ᠰᠢᠯᠢ ᠶᠢᠨ ᠬᠤᠳᠠ ︽ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠷᠦᠯ ᠵᠦᠢᠯ ᠰᠤᠷᠭᠠᠭᠤᠯᠢ ᠶᠢᠨ ᠬᠦᠷᠢᠶᠡᠨ ᠳᠤ ᠤᠷᠤᠬᠤ︾ ᠦᠵᠡᠬᠦᠯᠦᠯᠬᠡ ᠲᠤᠭᠯᠠᠯᠳᠠ ᠶᠢᠨ ᠬᠦᠳᠡᠯᠭᠡᠭᠡᠨ ᠢ ᠦᠷᠨᠢᠭᠦᠯᠪᠡ
ᠨᠡᠶᠢᠲᠡᠯᠡᠭᠰᠡᠨ ᠴᠠᠭ᠄
2017/5/16
     
      ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠦ᠂ ᠪᠤᠳᠠᠰ ᠤᠨ ᠪᠤᠰᠤ ᠰᠤᠶᠤᠯ ᠤᠨ ᠦᠪ ᠢ ᠰᠠᠶᠢᠨ ᠬᠠᠮᠠᠭᠠᠯᠠᠵᠤ ᠰᠠᠶᠢᠨ ᠵᠠᠯᠭᠠᠮᠵᠢᠯᠠᠵᠤ᠂ ᠰᠢᠯᠢᠳᠡᠭ ᠤᠳᠤᠮ ᠰᠣᠶᠣᠯ ᠢ ᠵᠠᠯᠭᠠᠮᠵᠢᠯᠠᠭᠰᠠᠨ ᠰᠠᠭᠤᠷᠢ ᠲᠡᠭᠡᠷ᠎ᠡ᠂ ᠰᠣᠷᠭᠠᠭᠤᠯᠢ ᠶᠢᠨ ᠪᠠᠭᠰᠢ ᠰᠤᠷᠤᠭᠴᠢᠳ ᠤᠨ︽ᠪᠤᠳᠠᠰ ᠤᠨ ᠪᠤᠰᠤ ᠰᠤᠶᠤᠯ ᠤᠨ ᠦᠪ︾᠎ ᠢ ᠣᠯᠠᠮᠵᠢᠯᠠᠵᠤ ᠬᠠᠮᠭᠠᠯᠠᠬᠤ ᠲᠤᠷ᠎ᠡ ᠰᠤᠨᠢᠷᠬᠠᠯ ᠢ ᠬᠦᠮᠦᠵᠢᠬᠦᠯᠬᠦ ᠶᠢᠨ ᠲᠦᠯᠦᠭᠡ᠂ ᠠᠶᠢᠮᠠᠭ᠂ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠰᠠᠯᠠᠭ᠎ᠠ ᠮᠦᠴᠢᠷ᠂ ᠰᠢᠯᠢ ᠶᠢᠨ ᠭᠤᠤᠯ ‍ᠤᠨ‌ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠲᠦᠪ ᠨᠢ 4 ᠰᠠᠷ᠎ᠠ ᠶᠢᠨ 24᠎ ᠤ ᠡᠳᠦᠷ᠂ ᠪᠤᠳᠠᠰ ᠤᠨ ᠪᠤᠰᠤ ᠰᠤᠶᠤᠯ ᠤᠨ ᠦᠪ ᠰᠤᠷᠭᠠᠭᠤᠯᠢ ᠶᠢᠨ ᠬᠦᠷᠢᠶᠠᠨ ᠳᠤ ᠤᠷᠣᠬᠤ ᠬᠦᠳᠡᠯᠭᠡᠭᠡᠨ ᠢ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠲᠦᠪ ᠎ ᠳᠤ ᠡᠷᠬᠢᠯᠡᠵᠡᠢ᠃
      ᠬᠦᠳᠡᠯᠭᠡᠭᠡᠨ ᠨᠢ ᠭᠤᠤᠯᠳᠠᠭᠤ ᠲᠦᠷᠦᠯ ᠵᠦᠢᠯ ᠤᠨ ᠦᠵᠡᠬᠦᠯᠦᠯᠬᠡ ᠵᠢᠴᠢ ᠲᠦᠷᠦᠯ ᠵᠦᠢᠯ ᠤᠨ ᠲᠤᠭᠯᠠᠯᠳᠠ ᠬᠡᠵᠦ ᠬᠤᠪᠢᠶᠠᠵᠤ᠂ ᠪᠦᠬᠦᠶᠢᠯᠡ ᠦᠵᠡᠬᠦᠯᠦᠯᠬᠡ ᠪᠤᠯᠤᠨ ᠲᠤᠭᠯᠠᠯᠳᠠ ᠳᠤ ᠲᠦᠷᠦᠯ ᠵᠦᠢᠯ ᠤᠨ ᠬᠠᠮᠠᠭᠠᠯᠠᠭᠴᠢ ᠵᠠᠯᠭᠠᠮᠵᠢᠯᠠᠭᠴᠢ ᠪᠤᠯᠤᠨ ᠲᠤᠰ ᠰᠤᠷᠭᠠᠭᠤᠯᠢ ᠶᠢᠨ ᠪᠠᠭᠰᠢ ᠰᠣᠷᠣᠭᠴᠢ ᠨᠠᠷ ᠤᠷᠤᠯᠴᠠᠨ᠎ᠠ᠃ ᠦᠵᠡᠬᠦᠯᠦᠯᠬᠡ ᠳᠤ ᠤᠯᠤᠰ ᠤᠨ ᠲᠠᠰ ᠤᠨ ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ — ᠴᠤᠭᠤᠷ᠂ ᠤᠷᠤᠨ ᠤ ᠲᠠᠰ ᠤᠨ ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ — ᠦᠯᠢᠭᠡᠷ᠂ ᠤᠯᠠᠮᠵᠢᠯᠠᠯᠳᠣ ᠮᠣᠩᠭᠤᠯ ᠬᠤᠪᠴᠠᠰᠤ ᠵᠠᠰᠠᠯ᠂ ᠠᠶᠢᠮᠠᠭ ᠤᠨ ᠲᠠᠰ ᠎ ᠤᠨ ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ — ᠮᠠᠭᠳᠠᠭᠠᠯ᠂ ᠰᠢᠳᠠᠷ᠎ᠠ᠂ ᠬᠤᠳᠠ ᠶᠢᠨ ᠲᠠᠰ ᠤᠨ ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ — ᠬᠦᠮᠡᠢ᠂ ᠴᠭᠠᠨ ᠢᠳᠡᠭᠡ ᠵᠡᠷᠭᠡ 22 ᠲᠦᠷᠦᠯ ᠵᠦᠢᠯ ᠪᠤᠢ ᠃ ᠲᠤᠭᠯᠠᠯᠳᠠ ᠨᠢ ᠤᠯᠤᠰ ᠤᠨ ᠲᠠᠰ ᠤᠨ ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ ︽ᠴᠤᠭᠤᠷ︾᠎ ᠤᠨ ᠪᠠᠶᠢᠭᠠᠯᠢᠭ ᠲᠠᠭᠤᠤ ᠪᠠᠷ ᠬᠦᠰᠢᠭᠡ ᠪᠠᠨ ᠰᠡᠬᠦᠬᠦᠵᠦ᠂ ᠬᠦᠮᠡᠢ᠂ ᠮᠠᠭᠳᠠᠭᠠᠯ ᠤᠨ ᠦᠭᠡ᠂ ᠦᠯᠢᠭᠡᠷ᠂ ᠤᠯᠠᠮᠵᠢᠯᠠᠯᠳᠣ ᠮᠣᠩᠭᠤᠯ ᠬᠤᠪᠴᠠᠰᠤ ᠵᠠᠰᠠᠯ᠂ ᠬᠤᠭᠤᠷ᠂ ᠮᠠᠨᠵᠦ ᠲᠡᠪᠡᠯ ᠤᠨ ᠦᠵᠡᠬᠦᠯᠦᠯᠬᠡ᠂ ᠮᠤᠩᠭᠤᠯ ᠪᠦᠬᠡ᠂ ᠠᠶᠠᠭᠠᠨ ᠪᠦᠵᠢᠭ ᠵᠡᠷᠭᠡ ᠲᠤᠭᠯᠠᠯᠳᠠ ᠵᠠᠯᠭᠠᠯᠳᠤᠨ ᠲᠠᠶᠢᠰᠠ ᠲᠡᠭᠡᠷ᠎ᠡ ᠭᠠᠷᠴᠣ᠂ ᠪᠠᠭᠰᠢ ᠰᠤᠷᠤᠭᠴᠢ ᠪᠤᠯᠤᠨ ᠬᠦᠷᠦᠯᠴᠡᠨ ᠢᠷᠡᠭᠰᠡᠨ ᠦᠵᠡᠭᠴᠢᠳ ᠲᠤᠭᠯᠠᠯᠳᠠ ᠲᠤᠮᠳᠠ ᠠᠴᠠ ᠪᠤᠳᠠᠰ ᠤᠨ ᠪᠤᠰᠤ ᠰᠤᠶᠣᠯ ᠤᠨ ᠦᠪ ᠢ ᠦᠨᠡᠨᠬᠦ ᠤᠶᠢᠯᠠᠭᠠᠨ ᠲᠠᠨᠢᠵᠤ᠂ ᠡᠬᠦᠨ ᠎ ᠤ ᠵᠡᠷᠭᠡᠴᠡᠭᠡ ᠪᠠᠷ ᠪᠤᠳᠠᠰ ᠤᠨ ᠪᠤᠰᠤ ᠰᠤᠶᠣᠯ ᠤᠨ ᠦᠪ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠮᠡᠳᠡᠭᠰᠡᠨ ᠪᠠᠶᠢᠨ᠎ᠠ᠃      ᠲᠣᠰ ᠤᠳᠠᠭᠠᠨ ᠤ ᠬᠦᠳᠡᠯᠭᠡᠭᠡᠨ ᠢ ᠦᠩᠭᠡᠷᠡᠭᠰᠡᠨ ᠤ ᠬᠢ ᠲᠠᠢ ᠬᠠᠷᠢᠴᠠᠭᠤᠯᠪᠠᠯ ᠤᠨᠳᠤᠤ ᠲᠠᠯ᠎ᠠ ᠨᠢ ᠭᠡᠪᠡᠯ᠂ ᠦᠩᠭᠡᠷᠡᠭᠰᠡᠨ ᠤ ᠲᠠᠩ ᠭᠠᠭᠴᠠ ᠲᠦᠷᠦᠯ ᠵᠦᠢᠯ ᠰᠣᠷᠭᠠᠭᠤᠯᠢ ᠶᠢᠨ ᠬᠦᠷᠢᠶᠠᠨ ᠳᠤ ᠤᠷᠢᠵᠤ ᠪᠠᠶᠢᠭᠰᠠᠨ ᠠᠴᠠ ᠣᠯᠡᠨ ᠲᠦᠷᠦᠯ ᠵᠦᠢᠯ ᠵᠡᠷᠭᠡᠴᠡᠨ ᠰᠣᠷᠭᠠᠭᠤᠯᠢ ᠶᠢᠨ ᠬᠦᠷᠢᠶᠠᠨ ᠳᠤ ᠤᠷᠤᠬᠤ ᠪᠤᠯᠵᠤ᠂ ᠪᠠᠭᠰᠢ ᠰᠤᠷᠤᠭᠴᠢᠳ ᠤᠨ ᠰᠤᠷᠤᠴᠠᠯᠭ᠎ᠠ ᠠᠮᠢᠳᠤᠷᠠᠯ ᠤᠨ ᠲᠤᠮᠳᠠ ᠬᠦᠨᠵᠡᠭᠡᠶᠢᠷᠡᠵᠦ᠂ ᠤᠯᠠᠮᠵᠢᠯᠠᠭᠴᠢᠳ ᠲᠠᠢ ᠰᠢᠭᠤᠳ ᠤᠶᠢᠷᠠᠳᠠᠵᠤ᠂ ᠬᠠᠷᠢᠯᠴᠡᠨ ᠰᠣᠯᠢᠯᠴᠡᠨ᠂ ᠪᠡᠶᠡᠳᠡᠨ ᠤᠶᠢᠯᠠᠭᠠᠵᠤ᠂ ᠣᠶᠢᠯᠡᠳᠣᠯᠭᠡᠵᠢᠬᠦᠯᠦᠨ᠂ ︽ᠪᠤᠳᠠᠰ ᠤᠨ ᠪᠤᠰᠤ ᠰᠤᠶᠣᠯ ᠤᠨ ᠦᠪ ᠤᠨ ᠲᠦᠷᠦᠯ ᠵᠦᠢᠯ ᠰᠣᠷᠭᠠᠭᠤᠯᠢ ᠶᠢᠨ ᠬᠦᠷᠢᠶᠠᠨ ᠳᠤ ᠤᠷᠤᠵᠤ᠂ ᠪᠠᠭ᠎ᠠ ᠪᠠᠨ ᠠᠴᠠ ᠨᠢ ᠠᠳᠬᠤᠬᠤ ᠬᠠᠷᠠᠯᠳᠠ︾᠎ ᠶᠢ ᠣᠯᠠᠮ ᠤᠳᠬ᠎ᠠ ᠠᠭᠤᠯᠭ᠎ᠠ ᠲᠠᠢ ᠪᠠᠷ ᠪᠡᠶᠡᠯᠡᠬᠦᠯᠪᠡ᠃      ᠪᠤᠳᠠᠰ ᠤᠨ ᠪᠤᠰᠤ ᠰᠤᠶᠣᠯ ᠤᠨ ᠦᠪ ᠰᠤᠷᠭᠠᠭᠤᠯᠢ ᠶᠢᠨ ᠬᠦᠷᠢᠶᠡᠨ ᠳᠤ ᠤᠷᠤᠬᠤ ᠰᠢᠷᠢᠰ ᠬᠦᠳᠡᠯᠭᠡᠭᠡᠨ ᠢ ᠦᠷᠨᠢᠭᠦᠯᠭᠦ ᠪᠠᠷ ᠲᠠᠮᠵᠢᠭᠤᠯᠤᠨ᠂ ᠰᠣᠷᠭᠠᠭᠤᠯᠢ ᠶᠢᠨ ᠬᠦᠷᠢᠶᠠᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠤᠭᠰᠠᠨ ᠪᠠᠷ ᠪᠠᠷᠠᠬᠤ ᠦᠬᠡᠢ᠂ ᠪᠠᠭᠰᠢ ᠰᠤᠷᠤᠭᠴᠢᠳ ᠤᠨ ᠲᠤᠬᠠᠢ ᠶᠢᠨ ᠭᠠᠵᠠᠷ ᠤᠨ ︽ᠪᠤᠳᠠᠰ ᠤᠨ ᠪᠤᠰᠤ ᠰᠤᠶᠣᠯ ᠤᠨ ᠦᠪ︾᠎ ᠲᠠᠬᠢ ᠤᠮᠤᠭᠰᠢᠯᠠᠳᠣ ᠲᠦᠷᠦᠭᠳᠡᠯ᠂  ᠢᠷᠠᠭᠤ ᠠᠯᠳᠠᠷ ᠤᠨ ᠰᠡᠳᠬᠢᠯᠭᠡ ᠶᠢ ᠴᠢᠩᠭᠠᠷᠠᠭᠤᠯᠵᠤ᠂ ᠰᠤᠷᠤᠭᠴᠢᠳ ᠤᠨ ᠲᠤᠬᠠᠢ ᠶᠢᠨ ᠭᠠᠵᠠᠷ ᠤᠨ ᠤᠯᠠᠮᠵᠢᠯᠠᠯᠳᠤ ᠣᠳᠬ᠎ᠠ ᠰᠤᠶᠤᠯ ᠲᠠᠬᠢ ᠲᠤᠷ᠎ᠠ ᠰᠤᠨᠢᠷᠬᠠᠯ ᠢ ᠬᠦᠮᠦᠵᠢᠬᠦᠯᠦᠨ᠂ ᠤᠷᠤᠨ ᠨᠤᠳᠤᠭ ᠤᠨ ᠪᠤᠳᠠᠰ ᠎ ᠤᠨ ᠪᠤᠰᠤ ᠰᠤᠶᠣᠯ ᠤᠨ ᠦᠪ ᠢ ᠣᠯᠠᠮ ᠰᠠᠶᠢᠨ ᠢᠶᠠᠷ ᠤᠯᠠᠮᠵᠢᠯᠡᠨ ᠪᠠᠳᠠᠷᠠᠭᠤᠯᠵᠤ᠂ ᠰᠤᠷᠤᠭᠴᠢᠳ ᠤᠨ ᠡᠬᠡ ᠤᠷᠤᠨ ᠪᠠᠨ ᠬᠠᠶᠢᠷᠠᠯᠠᠬᠤ᠂ ᠨᠤᠳᠤᠭ ᠢᠶᠠᠨ ᠬᠠᠶᠢᠷᠠᠯᠠᠬᠤ ᠰᠣᠷᠭᠠᠨ ᠬᠦᠮᠦᠵᠢᠯ ᠢ ᠬᠦᠨᠵᠡᠭᠡᠶᠢᠷᠡᠭᠦᠯᠦᠭᠰᠡᠨ ᠪᠡᠶᠢᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号