ᠾᠦᠸᠧ ᠵᠤᠤ ᠯᠢᠶᠠᠩ ᠰᠢᠯᠢ ᠶᠢᠨ ᠬᠤᠳᠠ ᠳᠤ ᠤᠷᠴᠢᠨ ᠳᠤᠭᠤᠷᠢᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2018/7/16
      6 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠠᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠰᠢᠯᠢ ᠶᠢᠨ ᠬᠤᠳᠠ ᠶᠢᠨ ᠠᠭᠤᠷᠬᠠᠢ ᠦᠢᠯᠡᠳᠪᠤᠷᠢ ᠶᠢᠨ ᠠᠵᠤ ᠠᠬᠤᠢᠢᠯᠠᠯ ᠳᠤ ᠬᠦᠨᠵᠡᠭᠡᠶᠢᠷᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠨᠠᠶᠢᠳᠠᠪᠤᠷᠢᠵᠢᠭᠤᠯᠪᠠ᠃ ᠲᠡᠷᠡ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠨᠡᠩ ᠴᠢᠩᠭ᠎ᠠ ᠪᠠᠷᠢᠮᠵᠢᠶ᠎ᠠ᠂ ᠨᠡᠩ ᠪᠤᠳᠠᠳᠤ ᠠᠵᠢᠯ ᠤᠨ ᠰᠤᠷᠳᠠᠯ᠂ ᠨᠡᠩ ᠴᠢᠩᠭ᠎ᠠ ᠠᠷᠭ᠎ᠠ ᠪᠠᠷᠢᠯ ᠢᠶᠠᠷ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠪᠤᠬᠢᠷᠲᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠲᠡᠢ ᠭᠡᠪᠡ᠃         ᠾᠦᠸᠧ ᠵᠤᠤ ᠯᠢᠶᠠᠩ ᠤᠷᠢᠳ ᠬᠤᠵᠢᠳ ᠵᠦᠩ ᠭᠠᠩ ᠪᠦᠯᠦᠭᠯᠡᠯ ᠤᠨ ᠰᠢᠯᠢ ᠶᠢᠨ ᠬᠤᠳᠠ ᠶᠢᠨ ᠬᠠᠶᠢᠯᠦᠭᠤᠷ ᠵᠤᠩᠰᠢ ᠶᠢᠨ ᠺᠤᠮᠫᠠᠨᠢ᠂ ᠰᠢᠯᠢᠨ ᠢᠯᠴᠢ ᠴᠠᠭᠢᠯᠭᠠᠨ ᠤ ᠦᠢᠯᠡᠳᠪᠤᠷᠢ ᠶᠢᠨ ᠦᠨᠡᠰᠤ ᠬᠠᠳᠠᠭᠠᠯᠠᠬᠤ ᠦᠢᠯᠡᠳᠪᠤᠷᠢ ᠵᠡᠷᠭᠡ ᠭᠠᠵᠠᠷ ᠬᠦᠷᠴᠤ᠂ ᠠᠵᠤ ᠠᠬᠤᠢᠢᠯᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠦᠢᠯᠠᠭᠠᠵᠤ᠂ ᠭᠤᠤᠯᠳᠠᠯᠭ᠎ᠠ ᠲᠠᠢ ᠲᠤᠪᠤᠶᠢᠮ᠎ᠠ ᠠᠰᠠᠭᠤᠳᠠᠯ ᠳᠤ ᠴᠢᠭᠯᠡᠬᠦᠯᠦᠨ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠤ ᠠᠬᠤᠢᠢᠯᠠᠯ ᠢ ᠲᠤᠬᠠᠢ ᠶᠢᠨ ᠲᠠᠯᠠᠪᠠᠢ ᠳᠤᠨᠢ ᠱᠠᠯᠠᠪᠳᠠᠭᠤᠯᠤᠨ ᠵᠢᠯᠤᠭᠤᠳᠪᠡ᠃ ᠲᠡᠷᠡ ᠱᠠᠭᠠᠷᠳᠠᠬᠤ ᠳᠠᠭᠠᠨ᠂ ᠤᠷᠤᠨ ᠨᠤᠳᠤᠭ ᠤᠨ ᠵᠠᠰᠠᠭ ᠤᠨ ᠤᠷᠳᠤᠨ ᠦᠨᠡᠨᠬᠦ ᠱᠠᠯᠠᠪᠳᠠᠭᠤᠯᠤᠨ ᠪᠠᠶᠢᠴᠠᠭᠠᠵᠤ᠂ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠡᠷᠭᠡᠪᠰᠢ ᠬᠢᠨᠠᠨ ᠬᠠᠮᠢᠶᠠᠷᠴᠤ᠂ ᠠᠰᠠᠭᠤᠳᠠᠯ ᠤᠷᠤᠰᠢᠵᠤ ᠪᠠᠶᠢᠭ᠎ᠠ ᠠᠵᠤ ᠠᠬᠤᠢᠢᠯᠠᠯ ᠢ ᠴᠢᠩᠭ᠎ᠠ ᠪᠠᠶᠢᠴᠠᠭᠠᠨ ᠰᠢᠳᠭᠡᠬᠦ ᠭᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠢᠢᠯᠠᠯ ᠢ ᠱᠠᠭᠠᠷᠳᠠᠯᠭ᠎ᠠ ᠶᠤᠰᠤᠭᠠᠷ ᠵᠤᠭᠰᠤᠭᠠᠵᠦ᠂ ᠬᠠᠮᠢᠶ᠎ᠠ ᠪᠦᠬᠦᠢ ᠲᠤᠨᠤᠭ ᠲᠦᠭᠦᠭᠡᠷᠦᠮᠵᠢ ᠶᠢ ᠨᠤᠷᠠᠭᠠᠨ ᠴᠡᠪᠡᠷᠯᠡᠵᠦ᠂ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠨ ᠬᠢᠬᠦ ᠬᠡᠷᠡᠭᠲᠡᠢ᠃ ᠬᠠᠮᠢᠶ᠎ᠠ ᠪᠦᠬᠦᠢ ᠠᠵᠦ ᠠᠬᠤᠢᠢᠯᠠᠯ ᠴᠡᠭᠴᠡᠯᠡᠨ ᠰᠠᠶᠢᠵᠢᠷᠠᠭᠤᠯᠬᠤ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠡᠬᠦᠷᠭᠡᠯᠡᠵᠦ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ ᠭᠡᠪᠡ᠃ ᠰᠢᠯᠢ ᠶᠢᠨ ᠬᠤᠲᠠ ᠪᠠ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠪᠠ᠃       ᠯᠦᠸᠧ ᠬᠤ᠋ ᠽᠠᠢ ᠰᠢᠯᠢ ᠶᠢᠨ ᠬᠤᠲᠠ ᠳᠤ ᠬᠦᠨᠵᠡᠬᠡᠶᠢᠷᠡᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠪᠠ ᠰᠢᠢᠳᠪᠦᠷᠢᠯᠡᠭᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ ᠤᠯᠠᠨ ᠲᠦᠮᠡᠨ ᠤ ᠲᠤᠰᠬᠠᠯ ᠴᠢᠩᠭ᠎ᠠ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号