ᠤᠯᠤᠰ ᠲᠦᠷᠤ ᠶᠢᠨ ᠵᠦᠪᠯᠡᠯᠭᠡᠨ ᠤ ᠰᠢᠯᠢ ᠶᠢᠨ ᠬᠤᠳᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠲᠡᠬᠦᠰᠬᠦ ᠬᠤᠷᠠᠯ ᠲᠡᠭᠡᠷ᠎ᠡ ᠶᠠᠷᠢᠬᠰᠠᠨ ᠦᠭᠡ
ᠨᠡᠶᠢᠲᠡᠯᠡᠭᠰᠡᠨ ᠴᠠᠭ᠄
2019/10/9
ᠤᠯᠤᠰ ᠲᠦᠷᠤ ᠶᠢᠨ ᠵᠦᠪᠯᠡᠯᠭᠡᠨ ᠤ ᠰᠢᠯᠢ ᠶᠢᠨ ᠬᠤᠳᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠲᠡᠬᠦᠰᠬᠦ ᠬᠤᠷᠠᠯ ᠲᠡᠭᠡᠷ᠎ᠡ ᠶᠠᠷᠢᠬᠰᠠᠨ ᠦᠭᠡ ︵2019 ᠤᠨ ᠤ 4 ᠰᠠᠷ᠎ᠠ ᠶᠢᠨ 18᠎ ᠤ ᠡᠳᠤᠷ︶ᠭᠡᠰᠢᠬᠦᠳ ᠡ᠂ ᠨᠦᠬᠦᠳ ᠡ᠄ ᠤᠯᠤᠰ ᠲᠦᠷᠤ ᠶᠢᠨ ᠵᠦᠪᠯᠡᠯᠭᠡᠨ ᠤ ᠰᠢᠯᠢ ᠶᠢᠨ ᠬᠤᠳᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠨᠢ ᠪᠦᠬᠦ ᠭᠡᠰᠢᠬᠦᠳ ᠪᠠ ᠬᠤᠷᠠᠯ ᠳᠤ ᠤᠷᠤᠯᠴᠠᠭᠰᠠᠨ ᠨᠦᠬᠦᠳ ᠤᠨ ᠬᠠᠮᠳᠤ ᠶᠢᠨ ᠴᠢᠷᠮᠠᠶᠢᠯᠭ᠎ᠠ ᠪᠠᠷ ᠲᠡᠮᠵᠢᠨ᠂ ᠡᠯ᠎ᠠ ᠵᠦᠪᠯᠡᠬᠦ ᠵᠦᠢᠯ ᠢᠶᠠᠨ ᠲᠡᠬᠦᠰ ᠠᠮᠵᠢᠯᠳᠠᠳᠠᠢ ᠪᠡᠶᠡᠯᠡᠬᠦᠯᠤᠭᠡᠳ ᠤᠳᠠᠯ ᠦᠭᠡᠢ ᠢᠯᠠᠯᠳᠠ ᠲᠠᠢ ᠦᠨᠳᠤᠷᠯᠡᠬᠦ ᠪᠤᠯᠤᠯ᠎ᠠ᠃ ᠬᠤᠷᠠᠯ ᠤᠨ ᠬᠤᠭᠤᠴᠠᠭᠠᠨ ᠳᠤ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠲᠡᠭᠡᠳᠤ ᠬᠡᠮᠵᠢᠶᠠᠨ ᠤ ᠤᠯᠤᠰ ᠲᠦᠷᠤ ᠶᠢᠨ ᠬᠠᠯᠠᠭᠤᠨ ᠰᠡᠳᠬᠢᠯᠭᠡ ᠪᠤᠯᠤᠨ ᠬᠤᠷᠴᠠ ᠴᠢᠩᠭ᠎ᠠ ᠤᠯᠤᠰ ᠲᠦᠷᠤ ᠶᠢᠨ ᠬᠠᠷᠢᠭᠤᠴᠠᠯᠭ᠎ᠠ ᠪᠠᠷ ᠤᠯᠤᠰ ᠲᠦᠷᠤ ᠶᠢᠨ ᠵᠦᠪᠯᠡᠯᠭᠡᠨ ᠤ ᠰᠢᠯᠢ ᠶᠢᠨ ᠬᠤᠳᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠠᠳᠭᠡᠯ ᠪᠤᠯᠤᠨ ᠰᠠᠨᠠᠯ ᠲᠤᠷᠠᠳᠤᠯᠭ᠎ᠠ ᠎ ᠶᠢᠨ ᠠᠵᠢᠯ ᠤᠨ ᠪᠠᠶᠢᠳᠠᠯ ᠤᠨ ᠮᠡᠳᠡᠬᠦᠯᠤᠯᠳᠡ ᠶᠢ ᠬᠢᠨᠠᠨ ᠶᠠᠷᠢᠯᠴᠠᠵᠤ ᠪᠠᠳᠤᠯᠠᠭᠰᠠᠨ ᠪᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠤᠯᠤᠨ ᠪᠤᠰᠤᠳ ᠢᠯᠡᠳᠭᠡᠯ ᠢ ᠰᠤᠨᠤᠰᠤᠨ ᠶᠠᠷᠢᠯᠴᠠᠵᠤ᠂ ᠰᠤᠩᠭᠤᠭᠤᠯᠢ ᠶᠢᠨ ᠡᠬᠦᠷᠭᠡ ᠶᠢ ᠪᠡᠶᠡᠯᠡᠬᠦᠯᠪᠠ᠃ ᠬᠤᠷᠠᠯ ᠤᠨ ᠬᠤᠭᠤᠴᠠᠭᠠᠨ ᠳᠤ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠪᠦᠬᠦ ᠬᠤᠳᠠ ᠎ ᠶᠢᠨ ᠠᠵᠢᠯ ᠤᠨ ᠶᠡᠭᠡ ᠲᠠᠯ᠎ᠠ ᠲᠠᠢ ᠤᠶᠠᠯᠳᠤᠭᠤᠯᠤᠨ᠂ ᠬᠢᠨᠠᠮᠠᠭᠠᠢ ᠵᠦᠪᠳᠡᠯᠴᠡᠨ ᠶᠠᠷᠢᠯᠴᠠᠵᠤ᠂ ᠢᠳᠡᠪᠬᠢᠳᠠᠢ ᠪᠠᠷ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠦᠨ᠎ᠡ ᠦᠷᠳᠡᠭ ᠲᠠᠢ᠂ ᠦᠵᠡᠯᠳᠡ ᠲᠠᠨᠢᠯᠳᠠ ᠲᠠᠢ ᠰᠠᠨᠠᠯ ᠰᠠᠨᠠᠭᠤᠯᠭ᠎ᠠ ᠲᠤᠷᠠᠳᠤᠨ᠂ ᠦᠷᠭᠡᠨ ᠲᠡᠯᠭᠡᠷ ᠬᠠᠮᠳᠤ ᠶᠢᠨ ᠲᠠᠨᠢᠯᠳᠠ ᠶᠢ ᠪᠤᠢ ᠪᠤᠯᠭᠠᠭᠰᠠᠨ ᠪᠠᠶᠢᠨ᠎ᠠ᠃ ᠬᠤᠷᠠᠯ ᠶᠡᠭᠡ ᠠᠮᠵᠢᠯᠳᠠᠳᠠᠢ ᠶᠠᠪᠤᠬᠳᠠᠵᠠᠢ᠂ ᠡᠨᠡ ᠪᠤᠯ ᠨᠢᠭᠡ ᠤᠳᠠᠭᠠᠨ ᠤ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠳᠠᠯᠠᠭᠰᠠᠨ᠂ ᠤᠷᠤᠬᠰᠢᠯᠠᠨ ᠲᠠᠪᠰᠢᠬᠰᠠᠨ ᠶᠡᠭᠡ ᠬᠤᠷᠠᠯ ᠮᠦᠨ᠃ ᠠᠳᠡ᠂ ᠪᠢ ᠬᠤᠳᠠ ᠶᠢᠨ ᠨᠠᠮ ᠤᠨ ᠬᠤᠷᠢᠶᠠᠨ ᠤ ᠡᠮᠤᠨ᠎ᠠ ᠠᠴᠠ ᠬᠤᠷᠠᠯ ᠤᠨ ᠲᠡᠬᠦᠰ ᠠᠮᠵᠢᠯᠳᠠ ᠤᠯᠤᠭᠰᠠᠨ ᠳᠤ᠂ ᠰᠢᠨ᠎ᠠ ᠪᠠᠷ ᠰᠤᠩᠭᠤᠭᠳᠠᠭᠰᠠᠨ ᠲᠡᠷᠢᠬᠦᠯᠡᠭᠴᠢ ᠳ᠋ᠦ᠋ ᠵᠢᠶᠧ ᠪᠤᠯᠤᠨ ᠪᠠᠶᠢᠩᠭᠤ ᠶᠢᠨ ᠭᠡᠰᠢᠬᠦᠳ᠂ ᠭᠡᠰᠢᠬᠦᠳ ᠲᠤ ᠬᠠᠯᠠᠭᠤᠨ ᠪᠠᠶᠠᠷ ᠬᠥᠷᠭᠡᠵᠤ ᠪᠠᠶᠢᠨ᠎ᠠ︕ ᠨᠠᠰᠤᠨ ᠤ ᠰᠢᠯᠳᠠᠭᠠᠨ ᠠᠴᠠ ᠪᠤᠯᠵᠤ᠂ ᠳ᠋ᠦᠩ ᠳ᠋ᠧ ᠹᠦ᠋ ᠨᠦᠬᠦᠷ ᠤᠯᠤᠰ ᠲᠦᠷᠤ ᠶᠢᠨ ᠵᠦᠪᠯᠡᠯᠭᠡᠨ ᠤ ᠲᠡᠷᠢᠬᠦᠯᠡᠭᠴᠢ ᠶᠢᠨ ᠲᠤᠰᠢᠶᠠᠯ ᠢ ᠲᠠᠬᠢᠵᠤ ᠡᠬᠦᠷᠭᠡᠯᠡᠬᠦ ᠦᠭᠡᠢ ᠪᠤᠯᠪᠠ᠃ ᠳ᠋ᠦᠩ ᠳ᠋ᠧ ᠹᠦ᠋ ᠨᠦᠬᠦᠷ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠤ ᠲᠡᠷᠢᠬᠦᠯᠡᠭᠴᠢ ᠶᠢᠨ ᠲᠤᠰᠢᠶᠠᠯ ᠢ ᠡᠬᠦᠷᠭᠡᠯᠡᠭᠰᠡᠨ ᠬᠤᠭᠤᠴᠠᠭᠠᠨ ᠳᠤ᠂ ᠬᠤᠳᠠ ᠎ ᠶᠢᠨ ᠤᠯᠤᠰ ᠲᠦᠷᠤ ᠶᠢᠨ ᠵᠦᠪᠯᠡᠯᠭᠡᠨ ᠤ ᠨᠢᠭᠡ ᠪᠠᠭ ᠤᠨ ᠬᠥᠮᠤᠰ ᠢᠶᠠᠨ ᠪᠦᠯᠬᠦᠮᠳᠡᠬᠦᠯᠤᠨ ᠲᠠᠭᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠪᠦᠬᠦ ᠬᠤᠳᠠ ᠶᠢᠨ ᠭᠤᠤᠯ ᠠᠵᠢᠯ ᠳᠤ ᠠᠩᠬᠠᠷᠤᠯ ᠲᠦᠪᠯᠡᠷᠡᠬᠦᠯᠵᠤ᠂ ᠰᠠᠨᠠᠯ ᠵᠦᠪᠯᠡᠯᠭᠡ ᠲᠤᠷᠠᠳᠤᠨ ᠵᠠᠰᠠᠭ ᠤᠨ ᠠᠵᠢᠯ ᠳᠤ ᠲᠤᠰᠠᠯᠠᠬᠤ ᠪᠠ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠲᠠᠯ᠎ᠠ ᠎ ᠪᠠᠷ ᠦᠯᠡᠮᠵᠢ ᠤᠯᠠᠨ ᠭᠠᠷᠮᠠᠭᠠᠢ ᠪᠦᠳᠤᠮᠵᠢᠳᠠᠢ ᠠᠵᠢᠯ ᠬᠢᠭᠰᠡᠨ ᠪᠠᠶᠢᠨ᠎ᠠ᠂ ᠢᠯᠠᠩᠭᠤᠶ᠎ᠠ ᠠᠵᠤ ᠦᠢᠯᠡᠳᠪᠤᠷᠢ ᠶᠢᠨ ᠠᠵᠤ ᠠᠬᠤᠢ᠂ ᠬᠤᠳᠠ ᠶᠢᠨ ᠬᠠᠮᠢᠶᠠᠷᠤᠯᠳᠠ᠂ ᠮᠠᠯᠵᠢᠬᠤ ᠤᠷᠤᠨ ᠮᠠᠯ ᠠᠵᠤ ᠠᠬᠤᠢ᠂ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ᠂ ᠠᠮᠢ ᠠᠬᠤᠢ ᠤᠷᠴᠢᠨ ᠠᠬᠤᠢ ᠶᠢᠨ ᠬᠠᠮᠠᠭᠠᠯᠠᠯᠳᠠ᠂ ᠦᠭᠡᠷᠡᠴᠢᠯᠠᠯᠳᠠ ᠶᠢ ᠬᠥᠨᠵᠡᠭᠡᠶᠢᠷᠡᠬᠦᠯᠬᠦ᠂ ᠨᠡᠶᠢᠭᠡᠮ ᠢ ᠲᠤᠬᠳᠠᠭᠤᠨ ᠪᠠᠶᠢᠯᠭᠠᠬᠤ ᠵᠡᠷᠭᠡ ᠲᠠᠯ᠎ᠠ ᠪᠠᠷ ᠪᠠᠷᠠᠯᠠᠯᠳᠤ ᠴᠢᠨᠠᠷ᠂ ᠪᠤᠳᠠᠳᠠᠢ ᠶᠢ ᠡᠷᠬᠢᠮᠯᠡᠬᠦ ᠴᠢᠨᠠᠷ᠂ ᠬᠡᠷᠡᠭᠵᠢᠬᠦᠯᠵᠤ ᠪᠤᠯᠬᠤᠶᠢᠴᠠ ᠴᠢᠨᠠᠷ ᠢᠶᠠᠷ ᠴᠢᠩᠭ᠎ᠠ ᠰᠠᠨᠠᠯ ᠰᠠᠨᠠᠭᠤᠯᠭ᠎ᠠ ᠶᠢ ᠮᠠᠰᠢ ᠤᠯᠠᠨ ᠲᠤᠷᠠᠳᠴᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠬᠳᠠᠭᠠᠬᠤ ᠳᠤ ᠴᠢᠬᠤᠯᠠ ᠦᠨᠳᠤᠰᠤᠯᠡᠯ ᠬᠠᠩᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠠᠳᠡ᠂ ᠪᠢᠳᠡ ᠬᠠᠯᠠᠭᠤᠨ ᠢᠶᠠᠷ ᠠᠯᠠᠭ᠎ᠠ ᠲᠠᠰᠢᠵᠤ᠂ ᠤᠳᠤᠷᠢᠳᠬᠤ ᠠᠵᠢᠯ ᠤᠨ ᠪᠠᠶᠢᠷᠢ ᠠᠴᠠ ᠰᠠᠯᠬᠤ ᠭᠡᠵᠤ ᠪᠠᠶᠢᠭ᠎ᠠ ᠳ᠋ᠦᠩ ᠳ᠋ᠧ ᠹᠦ᠋ ᠨᠦᠬᠦᠷ ᠲᠤ ᠡᠷᠬᠢᠮ ᠲᠡᠭᠡᠳᠤ ᠬᠥᠨᠳᠤᠳᠭᠡᠯ ᠲᠡᠪᠰᠢᠬᠦᠯᠤᠶ᠎ᠠ︕ ᠮᠦᠨ ᠴᠦ ᠳ᠋ᠦᠩ ᠳ᠋ᠧ ᠹᠦ᠋ ᠨᠦᠬᠦᠷ ᠤᠨ ᠠᠵᠢᠯ ᠤᠨ ᠪᠠᠶᠢᠷᠢ ᠠᠴᠠ ᠪᠠᠭᠤᠭᠰᠠᠨ ᠴᠦ ᠤᠭ ᠴᠢᠨᠠᠷ ᠢᠶᠠᠨ ᠬᠠᠳᠠᠭᠠᠯᠠᠵᠤ᠂ ᠰᠢᠯᠢ ᠶᠢᠨ ᠬᠤᠳᠠ ᠶᠢᠨ ᠡᠯ᠎ᠠ ᠵᠦᠢᠯ ᠤᠨ ᠠᠵᠢᠯ ᠦᠢᠯᠡᠰ ᠤᠨ ᠬᠥᠭᠵᠢᠯᠳᠡ ᠶᠢ ᠦᠩᠭᠡᠷᠡᠭᠰᠡᠨ ᠲᠠᠢ ᠨᠢᠭᠡ ᠯᠡ ᠠᠳᠠᠯᠢ ᠪᠠᠷ ᠬᠠᠯᠡᠮᠵᠢᠯᠡᠨ ᠲᠡᠮᠵᠢᠬᠦ ᠶᠢ ᠬᠥᠰᠡᠵᠤ ᠪᠠᠶᠢᠨ᠎ᠠ᠃ ᠦᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠨᠠᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠬᠦᠨ ᠳᠤ ᠲᠠᠯᠪᠢᠬᠤ᠂ ᠨᠤᠭᠤᠭᠠᠨ ᠬᠥᠭᠵᠢᠯᠳᠡ ᠶᠢᠨ ᠦᠢᠯᠠᠭᠠᠭᠳᠠᠬᠤᠨ ᠢ ᠪᠠᠷᠢᠮᠳᠠᠯᠠᠨ᠂ ᠴᠢᠨᠠᠷ ᠰᠠᠶᠢᠳᠠᠢ ᠬᠥᠭᠵᠢᠯᠳᠡ ᠪᠠᠷ ᠬᠥᠳᠤᠯᠤᠨ ᠲᠠᠭᠠᠭᠤᠯᠵᠤ᠂ ᠪᠡᠷᠭᠡ ᠶᠢ ᠲᠠᠪᠠᠵᠤ ᠬᠥᠴᠢᠷ ᠢ ᠢᠯᠡᠨ᠂ ᠯᠠᠪᠳᠠᠭᠤᠨ ᠪᠠᠳᠤᠳᠠᠢ ᠠᠵᠢᠯᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠳᠡ ᠶᠢᠨ ᠲᠤᠬᠳᠠᠭᠤᠨ ᠪᠠᠶᠢᠬᠤ ᠎ ᠶᠢᠨ ᠵᠡᠷᠭᠡ ᠳᠤ ᠠᠬᠢᠬᠤ᠂ ᠲᠤᠬᠳᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠪᠠᠶᠢᠳᠠᠯ ᠢ ᠪᠠᠳᠤᠯᠠᠪᠠ᠃ ᠠᠮᠵᠢᠯᠳᠠ ᠪᠦᠳᠤᠮᠵᠢ ᠶᠢ ᠤᠯᠵᠤ ᠴᠢᠳᠠᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠦᠪ ᠤᠳᠤᠷᠢᠳᠤᠯᠭ᠎ᠠ ᠪᠠ ᠬᠥᠴᠤᠳᠠᠢ ᠲᠡᠮᠵᠢᠯᠭᠡ ᠠᠴᠠ ᠪᠤᠯᠤᠭᠰᠠᠨ ᠶᠤᠮ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠡᠢ ᠪᠦᠯᠬᠦᠮᠳᠡᠵᠤ ᠴᠢᠷᠮᠠᠶᠢᠨ ᠲᠡᠮᠡᠴᠡᠭᠰᠡᠨ ᠠᠴᠠ ᠪᠤᠯᠤᠭᠰᠠᠨ ᠶᠤᠮ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠎ ᠤᠨ ᠲᠤᠰᠢᠶᠠᠯ ᠬᠠᠷᠢᠭᠤᠴᠠᠯᠭ᠎ᠠ ᠪᠠᠨ ᠬᠥᠢᠴᠡᠳᠭᠡᠵᠤ ᠢᠳᠡᠪᠬᠢᠳᠠᠢ ᠠᠵᠢᠯᠯᠠᠭᠰᠠᠨ ᠠᠴᠠ ᠪᠤᠯᠤᠭᠰᠠᠨ ᠶᠤᠮ᠃ ᠨᠢᠭᠡ ᠵᠢᠯ ᠤᠨ ᠲᠤᠷᠰᠢ᠂ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠨᠢ ᠢᠮᠠᠭᠳᠠ ᠤᠯᠤᠰ ᠲᠦᠷᠤ ᠶᠢᠨ ᠵᠦᠪ ᠴᠢᠭᠯᠡᠯ ᠢ ᠪᠠᠷᠢᠮᠳᠠᠯᠠᠨ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠤᠯ ᠰᠡᠳᠤᠪ ᠢ ᠲᠤᠪᠤᠶᠢᠯᠭᠠᠵᠤ᠂ ᠤᠯᠤᠰ ᠲᠦᠷᠤ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠨ ᠲᠦᠷᠤ ᠶᠢᠨ ᠬᠡᠷᠡᠭ ᠢ ᠵᠦᠪᠯᠡᠬᠦ ᠡᠬᠦᠷᠭᠡ ᠴᠢᠳᠠᠪᠤᠷᠢ ᠪᠠᠨ ᠯᠠᠪᠳᠠᠭᠤᠨ ᠪᠠᠳᠤᠳᠠᠢ ᠬᠥᠢᠴᠡᠳᠭᠡᠨ᠂ ᠬᠥᠨᠵᠡᠭᠡᠢ ᠪᠠᠶᠢᠴᠠᠭᠠᠨ ᠰᠤᠳᠤᠯᠤᠯᠳᠡ ᠬᠢᠵᠤ᠂ ᠢᠳᠡᠪᠬᠢᠳᠠᠢ ᠪᠠᠷ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠤ᠂ ᠭᠤᠷᠪᠠᠨ ᠶᠡᠭᠡ ᠪᠡᠷᠭᠡ ᠰᠡᠳᠤᠪ ᠰᠢᠢᠳᠪᠤᠷᠢᠯᠡᠬᠦ ᠲᠠᠶᠢᠨ᠂ ᠰᠢᠨ᠎ᠠ ᠬᠠᠭᠤᠴᠢᠨ ᠬᠥᠳᠡᠯᠭᠡᠭᠴᠢ ᠡᠨᠧᠷᠬᠢ ᠎ ᠶᠢᠨ ᠰᠤᠯᠢᠬᠳᠠᠯ᠂ ᠠᠷᠠᠳ ᠤᠨ ᠡᠵᠡᠩᠨᠡᠭᠰᠡᠨ ᠠᠵᠤ ᠠᠬᠤᠢ ᠶᠢ ᠴᠢᠨᠠᠷ ᠰᠠᠶᠢᠳᠠᠢ ᠬᠥᠭᠵᠢᠬᠦᠯᠬᠦ᠂ ᠬᠥᠳᠡᠭᠡ ᠲᠤᠰᠬᠤᠨ ᠢ ᠬᠥᠭᠵᠢᠬᠦᠯᠬᠦ᠂ ᠬᠠᠤᠯᠢ ᠬᠡᠷᠡᠭᠵᠢᠬᠦᠯᠬᠦ ᠪᠠᠶᠢᠭᠤᠯᠤᠯ ᠤᠨ ᠦᠭᠡᠷᠡᠴᠢᠯᠠᠯᠳᠠ ᠵᠡᠷᠭᠡ ᠲᠠᠯ᠎ᠠ ᠲᠠᠢ ᠤᠶᠠᠯᠳᠤᠭᠤᠯᠤᠨ᠂  89 ᠰᠠᠨᠠᠯ ᠲᠤᠷᠠᠳᠤᠯᠭ᠎ᠠ᠂ 4 ᠪᠠᠶᠢᠴᠠᠭᠠᠨ ᠰᠤᠳᠤᠯᠤᠯᠳᠡ ᠶᠢᠨ ᠮᠡᠳᠡᠬᠦᠯᠤᠯᠳᠡ ᠶᠢ ᠪᠤᠢ ᠪᠤᠯᠭᠠᠵᠤ᠂ ᠬᠥᠴᠤᠨ ᠴᠢᠳᠠᠯ ᠢ ᠬᠤᠷᠠᠮᠳᠤᠭᠤᠯᠬᠤ᠂ ᠬᠥᠭᠵᠢᠯᠳᠡ ᠶᠢ ᠠᠬᠢᠭᠤᠯᠬᠤ᠂ ᠡᠶ᠎ᠡ ᠵᠤᠬᠢᠴᠠᠯ ᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠤᠯ ᠪᠠᠳᠠᠷᠠᠭᠤᠯᠤᠨ᠂ ᠰᠢᠯᠢ ᠶᠢᠨ ᠬᠤᠳᠠ ᠶᠢᠨ ᠡᠯ᠎ᠠ ᠵᠦᠢᠯ ᠤᠨ ᠠᠵᠢᠯ ᠦᠢᠯᠡᠰ ᠎ ᠤᠨ ᠬᠥᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠡᠬᠦᠨ ᠢ ᠬᠤᠳᠠ ᠶᠢᠨ ᠨᠠᠮ ᠤᠨ ᠬᠤᠷᠢᠶ᠎ᠠ ᠠᠴᠠ ᠬᠥᠢᠴᠡᠳ ᠨᠤᠳᠠᠯᠠᠵᠤ ᠪᠠᠶᠢᠨ᠎ᠠ᠂ ᠠᠷᠠᠳ ᠤᠯᠠᠨ ᠴᠦ ᠲᠡᠭᠡᠳᠤ ᠬᠡᠮᠵᠢᠶ᠎ᠠ ᠪᠠᠷ ᠮᠡᠳᠡᠷᠡᠵᠤ ᠪᠠᠶᠢᠨ᠎ᠠ᠃2019 ᠤᠨ ᠪᠤᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠰᠢᠢᠳᠪᠤᠷᠢᠳᠤ ᠢᠯᠠᠯᠳᠠ ᠶᠢ ᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠬᠤᠳᠠ ᠶᠢᠨ ᠨᠠᠮ ᠤᠨ ᠬᠤᠷᠢᠶᠠᠨ ᠤ ᠵᠢᠯ ᠤᠨ ᠡᠬᠢ ᠪᠠᠷ ᠬᠤᠷᠠᠯᠳᠤᠭᠤᠯᠤᠭᠰᠠᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠡᠨᠡ ᠵᠢᠯ ᠤᠨ ᠠᠵᠢᠯ ᠤᠨ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠳᠡ ᠬᠢᠵᠠᠢ᠂ ᠡᠨᠡ ᠤᠳᠠᠭᠠᠨ ᠤ ᠬᠤᠳᠠ ᠶᠢᠨ ︽ᠬᠤᠶᠠᠷ ᠬᠤᠷᠠᠯ︾᠎ ᠠᠴᠠ ᠪᠠᠰᠠ ᠪᠤᠳᠠᠳᠠᠢ ᠲᠤᠬᠢᠷᠠᠭᠤᠯᠤᠯᠳᠡ ᠬᠢᠭᠰᠡᠨ ᠪᠠᠶᠢᠨ᠎ᠠ᠃ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠪᠤᠯᠤᠨ ᠭᠡᠰᠢᠬᠦᠳ ᠰᠢᠨ᠎ᠠ ᠡᠬᠢᠯᠡᠯᠳᠡ ᠶᠢᠨ ᠴᠡᠭ ᠲᠤ ᠵᠤᠬᠰᠤᠨ᠂ ᠰᠢᠨ᠎ᠠ ᠡᠬᠦᠷᠭᠡ ᠬᠠᠷᠢᠭᠤᠴᠯᠠᠭ᠎ᠠ ᠶᠢ ᠡᠬᠦᠷᠭᠡᠯᠡᠵᠤ᠂ ᠪᠦᠬᠦ ᠬᠤᠳᠠ ᠶᠢᠨ ᠭᠤᠤᠯ ᠠᠵᠢᠯ ᠲᠠᠢ ᠨᠢᠬᠳᠠ ᠤᠶᠠᠯᠳᠤᠭᠤᠯᠤᠨ᠂ ᠲᠠᠪᠠᠭᠤᠯᠢᠭ ᠢᠶᠠᠨ ᠬᠥᠢᠴᠡᠳ ᠪᠠᠳᠠᠷᠠᠭᠤᠯᠵᠤ᠂ ᠢᠳᠡᠪᠬᠢᠳᠠᠢ ᠪᠠᠷ ᠵᠠᠰᠠᠭ ᠤᠨ ᠶᠠᠪᠤᠳᠠᠯ ᠳᠤ ᠤᠷᠤᠯᠴᠠᠨ ᠲᠦᠷᠤ ᠶᠢᠨ ᠬᠡᠷᠡᠭ ᠢ ᠵᠦᠪᠯᠡᠵᠤ᠂ ᠢᠳᠡᠪᠬᠢᠳᠠᠢ ᠪᠠᠷ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠤ᠂ ᠰᠢᠯᠢ ᠶᠢᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠳᠡ ᠶᠢ ᠲᠦᠷᠭᠡᠳᠭᠡᠨ ᠠᠬᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠬᠡᠷᠡᠭᠳᠠᠢ᠃  ᠡᠨᠡ ᠵᠠᠪᠰᠢᠶᠠᠨ ᠢᠶᠠᠷ ᠪᠢ ᠬᠡᠳᠤᠨ ᠲᠠᠯ᠎ᠠ ᠶᠢᠨ ᠬᠥᠰᠡᠯ ᠪᠠ ᠱᠠᠭᠠᠷᠳᠠᠯᠭ᠎ᠠ ᠲᠤᠷᠠᠳᠤᠶ᠎ᠠ᠃ ᠨᠢᠭᠡ ᠳᠤ ᠤᠯᠤᠰ ᠲᠦᠷᠤ ᠶᠢᠨ ᠵᠦᠪ ᠴᠢᠭᠯᠡᠯ ᠢ ᠪᠠᠷᠢᠮᠳᠠᠯᠠᠬᠤ ᠬᠡᠷᠡᠭᠳᠠᠢ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠦᠨ ᠴᠢᠨᠠᠷ ᠤᠨ ᠤᠨᠴᠠᠯᠢᠭ ᠰᠢᠨᠵᠢ ᠮᠦᠨ᠂ ᠪᠠᠰᠠ ᠴᠦ ᠠᠷᠠᠳ ᠤᠨ ᠤᠯᠤᠰ ᠲᠦᠷᠤ ᠶᠢᠨ ᠵᠦᠪᠯᠡᠯᠭᠡᠨ ᠭᠡᠬᠦ ᠡᠨᠡ ᠬᠦ ᠪᠠᠶᠢᠭᠤᠯᠤᠯ ᠤᠨ ᠲᠤᠬᠢᠷᠠᠭᠤᠯᠤᠯᠳᠡ ᠶᠢᠨ ᠬᠠᠮᠤᠭ ᠤᠨ ᠮᠦᠨ ᠴᠢᠨᠠᠷ ᠤᠨ ᠤᠨᠴᠠᠯᠢᠭ ᠰᠢᠨᠵᠢ ᠮᠦᠨ᠃ ᠨᠢᠳᠤᠨᠤᠨ ᠲᠦᠪ ᠬᠤᠷᠢᠶ᠎ᠠ ᠠᠴᠠ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠪᠠᠶᠢᠭᠤᠯᠤᠯᠳᠡ ᠶᠢ ᠴᠢᠩᠭᠠᠳᠬᠠᠬᠤ ᠲᠤᠬᠠᠢ ᠠᠩᠬᠠᠳᠠᠭᠴᠢ ᠪᠢᠴᠢᠭ ᠮᠠᠲ᠋ᠧᠷᠢᠶᠠᠯ ᠢ ᠨᠡᠶᠢᠳᠡᠯᠡᠵᠤ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠭᠡᠨ ᠠᠴᠠ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠲᠡᠤᠭᠡᠨ ᠳᠠᠬᠢ ᠠᠩᠬᠠᠳᠤᠭᠠᠷ ᠤᠳᠠᠭᠠᠨ ᠤ ᠨᠠᠮ ᠤᠨ ᠪᠠᠶᠢᠭᠤᠯᠤᠯᠳᠡ ᠶᠢᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠪᠠᠶᠢᠭᠤᠯᠤᠯᠳᠡ ᠶᠢ ᠪᠦᠬᠦ ᠲᠠᠯ᠎ᠠ ᠪᠠᠷ ᠴᠢᠩᠭᠠᠳᠬᠠᠬᠤ ᠶᠡᠷᠤᠩᠭᠡᠢ ᠱᠠᠭᠠᠷᠳᠠᠯᠭ᠎ᠠ ᠶᠢ ᠲᠤᠳᠤᠷᠬᠠᠢ ᠲᠤᠬᠳᠠᠭᠠᠪᠠ᠃ ᠠᠷᠠᠳ ᠤᠨ ᠤᠯᠤᠰ ᠲᠦᠷᠤ ᠎ ᠶᠢᠨ ᠵᠦᠪᠯᠡᠯᠭᠡᠨ ᠤ ᠠᠵᠢᠯ ᠢ ᠰᠠᠶᠢᠳᠤᠷ ᠬᠢᠬᠦ ᠶᠢᠨ ᠬᠠᠮᠤᠭ ᠤᠨ ᠦᠨᠳᠤᠰᠤᠨ ᠵᠦᠢᠯ ᠪᠤᠯ ᠨᠠᠮ ᠤᠨ ᠤᠳᠤᠷᠢᠳᠤᠯᠭ᠎ᠠ ᠎ ᠶᠢ ᠪᠠᠷᠢᠮᠳᠠᠯᠠᠬᠤ ᠶᠠᠪᠤᠳᠠᠯ ᠪᠤᠯᠤᠨ᠎ᠠ᠃ ᠲᠤᠭ ᠲᠡᠮᠳᠡᠭ ᠲᠤᠳᠤᠷᠬᠠᠢ ᠪᠠᠷ ᠤᠯᠤᠰ ᠲᠦᠷᠤ ᠶᠢ ᠡᠷᠬᠢᠮᠯᠡᠬᠦ ᠬᠡᠷᠡᠭᠳᠠᠢ᠂ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠪᠤᠯᠤᠨ ᠭᠡᠰᠢᠬᠦᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ᠂ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ᠂ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠠᠵᠢᠯ ᠪᠠᠶᠢᠴᠠᠭᠠᠬᠤ ᠳᠠᠭᠠᠨ ᠶᠠᠷᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠶᠡᠷᠤᠩᠭᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ᠂ ᠬᠤᠶᠠᠳᠤᠭᠠᠷ ᠬᠤᠷᠠᠯᠳᠤᠭᠠᠨ ᠤ ᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠤᠷᠤᠯᠴᠠᠬᠤ ᠳᠠᠭᠠᠨ ᠶᠠᠷᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ︽ᠲᠦᠷᠪᠡᠨ ᠢᠳᠡᠭᠡᠯ︾᠎ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠤ᠂ ᠢᠮᠠᠭᠳᠠ ᠤᠯᠤᠰ ᠲᠦᠷᠤ ᠶᠢᠨ ᠵᠤᠬᠰᠤᠯᠳᠡ᠂ ᠤᠯᠤᠰ ᠲᠦᠷᠤ ᠶᠢᠨ ᠴᠢᠭᠯᠡᠯ᠂ ᠤᠯᠤᠰ ᠲᠦᠷᠤ ᠶᠢᠨ ᠵᠠᠷᠴᠢᠮ᠂ ᠤᠯᠤᠰ ᠲᠦᠷᠤ ᠶᠢᠨ ᠵᠠᠮ ᠤᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠭᠡᠮᠵᠢᠶ᠎ᠠ ᠪᠠᠷ ᠨᠢᠭᠡᠳᠤᠯᠳᠠᠢ ᠪᠠᠶᠢᠵᠤ᠂ ᠤᠯᠤᠰ ᠲᠦᠷᠤ ᠶᠢᠨ ᠵᠦᠪᠯᠡᠯᠭᠡᠨ ᠤ ᠦᠢᠯᠡᠰ ᠎ ᠤᠨ ᠵᠦᠪ ᠴᠢᠭᠯᠡᠯ ᠢᠶᠠᠷ ᠤᠷᠤᠬᠰᠢᠯᠠᠬᠤ ᠶᠢ ᠦᠨᠡᠨ ᠬᠦ ᠪᠠᠳᠤᠯᠠᠬᠤ ᠬᠡᠷᠡᠭᠳᠠᠢ᠃ ᠬᠤᠶᠠᠷ ᠲᠤ ᠬᠥᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠬᠤ ᠬᠡᠷᠡᠭᠳᠠᠢ᠃ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠪᠤᠯ ᠪᠦᠬᠦ ᠬᠤᠳᠠ ᠶᠢᠨ ᠠᠷᠠᠳ ᠲᠦᠮᠡᠨ ᠤ ᠬᠠᠮᠳᠤ ᠶᠢᠨ ᠠᠵᠢᠯ ᠦᠢᠯᠡᠰ ᠮᠦᠨ᠂ ᠮᠠᠨ ᠤ ᠡᠮᠤᠨ᠎ᠠ ᠲᠠᠯᠪᠢᠬᠳᠠᠵᠤ ᠪᠠᠶᠢᠭ᠎ᠠ ᠪᠠᠴᠢᠮ ᠲᠤᠯᠭᠠᠮ ᠡᠬᠦᠷᠭᠡ ᠮᠦᠨ᠃ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠪᠤᠯᠤᠨ ᠭᠡᠰᠢᠬᠦᠳ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠤᠩᠭᠡᠶᠢᠯᠡᠨ ᠡᠵᠡᠮᠳᠡᠬᠦ᠂ ᠡᠯ᠎ᠠ ᠲᠠᠯ᠎ᠠ ᠶᠢ ᠵᠤᠬᠢᠴᠠᠭᠤᠯᠬᠤ ᠠᠵᠢᠯ ᠤᠨ ᠪᠠᠶᠢᠷᠢᠰᠢᠯ ᠲᠤᠮᠳᠠ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠪᠠᠶᠢᠷᠢ ᠪᠠᠨ ᠤᠨᠤᠪᠴᠢᠳᠠᠢ ᠡᠷᠢᠨ ᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠠᠵᠢᠯ ᠲᠠᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠤᠨ᠂ ᠬᠠᠮᠳᠤ ᠶᠢᠨ ᠬᠠᠷᠠᠯᠳᠠ ᠪᠠᠷ ᠬᠠᠮᠤᠭ ᠤᠨ ᠶᠡᠭᠡ ᠨᠡᠶᠢᠳᠡᠯᠢᠭ ᠲᠠᠯ᠎ᠠ ᠶᠢ ᠡᠷᠢᠯᠬᠢᠯᠡᠵᠤ᠂ ᠤᠯᠤᠰ ᠲᠦᠷᠤ ᠶᠢᠨ ᠵᠦᠪᠯᠡᠯᠭᠡᠨ ᠤ ᠪᠠᠶᠢᠭᠤᠯᠤᠯ ᠤᠨ ᠪᠦᠳᠤᠮᠵᠢᠳᠠᠢ ᠠᠵᠢᠯᠯᠠᠭᠠᠨ ᠪᠠ ᠠᠷᠠᠳᠴᠢᠯᠠᠯ ᠎ ᠤᠨ ᠵᠢᠷᠤᠮ ᠢᠶᠠᠷ ᠲᠡᠮᠵᠢᠭᠤᠯᠤᠨ᠂ ᠨᠡᠶᠢᠭᠡᠮ ᠤᠨ ᠡᠯ᠎ᠠ ᠡᠳᠡᠭᠡᠳ ᠤᠨ ᠬᠠᠮᠳᠤ ᠶᠢᠨ ᠲᠠᠨᠢᠯᠳᠠ ᠪᠤᠯᠭᠠᠨ ᠬᠤᠪᠢᠷᠠᠭᠤᠯᠵᠤ᠂ ᠤᠯᠤᠰ ᠲᠦᠷᠤ ᠶᠢᠨ ᠲᠠᠯ᠎ᠠ ᠪᠠᠷ ᠴᠢᠭᠯᠡᠯ ᠨᠢᠭᠡᠳᠡᠢ᠂ ᠦᠵᠡᠯ ᠰᠠᠨᠠᠭᠠᠨ ᠤ ᠲᠠᠯ᠎ᠠ ᠪᠠᠷ ᠰᠡᠳᠬᠢᠯ ᠨᠢᠭᠡᠳᠡᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠭ᠎ᠠ ᠨᠢᠭᠡᠳᠠᠢ ᠪᠠᠶᠢᠬᠤ ᠶᠢ ᠪᠡᠶᠡᠯᠡᠬᠦᠯᠬᠦ ᠬᠡᠷᠡᠭᠳᠠᠢ᠃ ᠬᠥᠭᠵᠢᠯᠳᠡ ᠶᠢ ᠠᠬᠢᠭᠤᠯᠬᠤ ᠬᠥᠨᠳᠤ ᠡᠬᠦᠷᠭᠡ ᠶᠢ ᠤᠬᠠᠮᠰᠠᠷ ᠠᠴᠠ ᠪᠠᠨ ᠡᠬᠦᠷᠭᠡᠯᠡᠨ ᠠᠪᠴᠤ᠂ ᠤᠯᠤᠰ ᠲᠦᠷᠤ ᠎ ᠶᠢᠨ ᠵᠦᠪᠯᠡᠯᠭᠡᠨ ᠤ ᠴᠢᠳᠠᠪᠤᠷᠢᠳᠠᠨ ᠤ ᠲᠠᠪᠠᠭᠤᠯᠢᠭ᠂ ᠤᠶᠤᠨ ᠴᠢᠳᠠᠪᠤᠷᠢ ᠶᠢᠨ ᠲᠠᠪᠠᠭᠤᠯᠢᠭ ᠢ ᠦᠨᠡᠨ ᠬᠦ ᠬᠥᠭᠵᠢᠯᠳᠡ ᠳᠤ ᠦᠢᠯᠡᠴᠢᠯᠡᠬᠦ ᠴᠢᠳᠠᠪᠤᠷᠢ ᠪᠤᠯᠭᠠᠨ ᠬᠤᠪᠢᠷᠠᠭᠤᠯᠵᠤ᠂ ᠠᠵᠢᠯ ᠢ ᠠᠬᠢᠭᠤᠯᠬᠤ ᠬᠥᠳᠡᠯᠭᠡᠭᠴᠢ ᠬᠥᠴᠤᠨ ᠪᠤᠯᠭᠠᠨ ᠬᠤᠪᠢᠷᠠᠭᠤᠯᠬᠤ ᠬᠡᠷᠡᠭᠳᠠᠢ᠃ ᠠᠮᠢ ᠠᠬᠤᠢ ᠶᠢ ᠲᠡᠷᠢᠬᠦᠨ ᠳᠤ ᠲᠠᠯᠪᠢᠬᠤ᠂ ᠨᠤᠭᠤᠭᠠᠨ ᠬᠥᠭᠵᠢᠯᠳᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠥᠭᠵᠢᠯᠳᠡ ᠶᠢᠨ ᠰᠢᠨ᠎ᠠ ᠵᠠᠮ ᠢ ᠰᠦᠪᠡᠭᠴᠢᠯᠡᠨ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠳᠡ ᠶᠢ ᠬᠢᠵᠠᠭᠠᠷᠯᠠᠵᠤ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠪᠤᠯᠤᠨ ᠵᠠᠩᠬᠢᠯᠠᠭ᠎ᠠ ᠶᠢᠨ ᠭᠤᠭᠴᠤᠭ᠎ᠠ ᠲᠠᠢ ᠨᠢᠬᠳᠠ ᠤᠶᠠᠯᠳᠤᠭᠤᠯᠵᠤ᠂ ᠰᠡᠳᠤᠪ ᠢᠶᠠᠨ ᠨᠠᠷᠢᠯᠢᠭ ᠰᠤᠩᠭᠤᠵᠤ᠂ ᠲᠤᠰᠬᠠᠢ ᠠᠩᠬᠢ ᠵᠤᠬᠢᠶᠠᠨ ᠪᠠᠶᠢᠭᠤᠯᠵᠤ᠂ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠤᠯᠳᠡ ᠬᠢᠵᠤ᠂ ᠬᠥᠨᠵᠡᠭᠡᠢ ᠨᠤᠳᠠᠯᠠᠨ᠂ ︽ᠠᠰᠠᠭᠤᠳᠠᠯ ᠢ ᠲᠤᠳᠤᠷᠬᠠᠢ ᠤᠯᠵᠤ ᠬᠠᠷᠠᠬᠤ᠂ ᠦᠵᠡᠯᠳᠡ ᠪᠠᠨ ᠨᠠᠪᠳᠠᠷᠭᠡᠢ ᠶᠠᠷᠢᠵᠤ ᠲᠠᠶᠢᠯᠬᠦ᠂ ᠠᠷᠭᠠᠴᠠᠬᠤ ᠠᠷᠭ᠎ᠠ ᠶᠢ ᠤᠨᠤᠪᠴᠢᠳᠠᠢ ᠲᠤᠷᠠᠳᠬᠤ︾᠎ ᠶᠢ ᠦᠨᠡᠨ ᠬᠦ ᠪᠠᠳᠤᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠬᠳᠠᠭᠠᠬᠤ ᠳᠤ ᠮᠡᠷᠭᠡᠨ ᠤᠬᠠᠭᠠᠨ ᠨᠡᠪᠳᠡᠷᠭᠡᠢ ᠦᠵᠡᠯᠳᠡ ᠬᠠᠩᠭᠠᠬᠤ ᠬᠡᠷᠡᠭᠳᠠᠢ᠃ ᠵᠦᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠦᠪᠯᠡᠬᠦ ᠪᠠᠶᠢᠭᠤᠯᠤᠮᠵᠢ ᠎ ᠶᠢᠨ ᠦᠢᠯᠡᠳᠤᠯ ᠢ ᠬᠥᠢᠴᠡᠳ ᠪᠠᠳᠠᠷᠠᠭᠤᠯᠤᠨ᠂ ᠤᠨ ᠤ ᠵᠦᠪᠯᠡᠬᠦ ᠲᠦᠯᠤᠪᠯᠡᠭᠡ ᠶᠢ ᠬᠢᠨᠠᠮᠠᠭᠠᠢ ᠰᠠᠶᠢᠨ ᠵᠤᠬᠢᠶᠠᠨ ᠪᠠᠶᠢᠭᠤᠯᠵᠤ ᠬᠡᠷᠡᠭᠵᠢᠬᠦᠯᠤᠨ᠂ ᠠᠵᠤ ᠦᠢᠯᠡᠰ ᠤᠨ ᠬᠥᠭᠵᠢᠯᠳᠡ᠂ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠤᠪ ᠎ ᠢ ᠰᠢᠢᠳᠪᠤᠷᠢᠯᠡᠬᠦ᠂ ᠤᠷᠴᠢᠨ ᠠᠬᠤᠢ ᠶᠢᠨ ᠬᠠᠮᠠᠭᠠᠯᠠᠯᠳᠠ᠂ ᠪᠤᠯᠪᠠᠰᠤᠨ ᠢ ᠡᠬᠦᠳᠤᠨ ᠪᠠᠶᠢᠭᠤᠯᠬᠤ᠂ ᠬᠥᠳᠡᠭᠡ ᠲᠤᠰᠬᠤᠨ ᠢ ᠬᠥᠭᠵᠢᠬᠦᠯᠬᠦ᠂ ᠠᠷᠠᠳ ᠤᠨ ᠠᠮᠢᠳᠤᠷᠠᠯ ᠨᠡᠶᠢᠭᠡᠮ ᠵᠡᠷᠭᠡ ᠲᠠᠯ᠎ᠠ ᠳᠤ ᠠᠩᠬᠠᠷᠤᠯ ᠲᠦᠪᠯᠡᠷᠡᠬᠦᠯᠵᠤ᠂ ᠲᠤᠰᠬᠠᠢ ᠰᠡᠳᠤᠪ ᠢᠶᠠᠷ ᠵᠦᠪᠯᠡᠬᠦ᠂ ᠠᠵᠢᠯ ᠲᠦᠷᠤᠯ ᠤᠨ ᠰᠢᠰᠲ᠋ᠧᠮ ᠢᠶᠠᠷ ᠵᠦᠪᠯᠡᠬᠦ᠂ ᠰᠠᠨᠠᠯ ᠵᠦᠪᠯᠡᠯᠭᠡ ᠶᠢ ᠰᠢᠢᠳᠪᠤᠷᠢᠯᠡᠵᠤ ᠵᠦᠪᠯᠡᠬᠦ ᠵᠡᠷᠭᠡ ᠶᠢ ᠦᠷᠭᠡᠨ ᠢᠶᠠᠷ ᠦᠷᠨᠢᠬᠦᠯᠤᠨ᠂ ᠵᠦᠪᠯᠡᠬᠦ ᠲᠤᠮᠳᠠ ᠬᠠᠮᠳᠤ ᠶᠢᠨ ᠲᠠᠨᠢᠯᠳᠠ ᠲᠠᠢ ᠪᠤᠯᠵᠤ᠂ ᠰᠢᠢᠳᠪᠤᠷᠢᠳᠤ ᠪᠤᠳᠤᠯᠭ᠎ᠠ ᠶᠢ ᠲᠡᠬᠦᠯᠳᠡᠷᠵᠢᠬᠦᠯᠤᠨ᠂ ᠬᠥᠭᠵᠢᠯᠳᠡ ᠶᠢ ᠬᠤᠷᠳᠤᠳᠬᠠᠬᠤ ᠪᠠᠷ ᠴᠢᠷᠮᠠᠶᠢᠬᠤ ᠬᠡᠷᠡᠭᠳᠠᠢ᠃ ᠬᠤᠷᠠᠯ ᠬᠢᠵᠤ ᠬᠢᠨᠠᠯᠳᠠ ᠲᠠᠯᠪᠢᠬᠤ᠂ ᠪᠠᠶᠢᠴᠠᠭᠠᠨ ᠦᠵᠡᠵᠤ ᠬᠢᠨᠠᠯᠳᠠ ᠲᠠᠯᠪᠢᠬᠤ᠂ ᠲᠤᠰᠬᠠᠢ ᠬᠢᠨᠠᠯᠳᠠ ᠲᠠᠯᠪᠢᠬᠤ ᠪᠠ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠵᠡᠷᠭᠡ ᠬᠢᠨᠠᠯᠳᠠ ᠲᠠᠯᠪᠢᠬᠤ ᠬᠡᠯᠪᠡᠷᠢ ᠶᠢ ᠲᠡᠬᠦᠯᠳᠡᠷᠵᠢᠬᠦᠯᠤᠨ᠂ ᠭᠤᠤᠯᠳᠠᠯᠭ᠎ᠠ ᠶᠢ ᠠᠳᠬᠤᠨ ᠶᠡᠭᠡ ᠶᠠᠪᠤᠳᠠᠯ ᠢ ᠰᠢᠪᠠᠳᠠᠵᠤ᠂ ᠲᠦᠪᠯᠡᠷᠡᠯ ᠤᠨ ᠴᠡᠭ ᠢ ᠠᠳᠬᠤᠨ ᠪᠡᠷᠭᠡ ᠶᠠᠪᠤᠳᠠᠯ ᠢ ᠰᠢᠢᠳᠪᠤᠷᠢᠯᠡᠵᠤ᠂ ᠬᠠᠯᠠᠭᠤᠨ ᠴᠡᠭ ᠢ ᠠᠳᠬᠤᠨ ᠪᠠᠴᠢᠮ ᠶᠠᠪᠤᠳᠠᠯ ᠳᠤ ᠬᠠᠪᠰᠤᠷᠴᠤ᠂ ᠦᠨᠡᠨ ᠦᠭᠡ ᠲᠤᠰᠠᠳᠠᠢ ᠦᠭᠡ ᠶᠢ ᠢᠯᠡᠬᠦᠭᠡᠨ ᠬᠡᠯᠡᠵᠤ᠂ ᠬᠤᠭᠤᠰᠤᠨ ᠦᠭᠡ ᠬᠡᠪᠰᠢᠮᠠᠯ ᠦᠭᠡ ᠶᠠᠩ ᠤᠨ ᠦᠭᠡ ᠶᠢ ᠬᠡᠯᠡᠬᠦ ᠦᠭᠡᠢ ᠪᠠᠶᠢᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠬᠤᠷᠳᠤᠳᠬᠠᠨ᠂ ᠪᠤᠳᠠᠳᠤ ᠪᠦᠳᠤᠮᠵᠢ ᠤᠯᠬᠤ ᠬᠡᠷᠡᠭᠳᠠᠢ᠃ ᠡᠯ᠎ᠠ ᠬᠥᠷᠢᠶ᠎ᠡ᠂ ᠡᠯ᠎ᠠ ᠠᠵᠢᠯ ᠲᠦᠷᠤᠯ ᠤᠨ ᠨᠦᠬᠦᠷᠯᠡᠯ ᠰᠤᠯᠢᠯᠴᠠᠭ᠎ᠠ ᠶᠢ ᠴᠢᠩᠭᠠᠳᠬᠠᠨ᠂ ᠤᠯᠤᠰ ᠲᠦᠷᠤ ᠶᠢᠨ ᠵᠦᠪᠯᠡᠯᠭᠡᠨ ᠤ ᠦᠷᠭᠡᠨ ᠲᠡᠯᠭᠡᠷ ᠬᠠᠷᠢᠯᠴᠠᠭ᠎ᠠ ᠲᠠᠢ᠂ ᠬᠠᠷᠢᠴᠠᠭ᠎ᠠ ᠬᠤᠯᠪᠤᠭ᠎ᠠ ᠪᠠᠶᠠᠯᠢᠭ ᠪᠠᠶᠢᠭ᠎ᠠ ᠲᠠᠪᠠᠭᠤᠯᠢᠭ ᠢ ᠬᠥᠢᠴᠡᠳ ᠪᠠᠳᠠᠷᠠᠭᠤᠯᠵᠤ᠂ ᠬᠤᠯᠪᠤᠵᠤ ᠵᠠᠭᠤᠴᠢᠯᠠᠬᠤ᠂ ᠲᠠᠨᠢᠯᠴᠠᠭᠤᠯᠵᠤ ᠬᠤᠳᠠᠯᠳᠤᠭᠠᠴᠢᠨ ᠤᠷᠢᠬᠤ᠂ ᠰᠤᠯᠢᠯᠴᠠᠨ ᠬᠠᠮᠳᠤᠷᠠᠯᠴᠠᠬᠤ ᠵᠡᠷᠭᠡ ᠲᠠᠯ᠎ᠠ ᠶᠢᠨ ᠠᠵᠢᠯ ᠢ ᠢᠯᠡᠬᠦᠭᠡᠨ ᠬᠢᠵᠤ᠂ ᠠᠷᠭ᠎ᠠ ᠪᠦᠬᠦᠨ ᠢ ᠰᠦᠪᠡᠭᠴᠢᠯᠡᠵᠤ ᠪᠠᠶᠢᠭᠠᠳ ᠲᠦᠷᠤᠯ ᠵᠦᠢᠯ᠂ ᠪᠡᠯᠡ ᠮᠦᠩᠬᠦ᠂ ᠴᠢᠳᠠᠪᠤᠷᠢᠳᠠᠨ ᠪᠠ ᠮᠡᠷᠭᠡᠵᠢᠯ ᠢ ᠨᠡᠩ ᠤᠯᠠᠨ ᠤᠷᠤᠭᠤᠯᠤᠨ ᠠᠪᠴᠢᠷᠠᠵᠤ᠂ ᠮᠠᠨ ᠤ ᠬᠤᠳᠠ ᠶᠢᠨ ᠡᠯ᠎ᠠ ᠵᠦᠢᠯ ᠤᠨ ᠠᠵᠢᠯ ᠦᠢᠯᠡᠰ ᠤᠨ ᠬᠥᠭᠵᠢᠯᠳᠡ ᠶᠢ ᠬᠠᠮᠳᠤ ᠎ ᠪᠠᠷ ᠠᠬᠢᠭᠤᠯᠬᠤ ᠬᠡᠷᠡᠭᠳᠠᠢ᠃ ᠭᠤᠷᠪᠠ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠢᠮᠠᠭᠳᠠ ᠠᠩᠬᠠᠷᠤᠨ ᠬᠠᠯᠠᠮᠵᠢᠯᠠᠬᠤ ᠬᠡᠷᠡᠭᠳᠠᠢ᠃ 2014 ᠤᠨ ᠳᠤ ᠶᠡᠷᠤᠩᠭᠡᠢ ᠱᠦᠵᠢ ᠰᠢ ᠶᠢᠨ ᠫᠢᠩ ᠮᠠᠨ ᠤ ᠬᠤᠳᠠ ᠶᠢ ᠪᠠᠶᠢᠴᠠᠭᠠᠨ ᠦᠵᠡᠬᠦ ᠳᠡᠭᠡᠨ᠄ ︽ᠠᠷᠠᠳ ᠲᠦᠮᠡᠨ ᠢ ᠰᠡᠳᠬᠢᠯ ᠵᠢᠷᠤᠭᠡᠨ ᠤ ᠪᠠᠨ ᠬᠠᠮᠤᠭ ᠤᠨ ᠲᠡᠭᠡᠳᠤ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠬᠥᠴᠢᠷ ᠵᠤᠪᠠᠯᠠᠩ ᠢ ᠪᠦᠬᠦ ᠬᠥᠴᠤ ᠪᠠᠷ ᠢᠶᠠᠨ ᠰᠢᠢᠳᠪᠤᠷᠢᠯᠡᠬᠦ ᠬᠡᠷᠡᠭᠳᠠᠢ︾ ᠭᠡᠵᠤ ᠴᠢᠬᠤᠯᠠᠴᠢᠯᠠᠪᠠ᠃ ᠬᠤᠳᠠ ᠶᠢᠨ ᠤᠯᠤᠰ ᠲᠦᠷᠤ ᠶᠢᠨ ᠵᠦᠪᠯᠡᠯᠭᠡᠨ ᠪᠤᠯᠤᠨ ᠭᠡᠰᠢᠬᠦᠳ ᠢᠮᠠᠭᠳᠠ ︽ᠠᠷᠠᠳ ᠤᠨ ᠤᠯᠤᠰ ᠲᠦᠷᠤ ᠶᠢᠨ ᠵᠦᠪᠯᠡᠯᠭᠡᠨ ᠨᠢ ᠠᠷᠠᠳ ᠲᠦᠮᠡᠨ ᠤ ᠲᠦᠯᠤᠭᠡ︾ ᠭᠡᠬᠦ ᠲᠤᠯᠭᠤᠷ ᠵᠤᠷᠢᠯᠳᠠ ᠪᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠦᠷᠭᠡᠨ ᠤᠯᠠᠨ ᠲᠦᠮᠡᠨ ᠤ ᠦᠨᠳᠤᠰᠤᠨ ᠠᠰᠢᠭ ᠲᠤᠰᠠ ᠶᠢ ᠰᠠᠶᠢᠳᠤᠷ ᠪᠡᠶᠡᠯᠡᠬᠦᠯᠬᠦ᠂ ᠰᠠᠶᠢᠳᠤᠷ ᠬᠠᠮᠠᠭᠠᠯᠠᠬᠤ᠂ ᠰᠠᠶᠢᠳᠤᠷ ᠬᠥᠭᠵᠢᠬᠦᠯᠬᠦ ᠶᠢ ᠵᠠᠰᠠᠭ ᠤᠨ ᠶᠠᠪᠤᠳᠠᠯ ᠳᠤ ᠤᠷᠤᠯᠴᠠᠨ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠬᠦ ᠶᠢᠨ ᠡᠬᠦᠰᠤᠯᠳᠡ ᠪᠠ ᠦᠷ᠎ᠡ ᠳ᠋ᠦᠩ ᠪᠤᠯᠭᠠᠵᠤ᠂ ᠠᠷᠠᠳ ᠤᠨ ᠠᠮᠢᠳᠤᠷᠠᠯ ᠢ ᠤᠯᠤᠰ ᠲᠦᠷᠤ ᠶᠢᠨ ᠵᠦᠪᠯᠡᠯᠭᠡᠨ ᠤ ᠲᠤᠰᠬᠠᠢ ᠰᠡᠳᠤᠪ ᠢᠶᠠᠷ ᠪᠠᠶᠢᠴᠠᠭᠠᠨ ᠰᠤᠳᠤᠯᠬᠤ᠂ ᠰᠠᠨᠠᠯ ᠲᠤᠷᠠᠳᠤᠯᠭ᠎ᠠ ᠲᠤᠷᠠᠳᠬᠤ᠂ ᠪᠠᠶᠢᠴᠠᠭᠠᠨ ᠦᠵᠡᠬᠦ ᠶᠢᠨ ᠲᠦᠷᠤᠬᠦᠤ ᠠᠩᠬᠠᠷᠤᠯ ᠤᠨ ᠲᠦᠪ ᠪᠤᠯᠭᠠᠵᠤ᠂ ᠪᠠᠶᠢᠴᠠᠭᠠᠨ ᠰᠤᠳᠤᠯᠤᠯᠳᠡ ᠶᠢ ᠬᠥᠨᠵᠡᠭᠡᠢ ᠪᠦᠭᠡᠳ ᠰᠢᠰᠲ᠋ᠧᠮ ᠲᠠᠢ ᠦᠷᠨᠢᠬᠦᠯᠤᠨ᠂ ᠠᠷᠠᠳ ᠤᠨ ᠬᠥᠰᠡᠯ ᠢ ᠰᠤᠨᠤᠰᠴᠤ᠂ ᠠᠷᠠᠳ ᠤᠨ ᠰᠠᠨᠠᠭ᠎ᠠ ᠶᠢ ᠲᠤᠰᠬᠠᠨ᠂ ᠤᠯᠠᠨ ᠲᠦᠮᠡᠨ ᠤ ᠦᠨᠡᠨ ᠪᠤᠳᠠᠳᠠᠢ ᠬᠥᠰᠡᠯ ᠡᠷᠡᠮᠡᠯᠵᠠᠯ ᠪᠤᠯᠤᠨ ᠪᠠᠴᠢᠮ ᠲᠤᠯᠭᠠᠮ ᠭᠤᠮᠤᠳᠠᠯ ᠱᠠᠭᠠᠷᠳᠠᠯᠭ᠎ᠠ ᠶᠢ ᠲᠤᠰᠬᠠᠵᠤ᠂ ᠰᠠᠶᠢᠨ ᠰᠠᠨᠠᠯ ᠰᠠᠨᠠᠭᠤᠯᠭ᠎ᠠ ᠪᠠ ᠠᠰᠠᠭᠤᠳᠠᠯ ᠰᠢᠢᠳᠪᠤᠷᠢᠯᠡᠬᠦ ᠠᠷᠭ᠎ᠠ ᠶᠢ ᠲᠤᠷᠠᠳᠤᠨ ᠭᠠᠷᠭᠠᠵᠤ᠂ ᠤᠯᠠᠨ ᠲᠦᠮᠡᠨ ᠤ ᠶᠠᠭᠤ ᠪᠤᠳᠤᠵᠤ ᠪᠠᠶᠢᠬᠤ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠶᠠᠮᠠᠷ ᠠᠵᠢᠯ ᠢ ᠬᠢᠬᠦ ᠴᠢᠬᠤᠯᠠᠳᠠᠢ ᠪᠠᠶᠢᠬᠤ ᠎ ᠶᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠴᠠᠭ ᠲᠤᠬᠠᠢ ᠳᠤᠨᠢ ᠦᠢᠯᠠᠭᠠᠭᠤᠯᠵᠤ᠂ ᠡᠯ᠎ᠠ ᠵᠦᠢᠯ ᠤᠨ ᠠᠵᠢᠯ ᠤᠨ ᠠᠨᠢᠰᠤ ᠪᠠ ᠵᠠᠩᠬᠢᠯᠠᠭ᠎ᠠ ᠶᠢ ᠵᠢᠩᠬᠢᠨᠢ ᠠᠳᠬᠤᠨ ᠠᠪᠬᠤ ᠶᠢ ᠦᠨᠡᠨ ᠬᠦ ᠪᠠᠳᠤᠯᠠᠬᠤ ᠬᠡᠷᠡᠭᠳᠠᠢ ᠃ ᠦᠷᠭᠡᠨ ᠤᠯᠠᠨ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠬᠥᠬᠦᠷᠭᠡ ᠪᠠ ᠬᠤᠯᠪᠤᠭᠠᠰᠤ ᠶᠢᠨ ᠦᠢᠯᠡᠳᠤᠯ ᠢ ᠬᠥᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠦᠨᠳᠤᠰᠤᠨ ᠱᠠᠳᠤᠨ ᠳᠤ ᠬᠥᠨᠵᠡᠭᠡᠶᠢᠷᠡᠵᠤ᠂ ᠬᠥᠴᠢᠷᠳᠠᠯ ᠎ ᠲᠠᠢ ᠤᠯᠠᠨ ᠲᠦᠮᠡᠨ᠂ ᠪᠠᠭᠤᠷᠠᠢ ᠬᠠᠮᠳᠤᠯᠢᠭ ᠤᠨ ᠦᠢᠯᠡᠳᠪᠤᠷᠢᠯᠡᠯ ᠠᠮᠢᠳᠤᠷᠠᠯ ᠢ ᠠᠩᠬᠠᠷᠤᠨ ᠬᠠᠯᠠᠮᠵᠢᠯᠠᠵᠤ᠂ ᠢᠳᠡᠪᠬᠢᠳᠠᠢ ᠵᠤᠬᠢᠴᠠᠭᠤᠯᠵᠤ ᠪᠠᠶᠢᠭᠠᠳ ᠪᠤᠳᠠᠳᠠᠢ ᠬᠥᠴᠢᠷᠳᠠᠯ ᠢ ᠨᠢ ᠰᠢᠢᠳᠪᠤᠷᠢᠯᠡᠨ ᠦᠭᠴᠤ᠂ ᠲᠡᠳᠡᠨ ᠳᠤ ᠨᠡᠶᠢᠭᠡᠮ ᠎ ᠤᠨ ᠬᠠᠶᠢᠷ᠎ᠠ ᠬᠠᠯᠠᠮᠵᠢ ᠶᠢ ᠦᠨᠡᠨ ᠪᠤᠳᠠᠳᠠᠢ ᠬᠥᠷᠳᠡᠭᠡᠬᠦ ᠬᠡᠷᠡᠭᠳᠠᠢ᠃ ᠨᠡᠶᠢᠭᠡᠮ ᠤᠨ ᠲᠤᠬᠳᠠᠭᠤᠨ ᠪᠠᠶᠢᠳᠠᠯ ᠢ ᠨᠦᠯᠤᠭᠡᠯᠡᠬᠦ ᠡᠯ᠎ᠠ ᠵᠦᠢᠯ ᠤᠨ ᠬᠥᠴᠤᠨ ᠵᠦᠢᠯ ᠢ ᠨᠢᠬᠳᠠ ᠠᠩᠬᠠᠷᠬᠤ ᠬᠡᠷᠡᠭᠳᠠᠢ᠂ ᠢᠯᠠᠩᠭᠤᠶ᠎ᠠ ᠭᠤᠷᠪᠠᠨ ᠶᠡᠭᠡ ᠪᠡᠷᠭᠡ ᠰᠡᠳᠤᠪ ᠰᠢᠢᠳᠪᠤᠷᠢᠯᠡᠬᠦ ᠲᠠᠶᠢᠨ᠂ ᠭᠠᠵᠠᠷ ᠲᠠᠳᠠᠪᠤᠷᠢᠯᠡᠨ ᠨᠤᠷᠠᠭᠠᠵᠤ ᠨᠡᠬᠦᠯᠭᠡᠬᠦ᠂ ᠨᠡᠶᠢᠭᠡᠮ ᠤᠨ ᠪᠠᠳᠤᠯᠠᠭ᠎ᠠ ᠠᠵᠢᠯ ᠤᠯᠭᠤᠯᠳᠡ ᠵᠡᠷᠭᠡ ᠤᠯᠠᠨ ᠲᠦᠮᠡᠨ ᠤ ᠶᠡᠭᠡ ᠪᠠᠷ ᠠᠩᠬᠠᠷᠤᠯ ᠲᠠᠯᠪᠢᠵᠤ ᠪᠠᠶᠢᠭ᠎ᠠ ᠠᠵᠢᠯ ᠢ ᠬᠢᠬᠦ ᠳᠡᠭᠡᠨ᠂ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠪᠠ ᠲᠠᠶᠢᠯᠪᠤᠷᠢᠯᠠᠯᠳᠠ ᠶᠢ ᠪᠦᠬᠦ ᠲᠠᠯ᠎ᠠ ᠪᠠᠷ ᠰᠠᠶᠢᠳᠤᠷ ᠬᠢᠵᠤ᠂ ᠢᠳᠡᠪᠬᠢᠳᠠᠢ ᠪᠠᠷ ᠡᠷᠡᠭᠡᠯᠵᠡᠭᠡ ᠲᠦᠭᠡᠷᠢᠭᠳᠡᠯ ᠢ ᠠᠯᠳᠠᠷᠠᠭᠠᠨ ᠲᠠᠶᠢᠯᠵᠤ᠂ ᠵᠦᠷᠢᠴᠠᠯ ᠢ ᠠᠷᠢᠯᠭᠠᠨ᠂ ᠦᠭᠡᠷᠡᠴᠢᠯᠠᠯᠳᠠ ᠬᠥᠭᠵᠢᠯᠳᠡ ᠳᠤ ᠨᠡᠩ ᠠᠮᠤᠷ ᠲᠤᠬᠳᠠᠭᠤᠨ ᠡᠮᠬᠢ ᠴᠡᠭᠴᠠ ᠲᠠᠢ᠂ ᠰᠠᠨᠠᠭ᠎ᠠ ᠰᠡᠳᠬᠢᠯᠭᠡ ᠰᠠᠷᠠᠭᠤᠯ ᠠᠭᠤᠳᠠᠮ ᠪᠠᠶᠢᠬᠤ ᠨᠡᠶᠢᠭᠡᠮ ᠤᠨ ᠤᠷᠴᠢᠨ ᠨᠦᠬᠦᠴᠡᠯ ᠢ ᠪᠤᠢ ᠪᠤᠯᠭᠠᠵᠤ ᠦᠭᠬᠦ ᠬᠡᠷᠡᠭᠳᠠᠢ᠃ ᠲᠦᠷᠪᠡ ᠳᠤ ᠲᠤᠰ ᠪᠡᠶ᠎ᠡ ᠶᠢᠨ ᠪᠠᠶᠢᠭᠤᠯᠤᠯᠳᠡ ᠪᠠᠨ ᠬᠥᠴᠤᠯᠡᠨ ᠴᠢᠩᠭᠠᠳᠬᠠᠬᠤ ᠬᠡᠷᠡᠭᠳᠠᠢ᠃ ᠲᠤᠰ ᠪᠡᠶ᠎ᠡ ᠶᠢᠨ ᠪᠠᠶᠢᠭᠤᠯᠤᠯᠳᠡ ᠪᠠᠨ ᠴᠢᠩᠭᠠᠳᠬᠠᠬᠤ ᠪᠤᠯ ᠤᠯᠤᠰ ᠲᠦᠷᠤ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠳᠡ ᠶᠢᠨ ᠡᠬᠦᠷᠭᠡ ᠴᠢᠳᠠᠪᠤᠷᠢ ᠪᠠᠨ ᠬᠥᠢᠴᠡᠳᠭᠡᠬᠦ᠂ ᠠᠵᠢᠯ ᠢᠶᠠᠨ ᠦᠷᠨᠢᠬᠦᠯᠬᠦ ᠶᠢᠨ ᠴᠢᠬᠤᠯᠠ ᠪᠠᠳᠤᠯᠠᠭ᠎ᠠ ᠮᠦᠨ᠃ ᠬᠤᠳᠠ ᠎ ᠶᠢᠨ ᠤᠯᠤᠰ ᠲᠦᠷᠤ ᠶᠢᠨ ᠵᠦᠪᠯᠡᠯᠭᠡᠨ ᠪᠤᠯᠤᠨ ᠦᠷᠭᠡᠨ ᠤᠯᠠᠨ ᠭᠡᠰᠢᠬᠦᠨ ᠴᠠᠭ ᠦᠶ᠎ᠠ ᠲᠠᠢ ᠵᠡᠷᠭᠡ ᠪᠠᠷ ᠤᠷᠤᠬᠰᠢᠯᠠᠬᠤ ᠶᠢ ᠪᠠᠷᠢᠮᠳᠠᠯᠠᠨ᠂ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠰᠢᠨ᠎ᠠ ᠰᠡᠳᠬᠢᠮᠵᠢ᠂ ᠰᠢᠨ᠎ᠠ ᠠᠷᠭ᠎ᠠ ᠮᠠᠶ᠋ᠢᠭ᠂ ᠰᠢᠨ᠎ᠠ ᠠᠷᠭ᠎ᠠ ᠵᠠᠮ ᠢ ᠢᠳᠡᠪᠬᠢᠳᠠᠢ ᠰᠦᠪᠡᠭᠴᠢᠯᠡᠵᠤ᠂ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠬᠦ ᠴᠢᠳᠠᠪᠤᠷᠢ ᠪᠤᠯᠤᠨ ᠠᠵᠢᠯ ᠤᠨ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠠᠢ᠃ ᠤᠨᠤᠯ ᠤᠨ ᠰᠢᠨ᠎ᠠ ᠡᠬᠦᠳᠤᠯᠳᠡ᠂ ᠪᠠᠶᠢᠭᠤᠯᠤᠯ ᠤᠨ ᠰᠢᠨ᠎ᠠ ᠡᠬᠦᠳᠤᠯᠳᠡ ᠪᠤᠯᠤᠨ ᠠᠷᠭ᠎ᠠ ᠶᠢᠨ ᠰᠢᠨ᠎ᠠ ᠡᠬᠦᠳᠤᠯᠳᠡ ᠎ ᠶᠢ ᠦᠷᠬᠦᠯᠵᠢᠯᠡᠨ ᠠᠬᠢᠭᠤᠯᠵᠤ᠂ ᠤᠯᠤᠰ ᠲᠦᠷᠤ ᠶᠢᠨ ᠵᠦᠪᠯᠡᠯᠭᠡ ᠬᠢᠬᠦ ᠰᠢᠨ᠎ᠠ ᠬᠥᠷᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠵᠠᠰᠠᠭ ᠤᠨ ᠶᠠᠪᠤᠳᠠᠯ ᠳᠤ ᠤᠷᠤᠯᠴᠠᠨ ᠲᠦᠷᠤ ᠶᠢᠨ ᠬᠡᠷᠡᠭ ᠢ ᠵᠦᠪᠯᠡᠬᠦ ᠰᠢᠨ᠎ᠠ ᠠᠷᠭ᠎ᠠ ᠵᠠᠮ ᠤᠨ ᠲᠠᠯ᠎ᠠ ᠪᠠᠷ ᠰᠢᠨ᠎ᠠ ᠶᠢ ᠡᠬᠦᠳᠴᠤ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠰᠢᠨ᠎ᠠ ᠬᠡᠯᠪᠡᠷᠢ ᠶᠢ ᠰᠦᠪᠡᠭᠴᠢᠯᠡᠨ᠂ ᠤᠯᠤᠰ ᠲᠦᠷᠤ ᠶᠢᠨ ᠵᠦᠪᠯᠡᠯᠭᠡ ᠬᠢᠬᠦ ᠳᠤ ᠠᠷᠭ᠎ᠠ ᠲᠠᠢ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠨᠢ ᠬᠥᠴᠤᠳᠠᠢ᠂ ᠵᠠᠰᠠᠭ ᠤᠨ ᠶᠠᠪᠤᠳᠠᠯ ᠳᠤ ᠤᠷᠤᠯᠴᠠᠨ ᠲᠦᠷᠤ ᠶᠢᠨ ᠬᠡᠷᠡᠭ ᠢ ᠵᠦᠪᠯᠡᠬᠦ ᠨᠢ ᠪᠦᠳᠤᠮᠵᠢᠳᠠᠢ ᠪᠠᠶᠢᠬᠤ ᠶᠢ ᠪᠡᠶᠡᠯᠡᠬᠦᠯᠵᠤ᠂ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠨᠡᠩ ᠨᠠᠷᠢᠯᠢᠭ ᠤᠨᠤᠴᠠᠳᠠᠢ᠂ ᠨᠡᠩ ᠵᠢᠷᠤᠮᠵᠢᠭᠤᠨ᠂ ᠨᠡᠩ ᠪᠦᠳᠤᠮᠵᠢᠳᠠᠢ ᠪᠤᠯᠭᠠᠬᠤ ᠬᠡᠷᠡᠭᠳᠠᠢ᠃ ᠭᠡᠰᠢᠬᠦᠳ ᠤᠨ ᠤᠬᠠᠮᠰᠠᠷ ᠢ ᠦᠷᠬᠦᠯᠵᠢᠯᠡᠨ ᠴᠢᠩᠭᠠᠳᠬᠠᠵᠤ᠂ ᠭᠡᠰᠢᠬᠦᠨ ᠤ ᠢᠷᠡᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠨ᠂ ᠦᠨᠳᠤᠰᠤᠨ ᠬᠠᠤᠯᠢ ᠬᠠᠤᠯᠢ ᠴᠠᠭᠠᠵᠠ᠂ ᠤᠯᠤᠰ ᠲᠦᠷᠤ ᠶᠢᠨ ᠵᠦᠪᠯᠡᠯᠭᠡᠨ ᠤ ᠲᠦᠷᠢᠮ ᠪᠤᠯᠤᠨ ᠡᠯ᠎ᠠ ᠵᠦᠢᠯ ᠤᠨ ᠰᠠᠬᠢᠯᠭ᠎ᠠ ᠪᠠᠳᠤ ᠲᠦᠷᠢᠮ ᠭᠤᠷᠢᠮ ᠢ ᠬᠢᠴᠢᠶᠡᠩᠬᠦᠶᠢᠯᠡᠨ ᠰᠠᠬᠢᠵᠤ᠂ ᠲᠤᠬᠠᠶᠢᠯᠠᠭᠰᠠᠨ ᠠᠵᠢᠯ ᠤᠨ ᠲᠤᠮᠳᠠᠬᠢ ᠲᠠᠭᠠᠭᠤᠯᠬᠤ ᠦᠢᠯᠡᠳᠤᠯ᠂ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠲᠤᠮᠳᠠᠬᠢ ᠪᠡᠶᠡᠴᠢ ᠴᠤᠭᠴᠠ ᠎ ᠶᠢᠨ ᠦᠢᠯᠡᠳᠤᠯ᠂ ᠡᠳᠡᠭᠡᠳ ᠤᠨ ᠢᠯᠭᠠᠯ ᠤᠨ ᠤᠯᠠᠨ ᠲᠦᠮᠡᠨ ᠤ ᠲᠤᠮᠳᠠᠬᠢ ᠬᠥᠳᠤᠯᠤᠨ ᠲᠠᠭᠠᠭᠤᠯᠬᠤ ᠦᠢᠯᠡᠳᠤᠯ ᠎ ᠢᠶᠠᠨ ᠦᠨᠡᠨ ᠬᠦ ᠰᠠᠶᠢᠳᠤᠷ ᠪᠠᠳᠠᠷᠠᠭᠤᠯᠤᠨ᠂ ᠤᠯᠤᠰ ᠲᠦᠷᠤ ᠶᠢᠨ ᠵᠦᠪᠯᠡᠯᠭᠡᠨ ᠤ ᠦᠭᠡ ᠶᠠᠷᠢᠶ᠎ᠠ ᠶᠢ ᠰᠠᠶᠢᠳᠤᠷ ᠶᠠᠷᠢᠵᠤ᠂ ᠤᠯᠤᠰ ᠲᠦᠷᠤ ᠶᠢᠨ ᠵᠦᠪᠯᠡᠯᠭᠡᠨ ᠤ ᠠᠵᠢᠯ ᠶᠠᠪᠤᠳᠠᠯ ᠢ ᠰᠠᠶᠢᠳᠤᠷ ᠬᠢᠵᠤ᠂ ᠤᠯᠤᠰ ᠲᠦᠷᠤ ᠶᠢᠨ ᠵᠦᠪᠯᠡᠯᠭᠡᠨ ᠤ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠥᠢᠴᠡᠳᠭᠡᠨ᠂ ᠴᠠᠭᠠᠷᠠᠭᠰᠠᠨ ᠰᠤᠷᠳᠠᠯ ᠢᠶᠠᠷ ᠢᠶᠠᠨ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠤ ᠴᠠᠭ ᠦᠶ᠎ᠠ ᠶᠢᠨ ᠴᠤᠭ ᠵᠢᠪᠬᠤᠭ᠎ᠠ ᠶᠢ ᠲᠤᠪᠤᠶᠢᠯᠭᠠᠨ ᠢᠯᠡᠷᠡᠬᠦᠯᠬᠦ ᠬᠡᠷᠡᠭᠳᠠᠢ᠃ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠤᠨ ᠰᠤᠷᠤᠯᠴᠠᠯᠭ᠎ᠠ ᠪᠤᠯᠪᠠᠰᠤᠷᠠᠭᠤᠯᠤᠯ ᠪᠤᠯᠤᠨ ᠦᠢᠯᠡᠴᠢᠯᠡᠭᠡ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠭᠡᠰᠢᠬᠦᠳ ᠤᠨ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠭᠰᠡᠨ ᠪᠠᠶᠢᠳᠠᠯ ᠢ ᠦᠨᠡᠯᠡᠬᠦ᠂ ᠤᠷᠮᠠᠰᠢᠭᠤᠯᠬᠤ ᠪᠠ ᠬᠢᠵᠠᠭᠠᠷᠯᠠᠬᠤ ᠵᠡᠷᠭᠡ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠤᠯᠤᠰ ᠲᠦᠷᠤ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ ᠪᠤᠯᠤᠨ ᠬᠠᠮᠳᠤᠷᠠᠨ ᠠᠵᠢᠯᠯᠠᠬᠤ ᠴᠢᠳᠠᠪᠤᠷᠢ ᠶᠢ ᠲᠡᠰᠤᠷᠠᠯᠳᠠ ᠦᠭᠡᠢ ᠲᠡᠭᠡᠭᠰᠢᠯᠡᠬᠦᠯᠵᠤ᠂ ︽ᠤᠯᠤᠰ ᠲᠦᠷᠤ ᠶᠢᠨ ᠵᠦᠪᠯᠡᠯᠭᠡᠨ ᠢ ᠦᠢᠯᠠᠭᠠᠬᠤ᠂ ᠵᠦᠪᠳᠡᠯᠴᠡᠵᠤ ᠴᠢᠳᠠᠬᠤ᠂ ᠲᠦᠷᠤ ᠶᠢᠨ ᠬᠡᠷᠡᠭ ᠢ ᠴᠢᠳᠠᠮᠠᠭᠠᠢ ᠵᠦᠪᠯᠡᠬᠦ︾ ᠨᠢᠭᠡᠨ ᠰᠠᠯᠠᠭ᠎ᠠ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠳᠠᠢ᠃ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠠᠵᠢᠯ ᠦᠢᠯᠡᠰ ᠪᠤᠯ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠤᠬᠦᠨ ᠬᠡᠰᠡᠭ ᠮᠦᠨ᠂ ᠤᠯᠤᠰ ᠲᠦᠷᠤ ᠶᠢᠨ ᠵᠦᠪᠯᠡᠯᠭᠡᠨ ᠤ ᠠᠵᠢᠯ ᠪᠤᠯ ᠨᠠᠮ ᠤᠨ ᠠᠵᠢᠯ ᠤᠨ ᠴᠢᠬᠤᠯᠠ ᠠᠭᠤᠯᠭ᠎ᠠ ᠮᠦᠨ᠃ ᠬᠤᠳᠠ ᠶᠢᠨ ᠨᠠᠮ ᠤᠨ ᠬᠤᠷᠢᠶ᠎ᠠ ᠦᠩᠭᠡᠷᠡᠭᠰᠡᠨ ᠎ ᠲᠠᠢ ᠨᠢᠭᠡ ᠯᠡ ᠠᠳᠠᠯᠢ ᠪᠠᠷ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠴᠢᠬᠤᠯᠠᠴᠢᠯᠠᠨ ᠲᠡᠮᠵᠢᠵᠤ᠂ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠪᠦᠬᠦ ᠲᠠᠯ᠎ᠠ ᠶᠢᠨ ᠠᠵᠢᠯ ᠳᠤ ᠤᠷᠤᠭᠤᠯᠵᠤ ᠰᠦᠪᠡᠭᠴᠢᠯᠡᠨ ᠠᠬᠢᠭᠤᠯᠵᠤ᠂ ᠤᠯᠤᠰ ᠲᠦᠷᠤ ᠶᠢᠨ ᠵᠦᠪᠯᠡᠯᠭᠡᠨ ᠤ ᠠᠵᠢᠯ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠬᠤ ᠎ ᠶᠢᠨ ᠬᠠᠮᠳᠤ ᠨᠢᠭᠡᠳᠤᠯᠳᠠᠢ ᠲᠦᠯᠤᠪᠯᠡᠨ ᠰᠢᠢᠳᠪᠤᠷᠢᠯᠡᠵᠤ᠂ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠪᠠᠶᠢᠷᠢ ᠰᠠᠭᠤᠷᠢ ᠲᠠᠢ ᠪᠠᠶᠢᠬᠤ᠂ ᠰᠠᠨᠠᠯ ᠲᠤᠷᠠᠳᠤᠯᠭ᠎ᠠ ᠲᠤᠷᠠᠳᠬᠤ ᠵᠠᠪᠰᠢᠶᠠᠨ ᠲᠠᠢ ᠪᠠᠶᠢᠬᠤ᠂ ᠬᠥᠴᠤ ᠭᠠᠷᠭᠠᠬᠤ ᠲᠡᠪᠴᠡᠩ ᠎ ᠲᠠᠢ ᠪᠠᠶᠢᠬᠤ᠂ ᠬᠥᠴᠤ ᠭᠠᠷᠭᠠᠪᠠᠯ ᠤᠯᠤᠯᠳᠡ ᠲᠠᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠠᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠵᠦᠪᠯᠡᠯᠭᠡᠨ ᠤ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠬᠦ ᠎ ᠶᠢ ᠢᠳᠡᠪᠬᠢᠳᠠᠢ ᠲᠡᠮᠵᠢᠵᠤ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠤ᠂ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠨᠤᠰᠤᠨ᠂ ᠤᠯᠤᠰ ᠲᠦᠷᠤ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠴᠠᠭ ᠲᠤᠬᠠᠢ ᠎ ᠳᠤᠨᠢ ᠰᠢᠢᠳᠪᠤᠷᠢᠯᠡᠵᠤ᠂ ᠤᠯᠤᠰ ᠲᠦᠷᠤ ᠶᠢᠨ ᠵᠦᠪᠯᠡᠯᠭᠡᠨ ᠤ ᠵᠠᠰᠠᠭ ᠤᠨ ᠶᠠᠪᠤᠳᠠᠯ ᠳᠤ ᠤᠷᠤᠯᠴᠠᠨ ᠲᠦᠷᠤ ᠶᠢᠨ ᠬᠡᠷᠡᠭ ᠢ ᠵᠦᠪᠯᠡᠭᠰᠡᠨ ᠦᠷ᠎ᠡ ᠳ᠋ᠦᠩ ᠢ ᠰᠤᠳᠤᠯᠬᠤ᠂ ᠰᠢᠩᠭᠡᠭᠡᠬᠦ ᠪᠠ ᠬᠤᠪᠢᠷᠠᠭᠤᠯᠬᠤ ᠶᠢ ᠴᠢᠬᠤᠯᠠᠴᠢᠯᠠᠨ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠤ ᠶᠢᠨ ᠵᠦᠪᠯᠡᠯᠭᠡᠨ ᠤ ᠠᠵᠢᠯ ᠳᠤ ᠴᠢᠬᠤᠯᠠ ᠪᠦᠬᠦᠢ ᠨᠦᠬᠦᠴᠡᠯ ᠬᠠᠩᠭᠠᠵᠤ ᠂ ᠨᠡᠶᠢᠭᠡᠮ ᠲᠠᠶᠠᠭᠠᠷ ᠲᠤ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠴᠢᠬᠤᠯᠠᠴᠢᠯᠠᠨ ᠲᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠤᠢ ᠪᠤᠯᠭᠠᠬᠤ ᠬᠡᠷᠡᠭᠳᠠᠢ᠃ ᠭᠡᠰᠢᠬᠦᠳ ᠡ᠂ ᠨᠦᠬᠦᠳ ᠡ᠂ ᠬᠠᠷᠢᠭᠤᠴᠠᠯᠭᠠᠳᠤ ᠰᠡᠳᠬᠢᠯᠭᠡ ᠪᠠᠶᠢᠪᠠᠯ ᠠᠵᠢᠯ ᠦᠢᠯᠡᠰ ᠦᠭᠡᠳᠡᠯᠡᠵᠤ᠂ ᠬᠠᠳᠠᠭᠤᠵᠢᠯᠲᠠᠢ ᠴᠢᠷᠮᠠᠶᠢᠯᠭ᠎ᠠ ᠪᠠᠶᠢᠪᠠᠯ ᠬᠦᠰᠡᠯ ᠮᠦᠷᠦᠭᠡᠳᠦᠯ ᠪᠡᠶᠡᠯᠡᠭᠳᠡᠨ᠎ᠡ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠤ ᠨᠢᠬᠳᠠᠷᠠᠨ ᠪᠦᠯᠬᠦᠮᠳᠡᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ ᠡᠷᠴᠢ ᠵᠤᠷᠢᠭ ᠢᠶᠠᠨ ᠬᠥᠪᠴᠢᠯᠡᠵᠤ᠂ ᠰᠡᠳᠬᠢᠯ ᠢᠶᠠᠨ ᠨᠢᠬᠳᠠᠷᠠᠭᠤᠯᠤᠨ ᠬᠥᠴᠤᠨ ᠢᠶᠠᠨ ᠲᠦᠪᠯᠡᠷᠡᠬᠦᠯᠵᠤ᠂ ᠨᠢᠭᠡ ᠰᠡᠳᠬᠢᠯ ᠬᠠᠮᠳᠤ ᠶᠢᠨ ᠴᠢᠭᠯᠡᠯ ᠲᠠᠢ ᠪᠠᠶᠢᠵᠤ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠰᠢᠢᠳᠪᠤᠷᠢᠳᠤ ᠢᠯᠠᠯᠳᠠ ᠶᠢ ᠤᠯᠬᠤ᠂ ᠰᠢᠨ᠎ᠠ ᠴᠠᠭ ᠦᠶ᠎ᠠ ᠶᠢᠨ ᠰᠢᠯᠢ ᠶᠢᠨ ᠬᠤᠳᠠ ᠶᠢ ᠪᠦᠳᠤᠭᠡᠨ ᠪᠠᠶᠢᠭᠤᠯᠬᠤ ᠶᠢᠨ ᠲᠦᠯᠤᠭᠡ ᠴᠢᠷᠮᠠᠶᠢᠨ ᠲᠡᠮᠡᠴᠡᠵᠤ᠂ ᠰᠢᠯᠢᠳᠡᠭ ᠠᠮᠵᠢᠯᠳᠠ ᠪᠦᠳᠤᠮᠵᠢ ᠪᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠠ︕
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号