ᠡᠶ᠎ᠡ ᠵᠤᠬᠢᠴᠠᠯᠲᠠᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠠᠵᠢᠯ ᠢ ᠦᠷᠨᠢᠭᠦᠯᠦᠭᠰᠡᠨ ᠪᠠᠶᠢᠳᠠᠯ  ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2017/8/23
ᠡᠷᠬᠢᠯᠡᠭᠴᠢ᠂ ᠡᠯ᠎ᠡ ᠲᠡᠳ᠋ ᠡᠷᠬᠢᠯᠡᠭᠴᠢ᠂ ᠭᠡᠰᠢᠭᠦᠳ ᠡ᠄            ᠪᠢ ᠰᠢᠯᠢ  ᠶᠢᠨ ᠬᠤᠲᠠ  ᠶᠢᠨ ᠵᠠᠰᠠᠭ  ᠤᠨ ᠣᠷᠳᠣᠨ  ᠤ ᠨᠠᠶᠢᠳᠠᠯᠭ᠎ᠠ  ᠪᠠᠷ ᠠᠷᠠᠳ  ᠤᠨ ᠲᠥᠯᠦᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ  ᠬᠤᠷᠢᠶᠠᠨ  ᠳᠤ ᠪᠦᠬᠦ ᠬᠤᠲᠠ  ᠶᠢᠨ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ ᠠᠵᠢᠯ   ᠢ ᠦᠷᠨᠢᠭᠦᠯᠦᠭᠰᠡᠨ ᠪᠠᠶᠢᠳᠠᠯ   ᠢ ᠬᠠᠷᠢᠭᠤ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠣ᠃ ᠨᠢᠭᠡ  ᠂ ᠠᠵᠢᠯ   ᠢ ᠦᠷᠨᠢᠭᠦᠯᠦᠭᠰᠡᠨ  ᠪᠠᠶᠢᠳᠠᠯ           ︵ᠨᠢᠭᠡ︶ ᠵᠤᠬᠢᠶᠠᠨ ᠪᠠᠶᠢᠭᠤᠯᠤᠯᠲᠠ ᠪᠠ ᠣᠳᠣᠷᠢᠳᠣᠯᠭ᠎ᠠ  ᠶᠢ  ᠴᠢᠩᠭᠠᠳᠬᠠᠪᠠ᠃ ᠮᠠᠨ  ᠤ ᠬᠤᠲᠠ  ᠨᠢ ᠪᠦᠬᠦ ᠠᠶᠢᠮᠠᠭ  ᠤᠨ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠤ ᠲᠤᠷᠰᠢᠯᠲᠠ  ᠶᠢᠨ ᠴᠢᠭ  ᠤᠨ ᠭᠠᠵᠠᠷ ᠣᠷᠣᠨ ᠪᠤᠯᠬᠤᠷ ᠬᠤᠲᠠ  ᠶᠢᠨ ᠨᠠᠮ  ᠤᠨ ᠬᠤᠷᠢᠶ᠎ᠠ  ᠂ ᠵᠠᠰᠠᠭ  ᠤᠨ ᠣᠷᠳᠣᠨ  ᠲᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠣᠯᠠᠨ ᠣᠳᠠᠭ᠎ᠠ ᠲᠤᠰᠬᠠᠢ ᠰᠡᠳᠦᠪᠳᠦ ᠬᠤᠷᠠᠯ ᠬᠤᠷᠠᠯᠳᠣᠭᠤᠯᠵᠤ᠂ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ ᠲᠤᠷᠰᠢᠯᠲᠠ  ᠶᠢᠨ ᠴᠢᠭ  ᠤᠨ ᠠᠵᠢᠯ  ᠢ ᠰᠣᠳᠣᠯᠣᠨ ᠪᠠᠶᠢᠷᠢᠯᠠᠭᠤᠯᠪᠠ᠃ ᠲᠤᠷᠰᠢᠯᠲᠠ  ᠶᠢᠨ ᠴᠢᠭ  ᠤᠨ ᠠᠵᠢᠯ  ᠤᠨ ᠣᠳᠣᠷᠢᠳᠬᠤ ᠲᠤᠭᠤᠶᠢᠯᠠᠩ ᠪᠠᠶᠢᠭᠤᠯᠵᠤ  ᠂ ᠣᠳᠣᠷᠢᠳᠬᠤ ᠲᠤᠭᠤᠶᠢᠯᠠᠩ  ᠤᠨ ᠠᠯᠪᠠᠨ ᠭᠡᠷ  ᠢ ᠬᠤᠲᠠ  ᠶᠢᠨ  ᠭᠠᠵᠠᠷ ᠰᠢᠷᠣᠢ  ᠶᠢᠨ ᠲᠤᠪᠴᠢᠶᠠᠨ  ᠳᠤ ᠲᠤᠬᠢᠷᠠᠭᠤᠯᠵᠤ᠂ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠤ ᠪᠦᠳᠦᠭᠡᠨ ᠪᠠᠶᠢᠭᠤᠯᠤᠯᠲᠠ  ᠶᠢᠨ ᠡᠳᠦᠷ ᠲᠤᠳᠣᠮ  ᠤᠨ ᠠᠵᠢᠯ  ᠢ ᠬᠠᠷᠢᠭᠤᠴᠠᠪᠠ᠃ ︽ᠰᠢᠯᠢ  ᠶᠢᠨ ᠭᠤᠤᠯ ᠠᠶᠢᠮᠠᠭ  ᠤᠨ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ ᠲᠤᠷᠰᠢᠯᠲᠠ  ᠶᠢᠨ ᠴᠢᠭ  ᠤᠨ ᠠᠵᠢᠯ  ᠤᠨ ᠬᠡᠷᠡᠭᠵᠢᠭᠦᠯᠬᠦ ᠲᠥᠰᠦᠪ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2012﹈ 77 ᠲᠤᠭᠠᠳᠣ︶  ᠢ ᠦᠨᠳᠦᠰᠦᠯᠡᠨ᠂ ︽ᠠᠭᠤᠷᠬᠠᠢ  ᠶᠢᠨ ᠦᠢᠯᠡᠰ  ᠢ ᠨᠡᠭᠡᠭᠡᠨ ᠬᠥᠭᠵᠢᠭᠦᠯᠬᠦ ᠡᠮᠬᠢ ᠲᠢᠭᠯᠢᠮ  ᠢ ᠣᠯᠠᠮ ᠨᠢᠭᠡ ᠠᠯᠬᠤᠮ ᠲᠦᠷᠢᠮᠵᠢᠭᠦᠯᠦᠨ᠂ ᠬᠠᠤᠯᠢ ᠶᠤᠰᠣᠭᠠᠷ ᠣᠷᠴᠢᠨ ᠲᠤᠭᠤᠷᠢᠨ  ᠢ ᠬᠠᠮᠠᠭᠠᠯᠠᠵᠤ᠂ ᠠᠷᠠᠳ  ᠤᠨ ᠠᠮᠢᠳᠣᠷᠠᠯ  ᠢ ᠪᠠᠳᠣᠯᠠᠬᠤ  ᠶᠢ ᠬᠡᠷᠡᠭᠵᠢᠭᠦᠯᠬᠦ ᠲᠤᠬᠠᠢ ᠰᠠᠨᠠᠯ︾  ︵ᠰᠢᠯᠢ ᠵᠠᠬᠢᠷᠭ᠎ᠠ ᠲᠠᠷᠬᠠᠭᠠᠭᠰᠠᠨ ﹇2011﹈ 161 ᠲᠤᠭᠠᠳᠣ︶   ᠲᠠᠢ ᠣᠶᠠᠯᠳᠣᠭᠤᠯᠤᠨ᠂ ︽ᠰᠢᠯᠢ  ᠶᠢᠨ ᠬᠤᠲᠠ  ᠶᠢᠨ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ ᠲᠤᠷᠰᠢᠯᠲᠠ  ᠶᠢᠨ ᠴᠢᠭ  ᠤᠨ ᠠᠵᠢᠯ  ᠤᠨ ᠬᠡᠷᠡᠭᠵᠢᠭᠦᠯᠬᠦ ᠲᠥᠰᠦᠪ︾  ᠢ ᠲᠤᠭᠲᠠᠭᠠᠵᠤ᠂ ᠠᠵᠢᠯ  ᠤᠨ ᠬᠠᠷᠠᠯᠲᠠ᠂ ᠠᠵᠢᠯ  ᠤᠨ ᠠᠯᠬᠤᠮ ᠲᠠᠷᠠᠭ᠎ᠠ᠂ ᠪᠤᠲᠠᠲᠠᠢ ᠱᠠᠭᠠᠷᠳᠠᠯᠭ᠎ᠠ ᠪᠤᠯᠤᠨ ᠠᠵᠢᠯ  ᠤᠨ ᠠᠷᠭ᠎ᠠ ᠬᠡᠮᠵᠢᠶ᠎ᠡ  ᠶᠢ ᠲᠤᠳᠣᠷᠬᠠᠶᠢᠯᠠᠵᠤ᠂ ︽ᠬᠠᠮᠳᠣᠷᠠᠭᠰᠠᠨ ᠬᠤᠷᠠᠯ  ᠤᠨ ᠲᠦᠷᠢᠮ︾᠂ ︽ᠠᠵᠢᠯ  ᠢ ᠪᠠᠶᠢᠴᠠᠭᠠᠨ ᠵᠢᠯᠤᠭᠤᠳᠬᠤ ᠲᠦᠷᠢᠮ︾᠂ ︽ᠰᠣᠷᠠᠭ ᠵᠠᠩᠭᠢ  ᠶᠢ  ᠬᠠᠷᠢᠭᠤ ᠲᠤᠰᠬᠠᠬᠤ ᠲᠦᠷᠢᠮ︾ ᠵᠡᠷᠭᠡ ᠠᠵᠢᠯ  ᠤᠨ ᠲᠦᠷᠢᠮ  ᠢ ᠪᠠᠶᠢᠭᠤᠯᠵᠤ᠂ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ ᠲᠤᠷᠰᠢᠯᠲᠠ  ᠶᠢᠨ ᠴᠢᠭ  ᠤᠨ ᠠᠵᠢᠯ  ᠢ ᠣᠷᠣᠭᠰᠢᠲᠠᠢ ᠦᠷᠨᠢᠭᠦᠯᠬᠦ  ᠳᠤ  ᠦᠷ᠎ᠡ ᠪᠦᠳᠦᠮᠵᠢᠲᠠᠢ ᠪᠠᠶᠢᠭᠤᠯᠤᠮᠵᠢ ᠲᠤᠭᠲᠠᠴᠠ ᠪᠠ ᠲᠦᠷᠢᠮ  ᠤᠨ ᠪᠠᠳᠣᠯᠠᠭ᠎ᠠ  ᠶᠢ ᠬᠠᠩᠭᠠᠪᠠ᠃             ︵ᠬᠤᠶᠠᠷ︶ ᠡᠶ᠎ᠡ ᠵᠤᠬᠢᠴᠠᠯᠲᠠᠢ ᠠᠭᠤᠷᠬᠠᠢ  ᠶᠢᠨ ᠣᠷᠣᠨ  ᠢ ᠪᠦᠳᠦᠭᠡᠨ ᠪᠠᠶᠢᠭᠤᠯᠬᠤ  ᠠᠵᠢᠯ   ᠢ ᠨᠠᠷᠢᠨ ᠬᠢᠨᠠᠮᠠᠭᠠᠢ ᠦᠷᠨᠢᠭᠦᠯᠪᠡ᠃1. ᠬᠠᠤᠯᠢ ᠶᠤᠰᠣᠭᠠᠷ ᠵᠦᠢ ᠵᠤᠬᠢᠰᠲᠠᠢ ᠨᠡᠭᠡᠭᠡᠨ ᠠᠰᠢᠭᠯᠠᠪᠠ᠃ ᠮᠠᠨ  ᠤ ᠬᠤᠲᠠ ᠡᠬᠢ ᠰᠣᠷᠪᠤᠯᠵᠢ᠂ ᠡᠨᠧᠷᠬᠢ  ᠶᠢ ᠵᠦᠢ ᠵᠤᠬᠢᠰᠲᠠᠢ ᠨᠡᠭᠡᠭᠡᠨ ᠠᠰᠢᠭᠯᠠᠬᠤ  ᠶᠢ  ᠲᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠠᠭᠤᠷᠬᠠᠢ  ᠶᠢᠨ ︽ᠭᠤᠷᠪᠠᠨ ᠨᠤᠷᠮ᠎ᠠ︾  ᠶᠢ ᠰᠢᠯᠭᠠᠨ ᠪᠠᠶᠢᠴᠠᠭᠠᠬᠤ ᠴᠢᠬᠤᠯᠠ ᠭᠦᠢᠴᠡᠳᠬᠡᠯ ᠲᠤᠭ᠎ᠠ ᠪᠤᠯᠭᠠᠵᠤ᠂ ᠨᠡᠭᠦᠷᠡᠰᠦᠨ  ᠤ ᠡᠬᠢ ᠰᠣᠷᠪᠤᠯᠵᠢ ᠶᠢ ᠨᠡᠭᠡᠭᠡᠨ ᠠᠰᠢᠭᠯᠠᠬᠤ ᠬᠡᠮᠵᠢᠶ᠎ᠡ  ᠶᠢ ᠪᠠᠳᠣᠯᠠᠵᠤ᠂ ᠮᠠᠯᠳᠠᠬᠤ  ᠳᠤ ᠠᠮᠠᠷᠬᠠᠨ ᠪᠦᠭᠡᠳ ᠨᠡᠭᠦᠷᠡᠰᠦ ᠡᠯᠪᠡᠭ  ᠠᠭᠤᠷᠬᠠᠢ  ᠶᠢ ᠨᠡᠭᠡᠭᠡᠨ ᠠᠰᠢᠭᠯᠠᠭᠠᠳ᠂ ᠨᠡᠭᠦᠷᠡᠰᠦ ᠬᠤᠮᠰᠠᠬᠠᠨ  ᠠᠭᠤᠷᠬᠠᠢ  ᠶᠢ ᠮᠠᠯᠳᠠᠬᠤ ᠦᠭᠡᠢ ᠦᠵᠡᠭᠲᠡᠯ  ᠢ ᠡᠷᠡᠰ ᠲᠡᠪᠴᠢᠬᠦ  ᠶᠢᠨ ᠬᠠᠮᠳᠣ᠂ ᠰᠢᠨ᠎ᠡ ᠮᠡᠷᠭᠡᠵᠢᠯ᠂ ᠰᠢᠨ᠎ᠡ ᠭᠠᠷ ᠣᠷᠠᠯᠠᠯ  ᠢ ᠲᠠᠳᠠᠨ ᠣᠷᠣᠭᠤᠯᠵᠤ ᠨᠡᠭᠦᠷᠡᠰᠦᠨ  ᠤ ᠡᠬᠢ ᠰᠣᠷᠪᠤᠯᠵᠢ  ᠶᠢᠨ  ᠨᠡᠭᠡᠭᠡᠨ ᠠᠰᠢᠭᠯᠠᠬᠤ ᠨᠤᠷᠮ᠎ᠠ  ᠶᠢ ᠲᠡᠭᠡᠭᠰᠢᠯᠡᠭᠦᠯᠵᠦ᠂ ᠨᠡᠯᠢᠶᠡᠳ ᠥᠨᠳᠦᠷ ᠬᠢᠷᠢ ᠲᠦᠪᠰᠢᠨ  ᠳᠤ  ᠬᠦᠷᠭᠡᠨ᠎ᠡ᠂ ᠭᠤᠤᠯᠳᠠᠯᠭ᠎ᠠ ᠲᠠᠢ ᠵᠠᠳᠠᠭᠠᠢ ᠨᠡᠭᠦᠷᠡᠰᠦᠨ ᠠᠭᠤᠷᠬᠠᠢ  ᠶᠢᠨ ᠪᠤᠲᠠᠲᠠᠢ  ᠨᠡᠭᠡᠭᠡᠨ ᠠᠰᠢᠭᠯᠠᠭᠰᠠᠨ ᠨᠣᠷᠮ᠎ᠠ ᠨᠢ 95%  ᠠᠴᠠ ᠲᠡᠭᠡᠭᠰᠢ ᠪᠠᠶᠢᠵᠤ᠂ ᠠᠭᠤᠷᠬᠠᠢ  ᠶᠢᠨ ᠬᠤᠳᠳᠤᠭ  ᠤᠨ ᠨᠡᠭᠡᠭᠡᠨ ᠠᠰᠢᠭᠯᠠᠭᠰᠠᠨ ᠨᠤᠷᠮ᠎ᠠ ᠨᠢ 75%  ᠠᠴᠠ ᠲᠡᠭᠡᠭᠰᠢ ᠬᠦᠷᠴᠦ᠂ ᠲᠡᠮᠦᠷᠯᠢᠭ  ᠤᠨ ᠠᠭᠤᠷᠬᠠᠢ  ᠶᠢᠨ ᠠᠭᠤᠷᠬᠠᠢ ᠰᠣᠩᠭᠤᠵᠤ ᠨᠡᠭᠡᠭᠡᠨ ᠠᠰᠢᠭᠯᠠᠭᠰᠠᠨ ᠨᠤᠷᠮ᠎ᠠ ᠨᠢ 80%  ᠠᠴᠠ ᠲᠡᠭᠡᠭᠰᠢ ᠬᠦᠷᠦᠭᠰᠡᠨ ᠪᠠᠶᠢᠨ᠎ᠠ᠃2.  ᠠᠶᠤᠯᠭᠦᠢ ᠦᠢᠯᠡᠳᠪᠦᠷᠢᠯᠡᠯ  ᠢ  ᠴᠢᠩᠭᠠᠳᠬᠠᠪᠠ  ᠃ ᠠᠵᠤ ᠠᠬᠤᠶᠢᠯᠠᠯ  ᠤᠨ ᠭᠤᠤᠯ ᠴᠣᠭᠴᠠ  ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ᠂ ᠬᠠᠣᠯᠢ ᠪᠤᠰᠣ  ᠶᠢᠨ ᠠᠵᠢᠯᠯᠠᠭ᠎ᠠ   ᠳᠤ ᠴᠣᠬᠢᠯᠲᠠ ᠥᠭᠬᠦ᠂ ᠦᠨᠳᠦᠰᠦᠨ ᠬᠠᠮᠢᠶᠠᠷᠣᠯᠲᠠ᠂ ᠭᠡᠮ ᠰᠣᠭᠤᠭ  ᠢ ᠪᠠᠶᠢᠴᠠᠭᠠᠨ ᠭᠠᠷᠭᠠᠵᠤ ᠵᠠᠰᠠᠨ ᠴᠡᠭᠴᠡᠯᠡᠬᠦ  ᠪᠠᠷ ᠭᠤᠤᠯᠳᠠᠯᠭ᠎ᠠ ᠪᠤᠯᠭᠠᠵᠤ᠂ ᠲᠤᠳᠣᠭᠠᠳᠣ  ᠶᠢ ᠬᠠᠮᠠᠭᠠᠯᠠᠬᠤ᠂ ᠣᠯᠣᠰ  ᠤᠨ ᠭᠠᠵᠠᠷ ᠰᠢᠷᠣᠢ᠂ ᠠᠶᠣᠯᠭᠦᠢ ᠦᠢᠯᠡᠳᠪᠦᠷᠢᠯᠡᠯ  ᠢ ᠬᠢᠨᠠᠨ ᠬᠠᠮᠢᠶᠠᠷᠬᠤ᠂ ᠣᠷᠴᠢᠨ ᠲᠤᠭᠤᠷᠢᠨ  ᠤ ᠬᠠᠮᠠᠭᠠᠯᠠᠯᠲᠠ᠂  ᠨᠤᠳᠤᠭ ᠪᠡᠯᠴᠢᠭᠡᠷ  ᠤᠨ ᠬᠢᠨᠠᠨ ᠬᠠᠮᠢᠶᠠᠷᠣᠯᠲᠠ ᠵᠡᠷᠭᠡ ᠰᠠᠯᠠᠭ᠎ᠠ ᠮᠦᠴᠢᠷ ᠬᠤᠯᠪᠤᠭᠠᠯᠠᠨ ᠬᠠᠤᠯᠢ ᠬᠡᠷᠡᠭᠵᠢᠭᠦᠯᠦᠨ ᠪᠠᠶᠢᠴᠠᠭᠠᠬᠤ ᠲᠤᠭᠲᠠᠴᠠ  ᠶᠢ ᠪᠠᠶᠢᠭᠤᠯᠵᠤ᠂ ︽ᠬᠡᠨ ᠪᠠᠶᠢᠴᠠᠭᠠᠭᠰᠠᠨ ᠪᠤᠯ ᠬᠡᠨ ᠬᠠᠷᠢᠭᠤᠴᠠᠵᠤ᠂ ᠬᠡᠨ ᠱᠠᠯᠠᠪᠳᠠᠭᠤᠯᠤᠨ ᠪᠠᠶᠢᠴᠠᠭᠠᠭᠰᠠᠨ ᠪᠤᠯ ᠬᠡᠨ ᠬᠠᠷᠢᠭᠤᠴᠠᠵᠤ᠂ ᠬᠡᠨ ᠭᠠᠷ  ᠤᠨ ᠦᠰᠦᠭ ᠵᠢᠷᠣᠭᠰᠠᠨ ᠪᠤᠯ ᠬᠡᠨ ᠬᠠᠷᠢᠭᠤᠴᠠᠬᠤ︾ ᠠᠵᠢᠯ  ᠤᠨ ᠲᠦᠷᠢᠮ  ᠢ ᠴᠢᠩᠭ᠎ᠠ ᠬᠡᠷᠡᠭᠵᠢᠭᠦᠯᠵᠦ ᠂ ᠡᠳᠦᠷ ᠲᠤᠳᠣᠮ ᠴᠠᠭᠲᠠᠨ ᠪᠠᠶᠢᠴᠠᠭᠠᠬᠤ ᠪᠤᠯᠤᠨ ᠲᠦᠪᠯᠡᠷᠡᠭᠦᠯᠦᠨ ᠪᠠᠶᠢᠴᠠᠭᠠᠬᠤ  ᠶᠢ ᠬᠠᠷᠢᠯᠴᠠᠨ  ᠣᠶᠠᠯᠳᠣᠭᠤᠯᠬᠤ ᠂ ᠵᠠᠷᠢᠮ ᠰᠠᠯᠠᠭ᠎ᠠ ᠮᠦᠴᠢᠷ ᠰᠣᠩᠭᠤᠨ ᠪᠠᠶᠢᠴᠠᠭᠠᠬᠤ ᠪᠤᠯᠤᠨ ᠣᠯᠠᠨ ᠰᠠᠯᠠᠭ᠎ᠠ ᠮᠦᠴᠢᠷ ᠨᠡᠶᠢᠲᠡᠮ ᠳᠤᠨᠢ ᠪᠠᠶᠢᠴᠠᠭᠠᠬᠤ  ᠶᠢ ᠬᠠᠷᠢᠯᠴᠠᠨ ᠣᠶᠠᠯᠳᠣᠭᠤᠯᠬᠤ ᠪᠠ ᠣᠳᠣᠷᠢᠳᠣᠯᠭ᠎ᠠ  ᠠᠴᠠ ᠱᠠᠯᠠᠪᠳᠠᠨ ᠪᠠᠶᠢᠴᠠᠭᠠᠬᠤ ᠠᠷᠭ᠎ᠠ ᠪᠠᠷᠢᠯ  ᠢ ᠠᠪᠴᠣ᠂ ᠬᠠᠣᠯᠢ ᠵᠦᠷᠢᠴᠡᠨ ᠨᠡᠭᠡᠭᠡᠨ ᠮᠠᠯᠳᠠᠬᠤ ᠠᠵᠢᠯᠯᠠᠭ᠎ᠠ  ᠶᠢ ᠴᠢᠩᠭ᠎ᠠ ᠪᠠᠶᠢᠴᠠᠭᠠᠨ ᠰᠢᠢᠳᠬᠡᠵᠦ᠂ ᠠᠮᠤᠷ ᠲᠦᠪᠰᠢᠨ  ᠤ ᠭᠡᠮ ᠰᠣᠭᠤᠭ  ᠢ ᠴᠠᠭ ᠲᠤᠬᠠᠢ ᠳᠤᠨᠢ ᠠᠷᠢᠯᠭᠠᠪᠠ᠃3. ᠣᠷᠴᠢᠨ ᠲᠤᠭᠤᠷᠢᠨ  ᠢ ᠵᠠᠰᠠᠨ ᠰᠠᠶᠢᠵᠢᠷᠠᠭᠤᠯᠬᠤ  ᠶᠢ ᠴᠢᠩᠭᠠᠳᠬᠠᠪᠠ᠃ ᠣᠳᠣᠬᠠᠨ  ᠳᠤ᠂ ᠠᠭᠤᠷᠬᠠᠢ  ᠶᠢᠨ ᠠᠵᠤ ᠠᠬᠤᠶᠢᠯᠠᠯ ᠨᠡᠶᠢᠲᠡ  10.1 ᠳ᠋ᠦᠩᠰᠢᠭᠤᠷ ᠲᠦᠭᠦᠷᠢᠭ  ᠤᠨ ᠵᠠᠰᠠᠨ ᠰᠠᠶᠢᠵᠢᠷᠠᠭᠤᠯᠬᠤ ᠪᠡᠯᠡ ᠮᠥᠩᠭᠦ ᠣᠷᠣᠭᠤᠯᠵᠤ᠂  ᠵᠠᠰᠠᠵᠤ ᠰᠠᠶᠢᠵᠢᠷᠠᠭᠤᠯᠤᠨ ᠰᠡᠷᠭᠦᠭᠡᠭᠰᠡᠨ ᠲᠠᠯᠠᠪᠠᠢ ᠨᠢ1471.5 ᠡᠾᠧᠺᠲ᠋ᠠᠷ ᠪᠤᠯᠤᠨ᠎ᠠ᠃  210 ᠲᠦᠮᠡ ᠢᠯᠡᠭᠦᠤ ᠰᠠᠭᠤᠷᠢ ᠮᠤᠳᠣ ᠲᠠᠷᠢᠵᠤ᠂  ᠲᠠᠷᠢᠵᠤ ᠨᠤᠭᠤᠭᠠᠷᠠᠭᠤᠯᠤᠭᠰᠠᠨ ᠲᠠᠯᠠᠪᠠᠢ ᠨᠢ 1.8 ᠲᠦᠮᠡᠨ ᠮᠤ᠋  ᠳᠤ ᠬᠦᠷᠪᠡ᠂ 600 ᠢᠯᠡᠭᠦᠦ ᠬᠦᠮᠦᠨ  ᠳᠤ ᠠᠵᠢᠯ ᠣᠯᠭᠤᠨ ᠥᠭᠴᠦ᠂  ᠥᠨᠳᠦᠷ ᠲᠡᠰ  ᠤᠨ  ᠲᠡᠭᠡᠭᠡᠪᠦᠷᠢ  ᠶᠢᠨ ᠵᠠᠰᠠᠮᠠᠯ ᠵᠠᠮ 14.4 ᠺᠢᠯᠤᠮᠧᠲᠷ ᠵᠠᠰᠠᠵᠤ᠂ ᠬᠠᠶᠢᠷ ᠴᠢᠯᠠᠭᠤᠨ ᠵᠠᠰᠠᠮᠠᠯ ᠵᠠᠮ 57 ᠺᠢᠯᠣᠮᠧᠲᠷ ᠲᠡᠪᠢᠰᠪᠡ᠃             ᠨᠢᠭᠡ  ᠳᠤ ᠭᠤᠤᠯᠳᠠᠯᠭ᠎ᠠ ᠲᠠᠢ ᠠᠭᠤᠷᠬᠠᠢ  ᠶᠢᠨ ᠣᠷᠣᠨ  ᠤ ᠣᠷᠴᠢᠨ ᠲᠤᠭᠤᠷᠢᠨ  ᠢ ᠴᠡᠭᠴᠡᠯᠡᠨ ᠵᠠᠰᠠᠬᠤ ᠬᠦᠴᠦᠯᠡᠴᠡ  ᠪᠠᠨ  ᠴᠢᠩᠭᠠᠳᠬᠠᠪᠠ᠃ ᠢᠯᠡᠯᠲᠡ ᠠᠭᠤᠷᠬᠠᠢ  ᠶᠢᠨ  ᠣᠷᠣᠨ  ᠤ ᠠᠵᠤ ᠠᠬᠤᠶᠢᠯᠠᠯ  ᠤᠨ ᠰᠢᠨ᠎ᠡ  ᠪᠠᠷ ᠪᠠᠶᠢᠭᠤᠯᠬᠤ ᠪᠠ ᠶᠠᠭ ᠪᠠᠶᠢᠭᠤᠯᠵᠤ ᠪᠠᠶᠢᠭ᠎ᠠ ᠰᠢᠷᠣᠢ ᠭᠠᠳᠠᠭᠰᠢᠯᠠᠭᠤᠯᠬᠤ ᠲᠠᠯᠠᠪᠠᠢ  ᠶᠢᠨ  ᠨᠠᠯᠠᠣ  ᠶᠢᠨ ᠬᠡᠮᠵᠢᠶ᠎ᠡ  ᠶᠢ 20℃  ᠤᠨ ᠲᠣᠳᠣᠷ᠎ᠠ ᠪᠠᠶᠢᠯᠭᠠᠵᠤ᠂ ᠪᠦᠬᠦᠨ  ᠢ ᠨᠤᠭᠤᠭᠠᠷᠠᠭᠤᠯᠬᠤ ᠪᠦᠭᠡᠳ ᠣᠰᠣ ᠭᠠᠳᠠᠭᠰᠢᠯᠠᠭᠤᠯᠬᠤ ᠰᠣᠪᠠᠭ ᠭᠠᠷᠭᠠᠵᠤ᠂ ᠡᠭᠦᠷᠢᠲᠡ   ᠶᠢᠨ ᠴᠢᠨᠠᠷᠲᠠᠢ ᠰᠢᠷᠣᠢ ᠭᠠᠳᠠᠭᠰᠢᠯᠠᠭᠤᠯᠬᠤ ᠲᠠᠯᠠᠪᠠᠢ  ᠶᠢᠨ ᠵᠠᠮ   ᠢ  ᠵᠠᠰᠠᠵᠤ ᠲᠡᠪᠢᠰᠦᠨ᠎ᠡ᠃  ᠲᠤᠭᠲᠠᠭᠰᠠᠨ ᠬᠡᠮᠵᠢᠶᠡᠨ  ᠳᠤ ᠬᠦᠷᠦᠭᠰᠡᠨ ᠰᠢᠷᠣᠢ  ᠭᠠᠳᠠᠭᠰᠢᠯᠠᠭᠤᠯᠵᠤ ᠲᠠᠭᠤᠰᠣᠭᠰᠠᠨ  ᠤ ᠲᠠᠷᠠᠭᠠᠬᠢ ᠲᠠᠯᠠᠪᠠᠢ  ᠶᠢᠨ ᠨᠣᠭᠤᠭᠠᠷᠠᠭᠤᠯᠤᠯᠲᠠ  ᠶᠢᠨ ᠨᠣᠷᠮ᠎ᠠ  ᠶᠢ 100%  ᠳᠤ ᠬᠦᠷᠭᠡᠵᠦ᠂ ᠲᠦᠷ  ᠴᠠᠭ  ᠤᠨ  ᠴᠢᠨᠠᠷᠲᠠᠢ ᠰᠢᠷᠣᠢ ᠭᠠᠳᠠᠭᠰᠢᠯᠠᠭᠤᠯᠬᠤ ᠲᠠᠯᠠᠪᠠᠢ  ᠶᠢᠨ ᠨᠣᠭᠤᠭᠠᠷᠠᠭᠤᠯᠤᠯᠲᠠ  ᠳᠤ  ᠨᠢᠭᠡ ᠨᠠᠰᠣᠳᠣ ᠣᠷᠭᠤᠮᠠᠯ ᠪᠠ ᠣᠯᠠᠨ ᠨᠠᠰᠣᠳᠣ ᠣᠷᠭᠤᠮᠠᠯ   ᠢ  ᠬᠤᠯᠢᠵᠤ ᠲᠠᠷᠢᠨ᠂  ᠨᠣᠭᠤᠭᠠᠷᠠᠭᠤᠯᠤᠯᠲᠠ  ᠶᠢᠨ ᠨᠤᠷᠮ᠎ᠠ  ᠶᠢ ᠪᠠᠳᠣᠯᠠᠪᠠ᠃ 2015 ᠤᠨ  ᠳᠤ ᠢᠯᠠᠯᠲᠠ ᠠᠭᠤᠷᠬᠠᠢ  ᠶᠢᠨ ᠣᠷᠣᠨ  ᠤ ᠠᠮᠢ ᠠᠬᠤᠢ  ᠶᠢ ᠰᠡᠷᠭᠦᠭᠡᠬᠦ  ᠢᠨᠵᠧᠨᠧᠷᠢᠩ ᠳᠤ 7735.74 ᠲᠦᠮᠡᠨ ᠲᠦᠭᠦᠷᠢᠭ  ᠤᠨ ᠪᠡᠯᠡ  ᠣᠷᠣᠭᠤᠯᠵᠤ  1399 ᠡᠾᠧᠺᠲ᠋ᠠᠷ ᠲᠠᠯᠠᠪᠠᠢ  ᠶᠢ ᠨᠤᠭᠤᠭᠠᠷᠠᠭᠤᠯᠬᠤ  ᠪᠠᠷ ᠲᠥᠯᠦᠪᠯᠡᠵᠦ᠂ ᠤᠳᠣᠬᠠᠨ  ᠳᠤ ᠨᠢᠭᠡᠨᠲᠡ 2473 ᠲᠦᠮᠡᠨ ᠲᠥᠭᠦᠷᠢᠭ  ᠤᠨ ᠪᠡᠯᠡ ᠣᠷᠣᠭᠤᠯᠵᠤ᠂  106.5 ᠡᠾᠧᠺᠲ᠋ᠠᠷ ᠲᠠᠯᠠᠪᠠᠢ  ᠶᠢ ᠲᠠᠷᠢᠵᠤ ᠨᠤᠭᠤᠭᠠᠷᠠᠭᠤᠯᠤᠭᠰᠠᠨ ᠪᠠᠶᠢᠨ᠎ᠠ᠃ ᠡᠭᠦᠨ  ᠤ  ᠲᠤᠳᠣᠷ᠎ᠠ᠂ ᠳ᠋ᠠ ᠲᠠᠩ  ᠱᠧᠩ ᠯᠢ ᠵᠡᠭᠦᠨ ᠬᠤᠶᠠᠳᠣᠭᠠᠷ ᠨᠤᠮᠧᠷᠳᠣ ᠵᠠᠳᠠᠭᠠᠢ ᠨᠡᠭᠦᠷᠡᠰᠦᠨ ᠠᠭᠤᠷᠬᠠᠢ  ᠶᠢᠨ ᠪᠡᠯᠡ ᠣᠷᠣᠭᠤᠯᠤᠯᠲᠠ ᠨᠢ 780 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ  ᠶᠢᠨ ᠲᠠᠯᠠᠪᠠᠢ ᠨᠢ 20 ᠡᠾᠧᠺᠲ᠋ᠠᠷ ᠪᠤᠯᠤᠨ᠎ᠠ  ︔ ᠱᠧᠨ ᠬᠤᠸᠠ ᠱᠧᠩ ᠯᠢ ᠨᠢᠭᠡᠳᠦᠭᠡᠷ ᠨᠤᠮᠧᠷᠳᠣ ᠵᠠᠳᠠᠭᠠᠢ ᠨᠡᠭᠦᠷᠡᠰᠦᠨ ᠠᠭᠤᠷᠬᠠᠢ  ᠶᠢᠨ ᠪᠡᠯᠡ ᠣᠷᠣᠭᠤᠯᠤᠯᠲᠠ ᠨᠢ 416 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ  ᠶᠢᠨ ᠲᠠᠯᠠᠪᠠᠢ ᠨᠢ 48 ᠡᠾᠧᠺᠲ᠋ᠠᠷ ᠪᠤᠯᠤᠨ᠎ᠠ  ︔ ᠤᠯᠠᠭᠠᠨᠳᠤᠭ ᠠᠭᠤᠷᠬᠠᠢ  ᠶᠢᠨ ᠪᠡᠯᠡ ᠣᠷᠣᠭᠤᠯᠤᠯᠲᠠ ᠨᠢ 180 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ  ᠶᠢᠨ ᠲᠠᠯᠠᠪᠠᠢ ᠨᠢ 19 ᠡᠾᠧᠺᠲ᠋ᠠᠷ ᠪᠤᠯᠤᠨ᠎ᠠ  ︔ ᠮᠧᠩ ᠨᠧᠩ ᠱᠧᠩ ᠯᠢ ᠪᠠᠷᠠᠭᠤᠨ ᠭᠤᠷᠪᠠᠳᠣᠭᠠᠷ ᠵᠠᠳᠠᠭᠠᠢ ᠨᠡᠭᠦᠷᠡᠰᠦᠨ ᠠᠭᠤᠷᠬᠠᠢ  ᠶᠢᠨ ᠪᠡᠯᠡ ᠣᠷᠣᠭᠤᠯᠤᠯᠲᠠ ᠨᠢ 580  ᠲᠦᠮᠡᠨ ᠲᠦᠭᠦᠷᠢᠭ ᠪᠠᠶᠢᠵᠤ᠂  66.2 ᠡᠾᠧᠺᠲ᠋ᠠᠷ ᠲᠠᠯᠠᠪᠠᠢ ᠪᠦᠬᠦᠢ ᠡᠪᠡᠰᠦ ᠲᠠᠷᠢᠬᠤ ᠬᠥᠷᠦᠰᠦ ᠰᠢᠷᠣᠢ ᠲᠡᠪᠢᠰᠬᠦ ᠠᠵᠢᠯ  ᠢ ᠪᠡᠶᠡᠯᠡᠭᠦᠯᠦᠭᠰᠡᠨ ᠪᠠᠶᠢᠨ᠎ᠠ  ︔ ᠮᠧᠩ ᠳ᠋ᠦᠩ ᠱᠧᠩ ᠯᠢ ᠪᠠᠷᠠᠭᠤᠨ ᠬᠤᠶᠠᠳᠣᠭᠠᠷ ᠵᠠᠳᠠᠭᠠᠢ ᠨᠡᠭᠦᠷᠡᠰᠦᠨ ᠠᠭᠤᠷᠬᠠᠢ  ᠶᠢᠨ ᠪᠡᠯᠡ ᠣᠷᠣᠭᠤᠯᠤᠯᠲᠠ ᠨᠢ 480 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ  ᠶᠢᠨ ᠲᠠᠯᠠᠪᠠᠢ ᠨᠢ 17.90 ᠡᠾᠧᠺᠲ᠋ᠠᠷ ᠪᠤᠯᠤᠨ᠎ᠠ  ︔ ᠰᠢ ᠯᠢᠩ ᠨᠡᠭᠦᠷᠡᠰᠦᠨ ᠠᠭᠤᠷᠬᠠᠢ  ᠶᠢᠨ ᠪᠡᠯᠡ ᠣᠷᠣᠭᠤᠯᠤᠯᠲᠠ ᠨᠢ 37 ᠲᠦᠮᠡᠨ ᠲᠦᠭᠦᠷᠢᠭ ᠪᠠᠶᠢᠵᠤ᠂ ᠨᠣᠭᠤᠭᠠᠷᠠᠭᠤᠯᠤᠯᠲᠠ  ᠶᠢᠨ ᠲᠠᠯᠠᠪᠠᠢ ᠨᠢ 1.6 ᠡᠾᠧᠺᠲ᠋ᠠᠷ ᠪᠤᠯᠤᠨ᠎ᠠ  ᠃            ᠬᠤᠶᠠᠷ ᠲᠤ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ  ᠶᠡᠷᠦᠩᠬᠡᠶᠢᠯᠡᠨ ᠵᠠᠰᠠᠬᠤ  ᠶᠢ ᠴᠢᠩᠭᠠᠳᠬᠠᠪᠠ᠃ ᠠᠭᠤᠷᠬᠠᠢ ᠶᠢᠨ ᠠᠵᠣ ᠠᠬᠤᠶᠢᠯᠠᠯ ᠤᠨ ᠲᠡᠭᠡᠭᠡᠪᠦᠷᠢ  ᠶᠢᠨ ᠮᠠᠰᠢᠨ ᠲᠡᠷᠭᠡ ᠶᠢᠨ ᠬᠤᠴᠢᠵᠤ ᠪᠦᠲᠡᠭᠡᠬᠦ ᠨᠣᠷᠮ᠎ᠠ ᠶᠢ 100% ᠳᠤ ᠬᠦᠷᠭᠡᠬᠦ ᠶᠢ ᠱᠠᠭᠠᠷᠳᠠᠪᠠ᠂ ᠰᠢᠨ᠎ᠡ ᠪᠠᠷ ᠪᠠᠶᠢᠭᠤᠯᠬᠤ ᠪᠣᠶᠣ ᠵᠢᠯ ᠳᠤ 120 ᠲᠦᠮᠡᠨ ᠲᠣᠨ ᠠᠴᠠ ᠲᠡᠭᠡᠭᠰᠢ ᠨᠡᠭᠦᠷᠡᠰᠦ ᠭᠠᠷᠭᠠᠳᠠᠭ ᠠᠭᠤᠷᠬᠠᠢ ᠡᠷᠬᠡᠪᠡᠰᠢ ᠲᠣᠭᠤᠷᠢᠭ ᠬᠡᠯᠪᠡᠷᠢ ᠶᠢᠨ ᠨᠡᠭᠦᠷᠡᠰᠦ ᠬᠠᠳᠠᠭᠠᠯᠠᠬᠤ ᠬᠦᠮᠦᠷᠭᠡ ᠪᠠ ᠪᠢᠲᠡᠭᠦᠣ ᠬᠡᠯᠪᠡᠷᠢ ᠶᠢᠨ ᠲᠠᠮᠵᠢᠭᠤᠯᠬᠤ ᠪᠦᠰᠡ ᠲᠣᠬᠢᠷᠠᠭᠤᠯᠬᠤ ᠬᠡᠷᠡᠭᠲᠡᠢ᠂ ᠠᠭᠤᠷᠬᠠᠢ  ᠶᠢᠨ ᠣᠷᠣᠨ ᠤ ᠵᠠᠮ ᠲᠡᠭᠡᠷ᠎ᠡ ᠣᠰᠣ ᠰᠠᠴᠣᠵᠦ ᠰᠢᠷᠣᠢ ᠲᠣᠭᠤᠰᠣ ᠶᠢ ᠲᠠᠷᠣᠵᠦ᠂ ᠦᠢᠯᠡᠳᠪᠦᠷᠢᠯᠡᠯ ᠤᠨ ᠶᠠᠪᠣᠴᠠ  ᠳᠠᠬᠢ ᠲᠣᠭᠤᠰᠣ ᠰᠢᠷᠣᠢ ᠪᠠ ᠱᠣᠣᠭᠢᠶ᠎ᠠ ᠲᠠᠭᠤᠨ ᠤ ᠪᠣᠵᠠᠷᠲᠣᠯ ᠢ ᠠᠯᠢ ᠴᠢᠳᠠᠬᠤ  ᠪᠠᠷ ᠪᠠᠭᠠᠰᠬᠠᠵᠠᠢ᠃ 2011 ᠣᠨ ᠠᠴᠠ ᠡᠬᠢᠯᠡᠨ ᠮᠠᠨ ᠤ ᠬᠤᠲᠠ 10.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠰᠠᠯᠬᠢᠨ ᠠᠴᠠ ᠬᠠᠮᠠᠭᠠᠯᠠᠵᠦ᠂ ᠡᠯᠡᠰᠦ ᠶᠢ ᠲᠤᠭᠲᠠᠪᠤᠷᠢᠵᠢᠭᠤᠯᠬᠤ᠂ ᠲᠣᠭᠤᠰᠣ ᠶᠢ  ᠲᠠᠷᠣᠵᠣ᠂ ᠣᠰᠣᠨ ᠰᠣᠷᠪᠣᠯᠵᠢ ᠶᠢ ᠬᠠᠳᠠᠭᠠᠯᠠᠬᠤ ᠪᠠ ᠣᠷᠴᠢᠨ ᠲᠣᠭᠤᠷᠢᠨ ᠢᠶᠠᠨ ᠨᠣᠭᠤᠭᠠᠷᠠᠭᠤᠯᠬᠤ ︽0︾ ᠬᠡᠯᠪᠡᠷᠢᠳᠦ ᠬᠠᠯᠬᠠᠪᠴᠢ ᠣᠢ ᠶᠢᠨ ᠰᠢᠰᠲ᠋ᠧᠮ ᠢ  ᠪᠠᠶᠢᠭᠤᠯᠵᠤ᠂ ᠣᠳᠣᠬᠠᠨ ᠳᠤ ᠬᠠᠯᠬᠠᠪᠴᠢ ᠣᠢ   ᠶᠢᠨ ᠪᠦᠳᠦᠭᠡᠨ ᠪᠠᠶᠢᠭᠤᠯᠤᠯᠲᠠ ᠦᠨᠳᠦᠰᠦᠨ  ᠳᠡᠭᠡᠨ ᠲᠠᠭᠤᠰᠪᠠ᠃ ᠲᠠᠷᠠᠭᠠᠴᠢ ᠶᠢᠨ ᠠᠯᠬᠤᠮ ᠳᠤ  ︽ᠬᠡᠨ ᠪᠣᠬᠢᠷᠲᠠᠭᠤᠯᠣᠭᠰᠠᠨ ᠪᠣᠯ ᠬᠡᠨ ᠵᠠᠰᠠᠵᠦ᠂ ᠬᠡᠨ ᠨᠡᠬᠡᠭᠡᠨ ᠬᠦᠭᠵᠢᠭᠦᠯᠦᠭᠰᠡᠨ ᠪᠣᠯ ᠬᠡᠨ ᠬᠠᠮᠠᠭᠠᠯᠠᠬᠤ︾ ᠵᠠᠷᠴᠢᠮ ᠶᠣᠰᠣᠭᠠᠷ᠂ ᠣᠷᠴᠢᠨ ᠲᠣᠭᠤᠷᠢᠨ   ᠢ ᠨᠥᠯᠦᠭᠡᠯᠡᠭᠰᠡᠨ ᠲᠣᠮᠣ ᠬᠡᠯᠪᠡᠷᠢ ᠶᠢᠨ ᠠᠭᠤᠷᠬᠠᠢ ᠶᠢᠨ ᠠᠵᠣ ᠠᠬᠤᠶᠢᠯᠠᠯ  ᠠᠴᠠ  ᠬᠠᠮᠢᠶᠠᠷᠴᠣ ᠬᠠᠮᠠᠭᠠᠯᠠᠨ᠎ᠠ᠃ ᠵᠠᠰᠠᠭ ᠤᠨ ᠣᠷᠳᠣᠨ ᠣᠯᠣᠰ ᠤᠨ  ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠡᠵᠡᠩᠨᠡᠨ ᠬᠠᠮᠢᠶᠠᠷᠬᠤ ᠡᠷᠬᠡ ᠶᠢ ᠰᠠᠯᠭᠠᠬᠤ ᠵᠠᠷᠴᠢᠮ ᠢᠶᠠᠷ ᠠᠵᠣ ᠠᠬᠤᠶᠢᠯᠠᠯ ᠲᠠᠢ ︽ᠬᠤᠲᠠ ᠶᠢᠨ ᠬᠠᠮᠠᠭᠠᠯᠠᠯᠲᠠ ᠶᠢᠨ ᠣᠢ ᠶᠢ ᠨᠠᠶᠢᠳᠠᠨ ᠬᠠᠮᠢᠶᠠᠷᠠᠭᠤᠯᠬᠤ ᠭᠡᠷ᠎ᠡ︾ ᠲᠣᠭᠲᠠᠵᠦ᠂ ᠬᠤᠲᠠ ᠶᠢᠨ  ᠬᠠᠮᠠᠭᠠᠯᠠᠯᠲᠠ ᠶᠢᠨ ᠣᠢ   ᠶᠢ  ᠬᠠᠮᠢᠶᠠᠷᠴᠣ ᠬᠠᠮᠠᠭᠠᠯᠠᠬᠤ  ᠶᠢᠨ ᠦᠷᠭᠦᠯᠵᠢᠯᠡᠭᠦᠯᠦᠨ ᠬᠦᠭᠵᠢᠭᠦᠯᠬᠦ ᠬᠠᠷᠠᠯᠲᠠ ᠲᠤᠭᠲᠠᠭᠠᠨ᠂ ᠪᠣᠲᠠᠲᠠᠢ ᠮᠦᠷᠲᠡᠭᠡᠨ ᠬᠡᠷᠡᠭᠵᠢᠭᠦᠯᠦᠰᠢᠲᠠᠢ ᠱᠠᠩᠨᠠᠨ ᠲᠤᠷᠭᠤᠭᠠᠬᠤ ᠲᠦᠷᠢᠮ ᠲᠤᠭᠲᠠᠭᠠᠪᠠ᠃ ᠠᠵᠣ ᠠᠬᠤᠶᠢᠯᠠᠯ ᠨᠠᠶᠢᠳᠠᠨ ᠬᠠᠮᠢᠶᠠᠷᠠᠬᠤ ᠬᠤᠲᠠ ᠶᠢᠨ ᠬᠠᠮᠠᠭᠠᠯᠠᠯᠲᠠ ᠶᠢᠨ ᠣᠢ   ᠶᠢ ᠨᠡᠷᠡᠶᠢᠳᠬᠦ ᠡᠷᠬᠡ ᠲᠠᠢ᠂ ᠬᠤᠲᠠ ᠶᠢᠨ ᠬᠠᠮᠠᠭᠠᠯᠠᠯᠲᠠ  ᠶᠢᠨ  ᠣᠢ   ᠶᠢ ᠬᠠᠮᠢᠶᠠᠷᠴᠣ ᠬᠠᠮᠠᠭᠠᠯᠠᠬᠤ ᠬᠠᠷᠠᠯᠲᠠ  ᠶᠢ ᠪᠡᠶᠡᠯᠡᠭᠦᠯᠦᠭᠰᠡᠨ ᠰᠠᠭᠤᠷᠢᠨ ᠲᠡᠭᠡᠷ᠎ᠡ᠂ ᠵᠤᠬᠢᠬᠤ ᠬᠡᠮᠵᠢᠶᠡᠨ  ᠤ ᠣᠢ ᠰᠢᠭᠤᠢ  ᠶᠢᠨ ᠡᠵᠡᠩᠨᠡᠯᠲᠡ  ᠶᠢᠨ ᠠᠰᠢᠭ ᠬᠦᠷᠲᠡᠬᠦ ᠡᠷᠬᠡ ᠲᠠᠢ᠃                    ᠬ᠋᠊ ‍ᠣᠷᠪᠠ ᠳᠤ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠢᠨᠵᠧᠨᠧᠷᠢᠩ ᠢ  ᠦᠷᠨᠢᠭᠦᠯᠪᠡ᠃ ᠣᠯᠣᠰ᠂ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠲᠦᠷᠦᠯ ᠵᠦᠢᠯ ᠤᠨ ᠪᠡᠯᠡ ᠮᠦᠩᠭᠦ ᠶᠢ ᠡᠷᠡᠮᠡᠯᠵᠡᠯᠡᠬᠦ ᠪᠠ ᠣᠷᠣᠨ ᠨᠣᠳᠤᠭ  ᠤᠨ ᠡᠳ᠋ ᠤᠨ ᠵᠠᠰᠠᠭ ᠠᠴᠠ ᠪᠡᠯᠡ ᠮᠦᠩᠭᠦ ᠬᠤᠷᠠᠮᠳᠣᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠵᠦ᠂ ᠨᠡᠶᠢᠲᠡ 1.14 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ᠂ ᠴᠡᠭᠴᠡᠯᠡᠨ ᠵᠠᠰᠠᠬᠤ ᠲᠦᠷᠦᠯ ᠵᠦᠢᠯ 10 ᠶᠢ ᠨᠠᠶᠢᠳᠠᠪᠣᠷᠢᠵᠢᠭᠤᠯᠵᠦ᠂ ᠵᠠᠰᠠᠨ ᠰᠠᠶᠢᠵᠢᠷᠠᠭᠤᠯᠤᠭᠰᠠᠨ ᠲᠠᠯᠠᠪᠠᠢ 12.05 ᠲᠡᠭᠰᠢ ᠲᠦᠷᠪᠡᠯᠵᠢᠨ ᠺᠢᠯᠣᠮᠧᠲᠷ  ᠲᠤ ᠬᠦᠷᠴᠦ᠂ ᠣᠳᠣᠬᠠᠨ  ᠳᠤ  ᠨᠠᠶᠢᠳᠠᠪᠤᠷᠢᠵᠢᠭᠤᠯᠵᠤ ᠪᠠᠶᠢᠭ᠎ᠠ 10 ᠲᠥᠷᠦᠯ ᠵᠦᠢᠯ  ᠤᠨ ᠲᠤᠳᠣᠷ᠎ᠠ ᠵᠦᠩ ᠨᠠᠨ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ︵ᠨᠢᠭᠡᠳᠦᠭᠡᠷ ᠬᠤᠭᠤᠴᠠᠭ᠎ᠠ ᠠᠴᠠ ᠭᠤᠷᠪᠠᠳᠣᠭᠠᠷ ᠬᠤᠭᠤᠴᠠᠭ᠎ᠠ ᠬᠦᠷᠲᠡᠯ᠎ᠡ︶᠂ 207 ᠣᠯᠣᠰ ᠤᠨ ᠵᠠᠮ  ᠤᠨ ︵ᠰᠢᠯᠢ ᠶᠢᠨ ᠬᠤᠲᠠ ᠶᠢᠨ ᠬᠡᠰᠡᠭ︶ ᠬᠤᠶᠠᠷ ᠬᠠᠪᠢ ᠶᠢᠨ ᠴᠢᠯᠠᠭᠤ ᠭᠠᠷᠭᠠᠬᠤ ᠲᠠᠯᠠᠪᠠᠢ ︵ᠨᠢᠭᠡᠳᠦᠭᠡᠷ ᠬᠤᠭᠤᠴᠠᠭ᠎ᠠ︶ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ᠂ ᠬᠤᠲᠠ ᠶᠢᠨ ᠲᠡᠭᠦᠷᠭᠡ ᠶᠢᠨ ᠬᠤᠶᠢᠳᠦ  ᠳᠠᠬᠢ ᠬᠠᠭᠤᠴᠢᠨ ᠠᠭᠤᠷᠬᠠᠢ ᠶᠢᠨ ᠬᠠᠶᠠᠭᠳᠠᠮᠠᠯ  ᠤᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠪᠠ ᠭᠠᠯᠲᠦ ᠲᠡᠷᠭᠡᠨ ᠦᠷᠲᠡᠭᠡᠨ ᠤ ᠣᠶᠢᠷ᠎ᠠ ᠣᠷᠴᠢᠮ ᠤᠨ ᠬᠠᠶᠠᠭᠲᠠᠮᠠᠯ ᠠᠭᠤᠷᠬᠠᠢ  ᠶᠢᠨ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠬᠤ ᠵᠡᠷᠭᠡ 6 ᠲᠦᠷᠦᠯ ᠵᠦᠢᠯ ᠢ ᠨᠢᠭᠡᠨᠲᠡ  ᠪᠡᠶᠡᠯᠡᠭᠦᠯᠪᠡ︔ 207 ᠣᠯᠣᠰ ᠤᠨ ᠵᠠᠮ ᠤᠨ ︵ᠰᠢᠯᠢ  ᠶᠢᠨ ᠬᠤᠲᠠ ᠶᠢᠨ ᠬᠡᠰᠡᠭ︶ᠬᠠᠶᠠᠭᠲᠠᠮᠠᠯ ᠠᠭᠤᠷᠬᠠᠢ  ᠶᠢᠨ  ︵ᠬᠤᠶᠠᠳᠣᠭᠠᠷ ᠬᠤᠭᠤᠴᠠᠭ᠎ᠠ︶  ᠣᠷᠣᠨ ᠤ ᠣᠷᠴᠢᠨ ᠲᠣᠭᠤᠷᠢᠨ  ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠤᠨ 85 % ᠢ ᠨᠢᠭᠡᠨᠲᠡ ᠪᠡᠶᠡᠯᠡᠭᠦᠯᠪᠡ᠃  ᠰᠢᠨ᠎ᠡ   ᠪᠠᠷ ᠵᠠᠰᠠᠭᠰᠠᠨ 101 ᠮᠣᠵᠢ ᠶᠢᠨ ᠵᠠᠮ ᠤᠨ ︵12—14 ᠺᠢᠯᠦᠮᠧᠲᠷ︶ ᠬᠠᠶᠠᠭᠲᠠᠮᠠᠯ ᠠᠭᠤᠷᠬᠠᠢ  ᠶᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠢ ᠨᠢᠭᠡᠨᠲᠡ ᠪᠡᠶᠡᠯᠡᠭᠦᠯᠵᠦ᠂ ᠵᠠᠰᠠᠨ ᠰᠠᠶᠢᠵᠢᠷᠠᠭᠤᠯᠤᠭᠰᠠᠨ ᠣᠷᠣᠨ   ᠤ ᠨᠣᠭᠤᠭᠠᠷᠠᠯᠲᠠ ᠰᠡᠷᠭᠦᠭᠰᠡᠨ ᠬᠤᠶᠢᠨ᠎ᠠ ᠬᠢᠨᠠᠨ  ᠰᠢᠯᠭᠠᠵᠤ ᠬᠤᠷᠢᠶᠠᠨ ᠠᠪᠤᠨ᠎ᠠ᠃ ᠡᠮᠦᠨ᠎ᠡ   ᠲᠡᠭᠦᠷᠭᠡ  ᠶᠢᠨ ᠨᠡᠭᠦᠷᠡᠰᠦᠨ ᠠᠭᠤᠷᠬᠠᠢ ᠶᠢᠨ ᠣᠷᠣᠨ ︵ᠲᠦᠷᠪᠡᠳᠦᠭᠡᠷ ᠬᠤᠭᠤᠴᠠᠭᠠᠨ︶   ᠤ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠬᠤ ᠲᠦᠷᠦᠯ ᠵᠦᠢᠯ ᠤᠨ ᠢᠨᠵᠧᠨᠧᠷᠢᠩ ᠤᠨ 50% ᠶᠢ ᠨᠢ ᠪᠡᠶᠡᠯᠡᠭᠦᠯᠪᠡ᠂ 207 ᠣᠯᠣᠰ ᠤᠨ ᠵᠠᠮ  ᠤᠨ ︵ᠰᠢᠯᠢ ᠶᠢᠨ ᠬᠤᠲᠠ ᠶᠢᠨ ᠬᠡᠰᠡᠭ︶ ᠬᠤᠶᠠᠷ ᠲᠠᠯ᠎ᠠ ᠪᠠᠷ ᠬᠢ ᠬᠠᠶᠠᠭᠲᠠᠮᠠᠯ ᠠᠭᠤᠷᠬᠠᠢ  ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠲᠤᠭᠲᠠᠭᠠᠬᠤ ᠠᠵᠢᠯ  ᠢ ᠨᠢᠭᠡᠨᠲᠡ ᠪᠡᠶᠡᠯᠡᠭᠦᠯᠵᠦ᠂ ᠣᠳᠣ ᠶᠠᠭ  ᠲᠠᠭᠠᠭᠠᠴᠢᠯᠠᠵᠤ ᠵᠠᠷᠯᠠᠬᠤ ᠱᠠᠳᠣᠨ  ᠳᠤ ᠪᠠᠶᠢᠨ᠎ᠠ᠃ ᠣᠳᠣ ᠶᠠᠭ ᠪᠠᠶᠢᠴᠠᠭᠠᠨ ᠰᠣᠳᠣᠯᠠᠬᠤ ᠠᠵᠢᠯ ᠬᠢᠵᠦ᠂ ᠪᠠᠶᠠᠨᠰᠢᠯᠢ ᠮᠠᠯᠵᠢᠯ ᠤᠨ ᠲᠠᠯᠠᠪᠠᠢ ᠶᠢᠨ ᠣᠶᠢᠷ᠎ᠠ ᠣᠷᠴᠢᠮ ᠤᠨ ᠬᠠᠶᠠᠭᠲᠠᠮᠠᠯ ᠠᠭᠤᠷᠬᠠᠢ  ᠶᠢᠨ ᠣᠷᠣᠨ  ᠢ ᠲᠡᠭᠰᠢᠯᠡᠵᠦ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠬᠤ᠂ ᠰᠢᠨ᠎ᠡ ᠵᠠᠰᠠᠭᠰᠠᠨ 101 ᠮᠣᠵᠢ ᠶᠢᠨ ᠵᠠᠮ ᠤᠨ ︵12—14 ᠺᠢᠯᠦᠮᠧᠲᠷ︶ ᠬᠠᠶᠠᠭᠲᠠᠮᠠᠯ ᠠᠭᠤᠷᠬᠠᠢ  ᠶᠢᠨ ᠣᠷᠴᠢᠨ ᠲᠣᠭᠤᠷᠢᠨ ᠢ ᠵᠠᠰᠠᠨ  ᠰᠠᠶᠢᠵᠢᠷᠠᠭᠤᠯᠬᠤ ᠢᠨᠵᠧᠨᠧᠷᠢᠩ  ᠤᠨ ᠲᠠᠷᠠᠭᠠᠴᠢ  ᠶᠢᠨ ᠱᠠᠳᠣᠨ  ᠤ ᠠᠵᠢᠯ᠂  101 ᠮᠣᠵᠢ ᠶᠢᠨ ᠵᠠᠮ ᠤᠨ ︵48 ᠺᠢᠯᠦᠮᠧᠲᠷ︶ ᠬᠠᠶᠠᠭᠲᠠᠮᠠᠯ ᠠᠭᠤᠷᠬᠠᠢ  ᠶᠢᠨ ᠣᠷᠴᠢᠨ ᠲᠣᠭᠤᠷᠢᠨ ᠢ ᠵᠠᠰᠠᠨ  ᠰᠠᠶᠢᠵᠢᠷᠠᠭᠤᠯᠬᠤ ᠲᠦᠷᠦᠯ ᠵᠦᠢᠯ ᠢ 2015 ᠣᠨ  ᠤ ᠬᠤᠶᠠᠳᠣᠭᠠᠷ ᠪᠦᠯᠦᠭ ᠣᠷᠴᠢᠨ ᠲᠣᠭᠤᠷᠢᠨ ᠢ  ᠵᠠᠰᠠᠨ ᠰᠠᠶᠢᠵᠢᠷᠠᠭᠤᠯᠬᠤ ᠲᠦᠷᠦᠯ ᠵᠦᠢᠯ ᠳᠤ ᠣᠷᠣᠭᠤᠯᠬᠤ ᠪᠠᠷ ᠴᠢᠷᠮᠠᠶᠢᠵᠦ ᠪᠠᠶᠢᠨ᠎ᠠ᠂ ᠣᠳᠣᠬᠠᠨ ᠳᠤ ᠲᠦᠷᠦᠯ ᠵᠦᠢᠯ ᠤᠨ ᠣᠷᠣᠨ  ᠤ ᠬᠠᠶᠢᠨ ᠪᠠᠶᠢᠴᠠᠭᠠᠯᠲᠠ ᠶᠢᠨ ᠠᠵᠢᠯ ᠪᠠ ᠭᠠᠳᠠᠨᠠᠬᠢ ᠪᠠᠶᠢᠴᠠᠭᠠᠨ ᠰᠣᠳᠣᠯᠣᠯᠲᠠ ᠶᠢᠨ ᠠᠵᠢᠯ ᠨᠢᠭᠡᠨᠲᠡ ᠲᠠᠭᠤᠰᠴᠠᠢ᠂ ᠬᠡᠷᠡᠭᠵᠢᠭᠦᠯᠬᠦ ᠲᠦᠰᠦᠪ ᠢ ᠰᠠᠷ᠎ᠠ ᠶᠢᠨ ᠰᠡᠭᠦᠯᠴᠢ ᠪᠠᠷ ᠲᠣᠭᠤᠷᠪᠢᠵᠦ ᠲᠠᠭᠤᠰᠣᠨ᠎ᠠ᠃  ᠡᠭᠦᠨ  ᠤ ᠬᠠᠮᠳᠣ ᠮᠠᠨ ᠤ ᠬᠤᠲᠠ ᠶᠢᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠲᠣᠬᠠᠢ ᠵᠢᠯᠤᠭᠤᠳᠣᠯᠭ᠎ᠠ  ᠶᠢᠨ ᠴᠢᠨᠠᠷᠲᠠᠢ ᠮᠠᠲ᠋ᠧᠷᠢᠶᠠᠯ ︽ᠰᠢᠯᠢ ᠶᠢᠨ ᠬᠤᠲᠠ ᠶᠢᠨ ᠠᠭᠤᠷᠬᠠᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠠᠶᠢᠵᠢᠷᠠᠭᠤᠯᠵᠤ ᠰᠡᠷᠭᠦᠭᠡᠬᠦ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠪ︾ ᠢ ᠲᠣᠭᠤᠷᠪᠢᠵᠦ ᠲᠠᠭᠤᠰᠬᠠᠪᠠ᠂ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠨᠠᠶᠢᠳᠠᠪᠣᠷᠢᠵᠢᠭᠤᠯᠬᠤ ᠪᠤᠯᠤᠨ᠎ᠠ᠃           ᠳᠦᠷᠪᠡ ᠳᠤ ᠬᠠᠶᠢᠷ ᠴᠢᠯᠠᠭᠤ᠂ ᠨᠠᠩᠬᠢ ᠰᠢᠷᠤᠢ ᠵᠡᠷᠭᠡ ᠬᠦᠬᠡᠭᠴᠢᠨ ᠬᠡᠯᠪᠡᠷᠢ ᠶᠢᠨ ᠠᠭᠤᠷᠬᠠᠢ ᠶᠢᠨ ᠨᠡᠭᠡᠭᠡᠯᠲᠡ  ᠶᠢᠨ ᠤᠷᠴᠢᠨ ᠲᠤᠭᠤᠷᠢᠨ ᠤ  ᠵᠠᠰᠠᠨ ᠰᠠᠶᠢᠵᠢᠷᠠᠭᠤᠯᠬᠤ ᠠᠵᠢᠯ  ᠢ ᠦᠷᠨᠢᠭᠦᠯᠪᠡ᠃ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ᠂ ᠮᠠᠨ ᠤ ᠬᠤᠲᠠ ᠶᠢᠨ ᠬᠠᠶᠢᠷ ᠴᠢᠯᠠᠭᠤ᠂ ᠨᠠᠩᠬᠢ ᠰᠢᠷᠤᠢ ᠶᠢᠨ ᠠᠭᠤᠷᠬᠠᠢ  ᠶᠢᠨ ᠨᠡᠭᠡᠭᠡᠯᠲᠡ  ᠶᠢᠨ ᠤᠷᠴᠢᠨ ᠲᠤᠭᠤᠷᠢᠨ   ᠢ ᠵᠠᠰᠠᠨ ᠰᠠᠶᠢᠵᠢᠷᠠᠭᠤᠯᠬᠤ ᠠᠵᠢᠯ  ᠢ ᠬᠢᠨᠠᠨ ᠰᠢᠯᠭᠠᠵᠤ ᠬᠤᠷᠢᠶᠠᠨ ᠠᠪᠴᠣ᠂ ᠠᠵᠢᠯ ᠶᠠᠪᠤᠬᠳᠠᠭᠤᠯᠵᠤ᠂ ᠬᠢᠨᠠᠨ  ᠰᠢᠯᠭᠠᠵᠤ ᠬᠤᠷᠢᠶᠠᠨ ᠠᠪᠬᠤ ᠠᠵᠢᠯ ᠳᠤ ᠠᠰᠠᠭᠤᠳᠠᠯ ᠤᠷᠤᠰᠢᠵᠦ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠳᠤ ᠲᠤᠰᠬᠠᠢ ᠮᠡᠷᠭᠡᠵᠢᠯᠲᠡᠨ ᠠᠴᠠ ᠳᠤᠷᠠᠳᠤᠨ ᠭᠠᠷᠭᠠᠬᠰᠠᠨ ᠰᠠᠨᠠᠯ ᠶᠤᠰᠤᠭᠠᠷ《 ᠬᠤᠭᠤᠴᠠᠭ᠎ᠠ ᠬᠢᠵᠠᠭᠠᠷᠯᠠᠵᠤ ᠵᠠᠰᠠᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ》ᠪᠠᠭᠤᠯᠭᠠᠵᠦ᠂ ᠵᠠᠰᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠡᠰᠡᠭᠦᠯ᠎ᠡ ᠵᠠᠰᠠᠵᠦ ᠰᠠᠶᠢᠵᠢᠷᠠᠭᠤᠯᠤᠬᠰᠠᠨ ᠨᠢ ᠬᠢᠷᠢ ᠲᠡᠩᠴᠡᠬᠦ ᠦᠭᠡᠢ ᠠᠭᠤᠷᠬᠠᠢ ᠶᠢᠨ ᠠᠵᠤ ᠠᠬᠤᠶᠢᠯᠠᠯ ᠢ ᠬᠤᠯᠪᠤᠬᠳᠠᠯ ᠪᠦᠬᠦᠢ ᠲᠤᠬᠲᠠᠭᠠᠯ ᠶᠤᠰᠤᠭᠠᠷ ᠰᠢᠢᠳᠪᠦᠷᠢᠯᠡᠨ᠎ᠡ᠃ ᠡᠭᠦᠨ   ᠤ ᠬᠠᠮᠲᠤ ᠨᠢᠭᠡᠨᠲᠡ ᠡᠭᠦᠳᠡ ᠪᠠᠨ ᠬᠠᠭᠠᠬᠰᠠᠨ ᠰᠢᠷᠠᠲᠠᠯ᠎ᠠ  ᠶᠢᠨ ᠳᠦᠷᠪᠡᠳᠦᠭᠡᠷ ᠡᠷᠦᠬᠡ ᠬᠠᠶᠢᠷ ᠴᠢᠯᠠᠭᠤ  ᠭᠠᠷᠭᠠᠤ ᠲᠠᠯᠠᠪᠠᠢ ᠶᠢᠨ ᠤᠷᠴᠢᠨ ᠲᠤᠭᠤᠷᠢᠨ ᠢ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠵᠦ  ᠂ ᠤᠳᠤᠬᠠᠨ ᠳᠤ᠂ ᠳᠦᠷᠪᠡᠨ ᠡᠷᠦᠬᠡ ᠬᠠᠶᠢᠷ ᠴᠢᠯᠠᠭᠤ ᠭᠠᠷᠭᠠᠬᠤ ᠲᠠᠯᠠᠪᠠᠢ ᠶᠢᠨ ᠡᠵᠡᠩᠨᠡᠭᠴᠢᠳ ᠶᠠᠭ ᠨᠠᠶᠢᠷᠠᠭᠤᠯᠵᠦ ᠲᠤᠬᠲᠠᠭᠠᠬᠰᠠᠨ ᠵᠠᠰᠠᠨ ᠰᠠᠶᠢᠵᠢᠷᠠᠭᠤᠯᠬᠤ ᠵᠠᠰᠠᠨ ᠴᠡᠭᠴᠡᠯᠡᠵᠦ ᠪᠠᠶᠢᠨ᠎ᠠ᠂ ᠤᠳᠤ ᠨᠢᠭᠡᠨᠲᠡ ᠵᠠᠰᠠᠨ ᠰᠠᠶᠢᠵᠢᠷᠠᠭᠤᠯᠬᠤ ᠢᠨᠵᠢᠨᠧᠷᠢᠩ  ᠤᠨ50%  ᠶᠢ ᠪᠡᠶᠡᠯᠡᠭᠦᠯᠵᠦ᠂ ᠪᠦᠬᠦᠲᠡ  ᠶᠢ ᠪᠡᠶᠡᠯᠡᠭᠦᠯᠦᠭᠰᠡᠨ ᠤ ᠳᠠᠷᠠᠭ᠎ᠠ ᠲᠤᠰᠬᠠᠢ ᠮᠡᠷᠭᠡᠵᠢᠯᠲᠡᠨ  ᠢ ᠵᠤᠬᠢᠶᠠᠨ ᠪᠠᠶᠢᠭᠤᠯᠵᠤ ᠲᠠᠬᠢᠨ ᠬᠢᠨᠠᠨ ᠰᠢᠯᠭᠠᠵᠤ ᠬᠤᠷᠢᠶᠠᠨ ᠠᠪᠤᠨ᠎ᠠ᠃            ᠲᠠᠪᠤ ᠠᠭᠤᠷᠬᠠᠢ ᠤᠷᠤᠨ ᠤ ᠨᠡᠪᠴᠢᠮᠡᠯ  ᠤᠰᠤ ᠶᠢ ᠶᠡᠷᠤᠩᠬᠡᠶᠢᠯᠡᠨ ᠠᠰᠢᠭᠯᠠᠬᠤ ᠵᠢᠴᠢ ᠭᠠᠵᠠᠷ ᠲᠤᠤᠷᠠᠬᠢ  ᠤᠰᠤ ᠶᠢ ᠬᠢᠨᠠᠨ ᠬᠡᠮᠵᠢᠬᠦ ᠠᠵᠢᠯ ᠢ  ᠴᠢᠩᠭᠠᠳᠬᠠᠪᠠ᠃ ᠭᠤᠤᠯᠳᠠᠯᠭ᠎ᠠ ᠲᠠᠢ ᠠᠭᠤᠷᠬᠠᠢ ᠶᠢᠨ ᠤᠷᠤᠨ ᠤ  ᠭᠠᠵᠠᠷ ᠲᠤᠤᠷᠠᠬᠢ ᠤᠰᠤ ᠶᠢ ᠬᠢᠨᠠᠨ ᠬᠡᠮᠵᠢᠬᠦ ᠠᠵᠢᠯ ᠢ  ᠡᠬᠢᠯᠡᠨ ᠬᠢᠵᠤ᠂ ᠤᠳᠤᠬᠠᠨ ᠳᠤ ᠳ᠋ᠠ ᠲᠠᠩ᠂ ᠱᠧᠨ ᠬᠤᠸ᠋ᠨ᠂ ᠰᠢ ᠰᠠᠨ ᠠᠭᠤᠷᠬᠠᠢ ᠳᠤ ᠶᠠᠭ ᠬᠢᠨᠠᠨ ᠬᠡᠮᠵᠢᠯᠲᠠ ᠬᠢᠵᠤ ᠪᠠᠶᠢᠨ᠎ᠠ᠂ ᠲᠠᠷᠠᠭᠠᠴᠢ ᠪᠠᠷ ᠦᠪᠡᠷᠲᠡᠭᠡᠨ ᠵᠠᠰᠠᠬᠤ ᠤᠷᠤᠨ   ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠬᠢᠨᠡᠨ ᠬᠡᠮᠵᠢᠯᠲᠡ ᠶᠢᠨ ᠬᠦᠷᠢᠶᠡᠯᠡᠩ ᠠᠴᠠ ᠮᠠᠨ ᠤ ᠬᠤᠲᠠ ᠳᠤ ᠤᠯᠤᠰ ᠠᠴᠠ ᠪᠡᠯᠨ ᠤᠷᠤᠭᠤᠯᠤᠭᠰᠡᠨ ᠭᠠᠵᠠᠷ ᠲᠤᠤᠷᠠᠬᠢ  ᠤᠰᠤᠨ ᠤ ᠬᠢᠨᠠᠨ ᠬᠡᠮᠵᠢᠬᠦ ᠲᠤᠤᠷ  ᠪᠠᠶᠢᠭᠤᠯᠵᠤ  ᠦᠭᠭᠦᠨ᠎ᠡ᠂  ᠲᠤᠬᠠᠢ ᠶᠢᠨ ᠦᠶ᠎ᠡ ᠳᠤ ᠲᠤᠮᠤ ᠬᠡᠯᠪᠡᠷᠢ ᠶᠢᠨ ᠨᠡᠭᠦᠷᠠᠰᠤᠨ ᠠᠭᠤᠷᠬᠠᠢ ᠵᠢᠴᠢ ᠠᠭᠤᠷᠬᠠᠢ   ᠶᠢᠨ ᠬᠤᠳᠳᠤᠭ  ᠪᠤᠯᠭᠠᠨ ᠳᠤ ᠭᠠᠵᠠᠷ ᠲᠤᠤᠷᠠᠬᠢ ᠤᠰᠤᠨ ᠤ ᠬᠢᠨᠠᠨ ᠬᠡᠮᠵᠢᠯᠲᠠ ᠬᠢᠬᠦ ᠪᠤᠯᠤᠨ᠎ᠠ᠃ 4 ᠡᠶ᠎ᠡ ᠵᠤᠬᠢᠴᠠᠯᠲᠠᠢ ᠤᠷᠤᠨ ᠨᠤᠲᠤᠭ ᠪᠠ ᠠᠵᠤ  ᠠᠬᠤᠶᠢᠯᠡᠯ ᠤᠨ  ᠬᠠᠷᠢᠴᠠᠭ᠎ᠠ ᠶᠢ  ᠪᠠᠶᠢᠭᠤᠯᠪᠠ           ᠨᠢᠭᠡ ᠳᠤ ᠠᠭᠤᠷᠬᠠᠢ ᠶᠢᠨ ᠠᠵᠤ  ᠠᠬᠤᠶᠢᠯᠡᠯ ᠢᠶᠠᠷ ᠭᠤᠤᠯ ᠴᠤᠭᠴᠠ ᠪᠤᠯᠭᠠᠨ᠂  ᠠᠭᠤᠷᠬᠠᠢ ᠶᠢᠨ ᠤᠷᠤᠨ ᠢ ᠵᠠᠰᠠᠨ ᠰᠠᠶᠢᠵᠢᠷᠠᠭᠤᠯᠵᠤ ᠠᠮᠢ ᠠᠬᠤᠢ ᠶᠢ ᠰᠡᠷᠭᠦᠭᠡᠬᠦ ᠡᠭᠦᠷᠭᠡ ᠶᠢ ᠨᠠᠶᠢᠳᠠᠪᠤᠷᠢᠵᠢᠭᠤᠯᠪᠠ᠃ ︽ᠬᠡᠨ  ᠨᠡᠭᠡᠭᠡᠨ   ᠠᠰᠢᠭᠯᠠᠰᠠᠭᠠᠷ᠂ ᠬᠡᠨ ᠵᠠᠰᠠᠵᠤ ᠰᠠᠶᠢᠵᠢᠷᠠᠭᠤᠯᠬᠤ︾ ᠵᠠᠷᠴᠢᠮ ᠶᠤᠰᠤᠭᠠᠷ᠂ ᠠᠭᠤᠷᠬᠠᠢ ᠶᠢᠨ ᠠᠵᠤ  ᠠᠬᠤᠶᠢᠯᠡᠯ   ᠢ ᠱᠠᠭᠠᠷᠳᠠᠵᠤ᠂ ᠠᠭᠤᠷᠬᠠᠢ ᠶᠢᠨ ᠤᠷᠴᠢᠨ ᠲᠤᠭᠤᠷᠢᠨ   ᠢ ᠬᠠᠮᠠᠭᠠᠯᠠᠬᠤ ᠪᠠ ᠵᠠᠰᠠᠨ  ᠰᠠᠶᠢᠵᠢᠷᠠᠭᠤᠯᠬᠤ ᠠᠵᠢᠯ   ᠢ ᠨᠠᠶᠢᠳᠠᠪᠤᠷᠢᠵᠢᠭᠤᠯᠪᠠ᠃ ᠠᠭᠤᠷᠬᠠᠢ ᠶᠢᠨ ᠤᠷᠴᠢᠨ ᠲᠤᠭᠤᠷᠢᠨ ᠳᠤ ᠦᠨᠡᠯᠡᠯᠲᠡ ᠬᠢᠬᠦ ᠲᠦᠷᠢᠮ  ᠪᠠᠶᠢᠭᠤᠯᠵᠤ᠂ ᠠᠭᠤᠷᠬᠠᠢ ᠶᠢᠨ ᠠᠵᠤ  ᠠᠬᠤᠶᠢᠯᠡᠯ  ᠪᠦᠬᠦᠨ ︽ᠠᠭᠤᠷᠬᠠᠢ ᠶᠢᠨ ᠤᠷᠴᠢᠨ ᠲᠤᠭᠤᠷᠢᠨ   ᠢ ᠶᠡᠷᠤᠩᠬᠡᠶᠢᠯᠡᠨ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠮᠡᠳᠡᠭᠦᠯᠤᠯᠲᠡ︾ ᠲᠤᠭᠲᠠᠭᠠᠵᠤ᠂ ᠠᠭᠤᠷᠬᠠᠢ ᠶᠢᠨ ᠤᠷᠴᠢᠨ ᠲᠤᠭᠤᠷᠢᠨ   ᠢ ᠬᠠᠮᠠᠭᠠᠯᠠᠬᠤ ᠪᠠ ᠵᠠᠰᠠᠨ  ᠰᠠᠶᠢᠵᠢᠷᠠᠭᠤᠯᠬᠤ ᠢᠨᠵᠧᠨᠧᠷᠢᠩ ᠢ ᠠᠭᠤᠷᠬᠠᠢ ᠨᠡᠭᠡᠭᠡᠬᠦ ᠠᠵᠢᠯᠯᠠᠭ᠎ᠠ ᠲᠠᠢ ᠬᠠᠮᠲᠤ ᠳᠤᠨᠢ ᠶᠠᠪᠤᠭᠳᠠᠭᠤᠯᠤᠨ᠎ᠠ ᠭᠡᠵᠤ ᠲᠤᠭᠲᠠᠪᠠ︔ ᠠᠭᠤᠷᠬᠠᠢ ᠶᠢᠨ ᠤᠷᠴᠢᠨ ᠲᠤᠭᠤᠷᠢᠨ ᠤ ᠪᠠᠲᠤᠯᠠᠭ᠎ᠠ ᠶᠢᠨ ᠮᠦᠩᠭᠦ ᠶᠢᠨ ᠲᠦᠷᠢᠮ ᠪᠠᠶᠢᠭᠤᠯᠵᠤ  ᠂ ᠱᠠᠲᠤ ᠬᠤᠪᠢᠶᠠᠨ  ᠵᠠᠰᠡᠨ ᠰᠠᠶᠢᠵᠢᠷᠠᠭᠤᠯᠬᠤ ᠲᠦᠰᠤᠪ ᠲᠤᠭᠲᠠᠭᠠᠪᠠ︔ ᠠᠭᠤᠷᠬᠠᠢ ᠶᠢᠨ ᠡᠬᠢ ᠰᠤᠷᠪᠤᠯᠵᠢ   ᠶᠢᠨ ᠨᠡᠭᠡᠭᠡᠨ ᠠᠰᠢᠭᠯᠠᠯᠲᠠ ᠶᠢᠨ ᠵᠦᠪᠰᠢᠶᠡᠷᠡᠯ ᠤᠨ ᠲᠦᠷᠢᠮ ᠪᠠᠶᠢᠭᠤᠯᠵᠤ᠂ ᠨᠡᠭᠡᠭᠡᠨ ᠠᠰᠢᠭᠯᠠᠬᠤ ᠶᠢ ᠵᠦᠪᠰᠢᠶᠡᠷᠡᠬᠦ   ᠪᠠᠷᠢᠮᠵᠢᠶ᠎ᠠ ᠶᠢ ᠲᠡᠭᠡᠭᠰᠢᠯᠡᠭᠦᠯᠤᠨ᠂  ᠬᠡᠪᠴᠢᠶᠡᠵᠢᠭᠦᠯᠤᠨ ᠡᠷᠴᠢᠮᠵᠢᠭᠦᠯᠤᠨ ᠨᠡᠭᠡᠭᠡᠨ ᠠᠰᠢᠭᠯᠠᠵᠤ᠂ ᠤᠷᠴᠢᠨ ᠲᠤᠭᠤᠷᠢᠨ ᠤ ᠡᠪᠳᠡᠭᠳᠡᠯ ᠢ  ᠡᠬᠢ ᠦᠨᠳᠤᠰᠤ ᠠᠴᠠ   ᠨᠢ ᠬᠤᠷᠢᠭᠯᠠᠨ᠎ᠠ᠃ ᠱᠠᠲᠤ ᠬᠤᠪᠢᠶᠠᠨ  ᠵᠠᠰᠡᠨ ᠰᠠᠶᠢᠵᠢᠷᠠᠭᠤᠯᠬᠤ ᠲᠦᠰᠤᠪ ᠲᠤᠭᠲᠠᠭᠠᠪᠠ︔ ᠠᠭᠤᠷᠬᠠᠢ ᠶᠢᠨ ᠡᠬᠢ ᠰᠤᠷᠪᠤᠯᠵᠢ   ᠶᠢᠨ ᠨᠡᠭᠡᠭᠡᠨ ᠠᠰᠢᠭᠯᠠᠯᠲᠠ ᠶᠢᠨ ᠵᠦᠪᠰᠢᠶᠡᠷᠡᠯ ᠤᠨ ᠲᠦᠷᠢᠮ ᠪᠠᠶᠢᠭᠤᠯᠵᠤ᠂ ᠨᠡᠭᠡᠭᠡᠨ ᠠᠰᠢᠭᠯᠠᠬᠤ ᠶᠢ ᠵᠦᠪᠰᠢᠶᠡᠷᠡᠬᠦ   ᠪᠠᠷᠢᠮᠵᠢᠶ᠎ᠠ ᠶᠢ ᠲᠡᠭᠡᠭᠰᠢᠯᠡᠭᠦᠯᠤᠨ᠂  ᠬᠡᠪᠴᠢᠶᠡᠵᠢᠭᠦᠯᠤᠨ ᠡᠷᠴᠢᠮᠵᠢᠭᠦᠯᠤᠨ ᠨᠡᠭᠡᠭᠡᠨ ᠠᠰᠢᠭᠯᠠᠵᠤ᠂ ᠤᠷᠴᠢᠨ ᠲᠤᠭᠤᠷᠢᠨ ᠤ ᠡᠪᠳᠡᠭᠳᠡᠯ ᠢ  ᠡᠬᠢ ᠦᠨᠳᠤᠰᠤ ᠠᠴᠠ   ᠨᠢ ᠬᠤᠷᠢᠭᠯᠠᠨ᠎ᠠ᠃             ᠬᠤᠶᠠᠷ ᠲᠤ ᠤᠷᠤᠨ ᠨᠤᠲᠤᠭ ᠪᠠ ᠠᠵᠤ  ᠠᠬᠤᠶᠢᠯᠡᠯ ᠤᠨ ᠡᠶ᠎ᠡ ᠵᠤᠬᠢᠴᠠᠯᠲᠠᠢ ᠬᠠᠷᠢᠴᠠᠭ᠎ᠠ   ᠪᠠᠷ ᠬᠤᠯᠪᠤᠭᠠᠰᠤ ᠪᠤᠯᠭᠠᠵᠤ᠂ ᠬᠠᠷᠢᠯᠴᠠᠨ ᠠᠰᠢᠭᠲᠠᠢ ᠬᠠᠮᠲᠤ ᠪᠠᠷ ᠤᠷᠤᠰᠢᠨ ᠲᠤᠭᠲᠠᠨᠢᠬᠤ ᠰᠢᠨ᠎ᠡ ᠪᠠᠶᠢᠳᠠᠯ ᠢ  ᠪᠤᠢ ᠪᠤᠯᠭᠠᠨ᠎ᠠ᠃  ᠤᠯᠡᠨ ᠵᠦᠢᠯ ᠤᠨ ᠪᠦᠲᠤᠮᠵᠢᠲᠠᠢ ᠠᠷᠭ᠎ᠠ ᠪᠠᠷᠢᠯ ᠠᠪᠴᠤ᠂ ᠠᠵᠤ  ᠠᠬᠤᠶᠢᠯᠡᠯ ᠪᠠ ᠤᠷᠤᠨ ᠨᠤᠲᠤᠭ  ᠤᠨ ᠬᠠᠷᠢᠴᠠᠭ᠎ᠠ ᠶᠢ ᠲᠤᠬᠢᠷᠠᠮᠵᠢᠲᠠᠢ ᠰᠢᠢᠳᠪᠤᠷᠢᠯᠡᠵᠤ᠂ ᠮᠠᠯᠴᠢᠳ ᠤᠨ ᠤᠷᠤᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠤᠨ᠎ᠡ᠃ ᠵᠠᠰᠠᠭ ᠤᠨ ᠤᠷᠳᠤᠨ ᠠᠭᠤᠷᠬᠠᠢ ᠶᠢᠨ ᠠᠵᠤ ᠠᠬᠤᠶᠢᠯᠡᠯ ᠲᠠᠢ ᠵᠤᠬᠢᠴᠠᠭᠤᠯᠵᠤ  ᠂ ᠠᠵᠤ ᠠᠬᠤᠶᠢᠯᠡᠯ ᠤᠨ ᠰᠠᠭᠤᠭ᠎ᠠ ᠭᠠᠵᠠᠷ ᠤᠨ ᠭᠠᠴᠠᠭᠠᠨ ᠤ ᠮᠠᠯᠴᠢᠳ ᠤᠨ ᠦᠷ᠎ᠡ ᠬᠡᠣᠬᠡᠳ ᠢ ᠬᠠᠷᠠᠭᠠᠯᠵᠠᠨ ᠠᠵᠢᠯ ᠤᠯᠭᠤᠵᠤ  ᠂ ᠡᠰᠡᠭᠦᠯ᠎ᠡ ᠲᠠᠲᠠᠪᠤᠷᠢᠯᠠᠭᠳᠠᠭᠰᠡᠨ ᠨᠤᠲᠤᠭ ᠪᠡᠯᠴᠢᠭᠡᠷ ᠪᠤᠶᠤ ᠮᠠᠯᠵᠢᠯ ᠤᠨ ᠲᠠᠯᠠᠪᠠᠢ ᠶᠢᠨ ᠤᠷᠴᠢᠨ ᠲᠤᠭᠤᠷᠢᠨ ᠤ ᠨᠦᠬᠦᠪᠤᠷᠢ ᠪᠠᠷ ᠠᠭᠤᠷᠬᠠᠢ ᠶᠢᠨ ᠨᠡᠭᠡᠭᠡᠯᠲᠡ   ᠳᠤ ᠬᠤᠪᠢ ᠤᠷᠤᠭᠤᠯᠵᠤ᠂ ᠭᠤᠷᠪᠠᠳᠤᠭᠠᠷ ᠠᠵᠤ ᠦᠢᠯᠡᠰ ᠢ  ᠬᠠᠮᠲᠤ ᠪᠠᠷ ᠡᠷᠬᠢᠯᠡᠨ᠎ᠡ᠂ ᠠᠯᠢ ᠴᠢᠳᠠᠬᠤ ᠪᠠᠷ ᠮᠠᠯᠴᠢᠳ  ᠤᠨ ᠬᠤᠳᠠᠯᠳᠤᠨ ᠠᠪᠤᠭᠰᠡᠨ ᠠᠭᠤᠷᠬᠠᠢ ᠶᠢᠨ ᠮᠠᠰᠢᠨ ᠲᠤᠨᠤᠭᠯᠠᠯ ᠢ ᠲᠦᠷᠢᠶᠡᠰᠦᠯᠡᠨ ᠬᠡᠷᠡᠭᠯᠡᠵᠤ᠂ ᠠᠭᠤᠷᠬᠠᠢ ᠶᠢᠨ ᠨᠡᠭᠡᠭᠡᠯᠲᠡ ᠶᠢᠨ ᠵᠠᠷᠢᠮ ᠭᠤᠤᠯ ᠪᠤᠰᠤ ᠢᠨᠵᠧᠨᠧᠷᠢᠩ ᠢ ᠲᠤᠬᠠᠢ ᠶᠢᠨ ᠭᠠᠵᠠᠷ ᠤᠨ ᠲᠠᠷᠢᠶᠠᠴᠢᠳ ᠮᠠᠯᠴᠢᠳ ᠲᠤ ᠲᠠᠭᠠᠭᠠᠴᠢᠯᠡᠨ ᠦᠭᠴᠦ  ᠂ᠲᠡᠳᠡᠨ ᠤ ᠤᠷᠤᠯᠭ᠎ᠠ ᠶᠢ ᠨᠡᠮᠡᠭᠳᠡᠭᠦᠯᠪᠡ᠃ ᠡᠭᠦᠨ ᠤ ᠬᠠᠮᠲᠤ᠂ ᠵᠠᠰᠠᠭ ᠤᠨ ᠤᠷᠳᠤᠨ ᠨᠤᠲᠤᠭ ᠢᠶᠠᠨ ᠲᠠᠲᠠᠪᠤᠷᠢᠯᠠᠭᠳᠠᠭᠰᠡᠨ ᠮᠠᠯᠴᠢᠳ ᠲᠠᠷᠢᠶᠠᠴᠢᠳ ᠤᠨ ᠬᠤᠲᠠ ᠳᠤ ᠨᠡᠭᠦᠨ ᠰᠢᠯᠵᠢᠬᠦ ᠶᠢ ᠵᠤᠷᠢᠭᠵᠢᠭᠤᠯᠤᠨ᠂ ᠤᠷᠤᠨ ᠰᠠᠭᠤᠴᠨ᠂ ᠠᠵᠢᠯ ᠤᠯᠬᠤ ᠲᠠᠯ᠎ᠠ ᠪᠠᠷ ᠲᠦᠷᠤ ᠶᠢᠨ ᠪᠤᠳᠤᠯᠭ᠎ᠠ ᠶᠢᠨ  ᠬᠠᠷᠠᠭᠠᠯᠵᠠᠯᠠᠯ ᠦᠵᠡᠭᠦᠯᠪᠡ᠃ ᠡᠯ᠎ᠡ ᠠᠭᠤᠷᠬᠠᠢ ᠶᠢᠨ ᠠᠵᠤ ᠠᠬᠤᠶᠢᠯᠡᠯ ᠴᠤ ᠬᠠᠪᠰᠤᠷᠤᠨ ᠲᠡᠮᠵᠢᠬᠦ ᠬᠦᠴᠤᠯᠡᠴᠨ ᠪᠠᠨ ᠴᠢᠩᠭᠠᠳᠬᠠᠪᠠ᠃  ᠢᠯᠠᠯᠲᠠ ᠠᠭᠤᠷᠬᠠᠢ  ᠶᠢᠨ ᠤᠷᠤᠨ ᠤ ᠠᠵᠤ ᠠᠬᠤᠶᠢᠯᠡᠯ  ᠮᠠᠯᠴᠢᠳ ᠤᠨ ᠭᠡᠷ ᠪᠠᠷᠢᠯᠭ᠎ᠠ ᠪᠠ ᠠᠮᠢᠳᠤᠷᠠᠯ   ᠢᠶᠠᠨ ᠰᠠᠶᠢᠵᠢᠷᠠᠭᠤᠯᠬᠤ ᠲᠠᠯ᠎ᠠ ᠪᠠᠷ 800 ᠲᠦᠮᠡᠨ ᠲᠦᠭᠦᠷᠢᠭ ᠤᠨ ᠤᠷᠴᠢᠮ ᠤᠨ ᠲᠡᠮᠵᠢᠯᠭᠡ ᠦᠭᠴᠤ   ᠬᠠᠪᠰᠣᠷᠪᠠ᠃ ᠠᠰᠢᠭ ᠲᠤᠰᠠ   ᠶᠢ ᠬᠠᠮᠲᠤ ᠪᠠᠷ ᠡᠳᠡᠯᠡᠬᠦ ᠤᠷᠲᠤ ᠬᠤᠭᠤᠴᠠᠭᠠᠨ ᠤ ᠪᠦᠲᠤᠮᠵᠢᠲᠠᠢ ᠲᠤᠭᠲᠠᠴᠠ ᠪᠠᠶᠢᠭᠤᠯᠬᠤ ᠪᠠᠷ ᠰᠦᠪᠡᠭᠴᠢᠯᠡᠪᠡ᠃ ︽ᠰᠢᠯᠢ ᠶᠢᠨ ᠬᠤᠲᠠ ᠶᠢᠨ ᠵᠠᠳᠠᠭᠠᠢ ᠨᠡᠭᠦᠷᠡᠰᠤᠨ ᠠᠭᠤᠷᠬᠠᠢ ᠶᠢᠨ ᠲᠤᠭᠤᠰᠤ ᠰᠢᠷᠤᠢ  ᠨᠤᠲᠤᠭ ᠪᠡᠯᠴᠢᠭᠡᠷ ᠢ ᠪᠣᠵᠠᠷᠳᠠᠭᠤᠯᠤᠭᠰᠠᠨ ᠨᠦᠬᠦᠪᠤᠷᠢ ᠶᠢᠨ ᠪᠠᠷᠢᠮᠵᠢᠶ᠎ᠠ ᠶᠢᠨ ᠲᠦᠰᠤᠪ ︵ᠲᠤᠷᠰᠢᠨ ᠬᠡᠷᠡᠭᠵᠢᠭᠦᠯᠬᠦ︶︾᠂ ︽ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠦᠲᠤᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾  ᠪᠤᠯᠤᠨ ︽ᠰᠢᠯᠢ ᠶᠢᠨ ᠬᠤᠲᠠ ᠶᠢᠨ ᠢᠯᠠᠯᠲᠠ ᠨᠡᠭᠦᠷᠡᠰᠤᠨ ᠠᠭᠤᠷᠬᠠᠢ ᠶᠢᠨ  ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠵᠤ ᠬᠡᠷᠡᠭᠵᠢᠭᠦᠯᠬᠦ ᠲᠦᠰᠤᠪ︾ ᠢ ᠲᠤᠭᠲᠠᠭᠠᠪᠠ᠃ ᠠᠭᠤᠷᠬᠠᠢ ᠨᠡᠯᠢᠶᠡᠳ ᠲᠦᠪᠯᠡᠷᠡᠭᠰᠡᠨ ᠪᠤᠯᠠᠭᠠᠨ ᠰᠤᠮᠤᠨ ᠳᠤ ᠠᠭᠤᠷᠬᠠᠢ ᠶᠢᠨ ᠠᠵᠤ ᠠᠬᠤᠶᠢᠯᠡᠯ ᠪᠤᠯᠤᠨ ᠨᠡᠭᠦᠷᠡᠰᠤᠨ ᠠᠭᠤᠷᠬᠠᠢ ᠶᠢᠨ ᠰᠠᠭᠤᠭ᠎ᠠ ᠭᠠᠵᠠᠷ   ᠤᠨ  ᠬᠠᠮᠲᠤᠷᠠᠭᠰᠡᠨ ᠨᠠᠮ ᠤᠨ ᠡᠭᠦᠷ ᠪᠠᠶᠢᠭᠤᠯᠵᠤ᠂  ᠭᠤᠤᠯᠳᠠᠭᠤ ᠭᠠᠴᠠᠭ᠎ᠠ ᠪᠤᠯᠤᠨ ᠠᠵᠤ ᠠᠬᠤᠶᠢᠯᠡᠯ ᠤᠨ ᠴᠢᠬᠤᠯᠨ ᠬᠡᠷᠡᠭ ᠶᠠᠪᠤᠳᠠᠯ ᠢ  ᠵᠤᠬᠢᠴᠠᠭᠤᠯᠬᠤ᠂ ᠵᠦᠷᠢᠴᠡᠯ  ᠮᠠᠷᠭᠤᠭᠠᠨ ᠢ ᠰᠢᠢᠳᠪᠤᠷᠢᠯᠡᠬᠦ  ᠂ ᠲᠠᠷᠢᠶᠠᠴᠢᠳ ᠮᠠᠯᠴᠢᠳ ᠤᠨ ᠤᠷᠤᠯᠭ᠎ᠠ   ᠶᠢ ᠨᠡᠮᠡᠭᠳᠡᠭᠦᠯᠬᠦ ᠠᠵᠢᠯ ᠢ ᠬᠠᠷᠢᠭᠤᠴᠠᠵᠤ  ᠂ ᠬᠠᠷᠢᠯᠴᠡᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ  ᠠᠬᠢᠭᠤᠯᠵᠤ᠂  ᠬᠠᠮᠲᠤᠷᠠᠨ ᠠᠵᠢᠯᠯᠠᠵᠤ  ᠬᠠᠮᠲᠤ ᠪᠠᠷ  ᠬᠦᠭᠵᠢᠬᠦ ᠪᠠ ᠠᠰᠢᠭ ᠲᠤᠰᠠ ᠪᠠᠨ ᠬᠠᠮᠲᠤ ᠪᠠᠷ ᠡᠳᠡᠯᠡᠬᠦ ᠨᠠᠮ ᠤᠨ ᠪᠠᠶᠢᠭᠤᠯᠤᠯᠲᠠ ᠶᠢᠨ ᠰᠢᠨ᠎ᠡ ᠲᠤᠭᠲᠠᠴᠠ ᠶᠢ ᠪᠦᠷᠢᠯᠳᠤᠭᠦᠯᠵᠦ᠂ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠤᠯ ᠢ ᠭᠦᠢᠴᠡᠳ  ᠪᠠᠳᠠᠷᠠᠭᠤᠯᠵᠤ᠂  ᠭᠠᠴᠠᠭ᠎ᠠ ᠪᠠ ᠠᠵᠤ  ᠠᠬᠤᠶᠢᠯᠡᠯ  ᠬᠠᠮᠳᠣᠷᠠᠯᠴᠠᠵᠤ᠂ ᠡᠶ᠎ᠡ  ᠵᠤᠬᠢᠴᠠᠯᠲᠠᠢ ᠬᠦᠭᠵᠢᠬᠦ  ᠶᠢ  ᠠᠬᠢᠭᠤᠯᠪᠠ᠃               ᠭᠤᠷᠪᠠ ᠳᠤ ᠶᠠᠳᠠᠭᠤ ᠶᠢ ᠲᠡᠳᠭᠦᠵᠤ ᠨᠡᠭᠦᠯᠭᠡᠨ ᠰᠢᠯᠵᠢᠭᠦᠯᠬᠦ ᠲᠦᠷᠤᠯ ᠵᠦᠢᠯ ᠢᠶᠠᠷ ᠭᠤᠤᠯᠳᠠᠯᠭ᠎ᠠ ᠪᠤᠯᠭᠠᠨ ᠲᠤᠬᠢᠷᠠᠭᠤᠯᠤᠨ ᠲᠦᠪᠬᠢᠨᠡᠭᠦᠯᠵᠤ ᠨᠦᠬᠦᠪᠤᠷᠢ ᠦᠭᠬᠦ ᠠᠵᠢᠯ ᠢ ᠰᠠᠶᠢᠲᠤᠷ ᠬᠢᠵᠤ ᠪᠠᠶᠢᠨ᠎ᠠ᠃ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ  ᠨᠡᠭᠡᠭᠡᠨ ᠬᠦᠭᠵᠢᠭᠦᠯᠬᠦ ᠨᠡᠭᠦᠯᠭᠡᠨ ᠰᠢᠯᠵᠢᠭᠦᠯᠵᠤ ᠪᠠᠯᠭᠠᠰᠤ ᠶᠢ ᠦᠷᠭᠡᠳᠭᠡᠬᠦ ᠲᠦᠷᠤᠯ ᠵᠦᠢᠯ ᠤᠨ ᠬᠡᠷᠡᠭᠵᠢᠭᠦᠯᠬᠦ ᠨᠠᠷᠢᠨ ᠲᠦᠷᠢᠮ︾ ᠤᠨ ᠱᠠᠭᠠᠷᠳᠠᠯᠭ᠎ᠠ ᠶᠤᠰᠤᠭᠠᠷ᠂ ᠳ᠋ᠠ ᠲᠠᠩ ᠶᠢᠨ ᠢᠯᠠᠯᠲᠠ ᠨᠡᠭᠦᠷᠡᠰᠤᠨ ᠠᠭᠤᠷᠬᠠᠢ ᠶᠢᠨ ᠵᠡᠭᠦᠨ ᠬᠤᠶᠠᠳᠤᠭᠠᠷ ᠨᠤᠮᠧᠷᠲᠤ ᠵᠠᠳᠠᠭᠠᠢ ᠠᠭᠤᠷᠬᠠᠢ ᠶᠢᠨ ᠤᠷᠤᠨ ᠤ ᠶᠠᠳᠠᠭᠤ ᠶᠢ ᠲᠡᠳᠭᠦᠵᠤ  ᠨᠡᠭᠡᠭᠡᠨ ᠬᠦᠭᠵᠢᠭᠦᠯᠬᠦ ᠨᠡᠭᠦᠯᠭᠡᠨ ᠰᠢᠯᠵᠢᠭᠦᠯᠵᠤ ᠪᠠᠯᠭᠠᠰᠤ ᠶᠢ ᠦᠷᠭᠡᠳᠭᠡᠬᠦ ᠲᠦᠷᠤᠯ ᠵᠦᠢᠯ   ᠢ ᠡᠩ ᠲᠡᠷᠢᠭᠦᠨ ᠳᠤ  ᠶᠠᠪᠤᠭᠳᠠᠭᠤᠯᠵᠤ᠂ ᠬᠦᠮᠤᠨ  ᠪᠠ ᠮᠠᠯ  ᠰᠦᠷᠤᠭ᠌ ᠢ  ᠰᠠᠯᠭᠠᠵᠤ ᠠᠰ ᠠᠰᠲᠠᠭᠠᠨ ᠲᠤᠬᠢᠷᠠᠭᠤᠯᠬᠤ  ᠠᠷᠭ᠎ᠠ ᠬᠡᠯᠪᠡᠷᠢ ᠶᠢ ᠠᠪᠴᠤ᠂ ᠭᠠᠴᠠᠭᠠᠨ  ᠤ ᠠᠷᠠᠳ ᠢ ᠪᠦᠬᠦᠨ   ᠢ  303 ᠮᠤᠵᠢ ᠶᠢᠨ ᠵᠠᠮ ᠤᠨ ᠬᠤᠶᠢᠲᠤ ᠲᠠᠯ᠎ᠠ ᠶᠢᠨ ᠭᠡᠷ ᠪᠠᠷᠢᠯᠭ᠎ᠠ ᠪᠠᠷᠢᠬᠤ ᠨᠦᠬᠦᠴᠡᠯ ᠢᠶᠠᠷ ᠰᠠᠶᠢᠨ᠂ ︽ᠵᠢᠷᠭᠤᠭ᠎ᠠ ᠶᠢ ᠨᠡᠪᠲᠡᠷᠡᠭᠦᠯᠬᠦ︾ ᠲᠦᠬᠦᠭᠡᠷᠤᠮᠵᠢ ᠪᠦᠷᠢᠨ ᠭᠦᠢᠴᠡᠳ ᠪᠦᠬᠦᠢ ᠬᠤᠲᠠ ᠬᠦᠳᠡᠭᠡ ᠶᠢ ᠨᠢᠭᠡ ᠴᠤᠭᠴᠠᠵᠢᠭᠤᠯᠤᠭᠰᠡᠨ ᠵᠢᠱᠢᠶ᠎ᠡ ᠦᠵᠡᠭᠦᠯᠬᠦ ᠤᠷᠤᠨ ᠳᠤ ᠨᠡᠭᠦᠯᠭᠡᠨ ᠰᠢᠯᠵᠢᠭᠦᠯᠪᠡ᠃ ᠲᠡᠵᠢᠭᠡᠨ ᠦᠷᠡᠵᠢᠭᠦᠯᠬᠦ ᠤᠷᠤᠨ   ᠢ ᠭᠠᠵᠠᠷ ᠤᠨ ᠪᠠᠶᠢᠴᠠ ᠲᠡᠭᠰᠢᠬᠡᠨ᠂ ᠤᠰᠤᠨ ᠤ ᠡᠬᠢ ᠰᠤᠷᠪᠤᠯᠵᠢ ᠡᠯᠪᠡᠭ ᠲᠡᠯᠪᠡᠭ  ᠂ ᠵᠠᠮ ᠨᠡᠪᠲᠡᠷᠡᠭᠦᠯᠭᠡ ᠲᠦᠭᠦᠮ ᠲᠦᠳᠡ᠂ ᠲᠡᠵᠢᠭᠡᠨ ᠦᠷᠡᠵᠢᠭᠦᠯᠬᠦ  ᠦᠢᠯᠡᠰ ᠢ ᠬᠦᠭᠵᠢᠭᠦᠯᠬᠦ ᠳᠤ ᠠᠰᠢᠭᠲᠠᠢ 307 ᠮᠤᠵᠢ ᠶᠢᠨ ᠵᠠᠮ  ᠠᠴᠠ ᠵᠡᠭᠦᠨᠰᠢ 5 ᠺᠢᠯᠤᠮᠧᠲᠷ ᠤᠨ ᠭᠠᠵᠠᠷ ᠲᠤ ᠨᠡᠭᠦᠯᠭᠡᠨ ᠰᠢᠯᠵᠢᠭᠦᠯᠪᠡ᠃ ᠬᠤᠯᠪᠤᠭᠳᠠᠯ ᠪᠦᠬᠦᠢ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠤᠰᠤᠭᠠᠷ ᠨᠦᠬᠦᠪᠤᠷᠢ ᠦᠭᠬᠦ ᠪᠠᠷᠢᠮᠵᠢᠶ᠎ᠠ ᠶᠢ ᠲᠡᠭᠡᠭᠰᠢᠯᠡᠭᠦᠯᠵᠤ᠂  ᠪᠦᠬᠦ ᠡᠷᠤᠬᠡ ᠢᠶᠠᠷ ᠢᠶᠠᠨ ᠨᠡᠭᠦᠨ ᠰᠢᠯᠵᠢᠵᠤ ᠭᠠᠷᠴᠤ ᠢᠷᠡᠭᠰᠡᠨ  ᠮᠠᠯᠴᠢᠨ ᠡᠷᠤᠬᠡ  ᠵᠢᠴᠢ ᠨᠤᠲᠤᠭ ᠪᠡᠯᠴᠢᠭᠡᠷ   ᠤᠨ ᠨᠦᠬᠦᠪᠤᠷᠢ ᠶᠢ ᠲᠡᠭᠡᠭᠰᠢᠯᠡᠭᠦᠯᠤᠭ᠍ᠰᠡᠨ ᠤ ᠬᠠᠮᠲᠤ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢ ᠬᠤᠪᠢᠷᠠᠭᠤᠯᠬᠤ ᠦᠭᠡᠢ᠂ ᠪᠦᠬᠦᠨ ᠢ  ᠪᠢᠲᠡᠭᠦᠮᠵᠢᠯᠡᠵᠤ ᠡᠪᠡᠰᠤᠨ   ᠤ ᠦᠢᠯᠡᠰ ᠢ ᠬᠦᠭᠵᠢᠭᠦᠯᠤᠨ᠂ ᠬᠠᠮᠲᠤ ᠳᠤᠨᠢ ᠤᠯᠤᠰ ᠤᠨ ᠲᠠᠯ᠎ᠠ ᠨᠤᠲᠤᠭ  ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢ ᠦᠭᠴᠤ ᠱᠠᠩᠨᠠᠬᠤ ᠲᠤᠭᠲᠠᠴᠠ ᠶᠢᠨ ᠲᠦᠷᠪᠡᠨ ᠲᠦᠷᠤᠯ ᠤᠨ ᠢᠵᠢ ᠪᠦᠷᠢᠯᠳᠤᠬᠦ ᠲᠦᠷᠤ ᠶᠢᠨ ᠪᠤᠳᠤᠯᠭ᠎ᠠ ᠪᠠ ᠬᠭᠠᠯᠪᠤᠷᠢᠯᠠᠬᠤ ᠶᠢ ᠵᠤᠭᠰᠤᠭᠠᠵᠤ ᠤᠢ ᠮᠤᠳᠤ ᠲᠠᠷᠢᠬᠤ ᠨᠤᠲᠤᠭ  ᠪᠡᠯᠴᠢᠭᠡᠷ ᠢ ᠰᠠᠶᠢᠵᠢᠷᠠᠭᠤᠯᠬᠤ ᠨᠦᠬᠦᠪᠤᠷᠢ ᠶᠢ ᠡᠳᠡᠯᠡᠭᠦᠯᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠯ ᠢ ᠬᠡᠷᠡᠭᠵᠢᠭᠦᠯᠵᠤ᠂ ᠮᠠᠯᠴᠢᠳ ᠤᠨ ᠬᠦᠨᠳᠤ ᠡᠪᠡᠳᠴᠢᠨ ᠠᠴᠠ ᠪᠤᠯᠵᠤ ᠡᠮᠨᠡᠯᠭᠡ ᠳᠤ ᠰᠠᠭᠤᠭᠰᠡᠨ ᠰᠦᠢᠳᠭᠡᠯ ᠤᠨ ᠲᠠᠩᠰᠨ ᠴᠠᠶᠢᠷᠠᠭᠤᠯᠬᠤ ᠬᠠᠷᠢᠴᠠᠯ ᠢ ᠲᠡᠭᠡᠭᠰᠢᠯᠡᠭᠦᠯᠤᠨ᠂ ᠨᠡᠭᠦᠯᠭᠡᠨ ᠰᠢᠯᠵᠢᠭᠦᠯᠤᠭ᠍ᠰᠡᠨ ᠭᠠᠴᠠᠭᠠᠨ ᠤ ᠰᠤᠷᠭᠠᠭᠤᠯᠢ ᠶᠢᠨ ᠡᠮᠤᠨᠡᠬᠢ ᠬᠡᠣᠬᠡᠳ ᠲᠤ ᠨᠦᠬᠦᠪᠤᠷᠢ ᠦᠭᠴᠤ᠂ ᠨᠡᠭᠦᠳᠡᠯ ᠠᠷᠠᠳ  ᠲᠤ ᠬᠤᠲᠠ ᠬᠦᠳᠡᠭᠡ ᠶᠢᠨ  ᠬᠠᠷᠠᠭᠠᠯᠵᠠᠯᠠᠯ ᠤᠨ ᠲᠦᠷᠤ ᠶᠢᠨ ᠪᠤᠳᠤᠯᠭ᠎ᠠ ᠶᠢ ᠬᠠᠮᠲᠤ ᠳᠤᠨᠢ  ᠡᠳᠡᠯᠡᠭᠦᠯᠪᠡ᠃ ᠨᠡᠭᠦᠯᠭᠡᠨ ᠰᠢᠯᠵᠢᠭᠦᠯᠤᠭ᠍ᠰᠡᠨ ᠬᠦᠳᠡᠯᠮᠤᠷᠢ ᠬᠦᠴᠤᠨ   ᠢ ᠪᠤᠯᠪᠠᠰᠤᠷᠠᠬᠤ  ᠡᠷᠴᠢᠮ ᠢ  ᠴᠢᠩᠭᠠᠳᠬᠠᠵᠤ᠂ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂  ᠬᠤᠲᠠ ᠳᠤ ᠤᠷᠤᠭᠰᠡᠨ ᠮᠠᠯᠴᠢᠳ ᠤᠨ  ᠦᠨᠳᠤᠰᠤᠨ  ᠤᠷ᠎ᠠ ᠮᠡᠷᠭᠡᠵᠢᠯ ᠢ ᠲᠠᠷᠤᠢ ᠲᠦᠷᠭᠡᠨ ᠲᠡᠭᠡᠭᠰᠢᠯᠡᠭᠦᠯᠬᠦ ᠪᠠᠷ ᠴᠢᠷᠮᠠᠶᠢᠪᠠ᠃ ᠭᠠᠴᠠᠭ᠎ᠠ ᠶᠢ ᠬᠠᠪᠰᠤᠷᠴᠤ ᠨᠡᠶᠢᠲᠡ ᠶᠢᠨ ᠠᠵᠤ ᠠᠬᠤᠢ ᠶᠢ ᠬᠦᠴᠤᠷᠬᠡᠭᠵᠢᠭᠦᠯᠵᠤ᠂ ᠰᠢᠨ ᠴᠧᠨ ᠬᠠᠨᠢᠠᠭᠤᠯᠨ ᠶᠢᠨ ᠪᠦᠲᠤᠭᠡᠨ ᠪᠠᠶᠢᠭᠤᠯᠤᠯᠲᠠ ᠶᠢᠨ ᠺᠤᠮᠫᠠᠨᠢ ᠪᠠᠶᠢᠭᠤᠯᠵᠤ᠂ ᠰᠢᠨ ᠮᠤᠤ  ᠵᠤᠴᠢᠳ ᠤᠨ ᠪᠠᠭᠤᠳᠠᠯ ᠡᠷᠬᠢᠯᠡᠨ᠂ ᠸᠠᠨ ᠰᠢᠶᠠᠩ ᠰᠢᠩ ᠴᠸᠡᠭ ᠺᠤᠮᠫᠠᠨᠢ ᠲᠠᠢ ᠬᠤᠷᠰᠢᠨ ᠲᠤᠮᠤ ᠬᠡᠯᠪᠡᠷᠢ ᠶᠢᠨ ᠠᠷᠠᠯᠵᠢᠶ᠎ᠠ  ᠬᠤᠲᠠᠯᠳᠣᠭᠠᠨ ᠤ ᠬᠦᠷᠢᠶᠡᠯᠡᠩ ᠲᠤᠭᠤᠷᠢᠭ ᠪᠠᠶᠢᠭᠤᠯᠵᠤ᠂ ᠮᠠᠯᠴᠢᠳ  ᠤᠨ ᠦᠢᠯᠡᠰ ᠪᠤᠰᠬᠠᠬᠤ ᠪᠠ ᠠᠵᠢᠯ ᠤᠯᠬᠤ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃ ᠲᠡᠭᠡᠷᠡᠬᠢ ᠠᠷᠭ᠎ᠠ ᠪᠠᠷᠢᠯ  ᠢᠶᠠᠷ ᠲᠠᠮᠵᠢᠵᠤ᠂ ᠨᠡᠭᠦᠳᠡᠯ ᠠᠷᠠᠳ ᠤᠨ ᠬᠤᠲᠠ ᠳᠤ ᠠᠮᠢᠳᠤᠷᠠᠵᠤ᠂  ᠬᠦᠳᠡᠭᠡ ᠦᠢᠯᠡᠳᠪᠤᠷᠢᠯᠡᠯ ᠡᠷᠬᠢᠯᠡᠬᠦ‍ ᠨᠢᠭᠡ ᠴᠤᠭᠴᠠᠵᠢᠭᠰᠡᠨ ᠪᠠᠶᠢᠳᠠᠯ   ᠢ ᠪᠤᠢ ᠪᠤᠯᠭᠠᠵᠤ᠂ ᠢᠳᠡᠷ ᠵᠠᠯᠠᠭᠤᠴᠤᠳ ᠨᠢ ᠬᠤᠲᠠ ᠳᠤ ᠤᠷᠤᠵᠤ  ᠠᠵᠢᠯᠯᠡᠨ᠂ ᠨᠠᠰᠤᠲᠠᠶᠢᠴᠤᠳ ᠨᠢ ᠬᠤᠲᠠ ᠳᠤ ᠤᠷᠤᠵᠤ ᠠᠮᠢᠳᠤᠷᠠᠨ᠂ ᠦᠷ᠎ᠡ ᠬᠡᠣᠬᠡᠳ ᠨᠢ ᠬᠤᠲᠠ ᠳᠤ  ᠢᠷᠡᠵᠤ  ᠰᠤᠷᠭᠠᠭᠤᠯᠢ  ᠳᠤ ᠰᠠᠭᠤᠵᠤ᠂ ᠬᠤᠲᠠ ᠬᠦᠳᠡᠭᠡ ᠶᠢ ᠨᠢᠭᠡᠳᠤᠯᠲᠠᠢ ᠲᠦᠯᠤᠪᠵᠢᠭᠦᠯᠵᠤ ᠵᠤᠬᠢᠴᠠᠯᠳᠤᠨ ᠬᠦᠭᠵᠢᠬᠦ ᠶᠢ ᠪᠡᠶᠡᠯᠡᠭᠦᠯᠪᠡ᠃ ᠭᠤᠷᠪᠠ᠂ ᠲᠠᠷᠠᠭᠠᠴᠢ ᠶᠢᠨ ᠠᠵᠢᠯ            ᠨᠢᠭᠡ ᠳᠤ 2015 ᠤᠨ ᠤ ᠪᠦᠬᠦ ᠠᠶᠢᠮᠠᠭ ᠤᠨ ᠭᠠᠵᠠᠷ ᠰᠢᠷᠤᠢ ᠶᠢᠨ ᠡᠬᠢ ᠰᠤᠷᠪᠤᠯᠵᠢ ᠶᠢᠨ ᠠᠵᠢᠯ  ᠤᠨ ᠬᠤᠷᠠᠯ ᠤᠨ ᠪᠠᠶᠢᠷᠢᠯᠠᠭᠤᠯᠤᠯᠲᠠ ᠶᠢ ᠦᠨᠳᠤᠰᠤᠯᠡᠪᠡᠯ᠂ ᠪᠤᠬᠢᠷᠳᠤᠯ ᠦᠭᠡᠢ ᠠᠭᠤᠷᠬᠠᠢ   ᠶᠢᠨ ᠪᠦᠲᠤᠭᠡᠨ ᠪᠠᠶᠢᠭᠤᠯᠤᠯᠲᠠ ᠪᠤᠯ ᠡᠶ᠎ᠡ ᠵᠤᠬᠢᠴᠠᠯᠲᠤ ᠠᠭᠤᠷᠬᠠᠢ ᠶᠢᠨ ᠤᠷᠤᠨ   ᠢ ᠪᠦᠲᠤᠭᠡᠨ ᠪᠠᠶᠢᠭᠤᠯᠬᠤ  ᠴᠢᠬᠤᠯᠨ ᠠᠷᠭ᠎ᠠ ᠵᠠᠮ ᠪᠠ ᠤᠷᠢᠳᠠᠴᠢ ᠨᠦᠬᠦᠴᠡᠯ ᠪᠤᠯᠤᠨ᠎ᠠ᠂ ᠲᠤᠮᠤ ᠲᠤᠮᠲᠠ  ᠬᠡᠯᠪᠡᠷᠢ   ᠶᠢᠨ ᠠᠭᠤᠷᠬᠠᠢ ᠶᠢᠨ ᠠᠵᠤ ᠠᠬᠤᠶᠢᠯᠡᠯ   ᠢ  ᠬᠠᠪᠰᠤᠷᠴᠤ᠂ ᠪᠤᠬᠢᠷᠳᠤᠯ ᠦᠭᠡᠢ ᠠᠭᠤᠷᠬᠠᠢ ᠪᠤᠯᠭᠠᠨ ᠪᠠᠶᠢᠭᠤᠯᠬᠤ ᠪᠠᠷ ᠡᠷᠡᠮᠡᠯᠵᠡᠯᠡᠨ᠎ᠡ᠃ ᠬᠤᠶᠠᠷ ᠲᠤ ᠡᠶ᠎ᠡ ᠵᠤᠬᠢᠴᠠᠯᠲᠤ ᠠᠭᠤᠷᠬᠠᠢ  ᠶᠢᠨ ᠤᠷᠤᠨ ᠪᠠ ᠪᠤᠬᠢᠷᠳᠤᠯ ᠦᠭᠡᠢ ᠠᠭᠤᠷᠬᠠᠢ ᠶᠢᠨ ᠪᠦᠲᠤᠭᠡᠨ ᠪᠠᠶᠢᠭᠤᠯᠤᠯᠲᠠ ᠶᠢ ᠤᠶᠠᠯᠳᠤᠭᠤᠯᠵᠤ᠂  ᠡᠷᠬᠡᠪᠰᠢ ᠪᠡᠶᠡᠯᠡᠭᠦᠯᠬᠦ ᠭᠦᠢᠴᠡᠳᠭᠡᠯ ᠲᠤᠭ᠎ᠠ ᠶᠢᠨ ᠨᠠᠶᠢᠳᠠᠪᠤᠷᠢᠵᠢᠭᠳᠠᠬᠤ ᠡᠰᠡᠬᠦ ᠶᠢ ᠴᠢᠩᠭ᠎ᠠ  ᠬᠢᠨᠠᠨ ᠬᠠᠮᠢᠶᠠᠷᠴᠤ᠂ ᠠᠭᠤᠷᠬᠠᠢ ᠤᠷᠴᠢᠨ ᠢ   ᠴᠡᠭᠴᠡᠯᠡᠨ ᠵᠠᠰᠠᠬᠤ ᠠᠵᠢᠯ ᠢ ᠲᠤᠪᠤᠶᠢᠮ᠎ᠠ ᠰᠠᠶᠢᠲᠤᠷ  ᠠᠳᠬᠤᠨ᠎ᠠ᠃ ᠭᠤᠷᠪᠠ ᠳᠤ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ᠂ ᠬᠠᠤᠯᠢ ᠬᠡᠷᠡᠭᠵᠢᠭᠦᠯᠬᠦ ᠴᠠᠭᠳᠠᠨ ᠪᠠᠶᠢᠴᠠᠭᠠᠬᠤ ᠬᠢᠨᠠᠨ ᠬᠠᠮᠢᠶᠠᠷᠤᠯᠲᠠ ᠶᠢᠨ  ᠡᠷᠴᠢᠮ ᠢ ᠴᠢᠩᠭᠠᠳᠬᠠᠵᠤ᠂ ︽ᠰᠢᠯᠢ ᠶᠢᠨ ᠬᠤᠲᠠ ᠶᠢᠨ  ᠱᠧᠩ ᠯᠢ ᠨᠡᠭᠦᠷᠡᠰᠤᠨ ᠠᠭᠤᠷᠬᠠᠢ  ᠶᠢᠨ ᠤᠷᠴᠢᠨ ᠲᠤᠭᠤᠷᠢᠨ ᠢ ᠵᠠᠰᠠᠵᠤ ᠰᠠᠶᠢᠵᠢᠷᠠᠭᠤᠯᠬᠤ ᠬᠡᠷᠡᠭᠵᠢᠭᠦᠯᠬᠦ ᠲᠦᠰᠤᠪ︾   ᠤᠨ ᠡᠯ᠎ᠡ  ᠭᠦᠢᠴᠡᠳᠭᠡᠯ ᠲᠤᠭ᠎ᠠ᠂ ᠠᠷᠭ᠎ᠠ ᠪᠠᠷᠢᠯ  ᠬᠢᠭᠡᠳ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠨᠡᠭᠦᠷᠡᠰᠤᠨ ᠠᠭᠤᠷᠬᠠᠢ ᠶᠢᠨ ᠪᠤᠰᠤ ᠠᠵᠤ  ᠠᠬᠤᠶᠢᠯᠡᠯ ᠤᠨ ᠨᠤᠭᠤᠭᠠᠷᠠᠭᠤᠯᠤᠯᠲᠠ ᠶᠢᠨ ᠠᠵᠢᠯ   ᠤᠨ ᠬᠢᠨᠠᠨ ᠪᠠᠶᠢᠴᠠᠭᠠᠯᠲᠠ ᠶᠢ ᠰᠠᠶᠢᠲᠤᠷ  ᠬᠢᠨ᠎ᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号