ᠰᠢᠯᠢ ᠶᠢᠨ ᠬᠤᠳᠠ ᠶᠢᠨ ᠲᠤᠶᠢᠮᠦ ᠪᠠᠶᠢᠳᠠᠯ
ᠨᠡᠶᠢᠲᠡᠯᠡᠭᠰᠡᠨ ᠴᠠᠭ᠄
2017/6/6
       ᠰᠢᠯᠢ ᠶᠢᠨ ᠬᠤᠲᠠ ᠨᠢ ᠰᠢᠯᠢ ᠶᠢᠨ ᠭᠤᠣᠯ ᠠᠶᠢᠮᠠᠭ ᠤᠨ ᠲᠣᠮᠳᠠ ᠬᠡᠰᠡᠭ᠂ ᠨᠡᠶᠢᠰᠯᠡᠯ ᠪᠡᠭᠡᠵᠢᠩ ᠤᠨ ᠠᠰ ᠬᠤᠶᠢᠨ᠎ᠠ ᠲᠠᠯ᠎ᠠ ᠳᠤ ᠪᠠᠶᠢᠷᠢᠯᠠᠵᠤ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠰᠠᠭᠤᠭ᠎ᠠ ᠭᠠᠵᠠᠷ᠂ ᠪᠡᠭᠡᠵᠢᠩ᠂ ᠬᠦᠬᠡᠬᠤᠲᠠ᠂ ᠱᠧᠨᠶᠠᠩ ᠠᠴᠠ ᠲᠣᠰ ᠲᠣᠰ 460 ᠺᠢᠯᠣᠮᠧᠲᠷ᠂ 470 ᠺᠢᠯᠣᠮᠧᠲᠷ᠂ 620 ᠺᠢᠯᠣᠮᠧᠲᠷ ᠵᠠᠢ ᠲᠠᠢ ᠂ ᠪᠦᠸᠧᠬᠠᠢ ᠲᠠᠩᠬᠢᠰ ᠤᠨ ᠡᠷᠬᠢ ᠲᠠᠭᠠᠤ ᠠᠵᠤ ᠠᠬᠤᠢ ᠶᠢᠨ ᠲᠤᠭᠤᠷᠢᠭ ᠪᠠ ᠵᠡᠬᠦᠨ ᠬᠤᠶᠢᠲᠤ ᠶᠢᠨ ᠠᠵᠤ ᠠᠬᠤᠢ  ᠶᠢᠨ ᠲᠤᠭᠤᠷᠢᠭ ᠲᠤ  ᠨᠡᠩ ᠰᠠᠶᠢᠨ ᠢᠶᠠᠷ ᠠᠭᠤᠰᠤᠯᠴᠠᠵᠤ ᠳᠡᠶᠢᠯᠦᠨ᠎ᠡ᠃ ᠮᠠᠨ ᠤ ᠣᠯᠣᠰ ᠤᠨ ᠣᠷᠣᠰ᠂ ᠮᠣᠩᠭᠤᠯ  ᠳᠤ ᠨᠡᠪᠲᠡᠷᠡᠬᠦ ᠬᠠᠭᠤᠷᠡᠢ ᠵᠠᠮ ᠤᠨ ᠭᠠᠷᠠᠮ ᠪᠣᠯᠬᠤ ᠡᠷᠢᠶᠡᠨ ᠬᠤᠲᠠ ᠪᠣᠯᠣᠨ ᠵᠡᠭᠦᠨ ᠬᠠᠳᠠᠪᠴᠢ ᠠᠴᠠ ᠲᠣᠰᠪᠦᠷᠢ 300 ᠺᠢᠯᠣᠮᠧᠲᠷ ᠪᠠ 240 ᠺᠢᠯᠣᠮᠧᠲᠷ ᠵᠠᠢ ᠲᠠᠢ᠂ ᠶᠡᠷᠦᠩᠬᠡᠢ ᠲᠠᠯᠠᠪᠠᠢ ᠨᠢ 14785 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠡᠬᠦᠨ ᠤ ᠳᠤᠳᠤᠷ᠎ᠠ ᠨᠢᠭᠡᠨᠳᠡ ᠪᠡᠶᠢᠭᠤᠯᠤᠭᠳᠠᠭᠰᠠᠨ ᠬᠤᠲᠠ ᠶᠢᠨ ᠲᠤᠭᠤᠷᠢᠭ ᠤᠨ ᠲᠠᠯᠠᠪᠠᠢ ᠨᠢ 37.5 ᠲᠡᠭᠰᠢ ᠲᠦᠷᠪᠡᠯᠵᠢᠨ ᠺᠢᠯᠤᠮᠧᠲᠷ᠂ ᠶᠡᠷᠦᠩᠬᠡᠢ ᠬᠦᠮᠦᠨ ᠠᠮᠠ 26.7 ᠲᠦᠮᠡ ᠪᠠᠶᠢᠵᠣ᠂ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠭᠰᠠᠨ᠂ ᠬᠢᠲᠠᠳ ᠦᠨᠳᠦᠰᠦᠲᠡᠨ ᠤᠯᠠᠩᠬᠢ ᠲᠤᠭ᠎ᠠ ᠶᠢ ᠡᠵᠡᠯᠡᠭᠰᠡᠨ᠂ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠬᠢᠯᠢ ᠬᠢᠵᠠᠭᠠᠷ ᠤᠨ ᠴᠦᠬᠡᠨ ᠲᠤᠭᠠᠲᠤ ᠦᠨᠳᠦᠰᠦᠲᠡᠨ ᠤ ᠤᠷᠤᠨ  ᠪᠠᠶᠢᠵᠣ᠂  ︽ᠲᠠᠯ᠎ᠠ ᠨᠤᠲᠤᠭ ᠤᠨ ᠬᠡᠷᠡᠯᠲᠦ ᠰᠤᠪᠤᠳ︾ ᠭᠡᠬᠦ ᠭᠤᠶᠢᠲᠠ ᠨᠡᠷᠡᠶᠢᠳᠦᠯ ᠲᠠᠢ᠂ ︽ᠲᠣᠮᠳᠠᠳᠣ  ᠶᠢᠨ ᠠᠳᠣᠭᠤᠨ ᠰᠣᠶᠣᠯ ᠤᠨ ᠲᠦᠪ︾ ᠤᠨ ᠲᠦᠪ ᠲᠤᠭᠤᠷᠢᠭ ᠪᠣᠯᠣᠨ᠎ᠠ᠃          ᠰᠢᠯᠢ ᠶᠢᠨ ᠬᠤᠲᠠ ᠪᠣᠯ ᠮᠣᠩᠭᠤᠯ ᠦᠨᠳᠦᠰᠦᠲᠡᠨ ᠤ ᠣᠯᠠᠮᠵᠢᠯᠠᠯᠲᠣ ᠰᠣᠶᠣᠯ ᠬᠠᠮᠤᠭ ᠪᠦᠷᠢᠨ ᠪᠦᠲᠦᠨ ᠬᠠᠳᠠᠭᠠᠯᠠᠭᠳᠠᠵᠦ ᠪᠠᠶᠢᠭ᠎ᠠ ᠭᠠᠵᠠᠷ ᠣᠷᠣᠨ ᠤ ᠨᠢᠭᠡ ᠮᠦᠨ᠂ ᠲᠠᠯ᠎ᠠ ᠨᠣᠲᠤᠭ ᠤᠨ ᠦᠩᠭᠡ ᠦᠵᠡᠮᠵᠢ ᠦᠵᠡᠰᠬᠦᠯᠡᠩ ᠰᠠᠶᠢᠬᠠᠨ᠂ ᠶᠤᠸᠠᠨ ᠤ ᠰᠣᠶᠣᠯ ᠤᠨ ᠠᠬᠤᠭᠤᠯᠤᠭᠳᠠᠬᠤᠨ ᠢᠶᠠᠷ ᠵᠤᠵᠠᠭᠠᠨ᠂ ᠠᠷᠠᠳ ᠤᠨ ᠰᠣᠶᠣᠯ ᠤᠷᠠᠯᠢᠭ ︽ᠴᠣᠭᠤᠷ ᠲᠠᠭᠤᠣ︾ ᠶᠢᠨ ᠡᠬᠢ ᠡᠭᠦᠰᠦᠯ ᠤᠨ ᠭᠠᠵᠠᠷ ᠪᠣᠯᠣᠨ᠎ᠠ᠃ ᠰᠢᠯᠢ ᠶᠢᠨ ᠬᠤᠲᠠ ᠶᠢᠨ ᠡᠬᠢ ᠪᠠᠶᠠᠯᠢᠭ ᠡᠯᠪᠡᠭ ᠲᠡᠯᠪᠡᠭ᠂  ᠠᠰᠢᠭᠯᠠᠭᠳᠠᠵᠤ ᠪᠤᠯᠬᠤ ᠪᠠᠶᠢᠭᠠᠯᠢᠯᠢᠭ ᠬᠠᠳᠣᠯᠠᠩ ᠪᠡᠯᠴᠢᠭᠡᠷ 2054 ᠲᠦᠮᠡᠨ ᠮᠣ᠋᠂ ᠴᠢᠯᠠᠭᠤᠨ ᠲᠤᠰᠤ᠂ ᠨᠠᠬᠦᠷᠠᠰᠣ᠂ ᠭᠧᠷᠮᠠᠨ ᠵᠡᠷᠭᠡ 30 ᠢᠯᠡᠬᠦᠤ ᠠᠭᠤᠷᠬᠠᠢ ᠶᠢᠨ ᠲᠦᠷᠦᠯ ᠲᠠᠢ᠂ ᠬᠠᠶᠢᠨ ᠮᠡᠳᠡᠭᠰᠡᠨ ᠬᠦᠷᠡᠩ ᠨᠡᠭᠦᠷᠡᠰᠦᠨ ᠤ ᠬᠠᠳᠠᠭᠠᠯᠠᠭᠳᠠᠴᠠ 300 ᠳ᠋ᠦᠩᠰᠢᠭᠤᠷ ᠲᠤᠨ᠂ ᠬᠠᠶᠢᠨ ᠮᠡᠳᠡᠭᠰᠡᠨ ᠴᠢᠯᠠᠭᠤᠨ ᠲᠣᠰᠣᠨ ᠤ ᠬᠠᠳᠠᠭᠠᠯᠠᠭᠳᠠᠴᠠ 2 ᠳ᠋ᠦᠩᠰᠢᠭᠤᠷ ᠲᠤᠨ᠂ ᠬᠠᠶᠢᠨ ᠮᠡᠳᠡᠭᠰᠡᠨ ᠭᠧᠷᠮᠠᠨ ᠤ ᠬᠠᠳᠠᠭᠠᠯᠠᠭᠳᠠᠴᠠ 3458 ᠲᠣᠨ ᠪᠠᠶᠢᠵᠦ᠂ ᠪᠦᠬᠦ ᠣᠯᠣᠰ ᠶᠢᠨ ᠬᠠᠳᠠᠭᠠᠯᠠᠭᠳᠠᠴᠠ ᠶᠢᠨ 68% ᠶᠢ ᠡᠵᠡᠯᠡᠵᠦ᠂ ᠪᠦᠬᠦ ᠲᠡᠯᠡᠬᠡᠢ ᠶᠢᠨ 38% ᠶᠢ ᠡᠵᠡᠯᠡᠨ᠎ᠡ᠃  ᠵᠢᠯ ᠪᠦᠷᠢ ᠶᠢᠨ ᠪᠦᠳᠦᠮᠵᠢᠳᠡᠢ ᠪᠠᠷ ᠠᠰᠢᠭᠯᠠᠭᠳᠠᠵᠤ ᠪᠤᠯᠬᠤ ᠰᠠᠯᠬᠢᠨ ᠤ ᠡᠨᠧᠷᠬᠢ ᠨᠢ 3000 ᠴᠠᠭ᠂ ᠲᠦᠯᠦᠪᠵᠢᠬᠦᠯᠦᠭᠰᠡᠨ ᠰᠠᠯᠬᠢᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ 300 ᠲᠦᠮᠡᠨ ᠺᠢᠯᠤᠸᠠᠲ ᠪᠠᠶᠢᠵᠤ᠂ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠦᠭᠰᠡᠨ ᠮᠠᠰᠢᠨ ᠴᠤᠭᠴᠠᠯᠠᠪᠤᠷᠢ ᠶᠢᠨ ᠮᠢᠩᠭ᠎ᠠ ᠲᠦᠮᠡᠨ ᠺᠢᠯᠤᠸᠠᠲ ᠰᠠᠯᠬᠢᠨ ᠴᠠᠬᠢᠯᠭᠠᠨ ᠤ ᠰᠠᠭᠤᠷᠢᠨ ᠭᠠᠵᠠᠷ ᠪᠤᠯᠤᠨ᠎ᠠ᠃ ᠤᠳᠤ ᠰᠢᠯᠢ ᠭᠤᠤᠯ ᠠᠶᠢᠮᠠᠭ ᠠᠴᠠ ᠱᠠᠨᠳᠣᠩ  ᠳᠤ ᠬᠦᠷᠬᠦ᠂ ᠰᠢᠯᠢ ᠶᠢᠨ ᠭᠤᠤᠯ ᠠᠶᠢᠮᠠᠭ ᠠᠴᠠ ᠵᠢᠶᠠᠩᠰᠦ ᠬᠦᠷᠬᠦ 2 ᠵᠤᠷᠪᠤᠰ ᠤᠨᠴᠠ ᠦᠨᠳᠦᠷ ᠲᠠᠷᠤᠯᠳᠠᠳᠣ ᠴᠠᠬᠢᠯᠭᠠᠨ ᠬᠦᠴᠦᠨ ᠤ ᠭᠠᠳᠠᠭᠰᠢ ᠭᠠᠷᠭᠠᠬᠤ ᠵᠠᠮ ᠱᠣᠭᠤᠮ  ᠪᠤᠯᠤᠨ ᠱᠧᠨ ᠬᠤᠸᠠ᠂ ᠳ᠋ᠠ ᠳᠠᠩ᠂  ᠤᠮᠠᠷᠠᠳᠤ ᠤᠷᠤᠨ ᠤ ᠴᠠᠬᠢᠯᠭᠠᠨ ᠬᠦᠴᠦ᠂ ᠮᠧᠩ ᠨᠧᠩ ᠲᠦᠷᠪᠡᠨ ᠠᠭᠤᠷᠬᠠᠢ ᠶᠢᠨ ᠠᠮᠰᠠᠷ ᠤᠨ ᠴᠠᠬᠢᠯᠭᠠᠨ ᠤᠶᠢᠯᠡᠳᠪᠦᠷᠢ ᠶᠢᠨ ᠪᠦᠳᠦᠭᠡᠨ ᠪᠡᠶᠢᠭᠤᠯᠤᠯᠳᠠ ᠶᠢ ᠶᠠᠭ ᠲᠤᠷᠭᠡᠳᠭᠡᠵᠦ ᠪᠠᠶᠢᠨ᠎ᠠ᠂ ᠲᠤᠬᠠᠢ ᠶᠢᠨ ᠦᠶ᠎ᠠ ᠳᠤ ᠵᠡᠬᠦᠨ ᠬᠤᠶᠢᠳᠤ ᠣᠷᠣᠨ᠂ ᠤᠮᠡᠷᠡᠳᠦ ᠤᠷᠤᠨ ᠪᠤᠯᠤᠨ ᠦᠪᠦᠷ ᠮᠤᠩᠭᠤᠯ ᠤᠨ ᠪᠠᠷᠠᠭᠤᠨ ᠭᠡᠰᠡᠭ   ᠳᠤ ᠴᠠᠬᠢᠯᠭᠠᠨ ᠬᠠᠩᠭᠠᠬᠤ ︽ᠭᠤᠷᠪᠡᠨ ᠲᠤᠤᠷ ︾ ᠤᠨ ᠲᠠᠪᠠᠭᠤᠯᠢᠭ ᠢ ᠪᠦᠷᠢᠯᠳᠤᠬᠦᠯᠦᠨ᠎ᠡ᠃ ᠰᠢᠯᠢ ᠶᠢᠨ ᠬᠤᠳᠠ ᠶᠢᠨ ᠬᠤᠳᠠ ᠶᠢᠨ ᠴᠢᠳᠠᠪᠬᠢ ᠡᠳᠦᠷ ᠢᠷᠡᠬᠦᠶ᠎ᠡ ᠳᠡᠬᠦᠯᠳᠡᠷᠵᠢᠵᠤ᠂ ᠤᠷᠢᠳ ᠬᠤᠵᠢᠳ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠳᠡᠷᠢᠬᠦᠨ ᠤ ᠬᠤᠳᠠ᠂ ᠰᠤᠷᠭᠠᠨ ᠬᠦᠮᠦᠵᠢᠯ ᠤᠨ ᠬᠤᠶᠠᠷ ᠦᠨᠳᠤᠰᠤᠨ ᠪᠠᠷᠢᠮᠵᠢᠶ᠎ᠡ ᠳᠤ ᠬᠦᠷᠦᠭᠰᠡᠨ ᠬᠤᠳᠠ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠢᠯᠢᠳᠡᠭ ᠬᠤᠳᠠ᠂ ᠪᠦᠬᠦ ᠣᠯᠣᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠷᠢᠬᠦᠨ ᠤ ᠬᠤᠳᠠ᠂ ᠪᠦᠬᠦ ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠳᠠ ᠲᠤᠭᠤᠷᠢᠭ︶ ᠢ ᠴᠤᠭᠴᠠᠯᠠᠬᠤ ᠠᠵᠢᠯᠯᠠᠭᠠᠨ ᠤ ᠲᠡᠷᠢᠬᠦᠨ ᠤ ᠨᠢᠭᠡᠴᠡ᠂ ᠪᠦᠬᠦ ᠣᠷᠣᠨ ᠤ ᠪᠣᠯᠪᠠᠰᠣᠨ ᠬᠤᠲᠠ᠂  ᠪᠦᠬᠦ ᠣᠷᠣᠨ ᠤ ᠡᠷᠡᠭᠦᠯ ᠬᠠᠮᠠᠭᠠᠯᠠᠯ ᠤᠨ ᠬᠤᠲᠠ᠂ ᠪᠦᠬᠦ ᠤᠷᠤᠨ ᠤ ᠴᠡᠴᠡᠷᠯᠢᠭᠵᠢᠭᠰᠡᠨ ᠬᠤᠲᠠ ᠵᠡᠷᠭᠡ ᠢᠷᠠᠭᠤ ᠠᠯᠳᠠᠷ ᠢ ᠬᠦᠷᠲᠡᠵᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号