ᠮᠢᠩᠭᠠᠲᠤ ︵1685 — 1770 ᠣᠨ︶
ᠨᠡᠶᠢᠲᠡᠯᠡᠭᠰᠡᠨ ᠴᠠᠭ᠄
2017/6/6
     ᠦᠪᠦᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠤ  ᠬᠥᠮᠥᠨ᠃ ᠳᠠᠶᠢᠴᠢᠩ ᠤᠯᠤᠰ ᠤᠨ ᠲᠡᠭᠷᠢ ᠶᠢ ᠰᠦᠰᠦᠭᠯᠡᠬᠦ ᠶᠠᠮᠤᠨ ᠤ ᠡᠷᠬᠢᠯᠡᠭᠰᠡᠨ ᠲᠦᠰᠢᠮᠡᠯ ᠤᠨ ᠲᠤᠰᠢᠶᠠᠯ ᠢ  ᠬᠠᠷᠢᠭᠤᠴᠠᠵᠤ ᠥᠩᠭᠡᠷᠡᠵᠡᠢ᠃ ᠲᠡᠷᠡ ᠲᠤᠰᠢᠶᠠᠯ ᠳᠤ ᠪᠠᠶᠢᠬᠤ  ᠬᠤᠭᠤᠴᠠᠭᠠᠨ ᠳᠠᠭᠠᠨ ᠵᠢᠷᠤᠬᠠᠢ ᠶᠢᠨ ᠤᠬᠠᠭᠠᠨ᠂  ᠣᠳᠣᠨ ᠣᠷᠣᠨ ᠳᠤ ᠬᠤᠯᠪᠣᠭᠳᠠᠬᠤ ᠵᠠᠷᠢᠮ ᠨᠣᠮ ᠪᠢᠴᠢᠭ ᠢ ᠵᠣᠬᠢᠶᠠᠬᠤ  ᠪᠤᠶᠤ ᠣᠷᠴᠢᠭᠤᠯᠤᠨ ᠨᠠᠶᠢᠷᠠᠭᠤᠯᠵᠤ᠂ ᠵᠢᠯ  ᠪᠦᠷᠢ ᠮᠣᠩᠭᠤᠯ ᠤᠨ ᠡᠯ᠎ᠡ ᠬᠤᠰᠢᠭᠤᠨ ᠳᠤ ᠲᠠᠷᠬᠠᠭᠠᠵᠤ ᠪᠠᠶᠢᠭᠰᠠᠨ ᠶᠤᠮ᠃  ᠮᠢᠩᠭᠠᠲᠤ ᠪᠠᠰᠠ ᠬᠢᠲᠠᠳ ᠬᠡᠯᠡᠨ ᠤ  ᠵᠢᠷᠤᠬᠠᠢ ᠶᠢᠨ ᠰᠤᠳᠤᠷ ︽ᠯᠢ ᠰᠢᠶᠠᠩ ᠺᠤᠤ ᠴᠧᠩ ᠪᠢᠴᠢᠭ︾᠎ ᠢ ᠣᠷᠴᠢᠭᠤᠯᠤᠨ  ᠨᠠᠶᠢᠷᠠᠭᠤᠯᠬᠤ ᠳᠤ  ᠣᠷᠣᠯᠴᠠᠭᠰᠠᠨ ᠪᠥᠭᠡᠳ ᠪᠠᠰᠠ ︽ᠣᠳᠣᠨ ᠣᠷᠣᠨ ᠴᠠᠭ ᠤᠯᠠᠷᠢᠯ ᠤᠨ ᠡᠬᠢ ᠰᠤᠷᠪᠤᠯᠵᠢ︾ ᠭᠡᠳᠡᠭ ᠨᠣᠮ ᠢ  ᠪᠢᠴᠢᠵᠦ ᠨᠠᠶᠢᠷᠠᠭᠤᠯᠬᠤ ᠳᠤ ᠣᠷᠣᠯᠴᠠᠵᠤ ᠪᠠᠶᠢᠵᠠᠢ᠃ ᠮᠢᠩᠭᠠᠲᠤ ᠶᠢᠨ ᠬᠢᠲᠠᠳ ᠬᠡᠯᠡ ᠪᠠᠷ ᠲᠤᠭᠤᠷᠪᠢᠭᠰᠠᠨ ︽ ᠲᠣᠭᠤᠷᠢᠭ ᠤᠨ ᠨᠢᠭᠲᠠ ᠬᠡᠮᠵᠢᠶᠡᠨ ᠤ ᠲᠦᠳᠡ ᠠᠷᠭ᠎ᠠ︾᠎ ᠨᠢ ᠮᠠᠨ ᠤ ᠤᠯᠤᠰ ᠤᠨ ᠲᠤᠬᠠᠢ ᠶᠢᠨ ᠦᠶ᠎ᠡ ᠶᠢᠨ  ᠲᠣᠭᠠᠨ ᠤ  ᠤᠬᠠᠭᠠᠨ ᠤ ᠰᠤᠳᠤᠯᠤᠯ ᠤᠨ ᠳᠡᠭᠡᠳᠦ ᠬᠡᠮᠵᠢᠶ᠎ᠡ ᠶᠢ ᠬᠠᠷᠠᠭᠤᠯᠤᠭᠰᠠᠨ ᠪᠦᠲᠦᠭᠡᠯ ᠪᠣᠯᠣᠨ᠎ᠠ᠃ ᠮᠢᠩᠭᠠᠲᠤ ᠪᠣᠯ ᠰᠢᠨᠵᠢᠯᠡᠬᠦ ᠤᠬᠠᠭᠠᠨ ᠤ ᠲᠡᠦᠬᠡᠨ ᠳᠤ ᠴᠢᠬᠤᠯᠠ ᠪᠠᠶᠢᠷᠢ ᠡᠵᠡᠯᠡᠬᠦ ᠮᠣᠩᠭᠤᠯ ᠦᠨᠳᠦᠰᠦᠲᠡᠨ ᠤ ᠰᠢᠨᠵᠢᠯᠡᠬᠦ ᠤᠬᠠᠭᠠᠨᠲᠠᠨ ᠮᠥᠨ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号