ᠰᠢᠯᠢ ᠶᠢᠨ ᠬᠤᠲᠠ ᠠᠩᠬᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2019/10/11
     ᠰᠢᠯᠢ ᠶᠢᠨ ᠬᠤᠲᠠ ᠠᠩᠬᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠦᠷᠨᠢᠭᠦᠯᠪᠡ    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠤᠭᠲᠤᠬᠤ ᠲᠠᠰᠢᠷᠠᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ︾ ᠲᠤᠬᠠᠶ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠣ᠂ ᠮᠠᠨ ᠤ ᠬᠤᠲᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 29᠎ ᠤ ᠡᠳᠦᠷ᠂ ᠰᠢᠯᠢ ᠶᠢᠨ ᠬᠤᠲᠠ ᠶᠢᠨ ᠠᠩᠬᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠰᠢᠯᠢ ᠶᠢᠨ ᠭᠤᠤᠯ ᠠᠶᠢᠮᠠᠭ ᠤᠨ ᠪᠡᠶ᠎ᠡ ᠶᠢᠨ ᠲᠠᠮᠢᠷ ᠤᠨ ᠲᠥᠪ ᠲᠤ ᠶᠠᠪᠣᠭᠳᠠᠪᠠ᠃
       ᠲᠠᠮᠢᠷ ᠤᠨ ᠲᠠᠯᠠᠪᠣᠷ ᠲᠤ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠬᠥᠷ ᠬᠥᠭᠵᠢᠶᠡᠨ ᠲᠠᠢ ᠳᠠᠭᠤᠤ ᠬᠥᠭᠵᠢᠮ ᠤᠨ ᠠᠶ᠎ᠠ ᠶᠢ ᠳᠠᠭᠠᠯᠳᠣᠨ ᠤᠯᠤᠰ ᠤᠨ ᠲᠤᠭ᠂ ᠬᠤᠷᠠᠯ ᠤᠨ ᠰᠦᠯᠳᠡ᠂ ᠬᠡᠩᠭᠡᠷᠭᠡ ᠶᠢᠨ ᠠᠩᠭᠢ᠂ ᠥᠩᠭᠡᠲᠦ ᠲᠤᠭ ᠤᠨ ᠵᠢᠭᠰᠠᠭᠠᠯ ᠵᠠᠯᠭᠠᠭ᠎ᠠ ᠪᠠᠷ ᠲᠠᠯᠠᠪᠠᠢ ᠳᠤ ᠣᠷᠣᠵᠤ᠂ ᠪᠦᠬᠦ ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠡ ᠶᠢᠨ 38 ᠲᠥᠯᠥᠭᠡᠯᠡᠭᠴᠢᠳ ᠤᠨ ᠠᠩᠭᠢ ᠲᠡᠷᠢᠭᠦᠯᠡᠭᠴᠢ ᠶᠢᠨ ᠲᠠᠶᠢᠰᠠᠨ ᠤ ᠡᠮᠦᠨᠡᠭᠦᠷ ᠳᠠᠷᠠᠭᠠᠯᠠᠨ ᠥᠩᠭᠡᠷᠡᠵᠦ᠂ ᠡᠯ᠎ᠡ ᠵᠢᠬᠰᠠᠭᠠᠯ ᠤᠨ ᠠᠩᠭᠢ ᠶᠢᠨ ᠲᠦᠯᠦᠭᠡᠯᠡᠭᠴᠢᠳ ᠭᠠᠷ ᠲᠠᠬᠢ ᠤᠯᠤᠰ ᠠᠴᠠ ᠲᠤᠭ ᠢᠶᠠᠨ ᠬᠤᠷᠤᠶᠢᠯᠠᠵᠤ᠂ ᠣᠯᠣᠰ ᠢᠶᠠᠨ ᠬᠠᠶᠢᠷᠠᠯᠠᠬᠤ ᠰᠡᠳᠭᠢᠯᠬᠡ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠤᠭ ᠵᠢᠪᠬᠤᠭ᠎ᠠ ᠶᠢ ᠢᠯᠡᠷᠡᠭᠦᠯᠪᠡ᠃
       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠣᠷᠲᠣᠨᠠᠰᠣᠨ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠹᠦ᠋ ᠰᠢᠶᠣᠤ ᠢᠣᠢ᠂ ᠬᠤᠲᠠ ᠎ ᠶᠢᠨ ᠤᠳᠤᠷᠢᠳᠤᠯᠭ᠎ᠠ ᠵᠠᠩ ᠶᠢᠨ ᠮᠢᠩ᠂ ᠭᠦᠸᠧ ᠢ ᠵᠢᠶᠧ᠂ ᠴᠢ ᠵᠧᠨ ᠬᠤᠸᠠ᠂ ᠳ᠋ᠦ᠋ ᠵᠢᠶᠧ ᠵᠢᠴᠢ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠨᠠᠷ ᠡᠬᠢᠯᠡᠬᠦ ᠶᠣᠰᠣᠯᠠᠯ ᠳᠤ ᠣᠷᠣᠯᠴᠠᠪᠠ᠃ ᠬᠤᠲᠠ ᠎ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠦᠸᠧ ᠢ ᠵᠢᠶᠧ ᠡᠬᠢᠯᠡᠯᠲᠡ ᠶᠢᠨ ᠶᠣᠰᠣᠯᠠᠯ ᠢ ᠡᠷᠭᠢᠯᠡᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠢᠨ ᠮᠢᠩ ᠪᠠᠶᠠᠷ ᠤᠨ ᠦᠭᠡ ᠬᠡᠯᠡᠪᠡ᠃
         ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ ᠬᠤᠷᠠᠯ ᠡᠬᠢᠯᠡᠭᠰᠡᠨ ᠢ ᠵᠠᠷᠯᠠᠪᠠ᠃
ᠳᠠᠷᠠᠭ᠎ᠠ ᠨᠢ᠂ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠵᠢᠩᠬᠢᠨᠢ ᠪᠠᠷ ᠡᠬᠢᠯᠡᠵᠦ᠂ ︽ᠤᠷᠤᠯᠳᠤᠭᠠᠨ ᠤ ᠲᠠᠯᠠᠪᠠᠢ ᠶᠢᠨ ᠪᠠᠭᠠᠲᠤᠷ︾᠂ ︽ᠶᠢᠰᠦᠳᠦᠭᠡᠷ ᠢᠵᠢ ᠷᠠᠳᠢᠣ᠋ ᠪᠡᠶ᠎ᠡ ᠶᠢᠨ ᠲᠠᠮᠢᠷ︾᠂ ︽ᠪᠠᠭᠠᠴᠤᠳ ᠤᠨ ᠵᠡᠪᠰᠡᠭ ᠤᠨ ᠡᠷᠳᠡᠮ︾᠂ ︽ᠬᠥᠭᠵᠢᠨ ᠮᠠᠨᠳᠤᠭᠰᠠᠨ ᠰᠢᠯᠢ ᠶᠢᠨ ᠬᠤᠲᠠ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠵᠡᠷᠭᠡ ᠭᠤᠶᠢᠲᠠ ᠰᠠᠢᠬᠠᠨ ᠲᠣᠭᠯᠠᠯᠲᠠ ᠵᠠᠯᠭᠠᠭ᠎ᠠ ᠪᠠᠷ ᠲᠠᠯᠠᠪᠠᠢ ᠳᠤ ᠭᠠᠷᠴᠤ᠂ ᠲᠣᠮᠣ ᠬᠡᠯᠪᠡᠷᠢ ᠶᠢᠨ ᠤᠯᠤᠰ ᠤᠨ ᠲᠤᠭ ᠨᠣᠭᠤᠭᠠᠨ ᠲᠠᠯᠠᠪᠠᠢ ᠳᠤ ᠢᠯᠡᠷᠡᠬᠦ ᠶᠢ ᠳᠠᠭᠠᠯᠳᠤᠨ᠂ ᠣᠯᠠᠨ ᠢᠶᠠᠷ ᠢᠶᠠᠨ ᠠᠯᠠᠭ᠎ᠠ ᠲᠠᠰᠢᠨ ᠤᠯᠤᠰ ᠢᠶᠠᠨ ᠬᠠᠶᠢᠷᠠᠯᠠᠬᠤ ᠰᠡᠳᠬᠢᠯ ᠢᠶᠠᠨ ᠢᠯᠡᠳᠬᠡᠵᠦ᠂ ᠬᠥᠭᠵᠢᠨ ᠴᠡᠴᠡᠭᠯᠡᠬᠦ ᠶᠢ ᠵᠥᠩᠨᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号