6 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠲᠠᠷᠤᠭ᠎ᠠ ᠾᠦᠸᠧ ᠵᠤᠤ ᠯᠢᠶᠠᠩ ᠰᠢᠯᠢ ᠶᠢᠨ ᠬᠤᠳᠠ ᠶᠢᠨ ᠨᠡᠬᠦᠷᠡᠰᠤᠨ ᠤ ᠠᠵᠤ ᠠᠬᠤᠢᠢᠯᠠᠯ ᠳᠤ ᠬᠦᠨᠵᠡᠭᠡᠶᠢᠷᠡᠵᠤ᠂ | ᠠᠵᠤ ᠠᠬᠤᠢᠢᠯᠠᠯ ᠤᠨ ᠦᠢᠯᠡᠳᠪᠤᠷᠢᠯᠡᠯ᠂ ᠪᠤᠬᠢᠷᠲᠤᠯ ᠢ ᠰᠡᠷᠭᠡᠶᠢᠯᠡᠨ ᠵᠠᠰᠠᠬᠤ᠂ ᠠᠰᠠᠭᠤᠳᠠᠯ ᠢᠶᠠᠨ ᠴᠡᠭᠴᠡᠯᠡᠨ | ᠰᠠᠶᠢᠵᠢᠷᠠᠭᠤᠯᠤᠭᠰᠠᠨ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠵᠡᠷᠭᠡ ᠠᠵᠢᠯ ᠳᠤ | ᠪᠠᠶᠢᠴᠠᠭᠠᠨ ᠰᠤᠳᠤᠯᠤᠯᠲᠠ ᠬᠢᠵᠤ᠂ ᠡᠯ᠎ᠡ ᠱᠠᠳᠤᠨ ᠤ ᠵᠠᠰᠠᠭ ᠤᠨ ᠤᠷᠳᠤᠨ᠂ ᠡᠯ᠎ᠡ ᠠᠵᠤ ᠠᠬᠤᠢᠢᠯᠠᠯ ᠪᠠ | ᠨᠡᠶᠢᠭᠡᠮ ᠤᠨ ᠡᠯ᠎ᠡ ᠡᠳᠡᠭᠡᠳ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ | ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠢ ᠬᠠᠮᠠᠭᠠᠯᠠᠬᠤ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ | ᠰᠠᠬᠢᠵᠤ᠂ ᠪᠤᠬᠢᠷᠲᠦᠯ ᠦᠭᠡᠢ ᠦᠢᠯᠡᠳᠪᠤᠷᠢᠯᠡᠯ ᠪᠤᠬᠢᠷᠲᠦᠯ ᠦᠭᠡᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ | ᠭᠡᠷᠡᠭᠲᠡᠢ ᠭᠡᠵᠤ ᠴᠢᠬᠤᠯᠠᠴᠢᠯᠠᠪᠠ᠃ ᠾᠦᠸᠧ ᠵᠤᠤ ᠯᠢᠶᠠᠩ ᠤᠷᠢᠳ ᠬᠤᠵᠢᠳ ᠰᠢᠯᠢ ᠶᠢᠨ ᠭᠤᠤᠯ ᠲᠦᠩ ᠯᠢ | ᠭᠧᠷᠮᠠᠨᠢ ᠶᠢᠨ ᠦᠢᠯᠡᠰ᠂ ᠤᠯᠠᠭᠠᠨᠳᠤᠭ ᠨᠡᠬᠦᠷᠡᠰᠤᠨ ᠤ ᠺᠤᠮᠫᠠᠨᠢ ᠶᠢᠨ ᠵᠠᠳᠠᠭᠠᠢ ᠭᠧᠷᠮᠠᠨᠢ ᠨᠠᠬᠦᠷᠡᠰᠤᠨ ᠤ ᠠᠭᠤᠷᠬᠠᠢ᠂ | ᠰᠢᠯᠢ ᠶᠢᠨ ᠬᠤᠳᠠ ᠶᠢᠨ ᠨᠠᠬᠦᠷᠡᠰᠤᠨ ᠤ ᠠᠭᠤᠷᠬᠠᠢ ᠶᠢᠨ ᠢᠯᠡᠯᠲᠡ ᠬᠤᠶᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ | ᠦᠪᠦᠷ ᠮᠤᠩᠭᠤᠯ ᠤᠨ ᠡᠨᠧᠷᠬᠢ ᠶᠢᠨ ᠺᠤᠮᠫᠠᠨᠢ ᠶᠢᠨ ᠢᠯᠡᠯᠲᠡ ᠭᠤᠷᠪᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ | ᠱᠧᠨ ᠬᠤᠸᠠ ᠢᠯᠡᠯᠲᠡ ᠡᠨᠧᠷᠬᠢ ᠶᠢᠨ ᠺᠤᠮᠫᠠᠨᠢ ᠶᠢᠨ ᠵᠠᠳᠠᠭᠠᠢ ᠨᠡᠬᠦᠷᠡᠰᠤᠨ ᠠᠭᠤᠷᠬᠠᠢ ᠵᠢᠴᠢ ᠳ᠋ᠠ ᠲᠠᠩ ᠰᠢᠯᠢᠨ | ᠠᠭᠤᠷᠬᠠᠢ ᠶᠢᠨ ᠺᠤᠮᠫᠠᠨᠢ ᠳᠤ ᠬᠦᠷᠴᠤ᠂ ᠨᠡᠬᠦᠷᠡᠰᠤ ᠮᠠᠯᠳᠠᠬᠤ ᠠᠬᠤᠢ ᠲᠠᠯᠠᠪᠠᠢ᠂ ᠰᠢᠷᠤᠢ ᠭᠠᠳᠠᠭᠰᠢᠯᠠᠭᠤᠯᠬᠤ | ᠲᠠᠯᠠᠪᠠᠢ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠡᠷᠬᠦᠭᠡᠯᠲᠡ᠂ ᠤᠷᠴᠢᠨ ᠲᠤᠭᠤᠷᠢᠨ ᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ | ᠵᠡᠷᠭᠡ ᠪᠠᠶᠢᠳᠠᠯ ᠢ ᠨᠠᠷᠢᠨ ᠦᠢᠯᠠᠭᠠᠵᠤ᠂ ᠲᠤᠬᠠᠢ ᠶᠢᠨ ᠲᠠᠯᠠᠪᠠᠢ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠠᠵᠢᠯ ᠢ ᠱᠠᠯᠠᠪᠳᠠᠭᠤᠯᠤᠨ ᠨᠠᠶᠢᠳᠠᠪᠤᠷᠢᠵᠢᠭᠤᠯᠪᠠ᠃ ᠾᠦᠸᠧ ᠵᠤᠤ ᠯᠢᠶᠠᠩ ᠴᠢᠬᠤᠯᠠᠴᠢᠯᠠᠬᠤ ᠳᠠᠭᠠᠨ᠂ ᠤᠯᠤᠰ | ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢᠶᠠᠨ ᠪᠠᠳᠤᠳᠬᠠᠵᠤ᠂ ᠪᠤᠬᠢᠷᠲᠦᠯ ᠢ | ᠰᠡᠷᠭᠡᠶᠢᠯᠡᠨ ᠵᠠᠰᠠᠬᠤ ᠪᠠ ᠬᠢᠨᠠᠠ ᠬᠠᠮᠢᠶᠠᠷᠤᠯᠳᠠ ᠶᠢᠨ ᠠᠵᠢᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ | ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠴᠢᠩᠭᠠᠳᠬᠠᠵᠤ᠂ ᠤᠯᠤᠰ ᠤᠨ ᠦᠮᠴᠢᠯᠠᠯᠳᠤ | ᠠᠵᠤ ᠠᠬᠤᠢᠢᠯᠠᠯ ᠤᠨ ᠵᠢᠱᠢᠶ᠎ᠠ ᠦᠵᠡᠬᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠤᠬᠢᠷᠲᠦᠯ ᠦᠭᠡᠢ | ᠬᠦᠭᠵᠢᠯᠲᠡ ᠶᠢᠨ ᠦᠢᠯᠠᠭᠠᠭᠳᠠᠬᠤᠨ ᠢ ᠦᠢᠯᠡᠳᠪᠤᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ | ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠲᠡᠢ᠃ ᠪᠤᠬᠢᠷᠲᠦᠯ ᠢ ᠰᠡᠷᠭᠡᠶᠢᠯᠡᠨ ᠵᠠᠰᠠᠬᠤ ᠬᠢᠨᠡᠨ | ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠲᠦᠷᠢᠮ | ᠲᠤᠭᠳᠠᠴᠠ ᠪᠠᠷ ᠪᠠᠳᠤᠯᠠᠬᠤ ᠭᠡᠷᠡᠭᠲᠡᠢ ᠭᠡᠪᠡ᠃ ᠠᠶᠢᠮᠠᠭ ᠤᠨ ᠳᠡᠳ᠋ ᠲᠠᠷᠤᠭ᠎ᠠ ᠡᠦ ᠴᠤᠭ ᠵᠢᠴᠢ ᠠᠶᠢᠮᠠᠭ ᠤᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠰᠢᠯᠢ ᠶᠢᠨ ᠬᠤᠳᠠ ᠶᠢᠨ ᠭᠤᠤᠯ ᠬᠠᠷᠢᠭᠤᠴᠠᠯᠭᠠᠳᠠᠨ ᠪᠠᠷ᠎ᠠ | ᠪᠤᠯᠵᠤ ᠪᠠᠶᠢᠴᠠᠭᠠᠨ ᠰᠤᠳᠤᠯᠤᠯᠳᠠ ᠬᠢᠪᠡ᠃ | |