ᠰᠢᠯᠢ ᠶᠢᠨ ᠬᠤᠲᠠ ᠠᠴᠠ ᠡᠷᠢᠶᠠᠨ ᠬᠤᠲᠠ ᠬᠥᠷᠬᠦ ᠠᠶᠠᠨᠴᠢᠳ ᠤᠨ ᠭᠠᠯᠲᠤ ᠲᠡᠷᠭᠡ ᠠᠩᠬ᠎ᠠ ᠤᠲᠠᠭ᠎ᠠ  ᠲᠤᠷᠰᠢᠨ ᠠᠶᠠᠯᠠᠪᠠ
ᠨᠡᠶᠢᠲᠡᠯᠡᠭᠰᠡᠨ ᠴᠠᠭ᠄
2017/3/24
      9 ᠳ᠋ᠤᠭᠡᠷ ᠰᠠᠷ᠎ᠠ ᠶᠢᠨ 4᠎ ᠤ ᠡᠲᠥᠷ ᠤᠨ 11 ᠴᠠᠭ ᠲᠤ᠂ ᠰᠢᠯᠢ ᠶᠢᠨ ᠬᠤᠲᠠ ᠠᠴᠠ ᠡᠷᠢᠶᠠᠨ ᠬᠤᠲᠠ ᠬᠥᠷᠬᠦ ᠳᠡᠮᠤᠷ ᠵᠠᠮ ᠢᠶᠠᠷ ᠠᠶᠠᠯᠠᠬᠤ ᠭᠠᠯᠲᠤ ᠲᠡᠷᠭᠡ ᠡᠷᠢᠶᠠᠨ ᠬᠤᠲᠠ ᠶᠢᠨ ᠭᠠᠯᠲᠤ ᠲᠡᠷᠭᠡᠨ ᠥᠷᠲᠡᠭᠡ ᠠᠴᠠ ᠬᠥᠲᠡᠯᠵᠥ᠂ ᠰᠢᠯᠢ ᠶᠢᠨ ᠬᠤᠲᠠ ᠶᠢ ᠴᠢᠭᠯᠡᠪᠡ᠃              ᠰᠢᠯᠢ ᠶᠢᠨ ᠬᠤᠲᠠ — ᠡᠷᠢᠶᠠᠨ ᠬᠤᠲᠠ ᠲᠡᠮᠥᠷ ᠵᠠᠮ ᠨᠢ ᠠᠪᠠᠭ᠎ᠠ ᠬᠤᠰᠢᠭᠤ᠂ ᠰᠥᠨᠢᠳ ᠵᠡᠬᠦᠨ ᠬᠤᠰᠢᠭᠤ᠂ ᠡᠷᠢᠶᠠᠨ ᠬᠤᠲᠠ ᠪᠠᠷ ᠥᠡᠭᠭᠡᠷᠡᠵᠥ᠂ ᠵᠢᠨᠢᠩ ᠠᠴᠠ ᠡᠷᠢᠶᠠᠨ ᠬᠤᠲᠠ ᠬᠥᠷᠬᠦ ᠲᠡᠮᠥᠷ ᠵᠠᠮ ᠤᠨ ᠰᠢᠯᠢ ᠥᠷᠲᠡᠭᠡ ᠳᠤ ᠵᠤᠯᠭᠠᠨ᠎ᠠ᠃ ᠰᠢᠯᠢ ᠶᠢᠨ ᠬᠤᠲᠠ — ᠡᠷᠢᠶᠠᠨ ᠬᠤᠲᠠ ᠲᠡᠮᠥᠷ ᠵᠠᠮ ᠤᠨ ᠪᠥᠬᠦ ᠤᠷᠲᠤ ᠨᠢ 375 ᠺᠢᠯᠤᠮᠧᠲᠷ ᠪᠠᠶᠢᠵᠥ᠂ 2012 ᠤᠨ ᠠᠴᠠ ᠪᠥᠲᠥᠭᠡᠨ ᠪᠠᠶᠢᠭᠤᠯᠵᠥ᠂ 2015 ᠤᠨ ᠳᠤ ᠪᠥᠬᠦ ᠱᠤᠭᠤᠮ ᠢ ᠵᠠᠰᠠᠨ ᠨᠡᠪᠲᠡᠷᠡᠬᠦᠯᠵᠥ᠂ 2016 ᠤᠨ ᠳᠤ ᠲᠡᠷᠭᠡ ᠨᠡᠪᠲᠡᠷᠡᠬᠦ ᠨᠥᠬᠦᠴᠡᠯ ᠢ ᠪᠥᠷᠢᠯᠲᠥᠬᠦᠯᠵᠡᠢ᠃ ᠰᠢᠯᠢ ᠶᠢᠨ ᠬᠤᠲᠠ — ᠡᠷᠢᠶᠠᠨ ᠬᠤᠲᠠ ᠲᠡᠮᠥᠷ ᠵᠡᠮ ᠨᠢ ᠨᠢᠭᠡᠲᠥᠭᠡᠷ ᠲᠡᠰ ᠤᠨ ᠲᠡᠮᠥᠷ ᠵᠠᠮ ᠪᠠᠶᠢᠵᠥ᠂ ᠲᠤᠰ ᠱᠤᠭᠤᠮ ᠨᠢ ᠥᠪᠡᠷᠲᠡᠭᠡᠨ ᠵᠠᠰᠠᠬᠤ ᠤᠷᠤᠨ ᠤ ᠵᠡᠬᠦᠨ ᠪᠠᠷᠠᠭᠤᠨ ᠢ ᠬᠤᠯᠪᠤᠭᠰᠠᠨ ᠲᠡᠮᠥᠷ ᠵᠠᠮ ᠤᠨ ᠬᠤᠶᠢᠲᠤ ᠬᠡᠰᠡᠭ ᠤᠨ ᠲᠤᠰᠠᠯᠠᠬᠤ ᠱᠤᠭᠤᠮ ᠤᠨ ᠴᠢᠬᠤᠯᠠ ᠪᠥᠷᠢᠯᠲᠥᠬᠦᠨ ᠬᠡᠰᠡᠭ᠂ ᠤᠮᠠᠷᠠᠲᠤ ᠬᠡᠰᠡᠭ ᠤᠨ ᠪᠤᠭᠤᠮᠲᠠ ᠶᠢᠨ ᠨᠡᠪᠳᠡᠷᠡᠬᠦ ᠵᠠᠮ ᠪᠠᠶᠢᠵᠥ᠂ ᠪᠠᠰᠠᠴᠥ ᠥᠪᠤᠷ ᠮᠤᠩᠭᠤᠯ ᠤᠨ ᠵᠡᠬᠦᠨ ᠬᠡᠰᠡᠭ ᠤᠨ ᠨᠡᠬᠦᠷᠡᠰᠥ ᠶᠢ ᠭᠠᠲᠠᠭᠰᠢ ᠵᠥᠭᠡᠭᠡᠪᠤᠷᠢᠯᠡᠬᠦ ᠴᠢᠬᠤᠯᠠ ᠵᠠᠮ ᠪᠤᠯᠤᠨ᠎ᠠ᠃ ᠲᠤᠰ ᠱᠤᠭᠤᠮ ᠢ ᠪᠥᠲᠥᠭᠡᠨ ᠪᠠᠶᠢᠭᠤᠯᠤᠭᠰᠠᠨ ᠠᠴᠠ ᠵᠢᠨᠢᠩ — ᠲᠥᠡᠭᠯᠢᠶᠤᠥ ᠲᠡᠮᠥᠷ ᠵᠠᠮ ᠠᠴᠠ ᠤᠮᠠᠷᠠᠰᠢ᠂ ᠮᠠᠨ ᠤ ᠠᠶᠢᠮᠠᠭ ᠤᠨ ᠪᠠᠷᠠᠭᠤᠨ ᠬᠡᠰᠡᠭ ᠲᠤ ᠵᠡᠬᠦᠨᠰᠢ ᠪᠠᠷᠠᠭᠤᠨᠰᠢ ᠨᠡᠪᠲᠡᠷᠡᠬᠦ ᠲᠠᠮᠥᠷ ᠵᠠᠮ ᠲᠠᠢ ᠪᠤᠯᠵᠦ᠂ ᠰᠢᠯᠢ ᠶᠢᠨ ᠬᠤᠲᠠ — ᠤᠯᠠᠭᠠᠨᠬᠤᠲᠠ ᠲᠡᠮᠥᠷ ᠵᠠᠮ ᠲᠠᠢ ᠨᠡᠶᠢᠯᠡᠵᠥ᠂ ᠡᠬᠦᠨ ᠤ ᠤᠯᠠᠮ ᠢᠶᠠᠷ ᠤᠯᠠᠭᠠᠨᠬᠠᠲᠠ — ᠳ᠋ᠠᠪᠠᠨ — ᠪᠠᠶᠠᠨᠬᠤᠸᠠ ᠲᠡᠮᠥᠷ ᠵᠠᠮ᠂ ᠪᠠᠶ᠋ᠬᠠᠠᠭᠤᠯᠠ — ᠰᠢᠨ  ᠴᠢᠥ ᠲᠡᠮᠥᠷ ᠵᠠᠮ᠂ ᠲᠥᠡᠭᠯᠢᠶᠥᠥ — ᠬᠤᠤᠯᠢᠨᠭᠤᠤᠯ ᠲᠡᠮᠥᠷ ᠵᠠᠮ ᠪᠤᠯᠤᠨ ᠰᠢᠯᠢ ᠶᠢᠨ ᠬᠤᠲᠠ — ᠰᠠᠩ ᠤᠨ  ᠲᠠᠯᠠᠢ ᠲᠡᠮᠥᠷ ᠵᠠᠮ ᠵᠡᠷᠭᠡ ᠲᠥᠷᠪᠡᠨ ᠵᠤᠷᠪᠤᠰ ᠡᠮᠥᠨ᠎ᠠ ᠤᠮᠠᠷ᠎ᠠ ᠶᠢ ᠬᠤᠯᠪᠤᠭᠰᠠᠨ ᠲᠡᠮᠥᠷ ᠵᠠᠮ ᠲᠠᠢ ᠨᠡᠶᠢᠯᠡᠵᠥ᠂ ᠤᠷᠤᠨ ᠲᠤᠭᠤᠷᠢᠭ ᠤᠨ ᠲᠠᠮᠥᠷ ᠵᠠᠮ ᠤᠨ ᠲᠤᠤᠷ ᠲᠤ ᠵᠡᠬᠦᠨ ᠪᠠᠷᠠᠭᠤᠨ ᠢ ᠵᠤᠯᠭᠠᠭᠤᠯᠵᠥ᠂ ᠡᠮᠥᠨ᠎ᠠ ᠤᠮᠠᠷ᠎ᠠ ᠶᠢ ᠬᠤᠯᠪᠤᠬᠤ ᠴᠢᠬᠤᠯᠠ ᠥᠢᠯᠡᠲᠥᠯ ᠥᠵᠡᠬᠦᠯᠬᠦ ᠪᠤᠯᠤᠨ᠎ᠠ᠃        ᠰᠢᠯᠢ ᠶᠢᠨ ᠬᠤᠲᠠ — ᠡᠷᠢᠶᠠᠨ ᠬᠤᠲᠠ ᠲᠡᠮᠥᠷ ᠵᠠᠮ ᠪᠤᠯ ᠮᠠᠨ ᠤ ᠠᠶᠢᠮᠠᠭ ︽ᠨᠢᠭᠡ ᠪᠥᠰᠡ ᠨᠢᠭᠡ ᠵᠠᠮ︾ ᠎ ᠤᠨ ᠪᠠᠶᠢᠯᠲᠤᠬᠤ ᠪᠤᠲᠤᠯᠭ᠎ᠠ ᠳᠤ ᠤᠷᠤᠯᠴᠠᠬᠤ ᠴᠢᠬᠤᠯᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠪᠤᠯᠤᠨ᠎ᠠ᠃ ᠡᠨᠡᠬᠦ ᠵᠤᠷᠪᠤᠰ ᠲᠡᠮᠥᠷ ᠵᠠᠮ ᠢᠶᠠᠷ ᠲᠡᠷᠭᠡ ᠨᠡᠪᠲᠡᠷᠡᠭᠰᠡᠨ ᠨᠢ ᠡᠷᠢᠶᠠᠨ ᠪᠤᠭᠤᠮᠲᠠ ᠪᠠ ᠵᠡᠬᠦᠨ ᠬᠤᠶᠢᠲᠤ ᠶᠢᠨ  ᠪᠥᠸᠧᠬᠠᠢ ᠲᠠᠩᠬᠢᠰ ᠤᠨ ᠪᠥᠬᠦ ᠭᠠᠷᠠᠮ ᠢ ᠬᠤᠯᠪᠤᠵᠥ᠂ ᠡᠷᠢᠶᠠᠨ ᠬᠤᠲᠠ᠂ ᠰᠢᠯᠢ ᠶᠢᠨ ᠬᠤᠲᠠ — ᠪᠠᠷᠠᠭᠤᠨ ᠥᠵᠥᠮᠥᠴᠢᠨ ᠬᠤᠰᠢᠭᠤ — ᠤᠯᠠᠭᠠᠨᠬᠠᠲᠠ ᠬᠤᠲᠠ ᠱᠤᠭᠤᠮ ᠢᠶᠠᠷ ᠵᠡᠬᠦᠨ ᠬᠤᠶᠢᠲᠤ ᠶᠢᠨ ᠲᠡᠮᠥᠷ ᠵᠠᠮ ᠤᠨ ᠳᠤᠤᠷ ᠲᠤ ᠤᠷᠤᠵᠥ ᠪᠤᠯᠤᠨ᠎ᠠ᠃ ᠭᠠᠲᠠᠭᠰᠢ ᠪᠠᠨ ᠮᠤᠩᠭᠤᠯ᠂ ᠤᠷᠤᠰ ᠲᠤ ᠨᠡᠪᠲᠡᠷᠡᠵᠥ᠂ ᠲᠤᠲᠤᠭᠠᠲᠤ ᠳᠠᠭᠠᠨ  ᠴᠢᠬᠤᠯᠠ ᠬᠤᠲᠠ ᠪᠤᠯᠤᠨ ᠭᠠᠷᠠᠮ ᠢ ᠬᠤᠯᠪᠤᠭᠰᠠᠨ ᠡᠨᠡᠬᠦ ᠲᠡᠮᠥᠷ ᠵᠠᠮ ᠨᠢ ᠮᠠᠨ ᠤ ᠠᠶᠢᠮᠠᠭ ᠤᠨ ᠭᠠᠲᠠᠭᠰᠢ ᠨᠡᠭᠡᠭᠡᠯᠲᠡ ᠳᠤ ᠴᠢᠬᠤᠯᠠ ᠥᠢᠯᠡᠲᠥᠯ ᠥᠵᠡᠬᠦᠯᠬᠦ ᠪᠤᠯᠤᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号