ᠰᠢᠯᠢ ᠶᠢᠨ ᠬᠤᠲᠠ ᠶᠣᠰᠣ ᠰᠤᠷᠲᠠᠬᠤᠨ ᠤ ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019/10/24
ᠰᠢᠯᠢ ᠶᠢᠨ ᠬᠤᠲᠠ ᠶᠣᠰᠣ ᠰᠤᠷᠲᠠᠬᠤᠨ ᠤ ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠦᠪᠡᠳᠡᠭᠰᠢ ᠶᠡᠭᠡ ᠎ ᠪᠠᠷ ᠪᠡᠯᠭᠡᠯᠡᠬᠦ ᠶᠢᠨ ᠲᠥᠯᠥᠭᠡ᠂ 9 ᠰᠠᠷ᠎ᠠ ᠶᠢᠨ 29᠎ ᠤ ᠡᠳᠦᠷ᠂ ᠰᠢᠯᠢ ᠶᠢᠨ ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠰᠢᠯᠢ ᠶᠢᠨ ᠺᠢᠨᠣ᠋ ᠵᠦᠴᠦᠭᠡ ᠶᠢᠨ ᠬᠦᠷᠢᠶᠡᠯᠡᠩ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠦᠨᠳᠦᠰᠦᠨ ᠱᠠᠲᠤᠨ ᠠᠴᠠ ᠢᠷᠡᠭᠰᠡᠨ ᠡᠭᠡᠯ ᠪᠣᠷᠣᠭᠵᠢᠭᠤᠨ ᠶᠣᠰᠣ ᠰᠤᠷᠲᠠᠬᠤᠨ ᠤ ᠵᠢᠱᠢᠶᠡᠴᠢ᠂ ᠪᠣᠯᠪᠠᠰᠤᠨ ᠭᠡᠷ ᠪᠦᠯᠢ ᠪᠣᠯᠤᠨ ︽ᠰᠢᠯᠢ ᠶᠢᠨ ᠬᠤᠲᠠ ᠶᠢᠨ ᠰᠠᠶᠢᠨ ᠬᠥᠮᠦᠨ︾ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ᠎ᠠ ᠭᠠᠷᠴᠤ᠂ ᠣᠯᠠᠨ ᠤ ᠬᠠᠮᠤᠭ ᠤᠨ ᠴᠢᠩ ᠦᠨᠡᠨᠴᠢ ᠬᠦᠨᠳᠦᠳᠬᠡᠯ ᠢ ᠣᠯᠵᠤ᠂ ᠨᠠᠩ ᠴᠤ ᠬᠥᠮᠦᠰ ᠲᠤ ᠲᠠᠪᠰᠢᠨ ᠤᠷᠤᠭᠰᠢᠯᠠᠭᠤᠯᠬᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
    ᠰᠢᠯᠢ ᠶᠢᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠢᠨ ᠮᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠪᠤᠤ ᠹᠦ᠋ ᠱᠧᠩ ᠵᠢᠴᠢ ᠬᠤᠲᠠ ᠶᠢᠨ ᠤᠳᠤᠷᠢᠳᠤᠯᠭ᠎ᠠ ᠴᠢ ᠵᠧᠨ ᠬᠤᠸᠠ᠂ ᠳ᠋ᠦ᠋ ᠵᠢᠶᠧ᠂ ᠨᠠᠰᠤᠨᠪᠠᠲᠤ᠂ ᠭᠦᠸᠧ ᠵᠢᠩ ᠵᠢᠦᠸᠠᠨ᠂ ᠸᠠᠩ ᠰᠢᠤ ᠬᠠᠢ᠂ ᠸᠧᠨ ᠪᠤᠤ ᠶᠤᠸᠠᠨ᠂ ᠰᠢᠶᠠᠩ ᠼᠦᠨ ᠮᠢᠩ᠂ ᠨᠡᠭᠡᠭᠡᠯᠲᠡ ᠶᠢᠨ ᠣᠷᠣᠨ ᠤ ᠤᠳᠤᠷᠢᠳᠤᠯᠭ᠎ᠠ ᠸᠠᠩ ᠶᠦᠩ ᠵᠢᠶᠦ᠋ᠨ ᠨᠡᠷ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠲᠠᠶᠢᠰᠠᠨ ᠳᠤ ᠭᠠᠷᠴᠤ ᠱᠠᠩᠨᠠᠯ ᠬᠦᠷᠲᠡᠭᠰᠡᠳ ᠲᠤ ᠱᠠᠩᠨᠠᠯ  ᠎ ᠤᠨ ᠦᠨᠡᠮᠯᠡᠯ ᠣᠯᠭᠤᠪᠠ᠃
     ᠶᠣᠰᠣᠯᠠᠯ ᠳᠡᠭᠡᠷ᠎ᠡ᠂  ᠰᠢᠯᠢ ᠶᠢᠨ ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠵᠢᠴᠢ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠰᠠᠨ ᠱᠠᠩᠨᠠᠯ ᠬᠦᠷᠲᠡᠭᠰᠡᠳ ᠲᠤ ᠱᠠᠩᠨᠠᠯ ᠤᠯᠭᠤᠭᠰᠠᠨ ᠤ ᠬᠠᠮᠲᠤ ᠴᠡᠴᠡᠭ ᠬᠦᠷᠭᠡᠵᠦ᠂ ᠠᠩᠬᠠᠳᠤᠭᠠᠷ ᠬᠤᠭᠤᠴᠠᠭᠠᠨ ᠤ ᠰᠢᠯᠢ ᠶᠢᠨ ᠬᠤᠲᠠ ᠶᠢᠨ ︽ᠵᠠᠭᠤᠨ ᠰᠢᠯᠢᠳᠡᠭ︾ ᠪᠣᠯᠪᠠᠰᠤᠨ ᠭᠡᠷ ᠪᠦᠯᠢ ᠪᠣᠯᠤᠨ ︽ᠰᠢᠯᠢ ᠎ ᠶᠢᠨ ᠬᠤᠲᠠ ᠶᠢᠨ ᠰᠠᠶᠢᠨ ᠬᠥᠮᠦᠨ︾᠎ ᠢᠶᠠᠷ ᠬᠦᠬᠢᠭᠦᠯᠦᠭᠳᠡᠭᠰᠡᠳ ᠲᠤ ᠱᠠᠩᠨᠠᠯ ᠭᠠᠷᠲᠠᠭᠤᠯᠪᠠ᠃
   ᠶᠣᠰᠣ ᠮᠣᠷᠠᠯ ᠤᠨ ᠵᠢᠱᠢᠶᠡᠴᠢ ᠪᠠ ᠪᠣᠯᠪᠠᠰᠤᠨ ᠭᠡᠷ ᠪᠦᠯᠢ ᠵᠡᠷᠭᠡ ᠰᠢᠯᠭᠠᠷᠠᠭᠤᠯᠤᠨ ᠰᠣᠩᠭᠤᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠶᠣᠰᠣ ᠮᠣᠷᠠᠯ ᠤᠨ ᠵᠢᠱᠢᠶᠡᠴᠢ ᠶᠢᠨ ᠰᠤᠷᠤᠯᠴᠠᠯᠭ᠎ᠠ ᠤᠬᠠᠭᠤᠯᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠶᠣᠰᠣ ᠮᠣᠷᠠᠯ ᠤᠨ ᠵᠢᠱᠢᠶᠡᠴᠢ ᠶᠢᠨ ᠡᠷᠬᠢᠮ ᠨᠠᠨᠳᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠭᠡᠮ ᠳᠠᠶᠠᠭᠠᠷ ᠲᠤ ᠵᠢᠱᠢᠶᠡᠴᠢ ᠶᠢ ᠬᠦᠨᠳᠦᠯᠡᠬᠦ᠂ ᠵᠢᠱᠢᠶᠡᠴᠢ ᠠᠴᠠ ᠰᠤᠷᠤᠯᠴᠠᠬᠤ᠂ ᠵᠢᠱᠢᠶᠡᠴᠢ ᠪᠣᠯᠬᠤ ᠠᠭᠤᠷ ᠠᠮᠢᠰᠬᠤᠯ ᠢ ᠪᠤᠢ ᠪᠣᠯᠭᠠᠵᠤ᠂ ᠰᠢᠯᠢ ᠶᠢᠨ ᠬᠤᠲᠠ ᠶᠢᠨ ᠤᠯᠠᠨ ᠲᠦᠮᠡᠨ ᠤ ᠶᠣᠰᠣ ᠮᠣᠷᠠᠯ ᠤᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠵᠦᠶᠯᠡᠰ ᠢ ᠭᠦᠶᠴᠡᠳ ᠳᠡᠯᠭᠡᠨ ᠦᠵᠡᠭᠦᠯᠵᠦ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠦᠶᠯᠡᠳᠦᠯᠭᠡᠵᠢᠭᠦᠯᠦᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠵᠠᠩ ᠮᠣᠷᠠᠯ ᠤᠨ ᠵᠠᠯᠭᠠᠮᠵᠢᠯᠠᠭᠴᠢ ᠪᠣᠯᠭᠠᠵᠤ᠂ ᠰᠢᠨ᠎ᠡ ᠴᠠᠭ ᠦᠶ᠎ᠡ ᠶᠢᠨ ᠰᠢᠯᠢ ᠶᠢᠨ ᠬᠤᠲᠠ ᠶᠢ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠬᠦᠯᠦᠰᠦᠭᠡᠢ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号