| ᠲᠥᠯᠤᠬᠡᠯᠩᠴᠢᠳ ᠡ᠄ | ᠤᠲᠤ ᠪᠢ ᠬᠤᠳᠠ ᠶᠢᠨ ᠠᠷᠠᠳ ᠤᠨ ᠵᠠᠰᠠᠭ ᠤᠨ ᠤᠷᠲᠤᠨ ᠢ ᠲᠥᠯᠤᠬᠡᠯᠡᠵᠤ ᠶᠡᠭᠡ ᠬᠤᠷᠠᠯ ᠳᠤ ᠠᠵᠢᠯ | ᠤᠨ ᠮᠡᠲᠡᠬᠦᠯᠤᠯᠳᠠ ᠬᠢᠶ᠎ᠠ᠂ ᠬᠢᠨᠠᠨ ᠵᠥᠪᠯᠡᠬᠦ ᠪᠤᠯᠪᠠᠤ᠂ ᠤᠯᠤᠰ ᠲᠥᠷᠤ ᠶᠢᠨ ᠵᠥᠪᠯᠡᠯᠬᠡᠨ ᠤ ᠬᠡᠰᠢᠬᠦᠨ ᠬᠢᠬᠡᠳ | ᠬᠤᠷᠠᠯᠲᠤᠭᠠᠨ ᠳᠤ ᠰᠤᠯᠨ ᠤᠷᠤᠯᠴᠠᠬᠰᠡᠨ ᠪᠤᠰᠤᠳ ᠨᠥᠬᠦᠳ ᠰᠠᠨᠠᠯ ᠢᠶᠠᠨ ᠲᠤᠷᠠᠳᠬᠤ ᠪᠤᠯᠪᠠᠤ᠃ | ᠨᠢᠬᠡ᠂ 2014 ᠤᠨ ᠤ ᠠᠵᠢᠯ ᠤᠨ ᠡᠷᠬᠢᠴᠡᠬᠦᠯᠤᠯ | 2014 ᠤᠨ ᠪᠤᠯ ᠰᠢᠯᠢ ᠶᠢᠨ ᠬᠤᠳᠠ ᠶᠢᠨ ᠬᠦᠭᠵᠢᠯᠳᠡ ᠶᠢᠨ ᠠᠬᠢᠴᠠ ᠳᠤᠮᠳᠠ ᠴᠢᠬᠤᠯᠠ ᠶᠡᠭᠡ ᠪᠡᠯᠭᠡ | ᠳᠡᠮᠳᠡᠭ ᠲᠠᠢ ᠨᠢᠭᠡ ᠵᠢᠯ ᠪᠤᠯᠤᠨ᠎ᠠ᠃ ᠵᠢᠯ ᠤᠨ ᠡᠬᠢᠨ ᠳᠤ ᠶᠡᠷᠦᠩᠭᠡᠢ ᠱᠦᠵᠢ ᠰᠢ ᠶᠢᠨ ᠫᠢᠩ ᠮᠠᠨ ᠤ ᠬᠤᠳᠠ ᠳᠤ | ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠤᠨ᠂ ᠡᠯ᠎ᠡ ᠦᠨᠳᠤᠰᠤᠳᠡᠨ ᠤ ᠠᠷᠠᠳ ᠳᠦᠮᠡᠨ ᠢ ᠪᠤᠯᠭᠤᠭᠠᠨ | ᠳᠤᠬᠤᠨᠢᠭᠤᠯᠵᠤ᠂ ᠪᠢᠳᠡᠨ ᠳᠤ ᠨᠠᠨᠳᠢᠨ ᠬᠦᠰᠡᠯ ᠳᠠᠯᠪᠢᠪᠠ᠃ ᠨᠢᠭᠡ ᠵᠢᠯ ᠤᠨ ᠳᠤᠷᠰᠢ᠂ ᠪᠢᠳᠡ ᠶᠠᠷᠦᠩᠭᠡᠢ | ᠱᠦᠵᠢ ᠶᠢᠨ ᠵᠠᠬᠢᠶ᠎ᠠ ᠶᠢ ᠪᠠᠳᠤ ᠴᠡᠭᠡᠵᠢᠯᠡᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠳᠠ ᠶᠢᠨ | ᠨᠠᠮ ᠤᠨ ᠬᠤᠷᠢᠶᠠᠨ ᠤ ᠵᠦᠪ ᠤᠨᠤᠪᠴᠢᠳᠡᠢ ᠤᠲᠤᠷᠢᠲᠤᠯᠭ᠎ᠠ ᠳᠤᠤᠷ᠎ᠠ᠂ ᠬᠤᠳᠠ ᠶᠢᠨ ᠠᠷᠠᠳ ᠤᠨ | ᠲᠥᠯᠤᠬᠡᠯᠩᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠤ ᠶᠢᠨ ᠵᠥᠪᠯᠡᠯᠬᠡᠨ ᠤ | ᠠᠷᠠᠳᠴᠢᠯᠠᠯᠳᠤ ᠬᠢᠨᠠᠯᠳᠠ ᠲᠡᠮᠵᠢᠯᠬᠡ ᠲᠤᠤᠷ᠎ᠠ᠂ ᠳᠡᠭᠡᠳᠤ ᠱᠠᠳᠤᠨ ᠤ ᠡᠯ᠎ᠡ ᠳᠦᠷᠦᠯ ᠤᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠤᠬᠲᠠᠭᠤᠨ ᠪᠠᠶᠢᠯᠭᠠᠬᠤ | ᠮᠦᠷᠳᠡᠭᠡᠨ ᠤᠷᠤᠭᠰᠢᠯᠨᠨ ᠳᠠᠪᠰᠢᠬᠤ᠂ ᠳᠤᠭᠳᠠᠭᠤᠨ ᠪᠠᠶᠢᠯᠭᠠᠬᠤ ᠶᠢᠨ ᠬᠠᠮᠳᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ᠂ | ᠳᠤᠭᠳᠠᠭᠤᠨ ᠪᠠᠶᠢᠯᠭᠠᠬᠤ ᠮᠦᠷᠳᠡᠭᠡᠨ ᠦᠷ᠎ᠡ ᠠᠰᠢᠭ ᠢ ᠨᠡᠮᠡᠭᠳᠡᠬᠦᠯᠬᠦ︾ ᠶᠠᠷᠦᠩᠭᠡᠢ ᠱᠠᠭᠠᠷᠳᠠᠯᠭ᠎ᠠ ᠶᠢ ᠪᠠᠷᠢᠮᠳᠠᠯᠠᠵᠤ | ᠂ ᠦᠷᠢᠰᠦᠯᠳᠦᠭᠡᠨ ᠢ ᠢᠳᠡᠪᠬᠢᠳᠡᠢ ᠠᠷᠭᠠᠴᠠᠭᠠᠵᠤ᠂ ᠴᠢᠷᠮᠠᠶᠢᠨ ᠳᠡᠮᠡᠴᠡᠵᠤ ᠬᠦᠴᠢᠷ ᠪᠡᠷᠭᠡ ᠶᠢ ᠳᠤᠭᠤᠯᠤᠨ᠂ ᠨᠡᠮᠡᠭᠳᠡᠯ | ᠢ ᠳᠤᠭᠳᠠᠪᠤᠷᠢᠵᠢᠭᠤᠯᠬᠤ᠂ ᠪᠦᠳᠦᠴᠡ ᠶᠢ ᠳᠤᠬᠢᠷᠠᠭᠤᠯᠬᠤ᠂ ᠦᠭᠡᠷᠡᠴᠢᠯᠡᠯᠳᠡ ᠶᠢ ᠠᠳᠬᠤᠬᠤ᠂ ᠠᠷᠠᠳ ᠤᠨ | ᠠᠮᠢᠳᠤᠷᠠᠯ ᠢ ᠬᠠᠷᠠᠭᠠᠯᠵᠠᠬᠤ᠂ ᠡᠶ᠎ᠡ ᠵᠤᠬᠢᠴᠠᠯ ᠢ ᠠᠬᠢᠭᠤᠯᠬᠤ ᠡᠯ᠎ᠡ ᠳᠦᠷᠦᠯ ᠤᠨ ᠠᠵᠢᠯ ᠢ ᠨᠢᠭᠡᠳᠦᠯᠳᠡᠢ | ᠳᠦᠯᠦᠪᠵᠢᠬᠦᠯᠦᠨ ᠠᠬᠢᠭᠤᠯᠵᠤ᠂ ᠠᠵᠤ ᠠᠬᠤᠢ ᠨᠡᠶᠢᠬᠡᠮ ᠤᠨ ᠲᠤᠬᠲᠠᠭᠤᠨ ᠮᠦᠷᠳᠡᠭᠡᠨ ᠨᠡᠯᠢᠶᠡᠳ ᠳᠦᠷᠭᠡᠨ | ᠬᠦᠭᠵᠢᠬᠦ ᠶᠢ ᠪᠡᠶᠡᠯᠡᠬᠦᠯᠦᠭᠰᠡᠨ ᠪᠠᠶᠢᠨ᠎ᠠ᠃ | ᠶᠠᠷᠦᠩᠭᠡᠶᠢᠯᠡᠭᠰᠡᠨ ᠪᠤᠳᠠᠳᠤ ᠬᠦᠴᠦᠨ ᠳᠠᠰᠤᠷᠠᠯᠳᠠ ᠦᠭᠡᠢ ᠴᠢᠩᠭᠠᠷᠠᠪᠠ᠃ ᠭᠠᠵᠠᠷ ᠤᠷᠤᠨ ᠤ | ᠥᠢᠯᠡᠳᠪᠤᠷᠢᠯᠡᠯ ᠤᠨ ᠶᠠᠷᠤᠩᠬᠡᠢ ᠥᠷᠲᠡᠭ ᠢ 218 ᠳ᠋ᠥᠩᠰᠢᠭᠤᠷ ᠲᠥᠬᠦᠷᠢᠭ ᠪᠡᠶᠡᠯᠡᠬᠦᠯᠤᠨ᠂ 5.3% ᠪᠠᠷ | ᠨᠡᠮᠡᠭᠳᠡᠬᠦᠯᠬᠦ ᠪᠠᠷ ᠵᠢᠱᠢᠵᠤ ᠪᠠᠶᠢᠨ᠎ᠠ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 14.2 ᠳ᠋ᠥᠩᠰᠢᠭᠤᠷ | ᠲᠥᠬᠦᠷᠢᠭ ᠪᠡᠶᠡᠯᠡᠬᠦᠯᠵᠤ᠂ 9% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 131. | 8 ᠳ᠋ᠥᠩᠰᠢᠭᠤᠷ ᠲᠥᠬᠦᠷᠢᠭ ᠪᠡᠶᠡᠯᠡᠬᠦᠯᠵᠤ᠂ 3.5% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ | ᠨᠡᠮᠡᠭᠳᠡᠯ ᠦᠷᠳᠡᠭ ᠢ 72 ᠳ᠋ᠥᠩᠰᠢᠭᠤᠷ ᠲᠥᠬᠦᠷᠢᠭ ᠪᠡᠶᠡᠯᠡᠬᠦᠯᠵᠤ᠂ 8.7% ᠪᠠᠷ ᠨᠡᠮᠡᠭᠳᠡᠪᠡ᠃ ᠪᠥᠬᠦ ᠨᠡᠶᠢᠬᠡᠮ | ᠤᠨ ᠲᠤᠬᠲᠠᠮᠠᠯ ᠬᠥᠷᠤᠩᠬᠡ ᠶᠢᠨ ᠪᠡᠯᠨ ᠤᠷᠤᠭᠤᠯᠤᠯᠳᠠ ᠶᠢ 174 ᠳ᠋ᠥᠩᠰᠢᠭᠤᠷ ᠲᠥᠬᠦᠷᠢᠭ ᠪᠡᠶᠡᠯᠡᠬᠦᠯᠵᠤ᠂ 14. | 3 % ᠪᠠᠷ ᠨᠡᠮᠡᠭᠳᠡᠪᠡ᠃ ᠤᠷᠤᠨ ᠨᠤᠲᠤᠭ ᠤᠨ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ 41.9 | ᠳ᠋ᠥᠩᠰᠢᠭᠤᠷ ᠲᠥᠬᠦᠷᠢᠭ ᠪᠡᠶᠡᠯᠡᠬᠦᠯᠵᠤ᠂ ᠡᠬᠦᠨ ᠳᠤ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠥᠰᠤᠪ ᠤᠨ | ᠤᠷᠤᠯᠭ᠎ᠠ ᠶᠢ 24.5 ᠳ᠋ᠥᠩᠰᠢᠭᠤᠷ ᠲᠥᠬᠦᠷᠢᠭ ᠪᠡᠶᠡᠯᠡᠬᠦᠯᠵᠤ᠂ 9.1% ᠪᠠᠷ ᠨᠡᠮᠩᠲᠠᠪᠠ᠃ ᠨᠡᠶᠢᠭᠡᠮ ᠤᠨ | ᠭᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠶᠠᠷᠦᠩᠭᠡᠢ ᠦᠷᠳᠡᠭ ᠢ 52.3 ᠳ᠋ᠦᠩᠰᠢᠭᠤᠷ ᠳᠦᠬᠦᠷᠢᠭ | ᠪᠡᠶᠡᠯᠡᠬᠦᠯᠵᠤ᠂ 11.5% ᠪᠠᠷ ᠨᠡᠮᠡᠭᠳᠡᠪᠡ᠃ ᠪᠦᠬᠦ ᠬᠤᠳᠠ ᠶᠢᠨ ᠶᠠᠷᠦᠩᠭᠡᠶᠢᠯᠡᠭᠰᠡᠨ ᠪᠤᠳᠠᠳᠤ ᠬᠦᠴᠦᠨ ᠪᠦᠬᠦ | ᠤᠷᠤᠨ ᠤ 102 ᠬᠤᠰᠢᠭᠤ ᠰᠢᠶᠠᠨ ᠬᠤᠳᠠ ᠳᠤᠭᠤᠷᠢᠭ ᠤᠨ ᠳᠤᠮᠳᠠᠬᠢ ᠪᠠᠶᠢᠷᠢ ᠳ᠋ᠤᠭᠠᠷ ᠳᠠᠰᠤᠷᠠᠯᠳᠠ ᠦᠭᠡᠢ | ᠤᠷᠤᠭᠰᠢᠯᠠᠪᠠ᠃ | ᠪᠦᠳᠦᠴᠡ ᠶᠢᠨ ᠳᠤᠬᠢᠷᠠᠭᠤᠯᠤᠯᠳᠠ ᠯᠠᠪᠳᠠᠭᠤᠨ ᠢᠶᠠᠷ ᠠᠬᠢᠪᠠ᠃ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠵᠤ᠂ | ᠬᠤᠶᠠᠳᠤᠭᠠᠷ ᠠᠵᠤ ᠦᠢᠯᠡᠰ ᠢ ᠬᠦᠴᠦᠷᠭᠡᠭᠵᠢᠬᠦᠯᠦᠨ᠂ ᠭᠤᠷᠪᠠᠳᠤᠭᠠᠷ ᠠᠵᠤ ᠦᠢᠯᠡᠰ ᠢ ᠠᠮᠢᠵᠢᠷᠠᠭᠤᠯᠬᠤ ᠪᠠᠷ | ᠳᠠᠮᠵᠢᠨ᠂ ᠭᠤᠷᠪᠠᠨ ᠠᠵᠤ ᠦᠢᠯᠡᠰ ᠤᠨ ᠪᠦᠳᠦᠴᠡ ᠶᠢᠨ ᠳᠤᠬᠢᠷᠠᠭᠤᠯᠤᠯᠳᠠ 6.5᠄ 60.5᠄ 33 ᠪᠤᠯᠵᠤ᠂ ᠨᠡᠩ | ᠵᠦᠢ ᠵᠤᠬᠢᠰᠳᠡᠢ ᠪᠤᠯᠪᠠ᠃ ᠴᠠᠬᠢᠯᠭᠠᠨ ᠤ ᠢᠷᠡᠯᠳᠡ ᠶᠢᠨ ᠰᠠᠭᠤᠷᠢᠨ ᠭᠠᠵᠠᠷ ᠤᠨ ᠳᠦᠷᠦᠯ ᠵᠦᠢᠯ ᠢ ᠳᠦᠷᠭᠡᠨ | ᠠᠬᠢᠭᠤᠯᠵᠤ᠂ ᠡᠬᠢ ᠰᠤᠷᠪᠤᠯᠵᠢ ᠶᠢᠨ ᠪᠤᠰᠤ ᠭᠡᠯᠪᠡᠷᠢ ᠶᠢᠨ ᠪᠤᠯᠤᠨ ᠰᠢᠨ᠎ᠡ ᠭᠡᠯᠪᠡᠷᠢ ᠶᠢᠨ ᠠᠵᠤ ᠦᠢᠯᠡᠰ ᠦᠳᠳᠡᠷ | ᠬᠦᠭᠵᠢᠪᠡ᠃ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠳᠦᠪᠰᠢᠨ ᠠᠯᠬᠤᠮ ᠠᠯᠬᠤᠮ ᠢᠶᠠᠷ | ᠳᠡᠭᠡᠭᠰᠢᠯᠡᠵᠤ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠦᠢᠯᠡᠳᠪᠤᠷᠢᠯᠡᠵᠤ ᠡᠳ᠋ᠰᠢᠬᠦᠯᠤᠨ | ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠢᠯᠡᠳᠳᠡ ᠳᠦᠷᠭᠡᠨ ᠪᠤᠯᠪᠠ᠃ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠳᠠᠰᠤᠷᠠᠯᠳᠠ ᠦᠭᠡᠢ | ᠳᠡᠭᠡᠭᠰᠢᠯᠡᠵᠤ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠤᠯ ᠨᠢ ᠦᠷᠬᠦᠯᠵᠢᠯᠡᠨ ᠴᠢᠩᠭᠠᠷᠠᠪᠠ᠃ | ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠡᠬᠢᠯᠡᠯᠳᠡ ᠰᠠᠶᠢᠨ᠃ ᠬᠦᠭᠵᠢᠯᠳᠡ ᠶᠢᠨ ᠬᠦᠴᠢᠷᠳᠡᠯ ᠢ | ᠰᠢᠢᠳᠪᠤᠷᠢᠯᠡᠬᠦ ᠳᠤ ᠴᠢᠭᠯᠡᠬᠦᠯᠵᠤ᠂ ᠡᠯ᠎ᠡ ᠳᠦᠷᠦᠯ ᠤᠨ ᠦᠭᠡᠷᠡᠴᠢᠯᠡᠯᠳᠡ ᠶᠢᠨ ᠡᠬᠦᠷᠭᠡ ᠶᠢ ᠢᠳᠡᠪᠬᠢᠳᠡᠢ ᠠᠬᠢᠭᠤᠯᠪᠠ᠃ | ᠵᠠᠰᠠᠭ ᠢ ᠴᠤᠮᠬᠠᠳᠬᠠᠵᠤ ᠡᠷᠭᠡ ᠶᠢ ᠳᠤᠷᠤᠭᠰᠢ ᠪᠠᠭᠤᠯᠭᠠᠬᠤ ᠬᠦᠴᠦᠯᠡᠴᠡ ᠶᠢ ᠶᠡᠭᠡᠳᠭᠡᠵᠤ᠂ ᠵᠠᠰᠠᠭ ᠤᠨ | ᠤᠷᠳᠤᠨ ᠤ ᠡᠬᠦᠷᠭᠡ ᠴᠢᠳᠠᠪᠬᠢ ᠶᠢ ᠬᠤᠪᠢᠷᠠᠭᠤᠯᠤᠬᠰᠠᠨ ᠦᠷ᠎ᠡ ᠪᠦᠳᠦᠮᠵᠢ ᠢᠯᠡᠷᠭᠡᠢ᠃ ᠨᠤᠳᠤᠭ ᠪᠡᠯᠴᠢᠭᠡᠷ ᠤᠨ | ᠡᠷᠭᠡ ᠶᠢ ᠳᠤᠳᠤᠯᠠᠵᠤ ᠳᠠᠭᠠᠭᠠᠴᠢᠯᠠᠬᠤ᠂ ᠨᠡᠶᠢᠳᠡ ᠶᠢᠨ ᠤᠢ ᠰᠢᠭᠤᠢ ᠶᠢᠨ ᠡᠷᠭᠡ᠂ ᠤᠯᠤᠰ ᠤᠨ ᠬᠦᠮᠦᠷᠭᠡ ᠠᠴᠠ | ᠳᠦᠪᠯᠡᠷᠡᠬᠦᠯᠦᠨ ᠳᠦᠯᠦᠬᠦ ᠵᠡᠷᠭᠡ ᠦᠭᠡᠷᠡᠴᠢᠯᠡᠯᠳᠡ ᠤᠷᠤᠭᠰᠢᠳᠡᠢ ᠶᠠᠪᠤᠭᠳᠠᠵᠤ᠂ ᠬᠦᠭᠵᠢᠯᠳᠡ ᠶᠢ ᠬᠢᠵᠠᠭᠠᠷᠯᠠᠵᠤ | ᠪᠠᠶᠢᠭ᠎ᠠ ᠪᠠᠶᠢᠭᠤᠯᠤᠮᠵᠢ ᠵᠤᠬᠢᠴᠠᠮᠵᠢ ᠶᠢᠨ ᠬᠠᠷᠰᠢ ᠰᠠᠭᠠᠳ ᠢ ᠠᠯᠬᠤᠮ ᠠᠯᠬᠤᠮ ᠢᠶᠠᠷ ᠰᠢᠢᠳᠪᠤᠷᠢᠯᠡᠪᠡ᠃ ᠡᠳ᠋ ᠤᠨ | ᠵᠠᠰᠠᠭ ᠭᠠᠶᠢᠯᠢ ᠮᠦᠩᠬᠦᠨ ᠬᠦᠢᠯᠭᠡᠭᠡᠨ᠂ ᠦᠢᠯᠡᠳᠪᠤᠷᠢ ᠬᠤᠳᠠᠯᠳᠤᠭᠠᠨ ᠤ ᠳᠠᠩᠰᠠᠯᠠᠯ ᠵᠡᠷᠭᠡ ᠦᠭᠡᠷᠡᠴᠢᠯᠡᠯᠳᠡ ᠶᠢ | ᠪᠦᠬᠦ ᠳᠠᠯ᠎ᠠ ᠪᠠᠷ ᠠᠬᠢᠭᠤᠯᠵᠤ᠂ ᠰᠢᠨ᠎ᠡ ᠪᠠᠷ ᠳᠠᠩᠰᠠᠯᠠᠭᠰᠠᠨ ᠠᠵᠤ ᠠᠬᠤᠶᠢᠯᠠᠯ 33% ᠪᠠᠷ ᠨᠡᠮᠡᠭᠳᠡᠨ᠂ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠠᠮᠢᠳᠤᠯᠢᠭ ᠬᠦᠴᠦᠨ ᠢ ᠳᠠᠰᠤᠷᠠᠯᠳᠠ ᠦᠭᠡᠢ ᠴᠢᠩᠭᠠᠷᠠᠭᠤᠯᠪᠠ᠃ | ᠠᠷᠠᠳ ᠤᠨ ᠠᠮᠢᠳᠤᠷᠠᠯ ᠤᠨ ᠠᠵᠢᠯ ᠦᠢᠯᠡᠰ ᠪᠦᠬᠦ ᠳᠠᠯ᠎ᠠ ᠪᠠᠷ ᠤᠷᠤᠭᠰᠢᠯᠠᠪᠠ᠃ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠᠷ ᠠᠯᠢᠪᠠ ᠠᠵᠢᠯ ᠤᠨ ᠡᠬᠢᠯᠡᠯᠳᠡ ᠪᠠ ᠳᠡᠬᠦᠰᠦᠯᠳᠡ ᠪᠤᠯᠭᠠᠵᠤ᠂ ᠡᠳ᠋ ᠤᠨ | ᠵᠠᠰᠠᠭ ᠤᠨ ᠤᠷᠤᠯᠭ᠎ᠠ ᠶᠢᠨ ᠨᠡᠮᠡᠭᠳᠡᠯ ᠬᠦᠴᠢᠷᠳᠡᠢ᠂ ᠵᠠᠷᠤᠯᠭ᠎ᠠ ᠶᠢᠨ ᠳᠠᠷᠤᠯᠳᠠ ᠦᠷᠬᠦᠯᠵᠢᠯᠡᠨ ᠶᠡᠭᠡᠳᠴᠦ ᠪᠠᠶᠢᠭ᠎ᠠ | ᠵᠦᠷᠢᠴᠡᠯ ᠢ ᠴᠢᠷᠮᠠᠶᠢᠨ ᠰᠢᠢᠳᠪᠤᠷᠢᠯᠡᠵᠤ᠂ ᠰᠠᠭᠤᠷᠢ ᠱᠤᠭᠤᠮ ᠢ ᠰᠠᠬᠢᠵᠤ᠂ ᠳᠤᠳᠠᠭᠤᠳᠠᠯ ᠢ ᠨᠦᠬᠦᠷᠢᠯᠡᠬᠦ ᠶᠢ | ᠪᠠᠷᠢᠮᠳᠠᠯᠠᠨ᠂ ᠪᠦᠬᠦ ᠵᠢᠯ ᠤᠨ ᠨᠡᠶᠢᠭᠡᠮ ᠤᠨ ᠠᠵᠢᠯ ᠦᠢᠯᠡᠰ ᠪᠤᠯᠤᠨ ᠠᠷᠠᠳ ᠤᠨ ᠠᠮᠢᠳᠤᠷᠠᠯ ᠤᠨ ᠵᠠᠷᠤᠯᠭ᠎ᠠ 14.3 | ᠳ᠋ᠦᠩᠰᠢᠭᠤᠷ ᠳᠦᠬᠦᠷᠢᠭ ᠬᠦᠷᠴᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠦᠪ ᠤᠨ ᠵᠠᠷᠤᠯᠭ᠎ᠠ ᠶᠢᠨ | 52% ᠶᠢ ᠡᠵᠡᠯᠡᠨ᠂ ᠤᠯᠠᠨ ᠳᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠨᠢᠭᠡ ᠪᠦᠯᠦᠭ ᠠᠷᠠᠳ ᠤᠨ | ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠤᠷᠢᠯᠡᠵᠤ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠤᠨ ᠲᠤᠮᠲᠠᠴᠢ ᠶᠢᠨ ᠡᠵᠡᠮᠲᠡᠵᠤ ᠪᠤᠯᠬᠤ ᠤᠷᠤᠯᠭ᠎ᠠ ᠶᠢ 33430 ᠲᠥᠬᠦᠷᠢᠭ ᠬᠢᠬᠡᠳ 18936 | ᠲᠥᠬᠦᠷᠢᠭ ᠪᠡᠶᠡᠯᠡᠬᠦᠯᠵᠤ᠂ 9% ᠪᠠ 12.8 % ᠪᠠᠷ ᠨᠠᠮᠩᠲᠠᠬᠦᠯᠬᠦ ᠪᠠᠷ ᠵᠢᠱᠢᠵᠤ᠂ ᠤᠯᠠᠨ ᠳᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠳᠠᠰᠤᠷᠠᠯᠳᠠ ᠦᠭᠡᠢ ᠰᠠᠶᠢᠵᠢᠷᠠᠪᠠ᠃ | ᠨᠢᠭᠡ ᠵᠢᠯ ᠤᠨ ᠳᠤᠷᠰᠢ ᠪᠢᠳᠡ ᠭᠤᠤᠯᠳᠠᠭᠤ ᠳᠤᠤᠷᠠᠬᠢ ᠠᠵᠢᠯ ᠤᠳ ᠢ ᠬᠢᠪᠡ᠄ | ︵ᠨᠢᠭᠡ︶ ᠨᠡᠮᠡᠭᠳᠡᠯ ᠢ ᠳᠤᠭᠳᠠᠪᠤᠷᠢᠵᠢᠭᠤᠯᠵᠤ᠂ ᠪᠡᠯᠡ ᠤᠷᠤᠭᠤᠯᠤᠯᠳᠠ ᠶᠢ ᠠᠬᠢᠭᠤᠯᠵᠤ᠂ ᠠᠵᠤ | ᠠᠬᠤᠢ ᠨᠡᠶᠢᠭᠡᠮ ᠢ ᠦᠷᠬᠦᠯᠵᠢᠯᠡᠨ ᠡᠷᠡᠬᠦᠯ ᠢᠶᠠᠷ ᠬᠦᠭᠵᠢᠬᠦᠯᠪᠡ᠃ ᠠᠵᠤ ᠦᠢᠯᠡᠳᠪᠤᠷᠢ ᠶᠢᠨ ᠠᠵᠤ ᠠᠬᠤᠢ ᠶᠢᠨ | ᠡᠷᠬᠢᠯᠳᠡ ᠶᠢᠨ ᠳᠤᠬᠢᠷᠠᠭᠤᠯᠤᠯᠳᠠ ᠶᠢ ᠴᠢᠩᠭᠠᠳᠬᠠᠵᠤ᠂ ᠮᠦᠩᠬᠦᠨ ᠬᠦᠢᠯᠭᠡᠭᠡᠨ ᠢᠶᠠᠷ ᠪᠤᠳᠠᠳᠤ ᠴᠤᠭᠴᠠ ᠶᠢᠨ ᠠᠵᠤ | ᠠᠬᠤᠢ ᠶᠢ ᠳᠡᠮᠵᠢᠬᠦ ᠶᠢ ᠨᠠᠶᠢᠳᠠᠪᠤᠷᠢᠵᠢᠭᠤᠯᠬᠤ᠂ ᠨᠡᠬᠦᠷᠡᠰᠤ ᠪᠤᠷᠤᠯᠠᠭᠤᠯᠬᠤ ᠵᠤᠬᠢᠴᠠᠮᠵᠢ ᠶᠢ ᠪᠦᠷᠢᠨᠰᠢᠬᠦᠯᠬᠦ᠂ ᠠᠵᠤ | ᠠᠬᠤᠶᠢᠯᠠᠯ ᠳᠤ ᠬᠤᠯᠪᠤᠭᠳᠠᠭᠰᠠᠨ ᠰᠦᠢᠳᠭᠡᠯ ᠬᠤᠷᠢᠶᠠᠬᠤ ᠶᠢ ᠴᠡᠪᠡᠷᠯᠡᠬᠦ᠂ ᠴᠠᠬᠢᠯᠭᠠᠨ ᠬᠦᠴᠦᠨ ᠢ ᠳᠡᠮᠵᠢᠬᠦ | ᠳᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠵᠡᠷᠭᠡ ᠠᠷᠭ᠎ᠠ ᠭᠡᠮᠵᠢᠶ᠎ᠡ ᠶᠢ ᠠᠪᠴᠦ᠂ ᠰᠠᠨᠠᠭᠠᠴᠢᠯᠠᠭ᠎ᠠ ᠲᠠᠢ ᠪᠠᠷ | ᠱᠧᠨᠶᠠᠩ ᠤᠨ ᠳᠡᠮᠤᠷ ᠵᠠᠮ ᠤᠨ ᠳᠤᠪᠴᠢᠶ᠎ᠠ᠂ ᠬᠦᠭᠡᠬᠤᠳᠠ ᠶᠢᠨ ᠳᠡᠮᠤᠷ ᠵᠠᠮ ᠤᠨ ᠳᠤᠪᠴᠢᠶ᠎ᠠ᠂ ᠵᠢᠨᠵᠧᠤ ᠭᠠᠷᠠᠮ ᠲᠠᠢ | ᠵᠤᠯᠭᠠᠯᠳᠤᠵᠤ᠂ ᠠᠷᠭ᠎ᠠ ᠪᠦᠬᠦᠨ ᠢ ᠰᠦᠪᠡᠭᠴᠢᠯᠡᠵᠤ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠤᠨ᠂ | ᠵᠠᠬ᠎ᠠ ᠳᠡᠯᠭᠡᠬᠦᠷ ᠢ ᠨᠡᠭᠡᠭᠡᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠳᠤᠭᠳᠠᠭᠤᠨ ᠪᠠᠶᠢᠯᠭᠠᠵᠤ᠂ ᠠᠯᠬᠤᠮ | ᠠᠯᠬᠤᠮ ᠢᠶᠠᠷ ᠰᠠᠶᠢᠵᠢᠷᠠᠬᠤ ᠶᠢ ᠠᠬᠢᠭᠤᠯᠤᠨ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 114.5 | ᠳ᠋ᠦᠩᠰᠢᠭᠤᠷ ᠳᠦᠬᠦᠷᠢᠭ ᠪᠡᠶᠡᠯᠡᠬᠦᠯᠤᠨ᠂ 2% ᠪᠠᠷ ᠨᠡᠮᠡᠭᠳᠡᠬᠦᠯᠬᠦ ᠪᠠᠷ ᠵᠢᠱᠢᠵᠤ ᠪᠠᠶᠢᠨ᠎ᠠ᠃ ᠳᠠᠷᠢᠶᠠᠯᠠᠩ ᠮᠠᠯ ᠠᠵᠤ | ᠠᠬᠤᠢ ᠶᠢᠨ ᠦᠢᠯᠡᠳᠪᠤᠷᠢᠯᠡᠯ ᠢ ᠳᠤᠭᠳᠠᠪᠤᠷᠢᠵᠢᠭᠤᠯᠵᠤ᠂ ᠬᠤᠨᠢᠨ ᠤ ᠮᠢᠬᠠᠨ ᠤ ᠦᠨ᠎ᠡ ᠪᠠᠭᠤᠷᠠᠵᠤ᠂ ᠮᠠᠯ ᠤᠨ | ᠵᠠᠷᠤᠴᠠᠭᠤᠯᠤᠯᠳᠠ ᠤᠳᠠᠭᠠᠰᠢᠷᠠᠵᠤ ᠪᠠᠶᠢᠭ᠎ᠠ ᠵᠠᠬ᠎ᠠ ᠳᠡᠯᠭᠡᠬᠦᠷ ᠤᠨ ᠪᠠᠶᠢᠳᠠᠯ ᠢ ᠢᠳᠡᠪᠬᠢᠳᠡᠢ ᠠᠷᠭᠠᠴᠠᠭᠠᠵᠤ᠂ 15 | ᠨᠡᠷ᠎ᠡ ᠺᠠᠳ᠋ᠷ ᠢ ᠰᠤᠩᠭᠤᠨ ᠳᠤᠮᠢᠯᠠᠵᠤ ᠦᠢᠯᠡᠳᠪᠤᠷᠢ ᠳᠤ ᠬᠦᠨᠵᠡᠭᠡᠶᠢᠷᠡᠬᠦᠯᠵᠤ᠂ ᠮᠠᠯ ᠡᠳ᠋ᠰᠢᠬᠦᠯᠬᠦ ᠴᠠᠭ | ᠬᠤᠭᠤᠴᠠᠭ᠎ᠠ ᠶᠢ ᠵᠤᠯᠭᠠᠯᠳᠤᠭᠤᠯᠤᠨ ᠳᠤᠬᠢᠷᠠᠭᠤᠯᠵᠤ᠂ ᠡᠳ᠋ᠰᠢᠬᠦᠯᠬᠦ ᠭᠤᠭᠴᠤᠭᠠᠨ ᠤ ᠰᠦᠢᠳᠭᠡᠯ ᠬᠤᠷᠢᠶᠠᠬᠤ ᠶᠢ | ᠦᠭᠡᠶᠢᠰᠭᠡᠨ᠂ ᠬᠤᠨᠢᠨ ᠰᠡᠬᠦᠯ ᠤᠨ ᠵᠢᠩ ᠤᠨ ᠳᠤᠭ᠎ᠠ ᠶᠢ ᠬᠠᠰᠤᠬᠤ ᠵᠡᠷᠭᠡ ᠠᠷᠭ᠎ᠠ ᠭᠡᠮᠵᠢᠶ᠎ᠡ ᠠᠪᠴᠦ᠂ ᠳ᠋ᠠ ᠵᠤᠸᠠᠩ | ᠶᠤᠸᠠᠨ ᠪᠦᠯᠦᠭᠯᠡᠯ ᠤᠨ 1000 ᠳᠤᠨ ᠬᠤᠨᠢᠨ ᠮᠢᠬ᠎ᠠ ᠬᠤᠳᠠᠯᠳᠤᠨ ᠠᠪᠬᠤ ᠶᠢ ᠵᠤᠬᠢᠴᠠᠭᠤᠯᠵᠤ᠂ 5 ᠠᠮᠢᠳᠤ | ᠮᠠᠯ ᠤᠨ ᠠᠷᠠᠯᠵᠢᠶᠠᠨ ᠤ ᠵᠠᠬ᠎ᠠ ᠳᠡᠯᠭᠡᠬᠦᠷ ᠪᠠᠶᠢᠭᠤᠯᠵᠤ᠂ ᠮᠠᠯ ᠤᠨ ᠵᠠᠷᠤᠴᠠᠭᠤᠯᠤᠯᠳᠠ ᠶᠢᠨ ᠠᠯᠬᠤᠴᠠ ᠶᠢ | ᠳᠦᠷᠭᠡᠳᠭᠡᠨ᠂ ᠪᠦᠬᠦ ᠬᠤᠳᠠ ᠨᠡᠶᠢᠳᠡ 83 ᠳᠦᠮᠡᠨ ᠳᠤᠯᠤᠭᠠᠢ ᠮᠠᠯ ᠵᠠᠷᠤᠴᠠᠭᠤᠯᠤᠨ᠂ 260 ᠳᠦᠮᠡᠨ | ᠬᠤᠨᠢᠴᠢᠯᠠᠭᠰᠠᠨ ᠨᠢᠭᠡᠴᠢ ᠠᠮᠢᠳᠤ ᠮᠠᠯ ᠡᠳ᠋ᠰᠢᠬᠦᠯᠵᠤ᠂ ᠪᠦᠬᠦ ᠠᠶᠢᠮᠠᠭ ᠤᠨ ᠡᠳ᠋ᠰᠢᠬᠦᠯᠦᠭᠰᠡᠨ ᠭᠡᠮᠵᠢᠶᠡᠨ ᠤ 33% ᠶᠢ | ᠡᠵᠡᠯᠡᠪᠡ᠃ ᠨᠡᠶᠢᠳᠡ ᠶᠢᠨ ᠦᠮᠴᠢᠯᠡᠯᠳᠤ ᠪᠤᠰᠤ ᠠᠵᠤ ᠠᠬᠤᠢ ᠶᠢ ᠳᠦᠷᠭᠡᠳᠭᠡᠨ ᠬᠦᠭᠵᠢᠬᠦᠯᠬᠦ ᠡᠯ᠎ᠡ ᠳᠦᠷᠦᠯ ᠤᠨ | ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠢ ᠬᠠᠪᠰᠤᠷᠤᠨ 8.3 ᠳ᠋ᠦᠩᠰᠢᠭᠤᠷ ᠳᠦᠬᠦᠷᠢᠭ ᠤᠨ ᠵᠢᠭᠡᠯᠡᠯᠭᠡ ᠤᠯᠭᠤᠵᠤ᠂ ᠡᠯ᠎ᠡ ᠳᠦᠷᠦᠯ ᠤᠨ | ᠭᠠᠶᠢᠯᠢ ᠶᠢᠨ ᠰᠦᠢᠳᠭᠡᠯ ᠢ ᠨᠡᠶᠢᠳᠡ 2.95 ᠳ᠋ᠦᠩᠰᠢᠭᠤᠷ ᠳᠦᠬᠦᠷᠢᠭ ᠬᠠᠰᠤᠨ ᠭᠡᠯᠳᠤᠷᠢᠬᠦᠯᠵᠤ᠂ ᠳᠤᠮᠳᠠ ᠪᠠᠭ᠎ᠠ | ᠠᠵᠤ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠶᠢ ᠬᠦᠴᠦᠳᠡᠢ ᠠᠬᠢᠭᠤᠯᠵᠤ᠂ ᠪᠦᠬᠦ ᠵᠢᠯ ᠳᠤ ᠨᠡᠶᠢᠳᠡ ᠶᠢᠨ | ᠦᠮᠴᠢᠯᠡᠯᠳᠤ ᠪᠤᠰᠤ ᠠᠵᠤ ᠠᠬᠤᠢ ᠨᠢ 112 ᠳ᠋ᠦᠩᠰᠢᠭᠤᠷ ᠳᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠬᠦᠯᠬᠦ ᠪᠠᠷ | ᠵᠢᠱᠢᠵᠤ᠂ ᠪᠦᠬᠦ ᠬᠤᠳᠠ ᠶᠢᠨ GDP ᠶᠢᠨ ᠬᠠᠷᠢᠴᠠᠯ ᠤᠨ 52% ᠶᠢ ᠡᠵᠡᠯᠡᠵᠤ ᠪᠠᠶᠢᠨ᠎ᠠ᠃ ᠭᠤᠤᠯᠳᠠᠯᠭ᠎ᠠ ᠲᠠᠢ | ᠳᠦᠷᠦᠯ ᠵᠦᠢᠯ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠵᠢᠯ ᠡᠬᠢᠯᠡᠨ ᠠᠵᠢᠯ ᠰᠡᠷᠬᠦᠭᠡᠭᠰᠡᠨ ᠭᠤᠤᠯᠳᠠᠯᠭ᠎ᠠ | ᠲᠠᠢ ᠳᠦᠷᠦᠯ ᠵᠦᠢᠯ 63 ᠪᠠᠶᠢᠵᠤ᠂ 157 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠤ | ᠂ 35% ᠪᠠᠷ ᠨᠡᠮᠡᠭᠳᠡᠪᠡ᠃ ᠯᠤ᠋ ᠳ᠋ᠢ ᠴᠠᠶᠢᠷ ᠴᠠᠭᠠᠨ ᠳᠤᠭᠤᠯᠭ᠎ᠠ ᠶᠢᠨ ᠠᠭᠤᠷᠬᠠᠢ᠂ ᠪᠧᠢ ᠴᠧ ᠢᠯᠴᠢ ᠬᠠᠩᠭᠠᠬᠤ | ᠦᠢᠯᠡᠳᠪᠤᠷᠢ ᠶᠢᠨ ᠬᠤᠶᠠᠷᠳᠡᠬᠢ ᠬᠤᠭᠤᠴᠠᠭ᠎ᠠ ᠵᠡᠷᠭᠡ 14 ᠳᠦᠷᠦᠯ ᠵᠦᠢᠯ ᠪᠠᠶᠢᠭᠤᠯᠤᠭᠳᠠᠵᠤ ᠠᠰᠢᠭᠯᠠᠯᠳᠠ ᠳᠤ | ᠤᠷᠤᠪᠠ︔ ᠬᠤᠸᠠ ᠳ᠋ᠢᠶᠡᠠ᠂ ᠹᠧᠩ ᠸᠧᠢ ᠭᠡᠷᠡᠯ ᠢᠶᠠᠷ ᠴᠠᠬᠢᠯᠭᠠᠨ ᠭᠠᠷᠭᠠᠬᠤ ᠵᠡᠷᠭᠡ 32 ᠳᠦᠷᠦᠯ ᠵᠦᠢᠯ ᠢ | ᠤᠷᠤᠭᠰᠢᠳᠡᠢ ᠶᠠᠪᠤᠭᠳᠠᠭᠤᠯᠵᠤ ᠪᠤᠢ︔ ᠳ᠋ᠠ ᠵᠤᠸᠠᠩ ᠶᠤᠸᠠᠨ ᠦᠭᠡᠷ ᠬᠤᠨᠢᠨ ᠮᠢᠬᠠᠨ ᠤ ᠠᠵᠤ ᠦᠢᠯᠡᠰ ᠤᠨ | ᠵᠢᠱᠢᠶ᠎ᠡ ᠦᠵᠡᠬᠦᠯᠬᠦ ᠬᠦᠷᠢᠶᠡᠯᠡᠩ᠂ ᠮᠢᠩ ᠶᠠᠩ ᠰᠠᠯᠬᠢᠨ ᠡᠨᠧᠷᠬᠢ ᠭᠡᠷᠡᠯ ᠤᠨ ᠡᠨᠧᠷᠬᠢ ᠪᠠᠷ ᠴᠠᠬᠢᠯᠭᠠᠨ ᠭᠠᠷᠭᠠᠬᠤ | ᠮᠠᠰᠢᠨ ᠳᠦᠬᠦᠭᠡᠷᠦᠮᠵᠢ ᠦᠢᠯᠡᠳᠬᠦ ᠠᠵᠤ ᠦᠢᠯᠡᠰ ᠢ ᠨᠢᠭᠡ ᠴᠤᠭᠴᠠᠵᠢᠭᠤᠯᠬᠤ ᠵᠡᠷᠭᠡ 4 ᠳᠦᠷᠦᠯ ᠵᠦᠢᠯ ᠨᠢ ᠠᠵᠢᠯ | ᠡᠬᠢᠯᠡᠨ ᠪᠦᠳᠦᠭᠡᠨ ᠪᠠᠶᠢᠭᠤᠯᠪᠠ︔ ᠱᠧᠨ ᠬᠤᠸᠠ᠂ ᠳ᠋ᠠ ᠳᠠᠩ᠂ ᠤᠮᠠᠷᠠᠳᠤ ᠶᠢᠨ ᠬᠤᠯᠪᠤᠭᠠᠯᠠᠭᠰᠠᠨ ᠴᠠᠬᠢᠯᠭᠠᠨ | ᠬᠦᠴᠦᠨ ᠤ ᠦᠢᠯᠡᠳᠪᠤᠷᠢ ᠶᠢᠨ ᠠᠭᠤᠷᠬᠠᠢ ᠶᠢᠨ ᠠᠮᠠᠰᠠᠷ ᠤᠨ ᠴᠠᠬᠢᠯᠭᠠᠨ ᠦᠢᠯᠡᠳᠪᠤᠷᠢ ᠵᠡᠷᠭᠡ 6 ᠴᠢᠬᠤᠯᠠ ᠶᠡᠭᠡ | ᠳᠦᠷᠦᠯ ᠵᠦᠢᠯ ᠤᠨ ᠤᠷᠢᠳᠡᠬᠢ ᠬᠤᠭᠤᠴᠠᠭᠠᠨ ᠤ ᠠᠵᠢᠯ ᠢ ᠳᠦᠷᠭᠡᠳᠭᠡᠨ ᠠᠬᠢᠭᠤᠯᠵᠤ᠂ ᠠᠵᠤ ᠠᠬᠤᠢ ᠶᠢᠨ | ᠬᠦᠭᠵᠢᠯᠳᠡ ᠶᠢᠨ ᠰᠡᠯᠬᠦᠬᠦ ᠬᠦᠴᠦᠨ ᠢ ᠳᠠᠰᠤᠷᠠᠯᠳᠠ ᠦᠭᠡᠢ ᠴᠢᠩᠭᠠᠷᠠᠭᠤᠯᠪᠠ᠃ ᠠᠷᠠᠯᠵᠢᠶᠠᠴᠢᠨ ᠤᠷᠢᠵᠤ ᠪᠡᠯᠡ | ᠳᠠᠳᠠᠬᠤ ᠳᠦᠷᠦᠯ ᠵᠦᠢᠯ ᠢ ᠵᠤᠯᠭᠠᠯᠳᠤᠭᠤᠯᠬᠤ ᠪᠠ ᠭᠠᠳᠠᠭᠰᠢ ᠤᠬᠠᠭᠤᠯᠤᠨ ᠳᠠᠨᠢᠯᠴᠠᠭᠤᠯᠬᠤ ᠠᠵᠢᠯᠯᠠᠭ᠎ᠠ ᠶᠢ | ᠢᠳᠡᠪᠬᠢᠳᠡᠢ ᠦᠷᠨᠢᠬᠦᠯᠵᠤ᠂ 11 ᠳᠦᠷᠦᠯ ᠵᠦᠢᠯ ᠲᠠᠢ ᠭᠡᠷ᠎ᠡ ᠳᠤᠭᠳᠠᠵᠤ᠂ ᠵᠦᠪᠳᠡᠯᠴᠡᠭᠡᠷ ᠤᠨ ᠪᠡᠯᠡ ᠮᠦᠩᠬᠦ | 172 ᠳ᠋ᠦᠩᠰᠢᠭᠤᠷ ᠳᠦᠬᠦᠷᠢᠭ ᠪᠠᠶᠢᠵᠤ᠂ ᠳᠡᠭᠡᠳᠤ ᠱᠠᠳᠤᠨ ᠤ ᠪᠠᠭᠤᠯᠭᠠᠭᠰᠠᠨ ᠬᠠᠷᠠᠯᠳᠠ ᠡᠬᠦᠷᠭᠡ ᠶᠢ ᠳᠠᠪᠠᠭᠤᠯᠤᠨ | ᠪᠡᠶᠡᠯᠡᠬᠦᠯᠪᠡ᠃ ᠵᠤᠭᠤᠰ ᠮᠦᠩᠬᠦ ᠡᠷᠡᠮᠡᠯᠵᠡᠬᠦ ᠡᠷᠴᠢᠮ ᠢᠶᠠᠨ ᠴᠢᠩᠭᠠᠳᠬᠠᠵᠤ᠂ ᠳᠡᠭᠡᠳᠤ ᠱᠠᠳᠤᠨ ᠤ ᠳᠤᠰᠬᠠᠢ | ᠳᠦᠷᠦᠯ ᠤᠨ ᠪᠡᠯᠡ ᠮᠦᠩᠬᠦ ᠶᠢ 11.6 ᠳ᠋ᠦᠩᠰᠢᠭᠤᠷ ᠳᠦᠬᠦᠷᠢᠭ ᠡᠷᠡᠮᠡᠯᠵᠡᠨ ᠤᠯᠵᠤ᠂ ᠭᠤᠤᠯᠳᠠᠯᠭ᠎ᠠ ᠲᠠᠢ ᠠᠵᠢᠯ | ᠬᠢᠭᠡᠳ ᠴᠢᠬᠤᠯᠠ ᠶᠡᠭᠡ ᠳᠦᠷᠦᠯ ᠵᠦᠢᠯ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠪᠠ᠃ | ︵ᠬᠤᠶᠠᠷ︶ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠪᠦᠳᠦᠴᠡ ᠶᠢ ᠳᠤᠬᠢᠷᠠᠭᠤᠯᠵᠤ᠂ ᠭᠤᠷᠪᠠᠨ ᠠᠵᠤ | ᠦᠢᠯᠡᠰ ᠢ ᠵᠤᠬᠢᠴᠠᠩᠭᠤᠢ ᠬᠦᠭᠵᠢᠬᠦᠯᠪᠡ᠃ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠬᠦᠯᠵᠤ ᠦᠷ᠎ᠡ ᠠᠰᠢᠭ ᠢ ᠨᠡᠮᠡᠭᠳᠡᠬᠦᠯᠪᠡ᠃ ᠮᠠᠯ ᠳᠠᠷᠢᠶᠠᠯᠠᠩ ᠢ ᠳᠡᠳᠬᠦᠨ ᠳᠡᠮᠵᠢᠬᠦ ᠪᠡᠯᠡ | ᠮᠦᠩᠬᠦ ᠶᠢ 12 ᠳ᠋ᠦᠩᠰᠢᠭᠤᠷ ᠳᠦᠬᠦᠷᠢᠭ ᠨᠢᠭᠡᠳᠭᠡᠨ ᠤᠷᠤᠭᠤᠯᠵᠤ᠂ ᠤᠳᠤ ᠦᠶ᠎ᠡ ᠶᠢᠨ ᠳᠠᠷᠢᠶᠠᠯᠠᠩ ᠮᠠᠯ ᠠᠵᠤ | ᠠᠬᠤᠢ ᠶᠢᠨ ᠬᠦᠭᠵᠢᠯᠳᠡ ᠶᠢᠨ ᠳᠦᠪᠰᠢᠨ ᠢ ᠪᠠᠳᠤᠳᠬᠠᠨ ᠳᠡᠭᠡᠭᠰᠢᠯᠡᠬᠦᠯᠪᠡ᠃ ᠬᠤᠳᠠ ᠶᠢᠨ ᠡᠳ᠋ ᠤᠨ ᠵᠠᠰᠠᠭ ᠠᠴᠠ | 1100 ᠳᠦᠮᠡᠨ ᠳᠦᠬᠦᠷᠢᠭ ᠤᠨ ᠪᠡᠯᠡ ᠤᠷᠤᠭᠤᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠭᠵᠢᠨ | ᠪᠤᠵᠠᠭᠠᠶᠢᠷᠠᠬᠤ ᠶᠢ ᠳᠡᠮᠵᠢᠪᠡ᠃ 6 ᠭᠡᠪᠴᠢᠶᠡᠵᠢᠭᠰᠡᠨ ᠳᠡᠵᠢᠭᠡᠨ ᠦᠷᠡᠵᠢᠬᠦᠯᠬᠦ ᠳᠠᠯᠠᠪᠠᠢ ᠶᠢᠨ ᠪᠠᠶᠢᠭᠤᠯᠤᠯᠳᠠ ᠶᠢᠨ | ᠠᠵᠢᠯ ᠢ ᠡᠬᠢᠯᠡᠬᠦᠯᠬᠦ ᠪᠤᠶᠤ ᠰᠡᠷᠬᠦᠭᠡᠵᠤ᠂ 5 ᠪᠠᠷᠢᠮᠵᠢᠶᠠᠭᠰᠠᠨ ᠬᠤᠴᠠᠨ ᠤ ᠳᠠᠯᠠᠪᠠᠢ ᠂ 210 ᠭᠡᠷ ᠪᠦᠯᠢ ᠶᠢᠨ | ᠮᠠᠯᠵᠢᠯ ᠤᠨ ᠳᠠᠯᠠᠪᠠᠢ ᠪᠠᠶᠢᠭᠤᠯᠵᠤ᠂ ᠬᠠᠰᠢᠶᠠᠯᠠᠨ ᠳᠡᠵᠢᠭᠡᠵᠤ ᠦᠷᠡᠵᠢᠬᠦᠯᠦᠭᠰᠡᠨ ᠭᠡᠪᠴᠢᠶ᠎ᠡ ᠨᠢ 70 ᠳᠦᠮᠡᠨ | ᠳᠤᠯᠤᠭᠠᠢ ᠬᠦᠷᠴᠦ᠂ ᠮᠠᠯ ᠠᠵᠤ ᠠᠬᠤᠢ ᠶᠢᠨ ᠤᠨ ᠤ ᠮᠠᠯ ᠤᠨ ᠶᠠᠷᠦᠩᠭᠡᠢ ᠭᠡᠮᠵᠢᠶ᠎ᠡ 148 ᠳᠦᠮᠡᠨ ᠳᠤᠯᠤᠭᠠᠢ | ᠪᠤᠯᠪᠠ᠃ 15 ᠳᠦᠮᠡᠨ ᠳᠤᠯᠤᠭᠠᠢ ᠪᠦᠬᠦ ᠠᠵᠤ ᠦᠢᠯᠡᠰ ᠤᠨ ᠭᠡᠯᠬᠢᠶᠡᠵᠢᠯ ᠢ ᠮᠦᠷᠳᠡᠨ ᠡᠵᠡᠮᠳᠡᠬᠦ ᠬᠤᠨᠢ ᠶᠢ | ᠡᠳ᠋ᠰᠢᠬᠦᠯᠵᠤ᠂ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠴᠢᠨᠠᠷ ᠰᠢᠯᠢᠳᠡᠭ ᠦᠨ᠎ᠡ ᠦᠨᠳᠤᠷ ᠪᠤᠯᠬᠤ ᠶᠢ | ᠪᠡᠶᠡᠯᠡᠬᠦᠯᠪᠡ᠃ ᠮᠠᠯ ᠤᠨ ᠡᠬᠦᠯᠳᠡᠷ ᠰᠠᠶᠢᠵᠢᠷᠠᠭᠤᠯᠤᠭᠰᠠᠨ ᠬᠠᠷᠢᠴᠠᠯ᠂ ᠦᠷᠡᠵᠢᠯᠳᠡ ᠶᠢᠨ ᠨᠤᠷᠮ᠎ᠠ ᠨᠢ ᠳᠤᠰᠪᠤᠷᠢ | 99.4%᠂ 110.7% ᠬᠦᠷᠴᠦ᠂ ᠤᠬᠢ ᠰᠢᠯᠢᠳᠡᠭ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠡᠳ᠋ᠰᠢᠬᠦᠯᠬᠦ | ᠦᠢᠯᠡᠰ ᠲᠤ ᠰᠠᠭᠤᠷᠢ ᠳᠠᠯᠪᠢᠪᠠ᠃ 2.6 ᠳ᠋ᠦᠩᠰᠢᠭᠤᠷ ᠺᠢᠯᠤᠭ᠍ᠷᠠᠮ ᠡᠪᠡᠰᠤ ᠬᠠᠳᠤᠵᠤ ᠬᠤᠷᠢᠶᠠᠪᠠ᠂ ᠡᠬᠦᠨ ᠳᠤ | ᠵᠠᠰᠠᠭ ᠤᠨ ᠤᠷᠳᠤᠨ ᠠᠴᠠ ᠨᠦᠬᠦᠪᠤᠷᠢ ᠤᠯᠭᠤᠬᠤ ᠭᠡᠯᠪᠡᠷᠢ ᠪᠠᠷ ᠳᠦᠪᠯᠡᠷᠡᠬᠦᠯᠦᠨ ᠬᠦᠮᠦᠷᠭᠡᠯᠡᠭᠰᠡᠨ ᠳᠡᠵᠢᠭᠡᠯ ᠡᠪᠡᠰᠤ | 2000 ᠭᠠᠷᠤᠢ ᠳᠦᠮᠡᠨ ᠺᠢᠯᠤᠭ᠍ᠷᠠᠮ ᠪᠠᠶᠢᠵᠤ᠂ ᠮᠠᠯ ᠤᠨ ᠡᠪᠤᠯ ᠬᠠᠪᠤᠷ ᠢ ᠮᠡᠨᠳᠤ ᠦᠩᠭᠡᠷᠡᠬᠦᠯᠬᠦ ᠶᠢ ᠪᠠᠳᠤᠯᠠᠪᠠ᠃ ︽ | ᠡᠪᠡᠰᠤᠨ ᠳᠦᠪ ᠤᠨ ᠠᠮᠢᠨ ᠡᠷᠳᠡᠨᠢ︾᠂ ︽ᠳᠠᠯ᠎ᠠ ᠨᠤᠳᠤᠭ ᠤᠨ ᠠᠮᠢᠨ ᠡᠷᠳᠡᠨᠢ︾ ᠬᠤᠶᠠᠷ ᠶᠡᠭᠡ ᠳᠡᠵᠢᠭᠡᠯ | ᠡᠪᠡᠰᠤᠨ ᠤ ᠨᠡᠷ᠎ᠡ ᠳᠡᠮᠳᠡᠭ ᠢ ᠳᠠᠩᠰᠠᠯᠠᠨ ᠴᠤᠭᠴᠠᠯᠠᠵᠤ᠂ 3 ᠳᠡᠵᠢᠭᠡᠯ ᠡᠪᠡᠰᠤ ᠡᠳ᠋ᠰᠢᠬᠦᠯᠵᠤ ᠳᠤᠬᠢᠷᠠᠭᠤᠯᠤᠨ | ᠬᠦᠷᠭᠡᠬᠦ ᠳᠦᠪ ᠪᠠᠶᠢᠭᠤᠯᠵᠤ᠂ ᠬᠦᠮᠦᠷᠭᠡᠯᠡᠨ ᠬᠠᠳᠠᠭᠠᠯᠠᠬᠤ᠂ ᠡᠳ᠋ᠰᠢᠬᠦᠯᠬᠦ᠂ ᠠᠷᠠᠯᠵᠢᠶᠠᠯᠠᠬᠤ ᠶᠢ ᠨᠢᠭᠡ | ᠴᠤᠭᠴᠠᠵᠢᠭᠤᠯᠤᠭᠰᠠᠨ ᠳᠡᠵᠢᠭᠡᠯ ᠡᠪᠡᠰᠤᠨ ᠤ ᠠᠵᠤ ᠦᠢᠯᠡᠰ ᠤᠨ ᠰᠠᠭᠤᠷᠢᠨ ᠢ ᠠᠩᠬ᠎ᠠ ᠠᠯᠬᠤᠮ ᠪᠦᠷᠢᠯᠳᠦᠬᠦᠯᠵᠤ᠂ | ᠪᠦᠬᠦ ᠬᠤᠳᠠ ᠶᠢᠨ ᠡᠪᠡᠰᠤ ᠡᠳ᠋ᠰᠢᠬᠦᠯᠬᠦ ᠴᠢᠳᠠᠪᠤᠷᠢ 17 ᠳᠦᠮᠡᠨ ᠳᠤᠨ ᠬᠦᠷᠪᠡ᠃ ︽ᠢᠳᠡᠰᠢᠨ ᠨᠤᠭᠤᠭᠠᠨ︾ ᠤ | ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠵᠠᠬ᠎ᠠ ᠳᠡᠯᠭᠡᠬᠦᠷ ᠲᠤ ᠭᠠᠷᠭᠠᠭᠰᠠᠨ ᠢᠳᠡᠰᠢᠨ ᠨᠤᠭᠤᠭ᠎ᠠ 4600 | ᠳᠦᠮᠡᠨ ᠺᠢᠯᠤᠭ᠍ᠷᠠᠮ ᠬᠦᠷᠪᠡ᠃ | ᠠᠵᠤ ᠦᠢᠯᠡᠳᠪᠤᠷᠢ ᠶᠢᠨ ᠠᠵᠤ ᠠᠬᠤᠢ ᠳᠤᠭᠳᠠᠭᠤᠨ ᠪᠠᠶᠢᠬᠤ ᠶᠢ ᠪᠠᠳᠤᠯᠠᠪᠠ᠃ ᠪᠦᠬᠦ ᠬᠤᠳᠠ ᠶᠢᠨ | ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠢ ᠶᠢᠨ ᠠᠵᠢᠯ ᠡᠬᠢᠯᠡᠵᠤ ᠠᠵᠢᠯ ᠰᠡᠷᠬᠦᠭᠡᠭᠰᠡᠨ | ᠨᠤᠷᠮ᠎ᠠ ᠨᠢ 95% ᠶᠢ ᠳᠠᠪᠠᠵᠤ᠂ 179 ᠳ᠋ᠦᠩᠰᠢᠭᠤᠷ ᠳᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠵᠤ | ᠂ ᠠᠰᠢᠭ ᠭᠠᠶᠢᠯᠢ ᠶᠢ 18.9 ᠳ᠋ᠦᠩᠰᠢᠭᠤᠷ ᠳᠦᠬᠦᠷᠢᠭ ᠪᠡᠶᠡᠯᠡᠬᠦᠯᠪᠡ᠃ ᠤᠯᠠᠮᠵᠢᠯᠠᠯᠳᠤ ᠡᠬᠢ ᠰᠤᠷᠪᠤᠯᠵᠢ ᠶᠢᠨ | ᠭᠡᠯᠪᠡᠷᠢ ᠶᠢᠨ ᠠᠵᠤ ᠦᠢᠯᠡᠰ ᠢ ᠪᠠᠳᠤᠳᠬᠠᠨ ᠳᠡᠰ ᠳᠡᠪᠰᠢᠬᠦᠯᠵᠤ᠂ ᠨᠡᠬᠦᠷᠡᠰᠤ᠂ ᠴᠢᠯᠠᠭᠤᠨ ᠳᠤᠰᠤᠨ ᠤ ᠭᠠᠷᠤᠯᠳᠠ | 3320 ᠳᠦᠮᠡᠨ ᠳᠤᠨ ᠪᠠ 80 ᠳᠦᠮᠡᠨ ᠳᠤᠨ ᠬᠦᠷᠴᠦ᠂ ᠴᠠᠬᠢᠯᠭᠠᠨ ᠭᠠᠷᠭᠠᠭᠰᠠᠨ ᠭᠡᠮᠵᠢᠶ᠎ᠡ᠂ ᠴᠠᠬᠢᠯᠭᠠᠨ | ᠬᠠᠩᠭᠠᠭᠰᠠᠨ ᠭᠡᠮᠵᠢᠶ᠎ᠡ ᠳᠤᠰᠪᠤᠷᠢ 45.1 ᠳ᠋ᠦᠩᠰᠢᠭᠤᠷ ᠺᠢᠯᠤᠸᠠᠲ ᠴᠠᠭ ᠪᠤᠯᠤᠨ 42 ᠳ᠋ᠦᠩᠰᠢᠭᠤᠷ ᠺᠢᠯᠤᠸᠠᠲ | ᠴᠠᠭ ᠬᠦᠷᠴᠦ᠂ 102 ᠳ᠋ᠦᠩᠰᠢᠭᠤᠷ ᠳᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠵᠤ᠂ | ᠭᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠶᠠᠷᠦᠩᠭᠡᠢ ᠦᠢᠯᠡᠳᠬᠦᠨ ᠤ ᠦᠷᠳᠡᠭ ᠤᠨ 57% ᠶᠢ | ᠡᠵᠡᠯᠡᠵᠤ ᠪᠠᠶᠢᠨ᠎ᠠ᠃ ᠡᠬᠢ ᠰᠤᠷᠪᠤᠯᠵᠢ ᠶᠢᠨ ᠪᠤᠰᠤ ᠭᠡᠯᠪᠡᠷᠢ ᠶᠢᠨ ᠠᠵᠤ ᠦᠢᠯᠡᠰ ᠢ ᠶᠡᠭᠡᠪᠡᠷ ᠬᠦᠭᠵᠢᠬᠦᠯᠵᠤ᠂ 76. | 3 ᠳ᠋ᠦᠩᠰᠢᠭᠤᠷ ᠳᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠪᠠ᠃ ᠮᠧᠬᠠᠨᠢᠭ ᠳᠤᠨᠤᠭᠯᠠᠯ ᠦᠢᠯᠡᠳᠬᠦ | ᠦᠢᠯᠡᠰ ᠴᠢᠬᠤᠯᠠ ᠶᠡᠭᠡ ᠰᠢᠪᠳᠤᠯᠤᠯᠳᠠ ᠶᠢ ᠪᠡᠶᠡᠯᠡᠬᠦᠯᠵᠤ᠂ 515 ᠢᠵᠢ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠮᠠᠰᠢᠨ ᠤ ᠰᠡᠩᠰᠡ᠂ 241 ᠢᠵᠢ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠦᠢᠯᠡᠳᠪᠤᠷᠢᠯᠡᠵᠤ᠂ | 24 ᠳ᠋ᠦᠩᠰᠢᠭᠤᠷ ᠳᠦᠬᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠵᠤ᠂ 73.4% ᠪᠠᠷ ᠨᠡᠮᠡᠭᠳᠡᠪᠠ᠃ | ᠭᠤᠷᠪᠠᠨ ᠶᠡᠭᠡ ᠬᠦᠷᠢᠶᠡᠯᠡᠩ ᠳᠤᠭᠤᠷᠢᠭ ᠤᠨ ᠰᠠᠭᠤᠷᠢ ᠳᠦᠬᠦᠭᠡᠷᠦᠮᠵᠢ ᠶᠢᠨ ᠢᠨᠵᠧᠨᠧᠷᠢᠩ ᠢ ᠡᠬᠢᠯᠡᠬᠦᠯᠤᠨ | ᠪᠠᠶᠢᠭᠤᠯᠵᠤ᠂ ᠠᠵᠤ ᠠᠬᠤᠶᠢᠯᠠᠯ ᠤᠨ ᠬᠦᠷᠢᠶᠡᠯᠡᠩ ᠳᠤᠭᠤᠷᠢᠭ ᠲᠤ ᠳᠦᠪᠯᠡᠷᠡᠵᠤ᠂ ᠠᠵᠤ ᠠᠬᠤᠶᠢᠯᠠᠯ ᠤᠨ | ᠰᠦᠷᠦᠭᠵᠢᠨ ᠬᠦᠭᠵᠢᠬᠦ ᠶᠢ ᠬᠦᠳᠦᠯᠤᠨ ᠵᠢᠯᠤᠭᠤᠳᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠪᠠᠶᠢᠳᠠᠯ ᠢ ᠴᠢᠩᠭ᠎ᠠ ᠬᠦᠴᠦ | ᠲᠠᠢ ᠪᠤᠯᠭᠠᠪᠠ᠃ ᠸᠧᠢ ᠳ᠋ᠦᠸᠧ ᠯᠢ᠂ ᠱᠠᠩ ᠳ᠋ᠦ᠋ ᠤᠯᠠᠨ ᠤᠯᠤᠰ ᠤᠨ ᠠᠷᠠᠯᠵᠢᠶ᠎ᠠ ᠬᠤᠶᠠᠷ ᠶᠡᠭᠡ ᠬᠤᠳᠠᠯᠳᠤᠭᠠᠨ ᠤ | ᠳᠠᠯᠠᠪᠠᠢ ᠡᠷᠦᠭᠡ ᠰᠡᠬᠦᠨ ᠡᠵᠡᠩᠨᠡᠵᠤ᠂ ᠬᠤᠩ ᠰᠢᠩ ᠮᠧᠢ ᠺᠠᠢ ᠯᠦᠩ᠂ ᠰᠢᠩ ᠵᠢᠶᠠᠨ ᠳᠠᠯᠠᠪᠠᠢ ᠵᠡᠷᠭᠡ ᠳᠤᠮᠤ | ᠭᠡᠯᠪᠡᠷᠢ ᠶᠢᠨ ᠬᠤᠳᠠᠯᠳᠤᠭᠠᠨ ᠤ ᠳᠦᠷᠦᠯ ᠵᠦᠢᠯ ᠢ ᠢᠳᠡᠪᠬᠢᠳᠡᠢ ᠠᠬᠢᠭᠤᠯᠪᠠ᠃ ᠰᠢᠯᠢ ᠶᠢᠨ ᠭᠤᠤᠯ ᠤᠳᠤ | ᠦᠶ᠎ᠡ ᠶᠢᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠳᠤᠭᠤᠷᠢᠭ ᠢ ᠡᠬᠢᠯᠡᠨ ᠪᠠᠶᠢᠭᠤᠯᠵᠤ᠂ ᠬᠦᠷᠢᠶᠡᠯᠡᠩ ᠳᠤ | ᠰᠠᠭᠤᠷᠢᠰᠢᠬᠤ ᠵᠦᠪᠳᠡᠯᠴᠡᠭᠡᠷ ᠳᠤᠭᠳᠠᠭᠰᠠᠨ ᠠᠵᠤ ᠠᠬᠤᠶᠢᠯᠠᠯ 18 ᠪᠠᠶᠢᠨ᠎ᠠ᠃ ᠪᠦᠬᠦ ᠵᠢᠯ ᠤᠨ ᠮᠦᠩᠬᠦᠨ | ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠢᠯᠡᠳᠡᠪᠤᠷᠢ ᠳᠤᠭ᠎ᠠ ᠨᠢ ᠳᠤᠰᠪᠤᠷᠢ 240.8 | ᠳ᠋ᠦᠩᠰᠢᠭᠤᠷ ᠳᠦᠬᠦᠷᠢᠭ᠂ 285.3 ᠳ᠋ᠦᠩᠰᠢᠭᠤᠷ ᠳᠦᠬᠦᠷᠢᠭ ᠬᠦᠷᠴᠦ᠂ ᠪᠦᠬᠦ ᠠᠶᠢᠮᠠᠭ ᠤᠨ 44% ᠪᠤᠯᠤᠨ | 49% ᠶᠢ ᠡᠵᠡᠯᠡᠨ᠂ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠪᠤᠳᠠᠳᠤ ᠴᠤᠭᠴᠠ ᠶᠢᠨ ᠠᠵᠤ ᠠᠬᠤᠢ ᠶᠢᠨ | ᠴᠢᠳᠠᠪᠤᠷᠢ ᠳᠠᠰᠤᠷᠠᠯᠳᠠ ᠦᠭᠡᠢ ᠳᠡᠭᠡᠭᠰᠢᠯᠡᠪᠡ᠃ ᠮᠠᠨ ᠤ ᠬᠤᠳᠠ ᠪᠦᠬᠦ ᠤᠷᠤᠨ ᠤ ᠬᠦᠳᠡᠭᠡ ᠳᠤᠰᠬᠤᠨ ᠮᠠᠯᠵᠢᠬᠤ | ᠤᠷᠤᠨ ᠤ ᠮᠦᠩᠬᠦᠨ ᠬᠦᠢᠯᠭᠡᠭᠡᠨ ᠤ ᠦᠭᠡᠷᠡᠴᠢᠯᠡᠯᠳᠡ ᠶᠢᠨ ᠳᠤᠷᠰᠢᠯᠳᠠ ᠶᠢᠨ ᠴᠢᠭ ᠢᠶᠠᠷ ᠰᠤᠩᠭᠤᠭᠳᠠᠵᠤ᠂ ᠮᠠᠯᠵᠢᠬᠤ | ᠤᠷᠤᠨ ᠤ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠳᠡᠬᠦᠯᠳᠡᠷᠵᠢᠬᠦᠯᠪᠡ᠃ | ︽ᠮᠧᠩ ᠼᠤᠤ ᠬᠤᠨᠳᠠᠭᠠᠳᠤ︾ ᠳᠤᠮᠳᠠᠳᠤ ᠭᠧᠷᠢᠭ ᠤᠨ ᠡᠮᠡᠭᠳᠡᠢ ᠶᠢᠨ ᠰᠠᠭᠰᠤᠨ ᠪᠦᠮᠪᠦᠭᠡ ᠶᠢᠨ ᠦᠷᠢᠰᠦᠯᠳᠦᠬᠦ | ᠤᠷᠤᠯᠳᠤᠭᠠᠨ᠂ ᠭᠤᠷᠪᠠᠳᠤᠭᠠᠷ ᠤᠳᠠᠭᠠᠨ ᠤ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠮᠦᠷᠦᠶᠢᠴᠡᠭᠡᠨ᠂ | ᠳᠤᠮᠳᠠᠳᠤ ᠤᠯᠤᠰ ᠤᠨ ᠠᠳᠤᠭᠤᠨ ᠰᠤᠶᠤᠯ ᠤᠨ ᠳᠦᠪ ᠤᠨ ᠮᠤᠷᠢᠨ ᠤᠷᠤᠯᠳᠤᠭᠠᠨ᠂ ᠡᠷᠳᠡᠨᠢ ᠶᠢᠨ ᠡᠷᠢᠯ — | ᠰᠢᠯᠢ ᠶᠢᠨ ᠬᠤᠳᠠ ᠳᠠᠬᠢ ᠠᠶᠠᠯᠠᠯ᠂ ︽ᠳ᠋ᠠ ᠵᠤᠸᠠᠩ ᠶᠤᠸᠠᠨ ᠬᠤᠨᠳᠠᠭᠠᠳᠤ︾ ᠪᠦᠬᠦ ᠤᠯᠤᠰ ᠤᠨ ᠮᠠᠰᠢᠨ ᠳᠡᠷᠭᠡᠨ ᠤ | ᠭᠡᠭᠡᠷᠡᠯᠡᠨ ᠤᠷᠤᠯᠳᠤᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠳᠤᠮᠤ ᠭᠡᠯᠪᠡᠷᠢ ᠶᠢᠨ ᠰᠤᠶᠤᠯ ᠵᠤᠭᠠᠴᠠᠯ ᠤᠨ | ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠤ᠂ ᠬᠤᠳᠠ ᠶᠢᠨ ᠨᠡᠷ᠎ᠡ ᠨᠦᠯᠦᠭᠡ ᠶᠢ ᠠᠯᠳᠠᠷᠰᠢᠭᠤᠯᠤᠨ᠂ ᠪᠦᠬᠦ ᠵᠢᠯ ᠳᠤ | ᠤᠬᠳᠤᠨ ᠵᠤᠴᠢᠯᠠᠭᠰᠠᠨ ᠵᠤᠭᠠᠴᠠᠭᠰᠠᠳ ᠤᠨ ᠳᠤᠭ᠎ᠠ ᠪᠤᠯᠤᠨ ᠵᠤᠭᠠᠴᠠᠯ ᠤᠨ ᠤᠷᠤᠯᠭ᠎ᠠ ᠳᠤᠰᠪᠤᠷᠢ 360 ᠳᠦᠮᠡᠨ | ᠬᠦᠮᠦᠨ ᠤᠳᠠᠭ᠎ᠠ ᠪᠤᠯᠤᠨ 56.9 ᠳ᠋ᠦᠩᠰᠢᠭᠤᠷ ᠳᠦᠬᠦᠷᠢᠭ ᠬᠦᠷᠴᠦ᠂ 14% ᠪᠤᠯᠤᠨ 28% ᠪᠠᠷ ᠨᠡᠮᠡᠭᠳᠡᠪᠡ᠃ | ︵ ᠭᠤᠷᠪᠠ︶ ᠬᠢᠯᠠᠰ ᠴᠢᠭ ᠢ ᠠᠳᠬᠤᠵᠤ᠂ ᠴᠢᠨᠠᠷ ᠳᠡᠰ ᠢ ᠳᠡᠭᠡᠭᠰᠢᠯᠡᠬᠦᠯᠦᠨ᠂ ᠬᠤᠳᠠ | ᠬᠦᠳᠡᠭᠡ ᠶᠢᠨ ᠦᠩᠭᠡ ᠳᠦᠷᠬᠦ ᠳᠤ ᠢᠯᠡᠳᠳᠡ ᠬᠤᠪᠢᠷᠠᠯᠳᠠ ᠭᠠᠷᠭᠠᠪᠠ᠃ ᠬᠤᠳᠠ ᠶᠢᠨ ᠦᠢᠯᠡᠳᠤᠯ ᠴᠢᠳᠠᠪᠬᠢ ᠶᠢ | ᠮᠡᠳᠡᠭᠳᠡᠮ᠎ᠡ ᠴᠢᠩᠭᠠᠷᠠᠭᠤᠯᠪᠠ᠃ ᠪᠦᠬᠦ ᠵᠢᠯ ᠳᠤ ᠵᠠᠰᠠᠭ ᠤᠨ ᠤᠷᠳᠤᠨ ᠠᠴᠠ 10.3 ᠳ᠋ᠦᠩᠰᠢᠭᠤᠷ ᠳᠦᠬᠦᠷᠢᠭ ᠤᠨ | ᠪᠡᠯᠡ ᠤᠷᠤᠭᠤᠯᠵᠤ᠂ 28.8 ᠳ᠋ᠦᠩᠰᠢᠭᠤᠷ ᠳᠦᠬᠦᠷᠢᠭ ᠤᠨ ᠨᠡᠶᠢᠭᠡᠮ ᠤᠨ ᠪᠡᠯᠡ ᠤᠷᠤᠭᠤᠯᠤᠯᠳᠠ ᠶᠢ ᠳᠠᠶᠢᠴᠢᠯᠠᠨ | ᠳᠠᠳᠠᠵᠤ᠂ ᠠᠷᠠᠳ ᠤᠨ ᠠᠮᠢᠳᠤᠷᠠᠯ ᠤᠨ ᠬᠤᠳᠠ ᠶᠢᠨ ᠪᠠᠶᠢᠭᠤᠯᠤᠯᠳᠠ ᠶᠢᠨ ᠨᠢᠭᠡ ᠪᠦᠯᠦᠭ ᠭᠤᠤᠯᠳᠠᠯᠭ᠎ᠠ ᠲᠠᠢ | ᠢᠨᠵᠧᠨᠧᠷᠢᠩ ᠢ ᠭᠡᠷᠡᠭᠵᠢᠬᠦᠯᠵᠤ᠂ ᠭᠤᠤᠯ ᠬᠤᠳᠠ ᠶᠢᠨ ᠳᠤᠭᠤᠷᠢᠭ ᠤᠨ ᠳᠠᠭᠠᠭᠠᠴᠠ ᠴᠢᠳᠠᠪᠤᠷᠢ ᠶᠢ ᠳᠠᠰᠤᠷᠠᠯᠳᠠ | ᠦᠭᠡᠢ ᠳᠡᠭᠡᠭᠰᠢᠯᠡᠬᠦᠯᠪᠡ᠃ ᠴᠠᠬᠠᠷ ᠵᠡᠭᠡᠯᠢ ᠶᠢᠨ ᠵᠠᠰᠠᠮᠠᠯ ᠵᠠᠮ ᠢ ᠦᠷᠭᠡᠳᠭᠡᠬᠦ ᠢᠨᠵᠧᠨᠧᠷᠢᠩ ᠢ ᠭᠡᠷᠡᠭᠵᠢᠬᠦᠯᠵᠤ᠂ | ᠬᠤᠳᠠ ᠶᠢᠨ ᠳᠤᠭᠤᠷᠢᠭ ᠲᠤ 6 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠤᠶᠤ ᠦᠷᠬᠦᠯᠵᠢᠯᠡᠨ ᠵᠠᠰᠠᠵᠤ᠂ 3 | ᠺᠢᠯᠤᠮᠧᠲᠷ ᠤᠷᠳᠤ ᠭᠤᠷᠪᠠᠨ ᠤᠰᠤᠨ ᠤ ᠬᠤᠭᠤᠯᠠᠢ ᠳᠤᠤᠷ ᠢ ᠢᠵᠢ ᠪᠦᠷᠢᠳᠦᠬᠦᠯᠵᠤ᠂ 23 ᠵᠤᠷᠪᠤᠰ ᠵᠡᠭᠡᠯᠢ | ᠭᠤᠳᠤᠮᠵᠢ ᠶᠢ ᠦᠭᠡᠷᠡᠴᠢᠯᠡᠵᠤ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠬᠦᠷᠢᠶᠡᠯᠡᠩ | ᠳᠤᠭᠤᠷᠢᠭ ᠲᠤ 5 ᠵᠤᠷᠪᠤᠰ ᠵᠠᠮ ᠵᠡᠭᠡᠯᠢ ᠪᠠ ᠢᠵᠢ ᠪᠦᠷᠢᠳᠦᠭᠰᠡᠨ ᠳᠤᠤᠷ ᠤᠨ ᠢᠨᠵᠧᠨᠧᠷᠢᠩ ᠢ ᠬᠦᠢᠴᠡᠳᠭᠡᠪᠡ᠃ | ᠪᠧᠢ ᠴᠧ ᠢᠯᠴᠢ ᠬᠠᠩᠭᠠᠬᠤ ᠦᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠠᠰᠢᠭᠯᠠᠯᠳᠠ ᠳᠤ | ᠤᠷᠤᠬᠤ ᠶᠢ ᠠᠬᠢᠭᠤᠯᠵᠤ᠂ 19 ᠭᠠᠵᠠᠷ ᠤᠨ ᠢᠯᠴᠢ ᠬᠠᠩᠭᠠᠬᠤ ᠰᠠᠯᠪᠤᠷᠢ ᠬᠤᠭᠤᠯᠠᠢ ᠱᠤᠭᠤᠮ ᠢ ᠦᠭᠡᠷᠡᠴᠢᠯᠡᠵᠤ᠂ | 160 ᠳᠦᠮᠡᠨ ᠬᠠᠪᠳᠠᠭᠠᠢ ᠳᠦᠷᠪᠡᠯᠵᠢᠨ ᠮᠧᠲᠷ ᠤᠨ ᠢᠯᠴᠢ ᠬᠠᠩᠭᠠᠬᠤ ᠳᠠᠯᠠᠪᠠᠢ ᠶᠢ ᠰᠢᠨ᠎ᠡ ᠪᠠᠷ ᠨᠡᠮᠡᠭᠳᠡᠬᠦᠯᠦᠨ᠂ | ᠪᠦᠬᠦ ᠬᠤᠳᠠ ᠶᠢᠨ ᠳᠦᠪᠯᠡᠷᠡᠬᠦᠯᠦᠨ ᠢᠯᠴᠢ ᠬᠠᠩᠭᠠᠬᠤ ᠡᠷᠬᠢᠯᠳᠡ ᠳᠤᠭᠳᠠᠭᠤᠨ ᠪᠠᠶᠢᠬᠤ ᠶᠢ ᠪᠠᠳᠤᠯᠠᠪᠠ᠃ ᠳᠠᠬᠢᠨ | ᠠᠰᠢᠭᠯᠠᠬᠤ ᠤᠰᠤᠨ ᠤ ᠦᠢᠯᠡᠳᠪᠤᠷᠢ ᠶᠢ ᠦᠭᠡᠷᠡᠴᠢᠯᠡᠵᠤ ᠳᠡᠰ ᠳᠡᠪᠰᠢᠬᠦᠯᠬᠦ ᠢᠨᠵᠧᠨᠧᠷᠢᠩ ᠢ ᠡᠬᠢᠯᠡᠬᠦᠯᠵᠤ᠂ ᠳᠠᠬᠢᠨ | ᠠᠰᠢᠭᠯᠠᠬᠰᠠᠨ ᠤᠰᠤ ᠶᠢ ᠬᠠᠩᠭᠠᠬᠤ ᠴᠢᠳᠠᠪᠤᠷᠢ ᠶᠢ ᠳᠡᠭᠡᠭᠰᠢᠯᠡᠬᠦᠯᠪᠡ᠃ 31 ᠤᠰᠤ ᠪᠠᠷ ᠴᠡᠪᠡᠷᠯᠡᠨ ᠠᠷᠢᠯᠭᠠᠬᠤ | ᠭᠡᠯᠪᠡᠷᠢ ᠶᠢᠨ ᠨᠡᠶᠢᠳᠡ ᠶᠢᠨ ᠵᠤᠷᠯᠤᠩ᠂ 9 ᠠᠪᠴᠢᠭᠤᠯᠤᠭᠰᠠᠨ ᠭᠡᠯᠪᠡᠷᠢᠳᠤ ᠬᠤᠭ ᠯᠤᠪᠰᠢ ᠵᠦᠭᠡᠭᠡᠪᠤᠷᠢᠯᠡᠬᠦ ᠦᠷᠳᠡᠭᠡ | ᠶᠢ ᠰᠢᠨ᠎ᠡ ᠪᠠᠷ ᠪᠠᠶᠢᠭᠤᠯᠵᠤ᠂ ᠬᠤᠳᠠ ᠶᠢᠨ ᠡᠷᠡᠬᠦᠯ ᠬᠠᠮᠠᠭᠠᠯᠠᠯ ᠤᠨ ᠤᠷᠴᠢᠨ ᠳᠤᠭᠤᠷᠢᠨ ᠢ ᠰᠠᠶᠢᠵᠢᠷᠠᠭᠤᠯᠪᠠ᠃ | ᠰᠢᠯᠢ ᠶᠢᠨ ᠨᠠᠭᠤᠷ ᠤᠨ ᠳᠦᠷᠪᠡᠳᠦᠭᠡᠷ ᠨᠤᠮᠧᠷᠳᠤ ᠨᠠᠭᠤᠷ ᠤᠨ ᠦᠵᠡᠮᠵᠢ ᠶᠢ ᠳᠡᠰ ᠳᠡᠪᠰᠢᠬᠦᠯᠬᠦ ᠢᠨᠵᠧᠨᠧᠷᠢᠩ ᠢ | ᠡᠬᠢᠯᠡᠬᠦᠯᠪᠡ᠃ ᠬᠤᠳᠠ ᠶᠢᠨ ᠳᠤᠭᠤᠷᠢᠭ ᠤᠨ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢ 65 ᠡᠾᠧᠺᠲᠷ | ᠬᠦᠢᠴᠡᠳᠭᠡᠵᠤ᠂ ᠤᠷᠭᠤᠮᠠᠯ ᠤᠨ ᠬᠦᠷᠢᠶᠡᠯᠡᠩ ᠤᠨ ᠡᠮᠦᠨ᠎ᠡ ᠳᠤᠭᠤᠷᠢᠭ ᠤᠨ ᠨᠤᠭᠤᠭᠠᠷᠠᠭᠤᠯᠤᠯᠳᠠ ᠶᠢ ᠳᠡᠰ | ᠳᠡᠪᠰᠢᠬᠦᠯᠬᠦ ᠢᠨᠵᠧᠨᠧᠷᠢᠩ ᠢ ᠭᠡᠷᠡᠭᠵᠢᠬᠦᠯᠵᠤ᠂ ᠳᠤᠮᠤ ᠭᠡᠯᠪᠡᠷᠢ ᠶᠢᠨ ᠳᠤᠯᠠᠭᠠᠨ ᠬᠦᠯᠡᠮᠵᠢ ᠪᠠᠶᠢᠭᠤᠯᠪᠠ᠃ 9598 | ᠢᠵᠢ ᠪᠤᠴᠠᠭᠠᠨ ᠨᠡᠬᠦᠯᠭᠡᠬᠦ ᠠᠰᠠᠷ ᠢ ᠡᠬᠢᠯᠡᠨ ᠪᠠᠶᠢᠭᠤᠯᠵᠤ᠂ 8000 ᠢᠵᠢ ᠶᠢ ᠨᠢ ᠪᠠᠷᠢᠵᠤ ᠳᠠᠭᠤᠰᠬᠠᠪᠠ︔ | 300 ᠢᠵᠢ ᠨᠡᠶᠢᠳᠡ ᠶᠢᠨ ᠳᠦᠷᠢᠶᠡᠰᠤᠨ ᠰᠠᠭᠤᠴᠠ ᠶᠢᠨ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ | ᠳᠠᠭᠤᠰᠬᠠᠪᠠ᠃ ᠰᠢᠯᠢ ᠶᠢᠨ ᠬᠤᠳᠠ ᠶᠢᠨ ᠠᠭᠤᠷᠬᠠᠢ ᠶᠢᠨ ᠳᠤᠭᠤᠷᠢᠭ ᠤᠨ ᠳᠦᠬᠦᠮ ᠪᠦᠳᠦᠴᠡᠳᠤ ᠤᠷᠤᠨ ᠰᠠᠭᠤᠴᠠ | ᠶᠢ ᠦᠭᠡᠷᠡᠴᠢᠯᠡᠬᠦ ᠢᠨᠵᠧᠨᠧᠷᠢᠩ ᠢ ᠢᠳᠡᠪᠬᠢᠳᠡᠢ ᠠᠬᠢᠭᠤᠯᠪᠠ᠃ 3 ᠰᠠᠭᠤᠭᠠᠯᠢ ᠠᠷᠠᠳ ᠤᠨ ᠤᠷᠤᠨ ᠰᠠᠭᠤᠴᠠ ᠶᠢᠨ | ᠬᠠᠭᠤᠴᠢᠨ ᠳᠤᠭᠤᠷᠢᠭ ᠢ ᠦᠭᠡᠷᠡᠴᠢᠯᠡᠵᠤ᠂ ᠳᠠᠯᠠᠪᠠᠢ ᠨᠢ 6 ᠳᠦᠮᠡᠨ ᠬᠠᠪᠳᠠᠭᠠᠢ ᠳᠦᠷᠪᠡᠯᠵᠢᠨ ᠮᠧᠲᠷ ᠬᠦᠷᠦᠭᠰᠡᠨ | ᠪᠠᠶᠢᠨ᠎ᠠ᠃ 11 ᠳ᠋ᠦᠩᠰᠢᠭᠤᠷ ᠳᠦᠬᠦᠷᠢᠭ ᠤᠨ ᠳᠦᠬᠦᠮ ᠪᠦᠳᠦᠴᠡᠳᠤ ᠤᠷᠤᠨ ᠰᠠᠭᠤᠴᠠ ᠶᠢᠨ ᠳᠤᠭᠤᠷᠢᠭ ᠤᠨ | ᠦᠭᠡᠷᠡᠴᠢᠯᠡᠯᠳᠡ ᠶᠢᠨ ᠪᠡᠯᠡ ᠬᠤᠷᠠᠮᠳᠤᠭᠤᠯᠬᠤ ᠵᠢᠭᠡᠯᠡᠯᠭᠡ ᠶᠢ ᠡᠷᠡᠮᠡᠯᠵᠡᠨ ᠤᠯᠵᠤ᠂ ᠪᠤᠴᠠᠭᠠᠨ ᠨᠡᠬᠦᠯᠭᠡᠬᠦ ᠠᠰᠠᠷ ᠤᠨ | ᠪᠦᠳᠦᠭᠡᠨ ᠪᠠᠶᠢᠭᠤᠯᠤᠯᠳᠠ ᠶᠢ ᠤᠯᠠᠮ ᠨᠢᠭᠡ ᠠᠯᠬᠤᠮ ᠠᠬᠢᠭᠤᠯᠪᠠ᠃ 10 ᠠᠷᠠᠳ ᠲᠤ ᠳᠦᠬᠦᠮ ᠦᠵᠡᠬᠦᠯᠬᠦ ᠵᠠᠬ᠎ᠠ | ᠳᠡᠯᠭᠡᠬᠦᠷ ᠪᠤᠯᠤᠨ ᠦᠳᠡᠰᠢ ᠶᠢᠨ ᠵᠠᠬ᠎ᠠ ᠪᠠᠶᠢᠷᠢᠯᠠᠭᠤᠯᠵᠤ᠂ 1.9 ᠳᠦᠮᠡ ᠭᠠᠷᠤᠢ ᠳᠡᠷᠭᠡᠨ ᠵᠤᠭᠰᠤᠭᠠᠯ ᠳᠦᠰᠤᠪᠯᠡᠨ | ᠵᠢᠷᠤᠵᠤ᠂ 800 ᠭᠠᠷᠤᠢ ᠫᠠᠶᠢᠰᠠ ᠢᠯᠡᠷᠭᠡᠶᠢᠯᠡᠯ ᠢ ᠦᠭᠡᠷᠡᠴᠢᠯᠡᠵᠤ᠂ ᠫᠠᠶᠢᠰᠠ ᠢᠯᠡᠷᠭᠡᠶᠢᠯᠡᠯ ᠨᠢ ᠳᠦᠷᠢᠮᠵᠢᠭᠰᠡᠨ | ᠵᠡᠭᠡᠯᠢ ᠶᠢ ᠴᠤᠭᠴᠠᠯᠠᠪᠠ᠃ ᠪᠠᠷᠤᠭ 2000 ᠳᠦᠮᠡᠨ ᠳᠦᠬᠦᠷᠢᠭ ᠤᠨ ᠪᠡᠯᠡ ᠤᠷᠤᠭᠤᠯᠵᠤ᠂ ᠨᠡᠶᠢᠳᠡ ᠶᠢᠨ ᠮᠠᠰᠢᠨ | ᠳᠡᠷᠭᠡᠨ ᠤ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠳᠡᠬᠦᠯᠳᠡᠷᠵᠢᠬᠦᠯᠵᠤ᠂ 25 ᠰᠠᠤᠷᠢ ᠨᠡᠶᠢᠳᠡ ᠶᠢᠨ | ᠮᠠᠰᠢᠨ ᠳᠡᠷᠭᠡ ᠵᠠᠬᠢᠶᠠᠯᠠᠨ ᠠᠪᠴᠦ᠂ 2 ᠵᠤᠷᠪᠤᠰ ᠨᠡᠶᠢᠳᠡ ᠶᠢᠨ ᠮᠠᠰᠢᠨ ᠳᠡᠷᠭᠡᠨ ᠤ ᠵᠠᠮ ᠱᠤᠭᠤᠮ ᠢ ᠤᠷᠳᠤᠳᠬᠠᠨ᠂ | ᠰᠢᠨ᠎ᠡ ᠪᠠᠷ 3 ᠵᠤᠷᠪᠤᠰ ᠵᠠᠮ ᠱᠤᠭᠤᠮ ᠨᠡᠭᠡᠭᠡᠵᠤ᠂ ᠤᠯᠠᠨ ᠳᠦᠮᠡᠨ ᠤ ᠶᠠᠪᠤᠵᠤ ᠰᠠᠭᠤᠬᠤ ᠳᠤ ᠳᠦᠬᠦᠮ | ᠦᠵᠡᠬᠦᠯᠪᠡ᠃ ᠠᠳᠠᠯ ᠠᠬᠤᠢ ᠶᠢ ᠳᠡᠳᠬᠦᠨ ᠳᠡᠮᠵᠢᠵᠤ ᠱᠠᠩᠨᠠᠨ ᠬᠦᠬᠢᠬᠦᠯᠬᠦ ᠳᠦᠷᠦ ᠶᠢᠨ ᠪᠤᠳᠤᠯᠭ᠎ᠠ ᠳᠤᠭᠳᠠᠭᠠᠵᠤ᠂ | ᠠᠳᠠᠯ ᠠᠬᠤᠢ ᠶᠢᠨ ᠬᠠᠮᠢᠶᠠᠷᠤᠯᠳᠠ ᠶᠢᠨ ᠪᠠᠷᠢᠮᠵᠢᠶᠡᠵᠢᠬᠰᠠᠨ᠂ ᠳᠦᠷᠢᠮᠵᠢᠭᠰᠡᠨ᠂ ᠵᠠᠬ᠎ᠠ ᠳᠡᠯᠭᠡᠬᠦᠷᠵᠢᠭᠰᠡᠨ ᠳᠡᠰᠢ | ᠬᠦᠭᠵᠢᠬᠦ ᠶᠢ ᠠᠬᠢᠭᠤᠯᠪᠠ᠃ ᠰᠢᠯᠵᠢᠯᠳᠡ ᠶᠢᠨ ᠦᠶ᠎ᠡ ᠶᠢᠨ ᠶᠠᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠠᠵᠢᠯ ᠢ | ᠦᠷᠨᠢᠬᠦᠯᠵᠤ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠳᠤᠮᠳᠠᠬᠢ ᠬᠠᠤᠯᠢ ᠳᠦᠷᠢᠮ | ᠵᠦᠷᠢᠴᠡᠭᠰᠡᠨ ᠭᠡᠷᠡᠭ ᠤᠴᠢᠷ ᠡᠬᠦᠰᠬᠦ ᠶᠢ ᠪᠦᠳᠦᠮᠵᠢᠳᠡᠢ ᠬᠤᠷᠢᠭᠯᠠᠪᠠ᠃ | ᠮᠠᠯᠵᠢᠬᠤ ᠤᠷᠤᠨ ᠤ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ | ᠠᠬᠢᠭᠤᠯᠪᠠ᠃ ᠮᠠᠯᠵᠢᠬᠤ ᠤᠷᠤᠨ ᠤ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠵᠤ᠂ ᠮᠠᠯᠴᠢᠨ ᠳᠦᠮᠡᠨ ᠤ | ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ ᠪᠠᠷ ᠬᠠᠷᠠᠯᠳᠠ ᠪᠤᠯᠭᠠᠵᠤ᠂ ᠮᠠᠯᠵᠢᠬᠤ ᠤᠷᠤᠨ ᠤ ︽ | ᠠᠷᠪᠠ ᠶᠢ ᠪᠦᠷᠬᠦᠬᠦᠯᠬᠦ︾ ᠢᠨᠵᠧᠨᠧᠷᠢᠩ ᠢ ᠡᠬᠢᠯᠡᠬᠦᠯᠵᠤ᠂ ᠵᠢᠯ ᠤᠨ ᠳᠤᠳᠤᠷ᠎ᠠ 1.7 ᠳ᠋ᠦᠩᠰᠢᠭᠤᠷ ᠳᠦᠬᠦᠷᠢᠭ ᠤᠨ | ᠪᠡᠯᠡ ᠤᠷᠤᠭᠤᠯᠤᠯᠳᠠ ᠶᠢ ᠪᠠᠶᠡᠯᠡᠬᠦᠯᠪᠠ᠃ ᠪᠦᠬᠦ ᠵᠢᠯ ᠳᠤ ᠮᠠᠯᠵᠢᠬᠤ ᠤᠷᠤᠨ ᠤ 500 ᠢᠵᠢ ᠨᠤᠷᠠᠬᠤ ᠠᠶᠤᠯᠳᠠᠢ | ᠭᠡᠷ ᠪᠠᠶᠢᠰᠢᠩ᠂ ᠠᠳᠠᠷ ᠬᠠᠭᠠᠯᠪᠤᠷᠢᠯᠠᠯᠳᠠ ᠶᠢᠨ ᠤᠷᠤᠨ ᠤ 640 ᠢᠵᠢ ᠨᠤᠷᠠᠬᠤ ᠠᠶᠤᠯᠳᠠᠢ ᠭᠡᠷ ᠪᠠᠶᠢᠰᠢᠩ ᠢ | ᠦᠭᠡᠷᠡᠴᠢᠯᠡᠪᠡ︔ 312 ᠠᠮᠠᠰᠠᠷ ᠤᠰᠤᠨ ᠬᠤᠳᠳᠤᠭ ᠮᠠᠯᠳᠠᠵᠤ᠂ 100 ᠰᠠᠭᠤᠷᠢ ᠤᠰᠤ ᠬᠠᠳᠠᠭᠠᠯᠠᠬᠤ ᠵᠤᠭᠤᠷᠢ | ᠪᠠᠶᠢᠭᠤᠯᠵᠤ᠂ 2700 ᠬᠦᠮᠦᠨ ᠪᠤᠯᠤᠨ 20 ᠳᠦᠮᠡᠨ ᠳᠤᠯᠤᠭᠠᠢ ᠮᠠᠯ ᠤᠨ ᠤᠰᠤ ᠤᠮᠳᠠ ᠶᠢᠨ ᠠᠮᠤᠷ | ᠳᠦᠪᠰᠢᠨ ᠤ ᠠᠰᠠᠭᠤᠳᠠᠯ ᠢ ᠰᠢᠢᠳᠪᠤᠷᠢᠯᠡᠪᠡ︔ 2 ᠳᠦᠮᠡᠨ ᠬᠠᠪᠳᠠᠭᠠᠢ ᠳᠦᠷᠪᠡᠯᠵᠢᠨ ᠮᠧᠲᠷ ᠤᠨ ᠭᠠᠴᠠᠭᠠᠨ ᠤ ᠵᠠᠮ | ᠵᠡᠭᠡᠯᠢ ᠶᠢ ᠬᠠᠳᠠᠭᠤᠷᠠᠭᠤᠯᠵᠤ᠂ 66 ᠺᠢᠯᠤᠮᠧᠲᠷ ᠤᠨ ᠵᠠᠰᠠᠮᠠᠯ ᠵᠠᠮ ᠢ ᠵᠠᠰᠠᠪᠠ︔ 2200 ᠭᠠᠷᠤᠢ ᠢᠵᠢ ᠭᠡᠷᠡᠯ | ᠰᠠᠯᠬᠢ ᠬᠠᠷᠢᠯᠴᠠᠨ ᠨᠦᠬᠦᠪᠤᠷᠢᠯᠡᠭᠰᠡᠨ ᠳᠦᠬᠦᠭᠡᠷᠦᠮᠵᠢ ᠶᠢ ᠳᠡᠰ ᠳᠡᠪᠰᠢᠬᠦᠯᠵᠤ᠂ ᠮᠠᠯᠵᠢᠬᠤ ᠤᠷᠤᠨ ᠤ 130 | ᠡᠷᠦᠭᠡ ᠳᠤ ᠳᠤᠤᠷᠴᠢᠯᠠᠭᠰᠠᠨ ᠴᠠᠬᠢᠯᠭᠠᠨ ᠨᠡᠪᠳᠡᠷᠡᠬᠦᠯᠪᠠ︔ 3000 ᠢᠵᠢ ᠷᠠᠳᠢᠤ᠋ ᠨᠡᠪᠳᠡᠷᠡᠯᠭᠡ ᠶᠢᠨ ︽ᠡᠷᠦᠭᠡ | ᠪᠤᠯᠭᠠᠨ ᠳᠤ ᠨᠡᠪᠳᠡᠷᠡᠬᠦ︾ ᠳᠦᠬᠦᠭᠡᠷᠦᠮᠵᠢ ᠤᠭᠰᠠᠷᠠᠪᠠ︔ ᠮᠠᠯᠵᠢᠬᠤ ᠤᠷᠤᠨ ᠤ 5 ᠰᠠᠭᠤᠷᠢ ᠭᠡᠤᠭᠡᠳ ᠤᠨ | ᠴᠡᠴᠡᠷᠯᠢᠭ ᠢ ᠡᠬᠢᠯᠡᠨ ᠪᠠᠶᠢᠭᠤᠯᠪᠠ︔ ᠰᠢᠨ᠎ᠡ ᠪᠠᠷ 4 ᠰᠠᠭᠤᠷᠢ ᠭᠠᠴᠠᠭᠠᠨ ᠤ ᠡᠷᠡᠬᠦᠯ ᠬᠠᠮᠠᠭᠠᠯᠠᠯ ᠤᠨ ᠳᠠᠰᠤᠭ | ᠪᠠᠶᠢᠭᠤᠯᠵᠤ᠂ ᠪᠦᠬᠦ ᠬᠤᠳᠠ ᠶᠢᠨ 22 ᠰᠠᠭᠤᠷᠢ ᠰᠤᠮᠤ ᠪᠠᠯᠭᠠᠰᠤ ᠭᠠᠴᠠᠭᠠᠨ ᠤ ᠡᠷᠡᠬᠦᠯ ᠬᠠᠮᠠᠭᠠᠯᠠᠯ ᠤᠨ ᠳᠠᠰᠤᠭ ᠢ | ᠪᠦᠬᠦᠨ ᠢ ᠪᠠᠷᠢᠮᠵᠢᠶ᠎ᠡ ᠳᠤ ᠬᠦᠷᠭᠡᠪᠡ︔ 6 ᠰᠠᠭᠤᠷᠢ ᠭᠠᠴᠠᠭᠠᠨ ᠤ ᠰᠤᠶᠤᠯ ᠤᠨ ᠠᠵᠢᠯᠯᠠᠭᠠᠨ ᠤ ᠳᠠᠰᠤᠭ ᠢ | ᠪᠠᠶᠢᠭᠤᠯᠵᠤ ᠦᠭᠡᠷᠡᠴᠢᠯᠡᠪᠡ︔ 7 ᠰᠤᠮᠤ ᠪᠠᠯᠭᠠᠰᠤ ᠳᠠᠯᠠᠪᠠᠢ ᠶᠢᠨ ᠪᠠᠶᠢᠭ᠎ᠠ ᠭᠠᠵᠠᠷ ᠤᠨ ᠠᠷᠠᠳ ᠲᠤ ᠳᠦᠬᠦᠮ | ᠦᠵᠡᠬᠦᠯᠬᠦ ᠭᠡᠯᠭᠢᠶᠡᠵᠢᠭᠰᠡᠨ ᠴᠢᠯᠦᠭᠡᠳᠤ ᠳᠡᠯᠭᠡᠬᠦᠷ ᠢ ᠳᠡᠰ ᠳᠡᠪᠰᠢᠬᠦᠯᠪᠡ︔ ᠮᠠᠯᠵᠢᠬᠤ ᠤᠷᠤᠨ ᠤ ᠪᠠᠶᠢᠩᠭᠤ | ᠰᠠᠭᠤᠭ᠎ᠠ ᠬᠦᠮᠦᠨ ᠠᠮᠠ ᠶᠢᠨ ᠨᠠᠰᠤᠵᠢᠯ ᠡᠮ ᠡᠮᠨᠡᠯᠭᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠡᠷᠭᠡ | ᠨᠡᠶᠢᠭᠡᠮ ᠤᠨ ᠪᠠᠳᠤᠯᠠᠪᠤᠷᠢ ᠶᠢᠨ ᠳᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠳᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢᠨ ᠪᠦᠷᠬᠦᠴᠡ ᠶᠢ ᠦᠨᠳᠤᠰᠤᠨ ᠳᠡᠭᠡᠨ ᠪᠡᠶᠡᠯᠡᠬᠦᠯᠪᠡ᠃ | ︵ᠳᠦᠷᠪᠡ︶ ᠰᠠᠭᠤᠷᠢ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠵᠤ᠂ ᠪᠠᠳᠤᠯᠠᠭ᠎ᠠ ᠶᠢᠨ | ᠰᠡᠯᠬᠦᠬᠦ ᠬᠦᠴᠦᠨ ᠢ ᠮᠡᠳᠡᠭᠳᠡᠮ᠎ᠡ ᠴᠢᠩᠭᠠᠷᠠᠭᠤᠯᠪᠠ᠃ ᠰᠠᠭᠤᠷᠢ ᠳᠦᠬᠦᠭᠡᠷᠤᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ | ᠳᠠᠰᠤᠷᠠᠯᠳᠠ ᠦᠭᠡᠢ ᠳᠡᠭᠡᠭᠰᠢᠯᠡᠬᠦᠯᠪᠡ᠃ 1.1 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ 4.5 | ᠺᠢᠯᠤᠮᠧᠲᠷ ᠤᠨ ᠵᠤᠭᠠᠴᠠᠯ ᠤᠨ ᠵᠠᠰᠠᠮᠠᠯ ᠵᠠᠮ ᠢ ᠵᠠᠰᠠᠵᠤ᠂ 5 ᠰᠠᠭᠤᠷᠢ ᠬᠦᠴᠦᠳᠡᠯ ᠦᠭᠡᠷᠡᠴᠢᠯᠡᠬᠦ ᠦᠷᠳᠡᠭᠡ ᠶᠢ | ᠰᠢᠨ᠎ᠡ ᠪᠠᠷ ᠪᠠᠶᠢᠭᠤᠯᠬᠤ ᠪᠤᠶᠤ ᠦᠷᠬᠦᠯᠵᠢᠯᠡᠨ ᠪᠠᠶᠢᠭᠤᠯᠵᠤ᠂ 151 ᠺᠢᠯᠤᠮᠧᠲᠷ ᠤᠨ ᠴᠠᠬᠢᠯᠭᠠᠨ ᠬᠦᠴᠦᠨ ᠤ | ᠱᠤᠭᠤᠮ ᠢ ᠰᠢᠨᠡᠳᠭᠡᠨ ᠪᠠᠶᠢᠭᠤᠯᠤᠨ᠂ 438 ᠺᠢᠯᠤᠮᠧᠲᠷ ᠤᠨ ᠴᠢᠮᠡᠭᠡ ᠨᠡᠪᠳᠡᠷᠡᠯᠭᠡ ᠶᠢᠨ ᠭᠡᠷᠡᠯ ᠳᠠᠳᠠᠯᠭ᠎ᠠ ᠳᠠᠪᠢᠰᠴᠦ | ᠂ 156 ᠴᠢᠮᠡᠭᠡ ᠨᠡᠪᠳᠡᠷᠡᠯᠭᠡ ᠶᠢᠨ ᠦᠷᠳᠡᠭᠡ ᠶᠢ ᠰᠢᠨ᠎ᠡ ᠪᠠᠷ ᠪᠠᠶᠢᠭᠤᠯᠪᠠ᠃ ᠵᠠᠮ ᠳᠤᠤᠷ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ ᠳᠡᠮᠵᠢᠵᠤ᠂ ᠳ᠋ᠠᠨᠳᠦ᠋ᠩ ᠠᠴᠠ ᠰᠢᠯᠢ ᠶᠢᠨ ᠬᠤᠳᠠ ᠬᠦᠷᠬᠦ ᠦᠨᠳᠤᠷ ᠬᠤᠷᠳᠤᠴᠠᠳᠤ | ᠵᠠᠰᠠᠮᠠᠯ ᠵᠠᠮ ᠤᠨ ᠪᠢᠷᠠᠭᠤ ᠪᠠᠯᠭᠠᠰᠤᠨ ᠠᠴᠠ ᠰᠢᠯᠢ ᠶᠢᠨ ᠬᠤᠳᠠ ᠬᠦᠷᠬᠦ ᠭᠡᠰᠡᠭ᠂ ᠰᠢᠯᠢ ᠶᠢᠨ ᠬᠤᠳᠠ ᠠᠴᠠ | ᠪᠡᠭᠡᠵᠢᠩ ᠬᠦᠷᠬᠦ ᠠᠶᠠᠨᠴᠢᠨ ᠤ ᠵᠦᠭᠡᠭᠡᠪᠤᠷᠢ ᠶᠢᠨ ᠳᠤᠰᠬᠠᠢ ᠱᠤᠭᠤᠮ᠂ ᠰᠢᠯᠢ ᠶᠢᠨ ᠬᠤᠳᠠ ᠠᠴᠠ ᠡᠷᠢᠶᠡᠨ ᠬᠤᠳᠠ | ᠬᠦᠷᠬᠦ ᠳᠡᠮᠤᠷ ᠵᠠᠮ ᠤᠨ ᠪᠦᠳᠦᠭᠡᠨ ᠪᠠᠶᠢᠭᠤᠯᠤᠯᠳᠠ᠂ ᠰᠢᠯᠢ ᠶᠢᠨ ᠬᠤᠳᠠ ᠠᠴᠠ ᠤᠯᠠᠭᠠᠨᠬᠠᠳᠠ ᠬᠦᠷᠬᠦ ᠳᠡᠮᠤᠷ | ᠵᠠᠮ ᠤᠨ ᠤᠷᠢᠳᠠᠬᠢ ᠬᠤᠭᠤᠴᠠᠭᠠᠨ ᠤ ᠠᠵᠢᠯ ᠢ ᠢᠳᠡᠪᠬᠢᠳᠡᠢ ᠠᠬᠢᠭᠤᠯᠪᠠ᠃ | ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠪᠠ᠃ 6400 | ᠳᠦᠮᠡᠨ ᠳᠦᠬᠦᠷᠢᠭ ᠤᠨ ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠮᠦᠩᠬᠦ | ᠂ 804 ᠳᠦᠮᠡᠨ ᠳᠦᠬᠦᠷᠢᠭ ᠤᠨ ᠨᠡᠶᠢᠳᠡ ᠶᠢᠨ ᠠᠰᠠᠷᠠᠮᠵᠢ ᠶᠢᠨ ᠤᠢ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠦᠬᠦᠪᠤᠷᠢ ᠮᠦᠩᠬᠦ᠂ 243 ᠳᠦᠮᠡᠨ ᠳᠦᠬᠦᠷᠢᠭ ᠤᠨ ᠳᠠᠷᠢᠶᠠᠯᠠᠬᠤ ᠶᠢ ᠵᠤᠭᠰᠤᠭᠠᠵᠤ | ᠤᠶᠢᠵᠢᠭᠤᠯᠤᠭᠰᠠᠨ ᠨᠦᠬᠦᠪᠤᠷᠢ ᠮᠦᠩᠬᠦ ᠳᠠᠷᠬᠠᠭᠠᠪᠠ᠃ 2.23 ᠳᠦᠮᠡᠨ ᠮᠤ᠋ ᠶᠢᠨ ᠭᠤᠤᠯᠳᠠᠯᠭ᠎ᠠ ᠲᠠᠢ ᠤᠷᠤᠨ | ᠪᠦᠰᠡ ᠶᠢᠨ ᠨᠤᠭᠤᠭᠠᠷᠠᠭᠤᠯᠤᠯᠳᠠ ᠂ 5.1 ᠳᠦᠮᠡᠨ ᠮᠤ᠋ ᠶᠢᠨ ᠪᠡᠭᠡᠵᠢᠩ ᠲᠢᠶᠠᠨᠵᠢᠨ ᠤ ᠡᠯᠡᠰᠤ ᠰᠠᠯᠬᠢᠨ ᠤ ᠡᠬᠢ ᠶᠢ | ᠵᠠᠰᠠᠬᠤ ᠢᠨᠵᠧᠨᠧᠷᠢᠩ ᠂ 1 ᠳᠦᠮᠡᠨ ᠮᠤ᠋ ᠶᠢᠨ ᠤᠢ ᠮᠤᠳᠤ ᠳᠠᠷᠢᠬᠤ ᠨᠦᠬᠦᠪᠤᠷᠢ ᠤᠯᠭᠤᠬᠤ ᠳᠤᠷᠰᠢᠯᠳᠠ ᠶᠢᠨ | ᠴᠢᠭ ᠤᠨ ᠳᠦᠷᠦᠯ ᠵᠦᠢᠯ ᠂ 4.3 ᠳᠦᠮᠡᠨ ᠬᠠᠪᠳᠠᠭᠠᠢ ᠳᠦᠷᠪᠡᠯᠵᠢᠨ ᠮᠧᠲᠷ ᠶᠢᠨ ᠬᠠᠶᠠᠭᠳᠠᠮᠠᠯ ᠠᠭᠤᠷᠬᠠᠢ ᠶᠢᠨ | ᠨᠦᠭᠡ ᠶᠢᠨ ᠭᠠᠵᠠᠷ ᠰᠢᠨᠵᠢᠯᠡᠭᠡᠨ ᠤ ᠤᠷᠴᠢᠨ ᠢ ᠵᠠᠰᠠᠬᠤ ᠂ 5.3 ᠬᠠᠪᠳᠠᠭᠠᠢ ᠳᠦᠷᠪᠡᠯᠵᠢᠨ ᠮᠧᠲᠷ ᠤᠨ ᠰᠠᠪᠠ | ᠭᠠᠵᠠᠷ ᠪᠤᠯᠤᠨ 2.1 ᠺᠢᠯᠤᠮᠧᠲᠷ ᠤᠨ ᠭᠤᠤᠯ ᠤᠨ ᠳᠤᠬᠤᠢ ᠵᠠᠰᠠᠬᠤ ᠠᠵᠢᠯ ᠢ ᠭᠡᠷᠡᠭᠵᠢᠬᠦᠯᠪᠡ᠃ ᠤᠰᠤᠨ ᠤ ᠡᠬᠢ | ᠰᠤᠷᠪᠤᠯᠵᠢ ᠶᠢ ᠠᠰᠢᠭᠯᠠᠨ ᠬᠠᠮᠠᠭᠠᠯᠠᠬᠤ ᠶᠠᠷᠦᠩᠭᠡᠢ ᠴᠤᠭᠴᠠ ᠶᠢᠨ ᠳᠦᠯᠦᠪᠵᠢᠬᠦᠯᠭᠡ ᠶᠢ ᠨᠠᠶᠢᠷᠠᠭᠤᠯᠬᠤ ᠠᠵᠢᠯ | ᠪᠤᠯᠤᠨ ᠠᠮᠢ ᠠᠬᠤᠢ ᠶᠢᠨ ᠤᠰᠤᠨ ᠰᠢᠰᠲ᠋ᠧᠮ ᠢ ᠵᠠᠰᠠᠨ ᠴᠡᠭᠴᠡᠯᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | ᠡᠬᠢᠯᠡᠨ ᠭᠡᠷᠡᠭᠵᠢᠬᠦᠯᠪᠡ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠢᠯᠡᠯᠳᠡ ᠨᠡᠬᠦᠷᠡᠰᠤᠨ | ᠠᠭᠤᠷᠬᠠᠢ ᠶᠢᠨ ᠨᠤᠭᠤᠭᠠᠷᠠᠭᠤᠯᠤᠯᠳᠠ ᠳᠤ 7534 ᠳᠦᠮᠡᠨ ᠳᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠵᠤ᠂ 191 ᠳᠦᠮᠡᠨ ᠬᠠᠪᠳᠠᠭᠠᠢ ᠳᠦᠷᠪᠡᠯᠵᠢᠨ ᠮᠧᠲᠷ ᠤᠨ ᠵᠠᠭᠠᠭ ᠲᠤ ᠬᠦᠷᠦᠭᠰᠡᠨ ᠰᠢᠷᠤᠢ | ᠭᠠᠳᠠᠭᠰᠢᠯᠠᠭᠤᠯᠬᠤ ᠳᠠᠯᠠᠪᠠᠢ ᠶᠢ ᠵᠠᠰᠠᠨ ᠴᠡᠭᠴᠡᠯᠡᠪᠡ᠃ ᠰᠢᠯᠢ ᠶᠢᠨ ᠢᠯᠴᠢ ᠴᠠᠬᠢᠯᠭᠠᠨ ᠤ ᠦᠢᠯᠡᠳᠪᠤᠷᠢ ᠪᠤᠯᠤᠨ | ᠰᠢᠨ ᠯᠢᠤᠢ ᠶᠤᠸᠠᠨ ᠪᠤᠵᠠᠷ ᠤᠰᠤ ᠰᠢᠢᠳᠪᠤᠷᠢᠯᠡᠬᠦ ᠦᠢᠯᠡᠳᠪᠤᠷᠢ ᠪᠦᠷ ᠤᠯᠤᠰ ᠤᠨ ᠤᠷᠴᠢᠨ ᠳᠤᠭᠤᠷᠢᠨ ᠢ | ᠬᠠᠮᠠᠭᠠᠯᠠᠬᠤ ᠪᠠᠷᠢᠮᠵᠢᠶ᠎ᠠ ᠪᠠᠷ ᠵᠠᠰᠠᠨ ᠴᠡᠭᠴᠡᠯᠡᠵᠤ ᠤᠷᠤᠭᠰᠢᠳᠡᠢ ᠪᠠᠷ ᠬᠢᠨᠠᠨ ᠪᠠᠶᠢᠴᠠᠭᠠᠯᠳᠠ ᠳᠤ ᠬᠢᠷᠢ ᠳᠡᠩᠴᠡᠪᠡ᠃ | ᠬᠤᠳᠠ ᠶᠢᠨ ᠳᠤᠭᠤᠷᠢᠭ ᠲᠠᠬᠢ 43 ᠰᠠᠤᠷᠢ ᠪᠠᠷᠢᠮᠵᠢᠶ᠎ᠡ ᠳᠤ ᠬᠦᠷᠬᠦ ᠦᠭᠡᠢ ᠨᠡᠬᠦᠷᠡᠰᠤ ᠰᠢᠳᠠᠭᠠᠵᠤ ᠪᠠᠶᠢᠭ᠎ᠠ | ᠬᠦᠸᠧᠯᠤ ᠶᠢ ᠬᠠᠤᠯᠢ ᠶᠤᠰᠤᠭᠠᠷ ᠵᠤᠭᠰᠤᠭᠠᠵᠤ᠂ ᠪᠦᠬᠦ ᠬᠤᠳᠠ ᠶᠢᠨ 110 ᠡᠷᠦᠭᠡ ᠢᠳᠡᠭᠡᠨ ᠤᠮᠳᠠᠭᠠᠨ | ᠦᠢᠯᠡᠴᠢᠯᠡᠭᠡᠨ ᠤ ᠦᠢᠯᠡᠰ ᠤᠨ ᠬᠢᠨ ᠳᠤ ᠤᠳᠤᠭ᠎ᠠ ᠳᠤᠭᠤᠰᠤ ᠶᠢ ᠴᠡᠪᠡᠷᠰᠢᠬᠦᠯᠬᠦ ᠳᠦᠬᠦᠭᠡᠷᠦᠮᠵᠢ ᠤᠭᠰᠠᠷᠠᠪᠠ᠃ | PM2.5᠂ PM10 ᠵᠡᠷᠭᠡ ᠨᠠᠷᠢᠨ ᠮᠦᠬᠦᠯᠢᠭᠳᠦ ᠪᠤᠳᠠᠰ ᠢ ᠬᠢᠨᠠᠨ ᠭᠡᠮᠵᠢᠬᠦ ᠠᠵᠢᠯ ᠢ ᠦᠷᠨᠢᠬᠦᠯᠵᠤ᠂ APEC | ᠬᠤᠷᠠᠯ ᠤᠨ ᠬᠤᠭᠤᠴᠠᠭᠠᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠪᠠᠳᠤᠯᠠᠬᠤ ᠡᠬᠦᠷᠭᠡ ᠶᠢ ᠠᠮᠵᠢᠯᠳᠠ ᠲᠠᠢ | ᠪᠡᠶᠡᠯᠡᠬᠦᠯᠵᠤ᠂ ᠪᠦᠬᠦ ᠵᠢᠯ ᠤᠨ ᠤᠬᠢ ᠰᠠᠶᠢᠨ ᠠᠭᠤᠷ ᠠᠮᠢᠰᠬᠤᠯ ᠲᠠᠢ ᠡᠳᠦᠷ ᠤᠨ ᠳᠤᠭ᠎ᠠ 322 ᠡᠳᠦᠷ ᠪᠤᠯᠵᠤ᠂ | ᠳᠦᠮᠡᠨ ᠳᠦᠬᠦᠷᠢᠭ ᠤᠨ GDP ᠶᠢᠨ ᠡᠨᠧᠷᠬᠢ ᠶᠢᠨ ᠬᠤᠷᠤᠭᠳᠠᠯ 6% ᠪᠠᠷ ᠳᠤᠷᠤᠭᠰᠢᠯᠠᠭᠰᠠᠨ ᠪᠠᠶᠢᠨ᠎ᠠ᠃ | ︵ᠳᠠᠪᠤ︶ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠡᠶ᠎ᠡ ᠵᠤᠬᠢᠴᠠᠯ ᠢ ᠠᠬᠢᠭᠤᠯᠵᠤ᠂ | ᠨᠡᠶᠢᠭᠡᠮ ᠤᠨ ᠠᠵᠢᠯ ᠦᠢᠯᠡᠰ ᠢ ᠪᠦᠬᠦ ᠳᠠᠯ᠎ᠠ ᠪᠠᠷ ᠤᠷᠤᠭᠰᠢᠯᠠᠭᠤᠯᠪᠠ᠃ ᠠᠵᠢᠯ ᠤᠯᠭᠤᠵᠤ ᠦᠢᠯᠡᠰ ᠪᠤᠰᠬᠠᠬᠤ | ᠠᠵᠢᠯ ᠤᠨ ᠦᠷ᠎ᠡ ᠪᠦᠳᠦᠮᠵᠢ ᠳᠤᠪᠤᠶᠢᠮ᠎ᠠ᠃ ᠠᠩᠬᠠᠨ ᠤ ᠪᠦᠯᠦᠭ ᠤᠨ ᠦᠪᠡᠷᠳᠡᠭᠡᠨ ᠵᠠᠰᠠᠬᠤ ᠤᠷᠤᠨ ᠤ ᠳᠡᠰ ᠤᠨ | ᠦᠢᠯᠡᠰ ᠪᠤᠰᠬᠠᠬᠤ ᠭᠡᠯᠪᠡᠷᠢ ᠶᠢᠨ ᠬᠤᠳᠠ ᠶᠢ ᠠᠮᠵᠢᠯᠳᠠ ᠲᠠᠢ ᠴᠤᠭᠴᠠᠯᠠᠪᠠ᠃ ᠦᠢᠯᠡᠰ ᠪᠤᠰᠬᠠᠬᠤ ᠶᠢ ᠬᠦᠭᠵᠢᠬᠦᠯᠬᠦ | ᠰᠠᠭᠤᠷᠢ ᠮᠦᠩᠬᠦ ᠪᠤᠯᠤᠨ ᠦᠢᠯᠡᠰ ᠪᠤᠰᠬᠠᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠳᠡᠳᠬᠦᠨ ᠳᠡᠮᠵᠢᠬᠦ | ᠪᠡᠯᠡ ᠮᠦᠩᠬᠦ ᠳᠤᠬᠢᠷᠠᠭᠤᠯᠵᠤ᠂ ᠭᠤᠷᠪᠠᠨ ᠦᠢᠯᠡᠰ ᠪᠤᠰᠬᠠᠬᠤ ᠬᠦᠷᠢᠶᠡᠯᠡᠩ ᠪᠠᠶᠢᠭᠤᠯᠵᠤ᠂ 1.35 ᠳ᠋ᠦᠩᠰᠢᠭᠤᠷ | ᠳᠦᠬᠦᠷᠢᠭ ᠤᠨ ᠪᠠᠭ᠎ᠠ ᠳᠤᠭᠠᠨ ᠤ ᠪᠠᠳᠤᠯᠠᠭᠠᠳᠤ ᠵᠢᠭᠡᠯᠡᠯᠭᠡ ᠳᠠᠯᠪᠢᠵᠤ᠂ 4907 ᠡᠷᠦᠭᠡ ᠦᠢᠯᠡᠰ ᠪᠤᠰᠬᠠᠬᠰᠠᠨ | ᠪᠤᠳᠠᠳᠤ ᠴᠤᠭᠴᠠ ᠰᠢᠨ᠎ᠡ ᠪᠠᠷ ᠨᠡᠮᠡᠭᠳᠡᠵᠤ᠂ 1098 ᠨᠡᠶᠢᠳᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ | ᠬᠤᠷᠠᠮᠳᠤᠭᠤᠯᠤᠨ ᠨᠡᠭᠡᠭᠡᠵᠤ᠂ 1300 ᠨᠡᠷ᠎ᠡ ᠳᠡᠭᠡᠳᠤ ᠰᠤᠷᠭᠠᠭᠤᠯᠢ ᠳᠡᠬᠦᠰᠦᠭᠰᠡᠳ ᠲᠤ ᠠᠵᠢᠯ ᠤᠯᠭᠤᠪᠠ᠂ ᠡᠬᠦᠨ | ᠳᠤ ᠮᠤᠩᠭᠤᠯ ᠢᠶᠠᠷ ᠬᠢᠴᠢᠶᠡᠯᠯᠡᠵᠤ ᠳᠡᠬᠦᠰᠦᠭᠰᠡᠳ ᠪᠠ ᠶᠠᠳᠠᠭᠤ ᠬᠦᠴᠢᠷᠳᠡᠯᠳᠡᠢ ᠭᠡᠷ ᠪᠦᠯᠢ ᠶᠢᠨ ᠳᠡᠭᠡᠳᠤ | ᠰᠤᠷᠭᠠᠭᠤᠯᠢ ᠳᠡᠬᠦᠰᠦᠭᠰᠡᠳ ᠪᠦᠬᠦᠳᠡᠭᠡᠷ ᠠᠵᠢᠯ ᠤᠯᠬᠤ ᠶᠢ ᠦᠨᠳᠤᠰᠤᠨ ᠳᠡᠭᠡᠨ ᠪᠡᠶᠡᠯᠡᠬᠦᠯᠪᠡ᠃ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.3% ᠳᠤᠳᠤᠷ᠎ᠠ ᠬᠢᠵᠠᠭᠠᠷᠯᠠᠪᠠ᠃ | ᠨᠡᠶᠢᠭᠡᠮ ᠤᠨ ᠪᠠᠳᠤᠯᠠᠭ᠎ᠠ ᠶᠢᠨ ᠠᠵᠢᠯ ᠢ ᠦᠷᠬᠦᠯᠵᠢᠯᠡᠨ ᠴᠢᠩᠭᠠᠳᠬᠠᠪᠠ᠃ 1.1 ᠳᠦᠮᠡᠨ ᠬᠦᠮᠦᠨ ᠨᠡᠶᠢᠭᠡᠮ ᠤᠨ | ᠳᠠᠭᠠᠳᠬᠠᠯ ᠳᠤ ᠰᠢᠨ᠎ᠡ ᠪᠠᠷ ᠤᠷᠤᠯᠴᠠᠵᠤ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠤᠰᠤᠨ ᠡᠮ ᠡᠮᠨᠡᠯᠭᠡ ᠶᠢᠨ ᠳᠠᠭᠠᠳᠬᠠᠯ᠂ ᠰᠢᠨ᠎ᠡ | ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠠᠮᠤᠭ ᠦᠨᠳᠤᠷ | ᠳᠦᠪᠰᠢᠨ ᠢ ᠳᠤᠰᠪᠤᠷᠢ 30 ᠳᠦᠮᠡᠨ ᠳᠦᠬᠦᠷᠢᠭ᠂ 14.5 ᠳᠦᠮᠡᠨ ᠳᠦᠬᠦᠷᠢᠭ᠂ 23.5 ᠳᠦᠮᠡᠨ ᠳᠦᠬᠦᠷᠢᠭ | ᠪᠤᠯᠭᠠᠨ ᠳᠡᠭᠡᠭᠰᠢᠯᠡᠬᠦᠯᠵᠤ᠂ ᠠᠵᠤ ᠠᠬᠤᠶᠢᠯᠠᠯ ᠤᠨ ᠠᠵᠢᠯ ᠤᠨ ᠠᠮᠠᠷᠠᠯᠳᠠ ᠪᠠᠨ ᠠᠪᠤᠭᠰᠠᠨ ᠬᠦᠮᠦᠰ ᠤᠨ ᠨᠠᠰᠤᠵᠢᠯ | ᠤᠨ ᠮᠦᠩᠬᠦ ᠶᠢ ᠬᠦᠮᠦᠨ ᠳᠤᠮᠳᠠᠴᠢ ᠪᠠᠷ 167 ᠳᠦᠬᠦᠷᠢᠭ ᠳᠡᠭᠡᠭᠰᠢᠯᠡᠬᠦᠯᠪᠠ᠃ ᠠᠷᠠᠳ ᠤᠨ ᠶᠠᠪᠤᠳᠠᠯ ᠤᠨ ᠡᠯ᠎ᠡ | ᠳᠦᠷᠦᠯ ᠤᠨ ᠠᠰᠠᠷᠠᠨ ᠬᠠᠷᠠᠭᠠᠯᠵᠠᠬᠤ ᠪᠠᠷᠢᠮᠵᠢᠶ᠎ᠡ ᠶᠢ 10% ᠪᠠᠷ ᠳᠡᠭᠡᠭᠰᠢᠯᠡᠬᠦᠯᠵᠤ᠂ ᠪᠦᠬᠦ ᠵᠢᠯ ᠳᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠯᠳᠡᠢ ᠭᠡᠷ ᠪᠦᠯᠢ᠂ ᠡᠮ ᠡᠮᠨᠡᠯᠭᠡ ᠪᠠᠷ ᠠᠪᠤᠷᠠᠨ | ᠳᠤᠰᠠᠯᠠᠬᠤ ᠪᠤᠯᠤᠨ ᠳᠦᠷ ᠴᠠᠭ ᠤᠨ ᠠᠪᠤᠷᠠᠨ ᠳᠤᠰᠠᠯᠠᠬᠤ ᠪᠡᠯᠡ ᠮᠦᠩᠬᠦ ᠶᠢ 4627 ᠳᠦᠮᠡᠨ ᠳᠦᠬᠦᠷᠢᠭ | ᠳᠠᠷᠬᠠᠭᠠᠪᠠ᠃ ︽ᠪᠠᠴᠢᠮ ᠪᠠᠶᠢᠳᠠᠯ ᠬᠦᠴᠢᠷ ᠳᠦᠪᠡᠭ ᠢ ᠠᠪᠤᠷᠠᠨ ᠳᠤᠰᠠᠯᠠᠬᠤ︾ ᠳᠤᠷᠰᠢᠯᠳᠠ ᠶᠢᠨ ᠴᠢᠭ ᠤᠨ | ᠠᠵᠢᠯ ᠢ ᠦᠷᠨᠢᠬᠦᠯᠪᠠ᠃ ᠬᠠᠷᠠᠭᠠᠯᠵᠠᠨ ᠳᠦᠪᠬᠢᠨᠡᠬᠦᠯᠬᠦ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠳᠤᠤᠱᠯᠠᠭᠤᠯᠵᠤ᠂ ᠬᠠᠷᠠᠭᠠᠯᠵᠠᠨ ᠳᠦᠪᠬᠢᠨᠡᠬᠦᠯᠬᠦ᠂ ᠤᠯᠭᠤᠮᠵᠢ ᠪᠠᠳᠤᠯᠠᠭ᠎ᠠ ᠵᠡᠷᠭᠡ ᠳᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ 289 ᠨᠡᠷ᠎ᠡ ᠦᠩᠭᠡᠷᠡᠭᠰᠡᠨ ᠵᠢᠯ ᠤᠳ ᠲᠤ ᠳᠤᠬᠢᠷᠠᠭᠤᠯᠤᠭᠠ ᠦᠭᠡᠢ ᠴᠡᠷᠢᠭ ᠤᠨ | ᠠᠯᠪᠠᠨ ᠠᠴᠠ ᠪᠠᠭᠤᠭᠰᠠᠳ ᠢ ᠨᠢᠭᠡᠯᠡ ᠤᠳᠠᠭ᠎ᠠ ᠳᠤ ᠳᠤᠬᠢᠷᠠᠭᠤᠯᠵᠤ᠂ ᠴᠡᠷᠢᠭ ᠤᠨ ᠭᠡᠷ ᠪᠦᠯᠢ ᠶᠢᠨ ᠬᠢᠨ ᠢ 12 | ᠨᠡᠷ᠎ᠡ ᠳᠦᠪᠬᠢᠨᠡᠬᠦᠯᠪᠡ᠃ ᠠᠷᠠᠳ ᠲᠤ ᠳᠦᠬᠦᠮ ᠦᠵᠡᠬᠦᠯᠬᠦ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ | ᠳᠡᠬᠦᠯᠳᠡᠷᠵᠢᠬᠦᠯᠪᠡ᠃ ᠨᠠᠰᠤᠵᠢᠯ ᠢ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠨᠳᠤᠷ | ᠨᠠᠰᠤᠨ ᠤ ᠨᠦᠬᠦᠪᠤᠷᠢ ᠪᠤᠯᠤᠨ ᠨᠠᠰᠤᠳᠡᠶᠢᠴᠤᠳ ᠤᠨ ᠨᠡᠶᠢᠳᠡ ᠶᠢᠨ ᠮᠠᠰᠢᠨ ᠳᠡᠷᠭᠡᠨ ᠳᠤ ᠰᠠᠭᠤᠬᠤ ᠨᠦᠬᠦᠪᠤᠷᠢ ᠶᠢ | 393 ᠳᠦᠮᠡᠨ ᠳᠦᠬᠦᠷᠢᠭ ᠳᠠᠷᠬᠠᠭᠠᠪᠠ᠃ ᠰᠢᠯᠢ ᠶᠢᠨ ᠢ ᠡᠾᠧ ᠶᠤᠸᠠᠨ ᠨᠠᠰᠤᠵᠢᠯ ᠤᠨ ᠳᠦᠪ ᠤᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠢ ᠳᠦᠷᠭᠡᠳᠭᠡᠨ ᠪᠠᠶᠢᠭᠤᠯᠵᠤ᠂ ᠠᠴᠢᠯᠠᠯ ᠮᠠᠯᠴᠢᠳ ᠤᠨ ᠨᠠᠰᠤᠵᠢᠯ ᠤᠨ ᠬᠦᠷᠢᠶᠡᠯᠡᠩ | ᠳᠤ 240 ᠡᠷᠦᠭᠡ ᠮᠠᠯᠴᠢᠳ ᠰᠠᠭᠤᠷᠢᠰᠢᠪᠠ᠃ ︽12349︾ ᠠᠷᠠᠳ ᠲᠤ ᠳᠦᠬᠦᠮ ᠦᠵᠡᠬᠦᠯᠬᠦ | ᠦᠢᠯᠡᠴᠢᠯᠡᠭᠡᠨ ᠤ ᠳᠠᠪᠴᠠᠩ ᠢ ᠪᠦᠬᠦ ᠳᠠᠯ᠎ᠠ ᠪᠠᠷ ᠠᠬᠢᠭᠤᠯᠵᠤ᠂ ᠬᠤᠳᠠ ᠶᠢᠨ ᠵᠠᠰᠠᠭ ᠤᠨ ᠤᠷᠳᠤᠨ ᠠᠴᠠ 120 | ᠳᠦᠮᠡᠨ ᠳᠦᠬᠦᠷᠢᠭ ᠤᠨ ᠪᠡᠯᠡ ᠤᠷᠤᠭᠤᠯᠵᠤ᠂ 6000 ᠨᠡᠷ᠎ᠡ ᠨᠠᠰᠤᠳᠡᠳ ᠲᠤ ᠠᠷᠠᠳ ᠲᠤ ᠳᠦᠬᠦᠮ ᠦᠵᠡᠬᠦᠯᠬᠦ | ᠦᠢᠯᠡᠴᠢᠯᠡᠭᠡᠨ ᠤ ᠺᠠᠷᠲ ᠢ ᠰᠦᠢᠳᠭᠡᠯ ᠬᠤᠷᠢᠶᠠᠬᠤ ᠦᠭᠡᠢ ᠳᠠᠷᠬᠠᠭᠠᠪᠠ᠃ ᠵᠡᠮᠳᠡᠭᠴᠤᠳ ᠤᠨ ᠡᠷᠡᠬᠦᠯᠵᠢᠯ ᠪᠤᠯᠤᠨ | ᠨᠡᠶᠢᠭᠡᠮ ᠤᠨ ᠪᠠᠳᠤᠯᠠᠭ᠎ᠠ ᠶᠢᠨ ᠳᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ | ᠨᠡᠶᠢᠭᠡᠮ ᠤᠨ ᠠᠵᠢᠯ ᠦᠢᠯᠡᠰ ᠢ ᠳᠦᠷᠭᠡᠨ ᠬᠦᠭᠵᠢᠬᠦᠯᠪᠡ᠃ 1.38 ᠳ᠋ᠦᠩᠰᠢᠭᠤᠷ ᠳᠦᠬᠦᠷᠢᠭ ᠤᠨ ᠪᠡᠯᠡ | ᠤᠷᠤᠭᠤᠯᠵᠤ᠂ 22 ᠰᠤᠷᠭᠠᠨ ᠬᠦᠮᠦᠵᠢᠯ ᠤᠨ ᠰᠠᠭᠤᠷᠢ ᠳᠦᠬᠦᠭᠡᠷᠦᠮᠵᠢ ᠶᠢᠨ ᠳᠦᠷᠦᠯ ᠵᠦᠢᠯ ᠢ ᠭᠡᠷᠡᠭᠵᠢᠬᠦᠯᠵᠤ᠂ | ᠪᠠᠭᠰᠢ ᠶᠢᠨ ᠠᠵᠢᠯ ᠤᠨ ᠪᠠᠶᠢᠷᠢᠨ ᠳᠤ 221 ᠨᠡᠷ᠎ᠡ ᠰᠢᠯᠢᠳᠡᠭ ᠤᠶᠤᠳᠠᠨ ᠢ ᠰᠢᠯᠭᠠᠨ ᠡᠯᠰᠡᠵᠤ᠂ ᠠᠩᠬᠢ ᠶᠢᠨ | ᠡᠷᠬᠢᠯᠡᠭᠴᠢ ᠪᠠᠭᠰᠢ ᠶᠢᠨ ᠨᠦᠬᠦᠪᠤᠷᠢ ᠶᠢᠨ ᠪᠠᠷᠢᠮᠵᠢᠶ᠎ᠡ ᠶᠢ ᠳᠡᠭᠡᠭᠰᠢᠯᠡᠬᠦᠯᠦᠨ ᠰᠠᠷ᠎ᠠ ᠪᠦᠷᠢ 500 ᠳᠦᠬᠦᠷᠢᠭ | ᠪᠤᠯᠭᠠᠪᠠ᠃ ᠨᠠᠰᠤᠳᠡᠶᠢᠴᠤᠳ ᠤᠨ ᠰᠤᠶᠤᠯ ᠳᠠᠮᠢᠷ ᠤᠨ ᠠᠵᠢᠯᠯᠠᠭᠠᠨ ᠤ ᠳᠦᠪ ᠢ ᠠᠰᠢᠭᠯᠠᠯᠳᠠ ᠳᠤ ᠤᠷᠤᠭᠤᠯᠪᠠ᠃ | ᠤᠯᠠᠨ ᠳᠦᠮᠡᠨ ᠤ ᠰᠤᠶᠤᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠡᠯ᠎ᠡ ᠳᠦᠷᠦᠯ ᠤᠨ ᠳᠤᠭᠯᠠᠯᠳᠠ ᠶᠢ 40 | ᠳᠠᠯᠠᠪᠠᠢ ᠡᠷᠬᠢᠯᠡᠵᠤ᠂ ᠤᠯᠤᠰ ᠤᠨ ᠭᠠᠳᠠᠭᠠᠳᠤ ᠳᠤᠳᠤᠭᠠᠳᠤ ᠶᠢᠨ ᠳᠤᠮᠤ ᠭᠡᠪᠴᠢᠶᠡᠨ ᠤ ᠳᠠᠮᠢᠷ ᠤᠨ ᠤᠷᠤᠯᠳᠤᠭᠠᠨ ᠢ | 12 ᠳᠠᠯᠠᠪᠠᠢ ᠳᠠᠭᠠᠭᠠᠴᠢᠯᠠᠨ ᠡᠷᠬᠢᠯᠡᠪᠡ᠃ ᠠᠳᠤᠭᠤᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠢ | ᠴᠤᠭᠴᠠᠯᠠᠵᠤ᠂ ᠳᠤᠮᠤ ᠭᠡᠯᠪᠡᠷᠢ ᠶᠢᠨ ᠠᠳᠤᠭᠤᠨ ᠰᠤᠶᠤᠯ ᠤᠨ ᠪᠦᠷᠢᠨ ᠦᠵᠡᠭᠳᠡᠯᠳᠤ ᠶᠠᠷᠦᠩᠭᠡᠶᠢᠯᠡᠭᠰᠡᠨ ᠳᠤᠭᠯᠠᠯᠳᠠ | ︽ᠪᠤᠭᠤᠷᠤᠯ ᠳᠡᠤᠭᠡ ᠶᠢᠨ ᠬᠦᠯᠦᠭ ᠤᠨ ᠮᠠᠭᠳᠠᠭᠠᠯ︾ ᠢ ᠳᠤᠭᠯᠠᠪᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ | ᠦᠢᠯᠡᠴᠢᠯᠡᠭᠡᠨ ᠤ ᠳᠦᠪᠰᠢᠨ ᠢ ᠳᠡᠭᠡᠭᠰᠢᠯᠡᠬᠦᠯᠵᠤ᠂ ᠳᠦᠯᠦᠪᠯᠡᠭᠡᠳᠤ ᠦᠷᠡᠵᠢᠯ ᠤᠨ ᠦᠨᠳᠤᠰᠤᠨ ᠪᠤᠳᠤᠯᠭ᠎ᠠ ᠶᠢ | ᠨᠠᠶᠢᠳᠠᠪᠤᠷᠢᠵᠢᠭᠤᠯᠪᠠ᠃ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ | ᠤᠷᠤᠯᠴᠠᠭᠰᠠᠨ ᠨᠤᠷᠮ᠎ᠠ ᠶᠢ 97% ᠠᠴᠠ ᠳᠡᠭᠡᠭᠰᠢ ᠪᠠᠳᠤᠯᠠᠪᠠ᠃ 2 ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ | 4 ᠨᠡᠶᠢᠭᠡᠮ ᠳᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ ᠪᠠᠶᠢᠭᠤᠯᠵᠤ᠂ | 11 ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠨᠡᠬᠦᠳᠡᠯ ᠦᠢᠯᠡᠴᠢᠯᠡᠭᠡᠨ ᠤ ᠳᠡᠷᠭᠡ | ᠳᠤᠬᠢᠷᠠᠭᠤᠯᠵᠤ᠂ 2000 ︽ᠡᠷᠡᠬᠦᠯ ᠬᠠᠮᠠᠭᠠᠯᠠᠯ ᠤᠨ ᠡᠮ ᠤᠨ ᠬᠠᠶᠢᠷᠴᠠᠭ︾ ᠳᠠᠷᠬᠠᠭᠠᠪᠠ᠃ ᠨᠡᠶᠢᠭᠡᠮ | ᠳᠤᠭᠤᠷᠢᠭ ᠤᠨ ᠡᠪᠡᠳᠴᠢᠳᠡᠨ ᠤ ᠡᠷᠡᠬᠦᠯᠵᠢᠬᠦ ᠦᠷᠦᠭᠡ ᠪᠠᠶᠢᠭᠤᠯᠵᠤ᠂ ᠡᠮ ᠡᠮᠨᠡᠯᠭᠡ ᠶᠢᠨ ᠬᠤᠤᠰ ᠴᠢᠭᠯᠡᠯ ᠤᠨ | ᠡᠮᠨᠡᠯᠭᠡ ᠰᠢᠯᠵᠢᠬᠦ ᠳᠦᠷᠢᠮ ᠪᠤᠯᠤᠨ ᠭᠡᠷ ᠪᠦᠯᠢ ᠶᠢᠨ ᠬᠠᠷᠢᠭᠤᠴᠠᠯᠭᠠᠳᠤ ᠡᠮᠴᠢ ᠶᠢᠨ ᠳᠦᠷᠢᠮ ᠢ ᠰᠦᠪᠡᠭᠴᠢᠯᠡᠨ | ᠭᠡᠷᠡᠭᠵᠢᠬᠦᠯᠪᠠ᠃ ᠬᠦᠮᠦᠨ ᠠᠮᠠ ᠶᠢᠨ ᠳᠦᠷᠦᠯᠳᠡ ᠶᠢᠨ ᠨᠤᠷᠮ᠎ᠠ ᠶᠢ 11.43‰ ᠪᠠᠶᠢᠵᠤ᠂ ᠳᠤᠤᠷ᠎ᠠ | ᠦᠷᠡᠵᠢᠯᠳᠡ ᠶᠢᠨ ᠬᠢᠷᠢ ᠳᠦᠪᠰᠢᠨ ᠦᠷᠬᠦᠯᠵᠢᠯᠡᠨ ᠳᠤᠭᠳᠠᠭᠤᠨ ᠪᠠᠶᠢᠵᠤ᠂ ᠬᠦᠮᠦᠨ ᠠᠮᠠ ᠶᠢᠨ ᠳᠦᠷᠦᠯᠳᠡ ᠶᠢᠨ | ᠭᠡᠪ ᠴᠢᠨᠠᠷ ᠢᠯᠡᠳᠳᠡ ᠳᠡᠭᠡᠭᠰᠢᠯᠡᠪᠡ᠃ ᠪᠦᠬᠦ ᠵᠢᠯ ᠳᠤ 14752 ᠨᠡᠷ᠎ᠡ ᠮᠠᠯᠴᠢᠨ ᠪᠤᠯᠤᠨ 4200 ᠭᠠᠷᠤᠢ ᠪᠠᠭᠰᠢ | ᠠᠵᠢᠯᠳᠠᠨ ᠳᠤ ᠰᠦᠢᠳᠭᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠳᠠ ᠬᠢᠵᠤ ᠦᠭᠪᠡ᠃ ᠶᠠᠳᠠᠭᠤ ᠶᠢ ᠳᠡᠳᠬᠦᠨ | ᠪᠤᠭᠤᠮᠳᠠ ᠰᠢᠪᠳᠤᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ 1300 ᠳᠦᠮᠡᠨ ᠳᠦᠬᠦᠷᠢᠭ ᠤᠨ | ᠶᠠᠳᠠᠭᠤ ᠶᠢ ᠳᠡᠳᠬᠦᠬᠦ ᠳᠤᠰᠬᠠᠢ ᠳᠦᠷᠦᠯ ᠤᠨ ᠪᠡᠯᠡ ᠮᠦᠩᠬᠦ ᠪᠤᠯᠤᠨ 1.4 ᠳ᠋ᠦᠩᠰᠢᠭᠤᠷ ᠳᠦᠬᠦᠷᠢᠭ ᠤᠨ ᠠᠵᠢᠯ | ᠳᠦᠷᠦᠯ ᠵᠢᠴᠢ ᠨᠡᠶᠢᠭᠡᠮ ᠤᠨ ᠬᠠᠪᠰᠤᠷᠤᠨ ᠳᠡᠮᠵᠢᠬᠦ ᠪᠡᠯᠡ ᠮᠦᠩᠬᠦ ᠤᠷᠤᠭᠤᠯᠵᠤ᠂ ᠳᠤᠰᠬᠠᠢ ᠳᠦᠷᠦᠯ ᠢᠶᠠᠷ | ᠶᠠᠳᠠᠭᠤ ᠶᠢ ᠳᠡᠳᠬᠦᠬᠦ᠂ ᠳᠤᠭᠳᠠᠭᠰᠠᠨ ᠴᠢᠭ ᠢᠶᠠᠷ ᠶᠠᠳᠠᠭᠤ ᠶᠢ ᠳᠡᠳᠬᠦᠬᠦ᠂ ᠠᠵᠢᠯ ᠳᠦᠷᠦᠯ ᠢᠶᠠᠷ ᠶᠠᠳᠠᠭᠤ ᠶᠢ | ᠳᠡᠳᠬᠦᠬᠦ ᠵᠡᠷᠭᠡ ᠠᠵᠢᠯ ᠢ ᠦᠷᠨᠢᠬᠦᠯᠵᠤ᠂ 138 ᠡᠷᠦᠭᠡ ᠶᠢᠨ 401 ᠬᠦᠮᠦᠨ ᠤ ᠶᠠᠳᠠᠭᠤ ᠶᠢ ᠠᠩᠬᠢᠵᠢᠷᠠᠬᠤ ᠶᠢ | ᠪᠡᠶᠡᠯᠡᠬᠦᠯᠪᠡ᠃ 3511 ᠳᠤᠤᠷ᠎ᠠ ᠤᠷᠤᠯᠭ᠎ᠠ ᠲᠠᠢ ᠮᠠᠯᠴᠢᠨ ᠡᠷᠦᠭᠡ ᠳᠤ 211 ᠳᠦᠮᠡᠨ ᠳᠦᠬᠦᠷᠢᠭ ᠤᠨ | ᠨᠡᠬᠦᠷᠡᠰᠤᠨ ᠤ ᠨᠦᠬᠦᠪᠤᠷᠢ ᠤᠯᠭᠤᠪᠠ᠃ ᠨᠡᠶᠢᠭᠡᠮ ᠤᠨ ᠬᠠᠮᠢᠶᠠᠷᠤᠯᠳᠠ ᠦᠢᠯᠡᠴᠢᠯᠡᠭᠡ ᠶᠢᠨ ᠳᠦᠪᠰᠢᠨ ᠢ ᠳᠠᠰᠤᠷᠠᠯᠳᠠ | ᠦᠭᠡᠢ ᠳᠡᠭᠡᠭᠰᠢᠯᠡᠬᠦᠯᠪᠡ᠃ ᠨᠡᠶᠢᠭᠡᠮ ᠳᠤᠭᠤᠷᠢᠭ ᠤᠨ ᠵᠠᠭᠪᠤᠷᠢᠴᠢᠯᠠᠭᠰᠠᠨ ᠬᠠᠮᠢᠶᠠᠷᠤᠭᠴᠢ ᠶᠢᠨ ᠬᠠᠮᠢᠶᠠᠷᠤᠯᠳᠠ ᠶᠢᠨ | ᠪᠠᠶᠢᠭᠤᠯᠤᠮᠵᠢ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠶᠢᠭᠡᠮ ᠳᠤᠭᠤᠷᠢᠭ ᠤᠨ ᠠᠵᠢᠯ ᠤᠨ ᠦᠢᠯᠡᠳᠤᠯ | ᠴᠢᠳᠠᠪᠬᠢ ᠶᠢ ᠴᠤᠮᠬᠠᠳᠬᠠᠨ ᠳᠦᠷᠢᠮᠵᠢᠬᠦᠯᠵᠤ᠂ ᠨᠡᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ | ᠠᠷᠠᠳ ᠠᠴᠠ ᠰᠤᠩᠭᠤᠭᠰᠠᠨ ᠺᠠᠳ᠋ᠷ ᠤᠨ ᠬᠦᠯᠦᠰᠤ ᠤᠯᠭᠤᠮᠵᠢ ᠶᠢ ᠳᠡᠭᠡᠭᠰᠢᠯᠡᠬᠦᠯᠵᠤ᠂ 12 ᠨᠡᠶᠢᠭᠡᠮ ᠳᠤᠭᠤᠷᠢᠭ ᠤᠨ | ᠠᠵᠢᠯᠯᠠᠭᠠᠨ ᠤ ᠰᠠᠭᠤᠷᠢᠨ ᠭᠠᠵᠠᠷ ᠪᠤᠯᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠵᠦᠪᠯᠡᠯ ᠢ ᠰᠢᠨ᠎ᠡ ᠪᠠᠷ | ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠵᠤ᠂ ᠦᠨᠳᠤᠰᠤᠨ ᠱᠠᠳᠤᠨ ᠤ ᠠᠵᠢᠯ ᠤᠨ ᠰᠠᠭᠤᠷᠢ ᠶᠢ ᠪᠠᠳᠤᠳᠬᠠᠪᠠ᠃ | ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠵᠤᠬᠢᠴᠠᠭᠤᠯᠬᠤ ᠠᠵᠢᠯ ᠤᠨ ᠡᠷᠴᠢᠮ ᠢ ᠶᠡᠭᠡᠳᠭᠡᠵᠤ᠂ ︽1328 | ︾ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠤᠨ ᠠᠵᠢᠯ ᠤᠨ ᠳᠦᠷᠢᠮ ᠢ | ᠢᠳᠡᠪᠬᠢᠳᠡᠢ ᠨᠠᠶᠢᠳᠠᠪᠤᠷᠢᠵᠢᠭᠤᠯᠵᠤ᠂ ᠤᠯᠠᠨ ᠳᠦᠮᠡᠨ ᠤ ᠳᠤᠰᠬᠠᠯ ᠴᠢᠩᠭ᠎ᠠ ᠪᠠᠶᠢᠭ᠎ᠠ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠳᠤᠬᠠᠢ ᠳᠤᠨᠢ᠂ ᠵᠦᠢ ᠵᠤᠬᠢᠰᠳᠡᠢ ᠰᠢᠢᠳᠪᠤᠷᠢᠯᠡᠪᠡ᠃ ᠡᠶ᠎ᠡ ᠵᠤᠬᠢᠴᠠᠯᠳᠤ | ᠬᠦᠳᠡᠯᠮᠤᠷᠢ ᠶᠢᠨ ᠬᠠᠷᠢᠴᠠᠭ᠎ᠠ ᠶᠢ ᠴᠤᠭᠴᠠᠯᠠᠵᠤ᠂ ᠬᠦᠳᠡᠯᠮᠤᠷᠢᠴᠢᠳ ᠲᠤ ᠦᠷᠢᠳᠤᠵᠤ ᠪᠠᠶᠢᠭᠰᠠᠨ 1.3 ᠳ᠋ᠦᠩᠰᠢᠭᠤᠷ | ᠳᠦᠬᠦᠷᠢᠭ ᠤᠨ ᠬᠦᠯᠦᠰᠤᠨ ᠮᠦᠩᠬᠦ ᠶᠢ ᠬᠠᠪᠰᠤᠷᠤᠨ ᠨᠡᠭᠡᠨ ᠠᠪᠴᠢᠷᠠᠵᠤ ᠦᠭᠪᠡ᠃ ᠠᠶᠤᠯᠬᠦᠢ | ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠦᠯᠬᠦᠢ | ᠦᠢᠯᠡᠳᠪᠤᠷᠢᠯᠡᠯ ᠤᠨ ᠶᠡᠭᠡ ᠠᠳᠡᠯ ᠭᠡᠷᠡᠭ ᠡᠬᠦᠰᠦᠭᠰᠡᠨ ᠦᠭᠡᠢ᠃ ᠢᠳᠡᠭᠡᠨ ᠪᠠ ᠡᠮ ᠤᠨ ᠵᠦᠢᠯ ᠠᠶᠦᠯᠬᠦᠢ ᠶᠢᠨ | ᠬᠢᠨᠠᠨ ᠬᠠᠮᠢᠶᠠᠷᠤᠯᠳᠠ ᠪᠠᠨ ᠦᠷᠬᠦᠯᠵᠢᠯᠡᠨ ᠴᠢᠩᠭᠠᠳᠬᠠᠪᠠ᠃ ᠠᠮᠤᠷ ᠠᠮᠤᠭᠤᠯᠠᠩ ᠢ ᠡᠬᠦᠳᠤᠨ ᠴᠤᠭᠴᠠᠯᠠᠬᠤ | ᠢᠨᠵᠧᠨᠧᠷᠢᠩ ᠢ ᠯᠠᠪᠳᠠᠭᠤᠨ ᠢᠶᠠᠷ ᠦᠷᠨᠢᠬᠦᠯᠵᠤ᠂ ᠡᠷᠡᠬᠦᠦ ᠶᠢᠨ ᠭᠡᠷᠡᠭ ᠬᠢᠭᠡᠳ ᠠᠮᠤᠷ ᠢ ᠬᠠᠮᠠᠭᠠᠯᠠᠬᠤ ᠭᠡᠷᠡᠭ | ᠳᠤᠰᠪᠤᠷᠢ 28%᠂ 39% ᠪᠠᠷ ᠳᠤᠷᠤᠭᠰᠢᠯᠠᠪᠠ᠃ ᠤᠯᠤᠰ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ | ᠨᠠᠷ ᠤᠨ ᠳᠤᠭᠤᠷᠢᠨ ᠪᠠᠶᠢᠴᠠᠭᠠᠬᠤ᠂ ᠴᠢᠬᠤᠯᠠ ᠶᠡᠭᠡ ᠠᠵᠢᠯᠯᠠᠭ᠎ᠠ ᠵᠡᠷᠭᠡ ᠶᠢᠨ ᠠᠮᠤᠷ ᠢ ᠬᠠᠮᠠᠭᠠᠯᠠᠬᠤ ᠠᠵᠢᠯ ᠢ | ᠠᠮᠵᠢᠯᠳᠠ ᠲᠠᠢ ᠪᠡᠶᠡᠯᠡᠬᠦᠯᠵᠤ᠂ ᠠᠶᠢᠮᠠᠭ ᠤᠨ ᠳᠦᠪ ᠬᠤᠳᠠ ᠶᠢᠨ ᠳᠤᠭᠳᠠᠭᠤᠨ ᠪᠠᠶᠢᠳᠠᠯ ᠢ ᠬᠦᠴᠦᠳᠡᠢ ᠪᠠᠳᠤᠯᠠᠪᠠ᠃ | ᠨᠡᠶᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠡᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠭᠡᠷᠡᠭᠯᠡᠬᠦ | ᠠᠵᠢᠯ ᠢ ᠬᠦᠨᠵᠡᠭᠡᠢ ᠦᠷᠨᠢᠬᠦᠯᠵᠤ᠂ ᠡᠯ᠎ᠡ ᠳᠦᠷᠦᠯ ᠤᠨ ᠳᠦᠷᠦ ᠶᠢᠨ ᠪᠤᠳᠤᠯᠭ᠎ᠠ᠂ ᠪᠢᠴᠢᠭ ᠮᠠᠲ᠋ᠧᠷᠢᠶᠠᠯ ᠢ ᠵᠠᠭᠤ | ᠭᠠᠷᠤᠢ ᠬᠤᠪᠢ ᠤᠷᠴᠢᠭᠤᠯᠵᠤ᠂ ᠭᠠᠴᠠᠭ᠎ᠠ᠂ ᠬᠤᠪᠢᠶᠠᠷᠢ ᠳᠠᠯᠠᠪᠠᠢ ᠶᠢᠨ ᠮᠠᠯᠴᠢᠨ ᠳᠦᠮᠡᠨ ᠤ ᠳᠡᠭᠡᠳᠤ ᠱᠠᠳᠤᠨ ᠤ | ᠳᠦᠷᠦ ᠶᠢᠨ ᠪᠤᠳᠤᠯᠭ᠎ᠠ ᠪᠤᠯᠤᠨ ᠵᠤᠷᠢᠭ ᠰᠠᠨᠠᠭ᠎ᠠ ᠶᠢ ᠴᠠᠭ ᠳᠤᠬᠠᠢ ᠳᠤᠨᠢ ᠤᠶᠢᠯᠠᠭᠠᠬᠤ ᠳᠤ ᠬᠠᠪᠰᠤᠷᠤᠯᠭ᠎ᠠ | ᠦᠵᠡᠬᠦᠯᠪᠡ᠃ ᠭᠠᠳᠠᠭᠠᠳᠤ ᠶᠠᠪᠤᠳᠠᠯ ᠬᠠᠷᠢᠶᠠᠳᠤ ᠶᠢᠨ ᠶᠠᠪᠤᠳᠠᠯ᠂ ᠭᠠᠵᠠᠷ ᠬᠦᠳᠡᠯᠤᠯᠳᠠ ᠶᠢ ᠰᠡᠷᠭᠡᠶᠢᠯᠡᠵᠤ ᠭᠠᠮᠰᠢᠭ ᠢ | ᠪᠠᠭᠠᠰᠬᠠᠬᠤ᠂ ᠳᠠᠩᠰᠠ ᠡᠪᠭᠡᠮᠡᠯ ᠳᠡᠤᠭᠡ ᠤᠶᠢᠯᠠᠯᠭ᠎ᠠ ᠵᠡᠷᠭᠡ ᠡᠯ᠎ᠡ ᠳᠠᠯ᠎ᠠ ᠶᠢᠨ ᠠᠵᠢᠯ ᠳᠤ ᠪᠦᠷ ᠰᠢᠨ᠎ᠡ ᠠᠮᠵᠢᠯᠳᠠ | ᠤᠯᠵᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ | ᠵᠦᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠭᠤᠴᠠᠭ᠎ᠠ ᠰᠤᠯᠢᠬᠤ ᠠᠵᠢᠯ ᠢ ᠤᠷᠤᠭᠰᠢᠳᠡᠢ | ᠪᠡᠶᠡᠯᠡᠬᠦᠯᠦᠭᠰᠡᠨ ᠪᠠᠶᠢᠨ᠎ᠠ᠃ | ︵ᠵᠢᠷᠭᠤᠭ᠎ᠠ︶ ᠤᠪᠤᠷ ᠰᠤᠷᠲᠠᠯ ᠢ ᠬᠤᠪᠢᠷᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ | ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃ ᠨᠠᠮ ᠤᠨ ᠤᠯᠠᠨ ᠲᠦᠮᠡᠨᠴᠢ | ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠵᠠᠰᠠᠭ ᠤᠨ ᠤᠷᠳᠤᠨ ᠤ | ᠨᠠᠮ ᠤᠨ ᠳᠤᠭᠤᠶᠢᠯᠡᠩ ᠲᠠᠭᠠᠭᠤᠯᠣᠨ《 ᠳᠦᠷᠪᠡᠨ ᠰᠤᠷᠲᠠᠯ 》 ᠤᠨ ᠲᠠᠯ᠎ᠠ ᠪᠠᠷ ᠬᠢ ᠳᠤᠪᠤᠶᠢᠮ᠎ᠡ ᠠᠰᠠᠭᠤᠳᠠᠯ ᠢ | ᠴᠡᠭᠴᠡᠯᠡᠨ ᠵᠠᠰᠠᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠪᠤᠯᠤᠨ ᠬᠤᠯᠪᠤᠭᠳᠠᠯ ᠪᠦᠬᠦᠢ ᠡᠭᠦᠷᠭᠡ 193 ᠵᠤᠷᠪᠤᠰ | ᠢ ᠨᠢᠭᠡ ᠨᠢᠭᠡᠳ ᠢᠶᠠᠷ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠭᠰᠠᠨ ᠪᠠᠶᠢᠨ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ ᠨᠢᠭᠡᠴᠡ ᠪᠤᠯᠤᠨ ᠺᠠᠳ᠋ᠷᠴᠤᠳ ᠤᠨ ᠤᠪᠤᠷ ᠰᠤᠷᠲᠠᠯ ᠮᠡᠳᠡᠭᠳᠡᠬᠦᠶᠢᠴᠡ ᠰᠠᠶᠢᠵᠢᠷᠠᠵᠦ᠂ ᠵᠠᠰᠠᠭ ᠵᠠᠬᠢᠷᠭᠠᠨ | ᠤ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠭᠰᠡᠨ ᠪᠠᠶᠢᠨ᠎ᠠ᠃ ᠵᠠᠰᠠᠭ ᠤᠨ ᠣᠷᠳᠣᠨ ᠤ ᠲᠦᠰᠦᠪ ᠪᠣᠯᠣᠨ | ᠰᠠᠯᠠᠭ᠎ᠠ ᠮᠦᠴᠢᠷ ᠤᠨ ᠵᠠᠷᠤᠳᠠᠯ ᠤᠨ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠬᠦᠴᠦᠯᠠᠴᠡ ᠪᠠᠨ ᠴᠢᠩᠭᠠᠳᠬᠠᠵᠦ | ᠂ ᠪᠡᠯᠨ ᠮᠦᠡᠭᠬᠦ ᠶᠢᠨ ᠬᠡᠷᠡᠭᠯᠡᠭᠡᠨ ᠤ ᠠᠮᠤᠷ ᠲᠦᠪᠰᠢᠨ ᠢ ᠪᠠᠳᠣᠯᠠᠭᠰᠠᠨ ᠪᠠᠶᠢᠨ᠎ᠠ᠃ ᠠᠷᠢᠭᠤᠨ ᠴᠢᠭᠴᠢ ᠪᠠᠷ ᠵᠠᠰᠠᠭ | ᠶᠠᠪᠤᠭᠤᠯᠬᠤ᠂ ᠠᠷᠪᠢᠯᠠᠨ ᠭᠠᠮᠨᠠᠬᠤ ᠬᠠᠮᠢᠶ᠎ᠠ ᠪᠦᠬᠦᠢ ᠲᠤᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ᠨᠡᠶᠢᠲᠡ ᠶᠢᠨ | ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 27.4 ᠳ᠋ᠦᠡᠭᠰᠢᠭᠤᠷ ᠲᠦᠭᠦᠷᠢᠭ ᠪᠠᠶᠢᠵᠦ᠂ ᠠᠳᠠᠯᠢ ᠬᠤᠭᠤᠴᠭᠠᠨ ᠤ | ᠬᠢ ᠲᠠᠢ ᠲᠡᠩᠴᠡᠵᠦ᠂《 ᠭᠤᠷᠪᠠᠨ ᠵᠦᠢᠯ ᠤᠨ ᠠᠯᠪᠠᠨ ᠤ ᠵᠠᠷᠤᠳᠠᠯ 》 ᠤᠨ ᠵᠠᠷᠤᠯᠭ᠎ᠠ 28.3% ᠪᠠᠷ | ᠳᠤᠷᠤᠭᠰᠢᠯᠠᠭᠰᠠᠨ ᠪᠠᠶᠢᠨ᠎ᠠ ︔ ᠲᠡᠷᠡ ᠳᠠᠷᠤᠢ ᠳᠤᠨᠢ ᠪᠠᠷᠢᠮᠵᠢᠶ᠎ᠠ ᠠᠴᠠ ᠭᠡᠲᠦᠷᠡᠭᠰᠡᠨ ᠠᠯᠪᠠᠨ ᠶᠠᠪᠤᠳᠠᠯ ᠢᠶᠠᠷ ᠲᠡᠷᠭᠡ | ᠬᠡᠷᠡᠭᠯᠡᠬᠦ ᠪᠠ ᠠᠯᠪᠠᠨ ᠭᠡᠷ ᠬᠡᠷᠡᠭᠯᠡᠵᠦ ᠪᠠᠶᠢᠭ᠎ᠠ ᠲᠠᠯ᠎ᠠ ᠪᠠᠷ ᠴᠡᠪᠡᠷᠯᠡᠵᠦ᠂ ᠦᠨ᠎ᠡ ᠬᠠᠶᠠᠯᠴᠠᠨ ᠬᠤᠳᠠᠯᠳᠤᠬᠤ ᠪᠤᠶᠤ | ᠰᠤᠯᠠᠯᠠᠨ ᠪᠤᠴᠠᠭᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠯᠤᠨ ᠠᠵᠢᠯ ᠦᠢᠯᠡᠰ ᠤᠨ ᠨᠢᠭᠡᠴᠡ | ᠳᠤ《 ᠤᠷᠤᠨ ᠲᠤᠭ᠎ᠠ ᠡᠵᠡᠯᠡᠵᠦ ᠵᠦᠭᠡᠷ ᠴᠠᠯᠢᠩ ᠠᠪᠬᠤ 》 ᠶᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ | ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠳᠦᠷᠢᠮ ᠲᠤᠭᠲᠠᠭᠠᠯ ᠢ ᠵᠦᠷᠢᠴᠡᠨ ᠪᠡᠯᠴᠢᠭᠡᠷ ᠡᠵᠡᠯᠡᠨ ᠬᠡᠷᠡᠭᠯᠡᠬᠦ ᠶᠢ | ᠴᠡᠪᠡᠷᠯᠡᠬᠦ ᠠᠵᠢᠯ ᠢ ᠲᠦᠪᠯᠡᠷᠡᠭᠦᠯᠦᠨ ᠦᠷᠨᠢᠭᠦᠯᠵᠦ᠂ ᠳᠦᠷᠢᠮ ᠲᠤᠭᠲᠠᠭᠠᠯ ᠢ ᠵᠦᠷᠢᠴᠡᠨ ᠬᠡᠷᠡᠭᠯᠡᠭᠰᠡᠨ 3.6 ᠲᠦᠮᠡ | ᠭᠠᠷᠤᠢ ᠮᠤ᠋ ᠨᠤᠲᠤᠭ ᠪᠡᠯᠴᠢᠭᠡᠷ ᠢ ᠬᠤᠷᠢᠶᠠᠨ ᠠᠪᠤᠪᠠ ᠃ ᠭᠠᠵᠠᠷ ᠰᠢᠷᠤᠢ ᠶᠢᠨ ᠬᠢᠨᠠᠨ ᠪᠠᠶᠢᠴᠠᠭᠠᠯᠲᠠ ᠶᠢ ᠴᠢᠩᠭ᠎ᠠ | ᠬᠡᠷᠡᠭᠵᠢᠭᠦᠯᠬᠦ ᠪᠠᠷ ᠳᠠᠮᠵᠢᠵᠦ ᠢᠯᠡᠷᠡᠭᠦᠯᠦᠭᠰᠡᠨ 354 ᠠᠰᠠᠭᠤᠳᠠᠯ ᠢ ᠴᠡᠭᠴᠡᠯᠡᠪᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶᠠᠨ ᠤ ᠬᠢᠨᠠᠯᠳᠠ ᠲᠠᠯᠪᠢᠬᠤ ᠶᠢ ᠣᠬᠠᠮᠰᠠᠷ ᠠᠴᠠ | ᠪᠠᠨ ᠬᠦᠯᠢᠶᠡᠵᠦ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠴᠢᠳᠠᠪᠣᠷᠢ ᠪᠠᠨ ᠬᠦᠢᠴᠡᠳᠬᠡᠬᠦ ᠶᠢ | ᠢᠳᠡᠪᠬᠢᠳᠠᠢ ᠲᠠᠮᠵᠢᠨ᠂ ᠴᠢᠬᠤᠯᠠ ᠶᠡᠭᠡ ᠬᠡᠷᠡᠭ ᠣᠴᠢᠷ ᠢ ᠠᠷᠠᠳᠴᠢᠯᠠᠭᠰᠠᠨ ᠨᠠᠮ ᠪᠦᠯᠦᠭ ᠲᠤ ᠮᠡᠳᠡᠭᠳᠡᠬᠦ ᠪᠠ | ᠵᠦᠪᠳᠡᠯᠴᠡᠬᠦ ᠲᠦᠷᠢᠮ ᠢ ᠪᠠᠷᠢᠮᠳᠠᠯᠠᠭᠰᠠᠨ ᠪᠠᠶᠢᠨ᠎ᠠ᠃ 56 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ | ᠰᠠᠨᠠᠭᠤᠯᠭ᠎ᠠ ᠪᠠ 72 ᠬᠤᠪᠢ ᠣᠯᠣᠰ ᠲᠦᠷᠦ ᠶᠢᠨ ᠵᠦᠪᠯᠡᠯᠭᠡᠨ ᠤ ᠲᠤᠷᠠᠳᠤᠯᠭ᠎ᠠ ᠶᠢ ᠪᠦᠬᠦᠨ ᠢ ᠬᠠᠷᠢᠭᠤ ᠦᠭᠴᠦ᠂ | ᠰᠢᠢᠳᠤᠨ ᠲᠠᠰᠣᠯᠠᠭᠰᠠᠨ ᠨᠤᠷᠮ᠎ᠠ 100% ᠳᠤ ᠬᠦᠷᠴᠡᠢ᠃ | ᠵᠠᠰᠠᠭ ᠢ ᠴᠤᠮᠬᠠᠳᠬᠠᠬᠤ ᠡᠷᠬᠡ ᠶᠢ ᠳᠤᠷᠤᠭᠰᠢ ᠪᠠᠭᠤᠯᠭᠠᠬᠤ ᠬᠦᠴᠦᠯᠡᠴᠡ ᠪᠠᠨ ᠨᠡᠮᠡᠭᠳᠡᠭᠦᠯᠵᠦ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠠᠴᠠ 172 ᠵᠦᠢᠯ ᠢ ᠡᠮᠬᠢᠳᠭᠡᠨ ᠴᠤᠮᠬᠠᠳᠬᠠᠵᠤ᠂ | ᠰᠢᠯᠢᠳᠡᠭᠵᠢᠭᠦᠯᠦᠨ ᠴᠤᠮᠬᠠᠳᠬᠠᠭᠰᠠᠨ ᠨᠤᠷᠮ᠎ᠠ 45% ᠳᠤ ᠬᠦᠷᠴᠡᠢ᠂ ᠪᠦᠬᠦᠶᠢᠯᠡ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠤᠷᠤᠭᠤᠯᠵᠦ ᠲᠦᠪᠯᠡᠷᠡᠭᠦᠯᠦᠨ | ᠠᠵᠢᠯᠯᠠᠨ᠂ 8 ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ ᠪᠦᠬᠦᠨ ᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ | ᠦᠢᠯᠡᠴᠢᠯᠡᠭᠡᠨ ᠤ ᠲᠦᠪ ᠲᠤ ᠤᠷᠤᠯᠴᠠᠭᠤᠯᠵᠦ᠂ ᠵᠠᠰᠠᠭ ᠵᠠᠬᠢᠷᠭᠠᠨ ᠤ ᠠᠰᠢᠭᠯᠠᠮᠵᠢ ᠶᠢ ᠳᠡᠭᠡᠭᠰᠢᠯᠡᠭᠦᠯᠵᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠬᠢᠭᠤᠯᠤᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠴᠢᠩᠭᠠᠳᠬᠠᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠪᠡᠯᠡ ᠮᠦᠡᠭᠭᠦ ᠪᠤᠯᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠪᠠᠷ ᠭᠤᠤᠯᠳᠠᠯᠭ᠎ᠠ ᠪᠤᠯᠭᠠᠨ᠂ ᠲᠦᠰᠦᠪ ᠤᠨ | ᠬᠠᠮᠢᠶᠠᠷᠤᠯᠲᠠ᠂ ᠲᠦᠷᠦᠯ ᠵᠦᠢᠯ ᠤᠨ ᠳᠡᠰ ᠳᠠᠷᠠᠭᠠᠯᠠᠯ᠂ ᠭᠡᠷ᠎ᠡ ᠶᠢ ᠳᠡᠩᠰᠠᠯᠠᠬᠤ ᠶᠢ ᠬᠢᠨᠠᠨ ᠪᠠᠶᠢᠴᠠᠭᠠᠬᠤ ᠵᠡᠷᠭᠡ | ᠳᠦᠷᠢᠮ ᠲᠤᠭᠲᠠᠭᠠᠯ ᠢ ᠴᠢᠩᠭ᠎ᠠ ᠳᠦᠷᠢᠮᠵᠢᠭᠦᠯᠵᠦ᠂ 10 ᠭᠠᠷᠤᠢ ᠲᠦᠷᠢᠮᠵᠢᠭᠰᠡᠨ ᠪᠢᠴᠢᠭ ᠮᠠᠲ᠋ᠧᠷᠢᠶᠠᠯ ᠢ | ᠲᠤᠭᠲᠠᠭᠠᠨ ᠨᠡᠶᠢᠳᠡᠯᠡᠵᠦ᠂ 2013 ᠤᠨ ᠠᠴᠠ ᠡᠮᠦᠨ᠎ᠡ ᠲᠤᠭᠲᠠᠭᠰᠠᠨ ᠡᠯ᠎ᠡ ᠲᠦᠷᠦᠯ ᠤᠨ ᠭᠡᠷ᠎ᠡ ᠵᠦᠪᠳᠡᠯᠴᠡᠭᠡᠷ | 6240 ᠬᠤᠪᠢ ᠶᠢ ᠴᠡᠭᠴᠡᠯᠡᠨ ᠬᠢᠨᠠᠨ ᠪᠠᠶᠢᠴᠠᠭᠠᠭᠰᠠᠨ ᠪᠠᠶᠢᠨ᠎ᠠ᠂ ᠰᠢᠨ᠎ᠡ ᠪᠠᠷ ᠲᠤᠭᠲᠠᠭᠰᠠᠨ ᠭᠡᠷ᠎ᠡ ᠪᠤᠯᠤᠨ | ᠲᠦᠷᠢᠮᠵᠢᠭᠰᠡᠨ ᠪᠢᠴᠢᠭ ᠮᠠᠲ᠋ᠧᠷᠢᠶᠠᠯ 421 ᠬᠤᠪᠢ ᠶᠢ ᠬᠢᠨᠠᠨ ᠬᠠᠷᠢᠭᠤᠴᠠᠵᠦ᠂ ᠵᠠᠰᠠᠭ ᠤᠨ ᠤᠷᠳᠤᠨ ᠤ ᠭᠡᠷ᠎ᠡ | ᠪᠢᠴᠢᠭ ᠪᠤᠯᠤᠨ ᠳᠦᠷᠢᠮᠵᠢᠭᠰᠡᠨ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠨ ᠦᠷ᠎ᠡ ᠪᠦᠲᠦᠮᠵᠢᠲᠡᠢ ᠪᠠᠶᠢᠬᠤ ᠶᠢ | ᠦᠨᠡᠨᠬᠦ ᠪᠠᠳᠤᠯᠠᠵᠦ᠂ ᠵᠠᠰᠠᠭ ᠤᠨ ᠤᠷᠳᠤᠨ ᠤ ᠠᠵᠢᠯ ᠤᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ | ᠪᠠᠶᠢᠨ᠎ᠠ᠃ ᠪᠦᠬᠦ ᠣᠯᠤᠰ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ ᠭᠡᠷ ᠤᠨ《 ᠪᠦᠬᠦ | ᠤᠯᠤᠰ ᠤᠨ ᠬᠠᠤᠯᠢ ᠪᠠᠷ ᠵᠠᠰᠠᠬᠤ ᠰᠢᠶᠠᠨ ︵ᠬᠤᠲᠡ ᠲᠤᠭᠤᠷᠢᠭ ︶ ᠢ ᠡᠭᠦᠳᠦᠨ ᠪᠠᠶᠢᠭᠤᠯᠬᠤ ᠲᠡᠷᠢᠭᠦᠨ ᠤ ᠨᠢᠭᠡᠴᠡ︾ | ᠶᠢᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ ᠤᠯᠠᠨ ᠨᠡᠶᠢᠲᠡ ᠶᠢᠨ ᠡᠬᠢ ᠰᠤᠷᠪᠤᠯᠵᠢ ᠶᠢᠨ ᠰᠤᠯᠢᠯᠴᠠᠭᠠᠨ ᠤ | ᠲᠦᠪ ᠢ ᠪᠠᠶᠢᠭᠤᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠠᠯᠢᠪᠠ ᠠᠵᠢᠯ ᠢ | ᠰᠤᠯᠢᠯᠴᠠᠭᠠᠨ ᠤ ᠳᠠᠪᠴᠡᠩ ᠳᠤ ᠨᠢᠭᠡᠳᠦᠭᠦᠯᠵᠦ᠂ ᠵᠠᠰᠠᠭ ᠤᠨ ᠡᠷᠬᠡ ᠢᠯᠡ ᠲᠤᠳᠦ ᠶᠠᠪᠤᠭᠳᠠᠬᠤ ᠶᠢ ᠠᠬᠢᠭᠤᠯᠪᠠ᠃ | ᠢᠳᠡᠪᠬᠢᠲᠡᠢ ᠠᠷᠭ᠎ᠠ ᠠᠪᠴᠡᠯ ᠢᠶᠠᠷ ᠵᠠᠰᠠᠭ ᠤᠨ ᠤᠷᠳᠦᠨ ᠤ ᠪᠡᠯᠡ ᠮᠦᠡᠭᠭᠦ ᠶᠢ 9.1 ᠳ᠋ᠦᠡᠭᠰᠢᠭᠤᠷ ᠲᠦᠭᠦᠷᠢᠭ | ᠪᠡᠶᠡᠯᠡᠭᠦᠯᠵᠦ᠂ ᠤᠷᠤᠨ ᠨᠤᠲᠤᠭ ᠤᠨ ᠵᠠᠰᠠᠭ ᠤᠨ ᠤᠷᠳᠤᠨ ᠤ ᠴᠢᠨᠠᠷᠲᠠᠢ ᠦᠷᠢ ᠰᠢᠷᠢ ᠶᠢ 14 ᠳ᠋ᠦᠡᠭᠰᠢᠭᠤᠷ | ᠲᠦᠭᠦᠷᠢᠭ ᠰᠢᠢᠳᠪᠦᠷᠢᠯᠡᠭᠰᠡᠨ ᠪᠠᠶᠢᠨ᠎ᠠ᠃ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ᠂ ᠬᠤᠲᠡ ᠶᠢᠨ ᠬᠠᠯᠬᠠᠪᠴᠢ | ᠤᠢ᠂ ᠬᠤᠲᠡ ᠶᠢᠨ ᠶᠠᠪᠤᠳᠠᠯ᠂ ᠰᠤᠷᠭᠠᠨ ᠬᠦᠮᠦᠵᠢᠯ ᠵᠡᠷᠭᠡ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ | ᠲᠦᠷᠦᠯ ᠵᠦᠢᠯ ᠤᠨ ᠮᠦᠷᠳᠡᠨ ᠬᠢᠨᠠᠨ ᠪᠤᠳᠤᠯᠲᠠ ᠶᠢ ᠴᠢᠩᠭᠠᠳᠬᠠᠵᠦ᠂ 10 ᠳ᠋ᠦᠡᠭᠰᠢᠭᠤᠷ ᠭᠠᠷᠤᠢ ᠪᠡᠯᠡ ᠮᠦᠡᠭᠭᠦ | ᠬᠤᠯᠪᠤᠭᠳᠠᠵᠦ᠂ ᠪᠡᠯᠡ ᠮᠦᠡᠭᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠠ᠃ | ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠳᠤ᠂ ᠪᠢᠳᠡ ᠲᠦᠷᠦᠯ ᠵᠦᠢᠯ ᠢ ᠲᠦᠯᠬᠢᠨ ᠠᠬᠢᠭᠤᠯᠬᠤ | ᠶᠢ ᠰᠠᠶᠢᠳᠤᠷ ᠡᠵᠡᠮᠳᠡᠵᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠦᠨᠡᠨᠬᠦ ᠴᠢᠩᠭᠠᠳᠬᠠᠨ᠂ ᠬᠤᠲᠡ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠡᠮᠬᠢ ᠴᠡᠭᠴᠡ ᠲᠠᠢ ᠲᠦᠯᠬᠢᠨ ᠠᠬᠢᠭᠤᠯᠵᠦ᠂ ᠬᠦᠭᠵᠢᠯᠲᠡ ᠶᠢᠨ | ᠳᠤᠮᠳᠠᠬᠢ ᠬᠦᠴᠷᠳᠡᠯ ᠢ ᠢᠳᠡᠪᠬᠢᠲᠡᠢ ᠰᠢᠢᠳᠪᠦᠷᠢᠯᠡᠵᠦ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠢᠳᠡᠪᠬᠢᠲᠡᠢ ᠦᠷ᠎ᠡ ᠪᠦᠲᠦᠮᠵᠢ ᠤᠯᠤᠭᠰᠠᠨ | ᠪᠠᠶᠢᠨ᠎ᠠ᠃ ᠠᠮᠵᠢᠯᠲᠠ ᠪᠦᠲᠦᠮᠵᠢ ᠤᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠡ᠂ ᠵᠠᠬᠢᠷᠭ᠎ᠠ ᠪᠤᠯᠤᠨ ᠬᠤᠲᠡ | ᠶᠢᠨ ᠨᠠᠮ ᠤᠨ ᠬᠤᠷᠢᠶᠠᠨ ᠤ ᠶᠡᠭᠡ ᠲᠠᠯ᠎ᠠ ᠶᠢ ᠠᠳᠬᠤᠵᠦ᠂ ᠵᠦᠪ ᠤᠨᠤᠪᠴᠢᠲᠠᠢ ᠤᠳᠤᠷᠢᠳᠤᠭᠰᠠᠨ ᠤ ᠦᠷ᠎ᠡ | ᠳ᠋ᠦᠡᠭ ᠮᠦᠨ᠂ ᠬᠤᠲᠡ ᠶᠢᠨ ᠬᠡᠳᠤᠨ ᠶᠡᠭᠡ ᠤᠳᠤᠷᠢᠳᠬᠤ ᠪᠠᠭ ᠤᠨ ᠰᠡᠳᠬᠢᠯ ᠨᠢᠭᠡᠳᠤᠨ ᠬᠦᠴᠦ ᠪᠠᠨ | ᠬᠠᠮᠳᠤᠳᠬᠠᠵᠦ᠂ ᠪᠦᠯᠬᠦᠮᠳᠡᠨ ᠴᠢᠷᠮᠠᠶᠢᠭᠰᠠᠨ ᠤ ᠦᠷ᠎ᠡ ᠳ᠋ᠦᠡᠭ ᠮᠦᠨ᠂ ᠨᠡᠩ ᠴᠦ ᠪᠦᠬᠦ ᠬᠤᠲᠡ ᠶᠢᠨ ᠡᠯ᠎ᠡ | ᠦᠨᠳᠦᠰᠦᠲᠡᠨ ᠤ ᠠᠷᠠᠳ ᠲᠦᠮᠡᠨ ᠤ ᠬᠠᠮᠲᠦᠪᠡᠷ ᠲᠡᠮᠡᠴᠡᠭᠰᠡᠨ ᠤ ᠦᠷ᠎ᠡ ᠳ᠋ᠦᠡᠭ ᠮᠦᠨ᠃ ᠠᠳᠡ ᠪᠢ ᠬᠤᠲᠡ | ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠲᠡ ᠶᠢᠨ ᠦᠷᠭᠡᠨ ᠤᠯᠠᠨ ᠠᠷᠠᠳ ᠲᠦᠮᠡᠨ᠂ | ᠪᠦᠬᠦ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠪᠦᠬᠦᠶᠢᠯᠡ ᠰᠢᠯᠢ ᠶᠢᠨ | ᠬᠤᠲᠡ ᠶᠢᠨ ᠪᠦᠲᠦᠭᠡᠨ ᠪᠠᠶᠢᠭᠤᠯᠤᠯᠲᠠ ᠬᠦᠭᠵᠢᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ | ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠭᠡᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠭᠡᠯ ᠢᠶᠠᠨ ᠳ᠋ᠦᠡᠭᠨᠡᠬᠦ ᠶᠢᠨ ᠬᠠᠮᠲᠦ᠂ ᠪᠢᠳᠡ ᠮᠠᠨ ᠤ ᠬᠤᠲᠡ ᠶᠢᠨ ᠬᠠᠷᠠᠬᠠᠨ | ᠬᠦᠭᠵᠢᠭᠡᠳᠦᠢ ᠪᠠᠶᠢᠭ᠎ᠠ ᠦᠨᠳᠦᠰᠦᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠠᠭᠠ ᠦᠭᠡᠢ᠂ ᠬᠦᠭᠵᠢᠯᠲᠡ | ᠶᠢᠨ ᠳᠤᠮᠳᠠ ᠲᠡᠩᠴᠡᠭᠦᠷᠢ ᠦᠭᠡᠢ᠂ ᠵᠤᠬᠢᠴᠡᠩᠭᠤᠢ ᠪᠢᠰᠢ᠂ ᠦᠷᠭᠦᠯᠵᠢᠯᠡᠭᠰᠡᠨ ᠪᠤᠰᠤ ᠵᠡᠷᠭᠡ ᠠᠰᠠᠭᠤᠳᠠᠯ ᠮᠦᠨ | ᠯᠡ ᠤᠷᠤᠰᠢᠵᠦ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠨᠢᠭᠡ᠂ ᠠᠵᠦ ᠠᠬᠤᠢ ᠶᠢᠨ ᠶᠡᠷᠦᠩᠬᠡᠢ ᠬᠡᠮᠵᠢᠶ᠎ᠡ | ᠬᠠᠷᠢᠴᠡᠩᠭᠤᠢ ᠪᠠᠭ᠎ᠠ᠂ ᠠᠵᠦ ᠦᠢᠯᠡᠰ ᠤᠨ ᠪᠦᠲᠦᠴᠡ ᠳ᠋ᠠᠩ ᠴᠤᠯᠭᠤᠢ᠂ ᠳᠡᠰ ᠳᠠᠪᠬᠤᠷᠭ᠎ᠠ ᠦᠨᠳᠦᠷ ᠪᠢᠰᠢ᠂ ᠡᠬᠢ | ᠰᠤᠷᠪᠤᠯᠵᠢ ᠶᠢᠨ ᠬᠤᠪᠢᠷᠠᠭᠤᠯᠤᠯᠲᠠ ᠶᠢᠨ ᠬᠡᠮᠵᠢᠶ᠎ᠡ ᠳᠤᠤᠷ᠎ᠠ ᠪᠠᠶᠢᠵᠦ᠂ ᠠᠵᠦ ᠠᠬᠤᠢ ᠶᠢᠨ ᠪᠤᠳᠠᠲᠦ ᠬᠦᠴᠦᠨ ᠢ | ᠪᠤᠵᠠᠭᠠᠶᠢᠷᠠᠭᠤᠯᠬᠤ᠂ ᠬᠡᠯᠪᠡᠷᠢ ᠶᠢ ᠬᠤᠪᠢᠷᠠᠭᠤᠯᠵᠦ ᠳᠡᠰ ᠳᠡᠪᠰᠢᠭᠦᠯᠬᠦ ᠶᠢ ᠠᠬᠢᠭᠤᠯᠬᠤ ᠡᠭᠦᠷᠭᠡ ᠬᠦᠨᠳᠦ ᠵᠠᠮ | ᠬᠤᠯᠡ ᠪᠠᠶᠢᠨ᠎ᠠ︔ ᠬᠤᠶᠠᠷ᠂ ᠰᠠᠭᠤᠷᠢ ᠲᠦᠬᠦᠭᠡᠷᠤᠮᠵᠢ ᠶᠢᠨ ᠳᠠᠭᠠᠭᠠᠴᠠ ᠴᠢᠳᠠᠪᠤᠷᠢ ᠪᠠᠭᠤᠷᠠᠢ᠂ ᠴᠢᠬᠤᠯᠠ ᠶᠡᠭᠡ | ᠲᠦᠷᠦᠯ ᠵᠦᠢᠯ ᠤᠨ ᠨᠦᠭᠡᠴᠡᠯᠡᠯᠲᠡ ᠲᠤᠳᠠᠮᠠᠭ᠂ ᠠᠵᠦ ᠠᠬᠤᠢ ᠶᠢᠨ ᠬᠦᠭᠵᠢᠯᠲᠡ ᠶᠢᠨ ᠡᠵᠡᠨ ᠮᠡᠳᠡᠵᠦ ᠨᠡᠮᠡᠭᠳᠡᠭᠦᠯᠬᠦ | ᠵᠤᠬᠢᠴᠡᠮᠵᠢ ᠬᠠᠷᠠᠬᠠᠨ ᠪᠦᠷᠢᠯᠳᠦᠭᠡ ᠦᠭᠡᠢ︔ ᠭᠤᠷᠪᠠ ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ | ᠤᠳᠠᠭᠠᠰᠢᠷᠠᠵᠦ᠂ ᠲᠤᠭᠳᠠᠮᠠᠯ ᠵᠠᠷᠤᠯᠭ᠎ᠠ ᠤᠯᠠᠮ ᠢᠶᠠᠷ ᠨᠡᠮᠡᠭᠳᠡᠨ᠂ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ | ᠢᠷᠡᠭᠦᠶ᠎ᠡ ᠳᠤᠪᠤᠶᠢᠮ᠎ᠠ ᠪᠤᠯᠵᠦ ᠪᠠᠶᠢᠨ᠎ᠠ ︔ ᠳᠦᠷᠪᠡ᠂ ᠡᠬᠢ ᠰᠤᠷᠪᠤᠯᠵᠢ ᠶᠢᠨ ᠤᠷᠴᠢᠨ ᠲᠤᠭᠤᠷᠢᠨ ᠤ ᠬᠢᠵᠠᠭᠠᠷᠯᠠᠯ | ᠤᠯᠠᠮ ᠴᠢᠩᠭ᠎ᠠ ᠪᠤᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠡᠭᠦᠷᠭᠡ ᠬᠦᠨᠳᠦ ᠪᠠᠶᠢᠨ᠎ᠠ︔ ᠲᠠᠪᠦ᠂ ᠬᠤᠲᠡ ᠶᠢᠨ ᠦᠢᠯᠡᠴᠢᠯᠡᠭᠡᠨ ᠤ ᠴᠢᠳᠠᠪᠬᠢ | ᠲᠡᠭᠦᠯᠳᠡᠷᠵᠢᠭᠡ ᠦᠭᠡᠢ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠠᠵᠢᠯ ᠤᠯᠭᠤᠯᠲᠠ | ᠵᠡᠷᠭᠡ ᠨᠡᠶᠢᠭᠡᠮ ᠤᠨ ᠠᠵᠢᠯ ᠦᠢᠯᠡᠰ ᠤᠨ ᠲᠦᠪᠰᠢᠨ ᠤᠯᠠᠨ ᠲᠦᠮᠡᠨ ᠤ ᠱᠠᠭᠠᠷᠳᠠᠯᠭ᠎ᠠ ᠲᠠᠢ ᠵᠤᠬᠢᠬᠤ ᠬᠡᠮᠵᠢᠶᠡᠨ ᠤ | ᠵᠦᠷᠢᠶ᠎ᠡ ᠲᠠᠢ ᠪᠠᠶᠢᠭᠰᠠᠭᠠᠷ ︔ ᠵᠢᠷᠭᠤᠭ᠎ᠠ᠂ ᠬᠦᠭᠵᠢᠯᠲᠡ ᠶᠢᠨ ᠤᠷᠴᠢᠨ ᠲᠤᠭᠤᠷᠢᠨ ᠰᠢᠯᠢᠳᠡᠭ ᠪᠤᠰᠦ᠂ ᠵᠠᠷᠢᠮ | ᠪᠠᠶᠢᠭᠤᠯᠭ᠎ᠠ ᠨᠢᠭᠡᠴᠡ ᠶᠢᠨ ᠬᠡᠷᠡᠭ ᠤᠴᠢᠷ ᠭᠦᠢᠴᠡᠳᠭᠡᠵᠦ ᠰᠢᠢᠳᠪᠦᠷᠢᠯᠡᠬᠦ ᠦᠷ᠎ᠡ ᠪᠦᠲᠦᠮᠵᠢ ᠦᠨᠳᠦᠷ ᠪᠢᠰᠢ᠂ | ᠦᠢᠯᠡᠴᠢᠯᠡᠭᠡᠨ ᠤ ᠲᠠᠨᠢᠯᠲᠠ ᠳᠤᠲᠠᠮᠠᠭ ᠵᠡᠷᠭᠡ ᠠᠰᠠᠭᠤᠳᠠᠯ ᠮᠦᠨ ᠯᠡ ᠠᠳᠠᠯᠢ ᠪᠤᠰᠤ ᠬᠡᠮᠵᠢᠶ᠎ᠡ ᠪᠠᠷ ᠤᠷᠤᠰᠢᠵᠦ | ᠪᠠᠶᠢᠨ᠎ᠠ ᠃ ᠡᠭᠦᠨ ᠳᠤ ᠪᠢᠳᠡ ᠡᠷᠬᠡᠪᠰᠢ ᠬᠦᠴᠦ ᠲᠠᠢ ᠠᠷᠭ᠎ᠠ ᠬᠡᠮᠵᠢᠶ᠎ᠡ ᠠᠪᠴᠦ ᠨᠠᠷᠢᠨ ᠬᠢᠨᠠᠮᠠᠭᠠᠢ ᠰᠢᠢᠳᠪᠦᠷᠢᠯᠡᠬᠦ | ᠬᠡᠷᠡᠭᠲᠡᠢ ᠃ | ᠬᠤᠶᠠᠷ᠂ 2015 ᠤᠨ ᠤ ᠠᠵᠢᠯ ᠤᠨ ᠪᠠᠶᠢᠷᠢᠯᠠᠭᠤᠯᠤᠯᠲᠠ | 2015 ᠤᠨ ᠪᠤᠯ ᠬᠦᠭᠵᠢᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ | ᠵᠢᠯ ᠪᠤᠯᠤᠨ᠎ᠠ᠂ ᠬᠠᠤᠯᠢ ᠶᠤᠰᠤᠭᠠᠷ ᠬᠤᠲᠡ ᠶᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠡᠬᠢᠯᠡᠯᠲᠡ ᠶᠢᠨ ᠵᠢᠯ | ᠪᠤᠯᠬᠤ ᠶᠤᠮ᠂ ᠮᠦᠨ ᠴᠦ《 ᠠᠷᠪᠠᠨ ᠬᠤᠶᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ | ᠪᠡᠶᠡᠯᠡᠭᠦᠯᠬᠦ ᠬᠠᠮᠤᠭ ᠰᠡᠭᠦᠯ ᠤᠨ ᠵᠢᠯ ᠪᠤᠯᠤᠨ᠎ᠠ᠃ ᠲᠤᠰ ᠵᠢᠯ ᠤᠨ ᠵᠠᠰᠠᠭ ᠤᠨ ᠤᠷᠳᠤᠨ ᠤ ᠠᠵᠢᠯ ᠢ | ᠰᠠᠶᠢᠳᠤᠷ ᠬᠢᠬᠦ ᠡᠭᠦᠷᠭᠡ ᠪᠡᠷᠬᠡ ᠬᠠᠲᠠᠭᠤᠵᠢᠯᠲᠡᠢ᠂ ᠠᠴᠢ ᠬᠤᠯᠪᠤᠭᠳᠠᠯ ᠬᠦᠨᠳᠦ ᠴᠢᠬᠤᠯᠠ ᠪᠠᠶᠢᠨ᠎ᠠ᠃ ᠶᠡᠷᠤᠩᠬᠡᠢ | ᠳᠤᠨᠢ ᠠᠪᠴᠦ ᠬᠡᠯᠡᠪᠡᠯ᠂ ᠪᠢᠳᠡᠨ ᠳᠤ ᠲᠤᠯᠭᠠᠷᠠᠵᠦ ᠪᠠᠶᠢᠭ᠎ᠠ ᠪᠠᠶᠢᠳᠠᠯ ᠮᠦᠨ ᠯᠡ ᠡᠭᠡᠳᠡᠷᠢᠶᠡᠨ ᠪᠤᠳᠤᠯᠢᠶᠠᠨᠲᠠᠢ᠂ | ᠳᠡᠯᠡᠬᠡᠢ ᠶᠢᠨ ᠠᠵᠦ ᠠᠬᠤᠢ ᠶᠢᠨ ᠰᠡᠷᠭᠦᠯᠲᠡ ᠤᠳᠠᠭᠠᠨ᠂ ᠤᠯᠤᠰ ᠤᠨ ᠳᠤᠲᠤᠭᠠᠳᠦ ᠶᠢᠨ ᠠᠵᠦ ᠠᠬᠤᠢ《 | ᠰᠢᠨ᠎ᠡ ᠬᠡᠪ ᠪᠠᠶᠢᠳᠠᠯ》 ᠳᠤ ᠤᠷᠤᠵᠦ᠂ ᠤᠨᠤᠪᠴᠢ ᠦᠭᠡᠢ ᠲᠤᠭᠲᠠᠭᠤᠨ ᠪᠤᠰᠤ ᠡᠯᠧᠮᠧᠨ᠋ᠲ ᠨᠡᠮᠡᠭᠳᠡᠵᠦ ᠪᠠᠶᠢᠨ᠎ᠠ︔ | ᠭᠠᠳᠠᠨᠠᠬᠢ ᠬᠤᠷᠸ᠎ᠠ ᠤᠷᠴᠢᠨ ᠤ ᠨᠦᠯᠦᠭᠡ ᠶᠢ ᠬᠦᠷᠲᠡᠵᠦ᠂ ᠠᠵᠦ ᠠᠬᠤᠢ ᠶᠢᠨ ᠪᠠᠭᠤᠷᠠᠬᠤ ᠬᠠᠨᠳᠤᠰᠢ ᠶᠢᠨ | ᠳᠠᠷᠤᠭᠠᠰᠤ ᠨᠡᠯᠢᠶᠡᠳ ᠶᠡᠭᠡ ᠪᠠᠶᠢᠨ᠎ᠠ᠃ ᠪᠢᠳᠡ ᠬᠦᠴᠢᠷᠳᠡᠯ ᠢᠶᠠᠨ ᠮᠡᠳᠡᠬᠦ ᠶᠢᠨ ᠬᠠᠮᠲᠦ᠂ ᠤᠳᠤᠬᠢ ᠪᠠᠶᠢᠳᠠᠯ ᠪᠤᠯ | ᠬᠤᠷᠸ᠎ᠠ ᠠᠵᠦ ᠠᠬᠤᠢ ᠰᠢᠨ᠎ᠡ ᠬᠡᠪ ᠪᠠᠶᠢᠳᠠᠯ ᠳᠤ ᠤᠷᠤᠵᠦ᠂ ᠵᠠᠬ᠎ᠠ ᠳᠡᠯᠭᠡᠭᠦᠷ ᠤᠨ ᠬᠤᠪᠢᠷᠠᠯᠲᠠ ᠪᠤᠯᠤᠨ ᠮᠠᠨ ᠤ | ᠬᠤᠲᠡ ᠶᠢᠨ ᠠᠵᠦ ᠦᠢᠯᠡᠰ ᠤᠨ ᠪᠦᠲᠦᠴᠡ ᠶᠢᠨ ᠵᠦᠷᠢᠴᠡᠯ ᠤᠨ ᠰᠤᠯᠪᠢᠴᠠᠬᠤ ᠳᠤᠰᠬᠠᠯ ᠨᠢ ᠮᠠᠨ ᠤ ᠬᠤᠲᠡ ᠶᠢᠨ | ᠠᠵᠦ ᠠᠬᠤᠢ ᠶᠢᠨ ᠪᠦᠲᠦᠴᠡ ᠶᠢ ᠲᠤᠬᠢᠷᠠᠭᠤᠯᠬᠤ ᠶᠠᠪᠤᠴᠠ ᠳᠤᠮᠳᠠᠬᠢ ᠠᠶᠠᠨᠳᠠᠭᠠᠨ ᠤ ᠵᠢᠮ᠎ᠡ ᠶᠤᠰᠤᠨ ᠤ ᠳᠤᠰᠬᠠᠯ | ᠪᠤᠯᠤᠨ᠎ᠠ᠂ ᠮᠦᠨᠴᠦ ᠪᠢᠳᠡᠨ ᠤ ᠬᠦᠭᠵᠢᠯᠲᠡ ᠶᠢ ᠲᠦᠷᠭᠡᠳᠭᠡᠬᠦ ᠪᠠᠷ ᠳᠠᠮᠵᠢᠵᠦ ᠰᠢᠢᠳᠪᠤᠷᠢᠯᠡᠬᠦ ᠵᠦᠷᠢᠴᠡᠯ ᠪᠤᠯᠤᠨ᠎ᠠ᠂ | ᠬᠦᠴᠢᠷᠳᠡᠯ ᠲᠠᠢ ᠤᠷᠴᠢᠨ ᠳᠤ ᠰᠢᠨ᠎ᠡ ᠬᠦᠭᠵᠢᠯᠲᠡ ᠶᠢᠨ ᠠᠵᠠ ᠲᠤᠬᠢᠶᠠᠯ ᠢ ᠬᠦᠮᠦᠵᠢᠭᠦᠯᠵᠦ ᠪᠠᠶᠢᠭ᠎ᠠ ᠶᠤᠮ | ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠤᠯᠤᠰ ᠤᠨ ᠰᠢᠨ᠎ᠡ ᠨᠢᠭᠡᠨ ᠡᠷᠭᠢᠯᠲᠡ ᠶᠢᠨ ᠦᠭᠡᠷᠡᠴᠢᠯᠡᠯᠲᠡ ᠶᠢᠨ | ᠪᠦᠬᠦ ᠲᠠᠯ᠎ᠠ ᠶᠢᠨ ᠬᠡᠷᠡᠭᠵᠢᠭᠦᠯᠦᠯᠲᠡ ᠨᠢ ᠦᠭᠡᠷᠡᠴᠢᠯᠡᠯᠲᠡ ᠶᠢᠨ ᠠᠰᠢᠭ ᠤᠯᠵᠠ᠂ ᠬᠦᠭᠵᠢᠯᠲᠡ ᠶᠢᠨ ᠨᠢᠭᠤᠭᠳᠠᠮᠠᠯ | ᠬᠦᠴᠦᠨ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠢᠯᠡᠷᠡᠭᠦᠯᠬᠦ ᠪᠤᠯᠤᠨ᠎ᠠ ︔ ᠤᠯᠤᠰ᠂ ᠦᠪᠡᠷᠲᠡᠭᠡᠨ | ᠵᠠᠰᠠᠬᠤ ᠤᠷᠤᠨ᠂ ᠠᠮᠢ ᠠᠬᠤᠢ ᠶᠢᠨ ᠬᠠᠮᠠᠭᠠᠯᠠᠯᠲᠠ᠂《 ᠬᠦᠳᠡᠭᠡ ᠳᠤᠰᠬᠤᠨ ᠮᠠᠯᠵᠢᠬᠤ ᠤᠷᠤᠨ᠂ ᠲᠠᠷᠢᠶᠠᠯᠡᠩ ᠮᠠᠯ | ᠠᠵᠦ ᠠᠬᠤᠢ᠂ ᠮᠠᠯᠴᠢᠨ ᠲᠠᠷᠢᠶᠠᠴᠢᠨ 》 ᠢ ᠮᠠᠰᠢ ᠶᠡᠬᠡᠪᠡᠷ ᠬᠦᠨᠳᠦᠳᠭᠡᠨ ᠦᠵᠡᠵᠦ᠂ ᠪᠢᠳᠡᠨ ᠤ ᠡᠬᠢ ᠪᠠᠶᠠᠯᠢᠭ | ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠦ᠂ ᠴᠡᠪᠡᠷ ᠡᠨᠧᠷᠬᠢ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠦ᠂ | ᠪᠤᠬᠢᠷᠳᠤᠯ ᠦᠭᠡᠢ ᠮᠠᠯ ᠠᠵᠦ ᠠᠬᠤᠢ ᠶᠢᠨ ᠪᠦᠲᠦᠭᠡᠭᠳᠡᠭᠦᠨ ᠢ ᠬᠦᠭᠵᠢᠭᠦᠯᠬᠦ ᠳᠤ ᠳᠤᠬᠢᠶᠠᠯᠳᠤᠬᠤᠶᠠ ᠠᠵᠠ | ᠲᠤᠬᠢᠶᠠᠯ ᠢ ᠬᠠᠨᠭ᠍ᠭᠠᠭᠰᠠᠨ ᠪᠠᠶᠢᠨ᠎ᠠ︔ ᠤᠶᠢᠷ᠎ᠡ ᠶᠢᠨ ᠵᠢᠯ ᠳᠤ᠂ ᠪᠢᠳᠡ ᠬᠡᠯᠪᠡᠷᠢ ᠶᠢ ᠬᠤᠪᠢᠷᠠᠭᠤᠯᠵᠦ ᠳᠡᠰ | ᠳᠠᠪᠰᠢᠭᠦᠯᠬᠦ ᠶᠢ ᠭᠤᠶᠢᠪᠢᠰᠢ ᠦᠭᠡᠢ ᠠᠬᠢᠭᠤᠯᠵᠦ᠂ ᠪᠦᠲᠦᠴᠡ ᠶᠢᠨ ᠲᠤᠬᠢᠷᠠᠭᠤᠯᠤᠯᠲᠠ ᠠᠩᠬ᠎ᠠ ᠠᠯᠬᠤᠮ ᠤᠨ ᠦᠷ᠎ᠡ | ᠪᠦᠲᠦᠮᠵᠢ ᠤᠯᠵᠦ᠂ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠲᠤᠬᠢᠷᠠᠯᠴᠠᠵᠦ᠂ ᠠᠵᠦ ᠠᠬᠤᠢ ᠶᠢᠨ | ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠪᠠᠲᠦ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ︔ ᠲᠤᠰ ᠵᠢᠯ ᠤᠨ ᠮᠠᠨ ᠤ ᠬᠤᠲᠡ ᠶᠢᠨ ᠠᠯᠤᠰ ᠤᠨ ᠬᠦᠭᠵᠢᠯᠲᠡ ᠳᠤ ᠴᠢᠬᠤᠯᠠ ᠠᠴᠢ | ᠬᠤᠯᠪᠤᠭᠳᠠᠯ ᠪᠦᠬᠦᠢ ᠤᠨᠴᠡ ᠦᠨᠳᠦᠷ ᠬᠦᠴᠦᠳᠡᠯᠳᠦ ᠴᠠᠬᠢᠯᠭᠠᠨ ᠬᠦᠷᠭᠡᠬᠦ ᠱᠤᠭᠤᠮ᠂ ᠴᠠᠬᠢᠯᠭᠠᠨ ᠤ ᠢᠷᠡᠯᠲᠡ | ᠵᠡᠷᠭᠡ ᠴᠢᠬᠤᠯᠠ ᠶᠡᠭᠡ ᠡᠨᠧᠷᠬᠢ ᠶᠢᠨ ᠡᠬᠢ ᠰᠤᠷᠪᠤᠯᠵᠢ ᠶᠢᠨ ᠲᠦᠷᠦᠯ ᠵᠦᠢᠯ ᠵᠠᠯᠭᠠᠯᠳᠤᠭ᠎ᠠ ᠪᠠᠷ ᠠᠵᠢᠯ ᠡᠬᠢᠯᠡᠨ | ᠪᠦᠲᠦᠭᠡᠨ ᠪᠠᠶᠢᠭᠤᠯᠬᠤ ᠪᠤᠯᠤᠨ᠎ᠠ ᠂ ᠡᠨᠡ ᠨᠢ ᠮᠠᠨ ᠤ ᠬᠤᠲᠡ ᠶᠢᠨ ᠠᠵᠦ ᠠᠬᠤᠢ ᠶᠢᠨ ᠶᠡᠷᠤᠩᠬᠡᠢ ᠬᠡᠮᠵᠢᠶ᠎ᠡ ᠶᠢ | ᠶᠡᠬᠡᠰᠭᠡᠵᠦ᠂ ᠠᠵᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠯᠤᠲᠦ ᠶᠡᠭᠡ ᠬᠦᠳᠡᠯᠭᠡᠬᠦ ᠬᠦᠴᠦᠨ ᠢ | ᠤᠯᠭᠤᠬᠤ ᠪᠤᠯᠤᠨ᠎ᠠ᠃ | ᠡᠨᠡ ᠵᠢᠯ ᠤᠨ ᠵᠠᠰᠠᠭ ᠤᠨ ᠤᠷᠳᠦᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ᠄ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ | ᠪᠦᠬᠦᠳᠡ ᠬᠤᠷᠠᠯ᠂ ᠰᠢ ᠶᠢᠨ ᠫᠢᠡᠭ ᠶᠡᠷᠤᠩᠬᠡᠢ ᠱᠦᠵᠢ ᠶᠢᠨ ᠴᠢᠬᠤᠯᠠ ᠰᠢᠷᠢᠰ ᠶᠠᠷᠢᠶ᠎ᠠ ᠪᠤᠯᠤᠨ ᠦᠪᠦᠷ ᠮᠤᠩᠭᠤᠯ ᠢ | ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠦᠪᠡᠷᠲᠡᠭᠡᠨ ᠵᠠᠰᠠᠬᠤ ᠤᠷᠤᠨ ᠤ《8337》ᠬᠦᠭᠵᠢᠯᠲᠡ ᠶᠢᠨ ᠰᠡᠳᠬᠢᠴᠡ ᠬᠢᠭᠡᠳ ᠠᠶᠢᠮᠠᠭ ᠤᠨ ᠨᠠᠮ ᠤᠨ | ᠬᠤᠷᠢᠶ᠎ᠡ᠂ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠤᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠲᠠᠢ ᠵᠤᠬᠢᠴᠠᠵᠦ᠂ ᠲᠤᠭᠲᠠᠭᠤᠨ ᠪᠠᠶᠢᠯᠭᠠᠬᠤ ᠮᠦᠷᠲᠡᠭᠡᠨ ᠤᠷᠤᠭᠰᠢᠯᠡᠨ ᠳᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠵᠦ᠂《 ᠨᠢᠭᠡ ᠭᠤᠤᠯᠳᠠᠯᠭ᠎ᠠ᠂ ᠳᠤᠯᠤᠭᠠᠨ ᠬᠦᠴᠦᠯᠡᠨ ᠴᠢᠷᠮᠠᠶᠢᠬᠤ》 ᠶᠢ | ᠪᠠᠷᠢᠮᠳᠠᠯᠠᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ᠂ ᠰᠤᠷᠠᠭ ᠵᠡᠩᠭᠢᠴᠢᠯᠠᠯᠲᠠ᠂ ᠬᠤᠲᠡ | ᠪᠠᠯᠭᠠᠰᠤᠵᠢᠯᠲᠠ ᠪᠤᠯᠤᠨ ᠮᠠᠯ ᠠᠵᠦ ᠠᠬᠤᠢ ᠶᠢᠨ ᠤᠳᠤᠬᠢᠴᠢᠯᠠᠯᠲᠠ ᠶᠢ ᠨᠢᠭᠡᠳᠤᠯᠲᠡᠢ ᠲᠦᠯᠦᠪᠵᠢᠭᠦᠯᠦᠨ ᠠᠬᠢᠭᠤᠯᠵᠦ | ᠂ ᠪᠦᠲᠦᠴᠡ ᠶᠢᠨ ᠲᠤᠬᠢᠷᠠᠭᠤᠯᠤᠯᠲᠠ ᠪᠤᠯᠤᠨ ᠠᠵᠦ ᠦᠢᠯᠡᠰ ᠤᠨ ᠬᠡᠯᠪᠡᠷᠢ ᠬᠤᠪᠢᠷᠠᠭᠤᠯᠬᠤ ᠶᠢ ᠨᠡᠩ ᠴᠢᠬᠤᠯᠠᠴᠢᠯᠠᠨ | ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠨᠡᠩ | ᠴᠢᠬᠤᠯᠠᠴᠢᠯᠠᠨ᠂ ᠦᠭᠡᠷᠡᠴᠢᠯᠡᠯᠲᠡ ᠨᠡᠭᠡᠭᠡᠯᠲᠡ ᠪᠠ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠨᠡᠩ ᠴᠢᠬᠤᠯᠠᠴᠢᠯᠠᠨ | ᠂ ᠵᠠᠰᠠᠭ ᠤᠨ ᠤᠷᠳᠤᠨ ᠤ ᠦᠢᠯᠡᠳᠦᠯ ᠴᠢᠳᠠᠪᠬᠢ ᠶᠢᠨ ᠬᠤᠪᠢᠷᠠᠭᠤᠯᠤᠯᠲᠠ ᠪᠤᠯᠤᠨ ᠠᠵᠢᠯ ᠤᠨ ᠦᠷ᠎ᠡ ᠠᠰᠢᠭ ᠢ | ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠨ᠂ ᠠᠵᠦ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ᠂ | ᠨᠡᠶᠢᠭᠡᠮ ᠤᠨ ᠡᠶ᠎ᠡ ᠵᠤᠬᠢᠴᠠᠯ ᠲᠠᠢ ᠲᠤᠭᠲᠠᠭᠤᠨ ᠪᠠᠶᠢᠬᠤ ᠶᠢ ᠴᠢᠷᠮᠠᠶᠢᠨ ᠠᠬᠢᠭᠤᠯᠤᠨ᠎ᠠ᠃ | ᠭᠤᠤᠯ ᠪᠤᠯᠬᠤ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠭᠡᠢ | ᠦᠷᠲᠡᠭ ᠢ 248 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 10% ᠠᠴᠠ ᠳᠡᠭᠡᠭᠰᠢ ᠨᠡᠮᠡᠭᠳᠡᠭᠦᠯᠦᠨ᠎ᠡ᠃ | ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠲᠡᠭ ᠢ 16 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 10% ᠠᠴᠠ | ᠳᠡᠭᠡᠭᠰᠢ ᠨᠡᠮᠡᠭᠳᠡᠭᠦᠯᠦᠨ᠎ᠡ᠃ ᠬᠤᠶᠠᠳᠤᠭᠠᠷ ᠠᠵᠦ ᠠᠬᠤᠶᠢᠯᠠᠯ ᠤᠨ ᠨᠡᠮᠡᠭᠳᠡᠯ ᠦᠷᠲᠡᠭ ᠢ 147 ᠳ᠋ᠦᠡᠭᠰᠢᠭᠤᠷ | ᠲᠦᠭᠦᠷᠢᠭ ᠪᠡᠶᠡᠯᠡᠭᠦᠯᠵᠦ᠂ 11% ᠠᠴᠠ ᠳᠡᠭᠡᠭᠰᠢ ᠨᠡᠮᠡᠭᠳᠡᠭᠦᠯᠦᠨ᠎ᠡ᠃ ᠡᠭᠦᠨ ᠳᠤ ᠠᠵᠦ ᠦᠢᠯᠡᠳᠪᠦᠷᠢ ᠶᠢᠨ | ᠨᠡᠮᠡᠭᠳᠡᠯ ᠦᠷᠲᠡᠭ ᠢ 127 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 10% ᠠᠴᠠ ᠳᠡᠭᠡᠭᠰᠢ ᠨᠡᠮᠡᠭᠳᠡᠭᠦᠯᠦᠨ᠎ᠡ︔ | ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠢ 20 ᠳ᠋ᠦᠡᠭᠰᠢᠭᠤᠷ ᠲᠦᠬᠦᠷᠢᠭ ᠪᠡᠶᠡᠯᠡᠬᠦᠯᠵᠦ᠂15% ᠠᠴᠠ | ᠳᠡᠭᠡᠭᠰᠢ ᠨᠡᠮᠡᠭᠳᠡᠬᠦᠯᠦᠨ᠎ᠡ᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 85 ᠳ᠋ᠦᠡᠭᠰᠢᠭᠤᠷ ᠲᠦᠭᠦᠷᠢᠭ | ᠪᠡᠶᠡᠯᠡᠭᠦᠯᠵᠦ᠂ 14% ᠠᠴᠠ ᠳᠡᠭᠡᠭᠰᠢ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠠᠯᠡ | ᠤᠷᠤᠭᠤᠯᠤᠯᠲᠠ ᠶᠢ 209 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 20% ᠠᠴᠠ ᠳᠡᠭᠡᠭᠰᠢ ᠨᠡᠮᠡᠭᠳᠡᠭᠦᠯᠦᠨ᠎ᠡ᠃ | ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠤᠩᠬᠡᠢ ᠤᠷᠤᠯᠭ᠎ᠠ ᠶᠢ 44 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ | 5% ᠠᠴᠠ ᠳᠡᠭᠡᠭᠰᠢ ᠨᠡᠮᠡᠭᠳᠡᠭᠦᠯᠦᠨ᠎ᠡ᠂ ᠡᠭᠦᠨ ᠳᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 26.2 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 7% ᠠᠴᠠ ᠳᠡᠭᠡᠭᠰᠢ ᠨᠡᠮᠡᠭᠳᠡᠭᠦᠯᠦᠨ᠎ᠡ᠃ | ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠲᠡᠭ ᠢ 58.5 ᠳ᠋ᠦᠡᠭᠰᠢᠭᠤᠷ | ᠲᠦᠭᠦᠷᠢᠭ ᠪᠡᠶᠡᠯᠡᠭᠦᠯᠵᠦ᠂ 11% ᠠᠴᠠ ᠳᠡᠭᠡᠭᠰᠢ ᠨᠡᠮᠡᠭᠳᠡᠭᠦᠯᠦᠨ᠎ᠡ᠃ ᠬᠤᠲᠡ ᠬᠦᠳᠡᠭᠡ ᠶᠢᠨ ᠪᠠᠶᠢᠡᠭᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠠᠵᠦ ᠪᠤᠯᠬᠤ ᠤᠷᠤᠯᠭ᠎ᠠ ᠶᠢ ᠲᠤᠰᠪᠤᠷᠢ 36900 | ᠲᠦᠭᠦᠷᠢᠭ ᠪᠠ 21200 ᠲᠦᠭᠦᠷᠢᠭ ᠪᠡᠶᠡᠯᠡᠭᠦᠯᠵᠦ᠂ ᠲᠤᠰᠪᠤᠷᠢ 10% ᠠᠴᠠ ᠳᠡᠭᠡᠭᠰᠢ ᠪᠠ 12% ᠠᠴᠠ | ᠳᠡᠭᠡᠭᠰᠢ ᠨᠡᠮᠡᠭᠳᠡᠭᠦᠯᠦᠨ᠎ᠡ᠃ ᠡᠯ᠎ᠡ ᠲᠦᠷᠦᠯ ᠤᠨ ᠤᠷᠴᠢᠨ ᠲᠤᠭᠤᠷᠢᠨ ᠤ ᠬᠢᠵᠠᠭᠠᠷᠯᠠᠯ ᠤᠨ ᠴᠢᠨᠠᠷᠲᠠᠢ ᠭᠦᠢᠴᠡᠳᠭᠡᠬᠦ | ᠲᠤᠭ᠎ᠠ ᠶᠢ ᠲᠦᠯᠦᠪᠯᠡᠭᠡᠨ ᠤ ᠬᠦᠷᠢᠶ᠎ᠡ ᠬᠡᠪᠴᠢᠶᠠᠨ ᠳᠤᠲᠤᠷ᠎ᠠ ᠪᠠᠶᠢᠯᠭᠠᠨ᠎ᠠ᠃ | ᠳᠡᠭᠡᠷᠡᠬᠢ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠦᠯᠦᠭᠡ ᠂ ᠪᠢᠳᠡ ᠡᠷᠬᠡᠪᠰᠢ ᠳᠠᠷᠠᠭᠠᠬᠢ | ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠬᠦ ᠬᠡᠷᠡᠭᠲᠡᠢ᠃ | ︵ᠨᠢᠭᠡ︶ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠦ ᠳᠡᠰ ᠳᠡᠪᠰᠢᠭᠦᠯᠬᠦ ᠶᠢ ᠬᠦᠴᠦᠯᠡᠨ | ᠠᠬᠢᠭᠤᠯᠤᠨ᠎ᠠ᠃ ᠰᠢᠨ᠎ᠡ ᠬᠡᠪ ᠪᠠᠶᠢᠳᠠᠯ ᠳᠤᠤᠷᠠᠬᠢ ᠠᠵᠦ ᠠᠬᠤᠢ ᠶᠢᠨ ᠬᠦᠭᠵᠢᠯᠲᠡ ᠶᠢᠨ ᠵᠢᠮ᠎ᠡ ᠶᠤᠰᠤ ᠶᠢ | ᠤᠨᠤᠪᠴᠢᠲᠠᠢ ᠡᠵᠡᠮᠳᠡᠵᠦ᠂ ᠶᠡᠷᠤᠩᠬᠡᠢ ᠬᠡᠮᠵᠢᠶ᠎ᠡ ᠶᠢ ᠶᠡᠬᠡᠰᠭᠡᠬᠦ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠵᠡᠷᠭᠡ | ᠳᠤᠨᠢ ᠴᠢᠬᠤᠯᠠᠴᠢᠯᠠᠬᠤ᠂ ᠬᠠᠳᠠᠭᠠᠯᠠᠮᠵᠢ ᠬᠡᠮᠵᠢᠶ᠎ᠡ ᠶᠢ ᠳᠤᠬᠢᠷᠠᠭᠤᠯᠬᠤ ᠬᠢᠭᠡᠳ ᠰᠢᠯᠢᠳᠡᠭᠵᠢᠭᠦᠯᠦᠨ ᠨᠡᠮᠡᠭᠳᠡᠭᠦᠯᠬᠦ ᠶᠢ | ᠵᠡᠷᠭᠡᠪᠡᠷ ᠠᠳᠬᠤᠬᠤ ᠠᠵᠢᠯ ᠤᠨ ᠰᠡᠳᠬᠢᠴᠡ ᠶᠢ ᠪᠠᠷᠢᠮᠳᠠᠯᠠᠵᠦ᠂ ᠠᠵᠦ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ | ᠳᠡᠰ ᠳᠡᠪᠰᠢᠭᠦᠯᠬᠦ ᠶᠢ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠦᠨ᠎ᠡ᠃ | ᠤᠯᠠᠮᠵᠢᠯᠠᠯᠲᠦ ᠠᠵᠦ ᠦᠢᠯᠡᠰ ᠢ ᠰᠢᠯᠢᠳᠡᠭᠵᠢᠭᠦᠯᠵᠦ ᠳᠡᠭᠡᠭᠰᠢᠯᠡᠭᠦᠯᠦᠨ᠎ᠡ᠃ ᠠᠵᠦ ᠦᠢᠯᠡᠰ ᠤᠨ | ᠬᠦᠭᠵᠢᠯᠲᠡ ᠶᠢᠨ ᠪᠤᠳᠠᠲᠦ ᠪᠠᠶᠢᠳᠠᠯ ᠠᠴᠠ ᠡᠭᠦᠰᠴᠦ᠂ ᠡᠬᠢ ᠪᠠᠶᠠᠯᠢᠭ ᠪᠠ ᠦᠪᠡᠷ ᠤᠨ ᠦᠷᠲᠡᠭ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠤᠯᠤᠰ ᠤᠨ ᠴᠡᠪᠡᠷ ᠡᠨᠧᠷᠬᠢ ᠭᠠᠷᠭᠠᠬᠤ ᠰᠠᠭᠤᠷᠢᠨ ᠭᠠᠵᠠᠷ ᠢ ᠪᠦᠬᠦ | ᠬᠦᠴᠦ ᠪᠠᠷ ᠡᠭᠦᠳᠦᠨ ᠪᠠᠶᠢᠭᠤᠯᠤᠨ᠎ᠠ᠃ ᠨᠡᠭᠦᠷᠡᠰᠦᠨ ᠤ ᠡᠷᠭᠢᠯᠳᠡᠳᠦ ᠠᠵᠦ ᠠᠬᠤᠢ ᠶᠢᠨ ᠠᠵᠦ ᠦᠢᠯᠡᠰ ᠢ ᠶᠡᠬᠡᠪᠡᠷ | ᠬᠦᠭᠵᠢᠭᠦᠯᠵᠦ᠂ ᠢᠯᠡᠯᠲᠡ ᠪᠠᠷᠠᠭᠤᠨ ᠬᠤᠶᠠᠳᠤᠭᠠᠷ ᠨᠤᠮᠧᠷᠲᠦ᠂ ᠪᠠᠷᠠᠭᠤᠨ ᠭᠤᠷᠪᠠᠳᠤᠭᠠᠷ ᠨᠤᠮᠧᠷᠲᠦ ᠨᠡᠭᠦᠷᠡᠰᠦᠨ | ᠠᠭᠤᠷᠬᠠᠢ ᠶᠢᠨ ᠭᠠᠷ ᠭᠦᠢᠴᠡᠳᠭᠡᠯ ᠢ ᠳᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠵᠦ᠂ ᠰᠢ ᠯᠢᠩ ᠨᠡᠭᠦᠷᠡᠰᠦᠨ | ᠠᠭᠤᠷᠬᠠᠢ ᠶᠢᠨ ᠪᠦᠲᠦᠭᠡᠨ ᠪᠠᠶᠢᠭᠤᠯᠵᠦ ᠠᠰᠢᠭᠯᠠᠯᠲᠠ ᠳᠤ ᠤᠷᠤᠬᠤ ᠶᠢ ᠳᠦᠯᠬᠢᠨ ᠠᠬᠢᠭᠤᠯᠵᠦ᠂ ᠨᠡᠭᠦᠷᠡᠰᠦᠨ | ᠠᠭᠤᠷᠬᠠᠢ ᠶᠢᠨ ᠠᠵᠢᠯ ᠲᠦᠷᠦᠯ ᠤᠨ ᠬᠢᠨ ᠤ ᠬᠦᠴᠢᠷᠳᠡᠯ ᠢ ᠬᠠᠪᠰᠤᠷᠤᠨ ᠰᠢᠢᠳᠪᠤᠷᠢᠯᠡᠵᠦ᠂ ᠵᠢᠯ ᠤᠨ ᠳᠤᠲᠤᠷ᠎ᠠ | 3500 ᠲᠦᠮᠡᠨ ᠳᠤᠨ ᠲᠦᠭᠦᠬᠡᠢ ᠨᠡᠭᠦᠷᠡᠰᠦ ᠦᠢᠯᠡᠳᠪᠦᠷᠢᠯᠡᠵᠦ ᠪᠤᠷᠤᠯᠠᠭᠤᠯᠬᠤ ᠶᠢ ᠪᠠᠲᠤᠯᠠᠨ᠎ᠠ᠃ ᠴᠠᠬᠢᠯᠭᠠᠨ ᠤ | ᠢᠷᠡᠯᠲᠡ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠪᠤᠶᠢᠮ᠎ᠠ ᠠᠳᠬᠤᠵᠦ᠂ | ᠰᠢᠯᠢ ᠶᠢᠨ ᠭᠤᠤᠯ ᠠᠶᠢᠮᠠᠭ ᠠᠴᠠ ᠵᠢᠶᠡᠩᠰᠦ ᠶᠢᠨ ᠲᠠᠢ ᠵᠸᠤ ᠬᠦᠷᠲᠡᠯᠡᠬᠢ +800kv ᠶᠢᠨ ᠤᠨᠴᠠ ᠦᠨᠳᠦᠷ | ᠬᠦᠴᠦᠳᠡᠯᠳᠦ ᠲᠤᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠢᠨᠵᠧᠨᠧᠷᠢᠩ ᠢ ᠳᠡᠭᠡᠲᠦ ᠬᠠᠭᠠᠰ ᠵᠢᠯ ᠳᠤ ᠬᠢᠨᠠᠨ | ᠵᠦᠪᠰᠢᠶᠡᠷᠡᠭᠦᠯᠵᠦ ᠠᠵᠢᠯ ᠡᠬᠢᠯᠡᠭᠦᠯᠬᠦ ᠪᠠᠷ ᠴᠢᠷᠮᠠᠶᠢᠨ᠎ᠡ︔ ᠱᠧᠨ ᠬᠤᠸᠠ᠂ ᠳ᠋ᠠ ᠲᠡᠩ᠂ ᠤᠮᠠᠷᠠᠲᠤ ᠶᠢᠨ ᠴᠠᠬᠢᠯᠭᠠᠨ | ᠬᠦᠴᠦᠨ ᠤ ᠲᠤᠮᠦ ᠬᠡᠯᠪᠡᠷᠢ ᠶᠢᠨ ᠠᠭᠤᠷᠬᠠᠢ ᠶᠢᠨ ᠠᠮᠠᠰᠠᠷ ᠤᠨ ᠴᠠᠬᠢᠯᠭᠠᠨ ᠤ ᠦᠢᠯᠡᠳᠪᠦᠷᠢ ᠵᠡᠷᠭᠡ ᠲᠦᠷᠦᠯ | ᠵᠦᠢᠯ ᠤᠨ ᠤᠷᠢᠳᠠᠴᠢ ᠬᠤᠭᠤᠴᠠᠭᠠᠨ ᠤ ᠠᠵᠢᠯ ᠢ ᠠᠬᠢᠭᠤᠯᠵᠦ᠂ ᠠᠯᠢ ᠲᠦᠷᠭᠡᠨ ᠢᠶᠠᠷ ᠬᠢᠨᠠᠨ ᠵᠦᠪᠰᠢᠶᠡᠷᠡᠭᠦᠯᠵᠦ | ᠠᠵᠢᠯ ᠢᠶᠠᠨ ᠡᠬᠢᠯᠡᠭᠦᠯᠦᠨ᠂ ᠴᠠᠬᠢᠯᠭᠠᠨ ᠬᠦᠴᠦᠨ ᠤ ᠭᠠᠳᠠᠭᠰᠢ ᠬᠦᠷᠭᠡᠬᠦ ᠱᠤᠭᠤᠮ ᠪᠠ ᠴᠠᠬᠢᠯᠭᠠᠨ ᠤ ᠢᠷᠡᠯᠲᠡ ᠶᠢᠨ | ᠴᠢᠭ ᠤᠨ ᠲᠦᠷᠦᠯ ᠵᠦᠢᠯ ᠢ ᠬᠠᠮᠲᠦ ᠳᠤᠨᠢ ᠠᠵᠢᠯ ᠡᠬᠢᠯᠡᠭᠦᠯᠵᠦ᠂ ᠬᠠᠮᠲᠦ ᠳᠤᠨᠢ ᠪᠦᠲᠦᠭᠡᠨ ᠪᠠᠶᠢᠭᠤᠯᠵᠦ᠂ ᠬᠠᠮᠲᠦ | ᠳᠤᠨᠢ ᠠᠰᠢᠭᠯᠠᠯᠲᠠ ᠳᠤ ᠤᠷᠤᠭᠤᠯᠤᠨ᠂ ᠨᠡᠭᠦᠷᠡᠰᠦ ᠴᠠᠬᠢᠯᠭᠠᠨ ᠢ ᠬᠤᠯᠪᠤᠭᠠᠯᠠᠨ ᠬᠦᠭᠵᠢᠭᠦᠯᠬᠦ ᠶᠢ ᠠᠬᠢᠭᠤᠯᠵᠦ᠂ | ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠲᠤᠬᠠᠢ ᠶᠢᠨ ᠭᠠᠵᠠᠷ ᠲᠤᠨᠢ ᠠᠰᠢᠭᠯᠠᠨ᠎ᠠ᠃ ᠨᠡᠭᠦᠷᠡᠰᠦ ᠬᠢᠮᠢ ᠶᠢᠨ ᠠᠵᠦ | ᠦᠢᠯᠡᠰ ᠢ ᠰᠢᠨᠵᠢᠯᠡᠬᠦ ᠤᠬᠠᠭᠠᠨᠴᠢ ᠡᠮᠬᠢ ᠴᠢᠭᠴᠢ ᠲᠠᠢ ᠬᠦᠭᠵᠢᠭᠦᠯᠵᠦ᠂ ᠲᠡᠭᠡᠳᠦ ᠬᠡᠮᠵᠢᠶ᠎ᠡ ᠪᠠᠷ ᠤᠰᠤ ᠠᠷᠪᠢᠯᠠᠨ | ᠤᠷᠴᠢᠨ ᠠᠬᠤᠢ ᠶᠢ ᠬᠠᠮᠠᠭᠠᠯᠠᠬᠤ᠂ ᠭᠦᠢᠴᠡᠳ ᠮᠡᠷᠭᠡᠵᠢᠯ ᠪᠦᠬᠦᠢ ᠬᠦᠷᠡᠩ ᠨᠡᠭᠦᠷᠡᠰᠦᠨ ᠤ ᠴᠢᠨᠠᠷ ᠢ ᠰᠢᠯᠢᠳᠡᠭᠵᠢᠭᠦᠯᠬᠦ | ᠪᠤᠯᠤᠨ ᠡᠳᠡᠰᠢᠬᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠤᠷᠳᠤᠳᠬᠠᠭᠰᠠᠨ ᠠᠵᠦ | ᠦᠢᠯᠡᠰ ᠢ ᠬᠦᠭᠵᠢᠭᠦᠯᠵᠦ᠂ ᠨᠡᠭᠦᠷᠡᠰᠦᠨ ᠤ ᠤᠯᠠᠨ ᠠᠷᠭ᠎ᠠ ᠵᠠᠮ ᠢᠶᠠᠷ ᠬᠤᠪᠢᠷᠠᠭᠤᠯᠤᠭᠳᠠᠬᠤ ᠶᠢ ᠠᠬᠢᠭᠤᠯᠤᠨ᠎ᠠ᠃ | ᠴᠢᠯᠠᠭᠤᠨ ᠲᠤᠰᠤᠨ ᠤ ᠬᠠᠶᠢᠯᠲᠠ ᠨᠡᠭᠡᠭᠡᠯᠲᠡ ᠶᠢᠨ ᠬᠦᠴᠦᠯᠡᠴᠡ ᠶᠢ ᠨᠡᠮᠡᠭᠳᠡᠭᠦᠯᠵᠦ᠂ ᠲᠦᠭᠦᠬᠡᠢ ᠲᠤᠰᠤᠨ ᠤ | ᠭᠠᠷᠤᠯᠲᠠ ᠶᠢ 82 ᠲᠦᠮᠡᠨ ᠲᠤᠨ ᠤᠷᠴᠢᠮ ᠪᠠᠶᠢᠯᠭᠠᠨ᠎ᠠ᠃ ᠵᠡᠰ᠂ ᠴᠠᠭᠠᠨ ᠲᠤᠭᠤᠯᠭ᠎ᠠ᠂ ᠴᠠᠶᠢᠷ ᠵᠡᠷᠭᠡ ᠦᠡᠭᠭᠡᠲᠦ | ᠲᠡᠮᠦᠷᠯᠢᠭ ᠤᠨ ᠡᠬᠢ ᠰᠤᠷᠪᠤᠯᠵᠢ ᠶᠢᠨ ᠬᠠᠶᠢᠯᠲᠠ ᠨᠡᠭᠡᠭᠡᠯᠲᠡ ᠶᠢᠨ ᠠᠯᠬᠤᠮ ᠢᠶᠠᠨ ᠲᠦᠷᠭᠡᠳᠭᠡᠨ᠎ᠡ᠃ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠡᠳ᠋ᠰᠢᠭᠦᠯᠦᠯᠲᠡ ᠶᠢᠨ ᠦᠢᠯᠡᠰ ᠢ ᠳᠡᠭᠡᠭᠰᠢᠯᠡᠭᠦᠯᠦᠨ᠎ᠡ᠃ ᠳ᠋ᠠ ᠵᠤᠸᠡᠩ ᠶᠤᠸᠠᠨ ᠵᠡᠷᠭᠡ | ᠲᠤᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠡᠷᠲᠡ ᠡᠳᠦᠷ ᠠᠰᠢᠭᠯᠠᠯᠲᠠ ᠳᠤ ᠤᠷᠤᠬᠤ ᠶᠢ | ᠪᠠᠲᠤᠯᠠᠨ᠎ᠠ᠃ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠦ ᠦᠢᠯᠡᠰ ᠢ ᠰᠢᠯᠢᠳᠡᠭᠵᠢᠭᠦᠯᠦᠨ ᠨᠢᠭᠡᠳᠭᠡᠵᠦ᠂ ᠨᠠᠷᠢᠯᠢᠭ | ᠭᠦᠨ ᠪᠤᠯᠪᠠᠰᠤᠷᠠᠭᠤᠯᠬᠤ ᠬᠢᠷᠢ ᠳᠦᠪᠰᠢᠨ ᠢᠶᠠᠨ ᠳᠡᠭᠡᠭᠰᠢᠯᠡᠭᠦᠯᠵᠦ᠂ ᠤᠯᠠᠭᠠᠨ ᠢᠳᠡᠭᠡᠨ ᠤ ᠳᠡᠭᠡᠳᠦ ᠳᠡᠰ ᠤᠨ | ᠨᠡᠷᠡᠳᠦ ᠲᠡᠮᠳᠡᠭ ᠢ ᠡᠭᠦᠳᠴᠦ᠂ ᠠᠵᠦ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠰᠢᠨ᠎ᠡ ᠠᠵᠦ ᠦᠢᠯᠡᠰ ᠢ ᠪᠤᠶᠢᠵᠢᠭᠤᠯᠤᠨ ᠬᠦᠭᠵᠢᠭᠦᠯᠦᠨ᠎ᠡ᠃ ᠮᠧᠬᠠᠨᠢᠭ ᠲᠤᠨᠤᠭᠯᠠᠯ ᠦᠢᠯᠡᠳᠬᠦ ᠦᠢᠯᠡᠰ ᠢ | ᠪᠤᠵᠠᠭᠠᠶᠢᠷᠠᠭᠤᠯᠤᠨ᠎ᠡ᠃ ᠬᠠᠢ ᠵᠤᠸᠡᠩ ᠰᠠᠯᠬᠢᠨ ᠬᠦᠴᠦᠨ ᠤ ᠮᠠᠰᠢᠨ ᠤ ᠢᠵᠢ ᠪᠦᠷᠢᠳᠦᠭᠰᠡᠨ ᠲᠦᠬᠦᠭᠡᠷᠦᠮᠵᠢ᠂ ᠳ᠋ᠠ | ᠠᠨ ᠴᠧᠨ ᠹᠸᠢ ᠰᠠᠯᠬᠢᠨ ᠬᠦᠴᠦᠨ ᠤ ᠮᠠᠰᠢᠨ ᠤ ᠰᠡᠩᠰᠡ ᠵᠡᠷᠭᠡ ᠰᠠᠯᠬᠢᠨ ᠬᠦᠴᠦᠨ ᠤ ᠮᠠᠰᠢᠨ ᠤ ᠲᠤᠨᠤᠭᠯᠠᠯ | ᠦᠢᠯᠡᠳᠬᠦ ᠲᠦᠷᠦᠯ ᠵᠦᠢᠯ ᠤᠨ ᠦᠢᠯᠡᠳᠪᠦᠷᠢᠯᠡᠬᠦ ᠬᠦᠷᠢᠶ᠎ᠡ ᠬᠡᠪᠴᠢᠶ᠎ᠡ ᠶᠢ ᠦᠷᠭᠡᠳᠭᠡᠵᠦ᠂ ᠬᠠᠢ ᠳ᠋ᠢᠶᠠᠨ ᠰᠠᠯᠬᠢᠨ | ᠬᠦᠴᠦᠨ ᠤ ᠮᠠᠰᠢᠨ ᠤ ᠭᠦᠶᠦᠳᠡᠯ ᠰᠢᠯᠤᠭᠤᠳᠬᠠᠬᠤ ᠪᠦᠷᠬᠦᠭᠦᠯ ᠤᠨ ᠲᠦᠷᠦᠯ ᠵᠦᠢᠯ ᠤᠨ ᠠᠰᠢᠭᠯᠠᠯᠲᠠ ᠳᠤ | ᠤᠷᠤᠬᠤ ᠶᠢ ᠠᠬᠢᠭᠤᠯᠤᠨ᠎ᠠ᠂ ᠮᠢᠩ ᠶᠠᠩ ᠰᠢᠨ᠎ᠡ ᠡᠨᠧᠷᠬᠢ ᠶᠢᠨ ᠡᠬᠢ ᠰᠤᠷᠪᠤᠯᠵᠢ ᠶᠢᠨ ᠲᠦᠬᠦᠭᠡᠷᠦᠮᠵᠢ ᠶᠢ | ᠦᠢᠯᠡᠳᠬᠦ ᠲᠦᠷᠦᠯ ᠵᠦᠢᠯ ᠤᠨ ᠠᠬᠢᠴᠠ ᠶᠢ ᠲᠦᠷᠭᠡᠳᠭᠡᠵᠦ᠂ ᠱᠠᠩᠬᠠᠢ ᠶᠢᠨ ᠴᠠᠬᠢᠯᠭᠠᠨ ᠡᠨᠧᠷᠬᠢ ᠶᠢᠨ ᠮᠧᠬᠠᠨᠢᠭ | ᠲᠤᠨᠤᠭᠯᠠᠯ ᠦᠢᠯᠡᠳᠬᠦ ᠠᠵᠦ ᠦᠢᠯᠡᠰ ᠤᠨ ᠲᠦᠷᠦᠯ ᠵᠦᠢᠯ ᠢ ᠤᠷᠤᠭᠤᠯᠤᠨ ᠬᠡᠷᠡᠭᠵᠢᠭᠦᠯᠵᠦ᠂ ᠲᠤᠬᠠᠢ ᠶᠢᠨ | ᠭᠠᠵᠠᠷ ᠲᠤ ᠦᠢᠯᠡᠴᠢᠯᠡᠵᠦ᠂ ᠤᠶᠢᠷ᠎ᠠ ᠬᠠᠪᠢ ᠶᠢ ᠨᠦᠯᠦᠭᠡᠯᠡᠬᠦ ᠰᠠᠯᠬᠢᠨ ᠬᠦᠴᠦᠨ ᠤ ᠴᠠᠬᠢᠯᠭᠠᠨ ᠤ ᠢᠵᠢ ᠲᠦᠭᠦᠷ | ᠲᠦᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠨᠡᠭᠦᠷᠡᠰᠤ᠂ ᠴᠠᠬᠢᠯᠭᠠᠨ ᠬᠦᠴᠦᠨ ᠤ ᠢᠵᠢ | ᠪᠦᠷᠢᠳᠦᠭᠰᠡᠨ ᠲᠦᠷᠦᠯ ᠵᠦᠢᠯ ᠤᠨ ᠨᠡᠭᠡᠭᠡᠯᠲᠡ ᠶᠢᠨ ᠬᠦᠴᠦᠯᠡᠴᠡ ᠪᠠᠨ ᠴᠢᠩᠭᠠᠳᠬᠠᠵᠦ᠂ ᠬᠤᠸᠠ ᠢ ᠢᠵᠢ | ᠪᠦᠷᠢᠳᠦᠭᠰᠡᠨ ᠴᠠᠬᠢᠯᠭᠠᠨ ᠬᠡᠷᠡᠭᠰᠡᠯ ᠤᠨ ᠲᠦᠬᠦᠭᠡᠷᠦᠮᠵᠢ ᠶᠢᠨ ᠦᠢᠯᠡᠳᠪᠦᠷᠢᠯᠡᠯ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠰᠢᠭᠯᠠᠯᠲᠠ ᠳᠤ ᠤᠷᠤᠭᠤᠯᠵᠦ᠂ ᠱᠠᠨᠳᠦ᠋ᠡᠭ ᠤᠨ ᠨᠢᠩ ᠳ᠋ᠠ ᠬᠦᠨᠳᠦ ᠬᠡᠯᠪᠡᠷᠢ ᠶᠢᠨ | ᠪᠤᠯᠤᠳ ᠪᠦᠲᠦᠴᠡ ᠶᠢᠨ ᠦᠢᠯᠡᠳᠪᠦᠷᠢᠯᠡᠯ ᠤᠨ ᠲᠦᠷᠦᠯ ᠵᠦᠢᠯ ᠢ ᠵᠤᠯᠭᠠᠯᠳᠠᠭᠤᠯᠵᠦ ᠤᠷᠤᠭᠤᠯᠤᠨ᠎ᠠ᠃ ᠰᠢᠨ᠎ᠡ | ᠡᠨᠧᠷᠬᠢ ᠶᠢᠨ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠹᠸᠡᠭ ᠸᠧᠢ᠂ ᠬᠤᠸᠠ ᠳ᠋ᠢᠶᠠᠨ᠂ ᠱᠡᠩᠬᠠᠢ ᠶᠢᠨ | ᠵᠢᠩ ᠤᠤ ᠵᠡᠷᠭᠡ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠲᠤᠤᠷ ᠨᠢᠭᠡᠳᠭᠡᠨ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠬᠤᠸᠠ ᠷᠦᠨ᠂ ᠬᠠᠢ ᠵᠤᠸᠡᠩ᠂ | ᠶᠤᠸᠠᠨ ᠵᠢᠩ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠤᠯᠤᠨ ᠪᠠᠶᠢᠭᠠᠯᠢ ᠶᠢᠨ ᠰᠢᠲᠠᠮᠠᠬᠠᠢ | ᠬᠡᠢ ᠶᠢ ᠶᠡᠷᠦᠩᠬᠡᠶᠢᠯᠡᠨ ᠨᠡᠭᠡᠭᠡᠵᠦ ᠠᠰᠢᠭᠯᠠᠬᠤ ᠲᠦᠷᠦᠯ ᠵᠦᠢᠯ ᠤᠨ ᠤᠷᠢᠳᠠᠴᠢ ᠬᠤᠭᠤᠴᠠᠭᠠᠨ ᠤ ᠠᠵᠢᠯ ᠢ | ᠢᠳᠡᠪᠬᠢᠲᠡᠢ ᠠᠬᠢᠭᠤᠯᠵᠦ᠂ ᠡᠷᠲᠡ ᠨᠢᠭᠡ ᠡᠳᠦᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠦ᠂ ᠰᠢᠨ᠎ᠡ ᠠᠵᠦ | ᠠᠬᠤᠢ ᠶᠢᠨ ᠨᠡᠮᠡᠭᠳᠡᠯ ᠴᠡᠭ ᠢ ᠪᠤᠶᠢᠵᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠢ ᠶᠡᠬᠡᠪᠡᠷ | ᠬᠦᠭᠵᠢᠭᠦᠯᠦᠨ᠎ᠡ᠃ ᠭᠧᠷᠮᠠᠨ ᠤ ᠠᠵᠦ ᠦᠢᠯᠡᠰ ᠤᠨ ᠬᠦᠭᠵᠢᠯᠲᠡ ᠶᠢᠨ ᠬᠡᠯᠬᠢᠶ᠎ᠡ ᠶᠢ ᠤᠷᠳᠤᠳᠬᠠᠵᠦ᠂ ᠶᠡᠷᠡᠩᠬᠡᠶᠢᠯᠡᠨ | ᠨᠡᠭᠡᠭᠡᠨ ᠠᠰᠢᠭᠯᠠᠬᠤ ᠬᠢᠷᠢ ᠳᠦᠪᠰᠢᠨ ᠢᠶᠠᠨ ᠳᠡᠭᠡᠭᠰᠢᠯᠡᠭᠦᠯᠦᠨ᠎ᠡ᠃ ᠲᠢᠶᠠᠨᠵᠢᠨ ᠤ ᠰᠢᠨ ᠮᠤᠤ ᠭᠡᠷᠡᠯ ᠰᠢᠷᠬᠡᠭ ᠢᠶᠠᠷ | ᠤᠷᠢᠳᠴᠢᠯᠠᠨ ᠦᠢᠯᠡᠳᠬᠦ ᠲᠦᠷᠦᠯ ᠵᠦᠢᠯ ᠢ ᠠᠬᠢᠭᠤᠯᠵᠦ᠂ ᠭᠧᠷᠮᠠᠨ ᠤ ᠠᠵᠦ ᠦᠢᠯᠡᠰ ᠲᠠᠢ ᠤᠶᠠᠯᠳᠤᠭᠤᠯᠤᠨ | ᠬᠦᠭᠵᠢᠭᠦᠯᠬᠦ ᠶᠢ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠠᠵᠦ ᠦᠢᠯᠡᠰ ᠢ ᠰᠢᠨ᠎ᠡ ᠰᠢᠪᠲᠤᠯᠤᠯᠲᠠ ᠲᠠᠢ | ᠪᠤᠯᠭᠠᠨ᠎ᠠ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ | ᠨᠤᠨᠳᠠᠭᠲᠦ ᠨᠡᠭᠦᠷᠡᠰᠦ ᠵᠡᠷᠭᠡ ᠡᠬᠢ ᠪᠠᠶᠠᠯᠢᠭ ᠢ ᠠᠰᠢᠭᠯᠠᠵᠦ᠂ ᠦᠯᠦ ᠰᠢᠲᠠᠭᠠᠬᠤ ᠲᠤᠭᠤᠰᠬ᠎ᠠ᠂ ᠬᠠᠯᠠᠭᠤᠨ ᠢ | ᠬᠠᠳᠠᠭᠠᠯᠠᠬᠤ ᠬᠠᠪᠳᠠᠰᠦ᠂ ᠬᠠᠯᠠᠭᠤᠨ ᠠᠴᠠ ᠲᠤᠰᠭᠠᠷᠯᠠᠬᠤ ᠬᠠᠪᠲᠠᠰᠤ ᠵᠡᠷᠭᠡ ᠪᠠᠷᠢᠯᠭ᠎ᠠ ᠶᠢᠨ ᠮᠠᠲ᠋ᠧᠷᠢᠶᠠᠯ ᠢ | ᠦᠢᠯᠡᠳᠪᠦᠷᠢᠯᠡᠵᠦ᠂ ᠡᠬᠢ ᠪᠠᠶᠠᠯᠢᠭ ᠤᠨ ᠤᠷᠴᠢᠯᠳᠠᠭᠤᠯᠤᠨ ᠠᠰᠢᠭᠯᠠᠬᠤ ᠶᠢ ᠠᠬᠢᠭᠤᠯᠤᠨ᠎ᠠ᠃ ᠪᠡᠭᠡᠵᠢᠩ | ᠲᠢᠶᠠᠨᠵᠢᠨ ᠤ ᠠᠵᠦ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠦ᠂ ᠰᠤᠷᠠᠭ ᠵᠠᠩᠭᠢ ᠶᠢᠨ ᠮᠡᠷᠭᠡᠵᠢᠯ | ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠬᠤ ᠵᠡᠷᠭᠡ ᠬᠠᠮᠢᠶ᠎ᠠ ᠪᠦᠬᠦᠢ ᠠᠵᠦ ᠦᠢᠯᠡᠰ ᠢ ᠢᠳᠡᠪᠬᠢᠲᠡᠢ | ᠠᠬᠢᠭᠤᠯᠵᠦ᠂ ᠶᠤᠸᠠᠨ ᠵᠢᠩ ᠤᠨ ᠲᠤᠭ᠎ᠠ ᠪᠠᠷᠢᠮᠳᠠ ᠶᠢᠨ ᠲᠦᠪ ᠤᠨ ᠲᠦᠷᠦᠯ ᠵᠦᠢᠯ ᠢ ᠦᠨᠡᠨᠬᠦ ᠠᠬᠢᠭᠤᠯᠬᠤ ᠪᠠᠷ | ᠴᠢᠷᠮᠠᠶᠢᠨ᠎ᠠ᠃ | ᠤᠳᠤ ᠦᠶ᠎ᠡ ᠶᠢᠨ ᠮᠠᠯ ᠠᠵᠦ ᠠᠬᠤᠢ ᠶᠢᠨ ᠦᠢᠯᠡᠰ ᠢ ᠶᠡᠬᠡᠪᠡᠷ ᠬᠦᠭᠵᠢᠭᠦᠯᠦᠨ᠎ᠡ᠃ ᠮᠠᠯ | ᠲᠠᠷᠢᠶᠠᠯᠡᠩ ᠢ ᠲᠡᠳᠬᠦᠨ ᠳᠡᠮᠵᠢᠬᠦ ᠪᠡᠯᠡ ᠮᠦᠡᠭᠭᠦ 13 ᠳ᠋ᠦᠡᠭᠰᠢᠭᠤᠷ ᠲᠦᠭᠦᠷᠢᠭ ᠨᠢᠭᠡᠳᠭᠡᠨ ᠤᠷᠤᠭᠤᠯᠬᠤ ᠪᠠᠷ | ᠲᠦᠯᠦᠪᠯᠡᠵᠦ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠤᠯᠠᠮ ᠨᠢᠭᠡ | ᠠᠯᠬᠤᠮ ᠬᠤᠪᠢᠷᠠᠭᠤᠯᠵᠦ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠮᠠᠯ ᠠᠵᠦ | ᠠᠬᠤᠢ ᠶᠢᠨ ᠬᠦᠭᠵᠢᠯᠲᠡ ᠶᠢᠨ ᠳᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠪᠤᠬᠢᠷᠳᠤᠯ ᠦᠭᠡᠢ ᠮᠠᠯ ᠠᠵᠦ ᠠᠬᠤᠢ ᠶᠢᠨ | ᠪᠦᠲᠦᠭᠡᠭᠳᠡᠭᠦᠨ ᠢ ᠡᠳ᠋ᠰᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠯᠬᠤᠮ ᠢᠶᠠᠨ ᠦᠨᠡᠨᠬᠦ ᠲᠦᠷᠭᠡᠳᠭᠡᠨ᠎ᠡ | ᠃ ᠭᠡᠷ ᠪᠦᠯᠢ ᠶᠢᠨ ᠡᠵᠡᠩᠨᠡᠯᠲᠡ᠂ ᠨᠡᠶᠢᠲᠡ ᠶᠢᠨ ᠡᠵᠡᠩᠨᠡᠯᠲᠡ᠂ ᠬᠡᠪᠴᠢᠶᠡᠵᠢᠭᠰᠡᠨ ᠡᠵᠡᠩᠨᠡᠯᠲᠡ᠂ ᠬᠤᠷᠰᠢᠭᠰᠡᠨ | ᠡᠵᠡᠩᠨᠡᠯᠲᠡ᠂ ᠠᠵᠦ ᠠᠬᠤᠶᠢᠯᠠᠯ ᠤᠨ ᠡᠵᠡᠩᠨᠡᠯᠲᠡ ᠵᠡᠷᠭᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠳᠦᠯᠬᠢᠨ | ᠠᠬᠢᠭᠤᠯᠵᠦ᠂ ᠤᠳᠤ ᠦᠶ᠎ᠡ ᠶᠢᠨ ᠮᠠᠯ ᠠᠵᠦ ᠠᠬᠤᠢ ᠶᠢᠨ ᠡᠵᠡᠩᠨᠡᠯᠲᠡ ᠵᠢᠨᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠤᠵᠠᠭᠠᠶᠢᠷᠠᠭᠤᠯᠵᠦ᠂ 4.1 ᠳ᠋ᠦᠡᠭᠰᠢᠭᠤᠷ | ᠲᠦᠭᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ ᠳ᠋ᠠ ᠵᠤᠸᠡᠩ ᠶᠤᠸᠠᠨ᠂ ᠰᠢ ᠢᠤᠢ ᠮᠠᠯᠵᠢᠯ ᠤᠨ ᠦᠢᠯᠡᠰ ᠵᠡᠷᠭᠡ | 5 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ ᠪᠠᠷ ᠲᠦᠯᠦᠪᠯᠡᠵᠦ ᠪᠠᠶᠢᠨ᠎ᠠ | ᠂ ᠮᠦ ᠴᠠᠩ ᠸᠠᠩ ᠽᠢ᠂ ᠳᠡᠭᠡᠳᠦ ᠵᠡᠷᠭᠡ 7 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ | ᠲᠦᠷᠦᠯ ᠵᠦᠢᠯ ᠤᠨ ᠠᠰᠢᠭᠯᠠᠯᠲᠠ ᠳᠤ ᠤᠷᠤᠬᠤ ᠶᠢ ᠠᠬᠢᠭᠤᠯᠤᠨ᠎ᠠ᠃ ᠪᠠᠷᠢᠮᠵᠢᠶᠠᠵᠢᠭᠰᠡᠨ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢ ᠪᠤᠶᠢᠵᠢᠭᠤᠯᠵᠦ᠂ ᠵᠢᠯ ᠤᠨ ᠳᠤᠲᠤᠷ᠎ᠠ 35 ᠡᠷᠦᠬᠡ ᠦᠨᠳᠦᠷ ᠪᠠᠷᠢᠮᠵᠢᠶᠠᠲᠦ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠳᠦᠨ ᠪᠠᠶᠢᠭᠤᠯᠵᠦ᠂ 200 ᠡᠷᠦᠬᠡ ᠪᠠᠷᠢᠮᠵᠢᠶᠠᠵᠢᠭᠰᠡᠨ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠦ᠂ 1 ᠲᠤᠮᠦ ᠬᠡᠯᠪᠡᠷᠢ ᠶᠢᠨ ᠠᠮᠢᠳᠦ ᠮᠠᠯ ᠤᠨ ᠠᠷᠠᠯᠵᠢᠶᠠᠨ ᠤ ᠵᠠᠬ᠎ᠠ | ᠲᠡᠯᠭᠡᠬᠦᠷ ᠪᠠᠶᠢᠭᠤᠯᠤᠨ᠎ᠠ᠃ ᠪᠦᠬᠦ ᠬᠤᠲᠡ ᠶᠢᠨ ᠬᠠᠰᠢᠶᠠᠯᠠᠨ ᠲᠡᠵᠢᠭᠡᠵᠦ ᠦᠷᠡᠵᠢᠭᠦᠯᠦᠭᠰᠡᠨ ᠮᠠᠯ ᠤᠨ ᠲᠤᠭ᠎ᠠ 80 | ᠲᠦᠮᠡᠨ ᠲᠤᠯᠤᠭᠠᠢ ᠳᠤ ᠬᠦᠷᠴᠦ᠂ ᠮᠠᠯ ᠠᠵᠦ ᠠᠬᠤᠢ ᠶᠢᠨ ᠤᠨ ᠤ ᠮᠠᠯ ᠤᠨ ᠶᠡᠷᠤᠩᠭᠡᠢ ᠬᠡᠮᠵᠢᠶ᠎ᠡ 150 ᠲᠦᠮᠡᠨ | ᠲᠤᠯᠤᠭᠠᠢ ᠳᠤ ᠬᠦᠷᠴᠦ᠂ ᠵᠠᠷᠤᠴᠠᠭᠤᠯᠤᠭᠰᠠᠨ ᠮᠠᠯ ᠤᠨ ᠲᠤᠭ᠎ᠠ 85 ᠲᠦᠮᠡᠨ ᠲᠤᠯᠤᠭᠠᠢ ᠳᠤ ᠬᠦᠷᠴᠦ᠂ | ᠡᠳ᠋ᠰᠢᠭᠦᠯᠦᠭᠰᠡᠨ ᠠᠮᠢᠳᠦ ᠮᠠᠯ ᠨᠢ 300 ᠲᠦᠮᠡᠨ ᠬᠤᠨᠢᠴᠢᠯᠠᠭᠰᠠᠨ ᠨᠢᠭᠡᠴᠢ ᠳᠤ ᠬᠦᠷᠪᠡ᠃ ᠮᠠᠯ ᠠᠵᠦ ᠠᠬᠤᠢ ᠶᠢᠨ | ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠳᠤᠮᠳᠠᠳᠦ ᠤᠯᠤᠰ ᠤᠨ ᠡᠪᠡᠰᠦᠨ ᠲᠦᠪ 》 ᠤᠨ | ᠲᠡᠵᠢᠭᠡᠯ ᠡᠪᠡᠰᠤᠨ ᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ | ᠠᠬᠢᠭᠤᠯᠵᠦ᠂ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠮᠠᠯ ᠠᠵᠦ ᠠᠬᠤᠢ ᠶᠢᠨ ᠲᠤᠮᠦ ᠡᠷᠦᠬᠡ ᠶᠢᠨ ᠲᠡᠵᠢᠭᠡᠯ | ᠡᠪᠡᠰᠦᠨ ᠤ ᠮᠦᠬᠦᠯᠢᠭᠵᠢᠭᠦᠯᠦᠯᠲᠡ ᠶᠢ ᠲᠦᠭᠡᠮᠡᠯᠵᠢᠭᠦᠯᠬᠦ ᠶᠢ ᠢᠳᠡᠪᠬᠢᠲᠡᠢ ᠵᠢᠯᠤᠭᠤᠳᠴᠦ᠂ ᠵᠢᠢ ᠶᠤᠸᠠᠨ᠂ ᠡᠪᠡᠰᠦᠨ | ᠲᠦᠪ᠂ ᠬᠠᠷ᠎ᠠ ᠲᠤᠯᠤᠭᠠᠶᠢᠲᠦ ᠬᠤᠨᠢ ᠵᠡᠷᠭᠡ ᠲᠠᠪᠤᠨ ᠲᠡᠵᠢᠭᠡᠯ ᠡᠪᠡᠰᠦ ᠡᠳ᠋ᠰᠢᠭᠦᠯᠬᠦ ᠠᠵᠦ ᠠᠬᠤᠶᠢᠯᠠᠯ ᠢ | ᠪᠤᠶᠢᠵᠢᠭᠤᠯᠵᠦ᠂ ᠭᠤᠷᠪᠠᠨ ᠭᠠᠴᠠᠭᠠᠨ ᠤ ᠲᠡᠵᠢᠭᠡᠯ ᠡᠪᠡᠰᠦ ᠡᠳ᠋ᠰᠢᠭᠦᠯᠵᠦ ᠲᠤᠬᠢᠷᠠᠭᠤᠯᠤᠨ ᠬᠦᠷᠭᠡᠬᠦ ᠬᠤᠷᠰᠢᠶᠠᠵᠢᠯ | ᠪᠠ 9 ᠡᠪᠡᠰᠦ ᠪᠤᠷᠤᠯᠠᠭᠤᠯᠬᠤ ᠲᠤᠤᠷ ᠴᠢᠭ ᠢ ᠪᠠᠶᠢᠭᠤᠯᠵᠦ᠂ ᠵᠢᠯ ᠤᠨ ᠳᠤᠲᠤᠷ᠎ᠠ ᠪᠦᠬᠦ ᠬᠤᠲᠡ ᠶᠢᠨ ᠡᠪᠡᠰᠦ | ᠡᠳ᠋ᠰᠢᠭᠦᠯᠬᠦ ᠴᠢᠳᠠᠪᠤᠷᠢ ᠶᠢ 30 ᠲᠦᠮᠡᠨ ᠲᠤᠨ ᠳᠤ ᠬᠦᠷᠭᠡᠵᠦ᠂ ᠬᠤᠶᠠᠷ ᠳᠠᠬᠢᠨ ᠪᠤᠯᠭᠠᠨ᠎ᠠ᠃ ᠠᠵᠦ | ᠦᠢᠯᠡᠰᠴᠢᠯᠡᠭᠰᠡᠨ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠮᠠᠯᠴᠢᠳ ᠤᠨ ᠠᠰᠢᠭ ᠲᠤᠰᠠ ᠶᠢᠨ | ᠬᠤᠯᠪᠤᠭᠠᠯᠠᠭᠰᠠᠨ ᠵᠤᠬᠢᠵᠠᠮᠵᠢ ᠶᠢ ᠪᠦᠷᠢᠨᠰᠢᠭᠦᠯᠦᠨ ᠪᠠᠶᠢᠭᠤᠯᠵᠦ᠂ ᠵᠢᠯ ᠤᠨ ᠳᠤᠲᠤᠷ᠎ᠠ ᠦᠪᠡᠷᠲᠡᠭᠡᠨ ᠵᠠᠰᠠᠬᠤ | ᠤᠷᠤᠨ ᠠᠴᠠ ᠳᠡᠭᠡᠭᠰᠢᠬᠢ ᠲᠤᠯᠤᠭᠠᠶᠢᠯᠠᠭᠴᠢ ᠠᠵᠦ ᠠᠬᠤᠶᠢᠯᠠᠯ ᠢ 3 ᠨᠡᠮᠡᠭᠳᠡᠭᠦᠯᠵᠦ᠂ ᠲᠦᠷᠢᠮᠵᠢᠭᠰᠡᠨ ᠵᠢᠱᠢᠶ᠎ᠡ | ᠦᠵᠡᠭᠦᠯᠬᠦ ᠬᠡᠯᠪᠡᠷᠢ ᠶᠢᠨ ᠮᠠᠯᠴᠢᠳ ᠤᠨ ᠲᠤᠰᠬᠠᠢ ᠬᠤᠷᠰᠢᠶᠡᠵᠢᠯ 20 ᠡᠷᠦᠬᠡ ᠶᠢ ᠪᠠᠶᠢᠭᠤᠯᠤᠨ᠎ᠠ᠃ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ | ᠴᠢᠩᠭᠠᠳᠬᠠᠵᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠮᠦᠷᠳᠡᠯᠭᠡ ᠶᠢᠨ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠵᠢᠯ ᠤᠨ ᠳᠤᠲᠤᠷ᠎ᠠ ᠮᠦᠷᠳᠡᠨ ᠡᠵᠡᠮᠳᠡᠬᠦ ᠮᠢᠬᠠᠨ ᠤ ᠬᠤᠨᠢ ᠶᠢ 10 ᠲᠦᠮᠡᠨ | ᠲᠤᠯᠤᠭᠠᠢ ᠳᠤ ᠬᠦᠷᠦᠭᠦᠯᠦᠨ᠎ᠡ᠃ ᠮᠠᠯ ᠠᠵᠦ ᠠᠬᠤᠢ ᠶᠢᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠵᠦ᠂ ᠮᠠᠯ ᠠᠵᠦ | ᠠᠬᠤᠢ ᠶᠢᠨ ᠶᠡᠷᠤᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃《ᠢᠳᠡᠰᠢᠨ | ᠨᠤᠭᠤᠭᠠᠨ》 ᠤ ᠢᠨᠵᠧᠨᠧᠷᠢᠩ ᠢ ᠬᠦᠴᠦᠲᠡᠢ ᠲᠦᠯᠬᠢᠨ ᠠᠬᠢᠭᠤᠯᠵᠦ᠂ ᠲᠤᠰ ᠤᠷᠤᠨ ᠤ ᠢᠳᠡᠰᠢᠨ ᠨᠤᠭᠤᠭᠠᠨ ᠤ | ᠬᠠᠨᠭ᠍ᠭᠠᠯᠲᠠ ᠶᠢ ᠲᠡᠭᠡᠭᠰᠢᠯᠡᠬᠦᠯᠦᠨ᠂ ᠲᠠᠷᠢᠮᠠᠯ ᠲᠠᠷᠢᠬᠤ ᠲᠠᠯᠠᠪᠠᠢ ᠶᠢ 33.8 ᠲᠦᠮᠡᠨ ᠮᠦ ᠪᠠᠶᠢᠯᠭᠠᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠯᠭᠡᠭᠡᠨ ᠤ ᠬᠦᠭᠵᠢᠯᠲᠡ ᠶᠢᠨ ᠬᠢᠷᠢ ᠳᠦᠪᠰᠢᠨ ᠢ ᠳᠡᠭᠡᠭᠰᠢᠯᠡᠭᠦᠯᠵᠦ᠂ 《ᠨᠢᠭᠡ ᠪᠤᠭᠤᠮᠲᠠ ᠬᠤᠶᠠᠷ | ᠪᠠᠶᠢᠴᠠᠭᠠᠯᠲᠠ》 ᠶᠢᠨ ᠪᠠᠶᠢᠭᠤᠯᠤᠮᠵᠢ ᠶᠢ ᠵᠤᠬᠢᠴᠠᠭᠤᠯᠤᠨ ᠪᠠᠶᠢᠭᠤᠯᠵᠦ᠂ ᠲᠦᠷ ᠴᠠᠭ ᠤᠨ ᠪᠤᠭᠤᠮᠲᠠ ᠨᠡᠭᠡᠭᠡᠬᠦ | ᠴᠢᠳᠠᠪᠬᠢ ᠶᠢ ᠡᠷᠡᠮᠡᠯᠵᠡᠯᠡᠨ᠂ ᠰᠢᠯᠢ ᠶᠢᠨ ᠬᠤᠲᠡ ᠠᠴᠠ ᠤᠯᠠᠭᠠᠨᠪᠠᠭᠠᠲᠤᠷ᠂ ᠰᠢᠶᠠᠩᠭᠠᠡᠭ ᠤᠤᠮᠧᠨ ᠲᠠᠶᠢᠸᠠᠨ ᠬᠦᠷᠬᠦ | ᠲᠦᠷ ᠴᠠᠭ ᠤᠨ ᠤᠯᠠᠨ ᠤᠯᠤᠰ ᠤᠨ ᠠᠭᠠᠷ ᠤᠨ ᠠᠶᠠᠯᠠᠯ ᠤᠨ ᠵᠠᠮ ᠱᠤᠭᠤᠮ ᠢ ᠨᠡᠪᠳᠡᠷᠡᠬᠦᠯᠵᠦ᠂《 ᠵᠡᠭᠦᠨ | ᠬᠤᠶᠢᠲᠦ ᠤᠷᠤᠨ᠂ ᠪᠠᠷᠠᠭᠤᠨ ᠬᠤᠶᠢᠲᠦ ᠤᠷᠤᠨ᠂ ᠤᠮᠠᠷᠠᠲᠦ ᠤᠷᠤᠨ》 ᠳᠤ ᠦᠢᠯᠡᠴᠢᠯᠡᠨ᠂ ᠮᠤᠩᠭᠤᠯ ᠤᠯᠤᠰ᠂ | ᠤᠷᠤᠰ ᠤᠯᠤᠰ ᠲᠤ ᠬᠠᠨᠳᠦᠭᠤᠯᠤᠭᠰᠠᠨ《ᠬᠠᠭᠤᠷᠠᠢ ᠭᠠᠷᠠᠮ》 ᠢ ᠪᠠᠶᠢᠭᠤᠯᠵᠦ᠂ ᠭᠠᠳᠠᠭᠠᠳᠦ ᠶᠠᠪᠤᠯᠴᠠᠭᠠᠨ ᠤ ᠬᠢᠷᠢ | ᠳᠦᠪᠰᠢᠨ ᠢ ᠳᠡᠭᠡᠭᠰᠢᠯᠡᠭᠦᠯᠦᠨ᠎ᠡ᠃ ᠮᠢᠨ ᠡᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ | ᠳᠤᠲᠤᠷᠠᠬᠢ ᠰᠤᠯᠠ ᠪᠠᠶᠢᠭ᠎ᠠ ᠭᠠᠵᠠᠷ ᠢ ᠠᠮᠢᠵᠢᠷᠠᠭᠤᠯᠵᠦ᠂ ᠣᠳᠣᠬᠢᠴᠢᠯᠠᠭᠰᠠᠨ ᠪᠠᠷᠠᠭᠠᠨ ᠤ ᠬᠦᠢᠯᠭᠡᠭᠡᠨ ᠤ | ᠬᠦᠷᠢᠶᠡᠯᠡᠭ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠲᠦᠷᠭᠡᠳᠬᠡᠨ ᠠᠬᠢᠭᠤᠯᠵᠦ᠂ ᠠᠷᠠᠯᠵᠢᠶᠠᠴᠢᠨ ᠣᠷᠢᠵᠦ | ᠪᠠᠯᠨ ᠲᠠᠳᠠᠬᠤ ᠲᠦᠷᠦᠯ ᠵᠤᠶᠢᠯ ᠪᠤᠯᠤᠨ ᠬᠢᠯᠢ ᠶᠢᠨ ᠪᠤᠭᠤᠮᠳᠠ ᠶᠢᠨ ᠬᠢᠨᠠᠨ ᠬᠠᠮᠢᠶᠠᠷᠤᠯᠳᠠ ᠶᠢᠨ ᠲᠠᠯᠠᠪᠠᠢ ᠶᠢ | ᠪᠦᠳᠦᠭᠡᠨ ᠪᠠᠶᠢᠭᠤᠯᠵᠦ᠂ ᠦᠪᠡᠷᠲᠡᠭᠡᠨ ᠵᠠᠰᠠᠬᠤ ᠤᠷᠤᠨ ᠤ ᠳᠡᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠤᠭᠤᠷᠢᠭ ᠪᠤᠯᠭᠠᠨ ᠳᠡᠰ ᠳᠡᠪᠰᠢᠭᠦᠯᠦᠨ᠎ᠡ᠃ ᠬᠤᠨᠭ᠌ ᠰᠢᠩ ᠮᠸᠢ ᠺᠠᠢ ᠯᠦᠡᠭ᠂ ᠪᠤᠬᠢᠷᠳᠤᠯ ᠦᠭᠡᠢ ᠡᠬᠡ ᠭᠠᠵᠠᠷ ᠤᠨ | ᠲᠠᠷᠢᠶᠠᠯᠡᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠠᠮᠦ | ᠲᠤᠰᠤᠨ ᠤ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠡᠷᠲᠡ ᠨᠢᠭᠡᠨ ᠡᠳᠦᠷ ᠠᠰᠢᠭᠯᠠᠯᠲᠠ ᠳᠤ ᠤᠷᠤᠬᠤ ᠶᠢ ᠪᠠᠲᠤᠯᠠᠨ᠎ᠠ | ᠃ ᠤᠳᠤ ᠪᠠᠶᠢᠭ᠎ᠠ ᠲᠠᠷᠢᠶᠠᠯᠡᠩ ᠠᠷᠠᠯᠵᠢᠶᠠᠨ ᠤ ᠵᠠᠬ᠎ᠠ ᠳᠡᠯᠭᠡᠭᠦᠷ ᠤᠨ ᠢᠵᠢ ᠪᠦᠷᠢᠳᠦᠭᠰᠡᠨ ᠲᠦᠬᠦᠭᠡᠷᠦᠮᠵᠢ ᠶᠢ | ᠪᠦᠷᠢᠨᠰᠢᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯᠧᠺᠲᠷᠤᠨ ᠠᠷᠠᠯᠵᠢᠶᠠᠨ ᠤ ᠶᠠᠪᠤᠳᠠᠯ ᠢ | ᠶᠡᠬᠡᠪᠡᠷ ᠬᠦᠭᠵᠢᠭᠦᠯᠵᠦ᠂ ᠡᠯᠧᠺᠲᠷᠤᠨ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ | ᠰᠠᠭᠤᠷᠢᠰᠢᠭᠤᠯᠵᠦ᠂ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠠᠵᠦ ᠠᠬᠤᠶᠢᠯᠠᠯ ᠢ ᠬᠦᠴᠦᠷᠭᠡᠭᠵᠢᠭᠦᠯᠵᠦ᠂ | ᠤᠷᠤᠨ ᠨᠤᠲᠤᠭ ᠤᠨ ᠤᠨᠴᠠᠯᠢᠭ ᠲᠠᠢ ᠲᠠᠸᠠᠷ ᠤᠨ ᠡᠵᠡᠩᠨᠡᠯᠲᠡ ᠶᠢᠨ ᠭᠤᠤᠯ ᠴᠤᠭᠴᠡ ᠶᠢᠨ ᠬᠤᠳᠠᠯᠳᠤᠭᠠᠨ ᠤ | ᠴᠢᠭ ᠢ ᠡᠷᠬᠢᠯᠡᠬᠦ ᠶᠢ ᠳᠠᠮᠵᠢᠵᠦ᠂ ᠤᠯᠠᠮᠵᠢᠯᠠᠯᠲᠦ ᠠᠵᠦ ᠦᠢᠯᠡᠰ ᠪᠤᠯᠤᠨ ᠰᠢᠨ᠎ᠡ ᠬᠡᠯᠪᠡᠷᠢ ᠶᠢᠨ ᠢᠨᠲ᠋ᠧᠷ | ᠰᠦᠯᠵᠢᠶ᠎ᠡ ᠶᠢᠨ ᠠᠵᠦ ᠠᠬᠤᠢ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠬᠡᠷᠡᠭᠯᠡᠭᠡᠨ ᠤ ᠲᠦᠷᠭᠡᠨ | ᠬᠤᠷᠳᠤᠴᠠ ᠪᠠᠷ ᠨᠡᠮᠡᠭᠳᠡᠬᠦ ᠶᠢ ᠳᠠᠶᠢᠴᠢᠯᠠᠨ᠎ᠠ᠃ ᠦᠪᠡᠷᠮᠢᠴᠢᠯᠡᠯᠲᠡ᠂ ᠤᠯᠠᠨ ᠳᠡᠯᠡᠴᠢᠯᠡᠯᠲᠡ ᠬᠡᠷᠡᠭᠯᠡᠭᠡᠨ ᠤ ᠲᠦᠷᠭᠡᠨ | ᠨᠡᠮᠡᠭᠳᠡᠯ ᠤᠨ ᠱᠠᠭᠠᠷᠳᠠᠯᠭ᠎ᠠ ᠳᠤ ᠵᠤᠬᠢᠴᠠᠨ᠂ ᠭᠡᠷ ᠪᠦᠯᠢ ᠶᠢᠨ ᠶᠠᠪᠤᠳᠠᠯ᠂ ᠨᠠᠰᠤᠵᠢᠯ ᠤᠨ ᠠᠰᠠᠷᠠᠮᠵᠢ᠂ ᠰᠤᠶᠤᠯ | ᠲᠠᠮᠢᠷ᠂ ᠡᠷᠡᠭᠦᠯ ᠮᠡᠨᠳᠦ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠢᠨᠵᠧᠨᠧᠷᠢᠩ ᠢ ᠲᠦᠯᠬᠢᠨ ᠠᠬᠢᠭᠤᠯᠵᠦ᠂ | ᠦᠢᠯᠡᠴᠢᠯᠡᠭᠡᠨ ᠤ ᠦᠢᠯᠡᠰ ᠤᠨ ᠰᠢᠨ᠎ᠡ ᠨᠡᠮᠡᠭᠳᠡᠯ ᠴᠢᠭ ᠢ ᠪᠤᠶᠢᠵᠢᠭᠤᠯᠤᠨ᠎ᠠ᠃ ᠰᠤᠶᠤᠯ ᠵᠤᠭᠠᠴᠠᠯ ᠤᠨ ᠦᠢᠯᠡᠰ ᠢ | ᠶᠡᠬᠡᠪᠡᠷ ᠬᠦᠭᠵᠢᠭᠦᠯᠵᠦ᠂ ᠨᠢᠭᠡ ᠪᠦᠯᠦᠭ ᠨᠠᠷᠢᠯᠢᠭ ᠵᠤᠭᠠᠴᠠᠯ ᠤᠨ ᠲᠦᠷᠦᠯ ᠵᠦᠢᠯ ᠢ ᠲᠦᠪᠯᠡᠷᠡᠭᠦᠯᠦᠨ ᠪᠠᠶᠢᠭᠤᠯᠵᠦ᠂ | ᠦᠪᠡᠷᠮᠢᠴᠡ ᠤᠨᠴᠠᠯᠢᠭ ᠢᠶᠠᠨ ᠰᠢᠯᠢᠳᠡᠭᠵᠢᠭᠦᠯᠵᠦ᠂ ᠰᠤᠳᠤᠨ ᠪᠦᠲᠦᠭᠡᠯ ᠢᠶᠠᠨ ᠬᠦᠴᠦᠷᠬᠡᠭᠵᠢᠭᠦᠯᠵᠦ᠂ ᠨᠡᠷ᠎ᠡ | ᠲᠡᠮᠳᠡᠭ ᠢᠶᠠᠨ ᠠᠯᠳᠠᠷᠰᠢᠭᠤᠯᠤᠨ᠂ ᠲᠠᠯ᠎ᠠ ᠨᠤᠲᠤᠭ ᠤᠨ ᠰᠤᠶᠤᠯ᠂ ᠮᠤᠩᠭᠤᠯ ᠶᠣᠸᠠᠨ ᠤ ᠰᠣᠶᠣᠯ ᠢᠶᠠᠨ | ᠭᠠᠶᠢᠬᠠᠭᠤᠯᠬᠤ᠂ ᠤᠮᠠᠷᠠᠲᠦ ᠬᠢᠯᠢ ᠶᠢᠨ ᠦᠪᠡᠷᠮᠢᠴᠡ ᠤᠨᠴᠠᠯᠢᠭ ᠢᠶᠠᠨ ᠬᠠᠷᠠᠭᠤᠯᠤᠭᠰᠠᠨ ᠵᠤᠭᠠᠴᠠᠨ ᠲᠤᠭᠤᠷᠢᠬᠤ᠂ | ᠠᠮᠠᠷᠠᠵᠦ ᠰᠡᠯᠡᠭᠦᠴᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠠᠳᠤᠭᠤᠨ ᠰᠤᠶᠤᠯ ᠤᠨ《ᠲᠠᠪᠤᠨ ᠲᠦᠪ ᠢ ᠡᠭᠦᠳᠦᠨ | ᠪᠠᠶᠢᠭᠤᠯᠬᠤ 》ᠠᠵᠢᠯ ᠢ ᠡᠬᠢᠯᠡᠭᠦᠯᠵᠦ᠂ ᠮᠤᠷᠢᠨ ᠮᠡᠷᠭᠡᠵᠢᠯ ᠤᠨ ᠮᠦᠷᠦᠶᠢᠴᠡᠭᠡᠨ᠂ ᠠᠳᠤᠭᠤ ᠦᠷᠡᠵᠢᠭᠦᠯᠦᠨ | ᠪᠤᠶᠢᠵᠢᠭᠤᠯᠬᠤ᠂ ᠠᠳᠤᠭᠤᠨ ᠤ ᠠᠷᠠᠯᠵᠢᠶ᠎ᠠ᠂ ᠠᠳᠤᠭᠤᠨ ᠰᠤᠶᠤᠯ ᠤᠨ ᠵᠤᠭᠠᠴᠠᠯ᠂ ᠠᠳᠤᠭᠤᠨ ᠤ ᠠᠰᠢᠭ | ᠰᠢᠮ᠎ᠡ ᠶᠢᠨ ᠦᠢᠯᠡᠳᠪᠦᠷᠢᠯᠡᠯ ᠵᠡᠷᠭᠡ 《ᠲᠠᠪᠤᠨ ᠲᠦᠪ 》 ᠤᠨ ᠨᠡᠷ᠎ᠡ ᠲᠡᠮᠳᠡᠭ ᠢ ᠪᠦᠬᠦ ᠬᠦᠴᠦᠨ ᠢᠶᠠᠷ ᠢᠶᠠᠨ | ᠬᠦᠮᠦᠵᠢᠭᠦᠯᠦᠨ ᠪᠤᠶᠢᠵᠢᠭᠤᠯᠵᠦ᠂ ᠵᠤᠭᠠᠴᠠᠯ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠳᠤᠭᠤᠨ | ᠰᠤᠶᠤᠯ ᠤᠨ ᠲᠦᠪ ᠤᠨ ᠠᠭᠤᠳᠠᠮ ᠲᠠᠯᠠᠪᠠᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢ ᠤᠯᠠᠮ ᠨᠢᠭᠡ ᠠᠯᠬᠤᠮ | ᠪᠦᠷᠢᠨᠰᠢᠭᠦᠯᠵᠦ᠂ ᠤᠯᠤᠰ ᠤᠨ ᠳᠤᠲᠤᠭᠠᠳᠤ ᠳᠤ ᠲᠡᠷᠢᠭᠦᠯᠡᠭᠰᠡᠨ ᠮᠤᠷᠢᠨ ᠮᠡᠷᠭᠡᠵᠢᠯ ᠤᠨ ᠮᠦᠷᠦᠶᠢᠴᠡᠭᠡᠨ ᠤ | ᠲᠠᠯᠠᠪᠠᠢ ᠶᠢ ᠪᠠᠶᠢᠭᠤᠯᠤᠨ᠂ ᠤᠯᠤᠰ ᠤᠨ ᠳᠡᠰ ᠤᠨ ᠵᠤᠭᠠᠴᠠᠯ ᠤᠨ ᠦᠵᠡᠮᠵᠢ ᠶᠢᠨ ᠤᠷᠤᠨ ᠢ ᠴᠢᠷᠮᠠᠶᠢᠨ ᠡᠭᠦᠳᠴᠦ᠂ | ︽2015 ᠤᠨ ᠤ ᠳᠦᠷᠪᠡᠳᠦᠭᠡᠷ ᠬᠤᠭᠤᠴᠠᠭᠠᠨ ᠤ ᠳᠤᠮᠳᠠᠳᠦ ᠤᠯᠤᠰ ᠤᠨ ᠮᠤᠷᠢᠨ ᠮᠡᠷᠭᠡᠵᠢᠯ ᠤᠨ ᠮᠦᠷᠦᠶᠢᠴᠡᠭᠡᠨ | ︾᠂ ᠤᠯᠠᠨ ᠤᠯᠤᠰ ᠤᠨ ᠠᠳᠤᠭᠤᠨ ᠬᠤᠯᠪᠤᠭᠠᠳᠦ ᠵᠦᠪᠯᠡᠯ ᠤᠨ ᠨᠢᠭᠡᠳᠦᠭᠡᠷ ᠤᠳᠤᠨ ᠳᠡᠰ ᠤᠨ ᠬᠤᠯᠠ ᠶᠢᠨ | ᠮᠤᠷᠢᠨ ᠤ ᠤᠷᠤᠯᠳᠤᠭᠠᠨ ᠵᠡᠷᠭᠡ ᠨᠡᠷ᠎ᠡ ᠲᠡᠮᠳᠡᠭᠲᠦ ᠮᠦᠷᠦᠶᠢᠴᠡᠭᠡᠨ ᠤ ᠠᠵᠢᠯᠯᠠᠭᠠᠨ ᠢ ᠳᠠᠭᠠᠭᠠᠨ ᠡᠷᠬᠢᠯᠡᠵᠦ᠂ ᠭᠠᠵᠠᠷ | ᠤᠷᠤᠨ ᠤ ᠨᠡᠷ᠎ᠡ ᠠᠯᠳᠠᠷᠰᠢᠯ ᠢ ᠨᠡᠮᠡᠭᠳᠡᠭᠦᠯᠦᠨ᠎ᠡ᠃ ᠰᠢᠯᠢ ᠶᠢᠨ ᠭᠤᠤᠯ ᠤᠨ ᠵᠡᠷᠯᠢᠭ ᠠᠮᠢᠲᠠᠨ ᠤᠷᠭᠤᠮᠠᠯ ᠤᠨ | ᠬᠦᠷᠢᠶᠡᠯᠡᠩ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ | ᠦᠨᠳᠦᠰᠦᠲᠡᠨ ᠤ ᠰᠤᠶᠤᠯ ᠤᠨ ᠦᠪ ᠬᠦᠷᠦᠩᠭᠡ ᠶᠢ ᠭᠦᠨᠵᠡᠭᠡᠢ ᠠᠭᠤᠳᠠᠯᠠᠵᠦ᠂ ᠨᠡᠭᠦᠳᠡᠯ ᠮᠠᠯᠵᠢᠯ ᠤᠨ ᠰᠤᠶᠤᠯ ᠤᠨ | ᠨᠠᠶᠢᠷ᠂ ᠤᠯᠠᠮᠵᠢᠯᠠᠯᠲᠦ ᠨᠠᠶᠢᠷ ᠨᠠᠭᠠᠳᠤᠮ ᠵᠡᠷᠭᠡ ᠠᠵᠢᠯᠯᠠᠭ᠎ᠠ ᠶᠢ ᠰᠠᠶᠢᠳᠦᠷ ᠡᠷᠬᠢᠯᠡᠵᠦ᠂ ᠡᠪᠦᠯ ᠤᠨ ᠤᠯᠠᠷᠢᠯ ᠤᠨ | ᠵᠤᠭᠠᠴᠠᠯ ᠤᠨ ᠲᠦᠷᠦᠯ ᠵᠦᠢᠯ ᠢ ᠢᠳᠡᠪᠬᠢᠲᠡᠢ ᠨᠡᠭᠡᠭᠡᠨ᠂ ᠵᠤᠭᠠᠴᠠᠯ ᠤᠨ ᠦᠢᠯᠡᠰ ᠤᠨ ᠦᠷᠢᠰᠦᠯᠳᠤᠬᠦ ᠬᠦᠴᠦᠨ ᠢ | ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠵᠤᠭᠠᠴᠠᠯ ᠤᠨ ᠪᠦᠲᠦᠭᠡᠭᠳᠡᠭᠦᠨ ᠢ ᠡᠭᠦᠳᠴᠦ᠂ ᠤᠯᠠᠨ ᠶᠠᠩᠵᠤᠳᠦ | ᠬᠡᠯᠪᠡᠷᠢ ᠶᠢᠨ ᠵᠤᠭᠠᠴᠠᠯ ᠤᠨ ᠶᠠᠪᠤᠵᠦ ᠰᠠᠭᠤᠬᠤ ᠬᠡᠯᠪᠡᠷᠢ ᠶᠢ ᠲᠦᠯᠦᠪᠯᠡᠵᠦ᠂ ᠨᠡᠭᠦᠳᠡᠯ ᠮᠠᠯᠵᠢᠯ ᠤᠨ ᠰᠤᠶᠤᠯ᠂ | ᠦᠨᠳᠦᠰᠦᠲᠡᠨ ᠤ ᠵᠡᠩ ᠠᠷᠠᠨᠰᠢᠯ ᠤᠨ ᠰᠤᠶᠤᠯ᠂ ᠲᠠᠯ᠎ᠠ ᠨᠤᠲᠤᠭ ᠤᠨ ᠦᠵᠡᠮᠵᠢ᠂ ᠰᠡᠯᠡᠭᠦᠴᠡᠨ ᠵᠤᠭᠠᠴᠠᠬᠤ ᠳᠤ | ᠪᠡᠶᠡᠴᠢᠯᠡᠨ ᠤᠷᠤᠯᠴᠠᠬᠤ ᠵᠤᠭᠠᠴᠠᠯ ᠤᠨ ᠵᠠᠮ ᠱᠤᠭᠤᠮ ᠢ ᠡᠭᠦᠳᠴᠦ᠂ ᠪᠦᠬᠦ ᠵᠢᠯ ᠤᠨ ᠬᠦᠯᠢᠶᠡᠨ ᠠᠪᠴᠦ | ᠵᠤᠴᠢᠯᠠᠬᠤ ᠵᠤᠭᠠᠴᠠᠭᠰᠡᠳ ᠤᠨ ᠲᠤᠭ᠎ᠠ᠂ ᠵᠤᠭᠠᠴᠠᠯ ᠤᠨ ᠤᠷᠤᠯᠭ᠎ᠠ ᠶᠢ ᠲᠤᠰᠪᠤᠷᠢ 400 ᠲᠦᠮᠡᠨ ᠬᠦᠮᠦᠨ | ᠤᠳᠠᠭ᠎ᠠ ᠪᠠ 63 ᠳ᠋ᠦᠡᠭᠰᠢᠭᠤᠷ ᠲᠦᠭᠦᠷᠢᠭ ᠲᠤ ᠬᠦᠷᠭᠡᠬᠦ ᠪᠠᠷ ᠴᠢᠷᠮᠠᠶᠢᠵᠦ᠂ ᠳᠤᠮᠳᠠᠴᠢ ᠪᠠᠷ 11% ᠭᠠᠷᠤᠢ | ᠨᠡᠮᠡᠭᠳᠡᠭᠦᠯᠦᠨ᠎ᠡ᠃ | ︵ᠬᠤᠶᠠᠷ︶ ᠤᠯᠠᠨ ᠠᠷᠭ᠎ᠠ ᠵᠠᠮ ᠢᠶᠠᠷ ᠬᠦᠭᠵᠢᠯᠲᠡ ᠶᠢᠨ ᠰᠠᠭᠤᠷᠢ ᠶᠢ ᠪᠠᠳᠤᠳᠬᠠᠨ᠎ᠠ᠃ ᠲᠦᠷᠦᠯ ᠵᠦᠢᠯ ᠤᠨ | ᠪᠠᠶᠢᠭᠤᠯᠤᠯᠲᠠ ᠬᠢᠭᠡᠳ ᠡᠯᠧᠮᠧᠨ᠋ᠲ ᠤᠨ ᠪᠠᠲᠤᠯᠠᠭ᠎ᠠ ᠪᠠᠷ ᠭᠤᠤᠯᠳᠠᠯᠭ᠎ᠠ ᠪᠤᠯᠭᠠᠵᠦ᠂ ᠬᠦᠭᠵᠢᠯᠲᠡ ᠶᠢᠨ ᠰᠠᠭᠤᠷᠢ ᠶᠢ | ᠪᠠᠳᠤᠳᠬᠠᠵᠦ᠂ ᠠᠵᠦ ᠠᠬᠤᠢ ᠶᠢᠨ ᠡᠵᠡᠨ ᠮᠡᠳᠡᠵᠦ ᠨᠡᠮᠡᠭᠳᠡᠭᠦᠯᠬᠦ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ | ᠴᠢᠷᠮᠠᠶᠢᠨ ᠰᠢᠢᠳᠪᠤᠷᠢᠯᠡᠵᠦ᠂ ᠠᠵᠦ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦᠯᠬᠦ ᠶᠢ ᠠᠬᠢᠭᠤᠯᠤᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠤᠷᠤᠭᠤᠯᠤᠯᠲᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠤᠨ᠂ | 95 ᠭᠤᠤᠯᠳᠠᠯᠭ᠎ᠠ ᠲᠠᠢ ᠲᠦᠷᠦᠯ ᠵᠦᠢᠯ ᠢ ᠨᠠᠷᠢᠯᠢᠭ ᠢᠶᠠᠷ ᠵᠤᠬᠢᠶᠠᠨ ᠪᠠᠶᠢᠭᠤᠯᠵᠦ ᠬᠡᠷᠡᠭᠵᠢᠭᠦᠯᠦᠨ᠂ ᠡᠭᠦᠨ ᠳᠤ | ᠵᠢᠯ ᠤᠨ ᠳᠤᠲᠤᠷ᠎ᠠ ᠪᠡᠯᠡ ᠤᠷᠤᠭᠤᠯᠤᠯᠲᠠ ᠨᠢ ᠳ᠋ᠦᠡᠭᠰᠢᠭᠤᠷ ᠲᠦᠭᠦᠷᠢᠭ ᠠᠴᠠ ᠳᠡᠭᠡᠭᠰᠢ ᠲᠦᠷᠦᠯ ᠵᠦᠢᠯ 37 | ᠪᠠᠶᠢᠵᠦ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 20% ᠠᠴᠠ ᠳᠡᠭᠡᠭᠰᠢ ᠳᠠᠶᠢᠴᠢᠯᠠᠨ᠎ᠠ | ᠃ ᠭᠤᠤᠯᠳᠠᠯᠭ᠎ᠠ ᠲᠠᠢ ᠠᠵᠢᠯ ᠲᠦᠷᠦᠯ ᠬᠢᠭᠡᠳ ᠬᠦᠷᠢᠶ᠎ᠡ ᠬᠡᠪᠴᠢᠶᠡᠨ ᠤ ᠲᠤᠭᠤᠷᠢᠨ ᠳᠤ᠂ ᠨᠢᠭᠡ ᠪᠦᠯᠦᠭ ᠵᠠᠮ | ᠬᠠᠷᠢᠯᠴᠠᠭ᠎ᠠ᠂ ᠴᠠᠬᠢᠯᠭᠠᠨ ᠬᠦᠴᠦᠨ᠂ ᠤᠰᠤᠨ ᠠᠰᠢᠭᠯᠠᠯᠲᠠ ᠵᠡᠷᠭᠡ ᠰᠠᠭᠤᠷᠢ ᠲᠦᠬᠦᠭᠡᠷᠦᠮᠵᠢ ᠶᠢᠨ ᠲᠦᠷᠦᠯ | ᠵᠦᠢᠯ ᠢ ᠲᠦᠯᠦᠪᠯᠡᠨ ᠬᠡᠷᠡᠭᠵᠢᠭᠦᠯᠵᠦ᠂ ᠬᠦᠭᠵᠢᠯᠲᠡ ᠶᠢᠨ ᠪᠠᠳᠤᠯᠭᠠᠳᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ︔ | ᠠᠵᠦ ᠦᠢᠯᠡᠰ ᠤᠨ ᠪᠦᠲᠦᠴᠡ ᠶᠢ ᠲᠤᠬᠢᠷᠠᠭᠤᠯᠬᠤ ᠲᠤᠭᠤᠷᠢᠨ ᠳᠤ᠂ ᠡᠨᠧᠷᠬᠢ ᠬᠤᠪᠢᠷᠠᠭᠤᠯᠬᠤ᠂ ᠮᠧᠬᠠᠨᠢᠭ | ᠲᠤᠨᠤᠭᠯᠠᠯ ᠦᠢᠯᠡᠳᠬᠦ᠂ ᠴᠡᠪᠡᠷ ᠡᠨᠧᠷᠬᠢ ᠵᠡᠷᠭᠡ ᠲᠦᠷᠦᠯ ᠵᠦᠢᠯ ᠢ ᠴᠢᠷᠮᠠᠶᠢᠨ ᠠᠬᠢᠭᠤᠯᠵᠦ᠂ ᠠᠵᠦ ᠦᠢᠯᠡᠰ ᠤᠨ | ᠬᠦᠭᠵᠢᠯᠲᠡ ᠶᠢᠨ ᠬᠡᠪᠴᠢᠶ᠎ᠡ ᠬᠢᠭᠡᠳ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ︔ ᠠᠷᠠᠳ ᠤᠨ ᠠᠮᠢᠳᠤᠷᠠᠯ ᠢ | ᠬᠠᠷᠠᠭᠠᠯᠵᠠᠬᠤ ᠲᠤᠭᠤᠷᠢᠨ ᠳᠤ᠂《 ᠮᠠᠯ ᠠᠵᠦ ᠠᠬᠤᠢ᠂ ᠮᠠᠯᠵᠢᠬᠤ ᠤᠷᠤᠨ᠂ ᠮᠠᠯᠴᠢᠳ 》 ᠤᠨ ᠠᠵᠢᠯ᠂ | ᠨᠡᠶᠢᠭᠡᠮ ᠤᠨ ᠠᠵᠢᠯ ᠦᠢᠯᠡᠰ᠂ ᠬᠤᠲᠡ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠬᠡᠪᠴᠢᠶᠡᠨ ᠤ ᠪᠡᠯᠡ ᠤᠷᠤᠭᠤᠯᠤᠯᠲᠠ ᠶᠢ ᠦᠷᠭᠡᠳᠭᠡᠨ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠦᠷᠦᠯ ᠵᠦᠢᠯ ᠤᠨ | ᠤᠷᠢᠳᠠᠬᠢ ᠬᠤᠭᠤᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠨ᠂ ᠲᠦᠷᠦᠯ ᠵᠦᠢᠯ ᠤᠨ ᠪᠠᠲᠤᠯᠠᠭᠠᠨ ᠤ | ᠴᠢᠳᠠᠪᠤᠷᠢ ᠶᠢ ᠳᠡᠭᠡᠭᠰᠢᠯᠡᠭᠦᠯᠦᠨ᠂ ᠨᠢᠭᠡ ᠪᠦᠯᠦᠭ ᠤᠷᠢᠳᠠᠬᠢ ᠬᠤᠭᠤᠴᠠᠭᠠᠨ ᠤ ᠠᠵᠢᠯ ᠢᠶᠠᠨ ᠦᠷᠨᠢᠭᠦᠯᠦᠭᠰᠡᠨ | ᠲᠦᠷᠦᠯ ᠵᠦᠢᠯ ᠢ ᠡᠷᠲᠡᠬᠡᠨ ᠰᠠᠭᠤᠷᠢᠰᠢᠭᠤᠯᠵᠦ ᠠᠵᠢᠯ ᠡᠬᠢᠯᠡᠭᠦᠯᠦᠨ᠎ᠡ᠃ ᠠᠷᠠᠯᠵᠢᠶᠠᠴᠢᠨ ᠤᠷᠢᠵᠦ ᠪᠡᠯᠡ ᠳᠠᠲᠠᠬᠤ | ᠠᠵᠢᠯ ᠢ ᠦᠨᠡᠨᠬᠦ ᠰᠠᠶᠢᠳᠤᠷ ᠠᠳᠬᠤᠨ᠂ ᠡᠬᠢ ᠪᠠᠶᠠᠯᠢᠭ ᠤᠨ ᠳᠠᠪᠠᠭᠤᠯᠢᠭ ᠬᠢᠭᠡᠳ ᠠᠵᠦ ᠦᠢᠯᠡᠰ ᠤᠨ | ᠰᠠᠭᠤᠷᠢᠨ ᠳᠤ ᠲᠦᠰᠢᠭᠯᠡᠨ᠂ ᠠᠷᠠᠯᠵᠢᠶᠠᠴᠢᠨ ᠤᠷᠢᠵᠦ ᠪᠡᠯᠡ ᠳᠠᠲᠠᠬᠤ ᠠᠷᠭ᠎ᠠ ᠮᠠᠶ᠋ᠢᠭ ᠢ ᠰᠢᠨᠡᠳᠭᠡᠨ᠂ ᠠᠵᠦ | ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠦ᠂ ᠨᠢᠭᠡ ᠪᠦᠯᠦᠭ ᠠᠵᠦ ᠦᠢᠯᠡᠰ ᠤᠨ ᠬᠡᠯᠪᠡᠷᠢ ᠶᠢ | ᠬᠤᠪᠢᠷᠠᠭᠤᠯᠬᠤ᠂ ᠠᠵᠦ ᠦᠢᠯᠡᠰ ᠤᠨ ᠬᠡᠯᠬᠢᠶᠡᠵᠢᠯ ᠢ ᠤᠷᠳᠤᠳᠬᠠᠬᠤ ᠶᠢ ᠠᠬᠢᠭᠤᠯᠬᠤ ᠲᠤᠮᠦ ᠲᠦᠷᠦᠯ ᠵᠦᠢᠯ ᠢ | ᠤᠷᠤᠭᠤᠯᠬᠤ ᠪᠠᠷ ᠴᠢᠷᠮᠠᠶᠢᠵᠦ᠂ ᠨᠢᠭᠡ ᠪᠦᠯᠦᠭ ᠳᠠᠶᠢᠴᠢᠯᠠᠬᠤ ᠬᠦᠴᠦᠨ ᠢᠶᠠᠷ ᠴᠢᠩᠭ᠎ᠠ ᠲᠤᠯᠤᠭᠠᠶᠢᠯᠠᠭᠴᠢ ᠠᠵᠦ | ᠠᠬᠤᠶᠢᠯᠠᠯ ᠢ ᠪᠤᠶᠢᠵᠢᠭᠤᠯᠵᠦ᠂ ᠨᠢᠭᠡ ᠪᠦᠯᠦᠭ ᠢᠵᠢ ᠪᠦᠷᠢᠯᠳᠦᠭᠦᠯᠦᠨ ᠬᠠᠮᠵᠢᠯᠴᠠᠬᠤ ᠳᠤᠮᠳᠠ ᠪᠠᠭ᠎ᠠ ᠠᠵᠦ | ᠠᠬᠤᠶᠢᠯᠠᠯ ᠤᠨ ᠲᠦᠷᠦᠯ ᠵᠦᠢᠯ ᠢ ᠨᠦᠯᠦᠭᠡᠯᠡᠨ ᠳᠠᠶᠢᠴᠢᠯᠠᠵᠦ᠂ ᠲᠤᠮᠦ ᠲᠦᠷᠦᠯ ᠵᠦᠢᠯ — ᠲᠤᠮᠦ ᠠᠵᠦ ᠦᠢᠯᠡᠰ | — ᠲᠤᠮᠦ ᠰᠠᠭᠤᠷᠢᠨ ᠭᠠᠵᠠᠷ ᠤᠨ ᠬᠦᠭᠵᠢᠯᠲᠡ ᠶᠢᠨ ᠪᠠᠶᠢᠳᠠᠯ ᠢ ᠪᠦᠷᠢᠯᠳᠦᠭᠦᠯᠦᠨ᠂ ᠡᠨᠡ ᠵᠢᠯ ᠠᠷᠠᠯᠵᠢᠶᠠᠴᠢᠨ | ᠤᠷᠢᠵᠦ ᠪᠡᠯᠡ ᠳᠠᠲᠠᠬᠤ ᠪᠡᠯᠡ ᠮᠦᠡᠭᠭᠦ ᠶᠢ 110 ᠳ᠋ᠦᠡᠭᠰᠢᠭᠤᠷ ᠲᠦᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠬᠤ | ᠪᠠᠷ ᠴᠢᠷᠮᠠᠶᠢᠨ᠎ᠠ᠃ | ᠡᠯᠧᠮᠧᠨ᠋ᠲ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠠᠵᠦ ᠠᠬᠤᠢ ᠶᠢᠨ ᠡᠷᠭᠢᠯᠲᠡ ᠶᠢᠨ ᠲᠤᠬᠢᠷᠠᠭᠤᠯᠤᠯᠲᠠ ᠶᠢ | ᠰᠠᠶᠢᠳᠤᠷ ᠠᠳᠬᠤᠨ᠎ᠠ᠃ ᠠᠵᠦ ᠦᠢᠯᠡᠳᠪᠦᠷᠢ ᠶᠢᠨ ᠠᠵᠦ ᠠᠬᠤᠢ ᠶᠢᠨ ᠡᠷᠭᠢᠯᠲᠡ ᠶᠢᠨ ᠲᠤᠬᠢᠷᠠᠭᠤᠯᠤᠯᠲᠠ᠂ | ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠠᠷᠢᠭᠤᠴᠠᠯᠭ᠎ᠠ ᠶᠢᠨ ᠳᠦᠷᠢᠮ ᠵᠡᠷᠭᠡ ᠳᠦᠷᠢᠮ ᠲᠤᠭᠲᠠᠭᠠᠯ ᠢ | ᠴᠢᠩᠭ᠎ᠠ ᠨᠢᠮᠪᠡᠢ ᠨᠠᠶᠢᠳᠠᠪᠤᠷᠢᠵᠢᠭᠤᠯᠤᠨ᠂ ᠠᠵᠦ ᠠᠬᠤᠢ ᠶᠢᠨ ᠬᠦᠭᠵᠢᠯᠲᠡ ᠬᠢᠭᠡᠳ ᠲᠦᠷᠦᠯ ᠵᠦᠢᠯ ᠤᠨ | ᠠᠬᠢᠯᠲᠠ ᠶᠢᠨ ᠳᠤᠮᠳᠠ ᠲᠤᠬᠢᠶᠠᠯᠳᠤᠭᠰᠠᠨ ᠪᠤᠳᠠᠳᠦ ᠠᠰᠠᠭᠤᠳᠠᠯ ᠢ ᠨᠠᠷᠢᠨ ᠬᠢᠨᠡᠮᠠᠭᠠᠢ ᠰᠤᠳᠤᠯᠤᠨ ᠰᠢᠢᠳᠪᠤᠷᠢᠯᠡᠵᠦ᠂ | ᠲᠦᠷᠦᠯ ᠵᠦᠢᠯ ᠤᠨ ᠠᠬᠢᠴᠡ ᠤᠷᠤᠭᠰᠢᠲᠡᠢ ᠪᠠᠶᠢᠬᠤ ᠶᠢ ᠪᠠᠲᠤᠯᠠᠵᠦ᠂ ᠠᠵᠦ ᠠᠬᠤᠶᠢᠯᠠᠯ ᠤᠨ ᠦᠢᠯᠡᠳᠪᠦᠷᠢᠯᠡᠯ ᠤᠨ | ᠠᠵᠢᠯᠯᠠᠭᠠᠨ ᠢ ᠲᠤᠭᠲᠠᠭᠤᠨ ᠪᠤᠯᠭᠠᠵᠦ᠂ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ | ᠨᠡᠮᠡᠭᠳᠡᠯ ᠦᠷᠲᠡᠭ ᠢ 110 ᠳ᠋ᠦᠡᠭᠰᠢᠭᠤᠷ ᠲᠦᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ ᠪᠡᠯᠡ | ᠤᠷᠤᠭᠤᠯᠬᠤ ᠪᠡᠯᠡ ᠬᠤᠷᠠᠮᠳᠤᠭᠤᠯᠬᠤ ᠵᠤᠬᠢᠴᠠᠮᠵᠢ ᠶᠢᠨ ᠰᠢᠨ᠎ᠡ ᠶᠢ ᠡᠭᠦᠳᠦᠨ᠎ᠡ᠃ ᠤᠯᠤᠰ ᠠᠴᠠ ᠰᠠᠭᠤᠷᠢ | ᠲᠦᠬᠦᠭᠡᠷᠦᠮᠵᠢ᠂ ᠡᠨᠧᠷᠬᠢ ᠶᠢᠨ ᠡᠬᠢ ᠰᠤᠷᠪᠤᠯᠵᠢ ᠵᠡᠷᠭᠡ ᠴᠢᠬᠤᠯᠠ ᠶᠡᠭᠡ ᠲᠦᠷᠦᠯ ᠵᠦᠢᠯ ᠢ ᠳᠤᠮᠳᠠ ᠪᠠᠷᠠᠭᠤᠨ | ᠬᠡᠰᠡᠭ ᠤᠷᠤᠨ ᠵᠢᠴᠢ ᠦᠨᠳᠦᠰᠦᠲᠡᠨ ᠤ ᠤᠷᠤᠨ ᠲᠡᠰᠢ ᠬᠡᠯᠪᠡᠶᠢᠯᠭᠡᠬᠦ ᠶᠢ ᠳᠡᠮᠵᠢᠬᠦ ᠠᠵᠠ ᠳᠤᠬᠢᠶᠠᠯ ᠢ ᠠᠳᠬᠤᠵᠦ᠂ | ᠳᠡᠭᠡᠳᠦ ᠱᠠᠲᠤᠨ ᠤ ᠪᠡᠯᠡ ᠮᠦᠡᠭᠭᠦᠨ ᠤ ᠳᠡᠮᠵᠢᠯᠭᠡ ᠶᠢ ᠢᠳᠡᠪᠬᠢᠲᠡᠢ ᠡᠷᠡᠮᠵᠡᠯᠡᠵᠦ᠂ ᠲᠦᠷᠦᠯ ᠵᠦᠢᠯ ᠤᠨ | ᠪᠠᠶᠢᠭᠤᠯᠤᠯᠲᠠ᠂ ᠠᠵᠦ ᠦᠢᠯᠡᠰ ᠤᠨ ᠬᠦᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠳᠤ ᠪᠡᠯᠡ | ᠮᠦᠡᠭᠭᠦᠨ ᠤ ᠪᠠᠲᠤᠯᠠᠭ᠎ᠠ ᠤᠯᠭᠤᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠬᠦᠲᠦᠯᠦᠨ | ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ ᠲᠠᠮ ᠬᠦᠤ | ᠲᠠᠢ ᠵᠢᠭᠡᠯᠡᠯᠭᠡ ᠤᠯᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠦ᠂ ᠨᠡᠶᠢᠭᠡᠮ ᠤᠨ ᠪᠡᠯᠡ ᠤᠷᠤᠭᠤᠯᠤᠯᠲᠠ ᠶᠢ | ᠳᠠᠲᠠᠵᠦ᠂ ᠪᠡᠯᠡ ᠮᠦᠡᠭᠭᠦᠨ ᠤ ᠬᠡᠮᠵᠢᠶ᠎ᠡ ᠶᠢ ᠶᠡᠬᠡᠳᠭᠡᠨ᠎ᠡ᠃ ᠢᠲᠡᠭᠡᠮᠵᠢᠲᠦ ᠵᠢᠭᠡᠯᠡᠯᠭᠡ ᠶᠢᠨ ᠪᠡᠯᠡ ᠬᠤᠷᠠᠮᠳᠤᠯᠭ᠎ᠠ ᠶᠢ | ᠴᠢᠩᠭᠠᠳᠬᠠᠨ᠂ ᠪᠠᠩᠬᠢ ᠠᠵᠦ ᠠᠬᠤᠶᠢᠯᠠᠯ ᠢ ᠬᠠᠷᠢᠯᠴᠠᠨ ᠵᠤᠯᠭᠠᠯᠳᠤᠭᠤᠯᠬᠤ᠂ ᠶᠠᠷᠢᠯᠴᠠᠨ ᠵᠦᠪᠳᠡᠯᠴᠡᠬᠦ ᠬᠤᠷᠠᠯ ᠬᠢᠬᠦ | ᠵᠡᠷᠭᠡ ᠬᠡᠯᠪᠡᠷᠢ ᠪᠠᠷ ᠳᠠᠮᠵᠢᠨ ᠪᠡᠯᠡ ᠬᠤᠷᠠᠮᠳᠤᠭᠤᠯᠬᠤ ᠲᠠᠪᠴᠡᠩ ᠪᠠᠶᠢᠭᠤᠯᠤᠨ᠎ᠠ᠃ ᠵᠠᠰᠠᠭ ᠤᠨ ᠤᠷᠳᠤᠨ ᠬᠢᠭᠡᠳ | ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠢ ᠶᠡᠬᠡᠪᠡᠷ ᠲᠦᠭᠡᠮᠡᠯᠵᠢᠭᠦᠯᠦᠨ᠂ ᠬᠠᠳᠠᠭᠠᠯᠠᠮᠵᠢ | ᠬᠡᠮᠵᠢᠶᠡᠨ ᠤ ᠡᠳ᠋ ᠬᠦᠷᠦᠩᠭᠡ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠷ ᠪᠡᠯᠡ ᠮᠦᠡᠭᠭᠦ ᠳᠠᠲᠠᠵᠦ᠂ ᠲᠤᠮᠦ | ᠠᠵᠦ ᠠᠬᠤᠶᠢᠯᠠᠯ ᠲᠠᠢ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠦᠷᠨᠢᠭᠦᠯᠵᠦ᠂ ᠰᠠᠭᠤᠷᠢ ᠲᠦᠬᠦᠭᠡᠷᠦᠮᠵᠢ ᠶᠢᠨ | ᠪᠡᠯᠡ ᠬᠤᠷᠠᠮᠳᠤᠭᠤᠯᠬᠤ ᠵᠠᠭᠪᠤᠷ ᠢ ᠰᠢᠨᠡᠳᠭᠡᠨ᠎ᠡ᠃ ᠪᠤᠬᠢᠷᠳᠤᠯ ᠭᠠᠳᠠᠭᠰᠢᠯᠠᠭᠤᠯᠬᠤ ᠡᠷᠬᠡ᠂ ᠰᠦᠢᠳᠭᠡᠯ ᠬᠤᠷᠢᠶᠠᠬᠤ | ᠡᠷᠬᠡ ᠵᠡᠷᠭᠡ ᠳᠠᠨᠵᠢᠯᠠᠭ᠎ᠠ ᠶᠢᠨ ᠵᠢᠭᠡᠯᠡᠯᠭᠡ ᠶᠢ ᠢᠳᠡᠪᠬᠢᠲᠡᠢ ᠦᠷᠨᠢᠭᠦᠯᠦᠨ᠂ ᠮᠦᠡᠭᠭᠦᠨ ᠭᠦᠢᠯᠭᠡᠭᠡᠨ ᠤ | ᠪᠠᠶᠢᠭᠤᠯᠤᠮᠵᠢ ᠶᠢ ᠵᠤᠷᠢᠭᠵᠢᠭᠤᠯᠤᠨ ᠪᠤᠳᠠᠳᠦ ᠴᠤᠭᠴᠠ ᠶᠢᠨ ᠠᠵᠦ ᠠᠬᠤᠢ ᠶᠢᠨ ᠬᠦᠭᠵᠢᠯᠲᠡ ᠶᠢ ᠳᠡᠮᠵᠢᠨ᠎ᠡ᠃ | ᠴᠠᠬᠢᠯᠭᠠᠨ ᠲᠤᠤᠷ᠂ ᠴᠠᠬᠢᠯᠭᠠᠨ ᠤ ᠢᠷᠡᠯᠲᠡ ᠶᠢᠨ ᠠᠵᠦ ᠠᠬᠤᠶᠢᠯᠠᠯ ᠤᠨ ᠠᠶᠢᠮᠠᠭ ᠤᠨ ᠳᠤᠲᠤᠭᠠᠳᠤ ᠳᠤ ᠪᠡᠯᠡ | ᠬᠤᠷᠠᠮᠳᠤᠭᠤᠯᠬᠤ ᠶᠢ ᠬᠦᠲᠦᠯᠦᠨ ᠵᠢᠯᠤᠭᠤᠤᠴᠦ᠂ ᠪᠠᠩᠬᠢ ᠠᠵᠦ ᠠᠬᠤᠶᠢᠯᠠᠯ ᠬᠠᠮᠳᠤᠪᠡᠷ ᠦᠷ᠎ᠡ ᠠᠰᠢᠭ ᠤᠯᠬᠤ ᠶᠢ | ᠪᠡᠶᠡᠯᠡᠭᠦᠯᠦᠨ᠎ᠡ᠃ 2015 ᠤᠨ ᠳᠤ ᠳᠤᠮᠳᠠ ᠪᠠᠭ᠎ᠠ ᠠᠵᠦ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ | ᠨᠡᠮᠡᠭᠳᠡᠯ ᠤᠨ ᠬᠤᠷᠳᠤᠴᠠ ᠶᠢ ᠪᠦᠬᠦ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠳᠤᠤᠷ᠎ᠠ ᠪᠠᠶᠢᠯᠭᠠᠬᠤ ᠦᠭᠡᠢ᠂ | ᠨᠡᠮᠡᠭᠳᠡᠯ ᠤᠨ ᠬᠡᠮᠵᠢᠶ᠎ᠡ ᠶᠢ ᠳᠡᠭᠡᠷ᠎ᠡ ᠵᠢᠯ ᠤᠨ《 ᠬᠤᠶᠠᠷ ᠠᠴᠠ ᠳᠤᠷᠤᠭᠰᠢ ᠪᠠᠶᠢᠯᠭᠠᠬᠤ ᠦᠭᠡᠢ 》 ᠬᠠᠷᠠᠯᠲᠠ ᠠᠴᠠ | ᠳᠤᠤᠷ᠎ᠠ ᠪᠠᠶᠢᠯᠭᠠᠬᠤ ᠦᠭᠡᠢ ᠶᠢ ᠪᠠᠲᠤᠯᠠᠨ᠎ᠠ᠃ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ᠂ | ᠲᠡᠮᠦᠷ ᠵᠠᠮ᠂ ᠠᠭᠠᠷ ᠤᠨ ᠠᠶᠠᠯᠠᠯ᠂ ᠴᠠᠬᠢᠯᠭᠠᠨ ᠲᠤᠤᠷ᠂ ᠤᠰᠤᠨ ᠠᠰᠢᠭᠯᠠᠯᠲᠠ ᠪᠠᠷ ᠰᠢᠪᠲᠤᠯᠤᠯᠲᠡ ᠶᠢᠨ ᠴᠢᠭ | ᠪᠤᠯᠭᠠᠨ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠳ᠋ᠠᠨᠳᠦ᠋ᠡᠭ ᠠᠴᠠ ᠰᠢᠯᠢ ᠶᠢᠨ ᠬᠤᠲᠡ ᠬᠦᠷᠬᠦ ᠦᠨᠳᠦᠷ ᠬᠤᠷᠳᠤᠴᠠᠳᠦ ᠵᠠᠰᠠᠮᠠᠯ ᠵᠠᠮ᠂ 303 | ᠤᠯᠤᠰ ᠤᠨ ᠵᠠᠮ ᠤᠨ ᠪᠢᠯᠡᠭᠦᠲᠡᠢ — ᠰᠢᠯᠢ ᠶᠢᠨ ᠬᠤᠲᠡ ᠶᠢᠨ ᠨᠢᠭᠡᠳᠦᠭᠡᠷ ᠳᠡᠰ ᠤᠨ ᠵᠠᠰᠠᠮᠠᠯ ᠵᠠᠮ᠂ ᠰᠢᠯᠢ ᠶᠢᠨ | ᠭᠤᠤᠯ ᠠᠶᠢᠮᠠᠭ — ᠪᠡᠭᠡᠵᠢᠩ ᠤᠨ ᠲᠦᠷᠭᠡᠨ ᠬᠤᠷᠳᠤᠴᠠᠳᠦ ᠲᠡᠮᠦᠷ ᠵᠠᠮ ᠵᠡᠷᠭᠡ ᠢᠨᠵᠧᠨᠧᠷᠢᠩ ᠢ ᠬᠠᠮᠵᠢᠯᠴᠠᠨ | ᠠᠬᠢᠭᠤᠯᠤᠨ᠎ᠠ︔ ᠳ᠋ᠠᠨᠳᠦ᠋ᠡᠭ ᠠᠴᠠ ᠰᠢᠯᠢ ᠶᠢᠨ ᠬᠤᠲᠡ ᠬᠦᠷᠬᠦ ᠦᠨᠳᠦᠷ ᠬᠤᠷᠳᠤᠴᠠᠳᠦ ᠵᠠᠰᠠᠮᠠᠯ ᠵᠠᠮ ᠤᠨ ᠰᠢᠯᠢ ᠶᠢᠨ | ᠬᠤᠲᠡ ᠶᠢᠨ ᠬᠡᠰᠡᠭ ᠤᠨ ᠵᠠᠯᠭᠠᠯᠳᠤᠭᠤᠯᠬᠤ ᠱᠤᠭᠤᠮ᠂ ᠬᠤᠲᠡ ᠶᠢᠨ ᠤᠮᠠᠷᠠᠲᠦ ᠶᠢᠨ ᠬᠤᠶᠠᠳᠤᠭᠠᠷ ᠲᠤᠭᠤᠷᠢᠯ | ᠵᠠᠮ ᠤᠨ ᠨᠡᠪᠲᠡᠷᠡᠭᠡᠳᠦᠢ ᠬᠡᠰᠡᠭ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ︔ | ᠰᠢᠯᠢ ᠶᠢᠨ ᠬᠤᠲᠡ ᠶᠢᠨ ᠨᠢᠰᠭᠡᠯ ᠤᠨ ᠪᠠᠭᠤᠳᠠᠯ ᠤᠨ ᠳᠡᠰ ᠳᠠᠪᠰᠢᠬᠦ ᠢᠨᠵᠧᠨᠧᠷᠢᠩ ᠢ ᠲᠦᠷᠭᠡᠳᠭᠡᠨ᠎ᠡ ︔ | ᠬᠤᠲᠡ ᠶᠢᠨ ᠴᠠᠬᠢᠯᠭᠠᠨ ᠲᠤᠤᠷ ᠢ ᠵᠠᠰᠠᠨ ᠦᠭᠡᠷᠡᠴᠢᠯᠡᠬᠦ᠂ ᠮᠠᠯᠵᠢᠬᠤ ᠤᠷᠤᠨ ᠤ ᠴᠠᠬᠢᠯᠭᠠᠨ ᠲᠤᠤᠷ ᠢ ᠪᠦᠲᠦᠭᠡᠨ | ᠪᠠᠶᠢᠭᠤᠯᠬᠤ ᠵᠡᠷᠭᠡ ᠢᠨᠵᠧᠨᠧᠷᠢᠩ ᠢ ᠰᠠᠶᠢᠳᠤᠷ ᠬᠡᠷᠡᠭᠵᠢᠭᠦᠯᠵᠦ᠂ ᠴᠠᠬᠢᠯᠭᠠᠨ ᠬᠦᠴᠦᠨ ᠤ ᠪᠠᠲᠤᠯᠠᠭᠠᠳᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠦᠪᠡᠷᠲᠡᠭᠡᠨ ᠮᠠᠯᠲᠠᠭᠰᠠᠨ ᠬᠤᠳᠳᠤᠭ ᠢ ᠬᠡᠷᠡᠭᠯᠡᠬᠦ ᠶᠢ | ᠵᠤᠭᠰᠤᠭᠠᠬᠤ ᠡᠷᠴᠢᠮ ᠢ ᠶᠡᠭᠡᠳᠭᠡᠵᠦ᠂ ᠬᠤᠲᠡ ᠶᠢᠨ ᠤᠰᠤ ᠬᠠᠨᠭ᠍ᠭᠠᠬᠤ ᠴᠢᠳᠠᠪᠤᠷᠢ ᠶᠢ ᠴᠢᠩᠭᠠᠳᠬᠠᠨ᠎ᠠ᠃ | ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠠᠷᠭ᠎ᠠ ᠵᠠᠮ ᠢᠶᠠᠷ ᠪᠦᠲᠦᠭᠡᠨ | ᠪᠠᠶᠢᠭᠤᠯᠤᠯᠲᠠ ᠶᠢᠨ ᠪᠡᠯᠡ ᠮᠦᠡᠭᠭᠦ ᠬᠤᠷᠠᠮᠳᠤᠭᠤᠯᠤᠨ᠂ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢ | ᠲᠡᠭᠦᠯᠳᠡᠷᠵᠢᠭᠦᠯᠦᠨ᠂ ᠬᠦᠷᠢᠶᠡᠯᠡᠩ ᠲᠤᠭᠤᠷᠢᠭ ᠤᠨ ᠠᠵᠦ ᠦᠢᠯᠡᠰ ᠢ ᠳᠠᠲᠠᠬᠤ ᠴᠢᠳᠠᠪᠤᠷᠢ ᠬᠢᠭᠡᠳ | ᠶᠡᠷᠤᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠵᠢᠯ ᠤᠨ ᠳᠤᠲᠤᠷ᠎ᠠ ᠠᠵᠦ | ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ | ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠷᠢᠶᠡᠯᠡᠩ ᠭᠤᠷᠪᠠᠨ ᠶᠡᠭᠡ ᠬᠦᠷᠢᠶᠡᠯᠡᠩ | ᠲᠤᠭᠤᠷᠢᠭ ᠲᠤ 30 ᠭᠠᠷᠤᠢ ᠡᠷᠦᠬᠡ ᠠᠵᠦ ᠠᠬᠤᠶᠢᠯᠠᠯ ᠢ ᠤᠷᠤᠭᠤᠯᠬᠤ ᠪᠠᠷ ᠴᠢᠷᠮᠠᠶᠢᠵᠦ᠂ ᠠᠵᠦ ᠦᠢᠯᠡᠰ ᠢ | ᠳᠠᠶᠢᠴᠢᠯᠠᠨ ᠳᠠᠭᠠᠭᠤᠯᠬᠤ ᠴᠢᠳᠠᠪᠤᠷᠢ ᠴᠢᠩᠭ᠎ᠠ᠂ ᠲᠦᠪᠯᠡᠷᠡᠭᠦᠯᠦᠭᠰᠡᠨ ᠦᠷ᠎ᠡ ᠠᠰᠢᠭ ᠢᠯᠡᠷᠬᠡᠢ ᠲᠤᠯᠤᠭᠠᠶᠢᠯᠠᠭᠴᠢ | ᠠᠵᠦ ᠠᠬᠤᠶᠢᠯᠠᠯ ᠢ ᠲᠤᠰᠪᠤᠷᠢ 1-2 ᠡᠷᠦᠭᠡ ᠤᠷᠤᠭᠤᠯᠤᠨ᠎ᠠ᠃ | ︵ᠭᠤᠷᠪᠠ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠦᠨᠡᠨᠬᠦ ᠴᠢᠩᠭᠠᠳᠬᠠᠨ᠎ᠠ᠃ ᠠᠮᠢ | ᠠᠬᠤᠢ ᠶᠢᠨ ᠪᠤᠯᠪᠠᠰᠤᠨ ᠤ ᠦᠵᠡᠯᠲᠡ ᠶᠢ ᠪᠠᠲᠦ ᠪᠠᠬᠢ ᠪᠤᠢ ᠪᠤᠯᠭᠠᠵᠦ᠂ ᠠᠷᠠᠳ ᠤᠯᠠᠨ ᠤ ᠤᠬᠢ ᠰᠠᠶᠢᠨ ᠠᠮᠢ | ᠠᠬᠤᠢ ᠶᠢᠨ ᠤᠷᠴᠢᠨ ᠲᠤᠭᠤᠷᠢᠨ ᠤ ᠳᠤᠬᠠᠢ ᠬᠦᠰᠡᠯ ᠡᠷᠡᠮᠡᠯᠵᠡᠯ ᠯᠦᠭᠡ ᠰᠠᠨᠠᠭᠠᠴᠢᠯᠭ᠎ᠠ ᠲᠠᠢ ᠵᠤᠬᠢᠴᠠᠵᠦ᠂ ᠡᠬᠡ | ᠤᠷᠤᠨ ᠤ ᠤᠮᠠᠷᠠᠲᠦ ᠬᠢᠯᠢ ᠶᠢᠨ ᠠᠮᠢ ᠠᠬᠤᠢ ᠶᠢᠨ ᠪᠠᠲᠤᠯᠠᠭ᠎ᠠ ᠶᠢᠨ ᠭᠤᠶᠤ ᠰᠠᠶᠢᠬᠠᠨ ᠦᠵᠡᠮᠵᠢ ᠶᠢᠨ ᠱᠤᠭᠤᠮ ᠢ | ᠡᠭᠦᠳᠦᠨ ᠪᠠᠶᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ ᠶᠢ ᠪᠠᠷᠢᠮᠳᠠᠯᠠᠵᠦ᠂ ᠦᠡᠭᠭᠡᠨ ᠲᠠᠯ᠎ᠠ ᠤᠭ ᠦᠨᠳᠦᠰᠦ ᠶᠢ ᠨᠢ ᠬᠠᠮᠳᠦ ᠳᠤᠨᠢ ᠵᠠᠰᠠᠵᠦ᠂ | ᠠᠮᠢ ᠠᠬᠤᠢ ᠶᠢᠨ ᠰᠡᠷᠡᠮᠵᠢ ᠶᠢᠨ ᠱᠤᠭᠤᠮ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠢᠮᠪᠡᠢ | ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ《ᠦᠭᠴᠡᠭᠡᠨ ᠤ ᠨᠠᠷᠢᠨ ᠳᠠᠩᠰᠠ》 ᠶᠢᠨ | ᠳᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ ᠨᠡᠶᠢᠳᠡᠮ ᠪᠠᠶᠢᠴᠠᠭᠠᠯᠲᠠ ᠪᠠᠷ ᠦᠨᠳᠦᠰᠦᠯᠡᠯ ᠪᠤᠯᠭᠠᠨ᠂ | ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠭᠴᠡᠭᠡᠨ ᠤ ᠬᠦᠰᠦᠨᠦᠭᠲᠦ ᠬᠢᠭᠡᠳ ᠪᠠᠶᠢᠭᠠᠯᠢ ᠶᠢᠨ ᠡᠬᠢ | ᠪᠠᠶᠠᠯᠢᠭ ᠡᠳ᠋ ᠬᠦᠷᠦᠩᠭᠡ ᠶᠢᠨ ᠲᠤᠰᠢᠶᠠᠯ ᠠᠴᠠ ᠰᠠᠯᠠᠬᠤ ᠬᠢᠨᠠᠨ ᠪᠤᠳᠤᠯᠲᠠ ᠶᠢᠨ ᠳᠦᠷᠢᠮ᠂ ᠠᠮᠢ ᠠᠬᠤᠢ ᠶᠢᠨ | ᠤᠷᠴᠢᠨ ᠲᠤᠭᠤᠷᠢᠨ ᠤ ᠬᠤᠬᠢᠷᠠᠭᠤᠯᠤᠯᠲᠠ ᠶᠢᠨ ᠨᠠᠰᠤᠨ ᠲᠤᠷᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠲᠤᠭᠲᠠᠭᠠᠵᠦ᠂ ᠤᠳᠤᠷᠢᠳᠬᠤ ᠺᠠᠳ᠋ᠷ ᠤᠨ ᠠᠮᠢ ᠠᠬᠤᠢ ᠶᠢᠨ ᠬᠦᠷᠦᠩᠭᠡ ᠬᠤᠭᠰᠢᠯ ᠢ ᠬᠠᠮᠠᠭᠠᠯᠠᠬᠤ᠂ ᠤᠷᠴᠢᠨ | ᠲᠤᠭᠤᠷᠢᠨ ᠤ ᠦᠭᠴᠡᠭᠡ ᠶᠢ ᠪᠠᠭᠠᠰᠬᠠᠬᠤ ᠤᠬᠠᠮᠰᠠᠷᠲᠦ ᠴᠢᠨᠠᠷ ᠢ ᠴᠢᠩᠭᠠᠳᠬᠠᠨ᠎ᠠ᠃ ᠠᠭᠤᠷᠬᠠᠢ ᠶᠢᠨ ᠦᠢᠯᠡᠰ ᠤᠨ | ᠨᠡᠭᠡᠭᠡᠯᠲᠡ ᠬᠠᠮᠢᠶᠠᠷᠤᠯᠲᠠ ᠶᠢ ᠴᠢᠩᠭᠠᠳᠬᠠᠵᠦ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠪᠤᠭᠤᠮᠲᠠ ᠶᠢ ᠴᠢᠩᠭ᠎ᠠ | ᠠᠳᠬᠤᠨ᠂ ᠤᠷᠴᠢᠨ ᠲᠤᠭᠤᠷᠢᠨ ᠤ ᠬᠠᠮᠠᠭᠠᠯᠠᠯᠲᠠ᠂ ᠠᠮᠢ ᠠᠬᠤᠢ ᠶᠢᠨ ᠨᠦᠬᠦᠪᠦᠷᠢ ᠵᠡᠷᠭᠡ ᠲᠦᠷᠦᠯ ᠵᠦᠢᠯ ᠢ ᠬᠢᠨᠠᠨ | ᠵᠦᠪᠰᠢᠶᠡᠷᠡᠬᠦ ᠤᠷᠢᠳᠠᠬᠢ ᠴᠢᠨᠠᠷᠲᠠᠢ ᠨᠦᠬᠦᠴᠡᠯ ᠪᠤᠯᠭᠠᠨ ᠴᠢᠩᠭ᠎ᠠ ᠬᠡᠷᠡᠭᠵᠢᠭᠦᠯᠦᠨ᠎ᠡ᠃ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤ ᠦᠨᠡᠯᠡᠯᠲᠡ ᠬᠢᠭᠡᠳ《ᠭᠤᠷᠪᠠ ᠶᠢ ᠬᠠᠮᠳᠦ ᠳᠤᠨᠢ | ᠶᠠᠪᠤᠭᠳᠠᠭᠤᠯᠬᠤ 》ᠳᠦᠷᠢᠮ ᠢ ᠴᠢᠩᠭ᠎ᠠ ᠨᠢᠮᠪᠡᠢ ᠨᠠᠶᠢᠳᠠᠪᠤᠷᠢᠵᠢᠭᠤᠯᠤᠨ᠂ ᠠᠵᠦ ᠠᠬᠤᠶᠢᠯᠠᠯ ᠤᠨ ᠪᠤᠬᠢᠷᠳᠤᠯ ᠢ | ᠰᠡᠷᠭᠡᠶᠢᠯᠡᠨ ᠵᠠᠰᠠᠬᠤ ᠠᠷᠭ᠎ᠠ ᠪᠠᠷᠢᠯ ᠦᠨᠡᠨᠬᠦ ᠨᠡᠶᠢᠳᠠᠪᠤᠷᠢᠵᠢᠭᠳᠠᠬᠤ ᠶᠢ ᠪᠠᠲᠤᠯᠠᠨ᠎ᠠ᠃ ᠡᠬᠢ ᠰᠤᠷᠪᠤᠯᠵᠢ ᠶᠢ | ᠲᠦᠯᠦᠪᠦᠷᠢᠲᠡᠢ ᠬᠡᠷᠡᠭᠯᠡᠬᠦ ᠬᠢᠭᠡᠳ ᠠᠮᠢ ᠠᠬᠤᠢ ᠶᠢᠨ ᠨᠦᠬᠦᠪᠦᠷᠢ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ | ᠬᠡᠨ ᠨᠡᠭᠡᠭᠡᠭᠰᠡᠨ ᠪᠤᠯ ᠬᠡᠨ ᠵᠠᠰᠠᠬᠤ᠂ ᠬᠡᠨ ᠪᠤᠬᠢᠷᠳᠤᠭᠤᠯᠤᠭᠰᠡᠨ ᠪᠤᠯ ᠬᠡᠨ ᠰᠦᠢᠳᠭᠡᠯ ᠲᠤᠰᠢᠶᠠᠬᠤ ᠵᠠᠷᠴᠢᠮ | ᠶᠤᠰᠤᠭᠠᠷ᠂ ᠤᠷᠴᠢᠨ ᠲᠤᠭᠤᠷᠢᠨ ᠤ ᠪᠤᠬᠢᠷᠳᠤᠯ ᠢ ᠵᠠᠰᠠᠨ ᠴᠡᠭᠴᠡᠯᠡᠬᠦ ᠵᠠᠬ᠎ᠠ ᠳᠡᠯᠭᠡᠭᠦᠷᠴᠢᠯᠡᠭᠰᠡᠨ ᠵᠤᠬᠢᠴᠠᠮᠵᠢ ᠶᠢ | ᠰᠦᠪᠡᠭᠴᠢᠯᠡᠨ ᠪᠠᠶᠢᠭᠤᠯᠵᠦ᠂ ᠭᠤᠷᠪᠠᠳᠡᠬᠢ ᠡᠲᠡᠭᠡᠳ ᠠᠴᠠ ᠵᠠᠰᠠᠨ ᠴᠡᠭᠴᠡᠯᠡᠯᠲᠡ ᠬᠢᠬᠦ ᠶᠢ ᠵᠤᠷᠢᠭᠵᠢᠭᠤᠯᠤᠨ᠎ᠠ᠃ | ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ | ᠤᠰᠤᠨ ᠤ ᠶᠡᠷᠦᠩᠬᠡᠢ ᠬᠡᠮᠵᠢᠶᠡᠨ ᠤ ᠡᠵᠡᠮᠳᠡᠯ ᠂ ᠤᠰᠤᠨ ᠤ ᠬᠡᠷᠡᠭᠯᠡᠯᠲᠡ ᠶᠢᠨ ᠠᠰᠢᠭᠯᠠᠮᠵᠢ ᠶᠢᠨ ᠡᠵᠡᠮᠳᠡᠯ᠂ | ᠤᠰᠤᠨ ᠤ ᠴᠢᠳᠠᠪᠬᠢ ᠶᠢᠨ ᠤᠷᠤᠨ ᠢ ᠪᠤᠬᠢᠷᠳᠤᠭᠤᠯᠬᠤ ᠶᠢ ᠬᠢᠵᠠᠭᠠᠷᠯᠠᠬᠤ《ᠭᠤᠷᠪᠠᠨ ᠵᠤᠷᠪᠤᠰ ᠰᠡᠷᠡᠮᠵᠢ ᠶᠢᠨ | ᠱᠤᠭᠤᠮ》 ᠤᠨ ᠳᠦᠷᠢᠮ ᠢ ᠨᠠᠶᠢᠳᠠᠪᠤᠷᠢᠵᠢᠭᠤᠯᠵᠦ᠂ ᠨᠡᠪᠴᠢᠮᠡᠯ ᠤᠰᠤ ᠶᠢ ᠪᠠᠷᠢᠮᠵᠢᠶᠠᠨ ᠳᠤ ᠬᠦᠷᠭᠡᠵᠦ ᠳᠠᠬᠢᠨ | ᠠᠰᠢᠭᠯᠠᠬᠤ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ ᠬᠠᠮᠢᠶᠠᠷᠤᠯᠲᠠ᠂ ᠤᠤᠭᠤᠬᠤ ᠤᠰᠤᠨ ᠤ ᠴᠢᠨᠠᠷ ᠤᠨ | ᠳᠡᠭᠡᠭᠰᠢᠯᠡᠯᠲᠡ᠂ ᠤᠰᠤ ᠵᠠᠯᠠᠬᠤ ᠪᠤᠵᠠᠷ ᠤᠰᠤ ᠭᠠᠳᠠᠭᠰᠢᠯᠠᠭᠤᠯᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠢᠨᠵᠧᠨᠧᠷᠢᠩ ᠢ ᠨᠢᠭᠡᠳᠤᠯᠲᠠᠢ ᠲᠦᠯᠦᠪᠯᠡᠨ ᠠᠬᠢᠭᠤᠯᠵᠦ᠂ ᠤᠰᠤᠨ ᠤ ᠡᠬᠢ ᠰᠤᠷᠪᠤᠯᠵᠢ ᠶᠢᠨ ᠠᠶᠤᠯᠭᠦᠢ | ᠬᠠᠨᠭ᠍ᠭᠠᠯᠲᠠ᠂ ᠵᠤᠬᠢᠰᠲᠠᠢ ᠲᠤᠬᠢᠷᠠᠭᠤᠯᠤᠯᠲᠠ᠂ ᠦᠨᠳᠦᠷ ᠦᠷ᠎ᠡ ᠠᠰᠢᠭᠲᠠᠢ ᠠᠰᠢᠭᠯᠠᠯᠲᠠ ᠬᠢᠭᠡᠳ ᠪᠦᠲᠦᠮᠵᠢᠲᠡᠢ | ᠬᠠᠮᠠᠭᠠᠯᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠬᠢᠭᠡᠳ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠲᠠᠯ᠎ᠠ ᠨᠤᠲᠤᠭ ᠤᠨ | ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠦᠬᠦᠪᠦᠷᠢ ᠦᠭᠴᠦ ᠱᠠᠩᠨᠠᠨ ᠬᠦᠬᠢᠭᠦᠯᠬᠦ ᠵᠤᠬᠢᠴᠠᠮᠵᠢ ᠶᠢ ᠬᠢᠨᠠᠮᠠᠭᠠᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ | ᠵᠤᠭᠰᠤᠭᠠᠭᠰᠠᠨ ᠤ ᠳᠠᠷᠠᠭᠠᠬᠢ ᠠᠵᠦ ᠦᠢᠯᠡᠰ ᠢ ᠳᠡᠮᠵᠢᠨ ᠳᠡᠳᠭᠦᠬᠦ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠂ ᠲᠠᠯ᠎ᠠ ᠨᠤᠲᠤᠭ ᠤᠨ ᠠᠮᠢ ᠠᠬᠤᠢ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠠᠮᠢ | ᠠᠬᠤᠢ ᠶᠢᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠢᠩᠭᠠᠳᠬᠠᠨ᠎ᠠ᠃ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠵᠠᠰᠠᠯᠲᠠ᠂ ᠭᠤᠤᠯᠳᠠᠯᠭ᠎ᠠ ᠲᠠᠢ ᠤᠷᠤᠨ ᠪᠦᠰᠡ ᠶᠢᠨ | ᠨᠤᠭᠤᠭᠠᠷᠠᠭᠤᠯᠤᠯᠲᠠ᠂ ᠰᠢᠯᠢ ᠶᠢᠨ ᠭᠤᠤᠯ ᠤᠨ ᠰᠠᠪᠠ ᠭᠠᠵᠠᠷ ᠤᠨ ᠵᠠᠰᠠᠨ ᠴᠡᠭᠴᠡᠯᠡᠯᠲᠡ ᠪᠠ ᠤᠰᠤᠨ ᠤ ᠡᠬᠢ ᠶᠢᠨ | ᠬᠠᠮᠠᠭᠠᠯᠠᠯᠲᠠ᠂ ᠰᠢᠯᠢ ᠶᠢᠨ ᠭᠤᠤᠯ ᠤᠨ ᠠᠮᠢ ᠠᠬᠤᠢ ᠶᠢᠨ ᠤᠰᠤᠨ ᠰᠢᠰᠲ᠋ᠧᠮ ᠤᠨ ᠵᠠᠰᠠᠨ ᠴᠡᠭᠴᠡᠯᠡᠯᠲᠡ᠂ | ᠰᠢᠯᠢ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠵᠡᠷᠭᠡ ᠠᠮᠢ ᠠᠬᠤᠢ ᠶᠢᠨ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠯᠤᠰ ᠤᠨ ᠳᠡᠰ ᠤᠨ ᠭᠠᠯᠲᠦ ᠠᠭᠤᠯᠠ ᠶᠢᠨ ᠭᠠᠵᠠᠷ ᠰᠢᠨᠵᠢᠯᠡᠭᠡᠨ ᠤ | ᠴᠡᠴᠡᠷᠯᠢᠭ ᠢ ᠠᠮᠵᠢᠯᠲᠠᠲᠠᠢ ᠪᠠᠷ ᠡᠷᠡᠮᠵᠡᠯᠡᠵᠦ᠂ ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠦᠷᠭᠡᠳᠭᠡᠨ᠎ᠡ᠃ ᠠᠭᠤᠷᠬᠠᠢ ᠶᠢᠨ ᠤᠷᠴᠢᠨ ᠲᠤᠭᠤᠷᠢᠨ ᠤ ᠵᠠᠰᠨᠨ ᠴᠡᠭᠴᠡᠯᠡᠯᠲᠡ ᠶᠢ | ᠴᠢᠩᠭᠠᠳᠬᠠᠨ᠎ᠠ᠃ ᠢᠯᠠᠯᠲᠠ ᠨᠡᠭᠦᠷᠡᠰᠦᠨ ᠠᠭᠤᠷᠬᠠᠢ ᠶᠢᠨ ᠠᠵᠦ ᠠᠬᠤᠶᠢᠯᠠᠯ ᠢ ᠱᠠᠭᠠᠷᠳᠠᠵᠦ ᠰᠢᠷᠤᠢ | ᠭᠠᠳᠠᠭᠰᠢᠯᠠᠭᠤᠯᠬᠤ ᠲᠠᠯᠠᠪᠠᠢ ᠶᠢᠨ ᠵᠠᠰᠠᠨ ᠴᠡᠭᠴᠡᠯᠡᠯᠲᠡ ᠶᠢ ᠴᠢᠩᠭᠠᠳᠬᠠᠨ᠂《 ᠳᠡᠯᠡᠬᠡᠢ ᠶᠢᠨ ᠳᠡᠰ ᠤᠨ | ᠤᠳᠤᠬᠢᠴᠢᠯᠠᠨᠭᠰᠠᠨ ᠲᠤᠮᠦ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ᠦᠵᠡᠭᠦᠯᠦᠯᠭᠡ ᠶᠢᠨ ᠤᠷᠤᠨ》 ᠢ | ᠪᠠᠶᠢᠭᠤᠯᠤᠨ᠎ᠠ᠃ ᠤᠳᠤ ᠪᠠᠶᠢᠭ᠎ᠠ ᠠᠭᠤᠷᠬᠠᠢ ᠶᠢ ᠨᠢᠭᠡᠳᠭᠡᠵᠦ ᠨᠡᠶᠢᠯᠡᠭᠦᠯᠦᠨ ᠳᠠᠬᠢᠨ ᠪᠠᠶᠢᠭᠤᠯᠬᠤ ᠡᠷᠴᠢᠮ ᠢ | ᠴᠢᠩᠭᠠᠳᠬᠠᠨ᠂ ᠦᠢᠯᠡᠳᠪᠦᠷᠢᠯᠡᠯ ᠤᠨ ᠴᠢᠳᠠᠪᠤᠷᠢ ᠪᠠᠭ᠎ᠠ᠂ ᠳᠡᠰ ᠳᠠᠪᠬᠤᠷᠭ᠎ᠠ ᠳᠤᠤᠷ᠎ᠠ᠂ ᠪᠤᠬᠢᠷᠳᠤᠯ | ᠭᠠᠳᠠᠭᠰᠢᠯᠠᠭᠤᠯᠬᠤ ᠨᠢ ᠪᠠᠷᠢᠮᠵᠢᠶᠠᠨ ᠳᠤ ᠬᠦᠷᠬᠦ ᠦᠭᠡᠢ᠂ ᠠᠮᠤᠷ ᠲᠦᠪᠰᠢᠨ ᠤ ᠭᠡᠮ ᠰᠤᠭᠤᠭ ᠪᠠ ᠲᠤᠭᠲᠠᠭᠤᠨ | ᠪᠤᠰᠦ ᠡᠯᠧᠮᠧᠨ᠋ᠲ ᠤᠷᠤᠰᠢᠵᠦ ᠪᠠᠶᠢᠭ᠎ᠠ ᠠᠭᠤᠷᠬᠠᠢ ᠶᠢᠨ ᠠᠵᠦ ᠠᠬᠤᠶᠢᠯᠠᠯ ᠤᠨ ᠡᠭᠦᠳᠡ ᠶᠢ ᠨᠢ ᠬᠠᠭᠠᠵᠦ᠂ | ᠳᠠᠪᠠᠭᠤᠯᠢᠭ ᠡᠬᠢ ᠰᠤᠷᠪᠤᠯᠵᠢ ᠶᠢ ᠪᠤᠳᠠᠳᠦ ᠬᠦᠴᠦᠨ ᠢᠶᠠᠷ ᠬᠦᠴᠦᠷᠬᠡᠭ ᠲᠤᠮᠦ ᠠᠵᠦ ᠠᠬᠤᠶᠢᠯᠠᠯ ᠳᠡᠰᠢ | ᠲᠦᠪᠯᠡᠷᠡᠭᠦᠯᠬᠦ ᠶᠢ ᠢᠳᠡᠪᠬᠢᠲᠡᠢ ᠠᠬᠢᠭᠤᠯᠤᠨ᠎ᠠ᠃ ᠬᠠᠶᠠᠭᠳᠠᠮᠠᠯ ᠠᠭᠤᠷᠬᠠᠢ ᠶᠢᠨ ᠤᠷᠤᠨ ᠢ ᠵᠠᠰᠠᠨ ᠴᠡᠭᠴᠡᠯᠡᠬᠦ | ᠲᠦᠯᠦᠪᠵᠢᠭᠦᠯᠭᠡ ᠶᠢ ᠬᠢᠨᠠᠮᠠᠭᠠᠢ ᠨᠡᠶᠢᠳᠠᠪᠤᠷᠢᠵᠢᠭᠤᠯᠵᠦ᠂ 77 ᠡᠷᠦᠬᠡ ᠠᠭᠤᠷᠬᠠᠢ ᠮᠠᠯᠲᠠᠬᠤ ᠡᠷᠬᠡ ᠲᠠᠢ ᠠᠵᠦ | ᠠᠬᠤᠶᠢᠯᠠᠯ ᠬᠢᠭᠡᠳ《 ᠬᠤᠶᠠᠷ ᠱᠤᠭᠤᠮ ᠭᠤᠷᠪᠠᠨ ᠲᠤᠭᠤᠷᠢᠭ》 ᠤᠨ 6 ᠤᠷᠤᠨ ᠪᠦᠰᠡ ᠳᠤ ᠠᠮᠢ ᠠᠬᠤᠢ ᠶᠢᠨ | ᠵᠠᠰᠠᠨ ᠴᠡᠭᠴᠡᠯᠡᠯᠲᠠ ᠶᠢ ᠬᠡᠷᠡᠭᠵᠢᠭᠦᠯᠦᠨ᠎ᠡ᠃ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠪᠤᠯᠤᠨ ᠪᠤᠬᠢᠷᠳᠤᠯ ᠢ | ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠢ ᠢᠳᠡᠪᠬᠢᠲᠡᠢ | ᠦᠭᠡᠶᠢᠳᠡᠭᠦᠯᠵᠦ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠲᠠᠶᠠᠭᠳᠠᠭᠤᠯᠵᠦ᠂《 ᠠᠷᠪᠠᠨ ᠬᠤᠶᠠᠳᠤᠭᠠᠷ | ᠲᠠᠪᠤᠨ ᠵᠢᠯ》 ᠤᠨ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ | ᠪᠠᠲᠤᠯᠠᠨ᠎ᠠ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠤᠲᠤᠭ᠎ᠠ ᠲᠤᠭᠤᠰᠦ᠂ | ᠲᠤᠭᠤᠰᠦ ᠲᠤᠷᠳᠤᠭ᠂ ᠳᠡᠭᠳᠡᠮᠡᠯ ᠲᠤᠭᠤᠰᠤᠨ ᠤ ᠪᠤᠬᠢᠷᠳᠤᠯ ᠢ ᠵᠠᠰᠠᠨ ᠴᠡᠭᠴᠡᠯᠡᠬᠦ ᠶᠢ ᠬᠦᠴᠦᠯᠡᠨ ᠠᠳᠬᠤᠵᠦ᠂ | ᠤᠯᠠᠨ ᠲᠦᠮᠡᠨ ᠤ ᠡᠷᠡᠭᠦᠯ ᠮᠡᠨᠳᠦ ᠶᠢ ᠬᠤᠬᠢᠷᠠᠭᠤᠯᠤᠭᠰᠠᠨ ᠳᠤᠪᠤᠶᠢᠮ᠎ᠠ ᠠᠰᠠᠭᠤᠳᠠᠯ ᠢ ᠬᠢᠨᠠᠮᠠᠭᠠᠢ ᠰᠢᠢᠳᠪᠤᠷᠢᠯᠡᠨ᠎ᠡ᠃ | ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠠᠮᠢ ᠠᠬᠤᠢ ᠶᠢᠨ ᠬᠠᠮᠠᠭᠠᠯᠠᠯᠲᠠ᠂ ᠤᠷᠴᠢᠨ | ᠲᠤᠭᠤᠷᠢᠨ ᠤ ᠬᠠᠮᠠᠭᠠᠯᠠᠯᠲᠠ᠂ ᠤᠯᠤᠰ ᠤᠨ ᠭᠠᠵᠠᠷ ᠰᠢᠷᠤᠢ᠂ ᠲᠤᠳᠤᠭᠠᠳᠦ ᠶᠢ ᠬᠠᠮᠠᠭᠠᠯᠠᠬᠤ᠂ ᠠᠶᠤᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ᠂ ᠤᠢ ᠰᠢᠭᠤᠢ ᠤᠰᠤᠨ ᠠᠰᠢᠭᠯᠠᠯᠲᠠ᠂ ᠲᠠᠷᠢᠶᠠᠯᠡᠩ ᠮᠠᠯ ᠠᠵᠦ ᠠᠬᠤᠢ | ᠵᠡᠷᠭᠡ ᠰᠠᠯᠠᠭ᠎ᠠ ᠮᠦᠴᠢᠷ ᠤᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠤᠨ᠂ ᠶᠡᠷᠤᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠪᠠ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠤᠨ᠂ ᠠᠮᠢ ᠠᠬᠤᠢ ᠶᠢᠨ ᠤᠷᠴᠢᠨ | ᠲᠤᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠤᠬᠢᠯᠲᠠ ᠦᠭᠬᠦ ᠶᠢ ᠬᠡᠵᠢᠶᠡᠳᠡ ᠪᠠᠲᠤᠯᠠᠨ᠂ | ᠦᠢᠯᠡᠳᠪᠦᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠪᠤᠯᠪᠠᠰᠤᠨ ᠦᠷᠭᠦᠯᠵᠢᠯᠡᠵᠦ | ᠪᠤᠯᠬᠤᠶᠢᠴᠡ ᠬᠦᠭᠵᠢᠯᠲᠡ ᠶᠢᠨ ᠵᠠᠮ ᠢ ᠴᠢᠷᠮᠠᠶᠢᠨ ᠰᠦᠪᠡᠭᠴᠢᠯᠡᠨ᠎ᠡ᠃ | ︵ᠳᠦᠷᠪᠡ︶ ᠨᠢᠭᠡᠳᠤᠯᠲᠠᠢ ᠲᠦᠯᠦᠪᠵᠢᠭᠦᠯᠦᠨ ᠨᠡᠶᠢᠲᠡ ᠳᠤᠨᠢ ᠬᠠᠷᠠᠭᠠᠯᠵᠠᠵᠦ ᠬᠤᠲᠡ ᠬᠦᠳᠡᠭᠡ ᠶᠢᠨ | ᠬᠦᠭᠵᠢᠯᠲᠡ ᠶᠢ ᠠᠬᠢᠭᠤᠯᠤᠨ᠎ᠠ᠃ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠳᠬᠠᠵᠦ᠂ ᠬᠤᠲᠡ ᠶᠢᠨ ᠴᠢᠨᠠᠷ | ᠳᠡᠰ ᠢ ᠳᠡᠭᠡᠭᠰᠢᠯᠡᠭᠦᠯᠦᠨ᠂ ᠮᠠᠯᠵᠢᠬᠤ ᠤᠷᠤᠨ ᠤ ᠦᠡᠭᠭᠡ ᠳᠦᠷᠬᠦ ᠶᠢ ᠰᠠᠶᠢᠵᠢᠷᠠᠭᠤᠯᠤᠨ᠂ ᠬᠤᠲᠡ ᠬᠦᠳᠡᠭᠡ ᠶᠢ | ᠨᠢᠭᠡ ᠴᠤᠭᠴᠠᠵᠢᠭᠤᠯᠤᠭᠰᠠᠨ ᠵᠤᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ | ᠰᠢᠨ᠎ᠡ ᠬᠡᠯᠪᠡᠷᠢ ᠶᠢᠨ ᠬᠤᠲᠡ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ | ᠤᠷᠳᠤᠨ ᠠᠴᠠ10.1 ᠳ᠋ᠦᠡᠭᠰᠢᠭᠤᠷ ᠲᠦᠭᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ 30 ᠳ᠋ᠦᠡᠭᠰᠢᠭᠤᠷ | ᠲᠦᠭᠦᠷᠢᠭ ᠤᠨ ᠨᠡᠶᠢᠭᠡᠮ ᠤᠨ ᠪᠡᠯᠡ ᠤᠷᠤᠭᠤᠯᠤᠯᠲᠠ ᠶᠢ ᠳᠠᠶᠢᠴᠢᠯᠠᠨ᠂ ᠭᠤᠤᠯᠳᠠᠭᠤ ᠬᠤᠲᠡ ᠶᠢᠨ ᠶᠠᠪᠤᠳᠠᠯ ᠤᠨ | ᠪᠦᠲᠦᠭᠡᠨ ᠪᠠᠶᠢᠭᠤᠯᠤᠯᠲᠠ᠂ ᠴᠢᠨᠠᠷ ᠳᠡᠰ ᠤᠨ ᠳᠡᠭᠡᠭᠰᠢᠯᠡᠯᠲᠡ᠂ ᠰᠠᠭᠤᠷᠢᠰᠢᠯ ᠤᠨ ᠨᠦᠬᠦᠴᠡᠯ ᠤᠨ ᠰᠠᠶᠢᠵᠢᠷᠠᠯᠲᠠ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠳᠦᠷᠪᠡᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ | ᠰᠠᠶᠢᠳᠤᠷ ᠬᠡᠷᠡᠭᠵᠢᠭᠦᠯᠵᠦ᠂ 《 ᠨᠠᠷᠢᠯᠢᠭ ᠭᠤᠶᠤ᠂ ᠬᠡᠭᠡᠨᠴᠢᠷ ᠰᠠᠶᠢᠬᠠᠨ᠂ ᠲᠤᠬᠢᠯᠢᠭ ᠲᠠᠭᠠᠯᠠᠮᠵᠢᠲᠠᠢ》ᠲᠠᠯ᠎ᠠ | ᠨᠤᠲᠤᠭ ᠤᠨ ᠠᠮᠢ ᠠᠬᠤᠢ ᠶᠢᠨ ᠬᠤᠲᠡ ᠶᠢ ᠬᠦᠴᠦᠯᠡᠨ ᠪᠠᠶᠢᠭᠤᠯᠵᠦ᠂ ᠠᠮᠢᠳᠤᠷᠠᠯ ᠤᠨ ᠬᠤᠭ ᠯᠤᠪᠰᠢ ᠶᠢ ᠬᠤᠤᠷ | ᠦᠭᠡᠶᠢᠳᠡᠭᠦᠯᠦᠨ ᠰᠢᠢᠳᠪᠦᠷᠢᠯᠡᠬᠦ ᠨᠤᠷᠮ᠎ᠠ᠂ ᠵᠠᠰᠠᠮᠠᠯ ᠵᠠᠮ ᠢ ᠮᠠᠰᠢᠨ ᠢᠶᠠᠷ ᠠᠷᠢᠯᠭᠠᠨ ᠴᠡᠪᠡᠷᠯᠡᠬᠦ ᠨᠤᠷᠮ᠎ᠠ ᠵᠡᠷᠭᠡ | ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠪᠦᠬᠦ ᠤᠷᠤᠨ ᠤ ᠲᠡᠷᠢᠭᠦᠨ ᠡᠩᠨᠡᠭᠡᠨ ᠳᠤ | ᠤᠷᠤᠬᠤ ᠶᠢ ᠦᠷᠭᠦᠯᠵᠢᠯᠡᠨ ᠪᠠᠳᠤᠯᠠᠵᠦ᠂ ᠬᠦᠮᠦᠨ ᠳᠤᠮᠳᠠᠴᠢ ᠶᠢᠨ ᠵᠠᠰᠠᠮᠠᠯ ᠵᠠᠮ ᠤᠨ ᠲᠠᠯᠠᠪᠠᠢ᠂ ᠴᠡᠴᠡᠷᠯᠢᠭ | ᠨᠤᠭᠤᠭᠠᠷᠠᠭᠤᠯᠤᠯᠲᠠ ᠶᠢᠨ ᠲᠠᠯᠠᠪᠠᠢ᠂ ᠰᠢᠲᠠᠮᠠᠬᠠᠢ ᠬᠡᠢ ᠶᠢᠨ ᠲᠦᠭᠡᠮᠡᠯᠵᠢᠯᠲᠡ ᠶᠢᠨ ᠨᠤᠷᠮ᠎ᠠ ᠵᠡᠷᠭᠡ ᠬᠤᠲᠡ ᠶᠢᠨ | ᠪᠦᠲᠦᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠶᠢ ᠪᠦᠬᠦ ᠤᠷᠤᠨ ᠤ ᠲᠦᠷᠦᠭᠦᠤ ᠲᠠᠪᠤᠨ ᠨᠡᠷ᠎ᠡ ᠳᠤ | ᠤᠷᠤᠭᠤᠯᠬᠤ ᠪᠠᠷ ᠴᠢᠷᠮᠠᠶᠢᠨ᠎ᠠ᠃ ᠲᠦᠯᠦᠪᠵᠢᠭᠦᠯᠭᠡ ᠪᠠᠷ ᠬᠦᠲᠦᠯᠦᠨ ᠳᠠᠭᠠᠭᠤᠯᠬᠤ ᠶᠢ ᠪᠠᠷᠢᠮᠳᠠᠯᠠᠨ᠎ᠠ᠃ ᠬᠤᠲᠡ ᠶᠢᠨ | ᠶᠡᠷᠦᠩᠬᠡᠢ ᠲᠦᠯᠦᠪᠵᠢᠭᠦᠯᠭᠡ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠰᠬᠠᠢ ᠲᠦᠷᠦᠯ ᠤᠨ ᠲᠦᠯᠦᠪᠵᠢᠭᠦᠯᠭᠡ | ᠵᠡᠷᠭᠡ 10 ᠭᠠᠷᠤᠢ ᠲᠦᠯᠦᠪᠵᠢᠭᠦᠯᠭᠡ ᠨᠠᠶᠢᠷᠠᠭᠤᠯᠤᠨ ᠲᠤᠭᠲᠠᠭᠠᠬᠤ ᠠᠵᠢᠯ ᠢ ᠡᠬᠢᠯᠡᠭᠦᠯᠵᠦ᠂ ᠬᠤᠲᠡ ᠶᠢᠨ | ᠴᠢᠳᠠᠪᠬᠢ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠨ ᠲᠤᠳᠤᠯᠠᠵᠦ᠂ ᠬᠤᠲᠡ ᠶᠢᠨ ᠶᠠᠪᠤᠳᠠᠯ ᠤᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠬᠠᠭᠤᠴᠢᠨ ᠬᠤᠲᠡ ᠶᠢᠨ ᠲᠤᠭᠤᠷᠢᠭ ᠢ | ᠨᠢᠭᠡᠳᠤᠯᠲᠡᠢ ᠲᠦᠯᠦᠪᠵᠢᠭᠦᠯᠦᠨ ᠵᠤᠬᠢᠴᠡᠩᠭᠤᠢ ᠪᠠᠷ ᠬᠦᠭᠵᠢᠭᠦᠯᠦᠨ᠎ᠡ᠃ ᠰᠢᠯᠢ ᠶᠢᠨ ᠭᠤᠤᠯ ᠤᠨ | ᠢᠯᠴᠢ ᠴᠠᠬᠢᠯᠭᠠᠨ ᠤ ᠺᠤᠮᠫᠠᠨᠢ ᠶᠢᠨ ᠤᠳᠤ ᠪᠠᠶᠢᠭ᠎ᠠ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢ ᠦᠷᠭᠡᠳᠭᠡᠬᠦ᠂ | ᠮᠸᠡᠭ ᠨᠸᠡᠭ ᠺᠤᠮᠫᠠᠨᠢ ᠶᠢᠨ 2×350MW ᠶᠢᠨ ᠢᠯᠴᠢ ᠴᠠᠬᠢᠯᠭᠠᠨ ᠤ ᠦᠢᠯᠡᠳᠪᠦᠷᠢᠯᠡᠯ ᠢ ᠰᠢᠨ᠎ᠡ ᠪᠠᠷ | ᠪᠠᠶᠢᠭᠤᠯᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠤᠯᠠᠨ ᠵᠢᠯ ᠤᠨ ᠲᠤᠷᠰᠢ ᠬᠤᠲᠡ ᠶᠢᠨ ᠬᠦᠭᠵᠢᠯᠲᠡ ᠶᠢ | ᠨᠦᠯᠦᠭᠡᠯᠡᠵᠦ ᠪᠠᠶᠢᠭᠰᠠᠨ ᠢᠯᠴᠢ ᠬᠦᠷᠦᠯᠴᠡᠬᠦ ᠦᠭᠡᠢ ᠠᠰᠠᠭᠤᠳᠠᠯ ᠢ ᠰᠢᠢᠳᠪᠤᠷᠢᠯᠡᠬᠦ ᠪᠠᠷ ᠴᠢᠷᠮᠠᠶᠢᠨ᠎ᠠ᠃ | ᠬᠤᠲᠡ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠰᠢᠯᠢ ᠶᠢᠨ ᠨᠠᠭᠤᠷ ᠤᠨ ᠳᠦᠷᠪᠡᠳᠦᠭᠡᠷ ᠨᠤᠮᠧᠷᠲᠦ ᠨᠠᠭᠤᠷ ᠤᠨ | ᠦᠵᠡᠮᠵᠢ᠂ ᠰᠢᠯᠢ ᠶᠢᠨ ᠨᠠᠭᠤᠷ ᠢ ᠵᠠᠰᠠᠵᠦ ᠦᠭᠡᠷᠡᠴᠢᠯᠡᠬᠦ᠂ ᠤᠷᠭᠤᠮᠠᠯ ᠤᠨ ᠬᠦᠷᠢᠶᠡᠯᠡᠩ ᠤᠨ ᠬᠤᠶᠠᠷᠳᠡᠬᠢ | ᠬᠤᠭᠤᠴᠠᠭᠠᠨ ᠤ ᠢᠨᠵᠧᠨᠧᠷᠢᠩ᠂ ᠵᠠᠰᠠᠮᠠᠯ ᠵᠠᠮ ᠤᠨ ᠨᠤᠭᠤᠭᠠᠷᠠᠭᠤᠯᠤᠯᠲᠠ ᠵᠡᠷᠭᠡ ᠳᠦᠷᠪᠡᠨ ᠶᠡᠭᠡ ᠢᠨᠵᠧᠨᠧᠷᠢᠩ ᠢ | ᠡᠬᠢᠯᠡᠭᠦᠯᠵᠦ᠂ ᠬᠤᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ ᠬᠤᠲᠡ ᠶᠢᠨ ᠬᠠᠮᠠᠭᠠᠯᠠᠯᠲᠠ ᠶᠢᠨ | ᠤᠢ ᠬᠢᠭᠡᠳ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ ᠶᠢᠨ ᠠᠷᠠᠴᠢᠯᠠᠯᠲᠠ ᠬᠠᠮᠠᠭᠠᠯᠠᠯᠲᠠ ᠶᠢᠨ ᠬᠠᠮᠢᠶᠠᠷᠤᠯᠲᠠ ᠶᠢ | ᠴᠢᠩᠭᠠᠳᠬᠠᠨ᠂ ᠮᠤᠳᠦ ᠲᠠᠷᠢᠵᠦ ᠤᠶᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠠᠭᠤᠷᠢᠰᠢᠯ ᠤᠨ | ᠨᠦᠬᠦᠴᠡᠯ ᠢ ᠰᠠᠶᠢᠵᠢᠷᠠᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠳᠦᠭᠦᠮ ᠪᠦᠲᠦᠴᠡᠳᠦ ᠤᠷᠤᠨ ᠰᠠᠭᠤᠴᠠ ᠶᠢᠨ | ᠲᠤᠭᠤᠷᠢᠭ ᠢ ᠦᠭᠡᠷᠡᠴᠢᠯᠡᠨ ᠵᠠᠰᠠᠬᠤ ᠪᠡᠯᠡ ᠬᠤᠷᠠᠮᠳᠤᠯᠭ᠎ᠠ ᠶᠢᠨ ᠵᠢᠭᠡᠯᠡᠯᠭᠡ ᠶᠢ ᠭᠦᠢᠴᠡᠳ ᠰᠠᠶᠢᠨ ᠠᠰᠢᠭᠯᠠᠵᠦ᠂ | ᠪᠡᠯᠡ ᠮᠦᠡᠭᠭᠦᠨ ᠤ ᠬᠠᠮᠤᠭ ᠶᠡᠭᠡ ᠦᠷ᠎ᠡ ᠠᠰᠢᠭ ᠢ ᠪᠠᠳᠠᠷᠠᠭᠤᠯᠵᠦ᠂ ᠭᠤᠤᠯᠳᠠᠭᠤ ᠠᠷᠠᠳ ᠤᠨ ᠠᠮᠢᠳᠤᠷᠠᠯ ᠤᠨ | ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠬᠢᠴᠠ ᠶᠢ ᠨᠦᠯᠦᠭᠡᠯᠡᠵᠦ ᠪᠠᠶᠢᠭ᠎ᠠ ᠭᠠᠵᠠᠷ | ᠰᠢᠷᠤᠢ ᠭᠡᠷ ᠪᠠᠶᠢᠰᠢᠩ ᠳᠠᠲᠠᠪᠤᠷᠢᠯᠠᠵᠦ ᠨᠤᠷᠠᠭᠠᠬᠤ ᠠᠰᠠᠭᠤᠳᠠᠯ ᠢ ᠭᠤᠤᠯᠳᠠᠯᠭ᠎ᠠ ᠲᠠᠢ ᠰᠠᠶᠢᠳᠤᠷ ᠰᠢᠢᠳᠪᠤᠷᠢᠯᠡᠵᠦ᠂ | 2700 ᠡᠷᠦᠬᠡ ᠶᠢᠨ ᠤᠷᠤᠨ ᠰᠠᠭᠤᠴᠠ ᠶᠢ ᠳᠠᠲᠠᠪᠤᠷᠢᠯᠠᠬᠤ ᠪᠠᠷ ᠲᠦᠯᠦᠪᠯᠡᠵᠦ᠂ 40 ᠲᠦᠮᠡᠨ ᠲᠡᠭᠰᠢ | ᠳᠦᠷᠪᠡᠯᠵᠢᠨ ᠮᠧᠲᠷ ᠤᠨ ᠪᠤᠴᠠᠭᠠᠨ ᠨᠡᠭᠦᠯᠭᠡᠬᠦ ᠠᠰᠠᠷ ᠪᠠᠶᠢᠭᠤᠯᠵᠦ᠂ 2013 ᠤᠨ ︵2013 ᠤᠨ ᠪᠠᠭᠲᠠᠨ᠎ᠠ︶ | ᠠᠴᠠ ᠡᠮᠦᠨ᠎ᠡ ᠨᠤᠷᠠᠭᠠᠵᠦ ᠨᠡᠭᠦᠯᠭᠡᠭᠰᠡᠨ ᠰᠠᠭᠤᠭᠠᠯᠢ ᠠᠷᠠᠳ ᠤᠨ ᠪᠤᠴᠠᠭᠠᠨ ᠨᠡᠭᠦᠬᠦ ᠠᠰᠠᠭᠤᠳᠠᠯ ᠢ ᠦᠨᠳᠦᠰᠦᠨ | ᠳᠡᠭᠡᠨ ᠰᠢᠢᠳᠪᠤᠷᠢᠯᠡᠨ᠎ᠡ᠃ 200 ᠢᠵᠢ ᠤᠯᠠᠨ ᠨᠡᠶᠢᠲᠡ ᠶᠢᠨ ᠲᠦᠷᠢᠶᠡᠰᠦᠨ ᠰᠠᠭᠤᠴᠠ ᠶᠢ ᠰᠢᠨ᠎ᠡ ᠪᠠᠷ | ᠪᠠᠶᠢᠭᠤᠯᠤᠨ᠎ᠠ᠃ ᠰᠢᠯᠢ ᠶᠢᠨ ᠬᠤᠲᠡ ᠶᠢᠨ ᠨᠡᠭᠦᠷᠡᠰᠦᠨ ᠠᠭᠤᠷᠬᠠᠢ ᠶᠢᠨ ᠳᠦᠭᠦᠮ ᠪᠦᠲᠦᠴᠡᠳᠦ ᠤᠷᠤᠨ | ᠰᠠᠭᠤᠴᠠ ᠶᠢᠨ ᠲᠤᠭᠤᠷᠢᠭ ᠤᠨ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠲᠡ ᠶᠢᠨ ᠵᠤᠷᠯᠤᠩ᠂ ᠬᠤᠭ ᠯᠤᠪᠰᠢ ᠵᠦᠭᠡᠭᠡᠪᠦᠷᠢᠯᠡᠬᠦ ᠦᠷᠲᠡᠭᠡᠨ ᠤ | ᠪᠠᠶᠢᠭᠤᠯᠤᠯᠲᠠ ᠶᠢ ᠲᠦᠷᠭᠡᠳᠭᠡᠨ᠂ ᠵᠢᠯ ᠤᠨ ᠳᠤᠲᠤᠷ᠎ᠠ ᠬᠤᠲᠡ ᠶᠢᠨ ᠲᠤᠭᠤᠷᠢᠭ ᠲᠠᠬᠢ ᠬᠠᠭᠤᠷᠠᠢ ᠵᠤᠷᠯᠤᠩ ᠢ | ᠦᠨᠳᠦᠰᠦᠨ ᠳᠡᠭᠡᠨ ᠨᠤᠷᠠᠭᠠᠵᠦ᠂ ᠬᠤᠲᠡ ᠶᠢᠨ ᠠᠮᠢᠳᠤᠷᠠᠯ ᠤᠨ ᠬᠤᠭ ᠯᠤᠪᠰᠢ ᠶᠢ ᠰᠢᠢᠳᠪᠤᠷᠢᠯᠡᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠡᠶᠢᠲᠡ ᠶᠢᠨ ᠮᠠᠰᠢᠨ ᠲᠡᠷᠭᠡ ᠶᠢ ᠰᠤᠯᠢᠵᠦ ᠰᠢᠨᠡᠳᠭᠡᠬᠦ᠂ ᠱᠤᠭᠤᠮ | ᠵᠠᠮ ᠤᠨ ᠪᠦᠷᠬᠦᠴᠡ ᠶᠢ ᠦᠷᠭᠡᠳᠭᠡᠬᠦ ᠵᠡᠷᠭᠡ ᠠᠵᠢᠯ ᠢ ᠲᠦᠷᠭᠡᠪᠴᠢᠯᠡᠨ ᠠᠬᠢᠭᠤᠯᠵᠦ᠂ ᠰᠠᠭᠤᠭᠠᠯᠢ ᠠᠷᠠᠳ ᠤᠨ | ᠶᠠᠪᠤᠵᠦ ᠰᠠᠭᠤᠬᠤ ᠤᠷᠴᠢᠨ ᠢ ᠰᠠᠶᠢᠵᠢᠷᠠᠭᠤᠯᠤᠨ᠎ᠠ᠃ ᠬᠤᠲᠡ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠳᠬᠠᠵᠦ᠂ ᠬᠤᠲᠡ ᠬᠦᠳᠡᠭᠡ ᠶᠢᠨ ᠶᠡᠷᠤᠩᠬᠡᠶᠢᠯᠡᠨ ᠵᠠᠰᠠᠬᠤ《ᠠᠷᠪᠠᠨ ᠲᠤᠰᠬᠠᠢ ᠲᠦᠷᠦᠯ 》 ᠤᠨ | ᠠᠵᠢᠯᠯᠠᠭᠠᠨ ᠢ ᠬᠢᠨᠠᠮᠠᠭᠠᠢ ᠦᠷᠨᠢᠭᠦᠯᠵᠦ᠂ ᠤᠬᠢ ᠰᠠᠶᠢᠨ ᠬᠤᠲᠡ ᠶᠢᠨ ᠦᠡᠭᠭᠡ ᠳᠦᠷᠢ ᠤᠷᠴᠢᠨ ᠲᠤᠭᠤᠷᠢᠨ ᠢ | ᠡᠭᠦᠳᠦᠨ᠎ᠡ᠃ ᠤᠯᠠᠨ ᠨᠡᠶᠢᠲᠡ ᠶᠢᠨ ᠲᠡᠷᠭᠡᠨ ᠵᠤᠭᠰᠤᠭᠠᠯ ᠤᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ | ᠲᠡᠷᠭᠡ ᠵᠤᠭᠰᠤᠬᠤ ᠡᠮᠬᠢ ᠲᠢᠭᠯᠢᠮ ᠢ ᠳᠦᠷᠢᠮᠵᠢᠭᠦᠯᠦᠨ᠎ᠡ᠃ ᠰᠢᠯᠢ ᠶᠢᠨ ᠵᠡᠭᠡᠯᠢ᠂ ᠡᠷᠳᠡᠨᠢ ᠵᠠᠮ ᠢᠶᠠᠷ ᠭᠤᠤᠯᠳᠠᠯᠭ᠎ᠠ | ᠪᠤᠯᠭᠠᠨ᠂《ᠬᠤᠲᠡ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ 》 ᠶᠢ ᠡᠭᠦᠳᠦᠨ ᠪᠠᠶᠢᠭᠤᠯᠤᠨ᠎ᠠ᠃ | ᠨᠡᠶᠢᠭᠡᠮ ᠲᠤᠭᠤᠷᠢᠭ ᠤᠨ ᠵᠠᠭᠪᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠳᠦᠯ ᠢ ᠦᠨᠡᠨᠬᠦ ᠪᠠᠳᠠᠷᠠᠭᠤᠯᠤᠨ᠂ | ᠬᠤᠲᠡ ᠶᠢᠨ ᠵᠠᠭᠪᠤᠷᠴᠢᠯᠠᠭᠰᠠᠨ ᠬᠠᠮᠢᠶᠠᠷᠤᠯᠲᠠ ᠶᠢᠨ ᠳᠠᠪᠴᠡᠩ ᠤᠨ ᠵᠢᠯᠤᠭᠤᠳᠦᠨ ᠲᠤᠬᠢᠷᠠᠭᠤᠯᠬᠤ ᠴᠢᠳᠠᠪᠤᠷᠢ ᠶᠢ | ᠴᠢᠩᠭᠠᠳᠬᠠᠨ᠂ ᠤᠯᠠᠨ ᠲᠦᠮᠡᠨ ᠤ ᠵᠠᠭᠠᠯᠳᠤᠵᠦ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ | ᠬᠦᠴᠦᠯᠡᠨ ᠰᠢᠢᠳᠪᠤᠷᠢᠯᠡᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ《 ᠳᠦᠷᠪᠡᠨ ᠱᠠᠲᠦ ᠬᠤᠯᠪᠤᠭᠠᠯᠠᠨ | ᠬᠦᠳᠡᠯᠦᠯᠴᠡᠬᠦ 》ᠰᠢᠰᠲ᠋ᠧᠮ ᠢ ᠪᠠᠶᠢᠭᠤᠯᠤᠨ᠂ ᠠᠳᠠᠯ ᠠᠬᠤᠢ ᠶᠢ ᠳᠡᠮᠵᠢᠨ ᠳᠡᠳᠬᠦᠵᠦ ᠬᠦᠬᠢᠭᠦᠯᠦᠨ ᠱᠠᠩᠨᠠᠬᠤ | ᠲᠦᠷᠦ ᠶᠢᠨ ᠪᠤᠳᠤᠯᠭ᠎ᠠ ᠶᠢ ᠴᠢᠩᠭ᠎ᠠ ᠨᠢᠮᠪᠡᠢ ᠨᠠᠶᠢᠳᠠᠪᠤᠷᠢᠵᠢᠭᠤᠯᠤᠨ᠂ ᠬᠠᠭᠤᠴᠢᠨ ᠲᠤᠭᠤᠷᠢᠭ᠂ ᠠᠳᠠᠯ ᠠᠬᠤᠢ ᠶᠢᠨ | ᠬᠠᠮᠢᠶᠠᠷᠤᠯᠲᠠ ᠦᠭᠡᠢ ᠪᠤᠶᠤ ᠤᠳᠤᠬᠠᠨ ᠳᠤ ᠠᠳᠠᠯ ᠠᠬᠤᠢ ᠶᠢᠨ ᠠᠵᠦ ᠠᠬᠤᠶᠢᠯᠠᠯ ᠢᠶᠠᠷ ᠬᠠᠮᠢᠶᠠᠷᠤᠭᠤᠯᠵᠦ ᠪᠠᠶᠢᠭ᠎ᠠ | ᠤᠷᠤᠨ ᠰᠠᠭᠤᠴᠠ ᠶᠢᠨ ᠲᠤᠭᠤᠷᠢᠭ ᠲᠤ ᠴᠦᠮ ᠡᠵᠡᠨᠲᠡᠨ ᠤ ᠵᠦᠪᠯᠡᠯ ᠪᠠᠶᠢᠭᠤᠯᠵᠦ᠂ ᠠᠳᠠᠯ ᠠᠬᠤᠢ ᠶᠢᠨ ᠠᠵᠦ | ᠠᠬᠤᠶᠢᠯᠠᠯ ᠤᠨ ᠰᠠᠭᠤᠭᠠᠯᠢ ᠠᠷᠠᠳ ᠤᠨ ᠲᠤᠭᠤᠷᠢᠭ ᠲᠤ ᠤᠷᠤᠭᠰᠠᠨ ᠨᠤᠷᠮ᠎ᠠ ᠶᠢ 70% ᠠᠴᠠ ᠳᠡᠭᠡᠭᠰᠢ ᠳᠤ | ᠬᠦᠷᠭᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ《 | ᠠᠷᠪᠠ ᠶᠢ ᠪᠦᠷᠬᠦᠭᠦᠯᠬᠦ》ᠢᠨᠵᠧᠨᠧᠷᠢᠩ ᠢ ᠭᠦᠨᠵᠡᠭᠡᠢ ᠠᠬᠢᠭᠤᠯᠵᠦ᠂ ᠮᠠᠯᠵᠢᠬᠤ ᠤᠷᠤᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠬᠤᠲᠡ ᠬᠦᠳᠡᠭᠡ ᠶᠢᠨ ᠵᠦᠷᠢᠶ᠎ᠡ ᠶᠢ ᠠᠯᠬᠤᠮ | ᠠᠯᠬᠤᠮ ᠢᠶᠠᠷ ᠪᠠᠭᠠᠰᠬᠠᠨ᠎ᠠ᠃ ᠪᠡᠯᠡ ᠮᠦᠡᠭᠭᠦ ᠬᠤᠷᠠᠮᠳᠤᠭᠤᠯᠬᠤ ᠠᠷᠭ᠎ᠠ ᠵᠠᠮ ᠢ ᠦᠷᠭᠡᠳᠭᠡᠨ᠂ ᠡᠳ᠋ ᠤᠨ ᠵᠠᠰᠠᠭ ᠤᠨ | ᠨᠢᠭᠡ ᠶᠠᠪᠤᠳᠠᠯ ᠢ ᠨᠢᠭᠡ ᠵᠦᠪᠯᠡᠬᠦ᠂ ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠲᠠ᠂ ᠠᠮᠢ | ᠠᠬᠤᠢ ᠬᠡᠪᠡᠷᠡᠭ ᠭᠠᠵᠠᠷ ᠤᠷᠤᠨ ᠤ ᠶᠠᠳᠠᠭᠤ ᠶᠢ ᠳᠡᠳᠭᠦᠬᠦ ᠠᠷᠠᠳ ᠢ ᠨᠡᠭᠦᠯᠭᠡᠬᠦ ᠵᠡᠷᠭᠡ ᠲᠦᠷᠦᠯ ᠵᠦᠢᠯ ᠤᠨ ᠪᠡᠯᠡ | ᠮᠦᠡᠭᠭᠦ ᠶᠢ ᠨᠢᠭᠡᠳᠭᠡᠨ ᠬᠡᠷᠡᠭᠯᠡᠵᠦ᠂ ᠪᠡᠯᠡ ᠮᠦᠡᠭᠭᠦᠨ ᠤ ᠲᠦᠪᠯᠡᠷᠡᠯ ᠤᠨ ᠦᠷ᠎ᠡ ᠠᠰᠢᠭ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠤᠨ᠎ᠠ᠃ ᠭᠤᠷᠪᠠᠨ ᠵᠢᠯ ᠳᠤ᠂ 6.7 ᠳ᠋ᠦᠡᠭᠰᠢᠭᠤᠷ ᠲᠦᠭᠦᠷᠢᠭ ᠪᠡᠯᠡ ᠤᠷᠤᠭᠤᠯᠬᠤ ᠪᠠᠷ | ᠲᠦᠯᠦᠪᠯᠡᠵᠦ᠂ ᠡᠯ᠎ᠡ ᠲᠦᠷᠦᠯ ᠤᠨ ᠢᠨᠵᠧᠨᠧᠷᠢᠩ ᠢ ᠬᠦᠴᠦᠯᠡᠨ ᠠᠬᠢᠭᠤᠯᠤᠨ᠎ᠠ ᠃ ᠵᠢᠯ ᠤᠨ ᠳᠤᠲᠤᠷ᠎ᠠ ᠨᠤᠷᠠᠬᠤ | ᠠᠶᠤᠯᠲᠠᠢ ᠬᠠᠭᠤᠴᠢᠨ ᠤᠷᠤᠨ ᠰᠠᠭᠤᠴᠠ ᠶᠢ ᠦᠭᠡᠷᠡᠴᠢᠯᠡᠨ ᠵᠠᠰᠠᠬᠤ᠂ ᠮᠠᠯᠵᠢᠬᠤ ᠤᠷᠤᠨ ᠳᠤ ᠴᠠᠬᠢᠯᠭᠠᠨ | ᠨᠡᠪᠲᠡᠷᠡᠭᠦᠯᠬᠦ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠷᠠᠳᠢᠤ᠋ ᠲᠧᠯᠸᠢᠰ ᠢ ᠡᠷᠦᠬᠡ ᠪᠤᠯᠭᠠᠨ ᠳᠤ ᠨᠡᠪᠲᠡᠷᠡᠭᠦᠯᠬᠦ᠂ | ᠡᠷᠡᠭᠦᠯ ᠬᠠᠮᠠᠭᠠᠯᠠᠯ ᠤᠨ ᠲᠠᠰᠤᠭ᠂ ᠰᠤᠶᠤᠯ ᠤᠨ ᠠᠵᠢᠯᠯᠠᠭᠠᠨ ᠤ ᠦᠷᠦᠭᠡ᠂ ᠠᠷᠠᠳ ᠲᠤ ᠳᠦᠭᠦᠮ ᠦᠵᠡᠭᠦᠯᠬᠦ | ᠴᠢᠯᠤᠭᠡᠲᠦ ᠳᠡᠯᠭᠡᠭᠦᠷ᠂ ᠪᠠᠶᠢᠡᠭᠭᠤ ᠰᠠᠭᠤᠭ᠎ᠠ ᠬᠦᠮᠦᠨ ᠠᠮᠠ ᠶᠢᠨ ᠨᠠᠰᠤᠵᠢᠯ ᠡᠮ ᠡᠮᠨᠡᠯᠭᠡ ᠨᠠᠭᠠᠳᠦ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠵᠡᠷᠭᠡ 8 ᠲᠦᠷᠦᠯ ᠤᠨ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠦᠨ᠎ᠡ︔ | ᠤᠰᠦ ᠤᠮᠳᠠ ᠶᠢᠨ ᠠᠮᠤᠷ ᠳᠦᠪᠰᠢᠨ᠂ ᠰᠤᠷᠭᠠᠭᠤᠯᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠢᠴᠢ | ᠠᠶᠤᠯᠭᠦᠢ ᠪᠤᠯᠭᠠᠨ ᠦᠭᠡᠷᠡᠴᠢᠯᠡᠨ ᠪᠠᠶᠢᠭᠤᠯᠬᠤ ᠠᠵᠢᠯ ᠢ ᠲᠤᠰᠪᠤᠷᠢ ᠶᠡᠷᠤᠩᠬᠡᠢ ᠢᠨᠵᠧᠨᠧᠷᠢᠩ ᠤᠨ 80% ᠪᠠ | 90% ᠠᠴᠠ ᠳᠡᠭᠡᠭᠰᠢᠬᠢ ᠪᠤᠯᠭᠠᠨ᠎ᠠ᠃ ᠪᠢᠯᠢᠭ ᠮᠠᠯᠵᠢᠯ ᠤᠨ ᠲᠠᠯᠠᠪᠠᠢ ᠶᠢᠨ ᠦᠯᠵᠡᠶᠢᠲᠦ ᠪᠠᠯᠭᠠᠰᠤ᠂ ᠪᠤᠯᠠᠭᠠᠨ | ᠰᠤᠮᠤᠨ ᠤ ᠬᠠᠨᠢᠠᠠᠭᠤᠯᠠ ᠭᠠᠴᠠᠭ᠎ᠠ᠂ ᠴᠤᠬᠠᠠᠭᠤᠯᠠ ᠰᠤᠮᠤᠨ ᠤ ᠪᠤᠯᠠᠭ ᠭᠠᠴᠠᠭ᠎ᠠ ᠵᠡᠷᠭᠡ 12 ᠵᠢᠱᠢᠶ᠎ᠡ ᠦᠵᠡᠭᠦᠯᠬᠦ | ᠨᠡᠶᠢᠳᠡᠯᠢᠭ ᠲᠦᠷᠦᠯ ᠵᠦᠢᠯ ᠢ ᠭᠤᠤᠯᠳᠠᠯᠭ᠎ᠠ ᠲᠠᠢ ᠰᠠᠶᠢᠳᠤᠷ ᠬᠡᠷᠡᠭᠵᠢᠭᠦᠯᠵᠦ᠂《ᠠᠷᠪᠠ ᠶᠢ ᠪᠦᠷᠬᠦᠭᠦᠯᠬᠦ》ᠰᠤᠳᠤᠨ | ᠪᠦᠲᠦᠭᠡᠯ ᠬᠢᠭᠡᠳ ᠬᠢᠯᠡᠰ ᠴᠢᠭ ᠤᠨ ᠢᠨᠵᠧᠨᠧᠷᠢᠩ ᠢ ᠡᠭᠦᠳᠦᠨ ᠪᠠᠶᠢᠭᠤᠯᠤᠨ᠎ᠠ᠃ | ︵ᠲᠠᠪᠤ︶ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠪᠤᠶᠠᠨ ᠭᠡᠰᠢᠭ ᠢ ᠨᠡᠮᠡᠭᠳᠡᠭᠦᠯᠦᠨ᠎ᠡ᠃ ᠬᠦᠮᠦᠨ ᠢᠶᠠᠷ | ᠦᠨᠳᠦᠰᠦ ᠪᠤᠯᠭᠠᠵᠦ᠂ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠂ ᠬᠢᠵᠠᠭᠠᠷᠲᠠᠢ | ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠨᠡᠩ ᠢᠯᠡᠭᠦᠤ ᠬᠡᠷᠡᠭᠯᠡᠵᠦ᠂ ᠠᠷᠠᠳ | ᠤᠯᠠᠨ ᠤ ᠬᠠᠮᠤᠭ ᠤᠨ ᠰᠡᠳᠬᠢᠯ ᠲᠠᠯᠪᠢᠵᠦ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠤᠳᠠᠳᠦ ᠠᠰᠢᠭ | ᠲᠤᠰᠠ ᠶᠢᠨ ᠠᠰᠠᠭᠤᠳᠠᠯ ᠢ ᠴᠢᠷᠮᠠᠶᠢᠨ ᠰᠢᠢᠳᠪᠤᠷᠢᠯᠡᠵᠦ᠂ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ | ᠪᠦᠬᠦ ᠠᠷᠠᠳ ᠲᠦᠮᠡᠨ ᠳᠡᠭᠡᠨ ᠨᠡᠩ ᠶᠡᠬᠡᠪᠡᠷ ᠨᠡᠩ ᠡᠷᠬᠡ ᠳᠡᠭᠰᠢ ᠪᠠᠷ ᠡᠳ᠋ᠯᠡᠭᠦᠯᠦᠨ᠎ᠡ᠃ | ᠬᠤᠲᠡ ᠬᠦᠳᠡᠭᠡ ᠶᠢᠨ ᠭᠦᠢᠴᠡᠳ ᠠᠵᠢᠯ ᠤᠯᠭᠤᠯᠲᠠ ᠶᠢ ᠠᠬᠢᠭᠤᠯᠤᠨ᠎ᠠ᠃ ᠦᠢᠯᠡᠰ ᠪᠤᠰᠬᠠᠬᠤ ᠵᠤᠬᠢᠴᠠᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠬᠢᠭᠡᠳ ᠠᠵᠦ | ᠠᠬᠤᠶᠢᠯᠠᠯ ᠤᠨ ᠠᠵᠢᠯᠲᠠᠨ ᠬᠡᠷᠡᠭᠯᠡᠬᠦ ᠦᠢᠯᠡᠴᠢᠯᠡᠭᠡᠨ ᠢ ᠴᠢᠩᠭᠠᠳᠬᠠᠵᠦ᠂ ᠶᠡᠭᠡ ᠰᠤᠷᠭᠠᠭᠤᠯᠢ ᠲᠡᠭᠦᠰᠦᠭᠰᠡᠳ᠂ | ᠬᠤᠲᠡ ᠪᠠᠯᠭᠠᠰᠤᠨ ᠤ ᠵᠤᠬᠢᠬᠤ ᠨᠠᠰᠤᠨ ᠳᠤ ᠭᠦᠷᠦᠭᠰᠡᠨ ᠵᠠᠯᠠᠭᠤᠴᠤᠳ᠂ ᠮᠠᠯᠵᠢᠬᠤ ᠤᠷᠤᠨ ᠤ ᠬᠤᠲᠡ ᠳᠤ | ᠰᠢᠯᠵᠢᠭᠰᠡᠨ ᠬᠦᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠢ ᠬᠦᠮᠦᠰ᠂ ᠴᠡᠷᠢᠭ ᠤᠨ ᠠᠯᠪᠠᠨ ᠠᠴᠠ | ᠪᠠᠭᠤᠭᠰᠠᠳ᠂ ᠴᠡᠷᠢᠭ ᠤᠨ ᠭᠡᠷ ᠪᠦᠯᠢ ᠵᠡᠷᠭᠡ ᠬᠦᠮᠦᠰ ᠤᠨ ᠠᠵᠢᠯ ᠤᠯᠭᠤᠯᠲᠠ ᠶᠢ ᠨᠢᠭᠡᠳᠤᠯᠲᠠᠢ ᠲᠦᠯᠦᠪᠯᠡᠨ | ᠰᠠᠶᠢᠳᠤᠷ ᠬᠢᠵᠦ᠂ ᠨᠡᠩ ᠴᠢᠨᠠᠷᠵᠢᠯ ᠲᠠᠢ ᠠᠵᠢᠯ ᠤᠯᠭᠤᠯᠲᠠ ᠶᠢ ᠪᠡᠶᠡᠯᠡᠭᠦᠯᠵᠦ᠂ ᠬᠤᠲᠡ ᠪᠠᠯᠭᠠᠰᠤᠨ ᠤ | ᠳᠡᠩᠰᠠᠯᠠᠭᠤᠯᠤᠭᠰᠡᠨ ᠠᠵᠢᠯ ᠠᠯᠳᠠᠬᠤ ᠨᠤᠷᠮ᠎ᠠ ᠶᠢ 3.4% ᠶᠢᠨ ᠳᠤᠲᠤᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ | ᠪᠠᠷ ᠠᠵᠢᠯ ᠤᠯᠭᠤᠯᠲᠠ ᠶᠢ ᠳᠠᠶᠢᠴᠢᠯᠠᠵᠦ᠂ ᠪᠠᠭ᠎ᠠ ᠲᠤᠭᠠᠨ ᠤ ᠪᠠᠲᠤᠯᠠᠭᠠᠳᠦ ᠵᠢᠭᠡᠯᠡᠯᠭᠡ ᠤᠯᠭᠤᠬᠤ ᠡᠷᠴᠢᠮ ᠢ | ᠶᠡᠬᠡᠳᠭᠡᠨ᠂ ᠦᠢᠯᠡᠰ ᠪᠤᠰᠬᠠᠬᠤ ᠶᠢ ᠬᠦᠭᠵᠢᠭᠦᠯᠬᠦ ᠰᠠᠭᠤᠷᠢ ᠮᠦᠡᠭᠭᠦ ᠬᠢᠭᠡᠳ ᠦᠢᠯᠡᠰ ᠪᠤᠰᠬᠠᠬᠤ ᠬᠦᠷᠢᠶᠡᠯᠡᠩ | ᠲᠤᠭᠤᠷᠢᠭ ᠤᠨ ᠳᠡᠮᠵᠢᠨ ᠲᠡᠳᠭᠦᠬᠦ ᠪᠡᠯᠡ ᠮᠦᠡᠭᠭᠦᠨ ᠤ ᠬᠡᠪᠴᠢᠶ᠎ᠡ ᠶᠢ ᠦᠷᠭᠡᠳᠭᠡᠨ᠂ ᠤᠳᠤ ᠪᠠᠶᠢᠭ᠎ᠠ ᠦᠢᠯᠡᠰ | ᠪᠤᠰᠬᠠᠬᠤ ᠳᠠᠳᠤᠯᠭ᠎ᠠ ᠶᠢᠨ ᠰᠠᠭᠤᠷᠢᠨ ᠭᠠᠵᠠᠷ ᠤᠨ ᠳᠡᠰ ᠳᠠᠪᠬᠤᠷᠭ᠎ᠠ ᠬᠢᠭᠡᠳ ᠦᠢᠯᠡᠴᠢᠯᠡᠭᠡᠨ ᠤ ᠬᠢᠷᠢ ᠲᠦᠪᠰᠢᠨ ᠢ | ᠨᠢᠭᠡᠳᠦᠭᠦᠯᠦᠨ ᠳᠡᠭᠡᠭᠰᠢᠯᠡᠭᠦᠯᠵᠦ᠂ ᠦᠪᠡᠷ ᠤᠨ ᠦᠷᠲᠡᠭ ᠦᠭᠡᠢ ᠦᠢᠯᠡᠰ ᠪᠤᠰᠬᠠᠬᠤ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠳᠠᠪᠴᠡᠩ ᠪᠠᠶᠢᠭᠤᠯᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠦᠷᠢᠰᠦᠯᠳᠤᠬᠦ ᠴᠢᠳᠠᠪᠤᠷᠢ ᠪᠠᠷ | ᠴᠢᠩᠭ᠎ᠠ᠂ ᠦᠢᠯᠡᠰ ᠪᠤᠰᠬᠠᠵᠦ ᠴᠢᠨᠠᠭᠰᠢᠳᠠ ᠬᠦᠭᠵᠢᠵᠦ ᠳᠡᠶᠢᠯᠬᠦ ᠲᠦᠷᠦᠯ ᠵᠦᠢᠯ ᠢ ᠤᠷᠤᠭᠤᠯᠵᠦ᠂ ᠦᠢᠯᠡᠰ | ᠪᠤᠰᠬᠠᠬᠤ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ | ᠳᠡᠭᠡᠭᠰᠢᠯᠡᠭᠦᠯᠦᠨ ᠪᠦᠷᠬᠦᠴᠡ ᠶᠢ ᠦᠷᠭᠡᠳᠭᠡᠬᠦ ᠠᠵᠢᠯ ᠢ ᠢᠳᠡᠪᠬᠢᠲᠡᠢ ᠠᠬᠢᠭᠤᠯᠤᠨ᠎ᠠ᠃ ᠠᠵᠢᠯ ᠠᠴᠠ ᠪᠠᠨ | ᠳᠠᠷᠬᠠᠯᠠᠭᠳᠠᠭᠰᠠᠨ ᠪᠠ ᠠᠵᠢᠯ ᠤᠨ ᠠᠮᠠᠷᠠᠯᠲᠠ ᠠᠪᠤᠭᠰᠠᠨ ᠬᠦᠮᠦᠰ ᠤᠨ ᠴᠠᠯᠢᠩ ᠬᠦᠯᠦᠰᠦ ᠶᠢᠨ ᠬᠢᠷᠢ ᠳᠦᠪᠰᠢᠨ | ᠵᠢᠴᠢ ᠨᠠᠭᠠᠳᠦ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭᠠᠳᠦ ᠡᠷᠦᠬᠡ᠂ ᠦᠨᠦᠴᠢᠨ ᠬᠡᠦᠬᠡᠳ᠂ | ᠭᠤᠷᠪᠠ ᠦᠭᠡᠢ ᠬᠦᠮᠦᠰ᠂ ᠭᠤᠤᠯᠳᠠᠯᠭ᠎ᠠ ᠲᠠᠢ ᠬᠠᠷᠠᠭᠠᠯᠵᠠᠨ ᠳᠡᠳᠭᠦᠬᠦ ᠡᠲᠡᠭᠡᠳ ᠵᠡᠷᠭᠡ ᠬᠦᠮᠦᠰ ᠢ ᠠᠪᠤᠷᠠᠨ | ᠲᠤᠰᠠᠯᠠᠬᠤ ᠪᠠ ᠨᠦᠬᠦᠪᠦᠷᠢ ᠦᠭᠬᠦ ᠪᠠᠷᠢᠮᠵᠢᠶ᠎ᠠ ᠶᠢ ᠳᠡᠭᠡᠰᠢᠯᠡᠭᠦᠯᠦᠨᠡ᠃ ᠳᠤᠤᠷ᠎ᠠ ᠤᠷᠤᠯᠭ᠎ᠠ ᠲᠠᠢ ᠮᠠᠯᠴᠢᠳ ᠲᠤ | ᠨᠡᠭᠦᠷᠡᠰᠦᠨ ᠤ ᠨᠦᠬᠦᠪᠦᠷᠢ ᠤᠯᠭᠤᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠨ᠎ᠡ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ | ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠵᠤᠬᠢᠴᠠᠯᠳᠤᠨ | ᠬᠠᠮᠳᠤᠪᠡᠷ ᠬᠦᠭᠵᠢᠬᠦ ᠶᠢ ᠠᠬᠢᠭᠤᠯᠤᠨ᠎ᠠ᠃《12349》ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠪ ᠤᠨ | ᠴᠢᠳᠠᠪᠬᠢ ᠶᠢ ᠦᠷᠭᠡᠳᠭᠡᠨ᠎ᠡ᠃ ᠪᠦᠬᠦ ᠤᠷᠤᠨ ᠤ《 ᠪᠠᠴᠢᠮ ᠪᠠᠶᠢᠳᠠᠯ ᠬᠦᠴᠢᠷ ᠲᠦᠪᠡᠭ ᠠᠴᠠ ᠠᠪᠤᠷᠠᠨ | ᠲᠤᠰᠠᠯᠠᠬᠤ 》ᠲᠤᠷᠰᠢᠯᠲᠠ ᠶᠢᠨ ᠴᠢᠭ ᠤᠨ ᠠᠵᠢᠯ ᠢ ᠰᠠᠶᠢᠳᠤᠷ ᠬᠢᠵᠦ᠂ ᠠᠪᠤᠷᠠᠨ ᠲᠤᠰᠠᠯᠠᠬᠤ ᠬᠡᠪᠴᠢᠶ᠎ᠡ ᠬᠢᠭᠡᠳ | ᠪᠠᠷᠢᠮᠵᠢᠶ᠎ᠠ ᠶᠢ ᠦᠷᠭᠡᠳᠭᠡᠨ᠎ᠡ᠃ | ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠎ᠡ᠃ ᠰᠤᠷᠭᠠᠨ ᠬᠦᠮᠦᠵᠢᠯ ᠢ ᠡᠩ ᠲᠡᠷᠢᠭᠦᠨ᠎ᠡ | ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢ ᠶᠡᠬᠡᠪᠡᠷ ᠠᠬᠢᠭᠤᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ | ᠬᠡᠷᠡᠭᠵᠢᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ᠎ᠡ ᠭᠤᠤᠯᠳᠠᠯᠭ᠎ᠠ ᠲᠠᠢ ᠬᠦᠭᠵᠢᠭᠦᠯᠵᠦ᠂ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠡᠷᠡᠭᠦᠯ ᠬᠦᠭᠵᠢᠯᠲᠡ ᠶᠢ ᠠᠬᠢᠭᠤᠯᠤᠨ᠂ ᠰᠤᠷᠭᠠᠨ ᠬᠦᠮᠦᠵᠢᠯ ᠤᠨ | ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠤᠨ ᠲᠦᠯᠦᠪᠯᠡᠭᠡᠲᠦ | ᠦᠷᠡᠵᠢᠯ ᠤᠨ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠬᠤᠲᠡ ᠶᠢᠨ ᠬᠢᠵᠢᠭ ᠢ ᠰᠡᠷᠭᠡᠶᠢᠯᠡᠬᠦ ᠲᠦᠪ ᠬᠢᠭᠡᠳ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠤᠷᠢᠶᠠᠨ ᠤ ᠰᠢᠨ᠎ᠡ ᠪᠠᠷ ᠪᠠᠶᠢᠭᠤᠯᠬᠤ ᠢᠨᠵᠧᠨᠧᠷᠢᠩ ᠢ | ᠬᠡᠷᠡᠭᠵᠢᠭᠦᠯᠦᠨ᠎ᠡ᠃ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠦ᠂ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠠᠷᠢᠭᠤᠴᠠᠯᠭᠠᠲᠤ ᠡᠮᠴᠢ ᠶᠢᠨ ᠳᠦᠷᠢᠮ ᠪᠠ ᠡᠮ ᠡᠮᠨᠡᠯᠭᠡ ᠶᠢᠨ ᠬᠤᠤᠰ | ᠴᠢᠭᠯᠡᠯ ᠤᠨ ᠡᠮᠨᠡᠯᠭᠡ ᠰᠢᠯᠵᠢᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠨᠡᠶᠢᠭᠡᠮ ᠲᠤᠭᠤᠷᠢᠭ ᠤᠨ ᠡᠪᠡᠳᠴᠢᠲᠡᠨ | ᠡᠷᠡᠭᠦᠯᠵᠢᠭᠦᠯᠬᠦ ᠦᠷᠦᠭᠡ ᠪᠠᠶᠢᠷᠢᠯᠠᠭᠤᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠳᠦᠭᠦᠮ ᠳᠦᠳᠡ | ᠪᠤᠯᠭᠠᠨ᠎ᠠ᠃ ᠳᠤᠤᠷ᠎ᠠ ᠦᠷᠡᠵᠢᠯᠲᠡ ᠶᠢᠨ ᠳᠦᠪᠰᠢᠨ ᠢ ᠲᠤᠭᠲᠠᠭᠤᠨ ᠪᠠᠶᠢᠯᠭᠠᠵᠦ᠂ ᠬᠦᠮᠦᠨ ᠠᠮᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠰᠤᠶᠤᠯ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠳᠡᠭᠦᠯᠳᠡᠷᠵᠢᠭᠦᠯᠦᠨ᠂ ᠰᠤᠶᠤᠯ ᠲᠠᠮᠢᠷ ᠤᠨ ᠠᠵᠢᠯ ᠦᠢᠯᠡᠰ ᠢ ᠶᠡᠬᠡᠪᠡᠷ ᠬᠦᠭᠵᠢᠭᠦᠯᠵᠦ᠂ ᠤᠯᠠᠨ | ᠲᠦᠮᠡᠨᠴᠢ ᠴᠢᠨᠠᠷᠲᠠᠢ ᠰᠤᠶᠤᠯ ᠲᠠᠮᠢᠷ ᠤᠨ ᠠᠵᠢᠯᠯᠠᠭᠠᠨ ᠢ ᠢᠳᠡᠪᠬᠢᠲᠡᠢ ᠡᠷᠬᠢᠯᠡᠵᠦ᠂ ᠳᠡᠯᠡᠬᠡᠢ ᠶᠢᠨ ᠪᠠ ᠤᠯᠤᠰ ᠤᠨ | ᠳᠤᠲᠤᠭᠠᠳᠦ ᠶᠢᠨ ᠴᠢᠬᠤᠯᠠ ᠶᠡᠭᠡ ᠲᠠᠮᠢᠷ ᠤᠨ ᠤᠷᠤᠯᠳᠤᠭᠠᠨ ᠢ ᠳᠠᠭᠠᠭᠠᠨ ᠡᠷᠬᠢᠯᠡᠬᠦ ᠪᠠᠷ ᠴᠢᠷᠮᠠᠶᠢᠨ᠎ᠠ᠃ ᠰᠤᠶᠤᠯ ᠤᠨ | ᠪᠦᠲᠦᠭᠡᠯ ᠤᠨ ᠡᠭᠦᠳᠦᠨ ᠪᠦᠲᠦᠭᠡᠯᠭᠡ ᠶᠢ ᠳᠡᠮᠵᠢᠵᠦ ᠂ ᠰᠤᠶᠤᠯ ᠤᠨ ᠠᠵᠦ ᠦᠢᠯᠡᠰ ᠢ ᠪᠤᠶᠢᠵᠢᠭᠤᠯᠤᠨ | ᠬᠦᠭᠵᠢᠭᠦᠯᠵᠦ᠂ ᠤᠯᠤᠰ ᠤᠷᠤᠨ ᠤ ᠳᠡᠰ ᠤᠨ ᠱᠠᠩᠨᠡᠯ ᠢ ᠤᠯᠬᠤ ᠪᠤᠯᠤᠯᠴᠠᠭ᠎ᠠ ᠲᠠᠢ ᠦᠨᠳᠦᠰᠦᠲᠡᠨ ᠤ ᠰᠤᠶᠤᠯ | ᠤᠷᠠᠯᠢᠭ ᠤᠨ ᠰᠤᠳᠤᠨ ᠪᠦᠲᠦᠭᠡᠯ ᠤᠨ ᠡᠭᠦᠳᠦᠨ ᠪᠦᠲᠦᠭᠡᠯᠭᠡ ᠶᠢ ᠵᠤᠷᠢᠭᠵᠢᠭᠤᠯᠵᠦ᠂《 ᠪᠤᠭᠤᠷᠤᠯ ᠲᠡᠤᠬᠡ ᠶᠢᠨ | ᠬᠦᠯᠦᠭ ᠤᠨ ᠮᠠᠭᠲᠠᠭᠠᠯ ᠢ ᠪᠦᠬᠦ ᠤᠷᠤᠨ ᠤ ᠠᠳᠤᠭᠤᠨ ᠰᠤᠶᠤᠯ ᠤᠨ ᠰᠤᠳᠤᠨ ᠪᠦᠲᠦᠭᠡᠯ ᠤᠨ ᠢᠨᠵᠧᠨᠧᠷᠢᠩ | ᠪᠤᠯᠭᠠᠬᠤ ᠪᠠᠷ ᠴᠢᠷᠮᠠᠶᠢᠵᠦ᠂ ᠳᠤᠮᠳᠠᠳᠦ ᠤᠯᠤᠰ ᠤᠨ ᠠᠳᠤᠭᠤᠨ ᠰᠤᠶᠤᠯ ᠤᠨ ᠲᠠᠯᠠᠪᠡᠢ ᠶᠢ ᠪᠦᠬᠦ ᠤᠯᠤᠰ ᠤᠨ | ᠠᠳᠤᠭᠤᠨ ᠰᠤᠶᠤᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠪᠤᠯᠭᠠᠨ ᠪᠠᠶᠢᠭᠤᠯᠤᠨ᠎ᠠ᠃ ᠲᠬᠠᠭ᠍ᠰᠠ | ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠦ᠂ ᠲᠡᠤᠬᠡ ᠤᠶᠢᠯᠠᠯᠭ᠎ᠠ ᠨᠠᠶᠢᠷᠠᠭᠤᠯᠵᠦ ᠪᠢᠴᠢᠬᠦ ᠬᠢᠷᠢ ᠳᠦᠪᠰᠢᠨ ᠢ | ᠳᠡᠭᠡᠭᠰᠢᠯᠡᠭᠦᠯᠦᠨ᠎ᠡ᠃ ᠬᠦᠯ ᠪᠦᠮᠪᠦᠭᠡ ᠶᠢᠨ ᠦᠢᠯᠡᠰ ᠢ ᠢᠳᠡᠪᠬᠢᠲᠡᠢ ᠠᠬᠢᠭᠤᠯᠵᠦ᠂ ᠨᠡᠶᠢᠭᠡᠮ ᠲᠤᠭᠤᠷᠢᠭ ᠤᠨ ᠬᠦᠯ | ᠪᠦᠮᠪᠦᠭᠡ ᠶᠢᠨ ᠬᠦᠳᠡᠯᠭᠡᠭᠡᠨ ᠬᠢᠭᠡᠳ ᠰᠤᠷᠭᠠᠭᠤᠯᠢ ᠶᠢᠨ ᠬᠦᠯ ᠪᠦᠮᠪᠦᠭᠡ ᠶᠢᠨ ᠬᠦᠳᠡᠯᠭᠡᠭᠡᠨ ᠢ ᠳᠤᠪᠤᠶᠢᠮ᠎ᠡ ᠰᠠᠶᠢᠳᠤᠷ | ᠠᠳᠬᠤᠵᠦ᠂ ᠮᠦᠷᠦᠶᠢᠴᠡᠭᠡᠨ ᠤ ᠪᠡᠶ᠎ᠡ ᠶᠢᠨ ᠲᠠᠮᠢᠷ ᠬᠢᠭᠡᠳ ᠤᠯᠠᠨ ᠲᠦᠮᠡᠨ ᠤ ᠪᠡᠶ᠎ᠡ ᠶᠢᠨ ᠲᠠᠮᠢᠷ ᠬᠠᠮᠲᠦᠪᠡᠷ | ᠬᠦᠭᠵᠢᠬᠦ ᠶᠢ ᠠᠬᠢᠭᠤᠯᠤᠨ᠎ᠠ᠃ | ᠤᠯᠠᠨ ᠠᠷᠭ᠎ᠠ ᠵᠠᠮ ᠢᠶᠠᠷ ᠺᠠᠳ᠋ᠷ ᠤᠯᠠᠨ ᠲᠦᠮᠡᠨ ᠤ ᠤᠷᠤᠯᠭ᠎ᠠ ᠶᠢ ᠨᠡᠮᠡᠭᠳᠡᠭᠦᠯᠦᠨ᠎ᠡ᠃ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠤᠬᠢᠷᠠᠭᠤᠯᠤᠯᠲᠠ᠂ ᠴᠠᠯᠢᠩ ᠤᠯᠭᠤᠬᠤ ᠪᠠᠲᠤᠯᠠᠭ᠎ᠠ᠂ ᠴᠠᠯᠢᠩ ᠤᠨ | ᠬᠠᠮᠤᠭ ᠳᠤᠤᠷ᠎ᠠ ᠪᠠᠷᠢᠮᠵᠢᠶᠠᠨ ᠤ ᠨᠡᠮᠡᠭᠳᠡᠯ ᠵᠡᠷᠭᠡ ᠲᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠵᠦ᠂ ᠴᠠᠯᠢᠩ ᠤᠨ | ᠬᠡᠪ ᠢᠶᠠᠷ ᠨᠡᠮᠡᠭᠳᠡᠬᠦ ᠵᠤᠬᠢᠴᠠᠮᠵᠢ ᠶᠢ ᠪᠦᠷᠢᠨᠰᠢᠭᠦᠯᠦᠨ᠂ ᠠᠵᠢᠯᠲᠠᠨ ᠤ ᠴᠠᠯᠢᠩ ᠢᠶᠠᠨ ᠠᠪᠴᠦ ᠠᠮᠠᠷᠠᠯᠲᠠ ᠬᠢᠬᠦ | ᠳᠦᠷᠢᠮ ᠢ ᠬᠡᠷᠡᠭᠵᠢᠭᠦᠯᠦᠨ᠎ᠡ᠃ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠨ᠂ ᠮᠠᠯ ᠠᠵᠦ | ᠠᠬᠤᠢ ᠶᠢᠨ ᠤᠷᠤᠯᠭ᠎ᠠ ᠶᠢᠨ ᠨᠡᠮᠡᠭᠳᠡᠯ ᠤᠨ ᠨᠦᠭᠡᠴᠡ ᠬᠦᠴᠦᠨ ᠢ ᠭᠦᠢᠴᠡᠳ ᠠᠭᠤᠳᠠᠯᠠᠵᠦ᠂ ᠮᠠᠯᠴᠢᠳ ᠤᠨ | ᠴᠠᠯᠢᠩ ᠤᠨ ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ | ᠴᠢᠷᠮᠠᠶᠢᠨ ᠨᠡᠮᠡᠭᠳᠡᠭᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ᠂ ᠰᠢᠭᠤᠳ ᠪᠤᠷᠤᠯᠠᠭᠤᠯᠵᠦ ᠲᠤᠬᠢᠷᠠᠭᠤᠯᠵᠦ | ᠬᠦᠷᠭᠡᠬᠦ᠂ ᠵᠢᠵᠢᠭᠯᠡᠨ ᠬᠤᠳᠠᠯᠳᠤᠬᠤ ᠳᠤ ᠪᠡᠶ᠎ᠡ ᠪᠠᠷ ᠤᠷᠤᠯᠴᠠᠬᠤ ᠵᠡᠷᠭᠡ ᠤᠳᠤ ᠦᠶ᠎ᠡ ᠶᠢᠨ ᠪᠤᠷᠤᠯᠠᠭᠤᠯᠭ᠎ᠠ ᠶᠢᠨ | ᠠᠷᠭ᠎ᠠ ᠪᠠᠷᠢᠯ ᠢ ᠶᠡᠬᠡᠪᠡᠷ ᠨᠡᠭᠡᠭᠡᠵᠦ᠂ ᠴᠢᠨᠠᠷ ᠰᠠᠶᠢᠲᠠᠢ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠦᠬᠦ ᠤᠯᠤᠰ ᠲᠤ | ᠪᠤᠷᠤᠯᠠᠭᠤᠯᠬᠤ ᠶᠢ ᠵᠤᠷᠢᠭᠵᠢᠭᠤᠯᠵᠦ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠳᠠᠶᠢᠴᠢᠯᠠᠨ᠂ ᠮᠠᠯᠴᠢᠳ ᠤᠨ | ᠤᠷᠤᠯᠭ᠎ᠠ ᠶᠢᠨ ᠨᠡᠮᠡᠭᠳᠡᠯ ᠢ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠠᠴᠠ ᠦᠨᠳᠦᠷ ᠪᠠᠶᠢᠬᠤ ᠶᠢ ᠪᠠᠲᠤᠯᠠᠨ᠎ᠠ | ᠃ | ᠡᠨᠡ ᠵᠢᠯ ᠬᠤᠲᠠ ᠶᠢᠨ ᠵᠠᠰᠠᠭ ᠤᠨ ᠣᠷᠳᠣᠨ 17.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ | ᠠᠷᠠᠳ ᠤᠨ ᠶᠠᠪᠤᠲᠠᠯ ᠤᠨ ᠠᠷᠪᠠᠨ ᠪᠤᠲᠠᠳᠣ ᠬᠡᠷᠡᠭ︾ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠨ᠎ᠡ᠃ | ᠨᠢᠭᠡ᠂ ᠰᠣᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠡᠭᠦᠯᠦᠨ᠎ᠡ᠃ | ᠰᠣᠷᠭᠠᠨ ᠬᠥᠮᠦᠵᠢᠯ ᠤᠨ ᠰᠠᠭᠤᠷᠢ ᠲᠥᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠲᠡᠭᠡᠭᠰᠢᠯᠡᠭᠦᠯᠵᠦ᠂ 1 ᠰᠠᠭᠤᠷᠢ ᠪᠠᠭ᠎ᠠ ᠰᠣᠷᠭᠠᠭᠤᠯᠢ᠂ 1 ᠰᠠᠭᠤᠷᠢ ᠨᠤᠮ ᠤᠨ ᠰᠠᠩ᠂ 1 ᠰᠠᠭᠤᠷᠢ ᠲᠠᠳᠣᠯᠭ᠎ᠠ | ᠪᠤᠯᠪᠠᠰᠣᠷᠠᠯ ᠤᠨ ᠲᠠᠰᠤᠭ᠂ 2 ᠰᠠᠭᠤᠷᠢ ᠶᠡᠷᠦᠩᠬᠡᠶᠢᠯᠡᠭᠰᠡᠨ ᠠᠰᠠᠷ᠂ 2 ᠬᠠᠷᠢᠭᠤ ᠮᠡᠳᠡᠭᠦᠯᠦᠯᠲᠡ ᠶᠢᠨ ᠲᠢᠩᠬᠢᠮ᠂ | 4 ᠭᠤᠮ ᠲᠡᠪᠢᠰᠭᠡᠷᠳᠦ ᠬᠦᠶᠦᠯᠲᠡ ᠶᠢᠨ ᠵᠠᠮ᠂ 10 ᠲᠠᠮᠢᠷ ᠤᠨ ᠬᠦᠲᠡᠯᠭᠡᠭᠡᠨ ᠤ ᠲᠠᠰᠤᠭ ᠢ ᠰᠢᠨ᠎ᠡ ᠪᠠᠷ | ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠬᠤᠲᠡ ᠪᠠᠯᠭᠠᠰᠤᠨ ᠤ ᠳᠤᠮᠳᠠᠳᠦ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠦᠬᠦᠴᠡᠯ ᠤᠨ ᠪᠠᠷᠢᠮᠵᠢᠶᠠᠯᠠᠭᠰᠠᠨ ᠨᠤᠷᠮ᠎ᠠ ᠶᠢ 100% ᠳᠤ ᠬᠦᠷᠭᠡᠬᠦ ᠪᠠᠷ ᠴᠢᠷᠮᠠᠶᠢᠨ᠎ᠠ︔ | ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠬᠤᠪᠢᠨ ᠳᠤ | ᠬᠦᠷᠦᠭᠰᠡᠨ ᠨᠤᠷᠮ᠎ᠠ ᠶᠢ 71% ᠳᠤ ᠬᠦᠷᠭᠡᠬᠦ ᠪᠠᠷ ᠴᠢᠷᠮᠠᠶᠢᠨ᠎ᠠ᠃ | ᠬᠤᠶᠠᠷ᠂ ᠠᠵᠢᠯ ᠣᠯᠭᠤᠵᠣ ᠦᠢᠯᠡᠰ ᠪᠤᠰᠬᠠᠬᠤ ᠶᠢ ᠴᠢᠷᠮᠠᠶᠢᠨ ᠥᠷᠭᠡᠳᠬᠡᠨ᠎ᠡ᠃ 1.5 | ᠳ᠋ᠦᠩᠰᠢᠭᠤᠷ ᠲᠥᠭᠦᠷᠢᠭ ᠤᠨ ᠪᠠᠭ᠎ᠠ ᠲᠤᠭᠠᠨ ᠤ ᠪᠠᠳᠣᠯᠭᠠᠳᠣ ᠵᠢᠭᠡᠯᠯᠡᠭᠡ ᠲᠠᠯᠪᠢᠵᠤ᠂ 1800 ᠡᠷᠦᠬᠡ ᠶᠢᠨ | ᠦᠢᠯᠡᠰ ᠪᠤᠰᠬᠠᠬᠤ ᠶᠢ ᠲᠡᠮᠵᠢᠵᠦ᠂ 18000 ᠠᠵᠢᠯ ᠤᠨ ᠪᠠᠶᠢᠷᠢ ᠬᠤᠷᠠᠮᠳᠣᠭᠤᠯᠵᠤ᠂ ᠬᠤᠲᠠ ᠬᠦᠲᠡᠭᠡ ᠶᠢᠨ | 6000 ᠠᠴᠠ ᠲᠡᠭᠡᠭᠰᠢ ᠬᠦᠮᠦᠰ ᠲᠤ ᠠᠵᠢᠯ ᠤᠯᠭᠤᠨ᠎ᠡ᠃ | ᠭᠤᠷᠪᠠ᠂ ᠨᠡᠶᠢᠭᠡᠮ ᠤᠨ ᠪᠠᠳᠣᠯᠠᠭᠠᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠬᠤᠲᠠ ᠬᠦᠲᠡᠭᠡ | ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠲᠠᠪᠤᠨ ᠪᠠᠳᠣᠯᠠᠭᠠᠳᠣ ᠡᠷᠦᠬᠡ ᠶᠢ ᠲᠦᠪᠯᠡᠷᠡᠭᠦᠯᠵᠦ | ᠠᠰᠠᠷᠠᠬᠤ ᠪᠠᠷᠢᠮᠵᠢᠶ᠎ᠠ ᠶᠢ 15% ᠪᠠᠷ ᠲᠡᠭᠡᠭᠰᠢᠯᠡᠭᠦᠯᠵᠦ᠂ ᠲᠤᠰᠪᠤᠷᠢ ᠵᠢᠯ ᠤᠨ 575 ᠲᠥᠭᠦᠷᠢᠭ ᠪᠤᠯᠤᠨ | 11928 ᠲᠥᠭᠦᠷᠢᠭ ᠲᠤ ᠬᠦᠷᠭᠡᠵᠦ᠂ ᠥᠨᠦᠴᠢᠨ ᠬᠡᠣᠬᠡᠳ ᠪᠤᠯᠤᠨ ᠭᠤᠷᠪᠠ ᠦᠭᠡᠢ ᠬᠦᠮᠦᠨ ᠢ ᠠᠰᠠᠷᠠᠨ | ᠲᠡᠵᠢᠭᠡᠬᠦ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠶᠢᠨ 100 ᠲᠥᠭᠦᠷᠢᠭ ᠲᠡᠭᠡᠭᠰᠢᠯᠡᠬᠦᠯᠵᠦ᠂ ᠥᠨᠦᠴᠢᠨ ᠬᠡᠣᠬᠡᠳ ᠢ | ᠲᠦᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠤᠰᠪᠤᠷᠢ ᠰᠠᠷ᠎ᠠ ᠶᠢᠨ 2190 | ᠪᠤᠯᠤᠨ 1750 ᠲᠥᠭᠦᠷᠢᠭ ᠲᠤ ᠬᠦᠷᠭᠡᠵᠦ᠂ ᠬᠤᠲᠠ ᠪᠠᠯᠭᠠᠰᠣᠨ ᠤ ᠭᠤᠷᠪᠠ ᠦᠭᠡᠢ ᠬᠦᠮᠦᠨ ᠢ ᠲᠦᠪᠯᠡᠷᠡᠭᠦᠯᠦᠨ | ᠠᠰᠠᠷᠠᠨ ᠲᠡᠵᠢᠭᠡᠬᠦ ᠪᠠ ᠲᠠᠷᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠤᠰᠪᠤᠷᠢ ᠰᠠᠷ᠎ᠠ ᠪᠦᠷᠢ 1500 ᠲᠦᠭᠦᠷᠢᠭ | ᠪᠠ 1300 ᠲᠥᠭᠦᠷᠢᠭ ᠲᠤ ᠬᠦᠷᠭᠡᠨ᠎ᠡ᠃ | ᠲᠦᠷᠪᠡ᠂ ᠨᠠᠰᠣᠲᠠᠨ ᠢ ᠠᠰᠠᠷᠠᠵᠦ ᠨᠢᠯᠬ᠎ᠠ ᠶᠢ ᠬᠥᠮᠦᠵᠢᠭᠦᠯᠬᠦ ᠠᠵᠢᠯ ᠢ ᠰᠠᠶᠢᠳᠤᠷ ᠬᠢᠨ᠎ᠡ᠃ 260 | ᠮᠠᠯᠴᠢᠨ ᠡᠷᠦᠬᠡ ᠶᠢ ᠠᠴᠢᠯᠠᠯ ᠮᠠᠯᠴᠢᠳ ᠤᠨ ᠨᠠᠰᠤᠵᠢᠯ ᠤᠨ ᠬᠦᠷᠢᠶᠡᠯᠡᠩ ᠳᠤ ᠰᠢᠨ᠎ᠡ ᠪᠠᠷ ᠰᠠᠭᠤᠷᠢᠰᠢᠭᠤᠯᠵᠤ᠂ | ᠰᠢᠯᠢ ᠶᠢᠨ ᠢ ᠡᠾᠧ ᠶᠤᠸᠠᠨ ᠨᠠᠰᠤᠵᠢᠯ ᠤᠨ ᠳᠦᠪ ᠤᠨ ᠨᠢᠭᠡᠳᠦᠭᠡᠷ ᠬᠤᠭᠤᠴᠠᠭᠠᠨ ᠤ ᠭᠤᠤᠯ ᠴᠤᠭᠴᠠ ᠶᠢᠨ | ᠢᠨᠵᠧᠨᠧᠷᠢᠩ ᠢ ᠬᠦᠢᠴᠡᠳᠭᠡᠵᠤ᠂ ᠷᠠᠰᠢᠶᠠᠨᠪᠤᠯᠠᠭ ᠪᠠᠯᠭᠠᠰᠤᠨ ᠤ ᠪᠠᠶᠠᠨᠭᠤᠤᠯ ᠭᠠᠴᠠᠭᠠᠨ ᠤ ᠰᠢᠯᠢ ᠶᠢᠨ ᠮᠠᠯᠴᠢᠳ | ᠤᠨ ᠳᠤᠰᠬᠤᠨ ᠤ ᠦᠳᠡᠯᠦᠭᠡ ᠨᠢᠯᠬᠠᠰ ᠤᠨ ᠬᠦᠷᠢᠶᠡᠯᠡᠩ ᠢ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠬᠤᠳᠠ | ᠬᠦᠳᠡᠭᠡ ᠶᠢᠨ ᠨᠠᠰᠤᠵᠢᠯ ᠤᠨ ᠦᠢᠯᠡᠴᠢᠯᠡᠭᠡ ᠶᠢ ᠵᠡᠷᠭᠡᠪᠡᠷ ᠠᠬᠢᠭᠤᠯᠤᠨ᠎ᠠ︔ ᠬᠤᠳᠠ ᠶᠢᠨ ᠳᠤᠭᠤᠷᠢᠭ ᠪᠠ ᠮᠠᠯᠵᠢᠬᠤ | ᠤᠷᠤᠨ ᠤ 10 ᠰᠠᠭᠤᠷᠢ ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ | ᠦᠷᠬᠦᠯᠵᠢᠯᠡᠨ ᠪᠠᠶᠢᠭᠤᠯᠵᠤ᠂ ᠨᠡᠶᠢᠭᠡᠮ ᠠᠴᠠ ᠬᠡᠤᠬᠡᠳ ᠤᠨ ᠴᠡᠴᠡᠷᠯᠢᠭ ᠡᠷᠬᠢᠯᠡᠬᠦ ᠶᠢ ᠵᠤᠷᠢᠭᠵᠢᠭᠤᠯᠤᠨ᠂ ᠵᠢᠯ ᠤᠨ | ᠲᠣᠳᠣᠷ᠎ᠠ ᠠᠷᠠᠳ ᠠᠴᠠ ᠡᠷᠬᠢᠯᠡᠵᠦ ᠲᠠᠩᠰᠠᠯᠠᠭᠤᠯᠤᠭᠰᠠᠨ ᠪᠠᠷᠢᠮᠵᠢᠶᠠᠵᠢᠭᠰᠠᠨ ᠭᠡᠤᠭᠡᠳ ᠤᠨ ᠴᠡᠴᠡᠷᠯᠢᠭ ᠢ 20 | ᠰᠠᠭᠤᠷᠢ ᠪᠤᠯᠭᠠᠬᠤ ᠪᠠᠷ ᠴᠢᠷᠮᠠᠶᠢᠵᠤ᠂ ᠰᠣᠷᠭᠠᠭᠤᠯᠢ ᠶᠢᠨ ᠨᠠᠰᠣᠨ ᠠᠴᠠ ᠡᠮᠦᠨᠡᠬᠢ ᠬᠡᠤᠬᠡᠳ ᠤᠨ ᠴᠡᠴᠡᠷᠯᠢᠭ | ᠲᠤ ᠣᠷᠣᠬᠤ ᠨᠤᠷᠮ᠎ᠠ ᠶᠢ 90% ᠠᠴᠠ ᠲᠡᠭᠡᠭᠰᠢ ᠪᠠᠶᠢᠬᠤ ᠶᠢ ᠪᠠᠳᠣᠯᠠᠨ᠎ᠠ᠃ | ᠲᠠᠪᠤ᠂ ᠶᠠᠳᠠᠭᠤ ᠶᠢ ᠲᠡᠳᠬᠦᠨ ᠪᠣᠭᠤᠮᠲᠠ ᠰᠢᠪᠳᠣᠯᠬᠤ ᠠᠵᠢᠯ ᠢ ᠪᠠᠳᠣᠲᠠᠢ ᠠᠬᠢᠭᠤᠯᠤᠨ᠎ᠠ᠃ | ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠭᠦᠯᠵᠦ᠂ ᠮᠠᠯᠵᠢᠬᠤ | ᠣᠷᠣᠨ ᠤ 1098 ᠢᠵᠢ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠵᠦ᠂ 5.5 ᠲᠦᠮᠡᠨ ᠲᠡᠭᠰᠢ | ᠳᠦᠷᠪᠡᠯᠵᠢᠨ ᠮᠧᠲᠷ ᠤᠨ ᠳᠤᠯᠠᠭᠠᠨ ᠫᠸᠡᠭ᠂ 2.9 ᠲᠦᠮᠡᠨ ᠲᠡᠭᠰᠢ ᠳᠦᠷᠪᠡᠯᠵᠢᠨ ᠮᠧᠲᠷ ᠤᠨ ᠡᠪᠡᠰᠦ ᠬᠠᠳᠠᠭᠠᠯᠠᠬᠤ | ᠫᠸᠡᠭ ᠢ ᠰᠢᠨ᠎ᠡ ᠪᠠᠷ ᠪᠠᠶᠢᠭᠤᠯᠵᠦ᠂ ᠵᠢᠯ ᠤᠨ ᠲᠤᠳᠣᠷ᠎ᠠ 300 ᠬᠦᠮᠦᠨ ᠢ ᠶᠠᠳᠠᠭᠤ ᠠᠴᠠ ᠠᠩᠬᠢᠵᠢᠷᠠᠭᠤᠯᠬᠤ ᠪᠠᠷ | ᠴᠢᠷᠮᠠᠶᠢᠵᠤ᠂ ᠪᠦᠬᠦ ᠠᠶᠢᠮᠠᠭ ᠲᠤ ᠰᠣᠮᠣ ᠪᠠᠯᠭᠠᠰᠣ ᠲᠠᠯᠠᠪᠠᠢ ᠶᠢᠨ ᠶᠠᠳᠠᠭᠤ ᠬᠦᠴᠢᠷᠲᠡᠯᠲᠠᠢ ᠡᠷᠦᠬᠡ ᠶᠢ | ᠦᠨᠳᠦᠰᠦᠨ ᠳᠡᠭᠡᠨ ᠣᠰᠠᠳᠬᠠᠬᠤ ᠬᠠᠷᠠᠯᠲᠠ ᠶᠢ ᠡᠩ ᠲᠡᠷᠢᠭᠦᠨ ᠳᠤ ᠪᠡᠶᠡᠯᠡᠭᠦᠯᠦᠨ᠎ᠡ᠃ | ᠵᠢᠷᠭᠤᠭ᠎ᠠ᠂ ᠮᠠᠯᠴᠢᠳ ᠤᠨ ᠡᠷᠡᠭᠦᠯ ᠮᠡᠨᠳᠦ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠮᠠᠯᠵᠢᠬᠤ | ᠣᠷᠣᠨ ᠤ 1.5 ᠲᠦᠮᠡᠨ ᠨᠡᠷ᠎ᠡ 45 ᠪᠦᠬᠦᠯᠢ ᠨᠠᠰᠣᠨ ᠠᠴᠠ ᠲᠡᠭᠡᠭᠰᠢᠬᠢ ᠡᠮᠡᠭᠲᠠᠢ᠂ 50 ᠪᠦᠬᠦᠯᠢ | ᠨᠠᠰᠣᠨ ᠠᠴᠠ ᠲᠡᠭᠡᠭᠰᠢᠬᠢ ᠡᠷᠡᠭᠲᠠᠢ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠯᠭᠡᠵᠦ᠂ | ᠡᠷᠡᠭᠦᠯ ᠮᠡᠨᠳᠦ ᠶᠢᠨ ᠵᠢᠵᠢᠭ ᠡᠮ ᠤᠨ ᠬᠠᠶᠢᠷᠴᠠᠭ 1000 ᠶᠢ ᠤᠯᠭᠤᠨ ᠦᠭᠴᠦ᠂ ᠮᠠᠯᠴᠢᠳ ᠤᠨ ᠡᠷᠡᠭᠦᠯ | ᠮᠡᠨᠳᠦ ᠶᠢᠨ ᠲᠠᠩᠰᠠ ᠡᠪᠬᠡᠮᠡᠯ ᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠳᠤᠯᠤᠭ᠎ᠠ᠂ ᠮᠠᠯᠵᠢᠬᠤ ᠣᠷᠣᠨ ᠤ ᠣᠰᠣ ᠴᠠᠬᠢᠯᠭᠠᠨ ᠤ ᠠᠰᠠᠭᠤᠳᠠᠯ ᠢ ᠰᠢᠢᠳᠪᠤᠷᠢᠯᠠᠨᠡ᠃ 240 | ᠠᠮᠠᠰᠠᠷ ᠣᠰᠣᠨ ᠬᠤᠳᠳᠤᠭ᠂ 100 ᠰᠠᠭᠤᠷᠢ ᠣᠰᠣᠨ ᠵᠤᠭᠤᠷᠢ ᠪᠠᠶᠢᠭᠤᠯᠵᠤ᠂ ᠨᠠᠷᠠᠨ ᠤ ᠡᠨᠧᠷᠬᠢ ᠪᠠᠷ ᠣᠰᠣ | ᠲᠠᠳᠠᠬᠤ ᠲᠥᠬᠦᠬᠡᠷᠦᠮᠵᠢ 170 ᠶᠢ ᠢᠵᠢ ᠪᠦᠷᠢᠯᠳᠦᠭᠦᠯᠵᠦ᠂ 3000 ᠬᠦᠮᠦᠨ᠂ 8 ᠲᠦᠮᠡᠨ ᠲᠤᠯᠤᠭᠠᠢ ᠮᠠᠯ ᠤᠨ | ᠣᠰᠣ ᠤᠮᠲᠠ ᠶᠢᠨ ᠠᠮᠤᠷ ᠲᠦᠪᠰᠢᠨ ᠤ ᠠᠰᠠᠭᠤᠲᠠᠯ ᠢ ᠰᠢᠢᠳᠪᠦᠷᠢᠯᠡᠨ᠎ᠡ ︔ ᠮᠠᠯᠵᠢᠬᠤ ᠣᠷᠣᠨ ᠳᠤ 581 | ᠺᠢᠯᠤᠮᠧᠲᠷ ᠤᠨ ᠴᠠᠬᠢᠯᠭᠠᠨ ᠬᠠᠩᠭᠠᠬᠤ ᠱᠣᠭᠤᠮ ᠣᠳᠠᠰᠣ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 200 | ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠵᠦ᠂ 27 ᠡᠷᠦᠬᠡ ᠳᠤ ᠭᠡᠷᠡᠯ ᠰᠠᠯᠬᠢ ᠶᠢ ᠬᠠᠷᠢᠯᠴᠠᠨ | ᠨᠥᠬᠦᠪᠦᠷᠢᠯᠡᠭᠦᠯᠵᠦ ᠡᠭᠦᠰᠭᠡᠭᠰᠡᠨ ᠴᠠᠬᠢᠯᠭᠠᠨ ᠨᠡᠪᠲᠡᠷᠡᠭᠦᠯᠵᠦ᠂ ᠮᠠᠯᠵᠢᠬᠤ ᠣᠷᠣᠨ ᠤ ᠴᠠᠬᠢᠯᠭᠠᠨ ᠨᠡᠪᠲᠡᠷᠡᠭᠡᠳᠦᠢ | ᠡᠷᠦᠬᠡ ᠶᠢ ᠦᠨᠳᠦᠰᠦᠨ ᠳᠤᠨᠢ ᠠᠷᠢᠯᠭᠠᠨ᠎ᠠ᠃ | ᠨᠠᠢᠮᠠ᠂ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠪᠠ ᠬᠢᠷᠢ ᠳᠦᠪᠰᠢᠨ ᠢ ᠳᠡᠭᠡᠭᠰᠢᠭᠦᠯᠦᠨ᠎ᠡ᠃ ᠬᠤᠲᠡ | ᠶᠢᠨ ᠲᠤᠭᠤᠷᠢᠭ ᠲᠤ 9.4 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠦ᠂ 5 ᠵᠤᠷᠪᠤᠰ ᠲᠠᠰᠤᠷᠬᠠᠢ ᠵᠠᠮ | ᠢ ᠨᠡᠪᠲᠡᠷᠡᠭᠦᠯᠵᠦ᠂ 27 ᠵᠤᠷᠪᠤᠰ ᠪᠠᠷᠠᠭᠤᠨᠰᠢ ᠮᠤᠷᠤᠶᠢᠬᠤ ᠮᠠᠰᠢᠨ ᠲᠡᠷᠭᠡᠨ ᠤ ᠵᠠᠮ ᠢ ᠨᠡᠮᠡᠭᠳᠡᠭᠦᠯᠵᠦ᠂ ᠴᠠᠬᠠᠷ | ᠵᠡᠭᠡᠯᠢ ᠶᠢᠨ ᠵᠠᠰᠠᠮᠠᠯ ᠵᠠᠮ ᠢ ᠦᠷᠭᠡᠳᠭᠡᠬᠦ ᠢᠨᠵᠧᠨᠧᠷᠢᠩ ᠢ ᠪᠡᠶᠡᠯᠡᠭᠦᠯᠵᠦ᠂ ᠨᠠᠭᠠᠳᠤᠮ ᠵᠡᠭᠡᠯᠢ ᠶᠢ ᠦᠭᠡᠷᠡᠴᠢᠯᠡᠨ | ᠵᠠᠰᠠᠬᠤ ᠢᠨᠵᠧᠨᠧᠷᠢᠩ ᠢ ᠡᠬᠢᠯᠡᠭᠦᠯᠵᠦ᠂ ᠵᠠᠮ ᠬᠠᠷᠢᠯᠴᠠᠭᠠᠨ ᠤ ᠤᠶᠤᠨᠳᠦ ᠵᠢᠯᠤᠭᠤᠳᠬᠤ ᠰᠢᠰᠲ᠋ᠧᠮ ᠢ ᠤᠯᠠᠮ | ᠲᠡᠭᠦᠯᠳᠡᠷᠵᠢᠭᠦᠯᠦᠨ᠎ᠡ᠃ | ᠶᠢᠰᠦ᠂ ᠬᠤᠲᠡ ᠶᠢᠨ ᠬᠠᠭᠤᠴᠢᠨ ᠲᠤᠭᠤᠷᠢᠭ ᠤᠨ ᠦᠭᠡᠷᠡᠴᠢᠯᠡᠯᠲᠡ ᠶᠢᠨ ᠡᠷᠴᠢᠮ ᠢ ᠴᠢᠩᠭᠠᠳᠬᠠᠨ᠎ᠠ᠃ | 10 ᠵᠤᠷᠪᠤᠰ ᠵᠢᠵᠢᠭ ᠵᠡᠭᠡᠯᠢ ᠭᠤᠳᠤᠮᠵᠢ᠂ 30 ᠺᠢᠯᠤᠮᠧᠲᠷ ᠤᠨ ᠢᠯᠴᠢ ᠬᠠᠨᠭ᠍ᠭᠠᠬᠤ ᠰᠠᠯᠪᠤᠷᠢ ᠬᠤᠭᠤᠯᠠᠢ ᠲᠤᠤᠷ ᠢ | ᠦᠭᠡᠷᠡᠴᠢᠯᠡᠨ ᠵᠠᠰᠠᠵᠦ᠂ 67 ᠲᠦᠮᠡᠨ ᠲᠡᠭᠰᠢ ᠳᠦᠷᠪᠡᠯᠵᠢᠨ ᠮᠧᠲᠷ ᠤᠨ ᠶᠠᠪᠠᠭᠠᠨ ᠬᠦᠮᠦᠨ ᠤ ᠵᠡᠮ ᠳᠡᠪᠢᠰᠴᠦ᠂ | 30 ᠭᠠᠷᠤᠢ ᠤᠰᠤ ᠪᠠᠷ ᠴᠡᠪᠡᠷᠯᠡᠨ ᠠᠷᠢᠯᠭᠠᠬᠤ ᠵᠤᠷᠯᠤᠩ ᠂15 ᠰᠠᠭᠤᠷᠢ ᠬᠤᠭ ᠯᠤᠪᠰᠢ ᠶᠢ ᠠᠪᠴᠢᠭᠤᠯᠤᠨ | ᠵᠦᠭᠡᠭᠡᠪᠦᠷᠢᠯᠡᠬᠦ ᠬᠡᠯᠪᠡᠷᠢ ᠶᠢᠨ ᠦᠷᠲᠡᠭᠡ ᠶᠢ ᠪᠠᠶᠢᠭᠤᠯᠵᠦ᠂ 5 ᠬᠠᠭᠤᠴᠢᠨ ᠰᠠᠭᠤᠭᠠᠯᠢ ᠠᠷᠠᠳ ᠤᠨ ᠲᠤᠭᠤᠷᠢᠭ | ᠤᠨ 41 ᠲᠦᠮᠡᠨ ᠲᠡᠭᠰᠢ ᠳᠦᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠯᠭ᠎ᠠ ᠶᠢ ᠡᠨᠧᠷᠬᠢ ᠠᠷᠪᠢᠯᠠᠵᠤ | ᠰᠢᠨᠡᠳᠭᠡᠬᠦ ᠢᠨᠵᠧᠨᠧᠷᠢᠩ ᠢ ᠬᠡᠷᠡᠭᠵᠢᠭᠦᠯᠵᠦ᠂ ᠲᠡᠭᠡᠷ᠎ᠡ ᠵᠠᠭᠤᠨ ᠤ ᠨᠠᠶᠠᠭᠠᠳ ᠶᠡᠷᠡᠭᠡᠳ ᠣᠨ ᠤ ᠪᠠᠶᠢᠭᠤᠯᠤᠭᠰᠠᠨ | ᠲᠦᠪᠯᠡᠷᠡᠭᠦᠯᠦᠨ ᠵᠠᠯᠭᠠᠯᠳᠣᠭᠰᠠᠨ ᠬᠠᠭᠤᠴᠢᠨ ᠲᠤᠭᠤᠷᠢᠭ ᠢ ᠵᠠᠰᠠᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ | ᠠᠷᠪᠠ᠂ ᠤᠰᠤ ᠬᠠᠨᠭ᠍ᠭᠠᠬᠤ ᠪᠠ ᠭᠠᠳᠠᠭᠰᠢᠯᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠰᠢᠯᠢ | ᠶᠢᠨ ᠭᠤᠤᠯ ᠤᠨ ᠤᠰᠤ ᠬᠠᠨᠭ᠍ᠭᠠᠬᠤ ᠺᠤᠮᠫᠠᠨᠢ ᠶᠢᠨ ᠰᠢᠨ᠎ᠡ ᠦᠢᠯᠡᠳᠪᠤᠷᠢ ᠶᠢ ᠪᠠᠶᠢᠭᠤᠯᠵᠦ ᠠᠰᠢᠭᠯᠠᠯᠲᠠ ᠳᠤ | ᠤᠷᠤᠭᠤᠯᠤᠨ᠂ ᠬᠤᠶᠠᠳᠤᠭᠠᠷ ᠤᠰᠣᠨ ᠤ ᠢᠷᠡᠯᠲᠡ ᠶᠢᠨ ᠭᠠᠵᠠᠷ ᠢ ᠨᠡᠭᠡᠭᠡᠨ ᠪᠠᠶᠢᠭᠤᠯᠵᠦ᠂ 44 | ᠺᠢᠯᠦᠮᠧᠲᠷ ᠤᠨ《 ᠪᠤᠷᠤᠭᠠᠨ ᠤ ᠤᠰᠤ᠂ ᠪᠤᠵᠠᠷ ᠤᠰᠤ᠂ ᠲᠦᠭᠡᠭᠡᠯ ᠤᠰᠤᠨ》 ᠤ ᠬᠤᠭᠤᠯᠠᠢ ᠲᠤᠤᠷ ᠳᠡᠪᠢᠰᠴᠦ᠂ | ᠰᠢᠨ᠎ᠡ ᠲᠤᠭᠤᠷᠢᠭ ᠤᠨ ᠪᠤᠵᠠᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠠᠵᠢᠯ ᠢ ᠡᠬᠢᠯᠡᠭᠦᠯᠵᠦ᠂ ᠲᠠᠬᠢᠨ | ᠠᠰᠢᠭᠯᠠᠭᠰᠠᠨ ᠣᠰᠣᠨ ᠤ ᠦᠢᠯᠡᠳᠪᠦᠷᠢ ᠶᠢ ᠲᠤᠭᠲᠠᠭᠤᠨ ᠢᠶᠠᠷ ᠶᠠᠪᠤᠭᠲᠠᠭᠤᠯᠵᠤ᠂ ᠬᠡᠰᠡᠭ ᠬᠠᠭᠤᠴᠢᠨ ᠲᠤᠭᠤᠷᠢᠭ | ᠤᠨ ᠣᠰᠣᠨ ᠤ ᠲᠠᠷᠣᠯᠲᠠ ᠬᠦᠷᠬᠦ ᠦᠭᠡᠢ᠂ ᠪᠤᠷᠣᠭᠠᠨ ᠤ ᠣᠰᠣ ᠪᠤᠵᠠᠷ ᠣᠰᠣ ᠢ ᠭᠠᠳᠠᠭᠰᠢᠯᠠᠭᠤᠯᠬᠤ ᠳᠤ | ᠲᠦᠭᠦᠮ ᠪᠤᠰᠣ ᠠᠰᠭᠤᠲᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦ ᠬᠤᠲᠠ ᠶᠢᠨ ᠪᠤᠵᠠᠷ ᠣᠰᠣ | ᠭᠠᠳᠠᠭᠰᠢᠯᠠᠭᠤᠯᠬᠤ ᠪᠠᠷᠢᠮᠵᠢᠶ᠎ᠠ ᠶᠢ ᠨᠢᠭᠡᠳᠦᠭᠡᠷ ᠲᠡᠰ ᠤᠨA ᠪᠠᠷᠢᠮᠵᠢᠶ᠎ᠠ ᠳᠤ ᠬᠦᠷᠭᠡᠨ ᠲᠡᠭᠡᠭᠰᠢᠯᠡᠭᠦᠯᠦᠨ᠎ᠡ᠃ | ︵ᠵᠢᠷᠭᠤᠭ᠎ᠠ︶ ᠨᠡᠶᠢᠭᠡᠮ ᠤᠨ ᠬᠠᠮᠢᠶᠠᠷᠣᠯᠲᠠ ᠶᠢᠨ ᠬᠢᠷᠢ ᠲᠦᠪᠰᠢᠨ ᠢ ᠴᠢᠷᠮᠠᠶᠢᠨ | ᠲᠡᠭᠡᠭᠰᠢᠯᠡᠭᠦᠯᠦᠨ᠎ᠡ᠃ ᠨᠡᠶᠢᠭᠡᠮ ᠤᠨ ᠬᠠᠮᠢᠶᠠᠷᠣᠯᠲᠠ ᠶᠢᠨ ᠠᠷᠭ᠎ᠠ ᠬᠡᠯᠪᠡᠷᠢ ᠶᠢ ᠰᠢᠨᠡᠳᠬᠡᠨ᠂ ᠵᠦᠷᠢᠴᠡᠯ ᠵᠢᠭᠤᠷᠭᠠᠨ ᠢ | ᠪᠠᠶᠢᠴᠠᠭᠠᠵᠤ ᠡᠶᠡᠳᠡᠭᠦᠯᠦᠨ ᠵᠤᠬᠢᠴᠠᠭᠤᠯᠬᠤ ᠪᠠ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠠᠵᠢᠯ ᠢ | ᠴᠢᠩᠭᠠᠳᠬᠠᠵᠤ᠂ ᠠᠷᠠᠳ ᠲᠦᠮᠡᠨ ᠠᠮᠤᠷ ᠠᠮᠤᠭᠤᠯᠠᠩ ᠠᠵᠤ ᠲᠥᠷᠦᠵᠦ᠂ ᠨᠡᠶᠢᠭᠡᠮ ᠠᠮᠤᠷ ᠲᠤᠭᠲᠠᠭᠤᠨ ᠡᠮᠬᠢ | ᠲᠢᠭᠯᠢᠮ ᠲᠠᠢ ᠪᠠᠶᠢᠬᠤ ᠶᠢ ᠪᠠᠳᠣᠯᠠᠨ᠎ᠠ᠃ | ᠨᠡᠶᠢᠭᠡᠮ ᠤᠨ ᠵᠦᠷᠢᠴᠡᠯ ᠢ ᠭᠦᠨᠵᠡᠭᠡᠢ ᠪᠠᠶᠢᠴᠠᠭᠠᠵᠤ ᠡᠶᠡᠳᠡᠭᠦᠯᠦᠨ᠎ᠡ᠃ ᠵᠦᠷᠢᠴᠡᠯ ᠵᠢᠭᠤᠷᠭᠠᠨ ᠢ | ᠪᠠᠶᠢᠴᠠᠭᠠᠨ ᠵᠤᠬᠢᠴᠠᠭᠤᠯᠬᠤ ᠵᠤᠬᠢᠴᠠᠮᠵᠢ ᠶᠢ ᠪᠦᠷᠢᠨᠰᠢᠭᠦᠯᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠤᠯᠪᠤᠭᠠᠯᠠᠨ ᠠᠵᠢᠯᠯᠠᠬᠤ ᠵᠤᠬᠢᠴᠠᠮᠵᠢ ᠶᠢ | ᠲᠡᠭᠦᠯᠳᠡᠷᠵᠢᠭᠦᠯᠵᠦ᠂ ᠬᠠᠤᠯᠢ ᠶᠤᠰᠣᠭᠠᠷ ᠵᠦᠷᠢᠴᠡᠯ ᠵᠢᠭᠤᠷᠭᠠᠨ ᠢ ᠡᠶᠡᠳᠡᠭᠦᠯᠦᠨ ᠵᠤᠬᠢᠴᠠᠭᠤᠯᠤᠨ᠎ᠠ᠃ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠵᠦᠷᠢᠴᠡᠯ ᠵᠢᠭᠤᠷᠠᠭᠠᠨ ᠢ ᠪᠠᠶᠢᠴᠠᠭᠠᠨ ᠭᠠᠷᠭᠠᠵᠤ ᠡᠶᠡᠳᠡᠭᠦᠯᠦᠨ | ᠵᠤᠬᠢᠴᠠᠭᠤᠯᠬᠤ ᠬᠦᠴᠦᠯᠡᠴᠡ ᠪᠠᠨ ᠶᠡᠬᠡᠳᠬᠡᠵᠦ᠂ ᠬᠠᠮᠤᠭ ᠶᠡᠭᠡ ᠬᠡᠮᠵᠢᠶ᠎ᠡ ᠪᠠᠷ ᠵᠦᠷᠢᠴᠡᠯ ᠪᠤᠯᠤᠨ ᠠᠰᠠᠭᠤᠲᠠᠯ ᠢ | ᠦᠨᠳᠦᠰᠦᠨ ᠱᠠᠳᠣᠨ ᠳᠤᠨᠢ ᠡᠶᠡᠳᠡᠭᠦᠯᠵᠦ᠂ ᠤᠯᠠᠨ ᠨᠡᠶᠢᠲᠡ ᠶᠢᠨ ᠴᠢᠨᠠᠷᠲᠠᠢ ᠬᠦᠨᠳᠦ ᠶᠡᠭᠡ ᠬᠡᠷᠡᠭ ᠶᠠᠪᠤᠲᠠᠯ | ᠪᠤᠯᠤᠨ ᠬᠤᠪᠢ ᠬᠦᠮᠦᠨ ᠤ ᠬᠡᠳᠦᠷᠡᠮᠡᠬᠡᠢ ᠬᠡᠷᠡᠭ ᠢ ᠡᠷᠡᠰ ᠰᠡᠷᠭᠡᠶᠢᠯᠡᠨ᠎ᠡ᠃ ᠵᠠᠬᠢᠲᠠᠯ ᠰᠣᠷᠪᠤᠯᠵᠢᠯᠠᠭ᠎ᠠ ᠶᠢᠨ ᠠᠵᠢᠯ ᠢ | ᠥᠭᠡᠷᠡᠴᠢᠯᠡᠨ ᠴᠢᠩᠭᠠᠳᠬᠠᠵᠤ᠂ ᠤᠳᠤᠷᠢᠳᠬᠤ ᠺᠠᠳ᠋ᠷ ᠤᠨ ᠵᠠᠬᠢᠲᠠᠯ ᠰᠣᠷᠪᠤᠯᠵᠢᠯᠠᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠪᠤᠯᠤᠨ ︽1328︾ ᠵᠠᠬᠢᠲᠠᠯ ᠰᠣᠷᠪᠤᠯᠵᠢᠯᠠᠭ᠎ᠠ ᠶᠢᠨ ᠠᠵᠢᠯᠯᠠᠬᠤ ᠡᠳᠦᠷ᠂ ᠵᠠᠬᠢᠲᠠᠯ | ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠵᠠᠬᠢᠲᠠᠯ ᠰᠣᠷᠪᠤᠯᠵᠢᠯᠠᠭ᠎ᠠ ᠶᠢᠨ ᠲᠠᠷᠣᠭᠳᠠᠮᠠᠯ ᠬᠡᠷᠡᠭ ᠢ ᠢᠲᠡᠪᠬᠢᠲᠠᠢ ᠰᠢᠢᠳᠪᠦᠷᠢᠯᠡᠨ᠎ᠠ᠃ ᠵᠠᠬᠢᠲᠠᠯ | ᠰᠣᠷᠪᠤᠯᠵᠢᠯᠠᠭ᠎ᠠ ᠶᠢᠨ ᠡᠮᠬᠢ ᠲᠢᠭᠯᠢᠮ ᠪᠤᠯᠤᠨ ᠠᠵᠢᠯ ᠤᠨ ᠲᠦᠷᠢᠮ ᠲᠠᠷᠠᠭᠠᠯᠠᠯ ᠢ ᠵᠢᠷᠤᠮᠵᠢᠭᠤᠯᠵᠤ᠂ ᠣᠯᠠᠨ | ᠲᠦᠮᠡᠨ ᠤ ᠬᠠᠤᠯᠢ ᠶᠤᠰᠣᠭᠠᠷ ᠠᠰᠢᠭ ᠲᠤᠰᠠ ᠶᠢᠨ ᠭᠤᠮᠤᠲᠠᠯ ᠲᠤᠭᠠᠴᠠᠬᠤ ᠶᠢ ᠬᠥᠳᠦᠯᠦᠨ ᠵᠢᠯᠤᠭᠤᠳᠴᠣ᠂ | ᠨᠡᠶᠢᠭᠡᠮ ᠤᠨ ᠡᠶ᠎ᠡ ᠵᠤᠬᠢᠴᠠᠯᠲᠠᠢ ᠠᠮᠤᠷ ᠲᠤᠭᠲᠠᠭᠤᠨ ᠪᠠᠶᠢᠬᠤ ᠶᠢ ᠪᠠᠳᠣᠯᠠᠨ᠎ᠠ᠃ | ᠠᠮᠤᠷ ᠠᠮᠤᠭᠤᠯᠠᠩ ᠢ ᠴᠤᠭᠴᠠᠯᠠᠨ ᠪᠠᠶᠢᠭᠤᠯᠬᠤ ᠠᠵᠢᠯ ᠢ ᠦᠨᠡᠨᠬᠦ ᠰᠠᠶᠢᠨ ᠠᠳᠬᠤᠨ᠎ᠠ᠃ ᠨᠡᠶᠢᠭᠡᠮ | ᠤᠨ ᠠᠮᠤᠷ ᠲᠦᠪᠰᠢᠨ ᠢ ᠰᠡᠷᠭᠡᠶᠢᠯᠡᠨ ᠡᠵᠡᠮᠰᠢᠬᠦ ᠰᠢᠰᠲ᠋ᠧᠮ ᠢ ᠪᠦᠷᠢᠨᠰᠢᠭᠦᠯᠵᠦ᠂ ᠡᠯ᠎ᠡ ᠲᠥᠷᠦᠯ ᠤᠨ ᠬᠠᠤᠯᠢ | ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠤᠬᠢᠯᠲᠠ ᠥᠭᠴᠤ᠂ ᠡᠷᠡᠭᠦᠦ ᠶᠢᠨ | ᠶᠠᠯᠠᠳᠣ ᠬᠡᠷᠡᠭ ᠲᠤ ᠥᠨᠳᠦᠷ ᠲᠠᠷᠤᠯᠲᠠ ᠥᠭᠬᠦ ᠪᠤᠯᠤᠨ ᠴᠢᠩᠭ᠎ᠠ ᠰᠦᠷᠳᠡᠭᠦᠯᠦᠯ ᠪᠤᠯᠭᠠᠬᠤ ᠶᠢ ᠢᠮᠠᠭᠲᠠ ᠪᠠᠳᠣᠯᠠᠵᠤ | ᠂ ᠠᠷᠠᠳ ᠲᠦᠮᠡᠨ ᠤ ᠠᠮᠤᠷ ᠲᠦᠪᠰᠢᠨ ᠤ ᠰᠡᠳᠬᠢᠯᠭᠡ ᠪᠠ ᠰᠡᠳᠬᠢᠯ ᠬᠠᠨᠤᠮᠵᠢᠲᠠᠢ ᠪᠠᠶᠢᠬᠤ ᠶᠢ ᠴᠢᠩᠭᠠᠳᠬᠠᠨ᠎ᠠ᠃ | ᠲᠤᠤᠷ ᠰᠦᠯᠵᠢᠶᠡᠨ ᠤ ᠬᠢᠨᠠᠨ ᠬᠠᠮᠢᠶᠠᠷᠣᠯᠲᠠ ᠪᠤᠯᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠢ ᠬᠥᠳᠦᠯᠦᠨ | ᠵᠢᠯᠤᠭᠤᠳᠬᠤ ᠶᠢ ᠴᠢᠩᠭᠠᠳᠬᠠᠵᠤ᠂ ᠪᠤᠯᠪᠠᠰᠣᠨ᠂ ᠡᠶ᠎ᠡ ᠵᠤᠬᠢᠴᠠᠯᠲᠠᠢ ᠲᠤᠤᠷ ᠰᠦᠯᠵᠢᠶᠡᠨ ᠤ ᠣᠷᠴᠢᠨ ᠢ | ᠴᠤᠭᠴᠠᠯᠠᠨ ᠪᠠᠶᠢᠭᠤᠯᠤᠨ᠎ᠠ᠃ ᠴᠠᠭᠲᠠᠭᠠᠨ ᠤ ᠬᠦᠴᠦᠨ ᠤ ᠪᠠᠶᠢᠷᠢᠯᠠᠭᠤᠯᠤᠯᠲᠠ ᠪᠠᠨ ᠴᠢᠩᠭᠠᠳᠬᠠᠵᠤ᠂ | ᠬᠦᠴᠦᠷᠭᠡᠭᠯᠡᠯ ᠰᠦᠷᠲᠡᠭᠦᠯᠦᠯ ᠤᠨ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠵᠦ᠂ ᠡᠬᠡ ᠤᠯᠤᠰ ᠤᠨ | ᠤᠮᠠᠷᠠᠳᠣ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ ᠠᠮᠤᠷ ᠲᠦᠪᠰᠢᠨ ᠤ | ᠦᠢᠯᠡᠳᠪᠦᠷᠢᠯᠡᠯ ᠢ ᠣᠨᠴᠠᠭᠠᠢ ᠴᠢᠬᠤᠯᠠᠴᠢᠯᠠᠨ᠂ ᠠᠮᠤᠷ ᠲᠦᠪᠰᠢᠨ ᠤ ᠦᠢᠯᠡᠳᠪᠦᠷᠢᠯᠡᠯ ᠤᠨ ᠭᠤᠤᠯ ᠴᠤᠭᠴᠠ | ᠶᠢᠨ ᠬᠠᠷᠢᠭᠤᠴᠠᠯᠭ᠎ᠠ ᠪᠤᠯᠤᠨ ᠨᠠᠮ ᠵᠠᠰᠠᠭ ᠤᠨ ᠬᠠᠮᠳᠣ ᠶᠢᠨ ᠬᠠᠷᠢᠭᠤᠴᠠᠯᠭ᠎ᠠ᠂ ᠨᠢᠭᠡ ᠪᠠᠶᠢᠷᠢ ᠶᠢᠨ ᠬᠤᠤᠰ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠮᠣ ᠪᠠᠯᠭᠠᠰᠣ ᠲᠠᠯᠠᠪᠠᠢ᠂ ᠵᠡᠭᠡᠯᠢ ᠭᠤᠳᠣᠮᠵᠢ ᠶᠢᠨ ᠬᠡᠷᠡᠭ | ᠡᠷᠬᠢᠯᠡᠬᠦ ᠭᠠᠵᠠᠷ᠂ ᠨᠡᠭᠡᠭᠡᠨ ᠠᠰᠢᠭᠯᠠᠯᠲᠠ ᠶᠢᠨ ᠣᠷᠣᠨ᠂ ᠬᠦᠷᠢᠶᠡᠯᠡᠩ ᠲᠤᠭᠤᠷᠢᠭ ᠤᠨ ᠠᠶᠦᠯᠬᠦᠢ | ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠶᠢᠨ ᠦᠢᠯᠡᠳᠦᠯ ᠢ ᠪᠦᠳᠦᠮᠵᠢᠲᠠᠢ ᠪᠠᠳᠠᠷᠠᠭᠤᠯᠵᠤ᠂ ᠭᠡᠮ ᠰᠣᠭᠤᠭ | ᠤᠨ ᠪᠠᠶᠢᠴᠠᠭᠠᠯᠲᠠ ᠴᠡᠭᠴᠡᠯᠡᠯᠲᠡ ᠶᠢ ᠴᠢᠩᠭᠠᠳᠬᠠᠵᠤ᠂ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ᠂ ᠢᠲᠡᠭᠡᠨ | ᠪᠠ ᠡᠮ ᠤᠨ ᠵᠦᠢᠯᠡᠰ᠂ ᠵᠠᠮ ᠬᠠᠷᠢᠯᠴᠠᠭ᠎ᠠ᠂ ᠭᠠᠯ ᠰᠡᠷᠭᠡᠶᠢᠯᠡᠬᠦ ᠠᠮᠤᠷ ᠲᠦᠪᠰᠢᠨ᠂ ᠬᠦᠮᠦᠨ ᠣᠯᠠᠨ | ᠴᠣᠭᠯᠠᠷᠠᠭᠰᠠᠨ ᠲᠠᠯᠠᠪᠠᠢ ᠵᠡᠷᠭᠡ ᠭᠤᠤᠯᠳᠠᠯᠭ᠎ᠠ ᠲᠠᠢ ᠠᠵᠢᠯ ᠲᠥᠷᠦᠯ ᠪᠠ ᠬᠦᠷᠢᠶ᠎ᠡ ᠬᠡᠪᠴᠢᠶᠡᠨ ᠤ ᠠᠮᠤᠷ | ᠲᠦᠪᠰᠢᠨ ᠤ ᠠᠵᠢᠯ ᠢ ᠲᠤᠪᠤᠶᠢᠮ᠎ᠠ ᠰᠠᠶᠢᠳᠣᠷ ᠠᠳᠬᠤᠵᠤ ᠂ ᠠᠷᠠᠳ ᠲᠦᠮᠡᠨ ᠤ ᠠᠮᠢ ᠨᠠᠰᠣᠨ ᠡᠳ᠋ ᠬᠥᠷᠦᠩᠭᠡ | ᠶᠢ ᠦᠨᠡᠨᠬᠦ ᠰᠠᠶᠢᠳᠣᠷ ᠬᠠᠮᠠᠭᠠᠯᠠᠨ᠎ᠠ᠃ | ᠨᠡᠶᠢᠭᠡᠮ ᠤᠨ ᠬᠠᠮᠢᠶᠠᠷᠣᠯᠲᠠ ᠶᠢᠨ ᠰᠢᠨ᠎ᠡ ᠶᠢ ᠡᠭᠦᠳᠬᠦ ᠶᠢ ᠢᠲᠡᠪᠬᠢᠲᠠᠢ ᠠᠬᠢᠭᠤᠯᠤᠨ᠎ᠠ᠃ | ᠦᠨᠳᠦᠰᠦᠨ ᠱᠠᠳᠣᠨ ᠤ ᠰᠠᠭᠤᠷᠢ ᠠᠵᠢᠯ ᠢ ᠴᠢᠩᠭᠠᠳᠬᠠᠵᠤ᠂ ᠭᠠᠴᠠᠭ᠎ᠠ᠂ ᠨᠡᠶᠢᠭᠡᠮ ᠲᠤᠭᠤᠷᠢᠭ ᠤᠨ ︽ᠬᠤᠶᠠᠷ | ᠵᠦᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠪᠡᠶᠡᠯᠡᠭᠦᠯᠵᠦ᠂ ᠭᠠᠴᠠᠭ᠎ᠠ᠂ ᠨᠡᠶᠢᠭᠡᠮ ᠲᠤᠭᠤᠷᠢᠭ ᠵᠡᠷᠭᠡ | ᠦᠨᠳᠦᠰᠦᠨ ᠱᠠᠳᠣᠨ ᠤ ᠠᠵᠢᠯᠲᠠᠨ ᠤ ᠬᠥᠯᠦᠰᠦ ᠤᠯᠭᠤᠮᠵᠢ ᠶᠢ ᠵᠤᠬᠢᠬᠤ ᠬᠡᠮᠵᠢᠶ᠎ᠡ ᠪᠠᠷ ᠲᠡᠭᠡᠭᠰᠢᠯᠡᠭᠦᠯᠵᠦ᠂ | ᠵᠢᠯ ᠤᠨ ᠲᠣᠳᠣᠷ᠎ᠠ ᠨᠡᠶᠢᠭᠡᠮ ᠲᠤᠭᠤᠷᠢᠭ ᠤᠨ ᠰᠠᠭᠤᠷᠢᠨ ᠭᠠᠵᠠᠷ ᠢ ᠪᠦᠬᠦᠨ ᠢ ᠪᠠᠷᠢᠮᠵᠢᠶᠠᠨ ᠳᠤ ᠬᠦᠷᠭᠡᠨ᠎ᠡ᠃ | ᠠᠢ ᠮᠢᠨ ᠨᠡᠶᠢᠭᠡᠮ ᠲᠤᠭᠤᠷᠢᠭ ᠤᠨ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ︽ᠨᠢᠭᠡ | ᠨᠡᠶᠢᠭᠡᠮ ᠲᠤᠭᠤᠷᠢᠭ ᠨᠢᠭᠡ ᠦᠪᠡᠷᠮᠢᠴᠡ ᠣᠨᠴᠠᠯᠢᠭ ᠲᠠᠢ᠂ ᠨᠢᠭᠡ ᠨᠡᠶᠢᠭᠡᠮ ᠲᠤᠭᠤᠷᠢᠭ ᠨᠢᠭᠡ ᠨᠡᠷ᠎ᠡ ᠳᠡᠮᠳᠡᠭ ᠲᠠᠢ︾ | ᠭᠥᠭᠵᠢᠯᠲᠡ ᠶᠢᠨ ᠪᠠᠶᠢᠳᠠᠯ ᠢ ᠡᠭᠦᠳᠦᠨ᠎ᠡ᠃ ᠮᠠᠯᠵᠢᠬᠤ ᠣᠷᠣᠨ ᠤ ᠵᠠᠭᠪᠤᠷᠴᠢᠯᠠᠭᠰᠠᠨ ᠠᠵᠢᠯ ᠢ ᠲᠦᠷᠭᠡᠨ | ᠠᠬᠢᠭᠤᠯᠵᠤ᠂ ᠠᠷᠠᠳ ᠤᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠲᠡᠭᠡᠭᠰᠢᠯᠡᠭᠦᠯᠦᠨ᠎ᠡ᠃ ᠪᠠᠷᠢᠯᠭ᠎ᠠ ᠶᠢᠨ | ᠠᠵᠢᠯ ᠤᠨ ᠠᠵᠢᠯ ᠲᠠᠭᠤᠰᠴᠣ ᠬᠠᠮᠳᠣᠷᠠᠨ ᠰᠢᠯᠭᠠᠨ ᠬᠤᠷᠢᠶᠠᠬᠤ ᠠᠵᠢᠯ ᠤᠨ ᠵᠤᠬᠢᠴᠠᠮᠵᠢ ᠶᠢ ᠨᠠᠷᠢᠨ ᠬᠢᠨᠠᠮᠠᠭᠠᠢ | ᠬᠡᠷᠡᠭᠵᠢᠭᠦᠯᠵᠦ᠂ ᠭᠡᠷ ᠪᠠᠷᠢᠯᠭ᠎ᠠ ᠪᠤᠯᠤᠨ ᠬᠤᠲᠠ ᠶᠢᠨ ᠶᠠᠪᠤᠲᠠᠯ ᠤᠨ ᠢᠨᠵᠧᠨᠧᠷᠢᠩ ᠬᠤᠯᠪᠤᠭᠠᠯᠠᠨ ᠠᠵᠢᠯᠯᠠᠬᠤ | ᠲᠦᠷᠢᠮ ᠢ ᠡᠬᠢᠯᠡᠨ ᠬᠡᠷᠡᠭᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠲᠡᠭᠡᠭᠰᠢᠯᠡᠭᠦᠯᠦᠨ᠎ᠡ᠃ ᠬᠥᠯᠦᠰᠦᠨ | ᠲᠠᠷᠢᠶᠠᠴᠢᠨ ᠤ ᠴᠠᠯᠢᠩ ᠬᠥᠯᠦᠰᠦᠨ ᠤ ᠪᠠᠳᠣᠯᠠᠭ᠎ᠠ ᠶᠢᠨ ᠮᠥᠩᠭᠦ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠥᠯᠦᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠳᠣᠯᠠᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠲᠥᠰᠦᠪ ᠬᠢᠭᠡᠳ ᠪᠠᠴᠢᠮ ᠪᠠᠶᠢᠳᠠᠯ ᠢ ᠰᠢᠢᠳᠪᠦᠷᠢᠯᠡᠬᠦ ᠵᠤᠬᠢᠴᠠᠮᠵᠢ ᠶᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠲᠠᠰ ᠤᠨ ᠪᠡᠯᠡᠳᠬᠡᠯ ᠢ ᠴᠢᠩᠭᠠᠳᠬᠠᠵᠤ᠂ | ᠭᠡᠨᠡᠳᠲᠡ ᠶᠢᠨ ᠴᠢᠨᠠᠷᠲᠠᠢ ᠬᠡᠷᠡᠭ ᠶᠠᠪᠤᠲᠠᠯ ᠢ ᠰᠡᠷᠭᠡᠶᠢᠯᠡᠬᠦ ᠪᠠ ᠠᠷᠭᠠᠴᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ | ᠨᠠᠮ ᠤᠨ ᠦᠨᠳᠦᠰᠦᠲᠡᠨ ᠱᠠᠰᠢᠨ ᠰᠣᠷᠲᠠᠬᠤᠨ ᠤ ᠲᠥᠷᠦ ᠶᠢᠨ ᠪᠤᠳᠣᠯᠭ᠎ᠠ ᠪᠤᠯᠤᠨ ᠡᠯ᠎ᠡ ᠱᠠᠳᠣᠨ ᠤ | ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ | ᠦᠨᠳᠦᠰᠦᠲᠡᠨ ᠤ ᠠᠵᠢᠯ ᠢ ᠭᠤᠤᠯᠳᠠᠯᠭ᠎ᠠ ᠲᠠᠢ ᠠᠳᠬᠤᠵᠣ᠂ ᠵᠢᠯ ᠤᠨ ᠲᠣᠳᠣᠷ᠎ᠠ ᠬᠤᠲᠠ ᠣᠷᠣᠭᠰᠠᠨ ᠮᠠᠯᠴᠢᠳ | ᠤᠨ ᠠᠮᠢᠳᠣᠷᠠᠯ᠂ ᠠᠵᠢᠯ ᠣᠯᠭᠤᠬᠤ ᠪᠠᠳᠣᠯᠠᠭ᠎ᠠ᠂ ᠮᠤᠩᠭᠤᠯ ᠦᠨᠳᠦᠰᠦᠲᠡᠨ ᠤ ᠰᠢᠯᠢᠳᠡᠭ ᠤᠯᠠᠮᠵᠢᠯᠠᠯᠳᠣ | ᠰᠣᠶᠣᠯ ᠢ ᠭᠦᠨᠵᠡᠭᠡᠢ ᠣᠬᠠᠭᠤᠯᠬᠤ ᠪᠠ ᠮᠤᠩᠭᠤᠯ ᠦᠭᠡ ᠬᠡᠯᠡ ᠦᠰᠦᠭ ᠪᠢᠴᠢᠭ ᠰᠣᠷᠣᠯᠴᠠᠨ ᠬᠡᠷᠡᠭᠯᠡᠬᠦ ᠲᠠᠯ᠎ᠠ ᠪᠠᠷ | ᠰᠢᠨ᠎ᠡ ᠠᠬᠢᠴᠠ ᠲᠠᠢ ᠪᠤᠯᠬᠤ ᠪᠠᠷ ᠴᠢᠷᠮᠠᠶᠢᠨ᠎ᠠ᠃ ︽ ᠵᠢᠷᠭᠤᠳᠣᠭᠠᠷ ᠲᠠᠪᠤᠨ ᠵᠢᠯ︾ ᠤᠨ ᠬᠠᠤᠯᠢ | ᠲᠥᠭᠡᠮᠡᠯᠵᠢᠭᠦᠯᠬᠦ ᠠᠵᠢᠯ ᠢ ᠰᠠᠶᠢᠳᠣᠷ ᠬᠢᠵᠦ᠂ ᠬᠠᠣᠯᠢ ᠲᠦᠷᠢᠮ ᠤᠨ ᠣᠬᠠᠭᠤᠯᠭ᠎ᠠ ᠬᠥᠮᠦᠵᠢᠯ ᠢ ᠴᠢᠩᠭᠠᠳᠬᠠᠵᠤ ᠂ | ᠡᠷᠬᠡᠳᠦ ᠠᠷᠠᠳ ᠤᠨ ᠬᠠᠤᠯᠢᠵᠢᠯ ᠤᠨ ᠦᠵᠡᠯᠲᠡ ᠲᠠᠨᠢᠯᠲᠠ ᠶᠢ ᠴᠢᠩᠭᠠᠳᠬᠠᠨ᠎ᠠ᠃ ︽ᠠᠷᠪᠠᠨ ᠭᠤᠷᠪᠠᠳᠣᠭᠠᠷ | ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠵᠤ ᠲᠤᠭᠲᠠᠭᠠᠬᠤ ᠂ ᠪᠦᠬᠦ ᠣᠯᠣᠰ ᠤᠨ ᠬᠤᠶᠠᠳᠣᠭᠠᠷ | ᠣᠳᠠᠭᠠᠨ ᠤ ᠭᠠᠵᠠᠷ ᠤᠨ ᠨᠡᠷ᠎ᠡ ᠵᠢᠨᠨᠡᠶᠢᠲᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠪᠠᠶᠢᠭᠤᠯᠤᠭᠳᠠᠭᠰᠠᠨ 70 ᠵᠢᠯ ᠤᠨ ᠣᠢ ᠪᠤᠯᠤᠨ ᠰᠢᠨᠵᠢᠯᠡᠬᠦ ᠣᠬᠠᠭᠠᠨᠴᠢ ᠭᠥᠭᠵᠢᠯᠲᠡ ᠶᠢᠨ | ᠲᠤᠭᠤᠷᠢᠨ ᠦᠵᠡᠵᠦ ᠰᠣᠷᠣᠯᠴᠠᠬᠤ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠨ᠎ᠠ᠃ ᠪᠦᠬᠦ ᠣᠯᠣᠰ ᠤᠨ | ᠰᠢᠶᠠᠨ ᠤ ᠲᠡᠰ ᠤᠨ ᠪᠤᠯᠪᠠᠰᠣᠨ ᠬᠤᠲᠠ ᠶᠢ ᠡᠭᠦᠳᠴᠦ᠂ ᠣᠯᠣᠰ ᠤᠨ ᠲᠡᠰ ᠤᠨ ᠡᠷᠡᠭᠦᠯ ᠬᠠᠮᠠᠭᠠᠯᠠᠯ ᠤᠨ | ᠬᠤᠲᠠ᠂ ᠴᠡᠴᠡᠷᠯᠢᠭᠵᠢᠭᠰᠡᠨ ᠬᠤᠲᠠ ᠶᠢ ᠡᠬᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠬᠤᠶᠠᠷ ᠢ ᠬᠦᠷᠢᠶᠡᠯᠡᠵᠦ | ᠬᠠᠮᠳᠣᠪᠠᠷ ᠴᠣᠭᠴᠠᠯᠠᠭᠰᠠᠨ ᠦᠷ᠎ᠡ ᠪᠦᠳᠦᠭᠡᠯ ᠢᠶᠠᠨ ᠪᠠᠳᠣᠳᠬᠠᠨ᠎ᠠ᠃ ᠠᠵᠢᠯᠴᠢᠨ ᠤ ᠡᠪᠯᠡᠯ᠂ ᠡᠪᠯᠡᠯ ᠤᠨ | ᠬᠤᠷᠢᠶ᠎ᠠ᠂ ᠡᠮᠡᠭᠲᠠᠶᠢᠴᠣᠳ ᠤᠨ ᠬᠤᠯᠪᠤᠭ᠎ᠠ᠂ ᠵᠡᠮᠳᠡᠭᠴᠣᠳ ᠤᠨ ᠬᠤᠯᠪᠤᠭ᠎ᠠ᠂ ᠣᠯᠠᠭᠠᠨ ᠵᠠᠯᠠᠭᠠᠮᠠᠶᠢᠲᠠᠨ ᠤ | ᠵᠦᠪᠯᠡᠯ ᠵᠡᠷᠭᠡ ᠠᠷᠠᠳ ᠤᠨ ᠪᠦᠯᠬᠦᠮ ᠤᠨ ᠠᠵᠢᠯ ᠢ ᠬᠦᠴᠦᠯᠡᠨ ᠲᠡᠮᠵᠢᠨ᠎ᠡ ᠃ | ︵ᠲᠤᠯᠤᠭ᠎ᠠ︶ ᠭᠤᠤᠯᠳᠠᠯᠭ᠎ᠠ ᠶᠢ ᠲᠤᠪᠤᠶᠢᠯᠭᠠᠵᠤ ᠥᠭᠡᠷᠡᠴᠢᠯᠡᠯᠲᠡ ᠶᠢᠨ ᠰᠢᠨ᠎ᠡ ᠶᠢ ᠡᠬᠦᠳᠬᠦ ᠶᠢ | ᠬᠦᠨᠵᠡᠭᠡᠶᠢᠷᠡᠬᠦᠯᠦᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠵᠤ ᠠᠬᠤᠢ ᠨᠡᠶᠢᠭᠡᠮ ᠤᠨ ᠭᠥᠭᠵᠢᠯᠲᠡ | ᠶᠢᠨ ᠡᠯ᠎ᠡ ᠬᠦᠷᠢᠶ᠎ᠡ ᠬᠡᠪᠴᠢᠶ᠎ᠡ᠂ ᠡᠯ᠎ᠡ ᠭᠤᠭᠴᠤᠭ᠎ᠠ ᠳᠤ ᠨᠡᠪᠲᠡᠷᠡᠭᠦᠯᠵᠦ᠂ ᠥᠭᠡᠷᠡᠴᠢᠯᠡᠯᠲᠡ ᠶᠢᠨ ᠠᠰᠢᠭ | ᠤᠯᠵᠠᠪᠤᠷᠢ ᠶᠢ ᠬᠠᠮᠤᠭ ᠶᠡᠭᠡ ᠬᠡᠮᠵᠢᠶ᠎ᠡ ᠪᠠᠷ ᠲᠠᠯᠪᠢᠵᠤ᠂ ᠠᠵᠤ ᠠᠬᠤᠢ ᠨᠡᠶᠢᠭᠡᠮ ᠤᠨ ᠭᠥᠭᠵᠢᠯᠲᠡ ᠶᠢᠨ | ᠠᠮᠢᠵᠢᠷᠠᠯ ᠤᠨ ᠬᠦᠴᠦᠨ ᠢ ᠲᠠᠶᠢᠴᠢᠯᠠᠨ᠎ᠠ᠃ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠦᠨᠡᠨᠬᠦ ᠰᠠᠶᠢᠳᠣᠷ ᠬᠢᠨ᠎ᠡ᠃ | ᠲᠡᠭᠡᠳᠦ ᠱᠠᠳᠣᠨ ᠤ ᠥᠭᠡᠷᠡᠴᠢᠯᠡᠯᠲᠡ ᠶᠢᠨ ᠲᠥᠷᠦ ᠶᠢᠨ ᠪᠤᠳᠣᠯᠭ᠎ᠠ ᠶᠢ ᠢᠲᠡᠪᠬᠢᠲᠠᠢ ᠪᠠᠷ ᠬᠦᠯᠢᠶᠡᠨ ᠠᠪᠴᠤ᠂ | ᠪᠤᠲᠠᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠰᠦᠯ ᠪᠤᠯᠤᠨ ᠢᠵᠢ ᠪᠦᠷᠢᠯᠳᠦᠭᠦᠯᠬᠦ ᠠᠷᠭ᠎ᠠ ᠠᠪᠴᠢᠯ ᠢ | ᠲᠠᠷᠣᠢ ᠲᠦᠷᠭᠡᠨ ᠲᠤᠭᠲᠠᠭᠠᠵᠤ᠂ ᠡᠷᠦᠬᠡ ᠠᠮᠠ ᠶᠢᠨ ᠬᠠᠮᠢᠶᠠᠷᠣᠯᠲᠠ᠂ ᠰᠣᠷᠭᠠᠨ ᠬᠥᠮᠦᠵᠢᠯ ᠤᠨ ᠰᠣᠷᠣᠭᠴᠢ | ᠡᠯᠰᠡᠬᠦ᠂ ᠠᠮᠢ ᠠᠬᠤᠢ ᠶᠢᠨ ᠪᠤᠯᠪᠠᠰᠣᠨ᠂ ᠨᠠᠰᠤᠵᠢᠯ ᠤᠨ ᠳᠠᠭᠠᠳᠬᠠᠯ ᠵᠡᠷᠭᠡ ᠨᠢᠭᠡᠨᠲᠡ ᠬᠡᠷᠡᠭᠵᠢᠭᠦᠯᠬᠦ ᠪᠠᠷ | ᠪᠤᠯᠤᠭᠰᠠᠨ ᠥᠭᠡᠷᠡᠴᠢᠯᠡᠯᠲᠡ ᠶᠢᠨ ᠠᠵᠢᠯ ᠢ ᠲᠤᠭᠲᠠᠭᠤᠨ ᠢᠶᠠᠷ ᠠᠬᠢᠭᠤᠯᠤᠨ᠎ᠠ᠃ ᠲᠤᠰ ᠱᠠᠳᠤᠨ ᠤ ᠥᠭᠡᠷᠡᠴᠢᠯᠡᠯᠲᠡ | ᠪᠠᠶᠢᠷᠢᠯᠠᠭᠤᠯᠤᠯᠳᠠ ᠶᠢ ᠡᠮᠬᠢ ᠲᠠᠷᠠᠭ᠎ᠠ ᠲᠠᠢ ᠠᠬᠢᠭᠤᠯᠵᠤ᠂ ᠡᠳ᠋ ᠤᠨ ᠵᠠᠰᠠᠭ ᠤᠨ ᠲᠥᠰᠦᠪ᠂ ᠮᠠᠯᠵᠢᠬᠤ ᠣᠷᠣᠨ ᠤ | ᠭᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠵᠡᠷᠭᠡ | ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠳᠤ ᠢᠲᠡᠪᠬᠢᠲᠠᠢ ᠦᠷ᠎ᠡ ᠪᠦᠳᠦᠮᠵᠢ ᠣᠯᠬᠤ ᠪᠠᠷ ᠴᠢᠷᠮᠠᠶᠢᠨ᠎ᠠ᠃ ᠡᠳ᠋ | ᠤᠨ ᠵᠠᠰᠠᠭ ᠤᠨ ᠲᠥᠰᠦᠪ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠭᠠᠵᠠᠷ ᠣᠷᠣᠨ ᠤ ᠵᠠᠰᠠᠭ | ᠤᠨ ᠣᠷᠳᠣᠨ ᠤ ᠴᠢᠨᠠᠷᠲᠠᠢ ᠦᠷᠢ ᠰᠢᠷᠢ ᠶᠢ ᠲᠥᠰᠦᠪ ᠤᠨ ᠬᠠᠮᠢᠶᠠᠷᠣᠯᠲᠠ ᠳᠤ ᠣᠷᠣᠭᠤᠯᠵᠤ᠂ ᠨᠡᠶᠢᠲᠡ ᠳᠤ | ᠵᠠᠷᠯᠠᠭᠰᠠᠨ᠂ ᠢᠯᠡ ᠲᠤᠳᠣᠷᠬᠠᠢ ᠲᠥᠰᠦᠪ ᠤᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ ︔ | ᠲᠥᠰᠦᠪ ᠤᠨ ᠬᠡᠷᠡᠭᠯᠡᠯᠲᠡ ᠵᠢᠨᠦᠷ᠎ᠡ ᠪᠦᠳᠦᠮᠵᠢ ᠶᠢᠨ ᠬᠠᠮᠢᠶᠠᠷᠣᠯᠲᠠ ᠶᠢ ᠴᠢᠩᠭᠠᠳᠬᠠᠵᠤ᠂ ᠭᠤᠤᠯᠲᠠᠯᠭ᠎ᠠ ᠲᠠᠢ | ᠲᠥᠷᠦᠯ ᠵᠦᠢᠯ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠦᠷ᠎ᠡ ᠪᠦᠳᠦᠮᠵᠢ ᠶᠢᠨ ᠦᠨᠡᠯᠯᠲᠡ ᠶᠢ | ᠭᠡᠷᠡᠭᠵᠢᠬᠦᠯᠦᠨ᠎ᠡ︔ ᠬᠢᠨᠠᠨ ᠪᠤᠳᠤᠯᠳᠠ ᠶᠢᠨ ᠡᠷᠴᠢᠮ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠬᠦ | ᠶᠢᠨ ᠬᠡᠷᠡᠭᠯᠡᠭᠡᠨ ᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠥᠭᠡᠷᠡᠴᠢᠯᠡᠯᠲᠡ ᠶᠢ | ᠴᠢᠩᠭᠠᠳᠬᠠᠵᠤ᠂ ᠮᠠᠯᠵᠢᠬᠤ ᠣᠷᠣᠨ ᠤ ᠨᠤᠳᠤᠭ ᠪᠡᠯᠴᠢᠭᠡᠷ ᠤᠨ ᠲᠠᠭᠠᠭᠠᠴᠢᠯᠠᠯᠲᠠ ᠶᠢᠨ ᠡᠷᠬᠡ ᠶᠢ | ᠲᠤᠭᠲᠠᠭᠠᠬᠤ ᠲᠤᠷᠰᠢᠯᠲᠠ ᠶᠢᠨ ᠴᠢᠭ ᠤᠨ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠨᠤᠳᠤᠭ ᠪᠡᠯᠴᠢᠭᠡᠷ ᠢ | ᠰᠢᠯᠵᠢᠭᠦᠯᠦᠨ ᠲᠠᠭᠠᠭᠠᠴᠢᠯᠠᠬᠤ ᠶᠢ ᠲᠦᠷᠢᠮᠵᠢᠭᠦᠯᠵᠦ᠂ ᠮᠠᠯᠴᠢᠳ ᠤᠨ ᠨᠤᠳᠤᠭ ᠪᠡᠯᠴᠢᠭᠡᠷ ᠤᠨ ᠶᠣᠰᠣᠨ ᠳᠤ | ᠨᠡᠶᠢᠴᠡᠭᠰᠡ ᠡᠷᠬᠡ ᠠᠰᠢᠭ ᠢ ᠦᠨᠡᠨᠬᠦ ᠪᠠᠳᠣᠯᠠᠨ᠎ᠠ︔ ᠭᠠᠮᠰᠢᠭ ᠢ ᠡᠰᠡᠷᠬᠦᠴᠡᠬᠦ ᠲᠡᠵᠢᠭᠡᠯ ᠡᠪᠡᠰᠦ ᠶᠢᠨ | ᠬᠠᠳᠠᠭᠠᠯᠠᠮᠵᠢ ᠶᠢᠨ ᠰᠠᠭᠤᠷᠢ ᠮᠥᠩᠭᠦᠨ ᠤ ᠲᠦᠷᠢᠮ ᠢ ᠪᠠᠶᠢᠭᠤᠯᠵᠤ᠂ ᠮᠠᠯ ᠠᠵᠤ ᠠᠬᠤᠢ ᠶᠢᠨ ᠪᠠᠶᠢᠭᠠᠯᠢ ᠶᠢᠨ | ᠭᠠᠮᠰᠢᠭ ᠢ ᠠᠷᠭᠠᠴᠠᠬᠤ ᠴᠢᠳᠠᠪᠤᠷᠢ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠵᠠᠭᠪᠤᠷ ᠢ | ᠰᠢᠨᠡᠳᠬᠡᠨ᠂ ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ᠂ ᠵᠠᠬ᠎ᠠ ᠲᠡᠯᠭᠡᠭᠦᠷᠴᠢᠯᠡᠭᠰᠡᠨ ᠨᠠᠰᠣᠲᠠᠨ ᠤ | ᠠᠰᠠᠷᠠᠮᠵᠢ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠢᠲᠡᠪᠬᠢᠲᠠᠢ ᠡᠷᠢᠯᠬᠢᠯᠡᠵᠦ᠂ ᠤᠯᠠᠨ ᠨᠡᠶᠢᠲᠡ | ᠶᠢᠨ ᠦᠢᠯᠡᠴᠢᠯᠡᠭᠡᠨ ᠤ ᠬᠠᠩᠭᠠᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠮᠥᠩᠬᠦᠨ ᠭᠦᠢᠯᠭᠡᠭᠡᠨ ᠤ | ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠲᠤᠮᠲᠠᠬᠢ ᠬᠥᠷᠦᠩᠭᠡ ᠶᠢᠨ ᠬᠠᠤᠯᠢ | ᠶᠤᠰᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠲᠡᠮᠵᠢᠵᠦ᠂ ᠲᠤᠮᠲᠠ ᠵᠢᠵᠢᠭ ᠠᠵᠤ | ᠠᠬᠤᠶᠢᠯᠠᠯ ᠤᠨ ᠪᠡᠯᠡ ᠬᠤᠷᠠᠮᠳᠣᠭᠤᠯᠬᠤ ᠱᠠᠭᠠᠷᠳᠠᠯᠭ᠎ᠠ ᠶᠢ ᠬᠠᠩᠭᠠᠨ᠎ᠠ᠃ ᠨᠡᠶᠢᠭᠡᠮ ᠤᠨ ᠢᠲᠡᠭᠡᠮᠵᠢᠳᠦ ᠰᠢᠰᠲ᠋ᠧᠮ | ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠲᠤᠮᠲᠠᠬᠢ ᠪᠡᠯᠡ ᠬᠤᠷᠠᠮᠳᠣᠭᠤᠯᠬᠤ ᠶᠢ ᠵᠦᠢ ᠵᠤᠬᠢᠰᠲᠠᠢ | ᠲᠦᠷᠢᠮᠵᠢᠭᠦᠯᠦᠨ ᠬᠥᠳᠦᠯᠦᠨ ᠵᠢᠯᠤᠭᠤᠳᠴᠤ᠂ ᠭᠠᠵᠠᠷ ᠣᠷᠣᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ | ᠶᠢ ᠰᠡᠷᠭᠡᠶᠢᠯᠡᠨ᠎ᠡ᠃ ᠨᠡᠶᠢᠲᠡ ᠶᠢᠨ ᠥᠮᠴᠢᠯᠡᠯ ᠤᠨ ᠪᠣᠰᠣ ᠠᠵᠤ ᠠᠬᠤᠢ ᠶᠢᠨ ᠭᠥᠭᠵᠢᠯᠲᠡ ᠶᠢᠨ ᠠᠮᠢᠵᠢᠷᠠᠯ | ᠤᠨ ᠬᠦᠴᠦᠨ ᠢ ᠣᠷᠮᠠᠰᠢᠭᠤᠯᠤᠨ ᠲᠠᠶᠢᠴᠢᠯᠠᠵᠤ᠂ ᠵᠢᠯ ᠤᠨ ᠲᠣᠳᠣᠷ᠎ᠠ 8 ᠠᠵᠤ ᠠᠬᠤᠶᠢᠯᠠᠯ ᠢ ᠵᠤᠬᠢᠬᠤ | ᠬᠡᠪᠴᠢᠶ᠎ᠡ ᠲᠠᠢ ᠪᠤᠯᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠥᠨᠳᠦᠷ ᠰᠢᠨ᠎ᠡ | ᠮᠡᠷᠭᠡᠵᠢᠯ ᠤᠨ ᠠᠵᠤ ᠠᠬᠤᠶᠢᠯᠠᠯ ᠂ ᠲᠤᠮᠲᠠᠳᠣ ᠣᠯᠣᠰ ᠤᠨ ᠨᠡᠷᠡᠳᠦ ᠲᠠᠸᠠᠷ ᠤᠨ ᠲᠡᠮᠳᠡᠭ᠂ ᠲᠤᠮᠳᠠᠳᠣ ᠣᠯᠣᠰ | ᠤᠨ ᠨᠡᠷᠡᠳᠦ ᠪᠦᠳᠦᠭᠡᠭᠲᠡᠭᠦᠨ ᠲᠤᠰᠪᠣᠷᠢ 1 —2 ᠵᠦᠢᠯ ︵ᠡᠷᠦᠬᠡ︶ ᠢ ᠪᠤᠶᠢᠵᠢᠭᠤᠯᠤᠨ ᠬᠥᠮᠦᠵᠢᠭᠦᠯᠵᠦ᠂ 80 | ᠡᠷᠦᠬᠡ ᠠᠴᠠ ᠲᠡᠭᠡᠭᠰᠢ ᠬᠤᠪᠢ ᠶᠢᠨ ᠡᠵᠡᠩᠨᠡᠯᠲᠡ ᠶᠢᠨ ᠦᠢᠯᠡᠳᠪᠦᠷᠢ ᠬᠤᠲᠠᠯᠳᠣᠭᠠᠨ ᠤ ᠡᠷᠦᠬᠡ ᠶᠢ | ᠪᠤᠶᠢᠵᠢᠭᠤᠯᠵᠤ ᠪᠠᠭ᠎ᠠ ᠵᠢᠵᠢᠭ ᠠᠵᠤ ᠠᠬᠤᠶᠢᠯᠠᠯ ᠤᠨ ᠡᠩᠨᠡᠭᠡ ᠳᠤ ᠣᠷᠣᠭᠤᠯᠵᠤ᠂ ᠠᠵᠤ ᠠᠬᠤᠶᠢᠯᠠᠯ ᠢ ᠵᠠᠬ᠎ᠠ | ᠲᠡᠯᠭᠡᠭᠦᠷ ᠲᠤ ᠤᠷᠤᠭᠤᠯᠬᠤ ᠪᠠᠷ ᠴᠢᠷᠮᠠᠶᠢᠨ᠎ᠠ᠃ | ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠤᠨ᠎ᠠ᠃ | ᠬᠤᠷᠴᠠ ᠠᠪᠰᠠᠷ᠂ ᠨᠢᠭᠡᠳᠦᠯ ᠲᠠᠢ᠂ ᠦᠷ᠎ᠡ ᠪᠦᠳᠦᠮᠵᠢ ᠲᠠᠢ ᠵᠡᠷᠴᠢᠮ ᠢ ᠦᠨᠳᠦᠰᠦᠯᠡᠨ᠂ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ᠂ ᠠᠵᠢᠯ ᠦᠢᠯᠡᠰ ᠤᠨ ᠨᠢᠭᠡᠴᠡ ᠪᠠᠶᠢᠭᠤᠯᠭ᠎ᠠ ᠶᠢ ᠲᠥᠷᠦᠯ ᠬᠤᠪᠢᠶᠠᠨ | ᠥᠭᠡᠷᠡᠴᠢᠯᠡᠬᠦ ᠪᠤᠯᠤᠨ ᠠᠵᠢᠯ ᠲᠥᠷᠦᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠠᠢ | ᠲᠥᠯᠦᠪᠵᠢᠭᠦᠯᠦᠨ ᠠᠬᠢᠭᠤᠯᠵᠤ᠂ ᠡᠷᠡᠭᠦᠯ ᠬᠠᠮᠠᠭᠠᠯᠠᠯ ᠪᠤᠯᠤᠨ ᠲᠥᠯᠦᠪᠯᠡᠭᠡᠳᠦ ᠦᠷᠡᠵᠢᠯ ᠂ ᠵᠠᠬ᠎ᠠ ᠲᠡᠯᠭᠡᠭᠦᠷ ᠤᠨ | ᠬᠢᠨᠠᠨ ᠬᠠᠮᠢᠶᠠᠷᠣᠯᠲᠠ ᠵᠡᠷᠭᠡ ᠬᠦᠷᠢᠶ᠎ᠡ ᠬᠡᠪᠴᠢᠶᠡᠨ ᠤ ᠪᠠᠶᠢᠭᠤᠯᠤᠮᠵᠢ ᠶᠢ ᠨᠡᠶᠢᠯᠡᠭᠦᠯᠦᠨ ᠬᠠᠮᠳᠣᠳᠬᠠᠬᠤ ᠶᠢ | ᠭᠤᠤᠯᠲᠠᠯᠭ᠎ᠠ ᠲᠠᠢ ᠠᠬᠢᠭᠤᠯᠤᠨ᠎ᠠ ︔ ᠦᠢᠯᠡᠳᠪᠦᠷᠢ ᠬᠤᠲᠠᠯᠳᠤᠭ᠎ᠠ᠂ ᠶᠠᠰᠣ ᠴᠢᠨᠠᠷ ᠤᠨ ᠬᠢᠨᠠᠨ ᠬᠠᠮᠢᠶᠠᠷᠣᠯᠲᠠ ᠶᠢᠨ | ᠪᠠᠶᠢᠭᠤᠯᠤᠮᠵᠢ ᠶᠢ ᠰᠢᠯᠤᠭᠤᠳᠬᠠᠵᠤ᠂ ᠲᠡᠰ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠵᠤ ᠡᠷᠬᠡ | ᠶᠢ ᠲᠣᠷᠣᠭᠰᠢ ᠪᠠᠭᠤᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠣᠴᠢᠷ ᠶᠠᠪᠤᠲᠠᠯ ᠢ ᠴᠡᠪᠡᠷᠯᠡᠵᠦ᠂ | ᠤᠷᠢᠳᠴᠢᠯᠠᠨ ᠬᠢᠨᠠᠨ ᠵᠥᠪᠰᠢᠶᠡᠷᠡᠬᠦ ᠣᠴᠢᠷ ᠶᠠᠪᠤᠲᠠᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠮᠳᠣᠷᠠᠨ ᠬᠢᠨᠠᠨ | ᠵᠥᠪᠰᠢᠶᠡᠷᠡᠬᠦ ᠶᠢ ᠬᠦᠴᠦᠯᠡᠨ ᠠᠬᠢᠭᠤᠯᠤᠨ᠎ᠠ᠃ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠪᠤᠯᠤᠨ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠬᠡ ᠶᠢ ᠨᠡᠩ ᠲᠦᠷᠢᠮᠵᠢᠭᠦᠯᠵᠦ᠂ | ᠵᠠᠰᠠᠭ ᠤᠨ ᠶᠠᠪᠤᠲᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠦᠢ ᠵᠤᠬᠢᠰ ᠦᠭᠡᠢ ᠰᠦᠢᠳᠬᠡᠯ | ᠬᠤᠷᠢᠶᠠᠬᠤ ᠲᠥᠷᠦᠯ ᠵᠦᠢᠯ ᠢ ᠦᠷᠭᠦᠯᠵᠢᠯᠡᠨ ᠴᠡᠪᠡᠷᠯᠡᠵᠦ᠂ ᠠᠵᠤ ᠠᠬᠤᠶᠢᠯᠠᠯ ᠪᠤᠯᠤᠨ ᠣᠯᠠᠨ ᠲᠦᠮᠡᠨ ᠤ | ᠲᠠᠷᠣᠭᠠᠰᠣ ᠶᠢ ᠬᠥᠩᠭᠡᠯᠡᠨ᠎ᠡ᠃ ᠵᠠᠰᠠᠭ ᠤᠨ ᠶᠠᠪᠤᠲᠠᠯ ᠤᠨ ᠬᠤᠯᠪᠤᠭᠠᠯᠠᠨ ᠠᠵᠢᠯᠯᠠᠬᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠦᠪ ︵ᠥᠷᠲᠡᠭᠡ︶ | ᠤᠨ ᠲᠦᠷᠢᠮᠵᠢᠭᠰᠡᠨ ᠪᠠᠶᠢᠭᠤᠯᠤᠯᠲᠠ ᠶᠢ ᠳᠡᠬᠦᠯᠳᠡᠷᠵᠢᠬᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠰᠣᠯᠢᠯᠴᠠᠭᠠᠨ ᠤ ᠲᠦᠪ ᠤᠨ ᠬᠠᠮᠢᠶᠠᠷᠣᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠰᠣᠯᠢᠯᠴᠠᠭᠠᠨ ᠤ ᠠᠵᠢᠯᠯᠠᠭ᠎ᠠ ᠶᠢ ᠲᠦᠷᠢᠮᠵᠢᠭᠦᠯᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ︽ᠢᠯᠡ ᠲᠣᠳᠣ ᠰᠣᠯᠢᠯᠴᠠᠭ᠎ᠠ︾ ᠶᠢᠨ ᠪᠦᠬᠦ ᠬᠠᠮᠤᠷᠤᠯᠲᠠ ᠶᠢ ᠪᠡᠶᠡᠯᠡᠭᠦᠯᠦᠨ᠎ᠡ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠠᠵᠢᠯᠴᠢ | ᠬᠦᠲᠡᠯᠮᠦᠷᠢᠴᠢ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠬᠡᠵᠢᠶᠡᠲᠡ ᠰᠣᠯᠠᠷᠠᠰᠢ ᠦᠭᠡᠢ ᠠᠳᠬᠤᠵᠤ᠂ | ᠬᠠᠤᠯᠢ ᠪᠠᠷ ᠵᠠᠰᠠᠭᠰᠠᠨ᠂ ᠪᠤᠲᠠᠲᠠᠢ ᠶᠢ ᠡᠷᠬᠢᠮᠯᠡᠭᠰᠡᠨ᠂ ᠠᠷᠢᠭᠤᠨ ᠴᠢᠭᠴᠢ ᠦᠢᠯᠡᠴᠢᠯᠡᠭᠡᠨ ᠤ ᠬᠡᠯᠪᠡᠷᠢ ᠶᠢᠨ ᠵᠠᠰᠠᠭ | ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠭᠰᠠᠨ ᠵᠠᠰᠠᠭ ᠤᠨ | ᠣᠷᠳᠣᠨ ᠢ ᠪᠠᠶᠢᠭᠤᠯᠤᠨ᠎ᠠ᠃ ᠬᠠᠣᠯᠢ ᠪᠠᠷ ᠵᠠᠰᠠᠬᠤ ᠰᠡᠳᠬᠢᠬᠦᠢ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ | ᠣᠶᠢᠯᠠᠭᠠᠭᠳᠠᠬᠤᠨ ᠢᠶᠠᠨ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ | ᠣᠷᠳᠣᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠤᠯᠭᠠᠨ᠎ᠠ᠃ ᠬᠤᠲᠠ ᠶᠢᠨ ᠨᠠᠮ ᠤᠨ ᠬᠤᠷᠢᠶᠠᠨ ᠤ | ᠣᠳᠣᠷᠢᠳᠣᠯᠭ᠎ᠠ ᠶᠢ ᠰᠠᠨᠠᠭᠠᠴᠢᠯᠠᠭ᠎ᠠ ᠲᠠᠢ ᠬᠦᠯᠢᠶᠡᠨ ᠠᠪᠴᠣ᠂ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠤᠨ ᠬᠠᠣᠯᠢ ᠶᠤᠰᠤᠨ ᠤ ᠬᠢᠨᠠᠯᠲᠠ᠂ ᠤᠯᠤᠰ ᠲᠥᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ | ᠶᠢ ᠣᠬᠠᠮᠰᠠᠷ ᠠᠴᠠ ᠪᠠᠨ ᠬᠦᠯᠢᠶᠡᠨ ᠠᠪᠴᠣ᠂ ᠠᠷᠠᠳ ᠤᠨ ᠲᠥᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠤᠯᠤᠨ | ᠣᠯᠣᠰ ᠲᠥᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠣᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ | ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠲᠠᠯᠳᠣᠭᠠᠨ ᠤ ᠬᠤᠯᠪᠤᠭ᠎ᠠ᠂ ᠨᠠᠮ ᠪᠦᠯᠦᠭ ᠤᠨ ᠪᠤᠰᠣ | ᠬᠦᠮᠦᠰ ᠤᠨ ᠰᠠᠨᠠᠯ ᠢ ᠭᠦᠢᠴᠡᠳ ᠰᠤᠨᠤᠰᠤᠨᠡ᠃ ︽ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠲᠦᠷᠢᠮᠵᠢᠨ | ᠡᠷᠬᠢᠯᠳᠦᠬᠦ ᠶᠢ ᠪᠠᠳᠣᠯᠠᠨ᠎ᠠ᠃ ᠲᠦᠷᠢᠮᠵᠢᠭᠰᠡᠨ ᠪᠢᠴᠢᠭ ᠮᠠᠲ᠋ᠧᠷᠢᠶᠠᠯ᠂ ᠵᠠᠰᠠᠭ ᠤᠨ ᠣᠷᠳᠣᠨ ᠤ ᠭᠡᠷ᠎ᠡ ᠪᠤᠯᠤᠨ | ᠴᠢᠬᠤᠯᠠ ᠶᠡᠭᠡ ᠰᠢᠢᠳᠪᠦᠷᠢᠳᠦ ᠪᠤᠳᠣᠯᠭ᠎ᠠ ᠶᠢᠨ ᠬᠠᠤᠯᠢ ᠳᠤ ᠨᠡᠶᠢᠴᠡᠬᠦ ᠡᠰᠡᠬᠦ ᠶᠢᠨ ᠬᠢᠨᠠᠨ ᠪᠠᠶᠢᠴᠠᠭᠠᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠲᠠᠷᠠᠭᠠᠯᠠᠯ ᠪᠤᠯᠤᠨ ᠬᠢᠨᠠᠯᠲᠠ ᠲᠠᠯᠪᠢᠬᠤ | ᠵᠤᠬᠢᠴᠠᠮᠵᠢ ᠶᠢ ᠪᠦᠷᠢᠨᠰᠢᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠲᠦᠷᠢᠮᠵᠢᠭᠦᠯᠵᠦ᠂ ᠵᠠᠰᠠᠭ | ᠤᠨ ᠶᠠᠪᠤᠲᠠᠯ ᠤᠨ ᠦᠢᠯᠡᠴᠢᠯᠡᠭᠡ ᠬᠢᠭᠡᠳ ᠠᠵᠢᠯ ᠭᠦᠢᠴᠡᠳᠬᠡᠬᠦ ᠣᠷᠴᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠎ᠡ ᠃ ᠭᠤᠤᠯᠳᠠᠯᠭ᠎ᠠ ᠲᠠᠢ ᠪᠠᠶᠢᠭᠤᠯᠭ᠎ᠠ ᠨᠢᠭᠡᠴᠡ ᠳᠤ ᠬᠠᠤᠯᠢ ᠶᠢᠨ ᠵᠦᠪᠯᠡᠭᠴᠢ ᠠᠵᠢᠯ ᠤᠨ | ᠲᠦᠷᠢᠮ ᠢ ᠡᠬᠢᠯᠡᠭᠦᠯᠵᠦ᠂ ᠪᠦᠬᠦ ᠬᠤᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠤᠯᠤᠨ ᠬᠢᠷᠢ | ᠲᠦᠪᠰᠢᠨ ᠢ ᠦᠨᠡᠨᠬᠦ ᠲᠡᠭᠡᠭᠰᠢᠯᠡᠭᠦᠯᠦᠨ᠎ᠡ᠃ ᠵᠠᠰᠠᠭ ᠤᠨ ᠶᠠᠪᠤᠲᠠᠯ ᠢ ᠢᠯᠡ ᠪᠤᠯᠭᠠᠬᠤ ᠶᠢ ᠭᠦᠨᠵᠡᠭᠡᠢ | ᠠᠬᠢᠭᠤᠯᠵᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠤᠪᠤᠷ ᠰᠣᠷᠲᠠᠯ ᠤᠨ ᠪᠠᠶᠢᠭᠤᠯᠤᠯᠲᠠ ᠶᠢ ᠪᠠᠷᠢᠮᠲᠠᠯᠠᠵᠤ᠂ ᠪᠤᠲᠠᠲᠠᠢ ᠶᠢ ᠡᠷᠬᠢᠮᠯᠡᠬᠦ ᠵᠠᠰᠠᠭ ᠤᠨ | ᠣᠷᠳᠣᠨ ᠢ ᠪᠠᠶᠢᠭᠤᠯᠤᠨ᠎ᠠ᠃ ︽ᠲᠦᠷᠪᠡᠨ ᠰᠣᠷᠲᠠᠯ︾ ᠤᠨ ᠠᠰᠠᠭᠤᠲᠠᠯ ᠢ ᠴᠡᠭᠴᠡᠯᠡᠨ ᠵᠠᠰᠠᠵᠤ | ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠣᠪᠣᠷ ᠰᠣᠷᠲᠠᠯ ᠤᠨ ᠪᠠᠶᠢᠭᠤᠯᠤᠯᠲᠠ ᠶᠢᠨ ᠣᠷᠳᠣ | ᠬᠤᠭᠤᠴᠠᠭᠠᠨ ᠤ ᠪᠦᠳᠦᠮᠵᠢᠳᠤ ᠵᠤᠬᠢᠴᠠᠮᠵᠢ ᠶᠢ ᠪᠠᠶᠢᠭᠤᠯᠵᠤ᠂ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ | ᠦᠷ᠎ᠡ ᠪᠦᠳᠦᠮᠵᠢ ᠶᠢ ᠪᠠᠳᠣᠳᠬᠠᠨ᠎ᠠ᠃ ᠵᠤᠷᠢᠯᠲᠠ ᠶᠢᠨ ᠣᠬᠠᠮᠰᠠᠷ ᠢ ᠴᠢᠩᠭᠠᠳᠬᠠᠵᠤ᠂ ᠱᠠᠭᠠᠷᠳᠠᠯᠭ᠎ᠠ | ᠬᠡᠷᠡᠭᠴᠡᠭᠡ ᠶᠢ ᠠᠷᠠᠳ ᠠᠴᠠ ᠠᠰᠠᠭᠤᠵᠤ ᠯᠠᠪᠯᠠᠬᠤ ᠶᠢ ᠪᠠᠷᠢᠮᠲᠠᠯᠠᠵᠤ᠂ ᠨᠡᠩ ᠤᠯᠠᠨ ᠣᠶᠣᠨ ᠴᠢᠳᠠᠯ ᠢᠶᠠᠨ | ᠣᠯᠠᠨ ᠨᠡᠶᠢᠲᠡ ᠶᠢᠨ ᠦᠢᠯᠡᠴᠢᠯᠡᠭᠡ ᠲᠡᠭᠡᠷ᠎ᠡ ᠲᠠᠯᠪᠢᠵᠤ᠂ ᠨᠡᠩ ᠠᠷᠪᠢᠨ ᠡᠳ᠋ ᠤᠨ ᠬᠦᠴᠦᠨ ᠢᠶᠠᠨ ᠠᠷᠠᠳ ᠤᠨ | ᠠᠮᠢᠳᠣᠷᠠᠯ ᠢ ᠰᠠᠶᠢᠵᠢᠷᠠᠭᠤᠯᠬᠤ ᠳᠡᠰᠢ ᠬᠡᠯᠪᠡᠶᠢᠯᠭᠡᠵᠦ᠂ ᠠᠷᠠᠳ ᠤᠯᠠᠨ ᠤ ᠬᠠᠨᠤᠮᠵᠢᠲᠠᠢ ᠡᠰᠡᠬᠦ ᠶᠢ ᠵᠠᠰᠠᠭ ᠤᠨ | ᠣᠷᠳᠣᠨ ᠤ ᠠᠵᠢᠯ ᠢ ᠦᠨᠡᠯᠡᠬᠦ ᠦᠨᠳᠦᠰᠦᠨ ᠪᠠᠷᠢᠮᠵᠢᠶᠠᠯᠠᠯ ᠪᠤᠯᠭᠠᠨ᠎ᠠ᠃ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠶᠢ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠨ ᠪᠠᠷᠢᠮᠳᠠᠯᠠᠵᠦ᠂ ᠪᠦᠬᠦ ᠬᠤᠲᠡ ᠶᠢᠨ | ᠬᠡᠪᠴᠢᠶᠡᠨ ᠳᠤ《ᠳᠠᠷᠤᠢ ᠳᠤᠨᠢ ᠭᠦᠢᠴᠡᠳᠬᠡᠬᠦ︾ ᠠᠵᠢᠯᠯᠠᠭ᠎ᠠ ᠦᠷᠨᠢᠭᠦᠯᠵᠦ᠂ ᠵᠠᠰᠠᠭ ᠵᠠᠬᠢᠷᠭᠠᠨ ᠤ ᠦᠷ᠎ᠡ ᠠᠰᠢᠭ | ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠱᠠᠭᠠᠷᠳᠠᠨ ᠪᠠᠶᠢᠴᠠᠭᠠᠵᠦ ᠱᠠᠭᠠᠷᠳᠠᠨ ᠬᠢᠬᠦ ᠶᠢ ᠴᠢᠩᠭᠠᠳᠬᠠᠨ᠂ | ᠠᠵᠢᠯ ᠦᠯᠦ ᠭᠦᠢᠴᠡᠳᠬᠡᠬᠦ᠂ ᠬᠤᠶᠢᠷᠭᠤᠰᠢᠭᠤᠯᠵᠤ ᠭᠦᠢᠴᠡᠳᠬᠡᠬᠦ᠂ ᠳᠤᠷ᠎ᠠ ᠪᠠᠷ ᠭᠦᠢᠴᠡᠳᠬᠡᠬᠦ ᠶᠢ ᠴᠢᠩᠭ᠎ᠠ | ᠴᠡᠭᠴᠡᠯᠡᠨ ᠵᠠᠰᠠᠵᠦ᠂ ᠵᠠᠰᠠᠭ ᠤᠨ ᠵᠠᠷᠯᠢᠭ ᠰᠠᠭᠠᠳ ᠦᠭᠡᠢ ᠪᠠᠶᠢᠬᠤ ᠶᠢ ᠪᠠᠲᠤᠯᠠᠨ᠎ᠠ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠳᠠᠯᠠᠨ᠂ ᠠᠷᠢᠭᠤᠨ ᠴᠢᠭᠡᠴᠢ ᠵᠠᠰᠠᠭ ᠤᠨ ᠤᠷᠳᠤᠨ ᠢ | ᠪᠠᠶᠢᠭᠤᠯᠤᠨ᠎ᠠ᠃《ᠭᠤᠷᠪᠠᠨ ᠵᠦᠢᠯ ᠤᠨ ᠠᠯᠪᠠᠨ ᠤ ᠵᠠᠷᠤᠳᠠᠯᠢ ᠴᠢᠩᠭ᠎ᠠ ᠬᠢᠵᠠᠭᠠᠷᠯᠠᠵᠦ᠂《 ᠵᠠᠰᠠᠭ ᠤᠨ ᠤᠷᠳᠤᠨ | ᠭᠠᠮᠨᠠᠵᠤ ᠠᠮᠢᠳᠣᠷᠠᠨ᠂ ᠠᠷᠠᠳ ᠲᠦᠮᠡᠨ ᠤ ᠴᠢᠨᠡᠭᠡᠯᠢᠭ ᠠᠮᠢᠳᠣᠷᠠᠬᠤ︾ ᠶᠢ ᠦᠨᠡᠨᠬᠦ ᠪᠡᠶᠡᠯᠡᠭᠦᠯᠦᠨ᠎ᠡ᠃ ᠴᠢᠭᠡᠴᠢ | ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠭᠦᠨᠵᠡᠭᠡᠢ ᠠᠬᠢᠭᠤᠯᠵᠦ᠂《 ᠭᠤᠷᠪᠠᠨ | ᠴᠢᠬᠤᠯᠠ ᠨᠢᠭᠡ ᠶᠡᠭᠡ》 ᠶᠢᠨ ᠡᠯ᠎ᠡ ᠲᠥᠷᠦᠯ ᠤᠨ ᠲᠤᠭᠲᠠᠭᠠᠯ ᠢ ᠴᠢᠩᠭ᠎ᠠ ᠨᠢᠮᠪᠡᠢ ᠬᠡᠷᠡᠭᠵᠢᠭᠦᠯᠵᠦ᠂ ᠳᠦᠷᠢᠮ ᠢᠶᠠᠷ | ᠡᠷᠬᠡ᠂ ᠠᠵᠢᠯ᠂ ᠬᠦᠮᠦᠨ ᠢ ᠬᠠᠮᠢᠶᠠᠷᠬᠤ ᠶᠢ ᠪᠠᠷᠢᠮᠳᠠᠯᠠᠨ᠂ ᠢᠯᠵᠡᠷᠡᠯ ᠢ ᠡᠬᠢ ᠦᠨᠳᠦᠰᠦ ᠠᠴᠠ ᠨᠢ ᠤᠷᠢᠳᠴᠢᠯᠡᠨ | ᠰᠡᠷᠭᠡᠶᠢᠯᠡᠬᠦ ᠪᠠ ᠵᠠᠰᠠᠨ ᠴᠡᠭᠴᠡᠯᠡᠨ᠎ᠡ᠃ ᠵᠠᠰᠠᠭ ᠤᠨ ᠤᠷᠳᠤᠨ ᠤ ᠬᠤᠳᠠᠯᠳᠤᠨ ᠠᠪᠬᠤ ᠬᠢᠭᠡᠳ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠴᠢᠩᠭᠠᠳᠬᠠᠨ᠂ ᠬᠤᠳᠠᠯ ᠬᠠᠭᠤᠷᠮᠠᠭ ᠬᠢᠷᠢ ᠬᠡᠮ᠂ | ᠲᠠᠭᠠᠭᠠᠴᠢᠯᠠᠯᠲᠠ ᠵᠠᠷᠯᠠᠵᠤ ᠲᠠᠭᠠᠭᠠᠴᠢᠯᠠᠯᠲᠠ ᠬᠦᠯᠢᠶᠡᠬᠦ ᠶᠠᠪᠤᠴᠠ ᠳᠤ ᠰᠦᠯᠪᠡᠭᠡᠯᠳᠦᠬᠦ ᠪᠠ ᠬᠤᠲᠠᠯ ᠬᠠᠭᠤᠷᠮᠠᠭ ᠢᠶᠠᠷ | ᠲᠠᠭᠠᠭᠠᠴᠢᠯᠠᠯᠲᠠ ᠶᠢ ᠬᠦᠯᠢᠶᠡᠬᠦ᠂ ᠰᠢᠯᠵᠢᠭᠦᠯᠦᠨ ᠳᠠᠭᠠᠭᠠᠴᠢᠯᠠᠭᠤᠯᠬᠤ ᠵᠡᠷᠭᠡ ᠬᠠᠤᠯᠢ ᠳᠦᠷᠢᠮ ᠠᠴᠠ | ᠵᠦᠷᠢᠴᠡᠭᠰᠡᠨᠠᠵᠢᠯᠯᠠᠭᠠᠨ ᠳᠤ ᠴᠢᠩᠭ᠎ᠠ ᠴᠤᠬᠢᠯᠲᠠ ᠦᠭᠭᠦᠨ᠎ᠡ᠃ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠡᠷᠬᠡ ᠳᠤ | ᠬᠢᠨᠠᠯᠲᠠ ᠲᠠᠯᠪᠢᠵᠦ ᠬᠢᠵᠠᠭᠠᠷᠯᠠᠬᠤ ᠶᠢ ᠦᠨᠡᠨᠬᠦ ᠴᠢᠩᠭᠠᠳᠬᠠᠨ ᠬᠠᠤᠯᠢ ᠰᠠᠬᠢᠯᠭ᠎ᠠ ᠠᠴᠠ ᠵᠦᠷᠢᠴᠡᠭᠰᠡᠨ ᠬᠡᠷᠡᠭ | ᠶᠠᠪᠤᠳᠠᠯ ᠢ ᠴᠢᠩᠭ᠎ᠠ ᠪᠠᠶᠢᠴᠠᠭᠠᠨ ᠰᠢᠳᠬᠡᠵᠦ᠂ ᠣᠪᠣᠷ ᠲᠦᠪ᠂ ᠰᠣᠷᠲᠠᠯ ᠴᠢᠭᠴᠢ᠂ ᠢᠯᠡ ᠲᠤᠳᠣᠷᠬᠠᠢ ᠣᠯᠣᠰ | ᠲᠥᠷᠦ ᠶᠢᠨ ᠣᠷᠴᠢᠨ ᠢ ᠪᠤᠢ ᠪᠤᠯᠭᠠᠨ᠎ᠠ ᠃ | ᠲᠦᠯᠦᠭᠡᠯᠡᠭᠴᠢᠳ ᠡ︕ ᠳᠠᠷᠬᠠᠨ ᠬᠠᠷᠢᠭᠤᠴᠠᠯᠭ᠎ᠠ ᠪᠠᠶᠢᠮᠠᠨᠵᠢᠨ ᠲᠡᠤᠬᠡᠳᠦ ᠡᠭᠦᠷᠭᠡ ᠪᠡᠶᠡᠯᠡᠭᠳᠡᠨ᠂ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠠᠯᠤᠰ ᠢᠷᠡᠭᠡᠳᠦᠢ ᠪᠠᠨ ᠴᠤᠬᠴᠠᠯᠠᠨᠠᠮ᠃ ᠪᠢᠳᠡ ᠬᠤᠲᠡ ᠶᠢᠨ ᠨᠠᠮ ᠤᠨ | ᠬᠤᠷᠢᠶᠠᠨ ᠤ ᠡᠷᠡᠰ ᠪᠠᠳᠣ ᠤᠳᠤᠷᠢᠳᠤᠯᠭ᠎ᠠ ᠳᠤᠤᠷ᠎ᠠ᠂ ᠪᠦᠬᠦ ᠬᠤᠲᠡ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ ᠲᠠᠢ ᠨᠢᠭᠲᠠ ᠪᠦᠯᠬᠦᠮᠳᠡᠨ᠂ ᠬᠠᠷᠢᠯᠴᠠᠨ ᠲᠦᠰᠢᠭᠯᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠤᠭᠡᠯᠡᠨ᠂ ᠬᠦᠴᠦᠨ ᠴᠢᠳᠠᠯ ᠢᠶᠠᠨ ᠬᠠᠮᠳᠤᠳᠬᠠᠵᠦ᠂ ᠦᠨᠡᠨᠬᠦ ᠠᠳᠬᠤᠵᠦ ᠯᠠᠪᠳᠠᠭᠤᠨ ᠪᠠᠲᠤᠳᠠᠢ ᠠᠵᠢᠯᠯᠠᠨ᠂ | ᠡᠷᠡᠯᠭᠡᠭᠯᠡᠨ ᠳᠠᠪᠰᠢᠵᠦ ᠰᠢᠨ᠎ᠡ ᠶᠢ ᠡᠬᠦᠳᠦᠨ᠂ ᠪᠤᠳᠠᠳᠦ ᠬᠦᠴᠦᠨ ᠢᠶᠠᠷ ᠴᠢᠩᠭ᠎ᠠ᠂ ᠠᠮᠢᠵᠢᠷᠠᠯ ᠤᠨ ᠬᠦᠴᠦᠨ ᠢᠶᠠᠷ | ᠭᠦᠢᠴᠡᠳ᠂ ᠪᠠᠭ᠋ᠠᠷᠤᠮ᠎ᠠ ᠬᠦᠴᠦᠨ ᠢᠶᠠᠷ ᠬᠢᠵᠠᠭᠠᠯᠠᠰᠢ ᠦᠭᠡᠢ ᠰᠢᠯᠢ ᠶᠢᠨ ᠬᠤᠲᠡ ᠶᠢ ᠳᠦᠷᠭᠡᠳᠭᠡᠨ | ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕ | |