ᠬᠤᠳᠠ ᠶᠢᠨ ᠨᠠᠮ ᠤᠨ ᠬᠤᠷᠢᠶᠠᠨ ᠤ ᠬᠥᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯᠳᠤᠭᠠᠨ | ᠲᠡᠭᠡᠷᠡᠬᠢ ᠶᠠᠷᠢᠶᠠᠨ ᠤ ᠲᠤᠪᠴᠢ | ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂ ᠬᠤᠳᠠ ᠶᠢᠨ ᠲᠡᠳ᠋ ᠲᠠᠷᠤᠭ᠎ᠠ | ᠮᠦᠩᠬᠦᠨ | 2019 ᠤᠨ ᠤ 5 ᠰᠠᠷ᠎ᠠ ᠶᠢᠨ 10 ᠤ ᠡᠳᠤᠷ | ᠨᠦᠬᠦᠳ ᠡ᠄ | ᠰᠠᠶ᠋ᠢᠬᠠᠨ᠂ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠤᠢ | ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ ᠶᠠᠳᠠᠭᠤ ᠶᠢ ᠲᠡᠳᠬᠦᠬᠦ | ᠠᠵᠢᠯ ᠤᠨ ᠠᠯᠪᠠᠨ ᠭᠡᠷ ᠲᠤᠰ ᠲᠤᠰ ᠦᠪᠡᠷ ᠦᠪᠡᠷ ᠤᠨ ᠬᠥᠷᠢᠶ᠎ᠡ ᠲᠠᠢ ᠪᠠᠨ ᠤᠶᠠᠯᠳᠤᠭᠤᠯᠤᠨ ᠡᠨᠡ ᠵᠢᠯ ᠤᠨ ᠡᠯ᠎ᠠ | ᠵᠦᠢᠯ ᠤᠨ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠂ ᠡᠨᠡ ᠲᠣᠬᠠᠢ ᠨᠠ᠊ ᠱᠦᠵᠢ | ᠪᠠᠰᠠ ᠴᠢᠬᠤᠯᠠ ᠶᠠᠷᠢᠶ᠎ᠠ ᠲᠠᠯᠪᠢᠨ᠎ᠠ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠲᠤᠤᠱᠯᠠᠭᠤᠯᠤᠨ ᠰᠠᠶᠢᠲᠣᠷ ᠠᠳᠬᠤᠵᠣ | ᠨᠠᠶᠢᠳᠠᠪᠤᠷᠢᠵᠢᠭᠤᠯᠬᠤ ᠪᠣᠯᠪᠠᠣ᠃ ᠲᠤᠤᠷ᠎ᠠ ᠪᠢ ᠭᠤᠷᠪᠠᠨ ᠲᠠᠯ᠎ᠠ ᠪᠠᠷ ᠰᠠᠨᠠᠯ ᠢᠶᠠᠨ ᠳᠣᠷᠠᠳᠣᠶ᠎ᠠ᠃ | ᠨᠢᠭᠡ᠂ ᠬᠥᠭᠵᠢᠯᠳᠡ ᠶᠢᠨ ᠪᠠᠶᠢᠳᠠᠯ ᠢ ᠲᠤᠳᠤᠷᠬᠠᠢ ᠲᠠᠨᠢᠵᠤ᠂ ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ | ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯ ᠨᠠᠮ ᠤᠨ ᠠᠷᠪᠠ ᠶᠢᠰᠤᠳᠤᠭᠡᠷ | ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠮᠦᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠰᠢᠢᠳᠪᠤᠷᠢᠳᠤ ᠢᠯᠠᠯᠳᠠ ᠶᠢ ᠤᠯᠵᠤ᠂ ᠨᠡᠶᠢᠭᠡᠮ | ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠶᠢᠨ ᠴᠢᠬᠤᠯᠠ ᠶᠡᠭᠡ ᠲᠡᠤᠭᠡᠳᠤ | ᠡᠬᠦᠷᠭᠡ ᠮᠦᠨ᠂ ᠰᠢᠨ᠎ᠠ ᠴᠠᠭ ᠦᠶ᠎ᠠ ᠶᠢᠨ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠤ ᠲᠤᠬᠠᠢ ᠠᠵᠢᠯ ᠤᠨ | ᠶᠡᠷᠤᠩᠭᠡᠢ ᠭᠠᠷᠳᠠᠴᠠ ᠮᠦᠨ᠃ ᠨᠢᠳᠤᠨᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠤ | ᠶᠢᠨ ᠶᠠᠪᠤᠳᠠᠯ ᠤᠨ ᠬᠤᠷᠢᠶ᠎ᠠ ︽ ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ | ᠲᠤᠬᠠᠢ ᠰᠠᠨᠠᠯ︾ ᠢ ᠨᠡᠶᠢᠳᠡᠯᠡᠭᠰᠡᠨ ᠪᠠᠶᠢᠨ᠎ᠠ᠃ ᠡᠨᠡ ᠪᠤᠯ ᠰᠢᠨ᠎ᠠ ᠵᠠᠭᠤᠨ ᠠᠴᠠ ᠨᠠᠰᠢᠬᠢ ᠲᠦᠪ ᠤᠨ ᠨᠢᠭᠡᠳᠤᠭᠡᠷ | ᠲᠤᠭᠠᠳᠤ ᠪᠢᠴᠢᠭ ᠮᠠᠲ᠋ᠧᠷᠢᠶᠠᠯ ᠠᠷᠪᠠᠨ ᠵᠢᠷᠭᠤᠭᠠᠨ ᠵᠢᠯ ᠲᠠᠷᠠᠭᠠᠯᠠᠨ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ | ᠳᠤ ᠠᠩᠬᠠᠷᠤᠯ ᠲᠦᠪᠯᠡᠷᠡᠬᠦᠯᠵᠤ ᠪᠠᠶᠢᠭ᠎ᠠ ᠶᠠᠪᠤᠳᠠᠯ ᠮᠦᠨ᠂ ᠪᠢᠴᠢᠭ ᠮᠠᠲ᠋ᠧᠷᠢᠶᠠᠯ ᠨᠢ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠳᠤᠭᠡᠬᠦ ᠳᠤ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠤ ᠠᠵᠢᠯ ᠤᠨ ᠡᠷᠭᠡᠪᠰᠢ | ᠪᠡᠶᠡᠯᠡᠬᠦᠯᠬᠦ ᠬᠡᠷᠡᠭᠳᠠᠢ ᠬᠠᠳᠠᠭᠤ ᠡᠬᠦᠷᠭᠡ ᠲᠠᠢ ᠪᠠᠷᠢᠮᠵᠢᠶ᠎ᠠ ᠨᠢᠭᠡᠳᠭᠡᠨ᠂ ᠲᠠᠷᠢᠶᠠᠯᠠᠩ ᠬᠥᠳᠡᠭᠡ ᠲᠤᠰᠬᠤᠨ | ᠲᠠᠷᠢᠶᠠᠴᠢᠨ ᠤ ᠠᠵᠢᠯ ᠢ ᠰᠠᠶᠢᠳᠤᠷ ᠬᠢᠬᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠡ ᠬᠢᠭᠰᠡᠨ ᠪᠠᠶᠢᠨ᠎ᠠ᠃ ᠵᠢᠯ | ᠤᠨ ᠡᠬᠢ ᠠᠴᠠ ᠨᠠᠰᠢ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ ᠤᠷᠢᠳ ᠬᠤᠵᠢᠳ ᠬᠥᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠤᠷᠠᠯᠳᠤᠭᠠᠨ ᠢ | ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠬᠥᠳᠡᠭᠡ ᠲᠤᠰᠬᠤᠨ ᠮᠠᠯᠵᠢᠬᠤ ᠤᠷᠤᠨ ᠢ ᠤᠷᠢᠳ ᠢᠶᠠᠷ | ᠬᠥᠭᠵᠢᠬᠦᠯᠬᠦ ᠶᠢ ᠪᠠᠷᠢᠮᠳᠠᠯᠠᠨ᠂ ᠲᠤᠬᠳᠠᠭᠤᠨ ᠪᠠᠶᠢᠯᠭᠠᠬᠤ ᠶᠢᠨ ᠵᠡᠷᠭᠡ ᠳᠤ ᠤᠷᠤᠬᠰᠢᠯᠠᠭᠤᠯᠬᠤ ᠪᠠᠷ ᠴᠢᠷᠮᠠᠶᠢᠬᠤ | ᠠᠵᠢᠯ ᠤᠨ ᠶᠡᠷᠤᠩᠭᠡᠢ ᠬᠥᠭ ᠠᠶᠠᠰ ᠢ ᠪᠠᠳᠤ ᠡᠵᠡᠮᠳᠡᠵᠤ᠂ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ | ᠠᠬᠤᠢ ᠮᠠᠯᠵᠢᠬᠤ ᠤᠷᠤᠨ ᠮᠠᠯᠴᠢᠨ ᠤ ᠡᠯ᠎ᠠ ᠵᠦᠢᠯ ᠤᠨ ᠠᠵᠢᠯ ᠢ ᠯᠠᠪᠳᠠᠭᠤᠨ ᠢᠶᠠᠷ ᠰᠠᠶᠢᠳᠤᠷ ᠬᠢᠬᠦ ᠲᠤᠬᠠᠢ | ᠲᠤᠳᠤᠷᠬᠠᠢ ᠱᠠᠭᠠᠷᠳᠠᠯᠭ᠎ᠠ ᠶᠢ ᠲᠤᠷᠠᠳᠤᠨ ᠭᠠᠷᠭᠠᠵᠤ᠂ ᠲᠤᠭ ᠢ ᠪᠤᠰᠬᠠᠨ᠂ ᠭᠠᠷᠳᠠᠴᠠ ᠶᠢ ᠲᠤᠬᠳᠠᠭᠠᠭᠰᠠᠨ ᠪᠠᠶᠢᠨ᠎ᠠ᠃ | ᠤᠷᠢᠳ ᠢᠶᠠᠷ ᠬᠥᠭᠵᠢᠬᠦᠯᠬᠦ ᠱᠠᠭᠠᠷᠳᠠᠯᠭ᠎ᠠ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠵᠤ ᠴᠢᠳᠠᠬᠤ ᠡᠰᠡᠬᠦ ᠨᠢ | ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠤᠷᠤᠨ ᠮᠠᠯᠴᠢᠨ ᠭᠡᠬᠦ ᠡᠨᠡ ᠬᠦ | ᠪᠠᠶᠢᠯᠳᠤᠬᠤ ᠪᠤᠳᠤᠯᠭ᠎ᠠ ᠶᠢᠨ ᠠᠷᠤ ᠲᠠᠯ᠎ᠠ ᠶᠢ ᠰᠠᠬᠢᠵᠤ ᠲᠠᠶᠢᠯᠬᠦ ᠡᠰᠡᠬᠦ᠂ ᠬᠥᠳᠡᠭᠡ ᠲᠤᠰᠬᠤᠨ ᠮᠠᠯᠵᠢᠬᠤ ᠤᠷᠤᠨ ᠤ | ᠠᠵᠢᠯ ᠤᠨ ᠬᠠᠳᠠᠭᠤ ᠡᠬᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠬᠦᠯᠵᠤ ᠲᠠᠶᠢᠯᠬᠦ ᠡᠰᠡᠬᠦ᠂ ᠲᠠᠷᠢᠶᠠᠯᠠᠩ ᠮᠠᠯ ᠠᠵᠤ | ᠠᠬᠤᠢ ᠶᠢᠨ ᠤᠳᠤᠬᠢᠴᠢᠯᠠᠯᠳᠠ ᠶᠢᠨ ᠬᠠᠷᠠᠯᠳᠠ ᠶᠢ ᠪᠡᠶᠡᠯᠡᠬᠦᠯᠵᠤ ᠲᠠᠶᠢᠯᠬᠦ ᠡᠰᠡᠬᠦ ᠳᠤ ᠰᠢᠭᠤᠳ ᠬᠤᠯᠪᠤᠬᠳᠠᠵᠤ | ᠪᠠᠶᠢᠨ᠎ᠠ᠃ ᠡᠶᠢᠮᠤ ᠠᠴᠠ᠂ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠡᠷᠭᠡᠪᠰᠢ ᠤᠷᠢᠳ ᠢᠶᠠᠷ ᠬᠥᠭᠵᠢᠬᠦᠯᠬᠦ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ | ᠮᠠᠯᠵᠢᠬᠤ ᠤᠷᠤᠨ ᠮᠠᠯᠴᠢᠨ ᠤ ᠠᠵᠢᠯ ᠢ ᠰᠠᠶᠢᠳᠤᠷ ᠬᠢᠬᠦ ᠶᠢᠨ ᠲᠡᠷᠢᠬᠦᠨ ᠴᠢᠬᠤᠯᠠ ᠲᠤᠮᠤ ᠶᠠᠪᠤᠳᠠᠯ ᠪᠤᠯᠭᠠᠵᠤ | ᠡᠬᠦᠷᠭᠡᠯᠡᠨ ᠠᠪᠴᠤ᠂ ᠭᠠᠷ ᠲᠠᠭᠠᠨ ᠠᠳᠬᠤᠵᠤ᠂ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ | ᠮᠠᠯᠵᠢᠬᠤ ᠤᠷᠤᠨ ᠮᠠᠯᠴᠢᠨ ᠤ ᠠᠵᠢᠯ ᠳᠤ ᠤᠷᠤᠰᠢᠵᠤ ᠪᠠᠶᠢᠭ᠎ᠠ ᠬᠡᠯᠡᠬᠦ ᠶᠢ ᠴᠢᠬᠤᠯᠠᠴᠢᠯᠠᠬᠤ᠂ ᠬᠢᠬᠦ ᠶᠢ ᠲᠡᠳ᠋ᠯᠡᠬᠦᠯᠬᠦ᠂ | ᠶᠠᠭᠠᠷᠠᠤ ᠦᠶ᠎ᠠ ᠳᠤ ᠤᠷᠬᠢᠬᠤ ᠦᠵᠡᠭᠳᠡᠯ ᠢ ᠬᠤᠪᠢᠷᠠᠭᠤᠯᠤᠨ᠂ ᠺᠠᠳ᠋ᠷ ᠲᠤᠬᠢᠷᠠᠭᠤᠯᠬᠤ᠂ ᠡᠯᠧᠮᠧᠨ᠋ᠲ ᠲᠤᠬᠢᠷᠠᠭᠤᠯᠬᠤ | ᠂ ᠪᠡᠯᠡ ᠮᠦᠩᠬᠦ ᠤᠷᠤᠭᠤᠯᠬᠤ᠂ ᠤᠯᠠᠨ ᠨᠡᠶᠢᠳᠡ ᠶᠢᠨ ᠦᠢᠯᠡᠴᠢᠯᠡᠭᠡ ᠵᠡᠷᠭᠡ ᠲᠠᠯ᠎ᠠ ᠪᠠᠷ ︽ᠲᠠᠷᠢᠬᠦᠨ ᠲᠠᠯᠪᠢᠬᠤ︾ | ᠶᠢ ᠢᠯᠡᠷᠡᠬᠦᠯᠵᠤ᠂ ᠦᠨᠡᠨ ᠪᠤᠳᠠᠳᠠᠢ ᠦᠢᠯᠡ ᠠᠵᠢᠯᠯᠠᠭ᠎ᠠ ᠪᠠᠷ ᠦᠨᠡᠨ ᠬᠦ ᠦᠷ᠎ᠡ ᠪᠦᠳᠤᠮᠵᠢ ᠤᠯᠬᠤ ᠬᠡᠷᠡᠭᠳᠠᠢ᠃ | ᠨᠢᠳᠤᠨᠤᠨ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠠᠮ ᠤᠨ ᠲᠦᠪ ᠬᠤᠷᠢᠶ᠎ᠠ | ᠂ ᠲᠦᠷᠤ ᠶᠢᠨ ᠶᠠᠪᠤᠳᠠᠯ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠡ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠬᠥᠳᠡᠭᠡ | ᠲᠤᠰᠬᠤᠨ ᠮᠠᠯᠵᠢᠬᠤ ᠤᠷᠤᠨ ᠤ ᠦᠭᠡᠷᠡᠴᠢᠯᠠᠯᠳᠠ ᠬᠥᠭᠵᠢᠯᠳᠡ ᠶᠢ ᠶᠡᠭᠡ ᠪᠠᠷ ᠠᠬᠢᠭᠤᠯᠤᠨ᠂ ᠡᠯ᠎ᠠ ᠵᠦᠢᠯ ᠤᠨ | ᠠᠵᠢᠯ ᠰᠢᠨ᠎ᠠ ᠠᠬᠢᠯᠳᠠ ᠲᠠᠢ ᠪᠤᠯᠵᠤ᠂ ᠰᠢᠨ᠎ᠠ ᠦᠷ᠎ᠡ ᠪᠦᠳᠤᠭᠡᠯ ᠤᠯᠤᠭᠰᠠᠨ ᠪᠠᠶᠢᠨ᠎ᠠ᠃ ᠨᠢᠭᠡ ᠳᠤ ᠮᠠᠯᠵᠢᠬᠤ | ᠤᠷᠤᠨ ᠤ ᠬᠥᠭᠵᠢᠯᠳᠡ ᠶᠢ ᠯᠠᠪᠳᠠᠭᠤᠨ ᠢᠶᠠᠷ ᠠᠬᠢᠭᠤᠯᠪᠠ᠃ ᠮᠠᠯᠵᠢᠬᠤ ᠤᠷᠤᠨ ᠤ ᠭᠤᠷᠪᠠᠨ ᠵᠦᠢᠯ ᠤᠨ | ᠦᠭᠡᠷᠡᠴᠢᠯᠠᠯᠳᠠ ᠶᠢ ᠬᠥᠨᠵᠡᠭᠡᠢ ᠠᠬᠢᠭᠤᠯᠤᠨ᠂ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠤᠯᠤᠰ ᠤᠨ | ᠦᠮᠴᠢᠯᠠᠯ ᠤᠨ ᠭᠠᠵᠠᠷ ᠰᠢᠷᠤᠢ ᠶᠢᠨ ᠡᠷᠭᠡ ᠶᠢᠨ ᠬᠠᠷᠢᠶ᠎ᠠ ᠶᠢᠨ ᠪᠠᠶᠢᠴᠠᠭᠠᠯᠳᠠ ᠶᠢ ᠪᠡᠶᠡᠯᠡᠬᠦᠯᠵᠤ᠂ ᠵᠠᠰᠠᠭ ᠤᠨ | ᠤᠷᠳᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠠᠯ ᠤᠨ ᠲᠠᠷᠢᠶᠠᠯᠠᠩ ᠮᠠᠯᠵᠢᠯ | ᠤᠨ ᠲᠠᠯᠠᠪᠠᠢ ᠶᠢᠨ ᠨᠡᠶᠢᠭᠡᠮ ᠤᠨ ᠡᠬᠦᠷᠭᠡ ᠴᠢᠳᠠᠪᠤᠷᠢ ᠶᠢ ᠰᠠᠯᠭᠠᠪᠠ︔ ᠮᠠᠯᠵᠢᠬᠤ ᠤᠷᠤᠨ ᠤ ᠬᠠᠮᠳᠤ ᠶᠢᠨ ᠦᠮᠴᠢᠯᠡᠯ | ᠤᠨ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠠᠬᠢᠭᠤᠯᠤᠨ᠂ ᠲᠤᠷᠰᠢᠯᠳᠠ ᠬᠢᠬᠦ ᠭᠠᠴᠠᠭ᠎ᠠ ᠶᠢᠨ ᠬᠤᠪᠢ | ᠤᠷᠤᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠶᠢ ᠪᠠᠶᠢᠭᠤᠯᠵᠤ᠂ ᠡᠳ᠋ ᠬᠥᠷᠤᠩᠭᠡ ᠶᠢ ᠪᠦᠷᠢᠳᠭᠡᠵᠤ ᠪᠡᠯᠡ | ᠮᠦᠩᠬᠦ ᠶᠢ ᠬᠠᠷᠭᠤᠭᠤᠯᠬᠤ᠂ ᠪᠦᠷᠢᠯᠳᠤᠬᠦᠨ ᠢ ᠮᠠᠭᠠᠳᠯᠠᠨ ᠲᠤᠬᠳᠠᠭᠠᠬᠤ ᠵᠡᠷᠭᠡ ᠠᠵᠢᠯ ᠢ ᠡᠮᠬᠢ ᠴᠡᠭᠴᠠ ᠲᠠᠢ | ᠠᠬᠢᠭᠤᠯᠪᠠ︔ ᠮᠠᠯᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠬᠤ ᠲᠤᠬᠳᠠᠴᠠ ᠶᠢ ᠪᠠᠶᠢᠭᠤᠯᠤᠭᠰᠠᠨ | ᠬᠠᠷᠢᠴᠠᠯ 75% ᠬᠥᠷᠴᠤ᠂ ᠮᠤᠳᠤᠨ ᠮᠠᠯᠵᠢᠯ ᠤᠨ ᠲᠠᠯᠠᠪᠠᠢ ᠪᠠᠷ ᠭᠤᠤᠯᠯᠠᠭᠤᠯᠤᠭᠰᠠᠨ ᠤᠯᠤᠰ ᠤᠨ ᠲᠠᠷᠢᠶᠠᠯᠠᠩ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠷᠢᠶᠡᠯᠡᠩ ᠲᠤᠭᠤᠷᠢᠭ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ | ᠠᠴᠠ ᠮᠠᠭᠠᠳᠯᠠᠨ ᠲᠤᠬᠳᠠᠭᠠᠵᠤ᠂ ᠤᠯᠤᠰ ᠤᠨ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠠᠭᠤᠰᠤᠯᠳᠤᠭᠤᠯᠤᠨ ᠬᠥᠭᠵᠢᠬᠦᠯᠬᠦ ᠤᠳᠤᠷᠢᠳᠤᠮᠵᠢ ᠤᠷᠤᠨ ᠢ ᠡᠬᠦᠳᠤᠨ ᠪᠠᠶᠢᠭᠤᠯᠬᠤ ᠪᠠᠷ ᠨᠡᠷ᠎ᠡ ᠲᠤᠷᠠᠳᠤᠭᠳᠠᠪᠠ᠃ | ᠮᠠᠯ ᠠᠵᠤ ᠠᠬᠤᠢ ᠶᠢᠨ ᠵᠢᠯ ᠤᠨ ᠪᠤᠳᠠ ᠮᠠᠯ ᠪᠠ ᠪᠤᠭ ᠮᠠᠯ ᠤᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ | 36 ᠲᠦᠮᠡᠨ ᠲᠤᠯᠤᠭᠠᠢ ᠪᠠᠭᠠᠰᠬᠠᠵᠤ᠂ ᠪᠡᠯᠴᠢᠭᠡᠷ ᠤᠨ ᠲᠠᠭᠠᠭᠠᠬᠤ ᠲᠠᠷᠤᠯᠳᠠ ᠶᠢ ᠪᠦᠳᠤᠮᠵᠢᠳᠠᠢ ᠬᠥᠩᠭᠡᠷᠡᠬᠦᠯᠡᠪᠠ᠃ | ︽ᠬᠤᠨᠢ ᠶᠢ ᠴᠦᠭᠡᠳᠭᠡᠨ ᠦᠭᠡᠷ ᠢ ᠨᠡᠮᠡᠭᠳᠡᠬᠦᠯᠬᠦ︾ ᠶᠢ ᠲᠤᠬᠳᠠᠭᠤᠨ ᠢᠶᠠᠷ ᠠᠬᠢᠭᠤᠯᠵᠤ᠂ ᠰᠢᠷ᠎ᠠ ᠦᠭᠡᠷ ᠢ 4 | ᠲᠦᠮᠡᠨ ᠲᠤᠯᠤᠭᠠᠢ ᠰᠠᠶᠢᠵᠢᠷᠠᠭᠤᠯᠪᠠ᠃ ᠲᠤᠷ᠎ᠠ ᠲᠠᠪᠠ ᠪᠠᠷ ᠢᠶᠠᠨ ᠠᠯᠠᠵᠤ ᠨᠢᠳᠤᠯᠬᠤ ᠦᠢᠯᠡ ᠠᠵᠢᠯᠯᠠᠭ᠎ᠠ ᠳᠤ | ᠴᠢᠩᠭ᠎ᠠ ᠴᠤᠬᠢᠯᠳᠠ ᠦᠭᠴᠤ᠂ ᠨᠢᠳᠤᠯᠵᠤ ᠪᠤᠯᠪᠠᠰᠤᠷᠠᠭᠤᠯᠬᠤ ᠠᠵᠤ ᠠᠬᠤᠶᠢᠯᠠᠯ ᠢ ᠵᠢᠷᠤᠮᠵᠢᠭᠤᠯᠤᠨ᠂ ᠨᠦᠬᠦᠴᠡᠯ | ᠳᠤ ᠦᠯᠤ ᠨᠡᠶᠢᠴᠡᠬᠦ ᠠᠯᠠᠵᠤ ᠨᠢᠳᠤᠯᠬᠤ ᠠᠵᠤ ᠠᠬᠤᠶᠢᠯᠠᠯ ᠢ 11 ᠬᠠᠭᠠᠵᠤ ᠵᠤᠬᠰᠤᠭᠠᠪᠠ᠃ ᠦᠨᠳᠤᠰᠤᠨ ᠱᠠᠳᠤᠨ | ᠤ ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠡᠷᠬᠦᠭᠡᠨ᠂ ᠰᠦᠯᠵᠢᠶᠠᠨ ᠲᠡᠭᠡᠷᠡᠬᠢ ︽ᠬᠠᠩᠭᠠᠨ ᠪᠤᠷᠤᠯᠠᠭᠤᠯᠬᠤ e ᠭᠡᠷ | ︾ ᠪᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠪ ᠢ ᠭᠠᠷᠭᠠᠪᠠ᠃ ᠮᠠᠯᠵᠢᠬᠤ ᠤᠷᠤᠨ ᠤ ᠰᠠᠭᠤᠷᠢ | ᠲᠦᠬᠦᠭᠡᠷᠤᠮᠵᠢ ᠶᠢᠨ ᠪᠠᠶᠢᠭᠤᠯᠤᠯᠳᠡ ᠶᠢ ᠠᠬᠢᠭᠤᠯᠤᠨ᠂ ᠲᠤᠯᠠᠭᠠᠨ ᠰᠠᠷᠡᠪᠴᠢ ᠶᠢ 3 ᠲᠦᠮᠡᠨ ᠲᠡᠭᠰᠢ ᠲᠦᠷᠪᠡᠯᠵᠢᠨ | ᠮᠧᠲᠷ ᠰᠢᠨ᠎ᠠ ᠪᠠᠷ ᠪᠠᠶᠢᠭᠤᠯᠵᠤ᠂ ᠬᠠᠰᠢᠶᠠᠯᠠᠨ ᠦᠷᠡᠵᠢᠬᠦᠯᠬᠦ ᠲᠠᠯᠠᠪᠠᠢ ᠶᠢ 18 ᠲᠦᠮᠡᠨ ᠮᠤ᠋ ᠰᠢᠨ᠎ᠠ ᠪᠠᠷ | ᠪᠠᠶᠢᠭᠤᠯᠵᠤ᠂ ᠤᠰᠤᠨ ᠤ ᠡᠬᠢ ᠬᠤᠳᠳᠤᠭ 71 ᠰᠢᠨ᠎ᠠ ᠪᠠᠷ ᠮᠠᠯᠲᠠᠵᠣ᠂ ᠬᠥᠳᠡᠭᠡ ᠲᠤᠰᠬᠤᠨ ᠤ ᠴᠠᠬᠢᠯᠭᠠᠨ | ᠲᠤᠤᠷ ᠢ 120 ᠺᠢᠯᠤᠮᠧᠲᠷ ᠲᠡᠰ ᠲᠡᠪᠰᠢᠬᠦᠯᠤᠨ ᠦᠭᠡᠷᠡᠴᠢᠯᠡᠵᠤ᠂ ᠰᠢᠨ᠎ᠠ ᠡᠨᠧᠷᠬᠢ ᠶᠢᠨ ᠰᠤᠷᠪᠤᠯᠵᠢ ᠶᠢᠨ ᠲᠤᠤᠷ | ᠰᠢᠯᠵᠢᠭᠰᠡᠨ ᠴᠠᠬᠢᠯᠭᠠᠨ ᠢ 156 ᠡᠷᠤᠭᠡ ᠳᠤ ᠤᠷᠤᠭᠤᠯᠪᠠ᠃ ᠬᠤᠶᠠᠷ ᠲᠤ ᠠᠮᠢ ᠠᠬᠤᠢ ᠶᠢᠨ ᠬᠠᠮᠠᠭᠠᠯᠠᠯᠳᠠ ᠶᠢ | ᠦᠷᠬᠦᠯᠵᠢᠯᠡᠨ ᠴᠢᠩᠭᠠᠳᠬᠠᠪᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ | ᠤᠨ ᠲᠦᠷᠤ ᠶᠢᠨ ᠪᠤᠳᠤᠯᠭ᠎ᠠ ᠵᠢᠴᠢ ᠬᠠᠪᠤᠷ ᠤᠨ ᠤᠯᠠᠷᠢᠯ ᠤᠨ ᠪᠡᠯᠴᠢᠭᠡᠷ ᠡᠪᠡᠰᠣ ᠨᠣᠭᠤᠭᠠᠷᠠᠬᠤ ᠬᠤᠭᠤᠴᠠᠭᠠᠨ ᠳᠤ | ᠮᠠᠯᠵᠢᠬᠤ ᠶᠢ ᠵᠤᠬᠰᠤᠭᠠᠬᠤ ᠲᠦᠷᠤ ᠶᠢᠨ ᠪᠤᠳᠤᠯᠭ᠎ᠠ ᠶᠢ ᠯᠠᠪᠳᠠᠭᠤᠨ ᠪᠠᠳᠤᠳᠠᠢ ᠠᠬᠢᠭᠤᠯᠪᠠ᠃ ᠡᠪᠡᠰᠤ ᠪᠡᠯᠴᠢᠭᠡᠷ | ᠮᠠᠯ ᠤᠨᠤᠭ᠎ᠠ ᠶᠢ ᠲᠡᠩᠴᠡᠬᠦᠷᠢᠰᠢᠬᠦᠯᠬᠦ ᠪᠠ ᠮᠠᠯᠵᠢᠬᠤ ᠶᠢ ᠵᠤᠬᠰᠤᠭᠠᠬᠤ ᠲᠦᠷᠢᠮ ᠢ ᠨᠠᠶᠢᠳᠠᠪᠤᠷᠢᠵᠢᠭᠤᠯᠬᠤ ᠶᠢ | ᠨᠦᠬᠦᠪᠤᠷᠢ ᠪᠡᠯᠡ ᠮᠦᠩᠬᠦ ᠲᠠᠢ ᠬᠤᠯᠪᠤᠬᠳᠠᠭᠤᠯᠬᠤ ᠲᠤᠬᠳᠠᠴᠠ ᠶᠢ ᠬᠡᠷᠡᠭᠵᠢᠬᠦᠯᠪᠠ᠃ ᠠᠮᠢ ᠠᠬᠤᠢ ᠶᠢᠨ ᠤᠯᠠᠭᠠᠨ | ᠱᠤᠭᠤᠮ ᠢ ᠵᠠᠭᠠᠭᠯᠠᠨ ᠲᠤᠬᠳᠠᠭᠠᠬᠤ ᠠᠵᠢᠯ ᠢ ᠲᠡᠬᠦᠯᠳᠡᠷᠵᠢᠬᠦᠯᠤᠨ᠂ ᠬᠤᠳᠠ ᠶᠢᠨ ᠬᠠᠮᠠᠭᠠᠯᠠᠯᠳᠠ ᠶᠢᠨ ᠤᠢ ᠶᠢ | ᠠᠷᠠᠴᠢᠯᠠᠨ ᠪᠤᠶᠢᠵᠢᠭᠤᠯᠵᠤ ᠬᠠᠮᠢᠶᠠᠷᠬᠤ ᠶᠢ ᠴᠢᠩᠭᠠᠳᠬᠠᠵᠤ᠂ ᠭᠠᠵᠠᠷ ᠰᠢᠨᠵᠢᠯᠡᠭᠡᠨ ᠤ ᠤᠷᠴᠢᠨ ᠠᠬᠤᠢ ᠶᠢᠨ | ᠵᠠᠰᠠᠯᠳᠠ ᠶᠢ ᠠᠬᠢᠭᠤᠯᠪᠠ᠃ ᠤᠢ ᠰᠢᠭᠤᠢ ᠨᠤᠳᠤᠭ ᠪᠡᠯᠴᠢᠭᠡᠷ ᠤᠨ ᠬᠠᠤᠯᠢ ᠬᠡᠷᠡᠭᠵᠢᠬᠦᠯᠤᠯᠳᠡ ᠬᠢᠨᠠᠨ ᠬᠠᠮᠢᠶᠠᠷᠤᠯᠳᠠ | ᠶᠢᠨ ᠡᠷᠴᠢᠮ ᠢ ᠴᠢᠩᠭᠠᠷᠠᠭᠤᠯᠤᠨ᠂ ᠠᠮᠢ ᠠᠬᠤᠢ ᠶᠢᠨ ᠡᠬᠢ ᠪᠠᠶᠠᠯᠢᠭ ᠢ ᠲᠠᠳᠠᠪᠤᠷᠢᠯᠠᠬᠤ ᠡᠵᠡᠯᠡᠬᠦ ᠬᠡᠷᠡᠭᠯᠡᠬᠦ ᠠᠴᠠ | ᠡᠮᠤᠨᠡᠬᠢ ᠬᠢᠨᠠᠨ ᠪᠠᠶᠢᠴᠠᠭᠠᠯᠳᠠ᠂ ᠬᠢᠨᠠᠨ ᠬᠠᠷᠭᠤᠭᠤᠯᠤᠯᠳᠡ ᠪᠠ ᠤᠬᠤᠷᠢᠨ ᠭᠠᠷᠬᠤ ᠲᠤᠬᠳᠠᠴᠠ ᠶᠢ ᠬᠠᠤᠯᠢ | ᠶᠤᠰᠤᠭᠠᠷ ᠴᠢᠩᠭ᠎ᠠ ᠬᠡᠷᠡᠭᠵᠢᠬᠦᠯᠪᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ | ᠲᠦᠷᠢᠮ ᠢ ᠬᠡᠷᠡᠭᠵᠢᠬᠦᠯᠤᠨ᠂ ᠭᠤᠤᠯ ᠤᠨ ᠲᠠᠷᠤᠭ᠎ᠠ ᠨᠠᠭᠤᠷ ᠤᠨ ᠲᠠᠷᠤᠭ᠎ᠠ ᠶᠢᠨ ᠲᠦᠷᠢᠮ ᠢ ᠶᠠᠪᠤᠭᠤᠯᠵᠤ᠂ ︽ᠨᠢᠭᠡ | ᠭᠤᠤᠯ ︵ᠨᠠᠭᠤᠷ︶ ᠳᠤ ᠨᠢᠭᠡ ᠲᠦᠷᠤ ᠶᠢᠨ ᠪᠤᠳᠤᠯᠭ᠎ᠠ ᠬᠡᠷᠡᠭᠵᠢᠬᠦᠯᠬᠦ︾᠂ ︽ᠨᠢᠭᠡ ᠭᠤᠤᠯ ︵ᠨᠠᠭᠤᠷ︶ ᠲᠤ | ᠨᠢᠭᠡ ᠲᠠᠩᠰᠠ ᠡᠪᠭᠡᠮᠡᠯ ᠭᠠᠷᠭᠠᠬᠤ︾ ᠶᠢ ᠪᠠᠶᠢᠭᠤᠯᠤᠨ ᠲᠡᠬᠦᠯᠳᠡᠷᠵᠢᠬᠦᠯᠪᠠ᠃ ᠭᠤᠷᠪᠠ ᠳᠤ ᠶᠠᠳᠠᠭᠤ ᠠᠴᠠ | ᠠᠩᠬᠢᠵᠢᠷᠠᠭᠤᠯᠬᠤ ᠪᠡᠷᠭᠡ ᠰᠡᠳᠤᠪ ᠰᠢᠢᠳᠪᠤᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ ᠨᠠᠷᠢᠯᠢᠭ | ᠣᠨᠣᠪᠴᠢᠲᠠᠢ ᠪᠠᠷ ᠢᠯᠭᠠᠨ ᠲᠠᠨᠢᠬᠤ ᠨᠠᠷᠢᠯᠢᠭ ᠣᠨᠣᠪᠴᠢᠲᠠᠢ ᠪᠠᠷ ᠤᠬᠤᠷᠢᠭᠤᠯᠤᠨ ᠭᠠᠷᠭᠠᠬᠤ ᠶᠢ ︽ᠡᠷᠬᠢᠵᠤ | ᠬᠠᠷᠠᠬᠤ︾ ᠪᠠ ᠶᠠᠳᠠᠭᠤ ᠪᠠᠷ ᠲᠡᠳᠬᠦᠭᠳᠡᠬᠦ ᠡᠳᠡᠭᠡᠳ ᠢ ᠬᠥᠳᠡᠯᠦᠩᠬᠦᠢ ᠪᠠᠷ ᠬᠠᠮᠢᠶᠠᠷᠬᠤ ᠶᠢ ᠯᠠᠪᠳᠠᠭᠤᠨ ᠢᠶᠠᠷ | ᠦᠷᠨᠢᠬᠦᠯᠪᠠ᠃ ᠵᠤᠬᠢᠶᠠᠨ ᠪᠠᠶᠢᠭᠤᠯᠤᠯᠳᠡ ᠶᠢᠨ ᠤᠳᠤᠷᠢᠳᠤᠯᠭ᠎ᠠ᠂ ᠲᠤᠰᠬᠠᠢ ᠰᠡᠳᠤᠪᠳᠤ ᠲᠤᠬᠢᠷᠠᠭᠤᠯᠤᠯᠳᠡ᠂ | ᠲᠤᠰᠬᠠᠢ ᠵᠠᠰᠠᠯᠳᠠ᠂ ᠲᠦᠷᠢᠮ ᠤᠨ ᠪᠠᠳᠤᠯᠠᠭ᠎ᠠ ᠪᠤᠯᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠡᠷᠴᠢᠮ | ᠢ ᠦᠨᠡᠨ ᠬᠦ ᠴᠢᠩᠭᠠᠷᠠᠭᠤᠯᠵᠤ᠂ 18 ᠲᠤᠰᠬᠠᠢ ᠠᠬᠢᠭᠤᠯᠬᠤ ᠲᠤᠭᠤᠶᠢᠯᠠᠩ᠂ ᠡᠯ᠎ᠠ ᠰᠤᠮᠤ ᠪᠠᠯᠭᠠᠰᠤ ᠲᠠᠯᠠᠪᠠᠢ᠂ | ᠭᠠᠴᠠᠭ᠎ᠠ ᠬᠤᠪᠢᠶᠠᠷᠢ ᠲᠠᠯᠠᠪᠠᠢ ᠪᠤᠯᠤᠨ ︽ᠨᠢᠭᠡᠳᠤᠭᠡᠷ ᠱᠦᠵᠢ︾᠂ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ | ᠶᠢᠨ ᠠᠵᠢᠯ ᠢᠯᠡᠳᠳᠡ ᠦᠷ᠎ᠡ ᠪᠦᠳᠤᠮᠵᠢ ᠤᠯᠪᠠ᠃ ᠮᠠᠯᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ | ᠬᠤᠯᠪᠤᠬᠤ᠂ ᠪᠡᠯᠡ ᠬᠥᠷᠤᠩᠭᠡ ᠶᠢᠨ ᠠᠰᠢᠭ ᠤᠷᠤᠯᠭ᠎ᠠ ᠶᠢ ᠬᠤᠪᠢᠶᠠᠷᠢᠯᠠᠬᠤ᠂ ᠲᠠᠯ᠎ᠠ ᠨᠤᠳᠤᠭ ᠤᠨ ᠮᠦᠬᠦ ᠶᠢ | ᠲᠡᠯᠭᠡᠷᠡᠬᠦᠯᠤᠨ ᠲᠤᠷᠰᠢᠨ ᠲᠠᠷᠢᠬᠤ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠠ ᠠᠩᠬ᠎ᠠ | ᠠᠯᠬᠤᠮ ᠤᠨ ᠦᠷ᠎ᠡ ᠪᠦᠳᠤᠮᠵᠢ ᠤᠯᠪᠠ᠃ ᠡᠷᠡᠬᠦᠯ ᠮᠠᠨᠳᠤ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ | ᠤᠨ ᠠᠵᠢᠯᠯᠠᠭᠠᠨ ᠤ ᠲᠦᠯᠤᠪᠯᠡᠭᠡ ᠶᠢ ᠬᠡᠷᠡᠭᠵᠢᠬᠦᠯᠤᠨ᠂ ᠴᠡᠭ ᠲᠤᠬᠳᠠᠭᠠᠭᠰᠠᠨ ᠡᠮᠨᠡᠯᠭᠡ ᠶᠢᠨ ᠪᠠᠶᠢᠭᠤᠯᠤᠮᠵᠢ ᠳᠤ | ᠡᠮᠨᠡᠯᠭᠡ ᠳᠤ ᠰᠠᠭᠤᠪᠠᠯ ᠤᠷᠢᠳ ᠢᠶᠠᠷ ᠤᠨᠤᠰᠢᠯᠠᠨ ᠡᠮᠨᠡᠬᠦᠯᠵᠤ ᠲᠠᠷᠠᠭ᠎ᠠ ᠨᠢ ᠰᠦᠢᠳᠭᠡᠯ ᠲᠤᠰᠢᠶᠠᠬᠤ ᠪᠠ ︽ᠨᠢᠭᠡ | ᠦᠷᠳᠡᠭᠡ ᠶᠢᠨ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠬᠦᠯᠵᠤ᠂ ᠵᠠᠰᠠᠭ ᠤᠨ ᠤᠷᠳᠤᠨ ᠠᠴᠠ ᠶᠠᠳᠠᠭᠤ | ᠬᠥᠴᠢᠷᠳᠠᠯ ᠲᠠᠢ ᠡᠷᠤᠭᠡ ᠶᠢᠨ ᠦᠨᠳᠤᠰᠳ ᠡᠮᠨᠡᠯᠭᠡ ᠶᠢᠨ ᠲᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠵᠠᠷᠤᠳᠠᠯ ᠢ ᠤᠷᠤᠯᠠᠨ ᠲᠤᠰᠢᠶᠠᠬᠤ ᠶᠢ ᠬᠡᠷᠡᠭᠵᠢᠬᠦᠯᠤᠨ᠂ | ᠡᠪᠭᠡᠮᠡᠯ ᠪᠠᠶᠢᠭᠤᠯᠵᠤ ᠺᠠᠷᠲᠯᠠᠨ ᠲᠠᠩᠰᠠᠯᠠᠭᠰᠠᠨ ᠡᠷᠤᠭᠡ ᠳᠤ ᠡᠷᠡᠬᠦᠯ ᠮᠠᠨᠳᠤ ᠶᠢᠨ ᠭᠡᠷ᠎ᠡ ᠲᠤᠬᠳᠠᠵᠤ ᠦᠢᠯᠡᠴᠢᠯᠡᠬᠦ | ᠶᠠᠪᠤᠳᠠᠯ ᠢ ᠨᠡᠶᠢᠳᠡᠮ ᠬᠠᠮᠤᠷᠤᠭᠤᠯᠪᠠ᠃ ᠰᠤᠷᠭᠠᠨ ᠬᠥᠮᠤᠵᠢᠯ᠂ ᠤᠷᠤᠨ ᠰᠠᠭᠤᠴᠠ᠂ ᠤᠰᠤᠨ ᠠᠰᠢᠭᠯᠠᠯᠳᠠ᠂ ᠠᠮᠢ | ᠠᠬᠤᠢ᠂ ᠠᠵᠢᠯ ᠤᠯᠭᠤᠯᠳᠡ᠂ ᠨᠡᠶᠢᠭᠡᠮ ᠤᠨ ᠶᠠᠳᠠᠭᠤ ᠶᠢ ᠲᠡᠳᠬᠦᠬᠦ ᠪᠠ ᠲᠤᠤᠷ᠎ᠠ ᠬᠢᠵᠠᠭᠠᠷ ᠢ ᠪᠠᠳᠤᠯᠠᠬᠤ ᠵᠡᠷᠭᠡ | ᠲᠦᠷᠤ ᠶᠢᠨ ᠪᠤᠳᠤᠯᠭ᠎ᠠ ᠶᠢ ᠪᠦᠳᠤᠮᠵᠢᠳᠠᠢ ᠨᠠᠶᠢᠳᠠᠪᠤᠷᠢᠵᠢᠭᠤᠯᠤᠨ᠂ ᠠᠷᠪᠠᠨ ᠵᠦᠢᠯ ᠤᠨ ︽ᠲᠡᠭ ᠪᠤᠯᠭᠠᠵᠤ | ᠪᠠᠷᠢᠮᠵᠢᠶ᠎ᠠ ᠳᠤ ᠬᠥᠷᠭᠡᠬᠦ︾ ᠶᠢ ᠡᠬᠢᠯᠡᠬᠦᠯᠤᠨ ᠬᠡᠷᠡᠭᠵᠢᠬᠦᠯᠵᠤ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ | ᠪᠠᠳᠤᠯᠠᠬᠤ︾ ᠶᠢ ᠲᠠᠰᠤᠷᠠᠯᠳᠠ ᠦᠭᠡᠢ ᠪᠠᠬᠢᠵᠢᠬᠦᠯᠤᠨ ᠲᠡᠭᠡᠭᠰᠢᠯᠡᠬᠦᠯᠪᠠ᠃ ᠪᠦᠬᠦ ᠬᠤᠳᠠ ᠶᠢᠨ ᠴᠦᠬᠦᠷᠡᠰᠢ ᠦᠭᠡᠢ | ᠴᠢᠷᠮᠠᠶᠢᠯᠭ᠎ᠠ ᠪᠠᠷ ᠲᠡᠮᠵᠢᠨ᠂ 2018 ᠤᠨ ᠳᠤ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 16.4 | ᠳ᠋ᠦᠩᠰᠢᠭᠤᠷ ᠲᠦᠬᠦᠷᠢᠭ ᠪᠡᠶᠡᠯᠡᠬᠦᠯᠤᠨ᠂ 5.9% ᠪᠠᠷ ᠨᠡᠮᠡᠭᠳᠡᠪᠡ︔ ᠮᠠᠯᠵᠢᠬᠤ ᠤᠷᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠤᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 26307 ᠲᠦᠬᠦᠷᠢᠭ ᠲᠤ | ᠬᠥᠷᠴᠤ᠂ 9.3% ᠪᠠᠷ ᠨᠡᠮᠡᠭᠳᠡᠪᠡ᠃ | ᠡᠳᠡᠭᠡᠷ ᠠᠮᠵᠢᠯᠳᠠ ᠶᠢ ᠤᠯᠵᠤ ᠴᠢᠳᠠᠭᠰᠠᠨ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ | ᠪᠠᠶᠢᠬᠰᠠᠨ ᠠᠴᠠ ᠪᠤᠯᠤᠭᠰᠠᠨ ᠶᠤᠮ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠳᠤ | ᠴᠢᠩᠭ᠎ᠠ ᠤᠳᠤᠷᠢᠳᠤᠯᠭ᠎ᠠ ᠪᠠᠶᠢᠬᠰᠠᠨ ᠠᠴᠠ ᠪᠤᠯᠤᠭᠰᠠᠨ ᠶᠤᠮ᠂ ᠪᠦᠬᠦ ᠬᠤᠳᠠ ᠶᠢᠨ ᠦᠨᠳᠤᠰᠤᠳᠡᠨ ᠨᠦᠭᠦᠳ ᠤᠨ | ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠴᠠ | ᠪᠤᠯᠤᠭᠰᠠᠨ ᠶᠤᠮ᠃ ᠠᠳᠡ᠂ ᠪᠢ ᠬᠤᠳᠠ ᠶᠢᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠡᠮᠤᠨ᠎ᠠ ᠠᠴᠠ᠂ | ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠤᠷᠤᠨ ᠮᠠᠯᠴᠢᠨ ᠤ ᠠᠵᠢᠯ ᠤᠨ ᠹᠷᠤᠨᠲ | ᠲᠤ ᠤᠷᠳᠤ ᠬᠤᠭᠤᠴᠠᠭ᠎ᠠ ᠪᠠᠷ ᠪᠠᠭᠠᠳᠤᠷᠯᠠᠨ ᠪᠠᠶᠢᠯᠳᠤᠵᠤ ᠢᠷᠡᠭᠰᠡᠨ ᠨᠦᠬᠦᠳ ᠲᠤ ᠴᠢᠩ ᠰᠡᠳᠬᠢᠯ ᠤᠨ ᠲᠠᠯᠠᠷᠬᠠᠯ | ᠲᠡᠪᠰᠢᠬᠦᠯᠵᠤ᠂ ᠡᠷᠭᠢᠮ ᠲᠡᠭᠡᠳᠤ ᠬᠥᠨᠳᠤᠳᠭᠡᠯ ᠲᠡᠪᠰᠢᠬᠦᠯᠤᠶᠠ︕ | ᠡᠨᠡ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠳᠤᠭᠡᠬᠦ ᠵᠠᠩᠬᠢᠯᠠᠭ᠎ᠠ ᠶᠢᠨ ᠵᠢᠯ ᠮᠦᠨ᠃ ᠲᠦᠪ ᠤᠨ ᠨᠢᠭᠡᠳᠤᠭᠡᠷ ᠲᠤᠭᠠᠳᠤ ᠪᠢᠴᠢᠭ | ᠮᠠᠲ᠋ᠧᠷᠢᠶᠠᠯ ᠳᠤ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠤ ᠠᠵᠢᠯ ᠢ ᠰᠠᠶᠢᠳᠤᠷ ᠬᠢᠬᠦ ᠳᠤ ᠡᠷᠭᠡᠪᠰᠢ | ᠲᠠᠷᠢᠶᠠᠯᠠᠩ ᠬᠥᠳᠡᠭᠡ ᠲᠤᠰᠬᠤᠨ ᠢ ᠤᠷᠢᠳ ᠢᠶᠠᠷ ᠬᠥᠭᠵᠢᠬᠦᠯᠬᠦ ᠶᠡᠷᠤᠩᠭᠡᠢ ᠴᠢᠭᠯᠡᠯᠳᠡ ᠶᠢ ᠪᠠᠷᠢᠮᠳᠠᠯᠠᠨ᠂ ᠬᠥᠳᠡᠭᠡ | ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠶᠡᠷᠤᠩᠭᠡᠢ ᠭᠠᠷᠳᠠᠴᠠ ᠪᠤᠯᠭᠠᠬᠤ ᠬᠡᠷᠡᠭᠳᠠᠢ | ᠲᠤᠳᠤᠷᠬᠠᠢ ᠵᠢᠭᠠᠨ ᠭᠠᠷᠭᠠᠵᠤ᠂ ︽ᠨᠠᠷᠢᠯᠢᠭ ᠣᠨᠣᠪᠴᠢᠲᠠᠢ ᠪᠠᠷ ᠪᠤᠳᠤᠯᠭ᠎ᠠ ᠬᠡᠷᠡᠭᠵᠢᠬᠦᠯᠬᠦ ᠳᠤ ᠬᠥᠴᠤ ᠪᠠᠨ | ᠲᠦᠪᠯᠡᠷᠡᠬᠦᠯᠤᠨ᠂ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠤᠪ ᠰᠢᠢᠳᠪᠤᠷᠢᠯᠡᠬᠦ ᠰᠢᠢᠳᠪᠤᠷᠢᠳᠤ ᠲᠠᠶᠢᠨ ᠤ | ᠰᠢᠢᠳᠪᠤᠷᠢᠳᠤ ᠢᠯᠠᠯᠳᠠ ᠶᠢ ᠤᠯᠬᠤ︔ ᠲᠠᠷᠢᠶᠠᠯᠠᠩ ᠤᠨ ᠰᠠᠭᠤᠷᠢ ᠶᠢ ᠪᠠᠬᠢᠵᠢᠬᠦᠯᠤᠨ᠂ ᠭᠤᠤᠯ ᠪᠤᠯᠬᠤ ᠲᠠᠷᠢᠶᠠᠯᠠᠩ | ᠤᠨ ᠪᠦᠳᠤᠭᠡᠭᠳᠡᠬᠦᠨ ᠤ ᠪᠦᠳᠤᠮᠵᠢᠳᠠᠢ ᠬᠠᠩᠭᠠᠯᠭ᠎ᠠ ᠶᠢ ᠪᠠᠳᠤᠯᠠᠬᠤ︔ ᠬᠥᠳᠡᠭᠡ ᠲᠤᠰᠬᠤᠨ ᠤ ᠪᠦᠳᠤᠭᠡᠨ | ᠪᠠᠶᠢᠭᠤᠯᠤᠯᠳᠡ ᠶᠢ ᠯᠠᠪᠳᠠᠭᠤᠨ ᠢᠶᠠᠷ ᠠᠬᠢᠭᠤᠯᠤᠨ᠂ ᠬᠥᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ | ᠨᠦᠬᠦᠴᠡᠯ ᠪᠤᠯᠤᠨ ᠤᠯᠠᠨ ᠨᠡᠶᠢᠳᠡ ᠶᠢᠨ ᠦᠢᠯᠡᠴᠢᠯᠡᠭᠡ ᠶᠢᠨ ᠲᠤᠳᠠᠭᠤᠳᠠᠯ ᠢ ᠲᠦᠷᠭᠡᠯᠡᠨ ᠨᠦᠬᠦᠪᠤᠷᠢᠯᠡᠬᠦ︾ ᠵᠡᠷᠭᠡ | ᠨᠠᠢᠮᠠᠨ ᠲᠠᠯ᠎ᠠ ᠠᠴᠠ ᠡᠨᠡ ᠵᠢᠯ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠲᠠᠷᠢᠶᠠᠯᠠᠩ ᠬᠥᠳᠡᠭᠡ | ᠲᠤᠰᠬᠤᠨ ᠤ ᠠᠵᠢᠯ ᠤᠨ ᠭᠤᠤᠯᠳᠠᠯᠭ᠎ᠠ ᠲᠠᠢ ᠡᠬᠦᠷᠭᠡ ᠶᠢ ᠲᠤᠷᠠᠳᠤᠨ ᠭᠠᠷᠭᠠᠵᠤ᠂ ᠪᠢᠳᠡᠨ ᠤ ᠲᠠᠷᠢᠶᠠᠯᠠᠩ ᠬᠥᠳᠡᠭᠡ | ᠲᠤᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠤᠷᠤᠨ ᠮᠠᠯᠴᠢᠨ ᠤ ᠠᠵᠢᠯ ᠢ ᠰᠠᠶᠢᠳᠤᠷ ᠬᠢᠬᠦ ᠳᠤ ᠵᠢᠷᠤᠮᠯᠠᠯ | ᠬᠠᠩᠭᠠᠵᠤ ᠦᠭᠬᠦᠭᠰᠡᠨ ᠪᠠᠶᠢᠨ᠎ᠠ᠃ ᠤᠳᠤᠬᠠᠨ ᠳᠤ᠂ ᠮᠠᠨ ᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠤᠷᠢᠯᠡᠯ ᠤᠨ ᠰᠠᠭᠤᠷᠢ ᠮᠦᠨ ᠯᠡ ᠪᠠᠭᠤᠷᠠᠢ ᠪᠠᠶᠢᠵᠤ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ | ᠰᠢᠮ᠎ᠠ ᠶᠢ ᠨᠠᠷᠢᠯᠢᠭ ᠬᠥᠨ ᠪᠤᠯᠪᠠᠰᠤᠷᠠᠭᠤᠯᠬᠤ ᠬᠢᠷᠢ ᠭᠡᠮᠵᠢᠶ᠎ᠠ ᠨᠡᠯᠢᠶᠡᠳ ᠲᠤᠤᠷ᠎ᠠ ᠪᠠᠶᠢᠵᠤ᠂ ᠨᠢᠳᠤᠯᠵᠤ | ᠪᠤᠯᠪᠠᠰᠤᠷᠠᠭᠤᠯᠬᠤ ᠴᠢᠳᠠᠪᠤᠷᠢ ᠬᠠᠷᠢᠴᠠᠩᠭᠤᠢ ᠦᠯᠡᠬᠦᠳᠡᠨ᠂ ᠰᠢᠨ᠎ᠠ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ | ᠶᠢᠨ ᠡᠵᠡᠩᠨᠡᠯᠳᠡ ᠶᠢᠨ ᠰᠢᠰᠲ᠋ᠧᠮ ᠮᠦᠨ ᠯᠡ ᠬᠤᠴᠤᠷᠤᠩᠭᠤᠢ ᠪᠠᠶᠢᠵᠤ᠂ ᠠᠮᠢ ᠠᠬᠤᠢ ᠶᠢᠨ ᠡᠬᠢ ᠪᠠᠶᠠᠯᠢᠭ ᠤᠨ | ᠤᠷᠤᠨ ᠵᠠᠢ ᠬᠠᠷᠢᠴᠠᠩᠭᠤᠢ ᠬᠢᠵᠠᠭᠠᠷᠳᠠᠢ ᠪᠠᠶᠢᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠠᠪᠤᠳᠠᠯ | ᠮᠦᠨ ᠯᠡ ᠠᠩᠬᠠᠨ ᠤ ᠱᠠᠳᠤᠨ ᠳᠠᠭᠠᠨ ᠤᠷᠤᠰᠢᠵᠤ ᠪᠠᠶᠢᠨ᠎ᠠ᠃ ᠡᠶᠢᠮᠤ ᠠᠴᠠ᠂ ᠤᠯᠠᠨ ᠢᠶᠠᠷ ᠢᠶᠠᠨ ᠵᠠᠪᠠᠯ ᠲᠠᠨᠢᠯᠳᠠ | ᠪᠠᠨ ᠬᠥᠨᠵᠡᠭᠡᠶᠢᠷᠡᠬᠦᠯᠤᠨ᠂ ᠢᠳᠡᠭᠡᠯ ᠢᠶᠠᠨ ᠪᠠᠳᠤᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ | ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠤᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠡ ᠪᠤᠯᠤᠨ ᠪᠦᠬᠦ ᠬᠤᠳᠠ ᠶᠢᠨ ᠠᠵᠢᠯ ᠤᠨ ᠱᠠᠭᠠᠷᠳᠠᠯᠭ᠎ᠠ ᠲᠡᠭᠡᠷ᠎ᠡ ᠦᠨᠡᠨ ᠬᠦ | ᠨᠢᠭᠡᠳᠭᠡᠵᠤ᠂ ᠵᠠᠩᠬᠢᠯᠠᠭ᠎ᠠ ᠶᠢ ᠠᠳᠬᠤᠨ ᠬᠠᠷᠠᠯᠳᠠ ᠲᠠᠢ ᠪᠠᠷ ᠬᠥᠴᠤᠯᠡᠵᠤ᠂ ᠬᠢᠯᠪᠡᠷ ᠪᠤᠰᠤ ᠪᠠᠷ ᠤᠯᠤᠭᠰᠠᠨ | ᠬᠥᠭᠵᠢᠯᠳᠡ ᠶᠢᠨ ᠪᠠᠶᠢᠳᠠᠯ ᠪᠠ ᠲᠡᠤᠭᠡᠨ ᠵᠠᠪᠰᠢᠶᠠᠨ ᠢ ᠰᠠᠶᠢᠳᠤᠷ ᠪᠠᠬᠢᠵᠢᠬᠦᠯᠤᠨ ᠰᠠᠶᠢᠳᠤᠷ ᠡᠵᠡᠮᠳᠡᠵᠤ᠂ ᠮᠠᠨ ᠤ | ᠬᠤᠳᠠ ᠶᠢᠨ ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠤᠷᠤᠨ ᠮᠠᠯᠴᠢᠨ ᠤ ᠠᠵᠢᠯ | ᠤᠨ ᠰᠢᠨ᠎ᠠ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠳᠠᠢ᠃ | ᠬᠤᠶᠠᠷ᠂ ᠠᠵᠢᠯ ᠤᠨ ᠭᠤᠤᠯᠳᠠᠯᠭ᠎ᠠ ᠶᠢ ᠡᠵᠡᠮᠳᠡᠵᠤ᠂ ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ | ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠦᠬᠦ ᠬᠥᠴᠤᠨ ᠢᠶᠠᠷ ᠢᠶᠠᠨ ᠠᠬᠢᠭᠤᠯᠬᠤ ᠬᠡᠷᠡᠭᠳᠠᠢ | ᠪᠢᠳᠡ ᠲᠠᠷᠢᠶᠠᠯᠠᠩ ᠮᠠᠯ ᠠᠵᠤ ᠠᠬᠤᠢ ᠶᠢ ᠬᠥᠭᠵᠢᠬᠦᠯᠬᠦ ᠳᠤ ᠡᠷᠭᠡᠪᠰᠢ ᠦᠪᠡᠷᠮᠢᠴᠠᠵᠢᠬᠦᠯᠬᠦ᠂ ᠰᠤᠳᠤᠵᠢᠭᠤᠯᠬᠤ ᠵᠠᠮ | ᠢᠶᠠᠷ ᠵᠠᠮᠨᠠᠵᠤ᠂ ᠶᠠᠰᠤ ᠴᠢᠨᠠᠷ ᠢᠶᠠᠷ ᠠᠷᠠᠳ ᠢ ᠪᠠᠶᠠᠵᠢᠭᠤᠯᠤᠨ᠂ ᠶᠠᠰᠤ ᠴᠢᠨᠠᠷ ᠢᠶᠠᠷ ᠤᠷᠤᠯᠭ᠎ᠠ ᠶᠢ ᠨᠡᠮᠡᠭᠳᠡᠬᠦᠯᠵᠤ᠂ | ᠶᠠᠰᠤ ᠴᠢᠨᠠᠷ ᠢᠶᠠᠷ ᠠᠮᠵᠢᠯᠳᠠ ᠤᠯᠬᠤ ᠬᠡᠷᠡᠭᠳᠠᠢ᠃ ᠡᠷᠭᠡᠪᠰᠢ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠠᠯᠳᠠ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ︽ᠶᠠᠰᠤ | ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠬᠦᠯᠬᠦ᠂ ᠨᠤᠭᠤᠭᠠᠨ ᠢᠶᠠᠷ ᠲᠠᠷᠢᠶᠠᠯᠠᠩ ᠮᠠᠯ ᠠᠵᠤ ᠠᠬᠤᠢ ᠶᠢ | ᠬᠥᠭᠵᠢᠬᠦᠯᠬᠦ᠂ ᠨᠡᠷᠡᠳᠤ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠴᠤᠷᠭᠡᠭᠵᠢᠬᠦᠯᠬᠦ︾ ᠦᠢᠯᠠᠭᠠᠭᠳᠠᠬᠤᠨ | ᠢ ᠴᠢᠬᠤᠯᠠᠴᠢᠯᠠᠨ᠂ ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠠᠬᠢᠭᠤᠯᠬᠤ ᠪᠠᠷ ᠭᠠᠷᠳᠠᠴᠠ | ᠪᠤᠯᠭᠠᠵᠤ᠂ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠳᠤᠭᠡᠨ ᠪᠠᠶᠢᠭᠤᠯᠤᠯᠳᠡ ᠶᠢᠨ ᠠᠯᠬᠤᠮ ᠢ | ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠥᠭᠵᠢᠬᠦ᠂ ᠨᠢᠭᠡᠳᠤᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠬᠤ ᠬᠡᠷᠡᠭᠳᠠᠢ᠃ | ︵ᠨᠢᠭᠡ︶ ᠲᠠᠪᠠᠭᠤᠯᠢᠭ ᠤᠨᠴᠠᠯᠢᠬᠳᠤ ᠠᠵᠤ ᠦᠢᠯᠡᠰ ᠢ ᠬᠥᠭᠵᠢᠬᠦᠯᠤᠨ᠂ ᠠᠵᠤ ᠦᠢᠯᠡᠰ ᠤᠨ ᠪᠦᠳᠤᠴᠠ ᠶᠢ | ᠲᠤᠬᠢᠷᠠᠭᠤᠯᠤᠨ ᠰᠢᠯᠢᠳᠡᠭᠵᠢᠬᠦᠯᠤᠨ᠎ᠠ᠃ ᠶᠡᠷᠤᠩᠭᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠄ ᠬᠥᠳᠡᠭᠡ | ᠲᠤᠰᠬᠤᠨ ᠢ ᠬᠥᠭᠵᠢᠬᠦᠯᠬᠦ ᠳᠤ ᠠᠵᠤ ᠦᠢᠯᠡᠰ ᠲᠤ ᠲᠦᠰᠢᠭᠯᠡᠬᠦ ᠬᠡᠷᠡᠭᠳᠠᠢ᠂ ᠠᠵᠤ ᠦᠢᠯᠡᠰ ᠤᠨ ᠬᠥᠭᠵᠢᠯᠳᠡ ᠶᠢ | ᠤᠨᠴᠠᠯᠢᠭ ᠲᠠᠢ ᠪᠤᠯᠭᠠᠵᠤ᠂ ᠪᠤᠰᠤᠳ ᠲᠤ ᠪᠠᠶᠢᠬᠤ ᠦᠭᠡᠢ ᠨᠠᠳᠠ ᠳᠤ ᠪᠠᠶᠢᠬᠤ᠂ ᠰᠢᠨᠵᠢᠯᠡᠬᠦ ᠤᠬᠠᠭᠠᠨᠴᠢ ᠪᠠᠷ | ᠬᠥᠭᠵᠢᠭᠰᠡᠨ᠂ ᠲᠤᠰ ᠪᠡᠶ᠎ᠡ ᠶᠢᠨ ᠪᠤᠳᠠᠳᠤ ᠪᠠᠶᠢᠳᠠᠯ ᠳᠤ ᠨᠡᠶᠢᠴᠡᠭᠰᠡᠨ ᠵᠠᠮ ᠢ ᠨᠡᠭᠡᠭᠡᠬᠦ ᠬᠡᠷᠡᠭᠳᠠᠢ᠃ ᠮᠠᠨ ᠤ ᠬᠤᠳᠠ | ᠶᠢᠨ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶ᠎ᠡ ᠪᠠᠭᠳᠠᠭᠠᠮᠵᠢ ᠨᠢ ᠪᠠᠭ᠎ᠠ ᠪᠤᠯᠪᠠᠴᠤ ᠨᠢᠭᠡᠳᠤᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠳᠤᠯ ᠤᠨ ᠤᠨᠴᠠᠯᠢᠭ ᠲᠤᠪᠤᠶᠢᠮ᠎ᠠ ᠤᠴᠢᠷ ᠠᠴᠠ ᠡᠷᠭᠡᠪᠰᠢ ᠡᠨᠡ ᠬᠦ | ᠲᠠᠪᠠᠭᠤᠯᠢᠭ ᠢ ᠰᠠᠶᠢᠳᠤᠷ ᠠᠰᠢᠭᠯᠠᠵᠤ᠂ ᠠᠵᠤ ᠦᠢᠯᠡᠰ ᠤᠨ ᠬᠥᠭᠵᠢᠯᠳᠡ ᠶᠢᠨ ᠦᠨ᠎ᠠ ᠦᠷᠳᠡᠭ ᠢ ᠬᠥᠢᠴᠡᠳ | ᠪᠠᠳᠠᠷᠠᠭᠤᠯᠬᠤ ᠬᠡᠷᠡᠭᠳᠠᠢ᠃ ᠨᠢᠭᠡ ᠳᠤ ᠮᠠᠯ ᠠᠵᠤ ᠠᠬᠤᠢ ᠶᠢᠨ ᠨᠠᠷᠢᠯᠢᠭ ᠬᠥᠨᠵᠡᠭᠡᠢ ᠬᠥᠭᠵᠢᠯᠳᠡ ᠶᠢ ᠠᠬᠢᠭᠤᠯᠤᠨ᠎ᠠ᠃ | ︽ᠬᠤᠨᠢ ᠶᠢ ᠴᠦᠭᠡᠳᠭᠡᠵᠤ ᠦᠭᠡᠷ ᠢ ᠨᠡᠮᠡᠭᠳᠡᠬᠦᠯᠬᠦ︾ ᠶᠢ ᠦᠷᠬᠦᠯᠵᠢᠯᠡᠨ ᠶᠡᠭᠡ ᠪᠠᠷ ᠠᠬᠢᠭᠤᠯᠵᠤ᠂ ᠦᠭᠡᠷ ᠤᠨ | ᠡᠬᠦᠯᠳᠡᠷ ᠢ ᠰᠠᠶᠢᠵᠢᠷᠠᠭᠤᠯᠬᠤ ᠶᠢ ᠦᠷᠬᠦᠯᠵᠢᠯᠡᠨ ᠰᠠᠶᠢᠳᠤᠷ ᠠᠳᠬᠤᠵᠤ᠂ ᠮᠢᠬᠠᠨ ᠤ ᠦᠭᠡᠷ ᠤᠨ ᠠᠵᠤ ᠦᠢᠯᠡᠰ ᠢ | ᠪᠤᠶᠢᠵᠢᠭᠤᠯᠤᠨ ᠲᠡᠳᠬᠦᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠠᠶᠢᠨ ᠡᠬᠦᠯᠳᠡᠷ ᠤᠨ ᠮᠢᠬᠠᠨ ᠤ | ᠦᠭᠡᠷ ᠤᠨ ᠨᠦᠬᠦᠪᠤᠷᠢ ᠵᠡᠷᠭᠡ ᠠᠷᠠᠳ ᠲᠤ ᠠᠰᠢᠭ ᠬᠥᠷᠳᠡᠭᠡᠬᠦ ᠲᠦᠷᠤ ᠶᠢᠨ ᠪᠤᠳᠤᠯᠭ᠎ᠠ ᠶᠢ ᠰᠠᠶᠢᠳᠤᠷ ᠵᠤᠬᠢᠶᠠᠨ | ᠪᠠᠶᠢᠭᠤᠯᠵᠤ ᠬᠡᠷᠡᠭᠵᠢᠬᠦᠯᠤᠨ᠂ ᠮᠢᠬᠠᠨ ᠤ ᠦᠭᠡᠷ ᠤᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠶᠡᠭᠡ ᠪᠠᠷ | ᠠᠬᠢᠭᠤᠯᠤᠨ᠎ᠠ᠃ ᠠᠷᠠᠴᠢᠯᠠᠨ ᠲᠡᠵᠢᠭᠡᠬᠦ ᠬᠠᠮᠢᠶᠠᠷᠤᠯᠳᠠ᠂ ᠡᠪᠡᠳᠴᠢᠨ ᠲᠠᠬᠤᠯ ᠢ ᠰᠡᠷᠭᠡᠶᠢᠯᠡᠨ ᠬᠢᠵᠠᠭᠠᠷᠯᠠᠬᠤ᠂ | ᠢᠴᠡᠭᠡᠯ ᠦᠷ᠎ᠡ ᠪᠠᠷ ᠬᠡᠭᠡᠯᠳᠤᠬᠦᠯᠵᠤ ᠡᠬᠦᠯᠳᠡᠷ ᠰᠠᠶᠢᠵᠢᠷᠠᠭᠤᠯᠬᠤ ᠵᠡᠷᠭᠡ ᠰᠠᠭᠤᠷᠢ ᠠᠵᠢᠯ ᠢ ᠭᠤᠤᠯᠳᠠᠯᠭ᠎ᠠ ᠲᠠᠢ | ᠰᠠᠶᠢᠳᠤᠷ ᠠᠳᠬᠤᠵᠤ᠂ ᠮᠢᠬᠠᠨ ᠤ ᠦᠭᠡᠷ ᠤᠨ ᠲᠤᠰᠬᠠᠢ ᠲᠡᠵᠢᠭᠡᠨ ᠦᠷᠡᠵᠢᠬᠦᠯᠬᠦ ᠡᠷᠤᠭᠡ᠂ ᠭᠤᠤᠯ ᠰᠦᠷᠦᠭ ᠤᠨ | ᠬᠡᠪᠴᠢᠶ᠎ᠡ ᠶᠢ ᠲᠤᠬᠳᠠᠭᠤᠨ ᠢᠶᠠᠷ ᠦᠷᠭᠡᠳᠭᠡᠨ᠂ ᠡᠬᠦᠯᠳᠡᠷ ᠰᠠᠶᠢᠵᠢᠷᠠᠭᠤᠯᠬᠤ ᠶᠢ ᠮᠠᠯᠴᠢᠳ ᠤᠨ ᠦᠢᠯᠡᠳᠬᠦᠨ ᠤ | ᠦᠷᠳᠡᠭ ᠢ ᠲᠡᠭᠡᠭᠰᠢᠯᠡᠬᠦᠯᠤᠨ᠂ ᠤᠷᠤᠯᠭ᠎ᠠ ᠪᠠᠨ ᠨᠡᠮᠡᠭᠳᠡᠬᠦᠯᠬᠦ ᠶᠢᠨ ᠬᠠᠮᠤᠭ ᠤᠨ ᠬᠥᠴᠤᠳᠠᠢ ᠲᠤᠯᠭᠠᠭᠤᠷᠢᠯᠠᠬᠤ ᠴᠡᠭ | ᠪᠤᠯᠭᠠᠵᠤ᠂ ᠪᠦᠬᠦ ᠬᠥᠴᠤ ᠪᠠᠷ ᠢᠶᠠᠨ ᠰᠠᠶᠢᠳᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠳᠠᠢ᠃ ᠡᠨᠡ ᠵᠢᠯ | ᠴᠢᠷᠮᠠᠶᠢᠵᠤ ᠪᠠᠶᠢᠭᠠᠳ ᠤᠯᠤᠰ ᠤᠨ ᠲᠤᠳᠤᠭᠠᠳᠤ ᠭᠠᠳᠠᠭᠠᠳᠤ ᠶᠢᠨ ᠰᠠᠶᠢᠨ ᠡᠬᠦᠯᠳᠡᠷ ᠤᠨ ᠮᠢᠬᠠᠨ ᠤ ᠦᠭᠡᠷ ᠢ | 2000 ᠲᠤᠯᠤᠭᠠᠢ ᠠᠴᠠ ᠲᠡᠭᠡᠭᠰᠢ ᠤᠷᠤᠭᠤᠯᠤᠨ ᠠᠪᠴᠢᠷᠠᠵᠤ᠂ ᠭᠤᠤᠯ ᠰᠦᠷᠦᠭ ᠢ 10 ᠰᠦᠷᠦᠭ ᠠᠴᠠ ᠲᠡᠭᠡᠭᠰᠢ | ᠪᠤᠶᠢᠵᠢᠭᠤᠯᠤᠨ᠎ᠠ᠃ ᠬᠤᠷᠴᠢᠨ ᠦᠭᠡᠷ ᠤᠨ ᠦᠢᠯᠡᠰ᠂ ᠦᠯᠵᠠᠶᠢᠳᠡᠯᠭᠡᠷ ᠭᠠᠴᠠᠭ᠎ᠠ ᠶᠢᠨ ᠮᠢᠬᠠᠨ ᠤ ᠦᠭᠡᠷ ᠤᠨ | ᠬᠤᠷᠰᠢᠶᠠᠵᠢᠯ ᠵᠡᠷᠭᠡ ᠨᠢᠭᠡ ᠪᠦᠯᠦᠭ ᠲᠦᠷᠤᠯ ᠵᠦᠢᠯ ᠢ ᠭᠠᠷᠤᠯᠳᠠ ᠳᠤ ᠬᠥᠷᠭᠡᠵᠤ ᠦᠷ᠎ᠡ ᠪᠦᠳᠤᠮᠵᠢ ᠤᠯᠬᠤ ᠶᠢ | ᠠᠬᠢᠭᠤᠯᠤᠨ᠂ ᠳ᠋ᠠ ᠵᠣᠸᠠᠩ ᠶᠤᠸᠠᠨ ᠮᠢᠬᠠᠨ ᠤ ᠦᠭᠡᠷ ᠤᠨ ᠦᠢᠯᠡᠳᠪᠤᠷᠢᠯᠡᠯ ᠤᠨ ᠱᠤᠭᠤᠮ ᠤᠨ ᠡᠷᠳᠡᠭᠡᠨ | ᠨᠠᠶᠢᠳᠠᠪᠤᠷᠢᠵᠢᠬᠤ ᠶᠢ ᠢᠳᠡᠪᠬᠢᠳᠠᠢ ᠠᠬᠢᠭᠤᠯᠤᠨ᠎ᠠ᠃ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ ᠪᠠ | ᠡᠪᠡᠰᠤ ᠪᠡᠯᠴᠢᠭᠡᠷ ᠮᠠᠯ ᠤᠨᠤᠭ᠎ᠠ ᠶᠢ ᠲᠡᠩᠴᠡᠬᠦᠷᠢᠰᠢᠬᠦᠯᠬᠦ ᠤᠷᠢᠳᠠᠯ ᠲᠤᠤᠷ᠎ᠠ᠂ ᠮᠢᠬᠠᠨ ᠤ ᠬᠤᠨᠢ ᠶᠢᠨ ᠠᠵᠤ | ᠦᠢᠯᠡᠰ ᠢ ᠨᠠᠷᠢᠯᠢᠬᠵᠢᠭᠤᠯᠤᠨ ᠬᠥᠭᠵᠢᠬᠦᠯᠬᠦ᠂ ᠨᠡᠷᠡᠳᠤ ᠲᠡᠮᠳᠡᠭᠴᠢᠯᠡᠨ ᠬᠥᠭᠵᠢᠬᠦᠯᠬᠦ ᠶᠢ ᠠᠬᠢᠭᠤᠯᠤᠨ᠂ ᠮᠢᠬᠠᠨ ᠤ | ᠬᠤᠨᠢ ᠶᠢ ᠴᠡᠪᠡᠷᠰᠢᠬᠦᠯᠤᠨ ᠰᠢᠯᠢᠳᠡᠭᠵᠢᠬᠦᠯᠬᠦ᠂ ᠤᠷᠢᠳᠴᠢᠯᠠᠨ ᠪᠤᠷᠳᠤᠵᠤ ᠵᠠᠷᠣᠴᠠᠭᠤᠯᠬᠤ᠂ ᠤᠯᠠᠷᠢᠯ ᠪᠦᠷᠢ ᠶᠢᠨ | ᠭᠠᠷᠭᠠᠯᠲᠠ ᠶᠢ ᠲᠤᠬᠢᠷᠠᠮᠵᠢᠳᠠᠢ ᠬᠡᠪᠴᠢᠶ᠎ᠡ ᠪᠠᠷ ᠬᠥᠭᠵᠢᠬᠦᠯᠬᠦ ᠶᠢ ᠦᠷᠬᠦᠯᠵᠢᠯᠡᠨ ᠰᠠᠶᠢᠳᠤᠷ ᠠᠳᠬᠤᠨ᠎ᠠ᠃ ᠬᠤᠶᠠᠷ | ᠲᠤ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠡᠯ᠎ᠠ ᠰᠤᠮᠤ ᠪᠠᠯᠭᠠᠰᠤ ᠲᠠᠯᠠᠪᠠᠢ ᠠᠮᠢ | ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ᠂ ᠦᠵᠡᠰᠬᠦᠯᠡᠩᠳᠤ ᠰᠠᠶᠢᠬᠠᠨ ᠭᠡᠷ ᠤᠷᠤᠨ ᠢᠶᠠᠨ ᠪᠦᠳᠤᠭᠡᠨ | ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠸᠡ ᠠᠴᠠ ᠭᠠᠷᠳᠠᠵᠣ᠂ ᠠᠵᠤ ᠦᠢᠯᠡᠰ ᠤᠨ ᠪᠠᠶᠢᠷᠢ | ᠲᠤᠬᠳᠠᠭᠠᠯᠳᠠ ᠪᠠ ᠡᠬᠢ ᠪᠠᠶᠠᠯᠢᠭ ᠤᠨ ᠤᠤᠭᠠᠯ ᠪᠠᠶᠢᠳᠠᠯ ᠲᠠᠢ ᠤᠶᠠᠯᠳᠤᠭᠤᠯᠤᠨ᠂ ᠭᠠᠵᠠᠷ ᠤᠷᠤᠨ ᠤ ᠪᠠᠶᠢᠳᠠᠯ | ᠳᠤᠨᠢ ᠲᠤᠬᠢᠷᠠᠭᠤᠯᠵᠤ᠂ ᠮᠠᠯᠴᠢᠳ ᠤᠨ ᠲᠠᠷᠢᠶᠠᠯᠠᠩ ᠮᠠᠯ ᠠᠵᠤ ᠠᠬᠤᠢ ᠶᠢᠨ ᠪᠦᠳᠤᠴᠠ ᠶᠢᠨ ᠲᠤᠬᠢᠷᠠᠭᠤᠯᠤᠯᠳᠡ ᠳᠤ | ᠢᠳᠡᠪᠬᠢᠳᠠᠢ ᠤᠷᠤᠯᠴᠠᠵᠤ᠂ ᠮᠠᠯᠵᠢᠬᠤ ᠤᠷᠤᠨ ᠪᠠ ᠬᠠᠭᠠᠯᠪᠤᠷᠢᠯᠠᠯᠳᠠ ᠶᠢᠨ ᠤᠷᠤᠨ ᠤ ᠲᠠᠷᠢᠵᠤ ᠤᠷᠭᠤᠭᠤᠯᠬᠤ | ᠲᠡᠵᠢᠭᠡᠨ ᠦᠷᠡᠵᠢᠬᠦᠯᠬᠦ ᠦᠢᠯᠡᠰ ᠂ ᠰᠤᠳᠤᠨ ᠰᠠᠶᠢᠨ ᠦᠪᠡᠷᠮᠢᠴᠠ ᠤᠨᠴᠠᠯᠢᠬᠳᠤ ᠠᠵᠤ ᠦᠢᠯᠡᠰ᠂ ᠰᠡᠯᠡᠬᠦᠴᠡᠯ ᠤᠨ | ᠲᠠᠷᠢᠶᠠᠯᠠᠩ ᠮᠠᠯ ᠠᠵᠤ ᠠᠬᠤᠢ ᠪᠤᠯᠤᠨ ᠤᠷᠭᠠᠨᠢᠭ ᠲᠡᠵᠢᠭᠡᠯ ᠡᠪᠡᠰᠤᠨ ᠤ ᠦᠢᠯᠡᠰ ᠢ ᠢᠳᠡᠪᠬᠢᠳᠠᠢ ᠬᠥᠭᠵᠢᠬᠦᠯᠬᠦ ᠶᠢ | ᠬᠥᠳᠤᠯᠤᠨ ᠵᠢᠯᠤᠭᠤᠳᠴᠤ᠂ ︽ᠨᠢᠭᠡ ᠦᠢᠯᠡᠳᠬᠦᠨ︾ ᠢᠶᠠᠷ ᠰᠢᠪᠳᠤᠯᠬᠤ᠂ ︽ᠤᠯᠠᠨ ᠦᠢᠯᠡᠳᠬᠦᠨ︾ ᠢ ᠵᠡᠷᠭᠡ | ᠪᠠᠷ ᠬᠥᠭᠵᠢᠬᠦᠯᠬᠦ᠂ ᠤᠯᠠᠨ ᠦᠢᠯᠡᠰ ᠢ ᠵᠡᠷᠭᠡ ᠪᠠᠷ ᠶᠠᠪᠤᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ | ᠬᠡᠷᠡᠭᠳᠠᠢ᠃ ᠮᠢᠬᠠᠨ ᠤ ᠦᠭᠡᠷ᠂ ᠮᠢᠬᠠᠨ ᠤ ᠬᠤᠨᠢ᠂ ᠠᠳᠤᠭᠤᠨ ᠤ ᠦᠢᠯᠡᠰ ᠵᠢᠴᠢ ᠲᠠᠯ᠎ᠠ ᠨᠤᠳᠤᠭ ᠤᠨ ᠮᠦᠬᠦ᠂ | ᠬᠢᠳᠡᠳ ᠡᠪᠡᠰᠤᠨ ᠡᠮ ᠵᠡᠷᠭᠡ ᠤᠨᠴᠠᠯᠢᠬᠳᠤ ᠲᠡᠷᠢᠮᠠᠯ ᠤᠨ ᠦᠢᠯᠡᠰ ᠤᠨ ᠠᠵᠤ ᠦᠢᠯᠡᠰ ᠤᠨ ᠬᠡᠯᠬᠢᠶ᠎ᠠ ᠪᠠᠨ | ᠲᠠᠰᠤᠷᠠᠯᠳᠠ ᠦᠭᠡᠢ ᠤᠷᠳᠤᠳᠬᠠᠬᠤ ᠶᠢ ᠠᠬᠢᠭᠤᠯᠵᠤ᠂ ᠭᠤᠷᠪᠠᠨ ᠠᠵᠤ ᠦᠢᠯᠡᠰ ᠢ ᠠᠭᠤᠰᠤᠯᠳᠤᠭᠤᠯᠬᠤ ᠵᠢᠱᠢᠶ᠎ᠡ | ᠦᠵᠡᠬᠦᠯᠬᠦ ᠬᠥᠷᠢᠶᠡᠯᠡᠩ ᠲᠤᠭᠤᠷᠢᠭ ᠢ ᠨᠢᠭᠡ ᠪᠦᠯᠦᠭ ᠪᠤᠶᠢᠵᠢᠭᠤᠯᠤᠨ ᠬᠥᠭᠵᠢᠬᠦᠯᠵᠤ᠂ ᠵᠦᠩ ᠶᠦᠨ ᠠᠳᠤᠭᠤᠨ ᠤ | ᠠᠵᠤ ᠦᠢᠯᠡᠰ ᠤᠨ ᠬᠥᠷᠢᠶᠡᠯᠡᠩ᠂ ᠢᠳᠡᠰᠢᠨ ᠮᠦᠬᠦ ᠶᠢᠨ ᠠᠵᠤ ᠦᠢᠯᠡᠰ ᠤᠨ ᠬᠥᠷᠢᠶᠠᠯᠠᠩ ᠤᠨ ᠠᠵᠢᠯ ᠢᠶᠠᠨ | ᠡᠬᠢᠯᠡᠬᠦᠯᠬᠦ ᠶᠢ ᠢᠳᠡᠪᠬᠢᠳᠠᠢ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠳᠡ ᠶᠢᠨ ᠦᠷᠬᠦᠯᠵᠢᠯᠡᠬᠦ ᠴᠢᠨᠠᠷ᠂ | ᠵᠠᠯᠭᠠᠯᠳᠤᠬᠤ ᠴᠢᠨᠠᠷ ᠢ ᠴᠢᠬᠤᠯᠠᠴᠢᠯᠠᠨ᠂ ᠦᠪᠡᠷ ᠤᠨ ᠦᠷᠳᠡᠭ ᠤᠨ ᠲᠠᠩᠰᠠ᠂ ᠤᠷᠤᠯᠭ᠎ᠠ ᠶᠢᠨ ᠨᠡᠮᠡᠭᠳᠡᠯ ᠤᠨ | ᠲᠠᠩᠰᠠ᠂ ᠠᠮᠢ ᠠᠬᠤᠢ ᠶᠢᠨ ᠲᠠᠩᠰᠠ ᠶᠢ ᠰᠠᠶᠢᠳᠤᠷ ᠪᠤᠳᠤᠵᠤ᠂ ᠦᠪᠡᠷᠮᠢᠴᠠ ᠤᠨᠴᠠᠯᠢᠬᠳᠤ ᠵᠢᠱᠢᠶ᠎ᠡ ᠦᠵᠡᠬᠦᠯᠬᠦ | ᠭᠠᠴᠠᠭ᠎ᠠ ᠬᠤᠪᠢᠶᠠᠷᠢ ᠲᠠᠯᠠᠪᠠᠢ᠂ ᠰᠤᠮᠤ ᠪᠠᠯᠭᠠᠰᠤ ᠲᠠᠯᠠᠪᠠᠢ ᠶᠢ ᠨᠢᠭᠡ ᠪᠦᠯᠦᠭ ᠡᠬᠦᠳᠤᠨ ᠪᠠᠶᠢᠭᠤᠯᠵᠤ᠂ ᠨᠢᠭᠡ | ᠪᠦᠯᠦᠭ ᠰᠤᠳᠤᠨ ᠠᠵᠤ ᠦᠢᠯᠡᠰ ᠤᠨ ︽ᠬᠤᠯᠪᠤᠭᠠᠳᠤ ᠴᠤᠭᠴᠠ︾ ᠶᠢ ᠬᠥᠴᠤᠯᠡᠨ ᠪᠤᠢ ᠪᠤᠯᠭᠠᠬᠤ ᠬᠡᠷᠡᠭᠳᠠᠢ᠃ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠲᠤᠳᠠᠭᠤᠳᠠᠯ ᠢ ᠨᠦᠬᠦᠪᠤᠷᠢᠯᠡᠵᠤ᠂ ᠠᠵᠤ ᠦᠢᠯᠡᠰ ᠤᠨ | ᠬᠥᠭᠵᠢᠯᠳᠡ ᠶᠢᠨ ᠰᠠᠭᠤᠷᠢ ᠶᠢ ᠪᠠᠬᠢᠵᠢᠬᠦᠯᠤᠨ᠎ᠠ᠃ ᠨᠢᠭᠡ ᠳᠤ ᠠᠮᠢ ᠠᠬᠤᠢ ᠶᠢᠨ ᠪᠠᠶᠢᠭᠤᠯᠤᠯᠳᠡ ᠶᠢᠨ ᠦᠷ᠎ᠡ | ᠪᠦᠳᠤᠭᠡᠯ ᠢ ᠦᠷᠬᠦᠯᠵᠢᠯᠡᠨ ᠪᠠᠬᠢᠵᠢᠬᠦᠯᠤᠨ᠎ᠠ᠃ ᠡᠪᠡᠰᠤ ᠪᠡᠯᠴᠢᠭᠡᠷ ᠮᠠᠯ ᠤᠨᠤᠭ᠎ᠠ ᠶᠢ ᠲᠡᠩᠴᠡᠬᠦᠷᠢᠰᠢᠬᠦᠯᠬᠦ᠂ | ᠮᠠᠯᠵᠢᠬᠤ ᠶᠢ ᠴᠠᠭᠠᠵᠠᠯᠠᠬᠤ᠂ ᠮᠠᠯᠵᠢᠬᠤ ᠶᠢ ᠵᠤᠬᠰᠤᠭᠠᠬᠤ᠂ ᠲᠤᠭᠤᠷᠢᠭ ᠬᠤᠪᠢᠶᠠᠵᠤ ᠡᠭᠡᠯᠵᠢᠯᠡᠨ ᠮᠠᠯᠵᠢᠬᠤ ᠪᠠ | ᠬᠠᠳᠤᠯᠠᠩ ᠢ ᠡᠭᠡᠯᠵᠢᠯᠡᠨ ᠬᠠᠳᠤᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠪᠠ ᠨᠡᠶᠢᠳᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ | ᠦᠷ᠎ᠡ ᠠᠰᠢᠭ ᠢ ᠨᠦᠬᠦᠪᠤᠷᠢᠯᠡᠬᠦ ᠲᠦᠷᠤ ᠶᠢᠨ ᠪᠤᠳᠤᠯᠭ᠎ᠠ ᠶᠢ ᠬᠢᠨᠠᠮᠠᠭᠠᠢ ᠰᠠᠶᠢᠳᠤᠷ ᠬᠡᠷᠡᠭᠵᠢᠬᠦᠯᠵᠤ᠂ ᠲᠦᠷᠤ ᠶᠢᠨ | ᠪᠤᠳᠤᠯᠭ᠎ᠠ ᠬᠢᠭᠡᠳ ᠨᠦᠬᠦᠪᠤᠷᠢ ᠶᠢ ᠬᠤᠯᠪᠤᠬᠳᠠᠭᠤᠯᠬᠤ ᠲᠤᠬᠳᠠᠴᠠ ᠶᠢ ᠦᠷᠬᠦᠯᠵᠢᠯᠡᠨ ᠬᠡᠷᠡᠭᠵᠢᠬᠦᠯᠤᠨ᠎ᠠ᠃ ᠨᠤᠳᠤᠭ | ᠪᠡᠯᠴᠢᠭᠡᠷ ᠤᠨ ᠬᠠᠤᠯᠢ ᠬᠡᠷᠡᠭᠵᠢᠬᠦᠯᠤᠯᠳᠡ ᠬᠢᠨᠠᠨ ᠬᠠᠮᠢᠶᠠᠷᠤᠯᠳᠠ ᠶᠢᠨ ᠠᠵᠢᠯ ᠢ ᠴᠢᠩᠳᠠᠯᠠᠨ᠂ ᠬᠠᠳᠤᠯᠠᠩ ᠢ | ᠰᠢᠯᠵᠢᠭᠦᠯᠦᠨ ᠬᠡᠷᠡᠭᠯᠡᠬᠦ ᠠᠷᠭ᠎ᠠ ᠶᠢ ᠲᠤᠬᠳᠠᠭᠠᠵᠤ᠂ ᠬᠠᠳᠤᠯᠠᠩ ᠢ ᠰᠢᠯᠵᠢᠭᠦᠯᠦᠨ ᠬᠡᠷᠡᠭᠯᠡᠬᠦ ᠭᠡᠷ᠎ᠡ ᠲᠤᠬᠳᠠᠬᠤ | ᠶᠠᠪᠣᠴᠠ ᠶᠢ ᠵᠢᠷᠤᠮᠵᠢᠭᠤᠯᠤᠨ᠂ ᠲᠡᠭᠡᠷᠡᠮᠳᠡᠬᠦ ᠬᠡᠯᠪᠡᠷᠢ ᠶᠢᠨ ᠡᠵᠡᠩᠨᠡᠯᠳᠡ ᠶᠢᠨ ᠦᠢᠯᠠ ᠠᠵᠢᠯᠯᠠᠭ᠎ᠠ ᠶᠢ ᠡᠷᠡᠰ | ᠬᠤᠷᠢᠭᠯᠠᠨ ᠵᠤᠭᠰᠤᠭᠠᠵᠤ᠂ ᠬᠤᠯᠠᠭᠠᠶᠢᠯᠠᠨ ᠮᠠᠯᠵᠢᠬᠤ᠂ ᠲᠠᠭᠠᠭᠠᠴᠠ ᠬᠡᠳᠤᠷᠡᠬᠦᠯᠤᠨ ᠮᠠᠯᠵᠢᠬᠤ᠂ ᠬᠠᠤᠯᠢ ᠪᠤᠰᠤ ᠪᠠᠷ | ᠬᠠᠭᠠᠯᠪᠤᠷᠢᠯᠠᠬᠤ᠂ ᠲᠤᠷ᠎ᠠ ᠲᠠᠪᠠ ᠪᠠᠷ ᠢᠶᠠᠨ ᠤᠬᠤᠵᠤ ᠮᠠᠯᠳᠠᠬᠤ᠂ ᠲᠤᠬᠳᠠᠭᠠᠯ ᠵᠦᠷᠢᠴᠡᠨ ᠡᠵᠡᠯᠡᠨ ᠬᠡᠷᠡᠭᠯᠡᠬᠦ ᠵᠡᠷᠭᠡ | ᠨᠤᠳᠤᠭ ᠪᠡᠯᠴᠢᠭᠡᠷ ᠤᠨ ᠠᠮᠢ ᠠᠬᠤᠢ ᠶᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠳᠠᠢ᠃ | ᠠᠮᠢ ᠠᠬᠤᠢ ᠶᠢᠨ ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠶᠢ ᠴᠢᠩᠭ᠎ᠠ | ᠬᠡᠷᠡᠭᠵᠢᠬᠦᠯᠤᠨ᠂ ᠤᠷᠴᠢᠨ ᠠᠬᠤᠢ ᠶᠢᠨ ᠬᠠᠮᠠᠭᠠᠯᠠᠯᠳᠠ ᠶᠢᠨ ᠰᠢᠪᠠᠳᠠᠨ ᠪᠠᠶᠢᠴᠠᠭᠠᠯᠳᠠ᠂ ᠲᠤᠭᠤᠷᠢᠨ ᠪᠠᠶᠢᠴᠠᠭᠠᠯᠳᠠ | ᠴᠠᠭᠳᠠᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ᠂ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠤᠷᠢᠯᠡᠬᠦᠯᠬᠦ | ᠠᠰᠠᠭᠤᠳᠠᠯ ᠢ ᠴᠠᠭ ᠬᠤᠭᠤᠴᠠᠭ᠎ᠠ ᠪᠠ ᠱᠠᠭᠠᠷᠳᠠᠯᠭ᠎ᠠ ᠶᠤᠰᠤᠭᠠᠷ ᠦᠨᠡᠨ ᠮᠦᠨ ᠢᠶᠠᠷ ᠨᠢ ᠴᠡᠭᠴᠡᠯᠡᠨ ᠦᠭᠡᠷᠡᠴᠢᠯᠡᠬᠦ | ᠶᠢ ᠦᠨᠡᠨ ᠬᠦ ᠪᠠᠳᠤᠯᠠᠵᠤ᠂ ᠠᠮᠢ ᠠᠬᠤᠢ ᠶᠢᠨ ᠬᠢᠵᠠᠭᠠᠷ ᠱᠤᠭᠤᠮ ᠢ ᠡᠷᠡᠰ ᠰᠠᠬᠢᠬᠤ ᠬᠡᠷᠡᠭᠳᠠᠢ᠃ ᠪᠡᠭᠡᠵᠢᠩ | ᠲᠢᠶᠠᠨᠵᠢᠨ ᠤ ᠰᠠᠯᠬᠢ ᠡᠯᠡᠰᠤ ᠶᠢᠨ ᠡᠬᠢ ᠶᠢ ᠵᠠᠰᠠᠬᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ | ᠤᠷᠤᠨ ᠢ ᠪᠢᠳᠡᠬᠦᠮᠵᠢᠯᠡᠨ ᠬᠠᠮᠠᠭᠠᠯᠠᠬᠤ᠂ ᠡᠪᠡᠰᠤᠳᠤ ᠲᠠᠯ᠎ᠠ ᠶᠢ ᠰᠡᠷᠬᠦᠭᠡᠵᠤ ᠰᠠᠶᠢᠵᠢᠷᠠᠭᠤᠯᠬᠤ ᠵᠡᠷᠭᠡ ᠢᠨᠵᠧᠨᠧᠷᠢᠩ | ᠤᠨ ᠠᠷᠭ᠎ᠠ ᠬᠡᠮᠵᠢᠶ᠎ᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠬᠠᠮᠠᠭᠠᠯᠠᠬᠤ ᠪᠠ ᠪᠦᠳᠤᠭᠡᠨ ᠪᠠᠶᠢᠭᠤᠯᠬᠤ ᠶᠢ | ᠴᠤᠭᠭᠠᠷ ᠠᠳᠬᠤᠨ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠬᠦᠯᠬᠦ ᠬᠡᠷᠡᠭᠳᠠᠢ᠃ ᠤᠰᠤᠨ ᠤ ᠡᠬᠢ ᠪᠠᠶᠠᠯᠢᠭ ᠤᠨ | ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠵᠠᠷ ᠲᠤᠤᠷᠡᠬᠢ ᠤᠰᠤ | ᠶᠢ ᠲᠠᠳᠠᠬᠤ ᠶᠢ ᠴᠠᠭᠠᠵᠠᠯᠠᠬᠤ ᠤᠷᠤᠨ ᠪᠠ ᠬᠢᠵᠠᠭᠠᠷᠯᠠᠬᠤ ᠤᠷᠤᠨ ᠢ ᠬᠠᠤᠯᠢ ᠶᠤᠰᠤᠭᠠᠷ ᠵᠠᠭᠠᠭᠯᠠᠨ ᠲᠤᠬᠳᠠᠭᠠᠵᠤ᠂ | ᠤᠰᠤ ᠬᠤᠷᠤᠬᠳᠠᠭᠤᠯᠬᠤ ᠲᠠᠷᠢᠮᠠᠯ ᠤᠨ ᠲᠠᠷᠢᠬᠤ ᠲᠠᠯᠠᠪᠠᠢ ᠶᠢ ᠪᠠᠭᠠᠰᠬᠠᠨ ᠬᠠᠰᠤᠬᠤ᠂ ᠤᠰᠤ ᠠᠷᠪᠢᠯᠠᠬᠤ | ᠤᠰᠤᠯᠠᠯᠳᠠ ᠶᠢᠨ ᠦᠭᠡᠷᠡᠴᠢᠯᠠᠯᠳᠠ᠂ ᠤᠰᠤᠨ ᠤ ᠡᠬᠢ ᠪᠠᠶᠠᠯᠢᠭ ᠤᠨ ᠨᠤᠳᠠᠯᠠᠯᠳᠠ ᠪᠠ ᠨᠤᠷᠮ᠎ᠠ ᠲᠤᠬᠳᠠᠭᠠᠨ ᠬᠡᠮᠵᠢᠬᠦ | ᠵᠡᠷᠭᠡ ᠠᠵᠢᠯ ᠤᠨ ᠡᠬᠦᠷᠭᠡ ᠶᠢ ᠡᠷᠡᠰ ᠪᠡᠶᠡᠯᠡᠬᠦᠯᠬᠦ ᠬᠡᠷᠡᠭᠳᠠᠢ᠃ ︽ᠭᠤᠤᠯ ᠤᠨ ᠲᠠᠷᠤᠭ᠎ᠠ ᠨᠠᠭᠤᠷ ᠤᠨ ᠲᠠᠷᠤᠭ᠎ᠠ︾ | ᠶᠢᠨ ᠲᠦᠷᠢᠮ ᠢ ᠴᠢᠩᠭ᠎ᠠ ᠬᠡᠷᠡᠭᠵᠢᠬᠦᠯᠤᠨ᠂ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠢᠨᠠᠮᠠᠭᠠᠢ ᠦᠷᠨᠢᠬᠦᠯᠬᠦ | ᠬᠡᠷᠡᠭᠳᠠᠢ᠃ ᠪᠤᠳᠠᠳᠤ ᠠᠵᠢᠯᠯᠠᠭ᠎ᠠ ᠪᠠᠷ ᠲᠡᠮᠵᠢᠭᠤᠯᠤᠨ᠂ ᠶᠡᠷᠤᠩᠭᠡᠢ ᠱᠦᠵᠢ ᠶᠢᠨ ᠲᠤᠷᠠᠳᠤᠭᠰᠠᠨ ︽ᠬᠥᠭᠡ ᠠᠭᠤᠯᠠ | ᠬᠥᠭᠡᠮᠳᠦᠭ ᠤᠰᠤ ᠪᠤᠯ ᠠᠯᠳᠠᠨ ᠠᠭᠤᠯᠠ ᠮᠦᠩᠬᠦᠨ ᠬᠠᠶᠢᠷᠬᠠᠨ ᠮᠦᠨ︾ ᠭᠡᠳᠡᠭ ᠤᠨ ᠱᠠᠭᠠᠷᠳᠠᠯᠭ᠎ᠠ ᠶᠢ ᠪᠤᠳᠠᠳᠠᠢ | ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠳᠠᠢ᠃ ᠬᠤᠶᠠᠷ ᠲᠤ ᠲᠤᠯᠤᠭᠠᠶᠢᠯᠠᠭᠴᠢ ᠠᠵᠤ ᠠᠬᠤᠶᠢᠯᠠᠯ ᠤᠨ | ᠪᠤᠵᠠᠭᠠᠶᠢᠷᠠᠨ ᠬᠥᠴᠤᠷᠭᠡᠭᠵᠢᠬᠦ ᠶᠢ ᠲᠡᠮᠵᠢᠨ᠎ᠠ᠃ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠬᠦᠯᠬᠦ ᠲᠦᠷᠤᠯ | ᠵᠦᠢᠯ ᠤᠨ ᠬᠥᠮᠤᠷᠭᠡ ᠶᠢᠨ ᠪᠠᠶᠢᠭᠤᠯᠤᠯᠳᠡ ᠶᠢ ᠲᠦᠷᠭᠡᠳᠭᠡᠵᠤ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠡᠷᠴᠢᠮ | ᠢᠶᠠᠨ ᠴᠢᠩᠭᠠᠷᠠᠭᠤᠯᠤᠨ᠂ ᠨᠤᠭᠤᠭᠠᠨ ᠨᠡᠷᠡᠳᠤ ᠲᠡᠮᠳᠡᠭ ᠤᠨ ᠲᠠᠪᠠᠭᠤᠯᠢᠭ ᠢ ᠪᠠᠳᠠᠷᠠᠭᠤᠯᠵᠤ᠂ ᠦᠪᠡᠷᠮᠢᠴᠠ ᠤᠨᠴᠠᠯᠢᠭ | ᠲᠠᠢ ᠪᠠᠷ ᠲᠡᠷᠢᠵᠤ ᠤᠷᠭᠤᠭᠤᠯᠬᠤ ᠲᠡᠵᠢᠭᠡᠨ ᠦᠷᠡᠵᠢᠬᠦᠯᠬᠦ ᠪᠤᠯᠪᠠᠰᠤᠷᠠᠭᠤᠯᠬᠤ᠂ ᠲᠠᠯ᠎ᠠ ᠨᠤᠳᠤᠭ ᠤᠨ ᠮᠦᠬᠦ᠂ | ᠬᠢᠳᠡᠳ ᠡᠪᠡᠰᠤᠨ ᠡᠮ᠂ ᠴᠠᠭᠠᠨ ᠢᠳᠡᠭᠡᠨ ᠵᠡᠷᠭᠡ ᠬᠥᠷᠢᠶᠡᠨ ᠳᠤ ᠪᠡᠯᠡ ᠤᠷᠤᠭᠤᠯᠤᠯᠳᠡ ᠶᠢᠨ ᠰᠢᠨ᠎ᠠ ᠲᠦᠷᠤᠯ | ᠵᠦᠢᠯ ᠢ ᠭᠤᠤᠯᠳᠠᠯᠭ᠎ᠠ ᠲᠠᠢ ᠪᠤᠢ ᠪᠤᠯᠭᠠᠬᠤ ᠬᠡᠷᠡᠭᠳᠠᠢ᠃ ᠵᠦᠩ ᠶᠦᠨ ᠠᠳᠤᠭᠤᠨ ᠤ ᠠᠵᠤ ᠦᠢᠯᠡᠰ᠂ ᠶᠠᠰᠤ ᠴᠢᠰᠤ | ᠴᠤᠯᠤ᠂ ᠢᠯᠭᠠᠳᠠᠰᠣ ᠶᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠲᠦᠷᠤᠯ ᠵᠦᠢᠯ ᠤᠨ ᠪᠠᠶᠢᠭᠤᠯᠤᠯᠳᠡ ᠶᠢ | ᠢᠳᠡᠪᠬᠢᠳᠠᠢ ᠠᠬᠢᠭᠤᠯᠤᠨ᠎ᠠ᠃ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠪᠤᠯᠪᠠᠰᠤᠷᠠᠭᠤᠯᠬᠤ | ᠬᠥᠷᠢᠶᠡᠨ ᠳᠠᠬᠢ ᠬᠤᠴᠤᠷᠤᠩᠭᠤᠢ ᠦᠢᠯᠡᠳᠪᠤᠷᠢᠯᠡᠬᠦ ᠴᠢᠳᠠᠪᠤᠷᠢ ᠶᠢ ᠲᠦᠷᠭᠡᠯᠡᠨ ᠭᠡᠭᠡᠭᠳᠡᠬᠦᠯᠵᠤ᠂ ᠠᠮᠢᠳᠤ ᠪᠤᠳᠡᠰ ᠤᠨ | ᠰᠢᠨᠵᠢᠯᠡᠬᠦ ᠤᠬᠠᠭᠠᠨ ᠮᠡᠷᠭᠡᠵᠢᠯ᠂ ᠮᠡᠷᠭᠡᠵᠢᠯ ᠤᠨ ᠦᠢᠯᠡᠴᠢᠯᠡᠭᠡ᠂ ᠶᠠᠰᠤ ᠴᠢᠨᠠᠷ ᠤᠨ ᠪᠠᠶᠢᠴᠠᠭᠠᠯᠳᠠ᠂ ᠠᠶᠤᠯᠬᠦᠢ | ᠦᠢᠯᠡᠳᠪᠤᠷᠢᠯᠡᠯ᠂ ᠤᠷᠴᠢᠨ ᠠᠬᠤᠢ ᠶᠢᠨ ᠬᠠᠮᠠᠭᠠᠯᠠᠯᠳᠠ ᠵᠡᠷᠭᠡ ᠲᠠᠯ᠎ᠠ ᠶᠢᠨ ᠭᠤᠷᠪᠠᠳᠠᠬᠢ ᠡᠳᠡᠭᠡᠳ ᠤᠨ | ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠬᠳᠠᠷᠠᠭᠤᠯᠤᠨ᠂ ᠠᠵᠤ ᠠᠬᠤᠶᠢᠯᠠᠯ ᠤᠨ | ᠬᠤᠯᠪᠤᠬᠳᠠᠯ ᠪᠦᠬᠦᠢ ᠬᠥᠷᠢᠶᠡᠨ ᠳᠠᠬᠢ ᠤᠷᠤᠭᠤᠯᠤᠯᠳᠡ ᠪᠠᠨ ᠨᠡᠮᠡᠭᠳᠡᠬᠦᠯᠵᠤ᠂ ᠰᠢᠨ᠎ᠠ ᠦᠢᠯᠡᠳᠬᠦᠨ ᠰᠤᠳᠤᠯᠤᠨ | ᠨᠡᠭᠡᠭᠡᠬᠦ᠂ ᠨᠡᠷᠡᠳᠤ ᠲᠡᠮᠳᠡᠭ ᠲᠡᠯᠭᠡᠷᠡᠬᠦᠯᠬᠦ ᠪᠠ ᠡᠯᠧᠺᠲᠷᠤᠨ ᠬᠤᠳᠠᠯᠳᠤᠭ᠎ᠠ ᠵᠡᠷᠭᠡ ᠲᠠᠯ᠎ᠠ ᠪᠠᠷ ᠰᠢᠨ᠎ᠠ ᠠᠬᠢᠯᠳᠠ ᠲᠠᠢ | ᠪᠤᠯᠬᠤ ᠪᠠᠷ ᠴᠢᠷᠮᠠᠶᠢᠬᠤ ᠶᠢ ᠬᠥᠳᠤᠯᠤᠨ ᠵᠢᠯᠤᠭᠤᠳᠬᠤ ᠬᠡᠷᠡᠭᠳᠠᠢ᠃ ᠮᠤᠳᠤᠨ ᠮᠠᠯᠵᠢᠯ ᠤᠨ ᠲᠠᠯᠠᠪᠠᠢ ᠵᠡᠷᠭᠡ ᠤᠷᠤᠨ | ᠪᠦᠰᠡ ᠳᠠᠬᠢ ᠰᠤᠯᠠ ᠪᠠᠶᠢᠭ᠎ᠠ ᠲᠡᠵᠢᠭᠡᠨ ᠦᠷᠡᠵᠢᠬᠦᠯᠬᠦ ᠲᠠᠯᠠᠪᠠᠢ ᠰᠠᠷᠡᠪᠴᠢ ᠬᠠᠰᠢᠶ᠎ᠠ ᠶᠢ ᠲᠦᠷᠭᠡᠨ ᠢᠶᠠᠷ ᠠᠮᠢᠳᠤᠯᠢᠭ | ᠬᠡᠷᠡᠭᠯᠡᠵᠤ᠂ ᠰᠢᠯᠢ ᠶᠢᠨ ᠤᠪᠤᠭ᠎ᠠ ᠵᠡᠷᠭᠡ ᠦᠪᠡᠷᠮᠢᠴᠠ ᠤᠨᠴᠠᠯᠢᠬᠳᠤ ᠠᠵᠤ ᠦᠢᠯᠡᠰ ᠤᠨ ︽ᠵᠢᠵᠢᠭ ᠪᠠᠯᠭᠠᠰᠤ︾ ᠶᠢ | ᠢᠳᠡᠭ ᠢᠳᠡᠭ ᠢᠶᠠᠷ ᠪᠠᠶᠢᠭᠤᠯᠵᠤ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠬᠦᠯᠬᠦ ᠬᠥᠷᠢᠶᠡᠯᠡᠩ ᠲᠤᠭᠤᠷᠢᠭ ᠪᠤᠯᠤᠨ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠳᠤᠨ ᠬᠥᠭᠵᠢᠬᠦ ᠤᠳᠤᠷᠢᠳᠤᠮᠵᠢ ᠤᠷᠤᠨ ᠤ ᠪᠦᠳᠤᠭᠡᠨ ᠪᠠᠶᠢᠭᠤᠯᠤᠯᠳᠡ ᠶᠢ ᠬᠥᠴᠤᠯᠡᠨ ᠠᠬᠢᠭᠤᠯᠬᠤ | ᠬᠡᠷᠡᠭᠳᠠᠢ᠃ ᠭᠤᠷᠪᠠ ᠳᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠪᠡᠶᠡᠴᠢ | ᠴᠤᠭᠴᠠ ᠶᠢ ᠪᠤᠶᠢᠵᠢᠭᠤᠯᠤᠨ᠎ᠠ᠃ ︽ᠬᠡᠢ ᠬᠤᠭᠤᠰᠤᠨ︾ ᠬᠤᠷᠰᠢᠶᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ | ᠴᠡᠭᠴᠡᠯᠡᠵᠤ᠂ ᠵᠢᠱᠢᠶᠡᠴᠢ ᠬᠤᠷᠰᠢᠶᠠᠵᠢᠯ᠂ ᠵᠢᠱᠢᠶᠡᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠬᠤ | ᠠᠵᠢᠯᠯᠠᠭ᠎ᠠ ᠶᠢ ᠬᠦᠨᠵᠡᠭᠡᠢ ᠦᠷᠨᠢᠬᠦᠯᠬᠦ ᠬᠡᠷᠡᠭᠲᠡᠢ᠂ ᠠᠵᠤ ᠦᠢᠯᠡᠰ ᠤᠨ ᠬᠡᠪᠴᠢᠶ᠎ᠡ ᠨᠢ ᠦᠷᠭᠡᠨ᠂ ᠡᠵᠡᠩᠨᠡᠯᠲᠡ | ᠬᠠᠮᠢᠶᠠᠷᠤᠯᠲᠠ ᠨᠢ ᠵᠢᠷᠤᠮᠵᠢᠭᠤᠨ᠂ ᠲᠠᠶᠢᠴᠢᠯᠠᠬᠤ ᠦᠢᠯᠡᠳᠦᠯ ᠢᠶᠠᠷ ᠲᠤᠪᠤᠶᠢᠮ᠎ᠠ᠂ ᠠᠵᠤ ᠠᠬᠤᠢ ᠪᠠ ᠠᠮᠢ ᠠᠬᠤᠢ | ᠶᠢᠨ ᠦᠷ᠎ᠡ ᠠᠰᠢᠭ ᠢᠶᠠᠷ ᠰᠠᠶᠢᠨ ᠬᠤᠷᠰᠢᠶᠠᠵᠢᠯ ᠳᠤ ᠬᠠᠮᠢᠶ᠎ᠠ ᠪᠦᠬᠦᠢ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ᠂ | ᠪᠡᠯᠡ ᠮᠦᠩᠬᠦ ᠪᠠ ᠲᠦᠷᠦᠯ ᠵᠦᠢᠯ ᠤᠨ ᠲᠠᠯ᠎ᠠ ᠪᠠᠷ ᠭᠤᠤᠯᠳᠠᠯᠭ᠎ᠠ ᠲᠠᠢ ᠬᠠᠷᠠᠭᠠᠯᠵᠠᠯ ᠦᠵᠡᠬᠦᠯᠬᠦ ᠬᠡᠷᠡᠭᠲᠡᠢ᠃ ᠦᠪᠡᠷ | ᠦᠪᠡᠷ ᠤᠨ ᠴᠢᠳᠠᠮᠵᠢ ᠪᠠ ᠤᠨᠴᠠᠯᠢᠭ ᠪᠦᠬᠦᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠪᠡᠶᠡᠴᠢ ᠴᠤᠭᠴᠠ ᠶᠢ ᠰᠦᠪᠡᠭᠴᠢᠯᠡᠨ ᠬᠦᠭᠵᠢᠬᠦᠯᠵᠤ᠂ ᠦᠢᠯᠡᠳᠪᠤᠷᠢᠯᠡᠯ ᠢ ᠨᠠᠶᠢᠳᠠᠨ | ᠬᠠᠮᠢᠶᠠᠷᠤᠭᠤᠯᠬᠤ᠂ ᠬᠢᠵᠢᠭ ᠰᠡᠷᠭᠡᠶᠢᠯᠡᠨ ᠡᠬᠦᠯᠳᠡᠷ ᠰᠠᠶᠢᠵᠢᠷᠠᠭᠤᠯᠬᠤ᠂ ᠡᠪᠡᠰᠦ ᠪᠤᠷᠳᠤᠭ᠎ᠠ ᠬᠠᠩᠭᠠᠬᠤ ᠵᠡᠷᠭᠡ | ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠤᠳᠤᠷᠢᠳᠤᠨ ᠡᠷᠬᠢᠯᠡᠬᠦ ᠬᠡᠷᠡᠭᠲᠡᠢ᠃ ᠬᠠᠤᠯᠢ | ᠶᠤᠰᠤᠭᠠᠷ ᠬᠢᠬᠦ᠂ ᠲᠦᠯᠦᠪᠤᠷᠢ ᠦᠭᠬᠦ᠂ ᠰᠠᠶᠢᠨ ᠲᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠭᠠᠵᠠᠷ ᠰᠢᠷᠤᠢ | ᠪᠡᠯᠴᠢᠭᠡᠷ ᠤᠨ ᠡᠵᠡᠩᠨᠡᠯᠲᠡ ᠶᠢᠨ ᠡᠷᠭᠡ ᠪᠠᠨ ᠮᠡᠷᠭᠡᠵᠢᠯ ᠲᠠᠢ ᠪᠦᠭᠡᠳ ᠡᠵᠡᠩᠨᠡᠵᠤ ᠴᠢᠳᠠᠬᠤ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠪᠡᠶᠡᠴᠢ ᠴᠤᠭᠴᠠ ᠳᠤ ᠰᠢᠯᠵᠢᠬᠦᠯᠬᠦ ᠶᠢ ᠵᠤᠷᠢᠭᠵᠢᠭᠤᠯᠤᠨ᠂ ᠪᠠᠷᠢᠮᠵᠢᠶᠠᠳᠤ ᠦᠢᠯᠡᠳᠪᠤᠷᠢᠯᠡᠯ᠂ | ᠬᠡᠪᠴᠢᠶᠡᠳᠤ ᠡᠵᠡᠩᠨᠡᠯᠲᠡ ᠶᠢ ᠬᠦᠲᠦᠯᠦᠨ ᠲᠠᠭᠠᠭᠤᠯᠤᠨ᠎ᠠ᠃ ᠲᠦᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠬᠡᠷᠡᠭᠯᠡᠯᠲᠡ ᠪᠠ ᠤᠷ᠎ᠠ ᠮᠡᠷᠭᠡᠵᠢᠯ ᠤᠨ ᠪᠤᠯᠪᠠᠰᠤᠷᠠᠭᠤᠯᠤᠯ ᠢ ᠠᠬᠢᠭᠤᠯᠤᠨ᠎ᠠ᠃ ︽ᠲᠠᠷᠢᠶᠠᠯᠠᠩ ᠰᠢᠨᠵᠢᠯᠡᠬᠦ ᠤᠬᠠᠭᠠᠨ | ᠰᠤᠷᠭᠠᠨ ᠬᠦᠮᠦᠵᠢᠯ᠂ ᠦᠢᠯᠡᠳᠪᠦᠷᠢᠯᠡᠯ ᠰᠣᠷᠣᠯᠴᠠᠯᠭ᠎ᠠ ᠰᠣᠳᠣᠯᠭᠠᠨ︾ ᠢ ᠤᠶᠠᠯᠳᠤᠭᠤᠯᠤᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠪᠠᠶᠢᠭᠤᠯᠬᠤ ᠶᠢ ᠠᠬᠢᠭᠤᠯᠵᠤ᠂ ᠲᠡᠭᠡᠳᠤ ᠰᠤᠷᠭᠠᠭᠤᠯᠢ᠂ | ᠲᠤᠯᠤᠭᠠᠶᠢᠯᠠᠭᠴᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠮᠡᠷᠭᠡᠵᠢᠯ ᠤᠨ ᠬᠦᠴᠦᠨ ᠤ ᠤᠷᠤᠭᠤᠯᠤᠯᠲᠠ ᠪᠠᠨ ᠴᠢᠩᠭᠠᠳᠬᠠᠬᠤ ᠶᠢ ᠲᠡᠮᠵᠢᠵᠤ᠂ | ᠠᠮᠢᠳᠤ ᠪᠤᠳᠠᠰ ᠤᠨ ᠦᠢᠯᠡᠳᠬᠦᠨ ᠤ ᠨᠠᠷᠢᠯᠢᠭ ᠪᠦᠭᠡᠳ ᠬᠦᠨᠵᠡᠭᠡᠢ ᠰᠤᠳᠤᠯᠤᠨ ᠨᠡᠭᠡᠭᠡᠯᠲᠡ ᠶᠢ ᠶᠡᠭᠡ ᠪᠠᠷ | ᠠᠬᠢᠭᠤᠯᠤᠨ᠎ᠠ᠃ ᠮᠠᠯᠴᠢᠳ ᠤᠨ ᠠᠵᠤ ᠦᠢᠯᠡᠰ ᠤᠨ ᠤᠷ᠎ᠠ ᠮᠡᠷᠭᠡᠵᠢᠯ ᠤᠨ ᠬᠡᠪ ᠴᠢᠨᠠᠷ ᠵᠢᠴᠢ ᠠᠵᠢᠯ ᠤᠯᠭᠤᠵᠣ | ᠦᠢᠯᠡᠰ ᠪᠣᠰᠬᠠᠬᠤ ᠦᠢᠯᠡᠴᠢᠯᠡᠭᠡᠨ ᠤ ᠬᠢᠷᠢ ᠲᠦᠪᠰᠢᠨ ᠢ ᠭᠤᠤᠯᠳᠠᠯᠭ᠎ᠠ ᠲᠠᠢ ᠴᠢᠩᠭᠠᠳᠬᠠᠨ ᠲᠡᠭᠡᠭᠰᠢᠯᠡᠬᠦᠯᠵᠤ᠂ | ᠰᠢᠨ᠎ᠡ ᠴᠠᠭ ᠦᠶ᠎ᠡ ᠶᠢᠨ ᠰᠢᠨ᠎ᠡ ᠬᠡᠯᠪᠡᠷᠢ ᠶᠢᠨ ᠮᠠᠯᠴᠢᠳ ᠢ ᠪᠤᠯᠪᠠᠰᠤᠷᠠᠭᠤᠯᠬᠤ ᠢᠨᠵᠧᠨᠧᠷᠢᠩ ᠢ ᠵᠤᠬᠢᠶᠠᠨ | ᠪᠠᠶᠢᠭᠤᠯᠤᠨ ᠰᠠᠶᠢᠳᠤᠷ ᠠᠳᠬᠤᠵᠤ᠂ ᠬᠤᠶᠠᠷ ᠵᠢᠯ ᠤᠨ ᠴᠠᠭ ᠬᠡᠷᠡᠭᠰᠡᠵᠤ ᠡᠷᠦᠭᠡ ᠪᠦᠷᠢ ᠠᠴᠠ ᠠᠳᠠᠭ ᠲᠠᠭᠠᠨ 1 | ᠮᠠᠯᠴᠢᠨ ᠢ ᠡᠭᠡᠯᠵᠢᠯᠡᠨ ᠪᠤᠯᠪᠠᠰᠤᠷᠠᠭᠤᠯᠵᠤ᠂ ᠦᠵᠡᠬᠦᠯᠦᠯᠭᠡ ᠶᠢᠨ ᠰᠤᠷᠤᠯᠴᠠᠯᠭ᠎ᠠ᠂ ᠲᠦᠪᠯᠡᠷᠡᠩᠬᠦᠢ | ᠪᠤᠯᠪᠠᠰᠤᠷᠠᠭᠤᠯᠤᠯ ᠤᠨ ᠠᠷᠭ᠎ᠠ ᠬᠡᠯᠪᠡᠷᠢ ᠪᠠᠷ ᠨᠢᠭᠡ ᠪᠦᠯᠦᠭ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ᠂ | ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠ ᠬᠤᠷᠰᠢᠶᠠᠵᠢᠯ ᠤᠨ ᠲᠤᠯᠤᠭᠠᠶᠢᠯᠠᠭᠴᠢ | ᠬᠦᠮᠦᠰ ᠢ ᠬᠦᠮᠦᠵᠢᠬᠦᠯᠬᠦ ᠪᠠᠷ ᠴᠢᠷᠮᠠᠶᠢᠬᠤ ᠬᠡᠷᠡᠭᠲᠠᠢ᠃ ᠲᠠᠪᠤ ᠳᠤ ᠮᠠᠯᠵᠢᠬᠤ ᠤᠷᠤᠨ ᠤ ᠦᠭᠡᠷᠡᠴᠢᠯᠡᠯᠲᠡ ᠨᠡᠭᠡᠭᠡᠯᠲᠡ | ᠶᠢ ᠲᠠᠰᠤᠷᠠᠯᠲᠠ ᠦᠭᠡᠢ ᠠᠬᠢᠭᠤᠯᠤᠨ᠎ᠠ᠃ ᠤᠯᠤᠰ ᠤᠨ ᠦᠮᠴᠢᠯᠡᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠦᠭᠡᠷᠡᠴᠢᠯᠡᠯᠲᠡ ᠬᠦᠭᠵᠢᠯᠲᠡ ᠶᠢ ᠲᠦᠷᠭᠡᠳᠭᠡᠵᠤ᠂ ᠡᠷᠭᠡ ᠶᠢᠨ ᠪᠠᠶᠢᠴᠠᠭᠠᠯᠲᠠ ᠬᠢᠬᠦ᠂ ᠭᠠᠵᠠᠷ ᠰᠢᠷᠤᠢ ᠶᠢᠨ ᠡᠷᠭᠡ | ᠶᠢ ᠨᠤᠲᠠᠯᠠᠬᠤ᠂ ᠡᠳ᠋ ᠬᠦᠷᠦᠩᠭᠡ ᠶᠢ ᠪᠦᠷᠢᠳᠭᠡᠨ ᠬᠠᠷᠭᠤᠭᠤᠯᠬᠤ᠂ ᠡᠬᠦᠷᠭᠡ ᠴᠢᠳᠠᠪᠤᠷᠢ ᠶᠢ ᠰᠠᠯᠭᠠᠬᠤ ᠰᠠᠭᠤᠷᠢᠨ | ᠲᠡᠭᠡᠷ᠎ᠡ᠂ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠪᠦᠯᠬᠦᠮ ᠪᠤᠶᠤ ᠤᠯᠤᠰ ᠤᠨ ᠬᠦᠷᠦᠩᠭᠡ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠤᠷᠢᠵᠤ ᠤᠷᠤᠭᠤᠯᠬᠤ ᠠᠵᠢᠯ ᠢ ᠲᠠᠷᠤᠢ ᠲᠦᠷᠭᠡᠨ ᠲᠦᠰᠦᠪᠯᠡᠵᠤ᠂ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠵᠢᠯᠤᠭᠤᠳᠤᠯᠭ᠎ᠠ ᠦᠢᠯᠡᠴᠢᠯᠡᠭᠡ ᠪᠠᠨ ᠴᠢᠩᠭᠠᠳᠬᠠᠨ᠂ ᠤᠯᠤᠰ ᠤᠨ ᠦᠮᠴᠢᠯᠡᠯ | ᠤᠨ ᠲᠠᠷᠢᠶᠠᠨ ᠭᠠᠵᠠᠷ ᠤᠨ ᠰᠢᠯᠢᠳᠡᠭ ᠡᠬᠢ ᠪᠠᠶᠠᠯᠢᠭ ᠤᠨ ᠺᠤᠮᠫᠠᠨᠢᠴᠢᠯᠠᠭᠰᠠᠨ᠂ ᠪᠦᠯᠦᠭᠯᠡᠯᠴᠢᠯᠡᠭᠰᠡᠨ ᠡᠵᠡᠩᠨᠡᠯᠲᠡ ᠶᠢ | ᠠᠬᠢᠭᠤᠯᠬᠤ ᠬᠡᠷᠡᠭᠲᠡᠢ᠃ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠪᠦᠷᠢᠯᠳᠦᠬᠦᠨ ᠤ ᠪᠡᠶ᠎ᠡ ᠬᠡᠮ ᠢ ᠨᠤᠲᠠᠯᠠᠬᠤ᠂ ᠬᠤᠪᠢ | ᠤᠷᠤᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠪᠠᠶᠢᠭᠤᠯᠬᠤ ᠠᠬᠢᠴᠠ ᠶᠢ ᠲᠦᠷᠬᠡᠪᠴᠢᠯᠡᠨ ᠠᠬᠢᠭᠤᠯᠵᠤ᠂ | ᠭᠠᠴᠠᠭᠠᠨ ᠤ ᠬᠠᠮᠳᠤ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠲᠡᠭᠡᠭᠰᠢᠯᠡᠬᠦᠯᠵᠤ᠂ ᠮᠠᠯᠵᠢᠬᠤ ᠤᠷᠤᠨ ᠤ ᠡᠳ᠋ ᠬᠦᠷᠦᠩᠭᠡ ᠶᠢ ᠠᠰᠢᠭ ᠤᠷᠤᠯᠭ᠎ᠠ ᠪᠤᠯᠭᠠᠨ ᠬᠤᠪᠢᠷᠠᠭᠤᠯᠵᠤ᠂ | ᠮᠠᠯᠴᠢᠳ ᠢ ᠬᠤᠪᠢ ᠤᠷᠤᠭᠤᠯᠤᠭᠴᠢ ᠪᠤᠯᠭᠠᠨ ᠬᠤᠪᠢᠷᠠᠭᠤᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ | ᠲᠠᠰᠤᠷᠠᠯᠲᠠ ᠦᠭᠡᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠮᠠᠯᠴᠢᠳ ᠬᠢᠭᠡᠳ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠤᠭᠠᠨ ᠤ ᠲᠤᠭᠲᠠᠴᠠ ᠶᠢ ᠲᠦᠷᠬᠡᠪᠴᠢᠯᠡᠨ ᠲᠡᠬᠦᠯᠳᠡᠷᠵᠢᠬᠦᠯᠵᠤ᠂ ᠬᠤᠪᠢ ᠤᠷᠤᠭᠤᠯᠤᠭᠴᠢ ᠳᠤ | ᠠᠰᠢᠭ ᠬᠤᠪᠢᠶᠠᠬᠤ᠂ ᠠᠰᠢᠭ ᠬᠤᠨᠵᠢᠪᠤᠷᠢ ᠪᠤᠴᠠᠭᠠᠬᠤ ᠵᠡᠷᠭᠡ ᠮᠠᠯᠴᠢᠳ ᠬᠢᠭᠡᠳ ᠠᠵᠤ ᠠᠬᠤᠶᠢᠯᠠᠯ ᠤᠨ ᠠᠰᠢᠭ | ᠲᠤᠰᠠ ᠶᠢ ᠨᠢᠬᠲᠠ ᠬᠤᠯᠪᠤᠬᠤ ᠲᠦᠷᠦ ᠶᠢᠨ ᠪᠤᠳᠤᠯᠭ᠎ᠠ ᠶᠢ ᠨᠡᠶᠢᠳᠡᠮ ᠪᠦᠷᠬᠦᠬᠦᠯᠬᠦ ᠪᠠᠷ ᠴᠢᠷᠮᠠᠶᠢᠵᠤ᠂ ᠮᠠᠯᠴᠢᠳ | ᠬᠢᠭᠡᠳ ᠠᠵᠤ ᠠᠬᠤᠶᠢᠯᠠᠯ ᠤᠨ ᠵᠢᠱᠢᠶ᠎ᠡ ᠦᠵᠡᠬᠦᠯᠬᠦ ᠬᠡᠯᠪᠡᠷᠢ ᠶᠢᠨ ︽ᠨᠢᠭᠡᠳᠦᠮᠡᠯ ᠴᠤᠭᠴᠠ︾ ᠶᠢ ᠪᠠᠶᠢᠭᠤᠯᠣᠨ᠂ | ᠭᠤᠷᠪᠠᠳᠤᠭᠠᠷ ᠠᠵᠤ ᠦᠢᠯᠡᠰ ᠤᠨ ᠬᠦᠨᠵᠡᠭᠡᠢ ᠠᠭᠤᠰᠤᠯᠳᠤᠨ ᠬᠦᠭᠵᠢᠬᠦ ᠶᠢ ᠲᠠᠰᠤᠷᠠᠯᠲᠠ ᠦᠭᠡᠢ ᠠᠬᠢᠭᠤᠯᠬᠤ | ᠬᠡᠷᠡᠭᠲᠡᠢ᠃ ᠡᠯᠧᠺᠲᠷᠤᠨ ᠬᠤᠳᠠᠯᠳᠤᠭ᠎ᠠ ᠶᠢ ᠮᠠᠯᠵᠢᠬᠤ ᠤᠷᠤᠨ ᠳᠤ ᠤᠷᠤᠭᠤᠯᠬᠤ ᠶᠠᠪᠤᠳᠠᠯ ᠢ ᠶᠡᠭᠡ ᠪᠠᠷ ᠠᠬᠢᠭᠤᠯᠵᠤ | ᠂ ᠮᠠᠯᠵᠢᠬᠤ ᠤᠷᠤᠨ ᠤ ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠡᠷᠬᠦᠭᠡᠵᠤ ᠲᠠᠬᠢᠨ ᠪᠠᠶᠢᠭᠤᠯᠬᠤ ᠲᠠᠢ | ᠤᠶᠠᠯᠳᠤᠭᠤᠯᠤᠨ᠂ ᠨᠢᠭᠡ ᠪᠦᠯᠦᠭ ᠪᠠᠷᠢᠮᠵᠢᠶᠠᠵᠢᠭᠰᠠᠨ ᠡᠯᠧᠺᠲᠷᠤᠨ ᠬᠤᠳᠠᠯᠳᠤᠭ᠎ᠠ ᠪᠠ ᠲᠦᠷᠭᠡᠨ ᠬᠦᠷᠭᠡᠯᠲᠡ ᠶᠢᠨ | ᠦᠢᠯᠡᠴᠢᠯᠡᠭᠡᠨ ᠤ ᠦᠷᠲᠡᠭᠡ ᠶᠢ ᠪᠠᠶᠢᠭᠤᠯᠤᠨ᠎ᠠ᠃ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ᠂ ᠪᠤᠭᠤᠳᠠᠯᠯᠠᠵᠤ | ᠬᠦᠷᠭᠡᠬᠦ ᠰᠢᠰᠲ᠋ᠧᠮ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠭᠠᠳᠠᠭᠠᠳᠤ ᠪᠤᠷᠤᠯᠠᠭᠤᠯᠭ᠎ᠠ ᠶᠢᠨ ︽ᠡᠴᠦᠰ ᠤᠨ ᠨᠢᠭᠡ ᠺᠢᠯᠤᠮᠧᠲᠷ︾ ᠤᠨ ᠠᠰᠠᠭᠤᠳᠠᠯ ᠢ ᠰᠠᠶᠢᠳᠤᠷ | ᠰᠢᠢᠳᠪᠤᠷᠢᠯᠡᠨ᠎ᠡ᠃ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ | ᠶᠢ ᠰᠠᠶᠢᠳᠤᠷ ᠠᠳᠬᠤᠵᠤ᠂ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠮᠠᠯ ᠤᠨ ᠡᠮᠴᠢ ᠶᠢᠨ ᠠᠵᠢᠯ ᠤᠨ | ᠡᠷᠴᠢᠮ ᠢ ᠴᠢᠩᠭᠠᠷᠭᠤᠯᠵᠤ᠂ ᠬᠦᠨᠳᠤ ᠶᠡᠭᠡ ᠠᠮᠢᠲᠠᠨ ᠤ ᠬᠢᠵᠢᠭ ᠤᠨ ᠦᠯᠦ ᠬᠠᠯᠳᠠᠪᠤᠷᠢᠯᠡᠬᠤ ᠨᠤᠷᠮ᠎ᠠ ᠶᠢ 100% | ᠳᠤ ᠬᠦᠷᠭᠡᠬᠦ ᠶᠢ ᠪᠠᠲᠤᠯᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠮᠠᠨ ᠤ ᠬᠤᠲᠠ ᠳᠤ ᠬᠠᠯᠳᠠᠪᠤᠷᠢᠯᠠᠨ | ᠤᠷᠤᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠢ᠃ | ︵ᠭᠤᠷᠪᠠ︶ ᠶᠠᠳᠠᠭᠤ ᠠᠴᠠ ᠠᠩᠬᠢᠵᠢᠷᠠᠭᠤᠯᠬᠤ ᠪᠡᠷᠬᠡ ᠰᠡᠳᠦᠪ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠮᠠᠯᠴᠢᠳ ᠤᠨ ᠤᠷᠤᠯᠭ᠎ᠠ ᠶᠢᠨ ᠦᠷᠬᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ ᠶᠠᠳᠠᠭᠤ ᠠᠴᠠ | ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠲᠠᠶᠢᠨ ᠤ ᠢᠯᠠᠯᠲᠠ ᠶᠢ ᠲᠡᠮᠡᠴᠡᠨ ᠤᠯᠬᠤ ᠪᠤᠯ ᠬᠦᠳᠡᠭᠡ | ᠲᠤᠰᠬᠤᠨ ᠢ ᠬᠦᠭᠵᠢᠬᠦᠯᠣᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠲᠡᠷᠢᠬᠦᠨ ᠴᠢᠬᠤᠯᠠ | ᠡᠬᠦᠷᠭᠡ ᠮᠦᠨ᠂ ᠨᠡᠩ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠪᠡᠶᠡᠯᠡᠬᠦᠯᠬᠦ | ᠬᠦᠢᠴᠡᠳᠭᠡᠯ ᠲᠤᠭ᠎ᠠ ᠮᠦᠨ᠂ ᠲᠡᠷᠡ ᠮᠦᠷᠲᠡᠭᠡᠨ ᠠᠵᠤ ᠦᠢᠯᠡᠰ ᠤᠨ ᠬᠦᠭᠵᠢᠯᠲᠡ ᠨᠢ ᠶᠠᠳᠠᠭᠤ ᠠᠴᠠ | ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠲᠠᠶᠢᠨ ᠤ ᠦᠨᠳᠦᠰᠦᠨ ᠪᠤᠳᠤᠯᠭ᠎ᠠ ᠪᠤᠯᠬᠤ ᠪᠠᠷ ᠪᠠᠷᠠᠬᠤ ᠦᠭᠡᠢ | ᠨᠡᠩ ᠴᠦ ᠬᠦᠳᠡᠭᠡ ᠲᠤᠰᠬᠤᠨ ᠢ ᠬᠦᠭᠵᠢᠬᠦᠯᠣᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ | ᠤᠷᠳᠤ ᠬᠤᠭᠤᠴᠠᠭᠠᠨ ᠤ ᠠᠷᠭ᠎ᠠ ᠮᠦᠨ᠃ ᠤᠳᠤᠬᠠᠨ ᠪᠠ ᠬᠤᠶᠢᠰᠢᠲᠠ ᠶᠢᠨ ᠬᠡᠰᠡᠭ ᠬᠤᠭᠤᠴᠠᠭᠠᠨ ᠳᠤ ᠶᠠᠳᠠᠭᠤ | ᠠᠴᠠ ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠠᠵᠢᠯ ᠢ ᠬᠦᠳᠡᠭᠡ ᠲᠤᠰᠬᠤᠨ ᠢ ᠬᠦᠭᠵᠢᠬᠦᠯᠣᠨ | ᠮᠠᠨᠳᠣᠭᠤᠯᠬᠤ ᠲᠠᠢ ᠤᠷᠭᠠᠨᠢᠭ ᠢᠶᠠᠷ ᠤᠶᠠᠯᠳᠤᠭᠤᠯᠵᠤ᠂ ᠰᠠᠶᠢᠳᠤᠷ ᠵᠤᠯᠭᠠᠯᠳᠤᠭᠤᠯᠤᠨ᠂ ᠠᠵᠤ ᠦᠢᠯᠡᠰ ᠤᠨ | ᠬᠦᠭᠵᠢᠯ ᠪᠠᠳᠠᠷᠠᠯ ᠢᠶᠠᠷ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠠ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠲᠠ ᠶᠢᠨ ᠨᠢᠬᠲᠠᠷᠠᠭᠤᠯᠬᠤ ᠬᠦᠴᠦᠨ᠂ ᠲᠠᠶᠢᠴᠢᠯᠠᠬᠤ ᠬᠦᠴᠦᠨ᠂ ᠵᠤᠬᠢᠶᠠᠨ ᠪᠠᠶᠢᠭᠤᠯᠬᠤ ᠬᠦᠴᠦᠨ ᠢ | ᠴᠢᠩᠭᠠᠳᠬᠠᠬᠤ ᠬᠠᠮᠤᠭ ᠤᠨ ᠦᠨᠳᠦᠰᠦᠨ ᠠᠷᠭ᠎ᠠ ᠬᠡᠮᠵᠢᠶ᠎ᠡ ᠪᠠ ᠠᠷᠭ᠎ᠠ ᠵᠠᠮ ᠪᠤᠯᠭᠠᠵᠤ᠂ ᠮᠠᠯᠴᠢᠳ ᠢ ᠲᠠᠶᠢᠴᠢᠯᠠᠨ | ᠤᠷᠤᠯᠭ᠎ᠠ ᠶᠢ ᠨᠢ ᠦᠷᠬᠦᠯᠵᠢᠯᠡᠨ ᠨᠡᠮᠡᠭᠳᠡᠬᠦᠯᠵᠤ᠂ ᠮᠠᠯᠴᠢᠳ ᠲᠤ ᠦᠢᠯᠡᠴᠢᠯᠡᠨ ᠮᠠᠯᠴᠢᠳ ᠢ ᠬᠦᠲᠦᠯᠦᠨ | ᠲᠠᠭᠠᠭᠤᠯᠵᠤ ᠪᠠᠶᠢᠭᠠᠳ ᠪᠠᠶᠠᠵᠢᠯ ᠤᠨ ᠵᠠᠮ ᠢᠶᠠᠷ ᠵᠠᠮᠨᠠᠭᠤᠯᠬᠤ ᠬᠡᠷᠡᠭᠲᠡᠢ᠃ 2018 ᠤᠨ ᠤ ᠵᠢᠯ ᠤᠨ ᠡᠴᠦᠰ ᠤᠨ | ᠶᠠᠳᠠᠭᠤ ᠪᠠᠷ ᠲᠡᠳᠬᠦᠭᠳᠡᠬᠦ ᠡᠳᠡᠭᠡᠳ ᠤᠨ ᠬᠦᠳᠡᠯᠦᠩᠬᠦᠢ ᠬᠠᠮᠢᠶᠠᠷᠤᠯᠲᠠ ᠪᠠᠷ ᠲᠠᠮᠵᠢᠨ ᠪᠦᠬᠦ ᠬᠤᠲᠠ ᠳᠤ | ᠳᠠᠩᠰᠠᠯᠠᠭᠰᠠᠨ ᠶᠠᠳᠠᠭᠤ ᠡᠷᠦᠬᠡ ᠨᠡᠶᠢᠲᠡ 72 ᠡᠷᠦᠭᠡ ᠶᠢᠨ 228 ᠬᠦᠮᠦᠨ ᠪᠠᠶᠢᠵᠣ᠂ ᠡᠬᠦᠨ ᠤ ᠲᠤᠳᠤᠷ᠎ᠠ 21 | ᠡᠷᠦᠭᠡ ᠶᠢᠨ 76 ᠬᠦᠮᠦᠨ ᠢ ᠲᠤᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ 51 ᠡᠷᠦᠭᠡ ᠶᠢᠨ 152 | ᠬᠦᠮᠦᠨ ᠢ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠬᠢᠵᠢᠷᠠᠭᠤᠯᠪᠠ᠂ ᠡᠬᠦᠨ ᠠᠴᠠ ᠭᠠᠳᠠᠨ᠎ᠠ ᠪᠠᠰᠠ ᠶᠠᠳᠠᠭᠤᠯᠢᠭ | ᠡᠷᠦᠬᠡ 78 ᠡᠷᠦᠭᠡ 230 ᠬᠦᠮᠦᠨ ᠪᠠᠶᠢᠨ᠎ᠠ᠃ ᠶᠠᠳᠠᠭᠤᠷᠠᠭᠰᠠᠨ ᠤ ᠦᠨᠳᠦᠰᠦᠨ ᠰᠢᠯᠲᠠᠭᠠᠨ ᠪᠤᠯ ᠠᠵᠤ ᠦᠢᠯᠡᠰ | ᠤᠨ ᠬᠦᠭᠵᠢᠯᠲᠡ ᠶᠢᠨ ᠰᠠᠭᠤᠷᠢ ᠨᠢᠮᠭᠡᠨ᠂ ᠤᠷᠤᠯᠭ᠎ᠠ ᠶᠢᠨ ᠨᠡᠮᠡᠭᠳᠡᠯ ᠢ ᠬᠦᠲᠦᠯᠦᠨ ᠲᠠᠭᠠᠭᠤᠯᠬᠤ ᠴᠢᠳᠠᠪᠤᠷᠢ | ᠲᠤᠳᠠᠮᠠᠭ᠂ ᠨᠠᠷᠢᠯᠢᠭ ᠣᠨᠣᠪᠴᠢᠲᠠᠢ ᠬᠦᠴᠦᠯᠡᠬᠦ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠦᠨ᠃ | ᠡᠶᠢᠮᠦ ᠠᠴᠠ᠂ ᠢᠳᠡᠭᠡᠯ ᠵᠤᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠲᠦᠪ ᠬᠤᠷᠢᠶ᠎ᠠ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ | ᠪᠡᠷᠭᠡ ᠰᠡᠳᠦᠪ ᠰᠢᠢᠳᠪᠤᠷᠢᠯᠡᠬᠦ ᠲᠤᠬᠠᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ | ᠰᠠᠶᠢᠳᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠶᠢ ᠠᠳᠬᠤᠬᠤ | ᠡᠷᠴᠢ ᠬᠦᠴᠦᠨ ᠪᠤᠯᠤᠨ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠠᠵᠢᠯ ᠤᠨ ᠬᠦᠴᠦᠯᠡᠬᠦ | ᠴᠡᠭ ᠪᠠ ᠡᠬᠢᠯᠡᠯᠲᠡ ᠶᠢᠨ ᠴᠡᠭ ᠢᠶᠠᠨ ᠣᠨᠣᠪᠴᠢᠲᠠᠢ ᠡᠷᠢᠵᠤ᠂ ᠶᠠᠳᠠᠭᠤ ᠶᠢ ᠲᠡᠳᠬᠦᠬᠦ ᠠᠵᠢᠯ ᠢ ᠬᠠᠨᠳᠤᠯᠭᠠᠳᠤ | ᠴᠢᠨᠠᠷ ᠲᠠᠢ ᠪᠠᠷ ᠦᠷᠨᠢᠬᠦᠯᠬᠦ ᠬᠡᠷᠡᠭᠲᠡᠢ᠃ ᠨᠢᠭᠡ ᠳᠤ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ | ᠠᠵᠢᠯ ᠢ ᠪᠤᠲᠠᠲᠠᠢ ᠬᠢᠬᠦ ᠬᠡᠷᠡᠭᠲᠡᠢ᠃ ᠶᠠᠳᠠᠭᠤ ᠪᠠᠷ ᠲᠡᠳᠬᠦᠭᠳᠡᠬᠦ ᠡᠳᠡᠭᠡᠳ ᠤᠨ ᠬᠦᠳᠡᠯᠦᠩᠬᠦᠢ ᠬᠠᠮᠢᠶᠠᠷᠤᠯᠲᠠ ᠶᠢ | ᠡᠷᠬᠡᠪᠰᠢ ᠪᠠᠶᠢᠩᠭᠤ ᠶᠢᠨ ᠠᠵᠢᠯ ᠪᠤᠯᠭᠠᠨ ᠪᠤᠲᠠᠲᠠᠢ ᠰᠠᠶᠢᠨ ᠠᠳᠬᠤᠵᠤ᠂ ᠲᠤᠭᠲᠠᠭᠤᠨ ᠪᠤᠰᠤ ᠪᠠᠷ ᠶᠠᠳᠠᠭᠤ ᠠᠴᠠ | ᠠᠩᠬᠢᠵᠢᠷᠠᠭᠤᠯᠬᠤ ᠡᠷᠦᠭᠡ ᠪᠠ ᠤᠷᠤᠯᠭ᠎ᠠ ᠶᠢᠨ ᠲᠦᠪᠰᠢᠨ ᠨᠢ ᠲᠠᠩᠰᠠᠯᠠᠨ ᠺᠠᠷᠲᠯᠠᠭᠰᠠᠨ ᠡᠷᠦᠭᠡ ᠠᠴᠠ ᠵᠢᠭᠠᠬᠠᠨ | ᠦᠨᠳᠤᠷ ᠪᠠᠶᠢᠬᠤ ᠶᠠᠳᠠᠭᠤᠯᠢᠭ ᠡᠷᠦᠭᠡ ᠵᠡᠷᠭᠡ ᠭᠤᠤᠯᠳᠠᠯᠭ᠎ᠠ ᠲᠠᠢ ᠬᠦᠮᠦᠰ ᠢ ᠮᠦᠷᠳᠡᠨ ᠬᠢᠨᠠᠬᠤ ᠪᠠᠨ ᠴᠢᠩᠭᠠᠳᠬᠠᠵᠤ | ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠠᠷᠪᠠᠨ ᠵᠦᠢᠯ ᠢ ︽ᠶᠠᠳᠠᠭᠤ ᠡᠷᠦᠬᠡ ᠦᠭᠡᠢ | ᠪᠤᠯᠭᠠᠵᠤ ᠪᠠᠷᠢᠮᠵᠢᠶ᠎ᠠ︾ ᠪᠠᠷ ᠲᠠᠬᠢᠨ ᠬᠠᠷᠭᠤᠭᠤᠯᠵᠤ ᠨᠤᠲᠠᠯᠠᠨ ᠲᠤᠭᠲᠠᠭᠠᠬᠤ ᠬᠢᠭᠡᠳ ᠲᠤᠳᠠᠭᠤᠳᠠᠯ ᠢ | ᠨᠦᠬᠦᠪᠤᠷᠢᠯᠡᠬᠦ ᠠᠵᠢᠯ ᠢ ᠬᠦᠨᠵᠡᠭᠡᠢ ᠪᠦᠭᠡᠳ ᠨᠠᠷᠢᠯᠢᠭ ᠬᠢᠵᠤ᠂ ᠶᠠᠳᠠᠭᠤ ᠠᠴᠠ ᠠᠩᠬᠢᠵᠢᠷᠠᠬᠰᠠᠨ ᠪᠣᠯᠪᠠᠴᠣ ᠲᠦᠷᠦ | ᠶᠢᠨ ᠪᠤᠳᠤᠯᠭ᠎ᠠ ᠠᠴᠠ ᠠᠩᠬᠢᠵᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠬᠠᠢ ᠶᠢᠨ | ᠭᠠᠵᠠᠷ ᠤᠨ ᠪᠤᠲᠠᠲᠠᠢ ᠪᠠᠶᠢᠳᠠᠯ ᠲᠠᠢ ᠤᠶᠠᠯᠳᠤᠭᠤᠯᠬᠤ᠂ ᠲᠦᠷᠦᠯ ᠬᠤᠪᠢᠶᠠᠨ ᠪᠤᠳᠤᠯᠭ᠎ᠠ ᠶᠠᠪᠤᠭᠤᠯᠬᠤ ᠶᠢ | ᠪᠠᠷᠢᠮᠲᠠᠯᠠᠵᠤ᠂ ᠬᠠᠷᠢᠭᠤᠴᠠᠯᠭ᠎ᠠ ᠶᠢ ᠲᠣᠰᠬᠠᠢ ᠬᠦᠮᠦᠨ ᠳᠤ ᠨᠠᠶᠢᠳᠠᠪᠣᠷᠢᠵᠢᠭᠤᠯᠵᠣ᠂ ᠡᠷᠦᠭᠡ ᠳᠤ ᠬᠦᠷᠲᠡᠯ᠎ᠡ | ᠲᠡᠳᠬᠦᠬᠦ ᠶᠢ ᠪᠠᠲᠤᠯᠠᠨ᠂ ᠭᠠᠴᠠᠭ᠎ᠠ᠂ ᠡᠷᠦᠭᠡ᠂ ᠬᠦᠮᠦᠨ ᠲᠠᠷᠠᠭᠠᠯᠠᠨ ᠲᠠᠩᠰᠠ ᠡᠪᠬᠡᠮᠡᠯ ᠢ ᠲᠠᠬᠢᠨ ᠰᠢᠨ᠎ᠡ ᠪᠠᠷ | ᠡᠮᠬᠢᠯᠡᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠬᠦᠮᠦᠷᠭᠡ ᠶᠢ ᠰᠢᠨᠡᠳᠭᠡᠨ᠂ ᠶᠠᠳᠠᠭᠤ ᠶᠢ ᠨᠠᠷᠢᠯᠢᠭ ᠣᠨᠣᠪᠴᠢᠲᠠᠢ | ᠪᠠᠷ ᠲᠡᠳᠬᠦᠨ ᠲᠤᠭ᠎ᠠ ᠪᠠᠷᠢᠮᠲᠠ ᠶᠢ ᠲᠠᠩᠰᠠ ᠡᠪᠬᠡᠮᠡᠯ ᠲᠠᠢ ᠨᠡᠶᠢᠴᠡᠬᠦᠯᠵᠤ᠂ ᠦᠨᠡᠯᠡᠨ ᠵᠢᠱᠢᠬᠦ ᠠᠴᠠ | ᠤᠷᠬᠢᠭᠳᠠᠭᠤᠯᠬᠤ᠂ ᠦᠨᠡᠯᠡᠨ ᠵᠢᠱᠢᠬᠦ ᠳᠤ ᠪᠤᠷᠤᠭᠤᠳᠠᠬᠤ᠂ ᠶᠠᠳᠠᠭᠤ ᠡᠷᠦᠭᠡ ᠠᠴᠠ ᠭᠠᠷᠭᠠᠬᠤ ᠳᠤ ᠪᠤᠷᠤᠭᠤᠳᠠᠬᠤ | ᠵᠡᠷᠭᠡ ᠠᠰᠠᠭᠤᠳᠠᠯ ᠢ ᠰᠡᠷᠭᠡᠶᠢᠯᠡᠬᠦ ᠬᠡᠷᠡᠭᠲᠡᠢ᠃ ᠬᠤᠶᠠᠷ ᠲᠤ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠶᠢ | ᠠᠬᠢᠭᠤᠯᠤᠨ᠎ᠠ᠃ ᠠᠵᠤ ᠦᠢᠯᠡᠰ ᠢ ᠬᠦᠭᠵᠢᠬᠦᠯᠬᠦ ᠪᠤᠯ ᠤᠷᠤᠯᠭ᠎ᠠ ᠪᠠᠭ᠎ᠠ ᠮᠠᠯᠴᠢᠳ᠂ ᠠᠵᠣ ᠠᠬᠤᠢ ᠶᠢᠨ ᠰᠠᠭᠤᠷᠢ | ᠪᠠᠷᠣᠭᠲᠠᠢ ᠭᠠᠴᠠᠭᠠᠨ ᠤ ᠤᠷᠤᠯᠭ᠎ᠠ ᠶᠢ ᠲᠤᠭᠲᠠᠭᠤᠨ ᠢᠶᠠᠷ ᠨᠡᠮᠡᠭᠳᠡᠬᠦᠯᠬᠦ ᠭᠤᠤᠯ ᠠᠷᠭ᠎ᠠ ᠵᠠᠮ ᠪᠠ ᠤᠷᠳᠤ | ᠬᠤᠭᠤᠴᠠᠭᠠᠨ ᠤ ᠪᠤᠳᠤᠯᠭ᠎ᠠ ᠮᠦᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ | ᠪᠤᠵᠠᠭᠠᠶᠢᠷᠠᠭᠤᠯᠬᠤ ᠪᠤᠯ ᠬᠦᠳᠡᠭᠡ ᠲᠤᠰᠬᠤᠨ ᠢ ᠬᠦᠭᠵᠢᠬᠦᠯᠣᠨ ᠮᠠᠨᠳᠣᠭᠤᠯᠬᠤ ᠳᠤ ᠵᠠᠪᠠᠯ ᠵᠠᠮᠨᠠᠬᠤ ᠵᠠᠮ ᠮᠦᠨ᠃ | ᠡᠩ ᠲᠡᠷᠢᠬᠦᠨ ᠳᠤ ᠭᠠᠴᠠᠭᠠᠨ ᠤ ︽ᠬᠤᠶᠠᠷ ᠵᠦᠪᠯᠡᠯ︾ ᠤᠨ ᠪᠠᠭ ᠢ ᠲᠣᠬᠢᠷᠠᠭᠤᠯᠬᠤ ᠳᠤ ᠪᠠᠨ ᠰᠢᠯᠢᠳᠡᠭ ᠢ ᠨᠢ | ᠰᠤᠩᠭᠤᠵᠤ ᠲᠤᠬᠢᠷᠠᠭᠤᠯᠤᠨ᠂ ᠲᠠᠭᠠᠭᠤᠯᠤᠭᠴᠢ ᠬᠦᠮᠦᠰ ᠢ ᠰᠠᠶᠢᠳᠤᠷ ᠰᠤᠩᠭᠤᠵᠤ᠂ ᠣᠷᠮᠠᠰᠢᠭᠤᠯᠬᠤ ᠲᠦᠷᠦ ᠶᠢᠨ | ᠪᠣᠳᠣᠯᠭ᠎ᠠ ᠠᠪᠴᠣ᠂ ᠴᠢᠳᠠᠪᠤᠷᠢᠲᠡᠳ ᠤᠨ ᠨᠤᠳᠤᠭ ᠲᠠᠭᠠᠨ ᠪᠤᠴᠠᠵᠤ ᠦᠢᠯᠡᠰ ᠴᠤᠭᠴᠠᠯᠠᠨ᠂ ᠬᠦᠳᠡᠭᠡ ᠲᠤᠰᠬᠤᠨ ᠢ | ᠬᠦᠭᠵᠢᠬᠦᠯᠣᠨ ᠮᠠᠨᠳᠣᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠦᠢᠯᠡᠰ ᠲᠤ | ᠵᠢᠳᠬᠦᠯ ᠦᠵᠡᠭᠦᠯᠬᠦ ᠶᠢ ᠵᠣᠷᠢᠭᠵᠢᠭᠤᠯᠣᠨᠠᠢ᠃ ᠲᠠᠷᠠᠭ᠎ᠠ ᠳᠤᠨᠢ ᠭᠠᠴᠠᠭ᠎ᠠ᠂ ᠮᠠᠯᠴᠢᠳ ᠤᠨ ᠪᠡᠶᠡᠴᠢ ᠴᠤᠭᠴᠠ ᠶᠢᠨ | ᠦᠢᠯᠡᠳᠦᠯ ᠢ ᠬᠦᠢᠴᠡᠳ ᠲᠠᠶᠢᠴᠢᠯᠠᠨ᠂ ᠭᠠᠴᠠᠭ᠎ᠠ᠂ ᠬᠤᠷᠰᠢᠶᠠᠵᠢᠯ ᠤᠨ ᠲᠡᠭᠡᠭᠰᠢ ᠪᠠᠨ ᠵᠠᠬ᠎ᠠ ᠲᠡᠯᠭᠡᠬᠦᠷ ᠲᠠᠢ | ᠬᠤᠯᠪᠤᠯᠳᠤᠨ᠂ ᠲᠤᠷᠤᠭᠰᠢ ᠪᠠᠨ ᠮᠠᠯᠴᠢᠨ ᠡᠷᠦᠭᠡ ᠲᠠᠢ ᠬᠤᠯᠪᠤᠯᠳᠤᠬᠤ ᠤᠳᠤᠷᠢᠳᠤᠮᠵᠢ ᠶᠢᠨ ᠦᠢᠯᠡᠳᠦᠯ ᠢ | ᠬᠦᠢᠴᠡᠳ ᠪᠠᠳᠠᠷᠠᠭᠤᠯᠵᠤ᠂ ᠦᠨᠳᠦᠰᠦᠨ ᠱᠠᠳᠤ ᠶᠢ ᠬᠠᠪᠰᠤᠷᠤᠨ ᠦᠨᠡᠨ ᠬᠦ ᠬᠡᠷᠡᠭᠵᠢᠬᠦᠯᠵᠤ ᠪᠤᠯᠬᠤᠶᠢᠴᠠ ᠬᠦᠳᠡᠭᠡ | ᠲᠤᠰᠬᠤᠨ ᠢ ᠬᠦᠭᠵᠢᠬᠦᠯᠣᠨ ᠮᠠᠨᠳᠣᠭᠤᠯᠬᠤ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠭᠡ ᠶᠢ ᠲᠤᠭᠲᠠᠭᠠᠵᠤ᠂ | ᠤᠯᠠᠨ ᠲᠦᠮᠡᠨ ᠢ ᠰᠠᠶᠢᠳᠤᠷ ᠵᠤᠬᠢᠶᠠᠨ ᠪᠠᠶᠢᠭᠤᠯᠤᠨ ᠲᠦᠯᠦᠪᠵᠢᠬᠦᠯᠦᠭᠡ᠂ ᠲᠦᠷᠢᠮ ᠪᠠ ᠪᠠᠷᠢᠮᠵᠢᠶ᠎ᠠ ᠲᠤᠭᠲᠠᠭᠠᠬᠤ | ᠳᠤ ᠤᠷᠤᠯᠴᠠᠭᠤᠯᠬᠤ ᠬᠡᠷᠡᠭᠲᠡᠢ᠃ ᠢᠳᠡᠭᠡᠯ ᠵᠤᠷᠢᠭ ᠢᠶᠠᠨ ᠪᠠᠳᠤᠳᠬᠠᠨ ᠡᠷᠴᠢ ᠬᠦᠴᠦᠨ ᠢᠶᠠᠨ ᠬᠦᠪᠴᠢᠯᠡᠵᠤ᠂ | ᠮᠠᠯᠵᠢᠬᠤ ᠤᠷᠤᠨ ᠤ ᠠᠵᠤ ᠦᠢᠯᠡᠰ ᠪᠠ ᠤᠨᠴᠠᠯᠢᠭᠳᠤ ᠠᠵᠤ ᠦᠢᠯᠡᠰ ᠤᠨ ︽ᠬᠤᠤᠰ ᠬᠦᠳᠡᠯᠭᠡᠬᠦᠷ︾ ᠤᠨ | ᠲᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠢᠶᠠᠷ ᠬᠦᠲᠦᠯᠦᠨ ᠲᠠᠭᠠᠭᠤᠯᠬᠤ ᠶᠢ ᠶᠠᠳᠠᠭᠤ ᠬᠦᠴᠢᠷᠳᠡᠯ | ᠲᠠᠢ ᠡᠷᠦᠭᠡ ᠶᠢᠨ ᠣᠶᠣᠨ ᠤᠬᠠᠭᠠᠨ ᠪᠠ ᠡᠷᠴᠢ ᠵᠤᠷᠢᠭ ᠢ ᠨᠢ ᠲᠡᠳᠬᠦᠬᠦ ᠲᠠᠢ ᠤᠶᠠᠯᠳᠤᠭᠤᠯᠵᠤ᠂ ᠬᠦᠳᠡᠭᠡ | ᠲᠤᠰᠬᠤᠨ ᠮᠠᠯᠵᠢᠬᠤ ᠤᠷᠤᠨ ᠢ ᠬᠦᠭᠵᠢᠬᠦᠯᠣᠨ ᠮᠠᠨᠳᠣᠭᠤᠯᠬᠤ ᠲᠠᠢ ᠨᠢᠭᠡᠳᠦᠬᠦᠯᠵᠤ᠂ ᠮᠠᠯᠴᠢᠨ ᠲᠦᠮᠡᠨ ᠪᠠ ᠶᠠᠳᠠᠭᠤ | ᠬᠦᠴᠢᠷᠲᠡᠯ ᠲᠠᠢ ᠡᠷᠦᠭᠡ ᠶᠢᠨ ᠲᠤᠳᠤᠭᠠᠳᠤ ᠬᠦᠳᠡᠯᠭᠡᠬᠦ ᠬᠦᠴᠦᠨ ᠢ ᠲᠠᠰᠤᠷᠠᠯᠲᠠ ᠦᠭᠡᠢ ᠬᠦᠭᠵᠢᠭᠡᠬᠦ ᠬᠡᠷᠡᠭᠲᠡᠢ᠃ | ᠭᠤᠷᠪᠠ ᠳᠤ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠶᠠᠳᠠᠭᠤ ᠠᠴᠠ | ᠠᠩᠬᠢᠵᠢᠷᠠᠭᠤᠯᠬᠤ ᠪᠡᠷᠭᠡ ᠰᠡᠳᠦᠪ ᠰᠢᠢᠳᠪᠤᠷᠢᠯᠡᠬᠦ ᠲᠠᠶᠢᠨ ᠤ ᠢᠯᠠᠯᠲᠠ ᠶᠢ ᠲᠡᠮᠡᠴᠡᠨ ᠤᠯᠬᠤ ᠳᠤ ᠶᠠᠰᠤ ᠴᠢᠨᠠᠷ ᠢ | ᠪᠠᠲᠤᠯᠠᠬᠤ ᠪᠤᠯ ᠬᠠᠮᠤᠭ ᠠᠴᠠ ᠴᠢᠬᠤᠯᠠ ᠶᠤᠮ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠠᠰᠠᠭᠤᠳᠠᠯ ᠳᠤ | ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠬᠦᠯᠬᠦ ᠶᠢ ᠪᠠᠷᠢᠮᠲᠠᠯᠠᠵᠤ᠂ ᠨᠡᠩ ᠶᠡᠭᠡ ᠢᠳᠡᠭᠡᠯ ᠵᠤᠷᠢᠭ᠂ ᠨᠡᠩ ᠨᠠᠷᠢᠯᠢᠭ | ᠣᠨᠣᠪᠴᠢᠲᠠᠢ ᠠᠷᠭ᠎ᠠ ᠬᠡᠮᠵᠢᠶ᠎ᠡ ᠪᠠᠷ ᠶᠠᠳᠠᠭᠤ ᠬᠦᠴᠢᠷᠲᠡᠯ ᠲᠠᠢ ᠤᠯᠠᠨ ᠲᠦᠮᠡᠨ ᠤ ᠦᠵᠡᠯ ᠰᠠᠨᠠᠭ᠎ᠠ ᠪᠠ ᠴᠢᠳᠠᠪᠤᠷᠢ | ᠶᠢᠨ ᠲᠠᠯ᠎ᠠ ᠪᠠᠷ ᠬᠢ ᠶᠠᠳᠠᠭᠤᠷᠠᠯ ᠤᠨ ᠦᠨᠳᠤᠰᠤ ᠶᠢ ᠠᠷᠢᠯᠭᠠᠵᠤ᠂ ᠨᠡᠶᠢᠭᠡᠮ ᠤᠨ ᠴᠡᠭ ᠲᠤᠭᠲᠠᠭᠠᠨ ᠲᠡᠳᠬᠦᠬᠦ | ᠭᠤᠤᠯᠳᠠᠯᠭ᠎ᠠ ᠶᠢ ︽ᠴᠢᠰᠦ ᠪᠦᠲᠦᠭᠡᠬᠦ︾ ᠴᠢᠳᠠᠮᠵᠢ ᠶᠢ ᠪᠤᠶᠢᠵᠢᠭᠤᠯᠬᠤ ᠲᠡᠰᠢ ᠬᠡᠯᠪᠡᠶᠢᠯᠭᠡᠵᠤ᠂ ︽ᠨᠢᠭᠡ ᠡᠷᠦᠭᠡ | ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠬᠦᠯᠬᠦ︾ ᠲᠡᠳᠬᠦᠮᠵᠢ ᠶᠢᠨ ᠲᠦᠯᠦᠪᠯᠡᠭᠡ ᠶᠢ ᠬᠢᠨᠠᠮᠠᠭᠠᠢ ᠰᠠᠶᠢᠨ | ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠬᠦᠴᠢᠷᠲᠡᠯ ᠲᠠᠢ ᠡᠷᠦᠭᠡ ᠶᠢᠨ ᠪᠤᠲᠠᠲᠠᠢ ᠬᠡᠷᠡᠭᠴᠡᠭᠡ ᠶᠢ ᠦᠨᠳᠦᠰᠦᠯᠡᠨ᠂ | ᠪᠤᠲᠠᠲᠠᠢ ᠪᠠᠶᠢᠳᠠᠯ ᠳᠤᠨᠢ ᠲᠤᠬᠢᠷᠠᠭᠤᠯᠤᠨ ᠠᠷᠭ᠎ᠠ ᠬᠡᠮᠵᠢᠶ᠎ᠡ ᠲᠤᠭᠲᠠᠭᠠᠵᠤ᠂ ᠤᠷ᠎ᠠ ᠮᠡᠷᠭᠡᠵᠢᠯ ᠢ ᠲᠡᠭᠡᠭᠰᠢᠯᠡᠬᠦᠯᠬᠦ | ᠬᠢᠭᠡᠳ ᠠᠵᠤ ᠦᠢᠯᠡᠰ ᠢ ᠬᠦᠭᠵᠢᠬᠦᠯᠬᠦ ᠶᠢᠨ ᠦᠨᠳᠦᠰᠦᠨ ᠵᠦᠢᠯ ᠢ ᠬᠠᠮᠢᠶᠠᠷᠬᠤ᠂ ᠤᠷᠳᠤ ᠬᠤᠭᠤᠴᠠᠭ᠎ᠠ ᠪᠠᠷ | ᠬᠠᠮᠢᠶᠠᠷᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠡᠬᠦᠨ ᠤ ᠬᠠᠮᠳᠤ᠂ ᠨᠢᠭᠡ ᠠᠴᠠ ᠭᠤᠷᠪᠠ ᠶᠢ | ᠰᠡᠳᠦᠬᠦ ᠶᠢ ᠪᠠᠷᠢᠮᠲᠠᠯᠠᠵᠤ᠂ ᠶᠠᠳᠠᠭᠤ ᠶᠢ ᠲᠡᠳᠬᠦᠬᠦ ᠬᠦᠷᠢᠶ᠎ᠡ ᠶᠢᠨ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠶᠢ | ᠬᠦᠨᠵᠡᠭᠡᠢ ᠠᠬᠢᠭᠤᠯᠵᠤ᠂ ᠶᠠᠳᠠᠭᠤ ᠶᠢ ᠲᠡᠳᠬᠦᠬᠦ ᠪᠡᠯᠡ ᠮᠦᠩᠬᠦ ᠪᠠ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠪᠠ ᠶᠠᠳᠠᠭᠤ ᠠᠴᠠ | ᠠᠩᠬᠢᠵᠢᠷᠠᠭᠤᠯᠬᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠬᠦ ᠬᠡᠷᠡᠭᠲᠡᠢ᠃ | ︵ᠲᠦᠷᠪᠡ︶ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠮᠠᠯᠴᠢᠨ ᠲᠦᠮᠡᠨ ᠤ ᠪᠠᠶᠢᠭᠠᠯᠢᠯᠢᠭ ᠠᠵᠠ ᠵᠢᠷᠭᠠᠯ ᠤᠨ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠤᠳᠤᠬᠠᠨ | ᠳᠤ᠂ ᠪᠦᠬᠦ ᠬᠤᠲᠠ ᠶᠢᠨ ᠬᠤᠲᠠ ᠬᠦᠳᠡᠭᠡ ᠶᠢᠨ ᠰᠠᠭᠤᠷᠢ ᠲᠦᠬᠦᠭᠡᠷᠤᠮᠵᠢ ᠪᠠ ᠤᠯᠠᠨ ᠨᠡᠶᠢᠲᠡ ᠶᠢᠨ ᠦᠢᠯᠡᠴᠢᠯᠡᠭᠡ | ᠶᠢᠨ ᠵᠦᠷᠢᠶ᠎ᠡ ᠨᠡᠯᠢᠶᠡᠳ ᠶᠡᠭᠡ ᠪᠠᠶᠢᠵᠤ᠂ ᠮᠠᠯᠵᠢᠬᠤ ᠤᠷᠤᠨ ᠤ ᠤᠰᠤ᠂ ᠴᠠᠬᠢᠯᠭᠠᠨ᠂ ᠵᠠᠮ᠂ ᠴᠢᠮᠡᠭᠡ ᠨᠡᠪᠲᠡᠷᠡᠯᠭᠡ | ᠪᠠ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠵᠠᠰᠠᠬᠤ ᠠᠰᠠᠭᠤᠳᠠᠯ ᠮᠦᠨ ᠲᠤᠪᠤᠶᠢᠮ᠎ᠠ ᠪᠠᠶᠢᠨ᠎ᠠ᠃ ᠬᠦᠳᠡᠭᠡ | ᠲᠤᠰᠬᠤᠨ ᠢ ᠬᠦᠭᠵᠢᠬᠦᠯᠣᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠤᠨ᠂ ᠮᠠᠯᠵᠢᠬᠤ ᠤᠷᠤᠨ ᠤ | ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠴᠡᠭᠴᠡᠯᠡᠯᠲᠡ ᠶᠢ ᠲᠦᠷᠬᠡᠪᠴᠢᠯᠡᠨ ᠠᠬᠢᠭᠤᠯᠵᠤ᠂ ᠮᠠᠯᠵᠢᠬᠤ | ᠤᠷᠤᠨ ᠤ ᠰᠠᠭᠤᠷᠢ ᠲᠦᠬᠦᠭᠡᠷᠤᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠮᠠᠯᠵᠢᠬᠤ ᠤᠷᠤᠨ ᠤ | ᠬᠦᠭᠵᠢᠯᠲᠡ ᠶᠢᠨ ᠰᠠᠭᠤᠷᠢ ᠶᠢ ᠪᠠᠬᠢᠵᠢᠬᠦᠯᠬᠦ ᠬᠡᠷᠡᠭᠲᠡᠢ᠃ ᠮᠠᠯᠵᠢᠬᠤ ᠤᠷᠤᠨ ᠤ ᠬᠦᠭᠵᠢᠯᠲᠡ ᠶᠢᠨ ᠬᠠᠷᠰᠢ ᠰᠠᠭᠠᠳ | ᠲᠤ ᠬᠠᠨᠳᠤᠭᠤᠯᠵᠤ᠂ ᠮᠠᠯᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠤᠰᠤᠨ ᠠᠰᠢᠭᠯᠠᠯᠲᠠ᠂ | ᠴᠠᠬᠢᠯᠭᠠᠨ ᠬᠠᠩᠭᠠᠬᠤ᠂ ᠵᠠᠮ ᠬᠠᠷᠢᠯᠴᠠᠭ᠎ᠠ᠂ ᠤᠷᠤᠨ ᠰᠠᠭᠤᠴᠠ ᠬᠢᠭᠡᠳ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠵᠡᠷᠭᠡ ᠰᠠᠯᠠᠭ᠎ᠠ ᠮᠦᠴᠢᠷ ᠨᠢ ᠢᠳᠡᠪᠬᠢᠲᠡᠢ ᠪᠠᠷ ᠲᠦᠷᠦᠯ ᠵᠦᠢᠯ ᠤᠨ ᠪᠡᠯᠡ ᠮᠦᠩᠬᠦ ᠤᠯᠵᠤ᠂ | ᠮᠠᠯᠵᠢᠬᠤ ᠤᠷᠤᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠢ ᠶᠡᠭᠡ ᠪᠠᠷ ᠬᠡᠷᠡᠭᠵᠢᠬᠦᠯᠵᠤ᠂ ᠰᠠᠭᠤᠷᠢ | ᠲᠦᠬᠦᠭᠡᠷᠤᠮᠵᠢ ᠶᠢᠨ ᠲᠤᠳᠠᠭᠤᠳᠠᠯ ᠢ ᠲᠦᠷᠭᠡᠨ ᠨᠦᠬᠦᠪᠤᠷᠢᠯᠡᠵᠤ᠂ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ | ᠲᠠᠰᠤᠷᠠᠯᠲᠠ ᠦᠭᠡᠢ ᠰᠠᠶᠢᠵᠢᠷᠠᠭᠤᠯᠤᠨ᠂ ᠮᠠᠯᠴᠢᠨ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠠᠵᠠ ᠵᠢᠷᠭᠠᠯ | ᠤᠨ ᠲᠦᠷᠦᠭᠳᠡᠯ ᠪᠠ ᠠᠮᠤᠷ ᠲᠦᠪᠰᠢᠨ ᠲᠦᠷᠦᠭᠳᠡᠯ ᠢ ᠨᠡᠮᠡᠭᠳᠡᠬᠦᠯᠬᠦ ᠬᠡᠷᠡᠭᠲᠡᠢ᠃ ᠵᠧᠵᠢᠶᠠᠩ ᠤᠨ ︽ᠮᠢᠩᠭ᠎ᠠ ᠲᠦᠮᠡ | ᠶᠢᠨ ᠢᠨᠵᠧᠨᠧᠷᠢᠩ︾ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠨ ᠠᠮᠢᠳᠤᠯᠢᠭ ᠠᠰᠢᠭᠯᠠᠵᠤ᠂ ᠲᠤᠬᠠᠢ ᠶᠢᠨ ᠭᠠᠵᠠᠷ | ᠤᠨ ᠪᠤᠲᠠᠲᠠᠢ ᠪᠠᠶᠢᠳᠠᠯ ᠳᠤᠨᠢ ᠲᠤᠬᠢᠷᠠᠭᠤᠯᠵᠤ᠂ ᠲᠦᠯᠦᠪᠵᠢᠬᠦᠯᠭᠡ ᠪᠠ ᠵᠢᠷᠤᠭ ᠲᠦᠯᠦᠪᠯᠡᠭᠡ ᠪᠠᠨ ᠰᠠᠶᠢᠳᠤᠷ ᠬᠢᠵᠣ᠂ | ᠨᠢᠭᠡ ᠯᠡ ᠪᠠᠷᠢᠮᠵᠢᠶ᠎ᠠ ᠪᠠᠷ ᠲᠤᠭᠲᠠᠭᠠᠬᠤ ᠪᠠ ᠬᠡᠯᠪᠡᠷᠢ ᠶᠢᠨ ᠦᠵᠡᠯ ᠢ ᠬᠦᠭᠡᠭᠡᠴᠡᠯᠳᠦᠵᠤ ᠪᠤᠯᠬᠤ ᠦᠭᠡᠢ᠃ ᠲᠤᠬᠠᠢ | ᠶᠢᠨ ᠭᠠᠵᠠᠷ ᠤᠨ ᠪᠠᠶᠢᠩᠭᠤ ᠰᠠᠭᠤᠷᠢᠰᠢᠬᠤ ᠬᠦᠮᠦᠨ ᠠᠮᠠ᠂ ᠭᠠᠵᠠᠷ ᠤᠷᠤᠨ ᠤ ᠪᠠᠶᠢᠷᠢᠰᠢᠯ᠂ ᠵᠠᠮ ᠬᠠᠷᠢᠯᠴᠠᠭᠠᠨ ᠤ | ᠨᠦᠬᠦᠴᠡᠯ᠂ ᠠᠵᠤ ᠦᠢᠯᠡᠰ ᠤᠨ ᠬᠦᠭᠵᠢᠯᠲᠡ᠂ ᠤᠯᠠᠨ ᠨᠡᠶᠢᠲᠡ ᠶᠢᠨ ᠰᠠᠭᠤᠷᠢ᠂ ᠭᠠᠵᠠᠷ ᠰᠢᠷᠤᠢ ᠪᠡᠯᠴᠢᠭᠡᠷ | ᠬᠠᠳᠤᠯᠠᠩ ᠵᠡᠷᠭᠡ ᠬᠦᠢᠴᠡᠳᠭᠡᠯ ᠲᠤᠭ᠎ᠠ ᠶᠢ ᠶᠡᠷᠦᠩᠭᠡᠢ ᠳᠤᠨᠢ ᠪᠤᠳᠤᠯᠬᠢᠯᠠᠵᠤ᠂ ᠮᠠᠯᠴᠢᠳ ᠤᠨ ᠬᠦᠰᠡᠯ ᠪᠤᠳᠤᠯ ᠢ | ᠬᠦᠢᠴᠡᠳ ᠬᠦᠨᠳᠦᠳᠭᠡᠵᠤ᠂ ᠵᠦᠢ ᠵᠤᠬᠢᠰᠲᠠᠢ ᠲᠤᠬᠢᠷᠠᠭᠤᠯᠤᠨ ᠨᠢᠭᠡᠳᠦᠯᠲᠡᠢ ᠲᠦᠯᠦᠪᠵᠢᠬᠦᠯᠵᠤ᠂ ᠠᠷᠠᠳ ᠤᠨ | ᠰᠠᠨᠠᠭᠠᠨ ᠳᠤ ᠨᠡᠶᠢᠴᠡᠬᠦᠯᠦᠨ᠂ ᠠᠷᠠᠳ ᠤᠨ ᠰᠡᠳᠬᠢᠯ ᠢ ᠲᠤᠯᠠᠭᠠᠴᠠᠭᠤᠯᠵᠤ᠂ ᠠᠷᠠᠳ ᠤᠨ ᠪᠤᠳᠤᠯ ᠢ ᠲᠠᠭᠠᠬᠤ | ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠤᠰᠤᠭᠠᠷ᠂ ᠡᠨᠡ | ᠵᠢᠯ ᠤᠨ ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠴᠡᠭᠴᠡᠯᠡᠯᠲᠡ ᠶᠢᠨ ᠠᠵᠢᠯ ᠢ ︽ | ᠨᠡᠶᠢᠳᠡᠯᠢᠭ ᠵᠢᠱᠢᠶ᠎ᠡ ᠦᠵᠡᠬᠦᠯᠬᠦ︾ ᠠᠴᠠ ︽ᠨᠡᠶᠢᠳᠡᠮ ᠳᠤᠨᠢ ᠲᠡᠯᠭᠡᠷᠡᠬᠦᠯᠬᠦ︾ ᠲᠡᠰᠢ ᠶᠠᠪᠤᠭᠳᠠᠭᠤᠯᠤᠨ᠎ᠠ᠃ ᠡᠯ᠎ᠡ | ᠭᠠᠵᠠᠷ᠂ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠪᠠᠨ ᠴᠢᠯᠦᠭᠡᠯᠡᠵᠤ᠂ ᠦᠨᠡᠨ ᠬᠦ ᠠᠳᠬᠤᠨ ᠪᠤᠳᠠᠲᠠᠢ ᠠᠵᠢᠯᠯᠠᠵᠤ᠂ | ᠬᠠᠷᠠᠯᠲᠠ ᠡᠬᠦᠷᠭᠡ ᠪᠠ ᠵᠠᠩᠬᠢᠯᠠᠭ᠎ᠠ ᠶᠢᠨ ᠴᠠᠭ ᠬᠤᠭᠤᠴᠠᠭ᠎ᠠ ᠲᠠᠢ ᠬᠠᠷᠭᠤᠭᠤᠯᠵᠤ ᠪᠠᠶᠢᠭᠠᠳ ᠡᠬᠦᠷᠭᠡ ᠶᠢᠨ ᠪᠢᠴᠢᠭ | ᠂ ᠴᠠᠭ ᠤᠨ ᠬᠦᠰᠦᠨᠦᠭ᠂ ᠬᠡᠷᠡᠭᠵᠢᠭᠦᠯᠬᠦ ᠶᠠᠪᠣᠴᠠ ᠵᠡᠷᠭᠡ ᠪᠠᠨ ᠲᠤᠬᠢᠲᠠᠢ ᠲᠤᠭᠲᠠᠭᠠᠵᠤ᠂ ︽ᠵᠤᠷᠯᠤᠩ ᠤᠨ | ᠦᠭᠡᠷᠡᠴᠢᠯᠡᠯᠲᠡ︾ ᠂ ᠠᠮᠢᠳᠤᠷᠠᠯ ᠤᠨ ᠬᠤᠭ ᠨᠤᠪᠰᠢ ᠶᠢ ᠴᠡᠪᠡᠷᠯᠡᠬᠦ᠂ ᠤᠷᠴᠢᠨ ᠲᠤᠭᠤᠷᠢᠨ ᠢ ᠴᠡᠪᠡᠷᠯᠡᠬᠦ | ᠠᠵᠢᠯᠯᠠᠭ᠎ᠠ ᠵᠡᠷᠭᠡ ᠭᠤᠤᠯᠳᠠᠯᠭ᠎ᠠ ᠲᠠᠢ ᠡᠬᠦᠷᠭᠡ ᠶᠢ ᠰᠠᠶᠢᠳᠤᠷ ᠨᠠᠶᠢᠳᠠᠪᠤᠷᠢᠵᠢᠭᠤᠯᠤᠨ᠂ ᠵᠢᠯ ᠤᠨ ᠲᠤᠳᠤᠷ᠎ᠠ ᠱᠠᠳᠤ | ᠦᠶ᠎ᠡ ᠶᠢᠨ ᠴᠢᠨᠠᠷᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠠᠴᠠᠭ᠎ᠠ᠂ ᠬᠤᠪᠢᠶᠠᠷᠢ ᠲᠠᠯᠠᠪᠠᠢ᠂ | ᠰᠠᠭᠤᠭᠠᠯᠢ ᠠᠷᠠᠳ ᠤᠨ ᠵᠦᠪᠯᠡᠯ ᠤᠨ ᠦᠪᠡᠷ ᠢ ᠪᠠᠨ ᠬᠠᠮᠢᠶᠠᠷᠬᠤ᠂ ᠦᠪᠡᠷ ᠲᠤ ᠳᠡᠭᠡᠨ ᠦᠢᠯᠡᠴᠢᠯᠡᠬᠦ ᠴᠢᠳᠠᠮᠵᠢ ᠶᠢ | ᠲᠤᠪᠤᠶᠢᠯᠭᠠᠨ᠂ ᠵᠠᠮ ᠤᠨ ᠲᠠᠷᠤᠭ᠎ᠠ ᠶᠢᠨ ᠲᠦᠷᠢᠮ᠂ ᠬᠤᠪᠢ ᠲᠡᠮᠳᠡᠭᠯᠡᠬᠦ ᠲᠦᠷᠢᠮ ᠵᠡᠷᠭᠡ ᠠᠷᠭ᠎ᠠ ᠬᠡᠮᠵᠢᠶ᠎ᠡ ᠶᠢ | ᠰᠦᠪᠡᠭᠴᠢᠯᠡᠨ ᠬᠡᠷᠡᠭᠵᠢᠬᠦᠯᠵᠤ᠂ ᠤᠯᠠᠨ ᠨᠡᠶᠢᠲᠡ ᠶᠢᠨ ᠲᠦᠬᠦᠭᠡᠷᠤᠮᠵᠢ ᠶᠢ ᠬᠠᠮᠢᠶᠠᠷᠴᠦ ᠬᠠᠮᠠᠭᠠᠯᠠᠬᠤ᠂ ᠤᠷᠴᠢᠨ | ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠣ ᠲᠤᠭᠲᠠᠴᠠ ᠶᠢ | ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠤ᠂ ᠮᠠᠯᠵᠢᠬᠤ ᠤᠷᠤᠨ ᠤ ᠦᠢᠯᠡᠳᠪᠤᠷᠢᠯᠡᠯ ᠠᠮᠢᠳᠤᠷᠠᠯ ᠤᠨ | ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠬᠤ ᠬᠡᠷᠡᠭᠲᠡᠢ᠃ | ᠭᠤᠷᠪᠠ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠦᠳᠡᠭᠡ ᠲᠤᠰᠬᠤᠨ ᠢ ᠬᠦᠭᠵᠢᠬᠦᠯᠣᠨ | ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢᠨ ᠪᠤᠲᠠᠲᠠᠢ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ | ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ︽ᠲᠠᠷᠢᠶᠠᠯᠠᠩ | ᠬᠦᠳᠡᠭᠡ ᠲᠤᠰᠬᠤᠨ ᠲᠠᠷᠢᠶᠠᠴᠢᠨ ᠪᠠ ᠮᠠᠯ ᠠᠵᠤ ᠠᠬᠤᠢ ᠮᠠᠯᠵᠢᠬᠤ ᠤᠷᠤᠨ ᠮᠠᠯᠴᠢᠨ︾ ᠤ ᠠᠰᠠᠭᠤᠳᠠᠯ ᠢ ᠰᠠᠶᠢᠳᠤᠷ | ᠰᠢᠢᠳᠪᠤᠷᠢᠯᠡᠬᠦ ᠶᠠᠪᠤᠳᠠᠯ ᠢ ᠢᠮᠠᠭᠲᠠ ᠲᠡᠷᠢᠬᠦᠨ ᠪᠠᠶᠢᠷᠢᠨ ᠳᠤ ᠲᠠᠯᠪᠢᠵᠤ᠂ ᠭᠤᠤᠯ ᠣᠳᠣᠷᠢᠳᠣᠯᠭ᠎ᠠ ᠦᠪᠡᠷ ᠤᠨ | ᠪᠡᠶ᠎ᠡ ᠪᠠᠷ ᠢᠶᠠᠨ ᠠᠳᠬᠤᠬᠤ᠂ ᠬᠤᠪᠢᠶᠠᠨ ᠬᠠᠮᠢᠶᠠᠷᠴᠦ ᠪᠠᠶᠢᠭ᠎ᠠ ᠤᠳᠤᠷᠢᠳᠣᠯᠭ᠎ᠠ ᠪᠤᠲᠠᠲᠠᠢ ᠠᠳᠬᠤᠬᠤ ᠶᠢ | ᠪᠠᠷᠢᠮᠲᠠᠯᠠᠨ᠂ ᠢᠯᠠᠩᠭᠤᠶ᠎ᠠ ᠡᠯ᠎ᠡ ᠰᠤᠮᠤ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠦᠴᠢᠷ ᠤᠨ ᠨᠠᠮ ᠵᠠᠰᠠᠭ ᠤᠨ ︽ | ᠨᠢᠭᠡᠳᠦᠭᠡᠷ ᠭᠠᠷ︾ ᠨᠢ ᠬᠦᠳᠡᠭᠡ ᠲᠤᠰᠬᠤᠨ ᠢ ᠬᠦᠭᠵᠢᠬᠦᠯᠣᠨ ᠮᠠᠨᠳᠣᠭᠤᠯᠬᠤ ᠨᠢᠭᠡᠳᠦᠭᠡᠷ ᠬᠠᠷᠢᠭᠤᠴᠠᠯᠭᠠᠲᠠᠨ | ᠪᠤᠯᠤᠭᠰᠠᠨ ᠤ ᠬᠤᠪᠢ ᠳᠤ᠂ ᠭᠤᠤᠯᠳᠠᠯᠭ᠎ᠠ ᠲᠠᠢ ᠠᠵᠢᠯ ᠤᠨ ᠲᠤᠬᠠᠢ ᠬᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠠᠵᠢᠯ ᠤᠨ ᠡᠷᠴᠢᠮ ᠪᠠ ᠡᠷᠴᠢ ᠵᠤᠷᠢᠭ ᠰᠤᠯᠠᠷᠠᠬᠤ ᠦᠭᠡᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠯᠠᠩ ᠪᠠ ᠮᠠᠯ ᠠᠵᠤ ᠠᠬᠤᠢ ᠳᠤ ᠬᠤᠯᠪᠤᠭᠳᠠᠬᠤ ᠡᠯ᠎ᠡ ᠰᠠᠯᠠᠭ᠎ᠠ ᠮᠦᠢᠴᠷ | ᠨᠢ ᠶᠡᠭᠡ ᠲᠠᠯ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠬᠦᠷᠭᠡ ᠴᠢᠳᠠᠪᠤᠷᠢ ᠶᠢᠨ ᠰᠢᠨ᠎ᠡ | ᠬᠤᠪᠢᠷᠠᠯᠲᠠ ᠳᠤ ᠵᠤᠬᠢᠴᠠᠵᠤ᠂ ᠪᠠᠶᠢᠭᠤᠯᠤᠮᠵᠢ ᠶᠢᠨ ᠰᠢᠨ᠎ᠡ ᠪᠠᠶᠢᠷᠢ ᠲᠤᠭᠲᠠᠭᠠᠯᠲᠠ ᠶᠢ ᠡᠵᠡᠮᠳᠡᠨ᠂ ᠤᠳᠤᠷᠢᠳᠤᠨ | ᠲᠠᠭᠠᠭᠤᠯᠵᠤ ᠶᠡᠷᠦᠩᠭᠡᠢ ᠳᠤᠨᠢ ᠠᠳᠬᠤᠬᠤ ᠡᠬᠦᠷᠭᠡ ᠴᠢᠳᠠᠪᠤᠷᠢ ᠪᠠᠨ ᠦᠨᠡᠨ ᠬᠦ ᠪᠠᠳᠠᠷᠠᠭᠤᠯᠵᠤ᠂ ︽ᠲᠠᠷᠢᠶᠠᠯᠠᠩ | ᠬᠦᠳᠡᠭᠡ ᠲᠤᠰᠬᠤᠨ ᠲᠠᠷᠢᠶᠠᠴᠢᠨ ᠪᠠ ᠮᠠᠯ ᠠᠵᠤ ᠠᠬᠤᠢ ᠮᠠᠯᠵᠢᠬᠤ ᠤᠷᠤᠨ ᠮᠠᠯᠴᠢᠨ︾ ᠤ ᠠᠵᠢᠯ ᠤᠨ ᠴᠢᠬᠤᠯᠠ | ᠶᠡᠭᠡ ᠡᠬᠦᠷᠭᠡ ᠶᠢ ᠨᠢᠭᠡᠳᠦᠯᠲᠡᠢ ᠲᠦᠯᠦᠪᠯᠡᠨ ᠰᠠᠶᠢᠳᠤᠷ ᠲᠦᠰᠦᠪᠯᠡᠬᠦ ᠬᠡᠷᠡᠭᠲᠡᠢ᠃ ᠵᠤᠬᠢᠶᠠᠨ ᠪᠠᠶᠢᠭᠤᠯᠬᠤ ᠬᠦᠴᠦᠨ | ᠢᠶᠠᠨ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠤ᠂ ᠮᠠᠯᠵᠢᠬᠤ ᠤᠷᠤᠨ ᠤ ᠦᠨᠳᠦᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ︽ᠨᠢᠭᠡᠳᠦᠭᠡᠷ | ᠱᠦᠵᠢ︾ ᠲᠤᠮᠢᠯᠠᠨ ᠰᠠᠭᠤᠯᠭᠠᠬᠤ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ | ᠭᠠᠴᠠᠭ᠎ᠠ᠂ ᠬᠤᠪᠢᠶᠠᠷᠢ ᠲᠠᠯᠠᠪᠠᠢ᠂ ᠰᠠᠭᠤᠭᠠᠯᠢ ᠠᠷᠠᠳ ᠤᠨ ᠵᠦᠪᠯᠡᠯ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ | ᠤᠳᠤᠷᠢᠳᠬᠤ ᠦᠢᠯᠡᠳᠦᠯ ᠢ ᠴᠢᠩᠭᠠᠳᠬᠠᠵᠤ᠂ ᠮᠠᠯᠵᠢᠬᠤ ᠤᠷᠤᠨ ᠤ ᠵᠠᠰᠠᠯᠲᠠ ᠶᠢᠨ ᠬᠢᠷᠢ ᠲᠦᠪᠰᠢᠨ ᠢ | ᠲᠡᠭᠡᠭᠰᠢᠯᠡᠬᠦᠯᠬᠦ ᠬᠡᠷᠡᠭᠲᠡᠢ᠃ | ᠬᠤᠶᠠᠷ ᠲᠤ ᠤᠷᠢᠳ ᠢᠶᠠᠷ ᠪᠠᠲᠤᠯᠠᠬᠤ ᠶᠢ ᠲᠤᠪᠤᠶᠢᠯᠭᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠠᠵᠢᠯ | ᠬᠢᠬᠦ ᠳᠣᠷᠠᠲᠠᠢ ᠪᠠ ᠮᠠᠯᠵᠢᠬᠤ ᠤᠷᠤᠨ ᠳᠤ ᠭᠦᠨᠵᠡᠭᠡᠶᠢᠷᠡᠬᠦ ᠲᠤᠷᠠᠲᠠᠢ ᠺᠠᠳ᠋ᠷᠴᠤᠳ ᠢ ᠲᠠᠰᠤᠷᠠᠯᠲᠠ ᠦᠭᠡᠢ ᠤᠷᠢᠵᠤ | ᠡᠯᠰᠡᠬᠦ ᠪᠠ ᠰᠤᠩᠭᠤᠨ ᠲᠤᠮᠢᠯᠠᠵᠤ᠂ ᠬᠦᠳᠡᠭᠡ ᠲᠤᠰᠬᠤᠨ ᠢ ᠬᠦᠭᠵᠢᠬᠦᠯᠣᠨ ᠮᠠᠨᠳᠣᠭᠤᠯᠬᠤ ᠨᠢᠭᠡᠳᠦᠭᠡᠷ ᠹᠷᠤᠨᠲ ᠲᠤ | ᠤᠴᠢᠭᠤᠯᠤᠨ᠂ ᠪᠤᠲᠠᠲᠠᠢ ᠠᠵᠢᠯᠯᠠᠨ ᠬᠠᠷᠢᠭᠤᠴᠠᠯᠭ᠎ᠠ ᠡᠬᠦᠷᠭᠡᠯᠡᠳᠡᠭ᠂ ᠡᠷᠡᠯᠭᠡᠭᠯᠡᠨ ᠲᠡᠮᠡᠴᠡᠵᠤ ᠦᠢᠯᠡᠰ ᠪᠦᠲᠦᠭᠡᠳᠡᠭ | ᠺᠠᠳ᠋ᠷᠴᠤᠳ ᠢ ᠲᠡᠪᠰᠢᠬᠦᠯᠵᠤ ᠬᠡᠷᠡᠭᠯᠡᠬᠦ ᠬᠡᠷᠡᠭᠲᠡᠢ᠃ ᠪᠡᠯᠡ ᠮᠦᠩᠬᠦ ᠤᠷᠤᠭᠤᠯᠬᠤ ᠳᠠᠭᠠᠨ ᠮᠠᠯᠵᠢᠬᠤ ᠤᠷᠤᠨ ᠤ | ᠨᠢᠭᠡᠳᠦᠭᠡᠷ ᠹᠷᠤᠨᠲ ᠢ ᠶᠠᠭᠤᠨ ᠤ ᠤᠷᠢᠳ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠪᠡᠯᠡ | ᠮᠦᠩᠬᠦ ᠶᠢ ᠨᠢᠭᠡᠲᠦᠯᠲᠡᠢ ᠲᠦᠯᠦᠪᠯᠡᠨ ᠡᠮᠬᠢᠯᠡᠨ ᠨᠡᠶᠢᠯᠡᠬᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ︽ᠰᠠᠶᠢᠨ ᠪᠤᠯᠤᠳ︾ ᠢ ᠦᠨᠡᠨ ᠬᠦ ︽ᠢᠷ︾ ᠲᠡᠭᠡᠷ᠎ᠡ ᠨᠢ ᠬᠡᠷᠡᠭᠯᠡᠵᠤ᠂ ᠠᠵᠤ ᠦᠢᠯᠡᠰ ᠤᠨ ᠬᠦᠭᠵᠢᠯᠲᠡ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠵᠡᠷᠭᠡ ᠠᠵᠢᠯ ᠢ | ᠶᠡᠭᠡ ᠪᠠᠷ ᠲᠡᠮᠵᠢᠬᠦ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ ᠮᠠᠯᠵᠢᠬᠤ ᠤᠷᠤᠨ ᠤ | ᠨᠢᠭᠡᠳᠦᠭᠡᠷ ᠹᠷᠤᠨᠲ ᠢ ᠶᠠᠭᠤᠨ ᠤ ᠤᠷᠢᠳ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠡᠷᠡᠬᠦᠯ | ᠬᠠᠮᠠᠭᠠᠯᠠᠯ᠂ ᠠᠷᠠᠳ ᠤᠨ ᠶᠠᠪᠤᠳᠠᠯ᠂ ᠬᠠᠤᠯᠢ ᠪᠠᠷᠢᠬᠤ᠂ ᠰᠤᠷᠭᠠᠨ ᠬᠦᠮᠦᠵᠢᠯ ᠵᠡᠷᠭᠡ ᠨᠡᠶᠢᠭᠡᠮ ᠤᠨ ᠪᠠᠲᠤᠯᠠᠭ᠎ᠠ ᠶᠢᠨ | ᠲᠤᠤᠷ ᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠮᠠᠯᠴᠢᠳ ᠤᠨ ᠠᠵᠠ ᠵᠢᠷᠭᠠᠯ ᠤᠨ ᠬᠡᠮᠵᠢᠶ᠎ᠡ ᠶᠢ | ᠦᠷᠬᠦᠯᠵᠢᠯᠡᠨ ᠲᠡᠭᠡᠭᠰᠢᠯᠡᠬᠦᠯᠬᠦ ᠬᠡᠷᠡᠭᠲᠡᠢ᠃ | ᠭᠤᠷᠪᠠ ᠳᠤ ᠰᠢᠪᠠᠳᠠᠨ ᠪᠠᠶᠢᠴᠠᠭᠠᠵᠤ ᠬᠢᠨᠠᠨ ᠬᠠᠷᠭᠤᠭᠤᠯᠬᠤ ᠪᠠᠨ ᠴᠢᠩᠭᠠᠳᠬᠠᠨ᠎ᠠ᠃ ᠰᠢᠪᠠᠳᠠᠨ ᠪᠠᠶᠢᠴᠠᠭᠠᠵᠤ ᠬᠢᠨᠠᠨ | ᠬᠠᠷᠭᠤᠭᠤᠯᠬᠤ ᠠᠵᠢᠯ ᠤᠨ ︽ᠦᠨᠡᠨ︾ ᠪᠠ ︽ᠪᠤᠲᠠᠲᠠᠢ︾ ᠪᠠᠶᠢᠬᠤ ᠶᠢ ᠨᠡᠩ ᠢᠯᠡᠬᠦᠦ ᠴᠢᠬᠤᠯᠠᠴᠢᠯᠠᠵᠤ᠂ | ᠰᠢᠪᠠᠳᠠᠨ ᠪᠠᠶᠢᠴᠠᠭᠠᠬᠤ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠤᠮᠬᠠᠳᠬᠠᠭᠰᠠᠨ ᠰᠠᠭᠤᠷᠢᠨ ᠲᠡᠭᠡᠷ᠎ᠡ᠂ | ᠬᠠᠮᠢᠶ᠎ᠠ ᠪᠦᠬᠦᠢ ᠠᠵᠢᠯ ᠲᠤᠮᠳᠠᠬᠢ ᠰᠤᠷᠳᠠᠯ ᠤᠨ ᠭᠡᠮ ᠰᠤᠭᠤᠭ ᠢ ᠲᠤᠤᠱᠲᠠᠢ ᠠᠷᠢᠯᠭᠠᠵᠤ᠂ ᠦᠨᠳᠦᠰᠦᠨ ᠱᠠᠳᠤᠨ ᠤ | ᠲᠠᠷᠤᠭᠠᠰᠤ ᠶᠢ ᠦᠨᠡᠨ ᠬᠦ ᠬᠦᠩᠭᠡᠯᠡᠨ᠂ ᠺᠠᠳ᠋ᠷᠴᠤᠳ ᠤᠨ ᠬᠠᠷᠢᠭᠤᠴᠠᠯᠭ᠎ᠠ ᠡᠬᠦᠷᠭᠡᠯᠡᠨ ᠦᠢᠯᠡᠰ ᠪᠦᠲᠦᠭᠡᠬᠦ ᠶᠢ ᠨᠡᠩ | ᠰᠠᠶᠢᠨ ᠤᠷᠮᠠᠰᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠤᠶᠠᠷ ᠠᠯᠪᠠᠨ | ᠭᠡᠷ ᠨᠢ ᠰᠢᠪᠠᠳᠠᠨ ᠪᠠᠶᠢᠴᠠᠭᠠᠬᠤ ᠠᠵᠢᠯ ᠢ ᠶᠡᠷᠦᠩᠭᠡᠢ ᠳᠤᠨᠢ ᠡᠵᠡᠮᠳᠡᠬᠦ ᠪᠠᠨ ᠴᠢᠩᠭᠠᠳᠬᠠᠵᠤ᠂ ᠠᠵᠢᠯ ᠢᠶᠠᠨ ᠰᠠᠶᠢᠨ | ᠬᠢᠭᠰᠡᠨ ᠢ ᠨᠢ ᠵᠠᠷᠯᠠᠨ ᠰᠠᠶᠢᠰᠢᠶᠠᠵᠤ᠂ ᠠᠵᠢᠯ ᠢᠶᠠᠨ ᠮᠠᠭᠤ ᠬᠢᠭᠰᠡᠨ ᠢ ᠨᠢ ᠰᠢᠬᠦᠮᠵᠢᠯᠡᠵᠤ ᠴᠡᠭᠴᠡᠯᠡᠨ ᠵᠠᠰᠠᠭᠤᠯᠬᠤ | ᠬᠡᠷᠡᠭᠲᠡᠢ᠂ ᠬᠡᠯᠪᠡᠷᠢ ᠶᠢᠨ ᠦᠵᠡᠯ᠂ ᠲᠦᠷᠢ ᠲᠦᠷᠬᠦ ᠶᠢᠨ ᠢᠨᠵᠧᠨᠧᠷᠢᠩ ᠢ ᠬᠦᠭᠡᠭᠡᠴᠡᠯᠳᠦᠭᠰᠡᠨ ᠪᠠᠶᠢᠪᠠᠯ ᠴᠢᠩᠭ᠎ᠠ | ᠬᠠᠷᠢᠭᠤᠴᠠᠯᠭ᠎ᠠ ᠨᠡᠭᠡᠮᠵᠢᠯᠡᠵᠤ᠂ ᠰᠢᠪᠠᠳᠠᠨ ᠪᠠᠶᠢᠴᠠᠭᠠᠬᠤ ᠠᠵᠢᠯ ᠤᠨ ᠦᠢᠯᠡᠳᠦᠯ ᠢ ᠦᠨᠡᠨ ᠬᠦ ᠪᠠᠳᠠᠷᠠᠭᠤᠯᠬᠤ | ᠬᠡᠷᠡᠭᠲᠡᠢ᠃ | ᠲᠦᠷᠪᠡ ᠳᠤ ᠦᠨᠢᠷ ᠦᠳᠭᠡᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ︽ᠲᠠᠷᠢᠶᠠᠯᠠᠩ ᠬᠦᠳᠡᠭᠡ | ᠲᠤᠰᠬᠤᠨ ᠲᠠᠷᠢᠶᠠᠴᠢᠨ ᠪᠠ ᠮᠠᠯ ᠠᠵᠤ ᠠᠬᠤᠢ ᠮᠠᠯᠵᠢᠬᠤ ᠤᠷᠤᠨ ᠮᠠᠯᠴᠢᠨ︾ ᠤ ᠠᠵᠢᠯ ᠪᠠ ᠬᠦᠳᠡᠭᠡ ᠲᠤᠰᠬᠤᠨ | ᠢ ᠬᠦᠭᠵᠢᠬᠦᠯᠣᠨ ᠮᠠᠨᠳᠣᠭᠤᠯᠬᠤ ᠠᠵᠢᠯ ᠢ ᠰᠠᠶᠢᠳᠤᠷ ᠬᠢᠬᠦ ᠳᠤ ᠨᠡᠶᠢᠭᠡᠮ ᠤᠨ ᠡᠯ᠎ᠡ ᠡᠳᠡᠭᠡᠳ ᠤᠨ ᠬᠠᠪᠰᠤᠷᠤᠯᠭ᠎ᠠ | ᠲᠡᠮᠵᠢᠯᠭᠡ ᠠᠴᠠ ᠰᠠᠯᠵᠤ ᠴᠢᠳᠠᠬᠤ ᠦᠭᠡᠢ᠃ ᠵᠠᠭᠤᠴᠢᠯᠠᠭᠤᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ | ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠦᠬᠦᠯᠡᠯᠲᠡ ᠪᠤᠯᠤᠨ ᠶᠠᠷᠢᠶᠠᠨ ᠤ ᠵᠤᠷᠢᠭ ᠰᠠᠨᠠᠭ᠎ᠠ ᠶᠢ ᠶᠡᠭᠡ ᠪᠠᠷ | ᠤᠬᠠᠭᠤᠯᠤᠨ᠂ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠪᠠ ᠲᠡᠭᠡᠳᠤ ᠱᠠᠳᠤᠨ ᠤ ᠬᠦᠳᠡᠭᠡ ᠲᠤᠰᠬᠤᠨ ᠢ | ᠬᠦᠭᠵᠢᠬᠦᠯᠣᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠲᠤᠬᠠᠢ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠲᠠ ᠶᠢ ᠤᠬᠠᠭᠤᠯᠵᠤ᠂ ᠰᠢᠨ᠎ᠡ ᠴᠠᠭ ᠦᠶ᠎ᠡ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ | ᠤᠨ ᠰᠢᠨ᠎ᠡ ᠠᠭᠤᠷ ᠠᠮᠢᠰᠬᠤᠯ᠂ ᠰᠢᠨ᠎ᠡ ᠲᠦᠷᠰᠦ ᠪᠠᠶᠢᠳᠠᠯ ᠢ ᠬᠦᠢᠴᠡᠳ ᠬᠠᠷᠠᠭᠤᠯᠤᠨ᠂ ᠨᠡᠶᠢᠭᠡᠮ ᠤᠨ ᠡᠯ᠎ᠡ | ᠡᠳᠡᠭᠡᠳ ᠤᠨ ᠬᠦᠳᠡᠭᠡ ᠲᠤᠰᠬᠤᠨ ᠢ ᠬᠦᠭᠵᠢᠬᠦᠯᠣᠨ ᠮᠠᠨᠳᠣᠭᠤᠯᠬᠤ ᠲᠤᠬᠠᠢ ᠲᠠᠨᠢᠯᠲᠠ ᠪᠠ ᠲᠡᠮᠵᠢᠯᠭᠡ ᠶᠢ | ᠨᠡᠮᠡᠭᠳᠡᠬᠦᠯᠵᠤ᠂ ᠪᠦᠬᠦ ᠨᠡᠶᠢᠭᠡᠮ ᠢᠶᠠᠷ ᠢᠶᠠᠨ ᠬᠠᠮᠳᠤ ᠪᠠᠷ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠤᠯᠭᠠᠬᠤ ᠬᠡᠷᠡᠭᠲᠡᠢ᠃ | ᠡᠴᠦᠰ ᠲᠤ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ | ᠶᠢᠨ ᠲᠦᠷᠢᠮ ᠤᠨ ᠲᠤᠭᠲᠠᠭᠠᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ | ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠱᠠᠭᠠᠷᠳᠠᠯᠭ᠎ᠠ | ᠶᠤᠰᠤᠭᠠᠷ ᠲᠠᠬᠢᠨ ᠲᠤᠬᠢᠷᠠᠭᠤᠯᠤᠯᠲᠠ ᠬᠢᠵᠤ ᠲᠠᠬᠢᠨ ᠪᠠᠶᠢᠷᠢᠯᠠᠭᠤᠯᠤᠯᠲᠠ ᠬᠢᠬᠦ ᠬᠡᠷᠡᠭᠲᠡᠢ᠃ | ᠨᠢᠭᠡ ᠳᠤ ᠤᠷᠤᠨ ᠨᠤᠳᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠬᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠭᠵᠢᠯᠲᠡ ᠨᠢ ᠶᠠᠭᠠᠬᠢᠭᠰᠠᠨ ᠴᠦ ᠦᠷᠡᠭᠳᠡᠯ | ᠢᠶᠠᠷ ᠦᠨ᠎ᠡ ᠦᠷᠲᠡᠭ ᠪᠤᠯᠭᠠᠵᠤ ᠪᠤᠯᠬᠤ ᠦᠭᠡᠢ ᠭᠡᠰᠡᠨ ᠬᠤᠷᠢᠭ᠎ᠠ ᠱᠤᠭᠤᠮ ᠤᠨ ᠤᠬᠠᠮᠰᠠᠷ ᠢ ᠪᠠᠳᠤ ᠪᠤᠢ ᠪᠤᠯᠭᠠᠨ᠂ | ᠬᠠᠷᠢᠶ᠎ᠠ ᠤᠷᠤᠨ ᠤ ᠬᠠᠮᠢᠶᠠᠷᠤᠯᠲᠠ ᠶᠢ ᠴᠢᠩᠭᠠᠳᠬᠠᠨ᠂ ᠲᠦᠷᠢᠮ ᠤᠨ ᠪᠠᠲᠤᠯᠠᠭ᠎ᠠ ᠪᠠᠨ ᠲᠡᠬᠦᠯᠳᠡᠷᠵᠢᠬᠦᠯᠵᠤ᠂ | ᠠᠶᠤᠯᠬᠦᠢ ᠦᠢᠯᠡᠳᠪᠤᠷᠢᠯᠡᠯ ᠤᠨ ᠠᠶᠤᠯ ᠲᠦᠭᠰᠢᠬᠦᠷᠢ ᠶᠢ ᠪᠦᠲᠦᠮᠵᠢᠲᠡᠢ ᠰᠡᠷᠭᠡᠶᠢᠯᠡᠵᠤ᠂ ᠠᠶᠤᠯᠬᠦᠢ ᠶᠢᠨ ᠠᠳᠡᠯ | ᠡᠬᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠤᠨ ᠨᠠᠮ ᠵᠠᠰᠠᠭ ᠤᠨ | ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠤ᠂ ᠨᠠᠮ ᠵᠠᠰᠠᠭ ᠵᠡᠷᠭᠡ | ᠪᠠᠷ ᠬᠠᠷᠢᠭᠤᠴᠠᠯᠭ᠎ᠠ ᠡᠬᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ᠂ ᠵᠡᠷᠭᠡ ᠪᠠᠷ | ᠠᠳᠬᠤᠵᠤ ᠬᠠᠮᠳᠤ ᠪᠠᠷ ᠬᠠᠮᠢᠶᠠᠷᠬᠤ ᠶᠢ ᠪᠠᠷᠢᠮᠲᠠᠯᠠᠨ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠤᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ ᠪᠠᠷᠢᠮᠲᠠᠯᠠᠵᠤ᠂ | ᠠᠶᠤᠯᠬᠦᠢ ᠦᠢᠯᠡᠳᠪᠤᠷᠢᠯᠡᠯ ᠤᠨ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠦᠷᠬᠦᠯᠵᠢᠯᠡᠨ ᠲᠠᠰᠤᠷᠠᠯᠲᠠ ᠦᠭᠡᠢ | ᠦᠷᠨᠢᠬᠦᠯᠵᠤ᠂ ᠠᠳᠡᠯ ᠢ ᠰᠡᠷᠭᠡᠶᠢᠯᠡᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠠᠷᠠᠳ ᠤᠯᠠᠨ ᠤ ᠪᠡᠶ᠎ᠡ ᠶᠢᠨ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠬᠤᠶᠠᠷ ᠲᠤ ᠨᠠᠮ ᠤᠨ ᠰᠤᠷᠳᠠᠯ ᠪᠠ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ | ᠴᠢᠩᠭ᠎ᠠ ᠬᠡᠷᠡᠭᠵᠢᠬᠦᠯᠵᠤ᠂ ︽ᠬᠦᠮᠦᠨ᠂ ᠮᠦᠩᠬᠦ᠂ ᠪᠤᠳᠠᠰ᠂ ᠬᠡᠷᠡᠭ︾ ᠲᠠᠬᠢ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠨᠡ ᠵᠢᠯ ᠤᠨ 5 ᠰᠠᠷ᠎ᠠ ᠠᠴᠠ ᠡᠬᠢᠯᠡᠨ᠂ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠪᠤᠯᠤᠨ ᠬᠢᠨᠠᠨ ᠪᠠᠶᠢᠴᠠᠭᠠᠬᠤ ᠵᠦᠪᠯᠡᠯ ᠲᠤᠯᠤᠭᠠᠶᠢᠯᠠᠵᠤ᠂ ᠡᠳ᠋ ᠤᠨ ᠵᠠᠰᠠᠭ᠂ ᠬᠢᠨᠠᠨ | ᠪᠤᠳᠤᠯᠲᠠ᠂ ᠲᠠᠷᠢᠶᠠᠯᠠᠩ ᠮᠠᠯ ᠠᠵᠣ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠦᠴᠢᠷ | ᠬᠠᠮᠵᠢᠯᠴᠠᠵᠤ ᠪᠠᠶᠢᠭᠠᠳ ᠦᠨᠳᠦᠰᠦᠨ ᠱᠠᠳᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠤᠰᠬᠠᠢ | ᠴᠡᠭᠴᠡᠯᠡᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ | ᠲᠤᠮᠳᠠ ᠤᠷᠤᠰᠢᠵᠤ ᠪᠠᠶᠢᠭ᠎ᠠ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠵᠤ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠳᠤ ᠶᠢ ᠵᠦᠷᠢᠴᠡᠭᠰᠡᠨ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠨᠢᠭᠡ ᠪᠦᠯᠦᠭ ᠨᠡᠶᠢᠳᠡᠯᠢᠭ ᠬᠡᠷᠡᠭ ᠢ ᠪᠠᠶᠢᠴᠠᠭᠠᠨ ᠰᠢᠢᠳᠪᠤᠷᠢᠯᠡᠵᠤ᠂ ᠨᠢᠭᠡ ᠪᠦᠯᠦᠭ ᠦᠨᠳᠦᠰᠦᠨ ᠱᠠᠳᠤᠨ ᠤ ᠡᠳ᠋ | ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠲᠤᠭᠲᠠᠴᠠ ᠶᠢ ᠲᠡᠬᠦᠯᠳᠡᠷᠵᠢᠬᠦᠯᠦᠨ᠎ᠡ᠃ ᠡᠯ᠎ᠡ ᠰᠤᠮᠤ ᠪᠠᠯᠭᠠᠰᠤ | ᠲᠠᠯᠠᠪᠠᠢ ᠨᠢ ᠦᠪᠡᠷᠲᠡᠭᠡᠨ ᠪᠠᠶᠢᠴᠠᠭᠠᠵᠤ ᠦᠪᠡᠷᠲᠡᠭᠡᠨ ᠵᠠᠯᠠᠷᠠᠭᠤᠯᠬᠤ ᠠᠵᠢᠯᠯᠠᠭ᠎ᠠ ᠶᠢ ᠲᠠᠷᠤᠢ ᠲᠦᠷᠭᠡᠨ ᠦᠷᠨᠢᠬᠦᠯᠵᠤ | ᠂ ᠠᠰᠠᠭᠤᠳᠠᠯ ᠢ ᠦᠨᠡᠨ ᠮᠦᠨ ᠢᠶᠠᠷ ᠨᠢ ᠪᠠᠶᠢᠴᠠᠭᠠᠨ ᠲᠡᠯᠭᠡᠵᠤ ᠰᠢᠢᠳᠪᠤᠷᠢᠯᠡᠨ᠂ ᠴᠡᠭᠴᠡᠯᠡᠯᠲᠡ ᠶᠢᠨ ᠠᠵᠢᠯ ᠢ | ᠶᠤᠰᠤᠨ ᠲᠡᠳᠤᠢ ᠬᠢᠬᠦ ᠪᠢᠰᠢ ᠬᠠᠷᠢᠨ ᠪᠤᠳᠠᠳᠤ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠵᠠᠰᠠᠬᠤ | ᠠᠵᠢᠯᠯᠠᠭ᠎ᠠ ᠲᠠᠢ ᠤᠶᠠᠯᠳᠤᠭᠤᠯᠤᠨ᠂ ᠪᠠᠶᠢᠭᠤᠯᠭ᠎ᠠ ᠶᠢᠨ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ | ᠲᠤᠭᠲᠠᠭᠠᠨ ᠬᠡᠷᠡᠭᠵᠢᠬᠦᠯᠵᠤ᠂ ᠪᠠᠶᠢᠭᠤᠯᠭ᠎ᠠ ᠶᠢᠨ ᠵᠠᠰᠠᠯᠲᠠ ᠶᠢ ᠵᠢᠷᠤᠮᠵᠢᠭᠤᠯᠬᠤ ᠬᠡᠷᠡᠭᠲᠡᠢ᠃ ︽ᠭᠤᠷᠪᠠᠨ ᠬᠤᠷᠠᠯ | ᠨᠢᠭᠡ ᠬᠢᠴᠢᠶᠡᠯ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠨᠤᠶᠠᠨ︾ ᠤ ᠠᠰᠠᠭᠤᠳᠠᠯ ᠤᠨ | ᠲᠤᠰᠬᠠᠢ ᠵᠠᠰᠠᠯᠲᠠ ᠶᠢ ᠬᠦᠨᠵᠡᠭᠡᠢ ᠦᠷᠨᠢᠬᠦᠯᠵᠤ᠂ ᠨᠠᠮᠴᠢ ᠴᠢᠨᠠᠷ ᠤᠨ ᠵᠠᠷᠴᠢᠮ ᠢᠶᠠᠷ ᠠᠵᠢᠯ ᠶᠠᠪᠤᠳᠠᠯ ᠰᠢᠢᠳᠪᠤᠷᠢᠯᠡᠨ | ᠂ ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ ᠶᠤᠰᠤᠭᠠᠷ ᠠᠵᠢᠯ ᠶᠠᠪᠤᠳᠠᠯ ᠰᠢᠢᠳᠪᠤᠷᠢᠯᠡᠵᠤ᠂ ᠲᠦᠷᠢᠮ ᠵᠢᠷᠤᠮ | ᠶᠤᠰᠤᠭᠠᠷ ᠠᠵᠢᠯ ᠶᠠᠪᠤᠳᠠᠯ ᠰᠢᠢᠳᠪᠤᠷᠢᠯᠡᠬᠦ ᠬᠡᠷᠡᠭᠲᠡᠢ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠤᠨ | ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠵᠤᠴᠢᠯᠠᠯᠭ᠎ᠠ᠂ ᠡᠳ᠋ ᠤᠨ ᠶᠠᠪᠤᠳᠠᠯ ᠤᠨ ᠲᠠᠩᠰᠠ | ᠲᠠᠶᠢᠯᠬᠤ᠂ ᠠᠯᠪᠠᠨ ᠤ ᠮᠠᠰᠢᠨ ᠬᠡᠷᠡᠭᠯᠡᠬᠦ ᠪᠠ ᠠᠯᠪᠠᠨ ᠤ ᠭᠡᠷ ᠪᠠᠶᠢᠰᠢᠩ ᠬᠡᠷᠡᠭᠯᠡᠬᠦ ᠬᠠᠮᠢᠶᠠᠷᠤᠯᠲᠠ ᠵᠡᠷᠭᠡ ᠠᠷᠢᠭᠤᠨ | ᠴᠢᠭᠡᠴᠢ ᠶᠢᠨ ᠰᠠᠬᠢᠯᠭ᠎ᠠ ᠪᠠᠳᠤ ᠳᠤ ᠬᠤᠯᠪᠤᠭᠳᠠᠬᠤ ᠲᠤᠭᠲᠠᠭᠠᠯ ᠢ ᠬᠡᠷᠡᠭᠵᠢᠬᠦᠯᠬᠦ ᠬᠡᠷᠡᠭᠲᠡᠢ᠃ ᠦᠨᠳᠦᠰᠦᠨ ᠱᠠᠳᠤᠨ | ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠠᠳᠬᠤᠨ᠂ ᠨᠠᠮ ᠤᠨ ᠴᠢᠭᠯᠡᠯᠲᠡ | ᠲᠦᠷᠦ ᠶᠢᠨ ᠪᠤᠳᠤᠯᠭ᠎ᠠ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠤᠬᠠᠭᠤᠯᠵᠤ᠂ ᠬᠡᠪ | ᠰᠤᠷᠳᠠᠯ ᠲᠦᠪ ᠴᠢᠭᠡᠴᠢ ᠪᠦᠭᠡᠳ ᠮᠡᠷᠡᠶᠢᠨ ᠰᠢᠮᠳᠠᠵᠤ ᠦᠢᠯᠡᠰ ᠴᠤᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠴᠢᠷᠮᠠᠶᠢᠨ ᠪᠤᠢ ᠪᠤᠯᠭᠠᠬᠤ ᠬᠡᠷᠡᠭᠲᠡᠢ᠃ | ᠨᠦᠬᠦᠳ ᠡ᠂ ︽ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠪᠠ ᠮᠠᠯ ᠠᠵᠤ ᠠᠬᠤᠢ ᠮᠠᠯᠵᠢᠬᠤ ᠤᠷᠤᠨ | ᠮᠠᠯᠴᠢᠨ︾ ᠤ ᠠᠵᠢᠯ ᠢ ᠰᠠᠶᠢᠳᠤᠷ ᠬᠢᠬᠦ ᠪᠤᠯᠤᠨ ᠬᠦᠳᠡᠭᠡ ᠲᠤᠰᠬᠤᠨ ᠢ ᠬᠦᠭᠵᠢᠬᠦᠯᠬᠦ ᠠᠵᠢᠯ ᠢ ᠠᠬᠢᠭᠤᠯᠬᠤ ᠪᠤᠯ | ᠨᠢᠭᠡ ᠤᠳᠠᠭᠠᠨ ᠤ ᠪᠡᠷᠭᠡ ᠰᠡᠳᠦᠪ ᠰᠢᠢᠳᠪᠤᠷᠢᠯᠡᠬᠦ ᠲᠠᠶᠢᠨ ᠪᠤᠯᠬᠤ ᠪᠠᠷ ᠪᠠᠷᠠᠬᠤ ᠦᠭᠡᠢ ᠨᠡᠩ ᠴᠦ ᠨᠢᠭᠡ ᠤᠳᠠᠭᠠᠨ | ᠤ ᠤᠳᠠᠭᠠᠨ ᠲᠠᠭᠠᠭᠠᠮᠠᠢ ᠬᠢᠬᠦ ᠲᠠᠶᠢᠨ ᠮᠦᠨ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ | ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠦ ᠨᠢᠬᠲᠠᠷᠠᠨ ᠪᠦᠯᠬᠦᠮᠳᠡᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠪᠦᠬᠦ ᠬᠤᠲᠠ ᠶᠢᠨ ᠦᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠢᠳᠡᠭᠡᠯ | ᠵᠤᠷᠢᠭ ᠢᠶᠠᠨ ᠪᠠᠳᠤᠳᠬᠠᠨ ᠰᠢᠷᠭᠠᠭᠤ ᠬᠠᠳᠠᠭᠤᠵᠢᠯᠲᠠᠢ ᠠᠵᠢᠯᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ | ᠠᠵᠢᠯ ᠢ ᠲᠠᠬᠢᠨ ᠰᠢᠨ᠎ᠡ ᠲᠡᠭᠳᠡᠷ ᠲᠤ ᠭᠠᠷᠭᠠᠬᠤ ᠪᠠᠷ ᠬᠠᠮᠳᠤ ᠪᠠᠷ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ | ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠰᠢᠢᠳᠪᠤᠷᠢᠳᠤ ᠢᠯᠠᠯᠲᠠ ᠶᠢ ᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠣᠶᠡ︕ | | ᠠᠷᠠᠳ ᠤᠨ ᠬᠤᠭᠤᠷᠣᠨᠳᠣᠬᠢ ᠵᠢᠭᠡᠯᠡᠯᠭᠡ᠂ ᠲᠣᠣᠷ ᠰᠦᠯᠵᠢᠶᠡᠨ ᠳᠡᠭᠡᠷᠡᠬᠢ ᠵᠢᠭᠡᠯᠡᠯᠭᠡ ᠶᠢ ᠣᠯᠣᠮ ᠨᠢᠬᠡ ᠠᠯᠬᠤᠮ | ᠳᠦᠷᠢᠮᠵᠢᠭᠦᠯᠵᠦ᠂ ᠣᠯᠠᠨ ᠲᠦᠮᠡᠨ ᠤ ᠦᠪᠡᠷ ᠤᠨ ᠪᠠᠶᠢᠳᠠᠯ ᠳᠤ ᠪᠠᠨ ᠲᠣᠬᠢᠷᠠᠭᠤᠯᠣᠨ ᠵᠣᠭᠤᠰ ᠵᠠᠷᠣᠬᠤ ᠶᠢ | ᠬᠦᠲᠦᠯᠦᠨ ᠳᠠᠭᠠᠭᠤᠯᠵᠣ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠦᠷᠦᠯ ᠤᠨ ᠲᠡᠮᠡᠴᠡᠯ | ᠲᠠᠢ ᠣᠶᠠᠯᠳᠣᠭᠤᠯᠣᠨ᠂ ᠬᠡᠷᠡᠭ ᠤᠨ ᠰᠦᠪᠡᠭᠴᠢ ᠶᠢ ᠦᠷᠭᠦᠯᠵᠢᠯᠡᠨ ᠡᠮᠬᠢᠯᠡᠨ ᠴᠣᠭᠯᠠᠭᠤᠯᠵᠣ᠂ ᠬᠠᠣᠯᠢ ᠠᠴᠠ | ᠵᠦᠷᠢᠴᠡᠭᠰᠡᠨ ᠭᠡᠵᠦ ᠰᠡᠵᠢᠭᠯᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ |