ᠡᠷᠬᠢᠯᠡᠭᠴᠢ᠂ ᠡᠯ᠎ᠡ ᠲᠡᠳ᠋ ᠡᠷᠬᠢᠯᠡᠭᠴᠢ᠂ ᠭᠡᠰᠢᠭᠦᠳ ᠡ᠄ | ᠪᠢ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠪᠦᠬᠦ ᠬᠤᠲᠠ ᠶᠢᠨ ᠡᠶ᠎ᠡ | ᠵᠤᠬᠢᠴᠠᠯᠲᠠᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠠᠵᠢᠯ ᠢ ᠦᠷᠨᠢᠭᠦᠯᠦᠭᠰᠡᠨ ᠪᠠᠶᠢᠳᠠᠯ ᠢ | ᠬᠠᠷᠢᠭᠤ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠣ᠃ | ᠨᠢᠭᠡ ᠂ ᠠᠵᠢᠯ ᠢ ᠦᠷᠨᠢᠭᠦᠯᠦᠭᠰᠡᠨ ᠪᠠᠶᠢᠳᠠᠯ | ︵ᠨᠢᠭᠡ︶ ᠵᠤᠬᠢᠶᠠᠨ ᠪᠠᠶᠢᠭᠤᠯᠤᠯᠲᠠ ᠪᠠ ᠣᠳᠣᠷᠢᠳᠣᠯᠭ᠎ᠠ ᠶᠢ ᠴᠢᠩᠭᠠᠳᠬᠠᠪᠠ᠃ ᠮᠠᠨ ᠤ ᠬᠤᠲᠠ | ᠨᠢ ᠪᠦᠬᠦ ᠠᠶᠢᠮᠠᠭ ᠤᠨ ᠡᠶ᠎ᠡ ᠵᠤᠬᠢᠴᠠᠯᠲᠠᠢ ᠠᠭᠤᠷᠬᠠᠢ ᠶᠢᠨ ᠣᠷᠣᠨ ᠤ ᠲᠤᠷᠰᠢᠯᠲᠠ ᠶᠢᠨ ᠴᠢᠭ ᠤᠨ ᠭᠠᠵᠠᠷ | ᠣᠷᠣᠨ ᠪᠤᠯᠬᠤᠷ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠯᠠᠨ ᠣᠳᠠᠭ᠎ᠠ ᠲᠤᠰᠬᠠᠢ ᠰᠡᠳᠦᠪᠳᠦ ᠬᠤᠷᠠᠯ ᠬᠤᠷᠠᠯᠳᠣᠭᠤᠯᠵᠤ᠂ ᠡᠶ᠎ᠡ ᠵᠤᠬᠢᠴᠠᠯᠲᠠᠢ ᠠᠭᠤᠷᠬᠠᠢ | ᠶᠢᠨ ᠣᠷᠣᠨ ᠢ ᠪᠦᠳᠦᠭᠡᠨ ᠪᠠᠶᠢᠭᠤᠯᠬᠤ ᠲᠤᠷᠰᠢᠯᠲᠠ ᠶᠢᠨ ᠴᠢᠭ ᠤᠨ ᠠᠵᠢᠯ ᠢ ᠰᠣᠳᠣᠯᠣᠨ ᠪᠠᠶᠢᠷᠢᠯᠠᠭᠤᠯᠪᠠ᠃ | ᠲᠤᠷᠰᠢᠯᠲᠠ ᠶᠢᠨ ᠴᠢᠭ ᠤᠨ ᠠᠵᠢᠯ ᠤᠨ ᠣᠳᠣᠷᠢᠳᠬᠤ ᠲᠤᠭᠤᠶᠢᠯᠠᠩ ᠪᠠᠶᠢᠭᠤᠯᠵᠤ ᠂ ᠣᠳᠣᠷᠢᠳᠬᠤ | ᠲᠤᠭᠤᠶᠢᠯᠠᠩ ᠤᠨ ᠠᠯᠪᠠᠨ ᠭᠡᠷ ᠢ ᠬᠤᠲᠠ ᠶᠢᠨ ᠭᠠᠵᠠᠷ ᠰᠢᠷᠣᠢ ᠶᠢᠨ ᠲᠤᠪᠴᠢᠶᠠᠨ ᠳᠤ ᠲᠤᠬᠢᠷᠠᠭᠤᠯᠵᠤ᠂ ᠡᠶ᠎ᠡ | ᠵᠤᠬᠢᠴᠠᠯᠲᠠᠢ ᠠᠭᠤᠷᠬᠠᠢ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢᠨ ᠡᠳᠦᠷ ᠲᠤᠳᠣᠮ ᠤᠨ ᠠᠵᠢᠯ ᠢ | ᠬᠠᠷᠢᠭᠤᠴᠠᠪᠠ᠃ ︽ᠰᠢᠯᠢ ᠶᠢᠨ ᠭᠤᠤᠯ ᠠᠶᠢᠮᠠᠭ ᠤᠨ ᠡᠶ᠎ᠡ ᠵᠤᠬᠢᠴᠠᠯᠲᠠᠢ ᠠᠭᠤᠷᠬᠠᠢ ᠶᠢᠨ ᠣᠷᠣᠨ ᠢ ᠪᠦᠳᠦᠭᠡᠨ | ᠪᠠᠶᠢᠭᠤᠯᠬᠤ ᠲᠤᠷᠰᠢᠯᠲᠠ ᠶᠢᠨ ᠴᠢᠭ ᠤᠨ ᠠᠵᠢᠯ ᠤᠨ ᠬᠡᠷᠡᠭᠵᠢᠭᠦᠯᠬᠦ ᠲᠥᠰᠦᠪ︾ ︵ᠰᠢᠯᠢ ᠵᠠᠬᠢᠷᠭ᠎ᠠ ᠠᠯᠪᠠᠨ | ᠲᠠᠷᠬᠠᠭᠠᠭᠰᠠᠨ ﹇2012﹈ 77 ᠲᠤᠭᠠᠳᠣ︶ ᠢ ᠦᠨᠳᠦᠰᠦᠯᠡᠨ᠂ ︽ᠠᠭᠤᠷᠬᠠᠢ ᠶᠢᠨ ᠦᠢᠯᠡᠰ ᠢ ᠨᠡᠭᠡᠭᠡᠨ | ᠬᠥᠭᠵᠢᠭᠦᠯᠬᠦ ᠡᠮᠬᠢ ᠲᠢᠭᠯᠢᠮ ᠢ ᠣᠯᠠᠮ ᠨᠢᠭᠡ ᠠᠯᠬᠤᠮ ᠲᠦᠷᠢᠮᠵᠢᠭᠦᠯᠦᠨ᠂ ᠬᠠᠤᠯᠢ ᠶᠤᠰᠣᠭᠠᠷ ᠣᠷᠴᠢᠨ ᠲᠤᠭᠤᠷᠢᠨ | ᠢ ᠬᠠᠮᠠᠭᠠᠯᠠᠵᠤ᠂ ᠠᠷᠠᠳ ᠤᠨ ᠠᠮᠢᠳᠣᠷᠠᠯ ᠢ ᠪᠠᠳᠣᠯᠠᠬᠤ ᠶᠢ ᠬᠡᠷᠡᠭᠵᠢᠭᠦᠯᠬᠦ ᠲᠤᠬᠠᠢ ᠰᠠᠨᠠᠯ︾ ︵ᠰᠢᠯᠢ ᠵᠠᠬᠢᠷᠭ᠎ᠠ | ᠲᠠᠷᠬᠠᠭᠠᠭᠰᠠᠨ ﹇2011﹈ 161 ᠲᠤᠭᠠᠳᠣ︶ ᠲᠠᠢ ᠣᠶᠠᠯᠳᠣᠭᠤᠯᠤᠨ᠂ ︽ᠰᠢᠯᠢ ᠶᠢᠨ ᠬᠤᠲᠠ ᠶᠢᠨ ᠡᠶ᠎ᠡ | ᠵᠤᠬᠢᠴᠠᠯᠲᠠᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠲᠤᠷᠰᠢᠯᠲᠠ ᠶᠢᠨ ᠴᠢᠭ ᠤᠨ ᠠᠵᠢᠯ ᠤᠨ | ᠬᠡᠷᠡᠭᠵᠢᠭᠦᠯᠬᠦ ᠲᠥᠰᠦᠪ︾ ᠢ ᠲᠤᠭᠲᠠᠭᠠᠵᠤ᠂ ᠠᠵᠢᠯ ᠤᠨ ᠬᠠᠷᠠᠯᠲᠠ᠂ ᠠᠵᠢᠯ ᠤᠨ ᠠᠯᠬᠤᠮ ᠲᠠᠷᠠᠭ᠎ᠠ᠂ ᠪᠤᠲᠠᠲᠠᠢ | ᠱᠠᠭᠠᠷᠳᠠᠯᠭ᠎ᠠ ᠪᠤᠯᠤᠨ ᠠᠵᠢᠯ ᠤᠨ ᠠᠷᠭ᠎ᠠ ᠬᠡᠮᠵᠢᠶ᠎ᠡ ᠶᠢ ᠲᠤᠳᠣᠷᠬᠠᠶᠢᠯᠠᠵᠤ᠂ ︽ᠬᠠᠮᠳᠣᠷᠠᠭᠰᠠᠨ ᠬᠤᠷᠠᠯ ᠤᠨ | ᠲᠦᠷᠢᠮ︾᠂ ︽ᠠᠵᠢᠯ ᠢ ᠪᠠᠶᠢᠴᠠᠭᠠᠨ ᠵᠢᠯᠤᠭᠤᠳᠬᠤ ᠲᠦᠷᠢᠮ︾᠂ ︽ᠰᠣᠷᠠᠭ ᠵᠠᠩᠭᠢ ᠶᠢ ᠬᠠᠷᠢᠭᠤ ᠲᠤᠰᠬᠠᠬᠤ | ᠲᠦᠷᠢᠮ︾ ᠵᠡᠷᠭᠡ ᠠᠵᠢᠯ ᠤᠨ ᠲᠦᠷᠢᠮ ᠢ ᠪᠠᠶᠢᠭᠤᠯᠵᠤ᠂ ᠡᠶ᠎ᠡ ᠵᠤᠬᠢᠴᠠᠯᠲᠠᠢ ᠠᠭᠤᠷᠬᠠᠢ ᠶᠢᠨ ᠣᠷᠣᠨ ᠢ | ᠪᠦᠳᠦᠭᠡᠨ ᠪᠠᠶᠢᠭᠤᠯᠬᠤ ᠲᠤᠷᠰᠢᠯᠲᠠ ᠶᠢᠨ ᠴᠢᠭ ᠤᠨ ᠠᠵᠢᠯ ᠢ ᠣᠷᠣᠭᠰᠢᠲᠠᠢ ᠦᠷᠨᠢᠭᠦᠯᠬᠦ ᠳᠤ ᠦᠷ᠎ᠡ | ᠪᠦᠳᠦᠮᠵᠢᠲᠠᠢ ᠪᠠᠶᠢᠭᠤᠯᠤᠮᠵᠢ ᠲᠤᠭᠲᠠᠴᠠ ᠪᠠ ᠲᠦᠷᠢᠮ ᠤᠨ ᠪᠠᠳᠣᠯᠠᠭ᠎ᠠ ᠶᠢ ᠬᠠᠩᠭᠠᠪᠠ᠃ | ︵ᠬᠤᠶᠠᠷ︶ ᠡᠶ᠎ᠡ ᠵᠤᠬᠢᠴᠠᠯᠲᠠᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠠᠵᠢᠯ ᠢ | ᠨᠠᠷᠢᠨ ᠬᠢᠨᠠᠮᠠᠭᠠᠢ ᠦᠷᠨᠢᠭᠦᠯᠪᠡ᠃ | 1. ᠬᠠᠤᠯᠢ ᠶᠤᠰᠣᠭᠠᠷ ᠵᠦᠢ ᠵᠤᠬᠢᠰᠲᠠᠢ ᠨᠡᠭᠡᠭᠡᠨ ᠠᠰᠢᠭᠯᠠᠪᠠ᠃ ᠮᠠᠨ ᠤ ᠬᠤᠲᠠ ᠡᠬᠢ ᠰᠣᠷᠪᠤᠯᠵᠢ᠂ ᠡᠨᠧᠷᠬᠢ ᠶᠢ | ᠵᠦᠢ ᠵᠤᠬᠢᠰᠲᠠᠢ ᠨᠡᠭᠡᠭᠡᠨ ᠠᠰᠢᠭᠯᠠᠬᠤ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠭᠤᠷᠬᠠᠢ ᠶᠢᠨ ︽ | ᠭᠤᠷᠪᠠᠨ ᠨᠤᠷᠮ᠎ᠠ︾ ᠶᠢ ᠰᠢᠯᠭᠠᠨ ᠪᠠᠶᠢᠴᠠᠭᠠᠬᠤ ᠴᠢᠬᠤᠯᠠ ᠭᠦᠢᠴᠡᠳᠬᠡᠯ ᠲᠤᠭ᠎ᠠ ᠪᠤᠯᠭᠠᠵᠤ᠂ ᠨᠡᠭᠦᠷᠡᠰᠦᠨ ᠤ ᠡᠬᠢ | ᠰᠣᠷᠪᠤᠯᠵᠢ ᠶᠢ ᠨᠡᠭᠡᠭᠡᠨ ᠠᠰᠢᠭᠯᠠᠬᠤ ᠬᠡᠮᠵᠢᠶ᠎ᠡ ᠶᠢ ᠪᠠᠳᠣᠯᠠᠵᠤ᠂ ᠮᠠᠯᠳᠠᠬᠤ ᠳᠤ ᠠᠮᠠᠷᠬᠠᠨ ᠪᠦᠭᠡᠳ ᠨᠡᠭᠦᠷᠡᠰᠦ | ᠡᠯᠪᠡᠭ ᠠᠭᠤᠷᠬᠠᠢ ᠶᠢ ᠨᠡᠭᠡᠭᠡᠨ ᠠᠰᠢᠭᠯᠠᠭᠠᠳ᠂ ᠨᠡᠭᠦᠷᠡᠰᠦ ᠬᠤᠮᠰᠠᠬᠠᠨ ᠠᠭᠤᠷᠬᠠᠢ ᠶᠢ ᠮᠠᠯᠳᠠᠬᠤ ᠦᠭᠡᠢ | ᠦᠵᠡᠭᠲᠡᠯ ᠢ ᠡᠷᠡᠰ ᠲᠡᠪᠴᠢᠬᠦ ᠶᠢᠨ ᠬᠠᠮᠳᠣ᠂ ᠰᠢᠨ᠎ᠡ ᠮᠡᠷᠭᠡᠵᠢᠯ᠂ ᠰᠢᠨ᠎ᠡ ᠭᠠᠷ ᠣᠷᠠᠯᠠᠯ ᠢ ᠲᠠᠳᠠᠨ ᠣᠷᠣᠭᠤᠯᠵᠤ | ᠨᠡᠭᠦᠷᠡᠰᠦᠨ ᠤ ᠡᠬᠢ ᠰᠣᠷᠪᠤᠯᠵᠢ ᠶᠢᠨ ᠨᠡᠭᠡᠭᠡᠨ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠵᠦ᠂ ᠨᠡᠯᠢᠶᠡᠳ ᠥᠨᠳᠦᠷ | ᠬᠢᠷᠢ ᠲᠦᠪᠰᠢᠨ ᠳᠤ ᠬᠦᠷᠭᠡᠨ᠎ᠡ᠂ ᠭᠤᠤᠯᠳᠠᠯᠭ᠎ᠠ ᠲᠠᠢ ᠵᠠᠳᠠᠭᠠᠢ ᠨᠡᠭᠦᠷᠡᠰᠦᠨ ᠠᠭᠤᠷᠬᠠᠢ ᠶᠢᠨ ᠪᠤᠲᠠᠲᠠᠢ ᠨᠡᠭᠡᠭᠡᠨ | ᠠᠰᠢᠭᠯᠠᠭᠰᠠᠨ ᠨᠣᠷᠮ᠎ᠠ ᠨᠢ 95% ᠠᠴᠠ ᠲᠡᠭᠡᠭᠰᠢ ᠪᠠᠶᠢᠵᠤ᠂ ᠠᠭᠤᠷᠬᠠᠢ ᠶᠢᠨ ᠬᠤᠳᠳᠤᠭ ᠤᠨ ᠨᠡᠭᠡᠭᠡᠨ | ᠠᠰᠢᠭᠯᠠᠭᠰᠠᠨ ᠨᠤᠷᠮ᠎ᠠ ᠨᠢ 75% ᠠᠴᠠ ᠲᠡᠭᠡᠭᠰᠢ ᠬᠦᠷᠴᠦ᠂ ᠲᠡᠮᠦᠷᠯᠢᠭ ᠤᠨ ᠠᠭᠤᠷᠬᠠᠢ ᠶᠢᠨ ᠠᠭᠤᠷᠬᠠᠢ | ᠰᠣᠩᠭᠤᠵᠤ ᠨᠡᠭᠡᠭᠡᠨ ᠠᠰᠢᠭᠯᠠᠭᠰᠠᠨ ᠨᠤᠷᠮ᠎ᠠ ᠨᠢ 80% ᠠᠴᠠ ᠲᠡᠭᠡᠭᠰᠢ ᠬᠦᠷᠦᠭᠰᠡᠨ ᠪᠠᠶᠢᠨ᠎ᠠ᠃ | 2. ᠠᠶᠤᠯᠭᠦᠢ ᠦᠢᠯᠡᠳᠪᠦᠷᠢᠯᠡᠯ ᠢ ᠴᠢᠩᠭᠠᠳᠬᠠᠪᠠ ᠃ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠣᠯᠢ ᠪᠤᠰᠣ ᠶᠢᠨ ᠠᠵᠢᠯᠯᠠᠭ᠎ᠠ ᠳᠤ ᠴᠣᠬᠢᠯᠲᠠ ᠥᠭᠬᠦ᠂ | ᠦᠨᠳᠦᠰᠦᠨ ᠬᠠᠮᠢᠶᠠᠷᠣᠯᠲᠠ᠂ ᠭᠡᠮ ᠰᠣᠭᠤᠭ ᠢ ᠪᠠᠶᠢᠴᠠᠭᠠᠨ ᠭᠠᠷᠭᠠᠵᠤ ᠵᠠᠰᠠᠨ ᠴᠡᠭᠴᠡᠯᠡᠬᠦ ᠪᠠᠷ ᠭᠤᠤᠯᠳᠠᠯᠭ᠎ᠠ | ᠪᠤᠯᠭᠠᠵᠤ᠂ ᠲᠤᠳᠣᠭᠠᠳᠣ ᠶᠢ ᠬᠠᠮᠠᠭᠠᠯᠠᠬᠤ᠂ ᠣᠯᠣᠰ ᠤᠨ ᠭᠠᠵᠠᠷ ᠰᠢᠷᠣᠢ᠂ ᠠᠶᠣᠯᠭᠦᠢ ᠦᠢᠯᠡᠳᠪᠦᠷᠢᠯᠡᠯ ᠢ | ᠬᠢᠨᠠᠨ ᠬᠠᠮᠢᠶᠠᠷᠬᠤ᠂ ᠣᠷᠴᠢᠨ ᠲᠤᠭᠤᠷᠢᠨ ᠤ ᠬᠠᠮᠠᠭᠠᠯᠠᠯᠲᠠ᠂ ᠨᠤᠳᠤᠭ ᠪᠡᠯᠴᠢᠭᠡᠷ ᠤᠨ ᠬᠢᠨᠠᠨ ᠬᠠᠮᠢᠶᠠᠷᠣᠯᠲᠠ | ᠵᠡᠷᠭᠡ ᠰᠠᠯᠠᠭ᠎ᠠ ᠮᠦᠴᠢᠷ ᠬᠤᠯᠪᠤᠭᠠᠯᠠᠨ ᠬᠠᠤᠯᠢ ᠬᠡᠷᠡᠭᠵᠢᠭᠦᠯᠦᠨ ᠪᠠᠶᠢᠴᠠᠭᠠᠬᠤ ᠲᠤᠭᠲᠠᠴᠠ ᠶᠢ ᠪᠠᠶᠢᠭᠤᠯᠵᠤ᠂ ︽ | ᠬᠡᠨ ᠪᠠᠶᠢᠴᠠᠭᠠᠭᠰᠠᠨ ᠪᠤᠯ ᠬᠡᠨ ᠬᠠᠷᠢᠭᠤᠴᠠᠵᠤ᠂ ᠬᠡᠨ ᠱᠠᠯᠠᠪᠳᠠᠭᠤᠯᠤᠨ ᠪᠠᠶᠢᠴᠠᠭᠠᠭᠰᠠᠨ ᠪᠤᠯ ᠬᠡᠨ ᠬᠠᠷᠢᠭᠤᠴᠠᠵᠤ᠂ | ᠬᠡᠨ ᠭᠠᠷ ᠤᠨ ᠦᠰᠦᠭ ᠵᠢᠷᠣᠭᠰᠠᠨ ᠪᠤᠯ ᠬᠡᠨ ᠬᠠᠷᠢᠭᠤᠴᠠᠬᠤ︾ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ | ᠂ ᠡᠳᠦᠷ ᠲᠤᠳᠣᠮ ᠴᠠᠭᠲᠠᠨ ᠪᠠᠶᠢᠴᠠᠭᠠᠬᠤ ᠪᠤᠯᠤᠨ ᠲᠦᠪᠯᠡᠷᠡᠭᠦᠯᠦᠨ ᠪᠠᠶᠢᠴᠠᠭᠠᠬᠤ ᠶᠢ ᠬᠠᠷᠢᠯᠴᠠᠨ ᠣᠶᠠᠯᠳᠣᠭᠤᠯᠬᠤ | ᠂ ᠵᠠᠷᠢᠮ ᠰᠠᠯᠠᠭ᠎ᠠ ᠮᠦᠴᠢᠷ ᠰᠣᠩᠭᠤᠨ ᠪᠠᠶᠢᠴᠠᠭᠠᠬᠤ ᠪᠤᠯᠤᠨ ᠣᠯᠠᠨ ᠰᠠᠯᠠᠭ᠎ᠠ ᠮᠦᠴᠢᠷ ᠨᠡᠶᠢᠲᠡᠮ ᠳᠤᠨᠢ ᠪᠠᠶᠢᠴᠠᠭᠠᠬᠤ | ᠶᠢ ᠬᠠᠷᠢᠯᠴᠠᠨ ᠣᠶᠠᠯᠳᠣᠭᠤᠯᠬᠤ ᠪᠠ ᠣᠳᠣᠷᠢᠳᠣᠯᠭ᠎ᠠ ᠠᠴᠠ ᠱᠠᠯᠠᠪᠳᠠᠨ ᠪᠠᠶᠢᠴᠠᠭᠠᠬᠤ ᠠᠷᠭ᠎ᠠ ᠪᠠᠷᠢᠯ ᠢ ᠠᠪᠴᠣ᠂ | ᠬᠠᠣᠯᠢ ᠵᠦᠷᠢᠴᠡᠨ ᠨᠡᠭᠡᠭᠡᠨ ᠮᠠᠯᠳᠠᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠬᠡᠵᠦ᠂ ᠠᠮᠤᠷ ᠲᠦᠪᠰᠢᠨ ᠤ | ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠪᠠ᠃ | 3. ᠣᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠶᠢ ᠴᠢᠩᠭᠠᠳᠬᠠᠪᠠ᠃ ᠣᠳᠣᠬᠠᠨ ᠳᠤ᠂ ᠠᠭᠤᠷᠬᠠᠢ ᠶᠢᠨ | ᠠᠵᠤ ᠠᠬᠤᠶᠢᠯᠠᠯ ᠨᠡᠶᠢᠲᠡ 10.1 ᠳ᠋ᠦᠩᠰᠢᠭᠤᠷ ᠲᠦᠭᠦᠷᠢᠭ ᠤᠨ ᠵᠠᠰᠠᠨ ᠰᠠᠶᠢᠵᠢᠷᠠᠭᠤᠯᠬᠤ ᠪᠡᠯᠡ ᠮᠥᠩᠭᠦ | ᠣᠷᠣᠭᠤᠯᠵᠤ᠂ ᠵᠠᠰᠠᠵᠤ ᠰᠠᠶᠢᠵᠢᠷᠠᠭᠤᠯᠤᠨ ᠰᠡᠷᠭᠦᠭᠡᠭᠰᠡᠨ ᠲᠠᠯᠠᠪᠠᠢ ᠨᠢ1471.5 ᠡᠾᠧᠺᠲ᠋ᠠᠷ ᠪᠤᠯᠤᠨ᠎ᠠ᠃ 210 | ᠲᠦᠮᠡ ᠢᠯᠡᠭᠦᠤ ᠰᠠᠭᠤᠷᠢ ᠮᠤᠳᠣ ᠲᠠᠷᠢᠵᠤ᠂ ᠲᠠᠷᠢᠵᠤ ᠨᠤᠭᠤᠭᠠᠷᠠᠭᠤᠯᠤᠭᠰᠠᠨ ᠲᠠᠯᠠᠪᠠᠢ ᠨᠢ 1.8 ᠲᠦᠮᠡᠨ ᠮᠤ᠋ | ᠳᠤ ᠬᠦᠷᠪᠡ᠂ 600 ᠢᠯᠡᠭᠦᠦ ᠬᠦᠮᠦᠨ ᠳᠤ ᠠᠵᠢᠯ ᠣᠯᠭᠤᠨ ᠥᠭᠴᠦ᠂ ᠥᠨᠳᠦᠷ ᠲᠡᠰ ᠤᠨ ᠲᠡᠭᠡᠭᠡᠪᠦᠷᠢ | ᠶᠢᠨ ᠵᠠᠰᠠᠮᠠᠯ ᠵᠠᠮ 14.4 ᠺᠢᠯᠤᠮᠧᠲᠷ ᠵᠠᠰᠠᠵᠤ᠂ ᠬᠠᠶᠢᠷ ᠴᠢᠯᠠᠭᠤᠨ ᠵᠠᠰᠠᠮᠠᠯ ᠵᠠᠮ 57 ᠺᠢᠯᠣᠮᠧᠲᠷ ᠲᠡᠪᠢᠰᠪᠡ᠃ | ᠨᠢᠭᠡ ᠳᠤ ᠭᠤᠤᠯᠳᠠᠯᠭ᠎ᠠ ᠲᠠᠢ ᠠᠭᠤᠷᠬᠠᠢ ᠶᠢᠨ ᠣᠷᠣᠨ ᠤ ᠣᠷᠴᠢᠨ ᠲᠤᠭᠤᠷᠢᠨ ᠢ ᠴᠡᠭᠴᠡᠯᠡᠨ | ᠵᠠᠰᠠᠬᠤ ᠬᠦᠴᠦᠯᠡᠴᠡ ᠪᠠᠨ ᠴᠢᠩᠭᠠᠳᠬᠠᠪᠠ᠃ ᠢᠯᠡᠯᠲᠡ ᠠᠭᠤᠷᠬᠠᠢ ᠶᠢᠨ ᠣᠷᠣᠨ ᠤ ᠠᠵᠤ ᠠᠬᠤᠶᠢᠯᠠᠯ ᠤᠨ | ᠰᠢᠨ᠎ᠡ ᠪᠠᠷ ᠪᠠᠶᠢᠭᠤᠯᠬᠤ ᠪᠠ ᠶᠠᠭ ᠪᠠᠶᠢᠭᠤᠯᠵᠤ ᠪᠠᠶᠢᠭ᠎ᠠ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠨᠠᠯᠠᠣ ᠶᠢᠨ | ᠬᠡᠮᠵᠢᠶ᠎ᠡ ᠶᠢ 20℃ ᠤᠨ ᠲᠣᠳᠣᠷ᠎ᠠ ᠪᠠᠶᠢᠯᠭᠠᠵᠤ᠂ ᠪᠦᠬᠦᠨ ᠢ ᠨᠤᠭᠤᠭᠠᠷᠠᠭᠤᠯᠬᠤ ᠪᠦᠭᠡᠳ ᠣᠰᠣ | ᠭᠠᠳᠠᠭᠰᠢᠯᠠᠭᠤᠯᠬᠤ ᠰᠣᠪᠠᠭ ᠭᠠᠷᠭᠠᠵᠤ᠂ ᠡᠭᠦᠷᠢᠲᠡ ᠶᠢᠨ ᠴᠢᠨᠠᠷᠲᠠᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ | ᠵᠠᠮ ᠢ ᠵᠠᠰᠠᠵᠤ ᠲᠡᠪᠢᠰᠦᠨ᠎ᠡ᠃ ᠲᠤᠭᠲᠠᠭᠰᠠᠨ ᠬᠡᠮᠵᠢᠶᠡᠨ ᠳᠤ ᠬᠦᠷᠦᠭᠰᠡᠨ ᠰᠢᠷᠣᠢ ᠭᠠᠳᠠᠭᠰᠢᠯᠠᠭᠤᠯᠵᠤ | ᠲᠠᠭᠤᠰᠣᠭᠰᠠᠨ ᠤ ᠲᠠᠷᠠᠭᠠᠬᠢ ᠲᠠᠯᠠᠪᠠᠢ ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠵᠦ᠂ | ᠲᠦᠷ ᠴᠠᠭ ᠤᠨ ᠴᠢᠨᠠᠷᠲᠠᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠨᠣᠭᠤᠭᠠᠷᠠᠭᠤᠯᠤᠯᠲᠠ ᠳᠤ ᠨᠢᠭᠡ | ᠨᠠᠰᠣᠳᠣ ᠣᠷᠭᠤᠮᠠᠯ ᠪᠠ ᠣᠯᠠᠨ ᠨᠠᠰᠣᠳᠣ ᠣᠷᠭᠤᠮᠠᠯ ᠢ ᠬᠤᠯᠢᠵᠤ ᠲᠠᠷᠢᠨ᠂ ᠨᠣᠭᠤᠭᠠᠷᠠᠭᠤᠯᠤᠯᠲᠠ ᠶᠢᠨ ᠨᠤᠷᠮ᠎ᠠ | ᠶᠢ ᠪᠠᠳᠣᠯᠠᠪᠠ᠃ 2015 ᠤᠨ ᠳᠤ ᠢᠯᠠᠯᠲᠠ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠳᠤ 7735.74 ᠲᠦᠮᠡᠨ ᠲᠦᠭᠦᠷᠢᠭ ᠤᠨ ᠪᠡᠯᠡ ᠣᠷᠣᠭᠤᠯᠵᠤ 1399 ᠡᠾᠧᠺᠲ᠋ᠠᠷ ᠲᠠᠯᠠᠪᠠᠢ | ᠶᠢ ᠨᠤᠭᠤᠭᠠᠷᠠᠭᠤᠯᠬᠤ ᠪᠠᠷ ᠲᠥᠯᠦᠪᠯᠡᠵᠦ᠂ ᠤᠳᠣᠬᠠᠨ ᠳᠤ ᠨᠢᠭᠡᠨᠲᠡ 2473 ᠲᠦᠮᠡᠨ ᠲᠥᠭᠦᠷᠢᠭ ᠤᠨ ᠪᠡᠯᠡ | ᠣᠷᠣᠭᠤᠯᠵᠤ᠂ 106.5 ᠡᠾᠧᠺᠲ᠋ᠠᠷ ᠲᠠᠯᠠᠪᠠᠢ ᠶᠢ ᠲᠠᠷᠢᠵᠤ ᠨᠤᠭᠤᠭᠠᠷᠠᠭᠤᠯᠤᠭᠰᠠᠨ ᠪᠠᠶᠢᠨ᠎ᠠ᠃ ᠡᠭᠦᠨ ᠤ | ᠲᠤᠳᠣᠷ᠎ᠠ᠂ ᠳ᠋ᠠ ᠲᠠᠩ ᠱᠧᠩ ᠯᠢ ᠵᠡᠭᠦᠨ ᠬᠤᠶᠠᠳᠣᠭᠠᠷ ᠨᠤᠮᠧᠷᠳᠣ ᠵᠠᠳᠠᠭᠠᠢ ᠨᠡᠭᠦᠷᠡᠰᠦᠨ ᠠᠭᠤᠷᠬᠠᠢ ᠶᠢᠨ ᠪᠡᠯᠡ | ᠣᠷᠣᠭᠤᠯᠤᠯᠲᠠ ᠨᠢ 780 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ 20 | ᠡᠾᠧᠺᠲ᠋ᠠᠷ ᠪᠤᠯᠤᠨ᠎ᠠ ︔ ᠱᠧᠨ ᠬᠤᠸᠠ ᠱᠧᠩ ᠯᠢ ᠨᠢᠭᠡᠳᠦᠭᠡᠷ ᠨᠤᠮᠧᠷᠳᠣ ᠵᠠᠳᠠᠭᠠᠢ ᠨᠡᠭᠦᠷᠡᠰᠦᠨ ᠠᠭᠤᠷᠬᠠᠢ ᠶᠢᠨ | ᠪᠡᠯᠡ ᠣᠷᠣᠭᠤᠯᠤᠯᠲᠠ ᠨᠢ 416 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ 48 | ᠡᠾᠧᠺᠲ᠋ᠠᠷ ᠪᠤᠯᠤᠨ᠎ᠠ ︔ ᠤᠯᠠᠭᠠᠨᠳᠤᠭ ᠠᠭᠤᠷᠬᠠᠢ ᠶᠢᠨ ᠪᠡᠯᠡ ᠣᠷᠣᠭᠤᠯᠤᠯᠲᠠ ᠨᠢ 180 ᠲᠦᠮᠡᠨ ᠲᠦᠭᠦᠷᠢᠭ | ᠪᠠᠶᠢᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ 19 ᠡᠾᠧᠺᠲ᠋ᠠᠷ ᠪᠤᠯᠤᠨ᠎ᠠ ︔ ᠮᠧᠩ ᠨᠧᠩ ᠱᠧᠩ ᠯᠢ | ᠪᠠᠷᠠᠭᠤᠨ ᠭᠤᠷᠪᠠᠳᠣᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ ᠪᠡᠯᠡ ᠣᠷᠣᠭᠤᠯᠤᠯᠲᠠ ᠨᠢ 580 ᠲᠦᠮᠡᠨ | ᠲᠦᠭᠦᠷᠢᠭ ᠪᠠᠶᠢᠵᠤ᠂ 66.2 ᠡᠾᠧᠺᠲ᠋ᠠᠷ ᠲᠠᠯᠠᠪᠠᠢ ᠪᠦᠬᠦᠢ ᠡᠪᠡᠰᠦ ᠲᠠᠷᠢᠬᠤ ᠬᠥᠷᠦᠰᠦ ᠰᠢᠷᠣᠢ ᠲᠡᠪᠢᠰᠬᠦ ᠠᠵᠢᠯ | ᠢ ᠪᠡᠶᠡᠯᠡᠭᠦᠯᠦᠭᠰᠡᠨ ᠪᠠᠶᠢᠨ᠎ᠠ ︔ ᠮᠧᠩ ᠳ᠋ᠦᠩ ᠱᠧᠩ ᠯᠢ ᠪᠠᠷᠠᠭᠤᠨ ᠬᠤᠶᠠᠳᠣᠭᠠᠷ ᠵᠠᠳᠠᠭᠠᠢ ᠨᠡᠭᠦᠷᠡᠰᠦᠨ ᠠᠭᠤᠷᠬᠠᠢ | ᠶᠢᠨ ᠪᠡᠯᠡ ᠣᠷᠣᠭᠤᠯᠤᠯᠲᠠ ᠨᠢ 480 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ | 17.90 ᠡᠾᠧᠺᠲ᠋ᠠᠷ ᠪᠤᠯᠤᠨ᠎ᠠ ︔ ᠰᠢ ᠯᠢᠩ ᠨᠡᠭᠦᠷᠡᠰᠦᠨ ᠠᠭᠤᠷᠬᠠᠢ ᠶᠢᠨ ᠪᠡᠯᠡ ᠣᠷᠣᠭᠤᠯᠤᠯᠲᠠ ᠨᠢ 37 | ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ ᠶᠢᠨ ᠲᠠᠯᠠᠪᠠᠢ ᠨᠢ 1.6 ᠡᠾᠧᠺᠲ᠋ᠠᠷ ᠪᠤᠯᠤᠨ᠎ᠠ ᠃ | ᠬᠤᠶᠠᠷ ᠲᠤ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠪᠠ᠃ ᠠᠭᠤᠷᠬᠠᠢ ᠶᠢᠨ ᠠᠵᠣ ᠠᠬᠤᠶᠢᠯᠠᠯ ᠤᠨ ᠲᠡᠭᠡᠭᠡᠪᠦᠷᠢ ᠶᠢᠨ ᠮᠠᠰᠢᠨ ᠲᠡᠷᠭᠡ ᠶᠢᠨ ᠬᠤᠴᠢᠵᠤ | ᠪᠦᠲᠡᠭᠡᠬᠦ ᠨᠣᠷᠮ᠎ᠠ ᠶᠢ 100% ᠳᠤ ᠬᠦᠷᠭᠡᠬᠦ ᠶᠢ ᠱᠠᠭᠠᠷᠳᠠᠪᠠ᠂ ᠰᠢᠨ᠎ᠡ ᠪᠠᠷ ᠪᠠᠶᠢᠭᠤᠯᠬᠤ ᠪᠣᠶᠣ ᠵᠢᠯ ᠳᠤ 120 | ᠲᠦᠮᠡᠨ ᠲᠣᠨ ᠠᠴᠠ ᠲᠡᠭᠡᠭᠰᠢ ᠨᠡᠭᠦᠷᠡᠰᠦ ᠭᠠᠷᠭᠠᠳᠠᠭ ᠠᠭᠤᠷᠬᠠᠢ ᠡᠷᠬᠡᠪᠡᠰᠢ ᠲᠣᠭᠤᠷᠢᠭ ᠬᠡᠯᠪᠡᠷᠢ ᠶᠢᠨ ᠨᠡᠭᠦᠷᠡᠰᠦ | ᠬᠠᠳᠠᠭᠠᠯᠠᠬᠤ ᠬᠦᠮᠦᠷᠭᠡ ᠪᠠ ᠪᠢᠲᠡᠭᠦᠣ ᠬᠡᠯᠪᠡᠷᠢ ᠶᠢᠨ ᠲᠠᠮᠵᠢᠭᠤᠯᠬᠤ ᠪᠦᠰᠡ ᠲᠣᠬᠢᠷᠠᠭᠤᠯᠬᠤ ᠬᠡᠷᠡᠭᠲᠡᠢ᠂ ᠠᠭᠤᠷᠬᠠᠢ | ᠶᠢᠨ ᠣᠷᠣᠨ ᠤ ᠵᠠᠮ ᠲᠡᠭᠡᠷ᠎ᠡ ᠣᠰᠣ ᠰᠠᠴᠣᠵᠦ ᠰᠢᠷᠣᠢ ᠲᠣᠭᠤᠰᠣ ᠶᠢ ᠲᠠᠷᠣᠵᠦ᠂ ᠦᠢᠯᠡᠳᠪᠦᠷᠢᠯᠡᠯ ᠤᠨ ᠶᠠᠪᠣᠴᠠ | ᠳᠠᠬᠢ ᠲᠣᠭᠤᠰᠣ ᠰᠢᠷᠣᠢ ᠪᠠ ᠱᠣᠣᠭᠢᠶᠠ ᠲᠠᠭᠤᠨ ᠤ ᠪᠣᠵᠠᠷᠲᠣᠯ ᠢ ᠠᠯᠢ ᠴᠢᠳᠠᠬᠤ ᠪᠠᠷ ᠪᠠᠭᠠᠰᠬᠠᠵᠠᠢ᠃ 2011 | ᠣᠨ ᠠᠴᠠ ᠡᠬᠢᠯᠡᠨ ᠮᠠᠨ ᠤ ᠬᠤᠲᠠ 10.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠰᠠᠯᠬᠢᠨ ᠠᠴᠠ | ᠬᠠᠮᠠᠭᠠᠯᠠᠵᠦ᠂ ᠡᠯᠡᠰᠦ ᠶᠢ ᠲᠤᠭᠲᠠᠪᠤᠷᠢᠵᠢᠭᠤᠯᠬᠤ᠂ ᠲᠣᠭᠤᠰᠣ ᠶᠢ ᠲᠠᠷᠣᠵᠣ᠂ ᠣᠰᠣᠨ ᠰᠣᠷᠪᠣᠯᠵᠢ ᠶᠢ | ᠬᠠᠳᠠᠭᠠᠯᠠᠬᠤ ᠪᠠ ᠣᠷᠴᠢᠨ ᠲᠣᠭᠤᠷᠢᠨ ᠢᠶᠠᠨ ᠨᠣᠭᠤᠭᠠᠷᠠᠭᠤᠯᠬᠤ ︽0︾ ᠬᠡᠯᠪᠡᠷᠢᠳᠦ ᠬᠠᠯᠬᠠᠪᠴᠢ ᠣᠢ ᠶᠢᠨ | ᠰᠢᠰᠲ᠋ᠧᠮ ᠢ ᠪᠠᠶᠢᠭᠤᠯᠵᠤ᠂ ᠣᠳᠣᠬᠠᠨ ᠳᠤ ᠬᠠᠯᠬᠠᠪᠴᠢ ᠣᠢ ᠶᠢᠨ ᠪᠦᠳᠦᠭᠡᠨ ᠪᠠᠶᠢᠭᠤᠯᠤᠯᠲᠠ ᠦᠨᠳᠦᠰᠦᠨ | ᠳᠡᠭᠡᠨ ᠲᠠᠭᠤᠰᠪᠠ᠃ ᠲᠠᠷᠠᠭᠠᠴᠢ ᠶᠢᠨ ᠠᠯᠬᠤᠮ ᠳᠤ ︽ᠬᠡᠨ ᠪᠣᠬᠢᠷᠲᠠᠭᠤᠯᠣᠭᠰᠠᠨ ᠪᠣᠯ ᠬᠡᠨ ᠵᠠᠰᠠᠵᠦ᠂ ᠬᠡᠨ | ᠨᠡᠬᠡᠭᠡᠨ ᠬᠦᠭᠵᠢᠭᠦᠯᠦᠭᠰᠡᠨ ᠪᠣᠯ ᠬᠡᠨ ᠬᠠᠮᠠᠭᠠᠯᠠᠬᠤ︾ ᠵᠠᠷᠴᠢᠮ ᠶᠣᠰᠣᠭᠠᠷ᠂ ᠣᠷᠴᠢᠨ ᠲᠣᠭᠤᠷᠢᠨ ᠢ | ᠨᠥᠯᠦᠭᠡᠯᠡᠭᠰᠡᠨ ᠲᠣᠮᠣ ᠬᠡᠯᠪᠡᠷᠢ ᠶᠢᠨ ᠠᠭᠤᠷᠬᠠᠢ ᠶᠢᠨ ᠠᠵᠣ ᠠᠬᠤᠶᠢᠯᠠᠯ ᠠᠴᠠ ᠬᠠᠮᠢᠶᠠᠷᠴᠣ ᠬᠠᠮᠠᠭᠠᠯᠠᠨ᠎ᠠ᠃ | ᠵᠠᠰᠠᠭ ᠤᠨ ᠣᠷᠳᠣᠨ ᠣᠯᠣᠰ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠡᠵᠡᠩᠨᠡᠨ ᠬᠠᠮᠢᠶᠠᠷᠬᠤ ᠡᠷᠬᠡ ᠶᠢ | ᠰᠠᠯᠭᠠᠬᠤ ᠵᠠᠷᠴᠢᠮ ᠢᠶᠠᠷ ᠠᠵᠣ ᠠᠬᠤᠶᠢᠯᠠᠯ ᠲᠠᠢ ︽ᠬᠤᠲᠠ ᠶᠢᠨ ᠬᠠᠮᠠᠭᠠᠯᠠᠯᠲᠠ ᠶᠢᠨ ᠣᠢ ᠶᠢ ᠨᠠᠶᠢᠳᠠᠨ | ᠬᠠᠮᠢᠶᠠᠷᠠᠭᠤᠯᠬᠤ ᠭᠡᠷ᠎ᠡ︾ ᠲᠣᠭᠲᠠᠵᠦ᠂ ᠬᠤᠲᠠ ᠶᠢᠨ ᠬᠠᠮᠠᠭᠠᠯᠠᠯᠲᠠ ᠶᠢᠨ ᠣᠢ ᠶᠢ ᠬᠠᠮᠢᠶᠠᠷᠴᠣ ᠬᠠᠮᠠᠭᠠᠯᠠᠬᠤ | ᠶᠢᠨ ᠦᠷᠭᠦᠯᠵᠢᠯᠡᠭᠦᠯᠦᠨ ᠬᠦᠭᠵᠢᠭᠦᠯᠬᠦ ᠬᠠᠷᠠᠯᠲᠠ ᠲᠤᠭᠲᠠᠭᠠᠨ᠂ ᠪᠣᠲᠠᠲᠠᠢ ᠮᠦᠷᠲᠡᠭᠡᠨ ᠬᠡᠷᠡᠭᠵᠢᠭᠦᠯᠦᠰᠢᠲᠠᠢ ᠱᠠᠩᠨᠠᠨ | ᠲᠤᠷᠭᠤᠭᠠᠬᠤ ᠲᠦᠷᠢᠮ ᠲᠤᠭᠲᠠᠭᠠᠪᠠ᠃ ᠠᠵᠣ ᠠᠬᠤᠶᠢᠯᠠᠯ ᠨᠠᠶᠢᠳᠠᠨ ᠬᠠᠮᠢᠶᠠᠷᠠᠬᠤ ᠬᠤᠲᠠ ᠶᠢᠨ ᠬᠠᠮᠠᠭᠠᠯᠠᠯᠲᠠ ᠶᠢᠨ | ᠣᠢ ᠶᠢ ᠨᠡᠷᠡᠶᠢᠳᠬᠦ ᠡᠷᠬᠡ ᠲᠠᠢ᠂ ᠬᠤᠲᠠ ᠶᠢᠨ ᠬᠠᠮᠠᠭᠠᠯᠠᠯᠲᠠ ᠶᠢᠨ ᠣᠢ ᠶᠢ ᠬᠠᠮᠢᠶᠠᠷᠴᠣ ᠬᠠᠮᠠᠭᠠᠯᠠᠬᠤ | ᠬᠠᠷᠠᠯᠲᠠ ᠶᠢ ᠪᠡᠶᠡᠯᠡᠭᠦᠯᠦᠭᠰᠡᠨ ᠰᠠᠭᠤᠷᠢᠨ ᠲᠡᠭᠡᠷ᠎ᠡ᠂ ᠵᠤᠬᠢᠬᠤ ᠬᠡᠮᠵᠢᠶᠡᠨ ᠤ ᠣᠢ ᠰᠢᠭᠤᠢ ᠶᠢᠨ ᠡᠵᠡᠩᠨᠡᠯᠲᠡ | ᠶᠢᠨ ᠠᠰᠢᠭ ᠬᠦᠷᠲᠡᠬᠦ ᠡᠷᠬᠡ ᠲᠠᠢ᠃ | ᠬ᠋᠊ ᠣᠷᠪᠠ ᠳᠤ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠢᠨᠵᠧᠨᠧᠷᠢᠩ ᠢ | ᠦᠷᠨᠢᠭᠦᠯᠪᠡ᠃ ᠣᠯᠣᠰ᠂ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠲᠦᠷᠦᠯ | ᠵᠦᠢᠯ ᠤᠨ ᠪᠡᠯᠡ ᠮᠦᠩᠭᠦ ᠶᠢ ᠡᠷᠡᠮᠡᠯᠵᠡᠯᠡᠬᠦ ᠪᠠ ᠣᠷᠣᠨ ᠨᠣᠳᠤᠭ ᠤᠨ ᠡᠳ᠋ ᠤᠨ ᠵᠠᠰᠠᠭ ᠠᠴᠠ ᠪᠡᠯᠡ ᠮᠦᠩᠭᠦ | ᠬᠤᠷᠠᠮᠳᠣᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠵᠦ᠂ ᠨᠡᠶᠢᠲᠡ 1.14 ᠳ᠋ᠦᠩᠰᠢᠭᠤᠷ ᠲᠦᠭᠦᠷᠢᠭ ᠤᠨ ᠪᠡᠯᠡ | ᠣᠷᠣᠭᠤᠯᠵᠤ᠂ ᠴᠡᠭᠴᠡᠯᠡᠨ ᠵᠠᠰᠠᠬᠤ ᠲᠦᠷᠦᠯ ᠵᠦᠢᠯ 10 ᠶᠢ ᠨᠠᠶᠢᠳᠠᠪᠣᠷᠢᠵᠢᠭᠤᠯᠵᠦ᠂ ᠵᠠᠰᠠᠨ ᠰᠠᠶᠢᠵᠢᠷᠠᠭᠤᠯᠤᠭᠰᠠᠨ | ᠲᠠᠯᠠᠪᠠᠢ 12.05 ᠲᠡᠭᠰᠢ ᠲᠦᠷᠪᠡᠯᠵᠢᠨ ᠺᠢᠯᠣᠮᠧᠲᠷ ᠲᠤ ᠬᠦᠷᠴᠦ᠂ ᠣᠳᠣᠬᠠᠨ ᠳᠤ ᠨᠠᠶᠢᠳᠠᠪᠤᠷᠢᠵᠢᠭᠤᠯᠵᠤ | ᠪᠠᠶᠢᠭ᠎ᠠ 10 ᠲᠥᠷᠦᠯ ᠵᠦᠢᠯ ᠤᠨ ᠲᠤᠳᠣᠷ᠎ᠠ ᠵᠦᠩ ᠨᠠᠨ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ | ᠵᠠᠰᠠᠬᠤ ︵ᠨᠢᠭᠡᠳᠦᠭᠡᠷ ᠬᠤᠭᠤᠴᠠᠭ᠎ᠠ ᠠᠴᠠ ᠭᠤᠷᠪᠠᠳᠣᠭᠠᠷ ᠬᠤᠭᠤᠴᠠᠭ᠎ᠠ ᠬᠦᠷᠲᠡᠯ᠎ᠡ︶᠂ 207 ᠣᠯᠣᠰ ᠤᠨ ᠵᠠᠮ | ᠤᠨ ︵ᠰᠢᠯᠢ ᠶᠢᠨ ᠬᠤᠲᠠ ᠶᠢᠨ ᠬᠡᠰᠡᠭ︶ ᠬᠤᠶᠠᠷ ᠬᠠᠪᠢ ᠶᠢᠨ ᠴᠢᠯᠠᠭᠤ ᠭᠠᠷᠭᠠᠬᠤ ᠲᠠᠯᠠᠪᠠᠢ ︵ᠨᠢᠭᠡᠳᠦᠭᠡᠷ | ᠬᠤᠭᠤᠴᠠᠭ᠎ᠠ︶ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ᠂ ᠬᠤᠲᠠ ᠶᠢᠨ ᠲᠡᠭᠦᠷᠭᠡ ᠶᠢᠨ ᠬᠤᠶᠢᠳᠦ | ᠳᠠᠬᠢ ᠬᠠᠭᠤᠴᠢᠨ ᠠᠭᠤᠷᠬᠠᠢ ᠶᠢᠨ ᠬᠠᠶᠠᠭᠳᠠᠮᠠᠯ ᠤᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠪᠠ ᠭᠠᠯᠲᠦ | ᠲᠡᠷᠭᠡᠨ ᠦᠷᠲᠡᠭᠡᠨ ᠤ ᠣᠶᠢᠷ᠎ᠠ ᠣᠷᠴᠢᠮ ᠤᠨ ᠬᠠᠶᠠᠭᠲᠠᠮᠠᠯ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ | ᠰᠠᠶᠢᠵᠢᠷᠠᠭᠤᠯᠬᠤ ᠵᠡᠷᠭᠡ 6 ᠲᠦᠷᠦᠯ ᠵᠦᠢᠯ ᠢ ᠨᠢᠭᠡᠨᠲᠡ ᠪᠡᠶᠡᠯᠡᠭᠦᠯᠪᠡ︔ 207 ᠣᠯᠣᠰ ᠤᠨ ᠵᠠᠮ ᠤᠨ ︵ᠰᠢᠯᠢ | ᠶᠢᠨ ᠬᠤᠲᠠ ᠶᠢᠨ ᠬᠡᠰᠡᠭ︶ᠬᠠᠶᠠᠭᠲᠠᠮᠠᠯ ᠠᠭᠤᠷᠬᠠᠢ ᠶᠢᠨ ︵ᠬᠤᠶᠠᠳᠣᠭᠠᠷ ᠬᠤᠭᠤᠴᠠᠭ᠎ᠠ︶ ᠣᠷᠣᠨ ᠤ ᠣᠷᠴᠢᠨ | ᠲᠣᠭᠤᠷᠢᠨ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠤᠨ 85 % ᠢ ᠨᠢᠭᠡᠨᠲᠡ ᠪᠡᠶᠡᠯᠡᠭᠦᠯᠪᠡ᠃ ᠰᠢᠨ᠎ᠡ ᠪᠠᠷ | ᠵᠠᠰᠠᠭᠰᠠᠨ 101 ᠮᠣᠵᠢ ᠶᠢᠨ ᠵᠠᠮ ᠤᠨ ︵12—14 ᠺᠢᠯᠦᠮᠧᠲᠷ︶ ᠬᠠᠶᠠᠭᠲᠠᠮᠠᠯ ᠠᠭᠤᠷᠬᠠᠢ ᠶᠢ ᠵᠠᠰᠠᠨ | ᠰᠠᠶᠢᠵᠢᠷᠠᠭᠤᠯᠬᠤ ᠲᠦᠷᠦᠯ ᠵᠦᠢᠯ ᠢ ᠨᠢᠭᠡᠨᠲᠡ ᠪᠡᠶᠡᠯᠡᠭᠦᠯᠵᠦ᠂ ᠵᠠᠰᠠᠨ ᠰᠠᠶᠢᠵᠢᠷᠠᠭᠤᠯᠤᠭᠰᠠᠨ ᠣᠷᠣᠨ ᠤ | ᠨᠣᠭᠤᠭᠠᠷᠠᠯᠲᠠ ᠰᠡᠷᠭᠦᠭᠰᠡᠨ ᠬᠤᠶᠢᠨ᠎ᠠ ᠬᠢᠨᠠᠨ ᠰᠢᠯᠭᠠᠵᠤ ᠬᠤᠷᠢᠶᠠᠨ ᠠᠪᠤᠨ᠎ᠠ᠃ ᠡᠮᠦᠨ᠎ᠡ ᠲᠡᠭᠦᠷᠭᠡ ᠶᠢᠨ | ᠨᠡᠭᠦᠷᠡᠰᠦᠨ ᠠᠭᠤᠷᠬᠠᠢ ᠶᠢᠨ ᠣᠷᠣᠨ ︵ᠲᠦᠷᠪᠡᠳᠦᠭᠡᠷ ᠬᠤᠭᠤᠴᠠᠭᠠᠨ︶ ᠤ ᠣᠷᠴᠢᠨ ᠲᠣᠭᠤᠷᠢᠨ ᠢ ᠵᠠᠰᠠᠨ | ᠰᠠᠶᠢᠵᠢᠷᠠᠭᠤᠯᠬᠤ ᠲᠦᠷᠦᠯ ᠵᠦᠢᠯ ᠤᠨ ᠢᠨᠵᠧᠨᠧᠷᠢᠩ ᠤᠨ 50% ᠶᠢ ᠨᠢ ᠪᠡᠶᠡᠯᠡᠭᠦᠯᠪᠡ᠂ 207 ᠣᠯᠣᠰ ᠤᠨ ᠵᠠᠮ | ᠤᠨ ︵ᠰᠢᠯᠢ ᠶᠢᠨ ᠬᠤᠲᠠ ᠶᠢᠨ ᠬᠡᠰᠡᠭ︶ ᠬᠤᠶᠠᠷ ᠲᠠᠯ᠎ᠠ ᠪᠠᠷ ᠬᠢ ᠬᠠᠶᠠᠭᠲᠠᠮᠠᠯ ᠠᠭᠤᠷᠬᠠᠢ ᠶᠢᠨ ᠣᠷᠴᠢᠨ | ᠲᠣᠭᠤᠷᠢᠨ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠲᠤᠭᠲᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠣᠳᠣ | ᠶᠠᠭ ᠲᠠᠭᠠᠭᠠᠴᠢᠯᠠᠵᠤ ᠵᠠᠷᠯᠠᠬᠤ ᠱᠠᠳᠣᠨ ᠳᠤ ᠪᠠᠶᠢᠨ᠎ᠠ᠃ ᠣᠳᠣ ᠶᠠᠭ ᠪᠠᠶᠢᠴᠠᠭᠠᠨ ᠰᠣᠳᠣᠯᠠᠬᠤ ᠠᠵᠢᠯ ᠬᠢᠵᠦ᠂ | ᠪᠠᠶᠠᠨᠰᠢᠯᠢ ᠮᠠᠯᠵᠢᠯ ᠤᠨ ᠲᠠᠯᠠᠪᠠᠢ ᠶᠢᠨ ᠣᠶᠢᠷ᠎ᠠ ᠣᠷᠴᠢᠮ ᠤᠨ ᠬᠠᠶᠠᠭᠲᠠᠮᠠᠯ ᠠᠭᠤᠷᠬᠠᠢ ᠶᠢᠨ ᠣᠷᠣᠨ ᠢ ᠲᠡᠭᠰᠢᠯᠡᠵᠦ | ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ᠂ ᠰᠢᠨ᠎ᠡ ᠵᠠᠰᠠᠭᠰᠠᠨ 101 ᠮᠣᠵᠢ ᠶᠢᠨ ᠵᠠᠮ ᠤᠨ ︵ | 12—14 ᠺᠢᠯᠦᠮᠧᠲᠷ︶ ᠬᠠᠶᠠᠭᠲᠠᠮᠠᠯ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ | ᠢᠨᠵᠧᠨᠧᠷᠢᠩ ᠤᠨ ᠲᠠᠷᠠᠭᠠᠴᠢ ᠶᠢᠨ ᠱᠠᠳᠣᠨ ᠤ ᠠᠵᠢᠯ᠂ 101 ᠮᠣᠵᠢ ᠶᠢᠨ ᠵᠠᠮ ᠤᠨ ︵48 ᠺᠢᠯᠦᠮᠧᠲᠷ︶ | ᠬᠠᠶᠠᠭᠲᠠᠮᠠᠯ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠢ 2015 ᠣᠨ | ᠤ ᠬᠤᠶᠠᠳᠣᠭᠠᠷ ᠪᠦᠯᠦᠭ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠳᠤ ᠣᠷᠣᠭᠤᠯᠬᠤ ᠪᠠᠷ | ᠴᠢᠷᠮᠠᠶᠢᠵᠦ ᠪᠠᠶᠢᠨ᠎ᠠ᠂ ᠣᠳᠣᠬᠠᠨ ᠳᠤ ᠲᠦᠷᠦᠯ ᠵᠦᠢᠯ ᠤᠨ ᠣᠷᠣᠨ ᠤ ᠬᠠᠶᠢᠨ ᠪᠠᠶᠢᠴᠠᠭᠠᠯᠲᠠ ᠶᠢᠨ ᠠᠵᠢᠯ ᠪᠠ | ᠭᠠᠳᠠᠨᠠᠬᠢ ᠪᠠᠶᠢᠴᠠᠭᠠᠨ ᠰᠣᠳᠣᠯᠣᠯᠲᠠ ᠶᠢᠨ ᠠᠵᠢᠯ ᠨᠢᠭᠡᠨᠲᠡ ᠲᠠᠭᠤᠰᠴᠠᠢ᠂ ᠬᠡᠷᠡᠭᠵᠢᠭᠦᠯᠬᠦ ᠲᠦᠰᠦᠪ ᠢ ᠰᠠᠷ᠎ᠠ ᠶᠢᠨ | ᠰᠡᠭᠦᠯᠴᠢ ᠪᠠᠷ ᠲᠣᠭᠤᠷᠪᠢᠵᠦ ᠲᠠᠭᠤᠰᠣᠨ᠎ᠠ᠃ ᠡᠭᠦᠨ ᠤ ᠬᠠᠮᠳᠣ ᠮᠠᠨ ᠤ ᠬᠤᠲᠠ ᠶᠢᠨ ᠠᠭᠤᠷᠬᠠᠢ ᠶᠢᠨ ᠣᠷᠴᠢᠨ | ᠲᠣᠭᠤᠷᠢᠨ ᠢ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠲᠣᠬᠠᠢ ᠵᠢᠯᠤᠭᠤᠳᠣᠯᠭ᠎ᠠ ᠶᠢᠨ ᠴᠢᠨᠠᠷᠲᠠᠢ ᠮᠠᠲ᠋ᠧᠷᠢᠶᠠᠯ ︽ | ᠰᠢᠯᠢ ᠶᠢᠨ ᠬᠤᠲᠠ ᠶᠢᠨ ᠠᠭᠤᠷᠬᠠᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠠᠶᠢᠵᠢᠷᠠᠭᠤᠯᠵᠤ | ᠰᠡᠷᠭᠦᠭᠡᠬᠦ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠪ︾ ᠢ ᠲᠣᠭᠤᠷᠪᠢᠵᠦ ᠲᠠᠭᠤᠰᠬᠠᠪᠠ᠂ ᠬᠢᠨᠠᠨ | ᠵᠦᠪᠰᠢᠶᠡᠷᠡᠭᠦᠯᠦᠭᠰᠡᠨ ᠤ ᠲᠠᠷᠠᠭ᠎ᠠ ᠨᠠᠶᠢᠳᠠᠪᠣᠷᠢᠵᠢᠭᠤᠯᠬᠤ ᠪᠤᠯᠤᠨ᠎ᠠ᠃ | ᠳᠦᠷᠪᠡ ᠳᠤ ᠬᠠᠶᠢᠷ ᠴᠢᠯᠠᠭᠤ᠂ ᠨᠠᠩᠬᠢ ᠰᠢᠷᠤᠢ ᠵᠡᠷᠭᠡ ᠬᠦᠬᠡᠭᠴᠢᠨ ᠬᠡᠯᠪᠡᠷᠢ ᠶᠢᠨ ᠠᠭᠤᠷᠬᠠᠢ ᠶᠢᠨ | ᠨᠡᠭᠡᠭᠡᠯᠲᠡ ᠶᠢᠨ ᠤᠷᠴᠢᠨ ᠲᠤᠭᠤᠷᠢᠨ ᠤ ᠵᠠᠰᠠᠨ ᠰᠠᠶᠢᠵᠢᠷᠠᠭᠤᠯᠬᠤ ᠠᠵᠢᠯ ᠢ ᠦᠷᠨᠢᠭᠦᠯᠪᠡ᠃ ᠲᠤᠰᠬᠠᠢ | ᠮᠡᠷᠭᠡᠵᠢᠯᠲᠡᠨ ᠢ ᠵᠤᠬᠢᠶᠠᠨ ᠪᠠᠶᠢᠭᠤᠯᠵᠤ᠂ ᠮᠠᠨ ᠤ ᠬᠤᠲᠠ ᠶᠢᠨ ᠬᠠᠶᠢᠷ ᠴᠢᠯᠠᠭᠤ᠂ ᠨᠠᠩᠬᠢ ᠰᠢᠷᠤᠢ ᠶᠢᠨ ᠠᠭᠤᠷᠬᠠᠢ | ᠶᠢᠨ ᠨᠡᠭᠡᠭᠡᠯᠲᠡ ᠶᠢᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠢ ᠬᠢᠨᠠᠨ ᠰᠢᠯᠭᠠᠵᠤ ᠬᠤᠷᠢᠶᠠᠨ | ᠠᠪᠴᠣ᠂ ᠠᠵᠢᠯ ᠶᠠᠪᠤᠬᠳᠠᠭᠤᠯᠵᠤ᠂ ᠬᠢᠨᠠᠨ ᠰᠢᠯᠭᠠᠵᠤ ᠬᠤᠷᠢᠶᠠᠨ ᠠᠪᠬᠤ ᠠᠵᠢᠯ ᠳᠤ ᠠᠰᠠᠭᠤᠳᠠᠯ ᠤᠷᠤᠰᠢᠵᠦ | ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠳᠤ ᠲᠤᠰᠬᠠᠢ ᠮᠡᠷᠭᠡᠵᠢᠯᠲᠡᠨ ᠠᠴᠠ ᠳᠤᠷᠠᠳᠤᠨ ᠭᠠᠷᠭᠠᠬᠰᠠᠨ ᠰᠠᠨᠠᠯ | ᠶᠤᠰᠤᠭᠠᠷ《 ᠬᠤᠭᠤᠴᠠᠭ᠎ᠠ ᠬᠢᠵᠠᠭᠠᠷᠯᠠᠵᠤ ᠵᠠᠰᠠᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ》ᠪᠠᠭᠤᠯᠭᠠᠵᠦ᠂ | ᠵᠠᠰᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠡᠰᠡᠭᠦᠯ᠎ᠡ ᠵᠠᠰᠠᠵᠦ ᠰᠠᠶᠢᠵᠢᠷᠠᠭᠤᠯᠤᠬᠰᠠᠨ ᠨᠢ ᠬᠢᠷᠢ | ᠲᠡᠩᠴᠡᠬᠦ ᠦᠭᠡᠢ ᠠᠭᠤᠷᠬᠠᠢ ᠶᠢᠨ ᠠᠵᠤ ᠠᠬᠤᠶᠢᠯᠠᠯ ᠢ ᠬᠤᠯᠪᠤᠬᠳᠠᠯ ᠪᠦᠬᠦᠢ ᠲᠤᠬᠲᠠᠭᠠᠯ ᠶᠤᠰᠤᠭᠠᠷ | ᠰᠢᠢᠳᠪᠦᠷᠢᠯᠡᠨ᠎ᠡ᠃ ᠡᠭᠦᠨ ᠤ ᠬᠠᠮᠲᠤ ᠨᠢᠭᠡᠨᠲᠡ ᠡᠭᠦᠳᠡ ᠪᠠᠨ ᠬᠠᠭᠠᠬᠰᠠᠨ ᠰᠢᠷᠠᠲᠠᠯ᠎ᠠ ᠶᠢᠨ ᠳᠦᠷᠪᠡᠳᠦᠭᠡᠷ ᠡᠷᠦᠬᠡ | ᠬᠠᠶᠢᠷ ᠴᠢᠯᠠᠭᠤ ᠭᠠᠷᠭᠠᠤ ᠲᠠᠯᠠᠪᠠᠢ ᠶᠢᠨ ᠤᠷᠴᠢᠨ ᠲᠤᠭᠤᠷᠢᠨ ᠢ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠵᠦ ᠂ | ᠤᠳᠤᠬᠠᠨ ᠳᠤ᠂ ᠳᠦᠷᠪᠡᠨ ᠡᠷᠦᠬᠡ ᠬᠠᠶᠢᠷ ᠴᠢᠯᠠᠭᠤ ᠭᠠᠷᠭᠠᠬᠤ ᠲᠠᠯᠠᠪᠠᠢ ᠶᠢᠨ ᠡᠵᠡᠩᠨᠡᠭᠴᠢᠳ ᠶᠠᠭ ᠨᠠᠶᠢᠷᠠᠭᠤᠯᠵᠦ | ᠲᠤᠬᠲᠠᠭᠠᠬᠰᠠᠨ ᠵᠠᠰᠠᠨ ᠰᠠᠶᠢᠵᠢᠷᠠᠭᠤᠯᠬᠤ ᠵᠠᠰᠠᠨ ᠴᠡᠭᠴᠡᠯᠡᠵᠦ ᠪᠠᠶᠢᠨ᠎ᠠ᠂ ᠤᠳᠤ ᠨᠢᠭᠡᠨᠲᠡ ᠵᠠᠰᠠᠨ ᠰᠠᠶᠢᠵᠢᠷᠠᠭᠤᠯᠬᠤ | ᠢᠨᠵᠢᠨᠧᠷᠢᠩ ᠤᠨ50% ᠶᠢ ᠪᠡᠶᠡᠯᠡᠭᠦᠯᠵᠦ᠂ ᠪᠦᠬᠦᠲᠡ ᠶᠢ ᠪᠡᠶᠡᠯᠡᠭᠦᠯᠦᠭᠰᠡᠨ ᠤ ᠳᠠᠷᠠᠭ᠎ᠠ ᠲᠤᠰᠬᠠᠢ ᠮᠡᠷᠭᠡᠵᠢᠯᠲᠡᠨ | ᠢ ᠵᠤᠬᠢᠶᠠᠨ ᠪᠠᠶᠢᠭᠤᠯᠵᠤ ᠲᠠᠬᠢᠨ ᠬᠢᠨᠠᠨ ᠰᠢᠯᠭᠠᠵᠤ ᠬᠤᠷᠢᠶᠠᠨ ᠠᠪᠤᠨ᠎ᠠ᠃ | ᠲᠠᠪᠤ ᠠᠭᠤᠷᠬᠠᠢ ᠤᠷᠤᠨ ᠤ ᠨᠡᠪᠴᠢᠮᠡᠯ ᠤᠰᠤ ᠶᠢ ᠶᠡᠷᠤᠩᠬᠡᠶᠢᠯᠡᠨ ᠠᠰᠢᠭᠯᠠᠬᠤ ᠵᠢᠴᠢ ᠭᠠᠵᠠᠷ | ᠲᠤᠤᠷᠠᠬᠢ ᠤᠰᠤ ᠶᠢ ᠬᠢᠨᠠᠨ ᠬᠡᠮᠵᠢᠬᠦ ᠠᠵᠢᠯ ᠢ ᠴᠢᠩᠭᠠᠳᠬᠠᠪᠠ᠃ ᠭᠤᠤᠯᠳᠠᠯᠭ᠎ᠠ ᠲᠠᠢ ᠠᠭᠤᠷᠬᠠᠢ ᠶᠢᠨ ᠤᠷᠤᠨ ᠤ | ᠭᠠᠵᠠᠷ ᠲᠤᠤᠷᠠᠬᠢ ᠤᠰᠤ ᠶᠢ ᠬᠢᠨᠠᠨ ᠬᠡᠮᠵᠢᠬᠦ ᠠᠵᠢᠯ ᠢ ᠡᠬᠢᠯᠡᠨ ᠬᠢᠵᠤ᠂ ᠤᠳᠤᠬᠠᠨ ᠳᠤ ᠳ᠋ᠠ ᠲᠠᠩ᠂ ᠱᠧᠨ | ᠬᠤᠸ᠋ᠨ᠂ ᠰᠢ ᠰᠠᠨ ᠠᠭᠤᠷᠬᠠᠢ ᠳᠤ ᠶᠠᠭ ᠬᠢᠨᠠᠨ ᠬᠡᠮᠵᠢᠯᠲᠠ ᠬᠢᠵᠤ ᠪᠠᠶᠢᠨ᠎ᠠ᠂ ᠲᠠᠷᠠᠭᠠᠴᠢ ᠪᠠᠷ ᠦᠪᠡᠷᠲᠡᠭᠡᠨ ᠵᠠᠰᠠᠬᠤ | ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠬᠢᠨᠡᠨ ᠬᠡᠮᠵᠢᠯᠲᠡ ᠶᠢᠨ ᠬᠦᠷᠢᠶᠡᠯᠡᠩ ᠠᠴᠠ ᠮᠠᠨ ᠤ | ᠬᠤᠲᠠ ᠳᠤ ᠤᠯᠤᠰ ᠠᠴᠠ ᠪᠡᠯᠨ ᠤᠷᠤᠭᠤᠯᠤᠭᠰᠡᠨ ᠭᠠᠵᠠᠷ ᠲᠤᠤᠷᠠᠬᠢ ᠤᠰᠤᠨ ᠤ ᠬᠢᠨᠠᠨ ᠬᠡᠮᠵᠢᠬᠦ ᠲᠤᠤᠷ | ᠪᠠᠶᠢᠭᠤᠯᠵᠤ ᠦᠭᠭᠦᠨ᠎ᠡ᠂ ᠲᠤᠬᠠᠢ ᠶᠢᠨ ᠦᠶ᠎ᠡ ᠳᠤ ᠲᠤᠮᠤ ᠬᠡᠯᠪᠡᠷᠢ ᠶᠢᠨ ᠨᠡᠭᠦᠷᠠᠰᠤᠨ ᠠᠭᠤᠷᠬᠠᠢ ᠵᠢᠴᠢ ᠠᠭᠤᠷᠬᠠᠢ | ᠶᠢᠨ ᠬᠤᠳᠳᠤᠭ ᠪᠤᠯᠭᠠᠨ ᠳᠤ ᠭᠠᠵᠠᠷ ᠲᠤᠤᠷᠠᠬᠢ ᠤᠰᠤᠨ ᠤ ᠬᠢᠨᠠᠨ ᠬᠡᠮᠵᠢᠯᠲᠠ ᠬᠢᠬᠦ ᠪᠤᠯᠤᠨ᠎ᠠ᠃ | 4 ᠡᠶ᠎ᠡ ᠵᠤᠬᠢᠴᠠᠯᠲᠠᠢ ᠤᠷᠤᠨ ᠨᠤᠲᠤᠭ ᠪᠠ ᠠᠵᠤ ᠠᠬᠤᠶᠢᠯᠡᠯ ᠤᠨ ᠬᠠᠷᠢᠴᠠᠭ᠎ᠠ ᠶᠢ ᠪᠠᠶᠢᠭᠤᠯᠪᠠ | ᠨᠢᠭᠡ ᠳᠤ ᠠᠭᠤᠷᠬᠠᠢ ᠶᠢᠨ ᠠᠵᠤ ᠠᠬᠤᠶᠢᠯᠡᠯ ᠢᠶᠠᠷ ᠭᠤᠤᠯ ᠴᠤᠭᠴᠠ ᠪᠤᠯᠭᠠᠨ᠂ ᠠᠭᠤᠷᠬᠠᠢ ᠶᠢᠨ | ᠤᠷᠤᠨ ᠢ ᠵᠠᠰᠠᠨ ᠰᠠᠶᠢᠵᠢᠷᠠᠭᠤᠯᠵᠤ ᠠᠮᠢ ᠠᠬᠤᠢ ᠶᠢ ᠰᠡᠷᠭᠦᠭᠡᠬᠦ ᠡᠭᠦᠷᠭᠡ ᠶᠢ ᠨᠠᠶᠢᠳᠠᠪᠤᠷᠢᠵᠢᠭᠤᠯᠪᠠ᠃ ︽ᠬᠡᠨ | ᠨᠡᠭᠡᠭᠡᠨ ᠠᠰᠢᠭᠯᠠᠰᠠᠭᠠᠷ᠂ ᠬᠡᠨ ᠵᠠᠰᠠᠵᠤ ᠰᠠᠶᠢᠵᠢᠷᠠᠭᠤᠯᠬᠤ︾ ᠵᠠᠷᠴᠢᠮ ᠶᠤᠰᠤᠭᠠᠷ᠂ ᠠᠭᠤᠷᠬᠠᠢ ᠶᠢᠨ ᠠᠵᠤ | ᠠᠬᠤᠶᠢᠯᠡᠯ ᠢ ᠱᠠᠭᠠᠷᠳᠠᠵᠤ᠂ ᠠᠭᠤᠷᠬᠠᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠ ᠵᠠᠰᠠᠨ ᠰᠠᠶᠢᠵᠢᠷᠠᠭᠤᠯᠬᠤ | ᠠᠵᠢᠯ ᠢ ᠨᠠᠶᠢᠳᠠᠪᠤᠷᠢᠵᠢᠭᠤᠯᠪᠠ᠃ ᠠᠭᠤᠷᠬᠠᠢ ᠶᠢᠨ ᠤᠷᠴᠢᠨ ᠲᠤᠭᠤᠷᠢᠨ ᠳᠤ ᠦᠨᠡᠯᠡᠯᠲᠡ ᠬᠢᠬᠦ ᠲᠦᠷᠢᠮ | ᠪᠠᠶᠢᠭᠤᠯᠵᠤ᠂ ᠠᠭᠤᠷᠬᠠᠢ ᠶᠢᠨ ᠠᠵᠤ ᠠᠬᠤᠶᠢᠯᠡᠯ ᠪᠦᠬᠦᠨ ︽ᠠᠭᠤᠷᠬᠠᠢ ᠶᠢᠨ ᠤᠷᠴᠢᠨ ᠲᠤᠭᠤᠷᠢᠨ ᠢ | ᠶᠡᠷᠤᠩᠬᠡᠶᠢᠯᠡᠨ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠮᠡᠳᠡᠭᠦᠯᠤᠯᠲᠡ︾ ᠲᠤᠭᠲᠠᠭᠠᠵᠤ᠂ ᠠᠭᠤᠷᠬᠠᠢ ᠶᠢᠨ | ᠤᠷᠴᠢᠨ ᠲᠤᠭᠤᠷᠢᠨ ᠢ ᠬᠠᠮᠠᠭᠠᠯᠠᠬᠤ ᠪᠠ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠠᠭᠤᠷᠬᠠᠢ ᠨᠡᠭᠡᠭᠡᠬᠦ | ᠠᠵᠢᠯᠯᠠᠭ᠎ᠠ ᠲᠠᠢ ᠬᠠᠮᠲᠤ ᠳᠤᠨᠢ ᠶᠠᠪᠤᠭᠳᠠᠭᠤᠯᠤᠨ᠎ᠠ ᠭᠡᠵᠤ ᠲᠤᠭᠲᠠᠪᠠ︔ ᠠᠭᠤᠷᠬᠠᠢ ᠶᠢᠨ ᠤᠷᠴᠢᠨ ᠲᠤᠭᠤᠷᠢᠨ ᠤ | ᠪᠠᠲᠤᠯᠠᠭ᠎ᠠ ᠶᠢᠨ ᠮᠦᠩᠭᠦ ᠶᠢᠨ ᠲᠦᠷᠢᠮ ᠪᠠᠶᠢᠭᠤᠯᠵᠤ ᠂ ᠱᠠᠲᠤ ᠬᠤᠪᠢᠶᠠᠨ ᠵᠠᠰᠡᠨ ᠰᠠᠶᠢᠵᠢᠷᠠᠭᠤᠯᠬᠤ ᠲᠦᠰᠤᠪ | ᠲᠤᠭᠲᠠᠭᠠᠪᠠ︔ ᠠᠭᠤᠷᠬᠠᠢ ᠶᠢᠨ ᠡᠬᠢ ᠰᠤᠷᠪᠤᠯᠵᠢ ᠶᠢᠨ ᠨᠡᠭᠡᠭᠡᠨ ᠠᠰᠢᠭᠯᠠᠯᠲᠠ ᠶᠢᠨ ᠵᠦᠪᠰᠢᠶᠡᠷᠡᠯ ᠤᠨ ᠲᠦᠷᠢᠮ | ᠪᠠᠶᠢᠭᠤᠯᠵᠤ᠂ ᠨᠡᠭᠡᠭᠡᠨ ᠠᠰᠢᠭᠯᠠᠬᠤ ᠶᠢ ᠵᠦᠪᠰᠢᠶᠡᠷᠡᠬᠦ ᠪᠠᠷᠢᠮᠵᠢᠶ᠎ᠠ ᠶᠢ ᠲᠡᠭᠡᠭᠰᠢᠯᠡᠭᠦᠯᠤᠨ᠂ ᠬᠡᠪᠴᠢᠶᠡᠵᠢᠭᠦᠯᠤᠨ | ᠡᠷᠴᠢᠮᠵᠢᠭᠦᠯᠤᠨ ᠨᠡᠭᠡᠭᠡᠨ ᠠᠰᠢᠭᠯᠠᠵᠤ᠂ ᠤᠷᠴᠢᠨ ᠲᠤᠭᠤᠷᠢᠨ ᠤ ᠡᠪᠳᠡᠭᠳᠡᠯ ᠢ ᠡᠬᠢ ᠦᠨᠳᠤᠰᠤ ᠠᠴᠠ ᠨᠢ | ᠬᠤᠷᠢᠭᠯᠠᠨ᠎ᠠ᠃ ᠱᠠᠲᠤ ᠬᠤᠪᠢᠶᠠᠨ ᠵᠠᠰᠡᠨ ᠰᠠᠶᠢᠵᠢᠷᠠᠭᠤᠯᠬᠤ ᠲᠦᠰᠤᠪ ᠲᠤᠭᠲᠠᠭᠠᠪᠠ︔ ᠠᠭᠤᠷᠬᠠᠢ ᠶᠢᠨ ᠡᠬᠢ | ᠰᠤᠷᠪᠤᠯᠵᠢ ᠶᠢᠨ ᠨᠡᠭᠡᠭᠡᠨ ᠠᠰᠢᠭᠯᠠᠯᠲᠠ ᠶᠢᠨ ᠵᠦᠪᠰᠢᠶᠡᠷᠡᠯ ᠤᠨ ᠲᠦᠷᠢᠮ ᠪᠠᠶᠢᠭᠤᠯᠵᠤ᠂ ᠨᠡᠭᠡᠭᠡᠨ ᠠᠰᠢᠭᠯᠠᠬᠤ ᠶᠢ | ᠵᠦᠪᠰᠢᠶᠡᠷᠡᠬᠦ ᠪᠠᠷᠢᠮᠵᠢᠶ᠎ᠠ ᠶᠢ ᠲᠡᠭᠡᠭᠰᠢᠯᠡᠭᠦᠯᠤᠨ᠂ ᠬᠡᠪᠴᠢᠶᠡᠵᠢᠭᠦᠯᠤᠨ ᠡᠷᠴᠢᠮᠵᠢᠭᠦᠯᠤᠨ ᠨᠡᠭᠡᠭᠡᠨ ᠠᠰᠢᠭᠯᠠᠵᠤ᠂ | ᠤᠷᠴᠢᠨ ᠲᠤᠭᠤᠷᠢᠨ ᠤ ᠡᠪᠳᠡᠭᠳᠡᠯ ᠢ ᠡᠬᠢ ᠦᠨᠳᠤᠰᠤ ᠠᠴᠠ ᠨᠢ ᠬᠤᠷᠢᠭᠯᠠᠨ᠎ᠠ᠃ | ᠬᠤᠶᠠᠷ ᠲᠤ ᠤᠷᠤᠨ ᠨᠤᠲᠤᠭ ᠪᠠ ᠠᠵᠤ ᠠᠬᠤᠶᠢᠯᠡᠯ ᠤᠨ ᠡᠶ᠎ᠡ ᠵᠤᠬᠢᠴᠠᠯᠲᠠᠢ ᠬᠠᠷᠢᠴᠠᠭ᠎ᠠ ᠪᠠᠷ | ᠬᠤᠯᠪᠤᠭᠠᠰᠤ ᠪᠤᠯᠭᠠᠵᠤ᠂ ᠬᠠᠷᠢᠯᠴᠠᠨ ᠠᠰᠢᠭᠲᠠᠢ ᠬᠠᠮᠲᠤ ᠪᠠᠷ ᠤᠷᠤᠰᠢᠨ ᠲᠤᠭᠲᠠᠨᠢᠬᠤ ᠰᠢᠨ᠎ᠡ ᠪᠠᠶᠢᠳᠠᠯ ᠢ ᠪᠤᠢ | ᠪᠤᠯᠭᠠᠨ᠎ᠠ᠃ ᠤᠯᠡᠨ ᠵᠦᠢᠯ ᠤᠨ ᠪᠦᠲᠤᠮᠵᠢᠲᠠᠢ ᠠᠷᠭ᠎ᠠ ᠪᠠᠷᠢᠯ ᠠᠪᠴᠤ᠂ ᠠᠵᠤ ᠠᠬᠤᠶᠢᠯᠡᠯ ᠪᠠ ᠤᠷᠤᠨ ᠨᠤᠲᠤᠭ | ᠤᠨ ᠬᠠᠷᠢᠴᠠᠭ᠎ᠠ ᠶᠢ ᠲᠤᠬᠢᠷᠠᠮᠵᠢᠲᠠᠢ ᠰᠢᠢᠳᠪᠤᠷᠢᠯᠡᠵᠤ᠂ ᠮᠠᠯᠴᠢᠳ ᠤᠨ ᠤᠷᠤᠯᠭ᠎ᠠ ᠶᠢ ᠲᠠᠰᠤᠷᠠᠯᠲᠠ ᠦᠭᠡᠢ | ᠨᠡᠮᠡᠭᠳᠡᠭᠦᠯᠤᠨ᠎ᠡ᠃ ᠵᠠᠰᠠᠭ ᠤᠨ ᠤᠷᠳᠤᠨ ᠠᠭᠤᠷᠬᠠᠢ ᠶᠢᠨ ᠠᠵᠤ ᠠᠬᠤᠶᠢᠯᠡᠯ ᠲᠠᠢ ᠵᠤᠬᠢᠴᠠᠭᠤᠯᠵᠤ ᠂ ᠠᠵᠤ | ᠠᠬᠤᠶᠢᠯᠡᠯ ᠤᠨ ᠰᠠᠭᠤᠭ᠎ᠠ ᠭᠠᠵᠠᠷ ᠤᠨ ᠭᠠᠴᠠᠭᠠᠨ ᠤ ᠮᠠᠯᠴᠢᠳ ᠤᠨ ᠦᠷ᠎ᠡ ᠬᠡᠣᠬᠡᠳ ᠢ ᠬᠠᠷᠠᠭᠠᠯᠵᠠᠨ ᠠᠵᠢᠯ | ᠤᠯᠭᠤᠵᠤ ᠂ ᠡᠰᠡᠭᠦᠯ᠎ᠡ ᠲᠠᠲᠠᠪᠤᠷᠢᠯᠠᠭᠳᠠᠭᠰᠡᠨ ᠨᠤᠲᠤᠭ ᠪᠡᠯᠴᠢᠭᠡᠷ ᠪᠤᠶᠤ ᠮᠠᠯᠵᠢᠯ ᠤᠨ ᠲᠠᠯᠠᠪᠠᠢ ᠶᠢᠨ ᠤᠷᠴᠢᠨ | ᠲᠤᠭᠤᠷᠢᠨ ᠤ ᠨᠦᠬᠦᠪᠤᠷᠢ ᠪᠠᠷ ᠠᠭᠤᠷᠬᠠᠢ ᠶᠢᠨ ᠨᠡᠭᠡᠭᠡᠯᠲᠡ ᠳᠤ ᠬᠤᠪᠢ ᠤᠷᠤᠭᠤᠯᠵᠤ᠂ ᠭᠤᠷᠪᠠᠳᠤᠭᠠᠷ ᠠᠵᠤ | ᠦᠢᠯᠡᠰ ᠢ ᠬᠠᠮᠲᠤ ᠪᠠᠷ ᠡᠷᠬᠢᠯᠡᠨ᠎ᠡ᠂ ᠠᠯᠢ ᠴᠢᠳᠠᠬᠤ ᠪᠠᠷ ᠮᠠᠯᠴᠢᠳ ᠤᠨ ᠬᠤᠳᠠᠯᠳᠤᠨ ᠠᠪᠤᠭᠰᠡᠨ ᠠᠭᠤᠷᠬᠠᠢ ᠶᠢᠨ | ᠮᠠᠰᠢᠨ ᠲᠤᠨᠤᠭᠯᠠᠯ ᠢ ᠲᠦᠷᠢᠶᠡᠰᠦᠯᠡᠨ ᠬᠡᠷᠡᠭᠯᠡᠵᠤ᠂ ᠠᠭᠤᠷᠬᠠᠢ ᠶᠢᠨ ᠨᠡᠭᠡᠭᠡᠯᠲᠡ ᠶᠢᠨ ᠵᠠᠷᠢᠮ ᠭᠤᠤᠯ ᠪᠤᠰᠤ | ᠢᠨᠵᠧᠨᠧᠷᠢᠩ ᠢ ᠲᠤᠬᠠᠢ ᠶᠢᠨ ᠭᠠᠵᠠᠷ ᠤᠨ ᠲᠠᠷᠢᠶᠠᠴᠢᠳ ᠮᠠᠯᠴᠢᠳ ᠲᠤ ᠲᠠᠭᠠᠭᠠᠴᠢᠯᠡᠨ ᠦᠭᠴᠦ ᠂ᠲᠡᠳᠡᠨ ᠤ | ᠤᠷᠤᠯᠭ᠎ᠠ ᠶᠢ ᠨᠡᠮᠡᠭᠳᠡᠭᠦᠯᠪᠡ᠃ ᠡᠭᠦᠨ ᠤ ᠬᠠᠮᠲᠤ᠂ ᠵᠠᠰᠠᠭ ᠤᠨ ᠤᠷᠳᠤᠨ ᠨᠤᠲᠤᠭ ᠢᠶᠠᠨ ᠲᠠᠲᠠᠪᠤᠷᠢᠯᠠᠭᠳᠠᠭᠰᠡᠨ | ᠮᠠᠯᠴᠢᠳ ᠲᠠᠷᠢᠶᠠᠴᠢᠳ ᠤᠨ ᠬᠤᠲᠠ ᠳᠤ ᠨᠡᠭᠦᠨ ᠰᠢᠯᠵᠢᠬᠦ ᠶᠢ ᠵᠤᠷᠢᠭᠵᠢᠭᠤᠯᠤᠨ᠂ ᠤᠷᠤᠨ ᠰᠠᠭᠤᠴᠨ᠂ ᠠᠵᠢᠯ | ᠤᠯᠬᠤ ᠲᠠᠯ᠎ᠠ ᠪᠠᠷ ᠲᠦᠷᠤ ᠶᠢᠨ ᠪᠤᠳᠤᠯᠭ᠎ᠠ ᠶᠢᠨ ᠬᠠᠷᠠᠭᠠᠯᠵᠠᠯᠠᠯ ᠦᠵᠡᠭᠦᠯᠪᠡ᠃ ᠡᠯ᠎ᠡ ᠠᠭᠤᠷᠬᠠᠢ ᠶᠢᠨ ᠠᠵᠤ | ᠠᠬᠤᠶᠢᠯᠡᠯ ᠴᠤ ᠬᠠᠪᠰᠤᠷᠤᠨ ᠲᠡᠮᠵᠢᠬᠦ ᠬᠦᠴᠤᠯᠡᠴᠨ ᠪᠠᠨ ᠴᠢᠩᠭᠠᠳᠬᠠᠪᠠ᠃ ᠢᠯᠠᠯᠲᠠ ᠠᠭᠤᠷᠬᠠᠢ ᠶᠢᠨ ᠤᠷᠤᠨ ᠤ | ᠠᠵᠤ ᠠᠬᠤᠶᠢᠯᠡᠯ ᠮᠠᠯᠴᠢᠳ ᠤᠨ ᠭᠡᠷ ᠪᠠᠷᠢᠯᠭ᠎ᠠ ᠪᠠ ᠠᠮᠢᠳᠤᠷᠠᠯ ᠢᠶᠠᠨ ᠰᠠᠶᠢᠵᠢᠷᠠᠭᠤᠯᠬᠤ ᠲᠠᠯ᠎ᠠ ᠪᠠᠷ 800 | ᠲᠦᠮᠡᠨ ᠲᠦᠭᠦᠷᠢᠭ ᠤᠨ ᠤᠷᠴᠢᠮ ᠤᠨ ᠲᠡᠮᠵᠢᠯᠭᠡ ᠦᠭᠴᠤ ᠬᠠᠪᠰᠣᠷᠪᠠ᠃ ᠠᠰᠢᠭ ᠲᠤᠰᠠ ᠶᠢ ᠬᠠᠮᠲᠤ ᠪᠠᠷ | ᠡᠳᠡᠯᠡᠬᠦ ᠤᠷᠲᠤ ᠬᠤᠭᠤᠴᠠᠭᠠᠨ ᠤ ᠪᠦᠲᠤᠮᠵᠢᠲᠠᠢ ᠲᠤᠭᠲᠠᠴᠠ ᠪᠠᠶᠢᠭᠤᠯᠬᠤ ᠪᠠᠷ ᠰᠦᠪᠡᠭᠴᠢᠯᠡᠪᠡ᠃ ︽ᠰᠢᠯᠢ ᠶᠢᠨ | ᠬᠤᠲᠠ ᠶᠢᠨ ᠵᠠᠳᠠᠭᠠᠢ ᠨᠡᠭᠦᠷᠡᠰᠤᠨ ᠠᠭᠤᠷᠬᠠᠢ ᠶᠢᠨ ᠲᠤᠭᠤᠰᠤ ᠰᠢᠷᠤᠢ ᠨᠤᠲᠤᠭ ᠪᠡᠯᠴᠢᠭᠡᠷ ᠢ ᠪᠣᠵᠠᠷᠳᠠᠭᠤᠯᠤᠭᠰᠠᠨ | ᠨᠦᠬᠦᠪᠤᠷᠢ ᠶᠢᠨ ᠪᠠᠷᠢᠮᠵᠢᠶ᠎ᠠ ᠶᠢᠨ ᠲᠦᠰᠤᠪ ︵ᠲᠤᠷᠰᠢᠨ ᠬᠡᠷᠡᠭᠵᠢᠭᠦᠯᠬᠦ︶︾᠂ ︽ ᠲᠠᠯ᠎ᠠ ᠨᠤᠲᠤᠭ ᠤᠨ ᠠᠮᠢ | ᠠᠬᠤᠢ ᠶᠢᠨ ᠬᠠᠮᠠᠭᠠᠯᠠᠯᠲᠠ ᠪᠦᠲᠤᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠬᠡᠷᠡᠭᠵᠢᠭᠦᠯᠬᠦ ᠰᠠᠨᠠᠯ︾ ᠪᠤᠯᠤᠨ ︽ᠰᠢᠯᠢ ᠶᠢᠨ ᠬᠤᠲᠠ ᠶᠢᠨ ᠢᠯᠠᠯᠲᠠ ᠨᠡᠭᠦᠷᠡᠰᠤᠨ ᠠᠭᠤᠷᠬᠠᠢ ᠶᠢᠨ ᠤᠷᠤᠨ ᠤ | ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠵᠤ ᠬᠡᠷᠡᠭᠵᠢᠭᠦᠯᠬᠦ ᠲᠦᠰᠤᠪ︾ ᠢ ᠲᠤᠭᠲᠠᠭᠠᠪᠠ᠃ ᠠᠭᠤᠷᠬᠠᠢ ᠨᠡᠯᠢᠶᠡᠳ | ᠲᠦᠪᠯᠡᠷᠡᠭᠰᠡᠨ ᠪᠤᠯᠠᠭᠠᠨ ᠰᠤᠮᠤᠨ ᠳᠤ ᠠᠭᠤᠷᠬᠠᠢ ᠶᠢᠨ ᠠᠵᠤ ᠠᠬᠤᠶᠢᠯᠡᠯ ᠪᠤᠯᠤᠨ ᠨᠡᠭᠦᠷᠡᠰᠤᠨ ᠠᠭᠤᠷᠬᠠᠢ ᠶᠢᠨ | ᠰᠠᠭᠤᠭ᠎ᠠ ᠭᠠᠵᠠᠷ ᠤᠨ ᠬᠠᠮᠲᠤᠷᠠᠭᠰᠡᠨ ᠨᠠᠮ ᠤᠨ ᠡᠭᠦᠷ ᠪᠠᠶᠢᠭᠤᠯᠵᠤ᠂ ᠭᠤᠤᠯᠳᠠᠭᠤ ᠭᠠᠴᠠᠭ᠎ᠠ ᠪᠤᠯᠤᠨ ᠠᠵᠤ | ᠠᠬᠤᠶᠢᠯᠡᠯ ᠤᠨ ᠴᠢᠬᠤᠯᠨ ᠬᠡᠷᠡᠭ ᠶᠠᠪᠤᠳᠠᠯ ᠢ ᠵᠤᠬᠢᠴᠠᠭᠤᠯᠬᠤ᠂ ᠵᠦᠷᠢᠴᠡᠯ ᠮᠠᠷᠭᠤᠭᠠᠨ ᠢ ᠰᠢᠢᠳᠪᠤᠷᠢᠯᠡᠬᠦ ᠂ | ᠲᠠᠷᠢᠶᠠᠴᠢᠳ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠠᠵᠢᠯ ᠢ ᠬᠠᠷᠢᠭᠤᠴᠠᠵᠤ ᠂ ᠬᠠᠷᠢᠯᠴᠡᠨ ᠠᠰᠢᠭᠲᠠᠢ | ᠬᠠᠮᠲᠤ ᠪᠠᠷ ᠠᠰᠢᠭ ᠬᠦᠷᠲᠡᠬᠦ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠬᠦᠭᠵᠢᠬᠦ ᠪᠠ ᠠᠰᠢᠭ | ᠲᠤᠰᠠ ᠪᠠᠨ ᠬᠠᠮᠲᠤ ᠪᠠᠷ ᠡᠳᠡᠯᠡᠬᠦ ᠨᠠᠮ ᠤᠨ ᠪᠠᠶᠢᠭᠤᠯᠤᠯᠲᠠ ᠶᠢᠨ ᠰᠢᠨ᠎ᠡ ᠲᠤᠭᠲᠠᠴᠠ ᠶᠢ ᠪᠦᠷᠢᠯᠳᠤᠭᠦᠯᠵᠦ᠂ | ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠤᠯ ᠢ | ᠭᠦᠢᠴᠡᠳ ᠪᠠᠳᠠᠷᠠᠭᠤᠯᠵᠤ᠂ ᠭᠠᠴᠠᠭ᠎ᠠ ᠪᠠ ᠠᠵᠤ ᠠᠬᠤᠶᠢᠯᠡᠯ ᠬᠠᠮᠳᠣᠷᠠᠯᠴᠠᠵᠤ᠂ ᠡᠶ᠎ᠡ ᠵᠤᠬᠢᠴᠠᠯᠲᠠᠢ ᠬᠦᠭᠵᠢᠬᠦ | ᠶᠢ ᠠᠬᠢᠭᠤᠯᠪᠠ᠃ | ᠭᠤᠷᠪᠠ ᠳᠤ ᠶᠠᠳᠠᠭᠤ ᠶᠢ ᠲᠡᠳᠭᠦᠵᠤ ᠨᠡᠭᠦᠯᠭᠡᠨ ᠰᠢᠯᠵᠢᠭᠦᠯᠬᠦ ᠲᠦᠷᠤᠯ ᠵᠦᠢᠯ ᠢᠶᠠᠷ | ᠭᠤᠤᠯᠳᠠᠯᠭ᠎ᠠ ᠪᠤᠯᠭᠠᠨ ᠲᠤᠬᠢᠷᠠᠭᠤᠯᠤᠨ ᠲᠦᠪᠬᠢᠨᠡᠭᠦᠯᠵᠤ ᠨᠦᠬᠦᠪᠤᠷᠢ ᠦᠭᠬᠦ ᠠᠵᠢᠯ ᠢ ᠰᠠᠶᠢᠲᠤᠷ ᠬᠢᠵᠤ ᠪᠠᠶᠢᠨ᠎ᠠ᠃ | ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ | ᠨᠡᠭᠦᠯᠭᠡᠨ ᠰᠢᠯᠵᠢᠭᠦᠯᠵᠤ ᠪᠠᠯᠭᠠᠰᠤ ᠶᠢ ᠦᠷᠭᠡᠳᠭᠡᠬᠦ ᠲᠦᠷᠤᠯ ᠵᠦᠢᠯ ᠤᠨ ᠬᠡᠷᠡᠭᠵᠢᠭᠦᠯᠬᠦ ᠨᠠᠷᠢᠨ ᠲᠦᠷᠢᠮ︾ ᠤᠨ | ᠱᠠᠭᠠᠷᠳᠠᠯᠭ᠎ᠠ ᠶᠤᠰᠤᠭᠠᠷ᠂ ᠳ᠋ᠠ ᠲᠠᠩ ᠶᠢᠨ ᠢᠯᠠᠯᠲᠠ ᠨᠡᠭᠦᠷᠡᠰᠤᠨ ᠠᠭᠤᠷᠬᠠᠢ ᠶᠢᠨ ᠵᠡᠭᠦᠨ ᠬᠤᠶᠠᠳᠤᠭᠠᠷ ᠨᠤᠮᠧᠷᠲᠤ | ᠵᠠᠳᠠᠭᠠᠢ ᠠᠭᠤᠷᠬᠠᠢ ᠶᠢᠨ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠨᠡᠭᠦᠯᠭᠡᠨ ᠰᠢᠯᠵᠢᠭᠦᠯᠵᠤ | ᠪᠠᠯᠭᠠᠰᠤ ᠶᠢ ᠦᠷᠭᠡᠳᠭᠡᠬᠦ ᠲᠦᠷᠤᠯ ᠵᠦᠢᠯ ᠢ ᠡᠩ ᠲᠡᠷᠢᠭᠦᠨ ᠳᠤ ᠶᠠᠪᠤᠭᠳᠠᠭᠤᠯᠵᠤ᠂ ᠬᠦᠮᠤᠨ ᠪᠠ ᠮᠠᠯ | ᠰᠦᠷᠤᠭ᠌ ᠢ ᠰᠠᠯᠭᠠᠵᠤ ᠠᠰ ᠠᠰᠲᠠᠭᠠᠨ ᠲᠤᠬᠢᠷᠠᠭᠤᠯᠬᠤ ᠠᠷᠭ᠎ᠠ ᠬᠡᠯᠪᠡᠷᠢ ᠶᠢ ᠠᠪᠴᠤ᠂ ᠭᠠᠴᠠᠭᠠᠨ ᠤ ᠠᠷᠠᠳ ᠢ | ᠪᠦᠬᠦᠨ ᠢ 303 ᠮᠤᠵᠢ ᠶᠢᠨ ᠵᠠᠮ ᠤᠨ ᠬᠤᠶᠢᠲᠤ ᠲᠠᠯ᠎ᠠ ᠶᠢᠨ ᠭᠡᠷ ᠪᠠᠷᠢᠯᠭ᠎ᠠ ᠪᠠᠷᠢᠬᠤ ᠨᠦᠬᠦᠴᠡᠯ ᠢᠶᠠᠷ ᠰᠠᠶᠢᠨ᠂ | ︽ᠵᠢᠷᠭᠤᠭ᠎ᠠ ᠶᠢ ᠨᠡᠪᠲᠡᠷᠡᠭᠦᠯᠬᠦ︾ ᠲᠦᠬᠦᠭᠡᠷᠤᠮᠵᠢ ᠪᠦᠷᠢᠨ ᠭᠦᠢᠴᠡᠳ ᠪᠦᠬᠦᠢ ᠬᠤᠲᠠ ᠬᠦᠳᠡᠭᠡ ᠶᠢ ᠨᠢᠭᠡ | ᠴᠤᠭᠴᠠᠵᠢᠭᠤᠯᠤᠭᠰᠡᠨ ᠵᠢᠱᠢᠶ᠎ᠡ ᠦᠵᠡᠭᠦᠯᠬᠦ ᠤᠷᠤᠨ ᠳᠤ ᠨᠡᠭᠦᠯᠭᠡᠨ ᠰᠢᠯᠵᠢᠭᠦᠯᠪᠡ᠃ ᠲᠡᠵᠢᠭᠡᠨ ᠦᠷᠡᠵᠢᠭᠦᠯᠬᠦ ᠤᠷᠤᠨ | ᠢ ᠭᠠᠵᠠᠷ ᠤᠨ ᠪᠠᠶᠢᠴᠠ ᠲᠡᠭᠰᠢᠬᠡᠨ᠂ ᠤᠰᠤᠨ ᠤ ᠡᠬᠢ ᠰᠤᠷᠪᠤᠯᠵᠢ ᠡᠯᠪᠡᠭ ᠲᠡᠯᠪᠡᠭ ᠂ ᠵᠠᠮ ᠨᠡᠪᠲᠡᠷᠡᠭᠦᠯᠭᠡ | ᠲᠦᠭᠦᠮ ᠲᠦᠳᠡ᠂ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠬᠦ ᠳᠤ ᠠᠰᠢᠭᠲᠠᠢ 307 ᠮᠤᠵᠢ ᠶᠢᠨ ᠵᠠᠮ | ᠠᠴᠠ ᠵᠡᠭᠦᠨᠰᠢ 5 ᠺᠢᠯᠤᠮᠧᠲᠷ ᠤᠨ ᠭᠠᠵᠠᠷ ᠲᠤ ᠨᠡᠭᠦᠯᠭᠡᠨ ᠰᠢᠯᠵᠢᠭᠦᠯᠪᠡ᠃ ᠬᠤᠯᠪᠤᠭᠳᠠᠯ ᠪᠦᠬᠦᠢ ᠬᠠᠷᠠᠭᠠᠯᠵᠠᠯ ᠤᠨ | ᠲᠦᠷᠤ ᠶᠢᠨ ᠪᠤᠳᠤᠯᠭ᠎ᠠ ᠶᠤᠰᠤᠭᠠᠷ ᠨᠦᠬᠦᠪᠤᠷᠢ ᠦᠭᠬᠦ ᠪᠠᠷᠢᠮᠵᠢᠶ᠎ᠠ ᠶᠢ ᠲᠡᠭᠡᠭᠰᠢᠯᠡᠭᠦᠯᠵᠤ᠂ ᠪᠦᠬᠦ ᠡᠷᠤᠬᠡ ᠢᠶᠠᠷ ᠢᠶᠠᠨ | ᠨᠡᠭᠦᠨ ᠰᠢᠯᠵᠢᠵᠤ ᠭᠠᠷᠴᠤ ᠢᠷᠡᠭᠰᠡᠨ ᠮᠠᠯᠴᠢᠨ ᠡᠷᠤᠬᠡ ᠵᠢᠴᠢ ᠨᠤᠲᠤᠭ ᠪᠡᠯᠴᠢᠭᠡᠷ ᠤᠨ ᠨᠦᠬᠦᠪᠤᠷᠢ ᠶᠢ | ᠲᠡᠭᠡᠭᠰᠢᠯᠡᠭᠦᠯᠤᠭ᠍ᠰᠡᠨ ᠤ ᠬᠠᠮᠲᠤ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢ ᠬᠤᠪᠢᠷᠠᠭᠤᠯᠬᠤ ᠦᠭᠡᠢ᠂ | ᠪᠦᠬᠦᠨ ᠢ ᠪᠢᠲᠡᠭᠦᠮᠵᠢᠯᠡᠵᠤ ᠡᠪᠡᠰᠤᠨ ᠤ ᠦᠢᠯᠡᠰ ᠢ ᠬᠦᠭᠵᠢᠭᠦᠯᠤᠨ᠂ ᠬᠠᠮᠲᠤ ᠳᠤᠨᠢ ᠤᠯᠤᠰ ᠤᠨ ᠲᠠᠯ᠎ᠠ ᠨᠤᠲᠤᠭ | ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠦᠭᠴᠤ ᠱᠠᠩᠨᠠᠬᠤ ᠲᠤᠭᠲᠠᠴᠠ ᠶᠢᠨ ᠲᠦᠷᠪᠡᠨ ᠲᠦᠷᠤᠯ ᠤᠨ | ᠢᠵᠢ ᠪᠦᠷᠢᠯᠳᠤᠬᠦ ᠲᠦᠷᠤ ᠶᠢᠨ ᠪᠤᠳᠤᠯᠭ᠎ᠠ ᠪᠠ ᠬᠭᠠᠯᠪᠤᠷᠢᠯᠠᠬᠤ ᠶᠢ ᠵᠤᠭᠰᠤᠭᠠᠵᠤ ᠤᠢ ᠮᠤᠳᠤ ᠲᠠᠷᠢᠬᠤ ᠨᠤᠲᠤᠭ | ᠪᠡᠯᠴᠢᠭᠡᠷ ᠢ ᠰᠠᠶᠢᠵᠢᠷᠠᠭᠤᠯᠬᠤ ᠨᠦᠬᠦᠪᠤᠷᠢ ᠶᠢ ᠡᠳᠡᠯᠡᠭᠦᠯᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠤᠰᠤᠨ ᠨᠠᠰᠤᠵᠢᠯ ᠤᠨ ᠲᠠᠭᠠᠳᠬᠯ ᠢ ᠬᠡᠷᠡᠭᠵᠢᠭᠦᠯᠵᠤ᠂ ᠮᠠᠯᠴᠢᠳ ᠤᠨ ᠬᠦᠨᠳᠤ ᠡᠪᠡᠳᠴᠢᠨ ᠠᠴᠠ ᠪᠤᠯᠵᠤ | ᠡᠮᠨᠡᠯᠭᠡ ᠳᠤ ᠰᠠᠭᠤᠭᠰᠡᠨ ᠰᠦᠢᠳᠭᠡᠯ ᠤᠨ ᠲᠠᠩᠰᠨ ᠴᠠᠶᠢᠷᠠᠭᠤᠯᠬᠤ ᠬᠠᠷᠢᠴᠠᠯ ᠢ ᠲᠡᠭᠡᠭᠰᠢᠯᠡᠭᠦᠯᠤᠨ᠂ ᠨᠡᠭᠦᠯᠭᠡᠨ | ᠰᠢᠯᠵᠢᠭᠦᠯᠤᠭ᠍ᠰᠡᠨ ᠭᠠᠴᠠᠭᠠᠨ ᠤ ᠰᠤᠷᠭᠠᠭᠤᠯᠢ ᠶᠢᠨ ᠡᠮᠤᠨᠡᠬᠢ ᠬᠡᠣᠬᠡᠳ ᠲᠤ ᠨᠦᠬᠦᠪᠤᠷᠢ ᠦᠭᠴᠤ᠂ ᠨᠡᠭᠦᠳᠡᠯ ᠠᠷᠠᠳ | ᠲᠤ ᠬᠤᠲᠠ ᠬᠦᠳᠡᠭᠡ ᠶᠢᠨ ᠬᠠᠷᠠᠭᠠᠯᠵᠠᠯᠠᠯ ᠤᠨ ᠲᠦᠷᠤ ᠶᠢᠨ ᠪᠤᠳᠤᠯᠭ᠎ᠠ ᠶᠢ ᠬᠠᠮᠲᠤ ᠳᠤᠨᠢ ᠡᠳᠡᠯᠡᠭᠦᠯᠪᠡ᠃ | ᠨᠡᠭᠦᠯᠭᠡᠨ ᠰᠢᠯᠵᠢᠭᠦᠯᠤᠭ᠍ᠰᠡᠨ ᠬᠦᠳᠡᠯᠮᠤᠷᠢ ᠬᠦᠴᠤᠨ ᠢ ᠪᠤᠯᠪᠠᠰᠤᠷᠠᠬᠤ ᠡᠷᠴᠢᠮ ᠢ ᠴᠢᠩᠭᠠᠳᠬᠠᠵᠤ᠂ ᠨᠡᠶᠢᠭᠡᠮ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠤᠲᠠ ᠳᠤ ᠤᠷᠤᠭᠰᠡᠨ ᠮᠠᠯᠴᠢᠳ ᠤᠨ ᠦᠨᠳᠤᠰᠤᠨ ᠤᠷ᠎ᠠ | ᠮᠡᠷᠭᠡᠵᠢᠯ ᠢ ᠲᠠᠷᠤᠢ ᠲᠦᠷᠭᠡᠨ ᠲᠡᠭᠡᠭᠰᠢᠯᠡᠭᠦᠯᠬᠦ ᠪᠠᠷ ᠴᠢᠷᠮᠠᠶᠢᠪᠠ᠃ ᠭᠠᠴᠠᠭ᠎ᠠ ᠶᠢ ᠬᠠᠪᠰᠤᠷᠴᠤ ᠨᠡᠶᠢᠲᠡ ᠶᠢᠨ ᠠᠵᠤ | ᠠᠬᠤᠢ ᠶᠢ ᠬᠦᠴᠤᠷᠬᠡᠭᠵᠢᠭᠦᠯᠵᠤ᠂ ᠰᠢᠨ ᠴᠧᠨ ᠬᠠᠨᠢᠠᠭᠤᠯᠨ ᠶᠢᠨ ᠪᠦᠲᠤᠭᠡᠨ ᠪᠠᠶᠢᠭᠤᠯᠤᠯᠲᠠ ᠶᠢᠨ ᠺᠤᠮᠫᠠᠨᠢ | ᠪᠠᠶᠢᠭᠤᠯᠵᠤ᠂ ᠰᠢᠨ ᠮᠤᠤ ᠵᠤᠴᠢᠳ ᠤᠨ ᠪᠠᠭᠤᠳᠠᠯ ᠡᠷᠬᠢᠯᠡᠨ᠂ ᠸᠠᠨ ᠰᠢᠶᠠᠩ ᠰᠢᠩ ᠴᠸᠡᠭ ᠺᠤᠮᠫᠠᠨᠢ ᠲᠠᠢ | ᠬᠤᠷᠰᠢᠨ ᠲᠤᠮᠤ ᠬᠡᠯᠪᠡᠷᠢ ᠶᠢᠨ ᠠᠷᠠᠯᠵᠢᠶ᠎ᠠ ᠬᠤᠲᠠᠯᠳᠣᠭᠠᠨ ᠤ ᠬᠦᠷᠢᠶᠡᠯᠡᠩ ᠲᠤᠭᠤᠷᠢᠭ ᠪᠠᠶᠢᠭᠤᠯᠵᠤ᠂ ᠮᠠᠯᠴᠢᠳ | ᠤᠨ ᠦᠢᠯᠡᠰ ᠪᠤᠰᠬᠠᠬᠤ ᠪᠠ ᠠᠵᠢᠯ ᠤᠯᠬᠤ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃ ᠲᠡᠭᠡᠷᠡᠬᠢ ᠠᠷᠭ᠎ᠠ ᠪᠠᠷᠢᠯ | ᠢᠶᠠᠷ ᠲᠠᠮᠵᠢᠵᠤ᠂ ᠨᠡᠭᠦᠳᠡᠯ ᠠᠷᠠᠳ ᠤᠨ ᠬᠤᠲᠠ ᠳᠤ ᠠᠮᠢᠳᠤᠷᠠᠵᠤ᠂ ᠬᠦᠳᠡᠭᠡ ᠦᠢᠯᠡᠳᠪᠤᠷᠢᠯᠡᠯ ᠡᠷᠬᠢᠯᠡᠬᠦ ᠨᠢᠭᠡ | ᠴᠤᠭᠴᠠᠵᠢᠭᠰᠡᠨ ᠪᠠᠶᠢᠳᠠᠯ ᠢ ᠪᠤᠢ ᠪᠤᠯᠭᠠᠵᠤ᠂ ᠢᠳᠡᠷ ᠵᠠᠯᠠᠭᠤᠴᠤᠳ ᠨᠢ ᠬᠤᠲᠠ ᠳᠤ ᠤᠷᠤᠵᠤ ᠠᠵᠢᠯᠯᠡᠨ᠂ | ᠨᠠᠰᠤᠲᠠᠶᠢᠴᠤᠳ ᠨᠢ ᠬᠤᠲᠠ ᠳᠤ ᠤᠷᠤᠵᠤ ᠠᠮᠢᠳᠤᠷᠠᠨ᠂ ᠦᠷ᠎ᠡ ᠬᠡᠣᠬᠡᠳ ᠨᠢ ᠬᠤᠲᠠ ᠳᠤ ᠢᠷᠡᠵᠤ ᠰᠤᠷᠭᠠᠭᠤᠯᠢ | ᠳᠤ ᠰᠠᠭᠤᠵᠤ᠂ ᠬᠤᠲᠠ ᠬᠦᠳᠡᠭᠡ ᠶᠢ ᠨᠢᠭᠡᠳᠤᠯᠲᠠᠢ ᠲᠦᠯᠤᠪᠵᠢᠭᠦᠯᠵᠤ ᠵᠤᠬᠢᠴᠠᠯᠳᠤᠨ ᠬᠦᠭᠵᠢᠬᠦ ᠶᠢ ᠪᠡᠶᠡᠯᠡᠭᠦᠯᠪᠡ᠃ | | ᠭᠤᠷᠪᠠ᠂ ᠲᠠᠷᠠᠭᠠᠴᠢ ᠶᠢᠨ ᠠᠵᠢᠯ | ᠨᠢᠭᠡ ᠳᠤ 2015 ᠤᠨ ᠤ ᠪᠦᠬᠦ ᠠᠶᠢᠮᠠᠭ ᠤᠨ ᠭᠠᠵᠠᠷ ᠰᠢᠷᠤᠢ ᠶᠢᠨ ᠡᠬᠢ ᠰᠤᠷᠪᠤᠯᠵᠢ ᠶᠢᠨ ᠠᠵᠢᠯ | ᠤᠨ ᠬᠤᠷᠠᠯ ᠤᠨ ᠪᠠᠶᠢᠷᠢᠯᠠᠭᠤᠯᠤᠯᠲᠠ ᠶᠢ ᠦᠨᠳᠤᠰᠤᠯᠡᠪᠡᠯ᠂ ᠪᠤᠬᠢᠷᠳᠤᠯ ᠦᠭᠡᠢ ᠠᠭᠤᠷᠬᠠᠢ ᠶᠢᠨ ᠪᠦᠲᠤᠭᠡᠨ | ᠪᠠᠶᠢᠭᠤᠯᠤᠯᠲᠠ ᠪᠤᠯ ᠡᠶ᠎ᠡ ᠵᠤᠬᠢᠴᠠᠯᠲᠤ ᠠᠭᠤᠷᠬᠠᠢ ᠶᠢᠨ ᠤᠷᠤᠨ ᠢ ᠪᠦᠲᠤᠭᠡᠨ ᠪᠠᠶᠢᠭᠤᠯᠬᠤ ᠴᠢᠬᠤᠯᠨ ᠠᠷᠭ᠎ᠠ ᠵᠠᠮ | ᠪᠠ ᠤᠷᠢᠳᠠᠴᠢ ᠨᠦᠬᠦᠴᠡᠯ ᠪᠤᠯᠤᠨ᠎ᠠ᠂ ᠲᠤᠮᠤ ᠲᠤᠮᠲᠠ ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠡᠯ ᠢ | ᠬᠠᠪᠰᠤᠷᠴᠤ᠂ ᠪᠤᠬᠢᠷᠳᠤᠯ ᠦᠭᠡᠢ ᠠᠭᠤᠷᠬᠠᠢ ᠪᠤᠯᠭᠠᠨ ᠪᠠᠶᠢᠭᠤᠯᠬᠤ ᠪᠠᠷ ᠡᠷᠡᠮᠡᠯᠵᠡᠯᠡᠨ᠎ᠡ᠃ ᠬᠤᠶᠠᠷ ᠲᠤ ᠡᠶ᠎ᠡ | ᠵᠤᠬᠢᠴᠠᠯᠲᠤ ᠠᠭᠤᠷᠬᠠᠢ ᠶᠢᠨ ᠤᠷᠤᠨ ᠪᠠ ᠪᠤᠬᠢᠷᠳᠤᠯ ᠦᠭᠡᠢ ᠠᠭᠤᠷᠬᠠᠢ ᠶᠢᠨ ᠪᠦᠲᠤᠭᠡᠨ ᠪᠠᠶᠢᠭᠤᠯᠤᠯᠲᠠ ᠶᠢ | ᠤᠶᠠᠯᠳᠤᠭᠤᠯᠵᠤ᠂ ᠡᠷᠬᠡᠪᠰᠢ ᠪᠡᠶᠡᠯᠡᠭᠦᠯᠬᠦ ᠭᠦᠢᠴᠡᠳᠭᠡᠯ ᠲᠤᠭ᠎ᠠ ᠶᠢᠨ ᠨᠠᠶᠢᠳᠠᠪᠤᠷᠢᠵᠢᠭᠳᠠᠬᠤ ᠡᠰᠡᠬᠦ ᠶᠢ ᠴᠢᠩᠭ᠎ᠠ | ᠬᠢᠨᠠᠨ ᠬᠠᠮᠢᠶᠠᠷᠴᠤ᠂ ᠠᠭᠤᠷᠬᠠᠢ ᠤᠷᠴᠢᠨ ᠢ ᠴᠡᠭᠴᠡᠯᠡᠨ ᠵᠠᠰᠠᠬᠤ ᠠᠵᠢᠯ ᠢ ᠲᠤᠪᠤᠶᠢᠮ᠎ᠠ ᠰᠠᠶᠢᠲᠤᠷ ᠠᠳᠬᠤᠨ᠎ᠠ᠃ | ᠭᠤᠷᠪᠠ ᠳᠤ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ᠂ ᠬᠠᠤᠯᠢ ᠬᠡᠷᠡᠭᠵᠢᠭᠦᠯᠬᠦ ᠴᠠᠭᠳᠠᠨ ᠪᠠᠶᠢᠴᠠᠭᠠᠬᠤ ᠬᠢᠨᠠᠨ | ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ︽ᠰᠢᠯᠢ ᠶᠢᠨ ᠬᠤᠲᠠ ᠶᠢᠨ ᠱᠧᠩ ᠯᠢ ᠨᠡᠭᠦᠷᠡᠰᠤᠨ ᠠᠭᠤᠷᠬᠠᠢ | ᠶᠢᠨ ᠤᠷᠴᠢᠨ ᠲᠤᠭᠤᠷᠢᠨ ᠢ ᠵᠠᠰᠠᠵᠤ ᠰᠠᠶᠢᠵᠢᠷᠠᠭᠤᠯᠬᠤ ᠬᠡᠷᠡᠭᠵᠢᠭᠦᠯᠬᠦ ᠲᠦᠰᠤᠪ︾ ᠤᠨ ᠡᠯ᠎ᠡ ᠭᠦᠢᠴᠡᠳᠭᠡᠯ | ᠲᠤᠭ᠎ᠠ᠂ ᠠᠷᠭ᠎ᠠ ᠪᠠᠷᠢᠯ ᠬᠢᠭᠡᠳ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠨᠡᠭᠦᠷᠡᠰᠤᠨ ᠠᠭᠤᠷᠬᠠᠢ ᠶᠢᠨ | ᠪᠤᠰᠤ ᠠᠵᠤ ᠠᠬᠤᠶᠢᠯᠡᠯ ᠤᠨ ᠨᠤᠭᠤᠭᠠᠷᠠᠭᠤᠯᠤᠯᠲᠠ ᠶᠢᠨ ᠠᠵᠢᠯ ᠤᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠨ᠎ᠡ | ᠃ |