ᠢᠪᠴᠣᠣ ᠨᠤᠲᠤᠭ ᠲᠠᠭᠠᠨ ᠵᠤᠬᠢᠴᠠᠭᠤᠯᠤᠭᠰᠠᠨ ᠮᠠᠯᠵᠢᠯ ᠤᠨ ᠠᠷᠭ᠎ᠠ — ᠮᠠᠯᠴᠢᠨ ᠸᠧᠨ ᠶᠦᠨ ᠰᠢ ᠶᠢᠨ ᠮᠠᠯᠵᠢᠯ ᠤᠨ ᠤᠬᠠᠭᠠᠨ ᠢ ᠲᠡᠮᠳᠡᠭᠡᠯᠡᠪᠡ
ᠨᠡᠶᠢᠲᠡᠯᠡᠭᠰᠡᠨ ᠴᠠᠭ᠄
2017/7/10
       ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠪᠤᠯᠠᠭᠠᠨᠳᠤᠬᠤᠢ ᠰᠤᠮᠤ ᠶᠢᠨ ᠵᠤᠯᠥ ᠭᠠᠴᠠᠭᠠᠨ ᠤ ᠮᠠᠯᠴᠢᠨ ᠸᠧᠨ ᠶᠦᠨ ᠰᠢ ᠢᠪᠴᠤᠤ ᠭᠠᠨᠭ᠍ᠳᠠᠮᠠᠯ ᠨᠤᠳᠤᠭ ᠲᠠᠭᠠᠨ ᠮᠠᠯ ᠮᠠᠯᠵᠢᠵᠦ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠢᠳᠡᠪᠬᠢᠳᠡᠢ ᠰᠦᠪᠡᠭᠴᠢᠯᠡᠵᠦ᠂ ᠨᠤᠭᠤᠭᠠᠨ ᠲᠠᠷᠤᠰᠢ ᠲᠠᠷᠢᠵᠦ ᠡᠪᠡᠰᠦ ᠲᠤᠳᠠᠭᠳᠠᠬᠤ ᠠᠰᠠᠭᠤᠳᠠᠯ ᠢᠶᠠᠨ ᠰᠢᠢᠳᠪᠦᠷᠢᠯᠡᠬᠦ᠂ ᠡᠬᠦᠯᠳᠡᠷ ᠰᠠᠶᠢᠵᠢᠷᠠᠭᠤᠯᠤᠯᠳᠠ ᠪᠠᠷ ᠴᠦᠭᠡᠨ ᠮᠠᠯ ᠮᠠᠯᠵᠢᠵᠦ ᠠᠰᠢᠭ ᠤᠯᠬᠤ ᠵᠡᠷᠭᠡ ᠵᠠᠮ ᠢᠶᠠᠷ ᠤᠷᠤᠯᠭ᠎ᠠ ᠪᠠᠨ ᠨᠡᠮᠡᠭᠳᠡᠬᠦᠯᠵᠦ᠂ ᠦᠷᠭᠡᠨ ᠤᠯᠠᠨ ᠳᠠᠭᠠᠨ ᠵᠢᠱᠢᠶ᠎ᠠ ᠲᠠᠭᠤᠷᠢᠶᠠᠯ ᠪᠤᠯᠵᠦ ᠶᠠᠪᠤᠨ᠎ᠠ᠃  ᠬᠠᠷᠠᠬᠠᠨ ᠪᠠᠭ᠎ᠠ ᠠᠴᠠ ᠪᠠᠨ ᠬᠠᠮᠳᠦ ᠶᠢᠨ ᠠᠳᠤᠭᠤ ᠮᠠᠯ ᠢ ᠬᠠᠷᠢᠭᠤᠯᠵᠦ᠂ ᠬᠠᠯᠠ ᠬᠦᠴᠢᠷ ᠢ ᠲᠤᠭᠤᠯᠵᠦ ᠢᠷᠡᠭᠰᠡᠨ ᠸᠧᠨ ᠶᠦᠨ ᠰᠢ ᠬᠤᠷᠢᠭᠠᠳ ᠵᠢᠯ ᠤᠨ ᠡᠮᠥᠨ᠎ᠡ 21 ᠮᠠᠯ ︵ᠪᠤᠳᠠ ᠮᠠᠯ 1᠂ ᠪᠤᠭ ᠮᠠᠯ 20︶᠎ ᠲᠠᠢ ᠠᠶᠢᠯ ᠡᠷᠦᠬᠡ ᠪᠤᠰᠬᠠᠭᠰᠠᠨ ᠪᠢᠯᠡ᠃ ᠲᠡᠷᠡ ᠮᠠᠯ ᠴᠦᠬᠡᠨ ᠳᠡᠭᠡᠨ ᠰᠠᠨᠠᠭ᠎ᠠ ᠵᠤᠪᠠᠭᠰᠠᠨ ᠦᠬᠡᠢ᠂ ᠬᠠᠷᠢᠨ ᠢᠪᠴᠤᠤ ᠭᠠᠨᠭ᠍ᠳᠠᠮᠠᠯ ᠨᠤᠳᠤᠭ ᠲᠠᠭᠠᠨ ᠮᠠᠯ ᠰᠦᠷᠥᠭ ᠢ ᠬᠡᠷᠬᠢᠨ ᠵᠤᠬᠢᠴᠠᠭᠤᠯᠵᠦ᠂ ᠶᠠᠮᠠᠷ ᠰᠢᠤᠬᠠᠨ ᠠᠷᠭ᠎ᠠ ᠪᠠᠷ ᠮᠠᠯᠵᠢᠬᠤ ᠲᠤᠬᠠᠢ ᠪᠤᠳᠤᠯᠭᠠᠰᠢᠷᠠᠵᠠᠢ᠃ ᠢᠡᠭᠭᠢᠭᠡᠳ ᠲᠡᠷᠡ ᠪᠠᠭ᠎ᠠ ᠠᠴᠠ ᠨᠢ ᠶᠡᠬᠡᠰᠬᠡᠵᠦ᠂ ᠪᠠᠭᠤᠷᠡᠢ ᠠᠴᠠ ᠬᠦᠴᠥᠷᠬᠡᠭᠵᠢᠬᠦᠯᠬᠦ ᠵᠦᠭ ᠵᠤᠷᠢᠵᠦ᠂ ᠠᠷᠢᠭᠤᠨ ᠬᠦᠳᠡᠯᠮᠥᠷᠢ ᠠᠵᠢᠯᠴᠢ ᠬᠤᠶᠠᠷ ᠭᠠᠷ ᠲᠠᠭᠠᠨ ᠲᠦᠰᠢᠭᠯᠡᠨ᠂ ᠡᠪᠡᠰᠦ ᠬᠤᠯᠤᠰᠦ ᠬᠠᠳᠤᠬᠤ ᠠᠴᠠ ᠡᠬᠢᠯᠡᠨ ᠬᠦᠷᠢᠶ᠎ᠡ ᠬᠠᠰᠢᠶ᠎ᠠ ᠪᠠᠷᠢᠬᠤ ᠳᠤ ᠬᠦᠷᠳᠡᠯ᠎ᠠ ᠬᠦᠴᠦ ᠬᠦᠯᠥᠰᠦ ᠪᠠᠨ ᠤᠷᠤᠰᠬᠠᠵᠦ ᠰᠢᠷᠭᠠᠭᠤ ᠠᠵᠢᠯᠯᠠᠭᠰᠠᠨ ᠢᠶᠠᠷ ᠬᠡᠳᠥᠨ ᠵᠢᠯ ᠤᠨ ᠲᠤᠳᠤᠷ᠎ᠠ ᠤᠢᠢᠯᠡᠳᠪᠤᠷᠢᠯᠠᠯ ᠠᠮᠢᠳᠤᠷᠠᠯ ᠤᠨ ᠰᠠᠭᠤᠷᠢ ᠪᠡᠯᠡᠳᠬᠡᠯ ᠢᠶᠠᠨ ᠨᠡᠯᠢᠶᠡᠳ ᠰᠠᠶᠢᠵᠢᠷᠠᠭᠤᠯᠪᠠ᠃ 2000 ᠤᠨ ᠳᠤ ᠲᠠᠴᠢᠷᠰᠢᠨ ᠬᠠᠯᠴᠠᠭᠠᠶᠢᠷᠠᠭᠰᠠᠨ ᠪᠡᠯᠴᠢᠬᠡᠷ ᠲᠡᠭᠡᠨ 200 ᠮᠦ ᠡᠪᠡᠰᠥᠨ ᠬᠦᠷᠢᠶ᠎ᠡ ᠲᠠᠳᠠᠵᠦ᠂ ᠨᠢᠬᠡ ᠬᠡᠰᠡᠭ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠶᠢᠨ ᠬᠠᠮᠳᠦ ᠪᠠᠰᠠ ᠨᠢᠬᠡ ᠪᠦᠯᠥᠭ ᠪᠡᠯᠡ ᠵᠠᠷᠤᠴᠠᠭᠤᠯᠵᠦ᠂ ᠲᠤᠤᠷᠴᠢᠯᠠᠭᠰᠠᠨ ᠬᠦᠷᠢᠶ᠎ᠡ ᠲᠠᠳᠠᠵᠦ᠂ ᠤᠯᠠᠨ ᠨᠠᠰᠤᠳᠦ ᠤᠷᠭᠤᠮᠠᠯ᠂ ᠨᠤᠭᠤᠭᠠᠨ ᠲᠠᠷᠤᠰᠢ ᠲᠠᠷᠢᠵᠦ᠂ ᠮᠠᠯ ᠮᠠᠯᠵᠢᠬᠤ ᠶᠢᠨ ᠵᠡᠷᠭᠡᠪᠡᠷ ᠲᠠᠷᠢᠵᠦ ᠤᠷᠭᠤᠭᠤᠯᠬᠤ ᠶᠢ ᠡᠷᠬᠢᠮᠯᠡᠭᠰᠡᠨ ᠢᠶᠠᠷ ᠵᠢᠯ ᠪᠤᠯᠭᠠᠨ ᠡᠪᠡᠰᠦ ᠪᠤᠷᠳᠤᠭ᠎ᠠ ᠡᠯᠪᠡᠭ ᠬᠤᠷᠢᠶᠠᠨ ᠨᠦᠬᠡᠴᠡᠯᠡᠵᠦ᠂ ᠡᠪᠥᠯᠵᠢᠬᠦᠯᠬᠦ ᠮᠠᠯ ᠪᠦᠷᠢ ᠳᠡᠭᠡᠨ 5 ᠺᠢᠯᠥᠭᠷᠠᠮ ᠨᠤᠭᠳᠠᠭᠤᠯᠵᠦ᠂ ᠮᠠᠯ ᠢᠶᠠᠨ ᠮᠡᠨᠳᠦ ᠤᠨᠳᠤᠷᠤᠭᠤᠯᠬᠤ ᠰᠠᠭᠤᠷᠢ ᠶᠢ ᠲᠠᠯᠪᠢᠵᠦ ᠴᠢᠳᠠᠭᠰᠠᠨ ᠪᠠᠶᠢᠨ᠎ᠠ᠃            ᠲᠡᠷᠡ ᠬᠤᠨᠢ ᠮᠠᠯ ᠢᠶᠠᠨ ᠬᠠᠷᠠᠬᠤ ᠨᠢᠳᠥᠨ ᠤ ᠪᠠᠨ ᠴᠡᠴᠡᠬᠡᠢ ᠮᠡᠳᠦ ᠬᠠᠶᠢᠷᠠᠯᠠᠵᠦ᠂ ᠮᠠᠯ ᠤᠨ ᠶᠠᠰᠦ ᠴᠢᠨᠠᠷ ᠢ ᠤᠨᠴᠠ ᠴᠢᠬᠤᠯᠠᠴᠢᠯᠠᠵᠦ᠂ ᠮᠠᠯ ᠤᠨ ᠶᠠᠰᠦ ᠴᠢᠨᠠᠷ ᠦᠷ᠎ᠡ ᠠᠰᠢᠭ ᠢ ᠲᠡᠬᠡᠭᠰᠢᠯᠡᠬᠦᠯᠬᠦ ᠲᠡᠬᠡᠷ᠎ᠡ ᠤᠶᠤᠨ ᠤᠬᠠᠭᠠᠨ ᠬᠦᠴᠦ ᠬᠦᠳᠡᠯᠮᠥᠷᠢ ᠵᠠᠷᠤᠴᠠᠭᠤᠯᠵᠠᠢ᠃ ᠬᠤᠨᠢ ᠪᠠᠨ ᠴᠢᠨᠠᠷ ᠰᠠᠶᠢᠳᠠᠢ ᠡᠬᠦᠯᠳᠡᠷ ᠤᠨ ᠬᠤᠴᠠ ᠲᠠᠯᠪᠢᠬᠤ ᠪᠠ ᠵᠤᠬᠢᠶᠠᠮᠠᠯ ᠬᠡᠬᠡᠯᠳᠥᠬᠦᠯᠬᠡ ᠬᠢᠬᠦ ᠪᠠᠷ ᠡᠬᠦᠯᠳᠡᠷ ᠰᠠᠶᠢᠵᠢᠷᠠᠭᠤᠯᠤᠨ᠂ ᠵᠤᠬᠢᠬᠤ ᠬᠤᠭᠤᠴᠠᠭᠠᠨ ᠳᠤ ᠨᠢᠬᠡ ᠤᠳᠠᠭ᠎ᠠ ᠡᠬᠦᠯᠳᠡᠷ ᠰᠤᠯᠢᠬᠤ ᠠᠷᠭ᠎ᠠ ᠠᠪᠤᠭᠰᠠᠨ ᠠᠴᠠ ᠲᠡᠳᠡᠨᠡᠶᠢᠬᠢᠨ ᠬᠤᠨᠢ ᠪᠠᠨ ᠪᠦᠬᠦᠨ ᠢ ᠡᠬᠦᠯᠳᠡᠷ ᠰᠠᠶᠢᠵᠢᠷᠠᠭᠤᠯᠵᠦ ᠴᠢᠳᠠᠭᠰᠠᠨ ᠪᠠᠶᠢᠨ᠎ᠠ᠃ ᠡᠬᠦᠨ ᠤ ᠰᠠᠭᠤᠷᠢᠨ ᠲᠡᠬᠡᠷ᠎ᠡ ᠡᠬᠡ ᠮᠠᠯ ᠢᠶᠠᠨ ᠰᠠᠶᠢᠳᠤᠷ ᠬᠠᠮᠠᠭᠠᠯᠡᠠ᠂ ᠡᠷᠳᠡ ᠶᠢᠨ ᠲᠦᠯ ᠲᠤᠰᠴᠦ᠂ ᠮᠠᠯ ᠤᠨ ᠵᠠᠷᠤᠴᠠᠭᠤᠯᠤᠯᠳᠠ ᠶᠢᠨ ᠨᠤᠷᠮ᠎ᠠ ᠶᠢ ᠲᠡᠬᠡᠭᠰᠢᠯᠡᠬᠦᠯᠥᠭᠰᠡᠨ ᠠᠴᠠ ᠤᠳᠤ ᠡᠪᠤᠯᠵᠢᠵᠦ ᠬᠠᠪᠤᠷᠵᠢᠬᠤ ᠮᠠᠯ ᠳᠠᠬᠢ ᠡᠬᠡ ᠮᠠᠯ ᠤᠨ ᠬᠠᠷᠢᠴᠠᠯ ᠨᠢ 90%᠎ ᠳᠤ ᠬᠦᠷᠥᠬᠡᠳ ᠪᠡᠯᠴᠢᠬᠡᠷ ᠤᠨ ᠲᠠᠷᠤᠭᠠᠰᠦ ᠶᠢ ᠬᠦᠡᠭᠬᠡᠯᠡᠵᠦ᠂ ᠠᠶᠢᠯ ᠬᠡᠷ ᠤᠨ ᠢᠶᠠᠨ ᠠᠰᠢᠭ ᠤᠷᠤᠯᠭ᠎ᠠ ᠶᠢ ᠨᠡᠮᠡᠭᠳᠡᠬᠦᠯᠵᠦ ᠴᠢᠳᠠᠭᠰᠠᠨ ᠪᠠᠶᠢᠨ᠎ᠠ᠃ ᠡᠷᠬᠢᠬᠦ ᠲᠦᠷᠪᠡᠨ ᠤᠯᠠᠷᠢᠯ ᠳᠤ ᠮᠠᠯ ᠤᠨ ᠵᠠᠬ᠎ᠠ ᠠᠴᠠ ᠬᠤᠯᠠᠳᠠᠯ ᠦᠬᠡᠢ ᠡᠷᠳᠡᠯᠡᠵᠦ ᠤᠷᠦ᠋ᠢᠯᠠᠨ ᠬᠦᠳᠡᠯᠮᠥᠷᠢ ᠶᠢᠨ ᠬᠦᠨᠳᠦ ᠶᠢ ᠡᠬᠦᠷᠬᠡᠯᠡᠭᠰᠡᠨ ᠸᠧᠨ ᠶᠦᠨ ᠰᠢ ᠠᠬᠠᠮᠠᠳ ᠲᠤᠮᠤᠭᠠᠳᠠᠳ ᠠᠴᠠ ᠮᠠᠯᠵᠢᠬᠤ ᠠᠷᠭ᠎ᠠ ᠲᠤᠷᠰᠢᠯᠭ᠎ᠠ ᠰᠤᠷᠴᠦ᠂ ᠠᠮᠢᠳᠤᠷᠠᠯ ᠲᠦᠪᠬᠢᠨᠡᠬᠦᠯᠬᠦ ᠤᠷ᠎ᠠ ᠤᠬᠠᠭᠠᠨ ᠰᠦᠢᠵᠦ᠂ ᠮᠠᠯ ᠰᠦᠷᠥᠭ ᠢᠶᠠᠨ ᠲᠤᠬᠢᠳᠠᠢ ᠰᠠᠶᠢᠬᠠᠨ ᠠᠷᠠᠴᠢᠯᠠᠨ ᠮᠠᠯᠵᠢᠵᠦ᠂ ᠬᠡᠮ ᠬᠢᠵᠢᠭ ᠢ ᠴᠠᠭ ᠲᠤᠬᠠᠢ ᠳᠤᠨᠢ ᠰᠡᠷᠬᠡᠶᠢᠯᠡᠵᠦ᠂ ᠤᠬᠢᠶᠠᠯᠳᠠ ᠴᠢᠳᠬᠤᠯᠳᠠ ᠶᠢ ᠤᠯᠠᠷᠢᠯ ᠰᠠᠷ᠎ᠠ ᠳᠤᠨᠢ ᠬᠦᠢᠴᠡᠳᠬᠡᠵᠦ᠂ ᠲᠦᠯ ᠤᠨ ᠪᠤᠶᠢᠵᠢᠯᠳᠠ 97% - 100% ᠪᠠᠶᠢᠬᠤ ᠶᠢ ᠪᠠᠳᠤᠯᠠᠵᠦ᠂ ᠮᠠᠯ ᠢᠶᠠᠨ ᠦᠨᠢᠷ ᠥᠰᠬᠡᠨ᠂ ᠴᠢᠨᠠᠷ ᠰᠠᠶᠢᠳᠠᠢ᠂ ᠦᠨᠳᠥᠷ ᠭᠠᠷᠤᠯᠳᠠ ᠲᠠᠢ᠂ ᠦᠷ᠎ᠡ ᠠᠰᠢᠭ ᠶᠡᠬᠡᠳᠠᠢ ᠮᠠᠯ ᠠᠵᠦ ᠠᠬᠤᠢ ᠶᠢᠨ ᠡᠵᠡᠩᠨᠡᠯᠳᠡ ᠶᠢᠨ ᠵᠠᠮ ᠢᠶᠠᠷ ᠰᠡᠩᠬᠢ ᠲᠠᠳᠠᠭᠤᠯᠤᠨ ᠤᠷᠤᠭᠰᠢᠯᠠᠬᠤ ᠪᠤᠯᠪᠠ᠃        ᠤᠳᠤ ᠸᠧᠨ ᠶᠦᠨ ᠰᠢ ᠶᠢᠨ ᠬᠢᠨ ᠤ ᠡᠭᠡ ᠮᠠᠯ ᠨᠢ 200᠎ ᠳᠤ ᠲᠤᠭᠳᠠᠪᠤᠷᠢᠵᠢᠵᠦ᠂ ᠵᠢᠯ ᠤᠨ ᠬᠦᠮᠥᠨ ᠲᠤᠮᠳᠠᠴᠢ ᠤᠷᠤᠯᠭ᠎ᠠ 1.2 ᠲᠦᠮᠡᠨ ᠲᠦᠬᠦᠷᠢᠭ ᠲᠤ ᠬᠦᠷᠴᠦ᠂ ᠰᠢᠷᠭᠠᠭᠤ ᠬᠦᠳᠡᠯᠮᠥᠷᠢ ᠶᠢᠨ ᠦᠷ᠎ᠡ ᠪᠦᠳᠥᠬᠡᠯ ᠢᠶᠠᠷ ᠰᠠᠷᠠᠭᠤᠯ ᠲᠤᠬᠢᠯᠢᠭ ᠤᠷᠤᠨ ᠰᠠᠭᠤᠴᠠ ᠳ᠋ᠠᠭᠠᠨ‌‍ᠰᠢᠨ᠎ᠡ ᠴᠠᠭ ᠤᠨ ᠡᠳ᠋ᠯᠡᠯ ᠬᠡᠷᠡᠭᠰᠡᠯ ᠢ ᠪᠦᠷᠢᠨᠰᠢᠬᠦᠯᠵᠦ᠂ ᠮᠠᠯ ᠠᠵᠦ ᠠᠬᠤᠢ ᠶᠢᠨ ᠦᠢᠯᠡᠳᠪᠤᠷᠢᠯᠡᠯ ᠳᠡᠭᠡᠨ ᠬᠡᠷᠡᠭᠯᠡᠬᠦ ᠮᠠᠰᠢᠨ ᠲᠤᠨᠤᠭᠯᠠᠯ ᠢᠵᠢ ᠪᠦᠷᠢᠳᠴᠦ᠂ ᠠᠵᠢᠯᠴᠢ ᠬᠦᠳᠡᠯᠮᠥᠷᠢᠴᠢ ᠠᠯᠳᠠᠷ ᠢᠶᠠᠷ ᠢᠶᠠᠨ ᠠᠶᠢᠯ ᠨᠤᠳᠤᠭ ᠲᠠᠭᠠᠨ ᠮᠠᠭᠳᠠᠭᠳᠠᠵᠦ᠂ ᠬᠤᠯᠠ ᠶᠢᠨ ᠬᠠᠷᠠᠴᠠ ᠬᠦᠨᠳᠦ ᠪᠤᠳᠤᠯ ᠢᠶᠠᠷ ᠢᠶᠠᠨ ᠴᠠᠭ ᠦᠶ᠎ᠡ ᠲᠠᠢ ᠵᠡᠷᠬᠡᠴᠡᠨ᠂ ᠴᠢᠨᠡᠬᠡᠯᠢᠭᠵᠢᠯ ᠤᠨ ᠲᠠᠷᠳᠠᠩ ᠬᠠᠷᠭᠤᠢ ᠪᠠᠷ ᠤᠳᠤ ᠲᠠᠢ ᠴᠤᠭ ᠲᠠᠢ ᠬᠢᠯᠠᠯᠵᠠᠭᠤᠯᠵᠦ ᠶᠠᠪᠤᠨ᠎ᠠ
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号