| | ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ᠂ ᠮᠠᠨ ᠤ ᠤᠷᠤᠨ 2020 ᠤᠨ ᠠᠴᠠ ᠡᠬᠢᠯᠡᠨ | ᠦᠨᠳᠦᠰᠦᠲᠡᠨ ᠤ |
| ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠲᠦᠯᠲᠡᠢ ᠨᠠᠶᠢᠷᠠᠭᠤᠯᠣᠭᠰᠠᠨ ︽ᠬᠡᠯᠡ | ᠪᠢᠴᠢᠭ︾᠂ |
| ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ ᠶᠢᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠪᠤᠯᠤᠨ᠎ᠠ᠃ |
| ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠠᠵᠢᠯ ᠢ ᠤᠯᠠᠮ ᠴᠢᠨᠠᠬᠰᠢᠳᠠ ᠰᠠᠶᠢᠳᠤᠷ ᠬᠢᠵᠤ᠂ | ᠤᠯᠠᠨ ᠲᠦᠮᠡᠨ᠂ |
| ᠭᠡᠷ ᠤᠨ ᠠᠬᠠᠮᠠᠳ ᠪᠠ ᠪᠠᠭᠰᠢ ᠰᠤᠷᠤᠭᠴᠢᠳ ᠤᠨ ᠰᠡᠵᠢᠭ ᠡᠷᠡᠭᠡᠯᠵᠡᠭᠡ ᠶᠢ ᠲᠠᠶᠢᠯᠬᠤ ᠶᠢᠨ | ᠲᠦᠯᠦᠭᠡ᠂ ᠦᠪᠡᠷᠲᠡᠭᠡᠨ ᠵᠠᠰᠠᠬᠤ |
| ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ ᠵᠢᠭᠠᠬᠤ |
| ᠮᠠᠲ᠋ᠧᠷᠢᠶᠠᠯ ᠢ ᠬᠡᠷᠡᠭᠯᠡᠬᠦ ᠲᠤᠬᠠᠢ ︽ᠠᠰᠠᠭᠤᠯᠲᠠ ᠳᠤ ᠥᠭᠬᠦ ᠬᠠᠷᠢᠭᠤᠯᠲᠠ︾ | ᠭᠠᠷᠭᠠᠪᠠ᠃ |
| | 1. ᠠᠰᠠᠭᠤᠯᠲᠠ᠄ ᠰᠤᠷᠤᠭᠴᠢ᠂ ᠪᠠᠭᠰᠢ ᠪᠤᠯᠤᠨ ᠭᠡᠷ ᠤᠨ ᠠᠬᠠᠮᠠᠳ ᠬᠡᠷᠪᠡ ᠡᠷᠡᠭᠡᠯᠵᠡᠭᠡ ᠲᠠᠢ ᠠᠰᠠᠭᠤᠳᠠᠯ | ᠪᠠᠶᠢᠪᠠᠯ᠂ |
| ᠶᠠᠮᠠᠷ ᠠᠷᠭ᠎ᠠ ᠵᠠᠮ ᠢᠶᠠᠷ ᠳᠠᠮᠵᠢᠭᠤᠯᠤᠨ ᠬᠡᠨ ᠳᠤ ᠲᠤᠰᠬᠠᠬᠤ ᠪᠣᠢ︖ | ᠬᠠᠷᠢᠭᠤᠯᠲᠠ᠄ ᠪᠢᠳᠡ ᠤᠯᠠᠨ |
| ᠲᠦᠮᠡᠨ ᠤ ᠬᠠᠤᠯᠢ ᠶᠣᠰᠣᠭᠠᠷ ᠰᠠᠨᠠᠯ ᠢᠶᠠᠨ ᠲᠤᠰᠬᠠᠬᠤ ᠶᠢ ᠳᠡᠮᠵᠢᠨ᠎ᠡ᠃ | ᠤᠯᠣᠰ ᠤᠨ ᠨᠢᠭᠡᠲᠦᠯᠲᠡᠢ |
| ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ᠂ ᠬᠡᠷᠪᠡ |
| | ᠡᠷᠡᠭᠡᠯᠵᠡᠭᠡ ᠲᠠᠢ ᠠᠰᠠᠭᠤᠳᠠᠯ ᠲᠤᠬᠢᠶᠠᠯᠳᠣᠪᠠᠯ᠂ ᠬᠠᠤᠯᠢ ᠶᠣᠰᠤᠨ ᠤ ᠠᠷᠭ᠎ᠠ |
| ᠵᠠᠮ ᠢᠶᠠᠷ ᠲᠤᠰᠬᠠᠬᠤ ᠬᠡᠷᠡᠭᠲᠡᠢ᠃ | ᠵᠢᠱᠢᠶᠡᠯᠡᠪᠡᠯ᠂ ᠰᠤᠷᠤᠭᠴᠢᠳ ᠡᠷᠡᠭᠡᠯᠵᠡᠭᠡ ᠲᠠᠢ ᠠᠰᠠᠭᠤᠳᠠᠯ ᠢᠶᠠᠨ ᠪᠠᠭᠰᠢ ᠳᠤ ᠪᠠᠨ ᠲᠤᠰᠬᠠᠵᠤ᠂ |
| ᠪᠠᠭᠰᠢ ᠠᠴᠠ | ᠰᠤᠷᠭᠠᠭᠤᠯᠢ ᠳᠤ ᠪᠠᠨ ᠲᠤᠰᠬᠠᠨ᠎ᠠ︔ ᠪᠠᠭᠰᠢ ᠡᠷᠡᠭᠡᠯᠵᠡᠭᠡ ᠲᠠᠢ ᠠᠰᠠᠭᠤᠳᠠᠯ ᠢᠶᠠᠨ ᠰᠤᠷᠭᠠᠭᠤᠯᠢ ᠳᠤ ᠲᠤᠰᠬᠠᠵᠤ᠂ |
| | ᠰᠤᠷᠭᠠᠭᠤᠯᠢ ᠠᠴᠠ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠤ ᠲᠤᠰᠬᠠᠨ᠎ᠠ︔ |
| ᠭᠡᠷ ᠤᠨ ᠠᠬᠠᠮᠠᠳ | ᠡᠷᠡᠭᠡᠯᠵᠡᠭᠡ ᠲᠠᠢ ᠠᠰᠠᠭᠤᠳᠠᠯ ᠢᠶᠠᠨ ᠠᠵᠢᠯᠯᠠᠵᠤ ᠪᠠᠶᠢᠭ᠎ᠠ ᠪᠠᠶᠢᠭᠤᠯᠭ᠎ᠠ ᠪᠤᠶᠤ ᠭᠠᠴᠠᠭ᠎ᠠ ᠲᠣᠰᠬᠤᠨ ᠨᠡᠶᠢᠭᠡᠮ |
| | ᠲᠤᠭᠤᠷᠢᠭ ᠲᠤ ᠲᠤᠰᠬᠠᠵᠤ᠂ ᠪᠠᠶᠢᠭᠤᠯᠭ᠎ᠠ ᠪᠤᠶᠤ ᠭᠠᠴᠠᠭ᠎ᠠ ᠲᠤᠰᠬᠤᠨ ᠨᠡᠶᠢᠭᠡᠮ |
| ᠲᠤᠭᠤᠷᠢᠭ ᠨᠢ ᠳᠡᠭᠡᠲᠦ | ᠱᠠᠳᠤᠨ ᠳᠤ ᠪᠠᠨ ᠲᠤᠰᠬᠠᠨ᠎ᠠ︔ ᠨᠡᠶᠢᠭᠡᠮ ᠤᠨ ᠡᠯ᠎ᠡ ᠡᠳᠡᠭᠡᠳ ᠤᠨ ᠬᠢᠨ |
| ᠡᠷᠡᠭᠡᠯᠵᠡᠭᠡ ᠲᠠᠢ ᠠᠰᠠᠭᠤᠳᠠᠯ ᠢᠶᠠᠨ | ᠲᠢᠩᠬᠢᠮ ᠤᠨ ᠳᠠᠷᠤᠭ᠎ᠠ ᠶᠢᠨ ᠦᠭᠡ ᠦᠯᠡᠳᠡᠭᠡᠬᠦ |
| ᠬᠠᠶᠢᠷᠴᠠᠭ ᠲᠤ ᠦᠭᠡ ᠦᠯᠡᠳᠡᠭᠡᠵᠦ ᠪᠤᠯᠤᠨ᠎ᠠ︔ ᠠᠷᠠᠳ ᠤᠨ | ᠲᠦᠯᠦᠭᠡᠯᠡᠭᠴᠢ᠂ ᠤᠯᠤᠰ ᠲᠦᠷᠦ ᠶᠢᠨ |
| ᠵᠦᠪᠯᠡᠯᠭᠡᠨ ᠤ ᠭᠡᠰᠢᠭᠦᠳ ᠬᠠᠤᠯᠢ ᠳᠤ ᠲᠤᠬᠳᠠᠭᠠᠬᠰᠠᠨ ᠠᠷᠭ᠎ᠠ ᠵᠠᠮ ᠢᠶᠠᠷ | ᠰᠠᠨᠠᠯ ᠢᠶᠠᠨ ᠲᠤᠰᠬᠠᠵᠤ ᠰᠠᠨᠠᠭᠤᠯᠭ᠎ᠠ ᠭᠠᠷᠭᠠᠨ᠎ᠠ᠃ |
| ᠪᠢᠳᠡ ᠬᠠᠤᠯᠢ ᠶᠤᠰᠤᠭᠠᠷ ᠴᠠᠭ ᠲᠤᠬᠠᠢ ᠳᠤᠨᠢ ᠬᠠᠷᠢᠭᠤᠯᠲᠠ | ᠦᠭᠭᠦᠨ᠎ᠡ᠃ | 2. ᠠᠰᠠᠭᠤᠯᠲᠠ᠄ |
| ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ | ᠠᠬᠢᠭᠤᠯᠬᠤ ᠶᠢ ᠨᠠᠮ ᠤᠨ |
| ᠲᠦᠪ ᠬᠤᠷᠢᠶ᠎ᠠ ᠠᠴᠠ ᠲᠤᠭᠲᠠᠭᠠᠭᠰᠠᠨ ᠤᠤ︖ | ᠬᠠᠷᠢᠭᠤᠯᠲᠠ᠄ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠪᠤᠯ |
| ᠲᠦᠷᠤ ᠶᠢᠨ ᠠᠵᠢᠯ ᠡᠷᠬᠡ ᠮᠦᠨ᠃ | ᠤᠯᠤᠰ ᠤᠨ ᠨᠢᠭᠡᠲᠦᠯᠲᠡᠢ ᠨᠠᠶᠢᠷᠠᠭᠤᠯᠤᠬᠰᠠᠨ ᠵᠢᠭᠠᠬᠤ ᠮᠡᠲ᠋ᠧᠷᠢᠶᠠᠯ ᠤᠨ ᠭᠡᠷᠡᠭᠯᠡᠯᠲᠡ ᠶᠢ |
| ᠠᠬᠢᠭᠤᠯᠬᠤ ᠪᠤᠯ ᠨᠠᠮ ᠪᠠ | ᠤᠯᠤᠰ ᠠᠴᠠ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠳᠠᠬᠢ |
| ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠴᠢᠩᠭᠠᠳᠬᠠᠬᠤ |
| ᠴᠢᠬᠤᠯᠠ ᠶᠡᠭᠡ ᠰᠢᠢᠳᠪᠦᠷᠢᠲᠤ ᠪᠤᠳᠤᠯᠭ᠎ᠠ | ᠪᠤᠯᠤᠨ᠎ᠠ᠃ 2014 ᠤᠨ ᠤ 9 ᠰᠠᠷ᠎ᠠ ᠶᠢᠨ 28 ᠤ ᠡᠳᠦᠷ᠂ ᠲᠦᠪ ᠤᠨ |
| ᠦᠨᠳᠦᠰᠦᠲᠡᠨ ᠤ ᠠᠵᠢᠯ ᠤᠨ ᠬᠤᠷᠠᠯ | ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ︽ᠦᠭᠡ ᠬᠡᠯᠡ ᠨᠡᠪᠲᠡᠷᠡᠯᠴᠡᠬᠦ ᠪᠤᠯ |
| ᠬᠦᠮᠦᠨ ᠬᠦᠮᠦᠨ ᠤ | ᠬᠤᠭᠤᠷᠤᠨᠳᠤᠬᠢ ᠬᠠᠷᠢᠯᠴᠠᠭᠠᠨ ᠤ ᠴᠢᠬᠤᠯᠠ ᠭᠤᠭᠴᠤᠭ᠎ᠠ ᠮᠦᠨ᠂ ᠬᠡᠯᠡ ᠨᠡᠪᠳᠡᠷᠡᠯᠴᠡᠬᠦ ᠦᠭᠡᠢ ᠪᠤᠯ |
| | ᠬᠠᠷᠢᠯᠴᠠᠬᠤ ᠳᠤ ᠬᠦᠴᠢᠷᠳᠡᠨ᠎ᠡ᠃ ᠴᠦᠬᠡᠨ ᠲᠤᠭᠠᠲᠤ ᠦᠨᠳᠦᠰᠦᠲᠡᠨ ᠢ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠶᠢ |
| ᠰᠤᠷᠬᠤ ᠪᠠᠷ ᠱᠠᠭᠠᠷᠳᠠᠬᠤ ᠮᠦᠷᠲᠡᠭᠡᠨ ᠦᠨᠳᠦᠰᠦᠲᠡᠨ ᠤ ᠤᠷᠤᠨ ᠳᠤ ᠠᠵᠢᠯᠯᠠᠵᠤ ᠠᠮᠢᠳᠣᠷᠠᠵᠤ ᠪᠠᠶᠢᠭ᠎ᠠ |
| | ᠬᠢᠲᠡᠳ ᠦᠨᠳᠦᠰᠦᠲᠡᠨ ᠤ ᠤᠯᠠᠨ ᠲᠦᠮᠡᠨ ᠴᠦ ᠴᠦᠬᠡᠨ ᠲᠤᠭᠠᠲᠤ ᠦᠨᠳᠦᠰᠦᠲᠡᠨ ᠤ ᠦᠭᠡ |
| ᠬᠡᠯᠡ ᠶᠢ ᠰᠤᠷᠬᠤ ᠶᠢ | ᠵᠤᠷᠢᠭᠵᠢᠭᠤᠯᠬᠤ ᠬᠡᠷᠡᠭᠲᠡᠢ᠃ ᠴᠦᠬᠡᠨ ᠲᠤᠭᠠᠲᠤ ᠦᠨᠳᠦᠰᠦᠲᠡᠨ ᠤᠯᠤᠰ ᠤᠨ ᠨᠡᠶᠢᠳᠡᠮ |
| ᠬᠡᠷᠡᠭᠯᠡᠬᠦ ᠦᠭᠡ ᠬᠡᠯᠡ ᠶᠢ | ᠰᠠᠶᠢᠳᠤᠷ ᠰᠤᠷᠪᠠᠯ ᠠᠵᠢᠯ ᠤᠯᠬᠤ᠂ ᠤᠳᠤ ᠦᠶ᠎ᠡ ᠶᠢᠨ ᠰᠢᠨᠵᠢᠯᠡᠬᠦ |
| ᠤᠬᠠᠭᠠᠨ ᠰᠤᠶᠤᠯ ᠮᠡᠳᠡᠯᠭᠡ ᠶᠢ ᠬᠦᠯᠢᠶᠡᠨ | ᠠᠪᠬᠤ᠂ ᠨᠡᠶᠢᠭᠡᠮ ᠳᠤ ᠠᠭᠤᠰᠤᠯᠴᠠᠬᠤ ᠳᠤ ᠪᠦᠷ ᠠᠰᠢᠭᠲᠠᠢ ᠶᠤᠮ︾ |
| ᠭᠡᠵᠦ ᠵᠢᠭᠠᠵᠤ ᠭᠠᠷᠭᠠᠪᠠ᠃ 2019 | ᠣᠨ ᠤ 9 ᠰᠠᠷ᠎ᠠ ᠶᠢᠨ 27 ᠤ ᠡᠳᠦᠷ᠂ ᠪᠦᠬᠦ ᠤᠯᠤᠰ ᠤᠨ ᠦᠨᠳᠦᠰᠦᠲᠡᠨ ᠤ |
| ᠪᠦᠯᠬᠦᠮᠳᠡᠯ ᠳᠠᠪᠰᠢᠯᠲᠠ ᠶᠢᠨ | ᠰᠠᠶᠢᠰᠢᠶᠠᠨ ᠬᠦᠬᠢᠭᠦᠯᠬᠦ ᠶᠡᠭᠡ ᠬᠤᠷᠠᠯ ᠳᠡᠭᠡᠷ᠎ᠡ᠂ ᠶᠡᠷᠦᠩᠭᠡᠢ ᠱᠦᠵᠢ |
| ᠰᠢ ᠶᠢᠨ ᠫᠢᠩ ︽ᠦᠨᠳᠦᠰᠦᠲᠡᠨ ᠤ ᠤᠷᠤᠨ ᠤ | ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ |
| ᠰᠠᠶᠢᠳᠤᠷ ᠡᠷᠬᠢᠯᠡᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ |
| ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ |
| ᠤᠬᠠᠭᠠᠨ ᠰᠤᠶᠤᠯ ᠤᠨ ᠬᠡᠪ ᠴᠢᠨᠠᠷ ᠢ ᠲᠠᠰᠤᠷᠠᠯᠳᠠ | ᠦᠭᠡᠢ ᠳᠡᠭᠡᠭᠰᠢᠯᠡᠬᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ 2017— |
| 2018 ᠣᠨ ᠳᠤ᠂ ᠰᠢᠨᠵᠢᠶᠠᠩ᠂ | ᠲᠦᠪᠡᠳ ᠵᠡᠷᠭᠡ ᠭᠠᠵᠠᠷ ᠤᠷᠤᠨ ᠳᠤ ᠨᠢᠭᠡᠨᠳᠡ ᠣᠯᠣᠰ ᠤᠨ ᠨᠢᠭᠡᠲᠦᠯᠲᠡᠢ ᠨᠠᠶᠢᠷᠠᠭᠤᠯᠤᠭᠰᠠᠨ |
| ᠵᠢᠭᠠᠬᠤ ᠮᠠᠲ᠋ᠧᠷᠢᠶᠠᠯ ᠢ | ᠬᠡᠷᠡᠭᠯᠡᠵᠦ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠠᠯᠯᠡᠵᠦ ᠪᠠᠶᠢᠨ᠎ᠠ᠃ |
| ᠮᠠᠨ ᠤ ᠤᠷᠤᠨ | 2020 ᠣᠨ ᠠᠴᠠ ᠡᠬᠢᠯᠡᠵᠦ ᠭᠤᠷᠪᠠᠨ ᠵᠢᠯ ᠬᠤᠪᠢᠶᠠᠵᠤ ᠠᠯᠬᠤᠮ ᠠᠯᠬᠤᠮ ᠢᠶᠠᠷ ᠬᠡᠷᠡᠭᠵᠢᠭᠦᠯᠬᠦ ᠪᠤᠯᠤᠨ᠎ᠠ᠂ |
| ᠡᠨᠡ | ᠪᠤᠯ ᠨᠠᠮ ᠪᠠ ᠤᠯᠤᠰ ᠠᠴᠠ ᠦᠪᠦᠷ ᠮᠤᠩᠭᠤᠯ ᠢ ᠬᠠᠯᠠᠮᠵᠢᠯᠠᠵᠤ ᠪᠠᠶᠢᠭ᠎ᠠ ᠶᠠᠪᠤᠳᠠᠯ ᠪᠤᠯᠤᠨ᠎ᠠ᠃ ᠡᠨᠡᠬᠦ |
| | ᠦᠭᠡᠷᠡᠴᠢᠯᠡᠯᠲᠡ ᠪᠤᠯ ᠤᠯᠤᠰ ᠦᠨᠳᠦᠰᠦᠲᠡᠨ ᠤ ᠶᠡᠭᠡ ᠪᠤᠳᠤᠯᠭ᠎ᠠ ᠪᠤᠯᠬᠤ ᠪᠦᠭᠡᠳ |
| ᠤᠳᠤᠬᠠᠨ ᠳᠤ ᠵᠢᠳᠭᠦᠯ | ᠦᠵᠡᠬᠦᠯᠵᠦ ᠬᠤᠶᠢᠰᠢᠲᠠ ᠠᠰᠢᠭ ᠬᠦᠷᠲᠡᠬᠦ ᠶᠡᠪᠤᠳᠠᠯ ᠪᠤᠯᠤᠨ᠎ᠠ᠂ ᠪᠢᠳᠡᠨ ᠤ ᠡᠷᠬᠡᠪᠰᠢ ᠰᠠᠶᠢᠳᠤᠷ |
| ᠪᠡᠶᠡᠯᠡᠭᠦᠯᠬᠦ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠃ | 3. |
| ᠠᠰᠠᠭᠤᠯᠲᠠ᠄ ᠤᠯᠤᠰ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠭᠤᠷᠪᠠᠨ |
| | ᠲᠦᠷᠦᠯ ᠤᠨ ᠬᠢᠴᠢᠶᠠᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ |
| ᠲᠤᠬᠠᠢ ᠲᠤᠳᠤᠷᠬᠠᠢ | ᠱᠠᠭᠠᠷᠳᠠᠯᠭ᠎ᠠ ᠪᠠᠶᠢᠨ᠎ᠠ ᠤᠤ︖ | ᠬᠠᠷᠢᠭᠤᠯᠳᠠ᠄ ᠪᠠᠶᠢᠨ᠎ᠠ᠃ 2019 ᠤᠨ ᠤ 12 |
| ᠰᠠᠷ᠎ᠠ ᠳᠤ᠂ ᠰᠤᠷᠭᠠᠨ ᠬᠦᠮᠦᠵᠢᠯ ᠤᠨ ᠶᠠᠮᠤᠨ ᠤ ᠵᠢᠭᠠᠬᠤ | ᠮᠠᠲ᠋ᠧᠷᠢᠶᠠᠯ ᠤᠨ ᠲᠤᠪᠴᠢᠶ᠎ᠠ ᠠᠴᠠ ᠲᠠᠷᠤᠮᠠᠯᠯᠠᠨ ᠲᠠᠷᠬᠠᠭᠠᠭᠰᠠᠨ |
| ︽ᠲᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ | ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ |
| ᠵᠢᠭᠠᠬᠤ ᠮᠠᠲ᠋ᠧᠷᠢᠶᠠᠯ ᠤᠨ ︿ᠤᠶᠤᠨ ᠰᠦᠨᠡᠰᠦ | ᠴᠤᠭᠴᠠᠯᠠᠬᠤ ᠢᠨᠵᠧᠨᠧᠷᠢᠩ﹀ ᠢ ᠲᠦᠯᠬᠢᠨ ᠠᠬᠢᠭᠤᠯᠬᠤ ᠲᠦᠰᠦᠯ︾ |
| ᠳᠤ ︽ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠᠭᠤᠷᠠᠢ ᠪᠠᠶᠢᠭ᠎ᠠ ᠭᠠᠵᠠᠷ |
| ᠤᠷᠤᠨ ᠳᠤ ᠭᠤᠷᠪᠠᠨ ᠲᠦᠷᠦᠯ ᠤᠨ | ᠬᠢᠴᠢᠶᠡᠯ ᠢ ᠰᠠᠶᠢᠳᠤᠷ ᠵᠢᠭᠠᠵᠦ᠂ ᠵᠢᠭᠠᠬᠤ ᠮᠠᠲ᠋ᠧᠷᠢᠶᠠᠯ ᠢ ᠰᠠᠶᠢᠳᠤᠷ ᠬᠡᠷᠡᠭᠯᠡᠬᠦ ᠬᠡᠷᠡᠭᠳᠡᠢ᠃ |
| 2022 ᠤᠨ ᠠᠴᠠ | ᠡᠮᠦᠨ᠎ᠡ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠡᠶᠡᠯᠡᠭᠦᠯᠬᠦ ᠬᠡᠷᠡᠭᠳᠡᠢ᠃ 2025 ᠤᠨ ᠪᠤᠯᠳᠠᠯ᠎ᠠ ᠪᠦᠬᠦ |
| ᠤᠯᠤᠰ ᠤᠨ | ᠶᠡᠭᠡ ᠲᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ |
| ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠪᠦᠷᠬᠦᠭᠦᠯᠬᠦ |
| ᠬᠡᠷᠡᠭᠳᠡᠢ︾ ᠭᠡᠵᠤ ᠲᠤᠷᠠᠳᠴᠠᠢ᠃ ᠰᠢᠨᠵᠢᠶᠠᠩ᠂ | ᠲᠦᠪᠡᠳ ᠲᠤ 2017᠂ 2018 ᠤᠨ ᠳᠤ ᠨᠢᠭᠡᠨᠳᠡ |
| ᠤᠯᠤᠰ ᠠᠴᠠ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠪᠡ᠂ ᠮᠠᠨ ᠤ ᠤᠷᠤᠨ ᠢ |
| ᠪᠠᠭᠳᠠᠭᠠᠭᠰᠠᠨ 6 ᠮᠤᠵᠢ ᠤᠷᠤᠨ ᠳᠤ ᠡᠨᠡ ᠵᠢᠯ ᠭᠤᠷᠪᠠᠨ | ᠲᠦᠷᠦᠯ ᠤᠨ ᠬᠢᠴᠢᠶᠡᠯ ᠤᠨ ᠨᠢᠭᠡᠳᠦᠯᠳᠡᠢ |
| ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠡᠶᠢᠮᠦ ᠠᠴᠠ | ᠭᠤᠷᠪᠠᠨ ᠲᠦᠷᠦᠯ ᠤᠨ |
| ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠳᠠᠯ | ᠪᠣᠯ ᠤᠯᠤᠰ ᠤᠨ ᠪᠦᠬᠦ ᠤᠯᠤᠰ ᠤᠨ |
| ᠬᠡᠪᠴᠢᠶᠡᠨ ᠳᠠᠬᠢ ᠨᠢᠭᠡᠳᠦᠯᠳᠡᠢ ᠪᠠᠶᠢᠷᠢᠯᠠᠭᠤᠯᠤᠯᠳᠠ ᠪᠤᠯᠤᠨ᠎ᠠ᠂ ᠦᠪᠦᠷ | ᠮᠤᠩᠭᠤᠯ ᠳᠤ ᠯᠠ |
| ᠴᠢᠭᠯᠡᠭᠦᠯᠦᠭᠰᠡᠨ ᠤᠨᠴᠠᠭᠠᠢ ᠱᠠᠭᠠᠷᠳᠠᠯᠭ᠎ᠠ ᠪᠢᠰᠢ ᠶᠤᠮ᠃ | 4. ᠠᠰᠠᠭᠤᠯᠲᠠ᠄ |
| ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠤᠨ ᠥᠭᠡᠷᠡᠴᠢᠯᠡᠯᠳᠡ ᠨᠢ ᠦᠨᠳᠦᠰᠦᠲᠡᠨ ᠤ | ᠦᠪᠡᠷᠲᠡᠭᠡᠨ ᠵᠠᠰᠠᠬᠤ |
| ᠬᠠᠤᠯᠢ ᠵᠡᠷᠭᠡ ᠬᠠᠤᠯᠢ ᠴᠠᠭᠠᠵᠠ ᠬᠠᠤᠯᠢ ᠲᠦᠷᠢᠮ ᠯᠦᠭᠡ ᠵᠦᠷᠢᠴᠡᠯ ᠲᠠᠢ ᠤᠤ︖ | ᠬᠠᠷᠢᠭᠤᠯᠲᠠ᠄ |
| ᠤᠯᠤᠰ ᠠᠴᠠ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠪᠤᠯ | ᠲᠦᠷᠤ ᠶᠢᠨ ᠠᠵᠢᠯ |
| ᠡᠷᠬᠡ ᠪᠤᠯᠤᠨ᠎ᠠ᠂ ᠲᠦᠪ ᠬᠤᠷᠢᠶ᠎ᠠ ᠠᠴᠠ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠢ | ᠦᠨᠳᠦᠰᠦᠯᠡᠵᠦ |
| ᠲᠤᠭᠲᠠᠭᠠᠭᠰᠠᠨ ᠲᠤᠬᠳᠠᠭᠠᠯ ᠪᠤᠯᠤᠨ᠎ᠠ᠃ ᠲᠦᠪ ᠬᠤᠷᠢᠶ᠎ᠡ ᠠᠴᠠ ᠲᠤᠬᠳᠠᠭᠠᠬᠰᠠᠨ ᠵᠦᠢᠯᠡᠰ ᠢ |
| | ᠦᠪᠡᠷᠲᠡᠭᠡᠨ ᠵᠠᠰᠠᠬᠤ ᠤᠷᠤᠨ ᠬᠡᠷᠡᠭᠵᠢᠭᠦᠯᠪᠡᠯ ᠵᠤᠬᠢᠨ᠎ᠠ᠂ ᠡᠨᠡ ᠨᠢ ᠦᠨᠳᠦᠰᠦᠲᠡᠨ ᠤ |
| ᠤᠷᠤᠨ ᠤ ᠦᠪᠡᠷᠲᠡᠭᠡᠨ | ᠵᠠᠰᠠᠬᠤ ᠬᠠᠤᠯᠢ ᠲᠠᠢ ᠵᠦᠷᠢᠴᠡᠯᠳᠦᠬᠦ ᠦᠭᠡᠢ ᠶᠤᠮ᠃ | ︽ᠪᠦᠭᠦᠳᠡ ᠨᠠᠶᠢᠷᠠᠮᠳᠠᠬᠤ |
| ᠲᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ | ᠵᠠᠰᠠᠬᠤ ᠬᠠᠤᠯᠢ︾ ᠶᠢᠨ ᠠᠷᠪᠠᠨ |
| ᠲᠠᠪᠤᠳᠤᠭᠠᠷ ᠵᠦᠢᠯ ᠳᠤ ︽ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ | ᠤᠷᠤᠨ ᠤ ᠦᠪᠡᠷᠳᠡᠭᠡᠨ |
| ᠵᠠᠰᠠᠬᠤ ᠪᠠᠶᠢᠭᠤᠯᠭ᠎ᠠ ᠪᠣᠯ ᠦᠪᠡᠷᠳᠡᠭᠡᠨ ᠵᠠᠰᠠᠬᠤ ᠤᠷᠤᠨ᠂ ᠦᠪᠡᠷᠳᠡᠭᠡᠨ ᠵᠠᠰᠠᠬᠤ ᠵᠸᠦ᠂ | ᠦᠪᠡᠷᠳᠡᠭᠡᠨ ᠵᠠᠰᠠᠬᠤ |
| ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠠᠷᠠᠳ ᠤᠨ ᠵᠠᠰᠠᠭ ᠤᠨ | ᠤᠷᠳᠤᠨ ᠪᠤᠯᠤᠨ᠎ᠠ︾ ᠭᠡᠵᠤ ᠲᠤᠭᠳᠠᠭᠠᠪᠠ᠃ |
| ᠭᠤᠴᠢᠨ ᠵᠢᠷᠭᠤᠳᠤᠭᠠᠷ ᠵᠦᠢᠯ ᠳᠤ ︽ᠦᠨᠳᠦᠰᠦᠳᠡᠨ ᠤ ᠦᠪᠡᠷᠳᠡᠭᠡᠨ | ᠵᠠᠰᠠᠬᠤ ᠭᠠᠵᠠᠷ ᠤᠷᠤᠨ ᠤ ᠦᠪᠡᠷᠳᠡᠭᠡᠨ ᠵᠠᠰᠠᠬᠤ |
| ᠪᠠᠶᠢᠭᠤᠯᠭ᠎ᠠ ᠨᠢ ᠤᠯᠤᠰ ᠤᠨ ᠰᠤᠷᠭᠠᠨ ᠬᠦᠮᠦᠵᠢᠯ ᠤᠨ | ᠴᠢᠭᠯᠡᠯᠳᠡ ᠶᠢ ᠦᠨᠳᠦᠰᠦᠯᠡᠵᠦ᠂ ᠬᠠᠤᠯᠢ |
| ᠲᠦᠷᠢᠮ ᠶᠤᠰᠤᠭᠠᠷ ᠲᠤᠬᠠᠢ ᠶᠢᠨ ᠭᠠᠵᠠᠷ ᠤᠨ ᠢᠶᠠᠨ ᠰᠤᠷᠭᠠᠨ | ᠬᠦᠮᠦᠵᠢᠯ ᠤᠨ ᠲᠦᠯᠦᠪᠵᠢᠭᠦᠯᠭᠡ᠂ ᠡᠯ᠎ᠡ ᠱᠠᠳᠤᠨ ᠤ ᠡᠯ᠎ᠡ |
| ᠲᠦᠷᠦᠯ ᠤᠨ ᠰᠤᠷᠭᠠᠭᠤᠯᠢ ᠪᠠᠶᠢᠭᠤᠯᠬᠤ᠂ | ᠰᠤᠷᠭᠠᠭᠤᠯᠢ ᠶᠢᠨ ᠲᠦᠷᠢᠮ᠂ ᠰᠤᠷᠭᠠᠭᠤᠯᠢ ᠡᠷᠬᠢᠯᠡᠬᠦ ᠬᠡᠯᠪᠡᠷᠢ᠂ ᠵᠢᠭᠠᠨ ᠰᠤᠷᠭᠠᠬᠤ ᠠᠭᠤᠯᠭ᠎ᠠ᠂ |
| ᠵᠢᠭᠠᠨ | ᠰᠤᠷᠭᠠᠬᠤ ᠳᠤ ᠬᠡᠷᠡᠭᠯᠡᠬᠦ ᠬᠡᠯᠡ ᠪᠠ ᠰᠤᠷᠤᠭᠴᠢ ᠡᠯᠰᠡᠬᠦ ᠠᠷᠭ᠎ᠠ ᠶᠢ ᠲᠤᠭᠳᠠᠭᠠᠨ᠎ᠠ︾ ᠭᠡᠵᠤ ᠲᠤᠭᠳᠠᠭᠠᠪᠠ᠃ | |
| 5. ᠠᠰᠠᠭᠤᠯᠲᠠ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ︽ᠶᠤᠰᠤ ᠮᠤᠷᠠᠯ | ᠬᠢᠭᠡᠳ ᠬᠠᠣᠯᠢ ᠪᠠᠷ |
| ᠵᠠᠰᠠᠬᠤᠢ︾ ᠪᠤᠯᠤᠨ ︽ᠲᠡᠤᠬᠡ︾ ᠶᠢᠨ ᠬᠢᠴᠢᠶᠡᠯ ᠢ ᠰᠤᠷᠤᠭᠰᠠᠨ ᠤ ᠲᠠᠷᠠᠭ᠎ᠠ᠂ ᠤᠯᠤᠰ ᠤᠨ | ᠨᠢᠭᠡᠳᠦᠯᠳᠠᠢ ᠨᠠᠶᠢᠷᠠᠭᠤᠯᠤᠬᠰᠠᠨ |
| ᠵᠢᠭᠠᠬᠤ ᠮᠠᠲ᠋ᠧᠷᠢᠶᠠᠯ ᠢ ᠬᠡᠷᠡᠭᠯᠡᠪᠡᠯ᠂ ᠬᠢᠲᠠᠳ ᠢᠶᠠᠷ ᠬᠢᠴᠢᠶᠡᠯᠯᠡᠬᠦ ᠰᠣᠷᠣᠭᠴᠢ ᠯᠤᠭ᠎ᠠ | ᠨᠢᠭᠡᠲᠦᠯᠲᠡᠢ ᠰᠢᠯᠭᠠᠯᠳᠠ ᠶᠢᠨ |
| ᠬᠠᠭᠤᠳᠠᠰᠤ ᠬᠡᠷᠡᠭᠯᠡᠬᠦ ᠤᠤ︖ ᠬᠡᠷᠪᠡ ᠲᠡᠶᠢᠮᠦ ᠪᠤᠯ ᠰᠤᠷᠤᠯᠴᠠᠯᠭ᠎ᠠ ᠶᠢᠨ | ᠬᠦᠴᠢᠷᠳᠡᠯ ᠢ ᠨᠡᠮᠡᠭᠳᠡᠭᠦᠯᠵᠦ᠂ |
| ᠰᠢᠯᠭᠠᠯᠲᠠ ᠶᠢᠨ ᠬᠢᠷᠢ ᠪᠦᠲᠦᠮᠵᠢ ᠶᠢ ᠳᠤᠷᠤᠭᠰᠢᠯᠠᠭᠤᠯᠵᠤ᠂ ᠰᠤᠷᠭᠠᠭᠤᠯᠢ | ᠲᠠᠪᠰᠢᠬᠤ ᠶᠢ |
| ᠨᠦᠯᠦᠭᠡᠯᠡᠬᠦ ᠤᠤ︖ | ᠬᠠᠷᠢᠭᠤᠯᠲᠠ᠄ ᠤᠳᠤᠬᠠᠨ ᠳᠤ᠂ ᠤᠯᠤᠰ ᠠᠴᠠ ᠠᠬᠢᠭᠤᠯᠵᠦ |
| ᠪᠠᠶᠢᠭ᠎ᠠ ᠰᠢᠨ᠎ᠡ ᠤᠯᠤᠰ ᠤᠨ ᠰᠢᠯᠭᠠᠯᠳᠠ ᠶᠢᠨ | ᠥᠭᠡᠷᠡᠴᠢᠯᠡᠯᠳᠡ ᠳᠤ᠂ ᠨᠡᠶᠢᠭᠡᠮ ᠤᠨ ᠰᠢᠨᠵᠢᠯᠡᠬᠦ ᠤᠬᠠᠭᠠᠨ |
| ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ | ᠲᠦᠷᠦᠯ ᠢ ᠳᠠᠬᠢᠵᠤ ᠰᠠᠯᠭᠠᠬᠤ ᠦᠭᠡᠢ ᠪᠤᠯᠵᠤ ᠤᠯᠤᠰ ᠤᠨ |
| ᠰᠢᠯᠭᠠᠯᠳᠠ ᠳᠤ ︽3+3︾ ᠶᠢᠨ ᠰᠢᠯᠭᠠᠯᠲᠠ ᠶᠢᠨ | ᠬᠡᠯᠪᠡᠷᠢ ᠶᠢ ᠬᠡᠷᠡᠭᠵᠢᠭᠦᠯᠬᠦ ᠪᠤᠯᠤᠨ᠎ᠠ᠂ |
| ᠲᠤᠬᠠᠶᠢᠯᠠᠪᠠᠯ᠄ ᠬᠡᠯᠡ ᠪᠢᠴᠢᠭ ︵ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ | ᠬᠡᠯᠡ ᠪᠢᠴᠢᠭ |
| ᠪᠤᠯᠤᠨ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ ᠭᠠᠳᠠᠭᠠᠲᠣ ᠬᠡᠯᠡ ᠶᠢ ᠡᠷᠬᠡᠪᠰᠢ | ᠰᠢᠯᠭᠠᠬᠤ ᠬᠢᠴᠢᠶᠠᠯ |
| ᠲᠦᠷᠦᠯ ᠪᠤᠯᠭᠠᠵᠤ᠂ ᠪᠤᠰᠤᠳ 3 ᠬᠢᠴᠢᠶᠠᠯ ᠲᠦᠷᠦᠯ ᠢ ᠰᠢᠯᠭᠠᠭᠤᠯᠤᠭᠰᠠᠳ ᠮᠡᠳᠡᠭᠦᠯᠦᠭᠰᠡᠨ | ᠳᠡᠭᠡᠲᠦ ᠰᠤᠷᠭᠠᠭᠤᠯᠢ ᠶᠢᠨ |
| ᠱᠠᠭᠠᠷᠳᠠᠯᠭ᠎ᠠ ᠪᠠ ᠲᠤᠰ ᠪᠡᠶ᠎ᠡ ᠶᠢᠨ ᠤᠨᠴᠠᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ | ᠤᠯᠤᠰ ᠲᠦᠷᠦ᠂ ᠲᠡᠤᠬᠡ᠂ ᠭᠠᠵᠠᠷ ᠵᠦᠢ᠂ |
| ᠹᠢᠽᠢᠺ᠂ ᠬᠢᠮᠢ᠂ ᠠᠮᠢᠲᠤ ᠪᠤᠳᠠᠰ ᠵᠡᠷᠭᠡ ᠬᠢᠴᠢᠶᠡᠯ ᠲᠦᠷᠦᠯ ᠤᠨ | ᠲᠤᠲᠤᠷ᠎ᠠ ᠠᠴᠠ ᠦᠪᠡᠷᠲᠡᠭᠡᠨ 3 ᠲᠦᠷᠦᠯ ᠢ ᠰᠤᠩᠭᠤᠵᠤ |
| ᠤᠯᠤᠰ ᠤᠨ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠳᠤ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ |
| ᠤᠯᠤᠰ ᠲᠦᠷᠦ᠂ ᠲᠡᠤᠬᠡ ᠶᠢᠨ ᠬᠢᠴᠢᠶᠠᠯ ᠳᠤ | ︽ ᠶᠠᠭᠤ ᠶᠢ ᠰᠤᠷᠪᠠᠯ ᠲᠡᠭᠦᠨ ᠢ ᠰᠢᠯᠭᠠᠬᠤ︾ ᠵᠠᠷᠴᠢᠮ ᠶᠤᠰᠤᠭᠠᠷ᠂ |
| ᠬᠢᠲᠠᠳ ᠢᠶᠠᠷ ᠬᠢᠴᠢᠶᠡᠯᠯᠡᠬᠦ | ᠰᠢᠯᠭᠠᠭᠤᠯᠤᠭᠰᠠᠳ ᠤᠨ ᠨᠢᠭᠡᠲᠦᠯᠲᠡᠢ ᠰᠢᠯᠭᠠᠯᠲᠠ ᠶᠢᠨ ᠬᠠᠭᠤᠳᠠᠰᠤ ᠶᠢ |
| ᠬᠡᠷᠡᠭᠯᠡᠬᠦ ᠪᠤᠯᠤᠨ᠎ᠠ᠃ ᠤᠳᠤᠬᠢ ᠬᠠᠮᠢᠶ᠎ᠠ | ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ |
| ᠦᠨᠳᠦᠰᠦᠲᠡᠨ ᠤ ᠰᠤᠷᠭᠠᠭᠤᠯᠢ ᠶᠢᠨ ᠬᠤᠪᠢ ᠶᠢ | ᠲᠤᠰᠠᠭᠠᠷ ᠲᠤᠭᠲᠠᠭᠠᠵᠤ᠂ ᠰᠤᠷᠤᠭᠴᠢ ᠶᠢ ᠲᠤᠰᠠᠭᠠᠷ ᠡᠯᠰᠡᠵᠦ᠂ ᠬᠢᠲᠠᠳ ᠢᠶᠠᠷ |
| ᠰᠢᠯᠭᠠᠭᠤᠯᠬᠤ ᠰᠤᠷᠤᠭᠴᠢ ᠲᠠᠢ | ᠥᠷᠢᠰᠦᠯᠳᠤᠭᠦᠯᠬᠦ ᠦᠭᠡᠢ ᠮᠦᠷᠲᠡᠭᠡᠨ ᠰᠤᠷᠤᠭᠴᠢ ᠡᠯᠰᠡᠬᠦ ᠬᠠᠷᠢᠴᠠᠯ ᠢ |
| ᠲᠤᠭᠳᠠᠭᠤᠨ ᠪᠠᠶᠢᠯᠭᠠᠬᠤ ᠶᠢ ᠪᠠᠳᠤᠯᠠᠬᠤ | ᠲᠤᠯᠠ᠂ ᠰᠤᠷᠭᠠᠭᠤᠯᠢ ᠳᠠᠪᠰᠢᠬᠤ ᠨᠤᠷᠮ᠎ᠠ ᠶᠢ ᠨᠦᠯᠦᠭᠡᠯᠡᠬᠦ ᠦᠭᠡᠢ ᠶᠤᠮ᠃ |
| | 6. ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ |
| | ᠮᠤᠩᠭᠤᠯ ᠬᠡᠯᠡᠨ ᠤ ᠵᠢᠭᠠᠨ ᠰᠤᠷᠭᠠᠯᠲᠠ ᠶᠢ ᠦᠭᠡᠶᠢᠰᠭᠡᠨ᠎ᠡ ᠤᠤ︖ | ᠬᠠᠷᠢᠭᠤᠯᠲᠠ᠄ ᠦᠭᠡᠶᠢᠰᠭᠡᠬᠦ ᠦᠭᠡᠢ᠃ |
| ᠮᠠᠨ ᠤ ᠤᠷᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ | ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ |
| ᠲᠤᠮᠳᠠᠲᠤ ᠰᠤᠷᠭᠠᠭᠤᠯᠢ ᠶᠢᠨ ᠨᠢᠭᠡᠳᠦᠭᠡᠷ ᠤᠨ ᠳᠤ | ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ |
| ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠪᠤᠰᠤᠳ | ᠬᠢᠴᠢᠶᠠᠯ ᠲᠦᠷᠦᠯ ᠢ ᠦᠷᠭᠦᠯᠵᠢᠯᠡᠨ ᠮᠤᠩᠭᠤᠯ |
| ᠬᠡᠯᠡ ᠪᠠᠷ ᠵᠢᠭᠠᠨ ᠰᠤᠷᠭᠠᠨ᠎ᠠ᠂ ᠬᠤᠤᠰ ᠬᠡᠯᠡᠨ ᠤ ᠰᠤᠷᠭᠠᠨ | ᠬᠦᠮᠦᠵᠢᠯ ᠢ ᠦᠭᠡᠶᠢᠰᠭᠡᠭᠰᠡᠨ ᠦᠭᠡᠢ ᠶᠤᠮ᠂ |
| ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠠᠴᠠ ᠴᠦ | ᠮᠤᠩᠭᠤᠯ ᠬᠡᠯᠡᠨ ᠤ ᠵᠢᠭᠠᠨ ᠰᠤᠷᠭᠠᠯᠲᠠ ᠶᠢ ᠦᠭᠡᠶᠢᠰᠭᠡᠨ᠎ᠡ |
| ᠭᠡᠵᠦ ᠶᠡᠷᠦ ᠶᠠᠷᠢᠵᠤ ᠦᠩᠭᠡᠷᠡᠭᠡ ᠦᠭᠡᠢ᠃ | 7. ᠠᠰᠠᠭᠤᠯᠲᠠ᠄ ᠤᠳᠤᠬᠢ ᠲᠦᠷᠦ ᠶᠢᠨ ᠪᠤᠳᠤᠯᠭ᠎ᠠ ᠶᠢ ᠭᠤᠷᠪᠠᠨ |
| ᠵᠢᠯ ᠬᠤᠪᠢᠶᠠᠵᠤ ᠬᠢᠴᠢᠶᠠᠯ ᠲᠦᠷᠦᠯ ᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ |
| ᠰᠤᠷᠭᠠᠭᠰᠠᠨ ᠤ ᠳᠠᠷᠠᠭ᠎ᠠ᠂ ᠳᠠᠬᠢᠵᠤ | ᠪᠤᠰᠤᠳ ᠲᠦᠷᠦᠯ ᠤᠨ ᠬᠢᠴᠢᠶᠡᠯ ᠢ ᠤᠯᠤᠰ ᠤᠨ ᠨᠡᠶᠢᠳᠡᠮ |
| ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ | ᠰᠤᠷᠭᠠᠵᠤ᠂ ᠮᠤᠩᠭᠤᠯ ᠬᠡᠯᠡᠨ ᠤ ᠵᠢᠭᠠᠨ |
| ᠰᠤᠷᠭᠠᠯᠳᠠ ᠶᠢ ᠪᠠᠭᠠᠰᠬᠠᠨ᠎ᠠ ᠤᠤ︖ | ᠬᠠᠷᠢᠭᠤᠯᠲᠠ᠄ ᠵᠢᠭᠠᠬᠤ ᠮᠠᠲ᠋ᠧᠷᠢᠶᠠᠯ ᠨᠢ |
| ᠢᠷᠡᠭᠡᠳᠦᠢ ᠶᠢ ᠲᠤᠭᠳᠠᠭᠠᠬᠤ ᠴᠢᠳᠠᠪᠬᠢ ᠲᠠᠢ ᠪᠠᠶᠢᠵᠤ᠂ ᠰᠤᠷᠭᠠᠨ | ᠬᠦᠮᠦᠵᠢᠯ ᠤᠨ ᠠᠵᠢᠯ ᠤᠨ |
| ᠬᠠᠮᠤᠭ ᠤᠨ ᠦᠨᠳᠦᠰᠦᠨ ᠵᠢᠷᠤᠮᠯᠠᠯ ᠪᠤᠯᠬᠤ ᠲᠤᠯᠠ᠂ ᠡᠷᠬᠡᠪᠰᠢ ᠤᠯᠤᠰ ᠤᠨ | ᠵᠤᠷᠢᠯᠲᠠ ᠶᠢ ᠢᠯᠡᠷᠡᠭᠦᠯᠬᠦ ᠬᠡᠷᠡᠭᠲᠡᠢ᠃ |
| ︽ᠬᠡᠯᠡ ᠪᠢᠴᠢᠭ︾᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾᠂ | ︽ᠲᠡᠤᠬᠡ︾ ᠭᠤᠷᠪᠠᠨ ᠬᠢᠴᠢᠶᠡᠯ ᠲᠦᠷᠦᠯ ᠤᠨ |
| ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠦᠵᠡᠯ | ᠤᠬᠠᠮᠰᠠᠷ ᠤᠨ ᠬᠡᠯᠪᠡᠷᠢ ᠪᠠ |
| ᠰᠤᠶᠤᠯ ᠤᠨ ᠤᠯᠠᠮᠵᠢᠯᠠᠯ ᠲᠠᠢ ᠨᠢᠭᠲᠠ ᠬᠤᠯᠪᠤᠭᠳᠠᠵᠦ ᠪᠠᠶᠢᠨ᠎ᠠ᠂ ᠤᠯᠤᠰ ᠤᠨ ᠭᠤᠤᠯ | ᠵᠢᠭᠠᠬᠤ ᠮᠠᠲ᠋ᠧᠷᠢᠶᠠᠯ ᠪᠤᠯᠤᠨ᠎ᠠ᠂ |
| ᠡᠨᠡ ᠨᠢ ᠤᠯᠤᠰ ᠠᠴᠠ ᠶᠠᠮᠠᠷ ᠬᠦᠮᠦᠨ ᠢ ᠬᠦᠮᠦᠵᠢᠭᠦᠯᠬᠦ ᠪᠠ ᠶᠠᠮᠠᠷ ᠬᠦᠮᠦᠨ ᠢ | ᠬᠦᠮᠦᠵᠢᠭᠦᠯᠵᠦ ᠲᠡᠶᠢᠯᠬᠦ ᠲᠠᠢ ᠰᠢᠭᠤᠳ ᠬᠤᠯᠪᠤᠬᠳᠠᠵᠦ |
| ᠪᠠᠶᠢᠨ᠎ᠠ᠂ ᠡᠶᠢᠮᠦ ᠠᠴᠠ ᠡᠷᠬᠡᠪᠰᠢ ᠨᠢᠭᠡᠲᠦᠯᠲᠡᠢ ᠴᠢᠨᠠᠷ ᠪᠠ | ᠵᠤᠭᠰᠤᠯᠲᠠ ᠶᠢᠨ ᠦᠨᠳᠦᠰᠦᠨ ᠴᠢᠨᠠᠷ ᠢ ᠪᠠᠳᠤᠯᠠᠬᠤ ᠬᠡᠷᠡᠭᠲᠡᠢ᠃ |
| ᠤᠯᠤᠰ ᠠᠴᠠ ︽ᠬᠡᠯᠡ ᠪᠢᠴᠢᠭ︾᠂ ︽ᠶᠤᠰᠤ | ᠮᠤᠷᠠᠯ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ |
| ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ | ᠨᠢᠭᠡᠲᠦᠯᠲᠡᠢ ᠨᠠᠶᠢᠷᠠᠭᠤᠯᠤᠨ᠂ ᠨᠢᠭᠡᠲᠦᠯᠲᠡᠢ ᠬᠢᠨᠡᠨ ᠲᠤᠭᠲᠠᠭᠠᠵᠤ᠂ |
| ᠨᠢᠭᠡᠲᠦᠯᠲᠡᠢ ᠬᠡᠷᠡᠭᠯᠡᠬᠦ ᠶᠢᠨ ᠬᠠᠮᠲᠤ ᠪᠦᠬᠦ | ᠤᠯᠤᠰ ᠤᠨ ᠬᠡᠪᠴᠢᠶᠠᠨ ᠳᠤ ᠨᠢᠭᠡᠲᠦᠯᠲᠡᠢ ᠪᠠᠶᠢᠷᠢᠯᠠᠭᠤᠯᠤᠭᠰᠠᠨ ᠨᠢ ᠨᠠᠮ ᠪᠠ ᠤᠯᠤᠰ ᠤᠨ |
| ᠴᠢᠬᠤᠯᠠ | ᠪᠠᠶᠢᠷᠢᠯᠠᠭᠤᠯᠤᠯᠲᠠ ᠪᠤᠯᠤᠨ᠎ᠠ᠂ ᠪᠢᠳᠡ ᠡᠷᠬᠡᠪᠰᠢ ᠡᠷᠡᠰ ᠭᠤᠶᠢᠪᠢᠰᠢ ᠦᠭᠡᠢ ᠪᠠᠷ ᠠᠬᠢᠭᠤᠯᠤᠨ ᠨᠡᠶᠢᠳᠡᠪᠦᠷᠢᠵᠢᠭᠤᠯᠬᠤ | ᠬᠡᠷᠡᠭᠲᠡᠢ᠃ |
| ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ ᠭᠤᠷᠪᠠᠨ ᠬᠢᠴᠢᠶᠡᠯ | ᠲᠦᠷᠦᠯ ᠤᠨ ᠨᠢᠭᠡᠲᠦᠯᠲᠡᠢ |
| ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠᠶᠢᠷᠢᠯᠠᠭᠤᠯᠤᠯᠲᠠ ᠬᠢᠭᠰᠡᠨ ᠠᠴᠠ | ᠭᠠᠳᠠᠨ᠎ᠠ᠂ |
| ᠪᠣᠰᠣᠳ ᠬᠢᠴᠢᠶᠡᠯ ᠲᠦᠷᠦᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠬᠢᠴᠢᠶᠡᠯᠯᠡᠬᠦ |
| ᠪᠠᠶᠢᠷᠢᠯᠠᠭᠤᠯᠤᠯᠲᠠ ᠬᠢᠭᠰᠡᠨ ᠦᠭᠡᠢ ᠪᠦᠭᠡᠳ ᠤᠯᠤᠰ ᠠᠴᠠ ᠶᠡᠷᠦ ᠠᠴᠠ ᠡᠶᠢᠮᠦᠷᠬᠦᠦ |
| ᠲᠦᠷᠦ ᠶᠢᠨ | ᠪᠤᠳᠤᠯᠭ᠎ᠠ ᠶᠢᠨ ᠱᠠᠭᠠᠷᠳᠠᠯᠭ᠎ᠠ ᠪᠠᠶᠢᠬᠤ ᠦᠭᠡᠢ ᠶᠤᠮ᠃ ᠪᠤᠰᠤᠳ ᠬᠢᠴᠢᠶᠡᠯ ᠲᠦᠷᠦᠯ ᠢ ᠮᠦᠨ ᠬᠦ |
| ᠦᠨᠳᠦᠰᠦᠲᠡᠨ ᠤ | ᠬᠡᠯᠡ ᠪᠠᠷ ᠬᠢᠴᠢᠶᠡᠯᠯᠡᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠷ ᠭᠤᠤᠯ |
| ᠪᠤᠯᠭᠠᠭᠰᠠᠨ ᠬᠤᠤᠰ ᠬᠡᠯᠡᠨ ᠤ | ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠬᠤ ᠦᠭᠡᠢ᠃ | |
| ᠦᠪᠦᠷ ᠮᠤᠩᠭᠤᠯ ᠨᠢ ᠵᠢᠱᠢᠶᠡᠴᠢ ᠦᠪᠡᠷᠲᠡᠭᠡᠨ ᠵᠠᠰᠠᠬᠤ ᠤᠷᠤᠨ ᠪᠤᠯᠤᠭᠰᠠᠨ ᠤ ᠬᠤᠪᠢ ᠳᠤ᠂ ᠤᠯᠤᠰ ᠤᠨ | ᠵᠢᠭᠠᠬᠤ |
| ᠮᠠᠲ᠋ᠧᠷᠢᠶᠠᠯ ᠤᠨ ᠵᠦᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ |
| ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤ ᠤᠷᠳᠤᠨ ᠡᠷᠬᠡ ᠲᠡᠭᠰᠢ ᠪᠦᠭᠡᠳ ᠴᠢᠨᠠᠷ |
| ᠰᠠᠶᠢᠲᠠᠢ ᠦᠨᠳᠦᠰᠦᠲᠡᠨ ᠤ | ᠰᠤᠷᠭᠠᠨ ᠬᠦᠮᠦᠵᠢᠯ ᠢ ᠡᠷᠬᠢᠯᠡᠬᠦ ᠶᠠᠪᠤᠳᠠᠯ ᠳᠤ ᠳᠡᠭᠡᠲᠦ ᠬᠡᠮᠵᠢᠶ᠎ᠡ ᠪᠠᠷ ᠬᠠᠷᠢᠭᠤᠴᠠᠬᠤ |
| ᠵᠤᠷᠢᠭ ᠰᠠᠨᠠᠭ᠎ᠠ ᠪᠠᠷ᠂ | ᠤᠳᠤᠬᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ |
| ᠬᠦᠮᠦᠵᠢᠯ ᠤᠨ ᠬᠢᠷᠢ | ᠲᠦᠪᠰᠢᠨ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠤᠳᠠᠳᠠᠢ ᠪᠠᠶᠢᠳᠠᠯ ᠢ ᠭᠦᠢᠴᠡᠳ | ᠪᠤᠳᠤᠯᠬᠢᠯᠠᠵᠤ᠂ |
| ᠰᠤᠷᠭᠠᠨ ᠬᠦᠮᠦᠵᠢᠯ ᠤᠨ ᠶᠠᠮᠤᠨ ᠤ ᠵᠦᠪᠰᠢᠶᠡᠷᠡᠯ ᠢᠶᠠᠷ ᠮᠠᠨ ᠤ ᠤᠷᠤᠨ ᠳᠤ ︽ᠬᠡᠯᠡ ᠪᠢᠴᠢᠭ︾᠂ | ︽ᠶᠤᠰᠤ ᠮᠤᠷᠠᠯ ᠬᠢᠭᠡᠳ |
| ᠬᠠᠤᠯᠢ ᠪᠠᠷ ᠵᠠᠰᠠᠬᠤᠢ︾᠂ ︽ᠲᠡᠣᠭᠡ︾ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ |
| | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠷᠪᠠᠨ ᠵᠢᠯ ᠬᠤᠪᠢᠶᠠᠵᠤ |
| ᠠᠯᠬᠤᠮ ᠠᠯᠬᠤᠮ ᠢᠶᠠᠷ ᠬᠡᠷᠡᠭᠵᠢᠭᠦᠯᠬᠦ ᠪᠠᠷ | ᠪᠠᠶᠢᠷᠢᠯᠠᠭᠤᠯᠤᠬᠰᠠᠨ ᠨᠢ ᠦᠪᠡᠷᠲᠡᠭᠡᠨ ᠵᠠᠰᠠᠬᠤ ᠤᠷᠤᠨ ᠤ ᠪᠤᠲᠠᠳᠤ |
| ᠪᠠᠶᠢᠳᠠᠯ ᠲᠠᠢ ᠨᠡᠶᠢᠴᠡᠵᠦ ᠪᠠᠶᠢᠨ᠎ᠠ᠂ ᠡᠨᠡ ᠨᠢ | ᠨᠠᠮ ᠪᠠ ᠤᠯᠤᠰ ᠠᠴᠠ ᠮᠠᠨ ᠤ ᠤᠷᠤᠨ ᠢ |
| ᠬᠠᠯᠠᠮᠵᠢᠯᠠᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃ | 8. ᠠᠰᠠᠭᠤᠯᠲᠠ᠄ ᠪᠠᠭ᠎ᠠ |
| ᠰᠤᠷᠭᠠᠭᠤᠯᠢ ᠶᠢᠨ ᠨᠢᠭᠡᠳᠦᠭᠡᠷ ᠤᠨ ᠠᠴᠠ ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ ᠵᠢᠭᠠᠬᠤ |
| ᠮᠠᠲ᠋ᠧᠷᠢᠶᠠᠯ ᠤᠨ ︽ᠬᠡᠯᠡ ᠪᠢᠴᠢᠭ︾ ᠢ ᠡᠬᠢᠯᠡᠨ ᠰᠤᠷᠤᠯᠴᠠᠪᠠᠯ᠂ ︽ᠮᠤᠩᠭᠤᠯ ᠬᠡᠯᠡ | ᠪᠢᠴᠢᠭ︾ ᠤᠨ ᠬᠢᠴᠢᠶᠡᠯ ᠲᠦᠷᠦᠯ ᠲᠠᠢ ᠬᠤᠳᠬᠤᠯᠲᠠᠵᠤ᠂ |
| ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ | ᠬᠦᠨᠳᠦᠷᠡᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠨᠦᠯᠦᠭᠡᠯᠡᠬᠦ ᠤᠤ︖ |
| | ᠬᠠᠷᠢᠭᠤᠯᠲᠠ᠄ ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠬ ᠠᠴᠠ ᠨᠢᠭᠡᠨᠳᠡ ᠲᠤᠰᠬᠠᠢ |
| | ᠮᠡᠷᠭᠡᠵᠢᠯᠳᠡᠨ ᠤ ᠪᠦᠯᠬᠦᠮ ᠢ ᠵᠤᠬᠢᠶᠠᠨ ᠪᠠᠶᠢᠭᠤᠯᠵᠦ᠂ ᠤᠯᠤᠰ ᠤᠨ ᠨᠢᠭᠡᠲᠦᠯᠲᠡᠢ |
| ᠨᠠᠶᠢᠷᠠᠭᠤᠯᠤᠭᠰᠠᠨ ︽ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ |
| | ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠭᠦᠨᠵᠡᠭᠡᠢ ᠵᠠᠳᠠᠯᠣᠨ ᠰᠤᠳᠤᠯᠵᠤ᠂ ︽ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ |
| ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠵᠢᠭᠠᠨ ᠰᠣᠷᠭᠠᠯᠲᠠ ᠶᠢ ᠵᠢᠯᠤᠭᠤᠳᠬᠤ ᠰᠠᠨᠠᠭᠤᠯᠭ᠎ᠠ︾ | ᠶᠢ ᠨᠠᠶᠢᠷᠠᠭᠤᠯᠤᠨ ᠵᠤᠬᠢᠶᠠᠵᠤ᠂ |
| ᠪᠠᠭ᠎ᠠ ᠰᠣᠷᠭᠠᠭᠠᠤᠯᠢ ᠶᠢᠨ ᠵᠢᠷᠭᠤᠭᠠᠨ ᠵᠢᠯ ᠤᠨ ᠬᠢᠴᠢᠶᠡᠯ ᠢ ᠲᠡᠩᠴᠡᠭᠦᠷᠢᠳᠠᠢ | ᠲᠤᠬᠢᠷᠠᠭᠤᠯᠬᠤ ᠶᠤᠰᠤᠭᠠᠷ᠂ ᠬᠠᠷᠢᠴᠠᠯ ᠢᠶᠠᠷ |
| ᠬᠢᠴᠢᠶᠡᠯ ᠤᠨ ᠴᠠᠭ ᠢ ᠬᠤᠪᠢᠶᠠᠷᠢᠯᠠᠬᠤ ᠰᠡᠳᠬᠢᠴᠡ ᠪᠠᠷ ᠵᠢᠭᠠᠨ | ᠰᠤᠷᠭᠠᠬᠤ ᠠᠬᠢᠴᠠ ᠪᠤᠯᠤᠨ ᠴᠠᠭ ᠤᠨ |
| ᠳᠠᠷᠠᠭᠠᠯᠠᠯ ᠳᠤ ᠲᠤᠬᠢᠷᠠᠭᠤᠯᠤᠯᠲᠠ ᠬᠢᠵᠦ ᠪᠠᠶᠢᠨ᠎ᠠ᠃ ᠵᠢᠱᠢᠶᠡᠯᠡᠪᠡᠯ᠂ ᠴᠠᠭ | ᠵᠦᠷᠢᠭᠦᠯᠦᠨ ᠵᠢᠭᠠᠨ |
| ᠰᠤᠷᠭᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠮᠤᠩᠭᠤᠯ ᠢᠶᠠᠷ | ᠬᠢᠴᠢᠶᠡᠯᠯᠡᠬᠦ ᠪᠠᠭ᠎ᠠ |
| ᠰᠤᠷᠭᠠᠭᠤᠯᠢ ᠶᠢᠨ ᠨᠢᠭᠡᠳᠦᠭᠡᠷ ᠤᠨ ᠤ ᠳᠡᠭᠡᠷ᠎ᠡ ᠬᠤᠭᠤᠴᠠᠭᠠᠨ ᠤ ᠲᠦᠷᠦᠭᠦᠤ ᠬᠠᠭᠠᠰ |
| | ᠰᠤᠷᠤᠯᠭ᠎ᠠ ᠶᠢᠨ ᠬᠤᠭᠤᠴᠠᠭᠠᠨ ᠳᠤ ᠮᠤᠩᠭᠤᠯ ᠬᠡᠯᠡᠨ ᠤ ᠴᠠᠭᠠᠨ ᠲᠤᠯᠤᠭᠠᠢ ᠶᠢ |
| ᠵᠢᠭᠠᠨ ᠰᠤᠷᠭᠠᠵᠤ᠂ ᠲᠤᠤᠷ᠎ᠠ ᠬᠠᠭᠠᠰ | ᠰᠤᠷᠤᠯᠭ᠎ᠠ ᠶᠢᠨ ᠬᠤᠭᠤᠴᠠᠭᠠᠨ ᠳᠤ ᠨᠢᠭᠡᠲᠦᠯᠲᠡᠢ ᠨᠠᠶᠢᠷᠠᠭᠤᠯᠤᠭᠰᠠᠨ ᠬᠡᠯᠡ |
| ᠪᠢᠴᠢᠭ ᠤᠨ ᠠᠪᠢᠶᠠᠨ ᠤ ᠦᠰᠦᠭ ᠢ | ᠵᠢᠭᠠᠨ ᠰᠤᠷᠭᠠᠵᠦ᠂ ᠬᠢᠲᠠᠳ ᠬᠡᠯᠡᠨ ᠤ ᠠᠪᠢᠶ᠎ᠠ ᠪᠠ ᠮᠤᠩᠭᠤᠯ ᠬᠡᠯᠡᠨ ᠤ |
| ᠴᠠᠭᠠᠨ ᠲᠤᠯᠤᠭᠠᠢ ᠠᠮᠠᠷᠬᠠᠨ | ᠬᠤᠳᠬᠤᠯᠳᠠᠬᠤ ᠠᠰᠠᠭᠤᠳᠠᠯ ᠢ ᠰᠢᠢᠳᠪᠦᠷᠢᠯᠡᠨ᠎ᠡ᠃ | 9. ᠠᠰᠠᠭᠤᠯᠲᠠ᠄ |
| ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ︽ᠶᠤᠰᠤ ᠮᠤᠷᠠᠯ | ᠬᠢᠭᠡᠳ ᠬᠠᠤᠯᠢ ᠪᠠᠷ ᠵᠠᠰᠠᠬᠤᠢ︾ ᠪᠠ |
| ︽ᠲᠡᠤᠬᠡ︾ ᠶᠢᠨ ᠬᠢᠴᠢᠶᠡᠯ ᠢ ᠶᠠᠭᠤᠨ ᠤ ᠤᠴᠢᠷ ᠠᠴᠠ ᠨᠡᠶᠢᠳᠡᠮ ᠬᠡᠷᠡᠭᠯᠡᠬᠦ | ᠦᠭᠡ ᠬᠡᠯᠡ ᠪᠠᠷ ᠵᠢᠭᠠᠨ ᠰᠤᠷᠭᠠᠬᠤ ᠪᠤᠢ︖ |
| ᠦᠨᠳᠦᠰᠦᠲᠡᠨ ᠤ ᠬᠡᠯᠡ ᠪᠠᠷ ᠤᠷᠴᠢᠭᠤᠯᠤᠨ ᠵᠢᠭᠠᠨ ᠰᠤᠷᠭᠠᠬᠤ ᠪᠠ | ᠨᠡᠶᠢᠳᠡᠮ ᠬᠡᠷᠡᠭᠯᠡᠬᠦ ᠦᠭᠡ |
| ᠬᠡᠯᠡ ᠪᠠᠷ ᠵᠢᠭᠠᠨ ᠰᠤᠷᠭᠠᠬᠤ ᠶᠢᠨ ᠢᠯᠭᠠᠭ᠎ᠠ ᠨᠢ ᠶᠠᠭᠤ ᠪᠤᠢ︖ | ᠬᠠᠷᠢᠭᠤᠯᠲᠠ᠄ ᠶᠡᠷᠦᠩᠭᠡᠢ |
| ᠱᠦᠵᠢ ᠰᠢ ᠶᠢᠨ ᠫᠢᠩ᠂ ᠦᠭᠡ ᠬᠡᠯᠡ ᠬᠠᠷᠢᠯᠴᠠᠨ ᠨᠡᠪᠲᠡᠷᠡᠯᠴᠡᠬᠦ ᠪᠤᠯ ᠬᠦᠮᠦᠨ | ᠬᠦᠮᠦᠨ ᠤ ᠬᠤᠭᠤᠷᠤᠨᠳᠤᠬᠢ |
| ᠬᠠᠷᠢᠯᠴᠠᠭᠠᠨ ᠤ ᠴᠢᠬᠤᠯᠠ ᠭᠤᠭᠴᠤᠭ᠎ᠠ ᠮᠦᠨ᠂ ᠦᠭᠡ ᠬᠡᠯᠡ ᠨᠡᠪᠳᠡᠷᠡᠯᠴᠡᠬᠦ ᠦᠬᠡᠢ | ᠪᠤᠯ |
| ᠬᠠᠷᠢᠯᠴᠠᠬᠤ ᠳᠤ ᠬᠦᠴᠢᠷᠳᠡᠨ᠎ᠡ᠂ ᠬᠠᠷᠢᠯᠴᠠᠨ ᠤᠶᠢᠯᠠᠭᠠᠯᠴᠠᠵᠤ ᠴᠢᠳᠠᠬᠤ ᠦᠭᠡᠢ ᠪᠤᠯ ᠡᠨᠡᠭᠰᠢᠵᠦ |
| ᠴᠢᠳᠠᠬᠤ | ᠦᠭᠡᠢ ᠶᠤᠮ ᠭᠡᠵᠦ ᠴᠢᠬᠤᠯᠠᠴᠢᠯᠠᠪᠠ᠃ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾ ᠪᠠ |
| ︽ᠲᠡᠤᠬᠡ︾ ᠪᠤᠯ | ︽ᠬᠡᠯᠡ ᠪᠢᠴᠢᠭ︾ ᠤᠨ ᠬᠢᠴᠢᠶᠡᠯ ᠤᠨ ᠦᠷᠭᠦᠯᠵᠢᠯᠡᠯ ᠪᠠ ᠦᠷᠭᠡᠳᠭᠡᠯ ᠪᠤᠯᠤᠨ᠎ᠠ᠃ ᠭᠤᠷᠪᠠᠨ |
| ᠲᠦᠷᠦᠯ ᠤᠨ | ᠬᠢᠴᠢᠶᠡᠯ ᠢ ᠢᠵᠢᠯ ᠠᠯᠬᠤᠮ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ |
| | ᠰᠤᠷᠭᠠᠬᠤ ᠪᠤᠯ ᠲᠦᠪ ᠤᠨ ᠨᠢᠭᠡᠲᠦᠯᠲᠡᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠪᠤᠯᠤᠨ᠎ᠠ᠂ |
| ᠵᠦᠪᠬᠡᠨ ᠦᠪᠦᠷ | ᠮᠤᠩᠭᠤᠯ ᠳᠤ ᠲᠠᠯᠪᠢᠬᠰᠠᠨ ᠤᠨᠴᠠᠭᠠᠢ ᠱᠠᠭᠠᠷᠳᠠᠯᠭ᠎ᠠ ᠪᠢᠰᠢ᠃ ᠡᠨᠡ ᠨᠢ ᠦᠭᠡ ᠬᠡᠯᠡ ᠦᠰᠦᠭ |
| ᠪᠢᠴᠢᠭ ᠤᠨ | ᠬᠡᠷᠡᠭᠯᠡᠯᠳᠡ ᠶᠢ ᠤᠯᠠᠮ ᠴᠢᠩᠭᠠᠳᠬᠠᠬᠤ ᠳᠤ ᠠᠰᠢᠬᠳᠠᠢ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠤᠬᠴᠢ |
| | ᠪᠤᠯᠤᠨ ᠪᠤᠰᠤᠳ ᠦᠨᠳᠦᠰᠦᠲᠡᠨ ᠤ ᠰᠤᠷᠤᠭᠴᠢ ᠶᠢᠨ ᠬᠤᠭᠤᠷᠤᠨᠳᠤᠬᠢ ᠬᠠᠷᠢᠯᠴᠠᠭ᠎ᠠ ᠶᠠᠪᠤᠯᠴᠠᠭ᠎ᠠ ᠶᠢ |
| | ᠠᠬᠢᠭᠤᠯᠬᠤ ᠳᠤ ᠠᠰᠢᠭᠲᠠᠢ ᠪᠠᠶᠢᠵᠤ᠂ ᠰᠤᠷᠤᠭᠴᠢ ᠶᠢᠨ ᠬᠤᠶᠢᠰᠢᠲᠠ ᠶᠢᠨ |
| ᠰᠤᠷᠭᠠᠭᠤᠯᠢ ᠲᠠᠪᠰᠢᠵᠤ ᠠᠵᠢᠯ ᠤᠯᠬᠤ | ᠪᠠ ᠦᠰᠦᠨ ᠪᠤᠶᠢᠵᠢᠵᠤ ᠠᠯᠬᠤᠮ ᠲᠠᠪᠰᠢᠬᠤ ᠠᠷᠭ᠎ᠠ ᠵᠠᠮ ᠢ |
| ᠦᠷᠭᠡᠳᠭᠡᠬᠦ ᠪᠤᠯᠤᠨ᠎ᠠ᠃ | ᠣᠯᠣᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠣᠷᠢᠳᠠᠪᠡᠷ ᠦᠭᠡ |
| ᠬᠡᠯᠡ ᠪᠠᠨ ᠬᠦᠴᠦᠷᠬᠡᠭᠵᠢᠭᠦᠯᠬᠦ ᠬᠡᠷᠡᠭᠳᠠᠢ᠂ | ᠦᠭᠡ ᠬᠡᠯᠡ ᠬᠦᠴᠦᠷᠬᠡᠭᠵᠢᠪᠡᠯ ᠰᠠᠶ᠋ᠢ ᠣᠯᠣᠰ ᠢᠶᠠᠨ ᠬᠦᠴᠦᠷᠬᠡᠭᠵᠢᠭᠦᠯᠬᠦ ᠳᠤ ᠬᠦᠴᠦᠨ |
| ᠨᠡᠮᠡᠷᠢᠯᠡᠵᠦ ᠴᠢᠳᠠᠨ᠎ᠡ᠃ | ᠦᠭᠡᠷᠡᠴᠢᠯᠡᠯᠲᠡ ᠨᠡᠭᠡᠭᠡᠯᠲᠡ ᠠᠴᠠ ᠨᠠᠰᠢ᠂ ᠬᠡᠳᠦ᠋ᠢᠪᠡᠷ ᠣᠯᠣᠰ ᠠᠴᠠ ᠬᠢᠯᠢ |
| ᠬᠢᠵᠠᠭᠠᠷ ᠤᠨ ᠴᠦᠬᠡᠨ ᠲᠣᠭᠠᠲᠣ | ᠦᠨᠳᠦᠰᠦᠲᠡᠨ ᠤ ᠭᠠᠵᠠᠷ ᠣᠷᠣᠨ ᠤ ᠠᠯᠪᠠᠨ ᠵᠢᠷᠦᠮ ᠤᠨ ᠰᠣᠷᠭᠠᠨ |
| ᠬᠦᠮᠦᠵᠢᠯ ᠢ ᠬᠦᠴᠦᠯᠡᠨ ᠠᠬᠢᠭᠤᠯᠵᠣ ᠂ | ᠦᠨᠳᠦᠰᠦᠲᠡᠨ ᠨᠦᠭᠦᠳ ᠤᠨ ᠠᠷᠠᠳ ᠣᠯᠠᠨ ᠤ ᠰᠢᠨᠵᠢᠯᠡᠬᠦ |
| ᠣᠬᠠᠭᠠᠨ ᠰᠣᠶᠣᠯ ᠮᠡᠳᠡᠯᠭᠡ ᠶᠢᠨ ᠬᠢᠷᠢ ᠲᠦᠪᠰᠢᠨ | ᠢᠯᠡᠳᠲᠡ ᠳᠡᠭᠡᠭᠰᠢᠯᠡᠭᠰᠡᠨ ᠪᠠᠶᠢᠨ᠎ᠠ᠃ ᠭᠡᠪᠡᠴᠦ |
| ᠪᠣᠰᠣᠳᠴᠢ ᠪᠠᠷ ᠬᠡᠯᠡᠪᠡᠯ᠂ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠢ ᠪᠠᠭᠲᠠᠭᠠᠭᠰᠠᠨ |
| ᠳᠣᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠪᠠᠰᠠ ᠮᠠᠰᠢ ᠣᠯᠠᠨ ᠢᠳᠡᠷ | ᠵᠠᠯᠠᠭᠤᠴᠣᠳ ᠪᠠ ᠮᠠᠯᠴᠢᠳ |
| ᠣᠯᠣᠰ ᠤᠨ ᠨᠡᠶᠢᠳᠡᠮ ᠬᠡᠷᠡᠭᠯᠡᠬᠦ ᠬᠡᠯᠡ ᠪᠠᠷ ᠦᠨᠳᠦᠰᠦᠨ ᠬᠠᠷᠢᠯᠴᠠᠭ᠎ᠠ ᠬᠢᠵᠦ ᠲᠡᠶᠢᠯᠬᠦ | ᠦᠭᠡᠢ ᠪᠠᠶᠢᠨ᠎ᠠ᠂ ᠡᠨᠡᠬᠦ |
| ᠠᠰᠠᠭᠤᠳᠠᠯ ᠨᠢ ᠨᠢᠭᠡᠨᠲᠡ ᠬᠤᠪᠢ ᠬᠦᠮᠦᠨ ᠤ ᠶᠠᠳᠠᠭᠤ ᠠᠴᠠ ᠠᠩᠬᠢᠵᠢᠷᠠᠨ ᠪᠠᠶᠠᠵᠢᠬᠤ ᠶᠢ | ᠬᠠᠷᠰᠢᠯᠠᠵᠦ᠂ |
| ᠭᠠᠵᠠᠷ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠨᠦᠯᠦᠭᠡᠯᠡᠵᠦ᠂ ᠦᠨᠳᠦᠰᠦᠲᠡᠨ ᠤ | ᠭᠠᠵᠠᠷ ᠣᠷᠣᠨ ᠤ ᠪᠦᠯᠬᠦᠮᠳᠡᠯ ᠲᠠᠢ |
| ᠡᠶ᠎ᠡ ᠵᠤᠬᠢᠴᠠᠩᠭᠤᠢ ᠪᠠᠷ ᠲᠠᠪᠰᠢᠬᠤ ᠶᠢ ᠬᠢᠵᠠᠭᠠᠷᠯᠠᠵᠦ ᠪᠦᠬᠦᠢ ᠴᠢᠬᠤᠯᠠ | ᠡᠯᠧᠮᠧᠨ᠋ᠲ ᠪᠤᠯᠤᠭᠰᠠᠨ ᠪᠠᠶᠢᠨ᠎ᠠ᠃ ︽ᠶᠣᠰᠦ ᠮᠤᠷᠠᠯ |
| ᠬᠢᠭᠡᠳ ᠬᠠᠤᠯᠢ ᠪᠠᠷ ᠵᠠᠰᠠᠬᠤᠢ︾ ᠪᠤᠯᠤᠨ ︽ᠲᠡᠥᠬᠡ︾ ᠶᠢ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ |
| ᠵᠢᠭᠠᠨ ᠰᠣᠷᠭᠠᠬᠤ ᠠᠷᠭ᠎ᠠ ᠶᠢ ᠬᠡᠷᠡᠭᠵᠢᠭᠦᠯᠬᠦ ᠨᠢ | ᠦᠨᠳᠦᠰᠦᠲᠡᠨ ᠤ ᠬᠡᠯᠡ ᠪᠠᠷ ᠤᠷᠴᠢᠭᠤᠯᠤᠨ ᠵᠢᠭᠠᠨ ᠰᠣᠷᠭᠠᠬᠤ ᠠᠷᠭ᠎ᠠ ᠶᠢ |
| ᠪᠤᠳᠤᠪᠠᠯ ᠪᠠᠭᠰᠢ᠂ ᠵᠢᠭᠠᠨ ᠰᠣᠷᠭᠠᠬᠤ | ᠮᠠᠲ᠋ᠧᠷᠢᠶᠠᠯ᠂ ᠮᠡᠳᠡᠭᠡ ᠵᠠᠩᠬᠢ ᠵᠡᠷᠭᠡ ᠲᠠᠯ᠎ᠠ ᠪᠠᠷ ᠬᠢ ᠡᠬᠢ ᠪᠠᠶᠠᠯᠢᠭ ᠢ |
| ᠨᠡᠩ ᠪᠠᠶᠠᠯᠢᠬᠵᠢᠭᠤᠯᠵᠦ᠂ ᠡᠯᠪᠡᠭ ᠪᠠᠶᠠᠯᠢᠭ | ᠵᠢᠭᠠᠨ ᠰᠣᠷᠭᠠᠯᠲᠠ ᠶᠢᠨ ᠡᠬᠢ ᠪᠠᠶᠠᠯᠢᠭ ᠨᠢ ᠰᠣᠷᠭᠠᠭᠤᠯᠢ ᠶᠢᠨ ᠵᠢᠭᠠᠨ |
| ᠰᠣᠷᠭᠠᠬᠤ ᠶᠠᠰᠣ ᠴᠢᠨᠠᠷ ᠢᠶᠠᠨ | ᠳᠡᠭᠡᠭᠰᠢᠯᠡᠭᠦᠯᠬᠦ ᠳᠤ ᠠᠰᠢᠭᠲᠠᠢ ᠪᠦᠭᠡᠳ ᠴᠦᠬᠡᠨ ᠲᠣᠭᠠᠲᠣ ᠦᠨᠳᠦᠰᠦᠲᠡᠨ ᠤ |
| ᠰᠣᠷᠣᠭᠴᠢ ᠶᠢᠨ ᠨᠡᠩ ᠡᠷᠬᠡ ᠲᠡᠭᠰᠢ᠂ | ᠨᠡᠩ ᠴᠢᠨᠠᠷ ᠰᠠᠶᠢᠲᠠᠢ ᠰᠣᠷᠭᠠᠨ ᠬᠦᠮᠦᠵᠢᠯ ᠬᠦᠷᠲᠡᠬᠦ ᠳᠤ |
| ᠠᠰᠢᠭᠲᠠᠢ ᠶᠤᠮ᠃ | 10. ᠠᠰᠠᠭᠤᠯᠲᠠ᠄ ᠣᠯᠣᠰ ᠠᠴᠠ ᠪᠠᠭ᠎ᠠ ᠰᠣᠷᠭᠠᠭᠤᠯᠢ ᠶᠢᠨ ᠨᠢᠭᠡᠳᠦᠭᠡᠷ |
| ᠣᠨ ᠤ ︽ᠬᠡᠯᠡ ᠪᠢᠴᠢᠭ︾ ᠢ | ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠬᠤ ᠬᠡᠷᠡᠭᠲᠡᠢ |
| ᠭᠡᠵᠦ ᠱᠠᠭᠠᠷᠳᠠᠵᠦ ᠪᠠᠶᠢᠨ᠎ᠠ᠂ | ᠲᠡᠭᠡᠪᠡᠯ ᠮᠠᠯᠵᠢᠬᠤ ᠣᠷᠣᠨ ᠤ ᠬᠡᠥᠬᠡᠳ ᠪᠠᠭ᠎ᠠ ᠠᠴᠠ ᠪᠠᠨ ᠮᠣᠩᠭᠤᠯ ᠢᠶᠠᠷ ᠶᠠᠷᠢᠵᠦ |
| ᠬᠢᠲᠠᠳ ᠬᠡᠯᠡᠨ ᠤ ᠰᠠᠭᠤᠷᠢ | ᠦᠭᠡᠢ ᠲᠤᠯᠠ᠂ ᠪᠠᠭ᠎ᠠ ᠰᠣᠷᠭᠠᠭᠤᠯᠢ ᠳᠤ ᠣᠷᠣᠮᠠᠭᠴᠠ ᠬᠢᠲᠠᠳ ᠰᠣᠷᠣᠭᠴᠢᠳ ᠲᠠᠢ |
| ᠠᠳᠠᠯᠢ ᠪᠠᠷ ᠬᠢᠲᠠᠳ ᠬᠡᠯᠡ | ᠰᠣᠷᠴᠦ᠂ ᠰᠣᠷᠣᠯᠭ᠎ᠠ ᠳᠤ ᠪᠠᠨ ᠬᠦᠴᠢᠷᠳᠡᠵᠦ ᠬᠢᠴᠢᠶᠡᠯ ᠢᠶᠠᠨ ᠳᠠᠭᠠᠵᠤ ᠳᠡᠶᠢᠯᠬᠦ |
| ᠦᠭᠡᠢ ᠪᠤᠯᠪᠠᠯ ᠶᠠᠭᠠᠬᠢᠬᠤ | ᠪᠤᠢ︖ | ᠬᠠᠷᠢᠭᠤᠯᠲᠠ᠄ ᠣᠳᠣᠬᠠᠨ ᠳᠤ᠂ ᠪᠠᠭ᠎ᠠ ᠰᠣᠷᠭᠠᠭᠤᠯᠢ ᠶᠢᠨ ᠨᠢᠭᠡᠳᠦᠭᠡᠷ |
| ᠤᠨ ᠤ ︽ᠬᠡᠯᠡ ᠪᠢᠴᠢᠭ︾ ᠤᠨ | ᠪᠠᠭᠰᠢ ᠶᠢ ᠪᠦᠷ ᠮᠣᠩᠭᠤᠯ ᠬᠢᠲᠠᠳ ᠬᠤᠥᠰ ᠬᠡᠯᠡ ᠶᠢ ᠵᠡᠷᠭᠡᠪᠡᠷ ᠡᠵᠡᠮᠰᠢᠭᠰᠡᠨ |
| ᠪᠠᠭᠰᠢ ᠶᠢ ᠲᠣᠬᠢᠷᠠᠭᠤᠯᠵᠤ᠂ | ᠬᠢᠲᠠᠳ ᠢᠶᠠᠷ ᠵᠢᠭᠠᠬᠰᠠᠨ ᠰᠠᠭᠤᠷᠢᠨ ᠳᠡᠭᠡᠷ᠎ᠡ ᠮᠣᠩᠭᠤᠯ ᠢᠶᠠᠷ ᠲᠠᠶᠢᠯᠪᠦᠷᠢᠯᠠᠬᠤ ᠪᠤᠯᠤᠨ᠎ᠠ᠃ |
| ᠡᠭᠦᠨ ᠤ ᠬᠠᠮᠲᠦ ᠪᠠᠭᠰᠢ | ᠰᠣᠷᠣᠭᠴᠢ ᠪᠣᠯᠣᠨ ᠭᠡᠷ ᠤᠨ ᠠᠬᠠᠮᠠᠳ ᠤᠨ ᠳᠤᠰᠬᠠᠯ ᠢ ᠦᠨᠳᠦᠰᠦᠯᠡᠨ᠂ ᠡᠯ᠎ᠡ ᠭᠠᠵᠠᠷ ᠤᠷᠤᠨ ᠡᠯ᠎ᠡ |
| | ᠰᠤᠷᠭᠠᠭᠤᠯᠢ ᠶᠢᠨ ᠬᠢᠨ ᠣᠳᠣ ᠪᠠᠶᠢᠭ᠎ᠠ ᠬᠤᠥᠰ ᠬᠡᠯᠡᠨ ᠤ ᠪᠠᠭᠰᠢ ᠶᠢ |
| ᠬᠠᠪᠰᠣᠷᠣᠨ ᠵᠢᠯᠤᠭᠤᠳᠤᠭᠴᠢ ᠪᠠᠷ | ᠲᠣᠬᠢᠷᠠᠭᠤᠯᠵᠤ᠂ ᠰᠣᠷᠣᠯᠭ᠎ᠠ ᠳᠤ ᠪᠠᠨ ᠬᠦᠴᠢᠷᠳᠡᠵᠦ ᠪᠠᠶᠢᠭ᠎ᠠ |
| ᠰᠣᠷᠣᠭᠴᠢᠳ ᠢ ᠲᠣᠰᠬᠠᠢ ᠬᠠᠪᠰᠣᠷᠣᠨ ᠳᠠᠮᠵᠢᠵᠦ᠂ | ᠰᠣᠷᠣᠭᠴᠢ ᠨᠢᠭᠡᠪᠦᠷᠢ ᠴᠦᠮ ᠰᠣᠷᠣᠯᠭ᠎ᠠ ᠪᠠᠨ ᠳᠠᠭᠠᠵᠤ |
| ᠳᠡᠶᠢᠯᠬᠦ ᠶᠢ ᠪᠠᠲᠣᠯᠠᠨ᠎ᠠ᠃ ᠬᠠᠪᠰᠣᠷᠣᠨ ᠵᠢᠯᠣᠭᠤᠳᠣᠭᠰᠠᠨ | ᠬᠢᠴᠢᠶᠡᠯ ᠤᠨ ᠴᠠᠭ ᠢ ᠪᠠᠭᠰᠢ ᠶᠢᠨ ᠵᠢᠭᠠᠨ ᠰᠣᠷᠭᠠᠯᠲᠠ ᠶᠢᠨ ᠬᠢᠨᠠᠨ |
| ᠰᠢᠯᠭᠠᠯᠲᠠ ᠳᠤ ᠪᠤᠳᠤᠵᠦ ᠣᠷᠣᠭᠤᠯᠤᠨ᠎ᠠ᠃ | ᠡᠭᠦᠨ ᠤ ᠵᠡᠷᠭᠡ ᠪᠠᠷ᠂ ᠦᠪᠡᠷᠲᠡᠭᠡᠨ ᠵᠠᠰᠠᠬᠤ |
| ᠣᠷᠣᠨ ᠠᠴᠠ ︽ᠮᠣᠩᠭᠤᠯ ᠬᠢᠲᠠᠳ ᠬᠦᠨᠳᠤ ᠦᠭᠡᠰ ᠪᠣᠯᠣᠨ ᠬᠡᠪᠰᠢᠮᠡᠯ | ᠬᠡᠯᠡᠯᠭᠡ ᠶᠢᠨ ᠬᠠᠪᠰᠤᠷᠭᠠᠭᠰᠠᠨ |
| ᠬᠦᠰᠦᠨᠦᠭ︾ ᠢ ᠳᠠᠷᠣᠮᠠᠯᠯᠠᠨ ᠲᠠᠷᠬᠠᠭᠠᠵᠤ᠂ ᠰᠣᠷᠣᠭᠴᠢᠳ ᠤᠨ ᠰᠣᠷᠣᠯᠴᠠᠨ | ᠤᠶᠢᠯᠠᠭᠠᠬᠤ ᠳᠤ ᠬᠡᠷᠡᠭᠯᠡᠭᠦᠯᠬᠦ ᠪᠠᠷ ᠪᠠᠶᠢᠨ᠎ᠠ᠃ |
| | 11. ᠠᠰᠠᠭᠤᠯᠲᠠ᠄ ᠣᠳᠣᠬᠠᠨ ᠳᠤ ᠪᠠᠭ᠎ᠠ ᠰᠣᠷᠭᠠᠭᠤᠯᠢ ᠠᠴᠠ ᠠᠩᠬ᠎ᠠ ᠵᠡᠷᠭᠡ ᠶᠢᠨ ᠳᠣᠮᠳᠠᠲᠣ | ᠰᠣᠷᠭᠠᠭᠤᠯᠢ ᠳᠤ |
| ᠳᠠᠪᠰᠢᠭᠰᠠᠨ ᠰᠣᠷᠣᠭᠴᠢᠳ ᠤᠨ ᠰᠢᠨ᠎ᠡ ᠰᠣᠷᠣᠯᠭ᠎ᠠ ᠶᠢᠨ ᠬᠤᠭᠤᠴᠠᠭᠠᠨ ᠳᠤ ᠣᠯᠣᠰ ᠠᠴᠠ | ᠨᠢᠭᠡᠳᠦᠯᠲᠡᠢ ᠨᠠᠶᠢᠷᠠᠭᠤᠯᠣᠭᠰᠠᠨ |
| ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ᠂ ᠬᠡᠥᠬᠡᠳ ᠤᠳ ᠤᠨ | ᠪᠠᠭ᠎ᠠ ᠰᠣᠷᠭᠠᠭᠤᠯᠢ ᠶᠢᠨ |
| ᠰᠠᠭᠤᠷᠢ ᠨᠢ ᠨᠡᠯᠢᠶᠡᠳ ᠪᠠᠭᠤᠷᠠᠢ ᠪᠠᠶᠢᠪᠠᠯ᠂ ᠪᠠᠭ᠎ᠠ ᠰᠣᠷᠭᠠᠭᠤᠯᠢ ᠪᠠ ᠠᠩᠬ᠎ᠠ | ᠳᠣᠮᠳᠠᠳᠣ ᠶᠢᠨ ᠵᠢᠭᠠᠨ |
| ᠰᠣᠷᠭᠠᠯᠲᠠ ᠶᠢ ᠵᠤᠯᠭᠠᠭᠤᠯᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | |
| ᠬᠠᠷᠢᠭᠤᠯᠲᠠ᠄ ᠣᠳᠣᠬᠠᠨ ᠳᠤ᠂ ᠠᠩᠬ᠎ᠠ ᠵᠡᠷᠭᠡ ᠶᠢᠨ ᠳᠣᠮᠳᠠᠳᠣ ᠰᠣᠷᠭᠠᠭᠤᠯᠢ ᠶᠢᠨ ᠨᠢᠭᠡᠳᠦᠭᠡᠷ ᠣᠨ ᠤ |
| | ︽ᠬᠡᠯᠡ ᠪᠢᠴᠢᠭ︾ ᠵᠢᠭᠠᠬᠤ ᠪᠠᠭᠰᠢ ᠶᠢ ᠪᠦᠷ ᠮᠣᠩᠭᠤᠯ ᠬᠢᠲᠠᠳ ᠬᠤᠥᠰ ᠬᠡᠯᠡ ᠶᠢ ᠵᠡᠷᠭᠡᠪᠡᠷ ᠡᠵᠡᠮᠰᠢᠭᠰᠡᠨ |
| ᠪᠠᠭᠰᠢ | ᠲᠣᠬᠢᠷᠠᠭᠤᠯᠵᠦ ᠵᠢᠭᠠᠬᠤ ᠶᠢᠨ ᠬᠠᠮᠲᠦ᠂ ᠪᠠᠭᠰᠢ ᠰᠣᠷᠣᠭᠴᠢ ᠪᠣᠯᠣᠨ ᠭᠡᠷ ᠤᠨ ᠠᠬᠠᠮᠠᠳ ᠤᠨ ᠳᠣᠰᠬᠠᠯ ᠢ | ᠦᠨᠳᠦᠰᠦᠯᠡᠵᠦ᠂ |
| ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠤᠳᠤ ᠪᠠᠶᠢᠭ᠎ᠠ ᠬᠤᠥᠰ ᠬᠡᠯᠡᠨ ᠤ ᠪᠠᠭᠰᠢ ᠶᠢ | ᠬᠠᠪᠰᠣᠷᠣᠨ |
| ᠵᠢᠯᠤᠭᠤᠳᠤᠭᠴᠢ ᠪᠠᠷ ᠲᠣᠬᠢᠷᠠᠭᠤᠯᠵᠣ᠂ ᠰᠣᠷᠣᠯᠭ᠎ᠠ ᠳᠤ ᠪᠠᠨ ᠬᠦᠴᠢᠷᠳᠡᠵᠦ ᠪᠠᠶᠢᠭ᠎ᠠ |
| ᠰᠣᠷᠣᠭᠴᠢᠳ ᠢ | ᠲᠣᠰᠬᠠᠢ ᠬᠠᠪᠰᠣᠷᠣᠨ ᠵᠢᠯᠣᠭᠤᠳᠴᠣ᠂ ᠰᠣᠷᠣᠭᠴᠢ ᠨᠢᠭᠡᠪᠦᠷᠢ ᠴᠦᠮ ᠰᠣᠷᠣᠯᠭ᠎ᠠ ᠪᠠᠨ |
| ᠳᠠᠭᠠᠵᠤ ᠳᠡᠶᠢᠯᠬᠦ ᠶᠢ | ᠪᠠᠲᠣᠯᠠᠨ᠎ᠠ᠃ ᠬᠠᠪᠰᠣᠷᠣᠨ ᠵᠢᠯᠣᠭᠤᠳᠣᠭᠰᠠᠨ ᠬᠢᠴᠢᠶᠡᠯ ᠤᠨ ᠴᠠᠭ ᠢ ᠪᠠᠭᠰᠢ ᠶᠢᠨ ᠵᠢᠭᠠᠨ |
| ᠰᠣᠷᠭᠠᠯᠲᠠ ᠶᠢᠨ ᠬᠢᠨᠠᠨ | ᠰᠢᠯᠭᠠᠯᠲᠠ ᠳᠤ ᠪᠣᠳᠣᠵᠣ ᠣᠷᠣᠭᠤᠯᠣᠨ᠎ᠠ᠃ ᠡᠭᠦᠨ ᠤ ᠬᠠᠮᠲᠦ᠂ |
| ᠦᠪᠡᠷᠲᠡᠭᠡᠨ ᠵᠠᠰᠠᠬᠤ ᠤᠷᠤᠨ ᠤ ᠰᠣᠷᠭᠠᠨ | ᠬᠦᠮᠦᠵᠢᠯ ᠤᠨ ᠲᠢᠩᠬᠢᠮ ᠤᠨ ᠬᠢᠨ ᠵᠢᠭᠠᠨ ᠰᠣᠷᠭᠠᠬᠤ ᠶᠢ |
| ᠵᠢᠯᠤᠭᠤᠳᠬᠤ ᠰᠠᠨᠠᠭᠤᠯᠭ᠎ᠠ ᠪᠠ ᠰᠣᠷᠣᠯᠭ᠎ᠠ ᠶᠢᠨ | ᠦᠨᠡᠯᠠᠯᠲᠡ ᠶᠢᠨ ᠭᠤᠥᠯᠳᠠᠯᠭ᠎ᠠ ᠶᠢ ᠰᠣᠳᠣᠯᠣᠨ ᠲᠣᠭᠳᠠᠭᠠᠵᠤ᠂ |
| ᠵᠢᠭᠠᠨ ᠰᠣᠷᠭᠠᠬᠤ ᠠᠭᠤᠯᠭ᠎ᠠ ᠶᠢ ᠦᠨᠡᠯᠡᠬᠦ | ᠪᠠᠷᠢᠮᠵᠢᠶ᠎ᠠ ᠳᠤ ᠵᠤᠬᠢᠰᠲᠠᠢ ᠲᠣᠬᠢᠷᠠᠭᠤᠯᠤᠯᠲᠠ ᠬᠢᠬᠦ ᠲᠤᠯᠠ᠂ ᠬᠢᠲᠠᠳ ᠢᠶᠠᠷ |
| ᠬᠢᠴᠢᠶᠡᠯᠯᠡᠬᠦ ᠰᠣᠷᠭᠠᠭᠤᠯᠢ ᠲᠠᠢ | ᠬᠠᠷᠢᠴᠠᠭᠤᠯᠪᠠᠯ ᠨᠡᠯᠢᠶᠡᠳ ᠬᠢᠯᠪᠠᠷ ᠪᠤᠯᠬᠤ ᠶᠤᠮ᠃ | |
| 12. ᠠᠰᠠᠭᠤᠯᠲᠠ᠄ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠳᠤ ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ︽ᠬᠡᠯᠡ |
| ᠪᠢᠴᠢᠭ︾ ᠤᠨ ᠬᠢᠴᠢᠶᠡᠯ ᠢ ᠰᠢᠨ᠎ᠡ ᠪᠠᠷ ᠨᠡᠮᠡᠭᠰᠡᠨ ᠤ ᠳᠠᠷᠠᠭ᠎ᠠ᠂ ᠵᠢᠭᠠᠨ | ᠰᠣᠷᠭᠠᠯᠲᠠ ᠶᠢᠨ ᠰᠢᠯᠭᠠᠨ ᠦᠨᠡᠯᠡᠯᠳᠡ ᠶᠢ |
| ᠬᠡᠷᠬᠢᠨ ᠲᠣᠬᠢᠷᠠᠭᠤᠯᠣᠭᠰᠠᠨ ᠪᠤᠢ︖ ᠬᠢᠲᠠᠳ ᠢᠶᠠᠷ ᠬᠢᠴᠢᠶᠡᠯᠯᠡᠬᠦ | ᠰᠣᠷᠭᠠᠭᠤᠯᠢ ᠪᠠᠷ ᠯᠠᠪᠯᠠᠯᠲᠠ ᠪᠣᠯᠭᠠᠬᠤ ᠦᠦ︖ |
| | ᠬᠠᠷᠢᠭᠤᠯᠲᠠ᠄ ᠣᠯᠣᠰ ᠠᠴᠠ ᠬᠢᠲᠠᠳ ᠢᠶᠠᠷ ᠬᠢᠴᠢᠶᠡᠯᠯᠡᠬᠦ ᠡᠩ ᠤᠨ ᠰᠣᠷᠭᠠᠭᠤᠯᠢ ᠶᠢᠨ ︽ᠬᠡᠯᠡ ᠪᠢᠴᠢᠭ︾ | ᠤᠨ |
| ᠬᠢᠴᠢᠶᠡᠯ ᠢ ᠨᠢᠭᠡᠳᠦᠭᠡᠷ ᠣᠨ ᠳᠤ ᠭᠠᠷᠠᠭ ᠪᠦᠷᠢ 8 ᠬᠢᠴᠢᠶᠡᠯ ᠲᠣᠬᠢᠷᠠᠭᠤᠯᠬᠤ ᠪᠠᠷ ᠲᠣᠭᠲᠠᠵᠠᠢ᠃ |
| | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠣᠷᠣᠭᠴᠢ ᠶᠢᠨ ᠳᠠᠷᠣᠭᠠᠰᠣ ᠶᠢ |
| ᠬᠦᠩᠭᠡᠯᠡᠬᠦ ᠶᠢᠨ ᠲᠣᠰᠠᠳᠠ᠂ | ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ |
| ᠲᠢᠩᠬᠢᠮ ᠠᠴᠠ ᠳᠠᠷᠣᠮᠠᠯᠯᠠᠨ ᠲᠠᠷᠬᠠᠭᠠᠭᠰᠠᠨ ︽ᠦᠪᠦᠷ | ᠮᠣᠩᠭᠤᠯ ᠤᠨ ᠦᠪᠡᠷᠲᠡᠭᠡᠨ ᠵᠠᠰᠠᠬᠤ |
| ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ | ᠠᠯᠪᠠᠨ ᠵᠢᠷᠦᠮ ᠤᠨ ᠰᠣᠷᠭᠠᠨ |
| ᠬᠦᠮᠦᠵᠢᠯ ᠤᠨ ᠬᠢᠴᠢᠶᠡᠯ ᠤᠨ ᠲᠦᠯᠦᠪᠯᠡᠭᠡ ︾ ᠳᠤ᠂ ᠣᠯᠣᠰ ᠠᠴᠠ ᠲᠣᠭᠲᠠᠭᠠᠭᠰᠠᠨ | ᠶᠡᠷᠦᠩᠬᠡᠢ |
| ᠬᠢᠴᠢᠶᠡᠯ ᠤᠨ ᠴᠠᠭ ᠤᠨ ᠬᠡᠪᠴᠢᠶᠡᠨ ᠳᠣᠲᠣᠷ᠎ᠠ ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ |
| | ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ |
| ᠬᠢᠴᠢᠶᠡᠯ ᠢ ᠨᠢᠭᠡᠳᠦᠭᠡᠷ ᠣᠨ ᠳᠤ | ᠭᠠᠷᠠᠭ ᠪᠦᠷᠢ ᠳᠤ 5 ᠬᠢᠴᠢᠶᠡᠯ ᠤᠨ ᠴᠠᠭ ᠲᠣᠬᠢᠷᠠᠭᠤᠯᠣᠨ᠎ᠠ ᠭᠡᠵᠦ ᠲᠣᠲᠣᠷᠬᠠᠶᠢᠯᠠᠪᠠ᠃ |
| ᠮᠠᠨ ᠤ ᠣᠷᠣᠨ ᠤ ᠠᠶᠢᠮᠠᠭ | ᠬᠤᠲᠠ ᠶᠢᠨ ᠬᠤᠭᠤᠷᠣᠨᠳᠣᠬᠢ᠂ ᠬᠤᠲᠠ ᠬᠦᠳᠡᠭᠡ ᠶᠢᠨ ᠬᠤᠭᠤᠷᠣᠨᠳᠣᠬᠢ᠂ ᠰᠣᠷᠭᠠᠭᠤᠯᠢ ᠨᠤᠭᠤᠳ ᠤᠨ |
| | ᠬᠤᠭᠤᠷᠣᠨᠳᠣᠬᠢ ᠪᠠᠭᠰᠢ ᠪᠠ ᠰᠣᠷᠣᠭᠴᠢ ᠶᠢᠨ ᠦᠭᠡ ᠬᠡᠯᠡᠨ ᠤ ᠰᠠᠭᠤᠷᠢ ᠲᠡᠩᠴᠡᠭᠦᠷᠢ |
| ᠦᠭᠡᠢ ᠵᠡᠷᠭᠡ ᠬᠦᠴᠦᠨ | ᠵᠦᠢᠯ ᠢ ᠪᠤᠳᠤᠯᠬᠢᠯᠠᠵᠤ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠠᠴᠠ |
| ᠣᠳᠠᠯ ᠦᠭᠡᠢ | ︽ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ |
| ︿ᠬᠡᠯᠡ | ᠪᠢᠴᠢᠭ﹀ ᠢ ᠵᠢᠭᠠᠨ ᠰᠣᠷᠭᠠᠬᠤ ᠵᠢᠴᠢ ᠦᠨᠡᠯᠡᠬᠦ ᠭᠤᠥᠯᠳᠠᠯᠭ᠎ᠠ︾ ᠶᠢ ᠳᠠᠷᠣᠮᠠᠯᠯᠠᠨ ᠳᠠᠷᠬᠠᠭᠠᠵᠣ᠂ ᠡᠯ᠎ᠡ ᠭᠠᠵᠡᠷ ᠤᠨ |
| | ᠡᠯ᠎ᠡ ᠰᠣᠷᠭᠠᠭᠤᠯᠢ ᠵᠢᠭᠠᠨ ᠰᠣᠷᠭᠠᠯᠲᠠ ᠶᠢ ᠵᠤᠬᠢᠶᠠᠨ ᠪᠠᠶᠢᠭᠤᠯᠬᠤ ᠪᠠ ᠰᠣᠷᠣᠭᠴᠢ ᠶᠢᠨ ᠬᠢᠴᠢᠶᠡᠯ ᠢ |
| ᠦᠨᠡᠯᠡᠬᠦ | ᠦᠨᠳᠦᠰᠦᠨ ᠵᠢᠷᠦᠮᠯᠡᠯ ᠪᠣᠯᠭᠠᠬᠤ ᠪᠠᠷ ᠪᠣᠢ᠃ ᠡᠯ᠎ᠡ ᠭᠠᠵᠠᠷ ᠤᠨ ᠡᠯ᠎ᠡ ᠰᠣᠷᠭᠠᠭᠤᠯᠢ ᠴᠦ ᠲᠣᠰ |
| ᠭᠠᠵᠠᠷ ᠲᠣᠰ | ᠰᠣᠷᠭᠠᠭᠤᠯᠢ ᠶᠢᠨ ᠢᠶᠠᠨ ᠪᠣᠲᠠᠲᠣ ᠪᠠᠶᠢᠳᠠᠯ ᠢᠶᠠᠨ ᠦᠨᠳᠦᠰᠦᠯᠡᠵᠦ ᠠᠮᠢᠳᠣᠯᠢᠭ ᠢᠶᠠᠷ ᠲᠣᠬᠢᠷᠠᠭᠤᠯᠵᠣ ᠪᠣᠯᠣᠨ᠎ᠠ᠃ |
| | ᠶᠡᠷᠦᠩᠬᠡᠶ ᠳᠤ ᠨᠢ ᠬᠡᠯᠡᠪᠡᠯ᠂ ᠰᠣᠷᠣᠭᠴᠢ ᠶᠢᠨ ᠬᠢᠴᠢᠶᠡᠯ ᠰᠣᠷᠣᠯᠭ᠎ᠠ ᠶᠢᠨ ᠬᠢᠷᠢ ᠲᠦᠪᠰᠢᠨ ᠤ ᠦᠨᠡᠯᠡᠯᠲᠡ ᠶᠢ | ᠬᠢᠲᠠᠳ ᠢᠶᠠᠷ |
| ᠬᠢᠴᠢᠶᠡᠯᠯᠡᠬᠦ ᠡᠩ ᠤᠨ ᠰᠣᠷᠭᠠᠭᠤᠯᠢ ᠲᠠᠢ ᠬᠠᠷᠢᠴᠠᠭᠤᠯᠪᠠᠯ᠂ ᠮᠡᠳᠡᠯᠭᠡ ᠶᠢᠨ ᠠᠭᠤᠯᠭ᠎ᠠ ᠶᠢ |
| | ᠪᠦᠲᠦᠮᠵᠢᠲᠡᠢ ᠵᠤᠯᠭᠠᠭᠤᠯᠬᠤ ᠶᠢ ᠪᠣᠳᠣᠯᠬᠢᠯᠠᠬᠤ ᠶᠢᠨ ᠬᠠᠮᠲᠦ᠂ ᠦᠨᠳᠦᠰᠦᠲᠡᠨ ᠤ |
| ᠰᠣᠷᠭᠠᠭᠤᠯᠢ ᠶᠢᠨ ᠪᠠᠭᠰᠢ | ᠰᠣᠷᠣᠭᠴᠢ ᠶᠢᠨ ᠪᠤᠳᠠᠲᠣ ᠪᠠᠶᠢᠳᠠᠯ ᠢ ᠪᠣᠳᠣᠯᠬᠢᠯᠠᠭᠰᠠᠨ ᠣᠷᠢᠳᠠᠯ ᠲᠣᠥᠷ᠎ᠠ᠂ |
| ᠵᠢᠭᠠᠨ ᠰᠣᠷᠭᠠᠬᠤ ᠱᠠᠭᠠᠷᠳᠠᠯᠭ᠎ᠠ᠂ | ᠠᠭᠤᠯᠭ᠎ᠠ ᠬᠠᠷᠠᠯᠲᠠ ᠪᠠ ᠵᠢᠭᠠᠨ ᠰᠣᠷᠭᠠᠬᠤ ᠬᠦᠴᠢᠷᠳᠡᠯ ᠵᠡᠷᠭᠡ ᠳᠠᠯ᠎ᠠ ᠪᠠᠷ |
| ᠬᠠᠷᠢᠴᠠᠩᠭᠤᠢ ᠪᠠᠷ ᠬᠦᠩᠭᠡᠷᠡᠭᠦᠯᠡᠭᠰᠡᠨ | ᠲᠤᠯᠠ᠂ ᠬᠢᠲᠠᠳ ᠢᠶᠠᠷ ᠬᠢᠴᠢᠶᠡᠯᠯᠡᠬᠦ ᠰᠣᠷᠭᠠᠭᠤᠯᠢ ᠲᠠᠢ |
| ᠠᠳᠠᠯᠢ ᠦᠭᠡᠢ᠃ | 13. ᠠᠰᠠᠭᠤᠯᠲᠠ᠄ ᠡᠨᠡ ᠵᠢᠯ ᠤᠨ ᠰᠢᠨ᠎ᠡ ᠢᠷᠡᠭᠰᠡᠨ ᠮᠣᠩᠭᠤᠯ ᠬᠡᠯᠡ ᠪᠢᠴᠢᠭ ᠤᠨ ᠵᠢᠭᠠᠬᠤ |
| ᠮᠠᠲ᠋ᠧᠷᠢᠶᠠᠯ ᠢ | ᠦᠩᠭᠡᠷᠡᠭᠰᠡᠨ ᠵᠢᠯ ᠤᠨ ᠵᠢᠭᠠᠬᠤ ᠮᠠᠲ᠋ᠧᠷᠢᠶᠠᠯ ᠲᠠᠢ ᠬᠠᠷᠢᠴᠠᠭᠤᠯᠪᠠᠯ᠂ ᠵᠤᠬᠢᠬᠤ |
| ᠬᠤᠪᠢᠷᠠᠯᠲᠠ ᠲᠠᠢ ᠪᠣᠯᠵᠣ᠂ | ᠮᠣᠩᠭᠤᠯ ᠤᠨ ᠲᠡᠥᠬᠡ᠂ ᠵᠠᠩ ᠦᠢᠯᠡ᠂ ᠰᠢᠯᠦᠭ ᠳᠠᠭᠤᠯᠠᠯ᠂ |
| ᠣᠯᠠᠮᠵᠢᠯᠠᠯᠲᠤ ᠰᠣᠶᠣᠯ ᠢ ᠳᠣᠰᠬᠠᠭᠰᠠᠨ ᠬᠢᠴᠢᠶᠡᠯ᠂ | ᠵᠢᠭᠠᠬᠤ ᠮᠠᠲ᠋ᠧᠷᠢᠶᠠᠯ᠂ ᠭᠡᠷᠡᠯ ᠵᠢᠷᠤᠭ ᠤᠨ ᠬᠡᠰᠡᠭ |
| ᠠᠭᠤᠯᠭ᠎ᠠ ᠶᠢ ᠬᠠᠰᠣᠭᠰᠠᠨ ᠭᠡᠵᠦ ᠳᠣᠰᠬᠠᠵᠤ ᠪᠤᠢ᠂ ᠡᠨᠡ ᠨᠢ | ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ |
| ᠬᠡᠷᠡᠭᠯᠡᠭᠰᠡᠨ ᠲᠠᠢ ᠬᠤᠯᠪᠤᠭ᠎ᠠ ᠲᠠᠢ ᠦᠦ︖ | ︽ ᠦᠨᠳᠦᠰᠦᠲᠡᠨ ᠤ ᠦᠭᠡ ᠬᠡᠯᠡ ᠪᠠᠷ |
| ᠬᠢᠴᠢᠶᠡᠯᠯᠡᠬᠦ ᠳᠣᠮᠳᠠᠳᠣ ᠪᠠᠭ᠎ᠠ ᠰᠣᠷᠭᠠᠭᠤᠯᠢ ᠶᠢᠨ ᠪᠣᠰᠣᠳ ᠬᠢᠴᠢᠶᠡᠯ | ᠲᠦᠷᠦᠯ ᠤᠨ |
| ᠲᠣᠬᠢᠷᠠᠭᠤᠯᠤᠯᠲᠠ ᠶᠢ ᠬᠤᠪᠢᠷᠠᠭᠤᠯᠬᠤ ᠦᠭᠡᠢ︾ ᠭᠡᠰᠡᠨ ᠲᠠᠶᠢᠯᠤᠮᠵᠢ ᠲᠠᠢ |
| ᠵᠦᠷᠢᠴᠡᠯ ᠲᠠᠢ | ᠦᠦ︖ | ᠬᠠᠷᠢᠭᠤᠯᠲᠠ᠄ ᠣᠯᠣᠰ ᠤᠨ ᠵᠢᠭᠠᠬᠤ ᠮᠠᠲ᠋ᠧᠷᠢᠶᠠᠯ ᠤᠨ |
| ᠵᠦᠪᠯᠠᠯ ᠤᠨ 2019 ᠣᠨ ᠳᠤ ᠳᠠᠷᠣᠮᠠᠯᠯᠠᠨ | ᠲᠠᠷᠬᠠᠭᠠᠭᠰᠠᠨ ︽ᠪᠦᠬᠦ ᠣᠯᠣᠰ ᠤᠨ ᠶᠡᠭᠡ ᠳᠡᠭᠡᠳᠦ |
| ᠰᠣᠷᠭᠠᠭᠤᠯᠢ ᠳᠣᠮᠳᠠᠲᠣ ᠪᠠᠭ᠎ᠠ ᠰᠣᠷᠭᠠᠭᠤᠯᠢ ᠶᠢᠨ ᠵᠢᠭᠠᠬᠤ | ᠮᠠᠲ᠋ᠧᠷᠢᠶᠠᠯ ᠤᠨ ᠪᠠᠶᠢᠭᠤᠯᠣᠯᠲᠠ ᠶᠢᠨ |
| ᠲᠦᠯᠦᠪᠵᠢᠭᠦᠯᠭᠡ ︵2019 — 2022︶︾ ᠪᠣᠯᠣᠨ ︽ᠲᠣᠮᠳᠠᠲᠣ | ᠪᠠᠭ᠎ᠠ |
| ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠣᠯᠲᠠ ᠶᠢᠨ ᠠᠷᠭ᠎ᠠ︾ ᠶᠢ ᠦᠨᠳᠦᠰᠦᠯᠡᠵᠦ᠂ |
| ᠮᠠᠨ ᠤ | ᠣᠷᠣᠨ ᠡᠨᠡ ᠵᠢᠯ ᠤᠨ 4 ᠰᠠᠷ᠎ᠠ ᠳᠤ ᠲᠣᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ ᠮᠣᠩᠭᠤᠯ ᠬᠡᠯᠡ ᠪᠢᠴᠢᠭ ᠲᠤ |
| | ᠵᠠᠰᠠᠪᠣᠷᠢ ᠣᠷᠣᠭᠤᠯᠵᠣ᠂ ᠱᠠᠭᠠᠷᠳᠠᠯᠭ᠎ᠠ ᠶᠣᠰᠣᠭᠠᠷ ᠣᠯᠣᠰ ᠢᠶᠠᠨ ᠬᠠᠶᠢᠷᠠᠯᠠᠬᠤ ᠦᠵᠡᠯ᠂ |
| ᠨᠡᠶᠢᠭᠡᠮ ᠵᠢᠷᠦᠮ ᠤᠨ | ᠭᠤᠥᠯᠯᠠᠭᠴᠢ ᠦᠷᠳᠡᠭ ᠤᠨ ᠦᠵᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ |
| ᠬᠦᠮᠦᠵᠢᠯ᠂ | ᠬᠤᠪᠢᠰᠬᠠᠯ ᠤᠨ ᠣᠯᠠᠮᠵᠢᠯᠠᠯ ᠤᠨ ᠬᠦᠮᠦᠵᠢᠯ ᠵᠡᠷᠭᠡ ᠠᠭᠤᠯᠭ᠎ᠠ ᠪᠠ ᠵᠤᠬᠢᠶᠠᠯ ᠤᠨ ᠬᠠᠷᠢᠴᠠᠯ ᠢ ᠨᠡᠮᠡᠭᠳᠡᠭᠦᠯᠵᠦ᠂ | ᠬᠡᠰᠡᠭ |
| ᠵᠤᠬᠢᠶᠠᠯ ᠢ ᠬᠠᠰᠣᠭᠰᠠᠨ ᠪᠠᠶᠢᠨ᠎ᠠ᠃ ᠡᠨᠡᠬᠦ ᠠᠵᠢᠯ ᠪᠣᠯ ᠬᠡᠪ ᠤᠨ ᠲᠣᠬᠠᠶᠢᠯᠠᠭᠰᠠᠨ ᠠᠵᠢᠯ ᠳᠤ | ᠲᠣᠭᠠᠴᠠᠭᠳᠠᠬᠤ ᠪᠦᠭᠡᠳ ᠵᠤᠷᠰᠢᠯ |
| ᠶᠣᠰᠣᠭᠠᠷ ᠰᠣᠷᠣᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ | ᠵᠠᠰᠠᠪᠣᠷᠢ ᠣᠷᠣᠭᠤᠯᠵᠣ᠂ ᠴᠠᠭ |
| ᠦᠶ᠎ᠡ ᠲᠠᠢ ᠵᠡᠷᠭᠡᠪᠡᠷ ᠣᠷᠣᠭᠰᠢᠯᠠᠨ ᠨᠠᠷᠢᠨ ᠵᠦᠢᠯᠡᠰ ᠤᠨ ᠲᠠᠯ᠎ᠠ ᠪᠠᠷ | ᠰᠢᠯᠢᠳᠡᠭᠵᠢᠭᠦᠯᠦᠭᠰᠡᠨ ᠶᠠᠪᠣᠳᠠᠯ ᠪᠣᠯᠣᠨ᠎ᠠ᠃ |
| ᠡᠨᠡ ᠵᠢᠯ ᠤᠨ ᠵᠢᠭᠠᠬᠤ ᠮᠠᠲ᠋ᠧᠷᠢᠶᠠᠯ ᠳᠤ ᠵᠠᠰᠠᠪᠣᠷᠢ ᠣᠷᠣᠭᠤᠯᠣᠭᠰᠠᠨ ᠨᠢ | ᠨᠢᠭᠡᠳᠣᠯᠲᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ |
| ᠬᠡᠷᠡᠭᠯᠡᠬᠦ ᠪᠤᠯᠤᠨ ︽ᠲᠠᠪᠤ ᠶᠢ ᠬᠤᠪᠢᠷᠠᠭᠤᠯᠬᠤ ᠦᠭᠡᠢ︾ | ᠪᠠᠶᠢᠬᠤ ᠲᠠᠢ ᠬᠤᠯᠪᠣᠭ᠎ᠠ ᠦᠭᠡᠢ᠃ | 14. |
| ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ |
| | ᠬᠡᠷᠡᠭᠯᠡᠭᠰᠡᠨ ᠤ ᠳᠠᠷᠠᠭ᠎ᠠ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ |
| ᠪᠣᠯᠣᠨ ᠠᠩᠬ᠎ᠠ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠨᠢᠭᠡᠲᠦᠭᠡᠷ ᠣᠨ ᠤ ᠵᠢᠭᠠᠬᠤ ᠮᠠᠲ᠋ᠧᠷᠢᠶᠠᠯ ᠤᠨ |
| ᠬᠡᠷᠡᠭᠯᠡᠯᠲᠡ ᠶᠢᠨ ᠲᠠᠯ᠎ᠠ ᠪᠠᠷ ᠶᠠᠮᠠᠷ ᠬᠤᠪᠢᠷᠠᠯᠲᠠ | ᠪᠠᠶᠢᠬᠤ ᠪᠤᠢ︖ | |
| ᠬᠠᠷᠢᠭᠤᠯᠲᠠ᠄ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ |
| | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ |
| ᠪᠣᠯᠣᠨ ᠠᠩᠬ᠎ᠠ ᠵᠡᠷᠭᠡ ᠶᠢᠨ | ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠨᠢᠭᠡᠲᠦᠯᠲᠡᠢ ᠨᠠᠶᠢᠷᠠᠭᠤᠯᠤᠭᠰᠠᠨ |
| ︽ᠬᠡᠯᠡ ᠪᠢᠴᠢᠭ︾ ᠤᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ ᠭᠠᠳᠠᠨ᠎ᠠ᠂ ᠪᠤᠰᠤᠳ ᠬᠢᠴᠢᠶᠡᠯ ᠲᠦᠷᠦᠯ ᠤᠨ ᠲᠤᠬᠢᠷᠠᠭᠤᠯᠤᠯᠲᠠ᠂ |
| ᠬᠡᠷᠡᠭᠯᠡᠬᠦ | ᠵᠢᠭᠠᠬᠤ ᠮᠠᠲ᠋ᠧᠷᠢᠶᠠᠯ ᠪᠤᠯᠤᠨ ᠦᠭᠡ ᠬᠡᠯᠡ ᠦᠰᠦᠭ ᠪᠢᠴᠢᠭ ᠨᠢ ᠴᠦᠮ ᠬᠤᠪᠢᠷᠠᠬᠤ ᠦᠭᠡᠢ᠃ | 15. |
| ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠲᠠᠤᠬᠡ︾ | ᠪᠠ |
| ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠳᠤ ᠴᠦᠬᠡᠨ ᠲᠤᠭᠠᠲᠤ ᠦᠨᠳᠦᠰᠦᠲᠡᠨ ᠤ ᠦᠰᠦᠭ | ᠪᠢᠴᠢᠭ ᠤᠨ |
| ᠬᠡᠪᠯᠡᠯ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ ᠪᠤᠯᠤᠨ᠎ᠠ ︵ᠳᠠᠷᠤᠢ ᠮᠤᠩᠭᠤᠯ ᠬᠡᠯᠡᠨ ᠤ |
| | ᠬᠡᠪᠯᠡᠯ︶ ᠤᠤ︖ | ᠬᠠᠷᠢᠭᠤᠯᠲᠠ᠄ ᠪᠤᠯᠬᠤ ᠦᠭᠡᠢ᠃ ᠭᠤᠷᠪᠠᠨ ᠬᠢᠴᠢᠶᠡᠯ ᠲᠦᠷᠦᠯ ᠤᠨ |
| ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠴᠦᠮ ᠤᠯᠤᠰ ᠤᠨ ᠨᠡᠶᠢᠳᠡᠮ ᠬᠡᠷᠡᠭᠯᠡᠬᠦ |
| ᠦᠭᠡ ᠬᠡᠯᠡ ᠦᠰᠦᠭ ᠪᠢᠴᠢᠭ ᠢᠶᠠᠷ ᠬᠡᠪᠯᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠨ᠎ᠡ᠃ |
| ᠮᠠᠨ ᠤ ᠤᠷᠤᠨ ᠪᠣᠯ | ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠪᠤᠯᠬᠤᠷ᠂ ᠤᠯᠤᠰ ᠤᠨ ᠨᠢᠭᠡᠲᠦᠯᠲᠡᠢ |
| ᠪᠠᠶᠢᠷᠢᠯᠠᠭᠤᠯᠤᠯᠲᠠ ᠶᠢ ᠲᠡᠷᠡ | ᠬᠡᠪ ᠢᠶᠠᠷ ᠨᠢ ᠨᠡᠶᠢᠳᠠᠪᠤᠷᠢᠵᠢᠭᠤᠯᠬᠤ ᠪᠦᠭᠡᠳ |
| ᠬᠤᠪᠢᠷᠠᠭᠤᠯᠬᠤ ᠦᠭᠡᠢ᠃ | 16. ᠠᠰᠠᠭᠤᠯᠲᠠ᠄ ᠣᠯᠣᠰ ᠤᠨ ᠨᠢᠭᠡᠳᠦᠯᠲᠡᠢ |
| ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠳᠠᠷᠠᠭ᠎ᠠ᠂ ᠰᠣᠷᠭᠠᠨ ᠬᠦᠮᠦᠵᠢᠯ ᠢ |
| ᠱᠠᠯᠠᠪᠳᠠᠭᠤᠯᠣᠨ ᠵᠢᠯᠤᠭᠤᠳᠴᠣ ᠦᠨᠡᠯᠡᠨ ᠵᠢᠱᠢᠬᠦ ᠶᠠᠪᠣᠴᠠ ᠳᠤ ᠪᠠᠭᠰᠢ ᠨᠠᠷ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ |
| ᠬᠡᠷᠡᠭᠯᠡᠭᠰᠡᠨ ᠠᠴᠠ ᠪᠣᠯᠵᠣ ᠵᠢᠭᠠᠨ ᠰᠣᠷᠭᠠᠬᠤ ᠶᠠᠰᠣ | ᠴᠢᠨᠠᠷ ᠲᠤ ᠨᠢ ᠬᠡᠯᠪᠡᠯᠵᠡᠯ ᠭᠠᠷᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖ |
| | ᠬᠠᠷᠢᠭᠤᠯᠲᠠ᠄ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠵᠢᠭᠠᠨ ᠰᠣᠷᠭᠠᠵᠤ᠂ | |
| ᠲᠣᠰ ᠬᠢᠴᠢᠶᠡᠯ ᠲᠦᠷᠦᠯ ᠪᠣᠶᠣ ᠲᠣᠰ ᠣᠨ ᠤ ᠠᠶᠢᠮᠠᠭ ᠪᠣᠶᠣ ᠬᠤᠰᠢᠭᠤᠨ ︵ᠬᠤᠲᠠ᠂ ᠰᠢᠶᠠᠨ︶ ᠤ ᠱᠠᠲᠤᠨ ᠤ |
| | ᠨᠢᠭᠡᠳᠦᠯᠲᠡᠢ ᠰᠢᠯᠭᠠᠯᠲᠠ ᠳᠤ᠂ ᠳᠣᠮᠳᠠᠴᠢ ᠬᠤᠪᠢ ᠨᠢ ᠬᠢᠷᠢ ᠲᠡᠩᠴᠡᠭᠰᠡᠨ |
| ︵ᠰᠢᠯᠭᠠᠯᠲᠠ ᠶᠢᠨ ᠬᠠᠭᠤᠳᠠᠰᠣᠨ | ᠬᠤᠪᠢ ᠶᠢᠨ 60%︶ ᠪᠣᠯ᠂ ᠳᠠᠷᠣᠢ ᠪᠠᠷᠢᠮᠵᠢᠶ᠎ᠠ ᠳᠤ |
| ᠬᠦᠷᠦᠭᠰᠡᠨ ᠢᠶᠠᠷ ᠲᠣᠭᠲᠠᠭᠠᠨ᠎ᠠ᠃ ᠳᠣᠮᠳᠠᠴᠢ ᠬᠤᠪᠢ ᠨᠢ | ᠪᠠᠷᠢᠮᠵᠢᠶ᠎ᠠ ᠳᠤ ᠬᠦᠷᠦᠭᠰᠡᠨ ᠦᠭᠡᠢ ᠪᠣᠯ᠂ |
| ᠲᠣᠰ ᠳᠣᠮᠳᠠᠴᠢ ᠬᠤᠪᠢ ᠶᠢ ᠪᠠᠷᠢᠮᠵᠢᠶ᠎ᠠ ᠬᠤᠪᠢ ᠪᠣᠯᠭᠠᠨ᠎ᠠ᠃ | ᠬᠤᠰᠢᠭᠤᠨ ︵ᠬᠤᠲᠠ᠂ ᠰᠢᠶᠠᠨ︶ ᠤ ᠱᠠᠳᠣᠨ ᠤ |
| ᠦᠨᠳᠦᠰᠦᠲᠡᠨ ᠤ ᠰᠣᠷᠭᠠᠭᠤᠯᠢ ᠳᠤ ᠬᠤᠭᠤᠴᠠᠭᠠᠨ ᠡᠴᠦᠰ ᠤᠨ | ᠨᠢᠭᠡᠳᠦᠯᠲᠡᠢ ᠰᠢᠯᠭᠠᠯᠲᠠ ᠬᠢᠬᠦ ᠦᠭᠡᠢ᠂ |
| ᠰᠣᠷᠣᠭᠴᠢ ᠶᠢᠨ ᠳᠣᠮᠳᠠᠴᠢ ᠬᠢᠷᠢ ᠪᠦᠲᠦᠮᠵᠢ ᠨᠢ ᠬᠢᠷᠢ ᠲᠡᠩᠴᠡᠭᠰᠡᠨ | ︵ ᠰᠢᠯᠭᠠᠯᠲᠠ ᠶᠢᠨ |
| ᠬᠠᠭᠤᠳᠠᠰᠣ ᠶᠢᠨ 60 %︶ ᠦᠭᠡᠢ ᠪᠣᠯ᠂ ᠲᠣᠰ ᠰᠣᠷᠭᠠᠭᠤᠯᠢ ᠶᠢᠨ ᠲᠣᠰ ᠬᠢᠴᠢᠶᠡᠯ |
| | ᠲᠦᠷᠦᠯ ᠤᠨ ᠲᠤᠰ ᠣᠨ ᠤ ᠲᠡᠭᠰᠢᠳᠭᠡᠭᠰᠡᠨ ᠬᠤᠪᠢ ᠶᠢ ᠪᠠᠷᠢᠮᠵᠢᠶ᠎ᠠ ᠬᠤᠪᠢ ᠪᠣᠯᠭᠠᠨ᠎ᠠ᠃ |
| ᠰᠣᠷᠭᠠᠭᠤᠯᠢ ᠳᠤ | ᠵᠦᠪᠬᠡᠨ 1 ᠯᠠ ᠠᠩᠭᠢ ᠲᠠᠢ ᠪᠣᠯ ᠰᠣᠷᠭᠠᠭᠤᠯᠢ ᠶᠢᠨ ᠣᠳᠣᠷᠢᠳᠣᠯᠭ᠎ᠠ ᠪᠠ |
| ᠪᠠᠭᠰᠢ ᠶᠢᠨ ᠲᠦᠯᠦᠭᠡᠯᠡᠭᠴᠢ ᠪᠠᠷ | ᠪᠦᠷᠢᠯᠳᠦᠭᠰᠡᠨ ᠦᠨᠡᠯᠡᠬᠦ ᠳᠣᠭᠤᠶᠢᠯᠠᠩ ᠨᠢ ᠰᠢᠯᠭᠠᠯᠲᠠ ᠶᠢᠨ ᠰᠡᠳᠦᠪ ᠤᠨ |
| ᠬᠦᠴᠢᠷ ᠤᠨ ᠬᠡᠮᠵᠢᠶ᠎ᠡ ᠵᠡᠷᠭᠡ ᠶᠢ | ᠦᠨᠳᠦᠰᠦᠯᠡᠵᠦ ᠶᠡᠷᠦᠩᠬᠡᠶᠢᠯᠡᠨ ᠦᠨᠡᠯᠡᠵᠦ ᠲᠣᠭᠲᠠᠭᠠᠨ᠎ᠠ᠃ | |
| 17. ᠠᠰᠠᠭᠤᠯᠲᠠ᠄ ᠰᠣᠷᠭᠠᠨ ᠬᠦᠮᠦᠵᠢᠯ ᠤᠨ ᠲᠢᠩᠬᠢᠮ ᠠᠴᠠ ᠪᠠᠭᠤᠯᠭᠠᠭᠰᠠᠨ ᠪᠠᠭ᠎ᠠ ᠰᠣᠷᠭᠠᠭᠤᠯᠢ ᠶᠢᠨ | ᠨᠢᠭᠡᠳᠦᠭᠡᠷ ᠣᠨ ᠤ |
| ᠰᠢᠨ᠎ᠡ ᠰᠣᠷᠣᠭᠴᠢ ᠶᠢᠨ ᠬᠢᠴᠢᠶᠡᠯ ᠤᠨ ᠳᠣᠬᠢᠷᠠᠭᠤᠯᠣᠯᠳᠠ ᠶᠣᠰᠣᠭᠠᠷ᠂ ᠣᠥᠯ ᠤᠨ ᠪᠠᠭ᠎ᠠ | ᠰᠣᠷᠭᠠᠭᠤᠯᠢ ᠶᠢᠨ ᠨᠢᠭᠡᠳᠦᠭᠡᠷ |
| ᠣᠨ ᠤ ᠬᠢᠴᠢᠶᠡᠯ ᠤᠨ ᠳᠣᠬᠢᠷᠠᠭᠤᠯᠣᠯᠳᠠ ᠳᠤ᠂ ᠣᠷᠣᠨ ᠨᠣᠲᠤᠭ ᠤᠨ ᠬᠢᠴᠢᠶᠡᠯ | ᠲᠦᠷᠦᠯ ᠪᠣᠯᠬᠤ ︽ᠰᠢᠨᠵᠢᠯᠡᠬᠦ ᠣᠬᠠᠭᠠᠨ︾ ᠤ |
| ᠬᠢᠴᠢᠶᠡᠯ ᠢ ᠬᠠᠰᠣᠭᠰᠠᠨ ᠨᠢ᠂ ︽ᠪᠣᠰᠣᠳ ᠬᠢᠴᠢᠶᠡᠯ ᠲᠦᠷᠦᠯ ᠪᠠ | ᠪᠣᠰᠣᠳ ᠣᠨ ᠤ ᠬᠢᠴᠢᠶᠡᠯ ᠤᠨ |
| ᠲᠣᠬᠢᠷᠠᠭᠤᠯᠣᠯᠲᠠ ᠶᠢ ᠬᠤᠪᠢᠷᠠᠭᠤᠯᠬᠤ ᠦᠭᠡᠢ︾ ᠭᠡᠰᠡᠨ ᠲᠠᠶᠢᠯᠣᠮᠵᠢ ᠲᠠᠢ |
| | | ᠬᠠᠷᠢᠭᠤᠯᠲᠠ᠄ 2020 ᠣᠨ ᠤ 8 ᠰᠠᠷ᠎ᠠ ᠶᠢᠨ 16 ᠤ ᠡᠳᠦᠷ᠂ ᠦᠪᠡᠷᠲᠡᠭᠡᠨ ᠵᠠᠰᠠᠬᠤ ᠣᠷᠣᠨ ᠤ | ᠰᠣᠷᠭᠠᠨ |
| ᠬᠦᠮᠦᠵᠢᠯ ᠤᠨ ᠲᠢᠩᠬᠢᠮ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ |
| | ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠰᠣᠷᠭᠠᠭᠤᠯᠢ ᠶᠢᠨ ᠠᠯᠪᠠᠨ ᠵᠢᠷᠦᠮ ᠤᠨ ᠰᠣᠷᠭᠠᠨ |
| ᠬᠦᠮᠦᠵᠢᠯ ᠤᠨ | ᠬᠢᠴᠢᠶᠡᠯ ᠤᠨ ᠲᠦᠯᠦᠪᠯᠡᠭᠡ︾ ᠶᠢ ᠳᠠᠷᠣᠮᠠᠯᠯᠠᠨ ᠲᠠᠷᠬᠠᠭᠠᠪᠠ᠂ ᠡᠭᠦᠨ ᠳᠤ ︽ᠦᠪᠦᠷ |
| ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ |
| ᠬᠢᠴᠢᠶᠡᠯᠯᠡᠬᠦ ᠰᠣᠷᠭᠠᠭᠤᠯᠢ ᠶᠢᠨ ᠠᠯᠪᠠᠨ | ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ |
| ᠳᠣᠬᠢᠷᠠᠭᠤᠯᠣᠯᠳᠠ ᠶᠢᠨ ᠬᠦᠰᠦᠨᠦᠭᠲᠦ︾ ᠳᠤ᠂ ᠪᠠᠭ᠎ᠠ | ᠰᠣᠷᠭᠠᠭᠤᠯᠢ ᠶᠢᠨ |
| ︽ᠰᠢᠨᠵᠢᠯᠡᠬᠦ ᠣᠬᠠᠭᠠᠨ︾ ᠤ ᠬᠢᠴᠢᠶᠡᠯ ᠢ ᠭᠤᠷᠪᠠᠳᠣᠭᠠᠷ ᠣᠨ ᠠᠴᠠ ᠡᠬᠢᠯᠡᠨ ᠨᠡᠭᠡᠭᠡᠵᠦ᠂ ᠭᠠᠷᠠᠭ | |
| ᠪᠦᠷᠢ 2 ᠬᠢᠴᠢᠶᠡᠯ ᠤᠨ ᠴᠠᠭ ᠲᠣᠬᠢᠷᠠᠭᠤᠯᠣᠨ᠎ᠠ ᠭᠡᠵᠦ ᠳᠣᠳᠣᠷᠬᠠᠢᠢᠯᠠᠪᠠ᠃ ᠡᠨᠡ ᠨᠢ 2009 ᠣᠨ ᠤ 9 | ᠰᠠᠷ᠎ᠠ ᠶᠢᠨ |
| 3 ᠤ ᠡᠳᠦᠷ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠤᠨ ᠳᠠᠷᠣᠮᠠᠯᠯᠠᠨ | ᠲᠠᠷᠬᠠᠭᠠᠭᠰᠠᠨ ︽ᠦᠪᠦᠷ |
| ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠬᠢᠴᠢᠶᠡᠯ ᠤᠨ ᠲᠦᠯᠦᠪᠯᠡᠭᠡ︾ |
| ᠳᠣᠳᠣᠷᠠᠬᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠶᠢᠰᠦᠨ ᠵᠢᠯ ᠤᠨ ᠠᠯᠪᠠᠨ |
| ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠬᠢᠴᠢᠶᠡᠯ ᠤᠨ | ᠳᠣᠬᠢᠷᠠᠭᠤᠯᠣᠯᠳᠠ ᠶᠢᠨ ᠬᠦᠰᠦᠨᠦᠭᠲᠦ︾ |
| ᠲᠤᠳᠤᠷᠠᠬᠢ ᠪᠠᠭ᠎ᠠ ᠰᠣᠷᠭᠠᠭᠤᠯᠢ ᠶᠢᠨ ᠭᠤᠷᠪᠠᠳᠣᠭᠠᠷ ᠣᠨ ᠤ | ︽ᠰᠢᠨᠵᠢᠯᠡᠬᠦ ᠣᠬᠠᠭᠠᠨ︾ ᠤ ᠬᠢᠴᠢᠶᠡᠯ ᠤᠨ ᠲᠣᠬᠢᠷᠠᠭᠤᠯᠣᠯᠲᠠ |
| ᠪᠠ ᠬᠢᠴᠢᠶᠡᠯ ᠤᠨ ᠴᠠᠭ ᠤᠨ ᠲᠤᠭ᠎ᠠ ᠲᠠᠢ | ᠨᠢᠭᠡᠳᠦᠯᠲᠡᠢ ᠶᠤᠮ᠃ | 2017 ᠣᠨ ᠳᠤ᠂ ᠦᠪᠡᠷᠲᠡᠭᠡᠨ ᠵᠠᠰᠠᠬᠤ |
| ᠣᠷᠣᠨ ᠤ ᠰᠣᠷᠭᠠᠨ ᠬᠦᠮᠦᠵᠢᠯ ᠤᠨ ᠲᠢᠩᠬᠢᠮ ︽ᠰᠣᠷᠭᠠᠨ | ᠬᠦᠮᠦᠵᠢᠯ ᠤᠨ ᠶᠠᠮᠤᠨ ᠤ ︿ᠠᠯᠪᠠᠨ ᠵᠢᠷᠦᠮ ᠤᠨ |
| ᠰᠣᠷᠭᠠᠨ ᠬᠦᠮᠦᠵᠢᠯ ᠤᠨ ᠪᠠᠭ᠎ᠠ ᠰᠣᠷᠭᠠᠭᠤᠯᠢ ᠶᠢᠨ ᠰᠢᠨᠵᠢᠯᠡᠬᠦ | ᠣᠬᠠᠭᠠᠨ ᠤ ᠬᠢᠴᠢᠶᠡᠯ ᠤᠨ ᠪᠠᠷᠢᠮᠵᠢᠶ᠎ᠠ﹀ ᠶᠢ |
| ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ︵ᠦᠪᠦᠷ ᠰᠣᠷᠭᠠᠨ | ᠰᠠᠭᠤᠷᠢ ᠪᠢᠴᠢᠭ |
| ﹇2017﹈ 27 ᠳ᠋ᠣᠭᠠᠷ ᠲᠣᠭᠠᠲᠣ︶ ᠢ ᠳᠠᠮᠵᠢᠭᠤᠯᠣᠨ ᠲᠠᠷᠬᠠᠭᠠᠭᠰᠠᠨ ᠤ ᠰᠠᠭᠤᠷᠢᠨ ᠳᠡᠭᠡᠷ᠎ᠡ᠂ | ᠪᠠᠰᠠ ︽ᠦᠪᠦᠷ |
| ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠠᠷ ᠬᠢᠴᠢᠶᠡᠯᠯᠡᠬᠦ ︵ᠮᠣᠩᠭᠤᠯ | ᠬᠡᠯᠡ |
| ᠪᠢᠴᠢᠭ ᠨᠡᠮᠡᠵᠦ ᠵᠢᠭᠠᠬᠤ︶ ᠳᠣᠮᠳᠠᠳᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠳᠤ ᠬᠡᠷᠡᠭᠯᠡᠬᠦ ᠨᠣᠮ ᠤᠨ |
| | ᠭᠠᠷᠴᠠᠭ︾ ᠢ ᠲᠣᠭᠲᠠᠭᠠᠵᠣ᠂ ᠪᠠᠭ᠎ᠠ ᠰᠣᠷᠭᠠᠭᠤᠯᠢ ᠶᠢᠨ ᠨᠢᠭᠡᠳᠦᠭᠡᠷ᠂ ᠬᠤᠶᠠᠳᠣᠭᠠᠷ ᠣᠨ ᠳᠤ |
| ︽ᠰᠢᠨᠵᠢᠯᠡᠬᠦ | ᠣᠬᠠᠭᠠᠨ︾ ᠤ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠵᠠᠬᠢᠶᠠᠯᠠᠵᠤ᠂ ᠰᠣᠷᠭᠠᠭᠤᠯᠢ ᠦᠪᠡᠷᠲᠡᠭᠡᠨ |
| ᠬᠢᠴᠢᠶᠡᠯ | ᠲᠣᠬᠢᠷᠠᠭᠤᠯᠬᠤ ᠪᠣᠯᠣᠨ᠎ᠠ᠂ ᠭᠡᠪᠠᠴᠣ ᠬᠢᠴᠢᠶᠡᠯ ᠤᠨ ᠲᠦᠯᠦᠪᠯᠡᠭᠡ ᠳᠤ ᠣᠷᠣᠭᠤᠯᠬᠤ ᠬᠠᠳᠠᠭᠤ |
| ᠱᠠᠭᠠᠷᠳᠠᠯᠭ᠎ᠠ ᠦᠭᠡᠢ᠃ | ᠣᠳᠣᠬᠠᠨ ᠳᠤ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ |
| ᠲᠢᠩᠬᠢᠮ ᠨᠢᠭᠡᠨᠲᠡ ᠡᠯ᠎ᠡ ᠭᠠᠵᠠᠷ ᠤᠨ | ᠡᠯ᠎ᠡ ᠰᠣᠷᠭᠠᠭᠤᠯᠢ ᠶᠢᠨ ᠵᠠᠬᠢᠶᠠᠯᠠᠭᠰᠠᠨ ᠲᠦᠯᠦᠪᠯᠡᠭᠡ ᠶᠣᠰᠣᠭᠠᠷ᠂ |
| ᠬᠢᠴᠢᠶᠡᠯᠯᠡᠬᠦ ᠠᠴᠠ ᠡᠮᠦᠨ᠎ᠡ ᠬᠢᠴᠢᠶᠡᠯ ᠤᠨ | ᠪᠢᠴᠢᠭ ᠢ ᠬᠦᠷᠭᠡᠵᠦ ᠦᠭᠬᠦᠭᠰᠡᠨ ᠪᠦᠭᠡᠳ |
| ︽ᠰᠢᠨᠵᠢᠯᠡᠬᠦ ᠣᠬᠠᠭᠠᠨ︾ ᠤ ᠵᠢᠭᠠᠬᠤ ᠮᠠᠲ᠋ᠧᠷᠢᠶᠠᠯ ᠳᠤ ᠬᠤᠪᠢᠷᠠᠯᠲᠠ | ᠦᠭᠡᠢ᠃ | 18. |
| ᠠᠰᠠᠭᠤᠯᠲᠠ᠄ ᠰᠣᠷᠭᠠᠭᠤᠯᠢ ᠳᠤ ᠬᠤᠥᠰ ᠬᠡᠯᠡ ᠪᠠᠷ ᠬᠢᠴᠢᠶᠡᠯᠯᠡᠬᠦ ᠪᠠᠭᠰᠢ ᠳᠣᠲᠠᠭᠳᠠᠵᠤ ᠪᠠᠶᠢᠪᠠᠯ᠂ | ᠣᠷᠣᠨ ᠲᠣᠭᠠᠨ ᠤ |
| ᠠᠰᠠᠭᠤᠳᠠᠯ ᠢ ᠨᠢ ᠬᠡᠷᠬᠢᠨ ᠲᠦᠷᠭᠡᠬᠡᠨ ᠰᠢᠢᠳᠪᠦᠷᠢᠯᠡᠬᠦ ᠪᠣᠢ︖ | ᠬᠠᠷᠢᠭᠤᠯᠲᠠ᠄ |
| ᠰᠣᠷᠭᠠᠭᠤᠯᠢ ᠳᠤ ᠬᠤᠥᠰ ᠬᠡᠯᠡ ᠪᠠᠷ ᠬᠢᠴᠢᠶᠡᠯᠯᠡᠬᠦ ᠪᠠᠭᠰᠢ ᠳᠣᠲᠠᠭᠳᠠᠵᠣ ᠪᠠᠶᠢᠭ᠎ᠠ | ᠠᠰᠠᠭᠤᠳᠠᠯ ᠢ᠂ |
| ᠡᠯ᠎ᠡ ᠠᠶᠢᠮᠠᠭ ᠬᠤᠳᠠ ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠢ ᠲᠦᠯᠦᠪᠵᠢᠭᠦᠯᠵᠦ᠂ | ᠰᠢᠯᠭᠠᠵᠤ ᠡᠯᠰᠡᠬᠦ ᠬᠡᠯᠪᠡᠷᠢ ᠪᠠᠷ᠂ |
| ᠬᠤᠥᠰ ᠬᠡᠯᠡ ᠪᠠᠷ ᠬᠢᠴᠢᠶᠡᠯᠯᠡᠬᠦ ᠪᠠᠭᠰᠢ ᠶᠢᠨ ᠣᠷᠣᠨ ᠲᠤᠭ᠎ᠠ ᠳᠣᠳᠠᠭᠳᠠᠵᠣ | ᠪᠠᠶᠢᠭ᠎ᠠ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠪᠣᠯᠣᠨ᠎ᠡ᠃ |
| | 19. ᠠᠰᠠᠭᠤᠯᠲᠠ᠄ ᠣᠳᠣᠬᠠᠨ ᠳᠤ᠂ ᠮᠠᠨ ᠤ ᠤᠷᠤᠨ ᠤ ᠬᠤᠥᠰ ᠬᠡᠯᠡᠨ ᠤ ᠬᠡᠯᠡ ᠪᠢᠴᠢᠭ ᠤᠨ ᠪᠠᠭᠰᠢ ᠶᠢᠨ |
| | ᠬᠢᠲᠠᠳ ᠬᠡᠯᠡᠨ ᠤ ᠬᠢᠷᠢ ᠬᠡᠮᠵᠢᠶ᠎ᠡ ᠨᠢ ᠨᠡᠶᠢᠳᠡᠮ ᠦᠨᠳᠦᠷ ᠪᠢᠰᠢ᠂ ᠬᠡᠳᠦ᠋ᠢᠪᠡᠷ ᠣᠬᠤᠷ |
| ᠬᠤᠭᠤᠴᠠᠭᠠᠨ ᠤ | ᠪᠣᠯᠪᠠᠰᠣᠷᠠᠯ ᠳᠤ ᠣᠷᠣᠯᠴᠠᠭᠰᠠᠨ ᠴᠤ᠂ ᠮᠦᠨ ᠯᠠ ᠵᠢᠭᠠᠨ ᠰᠣᠷᠭᠠᠬᠤ ᠬᠦᠴᠢᠷᠳᠡᠯ |
| ᠶᠡᠭᠡ ᠭᠡᠮᠡᠨ ᠦᠵᠡᠵᠦ ᠪᠣᠢ᠂ | ᠵᠢᠭᠠᠨ ᠰᠣᠷᠭᠠᠯᠲᠠ ᠶᠢᠨ ᠬᠢᠷᠢ ᠪᠦᠲᠦᠮᠵᠢ ᠨᠢ ᠰᠠᠶᠢᠨ ᠪᠣᠰᠣ ᠪᠣᠯ ᠴᠠᠯᠢᠩ ᠣᠯᠭᠤᠮᠵᠢ ᠶᠢ ᠨᠢ |
| ᠨᠦᠯᠦᠭᠡᠯᠡᠬᠦ | ᠦᠦ︖ | ᠬᠠᠷᠢᠭᠤᠯᠲᠠ᠄ ᠣᠳᠣᠬᠠᠨ ᠳᠤ᠂ ᠦᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠲᠣᠰᠬᠠᠢ |
| ᠮᠡᠷᠭᠡᠵᠢᠯᠲᠡᠨ ᠤ | ᠡᠩᠨᠡᠭᠡ ᠵᠣᠬᠢᠶᠠᠨ ᠪᠠᠶᠢᠭᠤᠯᠵᠣ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ |
| ᠬᠡᠯᠡ ᠪᠢᠴᠢᠭ ᠤᠨ ᠵᠢᠭᠠᠬᠤ | ᠮᠠᠲ᠋ᠧᠷᠢᠶᠠᠯ ᠢ ᠵᠠᠳᠠᠯᠬᠤ ᠠᠵᠢᠯ ᠢ ᠦᠷᠨᠢᠭᠦᠯᠦᠭᠰᠡᠨ ᠪᠦᠭᠡᠳ ᠵᠢᠭᠠᠬᠤ ᠮᠠᠲ᠋ᠧᠷᠢᠶᠠᠯ ᠢ ᠨᠠᠶᠢᠷᠠᠭᠤᠯᠣᠨ |
| ᠪᠢᠴᠢᠬᠦ | ᠰᠢᠰᠲ᠋ᠧᠮ ᠪᠣᠯᠣᠨ ᠪᠦᠲᠦᠴᠡ ᠠᠭᠤᠯᠭ᠎ᠠ ᠶᠢ ᠨᠢ ᠦᠨᠳᠦᠰᠦᠯᠡᠨ ᠬᠡᠰᠡᠭ ᠪᠦᠯᠦᠭ ᠬᠤᠪᠢᠶᠠᠵᠤ ᠵᠢᠭᠠᠨ |
| | ᠰᠣᠷᠭᠠᠯᠲᠠ ᠶᠢᠨ ᠵᠢᠯᠤᠭᠤᠳᠬᠤ ᠰᠠᠨᠠᠯ ᠲᠣᠭᠲᠠᠭᠠᠵᠣ᠂ ᠵᠢᠭᠠᠨ ᠰᠣᠷᠭᠠᠬᠤ |
| ᠬᠠᠷᠠᠯᠲᠠ ᠶᠢ ᠰᠢᠨᠵᠢᠯᠡᠬᠦ ᠣᠬᠠᠭᠠᠨᠴᠢ ᠪᠠᠷ | ᠲᠣᠭᠲᠠᠭᠠᠬᠤ ᠶᠢᠨ ᠬᠠᠮᠲᠣ᠂ ᠪᠠᠭᠰᠢ ᠶᠢᠨ ᠪᠣᠯᠪᠠᠰᠣᠷᠠᠯ ᠢ |
| ᠪᠠᠶᠢᠩᠭᠤᠵᠢᠭᠤᠯᠣᠨ ᠴᠢᠩᠭᠠᠳᠬᠠᠵᠤ᠂ ᠵᠣᠩᠭᠢᠯᠠᠬᠤ | ᠣᠯᠠᠩᠬᠢ ᠪᠠᠭᠰᠢ ᠶᠢᠨ ᠵᠢᠭᠠᠨ ᠰᠣᠷᠭᠠᠬᠤ |
| ᠠᠵᠢᠯ ᠢᠶᠠᠨ ᠡᠭᠦᠷᠭᠡᠯᠡᠵᠦ ᠳᠡᠶᠢᠯᠬᠦ ᠶᠢ ᠦᠨᠡᠨ ᠬᠦ ᠪᠠᠲᠣᠯᠠᠬᠤ ᠪᠠᠷ | ᠪᠠᠶᠢᠨ᠎ᠠ᠃ | |
| ᠪᠣᠯᠪᠠᠰᠣᠷᠠᠭᠤᠯᠣᠭᠰᠠᠨ ᠤ ᠳᠠᠷᠠᠭ᠎ᠠ ᠴᠦ ᠵᠢᠭᠠᠨ ᠰᠣᠷᠭᠠᠬᠤ ᠳᠤ ᠬᠦᠴᠢᠷᠳᠡᠵᠦ᠂ |
| ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠲᠠ ᠶᠢᠨ |
| ᠱᠠᠭᠠᠷᠳᠠᠯᠭ᠎ᠠ ᠶᠢ ᠲᠦᠷ ᠪᠡᠶᠡᠯᠡᠭᠦᠯᠬᠦ ᠳᠡᠶᠢᠯᠬᠦ | ᠦᠭᠡᠢ ᠪᠠᠭᠰᠢ ᠶᠢ ᠦᠪᠡᠷ ᠤᠨ ᠬᠢᠨᠢ ᠬᠦᠰᠡᠯ |
| ᠰᠤᠩᠭᠤᠯᠳᠠ ᠶᠢ ᠬᠦ᠋ᠨᠳᠦᠳᠭᠡᠵᠦ᠂ ᠰᠣᠷᠣᠯᠴᠠᠯᠭ᠎ᠠ ᠪᠣᠯᠪᠠᠰᠣᠷᠠᠯ | ᠲᠣᠬᠢᠷᠠᠭᠤᠯᠣᠨ ᠦᠭᠴᠦ᠂ ᠪᠠᠭᠰᠢ ᠶᠢᠨ ᠠᠵᠢᠯᠲᠠᠨ ᠤ ᠶᠠᠪᠣᠳᠠᠯ ᠤᠨ |
| ᠬᠢᠷᠢ ᠭᠡᠮ᠂ ᠲᠤᠰᠢᠶᠠᠯ ᠮᠡᠷᠭᠡᠵᠢᠯ ᠤᠨ ᠴᠣᠯᠠ᠂ | ᠴᠠᠯᠢᠩ ᠣᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠦᠭᠡᠢ︾ |
| ᠪᠠᠶᠢᠬᠤ ᠶᠢ ᠦᠨᠡᠨ ᠬᠦ ᠪᠠᠲᠣᠯᠠᠵᠣ᠂ | ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭᠰᠢ ᠶᠢᠨ ᠬᠠᠥᠯᠢ |
| ᠶᠣᠰᠣᠨ ᠤ ᠡᠷᠬᠡ | ᠠᠰᠢᠭ ᠢ ᠦᠨᠡᠨ ᠬᠦ ᠪᠠᠲᠣᠯᠠᠨ᠎ᠠ᠃ | 20. ᠠᠰᠠᠭᠤᠯᠲᠠ᠄ ᠰᠣᠨᠣᠰᠣᠯᠳᠠ ᠪᠠᠷ᠂ |
| ᠦᠪᠡᠷᠲᠡᠭᠡᠨ ᠵᠠᠰᠠᠬᠤ ᠣᠷᠤᠨ ᠤ ᠰᠣᠷᠭᠠᠨ ᠬᠦᠮᠦᠵᠢᠯ ᠤᠨ | ᠲᠢᠩᠬᠢᠮ ᠠᠴᠠ ᠮᠣᠩᠭᠤᠯ ᠬᠢᠲᠠᠳ ᠬᠤᠥᠰ ᠬᠡᠯᠡᠨ ᠤ ᠪᠠᠭᠰᠢ ᠶᠢ |
| ᠬᠠᠪᠰᠣᠷᠣᠨ ᠵᠢᠯᠣᠭᠤᠳᠣᠭᠴᠢ ᠪᠤᠯᠭᠠᠬᠤ ᠭᠡᠵᠦ | ᠪᠠᠶᠢᠨ᠎ᠠ ᠭᠡᠨ᠎ᠡ᠂ ᠢᠩᠬᠢᠬᠦ ᠳᠤ ᠬᠦᠷᠪᠡᠯ ᠵᠢᠭᠠᠨ ᠰᠤᠷᠭᠠᠬᠤ |
| ᠠᠭᠤᠯᠭ᠎ᠠ ᠶᠢ ᠨᠡᠮᠡᠭᠳᠡᠭᠦᠯᠬᠦ ᠪᠣᠯᠣᠨ᠎ᠠ᠂ ᠪᠠᠭᠰᠢ ᠨᠠᠷ ᠤᠨ | ᠤᠯᠭᠤᠮᠵᠢ ᠳᠤ ᠶᠠᠮᠠᠷ ᠬᠤᠪᠢᠷᠠᠯᠲᠠ ᠲᠠᠢ ᠪᠣᠢ︖ |
| | ᠬᠠᠷᠢᠭᠤᠯᠲᠠ᠄ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠡᠯ᠎ᠡ ᠠᠶᠢᠮᠠᠭ |
| | ᠬᠤᠲᠠ ᠶᠢᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠢ ᠱᠠᠭᠠᠷᠳᠠᠭᠰᠠᠨ ᠨᠢ᠂ ᠲᠤᠰ |
| ᠭᠠᠵᠠᠷ ᠤᠨ ᠢᠶᠠᠨ ᠪᠤᠳᠠᠳᠤ | ᠪᠠᠶᠢᠳᠠᠯ ᠲᠠᠢ ᠪᠠᠨ ᠤᠶᠠᠯᠳᠣᠭᠤᠯᠵᠤ᠂ ᠬᠤᠤᠰ ᠬᠡᠯᠡᠨ ᠤ ᠪᠠᠭᠰᠢ ᠶᠢ |
| ᠰᠢᠯᠭᠠᠨ ᠦᠨᠡᠯᠡᠵᠦ᠂ ᠭᠡᠷᠡᠴᠢᠯᠡᠵᠦ᠂ | ᠮᠡᠷᠭᠡᠵᠢᠯ ᠤᠨ ᠴᠣᠯᠠ ᠬᠢᠨᠠᠨ ᠲᠤᠭᠳᠠᠭᠠᠬᠤ᠂ ᠠᠮᠵᠢᠯᠳᠠ ᠪᠦᠳᠦᠮᠵᠢ ᠶᠢᠨ |
| ᠴᠠᠯᠢᠩ ᠬᠦᠯᠦᠰᠦ ᠶᠢ ᠲᠤᠭᠲᠠᠭᠠᠬᠤ ᠵᠡᠷᠭᠡ | ᠲᠠᠯ᠎ᠠ ᠪᠠᠷ ᠵᠤᠷᠢᠭᠵᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠵᠣ ᠪᠣᠯᠣᠨ᠎ᠠ᠃ |
| ᠬᠢᠴᠢᠶᠡᠯ ᠤᠨ ᠭᠠᠳᠠᠭᠤᠷ | ᠬᠠᠪᠰᠤᠷᠤᠨ ᠵᠢᠯᠤᠭᠤᠳᠬᠤ ᠠᠴᠠ ᠪᠤᠯᠵᠤ ᠨᠡᠮᠡᠭᠳᠡᠭᠰᠡᠨ ᠵᠢᠭᠠᠨ ᠰᠤᠷᠭᠠᠬᠤ ᠡᠭᠦᠷᠭᠡ ᠳᠤ᠂ ᠢᠯᠡᠭᠦᠦ |
| ᠬᠦᠳᠡᠯᠮᠦᠷᠢᠯᠡᠪᠡᠯ | ᠢᠯᠡᠭᠦᠦ ᠤᠯᠭᠤᠬᠤ ᠵᠠᠷᠴᠢᠮ ᠢ ᠪᠠᠷᠢᠮᠲᠠᠯᠠᠵᠤ᠂ ᠬᠠᠪᠰᠤᠷᠤᠨ |
| ᠵᠢᠯᠤᠭᠤᠳᠤᠭᠰᠠᠨ ᠬᠢᠴᠢᠶᠡᠯ ᠤᠨ ᠴᠠᠭ ᠢ ᠪᠠᠭᠰᠢ ᠶᠢᠨ | ᠵᠢᠭᠠᠨ ᠰᠤᠷᠭᠠᠬᠤ ᠠᠵᠢᠯ ᠤᠨ ᠠᠮᠵᠢᠯᠲᠠ |
| ᠪᠦᠳᠦᠮᠵᠢ ᠶᠢ ᠬᠢᠨᠠᠨ ᠰᠢᠯᠭᠠᠬᠤ ᠬᠡᠮᠵᠢᠶ᠎ᠡ ᠳᠤ ᠪᠤᠳᠤᠵᠤ ᠤᠷᠤᠭᠤᠯᠤᠨ᠎ᠠ᠃ | ᠪᠠᠭᠰᠢ ᠶᠢᠨ ᠰᠢᠪᠬᠠᠭᠰᠠᠨ |
| ᠬᠦᠴᠦ ᠬᠦᠳᠡᠯᠮᠦᠷᠢ ᠪᠠ ᠬᠠᠶᠢᠷ᠎ᠠ ᠰᠡᠳᠬᠢᠯᠭᠡ ᠨᠢ᠂ ᠰᠤᠷᠤᠭᠴᠢᠳ ᠤᠨ ᠨᠢᠭᠡ ᠨᠠᠰᠤᠨ ᠤ | ᠣᠷᠣᠭᠰᠢᠯᠠᠨ ᠲᠠᠪᠰᠢᠬᠤ |
| ᠬᠦᠳᠡᠯᠭᠡᠭᠦ ᠬᠦᠴᠦᠨ ᠪᠤᠯᠳᠠᠭ ᠲᠤᠯᠠ᠂ ᠪᠢᠳᠡ ᠬᠠᠮᠳᠤᠪᠠᠷ ᠭᠠᠷ ᠭᠠᠷ ᠢᠶᠠᠨ ᠬᠤᠯᠪᠣᠯᠴᠠᠨ | ᠤᠯᠤᠰ ᠤᠨ |
| ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ | ᠴᠦᠭᠡᠨ |
| ᠲᠤᠭᠠᠳᠤ ᠦᠨᠳᠦᠰᠦᠳᠡᠨ ᠤ ᠰᠤᠷᠤᠭᠴᠢᠳ ᠲᠤ ︽ᠭᠠᠷᠴᠦ ᠣᠴᠢᠨ︾᠂ ᠤᠳᠤ ᠦᠶ᠎ᠡ ᠶᠢᠨ ᠪᠤᠯᠪᠠᠰᠤᠨ ᠤ | ᠦᠷ᠎ᠡ |
| ᠪᠦᠳᠦᠭᠡᠯ ᠢ ᠬᠠᠮᠳᠤᠪᠠᠷ ᠡᠳ᠋ᠯᠡᠬᠦ ᠳᠤᠬᠢᠶᠠᠯ ᠡᠭᠦᠳᠴᠦ ᠦᠭᠭᠦᠶ᠎ᠡ᠃ | 21. ᠠᠰᠠᠭᠤᠯᠲᠠ᠄ |
| ᠦᠩᠭᠡᠷᠡᠭᠰᠡᠨ ᠤ ᠮᠠᠨ ᠤ ᠤᠷᠤᠨ ᠤ ᠦᠨᠳᠦᠰᠦᠳᠡᠨ ᠤ ᠬᠡᠯᠡ ᠪᠠᠷ ᠬᠢᠴᠢᠶᠡᠯᠯᠡᠵᠤ | ᠪᠠᠶᠢᠭᠰᠠᠨ |
| ︽ᠶᠤᠰᠤ ᠰᠤᠷᠳᠠᠬᠤᠨ ᠬᠢᠭᠡᠳ ᠬᠠᠥᠯᠢ ᠪᠠᠷ ᠵᠠᠰᠠᠬᠤᠢ︾᠂ ︽ᠲᠡᠥᠭᠡ︾ ᠶᠢᠨ ᠵᠢᠭᠠᠬᠤ ᠮᠠᠲ᠋ᠧᠷᠢᠶᠠᠯ ᠨᠢ | ᠤᠯᠤᠰ ᠤᠨ |
| ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠮᠤᠩᠭᠤᠯ ᠬᠡᠯᠡᠨ ᠤ ᠤᠷᠴᠢᠭᠤᠯᠭ᠎ᠠ ᠶᠢᠨ | ᠬᠡᠪᠯᠡᠯ ᠪᠤᠯᠣᠨ᠎ᠠ᠂ |
| ᠲᠠᠷᠠᠭᠠᠴᠢ ᠶᠢᠨ ᠠᠯᠬᠤᠮ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠵᠢᠭᠠᠨ | ᠰᠤᠷᠭᠠᠬᠤ |
| ᠪᠣᠯᠬᠤᠷ᠂ ᠤᠳᠤ ᠪᠠᠶᠢᠭ᠎ᠠ ᠪᠠᠭᠰᠢ ᠶᠢᠨ ᠡᠩᠨᠡᠭᠡ ᠨᠢ ᠵᠢᠭᠠᠨ ᠰᠤᠷᠭᠠᠬᠤ ᠬᠦᠴᠢᠷᠳᠡᠯ ᠶᠡᠭᠡ ᠪᠣᠯᠵᠣ᠂ | ᠵᠢᠭᠠᠨ ᠰᠤᠷᠭᠠᠬᠤ ᠶᠠᠰᠤ |
| ᠴᠢᠨᠠᠷ ᠠᠨᠠᠢ ᠪᠣᠯᠵᠣ᠂ ᠠᠵᠢᠯ ᠤᠨ ᠪᠠᠶᠢᠷᠢ ᠶᠢᠨ ᠬᠡᠷᠡᠭᠴᠡᠭᠡ ᠳᠤ ᠪᠠᠨ ᠦᠯᠦ ᠨᠡᠶᠢᠴᠡᠵᠦ᠂ | ᠵᠢᠭᠠᠨ ᠰᠤᠷᠭᠠᠬᠤ |
| ᠲᠤᠬᠢᠶᠠᠯ ᠢᠶᠠᠨ ᠠᠯᠳᠠᠬᠤ ᠠᠴᠠ ᠰᠠᠨᠠᠭᠠᠰᠢᠷᠠᠵᠤ ᠪᠠᠶᠢᠨ᠎ᠠ᠃ ᠡᠨᠡ ᠠᠰᠠᠭᠤᠳᠠᠯ ᠢ ᠶᠠᠭᠠᠬᠢᠵᠤ |
| | | ᠬᠠᠷᠢᠭᠤᠯᠲᠠ᠄ ᠪᠠᠭᠰᠢ ᠪᠤᠯ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ | ᠵᠠᠩᠬᠢᠯᠠᠭ᠎ᠠ ᠶᠢᠨ |
| ᠪᠠᠲᠤᠯᠠᠭ᠎ᠠ ᠪᠣᠯᠣᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠶᠤᠰᠤ ᠰᠤᠷᠳᠠᠬᠤᠨ | ᠬᠢᠭᠡᠳ |
| ᠬᠠᠥᠯᠢ ᠪᠠᠷ ᠵᠠᠰᠠᠬᠤᠢ︾ ᠪᠠ ︽ᠲᠡᠥᠭᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠳᠣ |
| ᠤᠯᠤᠰ ᠤᠨ | ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠳᠠᠷᠠᠭ᠎ᠠ᠂ ᠨᠢᠭᠡ ᠪᠦᠯᠦᠭ |
| ᠪᠠᠭᠰᠢ | ᠬᠢᠴᠢᠶᠡᠯᠯᠡᠬᠦ ᠬᠡᠯᠡ ᠪᠠᠨ ᠬᠤᠪᠢᠷᠠᠭᠤᠯᠣᠭᠰᠠᠨ ᠠᠴᠠ ᠪᠣᠯᠵᠣ᠂ ᠵᠢᠭᠠᠨ ᠰᠤᠷᠭᠠᠯᠲᠠ ᠶᠢᠨ ᠦᠷ᠎ᠡ ᠪᠦᠳᠦᠮᠵᠢ ᠶᠢ ᠨᠢ |
| | ᠨᠦᠯᠦᠭᠡᠯᠡᠬᠦ ᠨᠢ ᠵᠠᠶᠢᠯᠠᠰᠢ ᠦᠭᠡᠢ᠂ ᠴᠢᠨᠠᠭᠰᠢᠯᠠᠪᠠᠯ ᠵᠠᠷᠢᠮ ᠪᠠᠭᠰᠢ ᠲᠦᠷ |
| ᠴᠠᠭ ᠠᠵᠢᠯ ᠤᠨ ᠪᠠᠶᠢᠷᠢ ᠳᠤ ᠭᠠᠷᠴᠤ | ᠵᠢᠭᠠᠨ ᠰᠣᠷᠭᠠᠬᠤ ᠠᠵᠢᠯ ᠢ ᠬᠢᠵᠦ ᠲᠡᠶᠢᠯᠬᠦ ᠦᠭᠡᠢ ᠦᠵᠡᠭᠳᠡᠯ ᠭᠠᠷᠬᠤ ᠨᠢ ᠵᠠᠶᠢᠯᠠᠰᠢ |
| ᠦᠭᠡᠢ ᠶᠤᠮ᠃ ᠡᠨᠡᠬᠦ | ᠠᠰᠠᠭᠤᠳᠠᠯ ᠢ ᠭᠤᠤᠯᠳᠠᠭᠤ ᠤᠳᠤ ᠪᠠᠶᠢᠭ᠎ᠠ ᠪᠠᠭᠰᠢ ᠨᠠᠷ ᠢ ᠪᠤᠯᠪᠠᠰᠤᠷᠠᠭᠤᠯᠵᠤ᠂ ᠰᠢᠨ᠎ᠡ ᠪᠠᠭᠰᠢ |
| ᠨᠦᠬᠦᠪᠦᠷᠢᠯᠡᠬᠦ ᠪᠠ | ᠬᠤᠤᠰ ᠬᠡᠯᠡᠨ ᠤ ᠪᠠᠭᠰᠢ ᠶᠢ ᠬᠦᠮᠦᠵᠢᠭᠦᠯᠭᠦ ᠶᠢ ᠴᠢᠩᠭᠠᠳᠬᠠᠬᠤ ᠵᠡᠷᠭᠡ |
| ᠠᠷᠭ᠎ᠠ ᠪᠠᠷ ᠰᠢᠢᠳᠪᠦᠷᠢᠯᠡᠨ᠎ᠡ᠃ | ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ |
| ᠲᠢᠩᠬᠢᠮ ᠶᠠᠭ ᠭᠤᠷᠪᠠᠨ ᠬᠢᠴᠢᠶᠡᠯ ᠲᠦᠷᠦᠯ ᠤᠨ | ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢ |
| ᠪᠤᠯᠪᠠᠰᠤᠷᠠᠭᠤᠯᠬᠤ ︽ᠭᠤᠷᠪᠠᠨ ᠵᠢᠯ ᠤᠨ | ᠲᠦᠯᠦᠪᠯᠡᠭᠡ︾ ᠶᠢ ᠲᠤᠭᠲᠠᠭᠠᠵᠤ ᠪᠤᠢ᠃ ᠨᠢᠭᠡ ᠨᠢ |
| ᠡᠨᠡ ᠵᠢᠯ ᠠᠴᠠ ᠡᠬᠢᠯᠡᠨ᠂ ᠤᠳᠤ ᠪᠠᠶᠢᠭ᠎ᠠ ᠪᠠᠭᠰᠢ ᠨᠠᠷ ᠢ | ᠰᠤᠷᠭᠠᠭᠤᠯᠢ ᠳᠤ ᠪᠠᠨ ᠦᠪᠡᠷ ᠢᠶᠠᠨ ᠪᠤᠯᠪᠠᠰᠤᠷᠠᠭᠤᠯᠬᠤ᠂ |
| ᠲᠦᠪᠯᠡᠷᠡᠭᠦᠯᠦᠨ ᠪᠤᠯᠪᠠᠰᠤᠷᠠᠭᠤᠯᠬᠤ᠂ ᠭᠤᠤᠯᠯᠠᠭᠴᠢ | ᠪᠠᠭᠰᠢ ᠶᠢ ᠪᠤᠯᠪᠠᠰᠤᠷᠠᠭᠤᠯᠬᠤ ᠵᠡᠷᠭᠡ ᠠᠷᠭ᠎ᠠ |
| ᠬᠡᠯᠪᠡᠷᠢ ᠪᠠᠷ ᠲᠠᠮᠵᠢᠭᠤᠯᠤᠨ ᠵᠢᠭᠠᠬᠤ ᠮᠠᠲ᠋ᠧᠷᠢᠶᠠᠯ᠂ ᠬᠢᠴᠢᠶᠡᠯ ᠤᠨ | ᠪᠠᠷᠢᠮᠵᠢᠶ᠎ᠠ᠂ ᠵᠢᠭᠠᠨ ᠰᠤᠷᠭᠠᠬᠤ |
| ᠠᠷᠭ᠎ᠠ ᠪᠠ ᠪᠠᠷᠢᠮᠵᠢᠶ᠎ᠠ ᠬᠡᠯᠡ ᠵᠡᠷᠭᠡ ᠪᠠᠷ ᠭᠤᠤᠯ ᠠᠭᠤᠯᠭ᠎ᠠ ᠪᠤᠯᠭᠠᠭᠰᠠᠨ ᠲᠤᠰᠬᠠᠢ | ᠪᠤᠯᠪᠠᠰᠤᠷᠠᠯ ᠬᠦ᠋ᠷᠳᠡᠭᠡᠵᠦ᠂ |
| ᠤᠳᠤ ᠪᠠᠶᠢᠭ᠎ᠠ ᠪᠠᠭᠰᠢ ᠨᠠᠷ ᠤᠨ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠵᠢᠭᠠᠨ ᠰᠤᠷᠭᠠᠬᠤ |
| ᠴᠢᠳᠠᠪᠤᠷᠢ ᠪᠠ ᠬᠢᠷᠢ ᠲᠦᠪᠰᠢᠨ ᠤ ᠲᠡᠭᠡᠭᠰᠢᠯᠡᠯᠲᠡ ᠶᠢ ᠠᠬᠢᠭᠤᠯᠵᠤ᠂ ᠨᠡᠩ ᠤᠯᠠᠨ | ᠪᠠᠭᠰᠢ ᠶᠢ ᠵᠢᠭᠠᠨ |
| ᠰᠤᠷᠭᠠᠬᠤ ᠠᠵᠢᠯ ᠢᠶᠠᠨ ᠡᠭᠦᠷᠭᠡᠯᠡᠵᠤ ᠲᠡᠶᠢᠯᠭᠦ ᠪᠤᠯᠭᠠᠨ᠎ᠠ᠃ ᠬᠤᠶᠠᠷ ᠨᠢ ᠤᠨᠴᠠᠭᠠᠢ ᠠᠵᠢᠯ ᠤᠨ | ᠪᠠᠶᠢᠷᠢ ᠶᠢᠨ |
| ᠪᠠᠭᠰᠢ ᠶᠢᠨ ᠲᠤᠰᠬᠠᠢ ᠲᠦᠯᠦᠪᠯᠡᠭᠡ ᠲᠤᠭᠲᠠᠭᠠᠬᠤ ᠪᠠ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ |
| | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ︽ᠬᠦᠳᠡᠯᠦᠩᠬᠦᠢ |
| ᠤᠷᠤᠨ ᠲᠤᠭ᠎ᠠ︾ ᠨᠡᠮᠡᠵᠤ | ᠲᠤᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠭᠤᠷᠪᠠᠨ ᠬᠢᠴᠢᠶᠡᠯ ᠲᠦᠷᠦᠯ ᠤᠨ |
| ᠬᠤᠤᠰ ᠬᠡᠯᠡᠨ ᠤ | ᠪᠠᠭᠰᠢ ᠶᠢ ᠢᠯᠡ ᠪᠠᠷ ᠤᠷᠢᠨ ᠡᠯᠰᠡᠵᠤ᠂ ᠤᠳᠤ ᠪᠠᠶᠢᠭ᠎ᠠ ᠪᠠᠭᠰᠢ ᠶᠢᠨ ᠶᠡᠷᠦᠩᠭᠡᠢ ᠲᠤᠭ᠎ᠠ ᠬᠦᠷᠦᠯᠴᠡᠬᠦ |
| ᠦᠭᠡᠢ | ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠨᠢ 2021 ᠤᠨ ᠠᠴᠠ ᠡᠬᠢᠯᠡᠨ ᠭᠤᠷᠪᠠᠨ ᠬᠢᠴᠢᠶᠡᠯ |
| | ᠲᠦᠷᠦᠯ ᠤᠨ ᠪᠠᠭᠰᠢ ᠶᠢ ᠦᠪᠡᠷᠳᠡᠭᠡᠨ ᠵᠠᠰᠠᠬᠤ ᠤᠷᠤᠨ ᠤ ︽ᠠᠯᠪᠠᠨ ᠰᠦᠢᠳᠭᠡᠯ ᠤᠨ |
| ᠪᠠᠭᠰᠢ ᠶᠢᠨ | ᠰᠤᠷᠭᠠᠭᠤᠯᠢ ᠶᠢᠨ ᠰᠤᠷᠤᠭᠴᠢ︾ ᠶᠢᠨ ᠲᠤᠰᠬᠠᠢ ᠲᠦᠯᠦᠪᠯᠡᠭᠡ ᠶᠢ ᠬᠡᠷᠡᠭᠵᠢᠭᠦᠯᠵᠦ᠂ ᠭᠤᠷᠪᠠᠨ |
| ᠬᠢᠴᠢᠶᠡᠯ | ᠲᠦᠷᠦᠯ ᠤᠨ ᠬᠤᠤᠰ ᠬᠡᠯᠡᠨ ᠤ ᠪᠠᠭᠰᠢ ᠶᠢ ᠬᠦᠮᠦᠵᠢᠭᠦᠯᠭᠦ ᠡᠷᠴᠢᠮ ᠢᠶᠠᠨ ᠴᠢᠩᠭᠠᠷᠠᠭᠤᠯᠣᠨ᠎ᠠ᠃ |
| ᠲᠦᠷᠪᠡ ᠨᠢ | ᠪᠤᠯᠪᠠᠰᠤᠷᠠᠯ ᠬᠦᠷᠳᠡᠭᠰᠡᠨ ᠤ ᠲᠠᠷᠠᠭ᠎ᠠ ᠮᠦᠨ ᠯᠡ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ |
| ᠦᠰᠦᠭ | ᠪᠢᠴᠢᠭ ᠢᠶᠠᠷ ᠵᠢᠭᠠᠨ ᠰᠤᠷᠭᠠᠬᠤ ᠠᠵᠢᠯ ᠢ ᠡᠭᠦᠷᠭᠡᠯᠡᠵᠤ ᠲᠡᠶᠢᠯᠬᠦ ᠦᠭᠡᠢ ᠪᠤᠯ ᠪᠠᠭᠰᠢ ᠶᠢᠨ ᠲᠤᠰ ᠬᠦᠮᠦᠨ ᠤ |
| ᠬᠦᠰᠡᠯ | ᠰᠣᠩᠭᠤᠯᠳᠠ ᠶᠢ ᠨᠢ ᠬᠦᠨᠳᠦᠳᠭᠡᠵᠤ᠂ ᠲᠠᠬᠢᠨ ᠬᠤᠪᠢᠶᠠᠷᠢᠯᠠᠬᠤ ᠪᠤᠶᠤ ᠠᠵᠢᠯ ᠤᠨ ᠪᠠᠶᠢᠷᠢ ᠶᠢ ᠰᠤᠯᠢᠨ ᠦᠭᠴᠦ |
| | ᠪᠣᠯᠣᠨ᠎ᠠ᠂ ᠪᠠᠰᠠ ᠲᠤᠰ ᠰᠤᠷᠭᠠᠭᠤᠯᠢ ᠪᠤᠶᠤ ᠠᠬ᠎ᠠ ᠲᠡᠭᠦᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠤᠯᠤᠰ ᠤᠨ | ᠨᠡᠶᠢᠲᠡᠮ |
| ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠠᠵᠢᠯ ᠢ ᠡᠭᠦᠷᠭᠡᠯᠡᠵᠤ ᠲᠡᠶᠢᠯᠬᠦ |
| ᠪᠤᠯᠲᠠᠯ᠎ᠠ | ᠪᠤᠯᠪᠠᠰᠤᠷᠠᠯ ᠬᠦᠷᠳᠡᠭᠡᠵᠤ ᠴᠦ ᠪᠣᠯᠣᠨ᠎ᠠ᠂ ᠡᠨᠡ ᠬᠤᠭᠤᠴᠠᠭᠠᠨ ᠳᠤ ᠬᠤᠪᠢ ᠬᠦᠮᠦᠨ ᠤ ᠬᠢᠷᠢ ᠬᠡᠮ᠂ |
| ᠮᠡᠷᠭᠡᠵᠢᠯ ᠤᠨ | ᠴᠤᠯᠠ᠂ ᠠᠰᠠᠷᠠᠮᠵᠢ ᠤᠯᠭᠤᠮᠵᠢ ︽ᠭᠤᠷᠪᠠ ᠶᠢ ᠬᠤᠪᠢᠷᠠᠭᠤᠯᠬᠤ ᠦᠭᠡᠢ︾ ᠪᠠᠶᠢᠬᠤ ᠶᠢ ᠪᠠᠳᠤᠯᠠᠨ᠎ᠠ᠃ ᠡᠨᠡᠬᠦ |
| | ︽ᠭᠤᠷᠪᠠ ᠶᠢ ᠬᠤᠪᠢᠷᠠᠭᠤᠯᠬᠤ ᠦᠭᠡᠢ︾ ᠲᠦᠷᠦ ᠶᠢᠨ ᠪᠤᠳᠤᠯᠭ᠎ᠠ ᠨᠢ ᠤᠬᠤᠷ |
| ᠬᠤᠭᠤᠴᠠᠭᠠᠨ ᠳᠤ ᠳᠣᠭᠳᠠᠭᠤᠨ ᠢ | ᠬᠠᠮᠠᠭᠠᠯᠠᠬᠤ ᠠᠵᠢᠯ ᠤᠨ ᠬᠡᠷᠡᠭᠴᠡᠭᠡ ᠪᠢᠰᠢ᠂ ᠬᠠᠷᠢᠨ ᠤᠯᠤᠰ ᠤᠨ |
| ᠱᠠᠭᠠᠷᠳᠠᠯᠭ᠎ᠠ ᠪᠠ ᠳᠦᠷᠢᠮ ᠤᠨ | ᠳᠣᠬᠢᠷᠠᠭᠤᠯᠣᠯᠳᠠ ᠪᠤᠯᠬᠤ ᠪᠦᠭᠡᠳ ᠢᠷᠡᠭᠡᠳᠦᠢ ᠳᠤ |
| ᠬᠠᠨᠳᠤᠭᠤᠯᠤᠭᠰᠠᠨ ᠦᠨᠳᠦᠰᠦᠳᠡᠨ ᠤ ᠰᠤᠷᠭᠠᠨ ᠬᠦᠮᠦᠵᠢᠯ ᠤᠨ | ᠴᠢᠨᠠᠷ ᠰᠠᠶᠢᠲᠡᠢ ᠬᠦᠭᠵᠢᠯᠲᠡ ᠶᠢ |
| ᠠᠬᠢᠭᠤᠯᠬᠤ ᠪᠤᠳᠤᠯᠬᠢᠯᠠᠯ ᠪᠤᠯᠬᠤ ᠶᠤᠮ᠃ ᠮᠠᠨ ᠤ ᠤᠷᠤᠨ ᠡᠷᠭᠡᠪᠰᠢ ᠶᠡᠭᠡ | ᠬᠡᠮᠵᠢᠶᠡᠨ ᠤ᠂ ᠴᠢᠨᠠᠷ ᠰᠠᠶᠢᠳᠠᠢ |
| ᠮᠤᠩᠭᠤᠯ ᠬᠢᠲᠡᠳ ᠬᠤᠤᠰ ᠬᠡᠯᠡ ᠳᠤ ᠴᠠᠭᠠᠷᠠᠭᠰᠠᠨ ᠬᠤᠣᠰ ᠬᠡᠯᠡᠨ ᠤ ᠪᠠᠭᠰᠢ ᠶᠢ | ᠬᠦᠮᠦᠵᠢᠭᠦᠯᠭᠦ ᠬᠡᠷᠡᠭᠲᠡᠢ᠃ ᠡᠷᠭᠡᠪᠰᠢ |
| ᠦᠨᠡᠨ ᠠᠴᠠ ᠵᠦᠪ ᠢ ᠡᠷᠢᠵᠤ᠂ ᠪᠤᠯᠪᠠᠰᠤᠷᠠᠭᠤᠯᠣᠭᠰᠠᠨ ᠬᠡᠮᠵᠢᠶ᠎ᠡ ᠬᠦᠷᠬᠦ | ᠦᠭᠡᠢ ᠠᠴᠠ ᠪᠤᠯᠵᠤ᠂ ᠪᠠᠭᠰᠢ ᠶᠢᠨ ᠵᠢᠭᠠᠨ ᠰᠤᠷᠭᠠᠬᠤ |
| ᠪᠠᠷᠢᠮᠵᠢᠶ᠎ᠠ ᠶᠢ ᠶᠡᠭᠡ ᠬᠡᠪᠴᠢᠶ᠎ᠡ ᠪᠠᠷ ᠪᠠᠭᠤᠷᠠᠭᠤᠯᠵᠤ ᠪᠤᠯᠬᠤ | ᠦᠭᠡᠢ᠃ ᠬᠡᠷᠪᠡ ᠮᠤᠩᠭᠤᠯ ᠢᠶᠠᠷ |
| ᠬᠢᠴᠢᠶᠡᠯᠯᠡᠵᠤ ᠪᠠᠶᠢᠭ᠎ᠠ ᠪᠠᠭᠰᠢ ᠨᠠᠷ ᠨᠠᠰᠤ ᠠᠬᠢᠴᠢᠬᠠᠯ᠎ᠠ᠂ ᠤᠯᠤᠰ ᠤᠨ ᠨᠡᠶᠢᠲᠡᠮ | ᠬᠡᠷᠡᠭᠯᠡᠬᠦ ᠦᠭᠡ |
| ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠠᠵᠢᠯ ᠢ ᠡᠭᠦᠷᠭᠡᠯᠡᠵᠦ ᠲᠡᠶᠢᠯᠬᠦ ᠦᠭᠡᠢ ᠭᠡᠵᠦ | ᠰᠠᠨᠠᠭᠠᠰᠢᠷᠠᠵᠣ ᠪᠠᠶᠢᠪᠠᠯ᠂ |
| ᠰᠤᠷᠭᠠᠭᠤᠯᠢ ᠶᠢᠨ ᠢᠶᠠᠨ ᠲᠤᠳᠤᠷ᠎ᠠ ᠢᠳᠡᠪᠬᠢᠲᠡᠢ ᠪᠠᠷ ᠰᠢᠩᠭᠡᠭᠡᠬᠦ ᠪᠣᠶᠣ ᠬᠤᠰᠢᠭᠤ |
| | ᠰᠢᠶᠠᠨ ᠤ ᠬᠡᠪᠴᠢᠶᠡᠨ ᠳᠤ ᠪᠠᠨ ᠨᠢᠭᠡᠳᠦᠯᠲᠡᠢ ᠲᠦᠯᠦᠪᠵᠢᠭᠦᠯᠬᠦ᠂ ᠠᠶᠢᠮᠠᠭ ᠬᠤᠳᠠ ᠨᠢᠭᠡᠳᠦᠯᠲᠡᠢ |
| ᠲᠦᠯᠦᠪᠵᠢᠭᠦᠯᠬᠦ | ᠠᠷᠭ᠎ᠠ ᠪᠠᠷ ᠡᠨᠡ ᠬᠡᠰᠡᠭ ᠪᠠᠭᠰᠢ ᠶᠢᠨ ᠬᠠᠥᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ |
| | 22. ᠠᠰᠠᠭᠤᠯᠲᠠ᠄ ᠤᠳᠤᠬᠠᠨ ᠳᠤ ᠬᠦᠮᠦᠰ ᠤᠨ ᠠᠩᠬᠠᠷᠤᠯ ᠲᠡᠭᠡᠳᠦ ᠬᠡᠮᠵᠢᠶ᠎ᠡ ᠪᠠᠷ ᠪᠠᠭᠰᠢ ᠨᠠᠷ ᠲᠤ | ᠲᠦᠪᠯᠡᠷᠡᠵᠤ᠂ |
| ᠪᠠᠭᠰᠢ ᠨᠠᠷ ᠤᠨ ᠠᠵᠢᠯ ᠪᠠ ᠰᠡᠳᠬᠢᠴᠡ ᠶᠢᠨ ᠲᠠᠷᠤᠯᠲᠠ ᠮᠠᠰᠢ ᠬᠦᠨᠳᠦᠷᠡᠵᠤ ᠪᠣᠢ᠂ ᠡᠨᠡᠬᠦ | ᠠᠰᠠᠭᠤᠳᠠᠯ ᠢ ᠬᠡᠷᠬᠢᠨ ᠰᠢᠢᠳᠪᠦᠷᠢᠯᠡᠬᠦ |
| ᠪᠤᠢ︖ | ᠬᠠᠷᠢᠭᠤᠯᠲᠠ᠄ ᠪᠠᠭᠰᠢ ᠶᠢ ᠬᠦᠨᠳᠦᠯᠡᠵᠤ ᠰᠤᠷᠭᠠᠨ ᠬᠦᠮᠦᠵᠢᠯ ᠢ ᠴᠢᠬᠤᠯᠠᠴᠢᠯᠠᠬᠤ ᠪᠤᠯ ᠮᠠᠨ ᠤ ᠤᠯᠤᠰ ᠤᠨ |
| | ᠤᠯᠠᠮᠵᠢᠯᠠᠯᠲᠤ ᠰᠠᠶᠢᠬᠠᠨ ᠰᠤᠷᠲᠠᠯ ᠪᠣᠯᠣᠨ᠎ᠠ᠃ ᠤᠳᠤᠬᠠᠨ ᠤ ᠵᠠᠷᠢᠮ ᠭᠠᠵᠠᠷ ᠤᠨ |
| ᠦᠨᠳᠦᠰᠦᠳᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠰᠤᠷᠤᠭᠴᠢᠳ |
| ᠪᠦᠬᠦᠨ ᠢᠶᠠᠷ ᠢᠶᠠᠨ ᠰᠣᠷᠭᠠᠭᠤᠯᠢ ᠳᠤ ᠪᠠᠨ ᠣᠴᠢᠭᠠᠳᠣᠢ | ᠪᠠᠶᠢᠳᠠᠯ ᠳᠤ ᠴᠢᠭᠯᠡᠭᠦᠯᠦᠨ᠂ |
| ᠦᠷᠭᠡᠨ ᠤᠯᠠᠨ ᠪᠠᠭᠰᠢ ᠨᠠᠷ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ | ᠪᠠ ᠦᠵᠡᠯ ᠰᠠᠨᠠᠭ᠎ᠠ ᠶᠢ |
| ᠬᠦᠳᠦᠯᠦᠨ ᠵᠢᠯᠤᠭᠤᠳᠬᠤ ᠵᠡᠷᠭᠡ ᠶᠡᠭᠡ ᠬᠡᠮᠵᠢᠶᠡᠨ ᠤ ᠠᠵᠢᠯ ᠢ ᠭᠦᠨ ᠭᠦᠨᠵᠡᠭᠡᠢ ᠨᠠᠷᠢᠨ | ᠨᠢᠮᠪᠠᠢ ᠬᠢᠭᠰᠡᠨ ᠪᠠᠶᠢᠨ᠎ᠠ᠃ |
| ᠨᠡᠶᠢᠭᠡᠮ ᠤᠨ ᠡᠯ᠎ᠡ ᠡᠲᠡᠭᠡᠳ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ | ᠲᠡᠳᠡᠨᠠᠷ ᠤᠨ ᠠᠵᠢᠯ ᠢ ᠨᠡᠩ ᠰᠠᠶᠢᠳᠦᠷ ᠬᠠᠯᠠᠮᠵᠢᠯᠠᠵᠣ᠂ |
| ᠣᠢᠢᠯᠠᠭᠠᠵᠣ᠂ ᠲᠡᠮᠵᠢᠵᠤ᠂ ᠪᠠᠭᠰᠢ ᠨᠠᠷ ᠤᠨ ᠰᠡᠳᠬᠢᠴᠡ ᠶᠢ | ᠰᠢᠯᠤᠭᠤᠳᠬᠠᠬᠤ ᠠᠵᠢᠯ ᠢ ᠴᠢᠨᠠᠭᠰᠢᠳᠠ ᠰᠠᠶᠢᠳᠣᠷ ᠬᠢᠵᠦ᠂ |
| ᠲᠡᠳᠡᠨᠠᠷ ᠤᠨ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ | ᠰᠢᠢᠳᠪᠦᠷᠢᠯᠡᠨ ᠦᠭᠴᠦ᠂ ᠦᠷᠭᠡᠨ ᠤᠯᠠᠨ |
| ᠪᠠᠭᠰᠢ ᠨᠠᠷ ᠢ ᠨᠡᠩ ᠰᠠᠨᠠᠭ᠎ᠠ ᠠᠮᠤᠷ ᠪᠦᠭᠡᠳ ᠤᠷᠮ᠎ᠠ ᠵᠤᠷᠢᠭ ᠲᠠᠢ ᠪᠠᠷ | ᠵᠢᠭᠠᠨ ᠰᠣᠷᠭᠠᠬᠤ ᠠᠵᠢᠯ ᠳᠤ ᠪᠠᠨ |
| ᠣᠷᠣᠯᠴᠠᠬᠤ ᠪᠣᠯᠭᠠᠬᠤ ᠬᠡᠷᠡᠭᠳᠡᠢ᠃ | 23. ᠠᠰᠠᠭᠤᠯᠲᠠ᠄ ᠤᠳᠤ ᠶᠢᠨ ᠬᠡᠷᠡᠭᠵᠢᠬᠦᠯᠵᠦ ᠪᠠᠶᠢᠭ᠎ᠠ |
| ᠲᠡᠭᠡᠳᠤ ᠲᠤᠮᠲᠠᠳᠤ ᠳᠤ ᠲᠠᠪᠰᠢᠬᠤ ᠰᠢᠯᠭᠠᠯᠲᠠ | ᠪᠠ ᠶᠡᠭᠡ ᠲᠡᠭᠡᠳᠦ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ |
| ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠬᠦ ᠤᠤ︖ | ᠤᠳᠤ ᠶᠢᠨ ᠬᠡᠷᠡᠭᠵᠢᠭᠦᠯᠵᠦ ᠪᠠᠶᠢᠭ᠎ᠠ ︽ᠮᠤᠩᠭᠤᠯ ᠬᠡᠯᠡ |
| ᠪᠢᠴᠢᠭ︾ ᠤᠨ ᠰᠢᠯᠭᠠᠯᠲᠠ ᠶᠢᠨ ᠬᠤᠪᠢ ᠨᠡᠮᠡᠬᠦ ᠬᠠᠷᠢᠴᠠᠯ | ᠶᠡᠭᠡ ᠪᠠᠶᠢᠳᠠᠯ ᠢ ᠳᠣᠬᠢᠷᠠᠭᠤᠯᠣᠭᠠᠳ ᠬᠢᠳᠡᠳ ᠬᠡᠯᠡᠨ ᠤ |
| ᠬᠢᠴᠢᠶᠡᠯ ᠲᠦᠷᠦᠯ ᠤᠨ ᠬᠤᠪᠢ ᠶᠢᠨ ᠬᠠᠷᠢᠴᠠᠯ ᠪᠣᠯᠭᠠᠨ | ᠲᠡᠭᠡᠭᠰᠢᠯᠡᠭᠦᠯᠭᠦ ᠤᠤ︖ | ᠬᠠᠷᠢᠭᠤᠯᠲᠠ᠄ |
| ᠮᠠᠨ ᠤ ᠤᠷᠤᠨ ᠤ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠤ ᠪᠠᠶᠢᠭ᠎ᠠ | ᠰᠤᠷᠭᠠᠭᠤᠯᠢ ᠶᠢᠨ ᠰᠢᠯᠭᠠᠭᠤᠯᠤᠭᠰᠠᠳ ᠤᠨ |
| ᠤᠳᠤ ᠶᠢᠨ ᠬᠡᠷᠡᠭᠵᠢᠭᠦᠯᠵᠦ ᠪᠠᠶᠢᠭ᠎ᠠ ᠶᠡᠭᠡ ᠰᠤᠷᠭᠠᠭᠤᠯᠢ ᠳᠤ ᠲᠠᠪᠰᠢᠬᠤ | ᠰᠢᠯᠭᠠᠯᠲᠠ ᠶᠢᠨ ᠬᠤᠪᠢ ᠪᠤᠳᠤᠬᠤ ᠠᠷᠭ᠎ᠠ |
| ᠪᠤᠯ ᠦᠨᠳᠦᠰᠦᠳᠡᠨ ᠤ ᠰᠣᠷᠭᠠᠭᠤᠯᠢ ᠶᠢᠨ ᠬᠢᠲᠡᠳ ᠬᠡᠯᠡᠨ ᠤ | ᠰᠢᠯᠭᠠᠯᠲᠠ ᠶᠢᠨ ᠭᠤᠷᠪᠠᠳᠤᠭᠠᠷ ᠲᠡᠰ ︵ᠶᠡᠭᠡ |
| ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠬᠢᠲᠡᠳ ᠬᠡᠯᠡᠨ ᠤ | ᠬᠤᠪᠢ ᠪᠣᠯᠭᠠᠨ ᠨᠤᠭᠤᠯᠤᠨ |
| ᠪᠤᠳᠤᠨ᠎ᠠ︶ ᠪᠠ ᠭᠠᠳᠠᠭᠠᠳᠤ ᠬᠡᠯᠡᠨ ᠤ ᠬᠢᠴᠢᠶᠡᠯ ᠲᠦᠷᠦᠯ ᠤᠨ ᠰᠢᠯᠭᠠᠯᠲᠠ ᠶᠢᠨ ᠬᠢᠷᠢ | ᠪᠦᠲᠦᠮᠵᠢ ᠶᠢ ᠨᠢ᠂ 7: |
| 3 ᠶᠢᠨ ᠬᠠᠷᠢᠴᠠᠯ ᠢᠶᠠᠷ 1 ᠬᠢᠴᠢᠶᠡᠯ ᠤᠨ ᠬᠢᠷᠢ ᠪᠦᠳᠦᠮᠵᠢ ᠪᠤᠯᠭᠠᠨ ᠨᠤᠭᠤᠯᠤᠨ ᠪᠤᠳᠤᠵᠤ | ᠶᠡᠷᠦᠩᠭᠡᠢ ᠬᠤᠪᠢ ᠳᠤ ᠨᠢ |
| ᠪᠣᠳᠣᠨ ᠤᠷᠤᠭᠤᠯᠵᠤ᠂ ︽ᠮᠤᠩᠭᠤᠯ ᠬᠡᠯᠡ ᠪᠢᠴᠢᠭ ︵ᠬᠦᠭᠡ︶︾ ᠪᠠ ᠪᠤᠰᠤᠳ | ᠬᠢᠴᠢᠶᠡᠯ ᠲᠦᠷᠦᠯ ᠤᠨ |
| ᠰᠢᠯᠭᠠᠯᠲᠠ ᠶᠢᠨ ᠬᠢᠷᠢ ᠪᠦᠲᠦᠮᠵᠢ ᠶᠢ ᠨᠢ ᠴᠦᠮ 100% ᠪᠠᠷ ᠨᠢ ᠶᠡᠷᠦᠩᠭᠡᠢ ᠬᠤᠪᠢ ᠳᠤᠨᠢ | ᠪᠤᠳᠤᠵᠤ |
| ᠤᠷᠤᠭᠤᠯᠵᠣ ᠪᠣᠢ᠃ ᠤᠯᠤᠰ ᠠᠴᠠ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠬᠤᠪᠢ ᠪᠤᠳᠤᠬᠤ | ᠰᠢᠨ᠎ᠡ |
| ᠠᠷᠭ᠎ᠠ ᠨᠡᠶᠢᠲᠡᠯᠡᠬᠦ ᠠᠴᠠ ᠡᠮᠦᠨ᠎ᠡ᠂ ᠤᠳᠤ ᠶᠢᠨ ᠬᠡᠷᠡᠭᠵᠢᠬᠦᠯᠵᠦ ᠪᠠᠶᠢᠭ᠎ᠠ ᠬᠤᠪᠢ ᠪᠤᠳᠤᠬᠤ ᠠᠷᠭ᠎ᠠ ᠶᠢ | ᠬᠤᠪᠢᠷᠠᠭᠤᠯᠬᠤ ᠦᠭᠡᠢ᠃ |
| | 24. ᠠᠰᠠᠭᠤᠯᠲᠠ᠄ ᠵᠠᠷᠢᠮ ᠬᠦᠮᠦᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ |
| | ᠬᠡᠷᠡᠭᠯᠡᠬᠦ ᠶᠢ ᠦᠷᠭᠦᠯᠵᠢᠯᠡᠨ ᠬᠤᠷᠢᠬᠯᠠᠵᠤ᠂ ᠬᠡᠥᠭᠡᠳ ᠢᠶᠠᠨ |
| ᠰᠤᠷᠭᠠᠭᠤᠯᠢ ᠳᠤ ᠨᠢ ᠬᠦᠷᠭᠡᠬᠦ ᠦᠭᠡᠢ ᠪᠤᠯ᠂ | ᠦᠪᠡᠷᠳᠡᠭᠡᠨ ᠵᠠᠰᠠᠬᠤ ᠤᠷᠤᠨ ᠠᠴᠠ |
| ᠤᠤᠯ ᠤᠨ ᠲᠦᠷᠦ ᠶᠢᠨ ᠪᠤᠳᠤᠯᠭ᠎ᠠ ᠪᠠᠨ ᠪᠠᠷᠢᠮᠲᠠᠯᠠᠵᠤ᠂ ᠲᠠᠬᠢᠭᠠᠳ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ |
| ᠵᠢᠭᠠᠬᠤ ᠮᠠᠲ᠋ᠧᠷᠢᠶᠠᠯ ᠢ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠨ | ᠪᠤᠯᠢᠨ᠎ᠠ ᠭᠡᠵᠦ ᠪᠤᠢ᠂ ᠲᠡᠶᠢᠮᠦ ᠤᠤ︖ |
| | ᠬᠠᠷᠢᠭᠤᠯᠲᠠ᠄ ᠲᠡᠶᠢᠮᠦ ᠪᠢᠰᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ |
| ᠪᠤᠯ ᠣᠯᠣᠰ ᠤᠨ ᠵᠤᠷᠢᠯᠲᠠ ᠪᠤᠯᠤᠨ᠎ᠠ᠃ ᠰᠢᠨᠵᠢᠶᠠᠩ ᠬᠢᠭᠡᠳ ᠲᠦᠪᠡᠳ ᠤᠨ ᠦᠪᠡᠷᠳᠡᠭᠡᠨ ᠵᠠᠰᠠᠬᠤ | ᠤᠷᠤᠨ ᠳᠤ ᠨᠢᠭᠡᠨᠲᠡ |
| ᠴᠦᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ | ᠪᠠᠶᠢᠨ᠎ᠠ᠃ ᠵᠢᠱᠢᠶᠡᠴᠢ |
| ᠦᠪᠡᠷᠳᠡᠭᠡᠨ ᠵᠠᠰᠠᠬᠤ ᠣᠷᠣᠨ ᠪᠣᠯᠣᠭᠰᠠᠨ ᠤ ᠬᠤᠪᠢ ᠳᠤ᠂ ᠮᠠᠨ ᠤ ᠣᠷᠣᠨ ᠨᠠᠮ ᠤᠨ ᠲᠦᠪ | ᠬᠤᠷᠢᠶ᠎ᠠ ᠶᠢᠨ |
| ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤᠨ |
| | ᠬᠤᠷᠢᠶ᠎ᠠ ᠶᠢᠨ ᠠᠵᠢᠯ ᠤᠨ ᠪᠠᠶᠢᠷᠢᠯᠠᠭᠤᠯᠣᠯᠳᠠ ᠶᠢ ᠡᠷᠡᠰ ᠭᠤᠶᠢᠪᠢᠰᠢ ᠦᠭᠡᠢ |
| ᠨᠠᠶᠢᠳᠠᠪᠤᠷᠢᠵᠢᠭᠤᠯᠬᠤ ᠪᠣᠯᠣᠨ᠎ᠠ᠃ | ᠬᠡᠥᠭᠡᠳ ᠢᠶᠠᠨ ᠰᠤᠷᠭᠠᠭᠤᠯᠢ ᠳᠤ ᠨᠢ ᠭᠦᠷᠭᠡᠭᠦ |
| ᠦᠭᠡᠢ ᠨᠢ ᠬᠡᠥᠭᠡᠳ ᠤᠨ ᠰᠤᠷᠤᠯᠭ᠎ᠠ ᠶᠢᠨ ᠳᠠᠪᠰᠢᠯᠳᠠ ᠪᠤᠯᠤᠨ | ᠡᠷᠡᠭᠦᠯ ᠢᠶᠠᠷ ᠦᠰᠦᠨ ᠪᠤᠶᠢᠵᠢᠬᠤ ᠶᠢ ᠨᠢ |
| ᠨᠦᠯᠦᠭᠡᠯᠡᠬᠦ ᠶᠠᠪᠤᠳᠠᠯ ᠯᠠ ᠪᠣᠯᠣᠨ᠎ᠠ᠃ | |