴᠦᠮ ᠦᠪᠡᠷᠳᠡᠭᠡᠨ ᠵᠠᠰᠠᠬᠤ ᠤᠷᠤᠨ ᠤ ᠲᠠᠰ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ ᠪᠠᠷ ᠦᠨᠡᠯᠡᠭᠳᠡᠨ᠂ 4 ᠬᠡᠤᠭᠡᠳ ᠎ ᠤᠨ ᠴᠡᠴᠡᠷᠯᠢᠭ ᠤᠨ 2  ᠎ ᠨᠢ ᠦᠪᠡᠷᠳᠡᠭᠡᠨ ᠵᠠᠰᠠᠬᠤ ᠤᠷᠤᠨ ᠤ ᠲᠠᠰ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠤᠨᠴᠠᠯᠢᠭᠳᠤ ᠴᠡᠴᠡᠷᠯᠢᠭ ᠢᠶᠠᠷ ᠦᠨᠡᠯᠡᠭᠳᠡᠵᠡᠢ᠃ ᠪᠦᠬᠦ ᠬᠤᠳᠠ ᠶᠢᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠠᠵᠢᠯ ᠯᠠᠪᠳᠠᠭᠤᠨ ᠢᠶᠠᠷ ᠦᠷᠨᠢᠭᠰᠡᠨ ᠨᠢ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠎ ᠶᠢᠨ ᠲᠦᠭᠡᠯᠡᠮᠵᠢᠯᠳᠠ ᠶᠢᠨ ᠨᠤᠷᠮ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠬᠤᠯᠪᠤᠭᠠᠳᠤ ᠤᠷᠤᠯᠳᠤᠭᠠᠨ ᠤ ᠰᠢᠰᠲ᠋ᠧᠮ᠂ ᠪᠠᠳᠤᠯᠠᠭᠠᠨ ᠤ ᠬᠢᠷᠢ ᠬᠡᠮᠵᠢᠶ᠎ᠠ ᠪᠡ ᠵᠤᠷᠢᠭᠵᠢᠭᠤᠯᠬᠤ ᠪᠠᠶᠢᠭᠤᠯᠤᠮᠵᠢ ᠲᠤᠭᠳᠠᠴᠠ ᠶᠢ ᠠᠭᠠᠵᠢᠮ ᠢᠶᠠᠷ ᠪᠦᠷᠢᠯᠳᠦᠬᠦᠯᠵᠦ᠂ ᠬᠦᠯ ᠪᠦᠮᠪᠦᠭᠡ ᠨᠢ ᠬᠡᠤᠭᠡᠳ ᠎ ᠤᠳ ᠤᠨ ᠬᠦᠭᠵᠢᠶᠡᠨᠳᠦ ᠲᠤᠭᠯᠠᠭᠠᠮ ᠤᠨ ᠨᠢᠭᠡ ᠠᠭᠤᠯᠭ᠎ᠠ ᠪᠤᠯᠤᠭᠰᠠᠨ ᠪᠦᠭᠡᠳ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠴᠢᠬᠤᠯᠠ ᠠᠵᠢᠯᠯᠠᠭ᠎ᠠ ᠪᠤᠯᠵᠠᠢ᠃         ᠰᠢᠯᠢ ᠶᠢᠨ ᠬᠤᠳᠠ ᠶᠢᠨ ᠠᠩᠬᠠᠳᠤᠭᠠᠷ ᠬᠤᠭᠤᠴᠠᠭᠠᠨ ᠤ ᠬᠡᠤᠭᠡᠳ ᠤᠨ ᠬᠦᠯ ᠪᠦᠮᠪᠦᠭᠡ ᠶᠢᠨ ᠬᠦᠭᠵᠢᠶᠡᠨᠳᠦ ᠪᠠᠶᠠᠷ ᠵᠢᠴᠢ ᠰᠤᠨᠢᠷᠬᠠᠯᠳᠤ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠰᠢᠯᠢ ᠶᠢᠨ ᠬᠤᠳᠠ ᠎ ᠶᠢᠨ ᠰᠤᠷᠭᠠᠨ ᠬᠦᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠠᠴᠠ ᠭᠤᠤᠯᠯᠠᠨ ᠡᠷᠬᠢᠯᠡᠵᠦ᠂ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤᠨ ᠬᠡᠤᠭᠡᠳ ᠤᠨ ᠴᠡᠴᠡᠷᠯᠢᠭ ᠠᠴᠠ ᠲᠠᠭᠠᠭᠠᠴᠢᠯᠠᠵᠦ ᠡᠷᠬᠢᠯᠡᠵᠡᠢ᠃ ᠲᠣᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠵᠤᠷᠢᠯᠭ᠎ᠠ ᠶᠢᠨ ᠲᠤᠬᠠᠢ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠡᠤᠭᠡᠳ ᠤᠨ ᠴᠡᠴᠡᠷᠯᠢᠭ ᠤᠨ ᠵᠠᠬᠢᠷᠤᠯ ᠰᠡᠴᠡᠨᠬᠤᠸᠡᠷ ᠢᠩᠬᠢᠵᠦ ᠲᠠᠨᠢᠯᠴᠠᠭᠤᠯᠵᠠᠢ᠃     ᠤᠶᠢᠯᠠᠭᠠᠭᠰᠠᠨ ᠢᠶᠠᠷ᠂ ᠰᠢᠯᠢ ᠶᠢᠨ ᠬᠤᠳᠠ ᠶᠢᠨ ᠠᠩᠬᠠᠳᠤᠭᠠᠷ ᠬᠤᠭᠤᠴᠠᠭᠠᠨ ᠤ ᠬᠡᠤᠭᠡᠳ ᠤᠨ ᠬᠦᠯ ᠪᠦᠮᠪᠦᠭᠡ ᠶᠢᠨ ᠬᠦᠭᠵᠢᠶᠡᠨᠳᠦ ᠪᠡᠶᠡᠷ ᠵᠢᠴᠢ ᠰᠤᠨᠢᠷᠬᠠᠯᠳᠤ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠳᠤ ᠰᠢᠯᠢ ᠶᠢᠨ ᠬᠤᠳᠠ ᠶᠢᠨ 4 ᠠᠯᠪᠠᠨ ᠠᠴᠠ ᠡᠷᠬᠢᠯᠡᠭᠰᠡᠨ ᠴᠡᠴᠡᠷᠯᠢᠭ ᠪᠠ 3 ᠠᠷᠠᠳ ᠠᠴᠠ ᠡᠷᠬᠢᠯᠡᠭᠰᠡᠨ ᠴᠡᠴᠡᠷᠯᠢᠭ ᠎ ᠤᠨ ᠪᠠᠭᠰᠢ ᠰᠤᠷᠤᠭᠴᠢᠳ ᠪᠠ ᠭᠡᠷ ᠤᠨ ᠠᠬᠠᠮᠠᠳ ᠤᠷᠤᠯᠴᠠᠵᠦ᠂ ᠬᠡᠤᠭᠡᠳ ᠶᠢᠨ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠤᠷᠤᠯᠳᠤᠭᠠᠨ᠂ ᠬᠡᠤᠭᠡᠳ ᠪᠠ ᠭᠡᠷ ᠤᠨ ᠠᠬᠠᠮᠠᠳ ᠤᠨ ᠰᠤᠨᠢᠷᠬᠠᠯᠳᠤ ᠬᠦᠯ ᠪᠦᠮᠪᠦᠭᠡ ᠶᠢᠨ ᠲᠤᠭᠯᠠᠭᠠᠮ ᠵᠡᠷᠭᠡ ᠠᠭᠤᠯᠭ᠎ᠠ ᠪᠠᠷ ᠶᠡᠪᠤᠭᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号