ᠡᠯ᠎ᠡ ᠰᠤᠮᠤ ᠪᠠᠯᠭᠠᠰᠤ ᠤᠨ ᠠᠷᠠᠳ ᠤᠨ ᠵᠠᠰᠠᠭ ᠤᠨ ᠤᠷᠳᠤᠨ᠂ ᠤᠯᠤᠰ ᠤᠨ ᠦᠮᠴᠢᠯᠡᠯᠳᠦ ᠲᠠᠷᠢᠶᠠᠯᠠᠩ ᠮᠠᠯᠵᠢᠯ | ᠤᠨ ᠲᠠᠯᠠᠪᠡᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ᠄ | ᠣᠳᠣ ︽ᠰᠢᠯᠢ ᠶᠢᠨ ᠬᠤᠳᠠ ᠶᠢᠨ 2017ᠣᠨ ᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠢ | ᠤᠷᠢᠳᠴᠢᠯᠡᠨ ᠵᠠᠷᠤᠴᠠᠭᠤᠯᠬᠤ ᠨᠦᠬᠦᠪᠦᠷᠢ ᠶᠢᠨ ᠠᠵᠢᠯ ᠢ ᠬᠡᠷᠡᠭᠵᠢᠬᠦᠯᠬᠦ ᠲᠦᠰᠦᠯ︾ ᠢ ᠲᠠᠨᠠᠷ ᠲᠤ ᠲᠠᠷᠤᠮᠠᠯᠯᠠᠨ | ᠲᠠᠠᠷᠬᠠᠭᠠᠯᠠ᠂ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ | ᠬᠡᠷᠡᠭᠵᠢᠬᠦᠯᠳᠦᠬᠡᠢ᠃ | 2017 ᠨ ᠤ 5 ᠰᠠᠷ᠎ᠠ ᠶᠢᠨ 5 ᠤᠨ ᠤ ᠡᠳᠦᠷ | ᠰᠢᠯᠢ ᠶᠢᠨ ᠬᠤᠳᠠ ᠶᠢᠨ 2017ᠣᠨ ᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠢ | ᠤᠷᠢᠳᠴᠢᠯᠡᠨ ᠵᠠᠷᠤᠴᠠᠭᠤᠯᠬᠤ ᠨᠦᠬᠦᠪᠦᠷᠢ ᠶᠢᠨ ᠠᠵᠢᠯ ᠢ ᠬᠡᠷᠡᠭᠵᠢᠬᠦᠯᠬᠦ ᠲᠦᠰᠦᠯ | ᠡᠪᠤᠯ ᠤᠨ ᠲᠦᠯ ᠬᠠᠪᠤᠷ ᠤᠨ ᠡᠷᠳᠡᠨ ᠤ ᠲᠦᠯ ᠢ ᠤᠷᠢᠳᠴᠢᠯᠡᠨ ᠵᠠᠷᠤᠴᠠᠭᠤᠯᠬᠤ ᠠᠵᠢᠯ ᠢ ᠤᠯᠡᠮ | ᠨᠢᠭᠡ ᠠᠯᠬᠤᠮ ᠰᠠᠶᠢᠳᠤᠷ ᠬᠢᠵᠦ᠂ ᠮᠠᠯᠴᠢᠳ ᠤᠨ ᠮᠠᠯ ᠠᠵᠦ ᠠᠬᠤᠢ ᠶᠢᠨ ᠠᠵᠢᠯ ᠣᠶᠢᠯᠠᠰ ᠤᠨ ᠪᠦᠳᠦᠴᠡ ᠶᠢ | ᠲᠦᠷᠭᠡᠨ ᠵᠤᠬᠢᠴᠠᠭᠤᠯᠬᠤ᠂ ᠮᠠᠯ ᠠᠵᠦ ᠠᠬᠤᠢ ᠶᠢᠨ ᠡᠵᠡᠩᠨᠡᠯᠳᠡ ᠪᠤᠷᠤᠯᠠᠭᠤᠯᠤᠯᠳᠠ ᠶᠢᠨ ᠠᠷᠭ᠎ᠠ ᠬᠡᠯᠪᠡᠷ ᠪᠠᠨ | ᠬᠤᠪᠢᠷᠠᠭᠤᠯᠬᠤ ᠶᠢ ᠵᠤᠷᠢᠭᠵᠢᠭᠤᠯᠬᠤ ᠶᠢᠨ ᠲᠤᠰᠠᠳᠠ᠂ ᠲᠤᠰ ᠲᠦᠰᠦᠯ ᠢ ᠲᠤᠭᠳᠠᠪᠠ᠃ | ᠨᠢᠭᠡ᠂ ᠬᠠᠷᠠᠯᠳᠠ ᠡᠬᠦᠷᠭᠡ | ᠵᠠᠬ᠎ᠠ ᠲᠡᠯᠬᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠳᠠ ᠲᠤᠮᠳᠠ ᠰᠢᠢᠳᠪᠤᠷᠢᠳᠤ ᠴᠢᠨᠠᠷ ᠲᠠᠢ | ᠤᠶᠢᠯᠡᠳᠦᠯ ᠦᠵᠡᠬᠦᠯᠬᠦ ᠶᠢ ᠬᠦᠢᠴᠡᠳ ᠪᠠᠳᠠᠷᠠᠭᠤᠯᠤᠨ᠂ ᠡᠪᠤᠯ ᠤᠨ ᠲᠦᠯ ᠬᠠᠪᠤᠷ ᠤᠨ ᠡᠷᠳᠡᠨ ᠤ ᠲᠦᠯ ᠢ | ᠤᠷᠢᠳᠴᠢᠯᠡᠨ ᠵᠠᠷᠤᠴᠠᠭᠤᠯᠬᠤ ᠠᠵᠢᠯ ᠨᠢ ᠵᠠᠰᠠᠭ ᠤᠨ ᠣᠷᠳᠣᠨ ᠬᠦᠳᠦᠯᠦᠨ ᠵᠢᠯᠦᠭᠤᠳᠬᠤ᠂ ᠠᠵᠦ ᠠᠬᠤᠶᠢᠯᠠᠯ | ᠠᠴᠠ ᠬᠡᠷᠡᠭᠵᠢᠬᠦᠯᠬᠦ᠂ ᠵᠠᠬ᠎ᠠ ᠲᠡᠯᠭᠡᠬᠦᠷ ᠤᠨ ᠤᠷᠳᠤ ᠬᠤᠭᠤᠴᠠᠭ᠎ᠠ ᠶᠢᠨ ᠪᠦᠳᠦᠮᠵᠢᠳᠦ ᠬᠡᠯᠪᠡᠷᠢ ᠶᠢ ᠪᠡᠶᠡᠯᠡᠭᠦᠯᠦᠨ᠎ᠡ᠃ | ᠠᠵᠦ ᠠᠬᠤᠶᠢᠯᠠᠯ᠂ ᠬᠤᠷᠰᠢᠶᠠᠵᠢᠯ ᠪᠤᠯᠤᠨ ᠮᠠᠯᠴᠢᠨ ᠡᠷᠤᠭᠡ ᠶᠢ ᠵᠢᠯᠤᠭᠤᠳᠬᠤ ᠪᠠᠷ ᠲᠠᠮᠵᠢᠨ᠂ ︽ᠠᠵᠦ | ᠠᠬᠤᠶᠢᠯᠠᠯ + ᠬᠤᠷᠰᠢᠶ᠎ᠠ + ᠮᠠᠯᠴᠢᠨ ᠡᠷᠤᠬᠡ︾ ᠤᠨ ᠨᠢᠬᠳᠠ ᠤᠶᠢᠯᠡᠳᠪᠦᠷᠢᠯᠡᠬᠦ ᠬᠤᠯᠪᠤᠭᠠᠳᠤ ᠴᠤᠭᠴᠠ ᠶᠢ | ᠪᠦᠷᠢᠯᠳᠦᠬᠦᠯᠵᠦ᠂ ᠲᠤᠰᠬᠠᠢ ᠬᠤᠷᠰᠢᠭᠰᠡᠨ ᠵᠤᠬᠢᠶᠠᠨ ᠪᠠᠶᠢᠭᠤᠯᠤᠯᠳᠠ ᠠᠴᠠ ᠦᠷᠭᠡᠨ ᠤᠯᠠᠨ ᠮᠠᠯᠴᠢᠨ ᠡᠷᠦᠬᠡ | ᠪᠤᠯᠤᠨ ᠠᠵᠦ ᠠᠬᠤᠶᠢᠯᠠᠯ ᠤᠨ ᠪᠦᠳᠦᠮᠵᠢᠳᠠᠢ ᠵᠠᠯᠭᠠᠬᠤ ᠶᠢ ᠲᠠᠶᠢᠴᠢᠯᠠᠨ ᠲᠠᠭᠠᠭᠤᠯᠵᠤ᠂ ᠮᠠᠯᠴᠢᠳ ᠢ ᠵᠢᠯᠤᠭᠤᠳᠤᠨ᠂ | ᠨᠢᠭᠡ ᠤᠯᠠᠷᠢᠯ ᠪᠠᠷ ᠪᠤᠷᠤᠯᠠᠭᠤᠯᠬᠤ ᠶᠢ ᠬᠤᠶᠠᠷ ᠤᠯᠠᠷᠢᠯ ᠪᠤᠶᠦ ᠤᠯᠠᠨ ᠤᠯᠠᠷᠢᠯ ᠪᠠᠷ ᠵᠠᠷᠤᠴᠠᠭᠤᠯᠬᠤ ᠪᠤᠯᠭᠠᠨ | ᠬᠤᠪᠢᠷᠠᠭᠤᠯᠵᠤ᠂ ︽ᠮᠠᠯᠴᠢᠳ ᠤᠨᠣᠷᠣᠯᠭ᠎ᠠ ᠨᠡᠮᠡᠭᠳᠡᠬᠦ᠂ ᠠᠵᠦ ᠠᠬᠤᠶᠢᠯᠠᠯ ᠤᠨ ᠪᠦᠳᠦᠮᠵᠢ ᠨᠡᠮᠡᠭᠳᠡᠬᠦ᠂ ᠠᠮᠢ | ᠠᠬᠤᠢ ᠶᠢᠨ ᠤᠭᠤᠭᠠᠷᠠᠭᠤᠯᠤᠯᠳᠠ ᠨᠡᠮᠡᠭᠳᠡᠬᠦ︾ ᠬᠠᠷᠠᠯᠳᠠ ᠶᠢ ᠪᠡᠶᠡᠯᠡᠬᠦᠯᠦᠨ᠎ᠡ᠃ | ᠬᠤᠶᠠᠷ᠂ ᠨᠦᠬᠦᠪᠦᠷᠢ ᠶᠢᠨ ᠪᠠᠷᠢᠮᠵᠢᠶ᠎ᠠ ᠪᠤᠯᠤᠨ ᠲᠠᠷᠬᠠᠭᠠᠬᠤ ᠬᠡᠯᠪᠡᠷᠢ | ᠪᠤᠯᠪᠠᠰᠣᠷᠠᠭᠤᠯᠬᠤ ᠠᠵᠦ ᠠᠬᠤᠶᠢᠯᠠᠯ ᠤᠨ ᠲᠤᠯᠤᠭᠠᠶᠢᠯᠠᠭᠴᠢ ᠶᠢᠨ ᠲᠠᠶᠢᠴᠢᠯᠠᠬᠤ ᠤᠶᠢᠯᠠᠳᠤᠯ | ᠦᠵᠡᠬᠦᠯᠬᠦ ᠶᠢ ᠦᠨᠡᠨᠬᠦ ᠪᠠᠳᠠᠷᠠᠭᠤᠯᠬᠤ ᠶᠢ ᠵᠤᠷᠢᠭᠵᠢᠭᠤᠯᠵᠤ᠂ ᠮᠠᠨ ᠤ ᠬᠤᠳᠠ ᠶᠢᠨ ᠮᠠᠯ ᠠᠵᠦ ᠠᠬᠤᠢ ᠶᠢᠨ ᠠᠵᠦ | ᠤᠶᠢᠯᠡᠰᠵᠢᠬᠦᠯᠤᠯᠳᠠ ᠶᠢᠨ ᠠᠬᠢᠴᠠ ᠵᠢᠦᠨᠡᠨᠬᠦ ᠲᠦᠷᠭᠡᠳᠭᠡᠬᠦ ᠶᠢᠨ ᠲᠦᠯᠦᠬᠡ᠂ ᠬᠤᠳᠠ ᠶᠢᠨ ᠵᠠᠰᠠᠭ ᠤᠨ ᠣᠷᠳᠣᠨ | ᠨᠢ ᠤᠷᠢᠳᠴᠢᠯᠡᠨ ᠵᠠᠷᠣᠴᠠᠭᠤᠯᠵᠤ ᠪᠤᠯᠪᠠᠰᠣᠷᠠᠭᠤᠯᠬᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠳᠤ ᠪᠡᠯᠡ | ᠮᠦᠩᠬᠦ ᠶᠢᠨ ᠨᠦᠬᠦᠪᠦᠷᠢ ᠦᠭᠬᠦᠨ᠎ᠡ᠃ | 2017 ᠣᠨ ᠳᠤ᠂ ᠬᠤᠳᠠ ᠶᠢᠨ ᠵᠠᠰᠠᠭ ᠤᠨ ᠤᠷᠳᠤᠨ ᠨᠢ ᠡᠪᠣᠯ ᠤᠨ ᠲᠦᠯ ᠬᠠᠪᠤᠷ ᠤᠨ ᠡᠷᠳᠡᠨ | ᠤ ᠲᠦᠯ ᠢ ᠤᠷᠢᠳᠴᠢᠯᠡᠨ ᠪᠤᠷᠤᠯᠠᠭᠤᠯᠬᠤ ᠨᠦᠬᠦᠪᠦᠷᠢ ᠳᠤ 300 ᠲᠦᠮᠡᠨ ᠲᠦᠭᠦᠷᠢᠭ ᠪᠡᠯᠡ ᠤᠷᠤᠭᠤᠯᠬᠤ ᠪᠠᠷ | ᠲᠦᠯᠦᠪᠯᠡᠭᠰᠡᠨ ᠪᠠᠶᠢᠨ᠎ᠠ᠃ ᠨᠦᠬᠦᠪᠦᠷᠢ ᠦᠭᠬᠦ ᠴᠠᠭ ᠬᠤᠭᠤᠴᠠᠭ᠎ᠠ ᠪᠤᠯ 2017 ᠣᠨ ᠤ 6 ᠰᠠᠷ᠎ᠠ ᠶᠢᠨ 20 | ᠠᠴᠠ 7 ᠰᠠᠷ᠎ᠠ ᠶᠢᠨ 31 ᠬᠦᠷᠳᠡᠯ᠎ᠡ᠂ ᠨᠠᠶᠢᠳᠠ 40 ᠡᠳᠦᠷ ᠪᠠᠶᠢᠵᠦ᠂ ᠲᠦᠷᠪᠡᠨ ᠬᠤᠭᠤᠴᠠᠭ᠎ᠠ ᠬᠤᠪᠢᠶᠠᠵᠤ | ᠨᠦᠬᠦᠪᠦᠷᠢ ᠦᠭᠬᠦᠨ᠎ᠠ᠃ ᠲᠤᠭᠳᠠᠭᠰᠠᠨ ᠬᠤᠭᠤᠴᠠᠭ᠎ᠠ ᠬᠤᠪᠢᠶᠠᠨ ᠨᠦᠬᠦᠪᠦᠷᠢ ᠦᠭᠬᠦ ᠪᠠᠷᠢᠮᠵᠢᠶ᠎ᠠ ᠪᠤᠯ 6 ᠰᠠᠷ᠎ᠠ ᠶᠢᠨ | 20 —6 ᠰᠠᠷ᠎ᠠ ᠶᠢᠨ 30 ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 60 ᠲᠦᠬᠦᠷᠢᠭ ᠤᠨ ᠨᠦᠬᠦᠪᠦᠷᠢ | ᠦᠭᠬᠦᠨ᠎ᠡ︔ 7 ᠰᠠᠷ᠎ᠠ ᠶᠢᠨ 1 —7 ᠰᠠᠷ᠎ᠠ ᠶᠢᠨ 10 ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 50 | ᠲᠦᠬᠦᠷᠢᠭ ᠤᠨ ᠨᠦᠬᠦᠪᠦᠷᠢ ᠦᠭᠬᠦᠨ᠎ᠡ︔ 7 ᠰᠠᠷ᠎ᠠ ᠶᠢᠨ 11 —7 ᠰᠠᠷ᠎ᠠ ᠶᠢᠨ 20 ᠳᠤ ᠪᠤᠷᠤᠯᠠᠭᠤᠯᠤᠭᠰᠠᠨ | ᠬᠤᠷᠠᠭ᠎ᠠ ᠪᠦᠷᠢ ᠳᠤ 40 ᠲᠦᠬᠦᠷᠢᠭ ᠤᠨ ᠨᠦᠬᠦᠪᠦᠷᠢ ᠦᠭᠬᠦᠨ᠎ᠡ︔ 7 ᠰᠠᠷ᠎ᠠ ᠶᠢᠨ 21 —7 ᠰᠠᠷ᠎ᠠ ᠶᠢᠨ 31 | ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 30 ᠲᠦᠬᠦᠷᠢᠭ ᠤᠨ ᠨᠦᠬᠦᠪᠦᠷ ᠦᠭᠬᠦᠨ᠎ᠡ ︔ 7 ᠰᠠᠷ᠎ᠠ ᠶᠢᠨ 31 | ᠠᠴᠠ ᠰᠡᠬᠦᠯᠡᠷ ᠪᠤᠷᠤᠯᠠᠭᠤᠯᠪᠠᠯ ᠨᠦᠬᠦᠪᠦᠷᠢ ᠬᠦᠷᠳᠡᠬᠦ ᠦᠬᠡᠢ᠃ | ᠪᠤᠯᠪᠠᠰᠣᠷᠠᠭᠤᠯᠬᠤ ᠠᠵᠦ ᠠᠬᠤᠶᠢᠯᠠᠯ ᠨᠢ ᠲᠤᠬᠠᠢ ᠶᠢᠨ ᠦᠶ᠎ᠡ ᠶᠢᠨ ᠵᠠᠬ᠎ᠠ ᠲᠡᠯᠬᠡᠭᠦᠷ ᠤᠨ ᠦᠨ᠎ᠡ | ᠬᠠᠩᠰᠢ ᠪᠠᠷ ᠮᠠᠯᠴᠢᠳ ᠤᠨ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠢ ᠬᠤᠳᠠᠯᠳᠤᠨ ᠠᠪᠬᠤ | ᠮᠦᠷᠳᠡᠭᠡᠨ ᠬᠤᠳᠠᠯᠳᠤᠨ ᠠᠪᠬᠤ ᠪᠡᠯᠡ ᠮᠥᠩᠬᠦ ᠶᠢ ᠬᠦᠢᠴᠡᠳ ᠦᠭᠬᠦ ᠬᠡᠷᠡᠭᠳᠡᠢ᠃ ᠡᠪᠤᠯ ᠤᠨ ᠲᠦᠯ ᠪᠤᠯᠤᠨ ᠬᠠᠪᠤᠷ | ᠤᠨ ᠡᠷᠳᠡᠨ ᠤ ᠲᠦᠯ ᠢ ᠤᠷᠢᠳᠴᠢᠯᠡᠨ ᠪᠤᠷᠤᠯᠠᠭᠤᠯᠬᠤ ᠠᠵᠢᠯ ᠲᠠᠭᠤᠰᠤᠭᠰᠠᠨ ᠤ ᠲᠠᠷᠠᠭ᠎ᠠ ᠬᠤᠳᠠ ᠶᠢᠨ ᠲᠠᠷᠢᠶᠠᠯᠡᠩ | ᠮᠠᠯ ᠠᠵᠦ ᠠᠬᠤᠢ ᠶᠢᠨ ᠲᠤᠪᠴᠢᠶ᠎ᠠ ᠠᠴᠠ ᠬᠢᠵᠢᠭ ᠪᠠᠶᠢᠴᠠᠭᠠᠬᠤ ᠶᠢ ᠲᠠᠩᠰᠠᠯᠠᠬᠤ ᠬᠦᠰᠦᠨᠦᠭᠳᠦ᠂ ᠬᠤᠳᠠᠯᠳᠤᠨ | ᠠᠪᠬᠤ ᠫᠢᠶᠥᠦ ᠪᠠᠷᠢᠮᠳᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠲᠠᠷᠠᠭ᠎ᠠ᠂ ᠬᠤᠳᠠ ᠶᠢᠨ ᠡᠳ᠋ ᠤᠨ | ᠵᠠᠰᠠᠭ ᠤᠨ ᠲᠤᠪᠴᠢᠶᠠᠨ ᠳᠤ ᠮᠡᠳᠡᠬᠦᠯᠵᠦ ᠬᠢᠨᠡᠨ ᠬᠠᠷᠭᠤᠭᠤᠯᠤᠨ᠎ᠠ᠃ ᠰᠠᠨᠠᠯ ᠤᠨ ᠪᠡᠯᠡ ᠮᠦᠩᠬᠦ ᠶᠢ ᠬᠤᠳᠠ ᠶᠢᠨ | ᠡᠳ᠋ ᠤᠨ ᠵᠠᠰᠠᠭ ᠤᠨ ᠲᠤᠪᠴᠢᠶ᠎ᠠ ᠨᠢ ᠠᠵᠦ ᠠᠬᠤᠶᠢᠯᠠᠯ ᠤᠨ ᠲᠠᠩᠰᠠᠨ ᠡᠷᠦᠭᠡ ᠳᠤ ᠰᠢᠭᠤᠳ ᠰᠢᠯᠵᠢᠬᠦᠯᠦᠨ | ᠦᠭᠬᠦᠨ᠎ᠡ᠃ ᠡᠯ᠎ᠡ ᠪᠤᠯᠪᠠᠰᠣᠷᠠᠭᠤᠯᠬᠤ ᠠᠵᠦ ᠠᠬᠤᠶᠢᠯᠠᠯ ᠨᠢ ᠮᠠᠯᠴᠢᠨ ᠡᠷᠦᠬᠡ ᠲᠠᠢ ᠠᠰᠢᠭ ᠲᠤᠰᠠ ᠶᠢᠨ | ᠬᠤᠯᠪᠤᠭᠠᠨ ᠤ ᠵᠤᠬᠢᠴᠠᠮᠵᠢ ᠶᠢᠨ ᠲᠦᠰᠦᠯ ᠲᠤᠭᠳᠠᠭᠠᠵᠤ᠂ ᠵᠠᠰᠠᠭ ᠤᠨ ᠤᠷᠳᠤᠨ ᠤ ᠨᠦᠬᠦᠪᠦᠷᠢ ᠶᠢᠨ ᠪᠡᠯᠡ ᠮᠦᠩᠭᠦ | ᠶᠢ ᠵᠠᠰᠠᠭ ᠤᠨ ᠣᠷᠳᠣᠨ ᠤ ᠨᠦᠬᠦᠪᠦᠷᠢ ᠤᠨ ᠪᠠᠷᠢᠮᠵᠢᠶ᠎ᠠ ᠪᠠᠷ ᠮᠠᠯᠴᠢᠨ ᠡᠷᠦᠭᠡ ᠳᠤ ᠲᠠᠷᠬᠠᠭᠠᠨ ᠦᠭᠴᠦ᠂ ᠠᠰᠢᠭ | ᠲᠤᠰᠠ ᠶᠢ ᠬᠠᠮᠳᠦ ᠪᠠᠷ ᠡᠳ᠋ᠯᠡᠬᠦ᠂ ᠠᠶᠤᠯ ᠲᠦᠭᠰᠢᠬᠦᠷᠢ ᠶᠢ ᠬᠠᠮᠳᠦ ᠪᠠᠷ ᠡᠬᠦᠷᠭᠡᠯᠡᠬᠦ ᠶᠢ ᠪᠡᠶᠡᠯᠡᠬᠦᠯᠦᠨ᠎ᠡ᠃ | ᠭᠤᠷᠪᠡ᠂ ᠪᠤᠯᠪᠠᠰᠣᠷᠠᠭᠤᠯᠬᠤ ᠠᠵᠢ ᠠᠬᠤᠶᠢᠯᠠᠯ ᠳᠠᠬᠢ ᠱᠠᠭᠠᠷᠳᠠᠯᠭ᠎ᠠ | ︵ᠨᠢᠭᠡ︶ ᠪᠤᠯᠪᠠᠰᠣᠷᠠᠭᠤᠯᠬᠤ ᠠᠵᠦ ᠠᠬᠤᠶᠢᠯᠠᠯ ᠨᠢ ᠵᠠᠪᠠᠯ ᠬᠢᠷᠢ ᠬᠡᠮ ᠨᠢ ᠬᠠᠤᠯᠢ ᠳᠤ ᠨᠠᠶᠢᠴᠡᠭᠰᠡᠨ | ᠪᠠᠶᠢᠵᠤ᠂ ᠭᠠᠷ ᠬᠦᠢᠴᠡᠳᠭᠡᠯ ᠨᠢ ᠪᠦᠷᠢᠨ ᠬᠦᠢᠴᠡᠳ᠂ ᠬᠤᠳᠠᠯᠳᠤᠨ ᠠᠪᠬᠤ ᠪᠡᠯᠡ ᠮᠥᠩᠬᠦ ᠪᠠᠳᠤᠯᠠᠭ᠎ᠠ ᠲᠠᠢ᠂ | ᠣᠶᠢᠯᠡᠳᠪᠦᠷᠢᠯᠡᠵᠦ ᠬᠤᠳᠠᠯᠳᠤᠨ ᠠᠪᠬᠤ ᠨᠦᠬᠦᠴᠡᠯ ᠪᠦᠷᠢᠳᠦᠭᠰᠡᠨ ᠪᠡᠶᠢᠬᠤ ᠬᠡᠷᠡᠭᠳᠡᠢ ᠮᠦᠷᠳᠡᠭᠡᠨ ᠠᠶᠢᠮᠠᠭ᠂ ᠬᠤᠳᠠ | ᠶᠢᠨ ᠲᠤᠭᠳᠠᠭᠰᠠᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶᠠᠨ ᠳᠤ ᠬᠦᠷᠬᠦ ᠬᠡᠷᠡᠭᠳᠡᠢ᠃ ᠪᠦᠬᠦ ᠬᠤᠳᠠ | ᠶᠢᠨ ᠡᠪᠦᠯ ᠤᠨ ᠲᠦᠯ᠂ ᠬᠠᠪᠤᠷ ᠤᠨ ᠡᠷᠳᠡᠨ ᠤ ᠲᠦᠯ ᠢ ᠣᠷᠢᠳᠴᠢᠯᠡᠨ ᠪᠤᠯᠪᠠᠰᠣᠷᠠᠭᠤᠯᠬᠤ ᠠᠵᠦ ᠠᠬᠤᠶᠢᠯᠠᠯ ᠢ | ᠠᠩᠬ᠎ᠠ ᠠᠯᠬᠤᠮ ᠲᠦᠷᠪᠡᠨ ᠡᠷᠦᠭᠡ ᠪᠠᠷ ᠲᠤᠭᠳᠠᠵᠤ᠂ ᠵᠠᠬ᠎ᠠ ᠲᠡᠯᠭᠡᠬᠦᠷ ᠲᠤ ᠤᠷᠤᠬᠤ ᠶᠢ ᠵᠦᠪᠰᠶᠡᠷᠡᠬᠦ ᠪᠠᠷᠢᠮᠵᠢᠶᠠᠨ | ᠳᠤ ᠲᠤᠬᠢᠷᠠᠭᠰᠠᠨ ᠠᠵᠦ ᠠᠬᠤᠶᠢᠯᠠᠯ ᠰᠠᠶᠢᠨ ᠲᠤᠷ᠎ᠠ ᠠᠴᠠ ᠪᠠᠨ ᠨᠡᠷ᠎ᠡ ᠮᠡᠳᠡᠬᠦᠯᠵᠦ᠂ ᠢᠯᠡ ᠪᠠᠷ ᠦᠨ᠎ᠡ | ᠦᠷᠢᠰᠦᠯᠳᠦᠬᠦ᠂ ᠬᠠᠷᠠᠭᠠᠯᠵᠠᠯ ᠤᠨ ᠨᠦᠬᠦᠴᠡᠯ ᠢ ᠦᠷᠢᠰᠦᠯᠳᠦᠬᠦ ᠬᠡᠯᠪᠠᠷᠢ ᠪᠠᠷ ᠪᠤᠯᠪᠠᠰᠣᠷᠠᠭᠤᠯᠬᠤ ᠠᠵᠦ ᠠᠬᠤᠶᠢᠯᠠᠯ | ᠢ ᠲᠤᠭᠳᠠᠭᠠᠨ᠎ᠠ᠃ | ︵ᠬᠤᠶᠡᠷ︶ ᠪᠤᠯᠪᠠᠰᠣᠷᠠᠭᠤᠯᠬᠤ ᠠᠵᠦ ᠠᠬᠤᠶᠢᠯᠠᠯ ᠨᠢ ᠵᠦᠪᠬᠡᠨ ᠰᠢᠯᠢ ᠶᠢᠨ ᠬᠤᠳᠠ ᠶᠢᠨ ᠡᠷᠦᠬᠡ | ᠠᠮᠨ ᠲᠠᠢ᠂ ᠰᠢᠯᠢ ᠶᠢᠨ ᠬᠤᠳᠠ ᠳᠤ ᠮᠠᠯ ᠠᠵᠦ ᠠᠬᠤᠢ ᠤᠶᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ | ᠲᠠᠷᠢᠶᠠᠴᠢᠨ ᠮᠠᠯᠴᠢᠨ ᠡᠷᠦᠬᠡ ᠶᠢᠨ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠢ ᠬᠤᠳᠠᠯᠳᠤᠨ ᠠᠪᠴᠤ | ᠪᠤᠯᠪᠠᠰᠤᠷᠠᠭᠤᠯᠪᠠᠯ ᠰᠠᠶ᠋ᠢ ᠨᠦᠬᠦᠪᠦᠷᠢ ᠶᠢᠨ ᠬᠠᠷᠠᠭᠠᠯᠵᠠᠯ ᠢ ᠬᠦᠷᠳᠡᠵᠦ ᠲᠠᠶᠢᠯᠦᠨ᠎ᠠ᠃ ᠰᠢᠯᠢ ᠶᠢᠨ ᠬᠤᠳᠠ ᠶᠢᠨ | ᠮᠠᠯᠴᠢᠨ ᠡᠷᠦᠬᠡ ᠶᠢᠨ ᠨᠡᠷ᠎ᠡ ᠪᠠᠷ ᠠᠶᠢᠮᠠᠭ ᠤᠨ ᠲᠤᠳᠤᠨ᠎ᠠ ᠭᠠᠳᠠᠨᠠᠬᠢ ᠪᠤᠷᠳᠤᠭᠰᠠᠨ ᠬᠤᠷᠠᠭ᠎ᠠ ᠪᠤᠯᠪᠠᠰᠤᠷᠠᠭᠤᠯᠬᠤ ᠶᠢ | ᠴᠠᠭᠠᠵᠠᠯᠵᠤ᠂ ᠲᠡᠭᠡᠷᠡᠬᠢ ᠠᠵᠢᠯᠯᠠᠭ᠎ᠠ ᠶᠢ ᠮᠡᠳᠡᠮᠡᠭᠴᠡ᠂ ᠬᠠᠷᠠᠭᠠᠯᠵᠠᠯ ᠤᠨ ᠨᠦᠬᠦᠪᠦᠷᠢ ᠬᠦᠷᠳᠡᠬᠦ ᠬᠢᠷᠢ ᠬᠡᠮ ᠢ | ᠬᠦᠴᠦᠨ ᠦᠬᠡᠢ ᠪᠤᠯᠭᠠᠬᠤ ᠮᠦᠷᠳᠡᠭᠡᠨ ᠴᠢᠩᠭ᠎ᠠ ᠪᠠᠷ ᠰᠢᠢᠳᠪᠦᠷᠢᠯᠡᠨ᠎ᠡ᠃ | ᠲᠦᠷᠪᠡ᠂ ᠠᠵᠢᠯ ᠤᠨ ᠠᠯᠬᠤᠮ ᠲᠠᠷᠠᠭ᠎ᠠ | ᠨᠢᠭᠡ ᠳᠤ᠂ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠨᠢ ᠤᠷᠢᠳᠴᠢᠯᠡᠨ | ᠵᠠᠷᠤᠴᠠᠭᠤᠯᠵᠤ ᠲᠡᠶᠢᠯᠬᠦ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠤᠨ ᠲᠤᠭ᠎ᠠ ᠶᠢ ᠡᠷᠦᠬᠡ | ᠲᠠᠷᠠᠭᠠᠯᠠᠨᠨᠠᠷᠢᠨ ᠬᠢᠨᠠᠮᠠᠭᠠᠢ ᠪᠦᠷᠢᠳᠬᠡᠵᠦ᠂ 5 ᠰᠠᠷ᠎ᠠ ᠶᠢᠨ 20 ᠠᠴᠠ ᠡᠮᠦᠨ᠎ᠡ ᠲᠠᠩᠰᠠᠯᠡᠨ ᠲᠡᠪᠳᠠᠷᠯᠠᠵᠤ᠂ ᠭᠠᠷ | ᠤᠨ ᠦᠰᠦᠭ ᠵᠢᠷᠦᠨ ᠲᠠᠮᠠᠭ᠎ᠠ ᠲᠠᠷᠤᠵᠤ᠂ ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶᠠᠨ ᠳᠤ | ᠮᠡᠳᠡᠬᠦᠯᠬᠦ ᠬᠡᠷᠡᠭᠳᠡᠢ᠃ ᠬᠤᠶᠠᠷ ᠲᠤ᠂ ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ᠂ ᠵᠠᠬᠢᠳᠠᠯ | ᠰᠤᠷᠪᠤᠯᠵᠢᠯᠠᠭ᠎ᠠ ᠶᠢᠨ ᠲᠤᠪᠴᠢᠶ᠎ᠠ ᠨᠢ ᠰᠤᠮᠤ ᠪᠠᠯᠭᠠᠰᠤ ᠲᠠᠯᠠᠪᠠᠢ ᠳᠠᠬᠢ ᠡᠪᠤᠯ ᠤᠨ ᠲᠦᠯ ᠤᠨ ᠲᠤᠭ᠎ᠠ ᠬᠡᠮᠵᠢᠶ᠎ᠠ ᠶᠢ | ᠦᠨᠳᠦᠰᠦᠯᠡᠨ᠂ ᠡᠬᠦᠷᠭᠡ ᠶᠢ ᠡᠯ᠎ᠡ ᠪᠤᠯᠪᠠᠰᠣᠷᠠᠭᠤᠯᠬᠤ ᠠᠵᠦ ᠠᠬᠤᠶᠢᠯᠠᠯ ᠳᠤ ᠬᠤᠪᠢᠶᠠᠷᠢᠯᠠᠵᠤ᠂ ᠡᠯ᠎ᠡ ᠰᠤᠮᠤ | ᠪᠠᠯᠭᠠᠰᠤ ᠲᠠᠯᠠᠪᠠᠢ ᠨᠢ ᠮᠠᠯᠴᠢᠨ ᠡᠷᠦᠬᠡ ᠪᠤᠯᠤᠨ ᠪᠤᠯᠪᠠᠰᠣᠷᠠᠭᠤᠯᠬᠤ ᠠᠵᠦ ᠠᠬᠤᠶᠢᠯᠠᠯ ᠢ ᠵᠤᠬᠢᠶᠠᠨ ᠪᠠᠶᠢᠭᠤᠯᠤᠨ | ᠬᠤᠳᠠᠯᠳᠤᠨ ᠠᠪᠬᠤ ᠪᠠ ᠵᠠᠷᠤᠴᠠᠭᠤᠯᠬᠤ ᠭᠡᠷ᠎ᠡ ᠶᠢ ᠲᠤᠭᠳᠠᠬᠤ ᠬᠡᠷᠡᠭᠳᠡᠢ᠃ ᠬᠤᠶᠠᠷ ᠲᠠᠯ᠎ᠠ ᠪᠠᠨ ᠢᠶᠠᠷ ᠡᠷᠬᠡ ᠲᠡᠭᠰᠢ᠂ | ᠰᠠᠶᠢᠨ ᠲᠤᠷ᠎ᠠ ᠶᠢᠨ᠂ ᠭᠤᠤᠯᠴᠢ᠂ ᠦᠨᠡᠨᠴᠢ ᠢᠳᠡᠬᠡᠮᠵᠢᠳᠡᠢ ᠵᠠᠷᠴᠢᠮ ᠢ ᠪᠠᠷᠢᠮᠳᠠᠯᠠᠨ᠂ ᠬᠤᠯᠪᠤᠭᠳᠠᠯ ᠪᠦᠬᠦᠢ | ᠬᠠᠤᠯᠢ ᠴᠠᠭᠠᠵᠠ ᠬᠠᠤᠯᠢ ᠲᠦᠷᠢᠮ ᠢᠶᠠᠷ ᠦᠨᠳᠤᠰᠯᠡᠯ ᠪᠤᠯᠭᠠᠵᠤ ᠭᠡᠷ᠎ᠡ ᠶᠢᠨ ᠠᠭᠤᠯᠭ᠎ᠠ ᠶᠢ ᠲᠤᠭᠳᠠᠵᠤ᠂ ᠭᠡᠷ᠎ᠡ ᠶᠢᠨ | ᠠᠭᠤᠯᠭ᠎ᠠ ᠨᠢ ᠪᠦᠷᠢᠨ ᠬᠦᠢᠴᠡᠳ᠂ ᠨᠠᠷᠢᠯᠢᠭ ᠪᠠᠶᠢᠵᠤ᠂ ᠰᠡᠬᠦᠯᠴᠢ ᠶᠢᠨ ᠬᠤᠭᠤᠴᠠᠭ᠎ᠠ ᠳᠤ ᠤᠯᠡᠨ ᠲᠦᠮᠡᠨ ᠲᠠᠭᠡᠭᠰᠢ | ᠰᠣᠷᠪᠤᠯᠵᠢᠯᠠᠭ᠎ᠠ ᠬᠢᠬᠦ ᠭᠡᠷᠡᠭ ᠡᠬᠦᠰᠬᠦ ᠠᠴᠠ ᠰᠡᠷᠬᠡᠶᠢᠯᠡᠨ᠎ᠡ᠃ ᠭᠡᠷᠪᠡ ᠪᠤᠯᠪᠠᠰᠣᠷᠠᠭᠤᠯᠬᠤ ᠦᠶᠡᠰ ᠵᠠᠬ᠎ᠠ ᠲᠡᠯᠭᠡᠬᠦᠷ | ᠤᠨ ᠦᠨ᠎ᠡ ᠬᠠᠩᠰᠢ ᠨᠢ ᠦᠰᠦᠭᠰᠡᠨ ᠪᠠᠶᠢᠪᠠᠯ᠂ ᠵᠠᠬ᠎ᠠ ᠲᠡᠯᠭᠡᠬᠦᠷ ᠤᠨ ᠦᠨ᠎ᠡ ᠬᠠᠩᠰᠢ ᠪᠠᠷ ᠬᠤᠳᠠᠯᠳᠤᠨ ᠠᠪᠴᠦ᠂ | ᠵᠠᠬ᠎ᠠ ᠲᠡᠯᠭᠡᠬᠦᠷ ᠤᠨ ᠠᠵᠢᠯᠯᠠᠭ᠎ᠠ ᠶᠢ ᠪᠠᠳᠤᠯᠠᠬᠤ ᠬᠡᠷᠡᠭᠳᠡᠢ᠃ ᠭᠤᠷᠪᠠ ᠳᠤ᠂ ᠪᠤᠯᠪᠠᠰᠤᠷᠠᠭᠤᠯᠬᠤ ᠠᠵᠦ ᠠᠬᠤᠶᠢᠯᠠᠯ | ᠨᠢ ᠬᠤᠳᠠᠯᠳᠤᠨ ᠠᠪᠴᠦ ᠪᠤᠯᠪᠠᠰᠤᠷᠠᠭᠤᠯᠬᠤ ᠠᠵᠢᠯ ᠢ ᠴᠠᠭ ᠲᠠᠭᠠᠨ ᠡᠬᠢᠯᠡᠬᠦᠯᠬᠦ ᠮᠦᠷᠳᠡᠭᠡᠨ ᠪᠤᠯᠪᠠᠰᠣᠷᠠᠭᠤᠯᠬᠤ | ᠠᠬᠢᠴᠠ ᠶᠢ ᠲᠤᠬᠢᠷᠠᠭᠤᠯᠤᠨ᠂ ᠮᠠᠯᠴᠢᠨ ᠡᠷᠦᠬᠡ ᠶᠢ ᠵᠢᠬᠰᠠᠭᠠᠵᠤ᠂ ᠲᠡᠰ ᠲᠠᠷᠠᠭᠠᠯᠠᠯ ᠲᠠᠢ ᠪᠠᠷ ᠪᠤᠯᠪᠠᠰᠣᠷᠠᠭᠤᠯᠵᠤ᠂ | ᠤᠷᠳᠤ ᠬᠤᠭᠤᠴᠠᠭ᠎ᠠ ᠪᠠᠷ ᠬᠦᠯᠢᠶᠡᠵᠦ ᠲᠠᠷᠭᠤ ᠠᠯᠳᠠᠬᠤ ᠦᠵᠡᠭᠳᠡᠯ ᠭᠠᠷᠴᠤ ᠪᠤᠯᠬᠤ ᠦᠬᠡᠢ᠃ ᠬᠤᠷᠰᠢᠶᠠᠵᠢᠯ᠂ | ᠮᠠᠯᠴᠢᠨ ᠡᠷᠦᠬᠡ ᠨᠢ ᠭᠡᠷ᠎ᠡ ᠶᠢᠨ ᠲᠤᠭᠳᠠᠭᠰᠠᠨ ᠴᠠᠭ ᠢᠶᠠᠷ ᠤᠷᠢᠳᠴᠢᠯᠡᠨ ᠵᠠᠷᠤᠴᠠᠭᠤᠯᠬᠤ ᠭᠡᠵᠦ ᠪᠠᠶᠢᠭ᠎ᠠ ᠬᠤᠷᠠᠭ᠎ᠠ | ᠪᠠᠨ ᠪᠤᠯᠪᠠᠰᠣᠷᠠᠭᠤᠯᠬᠤ ᠠᠵᠦ ᠠᠬᠤᠶᠢᠯᠠᠯ ᠳᠤ ᠬᠦᠷᠭᠡᠵᠦ᠂ ᠪᠤᠯᠪᠠᠰᠣᠷᠠᠭᠤᠯᠬᠤ ᠠᠵᠦ ᠠᠬᠤᠶᠢᠯᠠᠯ ᠨᠢ ᠡᠳ᠋ᠰᠢᠬᠦᠯᠵᠦ | ᠪᠤᠯᠪᠠᠰᠣᠷᠠᠭᠤᠯᠬᠤ ᠠᠬᠢᠴᠠ ᠶᠢ ᠲᠤᠬᠢᠷᠠᠭᠤᠯᠤᠭᠰᠠᠨ ᠪᠤᠯᠪᠠᠴᠦ ᠪᠤᠯᠪᠠᠰᠤᠷᠠᠭᠤᠯᠬᠤ ᠬᠤᠷᠠᠭ᠎ᠠ ᠪᠡᠶᠢᠬᠤ ᠦᠬᠡᠢ | ᠦᠵᠡᠭᠳᠡᠯ ᠡᠬᠦᠰᠬᠦ ᠶᠢ ᠰᠡᠷᠬᠡᠶᠢᠯᠡᠬᠦ ᠬᠡᠷᠡᠭᠳᠡᠢ᠃ | ᠲᠠᠪᠤ᠂ ᠬᠢᠨᠠᠯᠳᠠ ᠲᠠᠯᠪᠢᠬᠤ ᠲᠤᠭᠳᠠᠴᠠᠯᠭᠠ | ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ ᠪᠤᠯᠤᠨ ᠡᠯ᠎ᠡ ᠰᠤᠮᠤ ᠪᠠᠯᠭᠠᠰᠤ ᠲᠠᠯᠠᠪᠠᠢ᠂ | ᠭᠠᠴᠠᠭ᠎ᠠ ᠬᠤᠪᠢᠶᠠᠷᠢ ᠲᠠᠯᠠᠪᠠᠢ ᠬᠠᠮᠳᠦ ᠪᠠᠷ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠤᠨ | ᠦᠷᠢᠳᠴᠢᠯᠡᠨ ᠵᠠᠷᠤᠴᠠᠭᠤᠯᠬᠤ ᠠᠵᠢᠯ ᠤᠨ ᠪᠦᠬᠦ ᠶᠠᠪᠤᠴᠠ ᠳᠤ ᠬᠢᠨᠠᠯᠳᠠ ᠲᠠᠯᠪᠢᠬᠤ ᠶᠢ ᠬᠠᠷᠢᠭᠤᠴᠠᠬᠤ ᠬᠡᠷᠡᠭᠳᠡᠢ᠃ | ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ ᠨᠢ ᠪᠤᠯᠪᠠᠰᠣᠷᠠᠭᠤᠯᠬᠤ ᠠᠵᠦ ᠠᠬᠤᠶᠢᠯᠠᠯ ᠨᠢᠭᠡᠪᠦᠷᠢ ᠳᠤ ᠬᠢᠵᠢᠭ | ᠰᠡᠷᠭᠡᠶᠢᠯᠡᠬᠦ ᠠᠵᠢᠯᠳᠡᠨ ᠲᠤᠮᠢᠯᠡᠨ ᠰᠠᠭᠤᠯᠭᠠᠵᠤ᠂ ᠠᠵᠦ ᠠᠬᠤᠶᠢᠯᠠᠯ ᠤᠨ ᠬᠤᠳᠠᠯᠳᠤᠨ ᠠᠪᠴᠤ ᠪᠠᠶᠢᠭ᠎ᠠ ᠪᠠᠶᠢᠳᠠᠯ | ᠤᠨ ᠪᠦᠬᠦ ᠶᠠᠪᠤᠴᠠ ᠳᠤ ᠬᠢᠨᠠᠯᠳᠠ ᠲᠠᠯᠪᠢᠵᠤ᠂ ᠠᠵᠦ ᠠᠬᠤᠶᠢᠯᠠᠯ ᠤᠨ ᠲᠤᠭᠳᠠᠭᠠᠯ ᠠᠴᠠ ᠵᠦᠷᠢᠴᠡᠨ ᠦᠨ᠎ᠡ | ᠲᠠᠷᠤᠵᠤ ᠬᠤᠳᠠᠯᠳᠣᠨ ᠠᠪᠬᠤ ᠪᠤᠯᠤᠨ ᠦᠯᠦ ᠬᠤᠳᠠᠯᠳᠤᠨ ᠠᠪᠬᠤ ᠠᠵᠢᠯᠯᠠᠭ᠎ᠠ ᠭᠠᠷᠬᠤ ᠶᠢ ᠰᠡᠷᠬᠡᠶᠢᠯᠡᠬᠦ ᠬᠡᠷᠡᠭᠳᠡᠢ᠃ | ᠰᠤᠮᠤ ᠪᠠᠯᠭᠠᠰᠣ ᠲᠠᠯᠠᠪᠠᠢ ᠨᠢ ᠪᠤᠯᠪᠠᠰᠣᠷᠠᠭᠤᠯᠬᠤ ᠠᠵᠦ ᠠᠬᠤᠶᠢᠯᠠᠯ ᠨᠢᠭᠡᠪᠦᠷᠢ ᠳᠤ 1 — 2 ᠨᠡᠷ᠎ᠡ ᠺᠠᠳ᠋ᠷ | ᠲᠤᠮᠢᠯᠡᠨ ᠰᠠᠭᠤᠯᠭᠠᠵᠤ᠂ ᠮᠠᠯᠴᠢᠨ ᠡᠷᠦᠭᠡ ᠶᠢ ᠲᠠᠷᠠᠭᠠᠯᠠᠨ ᠵᠢᠬᠰᠠᠭᠠᠬᠤ᠂ ᠪᠤᠯᠪᠠᠰᠣᠷᠠᠭᠤᠯᠬᠤ ᠵᠡᠷᠭᠡ ᠠᠵᠢᠯ ᠢ | ᠵᠤᠬᠢᠶᠠᠨ ᠪᠠᠶᠢᠭᠤᠯᠵᠤ ᠵᠤᠬᠢᠴᠠᠯᠳᠤᠭᠤᠯᠬᠤ ᠮᠦᠷᠳᠡᠭᠡᠨ ᠠᠵᠦ ᠠᠬᠤᠶᠢᠯᠠᠯ ᠤᠨ ᠪᠤᠯᠪᠠᠰᠣᠷᠠᠭᠤᠯᠵᠤ ᠪᠠᠶᠢᠭ᠎ᠠ ᠪᠠᠶᠢᠳᠠᠯ | ᠳᠤ ᠬᠢᠨᠠᠯᠳᠠ ᠲᠠᠯᠪᠢᠬᠤ ᠬᠡᠷᠡᠭᠳᠡᠢ᠃ |