2017 ᠤᠨ ᠤ ᠵᠢᠷᠭᠤᠳᠤᠭᠠᠷ ᠬᠤᠭᠤᠴᠠᠭᠠᠨ ᠤ ᠲᠣᠮᠳᠠᠳᠦ ᠣᠯᠣᠰ ᠤᠨ ᠮᠣᠷᠢᠨ ᠮᠡᠷᠭᠡᠵᠢᠯ ᠤᠨ ᠣᠷᠣᠯᠳᠣᠭᠠᠨ ᠦᠪᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2017-09-04
          ᠨᠠᠷᠠ ᠬᠤᠷ᠎ᠠ ᠲᠠᠩᠴᠠᠵᠤ᠂ ᠨᠠᠶᠢᠷᠠᠭ ᠠᠶᠢᠷᠠᠭ ᠬᠤᠤᠰᠯᠠᠭᠰᠡᠨ ᠨᠠᠢᠮᠡᠨ ᠰᠠᠷ᠎ᠠ ᠶᠢᠨ ᠲᠠᠯ᠎ᠠ ᠨᠤᠳᠤᠭ ᠬᠦᠮᠤᠨ ᠠᠷᠠᠳ  ᠤᠨ ᠰᠡᠳᠬᠢᠯ  ᠢ ᠭᠡᠵᠢᠭᠡᠳᠡᠨ ᠬᠠᠷᠠᠭ᠎ᠠ  ᠶᠢ ᠪᠤᠯᠢᠶᠠᠨ᠎ᠠ᠃ ᠡᠨᠡᠬᠦ  ᠰᠢᠯᠢ ᠶᠢᠨ ᠭᠤᠤᠯ  ᠲᠠᠯ᠎ᠠ ᠨᠤᠳᠤᠭ ᠤᠨ ᠬᠠᠮᠤᠭ ᠤᠨ ᠰᠠᠶᠢᠬᠠᠨ ᠤᠯᠠᠷᠢᠯ ᠳᠤ᠂  ᠲᠤᠮᠳᠠᠳᠣ ᠣᠯᠣᠰ ᠤᠨ ᠮᠤᠷᠢᠨ ᠮᠡᠷᠭᠡᠵᠢᠯ ᠤᠨ ᠨᠡᠶᠢᠭᠡᠮᠯᠢᠭ ᠎ ᠠᠴᠠ ᠭᠤᠤᠯᠯᠠᠨ ᠡᠷᠬᠢᠯᠡᠵᠦ᠂ ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠰᠣᠨᠢᠨ ᠮᠡᠳᠡᠭᠡ ᠷᠠᠳᠢᠣ᠋ ᠲᠧᠯᠸᠢᠰ ᠤᠨ ᠲᠤᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ 2017 ᠤᠨ ᠤ ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠶᠡᠭᠡ ᠤᠷᠤᠯᠳᠤᠭᠠᠨ ᠦᠪᠳᠡᠭᠰᠢ ᠶᠡᠭᠡ ᠪᠠᠷ ᠡᠬᠢᠯᠡᠪᠡ᠃
         ᠠᠶᠢᠮᠠᠭ ᠤᠨ ᠨᠠᠮ ᠤᠨ ᠬᠤᠷᠢᠶᠠᠨ ᠤ ᠱᠦᠵᠢ ᠯᠥᠸᠧ ᠬᠤ᠋ ᠽᠠᠢ᠂ ᠣᠯᠣᠰ ᠲᠦᠷᠦ ᠶᠢᠨ ᠵᠦᠪᠯᠡᠯᠭᠡᠨ ᠤ ᠲᠡᠷᠢᠬᠦᠯᠭᠴᠢ ᠴᠡᠴᠡᠭ᠂ ᠠᠷᠠᠳ ᠤᠨ ᠲᠦᠯᠦᠭᠡᠯᠡᠭᠴᠢ ᠶᠢᠨ ᠶᠡᠭᠡ ᠤᠨ ᠬᠤᠷᠠᠯ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ ᠰᠢᠶᠧ ᠵᠢᠶᠦ᠋ᠨ᠂ ᠣᠯᠣᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠭᠴᠢ ᠣᠣ ᠱᠢᠦ ᠲᠢᠶᠠᠨ᠂ ᠰᠢᠯᠢ ᠎ ᠶᠢᠨ ᠬᠤᠳᠠ ᠶᠢᠨ ᠨᠠᠮ ᠵᠠᠰᠠᠭ ᠤᠨ ᠤᠳᠤᠷᠢᠳᠤᠯᠭ᠎ᠠ ᠵᠠᠩ ᠶᠢᠨ ᠮᠢᠩ᠂ ᠳ᠋ᠦᠩ ᠳ᠋ᠧ ᠹᠦ᠋᠂ ᠯᠢ ᠪᠥᠸᠧ ᠹᠧᠩ᠂ ᠭᠥᠸᠧ ᠢ ᠵᠢᠶᠧ᠂ ᠭᠥᠸᠧ ᠵᠢᠩ ᠵᠢᠤᠸᠠᠨ᠂ ᠸᠠᠩ ᠵᠠᠩ ᠴᠢ᠂ ᠵᠣᠣ ᠭᠥᠸᠧ ᠵᠦ᠂ ᠪᠣᠣ ᠷᠥᠩ ᡁᠢ᠂ ᠰᠡᠴᠡᠨᠪᠠᠭᠠᠳᠤᠷ᠂ ᠯᠢ ᠸᠠᠨ ᠭᠥᠸᠧ᠂ ᠯᠠᠢ ᠰᠢᠶᠠᠩ ᠬᠤᠸᠠ ᠵᠡᠷᠭᠡ ᠤᠳᠤᠷᠢᠳᠤᠯᠭ᠎ᠠ ᠡᠬᠢᠯᠡᠯᠳᠠ ᠶᠢᠨ ᠶᠤᠰᠤᠯᠠᠯ ᠳᠤ ᠤᠷᠤᠯᠴᠠᠵᠤ᠂ ᠦᠵᠡᠭᠴᠢᠳ ᠲᠠᠢ ᠬᠠᠮᠳᠦ ᠭᠠᠶᠢᠬᠠᠮ᠎ᠠ ᠰᠠᠶᠢᠬᠠᠨ ᠤᠷᠤᠯᠳᠤᠭᠠᠨ ᠢ ᠰᠤᠨᠢᠷᠬᠠᠪᠠ᠃
         ᠲᠣᠰ ᠣᠳᠠᠭᠠᠨ ᠤ ᠣᠷᠣᠯᠳᠣᠭᠠᠨ ᠨᠢ 8 ᠰᠠᠷ᠎ᠠ ᠶᠢᠨ 11᠎ ᠠᠴᠠ ᠡᠬᠢᠯᠡᠵᠦ᠂ ᠭᠤᠷᠪᠠᠨ ᠡᠳᠦᠷ ᠶᠠᠪᠤᠭᠲᠠᠨ᠎ᠠ᠃ ᠲᠦᠷᠪᠡᠨ ᠶᠡᠭᠡ ᠲᠦᠷᠦᠯ ᠤᠨ ᠣᠷᠣᠯᠳᠣᠭᠠᠨ ᠲᠤᠬᠢᠷᠠᠭᠤᠯᠪᠠ᠂ ᠲᠤᠰᠪᠤᠷᠢ ᠠᠬᠤᠢ ᠶᠢᠨ ᠲᠠᠯᠠᠪᠠᠢ ᠎ ᠶᠢᠨ ᠰᠠᠭᠠᠳ ᠲᠠᠪᠠᠭ᠋ᠤ ᠤᠷᠤᠯᠳᠤᠭᠠᠨ᠂ ᠬᠤᠷᠳᠤᠴᠠ ᠶᠢᠨ ᠣᠷᠣᠯᠳᠣᠭᠠᠨ᠂ ᠲᠡᠰᠪᠤᠷᠢ ᠲᠠᠭᠠᠭᠠᠴᠠ ᠶᠢᠨ ᠤᠷᠤᠯᠳᠤᠭᠠᠨ᠂ ᠮᠠᠯᠴᠢᠳ ᠤᠨ ᠰᠠᠭᠤᠯᠭ᠎ᠠ ᠲᠤᠭᠤᠷᠢᠵᠤ ᠮᠡᠷᠭᠡᠵᠢᠯ ᠮᠦᠷᠦᠶᠢᠴᠡᠬᠦ ᠣᠷᠣᠯᠳᠣᠭᠠᠨ ᠪᠤᠯᠤᠨ᠎ᠠ᠃ ᠣᠷᠣᠯᠳᠣᠭᠠᠨ ᠤ ᠱᠠᠩᠨᠠᠯ ᠤᠨ ᠮᠥᠩᠭᠦ ᠨᠢ ᠨᠡᠶᠢᠲᠡ 120 ᠲᠦᠮᠡᠨ ᠲᠦᠭᠦᠷᠢᠭ᠂ ᠪᠦᠬᠦ ᠤᠯᠤᠰ ᠤᠨ ᠡᠯ᠎ᠡ ᠭᠠᠵᠠᠷ ᠎ ᠤᠨ 100 ᠭᠠᠷᠣᠢ ᠮᠤᠷᠢᠨ ᠮᠡᠷᠭᠡᠵᠢᠯ ᠤᠨ ᠺᠢᠯᠣᠪ ᠤᠨ 300 ᠭᠠᠷᠤᠢ ᠲᠤᠭᠤᠶᠢᠯᠠᠩ ᠤᠨ ᠬᠦᠮᠦᠨ ᠮᠤᠷᠢ ᠬᠦᠷᠦᠯᠴᠡᠨ ᠢᠷᠡᠵᠦ ᠣᠷᠣᠯᠳᠣᠭᠠᠨ ᠳᠤ ᠤᠷᠤᠯᠴᠠᠨ᠎ᠠ᠂ ᠣᠷᠣᠯᠳᠣᠭᠰᠠᠳ ᠮᠠᠨᠢ ᠮᠤᠷᠢᠨ ᠮᠡᠷᠭᠡᠵᠢᠯ ᠤᠨ ᠪᠠᠭ᠋ᠠᠷᠣᠮ᠎ᠠ ᠰᠠᠶᠢᠬᠠᠨ ᠤᠷᠢ ᠮᠡᠷᠭᠡᠵᠢᠯ ᠢᠶᠠᠨ ᠭᠠᠶᠢᠬᠠᠭᠤᠯᠵᠤ᠂ ᠬᠦᠮᠦᠨ ᠠᠷᠠᠳ ᠤᠨ ᠰᠡᠳᠬᠢᠯ ᠢ ᠲᠤᠭᠲᠤᠯᠠᠭᠤᠯᠵᠤ᠂ ᠬᠦᠮᠤᠰ ᠎ ᠤᠨ ᠬᠠᠷᠠᠭ᠎ᠠ ᠶᠢ ᠪᠤᠯᠢᠶᠠᠬᠤ ᠨᠢ ᠯᠠᠪᠲᠠᠢ ᠶᠤᠮ᠂ ᠡᠳᠡᠭᠡᠷ ᠪᠦᠬᠦᠨ ᠨᠢ ᠴᠦᠮ ᠲᠤᠮᠳᠠᠳᠣ ᠣᠯᠣᠰ ᠤᠨ ᠮᠤᠷᠢᠨ ᠮᠡᠷᠭᠡᠵᠢᠯ ᠤᠨ ᠬᠦᠲᠡᠯᠭᠡᠭᠡᠨ ᠤ ᠬᠥᠭᠵᠢᠯᠲᠡ ᠶᠢᠨ ᠰᠦᠷ ᠵᠢᠪᠬᠤᠭ᠎ᠠ ᠶᠢ ᠭᠦᠢᠴᠡᠳ ᠬᠠᠷᠠᠭᠤᠯᠵᠤ ᠪᠠᠶᠢᠨ᠎ᠠ᠃           ᠣᠶᠢᠷ᠎ᠠ ᠶᠢᠨ ᠵᠢᠯ ᠠᠴᠠ ᠰᠢᠯᠢ ᠶᠢᠨ ᠬᠤᠲᠠ ᠨᠢ ᠠᠳᠣᠭᠤᠨ ᠰᠣᠶᠣᠯ ᠤᠨ ᠲᠦᠪ ᠤᠨ ᠨᠡᠷ᠎ᠡ ᠲᠡᠮᠳᠡᠭ ᠎ ᠠᠴᠠ ᠭᠠᠷᠳᠠᠵᠦ᠂ ᠠᠳᠣᠭᠤᠨ ᠰᠣᠶᠣᠯ ᠤᠨ ᠲᠦᠪ ᠤᠨ ᠲᠦᠷᠦᠯ ᠵᠦᠢᠯ ᠳᠤ ᠲᠦᠰᠢᠭᠯᠡᠨ᠂ ᠬᠤᠲᠠ ᠶᠢᠨ ᠨᠦᠯᠦᠭᠡ ᠲᠤᠰᠬᠠᠯ ᠪᠠ ᠰᠣᠶᠣᠯ ᠵᠢᠭᠤᠴᠢᠯᠠᠯ ᠤᠨ ᠦᠷᠢᠰᠦᠯᠳᠦᠬᠦ ᠬᠦᠴᠦᠨ ᠢᠶᠠᠨ ᠲᠡᠭᠡᠭᠰᠢᠯᠡᠭᠦᠯᠬᠦ ᠪᠠᠷ ᠬᠠᠷᠠᠯᠲᠠ ᠪᠣᠯᠭᠠᠵᠦ᠂ ᠪᠠᠶᠠᠯᠢᠭ ᠠᠭᠤᠯᠭ᠎ᠠ ᠭᠤᠶᠢᠲᠠ ᠰᠠᠨᠠᠭ᠎ᠠ ᠲᠠᠢ ᠣᠯᠠᠨ ᠲᠦᠷᠦᠯ ᠤᠨ ᠠᠳᠣᠭᠤᠨ ᠰᠣᠶᠣᠯ ᠤᠨ ᠠᠭᠤᠯᠭ᠎ᠠ ᠪᠦᠬᠦᠢ ᠬᠦᠳᠡᠯᠭᠡᠭᠡᠨ ᠢ ᠰᠡᠳᠦᠨ ᠡᠷᠬᠢᠯᠡᠪᠡ᠃ 2013 —2016 ᠣᠨ ᠳᠤ ᠲᠦᠷᠪᠡᠨ ᠵᠢᠯ ᠲᠠᠷᠠᠭᠠᠯᠠᠨ ᠲᠦᠷᠪᠡᠳᠤᠭᠡᠷ ᠬᠤᠭᠤᠴᠠᠭᠠᠨ ᠤ ᠲᠣᠮᠳᠠᠳᠦ ᠣᠯᠣᠰ ᠤᠨ ᠮᠣᠷᠢᠨ ᠮᠡᠷᠭᠡᠵᠢᠯ ᠤᠨ ᠣᠷᠣᠯᠳᠣᠭᠠᠨ ᠢ ᠠᠮᠵᠢᠯᠲᠠ ᠲᠠᠢ ᠪᠠᠷ ᠲᠠᠭᠠᠭᠠᠴᠢᠯᠠᠨ ᠡᠷᠬᠢᠯᠡᠵᠦ᠂ ᠡᠬᠦᠨ ᠤ ᠬᠠᠮᠳᠦ᠂ ᠭᠤᠷᠪᠡᠨ ᠬᠤᠭᠤᠴᠠᠭᠠᠨ ᠤ ᠤᠷᠤᠨ ᠨᠤᠲᠤᠭ ᠤᠨ ᠨᠡᠷ᠎ᠡ ᠲᠡᠮᠳᠡᠭᠲᠤ ᠤᠷᠤᠯᠳᠤᠭᠠᠨ — — ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠮᠤᠷᠢᠨ ᠤ ᠶᠡᠭᠡ ᠤᠷᠤᠯᠳᠤᠭᠠᠨ ᠎ ᠢ ᠡᠬᠦᠳᠦᠨ᠂ ᠡᠭᠦᠨ ᠤ ᠵᠡᠷᠭᠡᠪᠡᠷ ᠠᠳᠤᠭᠤᠨ ᠰᠤᠶᠤᠯ ᠢᠶᠠᠨ ᠤᠬᠠᠭᠤᠯᠤᠨ ᠪᠠᠳᠠᠷᠠᠭᠤᠯᠬᠤ ᠶᠢ ᠠᠩᠬᠠᠷᠴᠤ᠂  ᠪᠦᠷᠢᠨ ᠦᠵᠡᠭᠲᠡᠯᠲᠤ ᠬᠡᠯᠪᠡᠷᠢ ᠶᠢᠨ ᠲᠤᠭᠯᠠᠯᠲᠠ — ︽ᠮᠤᠩᠭᠤᠯ ᠮᠤᠷᠢ︾  ᠎ ᠶᠢ ᠠᠮᠵᠢᠯᠳᠠᠢ ᠪᠠᠷ ᠵᠤᠬᠢᠶᠠᠨ ᠪᠦᠳᠦᠭᠡᠵᠡᠢ  ᠃  ᠠᠳᠤᠭᠤᠨ ᠰᠤᠶᠤᠯ ᠢᠶᠠᠷ ᠭᠤᠤᠯ ᠰᠡᠳᠤᠪ ᠪᠤᠯᠭᠠᠭᠰᠡᠨ ᠵᠢᠭᠤᠯᠴᠢᠯᠠᠯ ᠤᠨ ᠤᠷᠤᠯᠳᠤᠭᠠᠨ ᠤ ᠬᠦᠳᠡᠯᠭᠡᠭᠡᠨ ᠨᠢ ᠲᠤᠮᠤ ᠬᠡᠯᠪᠡᠷᠢᠲᠤ ᠤᠷᠠᠯᠢᠭ ᠤᠨ ᠲᠤᠭᠯᠠᠯᠲᠠ ᠲᠠᠢ ᠬᠠᠷᠢᠯᠴᠠᠨ ᠤᠶᠠᠯᠳᠤᠵᠤ᠂ ︽ᠲᠣᠮᠳᠠᠳᠦ ᠣᠯᠣᠰ ᠤᠨ ᠠᠳᠣᠭᠤᠨ ᠰᠣᠶᠣᠯ ᠤᠨ ᠲᠦᠪ ᠤᠨ ᠭᠤᠣᠯ ᠲᠣᠭᠤᠷᠢᠭ︾᠎ ᠢᠶᠠᠷ ᠭᠤᠤᠯ ᠪᠤᠯᠭᠠᠭᠰᠡᠨ ᠬᠤᠲᠠ ᠶᠢᠨ ᠵᠢᠭᠤᠯᠴᠢᠯᠠᠯ ᠤᠨ ᠲᠦᠷᠢ ᠲᠦᠷᠬᠦ ᠶᠢ ᠣᠯᠠᠮ ᠨᠢᠭᠡ ᠠᠯᠬᠤᠮ ᠰᠠᠶᠢᠵᠢᠷᠠᠭᠤᠯᠵᠤ᠂ ᠰᠢᠯᠢ ᠶᠢᠨ ᠬᠤᠲᠠ ᠶᠢᠨ ᠨᠡᠷ᠎ᠡ ᠠᠯᠳᠠᠷᠰᠢᠯ ᠢ ᠲᠡᠭᠡᠭᠰᠢᠯᠡᠭᠦᠯᠤᠨ᠂ ︽ᠠᠳᠣᠭᠤᠨ ᠰᠣᠶᠣᠯ︾᠎ ᠢᠶᠠᠷ ᠭᠤᠣᠯ ᠪᠣᠯᠭᠠᠭᠰᠠᠨ ᠰᠤᠶᠤᠯ ᠵᠢᠭᠤᠴᠢᠯᠠᠯ ᠤᠨ ᠦᠢᠯᠡᠰ ᠤᠨ ᠦᠷᠨᠢᠩᠭᠦᠢ ᠬᠦᠭᠵᠢᠯᠲᠡ ᠶᠢ ᠠᠬᠢᠭᠤᠯᠪᠠ᠃        
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号