ᠰᠢᠯᠢ ᠶᠢᠨ ᠬᠤᠲᠠ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019/11/8
10 ᠰᠠᠷ᠎ᠠ ᠶᠢᠨ 29᠎ ᠤ ᠡᠳᠦᠷ᠂ ᠰᠢᠯᠢ ᠶᠢᠨ ᠬᠤᠲᠠ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠪᠣᠳᠠᠲᠠᠶ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
ᠰᠢᠯᠢ ᠶᠢᠨ ᠬᠤᠲᠠ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠦᠸᠧ ᠢ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤᠸᠠᠢ ᠵᠢᠶᠦ᠋ᠨ ᠬᠤᠷᠠᠯ ᠢ ᠡᠷᠭᠢᠯᠡᠪᠡ︔ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠣ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠴᠠᠷᠠᠭᠠᠨ ᠤ ᠠᠵᠢᠯ ᠳᠤ ᠪᠠᠨ ᠪᠠᠶᠢᠷᠢᠯᠠᠭᠤᠯᠤᠯᠲᠠ ᠬᠢᠪᠡ︔ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠬᠤᠷᠠᠯ ᠳᠤ ᠣᠷᠣᠯᠴᠠᠭᠰᠠᠳ ᠡᠩ ᠲᠡᠷᠢᠭᠦᠨ ᠳᠤ ᠮᠧᠩ ᠨᠧᠩ ᠤᠨ ᠱᠧᠩ ᠯᠢ ᠪᠠᠷᠠᠭᠤᠨ ᠭᠤᠷᠪᠠᠳᠣᠭᠠᠷ ᠵᠠᠳᠠᠭᠠᠶ ᠠᠭᠤᠷᠬᠠᠶ᠂ ᠬᠤᠸᠠ ᠨᠧᠩ ᠤᠨ ᠤᠮᠠᠷᠠᠲᠤ ᠶᠢᠨ ᠠᠭᠤᠷᠬᠠᠢ ᠶᠢᠨ ᠠᠮᠠᠰᠠᠷ ᠤᠨ ᠴᠠᠬᠢᠯᠭᠠᠨ ᠤ ᠦᠶ᠋ᠯᠡᠳᠪᠦᠷᠢ᠂ ᠳ᠋ᠠ ᠳᠠᠩ ᠣᠯᠠᠨ ᠤᠯᠤᠰ ᠎ ᠤᠨ ᠰᠢᠯᠢ ᠶᠢᠨ ᠬᠤᠲᠠ ᠳᠠᠬᠢ ᠠᠭᠤᠷᠬᠠᠢ ᠶᠢᠨ ᠠᠮᠠᠰᠠᠷ ᠤᠨ ᠴᠠᠬᠢᠯᠭᠠᠨ ᠤ ᠦᠶ᠋ᠯᠡᠳᠪᠦᠷᠢ᠂ ᠱᠠᠩᠬᠠᠶ ᠶᠢᠨ ᠴᠠᠬᠢᠯᠭᠠᠨ ᠡᠨᠧᠷᠭᠢ ᠶᠢᠨ ᠲᠣᠨᠣᠭᠯᠠᠯ ︵ᠥᠪᠥᠷ ᠮᠣᠩᠭᠤᠯ︶᠎ ᠤᠨ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᠾᠧᠩ ᠱᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃
ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠲᠣᠬᠢᠷᠠᠭᠤᠯᠣᠯᠲᠠ ᠶᠢᠨ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠲᠥᠷᠥᠬᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ᠂ ᠭᠤᠣᠯᠳᠠᠯᠭ᠎ᠠ ᠲᠠᠢ ᠲᠥᠷᠦᠯ ᠵᠦᠢᠯ ᠤᠨ ᠠᠬᠢᠭᠤᠯᠣᠯᠲᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠡᠶᠡᠯᠡᠭᠦᠯᠣᠯᠲᠡ᠂ ᠡᠳ᠋ ᠤᠨ ᠵᠠᠰᠠᠭ ᠤᠨ ᠡᠷᠬᠢᠯᠲᠡ᠂ ᠭᠤᠷᠪᠠᠳᠤᠭᠠᠷ ᠤᠳᠠᠭᠠᠨ ᠤ ᠠᠵᠤ ᠦᠢᠯᠡᠰ ᠤᠨ ᠡᠷᠭᠢᠯᠲᠡ ᠶᠢᠨ ᠪᠠᠶᠢᠳᠠᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠶᠠᠷᠢᠶ᠎ᠠ ᠶᠢ ᠰᠣᠨᠣᠰᠴᠤ᠂ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠨᠢᠮᠪᠠᠢ ᠪᠠᠶᠢᠷᠢᠯᠠᠭᠤᠯᠵᠠᠢ᠃ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠵᠥᠪ ᠰᠡᠳᠬᠢᠴᠡ ᠲᠠᠢ ᠪᠠᠶᠢᠵᠤ᠂ ᠲᠡᠤᠬᠡ ᠪᠣᠯᠤᠨ ᠣᠳᠣᠬᠠᠨ ᠤ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠪᠡᠷᠬᠡᠰᠢᠶᠡᠯ ᠢ ᠵᠥᠪ ᠢᠶᠠᠷ ᠲᠠᠨᠢᠵᠤ᠂ ᠬᠤᠪᠢᠰᠤᠩᠭᠤᠶ ᠪᠠᠷ ᠰᠡᠳᠬᠢᠵᠦ᠂ ᠠᠯᠤᠰ ᠬᠡᠲᠦ ᠳᠤ ᠰᠠᠭᠤᠷᠢᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠶ᠂ ᠨᠠᠵᠠᠭᠠᠶᠢᠷᠠᠨ ᠬᠤᠶᠢᠷᠭᠤᠰᠢᠵᠤ ᠤᠭᠲᠤ ᠪᠣᠯᠬᠤ ᠦᠭᠡᠢ︔ ᠠᠵᠢᠯ ᠶᠢᠨ ᠪᠠᠶᠢᠷᠢᠨ ᠳᠠᠭᠠᠨ ᠵᠠᠰᠠᠭ ᠤᠨ ᠶᠠᠪᠤᠳᠠᠯ ᠢ ᠪᠣᠳᠣᠯᠬᠢᠯᠠᠵᠤ᠂ ᠦᠷᠭᠦᠯᠵᠢᠯᠡᠨ ᠪᠦᠯᠬᠦᠮᠳᠡᠨ ᠨᠢᠭᠡᠳᠬᠦ᠂ ᠭᠠᠪᠰᠢᠭᠠᠢᠯᠠᠨ ᠲᠡᠷᠢᠭᠦᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠦᠵᠡᠭᠦᠯᠵᠦ᠂ ᠵᠣᠷᠢᠭᠲᠠᠢ ᠪᠠᠷ ᠠᠵᠢᠯᠯᠠᠵᠣ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠰᠡᠳᠬᠢᠯ ᠲᠠᠯᠪᠢᠨ ᠬᠦᠴᠦᠯᠡᠨ ᠬᠦᠭᠵᠢᠭᠦᠯᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号