ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠰᠢᠯᠢ ᠶᠢᠨ ᠬᠤᠳᠠ ᠶᠢᠨ 2017ᠣᠨ ᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠢ ᠤᠷᠢᠳᠴᠢᠯᠡᠨ ᠵᠠᠷᠤᠴᠠᠭᠤᠯᠬᠤ ᠨᠦᠬᠦᠪᠦᠷᠢ ᠶᠢᠨ ᠠᠵᠢᠯ ᠢ ᠬᠡᠷᠡᠭᠵᠢᠬᠦᠯᠬᠦ ᠲᠦᠰᠦᠯ︾ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2017/7/6
ᠡᠯ᠎ᠡ ᠰᠤᠮᠤ ᠪᠠᠯᠭᠠᠰᠤ ᠤᠨ ᠠᠷᠠᠳ ᠤᠨ ᠵᠠᠰᠠᠭ ᠤᠨ ᠤᠷᠳᠤᠨ᠂ ᠤᠯᠤᠰ ᠤᠨ ᠦᠮᠴᠢᠯᠡᠯᠳᠦ ᠲᠠᠷᠢᠶᠠᠯᠠᠩ ᠮᠠᠯᠵᠢᠯ ᠎ ᠤᠨ ᠲᠠᠯᠠᠪᠡᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ᠄         ᠣᠳᠣ ︽ᠰᠢᠯᠢ ᠶᠢᠨ ᠬᠤᠳᠠ ᠶᠢᠨ 2017ᠣᠨ ᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠢ ᠤᠷᠢᠳᠴᠢᠯᠡᠨ ᠵᠠᠷᠤᠴᠠᠭᠤᠯᠬᠤ ᠨᠦᠬᠦᠪᠦᠷᠢ ᠶᠢᠨ ᠠᠵᠢᠯ ᠢ ᠬᠡᠷᠡᠭᠵᠢᠬᠦᠯᠬᠦ ᠲᠦᠰᠦᠯ︾᠎ ᠢ ᠲᠠᠨᠠᠷ ᠲᠤ ᠲᠠᠷᠤᠮᠠᠯᠯᠠᠨ ᠲᠠᠠᠷᠬᠠᠭᠠᠯ᠎ᠠ᠂ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠬᠦᠯᠳᠦᠬᠡᠢ᠃                                        2017 ‍ᠨ ᠤ 5 ᠰᠠᠷ᠎ᠠ ᠶᠢᠨ 5᠎ ᠤᠨ ᠤ ᠡᠳᠦᠷ       ᠰᠢᠯᠢ ᠶᠢᠨ ᠬᠤᠳᠠ ᠶᠢᠨ 2017ᠣᠨ ᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠢ      ᠤᠷᠢᠳᠴᠢᠯᠡᠨ ᠵᠠᠷᠤᠴᠠᠭᠤᠯᠬᠤ ᠨᠦᠬᠦᠪᠦᠷᠢ ᠶᠢᠨ ᠠᠵᠢᠯ ᠢ ᠬᠡᠷᠡᠭᠵᠢᠬᠦᠯᠬᠦ ᠲᠦᠰᠦᠯ           ᠡᠪᠤᠯ ᠤᠨ  ᠲᠦᠯ ᠬᠠᠪᠤᠷ ᠤᠨ ᠡᠷᠳᠡᠨ ᠤ ᠲᠦᠯ ᠢ ᠤᠷᠢᠳᠴᠢᠯᠡᠨ ᠵᠠᠷᠤᠴᠠᠭᠤᠯᠬᠤ ᠠᠵᠢᠯ ᠢ ᠤᠯᠡᠮ ᠨᠢᠭᠡ ᠠᠯᠬᠤᠮ ᠰᠠᠶᠢᠳᠤᠷ ᠬᠢᠵᠦ᠂ ᠮᠠᠯᠴᠢᠳ ᠤᠨ ᠮᠠᠯ ᠠᠵᠦ ᠠᠬᠤᠢ ᠶᠢᠨ ᠠᠵᠢᠯ ᠣᠶᠢᠯᠠᠰ ᠤᠨ ᠪᠦᠳᠦᠴᠡ ᠶᠢ ᠲᠦᠷᠭᠡᠨ ᠵᠤᠬᠢᠴᠠᠭᠤᠯᠬᠤ᠂ ᠮᠠᠯ ᠠᠵᠦ ᠠᠬᠤᠢ ᠶᠢᠨ ᠡᠵᠡᠩᠨᠡᠯᠳᠡ ᠪᠤᠷᠤᠯᠠᠭᠤᠯᠤᠯᠳᠠ ᠶᠢᠨ ᠠᠷᠭ᠎ᠠ ᠬᠡᠯᠪᠡᠷ ᠪᠠᠨ ᠬᠤᠪᠢᠷᠠᠭᠤᠯᠬᠤ ᠶᠢ ᠵᠤᠷᠢᠭᠵᠢᠭᠤᠯᠬᠤ ᠶᠢᠨ ᠲᠤᠰᠠᠳᠠ᠂ ᠲᠤᠰ ᠲᠦᠰᠦᠯ ᠢ ᠲᠤᠭᠳᠠᠪᠠ᠃             ᠨᠢᠭᠡ᠂ ᠬᠠᠷᠠᠯᠳᠠ ᠡᠬᠦᠷᠭᠡ            ᠵᠠᠬ᠎ᠠ ᠲᠡᠯᠬᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠳᠠ ᠲᠤᠮᠳᠠ ᠰᠢᠢᠳᠪᠤᠷᠢᠳᠤ ᠴᠢᠨᠠᠷ ᠲᠠᠢ ᠤᠶᠢᠯᠡᠳᠦᠯ ᠦᠵᠡᠬᠦᠯᠬᠦ ᠶᠢ ᠬᠦᠢᠴᠡᠳ ᠪᠠᠳᠠᠷᠠᠭᠤᠯᠤᠨ᠂  ᠡᠪᠤᠯ ᠤᠨ ᠲᠦᠯ ᠬᠠᠪᠤᠷ ᠤᠨ ᠡᠷᠳᠡᠨ ᠤ ᠲᠦᠯ ᠢ ᠤᠷᠢᠳᠴᠢᠯᠡᠨ ᠵᠠᠷᠤᠴᠠᠭᠤᠯᠬᠤ ᠠᠵᠢᠯ ᠨᠢ ᠵᠠᠰᠠᠭ ᠤᠨ ᠣᠷᠳᠣᠨ ᠬᠦᠳᠦᠯᠦᠨ ᠵᠢᠯᠦᠭᠤᠳᠬᠤ᠂ ᠠᠵᠦ ᠠᠬᠤᠶᠢᠯᠠᠯ ᠎ ᠠᠴᠠ ᠬᠡᠷᠡᠭᠵᠢᠬᠦᠯᠬᠦ᠂ ᠵᠠᠬ᠎ᠠ ᠲᠡᠯᠭᠡᠬᠦᠷ ᠤᠨ ᠤᠷᠳᠤ ᠬᠤᠭᠤᠴᠠᠭ᠎ᠠ ᠶᠢᠨ ᠪᠦᠳᠦᠮᠵᠢᠳᠦ ᠬᠡᠯᠪᠡᠷᠢ ᠶᠢ ᠪᠡᠶᠡᠯᠡᠭᠦᠯᠦᠨ᠎ᠡ᠃ ᠠᠵᠦ ᠠᠬᠤᠶᠢᠯᠠᠯ᠂ ᠬᠤᠷᠰᠢᠶᠠᠵᠢᠯ ᠪᠤᠯᠤᠨ ᠮᠠᠯᠴᠢᠨ ᠡᠷᠤᠭᠡ ᠶᠢ ᠵᠢᠯᠤᠭᠤᠳᠬᠤ ᠪᠠᠷ ᠲᠠᠮᠵᠢᠨ᠂ ︽ᠠᠵᠦ ᠠᠬᠤᠶᠢᠯᠠᠯ + ᠬᠤᠷᠰᠢᠶ᠎ᠠ + ᠮᠠᠯᠴᠢᠨ ᠡᠷᠤᠬᠡ︾᠎ ᠤᠨ ᠨᠢᠬᠳᠠ ᠤᠶᠢᠯᠡᠳᠪᠦᠷᠢᠯᠡᠬᠦ ᠬᠤᠯᠪᠤᠭᠠᠳᠤ ᠴᠤᠭᠴᠠ ᠶᠢ ᠪᠦᠷᠢᠯᠳᠦᠬᠦᠯᠵᠦ᠂ ᠲᠤᠰᠬᠠᠢ ᠬᠤᠷᠰᠢᠭᠰᠡᠨ ᠵᠤᠬᠢᠶᠠᠨ ᠪᠠᠶᠢᠭᠤᠯᠤᠯᠳᠠ ᠠᠴᠠ ᠦᠷᠭᠡᠨ ᠤᠯᠠᠨ ᠮᠠᠯᠴᠢᠨ ᠡᠷᠦᠬᠡ ᠪᠤᠯᠤᠨ ᠠᠵᠦ ᠠᠬᠤᠶᠢᠯᠠᠯ ᠤᠨ ᠪᠦᠳᠦᠮᠵᠢᠳᠠᠢ ᠵᠠᠯᠭᠠᠬᠤ ᠶᠢ ᠲᠠᠶᠢᠴᠢᠯᠠᠨ ᠲᠠᠭᠠᠭᠤᠯᠵᠤ᠂ ᠮᠠᠯᠴᠢᠳ ᠢ ᠵᠢᠯᠤᠭᠤᠳᠤᠨ᠂ ᠨᠢᠭᠡ ᠤᠯᠠᠷᠢᠯ ᠪᠠᠷ ᠪᠤᠷᠤᠯᠠᠭᠤᠯᠬᠤ ᠶᠢ ᠬᠤᠶᠠᠷ ᠤᠯᠠᠷᠢᠯ ᠪᠤᠶᠦ ᠤᠯᠠᠨ ᠤᠯᠠᠷᠢᠯ ᠪᠠᠷ ᠵᠠᠷᠤᠴᠠᠭᠤᠯᠬᠤ ᠪᠤᠯᠭᠠᠨ ᠬᠤᠪᠢᠷᠠᠭᠤᠯᠵᠤ᠂ ︽ᠮᠠᠯᠴᠢᠳ ‍ᠤᠨ‌ᠣᠷᠣᠯᠭ᠎ᠠ ᠨᠡᠮᠡᠭᠳᠡᠬᠦ᠂ ᠠᠵᠦ ᠠᠬᠤᠶᠢᠯᠠᠯ ᠤᠨ ᠪᠦᠳᠦᠮᠵᠢ ᠨᠡᠮᠡᠭᠳᠡᠬᠦ᠂ ᠠᠮᠢ ᠠᠬᠤᠢ ᠶᠢᠨ ᠤᠭᠤᠭᠠᠷᠠᠭᠤᠯᠤᠯᠳᠠ ᠨᠡᠮᠡᠭᠳᠡᠬᠦ︾ ᠬᠠᠷᠠᠯᠳᠠ ᠶᠢ  ᠪᠡᠶᠡᠯᠡᠬᠦᠯᠦᠨ᠎ᠡ᠃            ᠬᠤᠶᠠᠷ᠂ ᠨᠦᠬᠦᠪᠦᠷᠢ ᠶᠢᠨ ᠪᠠᠷᠢᠮᠵᠢᠶ᠎ᠠ ᠪᠤᠯᠤᠨ ᠲᠠᠷᠬᠠᠭᠠᠬᠤ ᠬᠡᠯᠪᠡᠷᠢ            ᠪᠤᠯᠪᠠᠰᠣᠷᠠᠭᠤᠯᠬᠤ ᠠᠵᠦ ᠠᠬᠤᠶᠢᠯᠠᠯ ᠤᠨ ᠲᠤᠯᠤᠭᠠᠶᠢᠯᠠᠭᠴᠢ ᠶᠢᠨ ᠲᠠᠶᠢᠴᠢᠯᠠᠬᠤ ᠤᠶᠢᠯᠠᠳᠤᠯ ᠦᠵᠡᠬᠦᠯᠬᠦ ᠶᠢ ᠦᠨᠡᠨᠬᠦ ᠪᠠᠳᠠᠷᠠᠭᠤᠯᠬᠤ ᠶᠢ ᠵᠤᠷᠢᠭᠵᠢᠭᠤᠯᠵᠤ᠂  ᠮᠠᠨ ᠤ ᠬᠤᠳᠠ ᠶᠢᠨ ᠮᠠᠯ ᠠᠵᠦ ᠠᠬᠤᠢ ᠶᠢᠨ ᠠᠵᠦ ᠤᠶᠢᠯᠡᠰᠵᠢᠬᠦᠯᠤᠯᠳᠠ ᠶᠢᠨ ᠠᠬᠢᠴᠠ ᠵᠢ‌ᠦᠨᠡᠨᠬᠦ ᠲᠦᠷᠭᠡᠳᠭᠡᠬᠦ  ᠎ ᠶᠢᠨ ᠲᠦᠯᠦᠬᠡ᠂ ᠬᠤᠳᠠ ᠶᠢᠨ ᠵᠠᠰᠠᠭ ᠤᠨ ᠣᠷᠳᠣᠨ ᠎ ᠨᠢ ᠤᠷᠢᠳᠴᠢᠯᠡᠨ ᠵᠠᠷᠣᠴᠠᠭᠤᠯᠵᠤ ᠪᠤᠯᠪᠠᠰᠣᠷᠠᠭᠤᠯᠬᠤ ᠡᠪᠣᠯ ᠤᠨ ᠲᠦᠯ ᠬᠠᠪᠤᠷ ᠤᠨ ᠡᠷᠳᠡᠨ ᠤ ᠲᠦᠯ ᠳᠤ ᠪᠡᠯᠡ ᠮᠦᠩᠬᠦ ᠶᠢᠨ ᠨᠦᠬᠦᠪᠦᠷᠢ ᠦᠭᠬᠦᠨ᠎ᠡ᠃           2017 ᠣᠨ ᠳᠤ᠂ ᠬᠤᠳᠠ ᠶᠢᠨ ᠵᠠᠰᠠᠭ ᠤᠨ ᠤᠷᠳᠤᠨ ᠨᠢ ᠡᠪᠣᠯ ᠤᠨ ᠲᠦᠯ ᠬᠠᠪᠤᠷ ᠤᠨ ᠡᠷᠳᠡᠨ ᠎ ᠤ ᠲᠦᠯ ᠢ ᠤᠷᠢᠳᠴᠢᠯᠡᠨ ᠪᠤᠷᠤᠯᠠᠭᠤᠯᠬᠤ ᠨᠦᠬᠦᠪᠦᠷᠢ ᠳᠤ 300 ᠲᠦᠮᠡᠨ ᠲᠦᠭᠦᠷᠢᠭ ᠪᠡᠯᠡ ᠤᠷᠤᠭᠤᠯᠬᠤ ᠪᠠᠷ ᠲᠦᠯᠦᠪᠯᠡᠭᠰᠡᠨ ᠪᠠᠶᠢᠨ᠎ᠠ᠃ ᠨᠦᠬᠦᠪᠦᠷᠢ ᠦᠭᠬᠦ ᠴᠠᠭ ᠬᠤᠭᠤᠴᠠᠭ᠎ᠠ ᠪᠤᠯ 2017 ᠣᠨ ᠤ 6 ᠰᠠᠷ᠎ᠠ ᠶᠢᠨ 20 ᠎ ᠠᠴᠠ 7 ᠰᠠᠷ᠎ᠠ ᠶᠢᠨ 31 ᠬᠦᠷᠳᠡᠯ᠎ᠡ᠂ ᠨᠠᠶᠢᠳᠠ 40 ᠡᠳᠦᠷ ᠪᠠᠶᠢᠵᠦ᠂ ᠲᠦᠷᠪᠡᠨ ᠬᠤᠭᠤᠴᠠᠭ᠎ᠠ ᠬᠤᠪᠢᠶᠠᠵᠤ ᠨᠦᠬᠦᠪᠦᠷᠢ ᠦᠭᠬᠦᠨ᠎ᠠ᠃ ᠲᠤᠭᠳᠠᠭᠰᠠᠨ ᠬᠤᠭᠤᠴᠠᠭ᠎ᠠ ᠬᠤᠪᠢᠶᠠᠨ ᠨᠦᠬᠦᠪᠦᠷᠢ ᠦᠭᠬᠦ ᠪᠠᠷᠢᠮᠵᠢᠶ᠎ᠠ ᠪᠤᠯ 6 ᠰᠠᠷ᠎ᠠ ᠶᠢᠨ 20 —6 ᠰᠠᠷ᠎ᠠ ᠶᠢᠨ 30᠎ ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 60 ᠲᠦᠬᠦᠷᠢᠭ ᠤᠨ ᠨᠦᠬᠦᠪᠦᠷᠢ ᠦᠭᠬᠦᠨ᠎ᠡ︔ 7 ᠰᠠᠷ᠎ᠠ ᠶᠢᠨ 1 —7 ᠰᠠᠷ᠎ᠠ ᠶᠢᠨ 10᠎ ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 50 ᠲᠦᠬᠦᠷᠢᠭ ᠤᠨ ᠨᠦᠬᠦᠪᠦᠷᠢ ᠦᠭᠬᠦᠨ᠎ᠡ︔ 7 ᠰᠠᠷ᠎ᠠ ᠶᠢᠨ 11 —7 ᠰᠠᠷ᠎ᠠ ᠶᠢᠨ 20᠎ ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 40 ᠲᠦᠬᠦᠷᠢᠭ ᠤᠨ ᠨᠦᠬᠦᠪᠦᠷᠢ ᠦᠭᠬᠦᠨ᠎ᠡ︔ 7 ᠰᠠᠷ᠎ᠠ ᠶᠢᠨ 21 —7 ᠰᠠᠷ᠎ᠠ ᠶᠢᠨ 31 ᠎ ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ 30 ᠲᠦᠬᠦᠷᠢᠭ ᠤᠨ ᠨᠦᠬᠦᠪᠦᠷ ᠦᠭᠬᠦᠨ᠎ᠡ  ︔ 7 ᠰᠠᠷ᠎ᠠ ᠶᠢᠨ 31 ᠎ ᠠᠴᠠ ᠰᠡᠬᠦᠯᠡᠷ ᠪᠤᠷᠤᠯᠠᠭᠤᠯᠪᠠᠯ ᠨᠦᠬᠦᠪᠦᠷᠢ ᠬᠦᠷᠳᠡᠬᠦ ᠦᠬᠡᠢ᠃           ᠪᠤᠯᠪᠠᠰᠣᠷᠠᠭᠤᠯᠬᠤ ᠠᠵᠦ ᠠᠬᠤᠶᠢᠯᠠᠯ ᠨᠢ ᠲᠤᠬᠠᠢ ᠶᠢᠨ ᠦᠶ᠎ᠡ ᠶᠢᠨ ᠵᠠᠬ᠎ᠠ ᠲᠡᠯᠬᠡᠭᠦᠷ ᠤᠨ ᠦᠨ᠎ᠡ ᠬᠠᠩᠰᠢ ᠪᠠᠷ ᠮᠠᠯᠴᠢᠳ ᠤᠨ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠢ ᠬᠤᠳᠠᠯᠳᠤᠨ ᠠᠪᠬᠤ ᠮᠦᠷᠳᠡᠭᠡᠨ ᠬᠤᠳᠠᠯᠳᠤᠨ ᠠᠪᠬᠤ ᠪᠡᠯᠡ ᠮᠥᠩᠬᠦ ᠶᠢ ᠬᠦᠢᠴᠡᠳ ᠦᠭᠬᠦ ᠬᠡᠷᠡᠭᠳᠡᠢ᠃ ᠡᠪᠤᠯ ᠤᠨ ᠲᠦᠯ ᠪᠤᠯᠤᠨ ᠬᠠᠪᠤᠷ ᠎ ᠤᠨ ᠡᠷᠳᠡᠨ ᠤ ᠲᠦᠯ ᠢ ᠤᠷᠢᠳᠴᠢᠯᠡᠨ ᠪᠤᠷᠤᠯᠠᠭᠤᠯᠬᠤ ᠠᠵᠢᠯ ᠲᠠᠭᠤᠰᠤᠭᠰᠠᠨ ᠤ ᠲᠠᠷᠠᠭ᠎ᠠ ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ ᠠᠴᠠ ᠬᠢᠵᠢᠭ ᠪᠠᠶᠢᠴᠠᠭᠠᠬᠤ ᠶᠢ ᠲᠠᠩᠰᠠᠯᠠᠬᠤ ᠬᠦᠰᠦᠨᠦᠭᠳᠦ᠂ ᠬᠤᠳᠠᠯᠳᠤᠨ ᠠᠪᠬᠤ ᠫᠢᠶᠥᠦ ᠪᠠᠷᠢᠮᠳᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠲᠠᠷᠠᠭ᠎ᠠ᠂ ᠬᠤᠳᠠ ᠶᠢᠨ ᠡᠳ᠋ ᠤᠨ ᠵᠠᠰᠠᠭ ᠤᠨ ᠲᠤᠪᠴᠢᠶᠠᠨ ᠳᠤ ᠮᠡᠳᠡᠬᠦᠯᠵᠦ ᠬᠢᠨᠡᠨ ᠬᠠᠷᠭᠤᠭᠤᠯᠤᠨ᠎ᠠ᠃ ᠰᠠᠨᠠᠯ ᠤᠨ ᠪᠡᠯᠡ ᠮᠦᠩᠬᠦ ᠶᠢ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠨᠢ ᠠᠵᠦ ᠠᠬᠤᠶᠢᠯᠠᠯ ᠤᠨ ᠲᠠᠩᠰᠠᠨ ᠡᠷᠦᠭᠡ ᠳᠤ ᠰᠢᠭᠤᠳ ᠰᠢᠯᠵᠢᠬᠦᠯᠦᠨ ᠦᠭᠬᠦᠨ᠎ᠡ᠃ ᠡᠯ᠎ᠡ ᠪᠤᠯᠪᠠᠰᠣᠷᠠᠭᠤᠯᠬᠤ ᠠᠵᠦ ᠠᠬᠤᠶᠢᠯᠠᠯ ᠨᠢ ᠮᠠᠯᠴᠢᠨ ᠡᠷᠦᠬᠡ ᠲᠠᠢ ᠠᠰᠢᠭ ᠲᠤᠰᠠ ᠶᠢᠨ ᠬᠤᠯᠪᠤᠭᠠᠨ ᠤ ᠵᠤᠬᠢᠴᠠᠮᠵᠢ ᠶᠢᠨ ᠲᠦᠰᠦᠯ ᠲᠤᠭᠳᠠᠭᠠᠵᠤ᠂ ᠵᠠᠰᠠᠭ ᠤᠨ ᠤᠷᠳᠤᠨ ᠤ ᠨᠦᠬᠦᠪᠦᠷᠢ ᠶᠢᠨ ᠪᠡᠯᠡ ᠮᠦᠩᠭᠦ ᠎ ᠶᠢ ᠵᠠᠰᠠᠭ ᠤᠨ ᠣᠷᠳᠣᠨ ᠤ ᠨᠦᠬᠦᠪᠦᠷᠢ ᠤᠨ ᠪᠠᠷᠢᠮᠵᠢᠶ᠎ᠠ ᠪᠠᠷ ᠮᠠᠯᠴᠢᠨ ᠡᠷᠦᠭᠡ ᠳᠤ ᠲᠠᠷᠬᠠᠭᠠᠨ ᠦᠭᠴᠦ᠂ ᠠᠰᠢᠭ ᠲᠤᠰᠠ ᠶᠢ ᠬᠠᠮᠳᠦ ᠪᠠᠷ ᠡᠳ᠋ᠯᠡᠬᠦ᠂ ᠠᠶᠤᠯ ᠲᠦᠭᠰᠢᠬᠦᠷᠢ ᠶᠢ ᠬᠠᠮᠳᠦ ᠪᠠᠷ ᠡᠬᠦᠷᠭᠡᠯᠡᠬᠦ ᠶᠢ ᠪᠡᠶᠡᠯᠡᠬᠦᠯᠦᠨ᠎ᠡ᠃           ᠭᠤᠷᠪᠡ᠂ ᠪᠤᠯᠪᠠᠰᠣᠷᠠᠭᠤᠯᠬᠤ ᠠᠵᠢ ᠠᠬᠤᠶᠢᠯᠠᠯ ᠳᠠᠬᠢ ᠱᠠᠭᠠᠷᠳᠠᠯᠭ᠎ᠠ           ︵ᠨᠢᠭᠡ︶ ᠪᠤᠯᠪᠠᠰᠣᠷᠠᠭᠤᠯᠬᠤ ᠠᠵᠦ ᠠᠬᠤᠶᠢᠯᠠᠯ ᠨᠢ ᠵᠠᠪᠠᠯ ᠬᠢᠷᠢ ᠬᠡᠮ ᠨᠢ ᠬᠠᠤᠯᠢ ᠳᠤ ᠨᠠᠶᠢᠴᠡᠭᠰᠡᠨ ᠪᠠᠶᠢᠵᠤ᠂ ᠭᠠᠷ ᠬᠦᠢᠴᠡᠳᠭᠡᠯ ᠨᠢ ᠪᠦᠷᠢᠨ ᠬᠦᠢᠴᠡᠳ᠂ ᠬᠤᠳᠠᠯᠳᠤᠨ ᠠᠪᠬᠤ ᠪᠡᠯᠡ ᠮᠥᠩᠬᠦ ᠪᠠᠳᠤᠯᠠᠭ᠎ᠠ ᠲᠠᠢ᠂  ᠣᠶᠢᠯᠡᠳᠪᠦᠷᠢᠯᠡᠵᠦ ᠬᠤᠳᠠᠯᠳᠤᠨ ᠠᠪᠬᠤ ᠨᠦᠬᠦᠴᠡᠯ ᠪᠦᠷᠢᠳᠦᠭᠰᠡᠨ ᠪᠡᠶᠢᠬᠤ ᠬᠡᠷᠡᠭᠳᠡᠢ ᠮᠦᠷᠳᠡᠭᠡᠨ ᠠᠶᠢᠮᠠᠭ᠂ ᠬᠤᠳᠠ ᠎ ᠶᠢᠨ ᠲᠤᠭᠳᠠᠭᠰᠠᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶᠠᠨ ᠳᠤ ᠬᠦᠷᠬᠦ ᠬᠡᠷᠡᠭᠳᠡᠢ᠃ ᠪᠦᠬᠦ ᠬᠤᠳᠠ ᠎ ᠶᠢᠨ ᠡᠪᠦᠯ ᠤᠨ ᠲᠦᠯ᠂ ᠬᠠᠪᠤᠷ ᠤᠨ ᠡᠷᠳᠡᠨ ᠤ ᠲᠦᠯ ᠢ ᠣᠷᠢᠳᠴᠢᠯᠡᠨ ᠪᠤᠯᠪᠠᠰᠣᠷᠠᠭᠤᠯᠬᠤ ᠠᠵᠦ ᠠᠬᠤᠶᠢᠯᠠᠯ  ᠎ ᠢ ᠠᠩᠬ᠎ᠠ ᠠᠯᠬᠤᠮ ᠲᠦᠷᠪᠡᠨ ᠡᠷᠦᠭᠡ ᠪᠠᠷ ᠲᠤᠭᠳᠠᠵᠤ᠂ ᠵᠠᠬ᠎ᠠ ᠲᠡᠯᠭᠡᠬᠦᠷ ᠲᠤ ᠤᠷᠤᠬᠤ ᠶᠢ ᠵᠦᠪᠰᠶᠡᠷᠡᠬᠦ ᠪᠠᠷᠢᠮᠵᠢᠶᠠᠨ ᠎ ᠳᠤ ᠲᠤᠬᠢᠷᠠᠭᠰᠠᠨ ᠠᠵᠦ ᠠᠬᠤᠶᠢᠯᠠᠯ ᠰᠠᠶᠢᠨ ᠲᠤᠷ᠎ᠠ ᠠᠴᠠ ᠪᠠᠨ ᠨᠡᠷ᠎ᠡ ᠮᠡᠳᠡᠬᠦᠯᠵᠦ᠂ ᠢᠯᠡ ᠪᠠᠷ ᠦᠨ᠎ᠡ ᠦᠷᠢᠰᠦᠯᠳᠦᠬᠦ᠂ ᠬᠠᠷᠠᠭᠠᠯᠵᠠᠯ ᠤᠨ ᠨᠦᠬᠦᠴᠡᠯ ᠢ ᠦᠷᠢᠰᠦᠯᠳᠦᠬᠦ ᠬᠡᠯᠪᠠᠷᠢ ᠪᠠᠷ ᠪᠤᠯᠪᠠᠰᠣᠷᠠᠭᠤᠯᠬᠤ ᠠᠵᠦ ᠠᠬᠤᠶᠢᠯᠠᠯ ᠎ ᠢ ᠲᠤᠭᠳᠠᠭᠠᠨ᠎ᠠ᠃            ︵ᠬᠤᠶᠡᠷ︶ ᠪᠤᠯᠪᠠᠰᠣᠷᠠᠭᠤᠯᠬᠤ ᠠᠵᠦ ᠠᠬᠤᠶᠢᠯᠠᠯ ᠨᠢ ᠵᠦᠪᠬᠡᠨ ᠰᠢᠯᠢ ᠶᠢᠨ ᠬᠤᠳᠠ ᠶᠢᠨ ᠡᠷᠦᠬᠡ ᠠᠮᠨ ᠲᠠᠢ᠂ ᠰᠢᠯᠢ ᠶᠢᠨ ᠬᠤᠳᠠ ᠳᠤ ᠮᠠᠯ ᠠᠵᠦ ᠠᠬᠤᠢ ᠤᠶᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ ᠲᠠᠷᠢᠶᠠᠴᠢᠨ ᠮᠠᠯᠴᠢᠨ ᠡᠷᠦᠬᠡ ᠶᠢᠨ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠢ ᠬᠤᠳᠠᠯᠳᠤᠨ ᠠᠪᠴᠤ ᠪᠤᠯᠪᠠᠰᠤᠷᠠᠭᠤᠯᠪᠠᠯ ᠰᠠᠶ᠋ᠢ ᠨᠦᠬᠦᠪᠦᠷᠢ ᠶᠢᠨ ᠬᠠᠷᠠᠭᠠᠯᠵᠠᠯ ᠢ ᠬᠦᠷᠳᠡᠵᠦ ᠲᠠᠶᠢᠯᠦᠨ᠎ᠠ᠃ ᠰᠢᠯᠢ ᠶᠢᠨ ᠬᠤᠳᠠ ᠶᠢᠨ ᠮᠠᠯᠴᠢᠨ ᠡᠷᠦᠬᠡ ᠶᠢᠨ ᠨᠡᠷ᠎ᠡ ᠪᠠᠷ ᠠᠶᠢᠮᠠᠭ ᠤᠨ ᠲᠤᠳᠤᠨ᠎ᠠ ᠭᠠᠳᠠᠨᠠᠬᠢ ᠪᠤᠷᠳᠤᠭᠰᠠᠨ ᠬᠤᠷᠠᠭ᠎ᠠ ᠪᠤᠯᠪᠠᠰᠤᠷᠠᠭᠤᠯᠬᠤ ᠶᠢ ᠴᠠᠭᠠᠵᠠᠯᠵᠤ᠂ ᠲᠡᠭᠡᠷᠡᠬᠢ ᠠᠵᠢᠯᠯᠠᠭ᠎ᠠ ᠶᠢ ᠮᠡᠳᠡᠮᠡᠭᠴᠡ᠂ ᠬᠠᠷᠠᠭᠠᠯᠵᠠᠯ ᠤᠨ ᠨᠦᠬᠦᠪᠦᠷᠢ ᠬᠦᠷᠳᠡᠬᠦ ᠬᠢᠷᠢ ᠬᠡᠮ ᠢ ᠬᠦᠴᠦᠨ ᠦᠬᠡᠢ ᠪᠤᠯᠭᠠᠬᠤ ᠮᠦᠷᠳᠡᠭᠡᠨ ᠴᠢᠩᠭ᠎ᠠ ᠪᠠᠷ ᠰᠢᠢᠳᠪᠦᠷᠢᠯᠡᠨ᠎ᠡ᠃             ᠲᠦᠷᠪᠡ᠂ ᠠᠵᠢᠯ ᠤᠨ ᠠᠯᠬᠤᠮ ᠲᠠᠷᠠᠭ᠎ᠠ            ᠨᠢᠭᠡ ᠳᠤ᠂ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠨᠢ ᠤᠷᠢᠳᠴᠢᠯᠡᠨ ᠵᠠᠷᠤᠴᠠᠭᠤᠯᠵᠤ ᠲᠡᠶᠢᠯᠬᠦ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠤᠨ ᠲᠤᠭ᠎ᠠ ᠶᠢ ᠡᠷᠦᠬᠡ ᠲᠠᠷᠠᠭᠠᠯᠠᠨ‌ᠨᠠᠷᠢᠨ ᠬᠢᠨᠠᠮᠠᠭᠠᠢ ᠪᠦᠷᠢᠳᠬᠡᠵᠦ᠂ 5 ᠰᠠᠷ᠎ᠠ ᠶᠢᠨ 20᠎ ᠠᠴᠠ ᠡᠮᠦᠨ᠎ᠡ ᠲᠠᠩᠰᠠᠯᠡᠨ ᠲᠡᠪᠳᠠᠷᠯᠠᠵᠤ᠂ ᠭᠠᠷ ᠎ ᠤᠨ ᠦᠰᠦᠭ ᠵᠢᠷᠦᠨ ᠲᠠᠮᠠᠭ᠎ᠠ ᠲᠠᠷᠤᠵᠤ᠂ ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶᠠᠨ ᠳᠤ ᠮᠡᠳᠡᠬᠦᠯᠬᠦ ᠬᠡᠷᠡᠭᠳᠡᠢ᠃ ᠬᠤᠶᠠᠷ ᠲᠤ᠂ ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠨᠢ ᠰᠤᠮᠤ ᠪᠠᠯᠭᠠᠰᠤ ᠲᠠᠯᠠᠪᠠᠢ ᠳᠠᠬᠢ ᠡᠪᠤᠯ ᠤᠨ ᠲᠦᠯ ᠤᠨ ᠲᠤᠭ᠎ᠠ ᠬᠡᠮᠵᠢᠶ᠎ᠠ ᠶᠢ ᠦᠨᠳᠦᠰᠦᠯᠡᠨ᠂ ᠡᠬᠦᠷᠭᠡ ᠶᠢ ᠡᠯ᠎ᠡ ᠪᠤᠯᠪᠠᠰᠣᠷᠠᠭᠤᠯᠬᠤ ᠠᠵᠦ ᠠᠬᠤᠶᠢᠯᠠᠯ ᠳᠤ ᠬᠤᠪᠢᠶᠠᠷᠢᠯᠠᠵᠤ᠂ ᠡᠯ᠎ᠡ ᠰᠤᠮᠤ ᠪᠠᠯᠭᠠᠰᠤ ᠲᠠᠯᠠᠪᠠᠢ ᠨᠢ ᠮᠠᠯᠴᠢᠨ ᠡᠷᠦᠬᠡ ᠪᠤᠯᠤᠨ ᠪᠤᠯᠪᠠᠰᠣᠷᠠᠭᠤᠯᠬᠤ ᠠᠵᠦ ᠠᠬᠤᠶᠢᠯᠠᠯ ᠢ ᠵᠤᠬᠢᠶᠠᠨ ᠪᠠᠶᠢᠭᠤᠯᠤᠨ ᠬᠤᠳᠠᠯᠳᠤᠨ ᠠᠪᠬᠤ ᠪᠠ ᠵᠠᠷᠤᠴᠠᠭᠤᠯᠬᠤ ᠭᠡᠷ᠎ᠡ ᠶᠢ ᠲᠤᠭᠳᠠᠬᠤ ᠬᠡᠷᠡᠭᠳᠡᠢ᠃ ᠬᠤᠶᠠᠷ ᠲᠠᠯ᠎ᠠ ᠪᠠᠨ ᠢᠶᠠᠷ ᠡᠷᠬᠡ ᠲᠡᠭᠰᠢ᠂ ᠰᠠᠶᠢᠨ ᠲᠤᠷ᠎ᠠ ᠶᠢᠨ᠂ ᠭᠤᠤᠯᠴᠢ᠂ ᠦᠨᠡᠨᠴᠢ ᠢᠳᠡᠬᠡᠮᠵᠢᠳᠡᠢ ᠵᠠᠷᠴᠢᠮ ᠢ ᠪᠠᠷᠢᠮᠳᠠᠯᠠᠨ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠢᠶᠠᠷ ᠦᠨᠳᠤᠰᠯᠡᠯ ᠪᠤᠯᠭᠠᠵᠤ ᠭᠡᠷ᠎ᠡ ᠶᠢᠨ ᠠᠭᠤᠯᠭ᠎ᠠ ᠶᠢ ᠲᠤᠭᠳᠠᠵᠤ᠂ ᠭᠡᠷ᠎ᠡ ᠶᠢᠨ ᠠᠭᠤᠯᠭ᠎ᠠ ᠨᠢ ᠪᠦᠷᠢᠨ ᠬᠦᠢᠴᠡᠳ᠂ ᠨᠠᠷᠢᠯᠢᠭ ᠪᠠᠶᠢᠵᠤ᠂ ᠰᠡᠬᠦᠯᠴᠢ ᠶᠢᠨ ᠬᠤᠭᠤᠴᠠᠭ᠎ᠠ ᠳᠤ ᠤᠯᠡᠨ ᠲᠦᠮᠡᠨ ᠲᠠᠭᠡᠭᠰᠢ ᠰᠣᠷᠪᠤᠯᠵᠢᠯᠠᠭ᠎ᠠ ᠬᠢᠬᠦ ᠭᠡᠷᠡᠭ ᠡᠬᠦᠰᠬᠦ ᠠᠴᠠ ᠰᠡᠷᠬᠡᠶᠢᠯᠡᠨ᠎ᠡ᠃ ᠭᠡᠷᠪᠡ ᠪᠤᠯᠪᠠᠰᠣᠷᠠᠭᠤᠯᠬᠤ ᠦᠶᠡᠰ ᠵᠠᠬ᠎ᠠ ᠲᠡᠯᠭᠡᠬᠦᠷ ᠎ ᠤᠨ ᠦᠨ᠎ᠡ ᠬᠠᠩᠰᠢ ᠨᠢ ᠦᠰᠦᠭᠰᠡᠨ ᠪᠠᠶᠢᠪᠠᠯ᠂ ᠵᠠᠬ᠎ᠠ ᠲᠡᠯᠭᠡᠬᠦᠷ ᠤᠨ ᠦᠨ᠎ᠡ ᠬᠠᠩᠰᠢ ᠪᠠᠷ ᠬᠤᠳᠠᠯᠳᠤᠨ ᠠᠪᠴᠦ᠂ ᠵᠠᠬ᠎ᠠ ᠲᠡᠯᠭᠡᠬᠦᠷ ᠤᠨ ᠠᠵᠢᠯᠯᠠᠭ᠎ᠠ ᠶᠢ ᠪᠠᠳᠤᠯᠠᠬᠤ ᠬᠡᠷᠡᠭᠳᠡᠢ᠃ ᠭᠤᠷᠪᠠ ᠳᠤ᠂ ᠪᠤᠯᠪᠠᠰᠤᠷᠠᠭᠤᠯᠬᠤ ᠠᠵᠦ ᠠᠬᠤᠶᠢᠯᠠᠯ ᠎ ᠨᠢ ᠬᠤᠳᠠᠯᠳᠤᠨ ᠠᠪᠴᠦ ᠪᠤᠯᠪᠠᠰᠤᠷᠠᠭᠤᠯᠬᠤ ᠠᠵᠢᠯ ᠢ ᠴᠠᠭ ᠲᠠᠭᠠᠨ ᠡᠬᠢᠯᠡᠬᠦᠯᠬᠦ ᠮᠦᠷᠳᠡᠭᠡᠨ ᠪᠤᠯᠪᠠᠰᠣᠷᠠᠭᠤᠯᠬᠤ ᠠᠬᠢᠴᠠ ᠶᠢ ᠲᠤᠬᠢᠷᠠᠭᠤᠯᠤᠨ᠂ ᠮᠠᠯᠴᠢᠨ ᠡᠷᠦᠬᠡ ᠶᠢ ᠵᠢᠬᠰᠠᠭᠠᠵᠤ᠂ ᠲᠡᠰ ᠲᠠᠷᠠᠭᠠᠯᠠᠯ ᠲᠠᠢ ᠪᠠᠷ ᠪᠤᠯᠪᠠᠰᠣᠷᠠᠭᠤᠯᠵᠤ᠂ ᠤᠷᠳᠤ ᠬᠤᠭᠤᠴᠠᠭ᠎ᠠ ᠪᠠᠷ ᠬᠦᠯᠢᠶᠡᠵᠦ ᠲᠠᠷᠭᠤ ᠠᠯᠳᠠᠬᠤ ᠦᠵᠡᠭᠳᠡᠯ ᠭᠠᠷᠴᠤ ᠪᠤᠯᠬᠤ ᠦᠬᠡᠢ᠃ ᠬᠤᠷᠰᠢᠶᠠᠵᠢᠯ᠂ ᠮᠠᠯᠴᠢᠨ ᠡᠷᠦᠬᠡ ᠨᠢ ᠭᠡᠷ᠎ᠡ ᠶᠢᠨ ᠲᠤᠭᠳᠠᠭᠰᠠᠨ ᠴᠠᠭ ᠢᠶᠠᠷ ᠤᠷᠢᠳᠴᠢᠯᠡᠨ ᠵᠠᠷᠤᠴᠠᠭᠤᠯᠬᠤ ᠭᠡᠵᠦ ᠪᠠᠶᠢᠭ᠎ᠠ ᠬᠤᠷᠠᠭ᠎ᠠ ᠎ ᠪᠠᠨ ᠪᠤᠯᠪᠠᠰᠣᠷᠠᠭᠤᠯᠬᠤ ᠠᠵᠦ ᠠᠬᠤᠶᠢᠯᠠᠯ ᠳᠤ ᠬᠦᠷᠭᠡᠵᠦ᠂ ᠪᠤᠯᠪᠠᠰᠣᠷᠠᠭᠤᠯᠬᠤ ᠠᠵᠦ ᠠᠬᠤᠶᠢᠯᠠᠯ ᠨᠢ ᠡᠳ᠋ᠰᠢᠬᠦᠯᠵᠦ ᠪᠤᠯᠪᠠᠰᠣᠷᠠᠭᠤᠯᠬᠤ ᠠᠬᠢᠴᠠ ᠶᠢ ᠲᠤᠬᠢᠷᠠᠭᠤᠯᠤᠭᠰᠠᠨ ᠪᠤᠯᠪᠠᠴᠦ ᠪᠤᠯᠪᠠᠰᠤᠷᠠᠭᠤᠯᠬᠤ ᠬᠤᠷᠠᠭ᠎ᠠ ᠪᠡᠶᠢᠬᠤ ᠦᠬᠡᠢ ᠦᠵᠡᠭᠳᠡᠯ ᠡᠬᠦᠰᠬᠦ ᠶᠢ ᠰᠡᠷᠬᠡᠶᠢᠯᠡᠬᠦ ᠬᠡᠷᠡᠭᠳᠡᠢ᠃         ᠲᠠᠪᠤ᠂  ᠬᠢᠨᠠᠯᠳᠠ ᠲᠠᠯᠪᠢᠬᠤ ᠲᠤᠭᠳᠠᠴᠠᠯᠭ᠎ᠠ          ᠬᠤᠳᠠ ᠶᠢᠨ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ ᠪᠤᠯᠤᠨ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠬᠠᠮᠳᠦ ᠪᠠᠷ ᠡᠪᠤᠯ ᠤᠨ ᠲᠦᠯ ᠪᠤᠯᠤᠨ ᠬᠠᠪᠤᠷ ᠤᠨ ᠡᠷᠳᠡᠨ ᠤ ᠲᠦᠯ ᠤᠨ ᠦᠷᠢᠳᠴᠢᠯᠡᠨ ᠵᠠᠷᠤᠴᠠᠭᠤᠯᠬᠤ ᠠᠵᠢᠯ ᠤᠨ ᠪᠦᠬᠦ ᠶᠠᠪᠤᠴᠠ ᠳᠤ ᠬᠢᠨᠠᠯᠳᠠ ᠲᠠᠯᠪᠢᠬᠤ ᠶᠢ ᠬᠠᠷᠢᠭᠤᠴᠠᠬᠤ ᠬᠡᠷᠡᠭᠳᠡᠢ᠃ ᠲᠠᠷᠢᠶᠠᠯᠡᠩ ᠮᠠᠯ ᠠᠵᠦ ᠠᠬᠤᠢ ᠶᠢᠨ ᠲᠤᠪᠴᠢᠶ᠎ᠠ ᠨᠢ ᠪᠤᠯᠪᠠᠰᠣᠷᠠᠭᠤᠯᠬᠤ ᠠᠵᠦ ᠠᠬᠤᠶᠢᠯᠠᠯ ᠨᠢᠭᠡᠪᠦᠷᠢ ᠳᠤ ᠬᠢᠵᠢᠭ ᠰᠡᠷᠭᠡᠶᠢᠯᠡᠬᠦ ᠠᠵᠢᠯᠳᠡᠨ ᠲᠤᠮᠢᠯᠡᠨ ᠰᠠᠭᠤᠯᠭᠠᠵᠤ᠂ ᠠᠵᠦ ᠠᠬᠤᠶᠢᠯᠠᠯ ᠤᠨ ᠬᠤᠳᠠᠯᠳᠤᠨ ᠠᠪᠴᠤ ᠪᠠᠶᠢᠭ᠎ᠠ ᠪᠠᠶᠢᠳᠠᠯ ᠎ ᠤᠨ ᠪᠦᠬᠦ ᠶᠠᠪᠤᠴᠠ ᠳᠤ ᠬᠢᠨᠠᠯᠳᠠ ᠲᠠᠯᠪᠢᠵᠤ᠂ ᠠᠵᠦ ᠠᠬᠤᠶᠢᠯᠠᠯ ᠤᠨ ᠲᠤᠭᠳᠠᠭᠠᠯ ᠠᠴᠠ ᠵᠦᠷᠢᠴᠡᠨ ᠦᠨ᠎ᠡ ᠲᠠᠷᠤᠵᠤ ᠬᠤᠳᠠᠯᠳᠣᠨ ᠠᠪᠬᠤ ᠪᠤᠯᠤᠨ ᠦᠯᠦ ᠬᠤᠳᠠᠯᠳᠤᠨ ᠠᠪᠬᠤ ᠠᠵᠢᠯᠯᠠᠭ᠎ᠠ ᠭᠠᠷᠬᠤ ᠶᠢ ᠰᠡᠷᠬᠡᠶᠢᠯᠡᠬᠦ ᠬᠡᠷᠡᠭᠳᠡᠢ᠃ ᠰᠤᠮᠤ ᠪᠠᠯᠭᠠᠰᠣ ᠲᠠᠯᠠᠪᠠᠢ  ᠎ ᠨᠢ ᠪᠤᠯᠪᠠᠰᠣᠷᠠᠭᠤᠯᠬᠤ ᠠᠵᠦ ᠠᠬᠤᠶᠢᠯᠠᠯ ᠨᠢᠭᠡᠪᠦᠷᠢ ᠳᠤ 1 — 2 ᠨᠡᠷ᠎ᠡ ᠺᠠᠳ᠋ᠷ ᠲᠤᠮᠢᠯᠡᠨ ᠰᠠᠭᠤᠯᠭᠠᠵᠤ᠂ ᠮᠠᠯᠴᠢᠨ ᠡᠷᠦᠭᠡ ᠶᠢ ᠲᠠᠷᠠᠭᠠᠯᠠᠨ ᠵᠢᠬᠰᠠᠭᠠᠬᠤ᠂ ᠪᠤᠯᠪᠠᠰᠣᠷᠠᠭᠤᠯᠬᠤ ᠵᠡᠷᠭᠡ ᠠᠵᠢᠯ ᠢ ᠵᠤᠬᠢᠶᠠᠨ ᠪᠠᠶᠢᠭᠤᠯᠵᠤ ᠵᠤᠬᠢᠴᠠᠯᠳᠤᠭᠤᠯᠬᠤ ᠮᠦᠷᠳᠡᠭᠡᠨ ᠠᠵᠦ ᠠᠬᠤᠶᠢᠯᠠᠯ ᠤᠨ ᠪᠤᠯᠪᠠᠰᠣᠷᠠᠭᠤᠯᠵᠤ ᠪᠠᠶᠢᠭ᠎ᠠ ᠪᠠᠶᠢᠳᠠᠯ ᠎ ᠳᠤ ᠬᠢᠨᠠᠯᠳᠠ ᠲᠠᠯᠪᠢᠬᠤ ᠬᠡᠷᠡᠭᠳᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号