ᠲᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠬᠤᠷᠢᠶᠠᠨ ᠤ ᠠᠷᠪᠡᠨ ᠬᠤᠶᠠᠳᠤᠭᠠᠷ | ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠲᠡᠭᠡᠷᠡᠬᠢ | ᠶᠠᠷᠢᠶ᠎ᠠ | | ᠵᠡᠩ ᠶᠢᠨ ᠮᠢᠩ | | ᠨᠦᠬᠦᠳ ᠡ᠄ | ᠡᠨᠡ ᠤᠳᠠᠭᠠᠨ ᠤ ᠬᠤᠷᠠᠯ ᠤᠨ ᠭᠤᠤᠯ ᠡᠭᠦᠷᠭᠡ ᠪᠤᠯ ᠲᠦᠪ ᠤᠨ ᠠᠵᠤ ᠠᠬᠤᠢ ᠶᠢᠨ ᠠᠵᠢᠯ ᠤᠨ ᠬᠤᠷᠠᠯ | ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ | ᠨᠠᠮ ᠤᠨ ᠲᠦᠯᠤᠭᠡᠯᠡᠭᠴᠢᠳ ᠤᠨ ᠶᠡᠭᠡ ᠬᠤᠷᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ | ᠬᠤᠷᠢᠶᠠᠨ ᠤ 2017 ᠤᠨ ᠤ ᠨᠢᠭᠡᠳᠤᠭᠡᠷ ᠤᠳᠠᠭᠠᠨ ᠤ ︵ᠦᠷᠭᠡᠳᠭᠡᠭᠰᠡᠨ︶ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠩᠭᠡᠷᠡᠭᠰᠡᠨ ᠨᠢᠭᠡ ᠵᠢᠯ ᠤᠨ ᠠᠵᠢᠯ ᠢ ᠡᠷᠬᠢᠴᠡᠭᠦᠯᠤᠨ ᠳ᠋ᠦᠩᠨᠡᠵᠤ᠂ | 2017 ᠤᠨ ᠤ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠪᠠᠶᠢᠷᠢᠯᠠᠭᠤᠯᠤᠨ᠎ᠠ᠃ | | ᠨᠢᠭᠡ᠂ 2016 ᠤᠨ ᠤ ᠠᠵᠢᠯ ᠤᠨ ᠡᠷᠬᠢᠴᠡᠭᠦᠯᠤᠯ | 2016 ᠤᠨ ᠳᠤ᠂ ᠪᠦᠬᠦ ᠬᠤᠲᠠ ᠪᠠᠷ ᠢᠶᠠᠨ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠪᠠ ᠠᠷᠪᠡᠨ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ | ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠶᠠᠷᠤᠩᠬᠡᠢ ᠱᠦᠵᠢ ᠰᠢ ᠶᠢᠨ ᠫᠢᠡᠭ ᠤᠨ ᠴᠢᠬᠤᠯᠨ ᠶᠠᠷᠢᠶ᠎ᠠ | ᠨᠤᠭᠤᠳ ᠤᠨ ᠵᠤᠷᠢᠭ ᠰᠠᠨᠠᠭ᠎ᠠ ᠪᠤᠯᠤᠨ ᠲᠦᠷᠤ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠦᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠤᠨ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠤᠷᠢᠲᠤ ᠪᠤᠳᠤᠯᠭ᠎ᠠ ᠶᠢ ᠬᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠠᠷᠤᠩᠬᠡᠢ ᠪᠠᠶᠢᠷᠢᠰᠢᠭᠤᠯᠤᠯᠲᠠ | ᠶᠢ ᠨᠢᠭᠡᠲᠤᠯᠲᠠᠢ ᠲᠦᠯᠤᠪᠵᠢᠭᠦᠯᠤᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠬᠦᠴᠢᠷ ᠪᠡᠷᠬᠡᠰᠢᠶᠠᠯ ᠢ ᠲᠤᠭᠤᠯᠤᠨ᠂ ᠯᠠᠪᠳᠠᠭᠤᠨ ᠪᠠᠲᠤᠲᠠᠢ | ᠠᠵᠢᠯᠯᠠᠵᠤ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠤᠬᠢ ᠰᠠᠶᠢᠨ ᠡᠬᠢᠯᠡᠯᠲᠡ ᠶᠢ ᠪᠡᠶᠡᠯᠡᠭᠦᠯᠤᠨ᠂ ᠡᠯ᠎ᠡ | ᠲᠠᠯ᠎ᠠ ᠶᠢᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠤᠮᠵᠢ ᠤᠯᠤᠭᠰᠡᠨ ᠪᠠᠶᠢᠨ᠎ᠠ᠃ | ︵ᠨᠢᠭᠡ︶ ᠵᠦᠪ ᠤᠨᠤᠪᠴᠢᠲᠠᠢ ᠤᠯᠤᠰ ᠲᠦᠷᠤ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠲᠦᠪ | ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ | ᠰᠢᠢᠳᠪᠤᠷᠢᠲᠤ ᠪᠤᠳᠤᠯᠭ᠎ᠠ ᠶᠢ ᠡᠷᠡᠰ ᠲᠤᠤᠱᠯᠠᠭᠤᠯᠤᠨ ᠨᠡᠶᠢᠳᠠᠪᠤᠷᠢᠵᠢᠭᠤᠯᠪᠠ᠃ ᠶᠠᠷᠤᠩᠬᠡᠢ ᠱᠦᠵᠢ ᠰᠢ ᠶᠢᠨ ᠫᠢᠡᠭ | ᠤᠨ ᠴᠢᠬᠤᠯᠨ ᠶᠠᠷᠢᠶ᠎ᠠ ᠪᠠ ᠦᠪᠤᠷ ᠮᠤᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠨ ᠶᠠᠷᠢᠶᠠᠨ | ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠴᠢᠬᠤᠯᠨ ᠤᠯᠤᠰ ᠲᠦᠷᠤ ᠶᠢᠨ ᠡᠭᠦᠷᠭᠡ ᠪᠤᠯᠭᠠᠵᠤ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠤᠷᠢᠲᠤ | ᠪᠤᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ | ᠢᠯᠠᠩᠭᠤᠶ᠎ᠠ ᠭᠤᠤᠯ ᠴᠤᠭᠴᠠ ᠶᠢᠨ ᠤᠬᠠᠮᠰᠠᠷ᠂ ᠨᠢᠭᠡᠳᠤᠯᠲᠠᠢ ᠪᠠᠶᠢᠬᠤ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠨ᠂ ᠦᠵᠠᠯ ᠰᠠᠨᠠᠭ᠎ᠠ ᠤᠯᠤᠰ ᠲᠦᠷᠤ ᠦᠢᠯᠨ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠡᠭ ᠨᠦᠬᠦᠷ | ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶ᠎ᠠ ᠲᠠᠢ ᠲᠡᠭᠡᠲᠤ ᠬᠡᠮᠵᠢᠶ᠎ᠠ ᠪᠠᠷ ᠨᠢᠭᠡᠲᠤᠯᠲᠠᠢ ᠪᠠᠶᠢᠪᠠ᠃ ᠨᠢᠭᠡ ᠵᠢᠯ | ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ ᠨᠢ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠴᠢᠬᠤᠯᠨ ᠬᠤᠷᠠᠯ᠂ ᠴᠢᠬᠤᠯᠨ ᠶᠠᠷᠢᠶ᠎ᠠ ᠶᠢ ᠲᠠᠷᠤᠢ ᠳᠤᠨᠢ | ᠵᠤᠬᠢᠶᠠᠨ ᠪᠠᠶᠢᠭᠤᠯᠵᠤ ᠰᠤᠷᠤᠯᠴᠠᠭᠰᠡᠨ ᠤ ᠬᠠᠮᠲᠤ ᠪᠤᠲᠠᠲᠠᠢ ᠠᠴᠠ ᠡᠭᠦᠰᠴᠤ ︽ᠠᠷᠪᠡᠨ ᠭᠤᠷᠪᠠᠳᠤᠭᠠᠷ ᠲᠠᠪᠤᠨ ᠵᠢᠯ | ︾ ᠤᠨ ᠲᠦᠯᠤᠪᠵᠢᠭᠦᠯᠭᠡ ᠶᠢᠨ ᠰᠠᠨᠠᠭᠤᠯᠭ᠎ᠠ ᠲᠤᠷᠠᠳᠤᠨ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠲᠤᠪᠴᠢ ᠵᠢᠴᠢ ᠲᠤᠰᠬᠠᠢ ᠲᠦᠯᠤᠪᠵᠢᠭᠦᠯᠭᠡ ᠶᠢ ᠲᠤᠭᠤᠷᠪᠢᠨ ᠨᠠᠶᠢᠷᠠᠭᠤᠯᠪᠠ᠂ ᠬᠤᠲᠠ ᠶᠢᠨ | ᠨᠠᠮ ᠤᠨ ᠬᠤᠷᠢᠶ᠎ᠠ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠢ ᠨᠠᠷᠢᠨ ᠨᠢᠮᠪᠠᠢ | ᠵᠤᠬᠢᠶᠠᠨ ᠪᠠᠶᠢᠭᠤᠯᠤᠭᠰᠡᠨ ᠤ ᠬᠠᠮᠲᠤ ᠤᠷᠤᠭᠰᠢᠲᠠᠢ ᠪᠠᠶᠠᠯᠠᠭᠦᠯᠪᠠ᠂ ᠲᠡᠭᠡᠳᠤ ᠱᠠᠲᠤᠨ ᠤ ᠴᠢᠬᠤᠯᠨ ᠶᠡᠭᠡ | ᠰᠢᠢᠳᠪᠤᠷᠢᠲᠤ ᠪᠤᠳᠤᠯᠭ᠎ᠠ᠂ ᠭᠤᠤᠯᠳᠠᠯᠭᠠᠲᠤ ᠲᠦᠷᠤᠯ ᠵᠦᠢᠯ᠂ ᠭᠤᠤᠯ ᠠᠵᠢᠯ ᠢ ᠵᠠᠳᠠᠯᠤᠨ ᠬᠤᠪᠢᠶᠠᠷᠢᠯᠠᠵᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠢ ᠬᠦᠮᠤᠨ ᠢᠶᠠᠷ ᠲᠠᠭᠠᠭᠠᠴᠢᠯᠠᠭᠤᠯᠤᠨ ᠱᠠᠯᠠᠪᠳᠠᠭᠤᠯᠵᠤ᠂ ᠲᠦᠪ | ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ | ᠰᠢᠢᠳᠪᠤᠷᠢᠲᠤ ᠪᠤᠳᠤᠯᠭ᠎ᠠ ᠶᠢᠨ ᠨᠠᠶᠢᠳᠠᠪᠤᠷᠢᠵᠢᠭᠳᠠᠬᠤ ᠪᠠ ᠪᠦᠬᠦ ᠬᠤᠲᠠ ᠶᠢᠨ ᠡᠯ᠎ᠡ ᠲᠦᠷᠤᠯ ᠤᠨ ᠠᠵᠢᠯ ᠦᠢᠯᠡᠰ | ᠤᠨ ᠬᠦᠭᠵᠢᠯᠲᠡ ᠶᠢ ᠠᠬᠢᠭᠤᠯᠤᠭᠰᠡᠨ ᠪᠠᠶᠢᠨ᠎ᠠ᠃ | ︵ᠬᠤᠶᠠᠷ︶ ᠬᠦᠭᠵᠢᠯᠲᠡ ᠶᠢ ᠴᠢᠩᠭ᠎ᠠ ᠠᠳᠬᠤᠵᠤ᠂ ᠠᠵᠤ ᠠᠬᠤᠢ ᠦᠷᠭᠦᠯᠵᠢᠯᠡᠨ ᠡᠷᠡᠭᠦᠯ ᠢᠶᠠᠷ | ᠬᠦᠭᠵᠢᠬᠦ ᠶᠢ ᠪᠠᠲᠤᠯᠠᠪᠠ᠃ ᠲᠤᠭᠲᠠᠭᠤᠨ ᠨᠡᠮᠡᠭᠳᠡᠯ ᠢ ᠲᠡᠷᠢᠭᠦᠨ ᠴᠢᠬᠤᠯᠨ ᠡᠭᠦᠷᠭᠡ ᠪᠤᠯᠭᠠᠵᠤ᠂ ᠰᠠᠨᠠᠭᠠᠴᠢᠯᠠᠭ᠎ᠠ | ᠠᠴᠠ ᠪᠠᠨ ᠠᠵᠢᠯᠯᠠᠵᠤ᠂ ᠶᠡᠷᠤᠩᠬᠡᠶᠢᠯᠡᠭᠰᠡᠨ ᠠᠷᠭ᠎ᠠ ᠪᠠᠷᠢᠯ ᠠᠪᠴᠤ᠂ ᠠᠵᠤ ᠠᠬᠤᠢ ᠶᠢᠨ ᠬᠦᠭᠵᠢᠯᠲᠡ ᠶᠢᠨ ᠶᠠᠰᠤ | ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃ ᠨᠢᠭᠡ ᠵᠢᠯ ᠤᠨ ᠲᠤᠷᠰᠢ᠂ ᠪᠢᠳᠡ | ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ ᠦᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠤᠮᠤ ᠪᠠᠶᠢᠳᠠᠯ | ᠲᠤᠤᠷ᠎ᠠ᠂ ᠠᠵᠤ ᠠᠬᠤᠢ ᠲᠤᠷᠤᠭᠰᠢᠯᠠᠬᠤ ᠲᠠᠷᠤᠯᠲᠠ ᠶᠢ ᠴᠢᠷᠮᠠᠶᠢᠨ ᠲᠡᠪᠴᠢᠵᠤ᠂ ᠠᠵᠤ ᠠᠬᠤᠢ ᠶᠢᠨ ᠲᠤᠭᠲᠠᠭᠤᠨ | ᠡᠷᠬᠢᠯᠲᠡ ᠶᠢ ᠪᠡᠶᠡᠯᠡᠭᠦᠯᠤᠭ᠍ᠰᠡᠨ ᠬᠠᠮᠲᠤ ᠲᠤᠭᠲᠠᠭᠤᠨ ᠤ ᠲᠤᠮᠳᠠ ᠤᠷᠤᠭᠰᠢᠯᠠᠨ ᠲᠠᠪᠰᠢᠭᠰᠡᠨ ᠪᠠᠶᠢᠨ᠎ᠠ᠃ ᠪᠦᠬᠦ | ᠬᠤᠲᠠ ᠶᠢᠨ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠲᠡᠭ 7.5% ᠪᠠᠷ ᠨᠡᠮᠡᠭᠳᠡᠵᠤ᠂ ᠪᠦᠬᠦ | ᠨᠡᠶᠢᠭᠡᠮ ᠤᠨ ᠲᠤᠭᠲᠠᠮᠠᠯ ᠬᠦᠷᠤᠩᠭᠡ ᠶᠢᠨ ᠪᠡᠯᠨ ᠤᠷᠤᠭᠤᠯᠤᠯᠲᠠ 21.6 % ᠪᠠᠷ ᠨᠡᠮᠡᠭᠳᠡᠵᠤ᠂ ᠡᠩ ᠤᠨ ᠤᠯᠡᠨ | ᠨᠡᠶᠢᠲᠡ ᠶᠢᠨ ᠲᠦᠰᠤᠪ ᠤᠨ ᠤᠷᠤᠯᠭ᠎ᠠ 11.2% ᠪᠠᠷ ᠨᠡᠮᠡᠭᠳᠡᠵᠤ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ | ᠪᠤᠷᠤᠯᠠᠭᠤᠯᠬᠤ ᠶᠡᠷᠤᠩᠬᠡᠢ ᠲᠤᠭ᠎ᠠ 10% ᠪᠠᠷ ᠨᠡᠮᠡᠭᠳᠡᠨ᠂ ᠠᠵᠤ ᠠᠬᠤᠢ ᠶᠢᠨ ᠶᠡᠷᠤᠩᠬᠡᠢ ᠬᠡᠮᠵᠢᠶ᠎ᠡ ᠪᠦᠬᠦ ᠠᠶᠢᠮᠠᠭ | ᠤᠨ ᠨᠢᠭᠡᠳᠤᠭᠡᠷ ᠲᠤ ᠵᠢᠭᠰᠠᠭᠠᠭᠳᠠᠪᠠ᠃ ᠭᠤᠷᠪᠠᠨ ᠠᠵᠤ ᠦᠢᠯᠡᠰ ᠤᠨ ᠪᠦᠲᠤᠴᠠ ᠨᠢᠳᠤᠨᠤᠨ ᠤ 7.6᠄ 50.3᠄ | 42.1 ᠪᠠᠶᠢᠭᠰᠡᠨ ᠠᠴᠠ ᠪᠠᠨ 7.9᠄ 48.3᠄ 43.8 ᠪᠤᠯᠵᠤ᠂ ︽ᠬᠤᠨᠢ ᠶᠢ ᠴᠦᠭᠡᠳᠭᠡᠨ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠤᠷᠤᠭᠰᠢᠲᠠᠢ ᠠᠬᠢᠭᠤᠯᠤᠭᠳᠠᠵᠤ᠂ ᠦᠢᠯᠡᠴᠢᠯᠡᠭᠡᠨ ᠤ ᠦᠢᠯᠡᠰ ᠲᠦᠷᠭᠡᠨ | ᠢᠶᠠᠷ ᠬᠦᠭᠵᠢᠬᠦ ᠬᠠᠨᠳᠤᠰᠢ ᠢᠯᠡᠷᠡᠵᠤ᠂ ᠪᠦᠲᠤᠴᠡ ᠶᠢ ᠲᠤᠬᠢᠷᠠᠭᠤᠯᠤᠨ ᠬᠡᠯᠪᠡᠷᠢ ᠶᠢ ᠬᠤᠪᠢᠷᠠᠭᠤᠯᠬᠤ ᠨᠢ ᠠᠩᠬ᠎ᠠ | ᠠᠯᠬᠤᠮ ᠤᠨ ᠦᠷ᠎ᠡ ᠪᠦᠲᠤᠮᠵᠢ ᠤᠯᠪᠠ᠃ ᠤᠨᠴᠠ ᠦᠨᠳᠤᠷ ᠬᠦᠴᠤᠳᠠᠯᠲᠤ ᠴᠠᠬᠢᠯᠭᠠᠨ ᠤ ᠲᠤᠤᠷ ᠵᠢᠴᠢ ᠴᠠᠬᠢᠯᠭᠠᠨ | ᠤ ᠡᠬᠢ ᠰᠤᠷᠪᠤᠯᠵᠢ ᠶᠢᠨ ᠰᠠᠭᠤᠷᠢᠨ ᠭᠠᠵᠠᠷ ᠤᠨ ᠲᠦᠷᠤᠯ ᠵᠦᠢᠯ᠂ ᠮᠠᠰᠢᠨ ᠲᠤᠨᠤᠭᠯᠠᠯ ᠦᠢᠯᠡᠳᠬᠦ ᠲᠦᠷᠤᠯ ᠵᠦᠢᠯ᠂ | ᠲᠠᠷᠢᠶᠠᠯᠠᠩ ᠮᠠᠯᠵᠢᠯ ᠤᠨ ᠠᠵᠤ ᠦᠢᠯᠡᠰᠵᠢᠯᠲᠡ ᠶᠢᠨ ᠲᠦᠷᠤᠯ ᠵᠦᠢᠯ᠂ ᠰᠤᠶᠤᠯ ᠵᠢᠭᠤᠯᠴᠢᠯᠠᠯ ᠤᠨ ᠲᠦᠷᠤᠯ ᠵᠦᠢᠯ | ᠪᠤᠯᠤᠨ ᠰᠠᠭᠤᠷᠢ ᠲᠦᠬᠦᠭᠡᠷᠤᠮᠵᠢ ᠶᠢᠨ ᠲᠦᠷᠤᠯ ᠵᠦᠢᠯ ᠲᠤᠭᠲᠠᠭᠤᠨ ᠪᠠᠷ ᠠᠬᠢᠭᠤᠯᠤᠭᠳᠠᠵᠤ᠂ ᠵᠠᠰᠠᠭ ᠤᠨ ᠤᠷᠳᠤᠨ | ᠪᠠ ᠨᠠᠶᠢᠭᠡᠮ ᠤᠨ ᠬᠦᠷᠤᠩᠭᠡ ᠶᠢᠨ ᠬᠠᠮᠲᠤᠷᠠᠯᠴᠠᠭᠠᠨ ︵ppp︶ ᠤ ᠲᠦᠷᠤᠯ ᠵᠦᠢᠯ ᠰᠢᠪᠲᠤᠯᠤᠯᠲᠠ ᠤᠯᠵᠤ᠂ | ᠬᠦᠭᠵᠢᠯᠲᠡ ᠶᠢᠨ ᠨᠦᠭᠡᠴᠡ ᠬᠦᠴᠤᠨ ᠢ ᠨᠡᠩ ᠴᠢᠩᠭᠠᠳᠬᠠᠪᠠ᠃ | ︵ᠭᠤᠷᠪᠠ︶ ᠠᠷᠠᠳ ᠤᠨ ᠠᠮᠢᠳᠤᠷᠠᠯ ᠢ ᠡᠩ ᠲᠡᠷᠢᠭᠦᠨ ᠳᠤ ᠲᠠᠯᠪᠢᠬᠤ ᠵᠢᠯᠤᠭᠤᠳᠤᠮᠵᠢ ᠶᠢ | ᠪᠠᠷᠢᠮᠲᠠᠯᠠᠵᠤ᠂ ᠤᠯᠡᠨ ᠲᠦᠮᠡᠨ ᠤ ᠤᠯᠤᠯᠲᠡ ᠶᠢᠨ ᠰᠡᠳᠬᠢᠯᠭᠡ ᠦᠷᠭᠦᠯᠵᠢᠯᠡᠨ ᠲᠡᠭᠡᠭᠰᠢᠯᠡᠪᠡ᠃ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠠᠵᠢᠯ ᠤᠨ ᠡᠬᠢᠯᠡᠯᠲᠡ ᠪᠠ ᠵᠤᠭᠰᠤᠴᠠ ᠪᠤᠯᠭᠠᠵᠤ᠂ ᠤᠯᠡᠨ | ᠲᠦᠮᠡᠨ ᠤ ᠲᠤᠰ ᠪᠡᠶ᠎ᠡ ᠶᠢᠨ ᠠᠰᠢᠭ ᠲᠤᠰᠡ ᠲᠠᠢ ᠬᠤᠯᠪᠤᠭᠳᠠᠬᠤ ᠪᠤᠲᠠᠲᠠᠢ ᠠᠰᠠᠭᠤᠳᠠᠯ ᠢ ᠴᠢᠷᠮᠠᠶᠢᠨ | ᠰᠢᠢᠳᠪᠤᠷᠢᠯᠡᠪᠡ᠃ ᠨᠢᠭᠡ ᠵᠢᠯ ᠤᠨ ᠲᠤᠷᠰᠢ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠨᠡᠶᠢᠭᠡᠮ ᠤᠨ | ᠬᠦᠷᠢᠶ᠎ᠡ ᠴᠠᠷᠠᠭᠠᠨ ᠳᠠᠬᠢ ᠵᠠᠷᠤᠴᠠᠭᠤᠯᠤᠯᠲᠠ ᠨᠢ ᠤᠯᠡᠨ ᠨᠡᠶᠢᠲᠡ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢᠨ 70.8% ᠶᠢ ᠡᠵᠡᠯᠡᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠨᠡᠨᠬᠦ ᠪᠤᠲᠠᠲᠠᠢ ᠳᠤ | ᠨᠠᠶᠢᠳᠠᠪᠤᠷᠢᠵᠢᠭᠤᠯᠤᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠤᠨ ᠲᠤᠮᠳᠠᠴᠢ ᠶᠢᠨ ᠡᠵᠡᠮᠳᠡᠵᠤ | ᠪᠤᠯᠬᠤᠶᠢᠴᠠ ᠤᠷᠤᠯᠭ᠎ᠠ ᠨᠢ ᠲᠤᠰᠪᠤᠷᠢ 8% ᠪᠠ 7.8% ᠪᠠᠷ ᠨᠡᠮᠡᠭᠳᠡᠵᠠᠢ᠃ ᠠᠷᠠᠳ ᠤᠨ ᠠᠮᠤᠷ ᠠᠮᠤᠭᠤᠯᠡᠩ | ᠰᠠᠭᠤᠷᠢᠰᠢᠯ ᠤᠨ ᠢᠨᠵᠧᠨᠧᠷᠢᠩ ᠢ ᠬᠡᠷᠡᠭᠵᠢᠭᠦᠯᠤᠨ᠂ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠯᠲᠡ ᠶᠢᠨ | ᠠᠯᠬᠤᠴᠠ ᠲᠦᠷᠭᠡᠳᠭᠡᠨ᠂ ᠪᠤᠴᠠᠭᠠᠨ ᠨᠡᠭᠦᠯᠭᠡᠬᠦ ᠠᠰᠠᠷ ᠪᠠ ᠲᠦᠭᠦᠮ ᠪᠦᠲᠤᠴᠡᠲᠤ ᠲᠤᠭᠤᠷᠢᠭ ᠤᠨ ᠦᠭᠡᠷᠡᠴᠢᠯᠠᠯᠲᠠ | ᠶᠢᠨ ᠲᠤᠮᠳᠠ ᠵᠤᠭᠤᠰ ᠮᠦᠩᠬᠦ ᠪᠤᠳᠤᠨ ᠦᠭᠬᠦ ᠬᠡᠯᠪᠡᠷᠢ ᠪᠠᠷ ᠲᠦᠪᠬᠢᠨᠡᠬᠦᠯᠬᠦ ᠬᠠᠷᠢᠴᠠᠯ ᠲᠤᠭᠲᠠᠭᠤᠨ ᠢᠶᠠᠷ ᠨᠡᠮᠡᠭᠳᠡᠪᠡ | ︔ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠲᠤᠯᠠᠬᠤ ᠠᠵᠢᠯ ᠢ ᠬᠦᠨᠵᠡᠭᠡᠢ ᠦᠷᠨᠢᠭᠦᠯᠵᠤ᠂ ᠶᠠᠳᠠᠭᠤ | ᠬᠦᠴᠢᠷᠳᠡᠯᠲᠠᠢ ᠪᠠᠶᠢᠳᠠᠯ ᠢ ᠦᠨᠳᠤᠰᠤᠨ ᠳᠡᠭᠡᠨ ᠠᠷᠢᠯᠭᠠᠬᠤ ᠬᠠᠷᠠᠯᠲᠠ ᠶᠢ ᠪᠦᠬᠦ ᠠᠶᠢᠮᠠᠭ ᠲᠤ ᠬᠠᠮᠤᠭ ᠲᠡᠷᠢᠭᠦᠨ ᠳᠤ | ᠪᠡᠶᠡᠯᠡᠭᠦᠯᠪᠡ︔ ᠠᠵᠢᠯ ᠤᠯᠭᠤᠬᠤ ᠦᠢᠯᠡᠰ ᠪᠤᠰᠬᠠᠬᠤ ᠢᠨᠵᠧᠨᠧᠷᠢᠩ ᠢ ᠬᠦᠡᠵᠡᠭᠡᠢ ᠬᠡᠷᠡᠭᠵᠢᠭᠦᠯᠵᠤ᠂ ᠦᠢᠯᠡᠰ | ᠪᠤᠰᠬᠠᠬᠤ ᠬᠦᠷᠢᠶᠡᠯᠡᠩ ᠲᠤᠭᠤᠷᠢᠭ ᠢᠶᠠᠷ ᠠᠵᠢᠯ ᠤᠯᠭᠤᠯᠲᠠ ᠶᠢ ᠲᠠᠶᠢᠴᠢᠯᠠᠨ᠂ ᠬᠤᠲᠠ ᠪᠠᠯᠭᠠᠰᠤᠨ ᠤ | ᠲᠠᠩᠰᠠᠯᠠᠭᠤᠯᠤᠭᠰᠡᠨ ᠠᠵᠢᠯ ᠠᠯᠳᠠᠬᠤ ᠨᠤᠷᠮ᠎ᠠ ᠶᠢ 3.35% ᠶᠢᠨ ᠲᠤᠲᠤᠷ᠎ᠠ ᠬᠢᠵᠠᠭᠠᠷᠯᠠᠪᠠ︔ ᠨᠠᠰᠤᠵᠢᠯ ᠤᠨ | ᠲᠠᠭᠠᠳᠬᠠᠯ᠂ ᠡᠮ ᠡᠮᠨᠡᠯᠭᠡ᠂ ᠬᠦᠴᠢᠷᠳᠡᠯᠲᠠᠢ ᠠᠷᠠᠳ ᠤᠨ ᠠᠮᠢᠲᠤᠷᠠᠯ ᠤᠨ ᠪᠠᠲᠤᠯᠠᠪᠤᠷᠢ ᠵᠡᠷᠭᠡ ᠨᠡᠶᠢᠭᠡᠮ ᠤᠨ | ᠪᠠᠲᠤᠯᠠᠭ᠎ᠠ ᠶᠢᠨ ᠲᠦᠪᠰᠢᠨ ᠲᠤᠭᠲᠠᠭᠤᠨ ᠢᠶᠠᠷ ᠲᠡᠭᠡᠭᠰᠢᠯᠡᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ | ᠬᠦᠭᠵᠢᠯᠲᠡ ᠦᠨᠳᠤᠰᠤᠨ ᠳᠡᠭᠡᠨ ᠲᠡᠩᠴᠡᠭᠦᠷᠢᠲᠠᠢ ᠪᠠᠶᠢᠬᠤ ᠤᠯᠤᠰ ᠤᠨ ᠰᠢᠯᠭᠠᠷᠠᠭᠤᠯᠤᠯᠲᠠ ᠳᠤ ᠬᠢᠷᠢ ᠲᠡᠩᠴᠡᠵᠤ᠂ | ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠦᠢᠯᠡᠰ ᠡᠷᠡᠭᠦᠯ ᠢᠶᠠᠷ | ᠬᠦᠭᠵᠢᠪᠡ᠃ | ︵ᠲᠦᠷᠪᠡ︶ ᠬᠤᠲᠠ ᠶᠢᠨ ᠪᠦᠲᠤᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ | ᠶᠢᠨ ᠦᠢᠯᠡᠴᠢᠯᠡᠬᠦ ᠴᠢᠳᠠᠪᠬᠢ ᠤᠯᠡᠮ ᠲᠡᠭᠦᠯᠳᠡᠷᠵᠢᠪᠡ᠃ ︽ᠵᠢᠷᠭᠤᠭᠠᠨ ᠬᠤᠲᠠ ᠶᠢ ᠵᠡᠷᠭᠡᠪᠡᠷ ᠴᠤᠭᠴᠠᠯᠠᠬᠤ︾ | ᠠᠵᠢᠯᠯᠠᠭ᠎ᠠ ᠶᠢ ᠬᠤᠲᠠ ᠶᠢᠨ ᠪᠦᠲᠤᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠦᠴᠤᠲᠠᠢ ᠭᠠᠷᠳᠠᠴᠠ ᠪᠤᠯᠭᠠᠨ᠂ | ᠤᠯᠡᠨ ᠲᠦᠮᠡᠨ ᠤ ᠶᠠᠪᠤᠵᠤ ᠰᠠᠭᠤᠬᠤ᠂ ᠰᠠᠭᠤᠷᠢᠰᠢᠬᠤ᠂ ᠠᠮᠢᠳᠤᠷᠠᠬᠤ ᠵᠡᠷᠭᠡ ᠲᠠᠯ᠎ᠠ ᠲᠠᠢ ᠬᠤᠯᠪᠤᠭᠳᠠᠬᠤ ᠤᠯᠡᠨ | ᠨᠡᠶᠢᠲᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠤᠲᠠ ᠶᠢᠨ | ᠨᠠᠷᠢᠯᠢᠭᠵᠢᠭᠤᠯᠤᠭᠰᠡᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃ ᠡᠨᠡ ᠵᠢᠯ᠂ | ᠨᠡᠶᠢᠲᠡ17.6 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ ᠵᠡᠭᠡᠯᠢ ᠵᠠᠮ ᠢ ᠦᠷᠭᠡᠳᠭᠡᠬᠦ᠂ ᠲᠠᠰᠤᠷᠬᠠᠢ ᠵᠠᠮ | ᠢ ᠨᠡᠪᠲᠡᠷᠡᠭᠦᠯᠬᠦ᠂ ᠵᠢᠵᠢᠭ ᠵᠡᠭᠡᠯᠢ ᠭᠤᠳᠤᠮᠵᠢ ᠶᠢ ᠵᠠᠰᠠᠵᠤ ᠲᠡᠪᠢᠰᠬᠦ᠂ ᠶᠠᠪᠠᠭᠠᠨ ᠬᠦᠮᠤᠨ ᠤ ᠵᠠᠮ ᠢ ᠲᠡᠪᠢᠰᠬᠦ᠂ | ᠴᠠᠬᠢᠯᠭᠠᠨ ᠤᠲᠠᠰᠤ ᠶᠢ ᠭᠠᠵᠠᠷ ᠲᠤᠤᠷ᠎ᠠ ᠤᠷᠤᠭᠤᠯᠬᠤ᠂ ᠲᠦᠭᠡᠭᠡᠯ ᠤᠰᠤ ᠪᠤᠵᠠᠷ ᠤᠰᠤ ᠪᠤᠷᠤᠭᠠᠨ ᠤ ᠤᠰᠤᠨ ᠤ | ᠬᠤᠭᠤᠯᠠᠢ ᠲᠤᠤᠷ ᠢ ᠦᠭᠡᠷᠡᠴᠢᠯᠡᠬᠦ᠂ ᠢᠯᠴᠢ ᠬᠠᠩᠭᠠᠯᠲᠠ ᠶᠢᠨ ᠬᠡᠪᠴᠢᠶ᠎ᠡ ᠶᠢ ᠦᠷᠭᠡᠳᠭᠡᠬᠦ᠂ ᠨᠤᠭᠤᠭᠠᠷᠠᠭᠤᠯᠤᠯᠲᠠ | ᠬᠡᠬᠡᠷᠡᠭᠦᠯᠤᠯᠲᠡ ᠵᠡᠷᠭᠡ ᠢᠨᠵᠧᠨᠧᠷᠢᠩ ᠢ ᠬᠡᠷᠡᠭᠵᠢᠭᠦᠯᠵᠤ᠂ ᠬᠤᠲᠠ ᠶᠢᠨ ᠶᠡᠷᠤᠩᠬᠡᠶᠢᠯᠡᠭᠰᠡᠨ ᠲᠠᠭᠠᠭᠠᠴᠠ ᠬᠦᠴᠤᠨ | ᠤᠯᠡᠮ ᠲᠡᠭᠡᠭᠰᠢᠯᠡᠪᠡ᠃ ᠬᠤᠲᠠ ᠶᠢᠨ ᠨᠠᠷᠢᠯᠢᠭᠵᠢᠭᠤᠯᠤᠭᠰᠡᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠵᠠᠭᠪᠤᠷᠴᠢᠯᠠᠭᠰᠡᠨ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠪᠦᠷᠢᠨᠰᠢᠭᠦᠯᠵᠤ᠂ ︽ᠬᠤᠲᠠ ᠶᠢᠨ ᠵᠢᠯᠤᠭᠤᠳᠬᠤ | ᠲᠦᠪ︾ ᠤᠨ ᠴᠢᠳᠠᠪᠬᠢ ᠶᠢ ᠰᠢᠯᠢᠳᠡᠭᠵᠢᠭᠦᠯᠤᠨ᠂ ︽ᠵᠢᠷᠭᠤᠭᠠᠨ ᠲᠤᠰᠬᠠᠢ ᠲᠦᠷᠤᠯ ᠪᠠᠷ ᠴᠡᠭᠴᠡᠯᠡᠨ ᠵᠠᠰᠠᠬᠤ︾ | ᠠᠵᠢᠯᠯᠠᠭ᠎ᠠ ᠶᠢ ᠦᠷᠨᠢᠭᠦᠯᠵᠤ᠂ ᠤᠶᠤᠨᠴᠢ ᠨᠡᠶᠢᠭᠡᠮ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠤᠨ᠂ ᠠᠳᠠᠯ | ᠠᠬᠤᠢ ᠶᠢᠨ ︽ᠲᠦᠷᠪᠡᠨ ᠱᠠᠲᠤ ᠬᠤᠯᠪᠤᠭᠠᠯᠠᠨ ᠠᠵᠢᠯᠯᠠᠬᠤ︾ ᠬᠠᠮᠢᠶᠠᠷᠤᠯᠲᠠ ᠶᠢᠨ ᠲᠤᠭᠲᠠᠴᠠ ᠶᠢ ᠪᠦᠷᠢᠨᠰᠢᠭᠦᠯᠵᠤ | ᠂ ᠪᠦᠬᠦ ᠤᠯᠤᠰ ᠤᠨ ᠪᠤᠯᠪᠠᠰᠤᠨ ᠬᠤᠲᠠ ᠶᠢᠨ ᠤᠨ ᠤ ᠬᠢᠨᠠᠨ ᠰᠢᠯᠭᠠᠷᠠᠭᠤᠯᠤᠯᠲᠠ ᠶᠢ ᠪᠡᠶᠡᠯᠡᠭᠦᠯᠵᠤ᠂ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠬᠤ ᠠᠵᠢᠯ ᠵᠠᠩᠬᠢᠯᠠᠭ᠎ᠠ ᠶᠢᠨ ᠴᠢᠨᠠᠷᠲᠠᠢ ᠦᠷ᠎ᠡ ᠪᠦᠲᠤᠭᠡᠯ ᠤᠯᠪᠠ᠃ | ︵ᠲᠠᠪᠤ︶ ᠪᠦᠲᠤᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠷᠴᠢᠮ ᠢ ᠶᠡᠭᠡᠳᠭᠡᠵᠤ᠂ ᠠᠮᠢ ᠠᠬᠤᠢ | ᠶᠢᠨ ᠤᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠪᠠ᠃ ᠪᠤᠬᠢᠷᠳᠤᠯ ᠦᠭᠡᠢ ᠭᠦᠭᠵᠢᠯᠲᠡ ᠶᠢ ᠪᠠᠷᠢᠮᠲᠠᠯᠠᠨ᠂ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢ ᠰᠡᠷᠭᠦᠭᠡᠨ | ᠰᠠᠶᠢᠵᠢᠷᠠᠭᠤᠯᠵᠤ ᠪᠦᠲᠤᠭᠡᠨ ᠪᠠᠶᠢᠭᠤᠯᠬᠤ ᠡᠷᠴᠢᠮ ᠢ ᠶᠡᠭᠡᠳᠭᠡᠵᠤ᠂ ᠤᠷᠴᠢᠨ ᠲᠤᠭᠤᠷᠢᠨ ᠤ ᠴᠡᠭᠴᠡᠯᠡᠯᠲᠡ ᠶᠢ | ᠴᠢᠩᠭ᠎ᠠ ᠠᠳᠬᠤᠵᠤ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠤᠯᠲᠡ ᠶᠢ ᠴᠢᠩᠭᠠᠳᠬᠠᠨ᠂ ᠠᠮᠢ ᠠᠬᠤᠢ ᠶᠢᠨ | ᠤᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠪᠠ᠃ ᠨᠢᠭᠡ ᠵᠢᠯ ᠤᠨ ᠲᠤᠷᠰᠢ᠂ ᠪᠢᠳᠡ ᠲᠠᠯ᠎ᠠ ᠨᠤᠲᠤᠭ ᠤᠨ | ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ | ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠤᠭᠲᠠᠴᠨ ᠶᠢ ᠨᠠᠶᠢᠳᠠᠪᠤᠷᠢᠵᠢᠭᠤᠯᠤᠨ᠂ | ᠬᠠᠳᠤᠯᠡᠩ ᠪᠡᠯᠴᠢᠭᠡᠷ ᠤᠨ ᠦᠮᠴᠢᠯᠡᠯ ᠤᠨ ᠡᠷᠬᠡ ᠶᠢ ᠲᠤᠲᠤᠷᠬᠠᠶᠢᠯᠠᠵᠤ ᠦᠨᠡᠮᠯᠡᠯ ᠤᠯᠭᠤᠬᠤ ᠠᠵᠢᠯ ᠢ ᠲᠦᠷᠭᠡᠳᠭᠡᠨ | ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ | ᠴᠡᠭᠴᠡᠯᠡᠨ ᠵᠠᠰᠠᠵᠤ᠂ ᠠᠭᠤᠷᠬᠠᠢ ᠶᠢᠨ ᠤᠷᠤᠨ ᠤ ᠤᠨ ᠤ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠤᠨ᠂ | ᠭᠤᠤᠯᠳᠠᠯᠭᠠᠲᠤ ᠤᠷᠤᠨ ᠪᠦᠰᠨ ᠶᠢᠨ ᠨᠤᠭᠤᠭᠠᠷᠠᠭᠤᠯᠤᠯᠲᠠ᠂ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ | ᠵᠠᠰᠠᠬᠤ᠂ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠤᠰᠤᠨ ᠰᠢᠰᠲ᠋ᠧᠮ ᠢ ᠵᠠᠰᠠᠬᠤ | ᠵᠡᠷᠭᠡ ᠢᠨᠵᠧᠨᠧᠷᠢᠩ ᠢ ᠬᠡᠷᠡᠭᠵᠢᠭᠦᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ | ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠳᠤᠵᠢᠭᠤᠯᠪᠠ᠃ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠡᠩ ᠤᠨ ᠲᠤᠰᠬᠠᠭᠰᠡᠨ ᠠᠰᠠᠭᠤᠳᠠᠯ ᠢ | ᠪᠦᠬᠦ ᠬᠦᠴᠤᠨ ᠢᠶᠠᠷ ᠢᠶᠠᠨ ᠬᠠᠯᠠᠨ ᠵᠠᠯᠠᠷᠠᠭᠤᠯᠵᠤ᠂ ᠪᠤᠵᠠᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠲᠡᠰ | ᠲᠡᠪᠰᠢᠭᠦ ᠢᠨᠵᠧᠨᠧᠷᠢᠩ ᠤᠨ ᠠᠰᠢᠭᠯᠠᠯᠲᠠ ᠳᠤ ᠤᠷᠤᠬᠤ ᠶᠢ ᠠᠬᠢᠭᠤᠯᠵᠤ᠂ ᠪᠠᠷᠢᠮᠵᠢᠶᠠᠨ ᠳᠤ ᠦᠯᠤ ᠬᠦᠷᠬᠦ | ᠬᠦᠸᠧᠯᠤ ᠶᠢ ᠬᠠᠤᠯᠢ ᠶᠤᠰᠤᠭᠠᠷ ᠲᠠᠶᠠᠭᠳᠠᠵᠤ᠂ ᠠᠭᠠᠷ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠠᠵᠢᠯ ᠢ | ᠰᠠᠶᠢᠲᠤᠷ ᠬᠢᠵᠤ᠂ ᠪᠦᠬᠦ ᠵᠢᠯ ᠤᠨ ᠡᠨᠧᠷᠬᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠲᠡᠭᠦᠰ | ᠠᠮᠵᠢᠯᠲᠠᠲᠠᠢ ᠪᠠᠶᠠᠯᠡᠭᠦᠯᠤᠭ᠍ᠰᠡᠨ ᠪᠠᠶᠢᠨ᠎ᠠ᠃ | ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠬᠦᠭᠵᠢᠯᠲᠡ | ᠶᠢᠨ ᠬᠦᠳᠡᠯᠭᠡᠬᠦ ᠬᠦᠴᠤᠨ ᠪᠠ ᠠᠮᠢᠵᠢᠷᠠᠯ ᠤᠨ ᠬᠦᠴᠤᠨ ᠢᠯᠡᠳᠲᠡ ᠴᠢᠩᠭᠠᠳᠪᠠ᠃ ᠦᠭᠡᠷᠡᠴᠢᠯᠡᠯᠲᠡ ᠶᠢᠨ | ᠬᠦᠲᠤᠯᠤᠨ ᠵᠢᠯᠤᠭᠤᠳᠬᠤ ᠦᠢᠯᠡᠳᠤᠯ ᠪᠠ ᠨᠡᠭᠡᠭᠡᠯᠲᠡ ᠶᠢᠨ ᠲᠠᠶᠢᠴᠢᠯᠠᠨ ᠲᠠᠭᠠᠭᠤᠯᠬᠤ ᠦᠢᠯᠡᠳᠤᠯ ᠢ ᠬᠦᠢᠴᠡᠳ | ᠪᠠᠳᠠᠷᠠᠭᠤᠯᠵᠤ᠂ ᠦᠭᠡᠷᠡᠴᠢᠯᠡᠯᠲᠡ ᠠᠴᠠ ᠠᠰᠢᠭ ᠤᠯᠵᠠᠪᠤᠷᠢ ᠤᠯᠵᠤ᠂ ᠨᠡᠭᠡᠭᠡᠯᠲᠡ ᠠᠴᠠ ᠦᠷ᠎ᠡ ᠠᠰᠢᠭ ᠤᠯᠵᠤ᠂ | ᠬᠦᠭᠵᠢᠯᠲᠡ ᠶᠢᠨ ᠬᠦᠳᠡᠯᠭᠡᠭᠴᠢ ᠬᠦᠴᠤᠨ ᠠᠮᠢᠵᠢᠷᠠᠯ ᠤᠨ ᠬᠦᠴᠤᠨ ᠢ ᠬᠠᠮᠤᠭ ᠶᠡᠭᠡ ᠬᠡᠮᠵᠢᠶ᠎ᠠ ᠪᠠᠷ ᠬᠦᠭᠵᠢᠭᠡᠪᠡ᠃ | ᠨᠢᠭᠡ ᠵᠢᠯ ᠤᠨ ᠲᠤᠷᠰᠢ᠂ ᠪᠢᠳᠡ ᠡᠯ᠎ᠡ ᠲᠦᠷᠤᠯ ᠤᠨ ᠦᠭᠡᠷᠡᠴᠢᠯᠡᠯᠲᠡ ᠶᠢᠨ ᠡᠭᠦᠷᠭᠡ ᠶᠢ ᠢᠳᠡᠪᠬᠢᠲᠠᠢ ᠮᠦᠷᠲᠡᠭᠡᠨ | ᠯᠠᠪᠳᠠᠭᠤᠨ ᠪᠠᠲᠤᠲᠠᠢ ᠠᠬᠢᠭᠤᠯᠵᠤ᠂ ᠵᠢᠷᠭᠤᠭᠠᠨ ᠶᠡᠭᠡ ᠬᠦᠷᠢᠶ᠎ᠡ ᠴᠠᠷᠠᠭᠠᠨ ᠳᠤ ᠨᠡᠶᠢᠲᠡ 100 ᠲᠦᠷᠤᠯ | ᠦᠭᠡᠷᠡᠴᠢᠯᠡᠯᠲᠡ ᠶᠢᠨ ᠦᠷ᠎ᠡ ᠪᠦᠲᠤᠭᠡᠯ ᠭᠠᠷᠭᠠᠵᠤ᠂ 13 ᠲᠦᠷᠤᠯ ᠲᠤᠷᠰᠢᠯᠲᠠ ᠶᠢᠨ ᠴᠡᠭ ᠤᠨ ᠡᠭᠦᠷᠭᠡ ᠶᠢ | ᠰᠠᠭᠤᠷᠢᠰᠢᠯᠠᠭᠤᠯᠪᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠬᠠᠤᠯᠢ ᠴᠠᠭᠠᠵᠠ ᠶᠢᠨ ᠪᠠᠶᠢᠭᠤᠯᠤᠯ᠂ ᠠᠷᠠᠯᠵᠢᠶᠠᠨ | ᠬᠤᠳᠠᠯᠳᠤᠭᠠᠨ ᠤ ᠲᠠᠩᠰᠠᠯᠠᠬᠤ ᠲᠦᠷᠢᠮ᠂ ᠰᠤᠶᠤᠯ ᠤᠨ ᠪᠠᠶᠢᠭᠤᠯᠤᠯ᠂ ᠨᠡᠶᠢᠭᠡᠮ ᠤᠨ ᠬᠠᠮᠢᠶᠠᠷᠤᠯᠲᠠ ᠦᠢᠯᠡᠴᠢᠯᠡᠭᠡ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠵᠡᠷᠭᠡ ᠦᠭᠡᠷᠡᠴᠢᠯᠡᠯᠲᠡ ᠨᠢ ᠡᠮᠬᠢ ᠲᠠᠷᠠᠭᠠᠯᠠᠯ ᠲᠠᠢ | ᠪᠠᠷ ᠶᠠᠪᠤᠭᠳᠠᠵᠤ᠂ ᠲᠤᠪᠤᠶᠢᠮ᠎ᠠ ᠦᠷ᠎ᠡ ᠪᠦᠲᠤᠮᠵᠢ ᠤᠯᠵᠠᠢ᠃ ᠤᠯᠤᠰ ᠤᠨ ︽ᠨᠢᠭᠡ ᠪᠦᠰᠨ ᠨᠢᠭᠡ ᠵᠠᠮ︾ ᠤᠨ | ᠪᠠᠶᠢᠯᠳᠤᠬᠤ ᠪᠤᠳᠤᠯᠭ᠎ᠠ ᠳᠤ ᠢᠳᠡᠪᠬᠢᠲᠠᠢ ᠠᠭᠤᠰᠤᠯᠴᠡᠨ᠂ ᠠᠵᠤ ᠠᠬᠤᠶᠢᠯᠡᠯ ᠢ ᠵᠤᠬᠢᠶᠠᠨ ᠪᠠᠶᠢᠭᠤᠯᠵᠤ ︽ᠡᠷᠢᠶᠡᠨ | ᠤ ᠠᠷᠠᠯᠵᠢᠶᠠᠨ ᠤ ᠵᠦᠪᠳᠡᠯᠴᠡᠭᠡᠨ ᠤ ᠬᠤᠷᠠᠯ︾ ᠳᠤ ᠤᠷᠤᠯᠴᠠᠨ᠂ ᠲᠤᠮᠳᠠᠳᠤ ᠮᠤᠩᠭᠤᠯ ᠤᠷᠤᠰ ᠤᠨ ᠤᠯᠡᠨ | ᠤᠯᠤᠰ ᠤᠨ ᠦᠢᠯᠡᠳᠪᠤᠷᠢᠯᠡᠯ ᠤᠨ ᠴᠢᠳᠠᠪᠤᠷᠢ ᠶᠢᠨ ᠬᠠᠮᠲᠤᠷᠠᠯᠴᠠᠭ᠎ᠠ ᠶᠢᠨ ᠶᠠᠷᠢᠯᠴᠠᠭᠠᠨ ᠤ ᠲᠠᠪᠴᠠᠩ ᠪᠠ ᠲᠤᠮᠳᠠᠳᠤ | ᠮᠤᠩᠭᠤᠯ ᠤᠷᠤᠰ ᠤᠨ ᠠᠵᠤ ᠠᠬᠤᠶᠢᠯᠡᠯ ᠤᠨ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠᠲᠠᠢ ᠡᠷᠬᠢᠯᠡᠵᠤ᠂ | ᠭᠠᠳᠠᠭᠠᠲᠤ ᠠᠷᠠᠯᠵᠢᠶᠠᠨ ᠤ ᠭᠠᠳᠠᠭᠠᠲᠤ ᠳᠤ ᠭᠠᠷᠭᠠᠭᠰᠡᠨ ᠴᠡᠪᠡᠷ ᠲᠤᠭ᠎ᠠ ᠨᠢ ᠶᠡᠬᠡᠪᠡᠷ ᠨᠡᠮᠡᠭᠳᠡᠪᠡ᠃ ᠤᠯᠤᠰ ᠤᠨ | ᠲᠤᠲᠤᠭᠠᠲᠤ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠨᠳᠤᠷ ᠡᠬᠢᠯᠡᠯᠲᠡ ᠶᠢᠨ ᠴᠡᠭ ᠦᠨᠳᠤᠷ ᠬᠢᠷᠢ | ᠲᠦᠪᠰᠢᠨ ᠠᠴᠠ ᠠᠵᠤ ᠦᠢᠯᠡᠰ ᠤᠨ ᠰᠢᠯᠵᠢᠯᠲᠡ ᠶᠢ ᠵᠠᠯᠭᠠᠨ ᠠᠪᠴᠤ᠂ ᠪᠦᠬᠦ ᠵᠢᠯ ᠳᠤ ᠠᠶᠢᠮᠠᠭ ᠤᠨ ᠭᠠᠳᠠᠨᠠᠬᠢ | ᠪᠡᠯᠨ ᠮᠦᠩᠭᠦ ᠶᠢ ᠨᠡᠶᠢᠲᠡ 112 ᠳ᠋ᠦᠩᠰᠢᠭᠤᠷ ᠲᠦᠭᠦᠷᠢᠭ ᠲᠠᠲᠠᠨ ᠤᠷᠤᠭᠤᠯᠪᠠ᠃ | ︵ᠲᠤᠯᠤᠭ᠎ᠠ︶ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠨᠡᠶᠢᠭᠡᠮ ᠤᠨ ᠶᠡᠭᠡ ᠪᠠᠶᠢᠳᠠᠯ ᠡᠶ᠎ᠡ | ᠵᠤᠬᠢᠴᠠᠯᠲᠠᠢ ᠲᠤᠭᠲᠠᠭᠤᠨ ᠪᠠᠶᠢᠬᠤ ᠶᠢ ᠪᠠᠲᠤᠯᠠᠪᠠ᠃ ᠤᠯᠤᠰ ᠲᠦᠷᠤ ᠶᠢᠨ ᠤᠬᠠᠮᠰᠠᠷ᠂ ᠬᠠᠷᠢᠭᠤᠴᠠᠯᠭ᠎ᠠ ᠶᠢᠨ | ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠤᠯᠭᠠᠨ᠂ ᠠᠷᠠᠳᠴᠢᠯᠡᠯ ᠬᠠᠤᠯᠢ ᠲᠦᠷᠢᠮ ᠤᠨ | ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠦᠯᠬᠦᠮᠳᠡᠯ ᠢ ᠴᠢᠩᠭᠠᠳᠬᠠᠬᠤ᠂ ᠡᠶ᠎ᠡ ᠵᠤᠬᠢᠴᠠᠯ ᠢ | ᠨᠡᠮᠡᠭᠳᠡᠭᠦᠯᠬᠦ᠂ ᠲᠤᠭᠲᠠᠭᠤᠨ ᠢ ᠬᠠᠮᠠᠭᠠᠯᠠᠬᠤ ᠠᠵᠢᠯ ᠢ ᠰᠤᠯᠠᠷᠠᠰᠢ ᠦᠭᠡᠢ ᠰᠠᠶᠢᠲᠤᠷ ᠬᠢᠵᠤ᠂ ᠨᠡᠶᠢᠭᠡᠮ ᠤᠨ ᠶᠡᠭᠡ | ᠪᠠᠶᠢᠳᠠᠯ ᠡᠶ᠎ᠡ ᠵᠤᠬᠢᠴᠠᠯᠲᠠᠢ ᠲᠤᠭᠲᠠᠭᠤᠨ ᠪᠠᠶᠢᠬᠤ ᠶᠢ ᠪᠠᠲᠤᠯᠠᠪᠠ᠃ ᠨᠢᠭᠡ ᠵᠢᠯ ᠤᠨ ᠲᠤᠷᠰᠢ᠂ ᠤᠳᠤᠷᠢᠳᠤᠯᠭ᠎ᠠ | ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠴᠤ ᠬᠡᠷᠡᠭ ᠶᠠᠪᠤᠳᠠᠯ ᠢ ᠲᠠᠭᠠᠭᠠᠴᠢᠯᠠᠬᠤ ᠲᠦᠷᠢᠮ᠂ ᠰᠠᠯᠠᠭ᠎ᠠ ᠮᠦᠴᠢᠷ | ᠵᠤᠬᠢᠴᠠᠯᠳᠤᠨ ᠬᠤᠯᠪᠤᠭᠠᠯᠠᠵᠤ ᠠᠵᠢᠯᠯᠠᠬᠤ ᠲᠦᠷᠢᠮ᠂ ︽1328︾ ᠬᠤᠲᠠ ᠶᠢᠨ ᠱᠠᠲᠤᠨ ᠤ ᠤᠳᠤᠷᠢᠳᠤᠯᠭ᠎ᠠ | ᠰᠠᠯᠠᠭ᠎ᠠ ᠱᠠᠲᠤᠨ ᠤ ᠤᠳᠤᠷᠢᠳᠤᠯᠭ᠎ᠠ ᠶᠢ ᠲᠠᠭᠠᠭᠤᠯᠤᠨ ᠦᠨᠳᠤᠰᠤᠨ ᠱᠠᠲᠤᠨ ᠳᠤ ᠬᠦᠨᠵᠡᠭᠡᠶᠢᠷᠡᠬᠦ ᠲᠦᠷᠢᠮ ᠵᠡᠷᠭᠡ | ᠶᠢ ᠨᠠᠶᠢᠳᠠᠪᠤᠷᠢᠵᠢᠭᠤᠯᠤᠨ᠂ ᠵᠦᠷᠢᠴᠡᠯ ᠵᠢᠭᠤᠷᠭᠠᠨ ᠢ ᠪᠠᠶᠢᠴᠠᠭᠠᠨ ᠡᠶᠡᠳᠡᠭᠦᠯᠬᠦ ︽ᠲᠦᠷᠪᠡᠨ ᠱᠠᠲᠤᠨ ᠤ ᠲᠤᠤᠷ | ᠰᠦᠯᠵᠢᠶ᠎ᠠ︾ ᠪᠠ ︽ᠲᠠᠪᠤᠨ ᠰᠠᠯᠪᠤᠷᠢ ᠬᠤᠯᠪᠤᠭᠠᠯᠠᠨ ᠡᠶᠡᠳᠡᠭᠦᠯᠬᠦ︾ ᠲᠤᠭᠲᠠᠴᠠ ᠶᠢ ᠲᠡᠭᠦᠯᠳᠡᠷᠵᠢᠭᠦᠯᠵᠤ᠂ ᠨᠢᠭᠡ | ᠪᠦᠯᠤᠭ᠌ ᠵᠦᠷᠢᠴᠡᠯ ᠵᠢᠭᠤᠷᠭᠠᠨ ᠤ ᠭᠡᠮ ᠰᠤᠭᠤᠭ ᠪᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ | ᠰᠢᠢᠳᠪᠤᠷᠢᠯᠡᠭᠰᠡᠨ ᠪᠠᠶᠢᠨ᠎ᠠ᠃ ᠨᠠᠶᠢᠭᠡᠮ ᠤᠨ ᠬᠠᠮᠢᠶᠠᠷᠤᠯᠲᠠ ᠶᠢ ᠰᠢᠨᠡᠴᠢᠯᠡᠨ᠂ ᠨᠠᠶᠢᠭᠡᠮ ᠲᠤᠭᠤᠷᠢᠭ ᠤᠨ | ᠵᠠᠭᠪᠤᠷᠴᠢᠯᠠᠭᠰᠡᠨ ᠬᠠᠮᠢᠶᠠᠷᠤᠯᠲᠠ ᠶᠢᠨ ᠬᠡᠯᠪᠡᠷᠢ ᠮᠠᠶ᠋ᠢᠭ ᠢ ᠰᠢᠯᠢᠳᠡᠭᠵᠢᠭᠦᠯᠤᠨ᠂ ᠠᠮᠤᠷ ᠠᠮᠤᠭᠤᠯᠠᠩ ᠢ ᠴᠤᠭᠴᠠᠯᠠᠨ | ᠪᠠᠶᠢᠭᠤᠯᠬᠤ ᠲᠤᠰᠬᠠᠢ ᠲᠦᠷᠤᠯ ᠤᠨ ᠠᠵᠢᠯᠯᠠᠭᠠᠨ ᠢ ᠵᠤᠬᠢᠶᠠᠨ ᠪᠠᠶᠢᠭᠤᠯᠵᠤ ᠦᠷᠨᠢᠭᠦᠯᠤᠨ᠂ ᠲᠠᠯ᠎ᠠ ᠨᠤᠲᠤᠭ ᠤᠨ | 110 ᠬᠠᠮᠲᠤᠷᠠᠨ ᠰᠠᠷᠭᠡᠶᠢᠯᠡᠬᠦ ᠴᠠᠭᠳᠠᠭᠠᠨ ᠳᠤ ᠮᠡᠳᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠡᠷᠡᠭᠦᠤ ᠶᠢᠨ ᠬᠡᠷᠡᠭ ᠶᠠᠪᠤᠳᠠᠯ ᠶᠡᠬᠡᠪᠡᠷ ᠲᠤᠷᠤᠭᠰᠢᠯᠠᠵᠤ᠂ ᠤᠯᠡᠨ ᠲᠦᠮᠡᠨ ᠤ ᠠᠮᠤᠷ ᠲᠦᠪᠰᠢᠨ ᠤ | ᠰᠡᠳᠬᠢᠯᠭᠡ ᠦᠷᠭᠦᠯᠵᠢᠯᠡᠨ ᠲᠡᠭᠡᠭᠰᠢᠯᠡᠪᠡ᠃ ᠬᠠᠤᠯᠢ ᠶᠤᠰᠤᠭᠠᠷ ᠬᠤᠲᠠ ᠪᠠᠨ ᠵᠠᠰᠠᠬᠤ ᠠᠵᠢᠯ ᠢ ᠪᠠᠲᠤᠲᠠᠢ | ᠠᠬᠢᠭᠤᠯᠵᠤ᠂ ︽ᠲᠤᠯᠤᠳᠤᠭᠠᠷ ᠲᠠᠪᠤᠨ ᠵᠢᠯ ᠤᠨ︾ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠵᠤ᠂ | ᠬᠦᠴᠢᠷᠳᠠᠯᠲᠠᠢ ᠠᠷᠠᠳ ᠲᠤ ᠬᠠᠤᠯᠢ ᠴᠠᠭᠠᠵᠠ ᠶᠢᠨ ᠲᠡᠮᠵᠢᠯᠭᠡ ᠦᠵᠡᠭᠦᠯᠬᠦ ᠬᠦᠴᠤᠯᠡᠴᠡ ᠶᠢ ᠨᠡᠮᠡᠭᠳᠡᠭᠦᠯᠤᠨ᠂ | ᠰᠢᠭᠦᠭᠴᠢ ᠪᠠ ᠪᠠᠶᠢᠴᠠᠭᠠᠭᠴᠢ ᠶᠢᠨ ᠲᠤᠰᠬᠠᠢ ᠲᠤᠰᠢᠶᠠᠯ ᠤᠨ ᠦᠭᠡᠷᠡᠴᠢᠯᠡᠯᠲᠡ ᠶᠢᠨ ᠲᠦᠷᠢᠮ ᠢ | ᠨᠠᠶᠢᠳᠠᠪᠤᠷᠢᠵᠢᠭᠤᠯᠵᠤ᠂ ᠬᠠᠤᠯᠢᠵᠢᠯ ᠤᠨ ᠤᠷᠴᠢᠨ ᠢ ᠨᠡᠩ ᠰᠠᠶᠢᠵᠢᠷᠠᠭᠤᠯᠪᠠ᠃ ᠡᠯ᠎ᠡ ᠬᠦᠷᠢᠶ᠎ᠠ ᠴᠠᠷᠠᠭᠠᠨ ᠳᠤ | ᠠᠶᠤᠯᠬᠦᠢ ᠦᠢᠯᠡᠳᠪᠤᠷᠢᠯᠡᠯ ᠤᠨ ᠪᠠᠶᠢᠴᠠᠭᠠᠯᠲᠠ ᠦᠷᠨᠢᠭᠦᠯᠵᠤ᠂ ᠢᠳᠡᠭᠡᠨ ᠤ ᠠᠮᠤᠷ ᠲᠦᠪᠰᠢᠨ ᠤ ᠠᠵᠢᠯ ᠢ | ᠴᠢᠩᠭᠠᠳᠬᠠᠨ᠂ ᠬᠦᠨᠳᠤ ᠶᠡᠭᠡ ᠠᠶᠤᠯᠬᠦᠢ ᠦᠢᠯᠡᠳᠪᠤᠷᠢᠯᠡᠯ ᠤᠨ ᠠᠳᠡᠯ ᠡᠭᠦᠰᠤᠭ᠍ᠰᠡᠨ ᠦᠭᠡᠢ᠃ ︽ᠲᠠᠪᠤ ᠶᠢ | ᠨᠢᠭᠡᠳᠤᠭᠦᠯᠵᠤ ᠲᠦᠷᠪᠡ ᠶᠢ ᠠᠬᠢᠭᠤᠯᠬᠤ︾ ᠠᠵᠢᠯᠯᠠᠭ᠎ᠠ ᠶᠢ ᠬᠦᠨᠵᠡᠭᠡᠶᠢᠷᠡᠭᠦᠯᠵᠤ᠂ ᠲᠠᠪᠤᠳᠤᠭᠠᠷ ᠤᠳᠠᠭ᠎ᠠ ᠪᠦᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠴᠤᠯᠨ ᠶᠢ ᠬᠦᠷᠲᠡᠪᠡ᠃ ᠱᠠᠰᠢᠨ ᠰᠤᠷᠲᠠᠬᠤᠨ ᠤ | ᠬᠡᠷᠡᠭ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠠᠷᠠᠳᠴᠢᠯᠠᠭᠰᠡᠨ ᠨᠠᠮ ᠪᠦᠯᠤᠭ᠌ ᠪᠠ ᠨᠠᠮ ᠤᠨ ᠭᠠᠳᠠᠨᠠᠬᠢ | ᠬᠦᠮᠤᠰ ᠲᠠᠢ ᠨᠦᠬᠦᠷᠯᠡᠯ ᠪᠠ ᠬᠠᠷᠢᠯᠴᠠᠭ᠎ᠠ ᠪᠠᠨ ᠨᠢᠭᠲᠠᠷᠠᠭᠤᠯᠤᠨ᠂ ᠦᠨᠳᠤᠰᠤᠲᠡᠨ ᠤ ᠪᠦᠯᠬᠦᠮᠳᠡᠯ ᠲᠠᠪᠰᠢᠯᠲᠡ ᠶᠢᠨ | ᠬᠦᠮᠤᠵᠢᠯ ᠤᠨ ᠠᠵᠢᠯᠯᠠᠭ᠎ᠠ ᠶᠢ ᠦᠷᠭᠡᠨ ᠲᠡᠯᠭᠡᠷᠡᠩᠭᠦᠢ ᠦᠷᠨᠢᠭᠦᠯᠵᠤ᠂ ᠦᠨᠳᠤᠰᠤᠲᠡᠨ ᠤ ᠪᠦᠯᠬᠦᠮᠳᠡᠯ ᠲᠠᠪᠰᠢᠯᠲᠡ | ᠶᠢ ᠤᠯᠡᠮ ᠴᠢᠨᠠᠭᠰᠢᠳᠡ ᠪᠠᠳᠤᠳᠬᠠᠪᠠ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠤᠯᠤᠨ ᠤᠯᠤᠰ ᠲᠦᠷᠤ ᠶᠢᠨ ᠵᠦᠪᠯᠡᠯᠭᠡᠨ ᠤ ᠬᠠᠤᠯᠢ ᠶᠤᠰᠤᠭᠠᠷ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠲᠠᠮᠵᠢᠨ ᠪᠠᠲᠤᠯᠠᠵᠤ᠂ ᠠᠷᠠᠳᠴᠢᠯᠡᠯ ᠤᠯᠤᠰ ᠲᠦᠷᠤ ᠶᠢᠨ ᠪᠠᠶᠢᠭᠤᠯᠤᠯᠲᠡ ᠶᠢ ᠢᠳᠡᠪᠬᠢᠲᠠᠢ ᠠᠬᠢᠭᠤᠯᠪᠠ᠃ | ︵ᠨᠠᠢᠮᠨ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ | ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠶᠢ | ᠢᠮᠠᠭᠲᠠ ᠲᠡᠭᠡᠲᠤ ᠬᠡᠮᠵᠢᠶ᠎ᠡ ᠪᠠᠷ ᠬᠦᠨᠳᠤᠳᠭᠡᠨ᠂ ᠨᠠᠮ ᠢ ᠴᠢᠩᠭ᠎ᠠ ᠵᠠᠰᠠᠬᠤ ︽1+3︾ ᠲᠦᠷᠢᠮ ᠢ ᠬᠢᠨᠠᠮᠠᠭᠠᠢ | ᠨᠠᠶᠢᠳᠠᠪᠤᠷᠢᠵᠢᠭᠤᠯᠤᠨ᠂ ᠨᠠᠮ ᠨᠢ ᠨᠠᠮ ᠢᠶᠠᠨ ᠬᠠᠮᠢᠶᠠᠷᠴᠤ᠂ ᠨᠠᠮ ᠢᠶᠠᠨ ᠴᠢᠩᠭ᠎ᠠ ᠵᠠᠰᠠᠬᠤ ᠡᠯ᠎ᠡ ᠲᠦᠷᠤᠯ ᠤᠨ | ᠱᠠᠭᠠᠷᠳᠠᠯᠭ᠎ᠠ ᠶᠢ ᠪᠤᠲᠠᠲᠠᠢ ᠳᠤ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ᠂ ᠪᠢᠳᠡ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠲᠤᠲᠠᠢ | ᠦᠷᠨᠢᠭᠦᠯᠵᠤ᠂ ᠰᠤᠷᠤᠯᠴᠠᠬᠤ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ | ᠴᠢᠩᠭᠠᠳᠬᠠᠨ᠂ ᠨᠠᠮ ᠤᠨ ᠭᠡᠰᠢᠭᠦᠨ ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ ᠪᠠ ᠴᠢᠳᠠᠪᠤᠷᠢ ᠬᠡᠪ ᠰᠤᠷᠲᠠᠯ ᠢ | ᠲᠠᠰᠤᠷᠠᠯᠲᠠ ᠦᠭᠡᠢ ᠲᠡᠭᠡᠭᠰᠢᠯᠡᠭᠦᠯᠪᠡ᠃ ᠨᠡᠶᠢᠭᠡᠮ ᠵᠢᠷᠤᠮ ᠤᠨ ᠭᠤᠤᠯᠯᠠᠬᠤ ᠦᠷᠲᠡᠭ ᠤᠨ ᠦᠵᠡᠯᠲᠡ ᠪᠤᠯᠤᠨ | ᠲᠤᠮᠳᠠᠳᠤ ᠤᠯᠤᠰ ᠤᠨ ᠬᠦᠰᠡᠯ ᠵᠡᠭᠦᠳᠤ ᠶᠢᠨ ᠤᠬᠠᠭᠤᠯᠭ᠎ᠠ ᠬᠦᠮᠤᠵᠢᠯ ᠢ ᠶᠡᠬᠡᠪᠡᠷ ᠦᠷᠨᠢᠭᠦᠯᠤᠨ᠂ ᠦᠨᠳᠤᠰᠤᠲᠡᠨ | ᠨᠦᠭᠦᠳ ᠤᠨ ᠺᠠᠳ᠋ᠷ ᠤᠯᠡᠨ ᠲᠦᠮᠡᠨ ᠤ ᠵᠠᠮ ᠱᠤᠭᠤᠮ ᠤᠨ ᠢᠲᠡᠭᠡᠯ᠂ ᠤᠨᠤᠯ ᠤᠨ ᠢᠲᠡᠭᠡᠯ᠂ ᠲᠦᠷᠢᠮ ᠤᠨ | ᠢᠲᠡᠭᠡᠯ᠂ ᠰᠤᠶᠤᠯ ᠤᠨ ᠢᠲᠡᠭᠡᠯ ᠢ ᠤᠯᠡᠮ ᠴᠢᠨᠠᠭᠰᠢᠲᠠ ᠴᠢᠩᠭᠠᠳᠬᠠᠪᠠ᠃ ︽ᠺᠠᠳ᠋ᠷ ᠢ ᠰᠤᠩᠭᠤᠨ ᠲᠡᠪᠰᠢᠭᠦᠯᠵᠤ | ᠬᠡᠷᠡᠭᠯᠡᠬᠦ ᠲᠦᠷᠢᠮ︾ ᠢ ᠴᠢᠩᠭ᠎ᠠ ᠬᠡᠷᠡᠭᠵᠢᠭᠦᠯᠤᠨ᠂ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ | ᠪᠦᠷᠢᠨᠰᠢᠭᠦᠯᠵᠤ᠂ ᠺᠠᠳ᠋ᠷ ᠲᠤ ᠴᠢᠩᠭ᠎ᠠ ᠬᠢᠨᠠᠯᠲᠠ ᠲᠠᠯᠪᠢᠵᠤ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ | ᠂ ︽ᠭᠤᠷᠪᠠ ᠭᠡᠲᠤᠷᠡᠵᠤ ᠬᠤᠶᠠᠷ ᠲᠤᠷ᠎ᠠ ᠪᠠᠷ ᠪᠠᠶᠢᠬᠤ︾ ᠠᠰᠠᠭᠤᠳᠠᠯ ᠢ ᠪᠦᠲᠤᠮᠵᠢᠲᠠᠢ ᠬᠠᠯᠠᠨ ᠵᠠᠰᠠᠵᠤ᠂ ᠵᠦᠪ | ᠤᠨᠤᠪᠴᠢᠲᠠᠢ ᠬᠦᠮᠤᠨ ᠰᠤᠩᠭᠤᠬᠤ ᠬᠦᠮᠤᠨ ᠬᠡᠷᠡᠭᠯᠡᠬᠦ ᠴᠢᠭᠯᠡᠭᠦᠷ ᠢ ᠪᠤᠢ ᠪᠤᠯᠭᠠᠪᠠ᠃ ᠦᠢᠯᠡᠴᠢᠯᠡᠬᠦ ᠬᠡᠯᠪᠡᠷᠢ ᠶᠢᠨ | ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠨ᠂ ᠲᠤᠯᠤᠭᠠᠨ | ᠲᠦᠷᠤᠯ ᠤᠨ ᠭᠤᠤᠯ ᠡᠭᠦᠷᠭᠡ ᠶᠢ ᠰᠠᠶᠢᠲᠤᠷ ᠠᠳᠬᠤᠨ᠂ ᠦᠨᠳᠤᠰᠤᠨ ᠱᠠᠲᠤᠨ ᠤ ᠵᠠᠷᠤᠳᠠᠯ ᠮᠦᠩᠬᠦ ᠶᠢ ᠪᠠᠲᠤᠯᠠᠵᠤ | ᠂ ᠵᠡᠭᠡᠯᠢ ᠭᠤᠳᠤᠮᠵᠢ ᠶᠢᠨ ᠤᠷᠤᠨ ᠪᠦᠰᠡᠵᠢᠯᠲᠡ ᠶᠢᠨ ᠨᠠᠮ ᠤᠨ ᠴᠤᠭᠴᠠᠯᠠᠯᠲᠠ ᠶᠢᠨ ᠰᠢᠰᠲ᠋ᠧᠮ ᠢ ᠪᠠᠲᠤᠳᠬᠠᠨ | ᠲᠡᠭᠡᠭᠰᠢᠯᠡᠭᠦᠯᠵᠤ᠂ ︽ᠨᠠᠮ ᠤᠨ ᠭᠡᠰᠢᠭᠦᠨ ᠤ ᠭᠤᠤᠯᠯᠠᠭᠴᠢ ᠡᠷᠤᠬᠡ︾ ᠪᠠ ︽ᠨᠢᠭᠡᠳᠤᠭᠡᠷ ᠱᠦᠵᠢ︾ ᠶᠢᠨ ᠠᠵᠢᠯ ᠢ | ᠬᠦᠨᠵᠡᠭᠡᠢ ᠦᠷᠨᠢᠭᠦᠯᠵᠤ᠂ ︽ᠬᠤᠤᠰ ᠦᠢᠯᠡᠴᠢᠯᠡᠭᠡ︾ ᠶᠢᠨ ᠠᠵᠢᠯ ᠢ ᠬᠦᠨᠵᠡᠭᠡᠶᠢᠷᠡᠭᠦᠯᠪᠡ᠂ ᠨᠡᠶᠢᠲᠡ ᠶᠢᠨ ᠪᠤᠰᠤ | ᠦᠮᠴᠢᠯᠡᠯᠲᠤ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ | ᠴᠤᠭᠴᠠᠯᠠᠯᠲᠠ ᠶᠢᠨ ᠠᠵᠢᠯ ᠤᠨ ᠪᠦᠷᠬᠦᠴᠡ ᠶᠢ ᠲᠠᠰᠤᠷᠠᠯᠲᠠ ᠦᠭᠡᠢ ᠦᠷᠭᠡᠳᠭᠡᠨ᠂ ᠦᠨᠳᠤᠰᠤᠨ ᠱᠠᠲᠤᠨ ᠤ ᠨᠠᠮ | ᠤᠨ ᠵᠤᠬᠢᠶᠠᠨ ᠪᠠᠶᠢᠭᠤᠯᠤᠯᠲᠠ ᠶᠢᠨ ᠦᠢᠯᠡᠴᠢᠯᠡᠬᠦ ᠬᠢᠷᠢ ᠲᠦᠪᠰᠢᠨ ᠪᠦᠲᠤᠮᠵᠢᠲᠠᠢ ᠲᠡᠭᠡᠭᠰᠢᠯᠡᠪᠡ᠃ ᠨᠠᠮ ᠤᠨ | ᠴᠤᠭᠴᠠᠯᠠᠯᠲᠠ ᠪᠠᠷ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠠᠶᠢᠴᠤᠳ ᠤᠨ ᠬᠤᠯᠪᠤᠭᠠᠲᠤ ᠬᠤᠷᠠᠯ ᠤᠨ | ᠪᠦᠲᠤᠭᠡᠨ ᠪᠠᠶᠢᠭᠤᠯᠤᠯᠲᠠ ᠶᠢ ᠪᠦᠲᠤᠮᠵᠢᠲᠠᠢ ᠪᠠᠷ ᠬᠦᠲᠤᠯᠤᠨ ᠲᠠᠭᠠᠭᠤᠯᠵᠤ᠂ ᠤᠯᠡᠨ ᠲᠦᠮᠡᠨᠴᠢ ᠪᠦᠯᠬᠦᠮ ᠤᠨ | ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠨᠠᠮ ᠤᠨ ᠰᠤᠷᠲᠠᠯ | ᠴᠢᠭᠡᠴᠢ ᠵᠠᠰᠠᠭ ᠤᠨ ᠪᠠᠶᠢᠭᠤᠯᠤᠯᠲᠠ ᠶᠢᠨ ᠲᠤᠮᠳᠠᠬᠢ ᠨᠠᠮ ᠤᠨ ᠬᠤᠷᠢᠶᠠᠨ ᠤ ᠭᠤᠤᠯ ᠴᠤᠭᠴᠠ ᠶᠢᠨ ᠬᠠᠷᠢᠭᠤᠴᠠᠯᠭ᠎ᠠ | ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠵᠠᠯᠬᠠᠭᠠᠨ ᠰᠢᠳᠭᠡᠬᠦ ᠰᠢᠰᠲ᠋ᠧᠮ ᠤᠨ ᠪᠠᠶᠢᠭᠤᠯᠤᠯᠲᠠ ᠶᠢ ᠪᠠᠲᠤᠲᠠᠢ ᠠᠬᠢᠭᠤᠯᠵᠤ᠂ ᠴᠢᠭᠡᠴᠢ | ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠬᠢᠨᠠᠯᠲᠠ | ᠲᠠᠯᠪᠢᠵᠤ ᠰᠠᠬᠢᠯᠭ᠎ᠠ ᠬᠡᠷᠡᠭᠵᠢᠭᠦᠯᠬᠦ ᠶᠢᠨ ︽ᠲᠦᠷᠪᠡᠨ ᠵᠦᠢᠯ ᠤᠨ ᠠᠵᠢᠯ ᠤᠨ ᠬᠡᠯᠪᠡᠷᠢ︾ ᠶᠢ ᠶᠡᠷᠤᠩᠬᠡᠶᠢᠯᠡᠨ | ᠠᠰᠢᠭᠯᠠᠵᠤ᠂ ᠬᠡᠷᠡᠭ ᠶᠠᠪᠤᠳᠠᠯ ᠢ ᠪᠠᠶᠢᠴᠠᠭᠠᠨ ᠰᠢᠢᠳᠪᠤᠷᠢᠯᠡᠬᠦ ᠳᠡᠭᠡᠨ ᠤᠭ ᠦᠨᠳᠤᠰᠤ ᠶᠢ ᠨᠢ ᠬᠠᠯᠠᠨ | ᠰᠠᠶᠢᠵᠢᠷᠠᠭᠤᠯᠬᠤ ᠶᠢ ᠠᠩᠬᠠᠷᠴᠤ᠂ ᠲᠦᠪ ᠴᠢᠭᠡᠴᠢ ᠬᠦᠭᠵᠢᠯᠲᠡ ᠶᠢᠨ ᠤᠷᠴᠢᠨ ᠠᠬᠤᠢ ᠶᠢ ᠡᠭᠦᠳᠪᠡ᠃ | ᠠᠮᠵᠢᠯᠲᠠ ᠪᠠᠨ ᠬᠦᠢᠴᠡᠳ ᠨᠤᠲᠠᠯᠠᠬᠤ ᠶᠢᠨ ᠲᠠᠭᠠᠤ ᠮᠠᠨ ᠤ ᠬᠤᠲᠠ ᠶᠢᠨ ᠬᠦᠭᠵᠢᠯᠲᠠ ᠶᠢᠨ | ᠲᠤᠮᠳᠠ ᠵᠦᠷᠢᠴᠡᠯ ᠪᠠ ᠠᠰᠠᠭᠤᠳᠠᠯ ᠮᠦᠨᠬᠦ ᠲᠤᠪᠤᠶᠢᠮ᠎ᠠ ᠪᠠᠶᠢᠭ᠎ᠠ ᠶᠢ ᠰᠡᠷᠭᠡᠭ ᠢᠶᠠᠷ ᠤᠯᠵᠤ ᠦᠵᠡᠬᠦ ᠬᠡᠷᠡᠭᠲᠠᠢ᠃ | ᠨᠢᠭᠡ ᠳᠤ ᠤᠯᠠᠮᠵᠢᠯᠠᠯᠲᠤ ᠡᠨᠧᠷᠬᠢ ᠪᠠᠷ ᠭᠤᠤᠯ ᠪᠤᠯᠭᠠᠭᠰᠡᠨ ᠠᠵᠤ ᠦᠢᠯᠡᠰ ᠤᠨ ᠪᠦᠲᠤᠴᠡ ᠶᠢ ᠤᠬᠤᠷᠬᠠᠨ | ᠬᠤᠭᠤᠴᠠᠭᠠᠨ ᠲᠤᠲᠤᠷ᠎ᠠ ᠬᠤᠪᠢᠷᠠᠭᠤᠯᠵᠤ ᠲᠠᠶᠢᠯᠬᠦ ᠦᠬᠡᠢ᠂ ᠭᠤᠤᠯ ᠪᠤᠯᠬᠤ ᠠᠵᠤ ᠦᠢᠯᠡᠳᠪᠤᠷᠢ ᠶᠢᠨ | ᠪᠦᠲᠤᠭᠡᠭᠳᠡᠬᠦᠨ ᠨᠢ ᠮᠦᠨ ᠯᠨ ᠲᠤᠤᠷ᠎ᠠ ᠲᠡᠰ ᠤᠨ ᠪᠠᠶᠢᠵᠤ᠂ ᠠᠵᠤ ᠦᠢᠯᠡᠰ ᠤᠨ ᠬᠡᠯᠬᠢᠶᠡᠵᠢᠯ ᠪᠤᠭᠤᠨᠢ᠂ ᠦᠷ᠎ᠡ | ᠠᠰᠢᠭ ᠲᠤᠤᠷ᠎ᠠ᠂ ᠦᠷᠢᠰᠤᠯᠳᠦᠬᠦ ᠬᠦᠴᠤᠨ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠠᠨᠠᠢ᠂ ᠶᠡᠭᠡ ᠲᠦᠷᠤᠯ | ᠵᠦᠢᠯ ᠴᠦᠬᠡᠨ᠂ ᠰᠢᠨ᠎ᠡ ᠪᠠᠷ ᠪᠠᠶᠢᠭᠤᠯᠬᠤ ᠪᠠ ᠵᠠᠯᠭᠠᠯᠳᠤᠭᠤᠯᠬᠤ ᠲᠦᠷᠤᠯ ᠵᠦᠢᠯ ᠤᠨᠴᠠᠭᠠᠶᠢᠯᠠᠨ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠠᠵᠤ ᠦᠢᠯᠡᠰ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠦᠷᠤᠯ ᠵᠦᠢᠯ | ᠴᠦᠬᠡᠨ᠂ ᠰᠢᠨ᠎ᠠ ᠨᠡᠮᠡᠭᠳᠡᠯ ᠤᠨ ᠴᠡᠭ ᠢᠶᠠᠷ ᠲᠤᠲᠠᠮᠠᠭ᠂ ᠠᠵᠤ ᠠᠬᠤᠢ ᠶᠢ ᠦᠷᠭᠦᠯᠵᠢᠯᠡᠨ ᠨᠡᠮᠡᠭᠳᠡᠬᠦᠯᠬᠦ ᠡᠭᠦᠷᠭᠡ | ᠮᠦᠨ ᠯᠨ ᠬᠦᠨᠳᠤ ᠪᠡᠷᠬᠡ ᠪᠠᠶᠢᠭᠰᠠᠭᠠᠷ᠃ ᠬᠤᠶᠠᠷ ᠲᠤ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠠᠷᠭ᠎ᠠ | ᠵᠠᠮ ᠤᠯᠡᠨ ᠪᠢᠰᠢ᠂ ᠴᠢᠬᠤᠯᠨ ᠪᠦᠬᠦᠢ ᠵᠠᠷᠤᠯᠭ᠎ᠠ ᠨᠡᠮᠡᠭᠳᠡᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ | ᠵᠦᠷᠢᠴᠡᠯ ᠨᠡᠩ ᠲᠤᠪᠤᠶᠢᠮ᠎ᠠ ᠪᠤᠯᠵᠤ᠂ ᠤᠯᠡᠨ ᠨᠡᠶᠢᠲᠡ ᠶᠢᠨ ᠦᠢᠯᠡᠴᠢᠯᠡᠭᠡ ᠪᠠ ᠨᠠᠶᠢᠭᠡᠮ ᠤᠨ ᠦᠢᠯᠡᠰ ᠤᠨ | ᠪᠦᠲᠤᠭᠡᠨ ᠪᠠᠶᠢᠭᠤᠯᠤᠯᠲᠠ ᠶᠢ ᠲᠡᠮᠵᠢᠬᠦ ᠨᠦᠭᠡᠴᠡ ᠬᠦᠴᠤᠨ ᠬᠦᠨᠳᠤ ᠨᠤᠴᠢᠲᠠᠢ ᠲᠤᠲᠠᠭᠳᠠᠵᠤ ᠪᠠᠶᠢᠨ᠎ᠠ᠃ ᠭᠤᠷᠪᠠ | ᠳᠤ ᠵᠠᠷᠢᠮ ᠰᠠᠯᠠᠭ᠎ᠠ ᠮᠦᠴᠢᠷ ᠤᠨ ᠠᠵᠢᠯ ᠤᠨ ᠦᠷ᠎ᠡ ᠠᠰᠢᠭᠯᠠᠮᠵᠢ ᠲᠤᠤᠷ᠎ᠠ᠂ ᠠᠵᠢᠯ ᠤᠨ ᠤᠪᠤᠷ ᠰᠤᠷᠲᠠᠯ ᠠᠨᠠᠢ᠂ | ᠤᠯᠡᠨ ᠲᠦᠮᠡᠨ ᠬᠡᠷᠡᠭ ᠤᠴᠢᠷ ᠬᠦᠢᠴᠡᠳᠭᠡᠬᠦ ᠳᠤ ᠬᠦᠴᠢᠷᠲᠠᠢ ᠪᠠᠶᠢᠭ᠎ᠠ ᠦᠵᠡᠭᠳᠡᠯ ᠮᠦᠨ ᠯᠨ ᠤᠷᠤᠰᠢᠵᠤ᠂ | ᠴᠦᠬᠡᠨ ᠲᠤᠭᠠᠨ ᠤ ᠭᠤᠭᠴᠤᠭᠠᠨ ᠤ ᠺᠠᠳ᠋ᠷ ᠠᠯᠪᠠᠨ ᠤ ᠡᠷᠬᠡ ᠪᠠᠷ ᠬᠤᠪᠢᠨ ᠳᠠᠭᠠᠨ ᠠᠰᠢᠭ ᠤᠯᠵᠤ᠃ ᠠᠪᠬᠤ | ᠢᠳᠡᠬᠦ ᠬᠠᠴᠢᠬᠤ ᠠᠰᠠᠭᠤᠳᠠᠯ ᠢ ᠲᠤᠶᠢᠯᠠᠪᠤᠷᠢᠲᠠᠢ ᠰᠢᠢᠳᠪᠤᠷᠢᠯᠡᠵᠤ ᠲᠡᠶᠢᠯᠤᠭᠡᠳᠤᠢ᠃ ᠤᠨᠴᠠᠭᠠᠢ ᠵᠠᠷᠢᠮ | ᠤᠳᠤᠷᠢᠳᠬᠤ ᠺᠠᠳ᠋ᠷ ᠬᠠᠷᠢᠭᠤᠴᠠᠯᠭᠠᠲᠤ ᠤᠪᠤᠷ ᠪᠠ ᠡᠭᠦᠷᠭᠡᠯᠡᠬᠦ ᠵᠤᠷᠢᠭ ᠰᠠᠨᠠᠭ᠎ᠠ ᠪᠠᠷ ᠲᠤᠲᠠᠮᠠᠭ ᠪᠠᠶᠢᠵᠤ᠂ | ᠤᠷᠤᠭᠰᠢᠯᠠᠨ ᠲᠠᠪᠰᠢᠬᠤ ᠶᠢ ᠪᠤᠳᠤᠯᠬᠢᠯᠠᠬᠤ ᠦᠬᠡᠢ᠂ ᠠᠵᠢᠯ ᠳᠠᠭᠠᠨ ᠬᠠᠰᠢ ᠶᠠᠰᠢ ᠬᠠᠨᠳᠤᠵᠤ᠂ ᠠᠵᠢᠯ ᠪᠠᠶᠢᠭᠰᠠᠭᠠᠷ | ᠬᠠᠷᠢᠯᠴᠠᠨ ᠲᠦᠯᠬᠢᠯᠴᠡᠵᠤ᠂ ᠴᠢᠨᠠᠭᠰᠢᠯᠠᠪᠠᠯ ᠠᠵᠢᠯ ᠢ ᠬᠤᠶᠢᠰᠢᠯᠠᠭᠤᠯᠵᠤ ᠬᠦᠢᠴᠡᠳᠭᠡᠬᠦ ᠪᠤᠶᠤ ᠬᠦᠢᠴᠡᠳᠭᠡᠬᠦ ᠦᠭᠡᠢ | ᠪᠠᠶᠢᠵᠤ᠂ ᠨᠡᠩ ᠴᠤ ᠵᠠᠷᠢᠮ ᠨᠢ ᠲᠤᠷ᠎ᠠ ᠪᠠᠷ ᠬᠦᠢᠴᠡᠳᠭᠡᠵᠤ ᠪᠤᠢ᠂ ᠡᠳᠡᠭᠡᠷ ᠠᠰᠠᠭᠤᠳᠠᠯ ᠳᠤ ᠬᠠᠨᠳᠤᠭᠤᠯᠤᠨ ᠪᠢᠳᠡ | ᠡᠷᠬᠡᠪᠰᠢ ᠬᠦᠴᠤᠲᠠᠢ ᠠᠷᠭ᠎ᠠ ᠬᠡᠮᠵᠢᠶ᠎ᠠ ᠠᠪᠴᠤ ᠰᠢᠢᠳᠪᠤᠷᠢᠯᠡᠬᠦ ᠬᠡᠷᠡᠭᠲᠠᠢ᠃ | ᠬᠤᠶᠠᠷ᠂ 2017 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠤᠩᠬᠡᠢ ᠱᠠᠭᠠᠷᠳᠠᠯᠭ᠎ᠠ ᠪᠠ ᠭᠤᠤᠯ | ᠡᠭᠦᠷᠭᠡ | 2017 ᠤᠨ ᠪᠤᠯ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢ | ᠬᠡᠷᠡᠭᠵᠢᠭᠦᠯᠬᠦ ᠵᠠᠩᠬᠢᠯᠠᠭ᠎ᠠ ᠶᠢᠨ ᠨᠢᠭᠡ ᠵᠢᠯ᠂ ᠮᠦᠨᠴᠤ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ | ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠵᠢᠯ᠂ ᠨᠠᠮ ᠤᠨ ᠠᠷᠪᠡᠨ ᠶᠢᠰᠤᠳᠤᠭᠡᠷ ᠶᠡᠭᠡ ᠬᠤᠷᠠᠯ ᠬᠤᠷᠠᠯᠳᠤᠵᠤ᠂ | ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠡᠨ 70 ᠵᠢᠯ ᠤᠨ ᠤᠢ ᠶᠢ ᠤᠭᠲᠤᠬᠤ ᠪᠤᠯᠤᠨ᠎ᠠ᠂ ᠡᠶᠢᠮᠤ ᠠᠴᠠ | ᠠᠵᠤ ᠠᠬᠤᠢ ᠨᠡᠶᠢᠭᠡᠮ ᠤᠨ ᠡᠯ᠎ᠡ ᠲᠦᠷᠤᠯ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠨ ᠠᠴᠢ ᠬᠤᠯᠪᠤᠭᠳᠠᠯ | ᠲᠠᠢ ᠶᠤᠮ᠃ | ᠲᠦᠪ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠠᠵᠤ ᠠᠬᠤᠢ ᠶᠢᠨ ᠪᠠᠶᠢᠳᠠᠯ ᠳᠤ ᠶᠡᠷᠤᠩᠬᠡᠢ | ᠮᠠᠭᠠᠳᠯᠠᠯᠲᠠ ᠬᠢᠪᠠ᠂ ᠬᠤᠷᠠᠯ ᠠᠴᠠ ᠦᠵᠡᠭᠰᠡᠨ ᠨᠢ᠄ ᠲᠡᠯᠡᠬᠡᠢ ᠶᠢᠨ ᠠᠵᠤ ᠠᠬᠤᠢ ᠮᠦᠨ ᠯᠨ ᠠᠯᠭᠤᠷ ᠠᠭᠠᠵᠢᠮ | ᠪᠠᠷ ᠰᠡᠷᠭᠦᠬᠦ ᠬᠤᠭᠤᠴᠠᠭᠠᠨ ᠳᠤ ᠪᠤᠢ᠂ ᠮᠠᠨ ᠤ ᠬᠤᠲᠠ ᠶᠢᠨ ᠠᠵᠤ ᠠᠬᠤᠢ ᠶᠢᠨ ᠡᠷᠬᠢᠯᠲᠡ ᠶᠢᠨ ᠲᠤᠯᠭᠠᠷᠠᠵᠤ | ᠪᠦᠬᠦᠢ ᠲᠤᠪᠤᠶᠢᠮ᠎ᠠ ᠵᠦᠷᠢᠴᠡᠯ ᠪᠠ ᠠᠰᠠᠭᠤᠳᠠᠯ ᠤᠨ ᠤᠭ ᠦᠨᠳᠤᠰᠤ ᠨᠢ ᠭᠤᠤᠯᠳᠠᠭᠤ ᠴᠢᠬᠤᠯᠨ ᠶᠡᠭᠡ ᠪᠦᠲᠤᠴᠡ | ᠶᠢᠨ ᠴᠢᠨᠠᠷᠲᠠᠢ ᠲᠡᠩᠴᠡᠭᠦᠷᠢ ᠪᠠᠨ ᠠᠯᠳᠠᠭᠰᠡᠨ ᠳᠤ ᠪᠤᠢ᠂᠂ ᠠᠵᠤ ᠠᠬᠤᠢ ᠶᠢᠨ ᠲᠤᠭᠲᠠᠭᠤᠨ ᠡᠷᠬᠢᠯᠲᠡ ᠶᠢᠨ | ᠰᠠᠭᠤᠷᠢ ᠪᠠᠲᠤ ᠪᠤᠰᠤ᠂ ᠡᠯ᠎ᠡ ᠵᠦᠢᠯ ᠤᠨ ᠨᠠᠷᠢᠨ ᠪᠤᠳᠤᠯᠢᠶᠠᠨᠲᠠᠢ ᠮᠦᠷᠲᠡᠭᠡᠨ ᠲᠤᠭᠲᠠᠭᠤᠨ ᠪᠤᠰᠤ ᠬᠦᠴᠤᠨ ᠵᠦᠢᠯ ᠢ | ᠦᠷᠭᠦᠯᠵᠢᠯᠡᠨ ᠰᠢᠨᠵᠢᠯᠡᠬᠦ ᠴᠢᠬᠤᠯᠠᠲᠠᠢ᠂ ᠲᠤᠭᠲᠠᠭᠤᠨ ᠪᠤᠯ ᠭᠤᠤᠯ ᠬᠦᠭ ᠠᠶᠠᠰ ᠮᠦᠷᠲᠡᠭᠡᠨ ᠶᠡᠭᠡ ᠲᠠᠯ᠎ᠠ᠂ | ᠲᠤᠭᠲᠠᠭᠤᠨ ᠪᠠᠶᠢᠯᠭᠠᠬᠤ ᠰᠠᠭᠤᠷᠢᠨ ᠲᠡᠭᠡᠷ᠎ᠡ ᠵᠠᠩᠬᠢᠯᠠᠭ᠎ᠠ ᠶᠢᠨ ᠬᠦᠷᠢᠶ᠎ᠠ ᠴᠠᠷᠠᠭᠠᠨ ᠳᠤ ᠵᠤᠬᠢᠬᠤ ᠰᠢᠪᠲᠤᠯᠤᠯᠲᠠ | ᠭᠠᠷᠭᠠᠵᠤ᠂ ᠬᠡᠮᠵᠢᠶ᠎ᠠ ᠶᠢ ᠰᠠᠶᠢᠲᠤᠷ ᠡᠵᠡᠮᠳᠡᠭᠰᠡᠨ ᠤᠷᠢᠳᠠᠯ ᠲᠤᠤᠷ᠎ᠠ ᠴᠢᠷᠮᠠᠶᠢᠨ ᠠᠵᠢᠯᠯᠠᠵᠤ ᠦᠷ᠎ᠡ ᠪᠦᠲᠤᠮᠵᠢ | ᠭᠠᠷᠭᠠᠨ᠎ᠠ ᠬᠡᠵᠤ ᠴᠢᠬᠤᠯᠠᠴᠢᠯᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠠᠴᠠ ᠮᠠᠨ ᠤ ᠤᠷᠤᠨ ᠤ ᠠᠵᠤ ᠠᠬᠤᠢ ᠶᠢᠨ ᠲᠤᠯᠭᠠᠷᠠᠵᠤ | ᠪᠠᠶᠢᠭ᠎ᠠ ᠪᠠᠶᠢᠳᠠᠯ ᠳᠤ ᠪᠤᠰᠤᠳᠴᠢ ᠪᠠᠷ ᠵᠠᠳᠠᠯᠤᠯᠲᠠ ᠬᠢᠭᠰᠡᠨ ᠰᠠᠭᠤᠷᠢᠨ ᠲᠡᠭᠡᠷ᠎ᠡ ᠵᠢᠭᠠᠵᠤ ᠭᠠᠷᠭᠠᠭᠰᠡᠨ ᠨᠢ᠄ ᠰᠢᠨ᠎ᠡ | ᠬᠡᠪ ᠪᠠᠶᠢᠳᠠᠯ ᠲᠤᠤᠷ᠎ᠠ ᠬᠤᠷᠳᠤᠴᠠ ᠶᠢᠨ ᠬᠤᠪᠢᠷᠠᠯᠲᠠ᠂ ᠪᠦᠲᠤᠴᠡ ᠶᠢᠨ ᠰᠢᠯᠢᠳᠡᠭᠵᠢᠯᠲᠡ᠂ ᠬᠦᠳᠡᠯᠭᠡᠭᠴᠢ ᠬᠦᠴᠤᠨ | ᠤ ᠰᠤᠯᠢᠭᠳᠡᠯ ᠨᠢ ᠤᠯᠡᠮ ᠲᠤᠪᠤᠶᠢᠮ᠎ᠠ ᠪᠤᠯᠵᠤ᠂ ᠤᠷᠤᠨ ᠪᠦᠰᠨ ᠪᠠ ᠠᠵᠢᠯ ᠲᠦᠷᠤᠯ ᠤᠨ ᠬᠢᠨ ᠤ ᠬᠠᠨᠳᠤᠰᠢ | ᠵᠠᠯᠭᠠᠪᠡᠷ ᠬᠤᠪᠢᠷᠠᠯᠲᠠ ᠭᠠᠷᠴᠤ᠂ ᠰᠢᠨ᠎ᠡ ᠨᠢᠭᠡ ᠡᠭᠡᠯᠵᠢ ᠶᠢᠨ ᠤᠷᠤᠨ ᠪᠦᠰᠨ ᠶᠢᠨ ︽ᠨᠠᠷᠠ ᠶᠢᠨ ᠵᠢᠭᠰᠠᠭᠠᠯᠲᠠ︾ | ᠪᠠ ᠠᠵᠤ ᠦᠢᠯᠡᠰ ᠤᠨ ︽ᠶᠡᠭᠡ ᠲᠤᠬᠢᠷᠠᠭᠤᠯᠤᠯᠲᠠ︾ ᠶᠠᠭ ᠬᠦᠭᠵᠢᠶᠡᠨᠲᠡᠢ ᠶᠠᠪᠤᠭᠳᠠᠵᠤ ᠪᠠᠶᠢᠨ᠎ᠠ᠂ ᠡᠶᠢᠮᠤ ᠠᠴᠠ | ᠦᠨᠤ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠤᠭᠲᠠᠭᠤᠨ ᠪᠠᠶᠢᠯᠭᠠᠬᠤ ᠮᠦᠷᠲᠡᠭᠡᠨ | ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠲᠠᠯᠠᠵᠤ᠂ ᠡᠷᠬᠡᠪᠰᠢ ᠬᠠᠩᠭᠠᠯᠭ᠎ᠠ ᠶᠢᠨ ᠲᠠᠯ᠎ᠠ | ᠶᠢᠨ ᠪᠦᠲᠤᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠢᠶᠠᠨ ᠪᠤᠯᠭᠠᠵᠤ᠂ ᠦᠪᠡᠷᠲᠡᠭᠡᠨ ᠵᠠᠰᠠᠬᠤ | ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠷᠠᠳᠤᠭᠰᠡᠨ ︽ᠨᠢᠭᠡ | ᠶᠡᠷᠤᠩᠬᠡᠢ ᠬᠠᠷᠠᠯᠲᠠ᠂ ᠬᠤᠶᠠᠷ ᠬᠠᠯᠬᠠᠪᠴᠢ᠂ ᠭᠤᠷᠪᠡᠨ ᠵᠤᠷᠪᠤᠰ ᠬᠤᠷᠢᠭ᠎ᠠ ᠱᠤᠭᠤᠮ᠂ ᠲᠦᠷᠪᠡ ᠶᠢ ᠦᠨᠳᠤᠷ | ᠪᠠᠶᠢᠯᠭᠠᠬᠤ᠂ ᠲᠠᠪᠤᠨ ᠲᠠᠯ᠎ᠠ ᠶᠢ ᠵᠤᠬᠢᠴᠠᠭᠤᠯᠬᠤ᠂ ᠵᠢᠷᠭᠤᠭᠠᠨ ᠶᠡᠭᠡ ᠰᠠᠭᠤᠷᠢᠨ ᠭᠠᠵᠠᠷ᠂ ᠲᠤᠯᠤᠭᠠᠨ ᠲᠤᠤᠷ | ᠲᠤᠯᠤᠭᠠᠨ ᠠᠵᠢᠯ ᠲᠦᠷᠤᠯ ᠲᠤᠯᠤᠭᠠᠨ ᠰᠢᠨ᠎ᠡ︾ ᠪᠠᠷ ᠭᠤᠤᠯ ᠡᠭᠦᠷᠭᠡ ᠪᠠᠨ ᠪᠤᠯᠭᠠᠵᠤ᠂ ᠪᠤᠲᠠᠲᠠᠢ ᠲᠠᠢ ᠪᠠᠨ | ᠤᠶᠠᠯᠳᠤᠭᠤᠯᠵᠤ᠂ ᠠᠵᠢᠯ ᠤᠨ ᠭᠠᠷᠳᠠᠴᠠ᠂ ᠠᠵᠢᠯ ᠤᠨ ᠭᠤᠤᠯᠳᠠᠯᠭ᠎ᠠ᠂ ᠠᠵᠢᠯ ᠤᠨ ᠡᠬᠢᠯᠡᠯᠲᠡ ᠶᠢᠨ ᠴᠡᠭ ᠢᠶᠠᠨ | ᠤᠨᠤᠪᠴᠢᠲᠠᠢ ᠡᠷᠢᠵᠤ᠂ ᠰᠠᠭᠤᠷᠢ ᠶᠢ ᠪᠠᠳᠤᠳᠬᠠᠨ ᠠᠯᠤᠰ ᠲᠤ ᠠᠰᠢᠭ ᠲᠠᠢ ᠠᠵᠢᠯ ᠢ ᠢᠯᠡᠭᠦᠬᠡᠨ ᠬᠢᠵᠤ᠂ ᠦᠨᠤ | ᠵᠢᠯ ᠤᠨ ᠠᠵᠤ ᠠᠬᠤᠢ ᠶᠢᠨ ᠬᠦᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠠᠢ ᠬᠡᠵᠤ | ᠴᠢᠬᠤᠯᠠᠴᠢᠯᠠᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ 2017 ᠤᠨ ᠤ ᠨᠢᠭᠡᠳᠤᠭᠡᠷ ᠤᠳᠠᠭᠠᠨ ᠤ ︵ | ᠦᠷᠭᠡᠳᠭᠡᠭᠰᠡᠨ︶ ᠬᠤᠷᠠᠯᠳᠤᠭᠠᠨ ᠨᠢ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠨᠳᠤᠰᠢ | ᠳᠤ ᠬᠦᠨᠵᠡᠭᠡᠢ ᠵᠠᠳᠠᠯᠤᠯᠲᠠ ᠬᠢᠭᠰᠡᠨ ᠰᠠᠭᠤᠷᠢᠨ ᠲᠡᠭᠡᠷ᠎ᠡ ︽ᠲᠤᠭᠲᠠᠭᠤᠨ ᠢ ᠪᠠᠲᠤᠯᠠᠬᠤ ᠪᠠ ᠡᠷᠡᠯᠬᠡᠭᠯᠡᠨ ᠲᠠᠪᠰᠢᠬᠤ᠂ | ᠶᠡᠷᠤᠩᠬᠡᠢ ᠬᠡᠮᠵᠢᠶ᠎ᠡ ᠶᠢ ᠨᠡᠮᠡᠭᠳᠡᠭᠦᠯᠬᠦ ᠪᠠ ᠶᠠᠰᠤ ᠴᠢᠨᠠᠷ ᠢ ᠲᠡᠭᠡᠭᠰᠢᠯᠡᠭᠦᠯᠬᠦ᠂ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ | ᠪᠠ ᠨᠡᠮᠡᠭᠳᠡᠯ ᠢ ᠲᠤᠭᠲᠠᠪᠤᠷᠢᠵᠢᠭᠤᠯᠬᠤ᠂ ᠠᠵᠤ ᠠᠬᠤᠢ ᠶᠢᠨ ᠬᠦᠭᠵᠢᠯᠲᠡ ᠪᠠ ᠨᠡᠶᠢᠭᠡᠮ ᠤᠨ ᠡᠶ᠎ᠡ ᠵᠤᠬᠢᠴᠡᠯ᠂ | ᠨᠢᠭᠡᠳᠤᠯᠲᠠᠢ ᠵᠤᠬᠢᠴᠠᠭᠤᠯᠬᠤ ᠪᠠ ᠭᠤᠤᠯᠳᠠᠯᠭ᠎ᠠ ᠲᠠᠢ ᠰᠢᠪᠲᠤᠯᠠᠬᠤ︾ ᠵᠡᠷᠭᠡ ᠲᠠᠪᠤᠨ ᠲᠠᠯ᠎ᠠ ᠶᠢᠨ ᠬᠠᠷᠢᠴᠠᠭ᠎ᠠ ᠶᠢ | ᠰᠠᠶᠢᠲᠤᠷ ᠰᠢᠢᠳᠪᠤᠷᠢᠯᠡᠬᠦ ᠬᠡᠷᠡᠭᠲᠠᠢ ᠭᠡᠵᠤ ᠴᠢᠬᠤᠯᠠᠴᠢᠯᠠᠨ᠂ 2017 ᠤᠨ ᠤ ᠪᠦᠬᠦ ᠠᠶᠢᠮᠠᠭ ᠤᠨ ᠠᠵᠤ ᠠᠬᠤᠢ | ᠨᠡᠶᠢᠭᠡᠮ ᠤᠨ ᠡᠯ᠎ᠡ ᠲᠦᠷᠤᠯ ᠤᠨ ᠠᠵᠢᠯ ᠢ ᠪᠠᠶᠢᠷᠢᠯᠠᠭᠤᠯᠵᠤ᠂ ᠡᠭᠦᠷᠭᠡ ᠲᠤᠳᠤ᠂ ᠠᠷᠭ᠎ᠠ ᠪᠠᠷᠢᠯ ᠲᠤᠲᠤᠷᠬᠠᠢ | ᠪᠠᠶᠢᠵᠤ᠂ ᠪᠢᠳᠡᠨ ᠤ ᠠᠵᠢᠯ ᠬᠢᠬᠦ ᠳᠤ ᠴᠢᠭᠯᠡᠯ ᠵᠢᠭᠠᠨ ᠦᠭᠴᠤ᠂ ᠭᠠᠷᠳᠠᠴᠨ ᠶᠢ ᠨᠡᠩ ᠲᠤᠲᠤᠷᠬᠠᠢ ᠪᠤᠯᠭᠠᠵᠠᠢ᠃ | ᠪᠢᠳᠡ ᠡᠷᠬᠡᠪᠰᠢ ᠦᠵᠡᠯ ᠰᠠᠨᠠᠭ᠎ᠠ ᠦᠢᠯᠨ ᠠᠵᠢᠯᠯᠠᠭ᠎ᠠ ᠪᠠᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ | ᠤᠬᠠᠭᠠᠨᠴᠢ ᠮᠠᠭᠠᠳᠯᠠᠯ ᠪᠠ ᠰᠢᠢᠳᠪᠤᠷᠢᠲᠤ ᠪᠤᠳᠤᠯᠭ᠎ᠠ ᠪᠠᠶᠢᠷᠢᠯᠠᠭᠤᠯᠤᠯᠲᠠ ᠲᠡᠭᠡᠷ᠎ᠡ ᠲᠦᠪᠯᠡᠷᠡᠭᠦᠯᠵᠤ᠂ ᠬᠠᠷᠠᠯᠲᠠ | ᠶᠢᠨ ᠵᠢᠯᠤᠭᠤᠳᠤᠮᠵᠢ ᠪᠠ ᠠᠰᠠᠭᠤᠳᠠᠯ ᠤᠨ ᠵᠢᠯᠤᠭᠤᠳᠤᠮᠵᠢ ᠶᠢ ᠪᠠᠷᠢᠮᠲᠠᠯᠠᠨ᠂ ᠠᠵᠤ ᠠᠬᠤᠢ ᠶᠢᠨ ᠲᠤᠷᠤᠭᠰᠢᠯᠠᠬᠤ | ᠬᠠᠨᠳᠤᠰᠢ ᠲᠤᠤᠷ᠎ᠠ ᠨᠡᠮᠡᠭᠳᠡᠯ ᠤᠨ ᠬᠤᠷᠳᠤᠴᠠ᠂ ᠬᠦᠭᠵᠢᠯᠲᠡ ᠶᠢᠨ ᠬᠠᠨᠳᠤᠰᠢ᠂ ᠠᠵᠢᠯ ᠤᠯᠭᠤᠯᠲᠠ᠂ ᠪᠠᠷᠠᠭᠠᠨ ᠤ | ᠦᠨ᠎ᠡ ᠬᠠᠩᠰᠢ ᠶᠢ ᠲᠤᠭᠲᠠᠭᠤᠨ ᠪᠠᠶᠢᠯᠭᠠᠵᠤ᠂ ᠨᠡᠶᠢᠭᠡᠮ ᠤᠨ ᠡᠶ᠎ᠡ ᠵᠤᠬᠢᠴᠠᠯ ᠢ ᠪᠠᠲᠤᠯᠠᠨ᠎ᠠ︔ ︽ᠲᠤᠭᠲᠠᠭᠤᠨ | ᠪᠠᠶᠢᠯᠭᠠᠬᠤ︾ ᠤᠷᠢᠳᠠᠯ ᠲᠤᠤᠷ᠎ᠠ ᠲᠤᠬᠢᠶᠠᠯ ᠢ ᠡᠵᠡᠮᠳᠡᠨ᠂ ᠭᠤᠤᠯᠳᠠᠯᠭᠠᠲᠤ ᠬᠦᠷᠢᠶ᠎ᠠ ᠴᠠᠷᠠᠭ᠎ᠠ ᠪᠠ ᠵᠠᠩᠬᠢᠯᠠᠭ᠎ᠠ ᠶᠢᠨ | ᠭᠤᠭᠴᠤᠭᠠᠨ ᠲᠡᠭᠡᠷ᠎ᠡ ᠰᠢᠪᠲᠤᠯᠤᠯᠲᠠ ᠭᠠᠷᠭᠠᠵᠤ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠯᠡᠬᠦᠯᠬᠦ᠂ | ᠦᠭᠡᠷᠡᠴᠢᠯᠡᠯᠲᠡ ᠬᠢᠵᠤ ᠴᠢᠯᠤᠭᠡᠲᠠᠢ ᠶᠠᠪᠤᠯᠴᠠᠬᠤ᠂ ᠠᠮᠢ ᠠᠬᠤᠢ ᠶᠢᠨ ᠪᠤᠯᠪᠠᠰᠤᠨ ᠪᠠ ᠠᠷᠠᠳ ᠤᠨ ᠠᠮᠢᠳᠤᠷᠠᠯ ᠤᠨ | ᠬᠢᠷᠢ ᠲᠦᠪᠰᠢᠨ ᠤ ᠲᠠᠯ᠎ᠠ ᠪᠠᠷ ᠰᠠᠶᠢᠵᠢᠷᠠᠯᠲᠠ ᠲᠠᠢ ᠪᠠᠶᠢᠵᠤ᠂ ᠯᠠᠪᠳᠠᠭᠤᠨ ᠪᠠᠲᠤᠲᠠᠢ ︽ᠲᠤᠭᠲᠠᠭᠤᠨ︾ ᠢᠶᠠᠷ | ᠦᠨᠳᠤᠷ ᠴᠢᠨᠠᠷᠵᠢᠯ ᠪᠦᠬᠦᠢ ︽ᠤᠷᠤᠭᠰᠢᠯᠠᠯᠲᠠ︾ ᠶᠢ ᠠᠬᠢᠭᠤᠯᠤᠨ᠂ ᠦᠷᠭᠦᠯᠵᠢᠯᠡᠭᠰᠡᠨ ︽ᠤᠷᠤᠭᠰᠢᠯᠠᠯᠲᠠ︾ ᠪᠠᠷ | ᠦᠨᠳᠤᠷ ᠲᠦᠪᠰᠢᠨ ᠤ ︽ᠲᠤᠭᠲᠠᠭᠤᠨ︾ ᠢ ᠪᠠᠲᠤᠯᠠᠵᠤ᠂ ᠡᠯ᠎ᠡ ᠭᠠᠵᠠᠷ ᠤᠷᠤᠨ ᠴᠦᠮ ᠭᠠᠪᠰᠢᠭᠠᠶᠢᠯᠠᠨ | ᠴᠢᠷᠮᠠᠶᠢᠵᠤ ᠦᠷᠢᠰᠤᠯᠳᠤᠨ ᠬᠦᠭᠵᠢᠵᠤ ᠪᠠᠶᠢᠭ᠎ᠠ ᠪᠠᠶᠢᠳᠠᠯ ᠲᠤᠤᠷ᠎ᠠ᠂ ᠨᠢᠭᠡᠨ ᠶᠠᠰᠤ ᠴᠢᠨᠠᠷ ᠨᠡᠩ ᠦᠨᠳᠤᠷ ᠪᠦᠲᠤᠴᠡ | ᠨᠡᠩ ᠰᠢᠯᠢᠳᠡᠭ᠂ ᠨᠦᠭᠡᠴᠡ ᠬᠦᠴᠤᠨ ᠨᠡᠩ ᠲᠡᠭᠦᠯᠳᠡᠷ᠂ ᠲᠠᠪᠠᠭᠤᠯᠢᠭ ᠢ ᠨᠡᠩ ᠬᠦᠢᠴᠡᠳ ᠪᠠᠳᠠᠷᠠᠭᠤᠯᠵᠤ ᠴᠢᠳᠠᠬᠤ | ᠬᠦᠭᠵᠢᠯᠲᠡ ᠶᠢᠨ ᠵᠠᠮ ᠢ ᠰᠦᠪᠡᠭᠴᠢᠯᠡᠨ ᠭᠠᠷᠭᠠᠬᠤ ᠬᠡᠷᠡᠭᠲᠠᠢ᠃ | ᠡ᠊ ᠨᠡ ᠵᠢᠯ ᠤᠨ ᠠᠵᠢᠯ ᠤᠨ ᠶᠡᠷᠥᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠥᠭᠡᠷ᠂ | ᠳᠠᠪᠤᠳᠤᠭᠠᠷ᠂ ᠵᠢᠷᠭᠤᠳᠤᠭᠠᠷ ᠪᠥᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠢ ᠶᠢᠨ ᠫᠢᠩ ᠶᠡᠷᠥᠩᠬᠡᠢ ᠱᠦᠵᠢ ᠶᠢᠨ ᠰᠢᠷᠢᠰ ᠴᠢᠬᠤᠯᠠ | ᠶᠡᠷᠢᠶ᠎ᠠ ᠪᠠ ᠲᠦᠷᠦ ᠶᠢ ᠵᠠᠰᠠᠨ ᠵᠠᠰᠠᠭ ᠢ ᠡᠷᠬᠢᠯᠡᠬᠦ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠣᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ | ᠤ ᠨᠠᠮ ᠤᠨ ᠲᠥᠯᠦᠭᠡᠯᠡᠭᠴᠢᠳ ᠶᠢᠨ ᠶᠡᠭᠡ ᠬᠤᠷᠠᠯ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠭᠦᠳᠡ ᠬᠤᠷᠠᠯ ᠤᠨ ᠵᠤᠷᠢᠭ ᠰᠠᠨᠠᠭ᠎ᠠ ᠪᠠ ᠠᠶᠢᠮᠠᠭ ᠤᠨ ᠨᠠᠮ ᠤᠨ | ᠬᠤᠷᠢᠶ᠎ᠠ ᠶᠢᠨ 2017 ᠣᠨ ᠤ ᠨᠢᠭᠡᠳᠥᠭᠡᠷ ᠤᠳᠠᠭᠠᠨ ᠤ ︵ᠥᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂《 ᠳᠠᠪᠤ ᠶᠢ ᠨᠢᠭᠡ ᠴᠣᠭᠴᠠᠵᠢᠭᠤᠯᠬᠤ 》ᠶᠡᠷᠥᠩᠬᠡᠢ ᠪᠠᠶᠢᠷᠢᠰᠢᠭᠤᠯᠤᠯᠲᠠ | ᠶᠢ ᠨᠢᠭᠡᠳᠦᠯᠲᠠᠢ ᠲᠦᠯᠦᠪᠵᠢᠭᠦᠯᠦᠨ ᠠᠬᠢᠭᠤᠯᠬᠤ ᠪᠠ《 ᠳᠥᠷᠪᠡᠨ ᠪᠥᠬᠦ ᠲᠠᠯ᠎ᠠ 》 ᠶᠢᠨ ᠪᠠᠶᠢᠯᠳᠤᠬᠤ ᠪᠣᠳᠤᠯᠭ᠎ᠠ | ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠶᠢᠮᠠᠭ ᠤᠨ ᠲᠥᠪ ᠬᠤᠳᠡ ᠶᠢᠨ ᠤᠬᠠᠮᠰᠠᠷ᠂ ᠬᠡᠪ | ᠳᠠᠭᠤᠷᠢᠶᠠᠯ ᠤᠨ ᠤᠬᠠᠮᠰᠡᠷ᠂ ᠳᠠᠭᠠᠭᠤᠯᠬᠤ ᠤᠬᠠᠮᠰᠠᠷ ᠢ ᠪᠠᠳᠤ ᠪᠤᠢ ᠪᠤᠯᠭᠠᠨ᠂ ᠳᠣᠭᠳᠠᠭᠤᠨ ᠪᠠᠶᠢᠯᠭᠠᠬᠤ ᠮᠦᠷᠳᠡᠭᠡᠨ | ᠤᠷᠤᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠥᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ | ᠤᠶᠢᠯᠠᠭᠠᠭᠳᠠᠬᠤᠨ ᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠲᠠᠢ ᠵᠤᠬᠢᠴᠠᠯᠳᠤᠬᠤ ᠶᠢᠨ ᠲᠠᠭᠠᠤ ᠡᠵᠡᠮᠳᠡᠨ ᠳᠠᠭᠠᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ | ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ | ᠥᠭᠡᠷᠡᠴᠢᠯᠡᠯᠳᠡ ᠶᠢ ᠠᠬᠢᠭᠤᠯᠬᠤ ᠪᠠᠷ ᠭᠤᠤᠯ ᠱᠤᠭᠤᠮ ᠪᠣᠯᠭᠠᠨ᠂ ᠬᠥᠭᠵᠢᠯᠲᠡ᠂ ᠠᠮᠢ ᠠᠬᠤᠢ ᠪᠠ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂《 ᠳᠠᠪᠤᠨ ᠲᠠᠯ᠎ᠠ ᠶᠢ ᠵᠤᠬᠢᠴᠠᠭᠤᠯᠬᠤ 》᠂ ᠬᠡᠯᠪᠡᠷᠢ | ᠪᠠᠨ ᠬᠤᠪᠢᠷᠠᠭᠤᠯᠵᠤ ᠳᠡᠰ ᠳᠡᠪᠰᠢᠭᠦᠯᠭᠦ ᠶᠢ ᠡᠷᠴᠢᠮᠲᠠᠢ ᠠᠬᠢᠭᠤᠯᠵᠤ᠂ ᠨᠡᠮᠡᠭᠳᠡᠯ ᠢ ᠳᠤᠭᠳᠠᠭᠤᠨ ᠪᠠᠶᠢᠯᠭᠠᠬᠤ᠂ | ᠪᠥᠲᠦᠴᠡ ᠶᠢ ᠳᠤᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠮᠢ ᠠᠬᠤᠢ ᠶᠢ ᠬᠠᠮᠠᠭᠠᠯᠠᠬᠤ᠂ ᠰᠠᠭᠤᠷᠢ ᠶᠢ | ᠪᠠᠲᠤᠵᠢᠭᠤᠯᠬᠤ᠂ ᠬᠤᠲᠠ ᠬᠦᠳᠡᠭᠡ ᠶᠢ ᠨᠢᠭᠡᠳᠦᠯᠲᠠᠢ ᠲᠦᠯᠦᠪᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ | ᠬᠦᠷᠳᠡᠭᠡᠬᠦ᠂ ᠠᠶᠤᠯ ᠳᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠠᠵᠢᠯ ᠢ ᠪᠠᠳᠤᠳᠠᠢ ᠬᠢᠵᠦ᠂ ᠠᠵᠤ | ᠠᠬᠤᠢ ᠶᠢᠨ ᠳᠣᠭᠳᠠᠭᠤᠨ ᠪᠦᠭᠡᠳ ᠡᠷᠡᠭᠦᠯ ᠢᠶᠠᠷ ᠬᠥᠭᠵᠢᠬᠦ᠂ ᠨᠡᠶᠢᠭᠡᠮ ᠨᠡᠶᠢᠲᠡ ᠶᠢᠨ ᠡᠶ᠎ᠡ ᠵᠤᠬᠢᠴᠠᠩᠭᠤᠢ | ᠳᠣᠭᠳᠠᠭᠤᠨ ᠪᠠᠶᠢᠬᠤ ᠶᠢ ᠠᠬᠢᠭᠤᠯᠵᠤ᠂ ᠰᠢᠯᠢᠳᠡᠭ ᠦᠷ᠎ᠡ ᠪᠦᠲᠦᠮᠵᠢ ᠪᠠᠷ ᠥᠪᠡᠷᠳᠡᠭᠡᠨ ᠵᠠᠰᠠᠬᠤ ᠣᠷᠤᠨ | ᠪᠠᠶᠢᠭᠤᠯᠤᠭᠳᠡᠭ᠌ᠰᠠᠨ 70 ᠵᠢᠯ ᠤᠨ ᠣᠢ ᠶᠢ ᠤᠭᠲᠤᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠠᠮᠵᠢᠯᠲᠡ ᠲᠠᠢ ᠬᠤᠷᠠᠯᠳᠤᠬᠤ ᠶᠢ ᠤᠭᠲᠤᠨ᠎ᠠ᠃ | ᠭᠤᠤᠯ ᠪᠤᠯᠬᠤ ᠵᠢᠱᠢᠭᠰᠡᠨ ᠬᠠᠷᠠᠯᠲᠡ ᠪᠤᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 9% ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠳᠤᠭᠳᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢ | 14% ᠪᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠳᠦᠰᠦᠪ ᠤᠨ ᠣᠷᠤᠯᠭ᠎ᠠ ᠶᠢ 5.4% ᠪᠠᠷ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠬᠤ ᠶᠡᠷᠥᠩᠬᠡᠢ ᠨᠤᠷᠮ᠎ᠡ ᠶᠢ 11% ᠪᠠᠷ | ᠨᠡᠮᠡᠭᠳᠡᠭᠦᠯᠵᠦ᠂ ᠬᠤᠲᠡ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ | ᠡᠵᠡᠮᠳᠡᠵᠦ ᠪᠤᠯᠬᠤ ᠣᠷᠤᠯᠭ᠎ᠠ ᠶᠢ ᠲᠤᠰ ᠪᠦᠷᠢ 9% ᠪᠠ 9.5% ᠪᠠᠷ ᠨᠡᠮᠡᠭᠳᠡᠭᠦᠯᠦᠨ᠎ᠡ᠃ ᠭᠤᠤᠯ ᠠᠵᠤ ᠠᠬᠤᠢ | ᠶᠢᠨ ᠭᠦᠢᠴᠡᠳᠭᠡᠯ ᠳᠤᠭ᠎ᠠ ᠨᠢ ᠪᠦᠬᠦ ᠠᠶᠢᠮᠠᠭ ᠲᠤ ᠡᠵᠡᠯᠡᠬᠦ ᠬᠠᠷᠢᠴᠠᠯ ᠳᠠᠰᠤᠷᠠᠯᠳᠠ ᠦᠭᠡᠢ ᠨᠡᠮᠡᠭᠳᠡᠬᠦ ᠶᠢ ᠴᠢᠷᠮᠠᠶᠢᠨ | ᠪᠡᠶᠡᠯᠡᠭᠦᠯᠵᠦ᠂ ᠶᠡᠷᠥᠩᠬᠡᠢ ᠠᠵᠤ ᠠᠬᠤᠢ ᠶᠢᠨ ᠪᠤᠳᠠᠳᠤ ᠬᠦᠴᠦᠨ ᠨᠢ ᠪᠦᠬᠦ ᠣᠷᠣᠨ ᠤ ᠨᠢᠭᠡᠳᠦᠭᠡᠷ ᠵᠢᠭᠰᠠᠭᠠᠯ ᠳᠠᠬᠢ | ᠳᠠᠷᠠᠭᠠᠯᠠᠯ ᠢᠶᠠᠨ ᠤᠷᠤᠭᠰᠢᠯᠠᠭᠤᠯᠤᠨ᠎ᠠ᠃ | ᠳᠡᠭᠡᠷᠡᠬᠢ ᠬᠠᠷᠠᠯᠳᠠ ᠶᠢ ᠪᠡᠶᠡᠯᠡᠭᠦᠯᠬᠦ ᠭᠡᠪᠡᠯ᠂ ᠡᠨᠡ ᠵᠢᠯ ᠪᠢᠳᠡ ᠳᠤᠤᠷᠠᠬᠢ ᠨᠠᠢᠮᠠᠨ ᠳᠠᠯ᠎ᠡ ᠶᠢᠨ ᠠᠵᠢᠯ | ᠢ ᠭᠤᠤᠯᠳᠠᠯᠭ᠎ᠠ ᠲᠠᠢ ᠴᠢᠩᠭ᠎ᠠ ᠠᠳᠬᠤᠨ᠎ᠠ᠃ | ︵ᠨᠢᠭᠡ︶ ᠡᠷᠭᠢᠯᠳᠡ ᠶᠢ ᠠᠳᠬᠤᠨ ᠪᠡᠯᠡ ᠣᠷᠤᠭᠤᠯᠤᠯᠳᠠ ᠶᠢ ᠠᠬᠢᠭᠤᠯᠬᠤ ᠳᠤ ᠬᠦᠴᠦ ᠳᠠᠯᠪᠢᠵᠦ᠂ | ᠠᠵᠤ ᠠᠬᠤᠢ ᠶᠢᠨ ᠡᠷᠡᠭᠦᠯ ᠳᠣᠭᠳᠠᠭᠤᠨ ᠢᠶᠠᠷ ᠬᠥᠭᠵᠢᠬᠦ ᠶᠢ ᠪᠠᠳᠤᠯᠠᠨ᠎ᠠ᠃ ᠣᠳᠤᠬᠠᠨ ᠳᠤ ᠠᠵᠤ ᠠᠬᠤᠢ ᠶᠢᠨ | ᠳᠤᠷᠤᠭᠰᠢᠯᠠᠬᠤ ᠳᠠᠷᠤᠭᠠᠰᠤ ᠮᠥᠨ ᠯᠠ ᠶᠡᠭᠡ ᠪᠠᠶᠢᠵᠤ᠂ ᠥᠷᠭᠦᠯᠵᠢᠯᠡᠨ ᠳᠠᠪᠰᠢᠬᠤ ᠰᠠᠶᠢᠨ ᠪᠠᠶᠢᠳᠠᠯ ᠢ ᠪᠠᠳᠤᠯᠠᠬᠤ | ᠨᠢ ᠮᠠᠰᠢ ᠴᠢᠬᠤᠯᠠ ᠶᠠᠪᠤᠳᠠᠯ ᠪᠤᠯᠵᠤ ᠪᠠᠶᠢᠨ᠎ᠠ᠂ ᠡᠷᠬᠡᠪᠰᠢ ᠠᠷᠭ᠎ᠠ ᠪᠦᠬᠦᠨ ᠢ ᠰᠦᠪᠡᠭᠴᠢᠯᠠᠨ ᠲᠦᠷᠦᠯ ᠵᠦᠢᠯ ᠢ | ᠠᠳᠬᠤᠨ᠂ ᠳᠤᠬᠢᠷᠠᠭᠤᠯᠤᠯᠳᠠ ᠶᠢ ᠠᠳᠬᠤᠨ᠂ ᠪᠡᠯᠡ ᠣᠷᠤᠭᠤᠯᠤᠯᠳᠠ ᠶᠢ ᠠᠳᠬᠤᠨ᠂ ᠠᠵᠤ ᠠᠬᠤᠢ ᠶᠢᠨ ᠳᠣᠮᠳᠠ | ᠦᠨᠳᠤᠷ ᠬᠤᠷᠳᠤᠴᠠ ᠪᠠᠷ ᠨᠡᠮᠡᠭᠳᠡᠬᠦ ᠶᠢ ᠪᠠᠳᠤᠯᠠᠨ᠎ᠠ᠃ | ᠨᠢᠭᠡ ᠳᠤ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ ᠪᠠᠳᠤᠳᠠᠢ ᠰᠠᠶᠢᠳᠤᠷ ᠠᠳᠬᠤᠨ᠎ᠠ | ᠃ ᠲᠦᠷᠦᠯ ᠵᠦᠢᠯ ᠤᠨ ᠳᠤᠯᠭᠠᠭᠤᠷᠢᠯᠠᠯ ᠴᠢᠩᠭ᠎ᠠ ᠪᠤᠰᠤ᠂ ᠬᠥᠭᠵᠢᠯᠳᠠ ᠶᠢᠨ ᠨᠥᠬᠡᠴᠡ ᠬᠦᠴᠦᠨ ᠳᠤᠲᠠᠮᠠᠭ ᠨᠢ | ᠮᠠᠨ ᠤ ᠬᠤᠳᠡ ᠶᠢᠨ ᠣᠳᠤᠬᠢ ᠬᠥᠭᠵᠢᠯᠳᠡ ᠳᠤᠮᠳᠠ ᠣᠷᠤᠰᠢᠵᠤ ᠪᠠᠶᠢᠭ᠎ᠠ ᠭᠤᠤᠯ ᠠᠰᠠᠭᠤᠳᠠᠯ ᠪᠠᠶᠢᠵᠤ᠂ ᠡᠨᠡᠬᠦ | ᠠᠰᠠᠭᠤᠳᠠᠯ ᠢ ᠰᠢᠢᠳᠪᠦᠷᠢᠯᠡᠬᠦ ᠬᠠᠮᠤᠭ ᠪᠤᠳᠠᠳᠠᠢ᠂ ᠬᠠᠮᠤᠭ ᠪᠥᠳᠥᠮᠵᠢᠲᠠᠢ ᠠᠷᠭ᠎ᠠ ᠬᠡᠪᠡᠯ ᠪᠡᠯᠡ ᠮᠥᠩᠭᠦ ᠲᠦᠷᠦᠯ | ᠵᠦᠢᠯ ᠡᠷᠡᠮᠡᠯᠵᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠳᠠᠳᠠᠨ ᠣᠷᠤᠭᠤᠯᠤᠨ᠂ ᠠᠷᠠᠯᠵᠢᠶᠠᠴᠢᠨ ᠤᠷᠢᠬᠤ ᠪᠠᠷ | ᠳᠠᠮᠵᠢᠵᠦ ᠶᠡᠭᠡ ᠲᠥᠷᠥᠯ ᠵᠦᠢᠯ ᠢ ᠳᠠᠳᠠᠨ ᠣᠷᠤᠭᠤᠯᠵᠦ᠂ ᠶᠡᠭᠡ ᠲᠦᠷᠦᠯ ᠵᠦᠢᠯ ᠢᠶᠠᠷ ᠳᠠᠮᠵᠢᠵᠦ ᠶᠡᠭᠡ ᠪᠡᠯᠡ | ᠣᠷᠤᠭᠤᠯᠤᠯᠳᠠ ᠶᠢ ᠳᠠᠶᠢᠴᠢᠯᠠᠨ᠂ ᠶᠡᠭᠡ ᠪᠡᠯᠡ ᠣᠷᠤᠭᠤᠯᠤᠯᠳᠠ ᠪᠠᠷ ᠶᠡᠭᠡ ᠬᠥᠭᠵᠢᠯᠳᠡ ᠶᠢ ᠠᠬᠢᠭᠤᠯᠤᠨ᠎ᠠ᠃ ᠰᠢᠨ᠎ᠡ | ᠬᠡᠪ ᠪᠠᠶᠢᠳᠠᠯ ᠳᠤᠤᠷᠠᠬᠢ ᠤᠯᠤᠰ᠂ ᠥᠪᠡᠷᠳᠡᠭᠡᠨ ᠵᠠᠰᠠᠬᠤ ᠣᠷᠤᠨ ᠤ ᠠᠵᠤ ᠦᠢᠯᠡᠰ ᠤᠨ ᠲᠦᠷᠦ ᠶᠢᠨ ᠪᠣᠳᠤᠯᠭ᠎ᠠ | ᠪᠠ ᠪᠡᠯᠡ ᠣᠷᠤᠭᠤᠯᠤᠯᠳᠠ ᠶᠢᠨ ᠭᠤᠤᠯᠳᠠᠯᠭ᠎ᠠ ᠶᠢ ᠬᠦᠨᠵᠡᠭᠡᠢ ᠰᠤᠳᠤᠯᠵᠤ᠂ ᠰᠢᠨ᠎ᠡ ᠴᠢᠭᠯᠡᠯ ᠢ ᠠᠳᠬᠤᠨ᠂ ᠰᠢᠨ᠎ᠡ | ᠬᠠᠨᠳᠤᠰᠢ ᠶᠢ ᠳᠠᠭᠠᠵᠤ᠂ ᠤᠯᠤᠰ ᠤᠨ ᠠᠵᠤ ᠦᠢᠯᠡᠰ ᠤᠨ ᠳᠥᠷᠥ ᠶᠢᠨ ᠪᠤᠳᠤᠯᠭ᠎ᠠ ᠳᠤ ᠨᠡᠶᠢᠴᠡᠬᠦ᠂ ᠪᠥᠳᠦᠴᠡ | ᠶᠢᠨ ᠳᠤᠬᠢᠷᠠᠭᠤᠯᠤᠯᠳᠠ ᠪᠠ ᠠᠵᠤ ᠦᠢᠯᠡᠰ ᠤᠨ ᠳᠡᠰ ᠳᠡᠪᠰᠢᠭᠦᠯᠬᠦ ᠳᠤ ᠳᠠᠭᠠᠭᠤᠯᠬᠤ ᠦᠢᠯᠡᠳᠤᠯ ᠲᠠᠢ ᠨᠢᠭᠡ | ᠪᠥᠯᠥᠭ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠢ ᠰᠢᠭᠰᠢᠨ ᠰᠤᠩᠭᠤᠵᠤ᠂ ᠣᠳᠤ ᠦᠶ᠎ᠡ ᠶᠢᠨ ᠮᠠᠯ ᠠᠵᠤ | ᠠᠬᠤᠢ᠂ ᠴᠠᠪᠡᠷ ᠡᠨᠧᠷᠬᠢ ᠶᠢᠨ ᠠᠵᠤ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ᠂ ᠲᠣᠨᠣᠭᠯᠠᠯ ᠦᠢᠯᠡᠳᠬᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ᠂ ᠣᠯᠠᠨ ᠨᠡᠶᠢᠳᠡ ᠶᠢᠨ ᠦᠢᠯᠡᠴᠢᠯᠡᠭᠡᠨ ᠤ ᠳᠥᠬᠦᠭᠡᠷᠥᠮᠵᠢ ᠵᠡᠷᠭᠡ ᠳᠡᠯ᠎ᠡ | ᠪᠠᠷ ᠴᠢᠬᠤᠯᠠ ᠶᠡᠭᠡ ᠠᠬᠢᠴᠠ ᠲᠠᠢ ᠪᠤᠯᠭᠠᠨ᠎ᠠ᠃ ᠶᠡᠭᠡ ᠶᠢ ᠪᠠᠷᠢᠵᠤ ᠪᠠᠭ᠎ᠠ ᠶᠢ ᠠᠯᠳᠠᠬᠤ ᠦᠭᠡᠢ ᠪᠠᠶᠢᠬᠤ ᠶᠢ | ᠪᠡᠷᠢᠮᠳᠠᠯᠠᠵᠤ᠂ ᠡᠷᠡᠭᠦᠯᠵᠢᠯ ᠨᠠᠰᠤᠳᠠᠨ ᠢ ᠠᠰᠠᠷᠠᠬᠤ᠂ ᠪᠤᠳᠠᠰ ᠤᠨ ᠭᠦᠢᠯᠭᠡᠭᠡᠨ᠂ ᠰᠤᠷᠠᠭ ᠵᠠᠩᠭᠢ ᠶᠢᠨ | ᠦᠢᠯᠡᠴᠢᠯᠡᠭᠡᠨ ᠵᠡᠷᠭᠡ ᠠᠵᠢᠯ ᠣᠯᠭᠤᠯᠳᠠ ᠶᠢ ᠲᠠᠶᠢᠴᠢᠯᠠᠵᠤ ᠲᠡᠶᠢᠯᠬᠦ᠂ ᠡᠨᠧᠷᠬᠢ ᠳᠤ ᠠᠷᠪᠢᠲᠠᠢ ᠪᠤᠬᠢᠷᠳᠤᠯ ᠦᠭᠡᠢ | ᠳᠤᠮᠳᠠ ᠪᠠᠭ᠎ᠠ ᠲᠦᠷᠦᠯ ᠵᠦᠢᠯ ᠢ ᠢᠳᠡᠪᠬᠢᠲᠠᠢ ᠰᠦᠪᠡᠭᠴᠢᠯᠠᠨ ᠠᠬᠢᠭᠤᠯᠵᠤ᠂《 ᠶᠡᠭᠡ ᠲᠦᠷᠦᠯ ᠵᠦᠢᠯ ᠢᠶᠠᠷ | ᠳᠤᠯᠭᠠᠭᠤᠷᠢᠯᠠᠭᠤᠯᠵᠤ᠂ ᠪᠠᠭ᠎ᠠ ᠲᠦᠷᠦᠯ ᠵᠦᠢᠯ ᠥᠷᠨᠢᠨ ᠬᠥᠭᠵᠢᠭᠰᠡᠨ 》ᠪᠠᠶᠢᠳᠠᠯ ᠢ ᠪᠤᠢ ᠪᠤᠯᠭᠠᠨ᠎ᠠ᠃ ᠡᠨᠡ ᠵᠢᠯ᠂ | ᠮᠠᠨ ᠤ ᠬᠤᠳᠡ 99 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠤᠨ᠂ 184.3 ᠳ᠋ᠦᠩᠰᠢᠭᠤᠷ ᠳᠥᠭᠦᠷᠢᠭ | ᠤᠨ ᠪᠡᠯᠡ ᠣᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠦ ᠪᠠᠶᠢᠨ᠎ᠠ᠃《 ᠳᠥᠷᠪᠡᠨ ᠤᠳᠤᠷᠢᠳᠬᠤ ᠪᠠᠭ 》 | ᠭᠤᠤᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠠᠷᠢᠭᠤᠴᠠᠬᠤ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ | ᠲᠤᠤᠱᠯᠠᠭᠤᠯᠵᠤ᠂《 ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠬᠡ ᠪᠠᠭ 》 ᠤᠨ ᠠᠵᠢᠯ ᠤᠨ | ᠳᠣᠭᠳᠠᠯᠴᠠᠭ᠎ᠠ ᠶᠢ ᠬᠡᠷᠡᠭᠵᠢᠭᠦᠯᠵᠦ᠂ ᠢᠯᠠᠩᠭᠤᠶ᠎ᠠ ᠴᠠᠬᠢᠯᠭᠠᠨ ᠬᠦᠴᠦ ᠶᠢ ᠭᠠᠳᠠᠭᠰᠢ ᠬᠦᠷᠭᠡᠬᠦ ᠵᠠᠮ ᠤᠨ ᠭᠦᠶᠦᠳᠡᠯ | ᠰᠣᠯᠢᠯᠴᠠᠬᠤ ᠥᠷᠳᠡᠭᠡ᠂ ᠠᠭᠤᠷᠬᠠᠢ ᠶᠢᠨ ᠴᠠᠬᠢᠯᠭᠠᠨ ᠦᠢᠯᠡᠳᠪᠦᠷᠢ᠂ ᠢᠯᠴᠢ ᠴᠠᠬᠢᠯᠭᠠᠨ ᠢ ᠵᠡᠷᠭᠡᠪᠡᠷ | ᠦᠢᠯᠡᠳᠪᠦᠷᠢᠯᠡᠬᠦ᠂ ᠳᠣᠨᠣᠭᠯᠠᠯ ᠦᠢᠯᠡᠳᠬᠦ᠂ ᠰᠤᠶᠤᠯ ᠵᠢᠭᠤᠯᠴᠢᠯᠠᠯ ᠰᠠᠭᠤᠷᠢ ᠳᠦᠬᠦᠭᠡᠷᠥᠮᠵᠢ ᠵᠡᠷᠭᠡ ᠴᠢᠬᠤᠯᠠ ᠶᠡᠭᠡ | ᠲᠦᠷᠦᠯ ᠵᠦᠢᠯ ᠳᠤ ᠭᠤᠤᠯᠯᠠᠭᠴᠢ ᠤᠳᠤᠷᠢᠳᠤᠯᠭ᠎ᠠ ᠪᠠ ᠬᠠᠮᠢᠶ᠎ᠠ ᠪᠦᠬᠦᠢ ᠪᠠᠶᠢᠭᠤᠯᠭ᠎ᠠ ᠪᠡᠶ᠎ᠡ ᠪᠠᠷ ᠢᠶᠠᠨ ᠬᠠᠷᠢᠯᠴᠠᠵᠦ᠂ | 《 ᠠᠰᠠᠷᠠᠭᠴᠢ ᠶᠢᠨ ᠮᠠᠶ᠋ᠢᠭ 》 ᠤᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠳᠦᠷᠭᠡᠨ ᠪᠠᠶᠢᠭᠤᠯᠤᠭᠳᠡᠨ | ᠦᠷ᠎ᠡ ᠠᠰᠢᠭ ᠤᠯᠬᠤ ᠶᠢ ᠪᠠᠳᠤᠯᠠᠨ᠎ᠠ᠃ ᠪᠦᠬᠦ ᠠᠶᠢᠮᠠᠭ ᠤᠨ ᠬᠠᠪᠤᠷ ᠨᠠᠮᠤᠷ ᠤᠯᠡᠷᠢᠯ ᠳᠤ ᠴᠢᠬᠤᠯᠠ ᠶᠡᠭᠡ ᠲᠦᠷᠦᠯ | ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠪᠡᠯᠡᠳᠬᠡᠯ ᠠᠵᠢᠯ ᠳᠤ ᠣᠷᠤᠯᠴᠠᠬᠤ ᠶᠢ ᠡᠷᠳᠡ ᠠᠴᠠ ᠳᠦᠰᠦᠪᠯᠡᠵᠦ᠂ | ᠥᠪᠡᠷᠳᠡᠭᠡᠨ ᠵᠠᠰᠠᠬᠤ ᠤᠷᠤᠨ ᠤ 70 ᠵᠢᠯ ᠤᠨ ᠤᠢ ᠶᠢ ᠪᠡᠯᠭᠡᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠡᠬᠢ | ᠰᠣᠷᠪᠤᠯᠵᠢ᠂ ᠪᠠᠶᠢᠷᠢᠰᠢᠯ᠂ ᠣᠷᠴᠢᠨ ᠳᠤᠭᠤᠷᠢᠨ ᠵᠡᠷᠭᠡ ᠳᠠᠪᠠᠭᠤᠯᠢᠭ ᠲᠠᠯ᠎ᠠ ᠪᠠᠨ ᠲᠦᠰᠢᠭᠯᠡᠵᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠬᠥᠭᠵᠢᠯᠳᠡ ᠶᠢᠨ ᠬᠠᠨᠳᠤᠰᠢ ᠶᠢᠨ ᠳᠤᠭᠤᠷᠢᠨ ᠳᠤ ᠤᠨᠴᠠᠯᠢᠭ ᠨᠢ ᠳᠤᠳᠤᠷᠬᠠᠢ᠂ | ᠬᠠᠨᠳᠤᠯᠭ᠎ᠠ ᠴᠢᠨᠠᠷ ᠢᠶᠠᠷ ᠴᠢᠩᠭ᠎ᠠ ᠨᠢᠭᠡ ᠪᠦᠯᠦᠭ ᠲᠦᠷᠦᠯ ᠵᠦᠢᠯ ᠢ ᠨᠢᠮᠪᠠᠢ ᠳᠦᠰᠦᠪᠯᠡᠨ ᠬᠠᠳᠠᠭᠠᠯᠠᠵᠦ᠂ ᠨᠠᠶᠢᠷ | ᠴᠤᠭᠯᠠᠭᠠᠨ ᠢᠶᠠᠷ ᠬᠤᠳᠠᠯᠳᠤᠭᠠᠴᠢᠨ ᠤᠷᠢᠬᠤ᠂ ᠠᠵᠢᠯ ᠲᠦᠷᠦᠯ ᠢᠶᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠳᠡᠳᠡᠭᠡᠷ ᠰᠢᠨᠵᠢᠯᠡᠭᠡ | ᠮᠡᠷᠭᠡᠵᠢᠯ ᠤᠨ ᠠᠭᠤᠯᠣᠭᠳᠠᠴᠠ ᠥᠨᠳᠥᠷ᠂ ᠪᠡᠯᠡ ᠣᠷᠤᠭᠤᠯᠤᠯᠳᠠ ᠪᠠᠷ ᠶᠡᠭᠡ᠂ ᠭᠠᠵᠠᠷ ᠰᠢᠷᠦᠢ ᠶᠢᠨ ᠠᠰᠢᠭᠯᠠᠯᠳᠠ | ᠶᠢᠨ ᠨᠤᠷᠮ᠎ᠠ ᠥᠨᠳᠥᠷ᠂ ᠥᠨᠡᠨᠴᠢ ᠢᠳᠡᠭᠡᠮᠵᠢ ᠲᠠᠢ ᠮᠥᠷᠳᠡᠭᠡᠨ ᠠᠵᠤ ᠦᠢᠯᠡᠰ ᠤᠨ ᠲᠠᠭᠠᠭᠤᠯᠤᠭᠴᠢ ᠴᠢᠳᠠᠪᠦᠷᠢ | ᠴᠢᠩᠭ᠎ᠠ《 ᠳᠥᠷᠪᠡᠨ ᠥᠨᠳᠥᠷ ᠨᠢᠭᠡ ᠴᠢᠩᠭ᠎ᠠ 》ᠠᠵᠤ ᠠᠬᠤᠶᠢᠯᠠᠯ ᠢ ᠤᠷᠢᠨ ᠣᠷᠤᠭᠤᠯᠬᠤ ᠶᠢ ᠪᠠᠳᠤᠯᠠᠵᠤ᠂ | ᠬᠤᠳᠠᠯᠳᠤᠭᠠᠴᠢᠨ ᠶᠡᠭᠡ ᠪᠠᠷ ᠤᠷᠢᠵᠤ᠂ ᠶᠡᠭᠡ ᠬᠤᠳᠠᠯᠳᠤᠭᠠᠴᠢᠨ ᠤᠷᠢᠬᠤ ᠪᠠᠶᠢᠳᠠᠯ ᠢ ᠪᠤᠢ ᠪᠤᠯᠭᠠᠨ᠂ ᠠᠵᠤ ᠠᠬᠤᠢ | ᠶᠢᠨ ᠬᠥᠭᠵᠢᠯᠳᠡ ᠳᠤ ᠬᠦᠳᠡᠯᠭᠡᠭᠴᠢ ᠬᠦᠴᠦᠨ ᠢ ᠳᠠᠰᠤᠷᠠᠯᠳᠡ ᠦᠭᠡᠢ ᠬᠠᠩᠭᠠᠨ᠎ᠠ᠃ | ᠬᠤᠶᠠᠷ ᠲᠤ ᠠᠵᠤ ᠠᠬᠤᠢ ᠶᠢᠨ ᠡᠷᠭᠢᠯᠳᠡ ᠶᠢᠨ ᠳᠤᠬᠢᠷᠠᠭᠤᠯᠤᠯᠳᠠ ᠶᠢ ᠳᠤᠤᠱᠳᠠᠢ ᠴᠢᠩᠭᠠᠳᠬᠠᠨ᠎ᠠ᠃ | ᠭᠤᠤᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠳᠬᠤᠨ᠂ ᠪᠠᠶᠢᠩᠭᠤᠴᠢᠯᠠᠭᠰᠠᠨ ᠵᠠᠳᠠᠯᠤᠨ ᠳᠤᠬᠢᠷᠠᠭᠤᠯᠬᠤ | ᠳᠣᠭᠳᠠᠯᠴᠠᠭ᠎ᠠ ᠶᠢ ᠪᠠᠶᠢᠭᠤᠯᠤᠨ ᠳᠡᠭᠦᠯᠳᠡᠷᠵᠢᠭᠦᠯᠵᠦ᠂ ᠬᠠᠭᠠᠰ ᠰᠠᠷ᠎ᠠ ᠳᠤ ᠨᠢᠬᠡ ᠤᠳᠠᠭ᠎ᠠ ᠳᠣᠬᠢᠷᠠᠭᠤᠯᠵᠤ᠂ ᠰᠠᠷ᠎ᠠ | ᠪᠦᠷᠢ ᠨᠢᠭᠡ ᠤᠳᠠᠭ᠎ᠠ ᠳ᠋ᠦᠩᠨᠡᠨ᠂ ᠤᠯᠠᠷᠢᠯ ᠪᠦᠷᠢ ᠨᠢᠬᠡ ᠵᠠᠳᠠᠯᠤᠯᠳᠠ ᠬᠢᠵᠦ᠂ ᠠᠰᠠᠭᠤᠳᠠᠯ ᠳᠤ ᠠᠩᠬᠠᠷᠤᠯ ᠳᠠᠯᠪᠢᠨ | ᠂ ᠬᠦᠴᠢᠷ ᠠᠰᠠᠭᠤᠳᠠᠯ ᠢ ᠰᠢᠢᠳᠪᠦᠷᠢᠯᠠᠵᠦ᠂ ᠠᠵᠤ ᠠᠬᠤᠶᠢᠯᠠᠯ ᠤᠨ ᠮᠡᠷᠭᠡᠵᠢᠯ ᠢᠶᠠᠨ ᠦᠭᠡᠷᠡᠴᠢᠯᠡᠨ ᠰᠠᠶᠢᠵᠢᠷᠠᠭᠤᠯᠬᠤ | ᠂ ᠦᠢᠯᠡᠳᠪᠦᠷᠢᠯᠡᠯ ᠤᠨ ᠬᠡᠪᠴᠢᠶ᠎ᠡ ᠪᠠᠨ ᠶᠡᠬᠡᠰᠬᠡᠬᠦ᠂ ᠭᠠᠳᠠᠭᠠᠳᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ | ᠵᠢᠯᠤᠭᠤᠳᠤᠨ ᠬᠠᠪᠰᠤᠷᠴᠤ᠂ ᠡᠵᠡᠩᠨᠡᠯᠳᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃《 ᠭᠤᠷᠪᠠ ᠶᠢ ᠪᠠᠭᠠᠰᠬᠠᠵᠤ | ᠨᠢᠬᠡ ᠶᠢ ᠪᠠᠭᠤᠷᠠᠭᠤᠯᠤᠨ ᠨᠢᠬᠡ ᠶᠢ ᠨᠦᠬᠦᠪᠦᠷᠢᠯᠡᠬᠦ 》ᠠᠵᠢᠯ ᠢ ᠦᠷᠭᠦᠯᠵᠢᠯᠡᠨ ᠠᠬᠢᠭᠤᠯᠵᠤ᠂ ᠣᠨᠴᠠᠭᠠᠶᠢᠯᠠᠨ | ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠨ᠂ ᠬᠤᠴᠤᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ | ᠰᠢᠭᠰᠢᠵᠦ᠂ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠦᠷ᠎ᠡ ᠪᠦᠳᠦᠭᠡᠯ ᠢ ᠪᠠᠲᠤᠳᠬᠠᠨ᠎ᠠ᠃ ᠭᠡᠷ ᠭᠠᠵᠠᠷ | ᠬᠥᠷᠥᠩᠭᠡ ᠶᠢᠨ ᠬᠠᠳᠠᠭᠠᠯᠠᠯᠳᠠ ᠶᠢ ᠪᠦᠬᠦ ᠬᠦᠴᠦ ᠪᠠᠷ ᠪᠠᠭᠠᠰᠬᠠᠵᠦ᠂ ᠭᠡᠷ᠎ᠡ ᠠᠴᠠ ᠵᠥᠷᠢᠴᠡᠭᠰᠡᠨ ᠪᠤᠶᠤ ᠬᠠᠭᠠᠰ | ᠳᠤᠳᠠᠭᠤ ᠪᠠᠷᠢᠭᠰᠡᠨ ᠲᠦᠷᠦᠯ ᠵᠦᠢᠯ ᠳᠤ ᠳᠤᠰᠬᠠᠢ ᠴᠡᠭᠴᠡᠯᠡᠯᠳᠡ ᠶᠠᠪᠤᠭᠤᠯᠵᠤ᠂ ᠳᠦᠭᠦᠮ ᠪᠦᠳᠦᠴᠡᠳᠦ ᠤᠷᠤᠨ | ᠰᠠᠭᠤᠴᠠ ᠪᠠ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠲᠤᠮᠳᠠ ᠵᠣᠭᠤᠰ ᠮᠥᠩᠭᠦ | ᠲᠤᠭᠠᠴᠠᠨ ᠦᠭᠬᠦ ᠬᠡᠯᠪᠡᠷᠢ ᠪᠠᠷ ᠳᠥᠪᠬᠢᠨᠡᠭᠦᠯᠬᠦ ᠬᠠᠷᠢᠴᠠᠯ ᠢ ᠳᠡᠭᠡᠭᠰᠢᠯᠡᠭᠦᠯᠦᠨ᠎ᠡ᠂ 《 ᠦᠬᠦᠰᠢᠷᠡᠮᠡᠯ ᠠᠵᠤ | ᠠᠬᠤᠶᠢᠯᠠᠯ 》 ᠢ ᠰᠢᠢᠳᠪᠦᠷᠢᠯᠡᠬᠦ ᠶᠢ ᠳᠦᠷᠭᠡᠳᠬᠡᠵᠦ᠂ ᠣᠯᠠᠨ ᠵᠦᠢᠯ ᠤᠨ ᠠᠷᠭ᠎ᠠ ᠪᠠᠷᠢᠯ ᠢᠶᠠᠷ ᠭᠠᠵᠠᠷ ᠰᠢᠷᠦᠢ᠂ | ᠦᠢᠯᠡᠳᠪᠦᠷᠢ ᠶᠢᠨ ᠪᠠᠶᠢᠰᠢᠩ᠂ ᠳᠤᠨᠤᠭ ᠳᠦᠬᠦᠭᠡᠷᠥᠮᠵᠢ ᠵᠡᠷᠭᠡ ᠣᠷᠬᠢᠳᠠᠯ ᠬᠥᠷᠥᠩᠭᠡ ᠶᠢ ᠠᠰᠢᠭᠯᠠᠯᠳᠠ ᠳᠤ | ᠣᠷᠤᠭᠤᠯᠵᠤ᠂ ᠠᠵᠤ ᠠᠬᠤᠶᠢᠯᠠᠯ ᠢ ᠬᠠᠪᠰᠤᠷᠣᠨ ᠥᠷᠢ ᠰᠢᠷᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠠᠵᠤ | ᠠᠬᠤᠶᠢᠯᠠᠯ ᠤᠨ ᠳᠣᠭᠳᠠᠭᠤᠨ ᠡᠷᠭᠢᠯᠳᠡ ᠶᠢ ᠪᠠᠳᠤᠯᠠᠬᠤ ᠶᠢ ᠳᠣᠭᠳᠠᠭᠤᠨ ᠥᠰᠦᠯᠳᠡ ᠶᠢᠨ ᠬᠠᠮᠤᠭ ᠴᠢᠬᠤᠯᠠ ᠠᠵᠢᠯ | ᠪᠣᠯᠭᠠᠵᠤ᠂ ᠵᠠᠰᠠᠭ ᠢ ᠴᠣᠮᠬᠠᠳᠬᠠᠨ ᠡᠷᠭᠡ ᠶᠢ ᠳᠠᠯᠪᠢᠬᠤ᠂ ᠭᠠᠶᠢᠯᠢ ᠶᠢ ᠬᠠᠰᠤᠨ ᠰᠦᠢᠳᠭᠡᠯ ᠢ ᠪᠠᠭᠤᠷᠠᠭᠤᠯᠬᠤ᠂ | ᠮᠥᠩᠭᠦᠨ ᠭᠦᠢᠯᠭᠡᠭᠡᠨ ᠤ ᠳᠡᠮᠵᠢᠯᠭᠡ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠯᠳᠡ ᠶᠢᠨ ᠥᠭᠡᠷᠡᠴᠢᠯᠡᠯᠳᠡ | ᠵᠡᠷᠭᠡ ᠲᠠᠯ᠎ᠠ ᠳᠤ᠂ ᠳᠡᠭᠡᠳᠦ ᠱᠠᠳᠤᠨ ᠤ ᠲᠥᠷᠥ ᠶᠢᠨ ᠪᠣᠳᠤᠯᠭ᠎ᠠ ᠶᠢ ᠰᠠᠶᠢᠳᠤᠷ ᠨᠠᠶᠢᠳᠠᠪᠦᠷᠢᠵᠢᠭᠤᠯᠬᠤ ᠮᠥᠷᠳᠡᠭᠡᠨ | ᠪᠤᠳᠠᠳᠤ ᠬᠡᠷᠡᠭᠴᠡᠭᠡᠲᠠᠢ ᠠᠷᠭ᠎ᠠ ᠬᠡᠮᠵᠢᠶ᠎ᠡ ᠶᠢ ᠨᠡᠶᠢᠳᠡᠯᠡᠵᠦ᠂ ᠠᠷᠭ᠎ᠠ ᠪᠦᠬᠦᠨ ᠢ ᠰᠥᠪᠡᠭᠴᠢᠯᠠᠨ ᠠᠵᠤ ᠠᠬᠤᠶᠢᠯᠠᠯ ᠤᠨ | ᠦᠢᠯᠡᠳᠪᠦᠷᠢᠯᠠᠯ ᠡᠵᠡᠩᠨᠡᠯᠳᠡ ᠶᠢᠨ ᠥᠷᠳᠡᠭ ᠢ ᠳᠣᠷᠤᠭᠰᠢᠯᠠᠭᠤᠯᠤᠨᠠ᠃ ᠶᠠᠰᠤ ᠴᠢᠨᠠᠷ ᠨᠡᠷ᠎ᠡ ᠳᠡᠮᠳᠡᠭ ᠤᠨ | ᠪᠡᠶᠢᠯᠳᠤᠬᠤ ᠪᠣᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯᠳᠠᠨ ᠤ ᠵᠣᠷᠢᠭ ᠰᠠᠨᠠᠭ᠎ᠠ᠂《 ᠤᠷᠠᠨ | ᠳᠠᠷᠬᠠᠨ 》 ᠤ ᠵᠣᠷᠢᠭ ᠰᠠᠨᠠᠭ᠎ᠠ ᠶᠢ ᠪᠠᠳᠠᠷᠠᠭᠤᠯᠵᠦ᠂ ᠶᠠᠰᠤ ᠴᠢᠨᠠᠷ ᠢᠶᠠᠷ ᠦᠢᠯᠡᠰ ᠪᠣᠰᠬᠠᠨ᠂ ᠨᠡᠷ᠎ᠡ ᠳᠡᠮᠳᠡᠭ ᠢᠶᠠᠷ | ᠠᠵᠤ ᠠᠬᠤᠶᠢᠯᠠᠯ ᠢ ᠬᠦᠭᠵᠢᠭᠦᠯᠵᠦ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠤᠯᠡᠮ ᠨᠢᠭᠡ ᠠᠯᠬᠤᠮ | ᠴᠢᠩᠭᠠᠳᠬᠠᠨ᠎ᠠ᠃ | ᠭᠤᠷᠪᠠ ᠳᠤ ᠪᠠᠯᠡ ᠤᠷᠤᠭᠤᠯᠬᠤ ᠪᠡᠯᠡ ᠬᠤᠷᠠᠮᠳᠤᠭᠤᠯᠬᠤ ᠠᠷᠭ᠎ᠠ ᠵᠠᠮ ᠢ ᠤᠯᠠᠮ ᠨᠢᠬᠡ ᠠᠯᠬᠤᠮ | ᠥᠷᠭᠡᠳᠬᠡᠨ᠎ᠡ᠃ ᠲᠦᠷᠦᠯ ᠵᠦᠢᠯ ᠤᠨ ᠪᠠᠶᠢᠭᠤᠯᠤᠯᠳᠠ ᠪᠠ ᠠᠵᠤ ᠠᠬᠤᠶᠢᠯᠠᠯ ᠤᠨ ᠬᠥᠭᠵᠢᠯᠳᠡ ᠶᠢᠨ ᠬᠡᠷᠡᠭᠴᠡᠭᠡ | ᠶᠢᠨ ᠲᠤᠭᠤᠷᠢᠨ ᠳᠤ᠂ ᠨᠡᠩ ᠳᠡᠭᠦᠯᠳᠡᠷ ᠣᠯᠠᠨ ᠡᠰᠢᠳᠦ ᠪᠦᠬᠦᠢ ᠭᠠᠵᠠᠷ ᠣᠷᠤᠨ ᠤ ᠮᠥᠩᠬᠦᠨ ᠭᠦᠢᠯᠭᠡᠭᠡᠨ ᠤ | ᠰᠢᠰᠲ᠋ᠧᠮ ᠢ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠵᠤ᠂ ᠢᠳᠡᠭᠡᠮᠵᠢ ᠶᠢᠨ | ᠵᠢᠭᠡᠯᠡᠯᠭᠡ ᠶᠢᠨ ᠳᠠᠯᠠᠶᠢᠴᠠ ᠶᠢ ᠥᠷᠭᠡᠳᠭᠡᠨ᠂ ᠠᠵᠤ ᠠᠬᠤᠶᠢᠯᠠᠯ ᠤᠨ ᠰᠢᠭᠤᠳ ᠪᠡᠯᠡ ᠬᠤᠷᠠᠮᠳᠤᠭᠤᠯᠬᠤ ᠶᠢ ᠳᠡᠮᠵᠢᠨ | ᠂ ᠮᠥᠩᠬᠦᠨ ᠭᠦᠢᠯᠭᠡᠭᠡᠨ ᠤ ᠦᠢᠯᠡᠴᠢᠯᠡᠭᠡᠨ ᠤ ᠪᠤᠳᠠᠳᠤ ᠴᠤᠭᠴᠠᠳᠤ ᠠᠵᠤ ᠠᠬᠤᠢ ᠶᠢᠨ ᠦᠢᠯᠡᠳᠥᠯ ᠢ ᠰᠠᠶᠢᠳᠤᠷ | ᠪᠠᠳᠠᠷᠠᠭᠤᠯᠤᠨ᠎ᠠ᠃ ᠵᠠᠰᠠᠭ ᠤᠨ ᠣᠷᠳᠤᠨ ᠤ ᠪᠡᠯᠡ ᠤᠷᠤᠭᠤᠯᠤᠯᠳᠠ ᠶᠢ ᠰᠢᠯᠢᠳᠡᠭᠵᠢᠭᠦᠯᠬᠦ ᠳᠤ᠂ ᠵᠠᠰᠠᠭ ᠤᠨ | ᠣᠷᠳᠣᠨ ᠤ ᠦᠷᠢ ᠥᠭᠴᠡᠭᠡ ᠶᠢᠨ ᠬᠡᠪᠴᠢᠶ᠎ᠡ ᠶᠢ ᠵᠦᠢ ᠵᠣᠬᠢᠰᠳᠠᠢ ᠬᠢᠵᠠᠭᠠᠷᠯᠠᠵᠦ᠂ ᠳᠥᠭᠰᠢᠭᠦᠷᠢ ᠠᠴᠠ | ᠪᠦᠳᠦᠮᠵᠢᠲᠠᠢ ᠰᠡᠷᠭᠡᠶᠢᠯᠡᠬᠦ ᠪᠠᠷ ᠪᠠᠷᠠᠬᠤ ᠦᠭᠡᠢ᠂ ᠪᠠᠰᠠ ᠡᠯ᠎ᠡ ᠲᠥᠷᠥᠯ ᠤᠨ ᠲᠦᠷᠦ ᠶᠢᠨ ᠪᠣᠳᠤᠯᠭ᠎ᠠ ᠶᠢ ᠭᠦᠢᠴᠡᠳ | ᠠᠮᠢᠳᠤᠯᠢᠭ ᠢᠶᠠᠷ ᠬᠡᠷᠡᠭᠯᠡᠵᠦ᠂ ᠵᠠᠰᠠᠭ ᠤᠨ ᠣᠷᠳᠤᠨ ᠤ ᠪᠠᠯᠡ ᠤᠷᠤᠭᠤᠯᠤᠯᠳᠠ ᠪᠡᠯᠡ ᠬᠤᠷᠠᠮᠳᠤᠭᠤᠯᠭ᠎ᠠ ᠶᠢᠨ | ᠳᠠᠪᠴᠠᠩ ᠤᠨ ᠪᠠᠶᠢᠭᠤᠯᠤᠯᠳᠠ ᠶᠢ ᠠᠬᠢᠭᠤᠯᠵᠤ᠂ ᠡᠯ᠎ᠡ ᠪᠠᠶᠢᠭᠤᠯᠭ᠎ᠠ ᠨᠢᠭᠡᠴᠨ ᠶᠢᠨ ᠪᠡᠯᠡ ᠬᠤᠷᠠᠮᠳᠤᠭᠤᠯᠬᠤ ᠪᠠᠭᠠᠵᠢ | ᠬᠡᠷᠡᠭᠰᠡᠯ ᠪᠠ ᠠᠷᠭ᠎ᠠ ᠪᠠᠷᠢᠯ ᠢ ᠰᠤᠷᠴᠤ ᠬᠡᠷᠡᠭᠯᠡᠬᠦ ᠳᠡᠭᠡᠷ᠎ᠡ ᠬᠦᠴᠦ ᠪᠠᠨ ᠳᠠᠯᠪᠢᠬᠤ ᠶᠢ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ《 ᠪᠠᠭ᠎ᠠ ᠵᠠᠷᠤᠴᠠᠭᠤᠯᠤᠯᠳᠠ ᠪᠠᠷ ᠶᠡᠭᠡ ᠦᠷ᠎ᠡ ᠠᠰᠢᠭ ᠤᠯᠬᠤ 》ᠦᠢᠯᠡᠳᠦᠯ ᠢ | ᠰᠠᠶᠢᠳᠤᠷ ᠪᠠᠳᠠᠷᠠᠭᠤᠯᠤᠨ᠎ᠠ᠃ ᠠᠷᠠᠳ ᠤᠨ ᠳᠣᠮᠳᠠᠬᠢ ᠬᠥᠷᠥᠩᠭᠡ ᠮᠥᠩᠭᠦ ᠶᠢᠨ ᠠᠮᠢᠵᠢᠷᠠᠯ ᠤᠨ ᠬᠦᠴᠦᠨ ᠢ | ᠣᠷᠮᠡᠰᠢᠭᠤᠯᠬᠤ ᠶᠢ ᠠᠩᠬᠠᠷᠴᠤ᠂ ᠵᠠᠰᠠᠭ ᠤᠨ ᠣᠷᠳᠤᠨ ᠪᠠ ᠨᠡᠶᠢᠭᠡᠮ ᠤᠨ ᠬᠥᠷᠥᠩᠭᠡ ᠮᠥᠩᠭᠦ ᠶᠢᠨ ᠬᠠᠮᠲᠤᠷᠠᠯᠴᠠᠬᠤ | ᠬᠡᠯᠪᠡᠷᠢ ᠶᠢ ᠲᠡᠭᠦᠯᠲᠡᠷᠵᠢᠭᠦᠯᠵᠦ᠂ ᠲᠦᠷᠦᠯ ᠵᠦᠢᠯ ᠤᠨ ᠠᠰᠢᠭ ᠬᠤᠨᠵᠢᠪᠤᠷᠢ ᠪᠠ ᠬᠤᠪᠢᠶᠠᠷᠢᠯᠠᠯᠲᠠ ᠶᠢᠨ | ᠳᠣᠭᠲᠠᠯᠴᠠᠭ᠎ᠠ ᠶᠢ ᠰᠢᠨᠡᠴᠢᠯᠡᠨ᠂ ᠰᠠᠭᠤᠷᠢ ᠲᠣᠨᠤᠭ ᠳᠥᠭᠦᠭᠡᠷᠦᠮᠵᠢ ᠪᠠ ᠠᠷᠠᠳ ᠤᠨ ᠠᠮᠢᠳᠤᠷᠠᠯ ᠤᠨ ᠠᠵᠤ ᠦᠢᠯᠡᠰ | ᠤᠨ ᠬᠦᠷᠢᠶ᠎ᠠ ᠬᠡᠪᠴᠢᠶᠡᠨ ᠳᠤ PPP ᠲᠦᠷᠦᠯ ᠵᠦᠢᠯ ᠤᠨ ᠬᠡᠷᠡᠭᠵᠢᠭᠦᠯᠤᠯᠲᠠ ᠶᠢ ᠥᠷᠭᠡᠳᠬᠡᠵᠦ᠂ ᠨᠢᠭᠡᠨᠳᠡ | ᠬᠥᠮᠦᠷᠭᠡ ᠳᠤ ᠣᠷᠣᠭᠰᠠᠨ ᠲᠦᠷᠦᠯ ᠵᠦᠢᠯ ᠤᠨ ᠪᠠᠶᠢᠭᠤᠯᠤᠭᠳᠠᠬᠤ ᠠᠵᠢᠯ ᠢ ᠪᠦᠬᠦ ᠬᠦᠴᠦ ᠪᠠᠷ ᠰᠠᠶᠢᠳᠤᠷ ᠬᠢᠵᠦ᠂ | ᠬᠦᠮᠦᠷᠭᠡ ᠳᠤ ᠣᠷᠣᠭᠤᠯᠬᠤ ᠪᠠᠷ ᠶᠠᠭ ᠡᠷᠡᠮᠡᠯᠵᠡᠵᠤ ᠪᠠᠶᠢᠭ᠎ᠠ ᠲᠦᠷᠦᠯ ᠵᠦᠢᠯ ᠤᠨ ᠰᠤᠳᠤᠯᠤᠭᠤᠰᠢᠳᠠᠢ ᠮᠡᠳᠡᠭᠦᠯᠦᠯᠳᠡ | ᠶᠢᠨ ᠲᠤᠭᠤᠷᠪᠢᠨ ᠨᠠᠶᠢᠷᠠᠭᠤᠯᠬᠤ ᠪᠠ ᠲᠦᠷᠦᠯ ᠵᠦᠢᠯ ᠳᠤ ᠣᠷᠣᠭᠤᠯᠬᠤ ᠵᠡᠷᠭᠡ ᠭᠠᠷ ᠭᠦᠢᠴᠡᠳᠭᠡᠯ ᠢ ᠡᠷᠳᠡᠬᠡᠨ | ᠭᠦᠢᠴᠡᠳᠭᠡᠵᠦ᠂ ᠨᠡᠩ ᠢᠯᠡᠭᠦᠦ ᠨᠡᠶᠢᠭᠡᠮ ᠤᠨ ᠪᠡᠯᠡ ᠣᠷᠣᠭᠤᠯᠤᠯᠳᠠ ᠶᠢ ᠳᠠᠶᠢᠴᠢᠯᠠᠨ᠎ᠠ᠃ ᠨᠦᠭᠦᠴᠠᠯ ᠲᠠᠢ ᠠᠵᠤ | ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠠᠵᠤ ᠠᠬᠤᠶᠢᠯᠠᠯ ᠤᠨ ᠰᠢᠭᠤᠳ ᠪᠡᠯᠡ | ᠬᠤᠷᠡᠮᠳᠣᠭᠤᠯᠬᠤ ᠬᠡᠪᠴᠢᠶ᠎ᠡ ᠶᠢ ᠥᠷᠭᠡᠳᠬᠡᠨ᠎ᠡ᠃ | ︵ᠬᠤᠶᠠᠷ︶ ᠠᠵᠤ ᠠᠬᠤᠢ ᠶᠢᠨ ᠬᠥᠭᠵᠢᠯᠳᠡ ᠶᠢᠨ ᠬᠡᠯᠪᠡᠷᠢ ᠶᠢ ᠬᠦᠴᠦᠯᠡᠨ ᠬᠤᠪᠢᠷᠠᠭᠤᠯᠵᠤ᠂ | ᠬᠥᠭᠵᠢᠯᠳᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ | ᠶᠢᠨ ᠴᠢᠨᠠᠷᠳᠠᠢ ᠥᠭᠡᠷᠡᠴᠢᠯᠡᠯᠳᠡ ᠪᠠᠷ ᠭᠤᠤᠯ ᠱᠤᠭᠤᠮ ᠪᠣᠯᠭᠠᠬᠤ ᠶᠢ ᠪᠠᠷᠢᠮᠳᠠᠯᠠᠵᠤ᠂ ᠬᠠᠳᠠᠭᠠᠯᠠᠭᠳᠠᠴᠠ ᠶᠢᠨ | ᠬᠡᠮᠵᠢᠶ᠎ᠡ ᠶᠢ ᠳᠤᠬᠢᠷᠠᠭᠤᠯᠬᠤ ᠪᠤᠯᠤᠨ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠬᠦᠯᠬᠦ ᠶᠢ ᠵᠡᠷᠭᠡᠪᠡᠷ ᠴᠢᠬᠤᠯᠠᠴᠢᠯᠠᠨ᠂ | ᠥᠪᠡᠷᠳᠡᠭᠡᠨ ᠵᠠᠰᠠᠬᠤ ᠣᠷᠤᠨ ᠤ ᠵᠢᠷᠭᠤᠭᠠᠨ ᠶᠡᠭᠡ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ᠂ ᠳᠤᠯᠤᠭᠠᠨ ᠶᠡᠭᠡ | ᠪᠠᠶᠢᠯᠳᠤᠬᠤ ᠪᠣᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠱᠠᠭᠠᠷᠳᠠᠯᠭ᠎ᠠ | ᠶᠢᠨ ᠳᠤᠭᠤᠷᠢᠨ ᠳᠤ᠂ ᠤᠯᠠᠮᠵᠢᠯᠠᠯᠳᠤ ᠠᠵᠤ ᠦᠢᠯᠡᠰ ᠤᠨ ᠰᠢᠨ᠎ᠡ ᠬᠡᠯᠪᠡᠷᠢᠴᠢᠯᠡᠯᠳᠡ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠤᠨ ᠬᠡᠪᠴᠢᠶᠡᠵᠢᠯᠡᠯᠳᠡ᠂ ᠲᠤᠯᠭᠠᠭᠤᠷᠢ ᠠᠵᠦ ᠦᠢᠯᠡᠰ ᠤᠨ ᠣᠯᠠᠨ ᠡᠰᠢᠴᠢᠯᠡᠯᠲᠡ ᠶᠢ ᠠᠬᠢᠭᠤᠯᠵᠣ᠂ | ᠬᠥᠭᠵᠢᠯᠳᠡ ᠶᠢᠨ ᠶᠠᠰᠤ ᠴᠢᠨᠠᠷ ᠦᠷ᠎ᠡ ᠠᠰᠢᠭ ᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃ | ᠨᠢᠭᠡ ᠳᠤ ᠠᠵᠤ ᠦᠢᠯᠡᠰ ᠤᠨ ᠬᠥᠭᠵᠢᠯᠳᠡ ᠶᠢᠨ ᠭᠤᠤᠯᠳᠠᠯᠭ᠎ᠠ ᠶᠢ ᠠᠳᠬᠤᠨ᠎ᠠ᠃ ᠣᠳᠤ ᠦᠶ᠎ᠡ ᠶᠢᠨ | ᠮᠠᠯ ᠠᠵᠤ ᠠᠬᠤᠢ᠂ ᠴᠠᠪᠡᠷ ᠡᠨᠧᠷᠬᠢ ᠶᠢᠨ ᠠᠵᠤ ᠦᠢᠯᠡᠰ᠂ ᠰᠤᠶᠤᠯ ᠵᠢᠭᠤᠯᠴᠢᠯᠠᠯ ᠤᠨ ᠠᠵᠤ ᠦᠢᠯᠡᠰ ᠢᠶᠠᠷ | ᠰᠢᠪᠳᠤᠯᠠᠬᠤ ᠭᠤᠤᠯ ᠴᠢᠭᠯᠡᠯ ᠪᠣᠯᠭᠠᠵᠤ᠂ ᠠᠵᠤ ᠦᠢᠯᠡᠰ ᠤᠨ ᠰᠢᠨ᠎ᠡ ᠳᠠᠪᠠᠭᠤᠯᠢᠭ ᠢ ᠪᠠᠬᠢᠵᠢᠭᠦᠯᠵᠦ᠂ ᠬᠥᠭᠵᠢᠯᠳᠡ | ᠶᠢᠨ ᠰᠢᠨ᠎ᠡ ᠬᠥᠳᠡᠯᠭᠡᠭᠴᠢ ᠬᠦᠴᠦᠨ ᠢ ᠤᠷᠮᠡᠰᠢᠯᠠᠭᠤᠯᠤᠨᠠ᠃ ᠮᠠᠯ ᠠᠵᠤ ᠠᠬᠤᠢ ᠨᠢ ᠤᠤᠯ ᠤᠨ ᠶᠡᠷᠥᠩᠬᠡᠢ | ᠬᠡᠮᠵᠢᠶ᠎ᠠ ᠨᠢ ᠬᠦᠷᠦᠯᠴᠡᠬᠦ ᠦᠭᠡᠢ ᠪᠠᠶᠢᠭᠰᠠᠨ ᠠᠴᠠ ᠪᠠᠨ ᠣᠳᠤ ᠪᠦᠳᠦᠴᠡ ᠶᠢᠨ ᠴᠢᠨᠡᠷᠳᠠᠢ ᠵᠥᠷᠢᠴᠡᠯ ᠪᠤᠯᠵᠤ | ᠬᠤᠪᠢᠷᠠᠬᠰᠠᠨ ᠰᠢᠨ᠎ᠡ ᠪᠠᠶᠢᠳᠠᠯ ᠰᠢᠨ᠎ᠡ ᠬᠤᠪᠢᠷᠠᠯᠳᠠ ᠳᠤ ᠵᠤᠬᠢᠴᠠᠭᠤᠯᠤᠨ᠂ ᠤᠯᠤᠰ ᠤᠨ ᠪᠣᠬᠢᠷᠳᠤᠯ ᠦᠭᠡᠢ ᠮᠠᠯ | ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠵᠤ ᠪᠣᠯᠪᠠᠰᠤᠷᠠᠭᠤᠯᠬᠤ ᠴᠢᠬᠤᠯᠠ ᠰᠠᠭᠤᠷᠢᠨ ᠭᠠᠵᠠᠷ ᠪᠠ ᠤᠯᠤᠰ | ᠤᠨ ᠳᠠᠰ ᠤᠨ ᠠᠮᠢ ᠠᠬᠤᠢ ᠶᠢᠨ ᠳᠠᠷᠢᠭᠦᠨ ᠵᠡᠷᠭᠡ ᠶᠢᠨ ᠮᠠᠯ ᠤᠨ ᠪᠦᠳᠦᠭᠡᠭᠳᠡᠭᠦᠨ ᠤ ᠳᠥᠪ ᠢ ᠪᠦᠳᠦᠭᠡᠨ | ᠪᠠᠶᠢᠭᠤᠯᠬᠤ ᠲᠤᠭᠤᠷᠢᠨ ᠳᠤ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ 1 | ᠳ᠋ᠤᠭᠡᠷ ᠳᠤᠭᠠᠳᠤ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠮᠠᠯ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠥᠳᠦᠴᠡ ᠶᠢᠨ ᠴᠢᠨᠠᠷᠳᠠᠢ ᠥᠭᠡᠷᠡᠴᠢᠯᠡᠯᠳᠡ ᠶᠢ ᠠᠬᠢᠭᠤᠯᠵᠤ᠂ ᠮᠠᠯ ᠠᠵᠤ ᠠᠬᠤᠢ ᠶᠢᠨ | ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠳᠡ ᠶᠢᠨ ᠰᠢᠰᠲ᠋ᠧᠮ ᠢ | ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ᠃ ᠮᠠᠯ ᠠᠵᠤ ᠠᠬᠤᠢ ᠶᠢᠨ ᠳᠡᠵᠢᠭᠡᠨ ᠥᠷᠡᠵᠢᠭᠦᠯᠬᠦ ᠪᠥᠳᠦᠴᠡ ᠶᠢ | ᠳᠤᠬᠢᠷᠠᠭᠤᠯᠤᠨ᠂《 ᠬᠤᠨᠢ ᠶᠢ ᠴᠥᠬᠡᠳᠭᠡᠨ ᠦᠭᠡᠷ ᠢ ᠨᠡᠮᠡᠭᠳᠡᠭᠦᠯᠭᠦ 》ᠬᠥᠭᠵᠢᠯᠳᠡ ᠶᠢᠨ ᠪᠠᠶᠢᠯᠳᠤᠬᠤ ᠪᠣᠳᠣᠯᠭ᠎ᠠ | ᠶᠢ ᠭᠦᠨᠵᠡᠭᠡᠢ ᠲᠣᠣᠱᠯᠠᠭᠤᠯᠵᠤ᠂ ᠨᠠᠭᠠᠳᠤ ᠵᠠᠬ᠎ᠠ ᠳᠠᠭᠠᠨ ᠭᠤᠷᠪᠠᠨ ᠳᠣᠰᠬᠠᠢ ᠬᠤᠷᠰᠢᠶᠠᠵᠢᠯ ︵300 ᠲᠣᠯᠣᠭᠠᠢ | ᠠᠴᠠ ᠳᠡᠭᠡᠭᠰᠢ︶᠂ ᠨᠢᠭᠡ ᠬᠡᠪᠴᠢᠶᠡᠵᠢᠭᠰᠡᠨ ᠲᠡᠵᠢᠭᠡᠨ ᠦᠷᠡᠵᠢᠭᠦᠯᠭᠦ ᠲᠠᠯᠠᠪᠠᠢ ︵2000 ᠲᠤᠯᠤᠭᠠᠢ ᠠᠴᠠ | ᠳᠡᠭᠡᠭᠰᠢ︶᠂ 100 ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ ︵50 ᠲᠣᠯᠤᠭᠠᠢ ᠠᠴᠠ ᠳᠡᠭᠡᠭᠰᠢ︶ | ᠶᠢ ᠪᠠᠶᠢᠭᠤᠯᠵᠦ᠂ ᠠᠶᠢᠮᠠᠭ ᠠᠴᠠ ᠳᠣᠰᠢᠶᠠᠭᠰᠠᠨ ᠡᠭᠦᠷᠬᠡ ᠶᠢ ᠪᠡᠶᠡᠯᠡᠭᠦᠯᠤᠨ᠂ ᠰᠢᠯᠢᠳᠡᠭ ᠡᠭᠦᠯᠳᠡᠷ ᠤᠨ ᠮᠢᠬᠠᠨ | ᠦᠭᠡᠷ ᠤᠨ ᠠᠵᠦ ᠦᠢᠯᠡᠰ ᠢ ᠠᠬᠢᠭᠤᠯᠤᠨ᠎ᠠ᠃ ᠦᠵᠦᠮᠦᠴᠢᠨ ᠬᠤᠨᠢ ᠶᠢᠨ ᠡᠭᠦᠯᠳᠡᠷ ᠰᠠᠶᠢᠵᠢᠷᠠᠭᠤᠯᠤᠯᠳᠠ ᠶᠢ | ᠰᠠᠶᠢᠳᠤᠷ ᠠᠳᠬᠤᠵᠤ᠂ ᠮᠣᠳᠣᠨ ᠮᠠᠯᠵᠢᠯ ᠤᠨ ᠲᠠᠯᠠᠪᠠᠢ ᠪᠠᠷ ᠲᠥᠯᠦᠭᠡᠯᠡᠭᠴᠢ ᠪᠣᠯᠭᠠᠭᠰᠠᠨ ᠣᠷᠬᠢᠳᠠᠯ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠡᠷᠭᠢᠯᠳᠡ ᠳᠤ ᠣᠷᠤᠭᠤᠯᠵᠦ᠂ ᠬᠡᠪᠴᠢᠶᠠᠵᠢᠭ᠍ᠰᠡᠨ ᠲᠡᠵᠢᠭᠡᠨ ᠦᠷᠡᠵᠢᠭᠦᠯᠬᠦ | ᠦᠢᠯᠡᠰ ᠢ ᠬᠦᠭᠵᠢᠭᠦᠯᠤᠨ᠂ ᠮᠠᠯᠴᠢᠳ ᠢ ᠳᠠᠶᠢᠴᠢᠯᠠᠵᠤ ᠨᠢᠬᠡ ᠤᠯᠠᠷᠢᠯ ᠳᠤ ᠵᠠᠷᠤᠴᠠᠭᠤᠯᠬᠤ ᠠᠴᠠ ᠬᠤᠶᠠᠷ ᠤᠯᠠᠷᠢᠯ | ᠳᠤ ᠵᠠᠷᠤᠴᠠᠭᠤᠯᠬᠤ ᠪᠤᠶᠤ ᠤᠯᠠᠨ ᠤᠯᠠᠷᠢᠯ ᠳᠤ ᠵᠠᠷᠤᠴᠠᠭᠤᠯᠵᠤ᠂ ᠮᠠᠯ ᠤᠨ ᠪᠥᠳᠦᠭᠡᠭᠳᠡᠭᠦᠨ ᠪᠣᠯᠪᠠᠰᠤᠷᠠᠭᠤᠯᠬᠤ | ᠠᠵᠤ ᠠᠬᠤᠶᠢᠯᠠᠯ ᠤᠨ ᠪᠥᠳᠦᠮᠵᠢᠲᠠᠢ ᠬᠠᠩᠭᠠᠯᠭ᠎ᠠ ᠶᠢ ᠪᠠᠳᠤᠯᠠᠨ᠎ᠠ᠃ ᠳ᠋ᠠ ᠵᠤᠸᠠᠩ ᠶᠤᠸᠠᠨ ᠤᠨ ᠬᠤᠶᠠᠳᠣᠭᠠᠷ | ᠬᠤᠭᠤᠴᠠᠭ᠎ᠠ᠂ ᠡᠷᠳᠡᠨᠢ ᠦᠬᠡᠷ ᠬᠤᠨᠢᠨ ᠮᠢᠬ᠎ᠠ ᠪᠣᠯᠪᠠᠰᠤᠷᠠᠭᠤᠯᠬᠤ ᠶᠡᠷᠥᠩᠬᠡᠶᠢᠯᠡᠭᠰᠡᠨ ᠰᠠᠭᠤᠷᠢᠨ ᠭᠠᠵᠠᠷ ᠤᠨ | ᠪᠥᠳᠦᠬᠡᠨ ᠪᠠᠶᠢᠭᠤᠯᠤᠯᠳᠠ ᠶᠢ ᠠᠬᠢᠭᠤᠯᠵᠤ᠂ ᠮᠠᠯ ᠤᠨ ᠪᠥᠳᠦᠭᠡᠭᠳᠡᠭᠦᠨ ᠢ ᠨᠠᠷᠢᠯᠢᠭ ᠬᠦᠨ ᠪᠣᠯᠪᠠᠰᠤᠷᠠᠭᠤᠯᠬᠤ ᠬᠢᠷᠢ | ᠳᠥᠪᠰᠢᠨ ᠢ ᠳᠡᠭᠡᠭᠰᠢᠯᠡᠭᠦᠯᠦᠨ᠎ᠡ᠃ ᠳ᠋ᠠ ᠵᠤᠸᠠᠩ ᠶᠤᠸᠠᠨ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠤᠨ ᠭᠡᠷ᠎ᠡ | ᠳᠤᠭᠳᠠᠬᠤ ᠬᠡᠯᠪᠡᠷᠢ ᠪᠠᠷ ᠮᠠᠯᠴᠢᠳ ᠪᠠ ᠬᠤᠷᠰᠢᠶᠠᠵᠢᠯ ᠲᠠᠢ ᠠᠰᠢᠭ ᠳᠤᠰᠠ ᠶᠢᠨ ᠬᠤᠯᠪᠤᠭᠠᠨ ᠤ ᠳᠤᠭᠳᠠᠯᠴᠠᠭ᠎ᠠ | ᠪᠠᠶᠢᠭᠤᠯᠬᠤ ᠶᠢ ᠠᠬᠢᠭᠤᠯᠵᠤ᠂ ᠮᠠᠯᠴᠢᠳ ᠢ ᠳᠠᠶᠢᠴᠢᠯᠠᠨ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠵᠤ᠂ ᠡᠵᠡᠩᠨᠡᠯᠳᠡ ᠶᠢᠨ ᠤᠷᠤᠯᠭ᠎ᠠ ᠪᠠᠨ ᠨᠡᠮᠡᠭᠳᠡᠭᠦᠯᠦᠨ᠎ᠡ᠃ ᠦᠬᠡᠷ ᠬᠤᠨᠢᠨ ᠮᠢᠬ᠎ᠠ ᠶᠢᠨ ᠪᠦᠬᠦ ᠠᠵᠤ | ᠦᠢᠯᠡᠰ ᠤᠨ ᠬᠡᠯᠬᠢᠶᠡᠵᠢᠯ ᠤᠨ ᠮᠥᠷᠳᠡᠨ ᠳᠠᠭᠠᠬᠤ ᠰᠢᠰᠲ᠋ᠧᠮ ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ | ᠂ ᠰᠢᠯᠢ ᠶᠢᠨ ᠭᠤᠤᠯ ᠤᠨ ᠢᠳᠡᠭᠡᠨ ᠤ ᠬᠢᠨᠠᠨ ᠪᠠᠶᠢᠴᠠᠭᠠᠯᠳᠠ ᠪᠠ ᠠᠶᠤᠯ ᠳᠦᠭᠰᠢᠭᠦᠷᠢ ᠶᠢ ᠦᠨᠡᠯᠡᠬᠦ ᠲᠥᠪ ᠪᠣᠯᠤᠨ | ᠬᠤᠳᠡ ᠶᠢᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠠᠶᠤᠯ ᠦᠭᠡᠢ ᠶᠢ ᠰᠢᠯᠭᠠᠨ ᠪᠠᠶᠢᠴᠠᠭᠠᠬᠤ ᠲᠥᠪ ᠤᠨ | ᠦᠢᠯᠡᠳᠦᠯ ᠢ ᠪᠠᠳᠠᠷᠠᠭᠤᠯᠵᠤ᠂ ᠮᠢᠬᠠᠨ ᠢᠳᠡᠭᠡᠨ ᠤ ᠨᠡᠷ᠎ᠡ ᠳᠡᠮᠳᠡᠭᠳᠦ ᠶᠢ ᠢᠳᠡᠪᠬᠢᠲᠠᠢ ᠡᠭᠦᠳᠴᠦ᠂《 ᠦᠵᠦᠮᠦᠴᠢᠨ | ᠬᠤᠨᠢᠨ ᠮᠢᠬ᠎ᠠ 》 ᠶᠢᠨ ᠭᠠᠵᠠᠷ ᠵᠦᠢ ᠶᠢᠨ ᠨᠡᠷ᠎ᠡ ᠳᠡᠮᠳᠡᠭᠳᠦ ᠪᠠ《 ᠰᠢᠯᠢ ᠶᠢᠨ ᠭᠤᠤᠯ ᠤᠨ ᠬᠤᠨᠢᠨ ᠮᠢᠬ᠎ᠠ | 》 ᠶᠢᠨ ᠳᠣᠮᠳᠠᠳᠤ ᠤᠯᠤᠰ ᠤᠨ ᠠᠯᠳᠠᠷᠳᠤ ᠲᠠᠸᠠᠷ ᠤᠨ ᠨᠡᠷ᠎ᠡ ᠳᠡᠮᠳᠡᠭᠳᠦ ᠶᠢᠨ ᠬᠡᠷᠡᠭᠯᠡᠯᠳᠡ ᠬᠠᠮᠢᠶᠠᠷᠤᠯᠳᠠ ᠶᠢ | ᠴᠢᠩᠭᠠᠳᠬᠠᠵᠦ᠂ ᠮᠠᠯ ᠤᠨ ᠪᠦᠳᠦᠭᠡᠭᠳᠡᠬᠦᠨ ᠤ ᠳᠡᠭᠡᠳᠦ ᠳᠡᠰ ᠤᠨ ᠵᠠᠬ᠎ᠠ ᠳᠡᠯᠭᠡᠭᠦᠷ ᠲᠤ ᠣᠷᠤᠬᠤ ᠶᠢ ᠠᠬᠢᠭᠤᠯᠵᠤ᠂ | ᠰᠢᠯᠢᠳᠡᠭ ᠶᠡᠰᠤ ᠴᠢᠨᠠᠷ ᠥᠨᠳᠥᠷ ᠦᠨ᠎ᠡ ᠬᠠᠩᠰᠢ ᠶᠢ ᠪᠠᠶᠠᠯᠠᠭᠦᠯᠦᠨ᠎ᠡ᠃ ᠴᠡᠪᠡᠷ ᠡᠨᠧᠷᠬᠢ ᠶᠢᠨ ᠠᠵᠤ ᠦᠢᠯᠡᠰ ᠨᠢ | ᠤᠯᠤᠰ ᠤᠨ ᠴᠡᠪᠡᠷ ᠡᠨᠧᠷᠬᠢ ᠶᠢ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ | ᠲᠤᠭᠤᠷᠢᠨ ᠳᠤ᠂ ᠣᠨᠴᠠ ᠦᠨᠳᠦᠷ ᠬᠦᠴᠦᠳᠡᠯᠳᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠪᠠ ᠢᠵᠢ | ᠪᠥᠷᠢᠳᠦᠭᠰᠡᠨ ᠴᠠᠬᠢᠯᠭᠠᠨ ᠡᠬᠢ ᠰᠤᠷᠪᠤᠯᠵᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠪᠠᠷ ᠭᠠᠷᠳᠠᠴᠠ | ᠪᠣᠯᠭᠠᠨ᠂ ᠨᠠᠭᠦᠷᠠᠰᠦ ᠴᠠᠬᠢᠯᠭᠠᠨ ᠬᠡᠷᠡᠭᠯᠡᠯᠲᠡ ᠶᠢᠨ ᠨᠢᠬᠡ ᠴᠤᠭᠴᠠᠵᠢᠭᠤᠯᠲᠠ ᠶᠢ ᠠᠬᠢᠭᠤᠯᠵᠤ᠂ ᠨᠡᠭᠦᠷᠡᠰᠦ ᠶᠢ | ᠳᠤᠬᠠᠢ ᠶᠢᠨ ᠭᠠᠵᠠᠷ ᠲᠤᠨᠢ ᠠᠰᠢᠭᠯᠠᠵᠤ ᠬᠡᠷᠡᠭᠯᠡᠬᠦ ᠨᠣᠷᠮ᠎ᠡ ᠶᠢ ᠬᠠᠮᠤᠭ ᠶᠡᠭᠡ ᠬᠡᠮᠵᠢᠶ᠎ᠡ ᠪᠠᠷ ᠳᠡᠭᠡᠭᠰᠢᠯᠡᠬᠦᠯᠵᠦ᠂ ᠡᠨᠡ | ᠵᠢᠯ ᠮᠧᠩ ᠨᠧᠩ ᠴᠠᠬᠢᠯᠭᠠᠨ ᠡᠬᠢ ᠰᠤᠷᠪᠤᠯᠵᠢ ᠶᠢᠨ ᠰᠠᠭᠤᠷᠢᠨ ᠭᠠᠵᠠᠷ ᠤᠨ ᠨᠢᠬᠡ ᠰᠠᠭᠤᠷᠢ ᠮᠠᠰᠢᠨ ᠴᠤᠭᠴᠠᠯᠠᠪᠤᠷᠢ | ᠶᠢ ᠬᠡᠷᠡᠭᠯᠡᠯᠳᠡ ᠳᠤ ᠣᠷᠤᠭᠤᠯᠵᠤ᠂ ᠳ᠋ᠠ ᠲᠠᠩ᠂ ᠱᠧᠨ ᠬᠤᠸᠠ᠂ ᠬᠤᠸᠠ ᠨᠡᠩ ᠵᠡᠷᠭᠡ ᠭᠤᠷᠪᠡᠨ ᠴᠠᠬᠢᠯᠭᠠᠨ ᠡᠬᠢ | ᠰᠤᠷᠪᠤᠯᠵᠢ ᠶᠢᠨ ᠰᠠᠭᠤᠷᠢᠨ ᠭᠠᠵᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠪᠡᠶᠡᠯᠡᠭᠦᠯᠦᠨ᠎ᠡ᠃ ᠰᠠᠯᠬᠢᠨ ᠡᠨᠧᠷᠬᠢ᠂ | ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠬᠥᠭᠵᠢᠭᠦᠯᠵᠦ᠂ ᠰᠢᠨ᠎ᠡ | ᠡᠨᠧᠷᠬᠢ ᠶᠢᠨ ᠠᠵᠤ ᠦᠢᠯᠡᠰ ᠨᠢ ᠰᠠᠯᠬᠢᠨ ᠡᠨᠧᠷᠬᠢ᠂ ᠭᠡᠷᠡᠯ ᠸᠤᠯᠲ ᠢᠶᠠᠷ ᠴᠠᠬᠢᠯᠭᠠᠨ ᠭᠠᠷᠭᠠᠬᠤ᠂ ᠨᠠᠷᠠ ᠰᠠᠯᠬᠢ | ᠤᠶᠠᠯᠳᠤᠭᠰᠠᠨ ᠴᠠᠬᠢᠯᠭᠠᠨ ᠭᠠᠷᠭᠠᠬᠤ ᠵᠢᠴᠢ ᠨᠠᠷᠠ ᠰᠠᠯᠬᠢᠨ ᠤ ᠡᠨᠧᠷᠬᠢ ᠶᠢ ᠬᠠᠳᠠᠭᠠᠯᠠᠵᠤ ᠶᠡᠷᠥᠩᠬᠡᠶᠢᠯᠡᠨ ᠠᠰᠢᠭᠯᠠᠬᠤ | ᠴᠢᠭᠯᠡᠯ ᠳᠡᠰᠢ ᠬᠥᠭᠵᠢᠬᠦ ᠶᠢ ᠠᠬᠢᠭᠤᠯᠤᠨ᠎ᠠ᠃ ᠣᠨᠴᠠ ᠦᠨᠳᠦᠷ ᠬᠦᠴᠦᠳᠡᠯᠳᠦ ᠴᠠᠬᠢᠯᠭᠠᠨ ᠤ ᠵᠠᠮ ᠱᠤᠭᠤᠮ ᠤᠨ | ᠪᠠᠶᠢᠭᠤᠯᠤᠯᠳᠠ ᠶᠢ ᠲᠦᠷᠭᠡᠳᠬᠡᠬᠦ ᠶᠢᠨ ᠬᠠᠮᠳᠤ ᠮᠠᠨ ᠤ ᠬᠤᠳᠡ ᠶᠢᠨ ᠴᠠᠬᠢᠯᠭᠠᠨ ᠬᠡᠷᠡᠭᠯᠡᠬᠦ ᠳᠠᠯᠳᠠ ᠬᠦᠴᠦ ᠶᠢ | ᠢᠳᠡᠪᠬᠢᠲᠠᠢ ᠠᠭᠤᠳᠠᠯᠯᠠᠵᠤ᠂ ᠳᠣᠰ ᠭᠠᠵᠠᠷ ᠤᠨ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠦᠪᠡᠷ ᠤᠨ ᠥᠷᠳᠡᠭ ᠢ | ᠰᠢᠯᠢᠳᠡᠭᠵᠢᠭᠦᠯᠬᠦ ᠪᠠ ᠳᠣᠷᠤᠭᠰᠢᠯᠠᠭᠤᠯᠵᠤ᠂ ᠴᠠᠬᠢᠯᠭᠠᠨ ᠢᠶᠠᠷ ᠨᠠᠭᠦᠷᠡᠰᠦ ᠶᠢ ᠣᠷᠤᠯᠠᠭᠤᠯᠬᠤ᠂ ᠴᠠᠬᠢᠯᠭᠠᠨ ᠢᠶᠠᠷ | ᠳᠤᠰᠤ ᠶᠢ ᠣᠷᠤᠯᠠᠭᠤᠯᠬᠤ᠂ ᠴᠠᠬᠢᠯᠭᠠᠨ ᠢᠶᠠᠷ ᠰᠢᠳᠠᠮᠠᠬᠠᠢ ᠬᠡᠢ ᠶᠢ ᠣᠷᠤᠯᠠᠭᠤᠯᠬᠤ ᠶᠢ ᠵᠣᠷᠢᠭᠵᠢᠭᠤᠯᠵᠤ᠂ ᠴᠠᠬᠢᠯᠭᠠᠨ | ᠡᠨᠧᠷᠬᠢ ᠶᠢ ᠳᠤᠬᠠᠢ ᠶᠢᠨ ᠭᠠᠵᠠᠷ ᠲᠤ ᠬᠤᠷᠤᠭᠳᠠᠭᠤᠯᠬᠤ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ ᠤᠨ ᠦᠢᠯᠡᠰ | ᠪᠤᠯ ᠬᠤᠯᠪᠤᠭᠳᠠᠬᠤ ᠬᠡᠮᠵᠢᠶ᠎ᠡ ᠥᠨᠳᠥᠷ᠂ ᠲᠠᠭᠠᠭᠤᠯᠤᠭᠴᠢ ᠴᠢᠨᠡᠷ ᠢᠶᠠᠷ ᠴᠢᠩᠭ᠎ᠠ᠂ ᠶᠡᠷᠥᠩᠬᠡᠢ ᠦᠷ᠎ᠡ ᠠᠰᠢᠭ ᠰᠠᠶᠢᠨ | ᠂ ᠳᠠᠯᠳᠠ ᠬᠦᠴᠦᠨ ᠢᠶᠠᠷ ᠳᠤᠩ ᠶᠡᠭᠡ ᠰᠢᠨ᠎ᠡ ᠮᠠᠶ᠋ᠢᠭ ᠤᠨ ᠠᠵᠤ ᠦᠢᠯᠡᠰ ᠪᠠ ᠪᠤᠬᠢᠷᠳᠤᠯ ᠦᠭᠡᠢ ᠠᠵᠤ ᠦᠢᠯᠡᠰ᠂ | ᠠᠵᠤ ᠠᠬᠤᠢ ᠶᠢᠨ ᠬᠥᠭᠵᠢᠯᠳᠡ ᠶᠢᠨ ᠰᠢᠨ᠎ᠡ ᠬᠡᠪ ᠪᠠᠶᠢᠳᠠᠯ ᠳᠤᠤᠷᠠᠬᠢ ᠴᠢᠬᠤᠯᠠ ᠨᠡᠮᠡᠭᠳᠡᠯ ᠤᠨ ᠴᠡᠭ ᠮᠥᠨ᠂ ᠡᠶᠢᠮᠦ | ᠠᠴᠠ ᠰᠤᠶᠤᠯ ᠵᠢᠭᠤᠯᠴᠢᠯᠠᠯ ᠤᠨ ᠦᠢᠯᠡᠰ ᠢ ᠡᠷᠬᠡᠪᠰᠢ ᠪᠠᠶᠢᠯᠳᠤᠬᠤ ᠪᠣᠳᠣᠯᠭ᠎ᠠ ᠶᠢᠨ ᠳᠤᠯᠭᠠᠭᠤᠷᠢᠯᠠᠭᠤᠯᠬᠤ | ᠴᠢᠨᠠᠷᠲᠠᠢ ᠠᠵᠤ ᠦᠢᠯᠡᠰ ᠪᠤᠯᠭᠠᠨ ᠠᠬᠢᠭᠤᠯᠤᠨ᠎ᠠ᠃ ᠮᠠᠨ ᠤ ᠬᠤᠳᠡ ᠶᠢᠨ ᠮᠣᠩᠭᠤᠯ ᠦᠨᠳᠦᠰᠦᠳᠡᠨ ᠤ ᠳᠡᠥᠬᠡ | ᠰᠤᠶᠤᠯ ᠵᠢᠴᠢ ᠵᠠᠩ ᠦᠢᠯᠡ ᠪᠥᠷᠢᠨ ᠪᠥᠳᠥᠨ ᠬᠠᠳᠠᠭᠠᠯᠠᠭᠳᠠᠵᠤ᠂ ᠮᠣᠩᠭᠤᠯ ᠦᠨᠳᠦᠰᠦᠳᠡᠨ ᠤ ᠬᠦᠮᠦᠨ ᠰᠤᠶᠤᠯ | ᠤᠨ ᠣᠨᠴᠠᠯᠢᠭ ᠢᠯᠡ ᠲᠤᠳᠣ᠃ ᠵᠢᠭᠤᠯᠴᠢᠯᠠᠯ ᠪᠠ ᠰᠤᠶᠤᠯ ᠤᠨ ᠬᠠᠮᠳᠤ ᠠᠭᠤᠰᠤᠯᠴᠠᠨ ᠬᠠᠮᠳᠤ ᠬᠦᠭᠵᠢᠬᠦ | ᠳᠠᠪᠴᠠᠩ ᠢ ᠴᠢᠷᠮᠠᠶᠢᠨ ᠡᠭᠦᠳᠴᠦ᠂ ᠰᠤᠶᠤᠯ ᠢᠶᠠᠷ ᠵᠢᠭᠤᠯᠴᠢᠯᠠᠯ ᠢ ᠳᠤᠯᠭᠠᠭᠤᠷᠢᠯᠠᠭᠤᠯᠵᠦ᠂ ᠵᠢᠭᠤᠯᠴᠢᠯᠠᠯ ᠢ | ᠴᠢᠮᠡᠭᠯᠡᠵᠤ᠂ ᠵᠢᠭᠤᠯᠴᠢᠯᠠᠯ ᠢᠶᠠᠷ ᠰᠤᠶᠤᠯ ᠢ ᠲᠤᠰᠬᠠᠵᠤ᠂ ᠰᠤᠶᠤᠯ ᠢ ᠭᠠᠶᠢᠬᠠᠭᠤᠯᠤᠨ᠂ ᠵᠢᠭᠤᠯᠴᠢᠯᠠᠯ ᠤᠨ | ᠪᠦᠳᠦᠭᠡᠭᠳᠡᠭᠦᠨ ᠤ ᠰᠤᠶᠤᠯ ᠤᠨ ᠠᠭᠤᠯᠣᠭᠳᠠᠬᠤᠨ ᠢ ᠪᠠᠶᠠᠯᠢᠭᠵᠢᠭᠤᠯᠵᠦ᠂《 ᠰᠢᠯᠢ ᠶᠢᠨ ᠦᠵᠡᠮᠵᠢ ᠶᠢᠨ ᠣᠷᠤᠨ | 》 ᠤ ᠤᠬᠢ ᠵᠢᠭᠤᠯᠴᠢᠯᠠᠯ ᠤᠨ ᠱᠣᠭᠤᠮ ᠢ ᠡᠭᠦᠳᠴᠤ᠂《 ᠪᠣᠭᠤᠷᠤᠯ ᠳᠡᠥᠬᠡ ᠶᠢᠨ ᠬᠥᠯᠥᠭ ᠤᠨ ᠮᠠᠭᠳᠠᠭᠠᠯ | 》ᠵᠥᠴᠥᠭᠡ ᠶᠢ ᠨᠠᠷᠢᠨ ᠤᠷᠠᠯᠠᠵᠤ ᠨᠢᠮᠪᠠᠢ ᠦᠢᠯᠡᠳᠴᠦ᠂ ᠳᠠᠯ᠎ᠠ ᠨᠤᠳᠤᠭ ᠤᠨ ᠰᠤᠶᠤᠯ᠂ ᠠᠳᠤᠭᠤᠨ ᠰᠤᠶᠤᠯ᠂ | ᠮᠣᠩᠭᠤᠯ ᠶᠣᠸᠠᠨ ᠤ ᠰᠤᠶᠤᠯ ᠵᠡᠷᠭᠡ ᠵᠢᠭᠤᠯᠴᠢᠯᠠᠯ ᠰᠤᠶᠤᠯ ᠤᠨ ᠨᠡᠷ᠎ᠡ ᠳᠡᠮᠳᠡᠭᠳᠦ ᠶᠢ ᠮᠠᠨᠳᠤᠭᠤᠯᠵᠤ᠂ ᠰᠤᠶᠤᠯ ᠤᠨ | ᠡᠬᠢ ᠪᠠᠶᠠᠯᠢᠭ ᠤᠨ ᠲᠠᠸᠠᠷᠴᠢᠯᠠᠯᠳᠠ ᠶᠢᠨ ᠨᠣᠷᠮ᠎ᠠ ᠶᠢ ᠳᠡᠭᠡᠭᠰᠢᠯᠡᠬᠦᠯᠦᠨ᠎ᠡ᠃ ᠴᠢᠬᠤᠯᠠ ᠶᠡᠭᠡ ᠰᠤᠶᠤᠯ ᠵᠢᠭᠤᠯᠴᠢᠯᠠᠯ | ᠤᠨ ᠲᠥᠷᠥᠯ ᠵᠦᠢᠯ ᠢ ᠣᠷᠤᠭᠤᠯᠤᠨ ᠠᠪᠴᠢᠷᠠᠬᠤ ᠶᠢ ᠰᠥᠪᠡᠭᠴᠢᠯᠠᠵᠤ᠂《 ᠵᠢᠭᠤᠯᠴᠢᠯᠠᠯ + 》ᠠᠵᠢᠯ ᠢ | ᠭᠦᠢᠴᠡᠳ ᠰᠠᠶᠢᠨ ᠬᠢᠵᠦ᠂ ᠬᠤᠳᠡ ᠶᠢᠨ ᠪᠦᠳᠦᠭᠡᠨ ᠪᠠᠶᠢᠭᠤᠯᠤᠯᠳᠠ᠂ ᠬᠦᠳᠡᠭᠡ ᠠᠵᠤ ᠠᠬᠤᠢ᠂ ᠠᠵᠤ | ᠦᠢᠯᠡᠳᠪᠦᠷᠢ᠂ ᠠᠮᠢ ᠠᠬᠤᠢ᠂ ᠰᠤᠶᠤᠯ᠂ ᠪᠡᠶ᠎ᠡ ᠶᠢᠨ ᠲᠠᠮᠢᠷ᠂ ᠰᠢᠨᠵᠢᠯᠡᠬᠦ ᠮᠡᠷᠭᠡᠵᠢᠯ᠂ ᠵᠤᠭ᠎ᠠ ᠴᠠᠩᠭᠡᠯ ᠵᠡᠷᠭᠡ ᠡᠯ᠎ᠡ | ᠳᠦᠷᠦᠯ ᠤᠨ ᠠᠵᠢᠯ ᠢ ᠵᠢᠭᠤᠯᠴᠢᠯᠠᠯ ᠤᠨ ᠦᠢᠯᠡᠰ ᠲᠠᠢ ᠤᠶᠠᠯᠳᠤᠭᠤᠯᠵᠤ᠂ ᠵᠠᠩ ᠦᠢᠯᠡ ᠶᠢᠨ ᠵᠢᠭᠤᠯᠴᠢᠯᠠᠯ᠂ | ᠮᠥᠩᠭᠦᠨ ᠡᠪᠥᠯ ᠤᠨ ᠵᠢᠭᠤᠯᠴᠢᠯᠠᠯ᠂ ᠬᠦᠳᠡᠭᠡ ᠳᠣᠰᠬᠤᠨ ᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ | ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠳᠠᠯ᠎ᠡ ᠪᠠᠷ ᠴᠢᠬᠤᠯᠠ ᠰᠢᠪᠳᠤᠯᠤᠯᠳᠠ ᠭᠠᠷᠭᠠᠵᠤ᠂ ᠰᠤᠶᠤᠯ | ᠵᠢᠭᠤᠯᠴᠢᠯᠠᠯ ᠤᠨ ᠲᠠᠸᠠᠷ ᠤᠨ ᠨᠡᠭᠡᠭᠡᠯᠳᠡ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠤᠯᠠᠭᠤᠯᠤᠯᠳᠠ ᠶᠢ ᠴᠢᠩᠭᠠᠳᠬᠠᠨ᠂ | 《 ᠢᠳᠡᠬᠦ ᠶᠠᠪᠤᠬᠤ ᠰᠠᠭᠤᠬᠤ᠂ ᠨᠠᠭᠠᠳᠬᠤ ᠴᠡᠩᠭᠡᠬᠦ ᠬᠤᠳᠠᠯᠳᠤᠨ ᠠᠪᠬᠤ 》ᠦᠢᠯᠡᠴᠢᠯᠡᠭᠡᠨ ᠤ ᠬᠡᠯᠬᠢᠶᠠᠵᠢᠯ ᠢ | ᠰᠢᠯᠢᠳᠡᠭᠵᠢᠭᠦᠯᠦᠨ᠂ ᠮᠠᠨ ᠤ ᠬᠤᠳᠡ ᠶᠢ《 ᠰᠦᠷᠯᠢᠭ ᠭᠤᠶᠤ ᠥᠪᠥᠷ ᠮᠣᠩᠭᠤᠯ᠂ ᠦᠵᠡᠰᠭᠦᠯᠡᠩᠲᠤ ᠰᠠᠶᠢᠬᠠᠨ | ᠦᠵᠡᠮᠵᠢ ᠶᠢᠨ ᠱᠤᠭᠤᠮ 》ᠳᠡᠭᠡᠷᠡᠬᠢ ᠨᠢᠬᠡᠨ ᠭᠢᠯᠠᠷ ᠰᠤᠪᠤᠳ ᠪᠤᠯᠭᠠᠨ ᠴᠤᠭᠴᠠᠯᠠᠨ᠎ᠠ᠃ ᠵᠢᠭᠤᠯᠴᠢᠯᠠᠯ ᠤᠨ | ᠦᠢᠯᠡᠰ ᠤᠨ ᠰᠠᠭᠤᠷᠢ ᠳᠦᠭᠦᠭᠡᠷᠦᠮᠵᠢ ᠶᠢᠨ ᠪᠠᠶᠢᠭᠤᠯᠤᠯᠳᠠ ᠶᠢᠨ ᠡᠷᠴᠢᠮ ᠢ ᠴᠢᠩᠭᠠᠳᠬᠠᠵᠤ᠂ ᠳᠣᠮᠳᠠᠳᠤ ᠤᠯᠤᠰ | ᠤᠨ ᠠᠳᠤᠭᠤᠨ ᠰᠤᠶᠤᠯ ᠤᠨ ᠲᠥᠪ ᠳᠠᠯᠠᠪᠠᠢ᠂ ᠰᠢᠯᠢ ᠶᠢᠨ ᠭᠤᠤᠯ ᠤᠨ ᠠᠮᠢ ᠠᠬᠤᠢ ᠶᠢᠨ ᠪᠦᠰᠡ ᠵᠡᠷᠭᠡ | ᠭᠤᠤᠯᠳᠠᠯᠭ᠎ᠠ ᠲᠠᠢ ᠦᠵᠡᠮᠵᠢ ᠶᠢᠨ ᠳᠤᠭᠤᠷᠢᠭ ᠴᠡᠭ ᠤᠨ ᠪᠠᠶᠢᠭᠤᠯᠤᠯᠳᠠ ᠶᠢ ᠳᠦᠷᠭᠡᠳᠬᠡᠨ ᠠᠬᠢᠭᠤᠯᠵᠤ᠂ | ᠵᠢᠭᠤᠯᠴᠢᠯᠠᠯ ᠤᠨ ᠵᠠᠰᠠᠮᠠᠯ ᠵᠠᠮ᠂ ᠵᠢᠭᠤᠯᠴᠢᠯᠠᠯ ᠤᠨ ᠵᠣᠷᠯᠣᠩ ᠤᠨ ᠪᠠᠶᠢᠭᠤᠯᠤᠯᠳᠠ ᠶᠢ ᠴᠢᠩᠭ᠎ᠠ ᠠᠳᠬᠤᠵᠤ᠂ | ᠵᠡᠷᠭᠡᠯᠡᠳᠡᠭᠡ ᠠᠶᠢᠮᠠᠭ ᠬᠤᠳᠡ ᠪᠠ ᠬᠦᠷᠰᠢ ᠮᠣᠵᠢ ᠬᠤᠳᠡ ᠲᠠᠢ ᠵᠢᠭᠤᠯᠴᠢᠯᠠᠯ ᠤᠨ ᠡᠬᠢ ᠪᠠᠶᠠᠯᠢᠭ ᠤᠨ ᠨᠢᠭᠡᠳᠤᠯ᠂ | ᠰᠠᠭᠤᠷᠢ ᠳᠦᠭᠦᠭᠡᠷᠦᠮᠵᠢ ᠶᠢᠨ ᠨᠡᠪᠳᠡᠷᠡᠯ ᠢᠶᠠᠨ ᠴᠢᠩᠭᠠᠳᠬᠠᠵᠤ᠂《 ᠤᠶᠤᠨᠳᠣ ᠵᠢᠭᠤᠯᠴᠢᠯᠠᠯ 》 ᠤᠨ ᠬᠡᠷᠡᠭᠯᠡᠭᠡᠨ ᠤ | ᠴᠢᠳᠠᠪᠦᠷᠢ ᠶᠢ ᠳᠡᠭᠡᠭᠰᠢᠯᠡᠬᠦᠯᠵᠦ᠂ ᠳᠥᠷᠪᠡᠨ ᠤᠯᠠᠷᠢᠯ ᠤᠨ ᠵᠢᠭᠤᠯᠴᠢᠯᠠᠯ᠂ ᠪᠦᠬᠦ ᠠᠷᠠᠳ ᠤᠨ ᠵᠢᠭᠤᠯᠴᠢᠯᠠᠯ ᠤᠨ | ᠬᠥᠭᠵᠢᠯᠳᠡ ᠶᠢᠨ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠦᠨ᠎ᠡ᠂ ᠤᠯᠤᠰ ᠤᠨ ᠳᠡᠰ ᠤᠨ ᠪᠦᠬᠦ ᠤᠷᠤᠨ ᠪᠦᠰᠡ ᠶᠢᠨ | ᠵᠢᠭᠤᠯᠴᠢᠯᠠᠯ ᠤᠨ ᠵᠢᠱᠢᠶᠡᠴᠢ ᠣᠷᠣᠨ ᠢ ᠪᠠᠶᠢᠭᠤᠯᠤᠨ᠂ ᠰᠤᠶᠤᠯ ᠵᠢᠭᠤᠯᠴᠢᠯᠠᠯ ᠤᠨ ᠦᠢᠯᠡᠰ ᠤᠨ ᠥᠷᠨᠢᠨ ᠬᠥᠭᠵᠢᠬᠦ | ᠶᠢ ᠠᠬᠢᠭᠤᠯᠤᠨ᠎ᠠ᠃ | ᠬᠤᠶᠠᠷ ᠲᠤ ᠣᠳᠤ ᠦᠶ᠎ᠡ ᠶᠢᠨ ᠲᠣᠨᠣᠭᠯᠠᠯ ᠦᠢᠯᠡᠳᠬᠦ ᠦᠢᠯᠡᠰ ᠪᠠ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠲᠣᠨᠣᠭᠯᠠᠯ ᠦᠢᠯᠡᠳᠬᠦ ᠪᠠ ᠰᠢᠨ᠎ᠡ ᠪᠠᠷ ᠮᠠᠨᠳᠤᠭᠰᠠᠨ ᠠᠵᠤ | ᠦᠢᠯᠡᠰ ᠪᠤᠯ ᠮᠠᠨ ᠤ ᠬᠤᠳᠡ ᠶᠢᠨ ᠢᠷᠡᠭᠡᠳᠦᠢ ᠶᠢᠨ ᠦᠷᠭᠦᠯᠵᠢᠯᠡᠵᠦ ᠪᠤᠯᠬᠤᠶᠢᠴᠠ ᠬᠥᠭᠵᠢᠯᠳᠡ ᠶᠢᠨ ᠰᠢᠨ᠎ᠡ | ᠬᠦᠳᠡᠯᠭᠡᠭᠴᠢ ᠬᠦᠴᠦᠨ᠂ ᠡᠷᠬᠡᠪᠰᠢ ᠨᠡᠩ ᠢᠯᠡᠭᠦᠦ ᠬᠦᠴᠦ ᠵᠠᠷᠤᠴᠠᠭᠤᠯᠵᠤ᠂ ᠨᠠᠩ ᠢᠯᠡᠭᠦᠦ ᠠᠷᠭ᠎ᠠ ᠪᠣᠳᠤᠨ | ᠪᠤᠶᠢᠵᠢᠭᠤᠯᠬᠤ ᠬᠡᠷᠡᠭᠳᠠᠢ᠃ ᠴᠡᠪᠡᠷ ᠡᠨᠧᠷᠬᠢ ᠶᠢᠨ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ ᠢᠵᠢ | ᠪᠦᠷᠢᠳᠦᠭᠦᠯᠬᠦ ᠶᠢᠨ ᠳᠤᠭᠤᠷᠢᠨ ᠳᠤ᠂ ᠲᠤᠨᠤᠭᠯᠠᠯ ᠦᠢᠯᠡᠳᠬᠦ ᠦᠢᠯᠡᠰ ᠤᠨ ᠳᠤᠮᠳᠠ ᠳᠡᠭᠡᠳᠦ ᠳᠡᠰ ᠲᠡᠰᠢ ᠬᠥᠭᠵᠢᠬᠦ | ᠶᠢ ᠠᠬᠢᠭᠤᠯᠵᠤ᠂ ᠠᠭᠤᠷᠬᠠᠢ ᠶᠢᠨ ᠮᠠᠰᠢᠨ ᠳᠤᠨᠤᠭᠯᠠᠯ ᠦᠢᠯᠡᠳᠬᠦ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠳᠦᠭᠦᠭᠡᠷᠦᠮᠵᠢ ᠦᠢᠯᠡᠳᠬᠦ᠂ ᠭᠠᠯ ᠴᠠᠬᠢᠯᠭᠠᠨ ᠤ ᠮᠠᠰᠢᠨ ᠤ ᠪᠦᠷᠢᠯᠳᠦᠯ ᠳᠤᠨᠤᠭ ᠦᠢᠯᠡᠳᠬᠦ᠂ ᠭᠡᠷᠡᠯ ᠴᠠᠬᠢᠯᠭᠠᠨ ᠤ | ᠳᠦᠬᠦᠭᠡᠷᠦᠮᠵᠢ ᠦᠢᠯᠡᠳᠬᠦ ᠵᠡᠷᠭᠡ ᠦᠢᠯᠡᠰ ᠤᠨ ᠬᠥᠭᠵᠢᠯᠳᠡ ᠶᠢ ᠠᠭᠢᠭᠤᠯᠵᠤ᠂ ᠰᠠᠯᠬᠢ ᠴᠠᠬᠢᠯᠭᠠᠨ ᠤ | ᠳᠦᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ ᠢ ᠭᠤᠤᠯᠳᠠᠯᠭ᠎ᠠ ᠲᠠᠢ ᠪᠠᠶᠢᠭᠤᠯᠵᠤ᠂ ᠮᠢᠩ ᠶᠠᠩ | ᠴᠠᠬᠢᠯᠭᠠᠵᠢᠯᠳᠠ ᠪᠠ ᠱᠠᠩᠬᠠᠢ ᠴᠠᠬᠢᠯᠭᠠᠵᠢᠯᠳᠠ ᠶᠢᠨ ᠲᠦᠷᠦᠯ ᠵᠦᠢᠯ ᠡᠷᠳᠡᠬᠡᠨ ᠪᠠᠶᠢᠭᠤᠯᠤᠭᠳᠠᠨ ᠬᠡᠷᠡᠭᠯᠡᠯᠳᠡ ᠳᠤ | ᠣᠷᠤᠬᠤ ᠪᠠᠷ ᠴᠢᠷᠮᠠᠶᠢᠵᠤ᠂ ᠲᠤᠨᠤᠭᠯᠠᠯ ᠦᠢᠯᠡᠳᠬᠦ ᠦᠢᠯᠡᠰ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠰᠢᠨ᠎ᠡ ᠮᠠᠲ᠋ᠧᠷᠢᠶᠠᠯ᠂ ᠲᠤᠮᠤ ᠳᠤᠭ᠎ᠠ ᠪᠠᠷᠢᠮᠳᠠ᠂ ᠡᠭᠦᠯᠡᠨ ᠪᠣᠳᠤᠯᠳᠠ᠂ ᠠᠮᠢᠳᠤ ᠪᠣᠳᠡᠰ ᠤᠨ | ᠰᠢᠨᠵᠢᠯᠡᠭᠡ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠳᠤᠰᠬᠠᠢ ᠮᠡᠷᠭᠡᠵᠢᠯ ᠤᠨ | ᠪᠤᠳᠠᠰ ᠤᠨ ᠭᠦᠢᠯᠭᠡᠭᠡᠨ᠂ ᠬᠤᠳᠠᠯᠳᠤᠭᠠᠨ ᠤ ᠶᠠᠪᠤᠳᠠᠯ ᠤᠨ ᠵᠠᠭᠤᠴᠢ᠂ ᠰᠤᠷᠠᠭ ᠵᠠᠩᠭᠢ ᠶᠢᠨ ᠦᠢᠯᠡᠴᠢᠯᠡᠭᠡ᠂ | ᠳᠡᠯᠭᠡᠨ ᠦᠵᠡᠭᠦᠯᠦᠯᠭᠡ ᠶᠢᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠳᠠᠭᠠᠳᠬᠠᠯ ᠵᠡᠷᠭᠡ ᠦᠢᠯᠡᠴᠢᠯᠡᠭᠡᠨ ᠤ | ᠦᠢᠯᠡᠰ ᠢ ᠪᠤᠵᠠᠭᠠᠶᠢᠷᠠᠭᠤᠯᠤᠨ᠂ ᠮᠤᠩᠭᠤᠯ ᠡᠮ ᠡᠮᠨᠡᠯᠭᠡ᠂ ᠡᠷᠡᠭᠦᠯᠵᠢᠯ ᠨᠠᠰᠤᠳᠠᠨ ᠠᠰᠠᠷᠠᠬᠤ᠂ ᠳ᠋ᠢᠵᠢᠲ᠋ᠠᠯ | ᠰᠡᠯᠡᠭᠦᠴᠡᠯ ᠵᠠᠷᠭᠡ ᠰᠢᠨ᠎ᠡ ᠠᠵᠤ ᠦᠢᠯᠡᠰ ᠢ ᠬᠥᠭᠵᠢᠭᠦᠯᠵᠦ᠂ ᠡᠳᠡᠭᠡᠷ ᠰᠢᠨ᠎ᠡ ᠠᠵᠤ ᠦᠢᠯᠡᠰ ᠢ ᠮᠠᠨ ᠤ ᠬᠤᠳᠡ | ᠶᠢᠨ ᠬᠡᠯᠪᠡᠷᠢ ᠶᠢ ᠬᠤᠪᠢᠷᠠᠭᠤᠯᠤᠨ ᠬᠥᠭᠵᠢᠬᠦ ᠰᠢᠨ᠎ᠡ ᠲᠣᠯᠭᠠᠭᠤᠷᠢ ᠪᠣᠯᠭᠠᠨ᠎ᠠ᠃ ᠥᠪᠡᠷᠳᠡᠭᠡᠨ ᠵᠠᠰᠠᠬᠤ ᠤᠷᠤᠨ ᠠᠴᠠ | ᠮᠠᠨ ᠤ ᠤᠯᠤᠰ ᠤᠨ ᠤᠮᠠᠷᠠᠳᠤ ᠤᠷᠤᠨ ᠤ ᠲᠤᠮᠤ ᠳᠤᠭ᠎ᠠ ᠪᠠᠷᠢᠮᠳᠠ ᠶᠢᠨ ᠲᠥᠪ ᠪᠠ ᠡᠭᠦᠯᠡᠨ ᠪᠣᠳᠤᠯᠳᠠ ᠶᠢᠨ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠳᠤᠷᠠᠳᠴᠦ᠂ ᠠᠶᠢᠮᠠᠭ ᠠᠴᠠ ᠶᠠᠭ ᠲᠤᠮᠤ ᠲᠤᠭ᠎ᠠ ᠪᠠᠷᠢᠮᠳᠠ | ᠶᠢᠨ ᠠᠵᠤ ᠦᠢᠯᠡᠰ ᠤᠨ ᠬᠥᠭᠵᠢᠯᠳᠡ ᠶᠢᠨ ᠳᠥᠯᠦᠪᠵᠢᠭᠦᠯᠭᠡ ᠶᠢ ᠰᠤᠳᠤᠯᠤᠨ ᠳᠤᠭᠳᠠᠭᠠᠵᠤ ᠪᠠᠶᠢᠨ᠎ᠠ᠂ ᠪᠢᠳᠡ | ᠡᠷᠬᠡᠪᠰᠢ ᠡᠨᠡᠬᠦ ᠠᠰᠢᠭᠲᠠᠢ ᠲᠤᠬᠢᠶᠠᠯ ᠢ ᠡᠵᠡᠮᠳᠠᠵᠤ᠂ ᠬᠦᠴᠦ ᠪᠠᠨ ᠲᠥᠪᠯᠡᠷᠡᠭᠦᠯᠦᠨ ᠰᠢᠯᠢ ᠶᠢᠨ ᠭᠤᠤᠯ ᠠᠶᠢᠮᠠᠭ | ᠤᠨ ᠲᠤᠮᠤ ᠲᠤᠭ᠎ᠠ ᠪᠠᠷᠢᠮᠳᠠ ᠶᠢᠨ ᠠᠵᠤ ᠦᠢᠯᠡᠰ ᠤᠨ ᠬᠦᠷᠢᠶᠠᠯᠡᠩ ᠤᠨ ᠪᠠᠶᠢᠭᠤᠯᠤᠯᠳᠠ ᠶᠢ ᠬᠠᠮᠵᠢᠯᠴᠠᠨ | ᠠᠬᠢᠭᠤᠯᠵᠤ᠂ ᠪᠠᠰᠠ ᠨᠡᠩ ᠢᠯᠡᠭᠦᠦ ᠲᠦᠷᠦᠯ ᠵᠦᠢᠯ ᠢ ᠪᠦᠬᠦ ᠠᠶᠢᠮᠠᠭ ᠤᠨ ᠲᠤᠮᠤ ᠳᠤᠭ᠎ᠠ ᠪᠠᠷᠢᠮᠳᠠ ᠶᠢᠨ ᠠᠵᠤ | ᠦᠢᠯᠡᠰ ᠤᠨ ᠬᠥᠭᠵᠢᠯᠳᠡ ᠶᠢᠨ ᠳᠥᠯᠦᠪᠵᠢᠭᠦᠯᠭᠡ ᠳᠤ ᠣᠷᠤᠭᠤᠯᠬᠤ ᠪᠠᠷ ᠴᠢᠷᠮᠠᠶᠢᠨ᠎ᠠ᠃ ᠲᠤᠮᠤ ᠳᠤᠭ᠎ᠠ ᠪᠠᠷᠢᠮᠳᠠ | ᠶᠢᠨ ᠬᠡᠷᠡᠭᠯᠡᠭᠡ ᠶᠢ ᠴᠢᠬᠤᠯᠠ ᠪᠠᠶᠢᠷᠢᠨ ᠳᠤ ᠲᠠᠯᠪᠢᠵᠤ᠂ ᠲᠤᠮᠤ ᠳᠤᠭ᠎ᠠ ᠪᠠᠷᠢᠮᠳᠠ ᠶᠢᠨ ᠬᠠᠮᠢᠶᠠᠷᠤᠯᠳᠠ ᠶᠢᠨ | ᠪᠠᠶᠢᠭᠤᠯᠤᠮᠵᠢ ᠶᠢ ᠪᠠᠶᠢᠭᠤᠯᠤᠨ᠂ ᠲᠤᠮᠤ ᠳᠤᠭ᠎ᠠ ᠪᠠᠷᠢᠮᠳᠠ ᠶᠢᠨ ᠬᠥᠭᠵᠢᠯᠳᠡ ᠶᠢᠨ ᠨᠢᠭᠡᠳᠦᠯᠳᠠᠢ ᠳᠥᠯᠦᠪᠵᠢᠭᠦᠯᠭᠡ | ᠪᠠ ᠪᠠᠶᠢᠭᠤᠯᠤᠯᠳᠠ ᠶᠢ ᠴᠢᠩᠭᠠᠳᠬᠠᠨ᠂ ᠴᠢᠮᠡᠭᠡ ᠵᠠᠩᠬᠢ ᠶᠢᠨ ᠳᠤᠭ᠎ᠠ ᠪᠠᠷᠢᠮᠳᠠ ᠶᠢᠨ ᠡᠬᠢ ᠰᠣᠷᠪᠤᠯᠵᠢ ᠪᠠ ᠰᠠᠭᠤᠷᠢ | ᠳᠥᠬᠦᠭᠡᠷᠦᠯᠵᠢ ᠶᠢᠨ ᠪᠠᠶᠢᠭᠤᠯᠤᠯᠳᠠ ᠶᠢᠨ ᠬᠠᠷᠢᠯᠴᠠᠨ ᠨᠡᠪᠳᠡᠷᠡᠯᠴᠠᠨ ᠬᠤᠯᠪᠣᠯᠳᠠᠬᠤ᠂ ᠡᠬᠢ ᠰᠤᠷᠪᠤᠯᠵᠢ ᠶᠢ | ᠬᠠᠮᠳᠤᠪᠠᠷ ᠠᠰᠢᠭᠯᠠᠵᠤ ᠬᠡᠷᠡᠭᠯᠡᠬᠦ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠥᠭᠡᠷᠡᠴᠢᠯᠡᠯᠳᠡ ᠶᠢ ᠠᠬᠢᠭᠤᠯᠬᠤ ᠳᠤᠮᠳᠠᠬᠢ ᠰᠢᠨ᠎ᠡ ᠶᠢ ᠡᠭᠦᠳᠬᠦ ᠬᠥᠳᠡᠯᠭᠡᠭᠦᠷ ᠤᠨ ᠦᠢᠯᠡᠳᠦᠯ ᠢ ᠪᠠᠳᠠᠷᠠᠭᠤᠯᠤᠨ᠂ | ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠤᠯᠠᠮᠵᠢᠯᠠᠯᠳᠦ ᠠᠵᠤ ᠦᠢᠯᠡᠰ ᠢ | ᠦᠭᠡᠷᠡᠴᠢᠯᠡᠨ᠂ ᠲᠥᠩ ᠯᠢ ᠭᠧᠷᠮᠠᠨ ᠤ ᠦᠢᠯᠡᠰ ᠪᠣᠯᠣᠨ ᠨᠠᠨᠵᠢᠩ ᠤᠨ ᠵᠦᠩ ᠵᠧ ᠺᠣᠮᠫᠠᠨᠢ ᠲᠠᠢ ᠰᠤᠳᠤᠯᠤᠯ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠠᠯᠠᠩ ᠤᠨ ᠤᠷᠭᠤᠮᠠᠯ ᠤᠨ ᠰᠤᠳᠤᠯᠤᠯ ᠤᠨ ᠭᠠᠵᠠᠷ ᠲᠠᠢ ᠳᠠᠯ᠎ᠠ ᠨᠤᠳᠤᠭ ᠢ ᠵᠠᠰᠠᠬᠤ ᠪᠠ ᠬᠡᠭᠡᠷ᠎ᠡ ᠶᠢᠨ | ᠤᠷᠭᠤᠮᠠᠯ ᠢ ᠭᠡᠷᠰᠢᠭᠦᠯᠬᠦ ᠲᠠᠯᠠᠷᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠳ᠋ᠠ ᠵᠤᠸᠠᠩ ᠶᠤᠸᠠᠨ ᠺᠤᠮᠫᠠᠨᠢ ᠶᠢᠨ ᠮᠠᠯ | ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠪᠠᠶᠢᠭᠤᠯᠬᠤ ᠠᠯᠬᠤᠮ ᠢ ᠲᠦᠷᠭᠡᠳᠬᠡᠵᠦ | ᠂ ᠤᠯᠠᠮᠵᠢᠯᠠᠯᠳᠦ ᠠᠵᠤ ᠦᠢᠯᠡᠰ ᠤᠨ ᠳᠡᠭᠡᠳᠦ ᠳᠡᠰ ᠳᠠᠪᠬᠤᠷᠭ᠎ᠠ ᠲᠡᠰᠢ ᠬᠥᠭᠵᠢᠬᠦ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠦᠷᠢᠰᠦᠯᠳᠦᠬᠦ ᠬᠦᠴᠦᠨ ᠢ ᠴᠢᠩᠭᠠᠳᠬᠠᠨ᠎ᠠ᠃ | ᠭᠤᠷᠪᠠ ᠳᠤ ᠶᠡᠭᠡ ᠬᠦᠴᠦ ᠪᠠᠷ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠶᠢ | ᠬᠥᠭᠵᠢᠭᠦᠯᠦᠨ᠎ᠡ᠃ ᠮᠠᠨ ᠤ ᠬᠤᠳᠡ ᠳᠤ ᠣᠳᠣ 3994 ᠡᠷᠦᠬᠡ ᠨᠡᠶᠢᠳᠡ ᠶᠢᠨ ᠪᠤᠰᠤ ᠦᠮᠴᠢᠯᠡᠯᠳᠦ ᠠᠵᠤ | ᠠᠬᠤᠶᠢᠯᠠᠯ᠂ 27057 ᠡᠷᠦᠬᠡ ᠬᠤᠪᠢ ᠶᠢᠨ ᠡᠵᠡᠩᠨᠡᠯᠳᠡ ᠶᠢᠨ ᠡᠷᠦᠬᠡ ᠲᠠᠢ ᠪᠠᠶᠢᠵᠦ᠂ ᠨᠡᠶᠢᠳᠡ ᠶᠢᠨ ᠪᠤᠰᠤ | ᠦᠮᠴᠢᠯᠡᠯᠳᠦ ᠠᠵᠤ ᠠᠬᠤᠢ ᠨᠢ ᠤᠯᠤᠰ ᠤᠨ ᠳᠣᠳᠤᠭᠠᠳᠤ ᠶᠢᠨ ᠦᠢᠯᠡᠳᠪᠦᠷᠢᠯᠡᠯ ᠤᠨ ᠶᠡᠷᠥᠩᠬᠡᠢ ᠥᠷᠳᠡᠭ ᠤᠨ 37. | 3% ᠶᠢ ᠡᠵᠡᠯᠡᠵᠦ᠂ ᠠᠵᠢᠯ ᠣᠯᠭᠤᠯᠳᠠ ᠨᠢ ᠪᠦᠬᠦ ᠬᠤᠳᠡ ᠶᠢᠨ ᠠᠵᠢᠯᠯᠠᠵᠤ ᠪᠠᠶᠢᠭ᠎ᠠ ᠬᠦᠮᠦᠨ ᠤ ᠳᠤᠭ᠎ᠠ ᠶᠢᠨ | 70% ᠶᠢ ᠡᠵᠡᠯᠡᠵᠤ᠂ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠨᠢ ᠮᠠᠨ ᠤ ᠬᠤᠳᠡ ᠳᠤ ᠮᠠᠰᠢ ᠴᠢᠬᠤᠯᠠ | ᠪᠠᠶᠢᠷᠢ ᠰᠠᠭᠤᠷᠢ ᠲᠠᠢ ᠭᠡᠵᠦ ᠬᠡᠯᠡᠵᠦ ᠪᠣᠯᠤᠨ᠎ᠠ᠃ ᠪᠦᠬᠦ ᠬᠤᠳᠡ ᠪᠠᠷ ᠢᠶᠠᠨ ᠨᠡᠶᠢᠳᠡ ᠶᠢᠨ ᠪᠤᠰᠤ ᠦᠮᠴᠢᠯᠡᠯᠳᠦ | ᠠᠵᠤ ᠠᠬᠤᠢ ᠶᠢ ᠴᠢᠬᠤᠯᠠ ᠪᠠᠶᠢᠷᠢᠨ ᠳᠤ ᠲᠠᠯᠪᠢᠵᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ | ᠤ ᠪᠠᠳᠤᠯᠠᠭ᠎ᠠ ᠪᠠᠨ ᠴᠢᠩᠭᠠᠳᠬᠠᠨ᠂ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠶᠢᠨ ᠬᠥᠭᠵᠢᠯᠳᠡ ᠶᠢᠨ | ᠬᠤᠷᠳᠣᠴᠠ᠂ ᠬᠠᠷᠢᠴᠠᠯ᠂ ᠬᠢᠷᠢ ᠳᠥᠪᠰᠢᠨ ᠢ ᠳᠡᠭᠡᠭᠰᠢᠯᠡᠬᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠶᠢᠨ | ᠬᠦᠷᠢᠶ᠋ᠯᠡᠩ ᠲᠤᠭᠤᠷᠢᠭ ᠤᠨ ᠳᠡᠰ ᠳᠠᠪᠰᠢᠬᠦ ᠶᠢ ᠠᠬᠢᠭᠤᠯᠵᠤ᠂ ᠢᠵᠢ ᠪᠦᠷᠢᠯᠳᠦᠯ ᠤᠨ ᠳᠦᠬᠦᠭᠡᠷᠦᠮᠵᠢ ᠶᠢ | ᠳᠡᠭᠦᠯᠳᠡᠷᠵᠢᠭᠦᠯᠵᠦ᠂《 ᠦᠬᠦᠰᠢᠷᠡᠮᠡᠯ 》ᠠᠵᠤ ᠠᠬᠤᠶᠢᠯᠠᠯ ᠢ ᠰᠢᠭᠰᠢᠨ ᠲᠠᠶᠠᠭᠳᠠᠵᠤ᠂ ᠬᠦᠷᠢᠶᠡᠯᠡᠩ ᠳᠤᠭᠤᠷᠢᠭ | ᠲᠠᠬᠢ ᠭᠠᠵᠠᠷ ᠰᠢᠷᠤᠢ᠂ ᠦᠢᠯᠡᠳᠪᠦᠷᠢ ᠶᠢᠨ ᠪᠠᠶᠢᠰᠢᠩ ᠵᠡᠷᠭᠡ ᠤᠷᠬᠢᠳᠠᠯ ᠬᠥᠷᠥᠩᠭᠡ ᠶᠢ ᠠᠰᠢᠭᠯᠠᠯᠳᠠ ᠳᠤ | ᠣᠷᠤᠭᠤᠯᠤᠨ᠂ ᠳᠠᠭᠠᠭᠠᠴᠠ ᠬᠦᠴᠦᠨ ᠢ ᠨᠡᠮᠡᠭᠳᠡᠭᠦᠯᠦᠨ᠂ ᠬᠦᠷᠢᠶᠡᠯᠡᠩ ᠳᠤᠭᠤᠷᠢᠭ ᠢ ᠳᠤᠮᠳᠠ ᠪᠠᠭ᠎ᠠ ᠠᠵᠤ | ᠠᠬᠤᠶᠢᠯᠠᠯ ᠤᠨ ᠬᠥᠭᠵᠢᠯᠳᠡ ᠶᠢ ᠳᠠᠶᠢᠴᠢᠯᠡᠬᠤ ᠴᠢᠬᠤᠯᠠ《 ᠳᠤᠯᠬᠤ ᠴᠡᠭ 》ᠪᠣᠯᠭᠠᠨ ᠪᠠᠶᠢᠭᠤᠯᠤᠨ᠎ᠠ᠃ ᠵᠠᠰᠠᠭ ᠢ | ᠴᠣᠮᠬᠠᠳᠬᠠᠨ ᠡᠷᠬᠡ ᠶᠢ ᠳᠠᠯᠪᠢᠬᠤ ᠶᠢ ᠶᠡᠭᠡ ᠬᠦᠴᠦ ᠪᠠᠷ ᠠᠬᠢᠭᠤᠯᠵᠤ᠂ ᠡᠷᠬᠡ ᠶᠢ ᠦᠨᠡᠨᠬᠦ ᠳᠠᠯᠪᠢᠵᠦ᠂ ᠨᠡᠶᠢᠳᠡ | ᠶᠢᠨ ᠪᠤᠰᠤ ᠥᠮᠴᠢᠯᠡᠯᠳᠦ ᠠᠵᠤ ᠠᠬᠤᠢ ᠶᠢᠨ ᠬᠥᠭᠵᠢᠯᠳᠡ ᠳᠤ ᠳᠡᠮᠵᠢᠯᠭᠡ ᠦᠵᠡᠬᠦᠯᠦᠨ᠎ᠡ᠃《 ᠲᠦᠷᠤ ᠶᠢᠨ | ᠪᠤᠳᠤᠯᠭ᠎ᠠ ᠶᠢᠨ ᠬᠢᠵᠠᠭᠠᠷᠯᠠᠯ ᠦᠭᠡᠢ ᠪᠣᠯ ᠬᠦᠭᠵᠢᠬᠦ ᠶᠢ ᠵᠦᠪᠰᠢᠶᠡᠷᠡᠵᠦ᠂ ᠬᠠᠷᠠᠭᠠᠯᠵᠠᠯ ᠤᠨ ᠲᠦᠷᠤ ᠶᠢᠨ ᠪᠤᠳᠤᠯᠭ᠎ᠠ | ᠶᠢ ᠠᠳᠠᠯᠢ ᠳᠡᠭᠰᠢ ᠪᠠᠶᠢᠯᠭᠠᠬᠤ 》 ᠵᠠᠷᠴᠢᠮ ᠶᠣᠰᠣᠭᠠᠷ᠂ ᠡᠯ᠎ᠡ ᠲᠥᠷᠥᠯ ᠤᠨ ᠬᠠᠷᠭᠠᠯᠵᠠᠯ ᠤᠨ ᠲᠦᠷᠦ ᠶᠢᠨ | ᠪᠣᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠵᠠᠬ᠎ᠠ ᠳᠡᠯᠭᠡᠭᠦᠷ ᠲᠤ ᠣᠷᠤᠬᠤ ᠶᠢ ᠬᠢᠨᠠᠨ ᠵᠥᠪᠰᠢᠶᠡᠷᠡᠬᠦ᠂ | ᠮᠥᠩᠭᠦᠨ ᠭᠦᠢᠯᠭᠡᠭᠡᠨ ᠤ ᠳᠡᠮᠵᠢᠯᠭᠡ᠂ ᠭᠠᠶᠢᠯᠢ ᠶᠢ ᠬᠠᠰᠣᠨ ᠳᠠᠷᠤᠭᠠᠰᠤ ᠶᠢ ᠬᠥᠩᠭᠡᠯᠡᠬᠦ ᠵᠡᠷᠭᠡ ᠲᠠᠯ᠎ᠠ ᠪᠠᠷ | ᠳᠡᠮᠵᠢᠯᠭᠡ ᠶᠢᠨ ᠬᠦᠴᠦᠯᠡᠴᠡ ᠪᠠᠨ ᠨᠡᠮᠡᠭᠳᠡᠭᠦᠯᠵᠦ᠂ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠨ᠂《 ᠳᠤᠲᠤᠨᠤ 》᠂《 ᠴᠡᠪᠡᠷ 》ᠰᠢᠨ᠎ᠡ ᠬᠡᠯᠪᠡᠷᠢ ᠶᠢᠨ ᠵᠠᠰᠠᠭ ᠠᠷᠠᠯᠵᠢᠶᠠᠨ ᠤ ᠬᠠᠷᠢᠴᠠᠭ᠎ᠠ ᠶᠢ | ᠪᠠᠶᠢᠭᠤᠯᠵᠤ᠂ ᠥᠨᠡᠨᠴᠢ ᠢᠳᠡᠭᠡᠯ ᠲᠠᠢ ᠪᠠᠶᠢᠵᠦ᠂ ᠨᠡᠶᠢᠳᠡ ᠶᠢᠨ ᠪᠤᠰᠤ ᠥᠮᠴᠢᠯᠡᠯᠳᠦ ᠠᠵᠤ ᠠᠬᠤᠢ ᠶᠢᠨ | ᠬᠥᠭᠵᠢᠯᠳᠡ ᠳᠤ ᠣᠬᠢ ᠰᠠᠶᠢᠨ ᠨᠦᠬᠦᠴᠡᠯ ᠢ ᠴᠢᠷᠮᠠᠶᠢᠨ ᠡᠬᠦᠳᠦᠨ᠎ᠡ᠃ | ︵ᠭᠤᠷᠪᠠ︶ ᠬᠤᠳᠡ ᠬᠦᠳᠡᠭᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠨᠢᠬᠡ | ᠴᠤᠭᠴᠠᠵᠢᠭᠰᠠᠨ ᠬᠥᠭᠵᠢᠯᠳᠡ ᠶᠢᠨ ᠪᠠᠶᠢᠳᠠᠯ ᠢ ᠪᠠᠶᠢᠭᠤᠯᠤᠨ᠎ᠠ᠃ ᠬᠤᠳᠡ ᠬᠦᠳᠡᠭᠡ ᠶᠢ ᠨᠢᠭᠡᠳᠦᠯᠳᠠᠢ ᠲᠦᠯᠦᠪᠯᠡᠵᠦ | ᠵᠣᠬᠢᠴᠠᠭᠤᠯᠤᠨ᠂ ᠬᠤᠳᠡ ᠬᠦᠳᠡᠭᠡ ᠶᠢᠨ ᠬᠥᠭᠵᠢᠯᠳᠡ ᠶᠢᠨ ᠵᠥᠷᠢᠶ᠎ᠡ ᠶᠢ ᠪᠠᠭᠠᠰᠬᠠᠬᠤ ᠪᠤᠯ ᠵᠣᠬᠢᠴᠠᠩᠭᠤᠢ | ᠬᠥᠭᠵᠢᠯᠳᠡ ᠶᠢᠨ ᠤᠶᠢᠯᠠᠭᠠᠳᠠᠬᠤᠨ ᠢ ᠨᠠᠶᠢᠳᠠᠪᠦᠷᠢᠵᠢᠭᠤᠯᠬᠤ ᠳᠤᠳᠤᠭᠠᠳᠤ ᠱᠠᠭᠠᠷᠳᠠᠯᠭ᠎ᠠ᠂ ᠮᠥᠨᠴᠦ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ ᠪᠡᠶᠡᠯᠡᠭᠦᠯᠬᠦ ᠴᠢᠬᠤᠯᠠ ᠠᠭᠤᠯᠭ᠎ᠠ ᠪᠤᠯᠤᠨ᠎ᠠ᠃ | ᠬᠤᠳᠡ ᠪᠠᠷ ᠬᠦᠳᠡᠭᠡ ᠶᠢ ᠳᠠᠭᠠᠭᠤᠯᠬᠤ᠂ ᠬᠤᠳᠡ ᠬᠦᠳᠡᠭᠡ ᠬᠠᠮᠳᠤᠪᠠᠷ ᠬᠥᠭᠵᠢᠬᠦ ᠶᠢ ᠪᠠᠷᠢᠮᠳᠠᠯᠠᠨ᠂ ᠰᠠᠭᠤᠷᠢ | ᠳᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠬᠤᠳᠡ ᠬᠦᠳᠡᠭᠡ ᠨᠢᠬᠡ ᠴᠤᠭᠴᠠᠵᠢᠭᠰᠠᠨ ᠬᠥᠭᠵᠢᠯᠳᠡ ᠶᠢᠨ | ᠰᠢᠨ᠎ᠡ ᠪᠠᠶᠢᠳᠠᠯ ᠢ ᠪᠠᠶᠢᠭᠤᠯᠤᠨ᠎ᠠ᠃ | ᠨᠢᠭᠡ ᠳᠤ ᠬᠤᠳᠡ ᠶᠢᠨ ᠲᠦᠯᠦᠪᠵᠢᠭᠦᠯᠭᠡ ᠶᠢᠨ ᠪᠠᠶᠢᠭᠤᠯᠤᠯᠳᠠ ᠬᠠᠮᠢᠶᠠᠷᠤᠯᠳᠠ ᠶᠢ ᠴᠢᠩᠭᠠᠳᠬᠠᠨ᠎ᠠ | ᠃ ᠥᠨᠳᠥᠷ ᠵᠣᠭᠴᠣᠴᠠ ᠠᠴᠠ ᠲᠦᠯᠦᠪᠯᠡᠵᠦ᠂ ᠴᠢᠩᠭ᠎ᠠ ᠬᠦᠴᠦᠯᠡᠴᠡ ᠪᠠᠷ ᠣᠷᠤᠭᠤᠯᠤᠨ᠂ ᠥᠨᠳᠥᠷ ᠪᠠᠷᠢᠮᠵᠢᠶ᠎ᠠ | ᠪᠠᠷ ᠪᠠᠶᠢᠭᠤᠯᠤᠨ᠂ ᠥᠨᠳᠥᠷ ᠦᠷ᠎ᠡ ᠠᠰᠢᠭ ᠢᠶᠠᠷ ᠬᠠᠮᠢᠶᠠᠷᠬᠤ ᠶᠢ ᠪᠠᠷᠢᠮᠳᠠᠯᠠᠨ᠂《 ᠵᠢᠷᠭᠤᠭᠠᠨ ᠬᠤᠳᠡ ᠶᠢ | ᠵᠡᠷᠭᠡᠪᠡᠷ ᠴᠣᠭᠴᠠᠯᠠᠬᠤ 》 ᠠᠴᠠ ᠭᠠᠷᠳᠠᠵᠤ᠂ ᠴᠣᠭᠴᠠᠯᠠᠬᠤ ᠪᠠᠷ ᠪᠠᠶᠢᠭᠤᠯᠤᠯᠳᠠ ᠶᠢ ᠠᠬᠢᠭᠤᠯᠵᠤ᠂ ᠴᠣᠭᠴᠠᠯᠠᠬᠤ | ᠪᠠᠷ ᠬᠠᠮᠢᠶᠠᠷᠤᠯᠳᠠ ᠶᠢ ᠠᠬᠢᠭᠤᠯᠤᠨ᠂ ᠬᠤᠳᠡ ᠶᠢᠨ ᠴᠢᠳᠡᠮᠵᠢ ᠶᠢ ᠳᠠᠰᠣᠷᠠᠯᠳᠠ ᠦᠭᠡᠢ ᠳᠡᠭᠦᠯᠳᠡᠷᠵᠢᠭᠦᠯᠵᠦ᠂ | ᠦᠢᠯᠡᠴᠢᠯᠡᠭᠡᠨ ᠤ ᠲᠥᠪᠰᠢᠨ ᠢ ᠳᠡᠭᠡᠭᠰᠢᠯᠡᠭᠦᠯᠵᠦ᠂ ᠳᠠᠯ᠎ᠠ ᠨᠤᠳᠤᠭ ᠤᠨ ᠥᠪᠡᠷᠮᠢᠴᠠ ᠣᠨᠴᠠᠯᠢᠭ ᠲᠠᠢ ᠪᠦᠭᠡᠳ ᠴᠠᠭ | ᠦᠶ᠎ᠡ ᠶᠢᠨ ᠣᠨᠴᠠᠯᠢᠭ ᠢᠶᠠᠷ ᠢᠯᠨ ᠲᠤᠳᠤ ᠳᠠᠯ᠎ᠠ ᠨᠤᠳᠤᠭ ᠤᠨ ᠭᠡᠷᠡᠯᠳᠦ ᠰᠤᠪᠤᠳ ᠢ ᠪᠠᠶᠢᠭᠤᠯᠤᠨ᠎ᠠ᠃ | ᠲᠦᠯᠦᠪᠵᠢᠭᠦᠯᠭᠡ ᠪᠠᠷ ᠳᠠᠭᠠᠭᠤᠯᠬᠤ ᠶᠢ ᠪᠠᠷᠢᠮᠳᠠᠯᠠᠨ᠎ᠠ᠃ ᠥᠨᠳᠥᠷ ᠬᠢᠷᠢ ᠭᠡᠮ ᠲᠠᠢ ᠪᠠᠶᠢᠭᠤᠯᠤᠮᠵᠢ ᠪᠠ ᠥᠨᠳᠥᠷ | ᠬᠢᠷᠢ ᠲᠥᠪᠰᠢᠨ ᠲᠠᠢ ᠳᠤᠰᠬᠠᠢ ᠮᠡᠷᠭᠡᠵᠢᠯᠳᠡᠨ ᠢ ᠤᠷᠢᠵᠤ᠂ ᠥᠨᠳᠥᠷ ᠵᠣᠭᠴᠣᠴᠠ ᠪᠠᠷ ᠳᠠᠪᠤᠳᠤᠭᠠᠷ ᠡᠭᠡᠯᠵᠢ ᠶᠢᠨ | ᠬᠤᠳᠡ ᠶᠢᠨ ᠶᠡᠷᠥᠩᠬᠡᠢ ᠲᠦᠯᠦᠪᠵᠢᠭᠦᠯᠭᠡ ᠶᠢ ᠵᠠᠰᠠᠨ ᠲᠤᠭᠤᠷᠪᠢᠬᠤ ᠪᠠ ᠡᠯ᠎ᠡ ᠲᠦᠷᠦᠯ ᠤᠨ ᠳᠤᠰᠬᠠᠢ | ᠲᠦᠯᠦᠪᠵᠢᠭᠦᠯᠭᠡ ᠲᠤᠭᠤᠷᠪᠢᠬᠤ ᠠᠵᠢᠯ ᠢ ᠬᠢᠵᠦ᠂ ᠠᠯᠤᠰ ᠬᠤᠯᠠ ᠶᠢᠨ ᠬᠥᠭᠵᠢᠯᠳᠡ ᠳᠤ ᠳᠤᠬᠢᠷᠠᠬᠤ ᠮᠥᠷᠳᠡᠭᠡᠨ | ᠤᠶᠢᠷ᠎ᠡ ᠶᠢᠨ ᠬᠤᠭᠤᠴᠠᠭᠠᠨ ᠤ ᠪᠠᠶᠢᠭᠤᠯᠤᠯᠳᠠ ᠶᠢᠨ ᠬᠡᠷᠡᠭᠴᠡᠬᠡᠨ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ | ᠲᠦᠯᠦᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠵᠦ᠂ ᠲᠦᠯᠦᠪᠵᠢᠭᠦᠯᠭᠡ ᠶᠢᠨ ᠠᠯᠤᠰ ᠬᠡᠳᠦ ᠶᠢᠨ ᠴᠢᠨᠠᠷ᠂ | ᠥᠪᠡᠷᠮᠢᠴᠠ ᠤᠨᠴᠠᠯᠢᠭᠳᠦ ᠴᠢᠨᠠᠷ ᠪᠠ ᠡᠷᠬᠡ ᠰᠦᠷᠳᠦ ᠴᠢᠨᠠᠷ ᠢ ᠳᠤᠤᠱᠳᠠᠢ ᠴᠢᠩᠭᠠᠳᠬᠠᠨ᠎ᠠ᠃ ᠬᠦᠮᠦᠨ ᠠᠮᠠ᠂ | ᠠᠵᠤ ᠦᠢᠯᠡᠰ ᠵᠡᠷᠭᠡ ᠬᠤᠳᠡ ᠶᠢᠨ ᠬᠥᠭᠵᠢᠯᠳᠡ ᠶᠢᠨ ᠡᠯᠧᠮᠧᠨ᠋ᠲ ᠢ ᠨᠢᠭᠡᠳᠦᠯᠳᠠᠢ ᠲᠦᠯᠦᠪᠯᠡᠨ ᠪᠣᠳᠤᠯᠬᠢᠯᠠᠵᠤ᠂ | ᠪᠤᠳᠠᠳᠠᠢ ᠳᠡᠭᠡᠷ᠎ᠡ ᠰᠠᠭᠤᠷᠢᠯᠠᠵᠤ᠂ ᠠᠯᠤᠰ ᠬᠤᠯᠠ ᠶᠢ ᠬᠠᠷᠠᠵᠤ᠂ ᠵᠤᠬᠢᠬᠤ ᠬᠡᠮᠵᠢᠶ᠎ᠡ ᠪᠠᠷ ᠤᠷᠢᠳᠴᠢᠯᠠᠵᠤ᠂ | ᠢᠯᠡᠩᠭᠤᠶ᠎ᠠ ᠵᠠᠮ ᠨᠡᠪᠳᠡᠷᠡᠯᠭᠡ᠂ ᠬᠤᠭᠤᠯᠠᠢ ᠳᠤᠤᠷ᠂ ᠢᠯᠴᠢ ᠬᠠᠩᠭᠠᠯᠭ᠎ᠠ᠂ ᠤᠰᠤ ᠬᠠᠩᠭᠠᠯᠭ᠎ᠠ ᠵᠡᠷᠭᠡ ᠰᠠᠭᠤᠷᠢ | ᠳᠦᠬᠦᠭᠡᠷᠦᠮᠵᠢ ᠶᠢᠨ ᠪᠠᠶᠢᠭᠤᠯᠤᠯᠳᠠ ᠶᠢᠨ ᠳᠠᠯ᠎ᠠ ᠪᠠᠷ ᠬᠤᠶᠢᠰᠢᠳᠠ ᠶᠢᠨ ᠬᠥᠭᠵᠢᠯᠳᠡ ᠳᠤ ᠤᠷᠤᠨ ᠵᠠᠢ ᠦᠯᠡᠳᠡᠭᠡᠵᠦ | ᠂ ᠰᠠᠭᠤᠷᠢ ᠶᠢ ᠰᠠᠶᠢᠨ ᠳᠠᠯᠪᠢᠨ᠎ᠠ᠃ ᠭᠠᠵᠠᠷ ᠤᠷᠤᠨ ᠤ ᠣᠨᠴᠠᠯᠢᠭᠲᠠᠢ ᠰᠤᠶᠤᠯ ᠢ ᠭᠦᠢᠴᠠᠳ ᠠᠭᠤᠳᠠᠯᠯᠠᠨ᠂ | ᠬᠤᠳᠡ ᠶᠢᠨ ᠪᠦᠳᠦᠴᠡ᠂ ᠪᠠᠶᠢᠷᠢᠰᠢᠭᠤᠯᠤᠯᠳᠠ᠂ ᠪᠠᠷᠢᠯᠭ᠎ᠠ ᠳᠤᠮᠳᠠ ᠤᠯᠠᠮᠵᠢᠯᠠᠯᠳᠣ ᠰᠤᠶᠤᠯ ᠪᠠ ᠦᠨᠳᠦᠰᠦᠳᠡᠨ ᠤ | ᠣᠨᠴᠠᠯᠢᠭ ᠢ ᠬᠦᠢᠴᠡᠳ ᠢᠯᠡᠷᠡᠭᠦᠯᠵᠦ᠂ ᠬᠤᠳᠡ ᠶᠢᠨ ᠥᠪᠡᠷᠮᠢᠴᠡ ᠳᠠᠳᠠᠬᠤ ᠬᠦᠴᠦᠨ ᠢ ᠪᠠᠳᠠᠷᠠᠭᠤᠯᠤᠨ᠎ᠠ᠃ | ᠰᠢᠨᠵᠢᠯᠡᠬᠦ ᠤᠬᠠᠭᠠᠨᠴᠢ ᠪᠠᠷ ᠪᠦᠳᠦᠭᠡᠨ ᠪᠠᠶᠢᠭᠤᠯᠤᠨ᠎ᠠ᠃ ᠡᠨᠡ ᠵᠢᠯ᠂ ᠮᠠᠨ ᠤ ᠬᠤᠳᠡ ᠠᠴᠠ ᠵᠠᠰᠠᠭ ᠤᠨ ᠣᠷᠳᠣᠨ | ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠬᠤ ︵PPP︶ ᠬᠡᠯᠪᠡᠷᠢ ᠶᠢ ᠬᠡᠷᠡᠭᠯᠡᠨ᠂ 130.5 ᠳ᠋ᠦᠩᠰᠢᠭᠤᠷ | ᠲᠦᠭᠦᠷᠢᠭ ᠪᠡᠯᠡ ᠣᠷᠤᠭᠤᠯᠬᠤ ᠪᠠᠷ ᠲᠦᠯᠦᠪᠯᠡᠵᠦ᠂ ᠬᠤᠳᠡ ᠶᠢᠨ ᠪᠠᠶᠢᠭᠤᠯᠤᠯᠳᠠ ᠶᠢᠨ ᠵᠢᠷᠭᠤᠭᠠᠨ ᠲᠦᠷᠦᠯ ᠤᠨ | ᠭᠤᠤᠯᠳᠠᠯᠭ᠎ᠠ ᠲᠠᠢ ᠠᠵᠢᠯ ᠢ ᠠᠬᠢᠭᠤᠯᠵᠤ᠂ ᠮᠠᠨ ᠤ ᠬᠤᠳᠡ ᠶᠢᠨ ᠣᠯᠠᠨ ᠨᠡᠶᠢᠳᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠲᠥᠪᠰᠢᠨ ᠪᠠ ᠠᠰᠢᠭᠯᠠᠮᠵᠢ ᠶᠢ ᠶᠡᠭᠡ ᠳᠡᠭᠡᠭᠰᠢᠯᠡᠯᠳᠡ ᠲᠠᠢ ᠪᠣᠯᠭᠠᠨ᠎ᠠ᠃《 ᠤᠷᠢᠳᠠᠪᠠᠷ ᠭᠠᠵᠠᠷ | ᠳᠣᠣᠷᠡᠬᠢ ᠶᠢ᠂ ᠳᠠᠷᠠᠭ᠎ᠠ ᠨᠢ ᠭᠠᠵᠠᠷ ᠳᠡᠭᠡᠷᠡᠬᠢ ᠶᠢ》ᠵᠠᠷᠴᠢᠮ ᠶᠣᠰᠣᠭᠠᠷ᠂ ᠴᠠᠬᠢᠯᠭᠠᠨ ᠬᠦᠴᠦᠨ᠂ ᠴᠢᠮᠡᠭᠡ | ᠨᠡᠪᠲᠡᠷᠡᠯᠬᠡ᠂ ᠰᠢᠳᠠᠮᠠᠬᠠᠢ ᠬᠡᠢ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ ᠡᠯ᠎ᠡ | ᠲᠥᠷᠥᠯ ᠤᠨ ᠬᠤᠳᠡ ᠶᠢᠨ ᠶᠠᠪᠤᠳᠠᠯ ᠤᠨ ᠭᠠᠵᠠᠷ ᠳᠤᠤᠷᠠᠬᠢ ᠬᠤᠭᠤᠯᠠᠢ ᠶᠢᠨ ᠪᠠᠶᠢᠭᠤᠯᠤᠯᠳᠠ ᠶᠢ ᠨᠢᠭᠡᠳᠣᠯᠳᠠᠢ | ᠳᠦᠯᠦᠪᠯᠡᠨ ᠪᠠᠶᠢᠷᠢᠯᠠᠭᠤᠯᠵᠦ᠂ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠭᠠᠵᠠᠷ ᠳᠤᠤᠷᠠᠬᠢ ᠶᠡᠷᠥᠩᠬᠡᠢ ᠬᠤᠭᠤᠯᠠᠢ | ᠳᠤᠤᠷ ᠤᠨ ᠱᠤᠭᠤᠮ ᠢ ᠢᠳᠡᠪᠬᠢᠲᠠᠢ ᠪᠦᠳᠦᠭᠡᠨ ᠪᠠᠶᠢᠭᠤᠯᠤᠨ᠂ ᠳᠤᠳᠠᠭᠤᠳᠠᠯ ᠢᠶᠠᠨ ᠳᠠᠷᠦᠢ ᠲᠦᠷᠭᠡᠨ | ᠨᠦᠬᠦᠪᠦᠷᠢᠯᠡᠨ᠎ᠡ᠃ ᠵᠡᠭᠡᠯᠢ ᠳᠤᠭᠤᠷᠢᠭ ᠤᠨ ᠵᠡᠭᠡᠯᠢ ᠵᠠᠮ ᠤᠨ ᠳᠤᠤᠷ ᠤᠨ ᠪᠦᠳᠦᠴᠡ ᠶᠢ ᠰᠢᠯᠢᠳᠡᠭᠵᠢᠭᠦᠯᠵᠦ᠂ | ᠮᠤᠬᠤᠷ ᠵᠠᠮ ᠢ ᠨᠡᠪᠳᠡᠷᠡᠭᠦᠯᠦᠨ᠂ ᠵᠢᠵᠢᠭ ᠵᠡᠭᠡᠯᠢ ᠭᠤᠳᠤᠮᠵᠢ ᠶᠢ ᠵᠠᠰᠠᠬᠤ ᠠᠵᠢᠯ ᠢ ᠦᠷᠭᠦᠯᠵᠢᠯᠡᠨ ᠬᠢᠵᠦ᠂ ᠵᠠᠰᠠᠮᠠᠯ | ᠵᠠᠮ ᠢ ᠳᠠᠪᠢᠰᠤᠨ ᠪᠦᠷᠬᠦᠬᠦ᠂ ᠶᠠᠪᠠᠭᠠᠨ ᠬᠦᠮᠦᠨ ᠤ ᠵᠠᠮ ᠢ ᠳᠡᠪᠢᠰᠤᠨ ᠵᠠᠰᠠᠬᠤ᠂ ᠴᠠᠬᠢᠯᠭᠠᠨ ᠳᠠᠳᠠᠯᠭ᠎ᠠ ᠶᠢ ᠭᠠᠵᠠᠷ | ᠲᠤ ᠣᠷᠤᠭᠤᠯᠬᠤ᠂ ᠭᠡᠷᠡᠯᠲᠦᠭᠦᠯᠭᠡ ᠶᠢᠨ ᠢᠨᠵᠧᠨᠧᠷᠢᠩ ᠵᠡᠷᠭᠡ ᠶᠢ ᠰᠠᠶᠢᠳᠤᠷ ᠬᠢᠵᠦ᠂ ᠵᠠᠰᠠᠮᠠᠯ ᠵᠠᠮ ᠤᠨ ᠨᠡᠪᠳᠡᠷᠡᠬᠦ | ᠨᠣᠷᠮ᠎ᠠ ᠶᠢ ᠳᠡᠭᠡᠭᠰᠢᠯᠡᠬᠦᠯᠦᠨ᠎ᠡ᠃ ᠢᠯᠴᠢ ᠬᠠᠩᠭᠠᠬᠤ ᠬᠤᠭᠤᠯᠠᠢ ᠲᠤᠤᠷ ᠪᠠ ᠰᠠᠯᠪᠤᠷᠢ ᠬᠤᠭᠤᠯᠠᠢ ᠳᠤᠤᠷ ᠤᠨ | ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠳᠦᠬᠦᠭᠡᠷᠦᠮᠵᠢ ᠶᠢ | ᠲᠡᠭᠦᠯᠳᠡᠷᠵᠢᠭᠦᠯᠦᠨ᠂ ᠰᠠᠭᠤᠭᠠᠯᠢ ᠠᠷᠠᠳ ᠤᠨ ᠢᠯᠴᠢ ᠤᠰᠤ ᠬᠡᠷᠡᠭᠯᠡᠬᠦ ᠶᠠᠰᠤ ᠴᠢᠨᠠᠷ ᠢ ᠪᠥᠳᠦᠮᠵᠢᠲᠠᠢ | ᠳᠡᠭᠡᠭᠰᠢᠯᠡᠭᠦᠯᠦᠨ᠎ᠡ᠃ ᠬᠠᠭᠤᠴᠢᠨ ᠳᠤᠭᠤᠷᠢᠭ ᠤᠨ ᠳᠦᠭᠦᠮ ᠪᠦᠳᠦᠴᠡᠳᠦ ᠤᠷᠤᠨ ᠰᠠᠭᠤᠴᠠ ᠶᠢ ᠥᠭᠡᠷᠡᠴᠢᠯᠡᠨ | ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠬᠠᠭᠤᠴᠢᠨ ᠰᠠᠭᠤᠭᠠᠯᠢ ᠳᠤᠭᠤᠷᠢᠭ ᠤᠨ ᠥᠭᠡᠷᠡᠴᠢᠯᠡᠯᠳᠡ ᠶᠢ ᠵᠡᠷᠭᠡᠪᠡᠷ | ᠰᠠᠶᠢᠳᠤᠷ ᠬᠢᠵᠦ᠂ ᠬᠤᠶᠠᠳᠤᠭᠠᠷ ᠲᠣᠭᠤᠷᠢᠭᠤᠯ ᠵᠠᠮ ᠠᠴᠠ ᠲᠤᠲᠤᠭᠰᠢᠬᠢ ᠪᠠᠶᠢᠰᠢᠩ ᠭᠡᠷ ᠲᠠᠢ ᠡᠷᠦᠬᠡ ᠶᠢᠨ | ᠣᠷᠤᠰᠢᠨ ᠰᠠᠭᠤᠬᠤ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠷᠢᠶᠠᠯᠠᠩ ᠤᠨ ᠪᠦᠳᠦᠭᠡᠭᠳᠡᠭᠦᠨ ᠤ | ᠠᠷᠠᠯᠵᠢᠶᠠᠨ ᠤ ᠵᠠᠬ᠎ᠠ ᠶᠢᠨ ᠳᠡᠰ ᠢ ᠳᠡᠭᠡᠭᠰᠢᠯᠡᠬᠦᠯᠵᠦ᠂ ᠯᠢᠦᠢ ᠰᠧ ᠳ᠋ᠠ ᠳ᠋ᠢ ᠲᠠᠷᠢᠶᠠᠯᠠᠩ ᠤᠨ ᠠᠷᠠᠯᠵᠢᠶᠠᠨ ᠤ ᠵᠠᠬ᠎ᠠ | ᠶᠢ ᠭᠤᠤᠯᠳᠠᠯᠭ᠎ᠠ ᠲᠠᠢ ᠪᠠᠶᠢᠭᠤᠯᠵᠤ᠂ ᠨᠡᠩ ᠰᠠᠶᠢᠨ ᠢᠶᠠᠷ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ | ᠬᠠᠩᠭᠠᠨ᠎ᠠ᠃ ᠬᠤᠭ ᠨᠣᠪᠰᠢ ᠶᠢ ᠰᠢᠢᠳᠪᠦᠷᠢᠯᠡᠬᠦ ᠳᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ | ᠠᠮᠢᠳᠤᠷᠠᠯ᠂ ᠡᠮᠨᠡᠯᠭᠡ ᠶᠢᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ | ᠠᠰᠢᠭᠯᠠᠨ᠎ᠠ᠃ ᠬᠤᠳᠡ ᠶᠢᠨ ᠤᠷᠤᠵᠤ ᠭᠠᠷᠬᠤ ᠵᠠᠮ᠂ ᠴᠢᠬᠤᠯᠠ ᠤᠷᠤᠨ ᠳᠤᠭᠤᠷᠢᠭ ᠤᠨ ᠨᠣᠭᠤᠭᠠᠷᠠᠭᠤᠯᠤᠯᠳᠠ ᠶᠢᠨ | ᠠᠵᠢᠯ ᠢ ᠰᠠᠶᠢᠳᠤᠷ ᠬᠢᠵᠦ᠂ ᠬᠤᠳᠡ ᠪᠠᠨ ᠨᠤᠭᠤᠭᠠᠷᠠᠭᠤᠯᠤᠨ ᠭᠤᠶᠤᠯᠢᠭᠵᠢᠭᠤᠯᠵᠤ᠂ ᠤᠯᠤᠰ ᠤᠨ ᠳᠡᠰ ᠤᠨ | ᠴᠡᠴᠡᠷᠯᠢᠭᠵᠢᠭᠰᠡᠨ ᠬᠤᠳᠡ ᠶᠢ ᠡᠭᠦᠳᠦᠨ᠎ᠡ᠃ ᠡᠨᠡ ᠵᠢᠯ ᠠᠴᠠ ᠡᠬᠢᠯᠡᠨ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠨᠢ ᠬᠤᠳᠡ ᠪᠠᠯᠭᠠᠰᠤ ᠶᠢᠨ ᠲᠦᠯᠦᠪᠵᠢᠭᠦᠯᠭᠡ ᠪᠠᠶᠢᠭᠤᠯᠤᠯᠳᠠ ᠬᠠᠮᠢᠶᠠᠷᠤᠯᠳᠠ ᠶᠢ ᠳᠡᠰ ᠳᠡᠪᠰᠢᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠡᠬᠢᠯᠠᠨ ᠬᠡᠷᠡᠭᠵᠢᠭᠦᠯᠦᠨ᠎ᠡ᠂ ᠪᠢᠳᠡ ᠴᠠᠭ ᠢ ᠠᠮᠵᠢᠨ ᠬᠡᠷᠡᠭᠵᠢᠭᠦᠯᠬᠦ ᠲᠦᠯᠦᠪᠯᠡᠭᠡ᠂ | ᠠᠵᠢᠯ ᠲᠥᠷᠥᠯ ᠤᠨ ᠲᠦᠯᠦᠪᠯᠡᠭᠡ᠂ ᠪᠦᠬᠦ ᠵᠢᠯ ᠤᠨ ᠲᠦᠯᠦᠪᠯᠡᠭᠡ ᠶᠢ ᠳᠣᠭᠳᠠᠭᠠᠵᠤ᠂ ᠪᠦᠬᠦ ᠬᠦᠴᠦ ᠪᠠᠷ ᠵᠣᠬᠢᠶᠠᠨ | ᠪᠠᠶᠢᠭᠤᠯᠤᠨ ᠬᠡᠷᠡᠭᠵᠢᠬᠦᠯᠵᠦ᠂ 2019 ᠤᠨ ᠳᠤ《 ᠥᠪᠡᠷᠮᠢᠴᠡ ᠣᠨᠴᠠᠯᠢᠭ ᠲᠠᠢ᠂ ᠠᠮᠢᠵᠢᠷᠠᠯ ᠤᠨ ᠬᠦᠴᠦᠨ ᠲᠠᠢ | ᠂ ᠠᠵᠢᠯᠯᠠᠵᠤ ᠠᠮᠢᠳᠤᠷᠠᠬᠤ ᠳᠤ ᠳᠣᠬᠢᠯᠢᠭ 》ᠰᠢᠨ᠎ᠡ ᠬᠡᠯᠪᠡᠷᠢ ᠶᠢᠨ ᠬᠤᠳᠡ ᠪᠠᠯᠭᠠᠰᠤ ᠪᠤᠯᠭᠠᠨ ᠪᠠᠶᠢᠭᠤᠯᠬᠤ ᠳᠠᠯ᠎ᠠ | ᠪᠠᠷ ᠶᠡᠭᠡ ᠠᠬᠢᠴᠠ ᠲᠠᠢ ᠪᠤᠯᠤᠨ᠎ᠠ᠃ ᠨᠠᠷᠢᠯᠢᠭᠵᠢᠭᠤᠯᠤᠭᠰᠠᠨ ᠬᠠᠮᠢᠶᠠᠷᠦᠯᠳᠡ ᠶᠢ ᠴᠢᠩᠭᠠᠳᠬᠠᠨ᠎ᠠ᠃ ᠳᠣᠭᠠᠴᠢᠯᠠᠭᠰᠠᠨ | ᠬᠤᠳᠠ ᠶᠢᠨ ᠬᠠᠮᠢᠶᠠᠷᠤᠯᠳᠠ ᠶᠢᠨ ᠶᠡᠷᠥᠩᠬᠡᠶᠢᠯᠡᠭᠰᠡᠨ ᠦᠢᠯᠡᠴᠢᠯᠡᠭᠡᠨ ᠤ ᠵᠢᠯᠤᠭᠤᠳᠬᠤ ᠲᠥᠪ ᠤᠨ ᠳᠠᠪᠴᠠᠩ ᠢ | ᠳᠦᠰᠢᠭᠯᠡᠨ᠂ ᠨᠡᠶᠢᠭᠡᠮ ᠳᠤᠭᠤᠷᠢᠭ ᠤᠨ ᠲᠣᠣᠷᠴᠢᠯᠠᠭᠰᠠᠨ ᠬᠠᠮᠢᠶᠠᠷᠤᠯᠳᠠ ᠶᠢᠨ ᠳᠣᠭᠳᠠᠯᠴᠠᠭ᠎ᠠ ᠶᠢ | ᠳᠡᠭᠦᠯᠳᠡᠷᠵᠢᠭᠦᠯᠦᠨ᠂ ᠬᠤᠳᠡ ᠶᠢᠨ ᠬᠠᠮᠢᠶᠠᠷᠤᠯᠳᠠ ᠶᠢᠨ ᠴᠢᠮᠡᠭᠡ ᠵᠠᠩᠭᠢᠴᠢᠯᠠᠯᠳᠠ ᠶᠢᠨ ᠳᠥᠪᠰᠢᠨ ᠢ | ᠳᠡᠭᠡᠭᠰᠢᠯᠡᠭᠦᠯᠦᠨ᠎ᠡ᠃ ᠲᠡᠷᠢᠭᠦᠨ ᠤ ᠭᠠᠵᠠᠷ ᠤᠷᠤᠨ ᠤ ᠳᠤᠷᠰᠢᠯᠭ᠎ᠠ ᠶᠢ ᠰᠤᠷᠤᠯᠴᠠᠨ ᠠᠰᠢᠭᠯᠠᠵᠤ᠂ ᠲᠤᠮᠤ ᠳᠤᠭ᠎ᠠ | ᠪᠠᠷᠢᠮᠳᠠ᠂ ᠪᠤᠳᠡᠰ ᠤᠨ ᠬᠠᠷᠢᠯᠴᠠᠭᠠᠨ ᠤ ᠰᠦᠯᠵᠢᠶ᠎ᠡ᠂ ᠡᠭᠦᠯᠡᠨ ᠪᠣᠳᠣᠯᠳᠠ ᠵᠡᠷᠭᠡ ᠰᠢᠨ᠎ᠡ ᠴᠢᠮᠡᠭᠡ ᠮᠡᠷᠭᠡᠵᠢᠯ ᠪᠠ | ᠬᠤᠳᠡ ᠶᠢᠨ ᠬᠠᠮᠢᠶᠠᠷᠤᠯᠳᠠ ᠦᠢᠯᠡᠴᠢᠯᠡᠭᠡᠨ ᠤ ᠠᠭᠤᠰᠣᠯᠴᠠᠭ᠎ᠠ ᠶᠢ ᠠᠬᠢᠭᠤᠯᠵᠤ᠂ ᠤᠶᠤᠨᠳᠤ ᠬᠤᠳᠡ ᠶᠢᠨ | ᠪᠠᠶᠢᠭᠤᠯᠤᠯᠳᠠ ᠶᠢ ᠠᠬᠢᠭᠤᠯᠵᠤ᠂ ᠤᠯᠤᠰ ᠤᠨ ᠳᠡᠰ ᠤᠨ ᠤᠶᠤᠨᠳᠤ ᠬᠤᠳᠡ ᠶᠢᠨ ᠳᠤᠷᠰᠢᠯᠳᠡ ᠶᠢᠨ ᠴᠡᠭ ᠲᠤ | ᠵᠢᠭᠰᠠᠭᠠᠨ᠎ᠠ᠃ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠭᠲᠠᠯᠴᠠᠭ᠎ᠠ ᠶᠢ ᠦᠷᠭᠦᠯᠵᠢᠯᠡᠨ ᠳᠡᠭᠦᠯᠳᠡᠷᠵᠢᠭᠦᠯᠵᠦ᠂ | 《 ᠡᠭᠦᠳᠡᠨ ᠡᠮᠦᠨᠡᠬᠢ ᠳᠦᠷᠪᠡ ᠶᠢ ᠳᠠᠭᠠᠭᠠᠴᠢᠯᠠᠬᠤ 》ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠦᠷᠢᠵᠢᠭᠤᠯᠤᠨ᠂ | ᠴᠠᠪᠡᠷᠯᠡᠭᠡᠨ ᠤ ᠳᠤᠨᠤᠭ ᠳᠦᠬᠦᠭᠡᠷᠦᠮᠵᠢ ᠶᠢ ᠳᠡᠭᠦᠯᠳᠡᠷᠵᠢᠭᠦᠯᠵᠦ᠂ ᠠᠳᠠᠯ ᠠᠬᠤᠢ ᠶᠢᠨ ᠬᠠᠮᠢᠶᠠᠷᠤᠯᠳᠠ ᠶᠢᠨ | ᠪᠥᠷᠬᠦᠴᠡ ᠶᠢ ᠥᠷᠭᠡᠳᠬᠡᠵᠦ᠂ ᠬᠤᠳᠡ ᠶᠢᠨ ᠬᠠᠮᠢᠶᠠᠷᠤᠯᠳᠠ ᠶᠢᠨ ᠪᠠᠲᠤᠯᠠᠭ᠎ᠠ ᠶᠢᠨ ᠬᠦᠴᠦᠨ ᠪᠠ ᠠᠵᠢᠯ ᠤᠨ | ᠨᠡᠶᠢᠯᠡᠮᠡᠯ ᠬᠦᠴᠦᠨ ᠢ ᠳᠠᠰᠤᠷᠠᠯᠳᠠ ᠦᠭᠡᠢ ᠴᠢᠩᠭᠠᠳᠬᠠᠨ᠎ᠠ᠃ ᠠᠷᠠᠳ ᠲᠦᠮᠠᠨ ᠤ ᠬᠤᠳᠡ ᠶᠢ ᠠᠷᠠᠳ ᠲᠦᠮᠡᠨ | ᠪᠠᠶᠢᠭᠤᠯᠵᠤ᠂ ᠠᠷᠠᠳ ᠲᠦᠮᠠᠨ ᠤ ᠬᠤᠳᠡ ᠶᠢ ᠠᠷᠠᠳ ᠲᠦᠮᠠᠨ ᠬᠠᠮᠢᠶᠠᠷᠬᠤ ᠶᠢ ᠪᠠᠷᠢᠮᠳᠠᠯᠠᠵᠤ᠂ ᠬᠤᠳᠡ ᠶᠢᠨ | ᠠᠷᠠᠳ ᠤᠨ ᠭᠤᠤᠯᠯᠠᠭᠴᠢ ᠪᠠᠶᠢᠷᠢ ᠰᠠᠭᠤᠷᠢ ᠶᠢ ᠬᠦᠢᠴᠡᠳ ᠬᠦᠨᠳᠦᠳᠬᠡᠵᠦ᠂ ᠬᠤᠳᠡ ᠶᠢᠨ ᠠᠷᠠᠳ ᠤᠨ ᠬᠤᠳᠡ | ᠶᠢᠨ ᠬᠥᠭᠵᠢᠯᠳᠡ ᠶᠢᠨ ᠠᠷᠭ᠎ᠠ ᠪᠤᠳᠤᠯᠭ᠎ᠠ ᠲᠤᠭᠲᠠᠭᠠᠬᠤ ᠳᠤ ᠣᠷᠤᠯᠴᠠᠬᠤ ᠡᠷᠭᠡ᠂ ᠪᠠᠶᠢᠳᠠᠯ ᠢ ᠦᠢᠯᠭᠠᠬᠤ ᠡᠷᠬᠡ | ᠪᠠ ᠬᠢᠨᠠᠯᠳᠠ ᠳᠠᠯᠪᠢᠬᠤ ᠡᠷᠬᠡ ᠶᠢ ᠬᠠᠮᠠᠭᠠᠯᠠᠵᠤ᠂ ᠬᠤᠳᠡ ᠶᠢᠨ ᠪᠠᠶᠢᠭᠤᠯᠤᠯᠳᠠ ᠬᠠᠮᠢᠶᠠᠷᠤᠯᠳᠠ ᠳᠤ ᠢᠳᠡᠪᠬᠢᠲᠠᠢ | ᠣᠷᠤᠯᠴᠠᠬᠤ ᠶᠢ ᠲᠠᠶᠢᠴᠢᠯᠠᠨ᠂ ᠨᠡᠶᠢᠭᠡᠮ ᠤᠨ ᠬᠠᠷᠢᠭᠤᠴᠠᠯᠭ᠎ᠠ ᠶᠢ ᠵᠤᠷᠢᠭᠲᠠᠢ ᠡᠭᠦᠷᠭᠡᠯᠡᠵᠤ᠂ ᠬᠤᠳᠡ ᠶᠢ ᠬᠠᠮᠳᠤᠪᠠᠷ | ᠪᠠᠶᠢᠭᠤᠯᠤᠨ ᠬᠠᠮᠳᠤᠪᠠᠷ ᠡᠳ᠋ᠯᠡᠬᠦ ᠶᠢ ᠪᠠᠶᠡᠯᠡᠬᠦᠯᠦᠨ᠎ᠡ᠃ | ᠬᠤᠶᠠᠷ ᠲᠤ ᠦᠵᠡᠰᠭᠦᠯᠡᠩᠳᠦ ᠰᠠᠶᠢᠬᠠᠨ ᠰᠢᠨ᠎ᠡ ᠮᠠᠯᠵᠢᠬᠤ ᠣᠷᠤᠨ ᠢ ᠪᠠᠶᠢᠭᠤᠯᠬᠤ ᠶᠢ | ᠴᠢᠩᠭᠠᠳᠬᠠᠨ᠎ᠠ᠃ ᠲᠦᠷᠦ ᠶᠢᠨ ᠪᠣᠳᠤᠯᠭ᠎ᠠ ᠶᠢ ᠳᠡᠭᠦᠯᠳᠡᠷᠵᠢᠭᠦᠯᠵᠦ᠂ ᠪᠡᠯᠡ ᠣᠷᠤᠭᠤᠯᠤᠯᠳᠠ ᠪᠠᠨ ᠶᠡᠬᠡᠰᠬᠡᠨ᠂ | ᠠᠷᠭ᠎ᠠ ᠪᠠᠷᠢᠯ ᠢᠶᠠᠨ ᠴᠢᠩᠭᠠᠳᠬᠠᠵᠦ᠂ ᠦᠵᠡᠰᠭᠦᠯᠡᠩᠳᠦ ᠰᠠᠶᠢᠬᠠᠨ ᠰᠢᠨ᠎ᠡ ᠮᠠᠯᠵᠢᠬᠤ ᠣᠷᠤᠨ ᠤ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠦᠵᠡᠰᠭᠦᠯᠡᠩᠳᠦ ᠰᠠᠶᠢᠬᠠᠨ ᠮᠠᠯᠵᠢᠬᠤ ᠣᠷᠤᠨ ᠢ ᠪᠠᠶᠢᠭᠤᠯᠬᠤ ᠶᠡᠷᠥᠩᠬᠡᠢ | ᠲᠦᠯᠦᠪᠵᠢᠭᠦᠯᠭᠡ ᠪᠠ ᠬᠡᠷᠡᠭᠵᠢᠭᠦᠯᠬᠦ ᠳᠦᠰᠦᠯ ᠢ ᠠᠯᠢ ᠬᠤᠷᠳᠤᠨ ᠢᠶᠠᠷ ᠰᠤᠳᠤᠯᠤᠨ ᠳᠤᠭᠳᠠᠵᠤ᠂ ᠰᠢᠨᠵᠢᠯᠡᠬᠦ | ᠤᠬᠠᠭᠠᠨᠴᠢ ᠪᠠᠷ ᠠᠵᠢᠯ ᠤᠨ ᠬᠠᠷᠠᠯᠳᠠ ᠳᠣᠭᠳᠠᠵᠤ᠂ ᠪᠦᠬᠦ ᠵᠢᠯ ᠤᠨ ᠡᠭᠦᠷᠭᠡ ᠪᠠ ᠶᠠᠪᠤᠭᠳᠠᠭᠤᠯᠬᠤ ᠠᠷᠭ᠎ᠠ ᠬᠡᠮᠵᠢᠶ᠎ᠡ | ᠶᠢ ᠨᠠᠷᠢᠨ ᠪᠣᠯᠭᠠᠵᠤ᠂ ᠰᠢᠨ᠎ᠡ ᠮᠠᠯᠵᠢᠬᠤ ᠤᠷᠤᠨ ᠤ ᠪᠠᠶᠢᠭᠤᠯᠤᠯᠳᠠ ᠶᠢᠨ ᠳᠡᠰ ᠳᠡᠪᠰᠢᠬᠤ ᠶᠢ ᠠᠬᠢᠭᠤᠯᠤᠨ᠎ᠠ᠃ | ᠮᠠᠯᠵᠢᠬᠤ ᠤᠷᠤᠨ ᠤ ᠰᠠᠭᠤᠷᠢ ᠳᠦᠭᠦᠭᠡᠷᠦᠮᠵᠢ ᠶᠢᠨ ᠪᠠᠶᠢᠭᠤᠯᠤᠯᠳᠠ ᠪᠠ ᠤᠷᠤᠰᠢᠨ ᠰᠠᠭᠤᠬᠤ ᠣᠷᠴᠢᠨ ᠢ | ᠰᠠᠶᠢᠵᠢᠷᠠᠭᠤᠯᠤᠭᠰᠠᠨ ᠦᠷ᠎ᠡ ᠪᠦᠳᠦᠮᠵᠢ ᠪᠠᠨ ᠪᠠᠬᠢᠵᠢᠭᠦᠯᠵᠦ᠂ ᠤᠷᠳᠤ ᠬᠤᠭᠤᠴᠠᠭᠠᠨ ᠤ ᠪᠦᠳᠦᠮᠵᠢᠳᠦ | ᠬᠠᠮᠢᠶᠠᠷᠤᠯᠳᠡ ᠶᠢᠨ ᠲᠤᠭᠲᠠᠯᠴᠠᠭ᠎ᠠ ᠶᠢ ᠪᠠᠶᠢᠭᠤᠯᠤᠨ ᠳᠡᠭᠦᠯᠳᠡᠷᠵᠢᠭᠦᠯᠵᠦ᠂ ᠥᠷᠭᠡᠨ ᠣᠯᠠᠨ ᠮᠠᠯᠴᠢᠳ ᠲᠤ ᠣᠷᠳᠣ | ᠬᠤᠭᠤᠴᠠᠭᠠᠨ ᠤ ᠠᠰᠢᠭ ᠬᠦᠷᠳᠡᠭᠡᠨ᠎ᠡ᠃ ᠮᠠᠯᠵᠢᠬᠤ ᠣᠷᠤᠨ ᠤ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ | ᠰᠤᠶᠤᠯ᠂ ᠨᠡᠶᠢᠭᠡᠮ ᠤᠨ ᠪᠠᠳᠤᠯᠠᠭ᠎ᠠ ᠵᠡᠷᠭᠡ ᠡᠯ᠎ᠡ ᠲᠥᠷᠥᠯ ᠤᠨ ᠨᠡᠶᠢᠭᠡᠮ ᠤᠨ ᠦᠢᠯᠡᠰ ᠢ ᠰᠠᠶᠢᠳᠤᠷ ᠠᠳᠬᠤᠵᠦ᠂ | ᠦᠨᠳᠦᠰᠦᠨ ᠣᠯᠠᠨ ᠨᠡᠶᠢᠳᠡ ᠶᠢᠨ ᠦᠢᠯᠡᠴᠢᠯᠡᠭᠡᠨ ᠤ ᠮᠠᠯᠵᠢᠬᠤ ᠣᠷᠤᠨ ᠳᠡᠰᠢ ᠦᠷᠭᠦᠯᠵᠢᠯᠡᠬᠦ ᠶᠢ ᠳᠠᠰᠤᠷᠠᠯᠳᠠ | ᠦᠭᠡᠢ ᠳᠦᠯᠬᠢᠨ ᠠᠬᠢᠭᠤᠯᠵᠤ᠂ ᠢᠳᠡᠭ ᠢᠳᠡᠭ ᠢᠶᠠᠷ ᠮᠠᠯᠴᠢᠨ ᠲᠦᠮᠡᠨ ᠤ ᠠᠵᠤ ᠵᠢᠷᠭᠠᠯ ᠤᠨ ᠬᠡᠮᠵᠢᠶ᠎ᠡ ᠶᠢ | ᠨᠡᠮᠡᠭᠳᠡᠭᠦᠯᠦᠨ᠎ᠡ᠃ ᠮᠠᠯᠵᠢᠬᠤ ᠣᠷᠣᠨ ᠤ ᠰᠤᠷᠠᠭ ᠵᠠᠩᠬᠢ ᠳᠤᠤᠷ ᠰᠦᠯᠵᠢᠶᠡᠨ ᠤ ᠪᠠᠶᠢᠭᠤᠯᠤᠯᠳᠠ ᠶᠢ ᠲᠦᠷᠭᠡᠳᠬᠡᠨ | ᠠᠬᠢᠭᠤᠯᠵᠤ᠂ ᠴᠠᠬᠢᠯᠭᠠᠨ ᠬᠤᠯᠪᠤᠭᠠᠨ ᠤ ᠨᠡᠶᠢᠳᠡᠮ ᠦᠢᠯᠡᠴᠢᠯᠡᠭᠡᠨ ᠤ ᠠᠵᠢᠯ ᠢ ᠠᠬᠢᠭᠤᠯᠵᠤ᠂ ᠮᠠᠯᠵᠢᠬᠤ ᠣᠷᠣᠨ ᠤ | ᠴᠢᠮᠡᠭᠡ ᠵᠠᠩᠭᠢᠴᠢᠯᠡᠯᠳᠡ ᠶᠢᠨ ᠳᠥᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠤᠷᠤᠨ ᠤ ᠤᠶᠤᠨ ᠤ ᠪᠣᠯᠪᠠᠰᠤᠨ ᠤ | ᠪᠠᠶᠢᠭᠤᠯᠤᠯᠳᠠ ᠶᠢ ᠬᠦᠴᠤᠯᠡᠨ ᠠᠳᠬᠤᠵᠤ᠂ ᠬᠦᠳᠡᠭᠡ ᠳᠤᠰᠬᠤᠨ ᠤ ᠪᠣᠯᠪᠠᠰᠤᠨ ᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠮᠠᠯᠵᠢᠬᠤ ᠤᠷᠤᠨ ᠤ ᠪᠣᠯᠪᠠᠰᠤᠨ ᠤ ᠬᠡᠮᠵᠢᠶ᠎ᠡ ᠶᠢ ᠳᠤᠤᠱᠲᠠᠢ ᠳᠡᠭᠡᠭᠰᠢᠯᠡᠭᠦᠯᠦᠨ᠎ᠡ᠃ | ᠭᠤᠷᠪᠡ ᠳᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ | ᠬᠤᠳᠠ ᠬᠦᠳᠡᠭᠡ ᠶᠢᠨ ᠬᠦᠭᠵᠢᠯᠳᠡ ᠶᠢᠨ ᠴᠢᠳᠠᠪᠦᠷᠢ ᠶᠢ ᠲᠡᠭᠡᠭᠰᠢᠯᠡᠬᠦᠯᠬᠦ ᠲᠤᠭᠤᠷᠢᠨ ᠳᠤ᠂ ᠮᠠᠨ ᠤ ᠬᠤᠳᠠ ᠶᠢᠨ | ᠠᠯᠣᠰ ᠢᠷᠡᠭᠡᠳᠦᠢ ᠶᠢᠨ ᠬᠦᠭᠵᠢᠯᠳᠡ ᠲᠠᠢ ᠬᠤᠯᠪᠤᠭᠳᠠᠬᠤ ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠲᠠᠯᠠᠪᠤᠷ᠂ | ᠴᠠᠬᠢᠯᠭᠠᠨ ᠲᠤᠤᠷ᠂ ᠣᠰᠣᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠬᠡ ᠴᠢᠬᠤᠯᠠ ᠶᠡᠭᠡ ᠰᠠᠭᠤᠷᠢ | ᠪᠦᠳᠦᠭᠡᠨ ᠪᠠᠶᠢᠭᠤᠯᠤᠯᠳᠠ ᠤᠨ ᠢᠨᠵᠧᠨᠧᠷᠢᠩ ᠢ ᠠᠬᠢᠭᠤᠯᠬᠤ ᠬᠡᠷᠡᠭᠳᠡᠢ᠃ ᠤᠯᠤᠰ ᠠᠴᠠ ᠪᠦᠳᠦᠮᠵᠢᠳᠡᠢ ᠪᠡᠯᠡ | ᠤᠷᠤᠭᠤᠯᠤᠯᠳᠠ ᠶᠢ ᠦᠷᠭᠡᠳᠬᠡᠬᠦ᠂ ᠲᠤᠮᠳᠠ ᠪᠠᠷᠠᠭᠤᠨ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠡᠶᠢᠭᠤᠯᠤᠯᠳᠠ ᠶᠢ ᠲᠡᠮᠵᠢᠬᠦ ᠪᠤᠯᠤᠨ ᠦᠪᠡᠷᠳᠡᠭᠡᠨ ᠵᠠᠰᠠᠬᠤ ᠣᠷᠣᠨ ᠤ ︽ᠲᠤᠯᠤᠭᠠᠨ ᠱᠤᠭᠤᠮ︾ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠬᠤ ᠠᠰᠢᠭᠳᠠᠢ ᠲᠤᠬᠢᠶᠠᠯ ᠢ ᠴᠢᠩᠭ᠎ᠠ ᠠᠳᠬᠤᠵᠦ᠂ ᠤᠷᠢᠳᠠᠪᠠᠷ ᠬᠡᠷᠡᠭᠵᠢᠬᠦᠯᠬᠦ᠂ ᠵᠦᠢᠳᠡᠢ | ᠪᠠᠶᠢᠷᠢᠯᠠᠭᠤᠯᠬᠤ᠂ ᠲᠤᠤᠷ ᠱᠣᠭᠤᠮ ᠢ ᠲᠡᠬᠦᠯᠳᠡᠷᠵᠢᠬᠦᠯᠬᠦ᠂ ᠴᠢᠨᠡᠷ ᠴᠢᠨᠰᠠᠭ᠎ᠠ ᠶᠢ ᠲᠡᠬᠡᠭᠰᠢᠯᠡᠬᠦᠯᠬᠦ ᠵᠠᠷᠴᠢᠮ ᠶᠤᠰᠤᠭᠠᠷ | ᠂ ᠬᠦᠨᠵᠡᠭᠡᠢ ᠰᠣᠳᠣᠯᠵᠣ ᠠᠷᠭ᠎ᠠ ᠰᠦᠪᠡᠭᠴᠢᠯᠡᠨ᠂ ᠡᠷᠳᠡᠬᠡᠨ ᠬᠠᠷᠢᠯᠴᠠᠵᠤ᠂ ᠮᠠᠨ ᠤ ᠬᠤᠳᠠ ᠶᠢᠨ ᠨᠠᠩ ᠤᠯᠠᠨ | ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠤᠯᠤᠰ ᠪᠤᠯᠤᠨ ᠦᠪᠡᠷᠳᠡᠭᠡᠨ ᠵᠠᠰᠠᠬᠤ ᠣᠷᠣᠨ ᠤ ᠶᠡᠭᠡ | ᠲᠦᠯᠦᠪᠵᠢᠬᠦᠯᠬᠡ ᠳᠤ ᠣᠷᠣᠭᠤᠯᠬᠤ ᠪᠠᠷ ᠴᠢᠷᠮᠡᠶᠢᠬᠤ ᠭᠡᠷᠡᠭᠳᠡᠢ᠃ ᠡᠨᠡ ᠵᠢᠯ ᠠᠶᠢᠮᠠᠭ ᠠᠴᠠ ᠰᠠᠭᠤᠷᠢ | ᠲᠦᠬᠦᠭᠡᠷᠦᠮᠵᠢ ᠶᠢᠨ ᠬᠦᠷᠢᠶ᠎ᠡ ᠬᠡᠪᠴᠢᠶᠠᠨ ᠳᠤ 315 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ | ᠲᠦᠯᠤᠪᠯᠡᠵᠤ ᠪᠠᠶᠢᠨ᠎ᠠ᠂᠂ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠪᠬᠢᠳᠡᠢ ᠪᠠᠷ ᠬᠠᠷᠢᠴᠠᠵᠤ᠂ ᠰᠠᠨᠠᠭᠠᠴᠢᠯᠠᠭ᠎ᠠ ᠲᠠᠢ | ᠠᠵᠢᠯᠯᠠᠵᠤ᠂ ᠰᠢᠯᠢ ᠶᠢᠨ ᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠬᠤᠷᠳᠤᠴᠠᠳᠤ ᠲᠡᠮᠦᠷ ᠵᠠᠮ᠂ | ᠰᠢᠯᠢ ᠶᠢᠨ ᠬᠤᠳᠠ ᠶᠢᠨ ᠨᠢᠰᠭᠡᠯ ᠤᠨ ᠲᠠᠯᠠᠪᠤᠷ ᠤᠨ ᠦᠷᠭᠡᠳᠭᠡᠨ ᠪᠠᠶᠢᠭᠤᠯᠬᠤ ᠵᠡᠷᠬᠡ ᠭᠤᠤᠯᠳᠠᠯᠭ᠎ᠠ ᠲᠠᠢ ᠵᠠᠮ | ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢ ᠠᠭᠢᠭᠤᠯᠵᠤ᠂ ᠴᠢᠬᠤᠯᠠ ᠠᠬᠢᠴᠠ ᠲᠠᠢ ᠪᠤᠯᠭᠠᠬᠤ ᠪᠠᠷ ᠴᠢᠷᠮᠠᠶᠢᠨ᠎ᠠ᠃ | | ︵ᠲᠦᠷᠪᠡ︶ ᠠᠮᠢ ᠠᠬᠤᠢ ᠣᠷᠴᠢᠨ ᠲᠤᠭᠤᠷᠢᠨ ᠢ ᠶᠡᠭᠡ ᠬᠦᠴᠦᠨ ᠪᠠᠷ ᠰᠠᠶᠢᠵᠢᠷᠠᠭᠤᠯᠤᠨ᠂ | ᠭᠦᠭᠵᠢᠯᠳᠡ ᠶᠢ ᠪᠠᠳᠣᠯᠠᠬᠤ ᠴᠢᠳᠠᠪᠦᠷᠢ ᠶᠢ ᠨᠡᠮᠡᠭᠳᠡᠭᠦᠯᠤᠨ᠎ᠡ᠃ ᠣᠷᠣᠭᠤᠯᠣᠯᠳᠠ ᠪᠠᠨ ᠶᠡᠭᠡᠳᠭᠡᠵᠦ᠂ ᠠᠷᠭ᠎ᠠ ᠬᠡᠮᠵᠢᠶ᠎ᠡ | ᠪᠠᠨ ᠪᠠᠬᠢᠵᠢᠭᠦᠯᠦᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠦᠳᠦᠭᠡᠨ ᠪᠡᠶᠢᠭᠤᠯᠤᠯᠳᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠶᠡᠬᠡᠳᠬᠡᠨ᠂ ᠮᠠᠨ | ᠤ ᠤᠯᠤᠰ ᠤᠨ ᠤᠮᠠᠷᠠᠳᠣ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠣᠵᠢᠭᠤᠯᠬᠤ | ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ ᠬᠡᠷᠡᠭᠳᠡᠢ᠃ ᠨᠢᠭᠡ ᠲᠠᠯ᠎ᠠ ᠪᠠᠷ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠪᠠ ᠪᠦᠳᠦᠭᠡᠨ ᠪᠡᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠭᠤᠤᠯ ᠴᠣᠭᠴᠠ ᠶᠢᠨ ᠴᠢᠳᠠᠮᠵᠢ ᠶᠢᠨ | ᠲᠤᠭᠤᠷᠢᠭ ᠤᠨ ᠲᠦᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠷᠢᠨ ᠬᠢᠨᠠᠮᠠᠭᠠᠢ ᠪᠠᠷ ᠡᠯ᠎ᠡ ᠲᠦᠷᠦᠯ ᠤᠨ | ᠠᠮᠢ ᠠᠬᠤᠢ ᠤᠨ ᠪᠤᠯᠪᠠᠰᠤᠨ ᠤ ᠲᠦᠷᠢᠮ ᠢ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠨᠦᠭᠦᠪᠦᠷᠢ ᠱᠠᠩᠨᠠᠯ ᠤᠨ ᠲᠤᠭᠳᠠᠴᠠ ᠶᠢ ᠨᠠᠶᠢᠳᠠᠪᠤᠷᠢᠵᠢᠭᠤᠯᠤᠨ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠰᠢᠯᠢᠨ ᠨᠠᠭᠤᠷ᠂ ᠨᠤᠭᠤ ᠭᠠᠵᠠᠷ ᠤᠨ ᠠᠮᠢ ᠠᠬᠤᠢ ᠶᠢᠨ | ᠰᠢᠰᠲ᠋ᠧᠮ ᠢ ᠵᠠᠰᠠᠬᠤ ᠵᠠᠷᠭᠡ ᠭᠤᠤᠯᠳᠠᠯᠭᠠᠳᠤ ᠠᠮᠢ ᠠᠬᠤᠢ ᠶᠢᠨ ᠪᠦᠳᠦᠭᠡᠨ ᠪᠡᠶᠢᠭᠤᠯᠤᠯᠳᠠ ᠶᠢᠨ ᠢᠨᠵᠧᠨᠧᠷᠢᠩ ᠢ | ᠦᠷᠭᠦᠯᠵᠢᠯᠡᠨ ᠰᠠᠶᠢᠳᠣᠷ ᠬᠡᠷᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠢ ᠵᠠᠰᠡᠨ ᠰᠠᠶᠢᠵᠢᠷᠠᠭᠤᠯᠬᠤ | ᠠᠵᠢᠯ ᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠣᠵᠢᠭᠤᠯᠬᠤ ᠬᠡᠷᠡᠭᠳᠡᠢ᠃ ᠮᠠᠯ | ᠡᠪᠡᠰᠦ ᠶᠢᠨ ᠲᠡᠩᠴᠡᠭᠦᠷᠢ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠡᠨ ᠬᠠᠮᠢᠶᠠᠷᠦᠯᠳᠠ ᠪᠠᠨ | ᠴᠢᠩᠭᠠᠳᠬᠠᠨ᠂ ᠮᠠᠯᠴᠢᠳ ᠤᠨ ᠣᠶᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠬᠤ ᠶᠢ ᠬᠦᠳᠦᠯᠦᠨ | ᠲᠠᠭᠠᠭᠤᠯᠵᠤ᠂ ᠪᠡᠯᠴᠢᠭᠡᠷ ᠢ ᠰᠢᠭᠤᠳ ᠠᠰᠢᠭᠯᠠᠨ ᠬᠡᠷᠡᠭᠯᠡᠬᠦ ᠶᠢ ᠪᠠᠭᠠᠰᠬᠠᠵᠤ᠂ ᠬᠠᠳᠤᠯᠠᠩ ᠪᠡᠯᠴᠢᠭᠡᠷ ᠢ | ᠡᠷᠴᠢᠮᠵᠢᠭᠦᠯᠤᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠤᠳᠤᠭ ᠪᠡᠯᠴᠢᠭᠡᠷ ᠤᠨ ᠡᠷᠬᠡ ᠶᠢ | ᠲᠤᠳᠤᠷᠬᠠᠶᠢᠯᠠᠵᠤ ᠦᠨᠡᠮᠯᠡᠯ ᠤᠯᠭᠤᠬᠤ ᠠᠵᠢᠯ ᠢ ᠪᠦᠬᠦ ᠲᠠᠯ᠎ᠠ ᠪᠠᠷ ᠬᠦᠢᠴᠡᠳᠬᠡᠵᠦ᠂ ᠨᠤᠳᠤᠭ ᠪᠡᠯᠴᠢᠭᠡᠷ ᠤᠨ | ᠲᠠᠭᠠᠭᠠᠴᠢᠯᠠᠯᠳᠠ ᠡᠵᠡᠩᠨᠠᠯᠳᠠ ᠶᠢᠨ ᠡᠷᠬᠡ ᠶᠢ ᠰᠢᠯᠵᠢᠭᠦᠯᠦᠨ ᠦᠭᠴᠦ ᠲᠤᠭᠢᠷᠠᠭᠤᠯᠬᠤ ᠶᠠᠪᠤᠴᠠ ᠪᠤᠯᠤᠨ ᠦᠢᠯᠨ | ᠠᠵᠢᠯᠯᠠᠭ᠎ᠠ ᠶᠢ ᠬᠠᠣᠯᠢ ᠶᠤᠰᠤᠭᠠᠷ ᠲᠦᠷᠢᠮᠵᠢᠬᠦᠯᠵᠦ᠂ ᠭᠠᠵᠠᠷ ᠰᠢᠷᠦᠢ ᠬᠠᠳᠤᠯᠠᠩ ᠤᠨ ᠦᠮᠴᠢᠯᠡᠬᠦ ᠡᠷᠭᠡ᠂ | ᠲᠠᠭᠠᠭᠠᠴᠢᠯᠠᠬᠤ ᠡᠷᠭᠡ᠂ ᠡᠵᠡᠭᠨᠡᠬᠦ ᠡᠷᠭᠡ ᠵᠡᠷᠭᠡ ᠭᠤᠷᠪᠡᠨ ᠡᠷᠭᠡ ᠶᠢ ᠬᠤᠪᠢᠶᠠᠨ ᠲᠤᠭᠢᠷᠠᠭᠤᠯᠬᠤ ᠶᠢ ᠢᠳᠡᠪᠬᠢᠳᠠᠢ | ᠠᠬᠢᠭᠤᠯᠵᠤ᠂ ᠲᠠᠯ᠎ᠠ ᠨᠤᠳᠤᠭ ᠤᠨ ᠡᠬᠢ ᠰᠤᠷᠪᠤᠯᠵᠢ ᠶᠢᠨ ᠠᠰᠢᠭᠯᠠᠯᠳᠠ ᠶᠢᠨ ᠨᠤᠷᠮ᠎ᠡ ᠶᠢ ᠲᠡᠭᠡᠭᠰᠢᠯᠡᠬᠦ ᠬᠡᠷᠡᠭᠳᠡᠢ᠃ | ᠨᠦᠭᠦᠭᠡ ᠲᠠᠯ᠎ᠠ ᠪᠠᠷ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠯᠳᠠ ᠶᠢ ᠴᠢᠩᠭᠠᠳᠬᠠᠬᠤ ᠬᠡᠷᠡᠭᠳᠡᠢ᠃ ᠪᠤᠭᠤᠮᠳᠠ | ᠶᠢ ᠴᠢᠩᠭ᠎ᠠ ᠰᠠᠬᠢᠵᠤ᠂ ᠲᠦᠷᠦᠯ ᠵᠦᠢᠯ ᠢ ᠬᠢᠨᠡᠨ ᠵᠦᠪᠰᠢᠶᠡᠷᠡᠬᠦ ᠪᠠᠷᠢᠮᠵᠢᠶ᠎ᠠ ᠶᠢ ᠲᠡᠭᠡᠭᠰᠢᠯᠡᠭᠦᠯᠵᠦ᠂ ᠪᠤᠬᠢᠷᠳᠦᠯ | ᠶᠡᠭᠡᠳᠡᠢ ᠠᠵᠦ ᠣᠶᠢᠯᠠᠰ ᠢ ᠡᠷᠡᠰ ᠬᠢᠵᠠᠭᠠᠷᠯᠠᠬᠤ ᠬᠡᠷᠡᠭᠳᠡᠢ᠃ ᠠᠭᠤᠷᠬᠠᠢ ᠶᠢᠨ ᠤᠷᠤᠨ ᠤ ᠠᠮᠢ ᠠᠬᠤᠢ ᠤᠷᠴᠢᠨ | ᠲᠤᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠵᠦ ᠠᠬᠤᠶᠢᠯᠠᠯ ᠢ ᠱᠠᠭᠠᠷᠳᠠᠨ ᠪᠡᠯᠡ ᠮᠥᠩᠭᠦ | ᠪᠠᠨ ᠨᠠᠶᠢᠳᠠᠪᠦᠷᠢᠵᠢᠭᠤᠯᠵᠤ᠂ ᠠᠷᠭ᠎ᠠ ᠬᠡᠮᠵᠢᠶ᠎ᠠ ᠪᠠᠨ ᠲᠡᠭᠦᠯᠳᠡᠷᠵᠢᠭᠦᠯᠦᠨ᠂ ᠠᠭᠤᠷᠬᠠᠢ ᠶᠢᠨ ᠨᠡᠭᠡᠭᠡᠯᠳᠡ ᠶᠢᠨ ᠠᠮᠢ | ᠠᠬᠤᠢ ᠣᠷᠴᠢᠨ ᠲᠤᠭᠤᠷᠢᠨ ᠳᠠᠬᠢ ᠨᠦᠯᠤᠭᠡᠯᠡᠯ ᠢ ᠬᠠᠮᠤᠭ ᠲᠤᠤᠷ᠎ᠠ ᠪᠤᠯᠭᠠᠬᠤ ᠪᠠᠷ ᠴᠢᠷᠮᠠᠶᠢᠨ᠎ᠠ᠃ ᠭᠤᠤᠯᠳᠠᠯᠭᠠᠳᠤ | ᠠᠵᠢᠯ ᠲᠦᠷᠦᠯ ᠠᠵᠦ ᠠᠬᠤᠶᠢᠯᠠᠯ ᠤᠨ ᠡᠨᠧᠷᠬᠢ ᠠᠷᠪᠢᠯᠠᠬᠤ ᠮᠡᠷᠭᠡᠵᠢᠯ ᠤᠨ ᠦᠭᠡᠷᠡᠴᠢᠯᠡᠯᠳᠡ ᠶᠢ ᠴᠢᠩᠭᠠᠳᠬᠠᠵᠦ᠂ | ᠪᠤᠵᠠᠷ ᠤᠰᠤ ᠭᠠᠳᠠᠭᠰᠢᠯᠠᠭᠤᠯᠬᠤ ᠪᠤᠯᠤᠨ ᠠᠭᠠᠷ ᠮᠠᠨᠳᠣᠯ ᠤᠨ ᠪᠤᠭᠢᠷᠳᠤᠯ ᠢ ᠵᠠᠰᠠᠬᠤ ᠬᠦᠴᠦᠯᠡᠴᠡ ᠶᠢ ᠶᠡᠬᠡᠰᠭᠡᠵᠦ᠂ | ᠪᠦᠬᠦ ᠵᠢᠯ ᠤᠨ ᠡᠨᠧᠷᠬᠢ ᠠᠷᠪᠢᠯᠠᠬᠤ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠ ᠪᠠᠨ ᠪᠡᠶᠡᠯᠡᠭᠦᠯᠬᠦ ᠶᠢ ᠪᠠᠳᠣᠯᠠᠨ᠎ᠠ | ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠠᠷᠭ᠎ᠠ ᠪᠠᠷᠢᠯ ᠢ ᠨᠠᠶᠢᠳᠠᠪᠦᠷᠢᠵᠢᠭᠤᠯᠵᠤ᠂ | ᠬᠤᠶᠠᠳᠣᠭᠠᠷ ᠤᠰᠤᠨ ᠤ ᠡᠬᠢ ᠰᠣᠷᠪᠤᠯᠵᠢ ᠶᠢᠨ ᠭᠠᠵᠠᠷ ᠤᠨ ᠨᠠᠭᠡᠭᠡᠯᠳᠡ ᠪᠤᠯᠤᠨ ᠬᠤᠶᠠᠳᠣᠭᠠᠷ ᠣᠰᠣᠨ ᠤ | ᠣᠶᠢᠯᠡᠳᠪᠦᠷᠢ ᠶᠢᠨ ᠪᠠᠶᠢᠭᠤᠯᠤᠯᠳᠠ ᠶᠢ ᠦᠷᠭᠡᠳᠭᠡᠨ᠂ ᠲᠦᠷᠢᠮ ᠠᠴᠠ ᠵᠦᠷᠢᠴᠡᠵᠦ ᠮᠠᠯᠳᠠᠭᠰᠠᠨ ᠬᠤᠳᠳᠤᠭ ᠢ | ᠴᠡᠭᠴᠡᠯᠡᠨ ᠵᠠᠰᠠᠵᠤ᠂ ᠭᠠᠵᠠᠷ ᠲᠤᠤᠷᠠᠬᠢ ᠤᠰᠤᠨ ᠤ ᠠᠰᠢᠭᠯᠠᠯᠲᠠ ᠶᠢ ᠴᠠᠭᠠᠵᠠᠯᠠᠬᠤ ᠤᠷᠤᠨ ᠪᠠ ᠬᠢᠵᠠᠭᠠᠷᠯᠠᠬᠤ | ᠤᠷᠤᠨ ᠵᠢᠴᠢ ᠭᠠᠵᠠᠷ ᠤᠨ ᠭᠠᠳᠠᠷᠭᠤ ᠲᠤᠷᠤᠭᠰᠢᠯᠠᠬᠤ ᠶᠢ ᠬᠢᠵᠠᠭᠠᠷᠯᠠᠬᠤ ᠤᠷᠤᠨ ᠢ ᠬᠤᠪᠢᠶᠠᠷᠢᠯᠡᠨ ᠲᠤᠭᠳᠠᠭᠠᠬᠤ | ᠠᠵᠢᠯ ᠢ ᠪᠡᠶᠡᠯᠡᠬᠦᠯᠵᠦ᠂ ︽ᠤᠭᠳᠤ ᠠᠭᠤᠴᠢᠯᠠᠬᠤ ᠦᠬᠡᠢ︾ ᠤᠪᠤᠷ ᠢᠶᠠᠷ ᠡᠯ᠎ᠡ ᠲᠦᠷᠦᠯ ᠤᠨ ᠤᠷᠴᠢᠨ ᠲᠤᠭᠤᠷᠢᠨ | ᠤ ᠬᠠᠤᠯᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠬᠡᠵᠦ᠂ ᠠᠷᠠᠳ ᠲᠦᠮᠠᠨ ᠤ ᠲᠤᠰᠬᠠᠯ ᠶᠡᠭᠡᠳᠡᠢ ᠣᠷᠴᠢᠨ | ᠲᠤᠭᠤᠷᠢᠨ ᠤ ᠲᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠤᠷᠢᠯᠡᠨ᠎ᠡ᠃ | ︵ᠲᠠᠪᠤ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠬᠦᠴᠦᠯᠡᠨ ᠪᠠᠳᠣᠯᠠᠵᠤ᠂ ᠡᠯ᠎ᠡ | ᠦᠨᠳᠦᠰᠦᠳᠡᠨ ᠤ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠤᠨ᠎ᠡ᠃ ︽ᠬᠤᠷᠢᠭ᠎ᠠ ᠱᠣᠭᠤᠮ ᠢ ᠰᠠᠬᠢᠵᠤ᠂ | ᠭᠤᠤᠯᠳᠠᠯᠭ᠎ᠠ ᠶᠢ ᠲᠤᠪᠤᠶᠢᠯᠭᠠᠨ᠂ ᠲᠦᠷᠢᠮ ᠢ ᠲᠡᠭᠦᠯᠳᠡᠷᠵᠢᠬᠦᠯᠵᠦ᠂ ᠶᠠᠷᠢᠶ᠎ᠠ ᠬᠡᠯᠡᠯᠴᠡᠭᠡ ᠶᠢ ᠣᠳᠣᠷᠢᠳᠬᠤ︾ | ᠦᠨᠳᠦᠰᠦᠨ ᠰᠡᠳᠬᠢᠴᠡ ᠶᠢ ᠪᠠᠷᠢᠮᠳᠠᠯᠠᠵᠤ᠂ ᠠᠷᠠᠳ ᠲᠤ ᠲᠣᠰᠠᠳᠠᠢ ᠠᠵᠢᠯ ᠢ ᠢᠯᠡᠬᠦᠭᠡᠨ ᠬᠢᠵᠦ᠂ ᠠᠷᠠᠳ ᠤᠨ | ᠠᠮᠢᠳᠣᠷᠠᠯ ᠤᠨ ᠠᠵᠢᠯ ᠢ ᠪᠤᠳᠠᠳᠠᠢ ᠰᠠᠶᠢᠨ ᠬᠢᠨ᠎ᠡ᠃ ᠨᠢᠭᠡ ᠳᠤ ᠶᠠᠳᠠᠭᠤ ᠠᠴᠠ ᠠᠩᠭᠢᠵᠢᠷᠠᠭᠰᠡᠨ ᠦᠷ᠎ᠡ ᠪᠦᠳᠦᠭᠡᠯ | ᠢᠶᠠᠨ ᠪᠠᠬᠢᠵᠢᠬᠦᠯᠬᠦ ᠬᠡᠷᠡᠭᠳᠡᠢ᠃ ᠦᠩᠭᠡᠷᠡᠭᠰᠡᠨ ᠵᠢᠯ᠂ ᠮᠠᠨ ᠤ ᠬᠤᠳᠠ ᠨᠢ ᠪᠦᠬᠦ ᠠᠶᠢᠮᠠᠭ ᠲᠤ ᠶᠠᠳᠠᠭᠤ ᠠᠴᠠ | ᠠᠩᠬᠢᠵᠢᠷᠠᠭᠤᠯᠬᠤ ᠡᠭᠦᠷᠬᠡ ᠶᠢ ᠡᠩ ᠲᠡᠷᠢᠭᠦᠨ ᠳᠤ ᠪᠡᠶᠡᠯᠡᠬᠦᠯᠬᠦ ᠬᠠᠷᠠᠯᠳᠠ ᠶᠢ ᠦᠨᠳᠣᠰᠦᠨ ᠳᠤ ᠪᠠᠨ ᠪᠡᠶᠡᠯᠡᠬᠦᠯᠪᠡ᠃ | ᠡᠨᠡ ᠵᠢᠯ ᠪᠢᠳᠠ ︽ᠠᠩᠬ᠎ᠠ ᠠᠯᠬᠤᠮ ᠶᠠᠳᠠᠭᠤ ᠠᠴᠠ ᠠᠩᠬᠢᠵᠢᠷᠠᠭᠤᠯᠵᠤ᠂ ᠦᠷᠭᠦᠯᠵᠢᠯᠡᠨ ᠬᠠᠪᠰᠣᠷᠣᠨ ᠲᠡᠳᠬᠦᠬᠦ︾ | ᠵᠠᠷᠴᠢᠮ ᠶᠤᠰᠤᠭᠠᠷ᠂ ᠲᠦᠷᠪᠡᠨ ᠶᠡᠭᠡ ᠣᠳᠣᠷᠢᠳᠬᠤ ᠪᠠᠭ ᠰᠤᠮᠤ ᠪᠠᠯᠭᠠᠰᠤ ᠲᠠᠯᠠᠪᠠᠢ ᠶᠢ ᠲᠠᠭᠠᠭᠠᠴᠢᠯᠠᠨ | ᠬᠠᠪᠰᠣᠷᠬᠤ ᠲᠤᠭᠳᠠᠴᠠ ᠶᠢ ᠬᠡᠷᠡᠭᠵᠢᠭᠦᠯᠵᠦ᠂ ︽ᠨᠢᠭᠡᠳᠦᠭᠡᠷ ᠱᠦᠵᠢ︾ ᠶᠢᠨ ᠣᠶᠢᠯᠡᠳᠦᠯ ᠢ ᠰᠠᠶᠢᠳᠤᠷ | ᠪᠠᠳᠠᠷᠠᠭᠤᠯᠤᠨ᠂ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ | ᠠᠬᠢᠭᠤᠯᠵᠤ᠂ ᠵᠤᠭᠠᠴᠠᠯ᠂ ᠰᠦᠯᠵᠢᠶ᠎ᠡ ᠬᠤᠳᠠᠯᠳᠤᠭ᠎ᠠ᠂ ᠴᠠᠬᠢᠯᠭᠠᠨ ᠸᠤᠯᠲ ᠵᠡᠷᠭᠡ ᠰᠢᠨ᠎ᠡ ᠬᠡᠯᠪᠡᠷᠢ ᠶᠢᠨ ᠶᠠᠳᠠᠭᠤ ᠶᠢ | ᠲᠡᠳᠬᠦᠬᠦ ᠲᠤᠷᠰᠢᠯᠳᠡ ᠶᠢᠨ ᠴᠡᠭ ᠤᠨ ᠠᠵᠢᠯ ᠢ ᠰᠦᠪᠡᠭᠴᠢᠯᠡᠨ᠂ ︽ᠺᠤᠮᠫᠠᠨᠢ + ᠮᠠᠯᠴᠢᠨ ᠡᠷᠦᠬᠡ︾ ᠶᠢᠨ ︽ | ᠨᠢᠭᠡᠳᠦᠯᠳᠡᠢ ᠵᠢᠭᠡᠯᠡᠵᠦ᠂ ᠨᠢᠭᠡᠳᠦᠯᠳᠡᠢ ᠪᠤᠴᠠᠭᠠᠬᠤ︾ ᠰᠢᠨ᠎ᠠ ᠬᠡᠯᠪᠡᠷᠢ ᠶᠢ ᠪᠠᠶᠢᠭᠤᠯᠤᠨ᠂ ᠶᠠᠳᠠᠭᠤ ᠠᠴᠠ | ᠠᠩᠬᠢᠵᠢᠷᠠᠬᠤ ᠡᠷᠦᠬᠡ ᠪᠤᠯᠤᠨ ᠶᠠᠳᠠᠭᠤ ᠬᠦᠴᠢᠷᠳᠡᠯᠳᠡᠢ ᠡᠷᠦᠭᠡ ᠳᠤ ᠨᠠᠷᠢᠨ ᠤᠨᠤᠪᠴᠢᠳᠠᠢ ᠲᠡᠮᠵᠢᠯᠭᠡ ᠪᠠ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠠᠪᠤᠭᠤᠯᠵᠤ᠂ ᠶᠠᠳᠠᠭᠤ ᠠᠴᠠ ᠲᠦᠷᠭᠡᠨ ᠠᠩᠭᠢᠵᠢᠷᠠᠭᠰᠡᠨ ᠤ ᠲᠠᠷᠠᠭ᠎ᠠ ᠶᠠᠳᠠᠭᠤ | ᠳᠤ ᠲᠠᠬᠢᠨ ᠲᠦᠷᠭᠡᠨ ᠪᠤᠴᠠᠬᠤ ᠠᠴᠠ ᠰᠡᠷᠭᠡᠶᠢᠯᠡᠬᠦ ᠬᠡᠷᠡᠭᠳᠡᠢ᠃ ᠬᠤᠶᠠᠷ ᠲᠤ ᠤᠶᠢᠯᠡᠰ ᠪᠤᠰᠬᠠᠬᠤ ᠠᠵᠢᠯ ᠣᠯᠭᠤᠬᠤ | ᠠᠵᠢᠯ ᠢ ᠰᠠᠶᠢᠳᠣᠷ ᠬᠢᠬᠦ ᠬᠡᠷᠡᠭᠳᠡᠢ᠃ ᠣᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠠᠷᠠᠳ | ᠠᠴᠠ ᠡᠵᠡᠩᠨᠡᠭᠰᠡᠨ ᠠᠵᠦ ᠠᠬᠤᠶᠢᠯᠠᠯ᠂ ᠲᠤᠮᠳᠠ ᠪᠠᠭ᠎ᠠ ᠠᠵᠦ ᠠᠬᠤᠶᠢᠯᠠᠯ ᠤᠨ ᠬᠦᠭᠵᠢᠯᠳᠡ ᠶᠢ ᠶᠡᠭᠡ ᠬᠦᠴᠦᠨ ᠪᠠᠷ | ᠲᠡᠮᠵᠢᠵᠦ᠂ ᠠᠵᠦ ᠠᠬᠤᠶᠢᠯᠠᠯ ᠤᠨ ᠠᠵᠢᠯ ᠤᠯᠭᠤᠯᠳᠠ ᠶᠢ ᠲᠠᠳᠠᠬᠤ ᠲᠠᠯᠳᠠ ᠴᠢᠳᠠᠪᠤᠷᠢ ᠶᠢ ᠪᠠᠳᠠᠷᠠᠭᠤᠯᠤᠨ᠎ᠠ᠃ | ᠠᠵᠢᠯ ᠮᠡᠷᠭᠡᠵᠢᠯ ᠤᠨ ᠪᠤᠯᠪᠠᠰᠣᠷᠠᠯ ᠪᠤᠯᠤᠨ ᠠᠵᠢᠯ ᠤᠯᠭᠤᠬᠤ ᠣᠶᠢᠯᠠᠴᠢᠯᠡᠭᠡ ᠶᠢ ᠴᠢᠩᠭᠠᠳᠬᠠᠵᠤ᠂ ᠬᠤᠳᠠ | ᠪᠠᠯᠭᠠᠰᠣᠨ ᠤ ᠠᠵᠢᠯ ᠣᠯᠬᠤ ᠳᠤ ᠬᠦᠴᠢᠷᠳᠡᠢ ᠬᠦᠮᠦᠰ᠂ ᠬᠤᠳᠠ ᠳᠤ ᠣᠷᠣᠭᠰᠡᠨ ᠮᠠᠯᠴᠢᠳ᠂ ᠲᠡᠭᠡᠳᠦ | ᠰᠣᠷᠭᠠᠭᠤᠯᠢ ᠠᠴᠠ ᠲᠡᠭᠦᠰᠦᠭᠰᠡᠨ ᠰᠣᠷᠣᠭᠴᠢ ᠶᠢᠨ ᠠᠵᠢᠯ ᠤᠯᠭᠤᠯᠳᠠ ᠶᠢ ᠨᠢᠭᠡᠳᠦᠯᠳᠡᠢ ᠲᠦᠯᠦᠪᠯᠡᠨ ᠰᠠᠶᠢᠳᠣᠷ | ᠬᠢᠵᠦ᠂ ᠲᠣᠭᠳᠠᠭᠤᠨ ᠠᠵᠢᠯ ᠣᠯᠭᠤᠯᠳᠠ ᠶᠢ ᠠᠬᠢᠭᠤᠯᠤᠨ᠎ᠠ᠃ ᠣᠯᠠᠨ ᠪᠠᠷ ᠢᠶᠠᠨ ᠠᠳᠠᠯ ᠣᠶᠢᠯᠠᠰ ᠪᠤᠰᠬᠠᠬᠤ᠂ | ᠨᠠᠶᠢᠳᠠ ᠪᠠᠷ ᠢᠶᠠᠨ ᠰᠢᠨ᠎ᠠ ᠶᠢ ᠡᠭᠦᠳᠬᠦ ᠶᠢ ᠠᠬᠢᠭᠤᠯᠵᠤ᠂ ᠣᠶᠢᠯᠠᠰ ᠪᠤᠰᠬᠠᠬᠤ ᠲᠦᠷᠦ ᠶᠢᠨ ᠪᠤᠳᠤᠯᠭ᠎ᠠ ᠪᠤᠯᠤᠨ | ᠵᠤᠷᠢᠭᠵᠢᠭᠤᠯᠬᠤ ᠲᠤᠭᠳᠠᠯᠴᠠᠭ᠎ᠠ ᠶᠢ ᠪᠦᠷᠢᠨᠰᠢᠭᠦᠯᠵᠦ᠂ ᠣᠶᠢᠯᠠᠰ ᠪᠤᠰᠬᠠᠬᠤ ᠬᠦᠷᠢᠶᠡᠯᠡᠩ᠂ ᠣᠶᠢᠯᠡᠰ ᠪᠤᠰᠬᠠᠴᠢᠳ | ᠤᠨ ᠲᠠᠪᠴᠡᠩ᠂ ᠰᠢᠨ᠎ᠡ ᠶᠢ ᠡᠭᠦᠳᠬᠦ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠲᠡᠮᠵᠢᠵᠦ᠂ ᠪᠦᠬᠦ ᠣᠯᠣᠰ ᠤᠨ | ︽ᠬᠤᠤᠰ ᠡᠬᠦᠳᠦᠯᠳᠡ︾ ᠶᠢᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠤᠨ᠎ᠠ᠃ ᠭᠤᠷᠪᠡ | ᠳᠤ ᠨᠠᠶᠢᠭᠡᠮ ᠤᠨ ᠪᠠᠳᠣᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ᠃ ᠨᠠᠰᠣᠵᠢᠯ ᠤᠨ ᠲᠠᠭᠠᠳᠬᠠᠯ ᠳᠤ | ᠣᠷᠣᠬᠤ ᠰᠣᠶᠢᠳᠭᠡᠯ ᠲᠤᠰᠢᠶᠠᠬᠤ ᠪᠤᠯᠤᠨ ᠰᠢᠯᠵᠢᠭᠦᠯᠤᠨ ᠦᠷᠬᠦᠯᠵᠢᠯᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠲᠦᠷᠦ ᠶᠢᠨ | ᠪᠤᠳᠤᠯᠭ᠎ᠠ ᠪᠤᠯᠤᠨ ᠭᠠᠷᠳᠠᠨ ᠬᠢᠬᠦ ᠲᠤᠭᠳᠠᠯᠴᠠᠭ᠎ᠠ ᠶᠢ ᠨᠢᠬᠡᠳᠦᠬᠦᠯᠵᠦ᠂ ᠡᠮ ᠡᠮᠨᠡᠯᠭᠡ ᠶᠢᠨ ᠨᠦᠬᠦᠪᠦᠷᠢ ᠲᠠᠭᠠᠳᠬᠠᠯ | ᠪᠤᠯᠤᠨ ᠬᠤᠳᠠᠯᠳᠣᠭᠠᠨ ᠤ ᠡᠷᠡᠬᠦᠯᠵᠢᠯ ᠤᠨ ᠲᠠᠭᠠᠳᠬᠠᠯ ᠤᠨ ᠬᠦᠭᠵᠢᠯᠳᠡ ᠶᠢ ᠵᠣᠷᠢᠭᠵᠢᠭᠤᠯᠤᠨ᠂ ᠪᠦᠬᠦ ᠠᠷᠠᠳ ᠪᠠᠷ | ᠢᠶᠠᠨ ᠲᠠᠭᠠᠳᠬᠠᠯ ᠳᠤ ᠣᠷᠣᠬᠤ ᠲᠦᠯᠤᠪᠯᠡᠭᠡ ᠶᠢ ᠦᠷᠬᠦᠯᠵᠢᠯᠡᠨ ᠠᠬᠢᠭᠤᠯᠵᠤ᠂ ᠲᠠᠭᠠᠳᠬᠠᠯ ᠳᠤ ᠣᠷᠣᠬᠤ ᠨᠤᠷᠮ᠎ᠠ | ᠶᠢ 60% ᠠᠴᠠ ᠲᠡᠭᠡᠭᠰᠢ ᠳᠤ ᠬᠦᠷᠭᠡᠵᠦ᠂ ᠦᠨᠳᠦᠷ ᠬᠢᠷᠢ ᠲᠦᠪᠰᠢᠨ ᠲᠠᠢ ᠤᠯᠠᠨ ᠲᠠᠪᠬᠤᠷᠭᠠᠳᠦ ᠨᠡᠶᠢᠭᠡᠮ ᠤᠨ | ᠪᠠᠳᠣᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠤᠳᠠ ᠬᠦᠳᠡᠭᠡ ᠶᠢᠨ ᠨᠠᠶᠢᠭᠡᠮ ᠤᠨ ᠠᠪᠤᠷᠠᠨ ᠲᠣᠰᠠᠯᠠᠬᠤ᠂ ᠬᠠᠣᠯᠢ | ᠴᠠᠭᠠᠵᠠ ᠶᠢᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠪᠦᠬᠦ ᠣᠯᠣᠰ ᠤᠨ ︽ᠲᠦᠷᠭᠡᠨ ᠲᠤᠰᠠᠯᠠᠬᠤ | ᠬᠦᠴᠢᠷᠳᠡᠢ︾ ᠶᠡᠷᠦᠩᠬᠡᠢ ᠲᠤᠷᠰᠢᠯᠳᠡ ᠶᠢᠨ ᠴᠡᠭ ᠤᠨ ᠠᠵᠢᠯ ᠢ ᠰᠠᠶᠢᠳᠤᠷ ᠬᠢᠵᠦ᠂ ᠲᠣᠣᠷ᠎ᠠ ᠪᠠᠲᠤᠯᠠᠭᠠᠲᠤ ᠡᠷᠦᠬᠡ᠂ | ᠶᠠᠳᠠᠭᠤ ᠬᠦᠴᠢᠷᠳᠡᠯᠳᠡᠢ ᠡᠷᠦᠭᠡ᠂ ᠲᠠᠪᠤᠨ ᠪᠠᠲᠤᠯᠠᠭᠠᠲᠤ ᠡᠷᠦᠭᠡ᠂ ᠬᠤᠳᠠ ᠪᠠᠯᠭᠠᠰᠤ ᠶᠢᠨ ︽ᠭᠤᠷᠪᠡᠨ ᠦᠬᠡᠢ︾ | ᠬᠦᠮᠦᠨ ᠠᠮᠠ ᠵᠡᠷᠭᠡ ᠤᠨᠴᠠᠭᠠᠢ ᠬᠦᠴᠢᠷᠳᠠᠢ ᠠᠷᠠᠳ ᠢ ᠲᠡᠮᠵᠢᠬᠦ ᠬᠦᠴᠦᠯᠡᠴᠡ ᠪᠠᠨ ᠶᠡᠬᠡᠰᠬᠡᠵᠦ᠂ ᠨᠠᠰᠣᠳᠠᠨ ᠢ | ᠠᠰᠠᠷᠠᠬᠤ᠂ ᠵᠡᠮᠳᠡᠭ ᠢ ᠲᠣᠰᠠᠯᠠᠬᠤ᠂ ᠦᠨᠦᠴᠢᠨ ᠢ ᠠᠪᠤᠷᠠᠬᠤ᠂ ᠠᠰᠠᠷᠠᠨ ᠬᠠᠷᠠᠭᠠᠯᠵᠠᠬᠤ ᠵᠡᠷᠭᠡ ᠠᠰᠠᠷᠠᠮᠵᠢ ᠶᠢᠨ | ᠣᠶᠢᠯᠠᠰ ᠤᠨ ᠬᠦᠭᠵᠢᠯᠳᠡ ᠶᠢ ᠨᠢᠭᠡᠳᠦᠯᠳᠡᠢ ᠲᠦᠯᠦᠪᠯᠡᠨ ᠠᠬᠢᠭᠤᠯᠵᠤ᠂ ᠶᠠᠳᠠᠭᠤ ᠬᠦᠴᠢᠷᠳᠠᠢ ᠬᠡᠤᠬᠡᠳ ᠶᠢᠨ | ᠠᠮᠢᠳᠣᠷᠠᠯ ᠤᠨ ᠪᠠᠳᠤᠯᠠᠭ᠎ᠠ ᠪᠤᠯᠤᠨ ᠬᠠᠶᠢᠷ᠎ᠠ ᠬᠠᠯᠠᠮᠵᠢ ᠶᠢᠨ ᠣᠶᠢᠯᠡᠴᠢᠯᠡᠭᠡᠨ ᠤ ᠠᠵᠢᠯ ᠢ ᠰᠠᠶᠢᠨ ᠬᠢᠬᠦ ᠬᠡᠷᠡᠭᠳᠡᠢ᠃ | ᠨᠠᠰᠣᠳᠠᠨ ᠢ ᠠᠰᠠᠷᠠᠬᠤ ᠣᠶᠢᠯᠡᠴᠢᠯᠠᠭᠡᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠨᠠᠰᠣᠳᠠᠨ ᠢ ᠠᠰᠠᠷᠠᠬᠤ | ᠣᠶᠢᠯᠡᠴᠢᠯᠡᠭᠡ ᠶᠢᠨ ᠬᠠᠮᠢᠶᠠᠷᠤᠯᠳᠠ ᠡᠵᠡᠩᠨᠡᠯᠳᠡ ᠶᠢᠨ ᠬᠡᠯᠪᠡᠷᠢ ᠶᠢ ᠰᠢᠨᠡᠳᠬᠡᠵᠦ᠂ ᠨᠠᠰᠣᠳᠠᠨ ᠢ ᠠᠰᠠᠷᠠᠬᠤ | ᠣᠶᠢᠯᠡᠴᠢᠯᠡᠭᠡᠨ ᠤ ᠬᠢᠷᠢ ᠲᠦᠪᠰᠢᠨ ᠢ ᠪᠤᠳᠠᠳᠠᠢ ᠪᠠᠷ ᠲᠡᠭᠡᠭᠰᠢᠯᠡᠭᠦᠯᠤᠨ᠎ᠡ᠃ ᠲᠦᠷᠪᠡ ᠳᠤ ᠨᠠᠶᠢᠭᠡᠮ ᠤᠨ ᠡᠯ᠎ᠡ | ᠲᠦᠷᠦᠯ ᠤᠨ ᠠᠵᠢᠯ ᠣᠶᠢᠯᠡᠰ ᠢ ᠲᠦᠯᠬᠢᠨ ᠠᠬᠢᠭᠤᠯᠵᠦ ᠨᠢᠭᠡᠳᠦᠯᠳᠡᠢ ᠲᠦᠯᠦᠪᠵᠢᠬᠦᠯᠬᠦ ᠭᠡᠷᠡᠭᠳᠡᠢ᠃ ᠣᠯᠠᠨ | ᠨᠠᠶᠢᠳᠠ ᠶᠢᠨ ᠦᠨᠳᠦᠰᠦᠨ ᠣᠶᠢᠯᠡᠴᠢᠯᠡᠭᠡᠨ ᠤ ᠭᠢᠷᠢ ᠲᠦᠪᠰᠢᠨ ᠢ ᠲᠡᠭᠡᠭᠰᠢᠯᠡᠬᠦᠯᠬᠦ ᠶᠢ ᠠᠩᠬᠠᠷᠴᠤ᠂ ᠰᠣᠷᠭᠠᠨ | ᠬᠦᠮᠦᠵᠢᠯ᠂ ᠡᠮ ᠡᠮᠨᠡᠯᠬᠡ᠂ ᠰᠣᠶᠣᠯ ᠵᠡᠷᠭᠡ ᠨᠠᠶᠢᠭᠡᠮ ᠤᠨ ᠠᠵᠢᠯ ᠣᠶᠢᠯᠡᠰ ᠤᠨ ᠬᠦᠭᠵᠢᠯᠳᠡ ᠶᠢ ᠨᠢᠭᠡᠳᠦᠯᠳᠡᠢ | ᠲᠦᠯᠤᠪᠵᠢᠭᠦᠯᠤᠨ ᠠᠬᠢᠭᠤᠯᠵᠤ᠂ ᠤᠯᠠᠨ ᠨᠠᠶᠢᠳᠠ ᠶᠢᠨ ᠣᠶᠢᠯᠡᠴᠢᠯᠡᠭᠡᠨ ᠤ ᠲᠤᠳᠠᠭᠤᠳᠠᠯ ᠢ ᠨᠦᠬᠦᠪᠦᠷᠢᠯᠡᠨ᠎ᠡ᠃ | ᠰᠠᠭᠤᠷᠢ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠣᠯᠠᠮ ᠨᠢᠭᠡ ᠠᠯᠬᠤᠮ ᠲᠡᠭᠡᠭᠰᠢᠯᠡᠬᠦᠯᠦᠨ᠂ ᠡᠯ᠎ᠡ ᠲᠦᠷᠦᠯ | ᠤᠨ ᠰᠣᠷᠭᠠᠨ ᠬᠦᠮᠦᠵᠢᠯ ᠤᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠦ᠂ ᠰᠤᠷᠭᠠᠭᠤᠯᠢ ᠶᠢᠨ ᠬᠦᠷᠢᠶᠡᠯᠡᠩ ᠤᠨ | ᠨᠧᠲᠴᠢᠯᠡᠯᠲᠡ᠂ ᠰᠤᠷᠠᠭ ᠵᠠᠩᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠯ᠎ᠡ | ᠱᠠᠳᠣᠨ ᠤ ᠡᠯ᠎ᠡ ᠵᠣᠶᠢᠯ ᠤᠨ ᠤᠨᠴᠠᠭᠠᠶᠢᠯᠠᠨ ᠦᠨᠳᠦᠰᠦᠳᠡᠨ ᠤ ᠰᠣᠷᠭᠠᠨ ᠬᠦᠮᠦᠵᠢᠯ ᠤᠨ ᠬᠢᠷᠢ ᠲᠦᠪᠰᠢᠨ ᠢ | ᠲᠡᠭᠡᠭᠰᠢᠯᠡᠭᠦᠯᠦᠨ᠂ ᠤᠯᠤᠰ ᠤᠨ ᠰᠢᠯᠭᠠᠯᠳᠠ ᠶᠢᠨ ᠵᠢᠩᠭᠢᠨᠢ ᠠᠩᠭᠢ ᠳᠤ ᠰᠢᠯᠭᠠᠵᠤ ᠣᠷᠣᠬᠤ ᠨᠤᠷᠮ᠎ᠠ ᠶᠢ 85% | ᠠᠴᠠ ᠲᠡᠭᠡᠭᠰᠢ ᠪᠠᠶᠢᠯᠭᠠᠵᠤ᠂ ᠰᠠᠭᠤᠷᠢ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ ᠶᠢ ᠲᠡᠭᠦᠰ ᠰᠠᠶᠢᠨ ᠪᠡᠶᠡᠯᠡᠬᠦᠯᠦᠨ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ | ᠴᠢᠨᠠᠷ ᠴᠢᠨᠰᠠᠭ᠎ᠠ ᠶᠢᠨ ᠪᠦᠬᠦ ᠤᠷᠤᠨ ᠲᠠᠬᠢ ᠵᠢᠬᠰᠠᠭᠠᠯᠳᠠ ᠶᠢ ᠡᠮᠤᠨᠡᠰᠢᠭᠦᠯᠤᠨᠡ᠃ ᠡᠮ ᠡᠮᠨᠡᠯᠭᠡ ᠶᠢᠨ ᠴᠢᠨᠠᠷ | ᠴᠢᠨᠰᠠᠭ᠎ᠠ ᠪᠤᠯᠤᠨ ᠣᠶᠢᠯᠡᠴᠢᠯᠡᠭᠡᠨ ᠤ ᠴᠢᠳᠠᠪᠣᠷᠢ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ | ᠲᠠᠯ᠎ᠠ ᠪᠠᠷ ᠪᠡᠶᠡᠯᠡᠬᠦᠯᠵᠦ᠂ ᠭᠡᠷ ᠤᠨ ᠡᠮᠴᠢ ᠶᠢᠨ ᠭᠡᠷ᠎ᠡ ᠲᠤᠭᠳᠠᠬᠤ ᠨᠤᠷᠮ᠎ᠠ ᠶᠢ 30% ᠠᠴᠠ ᠲᠡᠭᠡᠭᠰᠢ ᠪᠠᠶᠢᠯᠭᠠᠨ᠂ | 85% ᠶᠢᠨ ᠦᠨᠳᠦᠰᠦᠨ ᠱᠠᠳᠣᠨ ᠤ ᠡᠮ ᠡᠮᠨᠡᠯᠭᠡ ᠶᠢᠨ ᠪᠠᠶᠢᠭᠤᠯᠤᠮᠵᠢ ᠨᠢ ᠠᠶᠢᠮᠠᠭ ᠤᠨ ᠰᠢᠭᠤᠳ ᠬᠠᠷᠢᠶ᠎ᠠ | ᠡᠮᠨᠡᠯᠭᠡ ᠶᠢᠨ ᠬᠤᠷᠢᠶ᠎ᠠ ᠲᠠᠢ ᠬᠠᠷᠢᠯᠴᠨᠨ ᠡᠮᠴᠢᠯᠡᠭᠡ ᠶᠠᠪᠤᠭᠤᠯᠬᠤ ᠶᠢ ᠪᠡᠶᠡᠯᠡᠭᠦᠯᠦᠨ᠎ᠡ᠃ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠢ ᠴᠢᠩᠭᠠᠳᠬᠠᠵᠦ᠂ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠴᠣᠭᠴᠠᠯᠠᠨ | ᠪᠠᠶᠢᠭᠤᠯᠤᠨ᠎ᠠ᠃ ︽ᠴᠤᠭᠤᠷ︾ ᠤᠷᠠᠯᠢᠭ ᠢ ᠵᠠᠯᠭᠠᠮᠵᠢᠯᠠᠨ ᠬᠦᠭᠵᠢᠬᠦᠯᠵᠦ᠂ ︽ᠰᠢᠯᠢ ᠶᠢᠨ ᠭᠤᠤᠯ ᠤᠨ ᠵᠤᠨ︾ | ᠤᠯᠠᠨ ᠲᠦᠮᠡᠨᠴᠢ ᠰᠣᠶᠣᠯ ᠤᠨ ᠬᠦᠳᠡᠯᠭᠡᠭᠡᠨ ᠢ ᠰᠠᠶᠢᠲᠤᠷ ᠦᠷᠨᠢᠭᠦᠯᠤᠨ᠂ ᠰᠣᠶᠣᠯ ᠤᠨ ᠵᠦᠭᠡᠯᠡᠨ ᠬᠦᠴᠦ ᠶᠢ | ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ ᠡᠯ᠎ᠡ ᠲᠦᠷᠦᠯ ᠤᠨ ᠲᠠᠮᠢᠷ ᠤᠨ ᠲᠠᠯᠠᠪᠤᠷ ᠤᠨ ᠠᠰᠢᠭᠯᠠᠯᠳᠠ ᠶᠢᠨ ᠨᠤᠷᠮ᠎ᠠ | ᠶᠢ ᠲᠡᠭᠡᠭᠰᠢᠯᠡᠬᠦᠯᠵᠦ᠂ ᠦᠨᠳᠦᠷ ᠲᠦᠪᠰᠢᠨ ᠤ ᠣᠷᠣᠯᠳᠣᠭᠠᠨ ᠢ ᠢᠳᠡᠪᠬᠢᠳᠡᠢ ᠪᠠᠷ ᠡᠷᠬᠢᠯᠡᠵᠦ᠂ ᠤᠯᠠᠨ ᠲᠦᠮᠡᠨᠴᠢ | ᠴᠢᠨᠠᠷᠳᠠᠢ ᠲᠠᠮᠢᠷ ᠤᠨ ᠬᠦᠳᠡᠯᠬᠡᠬᠡᠨ ᠢ ᠦᠷᠭᠡᠨ ᠲᠡᠯᠭᠡᠷᠡᠩᠬᠦᠢ ᠪᠠᠷ ᠶᠡᠪᠤᠭᠳᠡᠭᠤᠯᠵᠤ᠂ ᠬᠦᠯ ᠪᠦᠮᠪᠦᠭᠡᠨ ᠤ ᠣᠶᠢᠯᠡᠰ | ᠢ ᠡᠮᠬᠢ ᠲᠠᠷᠠᠭᠠᠯᠠᠯ ᠲᠠᠢ ᠪᠠᠷ ᠲᠦᠯᠬᠢᠨ ᠠᠬᠢᠭᠤᠯᠤᠨ᠎ᠠ᠃ ᠠᠶᠢᠮᠠᠭ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ | ᠶᠡᠷᠦᠩᠬᠡᠶᠢᠯᠡᠭᠰᠡᠨ ᠠᠰᠠᠷ᠂ ᠠᠶᠢᠮᠠᠭ ᠤᠨ ᠮᠤᠩᠭᠤᠯ ᠲᠤᠮᠳᠠᠳᠤ ᠰᠣᠷᠭᠠᠭᠤᠯᠢ ᠶᠢᠨ ᠨᠡᠭᠦᠨ ᠰᠢᠯᠵᠢᠬᠦ᠂ ᠤᠯᠠᠭᠠᠨᠮᠦᠴᠢᠷ | ᠤᠨ ᠰᠣᠶᠣᠯ ᠤᠨ ᠬᠦᠷᠢᠶᠡᠯᠡᠩ ᠵᠡᠷᠭᠡ ᠴᠢᠬᠤᠯᠠ ᠶᠡᠭᠡ ᠠᠷᠠᠳ ᠶᠢᠨ ᠠᠮᠢᠳᠣᠷᠠᠯ ᠤᠨ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠲᠠᠢ ᠬᠠᠮᠵᠢᠯᠴᠠᠨ ᠡᠭᠦᠷᠭᠡ ᠪᠠᠨ ᠰᠠᠶᠢᠳᠣᠷ ᠪᠡᠶᠡᠯᠡᠭᠦᠯᠤᠨ᠎ᠡ᠃ | ︵ᠵᠢᠷᠭᠤᠭ᠎ᠠ︶ ᠦᠬᠡᠷᠡᠴᠢᠯᠡᠯᠳᠡ ᠨᠡᠭᠡᠭᠡᠯᠳᠡ ᠶᠢ ᠶᠡᠭᠡ ᠬᠦᠴᠦᠨ ᠪᠠᠷ ᠬᠦᠨᠵᠡᠭᠡᠶᠢᠷᠠᠬᠦᠯᠵᠦ᠂ | ᠬᠦᠭᠵᠢᠯᠳᠡ ᠶᠢᠨ ᠬᠦᠳᠡᠯᠭᠡᠭᠴᠢ ᠬᠦᠴᠦ ᠠᠮᠢᠵᠢᠷᠠᠯ ᠤᠨ ᠬᠦᠴᠦ ᠶᠢ ᠬᠦᠭᠵᠢᠭᠡᠨ᠎ᠡ᠃ ᠦᠭᠡᠷᠡᠴᠢᠯᠡᠯᠳᠠ ᠶᠢ | ᠬᠦᠨᠵᠡᠭᠡᠶᠢᠷᠠᠬᠦᠯᠵᠦ ᠲᠦᠯᠬᠢᠨ ᠠᠬᠢᠭᠤᠯᠬᠤ ᠨᠢ ᠰᠢᠨ᠎ᠠ ᠬᠡᠪ ᠪᠠᠶᠢᠳᠠᠯ ᠲᠠᠢ ᠵᠤᠬᠢᠴᠠᠬᠤ ᠵᠠᠩᠬᠢᠯᠠᠭ᠎ᠠ ᠶᠢᠨ ᠠᠷᠭ᠎ᠠ | ᠪᠠᠷᠢᠯ ᠪᠤᠯᠤᠨ᠎ᠠ᠂ ᠠᠵᠦ ᠠᠬᠤᠢ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤ ᠬᠦᠨᠳᠦ ᠴᠢᠬᠤᠯᠠ | ᠠᠴᠢ ᠬᠤᠯᠪᠤᠭᠳᠠᠯ ᠲᠠᠢ᠃ ᠡᠶᠢᠮᠤ ᠠᠴᠠ ᠡᠯ᠎ᠡ ᠲᠦᠷᠦᠯ ᠤᠨ ᠦᠭᠡᠷᠡᠴᠢᠯᠡᠯᠳᠠ ᠶᠢᠨ ᠠᠵᠢᠯ ᠢ ᠲᠦᠷᠭᠡᠳᠭᠡᠨ | ᠨᠠᠶᠢᠳᠠᠪᠤᠷᠢᠵᠢᠭᠤᠯᠬᠤ ᠬᠡᠷᠡᠭᠳᠡᠢ᠃ ᠲᠡᠭᠡᠳᠦ ᠱᠠᠳᠣᠨ ᠤ ᠨᠢᠭᠡᠳᠦᠯᠳᠡᠢ ᠲᠦᠯᠦᠪᠵᠢᠬᠦᠯᠬᠡ ᠶᠣᠰᠣᠭᠠᠷ᠂ ᠮᠠᠨ ᠤ | ᠬᠤᠳᠠ ᠶᠢᠨ ᠡᠯ᠎ᠡ ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠪᠤᠯᠤᠨ ᠪᠣᠳᠠᠳᠠᠢ ᠬᠡᠷᠡᠭᠵᠢᠬᠦᠯᠬᠦ ᠠᠷᠭ᠎ᠠ ᠬᠡᠮᠵᠢᠶ᠎ᠡ | ᠪᠠᠨ ᠨᠠᠷᠢᠨ ᠬᠢᠨᠠᠮᠠᠭᠠᠢ ᠰᠣᠳᠣᠯᠵᠤ᠂ ᠪᠦᠬᠦ ᠬᠤᠳᠠ ᠶᠢᠨ ᠬᠦᠭᠵᠢᠯᠳᠠ ᠶᠢᠨ ᠶᠡᠷᠦᠩᠬᠡᠢ ᠪᠡᠶᠢᠳᠡᠯ ᠲᠠᠢ ᠬᠤᠯᠪᠤᠭᠳᠠᠬᠤ | ᠨᠢᠭᠡ ᠪᠦᠯᠦᠭ ᠵᠠᠩᠭᠢᠯᠠᠭ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ ᠦᠭᠡᠷᠡᠴᠢᠯᠠᠯᠳᠠ ᠶᠢ ᠲᠤᠭᠲᠠᠭᠤᠨ ᠪᠠᠷ ᠠᠬᠢᠭᠤᠯᠵᠤ | ᠂ ᠡᠯ᠎ᠡ ᠵᠤᠶᠢᠯ ᠤᠨ ᠦᠭᠡᠷᠡᠴᠢᠯᠡᠯᠳᠡ ᠶᠢᠨ ᠲᠤᠷᠰᠢᠯᠳᠠ ᠶᠢᠨ ᠡᠭᠦᠷᠭᠡ ᠶᠢ ᠪᠡᠶᠡᠯᠡᠭᠦᠯᠦᠨ᠂ ᠠᠵᠦ ᠠᠬᠤᠢ ᠨᠠᠶᠢᠬᠡᠮ | ᠤᠨ ᠬᠦᠭᠵᠢᠯᠳᠡ ᠳᠤ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠪᠠᠶᠢᠭᠤᠯᠤᠯ ᠤᠨ ᠦᠭᠡᠷᠡᠴᠢᠯᠠᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ︽ᠲᠠᠯᠪᠢᠬᠤ ᠬᠠᠮᠢᠶᠠᠷᠬᠤ ᠣᠶᠢᠯᠡᠴᠢᠯᠡᠬᠦ | ︾ ᠦᠭᠡᠷᠡᠴᠢᠯᠡᠯᠳᠡ ᠶᠢᠨ ᠠᠵᠢᠯ ᠢ ᠦᠷᠬᠦᠯᠵᠢᠯᠡᠨ ᠰᠠᠶᠢᠳᠤᠷ ᠬᠢᠵᠦ᠂ ︽ᠢᠨᠲ᠋ᠧᠷ ᠰᠦᠯᠵᠢᠶ᠎ᠡ+ ᠵᠠᠰᠠᠭ ᠤᠨ | ᠶᠠᠪᠤᠳᠠᠯ ᠤᠨ ᠣᠶᠢᠯᠡᠴᠢᠯᠡᠭᠡ︾ ᠶᠢ ᠬᠡᠷᠡᠭᠵᠢᠭᠦᠯᠦᠨ᠂ ᠰᠢᠨᠵᠢᠯᠡᠭᠡ ᠮᠡᠷᠬᠡᠵᠢᠯ ᠤᠨ ᠰᠢᠨ᠎ᠠ ᠶᠢ ᠡᠬᠦᠳᠬᠦ᠂ ᠡᠳ᠋ ᠤᠨ | ᠵᠠᠰᠠᠭ ᠭᠠᠶᠢᠯᠢ ᠮᠦᠩᠭᠦᠨ ᠬᠦᠢᠯᠭᠡᠭᠡ᠂ ᠤᠯᠠᠨ ᠨᠠᠶᠢᠳᠠ ᠶᠢᠨ ᠣᠶᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ | ᠦᠭᠡᠷᠡᠴᠢᠯᠡᠯᠳᠡ ᠰᠢᠨ᠎ᠠ ᠰᠢᠪᠳᠤᠯᠤᠯᠳᠠ ᠤᠯᠬᠤ ᠶᠢ ᠠᠬᠢᠭᠤᠯᠤᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠲᠤᠰᠬᠠᠢ ᠲᠦᠷᠦᠯ ᠤᠨ ᠲᠤᠭᠤᠶᠢᠯᠡᠩ ᠪᠠ | ᠦᠭᠡᠷᠡᠴᠢᠯᠡᠯᠳᠡ ᠶᠢᠨ ᠠᠯᠪᠠᠨ ᠭᠡᠷ ᠨᠢ ᠵᠤᠬᠢᠴᠠᠭᠤᠯᠬᠤ ᠪᠤᠯᠤᠨ ᠱᠠᠭᠠᠷᠳᠠᠨ ᠪᠠᠶᠢᠴᠠᠭᠠᠬᠤ ᠠᠵᠢᠯ ᠢ ᠴᠢᠩᠭᠠᠳᠬᠠᠵᠤ᠂ | ᠡᠯ᠎ᠡ ᠲᠦᠷᠦᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠲᠣᠰᠠᠳᠠᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠭᠠᠳᠠᠭᠠᠳᠣ ᠬᠠᠮᠳᠣᠷᠠᠯᠴᠠᠭ᠎ᠠ ᠰᠤᠯᠢᠯᠴᠠᠭ᠎ᠠ ᠶᠢ ᠬᠦᠨᠵᠡᠭᠡᠶᠢᠷᠡᠬᠦᠯᠬᠦ ᠬᠡᠷᠡᠭᠳᠡᠢ᠃ ᠤᠯᠤᠰ ᠤᠨ ︽ᠨᠢᠭᠡ ᠪᠦᠰᠡ ᠨᠢᠭᠡ | ᠵᠠᠮ︾ ᠪᠠᠶᠢᠯᠳᠣᠬᠤ ᠪᠤᠳᠤᠯᠭ᠎ᠠ ᠪᠤᠯᠤᠨ ᠲᠤᠮᠳᠠᠳᠣ ᠮᠤᠩᠭᠤᠯ ᠣᠷᠣᠰ ᠠᠵᠦ ᠠᠬᠤᠢ ᠶᠢᠨ ᠬᠤᠩᠭᠢᠯ ᠤᠨ ᠪᠦᠳᠦᠭᠡᠨ | ᠪᠠᠶᠢᠭᠤᠯᠤᠯᠳᠠ ᠳᠤ ᠰᠠᠨᠠᠭᠠᠴᠢᠯᠠᠭ᠎ᠠ ᠲᠠᠢ ᠤᠷᠤᠯᠴᠠᠵᠤ᠂ ᠮᠤᠩᠭᠤᠯ ᠣᠯᠣᠰ ᠲᠠᠢ ᠡᠬᠢ ᠪᠠᠶᠠᠯᠢᠭ ᠤᠨ ᠨᠡᠭᠡᠭᠡᠯᠳᠡ᠂ | ᠠᠶᠠᠯᠠᠯ ᠵᠢᠭᠤᠯᠴᠢᠯᠠᠯ ᠤᠨ ᠠᠷᠠᠯᠵᠢᠶ᠎ᠠ ᠵᠡᠷᠭᠡ ᠬᠦᠷᠢᠶ᠎ᠡ ᠬᠡᠪᠴᠢᠶᠠᠨ ᠲᠠᠬᠢ ᠬᠠᠮᠳᠣᠷᠠᠯᠴᠠᠭ᠎ᠠ ᠶᠢ ᠴᠢᠩᠭᠠᠳᠬᠠᠵᠤ᠂ | ᠰᠣᠶᠣᠯ᠂ ᠰᠣᠷᠭᠠᠨ ᠬᠦᠮᠦᠵᠢᠯ᠂ ᠰᠢᠨᠵᠢᠯᠡᠭᠡ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶ᠎ᠡ | ᠬᠡᠪᠴᠢᠶᠡᠨ ᠲᠠᠬᠢ ᠰᠣᠯᠢᠯᠴᠠᠭ᠎ᠠ ᠪᠠᠨ ᠬᠦᠨᠵᠡᠭᠡᠶᠢᠷᠡᠭᠦᠯᠵᠦ᠂ ᠨᠡᠭᠡᠭᠡᠯᠳᠦ ᠬᠦᠭᠵᠢᠯᠳᠡ ᠶᠢᠨ ᠲᠠᠰ ᠲᠠᠪᠬᠤᠷᠭ᠎ᠠ ᠪᠤᠯᠤᠨ | ᠭᠢᠷᠢ ᠲᠦᠪᠰᠢᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ ᠠᠭᠠᠷ ᠤᠨ ᠪᠤᠭᠤᠮᠳᠠ ᠶᠢᠨ ᠲᠦᠷ ᠴᠠᠭ ᠨᠡᠭᠡᠭᠡᠭᠦ | ᠪᠤᠯᠤᠨ ︽ᠨᠢᠬᠡ ᠪᠤᠭᠤᠮᠳᠠ ᠬᠤᠶᠠᠷ ᠬᠢᠨᠠᠨ ᠪᠠᠶᠢᠴᠠᠭᠠᠬᠤ︾ ᠪᠠᠶᠢᠭᠤᠯᠣᠯᠵᠢ ᠪᠠᠶᠢᠷᠢᠯᠠᠭᠤᠯᠬᠤ ᠠᠵᠢᠯ ᠢ ᠢᠳᠡᠪᠬᠢᠳᠡᠢ | ᠪᠠᠷ ᠠᠬᠢᠭᠤᠯᠤᠨ᠂ ᠭᠠᠳᠠᠭᠠᠳᠤ ᠠᠷᠠᠯᠵᠢᠶ᠎ᠠ ᠶᠢᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠵᠢᠱᠢᠶ᠎ᠠ | ᠦᠵᠡᠬᠦᠯᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ | ᠬᠤᠩᠭᠢᠯ ᠤᠨ ᠴᠢᠬᠤᠯᠠ ᠬᠤᠯᠪᠤᠯᠳᠠ ᠶᠢ ᠴᠤᠭᠴᠠᠯᠠᠨ᠎ᠠ᠃ ᠲᠤᠳᠤᠭᠠᠳᠤ ᠭᠠᠳᠠᠭᠠᠳᠤ ᠬᠤᠯᠪᠤᠭᠠᠯᠠᠨ ᠬᠦᠳᠦᠯᠦᠯᠴᠡᠵᠦ᠂ | ᠬᠤᠶᠠᠷ ᠴᠢᠭᠯᠡᠯ ᠲᠡᠰᠢ ᠬᠦᠴᠦᠯᠡᠬᠦ ᠶᠢ ᠪᠡᠷᠢᠮᠳᠠᠯᠠᠵᠤ᠂ ᠪᠡᠭᠡᠵᠢᠩ ᠲᠢᠶᠠᠨᠵᠢᠨ ᠡᠾᠧᠪᠸᠢ ᠬᠠᠮᠳᠣᠷᠠᠨ ᠬᠦᠭᠵᠢᠬᠦ᠂ | ᠰᠢᠨ᠎ᠠ ᠨᠢᠬᠡ ᠡᠭᠡᠯᠵᠢ ᠶᠢᠨ ᠵᠡᠬᠦᠨ ᠬᠤᠶᠢᠳᠣ ᠤᠷᠤᠨ ᠢ ᠬᠦᠭᠵᠢᠬᠦᠯᠬᠦ ᠵᠡᠷᠭᠡ ᠪᠠᠶᠢᠳᠣᠯᠬᠤ ᠪᠤᠳᠤᠯᠭ᠎ᠠ ᠶᠢᠨ ᠲᠤᠮᠳᠠ | ᠲᠦᠷᠦ ᠶᠢᠨ ᠪᠤᠳᠤᠯᠭ᠎ᠠ ᠶᠢᠨ ᠠᠵᠨ ᠵᠠᠪᠰᠢᠶᠠᠨ ᠢ ᠡᠵᠡᠮᠳᠡᠵᠦ᠂ ᠰᠠᠨᠠᠭᠠᠴᠢᠯᠠᠭ᠎ᠠ ᠲᠠᠢ ᠪᠠᠷ ᠬᠦᠭᠵᠢᠭᠰᠡᠨ ᠣᠷᠣᠨ ᠤ | ᠨᠦᠯᠦᠭᠡᠯᠡᠯ ᠲᠠᠶᠢᠴᠢᠯᠡᠯ ᠢ ᠬᠦᠯᠢᠶᠡᠨ ᠠᠪᠴᠤ᠂ ᠦᠨᠳᠤᠷ ᠵᠤᠭᠰᠤᠴᠠ ᠦᠨᠳᠣᠷ ᠬᠢᠷᠢ ᠲᠦᠪᠰᠢᠨ ᠪᠠᠷ ᠠᠵᠦ | ᠣᠶᠢᠯᠡᠰ ᠤᠨ ᠰᠢᠯᠵᠢᠯᠳᠡ ᠶᠢ ᠬᠦᠯᠢᠶᠡᠨ ᠠᠪᠴᠣ᠂ ᠬᠦᠭᠵᠢᠯᠳᠡ ᠶᠢᠨ ᠠᠮᠢᠵᠢᠷᠠᠯ ᠤᠨ ᠬᠦᠴᠦᠨ᠂ ᠲᠤᠳᠤᠭᠠᠳᠤ | ᠬᠦᠳᠡᠯᠭᠡᠬᠦ ᠬᠦᠴᠦᠨ ᠪᠤᠯᠤᠨ ᠪᠦᠬᠦᠯᠢ ᠴᠤᠭᠴᠠ ᠶᠢᠨ ᠦᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠎ᠡ᠃ | ︵ ᠲᠤᠯᠤᠭ᠎ᠠ︶ ᠨᠠᠶᠢᠭᠡᠮ ᠤᠨ ᠠᠮᠣᠷ ᠲᠤᠭᠳᠠᠭᠤᠨ ᠢ ᠦᠨᠡᠨᠬᠦ ᠬᠠᠮᠠᠭᠠᠯᠠᠵᠤ᠂ ᠪᠦᠯᠬᠦᠮᠳᠡᠯ ᠲᠠᠢ | ᠡᠶ᠎ᠡ ᠵᠤᠬᠢᠴᠠᠯᠳᠠᠢ ᠡᠮᠬᠢ ᠵᠢᠷᠦᠮ ᠲᠠᠢ ᠬᠦᠭᠵᠢᠯᠳᠡ ᠶᠢᠨ ᠤᠷᠴᠢᠨ ᠲᠤᠭᠤᠷᠢᠨ ᠢ ᠡᠭᠦᠳᠨᠡ᠃ ᠡᠷᠭᠡᠪᠰᠢ ᠬᠠᠷᠢᠯᠴᠠᠨ | ᠬᠠᠪᠰᠣᠷᠣᠯᠴᠠᠨ ᠰᠠᠬᠢᠨ ᠪᠠᠷᠠᠭᠠᠯᠠᠵᠤ ᠪᠦᠯᠬᠦᠮᠳᠡᠨ ᠲᠡᠮᠡᠴᠡᠬᠦ ᠶᠢ ᠪᠠᠷᠢᠮᠳᠠᠯᠠᠨ᠂ ᠲᠤᠭᠲᠠᠭᠤᠨ ᠢ ᠪᠠᠳᠣᠯᠠᠬᠤ ᠡᠭᠦᠷᠭᠡ | ᠶᠢ ᠭᠤᠶᠢᠪᠢᠰᠢ ᠦᠬᠡᠢ ᠪᠠᠷᠢᠮᠳᠠᠯᠠᠵᠤ᠂ ᠨᠠᠶᠢᠭᠡᠮ ᠤᠨ ᠡᠶ᠎ᠡ ᠵᠤᠬᠢᠴᠠᠯ ᠠᠮᠣᠷ ᠲᠤᠭᠳᠠᠭᠤᠨ ᠢ ᠬᠠᠮᠠᠭᠠᠯᠠᠬᠤ ᠡᠯ᠎ᠡ | ᠵᠤᠶᠢᠯ ᠤᠨ ᠠᠵᠢᠯ ᠢ ᠪᠦᠬᠦ ᠬᠦᠴᠦᠨ ᠪᠠᠷ ᠢᠶᠠᠨ ᠰᠠᠶᠢᠳᠣᠷ ᠬᠦᠢᠴᠡᠳᠭᠡᠵᠦ᠂ ᠡᠬᠡ ᠤᠯᠤᠰ ᠤᠨ ᠣᠮᠠᠷᠠᠳᠣ ᠬᠢᠯᠢ | ᠶᠢᠨ ᠠᠮᠤᠷ ᠲᠤᠭᠳᠠᠭᠤᠨ ᠤ ᠬᠠᠯᠠᠬᠠᠪᠴᠢ ᠶᠢ ᠪᠠᠬᠢᠵᠢᠬᠦᠯᠬᠦ ᠳᠤ ᠬᠤᠪᠢ ᠨᠡᠮᠡᠷᠢ ᠦᠵᠡᠬᠦᠯᠦᠨ᠎ᠡ᠃ ᠨᠢᠬᠡ ᠳᠤ | ᠨᠠᠶᠢᠭᠡᠮ ᠤᠨ ᠵᠠᠰᠠᠯᠳᠡ ᠶᠢ ᠴᠢᠩᠭᠠᠳᠬᠠᠬᠤ ᠪᠤᠯᠤᠨ ᠰᠢᠨ᠎ᠠ ᠶᠢ ᠡᠬᠦᠳᠬᠦ ᠬᠡᠷᠡᠭᠳᠡᠢ᠃ ᠣᠳᠣᠷᠢᠳᠤᠯᠭ᠎ᠠ ᠵᠠᠬᠢᠳᠠᠯ | ᠰᠣᠷᠪᠤᠯᠵᠢᠯᠠᠭ᠎ᠠ ᠶᠢ ᠬᠦᠯᠢᠶᠠᠨ ᠠᠪᠴᠦ ᠬᠡᠷᠡᠭ ᠶᠠᠪᠤᠳᠠᠯ ᠢ ᠲᠠᠭᠠᠭᠠᠴᠢᠯᠡᠬᠤ ᠲᠦᠷᠢᠮ᠂ ︽1328︾ ᠭᠠᠵᠠᠷ ᠤᠨ | ᠲᠡᠰ ᠤᠨ ᠣᠳᠣᠷᠢᠳᠣᠯᠭ᠎ᠠ ᠰᠠᠯᠠᠭᠠᠨ ᠲᠡᠰ ᠤᠨ ᠣᠳᠣᠷᠢᠳᠣᠯᠭ᠎ᠠ ᠶᠢ ᠲᠠᠭᠠᠭᠤᠯᠤᠨ ᠲᠤᠷᠤᠭᠰᠢ ᠪᠠᠭᠤᠬᠤ ᠵᠡᠷᠭᠡ | ᠲᠦᠷᠢᠮ ᠢ ᠦᠷᠬᠦᠯᠵᠢᠯᠡᠨ ᠰᠠᠶᠢᠨ ᠬᠡᠷᠡᠭᠵᠢᠬᠦᠯᠵᠦ᠂ ᠵᠦᠷᠢᠴᠡᠯ ᠮᠠᠷᠭᠤᠭᠠᠨ ᠢ ᠪᠠᠶᠢᠴᠠᠭᠠᠨ ᠡᠶᠡᠳᠡᠬᠦᠯᠬᠦ ︽ᠲᠦᠷᠪᠡᠨ | ᠱᠠᠳᠣᠨ ᠤ ᠲᠤᠤᠷ ᠰᠦᠯᠵᠢᠶ᠎ᠡ︾ ᠪᠠ ︽ᠲᠠᠪᠤᠨ ᠨᠢᠭᠡᠴᠠ ᠬᠠᠮᠳᠣᠪᠡᠷ ᠡᠶᠡᠳᠡᠬᠦᠯᠬᠦ︾ ᠠᠵᠢᠯ ᠶᠢᠨ ᠲᠤᠭᠳᠠᠴᠠ ᠶᠢ | ᠲᠡᠭᠦᠯᠳᠡᠷᠵᠢᠬᠦᠯᠵᠦ᠂ ᠵᠦᠷᠢᠴᠡᠯ ᠮᠠᠷᠭᠤᠭᠠᠨ ᠢ ᠴᠤᠬᠤᠶᠢᠬᠤ ᠪᠠᠶᠢᠳᠠᠯ ᠳᠤ ᠨᠢ ᠰᠢᠢᠳᠪᠦᠷᠢᠯᠡᠬᠦ ᠬᠡᠷᠡᠭᠳᠡᠢ᠃ ᠨᠠᠶᠢᠭᠡᠮ | ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ ᠶᠢ ᠴᠢᠩᠭᠠᠳᠬᠠᠵᠤ᠂ ᠲᠦᠷᠰᠦ ᠰᠢᠩᠭᠡᠭᠡᠯᠳᠠ ᠶᠢᠨ ᠬᠢᠨᠡᠨ | ᠡᠵᠡᠮᠰᠢᠬᠦ ᠰᠢᠰᠲ᠋ᠧᠮ ᠤᠨ ᠪᠦᠳᠦᠭᠡᠨ ᠪᠡᠶᠢᠭᠤᠯᠤᠯᠳᠠ ᠶᠢ ᠠᠬᠢᠭᠤᠯᠤᠨ᠂ ᠰᠣᠷᠭᠠᠭᠤᠯᠢ ᠶᠢᠨ ᠮᠡᠷᠭᠡᠵᠢᠯ ᠤᠨ | ᠰᠡᠷᠬᠡᠶᠢᠯᠡᠯᠳᠡ ᠶᠢᠨ ᠲᠦᠬᠦᠭᠡᠷᠦᠮᠵᠢ ᠶᠢᠨ ᠪᠦᠳᠦᠭᠡᠨ ᠪᠡᠶᠢᠭᠤᠯᠤᠯᠳᠠ ᠶᠢ ᠲᠦᠷᠭᠡᠳᠭᠡᠵᠦ᠂ ᠭᠡᠨᠡᠳᠳᠡ ᠶᠢᠨ ᠬᠡᠷᠡᠭ | ᠤᠴᠢᠷ ᠭᠠᠷᠬᠤ ᠶᠢ ᠠᠷᠭᠠᠴᠠᠬᠤ ᠰᠢᠰᠲ᠋ᠧᠮ ᠢ ᠲᠡᠭᠦᠯᠳᠡᠷᠵᠢᠬᠦᠯᠦᠨ᠎ᠡ᠃ ᠡᠯ᠎ᠡ ᠲᠤᠰᠬᠠᠢ ᠲᠦᠷᠦᠯ ᠤᠨ ᠠᠵᠢᠯᠯᠠᠭ᠎ᠠ ᠶᠢ | ᠵᠤᠬᠢᠶᠠᠨ ᠪᠠᠶᠢᠭᠤᠯᠵᠤ ᠶᠠᠪᠤᠭᠳᠠᠭᠤᠯᠤᠨ᠂ ᠬᠠᠤᠯᠢ ᠠᠴᠠ ᠵᠦᠷᠢᠴᠡᠭᠰᠡᠨ ᠶᠠᠯᠠᠳᠤ ᠬᠡᠷᠡᠭ ᠢ ᠬᠠᠤᠯᠢ ᠶᠣᠰᠣᠭᠠᠷ ᠴᠢᠩᠭ᠎ᠠ | ᠰᠢᠳᠭᠡᠵᠦ᠂ ᠠᠶᠤᠯ ᠦᠬᠡᠢ ᠤᠶᠢᠯᠡᠳᠪᠤᠷᠢᠯᠡᠯ ᠤᠨ ᠠᠵᠢᠯ ᠢ ᠶᠡᠭᠡ ᠪᠠᠷ ᠬᠦᠨᠳᠤᠳᠬᠡᠨ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠯ᠎ᠡ ᠵᠦᠢᠯ ᠤᠨ ᠠᠶᠤᠯ ᠦᠬᠡᠢ ᠣᠶᠢᠯᠡᠳᠪᠤᠷᠢᠯᠡᠯ ᠤᠨ ᠰᠢᠢᠳᠪᠦᠷᠢ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠬᠦᠨᠳᠦ ᠴᠢᠬᠤᠯᠠ ᠶᠡᠭᠡ ᠠᠳᠡᠯ ᠡᠬᠦᠰᠬᠦ ᠶᠢ ᠡᠷᠡᠰ ᠬᠤᠷᠢᠭᠯᠠᠬᠤ ᠬᠡᠷᠡᠭᠳᠡᠢ᠃ | ᠢᠳᠡᠭᠡᠨ ᠤᠮᠳᠠᠭᠠᠨ ᠤ ᠡᠮ ᠤᠨ ᠵᠦᠢᠯᠡᠰ ᠤᠨ ᠠᠮᠣᠷ ᠲᠦᠪᠰᠢᠨ ᠤ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ | ᠤᠯᠤᠰ ᠤᠨ ᠢᠳᠡᠭᠡᠨ ᠤ ᠠᠮᠣᠷ ᠲᠦᠪᠰᠢᠨ ᠤ ᠬᠤᠳᠠ ᠶᠢ ᠪᠠᠶᠢᠭᠤᠯᠬᠤ ᠠᠯᠬᠤᠮ ᠢ ᠲᠦᠷᠭᠡᠳᠬᠡᠨ᠎ᠡ᠃ ᠢᠨᠲ᠋ᠧᠷ | ᠰᠦᠯᠵᠢᠶ᠎ᠡ ᠵᠡᠷᠭᠡ ᠰᠢᠨ᠎ᠠ ᠵᠠᠭᠤᠴᠢᠯᠠᠭᠤᠷ ᠤᠨ ᠬᠠᠮᠢᠶᠠᠷᠦᠯᠳᠠ ᠶᠢ ᠴᠢᠩᠭᠠᠳᠬᠠᠵᠤ᠂ ᠲᠤᠤᠷ ᠰᠦᠯᠵᠢᠶᠠᠨ ᠤ ᠶᠠᠷᠢᠶᠠᠨ | ᠬᠡᠯᠡᠯᠴᠡᠭᠡ ᠲᠠᠬᠢ ᠬᠢᠨᠡᠨ ᠮᠠᠭᠠᠳᠯᠠᠯᠳᠠ ᠶᠢ ᠴᠢᠩᠭᠠᠳᠬᠠᠨ᠎ᠠ᠃ ᠬᠤᠶᠡᠷ ᠲᠤ ᠬᠠᠣᠯᠢ ᠶᠣᠰᠣᠭᠠᠷ ᠬᠤᠳᠠ ᠶᠢ ᠵᠠᠰᠠᠬᠤ | ᠠᠬᠢᠴᠠ ᠪᠠᠨ ᠲᠦᠷᠭᠡᠳᠭᠡᠬᠦ ᠬᠡᠷᠡᠭᠳᠡᠢ᠃ ᠬᠦᠨᠳᠦ ᠴᠢᠬᠤᠯᠡ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ ᠶᠢᠨ | ᠬᠠᠤᠯᠢ ᠶᠣᠰᠣᠴᠢ ᠴᠢᠨᠠᠷ ᠲᠤ ᠪᠠᠶᠢᠴᠠᠭᠠᠯᠳᠠ ᠬᠢᠬᠦ ᠶᠢ ᠴᠢᠩᠭᠠᠳᠬᠠᠨ᠂ ᠬᠠᠤᠯᠢ ᠴᠠᠭᠠᠵᠠ ᠶᠢᠨ ᠵᠦᠪᠯᠡᠭᠴᠢ ᠶᠢᠨ | ᠰᠢᠰᠲ᠋ᠧᠮ ᠢ ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠡᠶᠢᠭᠤᠯᠤᠯ ᠤᠨ ᠦᠭᠡᠷᠡᠴᠢᠯᠡᠯᠳᠡ ᠶᠢ | ᠬᠦᠨᠵᠡᠬᠡᠶᠢᠷᠡᠭᠦᠯᠦᠨ᠂ ᠵᠠᠰᠠᠭ ᠵᠠᠬᠢᠷᠭᠠᠨ ᠤ ᠠᠵᠢᠯᠯᠠᠭ᠎ᠠ ᠶᠢ ᠬᠠᠤᠯᠢᠵᠢᠯ ᠤᠨ ᠵᠠᠮ ᠳᠤ ᠤᠷᠤᠭᠤᠯᠤᠨ᠎ᠠ᠃ ᠠᠷᠠᠳ ᠤᠨ | ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ ᠪᠠᠶ᠎ᠠ ᠪᠠᠨ ᠲᠠᠭᠠᠵᠤ ᠲᠦᠪ | ᠭᠤᠤᠯᠴᠢ ᠪᠠᠷ ᠰᠢᠬᠦᠨ ᠲᠠᠰᠤᠯᠬᠤ ᠡᠷᠬᠡ ᠪᠤᠯᠤᠨ ᠪᠠᠶᠢᠴᠠᠭᠠᠬᠤ ᠡᠷᠭᠡ ᠪᠠᠨ ᠬᠡᠷᠡᠭᠵᠢᠬᠦᠯᠬᠦ ᠶᠢ ᠲᠡᠮᠵᠢᠵᠦ᠂ ᠬᠠᠤᠯᠢ | ᠴᠠᠭᠠᠵᠠ ᠶᠢᠨ ᠠᠵᠢᠯᠯᠠᠭ᠎ᠠ ᠶᠢ ᠨᠦᠯᠦᠭᠡᠯᠡᠬᠦ ᠶᠢ ᠬᠤᠷᠢᠭᠯᠠᠬᠤ ᠬᠡᠷᠡᠭᠳᠡᠢ᠃ ᠬᠠᠤᠯᠢ ᠴᠠᠭᠠᠵᠠ ᠶᠢᠨ ᠪᠠᠶᠢᠭᠤᠯᠤᠯ ᠤᠨ | ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠦᠷᠢᠵᠢᠭᠤᠯᠵᠤ᠂ ᠬᠠᠤᠯᠢ ᠴᠠᠭᠠᠵᠠ ᠬᠡᠷᠡᠭᠵᠢᠭᠦᠯᠬᠦ ᠶᠢ ᠢᠯᠡ ᠪᠤᠯᠭᠠᠬᠤ ᠪᠠ ᠲᠦᠷᠢᠮᠵᠢᠭᠦᠯᠤᠭ᠍ᠰᠡᠨ | ᠬᠠᠮᠢᠶᠠᠷᠤᠯᠲᠠ ᠶᠢ ᠠᠬᠢᠭᠤᠯᠤᠨ᠂ ᠬᠠᠤᠯᠢ ᠴᠠᠭᠠᠵᠠ ᠶᠢᠨ ᠢᠳᠡᠭᠡᠮᠵᠢ ᠶᠢᠨ ᠬᠦᠴᠦᠨ ᠢ ᠲᠡᠭᠡᠭᠰᠢᠯᠡᠬᠦᠯᠦᠨ᠎ᠡ᠃ | ᠭᠠᠴᠠᠭ᠎ᠠ᠂ ᠨᠠᠶᠢᠭᠡᠮ ᠲᠤᠭᠤᠷᠢᠭ ᠤᠨ ᠦᠨᠳᠦᠰᠦᠨ ᠱᠠᠳᠦᠨ ᠤ ᠵᠤᠬᠢᠶᠠᠨ ᠪᠠᠶᠢᠭᠤᠯᠤᠯᠳᠠ ᠶᠢᠨ ᠬᠡᠷᠡᠭ ᠣᠴᠢᠷ ᠤᠨ | ᠬᠠᠮᠢᠶᠠᠷᠤᠯᠳᠠ ᠶᠢ ᠲᠦᠷᠢᠮᠵᠢᠬᠦᠯᠵᠦ᠂ ᠦᠨᠳᠦᠰᠦᠨ ᠱᠠᠳᠦᠨ ᠤ ᠺᠠᠳ᠋ᠷ ᠤᠨ ᠬᠠᠤᠯᠢ ᠴᠠᠭᠠᠵᠠ ᠶᠢᠨ ᠤᠬᠠᠮᠰᠠᠷ ᠢ | ᠤᠯᠠᠮ ᠨᠢᠬᠡ ᠠᠯᠬᠤᠮ ᠨᠡᠮᠡᠭᠳᠡᠭᠦᠯᠦᠨ᠂ ᠦᠨᠳᠦᠰᠦᠨ ᠱᠠᠳᠦᠨ ᠤ ᠬᠠᠤᠯᠢ ᠵᠠᠰᠠᠬᠤ ᠭᠢᠷᠢ ᠲᠦᠪᠰᠢᠨ ᠢ ᠲᠠᠰᠣᠷᠠᠯᠳᠠ | ᠦᠬᠡᠢ ᠲᠡᠭᠡᠭᠰᠢᠯᠡᠬᠦᠯᠦᠨ᠎ᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠯᠠᠪᠳᠠᠭᠤᠨ | ᠶᠠᠪᠤᠭᠤᠯᠵᠤ᠂ ᠮᠠᠯᠴᠢᠨ ᠲᠦᠮᠡᠨ ᠤ ᠬᠠᠤᠯᠢ ᠴᠠᠭᠠᠵᠠ ᠶᠢᠨ ᠣᠬᠠᠭᠤᠯᠭ᠎ᠠ ᠬᠦᠮᠦᠵᠢᠯ ᠢ ᠰᠠᠶᠢᠳᠣᠷ ᠠᠳᠬᠤᠵᠤ᠂ | ᠪᠦᠬᠦ ᠨᠠᠶᠢᠭᠡᠮ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠣᠷᠣᠯᠴᠠᠬᠤ ᠬᠠᠤᠯᠢ ᠰᠠᠬᠢᠬᠤ ᠬᠠᠤᠯᠢ ᠬᠡᠷᠡᠭᠯᠡᠬᠦ | ᠤᠬᠠᠮᠰᠠᠷ ᠢ ᠴᠢᠩᠭᠠᠳᠬᠠᠨ᠎ᠠ᠃ ᠭᠤᠷᠪᠡ ᠳᠤ ᠦᠨᠳᠦᠰᠦᠳᠡᠨ ᠤ ᠪᠦᠯᠬᠦᠮᠳᠡᠯ ᠤᠨ ᠤᠬᠢ ᠰᠠᠶᠢᠨ ᠪᠠᠶᠢᠳᠠᠯ ᠢ | ᠪᠠᠳᠣᠳᠬᠠᠬᠤ ᠬᠡᠷᠡᠭᠳᠡᠢ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ | ᠦᠷᠬᠦᠯᠵᠢᠯᠡᠨ ᠰᠠᠶᠢᠳᠦᠷ ᠬᠢᠵᠦ᠂ ︽ᠭᠤᠷᠪᠡ ᠠᠴᠠ ᠰᠠᠯᠵᠤ ᠪᠤᠯᠤᠰᠢ ᠦᠬᠡᠢ︾᠂ ︽ᠲᠠᠪᠤ ᠶᠢ ᠵᠦᠪᠰᠢᠶᠡᠷᠡᠬᠦ︾ | ᠦᠵᠡᠯ ᠰᠠᠨᠠᠭ᠎ᠠ ᠶᠢ ᠡᠯ᠎ᠡ ᠦᠨᠳᠦᠰᠦᠳᠡᠨ ᠤ ᠠᠷᠠᠳ ᠲᠦᠮᠡᠨ ᠤ ᠰᠡᠳᠬᠢᠯ ᠳᠤ ᠬᠦᠨ ᠬᠠᠳᠡᠩᠰᠢᠭᠤᠯᠤᠨᠡ᠃ ᠬᠠᠤᠯᠢ | ᠶᠤᠰᠣᠭᠠᠷ ᠱᠠᠰᠢᠨ ᠰᠣᠷᠳᠠᠬᠤᠨ ᠤ ᠬᠡᠷᠡᠭ ᠶᠠᠪᠤᠳᠠᠯ ᠢ ᠬᠠᠮᠢᠶᠠᠷᠴᠣ᠂ ᠣᠶᠢᠯᠡᠳᠪᠦᠷᠢ ᠬᠤᠳᠠᠯᠳᠤᠭᠠᠨ ᠤ ᠬᠤᠯᠪᠤᠭ᠎ᠠ | ᠶᠢᠨ ᠬᠤᠭᠤᠴᠠᠭ᠎ᠠ ᠰᠣᠯᠢᠬᠤ ᠠᠵᠢᠯ ᠢ ᠰᠠᠶᠢᠨ ᠬᠢᠵᠤ᠂ ᠠᠷᠠᠳᠴᠢᠯᠠᠭᠰᠠᠨ ᠨᠠᠮ ᠪᠦᠯᠦᠭ᠂ ᠨᠠᠮ ᠤᠨ ᠭᠠᠳᠠᠨᠠᠬᠢ | ᠬᠦᠮᠦᠰ ᠤᠨ ᠣᠶᠢᠯᠡᠳᠦᠯ ᠢ ᠪᠠᠳᠠᠷᠠᠭᠤᠯᠤᠨ᠂ ᠬᠦᠭᠵᠢᠯᠳᠡ ᠶᠢᠨ ᠢᠳᠡᠪᠬᠢ ᠬᠦᠴᠦᠨ ᠢ ᠬᠤᠷᠠᠮᠳᠤᠭᠤᠯᠤᠨ | ᠪᠠᠳᠠᠷᠠᠭᠤᠯᠤᠨ᠎ᠠ᠃ ︽ᠲᠠᠪᠤ ᠶᠢ ᠠᠭᠤᠰᠣᠯᠴᠠᠭᠤᠯᠵᠦ ᠲᠦᠷᠪᠡ ᠶᠢ ᠠᠬᠢᠭᠤᠯᠬᠤ︾ ᠬᠦᠳᠡᠯᠭᠡᠭᠡᠨ ᠢ ᠦᠷᠬᠦᠯᠵᠢᠯᠡᠨ | ᠬᠦᠨᠵᠡᠬᠡᠶᠢᠷᠡᠬᠦᠯᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠪᠤᠯᠤᠨ ᠪᠡᠯᠡᠳᠭᠡᠯ ᠬᠦᠴᠦᠨ ᠤ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠴᠡᠷᠢᠭ ᠴᠠᠭᠳᠠᠭ᠎ᠠ ᠠᠷᠠᠳ ᠵᠡᠷᠭᠡᠪᠡᠷ ᠬᠦᠭᠵᠢᠬᠦ ᠬᠦᠭᠵᠢᠯᠳᠡ ᠶᠢᠨ | ᠪᠠᠶᠢᠳᠠᠯ ᠢ ᠪᠤᠢ ᠪᠤᠯᠭᠠᠨ᠎ᠠ᠃ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ | ᠬᠦᠳᠡᠯᠭᠡᠭᠡᠨ ᠢ ᠰᠠᠶᠢᠳᠣᠷ ᠵᠤᠬᠢᠶᠠᠨ ᠪᠠᠶᠢᠭᠤᠯᠵᠤ᠂ ᠪᠡᠯᠡᠭ ᠬᠦᠷᠭᠡᠬᠦ ᠢᠨᠵᠧᠨᠧᠷᠢᠩ ᠤᠨ ᠪᠦᠳᠦᠭᠡᠨ ᠪᠡᠶᠢᠭᠤᠯᠤᠯᠳᠠ | ᠶᠢ ᠶᠡᠬᠡᠪᠡᠷ ᠠᠬᠢᠭᠤᠯᠵᠤ᠂ ᠦᠷ᠎ᠡ ᠪᠦᠳᠦᠭᠡᠯ ᠢ ᠲᠡᠯᠭᠡᠨ ᠦᠵᠡᠬᠦᠯᠵᠦ ᠦᠵᠡᠯ ᠲᠠᠨᠢᠯᠳᠠ ᠪᠠᠨ ᠨᠢᠭᠡᠳᠦᠭᠡᠨ᠂ ᠡᠷᠴᠢ | ᠵᠤᠷᠢᠭ ᠢᠶᠠᠨ ᠬᠦᠭᠵᠢᠬᠡᠵᠦ᠂ ᠡᠯ᠎ᠡ ᠦᠨᠳᠦᠰᠦᠳᠡᠨ ᠤ ᠺᠠᠳ᠋ᠷ ᠲᠦᠮᠡᠨ ᠤ ᠤᠮᠤᠭ ᠪᠠᠭ᠋ᠠᠳᠣᠯ ᠪᠠ ᠬᠠᠷᠢᠭᠤᠴᠠᠯᠭᠠᠳᠤ | ᠰᠡᠳᠭᠢᠯᠭᠡ ᠶᠢ ᠴᠢᠩᠭᠠᠳᠬᠠᠨ᠎ᠠ᠃ | ︵ᠨᠢ᠋ᠮᠠ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠠᠶᠢᠳᠠᠪᠦᠷᠢᠵᠢᠭᠤᠯᠵᠤ᠂ ᠠᠵᠦ ᠠᠬᠤᠢ ᠨᠠᠶᠢᠭᠡᠮ ᠤᠨ | ᠬᠦᠭᠵᠢᠯᠳᠡ ᠳᠤ ᠡᠷᠡᠰ ᠴᠢᠩᠭ᠎ᠠ ᠪᠠᠳᠣᠯᠠᠭ᠎ᠠ ᠬᠠᠩᠭᠠᠨ᠎ᠠ᠃ ᠨᠢᠭᠡ ᠳᠤ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠱᠠᠳᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠬᠤ | ᠨᠦᠬᠦᠳ ᠨᠢ ᠨᠠᠮ ᠢ ᠴᠢᠩᠭ᠎ᠠ ᠵᠠᠰᠠᠬᠤ ︽1+3︾ ᠲᠦᠷᠢᠮ ᠤᠨ ᠰᠢᠰᠲ᠋ᠧᠮ ᠢ ᠨᠠᠶᠢᠳᠠᠪᠤᠷᠢᠵᠢᠭᠤᠯᠵᠤ᠂ ᠨᠠᠮ ᠤᠨ | ᠴᠣᠭᠴᠠᠯᠠᠯᠳᠠ ᠶᠢ ᠰᠠᠶᠢᠳᠣᠷ ᠠᠳᠬᠤᠬᠤ ᠨᠢ ᠦᠨᠳᠤᠰᠦᠨ ᠬᠠᠷᠢᠭᠤᠯᠴᠠᠭ᠎ᠠ ᠶᠤᠮ᠂ ᠨᠠᠮ ᠤᠨ ᠴᠤᠭᠴᠠᠯᠠᠯᠳᠠ ᠶᠢ | ᠰᠠᠶᠢᠨ ᠠᠳᠬᠤᠬᠤ ᠦᠬᠡᠢ ᠪᠤᠯ ᠬᠠᠷᠢᠭᠤᠴᠠᠯᠭ᠎ᠠ ᠠᠯᠳᠠᠵᠤ᠂ ᠴᠢᠩᠭ᠎ᠠ ᠪᠤᠰᠤ ᠠᠳᠬᠤᠵᠤ᠂ ᠦᠷ᠎ᠡ ᠳ᠋ᠥᠩ ᠨᠢ | ᠰᠠᠶᠢᠨ ᠦᠬᠡᠢ ᠪᠤᠯ ᠲᠤᠰᠢᠶᠠᠯ ᠳᠤ ᠪᠠᠨ ᠬᠢᠷᠢ ᠲᠡᠩᠴᠡᠭᠰᠡᠨ ᠦᠬᠡᠢ ᠶᠠᠪᠤᠳᠠᠯ ᠮᠦᠨ ᠭᠡᠰᠡᠨ ᠦᠵᠡᠯ ᠲᠠᠨᠢᠯᠲᠠ ᠶᠢ | ᠪᠠᠳᠤ ᠪᠤᠢ ᠪᠤᠯᠭᠠᠵᠤ᠂ ᠨᠠᠮ ᠤᠨ ᠴᠤᠭᠴᠠᠯᠠᠯᠳᠠ ᠶᠢᠨ ᠠᠵᠢᠯ ᠢ ᠡᠷᠭᠡᠪᠰᠢ ᠪᠡᠶ᠎ᠡ ᠪᠠᠷ ᠢᠶᠠᠨ ᠰᠣᠳᠣᠯᠠᠵᠤ | ᠪᠠᠶᠢᠷᠢᠯᠠᠭᠤᠯᠤᠨ᠂ ᠪᠡᠶ᠎ᠡ ᠪᠠᠷ ᠢᠶᠠᠨ ᠲᠤᠬᠢᠷᠡᠭᠤᠯᠵᠤ ᠱᠠᠭᠠᠷᠳᠠᠨ᠂ ᠡᠯ᠎ᠡ ᠲᠦᠷᠦᠯ ᠤᠨ ᠡᠭᠦᠷᠭᠡ ᠶᠢᠨ | ᠨᠠᠶᠢᠳᠠᠪᠤᠷᠢᠵᠢᠭᠳᠠᠬᠤ ᠶᠢ ᠪᠠᠳᠣᠯᠠᠨ᠎ᠠ᠃ ᠵᠤᠬᠢᠶᠠᠨ ᠪᠠᠶᠢᠭᠤᠯᠤᠯᠳᠠ ᠶᠢᠨ ᠰᠠᠯᠠᠭ᠎ᠠ ᠮᠦᠴᠢᠷ ᠬᠠᠷᠢᠭᠤᠴᠠᠯᠭ᠎ᠠ ᠦᠨᠡᠯᠡᠨ | ᠰᠢᠯᠭᠠᠵᠤ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠨ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ | ᠶᠢᠨ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠤᠨ ᠬᠢᠨᠡᠨ ᠪᠡᠶᠢᠴᠠᠭᠠᠯᠳᠠ ᠶᠢᠨ ᠬᠦᠴᠦᠯᠡᠴᠡ ᠶᠢ ᠶᠡᠬᠡᠰᠬᠡᠵᠦ᠂ | ᠬᠢᠨᠡᠨ ᠰᠢᠯᠭᠠᠯᠳᠠ ᠶᠢᠨ ᠦᠷ᠎ᠡ ᠳ᠋ᠥᠩ ᠢ ᠠᠰᠢᠭᠯᠠᠵᠤ ᠬᠡᠷᠡᠭᠯᠡᠨ᠂ ᠨᠠᠮ ᠤᠨ ᠴᠣᠭᠴᠠᠯᠠᠯᠳᠠ ᠶᠢᠨ ᠠᠵᠢᠯ ᠤᠨ | ᠬᠠᠷᠢᠭᠤᠴᠠᠯᠭ᠎ᠠ ᠶᠢ ᠪᠣᠳᠠᠳᠠᠢ ᠪᠠᠷ ᠨᠠᠶᠢᠳᠠᠪᠤᠷᠢᠵᠢᠭᠤᠯᠤᠨ᠎ᠠ᠃ ᠬᠤᠶᠠᠷ ᠲᠤ ᠦᠵᠡᠯ ᠰᠠᠨᠠᠭ᠎ᠠ ᠣᠯᠣᠰ ᠲᠦᠷᠦ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠨᠠᠮ ᠤᠨ ᠬᠤᠷᠢᠶᠠᠨ ᠤ ︵ᠨᠠᠮ ᠤᠨ ᠲᠤᠭᠤᠶᠢᠯᠡᠩ︶ | ᠦᠵᠡᠯ ᠤᠬᠠᠮᠰᠠᠷ ᠤᠨ ᠬᠡᠯᠪᠡᠷᠢ ᠶᠢᠨ ᠲᠠᠯᠠᠷᠬᠢ ᠠᠵᠢᠯ ᠤᠨ ᠬᠠᠷᠢᠭᠤᠴᠠᠯᠭᠠᠳᠤ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠢ᠋ᠮᠠᠳᠤᠭᠠᠷ ᠶᠡᠭᠡ ᠬᠤᠷᠠᠯ᠂ ᠠᠷᠪᠠᠨ ᠨᠢ᠋ᠮᠠᠳᠤᠭᠠᠷ ᠬᠤᠭᠤᠴᠠᠭᠠᠨ ᠤ | ᠭᠤᠷᠪᠠᠳᠣᠭᠠᠷ᠂ ᠲᠦᠷᠪᠡᠳᠣᠭᠡᠷ᠂ ᠲᠠᠪᠣᠳᠣᠭᠠᠷ᠂ ᠵᠢᠷᠭᠤᠳᠣᠭᠠᠷ ᠪᠦᠭᠦᠳᠡ ᠬᠤᠷᠠᠯ ᠪᠤᠯᠤᠨ ᠰᠢ ᠶᠢᠨ ᠫᠢᠩ ᠶᠡᠷᠦᠩᠭᠡᠢ | ᠱᠦᠵᠢ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢᠨ ᠰᠤᠷᠤᠯᠴᠠᠯᠭ᠎ᠠ ᠵᠢᠴᠢ ᠲᠦᠷᠦ ᠶᠢ ᠵᠠᠰᠠᠵᠤ ᠵᠠᠰᠠᠭ ᠢ | ᠡᠷᠬᠢᠯᠡᠬᠦ ᠰᠢᠨ᠎ᠠ ᠦᠢᠯᠠᠭᠠᠭᠳᠠᠬᠤᠨ ᠰᠢᠨ᠎ᠠ ᠦᠵᠡᠯ ᠣᠬᠠᠮᠰᠠᠷ ᠰᠢᠨ᠎ᠠ ᠪᠠᠶᠢᠯᠳᠣᠬᠤ ᠪᠣᠳᠣᠯᠭ᠎ᠠ ᠶᠢᠨ ᠰᠣᠷᠣᠯᠴᠠᠯᠭ᠎ᠠ | ᠶᠢ ᠦᠷᠬᠦᠯᠵᠢᠯᠡᠨ ᠬᠦᠨᠵᠡᠬᠡᠶᠢᠷᠠᠭᠦᠯᠵᠦ᠂ ︽ᠬᠤᠶᠠᠷ ᠢ ᠰᠣᠷᠣᠯᠴᠠᠨ ᠨᠢᠭᠡᠨ ᠬᠢᠷᠢ ᠲᠡᠩᠴᠡᠭᠰᠡᠨ ᠨᠠᠮ ᠤᠨ ᠭᠡᠰᠢᠬᠦᠨ | ᠪᠤᠯᠬᠤ︾ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠵᠤ᠂ ᠬᠤᠳᠠ ᠶᠢᠨ ᠨᠠᠮ ᠤᠨ ᠬᠤᠷᠢᠶ᠎ᠠ | ᠶᠢᠨ ᠭᠤᠤᠯᠯᠠᠬᠤ ᠲᠤᠭᠤᠶᠢᠯᠡᠩ᠂ ᠦᠨᠳᠦᠰᠦᠨ ᠱᠠᠳᠦᠨ ᠤ ᠶᠡᠭᠡ ᠬᠢᠴᠢᠶᠡᠯ ᠤᠨ ᠲᠢᠩᠭᠢᠮ᠂ ᠨᠠᠮ ᠤᠨ ᠰᠣᠷᠭᠠᠭᠤᠯᠢ | ᠶᠢᠨ ᠪᠤᠯᠪᠠᠰᠣᠷᠠᠭᠤᠯᠤᠯᠳᠠ ᠪᠠᠷ ᠭᠤᠤᠯᠳᠠᠯᠭ᠎ᠠ ᠪᠤᠯᠭᠠᠭᠰᠠᠨ ᠤᠨᠤᠯ ᠤᠨ ᠤᠬᠠᠭᠤᠯᠭ᠎ᠠ ᠶᠢᠨ ᠠᠵᠢᠯ ᠢ ᠦᠷᠬᠦᠯᠵᠢᠯᠡᠨ | ᠰᠠᠶᠢᠳᠣᠷ ᠠᠳᠬᠤᠨ᠂ ᠰᠢᠨ᠎ᠠ ᠵᠠᠭᠤᠴᠢᠯᠠᠭᠤᠷ ᠤᠨ ᠲᠠᠪᠴᠡᠩ ᠢ ᠪᠦᠳᠦᠮᠵᠢᠳᠡᠢ ᠠᠰᠢᠭᠯᠠᠨ᠂ ᠦᠷᠭᠡᠨ ᠣᠯᠠᠨ ᠨᠠᠮ | ᠤᠨ ᠬᠡᠰᠢᠬᠦᠨ ᠺᠠᠳ᠋ᠷᠴᠣᠳ ᠤᠨ ᠢᠳᠡᠭᠡᠯ ᠬᠦᠰᠡᠯᠡᠩ ᠢᠶᠠᠨ ᠪᠠᠳᠣᠳᠬᠠᠬᠤ ᠶᠢ ᠵᠢᠯᠤᠭᠤᠳᠴᠤ᠂ ︽ᠲᠦᠷᠪᠡᠨ | ᠤᠬᠠᠮᠰᠠᠷ︾ ᠢ ᠴᠢᠩᠭᠠᠳᠬᠠᠨ᠂ ᠣᠨᠴᠠᠭᠠᠶᠢᠯᠡᠨ ᠭᠤᠤᠯ ᠴᠤᠭᠴᠠ ᠶᠢᠨ ᠤᠬᠠᠮᠰᠠᠷ᠂ ᠨᠢᠭᠡᠳᠦᠯᠳᠡᠢ ᠪᠡᠶᠢᠬᠤ ᠤᠬᠠᠮᠰᠠᠷ | ᠢ ᠪᠤᠳᠠᠳᠠᠶᠢᠵᠢᠭᠤᠯᠵᠤ᠂ ᠦᠪᠡᠷ ᠤᠨ ᠤᠬᠠᠮᠰᠠᠷ ᠠᠴᠠ ᠪᠠᠨ ᠦᠵᠡᠯ ᠰᠠᠨᠠᠭ᠎ᠠ ᠣᠯᠣᠰ ᠲᠦᠷᠦ ᠤᠶᠢᠯᠡ ᠠᠵᠢᠯᠯᠠᠭ᠎ᠠ | ᠶᠢᠨ ᠲᠠᠯ᠎ᠠ ᠪᠠᠷ ᠰᠢ ᠶᠢᠨ ᠫᠢᠩ ᠶᠡᠷᠦᠩᠬᠡᠢ ᠱᠦᠵᠢ ᠪᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ | ᠲᠡᠭᠡᠳᠦ ᠬᠡᠮᠵᠢᠶ᠎ᠡ ᠪᠠᠷ ᠨᠢᠭᠡᠳᠤᠯᠳᠡᠢ ᠪᠠᠶᠢᠬᠤ ᠬᠡᠷᠡᠭᠳᠡᠢ᠃ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠤᠯᠤᠰ ᠤᠨ ᠪᠤᠯᠪᠠᠰᠤᠨ ᠬᠤᠳᠠ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ | ᠦᠵᠡᠯ ᠰᠠᠨᠠᠭ᠎ᠠ ᠶᠤᠰᠤ ᠰᠤᠷᠳᠠᠬᠤᠨ ᠤ ᠪᠦᠳᠦᠭᠡᠨ ᠪᠡᠶᠢᠭᠤᠯᠤᠯᠳᠠ ᠶᠢᠨ ᠠᠵᠢᠯ ᠤᠨ ᠲᠡᠷᠢᠬᠦᠨ ᠤ ᠬᠤᠳᠠ ᠪᠤᠯᠭᠠᠨ | ᠪᠡᠶᠢᠭᠤᠯᠬᠤ ᠪᠠᠷ ᠴᠢᠷᠮᠠᠶᠢᠨ᠎ᠠ᠃ ᠭᠤᠷᠪᠡ ᠳᠤ ᠤᠶᠢᠯᠡᠴᠢᠯᠡᠭᠡᠨ ᠤ ᠬᠡᠯᠪᠡᠷᠢ ᠶᠢᠨ ᠦᠨᠳᠦᠰᠦᠨ ᠱᠠᠳᠤᠨ ᠤ ᠨᠠᠮ ᠤᠨ | ᠵᠤᠬᠢᠶᠡᠨ ᠪᠠᠶᠢᠭᠤᠯᠤᠯᠳᠠ ᠶᠢᠨ ᠴᠣᠭᠴᠠᠯᠠᠯᠳᠠ ᠶᠢ ᠴᠢᠩᠭᠠᠳᠬᠠᠬᠤ ᠬᠡᠷᠡᠭᠳᠡᠢ᠃ ︽ᠤᠮᠡᠷᠡᠳᠦ ᠬᠢᠯᠢ ᠶᠢᠨ ᠦᠨᠳᠦᠰᠦᠨ | ᠱᠠᠳᠦᠨ ᠤ ᠨᠠᠮ ᠤᠨ ᠴᠤᠭᠴᠠᠯᠠᠯᠳᠠ ᠶᠢᠨ ᠰᠢᠰᠲ᠋ᠧᠮ ᠤᠨ ᠪᠠᠶᠢᠭᠤᠯᠤᠯᠳᠠ︾ ᠶᠢ ᠯᠠᠪᠳᠠᠭᠤᠨ ᠪᠠᠳᠣᠳᠠᠢ ᠠᠬᠢᠭᠤᠯᠵᠤ᠂ | ᠦᠨᠳᠦᠰᠦᠨ ᠱᠠᠳᠦᠨ ᠤ ᠨᠠᠮ ᠤᠨ ᠪᠦᠳᠦᠭᠡᠨ ᠪᠠᠶᠢᠭᠤᠯᠤᠯᠳᠠ ᠶᠢᠨ ᠠᠴᠢᠶᠠᠯᠠᠪᠦᠷᠢ ᠳᠤ ᠰᠢᠨ᠎ᠠ ᠶᠢ ᠡᠭᠦᠳᠴᠤ᠂ | ᠮᠠᠯᠵᠢᠬᠤ ᠤᠷᠤᠨ᠂ ᠵᠡᠭᠡᠯᠢ ᠭᠤᠳᠤᠮᠵᠢ ᠶᠢᠨ ᠨᠠᠶᠢᠭᠡᠮ ᠲᠤᠭᠤᠷᠢᠭ᠂ ᠪᠠᠶᠢᠭᠤᠯᠭ᠎ᠠ ᠨᠢᠬᠡᠴᠡ᠂ ᠠᠵᠦ ᠠᠬᠤᠶᠢᠯᠠᠯ | ᠪᠤᠯᠤᠨ ᠨᠠᠶᠢᠳᠠ ᠶᠢᠨ ᠪᠤᠰᠤ ᠦᠮᠴᠢᠯᠡᠯᠳᠦ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠨᠠᠶᠢᠭᠡᠮ ᠤᠨ ᠵᠤᠬᠢᠶᠠᠨ | ᠪᠡᠶᠢᠭᠤᠯᠤᠯᠳᠠ ᠵᠡᠷᠭᠡ ᠬᠦᠷᠢᠶᠠᠨ ᠬᠡᠪᠴᠢᠶᠠᠨ ᠲᠠᠬᠢ ᠨᠠᠮ ᠤᠨ ᠴᠤᠭᠴᠠᠯᠠᠯᠳᠠ ᠶᠢᠨ ᠠᠵᠢᠯ ᠢ ᠨᠢᠭᠡᠳᠦᠯᠳᠡᠢ | ᠲᠦᠯᠦᠪᠯᠡᠨ ᠠᠬᠢᠭᠤᠯᠤᠨ᠎ᠠ᠃ ᠨᠠᠮ ᠤᠨ ᠴᠤᠭᠴᠠᠯᠠᠯᠳᠠ ᠶᠢᠨ ᠠᠵᠢᠯ ᠢᠶᠠᠷ ᠠᠵᠢᠯᠴᠢᠨ ᠤ ᠡᠪᠯᠡᠯ᠂ ᠡᠪᠯᠡᠯ ᠤᠨ | ᠬᠤᠷᠢᠶ᠎ᠠ᠂ ᠡᠮᠡᠭᠳᠡᠶᠢᠴᠣᠳ ᠤᠨ ᠬᠤᠯᠪᠤᠭᠠᠳᠤ ᠬᠤᠷᠠᠯ ᠤᠨ ᠠᠵᠢᠯ ᠢ ᠬᠦᠳᠦᠯᠦᠨ ᠲᠠᠭᠠᠭᠤᠯᠵᠤ᠂ ᠨᠠᠮ ᠤᠨ ᠵᠤᠬᠢᠶᠡᠨ | ᠪᠠᠶᠢᠭᠤᠯᠤᠯᠳᠠ ᠪᠤᠯᠤᠨ ᠨᠠᠮ ᠤᠨ ᠠᠵᠢᠯ ᠤᠨ ᠪᠦᠷᠬᠦᠴᠡ ᠶᠢ ᠲᠠᠰᠣᠷᠠᠯᠳᠠ ᠦᠬᠡᠢ ᠦᠷᠭᠡᠳᠭᠡᠨ᠎ᠡ᠃ ᠨᠢᠭᠡ ᠪᠦᠯᠦᠭ | ᠶᠡᠷᠦᠩᠬᠡᠶᠢᠯᠡᠭᠰᠡᠨ ᠪᠤᠳᠠᠳᠤ ᠬᠦᠴᠦᠨ ᠨᠢ ᠴᠢᠩᠭ᠎ᠠ ᠦᠨᠳᠦᠰᠦᠨ ᠱᠠᠳᠤᠨ ᠤ ᠨᠠᠮ ᠤᠨ ᠴᠤᠭᠴᠠᠯᠠᠯᠳᠠ ᠶᠢᠨ ᠠᠵᠢᠯ | ᠤᠨ ᠨᠡᠷᠡᠳᠦ ᠲᠡᠮᠳᠡᠭ ᠢ ᠪᠤᠶᠢᠵᠢᠭᠤᠯᠵᠤ᠂ ᠨᠠᠶᠢᠳᠡᠯᠢᠭ ᠲᠤᠷᠰᠢᠯᠭ᠎ᠠ ᠰᠣᠷᠭᠠᠮᠵᠢ ᠪᠠᠨ ᠰᠠᠶᠢᠳᠣᠷ ᠳ᠋ᠦᠩᠨᠡᠵᠦ᠂ | ᠲᠡᠷᠢᠬᠦᠨ ᠤ ᠨᠠᠶᠢᠳᠡᠯᠢᠭ ᠵᠢᠱᠢᠶ᠎ᠠ ᠶᠢᠨ ᠲᠠᠭᠠᠭᠤᠯᠬᠤ ᠣᠶᠢᠯᠡᠳᠣᠯ ᠢ ᠪᠠᠳᠠᠷᠠᠭᠤᠯᠤᠨ᠎ᠠ᠃ ᠦᠨᠳᠦᠰᠦᠨ ᠱᠠᠳᠦᠨ ᠤ | ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠴᠢᠳᠠᠪᠬᠢ ᠪᠤᠯᠤᠨ ᠣᠶᠢᠯᠡᠴᠢᠯᠡᠭᠡᠨ ᠤ ᠴᠢᠳᠠᠪᠬᠢ ᠶᠢ | ᠴᠢᠩᠭᠠᠳᠬᠠᠨ᠂ ᠦᠨᠳᠦᠰᠦᠨ ᠱᠠᠳᠦᠨ ᠤ ᠨᠠᠮ ᠤᠨ ᠴᠤᠬᠴᠠᠯᠠᠯᠳᠠ ᠶᠢᠨ ᠲᠤᠯᠤᠭᠠᠨ ᠲᠦᠷᠦᠯ ᠤᠨ ᠡᠬᠦᠷᠭᠡ ᠶᠢ | ᠰᠠᠶᠢᠳᠣᠷ ᠨᠠᠶᠢᠳᠠᠪᠤᠷᠢᠵᠢᠭᠤᠯᠵᠤ᠂ ᠦᠨᠳᠦᠰᠦᠨ ᠱᠠᠳᠤᠨ ᠤ ᠨᠠᠮ ᠤᠨ ᠴᠤᠭᠴᠠᠯᠠᠯᠳᠠ ᠶᠢᠨ ᠠᠵᠢᠯ ᠤᠨ ᠵᠠᠷᠣᠳᠠᠯ | ᠮᠦᠩᠬᠦ ᠪᠤᠯᠤᠨ ᠦᠨᠳᠦᠰᠦᠨ ᠱᠠᠳᠦᠨ ᠤ ᠠᠵᠢᠯᠳᠠᠨ ᠤ ᠬᠦᠯᠦᠰᠦ ᠤᠯᠭᠤᠮᠵᠢ ᠶᠢ ᠲᠡᠬᠡᠭᠰᠢᠯᠡᠬᠦᠯᠦᠨ᠂ ᠦᠨᠳᠦᠰᠦᠨ | ᠱᠠᠳᠦᠨ ᠤ ᠬᠦᠳᠡᠯᠬᠡᠬᠡᠨ ᠤ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠨ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠶᠢᠨ ᠨᠢᠬᠳᠠᠷᠠᠬᠤ ᠬᠦᠴᠦᠨ ᠪᠤᠯᠤᠨ ᠪᠠᠶᠢᠯᠳᠣᠬᠤ ᠬᠦᠴᠦᠨ ᠢ ᠲᠡᠭᠡᠭᠰᠢᠯᠡᠬᠦᠯᠬᠦ | ᠬᠡᠷᠡᠭᠳᠡᠢ᠃ ᠲᠦᠷᠪᠡ ᠳᠤ ᠤᠳᠣᠷᠢᠳᠬᠤ ᠪᠠᠭ ᠪᠤᠯᠤᠨ ᠺᠠᠳ᠋ᠷ ᠤᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ | ᠴᠢᠩᠭᠠᠳᠬᠠᠬᠤ ᠬᠡᠷᠡᠭᠳᠡᠢ᠃ ᠰᠢᠨ᠎ᠠ ᠴᠠᠭ ᠦᠶ᠎ᠠ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠳᠠᠯᠠᠵᠤ᠂ ᠺᠠᠳ᠋ᠷ | ᠰᠤᠩᠭᠤᠵᠤ ᠲᠡᠪᠰᠢᠬᠦᠯᠬᠦ ᠶᠠᠪᠤᠴᠠ ᠶᠢ ᠲᠦᠷᠢᠮᠵᠢᠬᠦᠯᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠰᠠᠶᠢᠳᠣᠷ ᠬᠢᠵᠦ᠂ | ᠡᠯ᠎ᠡ ᠱᠠᠳᠦᠨ ᠤ ᠤᠳᠣᠷᠢᠳᠬᠤ ᠪᠠᠭ ᠶᠢᠨ ᠪᠦᠬᠦᠯᠢ ᠴᠤᠭᠴᠠ ᠶᠢᠨ ᠴᠢᠳᠠᠪᠤᠷᠢ ᠶᠢ ᠨᠡᠮᠡᠭᠳᠡᠬᠦᠯᠦᠨ᠂ ᠤᠳᠤᠷᠢᠳᠬᠤ | ᠺᠠᠳ᠋ᠷ ᠤᠨ ᠬᠦᠭᠵᠢᠯᠳᠡ ᠶᠢ ᠠᠬᠢᠭᠤᠯᠬᠤ᠂ ᠠᠮᠤᠷ ᠲᠤᠭᠳᠠᠭᠤᠨ ᠢ ᠬᠠᠮᠠᠭᠠᠯᠠᠬᠤ᠂ ᠣᠯᠠᠨ ᠨᠠᠶᠢᠳᠠ ᠳᠤ ᠤᠶᠢᠯᠡᠴᠢᠯᠡᠬᠦ | ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠺᠠᠳ᠋ᠷ ᠤᠨ ᠡᠩ ᠤᠨ ᠴᠠᠭ ᠤᠨ ᠬᠢᠨᠠᠯᠳᠠ ᠬᠠᠮᠢᠶᠠᠷᠤᠯᠳᠠ ᠶᠢ | ᠴᠢᠩᠭᠠᠳᠬᠠᠨ᠂ ᠬᠢᠨᠡᠨ ᠰᠢᠯᠭᠠᠵᠤ ᠦᠨᠡᠯᠡᠬᠦ ᠰᠢᠰᠲ᠋ᠧᠮ ᠢ ᠰᠢᠯᠢᠳᠡᠭᠵᠢᠬᠦᠯᠵᠦ᠂ ᠤᠳᠤᠷᠢᠳᠬᠤ ᠺᠠᠳ᠋ᠷ ᠢ ᠲᠡᠪᠰᠢᠬᠦᠯᠵᠦ | ᠪᠤᠯᠬᠤ ᠮᠦᠷᠳᠡᠭᠡᠨ ᠪᠠᠭᠤᠯᠭᠠᠵᠤ ᠪᠤᠯᠬᠤ᠂ ᠠᠯᠳᠠᠭ᠎ᠠ ᠭᠠᠷᠬᠤ ᠶᠢ ᠪᠠᠭᠳᠠᠭᠠᠵᠤ ᠠᠯᠳᠠᠭ᠎ᠠ ᠶᠢ ᠨᠢ ᠵᠠᠯᠠᠷᠠᠭᠤᠯᠬᠤ | ᠰᠢᠰᠲ᠋ᠧᠮ ᠢ ᠪᠠᠶᠢᠭᠤᠯᠵᠤ᠂ ᠺᠠᠳ᠋ᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠺᠠᠳ᠋ᠷ ᠤᠨ | ᠰᠣᠷᠭᠠᠨ ᠬᠦᠮᠦᠵᠢᠯ ᠪᠤᠯᠤᠨ ᠤᠶᠢᠯᠡᠳᠦᠯᠬᠡ ᠶᠢᠨ ᠪᠤᠯᠪᠠᠰᠣᠷᠠᠭᠤᠯᠳᠠ ᠶᠢᠨ ᠵᠠᠮ ᠢ ᠦᠷᠭᠡᠳᠬᠡᠵᠦ᠂ ᠺᠠᠳ᠋ᠷᠴᠣᠳ ᠢ | ᠣᠶᠢᠯᠡᠳᠦᠯᠭᠡ ᠲᠤᠮᠳᠠ ᠬᠠᠷᠠᠭ᠎ᠠ ᠪᠠᠨ ᠦᠷᠭᠡᠳᠬᠡᠵᠦ᠂ ᠴᠢᠳᠠᠪᠤᠷᠢ ᠢ ᠨᠢ ᠨᠡᠮᠡᠭᠳᠡᠬᠦᠯᠦᠨ᠎ᠡ᠃ ᠲᠠᠪᠤ ᠳᠤ ᠨᠠᠮ ᠤᠨ | ᠰᠣᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠨᠠᠮ ᠤᠨ ᠰᠤᠷᠳᠠᠯ ᠴᠢᠬᠡᠴᠢ ᠵᠠᠰᠠᠭ | ᠤᠨ ᠪᠠᠶᠢᠭᠤᠯᠤᠯᠳᠠ ᠶᠢᠨ ᠲᠤᠮᠳᠠᠬᠢ ᠨᠠᠮ ᠤᠨ ᠬᠤᠷᠢᠶᠠᠨ ᠤ ᠭᠤᠤᠯ ᠬᠠᠷᠢᠭᠤᠴᠠᠯᠭ᠎ᠠ ᠪᠤᠯᠤᠨ ᠰᠠᠭᠢᠯᠭ᠎ᠠ ᠪᠠᠳᠣ | ᠪᠠᠶᠢᠴᠠᠭᠠᠬᠤ ᠬᠤᠷᠢᠶᠠᠨ ᠤ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠨ᠂ ︽ᠨᠢᠭᠡ ᠬᠡᠷᠡᠭ ᠶᠠᠪᠤᠳᠠᠯ ᠢ | ᠲᠠᠬᠢᠨᠳᠠ ᠪᠠᠶᠢᠴᠠᠭᠠᠬᠤ︾ ᠶᠢ ᠴᠢᠩᠭᠠᠳᠬᠠᠵᠤ᠂ ᠡᠯ᠎ᠡ ᠱᠠᠳᠣᠨ ᠤ ᠨᠠᠮ ᠤᠨ ᠬᠤᠷᠢᠶ᠎ᠠ ︵ᠨᠠᠮ ᠤᠨ ᠲᠤᠭᠤᠶᠢᠯᠡᠩ︶ | ᠶᠢᠨ ᠭᠤᠤᠯ ᠡᠭᠦᠷᠭᠡ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠨᠠᠮ ᠢ ᠬᠠᠮᠢᠶᠠᠷᠬᠤ ᠨᠠᠮ ᠢ ᠵᠠᠰᠠᠬᠤ | ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠰᠠᠶᠢᠳᠤᠷ ᠠᠳᠬᠤᠬᠤ ᠭᠡᠷᠡᠭᠳᠡᠢ᠃ ᠣᠭ ᠦᠨᠳᠦᠰᠦ ᠠᠴᠠ ᠨᠢ ᠤᠷᠢᠳᠴᠢᠯᠡᠨ | ᠰᠡᠷᠭᠡᠶᠢᠯᠡᠬᠦ ᠶᠢ ᠴᠢᠩᠭᠠᠳᠬᠠᠨ᠂ ᠢᠯᠵᠢᠷᠠᠯ ᠢ ᠡᠰᠡᠷᠬᠦᠴᠡᠬᠦ ᠠᠷᠢᠭᠤᠨ ᠴᠢᠬᠡᠴᠢ ᠶᠢ ᠡᠷᠬᠢᠮᠯᠡᠬᠦ ᠰᠣᠷᠭᠠᠨ ᠬᠦᠮᠦᠵᠢᠯ | ᠪᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠦᠳᠦᠭᠡᠨ ᠪᠡᠶᠢᠭᠤᠯᠤᠯᠳᠠ ᠶᠢ ᠴᠢᠩᠭᠠᠳᠬᠠᠵᠤ᠂ | ᠵᠠᠯᠬᠠᠭᠠᠨ ᠰᠢᠳᠭᠡᠬᠦ ᠰᠢᠰᠲ᠋ᠧᠮ ᠤᠨ ᠪᠦᠳᠦᠭᠡᠨ ᠪᠡᠶᠢᠭᠤᠯᠤᠯᠳᠠ ᠪᠤᠯᠤᠨ ᠴᠢᠬᠡᠴᠢ ᠵᠠᠰᠠᠭ ᠤᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠢ ᠬᠦᠨᠵᠡᠬᠡᠢ ᠠᠬᠢᠭᠤᠯᠵᠤ᠂ ᠢᠯᠵᠢᠷᠠᠬᠦ ᠵᠤᠷᠢᠭ ᠦᠬᠡᠢ᠂ ᠢᠯᠵᠢᠷᠠᠵᠤ ᠪᠤᠯᠬᠤ ᠦᠬᠡᠢ᠂ | ᠢᠯᠵᠢᠷᠠᠬᠦ ᠶᠢ ᠰᠠᠨᠠᠬᠤ ᠦᠬᠡᠢ ᠲᠤᠭᠳᠠᠴᠠ ᠶᠢ ᠪᠦᠷᠢᠯᠳᠦᠬᠦᠯᠦᠨ᠎ᠡ᠃ ︽ᠲᠤᠮᠳᠠᠳᠣ ᠤᠯᠤᠰ ᠤᠨ ᠡᠪ ᠬᠠᠮᠳᠦ ᠨᠠᠮ | ᠤᠨ ᠨᠠᠮ ᠤᠨ ᠲᠤᠳᠤᠭᠠᠳᠤ ᠲᠠᠬᠢ ᠬᠢᠨᠠᠯᠳᠠ ᠲᠠᠯᠪᠢᠬᠤ ᠲᠦᠷᠢᠮ︾ ᠢ ᠨᠠᠷᠢᠨ ᠬᠢᠨᠠᠮᠠᠭᠠᠢ ᠲᠤᠤᠱᠯᠠᠭᠤᠯᠵᠤ᠂ | ᠲᠤᠭᠤᠷᠢᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠷᠭᠡ ᠲᠤᠰᠢᠶᠠᠯ ᠳᠤ ᠬᠢᠨᠠᠯᠳᠠ ᠲᠠᠯᠪᠢᠵᠤ | ᠬᠢᠵᠠᠭᠠᠷᠯᠠᠬᠤ ᠶᠢ ᠴᠢᠩᠭᠠᠳᠬᠠᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠣᠶᠢᠯᠡᠳᠦᠯᠭᠡ ᠶᠢᠨ | ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠣᠰᠬᠠᠢ ᠰᠡᠳᠣᠪᠳᠣ ᠬᠦᠮᠦᠵᠢᠯ ᠤᠨ ᠦᠷ᠎ᠡ ᠪᠦᠳᠦᠭᠡᠯ ᠢ | ᠬᠦᠨᠵᠡᠭᠡᠶᠢᠷᠡᠭᠦᠯᠦᠨ᠂ ︽ᠲᠦᠷᠪᠡᠨ ᠰᠤᠷᠳᠠᠯ︾ ᠢ ᠰᠤᠯᠠᠷᠠᠰᠢ ᠦᠬᠡᠢ ᠵᠠᠯᠠᠷᠠᠭᠤᠯᠵᠤ᠂ ᠰᠢᠯᠢᠳᠡᠭ ᠨᠠᠮ ᠤᠨ ᠰᠣᠷᠳᠠᠯ | ᠢᠶᠠᠷ ᠵᠠᠰᠠᠭ ᠤᠨ ᠰᠣᠷᠳᠠᠯ ᠢ ᠲᠠᠭᠠᠭᠤᠯᠤᠨ ᠠᠷᠠᠳ ᠤᠨ ᠰᠣᠷᠳᠠᠯ ᠢ ᠠᠬᠢᠭᠤᠯᠤᠨ᠎ᠠ᠃ ᠰᠠᠭᠢᠯᠭ᠎ᠠ ᠪᠠᠳᠣ ᠶᠢ ᠬᠠᠤᠯᠢ | ᠴᠠᠭᠠᠵᠠ ᠶᠢᠨ ᠡᠮᠦᠨ᠎ᠡ ᠨᠢ ᠪᠠᠶᠢᠯᠭᠠᠵᠤ᠂ ᠰᠠᠭᠢᠯᠭ᠎ᠠ ᠪᠠᠳᠣ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ ᠶᠢ | ᠪᠠᠷᠢᠮᠳᠠᠯᠠᠨ᠂ ᠬᠢᠨᠠᠯᠳᠠ ᠲᠠᠯᠪᠢᠵᠤ ᠰᠠᠬᠢᠯᠭ᠎ᠠ ᠪᠠᠳᠣ ᠶᠢ ᠬᠡᠷᠡᠭᠵᠢᠬᠦᠯᠬᠦ ᠶᠢᠨ ︽ᠲᠦᠷᠪᠡᠨ ᠵᠦᠢᠯ ᠤᠨ ᠬᠡᠯᠪᠡᠷᠢ︾ ᠶᠢ | ᠪᠤᠳᠠᠳᠠᠢ ᠰᠠᠶᠢᠨ ᠠᠰᠢᠭᠯᠠᠨ ᠬᠡᠷᠡᠭᠯᠡᠵᠦ᠂ ᠬᠡᠷᠡᠭ ᠶᠠᠪᠤᠳᠠᠯ ᠢ ᠪᠠᠭ᠎ᠠ ᠠᠴᠠ ᠨᠢ ᠡᠷᠳᠡᠭᠡᠨ ᠠᠳᠬᠤᠵᠤ᠂ ᠦᠨᠳᠤᠰᠦᠨ | ᠱᠠᠳᠣᠨ ᠤ ᠲᠦᠪ ᠪᠤᠰᠤ ᠰᠣᠷᠳᠠᠯ ᠪᠤᠯᠤᠨ ︽ᠬᠡᠷᠡᠭ ᠶᠠᠪᠤᠳᠠᠯ ᠬᠢᠬᠦ ᠪᠦᠷᠢ ᠠᠰᠢᠭ ᠤᠯᠬᠤ︾ ᠠᠰᠠᠭᠤᠳᠠᠯ ᠢ | ᠴᠢᠩᠭ᠎ᠠ ᠪᠠᠶᠢᠴᠠᠭᠠᠬᠤ ᠬᠡᠷᠡᠭᠳᠡᠢ᠃ ᠰᠠᠬᠢᠯᠭ᠎ᠠ ᠪᠠᠳᠣ ᠬᠢᠨᠡᠨ ᠪᠠᠶᠢᠴᠠᠭᠠᠬᠤ ᠪᠠᠶᠢᠭᠤᠯᠭ᠎ᠠ ᠨᠢ ︽ᠲᠤᠮᠳᠠᠳᠣ ᠤᠯᠤᠰ | ᠤᠨ ᠡᠪ ᠬᠠᠮᠳᠣ ᠨᠠᠮ ᠤᠨ ᠰᠠᠬᠢᠯᠭ᠎ᠠ ᠪᠠᠳᠣ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠳᠠ ᠲᠠᠯᠪᠢᠵᠤ ᠰᠠᠬᠢᠯᠭ᠎ᠠ ᠪᠠᠳᠣ | ᠬᠡᠷᠡᠭᠵᠢᠬᠦᠯᠬᠦ ᠠᠵᠢᠯ ᠤᠨ ᠲᠦᠷᠢᠮ ︵ᠲᠤᠷᠰᠢᠨ ᠬᠡᠷᠡᠭᠵᠢᠬᠦᠯᠬᠦ︶︾ ᠢ ᠨᠠᠷᠢᠨ ᠭᠢᠨᠠᠮᠠᠭᠠᠢ ᠬᠡᠷᠡᠭᠵᠢᠬᠦᠯᠵᠦ᠂ ᠬᠢᠨᠠᠯᠳᠠ | ᠲᠠᠯᠪᠢᠵᠤ ᠰᠠᠬᠢᠯᠭ᠎ᠠ ᠪᠠᠳᠣ ᠬᠡᠷᠡᠭᠵᠢᠬᠦᠯᠬᠦ ᠠᠵᠢᠯ ᠢ ᠲᠦᠷᠢᠮᠵᠢᠬᠦᠯᠦᠨ᠂ ᠦᠨᠡᠨᠴᠢ ᠰᠢᠳᠣᠷᠭᠤ᠂ ᠠᠷᠢᠭᠤᠨ ᠴᠢᠬᠡᠴᠢ᠂ | ᠬᠠᠷᠢᠭᠤᠴᠠᠯᠭ᠎ᠠ ᠲᠠᠢ ᠰᠠᠬᠢᠯᠭ᠎ᠠ ᠪᠠᠳᠣ ᠪᠠᠶᠢᠴᠠᠭᠠᠬᠤ ᠺᠠᠳ᠋ᠷ ᠤᠨ ᠡᠩᠨᠡᠭᠡ ᠶᠢ ᠴᠤᠭᠴᠠᠯᠠᠨ ᠪᠠᠶᠢᠭᠤᠯᠤᠨ᠎ᠠ᠃ | ᠨᠢᠭᠡ ᠠᠵᠢᠯ ᠢ ᠪᠠᠶᠢᠷᠢᠯᠠᠭᠤᠯᠬᠤ ᠳᠤ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠳᠠ ᠳᠤ ᠪᠤᠢ᠃ | ᠠᠵᠢᠯ ᠤᠨ ᠪᠠᠶᠢᠷᠢᠯᠡᠭᠤᠯᠤᠯᠳᠠ ᠶᠢ ᠶᠠᠭᠠᠬᠢᠵᠤ ᠰᠠᠶᠢᠨ ᠲᠤᠬᠢᠷᠠᠭᠤᠯᠤᠭᠰᠠᠨ ᠴᠤ ᠪᠤᠳᠠᠳᠤ ᠭᠠᠵᠠᠷ ᠲᠤ ᠨᠢ | ᠨᠠᠶᠢᠳᠠᠪᠤᠷᠢᠵᠢᠭᠤᠯᠵᠤ ᠲᠡᠶᠢᠯᠬᠦ ᠦᠬᠡᠢ ᠪᠤᠯ ᠠᠯᠢᠪᠠ ᠪᠦᠬᠦᠨ ᠪᠦᠷ ᠬᠤᠭᠤᠰᠤᠨ ᠶᠠᠷᠢᠭᠰᠠᠨ ᠲᠠᠢ ᠠᠳᠠᠯᠢ᠃ ᠡᠯ᠎ᠡ | ᠱᠠᠳᠣᠨ ᠤ ᠨᠠᠮ ᠤᠨ ᠬᠡᠰᠢᠬᠦᠨ ᠺᠠᠳ᠋ᠷ ᠨᠢ ᠶᠡᠷᠦᠩᠬᠡᠶᠢᠯᠡᠨ ᠵᠠᠳᠠᠯᠠᠬᠤ᠂ ᠰᠢᠨᠵᠢᠯᠡᠬᠦ ᠤᠬᠠᠭᠠᠨᠴᠢ ᠠᠷᠭ᠎ᠠ ᠪᠤᠳᠤᠯᠭ᠎ᠠ | ᠲᠤᠭᠳᠠᠬᠤ᠂ ᠬᠠᠤᠯᠢ ᠶᠤᠰᠣᠭᠠᠷ ᠠᠵᠢᠯᠯᠠᠬᠤ ᠴᠢᠳᠠᠪᠤᠷᠢ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠬᠦᠴᠢᠷ | ᠪᠡᠷᠬᠡᠰᠢᠶᠠᠯ ᠵᠦᠷᠢᠴᠡᠯ ᠤᠨ ᠡᠮᠦᠨ᠎ᠡ ᠵᠣᠷᠢᠭᠳᠡᠢ ᠠᠳᠬᠤᠵᠤ ᠵᠤᠷᠢᠭᠳᠠᠢ ᠬᠠᠮᠢᠶᠠᠷᠤᠨ᠂ ᠦᠷᠢᠰᠦᠯᠳᠦᠭᠡᠨ ᠤ ᠡᠮᠦᠨ᠎ᠡ | ᠵᠤᠷᠢᠭᠳᠡᠢ ᠬᠢᠵᠦ ᠵᠤᠷᠢᠭᠳᠡᠢ ᠡᠬᠦᠷᠭᠡᠯᠡᠨ᠂ ︽ᠱᠠᠭᠠᠷᠳᠡᠨ ᠬᠦᠢᠴᠡᠳᠬᠡᠬᠦ ᠪᠠ ᠲᠠᠷᠦᠢ ᠳᠤ ᠨᠢ ᠬᠦᠢᠴᠡᠳᠬᠡᠬᠦ︾ ᠶᠢ | ᠠᠵᠢᠯ ᠤᠨ ᠵᠢᠷᠤᠮ ᠪᠤᠯᠭᠠᠵᠤ᠂ ᠨᠠᠶᠢᠳᠠᠪᠦᠵᠢᠭᠤᠯᠤᠭᠰᠠᠨ ᠦᠷ᠎ᠡ ᠪᠦᠳᠦᠭᠡᠯ ᠢᠶᠠᠨ ᠬᠡᠮᠵᠢᠨ ᠠᠳᠠᠯᠢᠳᠬᠠᠬᠤ ᠪᠠᠷᠢᠮᠵᠢᠶ᠎ᠠ | ᠪᠤᠯᠭᠠᠨ᠂ ᠬᠠᠳᠠᠭᠠᠰᠣ ᠬᠠᠳᠠᠬᠤ ᠪᠤᠯᠤᠨ ︽ᠮᠤᠩᠭᠤᠯ ᠮᠤᠷᠢ︾ ᠶᠢᠨ ᠵᠤᠷᠢᠭ ᠰᠠᠨᠠᠭᠠᠨ ᠢ ᠶᠡᠬᠡᠪᠡᠷ ᠲᠡᠯᠭᠡᠷᠡᠬᠦᠯᠵᠦ᠂ | ᠬᠠᠨᠴᠦᠢ ᠪᠠᠨ ᠰᠢᠮᠠᠯᠠᠵᠤ ᠴᠢᠷᠮᠠᠶᠢᠨ ᠠᠵᠢᠯᠯᠠᠨ᠂ ᠪᠤᠲᠠᠲᠠᠢ ᠠᠳᠬᠤᠵᠤ ᠴᠢᠩᠭ᠎ᠠ ᠬᠠᠷᠢᠭᠤᠴᠠᠬᠤ ᠤᠪᠤᠷ ᠢᠶᠠᠷ ᠡᠯ᠎ᠡ | ᠲᠠᠯ᠎ᠠ ᠶᠢᠨ ᠠᠵᠢᠯ ᠢᠶᠠᠨ ᠰᠠᠶᠢᠲᠤᠷ ᠠᠳᠬᠤᠵᠤ ᠨᠠᠶᠢᠳᠠᠪᠤᠷᠢᠵᠢᠭᠤᠯᠤᠨ᠎ᠠ᠃ ᠬᠤᠳᠠ ᠶᠢᠨ ᠨᠠᠮ ᠤᠨ ᠬᠤᠷᠢᠶ᠎ᠠ ᠲᠤᠭ | ᠲᠡᠮᠳᠡᠭ ᠲᠤᠳᠤᠷᠬᠠᠢ ᠪᠠᠷ ᠵᠣᠷᠢᠭᠳᠡᠢ ᠡᠬᠦᠷᠭᠡᠯᠡᠬᠦ ᠬᠦᠮᠦᠰ ᠲᠤ ᠡᠬᠦᠷᠭᠡᠯᠡᠵᠦ᠂ ᠵᠣᠷᠢᠭᠳᠡᠢ ᠬᠠᠷᠢᠭᠤᠴᠠᠬᠤ ᠬᠦᠮᠦᠰ | ᠲᠤ ᠬᠠᠷᠢᠭᠤᠴᠠᠨ᠂ ᠠᠵᠢᠯ ᠬᠢᠬᠦ ᠶᠢ ᠪᠤᠳᠤᠬᠤ᠂ ᠠᠵᠢᠯ ᠬᠢᠵᠦ ᠲᠡᠶᠢᠯᠬᠦ᠂ ᠠᠵᠢᠯ ᠢ ᠪᠡᠶᠡᠯᠡᠬᠦᠯᠵᠦ ᠲᠡᠶᠢᠯᠬᠦ ᠰᠠᠶᠢᠨ | ᠰᠠᠶᠢᠬᠠᠨ ᠣᠷᠴᠢᠨ ᠠᠬᠤᠢ ᠶᠢ ᠶᠡᠬᠡᠪᠡᠷ ᠡᠬᠦᠳᠦᠨ᠎ᠡ᠃ | ᠨᠦᠭᠦᠳ ᠡ᠂ ᠡᠨᠡ ᠵᠢᠯ ᠤᠨ ᠡᠯ᠎ᠡ ᠲᠦᠷᠦᠯ ᠤᠨ ᠠᠵᠢᠯ ᠢᠶᠠᠨ ᠰᠠᠶᠢᠳᠣᠷ ᠬᠢᠬᠦ ᠳᠤ ᠡᠬᠦᠷᠭᠡ | ᠬᠠᠳᠠᠭᠤ ᠪᠡᠷᠬᠡ᠂ ᠬᠠᠷᠢᠭᠤᠴᠠᠯᠭ᠎ᠠ ᠬᠦᠨᠳᠦ ᠴᠢᠬᠤᠯᠠ ᠪᠠᠶᠢᠬᠤ ᠶᠤᠮ᠃ ᠡᠶᠢᠮᠦ ᠠᠴᠠ ᠪᠢᠳᠡ ᠰᠢ ᠶᠢᠨ ᠫᠢᠩ ᠨᠦᠬᠦᠷ | ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠦᠪᠡᠷᠳᠡᠭᠡᠨ | ᠵᠠᠰᠠᠬᠤ ᠣᠷᠣᠨ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠠᠵᠠ ᠲᠤᠬᠢᠶᠠᠯ ᠢ ᠰᠠᠶᠢᠳᠣᠷ ᠡᠵᠡᠮᠳᠡᠨ᠂ ᠢᠳᠡᠪᠬᠢᠳᠡᠢ | ᠠᠵᠢᠯᠯᠠᠨ᠂ ᠵᠤᠷᠢᠭ ᠰᠠᠨᠠᠭ᠎ᠠ ᠪᠠᠨ ᠬᠦᠪᠴᠢᠯᠡᠵᠦ᠂ ᠡᠷᠡᠯᠭᠡᠭᠯᠡᠨ ᠲᠠᠪᠰᠢᠵᠤ᠂ ᠡᠯ᠎ᠡ ᠲᠦᠷᠦᠯ ᠤᠨ ᠠᠵᠢᠯ ᠢᠶᠠᠨ ᠪᠦᠬᠦ | ᠲᠠᠯ᠎ᠠ ᠪᠠᠷ ᠪᠡᠶᠡᠯᠡᠬᠦᠯᠵᠦ᠂ ᠰᠢᠯᠢᠳᠡᠭ ᠦᠷ᠎ᠡ ᠪᠦᠳᠦᠮᠵᠢ ᠪᠠᠷ ᠦᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ | 70 ᠵᠢᠯ ᠤᠨ ᠤᠢ ᠶᠢ ᠪᠡᠯᠭᠡᠯᠡᠵᠦ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ | ᠶᠢ ᠣᠭᠳᠣᠶ᠎ᠠ᠃ |