ᠬᠤᠲᠠ ᠶᠢᠨ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ︶ | ᠵᠠᠰᠠᠭ ᠤᠨ ᠤᠷᠳᠤᠨ ᠤ ᠠᠵᠢᠯ ᠤᠨ ᠢᠯᠡᠳᠭᠡᠯ | —— 2019 ᠣᠨ ᠤ 4 ᠰᠠᠷ᠎ᠠ ᠶᠢᠨ 18 ᠤ ᠡᠳᠦᠷ ᠰᠢᠯᠢ ᠶᠢᠨ ᠬᠤᠲᠠ ᠶᠢᠨ ᠠᠷᠪᠠᠨ ᠲᠠᠪᠣᠳᠣᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠳᠡᠭᠡᠷ᠎ᠡ | ᠬᠤᠲᠠ ᠶᠢᠨ ᠳᠠᠷᠤᠭ᠎ᠠ ᠭᠦᠸᠧ ᠢ ᠵᠢᠶᠧ | ᠲᠦᠯᠤᠭᠡᠯᠡᠭᠴᠢᠳ ᠡ᠄ | ᠤᠳᠤ᠂ ᠪᠢ ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠣ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠪᠠ | ᠬᠤᠷᠠᠯ ᠳᠤ ᠰᠤᠯᠠ ᠤᠷᠤᠯᠴᠠᠭᠰᠠᠨ ᠨᠦᠬᠦᠳ ᠴᠦ ᠰᠠᠨᠠᠯ ᠲᠤᠷᠠᠳᠬᠤ ᠪᠣᠯᠪᠠᠣ᠃ | ᠨᠢᠭᠡ᠂ 2018 ᠤᠨ ᠤ ᠠᠵᠢᠯ ᠤᠨ ᠡᠷᠬᠢᠴᠡᠬᠦᠯᠤᠯ | 2018 ᠤᠨ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠳᠡ ᠶᠢᠨ ᠵᠢᠯ ᠮᠦᠨ᠂ ᠪᠠᠰᠠ ᠴᠦ ᠰᠢᠯᠢ ᠶᠢᠨ ᠬᠤᠳᠠ ᠬᠥᠨᠳᠤ ᠡᠬᠦᠷᠭᠡ ᠶᠢ ᠡᠬᠦᠷᠭᠡᠯᠡᠵᠤ᠂ | ᠡᠷᠡᠯᠭᠡᠭᠯᠡᠨ ᠤᠷᠤᠬᠰᠢᠯᠠᠭᠰᠠᠨ ᠨᠢᠭᠡ ᠵᠢᠯ ᠮᠦᠨ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠠ | ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ | ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠤᠬᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠤᠩᠭᠡᠢ ᠬᠥᠭ ᠠᠶᠠᠰ ᠢ ᠪᠠᠷᠢᠮᠳᠠᠯᠠᠨ᠂ ᠬᠥᠴᠢᠷ ᠢ | ᠲᠣᠭᠤᠯᠣᠨ ᠤᠷᠤᠬᠰᠢᠯᠠᠵᠤ᠂ ᠦᠨᠡᠨ ᠬᠦ ᠠᠳᠬᠤᠵᠤ ᠪᠤᠳᠠᠳᠠᠢ ᠪᠠᠷ ᠠᠵᠢᠯᠯᠠᠨ᠂ ᠡᠯ᠎ᠠ ᠵᠦᠢᠯ ᠤᠨ ᠬᠠᠷᠠᠯᠳᠠ | ᠡᠬᠦᠷᠭᠡ ᠶᠢ ᠤᠷᠤᠬᠰᠢᠳᠠᠢ ᠪᠡᠶᠡᠯᠡᠬᠦᠯᠤᠨ᠂ ᠠᠵᠤ ᠠᠬᠤᠢ ᠨᠡᠶᠢᠭᠡᠮ ᠲᠤᠬᠳᠠᠭᠤᠨ ᠮᠦᠷᠲᠡᠭᠡᠨ ᠠᠬᠢᠯᠳᠠ ᠲᠠᠢ ᠣᠬᠢ | ᠰᠠᠶᠢᠨ ᠪᠠᠶᠢᠳᠠᠯ ᠢᠶᠠᠨ ᠪᠠᠳᠤᠯᠠᠭᠰᠠᠨ ᠪᠠᠶᠢᠨ᠎ᠠ᠃ ᠪᠦᠬᠦ ᠬᠤᠳᠠ ᠶᠢᠨ ᠭᠠᠵᠠᠷ ᠤᠷᠤᠨ ᠤ ᠦᠢᠯᠡᠳᠪᠤᠷᠢᠯᠡᠯ ᠤᠨ | ᠶᠡᠷᠦᠩᠬᠡᠢ ᠦᠷᠳᠡᠭ 4.2% ᠢᠶᠠᠷ ᠨᠡᠮᠡᠭᠳᠡᠪᠡ︔ ᠡᠩ ᠤᠨ ᠤᠯᠠᠨ ᠨᠡᠶᠢᠳᠡ ᠶᠢᠨ ᠲᠦᠰᠤᠪ ᠤᠨ ᠤᠷᠤᠯᠭ᠎ᠠ 17.8 | ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠬᠠᠷᠠᠯᠳᠠ ᠠᠴᠠ 2.78 ᠳ᠋ᠦᠩᠰᠢᠭᠤᠷ ᠲᠦᠬᠦᠷᠢᠭ | ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠤᠨ ᠲᠤᠮᠳᠠᠴᠢ ᠶᠢᠨ | ᠡᠵᠡᠮᠳᠡᠵᠤ ᠪᠤᠯᠬᠤ ᠤᠷᠤᠯᠭ᠎ᠠ ᠲᠤᠰ ᠲᠤᠰ 4.5% ᠪᠠ 9.3% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠲᠤᠤᠷᠠᠬᠢ ᠠᠵᠢᠯ ᠤᠳ ᠢ ᠬᠢᠪᠠ᠄ | ︵ᠨᠢᠭᠡ︶ ᠳᠡᠭᠡᠳᠦ ᠱᠠᠲᠣᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠭᠤᠷᠪᠠᠨ ᠶᠡᠭᠡ ᠰᠢᠪᠲᠣᠯᠣᠯᠲᠠ | ᠶᠢᠨ ᠳᠠᠶᠢᠯᠠᠯᠳᠣᠭᠠᠨ ᠢᠯᠡᠳᠳᠡ ᠠᠮᠵᠢᠯᠳᠠ ᠤᠯᠪᠠ᠃ ᠭᠤᠷᠪᠠᠨ ᠶᠡᠭᠡ ᠰᠢᠪᠲᠣᠯᠣᠯᠲᠠ ᠶᠢᠨ ᠳᠠᠶᠢᠯᠠᠯᠳᠣᠭᠠᠨ ᠤ | ᠠᠵᠢᠯ ᠢ ᠰᠠᠶᠢᠨ ᠬᠢᠬᠦ ᠶᠢ ᠴᠢᠬᠤᠯᠠ ᠤᠯᠤᠰ ᠲᠦᠷᠤ ᠶᠢᠨ ᠡᠬᠦᠷᠭᠡ ᠪᠤᠯᠭᠠᠵᠣ᠂ ᠡᠯ᠎ᠡ ᠵᠦᠢᠯ ᠤᠨ ᠠᠷᠭ᠎ᠠ ᠬᠡᠮᠵᠢᠶᠡᠨ | ᠤ ᠨᠠᠶᠢᠳᠠᠪᠣᠷᠢᠵᠢᠭᠳᠠᠬᠤ ᠶᠢ ᠠᠬᠢᠭᠤᠯᠣᠭᠰᠠᠨ ᠠᠴᠠ ᠰᠠᠶᠢᠨ ᠡᠬᠢᠯᠡᠯᠳᠡ ᠲᠠᠢ ᠪᠤᠯᠪᠠ᠃ ᠡᠳ᠋ ᠤᠨ ᠵᠠᠰᠠᠭ ᠲᠦᠢᠯ ᠤᠨ | ᠬᠥᠴᠢᠷᠳᠠᠯ ᠲᠠᠢ ᠪᠠᠶᠢᠳᠠᠯ ᠲᠤᠤᠷ᠎ᠠ᠂ ᠭᠤᠷᠪᠠᠨ ᠵᠦᠢᠯ ᠤᠨ ᠠᠯᠪᠠᠨ ᠵᠠᠷᠤᠳᠠᠯ ᠢ ᠴᠢᠩᠭ᠎ᠠ ᠬᠢᠵᠠᠭᠠᠷᠯᠠᠬᠤ᠂ | ᠠᠰᠢᠭᠯᠠᠭᠳᠠᠭᠠᠳᠣᠢ ᠪᠡᠯᠡ ᠬᠥᠷᠤᠩᠭᠡ ᠶᠢ ᠠᠮᠢᠳᠤᠯᠢᠭ ᠪᠤᠯᠭᠠᠬᠤ᠂ ᠦᠩᠭᠡᠷᠡᠭᠰᠡᠨ ᠬᠤᠭᠤᠴᠠᠭᠠᠨ ᠤ ᠠᠪᠴᠠᠭ᠎ᠠ ᠪᠠᠨ | ᠪᠣᠴᠠᠭᠠᠨ ᠠᠪᠬᠤ᠂ ᠬᠢᠨᠠᠨ ᠪᠤᠳᠤᠯᠲᠠ ᠬᠢᠵᠦ ᠬᠢᠨᠠᠨ ᠪᠠᠭᠠᠰᠬᠠᠬᠤ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ | ᠲᠡᠮᠵᠢᠭᠤᠯᠤᠨ᠂ ᠵᠠᠰᠠᠭ ᠤᠨ ᠤᠷᠳᠤᠨ ᠤ ᠦᠷᠢ ᠦᠭᠴᠡᠭᠡ ᠶᠢ 21.7 ᠳ᠋ᠦᠩᠰᠢᠭᠤᠷ ᠲᠦᠬᠦᠷᠢᠭ ᠠᠷᠢᠯᠭᠠᠵᠤ᠂ ︽ | ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠷᠢ ᠦᠭᠴᠡᠭᠡ ᠶᠢ ᠪᠦᠬᠦᠳᠡ ᠶᠢ ᠠᠷᠢᠯᠭᠠᠪᠠ᠃ ᠨᠠᠷᠢᠯᠢᠭ | ᠣᠨᠣᠪᠴᠢᠲᠣ ᠠᠷᠭ᠎ᠠ ᠪᠤᠳᠤᠯᠭ᠎ᠠ ᠶᠢ ᠪᠠᠷᠢᠮᠳᠠᠯᠠᠨ᠂ 8595 ᠲᠦᠮᠡᠨ ᠲᠦᠬᠦᠷᠢᠭ ᠪᠡᠯᠡ ᠮᠦᠩᠬᠦ ᠪᠠᠭᠤᠯᠭᠠᠨ᠂ | ᠭᠤᠷᠪᠠᠨ ᠲᠦᠷᠦᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠤᠯ ᠵᠦᠢᠯ ᠢ ᠬᠡᠷᠡᠭᠵᠢᠬᠦᠯᠤᠨ᠂ ᠺᠠᠷᠲᠯᠠᠨ | ᠲᠠᠩᠰᠠᠯᠠᠭᠰᠠᠨ ᠶᠠᠳᠠᠭᠤ ᠡᠷᠦᠬᠡ ᠶᠢ ᠠᠵᠤ ᠦᠢᠯᠡᠰ ᠢᠶᠠᠷ ᠳᠡᠮᠵᠢᠵᠦ ᠲᠡᠳᠬᠦᠭᠰᠡᠨ ᠨᠤᠷᠮ᠎ᠠ 64% ᠳᠤ ᠬᠦᠷᠴᠦ᠂ | ᠶᠠᠳᠠᠭᠤ ᠡᠷᠤᠭᠡ ᠶᠢᠨ ᠬᠥᠨᠳᠤ ᠡᠪᠡᠳᠴᠢᠳᠠᠨ ᠤ ᠡᠮᠨᠡᠯᠭᠡ ᠳᠤ ᠰᠠᠭᠤᠵᠤ ᠡᠮᠨᠡᠬᠦᠯᠦᠭᠰᠡᠨ ᠵᠠᠷᠤᠳᠠᠯ ᠪᠠ ᠤᠳᠠᠭᠠᠨ | ᠴᠢᠨᠠᠷᠳᠠᠢ ᠡᠪᠡᠳᠴᠢᠨ ᠢ ᠡᠬᠦᠳᠡᠨ ᠡᠮᠨᠡᠯᠭᠡ ᠳᠤ ᠦᠵᠡᠬᠦᠯᠦᠭᠰᠡᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠲᠤᠰ | ᠲᠤᠰ 90% ᠪᠠ 95% ᠳᠤ ᠬᠥᠷᠭᠡᠵᠤ᠂ ᠰᠤᠷᠭᠠᠨ ᠬᠥᠮᠤᠵᠢᠯ ᠢᠶᠠᠷ ᠲᠡᠳᠬᠦᠨ ᠲᠤᠰᠠᠯᠠᠬᠤ ᠲᠦᠷᠤ ᠶᠢᠨ | ᠪᠤᠳᠤᠯᠭ᠎ᠠ ᠶᠢ ᠨᠡᠶᠢᠳᠡᠮ ᠪᠦᠷᠬᠦᠭᠦᠯᠪᠡ᠃ ᠠᠭᠠᠷ ᠮᠠᠨᠳᠠᠯ᠂ ᠤᠰᠤ᠂ ᠬᠥᠷᠤᠰᠤᠨ ᠤ ᠪᠤᠬᠢᠷᠳᠤᠯ ᠢ ᠰᠡᠷᠭᠡᠶᠢᠯᠡᠨ | ᠵᠠᠰᠠᠬᠤ ᠲᠤᠰᠬᠠᠢ ᠠᠵᠢᠯᠯᠠᠭ᠎ᠠ ᠶᠢ ᠬᠥᠨᠵᠡᠭᠡᠢ ᠬᠡᠷᠡᠭᠵᠢᠬᠦᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠡᠳᠤ | ᠲᠤᠤᠷ᠎ᠠ ᠭᠠᠳᠠᠭᠰᠢᠯᠠᠭᠤᠯᠤᠯᠳᠡ᠂ ᠬᠥᠬᠦᠷ ᠦᠭᠡᠶᠢᠵᠢᠬᠦᠯᠬᠦ ᠱᠠᠤ ᠦᠭᠡᠶᠢᠵᠢᠬᠦᠯᠬᠦ ᠦᠭᠡᠷᠡᠴᠢᠯᠠᠯᠳᠠ ᠶᠢ ᠤᠷᠤᠬᠰᠢᠳᠠᠢ | ᠪᠡᠶᠡᠯᠡᠬᠦᠯᠵᠤ᠂ ᠬᠤᠳᠠ ᠶᠢᠨ ᠲᠤᠭᠤᠷᠢᠭ ᠲᠠᠬᠢ ᠪᠠᠷᠢᠮᠵᠢᠶ᠎ᠠ ᠳᠤ ᠦᠯᠤ ᠬᠥᠷᠬᠦ ᠵᠢᠵᠢᠭ ᠬᠥᠸᠧᠯᠤ ᠶᠢ ᠪᠦᠬᠦᠳᠡ ᠶᠢ | ᠴᠤᠴᠠᠯᠤᠨ ᠬᠠᠶᠠᠵᠤ᠂ ᠪᠠᠶᠢᠭᠤᠯᠵᠤ ᠪᠦᠳᠤᠭᠡᠭᠰᠡᠨ ᠬᠤᠲᠠ ᠲᠤᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ | ᠰᠠᠶᠢᠨ ᠪᠤᠯᠤᠭᠰᠠᠨ ᠡᠳᠤᠷ ᠤᠨ ᠲᠤᠭ᠎ᠠ ᠶᠢᠨ ᠬᠠᠷᠢᠴᠠᠯ 97.1% ᠳᠤ ᠬᠦᠷᠴᠣ᠂ ᠪᠦᠬᠦ ᠤᠷᠤᠨ ᠤ ᠲᠤᠮᠳᠠᠴᠢ | ᠲᠦᠪᠰᠢᠨ ᠠᠴᠠ ᠦᠨᠳᠤᠷ ᠪᠤᠯᠪᠠ᠃ ᠤᠤᠭᠤᠬᠤ ᠤᠰᠤᠨ ᠤ ᠡᠬᠢ ᠰᠣᠷᠪᠣᠯᠵᠢ ᠶᠢᠨ ᠭᠠᠵᠠᠷ ᠤᠨ ᠠᠮᠤᠷ ᠲᠦᠪᠰᠢᠨ | ᠤ ᠪᠠᠳᠤᠯᠠᠭ᠎ᠠ ᠶᠢ ᠪᠠᠷᠢᠮᠵᠢᠶ᠎ᠠ ᠳᠤ ᠬᠥᠷᠭᠡᠬᠦ ᠪᠠᠶᠢᠭᠤᠯᠤᠯᠳᠡ ᠶᠢ ᠦᠷᠨᠢᠬᠦᠯᠤᠨ᠂ ᠲᠤᠰᠤᠨ ᠰᠠᠪᠠ ᠨᠡᠪᠴᠢᠬᠦ ᠶᠢ | ᠰᠡᠷᠭᠡᠶᠢᠯᠡᠬᠦ ᠦᠭᠡᠷᠡᠴᠢᠯᠠᠯᠳᠠ ᠨᠢ ᠣᠨ ᠤ ᠡᠬᠦᠷᠭᠡ ᠶᠢ 139% ᠪᠠᠷ ᠪᠡᠶᠡᠯᠡᠬᠦᠯᠵᠤ᠂ ᠪᠤᠬᠢᠷᠳᠤᠯ | ᠭᠠᠳᠠᠭᠰᠢᠯᠠᠭᠤᠯᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠤᠬᠢᠷ ᠤᠰᠤ ᠰᠢᠢᠳᠪᠤᠷᠢᠯᠡᠬᠦ ᠶᠢ ᠰᠢᠭᠤᠳ ᠬᠢᠨᠠᠨ | ᠡᠵᠡᠮᠳᠡᠵᠦ᠂ ᠪᠦᠬᠦ ᠬᠤᠳᠠ ᠶᠢᠨ ᠪᠤᠬᠢᠷ ᠤᠰᠤ ᠰᠢᠢᠳᠪᠤᠷᠢᠯᠡᠬᠦ ᠨᠤᠷᠮ᠎ᠠ ᠶᠢ 92.5% ᠳᠤ ᠬᠥᠷᠭᠡᠪᠡ᠃ | ᠬᠥᠷᠤᠰᠤᠨ ᠤ ᠪᠤᠬᠢᠷᠳᠤᠯ ᠤᠨ ᠪᠠᠶᠢᠳᠠᠯ ᠢ ᠨᠠᠷᠢᠨ ᠪᠠᠶᠢᠴᠠᠭᠠᠬᠤ ᠠᠵᠢᠯ ᠢ ᠬᠥᠨᠵᠡᠭᠡᠢ ᠠᠬᠢᠭᠤᠯᠤᠨ᠂ ᠡᠩ ᠤᠨ | ᠬᠠᠳᠠᠭᠤ ᠪᠡᠶᠡᠳᠤ ᠬᠠᠶᠠᠭᠳᠠᠮᠠᠯ ᠪᠤᠳᠡᠰ ᠢ ᠪᠦᠬᠦᠳᠡ ᠶᠢ ᠠᠶᠤᠯ ᠦᠭᠡᠢ ᠰᠢᠢᠳᠪᠤᠷᠢᠯᠡᠪᠡ᠃ ᠡᠯ᠎ᠠ ᠱᠠᠳᠤᠨ ᠤ ᠡᠯ᠎ᠠ | ᠲᠦᠷᠤᠯ ᠤᠨ ᠱᠠᠯᠠᠪᠳᠠᠨ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠴᠢᠩᠭ᠎ᠠ ᠪᠦᠭᠡᠳ ᠪᠤᠳᠠᠳᠠᠢ ᠰᠠᠶᠢᠨ ᠠᠳᠬᠤᠵᠤ᠂ ᠭᠠᠵᠠᠷ ᠰᠢᠷᠤᠢ ᠶᠢᠨ ᠬᠡᠪ ᠤᠨ ᠱᠠᠯᠠᠪᠳᠠᠭᠤᠯᠣᠨ ᠪᠠᠶᠢᠴᠠᠭᠠᠯᠲᠠ | ᠳᠤ ᠢᠯᠡᠷᠡᠬᠦᠯᠦᠭᠰᠡᠨ ᠠᠰᠠᠭᠤᠳᠠᠯ ᠢ ᠨᠡᠶᠢᠯᠡᠭᠦᠯᠵᠦ ᠲᠡᠭᠡᠭᠰᠢ ᠮᠡᠳᠡᠬᠦᠯᠤᠨ᠂ ᠤᠯᠠᠨ ᠵᠢᠯ ᠤᠨ ᠲᠣᠷᠰᠢᠬᠢ ᠨᠤᠳᠤᠭ | ᠪᠡᠯᠴᠢᠭᠡᠷ ᠡᠵᠡᠯᠡᠨ ᠬᠡᠷᠡᠭᠯᠡᠬᠦ ᠭᠠᠷ ᠬᠥᠢᠴᠡᠳᠭᠡᠯ ᠢ ᠬᠥᠢᠴᠡᠳᠭᠡᠭᠰᠡᠨ ᠦᠭᠡᠢ ᠲᠦᠷᠤᠯ ᠵᠦᠢᠯ ᠢ ᠪᠦᠬᠦᠳᠡ ᠶᠢ | ᠲᠠᠩᠰᠠᠨ ᠠᠴᠠ ᠬᠠᠰᠤᠭᠤᠯᠬᠤ ᠪᠠᠷ ᠭᠤᠶᠤᠴᠢᠯᠠᠵᠤ᠂ ᠲᠦᠪ ᠤᠨ ᠤᠷᠴᠢᠨ ᠠᠬᠤᠢ ᠶᠢᠨ ᠬᠠᠮᠠᠭᠠᠯᠠᠯᠳᠠ ᠶᠢᠨ | ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠬᠢᠵᠤ ᠬᠠᠷᠠᠬᠤ︾ ᠠᠵᠢᠯ ᠤᠨ ᠲᠤᠮᠳᠠ ᠤᠯᠠᠨ ᠲᠦᠮᠡᠨ ᠤ ᠢᠯᠡᠴᠢᠯᠡᠨ | ᠮᠡᠳᠡᠬᠦᠯᠦᠭᠰᠡᠨ ᠠᠰᠠᠭᠤᠳᠠᠯ ᠢ ᠦᠨᠳᠤᠰᠤᠨ ᠳᠡᠭᠡᠨ ᠰᠢᠢᠳᠪᠤᠷᠢᠯᠡᠨ ᠲᠠᠭᠤᠰᠬᠠᠵᠤ᠂ ᠤᠯᠠᠨ ᠲᠦᠮᠡᠨ ᠤ ᠲᠤᠰᠬᠠᠯ | ᠴᠢᠩᠭ᠎ᠠ ᠨᠢᠭᠡ ᠪᠦᠯᠦᠭ ᠤᠷᠴᠢᠨ ᠠᠬᠤᠢ ᠶᠢᠨ ᠠᠰᠠᠭᠤᠳᠠᠯ ᠢ ᠪᠦᠳᠤᠮᠵᠢᠳᠠᠢ ᠰᠢᠢᠳᠪᠤᠷᠢᠯᠡᠭᠰᠡᠨ ᠪᠠᠶᠢᠨ᠎ᠠ᠃ 3.2 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠰᠢᠯᠢ ᠶᠢᠨ ᠭᠤᠤᠯ ᠤᠨ ᠠᠮᠢ ᠠᠬᠤᠢ ᠶᠢᠨ ᠦᠵᠡᠮᠵᠢ ᠶᠢᠨ | ᠪᠦᠰᠡ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ᠂ ᠠᠭᠤᠷᠬᠠᠢ ᠶᠢ ᠵᠠᠰᠠᠬᠤ᠂ ᠭᠤᠤᠯᠳᠠᠯᠭ᠎ᠠ | ᠲᠠᠢ ᠤᠷᠤᠨ ᠪᠦᠰᠡ ᠶᠢ ᠨᠤᠭᠤᠭᠠᠷᠠᠭᠤᠯᠬᠤ ᠵᠡᠷᠭᠡ 19.6 ᠲᠦᠮᠡᠨ ᠮᠤ᠋ ᠶᠢᠨ ᠠᠮᠢ ᠠᠬᠤᠢ ᠶᠢᠨ ᠪᠠᠶᠢᠭᠤᠯᠤᠯᠳᠡ ᠶᠢ | ᠬᠡᠷᠡᠭᠵᠢᠬᠦᠯᠪᠠ᠃ ᠰᠢᠯᠢ ᠶᠢᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠰᠢᠯᠭᠠᠨ | ᠦᠨᠡᠯᠡᠯᠲᠡ ᠳᠤ ᠬᠢᠷᠢ ᠲᠡᠩᠴᠡᠵᠦ᠂ ᠰᠢᠯᠢ ᠶᠢᠨ ᠭᠤᠤᠯ ᠤᠨ ᠲᠠᠯ᠎ᠠ ᠨᠤᠳᠤᠭ ᠤᠨ ᠭᠠᠯᠳᠤ ᠠᠭᠤᠯᠠᠨ ᠤ ᠭᠠᠵᠠᠷ | ᠰᠢᠨᠵᠢᠯᠡᠭᠡᠨ ᠤ ᠴᠡᠴᠡᠷᠯᠢᠭ ᠨᠢ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠢᠷᠢ ᠭᠡᠮ ᠢ ᠤᠯᠤᠭᠰᠠᠨ | ᠪᠠᠶᠢᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠤᠬᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ | ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠬᠰᠤᠭᠠᠬᠤ ᠨᠦᠬᠦᠪᠤᠷᠢ ᠱᠠᠩᠨᠠᠯ ᠤᠨ | ᠮᠦᠩᠬᠦ 1.05 ᠳ᠋ᠦᠩᠰᠢᠭᠤᠷ ᠲᠦᠬᠦᠷᠢᠭ ᠲᠠᠷᠬᠠᠭᠠᠵᠣ᠂ ᠪᠠᠭᠤᠯᠭᠠᠭᠰᠠᠨ ᠭᠠᠩ ᠬᠠᠭᠰᠠᠷᠠᠭᠠᠨ ᠤ ᠨᠦᠬᠦᠪᠤᠷᠢ ᠪᠤᠯᠤᠨ | ᠡᠳ᠋ ᠪᠤᠳᠡᠰ ᠢ ᠵᠤᠭᠤᠰ ᠢᠶᠠᠷ ᠨᠣᠭᠤᠯᠵᠣ ᠪᠣᠳᠣᠪᠠᠯ 1070 ᠲᠦᠮᠡᠨ ᠲᠦᠬᠦᠷᠢᠭ ᠲᠤ ᠬᠥᠷᠴᠠᠢ᠃ | ︵ᠬᠤᠶᠠᠷ︶ ᠪᠦᠳᠤᠴᠠ ᠶᠢ ᠲᠤᠬᠢᠷᠠᠭᠤᠯᠵᠤ᠂ ᠰᠢᠨ᠎ᠠ ᠬᠠᠭᠤᠴᠢᠨ ᠬᠥᠳᠡᠯᠭᠡᠭᠴᠢ ᠡᠨᠧᠷᠬᠢ ᠶᠢᠨ ᠰᠤᠯᠢᠬᠳᠠᠯ ᠢ | ᠲᠠᠰᠤᠷᠠᠯᠳᠠ ᠦᠭᠡᠢ ᠠᠬᠢᠭᠤᠯᠪᠠ᠃ ᠴᠢᠨᠠᠷ ᠰᠠᠶᠢᠳᠠᠢ ᠬᠥᠭᠵᠢᠬᠦᠯᠬᠦ ᠭᠤᠤᠯ ᠰᠡᠳᠤᠪ ᠲᠠᠢ ᠨᠢᠬᠳᠠ ᠤᠶᠠᠯᠳᠤᠭᠤᠯᠤᠨ᠂ | ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠠᠯᠳᠠ ᠶᠢ ᠬᠥᠨᠵᠡᠭᠡᠶᠢᠷᠡᠬᠦᠯᠵᠤ᠂ ᠤᠯᠠᠨ | ᠡᠰᠢᠵᠢᠭᠰᠡᠨ ᠬᠦᠭᠵᠢᠯᠲᠡ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ | ᠰᠢᠰᠲ᠋ᠧᠮ ᠢ ᠬᠥᠴᠤᠯᠡᠨ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠬᠤ ᠠᠬᠢᠴᠠ ᠶᠢ | ᠲᠦᠷᠭᠡᠳᠭᠡᠵᠤ᠂ ᠮᠠᠯ ᠤᠨᠤᠭ᠎ᠠ ᠶᠢ 36 ᠲᠦᠮᠡᠨ ᠲᠤᠯᠤᠭᠠᠢ ᠪᠠᠭᠠᠰᠬᠠᠭᠰᠠᠨ ᠪᠠᠶᠢᠳᠠᠯ ᠲᠤᠤᠷ᠎ᠠ᠂ ᠨᠢᠭᠡᠳᠤᠭᠡᠷ ᠠᠵᠤ | ᠦᠢᠯᠡᠰ ᠤᠨ ᠨᠡᠮᠡᠭᠳᠡᠯ ᠦᠷᠳᠡᠭ ᠪᠠ ᠮᠠᠯᠴᠢᠳ ᠤᠨ ᠬᠥᠮᠤᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠲᠤᠰ | ᠲᠤᠰ 5.9 ᠪᠠ 9.3 ᠵᠠᠭᠤᠨ ᠤ ᠬᠤᠪᠢ ᠶᠢᠨ ᠴᠡᠭ ᠨᠡᠮᠡᠭᠳᠡᠭᠰᠡᠨ ᠪᠠᠶᠢᠨ᠎ᠠ᠃ ︽ᠬᠤᠨᠢ ᠶᠢ ᠴᠦᠭᠡᠳᠭᠡᠵᠤ ᠦᠭᠡᠷ | ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠲᠤᠬᠳᠠᠭᠤᠨ ᠢᠶᠠᠷ ᠠᠬᠢᠭᠤᠯᠵᠤ᠂ ᠮᠠᠯ ᠠᠵᠤ ᠠᠬᠤᠢ ᠶᠢᠨ ᠣᠨ ᠤ | ᠲᠡᠵᠢᠭᠡᠵᠤ ᠪᠠᠶᠢᠭ᠎ᠠ ᠦᠭᠡᠷ ᠤᠨ ᠲᠤᠭ᠎ᠠ ᠶᠢ 22% ᠢᠶᠠᠷ ᠨᠡᠮᠡᠭᠳᠡᠬᠦᠯᠵᠤ᠂ ᠡᠪᠦᠯᠵᠢᠭᠦᠯᠬᠦ ᠬᠤᠨᠢ ᠶᠢ 23% ᠪᠠᠷ | ᠪᠠᠭᠠᠰᠬᠠᠪᠠ᠃ ᠮᠠᠯ ᠤᠨ ᠠᠰᠢᠭ ᠰᠢᠮ᠎ᠠ ᠪᠤᠯᠪᠠᠰᠤᠷᠠᠭᠤᠯᠬᠤ ︽ᠪᠠᠭ᠎ᠠ ᠲᠠᠷᠠᠬᠠᠢ ᠵᠠᠮᠪᠠᠷᠠᠭ᠎ᠠ ᠦᠭᠡᠢ︾ ᠠᠵᠤ | ᠠᠬᠤᠶᠢᠯᠠᠯ ᠢ 11 ᠡᠷᠦᠬᠡ ᠬᠠᠭᠠᠵᠤ ᠵᠤᠬᠰᠤᠭᠠᠨ᠂ 200 ᠲᠦᠮᠡᠨ ᠬᠤᠨᠢᠴᠢᠯᠠᠭᠰᠠᠨ ᠨᠢᠭᠡᠴᠢ ᠮᠠᠯ ᠢ ᠡᠳ᠋ᠰᠢᠬᠦᠯᠵᠤ᠂ | ᠮᠠᠯ ᠤᠨ ᠠᠰᠢᠭ ᠰᠢᠮ᠎ᠠ ᠶᠢ ᠨᠠᠷᠢᠯᠢᠭ ᠪᠤᠯᠪᠠᠰᠤᠷᠠᠭᠤᠯᠬᠤ ᠨᠤᠷᠮ᠎ᠠ ᠶᠢ 45% ᠳᠤ ᠬᠥᠷᠭᠡᠭᠰᠡᠨ ᠪᠠᠶᠢᠨ᠎ᠠ᠃ | ᠠᠮᠢᠳᠠᠨ ᠤ ᠬᠢᠵᠢᠭ ᠢ ᠰᠡᠷᠭᠡᠶᠢᠯᠡᠬᠦ ᠪᠠ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢᠨ ᠶᠠᠰᠤ ᠴᠢᠨᠠᠷ | ᠤᠨ ᠠᠮᠤᠷ ᠲᠦᠪᠰᠢᠨ ᠤ ᠠᠵᠢᠯ ᠢ ᠴᠢᠩᠭᠠᠳᠬᠠᠨ᠂ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ | ᠨᠢᠭᠡᠳᠤᠯᠳᠠᠢ ᠬᠤᠷᠢᠶᠠᠨ ᠵᠦᠭᠡᠭᠡᠪᠤᠷᠢᠯᠡᠬᠦ ᠪᠠ ᠲᠦᠪᠯᠡᠷᠡᠬᠦᠯᠤᠨ ᠰᠢᠢᠳᠪᠤᠷᠢᠯᠡᠬᠦ ᠶᠢ ᠬᠡᠷᠡᠭᠵᠢᠬᠦᠯᠵᠤ᠂ ᠠᠹᠷᠢᠺᠠ ᠲᠢᠪ | ᠤᠨ ᠭᠠᠭ᠋ᠠᠢ ᠶᠢᠨ ᠬᠢᠵᠢᠭ ᠢ ᠪᠦᠳᠤᠮᠵᠢᠳᠠᠢ ᠰᠡᠷᠭᠡᠶᠢᠯᠡᠨ ᠡᠵᠡᠮᠳᠡᠭᠰᠡᠨ ᠪᠠᠶᠢᠨ᠎ᠠ᠃ ᠢᠯᠢ ᠶᠢᠨ ᠲᠡᠭᠡᠳᠤ ᠲᠡᠰ ᠤᠨ | ᠰᠦᠨ ᠤ ᠦᠢᠯᠡᠰ᠂ ᠬᠤᠩ ᠶᠤᠸᠠᠨ ᠤ ᠬᠥᠯᠳᠡᠬᠦᠤ ᠲᠦᠮᠤᠰᠤᠨ ᠬᠡᠷᠴᠢᠮᠡᠯ ᠲᠦᠮᠤᠰᠤᠨ ᠪᠤᠤᠪᠤ ᠵᠡᠷᠭᠡ ᠨᠢᠭᠡ ᠪᠦᠯᠦᠭ | ᠠᠵᠤ ᠦᠢᠯᠡᠰᠵᠢᠬᠦᠯᠦᠭᠰᠡᠨ ᠲᠦᠷᠤᠯ ᠵᠦᠢᠯ ᠢ ᠪᠦᠲᠦᠭᠡᠨ ᠪᠠᠶᠢᠭᠤᠯᠤᠭᠠᠳ ᠠᠰᠢᠭᠯᠠᠯᠳᠠ ᠳᠤ ᠤᠷᠤᠭᠤᠯᠪᠠ᠂ ᠪᠦᠬᠦ | ᠤᠯᠤᠰ ᠤᠨ ᠬᠥᠳᠡᠭᠡ ᠲᠤᠰᠬᠤᠨ ᠤ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠳᠤᠭᠤᠯᠤᠨ | ᠬᠥᠭᠵᠢᠬᠦᠯᠬᠦ ᠲᠠᠭᠠᠭᠤᠯᠤᠭᠴᠢ ᠣᠷᠣᠨ ᠢ ᠡᠬᠦᠳᠤᠨ ᠪᠠᠶᠢᠭᠤᠯᠬᠤ ᠪᠠᠷ ᠨᠡᠷ᠎ᠡ ᠲᠤᠷᠠᠳᠴᠤ᠂ ᠮᠤᠳᠤᠨ ᠮᠠᠯᠵᠢᠯ ᠤᠨ | ᠲᠠᠯᠠᠪᠠᠢ ᠪᠠᠷ ᠭᠤᠤᠯᠯᠠᠭᠤᠯᠤᠭᠰᠠᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠷᠢᠶᠡᠯᠡᠩ | ᠲᠤᠭᠤᠷᠢᠭ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠦᠨᠡᠯᠡᠨ ᠲᠤᠬᠳᠠᠭᠠᠪᠠ᠃ ᠠᠵᠤ ᠦᠢᠯᠡᠳᠪᠤᠷᠢ | ᠶᠢᠨ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠬᠦᠯᠤᠨ ᠦᠷ᠎ᠡ ᠠᠰᠢᠭ ᠢ ᠨᠡᠮᠡᠭᠳᠡᠬᠦᠯᠵᠤ᠂ ᠬᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠪᠤᠯᠤᠨ ᠠᠰᠢᠭ ᠬᠤᠨᠵᠢᠪᠤᠷᠢ | ᠶᠢᠨ ᠪᠦᠬᠦ ᠲᠤᠭ᠎ᠠ ᠲᠤᠰ ᠲᠤᠰ 6.3% ᠪᠠ 1.5 ᠲᠠᠬᠢᠨ ᠢᠶᠠᠷ ᠨᠡᠮᠡᠭᠳᠡᠵᠠᠢ᠃ ᠡᠨᠧᠷᠬᠢ ᠶᠢᠨ ᠰᠤᠷᠪᠤᠯᠵᠢ ᠶᠢᠨ | ᠠᠵᠤ ᠦᠢᠯᠡᠳᠪᠤᠷᠢ ᠲᠦᠷᠭᠡᠨ ᠢᠶᠠᠷ ᠬᠦᠭᠵᠢᠵᠦ᠂ ᠦᠢᠯᠡᠳᠬᠦᠨ ᠤ ᠦᠷᠳᠡᠭ ᠨᠢ 18% ᠪᠠᠷ ᠨᠡᠮᠡᠭᠳᠡᠨ᠂ | ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢ ᠲᠠᠶᠢᠴᠢᠯᠠᠨ 12.3 ᠵᠠᠭᠤᠨ ᠤ ᠬᠤᠪᠢ ᠶᠢᠨ ᠴᠡᠭ | ᠨᠡᠮᠡᠭᠳᠡᠬᠦᠯᠪᠠ᠃ ᠴᠠᠬᠢᠯᠭᠠᠨ ᠰᠣᠷᠪᠣᠯᠵᠢ ᠶᠢᠨ ᠭᠠᠵᠠᠷ ᠤᠨ ᠲᠦᠷᠤᠯ ᠵᠦᠢᠯ ᠢ ᠲᠦᠷᠭᠡᠨ ᠢᠶᠠᠷ ᠠᠬᠢᠭᠤᠯᠵᠤ᠂ ᠮᠧᠩ | ᠨᠧᠩ ᠤᠨ ᠢᠯᠴᠢ ᠴᠠᠬᠢᠯᠭᠠᠨ ᠬᠤᠯᠪᠣᠭᠠᠯᠠᠭᠰᠠᠨ ᠲᠦᠷᠤᠯ ᠵᠦᠢᠯ ᠢ ᠠᠰᠢᠭᠯᠠᠯᠳᠠ ᠳᠤ ᠤᠷᠤᠭᠤᠯᠤᠨ᠂ ᠱᠧᠨ ᠬᠤᠸᠠ | ᠂ ᠳ᠋ᠠ ᠲᠠᠩ᠂ ᠤᠮᠠᠷᠠᠳᠤ ᠶᠢᠨ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠤ ᠦᠢᠯᠡᠳᠪᠤᠷᠢ | ᠶᠢᠨ ᠪᠦᠲᠦᠭᠡᠨ ᠪᠠᠶᠢᠭᠤᠯᠣᠯᠲᠠ ᠤᠷᠤᠬᠰᠢᠳᠠᠢ ᠠᠬᠢᠵᠤ ᠪᠠᠶᠢᠨ᠎ᠠ᠃ ᠰᠢᠨ᠎ᠠ ᠪᠠᠷ ᠮᠠᠨᠳᠤᠭᠰᠠᠨ ᠠᠵᠤ ᠦᠢᠯᠡᠰ | ᠲᠦᠷᠭᠡᠨ ᠢᠶᠠᠷ ᠬᠥᠭᠵᠢᠵᠤ᠂ ᠪᠡᠯᠡ ᠤᠷᠤᠭᠤᠯᠤᠯᠳᠡ ᠨᠢ ᠠᠳᠠᠯᠢ ᠬᠤᠭᠤᠴᠠᠭᠠᠨ ᠤ ᠬᠢ ᠠᠴᠠ 5 ᠲᠠᠬᠢᠨ ᠰᠢᠬᠠᠮ | ᠨᠡᠮᠡᠭᠳᠡᠵᠠᠢ᠃ ᠵᠢᠩ ᠶᠦᠨ ᠲᠦᠩ᠂ ᠦ᠋ ᠳ᠋ᠠ ᠯᠠᠢ ᠵᠡᠷᠭᠡ ᠰᠢᠨ᠎ᠠ ᠡᠨᠧᠷᠬᠢ ᠶᠢᠨ ᠰᠤᠷᠪᠤᠯᠵᠢ ᠶᠢᠨ ᠲᠦᠷᠤᠯ ᠵᠦᠢᠯ | ᠡᠮᠬᠢ ᠴᠡᠭᠴᠡ ᠲᠠᠢ ᠠᠬᠢᠵᠤ᠂ ᠲᠦᠯᠦᠪᠵᠢᠭᠦᠯᠦᠯᠭᠡ ᠶᠢᠨ ᠮᠠᠰᠢᠨ ᠴᠤᠭᠴᠠᠯᠠᠪᠤᠷᠢ 130 ᠲᠦᠮᠡᠨ ᠺᠢᠯᠤᠸᠠᠲ ᠰᠢᠨ᠎ᠠ | ᠪᠠᠷ ᠨᠡᠮᠡᠭᠳᠡᠵᠣ᠂ ᠮᠠᠰᠢᠨ ᠴᠤᠭᠴᠠᠯᠠᠪᠤᠷᠢ ᠶᠢᠨ ᠶᠡᠷᠤᠩᠭᠡᠢ ᠬᠡᠪᠴᠢᠶ᠎ᠡ 200 ᠲᠦᠮᠡᠨ ᠺᠢᠯᠤᠸᠠᠲ ᠬᠥᠷᠦᠭᠰᠡᠨ ᠪᠠᠶᠢᠨ᠎ᠠ | ᠃ ᠰᠢᠶᠧ ᠰᠢᠨ ᠣᠷᠳᠣ ᠲᠠᠯᠠᠰᠲᠣ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠥᠷᠢᠶᠡᠯᠡᠩ ᠤᠨ ᠲᠦᠷᠤᠯ ᠵᠦᠢᠯ | ᠭᠡᠷ᠎ᠡ ᠲᠤᠬᠳᠠᠵᠤ᠂ ᠵᠢᠷᠭᠠᠯᠠᠩᠳᠤ ᠶᠢᠨ ᠨᠡᠬᠦᠷᠡᠰᠤᠨ ᠲᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ᠂ ᠵᠦᠩ ᠼᠠᠢ | ᠰᠡᠩᠰᠡ ᠶᠢᠨ ᠳᠠᠯᠠᠪᠴᠢ ᠶᠢᠨ ᠦᠢᠯᠡᠳᠪᠤᠷᠢᠯᠡᠯ ᠵᠡᠷᠭᠡ ᠲᠦᠷᠤᠯ ᠵᠦᠢᠯ ᠢ ᠤᠷᠤᠬᠰᠢᠳᠠᠢ ᠬᠡᠷᠡᠭᠵᠢᠬᠦᠯᠤᠨ᠂ ᠢᠯᠵᠢᠮᠠᠭ | ᠬᠥᠴᠢᠯ ᠤᠨ ᠠᠵᠤ ᠦᠢᠯᠡᠰ ᠡᠬᠢᠯᠡᠨ ᠶᠠᠪᠤᠭᠳᠠᠵᠤ᠂ ᠬᠥᠭᠵᠢᠯᠳᠡ ᠶᠢᠨ ᠰᠢᠨ᠎ᠠ ᠬᠥᠳᠡᠯᠭᠡᠭᠴᠢ ᠡᠨᠧᠷᠬᠢ | ᠦᠷᠬᠦᠯᠵᠢᠯᠡᠨ ᠴᠢᠩᠭᠠᠷᠠᠪᠠ᠃ ᠤᠳᠤ ᠦᠶ᠎ᠠ ᠶᠢᠨ ᠠᠳᠤᠭᠤ ᠶᠢᠨ ᠠᠵᠤ ᠦᠢᠯᠡᠰ ᠲᠦᠷᠭᠡᠨ ᠢᠶᠠᠷ ᠬᠥᠭᠵᠢᠵᠤ᠂ | ᠵᠦᠩ ᠶᠦᠨ ᠠᠳᠤᠭᠤ ᠶᠢᠨ ᠠᠵᠤ ᠦᠢᠯᠡᠰ ᠤᠨ ᠲᠦᠷᠤᠯ ᠵᠦᠢᠯ ᠤᠨ ᠭᠤᠤᠯ ᠴᠤᠭᠴᠠ ᠶᠢᠨ ᠠᠵᠢᠯ ᠢ | ᠲᠠᠭᠤᠰᠬᠠᠵᠤ᠂ ᠪᠦᠬᠦ ᠤᠷᠤᠨ ᠤ ᠠᠳᠤᠭᠤᠨ ᠤ ᠦᠢᠯᠡᠳᠬᠦᠨ ᠤ ᠪᠦᠬᠦ ᠠᠵᠤ ᠦᠢᠯᠡᠰ ᠤᠨ ᠬᠡᠯᠭᠢᠶ᠎ᠠ ᠶᠢᠨ ᠵᠢᠱᠢᠶ᠎ᠡ | ᠦᠵᠡᠬᠦᠯᠬᠦ ᠠᠩᠬᠠᠳᠣᠭᠠᠷ ᠠᠵᠤ ᠦᠢᠯᠡᠳᠪᠤᠷᠢ ᠶᠢᠨ ᠬᠥᠷᠢᠶᠡᠯᠡᠩ ᠪᠤᠯᠤᠭᠰᠠᠨ ᠪᠠᠶᠢᠨ᠎ᠠ᠃ ᠤᠳᠤ ᠦᠶ᠎ᠠ ᠶᠢᠨ | ᠦᠢᠯᠡᠴᠢᠯᠡᠭᠡᠨ ᠤ ᠦᠢᠯᠡᠰ ᠢᠳᠡᠷᠡᠬᠦᠨ ᠲᠤᠷᠪᠢᠳᠠᠢ ᠬᠥᠭᠵᠢᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 72.1 ᠳ᠋ᠦᠩᠰᠢᠭᠤᠷ ᠲᠦᠬᠦᠷᠢᠭ ᠬᠥᠷᠴᠤ᠂ 7.5% ᠪᠠᠷ ᠨᠡᠮᠡᠭᠳᠡᠪᠡ᠃ ᠰᠢᠯᠢ | ᠶᠢᠨ ᠭᠤᠤᠯ ᠠᠶᠢᠮᠠᠭ ᠤᠨ ᠵᠢᠭᠤᠯᠴᠢᠯᠠᠯ ᠰᠤᠶᠤᠯ ᠤᠨ ᠠᠵᠤ ᠦᠢᠯᠡᠰ ᠤᠨ ᠦᠢᠯᠡᠰ ᠪᠣᠰᠬᠠᠬᠤ ᠬᠥᠷᠢᠶᠡᠯᠡᠩ ᠢ | ᠲᠦᠷᠭᠡᠨ ᠢᠶᠠᠷ ᠪᠦᠳᠤᠭᠡᠨ ᠪᠠᠶᠢᠭᠤᠯᠵᠤ᠂ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠭᠤᠣᠯ | ᠤᠷᠤᠨ ᠨᠢ ᠪᠦᠬᠦ ᠤᠯᠤᠰ ᠤᠨ ᠪᠡᠶ᠎ᠡ ᠶᠢᠨ ᠲᠡᠮᠢᠷ ᠤᠨ ᠠᠵᠤ ᠦᠢᠯᠡᠰ ᠤᠨ ᠰᠢᠯᠢᠳᠡᠭ ᠲᠦᠷᠤᠯ ᠵᠦᠢᠯ ᠤᠨ ᠨᠡᠷᠡᠰ | ᠤᠨ ᠵᠢᠬᠰᠠᠭᠠᠯᠳᠠ ᠳᠤ ᠰᠤᠩᠭᠤᠬᠳᠠᠨ ᠤᠷᠤᠵᠠᠢ᠂ ᠵᠣᠭᠠᠴᠠᠭᠰᠠᠳ ᠲᠤ ᠦᠢᠯᠡᠴᠢᠯᠡᠬᠦ᠂ ᠠᠵᠤ ᠦᠢᠯᠡᠰ ᠢᠶᠠᠷ | ᠬᠥᠳᠤᠯᠤᠨ ᠵᠢᠯᠤᠭᠤᠳᠬᠤ᠂ ᠰᠤᠶᠤᠯ ᠢ ᠦᠢᠯᠠᠭᠠᠬᠤ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠲᠤᠮᠤ | ᠬᠡᠯᠪᠡᠷᠢ ᠶᠢᠨ ᠠᠳᠤᠭᠤᠨ ᠰᠤᠶᠤᠯ ᠤᠨ ᠠᠵᠤ ᠦᠢᠯᠡᠰ ᠤᠨ ᠲᠦᠪᠯᠡᠷᠡᠭᠰᠡᠨ ᠤᠷᠤᠨ ᠢ ᠤᠳᠤ ᠶᠠᠭ ᠲᠦᠷᠭᠡᠨ ᠢᠶᠠᠷ | ᠪᠠᠶᠢᠭᠤᠯᠵᠣ ᠪᠠᠶᠢᠨ᠎ᠠ᠃ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ ᠤᠯᠠᠨ ᠤᠯᠤᠰ ᠤᠨ | ᠨᠡᠬᠦᠳᠡᠯ ᠮᠠᠯᠵᠢᠯ ᠤᠨ ᠰᠤᠶᠤᠯ ᠤᠨ ᠨᠠᠶᠢᠷ ᠵᠡᠷᠭᠡ 10 ᠭᠠᠷᠣᠢ ᠲᠤᠮᠤ ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ | ᠶᠢ ᠠᠮᠵᠢᠯᠳᠠ ᠲᠠᠢ ᠡᠷᠬᠢᠯᠡᠵᠤ᠂ ᠲᠦᠪ ᠲᠧᠯᠸᠢᠰ ᠤᠨ ︽ᠤᠯᠤᠰ ᠲᠠᠶᠠᠭᠠᠷ ᠢᠶᠠᠨ ᠰᠢᠨ᠎ᠠ ᠵᠢᠯ ᠢ ᠤᠬᠳᠤᠬᠤ︾ | ᠫᠷᠦᠭᠷᠡᠮ ᠢ ᠦᠢᠯᠡᠳᠤᠨ ᠨᠡᠪᠳᠡᠷᠡᠬᠦᠯᠵᠤ᠂ ᠭᠠᠵᠠᠷ ᠤᠷᠤᠨ ᠤ ᠠᠯᠳᠠᠷᠰᠢᠯ ᠪᠤᠯᠤᠨ ᠨᠦᠯᠤᠭᠡᠯᠡᠬᠦ ᠬᠦᠴᠤᠨ ᠢ | ᠪᠦᠳᠤᠮᠵᠢᠳᠠᠢ ᠲᠡᠭᠡᠭᠰᠢᠯᠡᠬᠦᠯᠤᠨ᠂ ᠪᠦᠬᠦ ᠵᠢᠯ ᠵᠤᠭᠠᠴᠠᠭᠰᠠᠳ ᠪᠠ ᠵᠢᠭᠤᠯᠴᠢᠯᠠᠯ ᠤᠨ ᠤᠷᠤᠯᠭ᠎ᠠ ᠲᠤᠰ ᠲᠤᠰ 5. | 6% ᠪᠠ 10.1% ᠪᠠᠷ ᠨᠡᠮᠡᠭᠳᠡᠪᠡ᠃ ᠡᠯᠧᠺᠲᠷᠤᠨ ᠬᠤᠳᠠᠯᠳᠤᠭ᠎ᠠ ᠲᠦᠷᠭᠡᠨ ᠢᠶᠠᠷ ᠬᠥᠭᠵᠢᠵᠤ᠂ ᠰᠢᠨ᠎ᠠ | ᠲᠤᠷᠭᠠᠨ ᠵᠠᠮ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠥᠷᠢᠶᠡᠯᠡᠩ ᠨᠢ ᠦᠪᠡᠷᠳᠡᠭᠡᠨ ᠵᠠᠰᠠᠬᠤ ᠤᠷᠤᠨ | ᠤ ᠲᠡᠰ ᠤᠨ ᠡᠯᠧᠺᠲᠷᠤᠨ ᠬᠤᠳᠠᠯᠳᠤᠭᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢᠶᠠᠷ ᠦᠨᠡᠯᠡᠭᠳᠡᠵᠤ᠂ ᠪᠦᠬᠦ | ᠬᠤᠳᠠ ᠶᠢᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 4 ᠳ᠋ᠦᠩᠰᠢᠭᠤᠷ ᠲᠦᠬᠦᠷᠢᠭ ᠢ ᠲᠠᠪᠠᠭᠰᠠᠨ | ᠪᠠᠶᠢᠨ᠎ᠠ᠃ | ︵ᠭᠤᠷᠪᠠ︶ ᠪᠦᠳᠤᠭᠡᠨ ᠪᠠᠶᠢᠭᠤᠯᠤᠯᠳᠡ ᠶᠢᠨ ᠬᠠᠮᠢᠶᠠᠷᠣᠯᠲᠠ ᠶᠢ ᠴᠢᠩᠭ᠎ᠠ ᠠᠳᠬᠤᠵᠣ᠂ ᠬᠤᠳᠠ ᠬᠥᠳᠡᠭᠡ ᠶᠢᠨ | ᠲᠦᠷᠰᠤ ᠪᠠᠶᠢᠳᠠᠯ ᠢ ᠮᠡᠳᠡᠭᠳᠡᠬᠦᠶᠢᠴᠡ ᠰᠠᠶᠢᠵᠢᠷᠠᠭᠤᠯᠪᠠ᠃ ︽ᠵᠢᠷᠭᠤᠭᠠᠨ ᠬᠤᠳᠠ ᠶᠢ ᠬᠤᠯᠪᠤᠭᠠᠯᠠᠨ ᠴᠤᠭᠴᠠᠯᠠᠬᠤ︾ | ᠪᠠᠷ ᠲᠤᠬᠢᠶᠠᠯ ᠪᠤᠯᠭᠠᠵᠤ᠂ ᠬᠤᠳᠠ ᠬᠥᠳᠡᠭᠡ ᠶᠢᠨ ᠪᠦᠳᠤᠭᠡᠨ ᠪᠠᠶᠢᠭᠤᠯᠤᠯᠳᠡ ᠶᠢ ᠨᠢᠭᠡᠳᠤᠯᠳᠠᠢ ᠲᠦᠯᠤᠪᠯᠡᠨ᠂ | ᠤᠷᠴᠢᠨ ᠠᠬᠤᠢ ᠶᠢᠨ ᠵᠠᠰᠠᠯᠳᠠ ᠶᠢ ᠬᠥᠴᠤᠳᠠᠢ ᠠᠳᠬᠤᠵᠤ᠂ ᠬᠤᠳᠠ ᠶᠢᠨ ᠴᠢᠨᠠᠷ ᠴᠢᠨᠰᠠᠭ᠎ᠠ ᠶᠢ ᠢᠯᠡᠳᠳᠡ | ᠲᠡᠭᠡᠭᠰᠢᠯᠡᠬᠦᠯᠪᠠ᠃ 18.3 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠤᠨ᠂ ᠨᠢᠭᠡ ᠪᠦᠯᠦᠭ | ᠲᠤᠳᠠᠭᠤᠳᠠᠯ ᠢ ᠨᠦᠬᠦᠪᠤᠷᠢᠯᠡᠬᠦ᠂ ᠪᠠᠭᠤᠷᠠᠢ ᠲᠠᠯ᠎ᠠ ᠪᠠᠨ ᠬᠥᠴᠤᠷᠭᠡᠭᠵᠢᠬᠦᠯᠬᠦ᠂ ᠠᠷᠠᠳ ᠤᠨ ᠠᠮᠢᠳᠤᠷᠠᠯ ᠳᠤ ᠠᠰᠢᠭ | ᠬᠥᠷᠳᠡᠭᠡᠬᠦ ᠬᠤᠳᠠ ᠶᠢᠨ ᠪᠦᠳᠤᠭᠡᠨ ᠪᠠᠶᠢᠭᠤᠯᠤᠯᠳᠡ ᠶᠢᠨ ᠲᠦᠷᠤᠯ ᠵᠦᠢᠯ ᠢ ᠲᠦᠪᠯᠡᠷᠡᠬᠦᠯᠤᠨ ᠬᠡᠷᠡᠭᠵᠢᠬᠦᠯᠤᠭᠡᠳ᠂ | ᠬᠤᠳᠠ ᠶᠢᠨ ᠴᠢᠳᠠᠮᠵᠢ ᠶᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠬᠤᠳᠠ ᠶᠢᠨ ᠶᠡᠷᠤᠩᠭᠡᠢ ᠲᠦᠯᠦᠪᠵᠢᠭᠦᠯᠦᠯᠭᠡ | ᠂ ᠬᠢᠵᠠᠭᠠᠷᠯᠠᠬᠤ ᠴᠢᠨᠠᠷᠳᠠᠢ ᠨᠠᠷᠢᠨ ᠲᠦᠯᠦᠪᠵᠢᠭᠦᠯᠦᠯᠭᠡ᠂ ᠡᠯ᠎ᠠ ᠲᠦᠷᠤᠯ ᠤᠨ ᠲᠤᠰᠬᠠᠢ ᠲᠦᠯᠦᠪᠵᠢᠭᠦᠯᠦᠯᠭᠡ ᠶᠢ | ᠨᠠᠶᠢᠷᠠᠭᠤᠯᠤᠨ ᠵᠤᠬᠢᠶᠠᠬᠤ ᠠᠵᠢᠯ ᠢ ᠲᠦᠷᠭᠡᠨ ᠢᠶᠠᠷ ᠠᠬᠢᠭᠤᠯᠵᠤ᠂ ᠪᠠᠶᠢᠰᠠ ᠶᠢᠨ ᠰᠦᠮ᠎ᠠ ᠶᠢᠨ ᠵᠡᠭᠡᠯᠢ ᠲᠤᠭᠤᠷᠢᠭ ᠢ | ᠵᠢᠷᠭᠤᠳᠣᠭᠠᠷ ᠪᠦᠯᠦᠭ ᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠲᠡᠤᠭᠡ ᠰᠤᠶᠤᠯ ᠤᠨ ᠵᠡᠭᠡᠯᠢ ᠲᠤᠭᠤᠷᠢᠭ | ᠢᠶᠠᠷ ᠦᠨᠡᠯᠡᠨ ᠲᠤᠬᠳᠠᠭᠠᠪᠠ᠃ ᠬᠤᠳᠠ ᠶᠢᠨ ᠰᠠᠭᠤᠷᠢ ᠲᠦᠬᠦᠭᠡᠷᠤᠮᠵᠢ ᠶᠢ ᠤᠯᠠᠮ ᠨᠢᠭᠡ ᠠᠯᠬᠤᠮ | ᠲᠡᠬᠦᠯᠳᠡᠷᠵᠢᠬᠦᠯᠵᠤ᠂ ᠲᠤᠰ ᠵᠢᠯ ᠳᠤ 4 ᠵᠣᠷᠪᠣᠰ ᠮᠤᠬᠤᠷ ᠵᠠᠮ ᠢ ᠨᠡᠪᠳᠡᠷᠡᠬᠦᠯᠤᠨ᠂ 8 ᠵᠢᠵᠢᠭ ᠵᠡᠭᠡᠯᠢ ᠭᠤᠳᠤᠮᠵᠢ᠂ | 5 ᠬᠠᠭᠤᠴᠢᠨ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠠᠨ ᠰᠢᠨᠡᠳᠭᠡᠵᠤ᠂ ᠶᠠᠪᠠᠭᠠᠨ ᠬᠥᠮᠤᠨ ᠤ ᠵᠠᠮ ᠢ 7. | 4 ᠲᠦᠮᠡᠨ ᠲᠡᠭᠰᠢ ᠲᠦᠷᠪᠡᠯᠵᠢᠨ ᠮᠧᠲᠷ ᠲᠡᠪᠢᠰᠴᠤ᠂ ᠵᠠᠮ ᠤᠨ ᠭᠠᠳᠠᠷᠭᠤ ᠶᠢ 77 ᠺᠢᠯᠤᠮᠧᠲᠷ ᠵᠠᠰᠠᠵᠤ᠂ ᠨᠡᠬᠦᠨ | ᠪᠤᠴᠠᠭᠰᠠᠨ 4 ᠤᠷᠤᠨ ᠰᠠᠭᠤᠴᠠ ᠶᠢᠨ ᠲᠤᠭᠤᠷᠢᠭ ᠲᠤ ᠰᠠᠭᠤᠷᠢ ᠲᠦᠬᠦᠭᠡᠷᠤᠮᠵᠢ ᠶᠢᠨ ᠢᠨᠵᠧᠨᠧᠷᠢᠩ ᠢ | ᠬᠡᠷᠡᠭᠵᠢᠬᠦᠯᠤᠨ᠂ ᠤᠯᠠᠨ ᠲᠦᠮᠡᠨ ᠤ ᠶᠠᠪᠤᠵᠤ ᠰᠠᠭᠤᠬᠤ ᠪᠠ ᠤᠷᠤᠰᠢᠨ ᠰᠠᠭᠤᠬᠤ ᠤᠷᠴᠢᠨ ᠨᠦᠬᠦᠴᠡᠯ ᠢ | ᠮᠡᠳᠡᠭᠳᠠᠬᠦᠶᠢᠴᠡ ᠰᠠᠶᠢᠵᠢᠷᠠᠭᠤᠯᠪᠠ᠃ ᠢᠯᠴᠢ ᠰᠤᠯᠢᠯᠴᠠᠬᠤ ᠦᠷᠳᠡᠭᠡ ᠶᠢ 18 ᠰᠠᠣᠷᠢ ᠰᠢᠨ᠎ᠠ ᠪᠠᠷ ᠪᠠᠶᠢᠭᠤᠯᠵᠤ᠂ | ᠢᠯᠴᠢ ᠬᠠᠩᠭᠠᠬᠤ ᠬᠤᠭᠤᠯᠠᠢ 178 ᠺᠢᠯᠤᠮᠧᠲᠷ ᠲᠡᠪᠢᠰᠴᠤ᠂ 2 ᠬᠡᠰᠡᠭ ᠢᠯᠴᠢ ᠬᠠᠩᠭᠠᠬᠤ ᠬᠤᠭᠤᠯᠠᠢ ᠶᠢᠨ | ᠲᠤᠤᠷ ᠢ ᠬᠤᠯᠪᠤᠨ ᠨᠡᠪᠳᠡᠷᠡᠬᠦᠯᠵᠤ᠂ 7 ᠬᠡᠰᠡᠭ ᠢ ᠦᠭᠡᠷᠡᠴᠢᠯᠡᠨ ᠵᠠᠰᠠᠵᠣ᠂ ᠢᠯᠴᠢ ᠬᠠᠩᠭᠠᠬᠤ ᠴᠢᠳᠠᠪᠤᠷᠢ ᠶᠢ | 1200 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ ᠪᠠᠷ ᠨᠡᠮᠡᠭᠳᠡᠬᠦᠯᠪᠠ︔ 3 ᠰᠠᠣᠷᠢ ᠬᠡᠶᠢᠵᠢᠬᠦᠯᠬᠦ ᠦᠷᠳᠡᠭᠡ | ᠰᠢᠨ᠎ᠠ ᠪᠠᠷ ᠪᠠᠶᠢᠭᠤᠯᠵᠤ᠂ ᠰᠢᠳᠠᠮᠠᠬᠠᠢ ᠬᠡᠢ ᠶᠢᠨ ᠬᠤᠭᠤᠯᠠᠢ ᠱᠤᠭᠤᠮ ᠢ 5 ᠺᠢᠯᠤᠮᠧᠲᠷ ᠲᠡᠪᠢᠰᠪᠡ︔ ᠪᠠᠶᠠᠨᠪᠤᠯᠠᠭ | ᠤᠨ ᠬᠤᠶᠠᠳᠤᠭᠠᠷ ᠤᠰᠤᠨ ᠤ ᠡᠬᠢ ᠰᠣᠷᠪᠣᠯᠵᠢ ᠶᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠢ ᠡᠬᠢᠯᠡᠬᠦᠯᠤᠨ᠂ | ᠬᠤᠶᠠᠳᠤᠭᠠᠷ ᠤᠰᠤᠨ ᠤ ᠦᠢᠯᠡᠳᠪᠤᠷᠢ ᠶᠢᠨ ᠤᠰᠤ ᠰᠢᠢᠳᠪᠤᠷᠢᠯᠡᠬᠦ ᠤᠷᠠᠯᠠᠯ ᠢ ᠳᠡᠭᠡᠭᠰᠢᠯᠡᠭᠦᠯᠦᠨ᠂ ᠪᠣᠷᠣᠭᠠᠨ ᠤ | ᠣᠰᠣ᠂ ᠪᠣᠵᠠᠷ ᠣᠰᠣ᠂ ᠲᠦᠭᠡᠭᠡᠯ ᠤᠰᠤᠨ ᠤ ᠬᠤᠭᠤᠯᠠᠢ ᠲᠤᠤᠷ ᠢ 78 ᠺᠢᠯᠤᠮᠧᠲᠷ ᠰᠢᠨ᠎ᠠ ᠪᠠᠷ ᠦᠭᠡᠷᠡᠴᠢᠯᠡᠨ | ᠪᠠᠶᠢᠭᠤᠯᠪᠠ᠃ ᠲᠦᠬᠦᠮ ᠪᠦᠳᠤᠴᠠᠳᠤ ᠤᠷᠤᠨ ᠰᠠᠭᠤᠴᠠ ᠶᠢᠨ ᠲᠤᠭᠤᠷᠢᠭ ᠤᠨ ᠤᠷᠤᠨ ᠰᠠᠭᠤᠴᠠ ᠶᠢ 2244 | ᠢᠵᠢ ᠦᠭᠡᠷᠡᠴᠢᠯᠠᠨ ᠵᠠᠰᠠᠵᠤ᠂ ᠲᠦᠯᠤᠪᠯᠡᠭᠡᠨ ᠤ ᠡᠬᠦᠷᠭᠡ ᠶᠢ 160% ᠪᠠᠷ ᠪᠡᠶᠡᠯᠡᠬᠦᠯᠪᠠ᠃ ᠰᠠᠭᠤᠭᠠᠯᠢ ᠠᠷᠠᠳ ᠢ | 1025 ᠡᠷᠤᠭᠡ ᠪᠤᠴᠠᠭᠠᠨ ᠨᠡᠬᠦᠯᠭᠡᠵᠤ ᠲᠦᠪᠬᠢᠨᠡᠬᠦᠯᠵᠣ᠂ ᠣᠳᠣ ᠪᠣᠯᠲᠠᠯ᠎ᠠ ᠪᠦᠬᠦ ᠬᠤᠲᠠ ᠶᠢᠨ ᠲᠡᠣᠬᠡᠨ ᠠᠴᠠ | ᠦᠯᠡᠳᠡᠭᠳᠡᠵᠦ ᠢᠷᠡᠭᠰᠡᠨ ᠪᠣᠴᠠᠭᠠᠨ ᠨᠡᠭᠦᠯᠭᠡᠭᠰᠡᠨ ᠣᠯᠠᠨ ᠲᠦᠮᠡᠨ ᠤ 96% ᠶᠢ ᠨᠢᠭᠡᠨᠲᠡ ᠲᠦᠪᠬᠢᠨᠡᠭᠦᠯᠪᠡ᠃ | 2018 ᠤᠨ ᠠᠴᠠ 2019 ᠣᠨ ᠤ 3 ᠰᠠᠷ᠎ᠠ ᠪᠣᠯᠲᠠᠯ᠎ᠠ 29210 ᠢᠵᠢ ᠲᠡᠣᠬᠡᠨ ᠠᠴᠠ ᠦᠯᠡᠳᠡᠭᠳᠡᠵᠦ | ᠢᠷᠡᠭᠰᠡᠨ ᠣᠷᠣᠨ ᠰᠠᠭᠤᠴᠠ ᠶᠢᠨ ᠲᠦᠷᠤᠯ ᠵᠦᠢᠯ ᠳᠤ ᠦᠯᠤ ᠬᠥᠳᠡᠯᠬᠦ ᠬᠥᠷᠤᠩᠭᠡ ᠶᠢ ᠰᠢᠯᠵᠢᠬᠦᠯᠤᠨ ᠦᠭᠬᠦ | ᠲᠠᠩᠰᠠᠯᠠᠯᠳᠠ ᠬᠢᠵᠦ᠂ ᠰᠢᠢᠳᠪᠤᠷᠢᠯᠡᠵᠤ ᠲᠠᠭᠤᠰᠬᠠᠭᠰᠠᠨ ᠨᠤᠷᠮ᠎ᠠ 40% ᠳᠤ ᠬᠦᠷᠴᠡᠢ᠂ ᠡᠨᠡ ᠨᠢ ᠦᠢᠷ᠎ᠠ ᠶᠢᠨ 5 | ᠵᠢᠯ ᠳᠤ ᠰᠢᠢᠳᠪᠤᠷᠢᠯᠡᠭᠰᠡᠨ ᠪᠦᠬᠦ ᠭᠡᠮᠵᠢᠶ᠎ᠠ ᠲᠠᠢ ᠲᠡᠩᠴᠡᠨ᠎ᠡ᠃ ᠴᠡᠴᠡᠷᠯᠢᠭᠵᠢᠬᠦᠯᠤᠨ ᠨᠤᠭᠤᠭᠠᠷᠠᠭᠤᠯᠤᠭᠰᠠᠨ ᠲᠠᠯᠠᠪᠠᠢ | 67.5 ᠾᠧᠺᠲ᠋ᠠᠷ ᠬᠥᠷᠴᠤ᠂ ᠬᠥᠮᠤᠨ ᠪᠦᠷᠢ ᠳᠤ ᠨᠤᠬᠳᠠᠬᠤ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠢ ᠨᠢ | ᠪᠦᠬᠦ ᠤᠯᠤᠰ ᠤᠨ ᠲᠤᠮᠳᠠᠴᠢ ᠬᠡᠮᠵᠢᠶ᠎ᠠ ᠠᠴᠠ ᠳᠠᠪᠠᠭᠰᠠᠨ ᠪᠠᠶᠢᠨ᠎ᠠ᠃ ᠬᠤᠳᠠ ᠶᠢᠨ ᠬᠠᠤᠯᠢ ᠬᠡᠷᠡᠭᠵᠢᠬᠦᠯᠬᠦ | ᠪᠠᠶᠢᠭᠤᠯᠤᠯ ᠤᠨ ᠦᠭᠡᠷᠡᠴᠢᠯᠠᠯᠳᠠ ᠶᠢ ᠬᠥᠨᠵᠡᠭᠡᠢ ᠠᠬᠢᠭᠤᠯᠤᠨ᠂ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠤᠨ ᠬᠠᠤᠯᠢ ᠬᠡᠷᠡᠭᠵᠢᠬᠦᠯᠬᠦ ᠬᠥᠴᠤᠨ ᠢ ᠲᠤᠷᠤᠬᠰᠢ ᠪᠠᠭᠤᠯᠭᠠᠬᠤ ᠲᠤᠷᠰᠢᠯᠳᠠ ᠶᠢᠨ ᠠᠵᠢᠯ ᠮᠡᠳᠡᠭᠳᠡᠬᠦᠶᠢᠴᠠ ᠦᠷ᠎ᠡ | ᠪᠦᠳᠤᠮᠵᠢ ᠤᠯᠪᠠ᠃ ᠬᠤᠷᠢᠨ ᠨᠢᠭᠡᠨ ᠵᠦᠢᠯ ᠤᠨ ᠬᠤᠳᠠ ᠶᠢᠨ ᠤᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠲᠤᠰᠬᠠᠢ ᠴᠡᠭᠴᠡᠯᠡᠨ ᠵᠠᠰᠠᠯᠳᠠ ᠶᠢ ᠲᠦᠪᠯᠡᠷᠡᠬᠦᠯᠤᠨ ᠦᠷᠨᠢᠬᠦᠯᠵᠤ᠂ ᠪᠦᠬᠦ ᠤᠯᠤᠰ ᠤᠨ ᠪᠤᠯᠪᠠᠰᠤᠨ ᠬᠤᠳᠠ ᠶᠢ | ᠡᠬᠦᠳᠤᠨ ᠪᠠᠶᠢᠭᠤᠯᠬᠤ᠂ ᠪᠦᠬᠦ ᠤᠯᠤᠰ ᠤᠨ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠤᠰᠤ ᠮᠤᠷᠠᠯ | ᠤᠨ ᠪᠠᠶᠢᠭᠤᠯᠤᠯᠳᠡ ᠶᠢᠨ ᠠᠵᠢᠯ ᠤᠨ ᠲᠡᠷᠢᠬᠦᠨ ᠤ ᠬᠤᠳᠠ ᠶᠢ ᠰᠢᠯᠭᠠᠨ ᠦᠨᠡᠯᠡᠬᠦ ᠲᠤᠮᠳᠠ ᠪᠦᠬᠦ ᠤᠷᠤᠨ ᠤ ᠠᠳᠠᠯᠢ | ᠲᠦᠷᠤᠯ ᠤᠨ ᠬᠤᠳᠠ ᠶᠢᠨ ᠲᠤᠳᠤᠷ᠎ᠠ ᠭᠤᠷᠪᠠᠳᠤᠭᠠᠷ ᠲᠤ ᠵᠢᠬᠰᠠᠭᠠᠭᠳᠠᠵᠤ᠂ ᠤᠯᠤᠰ ᠤᠨ ᠴᠡᠴᠡᠷᠯᠢᠭᠳᠦ ᠬᠤᠳᠠ ᠶᠢ | ᠡᠬᠦᠳᠤᠨ ᠪᠠᠶᠢᠭᠤᠯᠬᠤ ᠠᠵᠢᠯ ᠨᠢ ᠦᠪᠡᠷᠳᠡᠭᠡᠨ ᠵᠠᠰᠠᠬᠤ ᠤᠷᠤᠨ ᠤ ᠠᠩᠬᠠᠨ ᠤ ᠬᠢᠨᠠᠯᠳᠠ ᠳᠤ ᠬᠢᠷᠢ ᠲᠡᠩᠴᠡᠪᠠ᠃ | ᠬᠥᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠤᠳᠤᠯᠭ᠎ᠠ ᠶᠢ ᠬᠥᠨᠵᠡᠭᠡᠢ ᠠᠬᠢᠭᠤᠯᠤᠨ᠂ ᠬᠥᠳᠡᠭᠡ | ᠲᠤᠰᠬᠤᠨ ᠢ ᠬᠥᠭᠵᠢᠬᠦᠯᠣᠨ ᠮᠠᠨᠳᠣᠭᠤᠯᠬᠤ ᠲᠦᠯᠤᠪᠯᠡᠭᠡ ᠪᠠ ᠤᠷᠤᠰᠢᠨ ᠠᠮᠢᠳᠤᠷᠠᠬᠤ ᠤᠷᠴᠢᠨ ᠨᠦᠬᠦᠴᠡᠯ ᠢ | ᠴᠡᠭᠴᠡᠯᠡᠨ ᠵᠠᠰᠠᠬᠤ ᠠᠵᠢᠯᠯᠠᠭ᠎ᠠ ᠶᠢᠨ ᠲᠦᠰᠤᠯ ᠢ ᠲᠤᠬᠳᠠᠭᠠᠵᠤ᠂ ᠬᠥᠳᠡᠭᠡ ᠲᠤᠰᠬᠤᠨ ᠳᠤ ᠵᠠᠰᠠᠮᠠᠯ ᠵᠠᠮ 29 | ᠺᠢᠯᠤᠮᠧᠲᠷ ᠲᠡᠪᠢᠰᠴᠤ᠂ 156 ᠮᠠᠯᠴᠢᠨ ᠡᠷᠤᠭᠡ ᠳᠤ ᠴᠠᠬᠢᠯᠭᠠᠨ ᠤᠷᠤᠭᠤᠯᠤᠨ᠂ ᠮᠠᠯᠵᠢᠬᠤ ᠤᠷᠤᠨ ᠤ ᠨᠤᠷᠠᠬᠤ | ᠠᠶᠤᠯᠳᠠᠢ ᠭᠡᠷ ᠪᠠᠶᠢᠰᠢᠩ ᠢ 40 ᠢᠵᠢ ᠦᠭᠡᠷᠡᠴᠢᠯᠡᠨ ᠵᠠᠰᠠᠵᠤ᠂ ᠲᠤᠯᠠᠭᠠᠨ ᠰᠠᠷᠡᠪᠴᠢ ᠶᠢ 3 ᠲᠦᠮᠡᠨ ᠲᠡᠭᠰᠢ | ᠲᠦᠷᠪᠡᠯᠵᠢᠨ ᠮᠧᠲᠷ ᠪᠦᠳᠤᠭᠡᠨ ᠪᠠᠶᠢᠭᠤᠯᠵᠤ᠂ ᠤᠰᠤ ᠬᠠᠳᠠᠭᠠᠯᠠᠬᠤ ᠵᠣᠭᠤᠷᠢ ᠶᠢ 213 ᠰᠠᠣᠷᠢ᠂ ᠤᠰᠤᠨ | ᠰᠤᠷᠪᠤᠯᠵᠢ ᠶᠢᠨ ᠬᠤᠳᠳᠤᠭ 71 ᠠᠮᠠᠰᠠᠷ ᠰᠢᠨ᠎ᠠ ᠪᠠᠷ ᠮᠠᠯᠲᠠᠵᠣ᠂ 2039 ᠬᠥᠮᠤᠨ ᠤ ᠤᠤᠭᠤᠬᠤ ᠤᠰᠤᠨ ᠤ | ᠠᠮᠤᠷ ᠲᠦᠪᠰᠢᠨ ᠢ ᠪᠠᠬᠢᠵᠢᠬᠦᠯᠤᠨ ᠲᠡᠭᠡᠭᠰᠢᠯᠡᠬᠦᠯᠬᠦ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃ ᠰᠠᠭᠤᠷᠢ | ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠡ ᠶᠢᠨ ᠡᠷᠴᠢᠮ ᠢ ᠴᠢᠩᠭᠠᠷᠠᠭᠤᠯᠤᠨ᠂ ᠤᠯᠤᠰ ᠤᠨ ᠵᠠᠮ 303 ᠶᠢᠨ | ᠪᠡᠯᠬᠦᠳᠡᠢ ᠠᠴᠠ ᠰᠢᠯᠢ ᠶᠢᠨ ᠬᠤᠳᠠ ᠬᠥᠷᠬᠦ ᠵᠠᠮ ᠤᠨ ᠭᠡᠰᠡᠭ ᠢ ᠲᠡᠪᠢᠰᠴᠤ ᠲᠠᠭᠤᠰᠬᠠᠪᠠ᠃ ᠮᠠᠯᠵᠢᠬᠤ ᠤᠷᠤᠨ ᠤ | ᠮᠡᠳᠡᠭᠡ ᠬᠤᠯᠪᠤᠭᠠᠨ ᠤ ᠰᠠᠭᠤᠷᠢ ᠦᠷᠳᠡᠭᠡ ᠶᠢ 120 ᠰᠠᠣᠷᠢ ᠪᠦᠳᠤᠭᠡᠨ ᠪᠠᠶᠢᠭᠤᠯᠪᠠ᠃ ᠬᠥᠴᠤᠳᠡᠯ ᠦᠭᠡᠷᠡᠴᠢᠯᠡᠬᠦ | ᠦᠷᠳᠡᠭᠡ ᠶᠢ 5 ᠰᠠᠣᠷᠢ ᠦᠭᠡᠷᠡᠴᠢᠯᠡᠨ ᠪᠠᠶᠢᠭᠤᠯᠤᠭᠰᠠᠨ ᠪᠠ ᠦᠷᠭᠡᠳᠭᠡᠨ ᠪᠠᠶᠢᠭᠤᠯᠵᠤ᠂ ᠴᠠᠬᠢᠯᠭᠠᠨ ᠬᠥᠷᠭᠡᠬᠦ | ᠱᠣᠭᠤᠮ 338 ᠺᠢᠯᠤᠮᠧᠲᠷ ᠰᠢᠨ᠎ᠠ ᠪᠠᠷ ᠪᠠᠶᠢᠭᠤᠯᠤᠨ᠂ ᠴᠠᠬᠢᠯᠭᠠᠨ ᠬᠠᠩᠭᠠᠬᠤ ᠪᠠᠳᠤᠯᠠᠭ᠎ᠠ ᠶᠢᠨ ᠴᠢᠳᠠᠪᠤᠷᠢ ᠶᠢ | ᠢᠯᠡᠳᠳᠡ ᠲᠡᠭᠡᠭᠰᠢᠯᠡᠬᠦᠯᠪᠠ᠃ | ︵ᠲᠦᠷᠪᠡ︶ ᠦᠭᠡᠷᠡᠴᠢᠯᠠᠯᠳᠠ ᠨᠡᠭᠡᠭᠡᠯᠳᠡ ᠶᠢ ᠦᠷᠭᠡᠳᠭᠡᠵᠤ᠂ ᠬᠥᠭᠵᠢᠯᠳᠡ ᠶᠢᠨ ᠠᠮᠢᠳᠤᠯᠢᠭ ᠬᠥᠴᠤᠨ ᠢ | ᠲᠠᠰᠤᠷᠠᠯᠳᠠ ᠦᠭᠡᠢ ᠬᠥᠭᠵᠢᠭᠡᠪᠡ᠃ ︽ᠭᠤᠷᠪᠠ ᠶᠢ ᠬᠠᠰᠤᠬᠤ ᠨᠢᠭᠡ ᠶᠢ ᠪᠠᠭᠤᠷᠠᠭᠤᠯᠬᠤ ᠨᠢᠭᠡ ᠶᠢ ᠨᠦᠬᠦᠪᠤᠷᠢᠯᠡᠬᠦ︾ | ᠠᠵᠢᠯ ᠢᠯᠡᠳᠳᠡ ᠠᠮᠵᠢᠯᠳᠠ ᠪᠦᠳᠤᠮᠵᠢ ᠤᠯᠵᠤ᠂ ᠨᠡᠬᠦᠷᠡᠰᠤ ᠦᠢᠯᠡᠳᠪᠤᠷᠢᠯᠡᠬᠦ ᠴᠢᠳᠠᠪᠤᠷᠢ ᠶᠢ 400 ᠲᠦᠮᠡᠨ | ᠲᠤᠨ ᠬᠢᠨᠠᠨ ᠪᠠᠭᠠᠰᠬᠠᠵᠤ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ ᠬᠥᠮᠤᠷᠭᠡ ᠶᠢᠨ ᠬᠠᠳᠠᠭᠠᠯᠠᠯᠳᠠ ᠶᠢ | 5930 ᠢᠵᠢ ᠪᠠᠭᠠᠰᠬᠠᠪᠠ︔ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 1200 | ᠲᠦᠮᠡᠨ ᠲᠦᠬᠦᠷᠢᠭ ᠪᠠᠭᠤᠷᠠᠭᠤᠯᠤᠨ᠂ ᠭᠠᠶᠢᠯᠢ ᠰᠦᠢᠳᠭᠡᠯ ᠢ 3.4 ᠳ᠋ᠦᠩᠰᠢᠭᠤᠷ ᠲᠦᠬᠦᠷᠢᠭ ᠬᠥᠩᠭᠡᠯᠡᠨ | ᠬᠡᠯᠳᠤᠷᠢᠬᠦᠯᠵᠤ᠂ ᠠᠵᠤ ᠠᠬᠤᠶᠢᠯᠠᠯ ᠢ ᠬᠠᠪᠰᠤᠷᠤᠨ 1.26 ᠳ᠋ᠦᠩᠰᠢᠭᠤᠷ ᠲᠦᠬᠦᠷᠢᠭ ᠤᠨ ᠵᠢᠭᠡᠯᠡᠯᠭᠡ ᠤᠯᠪᠠ᠃ | 44 ᠭᠤᠤᠯᠳᠠᠯᠭ᠎ᠠ ᠲᠠᠢ ᠲᠦᠷᠤᠯ ᠵᠦᠢᠯ ᠢ ᠬᠡᠷᠡᠭᠵᠢᠬᠦᠯᠤᠨ᠂ 79.8 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠨ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠬᠥᠭᠵᠢᠬᠦ ᠰᠠᠭᠤᠷᠢ ᠶᠢ ᠨᠡᠩ ᠢᠯᠡᠬᠦᠤ ᠪᠠᠬᠢᠵᠢᠬᠦᠯᠦᠭᠰᠡᠨ | ᠪᠠᠶᠢᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠠᠯᠳᠠ ᠶᠢ ᠬᠥᠨᠵᠡᠭᠡᠢ ᠠᠬᠢᠭᠤᠯᠤᠨ᠂ ᠬᠤᠳᠠ | ᠶᠢᠨ ᠲᠡᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠤᠯ ᠵᠦᠢᠯ ᠤᠨ ᠲᠢᠩᠬᠢᠮ ᠳᠤ ᠣᠷᠣᠭᠰᠠᠨ ᠨᠤᠷᠮ᠎ᠠ | 100% ᠬᠥᠷᠴᠣ᠂ ᠦᠯᠤ ᠬᠥᠳᠡᠯᠬᠦ ᠬᠥᠷᠤᠩᠭᠡ ᠠᠷᠠᠯᠵᠢᠶᠠᠯᠠᠬᠤ ᠪᠠ ᠲᠠᠩᠰᠠᠯᠠᠬᠤ ᠳᠤ ︽ᠨᠢᠭᠡ ᠴᠤᠩᠬᠤᠨ ᠳᠤ | ᠬᠥᠯᠢᠶᠡᠨ ᠠᠪᠴᠤ ᠰᠢᠢᠳᠪᠤᠷᠢᠯᠡᠬᠦ︾ ᠬᠤᠷᠠᠮᠠᠯ ᠦᠢᠯᠡᠴᠢᠯᠡᠭᠡ ᠶᠢ ᠪᠡᠶᠡᠯᠡᠬᠦᠯᠪᠠ᠃ ︽ᠡᠬᠦᠯᠡᠨ ᠦᠵᠤᠬᠦᠷ ᠲᠠᠬᠢ | ᠰᠢᠯᠢ ᠶᠢᠨ ᠭᠤᠤᠯ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠪᠴᠡᠩ ᠢ ᠰᠦᠯᠵᠢᠶᠡᠨ ᠳᠤ ᠤᠷᠤᠭᠤᠯᠤᠨ | ᠠᠵᠢᠯᠯᠠᠭᠤᠯᠵᠤ᠂ ︽ᠡᠮᠤᠨ᠎ᠠ ᠲᠡᠪᠴᠡᠩ ᠳᠤ ᠶᠡᠷᠤᠩᠭᠡᠶᠢᠯᠡᠨ ᠰᠢᠢᠳᠪᠤᠷᠢᠯᠡᠬᠦ ᠪᠠᠷ ᠬᠥᠯᠢᠶᠡᠨ ᠠᠪᠬᠤ᠂ ᠠᠷᠤ | ᠲᠡᠪᠴᠡᠩ ᠳᠤ ᠲᠦᠷᠤᠯ ᠬᠤᠪᠢᠶᠠᠨ ᠬᠢᠨᠠᠨ ᠵᠦᠪᠰᠢᠶᠡᠷᠡᠬᠦ᠂ ᠴᠤᠩᠬᠤ ᠪᠠᠷ ᠦᠨᠡᠮᠯᠡᠯ ᠢ ᠨᠢᠭᠡᠳᠤᠯᠳᠠᠢ ᠭᠠᠷᠭᠠᠬᠤ︾ | ᠬᠢᠨᠠᠨ ᠵᠦᠪᠰᠢᠶᠡᠷᠡᠯ ᠤᠨ ᠰᠢᠨ᠎ᠠ ᠵᠠᠬᠪᠤᠷ ᠢ ᠪᠦᠬᠦ ᠲᠠᠯ᠎ᠠ ᠪᠠᠷ ᠬᠡᠷᠡᠭᠵᠢᠬᠦᠯᠤᠨ᠂ ᠰᠢᠢᠳᠪᠤᠷᠢᠯᠡᠬᠦ ᠭᠤᠭᠴᠤᠭ᠎ᠠ ᠪᠤᠯᠤᠨ | ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠲᠤᠰ ᠲᠤᠰ 23% ᠪᠠ 51% ᠪᠠᠷ ᠪᠤᠭᠤᠨᠢᠰᠬᠠᠵᠤ᠂ ᠪᠦᠬᠦ | ᠬᠤᠳᠠ ᠶᠢᠨ ᠰᠢᠨ᠎ᠠ ᠪᠠᠷ ᠨᠡᠮᠡᠭᠳᠡᠭᠰᠡᠨ ᠵᠠᠬ᠎ᠠ ᠲᠡᠯᠭᠡᠬᠦᠷ ᠤᠨ ᠪᠡᠶᠡᠴᠢ ᠴᠤᠭᠴᠠ 6700 ᠭᠠᠷᠤᠢ ᠡᠷᠤᠭᠡ ᠪᠤᠯᠵᠠᠢ᠃ | ᠮᠠᠯᠵᠢᠬᠤ ᠤᠷᠤᠨ ᠤ ᠨᠡᠶᠢᠲᠡ ᠶᠢᠨ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠡᠮᠬᠢ ᠴᠡᠭᠴᠡ ᠲᠠᠢ | ᠠᠬᠢᠭᠤᠯᠤᠨ᠂ ᠭᠠᠴᠠᠭ᠎ᠠ ᠶᠢᠨ ᠨᠡᠶᠢᠲᠡ ᠶᠢᠨ ᠪᠡᠯᠡ ᠬᠥᠷᠤᠩᠭᠡ ᠶᠢ ᠢᠯᠭᠠᠷᠠᠭᠤᠯᠤᠨ ᠬᠠᠷᠭᠤᠭᠤᠯᠬᠤ ᠠᠵᠢᠯ ᠢ | ᠪᠦᠬᠦᠳᠡ ᠶᠢ ᠲᠠᠭᠤᠰᠬᠠᠵᠤ᠂ ᠦᠪᠡᠷᠳᠡᠭᠡᠨ ᠵᠠᠰᠠᠬᠤ ᠤᠷᠤᠨ ᠤ ᠲᠤᠷᠰᠢᠯᠳᠠ ᠶᠢᠨ ᠴᠡᠭ ᠪᠤᠯᠬᠤ ᠪᠤᠯᠠᠭᠠᠨ ᠰᠤᠮᠤ | ᠶᠢᠨ ᠰᠢᠷᠠᠲᠠᠯ᠎ᠠ ᠭᠠᠴᠠᠭᠠᠨ ᠤ ᠬᠤᠷᠰᠢᠬᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢ ᠫᠠᠶᠢᠰᠠ ᠡᠯᠬᠦᠵᠤ | ᠪᠠᠶᠢᠭᠤᠯᠪᠠ᠃ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠪᠤᠯᠤᠨ ᠲᠤᠮᠳᠠᠳᠤ ᠤᠷᠤᠰ ᠮᠤᠩᠭᠤᠯ | ᠤᠯᠤᠰ ᠤᠨ ᠠᠵᠤ ᠠᠬᠤᠢ ᠶᠢᠨ ᠬᠤᠩᠬᠢᠯ ᠤᠨ ᠪᠦᠳᠤᠭᠡᠨ ᠪᠠᠶᠢᠭᠤᠯᠤᠯᠳᠡ ᠳᠤ ᠰᠠᠨᠠᠭᠠᠴᠢᠯᠠᠭ᠎ᠠ ᠠᠴᠠ ᠪᠠᠨ | ᠤᠷᠤᠯᠴᠠᠵᠤ᠂ ᠵᠡᠬᠦᠨ ᠦᠵᠤᠮᠦᠴᠢᠨ ᠤ ᠪᠤᠭᠤᠮᠳᠠ ᠶᠢᠨ ᠤᠷᠤᠵᠤ ᠰᠠᠭᠤᠬᠤ ᠠᠵᠢᠯ ᠢ ᠬᠠᠮᠵᠢᠨ ᠪᠡᠶᠡᠯᠡᠬᠦᠯᠵᠤ᠂ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ | 300 ᠲᠦᠮᠡᠨ ᠳ᠋ᠤᠯᠯᠠᠷ ᠬᠥᠷᠴᠠᠢ᠃ ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠢᠯᠡᠳᠳᠡ ᠠᠮᠵᠢᠯᠳᠠ | ᠪᠦᠳᠤᠮᠵᠢ ᠤᠯᠵᠤ᠂ 54.4 ᠳ᠋ᠦᠩᠰᠢᠭᠤᠷ ᠲᠦᠬᠦᠷᠢᠭ ᠪᠡᠯᠡ ᠮᠦᠩᠬᠦ ᠶᠢ ᠨᠢᠭᠡᠨᠳᠡ ᠨᠠᠶᠢᠳᠠᠪᠣᠷᠢᠵᠢᠭᠤᠯᠣᠭᠰᠠᠨ | ᠪᠠᠶᠢᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠪᠠᠲᠣᠯᠠᠭ᠎ᠠ ᠶᠢ ᠴᠢᠩᠭᠠᠳᠬᠠᠨ᠂ ᠣᠯᠠᠨ ᠲᠦᠮᠡᠨ ᠤ ᠠᠰᠢᠭ ᠬᠦᠷᠲᠡᠭᠰᠡᠨ | ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠣᠷ ᠲᠦᠪᠰᠢᠨ ᠤ ᠲᠦᠷᠦᠭᠳᠡᠯ ᠢ ᠲᠠᠰᠣᠷᠠᠯᠲᠠ ᠦᠭᠡᠢ | ᠴᠢᠩᠭᠠᠳᠬᠠᠪᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠥᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ | ᠪᠤᠯᠭᠠᠵᠤ᠂ ᠪᠦᠬᠦ ᠵᠢᠯ ᠳᠠᠬᠢ ᠠᠷᠠᠳ ᠤᠨ ᠠᠮᠢᠳᠤᠷᠠᠯ ᠤᠨ ᠵᠠᠷᠤᠯᠭ᠎ᠠ 12.1 ᠳ᠋ᠦᠩᠰᠢᠭᠤᠷ ᠲᠦᠬᠦᠷᠢᠭ ᠬᠥᠷᠴᠤ᠂ | ᠡᠩ ᠤᠨ ᠤᠯᠠᠨ ᠨᠡᠶᠢᠳᠡ ᠶᠢᠨ ᠲᠦᠰᠤᠪ ᠤᠨ ᠵᠠᠷᠤᠯᠭ᠎ᠠ ᠶᠢᠨ 58.7% ᠶᠢ ᠡᠵᠡᠯᠡᠨ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠠᠴᠠ ᠲᠦᠷᠭᠡᠨ ᠪᠤᠯᠪᠠ᠃ ᠠᠷᠠᠳ ᠲᠦᠮᠡᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ ᠨᠠᠢᠮᠠᠨ | ᠪᠤᠳᠠᠳᠤ ᠶᠠᠪᠤᠳᠠᠯ ᠢ ᠪᠦᠳᠤᠮᠵᠢᠳᠠᠢ ᠨᠠᠶᠢᠳᠠᠪᠤᠷᠢᠵᠢᠭᠤᠯᠤᠨ᠂ ᠢᠯᠴᠢ ᠬᠠᠩᠭᠠᠬᠤ ᠪᠠᠳᠤᠯᠠᠭ᠎ᠠ᠂ ᠤᠰᠤᠨ ᠤ ᠴᠢᠨᠠᠷ ᠢ | ᠰᠠᠶᠢᠵᠢᠷᠠᠭᠤᠯᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ | ᠬᠥᠮᠤᠵᠢᠯ᠂ ᠨᠠᠰᠤᠳᠠᠶᠢᠴᠤᠳ ᠤᠨ ᠦᠢᠯᠡᠴᠢᠯᠡᠭᠡ᠂ ᠪᠡᠶ᠎ᠡ ᠴᠢᠬᠢᠷᠠᠭᠵᠢᠭᠤᠯᠤᠯ ᠢᠶᠠᠷ ᠠᠷᠠᠳ ᠲᠤ ᠠᠰᠢᠭ ᠬᠥᠷᠳᠡᠭᠡᠬᠦ | ᠵᠡᠷᠭᠡ ᠪᠤᠳᠠᠳᠤ ᠶᠠᠪᠤᠳᠠᠯ ᠢ ᠤᠷᠤᠬᠰᠢᠳᠠᠢ ᠪᠡᠶᠡᠯᠡᠬᠦᠯᠵᠤ᠂ ᠵᠤᠷᠯᠤᠩ ᠤᠨ ᠦᠭᠡᠷᠡᠴᠢᠯᠠᠯᠳᠠ᠂ ᠬᠠᠭᠤᠴᠢᠨ ᠤᠷᠤᠨ | ᠰᠠᠭᠤᠴᠠ ᠶᠢᠨ ᠲᠤᠭᠤᠷᠢᠭ ᠤᠨ ᠦᠭᠡᠷᠡᠴᠢᠯᠡᠯᠲᠡ ᠶᠢᠨ ᠠᠵᠢᠯ ᠢ ᠲᠦᠷᠭᠡᠨ ᠢᠶᠠᠷ ᠠᠬᠢᠭᠤᠯᠪᠠ᠃ ᠠᠵᠢᠯ ᠤᠯᠭᠤᠬᠤ | ᠪᠠ ᠦᠢᠯᠡᠰ ᠪᠣᠰᠬᠠᠬᠤ ᠠᠵᠢᠯ ᠢᠯᠡᠳᠳᠡ ᠠᠮᠵᠢᠯᠳᠠ ᠪᠦᠳᠤᠮᠵᠢ ᠤᠯᠵᠤ᠂ ᠬᠤᠳᠠ ᠪᠠᠯᠭᠠᠰᠤᠨ ᠤ 3000 ᠬᠥᠮᠤᠨ | ᠰᠢᠨ᠎ᠠ ᠪᠠᠷ ᠠᠵᠢᠯ ᠤᠯᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ | ᠵᠢᠷᠭᠤᠭᠠᠨ ᠵᠢᠯ ᠲᠠᠷᠠᠭᠠᠯᠠᠨ 3.3% ᠶᠢᠨ ᠨᠡᠯᠢᠶᠡᠳ ᠲᠤᠤᠷ᠎ᠠ ᠬᠡᠪᠴᠢᠶᠡᠨ ᠳᠤ ᠬᠢᠵᠠᠭᠠᠷᠯᠠᠪᠠ᠂ ᠰᠢᠨ᠎ᠠ ᠲᠤᠷᠭᠠᠨ | ᠵᠠᠮ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠥᠷᠢᠶᠡᠯᠡᠩ ᠢ ᠦᠪᠡᠷᠳᠡᠭᠡᠨ ᠵᠠᠰᠠᠬᠤ ᠤᠷᠤᠨ ᠠᠴᠠ ︽ | 2018—2020 ᠤᠨ ᠤ ᠤᠯᠠᠨ ᠢᠶᠠᠷ ᠢᠶᠠᠨ ᠦᠢᠯᠡᠰ ᠴᠤᠭᠴᠠᠯᠠᠬᠤ ᠤᠯᠠᠨ ᠢᠶᠠᠷ ᠢᠶᠠᠨ ᠳᠠᠭᠠᠭᠠᠴᠢᠯᠠᠬᠤ | ᠤᠯᠠᠨ ᠢᠶᠠᠷ ᠢᠶᠠᠨ ᠲᠡᠮᠵᠢᠯᠴᠡᠬᠦ ᠶᠢ ᠲᠤᠯᠭᠠᠭᠤᠷᠢᠯᠠᠬᠤ ᠲᠡᠪᠴᠡᠩ︾ ᠢᠶᠠᠷ ᠦᠨᠡᠯᠡᠨ ᠲᠤᠬᠳᠠᠭᠠᠪᠠ᠃ ᠰᠤᠷᠭᠠᠨ | ᠬᠥᠮᠤᠵᠢᠯ ᠤᠨ ᠦᠢᠯᠡᠰ ᠲᠠᠰᠤᠷᠠᠯᠳᠠ ᠦᠭᠡᠢ ᠬᠥᠭᠵᠢᠵᠤ᠂ ᠠᠯᠪᠠᠨ ᠠᠴᠠ ᠡᠷᠬᠢᠯᠡᠭᠰᠡᠨ ᠬᠤᠶᠠᠷ ᠭᠡᠤᠭᠡᠳ ᠤᠨ | ᠴᠡᠴᠡᠷᠯᠢᠭ ᠢ ᠠᠰᠢᠭᠯᠠᠯᠳᠠ ᠳᠤ ᠤᠷᠤᠭᠤᠯᠵᠤ᠂ ᠭᠡᠤᠭᠡᠳ ᠤᠨ ᠴᠡᠴᠡᠷᠯᠢᠭ ᠲᠤ ᠤᠷᠤᠬᠤ ᠤᠷᠤᠨ ᠲᠤᠭ᠎ᠠ ᠶᠢ | 1080 ᠨᠡᠮᠡᠭᠳᠡᠬᠦᠯᠤᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ | ᠴᠡᠴᠡᠷᠯᠢᠭ ᠲᠤ ᠤᠷᠤᠬᠤ ᠨᠠᠰᠤᠨ ᠤ ᠭᠡᠤᠭᠡᠳ ᠢ ᠴᠦᠮ ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠲᠤ | ᠰᠦᠢᠳᠭᠡᠯ ᠠᠪᠬᠤ ᠦᠭᠡᠢ ᠪᠠᠷ ᠤᠷᠤᠭᠤᠯᠵᠤ᠂ ᠭᠡᠤᠭᠡᠳ ᠤᠨ ᠴᠡᠴᠡᠷᠯᠢᠭ ᠲᠤ ᠤᠷᠤᠭᠰᠠᠨ ᠨᠤᠷᠮ᠎ᠠ 91% ᠶᠢ | ᠲᠠᠪᠠᠪᠠ︔ ᠮᠤᠩᠭᠤᠯ ᠬᠢᠳᠡᠳ ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢᠳ ᠤᠨ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠳᠤ ᠡᠯᠰᠡᠭᠳᠡᠬᠦ ᠨᠤᠷᠮ᠎ᠠ ᠲᠤᠬᠳᠠᠭᠤᠨ ᠢᠶᠠᠷ ᠲᠡᠭᠡᠭᠰᠢᠯᠡᠵᠤ᠂ ᠮᠤᠩᠭᠤᠯ ᠦᠨᠳᠤᠰᠤᠳᠡᠨ ᠤ ᠬᠤᠶᠠᠳᠤᠭᠠᠷ ᠪᠠᠭ᠎ᠠ | ᠰᠤᠷᠭᠠᠭᠤᠯᠢ ᠨᠢ ᠦᠨᠳᠤᠰᠤᠳᠡᠨ ᠤ ᠰᠤᠷᠭᠠᠨ ᠬᠥᠮᠤᠵᠢᠯ ᠤᠨ ᠰᠤᠳᠤᠨ ᠰᠤᠷᠭᠠᠭᠤᠯᠢ ᠶᠢ ᠡᠬᠦᠳᠤᠨ ᠪᠠᠶᠢᠭᠤᠯᠬᠤ | ᠠᠵᠢᠯᠯᠠᠭ᠎ᠠ ᠰᠢᠯᠭᠠᠯᠲᠠ ᠳᠤ ᠬᠢᠷᠢ ᠲᠡᠩᠴᠡᠪᠡ᠂ ᠠᠵᠢᠯ ᠮᠡᠷᠭᠡᠵᠢᠯ ᠤᠨ ᠰᠤᠷᠭᠠᠨ ᠬᠥᠮᠤᠵᠢᠯ ᠤᠨ ᠲᠦᠪ ᠨᠢ ᠤᠯᠤᠰ | ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠤᠵᠢᠯ ᠤᠨ ᠦᠭᠡᠷᠡᠴᠢᠯᠠᠯᠳᠠ ᠬᠥᠭᠵᠢᠯᠳᠡ ᠶᠢᠨ | ᠵᠢᠱᠢᠶ᠎ᠡ ᠦᠵᠡᠬᠦᠯᠬᠦ ᠰᠤᠷᠭᠠᠭᠤᠯᠢ ᠪᠤᠯᠪᠠ︔ ᠲᠤᠮᠳᠠᠳᠤ ᠪᠠᠭ᠎ᠠ ᠰᠤᠷᠭᠠᠭᠤᠯᠢ ᠵᠢᠴᠢ ᠭᠡᠤᠭᠡᠳ ᠤᠨ ᠴᠡᠴᠡᠷᠯᠢᠭ ᠤᠨ | ᠪᠠᠭᠰᠢ ᠶᠢ ᠰᠢᠨ᠎ᠠ ᠪᠠᠷ 443 ᠨᠡᠷ᠎ᠡ ᠡᠯᠰᠡᠵᠤ᠂ ︽ᠭᠤᠷᠪᠠᠨ ᠡᠩᠨᠡᠭᠡ︾ ᠶᠢᠨ ᠪᠠᠶᠢᠭᠤᠯᠤᠯᠳᠡ ᠶᠢᠨ ᠲᠦᠪᠰᠢᠨ ᠢ | ᠲᠠᠰᠤᠷᠠᠯᠳᠠ ᠦᠭᠡᠢ ᠲᠡᠭᠡᠭᠰᠢᠯᠡᠬᠦᠯᠪᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠳᠠ | ᠶᠢ ᠬᠥᠨᠵᠡᠭᠡᠢ ᠠᠬᠢᠭᠤᠯᠵᠤ᠂ ᠦᠨᠳᠤᠰᠤᠨ ᠱᠠᠳᠤᠨ ᠤ 6 ᠡᠮᠴᠢᠯᠡᠭᠡᠨ ᠤ ᠪᠠᠶᠢᠭᠤᠯᠤᠮᠵᠢ ᠨᠢ ᠠᠶᠢᠮᠠᠭ ᠤᠨ ᠡᠮᠨᠡᠯᠭᠡ | ᠶᠢᠨ ᠬᠤᠷᠢᠶ᠎ᠠ᠂ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ ᠦᠪᠡᠷᠳᠡᠭᠡᠨ ᠵᠠᠰᠠᠬᠤ ᠤᠷᠤᠨ ᠤ | ᠲᠦᠷᠤᠬᠦᠤ ᠪᠦᠯᠦᠭ ᠤᠨ ᠬᠤᠳᠠ ᠶᠢᠨ ᠡᠮᠴᠢᠯᠡᠭᠡᠨ ᠤ ᠪᠦᠯᠦᠭᠯᠡᠯ ᠢ ᠪᠠᠶᠢᠭᠤᠯᠪᠠ᠂ ᠬᠤᠳᠠ ᠶᠢᠨ ᠡᠭᠡ ᠨᠢᠯᠬᠠᠰ ᠤᠨ | ᠡᠷᠡᠬᠦᠯ ᠮᠠᠨᠳᠤ ᠶᠢ ᠬᠠᠮᠠᠭᠠᠯᠠᠬᠤ ᠬᠤᠷᠢᠶ᠎ᠠ ᠶᠢᠨ ᠰᠢᠨ᠎ᠠ ᠪᠠᠷ ᠪᠠᠶᠢᠭᠤᠯᠤᠭᠰᠠᠨ ᠲᠦᠷᠤᠯ ᠵᠦᠢᠯ ᠢ ᠠᠰᠢᠬᠯᠠᠯᠳᠠ ᠳᠤ | ᠤᠷᠤᠭᠤᠯᠵᠤ᠂ ᠭᠡᠷ ᠪᠦᠯᠢ ᠶᠢᠨ ᠡᠮᠴᠢ ᠶᠢᠨ ᠭᠤᠤᠯᠳᠠᠯᠭ᠎ᠠ ᠲᠠᠢ ᠬᠥᠮᠤᠰ ᠯᠦᠭᠡ ᠭᠡᠷ᠎ᠡ ᠲᠤᠬᠳᠠᠭᠰᠠᠨ ᠨᠤᠷᠮ᠎ᠠ 61. | 2% ᠬᠥᠷᠴᠠᠢ᠂ ᠤᠯᠤᠰ ᠤᠨ ᠤᠳᠠᠭᠠᠨ ᠴᠢᠨᠠᠷᠳᠠᠢ ᠡᠪᠡᠳᠴᠢᠨ ᠢ ᠶᠡᠷᠤᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ | ᠦᠵᠡᠬᠦᠯᠬᠦ ᠤᠷᠤᠨ᠂ ᠭᠤᠷᠪᠠᠳᠤᠭᠠᠷ ᠡᠭᠡᠯᠵᠢ ᠶᠢᠨ ᠪᠦᠬᠦ ᠤᠯᠤᠰ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ | ᠵᠢᠱᠢᠶ᠎ᠡ ᠦᠵᠡᠬᠦᠯᠬᠦ ᠤᠷᠤᠨ ᠢ ᠲᠠᠬᠢᠨ ᠬᠢᠨᠠᠬᠤ ᠠᠵᠢᠯ ᠢ ᠤᠷᠤᠬᠰᠢᠳᠠᠢ ᠪᠡᠶᠡᠯᠡᠬᠦᠯᠪᠠ᠃ ᠨᠡᠶᠢᠭᠡᠮ ᠤᠨ ᠪᠠᠳᠤᠯᠠᠭ᠎ᠠ | ᠶᠢᠨ ᠰᠢᠰᠲ᠋ᠧᠮ ᠨᠡᠩ ᠢᠯᠡᠬᠦᠤ ᠲᠡᠬᠦᠯᠳᠡᠷᠵᠢᠵᠤ᠂ ᠵᠢᠯ ᠳᠤ ᠠᠪᠤᠷᠠᠨ ᠲᠤᠰᠠᠯᠠᠬᠤ ᠪᠡᠯᠡ ᠮᠦᠩᠬᠦ ᠶᠢ 4000 ᠭᠠᠷᠤᠢ | ᠲᠦᠮᠡᠨ ᠲᠦᠬᠦᠷᠢᠭ ᠲᠠᠷᠬᠠᠭᠠᠵᠤ᠂ 7000 ᠭᠠᠷᠤᠢ ᠬᠥᠮᠤᠨ ᠳᠤ ᠠᠰᠢᠭ ᠬᠥᠷᠳᠡᠭᠡᠪᠡ᠃ ᠴᠡᠷᠢᠭ ᠤᠨ ᠠᠯᠪᠠ ᠠᠴᠠ | ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠳᠠ ᠶᠢ ᠲᠠᠰᠤᠷᠠᠯᠳᠠ ᠦᠭᠡᠢ ᠴᠢᠩᠭᠠᠳᠬᠠᠵᠤ᠂ ᠦᠢᠯᠡᠴᠢᠯᠡᠭᠡ | ᠬᠠᠮᠢᠶᠠᠷᠤᠯᠳᠠ ᠶᠢᠨ ᠲᠤᠰᠬᠠᠢ ᠲᠦᠷᠤ ᠶᠢᠨ ᠪᠤᠳᠤᠯᠭ᠎ᠠ ᠶᠢ ᠲᠤᠬᠳᠠᠭᠠᠨ ᠨᠡᠶᠢᠳᠡᠯᠡᠵᠤ᠂ ᠤᠷᠤᠨ ᠨᠤᠳᠤᠭ ᠤᠨ | ᠨᠦᠬᠦᠪᠤᠷᠢ ᠮᠦᠩᠬᠦ 675 ᠲᠦᠮᠡᠨ ᠲᠦᠬᠦᠷᠢᠭ ᠲᠠᠷᠬᠠᠭᠠᠪᠠ᠃ ᠨᠠᠰᠤᠵᠢᠯ ᠤᠨ ᠦᠢᠯᠡᠰ ᠢ ᠲᠤᠬᠳᠠᠭᠤᠨ ᠢᠶᠠᠷ | ᠬᠥᠭᠵᠢᠬᠦᠯᠵᠤ᠂ ᠦᠨᠳᠤᠷ ᠨᠠᠰᠤᠨ ᠤ ᠨᠦᠬᠦᠪᠤᠷᠢ ᠶᠢ 664 ᠲᠦᠮᠡᠨ ᠲᠦᠬᠦᠷᠢᠭ ᠲᠠᠷᠬᠠᠭᠠᠪᠠ᠃ ᠤᠯᠠᠨ ᠨᠡᠶᠢᠳᠡ | ᠶᠢᠨ ᠵᠠᠮ ᠬᠠᠷᠢᠯᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ 30 ᠰᠢᠨ᠎ᠠ ᠡᠨᠧᠷᠬᠢ ᠶᠢᠨ ᠰᠤᠷᠪᠤᠯᠵᠢ | ᠬᠡᠷᠡᠭᠯᠡᠬᠦ ᠨᠡᠶᠢᠳᠡ ᠶᠢᠨ ᠮᠠᠰᠢᠨ ᠲᠡᠷᠭᠡ ᠶᠢ ᠬᠤᠳᠠᠯᠳᠤᠨ ᠠᠪᠴᠤ᠂ ᠲᠡᠷᠭᠡ ᠬᠥᠯᠢᠶᠡᠬᠦ ᠪᠦᠷᠭᠡ ᠶᠢ ᠰᠢᠨ᠎ᠠ ᠪᠠᠷ 13 | ᠰᠠᠣᠷᠢ ᠪᠠᠶᠢᠭᠤᠯᠪᠠ᠃ ᠰᠤᠶᠤᠯ ᠤᠨ ᠦᠢᠯᠡᠰ ᠢ ᠲᠠᠰᠤᠷᠠᠯᠳᠠ ᠦᠭᠡᠢ ᠬᠥᠭᠵᠢᠬᠦᠯᠵᠤ᠂ ᠬᠤᠳᠠ ᠶᠢᠨ ᠤᠯᠠᠭᠠᠨᠮᠦ᠋ᠴᠢᠷ | ᠨᠢ ᠪᠦᠬᠦ ᠤᠷᠤᠨ ᠤ ᠨᠢᠭᠡᠳᠤᠭᠡᠷ ᠲᠦᠷᠤᠯ ᠤᠨ ᠤᠯᠠᠭᠠᠨᠮᠦ᠋ᠴᠢᠷ ᠤᠨ ᠬᠢᠨᠠᠯᠲᠠ ᠵᠢᠱᠢᠯᠳᠡ ᠶᠢ ᠤᠷᠤᠬᠰᠢᠳᠠᠢ | ᠦᠩᠭᠡᠷᠡᠬᠦᠯᠤᠨ᠂ ᠮᠤᠩᠭᠤᠯ ᠵᠦᠴᠤᠭᠡ ︽ᠠᠮᠢᠨ ᠵᠠᠶᠠᠭ᠎ᠠ︾ ᠨᠢ ᠦᠪᠡᠷᠳᠡᠭᠡᠨ ᠵᠠᠰᠠᠬᠤ ᠤᠷᠤᠨ ᠤ ᠪᠦᠵᠢᠭ ᠤᠨ | ᠲᠠᠶᠢᠰᠠ ᠶᠢᠨ ᠤᠷᠠᠯᠢᠭ ᠤᠨ ᠰᠤᠳᠤᠨ ᠢᠨᠵᠧᠨᠧᠷᠢᠩ ᠳᠤ ᠰᠤᠩᠭᠤᠭᠳᠠᠨ ᠤᠷᠤᠵᠤ᠂ ᠪᠦᠬᠦ ᠵᠢᠯ ᠳᠤ 103 ᠲᠠᠯᠠᠪᠠᠢ | ᠰᠤᠶᠤᠯ ᠢᠶᠠᠷ ᠠᠷᠠᠳ ᠲᠤ ᠠᠰᠢᠭ ᠬᠥᠷᠳᠡᠭᠡᠬᠦ ᠲᠤᠬᠯᠠᠯᠳᠠ ᠭᠠᠷᠭᠠᠪᠠ᠃ ᠲᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ | ᠶᠢᠨ ᠲᠡᠮᠢᠷ ᠤᠨ ᠲᠠᠯᠠᠪᠤᠷ ᠤᠷᠳᠤᠨ ᠪᠤᠯᠤᠨ 7 ᠨᠡᠶᠢᠭᠡᠮ ᠤᠨ ᠲᠠᠯᠠᠪᠤᠷ ᠤᠷᠳᠤᠨ ᠤ ᠲᠦᠬᠦᠭᠡᠷᠤᠮᠵᠢ ᠶᠢ ᠨᠡᠶᠢᠭᠡᠮ | ᠲᠠᠶᠠᠭᠠᠷ ᠲᠤ ᠰᠦᠢᠳᠭᠡᠯ ᠬᠤᠷᠢᠶᠠᠬᠤ ᠦᠭᠡᠢ ᠪᠠᠷ ᠬᠡᠷᠡᠭᠯᠡᠭᠦᠯᠵᠦ᠂ ᠤᠯᠠᠨ ᠲᠦᠮᠡᠨ ᠤ ᠡᠪᠤᠯ ᠤᠨ ᠤᠯᠠᠷᠢᠯ ᠤᠨ | ᠪᠡᠶ᠎ᠡ ᠴᠢᠬᠢᠷᠠᠭᠵᠢᠭᠤᠯᠬᠤ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃ ︽ᠦᠷᠢᠳᠤᠬᠦ ᠶᠢ | ᠵᠠᠰᠠᠵᠤ ᠦᠭᠬᠦ ᠶᠢ ᠪᠠᠳᠤᠯᠠᠬᠤ︾ ᠠᠵᠢᠯ ᠢ ᠯᠠᠪᠳᠠᠭᠤᠨ ᠪᠠᠳᠤᠳᠠᠢ ᠪᠦᠭᠡᠳ ᠪᠦᠳᠤᠮᠵᠢᠳᠠᠢ ᠦᠷᠨᠢᠬᠦᠯᠵᠤ᠂ | ᠬᠥᠯᠤᠰᠤᠨ ᠠᠵᠢᠯᠴᠢᠨ ᠤ ᠴᠠᠯᠢᠩ ᠢ ᠦᠭᠬᠦ ᠳᠤ ᠬᠥᠳᠡᠯᠦᠩᠬᠦᠢ ᠪᠠᠷ ᠰᠢᠢᠳᠪᠤᠷᠢᠯᠡᠬᠦ ᠶᠢ ᠦᠨᠳᠤᠰᠤᠨ ᠳᠡᠭᠡᠨ | ᠪᠡᠶᠡᠯᠡᠬᠦᠯᠪᠠ᠃ | ᠬᠠᠷ᠎ᠠ ᠪᠦᠯᠦᠭᠳᠡᠨ ᠬᠠᠷᠬᠢᠰ ᠬᠥᠴᠤᠨ ᠳᠤ ᠴᠤᠬᠢᠯᠳᠠ ᠦᠭᠬᠦ ᠲᠤᠰᠬᠠᠢ ᠲᠡᠮᠡᠴᠡᠯ ᠢ ᠯᠠᠪᠳᠠᠭᠤᠨ ᠢᠶᠠᠷ ᠠᠬᠢᠭᠤᠯᠵᠤ᠂ | 1 ᠬᠠᠷ᠎ᠠ ᠪᠦᠯᠦᠭᠲᠡᠨ ᠤ ᠰᠢᠨᠵᠢ ᠴᠢᠨᠠᠷ ᠲᠠᠢ ᠶᠠᠯ᠎ᠠ ᠬᠢᠬᠦ ᠵᠤᠬᠢᠶᠠᠨ ᠪᠠᠶᠢᠭᠤᠯᠤᠯᠳᠡ᠂ 2 ᠬᠠᠷᠬᠢᠰ ᠬᠥᠴᠤᠨ ᠤ ᠶᠠᠯ᠎ᠠ | ᠬᠢᠬᠦ ᠪᠦᠯᠦᠭ᠂ 3 ᠬᠠᠷᠬᠢᠰ ᠬᠥᠴᠤᠨ ᠤ ᠪᠦᠯᠬᠦᠮ ᠳᠤ ᠴᠣᠬᠢᠯᠲᠠ ᠦᠭᠴᠦ᠂ 89 ᠬᠠᠷᠬᠢᠰ ᠬᠥᠴᠤᠨ ᠳᠤ | ᠬᠤᠯᠪᠤᠬᠳᠠᠭᠰᠠᠨ ᠡᠷᠡᠬᠦᠤ ᠶᠢᠨ ᠬᠡᠷᠡᠭ ᠢ ᠢᠯᠡᠷᠡᠬᠦᠯᠪᠠ᠃ ᠵᠦᠷᠢᠴᠠᠯ ᠵᠢᠭᠤᠷᠠᠯᠳᠤᠭᠠᠨ ᠢ ᠪᠠᠶᠢᠴᠠᠭᠠᠨ | ᠰᠢᠢᠳᠪᠤᠷᠢᠯᠡᠭᠡᠳ ᠢᠯᠡᠳᠳᠡ ᠠᠮᠵᠢᠯᠳᠠ ᠪᠦᠳᠤᠮᠵᠢ ᠤᠯᠵᠤ᠂ 82 ᠲᠠᠷᠤᠭᠳᠠᠵᠤ ᠪᠠᠶᠢᠭ᠎ᠠ ᠭᠤᠤᠯᠳᠠᠯᠭ᠎ᠠ ᠲᠠᠢ | ᠬᠡᠷᠡᠭ ᠢ ᠰᠢᠢᠳᠪᠤᠷᠢᠯᠡᠨ᠂ ᠸᠧᠨ ᠰᠢᠨ ᠭᠡᠷ ᠤᠷᠤᠨ᠂ ᠰᠢ ᠵᠢᠶᠦ᠋ᠨ ᠲᠠᠯᠠᠪᠠᠢ ᠵᠡᠷᠭᠡ ᠲᠡᠣᠬᠡᠨ ᠠᠴᠠ ᠦᠯᠡᠳᠡᠭᠳᠡᠵᠦ | ᠢᠷᠡᠭᠰᠡᠨ ᠨᠢᠭᠡ ᠪᠦᠯᠦᠭ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠳᠤᠮᠵᠢᠳᠠᠢ | ᠰᠢᠢᠳᠪᠤᠷᠢᠯᠡᠵᠤ᠂ ᠪᠦᠬᠦ ᠵᠢᠯ ᠤᠨ ᠵᠠᠬᠢᠳᠠᠯ ᠰᠤᠷᠪᠤᠯᠵᠢᠯᠠᠭ᠎ᠠ ᠬᠢᠭᠰᠡᠨ ᠪᠦᠯᠦᠭ ᠤᠳᠠᠭ᠎ᠠ ᠪᠤᠯᠤᠨ ᠬᠥᠮᠤᠨ ᠤᠳᠠᠭ᠎ᠠ | ᠶᠢ ᠲᠤᠰ ᠲᠤᠰ 4.4% ᠪᠠ 5.8% ᠪᠠᠷ ᠪᠠᠭᠤᠷᠠᠭᠤᠯᠪᠠ᠃ ᠠᠶᠤᠯᠬᠦᠢ ᠦᠢᠯᠡᠳᠪᠤᠷᠢᠯᠡᠯ ᠪᠠ ᠢᠳᠡᠭᠡᠨ ᠡᠮ ᠤᠨ | ᠵᠦᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢ ᠤᠯᠠᠮ ᠠᠯᠬᠤᠮ ᠨᠢᠭᠡ ᠴᠢᠩᠭᠠᠷᠠᠭᠤᠯᠵᠤ᠂ ᠪᠦᠬᠦ ᠵᠢᠯ | ᠳᠤ ᠬᠥᠨᠳᠤ ᠤᠨᠴᠠ ᠶᠡᠭᠡ ᠠᠶᠤᠯᠬᠦᠢ ᠦᠢᠯᠡᠳᠪᠤᠷᠢᠯᠡᠯ ᠪᠠ ᠬᠥᠨᠳᠤ ᠶᠡᠭᠡ ᠢᠳᠡᠭᠡᠨ ᠡᠮ ᠤᠨ ᠵᠦᠢᠯ ᠤᠨ ᠠᠮᠤᠷ | ᠲᠦᠪᠰᠢᠨ ᠤ ᠠᠳᠡᠯ ᠡᠬᠦᠰᠦᠭᠰᠡᠨ ᠦᠭᠡᠢ᠃ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠠᠰᠤᠷᠠᠯᠳᠠ | ᠦᠭᠡᠢ ᠬᠦᠭᠵᠢᠵᠦ᠂ ᠪᠦᠬᠦ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ | ᠢ ᠠᠮᠵᠢᠯᠳᠠ ᠲᠠᠢ ᠡᠬᠦᠳᠤᠨ ᠪᠠᠶᠢᠭᠤᠯᠪᠠ᠃ ︽ᠲᠠᠪᠤ ᠶᠢ ᠠᠭᠤᠰᠤᠯᠳᠤᠭᠤᠯᠵᠤ ᠲᠦᠷᠪᠡ ᠶᠢ ᠠᠬᠢᠭᠤᠯᠬᠤ︾ ᠶᠢ | ᠬᠥᠨᠵᠡᠭᠡᠢ ᠦᠷᠨᠢᠬᠦᠯᠤᠨ᠂ ᠴᠡᠷᠢᠭ ᠴᠠᠭᠳᠠᠭ᠎ᠠ ᠠᠷᠠᠳ ᠤᠨ ᠡᠶ᠎ᠡ ᠵᠤᠬᠢᠴᠠᠯ ᠲᠠᠢ ᠪᠦᠯᠬᠦᠮᠳᠡᠯ ᠲᠠᠢ ᠪᠠᠶᠢᠳᠠᠯ ᠢ ᠤᠯᠠᠮ | ᠨᠢᠭᠡ ᠠᠯᠬᠤᠮ ᠪᠠᠬᠢᠵᠢᠬᠦᠯᠪᠠ᠃ ᠪᠦᠷᠢᠳᠭᠡᠨ ᠪᠠᠶᠢᠴᠠᠭᠠᠬᠤ᠂ ᠲᠠᠩᠰᠠ ᠡᠪᠭᠡᠮᠡᠯ ᠲᠡᠤᠭᠡ ᠦᠢᠯᠠᠯᠭ᠎ᠠ᠂ ᠰᠢᠨᠵᠢᠯᠡᠬᠦ | ᠤᠬᠠᠭᠠᠨ ᠮᠡᠷᠭᠡᠵᠢᠯ ᠴᠠᠭ ᠠᠭᠤᠷ᠂ ᠭᠠᠵᠠᠷ ᠬᠥᠳᠡᠯᠤᠯᠳᠡ ᠶᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠵᠡᠷᠭᠡ ᠠᠵᠢᠯ ᠢ | ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ | ᠬᠤᠯᠪᠤᠭᠠᠳᠤ ᠬᠤᠷᠠᠯ᠂ ᠵᠡᠮᠳᠡᠭᠴᠤᠳ ᠤᠨ ᠬᠤᠯᠪᠤᠭ᠎ᠠ᠂ ᠬᠠᠷᠢᠶᠠᠳᠤ ᠨᠠᠷ ᠤᠨ ᠶᠠᠪᠤᠳᠠᠯ᠂ ᠦᠢᠯᠡᠳᠪᠤᠷᠢ | ᠬᠤᠳᠠᠯᠳᠤᠭᠠᠴᠢᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠬᠠᠩᠭᠠᠨ ᠪᠤᠷᠤᠯᠠᠭᠤᠯᠬᠤ ᠬᠤᠷᠰᠢᠶ᠎ᠠ ᠵᠡᠷᠭᠡ ᠠᠵᠢᠯ ᠦᠢᠯᠡᠰ ᠰᠢᠨ᠎ᠠ ᠲᠡᠪᠰᠢᠯᠳᠠ ᠲᠠᠢ ᠪᠤᠯᠪᠠ᠃ | ︵ᠵᠢᠷᠭᠤᠭ᠎ᠠ︶ ᠰᠤᠷᠳᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠪᠠᠨ ᠲᠡᠭᠡᠭᠰᠢᠯᠡᠬᠦᠯᠬᠦ ᠶᠢ ᠠᠬᠢᠭᠤᠯᠵᠣ᠂ ᠵᠠᠰᠠᠭ | ᠤᠨ ᠤᠷᠳᠤᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ | ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ | ᠬᠠᠮᠠᠭᠠᠯᠠᠬᠤ︾ ᠶᠢ ᠦᠢᠯᠡᠳᠤᠯᠭᠡᠵᠢᠬᠦᠯᠪᠠ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠳᠠ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ | ᠪᠠᠨ ᠬᠥᠯᠢᠶᠡᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠰᠠᠨᠠᠭᠤᠯᠭ᠎ᠠ | ᠪᠤᠯᠤᠨ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠤ ᠰᠠᠨᠠᠯ ᠲᠤᠷᠠᠳᠤᠯᠭ᠎ᠠ ᠶᠢ 100% ᠪᠠᠷ ᠰᠢᠢᠳᠪᠤᠷᠢᠯᠡᠵᠤ | ᠬᠠᠷᠢᠭᠤᠯᠳᠠ ᠦᠭᠪᠡ᠃ 12345 ᠬᠤᠳᠠ ᠶᠢᠨ ᠲᠠᠷᠤᠭ᠎ᠠ ᠶᠢᠨ ᠬᠠᠯᠠᠮᠰᠢᠯ ᠤᠳᠡᠰᠤ᠂ 12319 ᠬᠤᠳᠠ ᠶᠢᠨ | ᠬᠠᠯᠠᠮᠰᠢᠯ ᠤᠳᠡᠰᠤ ᠵᠡᠷᠭᠡ ᠲᠡᠪᠴᠡᠩ ᠤᠨ ᠦᠢᠯᠡᠳᠤᠯ ᠢ ᠪᠦᠳᠤᠮᠵᠢᠳᠠᠢ ᠪᠠᠳᠠᠷᠠᠭᠤᠯᠤᠨ᠂ ᠤᠯᠠᠨ ᠲᠦᠮᠡᠨ ᠤ | ᠭᠤᠮᠤᠳᠠᠯ ᠱᠠᠭᠠᠷᠳᠠᠯᠭ᠎ᠠ ᠶᠢ 3.4 ᠲᠦᠮᠠ ᠭᠠᠷᠤᠢ ᠬᠤᠪᠢ ᠰᠢᠢᠳᠪᠤᠷᠢᠯᠡᠭᠰᠡᠨ ᠪᠠ ᠬᠠᠷᠢᠭᠤᠯᠳᠠ ᠦᠭᠴᠤ᠂ ᠤᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠨᠢᠭᠡ ᠪᠦᠯᠦᠭ ᠠᠷᠠᠳ ᠤᠨ ᠠᠮᠢᠳᠤᠷᠠᠯ ᠤᠨ ᠠᠰᠠᠭᠤᠳᠠᠯ ᠢ ᠴᠠᠭ ᠲᠤᠬᠠᠢ | ᠳᠤᠨᠢ ᠰᠢᠢᠳᠪᠤᠷᠢᠯᠡᠪᠠ᠃ ᠲᠦᠪ ᠬᠤᠷᠢᠶᠠᠨ ᠤ ᠨᠠᠢᠮᠠᠨ ᠵᠣᠷᠪᠣᠰ ᠲᠤᠬᠳᠠᠭᠠᠯ ᠵᠢᠴᠢ ᠲᠡᠬᠦᠨ ᠤ ᠬᠡᠷᠡᠭᠵᠢᠬᠦᠯᠬᠦ ᠨᠠᠷᠢᠨ | ᠲᠦᠷᠢᠮ ᠢ ᠴᠢᠩᠭ᠎ᠠ ᠬᠡᠷᠡᠭᠵᠢᠬᠦᠯᠤᠨ᠂ ︽ᠲᠦᠷᠪᠡᠨ ᠰᠤᠷᠳᠠᠯ︾ ᠢ ᠰᠢᠨᠳᠡᠷᠡᠰᠢ ᠦᠭᠡᠢ ᠪᠠᠷ ᠵᠠᠯᠠᠷᠠᠭᠤᠯᠵᠤ᠂ ᠵᠠᠰᠠᠭ | ᠤᠨ ᠤᠷᠳᠤᠨ ᠤ ᠠᠵᠢᠯᠳᠠᠨ ᠤ ᠠᠵᠢᠯ ᠬᠢᠵᠤ ᠦᠢᠯᠡᠰ ᠴᠤᠭᠴᠠᠯᠠᠬᠤ᠂ ᠬᠠᠷᠢᠭᠤᠴᠠᠯᠭ᠎ᠠ ᠡᠬᠦᠷᠭᠡᠯᠡᠨ ᠠᠮᠵᠢᠯᠳᠠ | ᠭᠠᠷᠭᠠᠬᠤ ᠡᠷᠴᠢ ᠵᠤᠷᠢᠭ ᠢᠯᠡᠳᠳᠡ ᠴᠢᠩᠭᠠᠷᠠᠪᠠ᠃ ᠠᠷᠪᠢᠯᠠᠨ ᠭᠠᠮᠨᠠᠬᠤ ᠶᠢ ᠴᠢᠩᠭ᠎ᠠ ᠪᠠᠷᠢᠮᠲᠠᠯᠠᠨ᠂ ︽ᠭᠤᠷᠪᠠᠨ | ᠵᠦᠢᠯ ᠤᠨ ᠠᠯᠪᠠᠨ ᠵᠠᠷᠤᠳᠠᠯ︾ ᠢ ᠶᠡᠭᠡᠪᠡᠷ ᠪᠠᠭᠠᠰᠬᠠᠪᠠ᠃ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ᠂ | ᠵᠠᠰᠠᠭ ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠤᠯ ᠵᠦᠢᠯ ᠤᠨ ᠪᠡᠯᠡ ᠮᠦᠩᠬᠦ ᠶᠢ 6 ᠳ᠋ᠦᠩᠰᠢᠭᠤᠷ | ᠲᠦᠬᠦᠷᠢᠭ ᠬᠢᠨᠠᠨ ᠪᠠᠭᠠᠰᠬᠠᠵᠤ᠂ ᠬᠢᠨᠠᠨ ᠪᠠᠭᠠᠰᠬᠠᠭᠰᠠᠨ ᠨᠤᠷᠮ᠎ᠠ 18.9% ᠬᠥᠷᠪᠡ᠃ ᠵᠠᠰᠠᠭ ᠤᠨ ᠶᠠᠪᠤᠳᠠᠯ ᠢ | ᠢᠯᠡ ᠪᠤᠯᠭᠠᠬᠤ ᠶᠢ ᠴᠢᠩᠭᠠᠳᠬᠠᠨ᠂ ᠢᠯᠴᠢ ᠬᠠᠩᠭᠠᠬᠤ ᠪᠠᠳᠤᠯᠠᠭ᠎ᠠ᠂ ᠭᠡᠷ ᠬᠥᠷᠤᠩᠭᠡ ᠶᠢᠨ ᠦᠨᠡᠮᠯᠠᠯ ᠠᠪᠬᠤ ᠵᠡᠷᠭᠡ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠬᠤᠳᠠ ᠶᠢᠨ ᠵᠠᠰᠠᠭ ᠤᠨ | ᠤᠷᠳᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ 5 ᠤᠳᠠᠭ᠎ᠠ ᠬᠤᠷᠠᠯᠳᠤᠭᠤᠯᠵᠤ᠂ ᠨᠡᠶᠢᠭᠡᠮ ᠤᠨ ᠠᠩᠬᠠᠷᠣᠯ ᠳᠤ | ᠳᠠᠷᠣᠢ ᠲᠦᠷᠭᠡᠨ ᠬᠠᠷᠢᠭᠤᠯᠲᠠ ᠦᠭᠴᠦ᠂ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠶᠢᠨ ᠬᠡᠮᠵᠢᠶ᠎ᠠ ᠶᠢ | ᠲᠡᠭᠡᠭᠰᠢᠯᠡᠬᠦᠯᠪᠠ᠃ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢ ᠬᠠᠤᠯᠢ ᠪᠠᠷ ᠲᠤᠬᠳᠠᠭᠠᠬᠤ ᠵᠢᠷᠤᠮ ᠢ ᠴᠢᠩᠭ᠎ᠠ | ᠬᠡᠷᠡᠭᠵᠢᠬᠦᠯᠵᠤ᠂ ︽ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ | ᠪᠦᠳᠤᠭᠡᠨ ᠪᠠᠶᠢᠭᠤᠯᠤᠯᠳᠡ ᠶᠢᠨ ᠵᠢᠱᠢᠶ᠎ᠡ ᠦᠵᠡᠬᠦᠯᠬᠦ ᠬᠤᠳᠠ︾ ᠶᠢᠨ ᠢᠷᠠᠭᠤ ᠠᠯᠳᠠᠷ ᠤᠨ ᠴᠤᠯᠠ ᠶᠢ ᠬᠥᠷᠳᠡᠪᠡ᠃ | ᠲᠦᠯᠦᠭᠡᠯᠡᠭᠴᠢᠳ ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠲᠡ ᠶᠢᠨ ᠵᠢᠯ ᠳᠤ ᠮᠠᠨ ᠳᠤ | ᠲᠤᠯᠭᠠᠷᠠᠭᠰᠡᠨ ᠪᠠᠶᠢᠳᠠᠯ ᠲᠦᠰᠦᠪᠯᠡᠭᠰᠡᠨ ᠠᠴᠠ ᠨᠡᠩ ᠭᠦᠴᠢᠷ ᠲᠠᠢ᠂ ᠲᠤᠯᠭᠠᠷᠠᠭᠰᠠᠨ ᠬᠦᠴᠢᠷᠳᠡᠯ ᠲᠦᠰᠤᠪᠯᠡᠭᠰᠡᠨ | ᠠᠴᠠ ᠬᠤᠯᠠ ᠪᠤᠳᠤᠯᠢᠶᠠᠨᠲᠠᠢ ᠪᠠᠶᠢᠵᠤ᠂ ᠤᠯᠤᠭᠰᠠᠨ ᠦᠷ᠎ᠡ ᠪᠦᠳᠦᠮᠵᠢ ᠨᠢ ᠨᠡᠩ ᠡᠷᠬᠢᠮ ᠬᠤᠪᠤᠷ ᠶᠤᠮ᠃ ᠨᠢᠭᠡ | ᠵᠢᠯ ᠤᠨ ᠲᠤᠷᠰᠢᠲᠠ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ︽ | ᠡᠷᠬᠢᠵᠤ ᠬᠠᠷᠠᠬᠤ︾᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠭᠠᠷᠳᠠᠨ ᠪᠠᠶᠢᠴᠠᠭᠠᠯᠲᠠ᠂ ᠭᠠᠵᠠᠷ | ᠰᠢᠷᠤᠢ ᠶᠢᠨ ᠬᠡᠪ ᠤᠨ ᠱᠠᠭᠠᠷᠳᠠᠨ ᠪᠠᠶᠢᠴᠠᠭᠠᠯᠲᠠ᠂ ᠠᠶᠢᠮᠠᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠲᠠ | ᠵᠡᠷᠭᠡ ᠲᠤᠮᠤ ᠴᠢᠬᠤᠯᠡ ᠰᠢᠯᠭᠠᠯᠲᠠ ᠶᠢᠨ ᠡᠮᠤᠨ᠎ᠡ᠂ ᠪᠢᠳᠡ ᠤᠯᠤᠰ ᠲᠦᠷᠦ ᠶᠢᠨ ᠵᠤᠭᠰᠤᠴᠠ ᠪᠠᠨ ᠦᠨᠳᠦᠷ | ᠪᠠᠶᠢᠯᠭᠠᠵᠤ᠂ ᠴᠡᠭᠴᠡᠯᠡᠨ ᠵᠠᠯᠠᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ | ᠴᠢᠨᠠᠷᠯᠢᠭ ᠮᠦᠷᠲᠡᠭᠡᠨ ᠤᠷᠤᠭᠰᠢᠲᠠᠢ ᠪᠡᠶᠡᠯᠡᠭᠦᠯᠪᠡ︔ ᠦᠷᠢ ᠰᠢᠷᠢ ᠶᠢ ᠰᠢᠢᠳᠪᠤᠷᠢᠯᠡᠬᠦ ᠯᠤᠲᠤ ᠶᠡᠭᠡ ᠲᠠᠷᠤᠭᠠᠰᠤ | ᠪᠤᠯᠤᠨ ᠭᠤᠷᠪᠠᠨ ᠶᠡᠭᠡ ᠰᠢᠪᠳᠤᠯᠤᠯᠲᠠ ᠶᠢᠨ ᠲᠠᠶᠢᠯᠠᠯᠳᠤᠭᠠᠨ ᠤ ᠬᠦᠨᠳᠦ ᠡᠭᠦᠷᠭᠡ ᠶᠢᠨ ᠡᠮᠤᠨ᠎ᠡ᠂ ᠪᠢᠳᠡ | ᠬᠠᠮᠲᠤ ᠶᠢᠨ ᠰᠡᠳᠬᠢᠯ ᠨᠡᠶᠢᠳᠡ ᠶᠢᠨ ᠵᠤᠷᠢᠭ ᠢᠶᠠᠷ ᠭᠦᠴᠢᠷ ᠢ ᠲᠤᠭᠤᠯᠤᠨ ᠤᠷᠤᠭᠰᠢᠯᠠᠵᠤ᠂ ᠡᠯ᠎ᠡ ᠵᠦᠢᠯ ᠤᠨ | ᠠᠵᠢᠯ ᠢ ᠬᠦᠴᠢᠷ ᠪᠡᠷᠬᠡ ᠶᠢᠨ ᠲᠤᠮᠳᠠ ᠪᠦᠬᠦ ᠲᠠᠯ᠎ᠠ ᠪᠠᠷ ᠠᠬᠢᠭᠤᠯᠪᠠ︔ ᠴᠢᠨᠠᠷ ᠰᠠᠶᠢᠲᠠᠢ ᠬᠦᠭᠵᠢᠯᠲᠡ ᠶᠢ | ᠪᠡᠶᠡᠯᠡᠭᠦᠯᠬᠦ ᠪᠤᠲᠠᠲᠠᠢ ᠱᠠᠭᠠᠷᠳᠠᠯᠭ᠎ᠠ ᠶᠢᠨ ᠡᠮᠦᠨ᠎ᠡ᠂ ᠪᠢᠳᠡ ᠠᠷᠭ᠎ᠠ ᠬᠡᠮᠵᠢᠶ᠎ᠡ ᠪᠠᠨ ᠨᠢᠭᠡᠳᠦᠭᠦᠯᠦᠨ᠂ ᠨᠠᠷᠢᠨ | ᠤᠨᠤᠪᠴᠢᠲᠠᠢ ᠬᠦᠴᠦᠯᠡᠵᠦ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠲᠤᠮᠳᠠ ᠠᠵᠤ ᠠᠬᠤᠢ ᠶᠢᠨ | ᠬᠦᠭᠵᠢᠯᠲᠡ ᠶᠢᠨ ᠴᠢᠨᠠᠷ ᠢ ᠲᠡᠭᠡᠭᠰᠢᠯᠡᠬᠦᠯᠵᠤ ᠦᠷ᠎ᠡ ᠪᠦᠳᠦᠮᠵᠢ ᠶᠢ ᠨᠡᠮᠡᠭᠳᠡᠭᠦᠯᠪᠡ︔ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠯᠭᠠᠮ᠎ᠠ ᠬᠦᠰᠡᠯ ᠤᠨ ᠡᠮᠦᠨ᠎ᠡ᠂ ᠪᠢᠳᠡ ᠰᠡᠳᠬᠢᠯ ᠨᠢᠭᠡᠳᠦᠨ ᠬᠦᠴᠦ ᠪᠠᠨ | ᠬᠠᠮᠳᠤᠳᠬᠠᠵᠤ᠂ ᠡᠷᠡᠯᠬᠡᠭ ᠢᠶᠠᠷ ᠬᠠᠷᠢᠭᠤᠴᠠᠯᠭ᠎ᠠ ᠡᠭᠦᠷᠭᠡᠯᠡᠨ᠂ ᠨᠤᠷᠠᠭᠠᠨ ᠨᠡᠭᠦᠯᠭᠡᠵᠦ ᠦᠭᠡᠷᠡᠴᠢᠯᠡᠨ ᠵᠠᠰᠠᠬᠤ᠂ | ᠪᠣᠴᠠᠭᠠᠨ ᠲᠦᠪᠬᠢᠨᠡᠭᠦᠯᠬᠦ᠂ ᠭᠡᠷ ᠪᠠᠶᠢᠰᠢᠩ ᠤᠨ ᠦᠯᠡᠳᠡᠭᠳᠡᠯ ᠲᠦᠷᠦᠯ ᠵᠦᠢᠯ ᠤᠨ ᠦᠯᠦ ᠬᠦᠳᠡᠯᠬᠦ ᠬᠦᠷᠦᠩᠭᠡ ᠶᠢ | ᠲᠠᠩᠰᠠᠯᠠᠬᠤ ᠵᠡᠷᠭᠡ ᠠᠵᠢᠯ ᠤᠳ ᠪᠠᠬᠢᠯᠡᠯᠲᠡ ᠲᠠᠭᠠᠷᠢᠬᠤ ᠬᠦᠴᠢᠷ ᠢ ᠲᠤᠭᠤᠯᠬᠤ ᠲᠤᠮᠳᠠ ᠰᠢᠪᠳᠤᠯᠤᠯᠲᠠ ᠲᠠᠢ | ᠪᠤᠯᠪᠠ᠃ ᠡᠳᠡᠭᠡᠷ ᠦᠷ᠎ᠡ ᠪᠦᠳᠦᠮᠵᠢ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠠᠬᠭᠠᠨᠴᠢ ᠵᠢᠯᠤᠭᠤᠳᠤᠯᠭ᠎ᠠ᠂ | ᠠᠭᠤᠤ ᠶᠡᠭᠡ ᠦᠢᠯᠡᠳᠦᠯᠭᠡ ᠶᠢᠨ ᠦᠷ᠎ᠡ ᠳ᠋ᠦᠡᠭ ᠮᠦᠨ᠂ ᠲᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠠ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠭᠰᠡᠨ ᠦᠷ᠎ᠡ ᠳ᠋ᠦᠡᠭ ᠮᠦᠨ᠂ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ | ᠡᠯ᠎ᠡ ᠡᠳᠡᠭᠡᠳ ᠤᠨ ᠬᠢᠨᠡᠨ ᠱᠠᠭᠠᠷᠳᠠᠵᠤ ᠲᠡᠮᠵᠢᠭᠰᠡᠨ ᠤ ᠦᠷ᠎ᠡ ᠳ᠋ᠦᠡᠭ ᠮᠦᠨ᠂ ᠪᠦᠬᠦ ᠬᠤᠲᠠ ᠶᠢᠨ ᠦᠨᠳᠦᠰᠦᠳᠡᠨ | ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠦᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠪᠦᠬᠦ | ᠬᠤᠲᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠡᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠬᠢᠨ᠂ ᠡᠯ᠎ᠡ ᠠᠷᠠᠳ ᠤᠨ ᠪᠦᠯᠬᠦᠮ᠂ ᠰᠢᠯᠢ ᠶᠢᠨ ᠬᠤᠲᠠ ᠶᠢᠨ | ᠠᠵᠤ ᠠᠬᠤᠢ ᠨᠡᠶᠢᠭᠡᠮ ᠤᠨ ᠬᠦᠭᠵᠢᠯᠲᠡ ᠶᠢ ᠬᠠᠯᠠᠮᠵᠢᠯᠠᠨ ᠲᠡᠮᠵᠢᠵᠦ ᠢᠷᠡᠭᠰᠡᠨ ᠪᠦᠬᠦᠶᠢᠯᠡ ᠠᠵᠤ ᠠᠬᠤᠶᠢᠯᠠᠯᠲᠠᠨ | ᠪᠠ ᠨᠡᠶᠢᠭᠡᠮ ᠤᠨ ᠡᠯ᠎ᠡ ᠡᠳᠡᠭᠡᠳ ᠤᠨ ᠬᠦᠮᠦᠰ ᠲᠤ ᠡᠷᠭᠢᠮ ᠳᠡᠭᠡᠳᠦ ᠬᠦᠨᠳᠦᠳᠬᠡᠯ ᠪᠠ ᠴᠢᠩ ᠰᠡᠳᠭᠢᠯ ᠤᠨ | ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ︕ | ᠠᠮᠵᠢᠯᠲᠠ ᠪᠠᠨ ᠨᠤᠳᠠᠯᠠᠬᠤ ᠶᠢᠨ ᠬᠠᠮᠲᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠪᠠ | ᠵᠠᠰᠠᠭ ᠤᠨ ᠤᠷᠳᠤᠨ ᠤ ᠠᠵᠢᠯ ᠤᠨ ᠲᠤᠮᠳᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠤᠷᠤᠰᠢᠵᠤ | ᠪᠠᠶᠢᠬᠤ ᠶᠢ ᠪᠢᠳᠡ ᠰᠡᠷᠭᠡᠭ ᠢᠶᠠᠷ ᠤᠯᠵᠤ ᠬᠠᠷᠠᠬᠤ ᠴᠢᠬᠤᠯᠠᠲᠠᠢ᠃ ᠭᠤᠤᠯᠳᠠᠭᠤ᠄ ᠤᠯᠠᠮᠵᠢᠯᠠᠯᠲᠤ ᠡᠬᠢ ᠪᠠᠶᠠᠯᠢᠭ ᠤᠨ | ᠬᠡᠯᠪᠡᠷᠢᠲᠦ ᠠᠵᠦ ᠦᠢᠯᠡᠰ ᠤᠨ ᠡᠵᠡᠯᠡᠬᠦ ᠬᠠᠷᠢᠴᠠᠯ ᠨᠡᠯᠢᠶᠡᠳ ᠦᠨᠳᠦᠷ ᠪᠠᠶᠢᠵᠤ᠂ ᠰᠢᠨ᠎ᠡ ᠪᠠᠷ ᠬᠦᠭᠵᠢᠭᠰᠡᠨ ᠠᠵᠤ | ᠦᠢᠯᠡᠰ ᠤᠨ ᠬᠡᠪᠴᠢᠶ᠎ᠡ ᠨᠢ ᠨᠡᠯᠢᠶᠡᠳ ᠪᠠᠭ᠎ᠠ᠂ ᠰᠢᠨ᠎ᠡ ᠬᠦᠳᠡᠯᠭᠡᠭᠴᠢ ᠡᠨᠧᠷᠬᠢ ᠶᠢᠨ ᠲᠠᠪᠠᠭᠤᠯᠢᠭ ᠲᠤᠪᠤᠶᠢᠮ᠎ᠠ ᠪᠤᠰᠤ | ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠡᠭᠦᠷᠭᠡ ᠬᠦᠨᠳᠦ ᠪᠠᠶᠢᠭᠰᠠᠭᠠᠷ︔ ᠦᠯᠡᠳᠡᠵᠤ ᠪᠠᠶᠢᠭ᠎ᠠ ᠦᠷᠢ | ᠰᠢᠷᠢ ᠶᠢᠨ ᠬᠡᠮᠵᠢᠶ᠎ᠡ ᠨᠡᠯᠢᠶᠡᠳ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠡ | ᠪᠠᠶᠢᠵᠤ᠂ ᠴᠠᠯᠢᠩ ᠢ ᠪᠠᠳᠤᠯᠠᠬᠤ᠂ ᠡᠷᠬᠢᠯᠲᠡ ᠶᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠲᠠᠷᠤᠭᠠᠰᠤ | ᠲᠤᠩ ᠬᠦᠨᠲᠦ ᠪᠠᠶᠢᠭᠰᠠᠭᠠᠷ︔ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠲᠡ ᠭᠦᠢᠴᠡᠳ ᠪᠤᠰᠤ᠂ | ᠪᠡᠯᠨ ᠮᠦᠩᠭᠦ ᠬᠤᠷᠠᠮᠳᠤᠭᠤᠯᠬᠤ ᠳᠤ ᠬᠦᠴᠢᠷ᠂ ᠪᠡᠯᠨ ᠮᠦᠩᠭᠦ ᠬᠤᠷᠠᠮᠳᠤᠭᠤᠯᠬᠤ ᠳᠤ ᠦᠨᠡᠳᠡᠢ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠵᠦ ᠴᠢᠳᠠᠭ᠎ᠠ ᠦᠭᠡᠢ︔ ᠤᠨᠴᠠᠭᠠᠢ ᠵᠠᠷᠢᠮ ᠰᠠᠯᠠᠭ᠎ᠠ ᠮᠦᠴᠢᠷ ᠤᠨ ᠠᠵᠢᠯᠲᠠᠨ | ᠠᠵᠢᠯ ᠳᠠᠭᠠᠨ ᠬᠤᠶᠢᠷᠭᠤᠰᠢᠵᠤ᠂ ᠠᠵᠢᠯ ᠬᠢᠬᠦ ᠦᠭᠡᠢ ᠦᠵᠡᠭᠳᠡᠯ ᠮᠦᠨ ᠯᠨ ᠤᠷᠤᠰᠢᠵᠤ᠂ ᠡᠵᠡᠩᠨᠡᠯᠲᠡ ᠶᠢᠨ | ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ︔ ᠠᠮᠢ ᠠᠬᠤᠢ ᠶᠢᠨ ᠪᠣᠯᠪᠠᠰᠣᠨ ᠤ | ᠪᠦᠳᠦᠭᠡᠨ ᠪᠠᠶᠢᠭᠤᠯᠤᠯᠲᠠ ᠪᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠣᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠢ᠂ ᠲᠦᠮᠡᠨ ᠭᠠᠵᠠᠷ ᠤᠨ ᠨᠣᠭᠤᠭᠠᠨ ᠦᠩᠬᠡᠲᠦ ᠣᠷᠲᠣ ᠴᠠᠭᠠᠨ ᠬᠡᠷᠡᠮ ᠤᠨ ᠠᠮᠢ ᠠᠬᠤᠢ | ᠶᠢᠨ ᠬᠠᠯᠬᠠᠪᠴᠢ ᠶᠢᠨ ᠪᠦᠲᠦᠭᠡᠨ ᠪᠠᠶᠢᠭᠤᠯᠣᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠬᠤᠲᠠ ᠶᠢᠨ | ᠰᠠᠭᠤᠷᠢ ᠲᠦᠬᠦᠭᠡᠷᠦᠮᠵᠢ ᠨᠢ ᠦᠷᠭᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ᠬᠤᠯᠠ ᠵᠦᠷᠢᠶ᠎ᠡ ᠲᠠᠢ ᠪᠠᠶᠢᠵᠤ | ᠂ ᠮᠠᠯᠵᠢᠬᠤ ᠤᠷᠤᠨ ᠤ ᠤᠯᠡᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠲᠡᠭᠡᠭᠰᠢᠯᠡᠭᠦᠯᠬᠦ ᠴᠢᠬᠤᠯᠠᠲᠠᠢ᠂ ᠰᠤᠷᠭᠠᠨ ᠬᠦᠮᠦᠵᠢᠯ᠂ ᠠᠵᠢᠯ ᠤᠯᠭᠤᠯᠲᠠ᠂ ᠡᠮᠴᠢᠯᠡᠭᠡ᠂ ᠨᠠᠰᠤᠵᠢᠯ ᠤᠨ ᠠᠰᠠᠷᠠᠮᠵᠢ | ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠪᠠᠰᠠ | ᠬᠦᠷᠦᠯᠴᠡᠬᠦ ᠦᠭᠡᠢ ᠲᠠᠯ᠎ᠠ ᠤᠷᠤᠰᠢᠭᠰᠠᠭᠠᠷ ᠪᠠᠶᠢᠨ᠎ᠠ︔ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠤᠨ᠎ᠡ ᠵᠠᠷᠢᠮ | ᠺᠠᠳ᠋ᠷ ᠤᠨ ᠦᠵᠡᠯ ᠰᠠᠨᠠᠭ᠎ᠠ ᠦᠵᠡᠯᠲᠡ᠂ ᠰᠢᠨ᠎ᠡ ᠶᠢ ᠡᠭᠦᠳᠬᠦ ᠦᠵᠡᠯ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ | ᠵᠤᠷᠢᠭ ᠰᠠᠨᠠᠭ᠎ᠠ᠂ ᠴᠢᠳᠡᠪᠦᠷᠢ ᠬᠡᠪ ᠴᠢᠨᠠᠷ ᠨᠢ ᠪᠠᠰᠠ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠡᠷᠭᠡ | ᠪᠠᠶᠢᠳᠠᠯ ᠤᠷᠤᠰᠢᠵᠤ ᠪᠠᠶᠢᠨ᠎ᠠ᠃ ᠡᠶᠢᠮᠦ ᠠᠴᠠ ᠪᠢᠳᠡ ᠡᠷᠬᠡᠪᠰᠢ ᠲᠡᠭᠡᠲᠦ ᠬᠡᠮᠵᠢᠶ᠎ᠡ ᠪᠠᠷ ᠬᠦᠨᠳᠦᠳᠭᠡᠨ᠂ ᠬᠦᠴᠦᠨ | ᠪᠦᠬᠦᠢ ᠠᠷᠭ᠎ᠠ ᠬᠡᠮᠵᠢᠶ᠎ᠡ ᠶᠢ ᠠᠪᠴᠤ ᠦᠨᠡᠨᠬᠦ ᠴᠢᠷᠮᠠᠶᠢᠨ ᠰᠢᠢᠳᠪᠦᠷᠢᠯᠡᠬᠦ ᠬᠡᠷᠡᠭᠲᠡᠢ᠃ | ᠬᠤᠶᠠᠷ᠂ 2019 ᠤᠨ ᠤ ᠠᠵᠢᠯ ᠤᠨ ᠪᠠᠶᠢᠷᠢᠯᠠᠭᠤᠯᠤᠯᠲᠠ | ᠦᠨᠦ ᠵᠢᠯ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠤᠭᠡᠬᠦ ᠡᠴᠦᠰ ᠤᠨ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠮᠦᠨ | ᠃ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠡᠭᠡᠲᠤ ᠱᠠᠳᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠤᠪᠯᠡᠨ ᠠᠬᠢᠭᠤᠯᠵᠤ᠂ ︽ᠲᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ | ᠲᠤᠮᠳᠠ ᠤᠷᠤᠭᠰᠢᠯᠡᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ | ᠤᠶᠢᠯᠠᠭᠠᠭᠳᠠᠬᠤᠨ ᠢ ᠪᠠᠷᠢᠮᠲᠠᠯᠠᠨ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠬᠤ ᠶᠢ | ᠪᠠᠷᠢᠮᠳᠠᠯᠠᠨ᠂ ᠨᠡᠮᠡᠭᠳᠡᠯ ᠢ ᠲᠤᠭᠳᠠᠭᠤᠨ ᠪᠠᠶᠢᠯᠭᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠳᠦᠴᠡ ᠶᠢ | ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠳᠦᠯᠲᠡᠢ ᠲᠦᠯᠤᠪᠯᠡᠨ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ | ᠪᠦᠲᠦᠭᠡᠬᠦ ᠳᠤ ᠰᠢᠢᠳᠪᠦᠷᠢᠲᠦ ᠴᠢᠨᠠᠷ ᠲᠠᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠲᠠ ᠪᠦᠳᠦᠮᠵᠢ ᠪᠠᠷ ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠡ᠃ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5% | ᠤᠷᠴᠢᠮ ᠨᠡᠮᠡᠭᠳᠡᠬᠦᠯᠵᠤ᠂ ᠡᠩ ᠤᠨ ᠤᠯᠡᠨ ᠨᠡᠶᠢᠳᠡ ᠶᠢᠨ ᠲᠦᠰᠤᠪ ᠤᠨ ᠤᠷᠤᠯᠭ᠎ᠠ ᠶᠢ 1.1% ᠠᠴᠠ ᠲᠡᠭᠡᠭᠰᠢ | ᠨᠡᠮᠡᠭᠳᠡᠬᠦᠯᠤᠨ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 5.1% ᠤᠷᠴᠢᠮ | ᠨᠡᠮᠡᠭᠳᠡᠭᠦᠯᠤᠨ᠎ᠡ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠬᠡᠮᠵᠢᠶ᠎ᠡ ᠶᠢ 7. | 8% ᠤᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠤ | ᠪᠤᠯᠬᠤ ᠤᠷᠤᠯᠭ᠎ᠠ ᠶᠢ ᠲᠤᠰᠪᠤᠷᠢ 5% ᠪᠠ 7.5% ᠤᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ | ᠲᠠᠩᠰᠠᠯᠠᠭᠰᠠᠨ ᠠᠵᠢᠯ ᠠᠯᠳᠠᠭᠰᠠᠳ ᠤᠨ ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠨ᠎ᠠ᠃ ᠡᠨᠧᠷᠬᠢ ᠶᠢ | ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠨᠢ ᠲᠡᠭᠡᠲᠦ ᠱᠠᠳᠤᠨ ᠤ ᠪᠠᠭᠤᠯᠭᠠᠭᠰᠠᠨ ᠡᠭᠦᠷᠭᠡ | ᠬᠠᠷᠠᠯᠲᠠ ᠶᠢ ᠪᠡᠶᠡᠯᠡᠭᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠲᠠ ᠶᠢᠨ ᠲᠤᠭᠤᠷᠢᠨ ᠳᠤ᠂ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ | ᠲᠠᠢ ᠰᠠᠶᠢᠲᠣᠷ ᠠᠳᠬᠤᠨ᠎ᠠ᠄ | ︵ᠨᠢᠭᠡ︶ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ︾ ᠢ ᠯᠠᠪᠳᠠᠭᠤᠨ ᠪᠠᠲᠤᠲᠠᠢ ᠡᠮᠬᠢ ᠴᠡᠭᠴᠡ ᠲᠠᠢ | ᠰᠠᠶᠢᠳᠤᠷ ᠬᠢᠨ᠎ᠡ᠃ ᠲᠤᠭᠲᠠᠭᠰᠡᠨ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠨ᠂ ᠰᠡᠳᠬᠢᠯ ᠨᠢᠭᠡᠳᠦᠨ ᠬᠦᠴᠦ ᠪᠠᠨ | ᠬᠠᠮᠳᠤᠳᠬᠠᠵᠤ᠂ ᠠᠷᠭ᠎ᠠ ᠪᠤᠳᠤᠯᠭ᠎ᠠ ᠶᠢ ᠤᠨᠤᠪᠴᠢᠳᠠᠢ ᠲᠤᠭᠲᠠᠭᠠᠨ ᠬᠡᠷᠡᠭᠵᠢᠬᠦᠯᠵᠤ᠂ ︽ᠭᠤᠷᠪᠠᠨ ᠶᠡᠭᠡ | ᠰᠢᠪᠲᠤᠯᠤᠯᠲᠠ ᠶᠢᠨ ᠲᠠᠶᠢᠯᠠᠯᠳᠤᠭᠠᠨ︾ ᠤ ᠢᠯᠠᠯᠲᠠ ᠶᠢ ᠤᠯᠬᠤ ᠪᠠᠷ ᠡᠷᠡᠰ ᠲᠡᠮᠡᠴᠡᠨ᠎ᠡ᠃ | ᠨᠢᠭᠡ ᠳᠤ᠂ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠤᠷᠤᠨ ᠨᠤᠲᠤᠭ ᠤᠨ ᠵᠠᠰᠠᠭ ᠤᠨ | ᠤᠷᠳᠤᠨ ᠤ ᠦᠭᠴᠡᠭᠡ ᠶᠢ ᠢᠳᠡᠪᠬᠢᠲᠡᠢ ᠮᠦᠷᠲᠡᠭᠡᠨ ᠲᠤᠬᠢᠲᠠᠢ ᠰᠢᠢᠳᠪᠤᠷᠢᠯᠡᠨ᠂ ᠡᠳ᠋ ᠤᠨ ᠵᠠᠰᠠᠭ ᠤᠨ ᠲᠦᠰᠤᠪ ᠲᠤ | ᠣᠷᠣᠭᠤᠯᠬᠤ᠂ ᠡᠬᠢ ᠪᠠᠶᠠᠯᠢᠭ ᠢ ᠵᠤᠬᠢᠰᠲᠠᠢ ᠨᠡᠭᠡᠭᠡᠨ ᠠᠰᠢᠭᠯᠠᠬᠤ᠂ ᠠᠰᠢᠭᠯᠠᠭᠳᠠᠭ᠎ᠠ ᠦᠭᠡᠢ ᠤᠯᠤᠰ ᠤᠨ | ᠦᠮᠴᠢᠯᠡᠯ ᠤᠨ ᠬᠦᠷᠦᠩᠭᠡ ᠶᠢ ᠡᠷᠬᠢᠯᠲᠡ ᠳᠤ ᠤᠷᠤᠭᠤᠯᠬᠤ᠂ ᠵᠠᠰᠠᠭ ᠤᠨ ᠤᠷᠳᠤᠨ ᠤ ᠦᠩᠭᠡᠷᠡᠭᠰᠡᠨ ᠤ ᠠᠪᠴᠠᠭ᠎ᠠ | ᠶᠢ ᠬᠠᠤᠯᠢ ᠶᠤᠰᠤᠭᠠᠷ ᠪᠤᠴᠠᠭᠠᠨ ᠠᠪᠬᠤ ᠵᠡᠷᠭᠡ ︽ᠶᠡᠷᠤᠩᠬᠡᠶᠢᠯᠡᠭᠰᠡᠨ ᠠᠷᠭ᠎ᠠ ᠪᠤᠳᠤᠯᠭ᠎ᠠ︾ ᠶᠢ ᠰᠠᠶᠢᠲᠤᠷ ᠬᠡᠷᠡᠭᠯᠡᠵᠤ | ᠂ ᠦᠷᠢ ᠰᠢᠷᠢ ᠶᠢ ᠡᠮᠬᠢ ᠴᠡᠭᠴᠡ ᠲᠠᠢ ᠡᠷᠴᠢᠮᠲᠠᠢ ᠪᠠᠷ ᠠᠷᠢᠯᠭᠠᠵᠤ᠂ ᠤᠨ ᠤ ᠬᠠᠷᠠᠯᠲᠠ ᠡᠭᠦᠷᠭᠡ ᠶᠢᠨ | ᠪᠡᠶᠡᠯᠡᠭᠳᠡᠬᠦ ᠶᠢ ᠪᠠᠳᠤᠯᠠᠨ᠎ᠠ᠃ ᠦᠷᠢ ᠶᠢ ᠪᠠᠭᠠᠰᠬᠠᠬᠤ ᠪᠠ ᠬᠦᠭᠵᠢᠯᠲᠡ ᠶᠢᠨ ᠬᠠᠷᠢᠴᠠᠭ᠎ᠠ ᠶᠢ ᠵᠦᠪ ᠰᠢᠢᠳᠪᠦᠷᠢᠯᠡᠵᠦ᠂ | ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠭᠡ ᠶᠢᠨ ᠬᠠᠮᠳᠤᠷᠠᠨ ᠠᠵᠢᠯᠯᠠᠬᠤ᠂ ᠵᠠᠰᠠᠭ ᠤᠨ ᠤᠷᠳᠤᠨ ᠤ | ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠵᠢᠯᠯᠠᠭ᠎ᠠ ᠶᠢ ᠬᠠᠤᠯᠢ ᠶᠤᠰᠤᠭᠠᠷ ᠲᠦᠷᠢᠮᠵᠢᠭᠦᠯᠵᠦ᠂ | ᠬᠠᠤᠯᠢ ᠪᠤᠰᠤ ᠪᠠᠷ ᠦᠷᠢ ᠭᠠᠷᠭᠠᠬᠤ ᠶᠢ ᠡᠷᠡᠰ ᠬᠤᠷᠢᠭᠯᠠᠨ᠎ᠠ᠃ ᠭᠠᠶᠢᠯᠢ ᠶᠢᠨ ᠢᠷᠡᠯᠲᠠ ᠶᠢ ᠪᠤᠶᠢᠵᠢᠭᠤᠯᠤᠨ | ᠬᠠᠳᠠᠭᠠᠯᠠᠬᠤ ᠶᠢ ᠴᠢᠩᠭᠠᠳᠬᠠᠨ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠴᠢᠨᠠᠷ ᠢ ᠲᠡᠭᠡᠭᠰᠢᠯᠡᠭᠦᠯᠦᠨ ᠬᠡᠮᠵᠢᠶ᠎ᠡ ᠶᠢ | ᠨᠡᠮᠡᠭᠳᠡᠬᠦᠯᠤᠨ᠎ᠡ᠃ ᠵᠠᠰᠠᠭ ᠤᠨ ᠤᠷᠳᠤᠨ ᠤ ᠴᠢᠨᠠᠷ ᠲᠠᠢ ᠪᠡᠯᠡ ᠤᠷᠤᠭᠤᠯᠬᠤ ᠪᠡᠯᠨ ᠬᠤᠷᠠᠮᠳᠤᠭᠤᠯᠬᠤ ᠲᠠᠪᠴᠠᠩ ᠤᠨ | ᠦᠷᠢ ᠰᠢᠷᠢ ᠶᠢ ᠰᠠᠯᠭᠠᠬᠤ ᠪᠠ ᠵᠠᠬ᠎ᠠ ᠳᠡᠯᠭᠡᠭᠦᠷᠴᠢᠯᠡᠨ ᠬᠤᠪᠢᠷᠠᠭᠤᠯᠬᠤ ᠶᠢ ᠲᠦᠷᠭᠡᠳᠭᠡᠨ᠂ ᠪᠤᠳᠠᠳᠤ ᠡᠷᠬᠢᠯᠲᠡ ᠶᠢᠨ | ᠴᠢᠨᠠᠷ ᠲᠠᠢ ᠤᠯᠤᠰ ᠤᠨ ᠦᠮᠴᠢᠯᠡᠯ ᠤᠨ ᠪᠡᠯᠡ ᠤᠷᠤᠭᠤᠯᠤᠯᠲᠠ ᠶᠢᠨ ᠺᠤᠮᠫᠠᠨᠢ ᠶᠢ ᠨᠠᠶᠢᠯᠡᠬᠦᠯᠤᠨ ᠲᠠᠬᠢᠨ ᠪᠠᠶᠢᠭᠤᠯᠵᠤ | ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠤᠨ᠎ᠡ᠃ | ᠬᠡᠯᠡᠯᠴᠡᠭᠡᠷ ᠬᠢᠬᠦ ᠪᠠᠷ ᠳᠠᠮᠵᠢᠵᠣ ᠭᠡᠰᠡᠭ ᠦᠨᠳᠦᠷ ᠬᠦᠦ ᠲᠠᠢ ᠤᠬᠤᠷ ᠬᠤᠭᠤᠴᠠᠭᠠᠨ ᠤ ᠮᠦᠩᠭᠦᠨ ᠭᠦᠢᠯᠭᠡᠭᠡᠨ ᠤ | ᠪᠤᠰᠤ ᠬᠤᠷᠠᠮᠳᠤᠯᠠᠭ᠎ᠠ ᠶᠢᠨ ᠪᠡᠯᠨ ᠮᠦᠩᠬᠦ ᠶᠢᠨ ᠬᠤᠭᠤᠴᠠᠭ᠎ᠠ ᠶᠢ ᠣᠷᠲᠣᠳᠬᠠᠵᠣ᠂ ᠤᠳᠤᠬᠠᠨ ᠤ ᠡᠳ᠋ ᠤᠨ | ᠵᠠᠰᠠᠭ ᠤᠨ ᠵᠠᠷᠤᠳᠠᠯ ᠤᠨ ᠲᠠᠷᠤᠭᠠᠰᠤ ᠶᠢ ᠬᠦᠩᠭᠡᠯᠡᠵᠦ᠂ ︽ᠴᠠᠯᠢᠩ ᠢ ᠪᠠᠳᠤᠯᠠᠵᠤ᠂ ᠡᠷᠭᠢᠯᠲᠡ ᠶᠢ ᠪᠠᠳᠤᠯᠠᠨ᠂ | ᠠᠷᠠᠳ ᠤᠨ ᠦᠨᠳᠦᠰᠦᠨ ᠠᠮᠢᠳᠤᠷᠠᠯ ᠢ ᠪᠠᠳᠤᠯᠠᠬᠤ︾ ᠰᠠᠭᠤᠷᠢ ᠱᠤᠭᠤᠮ ᠢ ᠡᠷᠡᠰ ᠰᠠᠬᠢᠨ᠎ᠠ᠃ ᠠᠷᠠᠳ ᠤᠨ | ᠳᠣᠮᠳᠠᠬᠢ ᠪᠡᠯᠡ ᠤᠷᠤᠭᠤᠯᠬᠤ ᠪᠡᠯᠨ ᠬᠤᠷᠠᠮᠳᠤᠭᠤᠯᠬᠤ ᠵᠠᠭᠤᠴᠢ ᠪᠠᠶᠢᠭᠤᠯᠤᠮᠵᠢ᠂ ᠢᠨᠲ᠋ᠧᠷ ᠰᠦᠯᠵᠢᠶᠡᠨ ᠤ | ᠮᠦᠩᠭᠦᠨ ᠭᠦᠢᠯᠭᠡᠭᠡᠨ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠮᠦᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠬᠠᠤᠯᠢ ᠪᠤᠰᠤ ᠮᠦᠩᠭᠦᠨ ᠭᠦᠢᠯᠭᠡᠭᠡᠨ ᠤ | ᠠᠵᠢᠯᠯᠠᠭ᠎ᠠ ᠳᠤ ᠡᠷᠡᠰ ᠴᠤᠬᠢᠯᠲᠠ ᠦᠭᠭᠦᠨ᠎ᠡ᠃ | ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠢ ᠤᠨᠤᠪᠴᠢᠲᠠᠢ ᠪᠠᠷ | ᠬᠢᠨ᠎ᠡ᠃ ︽ᠵᠢᠷᠭᠤᠭ᠎ᠠ ᠶᠢ ᠤᠨᠤᠪᠴᠢᠲᠠᠢ ᠪᠠᠶᠢᠯᠭᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | 72 ᠡᠷᠦᠬᠡ 228 ᠨᠡᠷ᠎ᠡ ᠲᠠᠩᠰᠠ ᠺᠠᠷᠲ ᠪᠠᠶᠢᠭᠤᠯᠤᠭᠰᠡᠨ ᠶᠠᠳᠠᠭᠤ ᠭᠦᠴᠢᠷᠲᠡᠯᠲᠡᠢ ᠡᠷᠦᠬᠡ ᠶᠢ ᠬᠠᠪᠰᠤᠷᠤᠨ | ᠲᠡᠳᠭᠦᠬᠦ ᠬᠦᠴᠦᠯᠡᠴᠡ ᠶᠢ ᠴᠢᠩᠭᠠᠳᠬᠠᠨ᠎ᠠ᠃ ᠶᠠᠳᠠᠭᠤ ᠵᠦᠭ ᠬᠠᠪᠢᠳᠠᠵᠤ ᠪᠠᠶᠢᠭ᠎ᠠ ᠡᠷᠦᠬᠡ ᠶᠢ ᠨᠢᠬᠲᠠ ᠠᠩᠬᠠᠷᠴᠣ᠂ | ᠰᠢᠨ᠎ᠡ ᠶᠠᠳᠠᠭᠤ ᠡᠷᠤᠬᠡ ᠭᠠᠷᠬᠤ ᠠᠴᠠ ᠰᠡᠷᠭᠡᠶᠢᠯᠡᠬᠦ ᠬᠡᠷᠡᠭᠲᠡᠢ᠃ ︽ᠬᠤᠶᠠᠷ ᠲᠤ ᠵᠤᠪᠠᠭ᠋ᠤ ᠦᠭᠡᠢ ᠭᠤᠷᠪᠠ ᠶᠢ | ᠪᠠᠲᠤᠯᠠᠬᠤ︾ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠭᠦᠬᠦ᠂ ᠡᠷᠡᠭᠦᠯ | ᠴᠢᠬᠢᠷᠠᠭ ᠢᠶᠠᠷ ᠶᠠᠳᠠᠭᠤ ᠶᠢ ᠲᠡᠳᠭᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠬᠦ ᠵᠡᠷᠭᠡ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠭᠦᠬᠦ ᠠᠵᠢᠯ ᠤᠨ ᠪᠤᠳᠠᠳᠤ ᠦᠷ᠎ᠡ ᠠᠰᠢᠭ ᠢ | ᠲᠡᠭᠡᠭᠰᠢᠯᠡᠭᠦᠯᠦᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠮ᠎ᠠ ᠰᠠᠶᠢᠳᠤᠷ ᠠᠳᠬᠤᠵᠤ᠂ | ᠮᠠᠯᠴᠢᠨ ᠡᠷᠦᠬᠡ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠯᠴᠠᠭ᠎ᠠ ᠶᠢᠨ ᠬᠡᠯᠪᠡᠷᠢ ᠶᠢ ᠲᠡᠭᠦᠯᠳᠡᠷᠵᠢᠭᠦᠯᠵᠦ᠂ | ᠠᠵᠣ ᠦᠢᠯᠡᠰ ᠢᠶᠠᠷ ᠤᠷᠤᠯᠭ᠎ᠠ ᠪᠠᠨ ᠨᠡᠮᠡᠭᠳᠡᠭᠦᠯᠬᠦ ᠶᠢ ᠪᠡᠶᠡᠯᠡᠬᠦᠯᠤᠨ᠎ᠡ︔ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠤᠯᠠᠨ ᠲᠠᠯ᠎ᠠ ᠪᠠᠷ ᠡᠷᠢᠯᠬᠢᠯᠡᠵᠦ᠂ ᠲᠠᠯ᠎ᠠ ᠨᠤᠳᠤᠭ ᠤᠨ ᠮᠦᠬᠦ ᠲᠠᠷᠢᠬᠤ ᠵᠡᠷᠭᠡ ᠲᠡᠵᠢᠭᠡᠨ ᠠᠷᠠᠴᠢᠯᠠᠬᠤ ᠠᠵᠣ | ᠦᠢᠯᠡᠰ ᠠᠴᠠ ᠪᠤᠰᠤᠳ ᠲᠦᠷᠦᠯ ᠵᠦᠢᠯ ᠢ ᠪᠤᠶᠢᠵᠢᠭᠤᠯᠤᠨ ᠬᠦᠭᠵᠢᠬᠦᠯᠵᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠤᠯᠡᠨ ᠵᠦᠢᠯ ᠤᠨ ᠠᠷᠭ᠎ᠠ ᠵᠠᠮ ᠢ ᠨᠡᠭᠡᠭᠡᠵᠦ᠂ ᠶᠠᠳᠠᠭᠤ ᠬᠦᠴᠢᠷᠲᠡᠢ ᠬᠦᠮᠦᠰ ᠤᠨ ᠲᠤᠳᠤᠭᠠᠲᠤ | ᠬᠦᠭᠵᠢᠯᠲᠡ ᠶᠢᠨ ᠬᠦᠴᠦᠨ ᠢ ᠨᠡᠮᠡᠭᠳᠡᠭᠦᠯᠦᠨ᠎ᠡ᠃ ᠬᠦᠳᠡᠯᠤᠩᠬᠦᠢ ᠬᠠᠮᠢᠶᠠᠷᠤᠯᠲᠠ ᠶᠢ ᠴᠢᠩᠭᠠᠳᠬᠠᠨ᠂ ᠨᠠᠷᠢᠯᠢᠭ | ᠤᠨᠤᠪᠴᠢᠲᠠᠢ ᠪᠠᠷ ᠢᠯᠭᠠᠨ ᠲᠤᠭᠲᠠᠭᠠᠬᠤ ᠪᠠ ᠤᠬᠤᠷᠢᠨ ᠭᠠᠷᠬᠤ ᠶᠠᠪᠤᠴᠠ ᠶᠢ ᠴᠢᠩᠭ᠎ᠠ ᠪᠠᠶᠢᠯᠭᠠᠵᠤ᠂ ᠲᠡᠦᠬᠡ ᠪᠠ | ᠦᠢᠯᠡᠳᠦᠯᠭᠡ ᠶᠢᠨ ᠰᠢᠯᠭᠠᠯᠲᠠ ᠶᠢ ᠲᠠᠭᠠᠭᠠᠬᠤ ᠪᠤᠯᠭᠠᠨ᠎ᠠ᠃ | ᠭᠤᠷᠪᠠ ᠳᠤ᠂ ᠤᠷᠴᠢᠨ ᠲᠤᠭᠤᠷᠢᠨ ᠤ ᠬᠠᠮᠠᠭᠠᠯᠠᠯᠲᠠ ᠶᠢ ᠦᠨᠡᠨᠬᠦ ᠴᠢᠩᠭᠠᠳᠬᠠᠨ᠎ᠠ᠃ ᠰᠢ ᠶᠢᠨ ᠫᠢᠩ ᠶᠡᠷᠤᠩᠬᠡᠢ | ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ | ᠬᠢᠨᠡᠨ ᠵᠦᠪᠯᠡᠬᠦ ᠳᠤ ᠤᠷᠤᠯᠴᠠᠬᠤ ᠳᠤ ᠬᠢᠭᠰᠡᠨ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠤᠳᠤᠯᠭ᠎ᠠ ᠶᠢᠨ ᠲᠤᠭᠲᠠᠪᠤᠷᠢᠲᠤ ᠬᠦᠴᠦᠨ ᠢᠶᠠᠨ ᠪᠠᠲᠤᠯᠠᠨ᠂ ᠠᠮᠢ ᠠᠬᠤᠢ ᠶᠢᠨ ᠦᠷᠡᠭᠳᠡᠯ ᠢᠶᠠᠷ ᠠᠵᠤ ᠠᠬᠤᠢ ᠶᠢᠨ | ᠨᠡᠮᠡᠭᠳᠡᠯ ᠢ ᠰᠤᠯᠢᠬᠤ ᠦᠭᠡᠢ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠨᠤᠭᠤᠭᠠᠨ ᠬᠦᠭᠵᠢᠯᠲᠡ ᠪᠠᠷ ᠵᠦᠭᠯᠡᠭᠦᠷ | ᠪᠤᠯᠭᠠᠭᠰᠡᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃ | ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠡᠯᠴᠢᠭᠡᠷᠯᠡᠬᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠡᠨ ᠪᠠᠶᠢᠳᠠᠯ ᠢ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ | ᠱᠠᠩᠨᠠᠯ ᠤᠨ ᠲᠦᠷᠦ ᠶᠢᠨ ᠪᠤᠳᠤᠯᠭ᠎ᠠ ᠲᠠᠢ ᠬᠤᠯᠪᠤᠭᠳᠠᠭᠤᠯᠬᠤ ᠲᠤᠭᠳᠠᠴᠠ ᠶᠢ ᠴᠢᠩᠭ᠎ᠠ ᠬᠡᠷᠡᠭᠵᠢᠭᠦᠯᠦᠨ᠂ ᠨᠦᠬᠦᠪᠦᠷᠢ | ᠱᠠᠩᠨᠠᠯ ᠤᠨ ᠪᠡᠯᠡ ᠮᠦᠩᠭᠦ ᠶᠢ ᠬᠠᠮᠤᠭ ᠶᠡᠭᠡ ᠦᠷ᠎ᠡ ᠠᠰᠢᠭ ᠲᠠᠢ ᠪᠤᠯᠭᠠᠨ᠎ᠠ᠃ ᠬᠠᠪᠤᠷ ᠤᠨ ᠤᠯᠠᠷᠢᠯ ᠳᠤ ᠨᠤᠭᠤᠭ᠎ᠠ | ᠭᠠᠷᠬᠤ ᠦᠶ᠎ᠡ ᠪᠠᠷ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ ᠠᠵᠢᠯ ᠢ ᠦᠷᠬᠦᠯᠵᠢᠯᠡᠨ ᠬᠡᠷᠡᠭᠵᠢᠭᠦᠯᠵᠤ᠂ | ᠨᠤᠲᠤᠭ ᠪᠡᠯᠴᠢᠭᠡᠷ ᠢ ᠰᠡᠷᠭᠦᠭᠡᠵᠤ ᠰᠠᠶᠢᠵᠢᠷᠠᠭᠤᠯᠤᠨ᠎ᠠ᠃ ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠯᠤᠰ ᠤᠨ | ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠭᠤᠤᠯ ᠤᠷᠤᠨ ᠪᠠ G207 ᠵᠠᠮ ᠲᠠᠭᠠᠤ ᠶᠢᠨ | ᠬᠤᠷᠢᠭᠠᠲᠤ ᠤᠷᠤᠨ ᠤ ᠬᠠᠮᠠᠭᠠᠯᠠᠯᠳᠠ ᠶᠢᠨ ᠠᠵᠢᠯ ᠢ ᠢᠳᠡᠪᠬᠢᠲᠡᠢ ᠠᠬᠢᠭᠤᠯᠤᠨ᠂ ᠬᠠᠮᠠᠭᠠᠯᠠᠯᠲᠠ ᠶᠢᠨ ᠭᠤᠤᠯ | ᠤᠷᠤᠨ ᠤ ᠮᠠᠯᠴᠢᠳ ᠲᠤ ᠨᠦᠬᠦᠪᠦᠷᠢ ᠦᠭᠴᠤ ᠨᠡᠭᠦᠯᠭᠡᠬᠦ ᠠᠵᠢᠯ ᠢ ᠴᠢᠷᠮᠠᠶᠢᠨ ᠬᠡᠷᠡᠭᠵᠢᠭᠦᠯᠵᠦ᠂ ᠬᠤᠲᠠ ᠶᠢᠨ | ᠤᠶᠢᠷ᠎ᠠ ᠬᠠᠪᠢ ᠶᠢᠨ ᠨᠤᠳᠤᠭ ᠪᠡᠯᠴᠢᠭᠡᠷ ᠲᠤ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠦ ᠶᠢᠨ ᠪᠤᠳᠤᠯᠭ᠎ᠠ | ᠬᠡᠷᠡᠭᠵᠢᠭᠦᠯᠬᠦ ᠶᠢ ᠰᠦᠪᠡᠭᠴᠢᠯᠡᠵᠤ᠂ ᠭᠤᠤᠯᠳᠠᠯᠭᠠᠲᠤ ᠤᠷᠤᠨ ᠤ ᠬᠠᠮᠠᠭᠠᠯᠠᠯᠲᠠ ᠶᠢᠨ ᠦᠷ᠎ᠡ ᠠᠰᠢᠭ ᠢ | ᠲᠡᠭᠡᠭᠰᠢᠯᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠨ᠂ 191 ᠲᠦᠮᠡᠨ ᠮᠦ ᠠᠮᠢ | ᠠᠬᠤᠢ ᠶᠢᠨ ᠪᠦᠲᠤᠭᠡᠨ ᠪᠠᠶᠢᠭᠤᠯᠤᠯᠲᠠ ᠶᠢ ᠪᠡᠶᠡᠯᠡᠬᠦᠯᠵᠤ ᠂ 3.4 ᠲᠡᠭᠰᠢ ᠲᠦᠷᠪᠡᠯᠵᠢᠨ ᠺᠢᠯᠤᠮᠧᠲᠷ ᠠᠭᠤᠷᠬᠠᠢ ᠶᠢᠨ | ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠤᠨ᠎ᠠ᠃ ᠵᠠᠳᠠᠭᠠᠢ ᠠᠭᠤᠷᠬᠠᠢ ᠶᠢᠨ ᠤᠷᠴᠢᠨ | ᠲᠤᠭᠤᠷᠢᠨ ᠢ ᠵᠠᠰᠠᠬᠤ᠂ ᠭᠠᠷᠭᠠᠭᠰᠠᠨ ᠰᠢᠷᠤᠢ ᠶᠢ ᠨᠤᠭᠤᠭᠠᠷᠠᠭᠤᠯᠬᠤ ᠠᠵᠢᠯ ᠢ ᠴᠢᠩᠭᠠᠳᠬᠠᠨ᠂ ᠪᠤᠬᠢᠷᠳᠤᠯ ᠦᠭᠡᠢ | ᠡᠶ᠎ᠡ ᠵᠤᠬᠢᠴᠠᠯᠲᠠᠢ ᠠᠭᠤᠷᠬᠠᠢ ᠶᠢᠨ ᠲᠤᠭᠤᠷᠢᠭ ᠢ ᠪᠠᠶᠢᠭᠤᠯᠤᠨ᠎ᠠ᠃ ᠨᠤᠳᠤᠭ ᠪᠡᠯᠴᠢᠭᠡᠷ ᠤᠨ ᠬᠢᠨᠡᠨ ᠬᠠᠮᠢᠶᠠᠷᠤᠯᠲᠠ | ᠶᠢᠨ ᠬᠠᠤᠯᠢ ᠬᠡᠷᠡᠭᠵᠢᠭᠦᠯᠤᠯᠲᠡ ᠶᠢ ᠴᠢᠩᠭᠠᠳᠬᠠᠨ᠂ ᠪᠡᠯᠴᠢᠭᠡᠷᠯᠡᠬᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ | ᠲᠡᠩᠴᠡᠭᠦᠷᠢ ᠶᠢᠨ ᠲᠦᠷᠢᠮ ᠢ ᠵᠦᠷᠢᠴᠡᠭᠰᠡᠨ ᠦᠢᠯᠨ ᠠᠵᠢᠯᠯᠠᠭ᠎ᠠ ᠶᠢ ᠴᠠᠭ ᠲᠠᠷᠤᠢ ᠳᠤᠨᠢ ᠵᠠᠯᠠᠷᠠᠭᠤᠯᠵᠤ᠂ | ᠲᠤᠷ᠎ᠠ ᠪᠠᠷ ᠮᠠᠯᠳᠠᠵᠤ ᠰᠦᠢᠳᠭᠡᠬᠦ ᠵᠡᠷᠭᠡ ᠨᠤᠳᠤᠭ ᠪᠡᠯᠴᠢᠭᠡᠷ ᠢ ᠡᠪᠳᠡᠬᠦ ᠬᠡᠷᠡᠭ ᠶᠠᠪᠤᠳᠠᠯ ᠢ ᠬᠠᠤᠯᠢ ᠶᠤᠰᠤᠭᠠᠷ | ᠪᠠᠶᠢᠴᠠᠭᠠᠨ ᠰᠢᠢᠳᠪᠦᠷᠢᠯᠡᠨ᠎ᠡ᠃ ᠭᠤᠤᠯ ᠨᠠᠭᠤᠷ ᠢ ᠭᠤᠷᠪᠠᠨ ᠱᠠᠲᠤ ᠪᠠᠷ ᠲᠤᠭᠤᠷᠢᠨ ᠪᠠᠶᠢᠴᠠᠭᠠᠬᠤ ᠲᠦᠷᠢᠮ ᠢ | ᠶᠡᠬᠡᠪᠡᠷ ᠠᠬᠢᠭᠤᠯᠤᠨ᠂ ᠭᠤᠤᠯ ᠨᠠᠭᠤᠷ ᠢ ᠵᠠᠰᠠᠬᠤ ᠠᠷᠭ᠎ᠠ ᠬᠡᠮᠵᠢᠶ᠎ᠡ ᠪᠦᠲᠤᠮᠵᠢᠲᠠᠢ ᠪᠠᠶᠢᠬᠤ ᠶᠢ ᠪᠠᠲᠤᠯᠠᠨ᠎ᠠ᠃ | ᠲᠡᠭᠡᠲᠦ ᠱᠠᠳᠤᠨ ᠤ ᠲᠦᠷᠦᠯ ᠵᠦᠢᠯ ᠤᠨ ᠪᠡᠯᠡ ᠮᠦᠩᠭᠦ ᠶᠢ ᠢᠳᠡᠪᠬᠢᠲᠡᠢ ᠤᠯᠵᠤ᠂ ᠰᠢᠯᠢ ᠶᠢᠨ ᠭᠤᠤᠯ ᠤᠨ | ᠤᠷᠤᠰᠬᠠᠯ ᠤᠷᠤᠨ ᠤ ᠵᠠᠰᠠᠯᠲᠠ ᠶᠢ ᠲᠦᠷᠭᠡᠳᠭᠡᠨ᠂ ︽ᠡᠵᠢ ᠭᠤᠤᠯ︾ ᠢᠶᠠᠨ ᠰᠠᠶᠢᠳᠤᠷ ᠬᠠᠮᠠᠭᠠᠯᠠᠨ᠎ᠠ᠃ ᠤᠰᠤ | ᠪᠤᠯ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠮᠢᠨ ᠰᠤᠳᠠᠰᠤ᠂ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠮᠦᠨ᠃ ᠤᠰᠤᠨ ᠤ ᠡᠬᠢ ᠪᠠᠶᠠᠯᠢᠭ ᠤᠨ ᠲᠤᠳᠠᠮᠠᠭ ᠪᠠᠶᠢᠭ᠎ᠠ ᠨᠢ ᠤᠳᠤᠬᠠᠨ ᠤ | ᠮᠠᠨ ᠤ ᠬᠤᠲᠠ ᠳᠤ ᠲᠤᠯᠭᠠᠷᠠᠵᠤ ᠪᠠᠶᠢᠭ᠎ᠠ ᠲᠤᠪᠤᠶᠢᠮ᠎ᠠ ᠠᠰᠠᠭᠤᠳᠠᠯ ᠶᠤᠮ᠂ ᠤᠰᠤᠨ ᠤ ᠡᠬᠢ ᠪᠠᠶᠠᠯᠢᠭ ᠢ ᠬᠠᠮᠠᠭᠠᠯᠠᠨ | ᠠᠰᠢᠭᠯᠠᠬᠤ ᠨᠢ ᠪᠠᠴᠢᠮ ᠲᠤᠯᠭᠠᠮ᠎ᠠ ᠮᠦᠷᠲᠡᠭᠡᠨ ᠬᠤᠶᠢᠰᠢᠯᠠᠭᠤᠯᠵᠤ ᠪᠤᠯᠤᠰᠢ ᠦᠭᠡᠢ ᠶᠠᠪᠤᠳᠠᠯ ᠮᠦᠨ᠂ ᠡᠨᠡ ᠵᠢᠯ ᠤᠨ | ᠡᠯ᠎ᠡ ᠵᠦᠢᠯ ᠤᠨ ᠵᠠᠰᠠᠬᠤ ᠠᠵᠢᠯ ᠤᠨ ᠴᠢᠬᠤᠯᠡ ᠠᠴᠠ ᠴᠢᠬᠤᠯᠡ ᠶᠠᠪᠤᠳᠠᠯ ᠪᠤᠯᠤᠭᠠᠳ ᠪᠠᠶᠢᠨ᠎ᠠ᠃ ᠬᠠᠮᠤᠭ ᠴᠢᠩᠭ᠎ᠠ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠤᠰᠤᠨ ᠤ ᠬᠤᠷᠤᠭᠳᠠᠯ | ᠢᠶᠠᠷ ᠶᠡᠭᠡ ᠲᠦᠷᠤᠯ ᠵᠦᠢᠯ ᠢ ᠰᠢᠨ᠎ᠡ ᠪᠠᠷ ᠪᠠᠶᠢᠭᠤᠯᠬᠤ ᠶᠢ ᠡᠷᠡᠰ ᠴᠠᠭᠠᠵᠠᠯᠠᠨ᠎ᠠ᠂ ᠵᠢᠯ ᠤᠨ ᠲᠤᠳᠤᠷ᠎ᠠ ᠵᠦᠪᠰᠢᠶᠡᠷᠡᠯ | ᠦᠭᠡᠢ ᠪᠠᠷ ᠦᠪᠡᠷᠳᠡᠭᠡᠨ ᠲᠤᠷ᠎ᠠ ᠪᠠᠷ ᠮᠠᠯᠲᠠᠭᠰᠠᠨ ᠬᠤᠳᠳᠤᠭ ᠢ ᠪᠦᠬᠦᠨ ᠢ ᠪᠢᠳᠡᠭᠦᠮᠵᠢᠯᠡᠨ ᠪᠤᠯᠠᠵᠤ᠂ ᠲᠤᠰᠬᠠᠢ | ᠲᠤᠭᠳᠠᠭᠠᠯ ᠪᠠ ᠤᠨᠴᠠᠭᠠᠢ ᠱᠠᠭᠠᠷᠳᠠᠯᠭ᠎ᠠ ᠪᠠᠶᠢᠬᠤ ᠠᠴᠠ ᠪᠤᠰᠤᠳ ᠨᠦᠬᠦᠴᠡᠯ ᠳᠤ ᠨᠡᠶᠢᠴᠡᠬᠦ ᠦᠢᠯᠡᠳᠪᠦᠷᠢᠯᠡᠯ ᠤᠨ | ᠠᠵᠢᠯ ᠲᠦᠷᠦᠯ ᠤᠨ ᠬᠢᠨ ᠳᠤ ᠴᠦᠮ ᠲᠠᠬᠢᠨ ᠴᠡᠪᠡᠷᠰᠢᠬᠦᠯᠤᠭ᠍ᠰᠡᠨ ᠤᠰᠤ ᠶᠢ ᠠᠯᠪᠠᠳᠠᠯᠭ᠎ᠠ ᠶᠢᠨ ᠴᠢᠨᠠᠷᠲᠠᠢ ᠪᠠᠷ | ᠬᠡᠷᠡᠭᠯᠡᠬᠦᠯᠬᠦ ᠬᠡᠷᠡᠭᠲᠠᠢ᠃ ᠬᠡᠪᠴᠢᠶᠡᠵᠢᠭᠰᠡᠨ ᠲᠠᠷᠢᠶᠠᠯᠠᠩ ᠠᠵᠤ ᠠᠬᠤᠢ ᠶᠢᠨ ᠲᠠᠷᠢᠵᠤ ᠲᠡᠵᠢᠭᠡᠬᠦ ᠰᠠᠭᠤᠷᠢᠨ ᠭᠠᠵᠠᠷ | ᠬᠡᠮᠵᠢᠭᠦᠷ ᠤᠨ ᠲᠦᠬᠦᠭᠡᠷᠦᠮᠵᠢ ᠤᠭᠰᠠᠷᠠᠴᠤ᠂ ᠤᠯᠠᠨ ᠨᠡᠶᠢᠲᠡ ᠶᠢᠨ ᠪᠠᠶᠢᠭᠤᠯᠤᠮᠵᠢ ᠳᠤ ᠠᠯᠪᠠᠳᠠᠯᠭ᠎ᠠ ᠪᠠᠷ ᠤᠰᠤ | ᠠᠷᠪᠢᠯᠠᠬᠤ ᠲᠦᠬᠦᠭᠡᠷᠦᠮᠵᠢ ᠶᠢ ᠲᠦᠭᠡᠮᠡᠯᠵᠢᠬᠦᠯᠵᠤ᠂ ᠭᠠᠵᠠᠷ ᠲᠤᠤᠷᠠᠬᠢ ᠤᠰᠤ ᠶᠢ ᠨᠦᠬᠦᠵᠦ ᠠᠯᠭᠤᠷ ᠢᠶᠠᠷ | ᠲᠡᠩᠴᠡᠭᠦᠷᠢᠰᠢᠭᠦᠯᠦᠨ᠂ ᠠᠵᠤ ᠠᠬᠤᠢ ᠨᠡᠶᠢᠭᠡᠮ ᠤᠨ ᠦᠷᠬᠦᠯᠵᠢᠯᠡᠵᠤ ᠪᠤᠯᠬᠤᠶᠢᠴᠠ ᠬᠦᠭᠵᠢᠯᠲᠡ ᠶᠢ ᠪᠡᠶᠡᠯᠡᠭᠦᠯᠦᠨ᠎ᠡ᠃ | | ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ︽ᠡᠷᠬᠢᠵᠦ ᠬᠠᠷᠠᠬᠤ︾ ᠪᠠ | ᠡᠯ᠎ᠡ ᠱᠠᠳᠤᠨ ᠤ ᠡᠯ᠎ᠡ ᠲᠦᠷᠦᠯ ᠤᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠡᠨ ᠠᠰᠠᠭᠤᠳᠠᠯ ᠢ ᠴᠡᠭᠴᠡᠯᠡᠨ | ᠵᠠᠯᠠᠷᠠᠭᠤᠯᠬᠤ ᠠᠵᠢᠯ ᠢ ᠬᠦᠴᠦᠲᠡᠢ ᠠᠬᠢᠭᠤᠯᠵᠤ᠂ ᠱᠠᠭᠠᠷᠳᠠᠨ ᠪᠠᠶᠢᠴᠠᠭᠠᠯᠲᠠ ᠶᠢ ᠴᠢᠩᠭᠠᠷᠠᠭᠤᠯᠤᠨ᠂ ᠲᠤᠭᠲᠠᠭᠰᠠᠨ | ᠬᠤᠭᠤᠴᠠᠭᠠᠨ ᠳᠤ ᠴᠡᠭᠴᠡᠯᠡᠨ ᠵᠠᠯᠠᠷᠠᠭᠤᠯᠵᠤ ᠲᠠᠭᠤᠰᠬᠤ ᠶᠢ ᠪᠠᠲᠤᠯᠠᠨ᠎ᠠ᠃ ᠴᠡᠯᠮᠡᠭ ᠲᠡᠭᠷᠢ ᠶᠢ ᠬᠠᠮᠠᠭᠠᠯᠠᠬᠤ ᠲᠠᠶᠢᠨ | ᠢ ᠰᠠᠶᠢᠲᠤᠷ ᠬᠢᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠠ ᠲᠡᠭᠡᠭᠡᠪᠦᠷᠢᠯᠡᠬᠦ ᠵᠠᠮ ᠱᠤᠭᠤᠮ ᠤᠨ | ᠬᠠᠮᠢᠶᠠᠷᠤᠯᠲᠠ ᠶᠢ ᠴᠢᠩᠭᠠᠳᠬᠠᠨ᠂ ᠬᠤᠲᠠ ᠪᠠᠯᠭᠠᠰᠤᠨ ᠤ ᠨᠡᠭᠦᠷᠡᠰᠦ ᠲᠦᠯᠡᠵᠦ ᠰᠢᠲᠠᠭᠠᠬᠤ ᠶᠢ ᠪᠦᠬᠦ ᠲᠠᠯ᠎ᠠ ᠪᠠᠷ | ᠵᠠᠰᠠᠨ ᠴᠡᠭᠴᠡᠯᠡᠵᠤ᠂ ᠠᠵᠦ ᠦᠢᠯᠡᠳᠪᠦᠷᠢ ᠶᠢᠨ ᠭᠠᠳᠠᠭᠰᠢᠯᠠᠯ᠂ ᠤᠳᠤᠭ᠎ᠠ ᠲᠤᠭᠤᠰᠤ ᠨᠤᠨᠳᠠᠭ ᠤᠨ ᠪᠤᠬᠢᠷᠳᠤᠯ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠤᠩᠭᠠᠯᠠᠭ ᠤᠰᠤ ᠶᠢ ᠬᠠᠮᠠᠭᠠᠯᠠᠬᠤ ᠲᠠᠶᠢᠨ ᠢ ᠰᠠᠶᠢᠲᠤᠷ | ᠬᠢᠵᠤ᠂ ᠤᠰᠤᠨ ᠤ ᠪᠣᠬᠢᠷᠲᠣᠯ ᠢ ᠵᠠᠰᠠᠬᠤ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠦᠷᠢᠮᠵᠢᠭᠰᠡᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠤᠰᠤ | ᠨᠡᠪᠴᠢᠬᠦ ᠲᠤᠰᠤᠨ ᠰᠠᠪᠠ ᠶᠢ ᠦᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ︔ ᠰᠢᠨ ᠯᠢᠦᠢ ᠶᠤᠸᠠᠨ ᠪᠤᠵᠠᠷ | ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠱᠠᠭᠠᠷᠳᠠᠵᠤ ᠪᠠᠶᠢᠭᠠᠳ ᠮᠡᠷᠭᠡᠵᠢᠯ ᠢᠶᠠᠨ ᠰᠠᠶᠢᠵᠢᠷᠠᠭᠤᠯᠤᠨ᠂ | ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠬᠦ ᠶᠢ ᠪᠠᠳᠤᠯᠠᠨ᠎ᠠ᠃ ᠰᠢᠨ᠎ᠡ ᠲᠣᠭᠤᠷᠢᠭ ᠤᠨ ᠪᠣᠵᠠᠷ ᠣᠰᠣ ᠰᠢᠢᠳᠪᠦᠷᠢᠯᠡᠬᠦ | ᠦᠢᠯᠡᠳᠪᠦᠷᠢ ᠶᠢᠨ ᠲᠡᠣᠬᠡᠨ ᠦᠯᠡᠳᠡᠭᠳᠡᠯ ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠴᠡᠪᠡᠷ ᠬᠦᠷᠤᠰᠤ ᠶᠢ | ᠬᠠᠮᠠᠭᠠᠯᠠᠬᠤ ᠲᠠᠶᠢᠨ ᠢ ᠰᠠᠶᠢᠲᠤᠷ ᠬᠢᠵᠤ᠂ ᠵᠢᠯ ᠤᠨ ᠲᠤᠳᠤᠷ᠎ᠠ ᠬᠠᠳᠠᠭᠤ ᠪᠡᠶᠡᠲᠦ ᠬᠠᠶᠠᠭᠳᠠᠮᠠᠯ ᠪᠤᠳᠠᠰ ᠢ | ᠰᠢᠢᠳᠪᠦᠷᠢᠯᠡᠨ ᠠᠰᠢᠭᠯᠠᠬᠤ ᠨᠤᠷᠮ᠎ᠠ ᠶᠢ 95% ᠠᠴᠠ ᠲᠡᠭᠡᠭᠰᠢ ᠪᠠᠶᠢᠯᠭᠠᠵᠤ᠂ ᠬᠤᠲᠠ ᠪᠠᠯᠭᠠᠰᠤᠨ ᠤ ᠡᠮᠴᠢᠯᠡᠭᠡᠨ ᠤ | ᠬᠠᠶᠠᠭᠳᠠᠮᠠᠯ ᠪᠤᠳᠠᠰ ᠢ ᠠᠶᠤᠯ ᠦᠭᠡᠢ ᠰᠢᠢᠳᠪᠦᠷᠢᠯᠡᠨ᠎ᠡ᠃ ᠭᠡᠷ ᠤᠨ ᠲᠡᠵᠢᠭᠡᠪᠦᠷᠢ ᠵᠢᠭᠦᠷᠲᠡᠨ ᠤ ᠢᠯᠭᠠᠳᠠᠰᠤᠨ ᠤ | ᠪᠤᠬᠢᠷᠳᠤᠯ ᠢ ᠡᠬᠢ ᠪᠠᠶᠠᠯᠢᠭ ᠪᠤᠯᠭᠠᠨ ᠬᠤᠪᠢᠷᠠᠭᠤᠯᠵᠤ ᠠᠰᠢᠭᠯᠠᠬᠤ ᠶᠢ ᠪᠦᠬᠦᠶᠢᠯᠡ ᠰᠢᠶᠠᠨ ᠳᠤ ᠠᠬᠢᠭᠤᠯᠬᠤ ᠲᠦᠷᠦᠯ | ᠵᠦᠢᠯ ᠢ ᠲᠦᠷᠭᠡᠪᠴᠢᠯᠡᠨ ᠬᠡᠷᠡᠭᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠠᠷᠢᠵᠤ ᠲᠡᠵᠢᠭᠡᠬᠦ ᠦᠢᠯᠡᠰ ᠢ | ᠤᠷᠴᠢᠯᠳᠤᠭᠤᠯᠤᠨ ᠬᠦᠭᠵᠢᠬᠦᠯᠤᠨ᠎ᠡ᠃ ᠲᠤᠰᠤ ᠤᠳᠤᠭᠠᠨ ᠤ ᠪᠤᠬᠢᠷᠳᠤᠯ᠂ ᠲᠠᠭᠤ ᠱᠤᠤᠬᠢᠶᠡᠨ ᠵᠡᠷᠭᠡ ᠤᠯᠠᠨ | ᠲᠦᠮᠡᠨ ᠤ ᠲᠤᠰᠬᠠᠯ ᠶᠡᠬᠡᠲᠠᠢ ᠤᠷᠴᠢᠨ ᠲᠤᠭᠤᠷᠢᠨ ᠤ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠤᠷᠴᠢᠨ | ᠲᠤᠭᠤᠷᠢᠨ ᠤ ᠬᠠᠤᠯᠢ ᠬᠡᠷᠡᠭᠵᠢᠭᠦᠯᠤᠯᠲᠡ ᠪᠤᠯᠤᠨ ᠠᠵᠤ ᠠᠬᠤᠶᠢᠯᠠᠯ ᠤᠨ ᠬᠦᠭᠵᠢᠯᠲᠡ᠂ ᠤᠯᠠᠨ ᠲᠦᠮᠡᠨ ᠤ | ᠠᠮᠢᠳᠤᠷᠠᠯ ᠤᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠦᠷ ᠰᠢᠢᠳᠪᠦᠷᠢᠯᠡᠨ᠎ᠡ᠃ | ︵ᠬᠤᠶᠠᠷ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠬᠠᠷᠢᠴᠠᠩᠭᠤᠢ ᠲᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠦᠭᠵᠢᠯᠲᠡ ᠶᠢ | ᠲᠦᠷᠭᠡᠳᠭᠡᠨ ᠠᠬᠢᠭᠤᠯᠵᠦ᠂ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠲᠤᠪᠤᠶᠢᠮ᠎ᠠ ᠰᠠᠶᠢᠲᠤᠷ ᠠᠳᠬᠤᠵᠦ᠂ | ᠠᠮᠤᠷ ᠠᠮᠤᠭᠤᠯᠠᠩ ᠢᠶᠠᠷ ᠠᠵᠤ ᠲᠦᠷᠦᠬᠦ ᠦᠵᠡᠰᠭᠦᠯᠡᠩᠲᠦ ᠰᠠᠶᠢᠬᠠᠨ ᠭᠡᠷ ᠤᠷᠤᠨ ᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠦᠨ᠎ᠡ᠃ ᠤᠯᠤᠰ ᠤᠨ ᠲᠠᠷᠢᠶᠠᠯᠠᠩ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠪᠦᠬᠦ ᠤᠯᠤᠰ ᠤᠨ ᠬᠦᠳᠡᠭᠡ ᠲᠤᠰᠬᠤᠨ ᠤ | ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠦᠭᠵᠢᠭᠰᠡᠨ ᠵᠢᠱᠢᠶ᠎ᠡ ᠦᠵᠡᠬᠦᠯᠬᠦ ᠤᠷᠤᠨ ᠤ | ᠵᠢᠯᠤᠭᠤᠳᠤᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ᠂ ᠴᠢᠨᠠᠷ ᠰᠠᠶᠢᠲᠠᠢ ᠪᠤᠬᠢᠷᠳᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠳᠦᠭᠡᠭᠳᠡᠭᠦᠨ ᠬᠠᠩᠭᠠᠬᠤ ᠶᠠᠰᠤ ᠴᠢᠨᠠᠷ ᠢ ᠲᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ | ᠶᠢ ᠦᠨᠳᠤᠷ ᠤᠨᠠᠯᠲᠠ ᠶᠢ ᠴᠢᠬᠤᠯᠠᠴᠢᠯᠠᠵᠤ ᠪᠠᠶᠢᠭᠰᠡᠨ ᠠᠴᠠ ᠪᠠᠨ ᠴᠢᠨᠠᠷ ᠢ ᠲᠡᠭᠡᠭᠰᠢᠯᠡᠬᠦᠯᠬᠦ ᠬᠠᠨᠳᠤᠰᠢ ᠲᠠᠶᠢᠰᠢ | ᠬᠤᠪᠢᠷᠠᠭᠤᠯᠬᠤ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢ ᠦᠷᠭᠦᠯᠵᠢᠯᠡᠨ ᠲᠤᠬᠢᠷᠠᠭᠤᠯᠤᠨ᠎ᠠ᠃ | ︽ᠬᠤᠨᠢ ᠶᠢ ᠴᠦᠬᠡᠳᠭᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠠᠬᠢᠭᠤᠯᠵᠤ᠂ | ᠰᠢᠯᠢᠳᠡᠭ ᠡᠭᠦᠯᠳᠡᠷ ᠤᠨ ᠮᠢᠬᠠᠨ ᠤ ᠦᠬᠡᠷ 2000 ᠲᠤᠯᠤᠭᠠᠢ᠂ ᠡᠭᠦᠯᠳᠡᠷ ᠰᠠᠶᠢᠵᠢᠷᠠᠭᠤᠯᠤᠭᠰᠠᠨ ᠰᠢᠷ᠎ᠠ ᠦᠬᠡᠷ 5 | ᠲᠦᠮᠡᠨ ᠲᠤᠯᠤᠭᠠᠢ ᠤᠷᠤᠭᠤᠯᠤᠨ ᠠᠪᠴᠢᠷᠠᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠢᠶᠠᠷ ᠭᠤᠤᠯᠯᠠᠭᠰᠠᠨ | ᠰᠦᠷᠦᠭ ᠢ 10 ᠠᠴᠠ ᠲᠡᠭᠡᠭᠰᠢ ᠳᠤ ᠬᠦᠷᠭᠡᠵᠦ᠂ ᠡᠭᠦᠯᠳᠡᠷ ᠰᠠᠶᠢᠵᠢᠷᠠᠯᠲᠠ ᠶᠢᠨ ᠨᠤᠷᠮ᠎ᠠ ᠶᠢ 97.9% ᠳᠤ | ᠬᠦᠷᠭᠡᠨ᠎ᠡ᠃ ᠮᠠᠯ ᠤᠨ ᠲᠦᠷᠦᠯ ᠵᠦᠢᠯ ᠤᠨ ᠡᠭᠦᠯᠳᠡᠷ ᠢ ᠰᠢᠯᠢᠳᠡᠭᠵᠢᠬᠦᠯᠬᠦ ᠢᠨᠵᠧᠨᠧᠷᠢᠭ ᠢ ᠰᠠᠶᠢᠳᠤᠷ ᠠᠳᠬᠤᠵᠤ᠂ | 1.8 ᠲᠦᠮᠡᠨ ᠲᠤᠯᠤᠭᠠᠢ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠤᠨ᠎ᠠ᠃ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠶᠢᠨ ᠬᠠᠩᠭᠠᠯᠭ᠎ᠠ ᠶᠢ ᠲᠤᠭᠲᠠᠭᠤᠨ ᠪᠠᠶᠢᠯᠭᠠᠵᠤ᠂ ᠪᠦᠬᠦ ᠵᠢᠯ ᠳᠤ 75 ᠲᠦᠮᠡᠨ ᠲᠤᠯᠤᠭᠠᠢ ᠮᠠᠯ | ᠵᠠᠷᠤᠴᠠᠭᠤᠯᠵᠤ᠂ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ ᠶᠢ 125 ᠲᠦᠮᠡᠨ ᠬᠤᠨᠢᠴᠢᠯᠠᠭᠰᠡᠨ ᠨᠢᠭᠡᠴᠢ | ᠳᠤ ᠬᠢᠵᠠᠭᠠᠷᠯᠠᠨ᠎ᠠ᠃ ᠮᠠᠯᠴᠢᠳ ᠤᠨ ᠨᠤᠳᠤᠭ ᠤᠷᠤᠨ ᠳᠤ ᠪᠠᠨ ᠵᠤᠬᠢᠴᠠᠭᠤᠯᠤᠨ ᠮᠢᠬᠠᠨ ᠤ ᠬᠤᠨᠢ᠂ ᠮᠢᠬᠠᠨ ᠤ | ᠦᠬᠡᠷ᠂ ᠮᠦᠭᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠵᠡᠷᠭᠡ ᠦᠢᠯᠡᠰ ᠢ ᠬᠦᠭᠵᠢᠭᠦᠯᠬᠦ ᠪᠠᠷ ᠵᠢᠯᠤᠭᠤᠳᠤᠨ | ᠲᠠᠭᠠᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠭᠰᠡᠨ ᠬᠦᠭᠵᠢᠯᠲᠡ ᠶᠢ ᠤᠯᠠᠨ ᠠᠷᠭ᠎ᠠ ᠵᠠᠮ ᠢᠶᠠᠷ | ᠠᠬᠢᠭᠤᠯᠣᠨ᠎ᠠ᠃ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠲᠤᠯᠤᠭᠠᠶᠢᠯᠠᠬᠤ ᠠᠵᠤ | ᠠᠬᠤᠶᠢᠯᠠᠯ ᠪᠤᠯᠤᠨ ᠲᠤᠰᠬᠠᠢ ᠮᠡᠷᠭᠡᠵᠢᠯ ᠤᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠠᠰᠢᠭ | ᠲᠤᠰᠨ ᠶᠢᠨ ᠨᠢᠭᠲᠠ ᠬᠤᠯᠪᠤᠯᠴᠠᠭᠠᠨ ᠤ ᠲᠤᠭᠳᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠤᠯᠪᠤᠭᠠᠲᠤ ᠴᠤᠭᠴᠠ ᠶᠢ ᠪᠤᠶᠢᠵᠢᠭᠤᠯᠤᠨ ᠬᠦᠭᠵᠢᠭᠦᠯᠵᠦ᠂ ᠦᠢᠯᠡᠳᠪᠦᠷᠢᠯᠡᠯ᠂ ᠡᠳ᠋ᠰᠢᠭᠦᠯᠦᠯᠲᠡ | ᠂ ᠭᠦᠢᠯᠭᠡᠭᠡ᠂ ᠪᠤᠷᠤᠯᠠᠭᠤᠯᠭ᠎ᠠ ᠵᠡᠷᠭᠡ ᠶᠢ ᠪᠦᠬᠦ ᠠᠵᠤ ᠦᠢᠯᠡᠰ ᠤᠨ ᠬᠡᠯᠬᠢᠶᠡᠵᠢᠯ ᠢᠶᠠᠷ ᠬᠦᠭᠵᠢᠭᠦᠯᠵᠤ᠂ | ᠬᠡᠯᠬᠢᠶᠡᠵᠢᠬᠦᠯᠤᠨ ᠡᠵᠡᠩᠨᠡᠬᠦ ᠰᠢᠨ᠎ᠡ ᠵᠠᠭᠪᠤᠷ ᠢ ᠡᠬᠦᠳᠴᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠡᠷᠬᠢᠵᠤ ᠨᠢᠭᠡᠳᠦᠭᠡᠷ ᠠᠵᠤ ᠦᠢᠯᠡᠰ ᠢ ᠲᠡᠮᠵᠢᠨ ᠲᠡᠳᠬᠦᠬᠦ ᠴᠢᠳᠡᠪᠬᠢ ᠪᠠ ᠬᠢᠷᠢ ᠲᠦᠪᠰᠢᠨ ᠢ ᠲᠡᠭᠡᠭᠰᠢᠯᠡᠭᠦᠯᠦᠨ᠂ | ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠤᠨ ᠨᠡᠮᠡᠭᠳᠡᠯ ᠠᠴᠠ ᠠᠪᠴᠢᠷᠠᠭᠰᠡᠨ ︽ | ᠠᠰᠢᠭ ᠤᠯᠵᠠᠪᠤᠷᠢ︾ ᠶᠢ ᠨᠡᠩ ᠠᠷᠪᠢᠨ ᠤᠯᠭᠤᠨ᠎ᠠ᠃ ᠲᠤᠮᠤ ᠬᠡᠯᠪᠡᠷᠢ ᠶᠢᠨ ᠬᠡᠯᠬᠢᠶᠡᠲᠤ ᠢᠳᠡᠭᠡᠨ ᠤᠮᠳᠠᠭᠠᠨ ᠤ | ᠲᠦᠷᠦᠯ ᠵᠦᠢᠯ ᠢ ᠤᠷᠢᠨ ᠤᠷᠤᠭᠤᠯᠵᠤ᠂ ᠲᠤᠮᠤ ᠴᠢᠬᠤᠯᠡ ᠲᠦᠷᠦᠯ ᠵᠦᠢᠯ ᠢᠶᠠᠷ ᠠᠵᠤ ᠦᠢᠯᠡᠰ ᠤᠨ | ᠠᠭᠤᠰᠤᠯᠴᠠᠭ᠎ᠠ ᠶᠢ ᠳᠠᠶᠢᠴᠢᠯᠠᠬᠤ ᠲᠠᠯ᠎ᠠ ᠪᠠᠷ ᠰᠢᠪᠲᠤᠯᠤᠯᠲᠠ ᠤᠯᠬᠤ ᠪᠠᠷ ᠴᠢᠷᠮᠠᠶᠢᠨ᠎ᠠ᠃ ᠤᠳᠤ ᠦᠶ᠎ᠡ ᠶᠢᠨ | ᠠᠳᠤᠭᠤᠨ ᠤ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠠᠳᠤᠭᠤᠨ ᠤ ᠠᠵᠤ ᠦᠢᠯᠡᠰ ᠢ ᠬᠦᠭᠵᠢᠬᠦᠯᠬᠦ | ᠲᠦᠯᠦᠪᠵᠢᠭᠦᠯᠦᠯᠭᠡ ᠶᠢ ᠲᠠᠷᠤᠢ ᠲᠦᠷᠭᠡᠨ ᠨᠠᠶᠢᠷᠠᠭᠤᠯᠤᠨ ᠵᠤᠬᠢᠶᠠᠵᠤ᠂ ᠮᠤᠩᠭᠤᠯ ᠮᠤᠷᠢᠨ ᠤ ᠡᠬᠢ ᠪᠠᠶᠠᠯᠢᠭ ᠢ | ᠬᠠᠮᠠᠭᠠᠯᠠᠬᠤ ᠪᠠ ᠡᠭᠦᠯᠳᠡᠷ ᠰᠠᠶᠢᠵᠢᠷᠠᠭᠤᠯᠤᠨ ᠦᠷᠡᠵᠢᠬᠦᠯᠬᠦ ᠢᠨᠵᠧᠨᠧᠷᠢᠭ ᠢ ᠬᠡᠷᠡᠭᠵᠢᠭᠦᠯᠵᠦ᠂ ᠵᠦᠩ ᠶᠦᠨ | ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠠᠰᠢᠭᠯᠠᠯᠲᠠ ᠳᠤ ᠤᠷᠤᠭᠤᠯᠤᠨ᠂ ᠪᠦᠬᠦ | ᠤᠷᠤᠨ ᠤ ᠠᠳᠤᠭᠤᠨ ᠤ ᠦᠢᠯᠡᠰ ᠤᠨ ᠪᠦᠬᠦ ᠠᠵᠤ ᠦᠢᠯᠡᠰᠵᠢᠯᠲᠠ ᠶᠢᠨ ᠬᠡᠯᠬᠢᠶᠡᠰᠤ ᠶᠢ ᠠᠭᠤᠰᠤᠯᠴᠠᠭᠤᠯᠤᠨ | ᠬᠦᠭᠵᠢᠬᠦᠯᠬᠦ ᠵᠢᠱᠢᠶ᠎ᠡ ᠦᠵᠡᠭᠦᠯᠬᠦ ᠣᠷᠣᠨ ᠢ ᠪᠦᠳᠦᠭᠡᠨ ᠪᠠᠶᠢᠭᠤᠯᠤᠨ᠎ᠠ᠃ ᠦᠨᠳᠦᠰᠦᠲᠡᠨ ᠤ ᠰᠦᠨ ᠤ | ᠪᠦᠳᠦᠭᠡᠭᠳᠡᠭᠦᠨ ᠡᠳ᠋ᠰᠢᠭᠦᠯᠬᠦ ᠠᠵᠦ ᠦᠢᠯᠡᠳᠪᠦᠷᠢ ᠶᠢ ᠬᠦᠭᠵᠢᠬᠦᠯᠵᠤ᠂ ᠶᠢᠦ ᠷᠠᠨ ᠮᠠᠯ ᠠᠵᠤ ᠠᠬᠤᠢ ᠶᠢᠨ ᠲᠦᠮᠡᠨ | ᠲᠤᠯᠤᠭᠠᠢ ᠵᠢᠤᠸᠠᠨ ᠱᠠᠨ ᠦᠨᠢᠶᠡᠨ ᠰᠦᠨ ᠤ ᠰᠠᠭᠤᠷᠢᠨ ᠭᠠᠵᠠᠷ᠂ ᠢᠯᠢ ᠶᠢᠨ 4 ᠵᠤᠷᠪᠤᠰ ᠠᠨ ᠮᠦ ᠰᠢ | ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠢ ᠪᠦᠬᠦ ᠬᠦᠴᠤᠨ ᠢᠶᠠᠷ ᠢᠶᠠᠨ ᠠᠬᠢᠭᠤᠯᠤᠨ᠎ᠠ᠃ ᠪᠤᠬᠢᠷᠳᠤᠯ | ᠦᠭᠡᠢ ᠠᠮᠢ ᠠᠬᠤᠢ ᠶᠢᠨ ᠨᠡᠷᠡᠲᠦ ᠲᠡᠮᠳᠡᠭᠲᠦ ᠶᠢ ᠡᠭᠦᠳᠤᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠪᠤᠭᠤᠮᠳᠠ ᠶᠢ | ᠦᠷᠬᠦᠯᠵᠢᠯᠡᠨ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠶᠢᠨ ᠡᠳ᠋ᠰᠢᠭᠦᠯᠦᠯᠲᠡ ᠶᠢᠨ ᠠᠵᠤ ᠠᠬᠤᠶᠢᠯᠠᠯ ᠢ | ᠨᠢᠭᠡᠳᠭᠡᠨ᠂ ᠠᠵᠤ ᠦᠢᠯᠡᠰᠵᠢᠯᠲᠡ ᠶᠢᠨ ᠲᠤᠯᠤᠭᠠᠶᠢᠯᠠᠬᠤ ᠠᠵᠤ ᠠᠬᠤᠶᠢᠯᠠᠯ ᠢ ᠪᠤᠶᠢᠵᠢᠭᠤᠯᠤᠨ | ᠬᠦᠴᠤᠷᠬᠡᠭᠵᠢᠭᠦᠯᠤᠨᠡ᠃ ᠲᠦᠪ ᠬᠤᠭᠤᠯᠠᠨ ᠭᠡᠷ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ | ᠲᠦᠷᠦᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠪᠦᠬᠦ ᠬᠤᠲᠠ ᠪᠠᠷ ᠢᠶᠠᠨ 300 ᠲᠦᠮᠡᠨ | ᠬᠤᠨᠢᠴᠢᠯᠠᠭᠰᠡᠨ ᠨᠢᠭᠡᠴᠢ ᠶᠢᠨ ᠠᠮᠢᠲᠦ ᠮᠠᠯ ᠢ ᠡᠳ᠋ᠰᠢᠯᠡᠬᠦᠯᠵᠤ᠂ ᠨᠠᠷᠢᠯᠢᠭ ᠡᠳ᠋ᠰᠢᠭᠦᠯᠬᠦ ᠨᠤᠷᠮ᠎ᠠ ᠶᠢ 55% ᠠᠴᠠ | ᠲᠡᠭᠡᠭᠰᠢ ᠬᠦᠷᠭᠡᠨ᠎ᠡ᠃ ᠤᠷᠤᠨ ᠪᠦᠰᠡ ᠶᠢᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠨᠡᠷᠡᠲᠦ | ᠲᠡᠮᠳᠡᠭᠲᠦ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠸᠠᠷ ᠤᠨ ᠲᠡᠮᠳᠡᠭ ᠵᠢᠴᠢ ᠭᠠᠵᠠᠷ | ᠵᠦᠢ ᠶᠢᠨ ᠲᠡᠮᠳᠡᠭ ᠢ ᠲᠠᠩᠰᠠᠯᠠᠭᠤᠯᠬᠤ ᠬᠠᠮᠠᠭᠠᠯᠠᠯᠲᠠ ᠶᠢ ᠴᠢᠩᠭᠠᠳᠬᠠᠨ᠎ᠠ᠃ ᠡᠵᠡᠩᠨᠡᠨ ᠪᠤᠷᠤᠯᠠᠭᠤᠯᠬᠤ ᠪᠠ | ᠤᠬᠠᠭᠤᠯᠤᠨ ᠲᠠᠨᠢᠯᠴᠠᠭᠤᠯᠬᠤ ᠬᠦᠴᠦᠯᠡᠴᠡ ᠶᠢ ᠨᠡᠮᠡᠭᠳᠡᠭᠦᠯᠦᠨ᠂ ᠡᠯ᠎ᠡ ᠲᠦᠷᠦᠯ ᠤᠨ ᠲᠡᠯᠭᠡᠨ ᠦᠵᠡᠬᠦᠯᠤᠯᠭᠡ ᠶᠢᠨ | ᠬᠤᠷᠠᠯ ᠢ ᠠᠰᠢᠭᠯᠠᠨ᠂ ᠡᠯᠧᠺᠲᠷᠣᠨ ᠬᠤᠳᠠᠯᠳᠤᠭ᠎ᠠ᠂ ︽ᠢᠨᠲ᠋ᠧᠷ ᠰᠦᠯᠵᠢᠶ᠎ᠡ +︾ ᠵᠡᠷᠭᠡ ᠰᠢᠨ᠎ᠡ ᠠᠷᠭ᠎ᠠ ᠮᠠᠶ᠋ᠢᠭ ᠢ | ᠪᠦᠲᠤᠮᠵᠢᠲᠠᠢ ᠠᠰᠢᠭᠯᠠᠵᠤ᠂ ᠤᠷᠤᠨ ᠨᠤᠳᠤᠭ ᠤᠨ ᠨᠡᠷᠡᠲᠦ ᠲᠡᠮᠳᠡᠭᠲᠦ ᠶᠢᠨ ᠨᠦᠯᠦᠭᠡᠯᠡᠬᠦ ᠬᠦᠴᠦᠨ ᠪᠠ ᠵᠠᠬ᠎ᠠ | ᠲᠡᠯᠭᠡᠭᠦᠷ ᠤᠨ ᠬᠤᠪᠢ ᠶᠢᠨ ᠵᠢᠩ ᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠰᠢᠯᠢᠳᠡᠭ ᠴᠢᠨᠠᠷ ᠰᠢᠯᠢᠳᠡᠭ | ᠦᠨ᠎ᠡ ᠦᠷᠳᠡᠭ ᠢ ᠪᠡᠶᠡᠯᠡᠭᠦᠯᠦᠨ᠎ᠡ᠃ | ᠮᠠᠯᠵᠢᠬᠤ ᠤᠷᠤᠨ ᠤ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠤᠯᠤᠰ ᠤᠨ ᠦᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠵᠢᠯ ᠳᠤ ᠬᠢᠨᠡᠨ ᠪᠤᠳᠤᠵᠤ | ᠦᠨᠡᠯᠡᠬᠦ ᠠᠵᠢᠯ ᠢ ᠲᠠᠭᠤᠰᠬᠠᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠪᠦᠯᠦᠭᠯᠡᠯ ᠤᠨ ᠠᠬᠢᠴᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠢ ᠪᠤᠢ | ᠪᠤᠯᠭᠠᠨ᠎ᠠ᠃ ᠨᠡᠶᠢᠲᠡ ᠶᠢᠨ ᠬᠦᠷᠦᠩᠭᠡ ᠶᠢ ᠡᠵᠡᠩᠨᠡᠨ ᠬᠠᠮᠢᠶᠠᠷᠬᠤ ᠪᠠ ᠠᠰᠢᠭ ᠤᠯᠵᠠᠪᠤᠷᠢ ᠬᠤᠪᠢᠶᠠᠷᠢᠯᠠᠬᠤ | ᠲᠤᠭᠳᠠᠴᠠ ᠶᠢ ᠲᠡᠭᠦᠯᠳᠡᠷᠵᠢᠭᠦᠯᠦᠨ᠂ ᠨᠡᠶᠢᠲᠡ ᠶᠢᠨ ᠠᠵᠤ ᠠᠬᠤᠢ ᠶᠢᠨ ᠬᠦᠭᠵᠢᠨ ᠪᠤᠵᠠᠭᠠᠶᠢᠷᠠᠬᠤ ᠪᠠ ᠮᠠᠯᠴᠢᠳ ᠤᠨ | ᠤᠷᠤᠯᠭ᠎ᠠ ᠵᠠᠯᠭᠠᠪᠠᠷ ᠨᠡᠮᠡᠭᠳᠡᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠰᠢᠨ᠎ᠡ ᠮᠠᠯᠴᠢᠳ ᠤᠨ | ᠪᠤᠯᠪᠠᠰᠤᠷᠠᠯ ᠤᠨ ᠢᠨᠵᠧᠨᠧᠷᠢᠭ ᠢ ᠬᠡᠷᠡᠭᠵᠢᠭᠦᠯᠵᠦ᠂ ᠬᠤᠶᠠᠷ ᠵᠢᠯ ᠤᠷᠴᠢᠮ ᠤᠨ ᠴᠠᠭ ᠢ ᠬᠡᠷᠡᠭᠰᠡᠵᠦ ᠡᠯ᠎ᠡ ᠵᠦᠢᠯ ᠤᠨ | ᠬᠡᠯᠪᠡᠷᠢ ᠪᠠᠷ ᠮᠠᠯᠴᠢᠨ ᠡᠷᠦᠬᠡ ᠪᠦᠬᠦᠨ ᠢ ᠨᠢᠭᠡ ᠤᠳᠠᠭ᠎ᠠ ᠪᠤᠯᠪᠠᠰᠤᠷᠠᠭᠤᠯᠵᠤ᠂ ᠰᠢᠨ᠎ᠡ ᠬᠡᠯᠪᠡᠷᠢ ᠶᠢᠨ ᠠᠵᠢᠯ | ᠮᠡᠷᠭᠡᠵᠢᠯ ᠤᠨ ᠮᠠᠯᠴᠢᠨ ᠢ 200 ᠬᠦᠮᠦᠨ ᠠᠴᠠ ᠲᠡᠭᠡᠭᠰᠢ ᠬᠦᠮᠦᠵᠢᠭᠦᠯᠦᠨ᠎ᠡ᠃ ᠨᠢᠭᠡ ᠪᠦᠯᠦᠭ ᠴᠢᠳᠠᠪᠣᠷᠢ ᠬᠡᠪ | ᠴᠢᠨᠠᠷ ᠰᠠᠶᠢᠨ᠂ ᠰᠢᠨ᠎ᠡ ᠶᠢ ᠡᠭᠦᠳᠴᠦ ᠨᠡᠬᠡᠭᠡᠨ ᠣᠷᠣᠭᠰᠢᠯᠠᠬᠤ ᠴᠢᠳᠠᠪᠣᠷᠢ ᠪᠠᠷ ᠴᠢᠩᠭ᠎ᠠ︔ ᠣᠯᠠᠨ ᠲᠦᠮᠡᠨ ᠳᠤ | ᠨᠡᠶᠢᠳᠡᠮ ᠮᠡᠳᠡᠷᠡᠭᠳᠡᠭᠰᠡᠨ ᠴᠢᠨᠡᠭᠡᠯᠢᠭᠵᠢᠯ ᠤᠨ ᠳᠠᠭᠠᠭᠤᠯᠣᠭᠴᠢ ᠶᠢ ᠲᠦᠪᠯᠡᠷᠡᠭᠦᠯᠦᠨ ᠪᠣᠯᠪᠠᠰᠣᠷᠠᠭᠤᠯᠵᠣ᠂ ᠣᠷᠢᠳᠠᠪᠡᠷ | ᠬᠢᠵᠦ ᠣᠷᠢᠳᠠᠪᠠᠷ ᠲᠣᠷᠰᠢᠬᠤ᠂ ᠵᠣᠬᠢᠶᠠᠨ ᠪᠠᠶᠢᠭᠤᠯᠵᠣ ᠬᠦᠲᠦᠯᠦᠨ ᠳᠠᠭᠠᠭᠤᠯᠵᠣ ᠳᠡᠶᠢᠯᠬᠦ ︽ᠲᠦᠷᠦᠭᠦᠣ ᠭᠠᠯᠠᠭᠤ︾ | ᠶᠢᠨ ᠦᠢᠯᠡᠳᠦᠯ ᠢ ᠦᠨᠡᠨᠬᠦ ᠪᠠᠳᠠᠷᠠᠭᠤᠯᠵᠣ᠂ ᠮᠠᠯᠵᠢᠬᠤ ᠣᠷᠣᠨ ᠤ ᠠᠵᠣ ᠦᠢᠯᠡᠰ ᠤᠨ ᠲᠦᠷᠭᠡᠨ ᠬᠦᠭᠵᠢᠯᠲᠡ ᠶᠢ | ᠠᠬᠢᠭᠤᠯᠣᠨ ᠬᠠᠮᠲᠣᠪᠡᠷ ᠴᠢᠨᠡᠭᠡᠯᠢᠭᠵᠢᠬᠦ ᠶᠢ ᠪᠡᠶᠡᠯᠡᠭᠦᠯᠦᠨ᠎ᠡ᠃ ᠡᠯ᠎ᠡ ᠵᠦᠢᠯ ᠤᠨ ᠤᠨᠴᠠᠯᠢᠭᠲᠤ ᠭᠡᠷ ᠪᠦᠯᠢ ᠶᠢᠨ | ᠮᠠᠯᠵᠢᠯ ᠤᠨ ᠲᠠᠯᠠᠪᠠᠢ᠂ ᠲᠤᠰᠬᠠᠢ ᠮᠡᠷᠭᠡᠵᠢᠯ ᠤᠨ ᠬᠤᠷᠰᠢᠶᠠᠵᠢᠯ ᠪᠠ ᠠᠵᠤ ᠠᠬᠤᠶᠢᠯᠠᠯ ᠤᠨ ᠪᠠᠶᠢᠭᠤᠯᠤᠮᠵᠢ ᠶᠢ | ᠡᠷᠢᠯᠬᠢᠯᠡᠨ ᠬᠦᠭᠵᠢᠬᠦᠯᠵᠦ᠂ ᠦᠢᠯᠡᠳᠪᠦᠷᠢᠯᠡᠯ ᠢ ᠨᠠᠶᠢᠳᠡᠨ ᠬᠠᠮᠢᠶᠠᠷᠠᠭᠤᠯᠬᠤ ᠵᠡᠷᠭᠡ ᠨᠡᠶᠢᠭᠡᠮᠴᠢᠯᠡᠭᠰᠡᠨ | ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠡᠷᠬᠢᠯᠡᠬᠦ ᠶᠢ ᠵᠢᠯᠤᠭᠤᠳᠴᠤ᠂ ᠪᠠᠷᠢᠮᠵᠢᠶᠠᠵᠢᠭᠰᠠᠨ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢ 30 ᠡᠷᠦᠬᠡ᠂ ᠵᠢᠱᠢᠶ᠎ᠡ ᠦᠵᠡᠭᠦᠯᠬᠦ ᠲᠤᠰᠬᠠᠢ ᠮᠡᠷᠭᠡᠵᠢᠯ ᠤᠨ ᠬᠤᠷᠰᠢᠶᠠᠵᠢᠯ 5 ᠡᠷᠦᠬᠡ ᠶᠢ | ᠪᠠᠶᠢᠭᠤᠯᠤᠨ᠎ᠠ᠃ | ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠳᠤᠳᠠᠢ ᠠᠭᠢᠭᠤᠯᠤᠨ᠎ᠠ᠃ ︽ᠮᠢᠩᠭᠠᠨ | ᠲᠤᠰᠬᠤᠨ ᠵᠢᠱᠢᠶ᠎ᠡ ᠦᠵᠡᠭᠦᠯᠵᠦ᠂ ᠲᠦᠮᠡᠨ ᠲᠤᠰᠬᠤᠨ ᠢ ᠴᠡᠭᠴᠡᠯᠡᠬᠦ︾ ᠲᠤᠷᠰᠢᠯᠭ᠎ᠠ ᠶᠢ ᠭᠦᠨᠵᠡᠭᠡᠢ ᠲᠡᠯᠭᠡᠷᠡᠭᠦᠯᠦᠨ᠂ | ᠮᠠᠯᠵᠢᠬᠤ ᠤᠷᠤᠨ ᠤ ᠰᠠᠭᠤᠷᠢᠰᠢᠯ ᠤᠨ ᠤᠷᠴᠢᠨ ᠲᠤᠭᠤᠷᠢᠨ ᠢ ᠭᠤᠷᠪᠠᠨ ᠵᠢᠯ ᠴᠡᠭᠴᠡᠯᠡᠬᠦ ᠠᠵᠢᠯᠯᠠᠭ᠎ᠠ ᠶᠢ ᠨᠠᠷᠢᠨ | ᠬᠢᠨᠠᠮᠠᠭᠠᠢ ᠰᠠᠶᠢᠳᠦᠷ ᠠᠳᠬᠤᠵᠤ᠂ ᠮᠠᠯᠵᠢᠬᠤ ᠤᠷᠤᠨ ᠤ ᠬᠤᠭ ᠨᠤᠪᠰᠢ ᠶᠢ ᠲᠦᠪᠯᠡᠷᠡᠭᠦᠯᠦᠨ ᠬᠤᠷᠢᠶᠠᠬᠤ ᠦᠷᠲᠡᠭᠡ | ᠴᠢᠭ᠂ ᠤᠰᠤ ᠪᠠᠷ ᠤᠬᠢᠶᠠᠬᠤ ᠬᠡᠯᠪᠡᠷᠢᠲᠦ ᠵᠤᠷᠯᠤᠩ ᠵᠡᠷᠭᠡ ᠢᠨᠵᠧᠨᠧᠷᠢᠭ ᠢ ᠢᠳᠡᠪᠬᠢᠳᠡᠢ ᠠᠬᠢᠭᠤᠯᠤᠨ᠎ᠠ᠃ ᠮᠠᠯᠵᠢᠬᠤ | ᠤᠷᠤᠨ ᠤ ᠰᠠᠭᠤᠷᠢ ᠲᠦᠬᠦᠭᠡᠷᠤᠮᠵᠢ ᠶᠢ ᠲᠡᠭᠡᠭᠰᠢᠯᠡᠬᠦᠯᠬᠦ ᠢᠨᠵᠧᠨᠧᠷᠢᠭ ᠢ ᠬᠡᠷᠡᠭᠵᠢᠬᠦᠯᠵᠦ᠂ 2.7 ᠲᠦᠮᠡᠨ ᠲᠡᠭᠰᠢ | ᠲᠦᠷᠪᠡᠯᠵᠢᠨ ᠮᠧᠲᠷ ᠤᠨ ᠲᠤᠯᠠᠭᠠᠨ ᠰᠠᠷᠠᠪᠴᠢ ᠪᠠ ᠡᠪᠡᠰᠦ ᠬᠠᠳᠠᠭᠠᠯᠠᠬᠤ ᠫᠸᠡᠭ ᠢ ᠪᠠᠶᠢᠭᠤᠯᠵᠤ᠂ 105 ᠲᠦᠮᠡᠨ | ᠮᠦ ᠨᠤᠲᠤᠭ ᠢ ᠪᠢᠳᠡᠭᠦᠮᠵᠢᠯᠡᠨ ᠪᠤᠶᠢᠵᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠬᠤᠳᠳᠤᠭ ᠢ 47 ᠠᠮᠠᠰᠠᠷ | ᠪᠠᠶᠢᠭᠤᠯᠵᠤ᠂ 470 ᠬᠦᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠠ᠃ ︽ | ᠬᠦᠳᠡᠭᠡ ᠲᠤᠰᠬᠤᠨ ᠤ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ᠂ ᠰᠠᠶᠢᠲᠤᠷ | ᠡᠵᠡᠩᠨᠡᠬᠦ︾ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ 11 ᠺᠢᠯᠦᠮᠧᠲᠷ ᠮᠠᠯᠵᠢᠬᠤ ᠤᠷᠤᠨ ᠤ ᠵᠠᠰᠠᠮᠠᠯ | ᠵᠠᠮ ᠢ ᠦᠷᠭᠡᠳᠬᠡᠨ ᠵᠠᠰᠠᠵᠣ᠂ 140 ᠺᠢᠯᠦᠮᠧᠲᠷ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ | ᠢᠨᠵᠧᠨᠧᠷᠢᠭ ᠢ ᠬᠡᠷᠡᠭᠵᠢᠭᠦᠯᠦᠨ᠎ᠡ᠃ ᠬᠦᠳᠡᠭᠡ ᠲᠤᠰᠬᠤᠨ ᠳᠤ ᠴᠠᠬᠢᠯᠭᠠᠨ ᠬᠦᠴᠦᠨ ᠤ ᠱᠤᠭᠤᠮ ᠢ 70 | ᠺᠢᠯᠦᠮᠧᠲᠷ ᠰᠢᠨ᠎ᠡ ᠪᠠᠷ ᠪᠠᠶᠢᠭᠤᠯᠤᠨ᠎ᠠ᠃ 16 ᠭᠠᠴᠠᠭ᠎ᠠ ᠲᠤᠰᠬᠤᠨ ᠳᠤ 4G ᠲᠤᠤᠷ ᠰᠦᠯᠵᠢᠶ᠎ᠡ ᠶᠢ ᠪᠦᠷᠬᠦᠬᠦᠯᠬᠦ | ᠡᠭᠦᠷᠭᠡ ᠶᠢ ᠪᠡᠶᠡᠯᠡᠭᠦᠯᠦᠨ᠂ ᠮᠠᠯᠵᠢᠬᠤ ᠤᠷᠤᠨ ᠳᠤ ᠦᠷᠭᠡᠨ ᠪᠦᠰᠡᠲᠦ ᠨᠡᠪᠳᠡᠷᠡᠯᠴᠡᠭᠡ ᠶᠢ ᠠᠯᠬᠤᠮ ᠠᠯᠬᠤᠮ ᠢᠶᠠᠷ | ᠪᠦᠷᠬᠦᠬᠦᠯᠦᠨ᠎ᠡ᠃ ᠮᠠᠯᠵᠢᠬᠤ ᠤᠷᠤᠨ ᠤ ᠲᠦᠬᠦᠭᠡᠷᠦᠮᠵᠢ ᠶᠢᠨ ᠬᠠᠮᠢᠶᠠᠷᠤᠯᠳᠠ ᠬᠠᠮᠠᠭᠠᠯᠠᠯᠲᠠ ᠠᠰᠢᠭᠯᠠᠯᠲᠠ ᠶᠢ | ᠴᠢᠩᠭᠠᠳᠬᠠᠨ᠂ ᠰᠤᠯᠠ ᠲᠠᠯᠪᠢᠵᠤ ᠪᠦᠷᠢᠯᠭᠡᠬᠦ ᠠᠴᠠ ᠵᠠᠶᠢᠯᠠᠰᠬᠢᠨ᠎ᠠ᠃ ︽ᠲᠤᠮᠤ ᠰᠠᠷᠠᠪᠴᠢᠲᠦ ᠭᠡᠷ︾ ᠤᠨ | ᠠᠰᠠᠭᠤᠳᠠᠯ ᠢ ᠪᠠᠶᠢᠴᠠᠭᠠᠨ ᠭᠠᠷᠭᠠᠵᠤ ᠢᠳᠡᠪᠬᠢᠲᠡᠢ ᠵᠠᠰᠠᠵᠤ ᠴᠡᠭᠴᠡᠯᠡᠨ᠂ ᠲᠠᠷᠢᠶᠠᠯᠠᠩ ᠤᠨ ᠪᠤᠰᠤ ᠪᠠᠷᠢᠯᠭ᠎ᠠ ᠳᠤ | ᠲᠠᠷᠢᠶᠠᠨ ᠭᠠᠵᠠᠷ ᠢ ᠡᠵᠡᠯᠡᠬᠦ ᠶᠠᠪᠤᠳᠠᠯ ᠢ ᠡᠷᠡᠰ ᠬᠤᠷᠢᠭᠯᠠᠨ᠎ᠠ᠃ | ︵ᠭᠤᠷᠪᠠ︶ ᠠᠵᠤ ᠦᠢᠯᠡᠳᠪᠦᠷᠢ ᠶᠢ ᠬᠡᠯᠪᠡᠷᠢ ᠶᠢ ᠨᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠳᠭᠡᠨ᠎ᠡ᠃ | ᠴᠢᠨᠠᠷ ᠰᠠᠶᠢᠲᠠᠢ ᠬᠦᠭᠵᠢᠯᠲᠡ ᠶᠢᠨ ᠭᠤᠤᠯ ᠰᠡᠳᠦᠪ ᠢ ᠴᠢᠩᠭ᠎ᠠ ᠠᠳᠬᠤᠵᠤ᠂ ᠪᠦᠳᠦᠴᠡ ᠶᠢᠨ ᠲᠤᠬᠢᠷᠠᠭᠤᠯᠤᠯᠲᠠ ᠪᠠ | ᠬᠦᠭᠵᠢᠯᠲᠡ ᠶᠢᠨ ᠰᠢᠨ᠎ᠡ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠬᠡᠨ᠂ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠲᠠᠪᠠᠭᠤᠯᠢᠭ ᠢ ᠡᠭᠦᠳᠦᠨ᠎ᠡ᠃ | ᠲᠠᠪᠠᠭᠤᠯᠢᠭ ᠤᠨᠴᠠᠯᠢᠭᠲᠤ ᠠᠵᠤ ᠦᠢᠯᠡᠰ ᠢ ᠬᠦᠴᠤᠷᠬᠡᠭᠵᠢᠬᠦᠯᠤᠨᠡ᠃ ᠨᠡᠭᠦᠷᠡᠰᠦ᠂ ᠴᠠᠬᠢᠯᠭᠠᠨ ᠬᠦᠴᠦᠨ ᠵᠡᠷᠭᠡ | ᠲᠠᠪᠠᠭᠤᠯᠢᠭ ᠤᠨᠴᠠᠯᠢᠭᠲᠣ ᠠᠵᠤ ᠦᠢᠯᠡᠰ ᠢ ᠪᠠᠬᠢᠵᠢᠭᠦᠯᠦᠨ ᠲᠤᠭᠲᠠᠪᠤᠷᠢᠵᠢᠭᠤᠯᠵᠤ᠂ ᠬᠠᠮᠵᠢᠯᠴᠠᠨ ᠦᠢᠯᠡᠴᠢᠯᠡᠬᠦ ᠶᠢ | ᠴᠢᠩᠭᠠᠳᠬᠠᠨ᠂ ᠲᠦᠷᠦᠯ ᠵᠦᠢᠯ ᠤᠨ ᠠᠬᠢᠴᠨ ᠶᠢ ᠲᠦᠷᠭᠡᠳᠭᠡᠨ᠂ ᠲᠠᠷᠤᠢ ᠲᠦᠷᠭᠡᠨ ᠢᠶᠠᠷ ᠪᠤᠳᠠᠳᠤ | ᠦᠢᠯᠡᠳᠪᠦᠷᠢᠯᠡᠯ ᠤᠨ ᠬᠦᠴᠦᠨ ᠪᠤᠯᠭᠠᠨ ᠪᠦᠷᠢᠳᠦᠭᠦᠯᠦᠨ᠎ᠡ᠃ ᠤᠯᠤᠰ ᠤᠨ ᠲᠦᠷᠦ ᠶᠢᠨ ᠪᠤᠳᠤᠯᠭ᠎ᠠ ᠶᠢᠨ ᠲᠤᠬᠢᠶᠠᠯ ᠢ | ᠡᠵᠡᠮᠳᠡᠵᠤ᠂ ᠢᠯᠡᠯᠲᠡ ᠶᠢᠨ ᠪᠠᠷᠠᠭᠤᠨ ᠬᠤᠶᠠᠳᠤᠭᠠᠷ᠂ ᠪᠠᠷᠭᠠᠤᠨ ᠭᠤᠷᠪᠠᠳᠤᠭᠠᠷ ᠵᠠᠳᠠᠭᠠᠢ ᠨᠡᠭᠦᠷᠡᠰᠦᠨ | ᠠᠭᠤᠷᠬᠠᠢ ᠶᠢᠨ ᠭᠠᠷ ᠭᠦᠢᠴᠡᠳᠭᠡᠯ᠂ ᠱᠧᠨ ᠬᠤᠸᠠ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠤᠷᠢᠯᠡᠯ ᠤᠨ | ᠴᠢᠳᠠᠪᠤᠷᠢ ᠶᠢ ᠨᠡᠮᠡᠭᠳᠡᠬᠦᠯᠬᠦ ᠭᠠᠷ ᠬᠦᠢᠴᠡᠳᠭᠡᠯ᠂ ᠳ᠋ᠠ ᠲᠠᠩ ᠵᠠᠳᠠᠭᠠᠢ ᠨᠡᠭᠦᠷᠡᠰᠦᠨ ᠠᠭᠤᠷᠬᠠᠢ ᠶᠢ ᠬᠤᠯᠪᠤᠭᠠᠯᠠᠨ | ᠨᠡᠭᠡᠭᠡᠬᠦ ᠵᠡᠷᠭᠡ ᠭᠠᠷ ᠭᠦᠢᠴᠡᠳᠭᠡᠯ ᠢ ᠱᠠᠯᠠᠪᠳᠠᠨ ᠪᠦᠷᠢᠳᠤᠬᠦᠯᠵᠤ᠂ ᠪᠦᠬᠦ ᠵᠢᠯ ᠤᠨ ᠨᠡᠭᠦᠷᠡᠰᠦᠨ ᠤ ᠭᠠᠷᠭᠠᠯᠲᠠ ᠶᠢᠨ | ᠬᠡᠮᠵᠢᠶ᠎ᠡ ᠶᠢ 5000 ᠲᠦᠮᠡᠨ ᠲᠤᠨ ᠬᠦᠷᠭᠡᠬᠦ ᠪᠠᠷ ᠴᠢᠷᠮᠡᠶᠢᠨ᠎ᠡ᠃ ᠴᠠᠬᠢᠯᠭᠠᠨ ᠡᠬᠢ ᠰᠤᠷᠪᠤᠯᠵᠢ ᠶᠢᠨ ᠲᠦᠷᠦᠯ | ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠳ᠋ᠠ ᠲᠠᠩ ᠤᠨ ᠴᠠᠬᠢᠯᠭᠠᠨ ᠤ ᠦᠢᠯᠡᠳᠪᠦᠷᠢ ᠶᠢᠨ | 2 ᠰᠠᠤᠷᠢ ᠮᠠᠰᠢᠨ ᠴᠤᠭᠴᠠᠯᠠᠪᠤᠷᠢ᠂ ᠬᠤᠸᠠ ᠨᠧᠩ ᠴᠠᠬᠢᠯᠭᠠᠨ ᠤ ᠦᠢᠯᠡᠳᠪᠦᠷᠢ ᠶᠢᠨ 1 ᠰᠠᠤᠷᠢ ᠮᠠᠰᠢᠨ | ᠴᠤᠭᠴᠠᠯᠠᠪᠤᠷᠢ ᠶᠢ ᠵᠢᠯ ᠤᠨ ᠲᠤᠳᠤᠷ᠎ᠠ ᠲᠤᠤᠷ ᠨᠡᠶᠢᠯᠡᠭᠦᠯᠵᠦ ᠴᠠᠬᠢᠯᠭᠠᠨ ᠭᠠᠷᠭᠠᠨ᠂ ᠱᠧᠨ ᠬᠤᠸᠠ ᠴᠠᠬᠢᠯᠭᠠᠨ ᠤ | ᠦᠢᠯᠡᠳᠪᠦᠷᠢ ᠶᠢᠨ ᠰᠠᠭᠤᠷᠢ ᠪᠦᠳᠦᠭᠡᠨ ᠪᠠᠶᠢᠭᠤᠯᠤᠯᠲᠠ ᠶᠢ ᠲᠠᠭᠤᠰᠬᠠᠨ᠂ ᠵᠢᠯ ᠳᠤ ᠢᠯᠴᠢ ᠴᠠᠬᠢᠯᠭᠠᠨ ᠢ ᠲᠤᠤᠷ ᠲᠤ | ᠨᠠᠶᠢᠯᠡᠬᠦᠯᠤᠨ 336.6 ᠲᠦᠮᠡᠨ ᠺᠢᠯᠤᠸᠠᠲ ᠤᠨ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠵᠢᠩ ᠶᠦᠨ ᠲᠦᠩ᠂ | ᠡᠦ ᠳ᠋ᠠ ᠯᠠᠢ᠂ ᠱᠧᠨ ᠬᠤᠸᠠ᠂ ᠬᠤᠸᠠ ᠷᠦᠨ ᠵᠡᠷᠭᠡ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠤᠯ ᠵᠦᠢᠯ | ᠤᠨ ᠪᠦᠳᠦᠭᠡᠨ ᠪᠠᠶᠢᠭᠤᠯᠤᠯᠲᠠ ᠶᠢ ᠲᠤᠭᠳᠠᠭᠤᠨ ᠢᠶᠠᠷ ᠠᠬᠢᠭᠤᠯᠵᠤ᠂ ᠵᠢᠯ ᠳᠤ100 ᠲᠦᠮᠡᠨ ᠺᠢᠯᠦᠸᠠᠲ ᠤᠨ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ | ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠦᠨ᠎ᠡ᠃ ᠨᠡᠭᠦᠷᠡᠰᠦ ᠴᠠᠬᠢᠯᠭᠠᠨ ᠵᠡᠷᠭᠡ | ᠭᠤᠤᠯ ᠠᠵᠤ ᠦᠢᠯᠡᠰ ᠤᠨ ᠲᠤᠭᠤᠷᠢᠨ ᠳᠤ ᠬᠤᠪᠢᠷᠠᠭᠤᠯᠤᠨ ᠦᠷᠳᠡᠭ ᠨᠡᠮᠡᠭᠳᠡᠬᠦᠯᠬᠦ ᠪᠠ ᠬᠡᠯᠬᠢᠶᠡᠰᠤ ᠶᠢ ᠨᠦᠬᠦᠬᠦ | ᠬᠡᠯᠬᠢᠶᠡᠰᠤ ᠶᠢ ᠤᠷᠳᠤᠳᠬᠠᠬᠤ ᠠᠵᠢᠯ ᠢ ᠰᠠᠶᠢᠳᠤᠷ ᠬᠢᠵᠦ᠂ ᠤᠯᠠᠮᠵᠢᠯᠠᠯᠲᠦ ᠲᠠᠪᠠᠭᠤᠯᠢᠭ ᠠᠵᠦ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠢ | ᠬᠤᠪᠢᠷᠠᠭᠤᠯᠬᠤ ᠠᠵᠢᠯ ᠢ ᠭᠦᠨᠵᠡᠭᠡᠢ ᠰᠠᠶᠢᠳᠤᠷ ᠬᠢᠵᠤ᠂ ᠤᠷᠭᠤᠮᠠᠯ ᠤᠨ ᠢᠯᠵᠠᠮᠠᠭ ᠬᠦᠴᠢᠯ ᠤᠨ ᠤᠨᠴᠠᠯᠢᠭᠲᠤ ᠠᠵᠤ | ᠦᠢᠯᠡᠰ ᠢ ᠢᠳᠡᠪᠬᠢᠲᠡᠢ ᠬᠦᠭᠵᠢᠬᠦᠯᠵᠦ᠂ ᠲᠦᠯᠦᠪᠵᠢᠭᠦᠯᠣᠯᠭᠡ ᠲᠤᠭᠤᠷᠪᠢᠨ ᠪᠢᠴᠢᠬᠦ᠂ ᠲᠦᠷᠦᠯ ᠵᠦᠢᠯ ᠢ | ᠤᠷᠤᠭᠤᠯᠬᠤ ᠵᠡᠷᠭᠡ ᠠᠵᠢᠯ ᠢ ᠲᠦᠷᠭᠡᠳᠬᠡᠨ᠂ ᠤᠷᠭᠤᠮᠠᠯ ᠤᠨ ᠢᠯᠵᠠᠮᠠᠭ ᠬᠦᠴᠢᠯ ᠤᠨ ᠠᠵᠤ ᠦᠢᠯᠡᠰ ᠤᠨ | ᠬᠦᠷᠢᠶᠡᠯᠡᠩ ᠲᠤᠭᠤᠷᠢᠭ ᠢ ᠬᠦᠴᠤᠯᠡᠨ ᠪᠠᠶᠢᠭᠤᠯᠤᠨ᠎ᠠ᠃ ᠴᠠᠬᠢᠯᠭᠠᠨ ᠬᠦᠴᠦᠨ ᠤ ᠡᠯᠪᠡᠭ ᠪᠦᠭᠡᠳ ᠬᠢᠮᠳᠠ ᠪᠠᠶᠢᠳᠠᠭ | ᠲᠠᠪᠠᠭᠤᠯᠢᠭ ᠲᠤ ᠲᠦᠰᠢᠭᠯᠡᠵᠦ᠂ ᠴᠡᠪᠡᠷ ᠪᠦᠭᠡᠳ ᠡᠨᠧᠷᠬᠢ ᠦᠨᠳᠤᠷ ᠠᠴᠢᠶᠠᠯᠠᠬᠤ ᠠᠵᠤ ᠦᠢᠯᠡᠰ ᠢ ᠶᠡᠭᠡ | ᠬᠦᠴᠦᠨ ᠢᠶᠠᠷ ᠬᠦᠭᠵᠢᠬᠦᠯᠵᠦ᠂ ᠰᠢᠶᠧ ᠰᠢᠨ ᠤ10GW ᠤᠯᠡᠨ ᠲᠠᠯᠠᠰᠲᠤ ᠴᠠᠬᠢᠭᠤᠷ ᠤᠨ ᠤᠷᠳᠤ ᠲᠠᠯᠠᠰ ᠤᠨ | ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠵᠤ᠂ ᠴᠠᠬᠢᠯᠭᠠᠨ ᠬᠦᠴᠦᠨ ᠢ ᠲᠤᠬᠠᠢ ᠶᠢᠨ ᠭᠠᠵᠠᠷ ᠲᠤ ᠬᠡᠷᠡᠭᠯᠡᠬᠦ ᠶᠢ | ᠠᠬᠢᠭᠤᠯᠵᠤ᠂ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠭᠦᠯᠦᠨ᠎ᠡ︔ ᠮᠧᠩ ᠳ᠋ᠦᠩ᠂ ᠲᠦᠩ | ᠯᠢ ᠵᠡᠷᠭᠡ ᠭᠧᠷᠮᠡᠨ ᠤ ᠺᠤᠮᠫᠠᠨᠢ ᠶᠢᠨ ᠠᠵᠤ ᠦᠢᠯᠡᠰ ᠤᠨ ᠬᠡᠯᠬᠢᠶᠡᠰᠤ ᠶᠢ ᠤᠷᠳᠤᠳᠬᠠᠨ᠎ᠠ᠂ ᠬᠠᠭᠠᠰ ᠲᠠᠮᠵᠢᠭᠤᠯᠤᠭᠴᠢ᠂ | ᠤᠯᠠᠭᠠᠨ ᠤ ᠭᠠᠳᠠᠨᠠᠬᠢ ᠲᠤᠶᠠᠭ᠎ᠠ ᠶᠢᠨ ᠬᠡᠷᠡᠯᠯᠢᠭ ᠵᠡᠷᠭᠡ ᠰᠢᠨ᠎ᠡ ᠮᠠᠲ᠋ᠧᠷᠢᠶᠠᠯ ᠢ ᠬᠦᠭᠵᠢᠭᠦᠯᠦᠨ᠂ ᠪᠦᠳᠦᠭᠡᠭᠳᠡᠭᠦᠨ ᠤ | ᠨᠡᠮᠡᠯᠲᠡ ᠦᠷᠳᠡᠭ ᠪᠠ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠤᠨ᠎ᠠ᠃ ᠡᠨᠧᠷᠬᠢ ᠠᠷᠪᠢᠯᠠᠬᠤ ᠤᠷᠴᠢᠨ | ᠲᠤᠭᠤᠷᠢᠨ ᠢ ᠬᠠᠮᠠᠭᠠᠯᠠᠬᠤ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠨᠡᠭᠦᠷᠡᠰᠤᠨ ᠤ ᠨᠤᠨᠳᠠᠭ᠂ | ᠬᠦᠬᠦᠷ ᠢ ᠦᠭᠡᠶᠢᠳᠡᠬᠦᠯᠤᠭ᠍ᠰᠡᠨ ᠵᠤᠭᠠᠡᠭ ᠵᠡᠷᠭᠡ ᠠᠵᠤ ᠦᠢᠯᠡᠳᠪᠦᠷᠢ ᠶᠢᠨ ᠬᠠᠳᠠᠭᠤ ᠪᠡᠶᠡᠲᠦ ᠬᠠᠶᠠᠭᠳᠠᠮᠠᠯ ᠪᠤᠳᠠᠰ ᠢ | ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠲᠠᠷᠤᠢ ᠲᠦᠷᠭᠡᠨ ᠨᠠᠶᠢᠳᠠᠪᠤᠷᠢᠵᠢᠭᠤᠯᠵᠤ᠂ ᠠᠮᠢᠳᠠᠨ ᠠᠯᠠᠵᠤ | ᠨᠢᠳᠤᠯᠠᠭᠰᠡᠨ ᠬᠠᠶᠠᠭᠳᠠᠮᠠᠯ ᠮᠠᠲ᠋ᠧᠷᠢᠶᠠᠯ ᠢ ᠶᠡᠷᠦᠩᠭᠡᠶᠢᠯᠡᠨ ᠠᠰᠢᠭᠯᠠᠵᠤ ᠡᠳ᠋ᠰᠢᠬᠦᠯᠬᠦ ᠲᠦᠷᠦᠯ ᠵᠦᠢᠯ ᠢ ᠢᠳᠡᠪᠬᠢᠲᠡᠢ | ᠲᠠᠲᠠᠨ ᠤᠷᠤᠭᠤᠯᠵᠤ᠂ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡ︔ | ᠭᠡᠷᠡᠯ ᠴᠠᠬᠢᠯᠭᠠᠨ ᠤ ᠡᠬᠢ ᠪᠠᠶᠠᠯᠢᠭ ᠤᠨ ᠲᠠᠪᠠᠭᠤᠯᠢᠭ ᠪᠠ ᠰᠢᠷᠣᠢ ᠣᠪᠣᠭᠠᠯᠠᠬᠤ ᠲᠠᠯᠠᠪᠠᠢ ᠶᠢᠨ ᠪᠦᠲᠦᠭᠡᠨ | ᠪᠠᠶᠢᠭᠤᠯᠣᠯᠲᠠ ᠳᠤ ᠬᠡᠷᠡᠭᠯᠡᠬᠦ ᠭᠠᠵᠠᠷ ᠰᠢᠷᠣᠢ ᠶᠢ ᠬᠦᠢᠴᠡᠳ ᠠᠰᠢᠭᠯᠠᠵᠤ᠂ ᠬᠡᠷᠡᠯ ᠸᠤᠯᠲ ᠶᠢᠨ ᠴᠠᠬᠢᠯᠭᠠᠨ | ᠭᠠᠷᠭᠠᠬᠤ ᠪᠠ ᠲᠡᠷᠢᠭᠦᠨ ᠤ ᠮᠡᠷᠭᠡᠵᠢᠯ ᠢᠶᠠᠷ ᠡᠨᠧᠷᠬᠢ ᠬᠠᠳᠠᠭᠠᠯᠠᠬᠤ ᠲᠦᠷᠦᠯ ᠵᠦᠢᠯ ᠢ ᠶᠡᠬᠡᠪᠡᠷ ᠠᠬᠢᠭᠤᠯᠤᠨ᠂ | ᠲᠦᠷᠤᠯ ᠵᠦᠢᠯ ᠤᠨ ᠨᠢᠭᠡᠴᠡ ᠪᠤᠯᠤᠨ ᠨᠡᠭᠦᠷᠡᠰᠤᠨ ᠤ ᠠᠵᠤ ᠠᠬᠤᠶᠢᠯᠡᠯ ᠤᠨ ᠬᠦᠨ ᠬᠠᠮᠲᠤᠷᠠᠯᠴᠠᠭ᠎ᠠ ᠶᠢ ᠠᠬᠢᠭᠤᠯᠵᠤ | ᠂ ᠪᠤᠬᠢᠷᠳᠤᠯ ᠦᠭᠡᠢ ᠠᠮᠢ ᠠᠬᠤᠶᠢᠲᠤ ᠲᠡᠷᠢᠭᠦᠨ ᠤ ᠮᠡᠷᠭᠡᠵᠢᠯ ᠢᠶᠠᠷ ᠡᠨᠧᠷᠬᠢ ᠬᠠᠳᠠᠭᠠᠯᠠᠬᠤ ᠠᠵᠤ ᠦᠢᠯᠡᠰ ᠤᠨ | ᠬᠦᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠤᠯᠡᠨ ᠪᠠᠶᠢᠭᠤᠯᠤᠨ᠎ᠠ᠃ ᠰᠢᠨ᠎ᠡ ᠡᠨᠧᠷᠬᠢ ᠶᠢᠨ | ᠲᠤᠨᠤᠭᠯᠠᠯ ᠦᠢᠯᠡᠳᠬᠦ ᠦᠢᠯᠡᠰ ᠢ ᠡᠮᠬᠢ ᠵᠢᠷᠤᠮ ᠲᠠᠢ ᠬᠦᠭᠵᠢᠭᠦᠯᠵᠤ᠂ ᠮᠢᠩ ᠶᠠᠩ ᠴᠠᠬᠢᠯᠭᠠᠨ ᠬᠡᠷᠡᠭᠰᠡᠯ᠂ | ᠱᠠᠩᠬᠠᠢ ᠶᠢᠨ ᠴᠠᠬᠢᠯᠭᠠᠨ ᠲᠤᠨᠤᠭᠯᠠᠯ ᠵᠡᠷᠭᠡ ᠲᠦᠷᠤᠯ ᠵᠦᠢᠯ ᠤᠨ ᠦᠢᠯᠡᠳᠪᠤᠷᠢᠯᠡᠯ ᠢᠶᠠᠨ ᠡᠬᠢᠯᠡᠬᠦᠯᠵᠤ ᠦᠷ᠎ᠡ ᠠᠰᠢᠭ | ᠤᠯᠬᠤ ᠶᠢ ᠠᠬᠢᠭᠤᠯᠤᠨ᠎ᠠ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠲᠤᠯᠭᠠᠭᠤᠷᠢ ᠪᠠᠭᠠᠨ᠎ᠠ | ᠦᠢᠯᠡᠳᠬᠦ ᠲᠦᠷᠤᠯ ᠵᠦᠢᠯ ᠢ ᠡᠷᠲᠡᠬᠡᠨ ᠰᠠᠭᠤᠷᠢᠰᠢᠭᠤᠯᠬᠤ ᠪᠠᠷ ᠴᠢᠷᠮᠠᠶᠢᠨ᠂ ᠰᠠᠯᠬᠢᠨ ᠬᠦᠴᠦᠨ ᠤ ᠮᠠᠰᠢᠨ᠂ | ᠲᠠᠯᠠᠪᠴᠢ᠂ ᠪᠠᠭᠠᠨ᠎ᠠ ᠦᠢᠯᠡᠳᠪᠦᠷᠢᠯᠡᠬᠦ ᠶᠢ ᠨᠢᠭᠡ ᠴᠤᠭᠴᠠᠵᠢᠭᠤᠯᠤᠭᠰᠡᠨ ᠠᠵᠤ ᠦᠢᠯᠡᠰ ᠤᠨ ᠦᠷᠢᠰᠦᠯᠳᠦᠭᠡᠨ ᠤ | ᠲᠠᠪᠠᠭᠤᠯᠢᠭ ᠢ ᠪᠦᠷᠢᠯᠳᠤᠬᠦᠯᠤᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠲᠠᠭᠤᠳᠠᠯ ᠢ ᠨᠦᠬᠦᠪᠦᠷᠢᠯᠡᠨ᠎ᠡ᠃ ᠬᠦᠷᠢᠶᠡᠯᠡᠩ ᠲᠤᠭᠤᠷᠢᠭ ᠢ | ᠰᠢᠯᠢᠳᠡᠭᠵᠢᠬᠦᠯᠦᠨ ᠨᠡᠶᠢᠯᠡᠭᠦᠯᠬᠦ ᠶᠢ ᠲᠦᠷᠭᠡᠳᠭᠡᠨ᠂ ᠬᠦᠷᠢᠶᠡᠯᠡᠩ ᠲᠤᠭᠤᠷᠢᠭ ᠤᠨ ᠠᠵᠤ ᠠᠬᠤᠢ ᠶᠢᠨ ᠪᠤᠳᠠᠳᠤ | ᠬᠦᠴᠦᠨ ᠢ ᠪᠤᠵᠠᠭᠠᠶᠢᠷᠠᠭᠤᠯᠵᠤ᠂ ︽ᠬᠤᠶᠠᠷ ᠵᠠᠭᠤᠨ ᠳ᠋ᠦᠩᠰᠢᠭᠤᠷ︾ ᠪᠦᠬᠦᠢ ᠠᠵᠤ ᠦᠢᠯᠡᠳᠪᠦᠷᠢ ᠶᠢᠨ | ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ᠃ ᠠᠵᠤ ᠠᠬᠤᠢ ᠮᠡᠷᠭᠡᠵᠢᠯ ᠤᠨ ᠨᠡᠬᠡᠬᠡᠯᠲᠡ ᠶᠢᠨ ᠤᠷᠤᠨ ᠤ ᠭᠠᠷ | ᠭᠦᠢᠴᠡᠳᠭᠡᠯ ᠢ ᠬᠦᠢᠴᠡᠳᠭᠡᠬᠦ᠂ ᠲᠦᠯᠦᠪᠵᠢᠭᠦᠯᠣᠯᠭᠡ ᠲᠤᠭᠤᠷᠪᠢᠨ ᠪᠢᠴᠢᠬᠦ ᠵᠡᠷᠭᠡ ᠠᠵᠢᠯ ᠢ ᠲᠠᠷᠤᠢ ᠲᠦᠷᠭᠡᠨ | ᠪᠡᠶᠡᠯᠡᠭᠦᠯᠵᠦ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠰᠢᠭᠠᠷᠤ ᠶᠢᠨ ᠲᠠᠯᠠᠪᠠᠢ ᠵᠡᠷᠭᠡ ᠲᠦᠷᠦᠯ ᠵᠦᠢᠯ ᠤᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠦᠷᠢᠶᠡᠯᠡᠩ ᠲᠤᠭᠤᠷᠢᠭ ᠤᠨ ᠠᠴᠢᠶᠠᠯᠠᠬᠤ ᠴᠢᠳᠠᠪᠤᠷᠢ ᠶᠢ | ᠲᠡᠭᠡᠭᠰᠢᠯᠡᠬᠦᠯᠦᠨ᠎ᠡ᠃ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ | ᠰᠢᠯᠢ ᠶᠢᠨ ᠬᠤᠲᠠ ᠤᠷᠤᠨ ᠤ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠡᠳ᠋ᠰᠢᠭᠦᠯᠬᠦ ᠦᠢᠯᠡᠰ ᠲᠤ | ᠶᠠᠪᠤᠭᠤᠯᠤᠭᠰᠡᠨ ᠬᠠᠤᠯᠢ ᠬᠡᠷᠡᠭᠵᠢᠬᠦᠯᠬᠦ ᠪᠠᠶᠢᠴᠠᠭᠠᠯᠲᠠ ᠪᠠ ᠡᠷᠬᠢᠯᠡᠭᠴᠢ ᠨᠠᠷ ᠬᠠᠮᠲᠤ ᠪᠠᠷ ᠲᠤᠭᠤᠷᠢᠨ ᠪᠠᠶᠢᠴᠠᠭᠠᠵᠤ | ᠲᠤᠰᠬᠠᠭᠰᠡᠨ ᠬᠠᠯᠠᠨ ᠵᠠᠯᠠᠷᠠᠭᠤᠯᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠷᠢᠶᠡᠯᠡᠩ ᠲᠤᠭᠤᠷᠢᠭ ᠤᠨ | ᠰᠠᠭᠤᠷᠢ ᠲᠦᠬᠦᠭᠡᠷᠦᠮᠵᠢ ᠶᠢ ᠲᠦᠷᠭᠡᠨ ᠲᠡᠭᠦᠯᠳᠡᠷᠵᠢᠬᠦᠯᠵᠦ᠂ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ | ᠦᠢᠯᠡᠳᠪᠦᠷᠢ ᠶᠢᠨ ︽ᠪᠠᠭ᠎ᠠ᠂ ᠲᠠᠷᠬᠠᠢ᠂ ᠡᠮᠬᠢ ᠵᠠᠮᠪᠠᠷᠠᠭ᠎ᠠ ᠦᠭᠡᠢ︾ ᠠᠰᠠᠭᠤᠳᠠᠯ ᠢ ᠤᠯᠠᠮ ᠨᠢᠭᠡ ᠠᠯᠬᠤᠮ | ᠰᠢᠢᠳᠪᠦᠷᠢᠯᠡᠨ᠎ᠡ᠃ ᠬᠦᠷᠢᠶᠡᠯᠡᠩ ᠲᠤᠭᠤᠷᠢᠭ ᠲᠤ ᠰᠤᠯᠠ ᠬᠠᠶᠠᠭᠳᠠᠵᠤ ᠪᠠᠶᠢᠬᠤ ᠭᠠᠵᠠᠷ ᠰᠢᠷᠤᠢ ᠪᠠ ︽ᠬᠦᠰᠢᠮᠡᠯ︾ | ᠠᠵᠤ ᠠᠬᠤᠶᠢᠯᠠᠯ ᠢ ᠴᠡᠪᠡᠷᠯᠡᠬᠦ ᠬᠦᠴᠦᠯᠡᠴᠡ ᠪᠠᠨ ᠨᠡᠮᠡᠭᠳᠡᠭᠦᠯᠵᠦ᠂ ᠭᠠᠷ ᠭᠦᠢᠴᠡᠳᠭᠡᠯ ᠪᠦᠷᠢᠨ ᠪᠤᠰᠤ ᠬᠠᠤᠯᠢ | ᠪᠤᠰᠤ ᠪᠠᠷ ᠡᠵᠡᠯᠡᠭᠰᠡᠨ ᠭᠠᠵᠠᠷ ᠢ ᠡᠷᠬᠡᠪᠰᠢ ᠪᠤᠴᠠᠭᠠᠨ ᠠᠪᠴᠤ᠂ ᠦᠢᠯᠡᠳᠪᠦᠷᠢᠯᠡᠯ ᠢ ᠵᠤᠭᠰᠤᠭᠭᠠᠰᠠᠨ᠂ ᠬᠠᠭᠠᠰ | ᠵᠤᠭᠰᠤᠭᠭᠠᠰᠠᠨ ᠠᠵᠤ ᠠᠬᠤᠶᠢᠯᠠᠯ ᠤᠨ ᠰᠢᠨ᠎ᠡ ᠠᠵᠤ ᠠᠬᠤᠶᠢᠯᠠᠯ᠂ ᠰᠢᠨ᠎ᠡ ᠲᠦᠷᠦᠯ ᠵᠦᠢᠯ ᠲᠠᠢ | ᠬᠠᠮᠲᠤᠷᠠᠯᠴᠠᠬᠤ ᠶᠢ ᠵᠤᠷᠢᠭᠵᠢᠭᠤᠯᠵᠤ᠂ ᠬᠦᠷᠢᠶᠡᠯᠡᠩ ᠲᠤᠭᠤᠷᠢᠭ ᠤᠨ ᠬᠦᠭᠵᠢᠯᠲᠡ ᠶᠢᠨ ᠠᠮᠢᠵᠢᠷᠡᠯ ᠤᠨ ᠬᠦᠴᠦᠨ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠱᠸᠤ ᠹᠠᠨᠭ᠌ ᠵᠢᠵᠢᠭ ᠢᠳᠡᠭᠡᠨ ᠤ ᠡᠳ᠋ᠰᠢᠭᠦᠯᠦᠯᠲᠡ ᠶᠢᠨ ᠲᠤᠭᠤᠷᠢᠭ ᠤᠨ | ᠲᠦᠷᠦᠯ ᠵᠦᠢᠯ ᠪᠠᠶᠢᠭᠤᠯᠤᠭᠳᠡᠨ ᠠᠰᠢᠭᠯᠠᠯᠲᠠ ᠳᠤ ᠤᠷᠤᠬᠤ ᠶᠢ ᠠᠬᠢᠭᠤᠯᠵᠤ᠂ ᠠᠵᠤ ᠠᠬᠤᠶᠢᠯᠠᠯ ᠤᠨ ᠲᠤᠭᠤᠷᠢᠭ | ᠲᠤ ᠤᠷᠤᠵᠤ ᠡᠵᠡᠩᠨᠡᠬᠦ᠂ ᠲᠦᠷᠢᠮᠵᠢᠨ ᠬᠦᠭᠵᠢᠬᠦ ᠶᠢ ᠲᠠᠭᠠᠭᠤᠯᠤᠨ ᠵᠢᠯᠤᠭᠤᠳᠴᠤ᠂ ᠢᠳᠡᠭᠡᠨ ᠤ ᠠᠮᠤᠷ ᠲᠦᠪᠰᠢᠨ | ᠢ ᠪᠠᠲᠤᠯᠠᠬᠤ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠤᠯᠡᠨ ᠠᠬᠢᠭᠤᠯᠤᠨ᠎ᠠ᠃ ᠤᠯᠤᠰ ᠤᠨ ᠢᠳᠡᠪᠬᠢᠲᠠᠢ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠰᠢᠭᠲᠠᠢ ᠲᠤᠬᠢᠶᠠᠯ ᠢ ᠡᠵᠡᠮᠳᠡᠵᠤ᠂ ᠲᠦᠷᠦᠯ | ᠵᠦᠢᠯ ᠢ ᠲᠦᠰᠦᠪᠯᠡᠨ ᠬᠡᠷᠡᠭᠵᠢᠬᠦᠯᠬᠦ ᠬᠦᠴᠦᠯᠡᠴᠡ ᠪᠠᠨ ᠨᠡᠮᠡᠭᠳᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠪᠡᠯᠡ | ᠤᠷᠤᠭᠤᠯᠤᠯᠲᠠ ᠶᠢᠨ ᠬᠡᠪᠴᠢᠶ᠎ᠡ ᠶᠢ ᠦᠷᠭᠡᠳᠭᠡᠨ᠎ᠡ᠃ ᠲᠤᠰ ᠵᠢᠯ ᠳᠤ 88 ᠭᠤᠤᠯᠳᠠᠯᠭᠠᠲᠤ ᠲᠦᠷᠦᠯ ᠵᠦᠢᠯ ᠢ | ᠬᠡᠷᠡᠭᠵᠢᠬᠦᠯᠵᠤ᠂ 104 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠪᠠᠷ ᠲᠦᠯᠤᠪᠯᠡᠵᠤ | ᠪᠠᠶᠢᠨ᠎ᠠ᠃ ᠲᠦᠷᠪᠡᠨ ᠶᠡᠭᠡ ᠪᠠᠭ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠦᠷᠦᠯ ᠵᠦᠢᠯ ᠢ ᠲᠠᠭᠠᠭᠠᠴᠢᠯᠠᠨ | ᠬᠠᠷᠢᠯᠴᠠᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠪᠦᠬᠦ ᠶᠠᠪᠤᠴᠠ ᠳᠤ ᠴᠢᠩᠭ᠎ᠠ ᠬᠢᠨᠠᠨ ᠱᠠᠭᠠᠷᠳᠠᠬᠤ ᠶᠢᠨ ᠬᠠᠮᠲᠤ | ᠦᠢᠯᠡᠴᠢᠯᠡᠭᠡᠨ ᠤ ᠪᠠᠳᠤᠯᠠᠭ᠎ᠠ ᠬᠠᠩᠭᠠᠵᠤ᠂ ᠭᠠᠷᠠᠭ ᠪᠦᠷᠢ ᠲᠤᠬᠢᠷᠠᠭᠤᠯᠤᠯᠲᠠ ᠲᠠᠢ᠂ ᠰᠠᠷ᠎ᠠ ᠪᠦᠷᠢ ᠨᠡᠶᠢᠲᠡᠯᠡᠬᠦ | ᠱᠠᠭᠠᠷᠳᠠᠨ ᠠᠬᠢᠭᠤᠯᠵᠤ ᠤᠷᠮᠠᠰᠢᠭᠤᠯᠬᠤ ᠲᠤᠭᠳᠠᠴᠠ ᠶᠢ ᠪᠠᠶᠢᠭᠤᠯᠵᠤ᠂ ᠵᠢᠯ ᠤᠨ ᠲᠤᠳᠤᠷ᠎ᠠ ᠭᠤᠤᠯᠳᠠᠯᠭ᠎ᠠ ᠲᠠᠢ | ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠪᠠ ᠠᠵᠢᠯ ᠢᠶᠠᠨ ᠰᠡᠷᠭᠦᠭᠡᠬᠦ ᠨᠤᠷᠮ᠎ᠠ ᠶᠢ 90% ᠠᠴᠠ ᠲᠡᠭᠡᠭᠰᠢ | ᠪᠠᠶᠢᠯᠭᠠᠨ᠎ᠠ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠬᠤ ᠶᠢ ᠴᠢᠩᠭᠠᠳᠬᠠᠨ᠂ ᠡᠬᠢ ᠪᠠᠶᠠᠯᠢᠭ ᠪᠠ ᠠᠵᠤ | ᠦᠢᠯᠡᠰ ᠤᠨ ᠲᠠᠪᠠᠭᠤᠯᠢᠭ ᠢ ᠪᠦᠳᠦᠮᠵᠢᠲᠡᠢ ᠠᠰᠢᠭᠯᠠᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠡᠳ᠋ᠰᠢᠭᠦᠯᠬᠦ᠂ | ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠰᠤᠶᠤᠯ ᠵᠢᠭᠤᠯᠴᠢᠯᠠᠯ᠂ ᠮᠤᠩᠭᠤᠯ ᠬᠢᠳᠡᠳ ᠡᠮ ᠡᠮᠨᠡᠯᠭᠡ᠂ ᠢᠯᠵᠠᠮᠠᠭ | ᠬᠦᠴᠢᠯ ᠵᠡᠷᠭᠡ ᠬᠦᠷᠢᠶ᠎ᠡ ᠬᠡᠪᠴᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠣ᠂ ᠠᠵᠤ ᠦᠢᠯᠡᠰ ᠤᠨ | ᠬᠡᠯᠬᠢᠶᠡᠰᠦ ᠶᠢ ᠤᠷᠳᠤᠳᠬᠠᠬᠤ᠂ ᠨᠦᠬᠦᠬᠦ᠂ ᠪᠤᠵᠠᠭᠠᠶᠢᠷᠠᠭᠤᠯᠬᠤ ᠲᠦᠷᠦᠯ ᠵᠦᠢᠯ ᠢ ᠢᠳᠡᠪᠬᠢᠲᠡᠢ ᠤᠷᠢᠨ | ᠤᠷᠤᠭᠤᠯᠤᠨ᠎ᠠ︔ ᠠᠷᠠᠯᠵᠢᠶᠠᠴᠢᠨ ᠤᠷᠢᠬᠤ ᠬᠡᠯᠪᠡᠷᠢ ᠶᠢ ᠰᠢᠨᠡᠳᠭᠡᠨ᠂ ᠠᠷᠠᠯᠵᠢᠶᠠᠴᠢᠨ ᠤᠷᠢᠬᠤ ᠲᠤᠰᠬᠠᠶᠢᠵᠢᠭᠰᠠᠨ | ᠬᠢᠷᠢ ᠬᠡᠮᠵᠢᠶ᠎ᠡ ᠶᠢ ᠲᠡᠭᠡᠭᠰᠢᠯᠡᠭᠦᠯᠵᠦ᠂ ᠵᠢᠯ ᠤᠨ ᠲᠤᠳᠤᠷ᠎ᠠ ᠠᠷᠠᠯᠵᠢᠶᠠᠴᠢᠨ ᠤᠷᠢᠵᠤ 56 ᠳ᠋ᠦᠩᠰᠢᠭᠤᠷ ᠲᠦᠬᠦᠷᠢᠭ | ᠠᠴᠠ ᠲᠡᠭᠡᠭᠰᠢ ᠪᠡᠯᠡ ᠮᠦᠩᠭᠦ ᠤᠷᠤᠭᠤᠯᠬᠤ ᠪᠠᠷ ᠴᠢᠷᠮᠠᠶᠢᠨ᠎ᠠ᠃ ᠪᠡᠯᠨ ᠤᠷᠤᠭᠤᠯᠬᠤ ᠪᠡᠯᠨ ᠬᠤᠷᠠᠮᠳᠤᠭᠤᠯᠬᠤ | ᠵᠠᠭᠪᠤᠷ ᠢ ᠪᠦᠷᠢᠨᠰᠢᠬᠦᠯᠤᠨ᠂ ᠢᠯᠴᠢ ᠬᠠᠩᠭᠠᠬᠤ᠂ ᠰᠢᠳᠠᠮᠠᠬᠠᠢ ᠬᠡᠢ᠂ ᠴᠡᠪᠡᠷᠰᠢᠬᠦᠯᠤᠭ᠍ᠰᠡᠨ ᠤᠰᠤ ᠵᠡᠷᠭᠡ ᠬᠦᠷᠢᠶ᠎ᠡ | ᠬᠡᠪᠴᠢᠶᠡᠨ ᠳᠤ ᠨᠡᠶᠢᠭᠡᠮ ᠤᠨ ᠪᠡᠯᠡ ᠬᠦᠷᠦᠩᠭᠡ ᠶᠢ ᠠᠮᠢᠳᠤᠯᠢᠭ ᠢᠶᠠᠷ ᠵᠢᠯᠤᠭᠤᠳᠤᠨ ᠤᠷᠤᠭᠤᠯᠵᠤ ᠪᠦᠲᠤᠭᠡᠨ | ᠪᠠᠶᠢᠭᠤᠯᠤᠯᠲᠠ ᠬᠢᠯᠭᠡᠨ᠎ᠡ᠃ ︽ᠲᠡᠭᠡᠭᠰᠢ ᠭᠦᠶᠦᠬᠦ︾ ᠬᠦᠴᠦᠯᠡᠴᠡ ᠪᠠᠨ ᠨᠡᠮᠡᠭᠳᠡᠭᠦᠯᠵᠦ᠂ ᠲᠡᠭᠡᠲᠦ ᠱᠠᠳᠤᠨ ᠠᠴᠠ | ᠲᠦᠷᠦᠯ ᠵᠦᠢᠯ ᠤᠨ ᠪᠡᠯᠡ ᠮᠦᠩᠭᠦ᠂ ᠲᠤᠰᠬᠠᠢ ᠲᠦᠷᠤᠯ ᠤᠨ ᠵᠢᠭᠡᠯᠡᠯᠭᠡ ᠶᠢᠨ ᠲᠡᠮᠳᠡᠭ᠂ ᠠᠵᠤ ᠦᠢᠯᠡᠰ ᠤᠨ | ᠰᠠᠭᠤᠷᠢ ᠮᠦᠩᠭᠦ ᠶᠢ ᠪᠦᠬᠦ ᠬᠦᠴᠦᠨ ᠢᠶᠠᠷ ᠢᠶᠠᠨ ᠤᠯᠵᠤ ᠠᠪᠴᠢᠷᠠᠨ᠂ ᠭᠤᠤᠯᠳᠠᠯᠭᠠᠲᠤ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠤᠷᠤᠭᠰᠢᠲᠠᠢ ᠠᠬᠢᠭᠤᠯᠤᠭᠳᠠᠬᠤ ᠶᠢ ᠪᠠᠲᠤᠯᠠᠨ᠎ᠠ᠃ | ︵ᠲᠦᠷᠪᠡ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠬᠦᠯᠦᠨ᠎ᠡ᠃ ᠤᠯᠠᠮᠵᠢᠯᠠᠯᠳᠤ | ᠦᠢᠯᠡᠴᠢᠯᠡᠭᠡᠨ ᠤ ᠦᠢᠯᠡᠰ ᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ | ᠵᠠᠬᠪᠤᠷ ᠢ ᠢᠳᠡᠪᠬᠢᠲᠡᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠤᠨ ᠲᠡᠭᠡᠭᠰᠢᠯᠡᠯᠲᠡ ᠪᠠ | ᠦᠷ᠎ᠡ ᠪᠦᠲᠦᠮᠵᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠰᠤᠶᠤᠯ ᠵᠢᠭᠤᠯᠴᠢᠯᠠᠯ ᠤᠨ ᠬᠦᠨᠵᠡᠭᠡᠢ ᠠᠭᠤᠰᠤᠯᠳᠤᠯ ᠢ ᠠᠬᠢᠭᠤᠯᠤᠨ᠎ᠠ᠃ ᠦᠨᠳᠦᠰᠦᠲᠡᠨ ᠤ ᠰᠤᠶᠤᠯ᠂ ᠠᠳᠤᠭᠤᠨ | ᠤ ᠰᠤᠶᠤᠯ ᠤᠨ ᠠᠭᠤᠯᠤᠭᠳᠠᠬᠤᠨ ᠢ ᠬᠦᠢᠴᠡᠳ ᠠᠭᠤᠳᠠᠯᠯᠠᠵᠣ᠂ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠤᠨ | ᠠᠰᠢᠭᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠪᠦᠬᠦ ᠤᠷᠤᠨ ᠤ ᠠᠩᠬᠠᠳᠠᠭᠴᠢ ᠤᠯᠤᠰ | ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠤᠷᠤᠨ ᠢ ᠴᠢᠷᠮᠠᠶᠢᠨ ᠪᠠᠶᠢᠭᠤᠯᠤᠨ᠎ᠠ᠃ ᠵᠢᠭᠤᠯᠴᠢᠯᠠᠯ ᠤᠨ | ᠬᠡᠷᠡᠭᠯᠡᠭᠡᠨ ᠤ ᠳᠡᠰ ᠲᠡᠪᠰᠢᠬᠦ ᠬᠠᠨᠲᠣᠰᠢ ᠲᠠᠢ ᠵᠣᠬᠢᠴᠠᠭᠤᠯᠵᠣ᠂ ᠦᠨᠳᠦᠰᠦᠲᠡᠨ ᠤ ᠵᠠᠩ ᠵᠠᠩᠰᠢᠯ ᠪᠠ ᠮᠣᠩᠭᠤᠯ | ᠶᠤᠸᠠᠨ ᠤ ᠰᠣᠶᠣᠯ ᠤᠨ ᠣᠬᠢ ᠰᠢᠯᠢᠳᠡᠭ ᠢ ᠨᠢ ᠰᠣᠩᠭᠤᠵᠣ᠂ ᠦᠨᠳᠦᠷ ᠪᠠᠷᠢᠮᠵᠢᠶ᠎ᠠ ᠪᠠᠷ 2 — 3 | ᠶᠡᠷᠦᠩᠬᠡᠶᠢᠯᠡᠭᠰᠡᠨ ᠠᠮᠠᠷᠠᠯᠲᠠ ᠶᠢᠨ ᠭᠠᠵᠠᠷ ᠪᠠ ᠣᠨᠴᠠᠯᠢᠭᠲᠣ ᠦᠷᠲᠡᠭᠡ ᠶᠢ ᠪᠠᠶᠢᠭᠤᠯᠵᠣ᠂ ᠰᠡᠯᠡᠭᠦᠴᠡᠨ ᠠᠮᠠᠷᠠᠬᠤ᠂ | ᠪᠡᠶᠡᠴᠢᠯᠡᠨ ᠣᠷᠣᠯᠴᠠᠬᠤ ᠵᠡᠷᠭᠡ ᠳᠡᠭᠡᠳᠦ ᠳᠡᠰ ᠤᠨ ᠣᠨᠴᠠᠯᠢᠭᠲᠣ ᠵᠢᠭᠤᠯᠴᠢᠯᠠᠯ ᠤᠨ ᠦᠢᠯᠡᠳᠭᠦᠨ ᠢ ᠨᠡᠬᠡᠭᠡᠵᠦ᠂ | ᠨᠡᠭᠦᠳᠡᠯ ᠮᠠᠯᠵᠢᠯ ᠤᠨ ᠨᠡᠷᠡᠲᠦ ᠲᠡᠮᠳᠡᠭᠲᠣ ᠶᠢ ᠡᠭᠦᠳᠦᠨ᠎ᠡ᠃ ᠣᠳᠣᠬᠠᠨ ᠤ ᠪᠠᠶᠢᠵᠣ ᠪᠠᠶᠢᠭ᠎ᠠ ᠦᠵᠡᠮᠵᠢ ᠶᠢᠨ ᠴᠡᠭ ᠢ | ᠬᠤᠯᠪᠣᠯᠳᠣᠭᠤᠯᠣᠨ ︽ᠵᠠᠭᠤᠨ ᠭᠠᠵᠠᠷ ᠤᠨ ᠠᠳᠤᠭᠤᠨ ᠴᠣᠪᠣᠭ᠎ᠠ︾ ᠲᠠᠯ᠎ᠠ ᠨᠤᠳᠤᠭ ᠤᠨ ᠠᠮᠢ ᠠᠬᠤᠢ ᠶᠢᠨ | ᠰᠣᠳᠣᠨ ᠪᠦᠲᠦᠭᠡᠯ ᠤᠨ ᠵᠢᠭᠤᠯᠴᠢᠯᠠᠯ ᠤᠨ ᠱᠤᠭᠤᠮ ᠢ ᠲᠦᠯᠦᠪᠵᠢᠬᠦᠯᠦᠨ ᠪᠦᠲᠦᠭᠡᠨ ᠪᠠᠶᠢᠭᠤᠯᠤᠨ᠎ᠠ᠃ ᠲᠤᠮᠳᠠᠳᠤ | ᠤᠯᠤᠰ ᠤᠨ ᠠᠳᠤᠭᠤᠨ ᠰᠤᠶᠤᠯ ᠤᠨ ᠲᠦᠪ ᠤᠨ ᠭᠤᠤᠯ ᠤᠷᠤᠨ ᠤ ᠰᠤᠶᠤᠯ ᠠᠮᠢ ᠠᠬᠤᠢ ᠶᠢᠨ ᠵᠢᠭᠤᠯᠴᠢᠯᠠᠯ ᠤᠨ | ᠦᠵᠡᠮᠵᠢᠳᠤ ᠤᠷᠤᠨ ᠤ ᠵᠡᠷᠭᠡ ᠲᠡᠰ ᠢ ᠲᠡᠭᠡᠭᠰᠢᠯᠡᠬᠦᠯᠵᠤ᠂ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ | ᠰᠤᠶᠤᠯ ᠤᠨ ᠠᠵᠤ ᠦᠢᠯᠡᠰ ᠤᠨ ᠦᠢᠯᠡᠰ ᠴᠤᠭᠴᠠᠯᠠᠬᠤ ᠬᠦᠷᠢᠶᠡᠯᠡᠩ ᠢ ᠪᠠᠶᠢᠭᠤᠯᠤᠨ ᠲᠠᠭᠤᠰᠬᠠᠵᠤ ᠠᠰᠢᠭᠯᠠᠯᠲᠠ | ᠳᠤ ᠣᠷᠣᠭᠤᠯᠣᠨ᠎ᠠ᠃ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠤᠨ ᠠᠳᠤᠭᠤᠨ | ᠰᠤᠶᠤᠯ ᠤᠨ ᠦᠵᠡᠰᠬᠦᠯᠡᠩ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠶᠢ ᠨᠢᠮᠪᠠᠢ ᠲᠦᠰᠦᠪᠯᠡᠨ ᠡᠷᠬᠢᠯᠡᠵᠤ᠂ | ᠨᠠᠢᠮᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ ᠤᠯᠠᠨ ᠤᠯᠤᠰ ᠤᠨ | ᠮᠤᠷᠢᠨ ᠮᠡᠷᠭᠡᠵᠢᠯ ᠤᠨ ᠬᠤᠯᠪᠤᠭᠠᠳᠤ ᠬᠤᠷᠠᠯ ᠤᠨ ᠬᠤᠶᠠᠷ ᠤᠳᠤᠨ ᠲᠡᠰ ᠤᠨ ᠬᠡᠭᠡᠷᠯᠡᠨ ᠲᠠᠪᠬᠢᠵᠦ ᠰᠢᠨᠳᠠᠰᠣ | ᠰᠢᠯᠭᠠᠬᠤ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠲᠠ᠂ ᠠᠵᠤ ᠦᠢᠯᠡᠰ ᠤᠨ ᠶᠠᠷᠢᠯᠴᠠᠭᠠᠨ ᠤ ᠲᠠᠪᠴᠠᠩ᠂ | ᠠᠵᠤ ᠠᠬᠤᠢ ᠠᠷᠠᠯᠵᠢᠶᠠᠨ ᠤ ᠬᠡᠯᠡᠯᠴᠡᠭᠡ ᠪᠠᠷ ᠭᠤᠤᠯ ᠠᠭᠤᠯᠭ᠎ᠠ ᠪᠤᠯᠭᠠᠭᠰᠠᠨ ᠠᠩᠬᠠᠳᠤᠭᠠᠷ ᠬᠤᠭᠤᠴᠠᠭᠠᠨ ᠤ ᠲᠠᠯ᠎ᠠ | ᠨᠤᠳᠤᠭ ᠤᠨ ᠲᠤᠷᠭᠠᠨ ᠵᠠᠮ ᠤᠨ ᠠᠳᠤᠭᠤᠨ ᠰᠤᠶᠤᠯ ᠤᠨ ᠠᠵᠢᠯᠯᠠᠭ᠎ᠠ ᠶᠢᠨ ᠰᠠᠷ᠎ᠠ ᠶᠢ ᠡᠷᠬᠢᠯᠡᠵᠤ᠂ ︽ᠲᠤᠮᠳᠠᠳᠤ | ᠤᠯᠤᠰ ᠤᠨ ᠠᠳᠤᠭᠤᠨ ᠰᠤᠶᠤᠯ ᠤᠨ ᠲᠦᠪ︾ ᠤᠨ ᠨᠡᠷᠡᠳᠤ ᠲᠡᠮᠳᠡᠭ ᠢ ᠠᠯᠳᠠᠷᠰᠢᠭᠤᠯᠤᠨ᠎ᠠ᠃ ᠰᠢᠯᠢ ᠶᠢᠨ ᠭᠤᠤᠯ | ᠴᠠᠬᠠᠷ ᠪᠠᠭᠠᠷᠢᠨ ᠤᠯᠠᠭᠠᠨᠴᠠᠪ ᠤᠨ ᠠᠵᠢᠯ ᠤᠨ ᠵᠦᠪᠯᠡᠯ ᠤᠨ ᠬᠠᠭᠤᠴᠢᠨ ᠪᠠᠭᠤᠷᠢ ᠶᠢ ᠵᠠᠰᠠᠨ ᠰᠡᠯᠪᠢᠬᠦ ᠠᠵᠢᠯ ᠢ | ᠲᠦᠷᠬᠡᠪᠴᠢᠯᠠᠨ ᠠᠬᠢᠭᠤᠯᠵᠤ᠂ ᠦᠵᠡᠮᠵᠢᠳᠤ ᠤᠷᠤᠨ ᠤ ᠠᠮᠤᠷ ᠲᠦᠪᠰᠢᠨ᠂ ᠶᠠᠰᠤ ᠴᠢᠨᠠᠷ᠂ ᠡᠮᠬᠢ ᠲᠢᠭᠯᠢᠮ ᠤᠨ | ᠬᠢᠨᠠᠨ ᠬᠠᠮᠢᠶᠠᠷᠤᠯᠲᠠ ᠶᠢ ᠪᠠᠶᠢᠩᠭᠤ ᠶᠢᠨ ᠴᠢᠨᠠᠷᠲᠠᠢ ᠠᠬᠢᠭᠤᠯᠵᠤ᠂ ᠦᠵᠡᠮᠵᠢᠳᠤ ᠤᠷᠤᠨ ᠤ ᠬᠠᠮᠢᠶᠠᠷᠤᠯᠲᠠ | ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ | ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠯᠠᠮᠵᠢᠯᠠᠯᠳᠤ | ᠦᠢᠯᠡᠴᠢᠯᠡᠭᠡᠨ ᠤ ᠦᠢᠯᠡᠰ ᠢ ᠪᠠᠬᠢᠵᠢᠬᠦᠯᠵᠤ᠂ ᠰᠦᠯᠵᠢᠶᠡᠨ ᠤ ᠭᠠᠳᠠᠨ᠎ᠠ ᠪᠠ ᠰᠦᠯᠵᠢᠶᠡᠨ ᠲᠡᠭᠡᠷ᠎ᠡ ᠵᠡᠷᠭᠡ ᠪᠠᠷ | ᠬᠦᠭᠵᠢᠬᠦᠯᠬᠦ ᠶᠢ ᠵᠤᠷᠢᠬᠵᠢᠭᠤᠯᠵᠤ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠦᠢᠯᠡᠰ ᠢ ᠰᠢᠨ᠎ᠡ ᠠᠮᠢᠵᠢᠷᠠᠯ | ᠤᠨ ᠬᠦᠴᠦᠨ ᠲᠠᠢ ᠪᠣᠯᠭᠠᠨ᠎ᠠ᠃ ᠦᠨᠳᠦᠰᠦᠲᠡᠨ ᠤ ᠤᠨᠴᠠᠯᠢᠭ ᠲᠠᠢ ᠢᠳᠡᠭᠡᠨ ᠤᠮᠳᠠᠭᠠᠨ ᠤ ᠰᠤᠶᠤᠯ ᠢ | ᠢᠯᠡᠷᠡᠬᠦᠯᠵᠤ᠂ ᠤᠷᠤᠨ ᠪᠦᠰᠡ ᠠᠯᠤᠰᠯᠠᠨ ᠡᠵᠡᠩᠨᠡᠬᠦ ᠢᠳᠡᠭᠡᠨ ᠤᠮᠳᠠᠭᠠᠨ ᠤ ᠬᠡᠯᠬᠢᠶᠡᠳᠤ ᠵᠢᠱᠢᠶ᠎ᠡ ᠦᠵᠡᠬᠦᠯᠬᠦ ᠠᠵᠤ | ᠠᠬᠤᠶᠢᠯᠠᠯ ᠢ ᠪᠤᠶᠢᠵᠢᠭᠤᠯᠤᠨ ᠬᠦᠭᠵᠢᠬᠦᠯᠦᠨ᠎ᠡ᠃ ᠠᠵᠤ ᠠᠬᠤᠢ ᠶᠢᠨ ᠬᠡᠯᠪᠡᠷᠢᠲᠣ᠂ ᠰᠤᠶᠤᠯ ᠤᠨ ᠭᠤᠤᠯ ᠰᠡᠳᠦᠪᠳᠤ | ᠬᠡᠯᠪᠡᠷᠢ ᠪᠠ ᠭᠡᠷ ᠪᠦᠯᠢ ᠶᠢᠨ ᠪᠠᠭᠤᠳᠠᠯ ᠵᠡᠷᠭᠡ ᠤᠨᠴᠠᠯᠢᠭᠳᠤ ᠵᠤᠴᠢᠳ ᠤᠨ ᠪᠠᠭᠤᠳᠠᠯ ᠢ ᠵᠢᠯᠣᠭᠤᠳᠣᠨ | ᠬᠦᠭᠵᠢᠬᠦᠯᠵᠤ᠂ ᠠᠳᠠᠯᠢ ᠪᠤᠰᠤ ᠲᠡᠰ ᠲᠠᠪᠬᠤᠷᠭ᠎ᠠ ᠶᠢᠨ ᠬᠦᠮᠦᠰ ᠤᠨ ᠬᠤᠨᠤᠭ ᠪᠠᠭᠤᠳᠠᠯ ᠤᠨ ᠱᠠᠭᠠᠷᠳᠠᠯᠭ᠎ᠠ ᠶᠢ | ᠬᠠᠩᠭᠠᠨ᠎ᠠ᠃ ᠨᠡᠬᠦᠷᠡᠰᠤ ᠵᠡᠷᠭᠡ ᠡᠳ᠋ ᠪᠠᠷᠠᠭ᠎ᠠ ᠶᠢᠨ ᠲᠡᠭᠡᠭᠡᠪᠤᠷᠢ ᠶᠢ ︽ᠵᠠᠰᠠᠮᠠᠯ ᠵᠠᠮ ᠠᠴᠠ ᠲᠡᠮᠦᠷ ᠵᠠᠮ ᠳᠤ | ᠰᠢᠯᠵᠢᠭᠦᠯᠬᠦ︾ ᠶᠢ ᠲᠦᠷᠭᠡᠪᠴᠢᠯᠡᠨ ᠠᠬᠢᠭᠤᠯᠵᠤ᠂ ᠲᠡᠭᠡᠭᠡᠪᠤᠷᠢ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠢᠨ᠎ᠡ | ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠬᠦᠯᠵᠤ᠂ ᠬᠤᠨᠢᠨ ᠮᠢᠬᠠᠨ ᠤ ᠨᠡᠷᠡᠳᠤ ᠲᠡᠮᠳᠡᠭ ᠢ | ᠡᠭᠦᠳᠬᠦ ᠲᠣᠭᠤᠷᠢᠨ ᠳᠤ᠂ ᠲᠤᠰᠬᠠᠶᠢᠵᠢᠭᠰᠠᠨ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠠᠵᠤ | ᠠᠬᠤᠶᠢᠯᠠᠯ ᠢ ᠭᠥᠭᠵᠢᠭᠦᠯᠵᠦ᠂ ᠲᠦᠪᠯᠡᠷᠡᠭᠦᠯᠦᠨ ᠨᠦᠭᠡᠴᠡᠯᠡᠬᠦ᠂ ᠲᠡᠭᠡᠭᠡᠪᠤᠷᠢᠯᠡᠬᠦ᠂ ᠪᠤᠭᠤᠳᠠᠯᠯᠠᠬᠤ ᠵᠡᠷᠭᠡ ᠴᠢᠳᠠᠪᠬᠢ | ᠶᠢ ᠨᠢᠭᠡ ᠴᠣᠭᠴᠠᠵᠢᠭᠤᠯᠣᠭᠰᠠᠨ ᠬᠦᠢᠲᠡᠨ ᠬᠡᠯᠬᠢᠶᠡᠨ ᠤ ᠪᠠᠷᠠᠭᠠᠨ ᠤ ᠬᠦᠢᠯᠭᠡᠭᠡ ᠶᠢᠨ ᠰᠢᠰᠲ᠋ᠧᠮ ᠪᠠᠶᠢᠭᠤᠯᠬᠤ ᠶᠢ | ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠪᠠ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠠᠵᠤ | ᠠᠬᠤᠶᠢᠯᠠᠯ᠂ ᠬᠦᠢᠲᠡᠨ ᠬᠡᠯᠬᠢᠶ᠎ᠡ ᠶᠢᠨ ᠪᠠᠷᠠᠭᠠᠨ ᠤ ᠬᠦᠢᠯᠭᠡᠭᠡ ᠶᠢᠨ ᠠᠵᠤ ᠠᠬᠤᠶᠢᠯᠠᠯ ᠬᠢᠭᠡᠳ ᠵᠢᠩ ᠳ᠋ᠦᠩ᠂ ᠱᠦᠨ | ᠹᠧᠩ ᠵᠡᠷᠭᠡ ᠲᠤᠮᠤ ᠬᠡᠯᠪᠡᠷᠢ ᠶᠢᠨ ᠠᠵᠤ ᠠᠬᠤᠶᠢᠯᠠᠯ ᠯᠤᠭ᠎ᠠ ᠶᠢᠨ ᠬᠦᠨᠵᠡᠭᠡᠢ ᠬᠠᠮᠳᠤᠷᠠᠯᠴᠠᠭ᠎ᠠ ᠶᠢ ᠴᠢᠩᠭᠠᠳᠬᠠᠵᠤ᠂ | ᠰᠢᠨ᠎ᠡ ᠰᠤᠷᠭᠤᠭ ᠮᠢᠬᠠᠨ ᠤ ᠦᠢᠯᠡᠳᠬᠦᠨ ᠢ ᠪᠦᠬᠦ ᠤᠯᠤᠰ ᠤᠨ ᠲᠡᠭᠡᠳᠤ ᠲᠡᠰ ᠤᠨ ᠵᠠᠬ᠎ᠠ ᠲᠡᠯᠭᠡᠬᠦᠷ ᠲᠤ | ᠣᠷᠣᠭᠤᠯᠵᠣ᠂ ᠰᠢᠯᠢᠳᠡᠭ ᠴᠢᠨᠠᠷ ᠥᠨᠳᠦᠷ ᠦᠨ᠎ᠡ ᠥᠷᠳᠡᠭ ᠢ ᠪᠡᠶᠡᠯᠡᠭᠦᠯᠬᠦ ᠪᠠᠷᠠᠭᠠᠨ ᠤ ᠬᠦᠢᠯᠭᠡᠭᠡ ᠶᠢᠨ ᠠᠷᠭ᠎ᠠ | ᠵᠠᠮ ᠢ ᠡᠭᠦᠳᠦᠨ᠎ᠡ᠃ ᠤᠷᠤᠨ ᠨᠣᠳᠤᠭ ᠤᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠬᠦᠭᠵᠢᠨ | ᠪᠤᠵᠠᠭᠠᠶᠢᠷᠠᠬᠤ ᠶᠢ ᠲᠡᠮᠵᠢᠵᠤ᠂ ᠲᠣᠰᠬᠠᠶᠢᠵᠢᠭᠰᠠᠨ ᠵᠠᠬ᠎ᠠ ᠲᠡᠯᠭᠡᠬᠦᠷ ᠪᠠ ᠤᠯᠠᠮᠵᠢᠯᠠᠯᠳᠤ ᠦᠢᠯᠡᠴᠢᠯᠡᠭᠡᠨ ᠤ ᠦᠢᠯᠡᠰ | ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠠᠶᠢᠴᠢᠯᠠᠨ᠎ᠠ᠃ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠢ | ᠪᠤᠵᠠᠭᠠᠶᠢᠷᠠᠭᠤᠯᠵᠤ᠂ ᠲᠡᠭᠡᠳᠤ ᠲᠡᠰ ᠤᠨ ᠭᠡᠷ ᠠᠬᠤᠢ ᠶᠢᠨ ᠦᠢᠯᠡᠴᠢᠯᠡᠭᠡᠨ ᠤ ᠬᠡᠷᠡᠭᠴᠡᠭᠡ ᠲᠠᠢ ᠵᠤᠯᠭᠠᠯᠳᠤᠭᠤᠯᠤᠨ᠂ | ᠬᠦᠳᠡᠯᠮᠦᠷᠢ ᠬᠦᠴᠦ ᠶᠢ ᠭᠠᠳᠠᠭᠰᠢ ᠭᠠᠷᠭᠠᠬᠤ ᠬᠡᠪᠴᠢᠶ᠎ᠡ ᠪᠠᠨ ᠦᠷᠭᠡᠳᠭᠡᠨ᠎ᠡ᠃ ︽ᠡᠮᠴᠢᠯᠡᠭᠡ ᠪᠠ ᠨᠠᠰᠣᠵᠢᠯ ᠢ | ᠤᠶᠠᠯᠳᠤᠭᠤᠯᠬᠤ︾ ᠶᠢ ᠶᠡᠭᠡ ᠪᠠᠷ ᠠᠬᠢᠭᠤᠯᠤᠨ᠂ ᠤᠯᠠᠷᠢᠯ ᠤᠨ ᠴᠢᠨᠠᠷᠲᠠᠢ ᠰᠡᠯᠡᠭᠦᠴᠡᠨ ᠠᠮᠠᠷᠠᠬᠤ᠂ ᠰᠤᠪᠢᠯᠠᠯᠲᠠ | ᠶᠢᠨ ᠮᠠᠶ᠋ᠢᠭ ᠤᠨ ᠡᠷᠡᠬᠦᠯ ᠮᠡᠨᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠨ | ᠬᠦᠭᠵᠢᠬᠦᠯᠤᠨ᠎ᠡ᠃ ᠰᠢᠨ᠎ᠡ ᠡᠨᠧᠷᠬᠢ ᠶᠢᠨ ᠰᠤᠷᠪᠤᠯᠵᠢ ᠶᠢᠨ ᠡᠵᠡᠩᠨᠡᠯᠲᠡ ᠬᠠᠮᠠᠭᠠᠯᠠᠯᠲᠠ ᠳᠤ ᠦᠢᠯᠡᠴᠢᠯᠡᠬᠦ ᠠᠵᠤ | ᠦᠢᠯᠡᠰ ᠢ ᠶᠡᠭᠡ ᠪᠠᠷ ᠪᠤᠶᠢᠵᠢᠭᠤᠯᠵᠤ᠂ ᠰᠢᠨ᠎ᠡ ᠡᠨᠧᠷᠬᠢ ᠶᠢᠨ ᠰᠤᠷᠪᠤᠯᠵᠢ ᠶᠢᠨ ᠠᠵᠢᠯ ᠲᠦᠷᠦᠯ ᠤᠨ ᠠᠶᠤᠯᠬᠦᠢ | ᠪᠠᠶᠢᠬᠤ ᠶᠢ ᠪᠠᠲᠤᠯᠠᠨ᠎ᠠ᠃ | ︵ᠲᠠᠪᠤ︶ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠴᠢᠳᠠᠯ ᠤᠨ ᠢᠶᠠᠨ ᠬᠢᠷᠢ | ᠪᠠᠷ ᠴᠢᠷᠮᠠᠶᠢᠵᠤ᠂ ᠬᠡᠮᠵᠢᠶᠡᠨ ᠤ ᠪᠠᠨ ᠬᠢᠷᠢ ᠪᠠᠷ ᠬᠢᠬᠦ ᠶᠢ ᠪᠠᠷᠢᠮᠲᠠᠯᠠᠨ᠂ ᠬᠤᠲᠠ ᠶᠢᠨ ᠴᠢᠳᠠᠮᠵᠢ ᠶᠢ ᠲᠠᠰᠤᠷᠠᠯᠲᠠ | ᠦᠭᠡᠢ ᠲᠡᠬᠦᠯᠳᠡᠷᠵᠢᠬᠦᠯᠵᠤ᠂ ᠠᠵᠢᠯᠯᠠᠵᠤ ᠠᠮᠢᠳᠤᠷᠠᠬᠤ ᠳᠤ ᠲᠤᠬᠢᠷᠠᠮᠵᠢᠲᠠᠢ ᠬᠤᠲᠠ ᠶᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠲᠦᠯᠦᠪᠵᠢᠭᠦᠯᠦᠯᠭᠡ ᠪᠠᠷ | ᠣᠳᠣᠷᠢᠳᠣᠨ ᠲᠠᠭᠠᠭᠤᠯᠬᠤ ᠶᠢ ᠴᠢᠩᠭᠠᠳᠬᠠᠵᠣ᠂ ᠰᠢᠨ᠎ᠡ ᠨᠢᠭᠡᠨ ᠡᠭᠡᠯᠵᠢ ᠶᠢᠨ ᠬᠤᠲᠠ ᠶᠢᠨ ᠶᠡᠷᠦᠩᠭᠡᠢ | ᠲᠦᠯᠦᠪᠵᠢᠭᠦᠯᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠠᠭᠠᠷᠯᠠᠬᠤ ᠴᠢᠨᠠᠷᠲᠠᠢ ᠨᠠᠷᠢᠨ ᠲᠥᠯᠦᠪᠵᠢᠭᠦᠯᠦᠯᠭᠡ ᠪᠠ | ᠲᠣᠰᠬᠠᠢ ᠲᠦᠷᠦᠯ ᠤᠨ ᠲᠥᠯᠦᠪᠵᠢᠭᠦᠯᠦᠯᠭᠡ ᠲᠣᠭᠤᠷᠪᠢᠨ ᠪᠢᠴᠢᠬᠦ ᠵᠡᠷᠭᠡ ᠠᠵᠢᠯ ᠢ ᠢᠳᠡᠪᠬᠢᠲᠡᠢ ᠠᠬᠢᠭᠤᠯᠣᠨ᠎ᠠ᠃ | ᠰᠠᠭᠤᠷᠢ ᠲᠦᠬᠦᠭᠡᠷᠤᠮᠵᠢ ᠶᠢᠨ ᠲᠤᠳᠠᠭᠤᠳᠠᠯ ᠢ ᠳᠠᠷᠣᠢ ᠲᠦᠷᠭᠡᠨ ᠨᠥᠬᠦᠪᠦᠷᠢᠯᠡᠵᠣ᠂ ᠵᠢᠵᠢᠭ ᠵᠡᠭᠡᠯᠢ ᠭᠤᠳᠤᠮᠵᠢ ᠶᠢ | ᠵᠠᠰᠠᠨ ᠥᠭᠡᠷᠡᠴᠢᠯᠡᠬᠦ᠂ ᠶᠠᠪᠠᠭᠠᠨ ᠬᠦᠮᠦᠨ ᠤ ᠵᠠᠮ ᠢ ᠲᠡᠪᠢᠰᠬᠦ᠂ ᠡᠪᠳᠡᠭᠳᠡᠭᠰᠡᠨ ᠵᠠᠮ ᠤᠨ ᠭᠠᠳᠠᠷᠭᠤ ᠶᠢ ᠰᠢᠨᠡᠳᠬᠡᠬᠦ᠂ | ᠭᠠᠵᠠᠷ ᠲᠤᠤᠷᠠᠬᠢ ᠬᠤᠭᠤᠯᠠᠢ ᠲᠤᠤᠷ ᠢ ᠰᠢᠨᠡᠴᠢᠯᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠬᠦᠯᠤᠨ᠎ᠠ᠃ | ᠲᠦᠬᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠣᠰ | ᠵᠢᠯ 1800 ᠢᠵᠢ ᠤᠷᠤᠨ ᠰᠠᠭᠤᠴᠠ ᠶᠢ ᠦᠭᠡᠷᠡᠴᠢᠯᠡᠨ ᠲᠠᠭᠤᠰᠬᠠᠬᠤ ᠪᠠᠷ ᠴᠢᠷᠮᠠᠶᠢᠨ᠎ᠠ᠃ ᠵᠠᠰᠠᠭ ᠤᠨ ᠤᠷᠳᠤᠨ | ᠬᠢᠭᠡᠳ ᠰᠠᠭᠤᠭᠠᠯᠢ ᠠᠷᠠᠳ ᠵᠦᠢ ᠵᠤᠬᠢᠰᠲᠠᠢ ᠬᠤᠪᠢᠶᠠᠨ ᠡᠬᠦᠷᠭᠡᠯᠡᠬᠦ ᠠᠷᠭ᠎ᠠ ᠬᠡᠯᠪᠡᠷᠢ ᠪᠠᠷ ᠬᠠᠭᠤᠴᠢᠨ ᠰᠠᠭᠤᠭᠠᠯᠢ | ᠲᠤᠭᠤᠷᠢᠭ ᠢ ᠦᠭᠡᠷᠡᠴᠢᠯᠡᠬᠦ ᠢᠨᠵᠧᠨᠧᠷᠢᠩ ᠢ ᠠᠬᠢᠭᠤᠯᠤᠨ᠎ᠠ᠃ ᠲᠡᠦᠭᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ | ᠢ ᠪᠦᠬᠦ ᠬᠦᠴᠦᠨ ᠢᠶᠠᠷ ᠢᠶᠠᠨ ᠰᠢᠢᠳᠪᠤᠷᠢᠯᠡᠵᠤ᠂ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ ᠦᠯᠡᠳᠡᠭᠳᠡᠯ | ᠲᠦᠷᠦᠯ ᠵᠦᠢᠯ ᠤᠨ ᠦᠯᠦ ᠬᠦᠳᠡᠯᠬᠦ ᠬᠦᠷᠦᠩᠭᠡ ᠶᠢ ᠲᠠᠩᠰᠠᠯᠠᠵᠤ ᠲᠠᠭᠤᠰᠤᠭᠰᠠᠨ ᠨᠤᠷᠮ᠎ᠠ ᠶᠢ 80% ᠠᠴᠠ | ᠲᠡᠭᠡᠭᠰᠢ ᠪᠤᠯᠭᠠᠵᠤ᠂ ᠨᠡᠭᠦᠯᠭᠡᠨ ᠰᠢᠯᠵᠢᠭᠦᠯᠬᠦ ᠲᠦᠷᠦᠯ ᠵᠦᠢᠯ ᠢ ᠵᠢᠯ ᠤᠨ ᠲᠤᠳᠤᠷ᠎ᠠ ᠪᠦᠬᠦᠨ ᠢ ᠲᠠᠭᠤᠰᠬᠠᠨ᠎ᠠ᠃ | ᠬᠤᠳᠠᠯᠳᠣᠭᠠᠨ ᠤ ᠠᠯᠪᠠᠨ ᠠᠰᠠᠷ ᠤᠨ ᠬᠠᠳᠠᠭᠠᠯᠠᠯᠲᠠ ᠶᠢ ᠪᠠᠭᠠᠰᠬᠠᠬᠤ ᠠᠵᠢᠯ ᠢ ᠦᠷᠨᠢᠭᠦᠯᠵᠦ᠂ ︽ᠪᠠᠷᠢᠵᠤ | ᠲᠠᠭᠤᠰᠬᠠᠭᠰᠠᠨ ᠦᠭᠡᠢ ᠠᠰᠠᠷ︾ ᠤᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠳᠠᠬᠢᠨ ᠪᠦᠲᠦᠭᠡᠨ | ᠪᠠᠶᠢᠭᠤᠯᠣᠨ᠎ᠠ᠃ ᠲᠦᠬᠦᠮ ᠪᠦᠲᠦᠴᠡᠳᠤ ᠤᠷᠤᠨ ᠰᠠᠭᠤᠴᠠ ᠶᠢᠨ ᠦᠮᠴᠢᠯᠡᠯ ᠤᠨ ᠡᠷᠭᠡ ᠶᠢ ᠰᠤᠯᠢᠬᠤ᠂ ᠭᠠᠵᠠᠷ | ᠰᠢᠷᠤᠢ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠨᠡᠮᠡᠭᠳᠡᠬᠦᠯᠬᠦ ᠵᠡᠷᠭᠡ ᠤᠯᠠᠨ ᠵᠦᠢᠯ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠷ ᠲᠠᠮᠵᠢᠭᠤᠯᠤᠨ᠂ ᠭᠡᠷ ᠪᠠᠶᠢᠰᠢᠩ ᠤᠨ ᠦᠨ᠎ᠡ ᠬᠡᠳᠤ ᠲᠦᠷᠭᠡᠨ ᠦᠰᠬᠦ ᠬᠠᠨᠳᠤᠰᠢ ᠶᠢ ᠡᠷᠡᠰ | ᠬᠤᠷᠢᠭᠯᠠᠨ᠎ᠠ᠃ ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ | ᠤᠨ ᠶᠠᠰᠤ ᠴᠢᠨᠠᠷ ᠤᠨ ᠨᠠᠰᠤᠨ ᠲᠤᠷᠰᠢᠲᠠ ᠬᠠᠷᠢᠭᠤᠴᠠᠯᠭ᠎ᠠ ᠨᠡᠭᠡᠮᠵᠢᠯᠡᠬᠦ᠂ ᠦᠨᠢᠳᠡ ᠶᠢᠨ ᠴᠢᠨᠠᠷᠲᠠᠢ ᠲᠡᠮᠳᠡᠭ | ᠫᠠᠶᠢᠰᠠ᠂ ᠶᠠᠰᠤ ᠴᠢᠨᠠᠷ ᠤᠨ ᠮᠡᠳᠡᠭᠡ ᠵᠠᠩᠬᠢ ᠶᠢᠨ ᠲᠠᠩᠰᠠ ᠵᠡᠷᠭᠡ ᠲᠦᠷᠢᠮ ᠢ ᠲᠡᠬᠦᠯᠳᠡᠷᠵᠢᠬᠦᠯᠵᠤ᠂ ᠶᠠᠰᠤ ᠴᠢᠨᠠᠷ | ᠠᠮᠤᠷ ᠲᠦᠪᠰᠢᠨ ᠢ ᠲᠡᠭᠡᠭᠰᠢᠯᠡᠬᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠠᠶᠢᠭᠤᠯᠤᠨ᠎ᠠ᠃ | ᠢᠯᠴᠢ ᠬᠠᠩᠭᠠᠬᠤ ᠬᠤᠭᠤᠯᠠᠢ ᠲᠤᠤᠷ ᠢ ᠲᠦᠷᠭᠡᠨ ᠨᠡᠶᠢᠯᠡᠬᠦᠯᠵᠤ᠂ ᠢᠯᠴᠢ ᠬᠠᠩᠭᠠᠬᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠦᠭᠡᠳ ᠵᠦᠢ ᠵᠤᠬᠢᠰᠲᠠᠢ ᠲᠤᠬᠢᠷᠠᠭᠤᠯᠤᠨ᠎ᠠ᠃ ᠬᠤᠶᠠᠳᠤᠭᠠᠷ ᠤᠰᠤᠨ ᠤ ᠰᠣᠷᠪᠣᠯᠵᠢ ᠶᠢᠨ ᠡᠬᠢ ᠭᠠᠵᠠᠷ | ᠤᠨ ᠪᠣᠵᠠᠷ ᠰᠢᠪᠠᠷ ᠢ ᠰᠢᠢᠳᠪᠦᠷᠢᠯᠡᠬᠦ ᠵᠡᠷᠭᠡ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠲᠠᠬᠢᠨ ᠴᠡᠪᠡᠷᠰᠢᠭᠦᠯᠦᠭᠰᠡᠨ | ᠤᠰᠤᠨ ᠤ ᠬᠤᠭᠤᠯᠠᠢ ᠲᠤᠤᠷ᠂ ᠪᠤᠬᠢᠷ ᠤᠰᠤᠨ ᠤ ᠬᠤᠭᠤᠯᠠᠢ ᠲᠤᠤᠷ ᠤᠨ ᠪᠦᠲᠦᠭᠡᠨ ᠪᠠᠶᠢᠭᠤᠯᠤᠯᠲᠠ ᠶᠢ | ᠲᠡᠬᠦᠯᠳᠡᠷᠵᠢᠬᠦᠯᠵᠤ᠂ ᠤᠰᠤᠨ ᠤ ᠡᠬᠢ ᠪᠠᠶᠠᠯᠢᠭ ᠢ ᠪᠠᠲᠤᠯᠠᠬᠤ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠴᠡᠴᠡᠷᠯᠢᠭ | ᠤᠨ ᠵᠦᠯᠭᠡᠳᠤ ᠭᠠᠵᠠᠷ᠂ ᠨᠤᠭᠤᠭᠠᠷᠠᠭᠤᠯᠵᠤ ᠨᠦᠬᠦᠵᠤ ᠲᠠᠷᠢᠬᠤ ᠵᠡᠷᠭᠡ ᠢᠨᠵᠧᠨᠧᠷᠢᠩ ᠢ ᠵᠦᠢ ᠵᠤᠬᠢᠰᠲᠠᠢ | ᠲᠦᠯᠦᠪᠵᠢᠬᠦᠯᠦᠨ ᠪᠦᠲᠦᠭᠡᠨ ᠪᠠᠶᠢᠭᠤᠯᠵᠤ᠂ ᠤᠯᠤᠰ ᠤᠨ ᠴᠡᠴᠡᠷᠯᠢᠭᠳᠦ ᠬᠤᠲᠠ ᠶᠢ ᠡᠬᠦᠳᠦᠨ ᠪᠠᠶᠢᠭᠤᠯᠬᠤ ᠲᠠᠯ᠎ᠠ | ᠪᠠᠷ ᠬᠢ ᠲᠤᠳᠠᠭᠤᠳᠠᠯ ᠢ ᠨᠦᠬᠦᠪᠤᠷᠢᠯᠡᠵᠤ᠂ ᠨᠤᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠦᠷᠭᠡᠨ ᠤᠯᠠᠨ ᠠᠷᠠᠳ | ᠲᠦᠮᠡᠨ ᠳᠤ ᠨᠡᠩ ᠤᠯᠠᠨ ᠨᠡᠩ ᠰᠠᠶᠢᠨ ᠬᠦᠷᠲᠡᠭᠡᠨ᠎ᠡ᠃ ᠬᠤᠲᠠ ᠶᠢᠨ ᠨᠠᠷᠢᠯᠢᠭ ᠬᠠᠮᠢᠶᠠᠷᠤᠯᠲᠠ ᠶᠢ ᠪᠠᠷᠢᠮᠲᠠᠯᠠᠨ᠎ᠠ᠃ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠣᠭᠳᠠᠴᠠ ᠶᠢᠨ ᠦᠭᠡᠷᠡᠴᠢᠯᠡᠯᠲᠡ ᠶᠢ ᠬᠦᠨᠵᠡᠭᠡᠢ | ᠠᠬᠢᠭᠤᠯᠵᠤ᠂ ᠬᠤᠲᠠ ᠶᠢᠨ ᠶᠡᠷᠦᠩᠭᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ᠃ ᠤᠯᠠᠨ | ᠲᠦᠮᠡᠨ ᠤ ᠬᠦᠰᠡᠯ ᠰᠠᠨᠠᠯ ᠳᠤ ᠢᠳᠡᠪᠬᠢᠲᠡᠢ ᠬᠠᠷᠢᠭᠤᠯᠲᠠ ᠦᠭᠴᠦ᠂ ᠣᠶᠣᠨᠴᠢ ᠵᠠᠮ ᠬᠠᠷᠢᠯᠴᠠᠭ᠎ᠠ ᠪᠠ ᠣᠶᠣᠨᠯᠢᠭ | ᠲᠡᠷᠭᠡᠨ ᠵᠤᠭᠰᠤᠭᠠᠯ ᠤᠨ ᠲᠦᠷᠦᠯ ᠵᠦᠢᠯ ᠢ ᠲᠦᠷᠭᠡᠳᠭᠡᠨ᠂ ᠵᠠᠮ ᠬᠠᠷᠢᠯᠴᠠᠭ᠎ᠠ ᠲᠦᠭᠵᠢᠷᠡᠬᠦ ᠪᠠ ᠲᠡᠷᠭᠡ | ᠵᠤᠭᠰᠤᠭᠠᠬᠤ ᠭᠠᠵᠠᠷ ᠦᠭᠡᠢ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ ᠤᠯᠤᠰ ᠤᠨ ᠡᠷᠡᠬᠦᠯ ᠬᠠᠮᠠᠭᠠᠯᠠᠯ | ᠤᠨ ᠬᠤᠲᠠ ᠶᠢ ᠡᠬᠦᠳᠦᠨ ᠪᠠᠶᠢᠭᠤᠯᠬᠤ ᠦᠷ᠎ᠡ ᠪᠦᠲᠦᠭᠡᠯ ᠢ ᠪᠠᠬᠢᠵᠢᠬᠦᠯᠵᠤ᠂ ᠤᠷᠴᠢᠨ ᠲᠤᠭᠤᠷᠢᠨ ᠤ ᠡᠷᠡᠬᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠦᠷᠨᠢᠬᠦᠯᠦᠨ᠎ᠡ᠃ ᠠᠮᠢᠳᠤᠷᠠᠯ ᠤᠨ | ᠬᠤᠭ ᠨᠤᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠭᠠᠯ ᠲᠤᠭᠤᠭᠠᠨ ᠤ ᠬᠤᠭ ᠨᠤᠪᠰᠢ ᠶᠢ ᠰᠢᠢᠳᠪᠤᠷᠢᠯᠡᠬᠦ | ᠲᠦᠷᠦᠯ ᠵᠦᠢᠯ ᠢ ᠠᠬᠢᠭᠤᠯᠵᠤ᠂ ᠬᠤᠲᠠ ᠶᠢᠨ ᠬᠤᠭ ᠨᠤᠪᠰᠢ ᠶᠢ ᠬᠤᠤᠷ ᠦᠭᠡᠶᠢᠵᠢᠬᠦᠯᠦᠨ ᠰᠢᠢᠳᠪᠤᠷᠢᠯᠡᠬᠦ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ︽ᠵᠤᠷᠯᠤᠩ ᠤᠨ ᠥᠭᠡᠷᠡᠴᠢᠯᠡᠯᠲᠡ︾ ᠶᠢ ᠶᠡᠭᠡ ᠪᠠᠷ ᠠᠬᠢᠭᠤᠯᠵᠤ᠂ ᠵᠤᠷᠯᠤᠩ | ᠬᠤᠪᠤᠷᠳᠠᠬᠤ ᠠᠰᠠᠭᠤᠳᠠᠯ ᠢ ᠪᠦᠲᠦᠮᠵᠢᠲᠡᠢ ᠰᠢᠢᠳᠪᠤᠷᠢᠯᠡᠨ᠎ᠡ᠃ ᠨᠡᠶᠢᠲᠡ ᠶᠢᠨ ᠮᠠᠰᠢᠨ ᠲᠡᠷᠭᠡ ᠶᠢ ᠰᠢᠨᠡᠴᠢᠯᠡᠬᠦ᠂ ᠵᠠᠮ | ᠱᠤᠭᠤᠮ ᠢ ᠰᠢᠯᠢᠳᠡᠭᠵᠢᠬᠦᠯᠬᠦ᠂ ᠲᠡᠷᠭᠡ ᠬᠦᠯᠢᠶᠡᠬᠦ ᠲᠢᠩᠬᠢᠮ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠠᠬᠢᠭᠤᠯᠵᠤ᠂ | ᠠᠷᠠᠳ ᠤᠯᠠᠨ ᠳᠤ ᠲᠦᠬᠦᠮ ᠦᠵᠡᠬᠦᠯᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ | ᠲᠦᠷᠢᠶᠡᠰᠦᠨ ᠮᠠᠰᠢᠨ ᠤ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠳᠤ ᠲᠡᠷᠭᠡ ᠪᠤᠯᠵᠤᠬᠤ | ᠦᠢᠯᠡᠴᠢᠯᠡᠭᠡᠨ ᠤ ᠬᠦᠭᠵᠢᠯᠲᠡ ᠶᠢ ᠲᠦᠷᠢᠮᠵᠢᠭᠦᠯᠦᠨ᠎ᠡ᠃ ᠴᠢᠬᠤᠯᠠ ᠶᠡᠭᠡ ᠰᠠᠭᠤᠷᠢ ᠲᠦᠬᠦᠭᠡᠷᠤᠮᠵᠢ ᠶᠢ | ᠲᠡᠬᠦᠯᠳᠡᠷᠵᠢᠬᠦᠯᠦᠨ᠎ᠡ᠃ ᠰᠢᠯᠢ ᠶᠢᠨ ᠬᠤᠲᠠ ᠠᠴᠠ ᠲᠠᠢ ᠽᠢ ᠴᠧᠩ ᠬᠦᠷᠬᠦ ᠲᠡᠮᠦᠷ ᠵᠠᠮ ᠤᠨ ᠲᠦᠷᠦᠯ ᠵᠦᠢᠯ ᠢ | ᠬᠠᠮᠵᠢᠨ ᠠᠬᠢᠭᠤᠯᠵᠤ᠂ ᠰᠢᠯᠢ ᠶᠢᠨ ᠬᠤᠲᠠ ᠶᠢᠨ ᠠᠭᠠᠷ ᠠᠶᠠᠯᠠᠯ ᠤᠨ ᠦᠷᠲᠡᠭᠡᠨ ᠤ ᠠᠰᠠᠷ ᠢ ᠦᠭᠡᠷᠡᠴᠢᠯᠡᠬᠦ | ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠲᠤᠳᠤᠷ᠎ᠠ ᠪᠠᠨ ᠬᠤᠯᠪᠤᠯᠳᠤᠵᠤ ᠭᠠᠳᠠᠭᠰᠢ ᠪᠠᠨ ᠨᠡᠪᠲᠡᠷᠡᠭᠰᠡᠨ ᠤᠳᠤ | ᠦᠶ᠎ᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠨ ᠪᠠᠶᠢᠭᠤᠯᠤᠨ᠎ᠠ᠃ ᠬᠤᠲᠠ ᠶᠢᠨ ᠴᠠᠬᠢᠯᠭᠠᠨ ᠲᠤᠤᠷ ᠤᠨ | ᠦᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠬᠦᠯᠵᠤ᠂ 500 ᠺᠢᠯᠤᠸᠤᠯᠲ ᠤᠨ ᠰᠢᠨ᠎ᠡ ᠡᠨᠧᠷᠬᠢ ᠶᠢᠨ ᠰᠤᠷᠪᠤᠯᠵᠢ | ᠬᠤᠷᠠᠮᠳᠤᠭᠤᠯᠬᠤ ᠦᠷᠲᠡᠭᠡ ᠪᠠ 110 ᠺᠢᠯᠤᠸᠤᠯᠲ ᠤᠨ ᠬᠤᠲᠠ ᠶᠢᠨ ᠲᠡᠬᠦᠷᠭᠡ ᠶᠢᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠦᠷᠲᠡᠭᠡ ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠤ ᠪᠠᠳᠣᠯᠠᠭ᠎ᠠ ᠶᠢᠨ | ᠴᠢᠳᠠᠪᠤᠷᠢ ᠶᠢ ᠲᠡᠭᠡᠭᠰᠢᠯᠡᠬᠦᠯᠦᠨ᠎ᠡ᠃ ᠴᠢᠮᠡᠭᠡ ᠬᠤᠯᠪᠣᠭ᠎ᠠ ᠶᠢᠨ ᠲᠣᠣᠷ ᠰᠦᠯᠵᠢᠶ᠎ᠡ ᠶᠢ ᠰᠢᠯᠢᠳᠡᠭᠵᠢᠭᠦᠯᠦᠨ | ᠥᠭᠡᠷᠡᠴᠢᠯᠡᠬᠦ ᠢᠨᠵᠧᠨᠧᠷᠢᠩ ᠢ ᠠᠬᠢᠭᠤᠯᠵᠤ᠂ ᠬᠠᠭᠤᠴᠢᠨ ᠰᠠᠭᠤᠭᠠᠯᠢ ᠲᠤᠭᠤᠷᠢᠭ ᠤᠨ ᠴᠢᠮᠡᠭᠡ ᠬᠤᠯᠪᠤᠭᠠᠨ ᠤ | ᠤᠳᠠᠰᠤ ᠶᠢ ᠶᠡᠭᠡ ᠪᠠᠷ ᠦᠭᠡᠷᠡᠴᠢᠯᠡᠨ᠎ᠡ᠃ | ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠦᠷᠬᠦᠯᠵᠢᠯᠡᠨ ᠬᠦᠨᠵᠡᠭᠡᠶᠢᠷᠡᠬᠦᠯᠦᠨ᠎ᠡ᠃ ᠡᠯ᠎ᠡ ᠲᠦᠷᠦᠯ ᠤᠨ | ᠦᠭᠡᠷᠡᠴᠢᠯᠡᠯᠲᠡ ᠶᠢᠨ ᠡᠬᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠳᠠᠭᠠᠳᠤ ᠨᠡᠭᠡᠭᠡᠯᠲᠡ ᠶᠢ ᠪᠦᠬᠦ ᠲᠡᠯ᠎ᠠ ᠪᠠᠷ | ᠦᠷᠭᠡᠳᠭᠡᠨ᠂ ᠠᠵᠤ ᠠᠬᠤᠢ ᠶᠢᠨ ᠬᠦᠭᠵᠢᠯᠲᠡ ᠶᠢᠨ ᠬᠦᠳᠡᠯᠬᠡᠬᠦ ᠬᠦᠴᠦᠨ ᠪᠠ ᠠᠮᠢᠵᠢᠷᠠᠯ ᠤᠨ ᠬᠦᠴᠦᠨ ᠢ | ᠬᠦᠭᠵᠢᠭᠡᠨ᠎ᠡ᠃ ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠴᠢᠩᠭᠠᠳᠬᠠᠨ᠎ᠠ᠃ ᠶᠡᠷᠦᠩᠭᠡᠢ ᠱᠦᠵᠢ ᠶᠢᠨ | ᠤᠷᠢᠳ ᠢᠶᠠᠷ ᠬᠢᠵᠤ ᠤᠷᠢᠳ ᠢᠶᠠᠷ ᠲᠤᠷᠰᠢᠬᠤ ᠬᠡᠷᠡᠭᠲᠠᠢ ᠭᠡᠵᠤ ᠨᠠᠶᠢᠳᠠᠭᠰᠠᠨ ᠭᠤᠷᠪᠠᠨ ᠵᠦᠢᠯ ᠤᠨ ᠭᠤᠤᠯᠳᠠᠯᠭ᠎ᠠ | ᠲᠠᠢ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠢ ᠡᠷᠡᠰ ᠰᠠᠬᠢᠵᠤ᠂.ᠨᠢᠬᠲᠠ ᠬᠡᠯᠪᠡᠷᠢ ᠪᠦᠬᠦᠢ ᠮᠠᠯᠴᠢᠳ ᠪᠤᠯᠤᠨ ᠠᠵᠤ ᠠᠬᠤᠶᠢᠯᠠᠯ ᠤᠨ ᠠᠰᠢᠭ ᠲᠤᠰᠠ | ᠶᠢᠨ ᠬᠤᠯᠪᠣᠯᠴᠠᠭᠠᠨ ᠤ ᠲᠤᠭᠲᠠᠴᠠ ᠶᠢᠨ ᠬᠠᠷᠢᠴᠠᠯ ᠢ 75% ᠠᠴᠠ ᠲᠡᠭᠡᠭᠰᠢ ᠪᠤᠯᠭᠠᠬᠤ ᠪᠠᠷ ᠴᠢᠷᠮᠠᠶᠢᠨ᠂ ᠮᠤᠩᠭᠤᠯ | ᠤᠯᠤᠰ ᠲᠠᠢ ᠠᠷᠠᠯᠵᠢᠶ᠎ᠠ ᠰᠤᠯᠢᠯᠴᠠᠭᠠᠨ ᠤ ᠲᠠᠯ᠎ᠠ ᠪᠠᠷ ᠰᠢᠪᠳᠣᠯᠣᠯᠲᠠ ᠲᠠᠢ ᠪᠣᠯᠣᠨ᠎ᠠ᠃ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠲᠦᠷᠭᠡᠳᠭᠡᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ | ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠮᠦᠩᠬᠦᠨ ᠬᠦᠢᠯᠭᠡᠭᠡ᠂ ᠡᠳ᠋ ᠤᠨ ᠵᠠᠰᠠᠭ ᠭᠠᠶᠢᠯᠢ | ᠶᠢᠨ ᠶᠠᠪᠤᠳᠠᠯ᠂ ᠪᠡᠯᠡ ᠤᠷᠤᠭᠤᠯᠵᠤ ᠪᠡᠯᠡ ᠬᠤᠷᠠᠮᠳᠣᠭᠤᠯᠬᠤ᠂ ᠲᠥᠰᠦᠪ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ | ᠡᠯ᠎ᠡ ᠵᠦᠢᠯ ᠤᠨ ᠦᠭᠡᠷᠡᠴᠢᠯᠡᠯᠲᠡ ᠶᠢᠨ ᠨᠠᠶᠢᠳᠠᠪᠤᠷᠢᠵᠢᠵᠤ ᠪᠦᠲᠦᠮᠵᠢ ᠤᠯᠬᠤ ᠶᠢ ᠠᠬᠢᠭᠤᠯᠤᠨ᠎ᠠ᠃ ᠪᠠᠭᠤᠯᠭᠠᠬᠤ | ᠬᠠᠮᠢᠶᠠᠷᠬᠤ ᠦᠢᠯᠡᠴᠢᠯᠡᠬᠦ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ᠃ ︽ᠭᠡᠷᠡᠴᠢ ᠶᠢ ᠪᠠᠭᠠᠰᠬᠠᠨ ᠠᠷᠠᠳ ᠲᠤ | ᠲᠦᠬᠦᠮ ᠦᠵᠡᠬᠦᠯᠬᠦ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠦᠨ᠎ᠡ᠂ ᠶᠠᠷᠰᠢᠭ ᠲᠦᠪᠡᠭᠲᠡᠢ ᠭᠡᠷᠡᠴᠢ ᠮᠠᠲ᠋ᠧᠷᠢᠶᠠᠯ | ᠢᠶᠠᠷ ᠠᠵᠤ ᠠᠬᠤᠶᠢᠯᠠᠯ ᠪᠠ ᠤᠯᠠᠨ ᠲᠦᠮᠡᠨ ᠢ ᠨᠠᠰᠢ ᠴᠠᠰᠢ ᠬᠦᠶᠦᠯᠭᠡᠵᠦ ᠪᠤᠯᠬᠤ ᠦᠭᠡᠢ᠃ ︽ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠭᠡ ᠪᠠᠷ ᠬᠡᠷᠡᠭᠵᠢᠬᠦᠯᠵᠤ᠂ ︽ᠨᠢᠭᠡ ᠰᠦᠯᠵᠢᠶ᠎ᠡ᠂ ᠨᠢᠭᠡ | ᠡᠬᠦᠳᠡ᠂ ᠨᠢᠭᠡ ᠤᠳᠠᠭ᠎ᠠ︾ ᠶᠢᠨ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ︽ᠡᠮᠦᠨ᠎ᠡ ᠲᠠᠪᠴᠠᠩ ᠳᠤ | ᠶᠡᠷᠦᠩᠭᠡᠢ ᠳᠤᠨᠢ ᠰᠢᠢᠳᠪᠤᠷᠢᠯᠡᠵᠤ᠂ ᠠᠷᠤ ᠲᠠᠪᠴᠠᠩ ᠳᠤ ᠲᠦᠷᠦᠯ ᠬᠤᠪᠢᠶᠠᠨ ᠬᠢᠨᠠᠨ ᠵᠦᠪᠰᠢᠶᠡᠷᠡᠵᠤ᠂ ᠴᠤᠩᠬᠤ | ᠪᠠᠷ ᠦᠨᠡᠮᠯᠡᠯ ᠢ ᠨᠢᠭᠡᠲᠦᠯᠲᠡᠢ ᠭᠠᠷᠭᠠᠬᠤ︾ ᠬᠢᠨᠠᠨ ᠵᠦᠪᠰᠢᠶᠡᠷᠡᠬᠦ ᠵᠠᠬᠪᠤᠷ ᠢ ᠲᠡᠬᠦᠯᠳᠡᠷᠵᠢᠬᠦᠯᠵᠤ᠂ ᠰᠦᠯᠵᠢᠶᠡᠨ | ᠲᠡᠭᠡᠷ᠎ᠡ ᠬᠦᠢᠴᠡᠳᠭᠡᠵᠤ ᠲᠡᠶᠢᠯᠬᠦ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠭᠦᠢᠴᠡᠳᠬᠡᠬᠦ ᠭᠤᠭᠴᠤᠭ᠎ᠠ ᠪᠠ | ᠬᠢᠨᠠᠨ ᠵᠦᠪᠰᠢᠶᠡᠷᠡᠬᠦ ᠠᠮᠠᠯᠠᠯᠲᠠ ᠶᠢᠨ ᠴᠠᠭ ᠢ 10% ᠠᠴᠠ ᠲᠡᠭᠡᠭᠰᠢ ᠪᠤᠭᠤᠨᠢᠰᠬᠠᠵᠤ᠂ ᠠᠵᠤ ᠠᠬᠤᠶᠢᠯᠠᠯ ᠢ ᠵᠠᠬ᠎ᠠ | ᠲᠡᠯᠭᠡᠬᠦᠷ ᠲᠤ ᠴᠠᠭ ᠢᠶᠠᠨ ᠢᠯᠡᠬᠦᠦ ᠵᠠᠷᠤᠴᠠᠭᠤᠯᠤᠨ᠂ ᠬᠢᠨᠠᠨ ᠵᠦᠪᠰᠢᠶᠡᠷᠡᠬᠦᠯᠬᠦ ᠵᠦᠢᠯᠡᠰ ᠲᠤ ᠬᠦᠴᠦ ᠪᠠᠨ ᠲᠤᠳᠠᠭᠤ | ᠪᠠᠷᠠᠬᠤ ᠪᠤᠯᠭᠠᠨ᠎ᠠ᠃ ᠦᠨᠳᠦᠰᠦᠨ ᠱᠠᠳᠤᠨ ᠤ ᠠᠷᠠᠳ ᠤᠯᠠᠨ ᠳᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪ ᠢ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠤᠷᠬᠤ ᠬᠡᠪᠴᠢᠶ᠎ᠡ ᠪᠠᠷ ᠦᠷᠭᠡᠨ᠂ ᠬᠡᠷᠡᠭᠯᠡᠬᠦ | ᠲᠠᠪᠲᠠᠮᠵᠢ ᠪᠠᠷ ᠦᠨᠳᠤᠷ 160 ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠦᠨᠳᠦᠰᠦᠨ | ᠱᠠᠳᠤᠨ ᠤ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪ ᠲᠤ ᠣᠷᠣᠭᠤᠯᠬᠤ ᠪᠠᠷ ᠴᠢᠷᠮᠠᠶᠢᠨ᠂ ᠨᠡᠩ | ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠪᠤᠨ ᠲᠤᠤᠷ᠎ᠠ ᠪᠠᠨ ᠰᠢᠢᠳᠪᠤᠷᠢᠯᠡᠬᠦ᠂ | ᠰᠦᠯᠵᠢᠶᠡᠨ ᠲᠡᠭᠡᠷ᠎ᠡ ᠰᠢᠢᠳᠪᠤᠷᠢᠯᠡᠬᠦ᠂ ᠤᠶᠢᠷ᠎ᠠ ᠬᠠᠪᠢ ᠳᠤᠨᠢ ᠰᠢᠢᠳᠪᠤᠷᠢᠯᠡᠬᠦ᠂ ᠨᠢᠭᠡ ᠯᠡ ᠤᠳᠠᠭ᠎ᠠ ᠳᠤ | ᠰᠢᠢᠳᠪᠤᠷᠢᠯᠡᠬᠦ︾ ᠪᠤᠯᠭᠠᠨ᠎ᠠ᠃ ᠬᠤᠳᠠᠯᠳᠣᠭᠠᠨ ᠤ ᠡᠵᠡᠩᠨᠡᠯᠲᠡ ᠶᠢᠨ ᠤᠷᠴᠢᠨ ᠨᠦᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠤᠨ᠎ᠠ᠃ ︽ᠦᠨᠡᠮᠯᠡᠯ ᠪᠤᠯᠤᠨ ᠭᠡᠷᠡᠴᠢ ᠶᠢ ᠰᠠᠯᠭᠠᠬᠤ︾ ᠦᠭᠡᠷᠡᠴᠢᠯᠡᠯᠲᠡ ᠶᠢ ᠠᠬᠢᠭᠤᠯᠵᠤ᠂ ︽ᠭᠡᠷᠡᠴᠢ | ᠦᠨᠡᠮᠯᠡᠯ ᠢ ᠪᠠᠭᠠᠰᠬᠠᠨ᠂ ᠵᠦᠪᠰᠢᠶᠡᠷᠡᠯ ᠢ ᠴᠦᠭᠡᠳᠭᠡᠬᠦ︾ ᠪᠠᠷ ᠴᠢᠷᠮᠠᠶᠢᠨ᠂ ︽ᠬᠤᠶᠠᠷ ᠢ ᠲᠤᠬᠢᠶᠠᠯᠳᠤᠯ ᠢᠶᠠᠷ ᠬᠢᠵᠤ | ᠂ ᠨᠢᠭᠡ ᠶᠢ ᠢᠯᠡ ᠪᠤᠯᠭᠠᠬᠤ︾ ᠬᠢᠨᠠᠯᠲᠠ ᠬᠠᠮᠢᠶᠠᠷᠤᠯᠲᠠ ᠶᠢᠨ ᠲᠤᠭᠲᠠᠴᠠ ᠶᠢ ᠲᠡᠬᠦᠯᠳᠡᠷᠵᠢᠬᠦᠯᠦᠨ᠎ᠡ᠃ | ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠭᠤᠷᠪᠠᠳᠠᠬᠢ ᠡᠳᠡᠭᠡᠳ ᠢᠶᠠᠷ ᠦᠨᠡᠯᠡᠭᠦᠯᠬᠦ ᠶᠢ ᠬᠡᠷᠡᠭᠵᠢᠭᠦᠯᠵᠦ᠂ | ᠠᠵᠢᠯ ᠶᠠᠪᠤᠳᠠᠯ ᠬᠢᠬᠦ ᠦᠭᠡᠢ᠂ ᠠᠵᠢᠯ ᠶᠠᠪᠤᠳᠠᠯ ᠬᠢᠬᠦ ᠳᠡᠭᠡᠨ ᠤᠳᠠᠭᠠᠨ᠂ ᠵᠠᠯᠬᠠᠭᠤᠷᠠᠨ ᠬᠤᠶᠢᠷᠭᠤᠰᠢᠬᠤ᠂ | ᠬᠠᠷᠢᠯᠴᠠᠨ ᠲᠦᠯᠬᠢᠬᠦ᠂ ᠬᠠᠷᠢᠭᠤᠴᠠᠯᠭ᠎ᠠ ᠠᠯᠳᠠᠵᠤ ᠲᠤᠰᠢᠶᠠᠯ ᠳᠠᠭᠠᠨ ᠤᠰᠤᠯᠳᠠᠬᠤ᠂ ᠡᠷᠭᠡ ᠪᠠᠨ ᠠᠰᠢᠭᠯᠠᠨ ᠬᠤᠪᠢ | ᠶᠢᠨ ᠠᠰᠢᠭ ᠬᠦᠭᠡᠭᠡᠴᠡᠯᠳᠦᠬᠦ ᠵᠡᠷᠭᠡ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠲᠠᠯ᠎ᠠ ᠪᠠᠷ ᠬᠢ ᠲᠤᠪᠤᠶᠢᠮ᠎ᠠ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ | ᠲᠡᠮᠵᠢᠨ᠎ᠡ᠃ ᠦᠪᠡᠷᠲᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ 26 ᠵᠤᠷᠪᠤᠰ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤᠷᠢᠳᠬᠤ | ᠺᠠᠳ᠋ᠷ ᠠᠵᠤ ᠠᠬᠤᠶᠢᠯᠠᠯ ᠲᠠᠢ ᠬᠠᠷᠢᠯᠴᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠭᠠᠶᠢᠯᠢ ᠬᠦᠩᠭᠡᠯᠡᠨ | ᠰᠦᠢᠳᠭᠡᠯ ᠪᠠᠭᠤᠷᠠᠭᠤᠯᠬᠤ᠂ ᠡᠬᠢ ᠪᠠᠶᠠᠯᠢᠭ ᠤᠨ ᠬᠠᠷᠠᠭᠠᠯᠵᠠᠯ ᠦᠵᠡᠬᠦᠯᠬᠦ ᠵᠡᠷᠭᠡ ᠲᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠭᠠᠶᠢᠯᠢ ᠰᠦᠢᠳᠭᠡᠯ᠂ ᠡᠨᠧᠷᠬᠢ ᠬᠡᠷᠡᠭᠯᠡᠬᠦ᠂ ᠪᠠᠷᠠᠭᠠᠨ ᠤ | ᠬᠦᠢᠯᠭᠡᠭᠡ ᠵᠡᠷᠭᠡ ᠡᠵᠡᠩᠨᠡᠯᠲᠡ ᠶᠢᠨ ᠦᠪᠡᠷ ᠤᠨ ᠦᠷᠲᠡᠭ ᠢ ᠦᠨᠡᠨ ᠬᠦ ᠪᠠᠭᠤᠷᠠᠭᠤᠯᠤᠨ᠎ᠠ᠃ ᠪᠡᠯᠡ ᠬᠤᠷᠠᠮᠳᠣᠭᠤᠯᠬᠤ | ᠪᠠᠳᠣᠯᠠᠭᠠᠨ ᠤ ᠰᠢᠰᠲ᠋ᠧᠮ ᠢ ᠲᠡᠬᠦᠯᠳᠡᠷᠵᠢᠬᠦᠯᠵᠤ᠂ ︽ᠵᠢᠭᠡᠯᠡᠯᠭᠡ ᠶᠢ ᠲᠣᠰᠠᠯᠠᠨ ᠪᠠᠳᠣᠯᠠᠬᠤ︾ ᠪᠡᠯᠡ ᠮᠦᠩᠬᠦ ᠶᠢ 1 | ᠳ᠋ᠦᠩᠰᠢᠭᠤᠷ ᠲᠦᠬᠦᠷᠢᠭ ᠠᠴᠠ ᠲᠡᠭᠡᠭᠰᠢ ᠪᠠᠭᠤᠯᠭᠠᠨ᠎ᠠ᠃ | ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ︽ᠨᠢᠭᠡ ᠪᠦᠰᠡ ᠨᠢᠭᠡ ᠵᠠᠮ︾ ᠪᠠ | ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠲᠠᠢ ᠰᠠᠨᠠᠭᠠᠴᠢᠯᠠᠭ᠎ᠠ | ᠠᠴᠠ ᠪᠠᠨ ᠠᠭᠤᠰᠤᠯᠳᠤᠵᠤ᠂ ᠰᠢᠯᠢ ᠶᠢᠨ ᠬᠤᠲᠠ ᠶᠢᠨ ᠠᠭᠠᠷ ᠠᠶᠠᠯᠠᠯ ᠤᠨ ᠪᠤᠭᠤᠮᠲᠠ ᠶᠢᠨ ᠲᠦᠷ ᠴᠠᠭ ᠤᠨ | ᠨᠡᠭᠡᠭᠡᠯᠲᠡ ᠶᠢ ᠬᠠᠮᠵᠢᠨ ᠠᠬᠢᠭᠤᠯᠵᠤ᠂ ᠵᠦᠩ ᠶᠦᠨ᠂ ᠳ᠋ᠠ ᠵᠤᠸᠠᠩ ᠶᠤᠸᠠᠨ ᠵᠡᠷᠭᠡ ᠭᠤᠤᠯᠳᠠᠯᠭ᠎ᠠ ᠲᠠᠢ ᠠᠵᠤ | ᠠᠬᠤᠶᠢᠯᠠᠯ ᠤᠨ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠭᠡᠳᠭᠡᠬᠦ ᠶᠢ ᠵᠤᠷᠢᠭᠵᠢᠭᠤᠯᠤᠨ ᠲᠠᠭᠠᠭᠤᠯᠵᠤ᠂ | ᠭᠠᠳᠠᠭᠠᠳᠤ ᠣᠷᠣᠭᠤᠯᠣᠯᠲᠠ ᠭᠠᠷᠭᠠᠯᠲᠠ ᠶᠢᠨ ᠠᠷᠠᠯᠵᠢᠶᠠᠨ ᠤ ᠲᠤᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ | ᠪᠠᠶᠠᠨᠪᠤᠯᠠᠭ ᠤᠨ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠬᠦᠢᠯᠭᠡᠭᠡ ᠶᠢᠨ ᠬᠦᠷᠢᠶᠡᠯᠡᠩ ᠲᠤᠭᠤᠷᠢᠭ ᠢ | ᠭᠤᠶᠤᠴᠢᠯᠠᠨ ᠮᠡᠳᠡᠬᠦᠯᠵᠤ ᠪᠦᠲᠦᠭᠡᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠨᠡᠭᠡᠭᠡᠯᠲᠡᠳᠤ ᠬᠡᠯᠪᠡᠷᠢ ᠶᠢᠨ | ᠠᠵᠤ ᠠᠬᠤᠢ ᠶᠢᠨ ᠬᠦᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠪᠡᠭᠡᠵᠢᠩ ᠲᠢᠶᠠᠨᠵᠢᠨ ᠾᠧᠪᠸᠢ ᠲᠠᠢ | ᠬᠠᠮᠵᠢᠯᠴᠠᠨ ᠬᠦᠭᠵᠢᠬᠦ ᠪᠠ ᠵᠡᠬᠦᠨ ᠬᠡᠰᠡᠭ ᠤᠨ ᠠᠶᠢᠮᠠᠭ ᠬᠤᠲᠠ ᠶᠢᠨ ᠦᠰᠦᠷᠦᠩᠭᠦᠢ ᠬᠦᠭᠵᠢᠯᠲᠡ ᠳᠤ | ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠠᠵᠤ ᠦᠢᠯᠡᠰ ᠢ ᠰᠢᠯᠵᠢᠬᠦᠯᠦᠨ ᠵᠠᠯᠭᠠᠯᠳᠤᠭᠤᠯᠬᠤ᠂ ᠴᠢᠳᠠᠪᠤᠷᠢᠲᠡᠨ | ᠰᠤᠯᠢᠯᠴᠠᠵᠤ ᠤᠷᠢᠵᠤ ᠤᠷᠤᠭᠤᠯᠬᠤ᠂ ᠮᠡᠷᠭᠡᠵᠢᠯ ᠪᠠ ᠰᠢᠨ᠎ᠡ ᠶᠢ ᠡᠬᠦᠳᠬᠦ ᠲᠠᠯ᠎ᠠ ᠪᠠᠷ ᠬᠠᠮᠳᠤᠷᠠᠯᠴᠠᠬᠤ ᠵᠡᠷᠭᠡ | ᠬᠦᠷᠢᠶ᠎ᠡ ᠴᠠᠷᠠᠭᠠᠨ ᠳᠤ ᠰᠢᠪᠳᠤᠯᠤᠯᠲᠠ ᠭᠠᠷᠭᠠᠬᠤ ᠪᠠᠷ ᠴᠢᠷᠮᠠᠶᠢᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠯᠡᠨ ᠪᠠᠳᠣᠯᠠᠨ᠎ᠠ᠃ ᠬᠢᠵᠠᠭᠠᠷᠲᠠᠢ ᠡᠳ᠋ ᠤᠨ | ᠵᠠᠰᠠᠭ ᠤᠨ ᠪᠡᠯᠡ ᠮᠦᠩᠭᠦ ᠶᠢ ᠭᠦᠢᠴᠡᠳ ᠠᠰᠢᠭᠯᠠᠨ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ | ᠲᠤᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ ᠠᠵᠢᠯ ᠣᠯᠭᠤᠵᠣ ᠦᠢᠯᠡᠰ ᠪᠣᠰᠬᠠᠬᠤ ᠶᠢ ᠠᠬᠢᠭᠤᠯᠤᠨ᠎ᠠ᠃ | ᠠᠵᠢᠯ ᠣᠯᠭᠤᠵᠣ ᠦᠢᠯᠡᠰ ᠪᠣᠰᠬᠠᠬᠤ ᠶᠢ ᠲᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠲᠡᠬᠦᠰᠦᠭᠰᠡᠨ ᠰᠤᠷᠤᠭᠴᠢ᠂ ᠠᠵᠢᠯ ᠤᠯᠬᠤ ᠳᠤ ᠬᠦᠴᠢᠷᠲᠡᠢ ᠬᠦᠮᠦᠰ᠂ | ᠲᠠᠷᠢᠶᠠᠴᠢᠨ ᠮᠠᠯᠴᠢᠳ ᠤᠨ ᠬᠦᠯᠦᠰᠦᠨ ᠠᠵᠢᠯᠴᠢᠨ᠂ ᠴᠡᠷᠢᠭ ᠤᠨ ᠠᠯᠪᠠ ᠠᠴᠠ ᠪᠠᠭᠤᠭᠰᠠᠳ ᠵᠡᠷᠭᠡ ᠬᠦᠮᠦᠰ ᠤᠨ | ᠠᠵᠢᠯ ᠤᠯᠭᠤᠯᠲᠠ ᠶᠢ ᠭᠤᠤᠯᠳᠠᠯᠭ᠎ᠠ ᠲᠠᠢ ᠰᠠᠶᠢᠨ ᠠᠳᠬᠤᠵᠤ᠂ ᠡᠨᠡ ᠵᠢᠯ 1.8 ᠲᠦᠮᠡᠨ ᠠᠵᠢᠯ ᠤᠨ ᠪᠠᠶᠢᠷᠢ | ᠴᠤᠭᠯᠠᠭᠤᠯᠤᠨ᠎ᠠ᠃ ᠦᠢᠯᠡᠰ ᠪᠣᠰᠬᠠᠬᠤ ᠬᠦᠷᠢᠶᠡᠯᠡᠩ ᠤᠨ ᠪᠣᠶᠢᠵᠢᠭᠤᠯᠬᠤ ᠰᠠᠭᠤᠷᠢᠨ ᠭᠠᠵᠠᠷ ᠤᠨ ᠦᠢᠯᠡᠴᠢᠯᠡᠭᠡᠨ ᠤ | ᠰᠢᠰᠲ᠋ᠧᠮ ᠢ ᠲᠡᠬᠦᠯᠳᠡᠷᠵᠢᠬᠦᠯᠵᠤ᠂ ᠦᠢᠯᠡᠰ ᠪᠣᠰᠬᠠᠬᠤ ᠪᠠᠳᠣᠯᠠᠭ᠎ᠠ ᠶᠢᠨ ᠵᠢᠭᠡᠯᠡᠯᠭᠡ 1500 ᠲᠦᠮᠡᠨ ᠲᠦᠬᠦᠷᠢᠭ | ᠪᠠᠭᠤᠯᠭᠠᠵᠤ᠂ ᠨᠡᠩ ᠤᠯᠠᠨ ᠦᠢᠯᠡᠰ ᠪᠣᠰᠬᠠᠭᠴᠢ ᠳᠤ ᠬᠦᠰᠡᠯᠡᠩ ᠢᠶᠠᠨ ᠪᠡᠶᠡᠯᠡᠬᠦᠯᠬᠦ ᠲᠠᠪᠴᠠᠩ ᠡᠬᠦᠳᠴᠦ ᠦᠭᠬᠦᠨ᠎ᠡ | ᠃ ᠠᠵᠢᠯ ᠣᠯᠭᠤᠵᠣ ᠦᠢᠯᠡᠰ ᠪᠣᠰᠬᠠᠬᠤ ᠦᠢᠯᠡᠴᠢᠯᠡᠭᠡ ᠶᠢ ᠴᠢᠩᠭᠠᠳᠬᠠᠨ᠂ ᠠᠵᠤ ᠠᠬᠤᠶᠢᠯᠠᠯ ᠢ ᠲᠤᠰᠠᠯᠠᠨ ᠠᠵᠢᠯ | ᠤᠨ ᠪᠠᠶᠢᠷᠢ ᠶᠢ ᠲᠤᠭᠲᠠᠪᠤᠷᠢᠵᠢᠭᠤᠯᠬᠤ ︽ᠠᠶᠠᠯᠠᠯ ᠬᠠᠮᠠᠭᠠᠯᠠᠬᠤ ᠠᠵᠢᠯᠯᠠᠭ᠎ᠠ︾ ᠪᠠ ᠮᠡᠷᠭᠡᠵᠢᠯ ᠴᠢᠳᠠᠪᠤᠷᠢ ᠪᠠᠨ | ᠲᠡᠭᠡᠭᠰᠢᠯᠡᠬᠦᠯᠬᠦ ᠶᠢ ᠲᠡᠮᠵᠢᠬᠦ ︽ᠵᠢᠬᠦᠷ ᠪᠠᠨ ᠲᠡᠯᠭᠡᠬᠦ ᠠᠵᠢᠯᠯᠠᠭ᠎ᠠ︾ ᠶᠢ ᠬᠦᠨᠵᠡᠭᠡᠢ ᠬᠡᠷᠡᠭᠵᠢᠬᠦᠯᠦᠨ᠎ᠡ᠃ ︽ᠬᠤᠶᠠᠷ | ᠮᠦᠩᠬᠦ ᠭᠤᠷᠪᠠᠨ ᠲᠦᠷᠢᠮ︾ ᠤᠨ ᠨᠠᠢᠮᠠᠨ ᠵᠤᠷᠪᠤᠰ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠶ᠎ᠡ | ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠰᠤᠷᠭᠠᠨ ᠬᠦᠮᠦᠵᠢᠯ ᠤᠨ ᠶᠠᠰᠤ ᠴᠢᠨᠠᠷ ᠢ | ᠲᠡᠭᠡᠭᠰᠢᠯᠡᠬᠦᠯᠦᠨ᠎ᠡ᠃ ᠵᠠᠰᠠᠭ ᠤᠨ ᠤᠷᠳᠤᠨ ᠤ ᠲᠤᠰᠬᠠᠢ ᠲᠥᠷᠦᠯ ᠤᠨ ᠵᠢᠭᠡᠯᠡᠯᠭᠡ ᠶᠢᠨ ᠲᠡᠮᠳᠡᠭᠳᠤ ᠪᠡᠯᠡ ᠮᠦᠩᠬᠦ ᠶᠢ | ᠭᠤᠶᠤᠴᠢᠯᠠᠵᠤ᠂ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ᠂ ᠪᠠᠶᠠᠨᠴᠠᠭᠠᠨ ᠬᠡᠦᠭᠡᠳ ᠤᠨ ᠴᠡᠴᠡᠷᠯᠢᠭ ᠢ ᠰᠢᠨ᠎ᠡ | ᠪᠠᠷ ᠪᠦᠲᠦᠭᠡᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠰᠢᠯᠢᠨ ᠪᠠᠭ᠎ᠠ ᠰᠤᠷᠭᠠᠭᠤᠯᠢ᠂ ᠰᠢᠯᠢ ᠶᠢᠨ | ᠬᠤᠲᠠ ᠶᠢᠨ ᠬᠡᠦᠭᠡᠳ ᠤᠨ ᠴᠡᠴᠡᠷᠯᠢᠭ ᠢ ᠵᠢᠯ ᠤᠨ ᠲᠤᠳᠤᠷ᠎ᠠ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠣ᠂ | ᠴᠡᠴᠡᠷᠯᠢᠭ ᠲᠤ ᠤᠷᠤᠬᠤ ᠳᠤ ᠬᠦᠴᠢᠷᠲᠡᠢ᠂ ᠰᠤᠷᠤᠭᠴᠢ ᠤᠯᠠᠨᠲᠠᠢ ᠲᠣᠮᠣ ᠠᠩᠬᠢ ᠶᠢᠨ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠢᠢᠳᠪᠤᠷᠢᠯᠡᠨ᠎ᠡ᠃ ᠰᠠᠭᠤᠭᠠᠯᠢ ᠲᠤᠭᠤᠷᠢᠭ ᠤᠨ ᠢᠵᠢ ᠪᠦᠷᠢᠳᠦᠭᠦᠯᠦᠭᠰᠡᠨ ᠬᠡᠦᠭᠡᠳ ᠤᠨ | ᠴᠡᠴᠡᠷᠯᠢᠭ ᠢ ᠬᠤᠷᠢᠶᠠᠨ ᠠᠪᠬᠤ ᠶᠢ ᠲᠦᠷᠭᠡᠳᠬᠡᠨ᠂ ᠠᠷᠠᠳ ᠠᠴᠠ ᠡᠷᠬᠢᠯᠡᠵᠤ ᠲᠠᠩᠰᠠᠯᠠᠭᠤᠯᠤᠭᠰᠠᠨ ᠬᠡᠦᠭᠡᠳ ᠤᠨ | ᠴᠡᠴᠡᠷᠯᠢᠭ ᠤᠨ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠰᠣᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ ᠤᠨ ᠨᠡᠶᠢᠳᠡᠮ ᠳᠤ ᠨᠢ ᠲᠥᠭᠡᠮᠡᠯᠵᠢᠭᠦᠯᠦᠨ ᠬᠠᠷᠠᠭᠠᠯᠵᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ | ᠃ ᠪᠦᠬᠦ ᠠᠶᠢᠮᠠᠭ ᠤᠨ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢᠨ | ᠲᠦᠯᠦᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ | ᠬᠦᠭᠵᠢᠯᠲᠡ ᠶᠢ ᠤᠯᠤᠰ ᠠᠴᠠ ᠲᠠᠬᠢᠨ ᠪᠠᠶᠢᠴᠠᠭᠠᠵᠤ ᠰᠢᠯᠭᠠᠨ ᠠᠪᠬᠤ ᠠᠵᠢᠯ ᠢ ᠰᠠᠶᠢᠳᠤᠷ ᠬᠢᠨ᠎ᠡ᠃ ᠡᠩ ᠤᠨ | ᠲᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠢ ᠮᠦᠷᠲᠡᠭᠡᠨ ᠦᠪᠡᠷᠮᠢᠴᠡ ᠤᠨᠴᠠᠯᠢᠭ ᠲᠠᠢ ᠪᠠᠷ ᠬᠦᠭᠵᠢᠬᠦ ᠶᠢ | ᠠᠬᠢᠭᠤᠯᠤᠨ᠂ ᠨᠡᠷᠡᠲᠡᠢ ᠰᠢᠯᠢᠳᠡᠭ ᠶᠡᠭᠡ ᠰᠤᠷᠭᠠᠭᠤᠯᠢ ᠳᠤ ᠲᠠᠪᠰᠢᠬᠤ ᠬᠠᠷᠢᠴᠠᠯ ᠢ ᠲᠠᠰᠤᠷᠠᠯᠲᠠ ᠦᠭᠡᠢ | ᠲᠡᠭᠡᠭᠰᠢᠯᠡᠬᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠤᠷᠢᠳ ᠢᠶᠠᠷ ᠭᠤᠤᠯᠳᠠᠯᠭ᠎ᠠ ᠲᠠᠢ ᠬᠦᠭᠵᠢᠬᠦᠯᠵᠤ᠂ | ᠤᠨᠴᠠᠭᠠᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠨᠢᠭᠡᠲᠦᠯᠲᠡᠢ ᠲᠦᠯᠦᠪᠯᠡᠨ | ᠬᠦᠭᠵᠢᠬᠦᠯᠦᠨ᠎ᠡ᠃ ᠠᠵᠢᠯ ᠤᠨ ᠪᠠᠶᠢᠷᠢᠨ ᠳᠤ ᠠᠵᠢᠯᠲᠡᠨ ᠡᠯᠰᠡᠬᠦ᠂ ᠠᠵᠢᠯ ᠤᠨ ᠦᠷ᠎ᠡ ᠪᠦᠲᠦᠮᠵᠢ ᠪᠠᠷ ᠴᠠᠯᠢᠩ | ᠣᠯᠭᠤᠬᠤ᠂ ᠮᠡᠷᠭᠡᠵᠢᠯ ᠤᠨ ᠴᠣᠯᠠ ᠪᠠ ᠬᠢᠨᠠᠨ ᠰᠢᠯᠭᠠᠵᠤ ᠦᠨᠡᠯᠡᠬᠦ ᠲᠦᠷᠢᠮ ᠤᠨ ᠦᠭᠡᠷᠡᠴᠢᠯᠡᠯᠲᠡ ᠶᠢ | ᠬᠦᠨᠵᠡᠭᠡᠶᠢᠷᠡᠬᠦᠯᠵᠤ᠂ ᠤᠷᠮᠠᠰᠢᠭᠤᠯᠬᠤ ᠲᠤᠭᠲᠠᠴᠠ ᠶᠢ ᠲᠡᠬᠦᠯᠳᠡᠷᠵᠢᠬᠦᠯᠦᠨ᠂ ᠰᠢᠨ᠎ᠡ ᠴᠠᠭ ᠦᠶ᠎ᠡ ᠶᠢᠨ ᠪᠠᠭᠰᠢ ᠶᠢᠨ | ᠡᠩᠨᠡᠭᠡ ᠶᠢ ᠪᠦᠲᠦᠭᠡᠨ ᠪᠠᠶᠢᠭᠤᠯᠤᠨ᠎ᠠ᠃ ᠠᠮᠤᠷ ᠠᠮᠣᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠯᠲᠡ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠪᠤᠯᠪᠠᠰᠤᠨ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ | ᠢ ᠪᠠᠬᠢᠵᠢᠬᠦᠯᠵᠤ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠰᠣᠷᠳᠠᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠡᠷᠢᠬᠦᠨ ᠤ ᠬᠤᠲᠠ ᠶᠢ ᠴᠢᠷᠮᠠᠶᠢᠨ ᠡᠬᠦᠳᠦᠨ᠎ᠡ᠃ ᠨᠡᠶᠢᠭᠡᠮ ᠤᠨ | ᠪᠠᠲᠤᠯᠠᠭ᠎ᠠ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠬᠤ ᠲᠦᠯᠦᠪᠯᠡᠭᠡ ᠶᠢ | ᠬᠡᠷᠡᠭᠵᠢᠬᠦᠯᠵᠤ᠂ ᠡᠮᠴᠢᠯᠡᠭᠡ᠂ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠬᠠᠮᠤᠷᠬᠤ ᠬᠡᠪᠴᠢᠶ᠎ᠡ ᠶᠢ | ᠦᠷᠬᠦᠯᠵᠢᠯᠡᠨ ᠦᠷᠭᠡᠳᠭᠡᠨ᠎ᠡ᠃ ᠡᠮᠨᠡᠯᠭᠡ ᠶᠢᠨ ᠲᠠᠭᠠᠳᠬᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠲᠠᠭᠠᠳᠬᠠᠯ ᠮᠡᠭᠡᠯᠡᠵᠤ ᠠᠪᠬᠤ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠲᠠ ᠦᠭᠭᠦᠨ᠎ᠡ᠃ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠦᠭᠡᠷᠡᠴᠢᠯᠡᠯᠲᠡ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ ᠲᠣᠭᠲᠠᠭᠤᠨ ᠢᠶᠠᠷ | ᠤᠷᠤᠬᠤ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠤ᠂ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠴᠠᠭ ᠲᠤᠬᠠᠢ | ᠳᠤᠨᠢ ᠲᠤᠭ᠎ᠠ ᠶᠤᠰᠤᠭᠠᠷ ᠤᠯᠭᠤᠬᠤ ᠶᠢ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠢᠰᠲ᠋ᠧᠮ ᠢ | ᠲᠡᠬᠦᠯᠳᠡᠷᠵᠢᠬᠦᠯᠵᠤ᠂ ᠬᠦᠴᠢᠷᠲᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠡᠮᠨᠡᠬᠦ | ᠰᠤᠪᠢᠯᠠᠬᠤ ᠶᠢ ᠤᠶᠠᠯᠳᠤᠭᠤᠯᠬᠤ ᠶᠢ ᠬᠦᠨᠵᠡᠭᠡᠢ ᠠᠬᠢᠭᠤᠯᠵᠤ᠂ ᠨᠠᠰᠤᠲᠠᠶᠢᠴᠤᠳ ᠤᠨ ᠶᠡᠷᠦᠩᠭᠡᠶᠢᠯᠡᠭᠰᠡᠨ ᠠᠰᠠᠷᠠᠨ | ᠰᠤᠪᠢᠯᠠᠬᠤ ᠬᠦᠷᠢᠶᠡᠯᠡᠩ ᠪᠠ ᠵᠡᠮᠳᠡᠭᠴᠦᠳ ᠢ ᠨᠠᠶᠢᠳᠠᠯᠭ᠎ᠠ ᠪᠠᠷ ᠠᠰᠠᠷᠠᠬᠤ ᠲᠦᠪ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠰᠢᠯᠢᠨ ᠢ ᠾᠧ ᠶᠣᠸᠠᠨ ᠨᠠᠰᠤᠵᠢᠯ ᠤᠨ ᠠᠰᠠᠷᠠᠮᠵᠢ ᠶᠢᠨ ᠲᠦᠪ | ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠠᠰᠢᠭᠯᠠᠯᠲᠠ ᠳᠤ ᠤᠷᠤᠬᠤ ᠶᠢ ᠠᠬᠢᠭᠤᠯᠤᠨ᠎ᠠ᠃ ᠠᠷᠠᠳ ᠲᠦᠮᠡᠨ ᠤ | ᠡᠷᠡᠬᠦᠯ ᠮᠡᠨᠳᠤ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠱᠠᠳᠤ | ᠬᠤᠪᠢᠶᠠᠨ ᠣᠨᠣᠰᠢᠯᠠᠵᠣ ᠡᠮᠨᠡᠬᠦ ᠶᠢ ᠲᠠᠭᠠᠭᠠᠨ ᠠᠪᠬᠤ ᠠᠵᠢᠯ ᠢ ᠲᠡᠬᠦᠯᠳᠡᠷᠵᠢᠬᠦᠯᠦᠨ᠂ 5 ᠦᠨᠳᠤᠰᠦᠨ ᠱᠠᠳᠤᠨ ᠤ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢ ᠦᠭᠡᠷᠡᠴᠢᠯᠡᠨ ᠰᠠᠶᠢᠵᠢᠷᠠᠭᠤᠯᠵᠤ᠂ ᠱᠠᠳᠤ ᠬᠤᠪᠢᠶᠠᠨ ᠡᠮᠨᠡᠨ ᠵᠠᠰᠠᠬᠤ ᠪᠠ | ᠭᠡᠷ ᠪᠦᠯᠢ ᠶᠢᠨ ᠡᠮᠴᠢ ᠲᠠᠢ ᠭᠡᠷ᠎ᠡ ᠲᠣᠭᠳᠠᠬᠤ ᠦᠢᠯᠡᠴᠢᠯᠡᠬᠦ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠬᠤᠲᠠ ᠶᠢᠨ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠠᠭᠤᠰᠬᠠᠵᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠮᠤᠩᠭᠤᠯ | ᠬᠢᠳᠠᠳ ᠡᠮ ᠡᠮᠨᠡᠯᠭᠡ ᠶᠢᠨ ᠦᠢᠯᠡᠰ ᠢ ᠶᠡᠭᠡ ᠪᠠᠷ ᠬᠦᠭᠵᠢᠬᠦᠯᠤᠨ᠎ᠠ᠃ | ᠠᠷᠠᠳ ᠤᠨ ᠬᠦᠰᠡᠯ ᠬᠠᠮᠢᠭ᠎ᠠ ᠪᠠᠶᠢᠪᠠᠯ ᠵᠠᠰᠠᠭ ᠤᠨ ᠠᠵᠢᠯ ᠲᠡᠰᠢ ᠪᠠᠨ᠃ ᠡᠨᠡ ᠵᠢᠯ ᠪᠢᠳᠡ ᠠᠷᠠᠳ ᠤᠨ ᠠᠮᠢᠳᠤᠷᠠᠯ | ᠤᠨ ᠪᠤᠲᠠᠳᠤ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠪᠠᠷ ᠪᠢᠯᠧᠲ ᠦᠭᠴᠦ ᠪᠠᠲᠤᠯᠠᠬᠤ ᠲᠦᠷᠢᠮ ᠢ ᠲᠤᠷᠰᠢᠨ ᠬᠡᠷᠡᠭᠵᠢᠬᠦᠯᠵᠤ᠂ ᠦᠷᠭᠡᠨ ᠤᠯᠠᠨ ᠠᠷᠠᠳ | ᠲᠦᠮᠡᠨ ᠤ ᠬᠠᠮᠤᠭ ᠠᠴᠠ ᠢᠯᠡᠬᠦᠦ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠠᠴᠠ ᠪᠤᠲᠠᠲᠠᠢ | ᠠᠰᠠᠭᠤᠳᠠᠯ ᠢ ︽ᠤᠯᠠᠨ ᠲᠦᠮᠡᠨ ᠲᠤᠷᠠᠳᠴᠦ᠂ ᠲᠦᠯᠦᠭᠡᠯᠡᠭᠴᠢ ᠠᠴᠠ ᠲᠤᠭᠲᠠᠭᠠᠨ᠂ ᠵᠠᠰᠠᠭ ᠤᠨ ᠤᠷᠳᠤᠨ | ᠭᠦᠢᠴᠡᠳᠬᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠦᠨᠡᠯᠡᠬᠦ︾ ᠠᠷᠭ᠎ᠠ ᠬᠡᠯᠪᠡᠷᠢ ᠪᠠᠷ | ᠲᠠᠮᠵᠢᠭᠤᠯᠤᠨ 7 ᠰᠣᠩᠭᠤᠭᠳᠠᠬᠤ ᠪᠠᠷ ᠵᠢᠱᠢᠬᠦ ᠲᠦᠷᠦᠯ ᠵᠦᠢᠯ ᠢ ᠪᠦᠷᠢᠯᠳᠦᠭᠦᠯᠦᠨ᠎ᠡ᠃ ᠲᠣᠰ ᠣᠳᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠪᠢᠯᠧᠲ ᠦᠭᠴᠦ ᠪᠠᠲᠣᠯᠠᠬᠤ ᠪᠠᠷ ᠳᠠᠮᠵᠢᠨ 6 ᠲᠦᠷᠦᠯ ᠵᠦᠢᠯ ᠢ | ᠬᠤᠲᠠ ᠶᠢᠨ ᠵᠠᠰᠠᠭ ᠤᠨ ᠣᠷᠳᠣᠨ ᠤ 2019 ᠤᠨ ᠤ ᠠᠷᠠᠳ ᠤᠨ ᠠᠮᠢᠳᠣᠷᠠᠯ ᠤᠨ ᠪᠤᠳᠠᠳᠣ ᠶᠠᠪᠣᠳᠠᠯ ᠳᠤ | ᠣᠷᠣᠭᠤᠯᠣᠨ᠎ᠠ᠃ ᠬᠢᠬᠦ ᠪᠠᠷ ᠲᠣᠭᠲᠠᠭᠰᠠᠨ ᠪᠣᠳᠠᠲᠣ ᠶᠠᠪᠣᠳᠠᠯ ᠢ ᠬᠤᠲᠠ ᠶᠢᠨ ᠵᠠᠰᠠᠭ ᠤᠨ ᠣᠷᠳᠣᠨ ᠠᠴᠠ ᠵᠣᠬᠢᠶᠠᠨ | ᠪᠠᠶᠢᠭᠤᠯᠣᠨ ᠣᠳᠣᠷᠢᠳᠣᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠬᠢᠨᠠᠨ ᠰᠢᠯᠭᠠᠵᠣ᠂ ᠨᠢᠭᠡᠳᠦᠯᠲᠡᠢ | ᠲᠦᠯᠦᠪᠵᠢᠭᠦᠯᠦᠨ ᠬᠠᠮᠵᠢᠯᠴᠠᠨ ᠠᠵᠢᠯᠯᠠᠬᠤ ᠪᠠᠨ ᠴᠢᠩᠭᠠᠳᠬᠠᠨ ᠠᠵᠢᠯ ᠤᠨ ᠨᠠᠶᠢᠳᠠᠪᠣᠷᠢᠵᠢᠯᠲᠠ ᠶᠢ ᠴᠢᠩᠭ᠎ᠠ | ᠠᠳᠬᠤᠬᠤ ᠶᠢᠨ ᠬᠠᠮᠲᠣ ᠬᠤᠲᠠ ᠶᠢᠨ ᠠᠷᠠᠳ ᠤᠨ ᠲᠦᠯᠦᠬᠡᠯᠡᠭᠴᠢᠳ ᠪᠠ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠬᠦᠯᠢᠶᠡᠵᠦ᠂ ᠪᠣᠳᠠᠳᠣ ᠶᠠᠪᠣᠳᠠᠯ ᠢ ᠰᠠᠶᠢᠲᠣᠷ ᠬᠢᠵᠦ᠂ ᠰᠠᠶᠢᠨ ᠶᠠᠪᠣᠳᠠᠯ ᠢ ᠪᠠᠲᠣᠲᠠᠢ ᠬᠢᠬᠦ ᠶᠢ | ᠪᠠᠲᠣᠯᠠᠨ᠎ᠠ᠃ | ︵ᠨᠠᠢᠮᠠ︶ ᠪᠤᠯᠪᠠᠰᠤᠨ ᠤ ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠎ᠠ᠃ ︽ᠵᠢᠷᠭᠤᠭᠠᠨ ᠬᠤᠲᠠ ᠶᠢ ᠬᠤᠯᠪᠣᠭᠠᠯᠠᠨ | ᠴᠣᠭᠴᠠᠯᠠᠬᠤ︾ ᠠᠵᠢᠯ ᠢ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠵᠤ᠂ ᠡᠬᠦᠳᠦᠨ ᠪᠠᠶᠢᠭᠤᠯᠬᠤ | ᠲᠤᠳᠠᠭᠤᠳᠠᠯ ᠢ ᠨᠦᠬᠦᠪᠤᠷᠢᠯᠡᠵᠤ᠂ ᠡᠬᠦᠳᠦᠨ ᠪᠠᠶᠢᠭᠤᠯᠬᠤ ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠵᠤ᠂ | ᠨᠡᠶᠢᠭᠡᠮ ᠤᠨ ᠪᠤᠯᠪᠠᠰᠤᠨ ᠲᠠᠪᠰᠢᠯᠲᠠ ᠶᠢ ᠲᠠᠰᠤᠷᠠᠯᠲᠠ ᠦᠭᠡᠢ ᠠᠬᠢᠭᠤᠯᠣᠨ᠎ᠠ᠃ ᠦᠵᠡᠯ ᠤᠬᠠᠮᠰᠠᠷ ᠤᠨ ᠬᠡᠯᠪᠡᠷᠢ | ᠶᠢᠨ ᠠᠵᠢᠯ ᠤᠨ ᠬᠠᠷᠢᠭᠤᠴᠠᠯᠭᠠᠳᠣ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮ ᠵᠠᠭᠤᠴᠢᠯᠠᠭᠤᠷ ᠤᠨ ᠲᠦᠪ | ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠭᠤᠤᠯ ᠤᠷᠤᠰᠬᠠᠯ ᠤᠨ ᠶᠠᠷᠢᠶ᠎ᠠ | ᠬᠡᠯᠡᠯᠴᠡᠭᠡᠨ ᠤ ᠪᠠᠬᠢᠯᠡᠯᠲᠡ ᠶᠢ ᠤᠯᠠᠮ ᠨᠢᠭᠡ ᠠᠯᠬᠤᠮ ᠪᠠᠬᠢᠵᠢᠬᠦᠯᠦᠨ᠎ᠡ᠃ ᠨᠡᠶᠢᠭᠡᠮ ᠵᠢᠷᠤᠮ ᠤᠨ ᠭᠤᠤᠯᠯᠠᠬᠤ | ᠦᠷᠲᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠬᠦᠯᠵᠤ᠂ ᠠᠷᠠᠳ ᠢᠷᠭᠡᠳ ᠤᠨ ᠪᠤᠯᠪᠠᠰᠤᠨ | ᠤ ᠬᠡᠪ ᠴᠢᠨᠠᠷ ᠪᠠ ᠨᠡᠶᠢᠭᠡᠮ ᠤᠨ ᠪᠤᠯᠪᠠᠰᠤᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠰᠢᠨᠵᠢᠯᠡᠬᠦ ᠤᠬᠠᠭᠠᠨ ᠤ | ᠵᠤᠷᠢᠭ ᠰᠠᠨᠠᠭ᠎ᠠ ᠶᠢ ᠪᠠᠳᠠᠷᠠᠭᠤᠯᠵᠤ᠂ ᠬᠡᠪ ᠰᠤᠷᠳᠠᠯ ᠢ ᠦᠭᠡᠷᠡᠴᠢᠯᠡᠬᠦ ᠠᠵᠢᠯ ᠢ ᠠᠬᠢᠭᠤᠯᠤᠨ᠂ ᠶᠤᠰᠤ ᠮᠤᠷᠠᠯ ᠢ | ᠲᠡᠭᠡᠳᠤᠯᠡᠨ ᠰᠠᠶᠢᠨ ᠰᠠᠶᠢᠬᠠᠨ ᠢ ᠬᠦᠭᠡᠭᠡᠴᠡᠯᠳᠦᠬᠦ ᠨᠡᠶᠢᠭᠡᠮ ᠤᠨ ᠬᠡᠪ ᠰᠤᠷᠳᠠᠯ ᠢ ᠪᠠᠳᠠᠷᠠᠭᠤᠯᠣᠨ᠎ᠠ᠃ | ᠲᠤᠮᠳᠠᠳᠤ ᠶᠢᠨ ᠰᠢᠯᠢᠳᠡᠭ ᠰᠤᠶᠤᠯ ᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠢ | ᠬᠦᠭᠵᠢᠬᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠨ᠂ ᠰᠤᠶᠤᠯ ᠤᠨ ᠰᠣᠳᠣᠨ ᠪᠦᠲᠦᠭᠡᠯ | ᠤᠨ ᠡᠬᠦᠳᠦᠯᠲᠡ ᠶᠢ ᠠᠬᠢᠭᠤᠯᠵᠤ᠂ ︽ᠮᠤᠩᠭᠤᠯ ᠮᠤᠷᠢ︾᠂ ︽ᠠᠮᠢᠨ ᠵᠠᠶᠠᠭ᠎ᠠ︾ ᠵᠡᠷᠭᠡ ᠰᠢᠯᠢᠳᠡᠭ ᠵᠦᠴᠦᠭᠡ ᠶᠢ | ᠵᠤᠬᠢᠶᠠᠨ ᠪᠦᠲᠦᠭᠡᠵᠦ᠂ ᠲᠠᠯ᠎ᠠ ᠨᠤᠳᠤᠭ ᠤᠨ ᠰᠤᠶᠤᠯ ᠤᠨ ᠤᠯᠠᠮᠵᠢᠯᠠᠬᠤ ᠬᠦᠴᠦᠨ ᠪᠠ ᠨᠦᠯᠦᠭᠡᠯᠡᠬᠦ ᠬᠦᠴᠦᠨ ᠢ | ᠲᠡᠭᠡᠭᠰᠢᠯᠡᠬᠦᠯᠦᠨ᠎ᠡ᠃ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠭᠤᠤᠯ ᠰᠡᠳᠦᠪ ᠤᠨ | ᠲᠤᠭᠤᠷᠢᠨ ᠳᠤ᠂ ᠤᠯᠠᠮᠵᠢᠯᠠᠯᠳᠤ ᠨᠠᠶᠢᠷ ᠨᠠᠭᠠᠳᠤᠮ᠂ ᠤᠯᠠᠨ ᠤᠯᠤᠰ ᠤᠨ ᠨᠡᠬᠦᠳᠡᠯ ᠮᠠᠯᠵᠢᠯ ᠤᠨ ᠰᠤᠶᠤᠯ ᠤᠨ ᠨᠠᠶᠢᠷ | ᠵᠡᠷᠭᠡ ᠬᠦᠳᠡᠯᠭᠡᠭᠡᠨ ᠢ ᠰᠠᠶᠢᠳᠤᠷ ᠡᠷᠬᠢᠯᠡᠵᠤ᠂ ᠤᠯᠠᠭᠠᠨᠮᠦ᠋ᠴᠢᠷ ᠤᠨ ᠲᠤᠭᠯᠠᠯᠲᠠ᠂ ᠰᠢᠯᠢ ᠶᠢᠨ ᠭᠤᠤᠯ ᠤᠨ ᠵᠤᠨ | ᠵᠡᠷᠭᠡ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠲᠤᠭᠯᠠᠯᠲᠠ ᠶᠢ 200 ᠲᠠᠯᠠᠪᠤᠷ ᠠᠴᠠ ᠲᠡᠭᠡᠭᠰᠢ ᠡᠷᠬᠢᠯᠡᠨ᠎ᠡ᠃ | ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠴᠢᠳᠠᠮᠵᠢ ᠶᠢ ᠲᠡᠬᠦᠯᠳᠡᠷᠵᠢᠬᠦᠯᠵᠤ᠂ ᠠᠬᠠᠮᠠᠳ ᠺᠠᠳ᠋ᠷᠴᠤᠳ ᠤᠨ | ᠬᠦᠳᠡᠯᠭᠡᠭᠡᠨ ᠤ ᠲᠦᠪ ᠢ ᠵᠢᠯ ᠤᠨ ᠲᠤᠳᠤᠷ᠎ᠠ ᠪᠠᠶᠢᠭᠤᠯᠤᠨ ᠲᠠᠭᠤᠰᠬᠠᠵᠤ᠂ ᠤᠯᠠᠭᠠᠨᠮᠦ᠋ᠴᠢᠷ ᠤᠨ ᠰᠤᠶᠤᠯ ᠤᠨ | ᠤᠷᠳᠤᠨ ᠤ ᠲᠦᠷᠦᠯ ᠵᠦᠢᠯ ᠢ ᠬᠠᠮᠵᠢᠨ ᠠᠬᠢᠭᠤᠯᠵᠤ᠂ ᠲᠠᠮᠢᠷ ᠤᠨ ᠲᠠᠯᠠᠪᠤᠷ ᠤᠷᠳᠤᠨ᠂ ᠰᠤᠶᠤᠯ ᠤᠨ ᠠᠵᠢᠯᠯᠠᠭ᠎ᠠ | ᠶᠢᠨ ᠦᠷᠦᠭᠡ᠂ ᠨᠤᠮ ᠤᠨ ᠦᠷᠦᠭᠡ ᠵᠡᠷᠭᠡ ᠶᠢᠨ ᠴᠢᠯᠦᠭᠡᠲᠡᠢ ᠨᠡᠭᠡᠭᠡᠬᠦ ᠨᠤᠷᠮ᠎ᠠ ᠶᠢ ᠤᠯᠠᠮ ᠨᠢᠭᠡ ᠠᠯᠬᠤᠮ | ᠲᠡᠭᠡᠭᠰᠢᠯᠡᠬᠦᠯᠵᠤ᠂ ᠤᠯᠠᠨ ᠲᠦᠮᠡᠨ ᠤ ᠰᠤᠶᠤᠯ ᠲᠠᠮᠢᠷ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ | ︵ᠶᠢᠰᠦ︶ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠨᠡᠴᠢᠯᠡᠨ᠎ᠡ᠃ ᠬᠠᠷ᠎ᠠ ᠪᠦᠯᠦᠭᠳᠡᠨ ᠬᠠᠷᠬᠢᠰ ᠬᠦᠴᠦᠨ | ᠢ ᠤᠰᠠᠳᠬᠠᠬᠤ ᠲᠤᠰᠬᠠᠢ ᠲᠥᠷᠦᠯ ᠤᠨ ᠲᠡᠮᠡᠴᠡᠯ ᠢ ᠯᠠᠪᠳᠠᠭᠤᠨ ᠪᠠᠲᠤᠲᠠᠢ ᠦᠷᠨᠢᠬᠦᠯᠵᠤ᠂ ᠠᠷᠠᠳ ᠤᠨ ᠠᠮᠢᠳᠤᠷᠠᠯ | ᠤᠨ ᠬᠦᠷᠢᠶᠡᠨ ᠤ ᠬᠠᠤᠯᠢ ᠲᠤᠭᠲᠠᠭᠠᠯ ᠵᠦᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠲᠠ ᠦᠭᠬᠦ ᠡᠷᠴᠢᠮ ᠢᠶᠠᠨ | ᠴᠢᠩᠭᠠᠷᠠᠭᠤᠯᠵᠤ᠂ ᠨᠡᠩ ᠦᠨᠳᠤᠷ ᠲᠦᠪᠰᠢᠨ ᠪᠦᠬᠦᠢ ᠠᠮᠤᠷ ᠠᠮᠣᠭᠤᠯᠠᠩ ᠰᠢᠯᠢ ᠶᠢᠨ ᠬᠤᠲᠠ ᠶᠢ ᠪᠦᠲᠦᠭᠡᠨ | ᠪᠠᠶᠢᠭᠤᠯᠤᠨ᠎ᠠ᠃ ︽ᠹᠧᠩ ᠴᠢᠶᠤᠤ ᠪᠠᠯᠭᠠᠰᠣᠨ ᠤ ᠲᠤᠷᠰᠢᠯᠭ᠎ᠠ︾ ᠪᠠᠷ ᠯᠠᠪᠯᠠᠯᠲᠠ ᠪᠣᠯᠭᠠᠨ᠂ ᠤᠯᠠᠨ ᠲᠦᠮᠡᠨ ᠤ | ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠰᠢᠢᠳᠪᠤᠷᠢᠯᠡᠬᠦ ᠪᠠᠷ ᠭᠠᠷᠳᠠᠴᠠ ᠪᠤᠯᠭᠠᠵᠤ᠂ ᠵᠠᠬᠢᠳᠠᠯ ᠰᠤᠷᠪᠤᠯᠵᠢᠯᠠᠭ᠎ᠠ | ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠡᠰᠢᠳᠤ ᠰᠢᠢᠳᠪᠤᠷᠢᠯᠡᠬᠦ ᠲᠤᠭᠲᠠᠴᠠ ᠶᠢ | ᠲᠡᠬᠦᠯᠳᠡᠷᠵᠢᠬᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠭᠡᠢ ᠬᠡᠮᠵᠢᠶ᠎ᠡ ᠶᠢ 5% ᠪᠠᠷ ᠪᠠᠭᠤᠷᠠᠭᠤᠯᠬᠤ ᠪᠠᠷ | ᠴᠢᠷᠮᠠᠶᠢᠨ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠤᠷᠢᠯᠡᠬᠦ ᠨᠤᠷᠮ᠎ᠠ ᠶᠢ 50% ᠠᠴᠠ | ᠲᠡᠭᠡᠭᠰᠢ ᠪᠤᠯᠭᠠᠨ᠎ᠠ᠃ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠬᠦᠢ | ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠪᠠ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠰᠬᠠᠢ | ᠲᠥᠷᠦᠯ ᠤᠨ ᠴᠡᠭᠴᠡᠯᠡᠯᠲᠡ ᠶᠢ ᠪᠠᠶᠢᠩᠭᠤ ᠶᠢᠨ ᠴᠢᠨᠠᠷᠲᠠᠢ ᠦᠷᠨᠢᠬᠦᠯᠤᠨ᠂ ᠠᠶᠤᠯ ᠲᠦᠭᠰᠢᠬᠦᠷᠢ ᠶᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠬᠤ ᠪᠠ ᠬᠦᠳᠡᠯᠦᠩᠬᠦᠢ ᠪᠠᠷ ᠬᠠᠮᠢᠶᠠᠷᠤᠨ ᠡᠵᠡᠮᠳᠡᠬᠦ ᠲᠤᠭᠲᠠᠴᠠ ᠶᠢ | ᠪᠠᠶᠢᠭᠤᠯᠵᠤ᠂ ᠬᠠᠤᠯᠢ ᠲᠤᠭᠲᠠᠭᠠᠯ ᠵᠦᠷᠢᠴᠡᠨ ᠦᠢᠯᠡᠳᠪᠤᠷᠢᠯᠡᠯ ᠡᠵᠡᠩᠨᠡᠯᠲᠡ ᠬᠢᠭᠰᠡᠨ ᠠᠵᠤ ᠠᠬᠤᠶᠢᠯᠠᠯ ᠳᠤ | ᠴᠢᠩᠭ᠎ᠠ ᠴᠤᠬᠢᠯᠲᠠ ᠦᠭᠴᠦ᠂ ᠬᠦᠨᠳᠤ ᠶᠡᠭᠡ ᠠᠳᠡᠯ ᠡᠬᠦᠰᠬᠦ ᠶᠢ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠤᠭᠲᠠᠴᠠ ᠶᠢ ᠲᠡᠬᠦᠯᠳᠡᠷᠵᠢᠬᠦᠯᠵᠤ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠦᠨ᠎ᠡ᠃ | ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠨᠵᠡᠭᠡᠢ | ᠠᠬᠢᠭᠤᠯᠵᠤ᠂ ᠦᠷᠭᠡᠨ ᠤᠯᠠᠨ ᠠᠷᠠᠳ ᠲᠦᠮᠡᠨ ᠤ ᠢᠳᠡᠭᠡᠨ ᠤᠮᠳᠠᠭᠠᠨ ᠡᠮ ᠲᠠᠩ ᠤᠨ ᠠᠮᠤᠷ ᠲᠦᠪᠰᠢᠨ ᠢ | ᠪᠠᠲᠤᠯᠠᠨ᠎ᠠ᠃ ︽ᠬᠤᠷᠴᠠ ᠬᠢᠷᠠᠬᠠᠢ ᠢᠨᠵᠧᠨᠧᠷᠢᠩ︾ ᠢ ᠢᠳᠡᠪᠬᠢᠲᠡᠢ ᠠᠬᠢᠭᠤᠯᠤᠨ᠂ ᠠᠮᠤᠷ ᠢ ᠬᠠᠮᠠᠭᠠᠯᠠᠬᠤ | ᠰᠡᠷᠭᠡᠶᠢᠯᠡᠯᠲᠡ ᠡᠵᠡᠮᠳᠡᠯ ᠢ ︽ᠦᠨᠴᠦᠭ ᠪᠤᠯᠤᠩ ᠦᠯᠡᠳᠡᠭᠡᠯ ᠦᠭᠡᠢ ᠨᠡᠶᠢᠳᠡᠮ ᠪᠦᠷᠬᠦᠬᠦᠯᠬᠦ︾ ᠶᠢ ᠠᠯᠬᠤᠮ | ᠠᠯᠬᠤᠮ ᠢᠶᠠᠷ ᠪᠡᠶᠡᠯᠡᠬᠦᠯᠦᠨ᠎ᠡ᠃ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠤᠯᠠᠭᠠᠨ | ᠬᠠᠷ᠎ᠠ ᠨᠡᠷᠡᠰ︾ ᠤᠨ ᠲᠦᠷᠢᠮ ᠢ ᠬᠡᠷᠡᠭᠵᠢᠬᠦᠯᠵᠤ᠂ ᠢᠳᠡᠭᠡᠮᠵᠢ ᠠᠯᠳᠠᠭᠰᠠᠳ ᠢ ᠬᠠᠮᠢᠭ᠎ᠠ ᠤᠴᠢᠭᠰᠠᠨ ᠴᠦ | ᠬᠢᠵᠠᠭᠠᠷᠯᠠᠨ᠂ ᠶᠠᠪᠤᠬᠤ ᠵᠠᠮ ᠦᠭᠡᠢ ᠪᠤᠯᠭᠠᠨ᠎ᠠ᠃ ᠴᠡᠷᠢᠭ ᠪᠠ ᠠᠷᠠᠳ ᠲᠦᠮᠡᠨ ᠤ ᠠᠭᠤᠰᠤᠯᠳᠤᠨ ᠬᠦᠭᠵᠢᠬᠦ ᠶᠢ | ᠠᠬᠢᠭᠤᠯᠵᠤ᠂ ᠴᠡᠷᠢᠭ ᠤᠨ ᠠᠯᠪᠠ ᠠᠴᠠ ᠪᠠᠭᠤᠭᠰᠠᠳ ᠪᠠ ᠠᠰᠠᠷᠠᠮᠵᠢ ᠬᠦᠷᠳᠡᠭᠰᠡᠳ ᠤᠨ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠨ᠂ ᠲᠠᠬᠢᠨᠲᠠ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠪᠤᠯᠬᠤ ᠪᠠᠷ | ᠴᠢᠷᠮᠠᠶᠢᠨ᠎ᠠ᠃ ︽ᠬᠡᠨ ᠬᠠᠤᠯᠢ ᠬᠡᠷᠡᠭᠵᠢᠬᠦᠯᠪᠡᠯ ᠬᠡᠨ ᠬᠠᠤᠯᠢ ᠶᠢ ᠲᠦᠭᠡᠮᠡᠯᠵᠢᠬᠦᠯᠬᠦ᠂ ᠬᠡᠨ ᠦᠢᠯᠡᠴᠢᠯᠡᠪᠡᠯ ᠬᠡᠨ | ᠬᠠᠤᠯᠢ ᠶᠢ ᠲᠦᠭᠡᠮᠡᠯᠵᠢᠬᠦᠯᠬᠦ︾ ᠬᠠᠷᠢᠭᠤᠴᠠᠯᠭᠠᠳᠣ ᠲᠦᠷᠢᠮ ᠢ ᠬᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠨᠡᠶᠢᠲᠡ | ᠪᠠᠷ ᠢᠶᠠᠨ ᠬᠠᠤᠯᠢ ᠶᠢ ᠲᠦᠭᠡᠮᠡᠯᠵᠢᠬᠦᠯᠬᠦ ᠪᠠ ᠬᠠᠤᠯᠢ ᠶᠢ ᠰᠠᠬᠢᠬᠤ ᠶᠢ ᠠᠬᠢᠭᠤᠯᠤᠨ᠎ᠠ᠃ ᠨᠠᠮ ᠤᠨ ᠦᠨᠳᠦᠰᠦᠲᠡᠨ | ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠲᠠ ᠶᠢᠨ | ᠦᠨᠳᠦᠰᠦᠲᠡᠨ ᠤ ᠠᠵᠢᠯ ᠢ ᠲᠣᠪᠣᠶᠢᠮ᠎ᠠ ᠰᠠᠶᠢᠨ ᠠᠳᠬᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠲᠡ ᠶᠢᠨ ᠵᠢᠱᠢᠶ᠎ᠡ ᠦᠵᠡᠬᠦᠯᠬᠦ ᠤᠷᠤᠨ ᠢ ᠢᠳᠡᠪᠬᠢᠲᠡᠢ ᠪᠠᠷ ᠡᠬᠦᠳᠦᠨ ᠪᠠᠶᠢᠭᠤᠯᠤᠨ᠎ᠠ᠃ ᠠᠵᠢᠯᠴᠢᠨ ᠤ ᠡᠪᠯᠡᠯ | ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭᠠᠳᠤ ᠬᠤᠷᠠᠯ᠂ ᠵᠡᠮᠳᠡᠭᠴᠤᠳ ᠤᠨ | ᠬᠤᠯᠪᠤᠭᠠᠳᠤ ᠬᠤᠷᠠᠯ ᠵᠡᠷᠭᠡ ᠠᠷᠠᠳ ᠤᠨ ᠪᠦᠯᠬᠦᠮ ᠤᠨ ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠨᠡᠩ | ᠰᠠᠶᠢᠨ ᠪᠠᠳᠠᠷᠠᠭᠤᠯᠬᠤ ᠶᠢ ᠲᠡᠮᠵᠢᠨ᠎ᠡ᠃ ᠪᠦᠷᠢᠳᠭᠡᠵᠤ ᠪᠠᠶᠢᠴᠠᠭᠠᠬᠤ᠂ ᠲᠠᠩᠰᠠ ᠡᠪᠬᠡᠮᠡᠯ ᠲᠡᠦᠭᠡ ᠤᠶᠢᠯᠠᠯᠭ᠎ᠠ᠂ | ᠭᠠᠳᠠᠭᠠᠳᠤ ᠶᠠᠪᠤᠳᠠᠯ ᠪᠠ ᠬᠠᠷᠢᠶᠠᠳᠤ ᠨᠠᠷ ᠤᠨ ᠶᠠᠪᠤᠳᠠᠯ᠂ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ | ᠤᠬᠠᠭᠤᠯᠭ᠎ᠠ᠂ ᠨᠡᠶᠢᠲᠡ ᠶᠢᠨ ᠠᠰᠠᠷᠠᠮᠵᠢ ᠨᠢᠬᠦᠯᠡᠰᠦᠩᠭᠦᠢ ᠦᠢᠯᠡᠰ᠂ ᠤᠯᠠᠭᠠᠨ ᠵᠠᠭᠠᠯᠮᠠᠶᠢᠲᠡᠨ ᠵᠡᠷᠭᠡ ᠠᠵᠢᠯ ᠢ | ᠨᠢᠭᠡᠲᠦᠯᠲᠡᠢ ᠲᠦᠯᠦᠪᠯᠡᠨ ᠰᠠᠶᠢᠳᠤᠷ ᠬᠢᠨ᠎ᠡ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠪᠠᠶᠢᠳᠠᠯ ᠰᠢᠨ᠎ᠡ ᠡᠬᠦᠷᠭᠡ ᠨᠢ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠳᠤ ᠨᠡᠩ | ᠦᠨᠳᠤᠷ ᠰᠢᠨ᠎ᠡ ᠱᠠᠭᠠᠷᠳᠠᠯᠭ᠎ᠠ ᠲᠤᠷᠠᠳᠪᠠ᠃ ᠪᠢᠳᠡ ᠦᠨᠡᠨᠴᠢ ᠰᠢᠳᠤᠷᠭᠤ ᠪᠦᠭᠡᠳ ᠬᠠᠷᠢᠭᠤᠴᠠᠯᠭ᠎ᠠ ᠡᠬᠦᠷᠭᠡᠯᠡᠬᠦ᠂ | ᠠᠷᠠᠳ ᠲᠦᠮᠡᠨ ᠤ ᠲᠦᠯᠦᠭᠡ ᠪᠤᠲᠠᠲᠠᠢ ᠶᠢ ᠡᠷᠬᠢᠮᠯᠡᠬᠦ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ | ᠰᠡᠳᠬᠢᠯ ᠬᠠᠨᠣᠮᠵᠢᠲᠠᠢ ᠵᠠᠰᠠᠭ ᠤᠨ ᠤᠷᠳᠤᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠲᠦᠷᠪᠡᠨ ᠤᠬᠠᠮᠰᠠᠷ︾ ᠢ ᠪᠠᠳᠣ ᠪᠣᠢ ᠪᠣᠯᠭᠠᠨ᠂ ︽ | ᠲᠦᠷᠪᠡᠨ ᠢᠳᠡᠭᠡᠯ︾ ᠢᠶᠠᠨ ᠪᠠᠳᠣᠳᠬᠠᠵᠣ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠤ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ | ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠡ ᠪᠠᠷ ᠨᠢᠭᠡᠳᠦᠯᠲᠠᠢ ᠪᠠᠶᠢᠬᠤ ᠬᠡᠷᠡᠭᠲᠠᠢ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠤᠶᠤᠨ ᠲᠠᠷᠢᠬᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠶᠢ | ᠪᠠᠷᠢᠮᠳᠠᠯᠠᠨ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠢ ᠤᠯᠠᠮ ᠨᠢᠭᠡ | ᠠᠯᠬᠤᠮ ᠴᠢᠩᠲᠠᠯᠠᠨ᠂ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ | ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠵᠠᠰᠠᠭ | ᠤᠨ ᠵᠠᠷᠯᠢᠭ ᠢ ᠰᠠᠭᠠᠳ ᠦᠭᠡᠢ ᠬᠡᠷᠡᠭᠵᠢᠬᠦᠯᠦᠨ᠂ ᠵᠠᠷᠯᠢᠭ ᠴᠠᠭᠠᠵᠠ ᠶᠢ ᠴᠢᠩᠭ᠎ᠠ ᠵᠢᠷᠤᠮᠯᠠᠨ᠎ᠠ᠃ ᠤᠯᠠᠨ ᠲᠦᠮᠡᠨ ᠤ | ᠵᠤᠪᠠᠵᠤ ᠪᠠᠶᠢᠭ᠎ᠠ᠂ ᠬᠦᠴᠢᠷᠳᠡᠵᠤ ᠪᠠᠶᠢᠭ᠎ᠠ᠂ ᠰᠠᠭᠠᠳ ᠲᠠᠢ ᠪᠠᠶᠢᠭ᠎ᠠ ᠠᠰᠠᠭᠤᠳᠠᠯ ᠳᠤ ᠢᠮᠠᠭᠲᠠ ᠠᠩᠬᠠᠷᠤᠯ | ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠳᠤ ᠪᠤᠲᠠᠳᠤ ᠶᠠᠪᠤᠳᠠᠯ ᠬᠢᠵᠤ᠂ ᠬᠦᠴᠢᠷ ᠶᠠᠪᠤᠳᠠᠯ ᠢ | ᠰᠢᠢᠳᠪᠤᠷᠢᠯᠡᠨ᠂ ᠰᠠᠶᠢᠨ ᠶᠠᠪᠤᠳᠠᠯ ᠪᠦᠲᠦᠭᠡᠨ ᠦᠭᠴᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠲᠡ ᠶᠢᠨ | ᠦᠵᠡᠯ ᠰᠠᠨᠠᠭ᠎ᠠ ᠶᠢ ᠪᠤᠲᠠᠳᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠬᠦᠯᠦᠨ᠎ᠡ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠶᠤᠰᠤᠭᠠᠷ ᠬᠤᠲᠠ ᠪᠠᠨ ᠵᠠᠰᠠᠬᠤ | ᠤᠶᠢᠯᠠᠭᠠᠭᠳᠠᠬᠤᠨ ᠢ ᠬᠦᠨᠵᠡᠭᠡᠶᠢᠷᠡᠬᠦᠯᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠂ ᠬᠤᠲᠠ | ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ᠂ ᠬᠤᠲᠠ ᠶᠢᠨ | ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠪᠠ ᠤᠯᠤᠰ | ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢ | ᠲᠡᠭᠡᠭᠰᠢᠯᠡᠬᠦᠯᠦᠨ᠎ᠡ᠃ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢ ᠲᠣᠭᠳᠠᠭᠠᠬᠤ ᠳᠠᠭᠠᠨ ᠬᠠᠤᠯᠢ ᠪᠠᠷ | ᠲᠤᠭᠲᠠᠭᠠᠭᠰᠠᠨ ᠲᠡᠰ ᠲᠠᠷᠠᠭᠠᠯᠠᠯ ᠢ ᠴᠢᠩᠭ᠎ᠠ ᠬᠡᠷᠡᠭᠵᠢᠬᠦᠯᠵᠤ᠂ ᠤᠶᠤᠨ ᠤ ᠬᠦᠮᠦᠷᠭᠡ ᠶᠢᠨ ᠵᠦᠪᠯᠡᠯᠭᠡ ᠶᠢᠨ ᠲᠦᠷᠢᠮ | ᠢ ᠪᠠᠶᠢᠭᠤᠯᠵᠤ᠂ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠶᠤᠰᠤᠭᠠᠷ | ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠪᠤᠳᠤᠯᠭ᠎ᠠ ᠲᠤᠭᠲᠠᠭᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ | ᠬᠠᠤᠯᠢ ᠳᠤ ᠲᠤᠭᠲᠠᠭᠠᠭᠰᠠᠨ ᠡᠷᠭᠡ ᠶᠢᠨ ᠬᠢᠵᠠᠭᠠᠷ ᠪᠠ ᠲᠡᠰ ᠲᠠᠷᠠᠭᠠᠯᠠᠯ ᠢᠶᠠᠷ ᠡᠷᠭᠡ ᠪᠠᠨ ᠬᠡᠷᠡᠭᠵᠢᠭᠦᠯᠬᠦ ᠶᠢ | ᠴᠢᠩᠳᠠᠯᠠᠨ᠂ ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠷᠢᠮᠵᠢᠭᠦᠯᠦᠨ᠂ ᠵᠠᠰᠠᠭ ᠤᠨ ᠤᠷᠳᠤᠨ ᠤ ᠠᠵᠢᠯ ᠢ | ᠬᠠᠤᠯᠢ ᠪᠠᠷ ᠵᠠᠰᠠᠬᠤ ᠵᠠᠮ ᠳᠤ ᠦᠨᠡᠨ ᠬᠦ ᠤᠷᠤᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ | ᠲᠠᠯ᠎ᠠ ᠪᠠᠷ ᠬᠡᠷᠡᠭᠵᠢᠬᠦᠯᠵᠤ᠂ ᠰᠤᠨᠢᠨ ᠮᠡᠳᠡᠭᠡ ᠨᠡᠶᠢᠲᠡᠯᠡᠬᠦ ᠲᠦᠷᠢᠮ ᠢ ᠲᠡᠬᠦᠯᠳᠡᠷᠵᠢᠬᠦᠯᠦᠨ᠂ ᠡᠷᠭᠡ ᠶᠢᠨ ᠠᠵᠢᠯᠯᠠᠭ᠎ᠠ | ᠶᠢ ᠢᠯᠡ ᠪᠠᠶᠢᠯᠭᠠᠨ᠎ᠠ᠃ ᠠᠮᠠᠯᠠᠯᠲᠠ ᠬᠢᠭᠰᠡᠨ ᠵᠦᠢᠯᠡᠰ ᠢ ᠬᠢᠨᠠᠮᠠᠭᠠᠢ ᠬᠦᠢᠴᠡᠳᠭᠡᠨ᠂ ᠵᠠᠰᠠᠭ ᠤᠨ ᠤᠷᠳᠤᠨ ᠤ | ᠦᠨᠡᠨᠴᠢ ᠢᠳᠡᠭᠡᠮᠵᠢ ᠶᠢ ᠴᠢᠷᠮᠠᠶᠢᠨ ᠬᠠᠮᠠᠭᠠᠯᠠᠵᠤ᠂ ᠰᠢᠯᠢᠳᠡᠭ ᠰᠠᠶᠢᠨ ᠵᠠᠰᠠᠭ ᠤᠨ ᠰᠤᠷᠳᠠᠯ ᠢᠶᠠᠷ ᠠᠷᠠᠳ ᠤᠨ | ᠰᠤᠷᠳᠠᠯ ᠪᠠ ᠨᠡᠶᠢᠭᠡᠮ ᠤᠨ ᠰᠤᠷᠳᠠᠯ ᠤᠨ ᠰᠠᠶᠢᠵᠢᠷᠠᠯ ᠢ ᠲᠠᠶᠢᠴᠢᠯᠠᠨ᠎ᠠ᠃ | ᠲᠦᠪ ᠭᠤᠤᠯᠴᠢ ᠠᠷᠢᠭᠤᠨ ᠴᠢᠭᠡᠴᠢ ᠪᠠᠶᠢᠬᠤ ᠶᠢ ᠪᠡᠶᠡᠯᠡᠬᠦᠯᠦᠨ᠎ᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠤᠯᠣᠯᠲᠠ ᠲᠦᠷᠢᠮᠵᠢᠭᠦᠯᠦᠯᠲᠡ ᠶᠢ | ᠠᠬᠢᠭᠤᠯᠣᠨ᠂ ︽ᠣᠭ ᠵᠤᠷᠢᠯᠲᠠ ᠪᠠᠨ ᠦᠯᠦ ᠮᠠᠷᠳᠠᠨ᠂ ᠲᠤᠰᠢᠶᠠᠯ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠤ ᠬᠦᠮᠦᠵᠢᠯ ᠢ ᠯᠠᠪᠳᠠᠭᠤᠨ ᠪᠠᠲᠤᠲᠠᠢ ᠦᠷᠨᠢᠬᠦᠯᠦᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳᠴᠢᠯᠠᠯ ᠢᠶᠠᠷ ᠪᠤᠳᠤᠯᠭ᠎ᠠ ᠲᠤᠭᠲᠠᠭᠠᠬᠤ᠂ ︽ᠨᠢᠭᠡ ᠠᠵᠢᠯ | ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠶᠢ ᠬᠢᠨᠠᠮᠠᠭᠠᠢ ᠬᠦᠢᠴᠡᠳᠭᠡᠨ᠂ ᠵᠠᠰᠠᠭ ᠤᠨ ᠤᠷᠳᠤᠨ ᠤ | ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠦᠨᠡᠨ ᠬᠦ ᠰᠠᠶᠢᠳᠤᠷ ᠠᠳᠬᠤᠨ᠎ᠠ᠃ | ᠲᠦᠪ ᠬᠤᠷᠢᠶᠠᠨ ᠤ ︽ᠨᠠᠢᠮᠠᠨ ᠵᠤᠷᠪᠤᠰ ᠲᠤᠭᠲᠠᠭᠠᠯ︾ ᠵᠢᠴᠢ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠯᠢᠪᠠ ᠬᠡᠯᠪᠡᠷᠢ ᠶᠢᠨ ᠦᠵᠡᠯ᠂ ᠨᠤᠶᠠᠨᠴᠢ ᠰᠤᠷᠳᠠᠯ ᠢ ᠡᠷᠡᠰ ᠡᠰᠡᠷᠬᠦᠴᠡᠬᠦ ᠪᠠ ᠴᠡᠭᠴᠡᠯᠡᠵᠤ᠂ | ᠬᠤᠷᠠᠯ ᠬᠢᠬᠦ ᠪᠠ ᠪᠢᠴᠢᠭ ᠮᠠᠲ᠋ᠧᠷᠢᠶᠠᠯ ᠪᠠᠭᠤᠯᠭᠠᠬᠤ ᠪᠠᠨ ᠪᠠᠭᠠᠰᠬᠠᠵᠤ᠂ ᠺᠠᠳ᠋ᠷ ᠢ ᠪᠢᠴᠢᠭ ᠤᠨ ᠣᠪᠣᠭ᠎ᠠ᠂ ᠬᠤᠷᠠᠯ | ᠤᠨ ᠲᠠᠯᠠᠢ᠂ ᠮᠠᠲ᠋ᠧᠷᠢᠶᠠᠯ ᠬᠦᠰᠦᠨᠦᠭᠳᠦ ᠠᠴᠠ ᠴᠢᠯᠦᠭᠡᠯᠡᠨ᠎ᠡ᠃ ︽ᠵᠠᠯᠬᠠᠭᠤ ᠨᠤᠶᠠᠨ᠂ ᠦᠭᠡᠨᠴᠡ ᠨᠤᠶᠠᠨ᠂ | ᠲᠣᠮᠣᠭᠠᠲᠠᠢ ᠨᠤᠶᠠᠨ᠂ ᠬᠤᠯᠵᠢᠨ ᠨᠤᠶᠠᠨ︾ ᠢ ᠬᠦᠨᠵᠡᠭᠡᠢ ᠴᠡᠭᠴᠡᠯᠡᠵᠤ᠂ ᠠᠮᠠᠯᠠᠬᠤ ᠨᠢ ᠠᠷᠪᠢᠨ ᠪᠦᠭᠡᠳ ᠠᠮᠠ ᠨᠢ | ᠪᠠᠷᠳᠠᠮ᠂ ᠬᠢᠬᠦ ᠨᠢ ᠪᠠᠭ᠎ᠠ ᠪᠦᠭᠡᠳ ᠨᠠᠶᠢᠳᠠᠪᠤᠷᠢᠵᠢᠭᠤᠯᠬᠤ ᠨᠢ ᠪᠠᠷᠤᠭᠲᠠᠢ ᠵᠡᠷᠭᠡ ᠲᠤᠪᠤᠶᠢᠮ᠎ᠠ ᠠᠰᠠᠭᠤᠳᠠᠯ ᠢ | ᠴᠢᠷᠮᠠᠶᠢᠨ ᠰᠢᠢᠳᠪᠤᠷᠢᠯᠡᠨ᠎ᠡ᠃ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠣᠯᠭ᠎ᠠ ᠶᠢ ᠴᠢᠩᠭ᠎ᠠ | ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠬᠠᠰᠤᠭᠳᠠᠬᠤ ᠠᠴᠠ ᠪᠢᠰᠢ ᠨᠡᠮᠡᠭᠳᠡᠬᠦ ᠦᠭᠡᠢ | ᠪᠠᠶᠢᠬᠤ ᠶᠢ ᠪᠠᠲᠤᠯᠠᠨ᠎ᠠ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠬᠠᠤᠯᠢ ᠶᠤᠰᠤᠭᠠᠷ ᠴᠢᠩᠭᠠᠳᠬᠠᠵᠤ᠂ | ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ | ᠠᠴᠠ ᠪᠠᠨ ᠬᠦᠯᠢᠶᠡᠵᠤ᠂ ᠤᠯᠠᠨ ᠲᠦᠮᠡᠨ ᠤ ᠲᠡᠷᠭᠡᠳᠡᠬᠢ ᠢᠯᠵᠠᠷᠠᠯ ᠤᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠤᠷᠢᠯᠡᠵᠤ᠂ ᠲᠦᠪ ᠴᠢᠭᠡᠴᠢ ᠬᠦᠭᠵᠢᠯᠲᠡ ᠶᠢᠨ ᠤᠷᠴᠢᠨ ᠨᠦᠬᠦᠴᠡᠯ ᠢ ᠪᠤᠢ ᠪᠤᠯᠭᠠᠬᠤ ᠪᠠᠷ | ᠴᠢᠷᠮᠠᠶᠢᠨ᠎ᠠ᠃ | ᠪᠤᠲᠠᠲᠠᠢ ᠪᠠᠷ ᠠᠵᠢᠯᠯᠠᠵᠤ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠪᠠᠷ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠵᠤ᠂ ᠴᠤᠭ ᠵᠤᠯᠢ ᠰᠤᠯᠠᠬᠠᠨ᠂ | ᠬᠠᠷᠢᠭᠤᠴᠠᠯᠭ᠎ᠠ ᠡᠬᠦᠷᠭᠡᠯᠡᠬᠦ ᠪᠠᠷ ᠬᠦᠷᠦᠯᠴᠡᠬᠦ ᠦᠭᠡᠢ ᠪᠠᠶᠢᠬᠤ ᠬᠤᠶᠢᠷᠭᠤ ᠦᠵᠡᠯ ᠰᠠᠨᠠᠭ᠎ᠠ ᠶᠢ ᠡᠷᠡᠰ ᠲᠡᠪᠴᠢᠵᠦ᠂ | ᠲᠤᠭᠲᠠᠭᠠᠭᠰᠠᠨ ᠤᠴᠢᠷ ᠢ ᠲᠠᠷᠤᠢ ᠲᠦᠷᠭᠡᠨ ᠬᠢᠵᠤ᠂ ᠪᠠᠶᠢᠷᠢᠯᠠᠭᠤᠯᠤᠭᠰᠠᠨ ᠠᠵᠢᠯ ᠢ ᠲᠤᠤᠱᠲᠠᠢ ᠠᠳᠬᠤᠨ᠂ ᠵᠠᠰᠠᠭ | ᠤᠨ ᠤᠷᠳᠤᠨ ᠤ ᠬᠦᠢᠴᠡᠳᠭᠡᠬᠦ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠡᠯᠧᠺᠲᠷᠤᠨ ᠵᠠᠰᠠᠭ ᠤᠨ | ᠶᠠᠪᠤᠳᠠᠯ ᠤᠨ ᠠᠵᠢᠯᠯᠠᠬᠤ ᠲᠠᠪᠴᠠᠩ ᠢ ᠪᠠᠶᠢᠭᠤᠯᠵᠤ᠂ ᠭᠤᠤᠯᠳᠠᠯᠭ᠎ᠠ ᠲᠠᠢ ᠠᠵᠢᠯ ᠳᠤ ᠲᠤᠳᠤᠷᠬᠠᠢ ᠲᠠᠩᠰᠠ | ᠭᠠᠷᠭᠠᠵᠤ᠂ ᠬᠠᠷᠢᠭᠤᠴᠠᠯᠭ᠎ᠠ ᠶᠢ ᠲᠤᠳᠤᠳᠬᠠᠨ᠂ ᠴᠠᠭ ᠤᠨ ᠬᠢᠵᠠᠭᠠᠷ ᠲᠤᠭᠲᠠᠭᠠᠵᠤ᠂ ᠬᠠᠷᠠᠯᠲᠠ ᠶᠢᠨ ᠰᠢᠯᠭᠠᠯᠲᠠ | ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠬᠦ ᠰᠢᠬᠠᠮᠳᠠᠭᠤᠯᠣᠨᠠ᠃ ᠪᠠᠶᠢᠴᠠᠭᠠᠨ ᠰᠤᠳᠤᠯᠤᠯᠲᠠ | ᠬᠢᠬᠦ ᠰᠤᠷᠳᠠᠯ ᠢ ᠶᠡᠭᠡ ᠪᠠᠷ ᠪᠠᠳᠠᠷᠠᠭᠤᠯᠵᠤ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠡᠮᠦᠨ᠎ᠡ ᠹᠷᠤᠨᠲ ᠲᠤ | ᠪᠠᠭᠤᠵᠤ᠂ ᠠᠰᠠᠭᠤᠳᠠᠯ ᠢ ᠢᠯᠡᠷᠡᠬᠦᠯᠬᠦ ᠪᠠ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠴᠢᠩᠭᠠᠳᠬᠠᠨ᠎ᠠ᠃ | ᠪᠤᠲᠠᠲᠠᠢ ᠪᠠᠷ ᠠᠵᠢᠯᠯᠠᠬᠤ ᠶᠢ ᠴᠢᠬᠤᠯᠠᠴᠢᠯᠠᠬᠤ᠂ ᠪᠤᠲᠠᠳᠤ ᠪᠦᠲᠦᠮᠵᠢ ᠶᠢ ᠴᠢᠬᠤᠯᠠᠴᠢᠯᠠᠬᠤ ᠤᠳᠤᠷᠢᠳᠤᠮᠵᠢ ᠶᠢ ᠪᠤᠢ | ᠪᠤᠯᠭᠠᠵᠤ᠂ ᠮᠦᠷᠳᠡᠨ ᠲᠠᠭᠠᠵᠤ ᠦᠷ᠎ᠡ ᠪᠦᠲᠦᠮᠵᠢ ᠶᠢ ᠠᠰᠠᠭᠤᠬᠤ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ᠂ | ᠰᠢᠨᠵᠢᠯᠡᠬᠦ ᠤᠬᠠᠭᠠᠨᠴᠢ ᠪᠦᠳᠦᠮᠵᠢᠲᠠᠢ ᠰᠢᠯᠭᠠᠨ ᠦᠨᠡᠯᠡᠬᠦ ᠰᠢᠰᠲ᠋ᠧᠮ ᠢ ᠪᠤᠢ ᠪᠤᠯᠭᠠᠵᠤ᠂ ᠵᠦᠪ ᠲᠠᠯ᠎ᠠ ᠶᠢᠨ | ᠤᠷᠮᠠᠰᠢᠭᠤᠯᠤᠯ ᠪᠠ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ ᠲᠦᠷᠢᠮ ᠢ ᠲᠡᠬᠦᠯᠳᠡᠷᠵᠢᠬᠦᠯᠦᠨ᠂ ᠦᠷᠭᠡᠨ | ᠤᠯᠠᠨ ᠺᠠᠳ᠋ᠷᠴᠤᠳ ᠢ ᠠᠵᠢᠯ ᠶᠠᠪᠤᠳᠠᠯ ᠬᠢᠬᠦ ᠪᠤᠳᠤᠯ ᠲᠠᠢ᠂ ᠠᠵᠢᠯ ᠶᠠᠪᠤᠳᠠᠯ ᠬᠢᠬᠦ ᠵᠤᠷᠢᠭ ᠲᠠᠢ᠂ ᠠᠵᠢᠯ ᠶᠠᠪᠤᠳᠠᠯ | ᠬᠢᠵᠤ ᠲᠡᠶᠢᠯᠬᠦ ᠪᠤᠯᠭᠠᠨ᠎ᠠ᠃ | ᠲᠦᠯᠦᠭᠡᠯᠡᠭᠴᠢᠳ ᠡ︕ ᠬᠠᠷᠢᠭᠤᠴᠠᠯᠭᠠᠳᠤ ᠰᠡᠳᠬᠢᠯᠭᠡ ᠪᠠᠶᠢᠪᠠᠯ ᠠᠵᠢᠯ ᠦᠢᠯᠡᠰ ᠦᠭᠡᠳᠡᠯᠡᠵᠤ᠂ ᠬᠠᠳᠠᠭᠤᠵᠢᠯᠲᠠᠢ | ᠴᠢᠷᠮᠠᠶᠢᠯᠭ᠎ᠠ ᠪᠠᠶᠢᠪᠠᠯ ᠬᠦᠰᠡᠯ ᠮᠦᠷᠦᠭᠡᠳᠦᠯ ᠪᠡᠶᠡᠯᠡᠭᠳᠡᠨ᠎ᠡ᠃ ᠪᠢᠳᠡ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠦ ᠨᠢᠬᠲᠠᠷᠠᠨ ᠪᠦᠯᠬᠦᠮᠳᠡᠵᠤ᠂ ᠲᠡᠭᠡᠳᠤ | ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠡᠷᠴᠢ ᠵᠣᠷᠢᠭ ᠢᠶᠠᠨ ᠬᠦᠪᠴᠢᠯᠡᠨ᠂ ᠡᠷᠡᠯᠬᠡᠭᠯᠡᠨ ᠲᠠᠪᠰᠢᠵᠤ᠂ ᠪᠦᠬᠦ ᠬᠦᠴᠦᠨ ᠢᠶᠠᠨ | ᠰᠢᠪᠬᠠᠨ ᠰᠢᠨ᠎ᠡ ᠴᠠᠭ ᠦᠶ᠎ᠡ ᠶᠢᠨ ᠰᠢᠯᠢ ᠶᠢᠨ ᠬᠤᠲᠠ ᠶᠢ ᠪᠦᠲᠦᠭᠡᠨ ᠪᠠᠶᠢᠭᠤᠯᠵᠣ᠂ ᠰᠢᠯᠢᠳᠡᠭ ᠬᠢᠷᠢ ᠪᠦᠲᠦᠮᠵᠢ | ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠶ᠎ᠡ︕ | | |