ᠯᠦᠸᠧ ᠬᠤ᠋ ᠽᠠᠢ ᠰᠢᠯᠢ ᠶᠢᠨ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠲᠠᠢ ᠬᠠᠮᠲᠤᠪᠡᠷ ︽6•1︾ ᠤ ᠲᠡᠯᠡᠬᠡᠢ ᠶᠢᠨ ᠬᠡᠦᠬᠡᠳ ᠤᠨ ᠪᠠᠶᠠᠷ ᠢ ᠪᠡᠯᠬᠡᠯᠡᠪᠡ
ᠨᠡᠶᠢᠲᠡᠯᠡᠭᠰᠡᠨ ᠴᠠᠭ᠄
2018/7/16
         6 ᠰᠠᠷ᠎ᠠ ᠶᠢᠨ 1 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ︽6 · 1︾ ᠤ ᠲᠡᠯᠡᠬᠡᠢ ᠶᠢᠨ ᠬᠡᠦᠬᠡᠳ ᠤᠨ ᠪᠠᠶᠠᠷ ᠢ ᠪᠡᠯᠬᠡᠯᠡᠬᠦ ᠠᠵᠢᠯᠯᠠᠭ᠎ᠠ ᠳᠤ ᠤᠷᠤᠯᠴᠠᠵᠦ᠂ ᠪᠦᠬᠦ ᠠᠶᠢᠮᠠᠭ ᠤᠨ ᠬᠡᠥᠬᠡᠳ ᠪᠠᠭᠠᠴᠤᠳ ᠲᠤ ᠪᠠᠶᠠᠷ ᠤᠨ ᠡᠳᠦᠷ ᠤᠨ ᠮᠡᠨᠳᠦᠴᠢᠯᠠᠯ ᠬᠦᠷᠭᠡᠵᠦ᠂ ᠦᠷᠭᠡᠨ ᠤᠯᠠᠨ ᠪᠠᠭᠰᠢ ᠠᠵᠢᠯᠳᠠᠨ ᠳᠤ ᠬᠦᠨᠳᠦᠳᠭᠡᠯ ᠲᠠᠯᠠᠷᠬᠠᠯ ᠳᠡᠪᠰᠢᠬᠦᠯᠪᠡ᠃ ᠯᠦᠸᠧ ᠬᠤ᠋ ᠽᠠᠢ ᠦᠨᠳᠦᠰᠦᠳᠡᠨ ᠤ ᠭᠠᠷ ᠤᠷᠠᠯᠠᠯ᠂ ᠤᠷᠠᠨ ᠵᠢᠷᠤᠭ ᠤᠷᠠᠨ ᠪᠢᠴᠢᠯᠭᠡ᠂ ᠦᠨᠳᠦᠰᠦᠳᠡᠨ ᠤ ᠬᠦᠭᠵᠢᠮ ᠵᠡᠷᠭᠡ ᠲᠤᠷ᠎ᠠ ᠰᠤᠨᠢᠷᠬᠠᠯ ᠤᠨ ᠬᠢᠴᠢᠶᠡᠯ ᠤᠨ ᠲᠠᠩᠬᠢᠮ ᠢᠶᠠᠷ ᠲᠤᠭᠤᠷᠢᠨ ᠦᠵᠡᠵᠦ᠂ ᠰᠤᠷᠭᠠᠭᠤᠯᠢ ᠶᠢᠨ ᠬᠠᠷᠢᠭᠤᠴᠠᠯᠭᠠᠳᠠᠨ ᠪᠠ ᠰᠤᠷᠤᠭᠴᠢᠳ ᠲᠠᠢ ᠲᠤᠲᠤᠨᠤᠰᠤᠭ ᠢᠶᠠᠷ ᠶᠠᠷᠢᠯᠴᠠᠵᠦ᠂ ᠰᠤᠷᠭᠠᠭᠤᠯᠢ ᠶᠢᠨ ᠰᠤᠷᠭᠠᠨ ᠬᠦᠮᠦᠵᠢᠯ᠂ ᠵᠢᠭᠠᠨ ᠰᠤᠷᠭᠠᠯᠲᠠ ᠪᠠ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠤᠢᠢᠯᠠᠭᠠᠵᠦ᠂ ᠬᠡᠥᠬᠡᠳ ᠤᠳ ᠤᠨ ᠡᠷᠡᠭᠦᠯ ᠴᠢᠬᠢᠷᠠᠭ ᠪᠠᠶᠠᠷ ᠭᠦᠷ ᠲᠠᠢ ᠪᠠᠷ ᠦᠰᠦᠨ ᠪᠤᠶᠢᠵᠢᠬᠤ ᠶᠢ ᠵᠦᠩᠨᠡᠪᠡ᠃ ᠯᠦᠸᠧ ᠬᠤ᠋ ᠽᠠᠢ ᠵᠢᠭᠠᠬᠤ ᠳᠠᠭᠠᠨ᠂ ᠬᠡᠥᠬᠡᠳ ᠪᠠᠭᠠᠴᠤᠳ ᠪᠤᠯ ᠡᠬᠡ ᠤᠯᠤᠰ ᠤᠨ ᠢᠷᠡᠭᠡᠲᠦᠢ᠂ ᠰᠢᠨ᠎ᠠ ᠴᠠᠭ ᠦᠶ᠎ᠠ ᠶᠢᠨ ᠬᠦᠭᠵᠢᠯᠲᠠ ᠶᠢᠨ ᠢᠷᠡᠭᠡᠲᠦᠢ ᠪᠤᠯᠤᠨ᠎ᠠ᠃ ᠰᠤᠷᠤᠭᠴᠢᠳ ᠥᠪᠡᠷ ᠤᠨ ᠬᠦᠰᠡᠯ ᠡᠷᠡᠮᠡᠯᠵᠡᠯ ᠢᠶᠠᠨ ᠡᠬᠡ ᠤᠷᠤᠨ ᠤ ᠪᠠᠨ ᠲᠦᠯᠦᠭᠡ ᠵᠢᠳᠬᠦᠬᠦ ᠬᠦᠰᠡᠯ ᠵᠤᠷᠢᠭ ᠯᠤᠭ᠎ᠠ ᠤᠶᠠᠯᠳᠤᠭᠤᠯᠵᠦ᠂ ᠨᠠᠶᠢᠭᠡᠮ ᠵᠢᠷᠤᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠤᠯᠬᠤ ᠭᠡᠷᠡᠭᠲᠡᠢ᠃ ᠡᠷᠬᠡᠪᠰᠢ ᠰᠠᠶᠢᠲᠤᠷ ᠰᠤᠷᠤᠯᠴᠠᠵᠦ᠂ ᠮᠡᠳᠡᠯᠭᠡ ᠴᠢᠳᠡᠪᠤᠷᠢ ᠪᠠᠨ ᠲᠡᠭᠡᠭᠰᠢᠯᠡᠬᠦᠯᠵᠦ᠂ ᠨᠡᠮ ᠪᠡ ᠤᠯᠤᠰ ᠲᠠᠭᠠᠨ ᠬᠡᠷᠡᠭᠴᠡᠭᠡ ᠲᠠᠢ ᠴᠢᠳᠠᠪᠤᠷᠢᠳᠠᠨ ᠪᠤᠯᠬᠤ ᠭᠡᠷᠡᠭᠲᠡᠢ᠃ ᠦᠷᠭᠡᠨ ᠤᠯᠠᠨ ᠪᠠᠭᠰᠢ ᠨᠠᠷ ᠬᠠᠷᠠᠮ ᠦᠬᠡᠢ ᠪᠠᠷ ᠵᠢᠳᠬᠦᠬᠦ ᠵᠤᠷᠢᠭ ᠰᠠᠨᠠᠭ᠎ᠠ ᠪᠠᠨ ᠦᠷᠬᠦᠯᠵᠢᠯᠡᠨ ᠪᠠᠳᠠᠷᠠᠭᠤᠯᠵᠦ᠂ ᠬᠡᠥᠬᠡᠳ ᠪᠠᠭᠠᠴᠤᠳ ᠢ ᠰᠤᠷᠭᠠᠨ ᠬᠦᠮᠦᠵᠢᠬᠦᠯᠬᠦ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠬᠦᠯᠬᠦ ᠶᠢ ᠬᠦᠰᠡᠪᠡ᠃ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠂ ᠰᠢᠯᠢ ᠶᠢᠨ ᠬᠤᠲᠠ ᠶᠢᠨ ᠭᠤᠤᠯ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号