ᠰᠢᠯᠢ ᠶᠢᠨ ᠬᠤᠳᠠ ᠡᠯ ᠎ᠠ ᠠᠵᠢᠯ ᠤᠨ ᠹᠠᠷᠤᠨᠲ ᠳᠡᠭᠡᠷᠡᠬᠢᠢ ᠵᠢᠱᠢᠶᠡᠴᠢ ᠬᠠᠮᠳᠤ ᠨᠢᠭᠡᠴᠡ ᠪᠠ ᠰᠠᠶᠢᠴᠤᠤᠯ ᠢᠶᠠᠨ ᠱᠠᠩᠨᠠᠨ ᠬᠦᠬᠢᠬᠦᠯᠪᠡ
ᠨᠡᠶᠢᠲᠡᠯᠡᠭᠰᠡᠨ ᠴᠠᠭ᠄
2018/7/16
         ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 70 ᠵᠢᠯ ᠤᠨ ᠤᠢ ᠶᠢ ᠪᠡᠯᠭᠡᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ‍ᠤᠨ‌ᠢᠯᠠᠯᠳᠠ ᠲᠠᠢ ᠬᠤᠷᠠᠯᠳᠤᠬᠰᠡᠨ ᠢ ᠪᠠᠶᠠᠷᠯᠠᠨ ᠪᠡᠯᠭᠡᠯᠡᠵᠦ᠂ 10 ᠳ᠋ᠤᠭᠠᠷ ᠰᠠᠷ᠎ᠠ ᠶᠢᠨ 24 ‍ᠤ‌ᠡᠳᠦᠷ  ᠰᠢᠯᠢ ᠶᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠠᠶᠢᠰᠢᠶᠠᠨ ᠬᠦᠬᠢᠭᠦᠯᠬᠦ ᠶᠡᠭᠡ ᠬᠤᠷᠠᠯ ᠬᠤᠷᠠᠯᠳᠤᠭᠤᠯᠵᠦ᠂ ᠪᠦᠬᠦ ᠬᠤᠳᠠ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠲᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠳᠦ ᠨᠢᠭᠡᠴᠡ᠂ ᠰᠠᠶᠢᠴᠤᠤᠯ᠂ ᠮᠤᠩᠭᠤᠯ ᠬᠡᠯᠡ ᠪᠢᠴᠢᠭ ᠰᠤᠷᠴᠦ ᠬᠡᠷᠡᠭᠯᠡᠭᠰᠡᠨ ᠲᠡᠷᠢᠭᠦᠨ ᠤ ᠬᠠᠮᠳᠦ᠂ ᠬᠤᠪᠢ ᠬᠦᠮᠦᠨ ᠪᠤᠯᠤᠨ ᠡᠯ᠎ᠠ ᠠᠵᠢᠯ ᠤᠨ ᠹᠷᠤᠨᠲ ᠳᠡᠭᠡᠷ᠎ᠠ ᠴᠤᠯᠭᠤᠷᠠᠨ ᠭᠠᠷᠤᠬᠰᠡᠨ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠳᠠᠨ ᠨᠠᠷ ᠢᠶᠠᠨ ᠰᠠᠶᠢᠰᠢᠶᠠᠨ ᠬᠦᠬᠢᠭᠦᠯᠵᠡᠢ᠃               ᠤᠶᠢᠷ᠎ᠠ ᠶᠢᠨ ᠵᠢᠯ ᠳᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠲᠡᠷᠢᠭᠦᠯᠡᠭᠴᠢ ᠪᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠰᠠᠴᠤᠷᠠᠩᠭᠤᠢ ᠲᠤᠶᠠᠭᠠᠯᠠᠯ ᠳᠤᠤᠷ᠎ᠠ᠂ ᠰᠢᠯᠢ ᠶᠢᠨ ᠬᠤᠳᠠ ᠤᠷᠤᠨ ᠤ ᠠᠵᠦ ᠠᠬᠤᠢ ᠶᠢᠨ ᠪᠤᠳᠠᠳᠦ ᠬᠦᠴᠦᠨ ᠤᠷᠢᠳ ᠭᠠᠷᠤᠭ᠎ᠠ ᠦᠭᠡᠢ ᠴᠢᠩᠭᠠᠷᠠᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠡᠯ᠎ᠠ ᠲᠦᠷᠦᠯ ᠤᠨ ᠠᠵᠢᠯ ᠦᠢᠯᠡᠰ ᠵᠤᠬᠢᠴᠠᠩᠭᠤᠢ ᠬᠦᠭᠵᠢᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠶᠡᠬᠡᠪᠡᠷ ᠳᠡᠭᠡᠭᠰᠢᠯᠡᠭᠰᠡᠨ ᠪᠠᠶᠢᠨ᠎ᠠ᠃ ᠰᠢᠯᠢ ᠶᠢᠨ ᠬᠤᠳᠠ ᠪᠣᠯ ᠤᠯᠠᠨ ᠦᠨᠳᠦᠰᠦᠳᠡᠨ ᠤ ᠠᠷᠠᠳ ᠲᠦᠮᠡᠨ ᠬᠠᠮᠳᠦ ᠪᠠᠷ ᠠᠵᠦ ᠲᠦᠷᠦᠵᠦ᠂ ᠡᠶ᠎ᠡ ᠨᠠᠶᠢᠷ ᠲᠠᠢ ᠵᠡᠷᠭᠡᠴᠡᠨ ᠠᠮᠢᠳᠤᠷᠠᠵᠦ ᠪᠠᠶᠢᠭ᠎ᠠ ᠭᠠᠵᠠᠷ ᠤᠷᠤᠨ ᠤ ᠨᠢᠭᠡ ᠶᠤᠮ᠃ ᠪᠦᠬᠦ ᠬᠤᠳᠠ ᠶᠢᠨ ᠡᠯ᠎ᠠ ᠠᠵᠢᠯ ᠲᠦᠷᠦᠯ᠂ ᠡᠯ᠎ᠠ ᠬᠦᠷᠢᠶ᠎ᠠ ᠴᠠᠷᠠᠭ᠎ᠠ ᠳᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠤᠬᠰᠡᠨ ᠪᠠ ᠮᠤᠩᠭᠤᠯ ᠦᠭᠡ ᠬᠡᠯᠡ ᠦᠰᠦᠭ ᠪᠢᠴᠢᠭ ᠢ ᠳᠡᠭᠡᠳᠦᠯᠡᠨ ᠰᠤᠷᠴᠦ ᠬᠡᠷᠡᠭᠯᠡᠭᠰᠡᠨ ᠲᠡᠷᠢᠭᠦᠨ ᠤ ᠬᠠᠮᠳᠦ ᠨᠢᠭᠡᠴᠡ᠂ ᠰᠠᠶᠢᠴᠤᠤᠯ ᠪᠤᠯᠤᠨ ᠡᠯ᠎ᠠ ᠹᠷᠤᠨᠲ ᠤᠨ ᠠᠵᠢᠯ ᠤᠨ ᠪᠠᠶᠢᠷᠢ ᠳᠠᠭᠠᠨ ᠭᠠᠷᠮᠠᠭᠠᠢ ᠨᠡᠮᠡᠷᠢ ᠬᠠᠨᠳᠢᠪ ᠦᠵᠡᠬᠦᠯᠥᠭᠰᠡᠨ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠳᠠᠠ ᠮᠠᠰᠢ ᠤᠯᠠᠨ ᠴᠤᠯᠭᠤᠷᠠᠨ ᠭᠠᠷᠴᠠᠢ᠃               ᠰᠠᠶᠢᠰᠢᠶᠠᠨ ᠬᠦᠬᠢᠭᠦᠯᠬᠦ ᠶᠡᠭᠡ ᠬᠤᠷᠠᠯ ᠳᠤ᠂ 20 ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠳᠦ ᠨᠢᠭᠡᠴᠡ᠂ 35 ᠰᠠᠶᠢᠴᠤᠤᠯ᠂ 15 ᠮᠤᠩᠭᠤᠯ ᠬᠡᠯᠡ ᠪᠢᠴᠢᠭ ᠰᠤᠷᠴᠦ ᠬᠡᠷᠡᠭᠯᠡᠭᠰᠡᠨ ᠲᠡᠷᠢᠭᠦᠨ ᠤ ᠬᠠᠮᠳᠦ ᠨᠢᠭᠡᠴᠡ᠂ 35ᠲᠡᠷᠢᠭᠦᠨ ᠤ ᠬᠤᠪᠢ ᠬᠦᠮᠦᠨ᠂ 40 ᠬᠦᠳᠡᠯᠮᠦᠷᠢ ᠶᠢᠨ ᠵᠢᠱᠢᠶᠡᠴᠢ᠂ 30 ᠲᠡᠷᠢᠭᠦᠨ ᠤ ᠠᠵᠢᠯᠳᠠᠨ ᠳᠤ ᠲᠤᠰ ᠲᠤᠰ ᠱᠠᠩᠨᠠᠯ ᠬᠦᠬᠢᠭᠦᠯᠦᠯ ᠤᠯᠭᠤᠵᠦ᠂ ᠬᠤᠪᠢ ᠨᠡᠮᠡᠷᠢ ᠶᠢ ᠨᠢ ᠦᠨᠡᠯᠡᠨ ᠵᠤᠷᠢᠬᠵᠢᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号