ᠰᠢᠯᠢ ᠶᠢᠨ ᠬᠤᠲᠡ ᠶᠢᠨ ᠰᠦᠨ ᠦᠢᠯᠡᠰ ᠤᠨ ᠬᠠᠮᠢᠶᠠᠷᠤᠯᠲᠠ ᠶᠢᠨ ᠠᠯᠪᠠᠨ ᠭᠡᠷ ᠤᠨ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠦᠷᠢ ᠶᠢ ᠬᠤᠷᠢᠶᠠᠨ ᠠᠪᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2017/12/12
ᠦᠷᠭᠡᠨ ᠤᠯᠠᠨ ᠰᠠᠭᠠᠯᠢ ᠶᠢᠨ ᠦᠨᠢᠶᠠᠨ ᠤ ᠲᠡᠵᠢᠭᠡᠪᠦᠷᠢ ᠶᠢᠨ ᠡᠷᠦᠬᠡ ᠳᠤ᠄        ᠮᠠᠨ ᠤ ᠬᠤᠲᠡ ᠶᠢᠨ ᠰᠠᠭᠠᠯᠢ ᠶᠢᠨ ᠦᠨᠢᠶ᠎ᠡ ᠲᠡᠵᠢᠭᠡᠬᠦ ᠦᠢᠯᠡᠰ ᠢ ᠲᠤᠬᠲᠠᠭᠤᠨ ᠢᠶᠠᠷ ᠬᠦᠭᠵᠢᠭᠦᠯᠬᠦ ᠶᠢᠨ ᠲᠦᠯᠦᠭᠡ᠂ 2001 ᠤᠨ ᠠᠴᠠ ᠡᠬᠢᠯᠠᠨ᠂ ᠠᠶᠢᠮᠠᠭ ᠬᠤᠲᠡ ᠶᠢᠨ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠰᠠᠭᠠᠯᠢ ᠶᠢᠨ ᠦᠨᠢᠶ᠎ᠡ ᠲᠡᠵᠢᠭᠡᠬᠦ ᠦᠢᠯᠡᠰ ᠢ ᠵᠤᠷᠢᠭᠵᠢᠭᠤᠯᠬᠤ ᠨᠢᠭᠡ ᠪᠦᠯᠦᠩ ᠲᠦᠷᠦ ᠶᠢᠨ ᠪᠤᠳᠤᠯᠭ᠎ᠠ ᠨᠠᠶᠢᠳᠠᠯᠠᠵᠦ᠂ ᠤᠨᠴᠠᠭᠠᠶᠢᠯᠠᠨ 2007 ᠤᠨ ᠤ 9 ᠰᠠᠷ᠎ᠠ ᠳᠤ ᠬᠤᠲᠡ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠰᠤᠳᠤᠯᠤᠨ ᠶᠠᠷᠢᠯᠴᠠᠵᠦ᠂ ᠵᠠᠰᠠᠭ ‍ᠦᠨ‌ᠤᠷᠳᠤᠨ ᠠᠴᠠ ᠵᠤᠬᠢᠶᠠᠨ ᠪᠠᠶᠢᠭᠤᠯᠵᠤ ᠬᠤᠳᠠᠯᠳᠤᠨ ᠠᠪᠤᠭᠠᠳ ᠦᠯᠡᠳᠡᠵᠦ ᠪᠠᠶᠢᠭ᠎ᠠ ᠭᠠᠳᠠᠭᠠᠳᠤ ᠶᠢᠨ ᠪᠠ ᠤᠯᠤᠰ ᠤᠨ ᠳᠤᠲᠤᠭᠠᠳᠦ ᠶᠢᠨ ᠰᠠᠭᠠᠯᠢ ᠶᠢᠨ ᠦᠨᠢᠶ᠎ᠡ ᠶᠢ ᠲᠤᠰ ᠪᠦᠷᠢ 1ᠲᠦᠮᠡ ᠲᠦᠬᠦᠷᠢᠭ \ ᠲᠤᠯᠤᠭᠠᠢ᠂ 0.5 ᠲᠦᠮᠡᠨ ᠲᠦᠬᠦᠷᠢᠭ \ ᠲᠤᠯᠤᠭᠠᠢ ᠶᠢᠨ ᠪᠠᠷᠢᠮᠵᠢᠶ᠎ᠠ ᠶᠤᠰᠤᠭᠠᠷ ᠰᠠᠭᠠᠯᠢ ᠶᠢᠨ ᠦᠨᠢᠶ᠎ᠠ ᠬᠤᠳᠠᠯᠳᠤᠨ ᠠᠪᠤᠭᠰᠠᠨ ᠵᠢᠭᠡᠯᠡᠯᠭᠡ ᠶᠢᠨ ᠮᠦᠩᠭᠦ ᠶᠢ ᠬᠢᠨᠠᠨ ᠬᠠᠰᠤᠨ᠎ᠠ ᠭᠡᠵᠦ ᠲᠤᠭᠳᠠᠭᠠᠪᠠ  ᠃       ᠭᠡᠪᠡᠴᠦ ᠤᠳᠤ ᠪᠤᠯᠲᠠᠯ᠎ᠠ ᠨᠢᠭᠡ ᠪᠦᠯᠦᠭ ᠰᠠᠭᠠᠯᠢ ᠶᠢᠨ ᠦᠨᠢᠶᠠᠨ ᠤ ᠲᠡᠵᠢᠭᠡᠪᠦᠷᠢ ᠶᠢᠨ ᠡᠷᠦᠭᠡ ᠨᠢ ᠬᠤᠲᠡ ᠶᠢᠨ ᠰᠦᠨ ᠦᠢᠯᠡᠰ ᠤᠨ ᠬᠠᠮᠢᠶᠠᠷᠤᠯᠲᠠ ᠶᠢᠨ ᠠᠯᠪᠠᠨ ᠭᠡᠷ ᠲᠤ ᠬᠦᠷᠴᠦ ᠵᠢᠭᠡᠯᠡᠯᠭᠡ ᠶᠢᠨ ᠮᠦᠩᠭᠦ ᠶᠢ ᠬᠢᠨᠠᠨ ᠬᠠᠰᠣᠬᠤ  ᠪᠠ ᠲᠠᠩᠰᠠ ᠬᠠᠷᠭᠤᠭᠤᠯᠬᠤ ᠭᠠᠷᠲᠠᠮ ᠢᠶᠠᠨ ᠭᠦᠢᠴᠡᠳᠭᠡᠭᠰᠡᠨ ᠦᠭᠡᠢ ᠪᠠᠶᠢᠵᠦ᠂ ᠲᠤᠰ ᠠᠵᠢᠯ ᠤᠨ ᠤᠷᠤᠭᠰᠢᠲᠠᠢ ᠶᠠᠪᠤᠭᠳᠠᠬᠤ ᠶᠢ ᠬᠠᠷᠰᠢᠯᠠᠪᠠ᠃ ᠡᠬᠦᠨ ᠤ ᠲᠤᠯᠠᠳᠠ᠂ ᠡᠳᠦᠭᠡ ᠬᠠᠮᠢᠶ᠎ᠠ ᠪᠦᠬᠦᠢ ᠮᠡᠳᠡᠭᠳᠡᠯ ᠢ ᠲᠤᠤᠷᠠᠬᠢ ᠮᠠᠳᠤ ᠮᠡᠳᠡᠭᠳᠡᠵᠦ ᠪᠠᠶᠢᠨ᠎ᠠ᠄        ᠲᠤᠰ ᠮᠡᠳᠡᠭᠳᠡᠯ ᠢ ᠲᠠᠷᠬᠠᠭᠠᠭᠰᠠᠨ ᠡᠳᠦᠷ ᠠᠴᠠ ᠡᠬᠢᠯᠡᠵᠦ᠂ ᠰᠠᠭᠠᠯᠢ ᠶᠢᠨ ᠦᠨᠢᠶ᠎ᠠ ᠬᠤᠳᠠᠯᠳᠤᠨ ᠠᠪᠤᠭᠰᠠᠨ ᠵᠢᠭᠡᠯᠡᠯᠭᠡ ᠶᠢᠨ ᠮᠦᠩᠭᠦ ᠶᠢ ᠬᠢᠨᠠᠨ ᠬᠠᠰᠤᠬᠤ ᠬᠢᠭᠡᠳ ᠲᠠᠩᠰᠠ ᠬᠠᠷᠭᠤᠭᠤᠯᠬᠤ ᠬᠠᠮᠢᠶ᠎ᠠ ᠪᠦᠬᠦᠢ ᠭᠠᠷᠲᠠᠮ ᠎ ᠢᠶᠠᠨ ᠭᠦᠢᠴᠡᠳᠭᠡᠭᠰᠡᠨ ᠦᠭᠡᠢ ᠲᠡᠵᠢᠭᠡᠪᠦᠷᠢ ᠶᠢᠨ ᠡᠷᠦᠭᠡ ᠨᠢ 2017 ᠤᠨ ᠤ 12 ᠰᠠᠷ᠎ᠠ ᠶᠢᠨ 31᠎ ᠤ ᠡᠳᠦᠷ ᠎ ᠠᠴᠠ ᠡᠮᠦᠨ᠎ᠡ ᠰᠢᠯᠢ ᠶᠢᠨ ᠬᠤᠲᠡ ᠶᠢᠨ ᠰᠦᠨ ᠦᠢᠯᠡᠰ ᠤᠨ ᠬᠠᠮᠢᠶᠠᠷᠤᠯᠲᠠ‌‍ᠶᠢᠨ ᠠᠯᠪᠠᠨ ᠭᠡᠷ ᠲᠤ ᠬᠦᠷᠴᠦ ᠬᠠᠮᠢᠶ᠎ᠠ ᠪᠦᠬᠦᠢ ᠭᠠᠷᠲᠠᠮ ᠢᠶᠠᠨ ᠬᠦᠢᠴᠡᠳᠭᠡᠵᠦ᠂ ᠡᠭᠦᠨ ᠤ ᠬᠠᠮᠲᠤ ᠰᠠᠭᠠᠯᠢ ᠶᠢᠨ ᠦᠨᠢᠶ᠎ᠡ ᠬᠤᠳᠠᠯᠳᠤᠨ ᠠᠪᠴᠤ ᠵᠤᠭᠤᠰ ᠦᠷᠢᠳᠦᠭᠰᠡᠨ ᠲᠡᠵᠢᠭᠡᠪᠦᠷᠢ ᠶᠢᠨ ᠡᠷᠦᠭᠡ ᠨᠢ ᠦᠷᠢ ᠪᠠᠨ ᠲᠤᠰᠢᠶᠠᠬᠤ ᠭᠡᠷᠡᠭᠳᠡᠢ᠃ ᠰᠠᠭᠠᠯᠢ ᠶᠢᠨ ᠦᠨᠢᠶ᠎ᠠ ᠬᠤᠳᠠᠯᠳᠤᠨ ᠠᠪᠤᠭᠰᠠᠨ ᠵᠢᠭᠡᠯᠡᠯᠭᠡ ᠶᠢᠨ ᠮᠦᠩᠭᠦ ᠶᠢ ᠬᠢᠨᠠᠨ ᠬᠠᠰᠤᠬᠤ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠳᠤ ᠲᠤᠬᠢᠷᠠᠬᠤ ᠲᠡᠵᠢᠭᠡᠪᠦᠷᠢ ᠶᠢᠨ ᠡᠷᠦᠭᠡ ᠨᠢ ᠲᠤᠭᠲᠠᠭᠰᠠᠨ ᠬᠤᠭᠤᠴᠠᠭᠠᠨ ᠳᠤ ᠭᠠᠷᠲᠠᠮ ᠢᠶᠠᠨ ᠬᠦᠢᠴᠡᠳᠭᠡᠬᠦ ᠦᠬᠡᠢ ᠪᠤᠯ ᠰᠠᠭᠠᠯᠢ ᠶᠢᠨ ᠦᠨᠢᠶ᠎ᠠ ᠬᠤᠳᠠᠯᠳᠤᠨ ᠠᠪᠤᠭᠰᠠᠨ ᠵᠢᠭᠡᠯᠡᠯᠭᠡ ᠶᠢᠨ ᠮᠦᠩᠭᠦ ᠶᠢ ᠬᠢᠨᠠᠨ ᠬᠠᠰᠤᠬᠤ ᠵᠡᠷᠭᠡ ᠬᠠᠮᠢᠶ᠎ᠠ ᠪᠦᠬᠦᠢ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠢᠶᠠᠷ ᠰᠢᠢᠳᠪᠦᠷᠢᠯᠡᠨ᠎ᠠ᠃ ᠰᠠᠭᠠᠯᠢ ᠶᠢᠨ ᠦᠨᠢᠶ᠎ᠡ ᠬᠤᠳᠠᠯᠳᠤᠨ ᠠᠪᠴᠤ ᠵᠤᠭᠤᠰ ᠦᠷᠢᠳᠦᠭᠰᠡᠨ ᠲᠡᠵᠢᠭᠡᠪᠦᠷᠢ ᠶᠢᠨ ᠡᠷᠦᠭᠡ ᠎ ᠨᠢ ᠲᠤᠭᠳᠠᠭᠰᠠᠨ ᠬᠤᠭᠤᠴᠠᠭᠠᠨ ᠳᠤ ᠰᠢᠯᠢ ᠶᠢᠨ ᠬᠤᠲᠠ ᠶᠢᠨ ᠰᠦᠨ ᠦᠢᠯᠡᠰ ᠤᠨ ᠬᠠᠮᠢᠶᠠᠷᠤᠯᠲᠠ ᠶᠢᠨ ᠠᠯᠪᠠᠨ ᠭᠡᠷ ᠎ ᠲᠤ ᠬᠦᠷᠴᠦ ᠲᠠᠩᠰᠠ ᠬᠠᠷᠭᠤᠭᠤᠯᠬᠤ ᠭᠠᠷᠳᠠᠮ ᠢᠶᠠᠨ ᠬᠦᠢᠴᠡᠳᠭᠡᠬᠦ ᠦᠬᠡᠢ ᠡᠰᠡᠬᠦᠯ᠎ᠡ ᠦᠷᠢᠳᠦᠭᠰᠡᠨ ᠵᠤᠭᠤᠰ ᠢᠶᠠᠨ ᠲᠤᠰᠢᠶᠠᠬᠤ ᠦᠬᠡᠢ ᠪᠤᠯ᠂ ᠰᠢᠯᠢ ᠶᠢᠨ ᠬᠤᠲᠠ ᠶᠢᠨ ᠰᠦᠨ ᠦᠢᠯᠡᠰ ᠤᠨ ᠬᠠᠮᠢᠶᠠᠷᠤᠯᠲᠠ ᠶᠢᠨ ᠠᠯᠪᠠᠨ ᠭᠡᠷ ᠨᠢ ᠬᠠᠤᠯᠢ ᠴᠠᠭᠠᠵᠠ ᠶᠢᠨ ᠶᠠᠪᠤᠴᠠ ᠶᠢ ᠲᠠᠮᠵᠢᠨ ᠰᠠᠭᠠᠯᠢ ᠶᠢᠨ ᠦᠨᠢᠶ᠎ᠡ ᠬᠤᠳᠠᠯᠳᠤᠨ ᠠᠪᠬᠤ ᠳᠤ ᠦᠷᠢᠳᠦᠭᠰᠡᠨ ᠦᠷᠢ ᠲᠦᠯᠦᠪᠦᠷᠢ ᠶᠢ ᠨᠡᠬᠡᠮᠵᠢᠯᠡᠨ᠎ᠡ᠃           ᠬᠠᠷᠢᠯᠴᠠᠬᠤ ᠤᠲᠠᠰᠦ᠄ 0479 —8213039           ᠤᠨᠴᠠᠭᠠᠶᠢᠯᠠᠨ ᠮᠡᠳᠡᠭᠳᠡᠪᠡ᠃                                                       ᠰᠢᠯᠢ ᠶᠢᠨ ᠬᠤᠲᠠ ᠶᠢᠨ ᠰᠦᠨ ᠦᠢᠯᠡᠰ ᠤᠨ ᠬᠠᠮᠢᠶᠠᠷᠤᠯᠲᠠ ᠵᠢᠨ‌ᠠᠯᠪᠠᠨ ᠭᠡᠷ                                               2017 ᠤᠨ ᠤ11 ᠰᠠᠷ᠎ᠠ  ᠶᠢᠨ 23
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号