ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠥᠬᠦ ᠭᠡᠰᠢᠬᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠎ ᠶᠢᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2020-01-17
 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠥᠬᠦ ᠭᠡᠰᠢᠬᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠪᠠ
   1 ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠥᠬᠦ ᠭᠡᠰᠢᠬᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠮᠣᠩᠭᠤᠯ ᠶᠤᠸᠠᠨ ᠤ ᠰᠣᠶᠣᠯ ᠤᠨ ᠦᠢᠯᠡᠰ ᠤᠨ ᠬᠦᠷᠢᠶᠡᠯᠡᠩ ᠤᠨ ᠬᠤᠷᠠᠯ ᠤᠨ ᠲᠥᠪ ᠲᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠣᠯᠤᠨ ᠠᠷᠪᠠᠨ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠠᠷᠭᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠎ ᠤᠨ ᠨᠠᠮ ᠤᠨ ᠬᠤᠷᠢᠶᠠᠨ ᠤ 2020 ᠣᠨ ᠤ ᠨᠢᠭᠡᠳᠦᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠎ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠤᠨ ᠮᠡᠳᠡᠬᠦᠯᠦᠯᠲᠡ ᠬᠢᠵᠦ᠂ 2020 ᠣᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠢ ᠪᠠᠶᠢᠷᠢᠯᠠᠭᠤᠯᠪᠠ᠃    ᠬᠤᠲᠠ ᠶᠢᠨ ᠤᠳᠤᠷᠢᠳᠤᠯᠭ᠎ᠠ ᠵᠠᠩ ᠶᠢᠨ ᠮᠢᠩ᠂ ᠵᠣᠣ ᠹᠸᠢ ᠫᠧᠩ᠂ ᠴᠢ ᠵᠧᠨ ᠬᠤᠸᠠ᠂ ᠳ᠋ᠦ᠋ ᠵᠢᠶᠧ᠂ ᠨᠠᠰᠤᠨᠪᠠᠲᠤ᠂ ᠯᠢᠦ ᠶᠢᠨ᠂ ᠭᠦᠸᠧ ᠵᠢᠩ ᠵᠢᠤᠸᠠᠨ᠂ ᠵᠣᠣ ᠭᠦᠸᠧ ᠵᠦ᠂ ᠸᠠᠩ ᠰᠢᠦ ᠬᠠᠶ᠂ ᠪᠤᠤ ᠷᠦᠩ ᡁᠢ᠂ ᠸᠧᠨ ᠪᠤᠤ ᠶᠤᠸᠠᠨ᠂ ᠰᠢᠶᠠᠩ ᠼᠦᠨ ᠮᠢᠩ ᠬᠤᠷᠠᠯ ᠳᠤ ᠣᠷᠣᠯᠴᠠᠪᠠ᠃
   ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠢᠨ ᠮᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠭᠰᠡᠨ ᠪᠥᠭᠡᠳ ᠪᠥᠬᠦ ᠭᠡᠰᠢᠭᠦᠳ ᠲᠤ ᠬᠠᠷᠢᠭᠤᠴᠠᠯᠭ᠎ᠠ ᠪᠠ ᠠᠷᠢᠭᠤᠨ ᠴᠢᠬᠡᠴᠢ ᠶᠢᠨ ᠲᠤᠭᠠᠴᠢᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠵᠣᠣ ᠹᠸᠢ ᠫᠧᠩ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
   ᠬᠤᠷᠠᠯ ᠠᠴᠠ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠎ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠢᠶᠠᠨ ᠨᠠᠩ ᠪᠠᠲᠤ ᠴᠢᠩᠭ᠎ᠠ ᠬᠦᠴᠦᠨ ᠲᠡᠭᠦᠯᠳᠡᠷ ᠪᠣᠯᠭᠠᠨ ᠪᠠᠶᠢᠭᠤᠯᠬᠤ ᠬᠡᠷᠡᠭᠲᠡᠶ ᠭᠡᠵᠦ ᠤᠷᠢᠶᠠᠯᠠᠪᠠ᠃ ᠬᠤᠷᠠᠯ ᠠᠴᠠ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠬᠲᠠᠷᠠᠨ ᠪᠦᠯᠬᠦᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠵᠦᠶᠯ ᠎ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠭ ᠰᠠᠨᠠᠭ᠎ᠠ ᠎ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ ᠂ ᠪᠦᠯᠬᠦᠮᠳᠡᠨ ᠲᠡᠮᠡᠴᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽13 · 5︾᠎ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠵᠤ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠰᠦᠭᠡᠢ ᠭᠡᠵᠦ ᠱᠠᠭᠠᠷᠳᠠᠪᠠ᠃
   ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾᠎ ᠶᠢᠨ ᠳᠠᠭᠤᠨ ᠤ ᠳᠤᠮᠳᠠ ᠲᠡᠭᠦᠰᠪᠡ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号