2017 ᠤᠨ ᠤ ᠰᠢᠯᠢ ᠶᠢᠨ ᠬᠤᠳᠠ ᠶᠢᠨ ᠵᠠᠰᠠᠭ ᠤᠨ ᠣᠷᠳᠤᠨ ᠤ ᠢᠯᠡᠳᠭᠡᠯ
ᠨᠡᠶᠢᠲᠡᠯᠡᠭᠰᠡᠨ ᠴᠠᠭ᠄
2017/8/23
ᠲᠥᠯᠦᠭᠡᠯᠡᠭᠴᠢᠳ ᠡ᠄            ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ ᠬᠠᠷᠢᠭᠤ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠥᠷᠦ ᠶᠢᠨ ᠵᠦᠪᠯᠡᠯᠭᠡᠨ ᠤ ᠭᠡᠰᠢᠭᠦᠳ ᠪᠠ ᠪᠣᠰᠣᠳ ᠰᠣᠯᠠ ᠣᠷᠣᠯᠴᠠᠬᠤ ᠨᠥᠬᠦᠳ ᠰᠠᠨᠠᠯ ᠢᠶᠠᠨ ᠲᠣᠷᠠᠳᠬᠤ ᠪᠣᠯᠪᠠᠣ᠃ᠨᠢᠭᠡ᠂ 2016 ᠣᠨ ᠤ ᠠᠵᠢᠯ ᠤᠨ ᠡᠷᠬᠢᠴᠡᠭᠦᠯᠦᠯ           ᠥᠩᠭᠡᠷᠡᠭᠰᠡᠨ ᠨᠢᠭᠡ ᠵᠢᠯ ᠳᠤ ᠬᠠᠳᠠᠭᠤ ᠪᠣᠳᠣᠯᠢᠶᠠᠨᠲᠠᠢ ᠠᠵᠣ ᠠᠬᠤᠢ ᠶᠢᠨ ᠪᠠᠶᠢᠳᠠᠯ ᠪᠣᠯᠣᠨ ᠬᠦᠨᠳᠦ ᠪᠡᠷᠬᠡ ᠥᠭᠡᠷᠡᠴᠢᠯᠡᠯᠲᠡ ᠭᠥᠭᠵᠢᠯᠲᠡ ᠶᠢ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠵᠦᠪ ᠣᠳᠣᠷᠢᠳᠣᠯᠭ᠎ᠠ ᠲᠣᠣᠷ᠎ᠠ᠂ ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠣᠯᠣᠰ ᠲᠥᠷᠦ ᠶᠢᠨ ᠵᠦᠪᠯᠡᠯᠭᠡᠨ ᠤ ᠬᠢᠨᠠᠯᠲᠠ ᠲᠡᠮᠵᠢᠯᠭᠡ ᠲᠣᠣᠷ᠎ᠠ᠂ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠨᠢᠭᠲᠠ ᠪᠦᠯᠬᠦᠮᠳᠡᠬᠦ ᠶᠢᠨ ᠬᠠᠮᠳᠣ ᠲᠡᠳᠡᠨ ᠢ ᠲᠦᠰᠢᠭᠯᠡᠨ᠂ ᠠᠵᠣ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠣᠬᠢᠷᠠᠯᠴᠠᠵᠣ᠂ ᠠᠵᠣ ᠠᠬᠤᠢ ᠶᠢᠨ ᠪᠠᠭᠤᠷᠠᠯᠲᠠ ᠶᠢᠨ ᠲᠠᠷᠣᠯᠲᠠ ᠶᠢ ᠢᠲᠡᠪᠬᠢᠲᠠᠢ ᠠᠷᠭᠠᠴᠠᠭᠠᠨ᠂ ᠨᠡᠮᠡᠭᠳᠡᠯ ᠢ ᠲᠣᠭᠲᠠᠪᠣᠷᠢᠵᠢᠭᠤᠯᠬᠤ᠂ ᠪᠦᠳᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠎ ᠶᠢ ᠠᠬᠢᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠦᠯ ᠎ ᠤᠨ ᠠᠵᠢᠯ ᠢ ᠰᠠᠶᠢᠳᠣᠷ ᠲᠥᠯᠦᠪᠵᠢᠭᠦᠯᠦᠨ ᠬᠢᠵᠦ᠂ ᠠᠵᠣ ᠠᠬᠤᠢ ᠨᠡᠶᠢᠭᠡᠮ ᠤᠨ ᠡᠯ᠎ᠡ ᠲᠥᠷᠦᠯ ᠤᠨ ᠠᠵᠢᠯ ᠦᠢᠯᠡᠰ ᠰᠢᠨ᠎ᠡ ᠬᠥᠭᠵᠢᠯᠲᠡ ᠶᠢ ᠣᠯᠵᠣ᠂ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃          ︵ᠨᠢᠭᠡ︶ ᠨᠡᠮᠡᠭᠳᠡᠯ ᠢ ᠲᠣᠭᠲᠠᠪᠣᠷᠢᠵᠢᠭᠤᠯᠬᠤ ᠶᠢ ᠬᠦᠴᠦᠯᠡᠨ ᠪᠡᠶᠡᠯᠡᠭᠦᠯᠵᠦ᠂ ᠠᠵᠣ ᠠᠬᠤᠢ ᠶᠢᠨ ᠬᠥᠭᠵᠢᠯᠲᠡ ᠲᠣᠭᠲᠠᠭᠤᠨ ᠤ ᠲᠣᠮᠳᠠ ᠰᠠᠶᠢᠳᠣᠷ ᠬᠠᠨᠳᠣᠰᠢ ᠲᠠᠢ᠃ ᠲᠣᠭᠳᠠᠭᠤᠨ ᠤ ᠲᠣᠮᠲᠠ ᠣᠷᠣᠭᠰᠢᠯᠠᠬᠤ ᠠᠵᠢᠯ ᠎ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠲᠡᠪᠬᠢᠲᠠᠢ ᠠᠬᠢᠭᠤᠯᠵᠣ᠂ ︽ᠭᠤᠷᠪᠠ ᠶᠢ ᠪᠠᠭᠠᠰᠬᠠᠵᠣ ᠨᠢᠭᠡ ᠶᠢ ᠪᠠᠭᠤᠷᠠᠭᠤᠯᠣᠨ ᠨᠢᠭᠡ ᠶᠢ ᠨᠥᠬᠦᠪᠦᠷᠢᠯᠡᠬᠦ︾ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ ᠠᠵᠣ ᠠᠬᠤᠢ ᠶᠢᠨ ᠡᠷᠬᠢᠯᠲᠡ ᠶᠡᠷᠦᠩᠬᠡᠢ ᠳᠤᠨᠢ ᠲᠣᠭᠲᠠᠭᠤᠨ ᠪᠠᠶᠢᠵᠣ᠂ ᠲᠣᠭᠲᠠᠭᠤᠨ ᠤ ᠲᠣᠮᠲᠠ ᠣᠷᠣᠭᠰᠢᠯᠠᠬᠤ ᠰᠠᠶᠢᠨ ᠬᠠᠨᠳᠣᠰᠢ ᠢᠯᠡᠷᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 228.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 7.5%᠎ ᠪᠠᠷ ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠣᠯᠲᠠ 181.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 21.6%᠎ ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠎ ᠶᠢᠨ ᠲᠥᠰᠦᠪ ᠤᠨ ᠣᠷᠣᠯᠭ᠎ᠠ 29.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 11.2%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠥᠷᠳᠡᠭ 62.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 10%᠎ ᠪᠠᠷ ᠨᠡᠮᠡᠭᠳᠡᠪᠡ᠃ ᠬᠤᠲᠠ ᠬᠦᠲᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ ᠲᠣᠰᠪᠣᠷᠢ 39390 ᠲᠥᠭᠦᠷᠢᠭ᠂ 22245 ᠲᠥᠭᠦᠷᠢᠭ ᠢ ᠪᠡᠶᠡᠯᠡᠭᠦᠯᠵᠦ᠂ ᠲᠣᠰᠪᠣᠷᠢ 8% ᠪᠠ 7.8%᠎ ᠪᠠᠷ ᠨᠡᠮᠡᠭᠳᠡᠪᠡ᠃ ᠰᠠᠭᠤᠭᠠᠯᠢ ᠠᠷᠠᠳ ᠎ ᠤᠨ ᠬᠡᠷᠡᠭᠯᠡᠭᠡᠨ ᠤ ᠦᠨ᠎ᠡ ᠬᠠᠩᠰᠢ ᠶᠢᠨ ᠦᠰᠦᠯᠳᠡ ᠶᠢ 0.8 %᠎ ᠶᠢᠨ ᠲᠣᠳᠣᠷ᠎ᠠ ᠬᠢᠵᠠᠭᠠᠷᠯᠠᠨ᠂ ᠬᠤᠲᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠭᠰᠠᠳ ᠤᠨ ᠨᠣᠷᠮ᠎ᠠ ᠶᠢ 3.35%᠎ ᠶᠢᠨ ᠲᠣᠳᠣᠷ᠎ᠠ ᠬᠢᠵᠠᠭᠠᠷᠯᠠᠵᠣ᠂ ᠨᠡᠯᠢᠶᠡᠳ ᠲᠣᠣᠷ᠎ᠠ ᠲᠦᠪᠰᠢᠨ ᠢ ᠪᠠᠳᠣᠯᠠᠪᠠ᠃ ᠠᠵᠣ ᠠᠬᠤᠢ ᠶᠢᠨ ᠪᠠᠭᠤᠷᠠᠯᠲᠠ ᠶᠢᠨ ᠲᠠᠷᠣᠯᠲᠠ ᠨᠡᠯᠢᠶᠡᠳ ᠶᠡᠭᠡ᠂ ᠬᠦᠴᠢᠷᠲᠠᠢ ᠠᠰᠠᠭᠤᠳᠠᠯ ᠲᠠᠰᠣᠷᠠᠯᠲᠠ ᠦᠭᠡᠢ ᠢᠯᠡᠷᠡᠵᠦ ᠪᠠᠶᠢᠭ᠎ᠠ ᠬᠠᠨᠳᠣᠰᠢ ᠲᠣᠣᠷ᠎ᠠ᠂ ᠵᠢᠯ ᠤᠨ ᠡᠬᠢᠨ ᠤ ᠡᠭᠦᠷᠭᠡ ᠬᠠᠷᠠᠯᠲᠠ ᠪᠠᠨ ᠨᠡᠯᠢᠶᠡᠳ ᠰᠠᠶᠢᠨ ᠪᠡᠶᠡᠯᠡᠭᠦᠯᠵᠦ᠂ ᠣᠯᠠᠨ ᠵᠦᠢᠯ ᠤᠨ ᠠᠵᠣ ᠠᠬᠤᠢ ᠶᠢᠨ ᠭᠦᠢᠴᠡᠳᠬᠡᠯ ᠲᠣᠭᠠᠨ ᠤ ᠪᠦᠬᠦ ᠣᠷᠣᠨ ᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠳᠠᠬᠢ ᠪᠠᠶᠢᠷᠢ ᠳ᠋ᠣᠭᠠᠷᠯᠠᠯ ᠨᠢ ᠣᠷᠣᠭᠰᠢᠯᠠᠵᠣ᠂ ᠡᠭᠦᠨ ᠎ ᠳᠤ GDP᠎ ᠤᠨ ᠨᠡᠮᠡᠭᠳᠡᠯ ᠤᠨ ᠬᠤᠷᠳᠣᠴᠠ ᠶᠢᠨ ᠪᠠᠶᠢᠷᠢ ᠳ᠋ᠣᠭᠠᠷᠯᠠᠯ ᠣᠷᠣᠭᠰᠢ 38 ᠣᠷᠣᠨ ᠰᠢᠯᠵᠢᠵᠦ᠂ ᠨᠢᠭᠡᠳᠦᠭᠡᠷ ᠠᠵᠣ ᠦᠢᠯᠡᠰ ᠤᠨ ᠨᠡᠮᠡᠭᠳᠡᠯ ᠥᠷᠳᠡᠭ ᠪᠠ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠣᠯᠲᠠ ᠶᠢᠨ ᠪᠠᠶᠢᠷᠢ ᠳ᠋ᠣᠭᠠᠷᠯᠠᠯ ᠣᠷᠣᠭᠰᠢ 4 ᠣᠷᠣᠨ ᠰᠢᠯᠵᠢᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠎ ᠤᠨ ᠲᠥᠰᠦᠪ ᠤᠨ ᠣᠷᠣᠯᠭ᠎ᠠ ᠶᠢᠨ ᠪᠠᠶᠢᠷᠢ ᠳ᠋ᠣᠭᠠᠷᠯᠠᠯ ᠣᠷᠣᠭᠰᠢ 2 ᠣᠷᠣᠨ ᠰᠢᠯᠵᠢᠵᠦ᠂ GDP᠂ ᠠᠵᠣ ᠦᠢᠯᠡᠳᠪᠦᠷᠢ ᠶᠢᠨ ᠨᠡᠮᠡᠭᠳᠡᠯ ᠥᠷᠳᠡᠭ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠥᠷᠳᠡᠭ ᠤᠨ ᠪᠠᠶᠢᠷᠢ ᠳ᠋ᠣᠭᠠᠷᠯᠠᠯ ᠣᠷᠣᠭᠰᠢ 1 ᠣᠷᠣᠨ ᠰᠢᠯᠵᠢᠪᠡ᠃                 ᠪᠦᠳᠦᠴᠡ ᠶᠢᠨ ᠲᠣᠬᠢᠷᠠᠭᠤᠯᠣᠯᠲᠠ ᠶᠢ ᠪᠠᠳᠣᠵᠢᠭᠤᠯᠵᠣ᠂ ᠭᠤᠷᠪᠠᠨ ᠠᠵᠣ ᠦᠢᠯᠡᠰ ᠤᠨ ᠪᠦᠳᠦᠴᠡ 7.6᠄ 50.3᠄ 42.1 ᠪᠠᠶᠢᠭᠰᠠᠨ ᠠᠴᠠ ᠪᠠᠨ 7.9᠄ 48.3᠄ 43.8 ᠪᠣᠯᠣᠨ ᠬᠤᠪᠢᠷᠠᠵᠣ᠂ ᠭᠤᠷᠪᠠᠳᠣᠭᠠᠷ ᠠᠵᠣ ᠦᠢᠯᠡᠰ ᠤᠨ ᠬᠤᠪᠢ ᠶᠢᠨ ᠵᠢᠩ ᠣᠯᠠᠮ ᠨᠢᠭᠡ ᠠᠯᠬᠤᠮ ᠲᠡᠭᠡᠭᠰᠢᠯᠡᠨ᠂ ᠪᠦᠳᠦᠴᠡ ᠨᠢ ᠨᠡᠩ ᠰᠢᠯᠢᠳᠡᠭᠵᠢᠭᠰᠡᠨ ᠪᠠᠶᠢᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠲᠣᠭᠲᠠᠭᠤᠨ ᠬᠥᠭᠵᠢᠪᠡ᠃ ᠲᠠᠷᠢᠶᠠᠯᠠᠩ ᠮᠠᠯ ᠠᠵᠣ ᠠᠬᠤᠢ ᠳᠤ ᠬᠤᠯᠪᠣᠭᠳᠠᠭᠰᠠᠨ10 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠨᠡᠶᠢᠳᠬᠡᠨ ᠬᠡᠷᠡᠭᠯᠡᠵᠦ᠂ ᠡᠷᠴᠢᠮᠵᠢᠭᠦᠯᠬᠦ᠂ ᠰᠢᠨᠵᠢᠯᠡᠬᠦ ᠣᠬᠠᠭᠠᠨᠴᠢᠯᠠᠬᠤ ᠬᠢᠷᠢ ᠲᠦᠪᠰᠢᠨ ᠢ ᠲᠡᠭᠡᠭᠰᠢᠯᠡᠭᠦᠯᠵᠦ᠂ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠪᠠ ᠦᠷᠢᠰᠦᠯᠳᠦᠭᠡᠨ ᠤ ᠬᠦᠴᠦᠨ ᠢ ᠲᠠᠰᠣᠷᠠᠯᠲᠠ ᠦᠭᠡᠢ ᠨᠡᠮᠡᠭᠳᠡᠭᠦᠯᠪᠡ᠃ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ 168.7 ᠲᠦᠮᠡ ᠪᠠᠶᠢᠵᠣ᠂ ᠬᠠᠰᠢᠶᠠᠯᠠᠵᠣ ᠲᠡᠵᠢᠭᠡᠭᠰᠡᠨ ᠶᠡᠷᠦᠩᠬᠡᠢ ᠲᠤᠭ᠎ᠠ ᠨᠢ 70 ᠲᠦᠮᠡᠨ ᠲᠣᠯᠣᠭᠠᠢ᠃ ︽ᠬᠤᠨᠢ ᠶᠢ ᠴᠥᠬᠡᠳᠬᠡᠨ᠂ ᠦᠬᠡᠷ ᠢ ᠨᠡᠮᠡᠭᠲᠡᠭᠦᠯᠬᠦ︾ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠦᠨ᠂ ᠰᠢᠯᠢᠳᠡᠭ ᠴᠢᠨᠠᠷ ᠪᠦᠬᠦᠢ ᠮᠢᠬᠠᠨ ᠦᠬᠡᠷ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 3᠎ ᠶᠢ ᠰᠢᠨ᠎ᠡ ᠪᠠᠷ ᠪᠠᠶᠢᠭᠤᠯᠵᠣ᠂ 840 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠦᠬᠡᠷ ᠢ ᠲᠠᠳᠠᠨ ᠣᠷᠣᠭᠤᠯᠪᠠ᠃ ᠡᠭᠦᠯᠳᠡᠷ ᠰᠠᠶᠢᠵᠢᠷᠠᠭᠤᠯᠬᠤ ᠬᠤᠪᠢ ᠶᠢᠨ ᠵᠢᠩ᠂ ᠦᠷᠡᠵᠢᠭᠦᠯᠦᠯᠲᠡ ᠶᠢᠨ ᠨᠣᠷᠮ᠎ᠠ ᠲᠣᠰᠪᠣᠷᠢ 99.4% ᠪᠠ 110.8%᠎ ᠳᠤ ᠬᠦᠷᠪᠡ᠃ 7.1 ᠲᠦᠮᠡᠨ ᠲᠡᠭᠰᠢ ᠲᠦᠷᠪᠡᠯᠵᠢᠨ ᠮᠧᠲᠷ ᠫᠧᠩ ᠰᠠᠷᠠᠪᠴᠢ ᠶᠢ ᠰᠢᠨ᠎ᠡ ᠪᠠᠷ ᠪᠠᠶᠢᠭᠤᠯᠣᠨ᠂ 1.4 ᠳ᠋ᠦᠩᠰᠢᠭᠤᠷ ᠺᠢᠯᠣᠭ᠍ᠷᠠᠮ ᠡᠪᠡᠰᠦ ᠬᠠᠳᠠᠵᠣ ᠨᠥᠭᠡᠴᠡᠯᠡᠨ᠂ 0.8 ᠳ᠋ᠦᠩᠰᠢᠭᠤᠷ ᠺᠢᠯᠣᠭ᠍ᠷᠠᠮ ᠲᠡᠵᠢᠭᠡᠯ ᠡᠪᠡᠰᠦ ᠶᠢ ᠲᠦᠪᠯᠡᠷᠡᠭᠦᠯᠦᠨ ᠬᠠᠳᠠᠭᠠᠯᠠᠵᠣ᠂ ᠮᠠᠯ ᠤᠨ ᠠᠮᠣᠷ ᠲᠦᠪᠰᠢᠨ ᠡᠪᠦᠯᠵᠢᠬᠦ ᠶᠢ ᠪᠠᠳᠣᠯᠠᠪᠠ᠃ 16 ᠲᠦᠮᠡᠨ ᠲᠣᠯᠣᠭᠠᠢ ᠬᠤᠨᠢ ᠶᠢ ᠪᠦᠬᠦ ᠠᠵᠣ ᠦᠢᠯᠡᠰ ᠤᠨ ᠬᠡᠯᠬᠢᠶᠡᠵᠢᠯ ᠤᠨ ᠮᠦᠷᠲᠡᠨ ᠲᠠᠭᠠᠬᠤ ᠰᠢᠰᠲ᠋ᠧᠮ ᠳᠤ ᠣᠷᠣᠭᠤᠯᠵᠣ᠂ ᠲᠠᠷᠢᠶᠠᠯᠠᠩ ᠮᠠᠯ ᠤᠨ ᠪᠦᠳᠦᠬᠡᠭᠳᠡᠭᠦᠨ ᠤ ᠠᠮᠣᠷ ᠲᠦᠪᠰᠢᠨ ᠢ ᠬᠢᠨᠠᠨ ᠪᠠᠶᠢᠴᠠᠭᠠᠬᠤ ᠲᠦᠪ ᠨᠢ ᠪᠦᠬᠦ ᠣᠷᠣᠨ ᠤ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠡᠭᠦᠷᠭᠡ ᠶᠢ ᠡᠭᠦᠷᠭᠡᠯᠡᠬᠦ ᠰᠢᠶᠠᠨ ᠤ ᠲᠡᠰ ᠤᠨ ᠬᠢᠨᠠᠨ ᠪᠠᠶᠢᠴᠠᠭᠠᠬᠤ ᠪᠠᠶᠢᠭᠤᠯᠣᠮᠵᠢ ᠪᠣᠯᠪᠠ᠃ ᠠᠵᠣ ᠦᠢᠯᠡᠳᠪᠦᠷᠢ ᠶᠢᠨ ᠠᠵᠣ ᠠᠬᠤᠢ ᠲᠣᠭᠲᠠᠭᠤᠨ ᠡᠷᠬᠢᠯᠳᠦᠪᠡ᠃ ᠡᠷᠬᠢᠯᠳᠡ ᠶᠢᠨ ᠲᠣᠬᠢᠷᠠᠭᠤᠯᠣᠯᠲᠠ ᠶᠢ ᠴᠢᠩᠭᠠᠳᠬᠠᠨ ᠂ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠣᠷᠢᠵᠢᠭᠤᠯᠵᠣ᠂ ᠨᠡᠮᠡᠭᠳᠡᠯ ᠤᠨ ᠲᠠᠯᠳᠠ ᠬᠦᠴᠦᠨ ᠢ ᠪᠠᠳᠠᠷᠠᠭᠤᠯᠣᠨ᠂ ᠪᠦᠬᠦ ᠬᠤᠲᠠ ᠶᠢᠨ 69 ᠡᠷᠦᠬᠡ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢᠯᠡᠯ ᠤᠨ ᠠᠵᠣ ᠠᠬᠤᠶᠢᠯᠠᠯ ᠪᠦᠬᠦᠨ ᠢᠶᠠᠷ ᠢᠶᠠᠨ ᠠᠵᠢᠯ ᠰᠡᠷᠭᠦᠭᠡᠵᠦ᠂ ᠦᠢᠯᠡᠳᠭᠦᠨ ᠤ ᠥᠷᠳᠡᠭ 167.1 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠠᠵᠣ ᠦᠢᠯᠡᠳᠪᠦᠷᠢ ᠶᠢᠨ ᠲᠥᠷᠦᠯ ᠵᠦᠢᠯ ᠤᠨ ᠪᠡᠯᠡ ᠣᠷᠣᠭᠤᠯᠣᠯᠲᠠ 128.8 ᠳ᠋ᠦᠩᠰᠢᠭᠤᠷ ᠲᠦᠭᠦᠷᠢᠭ ᠲᠤ ᠬᠦᠷᠴᠦ᠂ 2.1 ᠲᠠᠬᠢᠨ ᠢᠶᠠᠷ ᠨᠡᠮᠡᠭᠳᠡᠪᠡ᠃ ᠡᠨᠧᠷᠬᠢ ᠶᠢᠨ ᠠᠵᠣ ᠦᠢᠯᠡᠳᠪᠦᠷᠢ ᠶᠢᠨ ᠰᠡᠷᠭᠦᠭᠡᠯᠲᠡ ᠢᠯᠡᠳᠲᠡ ᠪᠠᠶᠢᠵᠣ᠂ ᠦᠢᠯᠡᠳᠭᠦᠨ ᠤ ᠥᠷᠳᠡᠭ 13%᠎ ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ ᠶᠢᠨ ᠦᠢᠯᠡᠳᠭᠦᠨ ᠤ ᠥᠷᠳᠡᠭ ᠢ ᠲᠠᠶᠢᠴᠢᠯᠠᠨ 6.7 ᠵᠠᠭᠤᠨ ᠤ ᠬᠤᠪᠢ ᠶᠢᠨ ᠴᠡᠭ ᠢᠶᠠᠷ ᠨᠡᠮᠡᠭᠳᠡᠪᠡ᠃ ᠴᠠᠬᠢᠯᠭᠠᠨ ᠬᠦᠴᠦᠨ ᠤ ᠠᠵᠢᠯ ᠲᠥᠷᠦᠯ ᠲᠦᠷᠭᠡᠨ ᠬᠥᠭᠵᠢᠵᠦ᠂ ᠦᠢᠯᠡᠳᠭᠦᠨ ᠤ ᠥᠷᠳᠡᠭ 34.5%᠎ ᠪᠠᠷ ᠨᠡᠮᠡᠭᠳᠡᠪᠡ᠃ ᠰᠢᠨ᠎ᠡ ᠡᠨᠧᠷᠬᠢ ᠶᠢᠨ ᠠᠵᠣ ᠦᠢᠯᠡᠰ ᠲᠦᠷᠭᠡᠨ ᠬᠥᠭᠵᠢᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠨᠠᠷᠠᠨ ᠤ ᠭᠡᠷᠡᠯ ᠢᠶᠠᠷ ᠴᠠᠬᠢᠯᠭᠠᠨ ᠭᠠᠷᠭᠠᠬᠤ ᠬᠡᠮᠵᠢᠶ᠎ᠡ ᠲᠣᠰᠪᠣᠷᠢ 4.8% ᠪᠠ 64.5% ᠨᠡᠮᠡᠭᠳᠡᠭᠰᠡᠨ ᠪᠠᠶᠢᠨ᠎ᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠦᠴᠦᠷᠬᠡᠭ ᠬᠠᠨᠳᠣᠰᠢ ᠲᠠᠢ᠃ ᠡᠯᠧᠺᠲᠷᠣᠨ ᠠᠷᠠᠯᠵᠢᠶᠠᠨ ᠤ ᠬᠥᠭᠵᠢᠯᠲᠡ ᠴᠢᠬᠤᠯᠠ ᠶᠡᠭᠡ ᠰᠢᠪᠳᠣᠯᠣᠯᠲᠠ ᠲᠠᠢ ᠪᠠᠶᠢᠵᠣ᠂ ᠢ ᠳ᠋ᠦ᠋ ᠡᠯᠧᠺᠲᠷᠣᠨ ᠠᠷᠠᠯᠵᠢᠶᠠᠨ ᠤ ᠶᠠᠪᠣᠳᠠᠯ ᠤᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠠᠷᠠᠯᠵᠢᠶᠠᠨ ᠤ ᠶᠠᠪᠣᠳᠠᠯ ᠤᠨ ᠵᠢᠱᠢᠶ᠎ᠡ ᠦᠵᠡᠭᠦᠯᠬᠦ ᠠᠵᠣ ᠠᠬᠤᠶᠢᠯᠠᠯ ᠢ ᠴᠣᠭᠴᠠᠯᠠᠨ ᠪᠠᠶᠢᠭᠤᠯᠵᠣ᠂ ᠪᠦᠬᠦ ᠬᠤᠲᠠ ᠶᠢᠨ ᠡᠯᠧᠺᠲᠷᠣᠨ ᠠᠷᠠᠯᠵᠢᠶᠠᠨ ᠎ ᠤ ᠵᠠᠬ᠎ᠠ ᠲᠡᠯᠭᠡᠭᠦᠷ ᠤᠨ ᠭᠤᠣᠯ ᠴᠣᠭᠴᠠ 357 ᠡᠷᠦᠬᠡ ᠪᠠᠶᠢᠵᠣ᠂ ᠠᠷᠠᠯᠵᠢᠶᠠᠨ ᠤ ᠥᠷᠳᠡᠭ 5.6 ᠳ᠋ᠦᠩᠰᠢᠭᠤᠷ ᠲᠦᠭᠦᠷᠢᠭ ᠲᠤ ᠬᠦᠷᠪᠡ᠃ ᠢᠨᠲ᠋ᠧᠷ ᠰᠦᠯᠵᠢᠶ᠎ᠡ + ᠮᠠᠯ ᠤᠨ ᠪᠦᠳᠦᠬᠡᠭᠳᠡᠭᠦᠨ ᠤ ᠪᠠᠶᠢᠯᠳᠣᠬᠤ ᠪᠣᠳᠣᠯᠭ᠎ᠠ ᠶᠢᠨ ᠦᠷ᠎ᠡ ᠪᠦᠳᠦᠮᠵᠢ ᠢᠯᠡᠷᠬᠡᠢ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠰᠠᠶᠢᠨ᠃ ᠰᠢᠶᠠᠨ ᠳ᠋ᠠᠢ ᠪᠣᠳᠠᠰ ᠤᠨ ᠭᠦᠢᠯᠭᠡᠭᠡᠨ ᠪᠠ ᠮᠢᠨ ᠡᠾᠧ ᠪᠣᠳᠠᠰ ᠤᠨ ᠭᠦᠢᠯᠭᠡᠭᠡᠨ ᠬᠤᠶᠠᠷ ᠶᠡᠭᠡ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠦᠨ ᠨᠡᠶᠢᠳᠬᠡᠵᠦ᠂ ᠪᠣᠳᠠᠰ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠲᠠᠰᠣᠷᠠᠯᠲᠠ ᠦᠭᠡᠢ ᠲᠡᠭᠡᠭᠰᠢᠯᠡᠪᠡ᠃ ᠪᠦᠬᠦᠶᠢᠯᠡ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠬᠤ ᠠᠵᠢᠯ ᠨᠢ ᠲᠣᠭᠲᠠᠭᠤᠨ ᠢᠶᠠᠷ ᠠᠬᠢᠭᠤᠯᠣᠭᠳᠠᠵᠣ᠂ ᠰᠢᠯᠢ ᠶᠢᠨ ᠭᠤᠣᠯ ᠤᠨ ᠠᠮᠢ ᠠᠬᠤᠢ ᠶᠢᠨ ᠦᠵᠡᠮᠵᠢ ᠶᠢᠨ ᠪᠦᠰᠡᠨ ᠤ ᠲᠥᠷᠦᠯ ᠵᠦᠢᠯ ᠢ ᠲᠦᠷᠭᠡᠳᠬᠡᠨ ᠪᠠᠶᠢᠭᠤᠯᠵᠣ᠂ ︽ᠰᠢᠯᠢᠨ ᠦᠵᠡᠮᠵᠢ ᠶᠢᠨ ᠱᠣᠭᠤᠮ︾᠎ ᠤᠨ ᠲᠥᠷᠦᠯ ᠵᠦᠢᠯ ᠢ ᠡᠮᠬᠢ ᠲᠢᠭᠯᠢᠮ ᠲᠠᠢ ᠶᠠᠪᠣᠭᠳᠠᠭᠤᠯᠵᠣ᠂ ᠲᠣᠮᠳᠠᠳᠣ ᠣᠯᠣᠰ ᠤᠨ ᠠᠳᠣᠭᠤᠨ ᠰᠣᠶᠣᠯ ᠤᠨ ᠲᠦᠪ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠣᠷᠣᠨ ᠢᠶᠠᠷ ᠰᠣᠩᠭᠤᠭᠳᠠᠨ᠂ ︽ᠪᠣᠭᠤᠷᠣᠯ ᠲᠡᠣᠬᠡ ᠶᠢᠨ ᠬᠥᠯᠦᠭ ᠤᠨ ᠮᠠᠭᠳᠠᠭᠠᠯ︾ ᠵᠦᠴᠦᠭᠡ ᠎ ᠶᠢᠨ ᠴᠢᠨᠠᠷ ᠴᠢᠨᠰᠠᠭ᠎ᠠ ᠪᠠ ᠨᠥᠯᠦᠭᠡᠯᠡᠯ ᠤᠨ ᠬᠦᠴᠦᠨ ᠣᠯᠠᠮ ᠨᠢᠭᠡ ᠠᠯᠬᠤᠮ ᠲᠡᠭᠡᠭᠰᠢᠯᠡᠪᠡ᠃ ᠲᠦᠷᠪᠡᠨ ᠣᠯᠣᠰ ᠎ ᠤᠨ ᠡᠮᠡᠭᠲᠠᠢ ᠶᠢᠨ ᠰᠠᠭᠰᠣᠨ ᠪᠦᠮᠪᠦᠭᠡ ᠶᠢᠨ ᠮᠦᠷᠦᠶᠢᠴᠡᠭᠡᠨ᠂ ᠲᠣᠮᠳᠠᠳᠣ ᠣᠯᠣᠰ ᠤᠨ ᠮᠣᠷᠢᠨ ᠮᠡᠷᠭᠡᠵᠢᠯ ᠤᠨ ᠣᠷᠣᠯᠳᠣᠭᠠᠨ ᠵᠡᠷᠭᠡ 10 ᠭᠠᠷᠣᠢ ᠲᠡᠯᠡᠬᠡᠢ ᠶᠢᠨ ᠪᠠ ᠣᠯᠣᠰ ᠤᠨ ᠲᠣᠳᠣᠭᠠᠳᠣ ᠶᠢᠨ ᠴᠢᠬᠤᠯᠠ ᠶᠡᠭᠡ ᠣᠷᠣᠯᠳᠣᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠤᠨ ᠵᠢᠭᠤᠯᠴᠢᠯᠠᠯ ᠤᠨ ᠣᠷᠣᠯᠭ᠎ᠠ 72.9 ᠳ᠋ᠦᠩᠰᠢᠭᠤᠷ ᠲᠦᠭᠦᠷᠢᠭ ᠪᠠᠶᠢᠵᠣ᠂ 15%᠎ ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠣᠰᠪᠣᠷᠢ 286 ᠳ᠋ᠦᠩᠰᠢᠭᠤᠷ ᠲᠦᠭᠦᠷᠢᠭ ᠪᠠ 288 ᠳ᠋ᠦᠩᠰᠢᠭᠤᠷ ᠲᠦᠭᠦᠷᠢᠭ᠃ ᠼᠣᠣ ᠳ᠋ᠦ᠋ ᠮᠠᠯ ᠤᠨ ᠦᠢᠯᠡᠰ ᠤᠨ ᠺᠣᠮᠫᠠᠨᠢ᠂ ᠡᠷᠳᠡᠨᠢ ᠢᠲᠡᠭᠡᠨ ᠤ ᠬᠢᠵᠠᠭᠠᠷᠳᠣ ᠺᠣᠮᠫᠠᠨᠢ ᠰᠲ᠋ᠣᠺ ᠤᠨ ᠵᠠᠬ᠎ᠠ ᠳᠤ ᠠᠮᠵᠢᠯᠲᠠ ᠲᠠᠢ ᠭᠠᠷᠪᠠ᠃ ᠭᠠᠳᠠᠭᠠᠳᠣ ᠠᠷᠠᠯᠵᠢᠶᠠᠨ ᠤ ᠴᠡᠪᠡᠷ ᠣᠷᠣᠯᠭ᠎ᠠ 187 ᠲᠦᠮᠡᠨ ᠳ᠋ᠣᠯᠯᠠᠷ ᠪᠠᠶᠢᠵᠣ᠂ 87%᠎ ᠪᠠᠷ ᠨᠡᠮᠡᠭᠳᠡᠪᠡ᠃               ︵ᠬᠤᠶᠠᠷ︶ ᠣᠯᠠᠨ ᠵᠦᠢᠯ ᠤᠨ ᠠᠷᠭ᠎ᠠ ᠪᠠᠷ ᠪᠡᠯᠡ ᠣᠷᠣᠭᠤᠯᠬᠤ ᠶᠢ ᠥᠷᠭᠡᠳᠬᠡᠨ᠂ ᠲᠥᠷᠦᠯ ᠵᠦᠢᠯ ᠤᠨ ᠪᠦᠳᠦᠭᠡᠨ ᠪᠠᠶᠢᠭᠤᠯᠣᠯᠲᠠ ᠪᠣᠳᠠᠲᠠᠢ ᠦᠷ᠎ᠡ ᠪᠦᠳᠦᠮᠵᠢ ᠣᠯᠪᠠ᠃ 73 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠵᠦ᠂ 173.9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠡᠨᠡ ᠨᠢ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠣᠯᠲᠠ ᠶᠢᠨ ᠬᠤᠪᠢ ᠶᠢᠨ ᠵᠢᠩ ᠤᠨ 96%᠎ ᠶᠢ ᠡᠵᠡᠯᠡᠵᠦ᠂ ᠠᠵᠣ ᠠᠬᠤᠢ ᠶᠢᠨ ᠨᠡᠮᠡᠭᠳᠡᠯ ᠢ  8 ᠵᠠᠭᠤᠨ ᠤ ᠬᠤᠪᠢ ᠶᠢᠨ ᠴᠡᠭ ᠢᠶᠠᠷ ᠲᠠᠶᠢᠴᠢᠯᠠᠪᠠ᠃ ᠠᠷᠠᠯᠵᠢᠶᠠᠴᠢᠨ ᠣᠷᠢᠵᠣ ᠪᠡᠯᠡ ᠣᠷᠣᠭᠤᠯᠣᠭᠰᠠᠨ ᠦᠷ᠎ᠡ ᠪᠦᠳᠦᠮᠵᠢ ᠢᠯᠡᠷᠬᠡᠢ᠂ ᠪᠦᠬᠦ ᠵᠢᠯ ᠳᠤ 9 ᠭᠤᠣᠯᠳᠠᠯᠭ᠎ᠠ ᠲᠠᠢ ᠲᠥᠷᠦᠯ ᠵᠦᠢᠯ ᠢ ᠲᠠᠳᠠᠨ ᠣᠷᠣᠭᠤᠯᠵᠣ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠪᠠᠭᠠᠨ᠎ᠠ ᠦᠢᠯᠡᠳᠬᠦ᠂ ᠨᠡᠭᠦᠷᠡᠰᠦᠨ ᠨᠣᠨᠳᠠᠭ ᠢ ᠶᠡᠷᠦᠩᠬᠡᠶᠢᠯᠡᠨ ᠠᠰᠢᠭᠯᠠᠬᠤ᠂ ᠬᠤᠲᠠ ᠶᠢᠨ ᠭᠠᠵᠠᠷ ᠲᠣᠣᠷᠠᠬᠢ ᠶᠡᠷᠦᠩᠬᠡᠶᠢᠯᠡᠭᠰᠡᠨ ᠬᠤᠭᠤᠯᠠᠢ ᠲᠣᠣᠷ ᠵᠡᠷᠭᠡ ᠨᠢᠭᠡ ᠪᠦᠯᠦᠭ ᠠᠵᠣ ᠠᠬᠤᠢ ᠶᠢᠨ ᠨᠡᠶᠢᠭᠡᠮ ᠤᠨ ᠬᠥᠭᠵᠢᠯᠲᠡ ᠶᠢ ᠲᠠᠶᠢᠴᠢᠯᠠᠬᠤ ᠬᠦᠴᠦᠨ ᠢᠶᠠᠷ ᠴᠢᠩᠭ᠎ᠠ ᠲᠥᠷᠦᠯ ᠵᠦᠢᠯ ᠲᠠᠢ ᠭᠡᠷ᠎ᠡ ᠲᠣᠭᠲᠠᠨ᠂ ᠭᠡᠷ᠎ᠡ ᠲᠣᠭᠲᠠᠭᠰᠠ ᠪᠡᠯᠡ ᠮᠥᠩᠭᠦ 145.8 ᠳ᠋ᠦᠩᠰᠢᠭᠤᠷ ᠲᠦᠭᠦᠷᠢᠭ ᠲᠤ ᠬᠦᠷᠪᠡ᠃ ᠲᠥᠷᠦᠯ ᠵᠦᠢᠯ  ᠎ ᠢ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠦᠯ ᠵᠦᠢᠯ ᠎ ᠤᠨ ᠬᠢᠨᠠᠨ ᠵᠥᠪᠰᠢᠶᠡᠷᠡᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠣᠨᠴᠠ ᠥᠨᠳᠦᠷ ᠬᠦᠴᠦᠳᠡᠯᠳᠦ ᠴᠠᠬᠢᠯᠭᠠᠨ ᠬᠦᠷᠭᠡᠬᠦ᠂ ᠲᠣᠮᠣ ᠲᠤᠭ᠎ᠠ ᠪᠠᠷᠢᠮᠲᠠ ᠵᠡᠷᠭᠡ 28 ᠭᠤᠣᠯᠳᠠᠯᠭ᠎ᠠ ᠲᠠᠢ ᠲᠥᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠭᠦᠯᠪᠡ᠃ ᠰᠢᠯᠢ ᠶᠢᠨ ᠭᠤᠣᠯ ᠠᠶᠢᠮᠠᠭ ᠠᠴᠠ ᠵᠢᠶᠠᠩᠰᠣ ᠶᠢᠨ ᠲᠠᠶᠢᠵᠧᠣ ᠬᠦᠷᠬᠦ᠂ ᠱᠠᠨᠳᠦ᠋ᠩ ᠤᠨ ᠵᠢᠨᠠᠨ ᠬᠦᠷᠬᠦ ᠣᠨᠴᠠ ᠥᠨᠳᠦᠷ ᠬᠦᠴᠦᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠢ ᠲᠦᠷᠭᠡᠨ ᠠᠬᠢᠭᠤᠯᠵᠣ᠂ ᠳ᠋ᠠ ᠲᠠᠩ᠂ ᠮᠧᠩ ᠨᠧᠩ ᠵᠡᠷᠭᠡ ᠴᠠᠬᠢᠯᠭᠠᠨ ᠰᠣᠷᠪᠣᠯᠵᠢ ᠶᠢᠨ ᠲᠥᠷᠦᠯ ᠵᠦᠢᠯ ᠤᠨ ᠠᠬᠢᠴᠠ ᠣᠷᠣᠭᠰᠢᠲᠠᠢ᠂ ᠬᠤᠸᠠ ᠳ᠋ᠢᠶᠠᠨ᠂ ᠹᠧᠩ ᠸᠧᠢ ᠭᠡᠷᠡᠯ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠨᠢ ᠠᠰᠢᠭᠯᠠᠯᠲᠠ ᠳᠤ ᠣᠷᠣᠪᠠ᠃ ᠱᠠᠩᠬᠠᠢ ᠶᠢᠨ ᠴᠠᠬᠢᠯᠭᠠᠨ ᠡᠨᠧᠷᠬᠢ ᠶᠢᠨ ᠮᠠᠰᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠠᠵᠢᠯ ᠡᠬᠢᠯᠡᠨ᠂ ᠮᠢᠩ ᠶᠠᠩ ᠰᠢᠨ᠎ᠡ ᠡᠨᠧᠷᠬᠢ ᠶᠢᠨ ᠰᠣᠷᠪᠣᠯᠵᠢ ᠶᠢᠨ ᠮᠠᠰᠢᠨ ᠲᠣᠨᠣᠭᠯᠠᠯ ᠦᠢᠯᠡᠳᠬᠦ ᠲᠥᠷᠦᠯ ᠵᠦᠢᠯ ᠢ ᠲᠣᠭᠲᠠᠭᠤᠨ ᠢᠶᠠᠷ ᠠᠬᠢᠭᠤᠯᠪᠠ᠃ ᠳ᠋ᠠ ᠵᠣᠸᠠᠩ ᠶᠣᠸᠠᠨ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠣᠷᠠᠭᠤᠯᠬᠤ ᠲᠥᠷᠦᠯ ᠵᠦᠢᠯ ᠠᠰᠢᠭᠯᠠᠯᠲᠠ ᠳᠤ ᠣᠷᠣᠪᠠ᠃ ᠬᠤᠲᠠ ᠶᠢᠨ ᠵᠠᠮ᠂ ᠬᠤᠭᠤᠯᠠᠢ ᠲᠣᠣᠷ᠂ ᠨᠣᠭᠤᠭᠠᠷᠠᠭᠤᠯᠣᠯᠲᠠ᠂ ᠭᠡᠭᠡᠷᠡᠭᠦᠯᠦᠯᠲᠡ ᠵᠡᠷᠭᠡ ᠨᠢᠭᠡ ᠪᠦᠯᠦᠭ ᠬᠤᠲᠠ ᠶᠢᠨ ᠶᠠᠪᠣᠳᠠᠯ ᠤᠨ ᠲᠥᠷᠦᠯ ᠵᠦᠢᠯ ᠬᠤᠭᠤᠴᠠᠭ᠎ᠠ ᠶᠣᠰᠣᠭᠠᠷ ᠠᠵᠢᠯ ᠲᠠᠭᠤᠰᠴᠣ᠂ ᠵᠠᠰᠠᠮᠠᠯ ᠵᠠᠮ᠂ ᠲᠡᠮᠦᠷ ᠵᠠᠮ᠂ ᠴᠠᠬᠢᠯᠭᠠᠨ ᠬᠦᠴᠦᠨ᠂ ᠣᠰᠣᠨ ᠠᠰᠢᠭᠯᠠᠯᠲᠠ ᠵᠡᠷᠭᠡ ᠨᠢᠭᠡ ᠪᠦᠯᠦᠭ ᠰᠠᠭᠤᠷᠢ ᠶᠢ ᠪᠠᠳᠣᠳᠬᠠᠬᠤ᠂ ᠲᠣᠳᠠᠭᠤᠳᠠᠯ ᠢᠶᠠᠨ ᠨᠥᠬᠦᠪᠦᠷᠢᠯᠡᠬᠦ ᠲᠥᠷᠦᠯ ᠵᠦᠢᠯ ᠢ ᠡᠮᠬᠢ ᠲᠢᠭᠯᠢᠮ ᠲᠠᠢ ᠬᠡᠷᠡᠭᠵᠢᠭᠦᠯᠵᠦ᠂ ᠰᠢᠯᠢᠨ ᠢ ᠡᠾᠧ ᠶᠣᠸᠠᠨ ᠨᠠᠰᠣᠳᠠᠶᠢᠴᠣᠳ ᠤᠨ ᠠᠰᠠᠷᠠᠮᠵᠢ ᠶᠢᠨ ᠲᠦᠪ᠂ ᠬᠤᠲᠠ ᠬᠦᠲᠡᠭᠡᠨ ᠤ ᠬᠡᠣᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪ ᠵᠡᠷᠭᠡ ᠠᠷᠠᠳ ᠤᠨ ᠠᠮᠢᠳᠣᠷᠠᠯ ᠤᠨ ᠲᠥᠷᠦᠯ ᠵᠦᠢᠯ ᠢ ᠬᠦᠴᠦᠯᠡᠨ ᠠᠬᠢᠭᠤᠯᠵᠣ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠣᠷᠢ ᠶᠢ ᠢᠯᠡᠳᠳᠡ ᠨᠡᠮᠡᠭᠳᠡᠭᠦᠯᠪᠡ᠃               ︵ᠭᠤᠷᠪᠠ︶ ᠡᠷᠴᠢ ᠵᠣᠷᠢᠭ ᠢᠶᠠᠨ ᠴᠢᠩᠭᠠᠯᠠᠨ ᠠᠮᠢ ᠠᠬᠤᠢ ᠶᠢ ᠠᠳᠬᠤᠵᠣ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠢᠯᠡᠳᠲᠡ ᠰᠠᠶᠢᠵᠢᠷᠠᠪᠠ᠃ ᠠᠮᠢ ᠠᠬᠤᠢ ᠶᠢᠨ ᠪᠦᠳᠦᠭᠡᠨ ᠪᠠᠶᠢᠭᠤᠯᠣᠯᠲᠠ ᠶᠢ ᠪᠠᠳᠣᠲᠠᠢ ᠠᠬᠢᠭᠤᠯᠪᠠ᠃ 5.4 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠭᠤᠣᠯᠳᠠᠯᠭ᠎ᠠ ᠲᠠᠢ ᠣᠷᠣᠨ ᠲᠣᠭᠤᠷᠢᠭ ᠲᠤ ᠨᠣᠭᠤᠭᠠᠷᠠᠭᠤᠯᠣᠯᠲᠠ ᠬᠢᠬᠦ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ᠠᠮᠢ ᠠᠬᠤᠢ ᠶᠢᠨ ᠣᠰᠣᠨ ᠰᠢᠰᠲ᠋ᠧᠮ ᠢ ᠵᠠᠰᠠᠨ ᠴᠡᠭᠴᠡᠯᠡᠬᠦ᠂ ᠵᠢᠵᠢᠭ ᠣᠷᠣᠰᠬᠠᠯ ᠲᠠᠭᠠᠣ ᠣᠷᠣᠨ ᠢ ᠵᠠᠰᠠᠬᠤ᠂ ᠠᠭᠤᠷᠬᠠᠢ ᠪᠣᠯᠣᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠵᠡᠷᠭᠡ 7.2 ᠲᠦᠮᠡᠨ ᠮᠣ᠋ ᠠᠮᠢ ᠠᠬᠤᠢ ᠎ ᠶᠢᠨ ᠪᠦᠳᠦᠭᠡᠨ ᠪᠠᠶᠢᠭᠤᠯᠣᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠰᠢᠨ᠎ᠡ ᠨᠢᠭᠡ ᠡᠭᠡᠯᠵᠢ ᠶᠢᠨ ᠲᠠᠯ᠎ᠠ ᠨᠣᠳᠤᠭ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ 2087 ᠲᠦᠮᠡᠨ ᠮᠣ᠋ ᠭᠠᠵᠠᠷ ᠲᠤ ᠨᠥᠬᠦᠪᠦᠷᠢ ᠱᠠᠩᠨᠠᠯ ᠥᠭᠴᠦ᠂ 5700 ᠲᠦᠮᠡᠨ ᠲᠥᠭᠦᠷᠢᠭ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠪᠠᠭᠤᠯᠭᠠᠪᠠ᠃ ᠪᠠᠶᠢᠭᠠᠯᠢᠯᠢᠭ ᠪᠡᠯᠴᠢᠭᠡᠷ ᠨᠣᠳᠤᠭ ᠤᠨ ᠮᠠᠯ ᠎ ᠤᠨ ᠲᠠᠭᠠᠭᠠᠴᠠ ᠶᠢ ᠬᠢᠨᠠᠨ ᠲᠣᠭᠲᠠᠭᠠᠵᠣ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠲᠦᠷᠢᠮ ᠵᠦᠷᠢᠴᠡᠨ ᠪᠡᠯᠴᠢᠭᠡᠷᠯᠡᠭᠦᠯᠬᠦ᠂ ᠲᠠᠭᠠᠭᠠᠴᠠ ᠠᠴᠠ ᠬᠡᠳᠦᠷᠡᠭᠦᠯᠦᠨ ᠪᠡᠯᠴᠢᠭᠡᠷᠯᠡᠭᠦᠯᠬᠦ ᠵᠡᠷᠭᠡ ᠲᠠᠯ᠎ᠠ ᠨᠣᠳᠤᠭ ᠤᠨ ᠠᠮᠢ ᠠᠬᠤᠢ ᠶᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠨᠣᠳᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠨ ᠲᠠᠭᠠᠭᠠᠴᠢᠯᠠᠭᠤᠯᠬᠤ ᠬᠠᠮᠢᠶᠠᠷᠣᠯᠲᠠ ᠶᠢᠨ ᠬᠡᠯᠪᠡᠷᠢ ᠪᠠ ᠬᠡᠷᠡᠭᠵᠢᠭᠦᠯᠬᠦ ᠲᠣᠭᠳᠠᠴᠠ ᠶᠢ ᠪᠠᠶᠢᠭᠤᠯᠣᠨ ᠪᠦᠷᠢᠨᠰᠢᠭᠦᠯᠵᠦ᠂ ᠨᠣᠳᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠨ ᠲᠠᠩᠰᠠᠯᠠᠬᠤ ᠦᠨᠡᠮᠯᠡᠯ ᠰᠣᠯᠢᠬᠤ ᠠᠵᠢᠯ ᠢ ᠲᠦᠷᠭᠡᠳᠬᠡᠨ᠂ ᠨᠣᠳᠤᠭ ᠪᠡᠯᠴᠢᠭᠡᠷ  ᠎ ᠤᠨ ᠡᠭᠡᠯᠵᠢᠯᠡᠬᠦ ᠠᠵᠢᠯᠯᠠᠭ᠎ᠠ ᠶᠢ ᠲᠦᠷᠢᠮᠵᠢᠭᠦᠯᠪᠡ᠃ ᠲᠠᠷᠢᠶᠠᠯᠠᠩ ᠤᠨ ᠦᠢᠯᠡᠰ ᠤᠨ ᠶᠠᠮᠣᠨ ᠤ ᠲᠠᠯ᠎ᠠ ᠨᠣᠳᠤᠭ ᠤᠨ ᠭᠠᠯ ᠰᠡᠷᠭᠡᠶᠢᠯᠡᠬᠦ ᠲᠥᠷᠦᠯ ᠵᠦᠢᠯ ᠢ ᠡᠬᠢᠯᠡᠭᠦᠯᠦᠨ᠂ ᠭᠠᠯ ᠰᠡᠷᠭᠡᠶᠢᠯᠡᠬᠦ ᠶᠢ ᠣᠷᠢᠳᠴᠢᠯᠠᠨ ᠰᠡᠷᠡᠮᠵᠢᠯᠡᠬᠦ ᠰᠢᠰᠲ᠋ᠧᠮ ᠪᠠ ᠭᠠᠯ ᠣᠨᠳᠠᠷᠠᠭᠠᠬᠤ ᠴᠢᠳᠠᠪᠣᠷᠢ ᠶᠢ ᠣᠯᠠᠮ ᠨᠢᠭᠡ ᠠᠯᠬᠤᠮ ᠨᠡᠮᠡᠭᠳᠡᠭᠦᠯᠪᠡ᠃ ᠣᠰᠣᠨ ᠤ ᠡᠬᠢ ᠰᠣᠷᠪᠣᠯᠵᠢ ᠶᠢᠨ ᠬᠠᠮᠢᠶᠠᠷᠣᠯᠲᠠ ᠶᠢᠨ ᠲᠦᠷᠢᠮ ᠢ ᠬᠡᠷᠡᠭᠵᠢᠭᠦᠯᠵᠦ᠂ ᠪᠦᠬᠦ ᠬᠤᠲᠠ ᠶᠢᠨ ᠣᠰᠣ ᠶᠢ ᠠᠰᠢᠭᠯᠠᠵᠣ ᠬᠡᠷᠡᠭᠯᠡᠬᠦ ᠬᠡᠮᠵᠢᠶ᠎ᠡ᠂ ᠠᠵᠣ ᠦᠢᠯᠡᠳᠪᠦᠷᠢ ᠶᠢᠨ ᠨᠡᠮᠡᠭᠳᠡᠯ ᠥᠷᠳᠡᠭ ᠤᠨ ᠣᠰᠣ ᠬᠡᠷᠡᠭᠯᠡᠬᠦ ᠬᠡᠮᠵᠢᠶ᠎ᠡ᠂ ᠲᠦᠮᠡᠨ ᠲᠦᠭᠦᠷᠢᠭ ᠤᠨ GDP ᠣᠰᠣ ᠬᠡᠷᠡᠭᠯᠡᠬᠦ ᠬᠡᠮᠵᠢᠶ᠎ᠡ ᠲᠣᠰᠪᠣᠷᠢ 2%᠂ 17.6%᠂ 6.5%᠎ ᠪᠠᠷ ᠲᠣᠷᠣᠭᠰᠢᠯᠠᠵᠣ᠂ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠣᠯᠲᠠ ᠦᠷ᠎ᠡ ᠪᠦᠳᠦᠮᠵᠢ ᠢᠯᠡᠷᠬᠡᠢ᠃                 ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠠᠭᠠᠷ ᠤᠨ ᠪᠣᠬᠢᠷᠳᠣᠯ᠂ ᠣᠰᠣᠨ ᠤ ᠪᠣᠬᠢᠷᠳᠣᠯ ᠵᠡᠷᠭᠡ  ᠎ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠣᠨ᠂ 72 ᠨᠡᠭᠦᠷᠡᠰᠦ ᠰᠢᠲᠠᠭᠠᠬᠤ ᠭᠦᠸᠧᠯᠣ ᠶᠢ ᠥᠭᠡᠷᠡᠴᠢᠯᠡᠨ ᠵᠠᠰᠠᠬᠤ ᠪᠠ ᠰᠢᠭᠰᠢᠨ ᠲᠠᠶᠠᠭᠳᠠᠵᠣ ᠂ ᠪᠦᠬᠦ ᠵᠢᠯ ᠤᠨ ᠣᠬᠢ ᠰᠠᠶᠢᠨ ᠠᠭᠤᠷ ᠠᠮᠢᠰᠬᠤᠯ ᠲᠠᠢ ᠡᠳᠦᠷ 353᠃ ᠰᠢᠯᠢ ᠶᠢᠨ ᠭᠤᠣᠯ ᠤᠨ ᠲᠠᠯ᠎ᠠ ᠨᠣᠳᠤᠭ ᠎ ᠤᠨ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ ᠵᠦᠷᠢᠴᠡᠨ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠲᠦᠪᠯᠡᠷᠡᠩᠭᠦᠢ ᠵᠠᠰᠠᠨ ᠴᠡᠭᠴᠡᠯᠡᠵᠦ᠂ 67 ᠭᠤᠣᠯᠳᠠᠯᠭ᠎ᠠ ᠲᠠᠢ ᠠᠵᠣ ᠦᠢᠯᠡᠳᠪᠦᠷᠢ ᠠᠭᠤᠷᠬᠠᠢ ᠶᠢᠨ ᠠᠵᠣ ᠠᠬᠤᠶᠢᠯᠠᠯ ᠢ ᠵᠠᠰᠠᠨ ᠴᠡᠭᠴᠡᠯᠡᠵᠦ᠂ ᠭᠤᠣᠯᠳᠠᠯᠭ᠎ᠠ ᠲᠠᠢ ᠣᠷᠣᠨ᠂ ᠵᠠᠪᠰᠠᠷ ᠤᠨ ᠣᠷᠣᠨ ᠤ ᠵᠢᠭᠤᠯᠴᠢᠯᠠᠯ ᠤᠨ ᠠᠵᠣ ᠠᠬᠤᠶᠢᠯᠠᠯ ᠢ ᠪᠦᠬᠦᠨ ᠢ ᠡᠭᠦᠲᠡ ᠶᠢ ᠨᠢ ᠬᠠᠭᠠᠯᠭᠠᠬᠤ ᠪᠣᠶᠣ ᠵᠠᠰᠠᠨ ᠥᠭᠡᠷᠡᠴᠢᠯᠡᠵᠦ᠂ ᠲᠦᠪ ᠤᠨ ᠣᠷᠴᠢᠨ ᠲᠣᠭᠤᠷᠢᠨ ᠤ  ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ ᠲᠣᠭᠤᠶᠢᠯᠠᠩ ᠎ ᠤᠨ ᠲᠣᠰᠢᠶᠠᠭᠰᠠᠨ ᠣᠷᠴᠢᠨ ᠲᠣᠭᠤᠷᠢᠨ ᠤ ᠵᠠᠬᠢᠳᠠᠯ ᠰᠣᠷᠪᠣᠯᠵᠢᠯᠠᠭ᠎ᠠ ᠶᠢᠨ ᠶᠠᠪᠣᠳᠠᠯ ᠢ ᠪᠦᠬᠦᠨ ᠢ ᠬᠤᠭᠤᠴᠠᠭ᠎ᠠ ᠶᠣᠰᠣᠭᠠᠷ ᠭᠦᠢᠴᠡᠳᠬᠡᠭᠰᠡᠨ ᠪᠠᠶᠢᠨ᠎ᠠ᠃ ᠪᠣᠵᠠᠷ ᠣᠰᠣ ᠶᠢ ᠭᠠᠳᠠᠭᠰᠢᠯᠠᠭᠤᠯᠬᠤ ᠬᠢᠨᠠᠨ ᠬᠡᠮᠵᠢᠯᠲᠡ ᠶᠢ ᠴᠢᠩᠭᠠᠳᠬᠠᠨ᠂ ᠪᠣᠵᠠᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠨ ᠥᠭᠡᠷᠡᠴᠢᠯᠡᠨ ᠪᠠᠶᠢᠭᠤᠯᠵᠣ᠂ ᠪᠠᠷᠢᠮᠵᠢᠶᠠᠨ ᠳᠤ ᠬᠦᠷᠴᠦ ᠭᠠᠳᠠᠭᠰᠢᠯᠠᠭᠤᠯᠬᠤ ᠶᠢ ᠪᠡᠶᠡᠯᠡᠭᠦᠯᠪᠡ᠃ ᠬᠤᠭ ᠨᠣᠪᠰᠢ ᠶᠢ ᠰᠢᠳᠠᠭᠠᠨ ᠴᠠᠬᠢᠯᠭᠠᠨ ᠭᠠᠷᠭᠠᠬᠤ ᠲᠥᠷᠦᠯ ᠵᠦᠢᠯ ᠢ ᠲᠠᠳᠠᠨ ᠣᠷᠣᠭᠤᠯᠵᠣ᠂ ᠬᠤᠭ ᠨᠣᠪᠰᠢ ᠶᠢ ᠬᠤᠣᠷᠳᠠᠯ ᠦᠭᠡᠢ ᠰᠢᠢᠳᠪᠦᠷᠢᠯᠡᠬᠦ ᠬᠢᠷᠢ ᠲᠦᠪᠰᠢᠨ ᠢ ᠲᠡᠭᠡᠭᠰᠢᠯᠡᠭᠦᠯᠪᠡ᠃ ᠡᠨᠧᠷᠬᠢ ᠠᠷᠪᠢᠯᠠᠬᠤ ᠶᠢ  ᠦᠨᠡᠯᠡᠨ ᠪᠠᠶᠢᠴᠠᠭᠠᠵᠣ ᠲᠠᠩᠰᠠᠯᠠᠬᠤ ᠶᠢ ᠴᠢᠩᠳᠠᠯᠠᠨ᠂ ᠠᠵᠣ ᠠᠬᠤᠶᠢᠯᠠᠯ ᠤᠨ ᠭᠠᠳᠠᠭᠰᠢᠯᠠᠭᠤᠯᠬᠤ ᠶᠢ ᠪᠠᠭᠠᠰᠬᠠᠬᠤ ᠥᠭᠡᠷᠡᠴᠢᠯᠡᠯᠲᠡ ᠶᠢ ᠰᠠᠶᠢᠳᠣᠷ ᠠᠳᠬᠤᠨ᠂ ᠡᠨᠧᠷᠬᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠲᠦᠭᠦᠷᠡᠩ ᠠᠮᠵᠢᠯᠲᠠ ᠲᠠᠢ ᠪᠡᠶᠡᠯᠡᠭᠦᠯᠪᠡ᠃             ︵ᠲᠦᠷᠪᠡ︶ ᠰᠠᠭᠤᠷᠢ ᠶᠢ ᠬᠦᠴᠦᠷᠬᠡᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠨ᠂ ᠬᠤᠲᠠ ᠬᠦᠲᠡᠭᠡ ᠶᠢᠨ ᠲᠡᠰ ᠴᠢᠨᠠᠷ ᠢ ᠦᠷᠭᠦᠯᠵᠢᠯᠡᠨ ᠲᠡᠭᠡᠭᠰᠢᠯᠡᠭᠦᠯᠪᠡ᠃ ᠰᠠᠭᠤᠷᠢ ᠲᠥᠬᠦᠬᠡᠷᠦᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠪᠡ᠃ ᠰᠢᠯᠢ ᠶᠢᠨ ᠬᠤᠲᠠ ᠠᠴᠠ ᠡᠷᠢᠶᠡᠨ ᠬᠤᠲᠠ ᠬᠦᠷᠬᠦ ᠲᠡᠮᠦᠷ ᠵᠠᠮ ᠢ ᠠᠰᠢᠭᠯᠠᠯᠲᠠ ᠳᠤ ᠣᠷᠣᠭᠤᠯᠣᠨ᠂ ᠰᠢᠯᠢ ᠶᠢᠨ ᠬᠤᠲᠠ ᠠᠴᠠ ᠴᠢᠭᠤᠯᠣᠯᠳᠣ ᠬᠠᠭᠠᠯᠭ᠎ᠠ ᠬᠦᠷᠬᠦ ᠥᠨᠳᠦᠷ ᠬᠤᠷᠳᠣᠴᠠᠳᠣ ᠲᠡᠮᠦᠷ ᠵᠠᠮ ᠢ ᠣᠯᠣᠰ ᠤᠨ ᠲᠡᠮᠦᠷ ᠵᠠᠮ ᠤᠨ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠥᠯᠦᠪᠵᠢᠭᠦᠯᠭᠡ ᠳᠤ ᠣᠷᠣᠭᠤᠯᠵᠣ᠂ ᠰᠢᠯᠢ ᠶᠢᠨ ᠬᠤᠲᠠ ᠠᠴᠠ ᠬᠦᠬᠡᠬᠤᠲᠠ ᠪᠣᠭᠤᠳᠣ ᠬᠦᠷᠬᠦ ᠲᠡᠮᠦᠷ ᠵᠠᠮ ᠤᠨ ᠬᠤᠷᠳᠣᠴᠠ ᠶᠢ ᠲᠡᠭᠡᠭᠰᠢᠯᠡᠭᠦᠯᠬᠦ ᠢᠨᠵᠧᠨᠧᠷᠢᠩ ᠢ ᠢᠲᠡᠪᠬᠢᠲᠠᠢ ᠠᠬᠢᠭᠤᠯᠪᠠ᠃ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠥᠨᠳᠦᠷ ᠬᠤᠷᠳᠣᠴᠠᠳᠣ ᠵᠠᠮ ᠢ ᠪᠦᠬᠦᠨ ᠢ ᠪᠠᠶᠢᠭᠤᠯᠣᠨ ᠲᠠᠭᠤᠰᠴᠣ᠂ ᠣᠯᠣᠰ ᠤᠨ ᠲᠡᠰ ᠤᠨ ᠵᠠᠮ 303᠎ ᠤᠨ ᠪᠡᠯᠭᠦᠲᠠᠢ ᠠᠴᠠ ᠰᠢᠯᠢ ᠶᠢᠨ ᠬᠤᠲᠠ ᠬᠦᠷᠬᠦ ᠲᠥᠷᠦᠯ ᠵᠦᠢᠯ ᠢ ᠲᠦᠷᠭᠡᠳᠬᠡᠨ ᠪᠠᠶᠢᠭᠤᠯᠵᠣ᠂ 300 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠨᠢᠰᠬᠡᠯ ᠤᠨ ᠲᠠᠯᠠᠪᠠᠢ ᠶᠢ ᠥᠭᠡᠷᠡᠴᠢᠯᠡᠵᠦ ᠦᠷᠭᠡᠳᠬᠡᠬᠦ ᠠᠵᠢᠯ ᠢ ᠡᠮᠬᠢ ᠲᠢᠭᠯᠢᠮ ᠲᠠᠢ ᠠᠬᠢᠭᠤᠯᠣᠨ᠂ ᠪᠦᠬᠦ ᠵᠢᠯ ᠤᠨ ᠠᠶᠠᠨᠴᠢᠳ ᠤᠨ ᠣᠷᠣᠵᠣ ᠭᠠᠷᠣᠭᠰᠠᠨ ᠬᠡᠮᠵᠢᠶ᠎ᠡ 58.2 ᠲᠦᠮᠡᠨ ᠬᠦᠮᠦᠨ ᠣᠳᠠᠭ᠎ᠠ ᠳᠤ ᠬᠦᠷᠴᠦ᠂ ᠲᠡᠣᠬᠡᠨ ᠳᠠᠬᠢ ᠬᠠᠮᠤᠭ ᠥᠨᠳᠦᠷ ᠬᠡᠮᠵᠢᠶ᠎ᠡ ᠎ ᠶᠢ ᠡᠭᠦᠳᠪᠡ᠃ 1.9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠨ᠂ 515 ᠺᠢᠯᠣᠮᠧᠲᠷ ᠴᠠᠬᠢᠯᠭᠠᠨ ᠬᠦᠴᠦᠨ ᠤ ᠵᠠᠮ ᠱᠣᠭᠤᠮ ᠢ ᠰᠢᠨ᠎ᠡ ᠪᠠᠷ ᠥᠭᠡᠷᠡᠴᠢᠯᠡᠨ ᠵᠠᠰᠠᠵᠣ᠂ 4G᠎ ᠶᠢᠨ ᠰᠦᠯᠵᠢᠶᠡᠨ ᠤ ᠰᠠᠭᠤᠷᠢ ᠥᠷᠳᠡᠭᠡ 242᠎ ᠶᠢ ᠪᠠᠶᠢᠭᠤᠯᠵᠣ᠂ 81 ᠺᠢᠯᠣᠮᠧᠲᠷ ᠮᠡᠳᠡᠭᠡ ᠬᠤᠯᠪᠣᠭᠠᠨ ᠤ ᠲᠣᠣᠷ ᠢ ᠪᠠᠶᠢᠭᠤᠯᠪᠠ᠃ 4309 ᠲᠦᠮᠡᠨ ᠲᠥᠭᠦᠷᠢᠭ ᠤᠨ ᠪᠡᠯᠡ ᠣᠷᠣᠭᠤᠯᠵᠣ᠂ ᠭᠠᠳᠠᠷ ᠲᠣᠭᠤᠷᠢᠭᠤᠯ ᠵᠠᠮ ᠤᠨ ᠲᠠᠷᠢᠶᠠᠯᠠᠬᠤ ᠮᠠᠯᠵᠢᠬᠤ ᠣᠷᠣᠨ ᠤ ᠦᠶᠡᠷ ᠢ ᠰᠡᠷᠭᠡᠶᠢᠯᠡᠬᠦ᠂ ᠰᠢᠶᠣᠣ ᠭᠦ᠋ ᠱᠠᠨ ᠣᠰᠣᠨ ᠴᠦᠬᠦᠷᠦᠮ ᠤᠨ ᠠᠶᠣᠯ ᠢ ᠠᠷᠢᠯᠭᠠᠵᠣ ᠪᠠᠳᠣᠳᠬᠠᠬᠤ᠂ ᠰᠢᠯᠢ ᠶᠢᠨ ᠭᠤᠣᠯ ᠤᠨ ᠣᠰᠣᠨ ᠴᠦᠬᠦᠷᠦᠮ ᠢ ᠵᠠᠰᠠᠨ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠪᠡᠶᠡᠯᠡᠭᠦᠯᠦᠨ᠂ ᠣᠰᠣᠨ ᠬᠠᠩᠭᠠᠯᠲᠠ ᠶᠢᠨ ᠪᠠᠳᠣᠯᠠᠭ᠎ᠠ ᠪᠠ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠣᠷᠢ ᠶᠢ ᠲᠡᠭᠡᠭᠰᠢᠯᠡᠭᠦᠯᠪᠡ᠃ 255 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠲᠠᠯᠠᠪᠣᠷ ᠎ ᠤᠨ ᠰᠦᠢᠳᠬᠡᠯ ᠬᠤᠷᠢᠶᠠᠬᠤ ᠦᠭᠡᠢ WIFI᠎ ᠤᠨ ᠪᠦᠷᠬᠦᠴᠡ ᠶᠢ ᠪᠦᠬᠦ ᠠᠶᠢᠮᠠᠭ ᠲᠤ ᠣᠷᠢᠳᠠᠪᠠᠷ ᠪᠡᠶᠡᠯᠡᠭᠦᠯᠦᠭᠰᠡᠨ ᠪᠠᠶᠢᠨ᠎ᠠ᠃              ᠬᠤᠲᠠ ᠶᠢᠨ ᠲᠡᠰ ᠲᠠᠪᠬᠤᠷᠭ᠎ᠠ ᠢᠯᠡᠳᠲᠡ ᠲᠡᠭᠡᠭᠰᠢᠯᠡᠪᠡ᠃ 17.6 ᠳ᠋ᠦᠩᠰᠢᠭᠤᠷ ᠲᠦᠭᠦᠷᠢᠭ ᠎ ᠤᠨ ᠪᠡᠯᠡ ᠣᠷᠣᠭᠤᠯᠵᠣ᠂ ᠨᠢᠭᠡ ᠪᠦᠯᠦᠭ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠲᠠᠢ ᠨᠢᠭᠲᠠ ᠬᠤᠯᠪᠣᠭ᠎ᠠ ᠎ ᠲᠠᠢ ᠬᠤᠲᠠ ᠶᠢᠨ ᠪᠠᠶᠢᠭᠤᠯᠣᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠳᠦᠮᠵᠢᠲᠠᠢ ᠲᠡᠭᠡᠭᠰᠢᠯᠡᠭᠦᠯᠪᠡ᠃ ᠨᠠᠭᠠᠳᠣᠮ ᠵᠡᠭᠡᠯᠢ᠂ ᠪᠡᠭᠡᠵᠢᠩ ᠵᠠᠮ ᠵᠡᠷᠭᠡ 6 ᠵᠣᠷᠪᠣᠰ ᠵᠡᠭᠡᠯᠢ ᠶᠢᠨ ᠵᠠᠮ ᠢ ᠥᠷᠭᠡᠳᠬᠡᠨ᠂ ᠭᠤᠸᠠᠩ ᠮᠢᠩ ᠵᠡᠭᠡᠯᠢ᠂ ᠮᠠᠯᠴᠢᠨ ᠵᠡᠭᠡᠯᠢ ᠵᠡᠷᠭᠡ 7 ᠵᠣᠷᠪᠣᠰ ᠵᠢᠵᠢᠭ ᠵᠡᠭᠡᠯᠢ ᠭᠤᠳᠣᠮᠵᠢ ᠶᠢ ᠵᠠᠰᠠᠵᠣ᠂ ᠰᠢᠷᠠᠳᠠᠯ᠎ᠠ ᠵᠡᠭᠡᠯᠢ᠂ ᠪᠦᠯᠬᠦᠮᠳᠡᠯ ᠵᠡᠭᠡᠯᠢ ᠵᠡᠷᠭᠡ 8 ᠵᠣᠷᠪᠣᠰ ᠲᠠᠰᠣᠷᠬᠠᠢ ᠵᠠᠮ ᠢ ᠨᠡᠪᠲᠡᠷᠡᠭᠦᠯᠦᠨ᠂ 32 ᠲᠦᠮᠡᠨ ᠲᠡᠭᠰᠢ ᠲᠦᠷᠪᠡᠯᠵᠢᠨ ᠮᠧᠲᠷ ᠵᠠᠮ ᠢ ᠪᠦᠷᠬᠦᠵᠦ᠂ 62 ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠬᠦᠮᠦᠨ ᠤ ᠵᠠᠮ ᠢ ᠲᠡᠪᠢᠰᠴᠦ᠂ ᠬᠤᠲᠠ ᠶᠢᠨ ᠵᠠᠮ ᠤᠨ ᠪᠦᠳᠦᠴᠡ ᠪᠠ ᠨᠡᠪᠲᠡᠷᠡᠬᠦ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠭᠦᠯᠪᠡ᠃ 71 ᠡᠾᠧᠺᠲ᠋ᠠᠷ ᠴᠡᠴᠡᠷᠯᠢᠭ ᠲᠤ ᠨᠣᠭᠤᠭᠠᠷᠠᠭᠤᠯᠣᠯᠲᠠ ᠬᠢᠵᠦ᠂ ᠬᠤᠲᠠ ᠶᠢᠨ ᠨᠣᠭᠤᠭᠠᠷᠠᠭᠤᠯᠣᠯᠲᠠ ᠶᠢᠨ ᠪᠦᠷᠬᠦᠴᠡ ᠶᠢᠨ ᠨᠣᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠲᠦᠭᠦᠮ ᠪᠦᠲᠤᠴᠡᠲᠤ ᠤᠷᠤᠨ ᠰᠠᠭᠤᠴᠠ ᠶᠢᠨ ᠲᠤᠭᠤᠷᠢᠭ ᠤᠨ 1718 ᠡᠷᠤᠬᠡ ᠶᠢᠨ ᠭᠡᠷ ᠪᠠᠶᠢᠰᠢᠩ ᠪᠠ ᠬᠠᠭᠤᠴᠢᠨ ᠰᠠᠭᠤᠭᠠᠯᠢ ᠲᠤᠭᠤᠷᠢᠭ ᠤᠨ 20 ᠲᠦᠮᠡᠨ ᠲᠡᠭᠰᠢ ᠲᠦᠷᠪᠡᠯᠵᠢᠨ ᠮᠧᠲᠷ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠵᠤ᠂ 347 ᠢᠵᠢ ᠭᠡᠷ ᠪᠠᠶᠢᠰᠢᠩ ᠲᠡᠲᠠᠪᠤᠷᠢᠯᠡᠨ᠂ 5000 ᠢᠵᠢ ᠪᠤᠴᠠᠭᠠᠨ ᠨᠡᠬᠦᠯᠬᠡᠬᠦ ᠠᠰᠠᠷ ᠢ ᠦᠷᠭᠦᠯᠵᠢᠯᠡᠨ ᠪᠠᠶᠢᠭᠤᠯᠵᠤ᠂ ᠤᠯᠡᠨ ᠲᠦᠮᠡᠨ ᠤ ᠰᠠᠭᠤᠷᠢᠰᠢᠯ ᠤᠨ ᠨᠦᠬᠦᠴᠡᠯ ᠢᠯᠡᠳᠲᠡ ᠰᠠᠶᠢᠵᠢᠷᠠᠪᠠ᠃ 24.8 ᠺᠢᠯᠤᠮᠧᠲᠷ ᠬᠤᠭᠤᠯᠠᠢ ᠲᠤᠤᠷ ᠤᠭᠰᠠᠷᠠᠵᠤ᠂ ᠤᠰᠤ ᠬᠠᠩᠭᠠᠬᠤ᠂ ᠢᠯᠴᠢ ᠬᠠᠩᠭᠠᠬᠤ᠂ ᠪᠤᠵᠡᠷᠲᠤᠯ ᠢ ᠭᠠᠳᠠᠭᠰᠢᠯᠠᠭᠤᠯᠬᠤ ᠴᠢᠳᠠᠪᠤᠷᠢ ᠲᠠᠰᠤᠷᠠᠯᠲᠠ ᠦᠭᠡᠢ ᠲᠡᠭᠡᠭᠰᠢᠯᠡᠪᠡ᠃ 31 ᠰᠠᠣᠷᠢ ᠲᠤᠮᠤ ᠬᠡᠯᠪᠡᠷᠢ ᠶᠢᠨ ᠴᠠᠰᠤ ᠠᠷᠢᠯᠭᠠᠬᠤ ᠮᠠᠰᠢᠨ ᠪᠠ ᠬᠤᠭ ᠨᠤᠪᠰᠢ ᠵᠦᠭᠡᠭᠡᠪᠤᠷᠢᠯᠡᠬᠦ ᠮᠠᠰᠢᠨ ᠨᠡᠮᠡᠭᠳᠡᠵᠤ᠂ ᠤᠷᠴᠢᠨ ᠲᠤᠭᠤᠷᠢᠨ ᠠᠮᠢ ᠠᠬᠤᠢ ᠶᠢ ᠨᠦᠯᠤᠭᠡᠯᠡᠬᠦ ᠦᠭᠡᠢ ᠪᠠᠷ ᠴᠠᠰᠤ ᠴᠡᠪᠡᠷᠯᠡᠬᠦ ᠶᠢ ᠪᠡᠶᠡᠯᠡᠭᠦᠯᠪᠡ᠃ ᠰᠠᠯᠠᠭ᠎ᠠ ᠮᠦᠴᠢᠷ ᠬᠠᠮᠲᠤᠷᠠᠨ ᠬᠠᠤᠯᠢ ᠬᠡᠷᠡᠭᠵᠢᠭᠦᠯᠬᠦ ᠎ ᠶᠢ ᠬᠦᠨᠵᠡᠭᠡᠢ ᠠᠬᠢᠭᠤᠯᠤᠨ᠂ ᠡᠳᠤᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠤᠰᠬᠠᠢ ᠲᠦᠷᠤᠯ ᠤᠨ ᠵᠠᠰᠠᠯᠲᠠ ᠶᠢ ᠴᠢᠩᠭᠠᠳᠬᠠᠵᠤ᠂ ᠨᠠᠷᠢᠯᠢᠭᠵᠢᠭᠤᠯᠤᠭᠰᠡᠨ ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠭᠦᠯᠪᠡ᠃ ᠤᠶᠤᠨᠴᠢ ᠨᠡᠶᠢᠭᠡᠮ ᠲᠤᠭᠤᠷᠢᠭ ᠤᠨ ᠪᠠᠶᠢᠭᠤᠯᠤᠯᠲᠠ ᠶᠢ ᠲᠦᠷᠭᠡᠳᠭᠡᠨ᠂ ᠠᠳᠠᠯ ᠠᠬᠤᠢ ᠶᠢᠨ ︽ᠲᠦᠷᠪᠡᠨ ᠱᠠᠲᠤ ᠬᠤᠯᠪᠤᠭᠠᠯᠠᠨ ᠬᠦᠳᠡᠯᠤᠯᠴᠡᠬᠦ︾ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠰᠢᠯᠢᠳᠡᠭ ᠠᠳᠠᠯ ᠠᠬᠤᠢ ᠎ ᠶᠢᠨ ᠠᠵᠤ ᠠᠬᠤᠶᠢᠯᠡᠯ ᠢ ᠬᠦᠬᠢᠭᠦᠯᠤᠨ ᠲᠡᠮᠵᠢᠬᠦ ᠡᠷᠴᠢᠮ ᠢ ᠴᠢᠩᠭᠠᠳᠬᠠᠨ᠂ ᠭᠤᠶᠤ ᠰᠠᠶᠢᠬᠠᠨ᠂ ᠴᠡᠪᠡᠷ ᠲᠡᠭᠰᠢᠬᠡᠨ᠂ ᠪᠤᠯᠪᠠᠰᠤᠨ ᠲᠢᠭᠯᠢᠮ ᠲᠠᠢ ᠬᠤᠲᠠ ᠶᠢᠨ ᠤᠷᠴᠢᠨ ᠲᠤᠭᠤᠷᠢᠨ ᠢ ᠡᠭᠦᠳᠪᠡ᠃               ᠮᠠᠯᠵᠢᠬᠤ ᠤᠷᠤᠨ ᠤ ᠲᠦᠷᠢ ᠲᠦᠷᠬᠦ ᠢᠯᠡᠳᠳᠡ ᠰᠠᠶᠢᠵᠢᠷᠠᠪᠠ᠃ ᠡᠨᠡ ᠵᠢᠯ 4.1 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠪᠠ᠂ ᠭᠤᠷᠪᠡᠨ ᠵᠢᠯ ᠳᠤ ᠨᠡᠶᠢᠲᠡ 15.2 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠤ᠂ ᠮᠠᠯᠵᠢᠬᠤ ᠤᠷᠤᠨ ᠤ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠤᠨ᠂ 5492 ᠡᠷᠤᠬᠡ᠂ 16186 ᠬᠦᠮᠤᠨ ᠠᠰᠢᠭ ᠬᠦᠷᠲᠡᠪᠡ᠃ ᠭᠤᠷᠪᠡᠨ ᠵᠢᠯ ᠳᠤ ᠨᠡᠶᠢᠲᠡ 3910 ᠢᠵᠢ ᠭᠡᠷ ᠪᠠᠶᠢᠰᠢᠩ ᠰᠢᠨ᠎ᠡ ᠪᠠᠷ ᠪᠠᠷᠢᠪᠠ︔ 733 ᠬᠤᠳᠳᠤᠭ ᠮᠠᠯᠳᠠᠵᠤ᠂ 764 ᠤᠰᠤᠨ ᠵᠣᠭᠤᠷᠢ ᠪᠠᠶᠢᠭᠤᠯᠤᠨ᠂ ᠤᠰᠤ ᠬᠦᠷᠭᠡᠬᠦ ᠦᠢᠯᠡᠴᠢᠯᠡᠭᠡᠨ ᠤ ᠲᠡᠷᠭᠡ 10᠎ ᠶᠢ ᠲᠤᠬᠢᠷᠠᠭᠤᠯᠪᠠ︔ ᠮᠠᠯᠵᠢᠬᠤ ᠤᠷᠤᠨ ᠎ ᠳᠤ 589 ᠺᠢᠯᠤᠮᠧᠲᠷ ᠵᠠᠰᠠᠮᠠᠯ ᠵᠠᠮ ᠵᠠᠰᠠᠵᠤ᠂ 188 ᠺᠢᠯᠤᠮᠧᠲᠷ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠪᠠ︔ 625 ᠡᠷᠤᠬᠡ ᠳᠤ ᠴᠠᠬᠢᠯᠭᠠᠨ ᠵᠠᠯᠭᠠᠨ ᠦᠭᠴᠤ᠂ 2600 ᠡᠷᠤᠬᠡ ᠳᠤ ᠭᠡᠷᠡᠯ ᠰᠠᠯᠬᠢ ᠤᠶᠠᠯᠳᠤᠭᠰᠡᠨ ᠴᠠᠬᠢᠯᠭᠠᠨ ᠭᠠᠷᠭᠠᠬᠤ ᠲᠦᠬᠦᠭᠡᠷᠤᠮᠵᠢ ᠤᠭᠰᠠᠷᠠᠵᠤ ᠥᠭᠪᠡ︔ ᠠᠷᠠᠳ ᠲᠤ ᠲᠦᠭᠦᠮ ᠦᠵᠡᠭᠦᠯᠬᠦ ᠭᠡᠲᠤ ᠲᠡᠯᠭᠡᠭᠦᠷ 29᠂ ᠤᠷᠤᠨ ᠪᠦᠰᠡᠲᠤ ᠴᠢᠨᠠᠷᠲᠠᠢ ᠲᠤᠬᠢᠷᠠᠭᠤᠯᠤᠨ ᠬᠦᠷᠭᠡᠬᠦ ᠲᠦᠪ 1᠎ ᠶᠢ ᠪᠠᠶᠢᠭᠤᠯᠤᠨ᠂ ᠰᠤᠶᠤᠯ ᠤᠨ ᠬᠦᠳᠡᠯᠭᠡᠭᠡᠨ ᠤ ᠦᠷᠤᠭᠡ 18᠂ ᠪᠡᠶ᠎ᠡ ᠪᠤᠯᠪᠠᠰᠤᠷᠠᠬᠤ ᠲᠠᠯᠠᠪᠠᠢ 16᠂ ᠲᠡᠷᠭᠡᠨ ᠤ ᠵᠤᠭᠰᠤᠭᠠᠯ ᠤᠨ ᠲᠠᠯᠠᠪᠠᠢ 3᠎ ᠶᠢ ᠪᠠᠶᠢᠭᠤᠯᠪᠠ︔ 6278 ᠢᠵᠢ ᠲᠧᠯᠸᠢᠰ ᠨᠡᠪᠲᠡᠷᠡᠭᠦᠯᠭᠡ ᠶᠢᠨ ᠲᠦᠬᠦᠭᠡᠷᠤᠮᠵᠢ᠂ 36 ᠢᠵᠢ ᠷᠠᠳᠢᠤ᠋ ᠨᠡᠪᠲᠡᠷᠡᠭᠦᠯᠭᠡ ᠶᠢᠨ ᠲᠦᠬᠦᠭᠡᠷᠤᠮᠵᠢ ᠤᠭᠰᠠᠷᠠᠵᠤ᠂ ᠲᠤᠭ᠎ᠠ ᠪᠠᠷᠢᠮᠲᠠ ᠶᠢᠨ ᠰᠠᠭᠤᠷᠢ ᠦᠷᠲᠡᠭᠡ 4᠎ ᠶᠢ ᠪᠠᠶᠢᠭᠤᠯᠤᠨ᠂ ᠮᠠᠯᠵᠢᠬᠤ ᠤᠷᠤᠨ ᠤ ᠰᠠᠭᠤᠷᠢ ᠲᠦᠬᠦᠭᠡᠷᠤᠮᠵᠢ ᠪᠠ ᠤᠯᠡᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠶᠡᠬᠡᠪᠡᠷ ᠲᠡᠭᠡᠭᠰᠢᠯᠡᠪᠡ᠃ ᠮᠠᠯᠵᠢᠬᠤ ᠤᠷᠤᠨ ᠳᠤ 8 ᠰᠠᠭᠤᠷᠢ ᠬᠡᠣᠬᠡᠳ ᠤᠨ ᠴᠡᠴᠡᠷᠯᠢᠭ ᠪᠠᠶᠢᠭᠤᠯᠵᠤ᠂ ᠮᠠᠯᠵᠢᠬᠤ ᠤᠷᠤᠨ ᠤ ᠬᠡᠣᠬᠡᠳ ᠪᠠᠭᠠᠴᠤᠳ ᠤᠨ ᠭᠡᠷ ᠤᠨ ᠦᠢᠷᠠᠯᠴᠠᠭ᠎ᠠ ᠴᠡᠴᠡᠷᠯᠢᠭ ᠲᠤ ᠤᠷᠤᠬᠤ ᠠᠰᠠᠭᠤᠳᠠᠯ ᠢ ᠰᠢᠢᠳᠪᠤᠷᠢᠯᠡᠪᠡ︔12 ᠰᠠᠭᠤᠷᠢ ᠭᠠᠴᠠᠭᠠᠨ ᠤ ᠪᠠᠷᠢᠮᠵᠢᠶᠠᠵᠢᠭᠰᠡᠨ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠤᠨ᠂ ᠮᠠᠯᠴᠢᠳ ᠤᠨ ︽ᠬᠦᠨᠳᠤ ᠡᠪᠡᠳᠴᠢᠨ ᠢᠶᠠᠨ ᠬᠤᠲᠠ ᠳᠤ ᠤᠷᠤᠵᠤ ᠡᠮᠨᠡᠭᠦᠯᠤᠨ᠂ ᠬᠦᠩᠭᠡᠨ ᠡᠪᠡᠳᠴᠢᠨ ᠢᠶᠠᠨ ᠮᠠᠯᠵᠢᠬᠤ ᠤᠷᠤᠨ ᠎ ᠳᠠᠭᠠᠨ ᠡᠮᠨᠡᠭᠦᠯᠬᠦ︾ ᠬᠠᠷᠠᠯᠲᠠ ᠶᠢ ᠪᠡᠶᠡᠯᠡᠭᠦᠯᠪᠡ︔ ᠦᠨᠳᠤᠷ ᠨᠠᠰᠤᠲᠠᠨ ᠤ ᠨᠦᠬᠦᠪᠤᠷᠢ ᠶᠢ ᠲᠥᠭᠡᠮᠡᠯᠵᠢᠭᠦᠯᠬᠦ ᠲᠦᠷᠢᠮ ᠢ ᠪᠦᠬᠦ ᠤᠷᠤᠨ ᠳᠤ ᠬᠠᠮᠤᠭ ᠲᠡᠷᠢᠭᠦᠨ ᠳᠤ ᠪᠡᠶᠡᠯᠡᠭᠦᠯᠵᠤ᠂ ᠭᠤᠷᠪᠠᠨ ᠵᠢᠯ ᠳᠤ ᠦᠨᠳᠤᠷ ᠨᠠᠰᠤᠲᠠᠨ ᠤ ᠨᠦᠬᠦᠪᠤᠷᠢ ᠪᠤᠯᠤᠨ ᠨᠠᠰᠤᠵᠢᠯ ᠤᠨ ᠲᠠᠭᠠᠳᠬᠠᠯ ᠨᠡᠶᠢᠲᠡ 3570 ᠲᠦᠮᠡᠡ ᠲᠦᠭᠦᠷᠢᠭ ᠲᠠᠷᠬᠠᠭᠠᠪᠠ᠃ ᠭᠤᠷᠪᠠᠨ ᠵᠢᠯ ᠳᠤ ᠨᠤᠷᠠᠬᠤ ᠠᠶᠤᠯᠲᠠᠢ ᠭᠡᠷ ᠪᠠᠶᠢᠰᠢᠩ ᠢ ᠨᠡᠶᠢᠲᠡ 4995 ᠢᠵᠢ ᠨᠤᠷᠠᠭᠠᠵᠤ᠂ ᠬᠡᠷᠡᠮ ᠬᠠᠰᠢᠶ᠎ᠠ 32.4 ᠲᠦᠮᠡᠨ ᠮᠧᠲᠷ ᠵᠠᠰᠠᠨ ᠰᠢᠨᠡᠳᠭᠡᠵᠤ᠂ ᠶᠠᠪᠠᠭᠠᠨ ᠬᠦᠮᠤᠨ ᠤ ᠵᠠᠮ 52.4 ᠲᠦᠮᠡᠨ ᠲᠡᠭᠰᠢ ᠲᠦᠷᠪᠡᠯᠵᠢᠨ ᠮᠧᠲᠷ ᠲᠡᠪᠢᠰᠴᠤ᠂ 5.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠶᠢ ᠨᠤᠭᠤᠭᠠᠷᠠᠭᠤᠯᠵᠤ᠂ 1290 ᠵᠠᠮ ᠤᠨ ᠳ᠋ᠸᠡᠭ ᠤᠭᠰᠠᠷᠠᠨ᠂ 74 ᠰᠠᠭᠤᠷᠢ ᠨᠡᠶᠢᠲᠡ ᠶᠢᠨ ᠵᠤᠷᠯᠤᠩ ᠶᠢ ᠦᠭᠡᠷᠡᠴᠢᠯᠡᠨ ᠵᠠᠰᠠᠵᠤ᠂ 79 ᠰᠠᠭᠤᠷᠢ ᠬᠤᠭ ᠨᠤᠪᠰᠢ ᠬᠤᠷᠢᠶᠠᠨ ᠴᠤᠭᠯᠠᠭᠤᠯᠵᠤ ᠰᠢᠯᠵᠢᠭᠦᠯᠤᠨ ᠵᠦᠭᠡᠭᠡᠪᠤᠷᠢᠯᠡᠬᠦ ᠴᠡᠭ ᠪᠠᠶᠢᠭᠤᠯᠤᠨ᠂ ᠮᠠᠯᠵᠢᠬᠤ ᠤᠷᠤᠨ ᠤ ᠲᠦᠷᠢ ᠲᠦᠷᠬᠦ ᠳᠤ ᠴᠣ ᠰᠢᠨ᠎ᠡ ᠬᠤᠪᠢᠷᠠᠯᠲᠠ ᠭᠠᠷᠤᠭᠰᠡᠨ ᠪᠠᠶᠢᠨ᠎ᠠ᠃               ︵ᠲᠠᠪᠤ︶ ᠦᠭᠡᠷᠡᠴᠢᠯᠡᠯᠲᠡ ᠶᠢ ᠢᠳᠡᠪᠬᠢᠲᠠᠢ ᠮᠦᠷᠲᠡᠭᠡᠨ ᠯᠠᠪᠲᠠᠭᠤᠨ ᠪᠠᠲᠤᠲᠠᠢ ᠠᠳᠬᠤᠵᠤ᠂ ᠲᠤᠲᠤᠭᠠᠳᠤ ᠬᠦᠳᠡᠯᠭᠡᠭᠦ ᠬᠦᠴᠤᠨ ᠲᠠᠰᠤᠷᠠᠯᠲᠠ ᠦᠭᠡᠢ ᠴᠢᠩᠭᠠᠳᠪᠠ᠃ ᠶᠡᠷᠤᠩᠬᠡᠢ ᠱᠦᠵᠢ ᠰᠢ ᠶᠢᠨ ᠫᠢᠡᠭ ᠤᠨ ᠨᠠᠶᠢᠳᠠᠭᠰᠡᠨ ᠭᠤᠷᠪᠡᠨ ᠭᠤᠤᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢ ᠲᠤᠭᠲᠠᠭᠤᠨ ᠢᠶᠠᠷ ᠠᠬᠢᠭᠤᠯᠵᠤ᠂ 50%᠎ ᠠᠴᠠ ᠲᠡᠭᠡᠭᠰᠢᠬᠢ ᠲᠤᠯᠤᠭᠠᠶᠢᠯᠠᠭᠴᠢ ᠠᠵᠤ ᠠᠬᠤᠶᠢᠯᠡᠯ ᠮᠠᠯᠴᠢᠳ ᠲᠠᠢ ᠠᠰᠢᠭ ᠲᠤᠰᠡ ᠶᠢᠨ ᠬᠤᠯᠪᠤᠭᠠᠨ ᠤ ᠵᠤᠬᠢᠴᠠᠮᠵᠢ ᠪᠠᠶᠢᠭᠤᠯᠤᠨ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠤᠩᠭᠤᠯ ᠤᠯᠤᠰ ᠲᠠᠢ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠤᠴᠨ ᠶᠢᠨ ᠴᠢᠨᠠᠷᠲᠠᠢ ᠦᠭᠡᠷᠡᠴᠢᠯᠡᠯᠲᠡ ᠪᠠᠲᠤᠲᠠᠢ ᠠᠬᠢᠭᠤᠯᠤᠭᠳᠠᠵᠤ᠂ ᠦᠯᠡᠭᠦᠳᠡᠯ ᠦᠢᠯᠡᠳᠪᠤᠷᠢᠯᠡᠯ ᠤᠨ ᠴᠢᠳᠠᠪᠤᠷᠢ ᠶᠢ ᠢᠳᠡᠪᠬᠢᠲᠠᠢ ᠪᠠᠭᠠᠰᠬᠠᠨ᠂ 6142 ᠢᠵᠢ ᠤᠷᠤᠨ ᠰᠠᠭᠤᠴᠠ ᠶᠢ ᠨᠦᠭᠡᠴᠡ ᠠᠴᠠ ᠭᠠᠷᠭᠠᠵᠤ᠂ ᠠᠵᠤ ᠠᠬᠤᠶᠢᠯᠡᠯ ᠤᠨ ᠭᠠᠶᠢᠯᠢ ᠰᠦᠢᠳᠭᠡᠯ ᠢ 2.8 ᠳ᠋ᠦᠩᠰᠢᠭᠤᠷ ᠲᠦᠭᠦᠷᠢᠭ ᠬᠠᠰᠤᠵᠤ ᠭᠡᠯᠳᠤᠷᠢᠭᠦᠯᠪᠡ᠂ 42.7 ᠳ᠋ᠦᠩᠰᠢᠭᠤᠷ ᠲᠦᠭᠦᠷᠢᠭ ᠤᠨ ᠤᠷᠤᠨ ᠨᠤᠲᠤᠭ ᠤᠨ ᠴᠢᠨᠠᠷᠲᠠᠢ ᠦᠷᠢ ᠦᠭᠴᠡᠭᠡ ᠶᠢ ᠰᠢᠢᠳᠪᠤᠷᠢᠯᠡᠵᠤ᠂ ᠨᠢᠭᠡ ᠪᠦᠯᠤᠭ᠌ ᠰᠠᠭᠤᠷᠢ ᠶᠢ ᠪᠠᠳᠤᠳᠬᠠᠬᠤ᠂ ᠠᠯᠤᠰ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ᠂ ᠲᠤᠲᠠᠭᠤᠳᠠᠯ ᠢ ᠨᠦᠬᠦᠪᠤᠷᠢᠯᠡᠬᠦ ᠢᠨᠵᠧᠨᠧᠷᠢᠩ ᠢ ᠬᠡᠷᠡᠭᠵᠢᠭᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠭᠡᠷᠡᠴᠢᠯᠡᠯᠲᠡ ᠲᠠᠰᠤᠷᠠᠯᠲᠠ ᠦᠭᠡᠢ ᠬᠦᠨᠵᠡᠭᠡᠶᠢᠷᠡᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠶᠢ ᠡᠮᠬᠢ ᠵᠢᠷᠤᠮ ᠎ ᠲᠠᠢ ᠤᠶᠠᠯᠳᠤᠭᠤᠯᠵᠤ᠂ ᠬᠢᠨᠠᠨ ᠵᠦᠪᠰᠢᠶᠡᠷᠡᠬᠦ ᠶᠠᠪᠤᠴᠠ ᠪᠤᠯᠤᠨ ᠬᠦᠢᠴᠡᠳᠭᠡᠵᠤ ᠲᠠᠭᠤᠰᠬᠠᠬᠤ ᠬᠤᠭᠤᠴᠠᠭ᠎ᠠ ᠶᠢ ᠲᠤᠰᠪᠤᠷᠢ 34% ᠪᠠ 54%᠎ ᠪᠠᠷ ᠪᠤᠭᠤᠨᠢᠰᠬᠠᠪᠠ᠃ ︽ᠤᠷᠢᠳᠠᠪᠡᠷ ᠦᠨᠡᠮᠯᠡᠯ ᠢᠶᠠᠨ ᠠᠪᠴᠤ ᠲᠠᠷᠠᠭ᠎ᠠ ᠨᠢ ᠬᠢᠨᠠᠨ ᠵᠦᠪᠰᠢᠶᠡᠷᠡᠭᠦᠯᠬᠦ︾ ︽ᠲᠠᠪᠤᠨ ᠦᠨᠡᠮᠯᠡᠯ ᠢ ᠨᠢᠭᠡᠳᠭᠡᠬᠦ︾ ︽ᠨᠢᠭᠡ ᠦᠨᠡᠮᠯᠡᠯ ᠨᠢᠭᠡ ᠨᠣᠮᠧᠷ ᠲᠠᠢ︾ ᠵᠡᠷᠭᠡ ᠠᠷᠠᠯᠵᠢᠶᠠᠨ ᠤ ᠶᠠᠪᠤᠳᠠᠯ ᠤᠨ ᠲᠠᠩᠰᠠᠯᠠᠬᠤ ᠲᠦᠷᠢᠮ ᠤᠨ ᠦᠭᠡᠷᠡᠴᠢᠯᠡᠯᠲᠡ ᠶᠢ ᠪᠦᠲᠤᠮᠵᠢᠲᠠᠢ ᠨᠠᠶᠢᠳᠠᠪᠤᠷᠢᠵᠢᠭᠤᠯᠤᠨ᠂ ᠵᠠᠬ᠎ᠠ ᠲᠡᠯᠭᠡᠭᠦᠷ ᠤᠨ ᠭᠤᠤᠯ ᠴᠤᠭᠴᠠ ᠪᠠ ᠲᠠᠩᠰᠠᠯᠠᠭᠤᠯᠤᠭᠰᠡᠨ ᠬᠦᠷᠤᠩᠭᠡ ᠲᠤᠰᠪᠤᠷᠢ 20.5% ᠪᠠ 28% ᠎ ᠪᠠᠷ ᠨᠡᠮᠡᠭᠳᠡᠪᠡ᠃ ︽ᠬᠤᠶᠠᠷ ᠲᠣᠬᠢᠶᠠᠯᠳᠣᠯ ᠨᠢᠭᠡ ᠢᠯᠡ ᠲᠣᠳᠣ︾᠎ ᠶᠢ ᠪᠦᠬᠦ ᠲᠠᠯ᠎ᠠ ᠪᠠᠷ ᠬᠡᠷᠡᠭᠵᠢᠭᠦᠯᠤᠨ᠂ ᠬᠢᠨᠠᠨ ᠬᠠᠮᠢᠶᠠᠷᠬᠤ ᠦᠷ᠎ᠡ ᠠᠰᠢᠭᠯᠠᠮᠵᠢ ᠲᠠᠰᠤᠷᠠᠯᠲᠠ ᠦᠭᠡᠢ ᠲᠡᠭᠡᠭᠰᠢᠯᠡᠪᠡ᠃ ᠡᠳ᠋ ᠤᠨ ᠵᠠᠰᠠᠭ ᠭᠠᠶᠢᠯᠢ᠂ ᠮᠦᠩᠭᠦᠨ ᠬᠦᠢᠯᠭᠡᠭᠡᠨ ᠤ ᠦᠭᠡᠷᠡᠴᠢᠯᠡᠯᠲᠡ ᠡᠮᠬᠢ ᠲᠢᠭᠯᠢᠮ ᠲᠠᠢ ᠶᠠᠪᠤᠭᠳᠠᠵᠤ᠂ ᠰᠢᠯᠢᠨ ᠨᠠᠭᠤᠷ ᠪᠠ ᠨᠤᠭᠤ ᠭᠠᠵᠠᠷ ᠤᠨ ᠠᠮᠢ ᠠᠬᠤᠢ ᠶᠢᠨ ᠤᠰᠤᠨ ᠰᠢᠰᠲ᠋ᠧᠮ ᠤᠨ ᠵᠠᠰᠠᠯᠲᠠ ᠶᠢᠨ ᠲᠦᠷᠤᠯ ᠵᠦᠢᠯ ᠨᠢ ᠤᠯᠤᠰ ᠤᠨ PPP ᠵᠢᠱᠢᠶ᠎ᠡ ᠦᠵᠡᠭᠦᠯᠬᠦ ᠲᠦᠷᠤᠯ ᠵᠦᠢᠯ ᠳᠤ ᠵᠢᠭᠰᠠᠭᠠᠭᠳᠠᠪᠠ᠃ ᠦᠯᠤ ᠬᠦᠳᠡᠯᠬᠦ ᠬᠦᠷᠤᠩᠭᠡ ᠲᠠᠩᠰᠠᠯᠠᠬᠤ ᠲᠦᠪ ᠪᠠᠶᠢᠭᠤᠯᠤᠨ᠂ ᠦᠯᠤ ᠬᠦᠳᠡᠯᠬᠦ ᠬᠦᠷᠤᠩᠭᠡ ᠶᠢ ᠲᠠᠩᠰᠠᠯᠠᠬᠤ ᠦᠨᠡᠮᠯᠡᠯ 571 ᠲᠡᠪᠲᠡᠷ ᠲᠠᠷᠬᠠᠭᠠᠪᠠ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠡᠨ ᠤ ᠲᠡᠷᠭᠡ ᠶᠢᠨ ᠦᠭᠡᠷᠡᠴᠢᠯᠡᠯᠲᠡ ᠤᠷᠤᠭᠰᠢᠲᠠᠢ ᠪᠡᠶᠡᠯᠡᠭᠳᠡᠵᠤ᠂ ᠡᠳ᠋ ᠤᠨ ᠵᠠᠰᠠᠭ ᠤᠨ ᠵᠠᠷᠤᠯᠭ᠎ᠠ ᠶᠢ 7% ᠎ ᠪᠠᠷ ᠠᠷᠪᠢᠯᠠᠵᠠᠢ᠃ ᠪᠦᠬᠦ ᠠᠶᠢᠮᠠᠭ ᠤᠨ ᠲᠡᠵᠢᠭᠡᠯ ᠡᠪᠡᠰᠤᠨ ᠤ ᠭᠠᠮᠰᠢᠭ ᠤᠨ ᠲᠠᠭᠠᠳᠬᠠᠯ ᠤᠨ ᠲᠤᠷᠰᠢᠯᠲᠠ ᠶᠢᠨ ᠴᠡᠭ ᠤᠨ ᠦᠭᠡᠷᠡᠴᠢᠯᠡᠯᠲᠡ ᠶᠢᠨ ᠠᠵᠢᠯ ᠢ ᠪᠡᠶᠡᠯᠡᠭᠦᠯᠵᠤ᠂ ᠲᠡᠵᠢᠭᠡᠯ ᠡᠪᠡᠰᠤᠨ ᠤ ᠭᠠᠮᠰᠢᠭ ᠠᠴᠠ ᠪᠤᠯᠤᠭᠰᠡᠨ ᠬᠤᠬᠢᠷᠠᠯ ᠢ ᠪᠦᠲᠤᠮᠵᠢᠲᠠᠢ ᠲᠤᠷᠤᠭᠰᠢᠯᠠᠭᠤᠯᠪᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠎ ᠤᠨ ᠡᠮ ᠡᠮᠨᠡᠯᠭᠡ ᠶᠢᠨ ᠲᠠᠭᠠᠳᠬᠠᠯ ᠢ ᠨᠢᠭᠡᠳᠤᠬᠦᠯᠬᠦ ᠠᠵᠢᠯ ᠡᠮᠬᠢ ᠲᠠᠷᠠᠭᠠᠯᠠᠯ ᠲᠠᠢ ᠶᠠᠪᠤᠭᠳᠠᠪᠠ᠃ ᠰᠤᠶᠤᠯ᠂ ᠡᠷᠡᠭᠦᠯ ᠬᠠᠮᠠᠭᠠᠯᠠᠯ᠂ ᠨᠠᠰᠤᠵᠢᠯ ᠵᠡᠷᠭᠡ ᠨᠡᠶᠢᠭᠡᠮ ᠤᠨ ᠦᠭᠡᠷᠡᠴᠢᠯᠡᠯᠲᠡ ᠢᠯᠡᠳᠲᠡ ᠦᠷ᠎ᠡ ᠪᠦᠲᠤᠮᠵᠢ ᠤᠯᠵᠤ᠂ ᠦᠢᠯᠡᠴᠢᠯᠡᠭᠡᠨ ᠤ ᠶᠠᠰᠤ ᠴᠢᠨᠠᠷ ᠤᠯᠡᠮ ᠨᠢᠭᠡ ᠠᠯᠬᠤᠮ ᠲᠡᠭᠡᠭᠰᠢᠯᠡᠪᠡ᠃              ᠨᠡᠭᠡᠭᠡᠯᠲᠡ ᠪᠠᠨ ᠲᠠᠰᠤᠷᠠᠯᠲᠠ ᠦᠭᠡᠢ ᠦᠷᠭᠡᠳᠭᠡᠨ᠂ ᠤᠯᠤᠰ ᠤᠨ ︽ᠨᠢᠭᠡ ᠪᠦᠰᠨ ᠨᠢᠭᠡ ᠵᠠᠮ︾ ᠎ ᠤᠨ ᠪᠠᠶᠢᠯᠳᠤᠬᠤ ᠪᠤᠳᠤᠯᠭ᠎ᠠ ᠳᠤ ᠢᠳᠡᠪᠬᠢᠲᠠᠢ ᠤᠷᠤᠯᠴᠠᠵᠤ᠂ ᠵᠤᠬᠢᠶᠠᠨ ᠪᠠᠶᠢᠭᠤᠯᠵᠤ ︽ᠡᠷᠢᠶᠠᠨ ᠤ ᠵᠦᠪᠳᠡᠯᠴᠡᠭᠡᠨ ᠎ ᠤ ᠬᠤᠷᠠᠯ︾ ᠪᠠ ︽ᠠᠩᠬᠠᠳᠤᠭᠠᠷ ᠬᠤᠭᠤᠴᠠᠭᠠᠨ ᠤ ᠠᠮᠢ ᠠᠬᠤᠶᠢᠲᠤ ᠮᠠᠯ ᠠᠵᠤ ᠠᠬᠤᠢ ᠶᠢᠨ ᠬᠦᠭᠵᠢᠯᠲᠡ ᠶᠢᠨ ᠤᠯᠡᠨ ᠤᠯᠤᠰ ᠤᠨ ᠲᠡᠭᠡᠲᠤ ᠲᠡᠰ ᠤᠨ ᠶᠠᠷᠢᠯᠴᠠᠭᠠᠨ ᠤ ᠲᠠᠪᠴᠠᠩ︾ ᠵᠡᠷᠭᠡ ᠬᠦᠳᠡᠯᠭᠡᠭᠡᠨ ᠳᠤ ᠤᠷᠤᠯᠴᠠᠨ᠂ ᠲᠤᠮᠳᠠᠳᠤ ᠮᠤᠩᠭᠤᠯ ᠤᠷᠤᠰ ᠤᠨ ᠤᠯᠡᠨ ᠤᠯᠤᠰ ᠤᠨ ᠦᠢᠯᠡᠳᠪᠤᠷᠢᠯᠡᠯ ᠤᠨ ᠴᠢᠳᠠᠪᠤᠷᠢ ᠶᠢᠨ ᠬᠠᠮᠲᠤᠷᠠᠯᠴᠠᠭ᠎ᠠ ᠶᠢᠨ ᠶᠠᠷᠢᠯᠴᠠᠭᠠᠨ ᠤ ᠲᠠᠪᠴᠠᠩ᠂ ᠲᠤᠮᠳᠠᠳᠤ ᠮᠤᠩᠭᠤᠯ ᠤᠨ ᠰᠢᠨ᠎ᠡ ᠵᠢᠯ ᠢᠶᠠᠨ ᠤᠭᠲᠤᠬᠤ ᠦᠳᠡᠰᠢᠯᠡᠭᠡ ᠵᠡᠷᠭᠡ ᠬᠦᠳᠡᠯᠭᠡᠭᠡᠨ ᠢ ᠠᠮᠵᠢᠯᠲᠠᠲᠠᠢ ᠡᠷᠬᠢᠯᠡᠵᠤ᠂ ᠭᠠᠳᠠᠭᠠᠳᠤ ᠲᠠᠢ ᠠᠵᠤ ᠠᠬᠤᠢ ᠠᠷᠠᠯᠵᠢᠶ᠎ᠠ ᠰᠤᠶᠤᠯ ᠤᠨ ᠰᠤᠯᠢᠯᠴᠠᠭ᠎ᠠ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠬᠦᠨᠵᠡᠭᠡᠶᠢᠷᠡᠭᠦᠯᠪᠡ᠃ ᠪᠡᠭᠡᠵᠢᠩ ᠲᠢᠶᠠᠨᠵᠢᠨ ᠡᠾᠧᠪᠸᠢ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠬᠦᠬᠡ ᠮᠦᠷᠡᠨ ᠤ ᠭᠤᠷᠪᠠᠯᠵᠢᠨ ᠬᠤᠶᠢᠭ ᠤᠨ ᠭᠠᠵᠠᠷ ᠤᠷᠤᠨ ᠲᠠᠢ ᠬᠠᠮᠲᠤᠷᠠᠯᠴᠠᠭ᠎ᠠ ᠪᠠᠨ ᠴᠢᠩᠭᠠᠳᠬᠠᠨ᠂ ᠬᠦᠭᠵᠢᠭᠰᠡᠨ ᠭᠠᠵᠠᠷ ᠤᠷᠤᠨ ᠤ ᠲᠠᠶᠢᠴᠢᠯᠠᠯᠲᠠ ᠨᠦᠯᠤᠭᠡᠯᠡᠯᠲᠡ ᠪᠤᠯᠤᠨ ᠠᠵᠤ ᠦᠢᠯᠡᠰ ᠤᠨ ᠰᠢᠯᠵᠢᠯᠲᠠ ᠶᠢ ᠢᠳᠡᠪᠬᠢᠲᠠᠢ ᠮᠦᠷᠲᠡᠭᠡᠨ ᠡᠮᠬᠢ ᠲᠠᠷᠠᠭᠠᠯᠠᠯ ᠲᠠᠢ ᠵᠠᠯᠭᠠᠨ ᠠᠪᠴᠤ᠂ ᠠᠷᠠᠯᠵᠢᠶᠠᠴᠢᠨ ᠤᠷᠢᠵᠤ ᠪᠡᠯᠨ ᠮᠦᠩᠭᠦ ᠲᠠᠲᠠᠬᠤ ᠪᠠᠷ ᠲᠠᠮᠵᠢᠨ 112 ᠳ᠋ᠦᠩᠰᠢᠭᠤᠷ ᠲᠦᠭᠦᠷᠢᠭ ᠤᠨ ᠪᠡᠯᠨ ᠮᠦᠩᠬᠦ ᠎ ᠶᠢ ᠨᠠᠶᠢᠳᠠᠪᠤᠷᠢᠵᠢᠭᠤᠯᠪᠠ᠃ ᠰᠢᠯᠢ ᠶᠢᠨ ᠬᠤᠲᠠ ᠶᠢᠨ ᠨᠢᠰᠭᠡᠯ ᠤᠨ ᠪᠠᠭᠤᠳᠠᠯ ᠤᠨ ᠲᠦᠷ ᠴᠠᠭ ᠨᠡᠭᠡᠭᠡᠬᠦ ᠠᠵᠢᠯ ᠢ ᠵᠤᠬᠢᠴᠠᠭᠤᠯᠤᠨ ᠠᠬᠢᠭᠤᠯᠵᠤ᠂ ︽ᠨᠢᠭᠡ ᠪᠤᠭᠤᠮᠲᠠ ᠬᠤᠶᠠᠷ ᠪᠠᠶᠢᠴᠠᠭᠠᠯᠲᠠ︾᠎ ᠶᠢᠨ ᠪᠠᠶᠢᠭᠤᠯᠤᠮᠵᠢ ᠶᠢ ᠮᠠᠨ ᠤ ᠬᠤᠲᠠᠨ ᠳᠤ ᠪᠠᠶᠢᠷᠢᠯᠠᠭᠤᠯᠬᠤ ᠡᠮᠤᠨᠡᠬᠢ ᠬᠤᠭᠤᠴᠠᠭᠠᠨ ᠤ ᠠᠵᠢᠯ ᠲᠠᠢ ᠰᠠᠶᠢᠲᠤᠷ ᠬᠠᠮᠵᠢᠯᠴᠠᠪᠠ᠃              ︵ᠵᠢᠷᠭᠤᠭ᠎ᠠ︶ ᠨᠢᠭᠡᠳᠤᠯᠲᠠᠢ ᠲᠦᠯᠤᠪᠵᠢᠭᠦᠯᠤᠨ ᠨᠡᠶᠢᠲᠡ ᠳᠤᠨᠢ ᠬᠠᠷᠠᠭᠠᠯᠵᠠᠵᠤ ᠵᠤᠬᠢᠴᠠᠭᠤᠯᠤᠯᠲᠠ ᠎ ᠶᠢ ᠠᠬᠢᠭᠤᠯᠤᠨ᠂ ᠨᠡᠶᠢᠭᠡᠮ ᠤᠨ ᠦᠢᠯᠡᠰ ᠲᠦᠷᠭᠡᠨ ᠢᠶᠠᠷ ᠬᠦᠭᠵᠢᠪᠡ᠃ ᠬᠢᠵᠠᠭᠠᠷᠲᠠᠢ ᠡᠳ᠋ ᠤᠨ ᠬᠦᠴᠤᠨ ᠢ ᠲᠦᠪᠯᠡᠷᠡᠭᠦᠯᠤᠨ᠂ 23.7 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠤ ᠠᠷᠠᠳ ᠤᠨ ᠠᠮᠢᠳᠤᠷᠠᠯ ᠢ ᠰᠠᠶᠢᠵᠢᠷᠠᠭᠤᠯᠪᠠ᠂ ᠡᠨᠡ ᠨᠢ ᠤᠯᠡᠨ ᠨᠡᠶᠢᠲᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 70.8% ᠎ ᠶᠢ ᠡᠵᠡᠯᠡᠨ᠎ᠡ᠃ 2950 ᠲᠦᠮᠡᠨ ᠲᠦᠭᠦᠷᠢᠭ ᠤᠨ ᠶᠠᠳᠠᠭᠤ ᠶᠢ ᠲᠡᠳᠬᠦᠬᠦ ᠪᠡᠯᠨ ᠮᠦᠩᠬᠦ ᠵᠠᠷᠤᠴᠠᠭᠤᠯᠵᠤ᠂ 311 ᠡᠷᠤᠬᠡ᠂ 895 ᠶᠠᠳᠠᠭᠤ ᠬᠦᠴᠢᠷᠳᠡᠯᠲᠠᠢ ᠬᠦᠮᠤᠨ ᠠᠮᠨ ᠶᠢ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠦᠴᠢᠷᠳᠡᠯᠲᠠᠢ ᠦᠵᠡᠭᠳᠡᠯ ᠢ ᠦᠨᠳᠤᠰᠤᠨ ᠳᠡᠭᠡᠨ ᠦᠭᠡᠶᠢᠰᠭᠡᠬᠦ ᠬᠠᠷᠠᠯᠲᠠ ᠶᠢ ᠪᠦᠬᠦ ᠠᠶᠢᠮᠠᠭ ᠲᠤ ᠬᠠᠮᠤᠭ ᠲᠡᠷᠢᠭᠦᠨ ᠳᠤ ᠪᠡᠶᠡᠯᠡᠭᠦᠯᠪᠡ᠃ ᠤᠯᠡᠨ ᠢᠶᠠᠷ ᠢᠶᠠᠨ ᠦᠢᠯᠡᠰ ᠪᠤᠰᠬᠠᠵᠤ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠬᠦᠨᠵᠡᠭᠡᠢ ᠠᠬᠢᠭᠤᠯᠵᠤ᠂ ᠦᠢᠯᠡᠰ ᠪᠤᠰᠬᠠᠬᠤ ᠶᠢ ᠲᠡᠮᠵᠢᠨ ᠲᠡᠳᠭᠦᠬᠦ ᠰᠠᠭᠤᠷᠢᠨ ᠭᠠᠵᠠᠷ 1 ᠎ ᠶᠢ ᠰᠢᠨ᠎ᠡ ᠪᠠᠷ ᠪᠠᠶᠢᠭᠤᠯᠤᠨ᠂ ᠦᠪᠡᠷᠲᠡᠭᠡᠨ ᠵᠠᠰᠠᠬᠤ ᠤᠷᠤᠨ ᠤ ᠲᠡᠰ ᠤᠨ ᠦᠢᠯᠡᠰ ᠪᠤᠰᠬᠠᠬᠤ ᠶᠢ ᠲᠡᠮᠵᠢᠨ ᠲᠡᠳᠭᠦᠬᠦ ᠰᠠᠭᠤᠷᠢᠨ ᠭᠠᠵᠠᠷ 1᠎ ᠶᠢ ᠪᠠᠶᠢᠭᠤᠯᠵᠤ᠂ 2500 ᠲᠦᠮᠡᠨ ᠲᠦᠭᠦᠷᠢᠭ ᠤᠨ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠲᠠᠷᠬᠠᠭᠠᠨ᠂ 4035 ᠬᠦᠮᠤᠨ ᠳᠤ ᠰᠢᠨ᠎ᠡ ᠪᠠᠷ ᠠᠵᠢᠯ ᠤᠯᠭᠤᠵᠤ ᠥᠭᠪᠡ᠃ ᠠᠷᠠᠳ ᠤᠨ ᠠᠮᠢᠳᠤᠷᠠᠯ ᠤᠨ ᠬᠠᠷᠠᠭᠠᠯᠵᠠᠯᠠᠯ ᠤᠨ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠨᠴᠠ ᠬᠦᠴᠢᠷᠳᠡᠯᠲᠠᠢ ᠠᠰᠠᠷᠠᠨ ᠲᠡᠵᠢᠭᠡᠵᠤ ᠪᠠᠶᠢᠭ᠎ᠠ ᠬᠦᠮᠤᠰ ᠪᠠ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠎ ᠤᠨ ᠪᠠᠲᠤᠯᠠᠭ᠎ᠠ ᠬᠦᠷᠲᠡᠵᠤ ᠪᠠᠶᠢᠭ᠎ᠠ ᠬᠦᠮᠤᠰ ᠲᠤ ᠤᠯᠭᠤᠬᠤ ᠨᠦᠬᠦᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠤ᠂ ᠪᠠᠲᠤᠯᠠᠭ᠎ᠠ ᠶᠢᠨ ᠬᠡᠪᠴᠢᠶ᠎ᠡ ᠶᠢ ᠦᠷᠭᠡᠳᠭᠡᠨ᠂ ᠡᠯ᠎ᠡ ᠵᠦᠢᠯ ᠤᠨ ᠨᠠᠶᠢᠭᠡᠮ ᠤᠨ ᠪᠠᠲᠤᠯᠠᠭ᠎ᠠ 4.7 ᠳ᠋ᠦᠩᠰᠢᠭᠤᠷ ᠲᠦᠭᠦᠷᠢᠭ ᠲᠠᠷᠬᠠᠭᠠᠪᠠ᠃ 6827 ᠶᠠᠳᠠᠭᠤ ᠬᠦᠴᠢᠷᠳᠡᠯᠲᠠᠢ ᠡᠷᠤᠬᠡ ᠶᠢ ᠲᠤᠬᠤᠨᠢᠭᠤᠯᠤᠨ᠂ 407 ᠡᠷᠤᠬᠡ ᠶᠢ ᠲᠦᠷ ᠴᠠᠭ ᠠᠪᠤᠷᠠᠨ ᠲᠤᠰᠠᠯᠠᠵᠤ᠂ ᠪᠤᠯᠭᠤᠭᠠᠨ ᠲᠤᠬᠤᠨᠢᠭᠤᠯᠵᠤ ᠠᠪᠤᠷᠠᠨ ᠲᠤᠰᠠᠯᠠᠬᠤ ᠮᠦᠩᠬᠦ 560 ᠲᠦᠮᠡᠨ ᠲᠦᠭᠦᠷᠢᠭ ᠲᠠᠷᠬᠠᠭᠠᠪᠠ᠃ ᠬᠦᠳᠡᠯᠮᠤᠷᠢᠯᠡᠭᠴᠢᠳ ᠢ ᠬᠠᠪᠰᠤᠷᠠᠨ 5700 ᠲᠦᠮᠡᠨ ᠲᠦᠭᠦᠷᠢᠭ ᠤᠨ ᠦᠷᠢᠲᠡᠵᠤ ᠪᠦᠬᠦᠢ ᠴᠠᠯᠢᠩ ᠢ ᠨᠢ ᠨᠡᠬᠡᠨ ᠠᠪᠴᠢᠷᠠᠪᠠ᠃ ᠦᠲᠡᠭᠦᠰ ᠨᠢᠯᠬᠠᠰ ᠢ ᠠᠰᠠᠷᠠᠨ ᠬᠠᠷᠠᠭᠠᠯᠵᠠᠬᠤ ᠦᠢᠯᠡᠰ ᠢ ᠲᠦᠷᠭᠡᠨ ᠬᠦᠭᠵᠢᠭᠦᠯᠵᠤ᠂ ᠬᠤᠲᠠ ᠬᠦᠳᠡᠭᠡ ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠯᠡᠮ ᠨᠢᠭᠡ ᠠᠯᠬᠤᠮ ᠲᠡᠭᠦᠯᠳᠡᠷᠵᠢᠵᠤ᠂ 7 ᠰᠠᠭᠤᠷᠢ ᠠᠯᠪᠠᠨ ᠠᠴᠠ ᠡᠷᠬᠢᠯᠡᠭᠰᠡᠨ ᠬᠡᠣᠬᠡᠳ ᠤᠨ ᠴᠡᠴᠡᠷᠯᠢᠭ ᠠᠰᠢᠭᠯᠠᠯᠲᠠ ᠳᠤ ᠤᠷᠤᠪᠠ᠃ ᠰᠤᠷᠭᠠᠨ ᠬᠦᠮᠤᠵᠢᠯ ᠤᠨ ᠴᠢᠨᠠᠷ ᠴᠢᠨᠰᠠᠭ᠎ᠠ ᠬᠢᠭᠡᠳ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠲᠠᠰᠤᠷᠠᠯᠲᠠ ᠦᠭᠡᠢ ᠲᠡᠭᠡᠭᠰᠢᠯᠡᠵᠤ᠂ ᠪᠦᠬᠦ ᠤᠯᠤᠰ ᠤᠨ ᠠᠯᠪᠡᠨ ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠲᠡ ᠦᠨᠳᠤᠰᠤᠨ ᠎ ᠳᠡᠭᠡᠨ ᠲᠡᠩᠴᠡᠭᠦᠷᠢᠲᠠᠢ ᠪᠠᠶᠢᠬᠤ ᠰᠢᠯᠭᠠᠷᠠᠭᠤᠯᠤᠯᠲᠠ ᠳᠤ ᠬᠢᠷᠢ ᠲᠡᠩᠴᠡᠵᠤ᠂ 13 ᠲᠦᠷᠤᠯ ᠤᠨ ᠰᠤᠷᠭᠠᠨ ᠬᠦᠮᠤᠵᠢᠯ ᠤᠨ ᠢᠨᠵᠧᠨᠧᠷᠢᠩ ᠲᠦᠷᠭᠡᠨ ᠢᠶᠠᠷ ᠠᠬᠢᠭᠤᠯᠤᠭᠳᠠᠵᠤ᠂ ᠬᠢᠲᠡᠳ ᠢᠶᠠᠷ ᠬᠢᠴᠢᠶᠡᠯᠯᠡᠬᠦ ᠰᠤᠷᠤᠭᠴᠢ ᠶᠢᠨ ᠤᠯᠤᠰ ᠤᠨ ᠰᠢᠯᠭᠠᠯᠲᠠ ᠶᠢᠨ ᠵᠢᠩᠬᠢᠨᠢ ᠠᠩᠬᠢ ᠳᠤ ᠰᠢᠯᠭᠠᠵᠤ ᠤᠷᠤᠭᠰᠡᠨ ᠨᠤᠷᠮ᠎ᠡ 83.2%᠎ ᠲᠤ ᠬᠦᠷᠴᠤ᠂ 8.5%᠎ ᠪᠠᠷ ᠨᠡᠮᠡᠭᠳᠡᠪᠡ︔ ᠡᠮ ᠡᠮᠨᠡᠯᠭᠡ ᠶᠢᠨ ᠬᠤᠯᠪᠤᠭᠠᠨ ᠤ ᠴᠤᠭᠴᠠ ᠶᠢᠨ ᠪᠦᠲᠤᠭᠡᠨ ᠪᠠᠶᠢᠭᠤᠯᠤᠯᠲᠠ ᠶᠢ ᠠᠬᠢᠭᠤᠯᠵᠤ᠂ ᠭᠤᠤᠯᠳᠠᠯᠭᠠᠲᠤ ᠬᠦᠮᠤᠨ ᠠᠮᠨ ᠪᠠ ᠭᠡᠷ ᠪᠦᠯᠢ ᠨᠢ ᠬᠠᠷᠢᠭᠤᠴᠠᠯᠭ᠎ᠠ ᠶᠢᠨ ᠡᠮᠴᠢ ᠲᠠᠢ ᠭᠡᠷ᠎ᠡ ᠲᠤᠭᠲᠠᠵᠤ ᠦᠢᠯᠡᠴᠢᠯᠡᠭᠦᠯᠬᠦ ᠲᠦᠷᠢᠮ ᠢ ᠦᠷᠨᠢᠭᠦᠯᠤᠨ᠂ ᠡᠯᠧᠺᠲᠷᠤᠨ ᠡᠷᠡᠭᠦᠯ ᠮᠠᠨᠲᠤ ᠶᠢᠨ ᠲᠠᠩᠰᠡ ᠪᠠᠶᠢᠭᠤᠯᠤᠭᠰᠡᠨ ᠨᠤᠷᠮ᠎ᠠ 86.7%᠎ ᠳᠤ ᠬᠦᠷᠴᠤ᠂ 6060 ᠨᠡᠷ᠎ᠡ ᠲᠠᠷᠢᠶᠠᠴᠢᠳ ᠮᠠᠯᠴᠢᠳ ᠲᠤ ᠦᠯᠤ ᠰᠦᠢᠳᠭᠡᠯ ᠬᠤᠷᠢᠶᠠᠬᠤ ᠪᠡᠶ᠎ᠡ ᠶᠢᠨ ᠪᠠᠶᠢᠴᠠᠭᠠᠯᠲᠠ ᠬᠢᠵᠤ᠂ ︽ᠬᠤᠶᠠᠷ ᠬᠡᠣᠬᠡᠳ ᠠᠪᠴᠤ ᠪᠤᠯᠬᠤ︾ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠶᠢᠨ ᠡᠷᠡᠭᠦᠯ ᠬᠠᠮᠠᠭᠠᠯᠠᠯ ᠲᠦᠯᠤᠪᠯᠡᠭᠡᠲᠤ ᠦᠷᠡᠵᠢᠯ ᠎ ᠤᠨ ᠲᠤᠪᠴᠢᠶ᠎ᠠ ᠨᠢ ᠤᠯᠤᠰ ᠤᠨ ᠡᠷᠡᠭᠦᠯ ᠬᠠᠮᠠᠭᠠᠯᠠᠯ ᠲᠦᠯᠤᠪᠯᠡᠭᠡᠲᠤ ᠦᠷᠡᠵᠢᠯ ᠤᠨ ᠵᠦᠪᠯᠡᠯ ᠳᠤ ︽ᠪᠦᠬᠦ ᠤᠯᠤᠰ ᠎ ᠤᠨ ᠲᠦᠯᠤᠪᠯᠡᠭᠡᠲᠤ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠨᠢᠭᠡᠴᠡ︾᠎ ᠪᠠᠷ ᠦᠨᠡᠯᠡᠭᠳᠡᠪᠡ᠃ ᠤᠯᠡᠨ ᠲᠦᠮᠡᠨᠴᠢ ᠰᠤᠶᠤᠯ ᠲᠠᠮᠢᠷ ᠤᠨ ᠬᠦᠳᠡᠯᠭᠡᠭᠡᠨ ᠢ 60 ᠭᠠᠷᠤᠢ ᠲᠠᠯᠠᠪᠠᠢ ᠤᠳᠠᠭ᠎ᠠ ᠡᠷᠬᠢᠯᠡᠨ᠂ ᠣᠯᠠᠭᠠᠨᠮᠦᠴᠢᠷ ᠦᠨᠳᠤᠰᠤᠨ ᠱᠠᠲᠤᠨ ᠳᠤ ᠬᠦᠷᠴᠤ 100 ᠲᠠᠯᠠᠪᠠᠢ ᠤᠳᠠᠭ᠎ᠠ ᠲᠤᠭᠯᠠᠯᠲᠠ ᠭᠠᠷᠭᠠᠵᠤ᠂ ᠤᠯᠡᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠪᠠ᠃              ︽  ᠵᠢᠷᠭᠤᠭᠠᠨ ᠬᠤᠲᠠ ᠶᠢ ᠵᠡᠷᠭᠡᠪᠡᠷ ᠴᠤᠭᠴᠠᠯᠠᠬᠤ︾ ᠠᠵᠢᠯ ᠢ ᠪᠦᠬᠦ ᠬᠦᠴᠤᠨ ᠢᠶᠠᠷ ᠠᠬᠢᠭᠤᠯᠵᠤ᠂ ᠠᠶᠢᠮᠠᠭ ᠬᠤᠲᠠ ᠬᠠᠮᠲᠤᠪᠡᠷ ᠬᠦᠳᠡᠯᠤᠯᠴᠡᠨ᠂ ᠪᠦᠬᠦ ᠬᠤᠲᠠ ᠶᠢᠨ ᠬᠦᠮᠤᠨ ᠤ ᠬᠦᠴᠤ᠂ ᠪᠤᠳᠠᠰ ᠤᠨ ᠬᠦᠴᠤ᠂ ᠡᠳ᠋ ᠤᠨ ᠬᠦᠴᠤᠨ ᠢ ᠲᠦᠪᠯᠡᠷᠡᠭᠦᠯᠤᠨ᠂ ᠨᠠᠷᠢᠯᠢᠭ ᠤᠨᠤᠪᠴᠢᠲᠠᠢ ᠪᠠᠷ ᠪᠠᠶᠢᠷᠢᠯᠠᠭᠤᠯᠵᠤ᠂ ᠲᠦᠪᠯᠡᠷᠡᠭᠦᠯᠤᠨ ᠪᠤᠭᠤᠮᠲᠠ ᠰᠢᠪᠳᠣᠯᠣᠨ᠂ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠬᠤ ᠠᠵᠢᠯ ᠨᠢ ᠤᠯᠤᠰ ᠤᠨ ᠮᠡᠷᠭᠡᠵᠢᠯ ᠤᠨ ᠦᠨᠡᠯᠡᠯᠲᠡ ᠳᠤ ᠤᠷᠤᠭᠰᠢᠲᠠᠢ ᠬᠢᠷᠢ ᠲᠡᠩᠴᠡᠵᠤ᠂ ᠪᠤᠯᠪᠠᠰᠤᠨ ᠬᠤᠲᠠ ᠶᠢ ᠴᠤᠭᠴᠠᠯᠠᠬᠤ ᠠᠵᠢᠯ ᠨᠢ ᠬᠤᠶᠠᠳᠤᠭᠠᠷ ᠤᠨ ᠤ ᠰᠢᠯᠭᠠᠨ ᠦᠨᠡᠯᠡᠯᠲᠡ ᠳᠤ ᠬᠢᠷᠢ ᠲᠡᠩᠴᠡᠵᠤ᠂ ᠬᠤᠲᠠ ᠶᠢᠨ ᠲᠦᠷᠢ ᠲᠦᠷᠬᠦ ᠶᠢ ᠶᠡᠬᠡᠪᠡᠷ ᠰᠠᠶᠢᠵᠢᠷᠠᠭᠤᠯᠵᠤ᠂ ᠪᠤᠯᠪᠠᠰᠤᠨ ᠬᠢᠷᠢ ᠲᠦᠪᠰᠢᠨ ᠢ ᠲᠡᠭᠡᠭᠰᠢᠯᠡᠭᠦᠯᠪᠡ᠃ ᠬᠠᠤᠯᠢ ᠪᠠᠷ ᠵᠠᠰᠠᠬᠤ ᠤᠬᠠᠭᠤᠯᠭ᠎ᠠ ᠬᠦᠮᠤᠵᠢᠯ ᠢ ᠴᠢᠩᠭᠠᠳᠬᠠᠨ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠢᠯᠡᠳᠲᠠ ᠴᠢᠩᠭᠠᠳᠴᠤ᠂ ᠬᠤᠲᠠ ᠶᠢᠨ ᠬᠠᠤᠯᠢ ᠲᠦᠭᠡᠮᠡᠯᠵᠢᠭᠦᠯᠬᠦ ᠠᠯᠪᠠᠨ ᠭᠡᠷ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠪᠦᠬᠦ ᠤᠷᠤᠨ ᠤ ᠲᠡᠷᠢᠭᠦᠨ ᠤ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠤᠳᠤᠷᠢᠳᠬᠤ ᠲᠤᠭᠤᠶᠢᠯᠡᠩ ᠤᠨ ᠠᠯᠪᠡᠨ ᠭᠡᠷ ᠢᠶᠠᠷ ᠰᠠᠶᠢᠰᠢᠶᠠᠭᠳᠠᠪᠠ᠃ ᠬᠤᠶᠠᠷ ᠢ ᠬᠦᠷᠢᠶᠡᠯᠡᠵᠤ ᠬᠠᠮᠳᠤ ᠪᠠᠷ ᠴᠤᠭᠴᠠᠯᠠᠬᠤ ᠠᠵᠢᠯ ᠢ ᠴᠢᠩᠭᠠᠳᠬᠠᠨ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠡᠨ︶᠎ ᠶᠢᠨ ᠢᠷᠡᠭᠤ ᠠᠯᠳᠠᠷ ᠢ ᠲᠠᠪᠤᠳᠠᠬᠢ ᠤᠳᠠᠭ᠎ᠠ ᠬᠦᠷᠲᠡᠪᠡ᠃ ᠦᠨᠳᠤᠰᠤᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠴᠢᠩᠭᠠᠳᠬᠠᠨ᠂ ᠷᠠᠰᠢᠶᠠᠨᠪᠤᠯᠠᠭ ᠪᠠᠯᠭᠠᠰᠤ ᠤᠯᠤᠰ ᠤᠨ ᠦᠨᠳᠤᠰᠤᠲᠡᠨ ᠱᠠᠰᠢᠨ ᠰᠤᠷᠲᠠᠬᠤᠨ ᠤ ᠵᠦᠪᠯᠡᠯ ᠳᠤ ︽ᠪᠦᠬᠦ ᠤᠯᠤᠰ ᠤᠨ ᠦᠨᠳᠤᠰᠤᠲᠡᠨ ᠎ ᠤ ᠪᠦᠯᠬᠦᠮᠳᠡᠯ ᠲᠠᠪᠰᠢᠯᠲᠠ ᠶᠢ ᠴᠤᠭᠴᠠᠯᠠᠬᠤ ᠠᠵᠢᠯ ᠤᠨ ᠵᠢᠱᠢᠶ᠎ᠡ ᠦᠵᠡᠭᠦᠯᠬᠦ ᠨᠢᠭᠡᠴᠡ︾᠎ ᠪᠠᠷ ᠴᠤᠯᠯᠠᠭᠳᠠᠪᠠ᠃ ᠨᠠᠰᠤᠵᠢᠯ ᠨᠢᠭᠦᠯᠡᠰᠤᠩᠭᠦᠢ᠂ ᠰᠢᠨᠵᠢᠯᠡᠭᠡ ᠮᠡᠷᠭᠡᠵᠢᠯ ᠴᠠᠭ ᠠᠭᠤᠷ᠂ ᠭᠠᠵᠠᠷ ᠬᠦᠳᠡᠯᠤᠯᠲᠠ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠲᠠᠩᠰᠡ ᠡᠪᠬᠡᠮᠡᠯ ᠲᠡᠤᠬᠡ ᠦᠢᠯᠡᠯᠭ᠎ᠠ ᠵᠡᠷᠭᠡ ᠠᠵᠢᠯ ᠰᠢᠨ᠎ᠡ ᠠᠬᠢᠯᠲᠠ ᠲᠠᠢ ᠪᠤᠯᠪᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠠᠶᠢᠴᠤᠳ ᠤᠨ ᠬᠤᠯᠪᠤᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠵᠡᠮᠳᠡᠭᠴᠤᠳ ᠤᠨ ᠬᠤᠯᠪᠤᠭᠠᠲᠤ ᠬᠤᠷᠠᠯ ᠵᠡᠷᠭᠡ ᠤᠯᠡᠨ ᠲᠦᠮᠡᠨ ᠤ ᠪᠦᠯᠬᠦᠮ ᠤᠨ ᠠᠵᠢᠯ ᠢ ᠢᠳᠡᠪᠬᠢᠲᠠᠢ ᠲᠡᠮᠵᠢᠪᠡ                  ︵ᠲᠤᠯᠤᠭ᠎ᠠ︶ ᠤᠶᠤᠨ ᠴᠢᠳᠠᠯ ᠢᠶᠠᠨ ᠨᠢᠭᠲᠠᠷᠠᠭᠤᠯᠵᠤ ᠦᠢᠯᠡᠴᠢᠯᠡᠭᠡ ᠶᠢ ᠰᠢᠯᠢᠳᠡᠭᠵᠢᠭᠦᠯᠤᠨ ᠂ ᠵᠠᠰᠠᠭ ᠤᠨ ᠤᠷᠳᠤᠨ ᠤ ᠪᠦᠲᠤᠭᠡᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠳᠪᠠ᠃ ᠠᠵᠢᠯ ᠤᠨ ᠤᠪᠤᠷ ᠰᠤᠷᠲᠠᠯ ᠢ ᠰᠠᠶᠢᠵᠢᠷᠠᠭᠤᠯᠬᠤ ᠡᠯ᠎ᠡ ᠵᠦᠢᠯ ᠤᠨ ᠲᠤᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠤᠵᠢᠯ ᠢ ᠯᠠᠪᠳᠠᠭᠤᠨ ᠪᠠᠲᠤᠲᠠᠢ ᠦᠷᠨᠢᠭᠦᠯᠵᠤ᠂ ᠰᠠᠯᠠᠭ᠎ᠠ ᠮᠦᠴᠢᠷ ᠤᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠤ᠂ ᠢᠳᠡᠪᠬᠢᠲᠠᠢ ᠠᠵᠢᠯᠯᠠᠬᠤ ᠤᠬᠠᠮᠰᠠᠷ ᠢᠯᠠᠳᠲᠠ ᠴᠢᠩᠭᠠᠳᠪᠠ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠤᠯᠤᠨ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠭᠰᠡᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠳ ᠤᠨ ᠲᠦᠯᠤᠭᠡᠯᠡᠭᠴᠢᠳ ᠤᠨ ᠲᠤᠷᠠᠳᠤᠭᠰᠡᠨ 45 ᠬᠤᠪᠢ ᠰᠠᠨᠠᠭᠤᠯᠭ᠎ᠠ ᠪᠠ ᠤᠯᠤᠰ ᠲᠦᠷᠤ ᠎ ᠶᠢᠨ ᠵᠦᠪᠯᠡᠯᠭᠡᠨ ᠤ ᠭᠡᠰᠢᠭᠦᠳ ᠤᠨ ᠲᠤᠷᠠᠳᠤᠭᠰᠡᠨ 121 ᠬᠤᠪᠢ ᠲᠤᠷᠠᠳᠤᠯᠭ᠎ᠠ ᠶᠢ ᠪᠦᠬᠦᠨ ᠢ ᠬᠦᠢᠴᠡᠳᠭᠡᠪᠡ᠃ ᠠᠷᠠᠳᠴᠢᠯᠠᠯ ᠲᠦᠪᠯᠡᠷᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ 22 ᠤᠳᠠᠭ᠎ᠠ ᠬᠤᠷᠠᠯᠳᠤᠭᠤᠯᠵᠤ᠂ ᠴᠢᠬᠤᠯᠨ ᠶᠡᠭᠡ ᠤᠴᠢᠷ ᠶᠠᠪᠤᠳᠠᠯ ᠢ ᠨᠢᠭᠡᠳᠤᠯᠲᠠᠢ ᠶᠠᠷᠢᠯᠴᠡᠨ ᠰᠤᠳᠤᠯᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠲᠤᠲᠠᠢ ᠠᠬᠢᠭᠤᠯᠵᠤ᠂ 350 ᠬᠤᠪᠢ ᠭᠡᠷ᠎ᠡ ᠪᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠨᠠᠶᠢᠲᠠᠯᠠᠨ ᠬᠡᠷᠡᠭᠵᠢᠭᠦᠯᠪᠡ᠃ ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠪᠠ ᠡᠳ᠋ ᠤᠨ ᠵᠠᠰᠠᠭ ᠎ ᠤᠨ ᠪᠡᠯᠨ ᠮᠦᠩᠬᠦᠨ ᠤ ᠬᠡᠷᠡᠭᠯᠡᠯᠲᠡ ᠶᠢᠨ ᠦᠨᠡᠯᠡᠨ ᠪᠠᠶᠢᠴᠠᠭᠠᠯᠲᠠ ᠶᠢ ᠴᠢᠩᠭᠠᠳᠬᠠᠪᠠ᠂ ᠵᠠᠰᠠᠭ ᠤᠨ ᠤᠷᠳᠤᠨ ᠤ ᠪᠡᠯᠨ ᠤᠷᠤᠭᠤᠯᠤᠯᠲᠠ ᠶᠢᠨ ᠲᠦᠷᠤᠯ ᠵᠦᠢᠯ ᠤᠨ 30 ᠢᠯᠡᠭᠦᠤ ᠳ᠋ᠦᠩᠰᠢᠭᠤᠷ ᠲᠦᠭᠦᠷᠢᠭ ᠤᠨ ᠪᠡᠯᠨ ᠮᠦᠩᠬᠦ ᠳᠤ ᠬᠢᠨᠠᠨ ᠪᠤᠳᠤᠯᠲᠠ ᠬᠢᠬᠦ ᠪᠠᠷ ᠲᠠᠮᠵᠢᠵᠤ᠂ 3.6 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠯᠲᠠ ᠶᠢ ᠬᠠᠰᠤᠵᠤ᠂ ᠬᠢᠨᠠᠨ ᠬᠠᠷᠭᠤᠭᠤᠯᠵᠤ ᠬᠠᠰᠤᠭᠰᠡᠨ ᠨᠤᠷᠮ᠎ᠠ ᠨᠢ 17.1%᠎ ᠳᠤ ᠬᠦᠷᠪᠡ᠃              ᠠᠶᠤᠯᠭᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠴᠢᠩᠭᠠᠳᠬᠠᠵᠤ᠂ ︽ᠰᠢᠯᠢ ᠶᠢᠨ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠶᠢᠨ ᠠᠶᠤᠯᠬᠦᠢ ᠦᠢᠯᠡᠳᠪᠤᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠲᠤᠭᠲᠠᠭᠠᠯ︾᠎ ᠢ ᠲᠠᠷᠤᠮᠠᠯᠯᠠᠨ ᠲᠠᠷᠬᠠᠭᠠᠵᠤ ᠬᠡᠷᠡᠭᠵᠢᠭᠦᠯᠤᠨ᠂ ᠬᠡᠮ ᠰᠤᠭᠤᠭ ᠢ ᠪᠠᠶᠢᠴᠠᠭᠠᠨ ᠰᠢᠢᠳᠪᠤᠷᠢᠯᠡᠬᠦ ᠪᠠ ᠠᠳᠡᠯ ᠬᠡᠷᠡᠭ ᠢ ᠤᠷᠢᠳᠴᠢᠯᠡᠨ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠤᠷᠢᠯᠡᠯ ᠤᠨ ᠪᠠᠶᠢᠳᠠᠯ ᠶᠡᠷᠤᠩᠬᠡᠢ ᠳᠤᠨᠢ ᠲᠤᠭᠲᠠᠭᠤᠨ ᠪᠠᠶᠢᠵᠤ᠂ ᠪᠦᠬᠦ ᠵᠢᠯ ᠳᠤ ᠨᠡᠯᠢᠶᠡᠳ ᠶᠡᠭᠡ ᠵᠢᠴᠢ ᠲᠡᠭᠦᠨ ᠠᠴᠠ ᠲᠡᠭᠡᠭᠰᠢᠬᠢ ᠠᠶᠤᠯᠭᠦᠢ ᠦᠢᠯᠡᠳᠪᠤᠷᠢᠯᠡᠯ ᠤᠨ ᠠᠳᠡᠯ ᠭᠠᠷᠤᠭᠰᠡᠨ ᠦᠭᠡᠢ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠪᠦᠲᠤᠴᠡ ᠶᠢ ᠲᠡᠭᠦᠯᠳᠡᠷᠵᠢᠭᠦᠯᠤᠨ᠂ ᠡᠭᠦᠷᠭᠡ ᠶᠢ ᠱᠠᠲᠤ ᠲᠠᠷᠠᠭᠠᠯᠠᠨ ᠬᠤᠪᠢᠶᠠᠷᠢᠯᠠᠵᠤ ᠬᠢᠨᠠᠨ ᠰᠢᠯᠭᠠᠬᠤ ᠪᠠ ᠭᠠᠯ ᠲᠤᠭᠤᠭᠠᠨ ᠦᠷᠤᠭᠡ ᠶᠢ ᠴᠡᠪᠡᠷ ᠲᠣᠬᠢᠯᠢᠭ ᠪᠠᠶᠢᠯᠭᠠᠬᠤ ᠢᠨᠵᠧᠨᠧᠷᠢᠩ ᠢ ᠬᠡᠷᠡᠭᠵᠢᠭᠦᠯᠤᠨ᠂ ᠤᠯᠡᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠪᠠ᠃ ᠵᠦᠷᠢᠴᠡᠯ ᠵᠢᠭᠤᠷᠭᠠᠨ ᠢ ᠪᠠᠶᠢᠴᠠᠭᠠᠨ ᠡᠶᠡᠳᠡᠭᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠤᠩᠬᠡᠢ ᠳᠡᠭᠡᠨ ᠲᠤᠭᠲᠠᠭᠤᠨ ᠪᠠᠶᠢᠨ᠎ᠠ᠃ ︽ᠠᠮᠤᠷ ᠠᠮᠤᠭᠤᠯᠡᠩ ᠰᠢᠯᠢ ᠶᠢᠨ ᠬᠤᠲᠠ︾᠎ ᠶᠢᠨ ᠪᠠᠶᠢᠭᠤᠯᠤᠯᠲᠠ ᠶᠢ ᠴᠢᠩᠭᠠᠳᠬᠠᠨ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠤᠨ᠂ ᠴᠢᠩᠭ᠎ᠠ ᠴᠤᠬᠢᠯᠲᠠ ᠦᠭᠬᠦ ᠦᠨᠳᠤᠷ ᠲᠠᠷᠤᠯᠲᠠᠲᠤ ᠬᠠᠨᠳᠤᠰᠢ ᠶᠢ ᠦᠷᠭᠦᠯᠵᠢ ᠪᠠᠷᠢᠮᠲᠠᠯᠠᠭᠰᠡᠨ ᠠᠴᠠ ᠨᠡᠶᠢᠭᠡᠮ ᠤᠨ ᠡᠮᠬᠢ ᠲᠢᠭᠯᠢᠮ ᠠᠮᠤᠷ ᠲᠦᠪᠰᠢᠨ ᠲᠤᠭᠲᠠᠭᠤᠨ ᠪᠠᠶᠢᠵᠤ᠂ ᠬᠤᠲᠠ ᠶᠢᠨ ᠰᠠᠬᠢᠨ ᠬᠠᠷᠠᠬᠤ ᠭᠠᠵᠠᠷ ᠨᠢ ᠲᠤᠲᠤᠭᠠᠲᠤ ᠎ ᠶᠢ ᠬᠠᠮᠠᠭᠠᠯᠠᠬᠤ ᠶᠠᠮᠤᠨ ᠳᠤ ︽ᠪᠦᠬᠦ ᠤᠯᠤᠰ ᠤᠨ ᠰᠠᠬᠢᠨ ᠬᠠᠷᠠᠬᠤ ᠭᠠᠵᠠᠷ ᠤᠨ ᠲᠠᠪᠤᠨ ᠪᠠᠶᠢᠭᠤᠯᠤᠯᠲᠠ ᠶᠢᠨ ᠠᠮᠵᠢᠯᠲᠡ ᠲᠤᠪᠤᠶᠢᠮ᠎ᠠ ᠨᠢᠭᠡᠴᠡ︾᠎ ᠪᠠᠷ ᠰᠠᠶᠢᠰᠢᠶᠠᠭᠳᠠᠪᠠ᠃               ᠲᠦᠯᠤᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠤᠯᠤᠭᠰᠡᠨ ᠠᠮᠵᠢᠯᠲᠡ ᠪᠦᠲᠤᠭᠡᠯ ᠨᠢ ᠲᠤᠩ ᠬᠢᠯᠪᠡᠷ ᠪᠤᠰᠤ ᠪᠠᠶᠢᠵᠤ᠂ ᠮᠠᠰᠢ ᠬᠤᠪᠤᠷ ᠨᠠᠨᠳᠢᠨ ᠶᠤᠮ᠃ ᠡᠨᠡ ᠪᠤᠯ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ ᠶᠡᠭᠡ ᠪᠠᠶᠢᠳᠠᠯ ᠢ ᠡᠵᠡᠮᠳᠡᠨ᠂ ᠵᠦᠪ ᠤᠨᠤᠪᠴᠢᠲᠠᠢ ᠤᠳᠤᠷᠢᠳᠤᠭᠰᠡᠨ ᠦᠷ᠎ᠡ ᠳ᠋ᠦᠡᠭ᠂ ᠬᠤᠲᠠ ᠶᠢᠨ ᠬᠡᠳᠤᠨ ᠶᠡᠭᠡ ᠤᠳᠤᠷᠢᠳᠬᠤ ᠪᠠᠭ ᠬᠦᠴᠤ ᠪᠠᠨ ᠨᠢᠭᠡᠳᠭᠡᠨ ᠬᠠᠮᠳᠤ ᠎ ᠪᠠᠷ ᠴᠢᠷᠮᠠᠶᠢᠵᠤ᠂ ᠪᠦᠯᠬᠦᠮᠳᠡᠨ ᠲᠡᠮᠡᠴᠡᠭᠰᠡᠨ ᠦᠷ᠎ᠡ ᠳ᠋ᠦᠡᠭ᠂ ᠨᠡᠩ ᠴᠤ ᠪᠦᠬᠦ ᠬᠤᠲᠠ ᠶᠢᠨ ᠦᠨᠳᠤᠰᠤᠲᠡᠨ ᠎ ᠨᠦᠭᠦᠳ ᠤᠨ ᠤᠯᠡᠨ ᠲᠦᠮᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠵᠤ ᠬᠠᠮᠲᠤ ᠪᠠᠷ ᠲᠡᠮᠡᠴᠡᠭᠰᠡᠨ ᠦᠷ᠎ᠡ ᠳ᠋ᠦᠡᠭ ᠶᠤᠮ᠃ ᠠᠳᠡ ᠪᠢ ᠬᠤᠲᠠ ᠶᠢᠨ ᠵᠠᠰᠠᠭ ᠤᠨ ᠤᠷᠳᠤᠨ ᠢ ᠲᠦᠯᠤᠭᠡᠯᠡᠨ᠂ ᠪᠦᠬᠦ ᠬᠤᠲᠠ ᠶᠢᠨ ᠦᠷᠭᠡᠨ ᠤᠯᠡᠨ ᠠᠷᠠᠳ ᠲᠦᠮᠡᠨ᠂ ᠠᠷᠠᠳ ᠤᠨ ᠲᠦᠯᠤᠭᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠭᠡᠰᠢᠭᠦᠳ᠂ ᠰᠢᠯᠢ ᠶᠢᠨ ᠬᠤᠲᠠ ᠶᠢᠨ ᠪᠦᠲᠤᠭᠡᠨ ᠪᠠᠶᠢᠭᠤᠯᠤᠯᠲᠠ ᠬᠦᠭᠵᠢᠯᠲᠡ ᠶᠢ ᠬᠠᠯᠠᠮᠵᠢᠯᠠᠨ ᠲᠡᠮᠵᠢᠵᠤ ᠢᠷᠡᠭᠰᠡᠨ ᠪᠠ ᠢᠳᠡᠪᠬᠢᠲᠠᠢ ᠤᠷᠤᠯᠴᠠᠭᠰᠡᠨ ᠨᠡᠶᠢᠭᠡᠮ ᠤᠨ ᠡᠯ᠎ᠡ ᠡᠲᠡᠭᠡᠳ ᠤᠨ ᠬᠦᠮᠤᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠲᠤ ᠬᠦᠨᠲᠤᠳᠭᠡᠯ ᠢᠶᠠᠨ ᠲᠡᠪᠰᠢᠭᠦᠯᠤᠶ᠎ᠡ︕             ᠠᠮᠵᠢᠯᠲᠡ ᠪᠠᠨ ᠨᠤᠲᠠᠯᠠᠬᠤ ᠶᠢᠨ ᠲᠠᠭᠠᠤ ᠮᠠᠨ ᠤ ᠬᠤᠲᠠ ᠬᠦᠭᠵᠢᠭᠡᠳᠤᠢ ᠪᠠᠶᠢᠳᠠᠯ ᠢᠶᠠᠨ ᠪᠦᠷᠢᠮᠤᠰᠤᠨ ᠬᠤᠪᠢᠷᠠᠭᠠᠵᠤ ᠲᠡᠶᠢᠯᠤᠭᠡᠳᠤᠢ᠂ ᠬᠦᠭᠵᠢᠯᠲᠡ ᠶᠢᠨ ᠲᠤᠮᠳᠠ ᠪᠠᠰᠨ ᠨᠡᠯᠢᠶᠡᠳ ᠤᠯᠡᠨ ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠭ᠎ᠠ ᠶᠢ ᠪᠢᠳᠡ ᠰᠡᠷᠭᠡᠭ ᠢᠶᠠᠷ ᠤᠯᠵᠤ ᠲᠠᠨᠢᠬᠤ ᠬᠡᠷᠡᠭᠲᠠᠢ᠃ ᠭᠤᠤᠯ ᠢᠯᠡᠷᠡᠯ ᠨᠢ ᠲᠤᠤᠷᠠᠬᠢ ᠮᠡᠲᠤ᠄ ᠠᠵᠤ ᠠᠬᠤᠢ ᠶᠢᠨ ᠶᠡᠷᠤᠩᠬᠡᠢ ᠬᠡᠮᠵᠢᠶ᠎ᠡ ᠨᠡᠯᠢᠶᠡᠳ ᠪᠠᠭ᠎ᠠ᠂ ᠪᠦᠲᠤᠴᠡ ᠰᠢᠯᠢᠳᠡᠭ ᠪᠤᠰᠤ᠂ ᠬᠦᠭᠵᠢᠯᠲᠡ ᠶᠢ ᠲᠦᠷᠭᠡᠳᠭᠡᠬᠦ ᠪᠠ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠭᠦᠯᠬᠦ ᠠᠵᠢᠯ ᠨᠢ ᠡᠭᠦᠷᠭᠡ ᠬᠦᠨᠳᠤ ᠵᠠᠮ ᠬᠤᠯᠨ ᠪᠠᠶᠢᠭᠰᠠᠭᠠᠷ︔ ᠪᠡᠯᠨ ᠤᠷᠤᠭᠤᠯᠤᠯᠲᠠ ᠪᠠᠷ ᠲᠠᠶᠢᠴᠢᠯᠠᠨ ᠲᠠᠭᠠᠭᠤᠯᠬᠤ ᠨᠢ ᠮᠦᠨᠬᠦ ᠬᠤᠶᠢᠰᠢᠲᠠ ᠶᠢᠨ ᠬᠦᠭᠵᠢᠯᠲᠡ ᠶᠢᠨ ᠴᠢᠬᠤᠯᠨ ᠬᠦᠳᠡᠯᠭᠡᠭᠦᠷ ᠪᠤᠯᠤᠨ᠎ᠠ᠂ ᠤᠳᠤᠬᠠᠨ ᠳᠤ ᠮᠠᠨ ᠤ ᠬᠤᠲᠠ ᠶᠢᠨ ᠴᠢᠬᠤᠯᠨ ᠶᠡᠭᠡ ᠲᠦᠷᠤᠯ ᠵᠦᠢᠯ ᠤᠨ ᠨᠦᠭᠡᠴᠡᠯᠡᠯᠲᠡ ᠨᠡᠯᠢᠶᠡᠳ ᠪᠠᠭ᠎ᠠ ᠪᠠᠶᠢᠵᠤ᠂ ᠬᠦᠭᠵᠢᠯᠲᠡ ᠶᠢᠨ ᠨᠦᠭᠡᠴᠡ ᠬᠦᠴᠤᠨ ᠬᠦᠷᠤᠯᠴᠡᠬᠦ ᠦᠭᠡᠢ᠂ ᠠᠷᠠᠯᠵᠢᠶᠠᠴᠢᠨ ᠤᠷᠢᠵᠤ ᠪᠡᠯᠨ ᠤᠷᠤᠭᠤᠯᠬᠤ ᠡᠭᠦᠷᠭᠡ ᠬᠠᠲᠠᠭᠤ ᠪᠡᠷᠬᠡ ᠪᠠᠶᠢᠭᠰᠠᠭᠠᠷ︔ ᠰᠠᠭᠤᠷᠢ ᠲᠦᠬᠦᠭᠡᠷᠤᠮᠵᠢ ᠎ ᠶᠢᠨ ᠪᠠᠶᠢᠭᠤᠯᠤᠯᠲᠠ ᠬᠠᠷᠢᠴᠠᠩᠭᠤᠢ ᠤᠳᠠᠭᠠᠨ ᠪᠠᠶᠢᠵᠤ᠂ ᠲᠤᠯᠭᠠᠭᠤᠷᠢᠯᠡᠯ ᠪᠠ ᠪᠠᠲᠤᠯᠠᠭᠠᠲᠤ ᠴᠢᠳᠠᠪᠤᠷᠢ ᠪᠠᠭᠤᠷᠠᠢ᠂ ᠬᠦᠭᠵᠢᠯᠲᠡ ᠶᠢᠨ ᠲᠤᠲᠠᠭᠤᠳᠠᠯ ᠢ ᠦᠷᠭᠦᠯᠵᠢᠯᠡᠨ ᠨᠦᠬᠦᠪᠤᠷᠢᠯᠡᠬᠦ ᠴᠢᠬᠤᠯᠠᠲᠠᠢ︔ ᠡᠳ᠋ ᠤᠨ ᠵᠠᠰᠠᠭ ᠭᠠᠶᠢᠯᠢ ᠶᠢᠨ ᠪᠦᠲᠤᠴᠡ ᠵᠤᠬᠢᠰ ᠦᠭᠡᠢ᠂ ᠤᠷᠤᠯᠭ᠎ᠠ ᠵᠠᠷᠤᠯᠭ᠎ᠠ ᠶᠢᠨ ᠵᠦᠷᠢᠴᠡᠯ ᠤᠯᠡᠮ ᠲᠤᠪᠤᠶᠢᠮ᠎ᠠ ᠪᠤᠯᠵᠤ᠂ ᠭᠠᠶᠢᠯᠢ ᠶᠢᠨ ᠰᠢᠨ᠎ᠡ ᠢᠷᠡᠯᠲᠡ ᠶᠢ ᠨᠡᠮᠡᠭᠳᠡᠭᠦᠯᠬᠦ ᠴᠢᠬᠤᠯᠠᠲᠠᠢ︔ ᠪᠡᠯᠨ ᠬᠤᠷᠠᠮᠳᠤᠭᠤᠯᠬᠤ ᠠᠵᠢᠯ ᠨᠡᠩ ᠬᠦᠴᠢᠷᠲᠠᠢ ᠪᠤᠯᠵᠤ᠂ ᠪᠦᠲᠤᠭᠡᠨ ᠪᠠᠶᠢᠭᠤᠯᠤᠯᠲᠠ ᠶᠢᠨ ᠪᠡᠯᠨ ᠮᠦᠩᠬᠦ ᠲᠤᠲᠠᠭᠲᠠᠵᠤ᠂ ᠪᠡᠯᠨ ᠮᠥᠩᠭᠦ ᠤᠯᠬᠤ ᠪᠠᠷ ᠦᠷᠭᠦᠯᠵᠢᠯᠡᠨ ᠴᠢᠷᠮᠠᠶᠢᠬᠤ ᠴᠢᠬᠤᠯᠠᠲᠠᠢ︔ ᠤᠨᠴᠠᠭᠠᠢ ᠵᠠᠷᠢᠮ ᠺᠠᠳ᠋ᠷ ᠤᠨ ᠬᠠᠷᠢᠭᠤᠴᠠᠯᠭᠠᠲᠤ ᠰᠠᠳᠬᠢᠯᠭᠡ ᠪᠠ ᠡᠭᠦᠷᠭᠡᠯᠡᠬᠦ ᠵᠤᠷᠢᠭ ᠰᠠᠨᠠᠭ᠎ᠠ ᠨᠢ ᠴᠢᠩᠭ᠎ᠠ ᠪᠤᠰᠤ᠂ ᠠᠵᠢᠯ ᠬᠢᠬᠦ ᠦᠭᠡᠢ᠂ ᠠᠵᠢᠯ ᠢ ᠤᠳᠠᠭᠠᠰᠢᠷᠠᠭᠤᠯᠵᠤ ᠬᠢᠬᠦ ᠦᠵᠡᠭᠳᠡᠯ ᠵᠤᠬᠢᠬᠤ ᠬᠡᠮᠵᠢᠶᠡᠨ ᠲᠡᠭᠡᠷ᠎ᠡ ᠤᠷᠤᠰᠢᠵᠤ᠂ ᠠᠵᠢᠯ ᠤᠨ ᠤᠪᠤᠷ ᠰᠤᠷᠲᠠᠯ ᠢ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠲᠡᠭᠡᠲᠤ ᠬᠡᠮᠵᠢᠶ᠎ᠡ ᠪᠠᠷ ᠬᠦᠨᠳᠤᠳᠭᠡᠨ᠂ ᠬᠢᠨᠠᠮᠠᠭᠠᠢ ᠰᠢᠢᠳᠪᠤᠷᠢᠯᠡᠬᠦ ᠬᠡᠷᠡᠭᠲᠠᠢ᠃ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠲᠠ                2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠤᠪᠵᠢᠭᠦᠯᠭᠡ ᠶᠢ ᠬᠡᠷᠡᠭᠵᠢᠭᠦᠯᠬᠦ ᠴᠢᠬᠤᠯᠨ ᠨᠢᠭᠡ ᠵᠢᠯ᠂ ᠮᠦᠨᠴᠤ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠬᠦᠨᠵᠡᠭᠡᠶᠢᠷᠡᠭᠦᠯᠲᠡ ᠶᠢᠨ ᠵᠢᠯ ᠶᠤᠮ᠂ ᠪᠢᠳᠡ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠪᠠ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠡᠨ 70 ᠵᠢᠯ ᠤᠨ ᠤᠢ ᠶᠢ ᠤᠭᠲᠤᠬᠤ ᠪᠤᠯᠤᠨ᠎ᠠ᠂ ᠡᠶᠢᠮᠤ ᠠᠴᠠ ᠡᠨᠡ ᠵᠢᠯ ᠤᠨ ᠵᠠᠰᠠᠭ ᠤᠨ ᠤᠷᠳᠤᠨ ᠤ ᠠᠵᠢᠯ ᠢ ᠰᠠᠶᠢᠲᠤᠷ ᠬᠢᠬᠦ ᠨᠢ ᠡᠭᠦᠷᠭᠡ ᠬᠦᠨᠳᠤ ᠮᠦᠷᠲᠡᠭᠡᠨ ᠴᠢᠬᠤᠯᠠ ᠶᠡᠭᠡ ᠠᠴᠢ ᠬᠤᠯᠪᠤᠭᠳᠠᠯ  ᠎ ᠲᠠᠢ ᠶᠤᠮ᠃             ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠥᠭᠡᠷ᠂ ᠳᠠᠪᠤᠳᠤᠭᠠᠷ᠂ ᠵᠢᠷᠭᠤᠳᠤᠭᠠᠷ ᠪᠥᠭᠦᠳᠡ ᠬᠤᠷᠠᠯ ᠤᠨ ᠵᠤᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠢ ᠶᠢᠨ ᠫᠢᠩ ᠶᠡᠷᠥᠩᠬᠡᠢ ᠱᠦᠵᠢ ᠶᠢᠨ ᠰᠢᠷᠢᠰ ᠴᠢᠬᠤᠯᠠ ᠶᠡᠷᠢᠶ᠎ᠠ ᠪᠠ ᠲᠦᠷᠦ ᠶᠢ ᠵᠠᠰᠠᠨ ᠵᠠᠰᠠᠭ ᠢ ᠡᠷᠬᠢᠯᠡᠬᠦ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ᠂ ᠥᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠭᠦᠳᠡ ᠬᠤᠷᠠᠯ᠂ ᠦᠪᠡᠷᠲᠡᠭᠡᠨ ᠵᠠᠰᠠᠬᠤ ᠤᠷᠤᠨ ᠎ ᠤ ᠠᠷᠪᠡᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2017 ᠣᠨ ᠤ ᠨᠢᠭᠡᠳᠥᠭᠡᠷ ᠤᠳᠠᠭᠠᠨ ᠤ ︵ᠥᠷᠭᠡᠳᠭᠡᠭᠰᠡᠨ︶ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠠᠷᠪᠡᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂《 ᠳᠠᠪᠤ ᠶᠢ ᠨᠢᠭᠡ ᠴᠣᠭᠴᠠᠵᠢᠭᠤᠯᠬᠤ 》ᠶᠡᠷᠥᠩᠬᠡᠢ ᠪᠠᠶᠢᠷᠢᠰᠢᠭᠤᠯᠤᠯᠲᠠ ᠶᠢ ᠨᠢᠭᠡᠳᠦᠯᠲᠠᠢ ᠲᠦᠯᠦᠪᠵᠢᠭᠦᠯᠦᠨ ᠠᠬᠢᠭᠤᠯᠵᠤ᠂《 ᠳᠥᠷᠪᠡᠨ ᠪᠥᠬᠦ ᠲᠠᠯ᠎ᠠ 》᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠶᠢᠮᠠᠭ ᠤᠨ ᠲᠥᠪ ᠬᠤᠳᠡ ᠶᠢᠨ ᠤᠬᠠᠮᠰᠠᠷ᠂ ᠬᠡᠪ ᠳᠠᠭᠤᠷᠢᠶᠠᠯ ᠤᠨ ᠤᠬᠠᠮᠰᠡᠷ᠂ ᠬᠦᠲᠤᠯᠤᠨ ᠳᠠᠭᠠᠭᠤᠯᠬᠤ ᠤᠬᠠᠮᠰᠠᠷ ᠢ ᠪᠠᠳᠤ ᠪᠤᠢ ᠪᠤᠯᠭᠠᠨ᠂ ᠳᠣᠭᠳᠠᠭᠤᠨ ᠪᠠᠶᠢᠯᠭᠠᠬᠤ ᠮᠦᠷᠳᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠥᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠎ ᠶᠢᠨ ᠰᠢᠨ᠎ᠡ ᠬᠡᠪ ᠪᠠᠶᠢᠳᠠᠯ ᠲᠠᠢ ᠵᠤᠬᠢᠴᠠᠯᠳᠤᠨ᠂ ᠰᠢᠨ᠎ᠡ ᠬᠡᠪ ᠪᠠᠶᠢᠳᠠᠯ ᠢ ᠡᠵᠡᠮᠳᠡᠨ ᠳᠠᠭᠠᠭᠤᠯᠵᠤ᠂ ᠬᠥᠭᠵᠢᠯᠲᠡ ᠎ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠲᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠳᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠵᠤ᠂ ᠬᠥᠭᠵᠢᠯᠲᠡ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠰᠠᠭᠤᠷᠢ ᠱᠤᠭᠤᠮ ᠢ ᠴᠢᠩᠭ᠎ᠠ ᠰᠠᠬᠢᠵᠤ᠂《 ᠳᠠᠪᠤᠨ ᠲᠠᠯ᠎ᠠ ᠶᠢ ᠵᠤᠬᠢᠴᠠᠭᠤᠯᠬᠤ 》 ᠪᠠ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠭᠦ ᠶᠢ ᠬᠦᠴᠤᠯᠡᠨ ᠠᠬᠢᠭᠤᠯᠵᠤ᠂ ᠨᠡᠮᠡᠭᠳᠡᠯ ᠢ ᠲᠤᠭᠲᠠᠪᠤᠷᠢᠵᠢᠭᠤᠯᠬᠤ᠂ ᠪᠥᠲᠦᠴᠡ ᠶᠢ ᠳᠤᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠮᠢ ᠠᠬᠤᠢ ᠶᠢ ᠬᠠᠮᠠᠭᠠᠯᠠᠬᠤ᠂ ᠰᠠᠭᠤᠷᠢ ᠶᠢ ᠪᠠᠲᠤᠵᠢᠭᠤᠯᠬᠤ᠂ ᠬᠤᠲᠠ ᠬᠦᠳᠡᠭᠡ ᠶᠢ ᠨᠢᠭᠡᠳᠦᠯᠲᠠᠢ ᠲᠦᠯᠦᠪᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ᠂ ᠦᠭᠡᠷᠡᠴᠢᠯᠡᠯᠲᠡ ᠶᠢ ᠠᠬᠢᠭᠤᠯᠬᠤ᠂ ᠳᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠠᠵᠢᠯ ᠢ ᠪᠠᠳᠤᠳᠠᠢ ᠰᠠᠶᠢᠲᠤᠷ ᠬᠢᠵᠦ᠂ ᠠᠵᠤ ᠠᠬᠤᠢ ᠶᠢᠨ ᠳᠣᠭᠳᠠᠭᠤᠨ ᠪᠦᠭᠡᠳ ᠡᠷᠡᠭᠦᠯ ᠢᠶᠠᠷ ᠬᠥᠭᠵᠢᠬᠦ᠂ ᠨᠡᠶᠢᠭᠡᠮ ᠨᠡᠶᠢᠲᠡ ᠶᠢᠨ ᠡᠶ᠎ᠡ ᠵᠤᠬᠢᠴᠠᠯ ᠲᠤᠭᠲᠠᠭᠤᠨ ᠢ ᠠᠬᠢᠭᠤᠯᠵᠤ᠂ ᠰᠢᠯᠢᠳᠡᠭ ᠦᠷ᠎ᠡ ᠪᠦᠲᠦᠮᠵᠢ ᠪᠠᠷ ᠥᠪᠡᠷᠳᠡᠭᠡᠨ ᠵᠠᠰᠠᠬᠤ ᠣᠷᠤᠨ ᠪᠠᠶᠢᠭᠤᠯᠤᠭᠳᠡᠭ᠌ᠰᠠᠨ 70 ᠵᠢᠯ ᠤᠨ ᠣᠢ ᠶᠢ ᠤᠭᠲᠤᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠡ ᠲᠠᠢ ᠬᠤᠷᠠᠯᠳᠤᠬᠤ ᠶᠢ ᠤᠭᠲᠤᠨ᠎ᠠ᠃              ᠭᠤᠤᠯ ᠪᠤᠯᠬᠤ ᠵᠢᠱᠢᠭᠰᠡᠨ ᠬᠠᠷᠠᠯᠲᠡ ᠪᠤᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8.5%᠎ ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠳᠤᠭᠳᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠎ ᠶᠢ 14%᠎ ᠪᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠳᠦᠰᠦᠪ ᠤᠨ ᠣᠷᠤᠯᠭ᠎ᠠ ᠶᠢ 5.4%᠎ ᠪᠠᠷ ᠨᠡᠮᠡᠭᠳᠡᠭᠦᠯᠤᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠬᠤ ᠶᠡᠷᠥᠩᠬᠡᠢ ᠨᠤᠷᠮ᠎ᠡ ᠶᠢ 11%᠎ ᠪᠠᠷ ᠨᠡᠮᠡᠭᠳᠡᠭᠦᠯᠵᠦ᠂ ᠬᠤᠲᠡ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠤᠯᠭ᠎ᠠ ᠶᠢ ᠲᠤᠰ ᠪᠦᠷᠢ 9% ᠪᠠ 9.5%᠎ ᠪᠠᠷ ᠨᠡᠮᠡᠭᠳᠡᠭᠦᠯᠦᠨ᠎ᠡ᠃ ᠠᠵᠤ ᠠᠬᠤᠢ ᠎ ᠶᠢᠨ ᠭᠤᠤᠯ ᠭᠦᠢᠴᠡᠳᠭᠡᠯ ᠳᠤᠭ᠎ᠠ ᠶᠢᠨ ᠪᠦᠬᠦ ᠠᠶᠢᠮᠠᠭ ᠲᠤ ᠡᠵᠡᠯᠡᠬᠦ ᠬᠤᠪᠢ ᠶᠢᠨ ᠵᠢᠩ ᠳᠠᠰᠤᠷᠠᠯᠳᠠ ᠦᠭᠡᠢ ᠨᠡᠮᠡᠭᠳᠡᠬᠦ ᠶᠢ ᠴᠢᠷᠮᠠᠶᠢᠨ ᠪᠡᠶᠡᠯᠡᠭᠦᠯᠵᠦ᠂ ᠶᠡᠷᠥᠩᠬᠡᠢ ᠠᠵᠤ ᠠᠬᠤᠢ ᠶᠢᠨ ᠪᠤᠳᠠᠳᠤ ᠬᠦᠴᠦᠨ ᠨᠢ ᠪᠦᠬᠦ ᠣᠷᠣᠨ ᠤ ᠨᠢᠭᠡᠳᠦᠭᠡᠷ ᠡᠩᠨᠡᠭᠡᠨ ᠳᠠᠬᠢ ᠳᠠᠷᠠᠭᠠᠯᠠᠯ ᠢᠶᠠᠨ ᠤᠷᠤᠭᠰᠢᠯᠠᠭᠤᠯᠤᠨ᠎ᠠ᠃             ᠳᠡᠭᠡᠷᠡᠬᠢ ᠬᠠᠷᠠᠯᠳᠠ ᠪᠠ ᠡᠭᠦᠷᠭᠡ ᠶᠢ ᠪᠡᠶᠡᠯᠡᠭᠦᠯᠬᠦ ᠭᠡᠪᠡᠯ᠂ ᠪᠢᠳᠡ ᠳᠤᠤᠷᠠᠬᠢ ᠠᠷᠪᠡᠨ ᠳᠠᠯ᠎ᠡ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠃             ︵  ᠨᠢᠭᠡ︶ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠨ ᠮᠦᠩᠬᠦ ᠲᠠᠲᠠᠨ ᠤᠷᠤᠭᠤᠯᠬᠤ ᠠᠵᠢᠯ ᠢ ᠬᠦᠴᠤᠯᠡᠨ ᠰᠠᠶᠢᠲᠤᠷ ᠠᠳᠬᠤᠨ᠎ᠠ᠃ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠶᠢ ᠠᠳᠬᠤᠬᠤ ᠪᠤᠯ ᠲᠠᠷᠤᠢ ᠠᠵᠤ ᠠᠬᠤᠢ ᠶᠢᠨ ᠪᠦᠲᠤᠭᠡᠨ ᠪᠠᠶᠢᠭᠤᠯᠤᠯᠲᠠ ᠶᠢ ᠠᠳᠬᠤᠵᠤ ᠪᠠᠶᠢᠨ᠎ᠠ ᠬᠡᠰᠡᠨ ᠦᠵᠡᠯᠲᠡ ᠶᠢ ᠪᠠᠷᠢᠮᠲᠠᠯᠠᠨ᠂ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠪᠦᠲᠤᠮᠵᠢᠲᠠᠢ ᠪᠠᠯᠨ ᠤᠷᠤᠭᠤᠯᠤᠯᠲᠠ ᠶᠢ ᠦᠷᠭᠡᠳᠭᠡᠬᠦ ᠠᠰᠢᠭᠲᠠᠢ ᠲᠤᠬᠢᠶᠠᠯ ᠢ ᠡᠵᠡᠮᠳᠡᠨ᠂ ᠭᠤᠤᠯᠳᠠᠯᠭᠠᠲᠤ ᠲᠦᠷᠤᠯ ᠵᠦᠢᠯ ᠤᠨ ᠪᠠᠶᠢᠭᠤᠯᠤᠯᠲᠠ ᠪᠤᠯᠤᠨ ᠠᠷᠠᠯᠵᠢᠶᠠᠴᠢᠨ ᠤᠷᠢᠵᠤ ᠪᠡᠯᠨ ᠮᠦᠩᠬᠦ ᠲᠠᠲᠠᠨ ᠤᠷᠤᠭᠤᠯᠬᠤ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠰᠠᠶᠢᠲᠤᠷ ᠬᠢᠵᠤ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠡᠨ 70 ᠵᠢᠯ ᠤᠨ ᠤᠢ ᠎ ᠶᠢ ᠤᠭᠲᠤᠨ᠎ᠠ᠃ ᠪᠦᠬᠦ ᠵᠢᠯ ᠳᠤ 98 ᠭᠤᠤᠯᠳᠠᠯᠭᠠᠲᠤ ᠲᠦᠷᠤᠯ ᠵᠦᠢᠯ ᠢ ᠬᠡᠷᠡᠭᠵᠢᠭᠦᠯᠵᠤ᠂ 188.7 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠯᠲᠠ ᠶᠢ ᠪᠡᠶᠡᠯᠡᠭᠦᠯᠬᠦ ᠪᠠᠷ ᠲᠦᠯᠤᠪᠯᠡᠵᠤ ᠪᠠᠶᠢᠨ᠎ᠠ᠃             ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠰᠠᠭᠤᠷᠢ ᠲᠦᠬᠦᠭᠡᠷᠤᠮᠵᠢ ᠶᠢᠨ ᠲᠠᠯ᠎ᠠ ᠪᠠᠷ᠃ ︽ᠲᠤᠯᠤᠭᠠᠨ ᠲᠤᠤᠷ︾᠎ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠬᠤᠲᠠ ᠶᠢᠨ ᠶᠠᠪᠤᠳᠠᠯ᠂ ᠣᠰᠣᠨ ᠠᠰᠢᠭᠯᠠᠯᠲᠠ᠂ ᠡᠨᠧᠷᠬᠢ᠂ ᠴᠢᠮᠡᠭᠡ ᠨᠡᠪᠲᠡᠷᠡᠭᠦᠯᠭᠡ ᠵᠡᠷᠭᠡ ᠲᠠᠯ᠎ᠠ ᠪᠠᠷ ᠨᠢᠭᠡ ᠪᠦᠯᠤᠭ᠌ ᠴᠢᠬᠤᠯᠨ ᠶᠡᠭᠡ ᠲᠦᠷᠤᠯ ᠵᠦᠢᠯ ᠢ ᠬᠡᠷᠡᠭᠵᠢᠭᠦᠯᠤᠨ᠎ᠡ᠃ ᠲᠠᠮᠤᠷ ᠵᠠᠮ ᠤᠨ ᠲᠤᠤᠷ ᠤᠨ ᠪᠦᠲᠤᠭᠡᠨ ᠪᠠᠶᠢᠭᠤᠯᠤᠯᠲᠠ᠄ ᠰᠢᠯᠢ ᠶᠢᠨ ᠬᠤᠳᠠ ᠠᠴᠠ ᠴᠢᠭᠤᠯᠤᠯᠳᠤ ᠬᠠᠭᠠᠯᠭ᠎ᠠ ᠳᠤ ᠬᠦᠷᠴᠤ ᠲᠠᠬᠢᠨ ᠪᠡᠭᠡᠵᠢᠩ ᠳᠤ ᠤᠷᠤᠬᠤ ᠲᠦᠷᠭᠡᠨ ᠬᠤᠷᠳᠤᠴᠠᠳᠤ ᠲᠡᠮᠦᠷ ᠵᠠᠮ ᠤᠨ ᠪᠠᠶᠢᠭᠤᠯᠤᠯᠲᠠ ᠪᠠ ᠰᠢᠯᠢ ᠶᠢᠨ ᠬᠤᠳᠠ ᠠᠴᠠ ᠬᠦᠬᠡᠬᠤᠲᠠ ᠪᠤᠭᠤᠲᠤ ᠳᠤ ᠬᠦᠷᠬᠦ ᠲᠡᠮᠤᠷ ᠵᠠᠮ ᠤᠨ ᠬᠤᠷᠳᠤᠴᠠ ᠶᠢ ᠲᠡᠭᠡᠭᠰᠢᠯᠡᠭᠦᠯᠬᠦ ᠦᠭᠡᠷᠡᠴᠢᠯᠡᠯᠲᠡ ᠵᠡᠷᠭᠡ ᠭᠤᠤᠯᠳᠠᠯᠭᠠᠲᠤ ᠲᠡᠮᠤᠷ ᠵᠠᠮ ᠤᠨ ᠪᠦᠲᠤᠭᠡᠨ ᠪᠠᠶᠢᠭᠤᠯᠤᠯᠲᠠ ᠲᠠᠢ ᠰᠠᠶᠢᠲᠤᠷ ᠬᠠᠮᠵᠢᠯᠴᠠᠵᠤ᠂ ᠡᠨᠡ ᠵᠢᠯ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠤᠤᠷ ᠤᠨ ᠪᠦᠲᠤᠭᠡᠨ ᠪᠠᠶᠢᠭᠤᠯᠤᠯᠲᠠ᠄ 303 ᠤᠯᠤᠰ ᠤᠨ ᠵᠠᠮ ᠤᠨ ᠪᠡᠯᠬᠦᠲᠡᠢ ᠠᠴᠠ ᠰᠢᠯᠢ ᠶᠢᠨ ᠬᠤᠲᠠ ᠳᠤ ᠬᠦᠷᠬᠦ ᠭᠡᠰᠡᠭ ᠪᠠ ᠮᠠᠯᠵᠢᠬᠤ ᠤᠷᠤᠨ ᠤ ᠵᠠᠰᠠᠮᠠᠯ ᠵᠠᠮ ᠤᠨ ᠪᠦᠲᠤᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ ᠡᠨᠡ ᠵᠢᠯ ᠠᠰᠢᠭᠯᠠᠯᠲᠠ ᠳᠤ ᠤᠷᠤᠭᠤᠯᠤᠨ᠎ᠠ︔ 207 ᠤᠯᠤᠰ ᠤᠨ ᠵᠠᠮ ᠤᠨ ᠰᠢᠯᠢ ᠶᠢᠨ ᠬᠤᠲᠠ ᠠᠴᠠ ᠪᠠᠯᠠᠭᠠᠷ ᠭᠤᠤᠯ ᠬᠦᠷᠬᠦ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠠᠭᠠᠷ ᠤᠨ ᠠᠶᠠᠯᠠᠯ ᠤᠨ ᠲᠤᠤᠷ ᠤᠨ ᠪᠦᠲᠤᠭᠡᠨ ᠪᠠᠶᠢᠭᠤᠯᠤᠯᠲᠠ᠄ ᠰᠢᠯᠢ ᠶᠢᠨ ᠬᠤᠲᠠ ᠶᠢᠨ ᠨᠢᠰᠭᠡᠯ ᠤᠨ ᠪᠠᠭᠤᠳᠠᠯ ᠎ ᠢ ᠦᠷᠭᠡᠳᠭᠡᠨ ᠪᠠᠶᠢᠭᠤᠯᠬᠤ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠢᠳᠡᠪᠬᠢᠲᠠᠢ ᠠᠬᠢᠭᠤᠯᠤᠨ᠂ 9 ᠰᠠᠷ᠎ᠠ ᠳᠤ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠬᠤᠲᠠ ᠶᠢᠨ ᠶᠠᠪᠤᠳᠠᠯ ᠤᠨ ᠲᠤᠤᠷ ᠤᠨ ᠪᠦᠲᠤᠭᠡᠨ ᠪᠠᠶᠢᠭᠤᠯᠤᠯᠲᠠ᠄ ᠬᠤᠲᠠ ᠶᠢᠨ ᠶᠠᠷᠤᠩᠬᠡᠶᠢᠯᠡᠭᠰᠡᠨ ᠲᠤᠤᠷ ᠬᠤᠭᠤᠯᠠᠢ᠂ ᠬᠤᠭ ᠨᠤᠪᠰᠢ ᠰᠢᠲᠠᠭᠠᠵᠤ ᠴᠠᠬᠢᠯᠭᠠᠨ ᠭᠠᠷᠭᠠᠬᠤ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠤᠮᠵᠢ᠂ ᠵᠡᠭᠡᠯᠢ ᠵᠠᠮ ᠢ ᠨᠡᠪᠲᠡᠷᠡᠭᠦᠯᠬᠦ᠂ ᠬᠤᠭᠤᠯᠠᠢ ᠲᠤᠤᠷ ᠢ ᠦᠭᠡᠷᠡᠴᠢᠯᠡᠨ ᠪᠠᠶᠢᠭᠤᠯᠬᠤ᠂ ᠵᠢᠵᠢᠭ ᠵᠡᠭᠡᠯᠢ ᠭᠤᠳᠤᠮᠵᠢ ᠶᠢ ᠦᠭᠡᠷᠡᠴᠢᠯᠡᠨ ᠵᠠᠰᠠᠬᠤ᠂ ᠲᠦᠭᠦᠮ ᠪᠦᠲᠤᠴᠠᠲᠤ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ᠂ ᠨᠤᠭᠤᠭᠠᠷᠠᠭᠤᠯᠬᠤ ᠭᠤᠶᠤᠵᠢᠭᠤᠯᠬᠤ ᠭᠡᠭᠡᠷᠡᠬᠦᠯᠬᠦ ᠵᠡᠷᠭᠡ ᠬᠤᠲᠠ ᠶᠢᠨ ᠪᠦᠲᠤᠭᠡᠨ ᠪᠠᠶᠢᠭᠤᠯᠤᠯᠲᠠ ᠶᠢᠨ ᠲᠦᠷᠤᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠲᠠ ᠶᠢᠨ ᠶᠠᠷᠤᠩᠬᠡᠶᠢᠯᠡᠭᠰᠡᠨ ᠲᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ᠃ ᠤᠰᠤᠨ ᠠᠰᠢᠭᠯᠠᠯᠲᠠ ᠶᠢᠨ ᠲᠤᠤᠷ ᠤᠨ ᠪᠦᠲᠤᠭᠡᠨ ᠪᠠᠶᠢᠭᠤᠯᠤᠯᠲᠠ᠄ ᠪᠠᠶᠠᠨᠪᠤᠯᠠᠭ ᠬᠤᠶᠠᠳᠤᠭᠠᠷ ᠤᠰᠤᠨ ᠤ ᠡᠬᠢ ᠰᠤᠷᠪᠤᠯᠵᠢ ᠎ ᠶᠢᠨ ᠤᠷᠤᠨ ᠠᠴᠠ ᠤᠰᠤ ᠬᠠᠩᠭᠠᠬᠤ᠂ ᠰᠢᠯᠢ ᠶᠢᠨ ᠭᠤᠤᠯ ᠤᠰᠤ ᠬᠠᠩᠭᠠᠬᠤ ᠺᠤᠮᠫᠠᠨᠢ ᠶᠢᠨ ᠰᠢᠨ᠎ᠡ ᠤᠰᠤᠨ ᠤ ᠦᠢᠯᠡᠳᠪᠤᠷᠢ ᠶᠢᠨ ᠪᠦᠲᠤᠭᠡᠨ ᠪᠠᠶᠢᠭᠤᠯᠤᠯᠲᠠ᠂ ᠴᠠᠬᠢᠯᠭᠠᠨ ᠡᠬᠢ ᠰᠤᠷᠪᠤᠯᠵᠢ ᠶᠢᠨ ᠰᠠᠭᠤᠷᠢᠨ ᠭᠠᠵᠠᠷ ᠤᠨ ᠲᠠᠬᠢᠨ ᠴᠡᠪᠡᠷᠰᠢᠭᠦᠯᠤᠭ᠍ᠰᠡᠨ ᠤᠰᠤ ᠪᠠᠷ ᠤᠰᠤ ᠬᠠᠩᠭᠠᠬᠤ ᠵᠢᠴᠢ ᠪᠤᠵᠠᠷ ᠤᠰᠤ ᠶᠢ ᠭᠠᠳᠠᠭᠰᠢᠯᠠᠭᠤᠯᠬᠤ᠂ ᠤᠰᠤᠨ ᠤ ᠡᠬᠢ ᠰᠤᠷᠪᠤᠯᠵᠢ ᠶᠢᠨ ᠬᠤᠳᠲᠤᠭ ᠤᠨ ᠪᠦᠲᠤᠭᠡᠨ ᠪᠠᠶᠢᠭᠤᠯᠤᠯᠲᠠ᠂ ᠮᠠᠯᠵᠢᠬᠤ ᠤᠷᠤᠨ ᠤ ᠣᠣᠭᠤᠬᠤ ᠤᠰᠤᠨ ᠤ ᠠᠮᠤᠷ ᠲᠦᠪᠰᠢᠨ ᠢ ᠪᠠᠳᠤᠳᠬᠠᠨ ᠲᠡᠭᠡᠭᠰᠢᠯᠡᠭᠦᠯᠬᠦ ᠵᠡᠷᠭᠡ ᠢᠨᠵᠧᠨᠧᠷᠢᠩ ᠢ ᠲᠦᠷᠭᠡᠳᠭᠡᠨ᠂ ᠠᠮᠢ ᠠᠬᠤᠢ ᠶᠢ ᠬᠠᠮᠠᠭᠠᠯᠠᠬᠤ ᠤᠰᠤᠨ ᠤ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠭᠤᠤᠯ ᠤᠨ ᠵᠠᠮ ᠪᠠ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠤᠨ᠂ ᠤᠰᠤ ᠬᠠᠩᠭᠠᠬᠤ ᠪᠠᠲᠤᠯᠠᠭ᠎ᠠ ᠪᠠ ᠦᠶᠡᠷ ᠢ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠭᠦᠯᠤᠨ᠎ᠡ᠃ ᠡᠨᠧᠷᠬᠢ ᠶᠢᠨ ᠲᠤᠤᠷ ᠤᠨ ᠪᠦᠲᠤᠭᠡᠨ ᠪᠠᠶᠢᠭᠤᠯᠤᠯᠲᠠ᠄ ᠤᠨᠴᠠ ᠦᠨᠳᠤᠷ ᠬᠦᠴᠤᠳᠡᠯᠲᠤ ᠴᠠᠬᠢᠯᠭᠠᠨ ᠬᠦᠴᠤᠨ ᠢ ᠭᠠᠳᠠᠭᠰᠢ ᠭᠠᠷᠭᠠᠬᠤ ᠵᠠᠮ ᠱᠤᠭᠤᠮ ᠪᠠ ᠢᠵᠢ ᠲᠦᠬᠦᠭᠡᠷᠴᠢᠯᠡᠬᠦ ᠴᠠᠬᠢᠯᠭᠠᠨ ᠡᠬᠢ ᠰᠤᠷᠪᠤᠯᠵᠢ ᠶᠢᠨ ᠭᠠᠵᠠᠷ ᠤᠨ ᠪᠠᠶᠢᠭᠤᠯᠤᠯᠲᠠ ᠶᠢ ᠪᠦᠬᠦ ᠬᠦᠴᠤᠨ ᠢᠶᠠᠷ ᠠᠬᠢᠭᠤᠯᠵᠤ᠂ ᠡᠨᠡ ᠵᠢᠯ ᠰᠢᠯᠢ ᠶᠢᠨ ᠭᠤᠤᠯ ᠠᠶᠢᠮᠠᠭ ᠠᠴᠠ ᠵᠢᠶᠠᠩᠰᠤ ᠶᠢᠨ ᠲᠠᠶᠢᠵᠸᠤ ᠪᠠ ᠱᠠᠨᠳᠦ᠋ᠩ ᠤᠨ ᠵᠢᠨᠡᠨ ᠬᠦᠷᠬᠦ ᠬᠤᠶᠠᠷ ᠵᠤᠷᠪᠤᠰ ᠤᠨᠴᠠ ᠦᠨᠳᠤᠷ ᠬᠦᠴᠤᠳᠡᠯᠲᠤ ᠴᠠᠬᠢᠯᠭᠠᠨ ᠬᠦᠴᠤᠨ ᠤ ᠢᠨᠵᠧᠨᠧᠷᠢᠩ ᠤᠨ ᠮᠠᠨ ᠤ ᠬᠤᠲᠠ ᠶᠢᠨ ᠬᠢᠵᠠᠭᠠᠷ ᠳᠠᠬᠢ ᠲᠤᠤᠷ ᠱᠤᠭᠤᠮ ᠨᠢ ᠴᠠᠬᠢᠯᠭᠠᠨ ᠬᠦᠷᠭᠡᠬᠦ ᠨᠦᠬᠦᠴᠡᠯ ᠢ ᠪᠦᠷᠢᠯᠳᠦᠭᠦᠯᠤᠨ᠎ᠡ᠂ ᠮᠸᠡᠭ ᠨᠸᠡᠭ ᠴᠠᠬᠢᠯᠭᠠᠨ ᠡᠬᠢ ᠰᠤᠷᠪᠤᠯᠵᠢ ᠶᠢᠨ ᠭᠠᠵᠠᠷ ᠤᠨ 1 ᠰᠠᠤᠷᠢ ᠮᠠᠰᠢᠨ ᠴᠤᠭᠴᠠᠯᠠᠪᠤᠷᠢ ᠪᠠ ᠰᠢᠯᠢ ᠶᠢᠨ ᠭᠤᠤᠯ ᠠᠶᠢᠮᠠᠭ ᠤᠨ 2 × 300Mvar ᠹᠠᠰ ᠲᠤᠬᠢᠷᠠᠭᠤᠯᠬᠤ ᠮᠠᠰᠢᠨ ᠤ ᠲᠦᠷᠤᠯ ᠵᠦᠢᠯ ᠢ ᠠᠰᠢᠭᠯᠠᠯᠲᠠ ᠳᠤ ᠤᠷᠤᠭᠤᠯᠤᠨ᠂ ᠳ᠋ᠠ ᠲᠠᠩ᠂ ᠱᠧᠨ ᠬᠤᠸ᠋ᠨ᠂ ᠬᠤᠸ᠋ᠨ ᠨᠸᠡᠭ 3 ᠴᠠᠬᠢᠯᠭᠠᠨ ᠡᠬᠢ ᠰᠤᠷᠪᠤᠯᠵᠢ ᠶᠢᠨ ᠭᠠᠵᠠᠷ ᠤᠨ ᠲᠦᠷᠤᠯ ᠵᠦᠢᠯ ᠨᠢ ᠭᠤᠤᠯ ᠴᠤᠭᠴᠠᠲᠤ ᠢᠨᠵᠧᠨᠧᠷᠢᠩ ᠢᠶᠠᠨ ᠪᠡᠶᠡᠯᠡᠭᠦᠯᠤᠨ᠎ᠡ᠃ ᠤᠨᠴᠠ ᠦᠨᠳᠤᠷ ᠬᠦᠴᠤᠳᠡᠯᠲᠤ ᠴᠠᠬᠢᠯᠭᠠᠨ ᠬᠦᠴᠤᠨ ᠤ ᠲᠦᠷᠤᠯ ᠵᠦᠢᠯ ᠎ ᠲᠠᠢ ᠢᠵᠢ ᠲᠦᠬᠦᠭᠡᠷᠴᠢᠯᠡᠭᠰᠡᠨ ᠰᠢᠨ᠎ᠡ ᠡᠨᠧᠷᠬᠢ ᠶᠢᠨ ᠨᠡᠭᠡᠭᠡᠯᠲᠡ ᠶᠢᠨ ᠲᠦᠷᠤᠯ ᠵᠦᠢᠯ ᠤᠨ ᠡᠮᠤᠨᠡᠬᠢ ᠬᠤᠭᠤᠴᠠᠭᠠᠨ ᠎ ᠤ ᠠᠵᠢᠯ ᠢ ᠲᠦᠷᠭᠡᠳᠭᠡᠨ᠂ ᠡᠨᠡ ᠵᠢᠯ ᠡᠬᠢᠯᠡᠵᠤ ᠪᠠᠶᠢᠭᠤᠯᠬᠤ ᠪᠠᠷ ᠴᠢᠷᠮᠠᠶᠢᠨ᠎ᠠ᠃ ᠴᠠᠬᠢᠯᠭᠠᠨ ᠡᠬᠢ ᠰᠤᠷᠪᠤᠯᠵᠢ ᠶᠢᠨ ᠴᠡᠭ ᠤᠨ ᠲᠦᠷᠤᠯ ᠵᠦᠢᠯ ᠤᠨ ᠴᠠᠬᠢᠯᠭᠠᠨ ᠬᠦᠴᠤᠨ ᠤ ᠱᠤᠭᠤᠮ ᠢ ᠭᠠᠳᠠᠭᠰᠢ ᠲᠠᠮᠵᠢᠭᠤᠯᠬᠤ᠂ ᠬᠤᠲᠠ ᠬᠦᠳᠡᠭᠡ ᠎ ᠶᠢᠨ ᠴᠠᠬᠢᠯᠭᠠᠨ ᠲᠤᠤᠷ ᠢ ᠲᠡᠰ ᠲᠡᠪᠰᠢᠭᠦᠯᠵᠤ ᠦᠭᠡᠷᠡᠴᠢᠯᠡᠬᠦ᠂ ᠴᠠᠬᠢᠯᠭᠠᠨ ᠲᠡᠭᠡᠰᠤ ᠶᠢ ᠭᠠᠵᠠᠷ ᠲᠤᠤᠷ᠎ᠠ ᠤᠷᠤᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠤᠨ᠂ ᠴᠠᠬᠢᠯᠭᠠᠨ ᠲᠤᠤᠷ ᠤᠨ ᠪᠦᠲᠤᠴᠡ ᠶᠢ ᠤᠯᠡᠮ ᠨᠢᠭᠡ ᠠᠯᠬᠤᠮ ᠲᠡᠭᠦᠯᠳᠡᠷᠵᠢᠭᠦᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠤᠨ᠎ᠡ᠃ ᠴᠢᠮᠡᠭᠡ ᠨᠡᠪᠳᠡᠷᠡᠭᠦᠯᠭᠡ ᠶᠢᠨ ᠪᠦᠲᠤᠭᠡᠨ ᠪᠠᠶᠢᠭᠤᠯᠤᠯᠲᠠ᠄ ᠰᠢᠯᠢ ᠶᠢᠨ ᠭᠤᠤᠯ ᠠᠶᠢᠮᠠᠭ ᠤᠨ ᠲᠤᠮᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠲᠠᠢ ᠬᠠᠮᠵᠢᠯᠴᠠᠨ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠨᠡᠶᠢᠭᠡᠮ ᠲᠤᠭᠤᠷᠢᠭ᠂ ᠤᠶᠤᠨᠴᠢ ᠵᠢᠭᠤᠯᠴᠢᠯᠡᠯ᠂ ᠤᠶᠤᠨᠴᠢ ᠰᠤᠷᠭᠠᠨ ᠬᠦᠮᠤᠵᠢᠯ᠂ ᠤᠶᠤᠨᠴᠢ ᠵᠠᠮ ᠬᠠᠷᠢᠯᠴᠠᠭ᠎ᠠ᠂ ᠤᠶᠤᠨᠴᠢ ᠠᠶᠤᠯᠬᠦᠢ ᠦᠢᠯᠡᠳᠪᠤᠷᠢᠯᠡᠯ ᠤᠨ ᠬᠢᠨᠠᠨ ᠬᠠᠮᠢᠶᠠᠷᠤᠯᠲᠠ ᠵᠡᠷᠭᠡ ᠢᠨᠵᠧᠨᠧᠷᠢᠩ ᠢ ᠶᠡᠬᠡᠪᠡᠷ ᠬᠡᠷᠡᠭᠵᠢᠭᠦᠯᠵᠤ᠂ ᠲᠤᠮᠤ ᠲᠤᠭ᠎ᠠ ᠪᠠᠷᠢᠮᠲᠠ ᠶᠢᠨ ᠤᠯᠡᠨ ᠬᠦᠷᠢᠶ᠎ᠡ ᠴᠠᠷᠠᠭᠠᠨ ᠳᠤ ᠦᠷᠭᠡᠨ ᠢᠶᠠᠷ ᠬᠡᠷᠡᠭᠯᠡᠭᠳᠡᠬᠦ ᠶᠢ ᠠᠬᠢᠭᠤᠯᠤᠨ᠎ᠠ᠃ ᠮᠡᠳᠡᠭᠡ ᠵᠠᠩᠬᠢ ᠶᠢᠨ ᠡᠬᠢ ᠰᠤᠷᠪᠤᠯᠵᠢ ᠶᠢ ᠨᠢᠭᠡᠳᠭᠡᠨ ᠬᠠᠮᠲᠤᠪᠡᠷ ᠠᠰᠢᠭᠯᠠᠵᠤ ᠬᠡᠷᠡᠭᠯᠡᠬᠦ ᠶᠢ ᠲᠦᠷᠭᠡᠳᠭᠡᠨ᠂ ᠪᠦᠬᠦ ᠬᠤᠲᠠ ᠶᠢᠨ  ᠵᠠᠰᠠᠭ ᠤᠨ ᠶᠠᠪᠤᠳᠠᠯ ‍ᠣᠨ‌ᠨᠢᠭᠡᠳᠤᠯᠲᠠᠢ ᠤᠯᠡᠨ ᠨᠡᠶᠢᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠤᠨ᠎ᠠ᠃ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠄ ᠰᠢᠯᠢ ᠶᠢᠨ ᠭᠤᠤᠯ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ ᠤ ᠵᠠᠰᠠᠮᠠᠯ ᠵᠠᠮ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠨ᠂ ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠵᠤ᠂ ᠵᠦᠢ ᠵᠤᠬᠢᠰᠲᠠᠢ ᠪᠠᠶᠢᠷᠢᠯᠠᠭᠤᠯᠤᠨ᠂ ᠲᠠᠪᠠᠭᠤᠯᠢᠭ ᠠᠵᠤ ᠦᠢᠯᠡᠰ ᠢ ᠬᠦᠷᠢᠶᠡᠯᠡᠩ ᠲᠤᠭᠤᠷᠢᠭ ᠲᠤ ᠲᠦᠪᠯᠡᠷᠡᠭᠦᠯᠤᠨ ᠬᠦᠭᠵᠢᠭᠦᠯᠤᠨ᠎ᠡ᠃ 2.7 ᠳ᠋ᠦᠩᠰᠢᠭᠤᠷ ᠲᠦᠬᠦᠷᠢᠭ ᠤᠷᠤᠭᠤᠯᠵᠤ᠂ ᠰᠢᠶᠠᠨ ᠳ᠋ᠠᠢ ᠪᠤᠳᠠᠰ ᠤᠨ ᠬᠦᠢᠯᠭᠡᠭᠡᠨ᠂ ᠪᠠᠷᠢᠯᠭ᠎ᠠ ᠶᠢᠨ ᠮᠠᠲ᠋ᠧᠷᠢᠶᠠᠯ ᠂ ᠨᠤᠤᠰᠤ ᠨᠤᠯᠤᠤᠷ᠂ ᠲᠤᠮᠳᠠ ᠵᠢᠵᠢᠭ ᠠᠵᠤ ᠠᠬᠤᠶᠢᠯᠡᠯ ᠵᠡᠷᠭᠡ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠤᠮᠵᠢ ᠶᠢ ᠦᠭᠡᠷᠡᠴᠢᠯᠡᠨ ᠲᠡᠰ ᠲᠡᠪᠰᠢᠭᠦᠯᠵᠤ᠂ ᠲᠤᠨᠤᠭᠯᠠᠯ ᠦᠢᠯᠡᠳᠬᠦ ᠠᠵᠤ ᠦᠢᠯᠡᠰ ᠤᠨ ᠲᠦᠪᠯᠡᠷᠡᠯ ᠤᠨ ᠲᠤᠭᠤᠷᠢᠭ ᠪᠠ ᠮᠠᠯ ᠤᠨ ᠪᠦᠲᠤᠭᠡᠭᠳᠡᠬᠦᠨ ᠨᠠᠷᠢᠯᠢᠭ ᠬᠦᠨ ᠡᠳ᠋ᠰᠢᠭᠦᠯᠵᠤ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠎ ᠤᠨ ᠰᠠᠭᠤᠷᠢ ᠲᠦᠬᠦᠭᠡᠷᠤᠮᠵᠢ ᠶᠢ ᠡᠬᠢᠯᠡᠨ ᠪᠠᠶᠢᠭᠤᠯᠵᠤ᠂ ᠡᠨᠡ ᠵᠢᠯ ᠬᠦᠷᠢᠶᠡᠯᠡᠩ ᠲᠤᠭᠤᠷᠢᠭ ᠲᠤ ᠲᠤᠯᠤᠭᠠᠨ ᠵᠦᠢᠯ ᠎ ᠤᠨ ᠰᠠᠭᠤᠷᠢ ᠲᠦᠬᠦᠭᠡᠷᠤᠮᠵᠢ ᠪᠠ ᠵᠠᠮ ᠢ ᠨᠡᠪᠲᠡᠷᠡᠭᠦᠯᠬᠦ ᠪᠠᠷ ᠴᠢᠷᠮᠠᠶᠢᠨ᠎ᠠ᠃ ᠠᠵᠤ ᠦᠢᠯᠡᠰ ᠤᠨ ᠲᠠᠯ᠎ᠠ ᠪᠠᠷ᠃ ᠰᠢᠯᠢᠳᠡᠭ ᠡᠭᠦᠯᠲᠡᠷ ᠤᠨ ᠮᠠᠯ ᠢ ᠦᠷᠡᠵᠢᠭᠦᠯᠤᠨ ᠪᠤᠶᠢᠵᠢᠭᠤᠯᠬᠤ ᠰᠠᠭᠤᠷᠢᠨ ᠭᠠᠵᠠᠷ ᠪᠠ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠨ᠂ ᠮᠠᠯ ᠰᠦᠷᠤᠭ᠌ ᠤᠨ ᠪᠦᠲᠤᠴᠡ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠰᠢᠯᠢᠳᠡᠭᠵᠢᠭᠦᠯᠤᠨ᠎ᠡ᠃ ᠱᠠᠩᠬᠠᠢ ᠶᠢᠨ ᠴᠠᠬᠢᠯᠭᠠᠨ ᠡᠨᠧᠷᠬᠢ ᠶᠢᠨ ᠮᠠᠰᠢᠨ ᠲᠤᠨᠤᠭᠯᠠᠯ ᠦᠢᠯᠡᠳᠬᠦ᠂ ᠮᠢᠩ ᠶᠠᠩ ᠰᠢᠨ᠎ᠡ ᠡᠨᠧᠷᠬᠢ ᠶᠢᠨ ᠰᠤᠷᠪᠤᠯᠵᠢ ᠶᠢᠨ ᠮᠠᠰᠢᠨ ᠲᠤᠨᠤᠭᠯᠠᠯ ᠦᠢᠯᠡᠳᠬᠦ ᠵᠡᠷᠭᠡ ᠲᠦᠷᠤᠯ ᠵᠦᠢᠯ ᠢ ᠪᠦᠬᠦ ᠲᠠᠯ᠎ᠠ ᠪᠠᠷ ᠠᠬᠢᠭᠤᠯᠵᠤ᠂ ᠡᠷᠲᠡᠬᠡᠨ ᠠᠰᠢᠭᠯᠠᠯᠲᠠ ᠳᠤ ᠤᠷᠤᠭᠤᠯᠵᠤ ᠦᠷ᠎ᠡ ᠠᠰᠢᠭ ᠤᠯᠬᠤ ᠎ ᠶᠢ ᠪᠠᠲᠤᠯᠠᠨ᠎ᠠ᠃ ᠨᠡᠭᠦᠷᠡᠰᠤᠨ ᠨᠤᠨᠲᠠᠭ ᠢ ᠶᠡᠷᠤᠩᠬᠡᠶᠢᠯᠡᠨ ᠠᠰᠢᠭᠯᠠᠬᠤ᠂ ᠬᠦᠬᠦᠷ ᠢᠯᠭᠠᠷᠠᠭᠤᠯᠤᠭᠰᠡᠨ ᠵᠤᠭᠠᠡᠭ ᠢ ᠶᠡᠷᠤᠩᠬᠡᠶᠢᠯᠡᠨ ᠠᠰᠢᠭᠯᠠᠬᠤ᠂ ᠰᠠᠯᠬᠢᠨ ᠬᠦᠴᠤᠨ ᠤ ᠴᠠᠬᠢᠯᠭᠠᠨ ᠭᠠᠷᠭᠠᠬᠤ ᠮᠠᠰᠢᠨ ᠤ ᠪᠠᠭᠠᠨ᠎ᠠ ᠵᠡᠷᠭᠡ ᠲᠦᠷᠤᠯ ᠵᠦᠢᠯ ᠎ ᠤᠨ ᠡᠮᠤᠨᠡᠬᠢ ᠬᠤᠭᠤᠴᠠᠭᠠᠨ ᠤ ᠠᠵᠢᠯ ᠢ ᠲᠦᠷᠭᠡᠨ ᠪᠡᠶᠡᠯᠡᠭᠦᠯᠵᠤ᠂ ᠡᠷᠲᠡ ᠠᠵᠢᠯ ᠡᠬᠢᠯᠡᠬᠦ ᠶᠢ ᠪᠠᠲᠤᠯᠠᠨ᠎ᠠ᠃ ᠪᠦᠬᠦᠶᠢᠯᠨ ᠤᠷᠤᠨ ᠪᠦᠰᠡ ᠶᠢᠨ ᠵᠢᠭᠤᠯᠴᠢᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠰᠢᠯᠢ ᠶᠢᠨ ᠭᠤᠤᠯ ᠤᠨ ᠠᠮᠢ ᠠᠬᠤᠢ ᠶᠢᠨ ᠦᠵᠡᠮᠵᠢ ᠶᠢᠨ ᠪᠦᠰᠡ ᠶᠢᠨ ᠲᠦᠷᠤᠯ ᠵᠦᠢᠯ 7 ᠰᠠᠷ᠎ᠠ ᠳᠤ ᠪᠠᠶᠢᠭᠤᠯᠤᠭᠳᠠᠬᠤ ᠶᠢ ᠪᠠᠲᠤᠯᠠᠨ᠂ ᠰᠢᠯᠢᠨ ᠦᠵᠡᠮᠵᠢ ᠶᠢᠨ ᠱᠤᠭᠤᠮ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠠᠭᠤᠳᠠᠮ ᠲᠠᠯᠠᠪᠠᠢ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠰᠢᠨ᠎ᠡ ᠲᠤᠷᠭᠠᠨ ᠵᠠᠮ ᠤᠨ ᠡᠯᠧᠺᠲᠷᠤᠨ ᠠᠷᠠᠯᠵᠢᠶᠠᠨ ᠎ ᠤ ᠶᠠᠪᠤᠳᠠᠯ᠂ ᠠᠮᠤ ᠪᠣᠳᠠᠭ᠎ᠠ ᠲᠤᠰᠤ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠭᠦᠷ᠂ ᠲᠠᠬᠢᠨ ᠠᠰᠢᠭᠯᠠᠬᠤ ᠡᠬᠢ ᠰᠤᠷᠪᠤᠯᠵᠢ ᠶᠢ ᠬᠤᠷᠢᠶᠠᠨ ᠠᠪᠬᠤ ᠵᠡᠷᠭᠡ ᠲᠦᠷᠤᠯ ᠵᠦᠢᠯ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠡ᠃ ᠠᠷᠠᠳ ᠤᠨ ᠠᠮᠢᠳᠤᠷᠠᠯ ᠤᠨ ᠲᠠᠯ᠎ᠠ ᠪᠠᠷ᠃ ᠴᠤᠭᠯᠠᠭᠠᠨ ᠬᠡᠣᠬᠡᠳ ᠤᠨ ᠴᠡᠴᠡᠷᠯᠢᠭ᠂ ᠰᠢᠯᠢᠨ ᠪᠠᠭ᠎ᠠ ᠰᠤᠷᠭᠠᠭᠤᠯᠢ ᠵᠡᠷᠭᠡ 14 ᠲᠦᠷᠤᠯ ᠤᠨ ᠰᠤᠷᠭᠠᠨ ᠬᠦᠮᠤᠵᠢᠯ ᠤᠨ ᠲᠦᠷᠤᠯ ᠵᠦᠢᠯ ᠢ ᠬᠡᠷᠡᠭᠵᠢᠭᠦᠯᠤᠨ᠎ᠡ᠃ ᠬᠢᠵᠢᠭ ᠢ ᠰᠡᠷᠭᠡᠶᠢᠯᠡᠨ ᠡᠵᠡᠮᠳᠡᠬᠦ ᠲᠦᠪ᠂ ᠡᠬᠡ ᠨᠢᠯᠬᠠᠰ ᠤᠨ ᠡᠷᠡᠭᠦᠯ ᠮᠠᠨᠳᠤ ᠶᠢ ᠬᠠᠮᠠᠭᠠᠯᠠᠬᠤ ᠬᠤᠷᠢᠶ᠎ᠠ ᠵᠡᠷᠭᠡ ᠲᠦᠷᠤᠯ ᠵᠦᠢᠯ ᠨᠢ ᠡᠨᠡ ᠵᠢᠯ ᠭᠤᠤᠯ ᠴᠤᠭᠴᠠ ᠶᠢᠨ ᠪᠠᠷᠢᠯᠭ᠎ᠠ ᠪᠠᠨ ᠪᠠᠷᠢᠵᠤ ᠲᠠᠭᠤᠰᠬᠠᠬᠤ ᠪᠠᠷ ᠴᠢᠷᠮᠠᠶᠢᠨ᠎ᠠ᠃ ᠬᠡᠣᠬᠡᠳ ᠤᠨ ᠴᠡᠩᠬᠡᠯ ᠤᠨ ᠤᠷᠳᠤᠨ᠂ ᠰᠢᠯᠢᠨ ᠢ ᠡᠾᠧ ᠶᠤᠸᠡᠨ ᠨᠠᠰᠤᠵᠢᠯ ᠤᠨ ᠲᠦᠪ᠂ ᠨᠠᠰᠤᠲᠠᠶᠢᠴᠤᠳ ᠤᠨ ᠶᠠᠷᠤᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠭᠡᠨ᠋᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠪ᠂ ᠦᠷᠡᠭᠳᠡᠭᠰᠡᠨ ᠪᠠᠭᠠᠲᠤᠷᠴᠤᠳ ᠤᠨ ᠤᠩᠭᠤᠨ ᠢ ᠡᠬᠢᠯᠡᠵᠤ ᠪᠦᠲᠤᠭᠡᠨ ᠪᠠᠶᠢᠭᠤᠯᠤᠨ᠎ᠠ᠃ ᠪᠠᠶᠢᠰᠡ ᠶᠢᠨ ᠰᠦᠮ᠎ᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠤᠯᠠᠭᠠᠨᠬᠦᠤ ᠶᠢᠨ ᠬᠤᠪᠢᠰᠬᠠᠯᠲᠤ ᠠᠵᠢᠯ ᠤᠨ ᠬᠠᠭᠤᠴᠢᠨ ᠪᠠᠭᠤᠷᠢ ᠎ ᠶᠢ ᠵᠠᠰᠠᠨ ᠰᠢᠨᠠᠳᠭᠡᠬᠦ᠂ ᠠᠳᠤᠭᠤᠨ ᠰᠤᠶᠤᠯ ᠤᠨ ᠮᠦᠽᠸᠢ ᠶᠢᠨ ᠲᠡᠯᠭᠡᠨ ᠦᠵᠡᠭᠦᠯᠤᠯᠭᠡ ᠶᠢ ᠪᠠᠶᠢᠷᠢᠯᠠᠭᠤᠯᠬᠤ ᠠᠵᠢᠯ ᠎ ᠢ ᠪᠠᠶᠠᠯᠡᠭᠦᠯᠤᠨ᠎ᠡ᠃ ᠠᠶᠢᠮᠠᠭ ᠤᠨ ᠮᠤᠩᠭᠤᠯ ᠲᠤᠮᠳᠠᠳᠤ ᠰᠤᠷᠭᠠᠭᠤᠯᠢ ᠶᠢ ᠨᠡᠭᠦᠯᠭᠡᠨ ᠰᠢᠨ᠎ᠡ ᠪᠠᠷ ᠪᠠᠶᠢᠭᠤᠯᠬᠤ᠂ ᠠᠶᠢᠮᠠᠭ ᠤᠨ ᠡᠮᠨᠡᠯᠭᠡ ᠶᠢᠨ ᠬᠤᠷᠢᠶᠠᠨ ᠤ ᠶᠠᠷᠤᠩᠬᠡᠶᠢᠯᠡᠭᠰᠡᠨ ᠠᠰᠠᠷ᠂ ᠣᠯᠠᠭᠠᠨᠮᠦ᠋ᠴᠢᠷ  ᠎ ᠤᠨ ᠣᠷᠠᠯᠢᠭ ᠤᠨ ᠣᠷᠳᠣᠨ ᠎ ᠤ ᠲᠦᠷᠤᠯ ᠵᠦᠢᠯ ᠤᠨ ᠪᠠᠶᠢᠭᠤᠯᠤᠯᠲᠠ ᠶᠢ ᠲᠠᠮᠵᠢᠵᠤ ᠬᠠᠪᠰᠤᠷᠤᠨ᠎ᠠ᠃               ᠲᠦᠷᠤᠯ ᠵᠦᠢᠯ ᠢ ᠠᠬᠢᠭᠤᠯᠬᠤ ᠬᠦᠴᠤᠯᠡᠴᠡ ᠶᠢ ᠴᠢᠩᠭᠠᠳᠬᠠᠨ᠎ᠠ᠃ ᠤᠳᠤᠷᠢᠳᠬᠤ ᠺᠠᠳ᠋ᠷ ᠪᠠ ᠰᠠᠯᠠᠭ᠎ᠠ ᠮᠦᠴᠢᠷ ᠭᠤᠤᠯᠳᠠᠯᠭᠠᠲᠤ ᠲᠦᠷᠤᠯ ᠵᠦᠢᠯ ᠢ ᠲᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠤᠯ ᠵᠦᠢᠯ ᠤᠨ ᠲᠠᠩᠰᠡ ᠡᠪᠬᠡᠮᠡᠯ ᠪᠠᠶᠢᠭᠤᠯᠤᠨ᠂ ᠱᠠᠲᠤ ᠬᠤᠪᠢᠶᠠᠨ ᠠᠬᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠷᠠᠭᠤᠯᠤᠨ᠂ ᠲᠦᠷᠤᠯ ᠵᠦᠢᠯ ᠤᠨ ᠠᠬᠢᠴᠨ ᠪᠠ ᠶᠠᠰᠤ ᠴᠢᠨᠠᠷ ᠢ ᠪᠠᠲᠤᠯᠠᠨ᠎ᠠ᠃ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠴᠢᠩᠭ᠎ᠠ ᠠᠳᠬᠤᠵᠤ᠂ ᠬᠢᠨᠠᠨ ᠵᠦᠪᠰᠢᠶᠡᠷᠡᠬᠦ ᠦᠷ᠎ᠡ ᠠᠰᠢᠭᠯᠠᠮᠵᠢ ᠪᠤᠯᠤᠨ ᠦᠢᠯᠡᠴᠢᠯᠡᠬᠦ ᠴᠢᠨᠠᠷ ᠴᠢᠨᠰᠠᠭ᠎ᠠ ᠶᠢ ᠲᠡᠭᠡᠭᠰᠢᠯᠡᠭᠦᠯᠤᠨ᠂ ᠲᠦᠷᠤᠯ ᠵᠦᠢᠯ ᠎ ᠤᠨ ᠬᠤᠭᠤᠴᠠᠭ᠎ᠠ ᠶᠤᠰᠤᠭᠠᠷ ᠠᠵᠢᠯ ᠡᠬᠢᠯᠠᠵᠤ᠂ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠭᠤᠤᠯᠳᠠᠯᠭᠠᠲᠤ ᠲᠦᠷᠤᠯ ᠵᠦᠢᠯ ᠢ ᠭᠤᠷᠪᠠᠨ ᠵᠢᠯ ᠲᠠᠷᠠᠭᠠᠯᠠᠨ ᠠᠬᠢᠭᠤᠯᠬᠤ ᠲᠦᠯᠤᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠯᠤᠰ᠂ ᠦᠪᠡᠷᠲᠡᠭᠡᠨ ᠵᠠᠰᠠᠬᠤ ᠤᠷᠤᠨ ᠤ ᠲᠦᠷᠤ ᠶᠢᠨ ᠪᠤᠳᠤᠯᠭ᠎ᠠ ᠶᠢᠨ ᠵᠢᠯᠤᠭᠤᠳᠤᠮᠵᠢ ᠶᠢ ᠴᠢᠩᠭ᠎ᠠ ᠡᠵᠡᠮᠳᠡᠨ᠂ ᠨᠡᠩ ᠤᠯᠡᠨ ᠲᠦᠷᠤᠯ ᠵᠦᠢᠯ ᠢ ᠤᠯᠤᠰ ᠪᠠ ᠤᠷᠤᠨ ᠤ ᠲᠦᠯᠤᠪᠯᠡᠭᠡᠨ ᠳᠤ ᠤᠷᠤᠭᠤᠯᠬᠤ ᠪᠠᠷ ᠴᠢᠷᠮᠠᠶᠢᠵᠤ᠂ ᠰᠢᠨ᠎ᠡ ᠬᠠᠭᠤᠴᠢᠨ ᠲᠦᠷᠤᠯ ᠵᠦᠢᠯ ᠢ ᠵᠠᠯᠭᠠᠯᠳᠤᠭᠤᠯᠤᠨ᠂ ᠱᠠᠲᠤ ᠲᠠᠷᠠᠭᠠᠯᠠᠨ ᠨᠡᠮᠡᠭᠳᠡᠭᠦᠯᠬᠦ ᠤᠬᠢ ᠰᠠᠶᠢᠨ ᠪᠠᠶᠢᠳᠠᠯ ᠢ ᠪᠤᠢ ᠪᠤᠯᠭᠠᠨ᠎ᠠ᠃ ᠠᠷᠠᠯᠵᠢᠶᠠᠴᠢᠨ ᠤᠷᠢᠵᠤ ᠪᠡᠯᠨ ᠮᠦᠩᠬᠦ ᠲᠠᠲᠠᠨ ᠤᠷᠤᠭᠤᠯᠬᠤ ᠶᠢ ᠴᠢᠩᠭᠠᠳᠬᠠᠨ᠂ ᠡᠨᠧᠷᠬᠢ ᠶᠢᠨ ᠬᠦᠭᠵᠢᠯᠲᠡ᠂ ᠲᠤᠨᠤᠭᠯᠠᠯ ᠦᠢᠯᠡᠳᠬᠦ᠂ ᠲᠠᠷᠢᠶᠠᠯᠠᠩ ᠮᠠᠯ ᠤᠨ ᠪᠦᠲᠤᠭᠡᠭᠳᠡᠬᠦᠨ᠂ ᠰᠤᠶᠤᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠬᠦᠢᠯᠭᠡᠭᠡᠨ ᠵᠡᠷᠭᠡ ᠠᠵᠤ ᠦᠢᠯᠡᠰ ᠤᠨ ᠲᠤᠭᠤᠷᠢᠨ ᠳᠤ ᠨᠢᠭᠡ ᠪᠦᠯᠤᠭ᠌ ᠠᠵᠢᠯ ᠲᠦᠷᠤᠯ ᠤᠨ ᠬᠦᠭᠵᠢᠯᠲᠡ ᠶᠢ ᠲᠠᠶᠢᠴᠢᠯᠠᠵᠤ ᠴᠢᠳᠠᠬᠤ᠂ ᠠᠵᠤ ᠦᠢᠯᠡᠰ ᠤᠨ ᠲᠡᠰ ᠲᠠᠪᠰᠢᠯᠲᠡ ᠶᠢ ᠲᠠᠭᠠᠭᠤᠯᠵᠤ ᠲᠠᠶᠢᠯᠬᠦ᠂ ᠬᠦᠭᠵᠢᠯᠲᠡ ᠶᠢᠨ ᠲᠤᠲᠠᠭᠤᠳᠠᠯ ᠢ ᠨᠦᠬᠦᠪᠤᠷᠢᠯᠡᠵᠤ ᠪᠤᠯᠬᠤ᠂ ᠪᠠᠲᠤᠯᠠᠭ᠎ᠠ ᠶᠢᠨ ᠴᠢᠳᠠᠪᠤᠷᠢ ᠎ ᠶᠢ ᠴᠢᠩᠭᠠᠳᠬᠠᠵᠤ ᠲᠠᠶᠢᠯᠬᠦ ᠶᠡᠭᠡ ᠲᠦᠷᠤᠯ ᠵᠦᠢᠯ᠂ ᠰᠠᠶᠢᠨ ᠲᠦᠷᠤᠯ ᠵᠦᠢᠯ ᠢ ᠲᠠᠲᠠᠨ ᠤᠷᠤᠭᠤᠯᠤᠨ᠎ᠠ᠃ ᠪᠡᠯᠨ ᠤᠷᠤᠭᠤᠯᠵᠤ ᠦᠢᠯᠡᠰ ᠪᠤᠰᠬᠠᠬᠤ ᠤᠷᠴᠢᠨ ᠲᠤᠭᠤᠷᠢᠨ ᠢ ᠤᠯᠡᠮ ᠨᠢᠭᠡ ᠠᠯᠬᠤᠮ ᠰᠠᠶᠢᠵᠢᠷᠠᠭᠤᠯᠤᠨ᠂ ︽ᠲᠤᠲᠤᠨᠤ︾ ᠮᠦᠲᠡᠭᠡᠨ ︽ᠴᠡᠪᠡᠷ︾ ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠬᠤ ᠪᠠᠷ ᠲᠠᠮᠵᠢᠵᠤ ᠶᠡᠬᠡᠪᠡᠷ ᠠᠷᠠᠯᠵᠢᠶᠠᠴᠢᠨ ᠤᠷᠢᠵᠤ᠂ ᠶᠡᠬᠡᠪᠡᠷ ᠪᠡᠯᠨ ᠤᠷᠤᠭᠤᠯᠬᠤ ᠠᠵᠢᠯ ᠤᠨ ᠤᠷᠴᠢᠨ ᠠᠬᠤᠢ ᠶᠢ ᠡᠭᠦᠳᠦᠨ᠎ᠡ᠃              ᠲᠦᠷᠤᠯ ᠵᠦᠢᠯ ᠤᠨ ᠪᠡᠯᠨ ᠬᠤᠷᠠᠮᠳᠤᠯᠠᠭ᠎ᠠ ᠶᠢᠨ ᠡᠷᠴᠢᠮ ᠢ ᠴᠢᠩᠭᠠᠳᠬᠠᠨ᠎ᠠ᠃ ᠪᠡᠯᠨ ᠬᠤᠷᠠᠮᠳᠤᠭᠤᠯᠬᠤ ᠦᠵᠡᠯᠲᠡ ᠲᠠᠨᠢᠯᠲᠠ ᠪᠠᠨ ᠢᠳᠡᠪᠬᠢᠲᠠᠢ ᠬᠤᠪᠢᠷᠠᠭᠤᠯᠵᠤ᠂ ᠪᠠᠩᠬᠢ ᠪᠠ ᠠᠵᠤ ᠠᠬᠤᠶᠢᠯᠡᠯ ᠤᠨ ᠵᠤᠯᠭᠠᠯᠳᠤᠭᠤᠯᠤᠯ ᠢ ᠴᠢᠩᠭᠠᠳᠬᠠᠨ᠂ ᠡᠳ᠋ ᠤᠨ ᠵᠠᠰᠠᠭ᠂ ᠪᠠᠩᠬᠢ᠂ ᠦᠨᠡᠲᠤ ᠲᠡᠮᠳᠡᠭ᠂ ᠲᠠᠭᠠᠳᠬᠠᠯ᠂ ᠪᠠᠲᠤᠯᠠᠭᠠᠲᠤ ᠵᠢᠭᠡᠯᠡᠯᠭᠡ ᠶᠢᠨ ᠪᠡᠯᠨ ᠬᠤᠷᠠᠮᠳᠤᠯᠠᠭ᠎ᠠ ᠶᠢᠨ ᠴᠢᠳᠠᠮᠵᠢ ᠶᠢ ᠪᠦᠲᠤᠮᠵᠢᠲᠠᠢ ᠪᠠᠳᠠᠷᠠᠭᠤᠯᠵᠤ᠂ ᠬᠦᠷᠤᠩᠭᠡ ᠨᠢ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠎ ᠶᠢ ᠠᠬᠢᠭᠤᠯᠬᠤ ᠰᠢᠨ᠎ᠡ ᠵᠠᠭᠪᠤᠷ ᠢ ᠪᠦᠷᠢᠯᠳᠤᠭᠦᠯᠤᠨ᠎ᠡ᠃ PPP ᠬᠡᠯᠪᠡᠷᠢ ᠶᠢ ᠪᠦᠬᠦ ᠲᠠᠯ᠎ᠠ ᠪᠠᠷ ᠲᠡᠯᠭᠡᠷᠡᠭᠦᠯᠵᠤ᠂ ᠨᠢᠭᠡᠨᠲᠠ ᠬᠦᠮᠤᠷᠭᠡ ᠳᠤ ᠤᠷᠤᠭᠰᠡᠨ ᠲᠦᠷᠤᠯ ᠵᠦᠢᠯ ᠤᠨ ᠲᠠᠷᠤᠢ ᠲᠦᠷᠭᠡᠨ ᠰᠠᠭᠤᠷᠢᠰᠢᠭᠳᠡᠬᠤ ᠶᠢ ᠪᠠᠲᠤᠯᠠᠵᠤ᠂ ᠎ ᠲᠠᠭᠠᠨ ᠰᠤᠷᠤᠯᠴᠠᠭᠤᠰᠢᠲᠠᠢ ᠲᠦᠭᠡᠮᠡᠯᠵᠢᠭᠦᠯᠵᠤ ᠪᠤᠯᠬᠤ ᠠᠮᠵᠢᠯᠲᠠᠲᠠᠢ ᠲᠤᠷᠰᠢᠯᠭ᠎ᠠ ᠪᠤᠯᠭᠠᠨ ᠪᠦᠷᠢᠯᠳᠤᠭᠦᠯᠤᠨ᠂ ᠨᠡᠩ ᠤᠯᠡᠨ ᠲᠦᠷᠤᠯ ᠵᠦᠢᠯ ᠤᠨ ᠤᠯᠤᠰ ᠪᠠ ᠤᠷᠤᠨ ᠤ PPP ᠲᠦᠷᠤᠯ ᠵᠦᠢᠯ ᠤᠨ ᠬᠦᠮᠤᠷᠭᠡ ᠳᠤ ᠤᠷᠤᠬᠤ ᠶᠢ ᠠᠬᠢᠭᠤᠯᠤᠨ᠎ᠠ᠃ ᠠᠷᠠᠳ ᠤᠨ ᠲᠤᠮᠳᠡᠬᠢ ᠪᠡᠯᠨ ᠬᠦᠷᠤᠩᠭᠡ ᠶᠢᠨ ᠠᠮᠢᠵᠢᠷᠠᠯ ᠤᠨ ᠬᠦᠴᠤᠨ ᠢ ᠬᠦᠢᠴᠡᠳ ᠤᠷᠮᠠᠰᠢᠯᠠᠭᠤᠯᠵᠤ᠂ ᠵᠠᠰᠠᠭ ᠤᠨ ᠤᠷᠳᠤᠨ ᠪᠠ ᠨᠡᠶᠢᠭᠡᠮ ᠤᠨ ᠬᠦᠷᠤᠩᠭᠡ ᠶᠢᠨ ᠲᠦᠭᠰᠢᠭᠦᠷᠢ ᠶᠢ ᠬᠠᠮᠲᠤ ᠪᠠᠷ ᠡᠭᠦᠷᠭᠡᠯᠡᠵᠤ᠂ ᠠᠰᠢᠭ ᠲᠤᠰᠡ ᠶᠢ ᠬᠠᠮᠲᠤ ᠪᠠᠷ ᠡᠳ᠋ᠯᠡᠬᠦ ᠬᠠᠮᠵᠢᠯᠴᠠᠭᠠᠨ ᠤ ᠵᠤᠬᠢᠴᠠᠮᠵᠢ ᠶᠢ ᠲᠡᠭᠦᠯᠳᠡᠷᠵᠢᠭᠦᠯᠵᠤ᠂ ᠬᠤᠲᠠ ᠶᠢᠨ ᠶᠠᠪᠤᠳᠠᠯ᠂ ᠵᠠᠮ ᠬᠠᠷᠢᠯᠴᠠᠭ᠎ᠠ᠂ ᠠᠮᠢ ᠠᠬᠤᠢ᠂ ᠤᠯᠡᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠬᠡᠪᠴᠢᠶᠠᠨ ᠳᠠᠬᠢ ᠨᠡᠶᠢᠭᠡᠮ ᠤᠨ ᠬᠦᠷᠤᠩᠭᠡ ᠶᠢᠨ ᠪᠡᠯᠨ ᠤᠷᠤᠭᠤᠯᠤᠯᠲᠡ ᠶᠢ ᠦᠷᠭᠡᠳᠭᠡᠨ᠎ᠡ᠃ ᠡᠯ᠎ᠡ ᠠᠵᠢᠯ ᠲᠦᠷᠤᠯ ᠎ ᠤᠨ ᠬᠢᠨ ᠪᠠ ᠡᠯ᠎ᠡ ᠬᠦᠷᠢᠶ᠎ᠡ ᠴᠠᠷᠠᠭᠠᠨ ᠤ ᠡᠬᠢ ᠰᠤᠷᠪᠤᠯᠵᠢ ᠶᠢ ᠨᠢᠭᠡᠳᠭᠡᠵᠤ᠂ ᠬᠤᠲᠠ ᠶᠢᠨ ᠪᠠᠶᠢᠭᠤᠯᠤᠯᠲᠠ᠂ ᠠᠭᠤᠷᠬᠠᠢ ᠶᠢᠨ ᠦᠢᠯᠡᠰ᠂ ᠤᠢ ᠰᠢᠭᠤᠢ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ ᠤᠯᠤᠰ ᠎ ᠤᠨ ᠦᠮᠴᠢᠯᠡᠯᠲᠤ ᠺᠤᠮᠫᠠᠨᠢ ᠶᠢ ᠬᠦᠴᠤᠷᠭᠡᠭᠵᠢᠭᠦᠯᠤᠨ ᠪᠤᠵᠠᠭᠠᠶᠢᠷᠠᠭᠤᠯᠵᠤ᠂ ᠬᠦᠷᠤᠩᠭᠡ ᠶᠢᠨ ᠡᠷᠬᠢᠯᠲᠡ ᠶᠢ ᠴᠢᠩᠭᠠᠳᠬᠠᠨ᠂ ᠪᠡᠯᠨ ᠬᠤᠷᠠᠮᠳᠤᠭᠤᠯᠬᠤ ᠴᠢᠳᠠᠪᠤᠷᠢ ᠶᠢ ᠲᠡᠭᠡᠭᠰᠢᠯᠡᠭᠦᠯᠤᠨ᠎ᠡ᠃ ᠠᠵᠤ ᠠᠬᠤᠶᠢᠯᠡᠯ ᠢ ᠵᠤᠷᠢᠭᠵᠢᠭᠤᠯᠤᠨ ᠬᠦᠷᠤᠩᠭᠡ ᠶᠢᠨ ᠵᠠᠬ᠎ᠠ ᠲᠡᠯᠭᠡᠬᠦᠷ ᠲᠡᠭᠡᠷ᠎ᠡ ᠰᠢᠭᠤᠳ ᠪᠡᠯᠨ ᠬᠤᠷᠠᠮᠳᠤᠭᠤᠯᠤᠨ᠂ ᠡᠨᠡ ᠵᠢᠯ ᠨᠡᠩ ᠤᠯᠡᠨ ᠠᠵᠤ ᠠᠬᠤᠶᠢᠯᠡᠯ ᠢ ᠲᠤᠮᠳᠠ ᠵᠢᠵᠢᠭ ᠠᠵᠤ ᠠᠬᠤᠶᠢᠯᠡᠯ ᠤᠨ ᠰᠲ᠋ᠤᠺ ᠤᠨ ᠵᠠᠬ᠎ᠠ ᠳᠤ ᠭᠠᠷᠭᠠᠬᠤ ᠪᠠᠷ ᠴᠢᠷᠮᠠᠶᠢᠨ᠎ᠠ᠃             ︵ᠬᠤᠶᠠᠷ︶ ᠤᠳᠤ ᠦᠶ᠎ᠡ ᠶᠢᠨ ᠲᠠᠷᠢᠶᠠᠯᠬᠠᠭ᠌ ᠮᠠᠯ ᠠᠵᠤ ᠠᠬᠤᠢ ᠶᠢᠨ ᠬᠦᠭᠵᠢᠯᠲᠡ ᠶᠢ ᠬᠦᠴᠤᠯᠡᠨ ᠰᠠᠶᠢᠲᠤᠷ ᠠᠳᠬᠤᠨ᠎ᠠ᠃ ᠲᠠᠷᠢᠶᠠᠯᠬᠠᠭ᠌ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠵᠤ᠂ ᠪᠤᠬᠢᠷᠳᠤᠯ ᠦᠭᠡᠢ ᠠᠮᠢ ᠠᠬᠤᠶᠢᠲᠤ ᠲᠡᠭᠡᠲᠤ ᠵᠡᠷᠭᠡ ᠶᠢᠨ ᠲᠠᠷᠢᠶᠠᠯᠬᠠᠭ᠌ ᠮᠠᠯ ᠠᠵᠤ ᠠᠬᠤᠢ ᠶᠢ ᠶᠡᠬᠡᠪᠡᠷ ᠬᠦᠭᠵᠢᠭᠦᠯᠵᠤ᠂ ᠪᠦᠲᠤᠴᠡ ᠵᠤᠬᠢᠰᠲᠠᠢ᠂ ᠪᠠᠲᠤᠯᠠᠭ᠎ᠠ ᠡᠷᠴᠢᠮᠲᠠᠢ᠂ ᠦᠷᠭᠦᠯᠵᠢᠯᠡᠨ ᠬᠦᠭᠵᠢᠵᠤ ᠪᠤᠯᠬᠤᠶᠢᠴᠠ ᠲᠠᠷᠢᠶᠠᠯᠬᠠᠭ᠌ ᠮᠠᠯ ᠠᠵᠤ ᠠᠬᠤᠢ ᠶᠢᠨ ᠪᠦᠲᠤᠭᠡᠭᠳᠡᠬᠦᠨ ᠤ ᠪᠦᠲᠤᠮᠵᠢᠲᠠᠢ ᠬᠠᠩᠭᠠᠯᠭ᠎ᠠ ᠶᠢ ᠲᠦᠷᠭᠡᠨ ᠪᠦᠷᠢᠯᠳᠤᠭᠦᠯᠵᠤ᠂ ᠤᠯᠤᠰ ᠤᠨ ᠴᠢᠬᠤᠯᠨ ᠪᠦᠬᠦᠢ ᠪᠤᠬᠢᠷᠳᠤᠯ ᠦᠭᠡᠢ ᠲᠠᠷᠢᠶᠠᠯᠬᠠᠭ᠌ ᠮᠠᠯ ᠠᠵᠤ ᠠᠬᠤᠢ ᠶᠢᠨ ᠪᠦᠲᠤᠭᠡᠭᠳᠡᠬᠦᠨ ᠢ ᠡᠳ᠋ᠰᠢᠯᠡᠭᠦᠯᠤᠨ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠤᠯᠤᠰ ᠤᠨ ᠲᠡᠰ ᠎ ᠤᠨ ᠠᠮᠢ ᠠᠬᠤᠶᠢᠲᠤ ᠲᠡᠭᠡᠲᠤ ᠵᠡᠷᠭᠡ ᠶᠢᠨ ᠲᠠᠷᠢᠶᠠᠯᠬᠠᠭ᠌ ᠮᠠᠯ ᠠᠵᠤ ᠠᠬᠤᠢ ᠶᠢᠨ ᠪᠦᠲᠤᠭᠡᠭᠳᠡᠬᠦᠨ ᠤ ᠲᠦᠪ ᠢ ᠬᠦᠴᠤᠯᠡᠨ ᠪᠠᠶᠢᠭᠤᠯᠤᠨ᠎ᠠ᠃             ᠲᠠᠷᠢᠵᠤ ᠲᠡᠵᠢᠭᠡᠬᠦ ᠪᠦᠲᠤᠴᠡ ᠶᠢ ᠲᠤᠬᠢᠷᠠᠭᠤᠯᠤᠨ ᠰᠢᠯᠢᠳᠡᠭᠵᠢᠭᠦᠯᠤᠨ᠎ᠡ᠃ ︽ᠬᠤᠨᠢ ᠶᠢ ᠴᠦᠬᠡᠳᠭᠡᠵᠤ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠲᠠᠢ ᠠᠬᠢᠭᠤᠯᠤᠨ᠂ ᠤᠯᠤᠰ ᠤᠨ ᠲᠤᠲᠤᠭᠠᠳᠤ ᠭᠠᠳᠠᠭᠠᠲᠤ ᠠᠴᠠ ᠴᠢᠨᠠᠷ ᠰᠠᠶᠢᠲᠠᠢ ᠮᠢᠬᠠᠨ ᠤ ᠦᠭᠡᠷ 1.4 ᠲᠦᠮᠡᠨ ᠲᠤᠯᠤᠭᠠᠢ ᠤᠷᠤᠭᠤᠯᠵᠤ᠂ 3.9 ᠲᠦᠮᠡᠨ ᠲᠤᠯᠤᠭᠠᠢ ᠨᠤᠲᠤᠭ ᠤᠨ ᠡᠭᠦᠯᠳᠡᠷ ᠢ ᠰᠠᠶᠢᠵᠢᠷᠠᠭᠤᠯᠤᠨ᠂ ᠠᠩᠭᠧᠰ ᠦᠬᠡᠷ᠂ ᠰᠢᠮᠧᠨ᠋ᠲᠷ ᠦᠬᠡᠷ ᠢᠶᠠᠷ ᠭᠤᠤᠯᠳᠠᠭᠤᠯᠤᠭᠰᠡᠨ ᠦᠷᠡᠵᠢᠭᠦᠯᠤᠨ ᠪᠤᠶᠢᠵᠢᠭᠤᠯᠬᠤ ᠰᠦᠷᠤᠭ᠌5᠎ ᠶᠢ ᠰᠢᠨ᠎ᠡ ᠪᠠᠷ ᠨᠡᠮᠡᠭᠳᠡᠭᠦᠯᠤᠨ᠂ ᠮᠢᠬᠠᠨ ᠤ ᠦᠬᠡᠷ ᠲᠡᠵᠢᠭᠡᠨ ᠠᠷᠠᠴᠢᠯᠠᠬᠤ ᠤᠳᠤ ᠦᠶ᠎ᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ100 ᠰᠠᠭᠤᠷᠢ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ 5 ᠰᠠᠭᠤᠷᠢ᠂ ᠲᠤᠰᠬᠠᠢ ᠬᠤᠷᠰᠢᠶᠠᠵᠢᠯ 3᠎ ᠶᠢ ᠪᠠᠶᠢᠭᠤᠯᠤᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠡᠷᠡᠭᠦᠯ ᠬᠦᠭᠵᠢᠯᠲᠡ ᠶᠢ ᠠᠬᠢᠭᠤᠯᠤᠨ᠂ ᠪᠤᠲᠠᠲᠤ ᠦᠷ᠎ᠡ ᠠᠰᠢᠭ ᠤᠯᠤᠨ᠎ᠠ᠃ ᠮᠠᠯ ᠤᠨ ᠡᠭᠦᠯᠳᠡᠷ ᠢ ᠰᠢᠯᠢᠳᠡᠭᠵᠢᠭᠦᠯᠬᠦ ᠢᠨᠵᠧᠨᠧᠷᠢᠩ ᠢ ᠬᠦᠨᠵᠡᠭᠡᠢ ᠠᠬᠢᠭᠤᠯᠵᠤ᠂ ᠦᠵᠤᠮᠤᠴᠢᠨ ᠬᠤᠨᠢᠨ ᠤ ᠡᠭᠦᠯᠳᠡᠷ ᠰᠠᠶᠢᠵᠢᠷᠠᠭᠤᠯᠤᠯᠲᠠ ᠶᠢᠨ ᠠᠵᠢᠯ ᠢ ᠴᠩᠭᠠᠳᠬᠠᠨ᠂ ᠦᠵᠤᠮᠦᠴᠢᠨ ᠰᠠᠶᠢᠨ ᠡᠭᠦᠯᠳᠡᠷ ᠤᠨ ᠬᠤᠴᠠ 5000 ᠲᠤᠯᠤᠭᠠᠢ ᠪᠤᠶᠢᠵᠢᠭᠤᠯᠵᠤ᠂ ᠬᠤᠷᠠᠭᠠᠨ ᠬᠤᠴᠠ4000 ᠲᠤᠯᠤᠭᠠᠢ ᠪᠤᠶᠢᠵᠢᠭᠤᠯᠤᠨ᠎ᠠ᠃ ᠬᠤᠷᠰᠢᠬᠤ ᠲᠦᠷᠢᠶᠡᠰᠦᠯᠡᠬᠦ ᠬᠤᠪᠢ ᠤᠷᠤᠭᠤᠯᠬᠤ ᠵᠡᠷᠭᠡ ᠬᠡᠯᠪᠡᠷᠢ ᠪᠠᠷ ᠲᠠᠮᠵᠢᠵᠤ᠂ ᠮᠤᠳᠤᠨ ᠮᠠᠯᠵᠢᠯ ᠤᠨ ᠲᠠᠯᠠᠪᠠᠢ ᠶᠢᠨ ᠲᠡᠵᠢᠭᠡᠨ ᠠᠷᠠᠴᠢᠯᠠᠬᠤ ᠬᠦᠷᠢᠶᠡᠯᠡᠩ ᠵᠡᠷᠭᠡ ᠠᠰᠢᠭᠯᠠᠭᠳᠠᠭ᠎ᠠ ᠦᠭᠡᠢ ᠬᠦᠷᠤᠩᠭᠡ ᠶᠢ ᠠᠰᠢᠭᠯᠠᠯᠲᠠ ᠳᠤ ᠤᠷᠤᠭᠤᠯᠤᠨ᠂ ᠬᠡᠪᠴᠢᠶᠠᠵᠢᠭ᠍ᠰᠡᠨ ᠲᠡᠵᠢᠭᠡᠨ ᠠᠷᠠᠴᠢᠯᠠᠯᠲᠠ ᠶᠢ ᠶᠡᠬᠡᠪᠡᠷ ᠬᠦᠭᠵᠢᠭᠦᠯᠤᠨ᠎ᠡ᠂ ᠤᠯᠡᠨ ᠤᠯᠠᠷᠢᠯ ᠳᠤ ᠲᠡᠩᠴᠡᠭᠦᠷᠢᠲᠠᠢ ᠵᠠᠷᠤᠴᠠᠭᠤᠯᠬᠤ ᠲᠦᠰᠤᠯ ᠢ ᠢᠳᠡᠪᠬᠢᠲᠠᠢ ᠰᠦᠪᠡᠭᠴᠢᠯᠡᠨ᠂ ᠴᠢᠨᠠᠷ ᠰᠠᠶᠢᠲᠠᠢ ᠮᠠᠯ ᠤᠨ ᠪᠦᠲᠤᠭᠡᠭᠳᠡᠬᠦᠨ ᠤ ᠪᠦᠲᠤᠮᠵᠢᠲᠠᠢ ᠬᠠᠩᠭᠠᠯᠭ᠎ᠠ ᠶᠢ ᠦᠷᠭᠡᠳᠭᠡᠨ᠂ ᠮᠠᠯᠵᠢᠯ ᠤᠨ ᠤᠨ ᠤ ᠮᠠᠯ ᠤᠨ ᠲᠤᠭ᠎ᠠ ᠶᠢ 170 ᠲᠦᠮᠡᠨ ᠳᠤ ᠬᠦᠷᠭᠡᠵᠤ᠂ ᠪᠡᠯᠴᠢᠭᠡᠷᠯᠡᠭᠦᠯᠬᠦ ᠮᠠᠯ ᠤᠨ ᠲᠤᠭ᠎ᠠ ᠶᠢ 80 ᠲᠦᠮᠡᠨ ᠲᠤᠲᠤᠷ᠎ᠠ ᠬᠢᠵᠠᠭᠠᠷᠯᠠᠨ᠂ ᠵᠠᠷᠤᠴᠠᠭᠤᠯᠬᠤ ᠮᠠᠯ ᠤᠨ ᠲᠤᠭ᠎ᠠ ᠶᠢ 90 ᠲᠦᠮᠨ ᠳᠤ ᠬᠦᠷᠭᠡᠨ᠎ᠡ᠃ ᠮᠠᠰᠢᠨ ᠮᠧᠬᠠᠨᠢᠭ ᠤᠨ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ᠂ ᠤᠷᠭᠠᠨᠢᠭ ᠲᠠᠷᠢᠶᠠᠯᠠᠩ ᠢ ᠬᠦᠭᠵᠢᠭᠦᠯᠵᠤ᠂ ᠲᠤᠰ ᠭᠠᠵᠠᠷ ᠤᠨ ᠲᠠᠷᠢᠭᠰᠡᠨ ᠢᠳᠡᠰᠢᠨ ᠨᠤᠭᠤᠭᠠᠨ ᠤ ᠬᠠᠩᠭᠠᠯᠲᠠ ᠶᠢᠨ ᠬᠡᠮᠵᠢᠶ᠎ᠡ ᠶᠢ ᠨᠡᠮᠡᠭᠳᠡᠭᠦᠯᠤᠨ᠎ᠡ᠃                   ᠠᠵᠤ ᠦᠢᠯᠡᠰᠵᠢᠯᠲᠡ ᠶᠢᠨ ᠡᠵᠡᠩᠨᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠤᠯᠤᠭᠠᠶᠢᠯᠠᠭᠴᠢ ᠠᠵᠤ ᠠᠬᠤᠶᠢᠯᠡᠯ ᠢ ᠢᠳᠡᠪᠬᠢᠲᠠᠢ ᠪᠤᠶᠢᠵᠢᠭᠤᠯᠵᠤ᠂ ᠨᠢᠭᠡᠨᠲᠡ ᠪᠠᠶᠢᠭ᠎ᠠ ᠤᠯᠠᠭᠠᠨ ᠢᠳᠡᠭᠡᠨ ᠡᠳ᠋ᠰᠢᠯᠡᠭᠦᠯᠤᠨ ᠪᠤᠯᠪᠠᠰᠤᠷᠠᠭᠤᠯᠬᠤ ᠠᠵᠤ ᠠᠬᠤᠶᠢᠯᠡᠯ ᠢ ᠰᠢᠯᠢᠳᠡᠭᠵᠢᠭᠦᠯᠤᠨ ᠨᠢᠭᠡᠳᠭᠡᠵᠤ᠂ ᠳ᠋ᠠ ᠵᠤᠸᠡᠩ ᠶᠤᠸᠡᠨ ᠦᠬᠡᠷ ᠬᠤᠨᠢᠨ ᠤ ᠮᠢᠬ᠎ᠠ ᠶᠢ ᠨᠠᠷᠢᠯᠢᠭ ᠬᠦᠨ ᠪᠤᠯᠪᠠᠰᠤᠷᠠᠭᠤᠯᠬᠤ ᠰᠠᠭᠤᠷᠢᠨ ᠭᠠᠵᠠᠷ ᠢᠶᠠᠷ ᠲᠦᠪ ᠪᠤᠯᠭᠠᠨ᠂ ᠪᠤᠬᠢᠷᠳᠤᠯ ᠦᠭᠡᠢ ᠠᠮᠢ ᠠᠬᠤᠶᠢᠲᠤ ᠲᠡᠭᠡᠲᠤ ᠵᠡᠷᠭᠡ ᠶᠢᠨ ᠮᠠᠯ ᠤᠨ ᠪᠦᠲᠤᠭᠡᠭᠳᠡᠬᠦᠨ ᠡᠳ᠋ᠰᠢᠭᠦᠯᠤᠨ ᠪᠤᠯᠪᠠᠰᠤᠷᠠᠭᠤᠯᠬᠤ ᠬᠦᠷᠢᠶᠡᠯᠡᠩ ᠢ ᠪᠠᠶᠢᠭᠤᠯᠤᠨ᠎ᠠ᠃ ᠮᠠᠯ ᠤᠨ ᠪᠦᠲᠤᠭᠡᠭᠳᠡᠬᠦᠨ ᠢ ᠨᠠᠷᠢᠯᠢᠭ ᠭᠦᠨ ᠡᠳ᠋ᠰᠢᠭᠦᠯᠤᠨ ᠪᠤᠯᠪᠠᠰᠤᠷᠠᠭᠤᠯᠬᠤ ᠲᠦᠷᠤᠯ ᠵᠦᠢᠯ ᠢ ᠲᠠᠲᠠᠨ ᠤᠷᠤᠭᠤᠯᠵᠤ᠂ ᠦᠢᠯᠡᠳᠬᠦᠨ ᠤ ᠨᠡᠮᠡᠯᠲᠡ ᠦᠷᠲᠡᠭ ᠪᠤᠯᠤᠨ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠤᠨ᠎ᠡ᠃ ᠬᠤᠨᠢᠨ ᠮᠢᠬᠠᠨ ᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠮᠦᠷᠳᠡᠨ ᠲᠠᠭᠠᠬᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ︽ᠰᠢᠯᠢ ᠎ ᠶᠢᠨ ᠭᠤᠤᠯ ᠤᠨ ᠬᠤᠨᠢᠨ ᠮᠢᠬ᠎ᠠ︾ ᠲᠤᠮᠳᠠᠳᠤ ᠤᠯᠤᠰ ᠤᠨ ᠨᠡᠷᠡᠲᠤ ᠲᠠᠸᠡᠷ ᠤᠨ ᠲᠡᠮᠳᠡᠭ ᠤᠨ ᠲᠠᠪᠠᠭᠤᠯᠢᠭ ᠢ ᠪᠦᠲᠤᠮᠵᠢᠲᠠᠢ ᠪᠠᠳᠠᠷᠠᠭᠤᠯᠵᠤ᠂ ᠲᠠᠷᠢᠶᠠᠯᠠᠩ ᠮᠠᠯ ᠤᠨ ᠪᠦᠲᠤᠭᠡᠭᠳᠡᠬᠦᠨ ᠤ ᠵᠠᠬ᠎ᠠ ᠲᠡᠯᠭᠡᠭᠦᠷ ᠤᠨ ᠦᠷᠢᠰᠤᠯᠳᠤᠬᠦ ᠬᠦᠴᠤᠨ ᠢ ᠶᠡᠬᠡᠪᠡᠷ ᠲᠡᠭᠡᠭᠰᠢᠯᠡᠭᠦᠯᠤᠨ᠂ ᠦᠨᠳᠤᠷ ᠦᠨ᠎ᠡ ᠰᠢᠯᠢᠳᠡᠭ ᠴᠢᠨᠠᠷ ᠢ ᠪᠡᠶᠡᠯᠡᠭᠦᠯᠤᠨ᠎ᠡ᠃ ᠲᠤᠯᠤᠭᠠᠶᠢᠯᠠᠭᠴᠢ ᠠᠵᠤ ᠠᠬᠤᠶᠢᠯᠡᠯ ᠪᠠ ᠮᠠᠯᠴᠢᠳ ᠤᠨ ᠠᠰᠢᠭ ᠲᠤᠰᠡ ᠶᠢᠨ ᠬᠤᠯᠪᠤᠭᠠᠨ ᠤ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠤ᠂ ᠮᠠᠯᠴᠢᠳ ᠢ ᠲᠠᠭᠠᠭᠤᠯᠤᠨ ᠦᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠤᠷᠤᠯᠭ᠎ᠠ ᠪᠠᠨ ᠨᠡᠮᠡᠭᠳᠡᠭᠦᠯᠤᠨ᠎ᠡ᠃                ᠰᠢᠨ᠎ᠡ ᠮᠠᠯᠵᠢᠬᠤ ᠤᠷᠤᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠮᠠᠯᠵᠢᠬᠤ ᠤᠷᠤᠨ ᠎ ᠤ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠪᠠ ᠰᠠᠭᠤᠷᠢᠰᠢᠯ ᠤᠨ ᠤᠷᠴᠢᠨ ᠢ ᠴᠡᠭᠴᠡᠯᠡᠨ ᠰᠠᠶᠢᠵᠢᠷᠠᠭᠤᠯᠤᠭᠰᠡᠨ ᠦᠷ᠎ᠡ ᠪᠦᠲᠤᠭᠡᠯ ᠢ ᠪᠠᠳᠤᠳᠬᠠᠨ᠂ ᠤᠷᠲᠤ ᠬᠤᠭᠤᠴᠠᠭᠠᠨ ᠤ ᠪᠦᠲᠤᠮᠵᠢᠲᠤ ᠬᠠᠮᠢᠶᠠᠷᠤᠯᠲᠠ ᠬᠠᠮᠠᠭᠠᠯᠠᠯᠲᠠ ᠶᠢᠨ ᠵᠤᠬᠢᠴᠠᠮᠵᠢ ᠶᠢ ᠲᠡᠭᠦᠯᠳᠡᠷᠵᠢᠭᠦᠯᠤᠨ᠂ ᠦᠷᠭᠡᠨ ᠤᠯᠡᠨ ᠮᠠᠯᠴᠢᠨ ᠲᠦᠮᠡᠨ ᠤᠷᠲᠤ ᠬᠤᠭᠤᠴᠠᠭ᠎ᠠ ᠪᠠᠷ ᠠᠰᠢᠭ ᠬᠦᠷᠲᠡᠬᠦ ᠶᠢ ᠪᠠᠲᠤᠯᠠᠨ᠎ᠠ᠃ ︽ᠠᠷᠠᠳ ᠤᠨ ᠰᠤᠷᠲᠡᠯ ᠪᠤᠯᠪᠠᠰᠤᠨ᠂ ᠰᠠᠭᠤᠷᠢᠰᠢᠯ ᠤᠨ ᠤᠷᠴᠢᠨ ᠰᠠᠶᠢᠬᠠᠨ᠂ ᠰᠤᠶᠤᠯ ᠠᠮᠢᠳᠤᠷᠠᠯ ᠪᠠᠶᠠᠯᠢᠭ︾ ᠬᠠᠷᠠᠯᠲᠠ ᠶᠢ ᠪᠡᠶᠡᠯᠡᠬᠦᠯᠬᠦ ᠲᠠᠢ ᠤᠶᠠᠯᠳᠤᠭᠤᠯᠤᠨ᠂ ᠠᠵᠢᠯ ᠤᠨ ᠬᠠᠷᠠᠯᠲᠠ ᠪᠠ ᠪᠦᠲᠤᠭᠡᠨ ᠪᠠᠶᠢᠭᠤᠯᠤᠯᠲᠠ ᠶᠢᠨ ᠲᠦᠰᠤᠯ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠮᠠᠯᠵᠢᠬᠤ ᠤᠷᠤᠨ ᠤ ᠤᠰᠤ᠂ ᠴᠠᠬᠢᠯᠭᠠᠨ᠂ ᠵᠠᠮ᠂ ᠭᠡᠷ ᠪᠠᠶᠢᠰᠢᠩ᠂ ᠫᠸᠡᠭ ᠬᠤᠷᠤᠭ᠎ᠠ᠂ ᠴᠢᠮᠡᠭᠡ ᠨᠡᠪᠲᠡᠷᠡᠭᠦᠯᠭᠡ ᠵᠡᠷᠭᠡ ᠰᠠᠭᠤᠷᠢ ᠲᠦᠬᠦᠭᠡᠷᠤᠮᠵᠢ ᠎ ᠶᠢᠨ ᠪᠦᠲᠤᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠭᠦᠯᠤᠨ᠎ᠡ᠂ ᠰᠤᠷᠭᠠᠨ ᠬᠦᠮᠤᠵᠢᠯ᠂ ᠡᠷᠡᠭᠦᠯ ᠬᠠᠮᠠᠭᠠᠯᠠᠯ᠂ ᠰᠤᠶᠤᠯ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠲᠦᠷᠤᠯ ᠤᠨ ᠨᠡᠶᠢᠭᠡᠮ ᠤᠨ ᠠᠵᠢᠯ ᠦᠢᠯᠡᠰ ᠢ ᠦᠨᠡᠨᠬᠦ ᠰᠠᠶᠢᠲᠤᠷ ᠠᠳᠬᠤᠨ᠂ ᠮᠠᠯᠵᠢᠬᠤ ᠤᠷᠤᠨ ᠤ ᠲᠦᠷᠢ ᠲᠦᠷᠬᠦ ᠶᠢ ᠤᠯᠡᠮ ᠨᠢᠭᠡ ᠠᠯᠬᠤᠮ ᠰᠠᠶᠢᠵᠢᠷᠠᠭᠤᠯᠤᠨ᠂ ᠤᠯᠡᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠵᠤ᠂ ᠰᠢᠨ᠎ᠡ ᠮᠠᠯᠵᠢᠬᠤ ᠤᠷᠤᠨ ᠤ ᠪᠦᠲᠤᠭᠡᠨ ᠪᠠᠶᠢᠭᠤᠯᠤᠯᠲᠠ ᠶᠢᠨ ᠲᠡᠰ ᠲᠠᠪᠰᠢᠬᠦ ᠶᠢ ᠠᠬᠢᠭᠤᠯᠤᠨ᠎ᠠ᠃ ᠤᠨᠴᠠᠯᠢᠭᠲᠤ ᠠᠵᠤ ᠦᠢᠯᠡᠰ ᠢ ᠢᠳᠡᠪᠬᠢᠲᠠᠢ ᠪᠤᠶᠢᠵᠢᠭᠤᠯᠤᠨ᠂ ᠦᠪᠡᠷᠮᠢᠴᠡ ᠤᠨᠴᠠᠯᠢᠭ ᠲᠠᠢ ᠰᠤᠶᠤᠯ ᠤᠨ ᠲᠤᠰᠬᠤᠨ ᠪᠠᠯᠭᠠᠰᠤ ᠶᠢ ᠴᠤᠭᠴᠠᠯᠠᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠵᠤ᠂ ᠠᠮᠢᠳᠤᠷᠠᠯ ᠢ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠦᠲᠡᠭᠡ ᠲᠤᠰᠬᠤᠨ ᠤ ᠪᠤᠯᠪᠠᠰᠤᠨ ᠰᠤᠷᠲᠠᠯ ᠤᠨ ᠠᠵᠢᠯᠯᠠᠭᠠᠨ ᠢ ᠵᠠᠯᠭᠠᠪᠠᠷ ᠦᠷᠨᠢᠭᠦᠯᠵᠤ᠂ ᠮᠠᠯᠵᠢᠬᠤ ᠤᠷᠤᠨ ᠤ ᠪᠤᠯᠪᠠᠰᠤᠨ ᠤ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ᠃                 ︵ᠭᠤᠷᠪᠠ︶ ᠠᠵᠤ ᠦᠢᠯᠡᠳᠪᠤᠷᠢ ᠶᠢᠨ ᠠᠵᠤ ᠠᠬᠤᠢ ᠲᠤᠭᠲᠠᠭᠤᠨ ᠮᠦᠷᠲᠡᠭᠡᠨ ᠦᠷ᠎ᠡ ᠠᠰᠢᠭ ᠨᠡᠮᠡᠭᠳᠡᠬᠦ ᠶᠢ ᠬᠦᠴᠤᠯᠡᠨ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ ᠦᠭᠡᠷᠡᠴᠢᠯᠡᠯᠲᠡ ᠡᠨᠡᠬᠦ ᠭᠤᠤᠯ ᠱᠤᠭᠤᠮ ᠤᠨ ᠲᠤᠭᠤᠷᠢᠨ ᠳᠤ ︽ᠭᠤᠷᠪᠡ ᠶᠢ ᠪᠠᠭᠠᠰᠬᠠᠵᠤ ᠨᠢᠭᠡ ᠶᠢ ᠪᠠᠭᠤᠷᠠᠭᠤᠯᠵᠤ ᠨᠢᠭᠡ ᠶᠢ ᠨᠦᠬᠦᠪᠤᠷᠢᠯᠡᠬᠦ︾ ᠪᠠ ᠪᠤᠲᠠᠳᠤ ᠴᠤᠭᠴᠠ ᠶᠢᠨ ᠠᠵᠤ ᠠᠬᠤᠢ ᠶᠢ ᠰᠡᠷᠭᠦᠭᠡᠨ ᠬᠦᠭᠵᠢᠭᠦᠯᠬᠦ ᠵᠡᠷᠭᠡ ᠲᠦᠷᠤ ᠎ ᠶᠢᠨ ᠪᠤᠳᠤᠯᠭ᠎ᠠ ᠠᠷᠭ᠎ᠠ ᠪᠠᠷᠢᠯ ᠢ ᠬᠦᠨᠵᠡᠭᠡᠢ ᠨᠠᠶᠢᠳᠠᠪᠤᠷᠢᠵᠢᠭᠤᠯᠤᠨ᠂ ᠲᠠᠪᠠᠭᠤᠯᠢᠭ ᠢ ᠪᠠᠳᠠᠷᠠᠭᠤᠯᠬᠤ ᠪᠠ ᠲᠤᠲᠠᠭᠤᠳᠠᠯ ᠢ ᠨᠦᠬᠦᠪᠤᠷᠢᠯᠡᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭᠵᠢᠭᠤᠯᠬᠤ ᠪᠠ ᠨᠡᠮᠡᠭᠳᠡᠯ ᠤᠨ ᠬᠡᠮᠵᠢᠶ᠎ᠡ ᠎ ᠶᠢ ᠰᠢᠯᠢᠳᠡᠭᠵᠢᠭᠦᠯᠬᠦ ᠶᠢ ᠵᠡᠷᠭᠡᠪᠡᠷ ᠠᠳᠬᠤᠵᠤ᠂ ᠠᠵᠤ ᠦᠢᠯᠡᠰ ᠤᠨ ᠤᠯᠡᠨ ᠡᠰᠢᠵᠢᠭᠰᠡᠨ ᠬᠦᠭᠵᠢᠯᠲᠡ ᠶᠢ ᠠᠬᠢᠭᠤᠯᠵᠤ᠂ ᠠᠵᠤ ᠦᠢᠯᠡᠳᠪᠤᠷᠢ ᠶᠢᠨ ᠴᠢᠨᠡᠷ ᠲᠡᠭᠡᠭᠰᠢᠯᠡᠵᠤ ᠦᠷ᠎ᠡ ᠠᠰᠢᠭ ᠨᠡᠮᠡᠭᠳᠡᠬᠦ ᠶᠢ ᠠᠬᠢᠭᠤᠯᠤᠨ᠎ᠠ᠃ ᠪᠦᠬᠦ ᠵᠢᠯ ᠳᠤ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠦᠢᠯᠡᠳᠬᠦᠨ ᠤ ᠦᠷᠲᠡᠭ ᠢ 184 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠲᠡᠭ ᠢ 90 ᠳ᠋ᠦᠩᠰᠢᠭᠤᠷ ᠲᠦᠭᠦᠷᠢᠭ ᠪᠡᠶᠡᠯᠡᠭᠦᠯᠵᠤ᠂ 9.4%᠎ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃                ᠤᠯᠠᠮᠵᠢᠯᠠᠯᠲᠤ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠤᠨ᠎ᠡ᠃ ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠪᠠ ᠲᠠᠪᠠᠭᠤᠯᠢᠭ ᠦᠪᠡᠷᠮᠢᠴᠡ ᠠᠵᠤ ᠦᠢᠯᠡᠰ ᠢ ᠪᠠᠬᠢᠵᠢᠭᠦᠯᠤᠨ ᠬᠦᠭᠵᠢᠬᠦᠯᠬᠦ ᠬᠠᠷᠢᠴᠠᠭ᠎ᠠ ᠶᠢ ᠵᠦᠪ ᠤᠨᠤᠪᠴᠢᠲᠠᠢ ᠰᠢᠢᠳᠪᠤᠷᠢᠯᠡᠵᠤ᠂ ᠲᠡᠭᠡᠲᠤ ᠰᠢᠨ᠎ᠡ ᠮᠡᠷᠭᠡᠵᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠰᠢᠭᠯᠠᠨ᠂ ᠲᠠᠷᠢᠶᠠᠯᠠᠩ ᠮᠠᠯ ᠤᠨ ᠪᠦᠲᠤᠭᠡᠭᠳᠡᠬᠦᠨ ᠡᠳ᠋ᠰᠢᠯᠡᠭᠦᠯᠤᠨ ᠪᠤᠯᠪᠠᠰᠤᠷᠠᠭᠤᠯᠬᠤ᠂ ᠨᠡᠭᠦᠷᠡᠰᠤ᠂ ᠴᠠᠬᠢᠯᠭᠠᠨ ᠬᠦᠴᠤ᠂ ᠴᠢᠯᠠᠭᠤᠨ ᠲᠤᠰᠤ ᠵᠡᠷᠭᠡ ᠭᠤᠤᠯᠳᠠᠯᠭᠠᠲᠤ ᠠᠵᠤ ᠦᠢᠯᠡᠰ ᠤᠨ ᠲᠡᠰ ᠲᠠᠪᠰᠢᠬᠦ ᠶᠢ ᠠᠬᠢᠭᠤᠯᠵᠤ ᠂ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠡᠭᠡᠭᠰᠢᠯᠡᠭᠦᠯᠤᠨ᠎ᠡ᠃ ᠤᠯᠤᠰ ᠤᠨ ᠪᠤᠬᠢᠷᠳᠤᠯ ᠦᠭᠡᠢ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠎ ᠤᠨ ᠪᠦᠲᠤᠭᠡᠨ ᠪᠠᠶᠢᠭᠤᠯᠤᠯᠲᠠ ᠶᠢᠨ ᠲᠤᠭᠤᠷᠢᠨ ᠳᠤ ᠬᠤᠶᠠᠷ ᠵᠤᠷᠪᠤᠰ ᠤᠨᠴᠠ ᠦᠨᠳᠤᠷ ᠬᠦᠴᠤᠳᠡᠯᠲᠤ ᠴᠠᠬᠢᠯᠭᠠᠨ ᠬᠦᠴᠤᠨ ᠢ ᠭᠠᠳᠠᠭᠰᠢ ᠬᠦᠷᠭᠡᠬᠦ ᠵᠠᠮ ᠱᠤᠭᠤᠮ ᠳᠤ ᠲᠦᠰᠢᠭᠯᠡᠨ᠂ ᠴᠠᠬᠢᠯᠭᠠᠨ ᠬᠦᠴᠤᠨ ᠤ ᠡᠬᠢ ᠰᠤᠷᠪᠤᠯᠵᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠦᠴᠤᠯᠡᠨ ᠠᠬᠢᠭᠤᠯᠤᠨ᠎ᠠ᠃ ᠨᠡᠭᠦᠷᠡᠰᠤᠨ ᠤ ᠠᠵᠤ ᠠᠬᠤᠶᠢᠯᠡᠯ ᠢ ᠢᠳᠡᠪᠬᠢᠲᠠᠢ ᠬᠠᠪᠰᠤᠷᠤᠨ ᠭᠠᠷ ᠬᠦᠢᠴᠡᠳᠭᠡᠯ ᠢᠶᠠᠨ ᠪᠦᠷᠢᠨᠰᠢᠭᠦᠯᠵᠤ᠂ ᠨᠡᠭᠦᠷᠡᠰᠤᠨ ᠤ ᠭᠠᠷᠤᠯᠲᠠ ᠶᠢ 3100 ᠲᠦᠮᠡᠨ ᠲᠤᠨ ᠠᠴᠠ ᠲᠡᠭᠡᠭᠰᠢ ᠳᠤ ᠬᠦᠷᠭᠡᠵᠤ᠂ ᠲᠦᠬᠦᠬᠡᠢ ᠴᠢᠯᠠᠭᠤᠨ ᠲᠤᠰᠤᠨ ᠤ ᠭᠠᠷᠤᠯᠲᠠ ᠶᠢ 80 ᠲᠦᠮᠡᠨ ᠲᠤᠨ ᠤᠷᠴᠢᠮ ᠳᠤ ᠪᠠᠶᠢᠯᠭᠠᠨ᠎ᠠ᠃ ᠳ᠋ᠠ ᠵᠤᠸᠡᠩ ᠶᠤᠸᠡᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠪᠠ ᠡᠷᠳᠡᠨᠢ ᠦᠬᠡᠷ ᠬᠤᠨᠢ ᠡᠳ᠋ᠰᠢᠯᠡᠭᠦᠯᠤᠨ ᠪᠤᠯᠪᠠᠰᠤᠷᠠᠭᠤᠯᠬᠤ ᠶᠡᠷᠤᠩᠬᠡᠶᠢᠯᠡᠭᠰᠡᠨ ᠰᠠᠭᠤᠷᠢᠨ ᠭᠠᠵᠠᠷ ᠵᠡᠷᠭᠡ ᠲᠦᠷᠤᠯ ᠵᠦᠢᠯ ᠢ ᠡᠬᠢᠯᠡᠨ ᠬᠡᠷᠡᠭᠵᠢᠭᠦᠯᠵᠤ᠂ ᠪᠦᠬᠦ ᠬᠤᠲᠠ ᠪᠠᠷ ᠢᠶᠠᠨ ᠠᠮᠢᠲᠤ ᠮᠠᠯ 400 ᠲᠦᠮᠡᠨ ᠬᠤᠨᠢᠴᠢᠯᠠᠭᠰᠡᠨ ᠨᠢᠭᠡᠴᠡ ᠪᠤᠯᠪᠠᠰᠤᠷᠠᠭᠤᠯᠤᠨ᠎ᠠ᠃ ᠠᠮᠢᠲᠠᠨ ᠤ ᠶᠠᠰᠤ᠂ ᠴᠢᠰᠤ᠂ ᠲᠤᠲᠤᠷ ᠡᠷᠬᠡᠲᠡᠨ ᠢ ᠶᠡᠷᠤᠩᠬᠡᠶᠢᠯᠡᠨ ᠠᠰᠢᠭᠯᠠᠬᠤ ᠲᠦᠷᠤᠯ ᠵᠦᠢᠯ ᠢ ᠲᠦᠷᠭᠡᠳᠭᠡᠨ ᠠᠬᠢᠭᠤᠯᠵᠤ᠂ ᠮᠠᠯ ᠤᠨ ᠪᠦᠲᠤᠭᠡᠭᠳᠡᠬᠦᠨ ᠤ ᠨᠡᠮᠡᠯᠲᠡ ᠦᠷᠲᠡᠭ ᠢ ᠲᠡᠭᠡᠭᠰᠢᠯᠡᠭᠦᠯᠤᠨ᠎ᠡ᠃ᠰᠢᠨ᠎ᠡ ᠪᠠᠷ ᠮᠡᠨᠳᠤᠭᠰᠡᠨ ᠠᠵᠤ ᠦᠢᠯᠡᠰ ᠢ ᠬᠦᠭᠵᠢᠭᠦᠯᠤᠨ᠎ᠡ᠃ ᠤᠯᠤᠰ ᠤᠨ ︽ᠭᠡᠷᠡᠯ ᠴᠠᠬᠢᠯᠭᠠᠨ ᠤ ᠬᠤᠰᠢᠭᠤᠴᠢ ᠎ ᠶᠢᠨ ᠲᠦᠯᠤᠪᠯᠡᠭᠡ︾ ᠪᠠ ᠰᠢᠨ᠎ᠡ ᠡᠨᠧᠷᠬᠢ ᠢᠶᠠᠷ ᠨᠡᠭᠦᠷᠡᠰᠤ ᠶᠢ ᠤᠷᠤᠯᠠᠭᠤᠯᠤᠨ ᠡᠨᠧᠷᠬᠢ ᠠᠷᠪᠢᠯᠠᠬᠤ ᠲᠦᠷᠤ ᠶᠢᠨ ᠪᠤᠳᠤᠯᠭ᠎ᠠ ᠶᠢ ᠡᠵᠡᠮᠳᠡᠨ᠂ ᠰᠠᠯᠬᠢᠨ ᠴᠠᠬᠢᠯᠭᠠᠨ᠂ ᠭᠡᠷᠡᠯ ᠴᠠᠬᠢᠯᠭᠠᠨ ᠵᠡᠷᠭᠡ ᠴᠡᠪᠡᠷ ᠡᠨᠧᠷᠬᠢ ᠶᠢᠨ ᠠᠵᠤ ᠦᠢᠯᠡᠰ ᠢ ᠡᠮᠬᠢ ᠲᠠᠷᠠᠭᠠᠯᠠᠯ ᠲᠠᠢ ᠬᠦᠭᠵᠢᠬᠦᠯᠵᠤ᠂ ᠠᠵᠤ ᠠᠬᠤᠢ ᠶᠢᠨ ᠪᠤᠬᠢᠷᠳᠤᠯ ᠦᠭᠡᠢ ᠬᠦᠭᠵᠢᠯᠲᠡ ᠶᠢ ᠬᠦᠲᠤᠯᠤᠨ ᠲᠠᠭᠠᠭᠤᠯᠤᠨ᠎ᠠ᠃ ᠨᠠᠷᠠᠨ ᠤ ᠡᠨᠧᠷᠬᠢ ᠶᠢᠨ ᠭᠡᠷᠡᠯ ᠴᠠᠬᠢᠯᠭᠠᠨ ᠤ ᠬᠡᠷᠡᠭᠯᠡᠯᠲᠡ ᠶᠢ ᠲᠦᠷᠭᠡᠳᠭᠡᠨ᠂ ᠲᠠᠩ ᠲᠠᠯᠠᠰᠲᠤ ᠴᠠᠬᠢᠭᠤᠷ ᠤᠨ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠷᠬᠢᠯᠲᠡᠲᠤ ᠠᠵᠤ ᠠᠬᠤᠢ ᠶᠢ ᠶᠡᠬᠡᠪᠡᠷ ᠬᠦᠭᠵᠢᠬᠦᠯᠤᠨ᠂ ᠨᠡᠭᠦᠷᠡᠰᠤᠨ ᠨᠤᠨᠲᠠᠭ ᠪᠠ ᠬᠦᠬᠦᠷ ᠢᠯᠭᠠᠷᠠᠭᠤᠯᠤᠭᠰᠨ ᠵᠤᠭᠠᠡᠭ ᠢ ᠶᠡᠷᠤᠩᠬᠡᠶᠢᠯᠡᠨ ᠠᠰᠢᠭᠯᠠᠬᠤ ᠠᠵᠤ ᠦᠢᠯᠡᠰ ᠢ ᠢᠳᠡᠪᠬᠢᠲᠠᠢ ᠠᠬᠢᠭᠤᠯᠤᠨ᠂ ᠡᠬᠢ ᠰᠤᠷᠪᠤᠯᠵᠢ ᠶᠢ ᠶᠡᠷᠤᠩᠬᠡᠶᠢᠯᠡᠨ ᠠᠰᠢᠭᠯᠠᠬᠤ ᠲᠦᠪᠰᠢᠨ ᠢ ᠲᠡᠭᠡᠭᠰᠢᠯᠡᠭᠦᠯᠤᠨ᠎ᠡ᠃ ᠰᠢᠨ᠎ᠡ ᠪᠠᠷ ᠮᠡᠨᠳᠤᠭᠰᠡᠨ ᠠᠵᠤ ᠦᠢᠯᠡᠰ ᠢ ᠬᠦᠴᠤᠷᠬᠡᠭᠵᠢᠭᠦᠯᠤᠨ᠂ ᠰᠠᠯᠬᠢᠨ ᠬᠦᠴᠤᠨ ᠤ ᠴᠠᠬᠢᠯᠭᠠᠨ ᠭᠠᠷᠭᠠᠬᠤ ᠮᠠᠰᠢᠨ ᠲᠦᠬᠦᠭᠡᠷᠤᠮᠵᠢ᠂ ᠭᠡᠷᠡᠯ  ᠴᠠᠬᠢᠯᠭᠠᠨ ᠤ ᠲᠦᠬᠦᠭᠡᠷᠤᠮᠵᠢ ᠵᠡᠷᠭᠡ ᠮᠠᠰᠢᠨ ᠲᠤᠨᠤᠭᠯᠠᠯ ᠦᠢᠯᠡᠳᠬᠦ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠤᠭᠰᠠᠷᠠᠬᠤ᠂ ᠢᠯᠴᠢ ᠴᠠᠬᠢᠯᠭᠠᠨ ᠤ ᠲᠤᠨᠤᠭ ᠲᠦᠬᠦᠭᠡᠷᠤᠮᠵᠢ ᠶᠢ ᠦᠢᠯᠡᠳᠬᠦ ᠵᠡᠷᠭᠡ ᠠᠵᠤ ᠦᠢᠯᠡᠰ ᠢ ᠢᠳᠡᠪᠬᠢᠲᠠᠢ ᠲᠠᠲᠠᠨ ᠤᠷᠤᠭᠤᠯᠵᠤ᠂ ᠰᠢᠨ᠎ᠡ ᠦᠷᠢᠰᠤᠯᠳᠤᠭᠡᠨ ᠤ ᠲᠠᠪᠠᠭᠤᠯᠢᠭ ᠬᠢᠭᠡᠳ ᠠᠵᠤ ᠠᠬᠤᠢ ᠶᠢᠨ ᠨᠡᠮᠡᠭᠳᠡᠯ ᠴᠡᠭ ᠢ ᠪᠤᠶᠢᠵᠢᠭᠤᠯᠤᠨ᠎ᠠ᠃ ᠮᠡᠳᠡᠭᠡ ᠵᠠᠩᠬᠢᠵᠢᠯᠲᠡ ᠶᠢᠨ ᠠᠵᠤ ᠦᠢᠯᠡᠰ ᠢ ᠪᠦᠬᠦ ᠬᠦᠴᠤᠨ ᠢᠶᠠᠷ ᠠᠬᠢᠭᠤᠯᠵᠤ᠂ ᠲᠤᠮᠤ ᠲᠤᠭ᠎ᠠ ᠪᠠᠷᠢᠮᠲᠠ ᠶᠢᠨ ᠲᠦᠷᠤᠯ ᠵᠦᠢᠯ ᠳᠤ ᠲᠦᠰᠢᠭᠯᠡᠨ᠂ ︽ᠢᠨᠲ᠋ᠧᠷ ᠰᠦᠯᠵᠢᠶ᠎ᠡ+︾ ᠲᠦᠯᠤᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠦᠳᠡᠯᠭᠡᠬᠦ ᠬᠦᠴᠤᠨ ᠢ ᠲᠠᠰᠤᠷᠠᠯᠲᠠ ᠦᠭᠡᠢ ᠴᠢᠩᠭᠠᠳᠬᠠᠨ᠎ᠠ᠃                     ᠠᠵᠤ ᠠᠬᠤᠢ ᠶᠢᠨ ᠡᠷᠬᠢᠯᠲᠡ ᠶᠢ ᠤᠨᠤᠪᠴᠢᠲᠠᠢ ᠲᠤᠬᠢᠷᠠᠭᠤᠯᠤᠨ᠎ᠠ᠃ ᠬᠢᠨᠠᠨ ᠵᠠᠳᠠᠯᠤᠯᠲᠠ ᠪᠠ ᠰᠢᠨᠵᠢᠯᠡᠬᠦ ᠤᠬᠠᠭᠠᠨᠴᠢ ᠲᠦᠰᠤᠭ᠍ᠯᠡᠯ ᠢ ᠴᠢᠩᠭᠠᠳᠬᠠᠨ᠂ ᠬᠤᠷᠸ᠎ᠠ ᠠᠵᠤ ᠠᠬᠤᠢ ᠶᠢᠨ ᠪᠠᠶᠢᠳᠠᠯ᠂ ᠠᠵᠢᠯ ᠲᠦᠷᠤᠯ ᠎ ᠤᠨ ᠬᠦᠭᠵᠢᠯᠲᠡ ᠶᠢᠨ ᠬᠠᠨᠳᠤᠰᠢ᠂ ᠠᠵᠤ ᠠᠬᠤᠶᠢᠯᠡᠯ ᠤᠨ ᠬᠦᠭᠵᠢᠯᠲᠡ ᠶᠢᠨ ᠪᠠᠶᠢᠳᠠᠯ᠂ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠨᠤᠪᠴᠢᠲᠠᠢ ᠡᠵᠡᠮᠳᠡᠵᠤ᠂ ᠭᠤᠤᠯ ᠠᠵᠢᠯ ᠲᠦᠷᠤᠯ᠂ ᠭᠤᠤᠯ ᠠᠵᠤ ᠠᠬᠤᠶᠢᠯᠡᠯ᠂ ᠭᠤᠤᠯ ᠦᠢᠯᠡᠳᠬᠦᠨ ᠤ ᠬᠦᠭᠵᠢᠯᠲᠡ ᠶᠢᠨ ᠬᠠᠨᠳᠤᠰᠢ ᠳᠤ ᠠᠩᠬᠠᠷᠤᠯ ᠢᠶᠠᠨ ᠲᠦᠪᠯᠡᠷᠡᠭᠦᠯᠵᠤ᠂ ᠠᠵᠤ ᠠᠬᠤᠢ ᠶᠢᠨ ᠡᠷᠬᠢᠯᠲᠡ ᠶᠢᠨ ᠠᠵᠢᠯ ᠤᠨ ᠤᠷᠢᠳᠴᠢᠯᠠᠯᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠨ᠎ᠠ᠃ ᠨᠡᠭᠦᠷᠡᠰᠤ ᠴᠠᠬᠢᠯᠭᠠᠨ ᠴᠢᠯᠠᠭᠤᠨ ᠲᠤᠰᠤ ᠤᠰᠤ ᠢᠯᠴᠢ ᠵᠡᠷᠭᠡ ᠭᠤᠤᠯ ᠡᠯᠧᠮᠧᠨ᠋ᠲ ᠶᠢᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠡᠯ ᠢ ᠬᠠᠪᠰᠣᠷᠣᠨ ᠬᠦᠴᠢᠷᠳᠡᠯ ᠪᠠ ᠠᠰᠠᠭᠤᠳᠠᠯ ᠢ ᠲᠠᠷᠤᠢ ᠳᠤᠨᠢ ᠰᠢᠢᠳᠪᠤᠷᠢᠯᠡᠵᠤ᠂ ᠠᠵᠤ ᠦᠢᠯᠡᠰ ᠤᠨ ᠲᠦᠷᠤ ᠶᠢᠨ ᠪᠤᠳᠤᠯᠭ᠎ᠠ ᠪᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠲᠠᠢ ᠨᠡᠶᠢᠴᠡᠬᠦ ᠠᠵᠤ ᠠᠬᠤᠶᠢᠯᠡᠯ ᠤᠨ ᠲᠤᠭᠲᠠᠭᠤᠨ ᠦᠢᠯᠡᠳᠪᠤᠷᠢᠯᠡᠯ ᠢ ᠠᠬᠢᠭᠤᠯᠤᠨ᠎ᠠ᠃ ᠨᠡᠶᠢᠲᠡ ᠶᠢᠨ ᠪᠤᠰᠤ ᠦᠮᠴᠢᠯᠡᠯᠲᠤ ᠠᠵᠤ ᠠᠬᠤᠢ ᠎ ᠶᠢᠨ ᠬᠦᠭᠵᠢᠯᠲᠡ ᠶᠢ ᠲᠡᠮᠵᠢᠬᠦ ᠲᠦᠷᠤ ᠶᠢᠨ ᠪᠤᠳᠤᠯᠭ᠎ᠠ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠤᠨ ᠢ ᠴᠢᠩᠭᠠᠳᠬᠠᠨ᠂ ᠦᠢᠯᠡᠳᠪᠤᠷᠢᠯᠡᠯ ᠤᠨ ᠶᠡᠷᠤᠩᠬᠡᠢ ᠦᠷᠲᠡᠭ ᠤᠨ ᠲᠤᠮᠳᠠᠬᠢ ᠨᠡᠶᠢᠲᠡ ᠶᠢᠨ ᠪᠤᠰᠤ ᠦᠮᠴᠢᠯᠡᠯᠲᠤ ᠠᠵᠤ ᠠᠬᠤᠢ ᠶᠢᠨ ᠨᠡᠮᠡᠭᠳᠡᠯ ᠦᠷᠲᠡᠭ ᠤᠨ ᠬᠤᠪᠢ ᠶᠢᠨ ᠵᠢᠩ ᠢ 38%᠎ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃            ︵ᠲᠦᠷᠪᠡ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠎ ᠶᠢ ᠬᠦᠴᠤᠯᠡᠨ ᠠᠬᠢᠭᠤᠯᠤᠨ᠎ᠡ᠃ ᠦᠢᠯᠡᠴᠢᠯᠡᠭᠡᠨ ᠤ ᠦᠢᠯᠡᠰ ᠢ ᠬᠡᠯᠪᠡᠷᠢ ᠶᠢ ᠬᠤᠪᠢᠷᠠᠭᠤᠯᠬᠤ᠂ ᠪᠦᠲᠤᠴᠡ ᠶᠢ ᠲᠤᠬᠢᠷᠠᠭᠤᠯᠬᠤ᠂ ᠨᠡᠮᠡᠭᠳᠡᠯ ᠢ ᠲᠤᠭᠲᠠᠪᠤᠷᠢᠵᠢᠭᠤᠯᠬᠤ ᠴᠢᠬᠤᠯᠨ ᠬᠦᠳᠡᠯᠭᠡᠭᠦ ᠬᠦᠴᠤ ᠪᠤᠯᠭᠠᠵᠤ᠂ ᠰᠤᠶᠤᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡ᠂ ᠡᠯᠧᠺᠲᠷᠤᠨ ᠠᠷᠠᠯᠵᠢᠶᠠᠨ ᠤ ᠶᠠᠪᠤᠳᠠᠯ ᠢᠶᠠᠷ ᠭᠤᠤᠯᠳᠠᠯᠭ᠎ᠠ ᠪᠤᠯᠭᠠᠨ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠤᠨ᠎ᠡ᠃           ᠵᠢᠭᠤᠯᠴᠢᠯᠠᠯ ᠤᠨ ᠬᠦᠭᠵᠢᠯᠲᠡ ᠶᠢᠨ ᠲᠦᠪᠰᠢᠨ ᠢ ᠲᠡᠭᠡᠭᠰᠢᠯᠡᠭᠦᠯᠤᠨ᠎ᠡ᠃ ᠪᠦᠬᠦ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠬᠤᠷᠠᠯ ᠪᠠ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠯᠲᠡ ᠎ ᠶᠢ ᠲᠦᠷᠭᠡᠳᠭᠡᠬᠦ ᠲᠤᠬᠠᠢ ᠰᠠᠨᠠᠯ ᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠦᠷᠯᠢᠭ ᠰᠠᠶᠢᠬᠠᠨ ᠦᠪᠤᠷ ᠮᠤᠩᠭᠤᠯ᠂ ᠦᠵᠡᠰᠭᠦᠯᠡᠩᠲᠤ ᠰᠠᠶᠢᠬᠠᠨ ᠦᠵᠡᠮᠵᠢ ᠶᠢᠨ ᠱᠤᠭᠤᠮ︾ ᠡᠨᠡᠬᠦ ᠭᠤᠤᠯ ᠰᠠᠳᠤᠪ ᠤᠨ ᠲᠤᠭᠤᠷᠢᠨ ᠎ ᠳᠤ᠂ ᠪᠦᠬᠦᠶᠢᠯᠨ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢ ᠲᠦᠷᠭᠡᠳᠭᠡᠨ᠂ ᠤᠯᠤᠰ ᠤᠨ ᠲᠡᠰ ᠤᠨ ᠪᠦᠬᠦᠶᠢᠯᠨ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠢ ᠢᠳᠡᠪᠬᠢᠲᠠᠢ ᠡᠭᠦᠳᠴᠤ᠂ ᠮᠡᠨ ᠤ ᠬᠤᠲᠠ ᠶᠢ ᠪᠦᠬᠦ ᠤᠯᠤᠰ ᠲᠤ ᠠᠯᠳᠠᠷᠰᠢᠭᠰᠡᠨ ᠵᠢᠭᠤᠯᠴᠢᠯᠠᠯ ᠤᠨ ᠬᠠᠷᠠᠯᠲᠠᠲᠤ ᠭᠠᠵᠠᠷ ᠪᠤᠯᠭᠠᠨ ᠴᠤᠭᠴᠠᠯᠠᠬᠤ ᠪᠠᠷ ᠴᠢᠷᠮᠠᠶᠢᠨ᠎ᠠ᠃ ᠵᠢᠭᠤᠯᠴᠢᠯᠠᠯ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠢᠭᠤᠯᠴᠢᠯᠠᠯ ᠤᠨ ᠡᠬᠢ ᠰᠤᠷᠪᠤᠯᠵᠢ ᠶᠢ ᠬᠦᠨᠵᠡᠭᠡᠢ ᠠᠭᠤᠳᠠᠯᠯᠠᠵᠤ᠂ ᠵᠢᠭᠤᠯᠴᠢᠯᠠᠯ ᠤᠨ ᠬᠦᠭᠵᠢᠯᠲᠡ ᠶᠢᠨ ᠪᠠᠶᠢᠷᠢ ᠲᠤᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠦᠨᠳᠤᠷ ᠵᠤᠭᠰᠤᠴᠡ᠂ ᠦᠨᠳᠤᠷ ᠪᠠᠷᠢᠮᠵᠢᠶ᠎ᠠ᠂ ᠦᠨᠳᠤᠷ ᠴᠢᠨᠠᠷᠵᠢᠯ ᠢᠶᠠᠷ ᠵᠢᠭᠤᠯᠴᠢᠯᠠᠯ ᠤᠨ ᠲᠦᠯᠤᠪᠵᠢᠭᠦᠯᠭᠡ ᠶᠢ ᠲᠡᠭᠦᠯᠳᠡᠷᠵᠢᠭᠦᠯᠵᠤ᠂ ᠪᠦᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠡᠷᠡᠭᠦᠯ ᠪᠦᠭᠡᠳ ᠲᠦᠷᠭᠡᠨ ᠬᠦᠭᠵᠢᠯᠲᠡ ᠎ ᠶᠢ ᠬᠦᠲᠤᠯᠤᠨ ᠲᠠᠭᠠᠭᠤᠯᠤᠨ᠎ᠠ᠃ ᠵᠢᠭᠤᠯᠴᠢᠯᠠᠯ ᠤᠨ ᠰᠤᠳᠤᠨ ᠪᠦᠲᠤᠭᠡᠭᠳᠡᠬᠦᠨ ᠢ ᠡᠭᠦᠳᠦᠨ᠎ᠡ᠃ ᠰᠢᠯᠢ ᠶᠢᠨ ᠭᠤᠤᠯ ᠠᠮᠢ ᠠᠬᠤᠢ ᠶᠢᠨ ᠦᠵᠡᠮᠵᠢ ᠶᠢᠨ ᠪᠦᠰᠡ᠂ ᠰᠢᠯᠢᠨ ᠦᠵᠡᠮᠵᠢ ᠶᠢᠨ ᠱᠤᠭᠤᠮ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠲᠤᠭᠤᠷᠢᠭ ᠵᠡᠷᠭᠡ ᠵᠢᠭᠤᠯᠴᠢᠯᠠᠯ ᠤᠨ ᠪᠦᠲᠤᠭᠡᠨ ᠪᠠᠶᠢᠭᠤᠯᠤᠯᠲᠠ ᠶᠢ ᠬᠦᠴᠤᠯᠡᠨ ᠠᠬᠢᠭᠤᠯᠵᠤ᠂ ᠪᠢᠯᠢᠭ ᠦᠯᠵᠡᠶᠢᠲᠤ ᠪᠠᠯᠭᠠᠰᠤ᠂ ᠪᠠᠶᠠᠨᠰᠢᠯᠢ ᠦᠪᠡᠷᠮᠢᠴᠡ ᠤᠨᠴᠠᠯᠢᠭᠲᠤ ᠵᠢᠵᠢᠭ ᠪᠠᠯᠭᠠᠰᠤ ᠵᠡᠷᠭᠡ ᠰᠤᠶᠤᠯ ᠵᠢᠭᠤᠯᠴᠢᠯᠠᠯ ᠤᠨ ᠲᠤᠰᠬᠤᠨ ᠪᠠᠯᠭᠠᠰᠤ ᠶᠢ ᠭᠤᠤᠯᠳᠠᠯᠭ᠎ᠠ ᠲᠠᠢ ᠪᠠᠶᠢᠭᠤᠯᠵᠤ᠂ ᠤᠯᠤᠰ ᠤᠨ 4A ᠲᠡᠰ ᠠᠴᠠ ᠲᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠤᠷᠤᠨ ᠢ ᠢᠳᠡᠪᠬᠢᠲᠠᠢ ᠴᠤᠭᠴᠠᠯᠠᠵᠤ᠂ ᠪᠠᠶᠢᠰᠡ ᠶᠢᠨ ᠰᠦᠮ᠎ᠡ ᠶᠢ ᠤᠯᠤᠰ ᠤᠨ 5A ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠠᠵᠢᠯ ᠢ ᠡᠬᠢᠯᠡᠨ ᠬᠢᠵᠤ᠂ ᠦᠵᠡᠮᠵᠢ ᠎ ᠶᠢᠨ ᠤᠷᠤᠨ ᠦᠵᠡᠮᠵᠢ ᠶᠢᠨ ᠴᠡᠭ ᠪᠠ ᠵᠢᠭᠤᠯᠴᠢᠯᠠᠯ ᠤᠨ ᠡᠬᠢ ᠰᠤᠷᠪᠤᠯᠵᠢ ᠶᠢ ᠵᠠᠯᠭᠠᠯᠳᠤᠭᠤᠯᠤᠨ ᠨᠢᠭᠡᠳᠭᠡᠵᠤ᠂ ᠨᠢᠭᠡᠳᠤᠮᠡᠯ ᠵᠢᠭᠤᠯᠴᠢᠯᠠᠯ ᠤᠨ ᠱᠤᠭᠤᠮ ᠪᠤᠶᠤ ᠵᠢᠭᠤᠯᠴᠢᠯᠠᠯ ᠤᠨ ᠤᠷᠤᠨ ᠲᠤᠭᠤᠷᠢᠭ ᠪᠤᠯᠭᠠᠨ ᠪᠠᠶᠢᠭᠤᠯᠤᠨ᠎ᠠ᠃ ᠵᠢᠭᠤᠯᠴᠢᠯᠠᠭᠰᠡᠳ ᠤᠨ ᠦᠢᠯᠡᠴᠢᠯᠡᠭᠡᠨ ᠤ ᠲᠦᠪ᠂ ᠶᠠᠪᠠᠭᠠᠨ ᠠᠶᠠᠯᠠᠬᠤ ᠵᠠᠮ᠂ ᠦᠵᠡᠮᠵᠢ ᠰᠤᠨᠢᠷᠬᠠᠬᠤ ᠲᠠᠪᠴᠠᠩ ᠵᠡᠷᠭᠡ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠯᠤᠰ ᠮᠤᠵᠢ ᠶᠢᠨ ᠵᠠᠮ᠂ ᠬᠤᠲᠠ ᠶᠢᠨ ᠭᠤᠤᠯ ᠵᠡᠭᠡᠯᠢ ᠵᠠᠮ ᠪᠠ ᠤᠨᠴᠠᠯᠢᠭᠲᠤ ᠰᠤᠶᠤᠯ ᠤᠨ ᠲᠤᠰᠬᠤᠨ ᠪᠠᠯᠭᠠᠰᠤ ᠵᠡᠷᠭᠡ ᠤᠷᠤᠨ ᠲᠤᠭᠤᠷᠢᠭ ᠲᠤ 17 ᠰᠠᠭᠤᠷᠢ ᠵᠢᠭᠤᠯᠴᠢᠯᠠᠯ ᠤᠨ ᠤᠷᠤᠨ ᠤ ᠪᠠᠷᠢᠮᠵᠢᠶ᠎ᠠ ᠳᠤ ᠬᠦᠷᠤᠭ᠍ᠰᠡᠨ ᠨᠡᠶᠢᠲᠡ ᠶᠢᠨ ᠵᠤᠷᠯᠤᠩ ᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠤᠨ᠎ᠠ᠃ ᠬᠦᠷᠰᠢ ᠵᠡᠷᠭᠡᠯᠡᠳᠡᠭᠡ ᠭᠠᠵᠠᠷ ᠤᠷᠤᠨ ᠲᠠᠢ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠨ ᠂ ᠰᠠᠭᠤᠷᠢ ᠲᠦᠬᠦᠭᠡᠷᠤᠮᠵᠢ ᠶᠢᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠤ᠂ ᠡᠬᠢ ᠰᠤᠷᠪᠤᠯᠵᠢ ᠶᠢᠨ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠵᠤ ᠬᠠᠮᠲᠤᠪᠡᠷ ᠬᠦᠭᠵᠢᠨ᠎ᠡ᠃ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠤᠨ᠎ᠡ᠃ ︽ᠵᠢᠭᠤᠯᠴᠢᠯᠠᠯ+︾ ᠪᠠᠶᠢᠯᠳᠤᠬᠤ ᠪᠤᠳᠤᠯᠭ᠎ᠠ ᠶᠢ ᠬᠦᠨᠵᠡᠭᠡᠢ ᠠᠬᠢᠭᠤᠯᠵᠤ᠂ ᠠᠵᠤ ᠦᠢᠯᠡᠳᠪᠤᠷᠢ ᠶᠢᠨ ᠲᠡᠯᠭᠡᠨ ᠦᠵᠡᠭᠦᠯᠤᠯᠭᠡ᠂ ᠲᠠᠷᠢᠶᠠᠯᠡᠩ ᠮᠠᠯᠵᠢᠯ ᠤᠨ ᠲᠤᠭᠤᠷᠢᠨ ᠵᠢᠭᠤᠯᠴᠢᠯᠠᠯ᠂ ᠰᠡᠯᠡᠭᠦᠴᠡᠨ ᠠᠮᠠᠷᠠᠬᠤ ᠵᠢᠭᠤᠯᠴᠢᠯᠠᠯ᠂ ᠡᠷᠡᠭᠦᠯᠵᠢᠯ ᠰᠤᠪᠢᠯᠡᠯᠲᠡ ᠶᠢᠨ ᠵᠢᠭᠤᠯᠴᠢᠯᠠᠯ᠂ ᠡᠷᠢᠯ ᠬᠠᠶᠢᠭᠤᠯ ᠤᠨ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠲᠡᠯᠭᠡᠨ ᠦᠵᠡᠭᠦᠯᠤᠯᠭᠡ ᠵᠡᠷᠭᠡ ᠨᠡᠶᠢᠯᠡᠮᠡᠯ ᠬᠡᠯᠪᠡᠷᠢ ᠶᠢᠨ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠭᠦᠯᠵᠤ᠂ ᠵᠢᠭᠤᠯᠴᠢᠯᠠᠯ ᠤᠨ ᠦᠢᠯᠡᠰ ᠢ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠯᠦᠭᠡ ᠪᠦᠬᠦ ᠲᠠᠯ᠎ᠠ ᠪᠠᠷ ᠠᠭᠤᠰᠤᠯᠴᠠᠨ ᠬᠦᠭᠵᠢᠭᠦᠯᠵᠤ᠂ ᠵᠢᠭᠤᠯᠴᠢᠯᠠᠭᠰᠡᠳ ᠤᠨ ᠤᠯᠡᠨ ᠲᠠᠪᠬᠤᠷᠭᠠᠲᠤ᠂ ᠤᠯᠡᠨ ᠶᠠᠩᠵᠤᠲᠤ ᠪᠠ ᠦᠨᠳᠤᠷ ᠲᠡᠰ ᠴᠢᠨᠠᠷ ᠪᠦᠬᠦᠢ ᠵᠢᠭᠤᠯᠴᠢᠯᠠᠯ ᠤᠨ ᠱᠠᠭᠠᠷᠳᠠᠯᠭ᠎ᠠ ᠶᠢ ᠬᠠᠩᠭᠠᠨ᠎ᠠ᠃ ︽ᠮᠦᠰᠤ ᠴᠠᠰᠤᠨ ᠤ ᠭᠠᠶᠢᠬᠠᠮᠰᠢᠭᠲᠤ ᠢᠷᠤᠭᠡᠯ · ᠮᠦᠩᠭᠦᠨ ᠡᠪᠤᠯ ᠤᠨ ᠦᠵᠡᠮᠵᠢᠲᠤ ᠰᠢᠯᠢᠨ︾ ᠡᠪᠤᠯ ᠤᠨ ᠤᠯᠠᠷᠢᠯ ᠤᠨ ᠬᠦᠳᠡᠯᠭᠡᠭᠡᠨ ᠤ ᠨᠡᠷ᠎ᠡ ᠲᠠᠮᠳᠡᠭ ᠢ ᠡᠭᠦᠳᠴᠤ᠂ ᠮᠦᠩᠭᠦᠨ ᠡᠪᠤᠯ ᠤᠨ ᠵᠢᠭᠤᠯᠴᠢᠯᠠᠯ ᠢ ᠢᠳᠡᠪᠬᠢᠲᠠᠢ ᠬᠦᠭᠵᠢᠭᠦᠯᠤᠨ᠎ᠡ᠂ ᠪᠦᠬᠦ ᠤᠯᠤᠰ ᠤᠨ ᠴᠠᠰᠤᠨ ᠲᠡᠭᠡᠷᠡᠬᠢ ᠮᠤᠲ᠋ᠤᠷ ᠤᠨ ᠤᠷᠢᠯᠭ᠎ᠠ ᠶᠢᠨ ᠲᠡᠮᠡᠴᠡᠭᠡᠨ᠂ ᠮᠦᠰᠤ ᠴᠠᠰᠤᠨ ᠤ ᠲᠠᠮᠢᠷ ᠤᠨ ᠤᠷᠤᠯᠳᠤᠭᠠᠨ ᠵᠡᠷᠭᠡ ᠬᠦᠳᠡᠯᠭᠡᠭᠡᠨ ᠢ ᠡᠷᠬᠢᠯᠡᠵᠤ᠂  ᠵᠢᠭᠤᠯᠴᠢᠯᠠᠭᠰᠡᠳ ᠶᠢᠨ ᠪᠠᠭ᠋ᠠᠷᠤᠯ ᠢ ᠲᠠᠲᠠᠵᠤ᠂ ᠦᠨᠳᠤᠰᠤᠲᠠᠨ ᠤ ᠤᠯᠠᠮᠵᠢᠯᠠᠯᠲᠤ ᠵᠠᠩ ᠲᠠᠳᠬᠠᠯ ᠰᠤᠶᠤᠯ ᠤᠨ ᠬᠦᠳᠡᠯᠭᠡᠭᠡᠨ ᠳᠤ ᠤᠷᠤᠯᠴᠠᠭᠤᠯᠤᠨ᠂ ᠡᠪᠤᠯ ᠤᠨ ᠤᠯᠠᠷᠢᠯ ᠤᠨ ᠵᠢᠭᠤᠯᠴᠢᠯᠠᠯ ᠢ ᠦᠨᠡᠨᠬᠦ ᠬᠦᠭᠵᠢᠶᠡᠨᠲᠡᠢ ᠪᠤᠯᠭᠠᠨ᠎ᠠ᠃ ᠵᠢᠭᠤᠯᠴᠢᠯᠠᠯ ᠤᠨ ᠤᠬᠠᠭᠤᠯᠭ᠎ᠠ ᠪᠤᠷᠤᠯᠠᠭᠤᠯᠤᠯᠲᠠ ᠶᠢ ᠴᠢᠩᠭᠠᠳᠬᠠᠨ᠎ᠠ᠃ ᠲᠤᠮᠳᠠᠳᠤ ᠤᠯᠤᠰ · ᠰᠢᠯᠢ ᠶᠢᠨ ᠬᠤᠲᠠ ᠶᠢᠨ ᠤᠯᠡᠨ ᠤᠯᠤᠰ ᠤᠨ ᠨᠡᠭᠦᠳᠡᠯ ᠮᠠᠯᠵᠢᠯ ᠤᠨ ᠰᠤᠶᠤᠯ ᠤᠨ ᠨᠠᠶᠢᠷ᠂ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ ᠵᠡᠷᠭᠡ ᠬᠦᠳᠡᠯᠭᠡᠭᠡᠨ ᠢ ᠦᠷᠭᠦᠯᠵᠢᠯᠡᠨ ᠰᠠᠶᠢᠲᠤᠷ ᠡᠷᠬᠢᠯᠡᠵᠤ᠂ ︽ᠪᠤᠭᠤᠷᠤᠯ ᠲᠡᠤᠬᠡ ᠶᠢᠨ ᠬᠦᠯᠤᠭ᠌ ᠎ ᠤᠨ ᠮᠠᠭᠲᠠᠭᠠᠯ︾᠎ ᠤᠨ ᠲᠤᠭᠯᠠᠯᠲᠠ ᠶᠢ ᠬᠢᠨᠠᠮᠠᠭᠠᠢ ᠵᠤᠬᠢᠶᠠᠨ ᠪᠠᠶᠢᠭᠤᠯᠵᠤ᠂ ᠲᠤᠮᠤ ᠬᠡᠯᠪᠡᠷᠢ ᠶᠢᠨ ᠵᠢᠭᠤᠯᠴᠢᠯᠠᠯ ᠤᠨ ᠤᠬᠠᠭᠤᠯᠭ᠎ᠠ ᠪᠤᠷᠤᠯᠠᠭᠤᠯᠤᠯᠲᠠ ᠳᠤ ᠢᠳᠡᠪᠬᠢᠲᠡᠢ ᠤᠷᠤᠯᠴᠠᠵᠤ᠂ ᠤᠬᠠᠭᠤᠯᠭ᠎ᠠ ᠶᠢᠨ ᠵᠠᠭᠤᠴᠢᠯᠠᠭᠤᠷ ᠪᠠ ᠵᠠᠮ ᠬᠠᠷᠢᠯᠴᠠᠭ᠎ᠠ ᠲᠡᠭᠡᠭᠡᠪᠤᠷᠢ ᠶᠢᠨ ᠤᠬᠠᠭᠤᠯᠭ᠎ᠠ ᠶᠢᠨ ᠦᠢᠯᠡᠳᠤᠯ ᠢ ᠬᠦᠢᠴᠡᠳ ᠠᠰᠢᠭᠯᠠᠨ᠂ ᠲᠤᠰᠬᠠᠶᠢᠵᠢᠭᠰᠡᠨ᠂ ᠤᠯᠡᠨ ᠲᠠᠪᠬᠤᠷᠭᠠᠲᠤ ᠡᠵᠡᠩᠨᠡᠨ ᠪᠤᠷᠤᠯᠠᠭᠤᠯᠤᠯᠲᠠ ᠶᠢᠨ ᠰᠢᠰᠲ᠋ᠧᠮ ᠪᠠᠶᠢᠭᠤᠯᠵᠤ᠂ ᠵᠢᠭᠤᠯᠴᠢᠯᠠᠯ ᠤᠨ ᠠᠯᠳᠠᠷᠰᠢᠯ ᠢ ᠪᠦᠬᠦ ᠬᠦᠴᠤᠨ ᠢᠶᠠᠷ ᠲᠡᠭᠡᠭᠰᠢᠯᠡᠭᠦᠯᠤᠨ᠂ ᠡᠨᠡ ᠵᠢᠯ ᠵᠢᠭᠤᠯᠴᠢᠯᠠᠯ ᠤᠨ ᠤᠷᠤᠯᠭ᠎ᠠ ᠶᠢ 83.8 ᠳ᠋ᠦᠩᠰᠢᠭᠤᠷ ᠲᠦᠭᠦᠷᠢᠭ ᠲᠤ ᠬᠦᠷᠭᠡᠵᠤ᠂ 15%᠎ ᠪᠠᠷ ᠨᠡᠮᠡᠭᠳᠡᠭᠦᠯᠤᠨ᠎ᠡ᠃              ᠠᠷᠠᠯᠵᠢᠶ᠎ᠠ ᠬᠤᠲᠠᠯᠳᠣᠭᠠᠨ ᠤ ᠪᠣᠳᠠᠰ ᠤᠨ ᠭᠦᠢᠯᠭᠡᠭᠡᠨ ᠢ ᠬᠦᠴᠦᠯᠡᠨ ᠠᠬᠢᠭᠤᠯᠣᠨ᠎ᠠ᠃ ᠠᠷᠠᠯᠵᠢᠶ᠎ᠠ ᠬᠤᠳᠠᠯᠳᠤᠭ᠎ᠠ᠂ ᠪᠣᠳᠠᠰ ᠤᠨ ᠭᠦᠢᠯᠭᠡᠭᠡᠨ᠂ ᠬᠤᠨᠣᠵᠣ ᠪᠠᠭᠤᠳᠠᠯᠯᠠᠬᠤ᠂ ᠢᠲᠡᠭᠡᠨ ᠣᠮᠳᠠᠭᠠᠨ ᠵᠡᠷᠭᠡ ᠣᠯᠠᠮᠵᠢᠯᠠᠯᠳᠣ ᠦᠢᠯᠡᠴᠢᠯᠡᠭᠡᠨ ᠤ ᠦᠢᠯᠡᠰ ᠢ ᠥᠭᠡᠷᠡᠴᠢᠯᠡᠨ ᠲᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ᠂ ᠰᠣᠷᠠᠭ ᠵᠠᠩᠬᠢ ᠶᠢᠨ ᠠᠰᠠᠭᠤᠨ ᠯᠠᠪᠯᠠᠯᠲᠠ᠂ ᠭᠡᠷ ᠶᠢᠨ ᠶᠠᠪᠣᠳᠠᠯ ᠤᠨ ᠦᠢᠯᠡᠴᠢᠯᠡᠭᠡ ᠪᠠ ᠨᠠᠰᠣᠵᠢᠯ᠂ ᠡᠷᠡᠭᠦᠯ ᠮᠡᠨᠳᠦ  ᠎ ᠶᠢᠨ ᠬᠠᠮᠠᠭᠠᠯᠠᠯᠲᠠ᠂ ᠰᠣᠶᠣᠯ ᠤᠨ ᠴᠣᠭᠴᠠᠯᠠᠯᠲᠠ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠰᠢᠨ᠎ᠡ ᠪᠠᠷ ᠮᠠᠨᠳᠣᠭᠰᠠᠨ ᠠᠵᠣ ᠦᠢᠯᠡᠰ ᠢ ᠲᠦᠷᠭᠡᠳᠬᠡᠨ ᠠᠬᠢᠭᠤᠯᠵᠣ᠂ ᠣᠯᠠᠮᠵᠢᠯᠠᠯᠳᠣ ᠦᠢᠯᠡᠴᠢᠯᠡᠭᠡᠨ ᠤ ᠦᠢᠯᠡᠰ ᠪᠣᠯᠣᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠭᠤᠰᠣᠯᠳᠣᠭᠤᠯᠣᠨ ᠬᠥᠭᠵᠢᠭᠦᠯᠦᠨ᠎ᠡ᠃ ᠠᠨ ᠺᠣᠸᠠᠢ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠢᠨᠲ᠋ᠧᠷ ᠰᠦᠯᠵᠢᠶ᠎ᠡ +︾ ᠲᠠᠬᠢᠨ ᠠᠰᠢᠭᠯᠠᠬᠤ ᠡᠬᠢ ᠪᠠᠶᠠᠯᠢᠭ ᠢ ᠪᠣᠴᠠᠭᠠᠨ ᠠᠪᠴᠣ ᠠᠰᠢᠭᠯᠠᠬᠤ ᠲᠥᠷᠦᠯ ᠵᠦᠢᠯ ᠢ ᠠᠬᠢᠭᠤᠯᠣᠨ᠂ ᠲᠠᠬᠢᠨ ᠠᠰᠢᠭᠯᠠᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠲᠦᠪᠯᠡᠷᠡᠭᠦᠯᠦᠨ ᠰᠢᠢᠳᠪᠦᠷᠢᠯᠡᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠦᠯᠳᠡᠭᠦᠦ ᠰᠣᠷᠭᠤᠭ ᠮᠢᠬᠠᠨ ᠤ ᠰᠣᠯᠢᠯᠴᠠᠭᠠᠨ ᠤ ᠵᠠᠬ᠎ᠠ ᠲᠡᠯᠭᠡᠭᠦᠷ᠂ ᠢᠲᠡᠭᠡᠨ ᠢ ᠡᠳ᠋ᠰᠢᠭᠦᠯᠦᠨ ᠪᠣᠯᠪᠠᠰᠣᠷᠠᠭᠤᠯᠬᠤ ᠬᠦᠷᠢᠶᠡᠯᠡᠩ ᠲᠣᠭᠤᠷᠢᠭ ᠵᠡᠷᠭᠡ ᠲᠥᠷᠦᠯ ᠵᠦᠢᠯ ᠢ ᠠᠵᠢᠯ ᠡᠬᠢᠯᠡᠭᠦᠯᠵᠦ᠂ ᠣᠳᠣ ᠶᠢᠨ ᠪᠠᠶᠢᠭ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠲᠡᠰ ᠲᠡᠪᠰᠢᠭᠦᠯᠦᠨ᠂ ᠪᠣᠬᠢᠷᠳᠣᠯ ᠦᠭᠡᠢ ᠲᠡᠭᠡᠳᠦ ᠲᠡᠰ ᠤᠨ ᠲᠠᠷᠢᠶᠠᠯᠠᠩ ᠮᠠᠯ ᠠᠵᠣ ᠠᠬᠤᠢ ᠶᠢᠨ ᠵᠠᠬ᠎ᠠ ᠲᠡᠯᠭᠡᠭᠦᠷ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠰᠢᠨ᠎ᠡ ᠲᠣᠷᠭᠠᠨ ᠵᠠᠮ ᠵᠡᠷᠭᠡ ᠡᠯᠧᠺᠲᠷᠣᠨ ᠠᠷᠠᠯᠵᠢᠶᠠᠨ ᠤ ᠠᠵᠣ ᠠᠬᠤᠶᠢᠯᠠᠯ ᠤᠨ ᠵᠢᠱᠢᠶ᠎ᠡ ᠦᠵᠡᠭᠦᠯᠬᠦ ᠦᠷ᠎ᠡ ᠪᠦᠳᠦᠮᠵᠢ ᠶᠢ ᠪᠠᠳᠠᠷᠠᠭᠤᠯᠣᠨ᠂ ᠡᠯᠧᠺᠲᠷᠣᠨ ᠠᠷᠠᠯᠵᠢᠶᠠᠨ ᠤ ᠶᠠᠪᠣᠳᠠᠯ ᠤᠨ ᠲᠦᠷᠭᠡᠨ ᠬᠥᠭᠵᠢᠯᠲᠡ ᠶᠢ ᠲᠡᠮᠵᠢᠨ᠎ᠡ᠃ ᠠᠷᠠᠳ ᠲᠤ ᠲᠦᠭᠦᠮ ᠦᠵᠡᠭᠦᠯᠬᠦ ᠬᠡᠳᠦ ᠲᠡᠯᠭᠡᠭᠦᠷ᠂ ᠲᠣᠰᠬᠠᠶᠢᠵᠢᠭᠰᠠᠨ ᠬᠤᠷᠰᠢᠶᠠᠵᠢᠯ ᠳᠤ ᠲᠦᠰᠢᠭᠯᠡᠨ᠂ ᠮᠠᠯᠵᠢᠬᠤ ᠣᠷᠣᠨ ᠤ ᠡᠯᠧᠺᠲᠷᠣᠨ ᠠᠷᠠᠯᠵᠢᠶ᠎ᠠ ᠶᠢ ᠬᠦᠴᠦᠯᠡᠨ ᠬᠥᠭᠵᠢᠭᠦᠯᠵᠦ᠂ ᠮᠠᠯᠵᠢᠬᠤ ᠣᠷᠣᠨ ᠳᠤ ᠡᠯᠧᠺᠲᠷᠣᠨ ᠠᠷᠠᠯᠵᠢᠶᠠᠨ ᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾᠎ ᠢ  ᠨᠡᠪᠳᠡᠷᠡᠭᠦᠯᠦᠨ᠎ᠡ᠃ ᠰᠤᠯᠠ ᠪᠠᠶᠢᠭ᠎ᠠ ᠬᠤᠳᠠᠯᠳᠣᠭᠠᠨ ᠤ ᠠᠰᠠᠷ ᠢ ᠭᠦᠢᠴᠡᠳ ᠠᠰᠢᠭᠯᠠᠨ᠂ ᠬᠤᠸᠠᠷ ᠴᠡᠴᠡᠭ ᠤᠨ ᠵᠠᠬ᠎ᠠ ᠲᠡᠯᠭᠡᠭᠦᠷ ᠢ ᠢᠲᠡᠪᠬᠢᠲᠠᠢ  ᠪᠣᠶᠢᠵᠢᠭᠤᠯᠵᠣ᠂ ᠤᠯᠠᠨ ᠲᠦᠮᠡᠨ ᠎ ᠤ ᠣᠯᠠᠨ ᠡᠰᠢᠵᠢᠭᠰᠡᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃            ︵ᠲᠠᠪᠤ︶ ᠬᠤᠲᠠ ᠶᠢᠨ ᠪᠦᠳᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ︽ᠵᠢᠷᠭᠤᠭᠠᠨ ᠬᠤᠲᠠ ᠶᠢ ᠵᠡᠷᠭᠡᠪᠡᠷ ᠴᠣᠭᠴᠠᠯᠠᠬᠤ︾᠎ ᠪᠠᠷ ᠲᠣᠬᠢᠶᠠᠯ ᠪᠣᠯᠭᠠᠨ᠂ ︽ᠲᠠᠪᠣᠨ ᠨᠢᠭᠡ︾᠎ ᠶᠢᠨ ᠱᠠᠭᠠᠷᠳᠠᠯᠭ᠎ᠠ ᠶᠣᠰᠣᠭᠠᠷ᠂ ᠪᠦᠬᠦ ᠠᠶᠢᠮᠠᠭ ᠤᠨ ᠬᠤᠲᠠ ᠪᠠᠯᠭᠠᠰᠣᠨ ᠤ ᠲᠦᠯᠦᠪᠵᠢᠭᠦᠯᠭᠡ ᠶᠢᠨ ᠪᠠᠶᠢᠭᠤᠯᠣᠯᠲᠠ ᠶᠢᠨ ᠬᠠᠮᠢᠶᠠᠷᠣᠯᠲᠠ ᠶᠢ ᠲᠡᠰ ᠲᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠲᠠᠢ ᠣᠶᠠᠯᠳᠣᠭᠤᠯᠣᠨ᠂ ᠬᠤᠲᠠ ᠶᠢᠨ ᠴᠢᠳᠠᠪᠬᠢ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠂ ᠠᠵᠢᠯᠯᠠᠵᠣ ᠠᠮᠢᠳᠣᠷᠠᠬᠤ ᠳᠤ ᠲᠠᠭᠠᠯᠠᠮᠵᠢᠲᠠᠢ ᠪᠠᠶᠢᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃            ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠬᠤᠲᠠ ᠎ ᠶᠢᠨ ᠶᠡᠷᠦᠩᠬᠡᠢ ᠲᠥᠯᠦᠪᠵᠢᠭᠦᠯᠭᠡ᠂ ᠲᠠᠶᠢᠴᠢᠯᠠᠨ ᠲᠠᠭᠠᠭᠤᠯᠬᠤ ᠴᠢᠳᠠᠮᠵᠢ ᠲᠠᠢ ᠬᠤᠲᠠ ᠶᠢᠨ ᠲᠥᠯᠦᠪᠵᠢᠭᠦᠯᠭᠡ᠂  ᠬᠢᠵᠠᠭᠠᠷᠯᠠᠬᠤ ᠴᠢᠨᠠᠷ ᠲᠠᠢ ᠨᠠᠷᠢᠨ ᠲᠥᠯᠦᠪᠵᠢᠭᠦᠯᠭᠡ᠂ ᠡᠯ᠎ᠡ ᠵᠦᠢᠯ ᠤᠨ ᠲᠣᠰᠬᠠᠢ ᠲᠥᠷᠦᠯ ᠤᠨ ᠲᠥᠯᠦᠪᠵᠢᠭᠦᠯᠭᠡ ᠵᠡᠷᠭᠡ ᠲᠥᠯᠦᠪᠵᠢᠭᠦᠯᠭᠡ ᠶᠢ ᠡᠮᠬᠢᠳᠬᠡᠬᠦ ᠠᠵᠢᠯ ᠢ ᠡᠬᠢᠯᠡᠭᠦᠯᠦᠨ᠂ ︽ᠣᠯᠠᠨ ᠲᠥᠯᠦᠪᠵᠢᠭᠦᠯᠭᠡ ᠶᠢᠨ ᠨᠢᠭᠡᠳᠦᠯ︾᠎ ᠢ ᠠᠬᠢᠭᠤᠯᠣᠨ᠂ ᠲᠥᠯᠦᠪᠵᠢᠭᠦᠯᠭᠡ ᠶᠢᠨ ᠰᠢᠨᠵᠢᠯᠡᠬᠦ ᠣᠬᠠᠭᠠᠨᠴᠢ ᠴᠢᠨᠠᠷ᠂ ᠵᠦᠢ ᠵᠣᠬᠢᠰᠲᠠᠢ ᠴᠢᠨᠠᠷ ᠪᠠ ᠦᠷᠭᠦᠯᠵᠢᠯᠡᠭᠦᠶᠢᠴᠡ ᠴᠢᠨᠠᠷ ᠢ ᠪᠠᠳᠣᠯᠠᠨ᠎ᠠ᠃           ᠬᠤᠲᠠ ᠶᠢᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠦᠩᠭᠡ ᠶᠢᠨ ᠬᠠᠮᠳᠣᠷᠠᠯᠴᠠᠯ PPP ᠭᠦᠢᠯᠭᠡᠭᠡᠨ ᠤ ᠪᠡᠯᠡ ᠮᠥᠩᠭᠦᠨ ᠤ ᠬᠡᠯᠪᠡᠷᠢ ᠪᠠᠷ ᠲᠠᠮᠵᠢᠨ᠂  ᠨᠡᠶᠢᠲᠡ130.5 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 30 ᠭᠠᠷᠣᠢ ᠬᠤᠲᠠ ᠶᠢᠨ ᠪᠠᠶᠢᠭᠤᠯᠣᠯᠲᠠ ᠎ ᠶᠢᠨ ᠭᠤᠣᠯᠳᠠᠯᠭ᠎ᠠ ᠲᠠᠢ ᠲᠥᠷᠦᠯ ᠵᠦᠢᠯ ᠢ ᠶᠠᠪᠣᠭᠳᠠᠭᠤᠯᠣᠨ᠎ᠠ᠃ ᠰᠠᠭᠤᠷᠢ ᠲᠥᠬᠦᠬᠡᠷᠦᠮᠵᠢ ᠶᠢ ᠲᠡᠭᠦᠯᠳᠡᠷᠵᠢᠭᠦᠯᠦᠨ᠎ᠡ ᠃ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠲᠣᠣᠷ ᠤᠨ ᠢᠨᠵᠧᠨᠧᠷᠢᠩ ᠢ ᠠᠵᠢᠯ ᠡᠬᠢᠯᠡᠭᠦᠯᠵᠦ᠂ ᠡᠯ᠎ᠡ ᠵᠦᠢᠯ ᠤᠨ ᠭᠠᠵᠠᠷ ᠲᠣᠣᠷᠠᠬᠢ ᠬᠤᠭᠤᠯᠠᠢ ᠱᠣᠭᠤᠮ ᠤᠨ ᠪᠦᠳᠦᠭᠡᠨ ᠪᠠᠶᠢᠭᠤᠯᠣᠯᠲᠠ ᠶᠢ ᠲᠥᠯᠦᠪᠵᠢᠭᠦᠯᠦᠨ᠎ᠡ︔ 128 ᠺᠢᠯᠣᠮᠧᠲᠷ ᠲᠠᠬᠢᠨ ᠠᠰᠢᠭᠯᠠᠬᠤ ᠣᠰᠣᠨ ᠤ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠣᠨ᠎ᠠ︔ ᠪᠦᠬᠦ ᠬᠤᠲᠠ ᠶᠢᠨ ᠢᠯᠴᠢ ᠬᠠᠩᠭᠠᠬᠤ ᠭᠤᠣᠯ ᠬᠤᠭᠤᠯᠠᠢ ᠲᠣᠣᠷ ᠢ ᠨᠡᠶᠢᠳᠬᠡᠨ ᠨᠡᠪᠳᠡᠷᠡᠭᠦᠯᠵᠦ᠂ ᠵᠠᠷᠢᠮ ᠰᠠᠯᠪᠣᠷᠢ ᠬᠤᠭᠤᠯᠠᠢ ᠲᠣᠣᠷ  ᠎ ᠢ ᠵᠠᠰᠠᠨ ᠥᠭᠡᠷᠡᠴᠢᠯᠡᠵᠦ᠂ ᠢᠯᠴᠢ ᠬᠠᠩᠭᠠᠬᠤ ᠴᠢᠨᠠᠷ ᠴᠢᠨᠰᠠᠭ᠎ᠠ ᠶᠢ ᠢᠯᠡᠳᠳᠡ ᠰᠠᠶᠢᠵᠢᠷᠠᠭᠤᠯᠣᠨ᠎ᠠ᠃ ᠵᠠᠮ ᠤᠨ ᠪᠦᠳᠦᠴᠡ ᠶᠢ ᠰᠢᠯᠢᠳᠡᠭᠵᠢᠭᠦᠯᠦᠨ᠎ᠡ᠃ ᠡᠮᠦᠨ᠎ᠡ ᠬᠤᠶᠠᠳᠣᠭᠠᠷ ᠲᠣᠭᠤᠷᠢᠭᠤᠯ ᠵᠠᠮ ᠢ ᠵᠠᠰᠠᠨ ᠲᠡᠪᠢᠰᠴᠦ᠂ 11 ᠭᠡᠰᠡᠭ ᠵᠠᠮ ᠢ ᠨᠡᠪᠲᠡᠷᠡᠭᠦᠯᠦᠨ᠂ 3 ᠵᠣᠷᠪᠣᠰ ᠵᠠᠮ ᠢ ᠵᠠᠰᠠᠨ ᠰᠠᠶᠢᠵᠢᠷᠠᠭᠤᠯᠵᠣ᠂ 50 ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠬᠦᠮᠦᠨ ᠤ ᠵᠠᠮ ᠢ ᠲᠡᠪᠢᠰᠴᠦ ᠰᠠᠶᠢᠵᠢᠷᠠᠭᠤᠯᠣᠨ᠎ᠠ᠃ ᠰᠠᠭᠤᠷᠢᠰᠢᠯ ᠤᠨ ᠨᠥᠬᠦᠴᠡᠯ ᠢ ᠰᠠᠶᠢᠵᠢᠷᠠᠭᠤᠯᠣᠨ᠎ᠠ᠃ 30 ᠲᠦᠮᠡᠨ ᠲᠡᠭᠰᠢ ᠲᠦᠷᠪᠡᠯᠵᠢᠨ ᠮᠧᠲᠷ ᠬᠠᠭᠤᠴᠢᠨ ᠲᠣᠭᠤᠷᠢᠭ ᠢ ᠥᠭᠡᠷᠡᠴᠢᠯᠡᠵᠦ ᠵᠠᠰᠠᠨ᠎ᠠ︔ ᠵᠣᠭᠤᠰ ᠮᠥᠩᠭᠦ ᠥᠭᠴᠦ ᠲᠦᠪᠬᠢᠨᠡᠭᠦᠯᠬᠦ ᠪᠠᠷ ᠲᠠᠮᠵᠢᠨ᠂ ᠬᠤᠶᠠᠳᠣᠭᠠᠷ ᠲᠣᠭᠤᠷᠢᠭᠤᠯ ᠵᠠᠮ ᠤᠨ ᠲᠣᠳᠣᠷᠠᠬᠢ ᠦᠯᠡᠳᠡᠭᠰᠡᠨ ᠭᠡᠷ ᠪᠠᠶᠢᠰᠢᠩ ᠢ ᠦᠨᠳᠦᠰᠦᠨ ᠳᠡᠭᠡᠨ ᠵᠠᠰᠠᠨ ᠥᠭᠡᠷᠡᠴᠢᠯᠡᠵᠦ᠂ ᠰᠢᠯᠢ ᠶᠢᠨ ᠬᠤᠲᠠ ᠶᠢᠨ ᠨᠡᠭᠦᠷᠡᠰᠦᠨ ᠠᠭᠤᠷᠬᠠᠢ ᠶᠢᠨ ᠲᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠬᠤᠲᠠ ᠶᠢᠨ ᠣᠷᠴᠢᠨ ᠲᠣᠭᠤᠷᠢᠨ ᠢ ᠭᠤᠶᠣᠵᠢᠭᠤᠯᠣᠨ᠎ᠠ᠃ ᠭᠤᠣᠯᠳᠠᠯᠭ᠎ᠠ ᠲᠠᠢ ᠣᠷᠣᠨ ᠲᠣᠭᠤᠷᠢᠭ᠂ ᠭᠤᠣᠯ ᠵᠡᠭᠡᠯᠢ ᠵᠠᠮ᠂ ᠬᠤᠲᠠ ᠶᠢᠨ ᠣᠷᠣᠵᠣ ᠭᠠᠷᠬᠤ ᠡᠭᠦᠳᠡ ᠵᠡᠷᠭᠡ 186 ᠡᠾᠧᠺᠲ᠋ᠠᠷ ᠭᠠᠵᠠᠷ ᠲᠤ ᠨᠣᠭᠤᠭᠠᠷᠠᠭᠤᠯᠣᠯᠲᠠ ᠬᠢᠵᠦ᠂ ᠪᠠᠶᠠᠷ ᠢ ᠣᠭᠳᠣᠬᠤ ᠎ ᠪᠠᠷ ᠬᠤᠲᠠ ᠶᠢᠨ 10 ᠭᠤᠣᠯᠳᠠᠯᠭ᠎ᠠ ᠲᠠᠢ ᠣᠷᠣᠨ ᠲᠣᠭᠤᠷᠢᠭ ᠎ ᠢ ᠬᠤᠸᠠᠷ ᠴᠡᠴᠡᠭ ᠢᠶᠠᠷ ᠴᠢᠮᠡᠭᠯᠡᠵᠦ᠂ ᠴᠡᠴᠡᠷᠯᠢᠭ ᠎ ᠤᠨ ᠬᠡᠯᠪᠡᠷᠢ ᠲᠠᠢ ᠬᠤᠲᠠ ᠶᠢᠨ ᠦᠵᠡᠮᠵᠢ ᠶᠢ ᠪᠣᠢ ᠪᠣᠯᠭᠠᠨ᠎ᠠ︔ ᠬᠤᠲᠠ ᠶᠢᠨ ᠪᠦᠬᠦᠯᠢ ᠴᠣᠭᠴᠠ ᠶᠢᠨ ᠭᠡᠭᠡᠷᠡᠭᠦᠯᠦᠯᠲᠡ ᠪᠠ ᠲᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠲᠠ ᠶᠢᠨ ᠲᠦᠷᠢ ᠲᠦᠷᠬᠦ ᠶᠢ ᠣᠯᠠᠮ ᠨᠢᠭᠡ ᠠᠯᠬᠤᠮ ᠰᠠᠶᠢᠵᠢᠷᠠᠭᠤᠯᠵᠣ᠂ ᠨᠡᠷ᠎ᠡ ᠠᠯᠳᠠᠷᠰᠢᠯ ᠢᠶᠠᠨ ᠲᠡᠭᠡᠭᠰᠢᠯᠡᠭᠦᠯᠦᠨ᠎ᠡ᠃            ᠨᠠᠷᠢᠯᠢᠭᠵᠢᠭᠤᠯᠣᠭᠰᠠᠨ ᠬᠠᠮᠢᠶᠠᠷᠣᠯᠲᠠ ᠶᠢ ᠠᠬᠢᠭᠤᠯᠣᠨ᠎ᠠ᠃ ︽ᠶᠡᠷᠦᠩᠬᠡᠶᠢᠴᠢᠯᠡᠯᠲᠡ ᠣᠶᠣᠨᠴᠢᠯᠠᠯᠲᠠ ᠨᠠᠷᠢᠯᠢᠭᠵᠢᠭᠤᠯᠣᠯᠲᠠ︾᠎ ᠪᠠᠷ ᠬᠤᠲᠠ ᠶᠢᠨ ᠬᠠᠮᠢᠶᠠᠷᠣᠯᠲᠠ ᠶᠢ ᠨᠢᠭᠡᠳᠬᠡᠨ᠂ ᠬᠤᠲᠠ ᠶᠢᠨ ᠬᠠᠮᠢᠶᠠᠷᠣᠯᠲᠠ ᠶᠢᠨ ᠶᠡᠷᠦᠩᠬᠡᠶᠢᠯᠡᠨ ᠬᠠᠣᠯᠢ ᠬᠡᠷᠡᠭᠵᠢᠭᠦᠯᠬᠦ ᠪᠠᠶᠢᠭᠤᠯᠣᠯ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠣ᠂ ᠬᠤᠲᠠ ᠶᠢᠨ ᠬᠠᠮᠢᠶᠠᠷᠣᠯᠳᠠ ᠶᠢᠨ ᠪᠠᠶᠢᠭᠤᠯᠣᠯ ᠤᠨ ᠶᠡᠷᠦᠩᠬᠡᠶᠢᠴᠢᠯᠡᠯᠲᠡ ᠶᠢ ᠪᠡᠶᠡᠯᠡᠭᠦᠯᠦᠨ᠎ᠡ︔ ᠣᠶᠣᠨᠴᠢᠯᠠᠭᠰᠠᠨ ᠬᠤᠲᠠ ᠶᠢᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠵᠦ᠂ ᠣᠯᠣᠰ ᠤᠨ ᠣᠶᠣᠨᠴᠢ ᠬᠤᠲᠠ ᠶᠢᠨ ᠲᠣᠷᠰᠢᠯᠲᠠ ᠎ ᠶᠢᠨ ᠴᠡᠭ ᠲᠤ ᠣᠷᠣᠬᠤ ᠪᠠᠷ ᠴᠢᠷᠮᠠᠶᠢᠨ᠂ ᠬᠤᠲᠠ ᠶᠢᠨ ᠬᠠᠮᠢᠶᠠᠷᠣᠯᠲᠠ ᠶᠢᠨ ᠠᠷᠭ᠎ᠠ ᠪᠠᠷᠢᠯ ᠤᠨ ᠣᠶᠣᠨᠴᠢᠯᠠᠯᠲᠠ ᠶᠢ ᠠᠬᠢᠭᠤᠯᠣᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠨᠤᠭ ᠲᠥᠬᠦᠬᠡᠷᠦᠮᠵᠢ ᠶᠢᠨ ᠪᠡᠯᠡ ᠣᠷᠣᠭᠤᠯᠣᠯᠲᠠ ᠶᠢᠨ ᠬᠦᠴᠦᠯᠡᠴᠡ ᠶᠢ ᠶᠡᠬᠡᠳᠬᠡᠨ᠂  ᠲᠡᠰ ᠬᠤᠪᠢᠶᠠᠬᠤ ᠲᠣᠭᠤᠷᠢᠭ ᠬᠤᠪᠢᠶᠠᠬᠤ ᠬᠠᠮᠢᠶᠠᠷᠣᠯᠲᠠ ᠶᠢ ᠪᠦᠬᠦ ᠲᠠᠯ᠎ᠠ ᠪᠠᠷ ᠠᠬᠢᠭᠤᠯᠣᠨ᠂ ᠡᠳᠦᠷ ᠲᠣᠳᠣᠮ ᠤᠨ ᠬᠠᠮᠢᠶᠠᠷᠣᠯᠲᠠ ᠬᠠᠮᠠᠭᠠᠯᠠᠯᠲᠠ ᠶᠢ ᠴᠢᠩᠭᠠᠳᠬᠠᠵᠣ᠂ ᠲᠣᠰᠬᠠᠢ ᠲᠥᠷᠦᠯ ᠢᠶᠠᠷ ᠴᠡᠭᠴᠡᠯᠡᠨ ᠵᠠᠰᠠᠬᠤ ᠦᠷ᠎ᠡ ᠪᠦᠳᠦᠭᠡᠯ ᠢ ᠪᠠᠳᠣᠳᠬᠠᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠠᠩᠬᠠᠷᠴᠣ ᠪᠦᠬᠦᠢ ᠬᠤᠲᠠ ᠶᠢᠨ ᠬᠠᠮᠢᠶᠠᠷᠣᠯᠲᠠ ᠶᠢᠨ ᠬᠠᠯᠠᠮᠰᠢᠯ ᠠᠰᠠᠭᠤᠳᠠᠯ᠂ ᠬᠦᠴᠢᠷᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠠᠳᠠᠯ ᠠᠬᠤᠢ ᠶᠢᠨ ᠬᠢᠨᠠᠨ ᠬᠠᠮᠢᠶᠠᠷᠣᠯᠲᠠ ᠶᠢ ᠴᠢᠩᠭᠠᠳᠬᠠᠵᠣ᠂ ᠠᠳᠠᠯ ᠠᠬᠤᠢ ᠶᠢᠨ ᠲᠣᠭᠤᠷᠢᠭ ᠎ ᠤᠨ ᠬᠠᠮᠢᠶᠠᠷᠣᠯᠲᠠ ᠶᠢᠨ ᠪᠦᠷᠬᠦᠴᠡ ᠶᠢᠨ ᠨᠣᠷᠮ᠎ᠠ ᠶᠢ 75% ᠬᠦᠷᠳᠡᠯ᠎ᠡ ᠲᠡᠭᠡᠭᠰᠢᠯᠡᠭᠦᠯᠦᠨ᠂ ᠠᠳᠠᠯ ᠠᠬᠤᠢ ᠶᠢᠨ ᠬᠠᠮᠢᠶᠠᠷᠣᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠰᠠᠭᠤᠭᠠᠯᠢ ᠠᠷᠠᠳ ᠤᠨ ᠬᠠᠨᠣᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠭᠠᠵᠠᠷ ᠰᠢᠷᠣᠢ ᠶᠢ ᠨᠥᠭᠡᠴᠡᠯᠡᠬᠦ ᠲᠦᠷᠢᠮ ᠢ ᠲᠡᠭᠦᠯᠳᠡᠷᠵᠢᠭᠦᠯᠦᠨ᠂  ᠠᠰᠢᠭᠯᠠᠭᠠᠳᠣᠢ ᠭᠠᠵᠠᠷ ᠰᠢᠷᠣᠢ ᠶᠢ  ᠬᠠᠣᠯᠢ ᠶᠣᠰᠣᠭᠠᠷ ᠴᠡᠭᠴᠡᠯᠡᠵᠦ ᠠᠰᠢᠭᠯᠠᠯᠲᠠ ᠳᠤ ᠣᠷᠣᠭᠤᠯᠣᠨ᠎ᠠ  ᠃ ᠰᠠᠯᠠᠭ᠎ᠠ ᠮᠦᠴᠢᠷ ᠤᠨ ᠬᠤᠯᠪᠣᠭᠠᠯᠠᠯ ᠢ ᠴᠢᠩᠭᠠᠳᠬᠠᠨ᠂ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ ᠭᠡᠷ ᠪᠠᠶᠢᠰᠢᠩ ᠤᠨ ᠥᠮᠴᠢᠯᠡᠯ ᠎ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠠᠵᠢᠯ ᠢ ᠬᠦᠴᠦᠯᠡᠨ ᠠᠬᠢᠭᠤᠯᠣᠨ᠎ᠠ᠃ ᠣᠰᠣ ᠪᠠᠷ ᠴᠡᠪᠡᠷᠯᠡᠬᠦ ᠬᠡᠯᠪᠡᠷᠢ ᠎ ᠶᠢᠨ ᠵᠣᠷᠯᠣᠩ ᠤᠨ ᠪᠦᠳᠦᠭᠡᠨ ᠪᠠᠶᠢᠭᠤᠯᠣᠯᠲᠠ ᠪᠠ ᠵᠠᠳᠠᠭᠠᠢ ᠵᠣᠷᠯᠣᠩ ᠢ ᠵᠠᠰᠠᠨ‌ᠥᠭᠡᠷᠡᠴᠢᠯᠡᠬᠦ ᠬᠦᠴᠦᠯᠡᠴᠡ ᠶᠢ ᠦᠷᠭᠡᠳᠬᠡᠨ᠂ ᠵᠢᠯ ᠤᠨ ᠲᠣᠳᠣᠷ᠎ᠠ ᠬᠤᠲᠠ ᠶᠢᠨ ᠲᠣᠭᠤᠷᠢᠭ ᠲᠠᠬᠢ ᠵᠠᠳᠠᠭᠠᠢ ᠵᠣᠷᠯᠣᠩ ᠢ ᠦᠨᠳᠦᠰᠦᠨ ᠳᠡᠭᠡᠨ ᠣᠰᠠᠳᠬᠠᠨ᠎ᠠ᠃               ︵ᠵᠢᠷᠭᠤᠭ᠎ᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠭᠡᠨ ᠪᠠᠶᠢᠭᠤᠯᠣᠯᠲᠠ ᠶᠢ ᠬᠦᠴᠦᠯᠡᠨ ᠠᠬᠢᠭᠤᠯᠣᠨ᠎ᠠ᠃ ᠠᠮᠢ ᠠᠬᠤᠢ ᠶᠢ ᠲᠡᠷᠢᠭᠦᠨ ᠳᠤ  ᠲᠠᠯᠪᠢᠵᠣ᠂ ᠪᠣᠬᠢᠷᠳᠣᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠳᠣᠳᠬᠠᠵᠣ᠂ ᠠᠮᠢ ᠠᠬᠤᠢ ᠶᠢᠨ ᠣᠷᠴᠢᠨ ᠲᠣᠭᠤᠷᠢᠨ ᠢ ᠨᠢᠳᠦ ᠲᠠᠢ ᠪᠠᠨ ᠠᠳᠠᠯᠢᠬᠠᠨ ᠬᠠᠮᠠᠭᠠᠯᠠᠵᠣ᠂ ᠠᠮᠢ ᠠᠬᠤᠢ ᠶᠢᠨ ᠬᠤᠷᠢᠭ᠎ᠠ ᠱᠣᠭᠤᠮ ᠢ ᠡᠷᠡᠰ ᠰᠠᠬᠢᠨ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠠᠯ᠎ᠠ ᠨᠣᠳᠤᠭ ᠤᠨ ᠬᠠᠮᠠᠭᠠᠯᠠᠯᠲᠠ ᠶᠢᠨ ᠲᠦᠷᠢᠮ ᠢ ᠪᠠᠶᠢᠭᠤᠯᠣᠨ ᠪᠦᠷᠢᠨᠰᠢᠭᠦᠯᠵᠦ᠂ ᠲᠠᠯ᠎ᠠ ᠨᠣᠳᠤᠭ ᠤᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠣᠯᠲᠠ ᠶᠢᠨ ᠲᠥᠯᠦᠪᠵᠢᠭᠦᠯᠭᠡ ᠶᠢ ᠡᠮᠬᠢᠳᠬᠡᠵᠦ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠯᠠᠭᠠᠨ ᠱᠣᠭᠤᠮ ᠎ ᠢ ᠴᠢᠩᠭ᠎ᠠ ᠰᠠᠬᠢᠨ᠎ᠠ᠃ ᠨᠣᠳᠤᠭ ᠪᠡᠯᠴᠢᠭᠡᠷ ᠢ ᠲᠠᠳᠠᠪᠣᠷᠢᠯᠠᠨ ᠠᠰᠢᠭᠯᠠᠬᠤ ᠶᠢ ᠬᠢᠨᠠᠨ ᠬᠠᠷᠭᠤᠭᠤᠯᠬᠤ ᠪᠠ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠲᠠᠯ᠎ᠠ ᠨᠣᠳᠤᠭ ᠤᠨ ᠠᠮᠢ ᠠᠬᠤᠢ ᠡᠬᠢ ᠪᠠᠶᠠᠯᠢᠭ ᠤᠨ ᠬᠠᠮᠢᠶᠠᠷᠣᠯᠲᠠ ᠶᠢ ᠴᠢᠩᠭᠠᠳᠬᠠᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠵᠡᠷᠭᠡ ᠲᠦᠷᠢᠮ ᠢ ᠡᠷᠡᠰ ᠴᠢᠩᠭ᠎ᠠ ᠬᠡᠷᠡᠭᠵᠢᠭᠦᠯᠦᠨ᠎ᠡ᠂᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠣ ᠣᠷᠣᠨ ᠤ ᠬᠢᠨᠠᠨ ᠬᠠᠮᠢᠶᠠᠷᠣᠯᠲᠠ ᠶᠢ ᠲᠣᠪᠣᠶᠢᠮ᠎ᠠ ᠠᠳᠬᠤᠵᠣ᠂ ᠬᠠᠣᠯᠢ ᠪᠣᠰᠣ ᠪᠠᠷ ᠡᠵᠡᠯᠡᠨ ᠠᠰᠢᠭᠯᠠᠬᠤ᠂ ᠲᠦᠷᠢᠮ ᠵᠦᠷᠢᠴᠡᠨ ᠪᠦᠳᠦᠭᠡᠨ ᠪᠠᠶᠢᠭᠤᠯᠬᠤ᠂ ᠵᠣᠷᠢᠭᠤᠳᠠ ᠡᠪᠳᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠵᠦ᠂ ᠡᠷᠡᠰ ᠰᠢᠭᠤᠷᠬᠠᠢ ᠢᠶᠠᠷ ᠲᠠᠯ᠎ᠠ ᠨᠣᠳᠤᠭ ᠤᠨ ᠠᠮᠢ ᠠᠬᠤᠢ ᠶᠢ ᠰᠠᠶᠢᠳᠣᠷ ᠬᠠᠮᠠᠭᠠᠯᠠᠨ᠎ᠠ᠃ ᠣᠰᠣᠨ ᠤ ᠡᠬᠢ ᠪᠠᠶᠠᠯᠢᠭ ᠎ ᠤᠨ ᠬᠠᠮᠢᠶᠠᠷᠣᠯᠲᠠ ᠶᠢ ᠴᠢᠩᠭᠠᠳᠬᠠᠨ᠂ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠣᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠣᠯᠲᠠ ᠶᠢᠨ ᠦᠷ᠎ᠡ ᠪᠦᠳᠦᠭᠡᠯ ᠢ ᠪᠠᠳᠣᠳᠬᠠᠨ᠂ 1.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 5.7 ᠲᠦᠮᠡᠨ ᠮᠣ᠋ ᠭᠠᠵᠠᠷ ᠲᠤ  ᠪᠡᠭᠡᠵᠢᠩ ᠲᠢᠶᠠᠨᠵᠢᠨ ᠤ ᠡᠯᠡᠰᠦᠨ ᠰᠠᠯᠬᠢᠨ ᠎ ᠤ ᠡᠬᠢ ᠶᠢ ᠵᠠᠰᠠᠬᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ᠂ ᠭᠤᠣᠯᠳᠠᠯᠭ᠎ᠠ ᠲᠠᠢ ᠣᠷᠣᠨ ᠲᠣᠭᠤᠷᠢᠭ ᠤᠨ ᠨᠣᠭᠤᠭᠠᠷᠠᠭᠤᠯᠣᠯᠲᠠ᠂ ᠲᠠᠷᠢᠶᠠᠯᠠᠩ ᠠᠵᠣ ᠠᠬᠤᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠯᠲᠠ ᠪᠠ ᠣᠢ ᠰᠢᠭᠤᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ᠂ ᠣᠷᠭᠤᠮᠠᠯ ᠬᠤᠴᠠᠯᠭ᠎ᠠ ᠶᠢ ᠰᠡᠷᠭᠦᠭᠡᠨ ᠰᠠᠶᠢᠵᠢᠷᠠᠭᠤᠯᠬᠤ ᠵᠡᠷᠭᠡ  ᠢᠨᠵᠧᠨᠧᠷᠢᠩ ᠢ ᠬᠡᠷᠡᠭᠵᠢᠭᠦᠯᠦᠨ᠎ᠡ᠃              ᠣᠷᠴᠢᠨ ᠲᠣᠭᠤᠷᠢᠨ ᠤ  ᠵᠠᠰᠠᠨ ᠴᠡᠭᠴᠡᠯᠡᠯᠲᠡ ᠶᠢ ᠴᠢᠩᠭᠠᠳᠬᠠᠨ᠎ᠠ᠃ ᠠᠭᠠᠷ ᠤᠨ ᠪᠣᠵᠠᠷᠳᠣᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠣᠨ᠂ ᠬᠤᠲᠠ ᠪᠠᠯᠭᠠᠰᠣᠨ ᠤ ᠨᠡᠭᠦᠷᠡᠰᠦ ᠰᠢᠳᠠᠭᠠᠬᠤ ᠭᠦᠸᠧᠯᠦ ᠎ ᠶᠢ ᠵᠠᠰᠠᠨ ᠰᠠᠶᠢᠵᠢᠷᠠᠭᠤᠯᠬᠤ ᠠᠵᠢᠯ ᠢ ᠵᠢᠯ ᠤᠨ ᠲᠣᠳᠣᠷ᠎ᠠ ᠲᠠᠭᠤᠰᠬᠠᠨ᠎ᠠ᠃ ᠠᠭᠤᠷᠬᠠᠢ ᠶᠢᠨ ᠲᠣᠭᠤᠷᠢᠭ᠂ ᠲᠣᠮᠲᠠ ᠵᠢᠵᠢᠭ ᠠᠵᠣ ᠠᠬᠤᠶᠢᠯᠠᠯ ᠤᠨ ᠬᠦᠷᠢᠶᠡᠯᠡᠩ ᠲᠣᠭᠤᠷᠢᠭ᠂ ᠬᠤᠲᠠ ᠬᠦᠲᠡᠭᠡ ᠶᠢᠨ ᠣᠶᠠᠯᠳᠣᠯ ᠭᠡᠰᠡᠭ ᠵᠡᠷᠭᠡ ᠭᠤᠣᠯᠳᠠᠯᠭ᠎ᠠ ᠲᠠᠢ ᠣᠷᠣᠨ ᠲᠣᠭᠤᠷᠢᠭ ᠤᠨ ᠣᠷᠴᠢᠨ ᠲᠣᠭᠤᠷᠢᠨ ᠤ ᠪᠣᠬᠢᠷᠳᠣᠯ ᠤᠨ ᠵᠠᠰᠠᠨ ᠴᠡᠭᠴᠡᠯᠡᠯᠲᠡ ᠶᠢ ᠴᠢᠩᠭᠠᠳᠬᠠᠨ᠂ ᠬᠤᠲᠠ ᠶᠢᠨ ᠲᠣᠭᠤᠷᠢᠭ ᠤᠨ ᠣᠮᠠᠷᠠᠳᠣ ᠭᠡᠰᠡᠭ ᠤᠨ ᠣᠷᠴᠢᠨ ᠲᠣᠭᠤᠷᠢᠨ ᠤ ᠪᠣᠬᠢᠷᠳᠣᠯ ᠤᠨ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠣᠭᠤᠷᠢᠭ ᠢ ᠡᠭᠦᠳᠴᠦ᠂ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ᠃ ᠡᠨᠧᠷᠬᠢ ᠠᠷᠪᠢᠯᠠᠵᠣ ᠭᠠᠳᠠᠭᠰᠢᠯᠠᠭᠤᠯᠬᠤ ᠶᠢ ᠪᠠᠭᠠᠰᠬᠠᠬᠤ ᠶᠢ ᠴᠢᠩᠭᠠᠳᠬᠠᠨ᠂  ᠢᠯᠴᠢ ᠴᠠᠬᠢᠯᠭᠠᠨ ᠤ ᠲᠣᠣᠷ᠎ᠠ ᠪᠣᠬᠢᠷᠳᠣᠯ ᠢᠶᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠦᠯ ᠤᠨ ᠨᠡᠭᠦᠷᠡᠰᠦᠳᠦᠷᠦ᠋ᠭᠴᠢ ᠭᠠᠳᠠᠭᠰᠢᠯᠠᠭᠤᠯᠬᠤ ᠶᠢ ᠪᠦᠳᠦᠮᠵᠢᠲᠠᠢ  ᠬᠢᠵᠠᠭᠠᠷᠯᠠᠵᠣ᠂  ᠡᠨᠧᠷᠬᠢ ᠠᠷᠪᠢᠯᠠᠵᠣ ᠭᠠᠳᠠᠭᠰᠢᠯᠠᠭᠤᠯᠬᠤ ᠶᠢ ᠪᠠᠭᠠᠰᠬᠠᠬᠤ ᠵᠢᠯ ᠤᠨ ᠬᠠᠷᠠᠯᠲᠠ ᠶᠢ ᠪᠡᠶᠡᠯᠡᠭᠦᠯᠬᠦ ᠶᠢ ᠪᠠᠳᠣᠯᠠᠨ᠎ᠠ᠃ ᠣᠷᠴᠢᠨ ᠲᠣᠭᠤᠷᠢᠨ ᠤ ᠬᠠᠣᠯᠢ ᠬᠡᠷᠡᠭᠵᠢᠭᠦᠯᠬᠦ ᠬᠢᠨᠠᠨ ᠬᠠᠮᠢᠶᠠᠷᠣᠯᠲᠠ ᠶᠢᠨ ᠬᠦᠴᠦᠯᠡᠴᠡ ᠶᠢ ᠶᠡᠬᠡᠳᠬᠡᠨ᠂ ᠣᠯᠠᠨ ᠲᠦᠮᠡᠨ ᠤ ᠲᠣᠰᠬᠠᠭᠰᠠᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠰᠠᠶᠢᠳᠣᠷ ᠰᠢᠢᠳᠪᠦᠷᠢᠯᠡᠵᠦ᠂ ᠲᠦᠪ ᠤᠨ ᠣᠷᠴᠢᠨ ᠲᠣᠭᠤᠷᠢᠨ  ᠎ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ  ᠲᠣᠭᠤᠶᠢᠯᠠᠩ ᠤᠨ ᠲᠣᠰᠬᠠᠭᠰᠠᠨ ᠰᠠᠨᠠᠭᠤᠯᠭ᠎ᠠ ᠶᠢ ᠵᠠᠰᠠᠨ ᠨᠠᠶᠢᠳᠠᠪᠣᠷᠢᠵᠢᠭᠤᠯᠬᠤ ᠶᠢ ᠦᠨᠡᠨᠬᠦ ᠰᠠᠶᠢᠳᠣᠷ ᠠᠳᠬᠤᠵᠣ᠂ ᠣᠭᠳᠣ ᠠᠭᠤᠴᠢᠯᠠᠵᠣ ᠪᠣᠯᠬᠤ ᠦᠭᠡᠢ ᠣᠪᠣᠷ ᠢᠶᠠᠷ ᠣᠷᠴᠢᠨ ᠲᠣᠭᠤᠷᠢᠨ ᠤ ᠬᠠᠣᠯᠢ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢ ᠠᠬᠤᠢ ᠶᠢᠨ ᠰᠣᠶᠣᠯ ᠢ ᠢᠲᠡᠪᠬᠢᠲᠠᠢ ᠠᠬᠢᠭᠤᠯᠵᠣ᠂ ᠪᠣᠬᠢᠷᠳᠣᠯ ᠦᠭᠡᠢ ᠲᠣᠣᠷ᠎ᠠ ᠨᠡᠭᠦᠷᠡᠰᠦᠳᠦᠷᠦ᠋ᠭᠴᠢᠳᠦ ᠠᠮᠢᠳᠣᠷᠠᠯ ᠎ ᠤᠨ ᠠᠷᠭ᠎ᠠ ᠬᠡᠯᠪᠡᠷᠢ ᠶᠢ ᠰᠣᠷᠳᠠᠯᠴᠢᠯᠠᠨ᠎ᠠ᠃          ︵ᠲᠣᠯᠤᠭ᠎ᠠ︶ ᠡᠯ᠎ᠡ ᠦᠨᠳᠦᠰᠦᠲᠡᠨ ᠤ ᠠᠷᠠᠳ ᠲᠦᠮᠡᠨ ᠤ ᠵᠣᠯ ᠵᠢᠷᠭᠠᠯ ᠢ ᠬᠦᠴᠦᠯᠡᠨ ᠨᠡᠮᠡᠭᠳᠡᠭᠦᠯᠦᠨ᠎ᠡ᠃ ᠣᠯᠠᠨ ᠲᠦᠮᠡᠨ ᠤ ᠬᠠᠮᠤᠭ ᠰᠢᠭᠤᠳ᠂ ᠬᠠᠮᠤᠭ ᠬᠠᠯᠠᠮᠵᠢᠯᠠᠵᠣ ᠪᠦᠬᠦᠢ᠂ ᠬᠠᠮᠤᠭ ᠪᠣᠲᠠᠲᠠᠢ ᠠᠰᠢᠭ ᠲᠣᠰᠠ ᠶᠢᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠣ᠂ ᠡᠯ᠎ᠡ ᠵᠦᠢᠯ ᠤᠨ ᠨᠡᠶᠢᠭᠡᠮ ᠤᠨ ᠠᠵᠢᠯ ᠦᠢᠯᠡᠰ ᠢ ᠲᠥᠯᠦᠪᠵᠢᠭᠦᠯᠦᠨ ᠠᠬᠢᠭᠤᠯᠵᠣ᠂ ᠠᠷᠠᠳ ᠤᠨ ᠠᠮᠢᠳᠣᠷᠠᠯ ᠢ ᠬᠦᠴᠦᠯᠡᠨ ᠪᠠᠳᠣᠯᠠᠬᠤ ᠪᠠ ᠰᠠᠶᠢᠵᠢᠷᠠᠭᠤᠯᠣᠨ᠂ ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠳᠦᠭᠡᠯ ᠢ ᠡᠳ᠋ᠯᠡᠭᠦᠯᠦᠨ᠎ᠡ᠃           ᠨᠠᠷᠢᠯᠢᠭ ᠣᠨᠣᠪᠴᠢᠲᠠᠢ ᠶᠠᠳᠠᠭᠤ ᠶᠢ ᠲᠡᠳᠬᠦᠬᠦ ᠦᠷ᠎ᠡ ᠪᠦᠳᠦᠭᠡᠯ ᠢ ᠪᠠᠳᠣᠳᠬᠠᠨ᠎ᠠ᠃ 8000 ᠲᠦᠮᠡᠨ ᠲᠥᠬᠦᠷᠢᠭ ᠢ  ᠪᠡᠯᠡ ᠣᠷᠣᠭᠤᠯᠣᠨ᠂ ︽ᠭᠤᠷᠪᠠ ᠶᠢ ᠬᠦᠲᠡᠭᠡ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠳᠣᠲᠠᠢ ᠠᠬᠢᠭᠤᠯᠵᠣ᠂ ᠶᠠᠳᠠᠭᠤ ᠠᠴᠠ ᠠᠩᠬᠢᠵᠢᠷᠠᠭᠰᠠᠨ ᠡᠷᠦᠬᠡ ᠪᠣᠯᠣᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠳᠣᠯᠠᠭ᠎ᠠ ᠳᠤ ᠬᠦᠷᠦᠭᠡᠳᠦᠢ  ᠪᠣᠯᠪᠠᠴᠣ ᠠᠮᠢᠳᠣᠷᠠᠯ ᠨᠢ ᠬᠦᠴᠢᠷᠲᠠᠢ ᠡᠷᠦᠬᠡ ᠳᠤ ᠦᠷᠭᠦᠯᠵᠢᠯᠡᠨ ᠨᠠᠷᠢᠯᠢᠭ ᠣᠨᠣᠪᠴᠢᠲᠠᠢ ᠲᠥᠷᠦ ᠎ ᠶᠢᠨ ᠪᠣᠳᠣᠯᠭ᠎ᠠ ᠶᠢ ᠬᠡᠷᠡᠭᠵᠢᠭᠦᠯᠦᠨ᠂ ᠨᠠᠷᠢᠯᠢᠭ ᠣᠨᠣᠪᠴᠢᠲᠠᠢ ᠬᠠᠪᠰᠣᠷᠣᠨ ᠲᠡᠳᠬᠦᠵᠦ᠂ ᠨᠢᠭᠡᠨᠲᠡ ᠶᠠᠳᠠᠭᠤ ᠠᠴᠠ ᠠᠩᠬᠢᠵᠢᠷᠠᠭᠰᠠᠨ ᠣᠯᠠᠨ ᠲᠦᠮᠡᠨ ᠤ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠳᠣᠯᠠᠨ᠎ᠠ᠃  ᠴᠡᠭ ᠲᠣᠭᠲᠠᠭᠠᠨ ᠬᠠᠪᠰᠣᠷᠣᠨ ᠲᠡᠳᠬᠦᠬᠦ᠂ ᠠᠵᠣ ᠦᠢᠯᠡᠰ ᠢᠶᠠᠷ ᠬᠠᠪᠰᠣᠷᠣᠨ ᠲᠡᠳᠬᠦᠬᠦ᠂ ᠰᠣᠷᠭᠠᠨ ᠬᠥᠮᠦᠵᠢᠯ ᠢᠶᠠᠷ ᠬᠠᠪᠰᠣᠷᠣᠨ ᠲᠡᠳᠬᠦᠬᠦ᠂   ᠵᠢᠭᠤᠯᠴᠢᠯᠠᠯ ᠢᠶᠠᠷ ᠬᠠᠪᠰᠣᠷᠣᠨ ᠲᠡᠳᠬᠦᠬᠦ ᠵᠡᠷᠭᠡ ᠶᠠᠳᠠᠭᠤ ᠶᠢ ᠲᠡᠳᠬᠦᠬᠦ ᠢᠨᠵᠧᠨᠧᠷᠢᠩ ᠢ ᠲᠥᠯᠦᠪᠵᠢᠭᠦᠯᠦᠨ ᠰᠠᠶᠢᠳᠣᠷ ᠠᠳᠬᠤᠵᠣ᠂ 400 ᠮᠠᠯᠴᠢᠨ ᠠᠷᠠᠳ ᠢ ᠪᠣᠯᠪᠠᠰᠣᠷᠠᠯ ᠳᠤ ᠣᠷᠣᠯᠴᠠᠭᠤᠯᠵᠣ᠂ ᠶᠠᠳᠠᠭᠤ ᠠᠴᠠ ᠠᠩᠬᠢᠵᠢᠷᠠᠭᠤᠯᠣᠨ ᠪᠠᠬᠢᠯᠡᠯᠲᠡ ᠰᠢᠪᠳᠣᠯᠬᠤ ᠦᠷ᠎ᠡ ᠪᠦᠳᠦᠭᠡᠯ ᠢ ᠬᠦᠴᠦᠯᠡᠨ ᠪᠠᠳᠣᠳᠬᠠᠨ᠎ᠠ᠃           ᠦᠢᠯᠡᠰ  ᠪᠣᠰᠬᠠᠵᠣ ᠠᠵᠢᠯ ᠣᠯᠭᠤᠬᠤ  ᠎ ᠪᠠᠷ ᠲᠠᠮᠵᠢᠵᠣ ᠣᠷᠣᠯᠭ᠎ᠠ  ᠎ ᠶᠢᠨ ᠨᠡᠮᠡᠭᠳᠡᠯ ᠢ ᠠᠬᠢᠭᠤᠯᠣᠨ᠎ᠠ᠃ ︽ᠰᠢᠯᠢ ᠶᠢᠨ ᠭᠤᠣᠯ ᠠᠶᠢᠮᠠᠭ ᠤᠨ ᠣᠯᠠᠨ ᠢᠶᠠᠷ ᠢᠶᠠᠨ ᠦᠢᠯᠡᠰ ᠪᠣᠰᠬᠠᠨ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠎ ᠶᠢ ᠠᠬᠢᠭᠤᠯᠬᠤ ᠲᠣᠬᠠᠢ ᠬᠡᠷᠡᠭᠵᠢᠭᠦᠯᠬᠦ ᠰᠠᠨᠠᠯ︾᠎ ᠢ ᠭᠦᠨᠵᠡᠭᠡᠢ ᠨᠠᠶᠢᠳᠠᠪᠣᠷᠢᠵᠢᠭᠤᠯᠣᠨ᠂ ᠦᠢᠯᠡᠰ ᠪᠣᠰᠬᠠᠬᠤ ᠰᠠᠭᠤᠷᠢᠨ ᠭᠠᠵᠠᠷ ᠪᠣᠯᠣᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠣᠯᠲᠠ ᠶᠢ ᠬᠦᠴᠦᠯᠡᠨ ᠠᠬᠢᠭᠤᠯᠵᠣ᠂ ᠣᠯᠣᠰ ᠤᠨ ᠲᠡᠰ ᠤᠨ ᠪᠠ ᠥᠪᠡᠷᠳᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠬᠦᠷᠢᠶᠡᠯᠡᠩ ᠲᠣᠭᠤᠷᠢᠭ ᠢ ᠲᠣᠰᠪᠣᠷᠢ 1᠎ ᠶᠢ ᠪᠠᠶᠢᠭᠤᠯᠵᠣ᠂ ᠶᠡᠭᠡ ᠰᠣᠷᠭᠠᠭᠤᠯᠢ ᠲᠡᠭᠦᠰᠦᠭᠰᠡᠨ ᠣᠶᠣᠳᠠᠨ᠂ ᠴᠡᠷᠢᠭ ᠠᠴᠠ ᠪᠠᠭᠤᠭᠰᠠᠳ ᠴᠡᠷᠢᠭ ᠠᠴᠠ ᠬᠠᠯᠠᠭᠳᠠᠭᠰᠠᠳ᠂ ᠨᠡᠭᠦᠯᠭᠡᠨ ᠰᠢᠯᠵᠢᠭᠦᠯᠦᠭᠰᠡᠨ ᠲᠠᠷᠢᠶᠠᠴᠢᠨ ᠮᠠᠯᠴᠢᠨ᠂ ᠦᠢᠯᠡᠳᠪᠦᠷᠢᠯᠡᠯ ᠤᠨ ᠴᠢᠳᠠᠪᠣᠷᠢ ᠶᠢ ᠪᠠᠭᠠᠰᠬᠠᠭᠰᠠᠨ ᠠᠴᠠ ᠠᠵᠢᠯ ᠠᠯᠳᠠᠭᠰᠠᠨ ᠠᠵᠢᠯᠳᠠᠨ ᠵᠡᠷᠭᠡ ᠭᠤᠣᠯᠳᠠᠯᠭ᠎ᠠ ᠲᠠᠢ ᠣᠯᠠᠨ ᠲᠦᠮᠡᠨ ᠳᠤ ᠠᠵᠢᠯ ᠣᠯᠭᠤᠬᠤ ᠶᠢ ᠲᠥᠯᠦᠪᠵᠢᠭᠦᠯᠦᠨ ᠰᠠᠶᠢᠳᠣᠷ ᠠᠳᠬᠤᠵᠣ᠂ ᠵᠢᠯ ᠤᠨ ᠲᠣᠳᠣᠷ᠎ᠠ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠣᠨ ᠤ ᠠᠵᠢᠯ ᠣᠯᠭᠤᠭᠰᠠᠳ ᠢ 3000᠎ ᠠᠴᠠ ᠢᠯᠡᠭᠦᠦ ᠪᠠᠶᠢᠯᠭᠠᠵᠣ᠂ ᠠᠵᠢᠯ ᠣᠯᠭᠤᠬᠤ ᠶᠢ ᠲᠣᠭᠳᠠᠪᠣᠷᠢᠵᠢᠭᠤᠯᠬᠤ ᠪᠠᠷ ᠲᠠᠮᠵᠢᠨ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ ᠴᠠᠯᠢᠩ ᠳᠤ ᠲᠣᠬᠢᠷᠠᠭᠤᠯᠣᠯᠲᠠ ᠬᠢᠬᠦ ᠲᠥᠷᠦ ᠶᠢᠨ ᠪᠣᠳᠣᠯᠭ᠎ᠠ ᠶᠢ ᠢᠲᠡᠪᠬᠢᠲᠠᠢ ᠨᠠᠶᠢᠳᠠᠪᠣᠷᠢᠵᠢᠭᠤᠯᠣᠨ᠂ ᠪᠠᠶᠢᠭᠤᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠬᠥᠯᠦᠰᠦ ᠪᠠ ᠨᠠᠰᠣᠵᠢᠯ ᠤᠨ ᠬᠥᠯᠦᠰᠦ ᠣᠯᠭᠤᠮᠵᠢ ᠶᠢ ᠲᠣᠭᠲᠠᠭᠤᠨ ᠢᠶᠠᠷ ᠲᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠨ ᠳᠤ ᠬᠠᠷᠠᠭᠠᠯᠵᠠᠯ ᠦᠵᠡᠭᠦᠯᠬᠦ ᠨᠥᠬᠦᠪᠦᠷᠢ ᠶᠢᠨ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠬᠦᠲᠡᠭᠡ ᠲᠣᠰᠬᠤᠨ ᠤ ᠵᠢᠭᠤᠯᠴᠢᠯᠠᠯ᠂ ᠠᠮᠠᠷᠠᠨ ᠰᠡᠯᠡᠭᠦᠴᠡᠬᠦ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠵᠢᠭᠤᠯᠴᠢᠯᠠᠯ ᠵᠡᠷᠭᠡ ᠰᠢᠨ᠎ᠡ ᠠᠵᠣ ᠦᠢᠯᠡᠰ ᠢ ᠢᠲᠡᠪᠬᠢᠲᠠᠢ ᠬᠥᠳᠦᠯᠦᠨ ᠵᠢᠯᠣᠭᠤᠳᠴᠣ᠂ ᠣᠯᠠᠨ ᠵᠦᠢᠯ ᠤᠨ ᠠᠷᠭ᠎ᠠ ᠵᠠᠮ ᠢᠶᠠᠷ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃            ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠦᠴᠢᠷᠳᠡᠯ ᠲᠠᠢ ᠣᠯᠠᠨ ᠲᠦᠮᠡᠨ ᠤ ᠪᠠᠳᠣᠯᠠᠭᠠᠨ ᠤ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠬᠤᠲᠠ ᠬᠦᠲᠡᠭᠡᠨ ᠤ ᠠᠮᠢᠳᠣᠷᠠᠯ ᠤᠨ ᠨᠠᠭᠠᠳᠣ ᠵᠠᠬ᠎ᠠ ᠶᠢᠨ ᠪᠠᠳᠣᠯᠠᠭ᠎ᠠ᠂ ᠬᠠᠷᠠᠭᠠᠯᠵᠠᠨ ᠲᠡᠳᠬᠦᠬᠦ ᠡᠳᠡᠭᠡᠳ ᠵᠡᠷᠭᠡ ᠬᠦᠴᠢᠷᠳᠡᠯ ᠲᠠᠢ ᠣᠯᠠᠨ ᠲᠦᠮᠡᠨ ᠤ ᠨᠥᠬᠦᠪᠦᠷᠢ ᠶᠢᠨ ᠪᠠᠷᠢᠮᠵᠢᠶ᠎ᠠ ᠶᠢ ᠣᠯᠠᠮ ᠨᠢᠭᠡ ᠠᠯᠬᠤᠮ ᠲᠡᠭᠡᠭᠰᠢᠯᠡᠭᠦᠯᠦᠨ᠂ ᠣᠨᠴᠠᠭᠠᠢ ᠬᠦᠴᠢᠷᠲᠡᠯ ᠲᠠᠢ ᠣᠯᠠᠨ ᠲᠦᠮᠡᠨ ᠢ ᠬᠠᠪᠰᠣᠷᠣᠨ ᠲᠡᠳᠬᠦᠬᠦ ᠬᠦᠴᠦᠯᠡᠴᠡ ᠶᠢ ᠶᠡᠬᠡᠳᠬᠡᠨ᠂  ᠡᠷᠦᠬᠡ ᠳᠤ ᠬᠦᠷᠴᠦ ᠲᠣᠬᠤᠨᠢᠭᠤᠯᠬᠤ᠂ ᠲᠣᠰᠬᠠᠢ ᠲᠥᠷᠦᠯ ᠢᠶᠠᠷ ᠠᠪᠣᠷᠠᠨ ᠲᠡᠳᠬᠦᠬᠦ᠂ ᠬᠠᠶᠢᠷ᠎ᠠ ᠬᠠᠯᠠᠮᠵᠢ ᠬᠦᠷᠭᠡᠬᠦ ᠵᠡᠷᠭᠡ ᠬᠦᠲᠡᠯᠭᠡᠭᠡᠨ ᠢ ᠵᠣᠬᠢᠶᠠᠨ ᠪᠠᠶᠢᠭᠤᠯᠵᠣ ᠦᠷᠨᠢᠭᠦᠯᠦᠨ᠂ ︽ᠪᠠᠴᠢᠮ ᠬᠦᠴᠢᠷᠳᠡᠯ ᠢ ᠲᠣᠰᠠᠯᠠᠬᠤ︾ ᠠᠵᠢᠯ ᠢ ᠢᠲᠡᠪᠬᠢᠲᠠᠢ ᠶᠠᠪᠣᠭᠳᠠᠭᠤᠯᠵᠣ᠂  ᠬᠦᠴᠢᠷᠳᠡᠯᠲᠠᠢ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠲᠣᠭᠲᠠᠭᠤᠨ ᠢ ᠪᠠᠳᠣᠯᠠᠨ᠎ᠠ᠃ ᠪᠦᠬᠦ ᠠᠷᠠᠳ ᠎ ᠤᠨ ᠲᠠᠭᠠᠳᠬᠠᠯ ᠳᠤ ᠣᠷᠣᠯᠴᠠᠬᠤ ᠲᠥᠯᠦᠪᠯᠡᠭᠡ ᠶᠢ ᠭᠦᠨᠵᠡᠭᠡᠢ ᠠᠬᠢᠭᠤᠯᠣᠨ᠂ ᠲᠠᠭᠠᠳᠬᠠᠯ ᠳᠤ ᠣᠷᠣᠯᠴᠠᠬᠤ ᠨᠣᠷᠮ᠎ᠠ ᠎ ᠶᠢ 60%᠎ ᠠᠴᠠ ᠲᠡᠭᠡᠭᠰᠢ ᠳᠤ ᠬᠦᠷᠭᠡᠨ᠎ᠡ᠃ ᠨᠠᠰᠣᠵᠢᠯ ᠤᠨ ᠲᠠᠭᠠᠳᠬᠠᠯ ᠳᠤ ᠣᠷᠣᠯᠴᠠᠵᠣ ᠰᠦᠢᠳᠬᠡᠯ ᠲᠣᠰᠢᠶᠠᠬᠤ ᠂ ᠰᠢᠯᠵᠢᠭᠦᠯᠦᠨ ᠵᠠᠯᠭᠠᠯᠳᠣᠭᠤᠯᠬᠤ ᠪᠠ ᠬᠠᠷᠠᠮᠵᠢ ᠬᠦᠷᠳᠡᠭᠡᠮᠵᠢ ᠶᠢᠨ ᠲᠥᠷᠦ ᠶᠢᠨ ᠪᠣᠳᠣᠯᠭ᠎ᠠ ᠶᠢ ᠪᠦᠷᠢᠨᠰᠢᠭᠦᠯᠦᠨ᠂ ᠬᠤᠲᠠ ᠬᠦᠲᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠥᠷᠦ ᠶᠢᠨ ᠪᠣᠳᠣᠯᠭ᠎ᠠ ᠪᠣᠯᠣᠨ ᠠᠵᠢᠯ ᠢ ᠭᠦᠢᠴᠡᠳᠬᠡᠬᠦ ᠲᠣᠭᠲᠠᠴᠠ ᠶᠢ ᠨᠡᠶᠢᠳᠬᠡᠵᠦ᠂ ᠪᠠᠳᠣᠯᠠᠭᠠᠨ ᠤ ᠬᠠᠷᠠᠮᠵᠢ ᠬᠦᠷᠳᠡᠭᠡᠮᠵᠢ ᠶᠢᠨ ᠬᠢᠷᠢ ᠲᠦᠪᠰᠢᠨ ᠎ ᠢ ᠲᠣᠭᠲᠠᠭᠤᠨ ᠢᠶᠠᠷ ᠲᠡᠭᠡᠭᠰᠢᠯᠡᠭᠦᠯᠦᠨ᠎ᠡ᠃ ᠨᠠᠰᠣᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠨᠠᠰᠣᠳᠠᠶᠢᠴᠣᠳ ᠤᠨ ᠨᠠᠰᠣᠵᠢᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃             ᠠᠷᠠᠳ ᠲᠦᠮᠡᠨ ᠤ ᠰᠡᠳᠬᠢᠯ ᠬᠠᠨᠣᠮᠵᠢᠲᠠᠢ ᠰᠣᠷᠭᠠᠨ ᠬᠥᠮᠦᠵᠢᠯ ᠢ ᠰᠠᠶᠢᠳᠣᠷ ᠡᠷᠬᠢᠯᠡᠨ᠎ᠡ᠃ ᠰᠣᠷᠭᠠᠭᠤᠯᠢ ᠶᠢᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠨ᠂ ᠰᠣᠷᠭᠠᠨ ᠬᠥᠮᠦᠵᠢᠯ ᠤᠨ ᠰᠣᠷᠠᠭ ᠵᠠᠩᠬᠢᠴᠢᠯᠠᠭᠰᠠᠨ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢ ᠰᠣᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠲᠥᠯᠦᠪᠯᠡᠭᠡ ᠪᠣᠯᠣᠨ ᠬᠤᠶᠠᠳᠣᠭᠠᠷ ᠡᠭᠡᠯᠵᠢ ᠶᠢᠨ ᠰᠣᠷᠭᠠᠭᠤᠯᠢ ᠶᠢᠨ ᠨᠠᠰᠣᠨ ᠠᠴᠠ ᠡᠮᠦᠨᠡᠬᠢ ᠰᠣᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠦᠪᠯᠡᠭᠡ ᠶᠢ ᠪᠠᠳᠣᠲᠠᠢ ᠠᠬᠢᠭᠤᠯᠵᠣ᠂ ᠠᠯᠪᠠᠨ ᠵᠢᠷᠣᠮ ᠤᠨ ᠰᠣᠷᠭᠠᠨ ᠬᠥᠮᠦᠵᠢᠯ ᠢ ᠪᠠᠬᠢᠵᠢᠭᠦᠯᠦᠨ ᠬᠥᠭᠵᠢᠭᠦᠯᠵᠦ᠂ ᠥᠨᠳᠦᠷ ᠲᠣᠮᠳᠠᠳᠣ ᠶᠢᠨ ᠰᠣᠷᠭᠠᠨ ᠬᠥᠮᠦᠵᠢᠯ ᠎ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠂ ᠠᠩᠬ᠎ᠠ ᠲᠣᠮᠳᠠ ᠲᠡᠭᠦᠰᠬᠦ ᠰᠢᠯᠭᠠᠯᠲᠠ ᠶᠢᠨA ᠲᠡᠰ ᠤᠨ ᠰᠣᠷᠣᠭᠴᠢ ᠎ ᠶᠢᠨ  ᠪᠦᠬᠦ ᠠᠶᠢᠮᠠᠭ ᠲᠤ ᠡᠵᠡᠯᠡᠬᠦ ᠬᠤᠪᠢ ᠶᠢᠨ ᠵᠢᠩ ᠢ 70%᠎ ᠠᠴᠠ ᠲᠡᠭᠡᠭᠰᠢ ᠳᠤ ᠬᠦᠷᠭᠡᠵᠦ᠂ ᠪᠦᠬᠦ ᠬᠤᠲᠠ ᠎ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠣᠷᠣᠬᠤ ᠨᠣᠷᠮ᠎ᠡ ᠶᠢ 85%᠎ ᠠᠴᠠ ᠲᠡᠭᠡᠭᠰᠢ ᠳᠤ ᠬᠦᠷᠭᠡᠵᠦ᠂ ᠠᠶᠢᠮᠠᠭ ᠤᠨ ᠲᠡᠰ ᠤᠨ ᠦᠨᠳᠦᠰᠦᠲᠡᠨ ᠤ ᠰᠣᠳᠣᠨ ᠰᠣᠷᠭᠠᠭᠤᠯᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠯ ᠪᠦᠮᠪᠦᠭᠡᠨ ᠤ ᠥᠪᠡᠷᠮᠢᠴᠡ ᠣᠨᠴᠠᠯᠢᠭ ᠲᠠᠢ ᠰᠣᠷᠭᠠᠭᠤᠯᠢ 14᠎ ᠶᠢ ᠴᠣᠭᠴᠠᠯᠠᠨ ᠪᠠᠶᠢᠭᠤᠯᠵᠣ᠂ ᠰᠣᠷᠭᠠᠨ ᠬᠥᠮᠦᠵᠢᠯ ᠤᠨ ᠵᠢᠭᠠᠨ ᠰᠣᠷᠭᠠᠯᠲᠠ ᠶᠢᠨ ᠬᠢᠷᠢ ᠲᠦᠪᠰᠢᠨ ᠢ ᠪᠦᠬᠦ ᠣᠷᠣᠨ ᠤ ᠠᠶᠢᠮᠠᠭ ᠤᠨ ᠲᠦᠪ ᠬᠤᠲᠠ ᠳᠠᠬᠢ ᠳ᠋ᠣᠭᠠᠷᠯᠠᠯ ᠪᠣᠯᠣᠨ ᠠᠵᠣ ᠠᠬᠤᠢ ᠶᠢᠨ ᠬᠥᠭᠵᠢᠯᠲᠡ ᠳᠠᠬᠢ ᠳ᠋ᠣᠭᠠᠷᠯᠠᠯ ᠲᠠᠢ ᠢᠵᠢᠯ ᠠᠯᠬᠤᠮ ᠢᠶᠠᠷ ᠨᠡᠮᠡᠭᠳᠡᠭᠦᠯᠦᠨ᠎ᠡ᠃ ᠰᠣᠷᠭᠠᠭᠤᠯᠢ ᠶᠢᠨ ᠨᠠᠰᠣᠨ ᠠᠴᠠ  ᠡᠮᠦᠨᠡᠬᠢ ᠬᠡᠣᠬᠡᠳ ᠤᠨ ᠴᠡᠴᠡᠷᠯᠢᠭ ᠲᠤ ᠣᠷᠣᠬᠤ ᠳᠤ ᠬᠦᠴᠢᠷᠳᠠᠢ ᠠᠰᠠᠭᠤᠳᠠᠯ ᠢ ᠰᠠᠶᠢᠳᠣᠷ ᠰᠢᠢᠳᠪᠦᠷᠢᠯᠡᠨ᠂ ᠠᠯᠪᠠᠨ ᠠᠴᠠ ᠡᠷᠬᠢᠯᠡᠭᠰᠡᠨ ᠬᠡᠣᠬᠡᠳ ᠤᠨ ᠴᠡᠴᠡᠷᠯᠢᠭ 2᠎ ᠶᠢ ᠰᠢᠨ᠎ᠡ ᠪᠠᠷ ᠠᠰᠢᠭᠯᠠᠯᠲᠠ ᠎ ᠳᠤ ᠣᠷᠣᠭᠤᠯᠣᠨ᠂ 1᠎ ᠶᠢ ᠰᠢᠨ᠎ᠡ ᠪᠠᠷ ᠪᠠᠶᠢᠭᠤᠯᠣᠨ᠂ ᠠᠷᠠᠳ ᠠᠴᠠ ᠡᠷᠬᠢᠯᠡᠭᠰᠡᠨ ᠬᠡᠣᠬᠡᠳ ᠤᠨ ᠴᠡᠴᠡᠷᠯᠢᠭ ᠢ ᠲᠦᠷᠢᠮᠵᠢᠭᠦᠯᠦᠨ ᠵᠢᠯᠣᠭᠤᠳᠴᠣ᠂ ᠰᠣᠷᠭᠠᠭᠤᠯᠢ ᠶᠢᠨ ᠨᠠᠰᠣᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠨᠣᠷᠮ᠎ᠠ ᠶᠢ 95%᠎ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠡᠮ ᠡᠮᠴᠢᠯᠡᠭᠡᠨ ᠡᠷᠡᠭᠦᠯ ᠬᠠᠮᠠᠭᠠᠯᠠᠯ ᠤᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠴᠢᠯᠡᠭᠡᠨ ᠤ ᠴᠢᠨᠠᠷ ᠴᠢᠨᠰᠠᠭ᠎ᠠ ᠪᠣᠯᠣᠨ ᠦᠢᠯᠡᠴᠢᠯᠡᠭᠡᠨ ᠤ ᠴᠢᠳᠠᠪᠣᠷᠢ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠦᠪᠯᠡᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠮ ᠡᠮᠨᠡᠯᠭᠡ ᠶᠢᠨ ᠬᠤᠯᠪᠣᠭᠠᠨ ᠤ ᠴᠣᠭᠴᠠ ᠶᠢᠨ ᠪᠠᠶᠢᠭᠤᠯᠣᠯᠲᠠ ᠶᠢ ᠲᠡᠭᠦᠯᠳᠡᠷᠵᠢᠭᠦᠯᠦᠨ᠂ ᠦᠨᠳᠦᠰᠦᠨ ᠱᠠᠳᠣᠨ ᠤ ᠡᠮ ᠡᠮᠴᠢᠯᠡᠭᠡᠨ ᠤ ᠪᠠᠶᠢᠭᠤᠯᠣᠮᠵᠢ ᠪᠣᠯᠣᠨ ᠠᠶᠢᠮᠠᠭ ᠤᠨ ᠰᠢᠭᠤᠳ ᠬᠠᠷᠢᠶ᠎ᠠ ᠡᠮᠨᠡᠯᠭᠡ ᠶᠢᠨ  ᠬᠤᠷᠢᠶ᠎ᠠ ᠶᠢᠨ ᠬᠠᠷᠢᠯᠴᠠᠨ ᠡᠮᠴᠢᠯᠡᠭᠡ ᠬᠢᠬᠦ  ᠪᠡᠶᠡᠯᠡᠭᠦᠯᠦᠨ᠎ᠡ᠃ ᠭᠡᠷ ᠪᠦᠯᠢ  ᠎ ᠲᠠᠢ ᠭᠡᠷ᠎ᠡ ᠲᠣᠭᠳᠠᠬᠤ ᠦᠢᠯᠡᠴᠢᠯᠡᠭᠡ ᠎ ᠶᠢ  ᠠᠬᠢᠭᠤᠯᠵᠣ᠂ ᠭᠡᠷ᠎ᠡ ᠲᠣᠭᠳᠠᠬᠤ ᠨᠣᠷᠮ᠎ᠠ ᠶᠢ 30%᠎ ᠠᠴᠠ ᠲᠡᠭᠡᠭᠰᠢ ᠳᠤ ᠬᠦᠷᠭᠡᠨ᠎ᠡ᠃ ᠡᠷᠡᠭᠦᠯ ᠬᠠᠮᠠᠭᠠᠯᠠᠯ ᠎ ᠤᠨ ᠴᠢᠳᠠᠪᠣᠷᠢᠳᠠᠨ ᠢ ᠬᠥᠮᠦᠵᠢᠭᠦᠯᠬᠦ ᠶᠢ ᠴᠢᠩᠭᠠᠳᠬᠠᠵᠣ᠂ ᠮᠣᠩᠭᠤᠯ ᠬᠢᠳᠠᠳ ᠡᠮ ᠡᠮᠨᠡᠯᠭᠡ ᠶᠢᠨ ᠠᠵᠢᠯ ᠦᠢᠯᠡᠰ ᠢ ᠲᠦᠷᠭᠡᠨ ᠬᠥᠭᠵᠢᠭᠦᠯᠦᠨ᠎ᠡ᠃ ᠲᠥᠯᠦᠪᠯᠡᠯᠭᠡᠳᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠂ ᠰᠢᠨ᠎ᠡ ᠪᠠᠷ ᠨᠡᠮᠡᠭᠳᠡᠭᠰᠡᠨ ᠬᠦᠮᠦᠨ ᠠᠮᠠ ᠶᠢᠨ ᠬᠡᠪ ᠴᠢᠨᠠᠷ ᠢ ᠲᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠲᠠᠯᠠᠪᠣᠷ ᠤᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠲᠡᠰ ᠬᠤᠪᠢᠶᠠᠨ ᠬᠠᠮᠢᠶᠠᠷᠬᠤ ᠬᠢᠷᠢ ᠲᠦᠪᠰᠢᠨ ᠢ ᠴᠢᠩᠭᠠᠳᠬᠠᠨ᠎ᠠ᠃ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠣᠭᠰᠠᠨ ᠦᠷ᠎ᠡ ᠪᠦᠳᠦᠭᠡᠯ ᠢ ᠪᠠᠳᠣᠳᠬᠠᠨ᠂  ᠡᠬᠡ ᠣᠷᠣᠨᠴᠢ ᠡᠷᠡᠭᠦᠯ ᠬᠠᠮᠠᠭᠠᠯᠠᠯ ᠤᠨ ᠬᠦᠲᠡᠯᠭᠡᠭᠡᠨ ᠢ ᠭᠦᠨᠵᠡᠭᠡᠢ ᠦᠷᠨᠢᠭᠦᠯᠦᠨ᠂ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ ᠢᠲᠡᠪᠬᠢᠲᠠᠢ ᠴᠣᠭᠴᠠᠯᠠᠨ ᠪᠠᠶᠢᠭᠤᠯᠣᠨ᠎ᠠ ᠰᠣᠶᠣᠯ ᠲᠠᠮᠢᠷ ᠤᠨ ᠴᠡᠴᠡᠭᠯᠡᠨ ᠬᠥᠭᠵᠢᠯᠲᠡ ᠶᠢ ᠠᠬᠢᠭᠤᠯᠣᠨ᠎ᠠ᠃ ᠡᠯ᠎ᠡ ᠵᠦᠢᠯ ᠤᠨ ᠲᠠᠮᠢᠷ ᠤᠨ ᠣᠷᠳᠣᠨ ᠢ ᠭᠦᠢᠴᠡᠳ ᠠᠰᠢᠭᠯᠠᠨ᠂ ᠲᠦᠷᠪᠡᠨ ᠣᠯᠣᠰ ᠤᠨ ᠡᠮᠡᠭᠲᠠᠢ ᠶᠢᠨ ᠰᠠᠭᠰᠣᠨ ᠪᠦᠮᠪᠦᠭᠡ ᠶᠢᠨ ᠣᠷᠣᠯᠳᠣᠭᠠᠨ᠂ ᠪᠦᠬᠦ ᠣᠯᠣᠰ ᠤᠨ ᠵᠠᠰᠠᠮᠠᠯ ᠵᠠᠮ ᠤᠨ ᠲᠣᠭᠤᠢ ᠲᠡᠷᠭᠡᠨ ᠤ ᠣᠷᠣᠯᠳᠣᠭᠠᠨ ᠵᠡᠷᠭᠡ ᠥᠨᠳᠦᠷ ᠬᠢᠷᠢ ᠲᠦᠪᠰᠢᠨ ᠲᠠᠢ ᠣᠷᠣᠯᠳᠣᠭᠠᠨ ᠢ ᠢᠲᠡᠪᠬᠢᠲᠠᠢ ᠡᠷᠬᠢᠯᠡᠨ᠂  ᠲᠠᠭᠤᠣ ᠬᠥᠭᠵᠢᠮ ᠤᠨ ᠲᠣᠭᠯᠠᠯᠲᠠ᠂ ᠣᠷᠠᠨ ᠪᠢᠴᠢᠯᠭᠡ ᠣᠷᠠᠨ ᠵᠢᠷᠤᠭ ᠭᠡᠷᠡᠯ ᠵᠢᠷᠤᠭ ᠵᠡᠷᠭᠡ ᠥᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠰᠢᠷᠢᠰ ᠰᠣᠶᠣᠯ ᠤᠨ ᠬᠦᠲᠡᠯᠭᠡᠭᠡᠨ ᠢ ᠨᠠᠷᠢᠯᠢᠭ ᠵᠣᠬᠢᠶᠠᠨ ᠪᠠᠶᠢᠭᠤᠯᠵᠣ᠂ ᠰᠢᠯᠢ ᠶᠢᠨ ᠭᠤᠣᠯ ᠤᠨ ᠵᠣᠨ᠂ ᠰᠣᠶᠣᠯ ᠤᠨ ᠬᠦᠲᠡᠭᠡ ᠪᠠᠭᠤᠬᠤ ᠵᠡᠷᠭᠡ ᠬᠦᠲᠡᠯᠭᠡᠭᠡᠨ ᠢ ᠨᠠᠷᠢᠨ ᠬᠢᠨᠠᠮᠠᠭᠠᠢ ᠶᠠᠪᠣᠭᠳᠠᠭᠤᠯᠣᠨ᠂ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ᠎ᠠ᠃            ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠶᠢ ᠠᠵᠣ ᠠᠬᠤᠢ ᠨᠡᠶᠢᠭᠡᠮ ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠭᠤᠭᠴᠣᠭᠠᠨ ᠳᠤ ᠲᠣᠣᠱᠯᠠᠭᠤᠯᠣᠨ᠂ ᠥᠭᠡᠷᠡᠴᠢᠯᠡᠯᠲᠡ ᠪᠠᠷ ᠠᠮᠢᠯᠠᠯ ᠤᠨ ᠬᠦᠴᠦᠨ ᠢ ᠨᠡᠮᠡᠭᠳᠡᠭᠦᠯᠦᠨ᠂ ᠨᠡᠭᠡᠭᠡᠯᠲᠡ ᠪᠠᠷ ᠬᠥᠭᠵᠢᠯᠲᠡ ᠶᠢ ᠠᠬᠢᠭᠤᠯᠣᠨ᠎ᠠ᠃   ᠬᠠᠩᠭᠠᠯᠭ᠎ᠠ ᠶᠢᠨ ᠪᠦᠳᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠣᠨ᠎ᠠ᠃ ︽ᠰᠢᠯᠢ ᠶᠢᠨ ᠬᠤᠲᠠ ᠶᠢᠨ ᠨᠡᠭᠦᠷᠡᠰᠦᠨ ᠤ ᠠᠵᠢᠯ ᠲᠥᠷᠦᠯ ᠤᠨ ᠦᠯᠡᠭᠦᠳᠡᠯ ᠦᠢᠯᠡᠳᠪᠦᠷᠢᠯᠡᠯ ᠤᠨ ᠴᠢᠳᠠᠪᠣᠷᠢ ᠶᠢ ᠪᠠᠭᠠᠰᠬᠠᠬᠤ ᠲᠥᠰᠦᠯ︾᠎ ᠢ ᠴᠢᠩᠭ᠎ᠠ ᠨᠠᠶᠢᠳᠠᠪᠣᠷᠢᠵᠢᠭᠤᠯᠣᠨ᠂ ᠪᠠᠷᠠᠭᠤᠨ ᠬᠤᠶᠠᠳᠣᠭᠠᠷ ᠨᠣᠮᠧᠷᠳᠣ ᠪᠣᠯᠣᠨ ᠪᠠᠷᠠᠭᠤᠨ ᠭᠤᠷᠪᠠᠳᠣᠭᠠᠷ ᠨᠣᠮᠧᠷᠳᠣ ᠵᠠᠳᠠᠭᠠᠢ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠤᠨ ᠴᠢᠳᠠᠪᠣᠷᠢ ᠶᠢᠨ ᠬᠢᠨᠠᠨ ᠵᠥᠪᠰᠢᠶᠡᠷᠡᠯ ᠣᠯᠬᠤ ᠶᠢ ᠠᠬᠢᠭᠤᠯᠣᠨ᠎ᠠ᠃ ᠲᠦᠭᠦᠮ ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ ᠳᠤ ᠵᠣᠭᠤᠰ ᠮᠥᠩᠭᠦ ᠥᠭᠴᠦ ᠲᠦᠪᠬᠢᠨᠡᠭᠦᠯᠬᠦ ᠶᠢ ᠠᠬᠢᠭᠤᠯᠣᠨ᠂ ᠠᠵᠣ ᠠᠬᠤᠶᠢᠯᠠᠯ ᠤᠨ ᠵᠠᠷᠢᠮ ᠨᠥᠭᠡᠴᠡᠯᠡᠵᠦ ᠪᠠᠶᠢᠭ᠎ᠠ ᠲᠠᠸᠠᠷ ᠤᠨ ᠣᠷᠣᠨ ᠰᠠᠭᠤᠴᠠ ᠶᠢ ᠠᠮᠠᠷᠠᠯᠲᠠ ᠪᠠᠨ ᠥᠩᠭᠡᠷᠡᠭᠦᠯᠬᠦ ᠲᠦᠷᠢᠶᠡᠰᠦᠨ ᠰᠠᠭᠤᠴᠠ᠂ ᠰᠡᠯᠡᠭᠦᠴᠡᠨ ᠠᠮᠠᠷᠠᠬᠤ ᠬᠡᠯᠪᠡᠷᠢ ᠶᠢᠨ ᠪᠠᠭᠤᠳᠠᠯ ᠪᠣᠯᠣᠨ ᠡᠷᠡᠭᠦᠯᠵᠢᠯᠡᠯ ᠤᠨ ᠰᠣᠪᠢᠯᠠᠯᠲᠠ ᠶᠢᠨ ᠰᠠᠭᠤᠷᠢᠨ ᠭᠠᠵᠠᠷ ᠪᠣᠯᠭᠠᠨ ᠥᠭᠡᠷᠡᠴᠢᠯᠡᠨ ᠪᠠᠶᠢᠭᠤᠯᠬᠤ ᠶᠢ ᠲᠡᠮᠵᠢᠵᠦ᠂ 1.5 ᠲᠦᠮᠡᠨ ᠢᠵᠢ ᠨᠥᠭᠡᠴᠡᠯᠡᠵᠦ ᠪᠠᠶᠢᠭ᠎ᠠ ᠭᠡᠷ ᠪᠠᠶᠢᠰᠢᠩ ᠢ ᠠᠰᠢᠭᠯᠠᠯᠲᠠ ᠳᠤ ᠣᠷᠣᠭᠤᠯᠣᠨ᠎ᠠ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠣᠯᠲᠠ ᠪᠣᠯᠣᠨ ᠬᠢᠨᠠᠨ ᠬᠡᠮᠵᠢᠯᠲᠡ ᠶᠢ ᠣᠷᠢᠳᠴᠢᠯᠠᠨ ᠰᠡᠷᠡᠮᠵᠢᠯᠡᠬᠦ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠠᠶᠣᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠢᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ᠂ ᠵᠢᠯ ᠲᠠᠷᠠᠭᠠᠯᠠᠨ ᠠᠯᠳᠠᠵᠣ ᠬᠤᠷᠣᠭᠳᠠᠬᠤ᠂ ᠬᠥᠷᠦᠩᠭᠡ ᠎ ᠨᠢ ᠦᠷᠢ ᠳᠡᠭᠡᠨ ᠬᠦᠷᠬᠦ ᠦᠭᠡᠢ ᠵᠡᠷᠭᠡ ︽ᠠᠮᠢᠯᠠᠯ ᠤᠨ ᠬᠦᠴᠦᠨ ᠦᠭᠡᠢ ᠠᠵᠣ ᠠᠬᠤᠶᠢᠯᠠᠯ︾᠎ ᠢ ᠲᠦᠷᠭᠡᠨ ᠰᠢᠢᠳᠪᠦᠷᠢᠯᠡᠵᠦ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠠᠰᠢᠭᠯᠠᠭᠠᠳᠣᠢ ᠬᠥᠷᠦᠩᠭᠡ ᠶᠢ ᠠᠮᠢᠳᠣᠯᠢᠭᠵᠢᠭᠤᠯᠣᠨ᠎ᠠ᠃ ᠮᠠᠯ ᠤᠨ ᠪᠦᠳᠦᠬᠡᠭᠳᠡᠭᠦᠨ ᠢ ᠡᠳ᠋ᠰᠢᠭᠦᠯᠵᠦ ᠪᠤᠯᠪᠠᠰᠣᠷᠠᠭᠤᠯᠬᠤ ᠦᠢᠯᠡᠰ ᠢ ᠲᠦᠷᠢᠮᠵᠢᠭᠦᠯᠦᠨ ᠬᠠᠮᠢᠶᠠᠷᠬᠤ ᠶᠢ ᠴᠢᠩᠭᠠᠳᠬᠠᠨ᠂ ᠣᠯᠠᠨ ᠠᠷᠪᠢᠨ᠂ ᠲᠠᠷᠬᠠᠢ ᠪᠣᠳᠠᠷᠬᠠᠢ᠂ ᠪᠣᠵᠠᠷ ᠮᠠᠭᠤᠬᠠᠢ᠂ ᠲᠢᠭᠯᠢᠮ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯ ᠤᠨ ᠪᠦᠳᠦᠬᠡᠭᠳᠡᠭᠦᠨ ᠢ ᠡᠳ᠋ᠰᠢᠭᠦᠯᠵᠦ ᠪᠤᠯᠪᠠᠰᠣᠷᠠᠭᠤᠯᠬᠤ ᠦᠢᠯᠡᠰ ᠢ ᠰᠢᠯᠢᠳᠡᠭᠵᠢᠭᠦᠯᠦᠨ ᠨᠡᠶᠢᠳᠬᠡᠵᠦ᠂ ᠥᠨᠳᠦᠷ ᠲᠡᠰ ᠤᠨ ᠬᠥᠭᠵᠢᠯᠲᠡ ᠶᠢ ᠠᠬᠢᠭᠤᠯᠣᠨ᠎ᠠ᠃  ᠣᠯᠠᠨ ᠠᠷᠭ᠎ᠠ ᠬᠡᠮᠵᠢᠶ᠎ᠡ ᠎ ᠶᠢ ᠨᠡᠶᠢᠳᠬᠡᠵᠦ᠂ ᠠᠵᠣ ᠠᠬᠤᠶᠢᠯᠠᠯ ᠤᠨ ᠥᠪᠡᠷ ᠤᠨ ᠥᠷᠳᠡᠭ ᠢ ᠲᠣᠷᠣᠭᠰᠢᠯᠠᠭᠤᠯᠣᠨ᠂ ᠴᠠᠬᠢᠯᠭᠠᠨ ᠬᠦᠴᠦᠨ ᠢᠶᠠᠷ ᠲᠡᠮᠵᠢᠨ ᠲᠡᠳᠬᠦᠬᠦ᠂ ᠮᠥᠩᠭᠦᠨ ᠭᠦᠢᠯᠭᠡᠭᠡᠨ ᠤ ᠢᠲᠡᠭᠡᠮᠵᠢᠳᠦ ᠵᠢᠭᠡᠯᠡᠯᠭᠡ ᠵᠡᠷᠭᠡ ᠠᠷᠭ᠎ᠠ ᠠᠪᠴᠠᠯ ᠢᠶᠠᠷ ᠲᠠᠮᠵᠢᠨ᠂ ᠠᠵᠣ ᠠᠬᠤᠶᠢᠯᠠᠯ ᠤᠨ ᠲᠠᠷᠣᠭᠠᠰᠣ ᠶᠢ ᠦᠨᠡᠨᠬᠦ ᠪᠠᠭᠠᠰᠬᠠᠨ᠎ᠠ᠃ ᠰᠠᠭᠤᠷᠢ ᠲᠥᠬᠦᠬᠡᠷᠦᠮᠵᠢ ᠶᠢᠨ ᠪᠦᠳᠦᠭᠡᠨ ᠪᠠᠶᠢᠭᠤᠯᠣᠯᠲᠠ ᠶᠢ ᠲᠦᠷᠭᠡᠨ ᠠᠬᠢᠭᠤᠯᠵᠣ᠂ ᠬᠥᠭᠵᠢᠯᠲᠡ ᠶᠢᠨ ᠲᠣᠳᠠᠭᠤᠳᠠᠯ ᠢ ᠲᠦᠷᠭᠡᠨ ᠨᠥᠬᠦᠪᠦᠷᠢᠯᠡᠨ᠎ᠡ᠃                 ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠠᠷᠠᠯᠵᠢᠶᠠᠨ ᠤ ᠶᠠᠪᠣᠳᠠᠯ ᠤᠨ ᠵᠦᠪᠳᠡᠯᠴᠡᠬᠦ ᠲᠦᠷᠢᠮ ᠤᠨ ᠥᠭᠡᠷᠡᠴᠢᠯᠡᠯᠲᠡ ᠎ ᠶᠢ ᠭᠦᠨᠵᠡᠭᠡᠶᠢᠷᠡᠭᠦᠯᠦᠨ᠂ ︽ᠬᠠᠮᠢᠶᠠᠷᠬᠤ ᠲᠠᠯᠪᠢᠬᠤ ᠦᠢᠯᠡᠴᠢᠯᠡᠬᠦ︾ ᠬᠦᠴᠦᠯᠡᠴᠡ ᠶᠢ ᠶᠡᠬᠡᠳᠬᠡᠨ᠎ᠡ᠃ ︽ᠣᠷᠢᠳᠠᠪᠠᠷ ᠦᠨᠡᠮᠯᠡᠯ ᠠᠪᠴᠣ ᠲᠠᠷᠠᠭ᠎ᠠ ᠳᠤᠨᠢ ᠬᠢᠨᠠᠨ ᠵᠥᠪᠰᠢᠶᠡᠷᠡᠭᠦᠯᠬᠦ︾᠂ ︽ᠲᠠᠪᠣᠨ ᠦᠨᠡᠮᠯᠡᠯ ᠢ ᠨᠢᠭᠡᠳᠦᠭᠦᠯᠬᠦ︾ ᠂ ︽ᠨᠢᠭᠡ ᠦᠨᠡᠮᠯᠡᠯ ᠨᠢᠭᠡ ᠨᠣᠮᠧᠷ ᠲᠠᠢ︾ ᠲᠠᠩᠰᠠᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ︽ᠬᠤᠶᠠᠷ ᠲᠣᠬᠢᠶᠠᠯᠳᠣᠯ ᠨᠢᠭᠡ ᠢᠯᠡ ᠲᠣᠳᠣ︾᠎ ᠶᠢ ᠬᠢᠨᠠᠨ ᠬᠠᠮᠢᠶᠠᠷᠬᠤ ᠶᠢ ᠴᠢᠩᠭᠠᠳᠬᠠᠵᠣ᠂ ᠵᠠᠰᠠᠭ ᠵᠠᠬᠢᠷᠭᠠᠨ ᠤ ᠴᠢᠳᠠᠪᠬᠢ ᠎ ᠶᠢ ᠲᠡᠭᠡᠭᠰᠢᠯᠡᠭᠦᠯᠦᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠵᠠᠬ᠎ᠠ ᠲᠡᠯᠭᠡᠭᠦᠷ ᠲᠤ ᠣᠷᠣᠬᠤ ᠶᠢ ᠬᠢᠨᠠᠨ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠠᠬᠢᠭᠤᠯᠣᠨ᠂ ᠨᠡᠩ ᠣᠯᠠᠨ ᠨᠡᠶᠢᠭᠡᠮ ᠤᠨ ᠬᠥᠷᠦᠩᠭᠡ ᠶᠢ ᠲᠠᠶᠢᠴᠢᠯᠠᠨ ᠰᠠᠭᠤᠷᠢ ᠲᠥᠬᠦᠬᠡᠷᠦᠮᠵᠢ᠂ ᠠᠮᠢ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶ᠎ᠡ ᠴᠠᠷᠠᠭᠠᠨ ᠤ ᠪᠦᠳᠦᠭᠡᠨ ᠪᠠᠶᠢᠭᠤᠯᠣᠯᠲᠠ ᠳᠤ  ᠣᠷᠣᠯᠴᠠᠭᠤᠯᠣᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠰᠦᠪ ᠤᠨ ᠬᠠᠮᠢᠶᠠᠷᠣᠯᠲᠠ ᠶᠢᠨ ᠬᠢᠷᠢ ᠪᠦᠳᠦᠮᠵᠢ ᠶᠢ ᠲᠡᠭᠡᠭᠰᠢᠯᠡᠭᠦᠯᠦᠨ᠎ᠡ᠃ ᠰᠢᠨ᠎ᠡ ᠲᠥᠰᠦᠪ ᠤᠨ ᠠᠷᠭ᠎ᠠ ᠶᠢ ᠴᠢᠩᠭ᠎ᠠ ᠬᠡᠷᠡᠭᠵᠢᠭᠦᠯᠦᠨ᠂ ᠡᠳ᠋ ᠤᠨ ᠵᠠᠰᠠᠭ ᠤᠨ ᠪᠡᠯᠡ ᠣᠷᠣᠭᠤᠯᠣᠯᠲᠠ  ᠎ ᠶᠢ ᠦᠨᠡᠯᠡᠨ ᠬᠢᠨᠠᠬᠤ᠂ ᠬᠢᠨᠠᠨ ᠪᠠᠶᠢᠴᠠᠭᠠᠬᠤ᠂ ᠮᠦᠷᠲᠡᠨ ᠲᠠᠭᠠᠵᠣ ᠦᠷ᠎ᠡ ᠠᠰᠢᠭ ᠢ ᠠᠰᠠᠭᠤᠬᠤ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠭᠡᠨ ᠤ ᠦᠷ᠎ᠡ ᠠᠰᠢᠭ ᠢ ᠲᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠣᠯᠲᠠ ᠶᠢᠨ ᠶᠡᠷᠦᠩᠬᠡᠶᠢᠯᠡᠨ ᠬᠠᠣᠯᠢ ᠬᠡᠷᠡᠭᠵᠢᠭᠦᠯᠬᠦ ᠪᠠᠶᠢᠭᠤᠯᠣᠯ ᠤᠨ ᠥᠭᠡᠷᠡᠴᠢᠯᠡᠯᠲᠡ ᠶᠢ ᠲᠣᠭᠲᠠᠭᠤᠨ ᠠᠬᠢᠭᠤᠯᠵᠣ᠂ ᠬᠤᠲᠠ ᠎ ᠶᠢᠨ ᠬᠠᠮᠢᠶᠠᠷᠣᠯᠲᠠ ᠶᠢᠨ ᠴᠢᠳᠠᠪᠬᠢ ᠶᠢ ᠲᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠣᠳᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠨ ᠲᠠᠩᠰᠠᠯᠠᠵᠣ ᠦᠨᠡᠮᠯᠡᠯ ᠥᠭᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠥᠮᠴᠢᠯᠡᠯ ᠤᠨ ᠡᠷᠬᠡ᠂ ᠲᠠᠭᠠᠭᠠᠴᠢᠯᠠᠯ ᠤᠨ ᠡᠷᠬᠡ᠂ ᠡᠵᠡᠩᠨᠡᠯᠲᠡ ᠶᠢᠨ ᠡᠷᠬᠡ ᠶᠢᠨ ︽ᠭᠤᠷᠪᠠᠨ ᠡᠷᠬᠡ ᠶᠢ ᠬᠤᠪᠢᠶᠠᠨ ᠪᠠᠶᠢᠷᠢᠯᠠᠭᠤᠯᠬᠤ︾᠎ ᠶᠢ ᠶᠠᠪᠣᠭᠳᠠᠭᠤᠯᠣᠨ᠂ ᠡᠵᠡᠩᠨᠡᠯᠲᠡ ᠶᠢᠨ ᠡᠷᠬᠡ ᠶᠢᠨ ᠡᠮᠬᠢ ᠲᠢᠭᠯᠢᠮ ᠲᠠᠢ ᠰᠢᠯᠵᠢᠯᠲᠡ ᠶᠢ ᠠᠬᠢᠭᠤᠯᠣᠨ᠎ᠠ᠃ ᠣᠯᠣᠰ ᠤᠨ ᠥᠮᠴᠢᠯᠡᠯᠳᠦ ᠣᠢ ᠰᠢᠭᠤᠢ ᠶᠢᠨ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠮᠳᠣ ᠶᠢᠨ ᠣᠢ ᠰᠢᠭᠤᠢ ᠶᠢᠨ ᠡᠷᠬᠡ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠤ ᠲᠡᠷᠭᠡ ᠶᠢᠨ ᠥᠭᠡᠷᠡᠴᠢᠯᠡᠯᠲᠡ ᠎ ᠶᠢ ᠪᠡᠶᠡᠯᠡᠭᠦᠯᠵᠦ᠂ ᠪᠦᠬᠦ ᠬᠤᠲᠠ ᠶᠢᠨ ᠶᠡᠷᠦᠩᠬᠡᠶᠢᠯᠡᠨ ᠬᠠᠣᠯᠢ ᠬᠡᠷᠡᠭᠵᠢᠭᠦᠯᠬᠦ ᠲᠡᠷᠭᠡᠨ ᠤ ᠬᠠᠮᠢᠶᠠᠷᠣᠯᠲᠠ ᠶᠢᠨ ᠲᠠᠪᠴᠠᠩ ᠢ ᠪᠠᠶᠢᠭᠤᠯᠵᠣ᠂ ᠶᠡᠷᠦᠩᠬᠡᠶᠢᠯᠡᠭᠰᠡᠨ ᠬᠠᠣᠯᠢ  ᠬᠡᠷᠡᠭᠵᠢᠭᠦᠯᠬᠦ ᠲᠡᠷᠭᠡᠨ ᠤ ᠪᠠᠳᠣᠯᠠᠭᠠᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠣᠷᠭᠠᠨ ᠬᠥᠮᠦᠵᠢᠯ᠂ ᠡᠮ ᠡᠮᠴᠢᠯᠡᠭᠡ᠂ ᠰᠣᠶᠣᠯ᠂ ᠲᠠᠮᠢᠷ ᠵᠡᠷᠭᠡ ᠨᠡᠶᠢᠭᠡᠮ ᠤᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠲᠥᠯᠦᠪᠵᠢᠭᠦᠯᠦᠨ ᠠᠬᠢᠭᠤᠯᠵᠣ᠂ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ᠭᠠᠳᠠᠭᠠᠳᠣ ᠲᠠᠢ ᠰᠣᠯᠢᠯᠴᠠᠭ᠎ᠠ‌ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠣᠯᠣᠰ ᠤᠨ ︽ᠨᠢᠭᠡ ᠪᠦᠰᠡ ᠨᠢᠭᠡ ᠵᠠᠮ︾᠂ ᠲᠣᠮᠳᠠᠳᠣ ᠣᠷᠣᠰ ᠮᠣᠩᠭᠤᠯ ᠤᠨ ᠠᠵᠣ ᠠᠬᠤᠢ ᠶᠢᠨ ᠬᠤᠩᠬᠢᠯ᠂ ᠪᠡᠭᠡᠵᠢᠩ ᠲᠢᠶᠠᠨᠵᠢᠨ ᠡᠾᠧᠪᠧᠢ ᠵᠣᠬᠢᠴᠠᠯᠳᠣᠨ ᠬᠥᠭᠵᠢᠬᠦ᠂ ᠵᠡᠭᠦᠨ ᠬᠤᠶᠢᠳᠣ ᠣᠷᠣᠨ ᠢ ᠬᠦᠴᠦᠷᠬᠡᠭᠵᠢᠭᠦᠯᠬᠦ᠂ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠵᠡᠷᠭᠡ ᠬᠥᠭᠵᠢᠯᠲᠡ ᠶᠢᠨ ᠪᠠᠶᠢᠯᠳᠣᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠠᠭᠤᠰᠣᠯᠳᠣᠵᠣ᠂ ᠲᠡᠷᠢᠭᠦᠨ ᠤ ᠠᠵᠣ ᠦᠢᠯᠡᠰ ᠤᠨ ᠰᠢᠯᠵᠢᠯᠲᠡ ᠶᠢ ᠲᠢᠭᠯᠢᠮ ᠲᠠᠢ ᠵᠣᠯᠭᠠᠯᠳᠣᠭᠤᠯᠣᠨ᠂ ᠠᠵᠣ ᠦᠢᠯᠡᠰ ᠤᠨ ᠬᠡᠯᠪᠡᠷᠢ ᠎ ᠶᠢ ᠬᠤᠪᠢᠷᠠᠭᠤᠯᠵᠣ ᠲᠡᠰ ᠲᠡᠪᠰᠢᠭᠦᠯᠬᠦ ᠶᠢ ᠲᠠᠶᠢᠴᠢᠯᠠᠨ᠂ ᠵᠢᠯ ᠤᠨ ᠲᠣᠳᠣᠷ᠎ᠠ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠪᠡᠯᠡ ᠮᠥᠩᠭᠦ ᠶᠢ 115 ᠳ᠋ᠦᠩᠰᠢᠭᠤᠷ ᠲᠦᠭᠦᠷᠢᠭ ᠠᠴᠠ ᠲᠡᠭᠡᠭᠰᠢ ᠪᠠᠶᠢᠯᠭᠠᠨ᠎ᠠ᠃ ᠣᠮᠠᠷᠠᠰᠢ ᠨᠡᠭᠡᠭᠡᠯᠲᠡ ᠬᠢᠬᠦ ᠪᠠᠶᠢᠯᠳᠣᠬᠤ ᠪᠣᠳᠣᠯᠭ᠎ᠠ ᠶᠢ ᠢᠲᠡᠪᠬᠢᠲᠠᠢ ᠨᠠᠶᠢᠳᠠᠪᠣᠷᠢᠵᠢᠭᠤᠯᠣᠨ᠂ ᠮᠣᠩᠭᠤᠯ ᠣᠷᠣᠰ ᠲᠠᠢ ᠲᠠᠷᠢᠶᠠᠯᠠᠩ ᠮᠠᠯ ᠠᠵᠣ ᠠᠬᠤᠢ᠂ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠵᠡᠷᠭᠡ ᠣᠯᠠᠨ ᠬᠦᠷᠢᠶ᠎ᠡ ᠴᠠᠷᠠᠭᠠᠨ ᠎ ᠤ  ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠦᠨ᠂ ᠭᠠᠳᠠᠭᠠᠳᠣ ᠠᠷᠠᠯᠵᠢᠶᠠᠨ ᠤ ᠠᠵᠣ ᠠᠬᠤᠶᠢᠯᠠᠯ ᠤᠨ ᠣᠯᠠᠨ ᠠᠷᠭ᠎ᠠ ᠵᠠᠮ ᠢᠶᠠᠷ ᠡᠯ᠎ᠡ ᠵᠦᠢᠯ ᠤᠨ ᠦᠵᠡᠭᠦᠯᠦᠯᠭᠡ ᠳᠤ ᠣᠷᠣᠯᠴᠠᠬᠤ ᠶᠢ ᠬᠥᠳᠦᠯᠦᠨ ᠵᠢᠯᠣᠭᠤᠳᠴᠣ᠂  ᠭᠠᠳᠠᠭᠠᠳᠣ ᠳᠤ ᠭᠠᠷᠭᠠᠬᠤ ᠶᠢ ᠥᠷᠭᠡᠳᠬᠡᠨ᠎ᠡ᠃ ᠠᠭᠠᠷ ᠤᠨ ᠠᠶᠠᠯᠠᠯ ᠤᠨ ᠪᠣᠭᠤᠮᠳᠠ ᠶᠢ ᠲᠦᠷ ᠨᠡᠭᠡᠭᠡᠬᠦ ᠪᠠ ᠰᠢᠯᠢ ᠶᠢᠨ ᠭᠤᠣᠯ ᠤᠨ ︽ᠨᠢᠭᠡ ᠪᠣᠭᠤᠮᠲᠠ ᠬᠤᠶᠠᠷ ᠪᠠᠶᠢᠴᠠᠭᠠᠯᠲᠠ︾᠎ ᠶᠢᠨ ᠠᠵᠢᠯ ᠢ ᠲᠦᠷᠭᠡᠳᠬᠡᠨ᠂  ᠭᠠᠳᠠᠭᠠᠳᠣ ᠲᠠᠢ ᠬᠠᠷᠢᠯᠴᠠᠨ ᠨᠡᠪᠲᠡᠷᠡᠯᠴᠡᠬᠦ ᠶᠢ ᠡᠷᠲᠡ ᠨᠢᠭᠡᠨ ᠡᠳᠦᠷ ᠪᠡᠶᠡᠯᠡᠭᠦᠯᠦᠨ᠎ᠡ᠃ ᠪᠣᠭᠤᠮᠳᠠ ᠳᠤ ᠬᠦᠷᠬᠦ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠲᠣᠣᠷ ᠤᠨ ᠪᠦᠳᠦᠭᠡᠨ ᠪᠠᠶᠢᠭᠤᠯᠣᠯᠲᠠ ᠶᠢᠨ ᠠᠵᠠ ᠲᠣᠬᠢᠶᠠᠯ ᠢ ᠭᠦᠢᠴᠡᠳ ᠠᠰᠢᠭᠯᠠᠨ᠂ ᠪᠣᠬᠢᠷᠳᠣᠯ ᠦᠭᠡᠢ ᠮᠠᠯ ᠤᠨ ᠪᠦᠳᠦᠬᠡᠭᠳᠡᠭᠦᠨ ᠢ ᠡᠳ᠋ᠰᠢᠭᠦᠯᠵᠦ ᠪᠣᠯᠪᠠᠰᠣᠷᠠᠭᠤᠯᠣᠨ ᠭᠠᠳᠠᠭᠰᠢ ᠭᠠᠷᠭᠠᠬᠤ᠂ ᠡᠷᠡᠭᠦᠯ ᠨᠠᠰᠣᠵᠢᠯ᠂ ᠰᠡᠯᠡᠭᠦᠴᠡᠨ ᠠᠮᠠᠷᠠᠬᠤ ᠵᠡᠷᠭᠡ ᠠᠵᠣ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠣ᠂ ᠨᠡᠭᠡᠭᠡᠯᠲᠡ ᠬᠢᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃                 ︵ᠶᠢᠰᠦ︶ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠬᠦᠴᠦᠯᠡᠨ ᠬᠠᠮᠠᠭᠠᠯᠠᠨ᠎ᠠ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭᠠᠳᠣ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠠᠶᠣᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠴᠢᠳᠠᠪᠣᠷᠢ ᠪᠣᠯᠣᠨ ᠰᠣᠷᠠᠭ ᠵᠠᠩᠬᠢᠴᠢᠯᠠᠭᠰᠠᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠥᠷᠦᠯ ᠤᠨ ᠬᠦᠷᠢᠶ᠎ᠡ ᠴᠠᠷᠠᠭᠠᠨ ᠤ ᠠᠮᠣᠷ ᠲᠦᠪᠰᠢᠨ ᠤ ᠭᠡᠮ ᠰᠣᠭᠤᠭ ᠎ ᠢ ᠪᠠᠶᠢᠴᠠᠭᠠᠵᠣ ᠵᠠᠰᠠᠨ ᠴᠡᠭᠴᠡᠯᠡᠬᠦ ᠶᠢ ᠰᠠᠶᠢᠳᠣᠷ ᠠᠳᠬᠤᠨ᠂ ᠡᠯ᠎ᠡ ᠵᠦᠢᠯ ᠤᠨ ᠠᠮᠣᠷ ᠲᠦᠪᠰᠢᠨ ᠤ ᠬᠡᠷᠡᠭ ᠡᠭᠦᠰᠬᠦ ᠎ ᠶᠢ ᠴᠢᠩᠭ᠎ᠠ ᠰᠡᠷᠭᠡᠶᠢᠯᠡᠨ᠎ᠡ᠃ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠣᠷᠢᠵᠢᠭᠤᠯᠣᠨ᠂ ᠢᠲᠡᠭᠡᠨ ᠂ ᠡᠮ᠂ ᠲᠠᠷᠢᠶᠠᠯᠠᠩ ᠮᠠᠯ ᠤᠨ ᠪᠦᠳᠦᠬᠡᠭᠳᠡᠭᠦᠨ ᠵᠡᠷᠭᠡ ᠭᠤᠣᠯᠳᠠᠯᠭ᠎ᠠ ᠲᠠᠢ ᠲᠠᠸᠠᠷ ᠤᠨ ᠶᠠᠰᠣ ᠴᠢᠨᠠᠷ ᠢ ᠬᠢᠨᠠᠨ ᠬᠠᠮᠢᠶᠠᠷᠬᠤ ᠶᠢ ᠴᠢᠩᠭᠠᠳᠬᠠᠵᠣ᠂ ᠣᠯᠠᠨ ᠲᠦᠮᠡᠨ ᠤ ᠢᠲᠡᠭᠡᠨ ᠣᠮᠳᠠᠭᠠᠨ ᠤ ᠠᠮᠣᠷ ᠲᠦᠪᠰᠢᠨ ᠢ ᠪᠠᠳᠣᠯᠠᠨ᠎ᠠ᠃ ᠨᠡᠶᠢᠭᠡᠮ ᠤᠨ ᠵᠦᠷᠢᠴᠡᠯ ᠢ ᠭᠦᠨᠵᠡᠭᠡᠢ ᠪᠠᠶᠢᠴᠠᠭᠠᠨ᠂ ᠣᠯᠠᠨ ᠲᠦᠮᠡᠨ ᠤ ᠵᠦᠢ ᠵᠣᠬᠢᠰᠲᠠᠢ ᠭᠤᠶᠣᠳᠠᠯ ᠢ ᠴᠠᠭ ᠲᠣᠬᠠᠢ ᠎ ᠳᠤᠨᠢ ᠰᠢᠢᠳᠪᠦᠷᠢᠯᠡᠵᠦ᠂ ᠵᠠᠬᠢᠳᠠᠯ ᠰᠣᠷᠪᠣᠯᠵᠢᠯᠠᠭ᠎ᠠ ᠶᠢᠨ ᠰᠢᠢᠳᠪᠦᠷᠢᠯᠡᠭᠡᠳᠦᠢ ᠶᠠᠪᠣᠳᠠᠯ ᠢ ᠪᠦᠳᠦᠮᠵᠢᠲᠠᠢ ᠡᠶᠡᠳᠡᠭᠦᠯᠦᠨ᠎ᠡ᠃ ᠨᠡᠶᠢᠭᠡᠮ ᠤᠨ ᠠᠮᠣᠷ ᠢ ᠬᠠᠮᠠᠭᠠᠯᠠᠬᠤ ᠶᠢ ᠰᠡᠷᠭᠡᠶᠢᠯᠡᠨ ᠡᠵᠡᠮᠰᠢᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠣᠷᠭᠠᠨ ᠬᠥᠮᠦᠵᠢᠯ ᠪᠣᠯᠣᠨ ᠴᠣᠭᠴᠠᠯᠠᠨ ᠪᠠᠶᠢᠭᠤᠯᠬᠤ ᠠᠵᠢᠯᠯᠠᠭ᠎ᠠ ᠎ ᠶᠢ ᠭᠦᠨᠵᠡᠭᠡᠢ ᠦᠷᠨᠢᠭᠦᠯᠵᠦ᠂ ᠬᠤᠲᠠ ᠶᠢᠨ ᠦᠨᠳᠦᠰᠦᠲᠡᠨ ᠤ ᠠᠵᠢᠯ ᠢ ᠪᠠᠳᠣᠲᠠᠢ ᠰᠠᠶᠢᠳᠣᠷ ᠬᠢᠨ᠎ᠡ᠃ ᠱᠠᠰᠢᠨ ᠰᠣᠷᠲᠠᠬᠤᠨ ᠤ ᠬᠡᠷᠡᠭ ᠶᠠᠪᠣᠳᠠᠯ ᠢ ᠬᠠᠣᠯᠢ ᠶᠣᠰᠣᠭᠠᠷ ᠬᠠᠮᠢᠶᠠᠷᠴᠣ᠂ ᠱᠠᠰᠢᠨ ᠰᠣᠷᠲᠠᠬᠤᠨ ᠤ ᠬᠢᠨ ᠪᠠ ᠱᠠᠰᠢᠨ ᠰᠢᠳᠦᠭᠴᠢᠳ ᠤᠨ ᠠᠵᠣ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠣᠮᠳᠠᠬᠢ ᠢᠲᠡᠪᠬᠢᠲᠠᠢ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠨᠡᠶᠢᠭᠡᠮ ᠤᠨ ᠣᠷᠢᠳᠴᠢᠯᠠᠨ ᠰᠡᠷᠭᠡᠶᠢᠯᠡᠬᠦ ᠰᠢᠰᠲ᠋ᠧᠮ ᠪᠠ ᠪᠠᠴᠢᠮ ᠢ ᠠᠷᠭᠠᠴᠠᠭᠠᠬᠤ ᠲᠣᠭᠲᠠᠴᠠ ᠶᠢ ᠪᠦᠷᠢᠨᠰᠢᠭᠦᠯᠦᠨ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠶᠠᠪᠣᠳᠠᠯ ᠢ ᠠᠷᠭᠠᠴᠠᠭᠠᠬᠤ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠴᠢᠳᠠᠪᠣᠷᠢ ᠶᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠨ᠂ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠬᠢ ᠎ ᠶᠢ ᠲᠡᠭᠦᠯᠳᠡᠷᠵᠢᠭᠦᠯᠦᠨ᠂ ᠦᠨᠳᠦᠰᠦᠨ ᠱᠠᠳᠣᠨ ᠤ ᠰᠠᠭᠤᠷᠢ ᠶᠢ ᠪᠠᠬᠢᠵᠢᠭᠦᠯᠦᠨ᠎ᠡ᠃               ︵ᠠᠷᠪᠠ︶ ᠵᠠᠰᠠᠭ ᠤᠨ ᠣᠷᠳᠣᠨ ᠤ ᠪᠦᠳᠦᠭᠡᠨ ᠪᠠᠶᠢᠭᠤᠯᠣᠯᠲᠠ ᠶᠢ ᠬᠦᠴᠦᠯᠡᠨ ᠠᠬᠢᠭᠤᠯᠣᠨ᠎ᠠ᠃ ᠣᠳᠣᠬᠠᠨ ᠮᠠᠨ ᠤ ᠬᠤᠲᠠ ᠨᠢ ᠶᠠᠭ ᠰᠠᠶᠢᠬᠠᠨ ᠬᠦᠴᠢᠷ ᠪᠡᠷᠬᠡ ᠶᠢ ᠢᠯᠠᠨ ᠲᠠᠪᠠᠵᠣ᠂ ᠬᠡᠯᠪᠡᠷᠢ ᠶᠢ ᠬᠤᠪᠢᠷᠠᠭᠤᠯᠣᠨ ᠬᠥᠭᠵᠢᠭᠦᠯᠬᠦ ᠵᠠᠩᠬᠢᠯᠠᠭ᠎ᠠ ᠶᠢᠨ ᠬᠤᠭᠤᠴᠠᠭᠠᠨ ᠳᠤ ᠣᠷᠣᠰᠢᠵᠣ᠂ ᠪᠢᠲᠡ ᠡᠷᠬᠡᠪᠰᠢ ᠥᠪᠡᠷ ᠤᠨ ᠪᠡᠶ᠎ᠡ ᠳᠡᠭᠡᠨ ᠲᠠᠷᠣᠯᠲᠠ ᠥᠭᠴᠦ᠂ ᠢᠲᠡᠪᠬᠢᠲᠠᠢ ᠠᠵᠢᠯᠯᠠᠵᠣ᠂  ᠲᠣᠰ ᠪᠡᠶ᠎ᠡ ᠶᠢᠨ ᠪᠦᠳᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠦᠨᠡᠨᠴᠢ ᠰᠢᠳᠣᠷᠭᠤ ᠪᠠᠶᠢᠵᠣ ᠵᠣᠷᠢᠭᠲᠠᠢ ᠪᠠᠷ ᠡᠭᠦᠷᠭᠡᠯᠡᠨ᠂ ᠥᠨᠳᠦᠷ ᠪᠦᠳᠦᠮᠵᠢᠲᠠᠢ ᠲᠦᠷᠢᠮᠵᠢᠭᠦᠯᠦᠨ᠂ ᠪᠣᠳᠠᠲᠠᠢ ᠶᠢ  ᠡᠷᠬᠢᠮᠯᠡᠵᠦ  ᠠᠷᠢᠭᠤᠨ ᠴᠢᠭᠴᠢ ᠪᠠᠶᠢᠬᠤ ᠰᠠᠶᠢᠨ ᠰᠠᠶᠢᠬᠠᠨ ᠲᠦᠷᠢ ᠲᠦᠷᠬᠦ ᠶᠢ ᠪᠣᠢ ᠪᠣᠯᠭᠠᠨ᠎ᠠ᠃           ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠠᠬᠢᠭᠤᠯᠣᠨ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠎ ᠢ ᠪᠠᠶᠢᠭᠤᠯᠣᠨ᠎ᠠ᠃ ᠵᠠᠰᠠᠭ ᠤᠨ ᠣᠷᠳᠣᠨ ᠤ ᠠᠵᠢᠯ ᠢ ᠪᠦᠬᠦᠨ ᠢ ᠬᠠᠣᠯᠢ ᠪᠠᠷ ᠵᠠᠰᠠᠬᠤ ᠵᠠᠮ ᠳᠤ ᠣᠷᠣᠭᠤᠯᠵᠣ᠂ ᠬᠠᠣᠯᠢ ᠠᠴᠠ ᠲᠣᠭᠲᠠᠭᠠᠭᠰᠠᠨ ᠡᠷᠬᠡ ᠪᠠ ᠶᠠᠪᠣᠴᠠ ᠶᠣᠰᠣᠭᠠᠷ ᠡᠷᠬᠡ ᠪᠠᠨ ᠬᠡᠷᠡᠭᠵᠢᠭᠦᠯᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠳᠠᠯᠠᠨ᠂ ᠬᠠᠣᠯᠢ ᠪᠠᠷ ᠵᠠᠰᠠᠬᠤ ᠰᠡᠳᠬᠢᠴᠡ ᠪᠣᠯᠣᠨ ᠬᠠᠣᠯᠢ ᠪᠠᠷ ᠵᠠᠰᠠᠬᠤ ᠠᠷᠭ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠦᠷᠢᠴᠡᠯ ᠢ ᠡᠶᠡᠳᠡᠭᠦᠯᠵᠦ᠂ ᠬᠥᠭᠵᠢᠯᠲᠡ ᠶᠢ ᠠᠬᠢᠭᠤᠯᠣᠨ᠎ᠠ᠃ ᠠᠷᠭ᠎ᠠ ᠪᠣᠳᠣᠯᠭ᠎ᠠ ᠶᠢᠨ ᠠᠰᠠᠭᠤᠨ ᠯᠠᠪᠯᠠᠯᠲᠠ ᠪᠠ ᠵᠠᠰᠠᠭ ᠤᠨ ᠣᠷᠳᠣᠨ ᠤ ᠬᠠᠣᠯᠢ ᠶᠢᠨ ᠵᠦᠪᠯᠡᠭᠴᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠴᠢᠬᠤᠯᠠ ᠶᠡᠭᠡ ᠠᠷᠭ᠎ᠠ ᠪᠣᠳᠣᠯᠭ᠎ᠠ ᠲᠣᠭᠳᠠᠭᠠᠬᠤ ᠶᠠᠪᠣᠴᠠ ᠶᠢ ᠪᠦᠷᠢᠨᠰᠢᠭᠦᠯᠦᠨ᠂ ᠰᠢᠨᠵᠢᠯᠡᠬᠦ ᠣᠬᠠᠭᠠᠨᠴᠢ ᠬᠠᠣᠯᠢ ᠶᠣᠰᠣᠭᠠᠷ ᠠᠷᠭ᠎ᠠ ᠪᠣᠳᠣᠯᠭ᠎ᠠ ᠲᠣᠭᠳᠠᠭᠠᠬᠤ ᠶᠢ ᠠᠬᠢᠭᠤᠯᠣᠨ᠎ᠠ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠲᠠ᠂ ᠣᠯᠣᠰ ᠲᠥᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠬᠦᠯᠢᠶᠡᠨ᠂ ᠬᠠᠣᠯᠢ ᠴᠠᠭᠠᠵᠠ ᠶᠢᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠣᠯᠠᠨ ᠲᠦᠮᠡᠨ ᠤ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠠᠰᠠᠭ ᠢ ᠢᠯᠡ ᠪᠠᠶᠢᠯᠭᠠᠬᠤ ᠶᠢ ᠭᠦᠨᠵᠡᠭᠡᠢ ᠠᠬᠢᠭᠤᠯᠵᠣ᠂ ᠡᠷᠬᠡ ᠶᠢᠨ ᠬᠡᠷᠡᠭᠵᠢᠭᠦᠯᠦᠯᠲᠡ ᠶᠢ ᠢᠯᠡ ᠪᠣᠯᠭᠠᠨ᠎ᠠ᠃ ︽ᠲᠣᠯᠣᠳᠣᠭᠠᠷ ᠲᠠᠪᠣᠨ ᠵᠢᠯ ᠤᠨ︾ ᠬᠠᠣᠯᠢ ᠲᠥᠭᠡᠮᠡᠯᠵᠢᠭᠦᠯᠦᠯᠲᠡ ᠶᠢ ᠴᠢᠩᠭᠠᠳᠬᠠᠨ᠂ ᠬᠠᠣᠯᠢ ᠰᠣᠷᠬᠤ ᠬᠠᠣᠯᠢ ᠶᠢ ᠰᠠᠬᠢᠬᠤ ᠬᠠᠣᠯᠢ ᠬᠡᠷᠡᠭᠵᠢᠭᠦᠯᠬᠦ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃             ᠠᠷᠠᠳ ᠤᠨ ᠲᠥᠯᠦᠭᠡ ᠰᠢᠷᠭᠠᠭᠤ ᠠᠵᠢᠯᠯᠠᠵᠣ᠂ ᠪᠣᠲᠠᠲᠠᠢ ᠶᠢ ᠡᠷᠬᠢᠮᠯᠡᠬᠦ ᠵᠠᠰᠠᠭ ᠤᠨ ᠣᠷᠳᠣᠨ ᠢ ᠪᠠᠶᠢᠭᠤᠯᠣᠨ᠎ᠠ᠃ ᠣᠯᠠᠨ ᠲᠦᠮᠡᠨ ᠤ ᠠᠰᠢᠭ ᠲᠣᠰᠠ ᠶᠢ ᠬᠠᠮᠠᠭᠠᠯᠠᠬᠤ ᠶᠢ ᠵᠠᠰᠠᠭ ᠤᠨ ᠣᠷᠳᠣᠨ ᠤ ᠭᠠᠷᠳᠠᠴᠠ ᠪᠠ ᠵᠣᠭᠰᠣᠴᠠ  ᠪᠣᠯᠭᠠᠨ᠂ ᠣᠯᠠᠨ ᠲᠦᠮᠡᠨ ᠳᠤ ᠬᠠᠶᠢᠷ᠎ᠠ ᠬᠠᠯᠠᠮᠵᠢ᠂ ᠪᠣᠶᠠᠨ ᠭᠡᠰᠢᠭ ᠬᠦᠷᠲᠡᠭᠡᠨ᠎ᠡ᠃ ᠣᠯᠠᠨ ᠲᠦᠮᠡᠨ ᠎ ᠤ ᠭᠤᠮᠣᠳᠠᠯ ᠲᠣᠭᠠᠴᠠᠬᠤ ᠠᠷᠭ᠎ᠠ ᠵᠠᠮ ᠢ ᠰᠢᠯᠣᠭᠤᠳᠬᠠᠨ᠂ ᠣᠳᠣᠷᠢᠳᠣᠯᠭ᠎ᠠ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠵᠠᠬᠢᠳᠠᠯ ᠰᠣᠷᠪᠣᠯᠵᠢᠯᠠᠭ᠎ᠠ ᠬᠦᠯᠢᠶᠡᠬᠦ᠂ ᠲᠣᠭᠳᠠᠭᠰᠠ ᠬᠤᠭᠤᠴᠠᠭᠠᠨ ᠳᠤ ᠦᠨᠳᠦᠰᠦᠨ ᠱᠠᠳᠣᠨ ᠳᠤ ᠪᠠᠭᠤᠵᠣ ᠵᠠᠬᠢᠳᠠᠯ ᠰᠣᠷᠪᠣᠯᠵᠢᠯᠠᠭ᠎ᠠ ᠬᠢᠬᠦ ᠲᠦᠷᠢᠮ ᠢ ᠨᠠᠶᠢᠳᠠᠪᠣᠷᠢᠵᠢᠭᠤᠯᠣᠨ᠂ ᠬᠤᠲᠠ ᠶᠢᠨ ᠲᠠᠷᠤᠭ᠎ᠠ ᠶᠢᠨ ᠬᠠᠯᠠᠮᠰᠢᠯ ᠣᠳᠠᠰᠣ᠂ ᠬᠤᠲᠠ ᠶᠢᠨ ᠲᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠵᠠᠰᠠᠭ ᠤᠨ ᠣᠷᠳᠣᠨ ᠤ ᠰᠦᠯᠵᠢᠶ᠎ᠡ ᠪᠣᠯᠣᠨ ︽ᠠᠵᠢᠯ ᠲᠥᠷᠦᠯ ᠤᠨ ᠬᠢᠨ ᠤ ᠬᠠᠯᠠᠮᠰᠢᠯ ᠣᠳᠠᠰᠣ︾᠎ ᠢ ᠰᠠᠶᠢᠳᠣᠷ ᠡᠷᠬᠢᠯᠡᠵᠦ᠂ ᠣᠯᠠᠨ ᠲᠦᠮᠡᠨ ᠤ ᠵᠦᠢ ᠵᠣᠬᠢᠰᠲᠠᠢ ᠭᠤᠶᠣᠳᠠᠯ ᠢ ᠬᠠᠮᠤᠭ ᠲᠡᠷᠢᠭᠦᠨ ᠳᠤ ᠮᠡᠳᠡᠵᠦ ᠬᠠᠮᠤᠭ ᠬᠤᠷᠳᠣᠨ ᠢᠶᠠᠷ ᠬᠠᠷᠢᠭᠤᠯᠲᠠ ᠥᠭᠴᠦ᠂ ᠬᠠᠮᠤᠭ ᠣᠬᠤᠷᠬᠠᠨ ᠴᠠᠭ ᠬᠤᠭᠤᠴᠠᠭᠠᠨ ᠳᠤ ᠰᠢᠢᠳᠪᠦᠷᠢᠯᠡᠬᠦ ᠶᠢ ᠪᠠᠳᠣᠯᠠᠨ᠎ᠠ᠃ ᠵᠦᠪ ᠣᠨᠣᠪᠴᠢᠲᠠᠢ ᠵᠠᠰᠠᠭ ᠤᠨ ᠠᠵᠢᠯ ᠤᠨ ᠪᠦᠳᠦᠮᠵᠢ ᠎ ᠶᠢᠨ ᠦᠵᠡᠯᠲᠡ ᠶᠢ ᠪᠣᠢ ᠪᠣᠯᠭᠠᠨ᠂ ᠶᠠᠰᠣ ᠴᠢᠨᠠᠷ ᠦᠷ᠎ᠡ ᠠᠰᠢᠭ ᠲᠤ ᠠᠩᠬᠠᠷᠣᠯ ᠢᠶᠠᠨ ᠲᠦᠪᠯᠡᠷᠡᠭᠦᠯᠵᠦ᠂ ᠢᠷᠡᠭᠡᠳᠦᠢ ᠶᠢᠨ ᠬᠥᠭᠵᠢᠯᠲᠡ ᠳᠤ ᠠᠩᠬᠠᠷᠣᠯ ᠢᠶᠠᠨ ᠬᠠᠨᠳᠣᠭᠤᠯᠵᠣ᠂ ᠦᠨᠳᠦᠰᠦᠨ ᠱᠠᠳᠣᠨ ᠤ ᠰᠠᠭᠤᠷᠢ ᠶᠢ  ᠪᠠᠳᠣᠵᠢᠭᠤᠯᠣᠨ᠎ᠠ᠃             ᠰᠠᠬᠢᠯᠭ᠎ᠠ ᠪᠠᠳᠣ ᠶᠣᠰᠣ ᠲᠦᠷᠢᠮ ᠢ ᠴᠢᠩᠭ᠎ᠠ ᠰᠠᠬᠢᠨ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠣᠨ᠎ᠠ᠃ ︽ᠲᠦᠷᠪᠡᠨ ᠣᠬᠠᠮᠰᠠᠷ︾᠎ ᠢ ᠴᠢᠩᠭᠠᠳᠬᠠᠨ᠂ ᠰᠠᠬᠢᠯᠭ᠎ᠠ ᠪᠠᠳᠣ ᠶᠣᠰᠣ ᠲᠦᠷᠢᠮ ᠢ ᠣᠬᠠᠮᠰᠠᠷ ᠎ ᠠᠴᠠ ᠪᠠᠨ ᠰᠠᠬᠢᠨ᠎ᠠ᠃ ᠨᠠᠮ ᠤᠨ ᠰᠣᠷᠳᠠᠯ ᠴᠢᠭᠡᠴᠢ ᠵᠠᠰᠠᠭ ᠢ ᠪᠦᠳᠦᠭᠡᠨ ᠪᠠᠶᠢᠭᠤᠯᠬᠤ ᠬᠠᠷᠢᠭᠤᠴᠠᠯᠭᠠᠳᠣ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠢᠯᠵᠡᠷᠡᠨ ᠲᠣᠷᠣᠶᠢᠳᠠᠬᠤ ᠶᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠣᠯᠲᠠ ᠎ ᠶᠢ  ᠵᠠᠯᠬᠠᠭᠠᠨ ᠰᠢᠳᠬᠡᠬᠦ ᠶᠢ ᠪᠠᠳᠣᠲᠠᠢ ᠠᠬᠢᠭᠤᠯᠵᠣ᠂ ᠢᠨᠵᠧᠨᠧᠷᠢᠩ ᠤᠨ ᠪᠦᠳᠦᠭᠡᠨ ᠪᠠᠶᠢᠭᠤᠯᠣᠯᠲᠠ᠂ ᠨᠣᠷᠠᠭᠠᠨ ᠨᠡᠭᠦᠯᠭᠡᠵᠦ ᠲᠦᠪᠬᠢᠨᠡᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠬᠢᠯᠠᠭ᠎ᠠ ᠶᠢᠨ ᠭᠤᠭᠴᠣᠭᠠᠨ ᠤ ᠴᠢᠭᠡᠴᠢ ᠵᠠᠰᠠᠭ ᠤᠨ ᠠᠶᠣᠯ ᠲᠦᠭᠰᠢᠭᠦᠷᠢ ᠶᠢ ᠰᠡᠷᠭᠡᠶᠢᠯᠡᠨ‌ᠡᠵᠡᠮᠰᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠵᠠᠰᠠᠭ ᠤᠨ ᠣᠷᠳᠣᠨ ᠠᠷᠪᠢᠯᠠᠨ ᠭᠠᠮᠨᠠᠵᠣ ᠠᠷᠪᠢᠯᠠᠨ᠂ ᠣᠯᠠᠨ ᠲᠦᠮᠡᠨ ᠵᠣᠯ ᠵᠢᠷᠭᠠᠯᠲᠠᠢ ᠠᠮᠢᠳᠣᠷᠠᠬᠤ︾ ᠣᠶᠢᠯᠠᠭᠠᠭᠳᠠᠬᠤᠨ ᠢ ᠪᠠᠳᠣᠵᠢᠭᠤᠯᠣᠨ᠂ ᠲᠦᠪ ᠤᠨ ︽ᠨᠠᠢᠮᠠᠨ ᠲᠣᠭᠲᠠᠭᠠᠯ︾᠎ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠠᠯᠪᠠᠨ ᠤ ᠭᠤᠷᠪᠠᠨ︾ ᠵᠠᠷᠣᠳᠠᠯ ᠢ ᠴᠢᠩᠭ᠎ᠠ ᠡᠵᠡᠮᠰᠢᠨ᠎ᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠬᠠᠣᠯᠢ ᠴᠠᠭᠠᠵᠠ ᠰᠠᠬᠢᠯᠭ᠎ᠠ ᠪᠠᠳᠣ ᠶᠢ ᠵᠦᠷᠢᠴᠡᠭᠰᠡᠨ ᠶᠠᠪᠣᠳᠠᠯ ᠢ ᠴᠢᠩᠭ᠎ᠠ ᠪᠠᠶᠢᠴᠠᠭᠠᠨ ᠰᠢᠳᠬᠡᠵᠦ᠂ ᠲᠦᠪ ᠭᠤᠣᠯᠴᠢ ᠰᠣᠷᠳᠠᠯ ᠲᠠᠢ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠳᠣᠷ ᠬᠠᠮᠠᠭᠠᠯᠠᠨ᠎ᠠ᠃            ᠲᠥᠯᠦᠭᠡᠯᠡᠭᠴᠢᠳ ᠡ᠂ ᠠᠷᠠᠳ ᠲᠦᠮᠡᠨ ᠤ ᠵᠣᠯ ᠵᠢᠷᠭᠠᠯᠲᠠᠢ ᠠᠮᠢᠳᠣᠷᠠᠯ ᠤᠨ ᠬᠦᠰᠡᠯ ᠡᠷᠡᠮᠡᠯᠵᠡᠯᠡᠯ ᠪᠣᠯ ᠮᠠᠨ ᠤ ᠬᠥᠭᠡᠭᠡᠴᠡᠯᠳᠦᠯ ᠪᠣᠯᠣᠨ ᠬᠠᠷᠠᠯᠲᠠ ᠪᠣᠯᠣᠨ᠎ᠠ᠃ ᠪᠢᠲᠡ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠡᠷᠡᠰ ᠪᠠᠳᠣ ᠣᠳᠣᠷᠢᠳᠣᠯᠭ᠎ᠠ ᠲᠣᠣᠷ᠎ᠠ᠂ ᠬᠦᠴᠢᠷ ᠪᠡᠷᠬᠡ ᠶᠢ ᠢᠯᠠᠨ ᠲᠠᠪᠠᠵᠣ᠂ ᠮᠡᠷᠡᠶᠢᠨ ᠲᠡᠮᠡᠴᠡᠵᠦ᠂ ᠪᠠᠶᠠᠨ ᠬᠦᠴᠦᠷᠬᠡᠭ ᠪᠣᠯᠪᠠᠰᠣᠨ ᠦᠵᠡᠰᠭᠦᠯᠡᠩᠳᠦ ᠰᠠᠶᠢᠬᠠᠨ ᠵᠣᠯ ᠵᠢᠷᠭᠠᠯᠳᠣ ᠰᠢᠯᠢ ᠎ ᠶᠢᠨ ᠬᠤᠲᠠ ᠶᠢ ᠲᠦᠷᠭᠡᠳᠬᠡᠨ ᠪᠠᠶᠢᠭᠤᠯᠵᠣ᠂ ᠰᠢᠯᠢᠳᠡᠭ ᠬᠢᠷᠢ ᠪᠦᠳᠦᠮᠵᠢ ᠪᠠᠷ ᠥᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠪᠠ ᠨᠠᠮ ᠤᠨ ᠠᠷᠪᠠᠨ ᠶᠢᠰᠦᠳᠦᠭᠡᠷ ᠬᠤᠷᠠᠯ ᠤᠨ ᠠᠮᠵᠢᠯᠲᠠᠲᠠᠢ  ᠬᠤᠷᠠᠯᠳᠣᠬᠤ ᠶᠢ ᠣᠭᠳᠣᠶ᠎ᠠ︕ ᠨᠡᠷᠡᠰ ᠦᠭᠡ ᠶᠢᠨ ᠲᠠᠶᠢᠯᠪᠤᠷᠢ             1. ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠥᠭᠡᠷᠡᠴᠢᠯᠡᠯᠳᠡ᠃ 2015 ᠣᠨ ᠤ 11 ᠰᠠᠷ᠎ᠠ ᠶᠢᠨ 10 ᠡᠳᠥᠷ᠂ ᠰᠢ ᠶᠢᠨ ᠫᠢᠩ ᠶᠡᠷᠥᠩᠬᠡᠢ ᠱᠦᠵᠢ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠳᠤᠭᠤᠶᠢᠯᠠᠩ ᠤᠨ 11 ᠤᠳᠠᠭᠠᠨ ᠤ ᠬᠤᠷᠠᠯ ᠢ ᠡᠷᠬᠢᠯᠠᠨ ᠬᠤᠷᠠᠯᠳᠤᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠥᠭᠡᠷᠡᠴᠢᠯᠡᠯᠳᠡ ᠶᠢᠨ ᠠᠵᠢᠯ ᠢ ᠳᠤᠷᠠᠳᠴᠤ᠂ ᠵᠣᠷᠢᠯᠭ᠎ᠠ ᠨᠢ ᠬᠠᠩᠭᠠᠯᠭ᠎ᠠ ᠎ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠴᠠ ᠭᠠᠷᠳᠠᠵᠤ᠂ ᠥᠭᠡᠷᠡᠴᠢᠯᠡᠯᠳᠡ ᠶᠢᠨ ᠠᠷᠭ᠎ᠠ ᠬᠡᠮᠵᠢᠶ᠎ᠡ ᠪᠠᠷ ᠪᠦᠳᠦᠴᠡ ᠶᠢᠨ ᠳᠣᠬᠢᠷᠠᠭᠤᠯᠤᠯᠳᠠ ᠶᠢ ᠳᠥᠯᠬᠢᠨ ᠠᠬᠢᠭᠤᠯᠵᠤ᠂ ᠭᠤᠤᠯ ᠡᠯᠧᠮᠧᠨ᠋ᠲ ᠤᠨ ᠲᠣᠬᠢᠷᠠᠭᠤᠯᠤᠯᠳᠠ ᠶᠢ ᠵᠠᠯᠠᠷᠠᠭᠤᠯᠵᠤ᠂ ᠦᠷ᠎ᠡ ᠠᠰᠢᠭᠲᠠᠢ ᠬᠠᠩᠭᠠᠯᠭ᠎ᠠ ᠶᠢ ᠥᠷᠭᠡᠳᠭᠡᠵᠦ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠴᠡᠭᠡᠨ ᠎ ᠤ ᠬᠤᠪᠢᠷᠠᠯᠳᠠ ᠲᠠᠢ ᠵᠣᠬᠢᠴᠠᠬᠤ ᠴᠢᠨᠠᠷ ᠪᠠ ᠤᠶᠠᠨ ᠬᠠᠳᠠᠨ ᠴᠢᠨᠠᠷ ᠢ ᠳᠡᠭᠡᠭᠰᠢᠯᠡᠭᠦᠯᠵᠦ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠡ ᠶᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃             2. ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ ᠨᠦᠬᠦᠪᠦᠷᠢᠯᠡᠬᠦ᠃ ᠰᠢ ᠶᠢᠨ ᠫᠢᠩ ᠶᠡᠷᠥᠩᠬᠡᠢ ᠱᠦᠵᠢ ᠶᠢᠨ ᠳᠤᠷᠠᠳᠤᠭᠰᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠥᠭᠡᠷᠡᠴᠢᠯᠡᠯᠳᠡ ᠎ ᠶᠢ ᠦᠨᠳᠦᠰᠦᠯᠠᠨ ᠳᠤᠷᠠᠳᠴᠠᠢ᠂ ᠦᠢᠯᠡᠳᠪᠦᠷᠢᠯᠡᠯ ᠤᠨ ᠴᠢᠳᠠᠪᠦᠷᠢ ᠶᠢ ᠪᠠᠭᠠᠰᠠᠬᠠᠬᠤ᠂ ᠨᠥᠭᠡᠴᠡ ᠶᠢ ᠪᠠᠭᠠᠰᠠᠬᠠᠬᠤ᠂ ᠬᠥᠰᠢᠭᠦᠷᠭᠡ ᠶᠢ ᠪᠠᠭᠠᠰᠠᠬᠠᠬᠤ᠂ ᠥᠪᠡᠷ ᠤᠨ ᠥᠷᠳᠡᠭ ᠢ ᠪᠠᠭᠤᠷᠠᠭᠤᠯᠬᠤ᠂  ᠳᠤᠳᠠᠭᠤᠳᠠᠯ ᠢ ᠨᠦᠬᠦᠪᠦᠷᠢᠯᠡᠬᠦ ᠵᠡᠷᠭᠡ ᠳᠠᠪᠤᠨ ᠶᠡᠭᠡ ᠡᠭᠦᠷᠭᠡ ᠶᠢ ᠪᠠᠭᠳᠠᠭᠠᠨ᠎ᠠ᠃             3. ᠪᠦᠬᠦᠶᠢᠯᠡ ᠣᠷᠣᠨ ᠪᠦᠰᠡ ᠶᠢᠨ ᠵᠢᠭᠤᠯᠴᠢᠯᠠᠯ᠃ ᠵᠣᠬᠢᠬᠤ ᠤᠷᠤᠨ ᠳᠤᠭᠤᠷᠢᠭ ᠲᠤ ᠵᠢᠭᠤᠯᠴᠢᠯᠠᠯ ᠤᠨ ᠦᠢᠯᠡᠰ ᠢᠶᠠᠷ ᠳᠠᠪᠠᠭᠤᠯᠢᠭ ᠠᠵᠦ ᠦᠢᠯᠡᠰ ᠪᠣᠯᠭᠠᠵᠤ᠂ ᠤᠷᠤᠨ ᠲᠤᠭᠤᠷᠢᠭ ᠲᠠᠬᠢ ᠵᠢᠭᠤᠯᠴᠢᠯᠠᠯ ᠎ ᠤᠨ ᠡᠳ᠋ ᠪᠠᠶᠠᠯᠢᠭ᠂ ᠬᠠᠮᠢᠶ᠎ᠠ ᠪᠦᠬᠦᠢ ᠠᠵᠦ ᠦᠢᠯᠡᠰ᠂ ᠠᠮᠢ ᠠᠬᠤᠢ ᠶᠢᠨ ᠤᠷᠴᠢᠨ ᠲᠤᠭᠤᠷᠢᠨ᠂ ᠣᠯᠠᠨ ᠨᠡᠶᠢᠳᠡ ᠎ ᠶᠢᠨ ᠦᠢᠯᠡᠴᠢᠯᠡᠭᠡ᠂ ᠰᠢᠰᠲ᠋ᠧᠮ ᠳᠤᠭᠳᠠᠯᠴᠠᠭ᠎ᠠ᠂ ᠲᠦᠷᠦ ᠶᠢᠨ ᠪᠣᠳᠤᠯᠭ᠎ᠠ ᠬᠠᠤᠯᠢ ᠳᠥᠷᠢᠮ᠂ ᠪᠣᠯᠪᠠᠰᠤᠨ ᠰᠤᠷᠳᠠᠬᠤᠨ ᠵᠡᠷᠭᠡ ᠳᠤ ᠪᠦᠬᠦ ᠲᠠᠯ᠎ᠠ ᠶᠢᠨ ᠰᠢᠰᠲ᠋ᠧᠮᠴᠢᠯᠡᠭᠰᠡᠨ ᠰᠢᠯᠢᠳᠡᠭᠵᠢᠬᠦᠯᠦᠯᠲᠡ ᠪᠠ ᠳᠡᠪᠰᠢᠭᠦᠯᠦᠯᠳᠡ ᠶᠠᠪᠤᠭᠤᠯᠬᠤ ᠪᠠᠷ ᠳᠠᠮᠵᠢᠵᠤ᠂ ᠡᠳ᠋ ᠪᠠᠶᠠᠯᠢᠭ ᠶᠢᠨ ᠤᠷᠭᠠᠨᠢᠭ ᠨᠢᠭᠡᠳᠦᠯ᠂ ᠠᠵᠤ ᠦᠢᠯᠡᠰ ᠤᠨ ᠠᠭᠤᠰᠣᠯᠴᠠᠯ ᠬᠥᠭᠵᠢᠯᠳᠡ᠂ ᠬᠠᠮᠲᠤᠪᠠᠷ ᠪᠠᠶᠢᠭᠤᠯᠵᠤ ᠬᠠᠮᠳᠤᠪᠠᠷ ᠡᠳ᠋ᠯᠡᠬᠦ ᠶᠢ ᠪᠡᠶᠡᠯᠡᠬᠦᠯᠵᠦ᠂ ᠵᠢᠭᠤᠯᠴᠢᠯᠠᠯ ᠤᠨ ᠦᠢᠯᠡᠰ ᠢᠶᠠᠷ ᠠᠵᠤ ᠠᠬᠤᠢ ᠨᠡᠶᠢᠭᠡᠮ ᠤᠨ ᠬᠥᠭᠵᠢᠯᠳᠠ ᠶᠢ ᠠᠬᠢᠭᠤᠯᠤᠨ᠎ᠠ᠃                  4. ᠲᠣᠮᠣ ᠲᠤᠭ᠎ᠠ ᠪᠠᠷᠢᠮᠳᠠ᠃ ᠰᠢᠨ᠎ᠡ ᠦᠶ᠎ᠡ ᠶᠢᠨ ᠰᠤᠷᠠᠭ ᠵᠠᠩᠭᠢ ᠶᠢᠨ ᠮᠡᠷᠭᠡᠵᠢᠯ ᠪᠠ ᠦᠢᠯᠡᠴᠢᠯᠡᠭᠡᠨ ᠤ ᠦᠢᠯᠡᠰ ᠤᠨ ᠬᠠᠨᠲᠣᠰᠢ ᠶᠢ ᠵᠢᠭᠠᠨ᠎ᠠ᠂ ᠭᠤᠤᠯ ᠨᠢ ᠳᠤᠭ᠎ᠠ ᠬᠡᠮᠵᠢᠶ᠎ᠡ ᠶᠡᠬᠡᠳᠠᠢ᠂ ᠢᠷᠡᠯᠳᠡ ᠲᠠᠷᠬᠠᠢ ᠪᠤᠳᠠᠷᠬᠠᠢ᠂ ᠬᠡᠯᠪᠡᠷᠢ ᠨᠢ ᠤᠯᠠᠨ ᠵᠦᠢᠯ ᠤᠨ ᠳᠤᠭ᠎ᠠ ᠪᠠᠷᠢᠮᠳᠠ ᠶᠢ ᠴᠤᠭᠯᠠᠭᠤᠯᠬᠤ᠂ ᠬᠠᠳᠠᠭᠠᠯᠡᠬᠤ ᠶᠢᠨ ᠬᠠᠮᠳᠤ ᠵᠠᠳᠠᠯᠤᠯᠳᠠ ᠬᠢᠵᠦ᠂ ᠳᠡᠭᠦᠨ ᠤ ᠳᠣᠲᠣᠷ᠎ᠠ ᠠᠴᠠ ᠰᠢᠨ᠎ᠡ ᠮᠡᠳᠡᠯᠭᠡ ᠶᠢ ᠮᠡᠳᠡᠵᠦ᠂ ᠰᠢᠨ᠎ᠡ ᠥᠷᠳᠡᠭ ᠢ ᠡᠭᠦᠳᠴᠦ᠂ ᠰᠢᠨ᠎ᠡ ᠴᠢᠳᠠᠪᠦᠷᠢ ᠶᠢ ᠳᠡᠭᠡᠭᠰᠢᠯᠡᠭᠦᠯᠦᠨ᠎ᠡ᠃                5. ᠳᠠᠯᠪᠢᠬᠤ ᠬᠠᠮᠢᠶᠠᠷᠬᠤ ᠦᠢᠯᠡᠴᠢᠯᠡᠬᠦ᠃《ᠳᠠᠯᠪᠢᠬᠤ》ᠭᠡᠳᠡᠭ ᠨᠢ ᠵᠠᠰᠠᠭ ᠵᠠᠬᠢᠷᠭᠠᠨ ᠤ ᠡᠷᠬᠡ ᠶᠢ ᠳᠤᠷᠤᠭᠰᠢ ᠳᠠᠯᠪᠢᠬᠤ ᠪᠤᠯᠤᠨ᠎ᠠ᠂ ᠬᠠᠤᠯᠢ ᠴᠠᠭᠠᠵᠠ ᠶᠢᠨ ᠦᠨᠳᠦᠰᠦᠯᠠᠯ ᠦᠭᠡᠢ ᠪᠠ ᠬᠠᠤᠯᠢ ᠴᠠᠭᠠᠵᠠ ᠎ ᠠᠴᠠ ᠡᠷᠬᠡ ᠣᠯᠭᠤᠭᠰᠠᠨ ᠵᠠᠰᠠᠭ ᠵᠠᠬᠢᠷᠭᠠᠨ ᠤ ᠡᠷᠬᠡ ᠶᠢ ᠴᠦᠬᠡᠳᠬᠡᠵᠦ᠂ ᠣᠯᠠᠨ ᠪᠠᠶᠢᠭᠤᠯᠭ᠎ᠠ ᠶᠢᠨ ᠬᠠᠷᠢᠯᠴᠠᠨ ᠳᠠᠪᠬᠤᠴᠠᠭᠰᠠᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠡᠷᠬᠡ ᠶᠢ ᠴᠡᠪᠡᠷᠯᠡᠨ ᠴᠡᠭᠴᠡᠯᠡᠨ᠎ᠡ᠃《ᠬᠠᠮᠢᠶᠠᠷᠬᠤ》ᠭᠡᠳᠡᠭ ᠨᠢ ᠵᠠᠰᠠᠭ ᠤᠨ ᠤᠷᠳᠤᠨ ᠤ ᠪᠠᠶᠢᠭᠤᠯᠭ᠎ᠠ ᠨᠢ ᠬᠢᠨᠠᠨ ᠬᠠᠮᠢᠶᠠᠷᠤᠯᠳᠠ ᠶᠢᠨ ᠡᠭᠦᠷᠭᠡ ᠴᠢᠳᠠᠪᠦᠷᠢ ᠪᠠᠨ ᠰᠢᠨᠡᠴᠢᠯᠡᠬᠦ ᠪᠠ ᠴᠢᠩᠭᠠᠳᠬᠠᠵᠦ᠂ ᠰᠢᠨ᠎ᠡ ᠮᠡᠷᠭᠡᠵᠢᠯ᠂ ᠰᠢᠨ᠎ᠡ ᠳᠤᠭᠳᠠᠯᠴᠠᠭ᠎ᠠ ᠶᠢ ᠠᠰᠢᠭᠯᠠᠵᠤ ᠬᠢᠨᠠᠨ ᠬᠠᠮᠢᠶᠠᠷᠤᠯᠳᠠ ᠶᠢᠨ ᠳᠤᠭᠳᠠᠯᠴᠠᠭ᠎ᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃《ᠦᠢᠯᠡᠴᠢᠯᠡᠬᠦ》ᠭᠡᠳᠡᠭ ᠨᠢ ᠵᠠᠰᠠᠭ ᠤᠨ ᠤᠷᠳᠤᠨ ᠤ ᠡᠭᠦᠷᠭᠡ ᠴᠢᠳᠠᠪᠦᠷᠢ ᠶᠢ ᠬᠤᠪᠢᠷᠠᠭᠤᠯᠤᠨ᠂ ᠵᠠᠰᠠᠭ ᠤᠨ ᠣᠷᠳᠤᠨ ᠤ ᠵᠠᠬ᠎ᠠ ᠳᠡᠯᠭᠡᠭᠦᠷ ᠲᠠᠬᠢ ᠣᠷᠤᠯᠴᠠᠭ᠎ᠠ ᠶᠢ ᠪᠠᠭᠠᠰᠠᠬᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠴᠢᠳᠠᠪᠦᠷᠢ ᠶᠢ ᠠᠬᠢᠭᠤᠯᠤᠨ᠎ᠠ᠃              6. ᠤᠷᠢᠳᠠᠪᠠᠷ ᠦᠨᠡᠮᠯᠡᠯ ᠪᠠᠨ ᠠᠪᠴᠤ ᠳᠠᠷᠠᠭ᠎ᠠ ᠨᠢ ᠬᠢᠨᠠᠨ ᠵᠥᠪᠰᠢᠶᠡᠷᠡᠭᠦᠯᠬᠦ᠃ ᠲᠠᠷᠠᠭ᠎ᠠ ᠨᠢ ᠬᠢᠨᠠᠨ ᠵᠥᠪᠰᠢᠶᠡᠷᠡᠭᠦᠯᠬᠦ ᠡᠵᠡᠩᠨᠡᠯᠳᠡ ᠶᠢᠨ ᠲᠥᠷᠥᠯ ᠵᠦᠢᠯ ᠢ ᠡᠷᠬᠢᠯᠡᠵᠦ ᠪᠠᠶᠢᠭ᠎ᠠ ᠵᠠᠬ᠎ᠠ ᠳᠡᠯᠭᠡᠭᠦᠷ ᠤᠨ ᠭᠤᠤᠯ ᠴᠤᠭᠴᠠ ᠨᠢ ᠤᠷᠢᠳᠠᠪᠡᠷ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠠᠴᠠ ᠡᠵᠡᠩᠨᠡᠯᠳᠡ ᠶᠢᠨ ᠦᠨᠡᠮᠯᠡᠯ ᠢᠶᠠᠨ ᠠᠪᠴᠤ᠂ ᠳᠠᠷᠠᠭ᠎ᠠ ᠨᠢ ᠬᠢᠨᠡᠨ ᠵᠥᠪᠰᠢᠶᠠᠷᠡᠬᠦ ᠪᠠᠶᠢᠭᠤᠯᠭ᠎ᠠ ᠳᠤ ᠬᠦᠷᠴᠦ ᠬᠢᠨᠡᠨ ᠵᠥᠪᠰᠢᠶᠠᠷᠡᠬᠦ ᠭᠠᠷ ᠭᠦᠢᠴᠡᠳᠭᠡᠯ ᠬᠦᠢᠴᠡᠳᠭᠡᠬᠦ ᠶᠢ ᠵᠢᠭᠠᠨ᠎ᠠ᠃             7.《ᠳᠠᠪᠤᠨ ᠦᠨᠡᠮᠯᠡᠯ ᠢ ᠨᠢᠭᠡᠳᠬᠡᠬᠦ》᠂《ᠨᠢᠭᠡ ᠦᠨᠡᠮᠯᠡᠯ ᠨᠢᠭᠡ ᠨᠤᠮᠧᠷ ᠲᠠᠢ》᠃ ᠡᠵᠡᠩᠨᠡᠯᠳᠡ ᠎ ᠶᠢᠨ ᠦᠨᠡᠮᠯᠡᠯ᠂ ᠵᠣᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠨᠣᠮᠧᠷ ᠤᠨ ᠦᠨᠡᠮᠯᠡᠯ᠂ ᠭᠠᠶᠢᠯᠢ ᠎ ᠶᠢᠨ ᠶᠠᠪᠤᠳᠠᠯ ᠤᠨ ᠳᠠᠩᠰᠠᠯᠠᠬᠤ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠳᠠᠩᠰᠠᠯᠠᠬᠤ ᠦᠨᠡᠮᠯᠡᠯ᠂ ᠲᠤᠭ᠎ᠠ ᠪᠦᠷᠢᠳᠭᠡᠯ ᠤᠨ ᠳᠠᠩᠰᠠᠯᠠᠬᠤ ᠦᠨᠡᠮᠯᠡᠯ ᠵᠡᠷᠭᠡ ᠳᠠᠪᠤᠨ ᠵᠦᠢᠯ ᠤᠨ ᠦᠨᠡᠮᠯᠡᠯ ᠢ ᠨᠢᠭᠡᠳᠦᠭᠦᠯᠵᠦ᠂ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠠᠴᠠ ᠨᠢᠭᠡᠳᠦᠯᠳᠠᠢ ᠨᠢᠭᠡᠯᠡ ᠡᠵᠡᠩᠨᠡᠯᠳᠡ ᠶᠢᠨ ᠦᠨᠡᠮᠯᠡᠯ ᠣᠯᠭᠤᠨ᠎ᠠ᠂ ᠣᠣᠯ  ᠦᠨᠡᠮᠯᠡᠯ ᠤᠨ ᠴᠢᠳᠠᠮᠵᠢ ᠲᠠᠢ ᠮᠥᠷᠳᠡᠭᠡᠨ ᠨᠢᠭᠡᠳᠤᠯᠳᠠᠢ ᠨᠡᠶᠢᠭᠡᠮ ᠤᠨ ᠢᠳᠡᠭᠡᠮᠵᠢ ᠶᠢᠨ ᠲᠦᠯᠦᠭᠡᠯᠡᠬᠦ ᠨᠣᠮᠧᠷ ᠲᠠᠢ᠃             8. ᠬᠤᠶᠠᠷ ᠳᠣᠬᠢᠶᠠᠯᠳᠤᠯ ᠨᠢᠬᠡ ᠢᠯᠡ ᠳᠤᠳᠤ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠎ ᠶᠢᠨ ᠶᠠᠪᠤᠴᠠ ᠳᠤ ᠳᠣᠬᠢᠶᠠᠯᠳᠤᠯ ᠢᠶᠠᠷ ᠪᠠᠶᠢᠴᠠᠭᠠᠭᠳᠠᠬᠤ ᠡᠳᠡᠭᠡᠳ ᠢ ᠰᠤᠩᠭᠤᠵᠤ᠂ ᠳᠤᠬᠢᠶᠠᠯᠳᠤᠯ ᠢᠶᠠᠷ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠳᠠᠨ ᠢ ᠲᠣᠮᠢᠯᠠᠵᠤ᠂ ᠰᠣᠩᠭᠤᠨ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢ ᠴᠠᠭ ᠳᠤᠬᠠᠢ ᠳᠤᠨᠢ ᠨᠡᠶᠢᠭᠡᠮ ᠳᠤ ᠨᠡᠶᠢᠳᠡᠯᠡᠨ᠎ᠡ᠃             9. ᠨᠢᠭᠡ ᠪᠦᠰᠡ ᠨᠢᠭᠡ ᠵᠠᠮ᠃ ︽ᠲᠤᠷᠭᠠᠨ ᠵᠠᠮ ᠤᠨ ᠠᠵᠦ ᠠᠬᠤᠢ ᠶᠢᠨ ᠪᠦᠰᠠ︾ ᠪᠤᠯᠤᠨ ︽21 ᠳ᠋ᠣᠭᠠᠷ ᠵᠠᠭᠤᠨ ᠤ ᠲᠠᠯᠠᠢ ᠲᠡᠭᠡᠷᠡᠭᠢ ᠲᠤᠷᠭᠠᠨ ᠵᠠᠮ︾᠎ ᠶᠢᠨ ᠲᠤᠪᠴᠢ ᠨᠡᠷᠡᠶᠢᠳᠦᠯ ᠪᠤᠯᠤᠨ᠎ᠠ᠂ ᠲᠠᠷᠠ ᠨᠢ ᠲᠤᠮᠳᠠᠳᠤ ᠣᠯᠣᠰ ᠪᠤᠯᠤᠨ ᠬᠠᠮᠢᠶ᠎ᠠ ᠪᠦᠬᠦᠢ ᠤᠯᠤᠰ ᠤᠨ ᠬᠡᠷᠡᠭᠵᠢᠬᠦᠯᠵᠦ ᠪᠠᠶᠢᠭ᠎ᠠ ᠬᠤᠤᠰ ᠤᠯᠠᠨ ᠲᠠᠯᠠᠳᠣ ᠲᠤᠭᠳᠠᠯᠴᠠᠭ᠎ᠠ ᠳᠤ ᠬᠦᠢᠴᠡᠳ ᠲᠦᠰᠢᠭᠯᠡᠵᠦ ᠪᠠᠶᠢᠭ᠎ᠠ ᠮᠦᠷᠳᠡᠭᠡᠨ ᠠᠵᠢᠯᠯᠠᠭ᠎ᠠ ᠳᠤ ᠲᠤᠰᠠᠳᠠᠢ ᠣᠷᠣᠨ   ᠪᠦᠰᠠ ᠎ ᠶᠢᠨ ᠬᠠᠮᠳᠣᠷᠠᠯᠴᠠᠭᠠᠨ ᠤ ᠲᠠᠪᠴᠡᠩ ᠢ ᠠᠰᠢᠭᠯᠠᠨ᠂ ᠵᠠᠮ ᠲᠠᠭᠠᠤ ᠤᠯᠤᠰ ᠲᠠᠢ ᠠᠵᠣ ᠠᠬᠤᠢ ᠶᠢᠨ ᠬᠠᠮᠳᠤᠷᠠᠯᠴᠠᠭᠠᠨ ᠎ ᠤ ᠬᠠᠷᠢᠴᠠᠭ᠎ᠠ ᠶᠢ ᠢᠳᠡᠪᠬᠢᠳᠡᠢ ᠬᠦᠭᠵᠢᠬᠦᠯᠵᠦ᠂ ᠤᠯᠤᠰ ᠲᠦᠷᠦ ᠬᠠᠷᠢᠯᠴᠠᠨ ᠢᠳᠡᠭᠡᠯᠳᠡᠢ᠂ ᠠᠵᠦ ᠠᠬᠤᠢ ᠠᠭᠤᠰᠣᠯᠴᠠᠭᠰᠠᠨ᠂ ᠰᠤᠶᠤᠯ ᠢ ᠪᠠᠭᠳᠠᠭᠠᠭᠰᠠᠨ ᠠᠰᠢᠭ ᠲᠤᠰᠠ ᠶᠢᠨ ᠬᠠᠮᠳᠦ ᠶᠢᠨ ᠴᠤᠭᠴᠠ᠂ ᠬᠤᠪᠢ ᠲᠠᠪᠢᠯᠠᠩ ᠎ ᠤᠨ ᠬᠠᠮᠳᠦ ᠶᠢᠨ ᠴᠣᠭᠴᠠ᠂ ᠡᠬᠦᠷᠭᠡ ᠬᠠᠷᠢᠭᠤᠴᠠᠯᠭ᠎ᠠ ᠶᠢᠨ ᠬᠠᠮᠳᠦ ᠶᠢᠨ ᠴᠤᠭᠴᠠ ᠶᠢ ᠬᠠᠮᠳᠣᠪᠡᠷ ᠴᠤᠭᠴᠠᠯᠠᠨ ᠪᠠᠶᠢᠭᠤᠯᠤᠨ᠎ᠠ᠃              10.ᠣᠯᠠᠨ ᠪᠠᠷ ᠢᠶᠠᠨ ᠣᠶᠢᠯᠠᠰ ᠪᠤᠰᠬᠠᠬᠤ᠂ ᠨᠠᠶᠢᠳᠠ ᠪᠠᠷ ᠢᠶᠠᠨ ᠰᠢᠨ᠎ᠠ ᠶᠢ ᠡᠭᠦᠳᠬᠦ᠃ 2014 ᠤᠨ ᠤ 9 ᠰᠠᠷ᠎ᠠ ᠳᠤ ᠵᠣᠨ ᠤ ᠤᠯᠠᠷᠢᠯ ᠤᠨ ᠳ᠋ᠠᠸᠣᠰ ᠤᠨ ᠶᠠᠷᠢᠯᠴᠠᠭᠠᠨ ᠤ ᠲᠠᠪᠴᠠᠩ ᠲᠡᠭᠡᠷ᠎ᠡ᠂ ᠲᠦᠷᠦ ᠎ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠷᠠᠳᠣᠭᠰᠠᠨ ᠨᠢ᠄ 960 ᠲᠦᠮᠡᠨ ᠲᠡᠭᠰᠢ ᠲᠦᠷᠪᠡᠯᠵᠢᠨ ᠺᠢᠯᠦᠮᠧᠲᠷ ᠤᠨ ᠨᠤᠳᠤᠭ ᠲᠡᠪᠢᠰᠭᠡᠷ ᠲᠡᠭᠡᠷ᠎ᠡ ︽ᠣᠯᠠᠨ ᠢᠶᠠᠷ ᠢᠶᠠᠨ ᠣᠶᠢᠯᠠᠰ ᠪᠤᠰᠬᠠᠬᠤ︾᠂ ︽ᠡᠭᠡᠯ ᠠᠷᠠᠳ ᠣᠶᠢᠯᠠᠰ ᠪᠤᠰᠬᠠᠬᠤ︾᠎ ᠶᠢ ᠦᠷᠨᠢᠭᠦᠯᠵᠦ᠂ ︽ᠨᠠᠶᠢᠳᠠ ᠪᠠᠷ ᠢᠶᠠᠨ ᠰᠢᠨ᠎ᠠ ᠶᠢ ᠡᠭᠦᠳᠬᠦ︾᠂ ︽ᠬᠦᠮᠦᠨ ᠪᠦᠬᠦᠨ ᠰᠢᠨ᠎ᠠ ᠶᠢ ᠡᠭᠦᠳᠬᠦ︾ ᠪᠠᠶᠢᠳᠠᠯ ᠢ  ᠪᠦᠷᠢᠯᠳᠦᠭᠦᠯᠦᠨ᠎ᠡ᠃ 2015 ᠤᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠲᠡᠭᠡᠷ᠎ᠡ ᠲᠠᠭᠢᠨᠳᠠ ᠲᠤᠷᠠᠳᠣᠭᠰᠠᠨ ᠨᠢ᠄ ︽ᠣᠯᠠᠨ ᠎ ᠢᠶᠠᠷ  ᠎ ᠢᠶᠠᠨ ᠣᠶᠢᠯᠠᠰ ᠪᠤᠰᠬᠠᠬᠤ᠂ ᠨᠠᠶᠢᠳᠠ ᠪᠠᠷ ᠢᠶᠠᠨ ᠰᠢᠨ᠎ᠠ ᠶᠢ ᠡᠭᠦᠳᠬᠦ ᠶᠢ ᠲᠦᠯᠬᠢᠨ ᠠᠬᠢᠭᠤᠯᠬᠤ ᠨᠢ ᠠᠵᠢᠯ ᠤᠯᠭᠤᠯᠳᠠ ᠶᠢ ᠦᠷᠭᠡᠳᠭᠡᠵᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠮᠦᠷᠳᠡᠭᠡᠨ ᠨᠡᠶᠢᠭᠡᠮ ᠤᠨ ᠠᠳᠠᠯᠢ ᠪᠤᠰᠦ ᠱᠠᠳᠤᠨ ᠤ ᠰᠢᠯᠵᠢᠯᠳᠠ ᠪᠤᠯᠤᠨ ᠲᠦᠪ ᠭᠤᠤᠯᠴᠢ ᠰᠢᠳᠣᠷᠭᠤ ᠶᠣᠰᠣ ᠶᠢ ᠠᠬᠢᠭᠤᠯᠬᠤ ᠳᠤ ᠲᠣᠰᠠᠳᠠᠢ︾               11.ᠬᠤᠶᠠᠷ ᠢ ᠰᠣᠷᠣᠯᠴᠠᠨ ᠨᠢᠭᠡᠨ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ᠃ ︽ᠨᠠᠮ ᠎ ᠤᠨ ᠲᠦᠷᠢᠮ ᠲᠤᠭᠳᠠᠭᠠᠯ ᠢ ᠰᠣᠷᠣᠯᠴᠠᠬᠤ᠂  ᠰᠢᠷᠢᠰ ᠶᠠᠷᠢᠶ᠎ᠠ ᠶᠢ ᠰᠣᠷᠣᠯᠴᠠᠬᠤ᠂ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠬᠦᠮᠦᠵᠢᠯ ᠰᠣᠷᠣᠯᠴᠠᠯᠭ᠎ᠠ ᠶᠢ ᠵᠢᠭᠠᠵᠤ ᠪᠠᠶᠢᠨ᠎ᠠ᠃              12. ᠭᠠᠯ ᠲᠤᠭᠤᠭᠠᠨ ᠤ ᠦᠷᠦᠭᠡ ᠶᠢ ᠴᠡᠪᠡᠷ ᠲᠤᠬᠢᠯᠢᠭ ᠪᠠᠶᠢᠯᠭᠠᠬᠤ᠃ ᠲᠤᠭᠤᠭᠠᠨ ᠭᠡᠷ ᠢ ᠢᠯᠡ ᠲᠤᠳᠤ ᠪᠠᠶᠢᠯᠭᠠᠵᠤ᠂ ᠬᠡᠷᠡᠭᠯᠡᠭᠴᠢᠳ ᠸᠢᠳᠢᠤ᠋ ᠲᠠᠪᠳᠠᠮᠵᠢ ᠪᠠᠷ ᠲᠠᠮᠵᠢᠨ ᠲᠤᠭᠤᠭᠠᠨ ᠭᠡᠷ ᠤᠨ ᠵᠠᠭᠤᠰᠢ ᠪᠡᠯᠡᠳᠬᠡᠵᠦ ᠪᠠᠶᠢᠭ᠎ᠠ ᠪᠠᠶᠢᠳᠠᠯ ᠪᠠ ᠬᠦᠢᠳᠡᠨ ᠢᠳᠡᠭᠡᠨ᠂ ᠲᠦᠬᠦᠬᠡᠢ ᠢᠳᠡᠭᠡᠨ ᠢ ᠬᠢᠬᠦ᠂ ᠢᠳᠡᠭᠡᠨ ᠤᠮᠳᠡᠭᠠᠨ ᠤ ᠰᠠᠪᠠ ᠬᠡᠷᠡᠭᠰᠡᠯ ᠢ ᠠᠷᠢᠭᠤᠳᠬᠤ ᠵᠡᠷᠭᠡ ᠶᠢ ᠰᠢᠭᠤᠳ ᠤᠯᠵᠤ ᠦᠵᠡᠵᠦ ᠲᠡᠶᠢᠯᠬᠦ ᠶᠢ ᠵᠢᠭᠠᠨ᠎ᠠ᠃                13. ᠵᠢᠷᠭᠤᠭᠠᠨ ᠬᠤᠳᠠ ᠶᠢ ᠵᠡᠷᠭᠡ ᠪᠠᠷ ᠴᠤᠭᠴᠠᠯᠠᠬᠤ᠃ ᠪᠦᠬᠦ ᠣᠯᠣᠰ ᠤᠨ ᠪᠤᠯᠪᠠᠰᠣᠨ ᠬᠤᠳᠠ᠂ ᠣᠯᠣᠰ ᠤᠨ ᠡᠷᠡᠭᠦᠯ ᠬᠠᠮᠠᠭᠠᠯᠠᠯ ᠤᠨ ᠬᠤᠳᠠ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ᠂ ᠪᠦᠬᠦ ᠤᠯᠤᠰ ᠤᠨ ᠨᠠᠰᠣᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠣᠷᠳᠠᠬᠤᠨ ᠤ ᠪᠦᠳᠦᠭᠡᠨ ᠪᠠᠶᠢᠭᠤᠯᠤᠯᠳᠠ ᠶᠢᠨ ᠲᠡᠷᠢᠬᠦᠨ ᠤ ᠬᠤᠳᠠ᠂ ᠤᠯᠤᠰ ᠤᠨ ᠠᠮᠤᠷ ᠲᠦᠪᠰᠢᠨ ᠤ ᠬᠤᠳᠠ᠂ ᠤᠯᠤᠰ ᠤᠨ ᠪᠦᠬᠦᠶᠢᠯᠡ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠣᠷᠣᠨ ᠢ ᠴᠤᠭᠴᠠᠯᠠᠬᠤ ᠶᠢ ᠵᠢᠭᠠᠨ᠎ᠠ᠃               14. ︽ᠲᠠᠪᠦ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠡᠶᠢᠷᠢᠰᠢᠭᠤᠯᠤᠯᠳᠠ᠃ ᠨᠠᠮ ᠤᠨ ᠠᠷᠪᠠᠨ ᠨᠢ᠋ᠮᠠᠳᠣᠭᠠᠷ ᠶᠡᠭᠡ ᠬᠤᠷᠠᠯ ᠲᠤᠷᠠᠳᠣᠭᠰᠠᠨ ᠨᠢ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠣᠮ ᠤᠨ ᠠᠵᠢᠯ ᠤᠶᠢᠯᠠᠰ ᠢ ᠪᠦᠲᠦᠭᠡᠨ ᠪᠠᠶᠢᠭᠤᠯᠬᠤ ᠪᠦᠬᠦᠯᠢ ᠴᠤᠭᠴᠠ ᠶᠢᠨ ᠪᠠᠶᠢᠷᠢᠰᠢᠭᠤᠯᠣᠯᠲᠠ ᠨᠢ ᠠᠵᠦ ᠠᠬᠤᠢ ᠶᠢᠨ ᠪᠦᠳᠦᠭᠡᠨ ᠪᠠᠶᠢᠭᠤᠯᠤᠯᠳᠠ᠂ ᠣᠯᠣᠰ ᠲᠦᠷᠦ ᠶᠢᠨ ᠪᠦᠳᠦᠭᠡᠨ ᠪᠠᠶᠢᠭᠤᠯᠤᠯᠳᠠ᠂ ᠰᠤᠶᠤᠯ ᠤᠨ ᠪᠦᠳᠦᠭᠡᠨ ᠪᠠᠶᠢᠭᠤᠯᠤᠯᠳᠠ᠂ ᠨᠠᠶᠢᠭᠡᠮ ᠤᠨ ᠪᠠᠶᠢᠭᠤᠯᠤᠯᠳᠠ ᠵᠡᠷᠭᠡ ︽ᠲᠦᠷᠪᠡ ᠶᠢ ᠨᠢᠭᠡ ᠴᠤᠭᠴᠠᠵᠢᠭᠤᠯᠬᠤ︾᠎ ᠶᠢ ᠬᠡᠷᠡᠭᠵᠢᠭᠦᠯᠵᠦ ᠪᠠᠶᠢᠭᠰᠠᠨ ᠠᠴᠠ ᠪᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠪᠠᠭᠳᠠᠭᠠᠭᠰᠠᠨ ︽ᠲᠠᠪᠦ ᠶᠢ ᠨᠢᠭᠡ ᠴᠤᠭᠴᠠᠵᠢᠭᠤᠯᠬᠤ︾ ᠪᠣᠯᠭᠠᠨ ᠦᠷᠭᠡᠳᠬᠡᠪᠡ᠂ ᠡᠨᠡ ᠪᠤᠯ ᠤᠯᠤᠰ ᠤᠨ ᠲᠤᠳᠤᠭᠠᠳᠤ ᠭᠠᠳᠠᠭᠠᠳᠤ ᠶᠢᠨ ᠶᠡᠷᠦᠩᠬᠡᠢ ᠪᠠᠶᠢᠳᠠᠯ ᠢ ᠦᠨᠳᠦᠰᠦᠯᠡᠵᠦ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ ᠦᠵᠡᠯᠳᠡ ᠶᠢ ᠲᠣᠣᠱᠯᠠᠭᠤᠯᠬᠤ ᠰᠢᠨ᠎ᠠ  ᠪᠠᠶᠢᠷᠢᠯᠠᠭᠤᠯᠤᠯᠳᠠ ᠪᠤᠯᠤᠨ᠎ᠠ᠃              15. ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠡᠶᠢᠷᠢᠰᠢᠭᠤᠯᠤᠯᠳᠠ᠃ 2014 ᠣᠨ ᠤ12 ᠰᠠᠷ᠎ᠠ᠂ ᠰᠢ ᠶᠢᠨ ᠫᠢᠩ ᠶᠡᠷᠥᠩᠬᠡᠢ ᠱᠦᠵᠢ ᠵᠢᠶᠠᠩᠰᠦ ᠳᠤ ᠪᠠᠶᠢᠴᠠᠭᠠᠨ ᠰᠣᠳᠣᠯᠣᠯᠳᠠ ᠬᠢᠬᠦ ᠎ ᠳᠤ ᠪᠠᠨ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ  ᠪᠡᠶᠢᠷᠢᠰᠢᠭᠤᠯᠤᠯᠳᠠ ᠶᠢ ᠠᠩᠬᠠᠳᠣᠭᠠᠷ ᠣᠳᠠᠭ᠎ᠠ ᠵᠢᠭᠠᠵᠤ ᠭᠠᠷᠭᠠᠭᠰᠠᠨ ᠶᠤᠮ᠂ ᠲᠠᠷᠤᠢ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ᠂ ᠦᠭᠡᠷᠡᠴᠢᠯᠡᠯᠳᠡ ᠬᠢᠬᠦ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠵᠤᠬᠢᠴᠠᠭᠤᠯᠤᠨ ᠠᠬᠢᠭᠤᠯᠬᠤ ᠪᠤᠯᠤᠨ᠎ᠠ᠃                1 6. ᠲᠠᠪᠣᠨ ᠲᠠᠯ᠎ᠠ ᠶᠢ ᠵᠣᠬᠢᠴᠠᠭᠤᠯᠬᠤ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠡᠭᠡᠷ᠎ᠡ ᠳᠣᠷᠠᠳᠣᠭᠰᠠᠨ ᠬᠤᠶᠢᠰᠢᠳᠠ ᠎ ᠶᠢᠨ ᠲᠠᠪᠣᠨ ᠵᠢᠯ ᠤᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠵᠠᠷᠴᠢᠮ ᠱᠠᠭᠠᠷᠳᠠᠯᠭ᠎ᠠ ᠶᠢᠨ ᠨᠢᠭᠡ ᠪᠣᠯᠣᠨ᠎ᠠ᠂ ᠲᠠᠷᠣᠢ ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠲᠡ᠂ ᠰᠣᠷᠠᠭ ᠵᠠᠩᠭᠢᠵᠢᠯᠲᠠ᠂ ᠬᠤᠲᠠ ᠪᠠᠯᠭᠠᠰᠣᠵᠢᠯᠲᠠ᠂ ᠲᠠᠷᠢᠶᠠᠯᠠᠩ ᠮᠠᠯᠵᠢᠯ ᠤᠨ ᠣᠳᠣᠬᠢᠴᠢᠯᠠᠯᠲᠠ᠂ ᠪᠣᠬᠢᠷᠲᠣᠯ ᠦᠭᠡᠢ ᠪᠠᠷ ᠭᠦᠨᠵᠡᠭᠡᠢ ᠠᠭᠤᠰᠣᠯᠴᠠᠭᠤᠯᠵᠣ᠂ ᠵᠣᠬᠢᠴᠠᠩᠭᠤᠢ ᠬᠦᠭᠵᠢᠭᠦᠯᠬᠦ ᠶᠢ ᠵᠢᠭᠠᠵᠣ ᠪᠠᠶᠢᠨ᠎ᠠ᠃                 17. PPP ᠵᠠᠭᠪᠣᠷ᠃ ᠲᠠᠷᠣᠢ ᠠᠯᠪᠠᠨ ᠨᠡᠶᠢᠲᠡ ᠪᠠ ᠬᠤᠪᠢ ᠬᠦᠮᠦᠨ ᠬᠤᠷᠰᠢᠬᠤ ᠬᠡᠯᠪᠡᠷᠢ ᠎ ᠶᠢ ᠵᠢᠭᠠᠵᠣ ᠪᠠᠶᠢᠨ᠎ᠠ᠂ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠳᠣᠮᠳᠠ ᠪᠡᠯᠡ ᠮᠦᠩᠭᠦ ᠬᠤᠷᠠᠮᠳᠣᠭᠤᠯᠬᠤ ᠨᠢᠭᠡ ᠵᠦᠢᠯ ᠤᠨ ᠬᠡᠯᠪᠡᠷᠢ ᠮᠠᠶ᠋ᠢᠭ ᠮᠦᠨ᠃ ᠲᠣᠰ ᠬᠡᠯᠪᠡᠷᠢ ᠨᠢ ᠬᠤᠪᠢ ᠶᠢᠨ ᠡᠵᠡᠩᠨᠡᠯᠲᠡ ᠶᠢᠨ ᠠᠵᠣ ᠠᠬᠤᠶᠢᠯᠠᠯ ᠪᠠ ᠠᠷᠠᠳ ᠠᠴᠠ ᠡᠵᠡᠩᠨᠡᠭᠰᠡᠨ ᠪᠡᠯᠡ ᠬᠦᠷᠦᠩᠭᠡ ᠶᠢᠨ ᠵᠠᠰᠠᠭ ᠤᠨ ᠣᠷᠳᠣᠨ ᠎ ᠲᠠᠢ ᠬᠠᠮᠲᠣᠷᠠᠯᠴᠠᠭ᠎ᠠ ᠬᠢᠵᠦ᠂ ᠤᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠳᠤ ᠣᠷᠣᠯᠴᠠᠬᠤ ᠶᠢ ᠵᠣᠷᠢᠭᠵᠢᠭᠤᠯᠣᠨ᠎ᠠ᠃                18. ︽ᠭᠡᠷᠡᠯ ᠴᠠᠬᠢᠯᠭᠠᠨ ᠤ ᠬᠤᠰᠢᠭᠤᠴᠢ ᠶᠢᠨ ᠲᠦᠯᠦᠪᠯᠡᠭᠡ︾᠃ ᠣᠯᠣᠰ ᠤᠨ ᠡᠨᠧᠷᠬᠢ ᠎ ᠶᠢᠨ ᠲᠣᠪᠴᠢᠶ᠎ᠠ 2015 ᠣᠨ ᠠᠴᠠ ᠡᠬᠢᠯᠡᠨ ᠵᠢᠯ ᠪᠦᠷᠢ ᠬᠡᠷᠡᠭᠵᠢᠭᠦᠯᠦᠭᠰᠡᠨ ᠭᠡᠷᠡᠯ ᠴᠠᠬᠢᠯᠭᠠᠨ ᠢ ᠳᠡᠮᠵᠢᠬᠦ ᠲᠣᠰᠬᠠᠢ ᠲᠦᠷᠦᠯ ᠤᠨ ᠲᠦᠯᠦᠪᠯᠡᠭᠡ ᠶᠢ ᠵᠢᠭᠠᠵᠣ ᠪᠠᠶᠢᠨ᠎ᠠ᠂ ︽ᠬᠤᠰᠢᠭᠤᠴᠢ ᠲᠦᠯᠦᠪᠯᠡᠭᠡ︾ ᠲᠡᠷᠢᠭᠦᠨ ᠤ ᠮᠡᠷᠭᠡᠵᠢᠯ ᠤᠨ ᠭᠡᠷᠡᠯ ᠴᠠᠬᠢᠯᠭᠠᠨ ᠤ ᠴᠠᠬᠢᠯᠭᠠᠨ ᠭᠠᠷᠭᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠰᠢᠨ᠎ᠡ ᠮᠡᠷᠭᠡᠵᠢᠯ ᠢ ᠬᠡᠷᠡᠭᠯᠡᠭᠰᠡᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠣᠯᠣᠨ᠎ᠠ᠃              19. ᠢᠨᠲ᠋ᠧᠷ ᠰᠦᠯᠵᠢᠶ᠎ᠡ +᠃ 2015 ᠣᠨ ᠤ 3 ᠰᠠᠷ᠎ᠠ ᠶᠢᠨ 5᠎ ᠤ ᠡᠳᠦᠷ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠲᠡᠭᠡᠷ᠎ᠡ᠂ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠠᠩᠬ᠎ᠠ ᠣᠳᠠᠭ᠎ᠠ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠦᠪᠯᠡᠭᠡ ᠶᠢ ᠲᠤᠷᠠᠳᠴᠠᠢ᠃ ︽ᠢᠨᠲ᠋ᠧᠷ ᠰᠦᠯᠵᠢᠶ᠎ᠡ +︾ ᠭᠡᠳᠡᠭ ᠨᠢ ︽ᠢᠨᠲ᠋ᠧᠷ ᠰᠦᠯᠵᠢᠶ᠎ᠡ + ᠡᠯ᠎ᠡ ᠲᠦᠷᠦᠯ ᠤᠨ ᠣᠯᠠᠮᠵᠢᠯᠠᠯᠲᠣ ᠠᠵᠢᠯ ᠦᠢᠯᠡᠰ︾᠎ ᠢ ᠵᠢᠭᠠᠵᠦ᠂ ᠳᠠᠷᠣᠢ ᠰᠣᠷᠠᠭ ᠵᠠᠩᠭᠢ ᠴᠢᠮᠡᠭᠡ ᠨᠡᠪᠲᠡᠷᠡᠭᠦᠯᠭᠡ ᠶᠢᠨ ᠮᠡᠷᠭᠡᠵᠢᠯ ᠪᠣᠯᠣᠨ ᠢᠨᠲ᠋ᠧᠷ ᠰᠦᠯᠵᠢᠶᠡᠨ ᠤ ᠲᠠᠪᠴᠠᠩ ᠢ ᠠᠰᠢᠭᠯᠠᠵᠦ᠂ ᠢᠨᠲ᠋ᠧᠷ ᠰᠦᠯᠵᠢᠶ᠎ᠡ ᠪᠠ ᠡᠯ᠎ᠡ ᠲᠦᠷᠦᠯ ᠤᠨ ᠣᠯᠠᠮᠵᠢᠯᠠᠯᠲᠣ ᠠᠵᠢᠯ ᠦᠢᠯᠡᠰ ᠢ ᠭᠦᠨᠵᠡᠭᠡᠢ ᠠᠭᠤᠰᠣᠯᠴᠠᠭᠤᠯᠵᠦ᠂ ᠬᠦᠭᠵᠢᠯᠲᠡ ᠶᠢᠨ ᠰᠢᠨ᠎ᠡ ᠣᠷᠴᠢᠨ ᠠᠬᠤᠢ ᠶᠢ ᠪᠣᠢ ᠪᠣᠯᠭᠠᠬᠤ ᠶᠢ ᠵᠢᠭᠠᠵᠣ ᠪᠠᠶᠢᠨ᠎ᠠ᠃              20. ᠵᠢᠭᠤᠯᠴᠢᠯᠠᠯ + ᠪᠠᠶᠢᠯᠳᠣᠬᠤ ᠪᠣᠳᠣᠯᠭ᠎ᠠ᠃ ᠵᠢᠭᠤᠯᠴᠢᠯᠠᠯ ᠤᠨ ᠦᠢᠯᠡᠰ ᠤᠨ ᠠᠭᠤᠰᠣᠯᠴᠠᠬᠤ ᠴᠢᠳᠠᠪᠣᠷᠢ ᠶᠢ ᠪᠠᠳᠠᠷᠠᠭᠤᠯᠣᠨ᠂ ᠬᠠᠮᠢᠶ᠎ᠠ ᠪᠦᠬᠦᠢ ᠠᠵᠣ ᠦᠢᠯᠡᠰ ᠪᠣᠯᠣᠨ ᠬᠦᠷᠢᠶ᠎ᠡ ᠴᠠᠷᠠᠭᠠᠨ ᠤ ᠬᠦᠭᠵᠢᠯᠲᠡ ᠳᠤ ᠵᠢᠭᠤᠯᠴᠢᠯᠠᠯ ᠤᠨ ᠲᠠᠪᠴᠠᠩ ᠬᠠᠩᠭᠠᠵᠣ᠂ ᠠᠵᠢᠯ ᠦᠢᠯᠡᠰ ᠤᠨ ᠰᠢᠨ᠎ᠡ ᠪᠠᠶᠢᠳᠠᠯ ᠢ ᠪᠦᠷᠢᠯᠳᠦᠭᠦᠯᠵᠦ᠂ ᠬᠦᠭᠵᠢᠯᠲᠡ ᠶᠢᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠦᠨ᠎ᠡ ᠦᠷᠲᠡᠭ ᠢ ᠲᠡᠭᠡᠭᠰᠢᠯᠡᠭᠦᠯᠬᠦ ᠎ ᠶᠢ ᠵᠢᠭᠠᠵᠣ᠂ ᠵᠢᠭᠤᠯᠴᠢᠯᠠᠯ + ᠪᠡᠯᠡ ᠣᠷᠣᠭᠤᠯᠣᠯᠲᠠ᠂ ᠵᠢᠭᠤᠯᠴᠢᠯᠠᠯ + ᠬᠡᠷᠡᠭᠯᠡᠭᠡ᠂ ᠵᠢᠭᠤᠯᠴᠢᠯᠠᠯ + ᠰᠢᠨᠵᠢᠯᠡᠭᠡ ᠮᠡᠷᠭᠡᠵᠢᠯ ᠵᠡᠷᠭᠡ ᠶᠢ ᠪᠠᠭᠲᠠᠭᠠᠨ᠎ᠠ᠃            21. ᠪᠠᠴᠢᠮ ᠬᠦᠴᠢᠷᠳᠡᠯ ᠢ ᠲᠣᠰᠠᠯᠠᠬᠤ᠃ ᠡᠯ᠎ᠡ ᠵᠦᠢᠯ ᠤᠨ ᠲᠣᠯᠭᠠᠮ᠎ᠠ ᠬᠦᠴᠢᠷ ᠲᠦᠪᠡᠭ ᠪᠠᠶᠢᠳᠠᠯ ᠎ ᠠᠴᠠ ᠪᠣᠯᠵᠣ ᠦᠨᠳᠦᠰᠦᠨ ᠠᠮᠢᠳᠣᠷᠠᠯ ᠳᠤ ᠨᠢ ᠲᠦᠷ ᠴᠠᠭ ᠬᠦᠨᠳᠦ ᠨᠣᠴᠢᠲᠠᠢ ᠬᠦᠴᠢᠷ ᠲᠣᠯᠭᠠᠷᠠᠭᠰᠠᠨ ᠰᠠᠭᠤᠭᠠᠯᠢ ᠠᠷᠠᠳ ᠲᠤ ᠠᠪᠣᠷᠠᠨ ᠲᠣᠰᠠᠯᠠᠬᠤ ᠪᠠ ᠬᠠᠪᠰᠣᠷᠣᠯᠭ᠎ᠠ ᠲᠡᠮᠵᠢᠯᠭᠡ ᠦᠵᠡᠭᠦᠯᠬᠦ ᠠᠵᠢᠯ ᠤᠨ ᠵᠣᠬᠢᠴᠠᠮᠵᠢ ᠶᠢ ᠵᠢᠭᠠᠵᠣ ᠪᠠᠶᠢᠨ᠎ᠠ᠃              22. ᠡᠮ ᠡᠮᠨᠡᠯᠭᠡ ᠶᠢᠨ ᠬᠤᠯᠪᠣᠭᠠᠨ ᠤ ᠴᠣᠭᠴᠠ᠃ ᠲᠣᠭᠲᠠᠭᠰᠠᠨ ᠬᠦᠷᠢᠶ᠎ᠡ ᠴᠠᠷᠠᠭᠠᠨ ᠳᠠᠬᠢ ᠡᠮ ᠡᠮᠨᠡᠯᠭᠡ ᠶᠢᠨ ᠬᠤᠯᠪᠣᠭᠠᠯᠠᠭᠰᠠᠨ ᠴᠣᠭᠴᠠ ᠶᠢ ᠵᠢᠭᠠᠵᠣ ᠪᠠᠶᠢᠨ᠎ᠠ᠂ ᠳᠠᠷᠣᠢ ᠠᠳᠠᠯᠢ ᠨᠢᠬᠡ ᠬᠦᠷᠢᠶ᠎ᠡ ᠴᠠᠷᠠᠭᠠᠨ ᠎ ᠳᠠᠬᠢ ᠡᠮ ᠡᠮᠨᠡᠯᠭᠡ ᠶᠢᠨ ᠡᠬᠢ ᠪᠠᠶᠠᠯᠢᠭ ᠢ ᠨᠢᠭᠡᠳᠬᠡᠨ᠎ᠡ᠂ ᠶᠡᠷᠦᠳᠡᠭᠡᠨ ᠨᠢᠭᠡ ᠬᠦᠷᠢᠶ᠎ᠡ ᠴᠠᠷᠠᠭᠠᠨ ᠳᠠᠬᠢ ᠭᠤᠷᠪᠠᠳᠣᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠣᠨ ᠬᠤᠶᠠᠳᠣᠭᠠᠷ ᠳᠡᠰ ᠤᠨ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠲᠣᠰᠬᠤᠨ ᠤ ᠡᠮᠨᠡᠯᠭᠡ ᠶᠢᠨ ᠬᠤᠷᠢᠶ᠎ᠠ ᠶᠢ  ᠬᠠᠮᠳᠣᠷᠠᠭᠤᠯᠣᠨ ᠨᠢᠭᠡ ᠡᠮ ᠡᠮᠨᠡᠯᠭᠡ ᠶᠢᠨ ᠬᠤᠯᠪᠣᠭᠠᠨ ᠤ ᠴᠣᠭᠴᠠ ᠪᠣᠯᠭᠠᠨ᠎ᠠ᠃            23. ᠨᠢᠭᠡ ᠪᠤᠭᠤᠮᠲᠠ ᠬᠤᠶᠠᠷ ᠪᠠᠶᠢᠴᠠᠭᠠᠯᠲᠠ᠃ ᠬᠢᠯᠢ ᠶᠢᠨ ᠪᠤᠭᠤᠮᠲᠠ᠂ ᠬᠢᠯᠢ ᠶᠢᠨ ᠪᠠᠶᠢᠴᠠᠭᠠᠯᠲᠠ ᠎ ᠶᠢᠨ ᠦᠷᠲᠡᠭᠡ ᠪᠠ ᠬᠢᠵᠢᠭ ᠤᠨ ᠪᠠᠶᠢᠴᠠᠭᠠᠯᠲᠠ ᠶᠢᠨ ᠲᠤᠪᠴᠢᠶ᠎ᠠ᠃24. ᠲᠦᠷᠪᠡᠨ ᠬᠠᠮᠤᠭ ᠤᠨ ᠴᠢᠩᠭ᠎ᠠ᠃ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠣᠯᠲᠠ᠂ ᠬᠠᠮᠤᠭ ᠤᠨ ᠴᠢᠩᠭ᠎ᠠ ᠬᠠᠲᠠᠭᠤ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠠᠰᠠᠭᠤᠬᠤ ᠶᠢ ᠬᠡᠷᠡᠭᠯᠡᠵᠦ᠂ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠣᠷ ᠲᠦᠪᠰᠢᠨ ᠤ ᠬᠢᠨᠠᠨ ᠬᠠᠮᠢᠶᠠᠷᠣᠯᠲᠠ ᠪᠠᠨ ᠴᠢᠩᠭᠠᠳᠬᠠᠬᠤ ᠶᠢ ᠵᠢᠭᠠᠵᠣ ᠪᠠᠶᠢᠨ᠎ᠠ᠃           25. ᠲᠦᠷᠪᠡᠨ ᠣᠬᠠᠮᠰᠠᠷ᠃ 2016 ᠣᠨ ᠤ 1 ᠰᠠᠷ᠎ᠠ ᠶᠢᠨ 29᠎ ᠤ ᠡᠳᠦᠷ ᠲᠣᠮᠳᠠᠳᠣ ᠣᠯᠣᠰ ᠎ ᠤᠨ ᠡᠪ ᠬᠠᠮᠲᠣ ᠨᠠᠮ ᠤᠨ ᠲᠦᠪ ᠬᠤᠷᠢᠶᠠᠨ ᠤ ᠣᠯᠣᠰ ᠲᠦᠷᠦ ᠶᠢᠨ ᠲᠣᠪᠴᠢᠶᠠᠨ ᠤ ᠬᠤᠷᠠᠯ ᠳᠤ ︽ᠣᠯᠣᠰ ᠲᠦᠷᠦ ᠶᠢᠨ ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠭᠴᠢ ᠣᠬᠠᠮᠰᠠᠷ᠂ ᠨᠢᠭᠡᠲᠦᠯᠲᠡᠢ ᠪᠠᠶᠢᠬᠤ ᠣᠬᠠᠮᠰᠠᠷ ᠎ ᠢᠶᠠᠨ ᠴᠢᠩᠭᠠᠳᠬᠠᠨ᠎ᠠ︾ ᠭᠡᠵᠦ ᠠᠩᠬ᠎ᠠ ᠣᠳᠠᠭ᠎ᠠ ᠢᠯᠡ ᠪᠠᠷ ᠲᠣᠷᠠᠳᠣᠨ ᠭᠠᠷᠭᠠᠪᠠ᠂ ᠡᠨᠡ ᠨᠢ ᠳᠣᠮᠳᠠᠳᠣ ᠣᠯᠣᠰ ᠎ ᠤᠨ ᠣᠯᠣᠰ ᠲᠦᠷᠦ᠂ ᠳᠣᠮᠳᠠᠳᠣ ᠣᠯᠣᠰ ᠤᠨ ᠵᠠᠰᠠᠯᠲᠠ ᠰᠢᠨ᠎ᠡ ᠨᠢᠭᠡ ᠱᠠᠲᠣᠨ ᠳᠤ ᠣᠷᠣᠭᠰᠠᠨ ᠤ ᠪᠡᠯᠭᠡ ᠲᠡᠮᠳᠡᠭ ᠪᠣᠯᠣᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号