2016 ᠤᠨ ᠤ ᠰᠢᠯᠢ ᠶᠢᠨ ᠬᠤᠳᠠ ᠶᠢᠨ ᠵᠠᠰᠠᠭ ᠤᠨ ᠤᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/8/23
ᠵᠠᠰᠠᠭ ᠤᠨ ᠤᠷᠲᠤᠨ ᠤ ᠠᠵᠢᠯ ᠤᠨ ᠢᠯᠡᠳᠬᠡᠯ         2016 ᠤᠨ ᠤ 2 ᠳ᠋ᠤᠭᠡᠷ ᠰᠠᠷ᠎ᠠ ᠶᠢᠨ 23᠎ ᠤ ᠡᠲᠤᠷ ᠰᠢᠯᠢ ᠶᠢᠨ ᠬᠤᠳᠠ ᠵᠢᠨ‌ᠠᠷᠪᠠᠨ         ᠲᠥᠷᠪᠡᠲᠤᠬᠡᠷ ᠬᠤᠭᠤᠴᠠᠭᠠᠨ ᠤ ᠠᠷᠠᠳ ᠤᠨ ᠲᠥᠯᠤᠬᠡᠯᠩᠴᠢᠳ ᠤᠨ ᠶᠡᠭᠡ ᠬᠤᠷᠠᠯ ᠤᠨ         ᠲᠦᠷᠪᠡᠳᠦᠭᠡᠷ ᠤᠲᠠᠭᠠᠨ ᠤ ᠬᠤᠷᠠᠯᠲᠤᠭᠠᠨ ᠲᠡᠬᠡᠷ᠎ᠡ                         ᠬᠤᠳᠠ ᠶᠢᠨ ᠲᠠᠷᠤᠭ᠎ᠠ      ᠵᠠᠩ ᠶᠢᠨ ᠮᠢᠩ    ᠲᠥᠯᠤᠬᠡᠯᠩᠴᠢᠳ ᠡ᠄         ᠤᠲᠤ ᠪᠢ ᠬᠤᠳᠠ ᠶᠢᠨ ᠠᠷᠠᠳ ᠤᠨ ᠵᠠᠰᠠᠭ ᠤᠨ ᠤᠷᠲᠤᠨ ᠢ ᠲᠥᠯᠤᠬᠡᠯᠡᠵᠤ ᠶᠡᠭᠡ ᠬᠤᠷᠠᠯ ᠳᠤ ᠠᠵᠢᠯ ᠎ ᠤᠨ ᠮᠡᠲᠡᠬᠦᠯᠤᠯᠳᠠ ᠬᠢᠶ᠎ᠠ᠃ ︽ᠰᠢᠯᠢ ᠶᠢᠨ ᠬᠤᠲᠠ ᠶᠢᠨ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠭᠦᠯᠦᠯᠲᠡ ᠶᠢᠨ ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠭᠦᠯᠦᠯᠭᠡ ᠶᠢᠨ ᠬᠦᠲᠦᠯᠪᠦᠷᠢ ︵ᠡᠬᠡ ᠨᠣᠣᠷᠠᠭ︶︾᠎ ᠲᠠᠢ ᠬᠠᠮᠲᠦ ᠳᠤ ᠨᠢ ᠬᠢᠨᠠᠨ ᠵᠥᠪᠯᠡᠬᠦ ᠪᠤᠯᠪᠠᠤ᠃ ᠤᠯᠤᠰ ᠲᠥᠷᠤ ᠶᠢᠨ ᠵᠥᠪᠯᠡᠯᠬᠡᠨ ᠤ ᠭᠡᠰᠢᠭᠦᠳ ᠬᠢᠬᠡᠳ ᠬᠤᠷᠠᠯ ᠳᠤ ᠰᠤᠯᠨ ᠤᠷᠤᠯᠴᠠᠬᠰᠡᠨ ᠨᠥᠬᠦᠳ ᠰᠠᠨᠠᠯ ᠢᠶᠠᠨ ᠲᠤᠷᠠᠳᠬᠤ ᠪᠤᠯᠪᠠᠤ᠃         ᠨᠢᠬᠡ᠂ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭ᠎ᠠ ᠪᠠ 2015 ᠤᠨ ᠤ ᠠᠵᠢᠯ ᠤᠨ ᠡᠷᠬᠢᠴᠡᠬᠦᠯᠤᠯ        ︽ᠠᠷᠪᠠᠨ ᠬᠤᠶᠠᠳᠣᠭᠠᠷ ᠲᠠᠪᠣᠨ ᠵᠢᠯ︾ ᠪᠣᠯ ᠮᠠᠨ ᠤ ᠬᠤᠳᠠ ᠶᠢᠨ ᠬᠦᠭᠵᠢᠯᠳᠠ ᠶᠢᠨ ᠶᠠᠪᠣᠴᠠ ᠲᠣᠮᠳᠠᠬᠢ ᠶᠡᠷᠣ ᠪᠣᠰᠣ ᠶᠢᠨ ᠲᠠᠪᠣᠨ ᠵᠢᠯ ᠪᠣᠯᠣᠨ᠎ᠠ᠃ ᠲᠠᠪᠣᠨ ᠵᠢᠯ ᠤᠨ ᠲᠤᠷᠰᠢ᠂ ᠠᠵᠣ ᠠᠬᠤᠢ ᠨᠢ ᠪᠠᠭᠤᠷᠠᠯᠲᠠ ᠶᠢᠨ ᠲᠠᠷᠣᠯᠲᠠ ᠪᠠ ᠡᠯ᠎ᠡ ᠵᠦᠢᠯ ᠤᠨ ᠪᠣᠳᠣᠯᠢᠶᠠᠨᠳᠠᠢ ᠨᠦᠭᠦᠴᠡᠯ ᠰᠢᠯᠲᠠᠭᠠᠨ ᠤ ᠡᠮᠦᠨ᠎ᠡ᠂ ᠪᠦᠬᠦ ᠬᠤᠳᠠ ᠶᠢᠨ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠢ ᠲᠠᠶᠢᠴᠢᠯᠠᠵᠣ᠂ ᠬᠦᠴᠣ ᠪᠠᠨ ᠬᠠᠮᠳᠣᠳᠬᠠᠨ᠂ ᠡᠷᠡᠯᠬᠡᠭᠯᠡᠨ ᠲᠠᠪᠰᠢᠵᠦ ᠰᠢᠨ᠎ᠡ ᠶᠢ ᠡᠭᠦᠳᠦᠨ᠂ ᠶᠡᠭᠡ ᠦᠢᠯᠡᠰ ᠢ ᠰᠡᠳᠦᠵᠦ᠂ ᠬᠦᠴᠢᠷᠳᠡᠯ ᠢ ᠰᠢᠢᠳᠪᠦᠷᠢᠯᠡᠵᠣ᠂ ᠪᠣᠳᠠᠳᠣ ᠣᠴᠢᠷ ᠬᠢᠵᠣ᠂ ᠠᠵᠣ ᠠᠬᠤᠢ ᠨᠡᠶᠢᠭᠡᠮ ᠤᠨ ᠬᠦᠭᠵᠢᠯᠳᠠ ᠪᠠ ᠡᠯ᠎ᠡ ᠲᠦᠷᠦᠯ ᠤᠨ ᠠᠵᠢᠯ ᠦᠢᠯᠡᠰ ᠡᠯᠪᠡᠭ ᠪᠠᠶᠠᠯᠢᠭ ᠠᠮᠵᠢᠯᠲᠠ ᠣᠯᠵᠦ᠂ ᠮᠠᠨ ᠤ ᠬᠤᠳᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃        ︵ᠨᠢᠭᠡ︶ ᠠᠵᠣ ᠠᠬᠤᠢ ᠶᠢ ᠦᠷᠭᠦᠯᠵᠢᠯᠡᠨ ᠡᠷᠡᠭᠦᠯ ᠢᠶᠠᠷ ᠬᠦᠭᠵᠢᠭᠦᠯᠵᠦ᠂ ᠶᠡᠷᠦᠩᠭᠡᠶᠢᠯᠡᠭᠰᠡᠨ ᠪᠣᠳᠠᠳᠣ ᠬᠦᠴᠣᠨ ᠢ ᠶᠡᠭᠡᠪᠡᠷ ᠲᠡᠭᠡᠭᠰᠢᠯᠡᠭᠦᠯᠪᠡ᠃ ᠠᠵᠤ ᠠᠬᠤᠢ ᠶᠢᠨ ᠪᠠᠭᠤᠷᠠᠯᠲᠠ ᠶᠢᠨ ᠬᠠᠨᠲᠦᠰᠢ ᠶᠢᠨ ᠠᠰᠢᠭ ᠦᠭᠡᠢ ᠨᠦᠯᠦᠭᠡᠨ ᠳᠤ ᠬᠠᠨᠲᠣᠭᠤᠯᠵᠦ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠎ ᠤᠨ ᠠᠷᠭ᠎ᠠ ᠪᠠᠷᠢᠯ ᠢᠶᠠᠨ ᠰᠢᠨᠡᠳᠭᠡᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠦᠳᠦᠮᠵᠢ ᠤᠯᠬᠤ ᠶᠢ ᠠᠬᠢᠭᠤᠯᠪᠠ᠃ 2015 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 210.2 ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ ᠵᠢᠯ ᠪᠦᠷᠢ ᠲᠣᠮᠳᠠᠴᠢ ᠪᠠᠷ10.1%᠎ ᠪᠠᠷ ᠨᠡᠮᠡᠭᠳᠡᠨ᠂ ᠬᠦᠮᠣᠨ ᠪᠦᠷᠢ ᠎ ᠳᠤ ᠲᠡᠭᠰᠢᠳᠭᠡᠭᠰᠡᠨ ᠦᠢᠯᠡᠳᠪᠦᠷᠢᠯᠡᠯ ᠤᠨ ᠶᠡᠷᠦᠩᠭᠡᠢ ᠦᠷᠳᠡᠭ 1.3 ᠳᠦᠮᠡᠨ ᠳ᠋ᠣᠯᠯᠠᠷ ᠲᠤ ᠬᠦᠷᠴᠡᠢ᠃ ᠣᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣ‌‍ᠷᠣᠯᠭ᠎ᠠ 26.5 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ 2010 ᠣᠨ ᠤ ᠬᠢ ᠠᠴᠠ 2.4 ᠲᠡᠬᠢᠨ ᠪᠠᠶᠢᠵᠣ᠂ ᠵᠢᠯ ᠪᠦᠷᠢ ᠲᠡᠭᠰᠢᠳᠭᠡᠭᠡᠳ 19.6%᠎ ᠪᠠᠷ ᠨᠡᠮᠡᠭᠳᠡᠪᠡ᠃         ︵ᠬᠤᠶᠠᠷ︶ ᠠᠵᠤ ᠠᠬᠤᠢ ᠶᠢᠨ ᠪᠦᠳᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠭᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠭᠦ ᠦᠷ᠎ᠡ ᠪᠦᠳᠦᠮᠵᠢ ᠮᠡᠳᠡᠭᠳᠡᠮ᠎ᠡ᠃ ᠭᠤᠷᠪᠠᠨ ᠠᠵᠣ ᠦᠢᠯᠡᠰ ᠤᠨ ᠪᠦᠳᠦᠴᠠ ᠨᠢ 2010 ᠣᠨ ᠳᠤ 4.7᠄ 66.1᠄ 29.2 ᠪᠠᠶᠢᠭᠰᠠᠨ ᠠᠴᠠ 7.6᠄ 50.2᠄ 42.2 ᠪᠣᠯᠣᠨ ᠬᠤᠪᠢᠷᠠᠵᠣ᠂ ᠤᠯᠠᠨ ᠡᠰᠢᠳᠦ ᠬᠦᠭᠵᠢᠯᠲᠡ ᠪᠣᠯᠣᠨ ᠤᠯᠠᠨ ᠲᠣᠶᠢᠯᠳᠣ ᠠᠵᠤ ᠦᠢᠯᠡᠰ ᠤᠨ ᠪᠦᠳᠦᠴᠡ ᠶᠢᠨ ᠭᠡᠯᠪᠡᠷᠢ ᠮᠠᠶ᠋ᠢᠭ ᠠᠩᠬ᠎ᠠ ᠠᠯᠬᠤᠮ ᠪᠦᠷᠢᠯᠳᠦᠪᠡ᠃ ᠮᠠᠯ ᠠᠵᠤ ᠠᠬᠤᠢ ᠶᠢᠨ ᠰᠠᠭᠤᠷᠢ ᠤᠯᠠᠮ ᠨᠢᠭᠡ ᠠᠯᠬᠤᠮ ᠪᠠᠳᠤᠵᠢᠭᠰᠠᠨ ᠪᠠᠶᠢᠨ᠎ᠠ᠃ ᠲᠠᠪᠣᠨ ᠵᠢᠯ ᠳᠤ ᠲᠠᠷᠢᠶᠠᠯᠠᠩ ᠮᠠᠯ ᠠᠵᠦ ᠠᠬᠤᠢ ᠳᠤ ᠨᠡᠶᠢᠲᠡ51.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ 44 ᠰᠠᠭᠤᠷᠢ ᠬᠡᠪᠴᠢᠶᠡᠵᠢᠭᠰᠡᠨ ᠲᠡᠵᠢᠭᠡᠨ ᠠᠷᠠᠴᠢᠯᠠᠬᠤ ᠲᠠᠯᠠᠪᠠᠢ ᠪᠦᠳᠦᠭᠡᠨ ᠪᠠᠶᠢᠭᠤᠯᠵᠣ᠂ ᠠᠵᠣ ᠦᠢᠯᠡᠰᠴᠢᠯᠡᠭᠰᠡᠨ ᠲᠣᠯᠣᠭᠠᠶᠢᠯᠠᠭᠴᠢ ᠠᠵᠣ ᠠᠬᠤᠶᠢᠯᠠᠯ 31᠂ ᠮᠠᠯᠴᠢᠳ ᠤᠨ ᠬᠤᠷᠰᠢᠶᠡᠵᠢᠯ 240 ᠡᠷᠦᠬᠡ ᠶᠢ ᠲᠣᠰ ᠲᠤᠰ ᠬᠦᠮᠦᠵᠢᠭᠦᠯᠵᠦ ᠬᠦᠭᠵᠢᠭᠡᠪᠡ᠃ ᠵᠢᠯ ᠲᠣᠮᠳᠠᠴᠢ ᠶᠢᠨ ᠡᠳ᠋ᠰᠢᠬᠦᠯᠦᠭᠰᠠᠨ ᠠᠮᠢᠳᠣ ᠮᠠᠯ 270 ᠲᠦᠮᠡᠨ ᠬᠤᠨᠢᠴᠢᠯᠠᠭᠰᠠᠨ ᠨᠢᠭᠡᠴᠢ ᠳᠤ ᠬᠦᠷᠪᠡ᠂ ᠬᠤᠨᠢᠨ ᠮᠢᠬᠠᠨ ᠤ ᠪᠦᠬᠦ ᠠᠵᠣ ᠦᠢᠯᠡᠰ ᠤᠨ ᠬᠡᠯᠬᠢᠶᠠᠨ ᠤ ᠮᠦᠷᠳᠡᠨ ᠲᠠᠭᠠᠬᠤ ᠰᠢᠰᠲ᠋ᠧᠮ 25 ᠲᠦᠮᠡᠨ ᠲᠣᠯᠣᠭᠠᠢ ᠳᠤ ᠬᠦᠷᠴᠡᠢ᠃ ᠠᠵᠤ ᠦᠢᠯᠡᠳᠪᠦᠷᠢ ᠶᠢᠨ ᠪᠦᠳᠦᠴᠡ ᠦᠷᠭᠦᠯᠵᠢᠯᠡᠨ ᠰᠢᠯᠢᠳᠡᠭᠵᠢᠭᠰᠡᠨ ᠪᠠᠶᠢᠨ᠎ᠠ᠃ ᠨᠡᠶᠢᠲᠡ 36 ᠲᠦᠷᠦᠯ ᠤᠨ ᠠᠵᠣ ᠦᠢᠯᠡᠳᠪᠦᠷᠢ ᠶᠢᠨ ᠭᠤᠣᠯᠳᠠᠯᠭᠠᠳᠣ ᠲᠦᠷᠦᠯ ᠵᠦᠢᠯ ᠢ ᠬᠡᠷᠡᠭᠵᠢᠭᠦᠯᠦᠨ᠂ ᠦᠢᠯᠡᠳᠪᠦᠷᠢᠯᠡᠯ ᠤᠨ ᠦᠷᠳᠡᠭ ᠳ᠋ᠦᠩᠰᠢᠭᠤᠷ ᠲᠦᠬᠦᠷᠢᠭ ᠠᠴᠠ ᠲᠠᠪᠠᠭᠰᠠᠨ ᠠᠵᠣ ᠠᠬᠤᠶᠢᠯᠠᠯ 33 ᠡᠷᠦᠭᠡ ᠳᠤ ᠬᠦᠷᠴᠣ᠂ 10 ᠡᠷᠦᠭᠡ ᠨᠡᠮᠡᠭᠳᠡᠭᠰᠠᠨ ᠪᠠᠶᠢᠨ᠎ᠠ᠂ ᠠᠵᠣ ᠦᠢᠯᠡᠳᠪᠦᠷᠢ ᠶᠢᠨ ᠨᠡᠮᠡᠭᠳᠡᠯ ᠦᠷᠳᠡᠭ 89.6 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠣᠮᠳᠠᠴᠢ ᠪᠠᠷ 11.4%᠎ ᠪᠠᠷ ᠨᠡᠮᠡᠭᠲᠡᠵᠠᠢ᠃ ᠨᠡᠬᠦᠷᠡᠰᠣ᠂ ᠴᠠᠬᠢᠯᠭᠠᠨ᠂ ᠲᠣᠰᠣ᠂ ᠣᠯᠠᠭᠠᠨ ᠢᠳᠡᠭᠡᠨ ᠵᠡᠷᠭᠡ ᠲᠠᠪᠠᠭᠤᠯᠢᠭ ᠣᠨᠴᠠᠯᠢᠭ ᠪᠦᠬᠦᠢ ᠠᠵᠣ ᠦᠢᠯᠡᠰ ᠤᠨ ᠬᠦᠭᠵᠢᠯᠳᠠ ᠶᠢ ᠪᠠᠬᠢᠵᠢᠭᠦᠯᠵᠦ᠂ ᠲᠣᠨᠤᠭ ᠲᠦᠬᠦᠭᠡᠷᠣᠮᠵᠢ ᠦᠢᠯᠡᠳᠬᠦ᠂ ᠲᠡᠭᠡᠳᠣ ᠰᠢᠨ᠎ᠡ ᠮᠡᠷᠭᠡᠵᠢᠯ᠂ ᠰᠢᠨ᠎ᠠ ᠡᠨᠧᠷᠬᠢ ᠵᠡᠷᠭᠡ ᠡᠬᠢ ᠰᠣᠷᠪᠣᠯᠵᠢ ᠶᠢᠨ ᠪᠣᠰᠣ ᠠᠵᠣ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠎ ᠪᠠᠷ ᠮᠡᠨᠳᠣᠭᠰᠠᠨ ᠠᠵᠣ ᠦᠢᠯᠡᠰ ᠬᠦᠭᠵᠢᠨ ᠪᠣᠵᠠᠭᠠᠶᠢᠷᠠᠭᠰᠠᠨ ᠪᠠᠶᠢᠨ᠎ᠠ᠃ ᠨᠡᠶᠢᠳᠠ 4.6 ᠳ᠋ᠦᠩᠰᠢᠭᠤᠷ ᠢ ᠲᠦᠬᠦᠷᠢᠭ ᠵᠠᠷᠣᠴᠠᠭᠤᠯᠵᠣ ᠬᠦᠷᠢᠶᠠᠯᠡᠩ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠢᠵᠢ ᠪᠦᠷᠢᠳᠣᠬᠦᠯᠣᠨ ᠳᠡᠭᠦᠯᠳᠡᠷᠵᠢᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠦᠭᠵᠢᠨ ᠪᠠᠳᠠᠷᠠᠵᠣ ᠠᠮᠢᠵᠢᠷᠠᠯ ᠤᠨ ᠬᠦᠴᠣᠨ ᠎ ᠢᠶᠠᠷ ᠪᠢᠯᠬᠠᠮ᠎ᠠ ᠪᠣᠯᠵᠠᠢ᠃ 2015 ᠤᠨ ᠳᠤ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠭᠡᠢ ᠦᠷᠳᠡᠭ 57.2 ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ ᠵᠢᠯ ᠪᠦᠷᠢ ᠳᠤ ᠲᠣᠮᠳᠠᠴᠢ ᠪᠠᠷ 13.6%᠎ ᠪᠠᠷ ᠨᠡᠮᠡᠭᠳᠡᠪᠡ᠃ ᠲᠠᠯ᠎ᠠ ᠨᠣᠳᠤᠭ ᠤᠨ ᠵᠢᠭᠤᠯᠴᠢᠯᠠᠯ ᠤᠨ ᠦᠢᠯᠡᠰ ᠦᠷᠬᠦᠯᠵᠢᠯᠡᠨ ᠭᠦᠭᠵᠢᠵᠦ᠂ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠤ ᠵᠢᠭᠤᠯᠴᠢᠯᠠᠯ ᠤᠨ ᠣᠷᠣᠯᠭ᠎ᠠ 190 ᠳ᠋ᠦᠩᠰᠢᠭᠤᠷ ᠲᠦᠬᠦᠷᠢᠭ ᠲᠤ ᠬᠥᠷᠴᠠᠢ᠃ ᠡᠯᠧᠺᠲᠷᠤᠨ ᠠᠷᠠᠯᠵᠢᠶ᠎ᠠ᠂ ᠪᠣᠳᠠᠰ ᠤᠨ ᠬᠦᠢᠯᠭᠡᠭᠡᠨ ᠤ ᠲᠦᠷᠭᠡᠨ ᠭᠤᠪᠢᠭᠤᠯᠬᠤ ᠵᠡᠷᠭᠡ ᠰᠢᠨ᠎ᠠ ᠪᠠᠷ ᠮᠠᠨᠳᠣᠭᠰᠠᠨ ᠠᠵᠣ ᠦᠢᠯᠡᠰ ᠤᠨ ᠬᠦᠭᠵᠢᠯᠳᠠ ᠲᠦᠷᠭᠡᠰᠴᠤ᠂ ᠮᠥᠩᠭᠦᠨ ᠭᠦᠢᠯᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠮᠥᠩᠭᠦᠨ ᠤ ᠦᠯᠡᠳᠡᠭᠳᠡᠯ ᠲᠤᠰᠪᠤᠷᠢ 249.5 ᠳ᠋ᠦᠩᠰᠢᠭᠤᠷ ᠲᠥᠭᠦᠷᠢᠭ ᠪᠤᠯᠤᠨ 285.1 ᠳ᠋ᠦᠩᠰᠢᠭᠤᠷ ᠲᠥᠭᠦᠷᠢᠭ ᠬᠦᠷᠴᠠᠢ᠃ ᠠᠶᠢᠮᠠᠭ ᠤᠨ ᠲᠦᠪ ᠬᠤᠳᠠ ᠎ ᠶᠢᠨ ᠳᠦᠪᠯᠡᠷᠡᠭᠦᠯᠦᠨ ᠲᠠᠭᠠᠭᠤᠯᠵᠦ ᠨᠥᠯᠦᠭᠡᠯᠡᠨ ᠳᠠᠶᠢᠴᠢᠯᠠᠬᠤ ᠦᠢᠯᠡᠳᠣᠯ ᠪᠠ ᠦᠢᠯᠡᠴᠢᠯᠡᠭᠡᠨ ᠤ ᠴᠢᠳᠠᠪᠬᠢ ᠮᠡᠳᠡᠭᠳᠡᠮ᠎ᠠ ᠨᠡᠮᠡᠭᠳᠡᠪᠡ᠃ ᠰᠢᠶᠠᠨ ᠳ᠋ᠠᠢ ᠪᠤᠳᠠᠰ ᠤᠨ ᠬᠦᠢᠯᠭᠡᠭᠡᠨ ᠤ ᠬᠦᠷᠢᠶᠡᠯᠡᠩ ᠳᠤᠭᠤᠷᠢᠭ ᠢ ᠦᠪᠡᠷᠳᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠬᠦᠢᠯᠭᠡᠭᠡᠨ ᠤ ᠬᠦᠷᠢᠶᠡᠯᠡᠩ ᠳᠤᠭᠤᠷᠢᠭ ᠪᠣᠯᠭᠠᠨ ᠲᠡᠰ ᠲᠡᠪᠰᠢᠭᠦᠯᠵᠦ᠂ ᠪᠦᠭᠦ ᠤᠷᠤᠨ ᠤ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠳᠤᠷᠰᠢᠯᠳᠠ ᠶᠢᠨ ᠴᠡᠭ ᠪᠣᠯᠭᠠᠨ ᠪᠠᠶᠢᠭᠤᠯᠪᠠ᠃           ︵ᠭᠤᠷᠪᠠ︶ ᠰᠠᠭᠤᠷᠢ ᠲᠦᠬᠦᠭᠡᠷᠣᠮᠵᠢ ᠲᠠᠰᠣᠷᠠᠯᠳᠠ ᠦᠭᠡᠢ ᠲᠡᠬᠦᠯᠳᠡᠷᠵᠢᠵᠣ᠂ ᠬᠤᠳᠠ ᠬᠦᠳᠡᠭᠡ ᠶᠢᠨ ᠲᠦᠷᠢ ᠲᠦᠷᠬᠦ ᠮᠡᠳᠡᠭᠳᠡᠮ᠎ᠠ ᠬᠤᠪᠢᠷᠠᠯᠳᠠ ᠲᠠᠢ ᠪᠣᠯᠪᠠ᠃ ᠲᠠᠪᠣᠨ ᠵᠢᠯ ᠳᠤ ᠨᠡᠶᠢᠳᠠ 731 ᠳ᠋ᠦᠩᠰᠢᠭᠤᠷ ᠲᠦᠬᠦᠷᠢᠭ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠪᠡᠶᠡᠯᠡᠬᠦᠯᠵᠣ᠂ ᠵᠢᠯ ᠪᠦᠷᠢ ᠲᠣᠮᠳᠠᠴᠢ ᠪᠠᠷ 2.7%᠎ ᠪᠠᠷ ᠨᠡᠮᠡᠭᠲᠡᠨ᠂ ᠣᠷᠢᠳ ᠬᠤᠵᠢᠳ ᠨᠢᠭᠡ ᠪᠦᠯᠦᠭ ᠰᠠᠭᠤᠷᠢ ᠲᠠᠯᠪᠢᠬᠤ᠂ ᠢᠷᠡᠭᠡᠳᠦᠢ ᠳᠤ ᠠᠰᠢᠭᠳᠠᠢ᠂ ᠠᠷᠠᠳ ᠲᠤ ᠠᠰᠢᠭ ᠬᠦᠷᠳᠡᠭᠡᠬᠦ ᠴᠢᠬᠤᠯᠠ ᠶᠡᠭᠡ ᠲᠦᠷᠦᠯ ᠵᠦᠢᠯ ᠢ ᠭᠡᠷᠡᠭᠵᠢᠬᠦᠯᠦᠭᠰᠠᠨ ᠪᠠᠶᠢᠨ᠎ᠠ᠃ 2050 ᠺᠢᠯᠣᠮᠧᠲᠷ ᠴᠠᠬᠢᠯᠭᠠᠨ ᠲᠠᠮᠵᠢᠭᠤᠯᠵᠦ ᠬᠦᠴᠦᠳᠡᠯ ᠬᠤᠪᠢᠷᠠᠭᠤᠯᠬᠤ ᠵᠠᠮ ᠱᠣᠭᠤᠮ᠂ 2130 ᠺᠢᠯᠣᠮᠧᠲᠷ ᠴᠠᠬᠢᠯᠭᠠᠨ ᠲᠡᠭᠡᠰᠦ ᠪᠦᠲᠦᠭᠡᠨ ᠪᠠᠶᠢᠭᠤᠯᠵᠦ᠂ ᠲᠣᠣᠷ ᠰᠦᠯᠵᠢᠶᠠᠨ ᠤ ᠪᠦᠷᠬᠦᠴᠡ 90%᠎ ᠳᠤ ᠬᠦᠷᠴᠠᠢ᠃ ᠰᠢᠯᠢ ᠶᠢᠨ ᠬᠤᠳᠠ ᠎ ᠠᠴᠠ ᠲᠣᠯᠣᠨ ᠨᠠᠭᠤᠷ ᠬᠦᠷᠬᠦ ᠳᠡᠮᠦᠷ ᠵᠠᠮ᠂ ᠰᠢᠯᠢ ᠶᠢᠨ ᠬᠤᠳᠠ ᠠᠴᠠ ᠤᠯᠠᠭᠠᠨᠬᠤᠳᠠ ᠬᠦᠷᠬᠦ ᠲᠡᠮᠣᠷ ᠵᠠᠮ᠂ ᠰᠢᠯᠢ ᠎ ᠶᠢᠨ ᠬᠤᠳᠠ ᠠᠴᠠ ᠴᠢᠭᠤᠯᠣᠯᠳᠣ ᠬᠠᠭᠠᠯᠭ᠎ᠠ ᠬᠦᠷᠬᠦ ᠦᠨᠳᠣᠷ ᠬᠤᠷᠳᠣᠴᠠᠳᠣ ᠵᠠᠰᠠᠮᠠᠯ ᠵᠠᠮ ᠲᠡᠷᠭᠡ ᠨᠡᠪᠲᠡᠷᠡᠨ᠂ ᠳᠡᠮᠦᠷ ᠵᠠᠮ ᠤᠨ ᠵᠦᠭᠡᠭᠡᠪᠦᠷᠢ ᠶᠢᠨ ᠪᠦᠬᠦ ᠣᠷᠲᠣ 376 ᠺᠢᠯᠤᠮᠧᠲᠷ ᠲᠤ ᠬᠦᠷᠴᠦ᠂ 159 ᠺᠢᠯᠤᠮᠧᠲᠷ ᠰᠢᠨ᠎ᠡ ᠪᠠᠷ ᠨᠡᠮᠡᠭᠳᠡᠪᠡ᠃ 6 ᠵᠣᠷᠪᠣᠰ ᠠᠭᠠᠷ ᠤᠨ ᠵᠦᠭᠡᠭᠡᠪᠦᠷᠢ ᠶᠢᠨ ᠵᠠᠮ ᠱᠣᠭᠤᠮ ᠢ ᠨᠡᠪᠲᠡᠷᠡᠭᠦᠯᠵᠦ᠂ ᠠᠶᠠᠨᠴᠢᠳ ᠤᠨ ᠵᠣᠷᠴᠢᠬᠤ ᠬᠡᠮᠵᠢᠶ᠎ᠠ ᠨᠡᠶᠢᠳᠠ 195 ᠲᠦᠮᠡᠨ ᠬᠦᠮᠣᠨ ᠣᠳᠠᠭ᠎ᠠ ᠳᠤ ᠬᠦᠷᠴᠦ᠂ ᠪᠠᠷᠠᠭ᠎ᠠ ᠲᠡᠭᠡᠭᠡᠪᠦᠷᠢᠯᠡᠨ ᠣᠷᠣᠭᠤᠯᠵᠣ ᠭᠠᠷᠭᠠᠭᠰᠠᠨ ᠬᠡᠮᠵᠢᠶ᠎ᠠ 8335 ᠲᠣᠨ᠂ ︽ᠠᠷᠪᠠᠨ ᠨᠢᠭᠡᠳᠦᠭᠡᠷ ᠲᠠᠪᠣᠨ ᠵᠢᠯ︾᠎ ᠲᠠᠢ ᠬᠠᠷᠢᠴᠠᠭᠤᠯᠪᠠᠯ ᠂ ᠲᠣᠰᠪᠣᠷᠢ 5.8 ᠲᠠᠬᠢᠨ ᠪᠠ 24.1 ᠲᠠᠬᠢᠨ ᠢᠶᠠᠷ ᠨᠡᠮᠡᠭᠳᠡᠭᠰᠠᠨ ᠪᠠᠶᠢᠨ᠎ᠠ᠃ ᠬᠤᠳᠠ ᠶᠢᠨ ᠶᠡᠷᠦᠩᠭᠡᠶᠢᠯᠡᠭᠰᠡᠨ ᠲᠠᠭᠠᠭᠠᠴᠠ ᠴᠢᠳᠠᠪᠣᠷᠢ ᠮᠡᠳᠡᠭᠳᠡᠮ᠎ᠠ ᠲᠡᠭᠡᠭᠰᠢᠯᠠᠪᠠ᠃ ᠡᠳ᠋ ᠤᠨ ᠵᠠᠰᠠᠭ ᠠᠴᠠ ᠤᠷᠢᠳ ᠬᠤᠵᠢᠳ 60 ᠢᠯᠡᠬᠦᠦ ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ 156 ᠳ᠋ᠦᠩᠰᠢᠭᠤᠷ ᠲᠦᠬᠦᠷᠢᠭ ᠤᠨ ᠨᠡᠶᠢᠭᠡᠮ ᠤᠨ ᠪᠡᠯᠡ ᠮᠥᠩᠭᠦ ᠶᠢ ᠲᠠᠶᠢᠴᠢᠯᠠᠵᠦ᠂ ︽ᠠᠷᠪᠠᠨ ᠨᠢᠭᠡᠳᠦᠭᠡᠷ ᠲᠠᠪᠣᠨ ᠵᠢᠯ︾᠎ ᠤᠨ ᠬᠤᠭᠤᠴᠠᠭᠠᠨ ᠤ ᠬᠢ ᠠᠴᠠ ᠲᠣᠰᠪᠦᠷᠢ 37.6% ᠪᠠ 46%᠎ ᠪᠠᠷ ᠨᠡᠮᠡᠭᠳᠡᠭᠰᠡᠨ ᠪᠠᠶᠢᠨ᠎ᠠ᠃ ᠬᠤᠳᠠ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠲᠠᠯᠠᠪᠠᠢ 37.5 ᠲᠡᠭᠰᠢ ᠲᠦᠷᠪᠡᠯᠵᠢᠨ ᠺᠢᠯᠣᠮᠧᠲᠷ ᠠᠴᠠ ᠪᠠᠨ ᠦᠷᠭᠡᠳᠴᠣ 45 ᠲᠡᠭᠰᠢ ᠲᠦᠷᠪᠡᠯᠵᠢᠨ ᠺᠢᠯᠣᠮᠧᠲᠷ ᠪᠤᠯᠵᠠᠢ᠃ ᠬᠤᠳᠠ ᠶᠢᠨ ︽ᠲᠦᠭᠡᠭᠡᠯ ᠣᠰᠣ ᠪᠣᠵᠠᠷ ᠣᠰᠣ ᠪᠣᠷᠣᠭᠠᠨ ᠤ ᠣᠰᠣ︾᠂ ᠲᠣᠯᠠᠭᠠᠯᠠᠯᠭ᠎ᠠ ᠬᠠᠩᠭᠠᠬᠤ ᠰᠢᠳᠠᠮᠠᠬᠠᠢ ᠬᠡᠢ ᠵᠡᠷᠭᠡ ᠶᠢᠨ ᠬᠤᠭᠤᠯᠠᠢ ᠱᠣᠭᠤᠮ ᠢ 321 ᠺᠢᠯᠣᠮᠧᠲᠷ ᠰᠢᠨ᠎ᠡ ᠪᠠᠷ ᠵᠠᠰᠠᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ 34.5 ᠲᠦᠮᠡᠨ ᠳᠡᠭᠰᠢ ᠲᠦᠷᠪᠡᠯᠵᠢᠨ ᠮᠧᠲᠷ ᠵᠠᠰᠠᠨ ᠦᠭᠡᠷᠡᠴᠢᠯᠡᠵᠦ᠂ ᠲᠣᠯᠠᠭᠠᠯᠠᠯᠭ᠎ᠠ ᠬᠠᠩᠭᠠᠬᠤ ᠴᠢᠳᠠᠪᠦᠷᠢ 800 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ ᠪᠠᠷ ᠨᠡᠮᠡᠭᠳᠡᠵᠦ᠂ ᠬᠦᠮᠣᠨ ᠲᠣᠮᠳᠠᠴᠢ ᠶᠢᠨ ᠴᠠᠷᠳᠠᠮᠠᠯ ᠵᠠᠮ ᠤᠨ ᠲᠠᠯᠠᠪᠠᠢ᠂ ᠴᠡᠴᠡᠷᠯᠢᠭ ᠎ ᠤᠨ ᠨᠣᠭᠤᠭᠠᠷᠠᠭᠤᠯᠣᠭᠰᠠᠨ ᠲᠠᠯᠠᠪᠠᠢ᠂ ᠨᠣᠭᠤᠭᠠᠷᠠᠭᠤᠯᠣᠯᠳᠠ ᠶᠢᠨ ᠪᠦᠷᠬᠦᠴᠡ ᠲᠣᠰᠪᠦᠷᠢ 33.9 ᠳᠡᠭᠰᠢ ᠳᠦᠷᠪᠡᠯᠵᠢᠨ ᠮᠧᠲᠷ᠂16.3 ᠲᠡᠭᠰᠢ ᠲᠦᠷᠪᠡᠯᠵᠢᠨ ᠮᠧᠲᠷ ᠪᠠ 35.7% ᠪᠠᠶᠢᠵᠣ᠂ ︽ᠠᠷᠪᠠᠨ ᠨᠢᠭᠡᠳᠦᠭᠡᠷ ᠲᠠᠪᠣᠨ ᠵᠢᠯ︾᠎ ᠤᠨ ᠰᠡᠭᠦᠯᠴᠢ ᠬᠤᠭᠤᠴᠠᠭ᠎ᠠ ᠲᠠᠢ ᠬᠠᠷᠢᠴᠠᠭᠤᠯᠪᠠᠯ ᠲᠣᠰᠪᠦᠷᠢ 8.4 ᠳᠡᠭᠰᠢ ᠳᠦᠷᠪᠡᠯᠵᠢᠨ ᠮᠧᠲᠷ᠂ 8 ᠳᠡᠭᠰᠢ ᠳᠦᠷᠪᠡᠯᠵᠢᠨ ᠮᠧᠲᠷ ᠪᠠ 5.5 ᠵᠠᠭᠤᠨ ᠤ ᠬᠤᠪᠢ ᠪᠠᠷ ᠲᠡᠭᠡᠭᠰᠢᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠮᠡᠳᠡᠭᠳᠡᠮ᠎ᠠ ᠰᠠᠶᠢᠵᠢᠷᠠᠪᠠ᠃ ᠬᠤᠳᠠ ᠲᠣᠭᠤᠷᠢᠭᠰᠠᠨ ᠣᠰᠣᠨ ᠰᠢᠰᠲ᠋ᠧᠮ᠂ ᠵᠡᠭᠡᠯᠢ ᠶᠢᠨ ᠦᠵᠡᠮᠵᠢ ᠶᠢᠨ ᠦᠭᠡᠷᠡᠴᠢᠯᠡᠯᠳᠠ᠂ ᠰᠦᠨᠢ ᠶᠢᠨ ᠦᠵᠡᠮᠵᠢ ᠶᠢᠨ ᠭᠡᠭᠡᠷᠡᠬᠦᠯᠣᠯᠳᠠ᠂ ᠰᠢᠯᠢ ᠶᠢᠨ ᠭᠤᠣᠯ ᠤᠨ ᠲᠠᠮᠢᠷ ᠎ ᠤᠨ ᠣᠷᠳᠣᠨ ᠤ ᠲᠦᠪ᠂ ᠠᠮᠢᠳᠠᠨ ᠣᠷᠭᠤᠮᠠᠯ ᠤᠨ ᠰᠢᠨᠵᠢᠯᠡᠭᠡ ᠮᠡᠷᠭᠡᠵᠢᠯ ᠤᠨ ᠬᠦᠷᠢᠶᠠᠯᠠᠩ᠂ ᠰᠢᠯᠢᠨ ᠨᠠᠭᠤᠷ ᠤᠨ ᠦᠵᠡᠮᠵᠢ ᠰᠣᠨᠢᠷᠬᠠᠬᠤ ᠪᠦᠰᠠ᠂ U ᠬᠡᠯᠪᠡᠷᠢᠳᠣ ᠬᠤᠳᠠ ᠶᠢᠨ ᠬᠠᠯᠬᠠᠪᠴᠢ ᠣᠢ ᠵᠡᠷᠭᠡ ᠨᠢᠭᠡ ᠪᠦᠯᠦᠭ ᠨᠠᠷᠢᠯᠢᠭ ᠰᠣᠳᠣᠨ ᠢᠨᠵᠧᠨᠧᠷᠢᠩ ᠢ ᠭᠡᠷᠡᠭᠵᠢᠬᠦᠯᠵᠣ᠂ ᠬᠤᠳᠠ ᠶᠢᠨ ᠲᠡᠰ ᠴᠢᠨᠠᠷᠵᠢᠯ ᠶᠡᠭᠡ ᠬᠡᠮᠵᠢᠶ᠎ᠠ ᠪᠠᠷ ᠲᠡᠭᠡᠭᠰᠢᠯᠡᠭᠰᠠᠨ ᠪᠠᠶᠢᠨ᠎ᠠ᠃ ᠬᠤᠳᠠ ᠶᠢᠨ ᠬᠠᠮᠢᠶᠠᠷᠣᠯᠳᠠ ᠶᠢᠨ ᠶᠡᠷᠦᠩᠭᠡᠶᠢᠯᠡᠭᠰᠠᠨ ᠬᠠᠣᠯᠢ ᠬᠡᠷᠡᠭᠵᠢᠭᠦᠯᠬᠦ ᠠᠵᠢᠯ ᠢ ᠠᠬᠢᠭᠤᠯᠤᠨ᠂ ᠬᠤᠳᠠ ᠶᠢᠨ ᠲᠦᠷᠢ ᠲᠦᠷᠬᠦ ᠶᠢ ᠲᠦᠪᠯᠡᠷᠡᠬᠦᠯᠣᠨ ᠵᠠᠰᠠᠵᠣ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠭᠠᠴᠢᠯᠠᠭᠰᠡᠨ ᠬᠤᠳᠠ ᠶᠢᠨ ᠬᠠᠮᠢᠶᠠᠷᠣᠯᠳᠠ ᠶᠢᠨ ᠵᠢᠯᠣᠭᠤᠳᠬᠤ ᠲᠥᠪ ᠪᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠭᠰᠡᠨ ᠪᠠᠶᠢᠨ᠎ᠠ᠂ ᠠᠮᠢᠳᠣᠷᠠᠯ ᠤᠨ ᠬᠤᠭ ᠨᠤᠪᠰᠢ ᠶᠢ ᠬᠤᠤᠷ ᠥᠭᠡᠶᠢᠳᠡᠭᠦᠯᠵᠥ ᠰᠢᠢᠳᠪᠤᠷᠢᠯᠡᠬᠦ ᠨᠤᠷᠮ᠎ᠠ ᠢᠮᠠᠭᠳᠠ100%᠎ ᠶᠢ ᠪᠠᠷᠢᠮᠳᠠᠯᠠᠵᠥ᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠪᠤᠯᠪᠠᠰᠣᠨ ᠬᠤᠳᠠ᠂ ᠡᠷᠡᠭᠦᠯ ᠬᠠᠮᠠᠭᠠᠯᠠᠯ ᠤᠨ ᠬᠤᠳᠠ᠂ ᠴᠡᠴᠡᠷᠯᠢᠭᠵᠢᠭᠦᠯᠥᠭᠰᠡᠨ ᠬᠤᠳᠠ︾᠎ ᠶᠢᠨ ᠢᠷᠠᠭᠤ ᠠᠯᠳᠠᠷ ᠢ ᠬᠥᠷᠲᠡᠭᠰᠡᠨ ᠪᠠᠶᠢᠨ᠎ᠠ᠃ ᠮᠠᠯᠵᠢᠬᠤ ᠤᠷᠤᠨ ᠤ ᠥᠢᠯᠡᠳᠪᠥᠷᠢᠯᠡᠯ ᠠᠮᠢᠳᠣᠷᠠᠯ ᠤᠨ ᠨᠥᠬᠦᠴᠡᠯ ᠮᠡᠳᠡᠭᠳᠡᠮ᠎ᠡ ᠰᠠᠶᠢᠵᠢᠷᠠᠪᠠ᠃ ᠲᠠᠪᠤᠨ ᠵᠢᠯ ᠤᠨ ᠲᠤᠷᠰᠢ᠂ ᠮᠠᠯᠵᠢᠬᠤ ᠤᠷᠤᠨ ᠳᠤ 513 ᠺᠢᠯᠤᠮᠧᠲᠷ ᠵᠠᠰᠠᠮᠠᠯ ᠵᠠᠮ ᠵᠠᠰᠠᠵᠦ᠂ 5517 ᠰᠠᠭᠤᠷᠢ ᠠᠶᠣᠯᠲᠠᠢ ᠬᠠᠭᠤᠴᠢᠨ ᠭᠡᠷ ᠪᠠᠶᠢᠰᠢᠩ ᠢ ᠵᠠᠰᠠᠨ ᠰᠠᠶᠢᠵᠢᠷᠠᠭᠤᠯᠤᠨ᠂ ︽ᠨᠢᠭᠡ ᠣᠴᠢᠷ ᠢ ᠨᠢᠭᠡ ᠵᠦᠪᠯᠡᠬᠦ︾᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ᠂ ᠮᠢᠬᠠᠨ ᠤ ᠬᠤᠨᠢᠨ ᠤ ᠡᠳ᠋ ᠤᠨ ᠵᠠᠰᠠᠭ ᠤᠨ ᠱᠠᠩᠨᠠᠯ ᠤᠨ ᠨᠥᠬᠦᠪᠥᠷᠢ ᠶᠢᠨ ᠲᠥᠷᠥᠯ ᠵᠥᠢᠯ 155᠎ ᠶᠢ ᠬᠡᠷᠡᠭᠵᠢᠭᠦᠯᠵᠦ᠂ 2 ᠲᠥᠮᠡᠨ ᠬᠥᠮᠥᠨ ᠤ ᠣᠰᠥ ᠣᠮᠳᠠ ᠶᠢᠨ ᠠᠰᠠᠭᠤᠳᠠᠯ ᠢ ᠰᠢᠢᠳᠪᠦᠷᠢᠯᠡᠨ᠂ ᠴᠠᠬᠢᠯᠭᠠᠨ ᠨᠡᠪᠲᠡᠷᠡᠭᠡ ᠥᠬᠡᠢ ᠡᠷᠥᠬᠡ ᠶᠢ ᠥᠨᠳᠥᠰᠥᠨ ᠳᠡᠭᠡᠨ ᠦᠭᠡᠶᠢᠰᠭᠡᠭᠰᠡᠨ ᠪᠠᠶᠢᠨ᠎ᠠ᠃ 236 ᠲᠦᠮᠡᠨ ᠲᠡᠭᠰᠢ ᠲᠦᠷᠪᠡᠯᠵᠢᠨ ᠮᠧᠲᠷ ᠳᠤᠯᠠᠭᠠᠨ ᠰᠠᠷᠠᠪᠴᠢ᠂ ᠮᠠᠯ ᠤᠨ ᠬᠠᠰᠢᠶ᠎ᠠ᠂ ᠡᠪᠡᠰᠦ ᠬᠠᠳᠠᠭᠠᠯᠠᠬᠤ ᠫᠧᠩ ᠵᠡᠷᠭᠡ ᠶᠢ ᠪᠠᠶᠢᠭᠤᠯᠵᠤ᠂ ᠳᠤᠮᠤ ᠭᠡᠯᠪᠡᠷᠢ ᠶᠢᠨ ᠭᠠᠮᠰᠢᠭ ᠢ ᠡᠰᠡᠷᠭᠦᠴᠡᠭᠦ ᠡᠪᠡᠰᠦ ᠬᠠᠳᠠᠭᠠᠯᠠᠬᠤ ᠰᠠᠭᠤᠷᠢᠨ ᠭᠠᠵᠠᠷ ᠤᠨ ᠪᠦᠷᠭᠦᠴᠡ ᠶᠢ ᠪᠡᠶᠡᠯᠡᠭᠦᠯᠵᠠᠢ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠭᠥᠨᠵᠡᠭᠡᠢ ᠠᠬᠢᠭᠤᠯᠤᠨ᠂ 9 ᠳ᠋ᠥᠩᠰᠢᠭᠤᠷ ᠲᠥᠭᠦᠷᠢᠭ ᠪᠡᠯᠡ ᠮᠥᠩᠬᠦ ᠵᠠᠷᠣᠴᠠᠭᠤᠯᠵᠥ᠂ ᠮᠠᠯᠵᠢᠬᠤ ᠤᠷᠤᠨ ᠤ ᠣᠯᠠᠨ ᠨᠡᠶᠢᠳᠡ ᠶᠢᠨ ᠦᠢᠯᠡᠴᠢᠯᠡᠭᠡᠨ ᠎ ᠤ ᠬᠢᠷᠢ ᠳᠦᠪᠰᠢᠨ ᠢ ᠶᠡᠭᠡ ᠪᠠᠷ ᠲᠡᠭᠡᠭᠰᠢᠯᠡᠭᠦᠯᠵᠠᠢ᠃ ᠠᠮᠢ ᠠᠬᠤᠢ ᠶᠢᠨ ᠣᠷᠴᠢᠨ ᠲᠤᠭᠤᠷᠢᠨ ᠥᠷᠬᠦᠯᠵᠢᠯᠡᠨ ᠰᠠᠶᠢᠵᠢᠷᠠᠪᠠ᠃ ᠲᠡᠪᠤᠨ ᠵᠢᠯ ᠤᠨ ᠲᠣᠷᠰᠢ᠂ ᠤᠷᠢᠳ ᠬᠤᠵᠢᠳ 35 ᠳ᠋ᠥᠩᠰᠢᠭᠤᠷ ᠲᠥᠭᠦᠷᠢᠭ ᠤᠨ ᠪᠥᠲᠥᠭᠡᠨ ᠪᠠᠶᠢᠭᠤᠯᠤᠯᠳᠠ ᠶᠢᠨ ᠪᠡᠯᠡ ᠮᠥᠩᠬᠦ ᠵᠠᠷᠣᠴᠠᠭᠤᠯᠵᠥ᠂ 86 ᠲᠥᠮᠡᠨ ᠮᠥ ᠠᠮᠢ ᠠᠬᠤᠢ ᠶᠢᠨ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠦᠨ᠂ 2027 ᠲᠦᠮᠡᠨ ᠮᠦ ᠨᠣᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠤᠨ ᠲᠣᠭᠲᠠᠴᠠ ᠶᠢ ᠬᠡᠷᠡᠭᠵᠢᠭᠦᠯᠵᠦ᠂ ᠣᠯᠣᠰ ᠤᠨ ᠲᠡᠰ ᠤᠨ ︽ᠪᠡᠭᠡᠵᠢᠩ ᠲᠢᠶᠠᠨᠵᠢᠨ ᠤ ᠰᠠᠯᠬᠢ ᠡᠯᠡᠰᠣᠨ ᠤ ᠡᠬᠢ ᠰᠣᠷᠪᠤᠯᠵᠢ ᠶᠢ ᠵᠠᠰᠠᠬᠤ ᠢᠨᠵᠧᠨᠧᠷᠢᠩ ᠤᠨ ᠲᠠᠷᠢᠭᠦᠨ ᠤ ᠬᠠᠮᠳᠥ ᠨᠡᠶᠢᠲᠡ︾᠎ ᠪᠠᠷ ᠥᠨᠡᠯᠡᠭᠳᠡᠭᠰᠡᠨ ᠪᠠᠶᠢᠨ᠎ᠠ᠃ 10 ᠳᠡᠭᠰᠢ ᠳᠦᠷᠪᠡᠯᠵᠢᠨ ᠺᠢᠯᠤᠮᠧᠲᠷ ᠠᠭᠤᠷᠬᠠᠢ ᠶᠢᠨ ᠣᠷᠴᠢᠨ ᠲᠤᠭᠤᠷᠢᠨ ᠪᠠ ᠠᠮᠢ ᠠᠬᠤᠢ᠂ 15 ᠳᠡᠭᠰᠢ ᠳᠦᠷᠪᠡᠯᠵᠢᠨ ᠺᠢᠯᠤᠮᠧᠲᠷ ᠰᠢᠷᠣᠢ ᠭᠠᠳᠠᠭᠰᠢᠯᠠᠭᠤᠯᠬᠤ ᠲᠠᠯᠠᠪᠠᠢ ᠶᠢ ᠵᠠᠰᠠᠨ ᠰᠠᠶᠢᠵᠢᠷᠠᠭᠤᠯᠤᠨ᠂ ᠪᠥᠬᠦ ᠬᠤᠳᠠ ᠶᠢᠨ ᠤᠢ ᠰᠢᠭᠤᠢ ᠶᠢᠨ ᠪᠦᠷᠬᠦᠴᠡ᠂ ᠲᠠᠯ᠎ᠠ ᠨᠣᠳᠤᠭ ᠤᠨ ᠣᠷᠭᠤᠮᠡᠯ ᠬᠤᠴᠢᠯᠭ᠎ᠠ ᠲᠤᠰᠪᠤᠷᠢ 5.47% ᠪᠠ 42%᠎ ᠲᠤ ᠬᠦᠷᠴᠠᠢ᠃ ᠣᠣᠭᠤᠬᠤ ᠣᠰᠣᠨ ᠤ ᠣᠰᠣᠨ ᠰᠣᠷᠪᠣᠯᠵᠢ ᠶᠢᠨ ᠬᠠᠮᠠᠭᠠᠯᠠᠯᠳᠠ ᠪᠠ ᠪᠤᠬᠢᠷᠳᠣᠯ ᠢ ᠰᠡᠷᠭᠡᠶᠢᠯᠡᠬᠦ ᠠᠵᠢᠯ ᠢ ᠥᠷᠨᠢᠭᠦᠯᠵᠥ᠂ ᠠᠭᠤᠷ ᠮᠠᠨᠳᠠᠯ ᠤᠨ ᠴᠢᠨᠠᠷ ᠴᠢᠨᠰᠠᠭ᠎ᠠ ᠶᠢᠨ ᠠᠦ᠋ᠲ᠋ᠣᠴᠢᠯᠠᠭᠰᠠᠨ ᠬᠢᠨᠠᠨ ᠬᠡᠮᠵᠢᠯᠲᠡ ᠶᠢ ᠪᠠᠶᠡᠯᠡᠭᠦᠯᠵᠥ᠂ ᠲᠥᠮᠡᠨ ᠲᠥᠭᠦᠷᠢᠭ ᠎ ᠤᠨ ᠥᠢᠯᠡᠳᠪᠥᠷᠢᠯᠡᠯ ᠤᠨ ᠶᠡᠷᠥᠩᠬᠡᠢ ᠥᠷᠲᠡᠭ ᠪᠦᠷᠢ ᠶᠢᠨ ᠡᠨᠧᠷᠬᠢ ᠶᠢᠨ ᠬᠤᠷᠣᠭᠳᠠᠯ ᠢ 15%᠎ ᠪᠠᠷ ᠲᠣᠷᠣᠭᠰᠢᠯᠠᠭᠤᠯᠣᠨ᠂ ᠡᠨᠧᠷᠬᠢ ᠶᠢ ᠠᠷᠪᠢᠯᠠᠨ ᠭᠠᠳᠠᠭᠰᠢᠯ ᠢ ᠪᠠᠭᠠᠰᠬᠠᠬᠤ ᠡᠭᠦᠷᠭᠡ ᠶᠢ ᠢᠯᠭᠤᠮ ᠠᠮᠵᠢᠯᠳᠡ ᠲᠠᠢ ᠪᠡᠶᠡᠯᠡᠭᠦᠯᠵᠠᠢ᠃            ︵ᠳᠦᠷᠪᠡ︶ ᠠᠷᠠᠳ ᠤᠨ ᠠᠮᠢᠳᠣᠷᠠᠯ ᠤᠨ ᠪᠠᠳᠤᠯᠠᠭ᠎ᠠ ᠮᠡᠳᠡᠭᠳᠡᠮ᠎ᠡ ᠲᠡᠭᠡᠭᠰᠢᠯᠡᠵᠥ᠂ ᠨᠡᠶᠢᠭᠡᠮ ᠤᠨ ᠠᠵᠢᠯ ᠥᠢᠯᠡᠰ ᠵᠣᠬᠢᠴᠠᠩᠭᠤᠢ ᠬᠦᠭᠵᠢᠪᠡ᠃ ᠬᠤᠳᠠ ᠶᠢᠨ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠳᠤ ᠬᠤᠯᠪᠣᠭᠳᠠᠬᠤ ᠪᠡᠯᠡ ᠮᠦᠩᠭᠦ ᠨᠡᠶᠢᠳᠡ 79 ᠳ᠋ᠥᠩᠰᠢᠭᠤᠷ ᠲᠥᠭᠦᠷᠢᠭ ᠵᠠᠷᠤᠴᠠᠭᠤᠯᠵᠤ᠂ ︽ᠠᠷᠪᠠᠨ ᠨᠢᠭᠡᠳᠥᠭᠡᠷ ᠲᠠᠪᠤᠨ ᠵᠢᠯ︾᠎ ᠤᠨ ᠬᠤᠭᠤᠴᠠᠭᠠᠨ ᠠᠴᠠ 3.76 ᠲᠠᠬᠢᠨ ᠪᠠᠶᠢᠵᠦ᠂ ᠠᠷᠠᠳ ᠤᠨ ᠠᠮᠢᠳᠣᠷᠠᠯ ᠲᠠᠢ ᠬᠤᠯᠪᠣᠭᠳᠠᠬᠤ ᠪᠤᠳᠠᠳᠥ ᠶᠠᠪᠣᠳᠠᠯ ᠢ ᠪᠦᠲᠦᠮᠵᠢᠲᠠᠢ ᠨᠠᠶᠢᠳᠠᠪᠣᠷᠢᠵᠢᠭᠤᠯᠪᠠ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠲᠤᠮᠳᠠᠴᠢ ᠶᠢᠨ ᠡᠵᠡᠮᠳᠡᠵᠥ ᠪᠤᠯᠬᠤᠶᠢᠴᠠ ᠣᠷᠣᠯᠭ᠎ᠠ 21362 ᠲᠥᠭᠦᠷᠢᠭ ᠪᠠ 9527 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 36472 ᠲᠥᠭᠦᠷᠢᠭ ᠪᠠ 20635 ᠲᠥᠭᠦᠷᠢᠭ ᠪᠤᠯᠤᠭᠰᠡᠨ ᠪᠠᠶᠢᠨ᠎ᠠ᠂ ᠵᠢᠯ ᠪᠦᠷᠢ ᠲᠤᠮᠳᠠᠴᠢ ᠪᠠᠷ 11.3 % ᠪᠠ 16.7%᠎ ᠪᠠᠷ ᠨᠡᠮᠡᠭᠳᠡᠵᠡᠢ᠃ ᠲᠠᠪᠤᠨ ᠵᠢᠯ ᠳᠤ ᠨᠡᠶᠢᠲᠡ ᠬᠤᠳᠠ ᠪᠠᠯᠭᠠᠰᠣᠨ ᠤ 2.25 ᠲᠥᠮᠡᠨ ᠬᠥᠮᠥᠨ ᠳᠤ ᠠᠵᠢᠯ ᠣᠯᠭᠤᠵᠦ᠂ ᠲᠠᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 3.33%᠎ ᠶᠢᠨ ᠲᠤᠲᠤᠷ᠎ᠠ ᠬᠢᠵᠠᠭᠠᠷᠯᠠᠨ᠂ ︽ᠣᠷᠣᠨ ᠤ ᠲᠡᠰ ᠤᠨ ᠥᠢᠯᠡᠰ ᠪᠥᠳᠥᠭᠡᠬᠦ ᠬᠡᠯᠪᠡᠷᠢ ᠶᠢᠨ ᠬᠤᠰᠢᠭᠤ ᠰᠢᠶᠠᠨ︾᠎ ᠢᠶᠠᠷ ᠥᠨᠡᠯᠡᠭᠳᠡᠭᠰᠡᠨ ᠪᠠᠶᠢᠨ᠎ᠠ᠃ ᠨᠡᠶᠢᠭᠡᠮ ᠤᠨ ᠪᠠᠲᠣᠯᠠᠭ᠎ᠠ ᠶᠢᠨ ᠰᠢᠰᠲ᠋ᠧᠮ ᠨᠡᠩ ᠲᠡᠭᠦᠯᠳᠡᠷᠵᠢᠵᠦ᠂ ᠪᠠᠲᠣᠯᠠᠭ᠎ᠠ ᠳᠤ ᠣᠷᠣᠯᠴᠠᠭᠰᠠᠳ 11.3 ᠲᠦᠮᠡᠨ ᠬᠦᠮᠦᠨ ᠳᠤ ᠬᠦᠷᠴᠦ᠂ ᠡᠯ᠎ᠡ ᠵᠦᠢᠯ ᠤᠨ ᠨᠡᠶᠢᠭᠡᠮ ᠤᠨ ᠲᠠᠭᠠᠳᠬᠠᠯ ᠤᠨ ᠬᠦᠷᠲᠡᠮᠵᠢ ᠶᠡᠬᠡᠪᠡᠷ ᠨᠡᠮᠡᠭᠳᠡᠭᠰᠡᠨ ᠪᠠᠶᠢᠨ᠎ᠠ᠃ ︽ᠰᠢᠯᠢᠨ ᠢ ᠡᠾᠧ ᠶᠤᠸᠠᠨ︾᠂ ︽ᠠᠴᠢᠯᠠᠯ︾ ᠵᠡᠷᠭᠡ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠵᠥ᠂ ︽12349︾ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠢ ᠪᠠᠶᠢᠭᠤᠯᠤᠨ᠂ ᠡᠯ᠎ᠡ ᠲᠥᠷᠥᠯ ᠤᠨ ᠪᠠᠳᠤᠯᠠᠭ᠎ᠠ ᠪᠠ ᠠᠪᠤᠷᠡᠨ ᠲᠤᠰᠠᠯᠠᠬᠤ ᠪᠡᠯᠡ ᠮᠥᠩᠬᠦ 2.3 ᠳ᠋ᠥᠩᠰᠢᠭᠤᠷ ᠲᠥᠭᠦᠷᠢᠭ ᠣᠯᠭᠤᠵᠦ᠂ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠵᠢᠯ ᠎ ᠳᠤ ᠲᠡᠭᠰᠢᠳᠭᠡᠭᠡᠳ14 %᠎ ᠪᠠᠷ ᠲᠡᠭᠡᠭᠰᠢᠯᠡᠭᠰᠡᠨ ᠪᠠᠶᠢᠨ᠎ᠠ᠃ 13.7 ᠳ᠋ᠥᠩᠰᠢᠭᠤᠷ ᠲᠥᠭᠦᠷᠢᠭ ᠪᠡᠯᠡ ᠮᠥᠩᠭᠦ ᠵᠠᠷᠣᠴᠠᠭᠤᠯᠵᠥ᠂ 30 ᠰᠠᠭᠤᠷᠢ ᠲᠤᠮᠳᠠ ᠪᠠᠭ᠎ᠠ ᠰᠣᠷᠭᠠᠭᠤᠯᠢ ᠪᠠ ᠭᠡᠦᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠂ ᠰᠣᠷᠭᠠᠭᠤᠯᠢ ᠶᠢᠨ ᠲᠠᠯᠠᠪᠠᠢ 20.7 ᠲᠥᠮᠡᠨ ᠲᠡᠭᠰᠢ ᠲᠥᠷᠪᠡᠯᠵᠢᠨ ᠮᠧᠲᠷ ᠨᠡᠮᠡᠭᠳᠡᠵᠦ᠂ ᠰᠣᠷᠭᠠᠨ ᠬᠥᠮᠥᠵᠢᠯ ᠤᠨ ᠴᠢᠨᠠᠷ ᠴᠢᠨᠰᠠᠭ᠎ᠠ ᠮᠡᠳᠡᠭᠳᠡᠮ᠎ᠡ ᠲᠡᠭᠡᠭᠰᠢᠯᠡᠵᠠᠢ᠃ 4.2 ᠳ᠋ᠦᠩᠰᠢᠭᠤᠷ ᠳᠦᠭᠦᠷᠢᠭ ᠪᠡᠯᠡ ᠤᠷᠤᠭᠤᠯᠵᠤ ᠂ ᠰᠢᠨ᠎ᠡ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠪᠠ᠃ 66 ᠰᠠᠭᠤᠷᠢ ᠥᠨᠳᠥᠰᠥᠨ ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠪᠠᠶᠢᠭᠤᠯᠤᠮᠵᠢ ᠶᠢ ᠰᠢᠨ᠎ᠡ ᠪᠠᠷ ᠥᠷᠭᠡᠳᠭᠡᠨ ᠪᠠᠶᠢᠭᠤᠯᠵᠥ᠂ ᠮᠠᠯᠴᠢᠳ ᠲᠤ 3 ᠲᠥᠮᠡᠨ ᠬᠥᠮᠥᠨ ᠣᠳᠠᠭᠠᠨ ᠤ ᠰᠥᠢᠳᠭᠡᠯ ᠬᠤᠷᠢᠶᠠᠬᠤ ᠥᠭᠡᠢ ᠪᠡᠶ᠎ᠡ ᠶᠢᠨ ᠪᠠᠶᠢᠴᠠᠭᠠᠯᠳᠠ ᠬᠢᠵᠦ᠂ 5000 ᠡᠷᠡᠭᠦᠯ ᠴᠢᠬᠢᠷᠠᠭᠵᠢᠯ ᠤᠨ ᠡᠮ ᠤᠨ ᠬᠠᠶᠢᠷᠴᠠᠭ ᠳᠠᠷᠬᠠᠭᠠᠨ᠂ ᠬᠤᠳᠠ ᠬᠥᠳᠡᠭᠡ ᠎ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠬᠢᠷᠢ ᠲᠥᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠥᠭᠰᠡᠨ ᠪᠠᠶᠢᠨ᠎ᠠ᠃ ᠣᠯᠠᠨ ᠲᠥᠮᠡᠨ ᠤ ᠰᠣᠶᠣᠯ ᠪᠡᠶ᠎ᠡ ᠲᠠᠮᠢᠷ ᠤᠨ ᠠᠵᠢᠯ ᠦᠢᠯᠡᠰ ᠦᠷᠨᠢᠨ ᠬᠦᠭᠵᠢᠵᠦ ᠂ ᠪᠥᠬᠦ ᠣᠯᠣᠰ ᠲᠠᠬᠢ ᠲᠤᠮᠥ ᠬᠡᠯᠪᠡᠷᠢ ᠶᠢᠨ ᠠᠳᠣᠭᠤᠨ ᠰᠣᠶᠣᠯ ᠤᠨ ᠪᠥᠷᠢᠨ ᠥᠵᠡᠭᠳᠡᠯᠳᠥ ᠶᠡᠷᠥᠩᠭᠡᠶᠢᠯᠡᠭᠰᠡᠨ ᠲᠤᠭᠯᠠᠯᠳᠠ ︽ᠪᠤᠭᠤᠷᠤᠯ ᠲᠡᠣᠬᠡ ᠶᠢᠨ ᠬᠥᠯᠥᠭ ᠤᠨ ᠮᠠᠭᠳᠠᠭᠠᠯ︾᠎ ᠢ ᠲᠤᠭᠯᠠᠵᠠᠢ᠃ 2 ᠳ᠋ᠥᠩᠰᠢᠭᠤᠷ ᠲᠥᠭᠦᠷᠢᠭ ᠵᠠᠷᠣᠴᠠᠭᠤᠯᠵᠥ᠂ ᠪᠥᠬᠦ ᠬᠤᠳᠠ ᠶᠢᠨ ᠠᠳᠠᠯ ᠠᠬᠤᠢ ᠶᠢᠨ ᠬᠠᠮᠢᠶᠠᠷᠣᠯᠳᠠ ᠶᠢᠨ ᠬᠢᠷᠢ ᠲᠥᠪᠰᠢᠨ ᠢ ᠲᠥᠷᠢᠮᠵᠢᠭᠦᠯᠥᠨ ᠲᠡᠭᠡᠭᠰᠢᠯᠡᠭᠦᠯᠵᠥ᠂ ᠬᠤᠳᠠ ᠶᠢᠨ ᠠᠷᠠᠳ ᠤᠨ ᠶᠠᠪᠤᠵᠥ ᠰᠠᠭᠤᠬᠤ ᠣᠷᠴᠢᠨ ᠲᠤᠭᠤᠷᠢᠨ ᠪᠣᠯᠣᠨ ᠬᠤᠳᠠ ᠶᠢᠨ ᠣᠰᠦ ᠤᠮᠳᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠪᠠ᠃ 7.2 ᠳ᠋ᠥᠩᠰᠢᠭᠤᠷ ᠲᠥᠭᠦᠷᠢᠭ ᠤᠨ ᠶᠠᠳᠠᠭᠤ ᠶᠢ ᠲᠡᠳᠭᠦᠬᠦ ᠪᠡᠯᠡ ᠮᠥᠩᠬᠦ ᠵᠠᠷᠣᠴᠠᠭᠤᠯᠵᠥ᠂ 1529 ᠬᠥᠮᠥᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠥᠴᠢᠷᠲᠡᠯᠳᠡᠢ ᠭᠡᠷ ᠪᠥᠯᠢ ᠳᠤ 580 ᠲᠥᠮᠡᠨ ᠲᠥᠬᠦᠷᠢᠭ ᠤᠨ ᠰᠢᠲᠠᠭᠠᠯᠭ᠎ᠠ ᠶᠢᠨ ᠨᠥᠬᠦᠪᠥᠷᠢ ᠮᠥᠩᠬᠦ ᠣᠯᠭᠤᠪᠠ᠃ 182 ᠲᠥᠮᠡᠨ ᠲᠡᠭᠰᠢ ᠲᠥᠷᠪᠡᠯᠵᠢᠨ ᠮᠧᠲᠷ ᠲᠦᠭᠦᠮ ᠪᠦᠲᠦᠴᠡᠲᠦ ᠣᠷᠣᠨ ᠰᠠᠭᠤᠴᠠ ᠶᠢ ᠵᠠᠰᠠᠨ ᠰᠠᠶᠢᠵᠢᠷᠠᠭᠤᠯᠬᠤ ᠪᠠ ᠨᠡᠭᠦᠯᠭᠡᠵᠥ᠂ 18507 ᠰᠠᠭᠤᠷᠢ ᠪᠣᠴᠠᠭᠠᠨ ᠨᠡᠭᠦᠯᠭᠡᠭᠰᠡᠨ ᠠᠰᠡᠷ᠂ 960 ᠰᠠᠭᠤᠷᠢ ᠨᠠᠶᠢᠳᠡ ᠶᠢᠨ ᠲᠥᠷᠢᠶᠡᠰᠣᠨ ᠬᠡᠷ ᠤᠨ ᠪᠥᠳᠥᠭᠡᠨ ᠪᠠᠶᠢᠭᠤᠯᠤᠯᠲᠠ ᠶᠢᠨ ᠠᠵᠢᠯ ᠡᠬᠢᠯᠡᠵᠦ᠂ ᠤᠷᠤᠨ ᠰᠠᠭᠤᠴᠠ ᠶᠢᠨ ᠨᠦᠭᠦᠴᠡᠯ ᠢ ᠰᠠᠶᠢᠵᠢᠷᠠᠭᠤᠯᠪᠠ ᠨᠡᠶᠢᠭᠡᠮ ᠤᠨ ᠬᠠᠮᠢᠶᠠᠷᠣᠯᠳᠠ ᠶᠢᠨ ᠬᠢᠷᠢ ᠲᠥᠪᠰᠢᠨ ᠪᠥᠬᠦ ᠲᠠᠯ᠎ᠠ ᠪᠠᠷ ᠲᠡᠭᠡᠭᠰᠢᠯᠡᠵᠡᠢ᠃ 5000 ᠲᠥᠮᠡᠨ ᠲᠥᠭᠦᠷᠢᠭ ᠵᠠᠷᠣᠴᠠᠭᠤᠯᠵᠥ ᠨᠡᠶᠢᠭᠡᠮ ᠲᠤᠭᠤᠷᠢᠭ ᠤᠨ ᠠᠵᠢᠯᠯᠠᠭᠠᠨ ᠤ ᠭᠠᠵᠠᠷ ᠢ ᠪᠠᠷᠢᠮᠵᠢᠶ᠎ᠠ ᠳᠤ ᠬᠦᠷᠭᠡᠭᠰᠡᠨ ᠪᠠᠶᠢᠨ᠎ᠠ ᠃ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠡᠶᠡᠳᠡᠭᠦᠯᠵᠦ᠂ ᠣᠯᠠᠨ ᠲᠥᠮᠡᠨ ᠤ ᠵᠠᠬᠢᠳᠡᠯ ᠰᠣᠷᠪᠣᠯᠵᠢᠯᠠᠭ᠎ᠠ ᠬᠢᠬᠦ ᠶᠢ ᠬᠠᠷᠰᠢ ᠰᠠᠭᠠᠳ ᠦᠭᠡᠢ ᠪᠣᠯᠭᠠᠭᠰᠠᠨ ᠪᠠᠶᠢᠨ᠎ᠠ᠃ ᠠᠮᠣᠷ ᠠᠮᠤᠭᠤᠯᠠᠩ ᠨᠡᠶᠢᠭᠡᠮ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠥᠷᠨᠢᠭᠦᠯᠵᠥ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ ᠲᠤᠭᠤᠷᠢᠨ ᠪᠠᠶᠢᠴᠠᠭᠠᠬᠤ᠂ ᠴᠢᠬᠤᠯᠠ ᠶᠡᠭᠡ ᠠᠵᠢᠯᠯᠠᠭ᠎ᠠ ᠵᠡᠷᠭᠡ ᠠᠮᠤᠷ ᠲᠥᠪᠰᠢᠨ ᠤ ᠬᠠᠮᠠᠭᠠᠯᠠᠯᠳᠠ ᠶᠢᠨ ᠠᠵᠢᠯ ᠢ ᠠᠮᠵᠢᠯᠳᠡ ᠲᠠᠢ ᠪᠡᠶᠡᠯᠡᠭᠦᠯᠪᠡ᠃ ᠪᠠᠴᠢᠮ ᠠᠷᠭᠠᠴᠠᠬᠤ ᠬᠡᠷᠡᠭ ᠶᠠᠪᠤᠳᠠᠯ ᠪᠠ ᠪᠠᠶᠢᠭᠠᠯᠢ ᠶᠢᠨ ᠭᠠᠢ ᠭᠠᠮᠰᠢᠭ ᠢ ᠵᠣᠬᠢᠰᠲᠠᠢ ᠰᠶᠢᠳᠪᠥᠷᠢᠯᠡᠵᠥ᠂ ᠣᠨᠴᠠ ᠶᠡᠭᠡ ᠠᠮᠣᠷ ᠲᠥᠪᠰᠢᠨ ᠤ ᠠᠳᠡᠯ ᠭᠠᠷᠣᠭᠰᠡᠨ ᠥᠭᠡᠢ᠃ ︽ᠪᠦᠭᠦ ᠤᠯᠤᠰ ᠎ ᠤᠨ ᠬᠤᠶᠠᠷ ᠢ ᠬᠦᠷᠢᠶᠡᠯᠡᠭᠦ ᠵᠢᠱᠢᠶᠡᠴᠢ ᠬᠤᠳᠠ︾᠎ ᠶᠢ ᠠᠮᠵᠢᠯᠳᠠ ᠲᠠᠢ ᠪᠠᠷ ᠳᠠᠬᠢᠨ ᠡᠭᠦᠳᠦᠭᠰᠡᠨ ᠪᠠᠶᠢᠨ᠎ᠠ᠃ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠣᠷ ᠲᠥᠪᠰᠢᠨ ᠤ ᠬᠠᠮᠢᠶᠠᠷᠣᠯᠳᠠ ᠶᠢᠨ ᠬᠥᠴᠥᠯᠡᠴᠡ ᠶᠢ ᠲᠠᠰᠣᠷᠠᠯᠳᠠ ᠥᠭᠡᠢ ᠨᠡᠮᠡᠭᠲᠡᠭᠦᠯᠦᠨ᠂ ᠲᠤᠭ᠎ᠠ ᠪᠥᠷᠢᠳᠭᠡᠯ ᠬᠢᠨᠡᠨ ᠪᠤᠳᠣᠯᠳᠠ᠂ ᠥᠢᠯᠡᠳᠪᠥᠷᠢ ᠬᠤᠳᠠᠯᠳᠤᠭ᠎ᠠ ᠪᠤᠳᠠᠰ ᠤᠨ ᠥᠨ᠎ᠡ ᠬᠠᠩᠰᠢ᠂ ᠥᠨᠳᠥᠰᠥᠲᠡᠨ ᠱᠠᠰᠢᠨ ᠰᠣᠷᠲᠠᠬᠤᠨ᠂ ᠲᠠᠩᠰᠠ ᠡᠪᠬᠡᠮᠡᠯ ᠲᠡᠣᠬᠡ ᠴᠠᠳᠢᠭ᠂ ᠡᠮᠡᠭᠳᠡᠶᠢᠴᠥᠳ ᠪᠠ ᠪᠠᠭᠠᠴᠤᠳ᠂ ᠵᠡᠮᠳᠡᠭᠴᠤᠳ ᠢ ᠬᠠᠪᠰᠣᠷᠣᠨ ᠲᠡᠮᠵᠢᠬᠦ ᠵᠡᠷᠭᠡ ᠡᠯ᠎ᠡ ᠵᠦᠢᠯ ᠤᠨ ᠠᠵᠢᠯ ᠴᠦᠮ ᠰᠢᠨ᠎ᠡ ᠠᠮᠵᠢᠯᠳᠠ ᠤᠯᠤᠭᠰᠠᠨ ᠪᠠᠶᠢᠨ᠎ᠠ᠃            ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠯᠠᠪᠳᠠᠭᠤᠨ ᠪᠠᠳᠣᠲᠠᠢ ᠠᠬᠢᠭᠤᠯᠵᠤ᠂ ᠭᠥᠭᠵᠢᠯᠲᠡ ᠶᠢᠨ ᠣᠷᠴᠢᠨ ᠢ ᠨᠡᠩ ᠰᠢᠯᠢᠳᠡᠭᠵᠢᠭᠦᠯᠪᠡ᠃ 164 ᠥᠭᠡᠷᠡᠴᠢᠯᠡᠯᠲᠡ ᠶᠢᠨ ᠲᠥᠷᠦᠯ ᠵᠦᠢᠯ ᠢ ᠬᠡᠷᠡᠭᠵᠢᠭᠦᠯᠵᠦ᠂ 130 ᠵᠦᠢᠯ ᠨᠢ ᠦᠷ᠎ᠡ ᠪᠦᠳᠦᠮᠵᠢ ᠣᠯᠪᠠ᠃ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠠᠮᠵᠢᠯᠲᠠ ᠲᠠᠢ ᠲᠡᠭᠦᠰᠴᠦ᠂ ᠵᠠᠰᠠᠭ ᠤᠨ ᠣᠷᠳᠣᠨ ᠤ ᠴᠢᠳᠠᠪᠬᠢ ᠶᠢᠨ ᠦᠷ᠎ᠡ ᠪᠦᠳᠦᠮᠵᠢ ᠢᠯᠡ ᠲᠣᠳᠣ ᠪᠣᠯᠣᠭᠰᠠᠨ ᠪᠠᠶᠢᠨ᠎ᠠ᠃ ᠠᠮᠢ ᠠᠬᠤᠢ ᠶᠢᠨ ᠪᠣᠯᠪᠠᠰᠣᠨ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠰᠣᠶᠣᠯ ᠰᠣᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠠᠬᠢᠯᠲᠠ ᠲᠠᠢ ᠪᠣᠯᠪᠠ᠃ ᠵᠠᠰᠠᠭ ᠵᠠᠬᠢᠷᠭᠠᠨ ᠤ ᠠᠵᠢᠯᠯᠠᠭ᠎ᠠ ᠶᠢ ᠲᠦᠷᠢᠮᠵᠢᠭᠦᠯᠬᠦ ᠪᠠ ᠡᠳ᠋ ᠤᠨ ᠵᠠᠰᠠᠭ ᠤᠨ ᠠᠵᠦ ᠠᠬᠤᠢ ᠶᠢᠨ ᠰᠠᠬᠢᠯᠭ᠎ᠠ ᠪᠠᠳᠣ ᠶᠢ ᠴᠢᠩᠭᠠᠳᠬᠠᠬᠤ ᠲᠤᠭᠤᠷᠢᠨ ᠳᠤ ᠭᠤᠴᠢ ᠰᠢᠬᠠᠮ ᠵᠦᠢᠯ ᠤᠨ ᠲᠦᠷᠢᠮ ᠲᠣᠭᠲᠠᠭᠠᠯ ᠠᠷᠭ᠎ᠠ ᠪᠣᠳᠣᠯᠭ᠎ᠠ ᠶᠢ ᠲᠤᠭᠲᠠᠭᠠᠨ ᠨᠡᠶᠢᠲᠡᠯᠡᠵᠦ᠂ ᠵᠠᠰᠠᠭ ᠤᠨ ᠣᠷᠳᠣᠨ ᠤ ᠠᠵᠢᠯ ᠤᠨ ᠬᠠᠣᠯᠢᠵᠢᠯᠠᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠣᠯᠣᠰ ᠤᠨ ᠬᠠᠣᠯᠢ ᠲᠥᠭᠡᠮᠡᠯᠵᠢᠭᠦᠯᠬᠦ ᠠᠯᠪᠠᠨ ᠭᠡᠷ ᠠᠴᠠ ︽ᠪᠦᠬᠦ ᠣᠯᠣᠰ ᠤᠨ ᠬᠠᠣᠯᠢ ᠪᠠᠷ ᠵᠠᠰᠠᠬᠤ ᠰᠢᠶᠠᠨ ︵ᠬᠤᠲᠠ ᠲᠤᠭᠤᠷᠢᠭ︶᠎ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢᠨ ᠲᠡᠷᠢᠭᠦᠨ ᠤ ᠨᠢᠭᠡᠴᠡ︾᠎ ᠶᠢᠨ ᠢᠷᠠᠭᠤ ᠠᠯᠳᠠᠷ ᠢ ᠬᠦᠷᠲᠡᠭᠡᠭᠰᠡᠨ ᠪᠠᠶᠢᠨ᠎ᠠ ᠃ ᠭᠠᠳᠠᠭᠠᠳᠣ ᠲᠠᠢ ᠬᠠᠷᠢᠯᠴᠠᠬᠤ ᠶᠢ ᠴᠢᠩᠭᠠᠳᠬᠠᠵᠣ᠂ ᠮᠣᠩᠭᠤᠯ ᠣᠯᠣᠰ ᠤᠨ ᠣᠯᠠᠭᠠᠨᠪᠠᠭᠠᠳᠣᠷ ᠬᠤᠲᠠ ᠶᠢᠨ ᠬᠠᠭ᠋ᠠᠭᠤᠯᠠ ᠲᠤᠭᠤᠷᠢᠭ᠂ ᠴᠣᠶᠢᠪᠠᠯᠰᠠᠩ ᠬᠤᠲᠠ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠪᠠ᠃ ᠲᠥᠷᠦᠯ ᠵᠦᠢᠯ ᠢ ᠢᠳᠡᠪᠬᠢᠲᠠᠢ ᠵᠣᠯᠭᠠᠯᠳᠣᠭᠤᠯᠵᠦ᠂ ᠣᠷᠣᠨ ᠤ ᠲᠣᠲᠣᠨ᠎ᠠ ᠭᠠᠳᠠᠨᠠᠬᠢ ᠪᠡᠯᠡ ᠮᠦᠩᠭᠦ ᠶᠢ 537 ᠳ᠋ᠦᠩᠰᠢᠭᠤᠷ ᠲᠥᠭᠦᠷᠢᠭ ᠲᠠᠳᠠᠨ ᠣᠷᠣᠭᠤᠯᠵᠣ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠬᠢ ᠠᠴᠠ 2 ᠲᠠᠬᠢᠨ ᠎ ᠳᠤ ᠬᠦᠷᠭᠡᠵᠦ᠂ ᠵᠢᠯ ᠪᠦᠷᠢ ᠲᠤᠮᠳᠠᠴᠢ ᠪᠠᠷ 13.8%᠎ ᠪᠠᠷ ᠨᠡᠮᠡᠭᠳᠡᠪᠡ᠃ ᠡᠯ᠎ᠡ ᠲᠥᠷᠦᠯ ᠤᠨ ᠪᠡᠯᠡ ᠮᠥᠩᠭᠦ 105.4 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠣᠭᠠᠳ᠂ ᠡᠯ᠎ᠡ ᠲᠥᠷᠦᠯ ᠤᠨ ᠭᠤᠤᠯᠳᠠᠯᠭ᠎ᠠ ᠲᠠᠢ ᠠᠵᠢᠯ ᠢ ᠣᠷᠣᠭᠰᠢᠲᠠᠢ ᠲᠦᠯᠬᠢᠨ ᠠᠬᠢᠭᠤᠯᠣᠭᠰᠠᠨ ᠪᠠᠶᠢᠨ᠎ᠠ᠃ ᠲᠥᠯᠦᠭᠡᠯᠡᠭᠴᠢᠳ ᠡ᠂ 2015 ᠣᠨ ᠪᠣᠯ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠦᠪᠵᠢᠭᠦᠯᠦᠯᠭᠡ︾ ᠎ ᠶᠢᠨ ᠰᠡᠭᠦᠯᠴᠢ ᠶᠢᠨ ᠵᠢᠯ ᠪᠣᠯᠬᠤ ᠶᠤᠮ᠃ ᠡᠨᠡ ᠨᠢᠭᠡᠨ ᠵᠢᠯ᠂ ᠪᠢᠳᠡ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠯᠤᠭ᠎ᠠ ᠵᠤᠬᠢᠴᠠᠨ᠂ ᠨᠡᠮᠡᠭᠳᠡᠯ ᠶᠢ ᠬᠦᠴᠦᠯᠡᠨ ᠪᠠᠲᠤᠯᠠᠵᠤ᠂ ᠬᠡᠯᠪᠡᠷᠢ ᠶᠢ ᠬᠤᠪᠢᠷᠠᠭᠤᠯᠤᠨ᠂ ᠥᠭᠡᠷᠡᠴᠢᠯᠡᠯᠲᠡ ᠶᠢ ᠴᠢᠩᠭ᠎ᠠ ᠠᠳᠬᠤᠵᠤ᠂ ᠠᠷᠠᠳ ᠲᠤ ᠠᠰᠢᠭ ᠬᠦᠷᠲᠡᠭᠡᠨ᠂ ᠵᠢᠯ ᠤᠨ ᠡᠬᠢᠨ ᠎ ᠳᠤ ᠲᠣᠭᠲᠠᠭᠠᠭᠰᠠᠨ ᠡᠯ᠎ᠡ ᠲᠥᠷᠦᠯ ‍ᠦᠨ‌ᠠᠵᠢᠯ ᠤᠨ ᠡᠬᠦᠷᠭᠡ ᠬᠠᠷᠠᠯᠲᠠ ᠪᠠᠨ ᠤᠷᠤᠭᠰᠢᠲᠠᠢ ᠪᠡᠶᠡᠯᠡᠭᠦᠯᠵᠦ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠦᠪᠵᠢᠭᠦᠯᠦᠯᠭᠡ︾᠎ ᠶᠢ ᠠᠮᠵᠢᠯᠲᠠ ᠲᠠᠢ ᠪᠡᠶᠡᠯᠡᠭᠦᠯᠪᠡ᠃ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠥᠰᠦᠯᠲᠡ 7.5 %᠂ ᠪᠥᠬᠦ ᠨᠡᠶᠢᠭᠡᠮ ᠤᠨ ᠲᠣᠭᠳᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 12.5 %᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠤᠯᠭ᠎ᠠ ᠶᠢᠨ ᠨᠡᠮᠡᠭᠳᠡᠯ 7.8 %᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠤᠯᠠᠭᠤᠯᠬᠤ ᠶᠡᠷᠦᠩᠬᠡᠢ ᠥᠷᠳᠡᠭ ᠤᠨ ᠨᠡᠮᠡᠭᠳᠡᠯ 7.7 %᠂ ᠬᠤᠲᠠ ᠬᠥᠳᠡᠭᠡᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠤᠯᠭ᠎ᠠ ᠶᠢᠨ ᠨᠡᠮᠡᠭᠳᠡᠯ ᠲᠤᠰᠪᠤᠷᠢ 9%᠂ 8.4%᠎ ᠳᠤ ᠬᠦᠷᠪᠡ᠃ ᠨᠢᠭᠡᠳᠦᠭᠡᠷ ᠲᠤ᠂ ᠭᠤᠷᠪᠠᠨ ᠠᠵᠤ ᠦᠢᠯᠡᠰ ᠢ ᠵᠤᠬᠢᠴᠠᠩᠭᠤᠢ ᠬᠥᠭᠵᠢᠭᠦᠯᠪᠡ᠃ ᠠᠵᠤ ᠠᠬᠤᠢ ᠶᠢᠨ ᠡᠷᠬᠢᠯᠲᠡ ᠶᠢᠨ ᠲᠣᠬᠢᠷᠠᠭᠤᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠤᠨ᠂ ᠪᠥᠲᠦᠴᠡ ᠶᠢ ᠲᠤᠬᠢᠷᠠᠭᠤᠯᠬᠤ ᠵᠡᠷᠭᠡ ᠡᠯ᠎ᠡ ᠲᠥᠷᠦᠯ ᠤᠨ ᠲᠥᠷᠦ ᠶᠢᠨ ᠪᠣᠳᠤᠯᠭ᠎ᠠ ᠶᠢᠨ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠬᠢᠯᠲᠡ ᠶᠢᠨ ᠶᠡᠷᠦᠩᠬᠡᠢ ᠴᠣᠭᠴᠠ ᠶᠢᠨ ᠲᠤᠭᠳᠠᠭᠤᠨ ᠢ ᠪᠠᠳᠣᠯᠠᠵᠣ᠂ ᠯᠠᠪᠳᠠᠭᠤᠨ ᠠᠬᠢᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ ᠤᠨ ᠡᠬᠢᠯᠡᠯᠲᠡ᠂ ᠰᠡᠷᠭᠦᠯᠲᠡ ᠶᠢᠨ ᠨᠤᠷᠮ᠎ᠠ 95 %᠎ ᠶᠢ ᠬᠡᠳᠦᠷᠴᠦ᠂ 170 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠥᠷᠳᠡᠭ ᠢ ᠪᠡᠶᠡᠯᠡᠭᠦᠯᠪᠡ᠃ ᠮᠠᠰᠢᠨ ᠲᠣᠨᠣᠭᠯᠠᠯ ᠦᠢᠯᠡᠳᠬᠦ ᠦᠢᠯᠡᠰ ᠥᠳᠲᠡᠷ ᠲᠦᠷᠭᠡᠨ ᠬᠥᠭᠵᠢᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠵᠠᠭᠤᠨ ᠤ ᠳᠥᠷᠪᠡ ᠪᠠᠷ ᠲᠡᠭᠡᠭᠰᠢᠯᠡᠭᠦᠯᠪᠡ᠃ ᠴᠠᠬᠢᠯᠭᠠᠨ ᠡᠬᠢ ᠰᠣᠷᠪᠤᠯᠵᠢ ᠶᠢᠨ ᠰᠠᠭᠤᠷᠢᠨ ᠭᠠᠵᠠᠷ ᠤᠨ ᠲᠥᠷᠦᠯ ᠵᠦᠢᠯ ᠯᠣᠳᠣ ᠶᠡᠭᠡ ᠠᠬᠢᠴᠠ ᠲᠠᠢ ᠪᠠᠶᠢᠵᠤ᠂ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠮᠤᠵᠢ ᠶᠢᠨ ᠵᠢᠨᠠᠨ ᠬᠤᠲᠠ ᠬᠦᠷᠬᠦ ᠣᠨᠴᠠ ᠥᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠲᠥᠷᠦᠯ ᠵᠦᠢᠯ ᠪᠤᠯᠤᠨ ᠱᠧᠨ ᠬᠤᠸᠠ᠂ ᠳ᠋ᠠ ᠲᠠᠩ᠂ ᠤᠮᠠᠷᠠᠲᠦ ᠶᠢᠨ ᠴᠠᠬᠢᠯᠭᠠᠨ ᠬᠦᠴᠦ᠂ ᠮᠧᠩ ᠨᠡᠩ ᠵᠡᠷᠭᠡ 4 ᠠᠭᠤᠷᠬᠠᠢ ᠶᠢᠨ ᠣᠷᠣᠨ ᠤ ᠴᠠᠬᠢᠯᠭᠠᠨ ᠦᠢᠯᠡᠳᠪᠦᠷᠢ ᠶᠢᠨ ᠲᠥᠷᠦᠯ ᠵᠦᠢᠯ ᠠᠵᠢᠯ ᠡᠬᠢᠯᠡᠭᠦᠯᠪᠡ᠃ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠮᠤᠵᠢ ᠶᠢᠨ ᠲᠠᠶᠢᠵᠸᠦ ᠬᠤᠲᠠ ᠬᠦᠷᠬᠦ ᠣᠨᠴᠠ ᠥᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠲᠥᠷᠦᠯ ᠵᠦᠢᠯ ᠨᠢ ᠬᠡᠷᠡᠭᠵᠢᠭᠦᠯᠦᠯᠲᠡ ᠶᠢᠨ ᠬᠢᠨᠠᠨ ᠵᠥᠪᠰᠢᠶᠡᠷᠡᠯ ᠣᠯᠪᠠ᠃ ᠳ᠋ᠠ ᠵᠤᠸᠠᠩ ᠶᠤᠸᠠᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠦᠯ ᠵᠦᠢᠯ ᠦᠨᠳᠦᠰᠦᠨ ᠳᠡᠭᠡᠨ ᠪᠠᠶᠢᠭᠤᠯᠤᠯᠲᠠ ᠳᠠᠭᠤᠰᠤᠨ᠂ ᠱᠠᠩᠬᠠᠢ ᠶᠢᠨ ᠴᠠᠬᠢᠯᠭᠠᠨ ᠡᠨᠧᠷᠬᠢ ᠶᠢᠨ ᠮᠠᠰᠢᠨ ᠲᠣᠨᠤᠭᠯᠠᠯ ᠦᠢᠯᠡᠳᠬᠦ᠂ ᠮᠢᠩ ᠶᠠᠩ ᠰᠢᠨ᠎ᠡ ᠡᠨᠧᠷᠬᠢ ᠶᠢᠨ ᠰᠤᠷᠪᠤᠯᠵᠢ ᠶᠢᠨ ᠮᠠᠰᠢᠨ ᠲᠣᠨᠤᠭᠯᠠᠯ ᠦᠢᠯᠡᠳᠬᠦ᠂ ᠨᠢᠰᠬᠦ ᠤᠩᠭᠤᠴᠠ ᠦᠢᠯᠡᠳᠪᠦᠷᠢᠯᠡᠬᠦ ᠵᠡᠷᠭᠡ ᠲᠥᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠵᠤ᠂ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠢ ᠪᠤᠢ ᠪᠤᠯᠭᠠᠬᠤ ᠶᠢ ᠲᠦᠷᠬᠡᠳᠬᠡᠭᠰᠡᠨ ᠪᠠᠶᠢᠨ᠎ᠠ᠃ ᠮᠠᠯ ᠤᠨ ᠭᠠᠷᠭᠠᠯᠲᠠ ᠶᠢᠨ ᠲᠤᠭ᠎ᠠ 105 ᠲᠥᠮᠡᠨ ᠲᠣᠯᠤᠭᠠᠢ ᠳᠤ ᠬᠦᠷᠴᠦ᠂ ᠡᠳ᠋ᠰᠢᠭᠦᠯᠦᠭᠰᠡᠨ ᠮᠠᠯ ᠤᠨ ᠲᠤᠭ᠎ᠠ 260 ᠲᠥᠮᠡᠨ ᠲᠣᠯᠤᠭᠠᠢ ᠳᠤ ᠬᠦᠷᠪᠡ᠃ ᠠᠵᠤ ᠠᠬᠤᠶᠢᠯᠠᠯ ᠪᠤᠯᠤᠨ ᠮᠠᠯᠴᠢᠳ ᠤᠨ ᠠᠰᠢᠭ ᠲᠤᠰᠠ ᠶᠢᠨ ᠬᠤᠯᠪᠤᠭᠠᠲᠦ ᠵᠤᠬᠢᠴᠠᠮᠵᠢ ᠶᠢ ᠲᠡᠭᠦᠯᠳᠡᠷᠵᠢᠭᠦᠯᠵᠦ᠂ 10 ᠲᠦᠮᠡᠨ ᠲᠣᠯᠤᠭᠠᠢ ᠬᠤᠨᠢᠨ ᠤ ᠲᠠᠸᠠᠷᠴᠢᠯᠠᠯᠲᠠ ᠶᠢᠨ ᠪᠦᠬᠦᠶᠢᠯᠡ ᠶᠠᠪᠣᠴᠠ ᠶᠢ ᠡᠵᠡᠮᠳᠡᠵᠦ᠂ ᠰᠢᠯᠢᠳᠡᠭ ᠴᠢᠨᠠᠷ ᠤᠨ ᠥᠨᠳᠦᠷ ᠦᠨ᠎ᠡ ᠶᠢ ᠪᠠᠲᠤᠯᠠᠵᠦ ᠴᠢᠳᠠᠪᠠ᠃ ᠠᠮᠤ ᠪᠤᠳᠠᠭ᠎ᠠ ᠪᠣᠯᠣᠨ ᠢᠳᠡᠰᠢᠨ ᠨᠣᠭᠤᠭᠠᠨ ᠤ ᠤᠨᠠᠯᠲᠠ 8.6 ᠲᠥᠮᠡᠨ ᠲᠣᠨ ᠬᠦᠷᠴᠦ᠂ ᠲᠤᠰ ᠭᠠᠵᠠᠷ ᠣᠷᠤᠨ ᠤ ᠥᠪᠡᠷ ᠤᠨ ᠬᠠᠩᠭᠠᠯᠲᠠ ᠶᠢᠨ ᠨᠤᠷᠮ᠎ᠠ ᠶᠢ ᠲᠡᠭᠡᠭᠰᠢᠯᠡᠭᠦᠯᠪᠡ᠃ ᠡᠯᠧᠺᠲᠷᠤᠨ ᠬᠤᠳᠠᠯᠳᠤᠭᠠᠨ ᠤ ᠦᠢᠯᠡᠰ ᠥᠷᠨᠢᠭᠦᠨ ᠬᠥᠭᠵᠢᠵᠦ᠂ 3 ᠡᠯᠧᠺᠲᠷᠤᠨ ᠬᠤᠳᠠᠯᠳᠤᠭᠠᠨ ᠤ ᠲᠠᠪᠴᠠᠩ ᠡᠵᠡᠩᠨᠡᠯᠲᠡ ᠶᠢᠨ ᠠᠵᠢᠯᠯᠠᠭ᠎ᠠ ᠶᠠᠪᠤᠭᠳᠠᠭᠤᠯᠤᠨ᠂ ᠠᠵᠤ ᠦᠢᠯᠡᠰ ᠤᠨ ᠳᠠᠶᠢᠴᠢᠯᠠᠨ ᠳᠠᠭᠠᠭᠤᠯᠬᠤ ᠦᠢᠯᠡᠳᠦᠯ ᠢᠯᠡ ᠲᠤᠳᠤ ᠪᠣᠯᠪᠠ᠃ ᠰᠢᠶᠠᠨ ᠳ᠋ᠠᠢ᠂ ᠠᠨ ᠺᠤᠸᠠᠢ᠂ ᠲᠢᠶᠠᠨ ᠡᠾᠧᠩ᠂ ᠮᠢᠨ ᠡᠾᠧ ᠵᠡᠷᠬᠡ ᠪᠤᠳᠠᠰ ᠤᠨ ᠭᠦᠢᠯᠭᠡᠭᠡᠨ ᠤ ᠬᠦᠷᠢᠶᠡᠯᠡᠩ ᠢ ᠰᠢᠯᠢᠳᠡᠭᠵᠢᠭᠦᠯᠦᠨ ᠨᠢᠭᠡᠳᠬᠡᠵᠦ᠂ ᠬᠡᠯᠪᠡᠷᠢ ᠶᠢᠨ ᠬᠤᠪᠢᠷᠠᠯᠲᠠ᠂ ᠲᠡᠰ ᠳᠠᠪᠰᠢᠯᠲᠠ ᠶᠢᠨ ᠠᠵᠢᠯ ᠢ ᠤᠷᠤᠭᠰᠢᠲᠠᠢ ᠲᠦᠯᠬᠢᠨ ᠠᠬᠢᠭᠤᠯᠪᠠ᠃ ᠠᠳᠤᠭᠤᠨ ᠰᠤᠶᠤᠯ ᠤᠨ ᠲᠦᠪ ᠤᠨ ᠠᠭᠤᠳᠠᠮ ᠲᠠᠯᠠᠪᠠᠢ᠂ ᠬᠡᠭᠡᠷ᠎ᠡ ᠶᠢᠨ ᠠᠮᠢᠲᠠᠨ ᠣᠷᠭᠤᠮᠠᠯ ᠰᠤᠨᠢᠷᠬᠠᠬᠤ ᠬᠦᠷᠢᠶᠡᠯᠡᠩ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠦᠢᠯᠡᠴᠢᠯᠡᠭᠡᠨ ᠤ ᠦᠢᠯᠡᠰ ᠤᠨ ᠲᠥᠷᠦᠯ ᠵᠦᠢᠯ ᠢ ᠢᠳᠡᠪᠬᠢᠲᠠᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠤᠷᠤᠯᠭ᠎ᠠ 60 ᠳ᠋ᠦᠩᠰᠢᠭᠤᠷ ᠲᠥᠭᠦᠷᠢᠭ ᠢ ᠳᠠᠪᠠᠪᠠ᠃          ᠬᠤᠶᠠᠳᠤᠭᠠᠷ ᠲᠤ᠂ ᠬᠤᠲᠠ ᠬᠥᠳᠡᠭᠡᠨ ᠤ ᠳᠦᠷᠢ ᠲᠥᠷᠬᠦ ᠢᠯᠡᠳᠲᠠ ᠬᠤᠪᠢᠷᠠᠯᠲᠠ ᠲᠠᠢ ᠪᠣᠯᠪᠠ᠃ ᠳᠠᠪᠰᠢᠩᠭᠤᠢ ᠬᠤᠲᠠ ᠪᠠᠷ ᠳᠠᠭᠤᠷᠢᠶᠠᠯ ᠪᠣᠯᠭᠠᠨ᠂ ᠦᠨᠳᠦᠷ ᠡᠬᠢᠯᠡᠯᠲᠡ ᠶᠢᠨ ᠴᠡᠭ ᠢᠶᠠᠷ ᠲᠥᠯᠦᠪᠵᠢᠭᠦᠯᠵᠤ᠂ ᠥᠨᠳᠦᠷ ᠪᠠᠷᠢᠮᠵᠢᠶ᠎ᠠ ᠪᠠᠷ ᠪᠠᠶᠢᠭᠤᠯᠤᠨ᠂ ᠦᠨᠳᠦᠷ ᠦᠷ᠎ᠡ ᠠᠰᠢᠭᠯᠠᠮᠵᠢ ᠪᠠᠷ ᠬᠠᠮᠢᠶᠠᠷᠤᠯᠲᠠ ᠬᠢᠬᠦ ᠶᠢ ᠪᠠᠷᠢᠮᠳᠠᠯᠠᠵᠤ᠂ ᠡᠳ᠋ ᠤᠨ ᠵᠠᠰᠠᠭ ᠠᠴᠠ 13.6 ᠳ᠋ᠦᠩᠰᠢᠭᠤᠷ ᠲᠥᠭᠦᠷᠢᠭ ᠤᠨ ᠪᠥᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠨ᠂ ᠠᠶᠢᠮᠠᠭ ᠤᠨ ᠲᠥᠪ ᠬᠤᠲᠠ ᠶᠢᠨ ᠪᠥᠬᠦᠯᠢ ᠴᠤᠭᠴᠠ ᠶᠢᠨ ᠬᠡᠪ ᠲᠦᠷᠰᠦ ᠶᠢ ᠪᠥᠲᠦᠮᠵᠢᠲᠠᠢ ᠲᠡᠭᠡᠭᠰᠢᠯᠡᠭᠦᠯᠦᠭᠰᠡᠨ ᠪᠠᠶᠢᠨ᠎ᠠ᠃ 3 ᠵᠤᠷᠪᠤᠰ ᠭᠤᠣᠯ ᠵᠡᠭᠡᠯᠢ ᠭᠤᠳᠤᠮᠵᠢ ᠪᠤᠯᠤᠨ 42 ᠪᠠᠷᠠᠭᠤᠨ ᠮᠦᠷ ᠲᠠᠭᠠᠣ ᠮᠣᠷᠣᠶᠢᠬᠤ ᠲᠡᠷᠭᠡᠨ ᠵᠠᠮ ᠢ ᠥᠷᠬᠡᠳᠬᠡᠨ ᠪᠠᠶᠢᠭᠤᠯᠵᠤ᠂ 3 ᠵᠤᠷᠪᠤᠰ ᠭᠤᠣᠯ ᠵᠠᠮ ᠢ ᠨᠡᠪᠲᠡᠷᠡᠭᠦᠯᠦᠨ᠂ ᠬᠤᠲᠠ ᠲᠤᠭᠤᠷᠢᠭ ᠤᠨ ᠵᠠᠮ ᠨᠡᠪᠲᠡᠷᠡᠭᠦᠯᠭᠡ ᠶᠢᠨ ᠴᠢᠳᠠᠮᠵᠢ ᠶᠢ ᠲᠡᠭᠡᠭᠰᠢᠯᠡᠭᠦᠯᠦᠭᠰᠡᠨ ᠪᠠᠶᠢᠨ᠎ᠠ᠃ 63 ᠲᠦᠮᠡᠨ ᠲᠡᠭᠰᠢ ᠲᠥᠷᠪᠡᠯᠵᠢᠨ ᠮᠧᠲᠷ ᠶᠠᠪᠠᠭᠠᠨ ᠬᠥᠮᠦᠨ ᠤ ᠵᠠᠮ᠂ 5 ᠲᠦᠮᠡᠨ ᠲᠡᠭᠰᠢ ᠲᠦᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ ᠲᠡᠪᠢᠰᠴᠦ᠂ 7 ᠬᠤᠳᠳᠤᠭ ᠰᠢᠨ᠎ᠡ ᠪᠠᠷ ᠥᠭᠡᠷᠡᠴᠢᠯᠡᠵᠦ ᠪᠠᠶᠢᠭᠤᠯᠤᠨ᠂ 19.6 ᠺᠢᠯᠤᠮᠧᠲᠷ ᠲᠦᠭᠡᠭᠡᠯ ᠤᠰᠤ᠂ ᠪᠤᠷᠤᠭᠠᠨ ᠤ ᠤᠰᠤ᠂ ᠪᠣᠵᠠᠷ ᠣᠰᠤᠨ ᠤ ᠲᠤᠤᠷ ᠬᠤᠭᠤᠯᠠᠢ᠂ 13.4 ᠺᠢᠯᠤᠮᠧᠲᠷ ᠳᠤᠯᠠᠭᠠᠯᠠᠯᠭ᠎ᠠ ᠬᠠᠩᠭᠠᠬᠤ ᠪᠠ ᠰᠢᠲᠠᠮᠠᠬᠠᠢ ᠬᠡᠢ ᠶᠢᠨ ᠲᠤᠤᠷ ᠬᠤᠭᠤᠯᠠᠢ ᠰᠢᠨ᠎ᠡ ᠪᠠᠷ ᠪᠠᠶᠢᠭᠤᠯᠵᠤ᠂ 1800 ᠰᠠᠭᠤᠷᠢ ᠬᠤᠳᠳᠤᠭ ᠤᠨ ᠲᠠᠰᠤᠭ ᠴᠡᠪᠡᠷᠯᠡᠨ᠂ 19 ᠲᠦᠮᠡᠨ ᠲᠡᠭᠰᠢ ᠲᠥᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠲᠤ ᠡᠨᠧᠷᠬᠢ ᠠᠷᠪᠢᠯᠠᠬᠤ ᠥᠭᠡᠷᠡᠴᠢᠯᠡᠯᠲᠡ ᠬᠢᠵᠦ᠂ ᠤᠷᠤᠨ ᠰᠠᠭᠤᠴᠠ ᠶᠢᠨ ᠣᠷᠴᠢᠨ ᠲᠤᠭᠤᠷᠢᠨ ᠢ ᠰᠠᠶᠢᠵᠢᠷᠠᠭᠤᠯᠪᠠ᠃ ᠤᠯᠤᠰ ᠤᠨ ᠨᠡᠭᠡᠭᠡᠨ ᠬᠥᠭᠵᠢᠭᠦᠯᠬᠦ ᠪᠠᠩᠬᠢ ᠠᠴᠠ 10.45 ᠳ᠋ᠦᠩᠰᠢᠭᠤᠷ ᠲᠥᠭᠦᠷᠢᠭ ᠤᠨ ᠳᠥᠭᠦᠮ ᠪᠥᠲᠦᠴᠡᠲᠦ ᠤᠷᠤᠨ ᠰᠠᠭᠤᠴᠠ ᠶᠢᠨ ᠲᠤᠭᠤᠷᠢᠭ ᠢ ᠥᠭᠡᠷᠡᠴᠢᠯᠡᠨ ᠵᠠᠰᠠᠬᠤ ᠵᠢᠭᠡᠯᠡᠯᠭᠡ ᠡᠷᠡᠮᠡᠯᠵᠡᠯᠡᠨ ᠣᠯᠵᠣ᠂ 2840 ᠡᠷᠦᠬᠡ ᠪᠤᠴᠠᠭᠠᠨ ᠨᠡᠭᠦᠯᠭᠡᠬᠦ ᠠᠰᠠᠷ ᠤᠨ ᠪᠥᠳᠦᠭᠡᠨ ᠪᠠᠶᠢᠭᠤᠯᠤᠯᠲᠠ ᠰᠢᠨ᠎ᠡ ᠪᠠᠷ ᠠᠵᠢᠯ ᠡᠬᠢᠯᠡᠨ᠂ 2659 ᠡᠷᠦᠬᠡ ᠶᠢ ᠰᠢᠨ᠎ᠡ ᠣᠷᠣᠨ ᠰᠠᠭᠤᠴᠠ ᠳᠤ ᠪᠤᠴᠠᠭᠠᠨ ᠨᠡᠭᠦᠯᠭᠡᠪᠡ᠃ ᠭᠡᠷ ᠬᠥᠷᠦᠩᠭᠡ ᠣᠷᠣᠨ ᠰᠠᠭᠤᠴᠠ ᠶᠢᠨ ᠥᠮᠴᠢᠯᠡᠯ ᠤᠨ ᠦᠨᠡᠮᠯᠡᠯ ᠢ ᠰᠠᠭᠠᠳ ᠦᠭᠡᠢ ᠭᠦᠢᠴᠡᠳᠬᠡᠬᠦ ᠠᠵᠢᠯ ᠤᠨ ᠠᠷᠭ᠎ᠠ ᠬᠡᠯᠪᠡᠷᠢ ᠲᠣᠭᠳᠠᠭᠠᠵᠤ᠂ 12200 ᠢᠯᠡᠭᠦᠦ ᠬᠤᠪᠢ ᠭᠡᠷ ᠬᠥᠷᠦᠩᠭᠡ ᠣᠷᠣᠨ ᠰᠠᠭᠤᠴᠠ ᠶᠢᠨ ᠥᠮᠴᠢᠯᠡᠯ ᠤᠨ ᠦᠨᠡᠮᠯᠡᠯ ᠭᠠᠷᠳᠠᠭᠤᠯᠪᠠ᠃ ᠰᠢᠯᠢ ᠶᠢᠨ ᠬᠤᠳᠠ ᠨᠡᠭᠦᠷᠡᠰᠦᠨ ᠠᠭᠤᠷᠬᠠᠢ ᠶᠢᠨ ᠲᠥᠭᠦᠮ ᠪᠥᠲᠦᠴᠢᠲᠦ ᠤᠷᠤᠨ ᠰᠠᠭᠤᠴᠠ ᠶᠢᠨ ᠲᠤᠭᠤᠷᠢᠭ ᠤᠨ ᠤᠷᠤᠨ ᠤ 305 ᠡᠷᠦᠬᠡ ᠶᠢ ᠵᠠᠰᠠᠨ ᠰᠢᠨᠡᠳᠬᠡᠪᠡ᠃ ᠬᠤᠲᠠ ᠲᠤᠭᠤᠷᠢᠭ ᠲᠤ 212 ᠲᠥᠮᠡᠨ‌‍ᠲ᠋ᠡᠭᠰᠢ ᠲᠥᠷᠪᠡᠯᠵᠢᠨ ᠮᠧᠲᠷ ᠨᠣᠭᠤᠭᠠᠷᠠᠭᠤᠯᠵᠤ᠂ ᠨᠣᠭᠤᠭᠠᠷᠠᠭᠤᠯᠤᠯᠲᠠ ᠶᠢᠨ ᠬᠢᠷᠢ ᠲᠥᠪᠰᠢᠨ ᠢ ᠮᠡᠳᠡᠭᠳᠡᠬᠦᠶᠢᠴᠡ ᠲᠡᠭᠡᠭᠰᠢᠯᠡᠭᠦᠯᠪᠡ᠃ ᠤᠯᠤᠰ ᠤᠨ ᠲᠡᠰ ᠤᠨ ᠪᠤᠯᠪᠠᠰᠦᠨ ᠬᠤᠳᠠ᠂ ᠡᠷᠡᠭᠦᠯ ᠬᠠᠮᠠᠭᠠᠯᠠᠯ ᠤᠨ ᠬᠤᠲᠠ ᠶᠢ ᠪᠥᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠂ ᠬᠤᠳᠠ ᠶᠢᠨ ᠥᠩᠭᠡ ᠲᠦᠷᠰᠦ ᠪᠤᠯᠤᠨ‌ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠬᠦᠯᠵᠢᠯᠡᠨ ᠴᠢᠩᠭ᠎ᠠ ᠠᠳᠬᠤᠵᠤ᠂ ᠬᠤᠲᠠ ᠲᠤᠭᠤᠷᠢᠭ ᠪᠠ ᠡᠷᠬᠢᠨ ᠲᠣᠭᠤᠷᠢᠨ ᠤ 13.8 ᠲᠥᠮᠡᠨ ᠲᠣᠨ ᠬᠤᠭ ᠨᠣᠪᠰᠢ ᠶᠢ ᠨᠢᠭᠡᠳᠦᠯᠲᠠᠢ ᠴᠡᠪᠡᠷᠯᠡᠵᠦ ᠠᠷᠢᠯᠭᠠᠨ᠂ 10 ᠭᠠᠷᠣᠢ ᠲᠥᠷᠦᠯ ᠤᠨ ᠬᠤᠳᠠ ᠶᠢᠨ ᠬᠠᠮᠢᠶᠠᠷᠤᠯᠳᠠ ᠶᠢᠨ ᠲᠥᠷᠢᠮ ᠲᠤᠭᠳᠠᠭᠠᠯ ᠲᠣᠭᠳᠠᠭᠠᠵᠤ᠂ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠬᠢᠷᠢ ᠲᠥᠪᠰᠢᠨ ᠶᠡᠬᠡᠪᠡᠷ ᠲᠡᠭᠡᠭᠰᠢᠯᠡᠪᠡ᠃ ᠬᠤᠲᠠ ᠶᠢᠨ ᠡᠳ᠋ ᠤᠨ ᠵᠠᠰᠠᠭ ᠠᠴᠠ 1530 ᠲᠦᠮᠡᠨ ᠲᠥᠭᠦᠷᠢᠭ ᠤᠨ ᠨᠥᠬᠦᠪᠦᠷᠢᠯᠡᠨ ᠳᠡᠳᠬᠦᠬᠦ ᠪᠡᠯᠡ ᠮᠥᠩᠬᠦ ᠲᠣᠬᠢᠷᠠᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠲᠤᠰᠠᠬᠠᠢ ᠲᠥᠷᠦᠯ ᠤᠨ ᠴᠡᠭᠴᠡᠯᠡᠬᠦ ᠠᠵᠢᠯᠯᠠᠭ᠎ᠠ ᠥᠷᠨᠢᠭᠦᠯᠦᠨ᠂ ᠠᠷᠠᠳ ᠣᠯᠠᠨ ᠤ ᠰᠠᠨᠠᠯ ᠶᠡᠬᠡᠲᠠᠢ ᠬᠠᠭᠤᠴᠢᠨ ᠰᠠᠭᠤᠭᠠᠯᠢ ᠲᠤᠭᠤᠷᠢᠭ᠂ ᠬᠠᠮᠢᠶᠠᠷᠤᠯᠲᠠ ᠲᠠᠶᠠᠭᠳᠠᠭᠰᠠᠨ ᠰᠠᠭᠤᠭᠠᠯᠢ ᠲᠤᠭᠤᠷᠢᠭ ‍ᠤᠨ‌ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠥᠪᠰᠢᠨ ᠮᠡᠳᠡᠭᠳᠡᠭᠦᠶᠢᠴᠡ ᠲᠡᠭᠡᠭᠰᠢᠯᠡᠪᠡ᠃ 6.99 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠭᠠᠴᠠᠭ᠎ᠠ᠂ ᠬᠤᠪᠢᠶᠠᠷᠢ ᠲᠠᠯᠠᠪᠠᠢ᠂ ᠰᠠᠭᠤᠭᠠᠯᠢ ᠠᠷᠠᠳ ᠤᠨ ᠵᠥᠪᠯᠡᠯ ᠤᠨ ︽ᠠᠷᠪᠠ ᠶᠢ ᠪᠦᠷᠬᠦᠭᠦᠯᠬᠦ︾ ᠢᠨᠵᠧᠨᠧᠷᠢᠭ ᠬᠢᠭᠡᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠭ ᠶᠢ ᠬᠡᠷᠡᠭᠵᠢᠭᠦᠯᠵᠦ᠂ ᠪᠦᠷᠬᠦᠴᠡ ᠶᠢᠨ ᠨᠤᠷᠮ᠎ᠠ 100 % ᠎ ᠳᠤ ᠬᠦᠷᠴᠦ᠂ ᠮᠠᠯᠵᠢᠬᠤ ᠣᠷᠤᠨ ᠤ ᠳᠦᠷᠢ ᠲᠦᠷᠬᠦ ᠢᠯᠠᠳᠲᠠ ᠰᠠᠶᠢᠵᠢᠷᠠᠪᠠ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠬᠢᠴᠠ ᠢᠯᠭᠤᠮ ᠤᠷᠤᠭᠰᠢᠲᠠᠢ ᠪᠠᠶᠢᠵᠦ᠂ ᠰᠢᠯᠢ ᠶᠢᠨ ᠬᠤᠲᠠ — ᠡᠷᠢᠶᠡᠨ ᠬᠤᠲᠠ ᠬᠦᠷᠬᠦ ᠲᠡᠮᠦᠷ ᠵᠠᠮ ᠨᠡᠪᠲᠡᠷᠡᠵᠦ᠂ ᠰᠢᠯᠢ ᠶᠢᠨ ᠬᠤᠲᠠ — ᠤᠯᠠᠭᠠᠨᠬᠤᠲᠠ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠵᠠᠮ ᠱᠣᠭᠤᠮ ᠰᠢᠨ᠎ᠡ ᠪᠠᠷ ᠨᠡᠮᠡᠭᠳᠡᠨ᠂ ᠳ᠋ᠠᠨᠳᠦᠩ — ᠰᠢᠯᠢ ᠶᠢᠨ ᠬᠤᠲᠠ ᠬᠦᠷᠬᠦ ᠥᠨᠳᠥᠷ ᠬᠤᠷᠳᠤᠴᠠᠲᠦ ᠵᠠᠰᠠᠮᠠᠯ ᠵᠠᠮ ᠤᠨ ᠰᠢᠯᠢ ᠶᠢᠨ ᠬᠤᠲᠠ ᠶᠢᠨ ᠬᠠᠷᠢᠶᠠᠨ ᠳᠠᠬᠢ ᠬᠡᠰᠡᠭ ᠤᠨ ᠰᠠᠭᠤᠷᠢ ᠪᠠᠶᠢᠭᠤᠯᠤᠯᠲᠠ ᠠᠵᠢᠯ ᠳᠠᠭᠤᠰᠪᠠ᠃           ᠭᠤᠷᠪᠠᠳᠣᠭᠠᠷ ᠲᠤ᠂ ᠨᠡᠶᠢᠭᠡᠮ ᠤᠨ ᠠᠵᠢᠯ ᠦᠢᠯᠡᠰ ᠪᠥᠬᠦ ᠲᠠᠯ᠎ᠠ ᠪᠠᠷ ᠠᠬᠢᠨ ᠲᠠᠪᠰᠢᠪᠠ᠃ ᠠᠵᠢᠯ ᠣᠯᠭᠤᠯᠲᠠ᠂ ᠦᠢᠯᠡᠰ ᠪᠤᠰᠬᠠᠬᠤ ᠲᠥᠷᠦ ᠶᠢᠨ ᠪᠣᠳᠤᠯᠭ᠎ᠠ ᠶᠢ ᠢᠳᠡᠪᠬᠢᠲᠠᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ 6350 ᠬᠦᠷᠪᠡ᠃ ᠨᠢᠭᠡ ᠳ᠋ᠦᠩᠰᠢᠭᠤᠷ ᠲᠥᠭᠦᠷᠢᠭ ‍ᠦᠨ‌ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠲᠠᠯᠪᠢᠨ᠂ 1290 ᠬᠥᠮᠦᠨ ᠢ ᠳᠡᠮᠵᠢᠨ ᠳᠡᠳᠬᠦᠵᠦ ᠦᠢᠯᠡᠰ ᠪᠤᠰᠬᠠᠵᠤ᠂ ᠣᠶᠤᠳᠠᠳ ᠤᠨ ᠰᠤᠶᠤᠯ ᠤᠨ ᠡᠭᠦᠳᠦᠯᠲᠦ ᠰᠡᠳᠬᠢᠮᠵᠢ ᠶᠢᠨ ᠬᠦᠷᠢᠶᠡᠯᠡᠩ ᠎ ᠨᠢ ᠣᠷᠤᠨ ᠤ ᠲᠡᠰ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠤᠯᠤᠨ‌ᠦᠢᠯᠡᠰ ᠪᠣᠰᠬᠠᠬᠤ ᠪᠤᠯᠪᠠᠰᠤᠷᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ ᠨᠡᠶᠢᠭᠡᠮ ᠤᠨ ᠪᠠᠲᠤᠯᠠᠭᠠᠨ ᠤ ᠬᠢᠷᠢ ᠲᠥᠪᠰᠢᠨ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠬᠦᠮᠦᠨ ᠳᠤᠮᠳᠠᠴᠢ ᠶᠢᠨ ᠨᠠᠰᠤᠵᠢᠯ ᠤᠨ ᠮᠥᠩᠭᠦ ᠶᠢᠨ ᠬᠡᠮᠵᠢᠶ᠎ᠡ ᠶᠢ ᠰᠠᠷ᠎ᠠ ᠪᠦᠷᠢ 180 ᠲᠥᠭᠦᠷᠢᠭ ᠲᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠳ ᠪᠤᠯᠤᠨ ᠰᠠᠭᠤᠭᠠᠯᠢ ᠠᠷᠠᠳ ᠤᠨ ᠬᠥᠨᠳᠦ ᠡᠪᠡᠳᠴᠢᠨ ᠤ ᠳᠠᠭᠠᠳᠬᠠᠯ ᠤᠨ ᠲᠥᠷᠦ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠷᠲᠡᠭᠡᠨ ᠡᠭᠦᠷᠬᠡᠯᠡᠬᠦ ᠰᠦᠢᠳᠬᠡᠯ ᠢ ᠲᠤᠰᠪᠦᠷᠢ 20%᠎ ᠪᠠᠷ ᠳᠣᠷᠤᠭᠰᠢᠯᠠᠭᠤᠯᠪᠠ᠃ ᠨᠡᠶᠢᠭᠡᠮ ᠎ ᠤᠨ ᠠᠪᠤᠷᠠᠨ ᠳᠡᠳᠬᠦᠮᠵᠢ ᠶᠢᠨ ᠬᠢᠷᠢ ᠲᠥᠪᠰᠢᠨ ᠤᠯᠠᠮ ᠨᠢᠭᠡ ᠠᠯᠬᠤᠮ ᠥᠨᠳᠦᠷᠵᠢᠨ᠂ ᠪᠥᠬᠦ ᠵᠢᠯ ᠤᠨ ᠣᠯᠭᠤᠭᠰᠠᠨ ᠪᠠᠲᠤᠯᠠᠭ᠎ᠠ ᠪᠤᠯᠤᠨ ᠠᠪᠤᠷᠠᠨ ᠳᠡᠳᠬᠦᠮᠵᠢ ᠶᠢᠨ ᠮᠥᠩᠭᠦ 6342 ᠲᠥᠮᠡᠨ ᠲᠥᠭᠦᠷᠢᠭ ᠬᠦᠷᠪᠡ᠃ ᠬᠤᠲᠠ ᠬᠥᠳᠡᠭᠡᠨ ᠤ ᠨᠠᠰᠦᠵᠢᠯ ᠤᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠨ᠂ ᠪᠥᠬᠦ ᠬᠤᠲᠠ ᠶᠢᠨ ᠬᠡᠪᠴᠢᠶᠡᠨ ᠳᠠᠬᠢ ᠮᠢᠩᠭᠠᠨ ᠨᠠᠰᠣᠳᠠᠳ ᠪᠥᠷᠢ ᠳᠤ ᠲᠡᠭᠰᠢᠳᠬᠡᠬᠡᠳ 32 ᠠᠰᠠᠷᠠᠮᠵᠢ ᠶᠢᠨ ᠤᠷᠦ ᠨᠡᠮᠡᠵᠦ ᠂ ᠥᠨᠳᠦᠷ ᠨᠠᠰᠣᠵᠢᠯ ᠤᠨ ᠨᠥᠬᠦᠪᠦᠷᠢ᠂ ᠨᠡᠶᠢᠲᠡ ᠶᠢᠨ ᠮᠠᠰᠢᠨ ᠲᠡᠷᠭᠡᠨ ᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠪᠡ᠃ ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 304 ᠬᠥᠮᠦᠨ ᠢ ᠶᠠᠳᠠᠭᠤ ᠠᠴᠠ ᠠᠩᠬᠢᠵᠢᠷᠠᠭᠤᠯᠪᠠ᠃ ᠰᠤᠷᠭᠠᠨ ᠬᠥᠮᠦᠵᠢᠯ ᠤᠨ ᠦᠢᠯᠡᠰ ᠢ ᠬᠦᠨᠳᠦᠳᠬᠡᠨ ᠬᠥᠭᠵᠢᠭᠦᠯᠦᠨ᠂ ᠰᠤᠷᠭᠠᠭᠤᠯᠢ ᠶᠢᠨ ᠨᠠᠰᠤᠨ ᠤ ᠬᠡᠥᠬᠡᠳ ᠤᠨ ᠴᠡᠴᠡᠷᠯᠢᠭ ᠲᠤ ᠤᠷᠣᠬᠤ ᠨᠤᠷᠮ᠎ᠠ 90%᠎ ᠳᠤ ᠬᠦᠷᠴᠦ᠂ ᠠᠯᠪᠠᠨ ᠵᠢᠷᠦᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠦ ᠬᠥᠭᠵᠢᠯ ᠲᠦᠷᠭᠡᠳᠴᠦ᠂ ᠥᠨᠳᠦᠷ ᠳᠤᠮᠳᠠᠳᠤ ᠶᠢᠨ ᠣᠯᠣᠰ ᠤᠨ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠬᠦ ᠨᠤᠷᠮ᠎ᠠ ᠪᠤᠯᠤᠨ ᠭᠤᠣᠯᠳᠠᠯᠭᠠᠲᠣ ᠶᠡᠭᠡ ᠰᠤᠷᠭᠠᠭᠤᠯᠢ ᠳᠤ ᠡᠯᠰᠡᠭᠳᠡᠬᠦ ᠨᠤᠷᠮ᠎ᠠ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠰᠢᠯᠢ ᠶᠢᠨ ᠭᠤᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠨᠢ ᠤᠯᠤᠰ ᠤᠨ ᠲᠤᠮᠳᠠᠳᠦ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠢᠱᠢᠶᠡᠴᠢ ᠰᠤᠷᠭᠠᠭᠤᠯᠢ ᠶᠢᠨ ᠰᠢᠯᠭᠠᠨ ᠪᠠᠶᠢᠴᠠᠭᠠᠯᠲᠠ ᠶᠢ ᠪᠥᠳᠦᠮᠵᠢᠲᠠᠢ ᠲᠠᠪᠠᠵᠣ᠂ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠴᠢᠬᠤᠯᠠᠴᠢᠯᠠᠵᠣ ᠬᠥᠭᠵᠢᠭᠦᠯᠦᠭᠰᠡᠨ ᠪᠠᠶᠢᠨ᠎ᠠ᠃ ᠡᠮ ᠡᠮᠨᠡᠯᠭᠡ ᠶᠢᠨ ᠶᠠᠰᠦ ᠴᠢᠨᠠᠷ ᠪᠠ ᠦᠢᠯᠡᠴᠢᠯᠡᠭᠡᠨ ᠤ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠲᠥᠷᠦᠯ ᠵᠦᠢᠯ ᠤᠨ ᠠᠵᠢᠯ ᠤᠨ ᠠᠬᠢᠴᠠ ᠢᠯᠭᠤᠮ ᠤᠷᠤᠭᠰᠢᠲᠠᠢ ᠪᠠᠶᠢᠵᠤ᠂ ᠡᠮ‌ᠡᠮᠨᠡᠯᠭᠡ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠦᠨᠳᠦᠰᠦᠨ ᠡᠮ ᠤᠨ ᠵᠦᠢᠯᠡᠰ ᠤᠨ ᠦᠨ᠎ᠡ ᠶᠢᠨ ᠵᠥᠷᠢᠶ᠎ᠡ ᠦᠭᠡᠢ ᠪᠣᠷᠣᠯᠠᠭᠤᠯᠭ᠎ᠠ ᠶᠢ ᠪᠠᠲᠤᠯᠠᠪᠠ᠃ 13 ᠤᠳᠠᠭᠠᠨ ᠤ ᠲᠤᠮᠦ ᠬᠡᠯᠪᠡᠷᠢ ᠶᠢᠨ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠵᠤᠬᠢᠶᠠᠨ ᠪᠠᠶᠢᠭᠤᠯᠪᠠ᠃             ᠳᠥᠷᠪᠡᠳᠦᠭᠡᠷ ᠲᠤ᠂ ᠭᠤᠣᠯᠳᠠᠯᠭᠠᠲᠤ ᠥᠭᠡᠷᠡᠴᠢᠯᠡᠯᠲᠡ ᠶᠢᠨ ᠦᠷ᠎ᠡ ᠪᠥᠲᠦᠮᠵᠢ ᠢᠯᠡᠳᠲᠠ ᠮᠡᠳᠡᠭᠳᠡᠮ᠎ᠡ᠃ ︽ᠤᠷᠢᠳᠠᠪᠡᠷ ᠦᠨᠡᠮᠯᠡᠯ ᠭᠦᠢᠴᠡᠳᠬᠡᠵᠦ᠂ ᠳᠠᠷᠠᠭ᠎ᠠ ᠨᠢ ᠵᠥᠪᠰᠢᠶᠡᠷᠡᠯ ᠤᠨ ᠭᠡᠷᠡᠴᠢ ᠡᠷᠡᠮᠡᠯᠵᠡᠯᠡᠬᠦ︾᠂ ︽ᠭᠤᠷᠪᠠᠨ ᠦᠨᠡᠮᠯᠡᠯ ᠢ ᠨᠢᠭᠡᠲᠦᠭᠦᠯᠬᠦ︾᠂ ︽ᠨᠢᠭᠡ ᠦᠨᠡᠮᠯᠡᠯ ᠨᠢᠭᠡ ᠳ᠋ᠤᠭᠠᠷᠯᠠᠯ︾ ᠵᠡᠷᠭᠡ ᠠᠷᠠᠯᠵᠢᠶᠠᠨ ᠤ ᠶᠠᠪᠣᠲᠠᠯ ᠎ ᠤᠨ ᠲᠥᠷᠢᠮ ᠤᠨ ᠥᠭᠡᠷᠡᠴᠢᠯᠡᠯᠲᠡ ᠪᠠᠷ ᠳᠠᠮᠵᠢᠨ᠂ 6719 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ ᠨᠡᠮᠡᠭᠳᠡᠵᠦ᠂ ᠳᠠᠩᠰᠠᠯᠠᠭᠰᠠᠨ‌‍ᠬᠥ᠋ᠷᠦᠩᠭᠡ28.3 ᠳ᠋ᠦᠩᠰᠢᠭᠤᠷ ᠲᠥᠭᠦᠷᠢᠭ ᠬᠦᠷᠪᠡ᠃ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠦᠨ᠂ 3.75 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠭᠡᠯ ᠢ ᠬᠡᠯᠲᠦᠷᠢᠭᠦᠯᠦᠨ ᠬᠠᠰᠤᠵᠤ᠂ 14.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠠᠪᠰᠤᠷᠤᠨ ᠬᠤᠷᠠᠮᠳᠣᠭᠤᠯᠵᠤ᠂ ᠬᠤᠩ ᠶᠣᠸᠠᠨ ᠮᠠᠯᠵᠢᠯ ᠤᠨ ᠦᠢᠯᠡᠰ ᠺᠤᠮᠫᠠᠨᠢ ᠨᠢ ︽ᠬᠤᠪᠢ ᠣᠷᠣᠭᠤᠯᠣᠯᠲᠠ ᠶᠢᠨ ᠡᠷᠬᠡ ᠶᠢ ᠰᠢᠯᠵᠢᠭᠦᠯᠬᠦ ᠶᠢ ᠣᠷᠣᠯᠠᠨ ᠭᠦᠢᠴᠡᠳᠬᠡᠬᠦ ᠲᠠᠪᠴᠠᠩ︾᠎ ᠳᠤ ᠠᠮᠵᠢᠯᠲᠠᠲᠠᠢ ᠪᠠᠷ ᠫᠠᠶᠢᠰᠠ ᠡᠯᠭᠦᠪᠡ᠃ ᠵᠠᠰᠠᠭ ᠢ ᠴᠣᠮᠬᠠᠳᠬᠠᠨ ᠡᠷᠬᠡ ᠶᠢ ᠲᠤᠷᠣᠭᠰᠢ ᠲᠠᠯᠪᠢᠬᠤ ᠬᠦᠴᠦᠯᠡᠴᠡ ᠪᠠᠨ ᠴᠢᠩᠭᠠᠳᠬᠠᠵᠤ᠂ 180 ᠭᠠᠷᠤᠢ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠣᠮᠬᠠᠳᠬᠠᠵᠤ ᠴᠡᠭᠴᠡᠯᠡᠨ᠂ ᠴᠣᠮᠬᠠᠳᠬᠠᠨ ᠲᠥᠭᠦᠮᠴᠢᠯᠡᠭᠰᠡᠨ ᠨᠤᠷᠮ᠎ᠠ 45.2%᠎ ᠲᠤ ᠬᠦᠷᠪᠡ᠃ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠪ ᠪᠤᠯᠤᠨ ᠪᠣᠳᠠᠲᠤ ᠬᠥᠷᠦᠩᠭᠡ ᠳᠠᠩᠰᠠᠯᠠᠬᠤ ᠲᠤᠪᠴᠢᠶ᠎ᠠ ᠪᠠᠶᠢᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠦᠯᠲᠡ ᠶᠢᠨ ᠢᠯᠡ ᠲᠤᠳᠤ ᠪᠠᠶᠢᠬᠤ ᠶᠢ ᠲᠦᠯᠬᠢᠨ ᠠᠬᠢᠭᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠲᠦᠷᠬᠡᠳᠬᠡᠵᠦ᠂ ᠤᠯᠤᠰ ᠤᠨ ᠬᠥᠮᠦᠷᠬᠡ ᠶᠢᠨ ᠲᠦᠪᠯᠡᠷᠡᠭᠦᠯᠦᠨ ᠬᠤᠷᠢᠶᠠᠬᠤ ᠪᠠ ᠲᠥᠯᠦᠬᠦ᠂ ᠵᠠᠰᠠᠭ ᠤᠨ ᠤᠷᠳᠤᠨ ᠤ ᠨᠢᠭᠡᠲᠦᠯᠲᠡᠢ ᠬᠤᠳᠠᠯᠳᠤᠨ ᠠᠪᠬᠤ ᠠᠵᠢᠯᠯᠠᠭ᠎ᠠ ᠶᠢ ᠪᠠᠲᠤᠲᠠᠢ ᠥᠷᠨᠢᠭᠦᠯᠦᠨ᠎ᠡ᠃ ᠮᠠᠯᠵᠢᠬᠤ ᠣᠷᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠴᠠᠭ᠎ᠠ ᠲᠤᠰᠬᠤᠨ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠪᠦᠬᠦ ᠪᠦᠷᠬᠦᠴᠡ ᠶᠢ ᠰᠠᠶᠢᠵᠢᠷᠠᠭᠤᠯᠪᠠ᠃ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠠᠮᠢ ᠠᠬᠤᠢ ᠶᠢᠨ ᠬᠠᠮᠠᠭᠠᠯᠠᠯᠲᠠ ᠵᠢᠨ‌‍ᠲ᠋ᠤᠪᠴᠢᠶ᠎ᠠ ᠪᠠᠶᠢᠭᠤᠯᠤᠨ᠂ ᠬᠠᠮᠲᠦ ᠶᠢᠨ ᠤᠢ ᠰᠢᠭᠤᠢ ᠶᠢᠨ ᠡᠷᠬᠡ ᠶᠢᠨ ᠲᠥᠷᠢᠮ ᠤᠨ ᠭᠤᠣᠯ ᠴᠣᠭᠴᠠ ᠶᠢᠨ ᠥᠭᠡᠷᠡᠴᠢᠯᠡᠯᠲᠡ ᠭᠠᠴᠠᠭᠠᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠯᠲᠡ ᠶᠢᠨ ᠡᠷᠬᠡ ᠶᠢᠨ ᠲᠤᠳᠣᠷᠬᠠᠶᠢᠯᠠᠯ ᠪᠠ ᠳᠠᠭᠠᠭᠠᠴᠢᠯᠠᠯᠲᠠ ᠶᠢᠨ ᠠᠵᠢᠯ ᠢ ᠭᠦᠢᠴᠡᠳᠬᠡᠵᠦ᠂ 722 ᠳᠡᠪᠲᠡᠷ ᠤᠢ ᠰᠢᠭᠤᠢ ᠶᠢᠨ ᠡᠷᠬᠡ ᠶᠢᠨ ᠦᠨᠡᠮᠯᠡᠯ ᠲᠠᠷᠬᠠᠭᠠᠪᠠ᠃ ᠰᠤᠷᠭᠠᠭᠤᠯᠢ ᠶᠢᠨ ᠵᠠᠬᠢᠷᠤᠯ ᠤᠨ ᠵᠠᠰᠠᠭ ᠵᠠᠬᠢᠷᠭᠠᠨ ᠤ ᠵᠡᠷᠭᠡ ᠬᠡᠷᠬᠡᠮ ᠢ ᠬᠦᠴᠦᠨ ᠦᠭᠡᠢ ᠪᠣᠯᠭᠠᠵᠤ᠂ ᠳᠣᠮᠳᠠᠳᠣ ᠪᠠᠭ᠎ᠠ ᠰᠣᠷᠭᠠᠭᠤᠯᠢ ᠶᠢᠨ ᠵᠠᠬᠢᠷᠤᠯ ᠢ ᠤᠷᠢᠨ ᠬᠡᠷᠡᠭᠯᠡᠪᠡ᠃ ᠬᠥᠯ ᠪᠥᠮᠪᠦᠭᠡ ᠶᠢᠨ ᠥᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ 10 ᠰᠠᠭᠤᠷᠢ ᠲᠤᠤᠷᠯᠠᠭᠰᠠᠨ ᠬᠥᠯ ᠪᠥᠮᠪᠦᠭᠡᠨ ᠲᠠᠯᠠᠪᠠᠢ ᠠᠰᠢᠭᠯᠠᠯᠲᠠ ᠳᠤ ᠤᠷᠤᠵᠤ᠂ 4 ᠰᠤᠷᠭᠠᠭᠤᠯᠢ ᠨᠢ ᠪᠥᠬᠦ ᠤᠯᠤᠰ ᠤᠨ ᠵᠠᠯᠠᠭᠤᠴᠣᠳ ᠪᠠᠭᠠᠴᠣᠳ ᠤᠨ ᠰᠤᠷᠭᠠᠭᠤᠯᠢ ᠶᠢᠨ ᠬᠦᠷᠢᠶᠡᠨ‌‍ᠦ ᠬᠥᠯ ᠪᠥᠮᠪᠦᠭᠡ ᠶᠢᠨ ᠣᠨᠴᠠᠯᠢᠭᠲᠣ ᠰᠤᠷᠭᠠᠭᠤᠯᠢ ᠪᠠᠷ ᠲᠣᠭᠳᠠᠭᠠᠭᠳᠠᠪᠠ᠃            ᠲᠠᠪᠤᠳᠤᠭᠠᠷ ᠲᠤ᠂ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠠᠬᠢᠭᠤᠯᠤᠨ᠂ 380 ᠢᠯᠡᠭᠦᠦ ᠬᠤᠪᠢ ᠡᠯ᠎ᠡ ᠲᠥᠷᠦᠯ ᠤᠨ ᠭᠡᠷ᠎ᠡ ᠪᠢᠴᠢᠭ ᠬᠢᠨᠠᠨ ᠬᠠᠷᠭᠤᠭᠤᠯᠵᠤ᠂ ᠪᠥᠬᠦ ᠬᠤᠲᠠ ᠶᠢᠨ 35 ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠳᠠᠩᠰᠠᠯᠠᠯ ᠢ ᠡᠮᠬᠢᠯᠡᠨ ᠴᠡᠭᠴᠡᠯᠡᠵᠦ᠂ ᠢᠯᠡ ᠪᠤᠯᠭᠠᠬᠤ ᠠᠵᠢᠯ ᠶᠢ ᠭᠦᠢᠴᠡᠳᠬᠡᠨ᠂ ᠳᠠᠩᠰᠠᠯᠠᠯ ᠠᠴᠠ ᠪᠤᠰᠤᠳ ᠵᠠᠰᠠᠭ ᠵᠠᠬᠢᠷᠭᠠᠨ ᠤ ᠡᠷᠬᠡ ᠦᠭᠡᠢ ᠪᠠᠶᠢᠬᠤ ᠶᠢ ᠪᠠᠲᠤᠯᠠᠪᠠ᠃ 67 ᠲᠥᠮᠡᠨ ᠵᠦᠢᠯ ᠤᠨ ᠡᠯ᠎ᠡ ᠲᠥᠷᠦᠯ ᠤᠨ ᠬᠢᠨᠠᠨ ᠵᠥᠪᠰᠢᠶᠡᠷᠡᠯ᠂ ᠦᠢᠯᠡᠴᠢᠯᠡᠭᠡᠨ`᠎ ᠤ ᠬᠡᠷᠡᠭ ᠶᠠᠪᠤᠳᠠᠯ ᠢ ᠨᠢᠭᠡᠲᠦᠯᠲᠠᠢ ᠬᠢᠨᠠᠨ ᠵᠥᠪᠰᠢᠶᠡᠷᠡᠪᠡ ᠃ 40 ᠰᠢᠬᠠᠮ ᠳ᠋ᠦᠩᠰᠢᠭᠤᠷ ᠲᠦᠭᠦᠷᠢᠭ ᠣᠷᠴᠢᠮ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠲᠥᠷᠦᠯ ᠵᠦᠢᠯ ᠳᠤ ᠬᠢᠨᠠᠨ ᠪᠤᠳᠤᠯᠲᠠ ᠬᠢᠪᠡ᠃ ︽ᠠᠯᠪᠠᠨ ᠤ ᠭᠤᠷᠪᠠᠨ ᠵᠠᠷᠤᠳᠠᠯ︾ 12%᠎ ᠢᠶᠠᠷ ᠪᠠᠭᠤᠷᠠᠪᠠ᠃ ︽ᠭᠤᠷᠪᠠᠨ ᠴᠢᠩᠭ᠎ᠠ ᠭᠤᠷᠪᠠᠨ ᠪᠤᠲᠠᠲᠠᠢ︾᠂ ︽ᠺᠠᠳ᠋ᠷ ᠦᠨᠳᠦᠰᠦᠨ ᠱᠠᠳᠣᠨ ᠳᠤ ᠪᠠᠭᠤᠬᠤ︾ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠺᠠᠳ᠋ᠷ ᠣᠯᠠᠨ ᠲᠥᠮᠡᠨ ᠤ ᠬᠠᠷᠢᠴᠠᠭ᠎ᠠ ᠤᠯᠠᠮ ᠨᠢᠭᠡ ᠠᠯᠬᠤᠮ ᠨᠢᠭᠳᠠᠷᠠᠪᠠ᠃ ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠴᠤᠭᠴᠠᠯᠠᠵᠤ᠂ ᠬᠥᠯᠦᠰᠦᠨ ᠠᠵᠢᠯᠴᠢᠳ ᠲᠤ ᠦᠷᠢᠲᠦᠵᠦ ᠪᠠᠶᠢᠭᠰᠠᠨ 1.88 ᠳ᠋ᠦᠩᠰᠢᠭᠤᠷ ᠲᠥᠭᠦᠷᠢᠭ ᠤᠨ ᠴᠠᠯᠢᠩ ᠮᠥᠩᠭᠦ ᠶᠢ ᠨᠡᠬᠡᠵᠦ ᠣᠯᠭᠤᠪᠠ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠤᠯᠠᠨ ᠲᠥᠮᠡᠨ ᠤ ᠡᠮ ᠡᠮᠨᠡᠯᠭᠡ᠂ ᠢᠳᠡᠭᠡᠨ ᠤᠮᠳᠠᠭᠠᠨ ᠤ ᠠᠮᠣᠷ ᠲᠥᠪᠰᠢᠨ ᠢ ᠪᠠᠲᠤᠯᠠᠪᠠ᠃ ᠭᠠᠴᠠᠭ᠎ᠠ ᠨᠡᠶᠢᠭᠡᠮ ᠲᠤᠭᠤᠷᠢᠭ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠠᠮᠵᠢᠯᠲᠠᠲᠠᠢ ᠭᠦᠢᠴᠡᠳᠬᠡᠵᠦ᠂ ᠨᠡᠶᠢᠭᠡᠮ ᠲᠤᠭᠤᠷᠢᠭ ᠤᠨ ᠠᠷᠠᠳ ᠠᠴᠠ ᠰᠤᠩᠭᠤᠭᠰᠠᠨ ᠺᠠᠳ᠋ᠷ᠂ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠬᠠᠷᠠᠮᠵᠢ ᠮᠥᠩᠭᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠲᠦ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 56 ᠵᠤᠷᠪᠤᠰ ᠠᠷᠠᠳ ᠤᠨ ᠲᠥᠯᠦᠭᠡᠯᠡᠭᠴᠢᠳ ᠤᠨ ᠰᠠᠨᠠᠯ ᠰᠠᠨᠠᠭᠤᠯᠭ᠎ᠠ᠂ 60 ᠬᠤᠪᠢ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠥᠬᠦᠨ ᠢ ᠬᠦᠢᠴᠡᠳᠬᠡᠨ ᠳᠠᠭᠤᠰᠬᠠᠪᠠ᠃             ᠲᠥᠯᠦᠭᠡᠯᠡᠭᠴᠢᠳ ᠡ᠂ ︽ᠠᠷᠪᠠᠨ ᠬᠤᠶᠠᠳᠤᠭᠠᠷ ᠲᠠᠪᠤᠨ ᠵᠢᠯ︾᠎ ᠢ ᠡᠷᠬᠢᠴᠡᠭᠦᠯᠬᠦ ᠳᠤ᠂ ᠲᠤᠰ ᠬᠤᠭᠤᠴᠠᠭᠠᠨ ᠳᠠᠬᠢ ᠮᠠᠨ ᠤ ᠬᠤᠲᠠ ᠶᠢᠨ ᠶᠡᠷᠦᠩᠬᠡᠶᠢᠯᠡᠭᠰᠡᠨ ᠪᠣᠳᠠᠳᠤ ᠬᠦᠴᠦᠨ ᠤ ᠳᠡᠭᠡᠭᠰᠢᠯᠡᠯᠲᠡ ᠬᠠᠮᠤᠭ ᠬᠤᠷᠳᠤᠨ᠂ ᠬᠤᠲᠠ ᠬᠥᠳᠡᠭᠡᠨ ᠤ ᠳᠦᠷᠢ ᠲᠦᠷᠬᠦ ᠶᠢᠨ ᠬᠤᠪᠢᠷᠠᠯᠲᠠ ᠬᠠᠮᠤᠭ ᠶᠡᠭᠡ᠂ ᠠᠷᠠᠳ ᠤᠯᠠᠨ ᠤ ᠬᠦᠷᠲᠡᠭᠰᠡᠨ ᠠᠰᠢᠭ ᠬᠦᠷᠳᠡᠭᠡᠯ ᠬᠠᠮᠤᠭ ᠣᠯᠠᠨ ᠪᠠᠶᠢᠬᠤ ᠢ ᠪᠢᠳᠡ ᠭᠦᠨᠵᠡᠭᠡᠢ ᠲᠤᠳᠤ ᠣᠶᠢᠯᠠᠭᠠᠪᠠ᠃ ᠪᠢᠳᠡᠨ ᠰᠢ ᠎ ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠯᠲᠠ ᠶᠢ ᠠᠮᠵᠢᠯᠲᠠᠲᠠᠢ ᠬᠥᠯᠢᠶᠡᠵᠦ᠂ ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠲᠣᠭᠤᠷᠢᠨ ᠪᠠᠶᠢᠴᠠᠭᠠᠬᠤ ᠪᠥᠯᠬᠦᠮ ᠤᠨ ᠪᠠᠶᠢᠴᠠᠭᠠᠯᠲᠠ ᠶᠢ ᠬᠦᠯᠢᠶᠡᠵᠦ᠂ ᠠᠽᠢᠶ᠎ᠠ ᠶᠢᠨ ᠵᠠᠯᠠᠭᠤ ᠪᠠᠭᠠᠴᠣᠳ ᠤᠨ ᠵᠡᠪᠰᠡᠭ ᠤᠨ ᠡᠷᠳᠡᠮ ᠤᠨ ᠮᠠᠩᠯᠠᠢ ᠰᠢᠯᠭᠠᠷᠠᠭᠤᠯᠬᠤ ᠣᠷᠣᠯᠳᠣᠭᠠᠨ᠂ ᠳᠣᠮᠳᠠᠳᠣ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠤᠳᠠᠭᠠᠨ ᠤ ᠴᠥᠬᠡᠨ ᠲᠤᠭᠠᠲᠦ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠤᠷᠤᠯᠳᠤᠭᠠᠨ ᠲᠡᠮᠡᠴᠡᠭᠡᠨ ᠢ ᠡᠷᠬᠢᠯᠡᠵᠦ᠂ ᠬᠥᠭᠵᠢᠯ ᠳᠠᠪᠰᠢᠯ ᠤᠨ ᠦᠷ᠎ᠡ ᠪᠥᠲᠦᠭᠡᠯ ᠢᠶᠠᠨ ᠬᠦᠢᠴᠡᠳ ᠬᠠᠷᠠᠭᠤᠯᠵᠤ᠂ ᠬᠥᠭᠵᠢᠯᠲᠡ ᠶᠢᠨ ᠲᠥᠪᠰᠢᠨ ᠢᠶᠠᠨ ᠪᠥᠬᠦ ᠬᠦᠴᠦᠨ ᠢᠶᠠᠷ ᠳᠡᠭᠡᠭᠰᠢᠯᠡᠭᠦᠯᠦᠨ᠂ ᠨᠥᠯᠦᠭᠡ ᠲᠤᠰᠬᠠᠯ ᠢᠶᠠᠨ ᠥᠷᠭᠡᠳᠭᠡᠭᠰᠡᠨ ᠪᠠᠶᠢᠨ᠎ᠠ᠃ ᠤᠨᠴᠠᠭᠠᠶᠢᠯᠠᠨ᠂ 2014 ᠣᠨ ᠠᠴᠠ ᠨᠠᠰᠢ᠂ ᠪᠢᠲᠡ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠨᠢᠭᠡᠲᠦᠯᠲᠠᠢ ᠪᠠᠶᠢᠷᠢᠯᠠᠭᠤᠯᠤᠯᠲᠠ ᠳᠤᠤᠷ᠎ᠠ᠂ ᠪᠥᠬᠦ ᠬᠤᠲᠠ ᠶᠢᠨ ᠬᠦᠴᠦᠨ ᠶᠢ ᠳᠠᠶᠢᠴᠢᠯᠠᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠬᠦᠨᠵᠡᠭᠡᠢ ᠠᠬᠢᠭᠤᠯᠵᠤ᠂ ᠢᠯᠠᠳᠲᠠ ᠠᠮᠵᠢᠯᠲᠠ ᠣᠯᠵᠤ᠂ ᠥᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠤᠨ ᠬᠡᠷᠡᠭᠵᠢᠭᠦᠯᠦᠯᠲᠡ ᠨᠢ ᠮᠠᠨ ᠤ ᠬᠤᠲᠠ ᠶᠢᠨ ᠮᠠᠯᠵᠢᠬᠤ ᠣᠷᠣᠨ ᠤ ᠳᠦᠷᠢ ᠲᠦᠷᠬᠦ ᠶᠢ ᠲᠦᠢᠯᠪᠣᠷᠢᠲᠠᠢ ᠥᠭᠡᠷᠡᠴᠢᠯᠡᠨ ᠰᠢᠨᠡᠳᠬᠡᠵᠦ᠂ ᠮᠠᠯᠴᠢᠳ ᠤᠨ ᠠᠮᠢᠳᠤᠷᠠᠯ ᠠᠬᠤᠢ᠂ ᠣᠶᠣᠨ ᠰᠠᠨᠠᠭᠠᠨ ᠤ ᠬᠡᠪ ᠲᠦᠷᠬᠦ ᠢ ᠬᠦᠨᠵᠡᠭᠡᠢ ᠰᠢᠨᠡᠴᠢᠯᠡᠨ᠂ ᠬᠤᠲᠠ ᠬᠥᠳᠡᠭᠡᠨ ᠤ ᠵᠥᠷᠢᠶ᠎ᠡ ᠢᠯᠭᠠᠯ ᠢ ᠤᠯᠠᠮ ᠨᠢᠭᠡ ᠠᠯᠬᠤᠮ ᠪᠠᠭᠠᠰᠬᠠᠪᠠ᠃ ᠨᠡᠩ ᠲᠤᠷᠠᠳᠣᠭᠤᠰᠢᠲᠠᠢ ᠨᠢ ᠪᠥᠬᠦ ᠺᠠᠳ᠋ᠷ ᠠᠵᠢᠯᠴᠢᠨ ᠬᠠᠳᠠᠭᠤᠵᠢᠨ ᠪᠤᠯᠪᠠᠰᠣᠷᠠᠭᠳᠠᠵᠣ᠂ ᠨᠠᠮ ᠪᠠ ᠤᠯᠠᠨ ᠲᠥᠮᠡᠨ᠂ ᠺᠠᠳ᠋ᠷ ᠪᠠ ᠤᠯᠠᠨ ᠲᠥᠮᠡᠨ ᠤ ᠬᠠᠷᠢᠴᠠᠭ᠎ᠠ ᠎ ᠨᠢ ᠨᠢᠭᠳᠠᠷᠠᠭᠰᠠᠨ ᠪᠠᠶᠢᠨ᠎ᠠ᠃ ᠲᠠᠪᠤᠨ ᠵᠢᠯ ᠤᠨ ᠭᠠᠨᠵᠤᠭ᠎ᠠ ᠲᠦᠭᠦᠷᠡᠩ ᠠᠮᠵᠢᠯᠲᠠ ᠪᠠᠨ ᠡᠷᠬᠢᠴᠡᠭᠦᠯᠦᠨ ᠬᠠᠷᠠᠬᠤ ᠳᠤ᠂ ᠪᠢᠳᠡᠨ ᠮᠠᠩᠨᠠᠢ ᠲᠡᠨᠢᠢᠨ ᠣᠮᠣᠭᠰᠢᠯ ᠲᠥᠷᠦᠨ᠎ᠡ᠃ ᠡᠳᠡᠭᠡᠷ ᠠᠮᠵᠢᠯᠲᠠ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠂ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠪᠥᠲᠦᠮᠵᠢ ᠪᠣᠯᠬᠤ ᠶᠤᠮ᠃ ᠮᠥᠨ ᠴᠦ᠂ ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠲᠡᠮᠵᠢᠯᠭᠡ ᠳᠣᠣᠷ᠎ᠠ ᠣᠯᠣᠭᠰᠠᠨ ᠪᠠᠶᠢᠨ᠎ᠠ᠃ ᠢᠯᠠᠩᠭᠤᠶ᠎ᠠ᠂ ᠪᠥᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠥᠮᠡᠨ ᠤ ᠬᠠᠮᠲᠦ ᠶᠢᠨ ᠴᠢᠷᠮᠠᠶᠢᠯᠭ᠎ᠠ ᠪᠤᠯᠤᠨ ᠨᠡᠶᠢᠭᠡᠮ‌‍ᠦᠨ ᠡᠯ᠎ᠡ ᠡᠲᠡᠭᠡᠳ ᠤᠨ ᠬᠠᠯᠠᠭᠤᠨ ᠳᠡᠮᠵᠢᠯᠭᠡ ᠯᠤᠭ᠎ᠠ ᠰᠠᠯᠵᠤ ᠪᠤᠯᠤᠰᠢ ᠦᠭᠡᠢ ᠬᠠᠷᠢᠴᠠᠭ᠎ᠠ ᠲᠠᠢ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠢ ᠲᠥᠯᠦᠭᠡᠯᠡᠨ᠂ ᠪᠥᠬᠦ ᠬᠤᠲᠠ ᠶᠢᠨ ᠡᠯ᠎ᠡ ᠦᠨᠳᠦᠰᠦᠲᠡᠨ ᠤ ᠺᠳᠡᠷ ᠣᠯᠠᠨ ᠲᠥᠮᠡᠨ ᠬᠢᠭᠡᠳ ᠮᠠᠨ ᠤ ᠬᠤᠲᠠ ᠶᠢᠨ ᠪᠥᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠦᠴᠦᠨ ᠢᠶᠠᠨ ᠡᠷᠭᠦᠭᠰᠡᠨ ᠨᠠᠶᠢᠵᠠ ᠨᠥᠬᠦᠳ ᠲᠡᠭᠡᠨ ᠴᠢᠩ ᠰᠡᠳᠬᠢᠯ ᠤᠨ ᠪᠠᠶᠠᠷᠯᠠᠨ ᠲᠠᠯᠠᠷᠬᠠᠭᠰᠠᠨ ᠰᠡᠳᠬᠢᠯ ᠢᠶᠠᠨ ᠲᠡᠪᠰᠢᠭᠦᠯᠦᠶ᠎ᠡ᠃             ᠠᠮᠵᠢᠯᠲᠠ ᠪᠥᠲᠦᠭᠡᠯ ᠳᠡᠭᠡᠨ ᠰᠡᠳᠬᠢᠯ ᠪᠠᠶᠠᠰᠬᠤ ᠶᠢᠨ ᠬᠠᠮᠲᠦ᠂ ᠪᠢᠳᠡ ᠡᠷᠬᠡᠪᠰᠢ ᠰᠢᠯᠢ ᠶᠢᠨ ᠬᠤᠲᠠ ᠶᠢᠨ ᠬᠥᠭᠵᠢᠯᠲᠡ ᠲᠤᠲᠠᠮᠠᠭ᠂ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠬᠥᠭᠵᠢᠯᠲᠡ ᠶᠢᠨ ᠳᠤᠮᠳᠠ ᠪᠠᠭ᠎ᠠ ᠪᠣᠰᠤ ᠠᠰᠠᠭᠤᠳᠠᠯ ᠲᠥᠪᠡᠭ ᠲᠤᠯᠭᠠᠷᠠᠭ᠎ᠠ ᠪᠠᠶᠢᠳᠠᠯ ᠢ ᠰᠡᠷᠭᠡᠭ ᠢᠶᠠᠷ ᠣᠯᠵᠤ ᠲᠠᠨᠢᠬᠤ ᠬᠡᠷᠡᠭᠲᠠᠢ᠃ ᠭᠤᠣᠯᠳᠠᠭᠤ ᠄ ᠬᠤᠷᠸ᠎ᠠ ᠣᠷᠴᠢᠨ ᠶᠠᠳᠠᠷ ᠵᠣᠩᠰᠣᠩᠭᠤᠢ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠤᠯᠭᠠᠷᠠᠭᠰᠠᠨ︔ ᠬᠥᠭᠵᠢᠯᠲᠡ ᠶᠢᠨ ᠬᠥᠳᠡᠯᠭᠡᠭᠴᠢ ᠬᠦᠴᠦᠨ ᠲᠤᠲᠠᠮᠠᠭ᠂ ᠠᠵᠤ ᠦᠢᠯᠡᠰ ᠤᠨ ᠪᠥᠲᠦᠴᠡ ᠳ᠋ᠠᠩ ᠴᠤᠯᠭᠤᠢ︔ ᠡᠳ᠋ ᠤᠨ ᠵᠠᠰᠠᠭ ᠤᠨ ᠨᠡᠮᠡᠭᠳᠡᠯ ᠤᠨ ᠳᠠᠷᠤᠯᠲᠠ ᠶᠡᠭᠡ᠂ ᠣᠷᠤᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠢᠯᠡᠷᠬᠡᠢ︔ ᠬᠤᠲᠠ ᠶᠢᠨ ᠰᠠᠭᠤᠷᠢ ᠲᠥᠬᠦᠭᠡᠷᠦᠮᠵᠢ ᠪᠠᠭᠤᠷᠠᠢ᠂ ᠬᠠᠮᠢᠶᠠᠷᠤᠯᠲᠠ ᠶᠢᠨ ᠲᠥᠪᠰᠢᠨ ᠲᠣᠣᠷ᠎ᠠ︔ ᠠᠮᠢ ᠠᠬᠤᠢ ᠶᠢᠨ ᠣᠷᠴᠢᠨ ᠬᠡᠪᠷᠡᠭ᠂ ᠬᠡᠷᠡᠭᠴᠡᠭᠡ ᠬᠠᠩᠭᠠᠯᠭ᠎ᠠ ᠶᠢᠨ ᠵᠦᠷᠢᠴᠡᠯ ᠡᠳᠦᠷ ᠢᠷᠡᠬᠦᠶ᠎ᠡ ᠲᠤᠪᠤᠶᠢᠮ᠎ᠠ︔ ᠬᠥᠭᠵᠢᠯᠲᠡ ᠶᠢᠨ ᠣᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠲᠠᠢ᠂ ᠵᠠᠰᠠᠭ ᠤᠨ ᠣᠷᠳᠤᠨ ᠤ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠬᠤ ᠵᠣᠬᠢᠰᠲᠠᠢ︔ ᠡᠶᠢᠮᠦ ᠠᠴᠠ ᠪᠢᠳᠡ ᠡᠷᠬᠡᠪᠰᠢ ᠲᠠᠷᠢᠬᠢ ᠲᠣᠯᠤᠭᠠᠢ ᠪᠠᠨ ᠬᠤᠷᠴᠠ ᠰᠡᠷᠭᠡᠭ ᠪᠠᠶᠢᠯᠭᠠᠵᠤ᠂ ᠢᠲᠡᠭᠡᠯ ᠵᠣᠷᠢᠭ ᠢᠶᠠᠨ ᠬᠥᠪᠴᠢᠯᠡᠨ᠂ ᠦᠷ᠎ᠡ ᠪᠥᠲᠦᠮᠵᠢᠲᠦ ᠠᠷᠭ᠎ᠠ ᠠᠪᠴᠠᠯ ᠢᠶᠠᠷ ᠳᠠᠮᠵᠢᠭᠤᠯᠤᠨ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠠᠢ᠃            ᠬᠤᠶᠠᠷ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠥᠯᠦᠪᠵᠢᠭᠦᠯᠦᠯᠭᠡ︾᠎ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ            ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠣᠯ ᠮᠠᠨ ᠤ ᠬᠤᠲᠠ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠠᠬᠤᠢ ᠶᠢᠨ ᠦᠷᠭᠦᠯᠵᠢᠯᠡᠭᠰᠡᠨ ᠡᠷᠡᠭᠦᠯ ᠬᠥᠭᠵᠢᠯᠲᠡ ᠶᠢᠨ ᠵᠠᠩᠭᠢᠯᠠᠭ᠎ᠠ ᠶᠢᠨ ᠴᠠᠭ ᠦᠶ᠎ᠡ᠂ ᠮᠥᠨ ᠴᠦ ᠬᠦᠴᠦᠨ ᠢᠶᠠᠨ ᠲᠥᠪᠯᠡᠷᠡᠭᠦᠯᠵᠦ ᠴᠢᠨᠡᠭᠡᠯᠢᠭ ᠨᠡᠶᠢᠭᠡᠮ ᠢ ᠪᠥᠲᠦᠭᠡᠨ ᠪᠠᠶᠢᠭᠤᠯᠬᠤ ᠰᠢᠢᠳᠪᠦᠷᠢᠯᠡᠭᠴᠢ ᠤᠳᠬ᠎ᠠ ᠠᠭᠤᠯᠭ᠎ᠠ ᠪᠥᠬᠦᠢ ᠴᠠᠭ ᠦᠶ᠎ᠡ ᠪᠣᠯᠬᠤ ᠶᠤᠮ᠃ ᠡᠭᠦᠨ ᠠᠴᠠ ᠬᠤᠶᠢᠰᠢᠬᠢ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠ ᠲᠦᠷᠪᠡ᠂ ᠲᠠᠪᠣᠳᠣᠭᠠᠷ ᠪᠦᠬᠦᠲᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠎ ᠤᠨ ᠲᠥᠯᠦᠭᠡᠯᠡᠭᠴᠢᠳ ᠤᠨ ᠲᠦᠷᠪᠡᠳᠦᠭᠡᠷ ᠬᠤᠷᠠᠯ᠂ ᠡᠯ᠎ᠡ ᠱᠠᠳᠣᠨ ᠤ ᠠᠵᠣ ᠠᠬᠤᠢ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠥᠷᠪᠡᠨ ᠪᠥᠬᠦ ᠲᠠᠯ᠎ᠠ︾ ᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠪᠣᠯᠣᠨ ︽ᠲᠠᠪᠤᠨ ᠶᠡᠭᠡ ᠬᠥᠭᠵᠢᠯᠲᠡ ᠶᠢᠨ ᠣᠶᠢᠯᠭᠠᠭᠳᠠᠬᠤᠨ︾᠎ ᠢ ᠪᠠᠷᠢᠮᠲᠠᠯᠠᠵᠤ᠂ ᠬᠥᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠨ᠂ ︽ᠲᠣᠭᠲᠠᠭᠤᠨ ᠤ ᠳᠤᠮᠳᠠ ᠤᠷᠤᠭᠰᠢᠯᠠᠬᠤ︾ ᠠᠵᠢᠯ ᠤᠨ ᠶᠡᠷᠦᠩᠬᠡᠢ ᠵᠢᠯᠤᠭᠤᠳᠤᠯᠭ᠎ᠠ ᠳᠣᠣᠷ᠎ᠠ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠎ ᠯᠤᠭ᠎ᠠ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠠᠬᠤᠢ᠂ ᠤᠯᠤᠰ ᠲᠥᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠶᠢ ᠨᠢᠭᠡᠲᠦᠯᠵᠢᠭᠦᠯᠦᠨ ᠠᠬᠢᠭᠤᠯᠵᠤ᠂ ᠠᠵᠤ ᠦᠢᠯᠡᠰ ᠤᠨ ᠣᠨᠴᠠᠯᠢᠭ ᠢᠯᠭᠤᠮ ᠲᠤᠳᠤ᠂ ᠬᠤᠲᠠ ᠬᠥᠳᠡᠭᠡᠨ ᠤ ᠴᠢᠳᠠᠪᠬᠢ ᠳᠡᠭᠡᠭᠰᠢᠯᠡᠭᠰᠡᠨ᠂ ᠠᠮᠢ ᠠᠬᠤᠢ ᠶᠢᠨ ᠣᠷᠴᠢᠨ ᠲᠣᠭᠤᠷᠢᠨ ᠭᠤᠸᠠᠯᠢᠭ ᠰᠠᠶᠢᠬᠠᠨ᠂ ᠠᠷᠠᠳ ᠤᠨ ᠠᠮᠢᠳᠤᠷᠠᠯ ᠤᠨ ᠠᠵᠢᠯ ᠦᠢᠯᠡᠰ ᠥᠷᠨᠢᠨ ᠬᠥᠭᠵᠢᠵᠦ᠂ ᠨᠡᠶᠢᠭᠡᠮ ᠡᠪ ᠨᠠᠶᠢᠷᠠᠮᠳᠠᠭᠤ᠂ ᠡᠶ᠎ᠡ ᠵᠤᠬᠢᠴᠠᠩᠭᠤᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠠᠮ ᠢᠶᠠᠷ ᠵᠠᠮᠨᠠᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠬᠤ ᠠᠵᠢᠯ ᠤᠨ ᠬᠠᠷᠠᠯᠲᠠ ᠪᠠᠨ ᠪᠡᠶᠡᠯᠡᠭᠦᠯᠦᠨ᠎ᠡ᠃            ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠥᠭᠵᠢᠯᠲᠡ ᠶᠢᠨ ᠬᠠᠷᠠᠯᠲᠠ ᠬᠢᠭᠡᠳ ᠭᠤᠣᠯ ᠡᠭᠦᠷᠭᠡ᠄            ︵ᠨᠢᠭᠡ︶ ᠶᠡᠷᠦᠩᠬᠡᠶᠢᠯᠡᠭᠰᠡᠨ ᠬᠦᠴᠦᠨ ᠢᠶᠠᠨ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠬᠥᠭᠵᠢᠯᠲᠡ ᠶᠢᠨ ᠳᠤᠮᠳᠠ ᠥᠨᠳᠦᠷ ᠬᠡᠮᠵᠢᠶᠡᠨ ᠤ ᠥᠰᠦᠯᠲᠡ ᠶᠢ ᠪᠠᠲᠤᠯᠠᠵᠤ᠂ ᠬᠥᠭᠵᠢᠯᠲᠡ ᠶᠢᠨ ᠴᠢᠨᠠᠷ ᠪᠠ ᠠᠰᠢᠭ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠲᠠ ᠶᠢᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠵᠢᠯ ᠳᠤᠮᠳᠠᠴᠢ ᠶᠢᠨ ᠥᠰᠦᠯᠲᠡ 8.5% ᠭᠠᠷᠤᠢ᠂ ᠪᠥᠬᠦ ᠨᠡᠶᠢᠭᠡᠮ ᠤᠨ ᠲᠣᠭᠳᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠵᠢᠯ ᠳᠤᠮᠳᠠᠴᠢ ᠶᠢᠨ ᠥᠰᠦᠯᠲᠡ12% ᠭᠠᠷᠤᠢ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ ᠶᠢᠨ ᠵᠢᠯ ᠳᠤᠮᠳᠠᠴᠢ ᠶᠢᠨ ᠥᠰᠦᠯᠲᠡ 8%᠎ ᠠᠴᠠ ᠳᠡᠭᠡᠭᠰᠢ᠂ ᠴᠢᠨᠡᠭᠡᠯᠢᠭ ᠨᠡᠶᠢᠭᠡᠮ ᠤᠨ ᠡᠯ᠎ᠡ ᠲᠥᠷᠦᠯ ᠤᠨ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢ ᠪᠥᠬᠦᠨ ᠢ ᠪᠡᠶᠡᠯᠡᠭᠦᠯᠵᠦ᠂ ᠭᠠᠵᠠᠷ ᠣᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠲᠠᠲᠤ ᠬᠦᠴᠦᠨ ᠪᠥᠬᠦ ᠣᠷᠤᠨ ᠤ ᠡᠮᠦᠨ᠎ᠡ ᠡᠩᠨᠡᠭᠡᠨ ᠳᠤ ᠵᠢᠭᠰᠠᠭᠠᠭᠳᠠᠨ᠎ᠠ᠃            ︵ᠬᠤᠶᠠᠷ︶ ᠬᠡᠯᠪᠡᠷᠢ ᠶᠢ ᠬᠤᠪᠢᠷᠠᠭᠤᠯᠤᠨ᠂ ᠳᠡᠰ ᠳᠡᠪᠰᠢᠭᠦᠯᠵᠦ᠂ ᠠᠮᠵᠢᠯᠲᠠ ᠣᠯᠬᠤ᠃ ᠣᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠬᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢ ᠰᠢᠨ᠎ᠡ ᠱᠠᠲᠤᠨ ᠳᠤ ᠬᠦᠷᠭᠡᠨ᠂ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠠᠷᠢᠴᠠᠯ ᠢᠯᠠᠳᠲᠠ ᠳᠡᠭᠡᠭᠰᠢᠯᠡᠵᠦ᠂ ᠰᠢᠨᠵᠢᠯᠡᠭᠡ ᠮᠡᠷᠭᠡᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠡᠰᠢᠴᠢᠯᠡᠭᠰᠡᠨ ᠬᠥᠭᠵᠢᠯᠲᠡ᠂ ᠤᠯᠠᠨ ᠲᠤᠶᠢᠯᠲᠤ ᠲᠤᠯᠭᠠᠭᠤᠷᠢᠯᠠᠯ ᠪᠥᠬᠦᠢ ᠣᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠥᠷᠢᠯᠳᠦᠭᠦᠯᠦᠨ᠎ᠡ᠃ ᠮᠠᠯ ᠠᠵᠤ ᠠᠬᠤᠢ ᠶᠢᠨ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠡᠷ᠎ᠡ ᠲᠡᠮᠳᠡᠭᠵᠢᠭᠰᠡᠨ ᠬᠥᠭᠵᠢᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠡᠨᠧᠷᠬᠢ ᠶᠢᠨ ᠰᠠᠭᠤᠷᠢᠨ ᠭᠠᠵᠠᠷ ᠬᠢᠭᠡᠳ ᠣᠨᠴᠠ ᠥᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠬᠤᠩᠬᠢᠯ ᠤᠨ ᠪᠥᠲᠦᠭᠡᠨ ᠪᠠᠶᠢᠭᠤᠯᠤᠯᠲᠠ ᠶᠢ ᠲᠦᠷᠬᠡᠳᠬᠡᠨ᠂ ᠪᠤᠬᠢᠷᠳᠤᠯ ᠦᠭᠡᠢ ᠮᠠᠯ ᠲᠠᠷᠢᠶᠠᠯᠩ ᠤᠨ ᠪᠥᠲᠦᠭᠡᠭᠳᠡᠭᠦᠨ ᠢ ᠦᠢᠯᠡᠳᠪᠦᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠴᠡᠪᠡᠷ ᠡᠨᠧᠷᠬᠢ ᠶᠢᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠣᠨ ᠲᠤᠭᠤᠷᠢᠨ ᠵᠤᠭᠠᠴᠠᠬᠤ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠶᠢ ᠪᠥᠲᠦᠭᠡᠨ ᠪᠠᠶᠢᠭᠤᠯᠤᠨ᠎ᠠ᠃ ᠲᠤᠨᠤᠭ ᠲᠥᠭᠦᠭᠡᠷᠦᠮᠵᠢ ᠦᠢᠯᠡᠳᠬᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠡᠰᠨᠢᠨ ᠮᠠᠨᠳᠤᠭᠰᠠᠨ ᠠᠵᠤ ᠦᠢᠯᠡᠰ ᠢ ᠪᠥᠬᠦ ᠬᠦᠴᠦᠨ ᠢᠶᠠᠷ ᠬᠥᠭᠵᠢᠭᠦᠯᠵᠦ᠂ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠢ ᠪᠤᠢ ᠪᠤᠯᠭᠠᠨ᠎ᠠ᠃ ᠵᠢᠵᠢᠭ ᠪᠦᠭᠡᠮ ᠢᠶᠠᠷ ᠪᠤᠷᠣᠯᠠᠭᠤᠯᠬᠤ᠂ ᠢᠳᠡᠭᠡᠨ ᠤᠮᠳᠠᠭᠠᠨ ᠪᠠᠭᠤᠳᠠᠯ ᠤᠨ ᠦᠢᠯᠡᠰ᠂ ᠰᠣᠶᠣᠯ ᠵᠤᠭᠠᠴᠠᠯ ᠤᠨ ᠦᠢᠯᠡᠰ ᠢ ᠪᠠᠲᠤᠳᠬᠠᠨ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭ᠎ᠠ᠂ ᠣᠳᠤ ᠦᠶ᠎ᠡ ᠶᠢᠨ ᠪᠤᠳᠠᠰ ᠤᠨ ᠭᠦᠢᠯᠭᠡᠭᠡ᠂ ᠡᠷᠡᠭᠦᠯᠵᠢᠯ ᠨᠠᠰᠦᠵᠢᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠪᠤᠯᠤᠨ ᠠᠵᠤ ᠦᠢᠯᠡᠳᠪᠦᠷᠢᠵᠢᠯᠡᠯᠲᠡ᠂ ᠰᠤᠷᠠᠭ ᠵᠠᠩᠭᠢᠵᠢᠯᠠᠯᠲᠠ᠂ ᠬᠤᠲᠠ ᠪᠠᠯᠭᠠᠰᠣᠵᠢᠯᠲᠠ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠯᠤᠭ᠎ᠠ ᠤᠶᠠᠯᠳᠤᠨ ᠬᠥᠭᠵᠢᠬᠦ ᠶᠢ ᠠᠬᠢᠭᠤᠯᠤᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ᠂ ᠦᠵᠡᠰᠬᠦᠯᠡᠩᠲᠦ ᠰᠠᠶᠢᠬᠠᠨ ᠮᠠᠯᠵᠢᠬᠤ ᠣᠷᠤᠨ ᠢ ᠪᠥᠲᠦᠭᠡᠨ ᠪᠠᠶᠢᠭᠤᠯᠵᠤ᠂ ᠬᠤᠲᠠ ᠬᠥᠳᠡᠭᠡᠨ ᠤ ᠨᠢᠭᠡ ᠴᠤᠭᠴᠠᠵᠢᠭᠰᠠᠨ ᠨᠢᠭᠡᠲᠦᠯᠲᠦ ᠬᠥᠭᠵᠢᠯᠲᠡ ᠶᠢ ᠴᠤᠭᠴᠠᠯᠠᠨ ᠪᠠᠶᠢᠭᠤᠯᠤᠨ᠎ᠠ             ︵ᠭᠤᠷᠪᠠ︶ ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠭᠦᠶᠢᠴᠡ ᠳᠡᠭᠡᠭᠰᠢᠯᠡᠭᠦᠯᠦᠨ᠎ᠡ᠃ ᠬᠤᠲᠠ ᠬᠥᠳᠡᠭᠡᠨ ᠤ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠢ ᠠᠵᠣ ᠠᠬᠤᠢ ᠶᠢᠨ ᠬᠥᠭᠵᠢᠯᠲᠡ ᠲᠠᠢ ᠢᠵᠢᠯ ᠠᠯᠬᠤᠮ ᠢᠶᠠᠷ ᠨᠡᠮᠡᠭᠲᠡᠭᠦᠯᠦᠨ᠂ ᠬᠦᠲᠡᠯᠮᠦᠷᠢᠴᠢᠳ ᠤᠨ ᠬᠥᠯᠦᠰᠦ ᠤᠯᠭᠤᠮᠵᠢ ᠶᠢ ᠦᠢᠯᠡᠳᠪᠦᠷᠢᠯᠡᠯ ᠤᠨ ᠨᠤᠷᠮ᠎ᠠ ᠎ ᠯᠤᠭ᠎ᠠ ᠢᠵᠢᠯ ᠠᠯᠬᠤᠮ ᠢᠶᠠᠷ ᠲᠡᠭᠡᠭᠰᠢᠯᠡᠭᠦᠯᠦᠨ᠂ ᠣᠷᠤᠯᠭ᠎ᠠ ᠶᠢᠨ ᠪᠥᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠨ ᠲᠦᠮᠡᠨ ᠤ ᠠᠮᠢᠳᠤᠷᠠᠯ ᠤᠨ ᠬᠢᠷᠢ ᠲᠥᠪᠰᠢᠨ ᠴᠢᠨᠠᠷ ᠴᠢᠨᠰᠠᠭ᠎ᠠ ᠶᠢ ᠮᠡᠳᠡᠭᠳᠡᠭᠦᠶᠢᠴᠡ ᠲᠡᠭᠡᠭᠰᠢᠯᠡᠭᠦᠯᠦᠨ᠂ ᠬᠤᠲᠠ ᠬᠥᠳᠡᠭᠡᠨ ᠤ ᠪᠠᠶᠢᠩᠭᠤ ᠰᠠᠭᠤᠭ᠎ᠠ ᠠᠷᠠᠳ ᠤᠨ ᠣᠷᠤᠯᠭ᠎ᠠ ᠪᠤᠯᠤᠨ ᠬᠥᠮᠦᠨ ᠳᠣᠮᠳᠠᠴᠢ ᠎ ᠶᠢᠨ ᠡᠵᠡᠮᠳᠡᠵᠦ ᠪᠣᠯᠬᠤᠶᠢᠴᠠ ᠣᠷᠤᠯᠭ᠎ᠠ ᠶᠢᠨ ᠵᠢᠯ ᠤᠨ ᠨᠡᠮᠡᠭᠳᠡᠯ ᠤᠨ ᠬᠡᠮᠵᠢᠶ᠎ᠡ ᠶᠢ ᠲᠤᠰᠪᠤᠷᠢ 8.6% ᠪᠣᠯᠣᠨ10.4% ᠬᠡᠮᠵᠢᠶᠡᠨ ᠳᠤ ᠬᠦᠷᠭᠡᠬᠦ ᠪᠠᠷ ᠴᠢᠷᠮᠠᠶᠢᠵᠣ᠂ ᠣᠷᠤᠯᠭ᠎ᠠ ᠶᠢᠨ ᠬᠡᠮᠵᠢᠶ᠎ᠡ ᠶᠢ ᠪᠥᠬᠦ ᠣᠷᠤᠨ ᠤ ᠳᠤᠮᠳᠠᠴᠢ ᠣᠷᠣᠯᠭ᠎ᠠ ᠶᠢᠨ ᠬᠡᠮᠵᠢᠶᠡᠨ ᠠᠴᠠ ᠥᠨᠳᠦᠷ ᠲᠦᠪᠰᠢᠨ ᠳᠤ ᠪᠠᠶᠢᠯᠭᠠᠨ᠎ᠠ᠃ ᠪᠥᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠲᠠ᠂ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠲᠠ‌‍ᠶᠢ ᠠᠮᠵᠢᠯᠲᠠᠲᠠᠢ ᠪᠥᠲᠦᠭᠡᠨ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠠᠶᠢᠮᠠᠭ ᠤᠨ ᠲᠥᠪ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠨ᠎ᠠ᠃ ᠶᠠᠳᠠᠭᠤ ᠶᠢ ᠳᠡᠳᠬᠦᠬᠦ ᠠᠵᠢᠯ ᠳᠤ ᠪᠠᠲᠣᠲᠠᠢ ᠠᠮᠵᠢᠯᠲᠠ ᠣᠯᠣᠨ᠎ᠠ᠃           ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢᠨ ᠵᠠᠰᠠᠯᠲᠠ᠂ ᠭᠤᠣᠯᠳᠠᠯᠭᠠᠲᠤ ᠣᠷᠤᠨ ᠤ ᠨᠣᠭᠤᠭᠠᠷᠠᠭᠤᠯᠤᠯᠲᠠ᠂ ᠨᠠᠮᠤᠭ ᠭᠠᠵᠠᠷ ᠤᠨ ᠬᠠᠮᠠᠭᠠᠯᠠᠯᠲᠠ᠂ ᠤᠰᠤᠨ ᠰᠤᠷᠪᠤᠯᠵᠢ ᠶᠢᠨ ᠵᠠᠰᠠᠯᠲᠠ᠂ ᠠᠭᠤᠷᠬᠠᠢ ᠎ ᠶᠢᠨ ᠣᠷᠴᠢᠨ ᠲᠤᠭᠤᠷᠢᠨ ᠤ ᠶᠡᠷᠦᠩᠬᠡᠢ ᠵᠠᠰᠠᠯᠲᠠ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠯ᠎ᠠ ᠨᠤᠲᠤᠭ ᠤᠨ ᠤᠷᠭᠤᠮᠠᠯ  ᠪᠤᠯᠤᠨ ᠤᠢ ᠰᠢᠭᠤᠢ ᠶᠢᠨ ᠪᠥᠷᠬᠦᠴᠡ ᠶᠢ ᠳᠡᠭᠡᠭᠰᠢᠯᠡᠭᠦᠯᠦᠨ᠎ᠡ᠃ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠲᠤᠭᠤᠷᠢᠨ ᠲᠠᠢ ᠨᠥᠬᠦᠷᠰᠡᠭ ᠬᠡᠯᠪᠡᠷᠢ ᠶᠢᠨ ᠠᠮᠢ ᠠᠬᠤᠢ ᠶᠢᠨ ᠪᠤᠯᠪᠠᠰᠤᠨ ᠤ ᠲᠥᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠠᠣᠯᠢ ᠶᠢᠨ ᠬᠡᠷᠡᠭᠵᠢᠭᠦᠯᠦᠯᠲᠡ ᠶᠢ ᠴᠢᠩᠭᠠᠳᠬᠠᠵᠦ᠂ ᠪᠥᠬᠦ ᠨᠡᠶᠢᠭᠡᠮ ᠤᠨ ᠠᠮᠢ ᠠᠬᠤᠢ ᠶᠢᠨ ᠪᠤᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃          ︵ᠳᠠᠪᠤ︶ ᠪᠠᠳᠤᠯᠠᠭ᠎ᠠ ᠶᠢᠨ ᠴᠢᠳᠠᠪᠬᠢ ᠶᠢ ᠢᠯᠡᠳᠲᠠ ᠴᠢᠩᠭᠠᠳᠬᠠᠨ᠎ᠠ᠃ ᠳᠦᠷᠪᠡᠨ ᠵᠦᠭ ᠢ ᠬᠤᠯᠪᠤᠭᠰᠠᠨ ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠳᠡᠭᠡᠭᠡᠪᠦᠷᠢ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠬᠦᠭᠵᠢᠯᠳᠡ ᠶᠢ ᠳᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠬᠢ ᠶᠢ ᠮᠡᠳᠡᠭᠳᠡᠭᠦᠶᠢᠴᠡ ᠲᠡᠭᠡᠭᠰᠢᠯᠡᠭᠦᠯᠦᠨ᠎ᠡ᠃ ᠤᠯᠤᠰ ᠤᠨ ᠦᠨᠳᠦᠷ ᠬᠤᠷᠳᠤᠴᠠᠳᠤ ᠵᠠᠰᠠᠮᠠᠯ ᠵᠠᠮ᠂ ᠤᠯᠤᠰ ᠮᠤᠵᠢ ᠶᠢᠨ ᠭᠤᠤᠯ ᠵᠠᠮ᠂ ᠮᠠᠯᠵᠢᠬᠤ ᠤᠷᠤᠨ ᠤ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ᠂ ᠳᠡᠮᠦᠷ ᠵᠠᠮ ᠪᠠ ᠡᠨᠧᠷᠬᠢ ᠵᠦᠭᠡᠭᠡᠪᠦᠷᠢᠯᠡᠬᠦ ᠵᠠᠮ ᠱᠣᠭᠤᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠠᠭᠤᠷᠬᠠᠢ ᠶᠢᠨ ᠤᠷᠤᠨ᠂ ᠬᠦᠷᠢᠶᠡᠯᠡᠩ ᠳᠤᠭᠤᠷᠢᠭ ᠎ ᠤᠨ ᠳᠡᠮᠦᠷ ᠵᠠᠮ ᠤᠨ ᠳᠤᠰᠬᠠᠢ ᠱᠤᠭᠤᠮ ᠢ ᠳᠡᠭᠦᠯᠳᠡᠷᠵᠢᠭᠦᠯᠦᠨ᠂ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠣᠨ ᠳᠡᠰ ᠳᠡᠪᠰᠢᠭᠦᠯᠵᠦ᠂ ᠨᠡᠶᠢᠰᠯᠡᠯ ᠳᠤ ᠤᠷᠤᠬᠤ ᠠᠶᠠᠨᠴᠢᠳ ᠤᠨ ᠳᠡᠭᠡᠭᠡᠪᠦᠷᠢ ᠪᠠ ᠤᠯᠠᠨ ᠤᠯᠤᠰ ᠤᠨ ᠨᠢᠰᠭᠡᠯ ᠤᠨ ᠵᠠᠮ ᠱᠤᠭᠤᠮ ᠢ ᠡᠷᠳᠡ ᠨᠢᠭᠡ ᠡᠳᠦᠷ ᠨᠡᠪᠳᠡᠷᠡᠭᠦᠯᠦᠨ᠎ᠡ︔ ᠬᠤᠳᠠ ᠶᠢᠨ ᠴᠠᠬᠢᠯᠭᠠᠨ ᠳᠤᠤᠷ ᠤᠨ ᠵᠠᠰᠠᠨ ᠰᠠᠶᠢᠵᠢᠷᠠᠭᠤᠯᠤᠯᠳᠠ ᠪᠠ ᠬᠦᠲᠡᠭᠡ ᠲᠤᠰᠬᠤᠨ ᠤ ᠴᠠᠬᠢᠯᠭᠠᠨ ᠳᠤᠤᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ︔ ᠤᠰᠤᠨ ᠠᠰᠢᠭᠯᠠᠯᠳᠠ ᠶᠢᠨ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ︔ ᠰᠤᠷᠠᠭ ᠵᠠᠩᠬᠢ ᠴᠢᠮᠡᠭᠡ ᠬᠤᠯᠪᠣᠭᠠᠨ ᠤ ᠳᠤᠤᠷ ᠰᠦᠯᠵᠢᠶ᠎ᠡ ᠶᠢ ᠳᠡᠭᠦᠯᠳᠡᠷᠵᠢᠭᠦᠯᠵᠦ᠂ ᠲᠣᠮᠦ ᠳᠤᠭ᠎ᠠ ᠪᠠᠷᠢᠮᠳᠠ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠵᠦ ︽ᠭᠤᠷᠪᠠᠨ ᠳᠤᠤᠷ ᠎ ᠤᠨ ᠣᠶᠠᠯᠳᠣᠯ︾᠎ ᠢ ᠪᠦᠭᠦ ᠳᠠᠯ᠎ᠠ ᠪᠠᠷ ᠳᠦᠯᠬᠢᠨ ᠠᠬᠢᠭᠤᠯᠤᠨ᠎ᠠ᠃         ︵ᠵᠢᠷᠭᠤᠭ᠎ᠠ︶ ᠪᠠᠶᠢᠭᠤᠯᠤᠯ ᠳᠤᠭᠳᠠᠴᠠ ᠶᠢ ᠤᠯᠠᠮ ᠳᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠡ ᠶᠢ ᠳᠤᠮᠤ ᠴᠢᠬᠤᠯᠠ ᠰᠢᠪᠳᠤᠯᠤᠯᠳᠠ ᠲᠠᠢ ᠪᠤᠯᠭᠠᠨ᠂ ᠳᠤᠳᠤᠭᠠᠳᠤ ᠭᠠᠳᠠᠭᠠᠳᠤ ᠲᠠᠢ ᠪᠦᠬᠦ ᠲᠠᠯ᠎ᠠ ᠪᠠᠷ ᠴᠢᠯᠦᠭᠡᠲᠡᠢ ᠶᠠᠪᠣᠯᠴᠠᠬᠤ ᠪᠠᠶᠢᠳᠠᠯ ᠦᠨᠳᠦᠰᠦᠨ ᠳᠡᠭᠡᠨ ᠪᠦᠷᠢᠯᠳᠦᠭᠰᠡᠨ ᠪᠠᠶᠢᠨ᠎ᠠ᠃ ᠠᠵᠤ ᠠᠬᠤᠢ ᠶᠢᠨ ᠪᠦᠳᠦᠴᠡ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠠᠬᠢᠭᠤᠯᠵᠤ᠂ ᠬᠦᠭᠵᠢᠯᠲᠡ ᠶᠢᠨ ᠠᠮᠢᠵᠢᠷᠠᠯ ᠎ ᠤᠨ ᠬᠦᠴᠦᠨ ᠪᠠ ᠵᠠᠰᠠᠭ ᠵᠠᠬᠢᠷᠭᠠᠨ ᠤ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠰᠠᠭ ᠢ ᠴᠣᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ ᠶᠢ ᠶᠡᠭᠡᠪᠡᠷ ᠲᠦᠯᠬᠢᠨ ᠠᠬᠢᠭᠤᠯᠵᠦ᠂ ᠬᠦᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︽ᠬᠤᠶᠠᠷ ᠢ ᠡᠭᠦᠳᠬᠦ︾᠎ ᠶᠢ ᠢᠳᠡᠪᠬᠢᠲᠡᠢ ᠠᠬᠢᠭᠤᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦ ᠶᠢ ᠪᠠᠳᠠᠷᠠᠭᠤᠯᠣᠨ᠎ᠠ᠃         ᠭᠤᠷᠪᠠ᠂ 2016 ᠤᠨ ᠤ ᠭᠤᠤᠯᠳᠠᠯᠭ᠎ᠠ ᠲᠠᠢ ᠠᠵᠢᠯ2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠳᠦᠯᠦᠪᠵᠢᠭᠦᠯᠦᠯᠭᠡ ᠶᠢ ᠬᠡᠷᠡᠭᠵᠢᠭᠦᠯᠭᠦ ᠡᠬᠢᠯᠡᠯᠳᠡ ᠶᠢᠨ ᠵᠢᠯ ᠪᠤᠯᠤᠨ᠎ᠠ᠃ ᠳᠤᠰ ᠵᠢᠯ ᠤᠨ ᠡᠯ᠎ᠡ ᠳᠦᠷᠦᠯ ᠤᠨ ᠠᠵᠢᠯ ᠢ ᠰᠠᠶᠢᠳᠤᠷ ᠬᠢᠭᠦ ᠨᠢ ᠳᠤᠩ ᠶᠡᠭᠡ ᠤᠳᠬ᠎ᠠ ᠠᠭᠤᠯᠭ᠎ᠠ ᠲᠠᠢ ᠶᠤᠮ᠃ ᠶᠡᠷᠦᠩᠭᠡᠢ ᠳᠤ ᠨᠢ ᠠᠪᠴᠤ ᠭᠡᠯᠡᠪᠡᠯ᠂ ᠪᠢᠲᠡᠨ ᠳᠤ ᠳᠤᠯᠭᠠᠷᠠᠵᠤ ᠪᠠᠶᠢᠭ᠎ᠠ ᠦᠷᠢᠰᠦᠯᠳᠦᠭᠡᠨ ᠪᠠ ᠠᠵᠠ ᠳᠤᠬᠢᠶᠠᠯ ᠵᠡᠷᠭᠡᠴᠡᠨ ᠤᠷᠤᠰᠢᠵᠦ ᠪᠠᠶᠢᠭ᠎ᠠ ᠶᠤᠮ᠃ ᠠᠵᠠ ᠳᠤᠬᠢᠶᠠᠯ ᠨᠢ ᠦᠷᠢᠰᠦᠯᠳᠦᠭᠡᠨ ᠠᠴᠠ ᠶᠡᠭᠡ᠃ ᠮᠠᠨ ᠤ ᠬᠤᠳᠠ ᠡᠯᠪᠡᠭ ᠪᠠᠶᠠᠯᠢᠭ ᠡᠬᠢ ᠪᠠᠶᠠᠯᠢᠭ ᠪᠠ ᠰᠢᠯᠢᠳᠡᠭ ᠰᠠᠶᠢᠨ ᠤᠷᠤᠨ ᠪᠠᠶᠢᠷᠢ ᠶᠢᠨ ᠳᠠᠪᠠᠭᠤᠯᠢᠭ ᠲᠠᠭᠠᠨ ᠳᠦᠰᠢᠭᠯᠡᠵᠦ᠂ ᠤᠯᠤᠰ ᠤᠨ ᠴᠡᠪᠡᠷ ᠡᠨᠧᠷᠬᠢ ᠶᠢ ᠭᠠᠳᠠᠭᠰᠢ ᠭᠠᠷᠭᠠᠬᠤ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ᠂ ᠵᠢᠭᠤᠯᠴᠢᠯᠡᠯ ᠰᠡᠯᠡᠭᠦᠴᠡᠨ ᠵᠤᠭᠠᠴᠠᠬᠤ ᠵᠡᠷᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠎ ᠶᠢ ᠠᠬᠢᠭᠤᠯᠵᠤ᠂ ᠬᠦᠭᠵᠢᠯᠳᠡ ᠶᠢ ᠳᠦᠷᠭᠡᠳᠭᠡᠭᠦ ᠳᠤ ᠯᠤᠳᠤ ᠶᠡᠭᠡ ᠬᠦᠳᠡᠯᠭᠡᠭᠦ ᠬᠦᠴᠦᠨ ᠬᠤᠷᠠᠮᠳᠣᠭᠤᠯᠬᠤ ᠬᠡᠷᠡᠭᠲᠠᠢ ︔ ᠤᠯᠤᠰ ᠠᠴᠠ ᠪᠠᠷᠠᠭᠤᠨ ᠤᠷᠤᠨ ᠪᠠ ᠦᠨᠳᠦᠰᠦᠳᠡᠨ ᠤ ᠭᠠᠵᠠᠷ ᠤᠷᠤᠨ ᠢ ᠳᠡᠮᠵᠢᠭᠦ ᠬᠦᠴᠦᠯᠡᠴᠡ ᠪᠠᠨ ᠦᠷᠭᠦᠯᠵᠢᠯᠡᠨ ᠨᠡᠮᠡᠭᠲᠡᠭᠦᠯᠬᠦ ᠨᠢ ᠬᠦᠭᠵᠢᠯᠳᠡ ᠶᠢ ᠳᠦᠷᠭᠡᠳᠭᠡᠭᠦ ᠳᠤ ᠤᠯᠳᠠᠬᠤᠶ᠎ᠠ ᠪᠡᠷᠭᠡ ᠳᠦᠷᠦ ᠶᠢᠨ ᠪᠤᠳᠤᠯᠭ᠎ᠠ ᠎ ᠶᠢᠨ ᠤᠷᠴᠢᠨ ᠠᠬᠤᠢ ᠶᠢ ᠪᠦᠷᠢᠯᠳᠦᠭᠦᠯᠵᠦ ᠥᠭᠭᠦᠭᠰᠡᠨ ᠪᠠᠶᠢᠨ᠎ᠠ︔ ᠨᠠᠮ ᠤᠨ ᠳᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠡᠷᠡᠭᠵᠢᠭᠦᠯᠵᠦ ︽ᠨᠢᠭᠡ ᠪᠦᠰᠡ ᠨᠢᠭᠡ ᠵᠠᠮ︾᠂ ᠳᠤᠮᠳᠠᠳᠤ᠂ ᠤᠷᠤᠰ᠂ ᠮᠤᠩᠭᠤᠯ ᠤᠯᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠵᠡᠷᠭᠡ ᠪᠠᠶᠢᠯᠳᠤᠬᠤ ᠪᠤᠳᠤᠯᠭ᠎ᠠ ᠶᠢ ᠠᠬᠢᠭᠤᠯᠵᠤ᠂ ᠬᠦᠭᠵᠢᠭᠰᠡᠨ ᠤᠷᠤᠨ ᠤ ᠠᠵᠤ ᠦᠢᠯᠡᠰ ᠎ ᠤᠨ ᠰᠢᠯᠵᠢᠯᠲᠡ ᠶᠢ ᠳᠦᠷᠭᠡᠳᠭᠡᠵᠦ᠂ ᠤᠯᠤᠰ ᠤᠨ ᠳᠤᠳᠤᠭᠠᠳᠤ ᠶᠢᠨ ᠬᠡᠷᠡᠭᠯᠡᠭᠡᠨ ᠤ ᠪᠦᠳᠦᠴᠡ ᠶᠢ ᠪᠦᠭᠦ ᠳᠠᠯ᠎ᠠ ᠎ ᠪᠠᠷ ᠳᠡᠰ ᠲᠡᠪᠰᠢᠭᠦᠯᠦᠨ᠂ ᠮᠠᠨ ᠤ ᠬᠤᠳᠠ ᠶᠢᠨ ᠠᠵᠤ ᠠᠬᠤᠢ ᠶᠢᠨ ᠪᠦᠳᠦᠴᠡ ᠶᠢ ᠳᠤᠬᠢᠷᠠᠭᠤᠯᠬᠤ᠂ ᠬᠦᠭᠵᠢᠯᠳᠡ ᠎ ᠶᠢᠨ ᠳᠤᠳᠠᠭᠤᠳᠠᠯ ᠢᠶᠠᠨ ᠨᠦᠭᠦᠪᠦᠷᠢᠯᠡᠭᠦ᠂ ᠭᠠᠳᠠᠭᠠᠳᠤ ᠳᠤ ᠨᠡᠭᠡᠭᠡᠯᠳᠡ ᠬᠢᠭᠦ ᠶᠢ ᠳᠦᠷᠭᠡᠳᠭᠡᠭᠦ ᠳᠤ ᠡᠷᠬᠢᠮ ᠨᠠᠨᠳᠢᠨ ᠠᠵᠠ ᠵᠠᠪᠰᠢᠶᠠᠨ ᠬᠠᠩᠭᠠᠭᠰᠠᠨ ᠪᠠᠶᠢᠨ᠎ᠠ᠃ ᠪᠢᠳᠡ ᠠᠵᠠ ᠳᠤᠬᠢᠶᠠᠯ ᠢ ᠠᠮᠵᠢᠨ ᠡᠵᠡᠮᠳᠡᠵᠦ᠂ ᠯᠠᠪᠳᠠᠭᠤᠨ ᠪᠠᠳᠤᠳᠠᠢ ᠠᠵᠢᠯᠯᠠᠨ᠂ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠲᠥᠯᠦᠪᠵᠢᠭᠦᠯᠦᠯᠭᠡ ᠶᠢᠨ ᠰᠢᠯᠢᠳᠡᠭ ᠰᠠᠶᠢᠨ ᠡᠬᠢᠯᠡᠯᠳᠡ ᠎ ᠶᠢ ᠪᠡᠶᠡᠯᠡᠭᠦᠯᠵᠦ᠂ ᠤᠬᠢ ᠰᠢᠯᠢᠳᠡᠭ ᠬᠢᠷᠢ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠣᠭᠳᠣᠶ᠎ᠠ᠃              ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠲᠡᠭᠡᠳᠦ ᠱᠠᠲᠣᠨ ᠤ ᠡᠯ᠎ᠡ ᠲᠦᠷᠦᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠳᠤᠤᠱᠯᠠᠭᠤᠯᠵᠤ᠂ ︽ᠳᠠᠪᠤ ᠶᠢ ᠨᠢᠭᠡ ᠴᠤᠭᠴᠠᠵᠢᠭᠤᠯᠬᠤ︾ ᠪᠠ ︽ᠳᠦᠷᠪᠡᠨ ᠪᠦᠭᠦ ᠳᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠣᠯᠲᠠ ᠶᠣᠰᠣᠭᠠᠷ᠂ ᠬᠦᠭᠵᠢᠯᠳᠡ ᠶᠢᠨ ᠲᠠᠪᠣᠨ ᠶᠡᠭᠡ ᠣᠶᠢᠯᠠᠭᠠᠭᠳᠠᠬᠤᠨ ᠢ ᠪᠠᠲᠦ ᠪᠠᠬᠢ ᠪᠤᠯᠭᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ‌‍ᠲ᠋ᠤᠬᠢᠷᠠᠯᠴᠠᠵᠤ᠂ ᠬᠠᠩᠭᠠᠯᠭ᠎ᠠ ᠶᠢᠨ ᠲᠠᠯ᠎ᠠ ᠎ ᠳᠠᠬᠢ ᠪᠦᠲᠦᠴᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠦ᠂ ᠦᠷ᠎ᠡ ᠠᠰᠢᠬᠲᠤ ᠪᠡᠯᠡ ᠤᠷᠤᠭᠤᠯᠤᠯᠳᠠ ᠶᠢ ᠨᠡᠮᠡᠭᠳᠡᠭᠦᠯᠵᠦ᠂ ᠨᠡᠮᠡᠭᠳᠡᠯ ᠤᠨ ᠨᠦᠭᠡᠴᠡ ᠬᠦᠴᠦᠨ ᠢ ᠬᠦᠴᠦᠯᠡᠨ ᠬᠤᠷᠠᠮᠳᠤᠭᠤᠯᠤᠨ᠎ᠠ︔ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠦᠨ᠂ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠭᠦ ᠶᠢ ᠬᠦᠴᠦᠯᠡᠨ ᠠᠬᠢᠭᠤᠯᠤᠨ᠎ᠠ︔ ᠪᠠᠶᠢᠭᠤᠯᠤᠯ ᠳᠤᠭᠳᠠᠴᠠ ᠶᠢ ᠲᠡᠭᠦᠯᠳᠡᠷᠵᠢᠭᠦᠯᠦᠨ᠂ ᠬᠦᠭᠵᠢᠯᠳᠡ ᠶᠢᠨ ᠠᠮᠢᠳᠤᠯᠢᠭ ᠬᠦᠴᠦᠨ ᠢ ᠬᠦᠴᠦᠯᠡᠨ ᠨᠡᠮᠡᠭᠳᠡᠭᠦᠯᠦᠨ᠎ᠡ︔ ᠰᠠᠭᠤᠷᠢ ᠨᠦᠭᠦᠴᠡᠯ ᠢ ᠰᠠᠶᠢᠵᠢᠷᠠᠭᠤᠯᠤᠨ᠂ ᠪᠠᠳᠤᠯᠠᠭ᠎ᠠ ᠶᠢᠨ ᠴᠢᠳᠠᠪᠬᠢ ᠶᠢ ᠬᠦᠴᠦᠯᠡᠨ ᠳᠡᠭᠡᠭᠰᠢᠯᠡᠭᠦᠯᠦᠨ᠎ᠡ︔ ᠠᠷᠠᠳ ᠤᠨ ᠠᠮᠢᠳᠤᠷᠠᠯ ᠢ ᠶᠡᠬᠡᠪᠡᠷ ᠰᠠᠶᠢᠵᠢᠷᠠᠭᠤᠯᠤᠨ᠂ ᠨᠡᠶᠢᠭᠡᠮ ᠡᠶ᠎ᠡ ᠵᠤᠬᠢᠴᠠᠯ ᠎ ᠲᠠᠢ ᠪᠠᠶᠢᠬᠤ ᠶᠢ ᠬᠦᠴᠦᠯᠡᠨ ᠠᠬᠢᠭᠤᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠯᠢᠳᠡᠭ ᠰᠠᠶᠢᠨ ᠡᠬᠢᠯᠡᠯᠳᠡ ᠶᠢ ᠴᠢᠷᠮᠠᠶᠢᠨ ᠪᠡᠶᠡᠯᠡᠭᠦᠯᠦᠨ᠎ᠡ᠃             ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠶᠢᠨ ᠶᠡᠷᠦᠩᠬᠡᠢ ᠥᠷᠲᠡᠭ ᠢ 10 %᠎ ᠪᠠᠷ ᠨᠡᠮᠡᠭᠳᠡᠭᠦᠯᠦᠨ᠎ᠡ᠃ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠨᠡᠮᠡᠭᠲᠡᠯ ᠥᠷᠳᠡᠭ ᠢ ᠲᠤᠰᠪᠣᠷᠢ 11.4%᠂ 7.1 %᠂ 10.5%᠎ ᠪᠠᠷ ᠨᠡᠮᠡᠭᠲᠡᠭᠦᠯᠵᠦ᠂ ᠡᠭᠦᠨ ᠤ ᠳᠤᠮᠳᠠ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7.1%᠎ ᠪᠠᠷ ᠨᠡᠮᠡᠭᠳᠡᠭᠦᠯᠦᠨ᠎ᠡ᠃ ᠪᠦᠭᠦ ᠨᠡᠶᠢᠭᠡᠮ ᠤᠨ ᠳᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠨᠡᠮᠡᠭᠳᠡᠯ ᠢ 21.6%᠎ ᠪᠠᠷ ᠨᠡᠮᠡᠭᠳᠡᠭᠦᠯᠦᠨ᠎ᠡ᠃ ᠨᠡᠶᠢᠳᠡ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 11.1%᠎ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠳᠠᠸᠠᠷ ᠎ ᠤᠨ ᠵᠢᠵᠢᠭᠯᠡᠨ ᠪᠤᠷᠤᠯᠠᠭᠤᠯᠤᠯᠳᠠ ᠶᠢ 11.5%᠎ ᠪᠠᠷ ᠨᠡᠮᠡᠭᠳᠡᠭᠦᠯᠦᠨ᠎ᠡ᠃ ᠬᠤᠳᠠ ᠬᠦᠳᠡᠭᠡ ᠶᠢᠨ ᠪᠠᠶᠢᠩᠭᠤ ᠰᠠᠭᠤᠷᠢᠰᠢᠬᠤ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ ᠡᠵᠡᠮᠳᠡᠵᠦ ᠪᠣᠯᠬᠤᠶᠢᠴᠠ ᠤᠷᠤᠯᠭ᠎ᠠ ᠶᠢ ᠳᠤᠰ ᠪᠦᠷᠢ 9% ᠪᠠ 10.5%᠎ ᠪᠠᠷ ᠨᠡᠮᠡᠭᠳᠡᠭᠦᠯᠦᠨ᠎ᠡ᠃ 4000 ᠬᠦᠮᠦᠨ ᠳᠤ ᠰᠢᠨ᠎ᠡ ᠪᠠᠷ ᠠᠵᠢᠯ ᠣᠯᠭᠤᠵᠦ᠂ ᠪᠦᠳᠦᠴᠡ ᠶᠢᠨ ᠴᠢᠨᠠᠷ ᠲᠠᠢ ᠦᠭᠡᠷᠡᠴᠢᠯᠡᠯᠳᠡ ᠶᠢ ᠠᠬᠢᠯᠲᠠ ᠲᠠᠢ ᠪᠣᠯᠭᠠᠨ᠎ᠠ᠃             ᠲᠡᠭᠡᠷᠡᠬᠢ ᠬᠠᠷᠠᠯᠳᠠ ᠶᠢᠨ ᠳᠤᠭᠤᠷᠢᠨ ᠳᠤ᠂ ᠲᠣᠣᠷᠠᠬᠢ ᠭᠡᠳᠦᠨ ᠳᠠᠯ᠎ᠠ ᠶᠢᠨ ᠠᠵᠢᠯ ᠢ ᠭᠤᠣᠯᠳᠠᠯᠭ᠎ᠠ ᠎ ᠲᠠᠢ ᠰᠠᠶᠢᠳᠤᠷ ᠬᠢᠨ᠎ᠡ᠃             ︵ᠨᠢᠭᠡ︶ ᠪᠦᠳᠦᠴᠡ ᠵᠢᠨ‌ᠥᠭᠡᠷᠡᠴᠢᠯᠡᠯᠲᠡ ᠶᠢ ᠠᠬᠢᠭᠤᠯᠤᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠎ᠠ᠃ ᠨᠥᠭᠡᠴᠡ ᠶᠢ ᠡᠷᠬᠢᠯᠲᠡ ᠲᠠᠢ ᠪᠣᠯᠭᠠᠬᠤ ᠪᠤᠯᠤᠨ ᠨᠡᠮᠡᠭᠲᠡᠯ ᠬᠡᠮᠵᠢᠶ᠎ᠡ ᠶᠢ ᠥᠷᠭᠡᠳᠬᠡᠬᠦ ᠶᠢ ᠬᠠᠮᠳᠣ ᠳᠤᠨᠢ ᠶᠠᠪᠤᠭᠲᠠᠭᠤᠯᠵᠤ᠂ ︽ᠭᠤᠷᠪᠠ ᠶᠢ ᠠᠷᠢᠯᠭᠠᠵᠣ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠲᠠᠪᠣᠨ ᠶᠡᠭᠡ ᠡᠭᠦᠷᠭᠡ ᠶᠢ ᠰᠠᠶᠢᠳᠣᠷ ᠨᠠᠶᠢᠳᠠᠪᠣᠷᠢᠵᠢᠭᠤᠯᠤᠨ᠂ ᠠᠵᠤ ᠠᠬᠤᠢ ᠶᠢᠨ ᠬᠥᠭᠵᠢᠯᠲᠡ ᠎ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃            ᠨᠥᠭᠡᠴᠡ ᠠᠵᠤ ᠠᠬᠤᠢ ᠶᠢ ᠲᠤᠬᠢᠷᠠᠭᠤᠯᠤᠨ ᠰᠢᠯᠢᠳᠡᠭᠵᠢᠭᠦᠯᠵᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠤᠭᠲᠠᠪᠤᠷᠢᠵᠢᠭᠤᠯᠤᠨ᠎ᠠ᠃ ᠠᠵᠤ ᠠᠬᠤᠢ ᠶᠢᠨ ᠡᠷᠬᠢᠯᠲᠡ ᠶᠢ ᠵᠠᠳᠠᠯᠵᠤ ᠰᠣᠳᠣᠯᠬᠤ ᠪᠠ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠨ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾᠎ ᠶᠢᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠲᠤᠮᠳᠠᠬᠢ ᠬᠦᠴᠢᠷᠲᠡᠯ ᠪᠠ ᠠᠰᠠᠭᠤᠲᠠᠯ ᠢ ᠦᠨᠡᠨᠬᠦ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠥᠪᠡᠷ ᠎ ᠤᠨ ᠥᠷᠳᠡᠭ ᠢ ᠴᠢᠷᠮᠠᠶᠢᠨ ᠲᠤᠷᠣᠭᠰᠢᠯᠠᠭᠤᠯᠣᠨ᠎ᠠ᠃ ᠥᠪᠡᠷ ᠤᠨ ᠥᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠲᠡᠭᠦᠯᠬᠦ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠦᠨ᠂ ᠵᠠᠰᠠᠭ ᠢ ᠴᠣᠮᠬᠠᠳᠬᠠᠵᠣ ᠡᠷᠬᠡ ᠶᠢ ᠲᠤᠷᠣᠭᠰᠢ ᠲᠠᠯᠪᠢᠬᠤ᠂ ᠭᠠᠶᠢᠯᠢ ᠠᠴᠠ ᠬᠡᠯᠳᠦᠷᠢᠭᠦᠯᠬᠦ᠂ ᠮᠥᠩᠭᠦᠨ ᠭᠦᠢᠯᠭᠡᠭᠡ ᠪᠠᠷ ᠲᠡᠳᠬᠦᠬᠦ᠂ ᠴᠠᠬᠢᠯᠭᠠᠨ ᠬᠦᠴᠦᠨ ᠤ ᠦᠨ᠎ᠡ ᠬᠠᠩᠰᠢ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠤᠨ᠂ ︽ᠨᠡᠶᠢᠯᠡᠮᠡᠯ ᠬᠦᠴᠦᠨ︾᠎ ᠢ ᠰᠠᠶᠢᠳᠣᠷ ᠠᠳᠬᠤᠵᠣ᠂ ᠪᠦᠬᠦ ᠬᠦᠴᠦᠨ ᠢᠶᠠᠷ ᠢᠶᠠᠨ ᠠᠵᠣ ᠠᠬᠤᠶᠢᠯᠠᠯ ᠢ ᠬᠠᠪᠰᠣᠷᠣᠨ ᠰᠠᠭᠠᠳ ᠬᠦᠴᠦᠨ ᠢ ᠠᠷᠢᠯᠭᠠᠨ᠂ ᠠᠰᠢᠭ ᠣᠯᠬᠤ ᠴᠢᠳᠠᠪᠬᠢ ᠪᠤᠯᠤᠨ ᠦᠷᠭᠦᠯᠵᠢᠯᠡᠨ ᠬᠥᠭᠵᠢᠬᠦ ᠶᠢ ᠲᠠᠰᠣᠷᠠᠯᠲᠠ ᠦᠭᠡᠢ ᠨᠡᠮᠡᠭᠲᠡᠭᠦᠯᠦᠨ᠎ᠡ᠃ ᠦᠯᠡᠭᠦᠳᠡᠯ ᠦᠢᠯᠡᠳᠪᠦᠷᠢᠯᠡᠯ ᠤᠨ ᠴᠢᠳᠠᠪᠬᠢ ᠳᠤ ᠲᠤᠬᠢᠷᠠᠭᠤᠯᠤᠯᠲᠠ ᠬᠢᠵᠦ ᠰᠢᠯᠢᠳᠡᠭᠵᠢᠭᠦᠯᠦᠨ᠎ᠡ᠃ ᠥᠮᠴᠢ ᠬᠥᠷᠦᠩᠭᠡ ᠨᠢ ᠥᠭᠴᠡᠭᠡᠨ ᠳᠡᠭᠡᠨ ᠬᠦᠷᠬᠦ ᠦᠭᠡᠢ᠂ ᠵᠢᠯ ᠲᠠᠷᠠᠭᠠᠯᠠᠨ ᠬᠤᠬᠢᠷᠠᠯ ᠳᠤ ᠣᠴᠠᠷᠠᠵᠣ᠂ ︽ᠠᠮᠢᠵᠢᠷᠠᠯ ᠤᠨ ᠬᠦᠴᠦᠨ ᠦᠭᠡᠢ ᠠᠵᠤ ᠠᠬᠤᠶᠢᠯᠠᠯ︾᠎ ᠤᠨ ᠪᠡᠯᠡ ᠬᠥᠷᠦᠩᠭᠡ ᠶᠢ ᠲᠠᠬᠢᠵᠤ ᠲᠤᠬᠢᠷᠠᠭᠤᠯᠬᠤ᠂ ᠥᠮᠴᠢᠯᠡᠯ ᠤᠨ ᠡᠷᠬᠡ ᠶᠢ ᠰᠢᠯᠵᠢᠭᠦᠯᠬᠦ᠂ ᠲᠠᠮᠫᠣᠷᠠᠭᠤᠯᠵᠤ ᠲᠤᠶᠢᠯᠪᠤᠷᠢᠲᠠᠢ ᠲᠤᠭᠠᠴᠠᠭ᠎ᠠ ᠬᠢᠬᠦ ᠵᠡᠷᠭᠡ ᠠᠷᠭ᠎ᠠ ᠪᠠᠷᠢᠯ ᠢᠶᠠᠷ ᠬᠠᠣᠯᠢ ᠶᠣᠰᠣᠭᠠᠷ ᠰᠢᠭᠰᠢᠵᠦ ᠭᠠᠷᠭᠠᠨ᠎ᠠ᠃ ᠠᠵᠣ ᠠᠬᠤᠶᠢᠯᠠᠯ ᠢ ᠢᠲᠡᠪᠬᠢᠲᠠᠢ ᠪᠠᠷ ᠬᠥᠳᠦᠯᠦᠨ ᠵᠢᠯᠣᠭᠤᠳᠴᠣ᠂ ᠬᠤᠷᠣᠭᠲᠠᠯ ᠢ ᠪᠠᠭᠤᠷᠠᠭᠤᠯᠤᠨ ᠦᠷ᠎ᠡ ᠠᠰᠢᠭ ᠢ ᠨᠡᠮᠡᠭᠲᠡᠭᠦᠯᠬᠦ᠂ ᠲᠡᠰ ᠲᠡᠪᠰᠢᠭᠦᠯᠬᠦ᠂ ᠬᠠᠮᠳᠣᠷᠠᠭᠤᠯᠤᠨ ᠲᠡᠬᠢᠨ ᠪᠠᠶᠢᠭᠤᠯᠬᠤ᠂ ᠠᠵᠣ ᠦᠢᠯᠡᠰ ᠢ ᠰᠢᠯᠵᠢᠭᠦᠯᠵᠦ ᠬᠥᠭᠵᠢᠭᠦᠯᠬᠦ ᠵᠡᠷᠭᠡ ᠠᠷᠭ᠎ᠠ ᠪᠠᠷᠢᠯ ᠢᠶᠠᠷ ᠲᠠᠮᠵᠢᠨ ᠠᠵᠣ ᠠᠬᠤᠶᠢᠯᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠣᠨ᠎ᠠ᠃ ᠰᠢᠨ᠎ᠡ ᠶᠢ ᠡᠭᠦᠳᠬᠦ ᠬᠦᠲᠡᠯᠭᠡᠬᠦ ᠬᠦᠴᠦᠨ ᠤ ᠪᠠᠶᠢᠯᠳᠣᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠣᠳᠣᠬᠠᠨ ᠤ ᠠᠵᠣ ᠠᠬᠤᠶᠢᠯᠠᠯ ᠢ ᠵᠣᠷᠢᠭᠵᠢᠭᠤᠯᠣᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠂ ᠲᠤᠮᠲᠠ ᠵᠢᠵᠢᠭ ᠠᠵᠣ ᠠᠬᠤᠶᠢᠯᠠᠯ ᠎ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠮᠵᠢᠨ᠎ᠡ᠃ ᠬᠡᠷ ᠭᠠᠵᠠᠷ ᠬᠥᠷᠦᠩᠭᠡ ᠶᠢᠨ ᠨᠥᠭᠡᠴᠡ ᠬᠠᠳᠠᠭᠠᠯᠠᠭᠳᠠᠴᠠ ᠎ ᠶᠢ ᠡᠮᠬᠢ ᠵᠢᠷᠣᠮ ᠲᠠᠢ ᠰᠢᠩᠭᠡᠭᠡᠵᠦ ᠰᠢᠢᠳᠪᠦᠷᠢᠯᠡᠨ᠎ᠡ᠃ ᠨᠥᠭᠡᠴᠡ ᠶᠢ ᠠᠷᠢᠯᠭᠠᠬᠤ ᠠᠵᠢᠯ ᠪᠤᠯᠤᠨ ᠲᠦᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ᠂ ᠡᠷᠦᠬᠡ ᠠᠮᠠ ᠶᠢᠨ ᠲᠦᠷᠢᠮ ᠤᠨ ᠥᠭᠡᠷᠡᠴᠢᠯᠡᠯᠲᠡ᠂ ᠠᠵᠤ ᠦᠢᠯᠡᠰ ᠤᠨ ᠭᠥᠭᠵᠢᠯᠲᠡ ᠵᠡᠷᠭᠡ ᠲᠠᠢ ᠣᠶᠠᠯᠳᠣᠭᠤᠯᠣᠨ᠂ ᠬᠠᠩᠭᠠᠯᠭ᠎ᠠ ᠬᠡᠷᠡᠭᠴᠡᠭᠡ ᠶᠢ ᠬᠠᠷᠢᠯᠴᠠᠨ ᠨᠡᠪᠲᠡᠷᠡᠭᠦᠯᠦᠨ᠂ ᠬᠡᠷᠡᠭᠴᠡᠭᠡᠨ ᠤ ᠱᠠᠭᠠᠷᠳᠠᠯᠭ᠎ᠠ ᠶᠢ ᠶᠡᠬᠡᠰᠬᠡᠨ᠎ᠡ᠃ ᠬᠡᠷ ᠭᠠᠵᠠᠷ ᠬᠥᠷᠦᠩᠭᠡ ᠶᠢᠨ ᠠᠵᠤ ᠠᠬᠤᠶᠢᠯᠠᠯ ᠤᠨ ᠵᠠᠬ᠎ᠠ ᠲᠡᠯᠭᠡᠭᠦᠷ ᠤᠨ ᠵᠢᠮ᠎ᠡ ᠬᠠᠣᠯᠢ ᠳᠤ ᠲᠤᠬᠢᠷᠠᠯᠴᠠᠬᠤ ᠶᠢ ᠰᠠᠨᠠᠭᠠᠴᠢᠯᠠᠭ᠎ᠠ ᠠᠴᠠ ᠪᠠᠨ ᠬᠥᠳᠦᠯᠵᠦ᠂ ᠪᠤᠷᠣᠯᠠᠭᠤᠯᠭ᠎ᠠ ᠶᠢᠨ ᠠᠷᠭ᠎ᠠ ᠠᠪᠴᠠᠯ ᠪᠣᠯᠣᠨ ᠦᠨ᠎ᠡ ᠬᠠᠩᠰᠢ ᠶᠢ ᠣᠨᠣᠪᠴᠢᠲᠠᠢ ᠲᠤᠬᠢᠷᠠᠭᠤᠯᠤᠨ᠂ ᠲᠠᠸᠠᠷ ᠤᠨ ᠣᠷᠣᠨ ᠰᠠᠭᠤᠴᠠ ᠶᠢᠨ ᠬᠤᠲᠠᠯᠳᠣᠵᠣ ᠭᠠᠷᠬᠤ ᠨᠣᠷᠮ᠎ᠠ ᠶᠢ ᠲᠡᠭᠡᠭᠰᠢᠯᠡᠭᠦᠯᠦᠨ᠎ᠡ᠃             ᠠᠵᠤ ᠠᠬᠤᠢ ᠶᠢᠨ ᠨᠡᠮᠡᠭᠲᠡᠯ ᠤᠨ ᠬᠦᠳᠡᠯᠭᠡᠭᠴᠢ ᠬᠦᠴᠦᠨ ᠢ ᠬᠥᠮᠦᠵᠢᠭᠦᠯᠦᠨ᠎ᠡ᠃ ᠲᠥᠷᠦᠯ ᠵᠦᠢᠯ ᠎ ᠤᠨ ᠪᠦᠳᠦᠭᠡᠨ ᠪᠠᠶᠢᠭᠤᠯᠤᠯᠲᠠ ᠶᠢ ᠰᠠᠶᠢᠳᠣᠷ ᠠᠳᠬᠤᠨ᠎ᠠ᠃ ᠲᠥᠷᠦᠯ ᠵᠦᠢᠯ ᠤᠨ ᠠᠬᠢᠭᠤᠯᠤᠯᠲᠠ ᠶᠢᠨ ᠲᠤᠭᠲᠠᠴᠠ ᠎ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠵᠢᠯ ᠳᠤ 78 ᠭᠤᠤᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠬᠦ ᠪᠠᠷ ᠲᠥᠯᠦᠪᠯᠡᠵᠦ᠂ 172 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠲᠥᠷᠦᠯ ᠵᠦᠢᠯ ᠎ ᠤᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠳᠣᠯᠠᠭ᠎ᠠ ᠶᠢ ᠴᠢᠩᠭᠠᠳᠬᠠᠨ᠂ ᠲᠥᠷᠦᠯ ᠵᠦᠢᠯ ᠢ ᠮᠦᠷᠲᠡᠨ ᠲᠠᠭᠠᠵᠣ ᠲᠤᠬᠢᠷᠠᠭᠤᠯᠬᠤ ᠦᠢᠯᠡᠴᠢᠯᠡᠭᠡᠨ ᠢ ᠰᠠᠶᠢᠳᠣᠷ ᠬᠢᠵᠦ᠂ ᠲᠥᠷᠦᠯ ᠵᠦᠢᠯ ᠤᠨ ᠠᠵᠢᠯ ᠢ ᠲᠦᠷᠭᠡᠨ ᠡᠬᠢᠯᠡᠭᠦᠯᠵᠦ᠂ ᠠᠰᠢᠭᠯᠠᠯᠲᠠ ᠳᠤ ᠣᠷᠣᠵᠣ ᠠᠰᠢᠭ ᠣᠯᠬᠤ ᠶᠢ ᠪᠠᠳᠣᠯᠠᠨ᠎ᠠ᠃ ᠪᠡᠯᠡ ᠮᠥᠩᠭᠦ ᠬᠤᠷᠠᠮᠳᠣᠭᠤᠯᠬᠤ ᠪᠠ ᠪᠡᠯᠡ ᠮᠥᠩᠭᠦ ᠣᠷᠣᠭᠤᠯᠬᠤ ᠠᠵᠢᠯ ᠢ ᠰᠠᠶᠢᠳᠣᠷ ᠠᠳᠬᠤᠨ᠎ᠠ᠃ PPP ᠬᠡᠯᠪᠡᠷᠢ᠂ ᠵᠢᠭᠡᠯᠡᠯᠭᠡ ᠶᠢᠨ ᠲᠡᠮᠳᠡᠭᠳᠦ ᠲᠠᠷᠬᠠᠭᠠᠬᠤ᠂ ᠭᠦᠢᠯᠭᠡᠭᠡᠨ ᠤ ᠪᠡᠯᠡ ᠮᠥᠩᠭᠦ ᠶᠢ ᠲᠦᠷᠢᠶᠡᠰᠦᠯᠡᠭᠦᠯᠬᠦ ᠵᠡᠷᠭᠡ ᠪᠡᠯᠡ ᠮᠥᠩᠭᠦ ᠶᠢᠨ ᠠᠷᠭ᠎ᠠ ᠵᠠᠮ ᠢ ᠨᠠᠷᠢᠨ ᠬᠢᠨᠠᠮᠠᠭᠠᠢ ᠲᠥᠰᠦᠪᠯᠡᠨ ᠰᠦᠪᠡᠭᠴᠢᠯᠡᠵᠦ᠂ ᠭᠠᠳᠠᠨ᠎ᠠ ᠣᠷᠣᠨ ᠤ ᠬᠤᠪᠢ ᠣᠷᠣᠭᠤᠯᠣᠭᠰᠠᠨ ᠪᠠᠩᠬᠢ᠂ ᠭᠦᠢᠯᠭᠡᠭᠡᠨ ᠤ ᠪᠡᠯᠡ ᠮᠥᠩᠭᠦ ᠶᠢ ᠲᠦᠷᠢᠶᠡᠰᠦᠯᠡᠭᠦᠯᠬᠦ ᠺᠣᠮᠫᠠᠨᠢ ᠪᠣᠯᠣᠨ ᠵᠢᠭᠡᠯᠡᠯᠭᠡ ᠶᠢᠨ ᠲᠡᠮᠳᠡᠭᠳᠦ ᠶᠢᠨ ᠠᠷᠠᠯᠵᠢᠶᠠᠨ ᠎ ᠤ ᠠᠵᠤ ᠠᠬᠤᠶᠢᠯᠠᠯ ᠤᠨ ᠬᠠᠮᠳᠣᠷᠠᠯᠴᠠᠭ᠎ᠠ ᠶᠢ ᠥᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠲᠣᠳᠠᠭᠳᠠᠬᠤ ᠬᠦᠴᠢᠷᠲᠡᠯ ᠢ ᠬᠥᠩᠭᠡᠯᠡᠨ᠎ᠡ᠃ ᠣᠬᠢ ᠰᠠᠶᠢᠨ ᠵᠠᠬ᠎ᠠ ᠲᠡᠯᠭᠡᠭᠦᠷ ᠤᠨ ᠲᠥᠰᠦᠪ ᠲᠤᠭᠲᠠᠭᠠᠨ᠂ ᠠᠵᠤ ᠠᠬᠤᠶᠢᠯᠠᠯ ᠤᠨ ᠪᠡᠯᠡ ᠣᠷᠣᠭᠤᠯᠣᠯᠲᠠ ᠶᠢᠨ ᠢᠲᠡᠭᠡᠯ ᠵᠤᠷᠢᠭ ᠢ ᠨᠡᠮᠡᠭᠲᠡᠭᠦᠯᠦᠨ᠎ᠡ᠃ ᠠᠷᠠᠯᠵᠢᠶᠠᠴᠢᠨ ᠣᠷᠢᠵᠣ ᠪᠡᠯᠡ ᠮᠥᠩᠭᠦ ᠣᠷᠣᠭᠤᠯᠬᠤ ᠶᠢ ᠰᠠᠶᠢᠳᠣᠷ ᠠᠳᠬᠤᠨ᠎ᠠ᠃ ᠠᠷᠠᠯᠵᠢᠶᠠᠴᠢᠨ ᠣᠷᠢᠵᠣ ᠪᠡᠯᠡ ᠮᠥᠩᠭᠦ ᠣᠷᠣᠭᠤᠯᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠤᠨ᠂ ᠲᠥᠷᠦᠯ ᠵᠦᠢᠯ ᠢ ᠵᠤᠯᠭᠠᠯᠳᠣᠭᠤᠯᠬᠤ ᠬᠦᠴᠦᠯᠡᠴᠡ ᠪᠠᠨ ᠶᠡᠬᠡᠳᠬᠡᠵᠦ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠣᠷᠢᠬᠤ᠂ ᠠᠷᠠᠯᠵᠢᠶ᠎ᠠ ᠬᠤᠳᠠᠯᠳᠤᠭ᠎ᠠ ᠪᠠᠷ ᠠᠷᠠᠯᠵᠢᠶᠠᠴᠢᠨ ᠣᠷᠢᠬᠤ ᠶᠢ ᠬᠦᠴᠦᠯᠡᠨ ᠥᠷᠨᠢᠭᠦᠯᠵᠦ᠂ ᠠᠷᠠᠯᠵᠢᠶᠠᠴᠢᠨ ᠣᠷᠢᠵᠣ ᠪᠡᠯᠡ ᠮᠥᠩᠭᠦ ᠣᠷᠣᠭᠤᠯᠬᠤ ᠪᠤᠲᠠᠲᠠᠢ ᠦᠷ᠎ᠡ ᠠᠰᠢᠭ ᠢ ᠲᠡᠭᠡᠭᠰᠢᠯᠡᠭᠦᠯᠦᠨ᠂ ᠴᠢᠬᠤᠯᠠ ᠶᠡᠭᠡ ᠠᠵᠣ ᠦᠢᠯᠡᠰ ᠤᠨ ᠲᠥᠷᠦᠯ ᠵᠦᠢᠯ ᠢ ᠲᠠᠳᠠᠨ ᠣᠷᠣᠭᠤᠯᠬᠤ ᠳᠤ ᠰᠢᠨ᠎ᠡ ᠰᠢᠪᠳᠣᠯᠣᠯᠲᠠ ᠣᠯᠬᠤ ᠪᠠᠷ ᠴᠢᠷᠮᠠᠶᠢᠨ᠂ ᠪᠦᠬᠦ ᠵᠢᠯ ᠳᠤ 110 ᠭᠠᠷᠣᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠠᠳᠠᠨ ᠣᠷᠣᠭᠤᠯᠣᠨ᠎ᠠ᠃ ᠬᠡᠷᠡᠭᠯᠡᠭᠡᠨ ᠤ ᠵᠢᠯᠣᠭᠤᠳᠣᠮᠵᠢ ᠶᠢ ᠰᠠᠶᠢᠳᠣᠷ ᠠᠳᠬᠤᠨ᠎ᠠ᠃ ᠣᠷᠣᠨ ᠲᠤᠭᠤᠷᠢᠭ ᠤᠨ ᠴᠢᠨᠠᠷᠲᠠᠢ ᠬᠡᠷᠡᠭᠯᠡᠭᠡᠨ ᠤ ᠲᠦᠪ ᠢ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠰᠣᠷᠠᠭ ᠵᠠᠩᠬᠢ ᠎ ᠶᠢᠨ ᠦᠢᠯᠡᠴᠢᠯᠡᠭᠡ᠂ ᠲᠦᠷᠭᠡᠨ ᠭᠤᠪᠢᠭᠤᠯᠬᠤ ᠪᠠᠷᠠᠭᠠᠨ ᠤ ᠭᠦᠢᠯᠭᠡᠭᠡ᠂ ᠡᠷᠡᠭᠦᠯ ᠴᠢᠬᠢᠷᠠᠭ ᠨᠠᠰᠣᠵᠢᠯ᠂ ᠪᠡᠶ᠎ᠡ ᠲᠠᠮᠢᠷ ᠎ ᠤᠨ ᠪᠤᠯᠪᠠᠰᠣᠷᠠᠭᠤᠯᠤᠯᠲᠠ᠂ ᠭᠡᠷ ᠤᠨ ᠶᠠᠪᠣᠲᠠᠯ ᠤᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠠᠵᠢᠯ ᠢ ᠬᠦᠴᠦᠯᠡᠨ ᠬᠥᠭᠵᠢᠭᠦᠯᠵᠦ᠂ ᠬᠡᠷᠡᠭᠯᠡᠭᠡᠨ ᠤ ᠲᠠᠯᠲᠠ ᠬᠦᠴᠦᠨ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃            ᠬᠥᠭᠵᠢᠯᠲᠡ ᠶᠢᠨ ᠪᠠᠳᠣᠯᠠᠭᠠᠨ ᠤ ᠴᠢᠳᠠᠪᠤᠷᠢ ᠶᠢ ᠴᠢᠩᠭᠠᠳᠬᠠᠨ᠎ᠠ᠃ ᠲᠡᠮᠦᠷ ᠵᠠᠮ ᠤᠨ ᠲᠡᠭᠡᠭᠡᠪᠦᠷᠢ ᠎ ᠶᠢᠨ ᠵᠠᠮ ᠱᠣᠭᠤᠮ ᠢ ᠨᠡᠪᠲᠡᠷᠡᠭᠦᠯᠦᠨ᠂ ᠰᠢᠯᠢ ᠶᠢᠨ ᠬᠤᠲᠠ — ᠡᠷᠢᠶᠡᠨ ᠬᠤᠲᠠ ᠬᠦᠷᠬᠦ ᠲᠡᠮᠦᠷ ᠵᠠᠮ ᠢ ᠲᠡᠭᠡᠷ᠎ᠡ ᠬᠠᠭᠠᠰ ᠵᠢᠯ ᠠᠰᠢᠭᠯᠠᠯᠲᠠ ᠳᠤ ᠣᠷᠣᠭᠤᠯᠵᠣ᠂ ᠳ᠋ᠠ ᠲᠠᠩ ᠤᠨ ᠵᠡᠭᠦᠨ ᠬᠤᠶᠠᠳᠣᠭᠠᠷ ᠨᠣᠮᠧᠷᠳᠣ ᠲᠡᠮᠦᠷ ᠵᠠᠮ ᠤᠨ ᠲᠠᠪᠬᠤᠷ ᠱᠣᠭᠤᠮ᠂ ᠰᠢ ᠯᠢᠩ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠣᠭᠤᠮ ᠢ ᠠᠵᠢᠯ ᠡᠬᠢᠯᠡᠭᠦᠯᠵᠦ᠂ ᠰᠢᠯᠢ ᠶᠢᠨ ᠬᠤᠲᠠ ᠠᠴᠠ ᠴᠢᠭᠤᠯᠤᠯᠳᠣ ᠬᠠᠭᠠᠯᠭ᠎ᠠ ᠬᠦᠷᠲᠡᠯᠡᠬᠢ ᠲᠦᠷᠭᠡᠨ ᠬᠤᠷᠳᠣᠴᠠᠳᠣ ᠲᠡᠮᠦᠷ ᠵᠠᠮ᠂ ᠵᠢᠢ ᠲᠦᠩ ᠲᠡᠮᠦᠷ ᠵᠠᠮ ᠤᠨ ᠬᠤᠷᠳᠣᠴᠠ ᠶᠢ ᠨᠡᠮᠡᠭᠲᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠤᠨ ᠣᠷᠢᠳᠠᠬᠢ ᠠᠵᠢᠯ ᠢ ᠰᠠᠶᠢᠳᠣᠷ ᠬᠢᠵᠦ᠂ ᠣᠯᠣᠰ ᠤᠨ ᠲᠡᠮᠦᠷ ᠵᠠᠮ ᠤᠨ ︽ᠠᠷᠪᠠᠨ ᠭᠤᠷᠪᠠᠳᠣᠭᠠᠷ ᠲᠠᠪᠤᠨ ᠵᠢᠯ︾ ᠎ ᠤᠨ ᠲᠥᠯᠦᠪᠵᠢᠭᠦᠯᠦᠯᠭᠡ ᠳᠤ ᠣᠷᠣᠭᠤᠯᠬᠤ ᠶᠢ ᠪᠠᠳᠣᠯᠠᠨ᠎ᠠ᠃ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠥᠨᠳᠦᠷ ᠬᠤᠷᠳᠣᠴᠠᠳᠣ ᠵᠠᠮ ᠤᠨ ᠰᠢᠯᠢ ᠶᠢᠨ ᠬᠤᠲᠠ ᠳᠠᠬᠢ ᠭᠡᠰᠡᠭ ᠢ ᠵᠢᠯ ᠤᠨ ᠲᠣᠳᠣᠷ᠎ᠠ ᠪᠠᠶᠢᠭᠤᠯᠵᠤ ᠲᠠᠭᠤᠰᠬᠠᠨ ᠲᠡᠷᠭᠡ ᠨᠡᠪᠲᠡᠷᠡᠭᠦᠯᠵᠦ᠂ ᠰᠢᠯᠢ ᠶᠢᠨ ᠬᠤᠲᠠ ᠠᠴᠠ ᠪᠡᠯᠭᠦᠲᠠᠢ ᠬᠦᠷᠬᠦ ᠵᠠᠰᠠᠮᠠᠯ ᠵᠠᠮ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠪᠦᠬᠦ ᠬᠤᠲᠠ ᠳᠤ ᠴᠠᠬᠢᠯᠭᠠᠨ ᠲᠤᠤᠷ ᠲᠤᠬᠢᠷᠠᠭᠤᠯᠬᠤ ᠲᠠᠭᠠᠭᠠᠴᠠ ᠶᠢᠨ ᠴᠢᠳᠠᠪᠤᠷᠢ ᠪᠤᠯᠤᠨ ᠴᠠᠬᠢᠯᠭᠠᠨ ᠬᠠᠩᠭᠠᠬᠤ ᠨᠠᠶᠢᠳᠠᠪᠤᠷᠢᠳᠣ ᠴᠢᠨᠠᠷ ᠢ ᠲᠡᠭᠡᠭᠰᠢᠯᠡᠭᠦᠯᠦᠨ᠂ ᠮᠠᠯᠵᠢᠬᠤ ᠣᠷᠣᠨ ᠤ ᠴᠠᠬᠢᠯᠭᠠᠨ ᠲᠤᠤᠷ ᠎ ᠢ ᠲᠡᠰ ᠲᠡᠪᠰᠢᠭᠦᠯᠦᠨ᠂ ᠴᠠᠬᠢᠯᠭᠠᠨ ᠲᠤᠤᠷ ᠤᠨ ᠪᠦᠷᠬᠦᠴᠡ ᠶᠢᠨ ᠨᠣᠷᠮ᠎ᠡ ᠶᠢ ᠲᠡᠭᠡᠭᠰᠢᠯᠡᠭᠦᠯᠦᠨ᠎ᠡ᠃ ᠠᠮᠢ ᠠᠬᠤᠢ ᠎ ᠶᠢᠨ ᠣᠰᠣᠨ ᠰᠢᠰᠲ᠋ᠧᠮ᠂ ᠬᠤᠲᠠ ᠶᠢᠨ ᠭᠠᠳᠠᠨᠠᠬᠢ ᠲᠤᠭᠤᠷᠢᠭᠤᠯ ᠵᠠᠮ ᠲᠠᠭᠠᠣ ᠬᠤᠲᠠ ᠶᠢᠨ ᠲᠡᠭᠦᠷᠭᠡ ᠶᠢᠨ ᠦᠶᠡᠷ ᠎ ᠢ ᠰᠡᠷᠭᠡᠶᠢᠯᠡᠬᠦ᠂ ᠪᠠᠶᠠᠨᠪᠤᠯᠠᠭ ᠣᠰᠣᠨ ᠤ ᠡᠬᠢ ᠰᠣᠷᠪᠣᠯᠵᠢ ᠶᠢᠨ ᠣᠰᠣ ᠬᠠᠩᠭᠠᠬᠤ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢᠨ ᠣᠰᠣᠨ ᠠᠰᠢᠭᠯᠠᠯᠲᠠ ᠶᠢᠨ ᠬᠠᠮᠠᠭᠠᠯᠠᠯᠲᠠ᠂ ᠮᠠᠯᠵᠢᠬᠤ ᠣᠷᠣᠨ ᠤ ᠣᠰᠣ ᠶᠢ ᠠᠷᠪᠢᠯᠠᠬᠤ ᠣᠰᠣᠯᠠᠯᠲᠠ᠂ ᠦᠶᠡᠷ ᠢ ᠰᠡᠷᠭᠡᠶᠢᠯᠡᠵᠦ ᠵᠠᠰᠠᠬᠤ ᠵᠡᠷᠭᠡ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠣᠰᠣᠨ ᠤ ᠬᠠᠩᠭᠠᠯᠲᠠ ᠶᠢᠨ ᠪᠠᠳᠣᠯᠠᠭ᠎ᠠ ᠪᠠ ᠦᠶᠡᠷ ᠢ ᠰᠡᠷᠭᠡᠶᠢᠯᠡᠵᠦ ᠠᠶᠣᠯ ᠢ ᠦᠭᠡᠶᠢᠰᠬᠡᠬᠦ ᠴᠢᠳᠠᠪᠤᠷᠢ ᠶᠢ ᠲᠡᠭᠡᠭᠰᠢᠯᠡᠭᠦᠯᠦᠨ᠎ᠡ᠃            ︵ᠬᠤᠶᠠᠷ︶ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠭᠥᠭᠵᠢᠯᠲᠡ ᠶᠢᠨ ᠲᠡᠰ ᠳ᠋ᠣᠭᠠᠷ ᠢ ᠲᠡᠭᠡᠭᠰᠢᠯᠡᠭᠦᠯᠣᠨ᠎ᠡ᠃ ᠪᠦᠳᠦᠴᠡ ᠶᠢ ᠲᠤᠬᠢᠷᠠᠭᠤᠯᠬᠤ ᠪᠠ ᠲᠤᠳᠠᠭᠤᠲᠠᠯ ᠢᠶᠠᠨ ᠨᠥᠬᠦᠪᠦᠷᠢᠯᠡᠬᠦ ᠶᠢ ᠬᠠᠮᠳᠣ ᠳᠤᠨᠢ ᠶᠠᠪᠤᠭᠳᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠂ ᠭᠥᠭᠵᠢᠯᠲᠡ ᠶᠢᠨ ᠰᠢᠨ᠎ᠡ ᠲᠠᠪᠠᠭᠤᠯᠢᠭ ᠲᠠᠯ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃            ᠨᠢᠭᠡ ᠳᠤ᠂ ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠦᠨ᠂ ᠮᠠᠯᠴᠢᠳ ᠤᠨ ᠣᠷᠣᠯᠭ᠎ᠠ ᠶᠢ ᠨᠡᠮᠡᠭᠲᠡᠭᠦᠯᠦᠨ ᠪᠠᠶᠠᠵᠢᠯ ᠤᠨ ᠵᠠᠮ ᠢᠶᠠᠷ ᠵᠠᠮᠨᠠᠭᠤᠯᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠠᠳᠣᠲᠠᠢ ᠠᠬᠢᠭᠤᠯᠬᠤ ᠬᠡᠷᠡᠭᠲᠠᠢ᠃ ︽ᠣᠯᠠᠨ ᠲᠦᠮᠡᠨ ᠢᠶᠠᠷ ᠭᠤᠤᠯ ᠴᠣᠭᠴᠠ ᠪᠤᠯᠭᠠᠨ᠂ ᠰᠢᠨᠵᠢᠯᠡᠬᠦ ᠣᠬᠠᠭᠠᠨᠴᠢ ᠪᠠᠷ ᠲᠥᠯᠦᠪᠵᠢᠭᠦᠯᠦᠯᠭᠡ ᠬᠢᠵᠦ᠂ ᠡᠬᠢ ᠪᠠᠶᠠᠯᠢᠭ ᠢ ᠨᠡᠶᠢᠳᠬᠡᠨ᠂ ᠪᠦᠬᠦ ᠲᠠᠯ᠎ᠠ ᠪᠠᠷ ᠠᠬᠢᠭᠤᠯᠬᠤ︾ ᠵᠡᠷᠴᠢᠮ ᠶᠣᠰᠣᠭᠠᠷ᠂ ᠲᠥᠯᠦᠪᠵᠢᠭᠦᠯᠬᠦ ᠶᠢ ᠠᠳᠬᠤᠵᠣ᠂ ᠲᠤᠲᠠᠭᠤᠳᠠᠯ ᠢᠶᠠᠨ ᠨᠥᠬᠦᠪᠦᠷᠢᠯᠡᠨ᠂ ᠮᠠᠯᠵᠢᠬᠤ ᠣᠷᠣᠨ ᠤ ᠰᠠᠭᠤᠷᠢ ᠲᠥᠬᠦᠬᠡᠷᠦᠮᠵᠢ ᠪᠤᠯᠤᠨ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠤᠨ᠂ ᠮᠠᠯᠵᠢᠬᠤ ᠣᠷᠣᠨ ᠤ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ 6.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠦᠪᠯᠡᠨ᠂ ᠷᠠᠳᠢᠣ᠋ ᠲᠧᠯᠸᠢᠰ ᠤᠨ ᠪᠦᠬᠦ ᠪᠦᠷᠬᠦᠴᠡ ᠶᠢ ᠪᠡᠶᠡᠯᠡᠭᠦᠯᠦᠨ᠂ ᠮᠠᠯᠵᠢᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠪᠠ ᠭᠡᠷ ᠪᠠᠶᠢᠰᠢᠩ ᠦᠭᠡᠢ ᠪᠣᠶᠣ ᠨᠣᠷᠠᠬᠤ ᠠᠶᠣᠯᠲᠠᠢ ᠣᠷᠣᠨ ᠰᠠᠭᠤᠴᠠ ᠶᠢᠨ ᠠᠰᠠᠭᠤᠲᠠᠯ ᠢ ᠦᠨᠳᠦᠰᠦᠨ ᠳᠡᠭᠡᠨ ᠰᠢᠢᠳᠪᠦᠷᠢᠯᠡᠨ᠂ ᠬᠦᠲᠡᠭᠡ ᠲᠤᠰᠬᠤᠨ ᠳᠤ 302 ᠺᠢᠯᠣᠮᠧᠲᠷ ᠵᠠᠰᠠᠮᠠᠯ ᠵᠠᠮ ᠲᠡᠪᠢᠰᠴᠦ᠂ 80 ᠺᠢᠯᠣᠮᠧᠲᠷ ᠵᠡᠭᠡᠯᠢ ᠭᠤᠳᠣᠮᠵᠢ ᠶᠢ ᠬᠠᠳᠠᠭᠤᠷᠠᠭᠤᠯᠤᠨ᠂ 720 ᠡᠷᠦᠬᠡ ᠳᠤ ᠨᠠᠷᠠ ᠰᠠᠯᠬᠢᠨ ᠤ ᠡᠨᠧᠷᠬᠢ ᠶᠢᠨ ᠶᠡᠭᠡ ᠬᠦᠴᠦᠳᠡᠯᠳᠦ ᠴᠠᠬᠢᠯᠭᠠᠨ ᠢ ᠣᠭᠰᠠᠷᠠᠵᠣ᠂ 9 ᠰᠠᠭᠤᠷᠢ ᠮᠡᠳᠡᠭᠡ ᠬᠤᠯᠪᠣᠭᠠᠨ ᠤ ᠲᠡᠮᠦᠷ ᠰᠣᠪᠣᠷᠭ᠎ᠠ᠂ 1 ᠬᠡᠣᠬᠡᠳ ᠤᠨ ᠴᠡᠴᠡᠷᠯᠢᠭ᠂ 12 ᠰᠣᠶᠣᠯ ᠤᠨ ᠬᠦᠲᠡᠯᠭᠡᠭᠡᠨ ᠤ ᠲᠠᠰᠤᠭ᠂ 7 ᠡᠷᠡᠭᠦᠯ ᠬᠠᠮᠠᠭᠠᠯᠠᠯ ᠤᠨ ᠲᠠᠰᠤᠭ᠂ 10 ᠠᠷᠠᠳ ᠲᠤ ᠲᠦᠭᠦᠮ ᠦᠵᠡᠭᠦᠯᠬᠦ ᠬᠡᠳᠦ ᠲᠡᠯᠭᠡᠭᠦᠷ ᠢ ᠰᠢᠨ᠎ᠡ ᠪᠠᠷ ᠵᠠᠰᠠᠨ ᠪᠠᠶᠢᠭᠤᠯᠤᠨ᠎ᠠ᠃ ︽ᠭᠤᠷᠪᠠ ᠶᠢ ᠨᠣᠷᠠᠭᠠᠬᠤ᠂ ᠭᠤᠷᠪᠠ ᠶᠢ ᠴᠡᠪᠡᠷᠯᠡᠬᠦ᠂ ᠭᠤᠷᠪᠠ ᠶᠢ ᠥᠭᠡᠷᠡᠴᠢᠯᠡᠬᠦ᠂ ᠲᠦᠷᠪᠡᠵᠢᠭᠦᠯᠦᠯᠲᠡ ᠬᠢᠬᠦ︾᠎ ᠪᠠᠷ ᠭᠤᠤᠯ ᠠᠭᠤᠯᠭ᠎ᠠ ᠪᠣᠯᠭᠠᠭᠰᠠᠨ ᠣᠷᠣᠰᠢᠨ ᠠᠮᠢᠳᠣᠷᠠᠬᠤ ᠣᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠢ ᠢᠵᠢᠯ ᠠᠯᠬᠤᠮ ᠢᠶᠠᠷ ᠶᠠᠪᠣᠭᠲᠠᠭᠤᠯᠵᠤ ᠂ 27 ᠲᠦᠮᠡᠨ ᠲᠡᠭᠰᠢ ᠲᠦᠷᠪᠡᠯᠵᠢᠨ ᠮᠧᠲᠷ ᠬᠠᠶᠠᠵᠣ ᠣᠷᠬᠢᠭᠰᠠᠨ ᠭᠡᠷ ᠪᠠᠶᠢᠰᠢᠩ ᠪᠠ ᠨᠣᠷᠠᠬᠤ ᠠᠶᠣᠯᠲᠠᠢ ᠬᠠᠭᠤᠴᠢᠨ ᠰᠢᠷᠣᠢ ᠶᠢᠨ ᠪᠠᠶᠢᠰᠢᠩ ᠢ ᠨᠣᠷᠠᠭᠠᠵᠣ᠂ ᠬᠡᠷᠡᠮ ᠬᠠᠰᠢᠶ᠎ᠠ ᠶᠢ 19.7 ᠲᠦᠮᠡᠨ ᠮᠧᠲᠷ ᠵᠠᠰᠠᠨ ᠪᠠᠶᠢᠭᠤᠯᠵᠤ ᠂ 23 ᠲᠦᠮᠡᠨ ᠲᠡᠭᠰᠢ ᠲᠦᠷᠪᠡᠯᠵᠢᠨ ᠮᠧᠲᠷ ᠵᠠᠮ ᠪᠠ ᠠᠭᠤᠲᠠᠮ ᠲᠠᠯᠠᠪᠣᠷ ᠢ ᠬᠠᠳᠠᠭᠤᠷᠠᠭᠤᠯᠤᠨ᠂ 2000 ᠡᠷᠦᠬᠡ ᠎ ᠳᠤ ᠲᠤᠯᠠᠭᠠᠨ ᠢ ᠬᠠᠳᠠᠭᠠᠯᠬᠤ ᠪᠦᠳᠦᠭᠡᠨ ᠪᠠᠶᠢᠭᠤᠯᠤᠯᠲᠠ ᠬᠢᠵᠦ᠂ 70 ᠰᠠᠭᠤᠷᠢ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠥᠬᠦᠬᠡᠷᠦᠮᠵᠢ ᠶᠢ ᠪᠦᠳᠦᠭᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠎ ᠶᠢᠨ ᠬᠦᠴᠦᠯᠡᠴᠡ ᠶᠢ ᠴᠢᠩᠭᠠᠳᠬᠠᠵᠣ᠂ ᠨᠡᠶᠢᠳᠡᠯᠢᠭ ᠵᠢᠱᠢᠶ᠎ᠡ ᠦᠵᠡᠭᠦᠯᠬᠦ ᠦᠢᠯᠡᠳᠦᠯ ᠢ ᠢᠲᠡᠪᠬᠢᠲᠠᠢ ᠪᠠᠳᠠᠷᠠᠭᠤᠯᠤᠨ᠂ ᠬᠢᠨᠠᠨ ᠰᠢᠯᠭᠠᠬᠤ ᠶᠢ ᠴᠢᠩᠭᠠᠳᠬᠠᠵᠣ᠂ ᠱᠠᠩᠨᠠᠯ ᠲᠤᠷᠭᠤᠭᠤᠯᠢ ᠶᠠᠪᠣᠭᠤᠯᠣᠨ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠎ ᠶᠢ ᠪᠠᠳᠣᠯᠠᠨ᠎ᠠ᠃ ᠢᠨᠵᠧᠨᠧᠷᠢᠩ ᠤᠨ ᠬᠠᠮᠢᠶᠠᠷᠣᠯᠲᠠ ᠬᠠᠮᠠᠭᠠᠯᠠᠯᠲᠠ ᠶᠢ ᠴᠢᠩᠭᠠᠳᠬᠠᠵᠣ᠂ ᠣᠯᠠᠨ ᠲᠦᠮᠡᠨ ᠢ ᠲᠠᠶᠢᠴᠢᠯᠠᠨ ᠢᠲᠡᠪᠬᠢᠲᠠᠢ ᠣᠷᠣᠯᠴᠠᠭᠤᠯᠤᠨ᠂ ᠮᠠᠯᠵᠢᠬᠤ ᠣᠷᠣᠨ ᠤ ᠣᠷᠴᠢᠨ ᠲᠤᠭᠤᠷᠢᠨ ᠤ ᠣᠷᠳᠣ ᠬᠤᠭᠤᠴᠠᠭᠠᠨ ᠎ ᠤ ᠪᠦᠳᠦᠮᠵᠢᠲᠠᠢ ᠬᠠᠮᠢᠶᠠᠷᠣᠯᠲᠠ ᠶᠢ ᠪᠡᠶᠡᠯᠡᠭᠦᠯᠦᠨ᠎ᠡ᠃             ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠴᠢᠳᠠᠪᠣᠷᠢ ᠶᠢ ᠲᠡᠭᠡᠭᠰᠢᠯᠡᠭᠦᠯᠦᠨ᠎ᠡ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠦᠢᠯᠡᠳᠪᠦᠷᠢᠯᠡᠯ ᠢᠶᠠᠨ ᠦᠷᠭᠡᠳᠬᠡᠵᠦ᠂ ᠦᠷ᠎ᠡ ᠠᠰᠢᠭ ᠎ ᠢᠶᠠᠨ ᠨᠡᠮᠡᠭᠲᠡᠭᠦᠯᠬᠦ ᠶᠢ ᠠᠬᠢᠭᠤᠯᠤᠨ᠂ ᠪᠦᠬᠦ ᠵᠢᠯ ᠤᠨ ᠬᠠᠰᠢᠶᠠᠯᠠᠵᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 90 ᠲᠦᠮᠡᠨ ᠲᠤᠯᠤᠭᠠᠢ ᠬᠦᠷᠭᠡᠬᠦ ᠪᠠᠷ ᠴᠢᠷᠮᠠᠶᠢᠵᠣ᠂ ᠮᠠᠯᠵᠢᠯ ᠤᠨ ᠣᠨ ᠤ ᠮᠠᠯ ᠤᠨ ᠲᠤᠭ᠎ᠠ ᠶᠢ 170 ᠲᠦᠮᠡᠨ ᠲᠤᠯᠤᠭᠠᠢ ᠠᠴᠠ ᠬᠡᠳᠦᠷᠡᠭᠦᠯᠬᠦ ᠦᠭᠡᠢ᠃ ︽ᠲᠦᠷᠪᠡᠨ ᠣᠯᠠᠷᠢᠯ ᠳᠤ ᠵᠠᠷᠣᠴᠠᠭᠤᠯᠵᠤ᠂ ᠵᠠᠬ᠎ᠠ ᠳᠤ ᠲᠡᠩᠴᠡᠭᠦᠷᠢᠲᠠᠢ ᠭᠠᠷᠭᠠᠬᠤ︾᠎ ᠶᠢ ᠵᠣᠷᠢᠭᠵᠢᠭᠤᠯᠤᠨ᠂ ᠮᠠᠯ ᠠᠵᠣ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠴᠢᠨᠠᠷ ᠰᠠᠶᠢᠲᠠᠢ ᠮᠢᠬᠠᠨ ᠤ ᠦᠬᠡᠷ᠂ ᠠᠳᠣᠭᠤ ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠤᠭᠲᠠᠭᠤᠨ ᠢᠶᠠᠷ ᠥᠷᠭᠡᠳᠬᠡᠵᠦ ᠂ ︽ᠪᠣᠲᠠ ᠮᠠᠯ ᠢᠶᠠᠷ ᠪᠤᠭ ᠮᠠᠯ ᠰᠣᠯᠢᠨ᠂ ᠬᠤᠨᠢᠨ ᠤ ᠲᠤᠭ᠎ᠠ ᠲᠤᠯᠤᠭᠠᠢ ᠶᠢ ᠪᠠᠭᠠᠰᠬᠠᠨ᠂ ᠦᠬᠡᠷ ᠤᠨ ᠲᠤᠭ᠎ᠠ ᠲᠤᠯᠤᠭᠠᠢ ᠶᠢ ᠨᠡᠮᠡᠭᠲᠡᠭᠦᠯᠬᠦ︾᠎ ᠶᠢ ᠢᠲᠡᠪᠬᠢᠲᠠᠢ ᠡᠷᠢᠯᠬᠢᠯᠡᠨ᠂ ᠲᠡᠵᠢᠭᠡᠨ ᠦᠷᠡᠵᠢᠭᠦᠯᠬᠦ ᠪᠦᠳᠦᠴᠡ ᠶᠢ ᠵᠦᠢ ᠵᠤᠬᠢᠰᠲᠠᠢ ᠲᠤᠬᠢᠷᠠᠭᠤᠯᠤᠨ᠎ᠠ᠃ 4.4 ᠲᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠤ᠂ 10 ᠲᠦᠮᠡᠨ ᠲᠤᠯᠤᠭᠠᠢ ᠮᠢᠬᠠᠨ ᠤ ᠬᠤᠨᠢᠨ ᠤ ᠠᠵᠣ ᠠᠬᠤᠢ ᠶᠢᠨ ᠡᠷᠯᠢᠰᠵᠢᠭᠦᠯᠦᠯᠲᠡ ᠶᠢ ᠪᠡᠶᠡᠯᠡᠭᠦᠯᠦᠨ᠎ᠡ᠃ ᠰᠢᠯᠢᠳᠡᠭ ᠡᠭᠦᠯᠳᠡᠷ ᠢ ᠦᠷᠡᠵᠢᠭᠦᠯᠬᠦ ᠰᠢᠰᠲ᠋ᠧᠮ ᠢ ᠪᠦᠷᠢᠨᠰᠢᠭᠦᠯᠦᠨ᠎ᠡ᠃ 4000 ᠲᠡᠭᠰᠢ ᠲᠦᠷᠪᠡᠯᠵᠢᠨ ᠮᠧᠲᠷ ᠡᠪᠡᠰᠦ ᠨᠥᠭᠡᠴᠡᠯᠡᠬᠦ ᠫᠧᠩ᠂ 3 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠰᠠᠷᠠᠪᠴᠢ᠂ 5.7 ᠲᠦᠮᠡᠨ ᠮᠣ᠋ ᠨᠣᠳᠤᠭ ᠪᠡᠯᠴᠢᠭᠡᠷ ᠢ ᠬᠠᠰᠢᠶᠠᠯᠠᠨ ᠮᠠᠯᠵᠢᠵᠣ᠂ ᠭᠠᠮᠰᠢᠭ ᠢ ᠪᠠᠭᠠᠰᠬᠠᠵᠣ ᠰᠡᠷᠭᠡᠶᠢᠯᠡᠬᠦ ᠴᠢᠳᠠᠪᠣᠷᠢ ᠶᠢ ᠲᠡᠭᠡᠭᠰᠢᠯᠡᠭᠦᠯᠦᠨ᠎ᠡ᠃ ᠥᠨᠳᠦᠷ ᠪᠦᠳᠦᠮᠵᠢᠲᠠᠢ ᠣᠰᠣ ᠠᠷᠪᠢᠯᠠᠬᠤ ᠲᠠᠷᠢᠶᠠᠯᠠᠩ ᠢ ᠬᠥᠭᠵᠢᠭᠦᠯᠵᠦ᠂ ᠢᠲᠡᠰᠢᠨ ᠨᠣᠭᠤᠭᠠᠨ ᠤ ᠲᠠᠷᠢᠮᠠᠯ ᠤᠨ ᠦᠢᠯᠡᠰ ᠲᠤ ᠬᠢᠨᠠᠨ ᠪᠠᠶᠢᠴᠠᠭᠠᠯᠲᠠ ᠬᠢᠵᠦ᠂ ᠪᠦᠬᠦ ᠵᠢᠯ ᠳᠤ 5000 ᠲᠦᠮᠡᠨ ᠺᠢᠯᠣᠭ᠍ᠷᠠᠮ ᠢᠲᠡᠰᠢᠨ ᠨᠣᠭᠤᠭ᠎ᠠ ᠶᠢ ᠵᠠᠬ᠎ᠠ ᠳᠤ ᠭᠠᠷᠭᠠᠨ᠎ᠠ᠃            ᠠᠵᠣ ᠦᠢᠯᠡᠰᠵᠢᠭᠦᠯᠦᠭᠰᠡᠨ ᠡᠵᠡᠩᠨᠡᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠳ᠋ᠠ ᠵᠣᠸᠠᠩ ᠶᠣᠸᠠᠨ ᠦᠬᠡᠷ ᠬᠤᠨᠢᠨ ᠤ ᠮᠢᠬ᠎ᠠ ᠶᠢᠨ ᠠᠵᠣ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠵᠣ᠂ ᠬᠤᠲᠠ ᠶᠢᠨ ᠲᠤᠭᠤᠷᠢᠭ ᠲᠠᠬᠢ ᠮᠠᠯ ᠤᠨ ᠪᠦᠳᠦᠬᠡᠭᠲᠡᠭᠦᠨ ᠤ ᠡᠳ᠋ᠰᠢᠭᠦᠯᠵᠦ ᠪᠣᠯᠪᠠᠰᠣᠷᠠᠭᠤᠯᠬᠤ ᠠᠵᠤ ᠠᠬᠤᠶᠢᠯᠠᠯ ᠢ ᠨᠡᠶᠢᠳᠬᠡᠨ᠂ ᠨᠡᠭᠦᠯᠭᠡᠨ ᠰᠢᠯᠵᠢᠭᠦᠯᠬᠦ ᠠᠵᠢᠯ ᠢ ᠢᠲᠡᠪᠬᠢᠲᠠᠢ ᠠᠬᠢᠭᠤᠯᠵᠤ᠂ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠮᠠᠯ ᠤᠨ ᠪᠦᠳᠦᠬᠡᠭᠲᠡᠭᠦᠨ ᠤ ᠨᠠᠷᠢᠯᠢᠭ ᠭᠦᠨᠵᠡᠭᠡᠢ ᠡᠳ᠋ᠰᠢᠭᠦᠯᠵᠦ ᠪᠣᠯᠪᠠᠰᠣᠷᠠᠭᠤᠯᠬᠤ ᠬᠢᠷᠢ ᠲᠦᠪᠰᠢᠨ ᠪᠤᠯᠤᠨ ᠠᠵᠤ ᠠᠬᠤᠢ ᠎ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠷᠰᠢᠶᠠᠵᠢᠯ᠂ ᠲᠤᠯᠤᠭᠠᠶᠢᠯᠠᠭᠴᠢ ᠠᠵᠤ ᠠᠬᠤᠶᠢᠯᠠᠯ ᠤᠨ ᠣᠯᠠᠨ ᠡᠰᠢᠳᠦ ᠬᠤᠯᠪᠣᠭᠠᠯᠠᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠪᠦᠷᠢᠨᠰᠢᠭᠦᠯᠦᠨ᠂ 20 ᠡᠷᠦᠬᠡ ᠥᠨᠳᠦᠷ ᠪᠠᠷᠢᠮᠵᠢᠶᠠᠳᠣ ᠭᠡᠷ ᠪᠦᠯᠢ ᠶᠢᠨ ᠮᠠᠯᠵᠢᠯ ᠤᠨ ᠲᠠᠯᠠᠪᠠᠢ᠂ 20 ᠡᠷᠦᠬᠡ ᠲᠦᠷᠢᠮᠵᠢᠭᠰᠡᠨ ᠬᠤᠷᠰᠢᠶᠠᠵᠢᠯ ᠢ ᠪᠠᠶᠢᠭᠤᠯᠵᠤ᠂ ᠪᠦᠬᠦ ᠵᠢᠯ ᠳᠤ 100 ᠲᠦᠮᠡᠨ ᠲᠤᠯᠤᠭᠠᠢ ᠮᠠᠯ ᠵᠠᠷᠤᠴᠠᠭᠤᠯᠤᠨ᠂ 400 ᠲᠦᠮᠡᠨ ᠬᠤᠨᠢᠴᠢᠯᠠᠭᠰᠠᠨ ᠨᠢᠭᠡᠴᠡ ᠠᠮᠢᠳᠣ ᠮᠠᠯ ᠢ ᠡᠳ᠋ᠰᠢᠭᠦᠯᠦᠨ ᠪᠤᠯᠪᠠᠰᠣᠷᠠᠭᠤᠯᠤᠨ᠎ᠠ᠃ ᠵᠢᠯ ᠤᠨ ᠲᠣᠳᠣᠷ᠎ᠠ 10 ᠲᠦᠮᠡᠨ ᠲᠤᠯᠤᠭᠠᠢ ᠮᠢᠬᠠᠨ ᠤ ᠬᠤᠨᠢ ᠶᠢ ᠮᠦᠷᠲᠡᠨ ᠡᠵᠡᠮᠰᠢᠵᠦ ᠡᠳ᠋ᠰᠢᠭᠦᠯᠦᠨ᠎ᠡ᠃ ︽ᠲᠤᠮᠳᠠᠳᠣ ᠣᠯᠣᠰ ᠤᠨ ᠠᠳᠣᠭᠤᠨ ᠰᠣᠶᠣᠯ ᠤᠨ ᠲᠦᠪ︾᠎ ᠤᠨ ᠨᠡᠷᠡᠳᠦ ᠲᠡᠮᠳᠡᠭ ᠎ ᠤᠨ ᠪᠠᠶᠢᠭᠤᠯᠤᠯᠲᠠ ᠳᠤ ᠲᠦᠰᠢᠭᠯᠡᠨ᠂ ᠰᠠᠶᠢᠨ ᠡᠭᠦᠯᠳᠡᠷ ᠤᠨ ᠠᠳᠣᠭᠤ ᠶᠢ ᠦᠷᠡᠵᠢᠭᠦᠯᠦᠨ ᠪᠤᠶᠢᠵᠢᠭᠤᠯᠬᠤ᠂ ᠠᠳᠣᠭᠤᠨ ᠤ ᠪᠦᠳᠦᠬᠡᠭᠲᠡᠭᠦᠨ ᠢ ᠨᠡᠭᠡᠭᠡᠨ ᠬᠥᠭᠵᠢᠭᠦᠯᠬᠦ᠂ ᠮᠣᠷᠢᠨ ᠮᠡᠷᠭᠡᠵᠢᠯ ᠤᠨ ᠣᠷᠣᠯᠳᠣᠭᠠᠨ ᠵᠡᠷᠭᠡ ᠠᠵᠢᠯᠯᠠᠭ᠎ᠠ ᠎ ᠶᠢ ᠠᠬᠢᠭᠤᠯᠤᠨ᠂ ᠰᠡᠯᠡᠭᠦᠴᠡᠯ ᠮᠠᠯ ᠠᠵᠣ ᠠᠬᠤᠢ ᠶᠢ ᠢᠲᠡᠪᠬᠢᠲᠠᠢ ᠬᠥᠭᠵᠢᠭᠦᠯᠦᠨ᠎ᠡ᠃           ᠬᠤᠶᠠᠷ ᠲᠤ᠂ ᠬᠤᠶᠠᠳᠣᠭᠠᠷ ᠠᠵᠣ ᠦᠢᠯᠡᠰ ᠢ ᠣᠷᠳᠣᠳᠬᠠᠵᠣ᠂ ᠠᠵᠣ ᠦᠢᠯᠡᠳᠪᠦᠷᠢ ᠶᠢᠨ ᠴᠢᠨᠠᠷ ᠢ ᠲᠡᠭᠡᠭᠰᠢᠯᠡᠭᠦᠯᠦᠨ᠂ ᠦᠷ᠎ᠡ ᠠᠰᠢᠭ ᠤᠨ ᠨᠡᠮᠡᠭᠲᠡᠯ ᠢ ᠠᠬᠢᠭᠤᠯᠤᠨ᠎ᠠ᠃ ᠠᠩᠬᠠᠨ ᠤ ᠲᠡᠰ ᠤᠨ ᠪᠦᠳᠦᠬᠡᠭᠲᠡᠭᠦᠨ ᠢ ᠰᠣᠬᠤᠷ ᠪᠠᠯᠠᠢ ᠪᠠᠷ ᠥᠷᠭᠡᠳᠬᠡᠬᠦ ᠶᠢ ᠴᠢᠩᠭ᠎ᠠ ᠬᠤᠷᠢᠭᠯᠠᠨ᠂ ᠮᠡᠷᠭᠡᠵᠢᠯ ᠤᠨ ᠰᠢᠨᠡᠴᠢᠯᠡᠯᠲᠡ ᠶᠢ ᠲᠤᠪᠤᠶᠢᠯᠭᠠᠨ᠂ ᠠᠵᠤ ᠦᠢᠯᠡᠰ ᠤᠨ ᠬᠡᠯᠬᠢᠶᠡᠵᠢᠯ ᠢ ᠬᠦᠴᠦᠯᠡᠨ ᠣᠷᠳᠣᠳᠬᠠᠵᠣ᠂ ᠬᠤᠶᠠᠳᠣᠭᠠᠷ ᠠᠵᠣ ᠦᠢᠯᠡᠰ ᠤᠨ ᠲᠣᠮᠲᠠ ᠲᠡᠭᠡᠳᠦ ᠲᠦᠪᠰᠢᠨ ᠲᠡᠰᠢ ᠭᠥᠭᠵᠢᠭᠦ ᠶᠢ ᠠᠬᠢᠭᠤᠯᠤᠨ᠎ᠠ᠃ ᠨᠡᠭᠦᠷᠡᠰᠦ ᠴᠠᠬᠢᠯᠭᠠᠨ ᠤ ᠠᠵᠣ ᠦᠢᠯᠡᠰ ᠤᠨ ᠰᠠᠭᠤᠷᠢᠨ ᠭᠠᠵᠠᠷ ᠢ ᠰᠠᠶᠢᠳᠣᠷ ᠪᠠᠶᠢᠭᠤᠯᠤᠨ᠎ᠠ᠃ ᠪᠠᠷᠠᠭᠤᠨ ᠬᠤᠶᠠᠳᠣᠭᠠᠷ᠂ ᠪᠠᠷᠠᠭᠤᠨ ᠭᠤᠷᠪᠠᠳᠣᠭᠠᠷ ᠨᠣᠮᠧᠷᠳᠣ ᠵᠠᠳᠠᠭᠠᠢ ᠠᠭᠤᠷᠬᠠᠢ ᠶᠢᠨ ᠭᠠᠷ ᠭᠦᠢᠴᠡᠳᠬᠡᠯ ᠢ ᠪᠦᠷᠢᠨᠰᠢᠭᠦᠯᠵᠦ᠂ ᠣᠯᠠᠭᠠᠨᠲᠤᠭ ᠨᠡᠭᠦᠷᠡᠰᠦᠨ ᠠᠭᠤᠷᠬᠠᠢ ᠪᠤᠯᠤᠨ ᠰᠢ ᠯᠢᠩ ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠦᠯ ᠵᠦᠢᠯ ᠤᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠬᠤ ᠶᠢ ᠠᠬᠢᠭᠤᠯᠤᠨ᠂ ᠨᠡᠭᠦᠷᠡᠰᠦᠨ ᠤ ᠭᠠᠷᠣᠯᠲᠠ ᠶᠢ 3000 ᠭᠠᠷᠣᠢ ᠲᠦᠮᠡᠨ ᠲᠣᠨ ᠳᠤ ᠬᠦᠷᠭᠡᠨ᠎ᠡ᠃ ᠰᠢᠯᠢ ᠶᠢᠨ ᠭᠤᠤᠯ ᠠᠶᠢᠮᠠᠭ ᠠᠴᠠ ᠱᠠᠨᠳᠦ᠋ᠩ ᠤᠨ ᠵᠢᠨᠠᠨ ᠬᠦᠷᠲᠡᠯᠡᠬᠢ᠂ ᠰᠢᠯᠢ ᠶᠢᠨ ᠭᠤᠤᠯ ᠠᠶᠢᠮᠠᠭ ᠎ ᠠᠴᠠ ᠵᠢᠶᠠᠩᠰᠣ ᠶᠢᠨ ᠲᠠᠶᠢᠵᠧᠣ ᠬᠦᠷᠬᠦ 2 ᠵᠣᠷᠪᠣᠰ ᠣᠨᠴᠠ ᠥᠨᠳᠦᠷ ᠬᠦᠴᠦᠲᠡᠯᠳᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠣᠭᠤᠮ ᠪᠤᠯᠤᠨ ᠱᠧᠨ ᠬᠤᠸᠠ᠂ ᠳ᠋ᠠ ᠲᠠᠩ᠂ ᠣᠮᠠᠷᠠᠳᠣ ᠶᠢᠨ ᠴᠠᠬᠢᠯᠭᠠᠨ ᠬᠦᠴᠦᠨ᠂ ᠮᠧᠩ ᠨᠧᠩ ᠠᠭᠤᠷᠬᠠᠢ ᠶᠢᠨ ᠣᠷᠣᠨ ᠤ ᠴᠠᠬᠢᠯᠭᠠᠨ ᠦᠢᠯᠡᠳᠪᠦᠷᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ 2017 ᠣᠨ ᠳᠤ ᠠᠰᠢᠭᠯᠠᠯᠲᠠ ᠳᠤ ᠣᠷᠣᠬᠤ ᠶᠢ ᠪᠠᠳᠣᠯᠠᠨ᠎ᠠ᠃ ᠰᠢᠯᠢ ᠶᠢᠨ ᠭᠤᠤᠯ — ᠵᠠᠩ ᠪᠧᠢ — ᠭᠠᠨᠵᠧᠣ ᠬᠦᠷᠲᠡᠯᠡᠬᠢ ᠣᠨᠴᠠ ᠥᠨᠳᠦᠷ ᠬᠦᠴᠦᠲᠡᠯᠳᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠣᠭᠤᠮ ᠤᠨ ᠲᠥᠷᠦᠯ ᠵᠦᠢᠯ ᠢ ᠡᠷᠡᠮᠡᠯᠵᠡᠯᠡᠨ ᠣᠯᠬᠤ ᠪᠠᠷ ᠴᠢᠷᠮᠠᠶᠢᠨ᠎ᠠ᠃ ᠲᠦᠭᠦᠬᠡᠢ ᠴᠢᠯᠠᠭᠤᠨ ᠲᠤᠰᠣᠨ ᠤ ᠭᠠᠷᠣᠯᠲᠠ ᠶᠢ 80 ᠲᠦᠮᠡᠨ ᠲᠣᠨ ᠣᠷᠴᠢᠮ ᠳᠤ ᠪᠠᠶᠢᠯᠭᠠᠨ᠎ᠠ᠃ ᠲᠤᠨᠤᠭ ᠲᠥᠬᠦᠬᠡᠷᠦᠮᠵᠢ ᠦᠢᠯᠡᠳᠬᠦ ᠦᠢᠯᠡᠰ ᠢ ᠬᠦᠴᠦᠯᠡᠨ ᠬᠥᠭᠵᠢᠭᠦᠯᠦᠨ᠎ᠡ᠃ ︽ᠲᠤᠮᠳᠠᠳᠣ ᠣᠯᠣᠰ ᠦᠢᠯᠡᠳᠬᠦ 2025︾᠎ ᠶᠢᠨ ᠭᠥᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠮᠢᠩ ᠶᠠᠩ ᠪᠦᠯᠦᠭᠯᠡᠯ ᠤᠨ ᠲᠤᠨᠤᠭ ᠲᠥᠬᠦᠬᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠱᠠᠩᠬᠠᠢ ᠶᠢᠨ ᠴᠠᠬᠢᠯᠭᠠᠨ ᠡᠨᠧᠷᠬᠢ ᠶᠢᠨ ᠮᠧᠬᠠᠨᠢᠭ ᠲᠤᠨᠤᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ᠂ ᠨᠢᠰᠬᠦ ᠣᠩᠭᠤᠴᠠ ᠰᠣᠳᠣᠯᠣᠨ ᠦᠢᠯᠡᠳᠬᠦ ᠵᠡᠷᠭᠡ ᠲᠥᠷᠦᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠣᠨ᠂ ᠰᠠᠯᠬᠢᠨ ᠬᠦᠴᠦᠨ ᠤ ᠮᠠᠰᠢᠨ ᠤ ᠰᠡᠩᠰᠡ ᠶᠢ ᠡᠭᠡᠭᠦᠯᠦᠨ ᠬᠤᠷᠢᠶᠠᠵᠣ ᠶᠡᠷᠦᠩᠬᠡᠶᠢᠯᠡᠨ ᠠᠰᠢᠭᠯᠠᠬᠤ ᠪᠤᠯᠤᠨ ᠲᠤᠮᠤ ᠬᠡᠯᠪᠡᠷᠢ ᠶᠢᠨ ᠲᠤᠨᠤᠭ ᠲᠥᠬᠦᠬᠡᠷᠦᠮᠵᠢ ᠶᠢ ᠰᠡᠯᠪᠢᠨ ᠵᠠᠰᠠᠬᠤ ᠲᠥᠷᠦᠯ ᠵᠦᠢᠯ ᠢ ᠲᠠᠳᠠᠨ ᠣᠷᠣᠭᠤᠯᠵᠣ ᠬᠡᠷᠡᠭᠵᠢᠭᠦᠯᠦᠨ᠂ ᠲᠤᠨᠤᠭ ᠲᠥᠬᠦᠬᠡᠷᠦᠮᠵᠢ ᠦᠢᠯᠡᠳᠬᠦ ᠠᠵᠣ ᠦᠢᠯᠡᠰ ᠤᠨ ᠬᠠᠷᠢᠴᠠᠯ ᠢ ᠲᠡᠭᠡᠭᠰᠢᠯᠡᠭᠦᠯᠵᠦ᠂ ᠦᠷᠢᠰᠦᠯᠳᠦᠭᠡᠨ ᠤ ᠰᠢᠨ᠎ᠡ ᠲᠠᠪᠠᠭᠤᠯᠢᠭ ᠲᠠᠯ᠎ᠠ ᠪᠠ ᠠᠵᠣ ᠠᠬᠤᠢ ᠶᠢᠨ ᠨᠡᠮᠡᠭᠲᠡᠯ ᠴᠡᠭ ᠢ ᠪᠦᠷᠢᠯᠳᠦᠭᠦᠯᠦᠨ᠎ᠡ᠃ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠣᠭᠰᠠᠨ ᠠᠵᠣ ᠦᠢᠯᠡᠰ ᠢ ᠲᠦᠷᠭᠡᠨ ᠬᠥᠭᠵᠢᠭᠦᠯᠦᠨ᠎ᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠤᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠢᠲᠡᠪᠬᠢᠲᠠᠢ ᠡᠷᠡᠮᠡᠯᠵᠡᠯᠡᠨ᠂ ᠵᠢᠯ ᠤᠨ ᠲᠤᠳᠣᠷ᠎ᠠ ᠬᠠᠢ ᠵᠣᠸᠠᠩ᠂ ᠮᠢᠩ ᠶᠠᠩ ᠵᠡᠷᠭᠡ ᠰᠠᠯᠬᠢᠨ ᠬᠦᠴᠦᠨ ᠤ ᠲᠥᠷᠦᠯ ᠵᠦᠢᠯ ᠢ ᠬᠢᠨᠠᠨ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠡᠷᠬᠢᠯᠳᠡᠳᠦ ᠠᠵᠣ ᠠᠬᠤᠢ ᠶᠢ ᠬᠦᠴᠦᠯᠡᠨ ᠭᠥᠭᠵᠢᠭᠦᠯᠵᠦ᠂ ᠨᠡᠭᠦᠷᠡᠰᠦᠨ ᠦᠨᠡᠰᠦ᠂ ᠵᠣᠭᠠᠩ ᠵᠡᠷᠭᠡ ᠎ ᠶᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠢ ᠠᠬᠢᠭᠤᠯᠤᠨ᠂ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠭᠳᠠᠮᠠᠯ ᠪᠤᠲᠠᠰ ᠤᠨ ᠣᠷᠴᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃             ᠠᠵᠤ ᠦᠢᠯᠡᠰ ᠤᠨ ᠬᠥᠭᠵᠢᠯᠲᠡ ᠶᠢᠨ ᠲᠡᠰ ᠲᠠᠪᠬᠤᠷᠭ᠎ᠠ ᠶᠢ ᠲᠡᠭᠡᠭᠰᠢᠯᠡᠭᠦᠯᠦᠨ᠎ᠡ᠃ ᠲᠥᠷᠦᠯ ᠵᠦᠢᠯ ᠪᠣᠯᠣᠨ ᠠᠵᠣ ᠦᠢᠯᠡᠰ ᠡᠷᠬᠢᠯᠡᠬᠦ ᠶᠢ ᠥᠨᠳᠦᠷ ᠪᠠᠷᠢᠮᠵᠢᠶ᠎ᠠ ᠪᠠᠷ ᠱᠠᠭᠠᠷᠳᠠᠵᠣ᠂ ᠴᠡᠪᠡᠷ ᠡᠨᠧᠷᠬᠢ᠂ ᠥᠩᠭᠡᠳᠦ ᠲᠡᠮᠦᠷᠯᠢᠭ᠂ ᠢᠨᠲ᠋ᠧᠷ ᠰᠦᠯᠵᠢᠶ᠎ᠡ + ᠵᠡᠷᠭᠡ ᠬᠦᠷᠢᠶ᠎ᠡ ᠴᠠᠷᠠᠭᠠᠨ ᠳᠤ᠂ ᠨᠢᠭᠡ ᠪᠦᠯᠦᠭ ᠮᠡᠷᠭᠡᠵᠢᠯ ᠤᠨ ᠠᠭᠤᠯᠤᠭᠳᠠᠴᠠ ᠥᠨᠳᠦᠷ᠂ ᠡᠨᠧᠷᠬᠢ ᠠᠷᠪᠢᠯᠠᠨ ᠣᠷᠴᠢᠨ ᠲᠤᠭᠤᠷᠢᠨ ᠢ ᠬᠠᠮᠠᠭᠠᠯᠠᠬᠤ ᠶᠡᠭᠡ ᠲᠥᠷᠦᠯ ᠵᠦᠢᠯ ᠪᠠ ᠰᠠᠶᠢᠨ ᠲᠥᠷᠦᠯ ᠵᠦᠢᠯ ᠢ ᠲᠠᠳᠠᠨ ᠣᠷᠣᠭᠤᠯᠵᠣ ᠭᠥᠭᠵᠢᠭᠦᠯᠦᠨ᠎ᠡ᠃ ᠲᠡᠮᠦᠷᠯᠢᠭ ᠪᠤᠯᠤᠨ ᠲᠡᠮᠦᠷᠯᠢᠭ ᠪᠤᠰᠣ ᠠᠭᠤᠷᠬᠠᠢ ᠶᠢᠨ ᠡᠬᠢ ᠪᠠᠶᠠᠯᠢᠭ ᠢ ᠲᠦᠪᠯᠡᠷᠡᠭᠦᠯᠦᠨ᠂ ᠡᠬᠢ ᠪᠠᠶᠠᠯᠢᠭ ᠢ ᠲᠦᠪᠯᠡᠷᠡᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠣᠷᠳᠣᠳᠬᠠᠨ᠎ᠠ᠃ ᠲᠣᠮᠣ ᠲᠤᠭ᠎ᠠ ᠪᠠᠷᠢᠮᠲᠠ ᠶᠢᠨ ᠠᠵᠣ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠱᠧᠩ ᠯᠣ᠋ ᠮᠦᠷᠲᠡᠨ ᠡᠵᠡᠮᠰᠢᠨ ᠬᠠᠭᠤᠷᠮᠠᠭ ᠢ ᠰᠡᠷᠭᠡᠶᠢᠯᠡᠬᠦ ᠰᠢᠰᠲ᠋ᠧᠮ ᠤᠨ ᠲᠠᠪᠴᠠᠩ᠂ ᠶᠣᠸᠠᠨ ᠵᠢᠩ ᠰᠢᠨ᠎ᠡ ᠡᠨᠧᠷᠬᠢ ᠣᠶᠣᠨᠴᠢ ᠡᠨᠧᠷᠬᠢ ᠶᠢᠨ ᠬᠠᠮᠢᠶᠠᠷᠣᠯᠲᠠ ᠶᠢᠨ ᠲᠦᠪ ᠵᠡᠷᠭᠡ ᠰᠣᠷᠠᠭ ᠵᠠᠩᠬᠢ ᠶᠢᠨ ᠮᠡᠷᠭᠡᠵᠢᠯ ᠤᠨ ᠬᠡᠷᠡᠭᠯᠡᠭᠡᠨ ᠤ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠷᠠᠭ ᠵᠠᠩᠬᠢ ᠶᠢᠨ ᠮᠡᠷᠭᠡᠵᠢᠯ ᠪᠤᠯᠤᠨ ᠠᠵᠤ ᠦᠢᠯᠡᠰ ᠤᠨ ᠬᠥᠭᠵᠢᠯᠲᠡ ᠶᠢᠨ ᠬᠦᠨ ᠣᠶᠠᠯᠳᠣᠯ ᠢ ᠠᠬᠢᠭᠤᠯᠤᠨ᠎ᠠ᠃ ᠯᠠᠢ ᠭᠧᠨ ᠠᠮᠢᠳᠣ ᠪᠣᠲᠠᠰ ᠤᠨ ᠭᠧᠨ ᠎ ᠤ ᠠᠵᠤ ᠦᠢᠯᠡᠰ ᠤᠨ ᠲᠥᠷᠦᠯ ᠵᠦᠢᠯ ᠢ ᠠᠬᠢᠭᠤᠯᠵᠤ᠂ ᠡᠷᠡᠭᠦᠯᠵᠢᠯ ᠤᠨ ᠠᠵᠣ ᠦᠢᠯᠡᠰ ᠢ ᠪᠠᠶᠢᠭᠤᠯᠤᠨ᠎ᠠ᠃ ᠬᠦᠷᠢᠶᠡᠯᠡᠩ ᠲᠤᠭᠤᠷᠢᠭ ᠢ ᠰᠢᠯᠢᠳᠡᠭᠵᠢᠭᠦᠯᠦᠨ ᠨᠡᠶᠢᠳᠬᠡᠵᠦ᠂ ᠰᠠᠭᠤᠷᠢ ᠲᠥᠬᠦᠬᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠦᠷᠢᠶᠡᠯᠡᠩ ᠲᠤᠭᠤᠷᠢᠭ ᠤᠨ ᠠᠵᠣ ᠦᠢᠯᠡᠰ ᠤᠨ ᠲᠠᠳᠠᠨ ᠬᠠᠮᠣᠷᠬᠤ ᠪᠤᠯᠤᠨ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠣᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃             ᠭᠤᠷᠪᠠ ᠳᠤ᠂ ᠭᠤᠷᠪᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠦᠢᠯᠡᠴᠢᠯᠡᠭᠡᠨ ᠤ ᠦᠢᠯᠡᠰ ᠎ ᠤᠨ ᠲᠡᠰ ᠲᠠᠪᠰᠢᠯᠲᠠ ᠶᠢ ᠠᠬᠢᠭᠤᠯᠤᠨ᠂ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ ᠃ ᠪᠤᠳᠠᠰ ᠤᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠴᠢᠳᠠᠪᠬᠢ ᠳᠤ ᠰᠢᠨ᠎ᠡ ᠪᠠᠷ ᠲᠤᠬᠢᠷᠠᠭᠤᠯᠤᠯᠲᠠ ᠪᠠ ᠪᠠᠶᠢᠷᠢ ᠲᠤᠭᠲᠠᠭᠠᠯᠲᠠ ᠬᠢᠵᠤ᠂ ᠪᠤᠳᠠᠰ ᠤᠨ ᠭᠦᠢᠯᠭᠡᠭᠡᠨ ᠤ ᠡᠬᠢ ᠰᠤᠷᠪᠤᠯᠵᠢ ᠶᠢ ᠨᠢᠭᠡᠳᠬᠡᠨ᠂ ᠭᠠᠶᠢᠯᠢ ᠶᠢᠨ ᠪᠠᠲᠤᠯᠠᠭ᠎ᠠ ᠪᠦᠬᠦᠢ ᠤᠷᠤᠨ᠂ ᠬᠦᠢᠲᠡᠨ ᠬᠦᠮᠤᠷᠭᠡ ᠶᠢᠨ ᠪᠠᠷᠠᠭᠠᠨ ᠤ ᠭᠦᠢᠯᠭᠡᠭᠡ᠂ ᠬᠦᠮᠤᠷᠭᠡ ᠳᠤ ᠬᠠᠳᠠᠭᠠᠯᠠᠬᠤ᠂ ᠲᠤᠬᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠬᠥᠭᠵᠢᠭᠦᠯᠦᠨ᠂ ᠪᠠᠶᠢᠷᠢᠰᠢᠭᠤᠯᠤᠯᠲᠡ ᠵᠦᠢ ᠵᠤᠬᠢᠰᠲᠠᠢ ᠪᠤᠳᠠᠰ ᠎ ᠤᠨ ᠭᠦᠢᠯᠭᠡᠭᠡᠨ ᠤ ᠲᠤᠤᠷ ᠤᠨ ᠰᠢᠰᠲ᠋ᠧᠮ ᠢ ᠪᠦᠷᠢᠯᠳᠦᠭᠦᠯᠵᠦ᠂ ᠲᠤᠮᠳᠠ ᠪᠠ ᠵᠡᠭᠦᠨ ᠭᠡᠰᠡᠭ ᠭᠠᠵᠠᠷ ᠤᠷᠤᠨ ᠳᠤ ᠨᠦᠯᠤᠭᠡ ᠶᠡᠬᠡᠲᠡᠢ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠲᠦᠪ ᠪᠣᠯᠣᠨ ᠤᠷᠤᠨ ᠪᠦᠰᠡ ᠶᠢᠨ ᠴᠢᠨᠠᠷᠲᠠᠢ ᠪᠤᠳᠠᠰ ᠎ ᠤᠨ ᠭᠦᠢᠯᠭᠡᠭᠡᠨ ᠤ ᠲᠦᠪᠯᠡᠷᠡᠭᠦᠯᠤᠨ ᠲᠠᠷᠬᠠᠭᠠᠬᠤ ᠲᠦᠪ ᠢ ᠪᠠᠶᠢᠭᠤᠯᠵᠤ᠂ ᠲᠤᠮᠳᠠᠲᠤ ᠤᠯᠤᠰ ᠪᠠ ᠮᠤᠩᠭᠤᠯ ᠤᠯᠤᠰ ᠎ ᠤᠨ ᠪᠤᠳᠠᠰ ᠤᠨ ᠭᠦᠢᠯᠭᠡᠭᠡᠨ ᠤ ᠣᠷᠴᠢᠨ ᠠᠬᠤᠢ ᠶᠢ ᠪᠦᠷᠢᠯᠳᠦᠭᠦᠯᠦᠨ᠎ᠡ᠃ ᠰᠢᠶᠡᠨ ᠳ᠋ᠠᠢ ᠪᠤᠳᠠᠰ ᠤᠨ ᠭᠦᠢᠯᠭᠡᠭᠡᠨ ᠤ ᠬᠦᠷᠢᠶᠡᠯᠡᠩ ᠪᠤᠯᠤᠨ ᠮᠢᠨ ᠡᠾᠧ ᠪᠤᠳᠠᠰ ᠤᠨ ᠭᠦᠢᠯᠭᠡᠭᠡᠨ ᠤ ᠬᠦᠷᠢᠶᠡᠯᠡᠩ ᠢ ᠨᠢᠭᠡᠳᠭᠡᠬᠦ ᠠᠵᠢᠯ ᠢ ᠲᠦᠷᠭᠡᠳᠬᠡᠵᠦ᠂ ︽ᠨᠢᠭᠡ ᠪᠤᠭᠤᠮᠲᠠ ᠬᠤᠶᠠᠷ ᠪᠠᠶᠢᠴᠠᠭᠠᠯᠲᠠ︾᠎ ᠶᠢᠨ ᠪᠠᠶᠢᠭᠤᠯᠤᠮᠵᠢ ᠪᠠᠶᠢᠭᠤᠯᠤᠨ᠂ ᠭᠠᠶᠢᠯᠢ ᠶᠢᠨ ᠪᠠᠲᠤᠯᠠᠭ᠎ᠠ ᠪᠦᠬᠦᠢ ᠤᠷᠤᠨ ᠤ ᠪᠤᠳᠠᠰ ᠤᠨ ᠭᠦᠢᠯᠭᠡᠭᠡᠨ ᠤ ᠲᠦᠪ ︵B ᠬᠡᠯᠪᠡᠷᠢ︶᠎ ᠤᠨ ᠪᠦᠲᠤᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠨ ᠺᠦᠸᠡᠢ ᠪᠤᠳᠠᠰ ᠤᠨ ᠭᠦᠢᠯᠭᠡᠭᠡᠨ ᠤ ᠬᠦᠷᠢᠶᠡᠯᠡᠩ ᠤᠨ ︽ᠦᠪᠡᠷᠲᠡᠭᠡᠨ ᠵᠠᠰᠠᠬᠤ ᠤᠷᠤᠨ ᠤ ᠲᠡᠰ ᠤᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠤᠷᠤᠨ︾᠎ ᠤ ᠴᠢᠳᠠᠪᠬᠢ ᠶᠢ ᠭᠦᠢᠴᠡᠳ ᠪᠠᠳᠠᠷᠠᠭᠤᠯᠤᠨ᠂ ᠪᠠᠭ᠎ᠠ ᠪᠢᠴᠢᠯ ᠠᠵᠤ ᠠᠬᠤᠶᠢᠯᠡᠯ ᠤᠨ ᠪᠤᠳᠠᠳᠤ ᠴᠤᠭᠴᠠ ᠶᠢᠨ ᠦᠢᠯᠡᠰ ᠪᠤᠰᠬᠠᠬᠤ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠲᠢᠶᠠᠨ ᠡᠾᠸᠡᠭ ᠪᠤᠳᠠᠰ ᠤᠨ ᠭᠦᠢᠯᠭᠡᠭᠡᠨ ᠤ ᠬᠦᠷᠢᠶᠡᠯᠡᠩ ᠤᠨ ᠰᠠᠭᠦᠯᠴᠢ ᠶᠢᠨ ᠬᠤᠭᠤᠴᠠᠭᠠᠨ ᠤ ᠪᠦᠲᠤᠭᠡᠨ ᠪᠠᠶᠢᠭᠤᠯᠤᠯᠲᠠ ᠶᠢ ᠪᠡᠶᠡᠯᠡᠭᠦᠯᠤᠨ᠎ᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢ ᠴᠡᠴᠡᠭᠯᠡᠨ ᠬᠦᠭᠵᠢᠭᠦᠯᠤᠨ᠎ᠡ᠃ ᠡᠯᠧᠺᠲᠷᠣᠨ ᠠᠷᠠᠯᠵᠢᠶ᠎ᠠ ᠶᠢ ᠶᠡᠬᠡᠪᠡᠷ ᠬᠦᠭᠵᠢᠬᠦᠯᠵᠤ᠂ ᠤᠷᠤᠨ ᠤ ᠲᠡᠰ ᠤᠨ ᠡᠯᠧᠺᠲᠷᠣᠨ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠬᠢᠭᠡᠳ ᠡᠯᠧᠺᠲᠷᠣᠨ ᠠᠷᠠᠯᠵᠢᠶᠠᠨ ᠤ ᠪᠤᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠦᠨᠤ ᠵᠢᠯ 60 ᠠᠵᠤ ᠠᠬᠤᠶᠢᠯᠡᠯ ᠢ ᠬᠦᠷᠢᠶᠡᠯᠡᠩ ᠳᠤ ᠰᠠᠭᠤᠷᠢᠰᠢᠭᠤᠯᠤᠨ᠂ ᠰᠦᠯᠵᠢᠶᠡᠨ ᠠᠷᠠᠯᠵᠢᠶ᠎ᠠ ᠶᠢ ᠳ᠋ᠦᠩᠰᠢᠭᠤᠷ ᠲᠦᠭᠦᠷᠢᠭ ᠠᠴᠠ ᠲᠠᠪᠠᠭᠤᠯᠤᠨ᠎ᠠ᠃ ᠬᠤᠲᠠ ᠶᠢᠨ ᠲᠦᠷᠭᠡᠨ ᠭᠤᠪᠢᠭᠤᠯᠭ᠎ᠠ ᠪᠠ ᠮᠠᠯᠵᠢᠬᠤ ᠤᠷᠤᠨ ᠤ ᠡᠯᠧᠺᠲᠷᠣᠨ ᠠᠷᠠᠯᠵᠢᠶᠠᠨ ᠤ ᠠᠵᠤ ᠦᠢᠯᠡᠰ ᠤᠨ ᠬᠦᠭᠵᠢᠯᠲᠡ ᠶᠢ ᠵᠤᠷᠢᠭᠵᠢᠭᠤᠯᠤᠨ᠂ ᠮᠠᠯ ᠤᠨ ᠠᠰᠢᠭ ᠰᠢᠮ᠎ᠠ᠂ ᠦᠨᠳᠤᠰᠤᠲᠠᠨ ᠤ ᠤᠡᠴᠠᠯᠢᠭ ᠎ ᠲᠠᠢ ᠪᠠᠷᠠᠭ᠎ᠠ ᠲᠠᠸᠡᠷ ᠢ ᠰᠦᠯᠵᠢᠶᠡᠨ ᠲᠡᠭᠡᠷ᠎ᠠ ᠪᠤᠷᠤᠯᠠᠭᠤᠯᠬᠤ ᠪᠠ ᠰᠦᠯᠵᠢᠶᠡᠨ ᠠᠴᠠ ᠭᠠᠳᠠᠭᠤᠷ ᠪᠤᠷᠤᠯᠠᠭᠤᠯᠬᠤ ᠶᠢ ᠤᠷᠭᠠᠨᠢᠭ ᠢᠶᠠᠷ ᠤᠶᠠᠯᠳᠤᠭᠤᠯᠤᠨ᠂ ᠪᠤᠷᠤᠯᠠᠭᠤᠯᠭ᠎ᠠ ᠶᠢᠨ ᠠᠷᠭ᠎ᠠ ᠵᠠᠮ ᠢ ᠰᠢᠯᠤᠭᠤᠳᠬᠠᠨ᠎ᠠ᠃ ᠢᠦᠢ ᠰᠢ ᠲᠠᠯᠠᠪᠠᠢ ᠎ ᠶᠢᠨ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠶᠢ ᠡᠬᠢᠯᠡᠭᠦᠯᠵᠤ᠂ ᠲᠤᠰᠬᠠᠶᠢᠵᠢᠭᠰᠡᠨ ᠵᠠᠬ᠎ᠠ ᠲᠡᠯᠭᠡᠭᠦᠷ ᠢ ᠦᠭᠡᠷᠡᠴᠢᠯᠡᠨ ᠪᠠᠶᠢᠭᠤᠯᠵᠤ ᠲᠡᠰ ᠲᠡᠪᠰᠢᠭᠦᠯᠤᠨ᠎ᠡ᠃ ᠢᠳᠡᠭᠡᠨ ᠤᠮᠳᠠᠭᠠᠨ ᠪᠠ ᠵᠤᠴᠢᠳ ᠤᠨ ᠪᠠᠭᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠤᠨ ᠴᠡᠭᠴᠡᠯᠡᠵᠤ᠂ ᠦᠢᠯᠡᠴᠢᠯᠡᠭᠡᠨ ᠤ ᠦᠢᠯᠡᠰ ᠤᠨ ᠲᠡᠰ ᠲᠠᠪᠰᠢᠬᠦ ᠶᠢ ᠠᠬᠢᠭᠤᠯᠤᠨ᠎ᠠ᠃             ᠰᠤᠶᠤᠯ ᠵᠢᠭᠤᠯᠴᠢᠯᠠᠯ ᠤᠨ ᠰᠤᠳᠤᠨ ᠪᠦᠳᠦᠬᠡᠭᠲᠡᠭᠦᠨ ᠢ ᠡᠭᠦᠳᠤᠨ᠎ᠡ᠃ ᠰᠤᠶᠤᠯ ᠬᠢᠭᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠡᠯ ᠢ ᠠᠬᠢᠭᠤᠯᠵᠤ᠂ ᠰᠤᠶᠤᠯ ᠵᠢᠭᠤᠯᠴᠢᠯᠠᠯ ᠤᠨ ᠰᠤᠳᠤᠨ ᠪᠦᠳᠦᠬᠡᠭᠲᠡᠭᠦᠨ ᠢ ᠡᠭᠦᠳᠤᠨ᠎ᠡ᠃ ᠠᠳᠤᠭᠤᠨ ᠰᠤᠶᠤᠯ ᠤᠨ ᠲᠦᠪ ᠤᠨ ᠠᠭᠤᠳᠠᠮ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢ ᠪᠦᠷᠢᠨᠰᠢᠭᠦᠯᠵᠤ᠂ ᠪᠠᠶᠠᠨᠰᠢᠯᠢ ᠦᠪᠡᠷᠮᠢᠴᠡ ᠤᠨᠴᠠᠯᠢᠭ ᠪᠦᠬᠦᠢ ᠠᠳᠤᠭᠤᠨ ᠰᠤᠶᠤᠯ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠥᠲᠦᠭᠡᠨ ᠪᠠᠶᠢᠭᠤᠯᠤᠨ᠎ᠡ᠃ ᠰᠢᠯᠢ ᠶᠢᠨ ᠭᠤᠤᠯ ᠬᠡᠭᠡᠷ᠎ᠡ ᠶᠢᠨ ᠠᠮᠢᠲᠠᠨ ᠤᠷᠭᠤᠮᠠᠯ ᠤᠨ ᠬᠦᠷᠢᠶᠡᠯᠡᠩ ᠢ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠵᠤ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠᠨ ᠤ ᠭᠠᠵᠠᠷ ᠰᠢᠡᠵᠢᠯᠡᠭᠡᠨ ᠤ ᠴᠡᠴᠡᠷᠯᠢᠭ ᠢ ᠤᠯᠤᠰ ᠤᠨ ᠲᠡᠰ ᠤᠨ ᠭᠠᠵᠠᠷ ᠰᠢᠡᠵᠢᠯᠡᠭᠡᠨ ᠤ ᠴᠡᠴᠡᠷᠯᠢᠭ ᠪᠤᠯᠭᠠᠨ ᠪᠠᠶᠢᠭᠤᠯᠤᠨ᠎ᠠ᠃ ᠬᠢᠯᠢ ᠠᠯᠤᠰᠯᠠᠭᠰᠡᠨ ᠵᠢᠭᠤᠯᠴᠢᠯᠠᠯ ᠪᠠ ᠮᠦᠩᠭᠦᠨ ᠡᠪᠤᠯ ᠤᠨ ᠵᠢᠭᠤᠯᠴᠢᠯᠠᠯ ᠤᠨ ᠠᠵᠢᠯᠯᠠᠭ᠎ᠠ ᠶᠢ ᠦᠷᠨᠢᠭᠦᠯᠵᠦ᠂ ︽ᠰᠢᠯᠢᠨ ᠦᠵᠡᠮᠵᠢ ᠶᠢᠨ ᠱᠤᠭᠤᠮ︾᠎ ᠤᠨ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠎ᠠ᠃ ᠤᠯᠡᠨ ᠤᠯᠤᠰ ᠤᠨ ᠨᠡᠭᠦᠳᠡᠯ ᠮᠠᠯᠵᠢᠯ ᠤᠨ ᠰᠤᠶᠤᠯ ᠤᠨ ᠨᠠᠶᠢᠷ᠂ ᠲᠤᠮᠳᠠᠲᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠰᠤᠶᠤᠯ ᠲᠠᠮᠢᠷ ᠎ ᠤᠨ ᠵᠢᠭᠤᠯᠴᠢᠯᠡᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠤ᠂ ᠡᠵᠡᠩᠨᠡᠨ ᠪᠤᠷᠤᠯᠠᠭᠤᠯᠬᠤ ᠰᠢᠨ᠎ᠡ ᠦᠢᠯᠠᠭᠠᠭᠳᠠᠬᠤᠨ ᠢ ᠡᠭᠦᠳᠴᠤ᠂ ︽ᠪᠤᠭᠤᠷᠤᠯ ᠲᠡᠤᠬᠡ ᠶᠢᠨ ᠬᠦᠯᠤᠭ᠌ ᠤᠨ ᠮᠠᠭᠲᠠᠭᠠᠯ︾ ᠪᠤᠯᠤᠨ ᠠᠳᠤᠭᠤᠨ ᠰᠤᠶᠤᠯ ᠤᠨ ᠲᠦᠪ ᠤᠨ ᠮᠤᠷᠢᠨ ᠤ ᠤᠷᠤᠯᠳᠤᠭᠠᠨ ᠵᠡᠷᠭᠡ ᠬᠦᠳᠡᠯᠭᠡᠭᠡᠨ ᠢᠶᠠᠷ ᠲᠠᠮᠵᠢᠵᠤ᠂ ᠬᠤᠲᠠ ᠶᠢᠨ ᠲᠦᠷᠢ ᠲᠦᠷᠬᠦ ᠶᠢ ᠬᠦᠢᠴᠡᠳ ᠬᠠᠷᠠᠭᠤᠯᠤᠨ᠂ ᠵᠢᠭᠤᠯᠴᠢᠯᠡᠯ ᠤᠨ ᠨᠦᠯᠤᠭᠡᠯᠡᠬᠦ ᠬᠦᠴᠤᠨ ᠢ ᠲᠡᠭᠡᠭᠰᠢᠯᠡᠭᠦᠯᠤᠨ᠎ᠡ᠃ ᠵᠢᠭᠤᠯᠴᠢᠯᠡᠯ ᠤᠨ ᠦᠵᠡᠮᠵᠢ ᠶᠢᠨ ᠴᠡᠭ᠂ ᠦᠵᠡᠮᠵᠢ ᠶᠢᠨ ᠤᠷᠤᠨ ᠪᠠ ︽ᠮᠠᠯᠴᠢᠨ ᠠᠶᠢᠯ︾᠎ ᠤᠨ ᠵᠢᠭᠤᠯᠴᠢᠯᠠᠯ ᠤᠨ ᠴᠡᠭ ᠤᠨ ᠶᠡᠷᠤᠬᠡᠶᠢᠯᠡᠭᠰᠡᠨ ᠴᠡᠭᠴᠡᠯᠡᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠤᠬᠢ ᠰᠠᠶᠢᠨ ᠵᠢᠭᠤᠯᠴᠢᠯᠠᠯ ᠤᠨ ᠤᠷᠴᠢᠨ ᠢ ᠡᠭᠦᠳᠴᠤ᠂ ᠪᠦᠬᠦ ᠵᠢᠯ ᠤᠨ ᠵᠢᠭᠤᠯᠴᠢᠯᠡᠯ ᠤᠨ ᠤᠷᠤᠯᠭ᠎ᠠ ᠶᠢ 70 ᠳ᠋ᠦᠩᠰᠢᠭᠤᠷ ᠲᠦᠭᠦᠷᠢᠭ ᠠᠴᠠ ᠲᠠᠪᠠᠭᠤᠯᠤᠨ᠎ᠠ᠃           ︵ᠭᠤᠷᠪᠠ︶ ᠪᠤᠬᠢᠷᠳᠦᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠎ ᠤ ᠬᠠᠯᠬᠠᠪᠴᠢ ᠶᠢ ᠪᠠᠲᠤᠵᠢᠭᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠤᠯᠡᠮ ᠴᠢᠩᠭᠠᠳᠬᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠨ ᠪᠠᠶᠢᠭᠤᠯᠤᠨ᠎ᠠ᠃ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢ ᠴᠢᠩᠭᠠᠳᠬᠠᠨ᠎ᠠ᠃ 4.31 ᠳ᠋ᠦᠩᠰᠢᠭᠤᠷ ᠲᠦᠭᠦᠷᠢᠭ ᠪᠡᠯᠨ ᠤᠷᠤᠭᠤᠯᠵᠤ᠂ ᠪᠡᠭᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠭᠤᠣᠯᠳᠠᠯᠭᠠᠲᠣ ᠣᠷᠣᠨ ᠲᠣᠭᠤᠷᠢᠭ ᠢ ᠨᠣᠭᠤᠭᠠᠷᠠᠭᠤᠯᠬᠤ᠂ ᠣᠰᠣᠨ ᠰᠢᠰᠲ᠋ᠧᠮ ᠢ ᠵᠠᠰᠠᠬᠤ ᠵᠡᠷᠭᠡ ᠠᠮᠢ ᠠᠬᠤᠢ ᠶᠢᠨ ᠲᠣᠮᠣ ᠴᠢᠬᠤᠯᠠ ᠢᠨᠵᠧᠨᠧᠷᠢᠩ ᠢ 12.1 ᠲᠦᠮᠡᠨ ᠮᠤ᠋ ᠬᠡᠷᠡᠭᠵᠢᠭᠦᠯᠣᠨ᠎ᠡ᠃ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠤ ᠶᠢᠨ ᠪᠤᠳᠤᠯᠭ᠎ᠠ ᠶᠢ ᠬᠢᠨᠡᠮᠡᠭᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠲᠠᠭᠠᠭᠠᠴᠢᠯᠡᠨ ᠡᠵᠡᠩᠨᠡᠬᠦ ᠡᠷᠬᠡ ᠶᠢ ᠲᠤᠳᠤᠷᠬᠠᠶᠢᠯᠠᠨ ᠳᠠᠩᠰᠠᠯᠠᠵᠤ᠂ ᠦᠨᠡᠮᠯᠡᠯ ᠤᠯᠭᠤᠬᠤ ᠠᠵᠢᠯ ᠢ ᠡᠮᠬᠢ ᠴᠡᠭᠴᠡ ᠲᠠᠢ ᠶᠠᠪᠤᠭᠳᠠᠭᠤᠯᠤᠨ᠎ᠠ᠃ ᠬᠠᠳᠤᠯᠠᠩ ᠪᠡᠯᠴᠢᠭᠡᠷ ᠰᠢᠯᠵᠢᠭᠦᠯᠤᠨ ᠬᠡᠷᠡᠭᠯᠡᠬᠦ ᠪᠠ ᠪᠠᠶᠢᠭᠠᠯᠢᠯᠢᠭ ᠬᠠᠳᠤᠯᠡᠩ ᠪᠡᠯᠴᠢᠭᠡᠷ ᠤᠨ ᠬᠠᠮᠢᠶᠠᠷᠤᠯᠲᠠ ᠶᠢ ᠲᠦᠷᠢᠮᠵᠢᠭᠦᠯᠤᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠠᠯᠲᠠ᠂ ᠤᠢ ᠮᠤᠳᠤᠨ ᠤ ᠬᠠᠮᠠᠭᠠᠯᠠᠯᠲᠠ ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠨ᠂ ᠠᠮᠢ ᠠᠬᠤᠢ ᠶᠢᠨ ᠪᠦᠲᠤᠭᠡᠨ ᠪᠠᠶᠢᠭᠤᠯᠤᠯᠲᠠ ᠶᠢᠨ ᠦᠷ᠎ᠡ ᠪᠦᠲᠤᠭᠡᠯ ᠢ ᠰᠠᠶᠢᠲᠤᠷ ᠬᠠᠮᠠᠭᠠᠯᠠᠨ᠎ᠠ᠃ ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠨ ᠰᠠᠶᠢᠵᠢᠷᠠᠭᠤᠯᠵᠤ᠂ ᠰᠢᠷᠤᠢ ᠤᠪᠤᠭᠠᠯᠠᠬᠤ ᠲᠠᠯᠠᠪᠠᠢ ᠶᠢ ᠴᠡᠭᠴᠡᠯᠡᠨ ᠵᠠᠰᠠᠬᠤ ᠵᠡᠷᠭᠡ ᠠᠷᠭ᠎ᠠ ᠠᠪᠴᠡᠯ ᠢ ᠴᠢᠩᠭ᠎ᠠ ᠨᠠᠶᠢᠳᠠᠪᠤᠷᠢᠵᠢᠭᠤᠯᠤᠨ᠂ ᠡᠶ᠎ᠡ ᠵᠤᠬᠢᠴᠠᠯᠲᠤ ᠪᠤᠬᠢᠷᠳᠤᠯ ᠦᠭᠡᠢ ᠠᠭᠤᠷᠬᠠᠢ ᠶᠢᠨ ᠤᠷᠤᠨ ᠢ ᠪᠠᠶᠢᠭᠤᠯᠬᠤ ᠪᠠᠷ ᠴᠢᠷᠮᠠᠶᠢᠨ᠎ᠠ᠃           ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠨ᠂ ᠨᠡᠭᠦᠷᠡᠰᠤᠨ ᠭᠦᠸᠧᠯᠤ ᠶᠢ ᠠᠯᠬᠤᠮ ᠠᠯᠬᠤᠮ ᠢᠶᠠᠷ ᠲᠠᠶᠠᠭᠳᠠᠬᠤ ᠠᠵᠢᠯ ᠢ ᠡᠮᠬᠢ ᠴᠡᠭᠴᠡ ᠲᠠᠢ ᠠᠬᠢᠭᠤᠯᠵᠣ᠂ ᠠᠭᠠᠷ ᠤᠨ ᠪᠤᠬᠢᠷᠳᠤᠯ ᠪᠥᠭᠦᠢ ᠠᠵᠤ ᠠᠬᠤᠶᠢᠯᠡᠯ ᠢ ᠭᠠᠳᠠᠭᠰᠢᠯᠠᠭᠤᠯᠬᠤ ᠪᠠᠷᠢᠮᠵᠢᠶ᠎ᠠ ᠪᠠᠷ ᠬᠢᠵᠠᠭᠠᠷᠯᠠᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠷᠢᠮ ᠠᠴᠠ ᠵᠦᠷᠢᠴᠡᠭᠰᠡᠨ ᠲᠦᠷᠤᠯ ᠵᠦᠢᠯ ᠢ ᠴᠡᠭᠴᠡᠯᠡᠨ ᠵᠠᠰᠠᠨ᠎ᠠ᠃ ᠰᠢᠨ᠎ᠡ ᠬᠤᠲᠠ‌‍ᠲ᠋ᠤᠭᠤᠷᠢᠭ ᠤᠨ ᠪᠤᠵᠠᠷ ᠤᠰᠤ ᠴᠡᠪᠡᠷᠰᠢᠭᠦᠯᠵᠤ ᠰᠢᠢᠳᠪᠤᠷᠢᠯᠡᠬᠦ ᠦᠢᠯᠡᠳᠪᠤᠷᠢ ᠶᠢ ᠦᠨᠡᠯᠡᠨ ᠰᠢᠯᠭᠠᠵᠤ ᠬᠢᠨᠡᠨ ᠪᠤᠳᠤᠯᠲᠡ ᠬᠢᠵᠤ᠂ ᠲᠠᠰ ᠲᠡᠪᠰᠢᠭᠦᠯᠤᠨ᠎ᠡ᠂ ᠳ᠋ᠠ ᠵᠤᠸᠡᠩ ᠶᠤᠸᠡᠨ ᠵᠡᠷᠭᠡ ᠬᠦᠷᠢᠶᠡᠯᠡᠩ ᠲᠤᠭᠤᠷᠢᠭ ᠤᠨ ᠪᠤᠵᠠᠷ ᠤᠰᠤ ᠴᠡᠪᠡᠷᠰᠢᠭᠦᠯᠵᠤ ᠰᠢᠢᠳᠪᠤᠷᠢᠯᠡᠬᠦ ᠦᠢᠯᠡᠳᠪᠤᠷᠢ ᠎ ᠶᠢᠨ ᠪᠦᠲᠤᠭᠡᠨ ᠪᠠᠶᠢᠭᠤᠯᠤᠯᠲᠠ ᠶᠢ ᠲᠦᠷᠬᠡᠳᠬᠡᠵᠦ᠂ ᠬᠦᠷᠢᠶᠡᠯᠡᠩ ᠳᠤ ᠰᠠᠭᠤᠭ᠎ᠠ ᠠᠵᠤ ᠠᠬᠤᠶᠢᠯᠡᠯ ᠤᠨ ᠪᠠᠷᠢᠮᠵᠢᠶ᠎ᠠ ᠶᠣᠰᠣᠭᠠᠷ ᠪᠠᠲᠣᠯᠠᠨ᠎ᠠ᠃ ᠨᠡᠭᠦᠷᠡᠰᠤ ᠬᠠᠳᠠᠭᠠᠯᠠᠬᠤ ᠲᠠᠯᠠᠪᠠᠢ ᠪᠠ ᠪᠠᠷᠢᠯᠭ᠎ᠠ ᠶᠢᠨ ᠭᠠᠵᠠᠷ ᠲᠤ ᠲᠤᠭᠤᠰᠤ ᠰᠢᠷᠤᠢ ᠨᠠᠮᠳᠠᠭᠤᠯᠬᠤ ᠠᠷᠭ᠎ᠠ ᠠᠪᠴᠡᠯ ᠠᠪᠴᠤ᠂ ᠲᠤᠭᠤᠰᠤ ᠰᠢᠷᠤᠢ ᠶᠢᠨ ᠪᠤᠬᠢᠷᠳᠦᠯ ᠢ ᠪᠠᠭᠠᠰᠬᠠᠨ᠎ᠠ᠃ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠨ᠂ ᠬᠠᠤᠯᠢ ᠠᠴᠠ ᠵᠦᠷᠢᠴᠡᠭᠰᠡᠨ ᠤᠷᠴᠢᠨ ᠲᠤᠭᠤᠷᠢᠨ ᠤ ᠦᠢᠯᠨ ᠠᠵᠢᠯᠯᠠᠭᠠᠨ ᠢ ᠴᠢᠩᠭ᠎ᠠ ᠪᠠᠶᠢᠴᠠᠭᠠᠨ ᠰᠢᠳᠭᠡᠨ᠎ᠡ᠃            ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠮᠢ ᠠᠬᠤᠢ ᠎ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠲᠠᠲᠠᠪᠤᠷᠢᠯᠡᠨ ᠬᠡᠷᠡᠭᠯᠡᠬᠦ ᠳᠡᠭᠡᠨ ᠬᠢᠨᠡᠨ ᠬᠠᠷᠭᠤᠭᠤᠯᠵᠤ ᠬᠢᠨᠡᠨ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠪᠠᠶᠢᠭᠠᠯᠢ ᠶᠢᠨ ᠡᠳ᠋ ᠪᠠᠶᠠᠯᠢᠭ ᠡᠳ᠋ ᠬᠦᠷᠤᠩᠭᠡ ᠶᠢᠨ ᠦᠷᠢ ᠦᠭᠴᠡᠭᠡᠨ ᠤ ᠲᠠᠩᠰᠡ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠂ ᠲᠤᠰᠢᠶᠠᠯ ᠠᠴᠠ ᠰᠠᠯᠬᠤ ᠦᠶ᠎ᠠ ᠶᠢᠨ ᠪᠠᠶᠢᠭᠠᠯᠢ ᠶᠢᠨ ᠡᠳ᠋ ᠪᠠᠶᠠᠯᠢᠭ ᠡᠳ᠋ ᠬᠦᠷᠤᠩᠭᠡ ᠶᠢᠨ ᠬᠢᠨᠡᠨ ᠪᠤᠳᠤᠯᠲᠠ᠂ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠡᠨ ᠠᠯᠳᠠᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠵᠡᠷᠭᠡ ᠠᠵᠢᠯ ᠢ ᠡᠮᠬᠢ ᠴᠡᠭᠴᠡ ᠲᠠᠢ ᠶᠠᠪᠤᠭᠳᠠᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠤ᠂ ᠡᠨᠧᠷᠬᠢ ᠪᠠ ᠤᠰᠤᠨ ᠤ ᠡᠬᠢ ᠰᠤᠷᠪᠤᠯᠵᠢ ᠶᠢᠨ ᠬᠤᠷᠤᠭᠳᠠᠯ ᠢ ᠪᠠᠭᠠᠰᠬᠠᠵᠤ᠂ ᠪᠦᠲᠤᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠶᠢ ᠬᠢᠵᠠᠭᠠᠷᠯᠠᠬᠤ ᠶᠢ ᠰᠠᠶᠢᠲᠤᠷ ᠨᠠᠶᠢᠳᠠᠪᠤᠷᠢᠵᠢᠭᠤᠯᠤᠨ᠎ᠠ᠂ ᠠᠮᠢ ᠠᠬᠤᠢ ᠶᠢᠨ ᠰᠤᠶᠤᠯ ᠢ ᠬᠦᠮᠦᠵᠢᠭᠦᠯᠦᠨ ᠪᠣᠵᠠᠭᠠᠶᠢᠷᠠᠭᠤᠯᠵᠦ᠂ ᠣᠷᠴᠢᠨ ᠲᠣᠭᠤᠷᠢᠨ ᠎ ᠤ ᠪᠣᠬᠢᠷᠲᠣᠯ ᠦᠭᠡᠢ ᠠᠵᠣ ᠦᠢᠯᠡᠰ ᠢ ᠬᠥᠭᠵᠢᠭᠦᠯᠦᠨ᠂ ᠠᠷᠪᠢᠯᠠᠨ ᠭᠠᠮᠨᠠᠬᠤ ᠶᠢ ᠰᠤᠷᠳᠠᠯᠴᠢᠯᠠᠵᠤ᠂ ᠪᠤᠬᠢᠷᠳᠤᠯ ᠦᠭᠡᠢ ᠦᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡᠨ ᠤ ᠠᠷᠭ᠎ᠠ ᠬᠡᠯᠪᠡᠷᠢ ᠶᠢ ᠪᠤᠢ ᠪᠤᠯᠭᠠᠨ᠎ᠠ᠃          ︵ᠲᠦᠷᠪᠡ︶ ᠪᠦᠲᠤᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡᠪᠡᠷ ᠴᠢᠩᠭᠠᠳᠬᠠᠵᠤ᠂ ᠬᠤᠲᠠ ᠎ ᠶᠢᠨ ᠪᠠᠭᠲᠠᠭᠠᠮᠵᠢ ᠲᠠᠭᠠᠭᠠᠴᠠ ᠶᠢ ᠶᠡᠭᠡᠰᠭᠡᠨ ᠲᠡᠰ ᠴᠢᠨᠠᠷᠵᠢᠯ ᠢ ᠲᠡᠭᠡᠭᠰᠢᠯᠡᠭᠦᠯᠤᠨ᠎ᠡ᠃ ᠤᠯᠤᠰ ᠤᠨ ᠰᠢᠶᠠᠨ ᠤ ᠲᠡᠰ ᠎ ᠤᠨ ᠪᠤᠯᠪᠠᠰᠤᠨ ᠬᠤᠲᠠ ᠪᠤᠯᠤᠨ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠬᠤᠲᠠ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ ᠡᠶ᠎ᠡ ᠵᠤᠬᠢᠴᠠᠯᠲᠠᠢ᠂ ᠤᠷᠤᠰᠢᠨ ᠠᠮᠢᠳᠤᠷᠠᠬᠤ ᠳᠤ ᠲᠤᠬᠢᠷᠠᠮᠵᠢᠲᠠᠢ᠂ ᠠᠮᠢᠵᠢᠷᠠᠯ ᠤᠨ ᠬᠦᠴᠤᠨ ᠢᠶᠠᠷ ᠪᠢᠯᠬᠠᠮ᠎ᠠ᠂ ᠥᠪᠡᠷᠮᠢᠴᠡ ᠤᠨᠴᠠᠯᠢᠭ ᠲᠤᠪᠤᠶᠢᠮ᠎ᠠ ᠤᠳᠤᠬᠢᠴᠢᠯᠠᠭᠰᠡᠨ ᠬᠤᠲᠠ ᠶᠢ ᠴᠤᠭᠴᠠᠯᠠᠨ ᠪᠠᠶᠢᠭᠤᠯᠤᠨ᠎ᠠ᠃           ᠬᠤᠲᠠ ᠶᠢᠨ ᠲᠠᠭᠠᠭᠠᠴᠠ ᠴᠢᠳᠠᠪᠬᠢ ᠶᠢ ᠲᠡᠭᠦᠯᠳᠡᠷᠵᠢᠭᠦᠯᠤᠨ᠎ᠡ᠃ ︽ᠠᠷᠠᠳ ᠤᠨ ᠠᠮᠢᠳᠤᠷᠠᠯ ᠢ ᠬᠠᠷᠠᠭᠠᠯᠵᠠᠬᠤ ᠬᠤᠲᠠ ᠶᠢᠨ ᠪᠦᠲᠤᠭᠡᠨ ᠪᠠᠶᠢᠭᠤᠯᠤᠯᠲᠠ︾᠎ ᠶᠢᠨ ᠦᠢᠯᠠᠭᠠᠭᠳᠠᠬᠤᠨ ᠢ ᠪᠠᠷᠢᠮᠲᠠᠯᠠᠵᠤ᠂ ᠨᠢᠭᠡᠲᠤᠯᠲᠠᠢ ᠲᠦᠯᠤᠪᠵᠢᠭᠦᠯᠤᠯᠭᠡ ᠪᠠᠷ ᠬᠦᠲᠤᠯᠤᠭ᠍ᠴᠢ ᠪᠤᠯᠭᠠᠨ᠂ ᠭᠤᠤᠯᠳᠠᠯᠭᠠᠲᠤ ᠲᠦᠷᠤᠯ ᠵᠦᠢᠯ ᠢᠶᠠᠷ ᠰᠢᠪᠳᠤᠯᠤᠯᠲᠠ ᠪᠤᠯᠭᠠᠨ᠂ ᠨᠠᠷᠢᠯᠢᠭ ᠬᠠᠮᠢᠶᠠᠷᠤᠯᠲᠠ ᠪᠠᠷ ᠪᠠᠲᠤᠯᠠᠭ᠎ᠠ ᠪᠤᠯᠭᠠᠵᠤ᠂ ᠠᠶᠢᠮᠠᠭ ᠤᠨ ᠲᠦᠪ ᠬᠤᠲᠠ ᠶᠢᠨ ᠪᠠᠶᠢᠷᠢ ᠴᠢᠳᠠᠪᠬᠢ ᠪᠠᠨ ᠲᠤᠪᠤᠶᠢᠯᠭᠠᠨ᠂ ᠬᠤᠲᠠ ᠶᠢᠨ ᠲᠡᠰ ᠴᠢᠨᠠᠷᠵᠢᠯ ᠪᠠ ᠶᠡᠷᠤᠩᠬᠡᠶᠢᠯᠡᠭᠰᠡᠨ ᠲᠠᠭᠠᠭᠠᠴᠠ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠤᠨ᠎ᠡ᠃ ᠰᠢᠷᠠᠲᠠᠯ᠎ᠠ ᠵᠡᠭᠡᠯᠢ᠂ ᠲᠢᠶᠠᠡᠵᠢᠨ ᠵᠠᠮ᠂ ᠴᠦᠩᠴᠢᠩ ᠵᠠᠮ ᠵᠡᠷᠭᠡ 7 ᠵᠤᠷᠪᠤᠰ ᠵᠠᠮ ᠢ ᠨᠡᠪᠲᠡᠷᠡᠭᠦᠯᠵᠤ᠂ ᠨᠠᠭᠠᠳᠤᠮ ᠵᠡᠭᠡᠯᠢ ᠶᠢ ᠦᠷᠭᠡᠳᠭᠡᠨ᠂ 9.8 ᠺᠢᠯᠤᠮᠧᠲᠷ ᠤᠨ ᠴᠠᠷᠳᠠᠮᠡᠯ ᠵᠠᠮ ᠲᠡᠪᠢᠰᠴᠦ᠂ 64 ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠦᠮᠤᠨ ᠤ ᠵᠠᠮ ᠢ ᠵᠠᠰᠠᠵᠤ ᠦᠭᠡᠷᠡᠴᠢᠯᠡᠨ᠂ ᠬᠤᠲᠠ ᠲᠤᠭᠤᠷᠢᠭ ᠎ ᠤᠨ ᠵᠠᠮ ᠬᠠᠷᠢᠯᠴᠠᠭ᠎ᠠ ᠶᠢ ᠰᠠᠶᠢᠵᠢᠷᠠᠭᠤᠯᠤᠨ᠎ᠠ᠃ ︽ᠲᠦᠭᠡᠭᠡᠯ ᠤᠰᠤ᠂ ᠪᠤᠷᠤᠭᠠᠨ ᠤ ᠤᠰᠤ᠂ ᠪᠤᠵᠠᠷ ᠤᠰᠤ︾ ᠎ ᠶᠢᠨ ᠬᠤᠭᠤᠯᠠᠢ ᠲᠤᠤᠷ 68 ᠺᠢᠯᠤᠮᠧᠲᠷ ᠤᠭᠰᠠᠷᠠᠵᠤ᠂ ᠢᠯᠴᠢ ᠬᠠᠩᠭᠠᠬᠤ ᠬᠤᠭᠤᠯᠠᠢ ᠲᠤᠤᠷ ᠵᠠᠰᠠᠵᠤ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠤ᠂ ᠪᠤᠵᠠᠷ ᠤᠰᠤ ᠴᠡᠪᠡᠷᠰᠢᠭᠦᠯᠵᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠤ᠂ ᠬᠤᠲᠠ ᠶᠢᠨ ᠰᠠᠭᠤᠷᠢ ᠲᠦᠬᠦᠭᠡᠷᠤᠮᠵᠢ ᠶᠢ ᠪᠦᠷᠢᠨᠰᠢᠭᠦᠯᠤᠨ᠎ᠡ᠃ ᠲᠦᠷᠪᠡ ᠨᠤᠮᠧᠷᠲᠤ ᠨᠠᠭᠤᠷ ᠤᠨ ᠦᠵᠡᠮᠵᠢ ᠶᠢ ᠦᠭᠡᠷᠡᠴᠢᠯᠡᠨ ᠵᠠᠰᠠᠵᠤ᠂ ᠭᠤᠤᠯᠳᠠᠯᠭᠠᠲᠦ ᠤᠷᠤᠨ ᠲᠤᠭᠤᠷᠢᠭ ᠤᠨ ᠵᠡᠭᠡᠯᠢ ᠲᠠᠭᠠᠤ ᠳᠤ ᠨᠤᠭᠤᠭᠠᠷᠠᠭᠤᠯᠤᠯᠲᠠ ᠬᠢᠵᠤ᠂ ᠬᠤᠲᠠ ᠲᠤᠭᠤᠷᠢᠭ ᠤᠨ 38 ᠡᠾᠧᠺᠲ᠋ᠠᠷ ᠪᠦᠬᠦᠢ ᠲᠠᠯᠠᠪᠠᠢ ᠳᠤ ᠨᠤᠭᠤᠭᠠᠷᠠᠭᠤᠯᠤᠯᠲᠠ ᠬᠢᠵᠤ᠂ ᠬᠤᠲᠠ ᠶᠢᠨ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢ ᠠᠬᠢᠭᠤᠯᠤᠨ᠎ᠠ᠃ 20 ᠲᠦᠮᠡᠨ ᠲᠡᠭᠰᠢ ᠲᠦᠷᠪᠡᠯᠵᠢᠨ ᠮᠧᠲᠷ ᠪᠦᠬᠦᠢ ᠲᠠᠷᠬᠠᠢ ᠪᠠᠶᠢᠷᠢᠰᠢᠭᠰᠡᠨ ᠰᠠᠭᠤᠭᠠᠯᠢ ᠠᠷᠠᠳ ᠤᠨ ᠠᠰᠠᠷ ᠪᠠ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠲᠤ ᠡᠨᠧᠷᠬᠢ ᠠᠷᠪᠢᠯᠠᠬᠤ ᠪᠠ ᠤᠷᠴᠢᠨ ᠲᠤᠭᠤᠷᠢᠨ ᠢ ᠰᠠᠶᠢᠵᠢᠷᠠᠭᠤᠯᠬᠤ ᠪᠦᠲᠤᠭᠡᠨ ᠪᠠᠶᠢᠭᠤᠯᠤᠯᠲᠠ ᠬᠢᠨ᠎ᠡ᠃ ᠲᠦᠭᠦᠮ ᠪᠦᠲᠤᠴᠡᠲᠤ ᠤᠷᠤᠨ ᠰᠠᠭᠤᠴᠠ ᠶᠢᠨ ᠤᠷᠤᠨ ᠢ ᠵᠠᠰᠠᠨ ᠰᠠᠶᠢᠵᠢᠷᠠᠭᠤᠯᠬᠤ ᠲᠤᠰᠬᠠᠢ ᠪᠡᠯᠨ ᠮᠦᠩᠭᠦ ᠶᠢ ᠠᠮᠢᠳᠤᠯᠢᠭ ᠮᠦᠷᠲᠡᠭᠡᠨ ᠰᠠᠶᠢᠲᠤᠷ ᠬᠡᠷᠡᠭᠯᠡᠵᠤ᠂ ᠡᠨᠡ ᠵᠢᠯ ᠬᠤᠲᠠ ᠲᠤᠭᠤᠷᠢᠭ ᠤᠨ 1064 ᠡᠷᠤᠬᠡ ᠶᠢᠨ  ᠤᠷᠤᠨ ᠰᠠᠭᠤᠴᠠ ᠶᠢ ᠵᠠᠰᠠᠨ ᠰᠠᠶᠢᠵᠢᠷᠠᠭᠤᠯᠵᠤ᠂ ᠰᠢᠯᠢ ᠶᠢᠨ ᠬᠤᠲᠠ ᠶᠢᠨ ᠨᠡᠭᠦᠷᠡᠰᠤᠨ ᠠᠭᠤᠷᠬᠠᠢ ᠶᠢᠨ 1000 ᠡᠷᠤᠬᠡ ᠶᠢᠨ  ᠲᠦᠭᠦᠮ ᠪᠦᠲᠤᠴᠡᠲᠤ ᠤᠷᠤᠨ ᠰᠠᠭᠤᠴᠠ ᠶᠢ ᠵᠠᠰᠠᠨ ᠰᠠᠶᠢᠵᠢᠷᠠᠭᠤᠯᠤᠨ᠎ᠡ᠃ ᠠᠵᠤ ᠠᠬᠤᠶᠢᠯᠡᠯ ᠢ ᠨᠡᠭᠦᠯᠭᠡᠨ ᠰᠢᠯᠵᠢᠭᠦᠯᠬᠦ ᠠᠵᠢᠯ ᠢ ᠰᠠᠶᠢᠲᠤᠷ ᠬᠢᠵᠤ᠂ ᠨᠢᠭᠡᠨᠲᠡ ᠠᠵᠢᠯ ᠵᠤᠭᠰᠤᠭᠰᠡᠨ ᠪᠤᠶᠤ ᠠᠵᠢᠯ ᠤᠨ ᠠᠬᠢᠴᠨ ᠤᠳᠠᠭᠠᠨ ᠪᠠᠶᠢᠭ᠎ᠠ ᠪᠠᠷᠢᠯᠭ᠎ᠠ ᠶᠢᠨ ᠪᠦᠲᠤᠭᠡᠨ ᠪᠠᠶᠢᠭᠤᠯᠤᠯᠲᠠ ᠶᠢ ᠲᠠᠬᠢᠨ ᠡᠬᠢᠯᠡᠭᠦᠯᠵᠤ᠂ ᠰᠢᠨ᠎ᠡ ᠲᠤᠭᠤᠷᠢᠭ ᠤᠨ ᠭᠠᠵᠠᠷ ᠲᠤᠤᠷᠠᠬᠢ ᠬᠤᠭᠤᠯᠠᠢ ᠲᠤᠤᠷ ᠪᠠ ᠴᠠᠷᠳᠠᠮᠡᠯ ᠵᠠᠮ ᠢ ᠦᠭᠡᠷᠡᠴᠢᠯᠡᠨ ᠵᠠᠰᠠᠬᠤ ᠵᠡᠷᠭᠡ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠲᠦᠯᠤᠪᠯᠡᠵᠤ ᠬᠡᠷᠡᠭᠵᠢᠭᠦᠯᠤᠨ᠎ᠡ᠃ ᠬᠡᠦᠬᠡᠳ ᠤᠨ ᠴᠡᠩᠬᠡᠯ ᠤᠨ ᠤᠷᠳᠤᠨ ᠪᠠ ᠬᠤᠸᠡᠷ ᠴᠡᠴᠡᠭ ᠤᠨ ᠵᠠᠬ᠎ᠠ ᠲᠡᠯᠭᠡᠭᠦᠷ ᠤᠨ ᠪᠠᠶᠢᠭᠤᠯᠤᠯᠲᠠ ᠶᠢᠨ ᠠᠵᠢᠯ ᠢ ᠡᠬᠢᠯᠡᠨ ᠬᠢᠵᠤ᠂ ᠶᠡᠷᠤᠩᠬᠡᠶᠢᠯᠡᠭᠰᠡᠨ ᠴᠢᠨᠠᠷᠲᠠᠢ ᠬᠤᠳᠠᠯᠳᠤᠭᠠᠨ ᠤ ᠠᠵᠤ ᠠᠬᠤᠶᠢᠯᠡᠯ ᠢ ᠲᠠᠲᠠᠨ ᠤᠷᠤᠭᠤᠯᠵᠤ᠂ ᠦᠨᠳᠤᠷ ᠲᠡᠰ ᠤᠨ ᠺᠤᠹᠧ ᠶᠢᠨ ᠮᠤᠬᠤᠯᠠᠭ᠂ ᠴᠠᠢ ᠶᠢᠨ ᠪᠠᠭᠠᠷ ᠵᠡᠷᠭᠡ ᠤᠯᠡᠨ ᠲᠦᠮᠡᠨ ᠤ ᠰᠡᠯᠡᠭᠦᠴᠡᠯ ᠤᠨ ᠲᠠᠯᠠᠪᠤᠷ ᠡᠷᠬᠢᠯᠡᠵᠤ᠂ ᠤᠯᠡᠨ ᠲᠦᠮᠡᠨ ᠤ ᠠᠳᠠᠯᠢ ᠪᠤᠰᠤ ᠬᠡᠷᠡᠭᠴᠡᠭᠡᠨ ᠤ ᠱᠠᠭᠠᠷᠳᠠᠯᠭ᠎ᠠ ᠶᠢ ᠬᠠᠩᠭᠠᠵᠤ᠂ ᠬᠤᠲᠠ ᠵᠢᠨ‌‍ᠲ᠋ᠡᠰ ᠴᠢᠨᠠᠷᠵᠢᠯ ᠢ ᠲᠡᠭᠡᠭᠰᠢᠯᠡᠭᠦᠯᠤᠨ᠎ᠡ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠡ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠲᠤᠷ᠎ᠠ ᠲᠠᠪᠠ ᠢᠶᠠᠷ ᠢᠶᠠᠨ ᠪᠠᠶᠢᠭᠤᠯᠬᠤ᠂ ᠵᠠᠮ ᠬᠠᠷᠰᠢᠯᠠᠵᠤ ᠡᠵᠡᠩᠨᠡᠬᠦ᠂ ᠠᠳᠠᠯ ᠠᠬᠤᠢ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠡᠮᠬᠢ ᠲᠢᠭᠯᠢᠮ᠂ ᠲᠡᠷᠭᠡ ᠵᠤᠭᠰᠤᠬᠤ ᠡᠮᠬᠢ ᠲᠢᠭᠯᠢᠮ᠂ ᠵᠠᠷ ᠮᠡᠳᠡᠭᠡᠨ ᠤ ᠫᠠᠶᠢᠰᠨ ᠢᠯᠡᠷᠬᠡᠶᠢᠯᠡᠯ᠂ ᠪᠤᠴᠠᠭᠠᠵᠤ ᠨᠡᠭᠦᠯᠬᠡᠨ ᠲᠦᠪᠬᠢᠨᠡᠭᠦᠯᠬᠦ ᠵᠡᠷᠭᠡ ᠬᠤᠲᠠ ᠶᠢᠨ ᠬᠠᠮᠢᠶᠠᠷᠤᠯᠲᠠ ᠶᠢᠨ ᠲᠤᠪᠤᠶᠢᠮ᠎ᠠ ᠠᠰᠠᠭᠤᠳᠠᠯ ᠠᠴᠠ ᠭᠠᠷᠳᠠᠵᠤ᠂ ᠪᠤᠯᠪᠠᠰᠤᠨ ᠬᠤᠲᠠ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠨᠢᠭᠡᠲᠤᠯᠲᠠᠢ ᠴᠡᠭᠴᠡᠯᠡᠨ ᠵᠠᠰᠠᠵᠤ᠂ ᠱᠠᠭᠠᠷᠳᠠᠨ ᠪᠠᠶᠢᠴᠠᠭᠠᠵᠤ᠂ ᠵᠢᠯᠤᠭᠤᠳᠬᠤ ᠪᠠᠨ ᠴᠢᠩᠭᠠᠳᠬᠠᠨ᠂ ᠬᠤᠲᠠ ᠶᠢᠨ ᠪᠦᠬᠦᠶᠢᠯᠨ ᠴᠤᠭᠴᠠ ᠶᠢᠨ ᠲᠦᠷᠢ ᠲᠦᠷᠬᠦ ᠳᠤ ᠮᠡᠳᠡᠭᠳᠡᠮ᠎ᠡ ᠬᠤᠪᠢᠷᠠᠯᠲᠠ ᠭᠠᠷᠬᠤ ᠶᠢ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠡᠷᠬᠢᠯᠲᠡ ᠶᠢᠨ ᠦᠷ᠎ᠠ ᠠᠰᠢᠭ ᠦᠨᠳᠤᠷ᠂ ᠬᠠᠮᠢᠶᠠᠷᠤᠯᠲᠠ ᠨᠢ ᠡᠮᠬᠢ ᠲᠢᠭᠯᠢᠮ ᠲᠠᠢ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠲᠤᠮᠤ ᠲᠤᠭ᠎ᠠ ᠪᠠᠷᠢᠮᠲᠠ ᠶᠢᠨ ᠪᠠᠶᠢᠭᠤᠯᠤᠯᠲᠠ ᠳᠤ ᠲᠦᠰᠢᠭᠯᠡᠵᠦ᠂ ︽ᠤᠶᠤᠨᠴᠢ ᠰᠢᠯᠢ ᠶᠢᠨ ᠬᠤᠲᠠ︾᠎ ᠶᠢᠨ ᠪᠠᠶᠢᠭᠤᠯᠤᠯᠲᠠ ᠶᠢ ᠲᠦᠷᠭᠡᠳᠭᠡᠨ᠂ ᠰᠤᠷᠠᠭ ᠵᠠᠩᠬᠢ ᠢ ᠬᠠᠮᠲᠤᠪᠡᠷ ᠠᠰᠢᠭᠯᠠᠵᠤ ᠬᠡᠷᠡᠭᠯᠡᠬᠦ ᠶᠢ ᠪᠡᠶᠡᠯᠡᠭᠦᠯᠤᠨ᠂ ᠬᠤᠲᠠ ᠶᠢᠨ ᠬᠠᠮᠢᠶᠠᠷᠤᠯᠲᠠ ᠶᠢ ᠵᠠᠭᠪᠤᠷᠴᠢᠯᠠᠯᠲᠠ᠂ ᠤᠶᠤᠨᠴᠢᠯᠠᠯᠲᠠ᠂ ᠬᠦᠮᠤᠨᠴᠢ ᠴᠢᠨᠠᠷᠯᠢᠭ ᠲᠡᠰᠢ ᠬᠦᠭᠵᠢᠭᠦᠯᠤᠨ᠎ᠡ᠃            ︵ᠲᠠᠪᠤ︶ ᠨᠡᠶᠢᠭᠡᠮ ᠤᠨ ᠠᠵᠢᠯ ᠦᠢᠯᠡᠰ ᠢ ᠬᠦᠭᠵᠢᠭᠦᠯᠵᠤ᠂ ᠠᠷᠠᠳ ᠤᠨ ᠠᠵᠠ ᠬᠦᠷᠲᠡᠭᠡᠯ ᠢ ᠨᠡᠮᠡᠭᠳᠡᠭᠦᠯᠤᠨ᠎ᠡ᠃ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠠᠵᠢᠯ ᠤᠨ ᠵᠢᠯᠤᠭᠤᠳᠤᠮᠵᠢ ᠪᠤᠯᠭᠠᠵᠤ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠰᠠᠶᠢᠲᠤᠷ ᠬᠢᠵᠤ᠂ ᠤᠯᠡᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠤᠯᠤᠯᠲᠠᠲᠤ ᠰᠠᠳᠬᠢᠯᠭᠡ ᠶᠢ ᠨᠡᠮᠡᠭᠳᠡᠭᠦᠯᠤᠨ᠎ᠠ᠃            ᠰᠤᠷᠭᠠᠨ ᠬᠦᠮᠤᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠤᠨ᠎ᠡ᠃ 2.07 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠤ᠂ 12 ᠲᠦᠷᠤᠯ ᠤᠨ ᠰᠤᠷᠭᠠᠨ ᠬᠦᠮᠤᠵᠢᠯ ᠤᠨ ᠢᠨᠵᠧᠨᠧᠷᠢᠩ ᠢ ᠬᠡᠷᠡᠭᠵᠢᠭᠦᠯᠬᠦ ᠎ ᠪᠠᠷ ᠪᠠᠶᠢᠨ᠎ᠠ᠃ ᠬᠤᠲᠠ ᠲᠤᠭᠤᠷᠢᠭ ᠤᠨ 4 ᠰᠠᠭᠤᠷᠢ ᠠᠯᠪᠡᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ᠂ ᠮᠠᠯᠵᠢᠬᠤ ᠤᠷᠤᠨ ᠤ 7 ᠰᠠᠭᠤᠷᠢ ᠠᠯᠪᠡᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠤᠷᠤᠭᠤᠯᠤᠨ᠂ ᠰᠢᠯᠢ ᠶᠢᠨ ᠬᠤᠲᠠ ᠶᠢᠨ ᠬᠡᠤᠬᠡᠳ ᠤᠨ ᠴᠡᠴᠡᠷᠯᠢᠭ ᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ ᠶᠢ 95%᠎ ᠠᠴᠠ ᠲᠡᠭᠡᠭᠰᠢ ᠬᠦᠷᠭᠡᠨ᠎ᠡ᠃ ᠬᠤᠶᠠᠷ᠂ ᠭᠤᠷᠪᠠᠳᠤᠭᠠᠷ ᠪᠠᠭ᠎ᠠ ᠰᠤᠷᠭᠠᠭᠤᠯᠢ ᠶᠢ ᠪᠠᠷᠢᠮᠵᠢᠶᠠᠨ ᠳᠤ ᠬᠦᠷᠭᠡᠵᠤ ᠪᠦᠲᠤᠭᠡᠨ ᠪᠠᠶᠢᠭᠤᠯᠤᠨ᠂ ᠰᠢᠯᠢᠨ ᠪᠠᠭ᠎ᠠ ᠰᠤᠷᠭᠠᠭᠤᠯᠢ ᠶᠢ ᠪᠠᠷᠢᠯᠭ᠎ᠠ ᠡᠬᠢᠯᠡᠭᠦᠯᠦᠨ᠂ ᠦᠨᠤ ᠵᠢᠯ ᠤᠯᠤᠰ ᠬᠢᠭᠡᠳ ᠦᠪᠡᠷᠲᠡᠭᠡᠨ ᠵᠠᠰᠠᠬᠤ ᠤᠷᠤᠨ ᠤ ᠠᠯᠪᠡᠨ ᠵᠢᠷᠤᠮ ᠤᠨ ᠰᠤᠷᠭᠠᠨ ᠬᠦᠮᠤᠵᠢᠯ ᠢ ᠦᠨᠳᠤᠰᠤᠨ ᠳᠡᠭᠡᠨ ᠲᠡᠩᠴᠡᠭᠦᠷᠢᠲᠠᠢ ᠬᠦᠭᠵᠢᠬᠦᠯᠬᠦ ᠬᠢᠨᠡᠨ ᠰᠢᠯᠭᠠᠯᠲᠠ ᠶᠢ ᠳᠠᠪᠠᠭᠤᠯᠤᠨ᠎ᠠ᠃ ᠦᠨᠳᠤᠷ ᠲᠤᠮᠳᠠᠳᠤ ᠶᠢᠨ ᠤᠯᠤᠰ ᠤᠨ ᠰᠢᠯᠭᠠᠯᠲᠠ ᠶᠢᠨ ᠵᠢᠩᠬᠢᠨᠢ ᠠᠩᠬᠢ ᠳᠤ ᠤᠷᠤᠬᠤ ᠨᠤᠷᠮ᠎ᠠ ᠶᠢ 75%᠎ ᠠᠴᠠ ᠲᠡᠭᠡᠭᠰᠢ ᠬᠦᠷᠬᠡᠵᠦ᠂ ᠰᠢᠨ᠎ᠡ ᠰᠢᠪᠲᠤᠯᠤᠯᠲᠠ ᠭᠠᠷᠭᠠᠨ᠎ᠠ᠃ ᠮᠤᠩᠭᠤᠯ ᠬᠢᠳᠠᠳ ᠬᠤᠶᠠᠷ ᠬᠡᠯᠨ ᠪᠠᠷ ᠵᠢᠭᠠᠨ ᠰᠤᠷᠭᠠᠬᠤ ᠶᠢ ᠴᠢᠩᠭᠠᠳᠬᠠᠵᠤ᠂ ᠦᠨᠳᠤᠰᠤᠲᠠᠨ ᠤ ᠰᠤᠷᠭᠠᠨ ᠬᠦᠮᠤᠵᠢᠯ ᠤᠨ ᠰᠢᠯᠢᠳᠡᠭ ᠰᠤᠷᠭᠠᠭᠤᠯᠢ ᠶᠢ ᠴᠤᠭᠴᠠᠯᠠᠨ ᠪᠠᠶᠢᠭᠤᠯᠤᠨ᠎ᠠ᠃ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠲᠤᠬᠢᠷᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠦᠮᠤᠵᠢᠭᠦᠯᠤᠨ᠎ᠡ᠃ ᠵᠡᠮᠳᠡᠭ ᠬᠡᠤᠬᠡᠳ ᠤᠨ ᠰᠤᠷᠭᠠᠨ ᠬᠦᠮᠤᠵᠢᠯ ᠬᠦᠷᠲᠡᠬᠦ ᠱᠠᠭᠠᠷᠳᠠᠯᠭ᠎ᠠ ᠶᠢ ᠬᠠᠩᠭᠠᠨ᠎ᠠ᠃ ᠰᠤᠷᠭᠠᠭᠤᠯᠢ ᠶᠢᠨ ᠠᠮᠤᠷ ᠲᠦᠪᠰᠢᠨ ᠎ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠤᠮᠵᠢᠲᠠᠢ ᠲᠡᠭᠡᠭᠰᠢᠯᠡᠭᠦᠯᠤᠨ᠎ᠡ᠃            ᠠᠵᠢᠯ ᠤᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠲᠤᠭᠲᠠᠴᠠ ᠶᠢ ᠪᠦᠷᠢᠨᠰᠢᠭᠦᠯᠤᠨ᠎ᠡ᠃ ︽ᠤᠯᠡᠨ ᠢᠶᠠᠷ ᠢᠶᠠᠨ ᠦᠢᠯᠡᠰ ᠪᠤᠰᠬᠠᠵᠤ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ︾᠎ ᠶᠢ ᠶᠡᠬᠡᠪᠡᠷ ᠠᠬᠢᠭᠤᠯᠵᠤ᠂ ᠦᠢᠯᠡᠰ ᠪᠤᠰᠬᠠᠬᠤ ᠬᠦᠷᠢᠶᠡᠯᠡᠩ ᠲᠤᠭᠤᠷᠢᠭ ᠤᠨ ᠦᠢᠯᠡᠳᠤᠯ ᠢ ᠢᠳᠡᠪᠬᠢᠲᠠᠢ ᠪᠠᠳᠠᠷᠠᠭᠤᠯᠤᠨ᠂ ᠠᠵᠢᠯ ᠤᠯᠭᠤᠯᠲᠠ ᠎ ᠶᠢ ᠲᠡᠮᠵᠢᠨ ᠲᠡᠳᠭᠦᠬᠦ ᠲᠦᠷᠤ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ᠦᠢᠯᠡᠰ ᠪᠤᠰᠬᠠᠬᠤ ᠵᠢᠭᠡᠯᠡᠯᠭᠡ 1 ᠳ᠋ᠦᠩᠰᠢᠭᠤᠷ ᠲᠦᠭᠦᠷᠢᠭ ᠤᠯᠭᠤᠨ᠎ᠡ᠃ ᠤᠶᠤᠳᠠᠳ ᠤᠨ ᠦᠢᠯᠡᠰ ᠪᠤᠰᠬᠠᠬᠤ ᠶᠢ ᠬᠦᠲᠤᠯᠤᠨ ᠲᠠᠭᠠᠭᠤᠯᠬᠤ ᠪᠠ ᠠᠵᠢᠯ ᠤᠯᠭᠤᠬᠤ ᠶᠢ ᠠᠬᠢᠭᠤᠯᠵᠤ᠂ ᠤᠶᠤᠳᠠᠳ ᠪᠠ ᠨᠡᠭᠦᠯᠭᠡᠨ ᠰᠢᠯᠵᠢᠭᠦᠯᠵᠤ ᠬᠤᠲᠠ ᠳᠤ ᠤᠷᠤᠭᠰᠡᠨ ᠮᠠᠯᠴᠢᠨ ᠲᠠᠷᠢᠶᠠᠴᠢᠳ ᠵᠡᠷᠭᠡ ᠭᠤᠤᠯᠳᠠᠯᠭ᠎ᠠ ᠲᠠᠢ ᠬᠦᠮᠤᠰ ᠤᠨ ᠠᠵᠢᠯ ᠤᠯᠭᠤᠯᠲᠠ ᠶᠢ ᠰᠠᠶᠢᠲᠤᠷ ᠬᠢᠵᠤ᠂ ᠪᠦᠬᠦ ᠵᠢᠯ ᠳᠤ 1.8 ᠲᠦᠮᠡᠨ ᠠᠵᠢᠯ ᠤᠨ ᠪᠠᠶᠢᠷᠢ ᠶᠢ ᠡᠮᠬᠢᠯᠡᠨ ᠪᠡᠯᠡᠳᠭᠡᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠠ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠠᠵᠢᠯ ᠢ ᠲᠦᠷᠭᠡᠳᠭᠡᠨ᠂ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠬᠤ ᠶᠢ ᠠᠬᠢᠭᠤᠯᠵᠤ᠂ ᠬᠤᠲᠠ ᠬᠦᠳᠡᠭᠡ ᠶᠢᠨ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠬᠡ᠂ ︽ᠠᠮᠢᠳᠤᠷᠠᠯ ᠤᠨ ᠢᠷᠡᠯᠲᠡ ᠦᠭᠡᠢ᠂ ᠬᠦᠳᠡᠯᠮᠤᠷᠢ ᠬᠦᠴᠤᠨ ᠦᠭᠡᠢ᠂ ᠠᠰᠠᠷᠠᠵᠤ ᠬᠠᠷᠠᠭᠠᠯᠵᠠᠬᠤ ᠬᠦᠮᠤᠨ ᠦᠭᠡᠢ︾ ᠬᠥᠮᠦᠰ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠤᠰ ᠤᠨ ᠨᠠᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠡᠭᠡᠭᠰᠢᠯᠡᠭᠦᠯᠤᠨ᠎ᠡ᠂ ᠵᠡᠮᠳᠡᠭᠴᠤᠳ ᠵᠡᠷᠭᠡ ᠤᠨᠴᠠ ᠬᠦᠴᠢᠷᠳᠡᠯᠲᠠᠢ ᠤᠯᠡᠨ ᠲᠦᠮᠡᠨ ᠢ ᠬᠠᠪᠰᠤᠷᠤᠨ ᠲᠡᠳᠬᠦᠬᠦ ᠡᠷᠴᠢᠮ ᠢ ᠴᠢᠩᠭᠠᠳᠬᠠᠨ᠂ ᠦᠨᠳᠤᠷ ᠨᠠᠰᠤᠵᠢᠯ ᠤᠨ ᠨᠦᠬᠦᠪᠤᠷᠢ ᠶᠢᠨ ᠪᠦᠷᠬᠦᠴᠡ ᠪᠠ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ︽ᠰᠢᠯᠢᠨ ᠢ ᠡᠾᠧ ᠶᠤᠸᠡᠨ︾ ᠨᠠᠰᠤᠵᠢᠯ ᠤᠨ ᠲᠦᠪ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠨ᠂ ︽ᠠᠴᠢᠯᠡᠯ︾ ᠮᠠᠯᠴᠢᠳ ᠤᠨ ᠨᠠᠰᠤᠵᠢᠯ ᠤᠨ ᠬᠦᠷᠢᠶᠡᠯᠡᠩ ᠤᠨ ᠰᠠᠭᠤᠷᠢ ᠲᠦᠬᠦᠭᠡᠷᠤᠮᠵᠢ ᠶᠢ ᠲᠡᠰ ᠲᠡᠪᠰᠢᠭᠦᠯᠤᠨ᠂ ︽ᠰᠢᠯᠢᠨ ᠮᠠᠯᠴᠢᠨ ᠠᠶᠢᠯ︾᠎  ᠬᠡᠤᠬᠡᠳ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠠᠰᠢᠭᠯᠠᠯᠲᠠ ᠳᠤ ᠤᠷᠤᠭᠤᠯᠤᠨ᠎ᠠ᠃            ᠲᠦᠯᠦᠪᠯᠡᠭᠡᠲᠦ ᠦᠷᠡᠵᠢᠯ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ ᠡᠮ ᠡᠮᠨᠡᠯᠭᠡ ᠪᠠ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠭᠦᠯᠬᠦ ᠠᠵᠢᠯᠯᠠᠭᠠᠨ ᠤ ᠲᠦᠯᠦᠪᠯᠡᠭᠡ ᠎ ᠶᠢ ᠭᠦᠨᠵᠡᠭᠡᠶᠢᠷᠡᠭᠦᠯᠦᠨ ᠠᠬᠢᠭᠤᠯᠵᠦ᠂ ᠲᠣᠰ ᠵᠢᠯ ᠳᠤ ᠬᠤᠲᠠ ᠶᠢᠨ ᠬᠢᠵᠢᠭ ᠭᠡᠮ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠡᠬᠡ ᠨᠢᠯᠬᠠᠰ ᠤᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠲᠠᠭᠤᠰᠬᠠᠵᠦ᠂ ᠪᠤᠯᠠᠭᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠠ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠬᠦᠭᠦᠯᠦᠨ ᠪᠦᠷᠢᠨᠰᠢᠭᠦᠯᠣᠨ᠎ᠡ᠃ ᠠᠶᠢᠮᠠᠭ ᠤᠨ ᠰᠢᠭᠤᠳ ᠬᠠᠷᠢᠶ᠎ᠠ ᠭᠤᠷᠪᠠᠳᠣᠭᠠᠷ ᠳᠡᠰ ᠤᠨ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠮᠴᠢᠯᠡᠭᠡᠨ ᠤ ᠲᠦᠪ ᠲᠤ ᠬᠤᠯᠪᠣᠭᠠᠯᠠᠨ ᠡᠮᠴᠢᠯᠡᠬᠦ ᠎ ᠶᠢ ᠲᠦᠯᠬᠢᠨ ᠠᠬᠢᠭᠤᠯᠵᠦ᠂ ᠡᠪᠡᠳᠴᠢᠨ ᠦᠵᠡᠭᠦᠯᠬᠦ ᠳᠤ ᠰᠠᠭᠠᠳ ᠲᠣᠳᠬᠠᠷ ᠦᠭᠡᠢ᠂ ᠲᠣᠰᠬᠠᠢ ᠮᠡᠷᠭᠡᠵᠢᠯᠲᠡᠨ ᠢᠷᠡᠵᠦ ᠡᠮᠴᠢᠯᠡᠬᠦ ᠪᠤᠯᠤᠨ ᠬᠤᠷᠢᠶ᠎ᠠ ᠰᠢᠯᠵᠢᠭᠦᠯᠤᠨ ᠡᠮᠴᠢᠯᠡᠬᠦ ᠶᠢ ᠬᠡᠷᠡᠭᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠦᠳᠲᠡᠷ ᠲᠦᠷᠭᠡᠨ ᠬᠦᠭᠵᠢᠬᠦ ᠶᠢ ᠠᠬᠢᠭᠤᠯᠵᠦ᠂ ᠬᠠᠯᠳᠠᠪᠣᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠷᠢ ᠲᠦᠪᠰᠢᠨ ᠢ ᠲᠡᠭᠡᠭᠰᠢᠯᠡᠭᠦᠯᠦᠨ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠮᠠᠯᠴᠢᠳ ᠲᠤ ᠰᠦᠢᠳᠬᠡᠯ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠦᠭᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠡᠷᠡᠭᠦᠯ ᠴᠢᠬᠢᠷᠠᠭᠵᠢᠯ ᠤᠨ ᠡᠮ ᠤᠨ ᠬᠠᠶᠢᠷᠴᠠᠭ ᠲᠠᠷᠬᠠᠭᠠᠬᠤ ᠬᠦᠷᠢᠶ᠎ᠡ ᠬᠡᠪᠴᠢᠶ᠎ᠡ ᠎ ᠪᠠᠨ ᠦᠷᠭᠡᠳᠬᠡᠨ᠎ᠡ᠃ ᠨᠢᠭᠡ ᠬᠤᠣᠰ ᠡᠷ᠎ᠡ ᠡᠮ᠎ᠡ ᠬᠤᠶᠠᠷ ᠬᠡᠣᠬᠡᠳ ᠠᠪᠴᠣ ᠪᠣᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃            ᠰᠣᠶᠣᠯ ᠲᠠᠮᠢᠷ ᠤᠨ ᠠᠵᠢᠯ ᠦᠢᠯᠡᠰ ᠢ ᠶᠡᠭᠡᠪᠡᠷ ᠬᠦᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠲᠠᠮᠢᠷ ᠤᠨ ᠲᠠᠯᠠᠪᠠᠢ ᠶᠢᠨ ᠪᠠᠶᠢᠭᠤᠯᠣᠯᠲᠠ ᠶᠢ ᠴᠢᠩᠭᠠᠳᠬᠠᠵᠦ᠂ ᠭᠠᠴᠠᠭᠠᠨ ᠤ ᠰᠣᠶᠣᠯ ᠤᠨ ᠣᠷᠳᠣᠨ ᠤ ᠪᠡᠯᠡᠳᠬᠡᠯ ᠲᠦᠭᠦᠭᠡᠷᠦᠮᠵᠢ ᠶᠢ ᠲᠣᠬᠢᠷᠠᠭᠤᠯᠣᠨ ᠲᠡᠭᠦᠯᠳᠡᠷᠵᠢᠭᠦᠯᠣᠨ᠎ᠡ᠃ ︽ᠰᠢᠯᠢ ᠶᠢᠨ ᠭᠤᠣᠯ ᠤᠨ ᠵᠣᠨ︾᠂ ︽ᠰᠣᠶᠣᠯ᠂ ᠡᠷᠡᠭᠦᠯ ᠬᠠᠮᠠᠭᠠᠯᠠᠯ᠂ ᠰᠢᠨᠵᠢᠯᠡᠭᠡ ᠮᠡᠷᠭᠡᠵᠢᠯ ᠬᠦᠳᠡᠭᠡ ᠪᠠᠭᠤᠬᠤ︾ ᠵᠡᠷᠭᠡ ᠤᠯᠠᠨ ᠲᠥᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠣᠷ ᠵᠣᠬᠢᠶᠠᠨ ᠪᠠᠶᠢᠭᠤᠯᠵᠦ᠂ ᠡᠯ᠎ᠡ ᠲᠦᠷᠦᠯ ᠎ ᠤᠨ ᠣᠯᠠᠨ ᠲᠦᠮᠡᠨᠴᠢ ᠰᠣᠶᠣᠯ ᠲᠠᠮᠢᠷ ᠤᠨ ᠬᠦᠳᠡᠯᠭᠡᠭᠡᠨ ᠦᠷᠨᠢᠭᠦᠯᠬᠦ ᠶᠢ ᠳᠡᠮᠵᠢᠨ᠎ᠡ᠃ ᠲᠡᠣᠬᠡ ᠶᠢᠨ ᠲᠣᠷᠠᠰᠬᠠᠯᠲᠣ ᠵᠦᠢᠯᠡᠰ ᠤᠨ ᠬᠠᠮᠠᠭᠠᠯᠠᠯᠲᠠ ᠪᠠᠨ ᠴᠢᠩᠭᠠᠳᠬᠠᠵᠦ᠂ ᠲᠡᠣᠬᠡ ᠶᠢᠨ ᠲᠣᠷᠠᠰᠬᠠᠯᠲᠣ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠦᠨ᠎ᠠ᠃ ᠬᠦᠯ ᠪᠦᠮᠪᠦᠭᠡᠨ ᠤ ᠦᠢᠯᠡᠰ ᠢ ᠬᠦᠭᠵᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠲᠡᠯᠭᠡᠷ ᠦᠷᠨᠢᠭᠦᠯᠦᠨ᠎ᠡ᠃            ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠢᠨᠵᠧᠨᠧᠷᠢᠩ ᠢ ᠬᠡᠷᠡᠭᠵᠢᠭᠦᠯᠣᠨ᠎ᠡ᠃ ᠵᠢᠯ ᠎ ᠳᠤ ᠶᠠᠳᠠᠭᠤ ᠶᠢ ᠲᠡᠳᠭᠦᠬᠦ ᠪᠡᠯᠡ ᠮᠦᠩᠭᠦ 1.1 ᠳ᠋ᠦᠩᠰᠢᠭᠤᠷ ᠲᠦᠭᠦᠷᠢᠭ ᠣᠷᠣᠭᠤᠯᠵᠤ᠂ ︽ᠵᠢᠷᠭᠤᠭᠠᠨ ᠨᠠᠷᠢᠯᠢᠭ ᠣᠨᠣᠪᠴᠢᠲᠠᠢ︾᠂ ︽ᠲᠠᠪᠣᠨ ᠨᠢᠭᠡ ᠪᠦᠯᠦᠭ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ︽ᠨᠢᠭᠡ ᠲᠣᠰᠬᠤᠨ ᠨᠢᠭᠡ ᠲᠦᠯᠦᠪᠯᠡᠭᠡ᠂ ᠨᠢᠭᠡ ᠡᠷᠦᠬᠡ ᠨᠢᠭᠡ ᠠᠷᠭ᠎ᠠ ᠠᠪᠴᠠᠯ︾᠎ ᠢᠶᠠᠷ ᠳᠠᠮᠵᠢᠨ᠂ ᠠᠵᠤ ᠦᠢᠯᠡᠰ ᠎ ᠢᠶᠠᠷ ᠲᠡᠳᠭᠦᠬᠦ᠂ ᠰᠣᠷᠭᠠᠨ ᠬᠦᠮᠦᠵᠢᠯ ᠢᠶᠠᠷ ᠳᠡᠮᠵᠢᠬᠦ᠂ ᠡᠮ ᠡᠮᠨᠡᠯᠭᠡ ᠪᠠᠷ ᠲᠣᠰᠠᠯᠠᠬᠤ᠂ ᠨᠡᠶᠢᠭᠡᠮ ᠤᠨ ᠪᠠᠲᠣᠯᠠᠭ᠎ᠠ ᠣᠯᠭᠤᠬᠤ ᠵᠡᠷᠭᠡ ᠠᠷᠭ᠎ᠠ ᠬᠡᠯᠪᠡᠷᠢ ᠪᠠᠷ᠂ ᠪᠦᠬᠦ ᠬᠤᠲᠠ ᠶᠢᠨ ᠳᠠᠩᠰᠠᠨ ᠳᠤ ᠪᠠᠶᠢᠭ᠎ᠠ 311 ᠡᠷᠦᠬᠡ 895 ᠨᠡᠷ᠎ᠡ ᠶᠠᠳᠠᠭᠤ ᠬᠦᠴᠢᠷᠳᠡᠯᠲᠡᠢ ᠬᠦᠮᠦᠨ ᠠᠮᠠ ᠶᠢ ᠯᠠᠪᠳᠠᠭᠤᠨ ᠪᠠᠲᠣᠲᠠᠢ ᠶᠠᠳᠠᠭᠤ ᠠᠴᠠ ᠠᠩᠭᠢᠵᠢᠷᠠᠭᠤᠯᠣᠨ᠎ᠠ᠃           ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠎ ᠶᠢᠨ ᠴᠠᠯᠢᠩ ᠣᠯᠭᠤᠮᠵᠢ ᠶᠢ ᠦᠭᠡᠷᠡᠴᠢᠯᠡᠨ ᠵᠣᠬᠢᠴᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠠᠵᠢᠯ ᠠᠴᠠ ᠪᠠᠨ ᠠᠮᠠᠷᠠᠬᠰᠠᠳ ᠤᠨ ᠣᠷᠣᠯᠭ᠎ᠠ ᠶᠢᠨ ᠬᠢᠷᠢ ᠲᠦᠪᠰᠢᠨ ᠢ ᠨᠡᠮᠡᠭᠳᠡᠭᠦᠯᠵᠦ᠂ ᠭᠠᠴᠠᠭ᠎ᠠ᠂ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠣᠨ ᠤ ᠠᠵᠢᠯᠲᠠᠨ ᠪᠠ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢᠨ ᠳᠠᠬᠢ ᠠᠵᠢᠯᠲᠠᠳ ᠤᠨ ᠬᠦᠯᠦᠰᠦ ᠣᠯᠭᠤᠮᠵᠢ ᠶᠢ ᠲᠣᠬᠢᠷᠠᠮᠵᠢᠲᠠᠢ ᠲᠡᠭᠡᠭᠰᠢᠯᠡᠭᠦᠯᠦᠨ᠎ᠡ᠃ ︽ᠮᠠᠯ ᠠᠵᠣ ᠠᠬᠤᠢ᠂ ᠮᠠᠯᠵᠢᠬᠤ ᠣᠷᠣᠨ᠂ ᠮᠠᠯᠴᠢᠨ︾᠎ ᠤ ᠡᠯ᠎ᠡ ᠲᠦᠷᠦᠯ ᠤᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ᠃ ᠠᠵᠣ ᠠᠬᠤᠶᠢᠯᠠᠯ ᠤᠨ ᠣᠷᠣᠯᠭ᠎ᠠ ᠎ ᠶᠢᠨ ᠬᠤᠪᠢᠶᠠᠷᠢᠯᠠᠯᠲᠠ ᠶᠢᠨ ᠬᠠᠮᠢᠶᠠᠷᠣᠯᠲᠠ ᠶᠢ ᠴᠢᠩᠭᠠᠳᠬᠠᠵᠦ᠂ ᠠᠵᠣ ᠠᠬᠤᠶᠢᠯᠠᠯ ᠤᠨ ᠠᠵᠢᠯᠲᠠᠨ ᠤ ᠴᠠᠯᠢᠩ ᠢ ᠬᠠᠮᠲᠣ ᠪᠠᠷ ᠵᠥᠪᠯᠡᠨ ᠲᠣᠭᠲᠠᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠠᠵᠣ ᠠᠬᠤᠶᠢᠯᠠᠯ ᠤᠨ ᠠᠵᠢᠯ ᠠᠴᠠ ᠎ ᠪᠠᠨ ᠠᠮᠠᠷᠠᠭᠰᠠᠳ ᠤᠨ ᠰᠠᠭᠤᠷᠢ ᠮᠦᠩᠭᠦ ᠶᠢ ᠦᠷᠭᠦᠯᠵᠢᠯᠡᠨ ᠨᠡᠮᠡᠭᠳᠡᠭᠦᠯᠦᠨ᠎ᠡ᠃           ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠣᠯᠠᠨ᠎ᠠ᠃ ᠠᠶᠣᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠬᠦᠨᠳᠣ ᠶᠡᠭᠡ ᠠᠮᠣᠷ ᠲᠦᠪᠰᠢᠨ ᠤ ᠠᠳᠡᠯ ᠰᠦᠢᠳᠦᠯ ᠡᠭᠦᠰᠬᠦ ᠶᠢ ᠡᠷᠡᠰ ᠬᠢᠵᠠᠭᠠᠷᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ᠂ ᠠᠪᠣᠷᠠᠨ ᠲᠣᠰᠠᠯᠠᠵᠣ ᠰᠡᠷᠭᠡᠶᠢᠯᠡᠬᠦ ᠪᠠ ᠰᠢᠢᠳᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠣᠷᠢ ᠎ ᠪᠠᠨ ᠲᠡᠭᠡᠭᠰᠢᠯᠡᠭᠦᠯᠣᠨ᠎ᠠ᠃ ︽ᠲᠣᠯᠣᠳᠣᠭᠠᠷ ᠲᠠᠪᠣᠨ ᠵᠢᠯ︾᠎ ᠤᠨ ᠬᠠᠣᠯᠢ ᠲᠦᠭᠡᠮᠡᠯᠵᠢᠭᠦᠯᠬᠦ ᠠᠵᠢᠯ ᠢ ᠡᠮᠬᠢ ᠵᠠᠮᠪᠠᠷᠠᠭ᠎ᠠ ᠲᠠᠢ ᠡᠬᠢᠯᠡᠭᠦᠯᠣᠨ᠎ᠡ᠃ ᠠᠵᠣ ᠠᠬᠤᠶᠢᠯᠠᠯ ᠬᠠᠪᠰᠣᠷᠣᠨ ᠪᠠᠶᠢᠭᠤᠯᠬᠤ ᠶᠢ ᠢᠳᠡᠪᠬᠢᠲᠡᠢ ᠱᠠᠯᠠᠪᠳᠠᠨ ᠠᠬᠢᠭᠤᠯᠵᠦ᠂ ᠲᠣᠰ ᠵᠢᠯ ᠳᠤ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠣᠷ ᠪᠦᠬᠦᠨ ᠢᠶᠠᠷ ᠢᠶᠠᠨ ᠪᠠᠷᠢᠮᠵᠢᠶᠠᠨ ᠎ ᠳᠤ ᠬᠦᠷᠬᠦ ᠶᠢ ᠪᠠᠲᠣᠯᠠᠨ᠎ᠠ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢᠶᠠᠨ ᠴᠢᠩᠭᠠᠳᠬᠠᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠮᠬᠢ ᠲᠢᠭᠯᠢᠮ ᠢ ᠬᠠᠣᠯᠢ ᠶᠣᠰᠣᠭᠠᠷ ᠬᠠᠮᠠᠭᠠᠯᠠᠨ᠎ᠠ᠃ ᠠᠮᠣᠷ ᠠᠮᠤᠭᠤᠯᠠᠩ ᠰᠢᠯᠢ ᠶᠢᠨ ᠬᠤᠲᠠ ᠶᠢᠨ ᠪᠠᠶᠢᠭᠤᠯᠣᠯᠲᠠ ᠶᠢ ᠠᠬᠢᠭᠤᠯᠵᠣ᠂ ᠨᠡᠶᠢᠭᠡᠮ ᠤᠨ ᠠᠮᠣᠷ ᠢ ᠬᠠᠮᠠᠭᠠᠯᠠᠵᠦ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠎ᠡ᠃ ᠢᠳᠡᠭᠡᠨ ᠣᠮᠳᠠᠭᠠᠨ ᠡᠮ ᠤᠨ ᠵᠦᠢᠯᠡᠰ ᠲᠤ ᠬᠢᠨᠠᠯᠲᠠ ᠲᠠᠯᠪᠢᠨ ᠬᠠᠮᠢᠶᠠᠷᠬᠤ ᠲᠣᠭᠲᠠᠯᠴᠠᠭ᠎ᠠ ᠪᠠᠨ ᠪᠦᠷᠢᠨᠰᠢᠭᠦᠯᠵᠦ᠂ ᠪᠦᠬᠦ ᠶᠠᠪᠣᠴᠠ ᠳᠤ ᠡᠯᠧᠺᠲ᠋ᠣᠷᠣᠨᠴᠢᠯᠠᠭᠰᠠᠨ ᠬᠢᠨᠠᠯᠲᠠ ᠲᠠᠯᠪᠢᠨ ᠬᠠᠮᠢᠶᠠᠷᠬᠤ ᠮᠦᠷᠳᠡᠯᠭᠡ ᠶᠢᠨ ᠰᠢᠰᠲ᠋ᠧᠮ ᠤᠨ ᠪᠠᠶᠢᠭᠤᠯᠣᠯᠲᠠ ᠶᠢ ᠠᠬᠢᠭᠤᠯᠵᠦ᠂ ᠲᠣᠮᠣ ᠲᠣᠮᠳᠠ ᠬᠡᠯᠪᠡᠷᠢ ᠶᠢᠨ ᠢᠳᠡᠭᠡᠨ ᠣᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ ᠶᠢ ᠪᠦᠬᠦᠨ ᠢ ︽ᠭᠠᠯ ᠲᠣᠭᠤᠭᠠᠨ ᠭᠡᠷ ᠤᠨ ᠴᠡᠪᠡᠷ ᠲᠣᠬᠢᠯᠢᠭ︾ ᠪᠠᠶᠢᠬᠤ ᠶᠢ ᠪᠡᠶᠡᠯᠡᠭᠦᠯᠵᠣ᠂ ᠱᠠᠲᠣ ᠲᠡᠰ ᠬᠤᠪᠢᠶᠠᠨ ᠪᠠᠷᠢᠮᠵᠢᠶᠠᠯᠠᠵᠤ ᠬᠠᠮᠢᠶᠠᠷᠬᠤ ᠨᠢᠭᠡᠴᠡ ᠶᠢᠨ ᠪᠠᠷᠢᠮᠵᠢᠶᠠᠨ ᠳᠤ ᠬᠦᠷᠬᠦ ᠨᠣᠷᠮ᠎ᠠ ᠶᠢ 95%᠎ ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃ ᠵᠤᠴᠢᠳ ᠤᠨ ᠪᠠᠭᠤᠳᠠᠯ ᠂ ᠪᠡᠶ᠎ᠡ ᠤᠭᠢᠶᠠᠯᠠᠯᠭ᠎ᠠ ᠶᠢᠨ ᠭᠠᠵᠠᠷ ᠵᠡᠷᠭᠡ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠯᠲᠡ ᠶᠢ ᠰᠠᠶᠢᠲᠤᠷ ᠠᠳᠬᠤᠨ᠎ᠠ᠃ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠲᠠ ᠶᠢ ᠴᠢᠩᠭᠠᠳᠬᠠᠵᠦ᠂ ᠡᠶ᠎ᠡ ᠵᠣᠬᠢᠴᠠᠯᠲᠣ ᠬᠦᠳᠡᠯᠮᠦᠷᠢ ᠶᠢᠨ ᠬᠠᠷᠢᠴᠠᠭ᠎ᠠ ᠶᠢ ᠴᠣᠭᠴᠠᠯᠠᠨ ᠪᠠᠶᠢᠭᠤᠯᠣᠨ᠎ᠠ᠃ ᠬᠤᠶᠠᠷ ᠢ ᠬᠦᠷᠢᠶᠡᠯᠡᠵᠦ ᠬᠠᠮᠲᠣᠪᠡᠷ ᠴᠣᠭᠴᠠᠯᠠᠬᠤ᠂ ᠦᠨᠳᠦᠰᠦᠲᠡᠨ ᠱᠠᠰᠢᠨ ᠰᠣᠷᠲᠠᠬᠤᠨ ᠤ ᠠᠵᠢᠯ ᠢ ᠨᠠᠷᠢᠨ ᠬᠢᠨᠠᠮᠠᠭᠠᠢ ᠰᠠᠶᠢᠲᠣᠷ ᠬᠢᠵᠦ᠂ ᠠᠵᠢᠯᠴᠢᠨ ᠤ ᠡᠪᠯᠡᠯ᠂ ᠵᠠᠯᠠᠭᠤᠴᠣᠳ ᠤᠨ ᠡᠪᠯᠡᠯ᠂ ᠡᠮᠡᠭᠲᠡᠶᠢᠴᠣᠳ ᠤᠨ ᠬᠤᠯᠪᠣᠭ᠎ᠠ ᠵᠡᠷᠭᠡ ᠣᠯᠠᠨ ᠲᠦᠮᠡᠨᠴᠢ ᠬᠦᠳᠡᠯᠭᠡᠭᠡᠨ ᠢ ᠵᠣᠬᠢᠶᠠᠨ ᠪᠠᠶᠢᠭᠤᠯᠵᠦ ᠦᠷᠨᠢᠭᠦᠯᠬᠦ ᠶᠢ ᠢᠳᠡᠪᠬᠢᠲᠡᠢ ᠪᠠᠷ ᠲᠡᠮᠵᠢᠨ᠎ᠡ᠃            ︵ᠵᠢᠷᠭᠤᠭ᠎ᠠ︶ ᠥᠭᠡᠷᠡᠴᠢᠯᠡᠯᠲᠡ ᠨᠡᠬᠡᠭᠡᠯᠲᠡ ᠶᠢ ᠭᠦᠨᠵᠡᠭᠡᠶᠢᠷᠡᠭᠦᠯᠵᠦ᠂ ᠬᠦᠭᠵᠢᠯᠲᠡ ᠶᠢᠨ ᠲᠣᠳᠣᠭᠠᠲᠣ ᠬᠦᠳᠡᠯᠭᠡᠭᠴᠢ ᠬᠦᠴᠦᠨ ᠢ ᠪᠠᠳᠠᠷᠠᠭᠤᠯᠤᠨ᠎ᠠ᠃ ᠬᠦᠭᠵᠢᠯᠲᠡ ᠶᠢ ᠬᠠᠷᠰᠢᠯᠠᠬᠤ ᠪᠠᠶᠢᠭᠤᠯᠣᠯ ᠪᠠ ᠲᠣᠭᠲᠠᠴᠠ ᠶᠢᠨ ᠬᠠᠷᠰᠢ ᠰᠠᠭᠠᠳ ᠢ ᠲᠡᠪᠴᠢᠵᠦ᠂ ᠨᠡᠭᠡᠭᠡᠯᠳᠡᠳᠦ ᠬᠡᠯᠪᠡᠷᠢ ᠶᠢᠨ ᠠᠵᠣ ᠠᠬᠤᠢ ᠶᠢ ᠶᠡᠬᠡᠪᠡᠷ ᠬᠦᠭᠵᠢᠭᠦᠯᠵᠦ᠂ ᠠᠵᠣ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦ ᠶᠢ ᠲᠠᠰᠣᠷᠠᠯᠲᠠ ᠦᠭᠡᠢ ᠪᠠᠳᠠᠷᠠᠭᠤᠯᠣᠨ᠎ᠠ᠃            ᠭᠤᠣᠯᠳᠠᠯᠭᠠᠲᠣ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠠᠬᠢᠭᠤᠯᠣᠨ᠎ᠠ᠃ ᠵᠠᠰᠠᠭ ᠤᠨ ᠣᠷᠳᠣᠨ ᠎ ᠤ ᠴᠢᠳᠠᠪᠬᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠵᠠᠰᠠᠭ ᠢ ᠴᠣᠮᠬᠠᠳᠬᠠᠨ ᠡᠷᠬᠡ ᠶᠢ ᠲᠣᠷᠣᠭᠰᠢ ᠲᠠᠯᠪᠢᠬᠤ ᠬᠦᠴᠦᠯᠡᠴᠡ ᠪᠠᠨ ᠤᠯᠠᠮ ᠴᠢᠩᠭᠠᠳᠬᠠᠵᠦ᠂ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠᠯᠠᠯ ᠤᠨ ᠰᠢᠰᠲ᠋ᠧᠮ ᠎ ᠢ ᠪᠦᠷᠢᠨᠰᠢᠭᠦᠯᠦᠨ ᠪᠠᠶᠢᠭᠤᠯᠣᠨ᠎ᠠ᠃ ᠠᠯᠪᠠᠨ ᠲᠡᠷᠭᠡᠨ ᠤ ᠥᠭᠡᠷᠡᠴᠢᠯᠡᠯᠲᠡ ᠶᠢᠨ ᠡᠭᠦᠷᠭᠡ ᠶᠢ ᠴᠠᠭ ᠲᠣᠬᠠᠢ ᠳᠤ ᠨᠢ ᠪᠡᠶᠡᠯᠡᠭᠦᠯᠦᠨ᠎ᠡ᠃ ᠬᠠᠷᠭᠠᠯᠵᠠᠯᠠᠯ ᠤᠨ ᠲᠦᠷᠦ ᠶᠢᠨ ᠪᠤᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠮᠳᠠ ᠪᠠᠭ᠎ᠠ ᠵᠢᠵᠢᠭ ᠠᠵᠣ ᠠᠬᠤᠶᠢᠯᠠᠯ ᠤᠨ ᠦᠳᠲᠡᠷ ᠲᠦᠷᠭᠡᠨ ᠬᠦᠭᠵᠢᠬᠦ ᠶᠢ ᠲᠡᠮᠵᠢᠨ᠎ᠡ᠃ ᠵᠠᠬ᠎ᠠ ᠲᠡᠯᠭᠡᠭᠦᠷ ᠤᠨ ᠭᠤᠤᠯ ᠴᠣᠭᠴᠠ ᠶᠢ ᠪᠣᠵᠠᠭᠠᠶᠢᠷᠠᠭᠤᠯᠵᠦ᠂ ᠵᠤᠩᠭᠢᠯᠠᠬᠤ ᠲᠤᠭᠠᠨ ᠤ ᠲᠦᠪ ᠤᠨ ᠠᠵᠣ ᠠᠬᠤᠶᠢᠯᠠᠯ ᠤᠨ ᠬᠤᠪᠢᠶᠠᠷᠢ ᠪᠠᠶᠢᠭᠤᠯᠣᠮᠵᠢ ᠶᠢᠨ ᠬᠠᠣᠯᠢ ᠶᠢᠨ ᠬᠠᠷᠢᠭᠤᠴᠠᠯᠭᠠᠲᠠᠨ ᠢᠶᠠᠨ ᠤᠯᠠᠷᠢᠯᠠᠭᠤᠯᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠡᠳ᠋ ᠶᠢᠨ ᠶᠠᠪᠣᠳᠠᠯ ᠭᠠᠶᠢᠯᠢ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠬᠤᠲᠠ ᠶᠢᠨ ᠲᠥᠰᠦᠪ ᠤᠨ ᠪᠠᠶᠢᠭᠤᠯᠭ᠎ᠠ ᠡᠳ᠋ ᠤᠨ ᠶᠠᠪᠣᠳᠠᠯ ᠢ ᠨᠢᠭᠡᠲᠦᠯᠲᠡᠢ ᠨᠢᠬᠲᠠᠯᠠᠨ ᠪᠣᠳᠣᠵᠣ᠂ ᠲᠥᠰᠦᠪ ᠤᠨ ᠦᠷ᠎ᠡ ᠪᠦᠲᠦᠮᠵᠢᠲᠦ ᠬᠠᠮᠢᠶᠠᠷᠣᠯᠲᠠ ᠪᠠ ᠡᠳ᠋ ᠤᠨ ᠵᠠᠰᠠᠭ ᠤᠨ ᠪᠡᠯᠡ ᠣᠷᠣᠭᠤᠯᠣᠯᠲᠠ ᠶᠢᠨ ᠬᠢᠨᠠᠨ ᠦᠨᠡᠯᠡᠯᠲᠡ ᠶᠢᠨ ᠬᠠᠮᠢᠶᠠᠷᠣᠯᠲᠠ ᠶᠢ ᠠᠬᠢᠭᠤᠯᠣᠨ᠂ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠲᠠ ᠶᠢ ᠴᠢᠩᠭᠠᠳᠬᠠᠵᠦ᠂ ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ ᠬᠤᠳᠠᠯᠳᠣᠨ ᠠᠪᠬᠤ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠣᠯᠣᠰ ᠤᠨ ᠦᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠭᠡᠷᠡᠴᠢᠯᠡᠯᠲᠡ ᠶᠢ ᠲᠦᠷᠭᠡᠳᠬᠡᠵᠦ᠂ ᠦᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠲᠠᠷᠢᠶᠠᠯᠠᠩ ᠮᠠᠯ ᠠᠵᠣ ᠠᠬᠤᠢ ᠶᠢᠨ ᠪᠦᠯᠦᠭᠯᠡᠯ ᠢ ᠪᠠᠶᠢᠭᠤᠯᠣᠨ᠎ᠠ᠃ ᠲᠡᠭᠡᠳᠦ ᠱᠠᠲᠣᠨ ᠤ ᠦᠭᠡᠷᠡᠴᠢᠯᠡᠯᠲᠡ ᠲᠠᠢ ᠠᠪᠴᠠᠯᠳᠣᠭᠤᠯᠵᠦ᠂ ᠦᠨ᠎ᠡ ᠬᠠᠩᠰᠢ ᠎ ᠶᠢᠨ ᠵᠠᠬ᠎ᠠ ᠲᠡᠯᠭᠡᠭᠦᠷᠴᠢᠯᠡᠯᠲᠡ᠂ ᠮᠠᠯᠵᠢᠬᠤ ᠣᠷᠣᠨ ᠤ ᠲᠠᠷᠢᠶᠠᠯᠠᠬᠤ ᠲᠣᠭᠤᠷᠢᠭ᠂ ᠬᠤᠲᠠ ᠶᠢᠨ ᠬᠠᠮᠢᠶᠠᠷᠣᠯᠲᠠ ᠶᠢᠨ ᠲᠣᠭᠲᠠᠴᠠ ᠪᠠ ᠰᠣᠷᠭᠠᠨ ᠬᠦᠮᠦᠵᠢᠯ᠂ ᠡᠮ ᠡᠮᠨᠡᠯᠭᠡ᠂ ᠨᠠᠰᠣᠵᠢᠯ ᠤᠨ ᠲᠠᠭᠠᠳᠬᠠᠯ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠬᠦᠴᠦᠯᠡᠴᠡ ᠪᠠᠨ ᠣᠯᠠᠮ ᠨᠢᠭᠡ ᠠᠯᠬᠤᠮ ᠴᠢᠩᠭᠠᠳᠬᠠᠵᠦ᠂ ᠥᠭᠡᠷᠡᠴᠢᠯᠡᠯᠲᠡ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠣᠨ᠎ᠠ᠃          ᠭᠠᠳᠠᠭᠠᠳᠣ ᠲᠠᠢ ᠴᠢᠯᠦᠭᠡᠲᠡᠢ ᠶᠠᠪᠣᠯᠴᠠᠬᠤ ᠠᠵᠢᠯ ᠢᠶᠠᠨ ᠦᠷᠭᠡᠳᠬᠡᠨ᠎ᠡ᠃ ᠭᠠᠳᠠᠭᠠᠳᠣ ᠲᠠᠢ ᠶᠠᠪᠣᠯᠴᠠᠬᠤ ᠠᠵᠢᠯ ᠢ ᠴᠢᠬᠤᠯᠠᠴᠢᠯᠠᠵᠦ᠂ ︽ᠬᠤᠶᠠᠷ ᠵᠦᠢᠯ ᠤᠨ ᠡᠬᠢ ᠰᠤᠷᠪᠤᠯᠵᠢ︾᠂ ︽ᠬᠤᠶᠠᠷ ᠵᠠᠬ᠎ᠠ ᠲᠡᠯᠭᠡᠭᠦᠷ︾᠎ ᠢ ᠣᠯᠠᠮ ᠰᠠᠶᠢᠨ ᠠᠰᠢᠭᠯᠠᠵᠦ᠂ ᠭᠠᠳᠠᠭᠠᠳᠣ ᠳᠤ ᠬᠠᠨᠲᠣᠭᠤᠯᠣᠭᠰᠠᠨ ᠬᠡᠯᠪᠡᠷᠢ ᠶᠢᠨ ᠠᠵᠣ ᠠᠬᠤᠢ ᠶᠢᠨ ᠬᠦᠭᠵᠢᠯᠲᠡ ᠶᠢ ᠲᠦᠷᠭᠡᠳᠬᠡᠨ᠎ᠡ᠃ ᠲᠣᠮᠳᠠᠳᠦ ᠮᠣᠩᠭᠤᠯ ᠤᠨ ᠲᠠᠯ᠎ᠠ ᠨᠣᠲᠤᠭ ᠤᠨ ᠰᠢᠨ᠎ᠡ ᠲᠣᠷᠭᠠᠨ ᠵᠠᠮ ᠤᠨ ᠠᠵᠣ ᠠᠬᠤᠢ ᠶᠢᠨ ᠪᠦᠰᠡ᠂ ᠲᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ ᠤᠨ ᠪᠠᠶᠢᠭᠤᠯᠣᠯᠲᠠ ᠳᠤ ᠢᠳᠡᠪᠬᠢᠲᠡᠢ ᠣᠷᠣᠯᠴᠠᠵᠦ᠂ ᠮᠣᠩᠭᠤᠯ ᠣᠯᠣᠰ ᠲᠠᠢ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ᠂ ᠡᠨᠧᠷᠬᠢ ᠡᠬᠢ ᠰᠣᠷᠪᠣᠯᠵᠢ ᠎ ᠶᠢᠨ ᠨᠡᠬᠡᠭᠡᠯᠲᠡ᠂ ᠨᠡᠶᠢᠭᠡᠮ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠮᠠᠷᠠᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠰᠢᠯᠢ ᠶᠢᠨ ᠬᠤᠲᠠ ᠶᠢᠨ ᠨᠢᠰᠭᠡᠯ ᠤᠨ ᠲᠠᠯᠠᠪᠠᠢ ᠶᠢ ᠠᠭᠠᠷ ᠠᠶᠠᠯᠠᠯ ᠤᠨ ᠪᠣᠭᠤᠮᠲᠠ ᠪᠣᠯᠭᠠᠨ ᠪᠠᠶᠢᠭᠤᠯᠬᠤ ᠶᠢ ᠢᠳᠡᠪᠬᠢᠲᠡᠢ ᠠᠬᠢᠭᠤᠯᠵᠦ᠂ ᠣᠯᠠᠨ ᠣᠯᠣᠰ ᠤᠨ ᠠᠭᠠᠷ ᠠᠶᠠᠯᠠᠯ ᠤᠨ ᠱᠣᠭᠤᠮ ᠢ ᠡᠷᠲᠡ ᠨᠢᠭᠡᠨ ᠡᠳᠦᠷ ᠨᠡᠪᠲᠡᠷᠡᠭᠦᠯᠦᠨ᠎ᠡ᠃ ᠴᠠᠬᠢᠯᠭᠠᠨ ᠤ ᠦᠨ᠎ᠡ᠂ ᠭᠠᠵᠠᠷ ᠰᠢᠷᠣᠢ ᠵᠡᠷᠭᠡ ᠲᠠᠯ᠎ᠠ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠪᠡᠭᠡᠵᠢᠩ ᠲᠢᠶᠠᠨᠵᠢᠨ ᠡᠾᠧᠪᠸᠢ᠂ ᠪᠦᠸᠧᠬᠠᠢ ᠲᠠᠩᠬᠢᠰ ᠤᠨ ᠲᠣᠭᠤᠷᠢᠭ ᠤᠨ ᠭᠠᠵᠠᠷ ᠣᠷᠣᠨ ᠤ ᠬᠦᠭᠵᠢᠯᠲᠡ ᠲᠠᠢ ᠢᠳᠡᠪᠬᠢᠲᠡᠢ ᠠᠭᠤᠰᠣᠯᠴᠠᠵᠦ᠂ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠯᠲᠡ ᠎ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠦ᠂ ᠭᠠᠳᠠᠭᠠᠳᠣ ᠬᠠᠷᠢᠯᠴᠠᠭᠠᠨ ᠤ ᠶᠡᠷᠦᠩᠬᠡᠢ ᠦᠷᠲᠡᠭ 200 ᠲᠦᠮᠡᠨ ᠳ᠋ᠣᠯᠯᠠᠷ ᠢ ᠴᠢᠷᠮᠠᠶᠢᠨ ᠲᠠᠪᠠᠭᠤᠯᠣᠨ᠎ᠠ᠃           ︵ᠲᠣᠯᠤᠭ᠎ᠠ︶ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠦᠨᠡᠨᠬᠦ ᠲᠡᠭᠡᠭᠰᠢᠯᠡᠭᠦᠯᠦᠨ᠎ᠡ᠃ ᠬᠠᠣᠯᠢᠵᠢᠭᠰᠠᠨ ᠵᠠᠰᠠᠭ ᠤᠨ ᠣᠷᠳᠣᠨ᠂ ᠠᠷᠢᠭᠤᠨ ᠴᠢᠭᠡᠴᠢ ᠵᠠᠰᠠᠭ ᠎ ᠤᠨ ᠣᠷᠳᠣᠨ ᠤ ᠪᠠᠶᠢᠭᠤᠯᠣᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠣᠷᠢ ᠶᠢ ᠤᠳᠤᠬᠢᠴᠢᠯᠠᠨ᠎ᠠ᠃           ᠬᠠᠣᠯᠢᠵᠢᠯ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠨᠠᠮ ᠤᠨ ᠣᠳᠣᠷᠢᠳᠣᠯᠭ᠎ᠠ ᠶᠢ ᠪᠠᠷᠢᠮᠲᠠᠯᠠᠵᠦ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠣᠯᠢ ᠶᠣᠰᠣᠭᠠᠷ ᠬᠤᠲᠠ ᠪᠠᠨ ᠵᠠᠰᠠᠬᠤ ᠠᠵᠢᠯ ᠲᠠᠢ ᠣᠷᠭᠠᠨᠢᠭ ᠢᠶᠠᠷ ᠣᠶᠠᠯᠳᠣᠭᠤᠯᠵᠤ᠂ ᠠᠷᠠᠳ ᠲᠦᠮᠡᠨ ᠤ ᠡᠷᠬᠡ ᠠᠰᠢᠭ᠂ ᠨᠡᠶᠢᠭᠡᠮ ᠤᠨ ᠲᠦᠪ ᠭᠤᠣᠯᠴᠢ ᠡᠷᠬᠡ ᠲᠡᠭᠰᠢ ᠪᠠᠶᠢᠬᠤ ᠶᠢ ᠬᠠᠣᠯᠢ ᠶᠣᠰᠣᠭᠠᠷ ᠬᠠᠮᠠᠭᠠᠯᠠᠨ᠎ᠠ᠃ ᠨᠠᠮ ᠤᠨ ᠣᠯᠣᠰ ᠲᠦᠷᠦ ᠶᠢᠨ ᠰᠠᠬᠢᠯᠭ᠎ᠠ ᠪᠠᠲᠣ ᠪᠠ ᠲᠦᠷᠢᠮ ᠲᠣᠭᠲᠠᠭᠠᠯ ᠢ ᠴᠢᠩᠭ᠎ᠠ ᠰᠠᠬᠢᠬᠤ ᠦᠵᠡᠯᠲᠡ ᠪᠠᠷ ᠪᠡᠶ᠎ᠡ ᠢᠶᠠᠨ ᠴᠢᠩᠭ᠎ᠠ ᠱᠠᠭᠠᠷᠳᠠᠨ᠂ ᠲᠡᠭᠡᠳᠦ ᠱᠠᠲᠣᠨ ᠤ ᠡᠯ᠎ᠡ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠣᠣᠱᠠᠯᠠᠭᠤᠯᠣᠨ ᠨᠠᠶᠢᠳᠠᠪᠣᠷᠢᠵᠢᠭᠤᠯᠣᠨ᠎ᠠ᠃ ᠬᠠᠣᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠦ᠂ ᠬᠠᠣᠯᠢ ᠳᠤ ᠲᠣᠭᠲᠠᠭᠠᠭᠰᠠᠨ ᠡᠷᠬᠡ ᠪᠠᠨ ᠬᠡᠷᠡᠭᠵᠢᠭᠦᠯᠵᠦ᠂ ᠬᠠᠣᠯᠢ ᠳᠤ ᠲᠣᠭᠲᠠᠭᠠᠭᠰᠠᠨ ᠠᠯᠬᠤᠮ ᠲᠠᠷᠠᠭᠠᠯᠠᠯ ᠢᠶᠠᠷ ᠡᠷᠬᠡ ᠶᠢᠨ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠨ ᠡᠭᠦᠷᠭᠡ ᠲᠣᠰᠢᠶᠠᠯ ᠢ ᠭᠦᠢᠴᠡᠳᠬᠡᠵᠦ᠂ ᠵᠠᠰᠠᠭ ᠤᠨ ᠣᠷᠳᠣᠨ ᠤ ᠪᠦᠬᠦ ᠠᠵᠢᠯ ᠢ ᠬᠠᠣᠯᠢᠵᠢᠯ ᠤᠨ ᠵᠠᠮ ᠳᠤ ᠣᠷᠣᠭᠤᠯᠣᠨ᠎ᠠ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠦ᠂ ᠡᠯᠧᠺᠲᠷᠤᠨᠴᠢᠯᠠᠭᠰᠠᠨ ᠵᠠᠰᠠᠭ ᠤᠨ ᠶᠠᠪᠤᠳᠠᠯ ᠪᠠ ᠰᠦᠯᠵᠢᠶ᠎ᠡ ᠪᠠᠷ ᠣᠴᠢᠷ ᠶᠠᠪᠣᠳᠠᠯ ᠰᠢᠢᠳᠪᠦᠷᠢᠯᠡᠬᠦ ᠶᠢ ᠲᠦᠭᠡᠮᠡᠯᠵᠢᠭᠦᠯᠦᠨ᠎ᠡ᠃ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠥᠪᠯᠡᠭᠴᠢ ᠠᠴᠠ ᠠᠰᠠᠭᠤᠨ ᠯᠠᠪᠯᠠᠬᠤ ᠲᠦᠷᠢᠮ ᠢ ᠲᠡᠭᠦᠯᠳᠡᠷᠵᠢᠭᠦᠯᠣᠨ᠎ᠡ᠃ ᠬᠠᠣᠯᠢᠵᠢᠯ ᠤᠨ ᠤᠬᠠᠭᠤᠯᠭ᠎ᠠ ᠶᠢᠨ ᠰᠣᠷᠭᠠᠨ ᠬᠦᠮᠦᠵᠢᠯ ᠢ ᠴᠢᠩᠭᠠᠳᠬᠠᠵᠦ᠂ ᠪᠦᠬᠦ ᠠᠷᠠᠳ ᠤᠨ ᠬᠠᠣᠯᠢᠵᠢᠯ ᠤᠨ ᠦᠵᠡᠯ ᠣᠬᠠᠮᠰᠠᠷ ᠢ ᠲᠡᠭᠡᠭᠰᠢᠯᠡᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠪᠠᠷ ᠬᠢᠨᠠᠯᠲᠠ ᠲᠠᠯᠪᠢᠬᠤ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠠᠷᠠᠯᠵᠢᠶ᠎ᠠ ᠬᠤᠳᠠᠯᠳᠣᠭᠠᠨ ᠤ ᠬᠤᠯᠪᠣᠭᠠᠲᠣ ᠬᠤᠷᠠᠯ᠂ ᠨᠠᠮ ᠪᠦᠯᠦᠭ ᠤᠨ ᠪᠣᠰᠣ ᠪᠦᠯᠬᠦᠮ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠣᠨ᠎ᠠ᠃          ᠣᠪᠣᠷ ᠰᠣᠷᠲᠠᠯ ᠤᠨ ᠪᠠᠶᠢᠭᠤᠯᠣᠯᠲᠠ ᠶᠢ ᠴᠢᠩᠭᠠᠳᠬᠠᠨ᠎ᠠ᠃ ︽ᠭᠤᠷᠪᠠᠨ ᠴᠢᠩᠭ᠎ᠠ ᠭᠤᠷᠪᠠᠨ ᠪᠤᠲᠠᠲᠠᠢ︾ ᠲᠤᠰᠬᠠᠢ ᠰᠡᠳᠦᠪᠲᠦ ᠬᠦᠮᠦᠵᠢᠯ ᠤᠨ ᠦᠷ᠎ᠡ ᠪᠦᠲᠦᠭᠡᠯ ᠢ ᠪᠠᠲᠤᠳᠬᠠᠵᠦ᠂ ︽ᠺᠠᠳ᠋ᠷ ᠦᠨᠳᠦᠰᠦᠨ ᠱᠠᠲᠤᠨ ᠳᠤ ᠪᠠᠭᠤᠬᠤ︾ ᠠᠵᠢᠯᠯᠠᠭᠠᠨ ᠤ ᠪᠤᠳᠠᠲᠤ ᠦᠷ᠎ᠡ ᠪᠦᠲᠦᠮᠵᠢ ᠶᠢ ᠪᠠᠲᠣᠵᠢᠭᠤᠯᠣᠨ᠎ᠠ᠃ ︽ᠲᠤᠰᠢᠶᠠᠯ ᠢᠶᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ︾ ᠵᠤᠷᠢᠭ ᠰᠠᠨᠠᠭ᠎ᠠ ᠶᠢ ᠶᠡᠬᠡᠪᠡᠷ ᠤᠷᠢᠶᠠᠯᠠᠵᠦ᠂ ᠡᠷᠴᠢ ᠵᠣᠷᠢᠭ ᠢᠶᠠᠨ ᠳᠠᠶᠢᠴᠢᠯᠠᠵᠤ ᠪᠤᠲᠠᠲᠠᠢ ᠠᠵᠢᠯᠯᠠᠨ᠂ ᠵᠤᠷᠢᠭ ᠬᠦᠴᠦᠨ ᠢᠶᠠᠨ ᠠᠵᠢᠯ ᠬᠢᠵᠦ ᠦᠢᠯᠡᠰ ᠪᠣᠰᠬᠠᠬᠤ ᠲᠡᠭᠡᠷ᠎ᠡ ᠲᠥᠪᠯᠡᠷᠡᠭᠦᠯᠦᠨ᠎ᠡ᠃ ᠪᠡᠶᠡᠯᠡᠭᠦᠯᠦᠭᠰᠡᠨ ᠪᠠᠶᠢᠳᠠᠯ ᠢ ᠮᠦᠷᠳᠡᠨ ᠣᠶᠢᠯᠠᠭᠠᠵᠦ᠂ ᠴᠢᠩᠭ᠎ᠠ ᠱᠠᠯᠠᠪᠳᠠᠨ ᠪᠠᠶᠢᠴᠠᠭᠠᠨ ᠰᠢᠯᠭᠠᠵᠦ᠂ ᠠᠵᠢᠯ ᠤᠨ ᠰᠠᠬᠢᠯᠭ᠎ᠠ ᠪᠠᠲᠣ ᠶᠢ ᠴᠢᠩᠭᠠᠳᠬᠠᠨ᠂ ︽ᠵᠦᠪᠬᠡᠨ ᠨᠣᠶᠠᠨ ᠵᠡᠷᠭᠡ ᠶᠢᠨ ᠲᠦᠯᠦᠭᠡ᠂ ᠦᠢᠯᠡᠴᠢᠯᠡᠬᠦ ᠶᠢᠨ ᠲᠦᠯᠦᠭᠡ ᠪᠣᠰᠣ︾ ᠪᠣᠯᠣᠨ ᠠᠯᠵᠠᠭᠤ ᠬᠤᠶᠢᠷᠭᠤ ᠬᠠᠰᠢ ᠶᠠᠰᠢ ᠵᠠᠰᠠᠭ ᠪᠠᠷᠢᠬᠤ ᠶᠢ ᠡᠷᠡᠰ ᠴᠡᠭᠴᠡᠯᠡᠵᠦ᠂ ᠵᠠᠰᠠᠭ ᠤᠨ ᠣᠷᠳᠣᠨ ᠤ ᠢᠲᠡᠭᠡᠯ ᠬᠦᠴᠦᠨ ᠪᠠ ᠲᠣᠣᠱᠠᠯᠠᠭᠤᠯᠬᠤ ᠬᠦᠴᠦ ᠶᠢ ᠲᠠᠰᠣᠷᠠᠯᠲᠠ ᠦᠭᠡᠢ ᠨᠡᠮᠡᠭᠳᠡᠭᠦᠯᠦᠨ᠎ᠡ᠃          ᠴᠢᠭᠡᠴᠢ ᠵᠠᠰᠠᠭ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠲᠦᠪ ᠤᠨ ︽ᠨᠠᠢᠮᠠᠨ ᠵᠣᠷᠪᠣᠰ ᠲᠣᠭᠲᠠᠭᠠᠯ︾ ᠪᠠ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ ᠵᠠᠷᠣᠳᠠᠯ︾ ᠪᠣᠯᠣᠨ ᠡᠩ ᠤᠨ ᠵᠠᠷᠣᠴᠠᠭᠤᠯᠭ᠎ᠠ ᠶᠢ ᠴᠢᠩᠭ᠎ᠠ ᠡᠵᠡᠮᠳᠡᠵᠦ᠂ ᠡᠳ᠋ ᠤᠨ ᠬᠦᠴᠦᠨ ᠢ ᠲᠥᠪᠯᠡᠷᠡᠭᠦᠯᠦᠨ᠂ ᠠᠷᠠᠳ ᠤᠨ ᠠᠮᠢᠳᠣᠷᠠᠯ ᠳᠠᠬᠢ ᠪᠣᠳᠠᠲᠣ ᠣᠴᠢᠷ ᠢ ᠰᠢᠢᠳᠪᠦᠷᠢᠯᠡᠵᠣ ᠦᠭᠭᠦᠨ᠎ᠡ᠃ ︽ᠨᠢᠭᠡ ᠲᠤᠰᠢᠶᠠᠯ ᠬᠤᠶᠠᠷ ᠬᠠᠷᠢᠭᠤᠴᠠᠯᠭ᠎ᠠ︾᠎ ᠶᠢ ᠭᠦᠨᠵᠡᠭᠡᠶᠢᠷᠡᠭᠦᠯᠦᠨ ᠨᠠᠶᠢᠳᠠᠪᠣᠷᠢᠵᠢᠭᠤᠯᠵᠦ᠂ ᠵᠠᠯᠬᠠᠭᠠᠨ ᠴᠡᠭᠴᠡᠯᠡᠬᠦ ᠪᠠ ᠢᠯᠵᠠᠷᠠᠯ ᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠣᠯᠲᠠ ᠶᠢ ᠪᠦᠬᠦ ᠲᠠᠯ᠎ᠠ ᠪᠠᠷ ᠠᠬᠢᠭᠤᠯᠵᠦ᠂ ᠠᠯᠪᠠᠨ ᠲᠣᠰᠢᠶᠠᠯᠲᠠᠨ ᠳᠤ ᠬᠢᠨᠠᠯᠲᠠ ᠲᠠᠯᠪᠢᠵᠤ ᠰᠣᠷᠭᠠᠨ ᠬᠦᠮᠦᠵᠢᠭᠦᠯᠬᠦ ᠶᠢ ᠴᠢᠩᠭᠠᠳᠬᠠᠨ᠂ ︽ᠬᠤᠷᠢᠭ᠎ᠠ ᠱᠣᠭᠤᠮ︾᠎ ᠢ ᠴᠢᠩᠭ᠎ᠠ ᠰᠠᠬᠢᠵᠦ᠂ ︽ᠰᠡᠷᠭᠡᠶᠢᠯᠡᠯᠲᠡ ᠶᠢᠨ ᠱᠣᠭᠤᠮ︾᠎ ᠢ ᠪᠠᠲᠤᠵᠢᠭᠤᠯᠤᠨ᠂ ︽ᠰᠡᠷᠡᠮᠵᠢ ᠶᠢᠨ ᠱᠣᠭᠤᠮ︾᠎ ᠢ ᠡᠪᠳᠡᠬᠦ ᠦᠭᠡᠢ ᠪᠠᠶᠢᠬᠤ ᠶᠢ ᠪᠠᠲᠤᠯᠠᠨ᠎ᠠ᠃ ᠵᠠᠰᠠᠭ ᠵᠠᠬᠢᠷᠠᠭᠠᠨ ᠤ ᠪᠠᠶᠢᠴᠠᠭᠠᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠵᠦ᠂ ᠡᠷᠬᠡ ᠶᠢᠨ ᠢᠯᠡ ᠲᠣᠳᠣ ᠬᠡᠷᠡᠭᠵᠢᠭᠦᠯᠦᠭᠳᠡᠬᠦ ᠶᠢ ᠪᠠᠲᠣᠯᠠᠨ᠎ᠠ᠃         ᠲᠥᠯᠦᠭᠡᠯᠡᠭᠴᠢᠳ ᠡ᠂ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠣ ᠴᠢᠩᠭ᠎ᠠ ᠣᠳᠣᠷᠢᠳᠣᠯᠭ᠎ᠠ ᠲᠣᠣᠷ᠎ᠠ᠂ ᠬᠦᠴᠦᠨ ᠴᠢᠳᠠᠯ ᠢᠶᠠᠨ ᠨᠢᠠᠲᠠᠷᠠᠭᠤᠯᠵᠤ᠂ ᠰᠢᠷᠭᠠᠭᠤ ᠠᠵᠢᠯᠯᠠᠨ ᠪᠦᠯᠬᠦᠮᠳᠡᠨ ᠴᠢᠷᠮᠠᠶᠢᠵᠦ᠂ ᠠᠤᠭ᠎ᠠ ᠦᠢᠯᠡᠰ ᠪᠦᠲᠦᠭᠡᠬᠦ ᠶᠢᠨ ᠲᠦᠯᠦᠭᠡ ᠦᠵᠡᠯ ᠰᠠᠨᠠᠭ᠎ᠠ ᠪᠠᠨ ᠴᠢᠯᠦᠭᠡᠯᠡᠵᠦ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠡᠷᠴᠢ ᠵᠣᠷᠢᠭ ᠢᠶᠠᠨ ᠬᠦᠪᠴᠢᠯᠡᠨ ᠢᠳᠡᠪᠬᠢᠲᠠᠢ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠪᠠᠷ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠠᠵᠢᠯ ᠢᠶᠠᠨ ᠠᠮᠵᠢᠯᠲᠠ ᠲᠠᠢ ᠰᠠᠶᠢᠬᠠᠨ ᠡᠬᠢᠯᠡᠭᠦᠯᠦᠶ᠎ᠡ︕
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号