ᠲᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ | ᠲᠤᠯᠤᠳᠤᠭᠠᠷ ᠤᠳᠠᠭᠠᠨ ᠤ ᠪᠦᠬᠦ | ᠭᠡᠰᠢᠭᠦᠳ ᠤᠨ ︵ᠦᠷᠭᠡᠳᠭᠡᠭᠰᠡᠨ︶ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠲᠡᠭᠡᠷᠡᠬᠢ ᠶᠠᠷᠢᠶ᠎ᠠ | ︵2019 ᠤᠨ ᠤ 2 ᠰᠠᠷ᠎ᠠ ᠶᠢᠨ24 ᠤ | ᠡᠳᠦᠷ︶ | ᠵᠠᠩ ᠶᠢᠨ ᠮᠢᠩ | ᠨᠦᠬᠦᠳ ᠡ᠄ | ᠡᠨᠡ ᠤᠳᠠᠭᠠᠨ ᠤ ᠬᠤᠷᠠᠯ ᠤᠨ ᠭᠤᠤᠯ ᠡᠭᠦᠷᠭᠡ ᠪᠤᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠᠨ | ᠶᠢᠰᠦᠳᠦᠭᠡᠷ ᠶᠡᠭᠡ ᠬᠤᠷᠠᠯ ᠪᠠ ᠠᠷᠪᠠᠨ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ | ᠬᠠᠨᠳᠤᠭᠤᠯᠤᠭᠰᠠᠨ ᠴᠢᠬᠤᠯᠡ ᠶᠠᠷᠢᠶᠠᠨ ᠤ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ | ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠠᠶᠢᠮᠠᠭ ᠤᠨ | ᠨᠠᠮ ᠤᠨ ᠬᠤᠷᠢᠶᠠᠨ ᠤ 2019 ᠤᠨ ᠤ 1 ᠳ᠋ᠦ᠋ᠭᠡᠷ ᠤᠳᠠᠭᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠮᠡᠳᠡᠭᠦᠯᠵᠦ᠂ ᠡᠨᠡ | ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠤᠨ᠎ᠠ᠃ | ᠶᠠᠭᠤᠨ ᠤ ᠤᠷᠢᠳ᠂ ᠪᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ | ᠠᠵᠢᠯ ᠤᠨ ᠮᠡᠳᠡᠭᠦᠯᠦᠯᠲᠡ ᠬᠢᠶ᠎ᠡ᠃ | 2018 ᠤᠨ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠲᠠᠪᠤ ᠶᠢ ᠨᠢᠭᠡᠳᠦᠭᠦᠯᠬᠦ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠠᠬᠢᠭᠤᠯᠵᠤ᠂ ︽ᠲᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ | ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠠᠶᠢᠵᠢᠮ ᠢ ᠪᠠᠷᠢᠮᠳᠠᠯᠠᠵᠤ᠂ ᠴᠢᠨᠠᠷ ᠰᠠᠶᠢᠲᠠᠢ ᠬᠦᠭᠵᠢᠯᠲᠡ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠦᠴᠢᠷ ᠪᠡᠷᠬᠡ ᠶᠢ ᠢᠯᠡᠨ ᠲᠠᠪᠠᠵᠤ᠂ ᠯᠠᠪᠳᠠᠭᠤᠨ ᠪᠤᠳᠠᠳᠠᠢ ᠠᠵᠢᠯᠯᠠᠨ᠂ | ᠡᠯ᠎ᠡ ᠲᠠᠯ᠎ᠠ ᠶᠢᠨ ᠠᠵᠢᠯ ᠳᠤ ᠪᠠᠨ ᠴᠦᠮ ᠰᠢᠨ᠎ᠡ ᠠᠬᠢᠯᠲᠠ ᠰᠢᠨ᠎ᠡ ᠦᠷ᠎ᠡ ᠪᠦᠳᠦᠮᠵᠢ ᠲᠠᠢ ᠪᠤᠯᠬᠤ ᠶᠢ ᠠᠬᠢᠭᠤᠯᠪᠠ᠃ | | ︵ᠨᠢᠭᠡ︶ ︽ᠬᠤᠶᠠᠷ ᠢ ᠬᠠᠮᠠᠭᠠᠯᠠᠬᠤ︾ ᠶᠢ ᠪᠤᠳᠠᠳᠤ ᠠᠵᠢᠯᠯᠠᠭ᠎ᠠ ᠪᠠᠷ ᠢᠶᠠᠨ ᠡᠷᠡᠰ ᠨᠠᠶᠢᠳᠠᠪᠤᠷᠢᠵᠢᠭᠤᠯᠪᠠ᠃ ︽ | ᠬᠤᠶᠠᠷ ᠢ ᠬᠠᠮᠠᠭᠠᠯᠠᠬᠤ︾ ᠶᠢ ᠪᠤᠳᠠᠳᠤ ᠠᠵᠢᠯ ᠳᠤ ᠪᠠᠨ ᠨᠠᠶᠢᠳᠠᠪᠤᠷᠢᠵᠢᠭᠤᠯᠵᠤ᠂ ᠪᠤᠳᠠᠳᠤ ᠠᠵᠢᠯᠯᠠᠭ᠎ᠠ ᠲᠡᠭᠡᠷ᠎ᠡ ᠪᠠᠨ | ᠢᠯᠡᠷᠡᠭᠦᠯᠬᠦ ᠶᠢ ᠪᠠᠷᠢᠮᠳᠠᠯᠠᠪᠠ ᠃ ᠨᠢᠭᠡ ᠵᠢᠯ ᠤᠨ ᠲᠤᠷᠰᠢ᠂ ᠪᠢᠳᠡ ︽ᠲᠦᠷᠪᠡᠨ ᠦᠵᠡᠯ ᠤᠬᠠᠮᠰᠠᠷ︾ ᠢ ᠪᠠᠲᠤ | ᠪᠠᠬᠢ ᠪᠤᠢ ᠪᠤᠯᠭᠠᠵᠤ᠂ ︽ᠲᠦᠷᠪᠡᠨ ᠢᠳᠡᠭᠡᠯ︾ ᠢ ᠪᠠᠳᠤᠵᠢᠭᠤᠯᠵᠤ᠂ ᠤᠯᠤᠰ ᠲᠦᠷᠦ ᠶᠢᠨ ᠴᠢᠭᠯᠡᠯ ᠢ ᠢᠮᠠᠭᠲᠠ | ᠪᠠᠲᠤ ᠡᠵᠡᠮᠰᠢᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ᠂ ᠠᠷᠪᠠᠨ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ | ᠂ ᠨᠠᠮ ᠤᠨ ᠲᠦᠪ ᠬᠤᠷᠢᠶ᠎ᠠ ᠲᠠᠢ ᠲᠡᠭᠰᠢ ᠬᠠᠷᠠᠵᠤ᠂ ᠰᠢ ᠶᠢᠨ ᠫᠢᠩ ᠶᠡᠷᠦᠩᠬᠡᠢ ᠱᠦᠵᠢ ᠪᠠᠷ ᠨᠠᠮ ᠤᠨ ᠲᠦᠪ | ᠬᠤᠷᠢᠶᠠᠨ ᠤ ᠭᠤᠤᠯᠯᠠᠭᠴᠢ ᠪᠤᠯᠭᠠᠬᠤ᠂ ᠪᠦᠬᠦ ᠨᠠᠮ ᠤᠨ ᠭᠤᠤᠯᠯᠠᠭᠴᠢ ᠪᠠᠶᠢᠷᠢ ᠰᠠᠭᠤᠷᠢ ᠶᠢ ᠡᠷᠡᠰ ᠬᠦᠷᠢᠶᠡᠯᠡᠨ᠂ | ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠦᠯᠦᠭᠰᠡᠨ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠦᠷᠢᠶᠡᠯᠡᠨ᠎ᠠ᠃ ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠳᠤ ᠦᠪᠦᠷ ᠮᠤᠩᠭᠤᠯ ᠤᠨ | ᠲᠦᠯᠦᠭᠡᠯᠡᠭᠴᠢᠳ ᠤᠨ ᠪᠦᠯᠬᠦᠮ ᠲᠠᠢ ᠬᠢᠨᠡᠨ ᠵᠦᠪᠯᠡᠬᠦ ᠦᠶ᠎ᠡ ᠶᠢᠨ ᠴᠢᠬᠤᠯᠡ ᠶᠠᠷᠢᠶ᠎ᠠ ᠶᠢᠨ ᠵᠤᠷᠢᠭ ᠰᠠᠨᠠᠭ᠎ᠠ ᠶᠢ | ᠰᠤᠷᠤᠯᠴᠠᠬᠤ ᠲᠤᠭᠤᠷᠢᠨ ᠳᠤ ᠪᠦᠬᠦ ᠭᠡᠰᠢᠭᠦᠳ ᠤᠨ ᠬᠤᠷᠠᠯ ᠬᠢᠵᠦ ᠰᠤᠳᠤᠯᠤᠨ ᠪᠠᠶᠢᠷᠢᠯᠠᠭᠤᠯᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠭᠠᠷᠭᠠᠭᠰᠠᠨ ᠶᠤᠮ᠃ ᠨᠠᠮ ᠤᠨ ᠲᠦᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ 2 ᠳ᠋ᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ᠂ 36 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ᠂14 ᠳ᠋ᠦ᠋ᠭᠡᠷ ᠤᠳᠠᠭᠠᠨ ᠤ ᠤᠨᠤᠯ ᠤᠨ | ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠬᠤᠷᠠᠯ᠂ ᠲᠤᠰᠬᠠᠢ ᠰᠡᠳᠦᠪᠲᠦ ᠴᠤᠪᠤᠷᠠᠯ ᠬᠤᠷᠠᠯ᠂ ᠲᠤᠮᠤ ᠴᠢᠬᠤᠯᠡ | ᠠᠶᠤᠯ ᠲᠦᠭᠰᠢᠭᠦᠷᠢ ᠶᠢ ᠰᠡᠷᠭᠡᠶᠢᠯᠡᠨᠨᠠᠮᠳᠠᠭᠤᠯᠬᠤ᠂ ᠶᠠᠳᠠᠭᠤ ᠠᠴᠠ ᠠᠩᠭᠢᠵᠢᠷᠠᠬᠤ ᠪᠠᠬᠢᠯᠡᠯᠲᠡ ᠲᠠᠭᠠᠷᠢᠬᠤ᠂ ᠠᠮᠢ | ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ᠂ ᠰᠤᠮᠤ | ᠭᠠᠴᠠᠭᠠᠨ ᠤ ᠪᠠᠳᠠᠷᠠᠨ ᠬᠦᠭᠵᠢᠯᠲᠡ᠂ ᠲᠦᠪ ᠴᠢᠩᠭ᠎ᠠ ᠪᠠᠷ ᠨᠠᠮ ᠢ ᠵᠠᠰᠠᠬᠤ ᠭᠤᠤᠯᠳᠠᠯᠭ᠎ᠠ ᠲᠠᠢ ᠠᠵᠢᠯ ᠢ ᠭᠦᠨᠵᠡᠭᠡᠢ | ᠰᠤᠳᠤᠯᠤᠨ᠂ ᠪᠤᠳᠠᠳᠠᠢ ᠪᠠᠶᠢᠷᠢᠯᠠᠭᠤᠯᠤᠯᠲᠠ ᠭᠠᠷᠭᠠᠨ᠂ ᠨᠠᠮ ᠤᠨ ᠲᠦᠪ ᠬᠤᠷᠢᠶᠠᠨ ᠤ ᠶᠡᠭᠡ ᠵᠠᠰᠠᠭ ᠤᠨ ᠴᠢᠭᠯᠡᠯᠲᠡ | ᠪᠠ ᠰᠢᠢᠳᠪᠦᠷᠢᠲᠦ ᠪᠤᠳᠤᠯᠭ᠎ᠠ ᠶᠢ ᠦᠷ᠎ᠡ ᠪᠦᠳᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠬᠤᠶᠠᠷ︶ ᠭᠤᠷᠪᠠᠨ ᠶᠡᠭᠡ ᠪᠠᠬᠢᠯᠡᠯᠲᠡ ᠲᠠᠭᠠᠷᠢᠬᠤ ᠪᠠᠶᠢᠯᠳᠤᠭᠠᠨ ᠢ ᠬᠦᠴᠦ ᠬᠠᠮᠳᠤᠷᠠᠨ ᠰᠠᠶᠢᠳᠤᠷ ᠬᠢᠪᠡ᠃ ︽ | ᠭᠤᠷᠪᠠᠨ ᠶᠡᠭᠡ ᠪᠠᠬᠢᠯᠡᠯᠲᠡ ᠲᠠᠭᠠᠷᠢᠬᠤ ᠪᠠᠶᠢᠯᠳᠤᠭᠠᠨ︾ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ | ᠵᠦᠢᠯ ᠤᠨ ᠵᠦᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠳᠤ ᠲᠤᠮᠤ ᠴᠢᠬᠤᠯᠡ | ᠪᠤᠭᠤᠮᠳᠠ ᠶᠢ ᠵᠠᠪᠠᠯ ᠠᠯᠤᠰᠯᠠᠭᠰᠠᠨ ᠪᠠᠶᠢᠬᠤ ᠬᠡᠷᠡᠭᠲᠡᠢ᠃ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠤᠷᠳᠤᠨ ᠤ | ᠦᠷᠢ ᠶᠢ ᠦᠭᠡᠶᠢᠰᠭᠡᠬᠦ ᠶᠢ ᠲᠤᠮᠤ ᠴᠢᠬᠤᠯᠡ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠪᠠᠬᠢᠯᠡᠯᠲᠡ | ᠲᠠᠭᠠᠷᠢᠬᠤ ᠪᠠᠶᠢᠯᠳᠤᠭᠠᠨ ᠤ ᠴᠢᠬᠤᠯᠡ ᠠᠭᠤᠯᠭ᠎ᠠ ᠪᠤᠯᠭᠠᠨ᠂ ᠯᠠᠪᠳᠠᠭᠤᠨ ᠲᠤᠭᠳᠠᠭᠤᠨ ᠡᠮᠬᠢ ᠴᠡᠭᠴᠡ ᠪᠠᠷ | ᠦᠷᠢ ᠶᠢᠨ ᠬᠠᠳᠠᠭᠠᠯᠠᠭᠳᠠᠴᠠ ᠬᠡᠮᠵᠢᠶ᠎ᠡ ᠶᠢ ᠦᠭᠡᠶᠢᠰᠭᠡᠵᠦ᠂ ᠦᠷᠢ ᠶᠢᠨ ᠶᠠᠪᠤᠳᠠᠯ ᠤᠨ ᠬᠡᠮᠵᠢᠶ᠎ᠡ ᠨᠡᠮᠡᠭᠳᠡᠬᠦ ᠶᠢ | ᠴᠢᠩᠭ᠎ᠠ ᠬᠤᠷᠢᠭᠯᠠᠨ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠢ ︽ᠪᠠᠭᠠᠰᠬᠠᠬᠤ︾ | ᠠᠷᠭ᠎ᠠ ᠶᠢ ᠠᠪᠴᠤ᠂ ︽ ᠭᠤᠷᠪᠠᠨ ᠠᠯᠪᠠᠨ ᠵᠠᠷᠤᠳᠠᠯ︾ ᠢ ᠴᠢᠩᠭ᠎ᠠ ᠬᠤᠷᠢᠭᠯᠠᠵᠤ᠂ ᠬᠦᠷᠦᠩᠭᠡ ᠶᠢ ᠠᠮᠢᠯᠠᠭᠤᠯᠤᠨ᠂ | ᠦᠨ᠎ᠡ ᠶᠢᠨ ᠵᠤᠭᠤᠰ ᠢ ᠨᠡᠬᠡᠵᠦ ᠲᠤᠰᠢᠶᠠᠯᠭᠠᠬᠤ᠂ ᠭᠠᠶᠢᠯᠢ ᠬᠤᠷᠢᠶᠠᠬᠤ ᠲᠠᠳᠠᠪᠤᠷᠢᠯᠠᠨ ᠬᠠᠮᠢᠶᠠᠷᠬᠤ ᠶᠢ | ᠴᠢᠩᠭᠠᠳᠬᠠᠬᠤ᠂ ᠬᠢᠨᠠᠨ ᠪᠤᠳᠤᠵᠤ ᠬᠠᠷᠭᠤᠭᠤᠯᠤᠨ ᠬᠠᠰᠤᠬᠤ ᠬᠡᠯᠪᠡᠷᠢ᠂ 21.7 ᠳ᠋ᠦᠩᠰᠢᠭᠤᠷ ᠲᠦᠭᠦᠷᠢᠭ ᠤᠨ | ᠵᠠᠰᠠᠭ ᠤᠨ ᠤᠷᠳᠤᠨ ᠤ ᠦᠷᠢ᠂ ︽ᠠᠷᠪᠠ ᠶᠢ ᠪᠦᠬᠦ ᠲᠠᠯ᠎ᠠ ᠪᠠᠷ ᠪᠦᠷᠬᠦᠬᠦᠯᠬᠦ︾ ᠢᠨᠵᠧᠨᠧᠷᠢᠭ ᠤᠨ ᠦᠷᠢ ᠶᠢ | ᠪᠦᠬᠦᠨ ᠢ ᠴᠡᠪᠡᠷᠯᠡᠪᠡ᠃ ᠮᠠᠯᠵᠢᠬᠤ ᠤᠷᠤᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠠᠰᠠᠵᠤ | ᠲᠦᠷᠢᠮᠵᠢᠭᠦᠯᠬᠦ ᠠᠵᠢᠯ ᠢ ᠦᠷᠨᠢᠭᠦᠯᠦᠨ᠂ ᠦᠨᠳᠦᠷ ᠬᠦᠦ ᠲᠠᠢ ᠵᠢᠭᠡᠯᠡᠯᠭᠡ ᠶᠢᠨ ᠡᠷᠦᠬᠡ ᠶᠢ ᠦᠨᠳᠦᠰᠦᠨ ᠳᠤᠨᠢ | ᠬᠤᠪᠢᠷᠠᠭᠤᠯᠵᠤ ᠲᠠᠭᠤᠰᠬᠠᠪᠠ᠃ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠶᠠᠳᠠᠭᠤ ᠠᠴᠠ | ᠠᠩᠭᠢᠵᠢᠷᠠᠭᠤᠯᠬᠤ ᠪᠠᠷᠢᠮᠵᠢᠶ᠎ᠠ ᠶᠢ ᠪᠠᠷᠢᠮᠳᠠᠯᠠᠨ᠂ ᠲᠦᠷᠪᠡᠨ ᠶᠡᠭᠡ ᠪᠠᠭ ᠤᠨ ᠤᠳᠤᠷᠢᠳᠤᠯᠭ᠎ᠠ ᠰᠤᠮᠤ ᠪᠠᠯᠭᠠᠰᠤᠨ ᠤ | ᠲᠤᠭᠳᠠᠴᠠ ᠶᠢ ᠦᠷᠭᠦᠯᠵᠢᠯᠡᠨ ᠬᠡᠷᠡᠭᠵᠢᠭᠦᠯᠵᠦ᠂ ︽ ᠨᠢᠭᠡᠳᠦᠭᠡᠷ ᠱᠦᠵᠢ︾ ᠪᠠ ᠭᠠᠴᠠᠭᠠᠨ ᠳᠤ ᠰᠠᠭᠤᠬᠤ | ᠠᠵᠢᠯᠯᠠᠬᠤ ᠠᠩᠭᠢ ᠶᠢᠨ ᠦᠢᠯᠡᠳᠦᠯ ᠢ ᠪᠠᠳᠠᠷᠠᠭᠤᠯᠤᠨ᠂ ᠶᠠᠳᠠᠭᠤ ᠶᠢ ᠲᠡᠳᠬᠦᠬᠦ ᠲᠦᠷᠦᠯ ᠵᠦᠢᠯ ᠢ ᠬᠦᠮᠦᠨ ᠢᠶᠠᠷ | ᠡᠷᠦᠬᠡ ᠪᠠᠷ ᠠᠬᠢᠭᠤᠯᠤᠨ᠂ ᠰᠤᠷᠭᠠᠨ ᠬᠦᠮᠦᠵᠢᠯ᠂ ᠮᠦᠩᠭᠦᠨ ᠭᠦᠢᠯᠭᠡᠭᠡᠨ᠂ ᠲᠠᠭᠠᠳᠬᠠᠯ᠂ ᠨᠡᠶᠢᠭᠡᠮ᠂ ᠡᠷᠡᠭᠦᠯ | ᠴᠢᠬᠢᠷᠠᠭ ᠵᠡᠷᠭᠡ ᠠᠵᠢᠯ ᠲᠦᠷᠦᠯ ᠤᠨ ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠬᠦᠳᠡᠯᠦᠯ ᠤᠨ | ᠬᠠᠮᠢᠶᠠᠷᠤᠯᠲᠠ ᠶᠢᠨ ᠠᠵᠢᠯ ᠢ ᠪᠠᠶᠢᠩᠭᠤ ᠶᠢᠨ ᠪᠤᠯᠭᠠᠵᠤ ᠦᠷᠨᠢᠭᠦᠯᠦᠨ᠂ ᠨᠠᠷᠢᠨ ᠤᠨᠤᠪᠴᠢᠲᠠᠢ ᠪᠠᠷ ᠢᠯᠭᠠᠨ ᠲᠠᠨᠢᠬᠤ | ᠪᠠ ᠨᠠᠷᠢᠨ ᠤᠨᠤᠪᠴᠢᠲᠠᠢ ᠲᠦᠯᠬᠢᠨ ᠭᠠᠷᠭᠠᠬᠤ ᠶᠢ ᠪᠡᠶᠡᠯᠡᠬᠦᠯᠵᠦ᠂ ᠤᠯᠤᠰ᠂ ᠦᠪᠡᠷᠳᠡᠭᠡᠨ ᠵᠠᠰᠠᠬᠤ ᠤᠷᠤᠨ ᠤ | ᠶᠠᠳᠠᠭᠤ ᠶᠢ ᠲᠡᠳᠬᠦᠬᠦ ᠬᠢᠨᠡᠨ ᠰᠢᠯᠭᠠᠯᠲᠠ ᠶᠢᠨ ᠬᠠᠷᠢᠭᠤ ᠲᠤᠰᠬᠠᠬᠤ ᠠᠰᠠᠭᠤᠳᠠᠯ ᠢ ᠦᠷ᠎ᠡ ᠪᠦᠳᠦᠮᠵᠢᠲᠡᠢ ᠵᠠᠰᠠᠨ | ᠵᠠᠯᠠᠷᠠᠭᠤᠯᠵᠤ᠂ ᠪᠦᠬᠦ ᠬᠤᠲᠠ ᠶᠢᠨ ᠲᠠᠩᠰᠠ ᠪᠠᠶᠢᠭᠤᠯᠤᠨ ᠺᠠᠷᠲ ᠭᠠᠷᠭᠠᠭᠰᠠᠨ 72 ᠶᠠᠳᠠᠭᠤ ᠡᠷᠦᠬᠡ ᠳᠤ᠂ 51 | ᠡᠷᠦᠬᠡ152 ᠬᠦᠮᠦᠨ ᠢ ᠬᠡᠪ ᠶᠤᠰᠤᠭᠠᠷ ᠶᠠᠳᠠᠭᠤ ᠠᠴᠠ ᠠᠩᠭᠢᠵᠢᠷᠠᠭᠤᠯᠵᠤ᠂ 21 ᠡᠷᠦᠬᠡ 76 ᠬᠦᠮᠦᠨ ᠢ | ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠤᠨ᠂ ᠵᠠᠬᠠᠯᠠᠬᠤ ᠡᠷᠦᠬᠡ ᠶᠢ 79 ᠡᠷᠦᠬᠡ 233 ᠬᠦᠮᠦᠨ | ᠪᠤᠯᠭᠠᠨ ᠪᠠᠭᠤᠷᠠᠭᠤᠯᠪᠠ᠃ ᠬᠦᠬᠡ ᠲᠡᠭᠷᠢ ᠪᠠᠨ ᠬᠠᠮᠠᠭᠠᠯᠠᠬᠤ ᠪᠠᠶᠢᠯᠳᠤᠭᠠᠨ ᠢ ᠡᠷᠡᠰ ᠢᠯᠠᠵᠤ᠂ ᠬᠦᠬᠡᠮᠳᠦᠭ | ᠤᠰᠤ ᠪᠠᠨ ᠬᠠᠮᠠᠭᠠᠯᠠᠬᠤ ᠪᠠᠶᠢᠯᠳᠤᠭᠠᠨ ᠢ ᠴᠢᠷᠮᠠᠶᠢᠨ ᠰᠠᠶᠢᠳᠤᠷ ᠬᠢᠵᠦ᠂ ᠴᠡᠪᠡᠷ ᠰᠢᠷᠤᠢ ᠪᠠᠨ ᠬᠠᠮᠠᠭᠠᠯᠠᠬᠤ | ᠪᠠᠶᠢᠯᠳᠤᠭᠠᠨ ᠢ ᠯᠠᠪᠳᠠᠭᠤᠨ ᠠᠬᠢᠭᠤᠯᠵᠤ᠂ ᠠᠭᠤᠷ ᠠᠮᠢᠰᠬᠤᠯ᠂ ᠤᠰᠤ ᠂ ᠬᠦᠷᠦᠰᠦ ᠰᠢᠷᠤᠢ ᠶᠢᠨ ᠪᠤᠬᠢᠷᠳᠤᠯ ᠢ | ᠰᠡᠷᠭᠡᠶᠢᠯᠡᠨ ᠵᠠᠰᠠᠬᠤ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠤᠯᠳᠠᠯᠭᠠᠲᠤ ᠠᠵᠤ | ᠠᠬᠤᠶᠢᠯᠠᠯ ᠤᠨ ᠭᠡᠲᠤ ᠲᠤᠤᠷ᠎ᠠ ᠭᠠᠳᠠᠭᠰᠢᠯᠠᠯ ᠂ ᠬᠦᠬᠦᠷ ᠬᠤᠵᠢᠷ ᠢ ᠢᠯᠭᠠᠷᠠᠭᠤᠯᠬᠤ ᠶᠢ ᠰᠠᠶᠢᠵᠢᠷᠠᠭᠤᠯᠬᠤ | ᠢᠨᠵᠧᠨᠧᠷᠢᠭ ᠢ ᠪᠡᠶᠡᠯᠡᠭᠦᠯᠵᠦ᠂ ᠠᠭᠠᠷ ᠤᠨ ᠴᠢᠨᠠᠷᠵᠢᠯ ᠢ ᠰᠠᠶᠢᠵᠢᠷᠠᠭᠤᠯᠤᠭᠰᠠᠨ ᠬᠡᠮᠵᠢᠶ᠎ᠡ 97.1% ᠳᠤ ᠬᠦᠷᠪᠡ᠃ | ᠪᠤᠵᠠᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠭ ᠪᠠ ᠪᠤᠵᠠᠷ ᠤᠰᠤᠨ ᠤ | ᠢᠷᠡᠯᠲᠡ ᠶᠢ ᠰᠦᠯᠵᠢᠶᠡᠨ ᠳᠤ ᠬᠢᠨᠡᠨ ᠡᠵᠡᠮᠳᠡᠬᠦ ᠰᠢᠰᠲ᠋ᠧᠮ ᠢ ᠬᠡᠷᠡᠭᠵᠢᠬᠦᠯᠵᠦ᠂ ᠤᠰᠤᠨ ᠤ ᠡᠬᠢ ᠰᠤᠷᠪᠤᠯᠵᠢ ᠶᠢᠨ | ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ ᠠᠬᠢᠭᠤᠯᠵᠤ᠂ ᠪᠤᠵᠠᠷ ᠤᠰᠤ ᠶᠢ ᠰᠢᠢᠳᠪᠦᠷᠢᠯᠡᠬᠦ ᠨᠤᠷᠮ᠎ᠠ ᠶᠢ 92. | 5% ᠳᠤ ᠬᠦᠷᠭᠡᠵᠡᠢ᠃ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠤᠷᠲᠤ ᠬᠤᠭᠤᠴᠠᠭᠠᠨ ᠤ | ᠲᠤᠭᠳᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ ᠬᠦᠷᠦᠰᠦ ᠰᠢᠷᠤᠢ ᠶᠢᠨ ᠪᠤᠬᠢᠷᠳᠤᠯ ᠢ ᠬᠠᠮᠤᠭ ᠶᠡᠭᠡ ᠬᠡᠮᠵᠢᠶ᠎ᠡ ᠪᠠᠷ | ᠪᠠᠭᠠᠰᠬᠠᠪᠠ᠃ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠬᠦ ᠶᠢ ᠴᠢᠩᠭᠠᠳᠬᠠᠨ᠂ ᠰᠢᠯᠢ ᠶᠢᠨ ᠭᠤᠤᠯ ᠤᠨ | ᠭᠤᠴᠢᠨ ᠺᠢᠯᠤᠮᠧᠲᠷ ᠤᠨ ᠦᠵᠡᠮᠵᠢ ᠶᠢᠨ ᠪᠦᠰᠡ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ | ᠭᠤᠤᠯᠳᠠᠯᠭᠠᠲᠤ ᠤᠷᠤᠨ ᠤ ᠨᠤᠭᠤᠭᠠᠷᠠᠭᠤᠯᠤᠯᠲᠠ ᠵᠡᠷᠭᠡ ᠢᠨᠵᠧᠨᠧᠷᠢᠭ ᠢ ᠬᠡᠷᠡᠭᠵᠢᠭᠦᠯᠵᠤ᠂ ᠮᠠᠯ ᠪᠡᠯᠴᠢᠭᠡᠷ ᠢ | ᠲᠡᠩᠴᠡᠭᠦᠯᠬᠦ᠂ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠤᠭᠳᠠᠴᠠ ᠶᠢ | ᠨᠠᠶᠢᠳᠠᠪᠤᠷᠢᠵᠢᠭᠤᠯᠬᠤ ᠶᠢ ᠲᠤᠭᠳᠠᠭᠤᠨ ᠢᠶᠠᠷ ᠠᠬᠢᠭᠤᠯᠤᠨ᠂ ᠬᠠᠪᠤᠷ ᠤᠨ ᠤᠯᠠᠷᠢᠯ ᠤᠨ ᠮᠠᠯᠵᠢᠯ ᠢ ᠵᠤᠭᠰᠤᠭᠠᠬᠤ | ᠠᠵᠢᠯ ᠢ ᠪᠠᠶᠢᠩᠭᠤᠵᠢᠭᠤᠯᠤᠨ ᠠᠬᠢᠭᠤᠯᠪᠠ᠃ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠤᠷᠴᠢᠨ | ᠲᠤᠭᠤᠷᠢᠨ ᠢ ᠬᠠᠮᠠᠭᠠᠯᠠᠬᠤ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠵᠠᠰᠠᠨ | ᠵᠠᠯᠠᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠭᠤᠷᠬᠠᠢ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠪᠠ | ᠰᠢᠷᠤᠢ ᠭᠠᠷᠭᠠᠭᠰᠠᠨ ᠲᠠᠯᠠᠪᠠᠢ ᠶᠢ ᠵᠠᠰᠠᠬᠤ᠂ ᠬᠠᠮᠠᠭᠠᠯᠠᠯᠲᠠ ᠶᠢᠨ ᠤᠷᠤᠨ ᠤ ᠠᠭᠤᠷᠬᠠᠢ ᠶᠢᠨ ᠠᠵᠤ ᠠᠬᠤᠶᠢᠯᠠᠯ ᠢ | ᠵᠠᠶᠢᠯᠠᠭᠤᠯᠵᠤ ᠭᠠᠷᠭᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠡᠮᠬᠢ ᠴᠡᠭᠴᠡ ᠲᠠᠢ ᠪᠠᠷ ᠠᠬᠢᠭᠤᠯᠵᠤ᠂ ᠠᠮᠢ | ᠠᠬᠤᠢ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ | ︵ᠭᠤᠷᠪᠠ︶ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ | ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠠᠩᠭᠠᠯᠭ᠎ᠠ ᠶᠢᠨ ᠲᠠᠯ᠎ᠠ ᠶᠢᠨ | ᠪᠦᠳᠦᠴᠠ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠪᠤᠯᠭᠠᠬᠤ ᠶᠢ ᠡᠷᠡᠰ ᠪᠠᠷᠢᠮᠳᠠᠯᠠᠨ᠂ ᠠᠵᠤ | ᠦᠢᠯᠡᠰᠵᠢᠯᠲᠡ ᠶᠢᠨ ᠲᠡᠰ ᠲᠡᠪᠰᠢᠬᠦ ᠪᠠ ᠪᠦᠳᠦᠴᠠ ᠶᠢᠨ ᠲᠤᠬᠢᠷᠠᠭᠤᠯᠤᠯᠲᠠ ᠶᠢ ᠭᠤᠤᠯ ᠲᠠᠭᠠᠷᠢᠯᠲᠠ ᠶᠢᠨ ᠴᠢᠭᠯᠡᠯ | ᠪᠤᠯᠭᠠᠵᠤ᠂ ᠠᠵᠤ ᠠᠬᠤᠢ ᠠᠴᠠ ᠦᠨᠳᠦᠷ ᠴᠢᠨᠠᠷᠯᠢᠭ ᠲᠡᠰᠢ ᠬᠦᠭᠵᠢᠬᠦ ᠶᠢ ᠯᠠᠪᠳᠠᠭᠤᠨ ᠠᠬᠢᠭᠤᠯᠵᠤ᠂ ᠪᠦᠬᠦ | ᠬᠤᠲᠠ ᠶᠢᠨ ᠤᠷᠤᠨ ᠨᠤᠳᠤᠭ ᠤᠨ ᠦᠢᠯᠡᠳᠪᠦᠷᠢᠯᠡᠯ ᠤᠨ ᠦᠢᠯᠡᠳᠭᠦᠨ ᠤ ᠶᠡᠷᠦᠩᠬᠡᠢ ᠦᠷᠳᠡᠭ ᠤᠨ ᠨᠡᠮᠡᠭᠳᠡᠯ 4. | 2% ᠲᠤ ᠬᠦᠷᠴᠦ᠂ ᠡᠩ ᠤᠨ ᠨᠡᠶᠢᠳᠡ ᠶᠢᠨ ᠲᠦᠰᠦᠪᠯᠡᠨ ᠪᠤᠳᠤᠯᠲᠠ ᠶᠢᠨ ᠤᠷᠤᠯᠭ᠎ᠠ ᠶᠢ 17.8 ᠳ᠋ᠦᠩᠰᠢᠭᠤᠷ | ᠪᠡᠶᠡᠯᠡᠬᠦᠯᠵᠦ᠂ ᠵᠢᠯ ᠤᠨ ᠬᠠᠷᠠᠯᠲᠠ ᠡᠭᠦᠷᠭᠡ ᠶᠢ 118% ᠪᠠᠷ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ | ᠪᠤᠳᠠᠰ ᠤᠨ ᠵᠢᠵᠢᠭᠯᠡᠨ ᠪᠤᠷᠤᠯᠠᠭᠤᠯᠤᠯᠲᠠ ᠶᠢᠨ ᠶᠡᠷᠦᠩᠬᠡᠢ ᠬᠡᠮᠵᠢᠶ᠎ᠡ 7.5% ᠪᠠᠷ ᠨᠡᠮᠡᠭᠳᠡᠵᠦ᠂ ᠭᠤᠷᠪᠠ ᠤᠳᠠᠭᠠᠨ ᠤ | ᠠᠵᠤ ᠦᠢᠯᠡᠰᠵᠢᠯᠲᠡ ᠶᠢᠨ ᠬᠠᠷᠢᠴᠠᠯ 7.8: 44.2᠄ 48 ᠪᠤᠯᠪᠠ᠃ ᠨᠢᠭᠡ ᠵᠢᠯ ᠤᠨ ᠲᠤᠷᠰᠢ᠂ ᠪᠢᠳᠡ ᠮᠠᠯ | ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠲᠠ ᠶᠢ ᠢᠳᠡᠪᠬᠢᠲᠡᠢ ᠠᠬᠢᠭᠤᠯᠤᠨ᠂ ᠭᠠᠵᠠᠷ ᠤᠷᠤᠨ ᠳᠤ ᠪᠠᠨ | ᠲᠤᠬᠢᠷᠠᠭᠤᠯᠵᠤ ︽ᠬᠤᠨᠢ ᠶᠢ ᠴᠦᠭᠡᠴᠢᠯᠡᠨ᠂ ᠦᠬᠡᠷ ᠦᠰᠭᠡᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠲᠡᠢ | ᠬᠡᠷᠡᠭᠵᠢᠬᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ 600 ᠲᠤᠯᠤᠭᠠᠢ᠂ ᠵᠢᠤᠸᠠᠨ ᠱᠠᠨ ᠦᠬᠡᠷ 7600 | ᠲᠤᠯᠤᠭᠠᠢ ᠤᠷᠤᠭᠤᠯᠵᠤ᠂ ᠬᠤᠨᠢ ᠶᠢ ᠬᠠᠰᠢᠯᠭ᠎ᠠ ᠳᠤ ᠦᠯᠡᠳᠡᠭᠡᠬᠦ ᠲᠠᠷᠤᠭᠠᠰᠤ ᠶᠢ 22.9% ᠪᠠᠷ ᠬᠠᠰᠤᠵᠤ᠂ ᠮᠠᠯ | ᠠᠵᠤ ᠠᠬᠤᠢ ᠶᠢᠨ ᠤᠨ ᠤ ᠮᠠᠯ ᠤᠨ ᠲᠤᠭ᠎ᠠ ᠲᠤᠯᠤᠭᠠᠢ ᠶᠢ 21.9% ᠪᠠᠷ ᠪᠠᠭᠤᠷᠠᠭᠤᠯᠤᠨ᠂ ᠮᠠᠯ ᠪᠡᠯᠴᠢᠭᠡᠷ ᠤᠨ | ᠪᠦᠬᠦᠯᠢ ᠴᠤᠭᠴᠠ ᠶᠢᠨ ᠲᠡᠩᠴᠡᠭᠦᠷᠢᠰᠢᠯ ᠢ ᠬᠡᠷᠡᠭᠵᠢᠭᠦᠯᠪᠡ᠃ ᠮᠠᠯ ᠠᠵᠤ ᠠᠬᠤᠢ ᠠᠵᠤ ᠠᠬᠤᠶᠢᠯᠠᠯ ᠲᠠᠢ | ᠬᠤᠯᠪᠤᠭᠠᠯᠠᠬᠤ ᠲᠤᠭᠳᠠᠴᠠ ᠶᠢ ᠪᠠᠶᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠬᠤ ᠠᠵᠤ ᠠᠬᠤᠶᠢᠯᠠᠯ | 80% ᠳᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠮᠤᠳᠤᠨ ᠮᠠᠯᠵᠢᠯ ᠤᠨ ᠲᠠᠯᠠᠪᠠᠢ ᠪᠠᠷ | ᠭᠤᠤᠯ ᠪᠤᠯᠭᠠᠭᠰᠠᠨ ᠤᠯᠤᠰ ᠤᠨ ᠲᠠᠷᠢᠶᠠᠯᠠᠩ ᠮᠠᠯᠵᠢᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠢᠶᠠᠷ | ᠲᠤᠭᠳᠠᠭᠠᠵᠤ᠂ ᠪᠦᠬᠦ ᠤᠯᠤᠰ ᠤᠨ ᠬᠦᠳᠡᠭᠡ ᠲᠤᠰᠬᠤᠨ ᠤ ᠨᠢᠭᠡ ᠬᠤᠶᠠᠷ ᠭᠤᠷᠪᠠᠳᠤᠭᠠᠷ ᠠᠵᠢ ᠦᠢᠯᠡᠰᠵᠢᠯᠲᠡ ᠶᠢ | ᠠᠭᠤᠰᠤᠯᠴᠠᠭᠤᠯᠤᠭᠰᠠᠨ ᠬᠦᠭᠵᠢᠯᠲᠡ ᠶᠢᠨ ᠲᠡᠷᠢᠭᠦᠨ ᠤ ᠲᠠᠭᠠᠭᠤᠯᠤᠭᠴᠢ ᠤᠷᠤᠨ ᠪᠤᠯᠤᠭᠰᠠᠨ ᠪᠠᠶᠢᠨ᠎ᠠ᠃ ᠠᠵᠤ | ᠦᠢᠯᠡᠳᠪᠦᠷᠢ ᠠᠵᠤ ᠠᠬᠤᠢ ᠠᠵᠤ ᠠᠬᠤᠶᠢᠯᠠᠯ ᠲᠤᠭᠳᠠᠭᠤᠨ ᠢᠶᠠᠷ ᠰᠡᠷᠭᠦᠨ ᠬᠦᠭᠵᠢᠵᠦ᠂ ᠪᠦᠬᠦ ᠨᠡᠶᠢᠭᠡᠮ ᠤᠨ | ᠴᠠᠬᠢᠯᠭᠠᠨ ᠬᠡᠷᠡᠭᠯᠡᠬᠦ ᠬᠡᠮᠵᠢᠶ᠎ᠡ᠂ ᠵᠠᠰᠠᠮᠠᠯ ᠵᠠᠮ ᠤᠨ ᠪᠠᠷᠠᠭ᠎ᠠ ᠵᠥᠭᠡᠭᠡᠪᠦᠷᠢᠯᠡᠬᠦ ᠬᠡᠮᠵᠢᠶ᠎ᠡ ᠵᠡᠷᠭᠡ ᠲᠡᠷᠢᠭᠦᠨ ᠤ ᠡᠩᠨᠡᠭᠡᠨ ᠤ | ᠤᠷᠤᠨ ᠲᠤᠭ᠎ᠠ ᠨᠡᠯᠢᠶᠡᠳ ᠲᠦᠷᠭᠡᠨ ᠨᠡᠮᠡᠭᠳᠡᠵᠦ᠂ ᠬᠡᠪᠴᠢᠶ᠎ᠡ ᠠᠴᠠ ᠲᠡᠭᠡᠭᠰᠢᠬᠢ ᠠᠵᠤ ᠦᠢᠯᠡᠳᠪᠦᠷᠢ ᠠᠵᠤ | ᠠᠬᠤᠶᠢᠯᠠᠯ ᠤᠨ ᠠᠰᠢᠭ ᠤᠷᠤᠯᠭ᠎ᠠ ᠶᠢᠨ ᠶᠡᠷᠦᠩᠬᠡᠢ ᠬᠡᠮᠵᠢᠶ᠎ᠡ ᠶᠢᠨ ᠪᠦᠬᠦ ᠵᠢᠯ ᠳᠤ ᠨᠡᠮᠡᠭᠳᠡᠯ ᠤᠨ ᠪᠠᠶᠢᠳᠠᠯ ᠢ | ᠬᠠᠳᠠᠭᠠᠯᠠᠵᠤ᠂ ᠡᠨᠧᠷᠬᠢ ᠶᠢᠨ ᠠᠵᠤ ᠦᠢᠯᠡᠰᠵᠢᠯᠲᠡ ᠶᠢᠨ ᠠᠯᠳᠠᠭᠳᠠᠯ ᠤᠨ ᠪᠠᠶᠢᠳᠠᠯ ᠢ ᠡᠷᠬᠢᠭᠦᠯᠵᠦ᠂ ᠤᠨᠴᠠ | ᠦᠨᠳᠦᠷ ᠲᠠᠷᠤᠯᠳᠠᠳᠤ ᠢᠵᠢ ᠪᠦᠷᠢᠳᠦᠭᠰᠡᠨ ᠴᠠᠭᠢᠯᠭᠠᠨ ᠤ ᠡᠬᠢ ᠰᠤᠷᠪᠤᠯᠵᠢ ᠶᠢᠨ ᠴᠢᠭ᠂ ᠰᠢᠨ᠎ᠡ ᠡᠨᠧᠷᠬᠢ᠂ | ᠠᠳᠤᠭᠤᠨ ᠤ ᠠᠵᠤ ᠦᠢᠯᠡᠰᠵᠢᠯᠲᠡ ᠵᠡᠷᠭᠡ ᠨᠢᠭᠡ ᠪᠦᠯᠦᠭ ᠠᠯᠤᠰ ᠭᠡᠲᠦ ᠶᠢᠨ ᠠᠴᠢ ᠬᠤᠯᠪᠤᠭᠳᠠᠯ ᠲᠠᠢ ᠲᠦᠷᠦᠯ | ᠵᠦᠢᠯ ᠰᠢᠪᠳᠤᠯᠤᠯᠲᠠ ᠲᠠᠢ ᠪᠤᠯᠵᠤ᠂ ᠨᠡᠭᠡᠭᠡᠯᠲᠡ ᠶᠢᠨ ᠤᠷᠤᠨ ᠤ ᠶᠡᠷᠦᠩᠬᠡᠢ ᠲᠦᠯᠦᠪᠵᠢᠭᠦᠯᠭᠡ ᠪᠠ ᠠᠵᠤ | ᠦᠢᠯᠡᠰᠵᠢᠯᠲᠡ ᠶᠢ ᠬᠦᠭᠵᠢᠭᠦᠯᠬᠦ ᠲᠦᠯᠦᠪᠵᠢᠭᠦᠯᠭᠡ ᠶᠢ ᠠᠩᠬ᠎ᠠ ᠠᠯᠬᠤᠮ ᠪᠡᠶᠡᠯᠡᠭᠦᠯᠵᠦ᠂ ᠠᠷᠠᠳ ᠠᠴᠠ ᠡᠵᠡᠩᠨᠡᠬᠦ | ᠠᠵᠤ ᠠᠬᠤᠢ ᠶᠢᠨ ᠡᠷᠡᠭᠦᠯ ᠬᠦᠭᠵᠢᠯᠲᠡ ᠶᠢ ᠪᠠᠳᠤᠯᠠᠨ᠂ ᠲᠤᠮᠳᠠᠳᠤ ᠤᠯᠤᠰ ᠤᠨ ᠨᠡᠭᠦᠷᠡᠰᠦᠨ ᠤ ᠬᠤᠲᠠ ᠶᠢᠨ | ᠦᠷᠭᠦᠯᠵᠢᠯᠡᠨ ᠬᠦᠭᠵᠢᠭᠦᠯᠬᠦ ᠴᠤᠯᠭᠤᠷᠠᠭᠰᠠᠨ ᠬᠤᠪᠢ ᠨᠡᠮᠡᠭᠦᠷᠢ ᠶᠢᠨ ᠱᠠᠩᠨᠠᠯ ᠢ ᠬᠦᠷᠳᠡᠭᠰᠡᠨ ᠪᠠᠶᠢᠨ᠎ᠠ᠃ | ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠲᠡ ᠶᠢ ᠠᠬᠢᠭᠤᠯᠵᠤ᠂ ᠤᠯᠠᠨ ᠤᠯᠤᠰ ᠤᠨ ᠤᠯᠤᠰ ᠤᠨ | ᠲᠤᠳᠤᠭᠠᠲᠤ ᠶᠢᠨ ᠲᠤᠮᠤ ᠴᠢᠬᠤᠯᠡ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ ᠲᠠᠭᠠᠭᠠᠴᠢᠯᠠᠨ ᠡᠷᠬᠢᠯᠡᠵᠦ᠂ | ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠭᠤᠤᠯ ᠤᠷᠤᠨ ᠤ ᠪᠠᠶᠢᠭᠤᠯᠤᠯᠲᠠ ᠶᠢᠨ ᠲᠦᠷᠦᠯ ᠵᠦᠢᠯ | ᠨᠢ ᠪᠦᠬᠦ ᠤᠯᠤᠰ ᠤᠨ ᠰᠢᠯᠢᠳᠡᠭ ᠰᠤᠩᠭᠤᠯᠲᠠ ᠶᠢᠨ ᠲᠠᠮᠢᠷ ᠤᠨ ᠠᠵᠤ ᠦᠢᠯᠡᠰᠵᠢᠯᠲᠡ ᠶᠢᠨ ᠲᠦᠷᠦᠯ ᠵᠦᠢᠯ ᠤᠨ | ᠨᠡᠷᠡᠰ ᠲᠤ ᠰᠤᠩᠭᠤᠭᠳᠠᠨ ᠤᠷᠤᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠦᠬᠦ ᠬᠡᠪᠴᠢᠶᠡᠨ ᠤ | ᠵᠤᠭᠠᠴᠠᠯ ᠤᠨ ᠲᠠᠭᠤᠷᠢᠶᠠᠯ ᠦᠵᠡᠭᠦᠯᠬᠦ ᠲᠤᠭᠤᠷᠢᠭ ᠪᠤᠯᠵᠤ᠂ ᠪᠦᠬᠦ ᠵᠢᠯ ᠤᠨ ᠵᠤᠭᠠᠴᠠᠭᠰᠠᠳ ᠢ ᠬᠦᠯᠢᠶᠡᠨ | ᠵᠤᠴᠢᠯᠠᠭᠰᠠᠨ ᠲᠤᠭ᠎ᠠ᠂ ᠵᠤᠭᠠᠴᠠᠯ ᠤᠨ ᠤᠷᠤᠯᠭ᠎ᠠ ᠨᠢ ᠲᠤᠰᠪᠤᠷᠢ 5.6%᠂ 10.1% ᠪᠠᠷ ᠨᠡᠮᠡᠭᠳᠡᠪᠡ᠃ | ︵ᠲᠦᠷᠪᠡ︶ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠤᠭᠳᠠᠭᠤᠨ ᠢᠶᠠᠷ ᠠᠬᠢᠭᠤᠯᠪᠠ᠃ ᠪᠠᠭᠤᠷᠢ ᠵᠦᠢᠯ᠂ | ᠬᠦᠷᠦᠯᠴᠡᠬᠦ ᠦᠭᠡᠢ ᠵᠦᠢᠯ ᠢ ᠬᠦᠴᠦᠷᠬᠡᠭᠵᠢᠬᠦᠯᠬᠦ ᠶᠢ ᠪᠠᠷᠢᠮᠳᠠᠯᠠᠨ᠂ ᠰᠠᠭᠤᠷᠢ ᠲᠦᠬᠦᠭᠡᠷᠦᠮᠵᠢ ᠶᠢᠨ ᠴᠢᠨᠠᠷ ᠰᠠᠶᠢᠲᠠᠢ | ᠲᠡᠰᠢ ᠬᠦᠭᠵᠢᠬᠦ ᠪᠠ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠴᠢᠳᠡᠪᠬᠢ ᠶᠢ | ᠨᠡᠮᠡᠭᠳᠡᠭᠦᠯᠪᠡ᠃ ᠨᠢᠭᠡ ᠵᠢᠯ ᠤᠨ ᠲᠤᠷᠰᠢ᠂ ᠪᠢᠳᠡ ︽ᠵᠢᠷᠭᠤᠭᠠᠨ ᠬᠤᠲᠠ ᠶᠢ ᠬᠤᠯᠪᠤᠭᠠᠯᠠᠨ ᠴᠤᠭᠴᠠᠯᠠᠬᠤ︾ ᠪᠠᠷ | ᠨᠢᠭᠡᠳᠦᠯᠲᠡᠢ ᠵᠢᠯᠤᠭᠤᠳᠤᠯᠤᠨ᠂ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠵᠦ᠂ | ᠵᠡᠭᠡᠯᠢ ᠶᠢᠨ ᠵᠠᠮ ᠢ ᠨᠡᠪᠳᠡᠷᠡᠭᠦᠯᠬᠦ᠂ ᠵᠢᠵᠢᠭ ᠨᠠᠷᠢᠨ ᠭᠤᠳᠤᠮᠵᠢ ᠶᠢ ᠦᠭᠡᠷᠡᠴᠢᠯᠡᠬᠦ᠂ ᠶᠠᠪᠠᠭᠠᠨ ᠬᠦᠮᠦᠨ ᠤ ᠵᠠᠮ ᠢ | ᠲᠡᠪᠢᠰᠬᠦ᠂ ᠵᠠᠮ ᠤᠨ ᠭᠠᠳᠠᠷᠭᠤ ᠶᠢ ᠲᠡᠪᠢᠰᠬᠦ᠂ ᠪᠤᠷᠤ ᠭᠡᠷ ᠤᠨ ᠵᠠᠰᠠᠨ ᠰᠠᠶᠢᠵᠢᠷᠠᠭᠤᠯᠤᠯᠲᠠ᠂ ᠬᠠᠭᠤᠴᠢᠨ | ᠲᠤᠭᠤᠷᠢᠭ ᠢ ᠬᠤᠪᠢᠷᠠᠭᠤᠯᠬᠤ ᠵᠡᠷᠭᠡ ᠪᠠᠷᠢᠯᠭ᠎ᠠ᠂ ᠬᠤᠲᠠ ᠶᠢᠨ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠬᠢᠵᠦ ᠦᠭᠬᠦ ᠵᠡᠷᠭᠡ ᠦᠯᠡᠳᠡᠭᠳᠡᠯ ᠠᠰᠠᠭᠤᠳᠠᠯ ᠢ | ᠬᠦᠴᠦᠳᠡᠢ ᠰᠢᠢᠳᠪᠦᠷᠢᠯᠡᠪᠡ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ | ᠲᠤᠭᠳᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠷᠰᠢᠯᠲᠠ ᠶᠢᠨ ᠴᠢᠭ ᠲᠤ ᠬᠠᠤᠯᠢ ᠬᠡᠷᠡᠭᠵᠢᠬᠦᠯᠬᠦ | ᠬᠦᠴᠦᠨ ᠢ ᠲᠤᠷᠤᠭᠰᠢ ᠲᠤᠭᠳᠠᠭᠠᠬᠤ ᠶᠢ ᠠᠬᠢᠭᠤᠯᠵᠦ ᠂ ᠬᠤᠲᠠ ᠶᠢᠨ ᠣᠷᠴᠢᠨ ᠲᠤᠭᠤᠷᠢᠨ ᠤ ᠡᠷᠡᠭᠦᠯ | ᠬᠠᠮᠠᠭᠠᠯᠠᠯ ᠤᠨ ᠬᠤᠷᠢᠨ ᠨᠢᠭᠡᠨ ᠵᠤᠷᠪᠤᠰ ᠶᠡᠷᠦᠩᠭᠡᠶᠢᠯᠡᠨ ᠵᠠᠰᠠᠬᠤ ᠠᠵᠢᠯ ᠢ ᠲᠦᠪᠯᠡᠷᠡᠭᠦᠯᠦᠨ ᠦᠷᠨᠢᠭᠦᠯᠵᠦ᠂ ᠠᠵᠤ | ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠡᠮᠬᠢ ᠴᠡᠭᠴᠡ ᠶᠢ ᠲᠦᠷᠢᠮᠵᠢᠭᠦᠯᠵᠦ᠂ ᠬᠤᠲᠠ ᠶᠢᠨ ᠨᠠᠷᠢᠯᠢᠭ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ ᠬᠦᠳᠡᠭᠡ ᠲᠤᠰᠬᠤᠨ ᠢ | ᠬᠦᠭᠵᠢᠬᠦᠯᠦᠨ ᠪᠠᠳᠠᠷᠠᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠵᠤ᠂ ᠤᠰᠤ ᠬᠠᠳᠠᠭᠠᠯᠠᠬᠤ ᠵᠤᠭᠤᠷᠢ᠂ | ᠬᠤᠳᠳᠤᠭ᠂ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠬᠦ ᠪᠠᠷ ᠭᠤᠤᠯᠳᠠᠯᠭ᠎ᠠ ᠪᠤᠯᠭᠠᠵᠤ᠂ ᠰᠠᠭᠤᠷᠢ | ᠲᠦᠬᠦᠭᠡᠷᠦᠮᠵᠢ ᠪᠠ ᠨᠡᠶᠢᠳᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠮᠠᠯᠵᠢᠬᠤ ᠤᠷᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠪᠠ ᠮᠠᠯᠵᠢᠬᠤ ᠤᠷᠤᠨ ᠤ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠬᠠᠮᠢᠶᠠᠷᠴᠤ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠵᠠᠮ | ᠲᠤᠤᠷ ᠤᠨ ᠪᠦᠳᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠤᠯᠤᠰ ᠤᠨ ᠵᠠᠮ 303 ᠤᠨ | ᠪᠡᠯᠭᠦᠲᠡᠢ ᠠᠴᠠ ᠰᠢᠯᠢ ᠶᠢᠨ ᠬᠤᠲᠠ ᠬᠦᠷᠬᠦ ᠭᠡᠰᠡᠭ᠂ ᠮᠠᠯᠵᠢᠬᠤ ᠤᠷᠤᠨ ᠤ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠲᠠᠭᠤᠰᠴᠦ᠂ ᠬᠤᠲᠠ ᠪᠠᠯᠭᠠᠰᠤᠨ ᠤ ᠴᠠᠬᠢᠯᠭᠠᠨ ᠲᠤᠤᠷ ᠤᠨ | ᠪᠠᠶᠢᠳᠠᠯ ᠲᠠᠰᠤᠷᠠᠯᠲᠠ ᠦᠭᠡᠢ ᠰᠠᠶᠢᠵᠢᠷᠠᠨ᠂ ᠬᠦᠭᠵᠢᠯᠲᠡ ᠶᠢᠨ ᠲᠤᠯᠭᠠᠭᠤᠷᠢᠯᠠᠬᠤ ᠬᠦᠴᠦᠨ ᠢ ᠤᠯᠠᠮ ᠨᠢᠬᠡ | ᠠᠯᠬᠤᠮ ᠨᠡᠮᠡᠭᠳᠡᠭᠦᠯᠪᠡ᠃ | ︵ᠲᠠᠪᠤ︶ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠦᠭᠡᠷᠡᠴᠢᠯᠡᠯᠲᠡ ᠨᠡᠭᠡᠭᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠴᠦᠲᠡᠢ | ᠠᠳᠬᠤᠵᠤ᠂ ᠭᠠᠳᠠᠭᠠᠲᠤ ᠲᠠᠢ ᠴᠢᠯᠦᠭᠡᠲᠡᠢ ᠶᠠᠪᠤᠯᠴᠠᠬᠤ ᠬᠦᠴᠦᠯᠡᠴᠡ ᠪᠠᠨ ᠨᠡᠮᠡᠭᠳᠡᠭᠦᠯᠦᠨ᠂ ᠦᠭᠡᠷᠡᠴᠢᠯᠡᠯᠲᠡ ᠳᠤ | ᠬᠦᠳᠡᠯᠭᠡᠬᠦ ᠬᠦᠴᠦᠨ ᠪᠠᠶᠢᠬᠤ᠂ ᠨᠡᠭᠡᠭᠡᠯᠲᠡ ᠳᠤ ᠠᠮᠢᠵᠢᠷᠠᠯ ᠤᠨ ᠬᠦᠴᠦᠨ ᠪᠠᠶᠢᠬᠤ ᠶᠢ ᠦᠷᠭᠦᠯᠵᠢᠯᠡᠭᠦᠯᠪᠠ᠃ ᠨᠢᠭᠡ | ᠵᠢᠯ ᠤᠨ ᠲᠤᠳᠤᠷ᠎ᠠ ᠪᠢᠳᠡ ᠵᠢᠷᠭᠤᠭᠠᠨ ᠶᠡᠭᠡ ᠬᠡᠪᠴᠢᠶᠠᠨ ᠤ ᠦᠭᠡᠷᠡᠴᠢᠯᠡᠯᠲᠡ ᠶᠢᠨ ᠠᠵᠢᠯ ᠢ ᠯᠠᠪᠳᠠᠭᠤᠨ ᠰᠠᠶᠢᠳᠤᠷ | ᠠᠳᠬᠤᠵᠤ᠂ ᠴᠢᠬᠤᠯᠡᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠲᠦᠯᠦᠪᠵᠢᠭᠦᠯᠭᠡ᠂ ᠭᠤᠤᠯᠳᠠᠯᠭ᠎ᠠ | ᠲᠠᠢ ᠦᠭᠡᠷᠡᠴᠢᠯᠡᠯᠲᠡ ᠶᠢᠨ ᠡᠭᠦᠷᠭᠡ ᠶᠢᠨ ᠲᠠᠩᠰᠠ ᠲᠤᠭᠳᠠᠭᠠᠨ᠂ ᠦᠭᠡᠷᠡᠴᠢᠯᠡᠯᠲᠡ ᠶᠢᠨ ᠭᠤᠤᠯ ᠴᠢᠭᠯᠡᠯ ᠪᠠ | ᠭᠤᠤᠯᠳᠠᠯᠭ᠎ᠠ ᠲᠠᠢ ᠠᠭᠤᠯᠭ᠎ᠠ ᠶᠢ ᠲᠤᠳᠤᠷᠬᠠᠶᠢᠯᠠᠨ᠂ ᠵᠢᠷᠭᠤᠭᠠᠨ ᠶᠡᠭᠡ ᠬᠡᠪᠴᠢᠶᠡᠨ ᠤ 268 ᠵᠦᠢᠯ ᠤᠨ ᠡᠭᠦᠷᠭᠡ ᠶᠢ | ᠦᠷ᠎ᠡ ᠪᠦᠳᠦᠮᠵᠢ ᠲᠠᠢ ᠨᠠᠶᠢᠳᠠᠪᠤᠷᠢᠵᠢᠭᠤᠯᠪᠠ᠃ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠲᠡᠭᠡᠲᠦ | ᠱᠠᠳᠤᠨ ᠤ ᠱᠠᠭᠠᠷᠳᠠᠯᠭ᠎ᠠ ᠶᠤᠰᠤᠭᠠᠷ ᠢᠳᠡᠪᠬᠢᠲᠡᠢ ᠲᠦᠯᠬᠢᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠲᠡ ᠳᠤ ᠢᠯᠡᠳᠳᠡ ᠠᠮᠵᠢᠯᠲᠠ ᠤᠯᠵᠤ ᠬᠤᠲᠠ ᠶᠢᠨ ᠱᠠᠳᠤᠨ ᠤ ᠵᠠᠰᠠᠭ ᠵᠠᠬᠢᠷᠭᠠᠨ ᠤ | ᠵᠦᠪᠰᠢᠶᠡᠷᠡᠯ ᠤᠨ ᠲᠦᠷᠦᠯ ᠵᠦᠢᠯ ᠪᠠ ᠦᠢᠯᠡᠴᠢᠯᠡᠬᠦ ᠲᠦᠷᠦᠯ ᠤᠨ ᠬᠡᠷᠡᠭ ᠤᠴᠢᠷ ᠢ ᠲᠤᠮᠤ ᠲᠢᠩᠭᠢᠮ ᠳᠤ | ᠤᠷᠤᠭᠤᠯᠤᠨ ᠰᠠᠭᠤᠯᠭᠠᠭᠰᠠᠨ ᠨᠤᠷᠮ᠎ᠠ 93% ᠳᠤ ᠬᠦᠷᠴᠦ᠂ ᠭᠦᠢᠴᠡᠳᠭᠡᠬᠦ ᠭᠤᠭᠴᠤᠭ᠎ᠠ ᠶᠢ 23% ᠪᠠᠷ | ᠬᠠᠰᠤᠵᠤ᠂ ᠴᠠᠭ ᠢ51% ᠪᠠᠷ ᠪᠠᠭᠠᠰᠬᠠᠨ᠂ ᠴᠠᠭ ᠲᠤ ᠪᠠᠨ ᠰᠢᠢᠳᠪᠦᠷᠢᠯᠡᠬᠦ ᠨᠤᠷᠮ᠎ᠠ 100% ᠳᠤ ᠬᠦᠷᠴᠡᠢ᠃ | ᠮᠠᠯᠵᠢᠬᠤ ᠤᠷᠤᠨ ᠤ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯ ᠤᠨ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠭᠠᠵᠠᠷ ᠰᠢᠷᠤᠢ ᠶᠢᠨ ᠡᠷᠬᠡ ᠶᠢᠨ ᠢᠷᠡᠯ ᠭᠠᠷᠤᠯ ᠢ ᠪᠠᠶᠢᠴᠠᠭᠠᠨ ᠰᠤᠳᠤᠯᠬᠤ | ᠠᠵᠢᠯ ᠳᠤ ᠡᠷᠭᠡ ᠶᠢᠨ ᠢᠷᠡᠯ ᠭᠠᠷᠤᠯ ᠤᠨ ᠪᠠᠶᠢᠴᠠᠭᠠᠬᠤ ᠲᠠᠯᠠᠪᠠᠢ ᠶᠢᠨ 96% ᠶᠢ ᠬᠢᠵᠦ ᠲᠠᠭᠤᠰᠬᠠᠵᠤ᠂ ᠠᠵᠤ | ᠠᠬᠤᠶᠢᠯᠠᠯ ᠤᠨ ᠭᠦᠢᠴᠡᠳᠭᠡᠵᠦ ᠪᠠᠶᠢᠭᠰᠠᠨᠨᠡᠶᠢᠭᠡᠮ ᠤᠨ ᠡᠭᠦᠷᠭᠡ ᠴᠢᠳᠡᠪᠬᠢ ᠶᠢ ᠪᠦᠬᠦᠨ ᠢ ᠰᠠᠯᠭᠠᠨ ᠭᠠᠷᠭᠠᠵᠤ᠂ | ᠭᠠᠴᠠᠭᠠᠨ ᠤ ᠶᠢᠨ ᠬᠦᠷᠦᠩᠭᠡ ᠶᠢ ᠴᠡᠪᠡᠷᠯᠡᠨ ᠬᠠᠷᠭᠤᠭᠤᠯᠬᠤ ᠠᠵᠢᠯ ᠢ ᠪᠦᠬᠦᠨ ᠢ ᠲᠠᠭᠤᠰᠬᠠᠨ᠂ ᠠᠩᠬᠠᠳᠤᠭᠴᠢ | ᠮᠠᠯᠵᠢᠬᠤ ᠤᠷᠤᠨ ᠤ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠢᠯᠡᠷᠬᠡᠶᠢᠯᠡᠯ ᠡᠯᠭᠦᠨ ᠪᠠᠶᠢᠭᠤᠯᠤᠭᠳᠠᠪᠠ᠃ | ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠪᠠ ᠲᠤᠮᠳᠠᠳᠤ ᠮᠤᠩᠭᠤᠯ ᠤᠷᠤᠰ ᠤᠨ | ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠠᠵᠤ ᠠᠬᠤᠶᠢᠯᠠᠯ ᠢ ᠵᠤᠬᠢᠶᠠᠨ | ᠪᠠᠶᠢᠭᠤᠯᠵᠤ ᠡᠯ᠎ᠡ ᠲᠦᠷᠦᠯ ᠤᠨ ᠭᠠᠳᠠᠭᠠᠲᠤ ᠠᠷᠠᠯᠵᠢᠶᠠᠨ ᠤ ᠲᠡᠯᠭᠡᠨ ᠪᠤᠷᠤᠯᠠᠭᠤᠯᠭ᠎ᠠ ᠶᠢᠨ ᠠᠵᠢᠯᠯᠠᠭᠠᠨ ᠳᠤ | ᠤᠷᠤᠯᠴᠠᠨ᠂ ᠭᠠᠳᠠᠭᠠᠲᠤ ᠠᠴᠠ ᠤᠷᠤᠭᠤᠯᠤᠭᠰᠠᠨ ᠪᠠ ᠭᠠᠳᠠᠭᠠᠲᠦ ᠳᠤ ᠭᠠᠷᠭᠠᠭᠰᠠᠨ ᠬᠡᠮᠵᠢᠶ᠎ᠡ 300 ᠲᠦᠮᠡᠨ | ᠳ᠋ᠤᠯᠯᠠᠷ ᠲᠤ ᠬᠦᠷᠴᠦ᠂ ᠪᠦᠬᠦ ᠵᠢᠯ ᠤᠨ ᠬᠤᠳᠠᠯᠳᠤᠭᠠᠴᠢᠨ ᠤᠷᠢᠵᠤ ᠪᠡᠯᠡ ᠮᠦᠩᠭᠦ ᠤᠷᠤᠭᠤᠯᠬᠤ ᠬᠡᠮᠵᠢᠶ᠎ᠡ 54 | ᠳ᠋ᠦᠩᠰᠢᠭᠤᠷ ᠲᠦᠭᠦᠷᠢᠭ ᠲᠤ ᠬᠦᠷᠪᠡ᠃ | ︵ᠵᠢᠷᠭᠤᠭ᠎ᠠ︶ ᠨᠡᠶᠢᠭᠡᠮ ᠵᠢᠷᠤᠮ ᠤᠨ ᠠᠷᠠᠳᠴᠢᠯᠠᠯᠲᠤ ᠤᠯᠤᠰ ᠲᠦᠷᠦ ᠶᠢ ᠢᠳᠡᠪᠬᠢᠲᠡᠢ ᠬᠦᠭᠵᠢᠭᠦᠯᠪᠡ᠃ ᠨᠡᠶᠢᠭᠡᠮ | ᠵᠢᠷᠤᠮᠲᠤ ᠠᠷᠠᠳᠴᠢᠯᠠᠯᠲᠤ ᠤᠯᠤᠰ ᠲᠦᠷᠦ ᠶᠢᠨ ᠲᠦᠷᠢᠮᠵᠢᠯ᠂ ᠵᠢᠷᠤᠮᠵᠢᠯ᠂ ᠠᠯᠬᠤᠮ ᠲᠠᠷᠠᠭᠠᠵᠢᠯ ᠢ ᠠᠬᠢᠭᠤᠯᠵᠤ᠂ | ᠴᠤᠪᠤᠭᠤ ᠰᠡᠷᠭᠦᠯᠡᠩ ᠠᠮᠢᠲᠦ ᠴᠤᠪᠤᠭᠤᠯᠢᠭ ᠂ ᠠᠮᠤᠷ ᠲᠤᠭᠳᠠᠭᠤᠨ ᠪᠦᠯᠬᠦᠮᠳᠡᠯ ᠲᠠᠢ ᠤᠯᠤᠰ ᠲᠦᠷᠦ ᠶᠢᠨ | ᠪᠠᠶᠢᠳᠠᠯ ᠢ ᠪᠠᠬᠢᠵᠢᠭᠦᠯᠦᠨ ᠬᠦᠭᠵᠢᠭᠦᠯᠪᠠ᠃ ᠨᠢᠭᠡ ᠵᠢᠯ ᠤᠨ ᠲᠤᠷᠰᠢ᠂ ᠪᠢᠳᠡ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠤ ᠡᠷᠬᠡ ᠮᠡᠳᠡᠨ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠦᠭᠦᠯᠦᠨ᠂ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠴᠠᠭ ᠦᠶ᠎ᠡ ᠲᠠᠢ ᠵᠤᠬᠢᠴᠠᠨ ᠤᠷᠤᠭᠰᠢᠯᠠᠵᠤ᠂ ᠬᠦᠭᠵᠢᠯᠲᠡ ᠶᠢ | ᠲᠡᠭᠦᠯᠳᠡᠷᠵᠢᠭᠦᠯᠦᠨ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | 12 ᠵᠦᠢᠯ ᠤᠨ ᠲᠤᠰᠬᠠᠢ ᠲᠦᠷᠦᠯ ᠤᠨ ᠠᠵᠢᠯ ᠤᠨ ᠮᠡᠳᠡᠭᠦᠯᠦᠯᠲᠡ ᠶᠢ ᠰᠤᠨᠤᠰᠤᠨ ᠬᠢᠨᠡᠨ ᠵᠦᠪᠯᠡᠵᠦ᠂ ᠬᠠᠤᠯᠢ | ᠬᠡᠷᠡᠭᠵᠢᠭᠦᠯᠬᠦ ᠶᠢ ᠪᠠᠶᠢᠴᠠᠭᠠᠬᠤ᠂ ᠬᠠᠤᠯᠢ ᠬᠡᠷᠡᠭᠵᠢᠬᠦᠯᠬᠦ ᠶᠢ ᠪᠠᠶᠢᠴᠠᠭᠠᠨ ᠰᠤᠳᠤᠯᠬᠤ᠂ ᠲᠤᠰᠬᠠᠢ ᠲᠦᠷᠦᠯ ᠤᠨ | ᠪᠠᠶᠢᠴᠠᠭᠠᠨ ᠰᠤᠳᠤᠯᠤᠯᠲᠠ ᠪᠠ ᠲᠤᠭᠤᠷᠢᠨ ᠪᠠᠶᠢᠴᠠᠭᠠᠯᠲᠠ ᠶᠢ ᠢᠳᠡᠪᠬᠢᠲᠡᠢ ᠵᠤᠬᠢᠶᠠᠨ ᠪᠠᠶᠢᠭᠤᠯᠵᠤ ᠦᠷᠨᠢᠭᠦᠯᠦᠨ᠂ 5 | ᠵᠦᠢᠯ ᠤᠨ ᠰᠢᠢᠳᠪᠦᠷᠢ ᠶᠢ ᠭᠠᠷᠭᠠᠵᠤ᠂ 112 ᠬᠤᠪᠢ ᠰᠠᠨᠠᠭᠤᠯᠭ᠎ᠠ ᠶᠢ ᠭᠦᠢᠴᠡᠳᠭᠡᠨ ᠰᠢᠢᠳᠪᠦᠷᠢᠯᠡᠪᠡ᠃ | ᠠᠷᠠᠳᠴᠢᠯᠠᠯ ᠢᠶᠠᠷ ᠵᠦᠪᠯᠡᠬᠦ ᠶᠢ ᠦᠷᠭᠡᠨ ᠲᠡᠯᠭᠡᠷᠡᠩᠭᠦᠢ ᠦᠷᠨᠢᠭᠦᠯᠵᠦ᠂ ᠬᠤᠲᠠ ᠶᠢᠨ ᠤᠯᠤᠰ ᠲᠦᠷᠦ ᠶᠢᠨ | ᠵᠦᠪᠯᠡᠯᠭᠡᠨ ᠬᠦᠳᠡᠭᠡ ᠲᠤᠰᠬᠤᠨ ᠢ ᠬᠦᠭᠵᠢᠭᠦᠯᠦᠨ ᠪᠠᠳᠠᠷᠠᠭᠤᠯᠬᠤ ᠂ ᠨᠡᠶᠢᠳᠡ ᠶᠢᠨ ᠪᠤᠰᠤ ᠠᠵᠤ ᠠᠬᠤᠢ ᠶᠢᠨ | ᠬᠦᠭᠵᠢᠯᠲᠡ ᠵᠡᠷᠭᠡ ᠵᠦᠪᠯᠡᠬᠦ ᠰᠡᠳᠦᠪ ᠢ ᠪᠠᠶᠢᠴᠠᠭᠠᠨ ᠰᠤᠳᠤᠯᠵᠤ ᠵᠦᠪᠳᠡᠯᠴᠡᠬᠦ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠠᠬᠢᠯᠡᠯᠲᠡ ᠲᠠᠭᠠᠷᠢᠬᠤ᠂ ᠠᠮᠢ ᠶᠢᠨ ᠠᠬᠤᠢ ᠶᠢᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ | ᠠᠵᠢᠯ ᠤᠯᠭᠤᠵᠤ ᠦᠢᠯᠡᠰ ᠪᠦᠳᠦᠭᠡᠬᠦ ᠵᠡᠷᠭᠡ ᠤᠴᠢᠷ ᠶᠠᠪᠤᠳᠠᠯ ᠤᠨ ᠲᠤᠭᠤᠷᠢᠨ ᠳᠤ ᠪᠠᠶᠢᠴᠭᠠᠨ ᠰᠤᠳᠤᠯᠤᠯᠲᠠ | ᠲᠤᠭᠤᠷᠢᠨ ᠪᠠᠶᠢᠴᠠᠭᠠᠯᠲᠠ ᠬᠢᠵᠦ᠂ 89 ᠬᠤᠪᠢ ᠲᠤᠷᠠᠳᠤᠯᠭ᠎ᠠ ᠶᠢ ᠰᠢᠢᠳᠪᠦᠷᠢᠯᠡᠨ ᠭᠦᠢᠴᠡᠳᠭᠡᠪᠠ᠃ ᠬᠠᠤᠯᠢ ᠪᠠᠷ | ᠬᠤᠲᠠ ᠪᠠᠨ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠰᠤᠮᠤ ᠪᠠᠯᠭᠠᠰᠤᠨ ᠤ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠠᠩᠰᠠᠯᠠᠭᠤᠯᠤᠨ ᠲᠡᠮᠳᠡᠭᠯᠡᠭᠦᠯᠵᠤ ᠬᠢᠨᠡᠨ | ᠪᠠᠶᠢᠴᠠᠭᠠᠬᠤ ᠲᠤᠷᠰᠢᠯᠲᠠ ᠶᠢᠨ ᠴᠢᠭ ᠤᠨ ᠠᠵᠢᠯ ᠢ ᠦᠷᠨᠢᠭᠦᠯᠦᠨ᠂ ᠬᠠᠤᠯᠢ ᠴᠠᠭᠠᠵᠠ ᠶᠢᠨ ᠲᠤᠭᠳᠠᠴᠠ ᠶᠢᠨ | ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠬᠦ ᠤᠷᠤᠨ ᠤ ᠠᠩᠬᠠᠳᠠᠭᠴᠢ ᠬᠤᠭᠤᠴᠠᠭᠠᠨ ᠤ | ᠬᠠᠤᠯᠢ ᠲᠦᠷᠢᠮᠲᠦ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠲᠠ ᠶᠢᠨ ᠲᠠᠭᠤᠷᠢᠶᠠᠯ ᠦᠵᠡᠭᠦᠯᠬᠦ ᠬᠤᠲᠠ | ᠪᠤᠯᠵᠠᠢ᠃ ᠱᠠᠰᠢᠨ ᠰᠤᠷᠳᠠᠬᠤᠨ ᠤ ᠠᠵᠢᠯ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠪᠠᠶᠢᠰᠡ ᠶᠢᠨ | ᠰᠦᠮ᠎ᠡ ᠶᠢᠨ ᠬᠠᠮᠢᠶᠠᠷᠤᠯᠲᠠ ᠶᠢᠨ ᠲᠤᠭᠳᠠᠴᠠ ᠵᠡᠷᠭᠡ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠂ | ᠮᠠᠨ ᠤ ᠬᠤᠲᠠ ᠶᠢᠨ ᠱᠠᠰᠢᠨ ᠰᠤᠷᠳᠠᠬᠤᠨ ᠤ ᠠᠵᠢᠯ ᠢ ᠰᠠᠶᠢᠨ ᠵᠦᠭ ᠲᠤ ᠬᠦᠭᠵᠢᠭᠦᠯᠪᠠ᠃ ᠤᠯᠠᠨ ᠲᠦᠮᠡᠨᠴᠢ | ᠪᠦᠯᠬᠦᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠬᠦ | ᠴᠢᠳᠡᠪᠦᠷᠢ ᠶᠢ ᠲᠠᠰᠤᠷᠠᠯᠲᠠ ᠦᠭᠡᠢ ᠨᠡᠮᠡᠭᠳᠡᠭᠦᠯᠪᠠ᠃ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠰᠤᠷᠭᠠᠨ | ᠬᠦᠮᠦᠵᠢᠯ ᠤᠨ ᠠᠵᠢᠯ ᠢ ᠭᠦᠨᠵᠡᠭᠡᠶᠢᠷᠡᠭᠦᠯᠵᠦ᠂ ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ | ᠲᠠᠭᠤᠷᠢᠶᠠᠯ ᠦᠵᠡᠭᠦᠯᠬᠦ ᠬᠤᠲᠠ ᠪᠤᠯᠭᠠᠨ ᠴᠤᠭᠴᠠᠯᠠᠨ ᠪᠠᠶᠢᠭᠤᠯᠪᠠ᠃ | ︵ᠲᠤᠯᠤᠭ᠎ᠠ︶ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠨᠠᠷᠢᠨ ᠨᠢᠮᠪᠡᠢ ᠰᠠᠶᠢᠳᠤᠷ ᠬᠢᠪᠡ᠃ | ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠢ ᠢᠮᠠᠭᠲᠠ ᠪᠦᠬᠦ ᠲᠠᠯ᠎ᠠ ᠶᠢᠨ ᠴᠢᠬᠤᠯᠡ ᠪᠠᠶᠢᠷᠢᠨ ᠳᠤ | ᠲᠠᠯᠪᠢᠵᠤ᠂ ᠲᠤᠭ ᠮᠠᠨᠳᠤᠭᠤᠯᠤᠨ᠂ ᠠᠷᠠᠳ ᠤᠨ ᠰᠡᠳᠬᠢᠯ ᠢ ᠨᠢᠭᠳᠠᠷᠠᠭᠤᠯᠵᠤ᠂ ᠰᠢᠨ᠎ᠡ ᠬᠦᠮᠦᠨ ᠢ ᠬᠦᠮᠦᠵᠢᠭᠦᠯᠦᠨ᠂ | ᠰᠤᠶᠤᠯ ᠢ ᠬᠦᠭᠵᠢᠬᠦᠯᠵᠤ᠂ ᠲᠦᠷᠢ ᠲᠦᠷᠬᠦ ᠶᠢ ᠦᠵᠡᠭᠦᠯᠬᠦ ᠶᠢ ᠪᠠᠷᠢᠮᠳᠠᠯᠠᠵᠤ᠂ ᠪᠦᠬᠦ ᠬᠤᠲᠠ ᠶᠢᠨ ᠪᠦᠯᠬᠦᠮᠳᠡᠨ | ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠨᠢᠭᠡ ᠵᠢᠯ ᠳᠤ᠂ | ᠪᠢᠳᠡ ᠦᠵᠡᠯ ᠤᠬᠠᠮᠰᠠᠷ ᠤᠨ ᠪᠠᠶᠢᠳᠠᠯ ᠤᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠨ᠂ ᠱᠠᠭᠠᠷᠳᠠᠨ | ᠪᠠᠶᠢᠴᠠᠭᠠᠵᠤ ᠬᠢᠨᠡᠨ ᠰᠢᠯᠭᠠᠬᠤ ᠨᠠᠷᠢᠨ ᠲᠦᠷᠢᠮ ᠢ ᠲᠤᠭᠳᠠᠨ᠂ ᠦᠵᠡᠯ ᠤᠠᠬᠠᠮᠰᠠᠷ ᠤᠨ ᠪᠠᠶᠢᠳᠠᠯ ᠤᠨ ᠠᠵᠢᠯ ᠢ | ᠰᠠᠬᠢᠯᠭ᠎ᠠ ᠪᠠᠲᠤ ᠳᠤ ᠬᠢᠨᠡᠯᠲᠡ ᠲᠠᠯᠪᠢᠬᠤ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠴᠢᠬᠤᠯᠡ ᠠᠭᠤᠯᠭ᠎ᠠ ᠳᠤ | ᠤᠷᠤᠭᠤᠯᠤᠨ᠂ ᠲᠦᠷᠪᠡᠨ ᠱᠠᠳᠤᠨ ᠤ ᠦᠵᠡᠯ ᠤᠬᠠᠮᠰᠠᠷ ᠤᠨ ᠪᠠᠶᠢᠳᠠᠯ ᠤᠨ ᠠᠵᠢᠯ ᠤᠨ ᠲᠤᠤᠷ ᠬᠡᠪᠴᠢᠶ᠎ᠡ ᠶᠢ | ᠪᠠᠶᠢᠭᠤᠯᠵᠤ᠂ ᠦᠵᠡᠯ ᠤᠬᠠᠮᠰᠠᠷ ᠤᠨ ᠪᠠᠶᠢᠳᠠᠯ ᠤᠨ ᠭᠤᠤᠯ ᠰᠠᠭᠤᠷᠢᠨ ᠭᠠᠵᠠᠷ ᠢ ᠪᠠᠲᠤ ᠰᠠᠬᠢᠪᠠ᠃ ︽ᠤᠨᠤᠯ | ᠰᠤᠷᠬᠤ ᠤᠷᠳᠤᠨ︾ ᠤ ᠤᠬᠠᠭᠤᠯᠤᠨ ᠲᠠᠶᠢᠯᠪᠤᠷᠢᠯᠠᠬᠤ ᠲᠤᠭᠳᠠᠴᠠ ᠶᠢ ᠰᠢᠨ᠎ᠡ ᠪᠠᠷ ᠡᠭᠦᠳᠦᠨ᠂ ᠰᠤᠷᠤᠯᠴᠠᠬᠤ | ᠬᠢᠴᠢᠶᠡᠯ ᠲᠠᠶᠢᠯᠪᠤᠷᠢ ᠶᠢᠨ ᠲᠠᠰᠤᠭ ᠪᠠᠶᠢᠭᠤᠯᠵᠤ᠂ ᠲᠠᠯ᠎ᠠ ᠨᠤᠳᠤᠭ ᠤᠨ ᠬᠦᠩᠭᠡᠨ ᠮᠤᠷᠢᠲᠤ ᠴᠡᠷᠢᠭ᠂ ᠰᠢᠨ᠎ᠡ ᠴᠠᠭ | ᠦᠶ᠎ᠡ ᠶᠢᠨ ᠬᠢᠴᠢᠶᠡᠯ ᠲᠠᠶᠢᠯᠪᠤᠷᠢᠯᠠᠯ ᠤᠨ ᠪᠦᠯᠬᠦᠮ ᠢ ᠪᠠᠶᠢᠭᠤᠯᠤᠨ ︽ᠵᠠᠭᠤᠨ ᠬᠦᠮᠦᠨ ᠵᠠᠭᠤᠨ ᠲᠠᠯᠠᠪᠠᠢ︾ | ᠤᠬᠠᠭᠤᠯᠤᠨ ᠲᠠᠶᠢᠯᠪᠤᠷᠢᠯᠠᠬᠤ ᠰᠠᠷ᠎ᠠ ᠶᠢᠨ ᠠᠵᠢᠯᠯᠠᠭ᠎ᠠ ᠡᠷᠬᠢᠯᠡᠵᠦ᠂ ︽ᠠᠷᠠᠳ ᠤᠨ ᠤᠷᠠᠨ ᠬᠡᠯᠡᠮᠦᠷᠴᠢ︾ ᠶᠢ | ᠰᠤᠩᠭᠤᠬᠤ ᠠᠵᠢᠯᠯᠠᠭ᠎ᠠ ᠶᠢ ᠲᠡᠷᠢᠭᠦᠯᠡᠨ ᠦᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠᠨ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠬᠦᠮᠦᠨ ᠠᠷᠠᠳ ᠤᠨ ᠰᠡᠳᠬᠢᠯ ᠳᠤ ᠭᠦᠨ ᠰᠠᠭᠤᠭᠳᠠᠭᠤᠯᠪᠠ᠃ ᠨᠡᠶᠢᠭᠡᠮ ᠵᠢᠷᠤᠮᠲᠤ | ᠭᠤᠤᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠪᠤᠯᠪᠠᠰᠤᠨ ᠰᠤᠮᠤ | ᠭᠠᠴᠠᠭ᠎ᠠ᠂ ᠪᠤᠯᠪᠠᠰᠤᠨ ᠨᠢᠭᠡᠴᠡ᠂ ᠪᠤᠯᠪᠠᠰᠤᠨ ᠭᠡᠷ ᠪᠦᠯᠢ᠂ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠴᠤᠭᠴᠠᠯᠠᠨ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠶᠤᠰᠤ ᠮᠤᠷᠠᠯ ᠤᠨ ᠵᠢᠱᠢᠶᠡᠴᠢ᠂ ᠰᠢᠯᠢ ᠶᠢᠨ ᠬᠤᠲᠠ ᠶᠢᠨ ᠰᠠᠶᠢᠨ ᠬᠦᠮᠦᠨ᠂ | ᠬᠠᠮᠤᠭ ᠭᠤᠶᠤ ᠲᠤᠤᠷ ᠭᠡᠪᠴᠢᠶ᠎ᠡ ᠶᠢᠨ ᠠᠵᠢᠯᠲᠠᠨ ᠵᠡᠷᠭᠡ ᠲᠡᠷᠢᠭᠦᠨ ᠤ ᠨᠡᠶᠢᠳᠡᠯᠢᠭ ᠵᠢᠱᠢᠶ᠎ᠡ ᠶᠢ ᠰᠤᠩᠭᠤᠨ | ᠭᠠᠷᠭᠠᠵᠤ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠤᠯᠪᠠᠰᠤᠨ ᠬᠤᠲᠠ ᠶᠢᠨ ᠤᠨ ᠤ ᠬᠡᠮᠵᠢᠯᠲᠡ ᠳᠤ ᠪᠦᠬᠦ | ᠤᠷᠤᠨ ᠤ ᠡᠮᠦᠨ᠎ᠡ ᠡᠩᠨᠡᠭᠡ ᠭᠤᠷᠪᠠᠳᠤᠭᠠᠷ ᠲᠤ ᠵᠢᠭᠰᠠᠭᠠᠭᠳᠠᠪᠠ᠃ ᠭᠠᠳᠠᠭᠰᠢ ᠤᠬᠠᠭᠤᠯᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠦ᠂ ᠪᠦᠬᠦ ᠠᠶᠢᠮᠠᠭ ᠤᠨ ᠲᠠᠷᠢᠭᠦᠨ ᠳᠤ ᠠᠭᠤᠰᠤᠯᠴᠠᠨ ᠵᠠᠭᠤᠴᠢᠯᠠᠬᠤ ᠲᠦᠪ ᠢ ᠪᠠᠶᠢᠭᠤᠯᠪᠠ᠃ | ᠰᠤᠶᠤᠯ ᠤᠨ ᠦᠢᠯᠡᠰ ᠦᠷᠭᠦᠯᠵᠢᠯᠡᠨ ᠬᠦᠭᠵᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ | ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠠᠭᠠᠨᠮᠦ᠋ᠴᠢᠷ ᠪᠦᠬᠦ ᠤᠷᠤᠨ ᠤ ᠨᠢᠭᠡᠳᠦᠭᠡᠷ ᠲᠦᠷᠦᠯ ᠤᠨ ᠤᠯᠠᠭᠠᠨᠮᠦ᠋ᠴᠢᠷ ᠢᠶᠠᠷ ᠦᠨᠡᠯᠡᠭᠳᠡᠵᠦ᠂ ᠤᠯᠠᠮᠵᠢᠯᠠᠯᠲᠤ | ᠨᠠᠭᠠᠳᠤᠮ᠂ ᠨᠡᠭᠦᠳᠡᠯ ᠰᠤᠶᠤᠯ ᠤᠨ ᠨᠠᠶᠢᠷ᠂ ᠰᠢᠯᠢ ᠶᠢᠨ ᠵᠤᠨ ᠵᠡᠷᠭᠡ ᠤᠯᠠᠮᠵᠢᠯᠠᠯᠲᠦ ᠦᠨᠳᠦᠰᠦᠳᠡᠨ ᠤ ᠵᠠᠩᠰᠢᠯ ᠤᠨ | ᠰᠤᠶᠤᠯ ᠤᠨ ᠠᠵᠢᠯᠯᠠᠭ᠎ᠠ ᠶᠢ ᠵᠠᠯᠭᠠᠪᠠᠷ ᠡᠷᠬᠢᠯᠡᠨ᠂ ᠲᠦᠪ ᠲᠧᠯᠢᠸ᠋ᠰ ᠤᠨ ︽ ᠲᠦᠷᠪᠡᠨ ᠵᠦᠭ ᠤᠨ ᠴᠠᠭᠠᠨ | ᠰᠠᠷ᠎ᠠ ᠶᠢᠨ ᠶᠤᠰᠤᠨ︾ ᠲᠡᠯᠭᠡᠴᠡ ᠶᠢ ᠰᠢᠩᠭᠡᠭᠡᠨ ᠦᠢᠯᠡᠳᠴᠦ ᠤᠷᠤᠨ ᠨᠤᠳᠤᠭ ᠤᠨ ᠨᠡᠷ᠎ᠡ ᠠᠯᠳᠠᠷ ᠪᠠ ᠨᠦᠯᠦᠭᠡ ᠶᠢ | ᠤᠯᠠᠮ ᠨᠢᠭᠡ ᠠᠯᠬᠤᠮ ᠲᠡᠭᠡᠭᠰᠢᠯᠡᠭᠦᠯᠵᠦ᠂ ︽ᠮᠤᠩᠭᠤᠯ ᠮᠤᠷᠢ︾ ᠪᠤᠳᠠᠳᠤ ᠦᠵᠡᠭᠳᠡᠯᠲᠦ ᠵᠦᠴᠦᠭᠡ ᠨᠢ ᠤᠷᠤᠨ | ᠨᠤᠳᠤᠭ ᠤᠨ ᠰᠤᠶᠤᠯ ᠤᠨ ᠲᠡᠯᠭᠡᠷᠡᠭᠦᠯᠦᠭᠴᠢ ᠰᠢᠨ᠎ᠡ ᠨᠡᠷ᠎ᠡ ᠶᠢᠨ ᠬᠠᠭᠤᠳᠠᠰᠤ ᠪᠤᠯᠵᠠᠢ᠃ | ︵ᠨᠠᠢᠮᠠ︶ ᠠᠷᠠᠳ ᠤᠨ ᠠᠮᠢᠳᠤᠷᠠᠯ ᠢ ᠴᠢᠷᠮᠠᠶᠢᠨ ᠪᠠᠳᠤᠯᠭᠠᠵᠢᠭᠤᠯᠬᠤ ᠪᠠ ᠰᠠᠶᠢᠵᠢᠷᠠᠭᠤᠯᠪᠠ᠃ ᠠᠷᠠᠳ ᠤᠯᠠᠨ ᠢ | ᠰᠡᠳᠬᠢᠯ ᠤᠨ ᠭᠦᠨ ᠤ ᠬᠠᠮᠤᠭ ᠲᠡᠭᠡᠳᠦ ᠪᠠᠶᠢᠷᠢᠨ ᠳᠤ ᠲᠠᠯᠪᠢᠵᠤ᠂ ᠴᠢᠳᠡᠯ ᠤᠨ ᠬᠢᠷᠢ ᠪᠠᠷ ᠢᠶᠠᠨ ᠴᠢᠷᠮᠠᠶᠢᠵᠤ᠂ | 60% ᠤᠷᠴᠢᠮ ᠤᠨ ᠡᠳ᠋ ᠤᠨ ᠵᠠᠰᠠᠭ ᠤᠨ ᠵᠠᠷᠤᠳᠠᠯ ᠢ ᠠᠷᠠᠳ ᠤᠨ ᠠᠮᠢᠳᠤᠷᠠᠯ ᠢ ᠪᠠᠳᠤᠯᠭᠠᠵᠢᠭᠤᠯᠬᠤ ᠪᠠ | ᠰᠠᠶᠢᠵᠢᠷᠠᠭᠤᠯᠬᠤ ᠲᠡᠭᠡᠷ᠎ᠡ ᠵᠠᠷᠤᠴᠠᠭᠤᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠡᠭᠰᠢᠳᠭᠡᠭᠰᠡᠨ | ᠤᠷᠤᠯᠭ᠎ᠠ ᠶᠢ ᠲᠤᠰᠪᠤᠷᠢ 4.5% ᠪᠠ 9.3% ᠪᠠᠷ ᠨᠡᠮᠡᠭᠳᠡᠭᠦᠯᠪᠡ᠃ ᠨᠢᠭᠡ ᠵᠢᠯ ᠤᠨ ᠲᠤᠷᠰᠢ᠂ ᠪᠢᠳᠡ | ᠠᠷᠠᠳ ᠤᠨ ᠠᠮᠢᠳᠤᠷᠠᠯ ᠤᠨ ᠬᠠᠷᠢᠶᠠᠨ ᠳᠠᠬᠢ ᠬᠦᠷᠦᠯᠴᠡᠬᠦ ᠦᠭᠡᠢ ᠶᠢ ᠨᠦᠬᠦᠵᠦ᠂ ᠡᠯ᠎ᠡ ᠦᠨᠳᠦᠰᠦᠳᠡᠨ ᠤ ᠤᠯᠠᠨ | ᠲᠦᠮᠡᠨ ᠤ ᠤᠯᠵᠠᠷᠬᠠᠭ ᠰᠡᠳᠬᠢᠯᠭᠡ ᠶᠢ ᠨᠡᠩ ᠪᠤᠳᠠᠳᠠᠢ ᠳᠤ ᠬᠦᠷᠭᠡᠪᠡ᠃ ᠰᠤᠷᠭᠠᠨ ᠬᠦᠮᠦᠵᠢᠯ ᠤᠨ ᠦᠢᠯᠡᠰ | ᠲᠠᠰᠤᠷᠠᠯᠲᠠ ᠦᠭᠡᠢ ᠬᠦᠭᠵᠢᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 2 ᠢ ᠰᠢᠨ᠎ᠡ ᠪᠠᠷ ᠨᠡᠮᠡᠵᠦ᠂ | ᠠᠷᠠᠳ ᠠᠴᠠ ᠡᠷᠬᠢᠯᠡᠨ ᠲᠠᠩᠰᠠᠯᠠᠭᠤᠯᠤᠭᠰᠠᠨ ᠬᠡᠦᠬᠡᠳ ᠤᠨ ᠴᠡᠴᠡᠷᠯᠢᠭ 4 ᠰᠠᠤᠷᠢ ᠪᠠᠶᠢᠵᠤ᠂ ᠴᠡᠴᠡᠷᠯᠢᠭ ᠲᠤ | ᠤᠷᠤᠬᠤ ᠨᠤᠷᠮ᠎ᠠ 91.4% ᠳᠤ ᠬᠦᠷᠴᠦ᠂ ᠰᠠᠭᠤᠷᠢ ᠰᠤᠷᠭᠠᠨ ᠬᠦᠮᠦᠵᠢᠯ ᠤᠨ ᠴᠢᠨᠠᠷᠵᠢᠯ ᠦᠨᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠠᠬᠢᠭᠤᠯᠵᠤ᠂ ᠲᠡᠭᠡᠳᠦ ᠵᠡᠷᠭᠡ ᠶᠢᠨ ᠦᠨᠳᠦᠰᠦᠨ ᠠᠩᠭᠢ ᠶᠢᠨ ᠬᠢᠷᠢ ᠬᠡᠮᠵᠢᠶᠡᠨ ᠳᠤ | ᠬᠦᠷᠬᠦ ᠬᠦᠮᠦᠨ ᠤ ᠲᠤᠭ᠎ᠠ ᠲᠤᠭᠳᠠᠭᠤᠨ ᠢᠶᠠᠷ ᠲᠡᠭᠡᠭᠰᠢᠯᠡᠵᠦ᠂ ᠤᠨᠴᠠᠭᠠᠢ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠦᠭᠡᠷᠡᠴᠢᠯᠡᠯᠲᠠ ᠶᠢ ᠡᠮᠬᠢ ᠴᠡᠭᠴᠡ ᠲᠠᠢ ᠠᠬᠢᠭᠤᠯᠵᠦ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠲᠦᠪ ᠨᠢ ᠤᠯᠤᠰ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠦᠭᠡᠷᠡᠴᠢᠯᠡᠯᠲᠠ ᠶᠢ ᠬᠦᠭᠵᠢᠭᠦᠯᠬᠦ ᠲᠠᠭᠤᠷᠢᠶᠠᠯ ᠦᠵᠡᠭᠦᠯᠬᠦ ᠰᠤᠷᠭᠠᠭᠤᠯᠢ ᠪᠤᠯᠵᠤ᠂ ᠪᠠᠭᠰᠢ ᠶᠢᠨ ᠡᠩᠨᠡᠭᠡᠨ ᠤ | ᠪᠦᠳᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠩᠭᠡ ᠲᠠᠶᠢᠪᠤᠩ ᠰᠤᠷᠭᠠᠭᠤᠯᠢ ᠶᠢᠨ ᠬᠦᠷᠢᠶᠡᠨ ᠤ | ᠪᠦᠳᠦᠭᠡᠨ ᠪᠠᠶᠢᠭᠤᠯᠤᠯᠲᠠ ᠨᠢ ᠢᠳᠡᠪᠬᠢᠲᠡᠢ ᠠᠬᠢᠯᠲᠠ ᠲᠠᠢ ᠪᠤᠯᠵᠤ᠂ ᠡᠯ᠎ᠡ ᠲᠦᠷᠦᠯ ᠤᠨ ᠰᠤᠷᠭᠠᠭᠤᠯᠢ ᠶᠢ | ᠬᠠᠪᠰᠤᠷᠬᠤ ᠲᠦᠷᠦ ᠶᠢᠨ ᠪᠤᠳᠤᠯᠭ᠎ᠠ ᠶᠢ ᠦᠷ᠎ᠡ ᠪᠦᠳᠦᠮᠵᠢᠲᠡᠢ ᠨᠠᠶᠢᠳᠠᠪᠤᠷᠢᠵᠢᠭᠤᠯᠤᠨ᠂ ᠰᠤᠷᠭᠠᠨ ᠬᠦᠮᠦᠵᠢᠯ ᠤᠨ | ᠭᠠᠳᠠᠭᠠᠳᠤ ᠰᠤᠯᠢᠯᠴᠠᠭ᠎ᠠ ᠢᠯᠡᠳᠳᠡ ᠠᠮᠵᠢᠯᠲᠠ ᠶᠢ ᠤᠯᠢᠪᠠ᠃ ᠦᠢᠯᠡᠰ ᠪᠤᠰᠬᠠᠨ ᠠᠵᠢᠯ ᠤᠯᠭᠤᠬᠤ ᠠᠵᠢᠯ ᠢ | ᠲᠤᠭᠳᠠᠭᠤᠨ ᠢᠶᠠᠷ ᠠᠬᠢᠭᠤᠯᠵᠤ᠂ ᠡᠯ᠎ᠡ ᠲᠦᠷᠦᠯ ᠤᠨ ᠬᠦᠮᠦᠰ ᠤᠨ ᠦᠢᠯᠡᠰ ᠪᠤᠰᠬᠠᠬᠤ ᠠᠵᠢᠯ ᠤᠯᠭᠤᠬᠤ | ᠲᠡᠮᠵᠢᠯᠭᠡ ᠶᠢᠨ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠵᠤ᠂ ᠬᠤᠲᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.3% ᠲᠤᠳᠤᠷ᠎ᠠ ᠬᠢᠵᠠᠭᠠᠷᠯᠠᠵᠤ᠂ ᠰᠢᠨ᠎ᠡ ᠲᠤᠷᠭᠠᠨ | ᠵᠠᠮ ᠴᠠᠬᠢᠮ ᠬᠤᠳᠠᠯᠳᠤᠭᠠᠨ ᠤ ᠦᠢᠯᠡᠰ ᠪᠤᠰᠬᠠᠬᠤ ᠬᠦᠷᠢᠶᠡᠯᠡᠩ ᠨᠢ ᠦᠪᠡᠷᠳᠡᠭᠡᠨ ᠵᠠᠰᠠᠬᠤ ᠤᠷᠤᠨ ᠤ ︽ | 2018-2020 ᠤᠨ ᠤ ᠤᠯᠠᠨ ᠨᠡᠶᠢᠳᠡ ᠪᠠᠷ ᠦᠢᠯᠡᠰ ᠪᠤᠰᠬᠠᠵᠤ ᠤᠯᠠᠨ ᠢᠶᠠᠷ ᠢᠶᠠᠨ ᠲᠠᠭᠠᠭᠠᠴᠢᠯᠠᠨ ᠤᠯᠠᠨ ᠠᠴᠠ | ᠲᠡᠳᠬᠦᠬᠦ ᠲᠠᠪᠴᠠᠩ︾ ᠢᠶᠠᠷ ᠲᠤᠭᠳᠠᠭᠠᠭᠳᠠᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠲᠠᠰᠤᠷᠠᠯᠲᠠ ᠦᠭᠡᠢ | ᠬᠦᠭᠵᠢᠵᠦ᠂ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠬᠤᠷᠢᠶᠠᠨ ᠤ ᠶᠡᠷᠦᠩᠬᠡᠢ ᠠᠰᠠᠷ ᠢ ᠠᠰᠢᠭᠯᠠᠯᠲᠠ ᠳᠤ | ᠤᠷᠤᠭᠤᠯᠤᠨ ᠬᠡᠷᠡᠭᠯᠡᠵᠦ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠯᠠᠪᠳᠠᠭᠤᠨ ᠪᠠᠲᠤᠲᠠᠢ | ᠠᠯᠬᠤᠮ ᠢ ᠠᠯᠬᠤᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠦᠷᠢᠮᠵᠢᠭᠰᠡᠨ ᠡᠯᠧᠺᠲᠷᠣᠨ ᠡᠷᠡᠭᠦᠯ | ᠴᠢᠬᠢᠷᠠᠭ ᠤᠨ ᠲᠠᠩᠰᠠ ᠡᠪᠬᠡᠮᠡᠯ ᠢ ᠪᠠᠶᠢᠭᠤᠯᠤᠭᠰᠠᠨ ᠨᠤᠷᠮ᠎ᠠ 81.7% ᠳᠤ ᠬᠦᠷᠴᠦ᠂ ᠮᠤᠩᠭᠤᠯ ᠬᠢᠳᠡᠳ | ᠡᠮᠨᠡᠯᠭᠡ ᠶᠢᠨ ᠴᠢᠳᠡᠪᠦᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠨᠡᠶᠢᠳᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠬᠦ ᠬᠢᠷᠢ ᠬᠡᠮᠵᠢᠶ᠎ᠡ ᠶᠢ ᠲᠤᠭᠳᠠᠭᠤᠨ ᠢᠶᠠᠷ ᠲᠡᠭᠡᠭᠰᠢᠯᠡᠬᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢᠨ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠪᠡ᠃ ᠨᠡᠶᠢᠭᠡᠮ ᠤᠨ ᠪᠠᠳᠤᠯᠠᠭ᠎ᠠ ᠶᠢᠨ | ᠴᠢᠳᠡᠪᠦᠷᠢ ᠶᠢ ᠲᠠᠰᠤᠷᠠᠯᠲᠠ ᠦᠭᠡᠢ ᠲᠡᠭᠡᠭᠰᠢᠯᠡᠭᠦᠦᠨ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠠᠵᠢᠯ ᠤᠨ ᠲᠤᠮᠳᠠᠬᠢ ᠰᠢᠷᠬᠠᠳᠤᠯ ᠤᠨ | ᠲᠠᠭᠠᠳᠬᠠᠯ ᠳᠤ ᠤᠷᠤᠯᠴᠠᠬᠤ ᠨᠤᠷᠮ᠎ᠠ ᠶᠢ ᠶᠡᠭᠡ ᠬᠡᠮᠵᠢᠶ᠎ᠡ ᠪᠠᠷ ᠲᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ | ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠦ᠂ ᠶᠡᠷᠦᠩᠬᠡᠶᠢᠯᠡᠭᠰᠡᠨ | ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠬᠦᠷᠢᠶᠡᠯᠡᠩ᠂ ᠰᠢᠯᠢ ᠶᠢᠨ ᠢ ᠾᠧ ᠶᠤᠸᠠᠨ ᠨᠠᠰᠤᠳᠠᠶᠢᠴᠤᠳ ᠢ | ᠠᠰᠠᠷᠠᠬᠤ ᠲᠦᠪ ᠤᠨ ᠪᠠᠶᠢᠭᠤᠯᠤᠯᠲᠠ ᠶᠢ ᠲᠤᠭᠳᠠᠭᠤᠨ ᠢᠶᠠᠷ ᠠᠬᠢᠭᠤᠯᠪᠠ᠃ ᠲᠠᠮᠢᠷ ᠤᠨ ᠦᠢᠯᠡᠰ ᠲᠤᠭᠳᠠᠭᠤᠨ | ᠬᠦᠭᠵᠢᠯᠲᠡ ᠲᠠᠢ ᠪᠤᠯᠵᠤ᠂ ᠲᠤᠯᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ | ᠤᠷᠤᠯᠳᠤᠭᠠᠨ᠂ ᠪᠦᠬᠦ ᠤᠯᠤᠰ ᠤᠨ ᠵᠠᠯᠠᠭᠤ ᠪᠠᠭᠠᠴᠤᠳ ᠤᠨ ᠬᠦᠯ ᠪᠦᠮᠪᠦᠭᠡᠨ ᠤ ᠤᠷᠢᠯᠭ᠎ᠠ ᠶᠢᠨ ᠤᠷᠤᠯᠳᠤᠭᠠᠨ | ᠵᠡᠷᠭᠡ ᠲᠤᠮᠤ ᠬᠡᠯᠪᠡᠷᠢ ᠶᠢᠨ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠲᠠᠮᠢᠷ ᠤᠨ ᠲᠠᠯᠠᠪᠠᠢ ᠶᠢᠨ | ᠨᠡᠭᠡᠭᠡᠯᠲᠡ ᠶᠢᠨ ᠨᠤᠷᠮ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠪᠦᠬᠦ ᠠᠷᠠᠳ ᠤᠨ ᠪᠡᠶ᠎ᠡ ᠡᠷᠡᠭᠦᠯᠵᠢᠬᠦᠯᠬᠦ | ᠠᠭᠤᠷ ᠠᠮᠢᠰᠬᠤᠯ ᠢ ᠡᠳᠦᠷ ᠢᠷᠡᠬᠦᠶ᠎ᠡ ᠰᠠᠶᠢᠵᠢᠷᠠᠭᠤᠯᠪᠠ᠃ ᠡᠩᠭᠡ ᠲᠠᠶᠢᠪᠤᠩ ᠰᠢᠯᠢ ᠶᠢᠨ ᠬᠤᠲᠠ᠂ ᠬᠠᠤᠯᠢ ᠪᠠᠷ | ᠵᠠᠰᠠᠬᠤ ᠰᠢᠯᠢ ᠶᠢᠨ ᠬᠤᠲᠠ ᠶᠢᠨ ᠪᠦᠳᠦᠭᠡᠨ ᠪᠠᠶᠢᠭᠤᠯᠤᠯᠲᠠ ᠢᠳᠡᠪᠬᠢᠲᠡᠢ ᠦᠷ᠎ᠡ ᠠᠰᠢᠭ ᠢ ᠤᠯᠵᠤ᠂ ᠬᠠᠷ᠎ᠠ | ᠪᠦᠯᠦᠭᠳᠡᠨ ᠢ ᠠᠷᠢᠯᠭᠠᠨ ᠬᠠᠷᠬᠢᠰ ᠬᠦᠴᠦᠳᠡᠨ ᠳᠤ ᠴᠤᠬᠢᠯᠲᠠ ᠦᠭᠬᠦ ᠲᠤᠰᠬᠠᠢ ᠲᠦᠷᠦᠯ ᠤᠨ ᠲᠡᠮᠡᠴᠡᠯ ᠤᠨ | ᠬᠤᠯᠪᠤᠭᠠᠲᠤ ᠲᠤᠭᠳᠠᠴᠠ ᠶᠢᠨ ᠦᠢᠯᠡᠳᠦᠯ ᠢ ᠦᠷ᠎ᠡ ᠪᠦᠳᠦᠮᠵᠢ ᠲᠠᠢ ᠪᠠᠳᠠᠷᠠᠭᠤᠯᠤᠨ᠂ ᠢᠯᠡᠳᠳᠡ ᠠᠮᠵᠢᠯᠲᠠ ᠤᠯᠵᠤ | ᠂ ᠵᠠᠬᠢᠳᠠᠯ ᠰᠤᠷᠪᠤᠯᠵᠢᠯᠠᠭ᠎ᠠ ᠵᠢᠴᠢ ᠠᠮᠤᠷ ᠲᠦᠪᠰᠢᠨ ᠢ ᠬᠠᠮᠠᠭᠠᠯᠠᠬᠤ ᠬᠡᠷᠡᠭ ᠲᠠᠰᠤᠷᠠᠯ ᠦᠭᠡᠢ ᠪᠠᠭᠤᠷᠠᠨ᠂ | ᠢᠳᠡᠭᠡᠨ ᠤ ᠵᠦᠢᠯ ᠡᠮ ᠤᠨ ᠠᠶᠤᠯ ᠦᠭᠡᠢ ᠪᠠ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠤ ᠪᠠᠨ | ᠲᠤᠭᠳᠠᠭᠤᠨ ᠪᠤᠯᠪᠠ᠃ | ︵ᠶᠢᠰᠦ︶ ᠲᠦᠪ ᠴᠢᠩᠭ᠎ᠠ ᠪᠠᠷ ᠨᠠᠮ ᠢ ᠵᠠᠰᠠᠬᠤ ᠶᠢ ᠭᠦᠨᠵᠡᠭᠡᠢ ᠠᠬᠢᠭᠤᠯᠪᠠ᠃ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠤᠯᠤᠰ ᠤᠨ ᠬᠤᠳᠠ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠭᠤᠷᠢᠶᠠᠯ ᠦᠵᠡᠭᠦᠯᠬᠦ | ᠬᠤᠲᠠ ᠪᠠᠷ ᠲᠠᠭᠠᠭᠤᠯᠤᠭᠴᠢ ᠪᠤᠯᠭᠠᠵᠤ᠂ ᠲᠦᠪ ᠴᠢᠩᠭ᠎ᠠ ᠪᠠᠷ ᠨᠠᠮ ᠢ ᠵᠠᠰᠠᠬᠤ ᠶᠢ ᠬᠦᠨᠳᠡᠯᠡᠨ ᠴᠢᠭᠯᠡᠯ ᠭᠦᠨ | ᠲᠠᠪᠬᠤᠷᠭ᠎ᠠ ᠳᠤ ᠬᠦᠭᠵᠢᠬᠦᠯᠬᠦ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠪᠢᠳᠡ ᠰᠤᠷᠤᠯᠴᠠᠬᠤ ᠬᠡᠯᠪᠡᠷᠢᠲᠦ | ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ ᠢ ᠰᠤᠷᠴᠤ ᠨᠢᠭᠡ ᠬᠢᠷᠢ | ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠵᠦ᠂ | ᠨᠠᠮ ᠤᠨ ᠭᠡᠰᠢᠭᠦᠨ ᠤ ᠲᠤᠭᠳᠠᠭᠰᠠᠨ ᠠᠵᠢᠯᠯᠠᠭᠠᠨ ᠤ ᠡᠳᠦᠷ ᠂ ᠨᠠᠮ ᠤᠨ ᠭᠡᠰᠢᠭᠦᠨ ᠤ ᠤᠯᠤᠰ ᠲᠦᠷᠦ ᠶᠢᠨ | ᠲᠦᠷᠦᠭᠰᠡᠨ ᠡᠳᠦᠷ ᠤᠨ ᠠᠵᠢᠯᠯᠠᠭ᠎ᠠ ᠶᠢ ᠪᠦᠬᠦ ᠨᠠᠮ ᠤᠨ ᠭᠡᠰᠢᠭᠦᠨ ᠤ ᠲᠤᠮᠳᠠ ᠪᠦᠷᠬᠦᠬᠦᠯᠵᠦ᠂ ᠨᠠᠮ ᠤᠨ ᠭᠡᠰᠢᠭᠦᠨ | ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ ᠪᠠ ᠴᠢᠳᠡᠪᠦᠷᠢ ᠶᠢᠨ ᠬᠡᠪ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠭᠦᠯᠪᠡ | ᠃ ᠺᠠᠳ᠋ᠷ ᠢ ᠰᠤᠩᠭᠤᠨ ᠲᠡᠪᠰᠢᠭᠦᠯᠵᠤ ᠬᠡᠷᠡᠭᠯᠡᠬᠦ ᠪᠠ ᠬᠠᠮᠢᠶᠠᠷᠬᠤ ᠬᠢᠨᠡᠯᠲᠡ ᠲᠠᠯᠪᠢᠬᠤ ᠠᠵᠢᠯ ᠢ ᠲᠦᠪ ᠴᠢᠩᠭ᠎ᠠ | ᠲᠦᠷᠢᠮᠵᠢᠭᠦᠯᠦᠨ᠂ ᠰᠢᠯᠭᠠᠨ ᠦᠨᠡᠯᠡᠬᠦ ᠪᠠ ᠵᠦᠪ ᠲᠠᠯ᠎ᠠ ᠶᠢᠨ ᠤᠷᠮᠠᠰᠢᠭᠤᠯᠤᠯ ᠤᠨ ᠲᠤᠭᠳᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠪᠡ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ | ᠴᠢᠩᠭᠠᠳᠬᠠᠨ᠂ ᠪᠦᠬᠦ ᠠᠶᠢᠮᠠᠭ ᠤᠨ ᠬᠤᠲᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ | ᠬᠤᠷᠠᠯᠳᠤᠭᠠᠨ ᠢ ᠡᠷᠬᠢᠯᠡᠨ ︽ᠠᠷᠠᠳ ᠢ ᠪᠠᠶᠠᠵᠢᠭᠤᠯᠬᠤ ᠨᠠᠮ ᠤᠨ ᠪᠠᠶᠢᠭᠤᠯᠤᠯᠲᠠ︾ ︽ᠰᠡᠳᠬᠢᠯ ᠢ | ᠲᠤᠯᠠᠭᠠᠴᠠᠭᠤᠯᠬᠤ ᠨᠠᠮ ᠤᠨ ᠪᠠᠶᠢᠭᠤᠯᠤᠯᠲᠠ︾ ︽ ᠠᠮᠢᠵᠢᠷᠠᠯ ᠤᠨ ᠬᠦᠴᠦᠨ ᠲᠠᠢ ᠨᠠᠮ ᠤᠨ ᠪᠠᠶᠢᠭᠤᠯᠤᠯᠲᠠ︾ ︽ | ᠬᠦᠮᠦᠨ ᠢ ᠬᠦᠮᠦᠵᠢᠬᠦᠯᠬᠦ ᠨᠠᠮ ᠤᠨ ᠪᠠᠶᠢᠭᠤᠯᠤᠯᠲᠠ︾ ︽ᠬᠦᠴᠦ ᠶᠢ ᠨᠢᠭᠳᠠᠷᠠᠭᠤᠯᠬᠤ ᠨᠠᠮ ᠤᠨ ᠪᠠᠶᠢᠭᠤᠯᠤᠯᠲᠠ︾ | ︽ᠰᠡᠳᠬᠢᠯ ᠢ ᠬᠤᠯᠪᠤᠬᠤ ᠨᠠᠮ ᠤᠨ ᠪᠠᠶᠢᠭᠤᠯᠤᠯᠲᠠ︾ ᠶᠢ ᠭᠦᠨᠵᠡᠭᠡᠢ ᠠᠬᠢᠭᠤᠯᠵᠤ᠂ ᠨᠠᠮ ᠤᠨ ᠭᠡᠰᠢᠭᠦᠨ ᠢ ᠡᠯᠰᠡᠬᠦ | ᠬᠦᠮᠦᠵᠢᠯ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠠᠷᠢᠶᠠᠨ ᠤ | ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠲᠠᠪᠰᠢᠯᠲᠠ ᠪᠤᠯᠪᠠ᠃ ᠭᠠᠴᠠᠭ᠎ᠠ᠂ ᠨᠡᠶᠢᠭᠡᠮ ᠲᠤᠭᠤᠷᠢᠭ ᠤᠨ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠠᠮᠵᠢᠯᠲᠠ ᠲᠠᠢ ᠪᠡᠶᠡᠯᠡᠭᠦᠯᠪᠡ᠃ | ᠲᠡᠭᠡᠲᠦ ᠱᠠᠳᠤᠨ ᠤ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠵᠠᠰᠠᠨ ᠵᠠᠯᠠᠷᠠᠭᠤᠯᠬᠤ ᠠᠵᠢᠯ | ᠢᠳᠡᠪᠬᠢᠳᠡᠢ ᠦᠷ᠎ᠡ ᠪᠦᠳᠦᠮᠵᠢ ᠤᠯᠵᠤ᠂ ᠠᠷᠪᠠᠨ ᠬᠤᠶᠠᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶ᠎ᠠ | ᠲᠦᠷᠪᠡᠳᠦᠭᠡᠷ ᠡᠭᠡᠯᠵᠢᠨ ᠤ ᠲᠤᠭᠤᠷᠢᠨ ᠪᠠᠶᠢᠴᠠᠭᠠᠯᠲᠠ ᠶᠢ ᠪᠡᠶᠡᠯᠡᠭᠦᠯᠪᠡ᠃ ︽ᠬᠤᠶᠠᠷ ᠬᠠᠷᠢᠭᠤᠴᠠᠯᠭ᠎ᠠ︾ ᠶᠢ | ᠱᠠᠭᠠᠷᠳᠠᠨ ᠵᠢᠯᠤᠭᠤᠳᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠲᠦᠪ ᠬᠤᠷᠢᠶᠠᠨ ᠤ ᠨᠠᠢᠮᠠᠨ ᠵᠦᠢᠯ ᠤᠨ | ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠱᠠᠭᠠᠷᠳᠠᠨ ᠪᠠᠶᠢᠴᠠᠭᠠᠬᠤ ᠶᠢ | ᠴᠢᠩᠭᠠᠳᠬᠠᠨ᠂ ᠶᠠᠳᠠᠭᠤ ᠶᠢ ᠲᠡᠳᠭᠦᠬᠦ ᠬᠦᠷᠢᠶ᠎ᠡ ᠬᠡᠪᠴᠢᠶᠡᠨ ᠤ ᠢᠯᠵᠠᠷᠠᠮᠠᠯ ᠪᠠ ᠰᠤᠷᠳᠠᠯ ᠤᠨ ᠠᠰᠠᠭᠤᠳᠠᠯ᠂ ︽ | ᠦᠩᠭᠡᠷᠡᠬᠦ ᠭᠠᠯᠠᠭᠤᠨ ᠤ ᠦᠳᠦ ᠶᠢ ᠵᠤᠯᠭᠠᠭᠠᠬᠤ︾ ᠬᠡᠯᠪᠡᠷᠢ ᠶᠢᠨ ᠢᠯᠵᠡᠷᠡᠮᠡᠯ ᠤᠨ ᠠᠰᠠᠭᠤᠳᠠᠯ᠂ ᠲᠦᠷᠪᠡᠨ | ᠰᠤᠷᠳᠠᠯ ᠤᠨ ᠠᠰᠠᠭᠤᠳᠠᠯ ᠤᠨ ᠰᠢᠨ᠎ᠡ ᠢᠯᠡᠷᠡᠯ ᠢ ᠲᠤᠰᠬᠠᠢ ᠵᠠᠰᠠᠨ ᠴᠡᠭᠴᠡᠯᠡᠬᠦ ᠶᠢ ᠨᠠᠷᠢᠨ ᠬᠢᠨᠠᠮᠠᠭᠠᠢ ᠦᠷᠨᠢᠭᠦᠯᠵᠦ᠂ | ᠤᠯᠠᠨ ᠲᠦᠮᠡᠨ ᠤ ᠬᠠᠵᠠᠭᠤ ᠳᠠᠬᠢ ᠲᠦᠪ ᠪᠤᠰᠤ ᠰᠤᠷᠲᠠᠯ ᠪᠠ ᠢᠯᠵᠡᠷᠡᠮᠡᠯ ᠠᠰᠠᠭᠤᠳᠠᠯ ᠢ ᠲᠦᠪ ᠴᠢᠩᠭ᠎ᠠ | ᠪᠠᠶᠢᠴᠠᠭᠠᠨ ᠰᠢᠢᠳᠪᠦᠷᠢᠯᠡᠵᠦ᠃ ︽ᠲᠦᠷᠪᠡᠨ ᠰᠤᠷᠳᠠᠯ︾ ᠤᠨ ᠦᠷᠢᠰᠦᠨ ᠬᠦᠭᠵᠢᠬᠦ ᠶᠢ ᠰᠡᠷᠭᠡᠶᠢᠯᠡᠨ ᠵᠤᠭᠰᠤᠭᠠᠪᠠ᠃ | ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨᠠᠨ ᠪᠠᠶᠢᠴᠠᠭᠠᠬᠤ ᠠᠯᠪᠠᠨ ᠭᠡᠷ ᠪᠦᠬᠦᠨ ᠢᠶᠠᠷ ᠲᠡᠭᠡᠨ ᠢᠯᠡᠷᠭᠡᠶᠢᠯᠡᠯ | ᠡᠯᠭᠦᠨ ᠪᠠᠶᠢᠭᠤᠯᠤᠭᠳᠠᠵᠤ᠂ ᠬᠢᠨᠠᠨ ᠪᠠᠶᠢᠴᠠᠭᠠᠬᠤ ᠬᠢᠨᠡᠯᠲᠡ ᠲᠠᠯᠪᠢᠬᠤ ᠠᠵᠢᠯ ᠶᠢ ᠪᠦᠬᠦ ᠲᠠᠯ᠎ᠠ ᠪᠠᠷ ᠲᠤᠭᠳᠠᠭᠤᠨ | ᠠᠬᠢᠭᠤᠯᠪᠠ᠃ ᠪᠦᠬᠦ ᠵᠢᠯ ᠳᠤ ᠬᠦᠯᠢᠶᠡᠨ ᠠᠪᠤᠭᠰᠠᠨ ᠢᠯᠡᠴᠢᠯᠡᠨ ᠮᠡᠳᠡᠭᠦᠯᠦᠯᠲᠡ345᠂ ᠠᠰᠠᠭᠤᠳᠠᠯ ᠤᠨ | ᠰᠦᠪᠡᠭᠴᠢ ᠶᠢ ᠰᠢᠢᠳᠪᠦᠷᠢᠯᠡᠭᠰᠡᠨ ᠨᠢ 208 ᠂ ᠬᠡᠷᠡᠭ ᠪᠤᠯᠭᠠᠭᠰᠠᠨ ᠨᠢ 82᠂ ᠨᠠᠮ ᠤᠨ ᠰᠠᠬᠢᠯᠭ᠎ᠠ ᠵᠠᠰᠠᠭ ᠤᠨ | ᠶᠠᠪᠤᠳᠠᠯ ᠤᠨ ᠰᠢᠳᠭᠡᠯ ᠤᠯᠭᠤᠭᠰᠠᠨ 78 ᠬᠦᠮᠦᠨ ᠤᠳᠠᠭ᠎ᠠ᠂ ᠲᠦᠪ ᠰᠤᠷᠳᠠᠯ ᠴᠢᠩᠭ᠎ᠠ ᠰᠠᠬᠢᠯᠭ᠎ᠠ ᠂ ᠢᠯᠵᠡᠷᠡᠮᠡᠯ ᠢ | ᠡᠰᠡᠷᠭᠦᠴᠡᠬᠦ ᠦᠨᠳᠦᠷ ᠲᠠᠷᠤᠯᠲᠠ ᠶᠢᠨ ᠪᠠᠶᠢᠳᠠᠯ ᠢ ᠪᠠᠷᠢᠮᠳᠠᠯᠠᠵᠦ ᠢᠷᠡᠪᠡ᠃ | ᠲᠡᠭᠡᠷᠡᠬᠢ ᠪᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠠᠵᠢᠯ ᠪᠤᠯᠤᠨ᠎ᠠ᠃ | ᠡᠳᠡᠭᠡᠷ ᠠᠮᠵᠢᠯᠲᠠ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ | ᠳ᠋ᠦᠩ ᠮᠦᠨ᠂ ᠨᠠᠮ ᠤᠨ ᠲᠦᠪ ᠬᠤᠷᠢᠶ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠪᠦᠬᠦ ᠬᠤᠲᠠ ᠶᠢᠨ ᠡᠯ᠎ᠡ | ᠦᠨᠳᠦᠰᠦᠳᠡᠨ ᠤ ᠺᠠᠳ᠋ᠷ ᠤᠯᠠᠨ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ | ᠬᠤᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠡᠯᠡᠳᠭᠡᠯ ᠭᠡᠰᠢᠭᠦᠨ ᠪᠠ ᠬᠤᠲᠠ ᠶᠢᠨ ᠡᠯ᠎ᠡ ᠶᠡᠭᠡ ᠪᠠᠭ᠂ ᠡᠯ᠎ᠡ | ᠱᠠᠳᠤ ᠡᠯ᠎ᠡ ᠰᠠᠯᠠᠭ᠎ᠠ ᠮᠦᠴᠢᠷ᠂ ᠪᠠᠶᠢᠩᠭᠤ ᠶᠢᠨ ᠬᠤᠷᠢᠶᠠᠨ ᠳᠤ ᠭᠦᠢᠴᠡᠳ ᠢᠳᠡᠭᠡᠯ ᠪᠠ ᠶᠡᠭᠡ ᠬᠡᠮᠵᠢᠶᠡᠨ ᠤ | ᠲᠡᠮᠵᠢᠯᠭᠡ ᠶᠢ ᠦᠵᠡᠭᠦᠯᠪᠡ᠃ ᠪᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ | ᠨᠦᠬᠦᠳ ᠲᠤ ᠭᠦᠨ ᠲᠠᠯᠠᠷᠬᠠᠵᠤ ᠪᠠᠶᠢᠬᠤ ᠪᠠᠨ ᠢᠯᠡᠳᠭᠡᠶ᠎ᠡ᠃ | ᠨᠠᠮ ᠰᠠᠭᠤᠨ ᠲᠠᠶᠠᠩ ᠢ ᠰᠡᠳᠬᠢᠵᠦ᠂ ᠭᠦᠴᠢᠷ ᠢ ᠮᠡᠳᠡᠷᠡᠨ ᠤᠷᠤᠭᠰᠢᠯᠠᠨ᠎ᠠ᠃ ᠠᠮᠵᠢᠯᠲᠠ ᠪᠠᠨ ᠨᠤᠳᠠᠯᠠᠬᠤ ᠶᠢᠨ | ᠲᠠᠭᠠᠤ᠂ ᠪᠢᠳᠡ ᠪᠠᠰᠠ ᠦᠨᠳᠦᠷ ᠴᠢᠨᠠᠷᠵᠢᠯ ᠲᠠᠢ ᠬᠦᠭᠵᠢᠯᠲᠡ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ᠂ | ᠪᠢᠳᠡᠨ ᠳᠤ ᠲᠤᠩ ᠠᠷᠪᠢᠨ ᠬᠦᠴᠢᠷ᠂ ᠵᠦᠷᠢᠴᠡᠯ ᠪᠠ ᠲᠡᠮᠡᠴᠡᠭᠡᠨᠲ᠋ᠤᠯᠭᠠᠷᠠᠵᠤ᠂ ᠭᠡᠰᠡᠭ ᠠᠵᠢᠯ ᠲᠦᠷᠦᠯ ᠪᠠ | ᠬᠦᠷᠢᠶ᠎ᠡ ᠬᠡᠪᠴᠢᠶᠡᠨ ᠳᠤ ᠮᠦᠨ ᠯᠡ ᠲᠤᠮᠤ ᠴᠢᠬᠤᠯᠡ ᠠᠶᠤᠯ ᠢ ᠰᠡᠷᠭᠡᠶᠢᠯᠡᠨ ᠨᠠᠮᠳᠠᠭᠤᠯᠬᠤ ᠡᠭᠦᠷᠭᠡ ᠤᠷᠤᠰᠢᠵᠦ᠂ | ᠭᠦᠭᠵᠢᠯᠲᠡ ᠶᠢᠨ ᠴᠢᠨᠠᠷᠵᠢᠯ ᠪᠠ ᠦᠷ᠎ᠡ ᠠᠰᠢᠭ ᠪᠠᠰᠠ ᠦᠨᠳᠦᠷ ᠦᠭᠡᠢ ᠪᠠᠶᠢᠵᠤ᠂ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠬᠤ ᠡᠭᠦᠷᠭᠡ ᠬᠦᠴᠢᠷ ᠪᠡᠷᠭᠡ ᠲᠠᠢ ᠪᠠᠶᠢᠬᠤ︔ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠬᠢᠴᠠ | ᠲᠦᠷᠭᠡᠨ ᠦᠭᠡᠢ᠂ ᠡᠳ᠋ ᠤᠨ ᠵᠠᠰᠠᠭ ᠭᠠᠶᠢᠯᠢ ᠶᠢᠨ ᠢᠷᠡᠯᠲᠡ ᠶᠢ ᠲᠤᠯᠭᠠᠭᠤᠷᠢᠯᠠᠬᠤ ᠲᠤᠮᠤ ᠲᠦᠷᠦᠯ ᠵᠦᠢᠯ᠂ ᠰᠠᠶᠢᠨ | ᠲᠦᠷᠦᠯ ᠵᠦᠢᠯ ᠨᠡᠯᠢᠶᠡᠳ ᠴᠦᠭᠡᠨ᠂ ᠲᠦᠷᠦᠯ ᠵᠦᠢᠯ ᠤᠨ ᠠᠰᠠᠭᠤᠳᠠᠯ ᠢ ᠤᠳᠠᠭᠠᠨ ᠶᠠᠷᠢᠪᠠᠴᠤ ᠪᠦᠳᠦᠭᠡᠵᠦ | ᠴᠢᠳᠠᠬᠤ ᠦᠭᠡᠢ ᠦᠵᠡᠭᠳᠡᠯ ᠤᠷᠤᠰᠢᠭᠰᠠᠭᠠᠷ ᠪᠠᠶᠢᠬᠤ︔ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ | ᠵᠠᠮ ᠴᠦᠭᠡᠨ᠂ ᠵᠠᠰᠠᠭ ᠤᠨ ᠤᠷᠳᠤᠨ ᠤ ᠦᠷᠢ ᠶᠢᠨ ᠶᠠᠪᠤᠳᠠᠯ ᠢ ᠨᠠᠮᠳᠠᠭᠤᠯᠬᠤ ᠡᠭᠦᠷᠭᠡ ᠬᠦᠨᠳᠦ᠂ ᠤᠷᠤᠯᠭ᠎ᠠ | ᠵᠠᠷᠤᠯᠭ᠎ᠠ ᠶᠢᠨ ᠵᠦᠷᠢᠴᠡᠯ ᠡᠳᠦᠷ ᠢᠷᠡᠬᠦᠶ᠎ᠡ ᠲᠤᠪᠤᠶᠢᠮ᠎ᠠ ᠪᠤᠯᠵᠤ᠂ ᠴᠠᠯᠢᠩ ᠢ ᠪᠠᠳᠤᠯᠠᠬᠤ᠂ ᠡᠷᠭᠢᠯᠲᠡ ᠶᠢ ᠪᠠᠳᠤᠯᠠᠬᠤ᠂ | ᠠᠷᠠᠳ ᠤᠨ ᠠᠮᠢᠳᠤᠷᠠᠯ ᠢ ᠪᠠᠳᠤᠯᠠᠬᠤ ᠲᠠᠷᠤᠭᠠᠰᠤ ᠪᠠᠰᠠ ᠤᠯᠠᠮ ᠨᠢᠭᠡ ᠠᠯᠬᠤᠮ ᠨᠡᠮᠡᠭᠳᠡᠭᠰᠡᠨ︔ ᠡᠬᠢ ᠪᠠᠶᠠᠯᠢᠭ | ᠤᠷᠴᠢᠨ ᠲᠤᠭᠤᠷᠢᠨ ᠤ ᠬᠢᠵᠠᠭᠠᠷᠯᠠᠯ ᠤᠨ ᠬᠠᠨᠳᠤᠰᠢ ᠪᠠᠴᠢᠮ᠂ ᠠᠮᠢ ᠠᠬᠤᠢ ᠶᠢᠨ ᠪᠠᠶᠢᠭᠤᠯᠤᠯᠲᠠ ᠪᠠ ᠤᠷᠴᠢᠨ | ᠲᠤᠭᠤᠷᠢᠨ ᠢ ᠬᠠᠮᠠᠭᠠᠯᠠᠬᠤ ᠡᠭᠦᠷᠭᠡ ᠬᠦᠨᠲᠦ︔ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ᠂ | ᠰᠤᠷᠭᠠᠨ ᠬᠦᠮᠦᠵᠢᠯ᠂ ᠠᠵᠢᠯ ᠤᠯᠭᠤᠯᠲᠠ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠤᠷᠤᠨ ᠰᠠᠭᠤᠴᠠ ᠵᠡᠷᠭᠡ | ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠠ ᠪᠠᠰᠠ ᠪᠠᠭ᠎ᠠ ᠪᠤᠰᠤ ᠡᠮᠵᠢᠭ ᠲᠠᠢ ᠪᠠᠶᠢᠬᠤ︔ ᠨᠡᠶᠢᠭᠡᠮ ᠤᠨ ᠪᠡᠯᠡ | ᠤᠷᠤᠭᠤᠯᠤᠯᠲᠠ ᠶᠢᠨ ᠠᠮᠢᠵᠢᠷᠠᠯ ᠤᠨ ᠬᠦᠴᠦᠨ ᠪᠠᠭᠤᠷᠠᠢ᠂ ᠬᠦᠷᠦᠩᠭᠡ ᠨᠡᠶᠢᠯᠡᠬᠦᠯᠬᠦ ᠳᠤ ᠭᠦᠴᠢᠷ᠂ ᠬᠦᠷᠦᠩᠭᠡ | ᠨᠡᠶᠢᠯᠡᠭᠦᠯᠬᠦ ᠳᠤ ᠦᠨᠡᠳᠡᠢ᠂ ᠦᠷᠳᠡᠭ ᠦᠨᠳᠦᠷ ᠵᠡᠷᠭᠡ ᠠᠰᠠᠭᠤᠳᠠᠯ ᠲᠤᠪᠤᠶᠢᠮ᠎ᠠ ᠪᠠᠶᠢᠭᠰᠠᠭᠠᠷ ᠪᠠᠶᠢᠵᠤ᠂ ᠠᠵᠤ | ᠠᠬᠤᠶᠢᠯᠠᠯ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠦᠨᠳᠦᠷ ᠦᠭᠡᠢ᠂ ᠤᠯᠠᠨ ᠲᠦᠮᠡᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠦᠢᠯᠡᠴᠢᠯᠡᠬᠦ ᠴᠤᠩᠬᠤ ᠶᠢᠨ ᠰᠤᠷᠳᠠᠯ ᠤᠨ ᠪᠤᠳᠠᠳᠠᠢ ᠪᠤᠰᠤ ᠦᠵᠡᠭᠳᠡᠯ ᠳᠤ | ᠤᠯᠠᠨ ᠤᠳᠠᠭ᠎ᠠ ᠲᠤᠰᠬᠠᠯ ᠭᠠᠷᠭᠠᠵᠤ᠂ ᠪᠡᠯᠡ ᠤᠷᠤᠭᠤᠯᠬᠤ ᠬᠦᠭᠵᠢᠯᠲᠡ ᠶᠢᠨ ᠤᠷᠴᠢᠨ ᠲᠤᠭᠤᠷᠢᠨ ᠢ ᠪᠠᠰᠠ | ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ︔ ᠰᠢᠨ᠎ᠡ ᠪᠠᠶᠢᠳᠠᠯ ᠰᠢᠨ᠎ᠡ ᠡᠭᠦᠷᠭᠡ ᠳᠤ᠂ ᠺᠠᠳ᠋ᠷ ᠠᠵᠢᠯ | ᠬᠢᠵᠦ ᠦᠢᠯᠡᠰ ᠪᠤᠰᠬᠠᠨ᠂ ᠮᠡᠷᠡᠶᠢᠨ ᠲᠡᠮᠡᠴᠡᠵᠦ ᠤᠷᠤᠭᠰᠢᠯᠠᠬᠤ ᠵᠤᠷᠢᠭ ᠲᠤᠳᠠᠮᠠᠭ ᠪᠠᠶᠢᠵᠤ᠂ ᠤᠨᠴᠠ ᠵᠠᠷᠢᠮ ᠺᠠᠳ᠋ᠷ | ᠪᠤᠳᠤᠬᠤ ᠦᠭᠡᠢ᠂ ᠵᠤᠷᠢᠭᠯᠠᠬᠤ ᠦᠭᠡᠢ᠂ ᠴᠢᠳᠠᠬᠤ ᠦᠭᠡᠢ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠬᠦᠷᠦᠯᠴᠡᠬᠦ | ᠦᠭᠡᠢ᠂ ᠲᠦᠷᠦ ᠶᠢᠨ ᠪᠤᠳᠤᠯᠭ᠎ᠠ ᠶᠢ ᠨᠡᠪᠳᠡᠷᠡᠳᠡᠯ᠎ᠡ ᠰᠤᠳᠤᠯᠬᠤ ᠦᠭᠡᠢ᠂ ᠬᠡᠷᠡᠭᠵᠢᠬᠦᠯᠵᠦ ᠨᠠᠶᠢᠳᠠᠪᠤᠷᠢᠵᠢᠭᠤᠯᠬᠤ | ᠬᠦᠴᠦᠯᠡᠴᠡ ᠨᠢ ᠬᠦᠷᠦᠯᠴᠡᠬᠦ ᠦᠭᠡᠢ ᠦᠵᠡᠭᠳᠡᠯ ᠤᠷᠤᠰᠢᠭᠰᠠᠭᠠᠷ ᠪᠠᠶᠢᠬᠤ︔ ᠵᠡᠷᠭᠡ ᠡᠳᠡᠭᠡᠷ ᠨᠢ ᠴᠦᠮ ᠮᠠᠨ ᠤ | ᠡᠮᠦᠨᠡᠬᠢ ᠵᠠᠶᠢᠯᠠᠵᠤ ᠪᠤᠯᠤᠰᠢ ᠦᠭᠡᠢ ᠪᠤᠳᠠᠳᠤ ᠠᠰᠠᠭᠤᠳᠠᠯ ᠭᠡᠳᠡᠭ ᠢ ᠰᠡᠷᠭᠡᠭ ᠢᠶᠠᠷ ᠲᠠᠨᠢᠬᠤ ᠴᠢᠬᠤᠯᠠᠲᠠᠢ᠃ ᠦᠨᠦ | ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠭᠡᠪᠡᠯ᠂ ᠲᠠᠷᠤᠢ ᠪᠤᠳᠠᠳᠤ ᠪᠠᠶᠢᠳᠠᠯ ᠤᠨ ᠵᠤᠭᠰᠤᠴᠠ ᠠᠴᠠ | ᠠᠰᠠᠭᠤᠳᠠᠯ ᠢ ᠲᠤᠳᠤᠷᠬᠠᠢ ᠲᠠᠨᠢᠵᠤ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠠᠵᠤ ᠠᠬᠤᠢ ᠶᠢ ᠠᠳᠬᠤᠨ ᠬᠦᠭᠵᠢᠯᠲᠡ ᠶᠢ ᠠᠬᠢᠭᠤᠯᠬᠤ ᠳᠤ᠂ ᠪᠢᠳᠠ ᠠᠰᠠᠭᠤᠳᠠᠯ ᠤᠨ ᠴᠢᠭᠯᠡᠯ ᠢ ᠪᠠᠷᠢᠮᠳᠠᠯᠠᠬᠤ | ᠮᠦᠷᠳᠡᠭᠡᠨ᠂ ᠬᠦᠭᠵᠢᠯᠲᠡ ᠶᠢᠨ ᠲᠤᠮᠳᠠ ᠤᠷᠤᠰᠢᠵᠦ ᠪᠠᠶᠢᠬᠤ ᠬᠦᠴᠢᠷ᠂ ᠠᠰᠠᠭᠤᠳᠠᠯ ᠪᠠ ᠲᠡᠮᠡᠴᠡᠭᠡᠨ᠂ | ᠦᠶᠡᠷ ᠤᠨ ᠡᠮᠦᠨᠡᠬᠢ ᠦᠨᠳᠦᠷ ᠬᠠᠰᠢᠯᠭ᠎ᠠ ᠪᠠᠷᠢᠬᠤ ᠳᠤ᠂ ᠢᠳᠡᠪᠬᠢᠲᠡᠢ ᠬᠠᠨᠳᠤᠬᠤ ᠶᠢ ᠵᠦᠪ ᠤᠨᠤᠪᠴᠢᠲᠠᠢ | ᠲᠠᠨᠢᠵᠤ᠂ ᠪᠠᠰᠠ ᠬᠦᠭᠵᠢᠯᠲᠡ ᠳᠤ ᠠᠰᠢᠭᠲᠠᠢ ᠨᠦᠬᠦᠴᠡᠯ ᠢ ᠤᠯᠵᠤ ᠬᠠᠷᠠᠨ᠂ ᠵᠠᠪ ᠲᠤᠬᠢᠶᠠᠯ ᠢ ᠠᠳᠬᠤᠨ᠂ | ᠪᠠᠶᠢᠳᠠᠯ ᠢ ᠠᠵᠢᠨ ᠲᠠᠪᠰᠢᠬᠤ ᠬᠡᠷᠡᠭᠳᠡᠢ᠃ ᠤᠷᠴᠢᠮ ᠤᠨ ᠬᠤᠭᠤᠴᠠᠭᠠᠨ ᠳᠤ᠂ ᠲᠦᠪ ᠬᠤᠷᠢᠶ᠎ᠠ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠦ ᠠᠬᠤᠢ ᠶᠢᠨ ᠠᠵᠢᠯ ᠤᠨ | ᠬᠤᠷᠠᠯ ᠢ ᠵᠠᠯᠭᠠᠪᠠᠷ ᠬᠤᠷᠠᠯᠳᠤᠵᠤ᠂ ᠴᠦᠮ ᠤᠳᠤᠬᠠᠨ ᠳᠤ ᠪᠢᠳᠡ ᠪᠠᠰᠠᠯᠠ ᠤᠷᠲᠤ ᠬᠤᠭᠤᠴᠠᠭ᠎ᠠ ᠪᠠᠷ ᠴᠢᠬᠤᠯᠡ | ᠪᠠᠶᠢᠯᠳᠤᠬᠤ ᠪᠤᠳᠤᠯᠭ᠎ᠠ ᠶᠢᠨ ᠵᠠᠪ ᠲᠤᠬᠢᠶᠠᠯ ᠤᠨ ᠲᠤᠬᠢᠶᠠᠯᠳᠤᠬᠤ ᠬᠤᠭᠤᠴᠠᠭᠠᠨ ᠳᠤ ᠤᠷᠤᠰᠢᠵᠦ᠂ ᠨᠢᠭᠡ ᠴᠤᠪᠤᠷᠠᠯ | ᠰᠢᠨ᠎ᠡ ᠪᠠᠶᠢᠯᠳᠤᠬᠤ ᠪᠤᠳᠤᠯᠭ᠎ᠠ᠂ ᠰᠢᠨ᠎ᠡ ᠠᠷᠭ᠎ᠠ ᠠᠪᠴᠠᠯ ᠢ ᠲᠤᠷᠠᠳᠤᠨ ᠭᠠᠷᠭᠠᠭᠰᠠᠨ ᠨᠢ᠂ ᠰᠢᠯᠢ ᠶᠢᠨ ᠬᠤᠲᠠ ᠶᠢᠨ | ᠠᠵᠤ ᠠᠬᠤᠢ ᠨᠡᠶᠢᠭᠡᠮ ᠤᠨ ᠦᠨᠳᠦᠷ ᠴᠢᠨᠠᠷᠵᠢᠯ ᠲᠠᠢ ᠬᠦᠭᠵᠢᠯᠲᠡ ᠳᠤ ᠲᠤᠮᠤ ᠴᠢᠬᠤᠯᠡ ᠲᠤᠬᠢᠶᠠᠯ ᠢ ᠠᠪᠴᠢᠷᠠᠭᠰᠠᠨ | ᠪᠠᠶᠢᠨ᠎ᠠ᠃ ᠨᠢᠭᠡ ᠳᠤ ᠤᠯᠤᠰ ᠤᠨ ᠲᠤᠳᠤᠭᠠᠲᠦ ᠶᠢᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠵᠠᠪ | ᠲᠤᠬᠢᠶᠠᠯ ᠢ ᠠᠪᠴᠢᠷᠠᠪᠠ᠃ ᠨᠠᠮ ᠤᠨ ᠲᠦᠪ ᠬᠤᠷᠢᠶ᠎ᠠ ᠬᠤᠷᠸ᠎ᠠ ᠲᠦᠷᠦ ᠶᠢᠨ ᠪᠤᠳᠤᠯᠭ᠎ᠠ ᠶᠢ ᠴᠢᠩᠭᠠᠳᠬᠠᠬᠤ ᠳᠤ | ᠰᠦᠷᠭᠡᠦ ᠦᠶᠡᠯᠡᠯ ᠤᠨ ᠬᠤᠭᠤᠴᠠᠭ᠎ᠠ ᠶᠢ ᠲᠤᠬᠢᠷᠠᠭᠤᠯᠵᠤ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ | ᠪᠠᠷᠠᠭᠠᠨ ᠤ ᠵᠤᠭᠤᠰᠤᠨ ᠤ ᠲᠦᠷᠦ ᠶᠢᠨ ᠪᠤᠳᠤᠯᠭ᠎ᠠ ᠶᠢ ᠲᠤᠭᠳᠠᠭᠤᠨ ᠪᠠᠶᠢᠯᠭᠠᠬᠤ ᠶᠢ ᠦᠷᠭᠦᠯᠵᠢᠯᠡᠨ ᠢᠳᠡᠪᠬᠢᠲᠡᠢ | ᠬᠡᠷᠡᠭᠵᠢᠭᠦᠯᠵᠦ᠂ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠰᠬᠠᠢ ᠲᠦᠷᠦᠯ ᠤᠨ ᠦᠷᠢ ᠶᠢᠨ ᠲᠡᠮᠳᠡᠭ ᠤᠨ | ᠬᠡᠪᠴᠢᠶ᠎ᠡ ᠶᠢ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠡᠨᠡ ᠨᠢ ᠮᠠᠨ ᠤ ᠭᠤᠷᠪᠠᠨ ᠶᠡᠭᠡ ᠪᠠᠬᠢᠯᠡᠯᠲᠡ | ᠲᠠᠭᠠᠷᠢᠬᠤ᠂ ᠡᠳ᠋ ᠤᠨ ᠵᠠᠰᠠᠭ ᠤᠨ ᠲᠠᠷᠤᠭᠠᠰᠤ ᠶᠢ ᠬᠦᠩᠭᠡᠯᠡᠬᠦ ᠳᠤ ᠠᠰᠢᠭᠲᠠᠢ︔ ᠲᠦᠪ ᠬᠤᠷᠢᠶᠠᠨ ᠤ ᠲᠤᠷᠠᠳᠤᠨ | ᠭᠠᠷᠭᠠᠭᠰᠠᠨ ᠤᠯᠤᠰ ᠤᠨ ᠲᠤᠳᠤᠭᠠᠲᠦ ᠶᠢᠨ ᠬᠦᠴᠦᠷᠭᠡᠭ ᠲᠤᠮᠤ ᠵᠠᠬ᠎ᠠ ᠲᠡᠯᠭᠡᠭᠦᠷ ᠢ ᠪᠦᠷᠢᠳᠦᠭᠦᠯᠬᠦ ᠶᠢ ᠠᠬᠢᠭᠤᠯᠵᠤ | ᠂ ᠪᠡᠯᠡ ᠤᠷᠤᠭᠤᠯᠬᠤ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠬᠤ ᠨᠢ᠂ ᠨᠢᠭᠡ ᠪᠦᠯᠦᠭ ᠡᠮᠵᠢᠭ ᠢ ᠨᠦᠬᠦᠪᠦᠷᠢᠯᠡᠵᠦ | ᠂ ᠨᠦᠭᠡᠴᠡ ᠬᠦᠴᠦᠨ ᠤ ᠲᠤᠮᠤ ᠴᠢᠬᠤᠯᠡ ᠲᠦᠷᠦᠯ ᠵᠦᠢᠯ ᠢ ᠨᠡᠮᠡᠭᠳᠡᠭᠦᠯᠵᠤ᠂ ᠵᠠᠮ ᠬᠠᠷᠢᠯᠴᠠᠭ᠎ᠠ᠂ ᠤᠰᠤᠨ | ᠠᠰᠢᠭᠯᠠᠯᠲᠠ᠂ ᠡᠨᠧᠷᠬᠢ᠂ ᠠᠮᠢ ᠠᠬᠤᠢ ᠶᠢᠨ ᠬᠠᠮᠠᠭᠠᠯᠠᠯᠲᠠ᠂ ᠬᠦᠳᠡᠭᠡ ᠠᠵᠤ ᠠᠬᠤᠢ ᠬᠦᠳᠡᠭᠡ ᠲᠤᠰᠬᠤᠨ᠂ | ᠬᠤᠲᠠ ᠶᠢᠨ ᠵᠠᠰᠠᠭ᠂ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ | ᠬᠡᠪᠴᠢᠶ᠎ᠡ ᠪᠠ ᠪᠠᠭᠤᠷᠠᠢ ᠭᠤᠭᠴᠤᠭᠠᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠠᠭ ᠵᠠᠩᠭᠢ ᠲᠤᠤᠷ ᠰᠦᠯᠵᠢᠶ᠎ᠡ᠂ | ᠤᠳᠤ ᠦᠶ᠎ᠡ ᠶᠢᠨ ᠪᠠᠷᠠᠭ᠎ᠠ ᠵᠦᠭᠡᠭᠡᠪᠦᠷᠢᠯᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠲᠤᠯᠭᠠᠭᠤᠷᠢᠯᠠᠬᠤ ᠴᠢᠳᠡᠪᠦᠷᠢ ᠶᠢ | ᠲᠡᠭᠡᠭᠰᠢᠯᠡᠬᠦᠯᠵᠦ᠂ ᠡᠨᠡ ᠨᠢ ᠮᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠡ ᠬᠡᠪᠴᠢᠶᠡᠨ ᠤ | ᠡᠮᠵᠢᠭ ᠢ ᠲᠦᠷᠭᠡᠨ ᠨᠦᠬᠦᠵᠤ᠂ ᠦᠷ᠎ᠡ ᠪᠦᠳᠦᠮᠵᠢ ᠲᠠᠢ ᠪᠡᠯᠡ ᠤᠷᠤᠭᠤᠯᠤᠯᠲᠠ ᠶᠢ ᠦᠷᠭᠡᠳᠭᠡᠬᠦ ᠳᠤ ᠲᠤᠰᠠᠲᠠᠢ︔ | ᠲᠦᠪ ᠬᠤᠷᠢᠶ᠎ᠠ ᠪᠠᠷᠠᠭᠤᠨ ᠤᠷᠤᠨ ᠤ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ | ᠲᠡᠭᠦᠯᠳᠡᠷᠵᠢᠭᠦᠯᠦᠨ ᠲᠡᠮᠵᠢᠬᠦ ᠶᠢ ᠴᠢᠬᠤᠯᠠᠴᠢᠯᠠᠭᠰᠠᠨ ᠨᠢ᠂ ᠵᠡᠭᠦᠨ ᠬᠤᠶᠢᠲᠦ ᠤᠷᠤᠨ ᠢ ᠪᠦᠬᠦ ᠲᠠᠯ᠎ᠠ ᠪᠠᠷ | ᠬᠦᠭᠵᠢᠬᠦᠯᠵᠦ᠂ ᠬᠤᠪᠢᠰᠬᠠᠯ ᠤᠨ ᠬᠠᠭᠤᠴᠢᠨ ᠤᠷᠤᠨ ᠂ ᠦᠨᠳᠦᠰᠦᠳᠡᠨ ᠤ ᠭᠠᠵᠠᠷ ᠤᠷᠤᠨ᠂ ᠬᠢᠯᠢ ᠬᠢᠵᠠᠭᠠᠷ ᠤᠨ | ᠭᠠᠵᠠᠷ ᠤᠷᠤᠨ᠂ ᠶᠠᠳᠠᠭᠤ ᠬᠦᠴᠢᠷᠲᠡᠢ ᠭᠠᠵᠠᠷ ᠤᠷᠤᠨ ᠤ ᠲᠦᠷᠭᠡᠨ ᠬᠦᠭᠵᠢᠯᠲᠡ ᠳᠤ ᠦᠷᠭᠦᠯᠵᠢᠯᠡᠨ ᠤᠨᠴᠠᠭᠠᠢ | ᠲᠦᠷᠦ ᠶᠢᠨ ᠪᠤᠳᠤᠯᠭ᠎ᠠ ᠶᠢ ᠠᠪᠬᠤ ᠨᠢ᠂ ᠡᠳᠡᠭᠡᠷ ᠵᠦᠷᠢᠶᠡᠨᠳᠡᠢ ᠪᠤᠯᠤᠭᠰᠠᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠨᠢ ᠡᠷᠬᠡᠪᠰᠢ ᠮᠠᠨ ᠤ ᠬᠤᠲᠠ ᠶᠢᠨ ᠤᠷᠤᠨ ᠨᠤᠳᠤᠭ ᠤᠨ ᠦᠷᠢᠰᠦᠯᠳᠦᠭᠡᠨ ᠤ ᠲᠤᠮᠳᠠ ᠨᠡᠩ ᠶᠡᠭᠡ | ᠲᠠᠪᠠᠭᠤᠯᠢᠭ ᠢ ᠤᠯᠬᠤ ᠪᠤᠯᠭᠠᠨ᠎ᠠ᠃ ᠬᠤᠶᠠᠷ ᠲᠤ᠂ ᠠᠶᠢᠮᠠᠭ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠵᠠᠪ ᠲᠤᠬᠢᠶᠠᠯ ᠢ ᠠᠪᠴᠢᠷᠠᠪᠠ᠃ ᠦᠪᠡᠷᠳᠡᠭᠡᠨ ᠵᠠᠰᠠᠬᠤ ᠤᠷᠤᠨ ᠨᠢᠭᠡᠨᠲᠡ ᠤᠳᠤ ᠦᠶ᠎ᠡ ᠶᠢᠨ | ᠡᠨᠧᠷᠬᠢ ᠶᠢᠨ ᠠᠵᠤ ᠠᠬᠤᠢ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠶᠢᠨ | ᠭᠦᠳᠦᠯᠪᠦᠷᠢ ᠪᠠ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠢᠭᠡᠨᠲᠡ ᠨᠠᠶᠢᠷᠠᠭᠤᠯᠤᠨ ᠪᠢᠴᠢᠵᠦ | ᠲᠠᠭᠤᠰᠬᠠᠨ᠂ ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠲᠠᠭᠤᠷᠢᠶᠠᠯ ᠦᠵᠡᠭᠦᠯᠬᠦ ᠲᠤᠭᠤᠷᠢᠭ | ᠲᠤ ᠵᠢᠭᠰᠠᠭᠠᠭᠳᠠᠬᠤ ᠪᠠᠷ ᠶᠠᠭ ᠰᠠᠶᠢᠬᠠᠨ ᠴᠢᠷᠮᠡᠶᠢᠵᠦ ᠂ ᠡᠭᠦᠨ ᠤ ᠬᠠᠮᠲᠤ ᠪᠠᠰᠠ ᠵᠠᠰᠠᠮᠠᠯ ᠵᠠᠮ᠂ ᠲᠡᠮᠦᠷ ᠵᠠᠮ ᠤᠨ | ᠰᠠᠭᠤᠷᠢ ᠲᠦᠬᠦᠭᠡᠷᠦᠮᠵᠢ ᠶᠢᠨ ᠲᠠᠯ᠎ᠠ ᠪᠠᠷ ᠤᠯᠤᠰ ᠤᠨ ᠲᠡᠮᠵᠢᠯᠭᠡ ᠪᠠ ᠪᠠᠶᠢᠷᠢᠯᠠᠭᠤᠯᠤᠯᠲᠠ ᠶᠢ ᠤᠯᠬᠤ ᠪᠠᠷ | ᠢᠳᠡᠪᠬᠢᠲᠡᠢ ᠴᠢᠷᠮᠡᠶᠢᠵᠦ᠂ ᠡᠨᠡ ᠨᠢ ᠮᠠᠨ ᠤ ᠠᠵᠤ ᠦᠢᠯᠡᠳᠪᠦᠷᠢ ᠠᠵᠤ ᠠᠬᠤᠢ ᠡᠨᠧᠷᠬᠢ ᠪᠠᠷ ᠭᠤᠤᠯ ᠪᠤᠯᠭᠠᠭᠰᠠᠨ᠂ | ᠵᠠᠮ ᠬᠠᠷᠢᠯᠴᠠᠭᠠᠨ ᠤ ᠵᠦᠭᠡᠭᠡᠪᠦᠷᠢᠯᠡᠬᠦ ᠬᠦᠴᠦᠨ ᠳᠤ ᠪᠠᠭᠠᠯᠵᠤᠤᠷ ᠤᠨ ᠭᠠᠵᠠᠷ ᠤᠷᠤᠨ ᠳᠤ ᠰᠠᠶᠢᠨ ᠠᠰᠢᠭ ᠢ | ᠠᠪᠴᠢᠷᠠᠪᠠ︔ ᠦᠪᠡᠷᠳᠡᠭᠡᠨ ᠵᠠᠰᠠᠬᠤ ᠤᠷᠤᠨ ᠲᠦᠷᠦ ᠶᠢᠨ ᠪᠤᠳᠤᠯᠭ᠎ᠠ ᠶᠢᠨ ᠲᠠᠪᠬᠤᠷᠭ᠎ᠠ ᠪᠠ | ᠨᠠᠶᠢᠳᠠᠪᠤᠷᠢᠵᠢᠭᠤᠯᠬᠤ ᠲᠠᠪᠬᠤᠷᠭ᠎ᠠ ᠠᠴᠠ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠦᠨᠳᠦᠷ ᠴᠢᠨᠠᠷᠵᠢᠯ ᠲᠠᠢ | ᠬᠦᠭᠵᠢᠯᠲᠡ ᠶᠢ ᠠᠬᠢᠭᠤᠯᠬᠤ 26 ᠵᠤᠷᠪᠤᠰ ᠪᠤᠳᠠᠳᠠᠢ ᠠᠷᠭ᠎ᠠ ᠬᠡᠮᠵᠢᠶ᠎ᠠ ᠶᠢ ᠲᠤᠭᠳᠠᠭᠠᠵᠤ᠂ ᠤᠳᠤ ᠪᠠᠶᠢᠬᠤ ᠡᠯ᠎ᠡ | ᠲᠦᠷᠦᠯ ᠤᠨ ᠠᠵᠤ ᠠᠬᠤᠶᠢᠯᠠᠯ ᠤᠨ ᠰᠢᠨ᠎ᠡ ᠲᠦᠷᠦᠯ ᠵᠦᠢᠯ ᠪᠤᠶᠤ ᠲᠤᠮᠤ ᠴᠢᠬᠤᠯᠡ ᠮᠡᠷᠭᠡᠵᠢᠯ ᠤᠨ | ᠦᠭᠡᠷᠡᠴᠢᠯᠡᠯᠳᠡ ᠳᠤ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠳᠠᠬᠤ ᠲᠠᠢ ᠠᠳᠠᠯᠢ ᠲᠡᠰ ᠤᠨ ᠲᠦᠷᠦ ᠶᠢᠨ | ᠪᠤᠳᠤᠯᠭ᠎ᠠ ᠶᠢ ᠬᠦᠷᠳᠡᠵᠦ᠂ ᠰᠢᠨ᠎ᠡ ᠭᠠᠷᠤᠭᠰᠠᠨ ᠲᠤᠮᠤ ᠴᠢᠬᠤᠯᠡ ᠲᠦᠷᠦᠯ ᠵᠦᠢᠯ ᠤᠨ ᠵᠠᠷᠤᠴᠠᠭᠤᠯᠬᠤ ᠤᠷᠤᠨ | ᠲᠤᠭ᠎ᠠ ᠳᠤ ᠳ᠋ᠠᠩ ᠵᠢᠭᠰᠠᠭᠠᠯᠲᠠ ᠶᠢ ᠬᠡᠷᠡᠭᠵᠢᠬᠦᠯᠵᠦ᠂ ᠡᠨᠡ ᠨᠢ ᠮᠠᠨ ᠤ ᠲᠤᠮᠤ ᠴᠠᠶᠢᠬᠤᠯᠠ ᠲᠦᠷᠦᠯ ᠵᠦᠢᠯ | ᠤᠷᠤᠭᠤᠯᠬᠤ ᠶᠢ ᠤᠷᠤᠭᠰᠢᠲᠠᠢ ᠬᠡᠷᠡᠭᠵᠢᠭᠦᠯᠬᠦ ᠶᠢ ᠤᠷᠤᠭᠰᠢᠲᠠᠢ ᠪᠤᠯᠬᠤ ᠶᠢ ᠪᠠᠳᠤᠯᠠᠬᠤ ᠳᠤ ᠤᠬᠢ ᠰᠠᠶᠢᠨ | ᠨᠦᠬᠦᠴᠡᠯ ᠢ ᠪᠦᠷᠢᠳᠦᠭᠦᠯᠪᠡ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠶᠢᠮᠠᠭ ᠤᠨ ᠲᠦᠪ ᠬᠤᠲᠠ ᠶᠢᠨ | ᠬᠦᠭᠵᠢᠯᠲᠡ ᠶᠢ ᠦᠷᠭᠦᠯᠵᠢᠯᠡᠨ ᠲᠡᠮᠵᠢᠵᠦ᠂ ᠡᠳ᠋ ᠤᠨ ᠵᠠᠰᠠᠭ ᠤᠨ ᠬᠦᠴᠦᠨ ᠤ ᠲᠡᠮᠵᠢᠯᠭᠡ᠂ ᠪᠡᠯᠡ | ᠤᠷᠤᠭᠤᠯᠤᠯᠲᠠ ᠶᠢᠨ ᠵᠠᠪᠰᠢᠶᠠᠨ᠂ ᠲᠦᠷᠦᠯ ᠵᠦᠢᠯ ᠤᠨ ᠪᠠᠶᠢᠷᠢᠯᠠᠭᠤᠯᠤᠯᠲᠠ ᠨᠢ ᠴᠦᠮ ᠰᠢᠯᠢ ᠶᠢᠨ ᠬᠤᠲᠠ ᠳᠤ | ᠬᠡᠯᠪᠡᠶᠢᠵᠦ᠂ ᠡᠨᠡ ᠨᠢ ᠮᠠᠨ ᠤ ᠠᠵᠤ ᠠᠬᠤᠢ ᠶᠢᠨ ᠪᠤᠳᠠᠳᠤ ᠴᠤᠭᠴᠠ ᠤ ᠬᠦᠭᠵᠢᠯᠲᠡ ᠶᠢ ᠲᠡᠮᠵᠢᠵᠦ᠂ ᠦᠷ᠎ᠡ | ᠠᠰᠢᠭᠲᠤ ᠪᠡᠯᠡ ᠤᠷᠤᠭᠤᠯᠤᠯᠲᠠ ᠶᠢᠨ ᠨᠡᠮᠡᠭᠳᠡᠯ ᠢ ᠠᠬᠢᠭᠤᠯᠬᠤ᠂ ᠬᠤᠲᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠳᠤ ᠨᠡᠩ ᠠᠷᠪᠢᠨ ᠲᠦᠭᠦᠮ ᠠᠰᠢᠭ ᠢ ᠤᠯᠭᠤᠵᠤ᠂ ᠮᠠᠨ ᠤ ᠬᠤᠲᠠ ᠪᠦᠬᠦ | ᠠᠶᠢᠮᠠᠭ ᠤᠨ ᠤᠯᠤᠰ ᠲᠦᠷᠦ᠂ ᠠᠵᠤ ᠠᠬᠤᠢ᠂ ᠰᠤᠶᠤᠯ ᠤᠨ ᠲᠦᠪ ᠪᠤᠯᠤᠭᠰᠠᠨ ᠪᠠᠶᠢᠷᠢ ᠰᠠᠭᠤᠷᠢ ᠶᠢ ᠤᠯᠠᠮ | ᠨᠢᠭᠡ ᠠᠯᠬᠤᠮ ᠴᠢᠩᠭᠠᠳᠬᠠᠨ᠂ ᠲᠠᠭᠤᠷᠢᠶᠠᠯ ᠦᠵᠡᠭᠦᠯᠬᠦ ᠲᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠬᠤ | ᠪᠤᠯᠭᠠᠨ᠎ᠠ᠃ ᠭᠤᠷᠪᠠ ᠳᠤ ᠦᠪᠡᠷ ᠤᠨ ᠴᠢᠷᠮᠠᠶᠢᠯᠭ᠎ᠠ ᠵᠠᠪ ᠲᠤᠬᠢᠶᠠᠯ ᠢ ᠠᠪᠴᠢᠷᠠᠪᠠ᠃ ᠡᠨᠡ ᠬᠤᠶᠠᠷ ᠵᠢᠯ ᠪᠢᠳᠠ | ᠡᠷᠡᠰ ᠴᠢᠩᠭ᠎ᠠ ᠪᠠᠷ ᠪᠤᠳᠠᠳᠠᠢ ᠶᠢ ᠡᠷᠬᠢᠮᠯᠡᠨ᠂ ᠡᠯ᠎ᠡ ᠲᠠᠯ᠎ᠠ ᠶᠢᠨ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ | ᠪᠤᠳᠠᠳᠠᠢ ᠪᠤᠯᠭᠠᠵᠤ᠂ ᠬᠦᠨᠳᠦ ᠨᠦᠰᠡᠷ ᠲᠠᠷᠤᠭᠠᠰᠤ ᠶᠢ ᠪᠠᠭᠤᠯᠭᠠᠵᠤ ᠬᠠᠶᠠᠭᠰᠠᠨ ᠪᠠᠶᠢᠨ᠎ᠠ︔ ᠦᠷᠢ ᠶᠢᠨ ᠶᠠᠪᠤᠳᠠᠯ ᠢ | ᠨᠠᠮᠳᠠᠭᠤᠯᠵᠤ ᠮᠠᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠦᠵᠡᠯᠲᠡ ᠪᠠᠨ ᠬᠤᠪᠢᠷᠠᠭᠤᠯᠬᠤ ᠶᠢ ᠠᠬᠢᠭᠤᠯᠬᠤ | ᠪᠠ ᠰᠢᠬᠠᠵᠤ᠂ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠵᠠᠰᠠᠭ ᠤᠨ ᠤᠷᠳᠤᠨ ᠤ ᠪᠡᠯᠡ | ᠤᠷᠤᠭᠤᠯᠤᠯᠲᠠ ᠶᠢᠨ ᠴᠢᠭᠯᠡᠯ ᠢ ᠬᠤᠪᠢᠷᠠᠭᠤᠯᠵᠤ ᠨᠡᠶᠢᠭᠡᠮ ᠤᠨ ᠪᠡᠯᠡ ᠤᠷᠤᠭᠤᠯᠤᠯᠲᠠ ᠶᠢ ᠨᠡᠩ ᠠᠷᠪᠢᠨ | ᠲᠦᠰᠢᠭᠯᠡᠬᠦ ᠶᠢ ᠠᠬᠢᠭᠤᠯᠪᠠ︔ ᠪᠤᠬᠢᠷᠳᠤᠯ ᠢ ᠰᠡᠷᠭᠡᠶᠢᠯᠡᠨ ᠵᠠᠰᠠᠵᠤ ︽ ᠨᠤᠭᠤᠭᠠᠨ ᠤᠰᠤ ᠬᠦᠬᠡᠮᠳᠦᠭ ᠠᠭᠤᠯᠠ ᠪᠤᠯ | ᠠᠯᠲᠠᠨ ᠠᠭᠤᠯᠠ ᠮᠦᠩᠭᠦᠨ ᠤᠪᠤᠭ᠎ᠠ︾ ᠭᠡᠬᠦ ᠤᠶᠢᠯᠠᠭᠠᠭᠳᠠᠬᠤᠨ ᠢ ᠠᠷᠠᠳ ᠤᠨ ᠰᠡᠳᠬᠢᠯ ᠳᠤ ᠭᠦᠨ | ᠰᠠᠭᠤᠭᠳᠠᠭᠤᠯᠵᠤ᠂ ᠠᠮᠢ ᠠᠬᠤᠢ᠂ ᠤᠷᠴᠢᠨ ᠲᠤᠭᠤᠷᠢᠨ᠂ ᠵᠤᠭᠠᠴᠠᠯ ᠤᠨ ᠠᠵᠤ ᠦᠢᠯᠡᠰᠵᠢᠯᠲᠡ ᠶᠢᠨ | ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ᠰᠢᠨ᠎ᠡ ᠠᠵᠤ ᠠᠬᠤᠢ ᠶᠢᠨ ᠨᠡᠮᠡᠭᠳᠡᠯ ᠴᠢᠭ ᠢ ᠪᠤᠶᠢᠵᠢᠭᠤᠯᠬᠤ ᠶᠢᠨ | ᠲᠦᠯᠦᠭᠡ ᠰᠠᠭᠤᠷᠢ ᠲᠠᠯᠪᠢᠪᠠ︔ ᠤᠨᠴᠠ ᠦᠨᠳᠦᠷ ᠬᠦᠴᠦᠳᠡᠯᠲᠦ ᠢᠵᠢ ᠪᠦᠷᠢᠳᠦᠭᠰᠡᠨ ᠴᠠᠬᠢᠯᠭᠠᠨ ᠤ ᠢᠷᠡᠯᠲᠡ ᠶᠢᠨ | ᠴᠢᠭ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ ᠠᠰᠢᠭᠯᠠᠯᠲᠠ ᠳᠤ ᠤᠷᠤᠭᠤᠯᠬᠤ᠂ ᠲᠡᠭᠡᠳᠦ ᠲᠡᠰ ᠤᠨ ᠦᠬᠡᠷ | ᠬᠤᠨᠢᠨ ᠤ ᠮᠢᠬ᠎ᠠ ᠶᠢ ᠨᠠᠷᠢᠯᠢᠭ ᠭᠦᠨᠵᠡᠭᠡᠢ ᠡᠳ᠋ᠰᠢᠭᠦᠯᠬᠦ ᠲᠦᠷᠦᠯ ᠵᠦᠢᠯ ᠢ ᠠᠵᠤ ᠦᠢᠯᠡᠰᠵᠢᠭᠦᠯᠦᠨ ᠦᠷ᠎ᠡ ᠠᠰᠢᠭ | ᠤᠯᠬᠤ᠂ ᠠᠳᠤᠭᠤᠨ ᠤ ᠠᠵᠤ ᠦᠢᠯᠡᠰᠵᠢᠯᠲᠡ ᠶᠢᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠰᠠᠭᠤᠷᠢ | ᠲᠦᠬᠦᠭᠡᠷᠦᠮᠵᠢ ᠶᠢᠨ ᠪᠠᠳᠤᠯᠠᠭ᠎ᠠ ᠶᠢᠨ ᠴᠢᠳᠡᠪᠦᠷᠢ ᠶᠢ ᠦᠷᠭᠦᠯᠵᠢᠯᠡᠨ ᠨᠡᠮᠡᠭᠳᠡᠭᠦᠯᠵᠦ᠂ ᠡᠳᠡᠭᠡᠷ ᠨᠢ ᠴᠦᠮ ᠮᠠᠨ ᠤ | ᠬᠤᠷᠠᠮᠳᠤᠭᠤᠯᠤᠭᠰᠠᠨ ᠰᠢᠨ᠎ᠡ ᠬᠦᠭᠵᠢᠯᠲᠡ ᠶᠢᠨ ᠬᠦᠳᠡᠯᠭᠡᠭᠦᠷ ᠮᠦᠨ᠃ ᠪᠢᠳᠡ ᠰᠢᠯᠢ ᠶᠢᠨ ᠬᠤᠲᠠ ᠶᠢᠨ ᠠᠵᠤ | ᠠᠬᠤᠢ ᠶᠢᠨ ᠬᠦᠭᠵᠢᠯᠲᠡ ᠳᠤ ᠭᠦᠢᠴᠡᠳ ᠢᠳᠡᠭᠡᠯ ᠲᠠᠢ ᠪᠠᠶᠢᠵᠤ᠂ ᠤᠬᠤᠷ ᠬᠤᠭᠤᠴᠠᠭᠠᠨ ᠤ ᠬᠤᠪᠢᠷᠠᠯᠲᠠ ᠪᠠᠷ | ᠬᠠᠮᠠᠷ ᠠᠴᠠ ᠪᠠᠨ ᠬᠦᠳᠦᠯᠦᠭᠦᠯᠵᠦ ᠶᠠᠪᠤᠵᠤ ᠪᠤᠯᠬᠤ ᠦᠭᠡᠢ᠂ ᠨᠡᠩ ᠴᠦ ᠨᠢᠳᠤᠨ ᠡᠮᠦᠨᠡᠬᠢ ᠬᠦᠴᠢᠷ ᠪᠡᠷᠭᠡ ᠠᠴᠠ | ᠠᠶᠤᠵᠤ ᠵᠦᠭ ᠴᠢᠭ ᠢᠶᠠᠨ ᠠᠯᠳᠠᠵᠤ ᠪᠤᠯᠬᠤ ᠦᠭᠡᠢ᠃ ᠮᠠᠨ ᠳᠤ ᠲᠤᠯᠬᠤ ᠬᠦᠴᠦᠨ ᠲᠠᠢ᠂ ᠲᠡᠰᠪᠦᠷᠢᠯᠡᠬᠦ ᠬᠦᠴᠦᠨ | ᠲᠠᠢ᠂ ᠰᠢᠨ᠎ᠡ ᠨᠢᠭᠡ ᠡᠭᠡᠯᠵᠢ ᠶᠢᠨ ᠦᠭᠡᠷᠡᠴᠢᠯᠡᠯᠲᠠ ᠨᠡᠭᠡᠭᠡᠯᠲᠡ ᠶᠢᠨ ᠵᠠᠪ ᠲᠤᠬᠢᠶᠠᠯ᠂ ᠰᠢᠨ᠎ᠡ ᠮᠡᠷᠭᠡᠵᠢᠯ ᠤᠨ | ᠬᠤᠪᠢᠰᠬᠠᠯ ᠤᠨ ᠵᠠᠪ ᠲᠤᠬᠢᠶᠠᠯ᠂ ᠪᠤᠳᠠᠳᠤ ᠴᠤᠭᠴᠠ ᠠᠵᠤ ᠠᠬᠤᠢ ᠶᠢᠨ ᠬᠦᠭᠵᠢᠯᠲᠡ ᠶᠢ ᠲᠡᠮᠵᠢᠬᠦ ᠵᠠᠪ ᠲᠤᠬᠢᠶᠠᠯ᠂ | ᠨᠤᠭᠤᠭᠠᠨ ᠦᠩᠭᠡᠲᠦ ᠬᠦᠭᠵᠢᠯᠲᠡ ᠶᠢᠨ ᠵᠠᠪ ᠲᠤᠬᠢᠶᠠᠯ᠂ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢ | ᠬᠤᠪᠢᠷᠠᠭᠤᠯᠬᠤ ᠵᠠᠪ ᠲᠤᠬᠢᠶᠠᠯ ᠶᠢ ᠠᠳᠬᠤᠵᠤ ᠰᠠᠶᠢᠳᠤᠷ ᠬᠡᠷᠡᠭᠯᠡᠨ᠂ ᠡᠷᠴᠢ ᠵᠤᠷᠢᠭ ᠢᠶᠠᠨ ᠬᠦᠪᠴᠢᠯᠡᠵᠦ᠂ ᠢᠳᠡ | ᠬᠦᠴᠦ ᠪᠠᠨ ᠡᠷᠴᠢᠯᠡᠨ᠂ ᠭᠦᠴᠢᠷ ᠢ ᠲᠠᠶᠢᠪᠠᠶᠢᠨ ᠤᠷᠤᠭᠰᠢᠯᠠᠵᠤ᠂ ᠠᠯᠬᠤᠮ ᠪᠦᠷᠢ ᠳᠤ ᠮᠦᠷ ᠢᠶᠠᠨ ᠦᠯᠡᠳᠡᠭᠡᠵᠦ᠂ | ᠴᠦᠬᠦᠷᠡᠰᠢ ᠦᠭᠡᠢ ᠤᠷᠤᠭᠰᠢᠯᠠᠵᠤ᠂ ᠲᠤᠰᠤᠯ ᠢ ᠬᠤᠷᠢᠶᠠᠨ ᠲᠠᠯᠠᠢ ᠪᠤᠯᠭᠠᠵᠤ᠂ ᠰᠢᠯᠢ ᠶᠢᠨ ᠬᠤᠲᠠ ᠶᠢᠨ ᠠᠵᠤ | ᠠᠬᠤᠢ ᠶᠢᠨ ᠯᠠᠪᠳᠠᠭᠤᠨ ᠬᠦᠭᠵᠢᠯᠲᠡ ᠶᠢ ᠨᠡᠩ ᠦᠨᠳᠦᠷ ᠴᠢᠨᠠᠷᠯᠢᠭ᠂ ᠨᠡᠩ ᠦᠷᠭᠦᠯᠵᠢᠯᠡᠨ ᠬᠦᠭᠵᠢᠬᠦ ᠵᠠᠮ ᠳᠤ ᠪᠠᠨ | ᠤᠷᠤᠬᠤ ᠶᠢ ᠲᠦᠯᠬᠢᠨ ᠠᠬᠢᠭᠤᠯᠤᠨ᠎ᠠ᠃ | ᠲᠤᠤᠷ᠎ᠠ ᠪᠢ᠂ ᠦᠨᠦ ᠵᠢᠯ ᠤᠨ ᠪᠦᠬᠦ ᠬᠤᠲᠠ ᠶᠢᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠲᠠᠯ᠎ᠠ ᠪᠠᠷ | ᠬᠡᠳᠦᠨ ᠰᠠᠨᠠᠯ ᠲᠤᠷᠠᠳᠤᠶ᠎ᠠ᠃ | ᠨᠢᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠤᠶᠢᠯᠠᠭᠠᠵᠤ᠂ ᠲᠦᠪ ᠬᠤᠷᠢᠶ᠎ᠠ᠂ ᠪᠦᠬᠦ ᠤᠷᠤᠨ᠂ ᠪᠦᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ | ᠨᠢᠳᠤᠨᠤᠨ ᠤ 12 ᠰᠠᠷ᠎ᠠ ᠶᠢᠨ19 ᠤ ᠡᠳᠦᠷ ᠠᠴᠠ 21 ᠤ ᠡᠳᠦᠷ ᠪᠤᠯᠳᠠᠯ᠎ᠠ᠂ ᠲᠦᠪ ᠬᠤᠷᠢᠶ᠎ᠠ ᠠᠵᠤ ᠠᠬᠤᠢ ᠶᠢᠨ | ᠠᠵᠢᠯ ᠤᠨ ᠬᠤᠷᠠᠯ ᠢ ᠬᠤᠷᠠᠯᠳᠤᠵᠤ᠂ ᠨᠢᠳᠤᠨᠤᠨ ᠵᠢᠯ ᠤᠨ ᠠᠵᠤ ᠠᠬᠤᠢ ᠶᠢᠨ ᠠᠵᠢᠯ ᠤᠨ ᠤᠯᠤᠭᠰᠠᠨ ᠠᠮᠵᠢᠯᠲᠠ | ᠪᠠ ᠵᠢᠮ᠎ᠡ ᠶᠤᠰᠤᠴᠢ ᠴᠢᠨᠠᠷ ᠲᠠᠢ ᠲᠠᠨᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ ᠮᠠᠨ ᠤ ᠤᠯᠤᠰ ᠤᠨ | ᠬᠦᠭᠵᠢᠯᠲᠡ ᠶᠢᠨ ᠲᠤᠮᠤ ᠴᠢᠬᠤᠯᠡ ᠪᠠᠶᠢᠯᠳᠤᠬᠤ ᠪᠤᠳᠤᠯᠭ᠎ᠠ ᠶᠢᠨ ᠵᠠᠪ ᠲᠤᠬᠢᠶᠠᠯ ᠤᠨ ᠬᠤᠭᠤᠴᠠᠭ᠎ᠠ ᠶᠢ ᠬᠡᠷᠬᠢᠨ ᠵᠦᠪ | ᠲᠠᠨᠢᠬᠤ ᠶᠢ ᠰᠢᠨᠵᠢᠯᠡᠬᠦ ᠤᠬᠠᠭᠠᠨᠴᠢ ᠪᠠᠷ ᠲᠤᠭᠠᠴᠠᠨ᠂ ᠦᠨᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ᠂ ᠲᠦᠰᠦᠪᠯᠡᠭᠰᠡᠨ ᠬᠠᠷᠠᠯᠲᠠ᠂ ᠲᠦᠷᠦ ᠶᠢᠨ ᠪᠤᠳᠤᠯᠭ᠎ᠠ ᠶᠢᠨ ᠬᠠᠨᠳᠤᠰᠢ᠂ ᠠᠵᠢᠯ ᠤᠨ ᠴᠢᠭᠯᠡᠯᠲᠡ ᠪᠠ | ᠭᠤᠤᠯᠳᠠᠯᠭ᠎ᠠ ᠲᠠᠢ ᠡᠭᠦᠷᠭᠡ ᠶᠢ ᠲᠤᠳᠤᠷᠬᠠᠢ ᠲᠤᠷᠠᠳᠴᠤ᠂ ᠮᠠᠨ ᠤ ᠬᠦᠭᠵᠢᠯᠲᠡ ᠶᠢᠨ ᠲᠤᠮᠤ ᠪᠠᠶᠢᠳᠠᠯ ᠢ ᠲᠤᠳᠤᠷᠬᠠᠢ | ᠲᠠᠨᠢᠨ᠂ ᠲᠡᠮᠡᠴᠡᠬᠦ ᠬᠦᠴᠦᠨ ᠢ ᠨᠢᠭᠳᠠᠷᠠᠭᠤᠯᠵᠤ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ ᠬᠦᠴᠦᠷᠭᠡᠭ | ᠲᠤᠮᠤ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠬᠦᠷ ᠢ ᠬᠠᠩᠭᠠᠵᠤ ᠦᠭᠪᠡ᠃ | 1 ᠰᠠᠷ᠎ᠠ ᠶᠢᠨ 3 ᠤ ᠡᠳᠦᠷ ᠠᠴᠠ 4 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ | ᠬᠤᠷᠠᠯᠳᠤᠭᠠᠨ ᠢ ᠬᠤᠷᠠᠯᠳᠤᠵᠤ᠂ ᠲᠦᠪ ᠬᠤᠷᠢᠶᠠᠨ ᠤ ᠠᠵᠤ ᠠᠬᠤᠢ ᠶᠢᠨ ᠬᠤᠷᠠᠯ ᠤᠨ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠲᠠᠪᠬᠤᠷᠭ᠎ᠠ ᠶᠢᠨ ᠠᠵᠤ ᠠᠬᠤᠢ ᠶᠢ ᠰᠢᠯᠢᠳᠡᠭᠵᠢᠭᠦᠯᠬᠦ ᠶᠢ ᠲᠡᠰ | ᠲᠡᠪᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠡᠪᠬᠢ ᠶᠢ ᠲᠡᠭᠡᠭᠰᠢᠯᠡᠭᠦᠯᠦᠨ᠂ | ᠦᠭᠡᠷᠡᠴᠢᠯᠡᠯᠲᠠ ᠨᠡᠭᠡᠭᠡᠯᠲᠡ ᠶᠢ ᠭᠦᠨᠵᠡᠭᠡᠶᠢᠷᠡᠭᠦᠯᠬᠦ᠂ ᠨᠤᠭᠤᠭᠠᠨ ᠦᠩᠭᠡ ᠶᠢᠨ ᠬᠦᠭᠵᠢᠯᠲᠡ᠂ ᠪᠦᠬᠦ | ᠪᠦᠮᠪᠦᠷᠴᠡᠭ ᠤᠨ ᠠᠵᠤ ᠠᠬᠤᠢ ᠶᠢ ᠵᠠᠰᠠᠬᠤ ᠪᠦᠳᠦᠴᠡ ᠶᠢᠨ ᠬᠤᠪᠢᠷᠠᠯᠲᠠ ᠶᠢᠨ ᠠᠪᠴᠢᠷᠠᠭᠰᠠᠨ ︽5 ᠰᠢᠨ᠎ᠡ | ᠲᠤᠬᠢᠶᠠᠯ︾ ᠢ ᠰᠢᠨᠵᠢᠯᠡᠬᠦ ᠤᠬᠠᠭᠠᠨᠴᠢ ᠪᠠᠷ ᠵᠠᠳᠠᠯᠵᠦ᠂ ᠦᠪᠦᠷ ᠮᠤᠩᠭᠤᠯ ᠤᠨ ᠬᠦᠭᠵᠢᠯᠲᠡ ᠳᠤ ᠲᠤᠯᠭᠠᠷᠠᠵᠤ | ᠪᠠᠶᠢᠬᠤ ᠠᠰᠢᠭ ᠤᠨ ᠡᠯᠧᠮᠧᠨ᠋ᠲ ᠢ ᠨᠠᠢᠮᠠᠨ ᠲᠠᠯ᠎ᠠ ᠪᠠᠷ ᠴᠢᠩᠭᠠᠳᠬᠠᠵᠦ ᠭᠤᠷᠪᠠᠨ ᠶᠡᠭᠡ ᠪᠠᠬᠢᠯᠡᠯᠲᠡ ᠲᠠᠭᠠᠷᠢᠬᠤ | ᠪᠠᠶᠢᠯᠳᠤᠭᠠᠨ ᠢ ᠰᠠᠶᠢᠨ ᠬᠢᠬᠦ᠂ ᠪᠤᠳᠠᠳᠤ ᠴᠤᠭᠴᠠ ᠶᠢᠨ ᠠᠵᠤ ᠠᠬᠤᠢ ᠶᠢ ᠪᠤᠳᠠᠳᠠᠢ ᠬᠢᠵᠦ ᠬᠦᠴᠦᠳᠡᠢ ᠬᠢᠵᠦ᠂ | ᠰᠢᠨ᠎ᠡ ᠬᠦᠳᠡᠯᠭᠡᠬᠦ ᠡᠨᠧᠷᠬᠢ ᠶᠢᠨ ᠰᠢᠨ᠎ᠡ ᠰᠢᠨ᠎ᠡ ᠨᠡᠮᠡᠭᠳᠡᠯ ᠢ ᠪᠤᠶᠢᠵᠢᠭᠤᠯᠵᠤ᠂ ᠲᠤᠭᠳᠠᠭᠤᠨ ᠪᠡᠯᠡ | ᠤᠷᠤᠭᠤᠯᠤᠯᠲᠠ ᠶᠢᠨ ᠡᠮᠵᠢᠭ ᠢ ᠨᠦᠬᠦᠵᠦ᠂ ᠰᠤᠮᠤ ᠭᠠᠴᠠᠭ᠎ᠠ ᠶᠢ ᠮᠠᠨᠳᠤᠭᠤᠯᠤᠨ ᠬᠦᠭᠵᠢᠬᠦᠯᠵᠦ᠂ | ᠦᠭᠡᠷᠡᠴᠢᠯᠡᠯᠲᠠ ᠨᠡᠭᠡᠭᠡᠯᠲᠡ ᠶᠢ ᠭᠦᠨᠵᠡᠭᠡᠶᠢᠷᠡᠬᠦᠯᠬᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠᠳᠤᠯᠠᠭ᠎ᠠ ᠵᠡᠷᠭᠡ | ᠲᠤᠮᠤ ᠴᠢᠬᠤᠯᠡ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ 1 ᠰᠠᠷ᠎ᠠ ᠶᠢᠨ 19 ᠤ | ᠡᠳᠦᠷ᠂ ᠠᠶᠢᠮᠠᠭ ᠤᠨ ᠨᠠᠮ ᠤᠨ ᠬᠤᠷᠢᠶ᠎ᠠ 2019 ᠤᠨ ᠤ1 ᠳ᠋ᠦ᠋ᠭᠡᠷ ᠤᠳᠠᠭᠠᠨ ︵ᠦᠷᠭᠡᠳᠭᠡᠭᠰᠡᠨ︶ ᠤ ᠬᠤᠷᠠᠯ | ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠵᠤ᠂ ᠨᠢᠳᠤᠨᠤᠨ ᠤ ᠪᠦᠬᠦ ᠠᠶᠢᠮᠠᠭ ᠤᠨ | ᠬᠦᠭᠵᠢᠯᠲᠡ ᠶᠢᠨ ᠠᠮᠵᠢᠯᠲᠠ ᠪᠠ ᠡᠮᠵᠢᠭ ᠢ ᠪᠤᠰᠤᠳᠴᠢ ᠪᠠᠷ ᠳ᠋ᠦᠩᠨᠡᠵᠦ᠂ ᠪᠦᠬᠦ ᠠᠶᠢᠮᠠᠭ ᠤᠨ ᠬᠦᠭᠵᠢᠯᠲᠡ ᠳᠤ | ᠲᠤᠯᠭᠠᠷᠠᠵᠤ ᠪᠠᠶᠢᠬᠤ ᠲᠠᠪᠤᠨ ᠲᠠᠯ᠎ᠠ ᠶᠢᠨ ᠲᠤᠬᠢᠶᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠭᠤᠷᠪᠠᠨ ᠶᠡᠭᠡ | ᠪᠠᠬᠢᠯᠡᠯᠲᠡ ᠲᠠᠭᠠᠷᠢᠬᠤ ᠪᠠᠶᠢᠯᠳᠤᠭᠠᠨ ᠢ ᠰᠠᠶᠢᠨ ᠬᠢᠬᠦ᠂ ᠠᠵᠤ ᠠᠬᠤᠢ ᠶᠢ ᠦᠨᠳᠦᠷ ᠴᠢᠨᠠᠷᠵᠢᠯ ᠲᠠᠢ ᠬᠦᠭᠵᠢᠭᠦᠯᠬᠦ᠂ | ᠰᠤᠮᠤ ᠭᠠᠴᠠᠭ᠎ᠠ ᠶᠢ ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠠᠬᠢᠭᠤᠯᠬᠤ᠂ ᠦᠭᠡᠷᠡᠴᠢᠯᠡᠯᠲᠠ ᠶᠢ | ᠭᠦᠨᠵᠡᠭᠡᠶᠢᠷᠡᠭᠦᠯᠦᠨ ᠨᠡᠭᠡᠭᠡᠯᠲᠡ ᠶᠢ ᠦᠷᠭᠡᠳᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠳᠤᠯᠠᠭ᠎ᠠ ᠶᠢᠨ | ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠵᠡᠷᠭᠡ ᠲᠠᠪᠤᠨ ᠲᠠᠯ᠎ᠠ ᠪᠠᠷ ᠦᠨᠦ ᠵᠢᠯ ᠤᠨ ᠠᠵᠤ ᠠᠬᠤᠢ ᠶᠢᠨ ᠠᠵᠢᠯ ᠳᠤ ᠨᠠᠷᠢᠨ | ᠪᠠᠶᠢᠷᠢᠯᠠᠭᠤᠯᠤᠯᠲᠠ ᠬᠢᠵᠡᠢ᠃ ᠪᠢᠳᠡ ᠡᠷᠬᠡᠪᠰᠢ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠢ ᠰᠠᠶᠢᠳᠦᠷ ᠬᠢᠬᠦ ᠲᠤᠬᠠᠢ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠤᠶᠢᠯᠠᠭᠠᠨ᠂ ᠦᠨᠡᠨᠬᠦ ᠰᠠᠶᠢᠳᠤᠷ ᠠᠳᠬᠤᠵᠤ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠤᠳᠠᠳᠠᠢ ᠠᠵᠢᠯ ᠤᠨ ᠲᠤᠮᠳᠠ᠂ ᠡᠷᠬᠡᠪᠰᠢ ︽ᠲᠦᠷᠪᠡ ᠶᠢ | ᠪᠠᠷᠢᠮᠳᠠᠯᠠᠬᠤ︾ ᠶᠢ ᠰᠠᠶᠢᠳᠤᠷ ᠡᠵᠡᠮᠰᠢᠬᠦ ᠬᠡᠷᠡᠭᠲᠡᠢ᠃ ᠨᠢᠭᠡ ᠳᠤ ︽ᠲᠠᠪᠤᠨ ᠲᠦᠷᠢᠮᠵᠢᠯ ᠤᠨ ᠴᠢᠨᠠᠷᠲᠠᠢ ᠲᠠᠨᠢᠯᠲᠠ︾ | ᠶᠢ ᠦᠨᠳᠦᠰᠦᠨ ᠲᠦᠷᠢᠮ ᠪᠤᠯᠭᠠᠬᠤ ᠶᠢ ᠪᠠᠷᠢᠮᠳᠠᠯᠠᠬᠤ ᠬᠡᠷᠡᠭᠲᠡᠢ᠃ ᠪᠢᠳᠡ ᠲᠦᠪ ᠬᠤᠷᠢᠶᠠᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠲᠤᠷᠠᠳᠤᠭᠰᠠᠨ ︽ᠡᠷᠬᠡᠪᠰᠢ ᠨᠠᠮ ᠤᠨ ᠲᠦᠪ ᠬᠤᠷᠢᠶᠠᠨ ᠤ ᠲᠦᠪᠯᠡᠷᠡᠭᠦᠯᠦᠨ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠳᠠᠯᠠᠵᠤ᠂ ᠵᠠᠯᠠᠭᠤᠷᠴᠢᠨ ᠤ ᠠᠶᠠᠯᠠᠯ ᠢ ᠵᠢᠯᠤᠭᠤᠳᠬᠤ ᠦᠢᠯᠡᠳᠦᠯ ᠢ | ᠪᠠᠳᠠᠷᠠᠭᠤᠯᠤᠨ᠎ᠠ ︔ ᠡᠷᠬᠡᠪᠰᠢ ᠤᠷᠲᠤ ᠬᠤᠭᠤᠴᠠᠭᠠᠨ ᠤ ᠶᠡᠭᠡ ᠪᠠᠶᠢᠳᠠᠯ ᠠᠴᠠ ᠤᠳᠤᠬᠠᠨ ᠤ ᠪᠠᠶᠢᠳᠠᠯ ᠢ ᠲᠠᠨᠢᠵᠤ᠂ | ᠮᠠᠨ ᠤ ᠤᠯᠤᠰ ᠤᠨ ᠤᠷᠲᠤ ᠬᠤᠭᠤᠴᠠᠭᠠᠨ ᠠᠴᠠ ᠰᠠᠶᠢᠨ ᠬᠦᠭᠵᠢᠯᠲᠡ ᠲᠡᠰᠢ ᠬᠦᠭᠵᠢᠬᠦ ᠪᠠᠶᠢᠳᠠᠯ ᠢ ᠲᠤᠳᠤᠷᠬᠠᠢ | ᠲᠠᠨᠢᠬᠤ︔ ᠬᠤᠷᠸ᠎ᠠ ᠲᠤᠬᠢᠷᠠᠭᠤᠯᠤᠯᠲᠠ ᠶᠢᠨ ᠬᠡᠮᠵᠢᠶ᠎ᠡ ᠶᠢ ᠤᠨᠤᠪᠴᠢᠳᠡᠢ ᠡᠵᠡᠮᠰᠢᠵᠦ᠂ ᠬᠦᠳᠡᠯᠦᠩᠭᠦᠢ ᠪᠠᠷ | ᠤᠷᠢᠳᠴᠢᠯᠠᠨ ᠲᠤᠬᠢᠷᠠᠭᠤᠯᠬᠤ ᠵᠢᠵᠢᠭ ᠲᠤᠬᠢᠷᠠᠭᠤᠯᠤᠯᠲᠠ᠂ ᠲᠦᠷᠦ ᠶᠢᠨ ᠪᠤᠳᠤᠯᠭ᠎ᠠ ᠶᠢᠨ ᠬᠠᠮᠳᠤᠷᠠᠬᠤ ᠶᠢ | ᠴᠢᠩᠭᠠᠳᠬᠬᠤ︔ ᠡᠷᠬᠡᠪᠰᠢ ᠴᠠᠭ ᠲᠠᠷᠤᠢ ᠳᠤᠨᠢ ᠨᠡᠶᠢᠭᠡᠮ ᠤᠨ ᠬᠠᠯᠠᠮᠵᠢᠯ ᠢ ᠲᠤᠰᠬᠠᠵᠤ᠂ ᠬᠠᠨᠳᠤᠯᠭᠠᠲᠤ ᠴᠢᠨᠠᠷ ᠲᠠᠢ | ᠬᠦᠳᠡᠯᠦᠩᠭᠦᠢ ᠪᠠᠷ ᠵᠠᠬ᠎ᠠ ᠲᠡᠯᠭᠡᠭᠦᠷ ᠤᠨ ᠤᠷᠢᠳᠴᠢᠯᠡᠯ ᠬᠤᠭᠤᠴᠠᠭ᠎ᠠ ᠶᠢ ᠵᠢᠯᠤᠭᠤᠳᠬᠤ ︔ ᠡᠯ᠎ᠡ ᠲᠠᠯ᠎ᠠ ᠶᠢᠨ | ᠢᠳᠡᠪᠬᠢ ᠬᠦᠴᠦᠨ ᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ ᠶᠢᠨ ᠠᠵᠢᠯ ᠤᠨ ᠬᠦᠴᠦᠷᠭᠡᠭ ᠲᠤᠮᠤ ᠬᠠᠮᠳᠤᠷᠠᠯ ᠤᠨ | ᠬᠦᠴᠦᠨ ᠢ ᠪᠦᠷᠢᠯᠳᠦᠭᠦᠯᠬᠦ ︾ ᠶᠢ ᠪᠦᠬᠦ ᠬᠤᠲᠠ ᠶᠢᠨ ᠠᠵᠢᠯ ᠤᠨ ᠭᠤᠤᠯᠳᠠᠯᠭ᠎ᠠ ᠲᠦᠷᠢᠮ ᠪᠤᠯᠭᠠᠨ᠎ᠠ᠃ ᠬᠤᠶᠠᠷ | ᠲᠤ ︽ᠲᠤᠭᠳᠠᠭᠤᠨ ᠤ ᠲᠤᠮᠳᠠ ᠤᠷᠤᠭᠰᠢᠯᠠᠯᠲᠠ ᠶᠢ ᠡᠷᠢᠯᠬᠢᠯᠡᠬᠦ︾ ᠪᠠᠷ ᠪᠦᠬᠦ ᠵᠢᠯ ᠤᠨ ᠠᠵᠢᠯ ᠤᠨ ᠶᠡᠷᠦᠩᠬᠡᠢ | ᠰᠠᠭᠤᠷᠢ ᠠᠶᠢᠵᠢᠮ ᠪᠤᠯᠭᠠᠨ᠎ᠠ᠃ ︽ᠲᠤᠭᠳᠠᠭᠤᠨ ᠤ ᠲᠤᠮᠳᠠ ᠤᠷᠤᠭᠰᠢᠯᠠᠯᠲᠠ ᠶᠢ ᠡᠷᠢᠯᠬᠢᠯᠡᠬᠦ︾ ᠨᠢ ᠲᠦᠪ | ᠬᠤᠷᠢᠶᠠᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠰᠠᠭᠤᠷᠢ ᠠᠶᠢᠵᠢᠮ ᠪᠤᠯᠤᠭᠠᠳ ᠨᠢᠭᠡᠨᠲᠡ ᠵᠠᠯᠭ᠎ᠠ ᠨᠠᠢᠮᠠᠨ | ᠵᠢᠯ ᠴᠢᠩᠭᠠᠠᠳᠬᠠᠪᠠ᠃ ᠪᠢᠳᠡ ᠡᠷᠬᠡᠪᠰᠢ ︽ᠲᠤᠭᠳᠠᠭᠤᠨ ᠤ ᠲᠤᠮᠳᠠ ᠤᠷᠤᠭᠰᠢᠯᠠᠯᠲᠠ ᠶᠢ ᠡᠷᠢᠯᠬᠢᠯᠡᠬᠦ︾ ᠲᠤᠮᠳᠠ | ᠲᠤᠭᠳᠠᠭᠤᠨ ᠪᠤᠯᠤᠨ ᠤᠷᠤᠭᠰᠢᠯᠠᠬᠤ ᠬᠠᠷᠢᠴᠠᠭ᠎ᠠ ᠶᠢ ᠲᠤᠳᠤᠷᠬᠠᠢ ᠲᠠᠨᠢᠵᠤ᠂ ᠲᠤᠭᠳᠠᠭᠤᠨ ᠪᠤᠯ ᠭᠤᠤᠯ ᠠᠶᠢᠵᠠᠮ᠂ | ᠶᠡᠭᠡ ᠲᠠᠯ᠎ᠠ᠂ ᠤᠷᠤᠭᠰᠢᠯᠠᠬᠤ ᠪᠤᠯ ᠴᠢᠭᠯᠡᠯᠲᠡ᠂ ᠬᠠᠷᠠᠯᠲᠠ ᠪᠤᠯᠤᠨ᠎ᠠ᠃ ᠪᠢᠳᠡ ᠴᠤᠬᠢᠯᠭ᠎ᠠ ᠪᠠ ᠬᠦᠴᠦᠯᠡᠴᠡ ᠶᠢ | ᠰᠠᠶᠢᠳᠦᠷ ᠡᠵᠡᠮᠰᠢᠵᠦ᠂ ᠠᠰᠠᠭᠤᠳᠠᠯ ᠢ ᠦᠵᠡᠨ᠂ ᠠᠷᠭ᠎ᠠ ᠪᠤᠳᠤᠯᠭ᠎ᠠ ᠶᠢ ᠪᠤᠳᠤᠯᠬᠢᠯᠠᠵᠦ᠂ ᠨᠠᠶᠢᠳᠠᠪᠤᠷᠢᠵᠢᠭᠤᠯᠬᠤ ᠶᠢ | ᠠᠳᠬᠤᠬᠤ ᠨᠢ ᠴᠦᠮ ᠴᠠᠭ ᠦᠶ᠎ᠡ ᠶᠢᠨ ᠪᠠᠶᠢᠳᠠᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠭᠦᠨ ᠪᠤᠳᠤᠯᠬᠢᠯᠡᠵᠦ᠂ | ᠵᠢᠮ᠎ᠡ ᠶᠤᠰᠤ ᠶᠢ ᠬᠦᠨᠳᠦᠳᠭᠡᠨ᠂ ᠨᠠᠵᠠᠭᠠᠢ ᠠᠷᠭᠠᠴᠠᠭᠠᠵᠤ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠶᠢ | ᠡᠷᠡᠰ ᠬᠤᠷᠢᠭᠯᠠᠨ ᠵᠤᠭᠰᠤᠭᠠᠬᠤ ᠮᠦᠷᠳᠡᠭᠡᠨ ᠪᠠᠰᠠ ᠰᠤᠬᠤᠷ ᠪᠠᠯᠠᠢ ᠪᠠᠷ ᠬᠠᠰᠢ ᠶᠠᠰᠢ ᠬᠢᠵᠦ᠂ ᠠᠮᠵᠢᠯᠲᠠ | ᠤᠯᠬᠤ ᠶᠢ ᠯᠠ ᠶᠠᠭᠠᠷᠠᠬᠤ ᠠᠴᠠ ᠡᠷᠡᠰ ᠵᠠᠶᠢᠯᠠᠰᠬᠢᠵᠦ᠂ ᠲᠤᠭᠳᠠᠭᠤᠨ ᠪᠠᠶᠢᠬᠤ ᠴᠢᠬᠤᠯᠠᠳᠠᠢ ᠦᠶ᠎ᠡ ᠳᠤ ᠡᠷᠬᠡᠪᠰᠢ | ᠲᠤᠭᠳᠠᠭᠤᠨ ᠪᠠᠶᠢᠵᠤ᠂ ᠤᠷᠤᠭᠰᠢᠯᠠᠬᠤ ᠴᠢᠬᠤᠯᠠᠳᠠᠢ ᠦᠶ᠎ᠡ ᠳᠤ ᠡᠷᠬᠡᠪᠰᠢ ᠤᠷᠤᠭᠰᠢᠯᠠᠨ ᠲᠠᠪᠰᠢᠵᠤ᠂ ᠠᠵᠤ | ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ᠂ ᠠᠵᠤ ᠠᠬᠤᠢ ᠶᠢᠨ ᠪᠦᠳᠦᠴᠡ ᠶᠢ | ᠰᠢᠯᠢᠳᠡᠭᠵᠢᠭᠦᠯᠵᠦ᠂ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢ ᠰᠤᠯᠢᠵᠦ᠂ ᠠᠵᠤ ᠠᠬᠤᠢ ᠶᠢᠨ ᠰᠢᠨ᠎ᠡ ᠨᠡᠮᠡᠭᠳᠡᠯ | ᠴᠢᠭ ᠢ ᠪᠤᠶᠢᠵᠢᠭᠤᠯᠤᠨ᠎ᠠ᠃ ᠭᠤᠷᠪᠠ ᠳᠤ ᠦᠨᠳᠦᠷ ᠴᠢᠨᠠᠷᠵᠢᠯ ᠲᠠᠢ ᠬᠦᠭᠵᠢᠯᠲᠡ ᠶᠢ ᠪᠠᠷᠢᠮᠳᠠᠯᠠᠬᠤ ᠶᠢ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠦᠨᠳᠦᠰᠦᠨ ᠱᠠᠭᠠᠷᠳᠠᠯᠭ᠎ᠠ ᠪᠤᠯᠭᠠᠬᠤ ᠶᠢ ᠪᠠᠷᠢᠮᠳᠠᠯᠠᠬᠤ ᠬᠡᠷᠡᠭᠲᠡᠢ᠃ ᠦᠨᠳᠦᠷ | ᠴᠢᠨᠠᠷᠵᠢᠯ ᠲᠠᠢ ᠬᠦᠭᠵᠢᠯᠲᠡ ᠪᠤᠯ ᠤᠯᠤᠰ ᠢᠶᠠᠨ ᠬᠦᠴᠦᠷᠬᠡᠭᠵᠢᠬᠦᠯᠬᠦ ᠶᠢᠨ ᠰᠠᠭᠤᠷᠢ᠂ ᠠᠵᠤ ᠦᠢᠯᠡᠰᠵᠢᠯᠲᠡ ᠶᠢᠨ | ᠦᠨᠳᠦᠰᠦ ᠪᠠ ᠬᠡᠯᠪᠡᠷᠢ ᠶᠢ ᠬᠤᠪᠢᠷᠠᠭᠤᠯᠬᠤ ᠶᠢᠨ ᠴᠢᠬᠤᠯᠡ ᠵᠦᠢᠯ ᠮᠦᠨ᠂ ᠮᠠᠨ ᠤ ᠤᠳᠤᠬᠠᠨ ᠤ ᠪᠠ | ᠬᠤᠶᠢᠰᠢᠲᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠤᠨ ︽ᠬᠦᠳᠦᠯᠪᠦᠷᠢ︾ ᠮᠦᠨ᠃ ᠪᠢᠳᠡ | ᠡᠷᠬᠡᠪᠰᠢ ᠲᠦᠪ ᠬᠤᠷᠢᠶᠠᠨ ᠤ ᠲᠤᠮᠤ ᠴᠢᠬᠤᠯᠡ ᠴᠢᠭᠯᠡᠯᠲᠡ ᠶᠤᠰᠤᠭᠠᠷ ᠲᠦᠪ ᠴᠢᠩᠭ᠎ᠠ ᠪᠠᠬᠢᠵᠢᠬᠦᠯᠵᠤ᠂ | ᠨᠡᠮᠡᠭᠳᠡᠭᠦᠯᠵᠤ᠂ ᠲᠡᠭᠡᠭᠰᠢᠯᠡᠭᠦᠯᠤᠨ᠂ ᠰᠢᠯᠤᠭᠤᠳᠬᠠᠵᠤ᠂ ᠤᠷᠤᠨ ᠠᠶᠢᠮᠠᠭ ᠤᠨ ᠦᠨᠳᠦᠷ ᠴᠢᠨᠠᠷᠵᠢᠯ ᠲᠠᠢ | ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ ᠲᠦᠷᠦ ᠶᠢᠨ ᠪᠤᠳᠤᠯᠭ᠎ᠠ ᠶᠢ ᠲᠤᠭᠳᠠᠭᠠᠨ᠂ ᠠᠵᠢᠯ ᠢ ᠠᠬᠢᠭᠤᠯᠵᠤ᠂ ᠠᠵᠤ | ᠠᠬᠤᠢ ᠶᠢᠨ ᠪᠦᠳᠦᠴᠡ ᠶᠢ ᠨᠡᠩ ᠰᠢᠯᠢᠳᠡᠭᠵᠢᠭᠦᠯᠵᠦ᠂ ᠬᠦᠭᠵᠢᠯᠲᠡ ᠶᠢᠨ ᠴᠢᠨᠠᠷᠵᠢᠯ ᠢ ᠨᠡᠩ ᠰᠢᠯᠢᠳᠡᠭᠵᠢᠭᠦᠯᠦᠨ᠂ | ᠬᠦᠭᠵᠢᠯᠲᠡ ᠶᠢᠨ ᠤᠷᠴᠢᠨ ᠢ ᠨᠡᠩ ᠰᠢᠯᠢᠳᠡᠭᠵᠢᠭᠦᠯᠵᠦ᠂ ᠴᠢᠨᠠᠷᠵᠢᠯ ᠲᠠᠢ᠂ ᠦᠷ᠎ᠡ ᠠᠰᠢᠭ ᠲᠠᠢ᠂ ᠦᠷᠭᠦᠯᠵᠢᠯᠡᠨ | ᠬᠦᠭᠵᠢᠬᠦ ᠶᠢ ᠴᠢᠷᠮᠡᠶᠢᠨ ᠪᠡᠶᠡᠯᠡᠭᠦᠯᠬᠦ ᠬᠡᠷᠡᠭᠲᠡᠢ᠃ ᠲᠦᠷᠪᠡ ᠳᠤ ︽ ᠴᠢᠳᠡᠯ ᠤᠨ ᠬᠢᠷᠢ ᠪᠠᠷ ᠢᠶᠠᠨ | ᠴᠢᠷᠮᠠᠶᠢᠵᠤ᠂ ᠬᠦᠴᠦᠨ ᠤ ᠬᠢᠷᠢ ᠪᠠᠷ ᠢᠶᠠᠨ ᠬᠢᠬᠦ︾ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠴᠢᠬᠤᠯᠡ | ᠵᠠᠷᠴᠢᠮ ᠪᠤᠯᠭᠠᠬᠤ ᠶᠢ ᠪᠠᠷᠢᠮᠳᠠᠯᠠᠬᠤ ᠬᠡᠷᠡᠭᠲᠡᠢ᠃ ᠴᠢᠳᠡᠯ ᠤᠨ ᠬᠢᠷᠢ ᠪᠠᠷ ᠢᠶᠠᠨ ᠴᠢᠷᠮᠠᠶᠢᠵᠤ ᠬᠦᠴᠦᠨ ᠤ | ᠬᠢᠷᠢ ᠪᠠᠷ ᠢᠶᠠᠨ ᠬᠢᠬᠦ ᠪᠤᠯ ᠰᠢ ᠶᠢᠨ ᠫᠢᠩ ᠶᠠᠷᠦᠩᠬᠡᠢ ᠱᠦᠵᠢ ᠶᠢᠨ ᠲᠤᠷᠠᠳᠤᠭᠰᠠᠨ ᠠᠷᠠᠳ ᠤᠨ ᠠᠰᠠᠭᠤᠳᠠᠯ ᠢ | ᠰᠢᠢᠳᠪᠦᠷᠢᠯᠡᠬᠦ ᠴᠢᠬᠤᠯᠡ ᠵᠠᠷᠴᠢᠮ ᠮᠦᠨ᠂ ᠲᠠᠷᠤᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ | ᠦᠵᠡᠯ ᠰᠠᠨᠠᠭ᠎ᠠ ᠶᠢ ᠢᠯᠡᠷᠡᠭᠦᠯᠬᠦ ᠮᠦᠷᠳᠡᠭᠡᠨ ᠪᠠᠰᠠ ᠦᠨᠡᠨ ᠠᠴᠠ ᠵᠦᠪ ᠢ ᠡᠷᠢᠬᠦ ᠶᠢᠨ ᠰᠢᠨᠵᠢᠯᠡᠬᠦ ᠤᠬᠠᠭᠠᠨᠴᠢ | ᠵᠤᠷᠢᠭ ᠰᠠᠨᠠᠭ᠎ᠠ ᠶᠢ ᠢᠯᠡᠷᠡᠭᠦᠯᠵᠦ ᠪᠠᠶᠢᠳᠠᠭ᠃ ᠰᠢᠯᠢ ᠶᠢᠨ ᠬᠤᠲᠠ ᠠᠶᠢᠮᠠᠭ ᠤᠨ ᠲᠦᠪ ᠬᠤᠲᠠ ᠪᠤᠯᠤᠬᠰᠠᠨ ᠤ | ᠬᠤᠪᠢ ᠳᠤ᠂ ᠲᠠᠷᠤᠢ ᠲᠦᠪ ᠬᠤᠲᠠ ᠶᠢᠨ ᠲᠦᠭᠦᠮ ᠠᠰᠢᠭ ᠢ ᠬᠦᠷᠳᠡᠬᠦ ᠮᠦᠷᠳᠡᠭᠡᠨ ᠪᠠᠰᠠ ᠡᠯ᠎ᠡ ᠵᠦᠢᠯ ᠤᠨ | ᠡᠭᠦᠷᠭᠡ ᠪᠠ ᠬᠠᠷᠢᠭᠤᠴᠠᠯᠭ᠎ᠠ ᠶᠢ ᠲᠠᠭᠠᠭᠠᠴᠢᠯᠠᠵᠤ ᠂ ᠰᠤᠷᠭᠠᠨ ᠬᠦᠮᠦᠵᠢᠯ᠂ ᠡᠮᠴᠢᠯᠡᠭᠡ᠂ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠡᠭᠦᠷᠭᠡ ᠪᠤᠰᠤᠳ ᠬᠤᠰᠢᠭᠤ | ᠰᠢᠶᠡᠨ ᠠᠴᠠ ᠬᠦᠨᠳᠦ ᠪᠠᠶᠢᠭ᠎ᠠ ᠶᠤᠮ᠃ ︽ᠴᠢᠳᠡᠯ ᠤᠨ ᠬᠢᠷᠢ ᠪᠠᠷ ᠢᠶᠠᠨ ᠴᠢᠷᠮᠠᠶᠢᠬᠤ︾ ᠪᠤᠯ ᠲᠠᠷᠤᠢ ᠪᠡᠶᠡᠴᠢ | ᠬᠦᠳᠡᠯᠭᠡᠬᠦ ᠴᠢᠨᠠᠷ ᠮᠦᠨ᠂ ᠠᠯᠢᠪᠠ ᠢᠳᠡᠪᠬᠢ ᠬᠦᠴᠦᠨ ᠢ ᠲᠠᠶᠢᠴᠢᠯᠠᠨ ᠴᠢᠷᠮᠠᠶᠢᠵᠤ ᠤᠯᠠᠨ ᠲᠦᠮᠡᠨ ᠳᠤ ᠪᠤᠳᠠᠳᠤ | ᠶᠠᠪᠤᠳᠠᠯ᠂ ᠰᠠᠶᠢᠨ ᠶᠠᠪᠤᠳᠠᠯ ᠬᠢᠨ᠎ᠡ︔ ︽ᠬᠦᠴᠦᠨ ᠤ ᠬᠢᠷᠢ ᠪᠠᠷ ᠢᠶᠠᠨ ᠬᠢᠬᠦ︾ ᠪᠤᠯ ᠲᠠᠷᠤᠢ ᠬᠦᠭᠵᠢᠯᠲᠡ ᠶᠢᠨ | ᠱᠠᠳᠤ ᠦᠶ᠎ᠡ ᠠᠴᠠ ᠲᠠᠪᠠᠭ᠋ᠤ ᠦᠭᠡᠢ᠂ ᠡᠳ᠋ ᠤᠨ ᠵᠠᠰᠠᠭ ᠤᠨ ᠲᠤᠯᠭᠠᠭᠤᠷᠢᠯᠠᠬᠤ ᠬᠦᠴᠦᠨ ᠠᠴᠠ ᠬᠡᠳᠦᠷᠡᠬᠦ ᠦᠭᠡᠢ᠂ | ᠠᠷᠪᠢᠲᠠᠢ ᠠᠮᠢᠳᠤᠷᠠᠬᠤ ᠦᠵᠡᠯ ᠰᠠᠨᠠᠭ᠎ᠠ ᠶᠢ ᠪᠤᠢ ᠪᠤᠯᠭᠠᠵᠦ᠂ ᠬᠡᠳᠦᠢ ᠶᠡᠭᠡ ᠴᠢᠳᠠᠯ ᠲᠠᠢ ᠪᠤᠯ ᠲᠡᠳᠦᠢ ᠶᠡᠭᠡ | ᠤᠴᠢᠷ ᠢ ᠪᠦᠳᠦᠭᠡᠨ᠂ ᠬᠢᠷᠢ ᠪᠦᠳᠦᠮᠵᠢ ᠶᠢᠨ ᠲᠦᠯᠦᠭᠡ ᠬᠦᠭᠡᠭᠡᠴᠡᠯᠳᠦᠬᠦ᠂ ᠨᠡᠷ᠎ᠡ ᠨᠢᠭᠤᠷ ᠤᠨ ᠲᠦᠯᠦᠭᠡ | ᠬᠦᠭᠡᠭᠡᠴᠡᠯᠳᠦᠬᠦ ᠠᠵᠢᠯ ᠢ ᠡᠷᠡᠰ ᠲᠡᠪᠴᠢᠵᠦ᠂ ᠠᠯᠢᠪᠠ ᠪᠦᠬᠦᠨ ᠪᠤᠳᠠᠳᠠᠢ ᠠᠴᠠ ᠡᠭᠦᠰᠴᠦ᠂ ᠬᠠᠷᠠᠭᠠᠯᠵᠠᠬᠤ | ᠴᠢᠨᠠᠷᠲᠠᠢ᠂ ᠰᠠᠭᠤᠷᠢᠯᠠᠬᠤ ᠴᠢᠨᠠᠷᠳᠠᠢ ᠪᠠᠶᠢᠳᠠᠭ ᠢᠶᠠᠷ ᠢᠶᠠᠨ ᠴᠢᠷᠮᠠᠶᠢᠬᠤ ᠴᠢᠨᠠᠷᠲᠠᠢ ᠠᠷᠠᠳ ᠤᠨ ᠠᠮᠢᠳᠤᠷᠠᠯ ᠤᠨ | ᠠᠵᠢᠯ ᠦᠢᠯᠡᠰ ᠢ ᠬᠦᠴᠦᠨ ᠢᠶᠠᠨ ᠲᠦᠪᠯᠡᠷᠡᠭᠦᠯᠵᠦ ᠰᠠᠶᠢᠳᠤᠷ ᠬᠢᠵᠦ᠂ ᠦᠨᠳᠦᠰᠦᠨ ᠤᠯᠠᠨ ᠨᠡᠶᠢᠳᠡ ᠶᠢᠨ | ᠦᠢᠯᠡᠴᠢᠯᠡᠭᠡᠨ ᠤ ᠴᠢᠳᠡᠪᠦᠷᠢ ᠶᠢ ᠲᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠳᠤᠯᠠᠭ᠎ᠠ ᠶᠢ | ᠤᠳᠠᠭᠠᠨ ᠦᠷᠭᠦᠯᠵᠢᠯᠡᠭᠦᠯᠬᠦ ᠬᠦᠴᠦᠨ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠬᠡᠷᠡᠭᠯᠡᠭᠡᠨ ᠤ ᠴᠢᠨᠠᠷᠲᠠᠢ ᠵᠠᠷᠤᠳᠠᠯ ᠢ | ᠪᠠᠭᠠᠰᠬᠠᠵᠤ᠂ ᠲᠦᠷᠦ ᠶᠢᠨ ᠪᠤᠳᠤᠯᠭ᠎ᠠ ᠦᠭᠡᠢ ᠵᠠᠷᠤᠳᠠᠯ ᠢ ᠡᠷᠡᠰ ᠭᠠᠷᠭᠠᠬᠤ ᠦᠭᠡᠢ᠃ | ᠬᠤᠶᠠᠷ᠂ ᠦᠨᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠭᠤᠤᠯᠳᠠᠯᠭ᠎ᠠ ᠲᠠᠢ ᠡᠭᠦᠷᠭᠡ | 2019 ᠤᠨ ᠪᠤᠯ ᠰᠢᠨ᠎ᠡ ᠲᠤᠮᠳᠠᠳᠤ ᠤᠯᠤᠰ ᠦᠨᠦ ᠵᠢᠯ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ | 70 ᠵᠢᠯ ᠤᠨ ᠤᠢ ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ | ᠤᠨ ᠪᠤᠯᠤᠨ᠎ᠠ᠂ ᠦᠨᠦ ᠵᠢᠯ ᠦᠨᠠᠵᠤ ᠠᠬᠤᠢ ᠶᠢᠨ ᠠᠵᠢᠯ ᠢ ᠰᠠᠶᠢᠳᠤᠷ ᠬᠢᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠠ ᠠᠷᠪᠠᠨ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠶᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ | ᠭᠡᠰᠢᠭᠦᠳ ᠤᠨ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ | ᠬᠤᠷᠢᠶᠠᠨ ᠤ 2019 ᠤᠨ ᠤ 1 ᠳ᠋ᠦ᠋ᠭᠡᠷ ᠤᠳᠠᠭᠠᠨ ︵ᠦᠷᠭᠡᠳᠭᠡᠭᠰᠡᠨ︶ ᠤ ᠬᠤᠷᠠᠯᠳᠤᠭᠠᠨ ᠵᠢᠴᠢ ᠪᠦᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠯᠠᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ | ᠠᠬᠢᠭᠤᠯᠵᠤ᠂ ︽ᠲᠦᠷᠪᠡᠨ ᠪᠦᠬᠦ ᠲᠠᠯ᠎ᠠ ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠵᠤᠬᠢᠴᠠᠭᠤᠯᠤᠨ ᠠᠬᠢᠭᠤᠯᠵᠤ᠂ ᠠᠶᠢᠮᠠᠭ ᠤᠨ ᠲᠦᠪ ᠤᠨ ᠦᠵᠡᠯ ᠤᠬᠠᠮᠰᠠᠷ᠂ ᠲᠤᠭ ᠲᠡᠮᠳᠡᠭ ᠪᠤᠯᠬᠤ ᠦᠵᠡᠯ | ᠤᠬᠠᠮᠰᠠᠷ᠂ ᠲᠠᠭᠠᠭᠠᠤᠯᠬᠤ ᠦᠵᠡᠯ ᠤᠬᠠᠮᠰᠠᠷ ᠢ ᠪᠠᠳᠤᠵᠢᠭᠤᠯᠵᠤ᠂ ᠲᠤᠭᠳᠠᠭᠤᠨ ᠤ ᠲᠤᠮᠳᠠ ᠠᠴᠠ ᠠᠵᠢᠯ ᠤᠨ | ᠶᠡᠷᠦᠩᠬᠡᠢ ᠰᠠᠭᠤᠷᠢ ᠶᠢ ᠡᠷᠢᠵᠦ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠴᠢᠨᠠᠷᠵᠢᠯ ᠢᠶᠠᠷ | ᠦᠨᠳᠦᠷ ᠬᠦᠭᠵᠢᠯᠲᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ | ᠦᠭᠡᠷᠡᠴᠢᠯᠡᠯᠲᠡ ᠪᠠᠷ ᠭᠤᠤᠯ ᠱᠤᠭᠤᠮ ᠢᠶᠠᠨ ᠪᠤᠯᠭᠠᠬᠤ ᠶᠢ ᠪᠠᠷᠢᠮᠳᠠᠯᠠᠨ᠂ ᠵᠠᠬ᠎ᠠ ᠲᠡᠯᠭᠡᠭᠦᠷᠴᠢᠯᠡᠬᠦ | ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠨ᠂ ᠦᠨᠳᠦᠷ ᠬᠢᠷᠢ ᠪᠦᠳᠦᠮᠵᠢ ᠲᠠᠢ ᠨᠡᠭᠡᠭᠡᠯᠲᠡ ᠶᠢ | ᠦᠷᠭᠡᠳᠭᠡᠵᠤ᠂ ᠤᠳᠤᠬᠢᠴᠢᠯᠠᠭᠰᠠᠨ ᠠᠵᠤ ᠠᠬᠤᠢ ᠶᠢᠨ ᠪᠦᠳᠦᠴᠡ ᠶᠢᠨ ᠪᠠᠶᠢᠭᠤᠯᠤᠯᠲᠠ ᠶᠢ ᠲᠦᠷᠭᠡᠳᠬᠡᠨ᠂ | ᠭᠤᠷᠪᠠᠨ ᠶᠡᠭᠡ ᠪᠠᠬᠢᠯᠡᠯᠲᠡ ᠲᠠᠭᠠᠷᠢᠬᠤ ᠪᠠᠶᠢᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠬᠤᠮᠠᠬᠢ ᠦᠵᠡᠯᠲᠡ ᠶᠢᠨ | ᠭᠤᠤᠯ ᠴᠤᠭᠴᠠ ᠶᠢᠨ ᠠᠮᠢᠳᠤᠷᠠᠬᠤ ᠬᠦᠴᠦᠨ ᠢ ᠴᠢᠷᠮᠠᠶᠢᠨ ᠬᠦᠳᠡᠯᠭᠡᠵᠦ᠂ ᠬᠤᠷᠸ᠎ᠠ ᠦᠵᠡᠯᠲᠡ ᠶᠢᠨ ᠲᠤᠬᠢᠷᠠᠭᠤᠯᠭ᠎ᠠ | ᠂ ᠲᠤᠭᠳᠠᠭᠤᠨ ᠢᠶᠠᠷ ᠨᠡᠮᠡᠭᠳᠡᠭᠦᠯᠬᠦ ᠶᠢ ᠨᠢᠭᠡᠳᠦᠯᠲᠡᠢ ᠲᠤᠬᠢᠷᠠᠭᠤᠯᠤᠨ ᠠᠬᠢᠭᠤᠯᠵᠤ᠂ ᠦᠭᠡᠷᠡᠴᠢᠯᠡᠯᠳᠡ ᠶᠢ ᠠᠬᠢᠭᠤᠯᠤᠨ | ᠂ ᠪᠦᠳᠦᠴᠡ ᠶᠢ ᠲᠤᠬᠢᠷᠠᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ | ᠠᠵᠢᠯ ᠢ ᠦᠭᠡᠷᠡᠴᠢᠯᠡᠯᠲᠡ ᠶᠢ ᠠᠬᠢᠭᠤᠯᠤᠨ᠂ ᠪᠦᠳᠦᠴᠡ ᠶᠢ ᠲᠤᠬᠢᠷᠠᠭᠤᠯᠵᠤ᠂ ᠠᠷᠠᠳ ᠤᠨ ᠠᠮᠢᠳᠤᠷᠠᠯ ᠢ | ᠬᠠᠷᠠᠭᠠᠯᠵᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠡᠭᠦᠳᠬᠦ ᠪᠠ ᠲᠡᠭᠦᠯᠳᠡᠷᠵᠢᠭᠦᠯᠵᠤ᠂ ᠠᠵᠤ | ᠠᠬᠤᠢ ᠶᠢᠨ ᠶᠠᠪᠤᠴᠠ ᠨᠢ ᠵᠤᠬᠢᠰᠲᠠᠢ ᠤᠷᠤᠨ ᠵᠠᠢ ᠳᠤ ᠪᠠᠶᠢᠬᠤ ᠶᠢ ᠪᠠᠷᠢᠮᠳᠠᠯᠠᠵᠤ᠂ ᠠᠵᠢᠯ ᠤᠯᠭᠤᠯᠲᠠ | ᠲᠤᠭᠳᠠᠭᠤᠨ᠂ ᠮᠦᠩᠭᠦᠨ ᠭᠦᠢᠯᠭᠡᠭᠡ ᠲᠤᠭᠳᠠᠭᠤᠨ᠂ ᠭᠠᠳᠠᠭᠠᠲᠤ ᠠᠷᠠᠯᠵᠢᠶ᠎ᠠ ᠲᠤᠭᠳᠠᠭᠤᠨ᠂ ᠭᠠᠳᠠᠭᠠᠳᠤ ᠪᠡᠯᠡ | ᠤᠷᠤᠭᠤᠯᠤᠯᠲᠠ ᠲᠤᠭᠳᠠᠭᠤᠨ᠂ ᠪᠡᠯᠡ ᠤᠷᠤᠭᠤᠯᠤᠯᠲᠠ ᠲᠤᠭᠳᠠᠭᠤᠨ᠂ ᠲᠦᠰᠦᠪᠯᠡᠭᠰᠡᠨ ᠬᠤᠭᠤᠴᠠᠭ᠎ᠠ ᠲᠤᠭᠳᠠᠭᠤᠨ | ᠪᠠᠶᠢᠬᠤ ᠶᠢ ᠤᠯᠠᠮ ᠨᠢᠭᠡ ᠠᠯᠬᠤᠮ ᠪᠤᠢ ᠪᠤᠯᠭᠠᠵᠤ᠂ ᠵᠠᠬ᠎ᠠ ᠲᠡᠯᠭᠡᠭᠦᠷ ᠤᠨ ᠢᠳᠡᠭᠡᠯ ᠢ ᠬᠦᠪᠴᠢᠯᠡᠨ | ᠲᠡᠭᠡᠭᠰᠢᠯᠡᠬᠦᠯᠵᠦ᠂ ᠠᠷᠠᠳ ᠤᠯᠠᠨ ᠤ ᠤᠯᠵᠠᠷᠬᠠᠭ ᠰᠡᠳᠬᠢᠯᠭᠡ᠂ ᠵᠤᠯ ᠵᠢᠷᠭᠠᠯᠲᠤ ᠰᠡᠳᠬᠢᠯᠭᠡ᠂ ᠠᠮᠤᠷ ᠲᠦᠪᠰᠢᠨ | ᠰᠡᠳᠬᠢᠯᠭᠡ ᠶᠢ ᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ | ᠲᠠᠯ᠎ᠠ ᠶᠢᠨ ᠲᠤᠭᠳᠠᠭᠤᠨ ᠢ ᠪᠠᠳᠤᠯᠠᠨ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠳᠤ ᠰᠢᠢᠳᠪᠦᠷᠢᠲᠦ | ᠴᠢᠨᠠᠷ ᠲᠠᠢ ᠰᠠᠭᠤᠷᠢ ᠶᠢ ᠲᠠᠯᠪᠢᠨ᠂ ᠰᠢᠯᠢᠳᠡᠭ ᠬᠢᠷᠢ ᠪᠦᠳᠦᠮᠵᠢ ᠪᠠᠷ ᠪᠦᠭᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠡ᠃ | ᠭᠤᠤᠯ ᠲᠦᠰᠦᠪᠯᠡᠭᠰᠡᠨ ᠬᠠᠷᠠᠯᠲᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6. | 5% ᠤᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠦᠰᠦᠪᠯᠡᠨ ᠪᠤᠳᠤᠯᠲᠠ ᠶᠢᠨ ᠤᠷᠤᠯᠭ᠎ᠠ ᠶᠢ 1. | 1% ᠲᠡᠭᠡᠭᠰᠢ ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ5. | 1% ᠤᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ | ᠬᠡᠮᠵᠢᠶ᠎ᠡ ᠶᠢ 7.8% ᠤᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠤᠪᠢᠶᠠᠷᠢᠯᠠᠵᠤ | ᠪᠤᠯᠬᠤ ᠤᠷᠤᠯᠭ᠎ᠠ ᠶᠢ ᠲᠤᠰᠪᠤᠷᠢ 5% ᠂ 7.5% ᠪᠠᠷ ᠨᠡᠮᠡᠭᠳᠡᠭᠦᠯᠦᠨ᠎ᠡ᠃ | ᠦᠨᠦ ᠵᠢᠯ ᠤᠨ ᠬᠠᠷᠠᠯᠲᠠ ᠪᠤᠯ᠂ ᠤᠳᠤᠬᠠᠨ ᠪᠠ ᠠᠯᠤᠰ ᠬᠡᠳᠦ᠂ ᠴᠢᠬᠤᠯᠠᠲᠠᠢ ᠪᠠ ᠪᠤᠯᠤᠯᠴᠠᠭ᠎ᠠ᠂ ᠬᠤᠷᠳᠤᠴᠠ ᠪᠠ | ᠴᠢᠨᠠᠷᠵᠢᠯ ᠵᠡᠷᠭᠡ ᠤᠯᠠᠨ ᠲᠠᠯ᠎ᠠ ᠶᠢᠨ ᠡᠯᠧᠮᠧᠨ᠋ᠲ ᠶᠢ ᠶᠡᠷᠦᠩᠭᠡᠶᠢᠯᠡᠨ ᠪᠤᠳᠤᠯᠬᠢᠯᠡᠭ᠌ᠰᠠᠨ ᠤ ᠲᠠᠷᠠᠭ᠎ᠠ ᠲᠤᠭᠳᠠᠭᠠᠭᠰᠠᠨ᠂ | ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠡᠶᠡᠴᠢ ᠱᠠᠭᠠᠷᠳᠠᠯᠭ᠎ᠠ ᠮᠦᠨ ᠮᠦᠷᠳᠡᠭᠡᠨ | ᠪᠠᠰᠠᠴᠤ ᠮᠠᠨ ᠤ ᠬᠤᠲᠠ ᠶᠢᠨ ᠦᠨᠳᠦᠷ ᠴᠢᠨᠠᠷᠵᠢᠯ ᠲᠠᠢ ᠬᠦᠭᠵᠢᠯᠲᠡ ᠶᠢᠨ ᠤᠳᠤᠬᠢ ᠴᠢᠬᠤᠯᠠᠴᠢᠯᠠᠭ᠎ᠠ ᠮᠦᠨ᠂ | ᠢᠳᠡᠪᠬᠢ ᠲᠠᠢ ᠮᠦᠷᠳᠡᠭᠡᠨ ᠪᠠᠰᠠ ᠲᠤᠭᠳᠠᠭᠤᠨ᠂ ᠴᠢᠷᠮᠠᠶᠢᠯᠲᠠ ᠪᠠᠷ ᠪᠡᠶᠡᠯᠡᠭᠳᠡᠵᠤ ᠪᠤᠯᠬᠤ ᠶᠤᠮ᠂ ᠪᠤᠳᠠᠳᠤ | ᠠᠵᠢᠯ ᠤᠨ ᠲᠤᠮᠳᠠ᠂ ᠪᠢᠳᠡ ᠨᠡᠩ ᠢᠯᠡᠭᠦᠦ ᠴᠢᠷᠮᠠᠶᠢᠨ᠂ ᠲᠦᠰᠦᠪᠯᠡᠭᠰᠡᠨ ᠬᠤᠭᠤᠴᠠᠭᠠᠨ ᠤ ᠡᠯ᠎ᠡ ᠵᠦᠢᠯ ᠤᠨ | ᠤᠷᠤᠨ ᠲᠤᠭ᠎ᠠ ᠶᠢ ᠲᠠᠪᠠᠭᠤᠯᠤᠨ ᠪᠡᠶᠡᠯᠡᠭᠦᠯᠬᠦ ᠪᠠᠷ ᠴᠢᠷᠮᠡᠶᠢᠨ᠎ᠡ᠃ | ᠲᠡᠭᠡᠷ᠎ᠡ ᠲᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠠ ᠤᠷᠢᠳᠴᠢᠯᠠᠨ ᠲᠦᠰᠦᠪᠯᠡᠭᠰᠡᠨ ᠬᠠᠷᠠᠯᠲᠠ ᠶᠢ ᠦᠨᠳᠦᠰᠦᠯᠡᠵᠦ᠂ | ᠦᠨᠦ ᠵᠢᠯ ᠲᠤᠤᠷᠠᠬᠢ ᠲᠤᠯᠤᠭᠠᠨ ᠵᠦᠢᠯ ᠤᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃ | ︵ᠨᠢᠭᠡ︶ ᠭᠤᠷᠪᠠᠨ ᠶᠡᠭᠡ ᠪᠠᠬᠢᠯᠡᠯᠲᠡ ᠲᠠᠭᠠᠷᠢᠬᠤ ᠪᠠᠶᠢᠯᠳᠤᠭᠠᠨ ᠢ ᠡᠷᠡᠰ ᠭᠤᠶᠢᠪᠢᠰᠢ ᠦᠭᠡᠢ ᠰᠠᠶᠢᠳᠤᠷ ᠬᠢᠨ᠎ᠡ᠃ | ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠱᠠᠭᠠᠷᠳᠠᠯᠭ᠎ᠠ ᠶᠢ ᠰᠤᠯᠠᠳᠬᠠᠬᠤ ᠦᠭᠡᠢ᠂ ᠬᠦᠴᠦᠯᠡᠴᠡ ᠶᠢ ᠪᠠᠭᠤᠷᠠᠭᠤᠯᠬᠤ | ᠦᠭᠡᠢ ᠪᠠᠶᠢᠬᠤ ᠶᠢ ᠪᠠᠷᠢᠮᠳᠠᠯᠠᠵᠤ᠂ ᠲᠤᠪᠤᠶᠢᠮ᠎ᠠ ᠠᠰᠠᠭᠤᠳᠠᠯ ᠳᠤ ᠬᠠᠨᠳᠤᠭᠤᠯᠤᠨ᠂ ᠦᠷᠭᠦᠯᠵᠢᠯᠡᠨ ᠤᠶᠤᠨ | ᠬᠦᠴᠦ ᠪᠠᠨ ᠲᠦᠪᠯᠡᠷᠡᠭᠦᠯᠵᠦ ︽ᠭᠤᠷᠪᠠᠨ ᠶᠡᠭᠡ ᠪᠠᠬᠢᠯᠡᠯᠲᠡ ᠲᠠᠭᠠᠷᠢᠬᠤ ᠪᠠᠶᠢᠯᠳᠤᠭᠠᠨ ︾ ᠢ ᠦᠷᠭᠦᠯᠵᠢᠯᠡᠨ ᠰᠠᠶᠢᠳᠤᠷ | ᠬᠢᠨ᠎ᠡ᠃ | ᠨᠢᠭᠡ ᠳᠤ᠂ ᠲᠤᠮᠤ ᠴᠢᠬᠤᠯᠡ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠪᠠᠶᠢᠯᠳᠤᠭᠠᠨ ᠢ ᠦᠷᠭᠦᠯᠵᠢᠯᠡᠨ | ᠰᠠᠶᠢᠳᠤᠷ ᠬᠢᠨ᠎ᠡ᠃ 2 ᠰᠠᠷ᠎ᠠ ᠶᠢᠨ21 ᠤ ᠡᠳᠦᠷ᠂ ᠦᠪᠡᠷᠳᠡᠭᠡᠨ ᠵᠠᠰᠠᠬᠤ ᠤᠷᠤᠨ ᠳᠤ ᠤᠳᠤᠷᠢᠳᠬᠤ ᠺᠠᠳ᠋ᠷ ᠤᠨ | ᠰᠠᠭᠤᠷᠢ ᠰᠡᠳᠬᠢᠬᠦᠢ ᠶᠢ ᠪᠠᠷᠢᠮᠳᠠᠯᠠᠨ ᠲᠤᠮᠦ ᠴᠢᠬᠤᠯᠡ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠲᠤᠰᠬᠠᠢ | ᠰᠡᠳᠦᠪᠲᠦ ᠰᠤᠳᠤᠯᠭᠠᠨ ᠤ ᠠᠩᠭᠢ ᠡᠷᠬᠢᠯᠡᠪᠡ᠃ ᠯᠢ ᠵᠢᠢ ᠾᠧᠩ ᠱᠦᠵᠢ ᠴᠢᠬᠤᠯᠠᠴᠢᠯᠠᠬᠤ ᠳᠤ ᠪᠠᠨ᠂ ᠤᠯᠤᠰ | ᠲᠦᠷᠦ᠂ ᠦᠵᠡᠯ ᠤᠠᠬᠠᠮᠰᠠᠷ ᠤᠨ ᠪᠠᠶᠢᠳᠠᠯ᠂ ᠠᠵᠤ ᠠᠬᠤᠢ ᠶᠢᠨ ᠪᠠᠭᠤᠷᠠᠯᠲᠠ᠂ ᠵᠠᠰᠠᠭ ᠤᠨ ᠤᠷᠳᠤᠨ ᠤ ᠦᠷᠢ ᠶᠢᠨ | ᠶᠠᠪᠤᠳᠠᠯ ᠪᠠ ᠮᠦᠩᠭᠦᠨ ᠭᠦᠢᠯᠭᠡᠭᠡᠨ᠂ ᠨᠡᠶᠢᠭᠡᠮ᠂ ᠠᠮᠢ ᠠᠬᠤᠢ ᠤᠷᠴᠢᠨ ᠲᠤᠭᠤᠷᠢᠨ᠂ ᠨᠠᠮ ᠤᠨ ᠪᠠᠶᠢᠭᠤᠯᠤᠯᠲᠠ | ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃ | ᠰᠡᠷᠭᠡᠶᠢᠯᠡᠨ ᠬᠤᠷᠢᠭᠯᠠᠬᠤ ᠲᠤᠮᠤ ᠴᠢᠬᠤᠯᠡ ᠠᠶᠤᠯ ᠲᠦᠭᠰᠢᠭᠦᠷᠢ ᠮᠠᠨ ᠤ ᠬᠤᠲᠠ ᠳᠤ ᠭᠤᠤᠯᠳᠠᠭᠤ ᠵᠠᠰᠠᠭ ᠤᠨ | ᠤᠷᠤᠯᠳᠤᠨ ᠤ ᠦᠷᠢ ᠶᠢᠨ ᠶᠠᠪᠤᠳᠠᠯ ᠪᠠ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠬᠤᠷᠢᠭᠯᠠᠬᠤ ᠳᠤ ᠲᠦᠪᠯᠡᠷᠡᠵᠦ ᠪᠠᠶᠢᠨ᠎ᠠ᠃ ᠪᠢᠳᠡ ᠡᠷᠡᠰ ᠪᠠᠲᠤ᠂ ᠬᠢᠵᠠᠭᠠᠷᠯᠠᠵᠤ ᠪᠤᠯᠬᠤ᠂ ᠡᠮᠬᠢ ᠲᠠᠷᠠᠭ᠎ᠠ ᠲᠠᠢ᠂ | ᠵᠤᠬᠢᠬᠤ ᠬᠡᠮᠵᠢᠶᠡᠨ ᠤ ᠱᠠᠭᠠᠷᠳᠠᠯᠭ᠎ᠠ ᠶᠤᠰᠤᠭᠠᠷ᠂ ᠦᠷᠢ ᠶᠢᠨ ᠶᠠᠪᠤᠳᠠᠯ ᠤᠨ ᠲᠦᠷᠦᠯ ᠵᠦᠢᠯ᠂ ᠵᠤᠭᠤᠰ ᠪᠤᠴᠠᠭᠠᠬᠤ | ᠴᠠᠭ ᠬᠤᠭᠤᠴᠠᠭ᠎ᠠ ᠪᠠ ᠦᠷᠢ ᠶᠢᠨ ᠶᠠᠪᠤᠳᠠᠯ ᠤᠨ ᠭᠤᠤᠯ ᠴᠤᠭᠴᠠ ᠶᠢ ᠲᠦᠪ ᠴᠢᠩᠭ᠎ᠠ ᠢᠯᠭᠠᠵᠤ᠂ ᠵᠠᠰᠠᠭ ᠤᠨ | ᠤᠷᠳᠤᠨ ᠤ ᠦᠷᠢ ᠶᠢ ᠨᠠᠮᠳᠠᠭᠤᠯᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ︽ᠨᠢᠭᠡ ᠯᠠ ᠲᠡᠭᠡᠷ᠎ᠡ | ᠰᠢᠢᠳᠪᠦᠷᠢᠯᠡᠬᠦ︾ ︽ᠲᠦᠷᠭᠡᠨ ᠲᠤᠷᠮᠤᠰᠯᠠᠬᠤ︾ ᠪᠠᠷ ᠬᠢᠵᠦ ᠪᠤᠯᠬᠤ ᠦᠭᠡᠢ᠃ ᠵᠠᠰᠠᠭ ᠤᠨ ᠤᠷᠳᠤᠨ ᠤ ᠦᠷᠢ ᠶᠢᠨ | ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠦᠷᠢ ᠶᠢᠨ ᠨᠡᠮᠡᠭᠳᠡᠬᠦ ᠬᠡᠮᠵᠢᠶ᠎ᠡ ᠪᠠ ᠬᠡᠪᠴᠢᠶ᠎ᠠ ᠶᠢ ᠴᠢᠩᠭ᠎ᠠ | ᠬᠢᠵᠠᠭᠠᠷᠯᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ᠂ ᠦᠷᠢ ᠭᠠᠷᠭᠠᠬᠤ ᠬᠦᠷᠦᠩᠭᠡ | ᠨᠡᠶᠢᠯᠡᠭᠦᠯᠬᠦ᠂ ᠰᠠᠭᠤᠷᠢ ᠮᠦᠩᠭᠦᠨ ᠤ ᠡᠷᠭᠢᠯᠲᠡ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ | ᠠᠵᠢᠯᠯᠠᠭ᠎ᠠ ᠶᠢ ᠲᠦᠷᠢᠮᠵᠢᠭᠦᠯᠵᠦ᠂ ᠰᠤᠬᠤᠷ ᠪᠠᠯᠠᠢ ᠬᠡᠮᠵᠢᠶᠡᠨ ᠠᠴᠠ ᠭᠡᠳᠦᠷᠡᠭᠰᠡᠨ ᠦᠷᠢ ᠭᠠᠷᠠᠭᠠᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠳᠠᠯ ᠤᠨ ᠬᠢᠵᠠᠭᠠᠷᠯᠠᠯ ᠢ ᠴᠢᠩᠭᠠᠳᠬᠠᠨ᠂ ᠤᠷᠤᠨ᠂ | ᠠᠶᠢᠮᠠᠭ ᠤᠨ ᠱᠠᠭᠠᠷᠳᠠᠯᠭ᠎ᠠ ᠶᠤᠰᠤᠭᠠᠷ᠂ ᠨᠢᠳᠤᠨᠤᠨ ᠤ ᠪᠠᠭᠠᠰᠬᠠᠬᠰᠠᠨ ᠰᠠᠭᠤᠷᠢᠨ ᠲᠡᠭᠡᠷ᠎ᠡ ᠪᠠᠨ᠂ ᠦᠨᠦ ᠵᠢᠯ | ᠦᠷᠭᠦᠯᠵᠢᠯᠡᠨ ᠲᠠᠷᠤᠭᠠᠰᠤ ᠶᠢ ᠲᠤᠯᠵᠤ᠂10% ᠶᠢᠨ ᠬᠠᠷᠢᠴᠠᠯ ᠢᠶᠠᠷ ᠡᠩ ᠤᠨ ᠴᠢᠨᠠᠷᠲᠠᠢ ᠵᠠᠷᠤᠳᠠᠯ ᠢ ᠪᠠᠭᠠᠰᠬᠠᠨ᠎ᠠ︔ | ᠰᠢᠨ᠎ᠡ ᠭᠠᠶᠢᠯᠢ ᠶᠢᠨ ᠢᠷᠡᠯᠲᠡ ᠶᠢ ᠢᠳᠡᠪᠬᠢᠲᠡᠢ ᠪᠤᠶᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠦᠨ᠎ᠡ | ᠵᠤᠭᠤᠰ ᠢ ᠬᠤᠷᠢᠶᠠᠬᠤ ᠵᠤᠬᠢᠰᠲᠠᠢ ᠶᠢ ᠨᠢ ᠬᠤᠷᠢᠶᠠᠵᠤ᠂ ᠭᠠᠶᠢᠯᠢ ᠠᠴᠠ ᠲᠤᠳᠠᠭᠠᠬᠤ ᠭᠠᠶᠢᠯᠢ ᠦᠷᠢᠳᠦᠬᠦ ᠶᠢ | ᠰᠡᠷᠭᠡᠶᠢᠯᠡᠵᠦ᠂ ᠦᠷᠢ ᠶᠢᠨ ᠡᠷᠬᠡ ᠶᠢ ᠰᠤᠯᠢᠬᠤ᠂ ᠬᠦᠷᠦᠩᠭᠡ ᠶᠢ ᠲᠠᠬᠢᠨ ᠪᠠᠶᠢᠭᠤᠯᠬᠤ᠂ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠪᠠ ᠤᠯᠤᠰ ᠤᠨ ᠦᠮᠴᠢᠯᠡᠯ ᠤᠨ ᠬᠦᠷᠦᠩᠭᠡ ᠶᠢ ᠠᠮᠢᠯᠠᠭᠤᠯᠬᠤ ᠵᠡᠷᠭᠡ ᠠᠷᠭ᠎ᠠ ᠪᠠᠷ᠂ | ᠤᠷᠤᠯᠭ᠎ᠠ ᠶᠢ ᠨᠡᠮᠡᠭᠳᠡᠭᠦᠯᠬᠦ ᠲᠠᠯᠳᠠ ᠬᠦᠴᠦᠨ ᠢ ᠢᠯᠡᠷᠡᠭᠦᠯᠵᠦ᠂ ᠦᠷᠢ ᠶᠢ ᠨᠠᠮᠳᠠᠭᠤᠯᠬᠤ ᠶᠢᠨ ᠲᠦᠯᠦᠭᠡ ᠡᠳ᠋ ᠤᠨ | ᠬᠦᠴᠦᠨ ᠤ ᠤᠷᠤᠨ ᠵᠠᠢ ᠶᠢ ᠭᠠᠷᠭᠠᠵᠤ ᠂ ᠪᠦᠬᠦ ᠵᠢᠯ ᠤᠨ ᠦᠷᠢ ᠶᠢ ᠨᠠᠮᠳᠠᠭᠤᠯᠬᠤ ᠡᠭᠦᠷᠭᠡ ᠶᠢ ᠪᠡᠶᠡᠯᠡᠭᠦᠯᠬᠦ ᠶᠢ | ᠪᠠᠳᠤᠯᠠᠬᠤ ᠬᠡᠷᠡᠭᠲᠡᠢ᠃ ᠬᠠᠤᠯᠢ ᠶᠢ ᠵᠦᠷᠢᠴᠡᠵᠦ ᠲᠦᠷᠢᠮ ᠢ ᠵᠦᠷᠢᠴᠡᠭᠰᠡᠨ ᠮᠦᠩᠭᠦᠨ ᠭᠦᠢᠯᠭᠡᠭᠡᠨ ᠤ | ᠠᠵᠢᠯᠯᠠᠭ᠎ᠠ ᠶᠢᠨ ᠰᠡᠷᠭᠦᠨ ᠪᠤᠰᠬᠤ ᠶᠢ ᠡᠷᠡᠰ ᠰᠡᠷᠭᠡᠶᠢᠯᠡᠨ ᠵᠤᠭᠰᠤᠭᠠᠵᠤ᠂ ᠪᠠᠭ᠎ᠠ ᠬᠡᠮᠵᠢᠶᠡᠨ ᠤ ᠵᠢᠭᠡᠯᠡᠯᠭᠡ᠂ | ᠠᠷᠠᠳ ᠤᠨ ᠬᠤᠭᠤᠷᠤᠨᠳᠤᠬᠢ ᠵᠢᠭᠡᠯᠡᠯᠭᠡ᠂ ᠰᠦᠯᠵᠢᠶᠡᠨ ᠤ ᠵᠢᠭᠡᠯᠡᠯᠭᠡ ᠶᠢᠨ ᠬᠢᠨᠡᠨ ᠬᠠᠮᠢᠶᠠᠷᠤᠯᠲᠠ ᠶᠢᠨ | ᠬᠦᠴᠦᠯᠡᠴᠡ ᠶᠢ ᠨᠡᠮᠡᠭᠳᠡᠭᠦᠯᠵᠦ᠂ ᠬᠠᠤᠯᠢ ᠪᠤᠰᠤ ᠬᠦᠷᠦᠩᠭᠡ ᠨᠡᠶᠢᠯᠡᠭᠦᠯᠵᠦ ᠪᠡᠯᠡ ᠴᠤᠭᠯᠠᠭᠤᠯᠬᠤ ᠳᠤ ᠴᠢᠩᠭ᠎ᠠ | ᠴᠤᠬᠢᠯᠲᠠ ᠦᠭᠴᠦ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠰᠡᠷᠭᠡᠶᠢᠯᠡᠨ | ᠬᠤᠷᠢᠭᠯᠠᠬᠤ ᠬᠡᠷᠡᠭᠲᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠬᠠᠷᠢᠭᠤᠴᠠᠯᠭ᠎ᠠ ᠶᠢ | ᠡᠭᠦᠷᠭᠡᠯᠡᠨ᠂ ᠤᠷ᠎ᠠ ᠮᠡᠷᠭᠡᠵᠢᠯ ᠢᠶᠠᠨ ᠬᠠᠳᠠᠭᠤᠵᠢᠭᠤᠯᠤᠨ ᠪᠤᠯᠪᠠᠰᠤᠷᠠᠭᠤᠯᠵᠤ᠂ ᠲᠤᠮᠤ ᠴᠢᠬᠤᠯᠡ ᠠᠶᠤᠯ | ᠲᠦᠭᠰᠢᠭᠦᠷᠢ ᠶᠢ ᠨᠠᠮᠳᠠᠭᠤᠯᠤᠨ ᠰᠢᠢᠳᠪᠦᠷᠢᠯᠡᠬᠦ ᠴᠢᠳᠡᠪᠦᠷᠢ ᠪᠠ ᠬᠢᠷᠢ ᠬᠡᠮᠵᠢᠶ᠎ᠡ ᠪᠠᠨ ᠦᠨᠡᠨᠬᠦ ᠲᠡᠭᠡᠭᠰᠢᠯᠡᠭᠦᠯᠵᠤ᠂ | ᠵᠠᠰᠠᠭ ᠤᠨ ᠤᠷᠳᠤᠨ ᠤ ᠦᠷᠢ ᠶᠢᠨ ᠶᠠᠪᠤᠳᠠᠯ ᠪᠠ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠬᠤᠷᠢᠭᠯᠠᠵᠤ ᠨᠠᠮᠳᠠᠭᠤᠯᠤᠨ ᠰᠢᠢᠳᠪᠦᠷᠢᠯᠡᠬᠦ ᠶᠢᠨ ᠬᠠᠮᠲᠤ᠂ ᠴᠠᠭ ᠢᠮᠠᠭᠲᠠ ᠠᠶᠤᠯ ᠲᠦᠭᠰᠢᠭᠦᠷᠢ ᠶᠢᠨ ᠦᠵᠡᠯ | ᠤᠬᠠᠮᠰᠠᠷ ᠪᠠ ᠰᠠᠭᠤᠷᠢ ᠰᠡᠳᠬᠢᠭᠦᠢ ᠶᠢ ᠪᠠᠳᠤᠵᠢᠭᠤᠯᠵᠤ᠂ ᠢᠳᠡᠪᠬᠢᠲᠡᠢ ᠪᠠᠶᠢᠴᠠᠭᠠᠨ ᠭᠠᠷᠭᠠᠵᠤ᠂ ᠰᠡᠷᠭᠡᠶᠢᠯᠡᠨ | ᠬᠤᠷᠢᠭᠯᠠᠵᠤ᠂ ᠪᠤᠰᠤᠳ ᠬᠦᠷᠢᠶ᠎ᠡ ᠬᠡᠪᠴᠢᠶᠠᠨ ᠤ ᠠᠶᠤᠯ ᠲᠦᠭᠰᠢᠭᠦᠷᠢ ᠶᠢ ᠴᠦ ᠨᠠᠮᠳᠠᠭᠤᠯᠤᠨ ᠰᠢᠢᠳᠪᠦᠷᠢᠯᠡᠬᠦ | ᠬᠡᠷᠡᠭᠲᠡᠢ᠃ | ᠬᠤᠶᠠᠷ ᠲᠤ᠂ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠤᠯᠬᠤ ᠪᠠᠶᠢᠯᠳᠤᠭᠠᠨ ᠢ | ᠰᠠᠶᠢᠳᠤᠷ ᠬᠢᠨ᠎ᠡ᠃ ᠬᠠᠷᠢᠴᠠᠯᠠᠰᠢᠭᠦᠢ ᠶᠠᠳᠠᠭᠤ ᠦᠵᠡᠭᠳᠡᠯ ᠢ ᠦᠨᠳᠦᠰᠦᠨ ᠳᠤ ᠪᠠᠨ ᠦᠭᠡᠢ ᠪᠤᠯᠭᠠᠬᠤ ᠶᠢᠨ | ᠰᠠᠭᠤᠷᠢᠨ ᠲᠡᠭᠡᠷ᠎ᠡ᠂ ︽ ᠬᠦᠯ ᠢ ᠨᠢ ᠲᠦᠷᠦᠭᠡᠨ ᠳᠤ ᠭᠠᠷ ᠢ ᠨᠢ ᠭᠠᠨᠵᠤᠭᠠᠨ ᠳᠤ ᠬᠦᠷᠭᠡᠬᠦ︾ ᠵᠠᠷᠴᠢᠮ ᠶᠤᠰᠤᠭᠠᠷ᠂ | ᠪᠠᠬᠢᠯᠡᠯᠲᠡ ᠲᠠᠭᠠᠷᠢᠬᠤ ᠬᠤᠭᠤᠴᠠᠭᠠᠨ ᠲᠤᠳᠤᠷ᠎ᠠ ᠶᠠᠳᠠᠭᠤ ᠠᠴᠠ ᠠᠩᠭᠢᠵᠢᠷᠠᠭᠤᠯᠵᠤ᠂ ᠬᠠᠷᠢᠴᠠᠭ᠎ᠠ ᠪᠠᠨ | ᠠᠩᠭᠢᠵᠢᠷᠠᠭᠤᠯᠬᠤ ᠦᠭᠡᠢ᠂ ᠲᠦᠷᠦ ᠶᠢᠨ ᠪᠤᠳᠤᠯᠭ᠎ᠠ ᠶᠢ ᠠᠩᠭᠢᠵᠢᠷᠠᠭᠤᠯᠬᠤ ᠦᠭᠡᠢ ᠪᠠᠶᠢᠬᠤ ᠶᠢ ᠬᠡᠷᠡᠭᠵᠢᠭᠦᠯᠵᠦ᠂ | ᠭᠤᠷᠪᠠᠨ ᠱᠠᠳᠤᠨ ᠤ ᠱᠦᠵᠢ ᠶᠠᠳᠠᠭᠤ ᠶᠢ ᠲᠡᠳᠭᠦᠬᠦ ᠶᠢ ᠠᠳᠬᠤᠵᠤ᠂ ᠨᠡᠶᠢᠳᠡᠮ ᠳᠤᠨᠢ ᠰᠤᠷᠪᠤᠯᠵᠢᠯᠠᠨ ᠪᠠᠶᠢᠴᠠᠭᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠦᠷᠪᠡᠨ ᠶᠡᠭᠡ ᠪᠠᠭ ᠤᠨ ᠤᠳᠤᠷᠢᠳᠤᠯᠭ᠎ᠠ ᠰᠤᠮᠤ ᠪᠠᠯᠭᠠᠰᠤ ᠲᠠᠯᠠᠪᠠᠢ ᠪᠠ | ︽ᠨᠢᠭᠡ ᠨᠢᠭᠡ ᠬᠠᠷᠠᠭᠠᠯᠠᠵᠯ︾ ᠤᠨ ᠴᠢᠭ ᠲᠤᠭᠳᠠᠭᠠᠨ ᠶᠠᠳᠠᠭᠤ ᠶᠢ ᠲᠡᠳᠬᠦᠬᠦ ᠲᠤᠭᠳᠠᠴᠨ ᠶᠢ ᠲᠠᠭᠠᠭᠠᠴᠢᠯᠠᠨ | ᠬᠠᠷᠢᠯᠴᠠᠵᠤ᠂ ︽ᠨᠢᠭᠡᠳᠦᠭᠡᠷ ᠱᠦᠵᠢ︾ ᠶᠢᠨ ᠦᠢᠯᠡᠳᠦᠯ ᠢ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠪᠠᠬᠢᠯᠡᠯᠡᠲᠡ ᠲᠠᠭᠠᠷᠢᠬᠤ ᠪᠠᠶᠢᠯᠳᠤᠭᠠᠨ ᠤ ᠦᠷ᠎ᠡ ᠠᠰᠢᠭ ᠢ ᠪᠦᠬᠦ ᠬᠦᠴᠦᠨ ᠢᠶᠠᠷ ᠪᠠᠬᠢᠵᠢᠭᠦᠯᠬᠦ ᠬᠡᠷᠡᠭᠲᠡᠢ᠃ ᠲᠦᠪ | ᠬᠤᠷᠢᠶᠠᠨ ᠤ ᠦᠪᠡᠷᠳᠡᠭᠡᠨ ᠵᠠᠰᠠᠬᠤ ᠤᠷᠤᠨ ᠳᠤ ᠦᠷᠨᠢᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠠᠭᠢᠯᠡᠯᠲᠡ | ᠲᠠᠭᠠᠷᠢᠬᠤ ᠲᠤᠰᠬᠠᠢ ᠲᠦᠷᠦᠯ ᠤᠨ ᠲᠤᠭᠤᠷᠢᠨ ᠦᠵᠡᠬᠦ ᠵᠢᠴᠢ ᠠᠶᠢᠮᠠᠭ ᠤᠨ ᠨᠠᠮ ᠤᠨ ᠬᠤᠷᠢᠶᠠᠨ ᠤ ᠬᠤᠲᠠ ᠶᠢᠨ | ᠨᠠᠮ ᠤᠨ ᠬᠤᠷᠢᠶᠠᠨ ᠤ ᠶᠠᠳᠠᠭᠤ ᠶᠢ ᠲᠡᠳᠭᠦᠬᠦ ᠪᠠᠬᠢᠯᠡᠯᠲᠡ ᠲᠠᠭᠠᠷᠢᠬᠤ ᠲᠤᠰᠬᠠᠢ ᠲᠦᠷᠦᠯ ᠤᠨ ᠲᠤᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠰᠠᠨᠠᠯ ᠢ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠶᠢ ᠰᠠᠶᠢᠳᠤᠷ | ᠠᠳᠬᠤᠵᠤ᠂ ᠲᠤᠭᠳᠠᠭᠰᠠᠨ ᠴᠠᠭ ᠲᠤ ᠪᠠᠨ ᠦᠨᠳᠦᠷ ᠴᠢᠨᠠᠷᠵᠢᠯ ᠲᠠᠢ ᠪᠠᠷ ᠬᠠᠯᠠᠨ ᠵᠠᠯᠠᠷᠠᠭᠤᠯᠬᠤ ᠡᠭᠦᠷᠭᠡ ᠪᠠᠨ | ᠪᠡᠶᠡᠯᠡᠬᠦᠯᠬᠦ ᠶᠢ ᠪᠠᠳᠤᠯᠠᠬᠤ ᠬᠡᠷᠡᠭᠲᠡᠢ᠃ ︽ᠬᠤᠶᠠᠷ ᠲᠤ ᠵᠤᠪᠠᠭ᠋ᠤ ᠦᠭᠡᠢ᠂ ᠭᠤᠷᠪᠡ ᠳᠤ ᠪᠠᠳᠤᠯᠠᠭ᠎ᠠ ᠲᠠᠢ︾ | ᠶᠠᠳᠠᠭᠤ ᠠᠴᠠ ᠠᠩᠭᠢᠵᠢᠷᠠᠬᠤ ᠪᠠᠷᠢᠮᠵᠢᠶ᠎ᠠ ᠶᠢ ᠪᠠᠷᠢᠮᠳᠠᠯᠠᠨ᠂ ︽ᠵᠢᠷᠭᠤᠭᠠᠨᠤᠨᠤᠪᠴᠢᠲᠠᠢ᠂ ᠲᠠᠪᠤᠨ ᠨᠢᠭᠡ ᠪᠦᠯᠦᠭ︾ | ᠤᠨ ᠱᠠᠭᠠᠷᠳᠠᠯᠭ᠎ᠠ ᠶᠤᠰᠤᠭᠠᠷ᠂ ᠠᠵᠤ ᠦᠢᠯᠡᠰᠵᠢᠯᠲᠡ ᠂ ᠮᠦᠩᠭᠦᠨ ᠭᠦᠢᠯᠭᠡᠭᠡᠨ᠂ ᠲᠠᠭᠠᠳᠬᠠᠯ᠂ ᠡᠷᠡᠬᠦᠯ | ᠴᠢᠬᠢᠷᠠᠭ᠂ ᠰᠤᠷᠭᠠᠨ ᠬᠦᠮᠦᠵᠢᠯ᠂ ᠬᠠᠷᠢᠯᠴᠠᠨ ᠲᠤᠰᠠᠯᠠᠬᠤ ᠪᠡᠯᠡ ᠮᠦᠩᠭᠦ ᠵᠡᠷᠭᠡ ᠶᠠᠳᠠᠭᠤ ᠶᠢ ᠲᠡᠳᠬᠦᠬᠦ | ᠢᠨᠵᠧᠨᠧᠷᠢᠭ ᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠦᠮᠦᠷᠭᠡ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠶᠠᠳᠠᠭᠤ ᠶᠢ ᠲᠡᠳᠬᠦᠬᠦ ᠠᠷᠭ᠎ᠠ ᠵᠠᠮ ᠢ ᠦᠷᠭᠡᠳᠬᠡᠵᠦ᠂ | ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠦᠴᠦᠯᠡᠴᠡ ᠶᠢ ᠨᠡᠮᠡᠭᠳᠡᠭᠦᠯᠦᠨ᠂ ᠶᠠᠳᠠᠭᠤ ᠡᠷᠦᠬᠡ ᠪᠤᠯᠤᠨ ︽ | ᠵᠠᠬᠠᠯᠠᠵᠤ ᠪᠠᠶᠢᠬᠤ ᠡᠷᠦᠬᠡ︾ ᠶᠢᠨ ᠲᠤᠳᠤᠭᠠᠲᠤ ᠬᠦᠳᠡᠯᠭᠡᠬᠦ ᠬᠦᠴᠦᠨ ᠪᠠ ᠦᠪᠡᠷ ᠢᠶᠠᠨ ᠬᠦᠭᠵᠢᠬᠦ ᠴᠢᠳᠡᠪᠦᠷᠢ ᠶᠢ | ᠲᠠᠰᠤᠷᠠᠯᠲᠠ ᠦᠭᠡᠢ ᠨᠡᠮᠡᠭᠳᠡᠭᠦᠯᠵᠦ᠂ ᠲᠠᠬᠢᠨ ᠶᠠᠳᠠᠭᠤᠷᠠᠬᠤ ᠪᠠ ᠰᠢᠨ᠎ᠡ ᠶᠠᠳᠠᠭᠤ ᠡᠷᠦᠬᠡ ᠭᠠᠷᠬᠤ ᠶᠢ ᠰᠡᠷᠭᠡᠶᠢᠯᠡᠨ | ᠵᠤᠭᠰᠤᠭᠠᠬᠤ ᠬᠡᠷᠡᠭᠲᠡᠢ᠃ ᠶᠠᠳᠠᠭᠤ ᠶᠢ ᠲᠡᠳᠭᠦᠬᠦ ᠨᠢᠭᠤᠷᠯᠠᠯ ᠤᠨ ᠬᠦᠳᠡᠯᠦᠯ ᠪᠠᠶᠢᠳᠠᠯ ᠤᠨ ᠬᠠᠮᠢᠶᠠᠷᠤᠯᠲᠠ ᠶᠢ | ᠯᠠᠪᠳᠠᠭᠤᠨ ᠠᠬᠢᠭᠤᠯᠵᠤ᠂ ᠶᠠᠳᠠᠭᠤ ᠬᠦᠴᠢᠷᠳᠡᠢ ᠳᠤ ᠤᠷᠤᠭᠤᠯᠬᠤ ᠪᠠ ᠭᠠᠷᠭᠠᠬᠤ ᠪᠠᠷᠢᠮᠵᠢᠶ᠎ᠠ ᠵᠢᠴᠢ ᠠᠯᠬᠤᠮ | ᠲᠠᠷᠠᠭ᠎ᠠ ᠶᠢ ᠴᠢᠩᠭ᠎ᠠ ᠬᠡᠷᠡᠭᠵᠢᠭᠦᠯᠦᠨ᠂ ᠤᠷᠤᠭᠤᠯᠬᠤ ᠵᠤᠬᠢᠰᠲᠠᠢ ᠶᠢ ᠨᠢᠤᠷᠤᠭᠤᠯᠵᠤ᠂ ᠭᠠᠷᠭᠠᠬᠤ ᠵᠤᠬᠢᠰᠲᠠᠢ ᠶᠢ ᠨᠢ | ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠶᠢᠨ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠲᠠᠭᠠᠭᠠᠬᠤ ᠶᠢ | ᠪᠠᠳᠤᠯᠠᠬᠤ ᠪᠤᠯᠭᠠᠨ᠎ᠠ᠃ | ᠭᠤᠷᠪᠠ ᠳᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠲᠠᠭᠠᠷᠢᠬᠤ ᠪᠠᠶᠢᠯᠳᠤᠭᠠᠨ ᠢ ᠰᠠᠶᠢᠳᠦᠷ ᠬᠢᠨ᠎ᠡ᠃ | ᠬᠠᠮᠤᠭ ᠤᠨ ᠡᠷᠡᠰ ᠤᠪᠤᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠦᠷ᠎ᠡ ᠠᠰᠢᠭᠲᠤ ᠠᠷᠭ᠎ᠠ | ᠬᠡᠮᠵᠢᠶ᠎ᠡ ᠪᠠᠷ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ | ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠵᠠᠯᠠᠷᠠᠭᠤᠯᠬᠤ ᠠᠵᠢᠯ ᠢ | ᠬᠦᠴᠦᠲᠡᠢ ᠠᠳᠬᠤᠬᠤ ᠬᠡᠷᠡᠭᠲᠡᠢ᠃ ︽ᠠᠭᠤᠷ ᠠᠮᠢᠰᠬᠤᠯ ᠠᠷᠪᠠᠨ ᠵᠤᠷᠪᠤᠰ︾ ︽ᠤᠰᠤ ᠠᠷᠪᠠᠨ ᠵᠤᠷᠪᠤᠰ︾ ︽ | ᠰᠢᠷᠦᠢ ᠠᠷᠪᠠᠨ ᠵᠤᠷᠪᠤᠰ︾ ᠢ ᠲᠦᠪ ᠴᠢᠩᠭ᠎ᠠ ᠨᠠᠶᠢᠳᠠᠪᠤᠷᠢᠵᠢᠭᠤᠯᠵᠤ᠂ ᠬᠦᠬᠡ ᠲᠡᠭᠷᠢ᠂ ᠬᠦᠬᠡᠮᠳᠦᠭ ᠤᠰᠤ᠂ ᠴᠡᠪᠡᠷ | ᠰᠢᠷᠤᠢ ᠪᠠᠨ ᠬᠠᠮᠠᠭᠠᠯᠠᠬᠤ ᠪᠠᠶᠢᠯᠳᠤᠭᠠᠨ ᠢᠶᠠᠷ ᠭᠤᠤᠯᠳᠠᠯᠭ᠎ᠠ ᠪᠤᠯᠭᠠᠵᠤ᠂ ᠭᠤᠷᠪᠠᠨ ᠱᠠᠳᠤᠨ ᠤ ᠲᠤᠤᠷ | ᠬᠡᠪᠴᠢᠶᠡᠵᠢᠭᠦᠯᠬᠦ ᠣᠷᠴᠢᠨ ᠲᠤᠭᠤᠷᠢᠨ ᠢ ᠬᠢᠨᠡᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠤᠷᠴᠢᠨ ᠲᠤᠭᠤᠷᠢᠨ ᠤ ᠪᠠᠷᠢᠮᠵᠢᠶᠠᠨ ᠳᠤ ᠬᠦᠷᠭᠡᠬᠦ ᠦᠭᠡᠷᠡᠴᠢᠯᠡᠯᠲᠠ᠂ ︽ᠲᠠᠷᠬᠠᠢ ᠪᠤᠳᠠᠷᠬᠠᠢ | ᠡᠷᠦᠢ ᠬᠤᠷᠤᠢ ᠦᠭᠡᠢ ᠂ ᠪᠤᠵᠠᠷ ᠪᠤᠷᠳᠠᠭ︾ ᠠᠵᠤ ᠠᠬᠤᠶᠢᠯᠠᠯ ᠢ ᠴᠡᠭᠴᠡᠯᠡᠨ ᠵᠠᠰᠠᠵᠤ᠂ ᠲᠤᠭᠤᠰᠤ ᠰᠢᠷᠤᠢ ᠶᠢ | ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠠᠭᠠᠷ ᠤᠨ ᠴᠢᠨᠠᠷᠵᠢᠯ ᠤᠨ | ᠰᠠᠶᠢᠵᠢᠷᠠᠯᠲᠠ ᠶᠢᠨ ᠨᠤᠷᠮ᠎ᠠ ᠶᠢ 95% ᠠᠴᠠ ᠲᠡᠭᠡᠭᠰᠢ ᠪᠠᠶᠢᠬᠤ ᠶᠢ ᠪᠠᠳᠤᠯᠠᠨ᠎ᠠ᠃ ᠬᠠᠮᠤᠭ ᠴᠢᠩᠭ᠎ᠠ ᠤᠰᠤᠨ ᠤ | ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠤᠤᠯ ᠨᠠᠭᠤᠷ ᠤᠨ | ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠯᠢ ᠶᠢᠨ ᠭᠤᠤᠯ ᠤᠨ ᠬᠦᠪᠡᠭᠡ ᠲᠠᠭᠠᠤ ᠶᠢᠨ | ᠬᠠᠮᠠᠭᠠᠯᠠᠯᠲᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠤᠰᠤᠨ ᠤ ᠪᠤᠬᠢᠷᠳᠤᠯ ᠢ ᠵᠠᠰᠠᠬᠤ᠂ ᠰᠢᠯᠢ ᠶᠢᠨ | ᠭᠤᠤᠯ ᠤᠨ ᠠᠮᠢ ᠠᠬᠤᠢ ᠶᠢᠨ ᠤᠰᠤᠨ ᠤ ᠰᠢᠰᠲ᠋ᠧᠮ ᠢ ᠵᠠᠰᠠᠬᠤ᠂ ᠤᠰᠤᠨ ᠤ ᠰᠤᠷᠪᠤᠯᠵᠢ ᠭᠠᠵᠠᠷ ᠢ ᠬᠠᠮᠠᠭᠠᠯᠠᠬᠤ ᠪᠠ | ᠪᠦᠳᠦᠭᠡᠨ ᠪᠠᠶᠢᠭᠤᠯᠬᠤ ᠶᠢ ᠨᠢᠭᠡᠳᠦᠯᠲᠡᠢ ᠲᠦᠯᠬᠢᠨ ᠠᠬᠢᠭᠤᠯᠵᠤ᠂ ᠲᠦᠷᠢᠮ ᠢ ᠵᠦᠷᠢᠴᠡᠨ ᠦᠪᠡᠷᠳᠡᠭᠡᠨ | ᠪᠡᠯᠡᠳᠬᠡᠭᠰᠡᠨ ᠬᠤᠤᠳᠤᠭ ᠢ ᠬᠠᠭᠠᠯᠭᠠᠬᠤ ᠵᠡᠷᠭᠡ ᠠᠵᠢᠯ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ | ᠬᠠᠮᠠᠭᠠᠯᠠᠬᠤ ᠬᠦᠴᠦᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ︔ ᠲᠤᠮᠳᠠ ᠬᠡᠮᠵᠢᠶᠡᠨ ᠤ ᠤᠰᠤᠨ ᠤ | ᠬᠤᠭᠤᠯᠠᠢ ᠶᠢᠨ ᠲᠤᠤᠷ ᠤᠨ ᠪᠠᠶᠢᠭᠤᠯᠤᠯᠲᠠ ᠳᠤ ᠲᠦᠷᠭᠡᠳᠬᠡᠨ ᠠᠬᠢᠭᠤᠯᠵᠤ᠂ ᠲᠤᠮᠳᠠ ᠶᠢᠨ ᠤᠰᠤᠨ ᠤ ᠬᠡᠷᠡᠭᠯᠡᠬᠦ | ᠠᠷᠭ᠎ᠠ ᠶᠢ ᠲᠤᠭᠳᠠᠭᠠᠨ᠂ ᠬᠠᠭᠠᠭᠰᠠᠨᠠᠵᠤ ᠦᠢᠯᠡᠳᠪᠦᠷᠢ᠂ ᠤᠢ ᠮᠤᠳᠤᠨ ᠤ ᠨᠤᠭᠤᠭᠠᠷᠠᠭᠤᠯᠤᠯᠲᠠ ᠵᠡᠷᠭᠡ ᠳᠤ | ᠲᠤᠮᠳᠠ ᠶᠢᠨ ᠤᠰᠤ ᠶᠢ ᠬᠡᠷᠡᠭᠯᠡᠵᠦ ᠪᠤᠯᠬᠤ ᠠᠵᠢᠯ ᠲᠦᠷᠦᠯ ᠳᠤ ᠪᠦᠬᠦᠨ ᠳᠤ ᠲᠤᠮᠳᠠ ᠶᠢᠨ ᠤᠰᠤ ᠶᠢ ᠬᠡᠷᠡᠭᠯᠡᠬᠦ | ᠬᠡᠷᠡᠭᠲᠡᠢ᠃ ᠬᠠᠳᠠᠭᠤ ᠪᠠᠶᠠᠲᠤ ᠬᠠᠶᠠᠭᠳᠠᠮᠠᠯ ᠪᠤᠳᠠᠰ ᠪᠠ ᠬᠤᠭ ᠨᠤᠪᠰᠢ ᠶᠢ ᠰᠢᠢᠳᠪᠦᠷᠢᠯᠡᠵᠤ᠂ ᠠᠭᠤᠷᠬᠠᠢ ᠶᠢᠨ | ᠲᠤᠭᠤᠷᠢᠭ ᠤᠨ ᠪᠤᠵᠠᠷᠳᠤᠯ ᠢ ᠵᠠᠰᠠᠬᠤ ᠪᠠ ᠭᠠᠵᠠᠷ ᠰᠢᠨᠵᠢᠯᠡᠭᠡᠨ ᠤ ᠠᠮᠢ ᠠᠬᠤᠢ ᠤᠷᠴᠢᠨ ᠲᠤᠭᠤᠷᠢᠨ ᠢ ᠵᠠᠰᠠᠨ | ᠰᠡᠷᠭᠦᠭᠡᠬᠦ ᠶᠢ ᠰᠠᠶᠢᠳᠤᠷ ᠠᠳᠬᠤᠵᠤ᠂ ᠤᠢ ᠰᠢᠭᠤᠢ ᠶᠢᠨ ᠨᠤᠭᠤᠭᠠᠷᠠᠭᠤᠯᠤᠯᠲᠠ ᠳᠤ ᠲᠠᠷᠢᠶᠠᠨ ᠡᠮ ᠬᠢᠮᠢ ᠶᠢᠨ | ᠪᠤᠷᠳᠤᠭᠤᠷ ᠢ ᠰᠢᠨᠵᠢᠯᠠᠬᠦ ᠤᠬᠠᠭᠠᠨᠴᠢ ᠬᠡᠷᠡᠭᠯᠡᠨ᠂ ᠬᠤᠭ ᠨᠤᠪᠰᠢ ᠶᠢ ᠰᠢᠳᠠᠭᠠᠨ ᠴᠠᠬᠢᠯᠭᠠᠨ ᠭᠠᠷᠭᠠᠬᠤ᠂ | ᠨᠡᠭᠦᠷᠡᠰᠦᠨ ᠤ ᠬᠤᠭ ᠦᠨᠡᠰᠦ ᠶᠢ ᠶᠡᠷᠦᠩᠭᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷᠵᠢᠯ ᠢ ᠦᠷᠭᠦᠯᠵᠢᠯᠡᠨ | ᠰᠠᠶᠢᠵᠢᠷᠠᠭᠤᠯᠬᠤ ᠬᠡᠷᠡᠭᠲᠡᠢ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠢ ᠵᠠᠰᠠᠨ | ᠰᠠᠶᠢᠵᠢᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠴᠢᠬᠤᠯᠡ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ | ᠵᠠᠰᠠᠨ ᠰᠡᠷᠭᠦᠭᠡᠯᠲᠡ ᠶᠢᠨ ᠢᠨᠵᠧᠨᠧᠷᠢᠭ ᠢ ᠭᠦᠨᠵᠡᠭᠡᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ | ᠵᠠᠰᠠᠬᠤ᠂ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠪᠠᠶᠢᠭᠠᠯᠢ ᠶᠢᠨ ᠠᠮᠢ ᠠᠬᠤᠢ ᠶᠢᠨ ᠲᠤᠭᠳᠠᠭᠤᠨ ᠴᠢᠨᠠᠷ ᠪᠠ ᠠᠮᠢ ᠠᠬᠤᠢ ᠶᠢᠨ ᠦᠢᠯᠡᠴᠢᠯᠡᠬᠦ ᠴᠢᠳᠡᠪᠬᠢ ᠶᠢ | ᠲᠡᠭᠡᠭᠰᠢᠯᠡᠬᠦᠯᠦᠨ᠎ᠡ᠃ ᠡᠬᠡ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠰᠠᠭᠤᠳᠠᠯ ᠢ ᠬᠠᠯᠠᠨ | ᠰᠠᠶᠢᠵᠢᠷᠠᠭᠤᠯᠬᠤ ᠶᠢ ᠪᠡᠶᠡᠯᠡᠭᠦᠯᠦᠨ᠂ ᠱᠠᠭᠠᠷᠳᠠᠯᠭ᠎ᠠ ᠶᠤᠰᠤᠭᠠᠷ ᠡᠬᠡ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ | ᠠᠭᠤᠷᠬᠠᠢ ᠠᠵᠤ ᠠᠬᠤᠶᠢᠯᠠᠯ ᠢ ᠬᠦᠭᠡᠭᠡᠨᠭᠠᠷᠭᠠᠬᠤ ᠪᠠ ᠠᠭᠤᠷᠬᠠᠢ ᠶᠢᠨ ᠲᠤᠭᠤᠷᠢᠭ ᠤᠨ ᠤᠷᠴᠢᠨ ᠲᠤᠭᠤᠷᠢᠨ ᠢ | ᠵᠠᠰᠠᠬᠤ ᠠᠵᠢᠯ ᠢ ᠰᠠᠶᠢᠳᠤᠷ ᠬᠢᠵᠦ᠂ ᠵᠢᠯ ᠤᠨ ᠲᠤᠳᠤᠷ᠎ᠠ ᠠᠭᠤᠷᠬᠠᠢ ᠡᠷᠢᠬᠦ ᠡᠷᠬᠡ ᠶᠢ ᠪᠦᠬᠦᠨ ᠢ ᠲᠦᠯᠬᠢᠨ | ᠭᠠᠷᠭᠠᠵᠤ᠂ ᠠᠭᠤᠷᠬᠠᠢ ᠮᠠᠯᠳᠠᠬᠤ ᠡᠷᠬᠡ ᠪᠠ ᠠᠵᠤ ᠦᠢᠯᠡᠳᠪᠦᠷᠢ ᠠᠵᠤ ᠠᠬᠤᠶᠢᠯᠠᠯ ᠢ ᠭᠠᠷᠠᠭᠠᠬᠤ ᠨᠤᠷᠮ᠎ᠠ ᠶᠢ | 70% ᠠᠴᠠ ᠲᠡᠭᠡᠭᠰᠢ ᠪᠤᠯᠭᠠᠬᠤ ᠶᠢᠨ ᠪᠠᠳᠤᠯᠠᠨ᠎ᠠ᠃ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ | ᠬᠦᠴᠦᠯᠡᠴᠡ ᠪᠠᠨ ᠨᠡᠮᠡᠭᠳᠡᠭᠦᠯᠵᠦ᠂ ᠠᠮᠢ ᠠᠬᠤᠢ ᠶᠢ ᠵᠠᠰᠠᠨ ᠰᠡᠷᠭᠦᠭᠡᠬᠦ ᠪᠠᠷ ᠭᠤᠤᠯ ᠪᠤᠯᠭᠠᠵᠦ᠂ ᠮᠠᠯᠵᠢᠯ ᠢ | ᠵᠤᠭᠰᠤᠭᠠᠨ ᠪᠡᠯᠴᠢᠭᠡᠷ ᠰᠡᠷᠭᠦᠭᠡᠬᠦ ᠲᠦᠷᠢᠮ᠂ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ | ᠮᠥᠩᠬᠦ ᠤᠯᠭᠤᠬᠤ ᠪᠤᠯᠤᠨ ᠮᠠᠯᠵᠢᠬᠤ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠯᠬᠦ ᠬᠠᠷᠢᠭᠤᠴᠠᠯᠭ᠎ᠠ ᠶᠢ | ᠬᠡᠷᠡᠭᠵᠢᠬᠦᠯᠬᠦ ᠳᠤ ᠬᠤᠯᠪᠤᠭᠳᠠᠭᠤᠯᠬᠤ ᠲᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠳᠤᠭ ᠪᠡᠯᠴᠢᠭᠡᠷ ᠢ ᠬᠢᠨᠡᠨ | ᠬᠡᠮᠵᠢᠵᠦ ᠦᠨᠡᠯᠡᠬᠦ ᠪᠠ ᠤᠷᠢᠳᠴᠢᠯᠠᠨ ᠰᠠᠨᠠᠭᠤᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠶᠢ | ᠵᠤᠭᠰᠤᠭᠠᠭᠰᠠᠨ ᠭᠠᠵᠠᠷ ᠲᠤ ᠮᠠᠯ ᠦᠭᠡᠢ ᠪᠠᠶᠢᠬᠤ᠂ ᠲᠡᠩᠴᠡᠭᠦᠷᠢᠰᠢᠭᠦᠯᠬᠦ ᠲᠤᠭᠤᠷᠢᠭ ᠲᠤ ᠲᠠᠭᠠᠭᠠᠴᠠ ᠶᠢ | ᠭᠡᠳᠦᠷᠡᠭᠦᠯᠬᠦ ᠦᠭᠡᠢ ᠪᠠᠶᠢᠬᠤ ᠶᠢ ᠬᠡᠷᠡᠭᠵᠢᠬᠦᠯᠦᠨ᠎ᠡ︔ ᠮᠠᠨ ᠤ ᠬᠤᠲᠠ ᠶᠢᠨ ᠲᠠᠯ᠎ᠠ ᠨᠤᠳᠤᠭ ᠤᠨ ᠠᠮᠢ ᠠᠬᠤᠢ ᠶᠢᠨ | ᠤᠯᠠᠭᠠᠨ ᠱᠤᠭᠤᠮ ᠢ ᠵᠢᠷᠤᠵᠤ ᠲᠤᠭᠳᠠᠭᠠᠬᠤ ᠠᠵᠢᠯ ᠦᠨᠳᠦᠰᠦᠨ ᠳᠤ ᠲᠠᠭᠤᠰᠴᠤ᠂ ᠦᠨᠦ ᠵᠢᠯ ᠵᠠᠭᠠᠭ ᠬᠢᠵᠠᠭᠠᠷ ᠢ | ᠬᠡᠮᠵᠢᠨ ᠲᠤᠭᠳᠠᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ︽ᠲᠤᠮᠤ ᠰᠠᠷᠠᠪᠴᠢᠲᠦ ᠭᠡᠷ︾ ᠢ ᠴᠡᠪᠡᠷᠯᠡᠨ | ᠵᠠᠰᠠᠬᠤ ᠠᠰᠠᠭᠤᠳᠠᠯ ᠢ ᠤᠯᠤᠰ ᠲᠦᠷᠦ ᠶᠢᠨ ᠡᠭᠦᠷᠭᠡ ᠪᠤᠯᠭᠠᠨ᠂ ᠲᠤᠶᠢᠯᠪᠤᠷᠢᠲᠠᠢ ᠪᠠᠶᠢᠴᠠᠭᠠᠨ᠂ ᠲᠦᠷᠭᠡᠨ | ᠴᠡᠭᠴᠡᠯᠡᠨ ᠵᠠᠰᠠᠵᠤ᠂ ᠴᠡᠪᠡᠷᠯᠡᠨ ᠴᠡᠭᠴᠡᠯᠡᠬᠦ ᠠᠵᠢᠯ ᠤᠨ ᠴᠠᠭ ᠲᠤ ᠪᠠᠨ ᠪᠡᠶᠡᠯᠡᠭᠳᠡᠬᠦ ᠶᠢ ᠪᠠᠳᠤᠯᠠᠨ᠎ᠠ᠃ ᠤᠯᠤᠰ ᠤᠨ | ᠭᠠᠵᠠᠷ ᠰᠢᠷᠤᠢ ᠶᠢᠨ ᠱᠠᠭᠠᠷᠳᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠰᠠᠶᠢᠨ ᠬᠢᠵᠦ᠂ | ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠲᠠ ᠶᠢᠨ ᠠᠵᠢᠯ ᠢ ᠰᠠᠶᠢᠳᠤᠷ ᠦᠷᠨᠢᠭᠦᠯᠦᠨ᠎ᠡ᠃ | ︵ᠬᠤᠶᠠᠷ︶ ᠠᠵᠤ ᠠᠬᠤᠢ ᠶᠢᠨ ᠦᠨᠳᠦᠷ ᠴᠢᠨᠠᠷᠵᠢᠯ ᠲᠠᠢ ᠬᠦᠭᠵᠢᠯᠲᠡ ᠶᠢ ᠡᠷᠡᠰ ᠭᠤᠶᠢᠪᠢᠰᠢ ᠦᠭᠡᠢ | ᠠᠬᠢᠭᠤᠯᠤᠨ᠎ᠠ᠃ ᠠᠵᠤ ᠠᠬᠤᠢ ᠶᠢᠨ ᠦᠨᠳᠦᠷ ᠴᠢᠨᠠᠷᠵᠢᠯ ᠲᠠᠢ ᠬᠦᠭᠵᠢᠯᠲᠡ ᠶᠢ ᠠᠬᠢᠭᠤᠯᠬᠤ ᠳᠤ᠂ | ᠭᠤᠤᠯᠳᠠᠯᠭ᠎ᠠ ᠪᠠᠨ ᠠᠵᠤ ᠦᠢᠯᠡᠰᠵᠢᠭᠦᠯᠦᠯᠲᠡ ᠶᠢᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨᠲ᠋ᠡᠰ ᠲᠡᠪᠰᠢᠭᠦᠯᠬᠦ | ᠲᠡᠭᠡᠷ᠎ᠡ ᠲᠠᠯᠪᠢᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠡᠴᠢᠯᠡᠯᠲᠠ ᠶᠢ ᠲᠠᠰᠤᠷᠠᠯ | ᠦᠭᠡᠢ ᠭᠦᠨᠵᠡᠭᠡᠶᠢᠷᠡᠭᠦᠯᠵᠦ᠂ ︽ᠪᠠᠬᠢᠵᠢᠬᠦᠯᠵᠦ᠂ ᠨᠡᠮᠡᠭᠳᠡᠭᠦᠯᠦᠨ᠂ ᠲᠡᠭᠡᠭᠰᠢᠯᠡᠭᠦᠯᠵᠦ᠂ ᠰᠢᠯᠤᠭᠤᠳᠬᠠᠬᠤ︾ ᠨᠠᠢᠮᠠᠨ | ᠦᠰᠦᠭ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠢ | ᠰᠢᠯᠢᠳᠡᠭ ᠰᠠᠶᠢᠨ ᠡᠷᠬᠢᠯᠡᠬᠦ ᠶᠢ ᠤᠳᠤ ᠦᠶ᠎ᠡ ᠶᠢᠨ ᠠᠵᠤ ᠦᠢᠯᠡᠰᠵᠢᠯᠲᠡ ᠶᠢᠨ ᠰᠢᠰᠲ᠋ᠧᠮ ᠪᠤᠯᠭᠠᠨ ᠪᠠᠶᠢᠭᠤᠯᠤᠨ᠎ᠠ᠃ | ᠨᠢᠭᠡ ᠳᠤ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠬᠦᠴᠦᠳᠡᠢ ᠠᠬᠢᠭᠤᠯᠤᠨ᠎ᠠ | ᠃ ᠮᠠᠨ ᠤ ᠬᠤᠲᠠ ᠡᠬᠢ ᠪᠠᠶᠠᠯᠢᠭ ᠤᠨ ᠲᠠᠪᠠᠭᠤᠯᠢᠭ ᠪᠠ ᠤᠳᠤ ᠪᠠᠶᠢᠬᠤ ᠠᠵᠤ ᠦᠢᠯᠡᠰᠵᠢᠯᠲᠡ ᠶᠢᠨ | ᠰᠠᠭᠤᠷᠢ ᠳᠤ ᠪᠠᠨ ᠲᠦᠰᠢᠭᠯᠡᠵᠦ᠂ ᠡᠨᠧᠷᠬᠢ ᠂ ᠡᠬᠢ ᠪᠠᠶᠠᠯᠢᠭ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ | ᠡᠳ᠋ᠰᠢᠭᠦᠯᠬᠦ ᠵᠡᠷᠭᠡ ᠤᠯᠠᠮᠵᠢᠯᠠᠯᠲᠦ ᠠᠵᠤ ᠦᠢᠯᠡᠰᠵᠢᠯᠲᠡ ᠶᠢ ᠰᠠᠶᠢᠵᠢᠷᠠᠭᠤᠯᠤᠨ ᠲᠡᠰ ᠲᠡᠪᠰᠢᠭᠦᠯᠬᠦ ᠶᠢ ᠲᠡᠮᠵᠢᠵᠦ᠂ ︽ | ᠤᠤᠯ ᠤᠨ ᠨᠡᠷᠡᠲᠦ ᠲᠡᠮᠳᠡᠭ︾ ᠢ ᠭᠦᠨᠵᠡᠭᠡᠢ ᠨᠡᠭᠡᠭᠡᠨ ᠠᠰᠢᠭᠯᠠᠵᠤ᠂ ︽ᠤᠤᠯ ᠤᠨ ᠨᠡᠷᠡᠲᠦ ᠲᠡᠮᠳᠡᠭ︾ ᠢ | ᠰᠠᠶᠢᠵᠢᠷᠠᠭᠤᠯᠤᠨ ᠲᠡᠰ ᠲᠡᠪᠰᠢᠭᠦᠯᠵᠦ᠂ ︽ᠰᠢᠨ᠎ᠡ ᠨᠡᠷᠡᠲᠦ ᠲᠡᠮᠳᠡᠭ︾ ᠢ ᠶᠡᠬᠡᠪᠡᠷ ᠲᠡᠮᠵᠢᠵᠦ᠂ ᠰᠠᠶᠢᠨ ᠬᠢᠵᠦ | ᠶᠡᠬᠡᠪᠡᠷ ᠬᠢᠵᠦ᠂ ᠨᠦᠭᠡᠴᠡ ᠶᠢᠨ ᠬᠡᠮᠵᠢᠶ᠎ᠡ ᠶᠢ ᠨᠡᠮᠡᠭᠳᠡᠭᠦᠯᠦᠨ᠂ ᠨᠦᠭᠡᠴᠡ ᠶᠢᠨ ᠬᠡᠮᠵᠢᠶ᠎ᠡ ᠪᠠᠷ ᠨᠡᠮᠡᠭᠳᠡᠯ ᠤᠨ | ᠬᠡᠮᠵᠢᠶ᠎ᠡ ᠶᠢ ᠲᠠᠭᠠᠭᠤᠯᠬᠤ ᠲᠡᠭᠡᠷ᠎ᠡ ᠬᠦᠴᠦ ᠲᠠᠯᠪᠢᠨ᠂ ᠵᠦᠪᠬᠡᠨ ᠤᠨᠴᠠᠯᠢᠭᠲᠤ ᠲᠠᠪᠠᠭᠤᠯᠢᠭ ᠤᠨ ᠠᠵᠤ | ᠦᠢᠯᠡᠰᠵᠢᠯᠲᠡ ᠶᠢ ᠶᠡᠭᠡ ᠬᠢᠵᠦ ᠰᠠᠶᠢᠨ ᠬᠢᠬᠦ ᠠᠴᠠ ᠪᠢᠰᠢ᠂ ᠮᠠᠭᠤ ᠬᠢᠵᠦ᠂ ᠬᠢᠵᠦ ᠪᠠᠶᠢᠭᠰᠠᠭᠠᠷ ᠭᠡᠭᠡᠭᠳᠡᠭᠦᠯᠵᠦ | ᠪᠤᠯᠬᠤ ᠦᠭᠡᠢ᠃ ᠲᠤᠯᠤᠭᠠᠶᠢᠯᠠᠬᠤ ᠠᠵᠦ ᠠᠬᠤᠶᠢᠯᠠᠯ ᠪᠠ ᠨᠡᠷᠡᠲᠦ ᠲᠡᠮᠳᠡᠭᠲᠦ ᠳᠤ ᠲᠦᠰᠢᠭᠯᠡᠵᠦ᠂ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠢ ᠡᠮᠬᠢᠯᠡᠨ ᠨᠢᠭᠡᠳᠬᠡᠵᠦ᠂ ᠮᠠᠯ ᠤᠨ ᠠᠰᠢᠭ ᠰᠢᠮ᠎ᠡ ᠶᠢᠨ | ᠬᠤᠪᠢᠷᠠᠭᠤᠯᠤᠯᠲᠠ ᠶᠢᠨ ᠬᠢᠷᠢ ᠬᠡᠮᠵᠢᠶ᠎ᠡ ᠪᠠ ᠨᠠᠷᠢᠯᠢᠭ ᠭᠦᠨᠴᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ | ᠰᠢᠯᠢᠳᠡᠭ ᠴᠢᠨᠡᠷ ᠤᠨ ᠪᠤᠬᠢᠷᠳᠠᠯ ᠦᠭᠡᠢ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠬᠠᠩᠭᠠᠯᠭ᠎ᠠ ᠶᠢ | ᠨᠡᠮᠡᠭᠳᠡᠭᠦᠯᠬᠦ ᠬᠡᠷᠡᠭᠲᠡᠢ︔ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠭᠤᠤᠯ ᠲᠤᠭᠤᠷᠢᠭ ᠤᠨ | ᠲᠠᠪᠠᠭᠤᠯᠢᠭ ᠤᠨ ᠲᠤᠭᠤᠷᠢᠨ ᠳᠤ᠂ ︽ᠠᠳᠤᠭᠤᠨ ᠤ ᠠᠵᠤ ᠦᠢᠯᠡᠰᠵᠢᠯᠲᠡ ᠶᠢᠨ ᠲᠦᠯᠦᠪᠵᠢᠭᠦᠯᠭᠡ︾ ᠶᠢ | ᠨᠠᠶᠢᠷᠠᠭᠤᠯᠤᠨ ᠪᠢᠴᠢᠵᠦ᠂ ᠠᠳᠤᠭᠤᠨ ᠰᠤᠶᠤᠯ ᠤᠨ ᠲᠦᠪ ᠤᠨ ᠤᠨᠴᠠᠯᠢᠭᠲᠤ ᠵᠢᠵᠢᠭ ᠪᠠᠯᠭᠠᠰᠤ ᠶᠢᠨ ᠪᠦᠳᠦᠭᠡᠨ | ᠪᠠᠶᠢᠭᠤᠯᠤᠯᠲᠠ ᠶᠢ ᠠᠬᠢᠭᠤᠯᠤᠨ᠂ ᠮᠤᠩᠭᠤᠯ ᠮᠤᠷᠢᠨ ᠤ ᠲᠦᠷᠦᠯ ᠤᠭᠰᠠᠭ᠎ᠠ ᠶᠢ ᠬᠠᠮᠠᠭᠠᠯᠠᠬᠤ ᠢᠨᠵᠧᠨᠧᠷᠢᠭ ᠢ | ᠰᠠᠶᠢᠳᠦᠷ ᠠᠳᠬᠤᠵᠤ᠂ ᠤᠳᠤ ᠪᠠᠶᠢᠭ᠎ᠠ ᠠᠳᠤᠭᠤᠨ ᠤ ᠠᠵᠤ ᠦᠢᠯᠡᠰᠵᠢᠯᠲᠡ ᠶᠢᠨ ᠠᠵᠤ ᠠᠬᠤᠶᠢᠯᠠᠯ ᠢ ᠰᠠᠶᠢᠳᠤᠷ | ᠬᠦᠮᠦᠵᠢᠭᠦᠯᠵᠦ᠂ ᠠᠳᠤᠭᠤᠨ ᠤ ᠠᠰᠢᠭ ᠰᠢᠮ᠎ᠡ ᠶᠢᠨ ᠪᠦᠳᠦᠭᠡᠭᠳᠡᠭᠦᠨ ᠢ ᠰᠤᠳᠤᠯᠤᠨ ᠠᠰᠢᠭᠯᠠᠬᠤ ᠶᠢ ᠴᠢᠩᠭᠠᠳᠬᠠᠨ᠂ | ᠠᠳᠤᠭᠤᠨ ᠤ ᠠᠵᠤ ᠦᠢᠯᠡᠰᠵᠢᠯᠲᠠ ᠶᠢᠨ ᠪᠦᠬᠦ ᠠᠵᠤ ᠦᠢᠯᠡᠰᠵᠢᠯᠲᠡ ᠶᠢᠨ ᠬᠡᠯᠬᠢᠶᠡᠲᠦ ᠬᠦᠭᠵᠢᠯᠲᠡ ᠶᠢ ᠠᠬᠢᠭᠤᠯᠬᠤ | ᠬᠡᠷᠡᠭᠲᠡᠢ︔ ᠮᠠᠯ ᠤᠨ ᠲᠤᠳᠤᠷ ᠴᠤᠯᠤ ᠵᠢᠴᠢ ᠤᠩᠭᠠᠰᠤ ᠨᠤᠤᠰᠤ᠂ ᠶᠠᠰᠤ᠂ ᠴᠢᠰᠦ ᠵᠡᠷᠭᠡ ᠲᠠᠭᠠᠯᠲᠠ | ᠪᠦᠳᠦᠭᠡᠭᠳᠡᠭᠦᠨ ᠤ ᠨᠡᠭᠡᠭᠡᠨ ᠬᠦᠭᠵᠢᠭᠦᠯᠦᠯᠲᠡ ᠶᠢ ᠶᠡᠬᠡᠪᠡᠷ ᠨᠡᠮᠡᠭᠳᠡᠭᠦᠯᠵᠦ᠂ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠤ ᠲᠠᠭᠠᠯᠲᠠ ᠵᠦᠢᠯ ᠤᠨ ᠦᠷᠳᠡᠭ ᠢ ᠲᠡᠭᠡᠭᠰᠢᠯᠡᠭᠦᠯᠵᠦ᠂ ᠦᠬᠡᠷ ᠠᠳᠤᠭᠤ ᠬᠤᠨᠢ ᠵᠢᠴᠢ ᠲᠠᠭᠠᠯᠲᠠ | ᠪᠦᠳᠦᠭᠡᠭᠳᠡᠭᠦᠨ ᠤ ᠦᠢᠯᠡᠳᠪᠦᠷᠢᠯᠡᠯ ᠡᠳ᠋ᠰᠢᠭᠦᠯᠦᠯᠲᠡ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠡᠬᠢ | ᠪᠠᠶᠠᠯᠢᠭ ᠢ ᠬᠤᠪᠢᠷᠠᠭᠤᠯᠵᠤ ᠦᠷᠳᠡᠭ ᠢ ᠨᠡᠮᠡᠭᠳᠡᠭᠦᠯᠬᠦ ᠲᠤᠭᠤᠷᠢᠨ ᠳᠤ᠂ ᠤᠨᠴᠠ ᠦᠨᠳᠦᠷ ᠬᠦᠴᠦᠳᠡᠯᠲᠦ | ᠴᠠᠬᠢᠯᠭᠠᠨ ᠤ ᠢᠷᠡᠯᠲᠡ ᠶᠢᠨ ᠴᠢᠭ ᠢ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠂ ᠨᠡᠭᠦᠷᠡᠰᠦ ᠶᠢ ᠴᠡᠪᠡᠷ | ᠦᠨᠳᠦᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠵᠤ᠂ ᠰᠠᠯᠬᠢᠨ ᠬᠦᠴᠦᠨ ᠤ ᠴᠠᠭᠢᠯᠭᠠᠨ ᠭᠡᠷᠡᠯ ᠤᠨ | ᠴᠠᠬᠢᠯᠭᠠᠨ ᠢ ᠲᠤᠤᠷ ᠲᠤ ᠤᠷᠤᠭᠤᠯᠬᠤ ᠮᠠᠰᠢᠨ ᠤ ᠪᠠᠭᠳᠠᠭᠠᠮᠵᠢ ᠶᠢ ᠶᠡᠬᠡᠪᠡᠷ ᠨᠡᠮᠡᠭᠳᠡᠭᠦᠯᠵᠦ᠂ ᠭᠧᠷᠮᠡᠨ ᠤ ᠠᠵᠤ | ᠦᠢᠯᠡᠰᠵᠢᠯᠲᠡ ᠶᠢ ᠲᠤᠷᠤᠭᠰᠢ ᠦᠷᠭᠦᠯᠵᠢᠯᠡᠭᠦᠯᠬᠦ ᠶᠢ ᠠᠬᠢᠭᠤᠯᠤᠨ᠂ ᠵᠦᠭᠡᠭᠡᠪᠦᠷᠢᠯᠡᠬᠦ ᠳᠤ ᠬᠦᠮᠦᠨ ᠤ ᠬᠦᠴᠦᠨ ᠤ | ᠤᠶᠤᠨ ᠴᠢᠳᠡᠪᠦᠷᠢ᠂ ᠲᠤᠮᠤ ᠳ᠋ᠠᠶᠢᠲ᠋ᠠ᠂ ᠪᠠᠷᠠᠭ᠎ᠠ ᠵᠦᠭᠡᠭᠡᠪᠦᠷᠢᠯᠡᠬᠦ ᠬᠤᠯᠪᠤᠭ᠎ᠠ ᠲᠤᠤᠷ ᠵᠡᠷᠭᠡ ᠤᠳᠤ ᠦᠶ᠎ᠡ ᠶᠢᠨ | ᠰᠤᠷᠠᠭ ᠵᠠᠩᠭᠢ ᠶᠢᠨ ᠮᠡᠷᠭᠡᠵᠢᠯ ᠤᠨ ᠦᠭᠡᠷᠡᠴᠢᠯᠡᠯᠲᠠ ᠶᠢ ᠬᠡᠷᠡᠭᠯᠡᠬᠦ ᠶᠢ ᠠᠩᠬᠠᠷᠴᠤ᠂ ᠤᠯᠠᠮᠵᠢᠯᠠᠯᠲᠤ ᠠᠵᠦ | ᠦᠢᠯᠡᠰᠵᠢᠯᠲᠡ ᠪᠠ ᠤᠯᠠᠮᠵᠢᠯᠠᠯᠲᠤ ᠠᠵᠤ ᠠᠬᠤᠶᠢᠯᠠᠯ ᠢ ᠲᠡᠰ ᠲᠡᠪᠰᠢᠭᠦᠯᠦᠨ᠂ ᠠᠶᠤᠯ ᠦᠭᠡᠢ᠂ ᠪᠤᠬᠢᠷᠳᠠᠯ ᠦᠭᠡᠢ᠂ | ᠡᠷᠴᠢᠮᠵᠢᠭᠰᠡᠨ᠂ ᠦᠨᠳᠦᠷ ᠦᠷ᠎ᠡ ᠠᠰᠢᠭᠲᠤ ᠡᠨᠧᠷᠬᠢ ᠶᠢᠨ ᠡᠬᠢ ᠪᠠᠶᠠᠯᠢᠭ ᠢ ᠬᠠᠩᠭᠠᠬᠤ ᠰᠢᠰᠲ᠋ᠧᠮ ᠢ ᠪᠦᠷᠢᠳᠦᠭᠦᠯᠬᠦ | ᠬᠡᠷᠡᠭᠳᠡᠢ᠃ ᠤᠯᠤᠰ᠂ ᠦᠪᠡᠷᠳᠡᠭᠡᠨ ᠵᠠᠰᠠᠬᠤ ᠤᠷᠤᠨ ᠤ ᠵᠤᠬᠢᠶᠡᠨ ᠦᠢᠯᠡᠳᠬᠦ ᠠᠵᠢᠯ ᠦᠢᠯᠡᠰ ᠢ ᠶᠡᠬᠡᠪᠡᠷ | ᠬᠦᠭᠵᠢᠬᠦᠯᠬᠦ ᠲᠤᠬᠢᠶᠠᠯ ᠢ ᠠᠳᠬᠤᠵᠤ᠂ ᠡᠨᠧᠷᠬᠢ ᠶᠢᠨ ᠠᠵᠤ ᠦᠢᠯᠡᠰᠵᠢᠯᠲᠡ ᠶᠢᠨ ᠦᠷᠭᠦᠯᠵᠢᠯᠡᠯ ᠢ ᠢᠵᠢ | ᠪᠦᠷᠢᠳᠦᠭᠦᠯᠬᠦ ᠶᠢᠨ ᠲᠤᠭᠤᠷᠢᠨ ᠳᠤ᠂ ᠨᠡᠭᠦᠷᠡᠰᠦᠨ ᠤ ᠮᠠᠰᠢᠨ ᠢ ᠵᠤᠬᠢᠶᠠᠨ ᠦᠢᠯᠡᠳᠬᠦ᠂ ᠰᠠᠯᠬᠢᠨ ᠬᠦᠴᠦᠨ ᠬᠡᠷᠡᠯ ᠤᠨ | ᠴᠠᠬᠢᠯᠭᠠᠨ ᠭᠠᠷᠭᠠᠬᠤ ᠲᠦᠬᠦᠭᠡᠷᠦᠮᠵᠢ ᠶᠢ ᠦᠢᠯᠡᠳᠬᠦ᠂ ᠴᠠᠬᠢᠯᠭᠠᠨ ᠬᠦᠴᠦᠳᠡᠯ ᠢ ᠬᠤᠪᠢᠷᠠᠭᠤᠯᠬᠤ᠂ ᠬᠦᠷᠭᠡᠬᠦ | ᠲᠦᠬᠦᠭᠡᠷᠦᠮᠵᠢ ᠶᠢ ᠦᠢᠯᠡᠳᠬᠦ ᠶᠢ ᠶᠡᠬᠡᠪᠡᠷ ᠬᠦᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠵᠤᠬᠢᠶᠡᠨ | ᠦᠢᠯᠡᠳᠬᠦ ᠪᠦᠬᠦ ᠠᠵᠤ ᠦᠢᠯᠡᠰᠵᠢᠯᠲᠡ ᠶᠢᠨ ᠬᠡᠯᠬᠢᠶ᠎ᠡ ᠶᠢ ᠪᠠᠬᠢᠵᠢᠭᠦᠯᠵᠦ᠂ ᠲᠤᠨᠤᠭ ᠲᠦᠬᠦᠭᠡᠷᠦᠮᠵᠢ ᠶᠢ ᠵᠤᠬᠢᠶᠠᠨ | ᠦᠢᠯᠡᠳᠬᠦ ᠦᠢᠯᠡᠰ ᠤᠨ ᠲᠤᠮᠳᠠ ᠲᠡᠭᠡᠲᠦ ᠲᠠᠪᠴᠠᠩ ᠲᠡᠰᠢ ᠬᠦᠭᠵᠢᠬᠦ᠂ ᠲᠦᠪᠯᠡᠷᠡᠵᠦ ᠨᠢᠭᠳᠠᠷᠠᠨ ᠬᠦᠭᠵᠢᠬᠦ ᠶᠢ | ᠠᠬᠢᠭᠤᠯᠬᠤ ᠬᠡᠷᠡᠭᠲᠡᠢ᠃ ᠰᠢᠨ᠎ᠡ ᠬᠦᠳᠡᠯᠭᠡᠬᠦ ᠡᠨᠧᠷᠬᠢ ᠶᠢ ᠪᠤᠶᠢᠵᠢᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ | ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ᠂ ᠲᠤᠮᠤ ᠳ᠋ᠠᠶᠢᠲ᠋ᠠ᠂ ᠠᠮᠢᠲᠦ ᠪᠤᠳᠠᠰ ᠤᠨ ᠰᠢᠨᠵᠢᠯᠡᠬᠦ | ᠤᠬᠠᠭᠠᠨ ᠮᠡᠷᠭᠡᠵᠢᠯ᠂ ᠮᠤᠩᠭᠤᠯ ᠬᠢᠳᠡᠳ ᠡᠮ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠠᠵᠦ | ᠦᠢᠯᠡᠰᠵᠢᠯᠲᠠ ᠶᠢ ᠶᠡᠬᠡᠪᠡᠷ ᠬᠦᠭᠵᠢᠭᠦᠯᠵᠦ᠂ ᠤᠶᠤᠨᠴᠢ ᠴᠠᠬᠢᠯᠭᠠᠨ ᠲᠤᠤᠷ᠂ ᠴᠠᠬᠢᠮ ᠬᠤᠳᠠᠯᠳᠤᠭ᠎ᠠ᠂ ᠵᠦᠭᠠᠩ᠂ | ᠢᠯᠵᠠᠮᠠᠭ ᠬᠦᠴᠢᠯ᠂ ᠤᠯᠠᠨ ᠲᠠᠯᠠᠰᠲᠤ ᠴᠠᠬᠢᠭᠤᠷ ᠵᠡᠷᠭᠡ ᠪᠦᠳᠦᠭᠡᠭᠳᠡᠭᠦᠨ ᠢ ᠨᠡᠭᠡᠭᠡᠨ ᠬᠦᠭᠵᠢᠬᠦᠯᠬᠦ ᠬᠦᠷᠢᠶ᠎ᠡ | ᠬᠡᠪᠴᠢᠶᠡᠨ ᠳᠤᠨᠢ ᠪᠤᠶᠢᠵᠢᠭᠤᠯᠵᠤ ᠨᠡᠩ ᠰᠢᠨ᠎ᠡ ᠨᠡᠮᠡᠭᠳᠡᠯ ᠤᠨ ᠴᠢᠭ ᠢ ᠪᠤᠢ ᠪᠤᠯᠭᠠᠨ᠎ᠠ᠃ | ᠬᠤᠶᠠᠷ ᠲᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠲᠡᠢ ᠰᠠᠶᠢᠨ ᠬᠢᠨ᠎ᠡ᠃ ᠰᠤᠶᠤᠯ ᠵᠤᠭᠠᠴᠠᠯ ᠤᠨ | ᠵᠢᠯ ᠲᠦᠷᠦᠯ ᠢ ᠭᠤᠷᠪᠠᠳᠤᠭᠠᠷ ᠲᠦᠷᠦᠯ ᠤᠨ ᠠᠵᠢᠯ ᠦᠢᠯᠡᠰ ᠤᠨ ᠲᠤᠳᠤᠷᠠᠬᠢ ᠲᠤᠯᠭᠠᠭᠤᠷᠢ ᠠᠵᠢᠯ ᠦᠢᠯᠡᠰ | ᠪᠤᠯᠭᠠᠵᠤ᠂ ᠤᠯᠤᠰ ᠤᠨ ᠪᠦᠬᠦ ᠬᠡᠪᠴᠢᠶᠡᠨ ᠤ ᠵᠤᠭᠠᠴᠠᠯ ᠤᠨ ᠲᠠᠭᠤᠷᠢᠶᠠᠯ ᠦᠵᠡᠭᠦᠯᠬᠦ ᠤᠷᠤᠨ ᠪᠤᠯᠭᠠᠨ | ᠪᠠᠶᠢᠭᠤᠯᠬᠤ ᠪᠠᠷ ᠵᠢᠯᠤᠭᠤᠳᠤᠭᠤᠯᠵᠦ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠶᠡᠭᠡ ᠵᠠᠮ ᠢ ᠪᠠᠶᠢᠭᠤᠯᠬᠤ ᠲᠤᠭᠤᠷᠢᠨ ᠳᠤ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ᠂ | ᠲᠠᠯ᠎ᠠ ᠨᠤᠳᠤᠭ ᠤᠨ ᠨᠠᠭᠠᠳᠤᠮ᠂ ᠪᠦᠬᠦ ᠤᠯᠤᠰ ᠤᠨ ᠰᠢᠯᠢᠳᠡᠭ ᠵᠤᠭᠠᠴᠠᠯ ᠤᠨ ᠬᠤᠲᠠ ᠶᠢᠨ ᠨᠦᠯᠦᠭᠡᠯᠡᠬᠦ | ᠬᠦᠴᠦᠨ ᠢ ᠤᠯᠠᠮ ᠨᠢᠭᠡ ᠠᠯᠬᠤᠮ ᠦᠷᠭᠡᠳᠬᠡᠨ᠂ ᠪᠦᠬᠦ ᠤᠷᠤᠨ ᠤ ᠵᠤᠭᠠᠴᠠᠯ ᠤᠨ ᠬᠦᠭᠵᠢᠭᠦᠯᠦᠯᠲᠡ ᠶᠢᠨ ᠶᠡᠭᠡ | ᠬᠤᠷᠠᠯ ᠪᠠ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠭᠦᠯᠦᠯᠭᠡ ᠶᠢᠨ ᠶᠡᠭᠡ | ᠬᠤᠷᠠᠯ ᠤᠨ ᠬᠤᠪᠢᠶᠠᠷᠢ ᠲᠠᠯᠠᠪᠠᠢ ᠶᠢᠨ ᠬᠤᠷᠠᠯ ᠢ ᠰᠠᠶᠢᠳᠤᠷ ᠲᠠᠭᠠᠭᠠᠴᠢᠯᠠᠨ ᠡᠷᠬᠢᠯᠡᠵᠦ᠂ ᠲᠠᠯ᠎ᠠ ᠨᠤᠳᠤᠭ ᠤᠨ ᠰᠤᠶᠤᠯ | ᠂ ᠠᠳᠤᠭᠤᠨ ᠰᠤᠶᠤᠯ᠂ ᠮᠤᠩᠭᠤᠯ ᠶᠤᠸᠠᠨ ᠤ ᠤᠯᠤᠰ᠂ ᠪᠤᠬᠢᠷᠳᠤᠯ ᠦᠭᠡᠢ ᠢᠳᠡᠭᠡᠨ ᠤ ᠵᠦᠢᠯ ᠪᠠ ᠤᠨᠴᠠᠯᠢᠭᠲᠤ | ᠬᠤᠭᠤᠯᠠ ᠤᠮᠳᠠ ᠵᠡᠷᠭᠡ ᠭᠠᠵᠠᠷ ᠤᠷᠤᠨ ᠤ ᠵᠤᠭᠠᠴᠠᠯ ᠤᠨ ᠨᠡᠷᠡᠲᠦ ᠲᠡᠮᠳᠡᠭᠲᠦ ᠶᠢ ᠭᠠᠷᠭᠠᠨ᠎ᠠ᠃ ︽ᠵᠤᠭᠠᠴᠠᠯ +︾ | ᠤᠨ ᠠᠭᠤᠰᠤᠯᠴᠠᠬᠤ ᠴᠢᠳᠡᠪᠬᠢ ᠶᠢ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ | ᠪᠠᠶᠢᠭᠤᠯᠤᠯᠲᠠ ᠪᠠ ᠬᠤᠶᠢᠰᠢᠳᠡ ᠶᠢᠨ ᠬᠤᠭᠤᠴᠠᠭᠠᠨ ᠤ ᠵᠦᠭᠡᠭᠡᠪᠦᠷᠢ ᠡᠵᠡᠩᠨᠡᠯᠲᠡ ᠶᠢᠨ ᠬᠠᠮᠢᠶᠠᠷᠤᠯᠲᠠ ᠶᠢᠨ | ᠦᠢᠯᠡᠴᠢᠯᠡᠭᠡ ᠶᠢ ᠠᠬᠢᠭᠤᠯᠵᠤ᠂ ︽ᠮᠤᠩᠭᠤᠯ ᠮᠤᠷᠢ︾ ᠭᠡᠬᠦ ᠵᠦᠴᠦᠭᠡ ᠶᠢᠨ ᠤᠬᠢ ᠪᠦᠳᠦᠭᠡᠯ ᠢ ᠦᠷᠭᠦᠯᠵᠢᠯᠡᠨ | ᠪᠠᠶᠢᠭᠤᠯᠵᠤ᠂ ᠰᠤᠶᠤᠯ ᠵᠤᠭᠠᠴᠠᠯ ᠤᠨ ᠲᠠᠸᠠᠷ ᠢ ᠨᠡᠭᠡᠭᠡᠨ ᠬᠦᠭᠵᠢᠭᠦᠯᠬᠦ ᠪᠠ ᠵᠠᠬ᠎ᠠ ᠲᠡᠯᠭᠡᠭᠦᠷ ᠤᠨ ᠡᠵᠡᠩᠨᠡᠨ | ᠪᠤᠷᠤᠯᠠᠭᠤᠯᠭ᠎ᠠ ᠶᠢ ᠴᠢᠩᠭᠠᠳᠬᠠᠨ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠭᠤᠤᠯ | ᠲᠤᠭᠤᠷᠢᠭ ᠢ 5A ᠲᠡᠰ ᠤᠨ ᠦᠵᠡᠮᠵᠢ ᠶᠢᠨ ᠤᠷᠤᠨ ᠢ ᠪᠠᠶᠢᠭᠤᠯᠬᠤ ᠪᠠ ᠰᠤᠶᠤᠯ ᠤᠨ ᠠᠵᠤ ᠦᠢᠯᠡᠰᠵᠢᠯᠲᠡ ᠶᠢᠨ | ᠬᠦᠷᠢᠶᠡᠯᠡᠩ᠂ ᠠᠳᠤᠭᠤᠨ ᠰᠤᠶᠤᠯ ᠤᠨ ᠮᠦᠽᠧ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠰᠢᠯᠢ ᠶᠢᠨ ᠭᠤᠤᠯ | ᠴᠠᠬᠠᠷ ᠪᠠᠭᠠᠷᠢᠨ ᠤᠯᠠᠭᠠᠨᠴᠠᠪ ᠠᠵᠢᠯᠯᠠᠬᠤ ᠵᠦᠪᠯᠡᠯ ᠤᠨ ᠬᠠᠭᠤᠴᠢᠨ ᠪᠠᠭᠤᠷᠢ ᠶᠢ ᠵᠠᠰᠠᠨ ᠰᠢᠨᠡᠳᠭᠡᠬᠦ ᠠᠵᠢᠯ ᠪᠠ | ᠬᠡᠦᠬᠡᠳ ᠤᠨ ᠵᠤᠭᠠᠴᠠᠯ ᠲᠤᠭᠯᠠᠭᠠᠮ ᠤᠨ ᠲᠠᠯᠠᠪᠠᠢ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠠᠷᠪᠢᠨ | ᠵᠤᠭᠠᠴᠠᠯ ᠤᠨ ᠱᠤᠭᠤᠮ ᠤᠨ ᠨᠠᠷᠢᠯᠢᠭ ᠵᠦᠢᠯ ᠢ ᠪᠦᠳᠦᠭᠡᠨ᠂ ᠡᠯ᠎ᠡ ᠲᠦᠷᠦᠯ ᠤᠨ ᠰᠤᠶᠤᠯ ᠲᠠᠮᠢᠷ ᠤᠨ | ᠤᠷᠤᠯᠳᠤᠭᠠᠨ ᠤ ᠶᠠᠪᠤᠳᠠᠯ ᠂ ᠤᠯᠠᠮᠵᠢᠯᠠᠯᠲᠤ ᠦᠨᠳᠦᠰᠦᠳᠡᠨ ᠤ ᠲᠠᠳᠬᠠᠯ ᠤᠨ ᠠᠵᠢᠯᠯᠠᠭ᠎ᠠ ᠶᠢ ᠦᠷᠭᠦᠯᠵᠢᠯᠡᠨ | ᠡᠷᠬᠢᠯᠡᠵᠦ᠂ ᠵᠤᠭᠠᠴᠠᠯ ᠤᠬᠠᠭᠤᠯᠭ᠎ᠠ ᠪᠠ ᠲᠠᠨᠢᠯᠴᠠᠭᠤᠯᠬᠤ ᠬᠦᠴᠦᠯᠡᠴᠡ ᠶᠢ ᠨᠡᠮᠡᠭᠳᠡᠭᠦᠯᠦᠨ᠂ ᠦᠨᠳᠦᠰᠦᠳᠡᠨ ᠤ | ᠲᠠᠳᠬᠠᠯ ᠤᠨ ᠵᠤᠭᠠᠴᠠᠯ᠂ ᠲᠠᠯ᠎ᠠ ᠨᠤᠳᠤᠭ ᠤᠨ ᠵᠤᠭᠠᠴᠠᠯ᠂ ᠮᠦᠰᠦ ᠴᠠᠰᠤᠨ ᠤ ᠵᠤᠭᠠᠴᠠᠯ᠂ ᠬᠦᠳᠡᠭᠡ ᠠᠵᠤ | ᠠᠬᠤᠢ ᠶᠢᠨ ᠵᠤᠭᠠᠴᠠᠯ᠂ ᠠᠵᠤ ᠦᠢᠯᠡᠳᠪᠦᠷᠢ ᠶᠢᠨ ᠵᠤᠭᠠᠴᠠᠯ᠂ ᠪᠡᠶ᠎ᠡ ᠰᠤᠪᠢᠯᠠᠬᠤ ᠵᠤᠭᠠᠴᠠᠯ ᠵᠡᠷᠭᠡ ᠤᠯᠠᠨ | ᠵᠦᠢᠯ ᠤᠨ ᠵᠤᠭᠠᠴᠠᠯ ᠤᠨ ᠦᠢᠯᠡᠰ ᠤᠨ ᠪᠠᠶᠢᠳᠠᠯ ᠢ ᠲᠦᠷᠭᠡᠨ ᠬᠦᠭᠵᠢᠬᠦᠯᠬᠦ ᠬᠡᠷᠡᠭᠲᠡᠢ︔ ᠵᠤᠭᠠᠴᠠᠯ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠦᠨ᠂ ᠵᠤᠭᠠᠴᠠᠯ ᠤᠨ ᠵᠠᠰᠠᠮᠠᠯ ᠵᠠᠮ ᠤᠨ | ᠪᠠᠶᠢᠭᠤᠯᠤᠯᠲᠠ ᠶᠢ ᠠᠬᠢᠭᠤᠯᠵᠤ᠂ ᠬᠠᠪᠢ ᠤᠶᠢᠷ᠎ᠠ ᠶᠢᠨ ᠭᠠᠵᠠᠷ ᠤᠷᠤᠨ ᠤ ᠵᠤᠭᠠᠴᠠᠯ ᠤᠨ ᠡᠬᠢ ᠪᠠᠶᠠᠯᠢᠭ ᠤᠨ | ᠡᠯᠧᠮᠧᠨ᠋ᠲ ᠢ ᠡᠮᠬᠢᠯᠡᠨ ᠨᠢᠭᠡᠳᠭᠡᠬᠦ ᠶᠢ ᠠᠬᠢᠭᠤᠯᠬᠤ ᠬᠡᠷᠡᠭᠳᠡᠢ᠃ ᠤᠯᠠᠨ ᠲᠠᠰ ᠲᠠᠪᠬᠤᠷᠭ᠎ᠠ ᠤᠯᠠᠨ ᠶᠠᠩᠵᠦ ᠶᠢᠨ | ᠱᠠᠭᠠᠷᠳᠠᠯᠭ᠎ᠠ ᠶᠢᠨ ᠲᠤᠭᠤᠷᠢᠨ ᠳᠤ ᠨᠠᠰᠤᠵᠢᠯ ᠤᠨ ᠬᠠᠷᠠᠭᠠᠯᠵᠠᠯ᠂ ᠨᠢᠯᠬᠠᠰ ᠢ ᠬᠦᠮᠦᠵᠢᠭᠦᠯᠬᠦ᠂ ᠰᠤᠷᠭᠠᠨ ᠬᠦᠮᠦᠵᠢᠯ᠂ | ᠰᠤᠶᠤᠯ᠂ ᠲᠠᠮᠢᠷ᠂ ᠡᠷᠡᠭᠦᠯ ᠴᠢᠬᠢᠷᠠᠭ᠂ ᠰᠤᠯᠠ ᠰᠡᠯᠡᠭᠦᠴᠡᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠮᠦᠩᠭᠦᠨ ᠭᠦᠢᠯᠭᠡᠭᠡᠨ ᠲᠠᠭᠠᠳᠬᠠᠯ᠂ ᠬᠦᠷᠦᠩᠭᠡ | ᠨᠡᠶᠢᠯᠡᠭᠦᠯᠬᠦ ᠲᠦᠷᠢᠶᠡᠰᠦᠯᠡᠬᠦ᠂ ᠴᠠᠬᠢᠮ ᠬᠤᠳᠠᠯᠳᠤᠭᠠᠨ ᠤ ᠶᠠᠪᠤᠳᠠᠯ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ᠂ | ᠲᠡᠯᠭᠡᠨ ᠦᠵᠡᠭᠦᠯᠭᠡ ᠳᠤ ᠡᠵᠡᠩᠨᠡᠨ ᠪᠤᠷᠤᠯᠠᠭᠤᠯᠬᠤ ᠵᠡᠷᠭᠡ ᠦᠢᠯᠡᠳᠪᠦᠷᠢᠯᠡᠯ ᠤᠨ ᠴᠢᠨᠠᠷᠲᠡᠢ ᠦᠢᠯᠡᠴᠢᠯᠡᠭᠡᠨ ᠤ | ᠦᠢᠯᠡᠰ ᠢ ᠶᠡᠬᠡᠪᠡᠷ ᠬᠦᠭᠵᠢᠬᠦᠯᠵᠦ᠂ ᠬᠠᠮᠳᠤᠪᠡᠷ ᠬᠦᠷᠳᠡᠬᠦ ᠠᠵᠤ ᠠᠬᠤᠢ᠂ ᠲᠠᠪᠴᠠᠩ ᠤᠨ ᠠᠵᠤ ᠠᠬᠤᠢ᠂ ᠲᠤᠤᠷ | ᠰᠦᠯᠵᠢᠶᠡᠨ ᠤ ᠠᠵᠤ ᠠᠬᠤᠢ ᠵᠡᠷᠭᠡ ᠰᠢᠨ᠎ᠡ ᠠᠵᠢᠯ ᠲᠦᠷᠦᠯ ᠤᠨ ᠪᠠᠶᠢᠳᠠᠯ ᠢ ᠪᠠᠶᠢᠭᠤᠯᠵᠤ᠂ ᠰᠦᠯᠵᠢᠶᠡᠨ ᠲᠡᠭᠡᠷᠡᠬᠢ | ᠪᠠ ᠰᠦᠯᠵᠢᠶᠡᠨ ᠤ ᠭᠠᠳᠠᠨᠠᠬᠢ᠂ ᠪᠡᠶ᠎ᠡ ᠪᠠᠷ ᠢᠶᠠᠨ ᠬᠦᠷᠳᠡᠬᠦ ᠵᠡᠷᠭᠡ ᠬᠡᠷᠡᠭᠯᠡᠭᠡᠨ ᠤ ᠬᠡᠯᠪᠡᠷᠢ ᠶᠢ ᠠᠬᠢᠭᠤᠯᠤᠨ | ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠢ ᠨᠠᠷᠢᠯᠢᠭᠵᠢᠬᠤ ᠪᠠ ᠲᠡᠭᠡᠲᠤ ᠲᠡᠰ ᠤᠨ ᠬᠡᠪ ᠨᠠᠮᠪᠠ ᠲᠡᠰᠢ | ᠬᠤᠪᠢᠷᠠᠬᠤ ᠶᠢ ᠠᠬᠢᠭᠤᠯᠤᠨ᠎ᠠ᠃ | ᠭᠤᠷᠪᠠ ᠳᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢ ᠬᠦᠴᠦᠳᠡᠢ ᠬᠦᠭᠵᠢᠬᠦᠯᠦᠨ᠎ᠡ᠃ ᠠᠷᠠᠳ ᠠᠴᠠ | ᠡᠷᠬᠢᠯᠡᠭᠰᠡᠨ ᠠᠵᠤ ᠠᠬᠤᠢ ᠶᠢ ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ ᠤᠨ ᠭᠤᠤᠯ ᠴᠤᠭᠴᠠ ᠪᠤᠯᠭᠠᠨ | ᠪᠦᠳᠦᠭᠡᠨ ᠪᠠᠶᠢᠭᠤᠯᠵᠤ᠂ ᠪᠡᠯᠡ ᠤᠷᠤᠭᠤᠯᠤᠯᠲᠠ ᠶᠢ ᠲᠠᠶᠢᠴᠢᠯᠠᠵᠦ᠂ ᠭᠠᠶᠢᠯᠢ ᠶᠢᠨ ᠤᠷᠤᠯᠭ᠎ᠠ ᠶᠢ ᠨᠡᠮᠡᠭᠳᠡᠭᠦᠯᠦᠨ᠂ | ᠠᠵᠢᠯ ᠤᠯᠭᠤᠬᠤ ᠶᠢ ᠦᠷᠭᠡᠳᠭᠡᠬᠦ ᠵᠡᠷᠭᠡ ᠲᠠᠯ᠎ᠠ ᠪᠠᠷ ᠤᠷᠤᠯᠠᠵᠤ ᠪᠤᠯᠤᠰᠢ ᠦᠭᠡᠢ ᠦᠢᠯᠡᠳᠦᠯ ᠢ ᠪᠠᠳᠠᠷᠠᠭᠤᠯᠬᠤ | ᠬᠡᠷᠡᠭᠲᠡᠢ᠃ ᠪᠢᠳᠡ ᠠᠷᠠᠳ ᠠᠴᠠ ᠡᠷᠬᠢᠯᠡᠭᠰᠡᠨ ᠠᠵᠤ ᠠᠬᠤᠢ ᠶᠢ ᠨᠢᠭᠡ ᠵᠦᠢᠯ ᠤᠨ ᠴᠢᠬᠤᠯᠡ ᠡᠭᠦᠷᠭᠡ ᠪᠤᠯᠭᠠᠵᠤ᠂ | ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ 26 ᠵᠤᠷᠪᠤᠰ ᠠᠷᠭ᠎ᠠ ᠬᠡᠮᠵᠢᠶ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠦ᠂ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠨ᠂ ᠭᠠᠶᠢᠯᠢ ᠰᠦᠢᠳᠭᠡᠯ ᠢ | ᠪᠠᠭᠠᠰᠠᠬᠠᠨ ᠭᠡᠯᠳᠦᠷᠢᠭᠦᠯᠵᠦ᠂ ᠭᠠᠵᠠᠷ ᠬᠡᠷᠡᠭᠯᠡᠬᠦ ᠴᠠᠬᠢᠯᠭᠠᠨ ᠬᠡᠷᠡᠭᠯᠡᠬᠦ᠂ ᠬᠦᠷᠦᠩᠭᠡ ᠨᠡᠶᠢᠯᠡᠭᠦᠯᠵᠦ ᠢᠳᠡᠭᠡᠮᠵᠢᠲᠦ | ᠵᠢᠭᠡᠯᠡᠯᠭᠡ ᠲᠠᠯᠪᠢᠬᠤ᠂ ᠵᠠᠰᠠᠭ ᠵᠠᠬᠢᠷᠭᠠᠨ ᠤ ᠵᠦᠪᠰᠢᠶᠡᠷᠡᠯ ᠵᠡᠷᠭᠡ ᠲᠠᠯ᠎ᠠ ᠪᠠᠷ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠲᠡ ᠶᠢ | ᠲᠦᠷᠭᠡᠳᠬᠡᠨ᠂ ᠬᠤᠪᠢ ᠶᠢᠨ ᠵᠢᠩ ᠢ ᠨᠡᠮᠡᠭᠳᠡᠭᠦᠯᠵᠦ᠂ ᠴᠢᠨᠠᠷ ᠢ ᠰᠠᠶᠢᠵᠢᠷᠠᠭᠤᠯᠬᠤ ᠬᠡᠷᠡᠭᠲᠡᠢ᠃ ᠠᠵᠤ ᠠᠬᠤᠶᠢᠯᠠᠯ ᠳᠤ | ᠬᠤᠯᠪᠤᠭᠳᠠᠬᠤ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠤᠭᠳᠠᠬᠤ ᠦᠭᠡᠢ᠂ ᠬᠤᠳᠠᠯᠳᠤᠭᠠᠴᠢᠨ ᠤᠷᠢᠵᠤ ᠪᠡᠯᠡ | ᠮᠥᠩᠭᠦ ᠲᠠᠳᠠᠬᠤ ᠠᠮᠠᠯᠠᠯᠲᠠ ᠪᠡᠶᠡᠯᠡᠭᠳᠡᠬᠦ ᠦᠭᠡᠢ᠂ ᠠᠵᠤ ᠠᠬᠤᠶᠢᠯᠠᠯ ᠤᠨ ᠪᠠᠷᠢᠯᠭ᠎ᠠ ᠶᠢᠨ ᠵᠤᠭᠤᠰ ᠦᠷᠢᠳᠦᠬᠦ | ᠵᠡᠷᠭᠡ ᠡᠵᠡᠩᠨᠡᠯᠲᠡ ᠬᠤᠳᠠᠯᠳᠤᠭᠠᠨ ᠤ ᠤᠷᠴᠢᠨ ᠲᠤᠭᠤᠷᠢᠨ ᠪᠠᠷᠤᠭᠳᠠᠢ ᠪᠠᠶᠢᠬᠤ ᠠᠰᠠᠭᠤᠳᠠᠯ ᠢ ᠰᠡᠷᠭᠡᠶᠢᠯᠡᠨ | ᠵᠤᠭᠰᠤᠭᠠᠵᠤ ᠂ ᠡᠵᠡᠩᠨᠡᠯᠲᠡ ᠬᠤᠳᠠᠯᠳᠤᠭᠠᠨ ᠤ ᠤᠷᠴᠢᠨ ᠲᠤᠭᠤᠷᠢᠨ ᠢ ᠬᠤᠬᠢᠷᠠᠭᠤᠯᠬᠤ᠂ ᠤᠳᠠᠭᠠᠨ ᠬᠢᠬᠦ᠂ | ᠬᠠᠭᠤᠷᠮᠠᠭ ᠢᠶᠠᠷ ᠬᠢᠬᠦ᠂ ᠬᠢᠬᠦ ᠦᠭᠡᠢ᠂ ᠲᠤᠷ᠎ᠠ ᠪᠠᠷ ᠢᠶᠠᠨ ᠬᠢᠬᠦ ᠦᠵᠡᠭᠳᠡᠯ ᠢ ᠲᠦᠪ ᠴᠢᠩᠭ᠎ᠠ ᠵᠠᠰᠠᠨ ᠴᠡᠭᠴᠡᠯᠡᠵᠦ᠂ | ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠲᠡ ᠪᠠ ᠡᠭᠦᠳᠦᠨ ᠪᠦᠳᠦᠭᠡᠬᠦ ᠠᠮᠢᠵᠢᠷᠠᠯ ᠤᠨ ᠬᠦᠴᠦᠨ ᠢ | ᠲᠠᠰᠤᠷᠠᠯ ᠦᠭᠡᠢ ᠲᠡᠭᠡᠭᠰᠢᠯᠡᠭᠦᠯᠬᠦ ᠬᠡᠷᠡᠭᠲᠡᠢ᠃ ᠭᠠᠵᠠᠷ ᠤᠨ ᠲᠠᠰ ᠤᠨ ᠤᠳᠤᠷᠢᠳᠬᠤ ᠺᠠᠳ᠋ᠷ ᠠᠷᠠᠳ ᠠᠴᠠ | ᠡᠷᠬᠢᠯᠡᠭᠰᠡᠨ ᠠᠵᠤ ᠠᠬᠤᠢ ᠶᠢ ᠲᠠᠭᠠᠭᠠᠴᠢᠯᠠᠨ ᠬᠠᠷᠢᠯᠴᠠᠬᠤ ᠲᠤᠭᠳᠠᠴᠠ ᠶᠢ ᠬᠡᠷᠡᠭᠵᠢᠬᠦᠯᠵᠦ᠂ ᠦᠨᠡᠨ | ᠰᠡᠳᠬᠢᠯ ᠠᠴᠠ ᠪᠠᠨ ᠲᠡᠳᠡᠨ ᠪᠤᠳᠠᠳᠤ ᠤᠴᠢᠷ ᠪᠦᠳᠦᠭᠡᠨ ᠭᠦᠴᠢᠷ ᠢ ᠨᠢ ᠰᠢᠢᠳᠪᠦᠷᠢᠯᠡᠵᠦ᠂ ᠠᠷᠠᠳ ᠠᠴᠠ | ᠡᠷᠬᠢᠯᠡᠭᠰᠡᠨ ᠠᠵᠤ ᠠᠬᠤᠢ ᠶᠢᠨ ᠬᠦᠭᠵᠢᠯᠲᠡ ᠶᠢᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠨᠡᠨᠬᠦ ᠲᠤᠬᠠᠢ | ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ᠃ | ︵ᠭᠤᠷᠪᠠ︶ ᠦᠷ᠎ᠡ ᠪᠦᠳᠦᠮᠵᠢ ᠲᠠᠢ ᠪᠡᠯᠡ ᠤᠷᠤᠭᠤᠯᠤᠯᠲᠡ ᠶᠢ ᠭᠤᠶᠢᠪᠢᠰᠢ ᠦᠭᠡᠢ ᠨᠡᠮᠡᠭᠳᠡᠭᠦᠯᠬᠦ ᠬᠡᠷᠡᠭᠲᠡᠢ᠃ | ᠮᠠᠨ ᠤ ᠬᠤᠲᠠ ᠶᠢᠨ ᠰᠠᠭᠤᠷᠢ ᠲᠦᠬᠦᠭᠡᠷᠦᠮᠵᠢ᠂ ᠠᠵᠦ ᠦᠢᠯᠡᠰᠵᠢᠯᠲᠡ ᠶᠢᠨ ᠬᠦᠭᠵᠢᠯᠲᠡ᠂ ᠰᠢᠨᠵᠢᠯᠡᠭᠡ | ᠮᠡᠷᠭᠡᠵᠢᠯ ᠤᠨ ᠡᠭᠦᠳᠦᠯᠲᠡ᠂ ᠠᠮᠢ ᠠᠬᠤᠢ ᠤᠷᠴᠢᠨ ᠲᠤᠭᠤᠷᠢᠨ᠂ ᠤᠯᠠᠨ ᠨᠡᠶᠢᠳᠡ ᠶᠢᠨ ᠦᠢᠯᠡᠴᠢᠯᠡᠭᠡ ᠵᠡᠷᠭᠡ | ᠲᠠᠯ᠎ᠠ ᠳᠤ ᠤᠷᠤᠰᠢᠵᠤ ᠪᠠᠶᠢᠬᠤ ᠡᠮᠵᠢᠭ ᠪᠠ ᠪᠠᠭᠤᠷᠠᠢ ᠲᠠᠯ᠎ᠠ ᠨᠢ᠂ ᠶᠡᠭᠡ ᠬᠡᠮᠵᠢᠶᠡᠨ ᠤ ᠪᠡᠯᠡ ᠤᠷᠤᠭᠤᠯᠤᠯᠲᠠ ᠪᠠᠷ | ᠲᠠᠮᠵᠢᠵᠦ ᠨᠦᠬᠦᠪᠦᠷᠢᠯᠡᠬᠦ ᠴᠢᠬᠤᠯᠠᠲᠠᠢ ᠪᠠᠶᠢᠵᠤ᠂ ᠪᠡᠯᠡ ᠤᠷᠤᠭᠤᠯᠤᠯᠲᠠ ᠶᠢᠨ ᠬᠤᠯᠪᠤᠭᠠᠲᠤ ᠦᠷ᠎ᠡ ᠠᠰᠢᠭ᠂ | ᠲᠤᠭ᠎ᠠ ᠬᠡᠮᠵᠢᠶᠡᠨ ᠤ ᠨᠡᠮᠡᠭᠳᠡᠯ ᠤᠨ ᠦᠷ᠎ᠡ ᠪᠦᠳᠦᠮᠵᠢ ᠪᠠ ᠪᠦᠳᠦᠴᠡ ᠶᠢᠨ ᠦᠷ᠎ᠡ ᠪᠦᠳᠦᠮᠵᠢ ᠶᠢ ᠪᠠᠳᠠᠷᠠᠭᠤᠯᠤᠨ᠂ | ᠬᠦᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠨᠢᠭᠡ ᠳᠤ᠂ ᠲᠦᠷᠦᠯ ᠵᠦᠢᠯ ᠤᠨ ᠪᠠᠶᠢᠭᠤᠯᠤᠯᠲᠠ ᠶᠢ ᠲᠤᠭᠳᠠᠭᠤᠨ ᠢᠶᠠᠷ ᠲᠦᠯᠬᠢᠨ ᠠᠬᠢᠭᠤᠯᠤᠨ᠎ᠠ᠃ ᠦᠷᠭᠦᠯᠵᠢᠯᠡᠨ | ᠬᠡᠯᠪᠡᠷᠢ ᠶᠢ ᠬᠤᠪᠢᠷᠠᠭᠤᠯᠵᠤ ᠲᠡᠰ ᠲᠡᠪᠰᠢᠭᠦᠯᠬᠦ ᠡᠨᠧᠷᠬᠢ ᠶᠢᠨ ᠠᠵᠤ ᠦᠢᠯᠡᠰᠵᠢᠯᠲᠡ᠂ ᠲᠥᠭᠦᠭᠡᠷᠦᠮᠵᠢ ᠤᠭᠰᠠᠷᠠᠬᠤ | ᠵᠤᠬᠢᠶᠡᠨ ᠦᠢᠯᠡᠳᠬᠦ ᠠᠵᠤ ᠦᠢᠯᠡᠰᠵᠢᠯᠲᠡ ᠶᠢᠨ ᠪᠦᠬᠦ ᠠᠵᠤ ᠦᠢᠯᠡᠰᠵᠢᠯᠲᠡ ᠶᠢᠨ ᠬᠡᠯᠬᠢᠶ᠎ᠡ ᠵᠤᠷᠪᠤᠰ ᠢ ᠰᠠᠶᠢᠳᠤᠷ | ᠬᠢᠬᠦ ᠂ ᠮᠠᠯᠵᠢᠬᠤ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠤᠯᠤᠭᠠᠶᠢᠯᠠᠬᠤ ᠠᠵᠤ ᠠᠬᠤᠶᠢᠯᠠᠯ ᠢ | ᠪᠤᠶᠢᠵᠢᠭᠤᠯᠤᠨ ᠪᠤᠵᠠᠭᠠᠶᠢᠷᠠᠭᠤᠯᠬᠤ ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠲᠦᠷᠦᠯ ᠵᠦᠢᠯ ᠢ | ᠬᠦᠭᠵᠢᠬᠦᠯᠦᠨ ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠲᠤᠭᠤᠷᠢᠨ ᠳᠤ᠂ ᠤᠶᠤᠨ ᠬᠦᠴᠦ ᠪᠠᠨ ᠲᠦᠪᠯᠡᠷᠡᠭᠦᠯᠵᠦ | ᠲᠤᠮᠤ ᠴᠢᠬᠤᠯᠡ ᠲᠤᠯᠭᠠᠭᠤᠷᠢᠯᠠᠬᠤ ᠴᠢᠨᠠᠷᠲᠡᠢ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠠᠰᠢᠭ ᠤᠯᠬᠤ ᠶᠢ | ᠠᠬᠢᠭᠤᠯᠤᠨ᠎ᠠ᠃ ᠦᠨᠦ ᠵᠢᠯ ᠪᠦᠬᠦ ᠬᠤᠲᠠ ᠳᠤ ᠠᠩᠬ᠎ᠠ ᠠᠯᠬᠤᠮ ᠤᠨ ᠲᠦᠯᠦᠪᠯᠡᠨ ᠬᠡᠷᠡᠭᠵᠢᠬᠦᠯᠬᠦ ᠭᠤᠤᠯᠳᠠᠯᠭ᠎ᠠ | ᠲᠠᠢ ᠲᠦᠷᠦᠯ ᠵᠦᠢᠯ 84 ᠪᠠᠶᠢᠵᠤ᠂115 ᠳ᠋ᠦᠩᠰᠢᠭᠤᠷ ᠲᠦᠭᠦᠶᠢᠷᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠨ᠎ᠡ᠃ ᠲᠦᠷᠪᠡᠨ ᠶᠡᠭᠡ ᠪᠠᠭ ᠤᠨ ᠤᠳᠤᠷᠢᠳᠤᠯᠭ᠎ᠠ ᠠᠷᠠᠳ ᠠᠴᠠ ᠡᠷᠬᠢᠯᠡᠭᠰᠡᠨ ᠠᠵᠤ ᠠᠬᠤᠢ ᠶᠢ | ᠲᠠᠭᠠᠭᠠᠴᠢᠯᠠᠨ ᠬᠠᠷᠢᠯᠴᠠᠬᠤ ᠲᠤᠭᠳᠠᠴᠠ ᠶᠢ ᠬᠡᠷᠡᠭᠵᠢᠬᠦᠯᠵᠦ᠂ ︽ᠬᠡᠨ ᠲᠠᠭᠠᠭᠠᠴᠢᠯᠠᠨ ᠬᠠᠷᠢᠴᠠᠪᠠᠯ ᠬᠡᠨ | ᠬᠠᠷᠢᠭᠤᠴᠠᠬᠤ︾ ᠱᠠᠭᠠᠷᠳᠠᠯᠭ᠎ᠠ ᠶᠤᠰᠤᠭᠠᠷ᠂ ᠲᠠᠭᠠᠭᠠᠴᠢᠯᠠᠭᠰᠠᠨ ᠲᠦᠷᠦᠯ ᠵᠦᠢᠯ ᠤᠨ ᠪᠦᠬᠦ ᠶᠠᠪᠤᠴᠠ ᠶᠢ | ᠭᠦᠢᠴᠡᠳᠭᠡᠬᠦ ᠶᠢ ᠬᠢᠨᠡᠵᠦ᠂ ᠪᠦᠬᠦ ᠶᠠᠪᠤᠴᠠ ᠶᠢ ᠱᠠᠭᠠᠷᠳᠠᠨ ᠪᠠᠶᠢᠴᠠᠭᠠᠵᠤ᠂ ᠪᠦᠬᠦ ᠲᠠᠯ᠎ᠠ ᠪᠠᠷ ᠦᠢᠯᠡᠴᠢᠯᠡᠵᠦ᠂ | ᠦᠨᠡᠨᠬᠦ ᠲᠠᠭᠠᠭᠠᠴᠢᠯᠠᠨ ᠦᠨᠡᠨᠬᠦ ᠬᠠᠷᠢᠯᠴᠠᠵᠤ ᠦᠨᠡᠨᠬᠦ ᠬᠢᠬᠦ ᠶᠢ ᠪᠡᠶᠡᠯᠡᠭᠦᠯᠦᠨ᠎ᠡ᠃ ᠪᠠᠷᠠᠭᠤᠨ ᠬᠤᠶᠠᠷ᠂ ᠪᠠᠷᠠᠭᠤᠨ | ᠭᠤᠷᠪᠠᠳᠤᠭᠠᠷ ᠵᠠᠳᠠᠭᠠᠢ ᠠᠭᠤᠷᠬᠠᠢ᠂ ᠰᠢ ᠯᠢᠨ ᠨᠡᠭᠦᠷᠡᠰᠤᠨ ᠠᠭᠤᠷᠬᠠᠢ᠂ ᠱᠧᠨ ᠬᠤᠸᠠ ᠵᠠᠳᠠᠭᠠᠢ ᠠᠭᠤᠷᠬᠠᠢ ᠶᠢᠨ | 800 ᠲᠦᠮᠡᠨ ᠲᠤᠨ ᠤ ᠭᠠᠷᠭᠠᠯᠭ᠎ᠠ ᠶᠢ ᠨᠡᠮᠡᠭᠳᠡᠭᠦᠯᠬᠦ᠂ ᠳ᠋ᠠ ᠲᠠᠩ ᠵᠠᠳᠠᠭᠠᠢ ᠠᠭᠤᠷᠬᠠᠢ ᠶᠢᠨ ᠬᠤᠳᠳᠤᠭ ᠢ | ᠬᠤᠯᠪᠤᠨ ᠮᠠᠯᠳᠠᠬᠤ ᠲᠦᠷᠦᠯ ᠵᠦᠢᠯ ᠵᠡᠷᠭᠡ ᠶᠢᠨ ᠭᠠᠷ ᠭᠦᠢᠴᠡᠳᠭᠡᠯ ᠢ ᠭᠦᠢᠴᠡᠳᠭᠡᠨ ᠬᠢᠵᠦ᠂ ᠵᠢᠯ ᠤᠨ ᠲᠤᠳᠤᠷ᠎ᠠ | ᠨᠡᠭᠦᠷᠡᠰᠦᠨ ᠤ ᠠᠵᠢᠯ ᠲᠦᠷᠦᠯ ᠤᠨ ᠭᠠᠷᠤᠯᠲᠠ ᠶᠢᠨ ᠬᠡᠮᠵᠢᠶ᠎ᠡ ᠶᠢ 5000 ᠲᠦᠮᠡᠨ ᠲᠤᠨ ᠳᠤ ᠬᠦᠷᠭᠡᠬᠦ ᠪᠠᠷ | ᠴᠢᠷᠮᠡᠶᠢᠨ᠂ ᠦᠢᠯᠡᠳᠭᠦᠨ ᠤ ᠦᠷᠳᠡᠭ ᠢ 55 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠳ᠋ᠠ ᠲᠠᠩ᠂ ᠪᠸᠢ ᠹᠠᠩ | ᠂ ᠱᠧᠨ ᠬᠤᠸᠠ ᠴᠠᠬᠢᠯᠭᠠᠨ ᠤ ᠢᠷᠡᠯᠲᠡ ᠶᠢᠨ ᠴᠢᠭ ᠤᠨ ᠲᠦᠷᠦᠯ ᠵᠦᠢᠯ ᠤᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠵᠢᠯ ᠤᠨ ᠲᠤᠳᠤᠷ᠎ᠠ ᠢᠯᠴᠢᠲᠦ ᠴᠠᠬᠢᠯᠭᠠᠨ ᠤ ᠲᠤᠤᠷ ᠤᠨ ᠴᠠᠬᠢᠯᠭᠠᠨ ᠳᠤ ᠨᠡᠶᠢᠯᠡᠭᠦᠯᠵᠦ ᠴᠠᠬᠢᠯᠭᠠᠨ | ᠭᠠᠷᠭᠠᠬᠤ ᠬᠡᠮᠵᠢᠶ᠎ᠡ ᠶᠢ 336 ᠲᠦᠮᠡᠨ ᠺᠢᠯᠣᠸᠠᠲ ᠪᠤᠯᠭᠠᠨ᠎ᠠ᠃ ᠵᠢᠩ ᠶᠦᠨ ᠲᠦᠩ᠂ ᠡᠦ ᠳ᠋ᠠ ᠯᠠᠢ᠂ ᠱᠧᠨ | ᠬᠤᠸᠠ᠂ ᠬᠤᠸᠠ ᠷᠦᠨ᠂ ᠮᠢᠩ ᠶᠠᠩ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠭᠠᠷ | ᠭᠦᠢᠴᠡᠳᠭᠡᠯ ᠢ ᠭᠦᠢᠴᠡᠳᠭᠡᠬᠦ ᠪᠠ ᠪᠦᠳᠦᠭᠡᠨ ᠪᠠᠶᠢᠭᠤᠯᠬᠤ ᠠᠬᠢᠴᠠ ᠶᠢ ᠪᠦᠬᠦ ᠬᠦᠴᠦᠨ ᠢᠶᠠᠷ ᠠᠬᠢᠭᠤᠯᠤᠨ᠂ | ᠰᠢᠨ᠎ᠡ ᠪᠠᠷ ᠨᠡᠮᠡᠭᠳᠡᠭᠰᠡᠨ ᠰᠠᠯᠬᠢᠨ ᠬᠦᠴᠦᠨ ᠤ ᠴᠠᠬᠢᠯᠭᠠᠨ ᠭᠠᠷᠭᠠᠬᠤ 100 ᠲᠦᠮᠡᠨ ᠺᠢᠯᠣᠸᠠᠲ ᠤᠨ | ᠪᠠᠭᠳᠠᠭᠠᠮᠵᠢᠲᠠᠢ ᠲᠦᠭᠦᠭᠡᠷᠦᠮᠵᠢ ᠤᠭᠰᠠᠷᠠᠬᠤ ᠪᠠᠷ ᠴᠢᠷᠮᠡᠶᠢᠨ᠎ᠡ᠃ ᠵᠦᠩ ᠽᠠᠢ᠂ ᠴᠧᠨ ᠹᠸᠢ᠂ ᠮᠢᠩ ᠶᠠᠩ | ᠴᠠᠬᠢᠯᠭᠠᠨ ᠲᠦᠬᠦᠭᠡᠷᠦᠮᠵᠢ᠂ ᠱᠠᠩᠬᠠᠢ ᠴᠠᠬᠢᠯᠭᠠᠨ ᠲᠦᠭᠦᠭᠡᠷᠦᠮᠵᠢ ᠶᠢ ᠪᠡᠯᠡ ᠤᠷᠤᠭᠤᠯᠤᠨ ᠠᠰᠢᠭᠯᠠᠵᠤ᠂ ᠰᠤᠪᠤᠷᠭᠠᠨ | ᠪᠠᠭᠠᠨ᠎ᠠ ᠶᠢ ᠵᠤᠬᠢᠶᠠᠨ ᠦᠢᠯᠡᠳᠬᠦ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠵᠤ᠂ ᠰᠠᠯᠬᠢᠨ | ᠮᠠᠰᠢᠨ᠂ ᠲᠠᠯᠠᠪᠴᠢ᠂ ᠰᠤᠪᠤᠷᠭᠠᠲᠤ ᠪᠠᠭᠠᠨ᠎ᠠ ᠶᠢ ᠵᠤᠬᠢᠶᠠᠨ ᠦᠢᠯᠡᠳᠬᠦ ᠪᠦᠬᠦ ᠠᠵᠤ ᠦᠢᠯᠡᠰᠵᠢᠯᠲᠠ ᠶᠢᠨ | ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠦᠩ ᠶᠦᠨ ᠠᠳᠤᠭᠤᠨ ᠤ ᠠᠵᠤ ᠦᠢᠯᠡᠰᠵᠢᠯᠲᠠ ᠶᠢᠨ | ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠬᠤᠩ ᠶᠤᠸᠠᠨ ᠯᠦ ᠢ ᠰᠢᠬᠢᠷᠲᠦ ᠲᠦᠮᠦᠰᠦᠨ ᠤ ᠬᠡᠷᠴᠢᠮᠡᠯ᠂ | ᠲᠦᠮᠦᠰᠦᠨ ᠤ ᠭᠡᠰᠡᠭ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠢᠯᠢ 4 ᠵᠤᠷᠪᠤᠰ ᠠᠨ ᠮᠦ ᠰᠢ | ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠤᠷᠤᠭᠤᠯᠤᠨ ᠦᠷ᠎ᠡ ᠠᠰᠢᠭ ᠪᠦᠳᠦᠭᠡᠬᠦ ᠶᠢ ᠠᠬᠢᠭᠤᠯᠵᠤ᠂ ᠶᠠ | ᠪᠦ᠋ ᠶᠠ ᠪᠦ᠋ ᠬᠤᠭᠤᠯᠠ ᠤᠮᠳᠠᠭᠠᠨ ᠤ ᠶᠡᠷᠦᠩᠭᠡᠶᠢᠯᠡᠭᠰᠡᠨ ᠲᠦᠷᠦᠯ ᠵᠦᠢᠯ᠂ ᠡᠷᠳᠡᠨᠢ ᠪᠤᠯᠤᠨ ᠳ᠋ᠠ ᠵᠤᠸᠠᠩ ᠶᠤᠸᠠᠨ | ᠲᠦᠪ ᠬᠤᠭᠤᠯᠠᠨ ᠭᠡᠷ ᠤᠨ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ | ᠪᠦᠬᠦ ᠠᠵᠤ ᠦᠢᠯᠡᠰᠵᠢᠯᠲᠡ ᠶᠢᠨ ᠬᠡᠯᠬᠢᠶ᠎ᠡ ᠲᠠᠪᠬᠤᠷᠭ᠎ᠠ ᠶᠢ ᠲᠡᠭᠡᠭᠰᠢᠯᠡᠭᠦᠯᠭᠦ ᠬᠡᠷᠡᠭᠲᠡᠢ᠃ ᠨᠡᠭᠦᠷᠡᠰᠦᠨ | ᠲᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ᠂ ᠰᠢᠶᠧ ᠰᠢᠨ ᠴᠠᠩ ᠵᠢᠩ ᠵᠢᠴᠢ ᠲᠤᠮᠤ ᠳ᠋ᠠᠶᠢᠲ᠋ᠠ ᠰᠤᠶᠤᠯ ᠤᠨ | ᠠᠵᠤ ᠦᠢᠯᠡᠰᠵᠢᠯᠲᠡ ᠶᠢᠨ ᠬᠦᠷᠢᠶᠡᠯᠡᠩ᠂ ᠮᠠᠯ ᠤᠨ ᠪᠠᠭᠠᠰᠤ ᠶᠢ ᠰᠢᠢᠳᠪᠦᠷᠢᠯᠡᠬᠦ᠂ ᠠᠯᠠᠵᠤ ᠨᠢᠳᠤᠯᠬᠤ ᠬᠠᠶᠠᠭᠳᠠᠮᠠᠯ | ᠮᠠᠲ᠋ᠧᠷᠢᠶᠠᠯ ᠢ ᠠᠰᠢᠭᠯᠠᠬᠤ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠵᠤ᠂ ︽ ᠢᠯᠵᠠᠮᠠᠭ ᠬᠦᠴᠢᠯ ᠤᠨ ᠠᠵᠤ | ᠦᠢᠯᠡᠰᠵᠢᠯᠲᠡ ᠶᠢ ᠬᠦᠭᠵᠢᠬᠦᠯᠬᠦ ᠲᠦᠯᠦᠪᠵᠢᠭᠦᠯᠭᠡ︾ ᠶᠢ ᠰᠠᠶᠢᠳᠤᠷ ᠨᠠᠶᠢᠷᠠᠭᠤᠯᠤᠨ ᠵᠤᠬᠢᠶᠠᠵᠤ᠂ ᠬᠤᠶᠢᠲᠤ | ᠬᠢᠮᠢ ᠶᠢᠨ ᠠᠵᠤ ᠠᠬᠤᠶᠢᠯᠠᠯ ᠢ ᠲᠦᠪᠯᠡᠷᠡᠭᠦᠯᠬᠦ ᠲᠤᠭᠤᠷᠢᠭ ᠤᠨ ᠲᠦᠷᠦᠯ ᠵᠦᠢᠯ ᠢ ᠨᠢᠭᠡᠨᠳᠡ ᠪᠠᠶᠢᠭᠤᠯᠵᠤ | ᠲᠤᠮᠳᠠ ᠵᠢᠵᠢᠭ ᠠᠵᠤ ᠠᠬᠤᠶᠢᠯᠠᠯ ᠢ ᠲᠦᠪᠯᠡᠷᠡᠭᠦᠯᠬᠦ ᠲᠤᠭᠤᠷᠢᠭ ᠤᠨ ᠦᠢᠯᠡᠳᠪᠦᠷᠢᠯᠡᠯ ᠵᠤᠰᠤᠭᠰᠠᠨ ᠬᠠᠭᠠᠰ | ᠵᠤᠭᠰᠤᠭᠰᠠᠨ ᠠᠵᠤ ᠠᠬᠤᠶᠢᠯᠠᠯ ᠢ ᠬᠦᠷᠭᠡᠵᠦ ᠲᠤᠰᠤᠨ ᠠᠮᠢᠯᠠᠭᠤᠯᠵᠤ᠂ ︽ᠦᠬᠦᠮᠡᠯ ᠠᠵᠤ ᠠᠬᠤᠶᠢᠯᠠᠯ︾ ᠢ | ᠲᠦᠷᠭᠡᠨ ᠰᠢᠢᠳᠪᠦᠷᠢᠯᠡᠵᠦ᠂ ᠨᠡᠩ ᠠᠷᠪᠢᠨ ᠪᠡᠯᠡ ᠤᠷᠤᠭᠤᠯᠤᠯᠲᠠ ᠶᠢᠨ ᠬᠡᠮᠵᠢᠶᠡᠨ ᠤ ᠨᠡᠮᠡᠭᠳᠡᠯ ᠢ ᠪᠦᠷᠢᠯᠳᠦᠭᠦᠯᠬᠦ | ᠬᠡᠷᠡᠭᠲᠡᠢ᠃ ᠰᠢᠯᠢ ᠶᠢᠨ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠡ ᠬᠦᠭᠵᠢᠬᠦᠯᠬᠦ ᠤᠷᠤᠨ ᠪᠠ ᠪᠠᠷᠠᠭ᠎ᠠ | ᠵᠦᠭᠡᠭᠡᠪᠦᠷᠢᠯᠡᠬᠦ ᠲᠤᠭᠤᠷᠢᠭ ᠤᠨ ᠲᠦᠯᠦᠪᠵᠢᠭᠦᠯᠭᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ | ᠲᠦᠷᠦᠯ ᠤᠨ ᠬᠦᠷᠢᠶᠡᠯᠡᠩ ᠤᠨ ᠡᠮᠬᠢᠯᠡᠨ ᠨᠡᠶᠢᠯᠡᠬᠦᠯᠬᠦ ᠶᠢ ᠲᠠᠷᠤᠢ ᠲᠦᠷᠭᠡᠨ ᠪᠡᠶᠡᠯᠡᠭᠦᠯᠵᠦ᠂ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢ ᠲᠠᠰᠤᠷᠠᠯ ᠦᠭᠡᠢ ᠲᠡᠭᠦᠯᠳᠡᠷᠵᠢᠭᠦᠯᠵᠤ ᠂ ᠬᠤᠳᠠᠯᠳᠤᠭᠠᠴᠢᠨ ᠤᠷᠢᠵᠤ ᠪᠡᠯᠡ | ᠮᠦᠩᠭᠦ ᠲᠠᠳᠠᠬᠤ ᠠᠵᠢᠯ ᠢ ᠰᠠᠶᠢᠳᠤᠷ ᠬᠢᠵᠦ ᠬᠦᠷᠢᠶᠡᠯᠡᠩ ᠲᠤᠭᠤᠷᠢᠭ ᠢ ᠰᠢᠯᠢ ᠶᠢᠨ ᠬᠤᠲᠠ ᠶᠢᠨ ᠬᠦᠭᠵᠢᠯᠲᠡ ᠶᠢᠨ | ᠰᠢᠨ᠎ᠡ ᠲᠤᠯᠭᠠᠭᠤᠷᠢ ᠪᠤᠯᠭᠠᠨ ᠪᠠᠶᠢᠭᠤᠯᠬᠤ ᠬᠡᠷᠡᠭᠲᠡᠢ᠃ ᠲᠤᠮᠤ ᠴᠢᠬᠤᠯᠡᠰᠠᠭᠤᠷᠢ ᠲᠦᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠰᠢᠯᠢ ᠶᠢᠨ ᠬᠤᠲᠠ ᠠᠴᠠ ᠲᠠᠢ ᠽᠢ ᠬᠤᠲᠠ ᠬᠦᠷᠬᠦ ᠲᠡᠮᠦᠷ ᠵᠠᠮ ᠤᠨ ᠲᠦᠷᠦᠯ ᠵᠦᠢᠯ ᠪᠠ | ᠲᠢᠶᠠᠨ ᠵᠢᠶᠤᠤ ᠠᠴᠠ ᠬᠡᠦ ᠱᠢ ᠬᠠ ᠬᠦᠷᠬᠦ ᠲᠡᠮᠦᠷ ᠵᠠᠮ ᠢ ᠦᠭᠡᠷᠡᠴᠢᠯᠡᠨ ᠵᠠᠰᠠᠬᠤ ᠪᠠᠷᠢᠯᠭ᠎ᠠ ᠂ ᠰᠢᠯᠢ ᠶᠢᠨ | ᠬᠤᠲᠠ ᠶᠢᠨ ᠠᠭᠠᠷ ᠠᠶᠠᠯᠠᠯ ᠤᠨ ᠦᠷᠳᠡᠭᠡᠨ ᠤ ᠠᠰᠠᠷ ᠢ ᠦᠭᠡᠷᠡᠴᠢᠯᠡᠨ ᠵᠠᠰᠠᠬᠤ ᠪᠠᠷᠢᠯᠭ᠎ᠠ ᠶᠢᠨ ᠪᠠᠶᠢᠭᠤᠯᠤᠯᠲᠠ ᠶᠢ | ᠠᠬᠢᠭᠤᠯᠵᠤ᠂ ᠴᠠᠬᠢᠯᠭᠠᠨ ᠲᠤᠤᠷ ᠢ ᠦᠭᠡᠷᠡᠴᠢᠯᠡᠨ ᠵᠠᠰᠠᠬᠤ ᠶᠢ ᠦᠷᠭᠦᠯᠵᠢᠯᠡᠨ ᠰᠠᠶᠢᠳᠤᠷ ᠬᠢᠵᠦ᠂ ᠠᠵᠤ | ᠠᠬᠤᠢ ᠶᠢᠨ ᠬᠦᠭᠵᠢᠯᠲᠡ ᠶᠢᠨ ᠪᠠᠳᠤᠯᠠᠭ᠎ᠠ ᠶᠢᠨ ᠴᠢᠳᠡᠪᠦᠷᠢ ᠶᠢ ᠨᠡᠮᠡᠭᠳᠡᠭᠦᠯᠬᠦ ᠬᠡᠷᠡᠭᠲᠡᠢ᠃ | ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠳᠠᠬᠤ ᠶᠢ ᠲᠤᠪᠤᠶᠢᠯᠭᠠᠨ ᠰᠠᠶᠢᠳᠤᠷ ᠠᠳᠬᠤᠨ᠎ᠠ᠃ | ᠤᠯᠤᠰ ᠤᠨ ᠠᠵᠤ ᠦᠢᠯᠡᠰᠵᠢᠯᠲᠡ ᠶᠢᠨ ᠲᠦᠷᠦ ᠶᠢᠨ ᠪᠤᠳᠤᠯᠭ᠎ᠠ ᠪᠠᠷ ᠵᠦᠭᠯᠡᠭᠦᠷ ᠪᠤᠯᠭᠠᠬᠤ ᠪᠠ ᠵᠠᠬ᠎ᠠ ᠲᠡᠯᠭᠡᠭᠦᠷ ᠤᠨ | ᠴᠢᠬᠤᠯᠠᠴᠢᠯᠠᠭ᠎ᠠ ᠶᠢᠨ ᠬᠤᠪᠢᠷᠠᠯᠲᠠ ᠶᠢ ᠡᠵᠡᠮᠰᠢᠵᠦ᠂ ᠤᠯᠤᠰ ᠤᠨ ᠬᠡᠷᠡᠭᠵᠢᠬᠦᠯᠬᠦ ᠢᠳᠡᠪᠬᠢᠲᠦ ᠡᠳ᠋ ᠤᠨ ᠵᠠᠰᠠᠭ ᠤᠨ | ᠲᠦᠷᠦ ᠶᠢᠨ ᠪᠤᠳᠤᠯᠭ᠎ᠠ᠂ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠰᠬᠠᠢ ᠲᠦᠷᠦᠯ ᠤᠨ ᠦᠷᠢ ᠶᠢᠨ | ᠲᠡᠮᠳᠡᠭᠲᠦ ᠶᠢᠨ ᠬᠡᠪᠴᠢᠶ᠎ᠡ ᠶᠢ ᠨᠡᠮᠡᠭᠳᠡᠭᠦᠯᠵᠦ᠂ ᠤᠯᠤᠰ ᠤᠨ ᠲᠤᠳᠤᠭᠠᠲᠤ ᠶᠢᠨ ᠲᠤᠮᠤ ᠬᠦᠴᠦᠷᠭᠡᠭ ᠵᠠᠬ᠎ᠠ | ᠲᠡᠯᠭᠡᠭᠦᠷ ᠤᠨ ᠵᠠᠪ ᠲᠤᠬᠢᠶᠠᠯ ᠢ ᠪᠦᠷᠢᠯᠳᠦᠭᠦᠯᠬᠦ ᠶᠢ ᠠᠬᠢᠭᠤᠯᠵᠤ᠂ ᠦᠪᠡᠷ ᠤᠨ ᠪᠡᠶ᠎ᠡ ᠶᠢᠨ ᠬᠦᠭᠵᠢᠯᠲᠡ ᠶᠢᠨ | ᠱᠠᠭᠠᠷᠳᠠᠯᠭ᠎ᠠ ᠶᠢ ᠪᠤᠳᠠᠳᠤ ᠬᠦᠴᠦᠨ ᠶᠡᠭᠡ ᠭᠠᠵᠠᠷ ᠤᠷᠤᠨ ᠪᠠ ᠠᠵᠤ ᠠᠬᠤᠶᠢᠯᠠᠯ ᠲᠠᠢ ᠵᠤᠬᠢᠴᠠᠭᠤᠯᠤᠨ᠂ ᠨᠢᠭᠡ | ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠤᠯᠬᠤ ᠪᠠ ᠬᠡᠷᠡᠭᠵᠢᠭᠦᠯᠬᠦ ᠶᠢ ᠠᠳᠬᠤᠵᠤ᠂ ᠠᠷᠭ᠎ᠠ | ᠪᠦᠬᠦᠨ ᠢ ᠰᠦᠪᠡᠭᠴᠢᠯᠡᠨ ᠪᠡᠯᠡ ᠤᠷᠤᠭᠤᠯᠤᠯᠲᠠ ᠶᠢᠨ ᠬᠡᠪᠴᠢᠶ᠎ᠡ ᠶᠢ ᠦᠷᠭᠡᠳᠭᠡᠬᠦ ᠬᠡᠷᠡᠭᠲᠡᠢ᠃ ᠠᠵᠦ | ᠦᠢᠯᠡᠰᠵᠢᠯᠲᠡ ᠶᠢᠨ ᠤᠳᠤᠬᠢ ᠪᠠᠶᠢᠳᠠᠯ ᠪᠠ ᠬᠦᠭᠵᠢᠯᠲᠡ ᠶᠢᠨ ᠬᠠᠨᠳᠤᠰᠢ ᠶᠢᠨ ᠲᠤᠭᠤᠷᠢᠨ ᠳᠤ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠠᠵᠦ ᠦᠢᠯᠡᠰᠵᠢᠯᠲᠡ ᠶᠢᠨ ᠲᠦᠷᠦᠯ ᠵᠦᠢᠯ ᠢ ᠬᠦᠴᠦᠯᠡᠨ ᠲᠠᠳᠠᠵᠤ | ᠤᠷᠤᠭᠤᠯᠤᠨ᠎ᠠ︔ ᠰᠠᠭᠤᠷᠢ ᠲᠦᠬᠦᠭᠡᠷᠦᠮᠵᠢ ᠪᠠ ᠨᠡᠶᠢᠳᠡ ᠶᠢᠨ ᠦᠢᠯᠡᠴᠢᠯᠡᠭᠡᠨ ᠤ ᠡᠮᠵᠢᠭ ᠲᠤᠭᠤᠷᠢᠨ ᠳᠤ᠂ ᠲᠡᠭᠡᠲᠦ | ᠱᠠᠳᠤᠨ ᠤ ᠲᠡᠮᠵᠢᠯᠭᠡ ᠶᠢ ᠢᠳᠡᠪᠬᠢᠲᠡᠢ ᠤᠯᠵᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠰᠤᠷᠠᠭ ᠵᠠᠩᠭᠢ ᠶᠢᠨ | ᠲᠤᠤᠷ ᠰᠦᠯᠵᠢᠶᠡᠨ ᠤ ᠪᠠᠶᠢᠭᠤᠯᠤᠯᠲᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠡᠯᠡ ᠤᠷᠤᠭᠤᠯᠤᠯᠲᠠ ᠶᠢ | ᠴᠢᠩᠭᠠᠳᠬᠠᠨ᠎ᠠ︔ ᠮᠠᠨ ᠤ ᠬᠤᠲᠠ ᠶᠢᠨ ᠢᠯᠡᠭᠦᠴᠡ ᠴᠠᠬᠢᠯᠭᠠᠨ ᠤ ᠡᠬᠢ ᠪᠠᠶᠠᠯᠢᠭ᠂ ᠬᠠᠷᠠᠭᠠᠯᠵᠠᠯ ᠤᠨ ᠴᠠᠬᠢᠯᠭᠠᠨ | ᠬᠡᠷᠡᠭᠯᠡᠬᠦ ᠦᠨ᠎ᠡ ᠬᠠᠩᠰᠢ ᠶᠢᠨ ᠲᠤᠭᠤᠷᠢᠨ ᠳᠤ ᠲᠡᠭᠡᠲᠦ ᠮᠡᠷᠭᠡᠵᠢᠯ᠂ ᠦᠨᠳᠦᠷ ᠦᠷ᠎ᠡ ᠠᠰᠢᠭᠲᠤ ᠪᠤᠬᠢᠷᠳᠤᠯ ᠦᠭᠡᠢ | ᠦᠨᠳᠦᠷ ᠡᠨᠧᠷᠬᠢ᠂ ᠰᠢᠨ᠎ᠡ ᠡᠨᠧᠷᠬᠢ ᠶᠢᠨ ᠴᠠᠬᠢᠯᠭᠠᠨ ᠬᠦᠳᠡᠯᠭᠡᠭᠦᠷ ᠤᠨ ᠲᠦᠷᠦᠯ ᠵᠦᠢᠯ ᠢ ᠬᠦᠴᠦᠯᠡᠨ ᠲᠠᠳᠠᠵᠤ | ᠤᠷᠤᠭᠤᠯᠤᠨ᠂ ᠴᠠᠬᠢᠯᠭᠠᠨ ᠬᠡᠷᠡᠭᠯᠡᠬᠦ ᠲᠦᠷᠦᠯ ᠵᠦᠢᠯ ᠢ ᠢᠯᠡᠭᠦᠭᠡᠨ ᠤᠷᠤᠭᠤᠯᠬᠤ ᠶᠢ ᠵᠤᠷᠢᠭᠵᠢᠭᠤᠯᠤᠨ᠎ᠠ᠃ ᠲᠦᠷᠦᠯ | ᠵᠦᠢᠯ ᠢ ᠪᠠᠭᠯᠠᠬᠤ ᠲᠦᠯᠦᠪᠯᠡᠬᠦ ᠠᠵᠢᠯ ᠢ ᠰᠠᠶᠢᠳᠤᠷ ᠬᠢᠵᠦ᠂ ᠨᠢᠭᠡ ᠪᠦᠯᠦᠭ ᠬᠦᠭᠵᠢᠯᠲᠡ ᠶᠢᠨ ᠢᠷᠡᠭᠡᠳᠦᠢ ᠲᠠᠢ᠂ | ᠪᠡᠯᠡ ᠤᠷᠤᠭᠤᠯᠤᠯᠲᠡ ᠶᠢᠨ ᠬᠠᠯᠠᠮᠰᠢᠯ ᠦᠨᠳᠦᠷ ᠰᠠᠶᠢᠨ ᠲᠦᠷᠦᠯ ᠵᠦᠢᠯ ᠢ ᠬᠠᠳᠠᠭᠠᠯᠠᠨ ᠨᠦᠭᠡᠴᠡᠯᠡᠵᠦ᠂ ᠡᠮᠦᠨᠡᠬᠢ | ᠬᠤᠭᠤᠴᠠᠭᠠᠨ ᠤ ᠲᠦᠯᠦᠪᠵᠢᠭᠦᠯᠭᠡ ᠶᠢ ᠵᠤᠬᠢᠶᠠᠬᠤ᠂ ᠰᠤᠳᠤᠯᠵᠤ ᠪᠤᠯᠬᠤ ᠬᠤᠯᠪᠤᠭᠳᠠᠯ ᠪᠦᠬᠦᠢ ᠭᠠᠷ | ᠭᠦᠢᠴᠡᠳᠭᠡᠯ ᠤᠨ ᠠᠵᠢᠯ ᠢ ᠭᠦᠨᠵᠡᠭᠡᠢ ᠨᠠᠷᠢᠨ ᠬᠢᠵᠦ᠂ ᠲᠦᠷᠦᠯ ᠵᠦᠢᠯ ᠤᠨ ᠪᠤᠯᠪᠠᠰᠤᠷᠠᠩᠭᠤᠢ ᠬᠡᠮᠵᠢᠶ᠎ᠡ ᠶᠢ | ᠲᠡᠭᠡᠭᠰᠢᠯᠡᠬᠦᠯᠦᠨ᠂ ᠲᠡᠮᠵᠢᠯᠭᠡ ᠤᠯᠬᠤ᠂ ᠪᠡᠯᠡ ᠮᠦᠩᠭᠦ ᠲᠠᠳᠠᠬᠤ ᠳᠤ ᠰᠠᠭᠤᠷᠢ ᠲᠠᠯᠪᠢᠬᠤ ᠬᠡᠷᠡᠭᠲᠡᠢ᠃ ᠠᠳᠡ | ᠴᠢᠬᠤᠯᠠᠴᠢᠯᠠᠬᠤ ᠨᠢᠭᠡ ᠵᠦᠢᠯ ᠭᠡᠪᠡᠯ᠂ ᠤᠯᠤᠰ ᠤᠨ ᠲᠦᠷᠦ ᠶᠢᠨ ᠪᠤᠳᠤᠯᠭ᠎ᠠ ᠪᠠ ᠭᠠᠵᠠᠷ ᠤᠷᠤᠨ ᠤ ᠪᠤᠳᠠᠳᠠᠢ ᠶᠢ | ᠨᠡᠶᠢᠴᠡᠬᠦ ᠨᠡᠶᠢᠭᠡᠮ ᠤᠨ ᠪᠡᠯᠡ ᠤᠷᠤᠭᠤᠯᠤᠯᠲᠠ ᠪᠦᠬᠦᠨ᠂ ᠲᠦᠷᠦᠯ ᠵᠦᠢᠯ ᠤᠨ ᠶᠡᠭᠡ ᠪᠠᠭ᠎ᠠ ᠶᠢ ᠬᠠᠮᠢᠶᠠᠷᠬᠤ ᠦᠭᠡᠢ᠂ | ᠪᠡᠯᠡ ᠤᠷᠤᠭᠤᠯᠤᠯᠲᠠ ᠬᠡᠳᠦᠢ ᠪᠠᠶᠢᠭᠰᠠᠨ ᠴᠦ ᠴᠦᠮ ᠢᠳᠡᠪᠬᠢᠲᠡᠢ ᠤᠯᠵᠤ᠂ ᠬᠤᠲᠠ ᠶᠢᠨ ᠲᠦᠷᠪᠡᠨ ᠶᠡᠭᠡ | ᠪᠠᠭ ᠤᠨ ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠴᠦᠮ | ᠬᠦᠷᠦᠯᠴᠡᠭᠦᠶᠢᠴᠡ ᠤᠶᠤᠨ ᠬᠦᠴᠦᠨ ᠢᠶᠠᠨ ᠤᠷᠤᠭᠤᠯᠵᠤ᠂ ᠢᠳᠡᠪᠬᠢᠲᠡᠢ ᠭᠠᠷᠴᠤ ᠶᠠᠪᠤᠨ᠂ ᠡᠯ᠎ᠡ ᠲᠠᠰ | ᠲᠠᠪᠬᠤᠷᠭ᠎ᠠ ᠶᠢᠨ ᠬᠤᠳᠠᠯᠳᠤᠭᠠᠴᠢᠨ ᠤᠷᠢᠬᠤ ᠲᠠᠪᠴᠠᠩ ᠢ ᠭᠦᠢᠴᠡᠳ ᠠᠰᠢᠭᠯᠠᠵᠤ᠂ ᠬᠤᠳᠠᠯᠳᠤᠭᠠᠴᠢᠨ ᠤᠷᠢᠵᠤ | ᠪᠡᠯᠡ ᠮᠦᠩᠭᠦ ᠲᠠᠳᠠᠬᠤ ᠬᠦᠴᠦᠯᠡᠴᠡ ᠪᠠᠨ ᠲᠠᠰᠤᠷᠠᠯ ᠦᠭᠡᠢ ᠴᠢᠩᠭᠠᠳᠬᠠᠨ᠂ ᠪᠦᠬᠦ ᠬᠤᠲᠠ ᠶᠢᠨ ᠲᠡᠭᠲᠦ ᠲᠤᠤᠷᠠᠲᠦ | ᠶᠡᠭᠡ ᠬᠡᠮᠵᠢᠶ᠎ᠡ ᠪᠠᠷ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠳᠠᠬᠤ ᠬᠦᠳᠡᠯᠭᠡᠭᠡᠨᠲᠦ ᠪᠠᠶᠢᠳᠠᠯ ᠢ ᠪᠦᠷᠢᠯᠳᠦᠭᠦᠯᠬᠦ | ᠬᠡᠷᠡᠭᠲᠡᠢ᠃ | ᠭᠤᠷᠪᠠ ᠳᠤ᠂ ᠲᠦᠷᠦᠯ ᠵᠦᠢᠯ ᠤᠨ ᠬᠦᠷᠦᠩᠭᠡ ᠨᠡᠶᠢᠯᠡᠭᠦᠯᠬᠦ ᠶᠢ ᠢᠳᠡᠪᠬᠢᠲᠡᠢ ᠰᠠᠶᠢᠳᠤᠷ ᠠᠳᠬᠤᠨ᠎ᠠ᠃ ᠪᠡᠯᠡ | ᠤᠷᠤᠭᠤᠯᠬᠤ ᠬᠦᠷᠦᠩᠭᠡ ᠨᠡᠶᠢᠯᠡᠭᠦᠯᠬᠦ ᠪᠦᠳᠦᠴᠡ ᠶᠢᠨ ᠦᠭᠡᠷᠡᠴᠢᠯᠡᠯᠲᠠ ᠶᠢ ᠭᠦᠨᠵᠡᠭᠡᠶᠢᠷᠡᠬᠦᠯᠵᠦ᠂ ᠵᠠᠬ᠎ᠠ | ᠲᠡᠯᠭᠡᠭᠦᠷ ᠤᠨ ᠭᠤᠤᠯ ᠴᠤᠭᠴᠠ ᠶᠢᠨ ᠪᠡᠯᠡ ᠤᠷᠤᠭᠤᠯᠬᠤ ᠢᠳᠡᠪᠬᠢ ᠴᠢᠨᠡᠷ ᠢ ᠲᠠᠶᠢᠴᠢᠯᠠᠵᠤ᠂ ᠠᠷᠠᠳ ᠤᠨ | ᠬᠤᠭᠤᠷᠤᠨᠳᠤᠬᠢ ᠪᠡᠯᠡ ᠤᠷᠤᠭᠤᠯᠤᠯᠲᠠ ᠶᠢᠨ ᠭᠤᠤᠯ ᠬᠦᠴᠦᠨ ᠤ ᠦᠢᠯᠡᠳᠦᠯ ᠢ ᠪᠠᠳᠠᠷᠠᠭᠤᠯᠤᠨ᠂ ᠤᠯᠠᠨ ᠠᠷᠭ᠎ᠠ | ᠵᠠᠮ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠬᠦ ᠶᠢ ᠴᠤᠭᠯᠠᠭᠤᠯᠬᠤ ᠬᠡᠷᠡᠭᠲᠡᠢ᠃ | ᠲᠡᠭᠡᠲᠦ ᠱᠠᠳᠤᠨ ᠤ ᠲᠦᠰᠦᠪᠯᠡᠨ ᠪᠤᠳᠤᠯᠲᠠ ᠶᠢᠨ ᠲᠤᠳᠤᠷᠠᠬᠢ ᠪᠡᠯᠡ ᠤᠷᠤᠭᠤᠯᠤᠯᠲᠠ ᠶᠢ ᠢᠳᠡᠪᠬᠢᠲᠡᠢ ᠤᠯᠵᠤ᠂ | ᠨᠡᠩ ᠠᠷᠪᠢᠨ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ | ᠱᠠᠳᠤᠨ ᠤ ᠪᠤᠳᠤᠯᠭ᠎ᠠ ᠳᠤ ᠤᠷᠤᠭᠤᠯᠵᠤ᠂ PPT ᠪᠡᠯᠡ ᠤᠷᠤᠭᠤᠯᠬᠤ ᠬᠦᠷᠦᠩᠭᠡ ᠨᠡᠶᠢᠯᠡᠭᠦᠯᠬᠦ ᠬᠡᠪ ᠵᠠᠭᠪᠤᠷ ᠢ | ᠤᠶᠤᠨᠯᠢᠭ ᠰᠠᠶᠢᠳᠤᠷ ᠬᠡᠷᠡᠭᠯᠡᠬᠦ ᠬᠡᠷᠡᠭᠲᠡᠢ᠃ ᠤᠯᠠᠨ ᠲᠠᠰ ᠲᠠᠪᠬᠤᠷᠭ᠎ᠠ ᠶᠢᠨ ᠵᠠᠬ᠎ᠠ ᠲᠡᠯᠭᠡᠭᠦᠷ ᠤᠨ ᠬᠦᠷᠦᠩᠭᠡ ᠶᠢ | ᠰᠠᠶᠢᠳᠤᠷ ᠬᠡᠷᠡᠭᠯᠡᠵᠦ᠂ ᠦᠷᠢ ᠶᠢᠨ ᠲᠡᠮᠳᠡᠭ᠂ ᠬᠤᠪᠢᠴᠭᠠᠨ ᠤ ᠲᠡᠮᠳᠡᠭ ︵ᠰᠲ᠋ᠦᠺ︶ ᠰᠠᠭᠤᠷᠢ ᠮᠥᠩᠭᠦ ᠂ | ᠬᠤᠭᠤᠴᠠᠭᠠᠲᠤ ᠪᠠᠷᠠᠭ᠎ᠠ ᠵᠡᠷᠭᠡ ᠬᠦᠷᠦᠩᠭᠡ ᠨᠡᠶᠢᠯᠡᠭᠦᠯᠬᠦ ᠪᠠᠭᠠᠵᠢ ᠶᠢ ᠦᠷᠭᠡᠳᠬᠡᠨ᠂ ᠪᠠᠩᠭᠢ ᠶᠢᠨ ᠰᠢᠰᠲ᠋ᠧᠮ ᠤᠨ | ᠬᠦᠷᠦᠩᠭᠡ ᠨᠡᠶᠢᠯᠡᠭᠦᠯᠬᠦ ᠪᠠᠶᠢᠭᠤᠯᠤᠮᠵᠢ ᠶᠢ ᠭᠡᠳᠦᠷᠬᠡᠢ ᠨᠠᠶᠢᠳᠠᠬᠤ ᠶᠢ ᠦᠭᠡᠷᠡᠴᠢᠯᠡᠬᠦ ᠬᠡᠷᠡᠭᠲᠡᠢ᠃ ᠠᠵᠦ | ᠦᠢᠯᠡᠰᠵᠢᠯᠲᠡ ᠪᠠᠷ ᠰᠠᠭᠤᠷᠢ ᠮᠥᠡᠭᠭᠦ᠂ ᠬᠦᠷᠦᠩᠭᠡ ᠨᠡᠶᠢᠯᠡᠭᠦᠯᠬᠦ ᠰᠠᠭᠤᠷᠢ ᠮᠥᠩᠬᠦ ᠶᠢ ᠲᠠᠨᠵᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠪᠡᠯᠡ ᠤᠷᠤᠭᠤᠯᠤᠯᠲᠠ ᠶᠢᠨ ᠬᠠᠮᠢᠶᠠᠷᠤᠯᠲᠠ ᠶᠢᠨ ᠬᠡᠯᠪᠡᠷᠢ ᠶᠢ ᠰᠢᠨᠡᠴᠢᠯᠡᠵᠦ᠂ ᠬᠡᠷᠡᠭᠯᠡᠬᠦ | ᠦᠷ᠎ᠡ ᠠᠰᠢᠭ ᠢ ᠲᠡᠭᠡᠭᠰᠢᠯᠡᠭᠦᠯᠬᠦ ᠬᠡᠷᠡᠭᠲᠡᠢ᠃ ᠪᠡᠯᠡ ᠤᠷᠤᠭᠤᠯᠤᠯᠲᠠ ᠶᠢᠨ ᠭᠤᠤᠯ ᠴᠤᠭᠴᠠ ᠶᠢᠨ ᠤᠯᠠᠨ ᠶᠠᠩᠵᠤ | ᠪᠤᠯᠭᠠᠬᠤ᠂ ᠲᠠᠷᠤᠢ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠬᠦᠰᠢᠭᠦᠷᠭᠡ ᠶᠢᠨ ᠦᠢᠯᠡᠳᠦᠯ ᠢ ᠰᠠᠶᠢᠳᠤᠷ | ᠬᠡᠷᠡᠭᠯᠡᠵᠦ᠂ ᠪᠠᠰᠠ ᠵᠠᠬ᠎ᠠ ᠲᠡᠯᠭᠡᠭᠦᠷ ᠤᠨ ᠲᠤᠭᠳᠠᠴᠠ ᠪᠠ ᠨᠡᠶᠢᠭᠡᠮ ᠤᠨ ᠪᠡᠯᠡ ᠤᠷᠤᠭᠤᠯᠤᠯᠲᠠ ᠶᠢᠨ ᠦᠢᠯᠡᠳᠦᠯ ᠢ | ᠪᠠᠳᠠᠷᠠᠭᠤᠯᠵᠤ᠂ ᠪᠡᠯᠡ ᠤᠷᠤᠭᠤᠯᠤᠨ᠎ᠠ ᠯᠠ ᠭᠡᠪᠡᠯ ᠵᠠᠰᠠᠭ ᠤᠨ ᠤᠷᠳᠤᠨ ᠵᠤᠭᠤᠰ ᠵᠠᠷᠤᠵᠤ᠂ ᠪᠦᠳᠦᠭᠡᠨ | ᠪᠠᠶᠢᠭᠤᠯᠤᠯᠲᠠ ᠬᠢᠨ᠎ᠡ ᠯᠠ ᠭᠡᠪᠡᠯ ᠡᠳ᠋ ᠤᠨ ᠵᠠᠰᠠᠭ ᠬᠤᠳᠠᠯᠳᠤᠨ ᠠᠪᠴᠤ ᠪᠤᠯᠬᠤ ᠦᠭᠡᠢ᠂ ᠠᠯᠢᠪᠡ ᠵᠠᠬ᠎ᠠ | ᠲᠡᠯᠭᠡᠭᠦᠷᠴᠢᠯᠡᠭᠰᠡᠨ ᠲᠦᠷᠦᠯ ᠵᠦᠢᠯ ᠢ ᠡᠷᠬᠡᠪᠰᠢ ᠵᠠᠬ᠎ᠠ ᠲᠡᠯᠭᠡᠭᠦᠷ ᠤᠨ ᠪᠡᠯᠡ ᠤᠷᠤᠭᠤᠯᠤᠯᠲᠠ ᠪᠠᠷ ᠰᠢᠢᠳᠪᠦᠷᠢᠯᠡᠬᠦ | ᠬᠡᠷᠡᠭᠲᠡᠢ᠃ ᠦᠨᠦ ᠵᠢᠯ ᠤᠨ ᠲᠡᠭᠡᠲᠦ ᠱᠠᠳᠤᠨ ᠤ ᠪᠡᠯᠡ ᠮᠥᠩᠬᠦ ᠶᠢ ᠤᠯᠬᠤ ᠠᠵᠢᠯ ᠢ ᠤᠨ ᠤ ᠠᠵᠢᠯ ᠤᠨ ᠬᠢᠨᠡᠨ | ᠰᠢᠯᠭᠠᠬᠤ ᠤᠷᠤᠨ ᠲᠤᠭᠠᠨ ᠳᠤ ᠤᠷᠤᠭᠤᠯᠵᠤ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠨᠢᠭᠡᠴᠡ ᠴᠦᠮ ᠵᠠᠪ | ᠲᠤᠬᠢᠶᠠᠯ ᠢ ᠰᠠᠶᠢᠳᠤᠷ ᠡᠵᠡᠮᠰᠢᠨ ᠢᠯᠡᠷᠡᠭᠦᠯᠵᠦ᠂ ᠲᠡᠭᠡᠲᠦ ᠱᠠᠳᠤ ᠲᠠᠢ ᠢᠳᠡᠪᠬᠢᠲᠡᠢ ᠨᠡᠪᠳᠡᠷᠡᠯᠴᠡᠵᠦ ᠠᠪᠴᠠᠯᠳᠤᠨ᠂ | ᠲᠡᠭᠡᠲᠦ ᠱᠠᠳᠤᠨ ᠤ ᠠᠷᠠᠳ ᠤᠨ ᠠᠮᠢᠳᠤᠷᠠᠯ ᠨᠡᠶᠢᠭᠡᠮ ᠤᠨ ᠲᠦᠷᠦᠯ ᠵᠦᠢᠯ ᠤᠨ ᠲᠡᠮᠵᠢᠯᠭᠡ ᠪᠡᠯᠡ ᠮᠥᠩᠬᠦ ᠶᠢ ᠪᠦᠬᠦ | ᠬᠦᠴᠦ ᠪᠠᠷ ᠢᠶᠠᠨ ᠴᠢᠷᠮᠡᠶᠢᠵᠦ ᠤᠯᠬᠤ ᠬᠡᠷᠡᠭᠲᠡᠢ᠃ | ᠲᠦᠷᠪᠡ ᠳᠤ᠂ ᠡᠵᠡᠩᠨᠡᠯᠲᠡ ᠬᠤᠳᠠᠯᠳᠤᠭᠠᠨ ᠤ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠡᠵᠡᠩᠨᠡᠨ ᠬᠤᠳᠠᠯᠳᠤᠬᠤ ᠤᠷᠴᠢᠨ ᠲᠤᠭᠤᠷᠢᠨ ᠢ ᠰᠢᠯᠢᠳᠡᠭᠵᠢᠬᠦᠯᠬᠦ ᠶᠢ ᠴᠢᠨᠠᠷ ᠰᠠᠶᠢᠲᠠᠢ ᠬᠦᠭᠵᠢᠯᠲᠡ ᠶᠢᠨ | ᠰᠠᠭᠤᠷᠢᠯᠠᠬᠤ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ᠂ ᠲᠡᠷᠢᠭᠦᠨ ᠤ ᠲᠠᠭᠠᠭᠤᠯᠬᠤ ᠴᠢᠨᠠᠷᠲᠡᠢ ᠠᠵᠢᠯ ᠪᠤᠯᠭᠠᠵᠤ᠂ | ᠪᠠᠶᠢᠭᠤᠯᠤᠮᠵᠢ ᠶᠢᠨ ᠦᠭᠡᠷᠡᠴᠢᠯᠡᠯᠲᠠ ᠪᠠᠷ ᠲᠤᠬᠢᠶᠠᠯ ᠪᠤᠯᠭᠠᠵᠤ᠂ ᠵᠠᠰᠠᠭ ᠤᠨ ᠤᠷᠳᠤᠨ ᠤ ᠡᠬᠢ ᠪᠠᠶᠠᠯᠢᠭ ᠢ | ᠰᠢᠭᠤᠳ ᠲᠤᠬᠢᠷᠠᠭᠤᠯᠬᠤ ᠶᠢ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢ | ᠶᠡᠭᠡ ᠬᠡᠮᠵᠢᠶ᠎ᠡ ᠪᠠᠷ ᠬᠠᠰᠤᠵᠤ᠂ ᠬᠤᠮᠠᠬᠢ ᠭᠤᠤᠯ ᠴᠤᠭᠴᠠ ᠳᠤ ᠰᠢᠭᠤᠳ ᠬᠠᠷᠰᠢᠯᠠᠬᠤ ᠶᠢ ᠶᠡᠭᠡ ᠬᠡᠮᠵᠢᠶ᠎ᠡ ᠪᠠᠷ | ᠪᠠᠭᠠᠰᠬᠠᠨ᠂ ᠤᠷᠴᠢᠨ ᠲᠤᠭᠤᠷᠢᠨ ᠢ ᠬᠠᠮᠠᠭᠠᠯᠠᠬᠤ᠂ ᠭᠠᠯ ᠰᠡᠷᠭᠡᠶᠢᠯᠡᠨ ᠤᠨᠳᠠᠷᠠᠭᠠᠬᠤ᠂ ᠭᠠᠶᠢᠯᠢ ᠶᠢᠨ ᠶᠠᠪᠤᠳᠠᠯ᠂ | ᠵᠠᠬ᠎ᠠ ᠲᠡᠯᠭᠡᠭᠦᠷ ᠢ ᠬᠢᠨᠡᠨ ᠬᠠᠮᠢᠶᠠᠷᠬᠤ ᠵᠡᠷᠭᠡ ᠬᠠᠤᠯᠢ ᠬᠡᠷᠡᠭᠵᠢᠬᠦᠯᠬᠦ ᠬᠡᠯᠪᠡᠷᠢ ᠶᠢ ᠰᠢᠯᠢᠳᠡᠭᠵᠢᠭᠦᠯᠦᠨ᠂ ᠬᠡᠷᠡᠭ ᠤᠨ | ᠲᠤᠮᠳᠠ ᠬᠡᠷᠡᠭ ᠤᠨ ᠲᠠᠷᠠᠭ᠎ᠠ ᠬᠢᠨᠡᠨ ᠬᠠᠮᠢᠶᠠᠷᠬᠤ ᠶᠢ ᠴᠢᠩᠭᠠᠳᠬᠠᠨ᠂ ᠭᠤᠤᠯᠴᠢ ᠪᠠᠷ ᠦᠷᠢᠰᠦᠯᠳᠦᠬᠦ ᠵᠠᠬ᠎ᠠ | ᠲᠡᠯᠭᠡᠭᠦᠷ ᠤᠨ ᠤᠷᠴᠢᠨ ᠲᠤᠭᠤᠷᠢᠨ ᠢ ᠪᠦᠬᠦ ᠬᠦᠴᠦᠨ ᠢᠶᠠᠷ ᠢᠶᠠᠨ ᠪᠦᠳᠦᠭᠡᠬᠦ ᠬᠡᠷᠡᠭᠲᠡᠢ᠃ ᠦᠨᠦ ᠵᠢᠯ ᠡᠵᠡᠩᠨᠡᠨ | ᠬᠤᠳᠠᠯᠳᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠢ ᠰᠤᠷᠳᠠᠯ ᠤᠨ ᠪᠠᠶᠢᠭᠤᠯᠤᠯᠲᠠ ᠶᠢᠨ ᠭᠤᠤᠯᠳᠠᠯᠭ᠎ᠠ | ᠪᠤᠯᠭᠠᠵᠤ᠂ ᠵᠤᠷᠢᠭ ᠰᠢᠭᠤᠳᠤᠨ᠂ ᠬᠦᠴᠦ ᠭᠠᠷᠭᠠᠵᠤ᠂ ᠤᠯᠠᠨ ᠲᠦᠮᠡᠨ ᠤ ᠲᠤᠰᠬᠠᠯ ᠴᠢᠩᠭ᠎ᠠ᠂ ᠠᠵᠤ | ᠠᠬᠤᠶᠢᠯᠠᠯ ᠤᠨ ᠲᠤᠰᠬᠠᠯ ᠲᠦᠪᠯᠡᠷᠡᠭᠰᠡᠨ ᠰᠤᠷᠳᠠᠯ ᠤᠨ ᠠᠰᠠᠭᠤᠳᠠᠯ ᠢ ᠬᠦᠴᠦᠳᠡᠢ ᠰᠢᠢᠳᠪᠦᠷᠢᠯᠡᠵᠦ᠂ ᠬᠡᠪ | ᠶᠤᠰᠤᠭᠠᠷ ᠦᠢᠯᠡᠳᠪᠦᠷᠢᠯᠡᠬᠦ ᠡᠮᠬᠢ ᠲᠢᠭᠯᠢᠮ ᠢ ᠨᠦᠯᠦᠭᠡᠯᠡᠭᠰᠡᠨ ᠬᠠᠤᠯᠢ ᠪᠤᠰᠤ ᠠᠵᠤ ᠠᠬᠤᠶᠢᠯᠠᠯ ᠳᠤ ᠬᠦᠴᠦᠳᠡᠢ | ᠴᠤᠬᠢᠯᠲᠠ ᠦᠭᠴᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠬᠦᠭᠵᠢᠯᠲᠡ ᠶᠢᠨ ᠤᠷᠴᠢᠨ | ᠲᠤᠭᠤᠷᠢᠨ ᠢ ᠬᠤᠬᠢᠷᠠᠭᠤᠯᠤᠭᠰᠠᠨ ᠬᠦᠮᠦᠨ ᠪᠠ ᠤᠴᠢᠷ ᠢ ᠡᠷᠡᠰ ᠪᠠᠶᠢᠴᠠᠭᠠᠨ ᠰᠢᠢᠳᠪᠦᠷᠢᠯᠡᠵᠦ᠂ ᠨᠡᠶᠢᠳᠡᠯᠢᠭ ᠬᠡᠷᠡᠭ ᠢ | ᠢᠯᠡ ᠢᠯᠡᠴᠢᠯᠡᠨ ᠲᠡᠯᠭᠡᠵᠦ᠂ ᠰᠠᠬᠢᠯᠭ᠎ᠠ ᠶᠢ ᠵᠦᠷᠢᠴᠡᠨ ᠲᠦᠷᠢᠮ ᠢ ᠵᠦᠷᠢᠴᠡᠭᠰᠡᠨ ᠠᠰᠠᠭᠤᠳᠠᠯ ᠢ ᠲᠦᠪ ᠴᠢᠩᠭ᠎ᠠ | ᠰᠢᠢᠳᠪᠦᠷᠢᠯᠡᠵᠦ᠂ ᠡᠵᠡᠩᠨᠡᠨ ᠬᠤᠳᠠᠯᠳᠤᠬᠤ ᠤᠷᠴᠢᠨ ᠲᠤᠭᠤᠷᠢᠨ ᠠᠨᠠᠢ ᠨᠢᠭᠡᠴᠡ ᠪᠠ ᠰᠠᠯᠠᠭ᠎ᠠ ᠮᠦᠴᠢᠷ ᠠᠴᠠ ᠲᠦᠪ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠲᠦᠷᠪᠡ︶ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠷᠡᠰ ᠪᠠᠲᠤ ᠭᠤᠶᠢᠪᠢᠰᠢ ᠦᠭᠡᠢ | ᠴᠢᠩᠭᠠᠳᠬᠠᠨ᠎ᠠ᠃ ︽ᠵᠢᠷᠭᠤᠭᠠᠨ ᠬᠤᠳᠠ ᠶᠢ ᠬᠤᠯᠪᠤᠭᠠᠯᠠᠨ ᠪᠠᠶᠢᠭᠤᠯᠬᠤ︾ ᠪᠠᠷ ᠪᠠᠷᠢᠴᠠ ᠪᠤᠯᠭᠠᠨ᠂ ᠪᠦᠬᠦ | ᠤᠯᠤᠰ ᠤᠨ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠪᠠᠷ ᠵᠢᠯᠤᠭᠤᠳᠤᠮᠵᠢ ᠪᠤᠯᠭᠠᠨ᠂ ᠪᠦᠬᠦ ᠠᠶᠢᠮᠠᠭ ᠤᠨ | ᠬᠤᠳᠠ ᠪᠠᠯᠭᠠᠰᠤ ᠶᠢ ᠲᠦᠯᠦᠪᠵᠢᠭᠦᠯᠦᠨ ᠪᠠᠶᠢᠭᠤᠯᠬᠤ ᠬᠠᠮᠢᠶᠠᠷᠤᠯᠲᠠ ᠶᠢ ᠲᠡᠰ ᠲᠡᠪᠰᠢᠭᠦᠯᠬᠦ ᠭᠤᠷᠪᠠᠨ ᠵᠢᠯ ᠤᠨ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠴᠢᠳᠡᠯ ᠤᠨ ᠬᠢᠷᠢ ᠪᠠᠷ ᠢᠶᠠᠨ ᠴᠢᠷᠮᠡᠶᠢᠵᠦ ᠬᠦᠴᠦᠨ ᠤ ᠬᠢᠷᠢ ᠪᠠᠷ ᠢᠶᠠᠨ ᠬᠢᠬᠦ | ᠵᠠᠷᠴᠢᠮ ᠶᠤᠰᠤᠭᠠᠷ᠂ ᠲᠡᠭᠡᠲᠦ ᠱᠠᠳᠤᠨ ᠤ ᠲᠡᠮᠵᠢᠯᠭᠡ ᠲᠤᠤᠷ᠎ᠠ 41 ᠳ᠋ᠦᠩᠰᠢᠭᠤᠷ ᠪᠡᠯᠡ ᠤᠷᠤᠭᠤᠯᠤᠯᠲᠠ ᠬᠢᠬᠦ ᠪᠠᠷ | ᠲᠦᠯᠦᠪᠯᠡᠵᠦ᠂ ᠬᠤᠲᠠ ᠶᠢᠨ ᠦᠢᠯᠡᠴᠢᠯᠡᠭᠡᠨ ᠤ ᠴᠢᠳᠡᠪᠬᠢ ᠶᠢ ᠲᠡᠭᠦᠯᠳᠡᠷᠵᠢᠭᠦᠯᠦᠨ᠂ ᠬᠤᠲᠠ ᠶᠢᠨ ᠬᠡᠪ ᠴᠢᠨᠠᠷ ᠢ | ᠲᠡᠭᠡᠭᠰᠢᠯᠡᠭᠦᠯᠦᠨ᠎ᠡ᠃ ᠨᠢᠭᠡ ᠳᠤ ᠤᠷᠢᠳᠠᠪᠠᠷ ᠲᠦᠯᠦᠪᠵᠢᠭᠦᠯᠦᠨ᠎ᠡ᠃ ᠦᠨᠡᠨ ᠠᠴᠠ ᠵᠦᠪ ᠢ ᠡᠷᠢᠬᠦ᠂ ᠲᠤᠬᠠᠢ ᠶᠢᠨ | ᠭᠠᠵᠠᠷ ᠲᠤ ᠪᠠᠨ ᠵᠤᠬᠢᠴᠠᠭᠤᠯᠵᠤ᠂ ︽ᠲᠦᠪ ᠬᠤᠲᠠ ᠶᠢᠨ ᠲᠤᠭᠤᠷᠢᠭ ᠤᠨ ᠲᠦᠯᠦᠪᠯᠡᠭᠡ︾ ︽ᠬᠢᠵᠠᠭᠠᠷᠯᠠᠬᠤ ᠴᠢᠨᠠᠷ | ᠲᠠᠢ ᠨᠠᠷᠢᠨ ᠲᠦᠷᠢᠮ︾ ︽ᠭᠠᠵᠠᠷ ᠲᠤᠤᠷᠠᠬᠢ ᠤᠷᠤᠨ ᠵᠠᠢ ᠶᠢ ᠬᠦᠭᠵᠢᠬᠦᠯᠬᠦ ᠲᠦᠯᠦᠪᠵᠢᠭᠦᠯᠭᠡ︾ ᠵᠡᠷᠭᠡ ᠶᠢ | ᠨᠠᠶᠢᠷᠠᠭᠤᠯᠤᠨ ᠵᠤᠬᠢᠶᠠᠵᠤ᠂ ᠦᠨᠡᠨᠬᠦ ᠴᠢᠭᠯᠡᠯ ᠤᠨᠤᠪᠴᠢᠳᠠᠢ᠂ ᠬᠠᠷᠠᠯᠲᠠ ᠤᠨᠤᠪᠴᠢᠲᠠᠢ ᠪᠤᠯᠭᠠᠨ᠎ᠠ᠃ ᠬᠤᠶᠠᠷ ᠲᠤ | ᠠᠷᠠᠳ ᠤᠨ ᠠᠮᠢᠳᠤᠷᠠᠯ ᠤᠨ ᠬᠤᠲᠠ ᠶᠢᠨ ᠪᠠᠶᠢᠭᠤᠯᠤᠯᠲᠠ ᠶᠢ ᠪᠠᠷᠢᠮᠳᠠᠯᠠᠨ᠎ᠠ᠃ ᠬᠤᠲᠠ ᠶᠢᠨ ᠵᠠᠮ ᠲᠤᠤᠷ ᠤᠨ | ᠪᠦᠳᠦᠴᠡ ᠶᠢ ᠰᠠᠶᠢᠵᠢᠷᠠᠭᠤᠯᠵᠤ᠂ ᠵᠢᠵᠢᠭ ᠵᠡᠭᠡᠯᠢ ᠭᠤᠳᠤᠮᠵᠢ ᠶᠢ ᠵᠠᠰᠠᠨ ᠰᠢᠨᠡᠳᠬᠡᠬᠦ ᠶᠢ ᠦᠷᠭᠦᠯᠵᠢᠯᠡᠨ | ᠬᠡᠷᠡᠭᠵᠢᠬᠦᠯᠵᠦ᠂ ᠵᠠᠮ ᠤᠨ ᠭᠠᠳᠠᠷᠭᠤ ᠨᠢᠭᠤᠷ ᠢ ᠵᠠᠰᠠᠬᠤ᠂ ᠶᠠᠪᠠᠭᠠᠨ ᠬᠦᠮᠦᠨ ᠤ ᠵᠠᠮ ᠢ ᠲᠡᠪᠢᠰᠬᠦ ᠶᠢ ᠰᠠᠶᠢᠳᠤᠷ | ᠬᠢᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠭᠦᠮ ᠪᠤᠯᠭᠠᠨ᠎ᠠ᠃ ᠰᠢᠨ᠎ᠡ ᠲᠤᠭᠤᠷᠢᠭ ᠤᠨ ᠪᠤᠵᠠᠷ | ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢᠨ ᠬᠠᠮᠲᠤ | ᠪᠤᠵᠠᠷ ᠤᠰᠤ ᠶᠢ ᠰᠢᠢᠳᠪᠦᠷᠢᠯᠡᠬᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠᠨ ᠤᠰᠤᠨ︾ | ᠤ ᠬᠤᠭᠤᠯᠠᠢ ᠶᠢᠨ ᠲᠤᠤᠷ ᠢ ᠦᠭᠡᠷᠡᠴᠢᠯᠡᠬᠦ᠂ ᠴᠠᠬᠢᠯᠭᠠᠨ ᠤ ᠢᠷᠡᠯᠲᠡ ᠶᠢᠨ ᠰᠠᠭᠤᠷᠢᠨ ᠭᠠᠵᠠᠷ ᠤᠨ ᠲᠤᠮᠳᠠ | ᠤᠰᠤ ᠶᠢ ᠬᠠᠩᠭᠠᠬᠤ ᠪᠠ ᠪᠤᠵᠠᠷ ᠤᠰᠤᠨ ᠤ ᠬᠤᠭᠤᠯᠠᠢ ᠶᠢᠨ ᠲᠤᠤᠷ ᠤᠨ ᠪᠠᠷᠢᠯᠭ᠎ᠠ ᠶᠢ ᠲᠦᠷᠭᠡᠨ ᠠᠬᠢᠭᠤᠯᠵᠤ᠂ | ᠪᠠᠶᠠᠨᠪᠤᠯᠠᠭ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠤᠰᠤᠨ ᠤ ᠴᠢᠨᠠᠷ ᠢ | ᠲᠡᠭᠡᠭᠰᠢᠯᠡᠭᠦᠯᠬᠦ ᠪᠠᠷᠢᠯᠭ᠎ᠠ ᠶᠢ ᠠᠬᠢᠭᠤᠯᠵᠤ᠂ ᠤᠰᠤ ᠬᠡᠷᠡᠭᠯᠡᠬᠦ ᠦᠷ᠎ᠡ ᠠᠰᠢᠭ ᠢ ᠲᠡᠭᠡᠭᠰᠢᠯᠡᠭᠦᠯᠦᠨ᠎ᠡ︔ ᠪᠤᠷᠤ | ᠭᠡᠷ ᠤᠨ ᠲᠤᠭᠤᠷᠢᠭ ᠢ ᠵᠠᠰᠠᠨ ᠦᠭᠡᠷᠡᠴᠢᠯᠡᠬᠦ ᠪᠠ ᠬᠠᠭᠤᠴᠢᠨ ᠲᠤᠭᠤᠷᠢᠭ ᠢ ᠦᠭᠡᠷᠡᠴᠢᠯᠡᠬᠦ ᠪᠠᠷᠢᠯᠭ᠎ᠠ ᠶᠢ | ᠲᠤᠭᠳᠠᠭᠤᠨ ᠢᠶᠠᠷ ᠠᠬᠢᠭᠤᠯᠵᠤ᠂ ᠬᠤᠳᠠ ᠶᠢᠨ ᠲᠤᠭᠤᠷᠢᠭ ᠤᠨ ᠲᠦᠪᠯᠡᠷᠡᠨ ᠦᠷᠭᠦᠯᠵᠢᠯᠡᠭᠰᠡᠨ ᠪᠠᠶᠢᠰᠢᠩ ᠤᠨ | ᠲᠤᠭᠤᠷᠢᠭ ᠪᠠ ᠲᠠᠷᠬᠠᠢ ᠪᠠᠷᠢᠭᠰᠠᠨ ᠭᠡᠷ ᠢ ᠪᠦᠬᠦᠨ ᠢ ᠪᠤᠷᠤ ᠭᠡᠷ ᠤᠨ ᠦᠭᠡᠷᠡᠴᠢᠯᠡᠬᠦ ᠲᠦᠷᠦᠯ ᠵᠦᠢᠯ ᠳᠤ | ᠤᠷᠤᠭᠤᠯᠵᠤ᠂ ᠬᠤᠶᠠᠳᠤᠭᠠᠷ ᠴᠠᠭᠠᠷᠢᠭ ᠤᠨ ᠲᠤᠳᠤᠷᠠᠬᠢ ᠪᠠᠶᠢᠰᠢᠩ ᠭᠡᠷ ᠢ ᠦᠭᠡᠷᠡᠴᠢᠯᠡᠬᠦ ᠡᠭᠦᠷᠭᠡ ᠶᠢ | ᠦᠨᠳᠦᠰᠦᠨ ᠳᠤ ᠪᠠᠨ ᠪᠡᠶᠡᠯᠡᠭᠦᠯᠵᠦ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ | ᠰᠠᠶᠢᠵᠢᠷᠠᠭᠤᠯᠤᠨ᠎ᠠ︔ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠭᠦᠢᠴᠡᠳᠭᠡᠬᠦ ᠠᠵᠢᠯ ᠢ ᠲᠦᠷᠭᠡᠨ ᠠᠬᠢᠭᠤᠯᠵᠤ᠂ | ᠭᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠭᠦᠷ ᠤᠨ ᠲᠤᠭᠳᠠᠭᠤᠨ ᠡᠷᠡᠭᠦᠯ ᠢᠶᠠᠷ ᠬᠦᠭᠵᠢᠬᠦ ᠶᠢ ᠯᠠᠪᠳᠠᠭᠤᠨ | ᠠᠬᠢᠭᠤᠯᠬᠤ ᠬᠡᠷᠡᠭᠲᠡᠢ᠃ ᠵᠠᠮ ᠲᠠᠭᠠᠤ ᠶᠢᠨ ᠨᠤᠭᠤᠭᠠᠷᠠᠭᠤᠯᠤᠯᠲᠠ ᠶᠢ ᠰᠢᠨᠡᠳᠭᠡᠨ ᠨᠦᠬᠦᠵᠤ ᠲᠠᠷᠢᠬᠤ᠂ ᠤᠢ | ᠰᠢᠭᠤᠢ ᠶᠢᠨ ᠨᠤᠭᠤᠭᠠᠷᠠᠭᠤᠯᠤᠯᠲᠠ ᠶᠢ ᠰᠦᠷᠴᠢᠨ ᠤᠰᠤᠯᠠᠵᠤ ᠠᠷᠠᠴᠢᠯᠠᠨ ᠬᠠᠮᠠᠭᠠᠯᠠᠬᠤ᠂ ᠦᠵᠡᠮᠵᠢ ᠶᠢᠨ ᠤᠷᠤᠨ ᠤ | ᠴᠢᠭ ᠤᠨ ᠬᠠᠶᠢᠷᠶᠠᠨ ᠤ ᠲᠦᠬᠦᠭᠡᠷᠦᠮᠵᠢ ᠶᠢ ᠨᠡᠮᠡᠵᠦ ᠲᠤᠬᠢᠷᠠᠭᠤᠯᠬᠤ ᠵᠡᠷᠭᠡ ᠪᠠᠷᠢᠯᠭ᠎ᠠ ᠶᠢ ᠭᠦᠨᠵᠡᠭᠡᠢ ᠬᠡᠷᠡᠭᠵᠢᠬᠦᠯᠵᠦ᠂ | ᠬᠤᠲᠠ ᠶᠢᠨ ᠨᠤᠭᠤᠭᠠᠷᠠᠭᠤᠯᠤᠯᠲᠠ ᠶᠢᠨ ᠬᠡᠮᠵᠢᠶ᠎ᠡ ᠪᠠ ᠭᠤᠸᠠᠵᠢᠭᠤᠯᠤᠯᠲᠠ ᠶᠢᠨ ᠬᠡᠮᠵᠢᠶ᠎ᠡ ᠶᠢ ᠲᠡᠭᠡᠭᠰᠢᠯᠡᠭᠦᠯᠵᠦ᠂ | ᠵᠢᠯ ᠤᠨ ᠲᠤᠳᠤᠷ᠎ᠠ ᠠᠮᠵᠢᠯᠲᠠ ᠲᠠᠢ ᠪᠠᠷ ᠤᠯᠤᠰ ᠤᠨ ᠤᠢ ᠰᠢᠭᠤᠢ ᠶᠢᠨ ᠬᠤᠲᠠ ᠪᠤᠯᠭᠠᠨ ᠪᠠᠶᠢᠭᠤᠯᠤᠨ᠎ᠠ᠃ | ᠭᠤᠷᠪᠠ ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠠᠷᠢᠮᠳᠠᠯᠠᠨ᠎ᠠ᠃ ᠬᠤᠲᠠ ᠶᠢᠨ ᠤᠷᠴᠢᠨ ᠲᠤᠭᠤᠷᠢᠨ ᠡᠷᠡᠭᠦᠯ | ᠬᠠᠮᠠᠭᠠᠯᠠᠯ ᠤᠨ ᠬᠤᠷᠢᠨ ᠨᠢᠭᠡᠨ ᠵᠦᠢᠯ ᠶᠡᠷᠦᠩᠭᠡᠶᠢᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ | ᠬᠤᠲᠠ ᠶᠢᠨ ᠲᠦᠷᠢ ᠲᠦᠷᠬᠦ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ | ᠬᠠᠮᠢᠶᠠᠷᠤᠯᠲᠠ ᠶᠢᠨ ᠶᠡᠷᠦᠩᠭᠡᠶᠢᠯᠡᠨ ᠬᠠᠤᠯᠢ ᠬᠡᠷᠡᠭᠵᠢᠬᠦᠯᠬᠦ ᠪᠦᠳᠦᠴᠡ ᠶᠢᠨ ᠦᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠤᠶᠤᠨᠴᠢ ᠬᠤᠲᠠ ᠶᠢᠨ ᠬᠠᠮᠢᠶᠠᠷᠤᠯᠲᠠ ᠶᠢᠨ ᠲᠦᠷᠦᠯ ᠵᠦᠢᠯ ᠢ ᠡᠬᠢᠯᠡᠨ᠂ ᠬᠤᠭᠤᠯᠠ ᠲᠤᠭᠤᠭᠠᠨ | ᠭᠡᠷ ᠤᠨ ᠬᠤᠭ ᠨᠤᠪᠰᠢ ᠶᠢ ᠰᠢᠢᠳᠪᠦᠷᠢᠯᠡᠬᠦ ᠲᠦᠷᠦᠯ ᠵᠦᠢᠯ᠂ ᠤᠶᠤᠨᠴᠢ ᠲᠡᠷᠭᠡᠨ ᠵᠤᠭᠰᠤᠭᠠᠯ ᠤᠨ ᠲᠦᠷᠦᠯ | ᠵᠦᠢᠯ ᠢ ᠬᠡᠷᠡᠭᠵᠢᠭᠦᠯᠵᠦ᠂ ᠵᠤᠷᠯᠤᠩ ᠤᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠦ᠂ ︽ᠵᠡᠭᠡᠯᠢ ᠶᠢᠨ | ᠲᠠᠷᠤᠭ᠎ᠠ ᠶᠢᠨ ᠲᠦᠷᠢᠮ︾ ᠢ ᠲᠡᠭᠦᠯᠳᠡᠷᠵᠢᠭᠦᠯᠦᠨ᠂ ᠠᠵᠢᠯ ᠦᠢᠯᠡᠰ ᠤᠨ ᠬᠠᠮᠢᠶᠠᠷᠤᠯᠲᠠ ᠶᠢᠨ ᠴᠢᠳᠡᠪᠦᠷᠢ ᠶᠢ | ᠲᠡᠭᠡᠭᠰᠢᠯᠡᠬᠦᠯᠦᠨ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠯ᠂ ᠪᠠᠷᠢᠮᠵᠢᠶᠠᠵᠢᠯ᠂ ᠲᠦᠷᠢᠮᠵᠢᠯ᠂ ᠵᠢᠷᠤᠮᠵᠢᠯ ᠤᠨ | ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ | ︵ᠲᠠᠪᠤ︶ ᠰᠤᠮᠤ ᠭᠠᠴᠠᠭ᠎ᠠ ᠶᠢ ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠡᠷᠡᠰ | ᠠᠬᠢᠭᠤᠯᠤᠨ᠎ᠠ᠃ ᠰᠤᠮᠤ ᠭᠠᠴᠠᠭ᠎ᠠ ᠶᠢ ᠮᠠᠨᠳᠤᠭᠤᠯᠤᠨ ᠬᠦᠭᠵᠢᠬᠦᠯᠬᠦ ᠪᠤᠯ ᠨᠢᠭᠡ ᠵᠦᠢᠯ ᠤᠨ ᠤᠷᠲᠤ ᠬᠤᠭᠤᠴᠠᠭᠠᠨ ᠤ | ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠡᠭᠦᠷᠭᠡ ᠮᠦᠨ᠂ ᠠᠵᠤ ᠦᠢᠯᠡᠰᠵᠢᠯᠲᠡ ᠪᠠᠳᠠᠷᠠᠩᠭᠤᠢ᠂ ᠠᠮᠢ ᠠᠬᠤᠢ | ᠵᠤᠬᠢᠷᠠᠮᠵᠢᠲᠠᠢ᠂ ᠨᠤᠳᠤᠭ ᠤᠨ ᠰᠤᠷᠳᠠᠯ ᠪᠤᠯᠪᠠᠰᠤᠨ᠂ ᠦᠷ᠎ᠡ ᠪᠦᠳᠦᠮᠵᠢᠲᠡᠢ ᠵᠠᠰᠠᠭᠰᠠᠨ᠂ ᠠᠮᠢᠳᠤᠷᠠᠯ ᠪᠠᠶᠠᠨ ᠪᠠᠶᠢᠬᠤ | ᠶᠡᠷᠦᠩᠬᠡᠢ ᠱᠠᠭᠠᠷᠳᠠᠯᠭ᠎ᠠ ᠶᠤᠰᠤᠭᠠᠷ᠂ 2019 ᠤᠨ ᠤ ᠲᠦᠪ ᠬᠤᠷᠢᠶᠠᠨ ᠤ ᠨᠢᠭᠡᠳᠦᠭᠡᠷ ᠲᠤᠭᠠᠲᠤ ᠪᠢᠴᠢᠭ | ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠯᠬᠤᠮ ᠲᠠᠷᠠᠭ᠎ᠠ ᠲᠠᠢ᠂ ᠭᠤᠤᠯᠳᠠᠯᠭ᠎ᠠ | ᠲᠠᠢ ᠪᠠᠷ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠵᠤ᠂ ᠲᠠᠷᠢᠶᠠᠯᠠᠩ ᠮᠠᠯ ᠠᠵᠤ | ᠠᠬᠤᠢ ᠶᠢ ᠪᠦᠬᠦ ᠲᠠᠯ᠎ᠠ ᠪᠠᠷ ᠲᠡᠰ ᠲᠡᠪᠰᠢᠭᠦᠯᠵᠦ᠂ ᠮᠠᠯᠵᠢᠬᠤ ᠤᠷᠤᠨ ᠪᠦᠬᠦ ᠲᠠᠯ᠎ᠠ ᠪᠠᠷ ᠲᠠᠪᠰᠢᠨ᠂ ᠮᠠᠯᠴᠢᠳ ᠢ | ᠪᠦᠬᠦ ᠲᠠᠯ᠎ᠠ ᠪᠠᠷ ᠬᠦᠭᠵᠢᠬᠦᠯᠬᠦ ᠶᠢ ᠠᠬᠢᠭᠤᠯᠬᠤ ᠬᠡᠷᠡᠭᠲᠡᠢ᠃ | ᠨᠢᠭᠡ ᠳᠤ᠂ ᠤᠳᠤ ᠦᠶ᠎ᠡ ᠶᠢᠨ ᠮᠠᠯ ᠠᠵᠤ ᠠᠬᠤᠢ ᠶᠢ ᠬᠦᠭᠵᠢᠭᠦᠯᠦᠨ᠎ᠡ᠃ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠢ ᠪᠦᠳᠦᠮᠵᠢᠲᠡᠢ ᠬᠠᠩᠭᠠᠵᠤ᠂ ᠮᠠᠯᠴᠢᠳ ᠤᠨ ᠤᠷᠤᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠ ᠮᠠᠯ | ᠠᠵᠤ ᠠᠬᠤᠢ ᠶᠢᠨ ᠦᠷᠭᠦᠯᠵᠢᠯᠡᠨ ᠬᠦᠭᠵᠢᠬᠦ ᠶᠢ ᠬᠦᠭᠵᠢᠯᠲᠡ ᠶᠢᠨ ᠬᠠᠷᠠᠯᠲᠠ ᠪᠠᠨ ᠪᠤᠯᠭᠠᠵᠤ᠂ ᠲᠠᠷᠢᠶᠠᠯᠠᠩ ᠮᠠᠯ | ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠡᠴᠢᠯᠡᠯᠲᠠ ᠶᠢ ᠭᠦᠨᠵᠡᠭᠡᠢ | ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠰᠢᠰᠲ᠋ᠧᠮ ᠂ | ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠠᠶᠢᠭᠠᠯᠢ ᠶᠢᠨ | ᠪᠡᠯᠴᠢᠭᠡᠷ ᠲᠤ ᠪᠡᠯᠴᠢᠭᠡᠬᠦ ᠪᠠ ᠬᠤᠷᠢᠵᠤ ᠲᠡᠵᠢᠭᠡᠨ ᠪᠤᠷᠳᠤᠬᠤ ᠶᠢ ᠤᠶᠠᠯᠳᠤᠭᠤᠯᠵᠤ᠂ ︽ ᠬᠤᠨᠢ ᠶᠢ ᠴᠦᠭᠡᠴᠢᠯᠡᠨ | ᠦᠬᠡᠷ ᠦᠰᠭᠡᠬᠦ︾ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠪᠠᠶᠢᠭᠠᠯᠢ ᠶᠢᠨ ᠮᠠᠯ ᠠᠵᠤ | ᠠᠬᠤᠢ ᠶᠢᠨ12 ᠲᠦᠮᠡᠨ ᠲᠤᠯᠤᠭᠠᠢ ᠵᠢᠤᠸᠠᠨ ᠱᠠᠨ ᠰᠠᠭᠠᠯᠢ ᠶᠢᠨ ᠦᠨᠢᠶᠡᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ ᠪᠠᠶᠢᠭᠤᠯᠵᠤ᠂ ᠠᠵᠤ ᠠᠬᠤᠶᠢᠯᠠᠯ ᠂ ᠬᠤᠷᠰᠢᠶᠠᠵᠢᠯ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ᠂ ᠨᠦᠬᠦᠴᠡᠯ ᠲᠠᠢ ᠮᠠᠯᠴᠢᠨ ᠡᠷᠦᠬᠡ ᠶᠢᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠪᠠ | ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠦᠳᠦᠭᠡᠨ ᠪᠠᠶᠢᠭᠤᠯᠵᠤ᠂ ᠲᠡᠮᠵᠢᠵᠦ᠂ ᠤᠯᠠᠨ | ᠵᠦᠢᠯ ᠤᠨ ᠬᠡᠯᠪᠡᠷᠢ ᠮᠠᠶ᠋ᠢᠭ ᠤᠨ ᠵᠤᠬᠢᠬᠤ ᠬᠡᠪᠴᠢᠶᠡᠨ ᠤ ᠡᠵᠡᠩᠨᠡᠯᠲᠡ ᠶᠢ ᠬᠦᠭᠵᠢᠭᠦᠯᠬᠦ ᠶᠢ ᠵᠤᠷᠢᠭᠵᠢᠭᠤᠯᠤᠨ | ᠲᠡᠮᠵᠢᠬᠦ ᠬᠡᠷᠡᠭᠲᠡᠢ᠃ ᠤᠳᠤ ᠦᠶ᠎ᠡ ᠶᠢᠨ ᠦᠷᠡᠵᠢᠭᠦᠯᠦᠨ ᠦᠰᠭᠡᠬᠦ ᠰᠢᠰᠲ᠋ᠧᠮ ᠤᠨ ᠪᠠᠶᠢᠭᠤᠯᠤᠯᠲᠠ ᠶᠢ ᠰᠠᠶᠢᠳᠤᠷ | ᠠᠳᠬᠤᠵᠤ᠂ ︽ᠭᠤᠤᠯ ᠦᠷ᠎ᠡ ᠪᠤᠶᠢᠵᠢᠭᠤᠯᠬᠤ ᠲᠠᠯᠠᠪᠠᠢ + ᠦᠷᠡᠵᠢᠬᠦᠯᠬᠦ ᠲᠠᠯᠠᠪᠠᠢ + ᠦᠷᠡᠵᠢᠭᠦᠯᠦᠨ | ᠪᠤᠶᠢᠵᠢᠭᠤᠯᠬᠤ ᠡᠷᠦᠬᠡ︾ ᠭᠤᠷᠪᠠᠨ ᠱᠠᠳᠤᠨ ᠤ ᠰᠢᠯᠢᠳᠡᠭ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ | ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ ᠰᠦᠷᠦᠭ᠂ ᠭᠤᠤᠯ ᠰᠦᠷᠦᠭ ᠪᠠ ᠦᠷ᠎ᠡ ᠶᠢ ᠬᠠᠮᠠᠭᠠᠯᠠᠬᠤ ᠦᠷ᠎ᠡ ᠶᠢᠨ | ᠲᠠᠯᠠᠪᠠᠢ ᠶᠢᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠲᠠᠭᠤᠷᠢᠶᠠᠯ ᠦᠵᠡᠭᠦᠯᠬᠦ ᠴᠢᠨᠠᠷᠲᠠᠢ ᠲᠤᠰᠬᠠᠢ | ᠮᠡᠷᠭᠡᠵᠢᠯ ᠤᠨ ᠬᠤᠷᠰᠢᠶᠠᠵᠢᠯ ᠪᠠ ᠲᠤᠯᠤᠭᠠᠶᠢᠯᠠᠬᠤ ᠠᠵᠤ ᠠᠬᠤᠶᠢᠯᠠᠯ ᠢ ᠲᠦᠷᠢᠮᠵᠢᠭᠦᠯᠦᠨ ᠰᠤᠩᠭᠤᠬᠤ ᠬᠡᠷᠡᠭᠳᠡᠢ᠃ | ᠠᠶᠢᠮᠠᠭ ᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠤᠰᠤᠭᠠᠷ᠂ 2--3 ᠭᠤᠤᠯᠳᠠᠯᠭ᠎ᠠ ᠲᠠᠢ ᠲᠤᠯᠤᠭᠠᠶᠢᠯᠠᠬᠤ ᠠᠵᠤ | ᠠᠬᠤᠶᠢᠯᠠᠯ ᠢᠶᠠᠷ ᠲᠡᠷᠢᠭᠦᠯᠡᠭᠦᠯᠦᠭᠰᠡᠨ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠬᠤᠯᠪᠤᠭᠠᠲᠤ | ᠴᠤᠭᠴᠠ ᠶᠢ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠬᠦᠳᠡᠭᠡ ᠲᠤᠰᠬᠤᠨ ᠤ ᠨᠢᠭᠡ ᠬᠤᠶᠠᠷ ᠭᠤᠷᠪᠠᠳᠤᠭᠠᠷ | ᠠᠵᠤ ᠦᠢᠯᠡᠰᠵᠢᠯᠲᠡ ᠠᠭᠤᠰᠤᠯᠴᠠᠨ ᠬᠦᠭᠵᠢᠭᠰᠡᠨ ᠲᠡᠷᠢᠭᠦᠨ ᠤ ᠲᠠᠭᠠᠭᠤᠯᠤᠭᠴᠢ ᠲᠤᠭᠤᠷᠢᠭ ᠢ ᠭᠦᠨᠵᠡᠭᠡᠢ | ᠪᠠᠶᠢᠭᠤᠯᠬᠤ ᠲᠤᠭᠤᠷᠢᠨ ᠳᠤ᠂ ᠤᠨᠴᠠᠯᠢᠭᠲᠤ ᠲᠦᠷᠦᠯ ᠤᠨ ᠲᠡᠵᠢᠭᠡᠵᠦ᠂ ᠡᠳ᠋ᠰᠢᠭᠦᠯᠦᠨ ᠭᠦᠢᠯᠭᠡᠭᠡᠬᠦ᠂ ᠰᠡᠯᠡᠭᠦᠴᠡᠯ | ᠵᠤᠭᠠᠴᠠᠯ᠂ ᠴᠠᠬᠢᠮ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠠᠵᠢᠯ ᠲᠦᠷᠦᠯ ᠤᠨ ᠪᠠᠶᠢᠳᠠᠯ ᠢ ᠢᠳᠡᠪᠬᠢᠲᠡᠢ | ᠬᠦᠭᠵᠢᠭᠦᠯᠵᠦ᠂ ᠮᠠᠯᠵᠢᠬᠤ ᠤᠷᠤᠨ ᠤ ᠮᠠᠯ ᠠᠵᠤ ᠠᠬᠤᠢ ᠶᠢᠨ ᠤᠯᠠᠨ ᠲᠦᠷᠦᠯ ᠤᠨ ᠴᠢᠳᠡᠪᠬᠢ᠂ ᠤᠯᠠᠨ ᠬᠤᠪᠢ | ᠦᠨ᠎ᠡ ᠦᠷᠳᠡᠭ ᠢ ᠨᠡᠭᠡᠭᠡᠨ ᠬᠦᠭᠵᠢᠬᠦᠯᠬᠦ ᠬᠡᠷᠡᠭᠲᠡᠢ᠃ | ᠬᠤᠶᠠᠷ ᠲᠤ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠯᠦᠪᠵᠢᠭᠦᠯᠭᠡ ᠶᠢ | ᠤᠷᠢᠳᠠᠪᠠᠷ ᠬᠢᠬᠦ ᠳᠤ᠂ ᠬᠢᠯᠪᠡᠷ ᠠᠴᠠ ᠭᠦᠴᠢᠷ ᠲᠠᠪᠰᠢ᠂ ᠭᠠᠵᠠᠷ ᠤᠷᠤᠨ ᠳᠤ ᠪᠠᠨ ᠵᠤᠬᠢᠴᠠᠭᠤᠯᠵᠤ᠂ ᠲᠦᠷᠦᠯ | ᠬᠤᠪᠢᠶᠠᠨ ᠵᠢᠯᠤᠭᠤᠳᠬᠤ ᠱᠠᠭᠠᠷᠳᠠᠯᠭ᠎ᠠ ᠪᠠᠷ᠂ ᠮᠠᠨ ᠤ ᠬᠤᠲᠠ ᠶᠢᠨ ᠪᠤᠳᠠᠳᠠᠢ ᠠᠴᠠ ᠡᠭᠦᠰᠴᠦ᠂ ᠰᠤᠮᠤ ᠭᠠᠴᠠᠭ᠎ᠠ ᠶᠢ | ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠠᠪᠤᠨ ᠵᠢᠯ ᠤᠨ ᠲᠦᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠵᠢᠯᠤᠭᠤᠳᠬᠤ ᠴᠢᠨᠠᠷ ᠪᠠ ᠭᠦᠢᠴᠡᠳᠭᠡᠬᠦ ᠴᠢᠨᠠᠷ ᠢ ᠲᠤᠪᠤᠶᠢᠯᠭᠠᠨ᠂ | ᠮᠧᠬᠠᠨᠧᠭ᠋ ᠢᠶᠠᠷ ᠨᠡᠭᠦᠯᠭᠡᠨ ᠬᠠᠭᠤᠯᠵᠤ ᠪᠢᠴᠢᠬᠦ ᠦᠭᠡᠢ᠂ ︽ᠨᠢᠭᠡ ᠯᠡ ᠲᠡᠭᠡᠷ᠎ᠡ ᠲᠠᠰᠤᠳᠠᠬᠤ︾ ᠦᠭᠡᠢ᠂ ︽ | ᠵᠢᠭᠳᠡ ᠠᠯᠬᠤᠮ ᠢᠶᠠᠷ ᠶᠠᠪᠤᠬᠤ︾ ᠦᠭᠡᠢ᠃ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ | ᠪᠠᠶᠢᠭᠤᠯᠤᠯᠲᠠ ᠶᠢ ᠰᠠᠶᠢᠳᠤᠷ ᠠᠳᠬᠤᠵᠤ᠂ ᠮᠠᠯᠵᠢᠬᠤ ᠤᠷᠤᠨ ᠤ ᠠᠶᠠᠯᠠᠯ ᠨᠡᠪᠳᠡᠷᠡᠯᠴᠡᠭᠡᠨ ᠤ ᠨᠦᠬᠦᠴᠡᠯ ᠢ | ᠰᠠᠶᠢᠵᠢᠷᠠᠭᠤᠯᠬᠤ ᠬᠡᠷᠡᠭᠲᠡᠢ᠃ ᠮᠠᠯᠵᠢᠬᠤ ᠤᠷᠤᠨ ᠤ ᠤᠤᠭᠤᠬᠤ ᠤᠰᠤᠨ ᠤ ᠠᠶᠤᠯ ᠦᠭᠡᠢ ᠶᠢ ᠪᠠᠬᠢᠵᠢᠭᠦᠯᠦᠨ | ᠲᠡᠭᠡᠭᠰᠢᠯᠡᠬᠦᠯᠬᠦ ᠢᠨᠵᠧᠨᠧᠷᠢᠭ ᠢ ᠦᠷᠭᠦᠯᠵᠢᠯᠡᠨ ᠬᠡᠷᠡᠭᠵᠢᠬᠦᠯᠵᠦ᠂ ᠲᠦᠪᠯᠡᠷᠡᠭᠦᠯᠦᠨ ᠤᠰᠤ ᠬᠠᠩᠭᠠᠬᠤ ᠪᠠᠷᠢᠯᠭ᠎ᠠ᠂ | ᠤᠰᠤ ᠬᠠᠳᠠᠭᠠᠯᠠᠬᠤ ᠵᠤᠭᠤᠷᠢ ᠪᠠᠶᠢᠭᠤᠯᠬᠤ᠂ ᠤᠰᠤ ᠵᠦᠭᠡᠭᠡᠬᠦ ᠦᠢᠯᠡᠴᠢᠯᠡᠭᠡ ᠵᠡᠷᠭᠡ ᠤᠯᠠᠨ ᠵᠦᠢᠯ ᠤᠨ ᠠᠷᠭ᠎ᠠ | ᠵᠠᠮ ᠢ ᠠᠪᠴᠤ ᠬᠡᠷᠡᠭᠵᠢᠬᠦᠯᠤᠨ᠂ ᠮᠠᠯᠴᠢᠳ ᠤᠨ ᠤᠤᠭᠤᠬᠤ ᠤᠰᠤᠨ ᠤ ᠠᠶᠤᠯ ᠢ ᠪᠠᠳᠤᠯᠠᠬᠤ ᠬᠡᠷᠡᠭᠲᠡᠢ᠃ ᠰᠢᠨ᠎ᠡ | ᠨᠢᠭᠡ ᠡᠭᠡᠯᠵᠢ ᠶᠢᠨ ᠬᠦᠳᠡᠭᠡ ᠲᠤᠰᠬᠤᠨ ᠤ ᠴᠠᠬᠢᠯᠭᠠᠨ ᠲᠤᠤᠷ ᠤᠨ ᠦᠭᠡᠷᠡᠴᠢᠯᠡᠯᠲᠠ ᠶᠢᠨ ᠪᠠᠷᠢᠯᠭ᠎ᠠ ᠶᠢ ᠰᠠᠶᠢᠳᠤᠷ | ᠬᠡᠷᠡᠭᠵᠢᠬᠦᠯᠵᠦ᠂ ᠦᠷᠳᠡᠭᠡ ᠴᠢᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ ᠴᠠᠬᠢᠯᠭᠠᠨ ᠬᠠᠩᠭᠠᠬᠤ | ᠷᠠᠳᠢᠦ᠋ᠰ ᠢ ᠪᠠᠭᠠᠰᠬᠠᠨ᠂ ︽ᠴᠠᠬᠢᠯᠭᠠᠨ ᠬᠡᠷᠡᠭᠯᠡᠭᠰᠡᠨ︾ ᠠᠴᠠ ︽ᠴᠠᠬᠢᠯᠭᠠᠨ ᠢ ᠰᠠᠶᠢᠨ ᠬᠡᠷᠡᠭᠯᠡᠬᠦ︾ ᠲᠡᠰᠢ | ᠬᠤᠪᠢᠷᠠᠭᠤᠯᠬᠤ ᠬᠡᠷᠡᠭᠲᠡᠢ᠃ ᠴᠠᠬᠢᠯᠭᠠᠨ ᠬᠤᠯᠪᠤᠭᠠᠨ ᠤ ᠨᠡᠶᠢᠳᠡᠮ ᠤᠨ ᠦᠢᠯᠡᠴᠢᠯᠡᠭᠡ ᠶᠢᠨ ᠲᠤᠷᠰᠢᠯᠲᠠ ᠶᠢᠨ | ᠴᠢᠭ ᠤᠨ ᠪᠠᠷᠢᠯᠭ᠎ᠠ ᠶᠢ ᠯᠠᠪᠳᠠᠭᠤᠨ ᠪᠤᠳᠠᠳᠠᠢ ᠠᠬᠢᠭᠤᠯᠵᠤ᠂ 16 ᠵᠠᠰᠠᠭ ᠵᠠᠬᠢᠷᠭᠠᠨ ᠤ ᠲᠤᠰᠬᠤᠨ ᠳᠤ 4G ᠲᠤᠤᠷ | ᠰᠦᠯᠵᠢᠶ᠎ᠡ ᠶᠢ ᠪᠦᠷᠬᠦᠬᠦᠯᠬᠦ ᠡᠭᠦᠷᠭᠡ ᠶᠢ ᠪᠡᠶᠡᠯᠡᠬᠦᠯᠵᠦ᠂ ᠠᠯᠭᠤᠷ ᠢᠶᠠᠷ ᠮᠠᠯᠵᠢᠬᠤ ᠤᠷᠤᠨ ᠤ ᠦᠷᠭᠡᠨ ᠪᠦᠰᠡᠲᠦ | ᠬᠤᠯᠪᠤᠭ᠎ᠠ ᠶᠢ ᠪᠦᠬᠦ ᠲᠠᠯ᠎ᠠ ᠪᠠᠷ ᠪᠦᠷᠬᠦᠬᠦᠯᠬᠦ ᠶᠢ ᠬᠡᠷᠡᠭᠵᠢᠭᠦᠯᠦᠨ᠎ᠡ᠃ ︽ᠠᠷᠪᠠ ᠶᠢ ᠪᠦᠬᠦ ᠲᠠᠯ᠎ᠠ ᠳᠤ ᠪᠦᠷᠬᠦᠬᠦᠯᠬᠦ | ︾ ᠢᠨᠵᠧᠨᠧᠷᠢᠭ ᠤᠨ ᠨᠢᠭᠡᠨᠲᠡ ᠪᠠᠶᠢᠭᠤᠯᠤᠭᠰᠠᠨ ᠡᠯ᠎ᠡ ᠲᠦᠷᠦᠯ ᠤᠨ ᠲᠦᠭᠦᠭᠡᠷᠦᠮᠵᠢ ᠶᠢ ᠰᠠᠶᠢᠳᠦᠷ ᠬᠡᠷᠡᠭᠯᠡᠨ | ᠰᠠᠶᠢᠳᠤᠷ ᠬᠠᠮᠢᠶᠠᠷᠴᠤ᠂ ᠰᠤᠯᠠ ᠲᠠᠯᠪᠢᠵᠤ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠢ᠃ | ᠭᠤᠷᠪᠠ ᠳᠤ᠂ ᠬᠦᠮᠦᠰ ᠤᠨ ᠰᠠᠭᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠠᠬᠢᠭᠤᠯᠤᠨ᠎ᠠ᠃ | ᠵᠧᠵᠢᠶᠠᠩ ᠤᠨ ︽ᠮᠢᠩᠭᠠᠨ ᠲᠤᠰᠬᠤᠨ ᠲᠠᠭᠤᠷᠢᠶᠠᠯ ᠦᠵᠡᠭᠦᠯᠵᠤ᠂ ᠲᠦᠮᠡᠨ ᠲᠤᠰᠬᠤᠨ ᠢ ᠵᠠᠰᠠᠨ ᠴᠡᠭᠴᠡᠯᠡᠬᠦ︾ | ᠢᠨᠵᠧᠨᠧᠷᠢᠭ ᠤᠨ ᠲᠤᠷᠰᠢᠯᠭ᠎ᠠ ᠪᠠᠷ ᠲᠤᠯᠢᠯᠠᠵᠤ ᠨᠠᠷᠢᠨ ᠬᠢᠨᠠᠮᠠᠭᠠᠢ ᠰᠤᠷᠤᠯᠴᠠᠨ᠂ ᠨᠠᠮ ᠵᠠᠰᠠᠭ ᠤᠨ ᠨᠢᠭᠡᠳᠦᠭᠡᠷ ᠭᠠᠷ | ᠦᠪᠡᠷ ᠤᠨ ᠪᠡᠶ᠎ᠡ ᠪᠠᠷ ᠢᠶᠠᠨ ᠠᠳᠬᠤᠵᠤ᠂ ᠭᠤᠷᠪᠠᠨ ᠱᠠᠳᠤᠨ ᠤ ᠱᠦᠵᠢ ᠬᠠᠮᠲᠤ ᠪᠠᠷ ᠠᠳᠬᠤᠨ᠂ ᠮᠠᠯᠵᠢᠬᠤ | ᠤᠷᠤᠨ ᠤ ᠬᠦᠮᠦᠰ ᠤᠨ ᠰᠠᠭᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ | ᠲᠦᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠤᠪᠰᠢ᠂ ᠠᠮᠢᠳᠤᠷᠠᠯ ᠤᠨ ᠪᠤᠵᠠᠷ | ᠤᠰᠤ᠂ ᠵᠤᠷᠯᠤᠩ ᠤᠨ ᠪᠠᠭᠠᠰᠤ ᠰᠢᠭᠡᠰᠤ ᠪᠠ ᠲᠤᠰᠬᠤᠨ ᠤ ᠲᠦᠷᠢ ᠲᠤᠰᠬᠤᠨ ᠤ ᠲᠦᠷᠬᠦ ᠪᠠᠷ ᠭᠤᠤᠯᠳᠠᠯᠭ᠎ᠠ | ᠪᠤᠯᠭᠠᠭᠰᠠᠨ ︽ᠭᠤᠷᠪᠠ ᠶᠢ ᠵᠠᠰᠠᠵᠤ ᠨᠢᠭᠡ ᠶᠢ ᠲᠡᠭᠡᠭᠰᠢᠯᠡᠭᠦᠯᠬᠦ︾ ᠲᠤᠰᠬᠤᠨ ᠤ ᠠᠷᠢᠭᠤᠨ ᠴᠡᠪᠡᠷ ᠤᠨ | ᠠᠵᠢᠯᠯᠠᠭ᠎ᠠ ᠶᠢ ᠲᠤᠪᠤᠶᠢᠯᠭᠠᠨ ᠰᠠᠶᠢᠳᠤᠷ ᠠᠳᠬᠤᠵᠤ᠂ ᠮᠠᠯᠵᠢᠬᠤ ᠤᠷᠤᠨ ᠤ ᠬᠦᠮᠦᠰ ᠤᠨ ᠤᠷᠤᠨ ᠰᠠᠭᠤᠴᠠ ᠶᠢᠨ | ᠤᠷᠴᠢᠨ ᠲᠤᠭᠤᠷᠢᠨ ᠤ ᠴᠢᠨᠠᠷ ᠢ ᠲᠠᠰᠤᠷᠠᠯᠲᠠ ᠦᠭᠡᠢ ᠪᠠᠬᠢᠵᠢᠬᠦᠯᠦᠨ ᠲᠡᠭᠡᠭᠰᠢᠯᠡᠬᠦᠯᠬᠦ ᠬᠡᠷᠡᠭᠲᠡᠢ᠃ ᠪᠠᠶᠢᠭᠤᠯᠵᠤ | ᠬᠠᠮᠢᠶᠠᠷᠬᠤ ᠶᠢ ᠨᠢᠭᠡᠳᠦᠭᠦᠯᠬᠦ ᠶᠢ ᠪᠠᠷᠢᠮᠳᠠᠯᠠᠵᠤ᠂ ᠮᠠᠯᠴᠢᠳ ᠦᠪᠡᠷ ᠢᠶᠠᠨ ᠭᠠᠷ ᠬᠦᠳᠡᠯᠵᠦ ᠴᠡᠪᠡᠷᠯᠡᠨ᠂ | ᠨᠤᠭᠤᠭᠠᠷᠠᠭᠤᠯᠵᠤ᠂ ᠪᠦᠳᠦᠭᠡᠨ ᠪᠠᠶᠢᠭᠤᠯᠤᠯᠲᠠ ᠬᠢᠵᠦ᠂ ᠬᠠᠮᠢᠶᠠᠷᠴᠤ ᠬᠠᠮᠠᠭᠠᠯᠠᠨ᠂ ᠮᠠᠯᠵᠢᠬᠤ ᠤᠷᠤᠨ ᠤ ᠪᠤᠳᠠᠳᠤ | ᠰᠠᠭᠤᠷᠢ ᠲᠦᠬᠦᠭᠡᠷᠦᠮᠵᠢ ᠪᠠ ᠨᠡᠶᠢᠳᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠤᠷᠲᠤ ᠬᠤᠭᠤᠴᠠᠭᠠᠨ ᠤ ᠦᠷ᠎ᠡ | ᠪᠦᠳᠦᠮᠵᠢᠲᠡᠢ ᠬᠠᠮᠢᠶᠠᠷᠤᠨ ᠬᠠᠮᠠᠭᠠᠯᠠᠬᠤ ᠲᠤᠭᠳᠠᠴᠠ ᠶᠢ ᠪᠠᠶᠢᠭᠤᠯᠤᠨ ᠲᠡᠭᠦᠯᠳᠡᠷᠵᠢᠬᠦᠯᠬᠦ ᠬᠡᠷᠡᠭᠲᠡᠢ᠃ ᠮᠠᠯᠵᠢᠬᠤ | ᠤᠷᠤᠨ ᠤ ︽ᠵᠤᠷᠯᠤᠩ ᠢ ᠬᠤᠪᠢᠷᠠᠭᠤᠯᠬᠤ︾ ᠶᠢ ᠲᠦᠷᠭᠡᠳᠬᠡᠨ ᠠᠬᠢᠭᠤᠯᠵᠤ᠂ ᠬᠤᠶᠠᠷ ᠵᠢᠯ ᠤᠨ ᠬᠤᠭᠤᠴᠠᠭ᠎ᠠ ᠶᠢ | ᠬᠡᠷᠡᠭᠰᠡᠵᠦ ᠪᠠᠶᠢᠭᠠᠳ ᠮᠠᠯᠵᠢᠬᠤ ᠤᠷᠤᠨ ᠤ ᠡᠷᠡᠭᠦᠯ ᠬᠠᠮᠠᠭᠠᠯᠠᠯ ᠤᠨ ᠵᠤᠷᠯᠤᠩ ᠢ ᠲᠦᠭᠡᠮᠡᠯᠵᠢᠬᠦᠯᠬᠦ ᠨᠤᠷᠮ᠎ᠡ ᠶᠢ | ᠲᠡᠭᠡᠭᠰᠢᠯᠡᠭᠦᠯᠵᠦ 85% ᠠᠴᠠ ᠲᠡᠭᠡᠭᠰᠢ ᠳᠤ ᠬᠦᠷᠭᠡᠨ᠂ ᠮᠠᠯᠴᠢᠳ ᠤᠨ ᠠᠮᠢᠳᠤᠷᠠᠯ ᠤᠨ ᠬᠡᠪ ᠴᠢᠨᠠᠷ ᠢ ᠶᠡᠭᠡ | ᠬᠡᠮᠵᠢᠶ᠎ᠡ ᠪᠠᠷ ᠲᠡᠭᠡᠭᠰᠢᠯᠡᠭᠦᠯᠬᠦ ᠬᠡᠷᠡᠭᠳᠡᠢ᠃ | ᠲᠦᠷᠪᠡ ᠳᠤ᠂ ᠮᠠᠯᠵᠢᠬᠤ ᠤᠷᠤᠨ ᠤ ᠡᠬᠢ ᠪᠠᠶᠠᠯᠢᠭ ᠢ ᠠᠮᠢᠯᠠᠭᠤᠯᠤᠨ᠎ᠠ᠃ ᠪᠡᠯᠴᠢᠭᠡᠷ ᠤᠨ ᠲᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠮᠴᠢᠯᠡᠯ ᠤᠨ ᠡᠷᠬᠡ᠂ ᠲᠠᠭᠠᠭᠠᠴᠢᠯᠠᠬᠤ ᠡᠷᠬᠡ᠂ ᠡᠵᠡᠩᠨᠡᠯᠲᠡ ᠶᠢᠨ ᠡᠷᠬᠡ | ︽ᠭᠤᠷᠪᠠᠨ ᠡᠷᠬᠡ ᠶᠢ ᠬᠤᠪᠢᠶᠠᠷᠢᠯᠠᠬᠤ︾ ᠶᠢᠨ ᠤᠯᠠᠨ ᠵᠦᠢᠯ ᠤᠨ ᠬᠡᠷᠡᠭᠵᠢᠬᠦᠯᠬᠦ ᠬᠡᠯᠪᠡᠷᠢ ᠶᠢ ᠭᠦᠨᠵᠡᠭᠡᠶᠢᠷᠡᠭᠦᠯᠵᠦ᠂ | ᠦᠨᠡᠨᠬᠦ ᠮᠠᠯᠴᠢᠨ ᠡᠷᠦᠬᠡ ᠶᠢᠨ ᠲᠠᠭᠠᠭᠠᠴᠢᠯᠠᠬᠤ ᠡᠷᠬᠡ ᠶᠢ ᠲᠤᠭᠳᠠᠭᠤᠨ ᠪᠤᠯᠭᠠᠵᠤ᠂ ᠡᠵᠡᠩᠨᠡᠯᠲᠡ ᠶᠢᠨ ᠡᠷᠬᠡ ᠶᠢ | ᠠᠮᠢᠯᠠᠭᠤᠯᠬᠤ ᠬᠡᠷᠡᠭᠲᠡᠢ᠃ ᠮᠠᠯᠵᠢᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ | ᠦᠭᠡᠷᠡᠴᠢᠯᠡᠯᠲᠠ ᠶᠢ ᠭᠦᠨᠵᠡᠭᠡᠶᠢᠷᠡᠭᠦᠯᠵᠦ᠂ ᠭᠠᠵᠠᠷ ᠰᠢᠷᠤᠢ᠂ ᠨᠤᠳᠤᠭ ᠪᠡᠯᠴᠢᠭᠡᠷ᠂ ᠤᠢ ᠰᠢᠭᠤᠢ᠂ ᠰᠤᠯᠠ | ᠲᠠᠯᠪᠢᠭᠳᠠᠵᠤ ᠪᠠᠶᠢᠬᠤ ᠭᠡᠷ ᠪᠠᠶᠢᠰᠢᠩ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠢ ᠬᠦᠷᠦᠩᠭᠡ ᠶᠢ ᠠᠮᠢᠯᠠᠭᠤᠯᠬᠤ | ᠬᠡᠷᠡᠭᠲᠡᠢ᠃ ᠰᠢᠷᠠᠳᠠᠯ᠎ᠠ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠳᠤ ᠢᠯᠡᠷᠬᠡᠶᠢᠯᠡᠯ ᠡᠯᠭᠦᠨ | ᠪᠠᠶᠢᠭᠤᠯᠤᠭᠳᠠᠬᠤ ᠪᠠᠷ ᠡᠬᠢᠯᠡᠯᠲᠡ ᠪᠤᠯᠭᠠᠨ᠂ ᠬᠤᠷᠰᠢᠶᠠᠵᠢᠯ ᠤᠨ ᠡᠵᠡᠩᠨᠡᠯᠲᠡ᠂ ᠬᠦᠷᠦᠩᠭᠡ ᠶᠢ ᠲᠦᠷᠢᠶᠡᠰᠦᠯᠡᠬᠦ᠂ | ᠬᠤᠪᠢ ᠤᠷᠤᠵᠤ ᠠᠰᠢᠭ ᠬᠤᠪᠢᠶᠠᠬᠤ᠂ ᠤᠷᠤᠯᠠᠨ ᠲᠠᠷᠢᠵᠤ ᠤᠷᠤᠯᠠᠨ ᠠᠷᠠᠴᠢᠯᠠᠬᠤ ᠵᠡᠷᠭᠡ ᠤᠯᠠᠨ ᠵᠦᠢᠯ ᠤᠨ | ᠬᠡᠯᠪᠡᠷᠢ ᠶᠢ ᠢᠳᠡᠪᠬᠢᠲᠡᠢ ᠡᠷᠢᠯᠬᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠦᠨ | ᠪᠤᠵᠠᠭᠠᠶᠢᠷᠠᠬᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠬᠡᠷᠡᠭᠲᠡᠢ᠃ ᠴᠢᠳᠠᠪᠤᠷᠢᠲᠠᠨ ᠢᠶᠠᠷ ᠲᠤᠯᠭᠠᠭᠤᠷᠢᠯᠨᠵᠦ᠂ | ᠨᠤᠳᠤᠭ ᠤᠷᠤᠨ ᠤ ᠴᠢᠳᠡᠪᠦᠷᠢᠲᠡᠨ᠂ ᠪᠠᠶᠠᠵᠢᠨ ᠴᠢᠨᠡᠭᠡᠯᠢᠭᠵᠢᠬᠦ ᠲᠠᠭᠠᠭᠤᠯᠤᠭᠴᠢ ᠶᠢ ᠶᠡᠭᠡ ᠬᠦᠴᠦᠨ ᠢᠶᠠᠷ | ᠬᠦᠮᠦᠵᠢᠭᠦᠯᠦᠨ᠂ ᠤᠶᠤᠨ ᠬᠦᠴᠦᠨ᠂ ᠮᠡᠷᠭᠡᠵᠢᠯ᠂ ᠬᠠᠮᠢᠶᠠᠷᠤᠯᠲᠠ ᠶᠢ ᠵᠤᠷᠢᠭᠵᠢᠭᠤᠯᠬᠤ ᠵᠡᠷᠭᠡ ᠡᠯᠧᠮᠧᠨ᠋ᠲ ᠢ | ᠲᠤᠷᠤᠭᠰᠢ ᠪᠠᠭᠤᠯᠭᠠᠬᠤ ᠬᠡᠷᠡᠭᠲᠡᠢ᠃ | ︵ᠵᠢᠷᠭᠤᠭ᠎ᠠ︶ ᠦᠭᠡᠷᠡᠴᠢᠯᠡᠯᠲᠠ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠲᠤᠭᠤᠷᠢᠨ ᠳᠤ᠂ ᠦᠭᠡᠷᠡᠴᠢᠯᠡᠯᠳᠡ ᠶᠢᠨ ᠬᠦᠴᠦᠯᠡᠴᠡ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠨᠡᠭᠡᠭᠡᠯᠲᠡ ᠶᠢ ᠦᠷᠭᠦᠯᠵᠢᠯᠡᠨ ᠦᠷᠭᠡᠳᠬᠡᠵᠦ᠂ ᠰᠢᠨ᠎ᠡ ᠶᠢ ᠡᠭᠦᠳᠬᠦ ᠬᠦᠴᠦᠨ ᠪᠠ ᠦᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠢᠭᠡ ᠲᠠᠯ᠎ᠠ ᠪᠠᠷ᠂ ᠦᠭᠡᠷᠡᠴᠢᠯᠡᠯᠲᠠ ᠶᠢ ᠦᠷᠭᠦᠯᠵᠢᠯᠡᠨ | ᠬᠦᠭᠵᠢᠬᠦᠯᠬᠦ ᠬᠡᠷᠡᠭᠳᠡᠢ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠡᠢ ᠦᠭᠡᠷᠡᠴᠢᠯᠡᠯᠲᠠ ᠪᠠᠷ ᠭᠤᠤᠯ | ᠪᠤᠯᠭᠠᠭᠰᠠᠨ ᠡᠯ᠎ᠡ ᠵᠦᠢᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠭᠤᠷᠪᠠ ᠶᠢ | ᠬᠠᠶᠠᠵᠤ ᠨᠢᠭᠡ ᠶᠢ ᠪᠠᠭᠤᠷᠠᠭᠤᠯᠤᠨ ᠨᠢᠭᠡ ᠶᠢ ᠨᠦᠬᠦᠬᠦ︾ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠠ ᠶᠢ ᠭᠦᠨᠵᠡᠭᠡᠢ ᠠᠬᠢᠭᠤᠯᠵᠤ᠂ ᠰᠦᠷᠭᠡᠦ ᠲᠠᠯ᠎ᠠ ᠶᠢᠨ | ᠲᠤᠳᠤᠷᠬᠠᠢ ᠪᠠᠷᠢᠮᠲᠠ ᠂ ᠡᠷᠬᠡ ᠶᠢᠨ ᠲᠤᠳᠤᠷᠬᠠᠢ ᠪᠠᠷᠢᠮᠲᠠ᠂ ᠬᠠᠷᠢᠭᠤᠴᠠᠯᠭ᠎ᠠ ᠶᠢᠨ ᠲᠤᠳᠤᠷᠬᠠᠢ ᠪᠠᠷᠢᠮᠲᠠ ᠵᠡᠷᠭᠡ | ᠲᠦᠷᠢᠮ ᠢ ᠲᠦᠪ ᠴᠢᠩᠭ᠎ᠠ ᠨᠠᠶᠢᠳᠠᠪᠤᠷᠢᠵᠢᠭᠤᠯᠵᠤ᠂ ᠵᠦᠪᠰᠢᠶᠡᠷᠡᠯ ᠤᠨ ᠶᠠᠪᠤᠴᠠ᠂ ᠵᠦᠪᠰᠢᠶᠡᠷᠡᠯ ᠤᠨ ᠴᠠᠭ ᠢ | ᠪᠠᠭᠠᠰᠬᠠᠨ ᠲᠦᠭᠦᠮᠴᠢᠯᠡᠵᠦ᠂ ︽ᠬᠠᠮᠤᠭ ᠠᠷᠪᠢᠨ ᠳᠤ ᠪᠠᠨ ᠨᠢᠭᠡ ᠯᠡ ᠤᠳᠠᠭ᠎ᠠ ᠭᠦᠶᠦᠬᠦ︾ ᠬᠠᠷᠠᠯᠲᠠ ᠶᠢ | ᠴᠢᠷᠮᠠᠶᠢᠨ ᠪᠡᠶᠡᠯᠡᠬᠦᠯᠬᠦ ᠬᠡᠷᠡᠭᠲᠡᠢ᠃ ︽ᠰᠢᠯᠢ ᠶᠢᠨ ᠭᠤᠤᠯ ᠤᠨ ᠡᠭᠦᠯᠡᠨ ᠲᠠᠪᠬᠤᠷᠭ᠎ᠠ︾ ᠲᠠᠪᠴᠠᠩ ᠢ | ᠭᠦᠢᠴᠡᠳ ᠠᠰᠢᠭᠯᠠᠨ᠂ ︽ ᠨᠢᠭᠡ ᠲᠤᠤᠷ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ᠨᠢᠭᠡ ᠴᠤᠩᠬᠤ ᠪᠠᠷ | ᠬᠦᠯᠢᠶᠡᠨ ᠠᠪᠬᠤ︾ ᠶᠢ ᠲᠠᠷᠤᠢ ᠲᠦᠷᠭᠡᠨ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠲᠤᠳᠤᠷᠬᠠᠢ ᠪᠠᠷᠢᠮᠲᠠ | ᠲᠤᠳᠤᠷᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠤᠴᠢᠷ ᠢ ᠰᠦᠯᠵᠢᠶᠡᠨ ᠲᠡᠭᠡᠷ᠎ᠡ ᠭᠦᠢᠴᠡᠳᠭᠡᠬᠦ | ᠨᠤᠷᠮ᠎ᠠ ᠶᠢ 70% ᠠᠴᠠ ᠲᠡᠭᠡᠭᠰᠢ ᠪᠠᠶᠢᠯᠭᠠᠵᠤ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠲᠠᠶᠢᠴᠢᠯᠠᠵᠦ᠂ | ᠦᠭᠡᠷᠡᠴᠢᠯᠡᠯᠲᠠ ᠶᠢᠨ ᠠᠰᠢᠭ ᠢ ᠲᠠᠯᠪᠢᠨ ᠭᠠᠷᠭᠠᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠠᠯᠠᠭ᠎ᠠ ᠮᠦᠴᠢᠷ ᠤᠨ ᠠᠵᠢᠯ ᠤᠨ ᠲᠤᠰᠢᠶᠠᠯ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠲᠡᠢ᠃ ᠤᠯᠤᠰ ᠤᠨ ᠦᠮᠴᠢᠯᠡᠯ ᠤᠨ ᠲᠠᠷᠢᠶᠠᠯᠠᠩ | ᠮᠠᠯᠵᠢᠯ ᠤᠨ ᠲᠠᠯᠠᠪᠠᠢ ᠶᠢᠨ ᠦᠭᠡᠷᠡᠴᠢᠯᠡᠯᠲᠠ ᠶᠢ ᠲᠤᠭᠳᠠᠭᠤᠨ ᠢᠶᠠᠷ ᠠᠬᠢᠭᠤᠯᠵᠤ ᠤᠯᠤᠰ ᠤᠨ ᠦᠮᠴᠢᠯᠡᠯ ᠤᠨ ᠠᠵᠤ | ᠠᠬᠤᠶᠢᠯᠠᠯ ᠤᠨ ᠠᠵᠤ ᠠᠬᠤᠢ ᠶᠢᠨ ᠪᠤᠳᠠᠳᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ᠃ ᠨᠦᠭᠦᠭᠡ ᠲᠠᠯ᠎ᠠ ᠪᠠᠷ᠂ | ᠦᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠦᠷᠭᠡᠳᠭᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠪᠠ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ | ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂ ᠮᠤᠩᠭᠤᠯ ᠤᠯᠤᠰ ᠲᠠᠢ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ | ᠬᠠᠷᠢᠯᠴᠠᠨ ᠬᠠᠮᠳᠤᠷᠠᠨ ᠠᠵᠢᠯᠯᠠᠬᠤ ᠶᠢ ᠴᠢᠩᠭᠠᠳᠬᠠᠵᠤ᠂ ᠤᠷᠤᠭᠤᠯᠵᠦ ᠭᠠᠷᠭᠠᠬᠤ ᠠᠷᠠᠯᠵᠢᠶ᠎ᠠ ᠶᠢ ᠶᠡᠬᠡᠪᠡᠷ | ᠬᠦᠭᠵᠢᠬᠦᠯᠵᠦ᠂ ᠨᠡᠭᠡᠭᠡᠨ ᠬᠦᠭᠵᠢᠬᠦᠯᠬᠦ ᠶᠢᠨ ᠲᠠᠰ ᠲᠠᠪᠬᠤᠷᠭ᠎ᠠ ᠪᠠ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠬᠡᠷᠡᠭᠲᠡᠢ᠃ | ᠪᠡᠭᠡᠵᠢᠩ ᠲᠢᠶᠠᠨᠵᠢᠨ ᠾᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠬᠠᠢ ᠶᠢᠨ ᠭᠤᠷᠪᠠᠯᠵᠢᠨ ᠬᠤᠶᠢᠭ | ᠲᠠᠢ ᠢᠳᠡᠪᠬᠢᠲᠡᠢ ᠬᠠᠷᠢᠯᠴᠠᠵᠤ᠂ ᠠᠵᠤ ᠦᠢᠯᠡᠰᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠢᠯᠵᠢᠯᠲᠡ ᠶᠢ | ᠦᠨᠳᠦᠷ ᠬᠢᠷᠢ ᠬᠡᠮᠵᠢᠶ᠎ᠡ᠂ ᠴᠢᠨᠠᠷ ᠰᠠᠶᠢᠲᠠᠢ ᠪᠠᠷᠬᠦ᠋ᠯᠢᠶᠡᠨ ᠲᠠᠭᠠᠭᠠᠴᠢᠯᠠᠵᠤ ᠂ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠦᠨᠳᠦᠷ᠂ ᠲᠠᠭᠠᠭᠤᠯᠬᠤ ᠬᠦᠴᠦᠨ ᠢᠶᠠᠷ ᠴᠢᠩᠭ᠎ᠠ᠂ ᠬᠦᠭᠵᠢᠯᠲᠡ ᠶᠢᠨ ᠲᠠᠯᠳᠠ ᠬᠦᠴᠦᠨ ᠢᠶᠠᠷ | ᠶᠡᠭᠡ ᠲᠤᠯᠤᠭᠠᠶᠢᠯᠠᠬᠤ ᠠᠵᠤ ᠠᠬᠤᠶᠢᠯᠠᠯ ᠪᠠ ᠲᠦᠷᠦᠯ ᠵᠦᠢᠯ ᠢ ᠶᠡᠬᠡᠪᠡᠷ ᠤᠷᠢᠨ ᠤᠷᠤᠭᠤᠯᠵᠤ ᠬᠦᠷᠦᠩᠭᠡ᠂ | ᠮᠡᠷᠭᠡᠵᠢᠯ᠂ ᠴᠢᠳᠡᠪᠦᠷᠢᠲᠡᠨ ᠵᠡᠷᠭᠡ ᠲᠡᠭᠡᠲᠦ ᠬᠡᠮᠵᠢᠶᠡᠨ ᠤ ᠡᠯᠧᠮᠧᠨ᠋ᠲ ᠢ ᠶᠡᠬᠡᠪᠡᠷ ᠤᠷᠢᠨ ᠤᠷᠤᠭᠤᠯᠤᠨ᠂ ᠲᠡᠭᠡᠲᠦ | ᠬᠡᠮᠵᠢᠶᠡᠨᠦ ᠡᠯᠧᠮᠧᠨ᠋ᠲ ᠨᠢ ᠴᠢᠨᠠᠷ ᠰᠠᠶᠢᠲᠠᠢ ᠬᠦᠭᠵᠢᠯᠲᠡ ᠶᠢᠨ ᠤᠬᠢ ᠰᠠᠶᠢᠨ ᠪᠠᠶᠢᠳᠠᠯ ᠢ ᠲᠠᠭᠠᠭᠤᠯᠬᠤ ᠶᠢ | ᠪᠦᠷᠢᠯᠳᠦᠭᠦᠯᠬᠦ ᠬᠡᠷᠡᠭᠲᠡᠢ᠃ ᠤᠷᠤᠨ ᠨᠤᠳᠤᠭ ᠤᠨ ᠲᠠᠪᠠᠭᠤᠯᠢᠭ ᠪᠠ ᠡᠬᠢ ᠪᠠᠶᠠᠯᠢᠭ ᠤᠨ ᠲᠠᠪᠠᠭᠤᠯᠢᠭ ᠢ | ᠪᠠᠳᠠᠷᠠᠭᠤᠯᠵᠦ᠂ ᠠᠷᠢᠭᠤᠨ ᠴᠡᠪᠡᠷ ᠡᠨᠧᠷᠬᠢ ᠶᠢ ᠭᠠᠳᠠᠭᠰᠢ ᠬᠦᠷᠭᠡᠬᠦ ᠬᠡᠪᠴᠢᠶ᠎ᠡ ᠶᠢ ᠦᠷᠭᠡᠳᠬᠡᠨ ᠪᠤᠬᠢᠷᠳᠦᠯ ᠦᠭᠡᠢ | ᠤᠷᠭᠠᠨᠢᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠲᠡᠭᠡᠲᠦ ᠬᠡᠮᠵᠢᠶᠡᠨ ᠤ ᠵᠠᠬ᠎ᠠ ᠲᠡᠯᠭᠡᠭᠦᠷ ᠢ ᠡᠵᠡᠯᠡᠬᠦ ᠶᠢ | ᠠᠬᠢᠭᠤᠯᠵᠤ᠂ ᠲᠠᠪᠠᠭᠤᠯᠢᠭ ᠠᠵᠤ ᠠᠬᠤᠶᠢᠯᠠᠯ ᠤᠨ ᠭᠠᠳᠠᠭᠰᠢ ᠭᠠᠷᠬᠤ ᠶᠢ ᠲᠡᠮᠵᠢᠨ ᠦᠢᠯᠡᠳᠪᠦᠷᠢᠯᠡᠯ | ᠡᠳ᠋ᠰᠢᠭᠦᠯᠦᠯᠲᠡ ᠶᠢᠨ ᠰᠠᠭᠤᠷᠢᠨ ᠭᠠᠵᠠᠷ᠂ ᠡᠵᠡᠩᠨᠡᠨ ᠪᠤᠷᠤᠯᠠᠭᠤᠯᠬᠤ ᠦᠢᠯᠡᠴᠢᠯᠡᠬᠦ ᠲᠤᠤᠷ ᠰᠦᠯᠵᠢᠶ᠎ᠡ᠂ ᠪᠠᠷᠠᠭ᠎ᠠ | ᠵᠦᠭᠡᠭᠡᠪᠦᠷᠢᠯᠡᠬᠦ ᠬᠦᠷᠭᠡᠬᠦ ᠰᠢᠰᠲ᠋ᠧᠮ ᠢ ᠪᠠᠶᠢᠭᠤᠯᠵᠤ᠂ ᠨᠦᠯᠦᠭᠡᠯᠡᠬᠦ ᠬᠦᠴᠦᠨ ᠪᠠ ᠦᠷᠢᠰᠦᠯᠳᠦᠭᠡᠨ ᠤ ᠬᠦᠴᠦᠨ ᠢ | ᠲᠡᠭᠡᠭᠰᠢᠯᠡᠭᠦᠯᠭᠦ ᠬᠡᠷᠡᠭᠲᠡᠢ᠃ ᠵᠡᠭᠦᠨ ᠬᠡᠰᠡᠭ ᠤᠨ ᠠᠶᠢᠮᠠᠭ ᠬᠤᠲᠠ ᠠᠯᠤᠰᠯᠠᠭᠰᠠᠨ ᠬᠦᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠦᠢᠯᠡᠰᠵᠢᠯᠲᠡ ᠶᠢ ᠬᠠᠷᠢᠯᠴᠠᠨ ᠠᠭᠤᠰᠤᠯᠴᠠᠭᠤᠯᠤᠨ᠂ | ᠰᠠᠭᠤᠷᠢ ᠲᠦᠬᠦᠭᠡᠷᠦᠮᠵᠢ ᠶᠢ ᠬᠠᠷᠢᠯᠴᠠᠨ ᠨᠡᠪᠳᠡᠷᠡᠭᠦᠯᠵᠦ᠂ ᠦᠪᠡᠷᠳᠡᠭᠡᠨ ᠵᠠᠰᠠᠬᠤ ᠤᠷᠤᠨ ᠳᠤ ᠰᠢᠨ᠎ᠡ ᠠᠵᠤ | ᠠᠬᠤᠢ ᠶᠢᠨ ᠨᠡᠮᠡᠭᠳᠡᠯ ᠲᠠᠢ ᠪᠤᠯᠭᠠᠬᠤ ᠳᠤ ᠨᠡᠩ ᠰᠠᠶᠢᠨ ᠦᠢᠯᠡᠳᠦᠯ ᠢ ᠪᠠᠳᠠᠷᠠᠭᠤᠯᠬᠤ ᠪᠤᠯᠭᠠᠨ᠎ᠠ᠃ | ︵ᠲᠤᠯᠤᠭ᠎ᠠ︶ ᠡᠷᠡᠰ ᠪᠠᠲᠤ ᠭᠤᠶᠢᠪᠢᠰᠢ ᠦᠭᠡᠢ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠳᠤᠯᠠᠭ᠎ᠠ | ᠲᠠᠢ ᠪᠤᠯᠭᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ | ᠠᠷᠠᠳ ᠲᠦᠮᠡᠨ ᠤ ᠭᠤᠶᠤ ᠰᠠᠶᠢᠬᠠᠨ ᠠᠮᠢᠳᠤᠷᠠᠯ ᠤᠨ ᠬᠦᠰᠡᠯᠡᠩ ᠢ ᠢᠮᠠᠭᠲᠠ ᠲᠡᠮᠡᠴᠡᠬᠦ ᠬᠠᠷᠠᠯᠲᠠ ᠪᠠᠨ ᠪᠤᠯᠭᠠᠵᠤ᠂ | ᠨᠡᠶᠢᠳᠡᠮ ᠢ ᠬᠠᠷᠠᠭᠠᠯᠵᠠᠬᠤ ᠴᠢᠨᠠᠷ᠂ ᠰᠠᠭᠤᠷᠢ ᠴᠢᠨᠠᠷ᠂ ᠪᠠᠶᠢᠳᠠᠭ ᠢᠶᠠᠨ ᠦᠭᠬᠦ ᠴᠢᠨᠠᠷ ᠲᠠᠢ ᠠᠷᠠᠳ ᠤᠨ | ᠠᠮᠢᠳᠤᠷᠠᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠤᠯᠠᠨ ᠲᠦᠮᠡᠨ ᠤ ᠤᠯᠵᠠᠷᠬᠠᠭ ᠰᠡᠳᠬᠢᠯᠭᠡ᠂ ᠵᠤᠯ | ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠦᠨᠡᠨᠬᠦ ᠨᠡᠮᠡᠭᠳᠡᠭᠦᠯᠦᠨ᠎ᠡ᠃ ᠨᠢᠭᠡ ᠳᠤ ᠠᠵᠢᠯ ᠤᠯᠭᠤᠠ | ᠦᠢᠯᠡᠰ ᠪᠦᠳᠦᠭᠡᠬᠦ ᠶᠢ ᠶᠡᠬᠡᠪᠡᠷ ᠠᠬᠢᠭᠤᠯᠬᠤ ᠬᠡᠷᠡᠭᠲᠡᠢ᠃ ᠬᠦᠭᠵᠢᠯᠲᠡ ᠶᠢᠨ ᠲᠤᠮᠳᠠ ᠠᠵᠢᠯ ᠤᠯᠭᠤᠬᠤ | ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠠᠨ᠂ ᠡᠯ᠎ᠡ ᠠᠵᠢᠯ ᠡᠯᠡᠲ᠋ᠦ᠋ᠷᠦᠯ ᠶᠢᠨ ᠠᠵᠢᠯ ᠤᠯᠭᠤᠬᠤ ᠴᠢᠳᠡᠪᠦᠷᠢ ᠶᠢᠨ | ᠬᠢᠷᠢ ᠬᠡᠮᠵᠢᠶ᠎ᠡ ᠶᠢ ᠶᠡᠬᠡᠪᠡᠷ ᠲᠡᠭᠡᠭᠰᠢᠯᠡᠭᠦᠯᠵᠦ᠂ ᠤᠨᠴᠠᠭᠠᠶᠢᠯᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ᠂ | ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠤᠯᠭᠤᠬᠤ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ | ᠴᠢᠨᠠᠷ ᠰᠠᠶᠢᠲᠠᠢ ᠠᠵᠢᠯ ᠤᠯᠭᠤᠯᠲᠠ ᠶᠢᠨ ᠠᠵᠢᠯ ᠤᠨ ᠪᠠᠶᠢᠷᠢ ᠬᠠᠩᠭᠠᠬᠤ ᠶᠢ ᠦᠷᠭᠡᠳᠭᠡᠨ᠂ ᠬᠤᠲᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5% ᠲᠤᠳᠤᠷ᠎ᠠ ᠬᠢᠵᠠᠭᠠᠷᠯᠠᠬᠤ ᠬᠡᠷᠡᠭᠲᠡᠢ᠃ ᠬᠤᠲᠠ ᠶᠢᠨ | ᠱᠠᠭᠠᠷᠳᠠᠯᠭ᠎ᠠ ᠶᠢ ᠦᠨᠳᠦᠰᠦᠯᠡᠨ᠂ ᠠᠵᠢᠯ ᠮᠡᠷᠭᠡᠵᠢᠯ ᠤᠨ ᠪᠤᠯᠪᠠᠰᠤᠷᠠᠯ ᠢ ᠦᠷᠨᠢᠭᠦᠯᠵᠦ᠂ ᠭᠤᠤᠯᠳᠠᠯᠭ᠎ᠠ ᠲᠠᠢ | ᠲᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠃ | ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠤ ᠶᠠᠳᠠᠭᠤ ᠬᠦᠴᠢᠷᠲᠡᠢ ᠬᠦᠮᠦᠰ᠂ ᠶᠠᠳᠠᠭᠤ ᠬᠦᠴᠢᠷᠲᠡᠢ | ᠤᠯᠠᠨ ᠲᠦᠮᠡᠨ ᠵᠡᠷᠭᠡ ᠬᠦᠮᠦᠰ ᠤᠨ ᠠᠵᠢᠯ ᠤᠯᠭᠤᠯᠲᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ | ᠤᠯᠠᠨ ᠠᠷᠭ᠎ᠠ ᠵᠠᠮ ᠢᠶᠠᠷ ᠲᠤᠭᠳᠠᠭᠤᠨ ᠠᠵᠢᠯ ᠤᠯᠭᠤᠯᠲᠠ ᠶᠢ ᠪᠡᠶᠡᠯᠡᠬᠦᠯᠦᠨ᠎ᠡ᠃ ᠦᠢᠯᠡᠰ ᠪᠤᠰᠬᠠᠬᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠲᠤᠷᠭᠠᠨ ᠵᠠᠮ ᠦᠢᠯᠡᠰ ᠪᠤᠰᠬᠠᠬᠤ ᠶᠢ | ᠨᠡᠪᠴᠢᠬᠦᠯᠬᠦ ᠰᠠᠭᠤᠷᠢᠨ ᠭᠠᠵᠠᠷ ᠲᠤ ᠲᠦᠰᠢᠭᠯᠡᠵᠦ᠂ ᠦᠢᠯᠡᠰ ᠪᠤᠰᠬᠠᠬᠤ ᠶᠢ ᠲᠡᠳᠬᠦᠬᠦ ᠰᠢᠨ᠎ᠡ ᠵᠠᠮ ᠢ ᠢᠳᠡᠪᠬᠢᠲᠡᠢ | ᠡᠷᠢᠯᠬᠢᠯᠡᠵᠦ᠂ ᠦᠢᠯᠡᠰ ᠪᠤᠰᠬᠠᠬᠤ ᠪᠠᠷ ᠠᠵᠢᠯ ᠤᠯᠭᠤᠬᠤ ᠶᠢ ᠲᠠᠭᠠᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ | ᠲᠤ ᠰᠤᠷᠭᠠᠨ ᠬᠦᠮᠦᠵᠢᠯ ᠤᠨ ᠴᠢᠨᠠᠷᠵᠢᠯ ᠢ ᠲᠤᠭᠳᠠᠭᠤᠨ ᠢᠶᠠᠷ ᠲᠡᠭᠡᠭᠰᠢᠯᠡᠬᠦᠯᠬᠦ ᠬᠡᠷᠡᠭᠲᠡᠢ᠃ ᠰᠤᠷᠭᠠᠨ ᠬᠦᠮᠦᠵᠢᠯ ᠤᠨ | ᠦᠢᠯᠡᠰ ᠤᠨ ᠵᠤᠬᠢᠴᠠᠭᠤᠯᠤᠨ ᠬᠦᠭᠵᠢᠬᠦ ᠶᠢ ᠠᠬᠢᠭᠤᠯᠵᠦ᠂ ᠪᠦᠬᠦ ᠠᠶᠢᠮᠠᠭ ᠤᠨ ᠰᠠᠭᠤᠷᠢ ᠰᠤᠩᠭᠠᠨ ᠬᠦᠮᠦᠵᠢᠯ ᠤᠨ | ᠴᠢᠨᠠᠷᠵᠢᠯ ᠢ ᠲᠠᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠪᠦᠬᠦ | ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡᠨ ᠤ ᠦᠷ᠎ᠡ ᠪᠦᠳᠦᠭᠡᠯ ᠢ ᠪᠠᠬᠢᠵᠢᠭᠦᠯᠵᠦ ᠬᠤᠤᠰ ᠲᠡᠷᠢᠭᠦᠨ ᠤ ᠶᠡᠭᠡ ᠰᠤᠷᠭᠠᠭᠤᠯᠢ ᠶᠢᠨ ᠬᠤᠪᠢ ᠳᠤ | ᠬᠦᠷᠬᠦ ᠨᠤᠷᠮ᠎ᠠ ᠶᠢ ᠲᠡᠭᠡᠭᠰᠢᠯᠡᠬᠦᠯᠵᠦ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠬᠦᠭᠵᠢᠬᠦᠯᠬᠦ ᠶᠢ | ᠲᠡᠮᠵᠢᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠤᠨ ᠬᠦᠭᠵᠢᠯᠲᠡ ᠶᠢ | ᠬᠠᠮᠵᠢᠯᠴᠠᠨ ᠠᠬᠢᠭᠤᠯᠵᠤ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠴᠢᠨᠠᠷᠵᠢᠯ ᠢ | ᠯᠠᠪᠳᠠᠭᠤᠨ ᠢᠶᠠᠷ ᠲᠡᠭᠡᠭᠰᠢᠯᠡᠬᠦᠯᠬᠦ ᠬᠡᠷᠡᠭᠲᠡᠢ᠃ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠢ | ᠪᠦᠳᠦᠮᠵᠢᠲᠡᠢ ᠬᠠᠩᠭᠠᠵᠤ᠂ ᠰᠤᠷᠭᠠᠨ ᠬᠦᠮᠦᠵᠢᠯ ᠤᠨ ᠰᠤᠷᠠᠭ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢ | ᠲᠤᠭᠳᠠᠭᠤᠨ ᠢᠶᠠᠷ ᠠᠬᠢᠭᠤᠯᠵᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠤᠬᠢ ᠰᠠᠶᠢᠨ ᠰᠤᠷᠭᠠᠨ ᠬᠦᠮᠦᠵᠢᠯ ᠢᠶᠠᠷ ᠡᠩᠨᠡᠭᠡ ᠶᠢ ᠲᠠᠭᠠᠭᠤᠯᠬᠤ ᠶᠢ ᠪᠦᠷᠢᠳᠦᠭᠦᠯᠵᠦ᠂ | ᠶᠡᠭᠡ ᠠᠩᠭᠢ ᠶᠢᠨ ᠬᠡᠮᠵᠢᠶ᠎ᠡ᠂ ᠰᠤᠷᠭᠠᠭᠤᠯᠢ ᠰᠤᠩᠭᠤᠬᠤ ᠬᠠᠯᠠᠭᠤᠷᠠᠯ ᠵᠡᠷᠭᠡ ᠲᠤᠪᠤᠶᠢᠮ᠎ᠠ ᠠᠰᠠᠭᠤᠳᠠᠯ ᠢ ᠤᠯᠠᠮ | ᠨᠢᠭᠡ ᠠᠯᠬᠤᠮ ᠰᠢᠢᠳᠪᠦᠷᠢᠯᠡᠬᠦ ᠬᠡᠷᠡᠭᠲᠡᠢ᠃ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢ ᠲᠦᠷᠭᠡᠨ | ᠠᠬᠢᠭᠤᠯᠵᠤ᠂ ᠰᠢᠯᠢ ᠶᠢᠨ ᠬᠤᠲᠠ ᠶᠢᠨ ᠪᠠᠭ᠎ᠠ ᠰᠤᠷᠭᠠᠭᠤᠯᠢ᠂ ᠰᠢᠯᠢ ᠶᠢᠨ ᠬᠤᠲᠠ ᠶᠢᠨ ᠬᠡᠦᠬᠡᠳ ᠤᠨ | ᠴᠡᠴᠡᠷᠯᠢᠭ ᠤᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠵᠤ ᠪᠠᠶᠢᠭ᠎ᠠ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ᠂ | ᠪᠠᠶᠠᠨᠴᠠᠭᠠᠨ ᠬᠡᠦᠬᠡᠳ ᠤᠨ ᠴᠡᠴᠡᠷᠯᠢᠭ ᠢ ᠦᠷᠭᠦᠯᠵᠢᠯᠡᠨ ᠠᠬᠢᠭᠤᠯᠵᠤ ᠂ ᠠᠶᠢᠮᠠᠭ ᠤᠨ ᠮᠤᠩᠭᠤᠯ ᠲᠤᠮᠳᠠᠳᠤ | ᠰᠤᠷᠭᠠᠭᠤᠯᠢ ᠶᠢ ᠨᠡᠭᠦᠯᠭᠡᠬᠦ ᠠᠵᠢᠯ ᠳᠤ ᠬᠠᠮᠵᠢᠯᠴᠠᠨ᠂ ᠰᠤᠷᠭᠠᠨ ᠬᠦᠮᠦᠵᠢᠯ ᠤᠨ ᠰᠠᠭᠤᠷᠢ ᠶᠢ ᠪᠠᠬᠢᠵᠢᠬᠦᠯᠦᠨ᠎ᠡ᠃ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠵᠦ᠂ | ᠰᠤᠷᠭᠠᠨ ᠬᠦᠮᠦᠵᠢᠯ ᠤᠨ ᠠᠰᠢᠭᠴᠢᠯᠠᠬᠤ᠂ ᠤᠶᠢᠷ᠎ᠠ ᠬᠠᠷᠬᠠᠤ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ | ᠭᠤᠷᠪᠠ ᠡᠷᠡᠭᠦᠯ ᠴᠢᠬᠢᠷᠠᠭ ᠰᠢᠯᠢ ᠶᠢᠨ ᠬᠤᠲᠠ ᠶᠢ ᠪᠦᠳᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠳᠦᠭᠡᠯ ᠢ ᠪᠠᠬᠢᠵᠢᠬᠦᠯᠵᠦ᠂ ᠡᠷᠡᠭᠦᠯ ᠴᠢᠬᠢᠷᠠᠭ ᠬᠤᠲᠠ ᠶᠢᠨ | ᠪᠠᠶᠢᠭᠤᠯᠤᠯᠳᠠ ᠶᠢ ᠠᠬᠢᠭᠤᠯᠤᠨ᠂ ᠤᠯᠠᠨ ᠲᠦᠮᠡᠨ ᠤ ᠡᠷᠡᠭᠦᠯ ᠴᠢᠬᠢᠷᠠᠭ ᠤᠨ ᠴᠢᠨᠠᠷᠵᠢᠯ ᠪᠠ ᠡᠷᠡᠭᠦᠯ ᠴᠢᠬᠢᠷᠠᠭ ᠤᠨ | ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠦᠷᠭᠡᠳᠬᠡᠵᠦ᠂ ᠲᠡᠰ ᠬᠤᠪᠢᠶᠠᠨ ᠤᠨᠤᠰᠢᠯᠠᠨ ᠡᠮᠴᠢᠯᠡᠬᠦ ᠲᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠡᠮᠴᠢᠯᠡᠭᠡᠨ ᠡᠷᠡᠭᠦᠯ ᠬᠠᠮᠠᠭᠠᠯᠠᠯ ᠤᠨ ᠠᠵᠢᠯ ᠤᠨ ᠭᠤᠤᠯ ᠲᠦᠪ ᠢ ᠲᠤᠷᠤᠭᠰᠢ ᠰᠢᠯᠵᠢᠬᠦᠯᠵᠦ | ᠡᠬᠢ ᠪᠠᠶᠠᠯᠢᠭ ᠢ ᠲᠤᠷᠤᠭᠰᠢ ᠪᠠᠭᠤᠯᠭᠠᠵᠤ᠂ ︽ᠡᠪᠡᠳᠴᠢᠨ ᠦᠵᠡᠭᠦᠯᠬᠦ ᠭᠦᠴᠢᠷ᠂ ᠡᠪᠡᠳᠴᠢᠨ ᠦᠵᠡᠭᠦᠯᠬᠦ | ᠦᠨᠡᠲᠡᠢ︾ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠬᠡᠷᠡᠭᠲᠡᠢ᠃ ᠦᠨᠳᠦᠰᠦᠳᠡᠨ ᠤ ᠡᠮ ᠡᠮᠨᠡᠯᠭᠡ ᠶᠢ ᠮᠠᠨᠳᠤᠭᠤᠯᠤᠨ | ᠬᠦᠭᠵᠢᠬᠦᠯᠬᠦ ᠲᠦᠯᠦᠪᠯᠡᠭᠡ ᠶᠢ ᠬᠡᠷᠡᠭᠵᠢᠬᠦᠯᠵᠦ᠂ ᠮᠤᠩᠭᠤᠯ ᠬᠢᠳᠡᠳ ᠡᠮᠨᠡᠯᠭᠡ ᠶᠢᠨ ᠦᠢᠯᠡᠴᠢᠯᠡᠭᠡᠨ ᠤ ᠴᠢᠳᠡᠪᠬᠢ ᠶᠢ | ᠶᠡᠬᠡᠪᠡᠷ ᠲᠡᠭᠡᠭᠰᠢᠯᠡᠬᠦᠯᠬᠦ ᠬᠡᠷᠡᠭᠲᠡᠢ᠃ ︽ᠭᠠᠷᠴᠤ ᠶᠠᠪᠤᠬᠤ᠂ ᠤᠷᠢᠨ ᠤᠷᠤᠭᠤᠯᠬᠤ︾ ᠶᠢ ᠪᠠᠷᠢᠮᠳᠠᠯᠠᠵᠤ᠂ ᠰᠢᠯᠢᠳᠡᠭ | ᠡᠮᠴᠢ ᠶᠢ ᠤᠷᠢᠨ ᠤᠷᠤᠭᠤᠯᠬᠤ ᠪᠠ ᠬᠦᠮᠦᠵᠢᠭᠦᠯᠬᠦ ᠬᠦᠴᠦᠯᠡᠴᠡ ᠪᠠᠨ ᠨᠡᠮᠡᠭᠳᠡᠭᠦᠯᠵᠦ᠂ ᠡᠪᠡᠳᠴᠢᠨ ᠭᠡᠮ ᠢ | ᠰᠡᠷᠭᠡᠶᠢᠯᠡᠨ ᠬᠤᠷᠢᠭᠯᠠᠬᠤ ᠴᠢᠳᠡᠪᠦᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠡᠬᠡ ᠨᠢᠯᠬᠠᠰ ᠤᠨ ᠡᠷᠡᠭᠦᠯ | ᠴᠢᠬᠢᠷᠠᠭ ᠤᠨ ᠦᠢᠯᠡᠴᠢᠯᠡᠭᠡ ᠶᠢ ᠰᠠᠶᠢᠵᠢᠷᠠᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠲᠡᠭᠡᠭᠰᠢᠯᠡᠭᠦᠯᠬᠦ ᠬᠡᠷᠡᠭᠲᠡᠢ᠃ ᠠᠶᠢᠮᠠᠭ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ | ᠪᠠᠶᠢᠭᠤᠯᠤᠯᠲᠠ ᠶᠢ ᠰᠠᠶᠢᠳᠤᠷ ᠬᠠᠮᠵᠢᠯᠴᠠᠠ ᠬᠢᠵᠦ᠂ ᠬᠤᠲᠠ ᠶᠢᠨ ᠬᠢᠵᠢᠭ ᠭᠡᠮ ᠢ ᠰᠡᠷᠭᠡᠶᠢᠯᠡᠨ ᠬᠤᠷᠢᠭᠯᠠᠬᠤ | ᠲᠦᠪ ᠤᠨ ᠲᠦᠷᠦᠯ ᠵᠦᠢᠯ ᠤᠨ ᠪᠠᠶᠢᠭᠤᠯᠤᠯᠲᠠ ᠶᠢ ᠪᠡᠶᠡᠯᠡᠭᠦᠯᠵᠦ᠂ ᠡᠮᠴᠢᠯᠡᠭᠡᠨ ᠤ ᠰᠠᠭᠤᠷᠢ ᠲᠦᠬᠦᠭᠡᠷᠦᠮᠵᠢ ᠶᠢᠨ | ᠪᠠᠳᠤᠯᠠᠭ᠎ᠠ ᠶᠢᠨ ᠴᠢᠳᠡᠪᠦᠷᠢ ᠶᠢ ᠴᠢᠩᠭᠠᠳᠬᠠᠨ᠎ᠠ︔ ᠤᠯᠠᠭᠠᠨᠮᠦ᠋ᠴᠢᠷ ᠤᠨ ᠦᠨᠳᠦᠰᠦᠨ ᠱᠠᠳᠤᠨ ᠳᠤ ᠦᠢᠯᠡᠴᠢᠯᠡᠬᠦ | ᠬᠢᠷᠢ ᠬᠡᠮᠵᠢᠶ᠎ᠡ ᠶᠢ ᠲᠡᠭᠡᠭᠰᠢᠯᠡᠭᠦᠯᠵᠦ᠂ ︽ᠰᠢᠯᠢ ᠶᠢᠨ ᠭᠤᠤᠯ ᠤᠨ ᠵᠤᠨ︾᠂ ᠰᠤᠶᠤᠯ ᠢ ᠬᠦᠳᠡᠭᠡ ᠪᠠᠭᠤᠯᠭᠠᠬᠤ | ᠵᠡᠷᠭᠡ ᠤᠯᠠᠨ ᠲᠦᠮᠡᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠶᠢ ᠦᠷᠨᠢᠭᠦᠯᠦᠨ᠂ ᠤᠯᠠᠨ ᠨᠡᠶᠢᠳᠡ ᠶᠢᠨ ᠲᠠᠮᠢᠷ ᠤᠨ | ᠦᠢᠯᠡᠴᠢᠯᠡᠭᠡᠨ ᠤ ᠲᠤᠤᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠂ ᠲᠠᠮᠢᠷ ᠤᠨ ᠲᠦᠭᠦᠭᠡᠷᠦᠮᠵᠢ ᠶᠢ | ᠠᠰᠢᠭᠯᠠᠬᠤ ᠨᠤᠷᠮ᠎ᠠ ᠪᠠ ᠨᠡᠭᠡᠭᠡᠬᠦ ᠨᠤᠷᠮ᠎ᠠ ᠶᠢ ᠲᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠶᠠᠩᠵᠤᠲᠤ ᠡᠷᠡᠭᠦᠯ | ᠴᠢᠬᠢᠷᠠᠭ ᠤᠨ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠲᠦᠷᠪᠡ ᠳᠤ ᠨᠡᠶᠢᠭᠡᠮ ᠤᠨ ᠪᠠᠳᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠬᠤᠲᠠ ᠪᠠᠯᠭᠠᠰᠤᠨ ᠤ ᠠᠪᠤᠷᠠᠨ ᠲᠤᠰᠠᠯᠠᠬᠤ᠂ ᠬᠠᠤᠯᠢ ᠶᠢᠨ | ᠲᠤᠰᠠᠯᠠᠮᠵᠢ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶᠠᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠤᠤᠷ᠎ᠠ ᠪᠠᠳᠤᠯᠭᠠᠲᠤ ᠡᠷᠦᠬᠡ᠂ ᠲᠤᠤᠷ᠎ᠠ | ᠪᠠᠳᠤᠯᠠᠭ᠎ᠠ ᠳᠤ ᠵᠠᠬᠠᠯᠠᠵᠤ ᠪᠠᠶᠢᠬᠤ ᠡᠷᠦᠬᠡ᠂ ᠲᠠᠪᠤᠨ ᠪᠠᠳᠤᠯᠭᠠᠲᠤ ᠡᠷᠦᠬᠡ᠂ ᠬᠤᠲᠠ ᠪᠠᠯᠭᠠᠰᠤᠨ ᠤ ︽ᠭᠤᠷᠪᠠᠨ | ᠦᠭᠡᠢ︾ ᠬᠦᠮᠦᠰ ᠵᠡᠷᠭᠡ ᠤᠨᠴᠠᠭᠠᠢ ᠬᠦᠴᠢᠷᠳᠡᠯᠲᠡᠢ ᠬᠦᠮᠦᠰ ᠢ ᠬᠠᠪᠰᠤᠷᠬᠤ ᠬᠦᠴᠦᠯᠡᠴᠡ ᠪᠠᠨ ᠨᠡᠮᠡᠭᠳᠡᠭᠦᠯᠵᠦ᠂ | ᠵᠡᠮᠳᠡᠭ ᠬᠦᠮᠦᠨ ᠤ ᠦᠨᠳᠦᠰᠦᠨ ᠰᠠᠭᠤᠷᠢ ᠨᠡᠶᠢᠳᠡ ᠶᠢᠨ ᠦᠢᠯᠡᠴᠢᠯᠡᠭᠡᠨ ᠤ ᠬᠢᠷᠢ ᠪᠦᠳᠦᠮᠵᠢ ᠶᠢ ᠲᠡᠭᠡᠭᠰᠢᠯᠡᠬᠦᠯᠵᠦ᠂ | ᠬᠦᠴᠢᠷᠳᠡᠯᠲᠡᠢ ᠤᠷᠴᠢᠨ ᠤ ᠬᠡᠦᠬᠡᠳ ᠤᠨ ᠠᠮᠢᠳᠤᠷᠠᠯ ᠤᠨ ᠪᠠᠳᠤᠯᠠᠭ᠎ᠠ ᠪᠠ ᠬᠠᠯᠠᠮᠵᠢᠯᠠᠨ ᠦᠢᠯᠡᠴᠢᠯᠡᠬᠦ ᠠᠵᠢᠯ ᠢ | ᠰᠠᠶᠢᠳᠤᠷ ᠬᠢᠵᠦ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠠᠵᠢᠯ ᠤᠨ ᠬᠠᠮᠢᠶᠠᠷᠤᠯᠲᠠ ᠶᠢ ᠴᠢᠩᠭᠠᠳᠬᠠᠨ᠂ | ᠤᠨᠴᠠᠭᠠᠢ ᠬᠦᠮᠦᠰ ᠤᠨ ᠪᠠᠳᠤᠯᠠᠭ᠎ᠠ ᠶᠢᠨ ᠬᠦᠴᠦᠯᠡᠴᠡ ᠶᠢ ᠲᠡᠭᠡᠭᠰᠢᠯᠡᠭᠦᠯᠬᠦ ᠬᠡᠷᠡᠭᠲᠡᠢ᠃ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠵᠦ᠂ ︽ | ᠲᠠᠪᠤᠨ ᠲᠦᠷᠦᠯ ᠤᠨ ᠲᠠᠭᠠᠳᠬᠠᠯ︾ ᠤᠨ ᠲᠤᠰᠢᠶᠠᠬᠤ ᠲᠠᠳᠠᠪᠤᠷᠢᠯᠠᠬᠤ ᠶᠢ ᠪᠦᠬᠦ ᠲᠠᠯ᠎ᠠ ᠪᠠᠷ ᠪᠦᠷᠬᠦᠬᠦᠯᠵᠦ᠂ | ᠨᠡᠶᠢᠭᠡᠮ ᠤᠨ ᠪᠠᠳᠤᠯᠠᠭ᠎ᠠ ᠶᠢᠨ ᠲᠤᠤᠷ ᠢ ᠦᠷᠭᠦᠯᠵᠢᠯᠡᠨ ᠨᠢᠭᠳᠠᠷᠠᠭᠤᠯᠬᠤ ᠬᠡᠷᠡᠭᠲᠡᠢ᠃ ᠶᠡᠷᠦᠩᠭᠡᠶᠢᠯᠡᠭᠰᠡᠨ | ᠨᠠᠰᠤᠲᠠᠶᠢᠴᠤᠳ ᠢ ᠠᠰᠠᠷᠠᠨ ᠲᠡᠵᠢᠭᠡᠬᠦ ᠢᠵᠢ ᠪᠦᠷᠢᠳᠦᠭᠰᠡᠨ ᠲᠦᠬᠦᠭᠡᠷᠦᠮᠵᠢ ᠪᠠ ᠰᠢᠯᠢ ᠶᠢᠨ ᠢ ᠾᠧ ᠶᠤᠸᠠᠨ | ᠨᠠᠰᠤᠲᠠᠶᠢᠴᠤᠳ ᠢ ᠠᠰᠠᠷᠠᠬᠤ ᠲᠦᠪ ᠤᠨ ᠲᠦᠷᠦᠯ ᠵᠦᠢᠯ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠯᠪᠠᠨ ᠠᠴᠠ | ᠡᠷᠬᠢᠯᠡᠭᠰᠡᠨ ᠨᠠᠰᠤᠲᠠᠶᠢᠴᠤᠳ ᠤᠨ ᠬᠦ᠋ᠷᠢᠶᠡᠯᠡᠩ ᠤᠨ ᠦᠢᠯᠡᠴᠢᠯᠡᠭᠡᠨ ᠤ ᠴᠢᠨᠠᠷᠵᠢᠯ ᠢ ᠦᠷᠭᠦᠯᠵᠢᠯᠡᠨ ᠲᠡᠭᠡᠭᠰᠢᠯᠡᠭᠦᠯᠵᠦ | ᠂ ᠨᠠᠰᠤᠲᠠᠶᠢᠴᠤᠳ ᠢ ᠠᠰᠠᠷᠠᠬᠤ ᠪᠠᠳᠤᠯᠠᠭ᠎ᠠ ᠶᠢᠨ ᠲᠤᠭᠳᠠᠴᠠ ᠶᠢ ᠲᠡᠭᠦᠯᠳᠡᠷᠵᠢᠬᠦᠯᠵᠦ᠂ ᠡᠮᠴᠢᠯᠡᠭᠡ ᠠᠰᠠᠷᠠᠮᠵᠢ ᠶᠢ | ᠤᠶᠠᠯᠳᠤᠭᠤᠯᠵᠤ᠂ ᠤᠯᠠᠨ ᠶᠠᠩᠵᠤᠯᠠᠬᠤ᠂ ᠤᠯᠠᠨ ᠲᠠᠪᠬᠤᠷᠭᠠᠳᠦ ᠨᠠᠰᠤᠳᠠᠶᠢᠴᠤᠳ ᠤᠨ ᠠᠰᠠᠷᠠᠮᠵᠢ ᠶᠢᠨ | ᠪᠠᠳᠤᠯᠠᠭ᠎ᠠ ᠶᠢᠨ ᠲᠤᠭᠳᠠᠴᠠ ᠶᠢ ᠠᠯᠭᠤᠷ ᠪᠦᠷᠢᠯᠳᠦᠭᠦᠯᠬᠦ ᠬᠡᠷᠡᠭᠲᠡᠢ᠃ ᠲᠠᠪᠤ ᠳᠤ᠂ ᠨᠡᠶᠢᠭᠡᠮ ᠤᠨ ᠠᠮᠤᠷ | ᠲᠤᠭᠳᠠᠭᠤᠨ ᠢ ᠬᠠᠮᠠᠭᠠᠯᠠᠬᠤ ᠬᠡᠷᠡᠭᠲᠡᠢ᠃ ᠦᠨᠦ ᠵᠢᠯ ᠪᠤᠯ ᠨᠠᠮ ᠪᠠ ᠲᠦᠷᠦ ᠶᠢᠨ ᠲᠡᠦᠬᠡᠨ ᠲᠡᠭᠡᠷᠡᠬᠢ ᠪᠤᠳᠠᠳᠤ | ᠴᠢᠬᠤᠯᠡ ᠤᠳᠬ᠎ᠠ ᠠᠭᠤᠯᠭ᠎ᠠ ᠲᠠᠢ ᠨᠢᠭᠡ ᠵᠢᠯ ᠮᠦᠨ᠂ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠪᠦᠬᠦ | ᠤᠯᠤᠰ ᠤᠨ ︽ᠬᠤᠶᠠᠷ ᠬᠤᠷᠠᠯ︾ ᠵᠡᠷᠭᠡ ᠲᠤᠮᠤ ᠴᠢᠬᠤᠯᠡ ᠬᠤᠭᠤᠴᠠᠭ᠎ᠠ᠂ ᠴᠢᠬᠤᠯᠡ ᠴᠠᠭ ᠦᠶ᠎ᠡ ᠳᠤ᠂ ᠡᠯ᠎ᠡ | ᠲᠦᠷᠦᠯ ᠤᠨ ᠠᠵᠢᠯ ᠢ ᠠᠮᠤᠷ ᠲᠦᠪᠰᠢᠨ ᠲᠤᠭᠳᠠᠭᠤᠨ ᠦᠷ᠎ᠡ ᠪᠦᠳᠦᠮᠵᠢ ᠲᠠᠢ ᠪᠠᠷ ᠲᠦᠯᠬᠢᠨ ᠠᠬᠢᠭᠤᠯᠬᠤ | ᠬᠡᠷᠡᠭᠲᠡᠢ᠃ ︽ ᠬᠠᠷ᠎ᠠ ᠪᠦᠯᠦᠭ ᠢ ᠠᠷᠢᠯᠭᠠᠨ ᠬᠠᠷᠭᠢᠰ ᠬᠦᠴᠦᠳᠡᠨ ᠳᠤ ᠴᠤᠬᠢᠯᠲᠠ ᠦᠭᠬᠦ︾ ᠲᠤᠰᠬᠠᠢ | ᠵᠦᠢᠯ ᠤᠨ ᠲᠡᠮᠡᠴᠡᠯ ᠢ ᠭᠦᠨᠵᠡᠭᠡᠢ ᠠᠬᠢᠭᠤᠯᠤᠨ᠂ ᠭᠤᠤᠯᠳᠠᠯᠭ᠎ᠠ ᠲᠠᠢ ᠪᠠᠷ ᠭᠦᠨᠵᠡᠭᠡᠶᠢᠷᠡᠭᠦᠯᠦᠨ ᠴᠤᠬᠢᠯᠲᠠ ᠦᠭᠴᠦ᠂ | ᠶᠠᠷᠦᠩᠭᠡᠶᠢᠯᠡᠨ ᠵᠠᠰᠠᠵᠤ᠂ ᠲᠤᠤᠷ ᠢ ᠡᠪᠳᠡᠨ ᠰᠢᠬᠦᠷ ᠢ ᠴᠣᠬᠢᠵᠤ ᠰᠠᠭᠤᠷᠢ ᠶᠢ ᠨᠢ ᠬᠤᠰᠤᠬᠤ ᠵᠡᠷᠭᠡ ᠠᠵᠢᠯ ᠢ | ᠰᠠᠶᠢᠳᠤᠷ ᠬᠢᠵᠦ᠂ ᠦᠷ᠎ᠡ ᠪᠦᠳᠦᠮᠵᠢ ᠶᠢ ᠲᠠᠰᠤᠷᠠᠯᠲᠠ ᠦᠭᠡᠢ ᠦᠷᠭᠡᠳᠭᠡᠬᠦ ᠬᠡᠷᠡᠭᠲᠡᠢ᠃ ︽ᠱᠠᠯᠢᠭ ᠵᠠᠪᠬᠠᠢ | ᠵᠤᠭᠤᠰ ᠲᠠᠢ ᠮᠦᠷᠦᠶᠢᠴᠡᠭᠡᠨ ᠬᠤᠤᠷ ᠲᠠᠳᠠᠬᠤ︾᠂ ᠬᠤᠯᠠᠭᠠᠢ ᠪᠠᠷ ᠡᠯᠡᠰᠦ ᠰᠢᠷᠤᠢ ᠭᠠᠷᠭᠠᠬᠤ᠂ | ᠦᠢᠯᠡᠳᠪᠦᠷᠢᠯᠡᠯ ᠤᠨ ᠡᠮᠬᠢ ᠲᠢᠭᠯᠢᠮ ᠢ ᠰᠠᠮᠠᠭᠤᠷᠠᠭᠤᠯᠬᠤ᠂ ᠨᠤᠳᠤᠭ ᠪᠡᠯᠴᠢᠭᠡᠷ ᠢ ᠡᠪᠳᠡᠬᠦ᠂ ᠠᠷᠠᠳ ᠤᠨ | ᠬᠤᠭᠤᠷᠤᠨᠳᠤᠬᠢ ᠬᠠᠤᠯᠢ ᠪᠤᠰᠤ ᠵᠢᠭᠡᠯᠡᠯᠭᠡ᠂ ᠵᠢᠭᠤᠷᠠᠵᠤ ᠰᠤᠷᠪᠤᠯᠵᠢᠯᠠᠵᠤ ᠦᠳᠦᠭᠡᠨ ᠰᠤᠷᠪᠤᠯᠵᠢᠯᠠᠬᠤ ᠵᠡᠷᠭᠡ | ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠴᠦ᠂ ᠨᠡᠶᠢᠭᠡᠮ ᠤᠨ ᠠᠮᠤᠷ | ᠲᠦᠪᠰᠢᠨ ᠡᠮᠬᠢ ᠲᠢᠭᠯᠢᠮ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠪᠦᠬᠦ ᠤᠯᠤᠰ ᠤᠨ ᠦᠨᠳᠦᠰᠦᠳᠡᠨ ᠤ | ᠪᠦᠯᠬᠦᠮᠳᠡᠯ ᠲᠠᠪᠰᠢᠯᠲᠠ ᠶᠢᠨ ᠲᠠᠭᠤᠷᠢᠶᠠᠯ ᠦᠵᠡᠭᠦᠯᠬᠦ ᠲᠤᠭᠤᠷᠢᠭ ᠢ ᠢᠳᠡᠪᠬᠢᠲᠡᠢ ᠴᠤᠭᠴᠠᠯᠠᠨ ᠪᠠᠶᠢᠭᠤᠯᠵᠤ᠂ ᠪᠦᠬᠦ | ᠤᠯᠤᠰ ᠤᠨ ᠬᠤᠶᠡᠷ ᠢ ᠬᠦᠷᠢᠶᠡᠯᠡᠬᠦ ᠲᠠᠭᠤᠷᠢᠶᠠᠯ ᠦᠵᠡᠭᠦᠯᠬᠦ ᠬᠤᠲᠠ ᠶᠢᠨ ᠦᠷ᠎ᠡ ᠪᠦᠳᠦᠮᠵᠢ ᠶᠢ ᠪᠠᠬᠢᠵᠢᠬᠦᠯᠬᠦ | ᠬᠡᠷᠡᠭᠲᠡᠢ᠃ ᠤᠯᠠᠨ ᠨᠡᠶᠢᠲᠡ ᠶᠢᠨ ᠠᠶᠤᠯ ᠦᠭᠡᠢ ᠶᠢ ᠴᠢᠩᠭᠠᠳᠬᠠᠨ᠂ ᠵᠦᠷᠢᠴᠡᠯ ᠢ ᠪᠠᠶᠢᠴᠠᠭᠠᠨ ᠭᠠᠷᠭᠠᠵᠤ | ᠨᠠᠮᠳᠠᠭᠤᠯᠤᠨ ᠰᠢᠢᠳᠪᠦᠷᠢᠯᠡᠬᠦ ᠠᠵᠢᠯ ᠢ ᠭᠦᠨᠵᠡᠭᠡᠢ ᠰᠠᠶᠢᠳᠤᠷ ᠬᠢᠵᠦ᠂ ᠢᠳᠡᠭᠡᠨ ᠡᠮ ᠤᠨ ᠵᠦᠢᠯ ᠤᠨ ᠠᠶᠤᠯ | ᠦᠭᠡᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠢ ᠶᠢᠨ ᠬᠡᠯᠪᠡᠷᠢ ᠶᠢ ᠴᠢᠩᠭᠠᠳᠬᠠᠨ᠂ ᠲᠤᠤᠷ | ᠰᠦᠯᠵᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ | ᠬᠦᠴᠦᠯᠡᠴᠡ ᠪᠠᠨ ᠨᠡᠮᠡᠭᠳᠡᠭᠦᠯᠵᠦ᠂ ᠠᠮᠤᠷ ᠲᠤᠭᠳᠠᠭᠤᠨ ᠤ ᠪᠠᠳᠤᠯᠠᠭ᠎ᠠ ᠶᠢ ᠦᠨᠡᠨᠬᠦ ᠪᠠᠬᠢᠵᠢᠬᠦᠯᠬᠦ ᠬᠡᠷᠡᠭᠲᠡᠢ᠃ | ᠦᠴᠦᠭᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠶᠢᠩ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠳᠤ | ᠲᠤᠮᠤ ᠴᠢᠬᠤᠯᠡ ᠵᠦᠭᠡᠭᠡᠪᠦᠷᠢ ᠶᠢᠨ ᠠᠶᠤᠯ ᠦᠭᠡᠢ ᠶᠢᠨ ᠬᠡᠷᠡᠭ ᠭᠠᠷᠪᠠ᠃ ᠪᠢᠳᠠ ᠡᠭᠦᠨ ᠢᠶᠠᠷ ᠰᠡᠷᠡᠮᠵᠢ ᠪᠤᠯᠭᠠᠵᠤ᠂ | ᠲᠠᠷᠤᠢ ᠲᠦᠷᠭᠡᠨ ᠳᠤ ᠠᠭᠤᠷᠬᠠᠢ᠂ ᠪᠠᠷᠢᠯᠭ᠎ᠠ ᠶᠢᠨ ᠭᠠᠵᠠᠷ᠂ ᠫᠤᠤᠵᠢᠩ᠂ ᠠᠶᠤᠯ ᠲᠠᠢ ᠬᠢᠮᠢ ᠶᠢᠨ ᠪᠤᠳᠠᠰ᠂ ᠵᠠᠮ | ᠬᠠᠷᠢᠯᠴᠠᠭ᠎ᠠ ᠵᠦᠭᠡᠭᠡᠪᠦᠷᠢ᠂ ᠬᠦᠮᠦᠨ ᠨᠢᠭᠳᠠᠷᠠᠭᠰᠠᠨ ᠲᠠᠯᠠᠪᠠᠢ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠤᠨ | ᠬᠡᠪᠴᠢᠶᠡᠨ ᠤ ᠠᠶᠤᠯ ᠦᠭᠡᠢ ᠦᠢᠯᠡᠳᠪᠦᠷᠢᠯᠡᠯ ᠳᠤ ᠪᠦᠬᠦ ᠲᠠᠯ᠎ᠠ ᠪᠠᠷ ᠪᠠᠶᠢᠴᠠᠭᠠᠨ᠂ ᠭᠤᠤᠯᠳᠠᠯᠭ᠎ᠠ ᠲᠠᠢ ᠠᠵᠢᠯ | ᠲᠦᠷᠦᠯ ᠤᠨ ᠬᠦᠷᠢᠶ᠎ᠡ ᠬᠡᠪᠴᠢᠶᠡᠨ ᠳᠤ ᠤᠷᠤᠰᠢᠵᠤ ᠪᠠᠶᠢᠬᠤ ᠲᠠᠯᠳᠠ ᠭᠡᠮ ᠪᠠ ᠠᠰᠠᠭᠤᠳᠠᠯ ᠢ ᠠᠷᠢᠯᠭᠠᠬᠤ ᠪᠠ | ᠰᠢᠢᠳᠪᠦᠷᠢᠯᠡᠵᠦ᠂ ᠡᠯ᠎ᠡ ᠲᠦᠷᠦᠯ ᠤᠨ ᠬᠡᠷᠡᠭ ᠤᠴᠢᠷ ᠤᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠯ᠎ᠡ | ᠱᠠᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠵᠢᠯ ᠤᠨ ᠬᠠᠷᠢᠭᠤᠴᠠᠯᠭ᠎ᠠ ᠶᠢ ᠪᠤᠳᠠᠳᠠᠢ ᠲᠤᠭᠳᠠᠭᠠᠵᠤ᠂ ᠠᠶᠤᠯ | ᠦᠭᠡᠢ ᠦᠢᠯᠡᠳᠪᠦᠷᠢᠯᠡᠯ ᠤᠨ ᠬᠦᠪᠴᠢ ᠶᠢ ᠴᠠᠭ ᠢᠮᠠᠭᠲᠠ ᠴᠢᠩᠭ᠎ᠠ ᠪᠠᠶᠢᠯᠭᠠᠵᠤ᠂ ︽ᠨᠠᠮ ᠵᠠᠰᠠᠭ ᠬᠠᠮᠳᠤᠪᠠᠷ | ᠬᠠᠷᠢᠭᠤᠴᠠᠨ᠂ ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ᠂ ᠲᠡᠭᠰᠢ ᠠᠳᠬᠤᠵᠤ ᠬᠠᠮᠲᠤ ᠳᠤᠨᠢ | ᠬᠠᠮᠢᠶᠠᠷᠴᠤ᠂ ᠲᠤᠰᠢᠶᠠᠯ ᠢᠶᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠦᠷᠦᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠤᠨ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ | ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠢᠨᠡᠨ ᠬᠠᠮᠢᠶᠠᠷᠤᠯᠲᠠ ᠶᠢᠨ ᠬᠦᠴᠦᠯᠡᠴᠡ ᠶᠢ ᠴᠢᠩᠭᠠᠳᠬᠠᠵᠤ᠂ | ᠲᠤᠭᠤᠷᠢᠨ ᠪᠠᠶᠢᠴᠠᠭᠠᠬᠤ ᠶᠢ ᠴᠢᠩᠭᠠᠳᠬᠠᠨ᠂ ᠬᠦᠳᠡᠯᠦᠯ ᠢ ᠨᠢ ᠬᠢᠨᠡᠨ ᠡᠵᠡᠮᠰᠢᠵᠦ᠂ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠶᠢ | ᠵᠦᠷᠢᠴᠡᠨ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠦᠴᠦᠭᠡᠨ ᠲᠡᠳᠦᠢ ᠴᠦ | ᠠᠯᠳᠠᠭᠳᠠᠯ ᠭᠠᠷᠭᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠲᠡᠢ᠃ | ᠭᠤᠷᠪᠠ᠂ ᠨᠠᠮ ᠤᠨ ᠠᠵᠤ ᠠᠬᠤᠢ ᠶᠢᠨ ᠠᠵᠢᠯ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠎ᠠ | ᠪᠦᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ | ᠨᠠᠮ ᠤᠨ ᠠᠵᠤ ᠠᠬᠤᠢ ᠶᠢᠨ ᠠᠵᠢᠯ ᠤᠨ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠵᠤ᠂ ᠲᠦᠪ ᠬᠤᠷᠢᠶ᠎ᠠ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶᠠᠨ ᠤ ᠦᠨᠦ ᠵᠢᠯ ᠤᠨ ᠠᠵᠤ ᠠᠬᠤᠢ ᠶᠢᠨ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠴᠢᠩᠭ᠎ᠠ ᠲᠤᠭᠤᠰᠢᠯᠠᠭᠤᠯᠵᠤ᠂ ᠢᠮᠠᠭᠲᠠ ᠵᠦᠪ ᠴᠢᠭᠯᠡᠯ ᠢ ᠪᠠᠷᠢᠮᠳᠠᠯᠠᠨ ᠠᠵᠦ ᠠᠬᠤᠢ ᠶᠢ ᠬᠦᠭᠵᠢᠬᠦᠯᠬᠦ ᠶᠢ | ᠪᠠᠳᠤᠯᠠᠬᠤ ᠬᠡᠷᠡᠭᠲᠡᠢ᠃ | ᠨᠢᠭᠡ ᠳᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠤᠯᠤᠰ ᠲᠦᠷᠦ ᠶᠢᠨ ᠡᠭᠦᠷᠭᠡ | ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠦᠷᠭᠡᠨ ᠤᠯᠠᠨ ᠺᠠᠳ᠋ᠷ ᠤᠯᠠᠮ ᠨᠢᠭᠡ ᠠᠯᠬᠤᠮ ︽ᠲᠦᠷᠪᠡᠨ | ᠦᠵᠡᠯ ᠤᠬᠠᠮᠰᠠᠷ︾ ᠢ ᠨᠡᠮᠡᠭᠳᠡᠭᠦᠯᠵᠦ᠂ ︽ᠲᠦᠷᠪᠡᠨ ᠢᠳᠡᠭᠡᠯ︾ ᠢ ᠡᠷᠡᠰ ᠪᠠᠶᠢᠯᠭᠠᠵᠤ᠂ ︽ᠬᠤᠶᠠᠷ ᠢ ᠬᠠᠮᠠᠭᠠᠯᠠᠬᠤ | ︾ ᠶᠢ ᠵᠠᠪᠠᠯ ᠬᠢᠵᠦ᠂ ᠨᠠᠮ ᠤᠨ ᠤᠯᠤᠰ ᠲᠦᠷᠦ ᠵᠢᠨᠰᠠᠬᠢᠯᠭᠠ ᠪᠠᠲᠤ ᠪᠠ ᠤᠯᠤᠰ ᠲᠦᠷᠦ ᠶᠢᠨ ᠲᠦᠷᠢᠮ ᠢ ᠤᠯᠠᠮ | ᠨᠢᠭᠡ ᠠᠯᠬᠤᠮ ᠲᠤᠳᠤᠷᠬᠠᠶᠢᠯᠠᠨ᠂ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ | ᠢᠮᠠᠭᠲᠠ ᠪᠠᠷᠢᠮᠳᠠᠯᠠᠬᠤ ᠬᠡᠷᠡᠭᠲᠡᠢ᠃ ᠡᠯ᠎ᠡ ᠱᠠᠳᠤᠨ ᠤ ᠰᠠᠯᠠᠭ᠎ᠠ ᠮᠦᠴᠢᠷ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢ ᠭᠤᠤᠯ ᠡᠭᠦᠷᠭᠡ ᠪᠠᠨ ᠪᠤᠯᠭᠠᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ | ᠪᠠᠶᠢᠷᠢᠯᠠᠭᠤᠯᠤᠯᠲᠠ ᠶᠢᠨ ᠲᠤᠭᠤᠷᠢᠨ ᠳᠤ ᠲᠤᠭᠳᠠᠭᠰᠠᠨ ᠬᠤᠭᠤᠴᠠᠭ᠎ᠠ ᠲᠠᠢ ᠪᠠᠷ ᠠᠵᠤ ᠠᠬᠤᠢ ᠶᠢᠨ ᠪᠠᠶᠢᠳᠠᠯ ᠢ | ᠵᠠᠳᠠᠯᠤᠨ᠂ ᠡᠭᠦᠷᠭᠡ ᠶᠢᠨ ᠠᠬᠢᠴᠠ ᠶᠢ ᠴᠠᠭ ᠲᠠᠷᠤᠢ ᠳᠤᠨᠢ ᠲᠤᠬᠢᠷᠠᠭᠤᠯᠵᠤ᠂ ᠲᠤᠪᠤᠶᠢᠮ᠎ᠠ ᠠᠰᠠᠭᠤᠳᠠᠯ ᠢ ᠨᠠᠷᠢᠨ | ᠬᠢᠨᠠᠮᠠᠭᠠᠢ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠴᠢᠳᠡᠪᠦᠷᠢ ᠪᠠ ᠲᠤᠯᠬᠤ | ᠬᠦᠴᠦᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠠᠵᠤ ᠠᠬᠤᠢ ᠶᠢᠨ ᠠᠵᠢᠯ ᠤᠨ ᠬᠦᠳᠡᠯᠦᠩᠭᠦᠢ ᠡᠷᠬᠡ ᠶᠢ | ᠪᠠᠲᠤ ᠡᠵᠡᠮᠰᠢᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠨ᠂ ᠡᠷᠡᠯᠬᠡᠭ ᠢᠶᠠᠷ ᠰᠢᠨ᠎ᠡ ᠶᠢ ᠡᠭᠦᠳᠦᠨ᠂ ᠪᠤᠳᠠᠳᠠᠢ | ᠲᠠᠢ ᠤᠶᠠᠯᠳᠤᠭᠤᠯᠵᠤ ᠲᠡᠭᠡᠲᠦ ᠱᠠᠳᠤᠨ ᠤ ᠵᠤᠷᠢᠭ ᠰᠠᠨᠠᠭᠠᠨ ᠤ ᠬᠦᠴᠦᠯᠡᠬᠦ ᠴᠢᠭ ᠂ ᠦᠪᠡᠷ ᠤᠨ ᠪᠡᠶ᠎ᠡ ᠶᠢᠨ | ᠲᠠᠪᠠᠭᠤᠯᠢᠭ ᠢᠶᠠᠨ ᠪᠠᠳᠠᠷᠠᠭᠤᠯᠬᠤ ᠳᠤ ᠤᠷᠤᠬᠤ ᠴᠢᠭ ᠪᠠ ᠰᠢᠨᠡᠴᠢᠯᠡᠯᠲᠠ ᠶᠢᠨ ᠰᠢᠪᠳᠤᠯᠤᠯᠲᠠ ᠶᠢᠨ ᠴᠢᠭ ᠢ | ᠤᠨᠤᠪᠴᠢᠳᠠᠢ ᠡᠷᠢᠵᠦ ᠲᠤᠭᠤᠰᠢᠯᠠᠭᠤᠯᠤᠨ᠂ ᠦᠨᠡᠨᠬᠦ ᠪᠤᠳᠠᠳᠠᠢ ᠬᠦᠭᠵᠢᠯᠲᠡ ᠶᠢᠨ ᠦᠷ᠎ᠡ ᠪᠦᠳᠦᠭᠡᠯ ᠢᠶᠠᠷ ᠢᠶᠠᠨ | ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠠᠨ ᠢᠯᠡᠳᠭᠡᠨ᠎ᠠ᠃ | ᠬᠤᠶᠠᠷ ᠲᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠴᠢᠳᠡᠪᠦᠷᠢ ᠶᠢᠨ ᠤᠷ᠎ᠠ ᠴᠢᠳᠡᠪᠦᠷᠢ ᠶᠢ ᠦᠨᠡᠨᠬᠦ | ᠨᠡᠮᠡᠭᠳᠡᠭᠦᠯᠦᠨ᠎ᠡ᠃ ᠢᠮᠠᠭᠲᠠ ᠰᠤᠷᠤᠯᠴᠠᠯᠭ᠎ᠠ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠠᠯᠭᠠ ᠪᠤᠯᠭᠠᠵᠤ᠂ ᠰᠤᠷᠤᠯᠴᠠᠯᠭ᠎ᠠ ᠶᠢ ᠴᠢᠩᠭᠠᠳᠬᠠᠬᠤ ᠶᠢ ᠠᠵᠤ ᠠᠬᠤᠢ ᠶᠢᠨ ᠠᠵᠢᠯ ᠤᠨ ᠴᠢᠳᠡᠪᠦᠷᠢ ᠪᠠ | ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠴᠢᠬᠤᠯᠡ ᠠᠷᠭ᠎ᠠ ᠵᠠᠮ ᠪᠤᠯᠭᠠᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠨᠤᠳᠠᠯᠠᠯᠲᠠ | ᠪᠠ ᠪᠠᠶᠢᠷᠢᠯᠠᠭᠤᠯᠤᠯᠲᠠ ᠶᠢ ᠤᠨᠤᠪᠴᠢᠲᠠᠢ ᠡᠵᠡᠮᠰᠢᠵᠦ᠂ ᠠᠵᠤ ᠠᠬᠤᠢ ᠶᠢᠨ ᠭᠦᠢᠯᠭᠡᠭᠡᠨ ᠤ ᠵᠢᠮ᠎ᠡ ᠶᠤᠰᠤ ᠶᠢ | ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠠᠵᠤ ᠠᠬᠤᠢ ᠶᠢᠨ ᠠᠵᠢᠯ ᠤᠨ ᠲᠤᠰᠬᠠᠢ ᠮᠡᠷᠭᠡᠵᠢᠯ ᠤᠨ ᠮᠡᠳᠡᠯᠭᠡ᠂ | ᠲᠤᠰᠬᠠᠢ ᠮᠡᠷᠭᠡᠵᠢᠯ ᠤᠨ ᠬᠡᠪ ᠴᠢᠨᠠᠷ᠂ ᠲᠤᠰᠬᠠᠢ ᠮᠡᠷᠭᠡᠵᠢᠯ ᠤᠨ ᠴᠢᠳᠡᠪᠦᠷᠢ ᠶᠢ ᠦᠨᠡᠨᠬᠦ ᠲᠡᠭᠡᠭᠰᠢᠯᠡᠭᠦᠯᠵᠦ᠂ | ᠰᠤᠷᠤᠯᠴᠠᠯᠭ᠎ᠠ ᠶᠢᠨ ᠲᠤᠮᠳᠠ ᠦᠵᠡᠯᠲᠡ ᠪᠠᠨ ᠰᠢᠨᠡᠳᠭᠡᠨ᠂ ᠰᠤᠷᠤᠯᠴᠠᠯᠭ᠎ᠠ ᠶᠢᠨ ᠲᠤᠮᠳᠠ ᠰᠢᠨ᠎ᠡ ᠶ᠋ᠠᠷᠭᠠ | ᠪᠠᠷᠢᠯ ᠢᠶᠠᠨ ᠰᠢᠨᠡᠳᠭᠡᠵᠦ᠂ ᠰᠤᠷᠤᠯᠴᠠᠯᠭ᠎ᠠ ᠶᠢᠨ ᠲᠤᠮᠳᠠ ᠤᠷ᠎ᠠ ᠴᠢᠳᠡᠪᠦᠷᠢ ᠪᠠᠨ ᠨᠡᠮᠡᠭᠳᠡᠭᠦᠯᠵᠦ᠂ ᠴᠢᠨᠠᠷ ᠰᠠᠶᠢᠲᠠᠢ | ᠬᠦᠭᠵᠢᠯᠲᠡ ᠶᠢᠨ ᠦᠵᠡᠯ ᠰᠠᠨᠠᠭ᠎ᠠ ᠤᠶᠢᠯᠠᠭᠠᠭᠳᠠᠬᠤᠨ ᠪᠠ ᠰᠡᠳᠬᠢᠬᠦᠢ ᠶᠢᠨ ᠬᠡᠯᠪᠡᠷᠢ ᠶᠢ ᠦᠨᠡᠨᠬᠦ ᠪᠠᠳᠤᠵᠢᠭᠤᠯᠵᠤ᠂ | ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠬᠤ ᠶᠢᠨ ᠠᠵᠢᠯ ᠲᠦᠷᠦᠯ ᠤᠨ | ᠭᠠᠷᠮᠠᠭᠠᠢ ᠭᠠᠷ ᠪᠤᠯᠬᠤ ᠪᠠᠷ ᠴᠢᠷᠮᠠᠶᠢᠬᠤ ᠬᠡᠷᠡᠭᠲᠡᠢ᠃ | ᠭᠤᠷᠪᠠ ᠳᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠤᠶᠤᠨ ᠰᠠᠨᠠᠭᠠᠨ ᠤ | ᠪᠠᠶᠢᠳᠠᠯ ᠢ ᠲᠠᠶᠢᠴᠢᠯᠠᠬᠤ ᠬᠡᠷᠡᠭᠲᠡᠢ᠃ ︽ ᠦᠷᠭᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠶᠢᠨ ᠰᠢᠨ᠎ᠡ | ᠬᠠᠷᠢᠭᠤᠴᠠᠯᠭ᠎ᠠ ᠡᠭᠦᠷᠭᠡᠯᠡᠬᠦ ᠰᠢᠨ᠎ᠡ ᠶᠢ ᠬᠢᠬᠦ ᠶᠢ ᠤᠯᠠᠮ ᠨᠢᠭᠡ ᠠᠯᠬᠤᠮ ᠲᠠᠶᠢᠴᠢᠯᠠᠬᠤ ᠲᠤᠬᠠᠢ ᠰᠠᠨᠠᠯ︾ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠᠨ ᠲᠤᠭᠤᠷᠢᠭ ᠢ ᠬᠤᠪᠢᠶᠠᠨ ᠤᠷᠤᠬᠤ︾ ᠴᠢᠬᠤᠯᠡ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠳᠠᠭ᠎ᠠ ᠶᠢ ᠪᠠᠭᠲᠠᠭᠠᠨ ᠠᠯᠳᠠᠭ᠎ᠠ ᠶᠢ ᠰᠠᠶᠢᠵᠢᠷᠠᠭᠤᠯᠬᠤ ᠲᠤᠭᠳᠠᠴᠠ ᠶᠢ | ᠲᠡᠭᠦᠯᠳᠡᠷᠵᠢᠬᠦᠯᠦᠨ᠂ ᠲᠤᠭ ᠲᠡᠮᠳᠡᠭ ᠲᠤᠳᠤᠷᠬᠠᠢ ᠪᠠᠷ ᠵᠤᠷᠢᠭᠲᠠᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ | ᠲᠦᠯᠦᠭᠡ ᠡᠭᠦᠷᠭᠡᠯᠡᠵᠦ᠂ ᠵᠤᠷᠢᠭᠲᠠᠢ ᠬᠠᠷᠢᠭᠤᠴᠠᠳᠠᠭ ᠺᠠᠳ᠋ᠷ ᠤᠨ ᠲᠦᠯᠦᠭᠡ ᠬᠠᠷᠢᠭᠤᠴᠠᠵᠦ᠂ ᠵᠤᠷᠢᠭᠲᠠᠢ ᠠᠵᠢᠯ | ᠬᠢᠳᠡᠭ ᠺᠠᠳ᠋ᠷ ᠲᠤ ᠲᠦᠰᠢᠭ ᠪᠤᠯᠵᠤ᠂ ᠪᠦᠬᠦ ᠬᠤᠲᠠ ᠳᠤ ᠤᠴᠢᠷ ᠶᠠᠪᠤᠳᠠᠯ ᠬᠢᠬᠦ ᠶᠢ ᠬᠠᠯᠠᠮᠵᠢᠯᠠᠵᠤ᠂ ᠤᠴᠢᠷ | ᠶᠠᠪᠤᠳᠠᠯ ᠬᠢᠬᠦ ᠶᠢ ᠵᠤᠷᠢᠭᠵᠢᠭᠤᠯᠤᠨ ᠂ ᠤᠴᠢᠷ ᠶᠠᠪᠤᠳᠠᠯ ᠬᠢᠬᠦ ᠶᠢ ᠠᠭᠤᠴᠢᠯᠠᠬᠤ ᠤᠬᠢ ᠰᠠᠶᠢᠨ ᠠᠭᠤᠷ ᠠᠮᠢᠰᠬᠤᠯ ᠢ | ᠪᠤᠢ ᠪᠤᠯᠭᠠᠨ᠎ᠠ᠃ ᠰᠢᠨᠵᠢᠯᠡᠬᠦ ᠤᠬᠠᠭᠠᠨᠴᠢ ᠦᠷ᠎ᠡ ᠪᠦᠳᠦᠮᠵᠢ ᠲᠠᠢ ᠬᠠᠮᠢᠶᠠᠷᠤᠯᠲᠠ ᠶᠢᠨ ᠲᠦᠷᠢᠮ ᠪᠠ ᠬᠢᠨᠡᠨ | ᠰᠢᠯᠭᠠᠬᠤ ᠲᠦᠷᠢᠮ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠺᠠᠳ᠋ᠷ ᠢ ᠨᠢᠭᠡᠳᠦᠭᠡᠷ ᠹᠷᠤᠨᠲ ᠳᠤ | ᠪᠤᠯᠪᠠᠰᠤᠷᠠᠭᠤᠯᠤᠨ᠂ ᠺᠠᠳ᠋ᠷ ᠢ ᠲᠠᠪᠰᠢᠭᠦᠯᠵᠦ᠂ ᠺᠠᠳ᠋ᠷ ᠢ ᠬᠦᠨᠲᠦ ᠪᠠᠷ ᠬᠡᠷᠡᠭᠯᠡᠬᠦ ᠶᠢ ᠪᠠᠷᠢᠮᠳᠠᠯᠠᠨ᠂ ᠦᠨᠳᠦᠰᠦᠨ | ᠱᠠᠲᠤ ᠶᠢ ᠬᠦᠨᠳᠦᠳᠬᠡᠨ ᠦᠵᠡᠬᠦ᠂ ᠪᠤᠳᠠᠳᠠᠢ ᠠᠵᠢᠯᠯᠠᠳᠠᠭ ᠬᠦᠮᠦᠨ ᠢ ᠬᠡᠷᠡᠭᠯᠡᠬᠦ ᠪᠠᠷ ᠵᠦᠭᠯᠡᠭᠦᠷ ᠪᠤᠯᠭᠠᠵᠤ᠂ ᠦᠨᠡᠨᠬᠦ | ᠲᠡᠳᠡᠭᠡᠷ ᠰᠡᠳᠬᠢᠯ ᠤᠨ ᠭᠦᠨ ᠠᠴᠠ ᠪᠠᠨ ᠤᠴᠢᠷ ᠶᠠᠪᠤᠳᠠᠯ ᠢ ᠰᠡᠳᠬᠢᠨ᠂ ᠠᠵᠢᠯ ᠢ ᠯᠠᠪᠳᠠᠭᠤᠨ ᠬᠢᠳᠡᠭ᠂ ᠠᠵᠢᠯ ᠢ | ᠪᠦᠳᠦᠭᠡᠳᠡᠭ ᠺᠠᠳ᠋ᠷ ᠢ ᠬᠡᠷᠡᠭᠯᠡᠨ᠎ᠡ᠃ ᠵᠠᠯᠠᠭᠤ ᠺᠠᠳ᠋ᠷ ᠢ ᠰᠤᠩᠭᠤᠨ ᠲᠡᠪᠰᠢᠬᠦᠯᠵᠦ ᠬᠦᠮᠦᠵᠢᠭᠦᠯᠬᠦ ᠶᠢ ᠤᠯᠠᠮ ᠨᠢᠭᠡ | ᠠᠯᠬᠤᠮ ᠴᠢᠩᠭᠠᠳᠬᠠᠨ᠂ ᠴᠢᠬᠢ ᠶᠢ ᠦᠨᠡᠨᠬᠦ ᠤᠨᠤᠪᠴᠢᠲᠠᠢ ᠰᠤᠩᠭᠤᠵᠤ᠂ ᠡᠭᠦᠷᠭᠡ ᠶᠢ ᠪᠤᠳᠠᠳᠠᠶᠢᠵᠢᠭᠤᠯᠤᠨ᠂ | ᠤᠷᠤᠨ ᠪᠠᠶᠢᠷᠢ ᠦᠭᠴᠦ᠂ ᠺᠠᠳ᠋ᠷ ᠤᠨ ᠡᠩᠨᠡᠭᠡᠨ ᠤ ᠪᠦᠳᠦᠴᠡ ᠶᠢ ᠪᠦᠳᠦᠮᠵᠢᠲᠡᠢ ᠰᠠᠶᠢᠵᠢᠷᠭᠤᠯᠵᠤ᠂ ᠺᠠᠳ᠋ᠷ ᠤᠨ | ᠡᠩᠨᠡᠭᠡᠨ ᠤ ᠠᠮᠢᠵᠢᠷᠠᠯ ᠤᠨ ᠬᠦᠴᠦᠨ ᠢ ᠲᠠᠶᠢᠴᠢᠯᠠᠬᠤ ᠬᠡᠷᠡᠭᠲᠡᠢ᠃ ᠺᠠᠳ᠋ᠷ ᠢ ᠬᠠᠯᠠᠮᠵᠢᠯᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠲᠤᠬᠠᠢ ᠶᠢᠨ ᠭᠠᠵᠠᠷ ᠲᠤᠨᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠠᠯ᠎ᠠ ᠪᠠᠷ ᠵᠤᠷᠢᠭᠵᠢᠭᠤᠯᠵᠤ᠂ | ᠠᠵᠢᠯ ᠤᠨ ᠲᠠᠯ᠎ᠠ ᠪᠠᠷ ᠲᠡᠮᠵᠢᠵᠦ᠂ ᠬᠠᠷᠠᠭᠠᠯᠵᠠᠯ ᠤᠨ ᠲᠠᠯ᠎ᠠ ᠪᠠᠷ ᠪᠠᠳᠤᠯᠠᠵᠤ᠂ ᠺᠠᠳ᠋ᠷ ᠢ ᠰᠡᠳᠬᠢᠯ ᠠᠮᠤᠷ᠂ ᠪᠡᠶ᠎ᠡ | ᠲᠠᠶᠢᠪᠤᠩ᠂ ᠦᠢᠯᠡᠰ ᠲᠠᠶᠢᠪᠤᠩ ᠪᠠᠶᠢᠯᠭᠠᠵᠤ᠂ ᠨᠡᠩ ᠰᠠᠶᠢᠨ ᠢᠶᠠᠷ ᠲᠤᠰᠢᠶᠠᠯ ᠢᠶᠠᠨ ᠭᠦᠢᠴᠡᠳᠭᠡᠨ ᠬᠤᠪᠢ ᠨᠡᠮᠡᠭᠦᠷᠢ | ᠦᠵᠡᠭᠦᠯᠬᠦ ᠪᠤᠯᠭᠠᠬᠤ ᠬᠡᠷᠡᠭᠲᠡᠢ᠃ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠩᠬᠠᠷᠤᠨ ᠵᠤᠷᠢᠭᠵᠢᠭᠤᠯᠵᠤ᠂ | ᠤᠯᠠᠨ ᠲᠦᠮᠡᠨ ᠤ ᠴᠤᠭᠴᠠ ᠶᠢᠨ ᠦᠢᠯᠡᠳᠦᠯ ᠢ ᠪᠠᠳᠠᠷᠠᠭᠤᠯᠤᠨ᠂ ᠪᠦᠬᠦ ᠨᠡᠶᠢᠭᠡᠮ ᠳᠤ ᠠᠵᠢᠯ ᠬᠢᠵᠦ ᠦᠢᠯᠡᠰ | ᠪᠤᠰᠬᠠᠬᠤ ᠠᠭᠤᠷ ᠠᠮᠢᠰᠬᠤᠯ ᠢᠶᠠᠷ ᠪᠢᠯᠬᠠᠮ᠎ᠠ ᠪᠤᠯᠭᠠᠬᠤ ᠬᠡᠷᠡᠭᠲᠡᠢ᠃ | ᠲᠦᠷᠪᠡ ᠳᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠰᠢᠯᠢᠳᠡᠭ ᠰᠤᠷᠳᠠᠯ ᠢ | ᠦᠷᠭᠦᠯᠵᠢᠯᠡᠨ ᠪᠠᠷᠢᠮᠳᠠᠯᠠᠨ᠎ᠠ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ᠂ ᠠᠶᠢᠮᠠᠭ᠂ ᠬᠤᠲᠠ ᠶᠢᠨ ᠬᠤᠯᠪᠤᠭᠳᠠᠯ ᠪᠦᠬᠦᠢ | ᠢᠵᠢ ᠪᠦᠷᠢᠳᠦᠭᠰᠡᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠦᠵᠡᠯ᠂ ᠨᠤᠶᠠᠨᠴᠢ ᠦᠵᠡᠯ ᠢ | ᠲᠦᠪ ᠴᠢᠩᠭ᠎ᠠ ᠵᠠᠰᠠᠨ᠂ ᠵᠤᠷᠢᠭ ᠢᠶᠠᠨ ᠢᠯᠡᠳᠬᠡᠬᠦ ᠨᠢ ᠠᠷᠪᠢᠨ ᠠᠶᠠᠯᠭᠤ ᠲᠠᠳᠠᠬᠤ ᠨᠢ ᠦᠨᠳᠦᠷ᠂ ᠠᠵᠢᠯᠯᠠᠭ᠎ᠠ ᠨᠢ | ᠴᠦᠭᠡᠨ ᠨᠠᠶᠢᠳᠠᠪᠤᠷᠢᠵᠢᠭᠤᠯᠬᠤ ᠨᠢ ᠠᠨᠠᠢ ᠪᠠ ᠦᠩᠭᠡᠨ ᠲᠠᠯ᠎ᠠ ᠳᠤ ᠪᠠᠨ ᠲᠦᠷᠢᠮ ᠢᠶᠠᠷ ᠤᠴᠢᠷ ᠪᠦᠳᠦᠭᠡᠵᠦ᠂ | ᠪᠤᠳᠠᠳᠠᠢ ᠲᠡᠭᠡᠷ᠎ᠡ ᠪᠠᠨ ᠡᠭᠦᠷᠭᠡᠯᠡᠬᠦ ᠲᠤᠷ᠎ᠠ ᠦᠭᠡᠢ ᠵᠡᠷᠭᠡ ᠲᠤᠪᠤᠶᠢᠮ᠎ᠠ ᠠᠰᠠᠭᠤᠳᠠᠯ ᠂ ᠤᠨᠴᠠᠭᠠᠶᠢᠯᠠᠨ ᠠᠯᠪᠠᠨ | ᠲᠤᠰᠢᠶᠠᠯ ᠲᠠᠢ ᠬᠦᠮᠦᠰ ᠬᠤᠪᠢ ᠪᠠᠨ ᠪᠤᠷᠤᠯᠠᠭᠤᠯᠵᠣ ᠬᠠᠤᠯᠢ ᠶᠢ ᠵᠦᠷᠢᠴᠡᠬᠦ᠂ ᠲᠤᠰᠢᠶᠠᠯ ᠡᠷᠬᠡ ᠶᠢ ᠲᠤᠷ᠎ᠠ ᠪᠠᠷ | ᠬᠡᠷᠡᠭᠯᠡᠬᠦ ᠵᠢᠴᠢ ᠬᠢᠬᠦ ᠦᠭᠡᠢ᠂ ᠲᠤᠷ᠎ᠠ ᠪᠠᠷ ᠬᠢᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠠᠰᠠᠵᠤ᠂ ᠵᠠᠯᠬᠠᠭᠤ | ᠲᠠᠷᠤᠭ᠎ᠠ ᠬᠤᠶᠢᠷᠭᠤ ᠲᠠᠷᠤᠭ᠎ᠠ ᠨᠤᠮᠤᠬᠠᠨ ᠲᠠᠷᠤᠭ᠎ᠠ ᠴᠤᠪᠤᠭᠤ ᠲᠠᠷᠤᠭ᠎ᠠ ᠶᠢ ᠬᠦᠴᠦᠯᠡᠨ ᠵᠠᠰᠠᠵᠤ᠂ ᠠᠵᠢᠯ ᠤᠨ | ᠰᠤᠷᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠨᠠᠮ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯ | ᠦᠭᠡᠢ ᠨᠢᠭᠳᠠᠷᠠᠭᠤᠯᠤᠨ᠂ ᠰᠤᠷᠳᠠᠯ ᠢ ᠦᠭᠡᠷᠡᠴᠢᠯᠡᠬᠦ ᠪᠤᠳᠠᠳᠤ ᠦᠷ᠎ᠡ ᠪᠦᠳᠦᠭᠡᠯ ᠢᠶᠠᠷ ᠡᠯ᠎ᠡ ᠵᠦᠢᠯ ᠤᠨ ᠦᠢᠯᠡᠰ ᠤᠨ | ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ | ᠲᠠᠪᠤ ᠳᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠤᠯᠤᠰ ᠲᠦᠷᠦ ᠶᠢᠨ ᠠᠮᠢ ᠠᠬᠤᠢ ᠶᠢ | ᠴᠡᠪᠡᠷᠵᠢᠭᠦᠯᠬᠦ ᠶᠢ ᠠᠬᠢᠭᠤᠯᠤᠨ᠎ᠠ᠃ ᠲᠡᠭᠡᠲᠤ ᠱᠠᠳᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ︽ | ᠤᠭ ᠵᠤᠷᠢᠯᠲᠠ ᠪᠠᠨ ᠮᠠᠷᠳᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠦᠮᠦᠵᠢᠯ ᠢ ᠨᠠᠷᠢᠨ ᠬᠢᠨᠠᠮᠠᠭᠠᠢ ᠦᠷᠨᠢᠭᠦᠯᠦᠨ᠂ ᠡᠯ᠎ᠡ ᠱᠠᠳᠤᠨ ᠤ ᠨᠠᠮ ᠤᠨ ᠬᠡᠰᠢᠭᠦᠨ ᠺᠠᠳ᠋ᠷ ᠤᠨ ᠵᠤᠷᠢᠯᠲᠠ ᠲᠠᠨᠢᠯᠲᠠ | ᠪᠠ ᠬᠠᠷᠢᠭᠤᠴᠠᠯᠭ᠎ᠠ ᠡᠭᠦᠷᠭᠡ ᠶᠢ ᠴᠢᠩᠭᠠᠳᠬᠠᠨ᠎ᠠ᠃ ᠡᠯ᠎ᠡ ᠱᠠᠳᠤᠨ ᠤ ᠨᠠᠮ ᠤᠨ ᠭᠡᠰᠢᠭᠦᠨ ᠺᠠᠳ᠋ᠷᠴᠤᠳ ᠲᠤᠭ | ᠲᠡᠮᠳᠡᠭ ᠲᠤᠳᠤᠷᠬᠠᠢ ᠤᠯᠤᠰ ᠲᠦᠷᠦ ᠶᠢ ᠡᠷᠬᠢᠮᠯᠡᠨ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠢᠯᠭᠠᠨ | ᠲᠠᠨᠢᠬᠤ ᠴᠢᠳᠡᠪᠦᠷᠢ ᠶᠢ ᠦᠨᠡᠨᠬᠦ ᠴᠢᠩᠭᠠᠳᠬᠠᠨ᠂ ᠲᠤᠮᠤ ᠴᠢᠬᠤᠯᠡ ᠠᠰᠠᠭᠤᠳᠠᠯ ᠲᠡᠭᠡᠷ᠎ᠡ ᠲᠠᠷᠢᠬᠢ ᠲᠤᠯᠤᠭᠠᠢ ᠰᠡᠷᠭᠡᠭ | ᠂ ᠡᠷᠡᠰ ᠴᠢᠩᠭᠠᠤᠪᠤᠷ ᠢᠶᠠᠷ᠂ ᠦᠨᠡᠨᠴᠢ ᠰᠢᠳᠤᠷᠭᠤ᠂ ᠲᠦᠪ ᠭᠤᠤᠯᠴᠢ ᠶᠢ ᠢᠮᠠᠭᠲᠠ ᠭᠦᠢᠴᠡᠳᠭᠡᠬᠦ ᠬᠡᠷᠡᠭᠲᠡᠢ᠃ | ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠲᠤᠳᠤᠷᠠᠬᠢ ᠬᠠᠤᠯᠢ ᠲᠦᠷᠢᠮ ᠢ ᠭᠤᠤᠯ ᠲᠤᠭᠤᠶᠢᠯᠠᠩ ᠤᠨ ᠰᠤᠷᠤᠯᠴᠠᠬᠤ ᠠᠭᠤᠯᠭ᠎ᠠ ᠳᠤ | ᠵᠢᠭᠰᠠᠭᠠᠵᠤ᠂ ᠨᠠᠷᠢᠨ ᠭᠦᠨᠵᠡᠭᠡᠢ ᠰᠤᠷᠤᠯᠴᠠᠨ᠂ ᠴᠠᠭ ᠢᠮᠠᠭᠲᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠤ | ᠠᠵᠢᠯᠯᠠᠭ᠎ᠠ ᠪᠠᠨ ᠲᠦᠪ ᠴᠢᠩᠭ᠎ᠠ ᠪᠠᠷ ᠨᠠᠮ ᠤᠨ ᠰᠠᠬᠢᠯᠭ᠎ᠠ ᠪᠠᠲᠤ ᠨᠠᠮ ᠤᠨ ᠲᠦᠷᠢᠮ ᠤᠨ ᠲᠤᠳᠤᠷ᠎ᠠ᠂ ᠬᠦᠨᠳᠦᠳᠭᠡᠬᠦ᠂ | ᠰᠡᠷᠡᠮᠵᠢᠯᠡᠬᠦ᠂ ᠰᠠᠬᠢᠬᠤ ᠳᠤ ᠬᠢᠵᠠᠭᠠᠷᠯᠠᠭᠤᠯᠵᠤ ᠂ ᠤᠬᠠᠮᠰᠠᠷ ᠠᠴᠠ ᠪᠠᠨᠬᠠᠤᠯᠢ ᠶᠤᠰᠤᠭᠠᠷ ᠲᠦᠷᠢᠮ ᠶᠤᠰᠤᠭᠠᠷ | ᠰᠢᠢᠳᠪᠦᠷᠢᠲᠦ ᠪᠤᠳᠤᠯᠭ᠎ᠠ ᠤᠴᠢᠷ ᠶᠠᠪᠤᠳᠠᠯ ᠢ ᠬᠢᠬᠦ ᠶᠢ ᠴᠢᠩᠭᠠᠳᠬᠠᠬᠤ ᠬᠡᠷᠡᠭᠲᠡᠢ᠃ ᠨᠠᠮ ᠤᠨ ᠡᠯ᠎ᠡ ᠵᠦᠢᠯ ᠤᠨ | ᠠᠵᠢᠯ ᠤᠨ ᠤᠳᠤᠷᠢᠳᠤᠯᠭ᠎ᠠ ᠶᠢ ᠴᠢᠩᠭᠠᠳᠬᠠᠨ᠂ ᠭᠤᠷᠪᠠᠨ ᠴᠢᠬᠤᠯᠡ ᠨᠢᠭᠡ ᠲᠤᠮᠤ ᠬᠡᠷᠡᠭ ᠤᠴᠢᠷ ᠢ ᠨᠠᠮ ᠤᠨ | ᠬᠤᠷᠢᠶᠠᠨ ︵ᠲᠤᠭᠤᠶᠢᠯᠠᠩ︶ ᠤ ᠬᠠᠮᠲᠤ ᠶᠢᠨ ᠬᠤᠷᠠᠯ ᠢᠶᠠᠷ ᠰᠤᠳᠤᠯᠤᠨ ᠲᠤᠭᠳᠠᠭᠠᠬᠤ ᠬᠡᠷᠡᠭᠲᠡᠢ᠃ ᠨᠠᠮ ᠤᠨ | ᠰᠤᠷᠳᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠪᠠ ᠢᠯᠵᠠᠷᠠᠮᠠᠯ ᠢ ᠡᠰᠡᠷᠭᠦᠴᠡᠬᠦ ᠲᠡᠮᠡᠴᠡᠯ ᠳᠤ ᠦᠩᠭᠡ | ᠦᠨᠳᠦᠰᠦᠨ ᠠᠴᠠ ᠨᠢ ᠵᠡᠷᠭᠡᠪᠡᠷ ᠵᠠᠰᠠᠬᠤ ᠶᠢ ᠠᠬᠢᠭᠤᠯᠵᠤ᠂ ᠰᠠᠬᠢᠯᠭ᠎ᠠ ᠪᠠᠲᠤ ᠪᠠ ᠲᠦᠷᠢᠮ ᠲᠤᠭᠳᠠᠭᠠᠯ ᠢ | ᠡᠮᠦᠨ᠎ᠡ ᠪᠠᠨ ᠲᠠᠯᠪᠢᠵᠤ᠂ ᠬᠢᠨᠡᠨ ᠪᠠᠶᠢᠴᠠᠭᠠᠵᠤ ᠰᠠᠬᠢᠯᠭ᠎ᠠ ᠶᠢ ᠬᠡᠷᠡᠭᠵᠢᠬᠦᠯᠬᠦ ︽ᠲᠦᠷᠪᠡᠨ ᠵᠦᠢᠯ ᠤᠨ ᠪᠠᠶᠢᠳᠠᠯ︾ ᠢ | ᠭᠦᠨᠵᠡᠭᠡᠢ ᠬᠡᠷᠡᠭᠯᠡᠵᠦ᠂ ᠰᠠᠬᠢᠯᠭ᠎ᠠ ᠪᠠᠲᠤ ᠶᠢᠨ ᠬᠢᠨᠡᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠬᠦᠴᠦᠯᠡᠴᠡ ᠶᠢ | ᠦᠨᠡᠨᠬᠦ ᠴᠢᠩᠭᠠᠳᠬᠠᠨ᠂ ᠺᠠᠳ᠋ᠷ ᠠᠷᠢᠭᠤᠨ ᠴᠡᠪᠡᠷ᠂ ᠵᠠᠰᠠᠭ ᠤᠨ ᠤᠷᠳᠤᠨ ᠠᠷᠢᠭᠤᠨ ᠴᠢᠬᠡᠴᠢ᠂ ᠤᠯᠤᠰ ᠲᠦᠷᠦ | ᠴᠡᠪᠡᠷ ᠲᠤᠳᠤᠷᠬᠠᠢ ᠤᠬᠢ ᠰᠠᠶᠢᠨ ᠤᠯᠤᠰ ᠲᠦᠷᠦ ᠶᠢᠨ ᠠᠮᠢ ᠠᠬᠤᠢ ᠶᠢ ᠢᠳᠡᠪᠬᠢᠳᠡᠢ ᠪᠦᠷᠢᠳᠦᠭᠦᠯᠬᠦ ᠬᠡᠷᠡᠭᠲᠡᠢ᠃ | ᠨᠦᠬᠦᠳ ᠡ᠂ 2019 ᠤᠨ ᠤ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠡᠭᠦᠷᠭᠡ ᠬᠦᠨᠳᠦ᠂ ᠬᠠᠷᠢᠭᠤᠴᠠᠯᠭ᠎ᠠ | ᠲᠤᠮᠤ ᠴᠢᠬᠤᠯᠡ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠦᠪ ᠬᠤᠷᠢᠶ᠎ᠠ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠦ᠂ ᠢᠳᠡᠭᠡᠯ ᠢᠶᠠᠨ ᠪᠠᠳᠤᠳᠬᠠᠨ᠂ ᠵᠤᠷᠢᠭ ᠢᠶᠠᠨ | ᠬᠦᠪᠴᠢᠯᠡᠵᠦ᠂ ᠪᠠᠭᠠᠳᠤᠷᠯᠢᠭ ᠢᠶᠠᠷ ᠡᠭᠦᠷᠭᠡᠯᠡᠨ᠂ ᠰᠠᠶᠢᠨ ᠬᠢᠵᠦ ᠰᠠᠶᠢᠳᠤᠷ ᠪᠦᠳᠦᠭᠡᠨ᠂ ᠴᠢᠨᠠᠷ ᠰᠠᠶᠢᠲᠠᠢ | ᠬᠦᠭᠵᠢᠯᠲᠡ ᠶᠢᠨ ᠰᠢᠨ᠎ᠡ ᠪᠠᠶᠢᠳᠠᠯ ᠢ ᠲᠡᠮᠡᠴᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠳᠤ ᠰᠢᠢᠳᠪᠦᠷᠢᠲᠦ ᠴᠢᠨᠠᠷ ᠲᠠᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠪᠦᠭᠦᠳ᠋ᠨ | ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕ |