ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ  ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ︽ᠠᠰᠠᠭᠤᠯᠳᠠ ᠳᠤ  ᠦᠭᠬᠦ ᠬᠠᠷᠢᠭᠤᠯᠳᠠ︾ ︵ᠭᠤᠷᠪᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2020/11/12
1. ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠪᠠᠭ᠎ᠠ ᠨᠠᠰᠤᠨ ᠤ ᠬᠡᠦᠬᠡᠳ ᠲᠤ ᠠᠪᠴᠤ ᠬᠡᠯᠡᠪᠡᠯ᠂ ᠲᠠᠨᠢᠬᠤ ᠴᠢᠳᠠᠪᠤᠷᠢ᠂
ᠰᠤᠷᠬᠤ ᠴᠢᠳᠠᠪᠤᠷᠢ᠂ ᠲᠠᠭᠠᠭᠠᠬᠤ ᠴᠢᠳᠠᠪᠤᠷᠢ ᠵᠡᠷᠭᠡ ᠶᠢᠨ ᠨᠦᠯᠦᠭᠡ ᠠᠴᠠ ᠪᠤᠯᠵᠤ᠂ ᠨᠢᠭᠡᠳᠦᠭᠡᠷ ᠤᠨ ᠤ ᠲᠡᠭᠡᠷ᠎ᠡ
ᠬᠤᠭᠤᠴᠠᠭ᠎ᠠ ᠠᠴᠠ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠴᠤ᠂ ᠲᠤᠤᠷ᠎ᠠ
ᠬᠤᠭᠤᠴᠠᠭ᠎ᠠ ᠠᠴᠠ ᠬᠢᠳᠠᠳ ᠬᠡᠯᠡᠨ ᠤ ᠠᠪᠢᠶᠠᠨ ᠤ ᠦᠰᠦᠭ ᠢ ᠰᠤᠷᠬᠤ ᠨᠢ
ᠬᠤᠶᠠᠷ ᠵᠦᠢᠯ ᠤᠨ ᠬᠡᠯᠡ ᠶᠢ ᠬᠤᠳᠬᠤᠯᠳᠤᠭᠤᠯᠬᠤ ᠳᠤ ᠬᠦᠷᠦᠭᠦᠯᠬᠦ ᠲᠤᠯᠠ ᠬᠢᠳᠠᠳ ᠬᠡᠯᠡᠨ ᠤ ᠠᠪᠢᠶᠠᠨ ᠤ ᠦᠰᠦᠭ ᠢ
ᠬᠤᠶᠠᠳᠤᠭᠠᠷ ᠤᠨ ᠠᠴᠠ ᠡᠬᠢᠯᠡᠨ ᠰᠤᠷᠴᠤ ᠪᠤᠯᠤᠨ᠎ᠠ ᠤᠤ︖     ᠬᠠᠷᠢᠭᠤᠯᠳᠠ᠄ ᠪᠠᠭ᠎ᠠ
ᠰᠤᠷᠭᠠᠭᠤᠯᠢ ᠶᠢᠨ ᠨᠢᠭᠡᠳᠦᠭᠡᠷ ᠤᠨ ᠤ ᠮᠤᠩᠭᠤᠯ ᠬᠡᠯᠡᠨ ᠤ ᠴᠠᠭᠠᠨ ᠲᠤᠯᠤᠭᠠᠢ ᠪᠠ ᠬᠢᠳᠠᠳ
ᠬᠡᠯᠡᠨ ᠤ ᠠᠪᠢᠶᠠᠨ ᠤ ᠦᠰᠦᠭ ᠤᠨ ᠵᠢᠭᠠᠨ ᠰᠤᠷᠭᠠᠯᠳᠠ ᠳᠤ ᠬᠤᠳᠬᠤᠯᠳᠤᠬᠤ ᠠᠰᠠᠭᠤᠳᠠᠯ ᠤᠷᠤᠰᠢᠵᠤ ᠮᠡᠳᠡᠬᠦ
ᠶᠠᠪᠤᠳᠠᠯ ᠳᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠠᠴᠠ ︽ᠴᠠᠭ ᠢ ᠨᠢ ᠵᠦᠷᠢᠭᠦᠯᠬᠦ︾
ᠠᠷᠭ᠎ᠠ ᠪᠤᠳᠤᠯᠭ᠎ᠠ ᠶᠢ ᠲᠤᠷᠠᠳᠴᠠᠢ᠃ ᠡᠭᠦᠨ ᠳᠤ᠂ ︽ᠲᠡᠭᠡᠷ᠎ᠠ ᠬᠤᠭᠤᠴᠠᠭᠠᠨ ᠳᠤ ᠮᠤᠩᠭᠤᠯ ᠬᠡᠯᠡᠨ ᠤ ᠴᠠᠭᠠᠨ
ᠲᠤᠯᠤᠭᠠᠢ ᠶᠢ ᠰᠤᠷᠴᠤ᠂ ᠲᠤᠤᠷ᠎ᠠ ᠬᠤᠭᠤᠴᠠᠭᠠᠨ ᠳᠤ ᠬᠢᠳᠠᠳ ᠬᠡᠯᠡᠨ ᠤ ᠠᠪᠢᠶᠠᠨ ᠤ
ᠦᠰᠦᠭ ᠢ ᠰᠤᠷᠬᠤ︾ ᠪᠣᠯ ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠤᠨ ᠨᠢᠭᠡ ᠪᠤᠯᠬᠤ ᠲᠡᠳᠦᠢ ᠶᠤᠮ᠂
ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠰᠦᠪᠡᠭᠴᠢᠯᠡᠯᠲᠡ ᠬᠢᠵᠤ
ᠰᠢᠨ᠎ᠡ ᠶᠢ ᠡᠭᠦᠳᠴᠤ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠴᠦ ᠲᠦᠷᠦ ᠶᠢᠨ ᠪᠤᠳᠤᠯᠭ᠎ᠠ ᠲᠤᠭᠲᠠᠭᠠᠵᠤ᠂ ᠡᠯ᠎ᠡ ᠭᠠᠵᠠᠷ
ᠤᠷᠤᠨ ᠡᠯ᠎ᠡ ᠰᠤᠷᠭᠠᠭᠤᠯᠢ ᠶᠢᠨ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ
ᠨᠤᠳᠠᠯᠠᠬᠤ ᠴᠢᠨᠠᠷᠲᠠᠢ ᠬᠡᠷᠡᠭᠯᠡᠭᠡᠨ ᠤ ᠰᠤᠳᠤᠯᠭᠠᠨ ᠢ ᠵᠤᠷᠢᠭᠵᠢᠭᠤᠯᠤᠨ ᠲᠡᠮᠵᠢᠵᠦ᠂
ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠰᠠᠶᠢᠳᠠᠢ
ᠠᠬᠢᠭᠤᠯᠬᠤ ᠲᠠᠯ᠎ᠠ ᠪᠠᠷ ᠬᠠᠮᠤᠭ ᠤᠨ ᠰᠠᠶᠢᠨ ᠠᠷᠭ᠎ᠠ ᠵᠠᠮ ᠢ ᠡᠷᠢᠯᠬᠢᠯᠡᠨ᠎ᠡ᠃     2. ᠠᠰᠠᠭᠤᠯᠳᠠ᠄
ᠬᠡᠷᠪᠡ ᠬᠢᠳᠠᠳ ᠬᠡᠯᠡᠨ ᠤ ᠠᠪᠢᠶᠠᠨ ᠤ ᠦᠰᠦᠭ ᠢ ᠡᠷᠬᠡᠪᠰᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ
ᠡᠬᠢᠯᠡᠨ ᠰᠤᠷᠬᠤ ᠳᠤ ᠬᠦᠷᠪᠡᠯ᠂ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠬᠤ ᠲᠠᠢ ᠬᠤᠳᠬᠤᠯᠳᠤᠬᠤ ᠠᠴᠠ
ᠵᠠᠶᠢᠯᠠᠰᠬᠢᠬᠦ ᠶᠢᠨ ᠲᠦᠯᠦᠭᠡ ᠬᠢᠴᠢᠶᠡᠯ ᠤᠨ ᠪᠠᠷᠢᠮᠵᠢᠶ᠎ᠠ᠂ ᠵᠢᠭᠠᠬᠤ ᠠᠭᠤᠯᠭ᠎ᠠ ᠶᠢ ᠲᠤᠳᠤᠷᠬᠠᠶᠢᠯᠠᠵᠤ᠂
ᠪᠠᠭᠰᠢ ᠶᠢᠨ ᠲᠤᠬᠢᠷᠠᠭᠤᠯᠤᠯᠳᠠ᠂ ᠵᠢᠭᠠᠨ ᠰᠤᠷᠭᠠᠬᠤ ᠪᠡᠯᠡᠳᠭᠡᠯ ᠢ ᠰᠠᠶᠢᠨ ᠠᠳᠬᠤᠭᠰᠠᠨ ᠰᠠᠭᠤᠷᠢᠨ ᠲᠡᠭᠡᠷ᠎ᠡ᠂ ᠦᠨᠳᠦᠰᠦᠳᠡᠨ ᠤ
ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠶᠢ ᠰᠦᠪᠡᠭᠴᠢᠯᠡᠨ ᠨᠡᠭᠡᠭᠡᠵᠦ᠂ ᠮᠤᠩᠭᠤᠯ ᠬᠡᠯᠡᠨ ᠤ
ᠴᠠᠭᠠᠨ ᠲᠤᠯᠤᠭᠠᠢ ᠶᠢ ᠤᠷᠢᠳᠴᠢᠯᠠᠨ ᠰᠤᠷᠴᠤ ᠪᠤᠯᠤᠨ᠎ᠠ ᠤᠤ ᠦᠬᠡᠢ ᠤᠤ     ᠬᠠᠷᠢᠭᠤᠯᠳᠠ᠄ ᠤᠳᠤᠬᠠᠨ ᠳᠤ
ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠭᠠᠷᠭᠠᠵᠤ᠂ ︽ᠪᠠᠭ᠎ᠠ
ᠰᠤᠷᠭᠠᠭᠤᠯᠢᠴᠢᠯᠠᠭᠰᠠᠨ︾ ᠰᠤᠷᠭᠠᠨ ᠬᠦᠮᠦᠵᠢᠯ ᠢ ᠤᠷᠢᠳᠴᠢᠯᠠᠨ
ᠬᠡᠷᠡᠭᠵᠢᠭᠦᠯᠬᠦ ᠶᠢ ᠤᠯᠤᠰ ᠠᠴᠠ ᠲᠤᠳᠤᠷᠬᠠᠢ ᠴᠠᠭᠠᠵᠠᠯᠠᠵᠤ ᠪᠠᠶᠢᠨ᠎ᠠ᠂ ᠡᠨᠡ ᠪᠣᠯ ᠪᠠᠭ᠎ᠠ
ᠰᠤᠷᠭᠠᠭᠤᠯᠢ ᠶᠢᠨ ᠲᠡᠭ ᠠᠴᠠ ᠡᠬᠢᠯᠡᠨ ᠵᠢᠭᠠᠨ ᠰᠤᠷᠭᠠᠬᠤ ᠶᠢᠨ ᠭᠤᠤᠯᠳᠠᠯᠭ᠎ᠠ ᠲᠠᠢ ᠴᠡᠭᠴᠡᠯᠡᠬᠦ
ᠠᠭᠤᠯᠭ᠎ᠠ ᠪᠤᠯᠤᠨ᠎ᠠ᠃ ᠵᠠᠷᠴᠢᠮ ᠲᠡᠭᠡᠷ᠎ᠡ ᠪᠠᠨ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠰᠤᠯᠤᠩᠭᠤᠰ
ᠬᠡᠯᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ ᠡᠬᠢᠯᠡᠨ ︽ᠬᠢᠳᠠᠳ ᠬᠡᠯᠡ ᠪᠢᠴᠢᠭ︾ ᠵᠢᠭᠠᠬᠰᠠᠨ
ᠦᠨᠳᠦᠰᠦᠨ ᠲᠤᠷᠰᠢᠯᠭ᠎ᠠ ᠪᠠᠷ ᠯᠠᠪᠯᠠᠯᠳᠠ ᠪᠤᠯᠭᠠᠵᠤ᠂ ᠮᠤᠩᠭᠤᠯ ᠢᠶᠠᠷ ᠬᠢᠴᠢᠶᠡᠯᠯᠡᠬᠦ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂
︽ᠴᠠᠭ ᠢ ᠨᠢ ᠵᠦᠷᠢᠭᠦᠯᠬᠦ︾ ᠵᠢᠭᠠᠨ ᠰᠤᠷᠭᠠᠯᠳᠠ ᠶᠢᠨ ᠠᠷᠭ᠎ᠠ ᠪᠤᠳᠤᠯᠭ᠎ᠠ ᠶᠢ ᠠᠪᠴᠤ᠂ ᠬᠡᠦᠬᠡᠳ ᠤᠨ ᠪᠡᠶ᠎ᠡ ᠰᠡᠳᠬᠢᠯ ᠤᠨ
ᠬᠦᠭᠵᠢᠯᠳᠡ ᠳᠤ ᠨᠡᠶᠢᠴᠡᠭᠰᠡᠨ ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠢ ᠢᠳᠡᠪᠬᠢᠳᠡᠢ
ᠰᠦᠪᠡᠭᠴᠢᠯᠡᠬᠦ ᠶᠢ ᠵᠤᠷᠢᠭᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ
ᠤᠷᠴᠢᠨ ᠲᠤᠭᠤᠷᠢᠨ ᠤᠨᠴᠠ ᠪᠠᠭᠤᠷᠠᠢ ᠭᠠᠵᠠᠷ ᠤᠷᠤᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠶᠢ
ᠭᠠᠷᠭᠠᠵᠤ ᠪᠤᠯᠬᠤ ᠡᠰᠡᠬᠦ ᠲᠤᠬᠠᠢ ᠪᠢᠳᠠ ᠪᠠᠰᠠ ᠭᠦᠨᠵᠡᠭᠡᠢ ᠪᠠᠶᠢᠴᠠᠭᠠᠨ ᠰᠤᠳᠤᠯᠤᠯᠳᠠ ᠬᠢᠵᠦ᠂ ᠪᠤᠳᠠᠳᠤ
ᠪᠠᠶᠢᠳᠠᠯ ᠳᠤ ᠨᠡᠩ ᠢᠯᠡᠭᠦᠦ ᠨᠡᠶᠢᠴᠡᠭᠰᠡᠨ ᠰᠠᠨᠠᠯ ᠢ ᠲᠤᠷᠠᠳᠴᠦ᠂ ᠴᠢᠬᠤᠯᠠ ᠲᠠᠢ ᠦᠶ᠎ᠡ ᠳᠤ ᠤᠯᠤᠰ ᠤᠨ
ᠰᠤᠷᠭᠠᠨ ᠬᠦᠮᠦᠵᠢᠯ ᠤᠨ ᠶᠠᠮᠤᠨ ᠠᠴᠠ ᠲᠡᠮᠵᠢᠯᠭᠡ ᠦᠭᠬᠦ ᠶᠢ ᠵᠦᠪᠯᠡᠨ ᠭᠤᠶᠤᠴᠢᠯᠠᠨ᠎ᠠ᠃     3. ᠠᠰᠠᠭᠤᠯᠳᠠ᠄ ᠠᠩᠬ᠎ᠠ
ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠳᠦᠯᠳᠡᠢ ᠨᠠᠶᠢᠷᠠᠭᠤᠯᠤᠭᠰᠠᠨ ︽ᠬᠡᠯᠡ
ᠪᠢᠴᠢᠭ︾᠎ ᠤᠨ ᠵᠢᠭᠠᠬᠤ ᠮᠠᠲ᠋ᠧᠷᠢᠶᠠᠯ ᠤᠨ ᠨᠢᠭᠡᠴᠢ ᠪᠦᠷᠢ ᠳᠤ ᠲᠦᠷᠪᠡᠨ ᠬᠢᠴᠢᠶᠡᠯ ᠲᠠᠢ᠂ ᠰᠤᠷᠭᠠᠨ ᠬᠦᠮᠦᠵᠢᠯ ᠤᠨ
ᠰᠠᠯᠠᠭ᠎ᠠ ᠮᠦᠴᠢᠷ ᠠᠴᠠ ᠦᠨᠳᠦᠰᠦᠳᠡᠨ ᠤ ᠰᠤᠷᠭᠠᠭᠤᠯᠢ ᠨᠢ ᠰᠤᠩᠭᠤᠯᠳᠠ ᠲᠠᠢ ᠵᠢᠭᠠᠨ ᠰᠤᠷᠭᠠᠯᠳᠠ ᠶᠢ
ᠬᠡᠷᠡᠭᠵᠢᠭᠦᠯᠵᠦ ᠪᠤᠯᠤᠨ᠎ᠠ ᠭᠡᠵᠤ ᠢᠯᠡᠷᠬᠡᠶᠢᠯᠡᠪᠡ᠃ ᠵᠢᠭᠠᠨ ᠰᠤᠷᠭᠠᠬᠤ ᠶᠠᠰᠤ ᠴᠢᠨᠠᠷ ᠪᠠ
ᠰᠤᠷᠤᠭᠴᠢᠳ ᠤᠨ ᠬᠢᠷᠢ ᠪᠦᠳᠦᠮᠵᠢ ᠶᠢ ᠪᠠᠳᠤᠯᠠᠬᠤ ᠶᠢᠨ ᠲᠦᠯᠦᠭᠡ ᠨᠢᠭᠡᠴᠢ ᠪᠦᠷᠢ ᠶᠢᠨ
ᠡᠷᠬᠡᠪᠰᠢ ᠤᠩᠰᠢᠬᠤ᠂ ᠰᠤᠩᠭᠤᠨ ᠤᠩᠰᠢᠬᠤ᠂ ᠬᠢᠴᠢᠶᠡᠯ ᠤᠨ ᠭᠠᠳᠠᠭᠤᠷᠬᠢ ᠤᠩᠰᠢᠬᠤ ᠰᠢᠯᠦᠭ ᠵᠤᠬᠢᠶᠠᠯ ᠢ
ᠨᠢᠭᠡ ᠨᠢᠭᠡ ᠪᠠᠷ ᠲᠤᠳᠤᠷᠬᠠᠶᠢᠯᠠᠵᠤ ᠦᠭᠴᠦ ᠲᠡᠶᠢᠯᠤᠨ᠎ᠡ ᠤᠤ︖     ᠬᠠᠷᠢᠭᠤᠯᠳᠠ᠄ ᠦᠪᠡᠷᠳᠡᠭᠡᠨ ᠵᠠᠰᠠᠬᠤ
ᠤᠷᠤᠨ ᠤ ᠵᠢᠭᠠᠬᠤ ᠶᠢ ᠰᠤᠳᠤᠯᠬᠤ ᠲᠠᠰᠤᠭ ᠠᠴᠠ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠰᠤᠳᠤᠯᠬᠤ ᠶᠠᠪᠤᠴᠠ ᠳᠠᠭᠠᠨ
ᠬᠢᠴᠢᠶᠡᠯᠯᠡᠬᠦ ᠴᠠᠭ ᠤᠨ ᠲᠤᠭ᠎ᠠ ᠶᠤᠰᠤᠭᠠᠷ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠬᠡᠷᠡᠭᠯᠡᠬᠦ
ᠱᠠᠭᠠᠷᠳᠠᠯᠭ᠎ᠠ ᠳᠤ ᠵᠤᠬᠢᠰᠳᠠᠢ ᠲᠤᠬᠢᠷᠠᠭᠤᠯᠤᠯᠳᠠ ᠬᠢᠵᠦ᠂ ᠠᠭᠤᠯᠭ᠎ᠠ ᠶᠢᠨ ᠲᠠᠯ᠎ᠠ ᠪᠠᠷ
ᠬᠠᠰᠤᠯᠳᠠ ᠬᠢᠪᠡ᠃ ᠨᠢᠭᠡ ᠲᠠᠯ᠎ᠠ ᠪᠠᠷ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠵᠢᠷᠤᠮᠯᠠᠬᠤ ᠪᠠ ᠨᠢᠭᠡᠴᠢ ᠶᠢᠨ
ᠮᠡᠳᠡᠯᠭᠡ ᠶᠢᠨ ᠰᠢᠰᠲ᠋ᠧᠮ ᠢ ᠪᠦᠷᠢᠨ ᠪᠦᠳᠦᠨ ᠢᠶᠠᠷ ᠵᠤᠯᠭᠠᠭᠤᠯᠤᠭᠰᠠᠨ ᠰᠠᠭᠤᠷᠢᠨ ᠲᠡᠭᠡᠷ᠎ᠡ᠂
ᠬᠢᠴᠢᠶᠡᠯ ᠤᠨ ᠠᠭᠤᠯᠭ᠎ᠠ ᠳᠤ ᠬᠠᠰᠤᠯᠳᠠ ᠬᠢᠵᠦ᠂ ᠨᠠᠷᠢᠨ ᠤᠩᠰᠢᠬᠤ ᠰᠢᠯᠦᠭ
ᠵᠤᠬᠢᠶᠠᠯ ᠢ ᠭᠤᠤᠯᠳᠠᠯᠭ᠎ᠠ ᠲᠠᠢ ᠲᠤᠬᠢᠷᠠᠭᠤᠯᠤᠨ ᠬᠠᠰᠤᠵᠤ᠂ ᠨᠠᠷᠢᠨ ᠤᠩᠰᠢᠬᠤ᠂ ᠲᠠᠭᠠᠵᠤ ᠤᠩᠰᠢᠬᠤ᠂
ᠦᠪᠡᠰᠦᠪᠡᠨ ᠤᠩᠰᠢᠬᠤ ᠪᠤᠯᠤᠨ ᠬᠢᠴᠢᠶᠡᠯ ᠤᠨ ᠭᠠᠳᠠᠭᠤᠷᠬᠢ ᠤᠩᠰᠢᠬᠤ ᠰᠢᠯᠦᠭ ᠵᠤᠬᠢᠶᠠᠯ ᠢ ᠲᠤᠳᠤᠷᠬᠠᠶᠢᠯᠠᠵᠤ᠂
ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠦᠩᠭᠡᠷᠡᠭᠦᠯᠪᠡ᠃ ᠨᠦᠭᠦᠭᠡ ᠲᠠᠯ᠎ᠠ ᠪᠠᠷ᠂ ᠵᠢᠭᠠᠨ ᠰᠤᠷᠭᠠᠯᠳᠠ ᠶᠢᠨ
ᠦᠨᠡᠯᠡᠯᠳᠡ ᠳᠤ ᠦᠨᠳᠦᠰᠦᠨ ᠱᠠᠭᠠᠷᠳᠠᠯᠭ᠎ᠠ ᠲᠤᠷᠠᠳᠴᠤ᠂ ᠡᠯ᠎ᠡ ᠭᠠᠵᠠᠷ ᠤᠨ ᠬᠢᠨ ᠦᠨᠳᠦᠰᠦᠨ
ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠪᠠᠭᠰᠢ ᠪᠠ
ᠰᠤᠷᠤᠭᠴᠢ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠵᠢᠭᠠᠬᠤ ᠠᠭᠤᠯᠭ᠎ᠠ ᠪᠠᠨ ᠵᠤᠬᠢᠰᠳᠠᠢ ᠪᠠᠷ
ᠦᠷᠭᠡᠳᠭᠡᠵᠦ ᠪᠤᠯᠤᠨ᠎ᠠ᠃     4. ᠠᠰᠠᠭᠤᠯᠲᠠ᠄ ᠦᠨᠳᠦᠰᠦᠲᠡᠨ ᠤ ᠰᠤᠷᠭᠠᠭᠤᠯᠢ ᠳᠤ ᠨᠢᠭᠡᠳᠦᠯᠲᠡᠢ
ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠬᠤ ᠶᠢ ᠦᠨᠡᠨᠬᠦ
ᠪᠠᠲᠤᠯᠠᠬᠤ ᠶᠢᠨ ᠲᠦᠯᠦᠭᠡ ᠰᠢᠯᠵᠢᠯᠲᠡ ᠶᠢᠨ ᠬᠤᠭᠤᠴᠠᠭᠠᠨ ᠳᠤ ᠬᠠᠪᠰᠤᠷᠤᠨ ᠵᠢᠯᠤᠭᠤᠳᠤᠭᠴᠢ ᠶᠢᠨ
ᠳᠦᠷᠢᠮ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ
ᠬᠦᠴᠢᠷᠳᠡᠬᠦ ᠰᠤᠷᠤᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠠᠷᠭ᠎ᠠ ᠬᠡᠮᠵᠢᠶ᠎ᠡ ᠨᠢ
ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ ᠬᠦᠨᠳᠦᠷᠡᠭᠦᠯᠬᠦ ᠮᠠᠭᠠᠳ ᠦᠬᠡᠢ᠃ ᠡᠨᠡ ᠨᠢ
ᠤᠯᠤᠰ ᠠᠴᠠ ᠰᠤᠷᠤᠭᠴᠢᠳ ᠤᠨ ᠳᠠᠷᠤᠭᠠᠰᠤ ᠶᠢ ᠬᠦᠩᠭᠡᠷᠡᠭᠦᠯᠬᠦ ᠲᠦᠷᠦ ᠶᠢᠨ ᠪᠤᠳᠤᠯᠭ᠎ᠠ ᠲᠠᠢ ᠵᠤᠬᠢᠬᠤ ᠬᠡᠮᠵᠢᠶᠡᠨ᠎ᠡ
ᠨᠢᠭᠡᠲᠦᠯ ᠦᠭᠡᠢ ᠪᠤᠯᠵᠤ ᠪᠠᠶᠢᠨ᠎ᠠ᠃ ᠡᠭᠦᠨ ᠢ ᠰᠢᠢᠳᠪᠦᠷᠢᠯᠡᠬᠦ ᠪᠤᠳᠠᠳᠠᠢ ᠠᠷᠭ᠎ᠠ ᠬᠡᠮᠵᠢᠶ᠎ᠡ ᠪᠠᠶᠢᠬᠤ ᠡᠰᠡᠬᠦ︖     ᠬᠠᠷᠢᠭᠤᠯᠲᠠ᠄
ᠦᠨᠳᠦᠰᠦᠲᠡᠨ ᠤ ᠰᠤᠷᠭᠠᠭᠤᠯᠢ ᠳᠤ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠰᠤᠷᠭᠠᠨ ᠬᠦᠮᠦᠵᠢᠯ ᠤᠨ
ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ ᠰᠢᠯᠵᠢᠯᠲᠡ ᠶᠢᠨ ᠬᠤᠭᠤᠴᠠᠭᠠᠨ ᠳᠤ ᠬᠠᠪᠰᠤᠷᠤᠨ
ᠵᠢᠯᠤᠭᠤᠳᠤᠭᠴᠢ ᠶᠢᠨ ᠳᠦᠷᠢᠮ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ
ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠬᠦ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠯᠭ᠎ᠠ᠂
ᠳᠠᠰᠬᠠᠯ ᠢ ᠬᠠᠪᠰᠤᠷᠣᠨ ᠵᠢᠯᠤᠭᠤᠳᠬᠤ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ
ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠨ᠎ᠠ᠂ ᠡᠨᠡ ᠨᠢ ᠤᠯᠤᠰ ᠤᠨ
ᠰᠤᠷᠤᠭᠴᠢᠳ ᠤᠨ ᠳᠠᠷᠤᠭᠠᠰᠤ ᠶᠢ ᠬᠦᠩᠬᠡᠷᠡᠭᠦᠯᠬᠦ ᠲᠦᠷᠦ ᠶᠢᠨ ᠪᠤᠳᠤᠯᠭ᠎ᠠ ᠲᠠᠢ ᠵᠦᠷᠢᠴᠡᠯᠳᠦᠬᠦ ᠦᠭᠡᠢ ᠶᠤᠮ᠃
ᠳᠤᠮᠳᠠᠳᠤ ᠪᠠᠭ᠎ᠠ ᠰᠤᠷᠭᠠᠭᠤᠯᠢ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠨᠢ ᠰᠤᠷᠤᠯᠴᠠᠯᠭ᠎ᠠ ᠶᠢᠨ ᠤᠷᠤᠨ ᠵᠠᠢ ᠶᠢ ᠦᠷᠭᠡᠳᠭᠡᠬᠦ᠂
ᠬᠡᠪ ᠴᠢᠨᠠᠷ ᠤᠨ ᠰᠤᠷᠭᠠᠨ ᠬᠦᠮᠦᠵᠢᠯ ᠢ ᠬᠦᠭᠵᠢᠭᠦᠯᠭᠦ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠬᠦᠷᠭᠡ ᠶᠢ
ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠮᠦᠨ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠶᠢ
ᠵᠢᠷᠤᠮᠵᠢᠭᠤᠯᠬᠤ ᠶᠢᠨ ᠲᠦᠯᠦᠭᠡ ᠦᠪᠡᠷᠲᠡᠭᠡᠨ ᠵᠠᠰᠠᠬᠤ ᠣᠷᠣᠨ ᠤ ᠰᠤᠷᠭᠠᠨ
ᠬᠦᠮᠦᠵᠢᠯ ᠤᠨ ᠲᠢᠩᠬᠢᠮ ᠵᠡᠷᠭᠡ ᠲᠠᠪᠤᠨ ᠰᠠᠯᠠᠭ᠎ᠠ ᠮᠦᠴᠢᠷ ᠡᠨᠡ ᠵᠢᠯ ︽ᠳᠤᠮᠳᠠᠳᠤ ᠪᠠᠭ᠎ᠠ
ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ
ᠤᠯᠠᠮ ᠴᠢᠨᠠᠬᠰᠢᠳᠠ ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ ᠭᠠᠷᠭᠠᠵᠤ᠂ ᠬᠢᠴᠢᠶᠡᠯ ᠤᠨ ᠳᠠᠷᠠᠭᠠᠬᠢ
ᠦᠢᠯᠡᠴᠢᠯᠡᠭᠡ ᠬᠠᠩᠭᠠᠬᠤ ᠡᠳᠡᠭᠡᠳ ᠪᠠ ᠴᠠᠭ ᠢ ᠵᠢᠷᠤᠮᠵᠢᠭᠤᠯᠵᠠᠢ᠃ ᠵᠠᠷᠴᠢᠮ ᠳᠡᠭᠡᠷ᠎ᠡ ᠪᠠᠨ ᠪᠠᠭ᠎ᠠ
ᠰᠤᠷᠭᠠᠭᠤᠯᠢ 17 ᠴᠠᠭ 30 ᠮᠢᠨᠦ᠋ᠲ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ 18 ᠴᠠᠭ ᠠᠴᠠ
ᠤᠷᠦ᠋ᠢᠳᠠᠵᠤ ᠪᠤᠯᠬᠤ ᠦᠭᠡᠢ᠃ ᠡᠭᠦᠨ ᠤ ᠬᠠᠮᠲᠤ᠂ ᠦᠢᠯᠡᠴᠢᠯᠡᠬᠦ ᠠᠭᠤᠯᠭ᠎ᠠ ᠪᠠ ᠬᠡᠯᠪᠡᠷᠢ ᠶᠢᠨ ᠲᠠᠯ᠎ᠠ ᠪᠠᠷ
ᠪᠠᠰᠠ ᠵᠢᠷᠤᠮᠵᠢᠭᠤᠯᠤᠬᠰᠠᠨ ᠪᠠᠶᠢᠨ᠎ᠠ᠃ ᠪᠠᠭ᠎ᠠ ᠰᠤᠷᠭᠠᠭᠤᠯᠢ ᠶᠢᠨ ᠨᠢᠭᠡ᠂ ᠬᠤᠶᠠᠳᠤᠭᠠᠷ ᠣᠨ ᠨᠢ ᠨᠡᠶᠢᠲᠡ ᠶᠢᠨ ᠬᠦᠳᠡᠯᠭᠡᠭᠡᠨ᠂
ᠬᠢᠴᠢᠶᠡᠯ ᠤᠨ ᠭᠠᠳᠠᠭᠤᠷᠬᠢ ᠤᠩᠰᠢᠯᠭ᠎ᠠ᠂ ᠦᠢᠯᠡᠳᠦᠯᠭᠡ ᠶᠢᠨ ᠠᠵᠢᠯᠯᠠᠭ᠎ᠠ᠂ ᠭᠠᠷ ᠤᠷᠠᠯᠠᠯ ᠤᠨ ᠵᠦᠢᠯᠡᠰ ᠢᠶᠠᠷ ᠭᠤᠣᠯᠯᠠᠨ᠎ᠠ︔
ᠭᠤᠷᠪᠠ ᠠᠴᠠ ᠵᠢᠷᠭᠤᠳᠤᠭᠠᠷ ᠣᠨ ᠨᠢ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠳᠠᠰᠬᠠᠯ ᠤᠨ ᠵᠢᠯᠤᠭᠤᠳᠤᠮᠵᠢ᠂
ᠲᠤᠷ᠎ᠠ ᠰᠤᠨᠢᠷᠬᠠᠯ ᠤᠨ ᠳᠤᠭᠤᠶᠢᠯᠠᠩ᠂ ᠨᠡᠶᠢᠲᠡ ᠶᠢᠨ ᠬᠦᠳᠡᠯᠭᠡᠭᠡᠨ᠂ ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠣᠯᠯᠠᠨ᠎ᠠ︔
ᠠᠩᠬ᠎ᠠ ᠵᠡᠷᠭᠡ ᠶᠢᠨ ᠲᠤᠮᠳᠠᠲᠤ ᠰᠤᠷᠭᠠᠭᠤᠯᠢ ᠶᠢᠨ ᠠᠩᠬᠢ ᠨᠢ ᠲᠠᠰᠬᠠᠯ ᠤᠨ ᠵᠢᠯᠤᠭᠤᠳᠤᠮᠵᠢ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ᠂
ᠬᠢᠴᠢᠶᠡᠯ ᠤᠨ ᠭᠠᠳᠠᠭᠤᠷᠬᠢ ᠤᠩᠰᠢᠯᠭ᠎ᠠ᠂ ᠨᠡᠶᠢᠭᠡᠮᠯᠢᠭ ᠤᠨ ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠤᠯᠯᠠᠨ᠎ᠠ᠃
ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠬᠤ ᠰᠤᠷᠭᠠᠭᠤᠯᠢ ᠶᠢᠨ ᠬᠠᠪᠰᠤᠷᠤᠨ ᠵᠢᠯᠤᠭᠤᠳᠤᠭᠴᠢ
ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠭᠦᠯᠭᠦ ᠨᠢ ᠰᠤᠷᠤᠭᠴᠢᠳ ᠤᠨ ᠬᠡᠷᠡᠭᠴᠡᠭᠡ ᠪᠠ ᠭᠡᠷ ᠤᠨ
ᠠᠬᠠᠮᠠᠳ ᠤᠨ ᠬᠦᠰᠡᠯ ᠢ ᠦᠨᠳᠦᠰᠦᠯᠡᠵᠦ ᠵᠤᠬᠢᠶᠠᠨ ᠪᠠᠶᠢᠭᠤᠯᠤᠨ ᠬᠢᠵᠦ ᠪᠠᠶᠢᠭ᠎ᠠ ᠶᠠᠪᠤᠳᠠᠯ ᠪᠤᠯᠤᠨ᠎ᠠ᠂
ᠡᠩ ᠤᠨ ᠵᠢᠭᠠᠨ ᠰᠤᠷᠭᠠᠯᠳᠠ ᠶᠢᠨ ᠨᠦᠬᠦᠪᠦᠷᠢᠯᠡᠯ ᠪᠠ ᠬᠡᠪ ᠤᠨ ᠰᠤᠷᠭᠠᠯᠲᠠ ᠶᠢᠨ ᠬᠠᠪᠰᠤᠷᠤᠨ ᠵᠢᠯᠤᠭᠤᠳᠤᠮᠵᠢ ᠪᠤᠯᠤᠨ᠎ᠠ᠂
ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ ᠬᠦᠨᠳᠦᠷᠦᠭᠦᠯᠵᠦ ᠪᠠᠶᠢᠬᠤ ᠠᠵᠢᠯᠯᠠᠭ᠎ᠠ ᠪᠢᠰᠢ ᠶᠤᠮ᠃     5. ᠠᠰᠠᠭᠤᠯᠲᠠ :
ᠥᠨᠳᠦᠰᠦᠲᠡᠨ ᠤ ᠰᠤᠷᠭᠠᠭᠤᠯᠢ ᠶᠢᠨ ᠰᠤᠷᠤᠭᠴᠢᠳ ᠤᠨ ᠬᠢᠲᠠᠳ ᠬᠡᠯᠡᠨ ᠤ ᠰᠠᠭᠤᠷᠢ ᠮᠠᠰᠢ ᠪᠠᠭᠤᠷᠠᠢ᠂ ᠠᠩᠬ᠎ᠠ ᠳᠤᠮᠳᠠᠳᠤ ᠶᠢᠨ
ᠨᠢᠭᠡᠳᠦᠭᠡᠷ ᠤᠨ ᠤ ᠰᠤᠷᠤᠭᠴᠢᠳ ᠤᠨ ᠬᠢᠲᠠᠳ ᠬᠡᠯᠡᠨ ᠤ ᠬᠢᠷᠢ ᠬᠡᠮᠵᠢᠶ᠎ᠡ ᠨᠢ ᠬᠢᠲᠠᠳ ᠢᠶᠠᠷ ᠬᠢᠴᠢᠶᠡᠯᠯᠡᠬᠦ
ᠰᠤᠷᠤᠭᠴᠢᠳ ᠤᠨ ᠭᠤᠷᠪᠠ᠂ ᠳᠥᠷᠪᠡᠳᠦᠭᠡᠷ ᠣᠨ ᠤ ᠬᠢᠷᠢ ᠬᠡᠮᠵᠢᠶ᠎ᠡ ᠲᠠᠢ ᠯᠡ ᠲᠡᠩᠴᠡᠨ᠎ᠡ᠃ ᠬᠡᠷᠪᠡ
ᠡᠨᠡ ᠵᠢᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠤᠯᠤᠰ ᠤᠨ ᠨᠢᠭᠡᠲᠦᠯᠲᠡᠢ
ᠨᠠᠶᠢᠷᠠᠭᠤᠯᠣᠭᠰᠠᠨ ︽ᠬᠡᠯᠡ ᠪᠢᠴᠢᠭ︾᠎ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠬᠦᠷᠪᠡᠯ᠂
ᠪᠠᠭ᠎ᠠ ᠰᠤᠷᠭᠠᠭᠤᠯᠢ ᠪᠣᠯᠣᠨ ᠠᠩᠬ᠎ᠠ ᠳᠤᠮᠳᠠᠳᠤ ᠶᠢᠨ ᠬᠡᠯᠡ ᠪᠢᠴᠢᠭ ᠤᠨ ᠬᠢᠴᠢᠶᠡᠯ ᠤᠨ ᠮᠡᠳᠡᠯᠭᠡ ᠬᠤᠭᠤᠷᠣᠨᠳᠤ ᠪᠠᠨ ᠲᠠᠰᠤᠷᠠᠵᠤ᠂
ᠰᠤᠷᠤᠯᠭ᠎ᠠ ᠳᠠᠭᠠᠵᠤ ᠠᠮᠵᠢᠬᠤ ᠦᠭᠡᠢ ᠪᠣᠯᠣᠭᠠᠳ᠂ ᠬᠢᠷᠢ ᠬᠡᠮᠵᠢᠶ᠎ᠡ ᠨᠢ ᠳᠤᠷᠤᠭᠰᠢᠯᠠᠬᠤ ᠪᠤᠯᠤᠨ᠎ᠠ᠂ ᠲᠡᠭᠡᠪᠡᠯ ᠪᠠᠭ᠎ᠠ ᠰᠤᠷᠭᠠᠭᠤᠯᠢ
ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠬᠢᠴᠢᠶᠡᠯ ᠢ ᠬᠡᠷᠬᠢᠨ ᠵᠤᠯᠭᠠᠭᠤᠯᠬᠤ ᠪᠤᠢ︖ ᠬᠡᠷᠪᠡ ᠰᠤᠷᠤᠭᠴᠢᠳ ᠡᠭᠦᠨ ᠠᠴᠠ
ᠪᠣᠯᠵᠣ ᠢᠯᠠᠭᠳᠠᠯ ᠳᠤ ᠤᠴᠠᠷᠠᠭᠠᠳ ᠰᠤᠷᠤᠯᠭ᠎ᠠ ᠶᠢᠨ ᠤᠷᠮ᠎ᠠ ᠬᠤᠭᠤᠷᠠᠪᠠᠯ ᠶᠠᠮᠠᠷ ᠠᠷᠭ᠎ᠠ ᠪᠠᠷ ᠬᠠᠪᠰᠣᠷᠤᠨ ᠳᠡᠮᠵᠢᠵᠦ
ᠰᠢᠢᠳᠪᠦᠷᠢᠯᠡᠬᠦ ᠪᠣᠢ︖     ᠬᠠᠷᠢᠭᠤᠯᠲᠠ᠄ ᠵᠢᠭᠠᠬᠤ ᠮᠠᠲ᠋ᠧᠷᠢᠶᠠᠯ ᠢ ᠵᠠᠳᠠᠯᠵᠦ ᠰᠢᠨᠵᠢᠯᠡᠭᠰᠡᠨ ᠢᠶᠠᠷ᠂ ᠦᠨᠳᠦᠰᠦᠳᠡᠨ ᠤ ᠬᠡᠯᠡ ᠪᠠᠷ
ᠬᠢᠴᠢᠶᠡᠯᠯᠡᠬᠦ ᠰᠤᠷᠭᠠᠭᠤᠯᠢ ᠨᠤᠭᠤᠳ ᠤᠨ ᠤᠤᠯ ᠤᠨ ᠬᠡᠷᠡᠭᠯᠡᠵᠦ ᠪᠠᠶᠢᠭᠰᠠᠨ ︽ᠬᠢᠲᠠᠳ ᠬᠡᠯᠡ ᠪᠢᠴᠢᠭ︾᠎ ᠤᠨ ᠵᠢᠭᠠᠬᠤ
ᠮᠠᠲ᠋ᠧᠷᠢᠶᠠᠯ ᠨᠢ ᠳᠦᠭᠦᠮ ᠰᠢᠭ᠂ ᠭᠤᠣᠯᠳᠠᠭᠤ ᠤᠩᠰᠢᠬᠤ ᠵᠤᠬᠢᠶᠠᠯ ᠤᠨ ᠬᠡᠪᠴᠢᠶ᠎ᠡ ᠪᠠᠭ᠎ᠠ᠂
ᠰᠤᠷᠤᠭᠴᠢᠳ ᠤᠨ ᠡᠵᠡᠮᠰᠢᠬᠦ ᠦᠭᠡᠰ ᠤᠨ ᠲᠤᠭ᠎ᠠ ᠴᠦᠬᠡᠨ᠂ ᠵᠣᠬᠢᠶᠠᠨ ᠪᠢᠴᠢᠬᠦ ᠵᠢᠭᠠᠨ
ᠰᠤᠷᠭᠠᠯᠲᠠ ᠳᠣᠷᠤᠢ ᠰᠢᠭ᠋ ᠪᠠᠶᠢᠳᠠᠯ ᠣᠷᠤᠰᠢᠵᠦ ᠪᠠᠶᠢᠨ᠎ᠠ᠃ ᠭᠡᠪᠡᠴᠦ ᠡᠯ᠎ᠡ ᠭᠠᠵᠠᠷ ᠤᠨ ᠬᠢᠲᠠᠳ ᠬᠡᠯᠡᠨ ᠤ ᠰᠠᠭᠤᠷᠢ ᠶᠢᠨ ᠣᠷᠴᠢᠨ
ᠲᠣᠭᠤᠷᠢᠨ ᠪᠠ ᠪᠠᠭᠰᠢ ᠨᠠᠷ ᠤᠨ ᠵᠢᠭᠠᠬᠤ ᠠᠷᠭ᠎ᠠ ᠪᠠ ᠬᠡᠯᠪᠡᠷᠢ ᠶᠢᠨ ᠠᠳᠠᠯᠢ ᠦᠭᠡᠢ ᠠᠴᠠ ᠪᠣᠯᠵᠤ᠂ ᠰᠤᠷᠤᠭᠴᠢᠳ ᠤᠨ
ᠮᠡᠳᠡᠯᠭᠡ ᠶᠢᠨ ᠬᠡᠮᠵᠢᠶ᠎ᠡ ᠪᠠᠰᠠ ᠠᠳᠠᠯᠢ ᠦᠭᠡᠢ ᠪᠠᠶᠢᠨ᠎ᠠ᠃ ᠣᠳᠤᠬᠠᠨ ᠳᠤ᠂
ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠣᠳᠤᠯᠬᠤ ᠲᠠᠰᠤᠭ ᠠᠴᠠ ᠲᠣᠭᠲᠠᠭᠠᠭᠰᠠᠨ ᠦᠨᠳᠦᠰᠦᠲᠡᠨ ᠤ
ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ ᠰᠤᠷᠭᠠᠭᠤᠯᠢ ᠳᠤ ᠬᠡᠷᠡᠭᠯᠡᠬᠦ ᠤᠯᠣᠰ ᠤᠨ ᠨᠢᠭᠡᠲᠦᠯᠲᠡᠢ
ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠯᠣᠭᠤᠳᠬᠤ ᠰᠠᠨᠠᠯ ᠢ ᠥᠨᠳᠦᠰᠦᠯᠡᠵᠦ᠂
ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠨᠢᠭᠡᠲᠦᠯᠲᠡᠢ ᠨᠠᠶᠢᠷᠠᠭᠤᠯᠤᠭᠰᠠᠨ
︽ᠬᠡᠯᠡ ᠪᠢᠴᠢᠭ︾᠎ ᠤᠨ ᠵᠢᠭᠠᠬᠤ ᠮᠠᠲ᠋ᠧᠷᠢᠶᠠᠯ ᠤᠨ ᠳᠡᠭᠡᠳᠦ ᠳᠡᠪᠲᠡᠷ ᠤᠨ ᠭᠤᠤᠯ ᠠᠭᠤᠯᠭ᠎ᠠ ᠨᠢ ᠤᠩᠰᠢᠬᠤ ᠪᠠ
ᠵᠣᠬᠢᠶᠠᠨ ᠪᠢᠴᠢᠬᠦ ᠵᠢᠭᠠᠨ ᠰᠤᠷᠭᠠᠯᠲᠠ ᠪᠤᠯᠬᠤ ᠪᠤᠳᠠᠳᠠᠢ ᠪᠠᠶᠢᠳᠠᠯ ᠢ ᠦᠨᠳᠦᠰᠦᠯᠡᠵᠦ᠂ ᠬᠦᠴᠢᠷᠳᠡᠯ ᠪᠠ
ᠭᠤᠣᠯᠳᠠᠯᠭ᠎ᠠ ᠶᠢᠨ ᠲᠠᠯ᠎ᠠ ᠪᠠᠷ ᠵᠣᠬᠢᠰᠲᠠᠢ ᠲᠣᠬᠢᠷᠠᠭᠤᠯᠵᠤ᠂ ᠬᠦᠴᠢᠷᠳᠡᠯ ᠢ ᠪᠠᠭᠠᠰᠬᠠᠭᠰᠠᠨ ᠪᠠᠶᠢᠨ᠎ᠠ᠂
ᠡᠭᠦᠨ ᠤ ᠵᠣᠷᠢᠯᠭ᠎ᠠ ᠨᠢ ᠪᠣᠯ ᠡᠨᠡ ᠬᠦ ︽ᠲᠠᠰᠤᠯᠳᠠᠯ︾᠎ ᠢ ᠰᠢᠢᠳᠪᠦᠷᠢᠯᠡᠬᠦ ᠶᠢᠨ ᠲᠥᠯᠦᠭᠡ ᠶᠤᠮ᠃ ᠡᠭᠦᠨ ᠤ ᠬᠠᠮᠲᠤ᠂
ᠥᠪᠡᠷᠲᠡᠭᠡᠨ ᠵᠠᠰᠠᠬᠤ ᠣᠷᠣᠨ ᠠᠴᠠ ᠵᠢᠭᠠᠬᠤ ᠶᠢ ᠰᠤᠳᠤᠯᠬᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ
ᠲᠤᠰᠬᠠᠢ ᠬᠦᠴᠦᠨ ᠢ ᠵᠣᠬᠢᠶᠠᠨ ᠪᠠᠶᠢᠭᠤᠯᠤᠨ ᠰᠤᠷᠤᠭᠴᠢᠳ ᠤᠨ ᠦᠰᠦᠭ ᠲᠠᠨᠢᠬᠤ ᠬᠡᠮᠵᠢᠶ᠎ᠡ ᠪᠠ
ᠵᠣᠬᠢᠶᠠᠨ ᠪᠢᠴᠢᠯᠭᠡ ᠶᠢᠨ ᠵᠢᠭᠠᠨ ᠰᠤᠷᠭᠠᠯᠳᠠ ᠶᠢ ᠵᠤᠯᠭᠠᠭᠤᠯᠬᠤ ᠠᠰᠠᠭᠤᠳᠠᠯ ᠢ ᠰᠤᠳᠤᠯᠵᠤ᠂ ︽ᠮᠣᠩᠭᠤᠯ
ᠬᠢᠲᠠᠳ ᠬᠠᠷᠢᠴᠠᠭᠤᠯᠤᠭᠰᠠᠨ ᠬᠦᠨᠳᠦ ᠦᠭᠡᠰ ᠤᠨ ᠭᠠᠷ ᠠᠪᠤᠯᠭ᠎ᠠ︾᠎ ᠶᠢ ᠨᠠᠶᠢᠷᠠᠭᠤᠯᠵᠤ᠂ ᠪᠠᠭᠰᠢ ᠰᠤᠷᠤᠭᠴᠢᠳ ᠤᠨ
ᠰᠤᠷᠤᠯᠴᠠᠬᠤ ᠳᠤ ᠳᠦᠭᠦᠮ ᠦᠵᠡᠭᠦᠯᠵᠦ᠂ ᠬᠡᠰᠡᠭ ᠰᠤᠷᠤᠭᠴᠢᠳ ᠤᠨ ᠦᠰᠦᠭ
ᠲᠠᠨᠢᠬᠤ ᠲᠠᠷᠤᠯᠳᠠ ᠶᠢ ᠬᠦᠩᠭᠡᠷᠡᠭᠦᠯᠬᠦ ᠪᠠᠷ ᠪᠠᠶᠢᠨ᠎ᠠ᠃ ᠡᠭᠦᠨ ᠤ ᠬᠠᠮᠳᠦ᠂ ᠡᠯ᠎ᠡ ᠭᠠᠵᠠᠷ ᠤᠨ ᠳᠣᠮᠳᠠᠳᠣ ᠪᠠᠭ᠎ᠠ
ᠰᠤᠷᠭᠠᠭᠤᠯᠢ ᠪᠠᠰᠠ ᠦᠭᠡ ᠬᠡᠯᠡ ᠰᠤᠷᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠦᠷᠢᠯᠳᠦᠭᠦᠯᠵᠦ᠂
ᠰᠤᠷᠤᠭᠴᠢᠳ ᠢ ᠬᠠᠪᠰᠤᠷᠤᠨ ᠬᠢᠷᠢ ᠪᠦᠳᠦᠮᠵᠢ ᠶᠢ ᠨᠢ ᠰᠠᠶᠢᠲᠦᠷ ᠲᠡᠭᠡᠭᠰᠢᠯᠡᠭᠦᠯᠵᠦ᠂ ᠳᠤᠲᠠᠭᠤᠳᠠᠯ ᠢ ᠨᠢ ᠨᠦᠬᠦᠪᠦᠷᠢᠯᠡᠬᠦ ᠬᠡᠷᠡᠭᠳᠠᠢ᠃
    6. ᠠᠰᠠᠭᠤᠯᠳᠠ᠄ ᠮᠤᠩᠭᠤᠯ ᠢᠶᠠᠷ ᠬᠢᠴᠢᠶᠡᠯᠯᠡᠬᠦ ᠰᠣᠷᠤᠭᠴᠢ ᠶᠢᠨ ᠬᠤᠪᠢ ᠳᠤ ᠠᠪᠴᠤ ᠬᠡᠯᠡᠪᠡᠯ᠂ ᠪᠠᠭ᠎ᠠ ᠰᠤᠷᠭᠠᠭᠤᠯᠢ ᠶᠢᠨ
ᠱᠠᠳᠤᠨ ᠳᠤ ᠪᠢᠴᠢᠭ ᠤᠨ ᠬᠡᠯᠨ ᠪᠤᠯᠤᠨ ᠡᠷᠳᠡᠨ ᠤ ᠰᠢᠯᠦᠭ ᠳᠠᠭᠤᠯᠠᠯ ᠢ ᠰᠤᠷᠴᠤ ᠥᠩᠭᠡᠷᠡᠭᠰᠡᠨ ᠦᠭᠡᠢ ᠪᠠᠷ
ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠣᠷᠤᠮᠠᠭᠴᠠ ᠰᠢᠭᠤᠳ ᠬᠢᠳᠠᠳ ᠢᠶᠠᠷ
ᠬᠢᠴᠢᠶᠡᠯᠯᠡᠬᠦ ᠰᠣᠷᠤᠭᠴᠢᠳ ᠲᠠᠢ ᠠᠳᠠᠯᠢᠬᠠᠨ ᠢᠶᠠᠷ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ
ᠬᠡᠯᠨ ᠪᠢᠴᠢᠭ︾᠎ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠮᠠᠰᠢ ᠶᠡᠭᠡ ᠬᠦᠴᠢᠷᠳᠡᠯ ᠲᠠᠢ ᠪᠤᠯᠬᠤ ᠶᠤᠮ᠂
ᠡᠨᠡ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖     ᠬᠠᠷᠢᠭᠤᠯᠳᠠ᠄ ᠮᠤᠩᠭᠤᠯ ᠢᠶᠠᠷ ᠬᠢᠴᠢᠶᠡᠯᠯᠡᠬᠦ ᠰᠤᠷᠤᠬᠴᠢᠳ ᠯᠡ ᠪᠢᠰᠢ᠂
ᠬᠢᠳᠠᠳ ᠢᠶᠠᠷ ᠬᠢᠴᠢᠶᠡᠯᠯᠡᠬᠦ ᠰᠣᠷᠤᠭᠴᠢᠳ ᠲᠤ ᠠᠪᠴᠤ ᠬᠡᠯᠡᠭᠰᠡᠨ ᠴᠦ᠂ ᠪᠢᠴᠢᠭ ᠤᠨ ᠬᠡᠯᠡ ᠪᠤᠯᠤᠨ ᠡᠷᠳᠡᠨ ᠤ ᠰᠢᠯᠦᠭ
ᠳᠠᠭᠤᠯᠠᠯ ᠨᠢ ᠢᠮᠠᠬᠳᠠ ᠵᠢᠭᠠᠨ ᠰᠤᠷᠭᠠᠯᠳᠠ ᠶᠢᠨ ᠬᠦᠴᠢᠷᠳᠡᠯᠬᠡ ᠪᠤᠯᠤᠬᠰᠠᠭᠠᠷ ᠢᠷᠡᠵᠠᠢ᠂ ᠪᠠᠰᠠᠴᠦ
ᠭᠤᠤᠯᠳᠠᠯᠭᠠᠳᠠᠢ ᠰᠢᠯᠭᠠᠨ ᠪᠠᠶᠢᠴᠠᠭᠠᠬᠤ ᠠᠭᠤᠯᠭ᠎ᠠ ᠪᠤᠯᠵᠦ ᠪᠤᠢ᠃ ᠤᠳᠤᠬᠠᠨ ᠳᠤ ᠨᠢᠭᠡᠳᠦᠯᠳᠡᠢ
ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠡᠷᠳᠡᠨ ᠤ ᠰᠢᠯᠦᠭ ᠳᠠᠭᠤᠯᠠᠯ ᠤᠨ ᠳᠤᠭ᠎ᠠ ᠨᠢ
ᠲᠡᠶᠢᠮᠦ ᠣᠯᠠᠨ ᠪᠢᠰᠢ ᠮᠦᠷᠳᠡᠬᠡᠨ ᠤᠷᠠᠨ ᠤᠩᠰᠢᠯᠭ᠎ᠠ ᠶᠢᠨ ᠠᠭᠤᠯᠭ᠎ᠠ ᠪᠤᠯᠪᠠᠴᠤ ᠦᠨᠳᠦᠰᠦᠳᠡᠨ ᠤ ᠬᠡᠯᠨ ᠪᠠᠷ
ᠬᠢᠴᠢᠶᠡᠯᠯᠡᠬᠦ ᠰᠣᠷᠤᠭᠴᠢᠳ ᠤᠨ ᠰᠠᠭᠤᠷᠢ ᠨᠢ ᠬᠠᠷᠢᠴᠠᠩᠭᠤᠢ ᠠᠨᠠᠢ ᠪᠠᠶᠢᠬᠤ ᠪᠤᠳᠠᠳᠤ ᠪᠠᠶᠢᠳᠠᠯ ᠳᠤ ᠴᠢᠭᠯᠡᠬᠦᠯᠦᠨ᠂
ᠥᠪᠡᠷᠳᠡᠭᠡᠨ ᠵᠠᠰᠠᠬᠤ ᠣᠷᠤᠨ ᠠᠴᠠ ᠰᠣᠳᠤᠯᠭᠠᠨ ᠤ ᠰᠡᠳᠦᠪ ᠤᠨ ᠳᠦᠰᠦᠯ ᠢ ᠵᠤᠬᠢᠶᠠᠨ ᠪᠠᠶᠢᠭᠤᠯᠵᠤ᠂ ᠳᠤᠰᠬᠠᠢ ᠳᠦᠷᠦᠯ ᠤᠨ
ᠰᠣᠳᠤᠯᠭᠠᠨ ᠬᠢᠵᠦ᠂ ᠵᠢᠭᠠᠨ ᠰᠤᠷᠭᠠᠯᠳᠠ ᠶᠢᠨ ᠳᠤᠷᠰᠢᠯᠳᠠ ᠪᠠᠷ ᠳᠠᠮᠵᠢᠵᠦ᠂ ᠭᠤᠤᠯᠳᠠᠯᠭᠠᠳᠠᠢ ᠰᠢᠪᠳᠤᠯᠤᠯᠳᠠ ᠬᠢᠵᠦ᠂
ᠰᠤᠷᠭᠠᠨ ᠬᠦᠮᠦᠵᠢᠬᠦᠯᠬᠦ ᠠᠷᠭ᠎ᠠ ᠪᠠᠷᠢᠯ ᠪᠤᠯᠤᠨ ᠵᠢᠭᠠᠨ ᠰᠤᠷᠭᠠᠯᠳᠠ ᠶᠢᠨ ᠬᠡᠯᠪᠡᠷᠢ ᠪᠠᠨ ᠳᠠᠰᠤᠷᠠᠯᠳᠠ ᠦᠭᠡᠢ ᠰᠢᠨᠡᠳᠭᠡᠵᠦ᠂
ᠰᠤᠷᠤᠭᠴᠢᠳ ᠤᠨ ᠪᠢᠴᠢᠭ ᠤᠨ ᠬᠡᠯᠡ ᠪᠤᠯᠤᠨ ᠡᠷᠳᠡᠨ ᠤ ᠰᠢᠯᠦᠭ ᠳᠠᠭᠤᠯᠠᠯ ᠢ ᠳᠦᠷᠬᠡᠨ ᠰᠤᠷᠴᠤ
ᠡᠵᠡᠮᠰᠢᠬᠦ ᠬᠠᠮᠤᠭ ᠤᠨ ᠰᠠᠶᠢᠨ ᠠᠷᠭ᠎ᠠ ᠵᠠᠮ ᠢ ᠬᠠᠶᠢᠨ᠎ᠠ᠃ ᠡᠯ᠎ᠡ ᠭᠠᠵᠠᠷ ᠤᠨ ᠲᠤᠮᠳᠠᠳᠦ ᠪᠠᠭ᠎ᠠ
ᠰᠤᠷᠭᠠᠭᠤᠯᠢ ᠶᠢᠨ ᠬᠢᠨ ᠨᠤᠳᠠᠯᠠᠯ ᠤᠨ ᠳᠤᠷᠰᠢᠯᠳᠠ ᠶᠢ ᠢᠳᠡᠪᠬᠢᠳᠡᠢ ᠪᠠᠷ ᠥᠷᠨᠢᠬᠦᠯᠦᠨ᠂
ᠬᠡᠷᠡᠭᠵᠢᠭᠦᠯᠬᠦ ᠪᠤᠯᠤᠮᠵᠢᠳᠠᠢ ᠵᠢᠮ᠎ᠡ ᠶᠤᠰᠤ ᠶᠢ ᠳ᠋ᠦᠩᠨᠡᠵᠦ᠂ ᠵᠢᠭᠠᠨ ᠰᠤᠷᠭᠠᠬᠤ ᠠᠷᠭ᠎ᠠ ᠪᠠᠷᠢᠯ ᠢᠶᠠᠨ ᠳᠠᠰᠤᠷᠠᠯᠳᠠ ᠦᠭᠡᠢ ᠰᠠᠶᠢᠵᠢᠷᠠᠭᠤᠯᠤᠨ᠂
ᠤᠩᠰᠢᠨ ᠰᠣᠨᠢᠷᠬᠠᠬᠤ ᠬᠢᠷᠢ ᠳᠦᠪᠰᠢᠨ ᠢ ᠳᠡᠭᠡᠭᠰᠢᠯᠡᠬᠦᠯᠬᠦ ᠶᠢ ᠵᠤᠷᠢᠭᠵᠢᠭᠤᠯᠤᠨ᠎ᠠ᠃     7. ᠠᠰᠠᠭᠤᠯᠳᠠ᠄
ᠦᠨᠳᠦᠰᠦᠳᠡᠨ ᠤ ᠰᠤᠷᠭᠠᠭᠤᠯᠢ ᠶᠢᠨ ᠪᠠᠭᠰᠢ ᠨᠠᠷ ᠲᠤ ᠠᠪᠴᠤ ᠬᠡᠯᠡᠪᠡᠯ᠂ ᠬᠡᠷᠪᠡ ᠰᠤᠷᠤᠯᠴᠠᠯᠭ᠎ᠠ
ᠪᠤᠯᠪᠠᠰᠤᠷᠠᠭᠤᠯᠤᠯᠳᠠ ᠪᠠᠷ ᠳᠠᠮᠵᠢᠭᠠᠳ ᠤᠯᠤᠰ ᠤᠨ ᠨᠡᠶᠢᠳᠡᠮ ᠬᠡᠷᠡᠭᠯᠡᠬᠦ
ᠦᠬᠡ ᠬᠡᠯᠨ ᠦᠰᠦᠭ ᠪᠢᠴᠢᠭ ᠤᠨ ᠵᠢᠭᠠᠨ ᠰᠤᠷᠭᠠᠯᠳᠠ ᠶᠢᠨ ᠠᠵᠢᠯ ᠢ ᠮᠦᠨ ᠬᠦ ᠡᠬᠦᠷᠭᠡᠯᠡᠵᠦ ᠳᠡᠶᠢᠯᠬᠦ ᠦᠬᠡᠢ ᠪᠤᠯ
ᠳᠡᠳᠡᠨ ᠤ ᠬᠦᠮᠦᠨ ᠬᠢᠬᠡᠳ ᠠᠵᠢᠯ ᠤᠨ ᠪᠠᠶᠢᠷᠢ ᠶᠢ ᠵᠤᠬᠢᠴᠠᠭᠤᠯᠵᠤ᠂ ᠬᠤᠪᠢ ᠬᠦᠮᠦᠨ ᠤ ᠦᠷᠳᠡᠭ ᠢᠶᠠᠨ ᠬᠦᠢᠴᠡᠳ
ᠢᠯᠡᠷᠡᠬᠦᠯᠬᠦ ᠶᠢ ᠬᠡᠷᠬᠢᠨ ᠪᠠᠳᠤᠯᠠᠬᠤ ᠪᠤᠢ︖     ᠬᠠᠷᠢᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ
ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ ᠨᠢᠬᠡ ᠪᠦᠯᠦᠭ ᠪᠠᠭᠰᠢ ᠵᠢᠭᠠᠨ ᠰᠤᠷᠭᠠᠬᠤ ᠦᠬᠡ ᠬᠡᠯᠨ
ᠰᠣᠯᠢᠭᠳᠠᠭᠰᠠᠨ ᠤ ᠬᠠᠷᠠᠭ᠎ᠠ ᠪᠠᠷ ᠳᠦᠷ ᠴᠠᠭ ᠵᠢᠭᠠᠨ ᠰᠤᠷᠭᠠᠯᠳᠠ ᠶᠢᠨ ᠠᠵᠢᠯ ᠤᠨ ᠪᠠᠶᠢᠷᠢ ᠳᠤ
ᠭᠠᠷᠴᠤ ᠳᠡᠶᠢᠯᠬᠦ ᠦᠭᠡᠢ ᠪᠤᠶᠤ ᠳᠡᠷᠡᠴᠢᠯᠡᠨ ᠪᠤᠯᠪᠠᠰᠤᠷᠠᠭᠤᠯᠤᠯᠳᠠ ᠪᠠᠷ ᠳᠠᠮᠵᠢᠭᠠᠳ ᠮᠥᠨ ᠯᠨ ᠵᠢᠭᠠᠨ
ᠰᠤᠷᠭᠠᠯᠳᠠ ᠶᠢᠨ ᠠᠵᠢᠯ ᠢ ᠡᠬᠦᠷᠭᠡᠯᠡᠵᠦ ᠳᠡᠶᠢᠯᠬᠦ ᠦᠭᠡᠢ ᠪᠠᠶᠢᠳᠠᠯ ᠭᠠᠷᠬᠤ ᠪᠤᠯᠤᠨ᠎ᠠ᠃ ᠡᠳᠡᠭᠡᠷ
ᠪᠠᠭᠰᠢ ᠨᠠᠷ ᠤᠨ ᠬᠤᠪᠢ ᠬᠦᠮᠦᠨ ᠤ ᠬᠦᠰᠡᠯ ᠰᠤᠩᠭᠤᠯᠳᠠ ᠶᠢ ᠬᠦᠨᠳᠦᠳᠭᠡᠨ᠂ ᠬᠦᠮᠦᠨ ᠬᠢᠬᠡᠳ ᠠᠵᠢᠯ ᠤᠨ ᠪᠠᠶᠢᠷᠢ ᠶᠢ
ᠵᠤᠬᠢᠴᠠᠭᠤᠯᠬᠤ ᠵᠠᠷᠴᠢᠮ ᠢᠶᠠᠷ ᠳᠡᠳᠡᠨ ᠢ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠤᠭᠤᠳᠤᠭᠴᠢ
ᠪᠤᠯᠭᠠᠨ ᠬᠤᠪᠢᠷᠠᠭᠤᠯᠵᠤ ᠪᠤᠯᠤᠨ᠎ᠠ᠃ ᠰᠢᠶᠠᠨ ᠤ ᠬᠡᠪᠴᠢᠶᠡᠨ ᠳᠤᠳᠤᠷ᠎ᠠ ᠪᠠᠨ ᠳᠤᠰ ᠰᠤᠷᠭᠠᠭᠤᠯᠢ ᠪᠤᠶᠤ ᠠᠬ᠎ᠠ ᠳᠡᠬᠦᠦ
ᠰᠤᠷᠭᠠᠭᠤᠯᠢ ᠠᠴᠠ ᠰᠤᠩᠭᠤᠯᠳᠠ ᠬᠢᠯᠭᠡᠵᠦ᠂ ᠦᠪᠡᠷ ᠤᠨ ᠪᠡᠶ᠎ᠡ ᠳᠤᠨᠢ ᠳᠤᠬᠢᠷᠠᠭᠰᠠᠨ ᠠᠵᠢᠯ ᠳᠤ ᠰᠢᠯᠵᠢᠬᠦᠯᠵᠦ ᠴᠦ ᠪᠤᠯᠤᠨ᠎ᠠ᠃
ᠶᠡᠷᠦᠩᠬᠡᠢ ᠳᠤᠨᠢ ᠬᠡᠯᠡᠪᠡᠯ᠂ ᠨᠢᠬᠡ ᠳᠠᠯ᠎ᠠ ᠪᠠᠷ ᠪᠠᠭᠰᠢ ᠶᠢᠨ ᠪᠠᠭᠰᠢᠯᠠᠬᠤ ᠪᠠᠷᠢᠮᠵᠢᠶ᠎ᠠ
ᠱᠠᠭᠠᠷᠳᠠᠯᠭ᠎ᠠ ᠶᠢ ᠳᠤᠷᠤᠭᠰᠢᠯᠠᠭᠤᠯᠵᠤ ᠪᠤᠯᠬᠤ ᠦᠭᠡᠢ᠂ ᠨᠦᠬᠦᠬᠡ
ᠳᠠᠯ᠎ᠠ ᠪᠠᠷ ᠪᠠᠭᠰᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠵᠤ᠂ ︽ᠭᠤᠷᠪᠠ ᠶᠢ ᠬᠤᠪᠢᠷᠠᠭᠤᠯᠬᠤ
ᠦᠭᠡᠢ︾ ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠳᠡᠢ᠃     8. ᠠᠰᠠᠭᠤᠯᠳᠠ᠄ ᠤᠶᠢᠷ᠎ᠠ ᠳᠤ
ᠥᠪᠡᠷᠳᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠳᠠᠳ ᠢᠶᠠᠷ
ᠬᠢᠴᠢᠶᠡᠯᠯᠡᠬᠦ ᠪᠠᠭ᠎ᠠ ᠰᠤᠷᠭᠠᠭᠤᠯᠢ ᠶᠢᠨ ︽ᠬᠡᠯᠨ ᠪᠢᠴᠢᠭ︾᠎ ᠤᠨ ᠬᠢᠴᠢᠶᠡᠯ ᠢ ᠭᠠᠷᠠᠭ ᠲᠤ 8
ᠬᠢᠴᠢᠶᠡᠯ ᠤᠨ ᠴᠠᠭ ᠭᠡᠵᠤ᠂ ᠬᠢᠳᠠᠳ ᠬᠡᠯᠡᠨ ᠤ ᠰᠠᠭᠤᠷᠢ ᠪᠠᠷ ᠨᠡᠩ ᠪᠠᠷᠤᠭᠳᠠᠢ ᠦᠨᠳᠦᠰᠦᠳᠡᠨ ᠤ ᠪᠠᠭ᠎ᠠ
ᠰᠤᠷᠭᠠᠭᠤᠯᠢ ᠶᠢᠨ ︽ᠬᠡᠯᠨ ᠪᠢᠴᠢᠭ︾᠎ ᠤᠨ ᠬᠢᠴᠢᠶᠡᠯ ᠨᠢ ᠬᠠᠷᠢᠨ ᠭᠠᠷᠠᠭ ᠲᠤ 5 ᠬᠢᠴᠢᠶᠡᠯ ᠤᠨ
ᠴᠠᠭ ᠭᠡᠵᠤ ᠳᠤᠳᠤᠷᠬᠠᠶᠢᠯᠠᠵᠠᠢ᠃ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠨᠢᠭᠡᠳᠦᠯᠳᠡᠢ
ᠰᠢᠯᠭᠠᠯᠳᠠ ᠶᠢᠨ ᠬᠠᠭᠤᠳᠠᠰᠤᠨ ᠤ ᠦᠨᠡᠯᠡᠯᠳᠡ ᠶᠢ ᠬᠡᠷᠡᠭᠯᠡᠬᠦ ᠪᠠᠶᠢᠳᠠᠯ ᠳᠤᠤᠷ᠎ᠠ ᠡᠶᠢᠮᠦᠷᠬᠦᠦ
ᠬᠢᠴᠢᠶᠡᠯ ᠤᠨ ᠴᠠᠭ ᠤᠨ ᠳᠤᠬᠢᠷᠠᠭᠤᠯᠤᠯᠳᠠ ᠪᠠᠷ ᠳᠤᠭᠳᠠᠭᠰᠠᠨ ᠵᠢᠭᠠᠨ ᠰᠤᠷᠭᠠᠯᠳᠠ ᠶᠢᠨ ᠡᠬᠦᠷᠭᠡ ᠶᠢ
ᠪᠡᠶᠡᠯᠡᠬᠦᠯᠬᠦ ᠶᠢᠨ ᠠᠷᠭ᠎ᠠ ᠦᠭᠡᠢ ᠪᠠᠶᠢᠵᠤ ᠮᠡᠳᠡᠨ᠎ᠡ᠃ ᠡᠨᠡᠬᠦ ᠬᠦᠴᠢᠷ
ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖     ᠬᠠᠷᠢᠭᠤᠯᠳᠠ᠄ ᠮᠠᠨ ᠤ ᠣᠷᠤᠨ ᠤ ᠠᠯᠪᠠᠨ
ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠳᠦᠯᠦᠪᠯᠡᠭᠡ ᠶᠢᠨ ᠳᠤᠬᠢᠷᠠᠭᠤᠯᠤᠯᠳᠠ ᠶᠤᠰᠤᠭᠠᠷ
ᠬᠢᠳᠠᠳ ᠢᠶᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ︽ᠬᠡᠯᠨ
ᠪᠢᠴᠢᠭ︾᠎ ᠤᠨ ᠬᠢᠴᠢᠶᠡᠯ ᠨᠢ ᠭᠠᠷᠠᠭ ᠲᠤ 8 ᠬᠢᠴᠢᠶᠡᠯ ᠤᠨ ᠴᠠᠭ᠂ ᠦᠨᠳᠦᠰᠦᠳᠡᠨ ᠤ ᠬᠡᠯᠨ ᠪᠠᠷ ᠬᠢᠴᠢᠶᠡᠯᠯᠡᠬᠦ
ᠰᠤᠷᠭᠠᠭᠤᠯᠢ ᠶᠢᠨ ᠬᠢᠨᠢ ᠭᠠᠷᠠᠭ ᠲᠤ 5 ᠬᠢᠴᠢᠶᠡᠯ ᠤᠨ ᠴᠠᠭ ᠪᠠᠶᠢᠵᠤ᠂ ᠤᠨᠤᠯ ᠤᠨ ᠳᠠᠯ᠎ᠠ ᠪᠠᠷ
ᠬᠢᠳᠠᠳ ᠢᠶᠠᠷ ᠬᠢᠴᠢᠶᠡᠯᠯᠡᠬᠦ ᠰᠤᠷᠭᠠᠭᠤᠯᠢ ᠠᠴᠠ ᠭᠠᠷᠠᠭ ᠲᠤ 3 ᠬᠢᠴᠢᠶᠡᠯ ᠤᠨ ᠴᠠᠭ ᠪᠠᠭᠠᠰᠤᠭᠰᠠᠨ ᠪᠠᠶᠢᠨ᠎ᠠ᠃
ᠵᠢᠭᠠᠨ ᠰᠤᠷᠭᠠᠯᠳᠠ ᠶᠢᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠠᠳᠤᠯᠠᠬᠤ ᠶᠢᠨ ᠳᠦᠯᠦᠭᠡ ᠦᠪᠡᠷᠳᠡᠭᠡᠨ ᠵᠠᠰᠠᠬᠤ
ᠣᠷᠤᠨ ᠠᠴᠠ ᠵᠢᠭᠠᠨ ᠰᠤᠷᠭᠠᠯᠳᠠ ᠶᠢᠨ ᠵᠢᠯᠤᠭᠤᠳᠬᠤ ᠰᠠᠨᠠᠭᠤᠯᠭ᠎ᠠ ᠪᠤᠯᠤᠨ ᠰᠤᠷᠤᠯᠭ᠎ᠠ ᠶᠢᠨ ᠦᠨᠡᠯᠡᠯᠳᠡ ᠶᠢᠨ
ᠱᠠᠭᠠᠷᠳᠠᠯᠭ᠎ᠠ ᠶᠢ ᠰᠣᠳᠤᠯᠤᠨ ᠳᠤᠭᠳᠠᠭᠠᠵᠤ᠂ ᠵᠢᠭᠠᠨ ᠰᠤᠷᠭᠠᠯᠳᠠ ᠶᠢᠨ ᠬᠦᠴᠢᠷ ᠤᠨ
ᠬᠡᠮᠵᠢᠶ᠎ᠡ ᠶᠢ ᠵᠤᠬᠢᠰᠳᠠᠢ ᠳᠤᠷᠤᠭᠰᠢᠯᠠᠭᠤᠯᠤᠭᠰᠠᠨ ᠪᠠᠶᠢᠨ᠎ᠠ᠃ ᠬᠦᠴᠢᠷ ᠤᠨ ᠬᠡᠮᠵᠢᠶᠡᠨ ᠤ
ᠳᠤᠷᠤᠭᠰᠢᠯᠠᠯᠳᠠ ᠨᠢ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠮᠦᠷᠳᠡᠭᠰᠡᠨ
ᠤᠷᠢᠳᠠᠯ ᠳᠤᠤᠷ᠎ᠠ ᠵᠢᠭᠠᠨ ᠰᠤᠷᠭᠠᠬᠤ ᠠᠭᠤᠯᠭ᠎ᠠ ᠶᠢᠨ ᠴᠠᠭ ᠤᠨ ᠳᠠᠷᠠᠭᠠᠯᠠᠯ ᠤᠨ ᠳᠤᠬᠢᠷᠠᠭᠤᠯᠤᠯᠳᠠ ᠶᠢ ᠵᠣᠬᠢᠴᠠᠭᠤᠯᠬᠤ᠂
ᠤᠩᠰᠢᠯᠭ᠎ᠠ ᠶᠢᠨ ᠨᠢᠭᠡᠴᠢ ᠶᠢᠨ ᠠᠭᠤᠯᠭ᠎ᠠ ᠶᠢ ᠪᠠᠭᠠᠰᠬᠠᠬᠤ ᠵᠡᠷᠭᠡ ᠬᠡᠯᠪᠡᠷᠢ ᠪᠠᠷ ᠲᠦᠰᠦᠪᠯᠡᠭᠳᠡᠵᠦ᠂ ᠮᠡᠳᠡᠯᠭᠡ ᠶᠢᠨ ᠪᠦᠳᠦᠴᠡ
ᠪᠤᠯᠤᠨ ᠠᠭᠤᠯᠭ᠎ᠠ ᠶᠢᠨ ᠰᠢᠰᠲ᠋ᠧᠮ ᠢ ᠵᠤᠯᠭᠠᠭᠤᠯᠬᠤ ᠶᠢᠨ ᠳᠠᠯ᠎ᠠ ᠪᠠᠷ ᠬᠢᠴᠢᠶᠡᠯ ᠤᠨ ᠪᠠᠷᠢᠮᠵᠢᠶ᠎ᠠ ᠲᠠᠢ ᠨᠢᠭᠡᠳᠦᠯᠳᠡᠢ ᠶᠤᠮ᠃
ᠵᠢᠱᠢᠶᠡᠯᠡᠪᠡᠯ᠂ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠪᠠᠷᠢᠮᠵᠢᠶ᠎ᠠ ᠳᠤ ᠤᠩᠰᠢᠯᠭ᠎ᠠ ᠶᠢᠨ
ᠨᠢᠭᠡᠴᠢ ᠳᠤ 4 ᠵᠤᠬᠢᠶᠠᠯ ᠢ ᠨᠠᠷᠢᠯᠢᠭ ᠤᠩᠰᠢᠬᠤ ᠱᠠᠭᠠᠷᠳᠠᠯᠭ᠎ᠠ ᠲᠠᠢ ᠪᠠᠶᠢᠳᠠᠭ ᠲᠤ ᠬᠦᠷᠪᠡᠯ᠂
ᠵᠦᠪᠬᠡᠨ 1 — 2 ᠵᠤᠬᠢᠶᠠᠯ ᠢ ᠨᠠᠷᠢᠯᠢᠭ ᠤᠩᠰᠢᠬᠤ ᠶᠢ ᠱᠠᠭᠠᠷᠳᠠᠭᠠᠳ ᠪᠤᠰᠤᠳ ᠵᠤᠬᠢᠶᠠᠯ ᠢ ᠨᠢ ᠦᠪᠡᠷᠳᠡᠭᠡᠨ ᠤᠩᠰᠢᠬᠤ
ᠪᠤᠶᠤ ᠳᠠᠭᠠᠵᠤ ᠤᠩᠰᠢᠬᠤ ᠵᠤᠬᠢᠶᠠᠯ ᠪᠤᠯᠭᠠᠨ ᠳᠤᠬᠢᠷᠠᠭᠤᠯᠵᠤ᠂ ᠰᠤᠷᠤᠯᠭ᠎ᠠ ᠶᠢᠨ ᠦᠨᠡᠯᠡᠯᠳᠡ ᠳᠤ ᠨᠠᠷᠢᠯᠢᠭ ᠤᠩᠰᠢᠬᠤ
ᠵᠤᠬᠢᠶᠠᠯ ᠳᠤ ᠯᠨ ᠦᠨᠳᠦᠰᠦᠨ ᠱᠠᠭᠠᠷᠳᠠᠯᠭ᠎ᠠ ᠳᠤᠷᠠᠳᠬᠤ ᠪᠤᠯᠤᠨ᠎ᠠ᠃ ᠵᠢᠭᠠᠨ ᠰᠤᠷᠭᠠᠯᠳᠠ ᠶᠢᠨ ᠴᠢᠨᠠᠷ
ᠴᠢᠨᠰᠠᠭ᠎ᠠ ᠨᠢ ᠪᠠᠭᠰᠢ ᠶᠢᠨ ᠵᠢᠭᠠᠨ ᠰᠤᠷᠭᠠᠯᠳᠠ ᠶᠢᠨ ᠬᠢᠷᠢ ᠳᠦᠪᠰᠢᠨ᠂ ᠵᠢᠭᠠᠨ ᠰᠤᠷᠭᠠᠬᠤ ᠤᠪᠤᠷ ᠪᠤᠯᠤᠨ ᠵᠢᠭᠠᠨ ᠰᠤᠷᠭᠠᠬᠤ
ᠠᠷᠭ᠎ᠠ ᠪᠠᠷᠢᠯ ᠠᠴᠠ ᠯᠨ ᠰᠢᠯᠳᠠᠭᠠᠯᠠᠭᠳᠠᠳᠠᠭ ᠳᠡᠳᠦᠢ ᠪᠢᠰᠢ᠂ ᠰᠣᠷᠤᠭᠴᠢ ᠶᠢᠨ ᠰᠣᠷᠤᠯᠴᠠᠬᠤ ᠳᠠᠳᠬᠠᠯ᠂
ᠰᠣᠷᠤᠯᠴᠠᠬᠤ ᠤᠪᠤᠷ ᠪᠤᠯᠤᠨ ᠦᠪᠡᠷ ᠢ ᠪᠠᠨ ᠡᠵᠡᠮᠳᠡᠬᠦ ᠴᠢᠳᠠᠪᠤᠷᠢ ᠵᠡᠷᠭᠡ ᠨᠢ ᠪᠦᠷ ᠵᠢᠭᠠᠨ ᠰᠤᠷᠭᠠᠯᠳᠠ ᠶᠢᠨ
ᠴᠢᠨᠠᠷ ᠴᠢᠨᠰᠠᠭ᠎ᠠ ᠳᠤ ᠨᠦᠯᠦᠬᠡ ᠦᠵᠡᠬᠦᠯᠳᠡᠭ ᠶᠤᠮ᠃ ᠭᠡᠷ ᠪᠦᠯᠢ ᠪᠤᠯᠤᠨ ᠰᠤᠷᠭᠠᠭᠤᠯᠢ ᠬᠠᠮᠳᠤᠷᠠᠵᠤ᠂ ᠪᠠᠭᠰᠢ
ᠰᠤᠷᠤᠭᠴᠢ ᠬᠠᠮᠳᠤ ᠪᠠᠷ ᠬᠦᠴᠦᠯᠡᠨ ᠴᠢᠷᠮᠠᠶᠢᠳᠠᠭ ᠲᠤ ᠯᠨ ᠬᠦᠷᠪᠡᠯ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ
ᠪᠠᠳᠤᠯᠠᠵᠤ ᠪᠣᠯᠬᠤ ᠶᠣᠮ᠃     9. ᠠᠰᠠᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ᠂
ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠡᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠨᠢ ᠵᠢᠭᠠᠨ
ᠰᠤᠷᠭᠠᠯᠲᠠ ᠶᠢᠨ ᠳᠤᠮᠲᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠵᠢᠭᠠᠨ
ᠰᠤᠷᠭᠠᠯᠲᠠ ᠶᠢᠨ ᠴᠢᠨᠠᠷ ᠴᠢᠨᠰᠠᠭ᠎ᠠ ᠪᠠ ᠰᠤᠷᠤᠭᠴᠢ ᠶᠢᠨ ᠬᠢᠷᠢ ᠪᠥᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ᠤᠷᠳᠤ
ᠬᠤᠭᠤᠴᠠᠭ᠎ᠠ ᠲᠤᠬᠳᠠᠭᠤᠨ ᠪᠠᠶᠢᠬᠤ ︽ᠨᠢᠭᠤᠷᠲᠡᠨ ᠵᠢᠯᠤᠭᠤᠳᠬᠤ︾᠂ ︽ᠨᠢᠭᠡ ᠨᠢᠭᠡ ᠪᠠᠷ
ᠬᠠᠷᠠᠭᠠᠯᠵᠠᠭᠤᠯᠤᠨ ᠬᠦᠮᠦᠵᠢᠭᠦᠯᠬᠦ︾ ᠮᠡᠳᠦ ᠶᠢᠨ ᠰᠠᠯᠤᠯ ᠦᠭᠡᠢ ᠳᠠᠭᠠᠵᠦ
ᠬᠠᠪᠰᠤᠷᠤᠨ ᠳᠡᠳᠬᠦᠬᠦ ᠲᠤᠭᠳᠠᠴᠠ ᠶᠢ ᠪᠠᠶᠢᠭᠤᠯᠵᠦ ᠪᠤᠯᠬᠤ ᠡᠰᠡᠬᠦ︖     ᠬᠠᠷᠢᠭᠤᠯᠲᠠ᠄ ᠤᠯᠤᠰ ᠠᠴᠠ
ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠴᠠ ᠳᠤ ᠲᠤᠯᠭᠠᠷᠠᠬᠤ ᠬᠦᠴᠢᠷᠳᠡᠯ
ᠪᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠡᠨ ᠠᠴᠠ
ᠰᠢᠯᠢᠳᠡᠭ ᠢ ᠨᠢ ᠰᠤᠩᠭᠤᠨ ᠤᠷᠢᠵᠦ ᠬᠡᠷᠡᠭᠯᠡᠬᠦ ᠬᠡᠯᠪᠡᠷᠢ ᠪᠠᠷ ᠮᠤᠩᠭᠤᠯ ᠬᠢᠲᠡᠳ ᠬᠤᠤᠰ ᠬᠡᠯᠡᠨ ᠤ ᠵᠢᠭᠠᠨ ᠰᠤᠷᠭᠠᠯᠳᠠ ᠶᠢᠨ
ᠵᠢᠭᠠᠬᠤ ᠶᠢ ᠰᠤᠳᠤᠯᠤᠭᠴᠢ ᠶᠢ ᠰᠢᠯᠢᠨ ᠰᠣᠩᠭᠤᠵᠤ ᠪᠦᠷᠢᠳᠦᠭᠦᠯᠦᠨ᠂ ᠰᠤᠳᠤᠯᠬᠤ᠂ ᠵᠢᠯᠤᠭᠤᠳᠬᠤ᠂
ᠦᠢᠯᠡᠴᠢᠯᠡᠬᠦ ᠴᠢᠳᠠᠪᠬᠢ ᠶᠢ ᠨᠢ ᠭᠦᠢᠴᠡᠳ ᠪᠠᠳᠠᠷᠠᠭᠤᠯᠤᠨ᠎ᠠ᠃ ᠮᠤᠩᠭᠤᠯ ᠬᠢᠲᠡᠳ ᠬᠤᠤᠰ ᠬᠡᠯᠡᠨ ᠤ
ᠬᠢᠴᠢᠶᠡᠯᠯᠡᠭᠡ ᠶᠢᠨ ᠰᠢᠯᠢᠳᠡᠭ ᠪᠠᠭᠰᠢ ᠨᠠᠷ ᠢ ᠵᠤᠬᠢᠶᠠᠨ ᠪᠠᠶᠢᠭᠤᠯᠵᠦ᠂ ᠬᠠᠮᠲᠤ ᠪᠠᠷ ᠬᠢᠴᠢᠶᠡᠯ
ᠪᠡᠯᠡᠳᠭᠡᠬᠦ᠂ ᠰᠤᠷᠭᠠᠨ ᠬᠦᠮᠦᠵᠢᠯ ᠢ ᠬᠥᠳᠡᠭᠡ ᠲᠤᠰᠬᠤᠨ ᠳᠤ ᠬᠦᠷᠭᠡᠬᠦ᠂ ᠡᠷᠳᠡᠮ ᠰᠢᠨᠵᠢᠯᠡᠭᠡᠨ ᠤ ᠢᠯᠡᠳᠬᠡᠯ ᠬᠢᠬᠦ ᠵᠡᠷᠭᠡ
ᠬᠦᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ
ᠰᠤᠷᠭᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠤᠷᠤᠨ ᠠᠴᠠ
ᠲᠥᠷᠦ ᠶᠢᠨ ᠪᠤᠳᠤᠯᠭ᠎ᠠ ᠲᠤᠬᠳᠠᠭᠠᠵᠦ᠂ ᠬᠤᠰᠢᠭᠤ ᠰᠢᠶᠡᠨ ᠤ ᠬᠡᠪᠴᠢᠶᠡᠨ ᠳᠤ ᠬᠤᠲᠠ ᠪᠠᠯᠭᠠᠰᠤ ᠪᠠᠷ ᠬᠥᠳᠡᠭᠡ
ᠲᠤᠰᠬᠤᠨ ᠮᠠᠯᠵᠢᠬᠤ ᠤᠷᠤᠨ ᠢ ᠳᠠᠶᠢᠴᠢᠯᠠᠨ᠂ ᠬᠦᠴᠦᠷᠬᠡᠭ ᠰᠤᠷᠭᠠᠭᠤᠯᠢ ᠨᠢ ᠪᠠᠭᠤᠷᠠᠢ ᠰᠤᠷᠭᠠᠭᠤᠯᠢ ᠶᠢ
ᠳᠠᠶᠢᠴᠢᠯᠠᠬᠤ ᠪᠠᠷ ᠦᠨᠳᠦᠰᠦᠨ ᠠᠷᠭ᠎ᠠ ᠵᠠᠮ ᠪᠤᠯᠭᠠᠭᠰᠠᠨ ᠬᠤᠲᠠ ᠬᠥᠳᠡᠭᠡ ᠶᠢᠨ ᠬᠤᠭᠤᠷᠤᠨᠳᠤᠬᠢ᠂
ᠰᠤᠷᠭᠠᠭᠤᠯᠢ ᠶᠢᠨ ᠬᠤᠭᠤᠷᠤᠨᠳᠤᠬᠢ ᠬᠠᠪᠰᠤᠷᠤᠨ ᠲᠡᠳᠭᠦᠬᠦ ᠲᠤᠭᠳᠠᠴᠠ ᠶᠢ ᠪᠠᠶᠢᠭᠤᠯᠬᠤ ᠪᠠᠷ ᠳᠡᠮᠵᠢᠨ᠂ ᠢᠵᠢᠯ ᠠᠯᠬᠤᠮᠲᠤ ᠵᠢᠭᠠᠨ
ᠰᠣᠳᠤᠯᠭᠠᠨ᠂ ᠬᠠᠮᠲᠤ ᠪᠠᠷ ᠬᠢᠴᠢᠶᠡᠯ ᠪᠡᠯᠡᠳᠭᠡᠬᠦ᠂ ᠵᠢᠭᠠᠨ ᠰᠤᠷᠭᠠᠯᠲᠠ ᠶᠢᠨ ᠬᠤᠯᠪᠤᠭ᠎ᠠ ᠶᠢ ᠪᠠᠶᠢᠭᠤᠯᠬᠤ ᠵᠠᠷᠭᠡ ᠠᠵᠢᠯ ᠤᠨ
ᠲᠥᠷᠢᠮ ᠢ ᠲᠤᠭᠳᠠᠭᠠᠵᠤ᠂ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ
ᠪᠤᠳᠠᠲᠦ ᠪᠠᠶᠢᠳᠠᠯ ᠢ ᠬᠠᠮᠲᠤ ᠳᠤ ᠨᠢ ᠬᠠᠷᠠᠭᠠᠯᠵᠠᠨ᠂ ᠬᠢᠴᠢᠶᠡᠯᠯᠡᠬᠦ ᠲᠥᠰᠦᠯ ᠪᠠ ᠵᠢᠭᠠᠨ ᠰᠤᠷᠭᠠᠯᠲᠠ ᠶᠢᠨ
ᠲᠦᠰᠦᠪ ᠲᠡᠭᠡᠨ ︽ᠨᠢᠭᠡ ᠳᠡᠪᠲᠠᠷ᠂ ᠨᠢᠭᠡ ᠬᠢᠴᠢᠶᠡᠯ ᠬᠤᠶᠠᠷ ᠲᠥᠰᠦᠯ︾ ᠪᠠᠶᠢᠬᠤ ᠶᠢ ᠪᠡᠶᠡᠯᠡᠭᠦᠯᠦᠨ᠂
ᠲᠤᠬᠠᠢ ᠶᠢᠨ ᠭᠠᠵᠠᠷ ᠤᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠤᠰ ᠬᠡᠯᠡᠨ ᠤ ᠵᠢᠭᠠᠨ ᠰᠤᠷᠭᠠᠯᠲᠠ ᠶᠢᠨ ᠬᠢᠷᠢ
ᠲᠥᠪᠰᠢᠨ ᠢ ᠦᠨᠡᠨ ᠬᠦ ᠳᠡᠭᠡᠭᠰᠢᠯᠡᠭᠦᠯᠦᠨ᠎ᠡ᠃     10 . ᠠᠰᠠᠭᠤᠯᠲᠠ᠄ ᠲᠥᠪᠡᠳ᠂ ᠰᠢᠨᠵᠢᠶᠡᠩ ᠵᠡᠷᠭᠡ
ᠴᠦᠬᠡᠨ ᠲᠤᠭᠠᠲᠦ ᠦᠨᠳᠦᠰᠦᠲᠡᠨ ᠤ ᠭᠠᠵᠠᠷ ᠤᠷᠤᠨ ᠨᠢ ᠮᠠᠨ ᠤ ᠤᠷᠤᠨ ᠠᠴᠠ ᠤᠷᠢᠳᠴᠢᠯᠠᠨ ᠤᠯᠤᠰ ᠤᠨ ᠨᠢᠭᠡᠳᠦᠯᠲᠠᠢ
ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠦᠯ ᠤᠨ ᠵᠢᠭᠠᠬᠤ ᠮᠠᠲ᠋ᠧᠷᠢᠶᠠᠯ ᠢ ᠨᠢᠭᠡᠨᠳᠡ ᠬᠡᠷᠡᠭᠯᠡᠪᠡ᠂ ᠲᠡᠭᠡᠪᠡᠯ ᠥᠪᠡᠷᠲᠡᠭᠡᠨ
ᠵᠠᠰᠠᠬᠤ ᠤᠷᠤᠨ ᠤ ᠰᠤᠷᠭᠠᠨ ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠢᠳᠡᠨ ᠳᠤ ᠪᠤᠯᠪᠠᠰᠤᠷᠠᠩᠭᠤᠢ᠂
ᠯᠠᠪᠯᠠᠯᠲᠠ ᠪᠤᠯᠭᠠᠵᠦ ᠪᠤᠯᠬᠤ ᠲᠤᠷᠰᠢᠯᠭ᠎ᠠ᠂ ᠠᠷᠭ᠎ᠠ ᠬᠡᠮᠵᠢᠶ᠎ᠡ ᠶᠢ ᠬᠠᠩᠭᠠᠨ ᠥᠭᠴᠦ ᠪᠤᠯᠬᠤ ᠦᠦ︖     ᠬᠠᠷᠢᠭᠤᠯᠲᠠ᠄ ᠰᠢᠨᠵᠢᠶᠡᠩ᠂
ᠲᠥᠪᠡᠳ ᠲᠤᠰ ᠲᠤᠰ 2017 ᠤᠨ ᠪᠤᠯᠤᠨ 2018 ᠤᠨ ᠠᠴᠠ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ
ᠮᠠᠲ᠋ᠧᠷᠢᠶᠠᠯ ᠢ ᠬᠡᠷᠡᠭᠯᠡᠵᠦ ᠡᠬᠢᠯᠡᠵᠠᠢ᠃ ᠪᠠᠭᠰᠢ ᠶᠢᠨ ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ᠂
ᠵᠢᠭᠠᠨ ᠰᠤᠷᠭᠠᠯᠲᠠ ᠶᠢᠨ ᠵᠤᠬᠢᠶᠠᠨ ᠪᠠᠶᠢᠭᠤᠯᠤᠯᠲᠠ᠂ ᠵᠢᠭᠠᠨ ᠰᠤᠷᠭᠠᠬᠤ ᠠᠷᠭ᠎ᠠ᠂ ᠵᠢᠭᠠᠬᠤ ᠠᠷᠭ᠎ᠠ ᠪᠠᠷᠢᠯ ᠵᠠᠷᠭᠡ ᠲᠠᠯ᠎ᠠ ᠪᠠᠷ
ᠡᠳᠦᠢ ᠲᠡᠳᠦᠢ ᠲᠤᠷᠰᠢᠯᠭ᠎ᠠ ᠬᠤᠷᠠᠮᠳᠤᠭᠤᠯᠤᠭᠰᠠᠨ ᠪᠠᠶᠢᠬᠤ ᠶᠤᠰᠤᠲᠠᠢ᠂ ᠪᠢᠳᠡ ᠵᠤᠬᠢᠰᠳᠠᠢ ᠦᠶ᠎ᠡ ᠳᠤ ᠡᠯ᠎ᠡ ᠱᠠᠲᠤᠨ ᠤ
ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ᠂ ᠵᠢᠭᠠᠬᠤ ᠶᠢ ᠰᠤᠳᠤᠯᠬᠤ
ᠪᠠᠶᠢᠭᠤᠯᠤᠮᠵᠢ ᠪᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠵᠠᠬᠢᠷᠤᠯ ᠢ ᠵᠤᠬᠢᠶᠠᠨ
ᠪᠠᠶᠢᠭᠤᠯᠵᠦ ᠰᠤᠷᠤᠯᠴᠠᠯᠭ᠎ᠠ ᠰᠤᠯᠢᠯᠴᠠᠭ᠎ᠠ ᠬᠢᠵᠦ᠂ ᠮᠠᠨ ᠤ ᠤᠷᠤᠨ ᠤ ᠤᠯᠤᠰ ᠤᠨ ᠨᠢᠭᠡᠳᠦᠯᠲᠠᠢ
ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠠᠰᠢᠭᠲᠠᠢ ᠰᠤᠷᠭᠠᠮᠵᠢ ᠪᠠ
ᠯᠠᠪᠯᠠᠯᠲᠠ ᠬᠠᠩᠭᠠᠨ᠎ᠠ᠃     11. ᠠᠰᠠᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ
ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ ᠦᠨᠳᠦᠰᠦᠳᠡᠨ ᠤ ᠬᠡᠯᠡᠨ ᠤ ᠬᠢᠴᠢᠶᠡᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ
ᠬᠡᠷᠬᠢᠨ ᠵᠡᠷᠭᠡ ᠪᠠᠷ ᠳᠡᠭᠡᠭᠰᠢᠯᠡᠬᠦᠯᠬᠦ ᠪᠤᠢ︖ ᠦᠪᠡᠷᠳᠡᠭᠡᠨ ᠵᠠᠰᠠᠬᠤ ᠣᠷᠤᠨ ᠠᠴᠠ ᠬᠤᠯᠪᠤᠭᠳᠠᠯ ᠪᠦᠬᠦᠢ
ᠳᠦᠯᠦᠪᠯᠡᠭᠡ ᠳᠤᠬᠢᠷᠠᠭᠤᠯᠤᠯᠳᠠ ᠪᠠᠶᠢᠨ᠎ᠠ ᠦᠦ︖     ᠬᠠᠷᠢᠭᠤᠯᠳᠠ᠄ ᠦᠨᠳᠦᠰᠦᠳᠡᠨ ᠤ ᠬᠡᠯᠡᠨ ᠤ
ᠬᠢᠴᠢᠶᠡᠯ ᠤᠨ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠶᠢ ᠪᠠᠳᠤᠯᠠᠨ ᠳᠡᠭᠡᠭᠰᠢᠯᠡᠬᠦᠯᠬᠦ ᠶᠢᠨ ᠳᠦᠯᠦᠬᠡ
ᠦᠪᠡᠷᠳᠡᠭᠡᠨ ᠵᠠᠰᠠᠬᠤ ᠣᠷᠤᠨ ᠠᠴᠠ ᠶᠠᠭ ᠪᠠᠭᠰᠢ ᠶᠢ ᠬᠦᠮᠦᠵᠢᠬᠦᠯᠦᠨ ᠪᠤᠯᠪᠠᠰᠤᠷᠠᠭᠤᠯᠬᠤ ᠪᠠ ᠨᠦᠬᠦᠨ
ᠡᠯᠰᠡᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠳᠤᠭᠳᠠᠭᠠᠵᠤ᠂ ᠦᠨᠳᠦᠰᠦᠳᠡᠨ ᠤ ᠰᠤᠷᠭᠠᠭᠤᠯᠢ ᠶᠢᠨ
ᠪᠠᠭᠰᠢ ᠶᠢᠨ ᠬᠢᠷᠢ ᠳᠦᠪᠰᠢᠨ ᠢ ᠬᠦᠴᠦᠯᠡᠨ ᠳᠡᠭᠡᠭᠰᠢᠯᠡᠬᠦᠯᠬᠦ ᠪᠠᠷ ᠪᠤᠢ᠂ ᠲᠡᠷᠡᠴᠢᠯᠡᠨ ᠣᠷᠤᠨ ᠤ ᠳᠤᠳᠤᠷᠠᠬᠢ
ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠪᠠ ᠬᠢᠳᠠᠳ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ
ᠰᠤᠷᠭᠠᠭᠤᠯᠢ ᠶᠢᠨ ᠬᠡᠯᠨ ᠪᠢᠴᠢᠭ ᠤᠨ ᠭᠤᠤᠯᠯᠠᠭᠴᠢ ᠪᠠᠭᠰᠢ ᠪᠤᠯᠤᠨ ᠳᠤᠰᠬᠠᠢ ᠮᠡᠷᠭᠡᠵᠢᠯᠳᠡᠨ᠂
ᠡᠷᠳᠡᠮᠳᠡᠳ ᠢ ᠵᠤᠬᠢᠶᠠᠨ ᠪᠠᠶᠢᠭᠤᠯᠵᠤ ︽ᠪᠦᠬᠦ ᠣᠷᠤᠨ ᠤ ᠦᠨᠳᠦᠰᠦᠳᠡᠨ ᠤ ᠬᠡᠯᠨ ᠪᠠᠷ
ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ
ᠬᠡᠷᠡᠭᠯᠡᠬᠦ ᠵᠢᠭᠠᠨ ᠰᠤᠷᠭᠠᠯᠳᠠ ᠶᠢᠨ ᠰᠠᠨᠠᠭᠤᠯᠭ᠎ᠠ ᠬᠢᠬᠡᠳ ᠦᠨᠡᠯᠡᠯᠳᠡ ᠶᠢᠨ ᠱᠠᠭᠠᠷᠳᠠᠯᠭ᠎ᠠ︾᠎ ᠶᠢ ᠨᠠᠶᠢᠷᠠᠭᠤᠯᠤᠨ ᠵᠣᠬᠢᠶᠠᠵᠤ᠂
ᠪᠤᠳᠠᠳᠠᠢ ᠵᠢᠭᠠᠨ ᠰᠤᠷᠭᠠᠯᠳᠠ ᠶᠢᠨ ᠶᠠᠪᠤᠴᠠ ᠳᠠᠭᠠᠨ ᠬᠦᠮᠦᠨ ᠢᠶᠠᠷ ᠭᠤᠤᠯ ᠪᠤᠯᠭᠠᠬᠤ᠂ ᠪᠠᠶᠢᠳᠠᠯ ᠳᠤᠨᠢ
ᠵᠤᠬᠢᠴᠠᠭᠤᠯᠤᠨ ᠵᠢᠭᠠᠨ ᠰᠤᠷᠭᠠᠬᠤ᠂ ᠭᠠᠵᠠᠷ ᠣᠷᠤᠨ ᠤ ᠪᠠᠶᠢᠳᠠᠯ ᠳᠤ ᠳᠤᠬᠢᠷᠠᠭᠤᠯᠬᠤ᠂ ᠪᠦᠬᠦ
ᠰᠣᠷᠤᠭᠴᠢ ᠳᠤ ᠬᠠᠨᠳᠤᠭᠤᠯᠬᠤ᠂ ᠬᠡᠷᠡᠭᠯᠡᠬᠦ ᠶᠢᠨ ᠳᠦᠯᠦᠬᠡ ᠰᠤᠷᠬᠤ ᠦᠨᠳᠦᠰᠦᠨ ᠵᠠᠷᠴᠢᠮ ᠢ ᠪᠠᠷᠢᠮᠳᠠᠯᠠᠨ᠂
ᠬᠢᠴᠢᠶᠡᠯ ᠤᠨ ᠴᠠᠭ ᠤᠨ ᠬᠤᠪᠢᠶᠠᠷᠢᠯᠠᠯᠳᠠ᠂ ᠰᠤᠷᠭᠠᠨ ᠬᠦᠮᠦᠵᠢᠬᠦᠯᠬᠦ ᠠᠭᠤᠯᠭ᠎ᠠ ᠶᠢᠨ ᠳᠤᠬᠢᠷᠠᠭᠤᠯᠤᠯᠳᠠ᠂ ᠡᠯ᠎ᠡ ᠬᠡᠰᠡᠭ ᠤᠨ ᠵᠢᠭᠠᠨ
ᠰᠤᠷᠭᠠᠯᠳᠠ ᠶᠢᠨ ᠭᠤᠤᠯᠳᠠᠯᠭ᠎ᠠ᠂ ᠵᠢᠴᠢ ᠦᠨᠡᠯᠡᠯᠳᠡ ᠶᠢᠨ ᠱᠠᠭᠠᠷᠳᠠᠯᠭ᠎ᠠ ᠳᠤ ᠰᠠᠨᠠᠭᠤᠯᠭ᠎ᠠ ᠪᠠ ᠱᠠᠭᠠᠷᠳᠠᠯᠭ᠎ᠠ ᠲᠤᠷᠠᠳᠬᠤ ᠶᠢ
ᠲᠤᠳᠤᠷᠬᠠᠶᠢᠯᠠᠭᠰᠠᠨ ᠪᠠᠶᠢᠨ᠎ᠠ᠃ ᠦᠪᠡᠷᠳᠡᠭᠡᠨ ᠵᠠᠰᠠᠬᠤ ᠣᠷᠤᠨ ᠠᠴᠠ
ᠬᠤᠰᠢᠭᠤ ᠰᠢᠶᠠᠨ ᠤ ᠬᠡᠪᠴᠢᠶᠡᠨ ᠳᠠᠬᠢ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ
ᠬᠢᠬᠡᠳ ᠬᠢᠳᠠᠳ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠢᠵᠢᠯ ᠠᠯᠬᠤᠮ ᠢᠶᠠᠷ ᠶᠠᠪᠤᠭᠳᠠᠭᠤᠯᠬᠤ
ᠵᠢᠭᠠᠨ ᠰᠤᠷᠭᠠᠯᠳᠠ ᠶᠢᠨ ᠰᠣᠳᠤᠯᠭᠠᠨ ᠪᠤᠯᠤᠨ ᠬᠢᠴᠢᠶᠡᠯ ᠪᠡᠯᠡᠳᠭᠡᠬᠦ ᠠᠵᠢᠯ ᠤᠨ ᠬᠤᠯᠪᠤᠯᠳᠤᠨ ᠨᠡᠪᠳᠡᠷᠡᠯᠴᠡᠬᠦ ᠳᠦᠷᠢᠮ
ᠲᠤᠬᠳᠠᠭᠠᠬᠤ ᠶᠢ ᠳᠡᠮᠵᠢᠵᠦ᠂ ᠣᠷᠤᠨ ᠲᠤᠭᠤᠷᠢᠭ ᠤᠨ ᠦᠨᠳᠦᠰᠦᠳᠡᠨ ᠤ ᠳᠤᠮᠳᠠᠳᠤ ᠪᠠᠭ᠎ᠠ
ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠰᠣᠳᠤᠯᠭᠠᠨ ᠤ ᠳᠦᠪᠰᠢᠨ ᠢ ᠳᠡᠭᠡᠭᠰᠢᠯᠡᠬᠦᠯᠦᠨ᠎ᠡ᠃
ᠡᠯ᠎ᠡ ᠭᠠᠵᠠᠷ ᠤᠨ ᠬᠢᠨ ᠮᠤᠩᠭᠤᠯ ᠬᠡᠯᠨ ᠪᠠᠷ ᠬᠢᠴᠢᠶᠡᠯᠯᠡᠬᠦ ᠰᠤᠷᠭᠠᠭᠤᠯᠢ ᠶᠢᠨ ᠬᠤᠯᠪᠤᠭ᠎ᠠ᠂ ᠮᠤᠩᠭᠤᠯ ᠬᠢᠳᠠᠳ ᠰᠤᠷᠭᠠᠭᠤᠯᠢ ᠶᠢᠨ
ᠬᠤᠯᠪᠤᠭ᠎ᠠ ᠪᠠᠶᠢᠭᠤᠯᠬᠤ ᠶᠢ ᠵᠤᠷᠢᠭᠵᠢᠭᠤᠯᠵᠤ᠂ ᠰᠤᠷᠭᠠᠭᠤᠯᠢ ᠶᠢᠨ ᠬᠤᠭᠤᠷᠤᠨᠳᠤᠬᠢ ᠬᠠᠮᠳᠤᠷᠠᠯᠴᠠᠭ᠎ᠠ ᠶᠢ
ᠬᠦᠨᠵᠡᠭᠡᠢ ᠥᠷᠨᠢᠬᠦᠯᠦᠨ᠎ᠡ᠃ ᠣᠳᠤᠬᠢᠴᠢᠯᠠᠭᠰᠠᠨ ᠵᠢᠭᠠᠨ ᠰᠣᠷᠭᠠᠯᠳᠠ ᠶᠢᠨ ᠠᠷᠭ᠎ᠠ ᠪᠠᠷᠢᠯ ᠤᠨ
ᠬᠡᠷᠡᠭᠯᠡᠯᠳᠡ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠤᠳᠤᠬᠠᠨ ᠳᠤ ᠮᠠᠨ ᠤ ᠣᠷᠤᠨ ᠤ
ᠦᠨᠳᠦᠰᠦᠳᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠩᠬᠢᠮ ᠳᠤ ᠨᠡᠶᠢᠳᠡᠮ ᠳᠡᠭᠡᠨ
ᠤᠯᠠᠨ ᠵᠠᠭᠤᠴᠢᠳᠦ ᠵᠢᠭᠠᠨ ᠰᠤᠷᠭᠠᠯᠳᠠ ᠶᠢᠨ ᠳᠦᠬᠦᠭᠡᠷᠦᠮᠵᠢ ᠤᠬᠰᠠᠷᠠᠭᠤᠯᠤᠬᠰᠠᠨ ᠮᠦᠷᠳᠡᠬᠡᠨ ᠪᠦᠷ
ᠢᠨᠲ᠋ᠧᠷ ᠰᠦᠯᠵᠢᠶ᠎ᠡ ᠵᠠᠯᠭᠠᠭᠰᠠᠨ ᠠᠴᠠ ᠣᠯᠠᠨ ᠵᠠᠭᠤᠴᠢᠳᠤ ᠵᠢᠭᠠᠨ ᠰᠣᠷᠭᠠᠯᠳᠠ ᠶᠢᠨ ᠰᠢᠰᠲ᠋ᠧᠮ ᠢ ᠠᠰᠢᠬᠯᠠᠨ
︽ᠢᠵᠢᠯ ᠲᠡᠯᠭᠡᠴᠡᠳᠦ ᠬᠤᠷᠰᠢᠯ︾᠎ ᠤᠨ ᠵᠢᠭᠠᠨ ᠰᠣᠷᠭᠠᠯᠳᠠ ᠶᠢᠨ ᠠᠵᠢᠯᠯᠠᠭᠠᠨ ᠢ ᠦᠷᠨᠢᠬᠦᠯᠬᠦ ᠮᠡᠳᠡᠭᠡ
ᠵᠠᠩᠬᠢᠴᠢᠯᠠᠯᠳᠠ ᠶᠢᠨ ᠣᠷᠴᠢᠨ ᠳᠤᠭᠤᠷᠢᠨ ᠲᠠᠢ ᠪᠤᠯᠤᠭᠰᠠᠨ ᠪᠠᠶᠢᠨ᠎ᠠ᠂ ᠦᠪᠡᠷᠳᠡᠭᠡᠨ
ᠵᠠᠰᠠᠬᠤ ᠣᠷᠤᠨ ᠠᠴᠠ ᠶᠠᠭ ᠨᠢᠬᠡᠳᠦᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠵᠢᠭᠠᠬᠤ
ᠮᠠᠲ᠋ᠧᠷᠢᠶᠠᠯ ᠤᠨ ᠬᠡᠷᠡᠭᠯᠡᠬᠦ ᠠᠬᠢᠴᠠ ᠶᠢ ᠦᠨᠳᠦᠰᠦᠯᠡᠨ᠂︽ᠢᠵᠢᠯ ᠠᠯᠬᠤᠮᠳᠤ ᠬᠢᠴᠢᠶᠡᠯ ᠤᠨ
ᠳᠠᠩᠬᠢᠮ︾᠎ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠦᠷᠨᠢᠬᠦᠯᠵᠦ᠂ ᠨᠡᠷᠡᠳᠦ᠂ ᠰᠢᠯᠢᠳᠡᠭ᠂ ᠭᠤᠤᠯᠯᠠᠭᠴᠢ
ᠪᠠᠭᠰᠢ ᠨᠠᠷ ᠢ ᠵᠤᠬᠢᠶᠠᠨ ᠪᠠᠶᠢᠭᠤᠯᠵᠤ᠂ ᠢᠵᠢᠯ ᠠᠯᠬᠤᠮᠳᠤ ᠬᠢᠴᠢᠶᠡᠯᠯᠡᠭᠡ ᠶᠢᠨ ᠮᠠᠲ᠋ᠧᠷᠢᠶᠠᠯ ᠢ ᠨᠠᠶᠢᠷᠠᠭᠤᠯᠤᠨ᠂ ᠦᠪᠡᠷᠳᠡᠬᠡᠨ
ᠵᠠᠰᠠᠬᠤ ᠣᠷᠤᠨ ᠤ ᠰᠤᠷᠭᠠᠨ ᠬᠦᠮᠦᠵᠢᠯ ᠤᠨ ᠡᠭᠦᠯᠡᠨ ᠳᠠᠪᠴᠠᠩ ᠳᠤ ᠳᠦᠰᠢᠭᠯᠡᠵᠦ᠂ ᠨᠢᠬᠡᠳᠦᠯᠳᠡᠢ
ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠤᠨ ᠲᠤᠰᠠᠯᠠᠮᠵᠢ ᠵᠢᠭᠠᠨ ᠰᠤᠷᠭᠠᠯᠳᠠ ᠶᠢᠨ
ᠡᠬᠢ ᠪᠠᠶᠠᠯᠢᠬ ᠢ ᠪᠦᠳᠦᠭᠡᠨ ᠪᠠᠶᠢᠭᠤᠯᠵᠦ ᠪᠠᠶᠢᠨ᠎ᠠ᠂ ᠡᠬᠦᠨ ᠳᠤ ᠬᠢᠴᠢᠶᠡᠯ ᠤᠨ ᠳᠤᠨᠤᠭ᠂ ᠺᠤᠨ᠋ᠰᠫᠧᠺᠲ᠂ ᠪᠢᠴᠢᠯ ᠸᠢᠳᠢᠣ᠋᠂ ᠪᠢᠴᠢᠯ
ᠬᠢᠴᠢᠶᠡᠯᠯᠡᠭᠡ ᠵᠡᠷᠭᠡ ᠶᠢ ᠪᠠᠭᠳᠠᠭᠠᠵᠦ ᠪᠠᠶᠢᠨ᠎ᠠ᠂ ᠡᠨᠡ ᠨᠢ ᠪᠠᠭᠰᠢ ᠨᠠᠷ ᠤᠨ ᠵᠢᠭᠠᠨ ᠰᠣᠷᠭᠠᠯᠳᠠ ᠳᠤ
ᠡᠬᠢ ᠪᠠᠶᠠᠯᠢᠬ ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃     12. ᠠᠰᠠᠭᠤᠯᠲᠠ᠄ ᠣᠯᠣᠰ ᠤᠨ ᠨᠢᠭᠡᠳᠦᠯᠲᠡᠢ
ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠦᠪᠡᠷᠲᠡᠭᠡᠨ ᠵᠠᠰᠠᠬᠤ
ᠣᠷᠣᠨ ᠤ ᠰᠣᠷᠭᠠᠨ ᠬᠦᠮᠦᠵᠢᠯ ᠢ ᠭᠤᠣᠯᠯᠠᠨ ᠬᠠᠮᠢᠶᠠᠷᠠᠬᠤ ᠰᠠᠯᠠᠭ᠎ᠠ ᠮᠦᠴᠢᠷ᠂ ᠵᠢᠭᠠᠬᠤ ᠶᠢ ᠰᠣᠳᠣᠯᠬᠤ ᠰᠠᠯᠠᠭ᠎ᠠ
ᠮᠦᠴᠢᠷ ᠠᠴᠠ ᠦᠨᠳᠦᠰᠦᠲᠡᠨ ᠤ ᠰᠣᠷᠭᠠᠭᠤᠯᠢ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ
ᠰᠣᠷᠣᠭᠴᠢᠳ ᠤᠨ ᠣᠨᠴᠠᠯᠢᠭ ᠬᠢᠭᠡᠳ ᠪᠣᠳᠠᠳᠣ ᠪᠠᠶᠢᠳᠠᠯ ᠲᠠᠢ ᠣᠶᠠᠯᠳᠣᠭᠤᠯᠵᠣ᠂ ᠭᠤᠷᠪᠠᠨ ᠲᠦᠷᠦᠯ ᠤᠨ
ᠬᠢᠴᠢᠶᠠᠯ ᠤᠨ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠳᠠ ᠶᠢᠨ ᠲᠣᠲᠣᠷᠬᠠᠶᠢᠯᠠᠯᠲᠠ ᠶᠢ
ᠲᠤᠭᠳᠠᠭᠠᠬᠤ ᠤᠤ︖     ᠬᠠᠷᠢᠭᠤᠯᠲᠠ᠄ ᠣᠯᠣᠰ ᠤᠨ ᠰᠣᠷᠭᠠᠨ ᠬᠦᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂
ᠬᠤᠶᠢᠰᠢᠲᠠ ᠡᠯ᠎ᠡ ᠭᠠᠵᠠᠷ ᠤᠨ ᠰᠢᠯᠭᠠᠯᠲᠠ ᠳᠤ ᠳᠠᠬᠢᠭᠠᠳ ᠨᠢᠭᠡᠳᠦᠯᠳᠠᠢ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠲᠠ ᠶᠢᠨ
ᠲᠣᠳᠣᠷᠬᠠᠶᠢᠯᠠᠯᠲᠠ ᠨᠠᠶᠢᠷᠠᠭᠤᠯᠵᠦ ᠪᠢᠴᠢᠬᠦ ᠦᠭᠡᠢ᠂ ᠰᠢᠯᠭᠠᠯᠲᠠ ᠶᠢᠨ ᠰᠡᠳᠦᠪ ᠭᠠᠷᠭᠠᠬᠤ ᠳᠤ ᠭᠤᠥᠯᠳᠠᠭᠤ ᠣᠯᠣᠰ ᠤᠨ
ᠬᠢᠴᠢᠶᠡᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ᠂ ᠵᠢᠭᠠᠬᠤ ᠪᠠ ᠰᠢᠯᠭᠠᠬᠤ ᠶᠢ ᠰᠠᠯᠭᠠᠨ᠎ᠠ᠃
ᠦᠪᠡᠷᠳᠡᠭᠡᠨ ᠵᠠᠰᠠᠬᠤ ᠣᠷᠣᠨ ᠤ ᠦᠨᠳᠦᠰᠦᠲᠡᠨ ᠤ ᠰᠣᠷᠭᠠᠭᠤᠯᠢ ᠣᠯᠥᠰ ᠤᠨ ᠨᠢᠭᠡᠳᠦᠯᠲᠡᠢ
ᠨᠠᠶᠢᠷᠠᠭᠤᠯᠤᠭᠰᠠᠨ ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠵᠢᠭᠠᠬᠤ ᠶᠢ ᠰᠣᠳᠣᠯᠬᠤ
ᠰᠠᠯᠠᠭ᠎ᠠ ᠮᠦᠴᠢᠷ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ
ᠰᠣᠷᠭᠠᠭᠤᠯᠢ ᠶᠢᠨ ᠪᠣᠳᠠᠳᠣ ᠪᠠᠶᠢᠳᠠᠯ ᠢ ᠦᠨᠳᠦᠰᠦᠯᠡᠵᠦ᠂ ᠦᠨᠡᠨ ᠠᠴᠠ ᠵᠦᠪ ᠢ ᠡᠷᠢᠬᠦ ᠵᠠᠷᠴᠢᠮ ᠢᠶᠠᠷ᠂
ᠣᠯᠣᠰ ᠤᠨ ᠬᠢᠴᠢᠶᠡᠯ ᠤᠨ ᠪᠠᠷᠢᠮᠵᠢᠶ᠎ᠠ ᠵᠢᠴᠢ ᠮᠠᠨ ᠤ ᠣᠷᠣᠨ ᠠᠴᠠ ᠲᠣᠭᠲᠠᠭᠠᠭᠰᠠᠨ ᠵᠢᠭᠠᠨ ᠰᠤᠷᠭᠠᠯᠲᠠ ᠶᠢᠨ ᠵᠢᠯᠤᠭᠤᠳᠬᠤ
ᠰᠠᠨᠠᠯ ᠪᠠ ᠦᠨᠡᠯᠡᠬᠦ ᠱᠠᠭᠠᠷᠳᠠᠯᠭ᠎ᠠ ᠶᠢ ᠦᠨᠳᠦᠰᠦᠯᠡᠵᠦ ᠬᠠᠮᠢᠶ᠎ᠠ ᠪᠦᠬᠦᠢ ᠬᠢᠴᠢᠶᠡᠯ ᠲᠦᠷᠦᠯ ᠤᠨ ᠰᠢᠯᠭᠠᠯᠳᠠ ᠶᠢᠨ
ᠲᠣᠲᠣᠷᠬᠠᠶᠢᠯᠠᠯᠲᠠ ᠶᠢ ᠲᠣᠭᠲᠠᠭᠠᠨ᠂ ᠡᠯ᠎ᠡ ᠭᠠᠵᠠᠷ ᠲᠤ ᠬᠠᠩᠭᠠᠵᠣ ᠵᠢᠭᠠᠨ
ᠰᠣᠷᠭᠠᠯᠲᠠ ᠳᠤᠨᠢ ᠬᠢᠨᠠᠯᠲᠠ ᠪᠤᠯᠭᠠᠨ ᠬᠡᠷᠡᠭᠯᠡᠭᠦᠯᠦᠨ᠎ᠡ᠃     13. ᠠᠰᠠᠭᠤᠯᠲᠠ᠄
ᠦᠪᠡᠷᠲᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠦᠨᠳᠦᠰᠦᠲᠡᠨ ᠤ
ᠰᠣᠷᠭᠠᠭᠤᠯᠢ ᠳᠤ ᠪᠦᠬᠦ ᠣᠷᠣᠨ ᠤ ᠦᠨᠳᠦᠰᠦᠲᠡᠨ ᠤ ᠰᠣᠷᠭᠠᠭᠤᠯᠢ ᠶᠢᠨ ᠰᠣᠷᠣᠭᠴᠢ ᠪᠠ ᠬᠢᠲᠠᠳ ᠢᠶᠠᠷ
ᠬᠢᠴᠢᠶᠡᠯᠯᠡᠵᠦ ᠪᠠᠶᠢᠭ᠎ᠠ ᠰᠣᠷᠣᠭᠴᠢᠳ ᠤᠨ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾᠎ ᠤᠨ ᠬᠢᠴᠢᠶᠡᠯ ᠤᠨ
ᠳᠠᠯ᠎ᠠ ᠪᠠᠷ ᠬᠢ ᠵᠢᠭᠠᠨ ᠰᠣᠷᠭᠠᠯᠲᠠ ᠶᠢᠨ ᠲᠤᠭ᠎ᠠ ᠪᠠᠷᠢᠮᠳᠠ᠂ ᠬᠢᠷᠢ ᠪᠦᠲᠦᠮᠵᠢ ᠶᠢᠨ ᠲᠤᠭ᠎ᠠ
ᠪᠠᠷᠢᠮᠳᠠ ᠵᠡᠷᠭᠡ ᠶᠢ ᠬᠠᠩᠭᠠᠵᠣ᠂ ᠰᠣᠷᠭᠠᠭᠤᠯᠢ ᠶᠢᠨ ᠬᠢᠨ ᠬᠠᠷᠢᠴᠠᠭᠤᠯᠤᠨ ᠵᠠᠳᠠᠯᠵᠤ᠂ ᠮᠣᠩᠭᠤᠯ ᠢᠶᠠᠷ
ᠬᠢᠴᠢᠶᠡᠯᠯᠡᠵᠦ ᠪᠠᠶᠢᠭ᠎ᠠ ᠰᠣᠷᠭᠠᠨ ᠬᠦᠮᠦᠵᠢᠯ ᠤᠨ ᠳᠣᠳᠠᠭᠤᠳᠠᠯ ᠢᠶᠠᠨ ᠡᠷᠢᠨ ᠭᠠᠷᠭᠠᠵᠤ᠂
ᠮᠤᠩᠭᠤᠯ ᠢᠶᠠᠷ ᠬᠢᠴᠢᠶᠡᠯᠯᠡᠬᠦ ᠰᠣᠷᠭᠠᠨ ᠬᠦᠮᠦᠵᠢᠯ ᠤᠨ ᠶᠡᠰᠦ ᠴᠢᠨᠠᠷ ᠢ ᠲᠡᠭᠡᠭᠰᠢᠯᠡᠭᠦᠯᠬᠦ ᠳᠤ ᠳᠦᠭᠦᠮ ᠦᠵᠡᠭᠦᠯᠬᠦ ᠦᠦ︖    
ᠬᠠᠷᠢᠭᠤᠯᠲᠠ᠄ ᠵᠢᠭᠠᠨ ᠰᠣᠷᠭᠠᠬᠤ ᠶᠠᠰᠦ ᠴᠢᠨᠠᠷ ᠢ ᠬᠠᠷᠢᠴᠠᠭᠤᠯᠣᠨ ᠰᠣᠳᠣᠯᠬᠤ ᠪᠣᠯ ᠨᠢᠭᠡᠨ ᠴᠢᠬᠤᠯᠠ
ᠠᠵᠢᠯ ᠮᠦᠨ᠂ ᠬᠠᠷᠢᠴᠠᠭᠤᠯᠣᠭᠰᠠᠨ ᠰᠣᠳᠣᠯᠭᠠᠨ ᠢ ᠰᠠᠶᠢᠳᠣᠷ ᠬᠢᠬᠦ ᠨᠢ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ
ᠬᠡᠯᠡ ᠪᠢᠴᠢᠭ︾᠎ ᠤᠨ ᠵᠢᠭᠠᠬᠤ ᠮᠠᠲ᠋ᠧᠷᠢᠶᠠᠯ ᠤᠨ ᠵᠢᠭᠠᠨ ᠰᠣᠷᠭᠠᠬᠤ ᠶᠠᠰᠣ ᠴᠢᠨᠠᠷ ᠢ
ᠳᠡᠭᠡᠭᠰᠢᠯᠡᠭᠦᠯᠬᠦ ᠳᠤ ᠬᠠᠪᠰᠣᠷᠣᠯᠭ᠎ᠠ ᠪᠣᠯᠬᠤ ᠶᠣᠮ᠂ ᠦᠪᠡᠷᠲᠡᠭᠡᠨ ᠵᠠᠰᠠᠬᠤ
ᠣᠷᠣᠨ ᠤ ᠰᠣᠷᠭᠠᠨ ᠬᠦᠮᠦᠵᠢᠯ ᠤᠨ ᠲᠢᠩᠬᠢᠮ ᠡᠨᠡᠬᠦ ᠠᠵᠢᠯ ᠢ ᠬᠡᠷᠡᠭᠯᠡᠭᠡᠨ ᠤ ᠰᠣᠳᠣᠯᠭᠠᠨ ᠤ ᠰᠡᠳᠦᠪ ᠢᠶᠠᠷ ᠲᠣᠭᠲᠠᠭᠠᠵᠤ᠂
ᠬᠠᠮᠢᠶ᠎ᠠ ᠪᠦᠬᠦᠢ ᠰᠤᠳᠤᠯᠭᠠᠨ ᠤ ᠰᠠᠯᠠᠭ᠎ᠠ ᠮᠦᠴᠢᠷ ᠲᠤ ᠨᠠᠶᠢᠳᠠᠨ ᠬᠠᠷᠢᠴᠠᠭᠤᠯᠤᠭᠰᠠᠨ ᠰᠣᠳᠣᠯᠭᠠᠨ ᠤ ᠪᠣᠷᠣ ᠲᠦᠯᠦᠪ ᠢ
ᠲᠤᠭᠳᠠᠭᠠᠬᠤ ᠶᠢᠨ ᠬᠠᠮᠳᠣ᠂ ᠠᠶᠢᠮᠠᠭ ᠬᠤᠲᠠ ᠬᠤᠰᠢᠭᠤ ᠰᠢᠶᠠᠨ ᠤ ᠬᠤᠯᠪᠤᠭᠳᠠᠯ ᠪᠦᠬᠦᠢ
ᠰᠣᠷᠭᠠᠭᠤᠯᠢ ᠶᠢ ᠰᠣᠩᠭᠤᠵᠣ ᠦᠯᠢᠭᠡᠷ ᠶᠠᠩᠵᠤ ᠶᠢ ᠲᠣᠷᠰᠢᠬᠤ ᠰᠣᠳᠣᠯᠭᠠᠨ ᠦᠷᠨᠢᠭᠦᠯᠵᠦ᠂ ᠦᠨᠡᠨ
ᠪᠣᠲᠠᠲᠠᠢ ᠰᠣᠳᠣᠯᠭᠠᠨ ᠤ ᠦᠷ᠎ᠡ ᠪᠦᠲᠦᠭᠡᠯ ᠪᠠ ᠲᠤᠭ᠎ᠠ ᠪᠠᠷᠢᠮᠳᠠ ᠶᠢᠨ ᠵᠠᠳᠠᠯᠣᠯᠲᠠ ᠶᠢ ᠠᠰᠢᠬᠯᠠᠨ᠂ ᠰᠣᠷᠭᠠᠭᠤᠯᠢ ᠶᠢᠨ ᠵᠢᠭᠠᠨ
ᠰᠣᠷᠭᠠᠯᠲᠠ ᠶᠢᠨ ᠬᠠᠮᠢᠶᠠᠷᠣᠯᠲᠠ ᠪᠠᠨ ᠰᠠᠶᠢᠵᠢᠷᠠᠭᠤᠯᠬᠤ ᠳᠤ ᠦᠨᠳᠦᠰᠦᠯᠡᠯ ᠬᠠᠩᠭᠠᠵᠣ᠂
ᠳᠣᠳᠠᠭᠤᠳᠠᠯ ᠢ ᠨᠢ ᠬᠦᠴᠦᠯᠡᠨ ᠨᠦᠬᠦᠪᠦᠷᠢᠯᠡᠨ᠂ ᠲᠦᠪ ᠭᠤᠥᠯᠴᠢ ᠮᠦᠷᠳᠡᠭᠡᠨ ᠴᠢᠨᠠᠷ ᠰᠠᠶᠢᠳᠠᠢ
ᠦᠨᠳᠦᠰᠦᠲᠡᠨ ᠤ ᠰᠣᠷᠭᠠᠨ ᠬᠦᠮᠦᠵᠢᠯ ᠢ ᠰᠠᠶᠢᠳᠣᠷ ᠡᠷᠬᠢᠯᠡᠨ᠎ᠠ᠃     14. ᠠᠰᠠᠭᠤᠯᠲᠠ᠄ ᠦᠨᠳᠦᠰᠦᠲᠡᠨ ᠤ ᠬᠡᠯᠡ ᠪᠠᠷ
ᠬᠢᠴᠢᠶᠡᠯᠯᠡᠵᠦ ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ᠂ ᠤᠯᠤᠰ ᠤᠨ ᠨᠢᠭᠡᠲᠦᠯᠲᠡᠢ
ᠨᠠᠶᠢᠷᠠᠭᠤᠯᠤᠭᠰᠠᠨ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ︽ᠲᠡᠤᠬᠡ︾
᠎ ᠶᠢᠨ ᠵᠢᠭᠠᠬᠤ ᠮᠠᠲ᠋ᠧᠷᠢᠶᠠᠯ ᠢ ᠬᠢᠲᠠᠳ ᠢᠶᠠᠷ ᠬᠢᠴᠢᠶᠡᠯᠯᠡᠭᠰᠡᠨ ᠤ ᠲᠠᠷᠠᠭ᠎ᠠ᠂ ᠤᠶᠢᠯᠠᠭᠠᠵᠤ ᠡᠵᠡᠮᠰᠢᠬᠦ ᠬᠦᠴᠢᠷᠳᠡᠯ ᠨᠢ
ᠦᠳᠳᠡᠷ ᠨᠡᠮᠡᠭᠳᠡᠵᠦ᠂ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ
ᠰᠢᠯᠭᠠᠯᠳᠠ ᠳᠤ ᠡᠨᠡ ᠬᠤᠶᠠᠷ ᠲᠦᠷᠦᠯ ᠤᠨ ᠬᠢᠴᠢᠶᠡᠯ ᠢ ᠰᠤᠩᠭᠤᠬᠤ ᠦᠭᠡᠢ ᠪᠠᠶᠢᠵᠤ ᠮᠡᠳᠡᠨ᠎ᠡ᠂
ᠢᠩᠭᠢᠬᠦ ᠳᠤ ᠬᠦᠷᠪᠡᠯ ᠡᠨᠡ ᠬᠤᠶᠠᠷ ᠲᠦᠷᠦᠯ ᠤᠨ ᠬᠢᠴᠢᠶᠠᠯ ᠢ ᠵᠢᠭᠠᠬᠤ ᠪᠠᠭᠰᠢᠨᠠᠷ ᠠᠵᠢᠯ
ᠰᠢᠯᠵᠢᠬᠦ ᠠᠰᠠᠭᠤᠳᠠᠯ ᠢᠯᠡᠷᠡᠬᠦ ᠪᠣᠯᠣᠨ᠎ᠠ᠂ ᠡᠨᠡ ᠠᠰᠠᠭᠤᠳᠠᠯ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠤᠶᠤ
ᠰᠢᠢᠳᠪᠦᠷᠢᠯᠡᠬᠦ ᠪᠤᠢ︖     ᠬᠠᠷᠢᠭᠤᠯᠲᠠ᠄ ᠤᠳᠤ ᠤᠯᠤᠰ ᠠᠴᠠ ᠶᠠᠭ ᠶᠡᠭᠡ ᠳᠡᠭᠡᠲᠦ
ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠲᠠ ᠳᠤ
ᠦᠭᠡᠷᠡᠴᠢᠯᠡᠯᠲᠡ ᠬᠢᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ
ᠤᠬᠠᠭᠠᠨ ᠭᠡᠵᠦ ᠬᠤᠪᠢᠶᠠᠬᠤ ᠦᠭᠡᠢ᠂ ︽3+3︾ ᠵᠠᠭᠪᠤᠷ ᠢ ᠬᠡᠷᠡᠭᠵᠢᠭᠦᠯᠬᠦ ᠪᠠᠷ ᠪᠠᠶᠢᠨ᠎ᠠ᠂ ᠲᠤᠬᠠᠶᠢᠯᠠᠪᠠᠯ᠄
ᠬᠡᠯᠡ ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂
ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ ᠪᠤᠰᠤᠳ 3 ᠲᠦᠷᠦᠯ ᠤᠨ ᠬᠢᠴᠢᠶᠡᠯ ᠢ ᠰᠤᠷᠤᠭᠴᠢᠳ
ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ
ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂
ᠹᠢᠽᠢᠺ᠂ ᠬᠢᠮᠢ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂
ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠤᠯᠤᠰ ᠤᠨ ᠨᠢᠭᠡᠳᠦᠯᠳᠡᠢ ᠰᠢᠯᠭᠠᠯᠲᠠ ᠶᠢᠨ ᠬᠢᠷᠢ
ᠪᠦᠲᠦᠮᠵᠢ ᠳᠤᠨᠢ ᠪᠤᠳᠤᠵᠦ ᠤᠷᠤᠭᠤᠯᠤᠨ᠎ᠠ᠃ ᠡᠭᠦᠨ ᠤ ᠵᠤᠷᠢᠯᠭ᠎ᠠ ᠨᠢ ᠰᠤᠷᠤᠭᠴᠢ ᠶᠢᠨ ᠬᠢᠴᠢᠶᠡᠯ
ᠲᠦᠷᠦᠯ ᠢ ᠰᠤᠩᠭᠤᠬᠤ ᠤᠶᠤᠨ ᠬᠠᠳᠠᠨ ᠴᠢᠨᠠᠷ ᠢ ᠨᠡᠮᠡᠭᠳᠡᠭᠦᠯᠦᠨ᠂ ᠰᠤᠷᠤᠭᠴᠢ ᠶᠢᠨ ᠭᠦᠭᠵᠢᠯᠲᠡ ᠳᠤ ᠨᠡᠩ ᠣᠯᠠᠨ
ᠪᠤᠯᠤᠮᠵᠢ ᠦᠯᠡᠳᠡᠭᠡᠨ ᠦᠭᠴᠦ᠂ ᠰᠤᠷᠤᠭᠴᠢ ᠨᠡᠩ ᠶᠡᠭᠡ ᠬᠡᠮᠵᠢᠶ᠎ᠡ ᠪᠠᠷ ᠦᠪᠡᠷ ᠤᠨ ᠳᠠᠪᠠᠭᠤᠯᠢᠭ ᠬᠢᠴᠢᠶᠡᠯ ᠲᠦᠷᠦᠯ ᠪᠠ ᠤᠨᠴᠠ
ᠴᠢᠳᠠᠪᠤᠷᠢ ᠪᠠᠨ ᠪᠠᠳᠠᠷᠠᠭᠤᠯᠬᠤ ᠶᠢᠨ ᠲᠦᠯᠦᠭᠡ ᠶᠤᠮ᠃ ᠲᠡᠳᠡᠭᠡᠷ ᠬᠢᠴᠢᠶᠡᠯ ᠲᠦᠷᠦᠯ ᠤᠨ
ᠬᠡᠯᠪᠠᠶᠢᠯᠳᠡ ᠨᠡᠯᠢᠶᠡᠳ ᠶᠡᠭᠡ ᠰᠣᠷᠣᠭᠴᠢ ᠳᠤ ᠠᠪᠴᠣ ᠬᠡᠯᠡᠪᠡᠯ᠂ ᠰᠢᠨ᠎ᠡ ᠶᠡᠭᠡ ᠳᠡᠭᠡᠲᠦ
ᠰᠣᠷᠭᠠᠭᠤᠯᠢ ᠶᠢᠨ ᠰᠢᠯᠭᠠᠯᠲᠠ ᠶᠢᠨ ᠵᠠᠭᠪᠤᠷ ᠨᠢ ᠲᠠᠳᠡᠨᠠᠷ ᠢ ᠦᠪᠡᠷ ᠤᠨ ᠳᠣᠷᠣᠢ ᠪᠠᠭᠤᠷᠠᠢ
ᠬᠢᠴᠢᠶᠡᠯ ᠲᠦᠷᠦᠯ ᠠᠴᠠ ᠨᠢ ᠵᠠᠶᠢᠯᠠᠰᠬᠢᠵᠦ ᠬᠠᠷᠢᠴᠠᠩᠭᠤᠢ ᠰᠠᠶᠢᠨ ᠬᠢᠴᠢᠶᠡᠯ ᠲᠦᠷᠦᠯ ᠢ ᠨᠢ
ᠰᠤᠩᠭᠤᠭᠤᠯᠬᠤ ᠪᠣᠯᠣᠨ᠎ᠠ᠂ ᠡᠨᠡ ᠨᠢ ᠰᠣᠷᠣᠯᠴᠠᠬᠤ ᠪᠠ ᠰᠣᠷᠭᠠᠭᠤᠯᠢ ᠲᠡᠭᠦᠰᠴᠦ ᠰᠣᠷᠭᠠᠭᠤᠯᠢ
ᠳᠠᠪᠰᠢᠬᠤ ᠳᠤᠨᠢ ᠨᠡᠩ ᠠᠰᠢᠭᠲᠠᠢ ᠨᠢ ᠯᠠᠪᠳᠠᠢ᠃ ᠣᠳᠣ ᠶᠢᠨ ᠬᠡᠷᠡᠭᠵᠢᠭᠦᠯᠵᠦ ᠪᠠᠶᠢᠭ᠎ᠠ ᠶᠡᠭᠡ ᠳᠡᠭᠡᠳᠦ
ᠰᠣᠷᠭᠠᠭᠤᠯᠢ ᠳᠤ ᠰᠣᠷᠣᠭᠴᠢ ᠡᠯᠰᠡᠬᠦ ᠲᠦᠷᠦ ᠶᠢᠨ ᠪᠣᠳᠣᠯᠭ᠎ᠠ ᠶᠢᠨ ᠶᠣᠰᠣᠭᠠᠷ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ
ᠪᠠᠶᠢᠭ᠎ᠠ ᠰᠢᠯᠭᠠᠭᠤᠯᠤᠭᠰᠠᠳ ᠤᠨ ᠶᠡᠭᠡ ᠳᠡᠭᠡᠳᠦ ᠰᠣᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ
ᠨᠢᠭᠡᠳᠤᠯᠳᠠᠢ ᠰᠢᠯᠭᠠᠯᠲᠠ ᠳᠤ ᠮᠦᠨ ᠯᠡ ᠲᠣᠰᠠᠭᠠᠷ ᠨᠢ ᠬᠤᠪᠢ ᠶᠢᠨ ᠱᠣᠭᠤᠮ ᠲᠣᠭᠳᠠᠭᠠᠵᠣ᠂
ᠲᠣᠰᠠᠭᠠᠷ ᠡᠯᠰᠡᠨ᠎ᠡ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠪᠣᠰᠣ ᠰᠣᠷᠣᠭᠴᠢᠳ ᠲᠠᠢ
ᠦᠷᠢᠰᠦᠯᠳᠦᠬᠦ ᠦᠭᠡᠢ ᠶᠤᠮ᠃ ᠰᠢᠯᠭᠠᠭᠤᠯᠤᠭᠰᠠᠳ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ
ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ᠰᠣᠩᠭᠤᠬᠤ ᠬᠢᠴᠢᠶᠡᠯ ᠲᠦᠷᠦᠯ ᠤᠨ ᠬᠢᠨᠢ
ᠲᠣᠭᠲᠠᠪᠣᠷᠢ ᠦᠭᠡᠢ ᠴᠢᠨᠠᠷ ᠪᠠ ᠲᠠᠰᠢᠷᠠᠮ ᠤᠨ ᠴᠢᠨᠠᠷ ᠠᠴᠠ ᠪᠣᠯᠵᠣ᠂ ᠡᠯ᠎ᠡ ᠲᠦᠷᠦᠯ ᠤᠨ ᠡᠩ ᠤᠨ ᠳᠡᠭᠡᠳᠦ
ᠵᠡᠷᠭᠡ ᠶᠢᠨ ᠳᠣᠮᠳᠠᠳᠣ ᠰᠣᠷᠭᠠᠭᠤᠯᠢ ᠶᠢᠨ ᠬᠡᠰᠡᠭ ᠬᠢᠴᠢᠶᠡᠯ ᠲᠦᠷᠦᠯ ᠤᠨ ᠪᠠᠭᠰᠢ ᠳᠣᠲᠠᠭᠳᠠᠬᠤ ᠪᠠ ᠬᠡᠰᠡᠭ ᠬᠢᠴᠢᠶᠡᠯ ᠲᠦᠷᠦᠯ ᠤᠨ
ᠪᠠᠭᠰᠢ ᠢᠯᠡᠭᠦᠳᠡᠬᠦ᠂ ᠴᠢᠨᠠᠭᠰᠢᠯᠠᠭᠠᠳ ᠪᠦᠳᠦᠴᠡ ᠶᠢᠨ ᠴᠢᠨᠠᠷ ᠲᠠᠢ ᠲᠡᠩᠴᠡᠭᠦᠷᠢ ᠪᠠᠨ ᠠᠯᠳᠠᠬᠤ ᠠᠰᠠᠭᠤᠳᠠᠯ ᠭᠠᠷᠴᠣ ᠮᠡᠳᠡᠨ᠎ᠡ᠂
ᠡᠶᠢᠨᠬᠦ‍ ᠨᠢᠭᠡ ᠲᠠᠯ᠎ᠠ ᠪᠠᠷ ᠪᠠᠭᠰᠢ ᠨᠠᠷ ᠤᠨ ᠰᠣᠷᠭᠠᠨ ᠬᠦᠮᠦᠵᠢᠭᠦᠯᠬᠦ ᠵᠢᠭᠠᠨ ᠰᠣᠷᠭᠠᠬᠤ ᠴᠢᠳᠠᠪᠤᠷᠢ ᠶᠢ ᠨᠢ ᠲᠠᠰᠤᠷᠠᠯᠲᠠ ᠦᠭᠡᠢ
ᠳᠡᠭᠡᠭᠰᠢᠯᠡᠭᠦᠯᠦᠨ᠂ ᠰᠣᠷᠣᠭᠴᠢᠳ ᠤᠨ ᠰᠣᠷᠣᠯᠴᠠᠬᠤ ᠣᠷᠮ᠎ᠠ ᠪᠠᠬ᠎ᠠ ᠬᠢᠭᠡᠳ ᠬᠢᠴᠢᠶᠡᠯ ᠰᠣᠩᠭᠤᠬᠤ ᠲᠠᠳᠠᠬᠤ ᠬᠦᠴᠦᠨ ᠢ
ᠨᠡᠮᠡᠭᠳᠡᠭᠦᠯᠬᠦ ᠶᠢ ᠱᠠᠭᠠᠷᠳᠠᠨ᠎ᠠ᠂ ᠨᠦᠭᠦᠭᠡ ᠲᠠᠯ᠎ᠠ ᠪᠠᠷ ᠪᠠᠰᠠ ᠪᠠᠭᠰᠢ ᠨᠠᠷ ᠢ
ᠬᠦᠳᠡᠯᠦᠩᠭᠦᠢ ᠬᠠᠮᠢᠶᠠᠷᠬᠤ ᠲᠤᠭᠳᠠᠴᠠ ᠶᠢ ᠪᠠᠶᠢᠭᠤᠯᠣᠨ ᠳᠡᠭᠦᠯᠳᠡᠷᠵᠢᠭᠦᠯᠵᠤ᠂ ᠪᠠᠭᠰᠢ ᠨᠠᠷ ᠢ
ᠲᠡᠩᠴᠡᠭᠦᠷᠢ ᠲᠠᠢ ᠲᠤᠬᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠶᠢ ᠱᠠᠭᠠᠷᠳᠠᠨ᠎ᠠ᠃     15.
ᠠᠰᠠᠭᠤᠯᠲᠠ᠄ ᠦᠨᠳᠦᠰᠦᠲᠡᠨ ᠤ ᠰᠣᠷᠭᠠᠭᠤᠯᠢ ᠳᠤ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ
ᠬᠡᠷᠡᠭᠯᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠰᠣᠷᠭᠠᠨ
ᠬᠦᠮᠦᠵᠢᠯ ᠤᠨ ᠰᠠᠯᠠᠭ᠎ᠠ ᠮᠦᠴᠢᠷ ᠠᠴᠠ ᠨᠢᠭᠡᠴᠢ ᠪᠦᠯᠦᠭ ᠤᠨ ᠲᠠᠷᠠᠭᠠᠯᠠᠯ ᠢᠶᠠᠷ ᠬᠢᠴᠢᠶᠡᠯ
ᠪᠡᠯᠡᠳᠭᠡᠬᠦ ᠵᠢᠯᠤᠭᠤᠳᠬᠤ ᠰᠠᠨᠠᠭᠤᠯᠤᠭ᠎ᠠ ᠬᠢᠭᠡᠳ ᠣᠷᠴᠢᠭᠤᠯᠭ᠎ᠠ ᠶᠢᠨ ᠵᠢᠭᠠᠨ ᠰᠣᠷᠭᠠᠯᠲᠠ ᠶᠢ ᠬᠠᠪᠰᠣᠷᠣᠨ ᠵᠢᠯᠤᠭᠤᠳᠬᠤ ᠶᠢ ᠠᠯᠢ
ᠬᠤᠷᠳᠤᠨ ᠢᠶᠠᠷ ᠲᠣᠭᠲᠠᠭᠠᠨ ᠲᠠᠷᠬᠠᠭᠠᠵᠤ᠂ ᠴᠢᠳᠠᠬᠤᠶᠢᠴᠠ ᠲᠠᠷᠤᠢ ᠲᠦᠷᠭᠡᠨ
ᠬᠢᠴᠢᠶᠡᠯ ᠡᠬᠢᠯᠡᠬᠦ ᠠᠰᠠᠭᠤᠳᠠᠯ ᠢ ᠰᠢᠢᠳᠪᠦᠷᠢᠯᠡᠬᠦ ᠦᠦ︖     ᠬᠠᠷᠢᠭᠤᠯᠲᠠ᠄ ᠡᠯ᠎ᠡ ᠭᠠᠵᠠᠷ ᠤᠨ ᠬᠢᠨ
ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾᠎ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ
ᠶᠠᠪᠤᠴᠠ ᠳᠤ ᠣᠯᠠᠨ ᠵᠦᠢᠯ ᠤᠨ ᠡᠭᠡᠳᠡᠷᠡᠭᠡᠨ ᠪᠠ ᠬᠦᠴᠢᠷ ᠠᠰᠠᠭᠤᠳᠠᠯ ᠲᠣᠯᠭᠠᠷᠠᠵᠤ ᠮᠡᠳᠡᠬᠦ ᠪᠠᠶᠢᠳᠠᠯ ᠢ ᠪᠣᠳᠣᠯᠬᠢᠯᠠᠭᠠᠳ᠂
ᠦᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠵᠢᠭᠠᠬᠤ ᠶᠢ ᠰᠣᠳᠣᠯᠬᠤ ᠰᠠᠯᠠᠭ᠎ᠠ ᠮᠦᠴᠢᠷ ᠬᠢᠭᠡᠳ ᠬᠡᠪᠯᠡᠯ ᠤᠨ ᠨᠢᠭᠡᠴᠢ ᠶᠢ
ᠵᠤᠬᠢᠶᠠᠨ ᠪᠠᠶᠢᠭᠤᠯᠤᠨ᠂ ᠵᠢᠭᠠᠨ ᠰᠣᠷᠭᠠᠯᠳᠠ ᠶᠢ ᠵᠢᠯᠤᠭᠤᠳᠬᠤ ᠰᠠᠨᠠᠭᠤᠯᠭ᠎ᠠ ᠬᠢᠭᠡᠳ ᠦᠨᠡᠯᠡᠬᠦ ᠱᠠᠭᠠᠷᠳᠠᠯᠭ᠎ᠠ ᠲᠣᠭᠲᠠᠭᠠᠵᠣ᠂
ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠵᠢᠭᠠᠨ
ᠰᠤᠷᠭᠠᠯᠳᠠ ᠶᠢ ᠦᠷᠨᠢᠭᠦᠯᠬᠦ ᠳᠤ ᠬᠡᠷᠡᠭᠴᠡᠭᠡ ᠪᠦᠬᠦᠢ ᠵᠢᠭᠠᠨ ᠰᠣᠷᠭᠠᠯᠳᠠ ᠶᠢ ᠵᠢᠯᠤᠭᠤᠳᠬᠤ ᠮᠠᠲ᠋ᠧᠷᠢᠶᠠᠯ ᠂
ᠰᠦᠯᠵᠢᠶᠡᠨ ᠳᠡᠭᠡᠷᠡᠬᠢ ᠸᠢᠳᠢᠣ᠋ ᠬᠢᠴᠢᠶᠡᠯ᠂ ᠠᠳᠠᠯᠢ ᠪᠤᠰᠤ ᠶᠢᠨ ᠣᠨ ᠤ ᠬᠡᠰᠡᠭ ᠤᠨ ᠵᠢᠭᠠᠨ ᠰᠣᠷᠭᠠᠬᠤ ᠲᠦᠯᠦᠪᠯᠡᠭᠡ ᠶᠢᠨ ᠲᠦᠰᠦᠯ
ᠬᠢᠭᠡᠳ ᠪᠢᠴᠢᠯ ᠬᠢᠴᠢᠶᠡᠯ ᠤᠨ ᠸᠢᠳᠢᠣ᠋ ᠶᠢ ᠨᠠᠶᠢᠷᠠᠭᠤᠯᠣᠨ ᠵᠣᠬᠢᠶᠠᠵᠠᠢ᠃ ᠣᠳᠣᠬᠠᠨ ᠳᠤ᠂ ᠬᠡᠰᠡᠭ ᠡᠬᠢ ᠪᠠᠶᠠᠯᠢᠭ ᠢ ᠨᠢᠭᠡᠨᠲᠡ ᠬᠡᠪᠯᠡᠨ
ᠲᠠᠷᠬᠠᠭᠠᠭᠰᠠᠨ ᠪᠠ ᠰᠦᠯᠵᠢᠶᠡᠨ ᠳᠤ ᠭᠠᠷᠭᠠᠵᠠᠢ᠂ ᠪᠣᠰᠣᠳ ᠬᠠᠮᠢᠶ᠎ᠠ ᠪᠦᠬᠦᠢ ᠠᠵᠢᠯ ᠢ ᠴᠤ ᠱᠠᠯᠠᠪᠳᠠᠨ ᠬᠢᠵᠦ ᠪᠠᠶᠢᠨ᠎ᠠ᠃    
16. ᠠᠰᠠᠭᠤᠯᠲᠠ᠄ ᠦᠨᠳᠦᠰᠦᠲᠡᠨ ᠤ ᠬᠡᠤᠭᠡᠳ ᠤᠨ ᠴᠡᠴᠡᠷᠯᠢᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ
ᠪᠢᠴᠢᠭ ᠤᠨ ᠰᠤᠷᠭᠠᠨ ᠬᠦᠮᠦᠵᠢᠯ ᠬᠢᠭᠡᠳ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ︽ᠬᠡᠯᠡ ᠪᠢᠴᠢᠭ︾
᠎ ᠤᠨ ᠵᠢᠭᠠᠨ ᠰᠤᠷᠭᠠᠯᠲᠠ ᠶᠢ ᠬᠡᠷᠬᠢᠨ ᠪᠦᠲᠦᠮᠵᠢᠲᠠᠢ ᠵᠤᠯᠭᠠᠭᠤᠯᠬᠤ ᠪᠤᠢ︖     ᠬᠠᠷᠢᠭᠤᠯᠲᠠ᠄ ᠬᠡᠤᠬᠡᠳ ᠤᠨ
ᠴᠡᠴᠡᠷᠯᠢᠭ ᠤᠨ ᠬᠤᠤᠰ ᠬᠡᠯᠡᠨ ᠤ ᠰᠤᠷᠭᠠᠨ ᠬᠦᠮᠦᠵᠢᠯ ᠨᠢ ᠬᠤᠤᠰ ᠬᠡᠯᠡᠨ ᠤ ᠰᠤᠷᠭᠠᠨ ᠬᠦᠮᠦᠵᠢᠯ ᠤᠨ
ᠴᠢᠬᠤᠯᠠ ᠪᠦᠷᠢᠯᠳᠦᠭᠦᠨ ᠬᠡᠰᠡᠭ ᠮᠦᠨ᠃ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ ᠰᠤᠷᠭᠠᠨ ᠬᠦᠮᠦᠵᠢᠯ ᠢ
ᠬᠡᠷᠬᠢᠨ ᠬᠡᠷᠡᠭᠵᠢᠭᠦᠯᠬᠦ ᠨᠢ ᠲᠡᠤᠬᠡ ᠪᠤᠯᠤᠨ ᠤᠳᠤ᠂ ᠤᠨᠤᠯ ᠪᠤᠯᠤᠨ ᠦᠢᠯᠡᠳᠦᠯᠭᠡ ᠶᠢᠨ ᠲᠠᠯ᠎ᠠ ᠪᠠᠷ ᠦᠷᠭᠦᠯᠵᠢᠯᠡᠨ
ᠰᠦᠪᠡᠭᠴᠢᠯᠡᠬᠦ ᠰᠡᠳᠦᠪ ᠪᠣᠯᠣᠨ᠎ᠠ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂
ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ
ᠭᠦᠨᠵᠡᠭᠡᠶᠢᠷᠡᠭᠦᠯᠵᠦ ᠵᠢᠷᠤᠮᠵᠢᠭᠤᠯᠤᠨ ᠬᠦᠭᠵᠢᠭᠦᠯᠬᠦ ᠲᠤᠬᠠᠢ ᠰᠠᠨᠠᠯ ᠤᠳ︾᠎ ᠲᠤ᠂ ᠬᠡᠦᠬᠡᠳ ᠤᠨ ᠴᠡᠴᠡᠷᠯᠢᠭ ᠨᠢ ᠲᠤᠭᠯᠠᠭᠠᠮ ᠢᠶᠠᠷ
ᠦᠨᠳᠦᠰᠦᠨ ᠠᠵᠢᠯᠯᠠᠭ᠎ᠠ ᠪᠤᠯᠭᠠᠬᠤ ᠬᠡᠷᠡᠭᠲᠡᠢ ᠬᠡᠵᠤ ᠲᠤᠳᠤᠷᠬᠠᠶᠢᠯᠠᠵᠠᠢ᠃ ︽ᠦᠪᠦᠷ ᠮᠤᠩᠭᠤᠯ ᠤᠨ ᠦᠪᠡᠷᠳᠡᠭᠡᠨ
ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ︾᠎ ᠳᠤ᠂ ᠰᠤᠷᠭᠠᠭᠤᠯᠢ ᠶᠢᠨ ᠨᠠᠰᠤᠨ ᠠᠴᠠ
ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ ᠬᠡᠤᠬᠡᠳ ᠤᠨ ᠳᠣᠰ ᠦᠨᠳᠦᠰᠦᠳᠡᠨ ᠤ ᠦᠭᠡ ᠬᠡᠯᠡ ᠪᠠᠨ ᠰᠤᠷᠬᠤ ᠪᠠ ᠬᠢᠲᠡᠳ
ᠬᠡᠯᠡ ᠶᠢ ᠰᠤᠷᠬᠤ ᠤᠷᠮ᠎ᠠ ᠪᠠᠬ᠎ᠠ ᠶᠢ ᠨᠢ ᠬᠦᠮᠦᠵᠢᠭᠦᠯᠪᠡᠯ ᠵᠣᠬᠢᠨ᠎ᠠ ᠬᠡᠵᠤ ᠲᠤᠭᠳᠠᠭᠠᠪᠠ᠃ ᠦᠢᠯᠡᠳᠦᠯᠭᠡ ᠲᠤᠮᠲᠠ᠂
ᠬᠡᠦᠬᠡᠳ ᠤᠨ ᠴᠡᠴᠡᠷᠯᠢᠭ ᠤᠨ ᠦᠭᠡ ᠬᠡᠯᠡᠨ ᠤ ᠰᠤᠷᠤᠯᠴᠠᠯᠭ᠎ᠠ ᠪᠠ ᠬᠡᠷ ᠵᠠᠭᠤᠷ᠎ᠠ ᠶᠢᠨ ᠦᠭᠡ ᠬᠡᠯᠡᠨ ᠤ ᠬᠡᠷᠡᠭᠯᠡᠭᠡ ᠶᠢᠨ
ᠲᠡᠩᠴᠡᠭᠦᠷᠢ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂
ᠬᠡᠤᠬᠡᠳ ᠤᠨ ᠳᠣᠰ ᠦᠨᠳᠦᠰᠦᠳᠡᠨ ᠤ ᠦᠭᠡ ᠬᠡᠯᠡ ᠪᠠᠨ ᠰᠠᠶᠢᠳᠣᠷ ᠰᠤᠷᠬᠤ ᠶᠢ ᠭᠦᠢᠴᠡᠳ ᠪᠠᠳᠤᠯᠠᠭᠰᠠᠨ
ᠰᠠᠭᠤᠷᠢᠨ ᠳᠡᠭᠡᠷ᠎ᠡ᠂ ᠦᠨᠳᠦᠰᠦᠳᠡᠨ ᠤ ᠦᠭᠡ ᠬᠡᠯᠡ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ
ᠰᠤᠷᠬᠤ ᠳᠤ ᠦᠵᠡᠭᠦᠯᠬᠦ ᠢᠳᠡᠪᠬᠢᠳᠠᠢ ᠨᠥᠯᠦᠭᠡ ᠶᠢ ᠠᠰᠢᠬᠯᠠᠵᠤ᠂ ᠬᠡᠤᠬᠡᠳ ᠤᠨ ᠬᠡᠯᠡᠨ ᠤ ᠬᠦᠭᠵᠢᠯᠲᠡ ᠶᠢᠨ
ᠪᠠᠶᠢᠳᠠᠯ ᠢ ᠦᠨᠳᠦᠰᠦᠯᠡᠨ ᠪᠠᠶᠢᠳᠠᠯ ᠳᠤᠨᠢ ᠳᠣᠬᠢᠷᠠᠭᠤᠯᠣᠨ ᠲᠣᠭᠯᠠᠭᠠᠮ ᠢᠶᠠᠷ ᠭᠤᠤᠯᠯᠠᠭᠰᠠᠨ ᠰᠤᠷᠭᠠᠨ
ᠬᠦᠮᠦᠵᠢᠯ ᠶᠢᠨ ᠠᠵᠢᠯᠯᠠᠭ᠎ᠠ ᠦᠷᠨᠢᠭᠦᠯᠬᠦ ᠬᠡᠷᠡᠭᠲᠡᠢ᠃ ᠭᠤᠤᠯᠳᠠᠭᠤ ᠨᠡᠶᠢᠯᠡᠮᠡᠯ ᠰᠢᠨᠵᠢ ᠲᠠᠢ ᠠᠵᠢᠯᠯᠠᠭ᠎ᠠ
ᠦᠷᠨᠢᠭᠦᠯᠬᠦ ᠪᠠᠷ ᠲᠠᠮᠵᠢᠭᠤᠯᠣᠨ᠂ ᠬᠠᠮᠤᠭ ᠤᠨ ᠦᠨᠡᠨ ᠪᠤᠳᠠᠳᠠᠢ ᠦᠭᠡ ᠬᠡᠯᠡᠨ ᠤ ᠤᠷᠴᠢᠨ ᠲᠤᠭᠤᠷᠢᠨ ᠢ ᠴᠣᠭᠴᠠᠯᠠᠬᠤ ᠬᠡᠷᠡᠭᠳᠡᠢ᠃
ᠵᠢᠱᠢᠶᠡᠯᠡᠪᠡᠯ ᠬᠡᠦᠬᠡᠳ ᠤᠨ ᠴᠡᠴᠡᠷᠯᠢᠭ ᠤᠨ ᠤᠷᠤᠨ ᠵᠠᠢ ᠶᠢᠨ ᠪᠠᠶᠢᠷᠢᠯᠠᠭᠤᠯᠣᠯᠳᠠ᠂ ᠤᠳᠤ ᠦᠶ᠎ᠡ ᠶᠢᠨ ᠰᠢᠨᠵᠢᠯᠡᠬᠦ ᠤᠬᠠᠭᠠᠨ
ᠲᠧᠭᠨᠢᠭ ᠮᠡᠷᠭᠡᠵᠢᠯ᠂ ᠰᠤᠶᠤᠯ ᠪᠠ ᠠᠮᠢᠳᠤᠷᠠᠯ ᠢᠶᠠᠷ ᠰᠡᠳᠦᠪᠯᠡᠭᠰᠡᠨ ᠵᠢᠷᠤᠭ᠂ ᠸᠢᠳᠢᠣ᠋ ᠵᠡᠷᠭᠡ ᠶᠢᠨ ᠦᠵᠡᠭᠦᠯᠬᠡ ᠶᠢᠨ
ᠠᠵᠢᠯᠯᠠᠭ᠎ᠠ ᠪᠠ ᠬᠡᠤᠬᠡᠳ ᠢ ᠵᠣᠬᠢᠶᠠᠨ ᠪᠠᠶᠢᠭᠤᠯᠤᠨ ᠡᠭᠡ ᠪᠠᠶᠢᠭᠠᠯᠢ ᠲᠠᠢ ᠡᠭᠡᠨᠡᠭᠰᠢᠨ ᠲᠠᠰᠤᠯᠴᠠᠬᠤ᠂
ᠰᠢᠭᠤᠳ ᠲᠠᠨᠢᠵᠤ ᠮᠡᠳᠡᠬᠦ᠂ ᠪᠤᠳᠠᠳᠠᠢ ᠤᠷᠤᠯᠴᠠᠬᠤ᠂ ᠪᠡᠶᠡᠴᠢᠯᠡᠨ ᠦᠢᠯᠡᠳᠦᠯᠬᠡᠵᠢᠭᠦᠯᠬᠦ ᠵᠡᠷᠭᠡ ᠠᠵᠢᠯᠯᠠᠭ᠎ᠠ ᠦᠷᠨᠢᠭᠦᠯᠵᠦ
ᠪᠤᠯᠤᠨ᠎ᠠ᠃ ᠶᠡᠷᠦᠩᠬᠡᠶᠢᠯᠡᠪᠡᠯ᠂ ᠤᠷᠴᠢᠨ ᠲᠤᠭᠤᠷᠢᠨ᠂ ᠠᠵᠢᠯᠯᠠᠭ᠎ᠠ᠂ ᠨᠠᠭᠠᠳᠤᠮ ᠲᠤᠭᠯᠠᠭᠠᠮ ᠵᠡᠷᠭᠡ ᠠᠷᠭ᠎ᠠ ᠵᠠᠮ ᠢᠶᠠᠷ ᠳᠠᠮᠵᠢᠭᠤᠯᠣᠨ᠂
ᠬᠡᠤᠬᠡᠳ ᠢ ᠪᠠᠶᠠᠷ ᠪᠠᠶᠠᠰᠬᠤᠯᠠᠩ ᠲᠠᠢ᠂ ᠡᠷᠡᠭᠦᠯ ᠢᠶᠠᠷ ᠦᠰᠴᠦ ᠪᠤᠶᠢᠵᠢᠬᠤ ᠶᠠᠪᠤᠴᠠ ᠳᠤ ᠬᠡᠯᠡᠨ ᠤ ᠴᠢᠳᠠᠪᠤᠷᠢ᠂ ᠬᠡᠯᠡᠨ ᠤ ᠣᠬᠠᠮᠰᠠᠷ
ᠪᠠ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠶᠢ ᠰᠣᠷᠣᠯᠴᠠᠬᠤ ᠤᠷᠮ᠎ᠠ ᠪᠠᠬ᠎ᠠ ᠶᠢ ᠬᠦᠮᠦᠵᠢᠭᠦᠯᠬᠦ ᠬᠡᠷᠡᠭᠲᠡᠢ᠃     17.
ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ ᠳᠤ ︽ᠭᠡᠯᠡ ᠪᠢᠴᠢᠭ︾ ᠪᠤᠯᠤᠨ ︽ᠮᠤᠩᠭᠤᠯ
ᠭᠡᠯᠡ ᠪᠢᠴᠢᠭ︾᠎ ᠤᠨ ᠬᠢᠴᠢᠶᠡᠯ ᠢ ᠵᠡᠷᠭᠡᠪᠡᠷ ᠨᠡᠭᠡᠭᠡᠵᠤ᠂ ᠬᠤᠶᠠᠷ ᠵᠦᠢᠯ ᠤᠨ ᠦᠭᠡ ᠭᠡᠯᠡ ᠦᠰᠤᠭ᠌ ᠪᠢᠴᠢᠭ ᠢᠶᠠᠷ ᠭᠢᠴᠢᠶᠡᠯᠯᠡᠬᠦ ᠨᠢ᠂
ᠴᠦᠭᠡᠨ ᠳᠤᠭᠠᠳᠤ ᠦᠨᠳᠤᠰᠤᠳᠠᠨ ᠤ ᠦᠭᠡ ᠭᠡᠯᠡ ᠦᠰᠤᠭ᠌ ᠪᠢᠴᠢᠭ ᠤᠨ ︽ᠰᠡᠳᠭᠢᠬᠦᠢ ᠶᠢᠨ ᠦᠭᠡ ᠬᠡᠯᠡ︾᠎ ᠳᠤ ᠨᠦᠯᠤᠭᠡ
ᠤᠴᠠᠷᠠᠭᠤᠯᠬᠤ ᠤᠤ︖     ᠬᠠᠷᠢᠭᠤᠯᠳᠠ᠄ ︽ᠰᠡᠳᠭᠢᠬᠦᠢ ᠶᠢᠨ ᠦᠭᠡ ᠬᠡᠯᠡ︾ ᠪᠤᠯ ᠡᠷᠳᠡᠮ
ᠰᠢᠨᠵᠢᠯᠡᠭᠡᠨ ᠤ ᠬᠦᠷᠢᠶᠡᠨ ᠳᠠᠬᠢ ᠠᠰᠠᠭᠤᠳᠠᠯ ᠪᠤᠯᠤᠨ᠎ᠠ᠃ ᠪᠠᠭ᠎ᠠ ᠰᠤᠷᠭᠠᠭᠤᠯᠢ ᠶᠢᠨ ᠳᠤᠤᠷ᠎ᠠ
ᠤᠨ ᠳᠤ ᠬᠠᠮᠳᠣ ᠳᠤᠨᠢ ᠬᠤᠶᠠᠷ ᠵᠦᠢᠯ ᠤᠨ ᠦᠭᠡ ᠭᠡᠯᠡ ᠦᠰᠤᠭ᠌ ᠪᠢᠴᠢᠭ ᠤᠨ ᠭᠢᠴᠢᠶᠠᠯ ᠨᠡᠭᠡᠭᠡᠬᠦ ᠨᠢ᠂ ᠡᠨᠡᠬᠦ ᠤᠨᠴᠠᠭᠠᠢ
ᠨᠠᠰᠤᠨ ᠤ ᠱᠠᠳᠤ ᠦᠶ᠎ᠠ ᠶᠢᠨ ᠭᠡᠤᠭᠡᠳ ᠤᠨ ᠦᠭᠡ ᠭᠡᠯᠡ ᠰᠤᠷᠤᠯᠴᠠᠬᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠦᠷ᠎ᠠ
ᠪᠦᠳᠤᠮᠵᠢ ᠨᠢ ᠮᠠᠰᠢ ᠢᠯᠠᠷᠬᠡᠢ ᠪᠠᠶᠢᠭ᠎ᠠ ᠶᠢ ᠮᠠᠨ ᠤ ᠤᠷᠤᠨ ᠤ ᠤᠯᠠᠨ ᠵᠢᠯ ᠤᠨ ᠳᠤᠷᠰᠢ ᠪᠠᠷᠢᠮᠳᠠᠯᠠᠨ
ᠬᠡᠷᠡᠭᠵᠢᠭᠦᠯᠦᠭᠰᠡᠨ ᠬᠤᠤᠰ ᠭᠡᠯᠡᠨ ᠤ ᠵᠢᠭᠠᠨ ᠰᠤᠷᠭᠠᠯᠳᠠ ᠶᠢᠨ ᠦᠢᠯᠡᠳᠤᠯᠭᠡ ᠭᠡᠷᠡᠴᠢᠯᠡᠵᠦ ᠪᠠᠶᠢᠨ᠎ᠠ᠃
ᠳᠤᠰ ᠦᠨᠳᠤᠰᠤᠳᠡᠨ ᠤ ᠦᠭᠡ ᠭᠡᠯᠡ ᠦᠰᠤᠭ᠌ ᠪᠢᠴᠢᠭ ᠲᠤ ᠨᠦᠯᠤᠭᠡ ᠤᠴᠠᠷᠠᠭᠤᠯᠤᠭᠰᠠᠨ ᠦᠭᠡᠢ ᠮᠦᠷᠳᠡᠭᠡᠨ ᠰᠤᠷᠤᠭᠴᠢ ᠶᠢᠨ
ᠬᠤᠪᠢ ᠬᠦᠮᠤᠨ ᠤ ᠦᠰᠤᠨ ᠪᠦᠢᠵᠢᠯᠳᠠ᠂ ᠦᠨᠳᠤᠰᠤᠳᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠ ᠤᠯᠤᠰ ᠤᠨ
ᠳᠣᠬᠠᠢ ᠮᠡᠳᠡᠷᠡᠭᠦᠢ ᠳᠤ ᠨᠠᠵᠠᠭᠠᠢ ᠨᠦᠯᠤᠭᠡ ᠠᠪᠴᠢᠷᠠᠭᠰᠠᠨ ᠦᠭᠡᠢ᠃     18. ᠠᠰᠠᠭᠤᠯᠳᠠ᠄ ᠰᠤᠷᠤᠭᠴᠢᠳ
ᠤᠨᠴᠠᠭᠠᠶᠢᠯᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠤᠯᠤᠰ ᠤᠨ ᠨᠡᠶᠢᠳᠡᠮ ᠭᠡᠷᠡᠭᠯᠡᠬᠦ ᠦᠭᠡ
ᠭᠡᠯᠡ ᠦᠰᠤᠭ᠌ ᠪᠢᠴᠢᠭ᠂ ᠴᠦᠭᠡᠨ ᠳᠤᠭᠠᠳᠤ ᠦᠨᠳᠤᠰᠤᠳᠡᠨ ᠤ ᠦᠭᠡ ᠭᠡᠯᠡ ᠦᠰᠤᠭ᠌ ᠪᠢᠴᠢᠭ᠂ ᠠᠩᠭ᠍ᠯᠢ ᠭᠡᠯᠡ ᠵᠡᠷᠭᠡ
ᠭᠤᠷᠪᠠᠨ ᠵᠦᠢᠯ ᠤᠨ ᠦᠭᠡ ᠭᠡᠯᠡ ᠦᠰᠤᠭ᠌ ᠪᠢᠴᠢᠭ ᠢ ᠰᠤᠷᠤᠯᠴᠠᠬᠤ ᠠᠰᠠᠭᠤᠳᠠᠯ ᠳᠣᠯᠭᠠᠷᠠᠵᠣ ᠪᠠᠶᠢᠨ᠎ᠠ᠂
ᠡᠭᠦᠨ ᠳᠤ ᠤᠯᠤᠰ ᠤᠨ ᠨᠠᠶᠢᠳᠠᠮ ᠭᠡᠷᠡᠭᠯᠡᠬᠦ ᠦᠭᠡ ᠭᠡᠯᠡ ᠦᠰᠤᠭ᠌ ᠪᠢᠴᠢᠭ ᠪᠤᠯᠤᠨ ᠠᠩᠭ᠍ᠯᠢ ᠭᠡᠯᠡ ᠵᠡᠷᠭᠡ ᠬᠤᠶᠠᠷ
ᠵᠦᠢᠯ ᠤᠨ ᠦᠭᠡ ᠭᠡᠯᠡ ᠦᠰᠤᠭ᠌ ᠪᠢᠴᠢᠭ ᠢ ᠡᠬᠢᠨ ᠠᠴᠠ ᠨᠢ ᠰᠤᠷᠤᠯᠴᠠᠬᠤ ᠪᠣᠯᠣᠨ᠎ᠠ᠂ ᠡᠨᠡ ᠨᠢ ᠰᠤᠷᠤᠭᠴᠢ ᠶᠢᠨ ᠳᠠᠷᠤᠭᠠᠰᠤ ᠶᠢ
ᠬᠦᠨᠳᠤᠷᠠᠬᠦᠯᠬᠦ ᠦᠭᠡᠢ ᠤᠤ︖     ᠬᠠᠷᠢᠭᠤᠯᠳᠠ᠄ ᠦᠨᠳᠤᠰᠤᠳᠡᠨ ᠤ ᠰᠣᠷᠭᠠᠭᠤᠯᠢ ᠶᠢᠨ ᠪᠠᠭ᠎ᠠ
ᠰᠤᠷᠭᠠᠭᠤᠯᠢ ᠶᠢᠨ ᠱᠠᠳᠤᠨ ᠳᠤ ᠮᠤᠩᠭᠤᠯ᠂ ᠭᠢᠳᠡᠳ᠂ ᠠᠩᠭ᠍ᠯᠢ ᠭᠤᠷᠪᠠᠨ ᠵᠦᠢᠯ ᠤᠨ ᠦᠭᠡ
ᠭᠡᠯᠡ ᠶᠢ ᠰᠤᠷᠤᠯᠴᠠᠬᠤ ᠶᠢ ᠨᠢᠭᠡᠨᠳᠠ ᠤᠯᠠᠨ ᠵᠢᠯ ᠪᠠᠷᠢᠮᠳᠠᠯᠠᠵᠣ ᠪᠣᠢ᠃ ᠡᠨᠡ ᠵᠢᠯ ᠤᠨ ᠠᠳᠠᠯᠢ ᠦᠭᠡᠢ ᠵᠦᠢᠯ ᠨᠢ
ᠤᠤᠯ ᠤᠨ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠠᠴᠠ ᠰᠤᠷᠤᠯᠴᠠᠵᠤ ᠪᠠᠶᠢᠭᠰᠠᠨ ︽ᠭᠢᠳᠡᠳ ᠭᠡᠯᠡ︾᠎ ᠶᠢᠨ ᠭᠢᠴᠢᠶᠠᠯ ᠢ
ᠬᠤᠪᠢᠷᠠᠭᠤᠯᠣᠭᠠᠳ ᠨᠢᠭᠡᠳᠤᠭᠡᠷ ᠤᠨ ᠠᠴᠠ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ︽ᠭᠡᠯᠡ
ᠪᠢᠴᠢᠭ︾᠎ ᠤᠨ ᠭᠢᠴᠢᠶᠠᠯ ᠢ ᠨᠡᠭᠡᠭᠡᠬᠦ ᠪᠤᠯᠤᠭᠰᠠᠨ ᠶᠤᠮ᠃ ᠪᠠᠭ᠎ᠠ ᠰᠤᠷᠭᠠᠭᠤᠯᠢ ᠶᠢᠨ ᠱᠠᠳᠤ ᠪᠤᠯ ᠭᠡᠤᠭᠡᠳ ᠪᠠᠭᠠᠴᠤᠳ ᠤᠨ ᠦᠭᠡ
ᠭᠡᠯᠡ ᠰᠤᠷᠤᠯᠴᠠᠬᠤ ᠳᠠᠪᠠᠭᠤᠯᠢᠭ ᠱᠠᠳᠤ ᠦᠶ᠎ᠠ ᠪᠣᠯᠣᠨ᠎ᠠ᠂ ᠡᠨᠡᠬᠦ ᠱᠠᠳᠤ ᠦᠶ᠎ᠠ ᠳᠤ ᠮᠤᠩᠭᠤᠯ ᠭᠡᠯᠡ ᠶᠢ ᠰᠤᠷᠤᠯᠴᠠᠬᠤ
ᠳᠤᠮᠳᠠ ᠤᠯᠤᠭᠰᠠᠨ ᠳᠤᠷ᠎ᠠ ᠰᠤᠨᠢᠷᠬᠠᠯ ᠤᠨ ᠤᠪᠤᠷ ᠪᠤᠯᠤᠨ ᠴᠢᠳᠠᠪᠤᠷᠢ ᠪᠠᠨ ᠠᠰᠢᠬᠯᠠᠨ ᠤᠯᠤᠰ ᠤᠨ ᠨᠠᠶᠢᠳᠠᠮ
ᠭᠡᠷᠡᠭᠯᠡᠬᠦ ᠦᠭᠡ ᠭᠡᠯᠡ ᠦᠰᠤᠭ᠌ ᠪᠢᠴᠢᠭ ᠪᠤᠯᠤᠨ ᠭᠠᠳᠠᠭᠠᠳᠤ ᠭᠡᠯᠡ ᠶᠢ ᠰᠤᠷᠤᠯᠴᠠᠬᠤ ᠨᠢ ᠰᠤᠷᠤᠭᠴᠢ ᠶᠢᠨ
ᠳᠠᠨᠢᠨ ᠮᠡᠳᠡᠬᠦᠢ ᠪᠠ ᠦᠭᠡ ᠭᠡᠯᠡᠨ ᠤ ᠤᠬᠠᠮᠰᠠᠷ ᠤᠨ ᠬᠦᠭᠵᠢᠯᠳᠡ ᠳᠤ ᠢᠳᠡᠪᠭᠢᠳᠠᠢ ᠨᠦᠯᠤᠭᠡ ᠠᠪᠴᠢᠷᠠᠬᠤ ᠶᠢ ᠪᠤᠳᠠᠳᠤ ᠶᠠᠪᠣᠳᠠᠯ
ᠭᠡᠷᠡᠴᠢᠯᠡᠵᠤ ᠪᠠᠶᠢᠨ᠎ᠠ᠃ ᠡᠶᠢᠮᠤ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ ᠰᠠᠶᠢᠳᠤᠷ
ᠰᠤᠷᠤᠯᠴᠠᠪᠠᠯ ᠪᠦᠬᠦ ᠤᠯᠤᠰ ᠲᠤ ᠬᠠᠨᠳᠤᠵᠣ᠂ ᠭᠠᠳᠠᠭᠠᠳᠤ ᠭᠡᠯᠡ ᠶᠢ ᠰᠠᠶᠢᠳᠤᠷ ᠰᠤᠷᠤᠯᠴᠠᠪᠠᠯ ᠳᠡᠯᠡᠭᠡᠢ ᠳᠤ
ᠬᠠᠨᠳᠤᠵᠣ ᠪᠣᠯᠬᠤ ᠨᠢ ᠨᠢᠭᠡᠨᠳᠡ ᠨᠡᠶᠢᠭᠡᠮ ᠨᠡᠶᠢᠳᠡ ᠶᠢᠨ ᠦᠷᠭᠡᠨ ᠳᠡᠯᠭᠡᠷ ᠬᠠᠮᠳᠤ ᠶᠢᠨ ᠳᠠᠨᠢᠯᠳᠠ ᠪᠣᠯᠪᠠ᠃    
19. ᠠᠰᠠᠭᠤᠯᠲᠠ᠄ ᠴᠦᠬᠡᠨ ᠲᠤᠭᠠᠲᠦ ᠦᠨᠳᠤᠰᠤᠲᠡᠨ ᠤ ᠰᠤᠷᠤᠭᠴᠢᠳ ᠤᠨ ︽ᠬᠡᠯᠡ ᠪᠢᠴᠢᠭ︾᠎ ᠤᠨ ᠰᠢᠯᠭᠠᠯᠲᠠ ᠶᠢᠨ
ᠰᠡᠳᠦᠪ ᠨᠢ ᠬᠦᠬᠡ ᠪᠠ ᠬᠦᠬᠡᠭᠴᠢᠨ ᠤ ᠠᠯᠢ ᠳᠤᠨᠢ ᠬᠠᠷᠢᠶᠠᠯᠠᠭᠳᠠᠬᠤ ᠪᠣᠢ︖ ᠬᠤᠵᠢᠮ ᠬᠦᠬᠡ ᠪᠤᠶᠤ ᠬᠦᠬᠡᠭᠴᠢᠨ
ᠰᠢᠯᠭᠠᠯᠲᠠ ᠶᠢᠨ ᠰᠡᠳᠦᠪ ᠢ ᠬᠦᠴᠦᠨ ᠦᠭᠡᠢ ᠪᠤᠯᠭᠠᠬᠤ ᠤᠤ︖     ᠬᠠᠷᠢᠭᠤᠯᠲᠠ᠄ ᠤᠳᠤ ᠶᠢᠨ
ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢᠨ ᠶᠤᠰᠤᠭᠠᠷ ᠪᠤᠯ᠂ ᠮᠤᠩᠭᠤᠯ ᠢᠶᠠᠷ
ᠬᠢᠴᠢᠶᠡᠯᠯᠡᠵᠦ ᠪᠠᠶᠢᠭ᠎ᠠ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ
ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ︽ᠮᠤᠩᠭᠤᠯ ᠬᠡᠯᠡ ᠪᠢᠴᠢᠭ︾
᠎ ᠤᠨ ᠬᠦᠬᠡ ᠰᠡᠳᠦᠪ ᠢ ᠬᠡᠷᠡᠭᠯᠡᠵᠦ᠂ ᠮᠤᠩᠭᠤᠯ ᠬᠡᠯᠡ ᠨᠡᠮᠡᠵᠦ ᠰᠤᠷᠴᠦ ᠪᠠᠶᠢᠭ᠎ᠠ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ
ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ
︽ᠮᠤᠩᠭᠤᠯ ᠬᠡᠯᠡ ᠪᠢᠴᠢᠭ︾᠎ ᠤᠨ ᠬᠦᠬᠡᠭᠴᠢᠨ ᠰᠡᠳᠦᠪ ᠢ ᠬᠡᠷᠡᠭᠯᠡᠵᠦ ᠪᠣᠢ᠂ ᠬᠤᠵᠢᠮ ︽ᠶᠠᠭᠤ ᠶᠢ ᠰᠤᠷᠤᠭᠰᠠᠨ ᠪᠤᠯ ᠶᠠᠭᠤ ᠶᠢ
ᠰᠢᠯᠭᠠᠬᠤ︾ ᠲᠦᠷᠦ ᠶᠢᠨ ᠪᠤᠳᠤᠯᠭ᠎ᠠ ᠬᠤᠪᠢᠷᠠᠬᠤ ᠦᠭᠡᠢ᠃     20. ᠠᠰᠠᠭᠤᠯᠲᠠ᠄
ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ
ᠪᠢᠴᠢᠭ ᠢᠶᠠᠷ ᠰᠤᠷᠤᠯᠴᠠᠵᠤ᠂ ᠰᠡᠳᠦᠪ ᠬᠠᠷᠢᠭᠤᠯᠪᠠᠯ᠂ ᠰᠢᠯᠭᠠᠬᠤ ᠪᠤᠶᠤ ᠰᠤᠷᠭᠠᠭᠤᠯᠢ ᠲᠠᠪᠰᠢᠬᠤ
ᠦᠶ᠎ᠡ ᠳᠤ ︽ᠬᠤᠨᠵᠢᠭᠳᠠᠨ᠎ᠠ︾ ᠭᠡᠵᠦ ᠵᠠᠷᠢᠮ ᠬᠦᠮᠦᠨ ᠦᠵᠡᠵᠦ ᠪᠤᠢ᠂ ᠦᠨᠡᠭᠡᠷ ᠡᠶᠢᠮᠦ ᠤᠤ︖    
ᠬᠠᠷᠢᠭᠤᠯᠲᠠ᠄ ᠤᠳᠤᠬᠠᠨ ᠳᠤ ᠤᠯᠤᠰ ᠠᠴᠠ ᠶᠠᠭ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ
ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ ᠦᠭᠡᠷᠡᠴᠢᠯᠡᠯᠲᠡ ᠬᠢᠵᠦ ᠪᠠᠶᠢᠨ᠎ᠠ᠂ ᠲᠠᠬᠢᠭᠠᠳ
ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂
ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ ᠶᠡᠷᠦ ᠳᠡᠭᠡᠨ ︽3+3︾
᠎ ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠬᠡᠯᠡ ᠪᠢᠴᠢᠭ ︵ᠨᠢᠭᠡᠲᠦᠯᠲᠠᠢ
ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂
ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ ᠪᠤᠰᠤᠳ 3 ᠲᠦᠷᠦᠯ ᠤᠨ
ᠬᠢᠴᠢᠶᠡᠯ ᠢ ᠰᠤᠷᠤᠭᠴᠢᠳ ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ ᠰᠤᠷᠭᠠᠭᠤᠯᠢ ᠶᠢᠨ ᠢᠶᠠᠨ ᠱᠠᠭᠠᠷᠳᠠᠯᠭ᠎ᠠ
ᠪᠠ ᠦᠪᠡᠷ ᠤᠨ ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂
ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ ᠲᠡᠭᠡᠳᠦ
ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ
ᠪᠦᠲᠦᠮᠵᠢ ᠳᠤᠨᠢ ᠪᠤᠳᠤᠵᠦ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ ᠤᠯᠤᠰ ᠲᠦᠷᠦ᠂
ᠲᠡᠤᠬᠡ ᠶᠢ ᠪᠤᠯ ︽ᠶᠠᠭᠤ ᠶᠢ ᠰᠤᠷᠤᠭᠰᠠᠨ ᠪᠤᠯ ᠶᠠᠭᠤ ᠪᠠᠨ ᠰᠢᠯᠭᠠᠬᠤ︾ ᠵᠠᠷᠴᠢᠮ ᠶᠤᠰᠤᠭᠠᠷ᠂ ᠬᠢᠲᠠᠳ ᠢᠶᠠᠷ
ᠬᠢᠴᠢᠶᠡᠯᠯᠡᠭᠰᠡᠨ ᠰᠤᠷᠤᠭᠴᠢᠳ ᠤᠨ ᠨᠢᠭᠡᠲᠦᠯᠲᠠᠢ ᠰᠢᠯᠭᠠᠯᠲᠠ ᠶᠢᠨ ᠰᠡᠳᠦᠪ ᠢ ᠬᠡᠷᠡᠭᠯᠡᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ
ᠬᠤᠯᠪᠤᠭᠳᠠᠯ ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ ᠦᠨᠳᠦᠰᠦᠲᠡᠨ ᠤ
ᠰᠤᠷᠭᠠᠭᠤᠯᠢ ᠶᠢᠨ ᠰᠢᠯᠭᠠᠭᠤᠯᠤᠭᠰᠠᠳ ᠰᠣᠷᠭᠠᠭᠤᠯᠢ ᠳᠠᠪᠰᠢᠬᠤ ᠰᠢᠯᠭᠠᠯᠳᠠ ᠳᠤ ᠣᠷᠣᠯᠴᠠᠪᠠᠯ
ᠮᠦᠨ ᠯᠡ ᠠᠰ ᠲᠤᠨᠢ ᠬᠤᠪᠢ ᠶᠢᠨ ᠱᠤᠭᠤᠮ ᠲᠤᠭᠲᠠᠭᠠᠵᠦ᠂ ᠠᠰ ᠢᠶᠠᠷ ᠨᠢ ᠡᠯᠰᠡᠨ᠎ᠡ᠂ ᠴᠦᠬᠡᠨ ᠲᠤᠭᠠᠲᠦ
ᠦᠨᠳᠦᠰᠦᠲᠡᠨ ᠤ ᠪᠤᠰᠤ ᠦᠭᠡ ᠬᠡᠯᠡ ᠪᠠᠷ ᠬᠢᠴᠢᠶᠡᠯᠯᠡᠭᠰᠡᠨ ᠰᠤᠷᠤᠭᠴᠢᠳ ᠲᠠᠢ ᠦᠷᠢᠰᠦᠯᠳᠦᠭᠦᠯᠬᠦ ᠦᠭᠡᠢ ᠮᠦᠷᠲᠡᠭᠡᠨ ᠰᠤᠷᠤᠭᠴᠢ
ᠡᠯᠰᠡᠬᠦ ᠬᠠᠷᠢᠴᠠᠯ ᠤᠨ ᠲᠤᠭᠲᠠᠭᠤᠨ ᠢ ᠪᠠᠲᠤᠯᠠᠵᠣ᠂ ᠰᠢᠯᠭᠠᠭᠤᠯᠤᠭᠰᠠᠳ ᠤᠨ ᠶᠡᠭᠡ ᠲᠡᠭᠡᠳᠦ ᠰᠤᠷᠭᠠᠭᠤᠯᠢ ᠳᠤ
ᠲᠠᠪᠰᠢᠬᠤ ᠬᠠᠷᠢᠴᠠᠯ ᠢ ᠨᠦᠯᠦᠭᠡᠯᠡᠬᠦ ᠦᠭᠡᠢ᠂ ᠬᠠᠮᠲᠤ ᠳᠤᠨᠢ ᠤᠯᠤᠰ ᠤᠨ ᠲᠦᠷᠦ ᠶᠢᠨ ᠪᠣᠳᠣᠯᠭ᠎ᠠ ᠶᠢᠨ
ᠲᠡᠮᠵᠢᠯᠭᠡ ᠪᠠᠷ ᠲᠠᠮᠵᠢᠭᠤᠯᠵᠦ᠂ ᠰᠤᠷᠤᠭᠴᠢ ᠡᠯᠰᠡᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ
ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠤᠷᠤᠭᠴᠢᠳ ᠤᠨ ᠰᠤᠷᠭᠠᠭᠤᠯᠢ ᠳᠤ ᠲᠠᠪᠰᠢᠨ
ᠠᠵᠢᠯ ᠤᠯᠬᠤ ᠰᠤᠩᠭᠤᠯᠲᠠ ᠶᠢᠨ ᠤᠷᠤᠨ ᠵᠠᠢ ᠶᠢ ᠨᠡᠩ ᠢᠯᠡᠭᠦᠦ ᠦᠷᠭᠡᠳᠭᠡᠬᠦ ᠪᠣᠯᠣᠨ᠎ᠡ᠃     21. ᠠᠰᠠᠭᠤᠯᠲᠠ᠄
ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂
ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠲᠤ ᠶᠠᠮᠠᠷ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠪᠠᠶᠢᠬᠤ ᠪᠤᠢ︖
ᠲᠡᠳᠡᠨᠡᠷ ᠠᠯᠢ ᠠᠯᠢ ᠲᠠᠯ᠎ᠠ ᠪᠠᠷ ᠪᠤᠳᠠᠳᠠᠢ ᠠᠰᠢᠭ ᠬᠦᠷᠲᠡᠬᠦ ᠪᠤᠢ︖     ᠬᠠᠷᠢᠭᠤᠯᠲᠠ᠄ ᠭᠤᠷᠪᠠᠨ ᠬᠢᠴᠢᠶᠡᠯ ᠲᠦᠷᠦᠯ ᠤᠨ
ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠯᠤᠰ ᠪᠠ
ᠦᠪᠡᠷᠲᠡᠭᠡᠨ ᠵᠠᠰᠠᠬᠤ ᠤᠷᠤᠨ ᠠᠴᠠ ᠴᠦᠬᠡᠨ ᠲᠤᠭᠠᠲᠦ ᠦᠨᠳᠦᠰᠦᠲᠡᠨ ᠤ ᠤᠯᠠᠨ ᠲᠦᠮᠡᠨ ᠤ ᠠᠬᠤᠢᠢᠴᠢ
ᠬᠠᠯᠠᠮᠵᠢᠯᠠᠯ ᠢ ᠨᠡᠩ ᠢᠯᠡᠭᠦᠦ ᠬᠦᠨᠳᠦᠳᠭᠡᠨ ᠦᠵᠡᠵᠦ᠂ ᠤᠯᠤᠰ ᠤᠨ ᠬᠤᠯᠪᠤᠭᠳᠠᠯ ᠪᠦᠬᠦᠢ
ᠲᠤᠭᠲᠠᠭᠠᠯ ᠶᠤᠰᠤᠭᠠᠷ᠂ ᠤᠳᠤ ᠶᠢᠨ ᠪᠠᠶᠢᠭ᠎ᠠ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠨ ᠬᠤᠪᠢᠷᠠᠭᠤᠯᠬᠤ
ᠦᠭᠡᠢ ᠪᠠᠶᠢᠬᠤ ᠶᠢᠨ ᠬᠠᠮᠲᠦ᠂ ᠲᠦᠷᠦ ᠶᠢᠨ ᠪᠤᠳᠤᠯᠭ᠎ᠠ ᠪᠠᠨ ᠦᠷᠬᠦᠯᠵᠢᠯᠡᠨ ᠲᠡᠭᠦᠯᠳᠡᠷᠵᠢᠭᠦᠯᠵᠦ᠂ ᠬᠠᠷᠠᠭᠠᠯᠵᠠᠬᠤ
ᠡᠷᠴᠢᠮ ᠢᠶᠠᠨ ᠤᠯᠠᠮ ᠴᠢᠩᠭᠠᠷᠠᠭᠤᠯᠵᠣ᠂ ᠴᠦᠬᠡᠨ ᠲᠤᠭᠠᠲᠦ ᠦᠨᠳᠦᠰᠦᠲᠡᠨ ᠤ ᠲᠡᠭᠡᠳᠦ ᠳᠡᠰ ᠤᠨ
ᠴᠢᠳᠠᠪᠦᠷᠢᠲᠡᠨ ᠢ ᠬᠦᠮᠦᠵᠢᠭᠦᠯᠬᠦ ᠶᠢ ᠨᠡᠩ ᠲᠦᠷᠭᠡᠳᠭᠡᠵᠦ᠂ ᠴᠦᠬᠡᠨ ᠲᠤᠭᠠᠲᠦ ᠦᠨᠳᠦᠰᠦᠲᠡᠨ ᠤ
ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠬᠤ ᠳᠤ ᠦᠢᠯᠡᠴᠢᠯᠡᠭᠦᠯᠵᠦ᠂ ᠨᠡᠩ ᠣᠯᠠᠨ
ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠤᠨ ᠰᠤᠷᠭᠠᠨ ᠬᠦᠮᠦᠵᠢᠯ ᠬᠦᠷᠲᠡᠬᠦ᠂ ᠠᠵᠢᠯ ᠤᠯᠵᠦ ᠦᠢᠯᠡᠰ
ᠪᠤᠰᠬᠠᠬᠤ ᠵᠡᠷᠭᠡ ᠲᠠᠯ᠎ᠠ ᠪᠠᠷ ᠠᠰᠢᠭ ᠬᠦᠷᠲᠡᠭᠡᠬᠦ ᠪᠣᠯᠣᠨ᠎ᠡ᠃     22. ᠠᠰᠠᠭᠤᠯᠳᠠ᠄ ᠭᠡᠷ ᠤᠨ ᠠᠬᠠᠮᠠᠳ᠂
ᠪᠠᠭᠰᠢ ᠨᠠᠷ ᠶᠠᠮᠠᠷ ᠶᠠᠮᠠᠷ ᠪᠤᠳᠠᠳᠠᠢ ᠪᠡᠯᠡᠳᠭᠡᠯ ᠠᠵᠢᠯ ᠭᠢᠵᠤ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ
ᠬᠡᠷᠡᠭᠯᠡᠬᠦ ᠠᠵᠢᠯ ᠳᠤ ᠵᠤᠬᠢᠴᠠᠬᠤ ᠪᠤᠢ︖     ᠬᠠᠷᠢᠭᠤᠯᠳᠠ᠄ ᠭᠡᠷ ᠤᠨ ᠠᠬᠠᠮᠠᠳ ᠪᠤᠯ ᠭᠡᠤᠭᠡᠳ ᠤᠨ
ᠠᠩᠬᠠᠨ ᠤ ᠪᠠᠭᠰᠢ ᠮᠥᠨ᠂ ᠪᠠᠰᠠᠴᠤ ᠭᠡᠤᠭᠡᠳ ᠤᠨ ᠦᠨᠢᠳᠠ ᠶᠢᠨ ᠳᠠᠭᠤᠷᠢᠶᠠᠯ ᠪᠤᠯᠤᠨ᠎ᠠ᠃ ᠭᠡᠷ ᠤᠨ ᠠᠬᠠᠮᠠᠳ
ᠨᠢᠭᠡᠪᠤᠷᠢ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤᠬᠠᠢ
ᠳᠦᠷᠤ ᠶᠢᠨ ᠪᠤᠳᠤᠯᠭ᠎ᠠ ᠶᠢᠨ ᠲᠠᠶᠢᠯᠣᠮᠵᠢ ᠶᠢ ᠭᠢᠨᠠᠮᠠᠭᠠᠢ ᠰᠤᠷᠤᠯᠴᠠᠬᠤ ᠭᠡᠷᠡᠭᠳᠡᠢ᠃ ᠤᠳᠤ ᠶᠢᠨ ᠪᠤᠳᠠᠳᠠᠢ ᠠᠴᠠ
ᠡᠬᠦᠰᠬᠦ ᠮᠦᠷᠳᠡᠭᠡᠨ ᠠᠯᠤᠰ ᠢᠷᠡᠭᠡᠳᠦᠢ ᠳᠤ ᠬᠠᠨᠳᠣᠵᠣ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ
ᠰᠤᠷᠤᠯᠴᠠᠬᠤ ᠶᠢᠨ ᠰᠤᠷᠤᠭᠴᠢ ᠶᠢᠨ ᠬᠤᠪᠢ ᠬᠦᠮᠦᠨ ᠤ ᠬᠦᠭᠵᠢᠯᠳᠡ᠂ ᠢᠷᠡᠭᠡᠳᠤᠢ ᠳᠤ ᠠᠵᠢᠯ
ᠤᠯᠬᠤ ᠪᠠ ᠨᠠᠶᠢᠭᠡᠮ ᠳᠤ ᠠᠭᠤᠰᠬᠤ ᠳᠠᠬᠢ ᠢᠳᠡᠪᠭᠢᠳᠡᠢ ᠦᠢᠯᠡᠳᠤᠯ ᠢ ᠬᠦᠢᠴᠡᠳ ᠳᠠᠨᠢᠬᠤ ᠭᠡᠷᠡᠭᠳᠡᠢ᠃ ᠰᠤᠷᠭᠠᠭᠤᠯᠢ ᠪᠠ
ᠪᠠᠭᠰᠢ ᠨᠠᠷ ᠲᠠᠢ ᠢᠳᠡᠪᠭᠢᠳᠡᠢ ᠬᠠᠮᠵᠢᠯᠴᠠᠨ ᠭᠡᠤᠭᠡᠳ ᠢᠶᠠᠨ ᠬᠠᠤᠯᠢ ᠶᠤᠰᠤᠭᠠᠷ ᠰᠤᠷᠭᠠᠭᠤᠯᠢ ᠳᠤ ᠤᠷᠤᠭᠤᠯᠵᠤ᠂
ᠬᠦᠮᠤᠵᠢᠭᠦᠯᠵᠦ ᠬᠠᠮᠢᠶᠠᠷᠬᠤ ᠪᠠ ᠰᠤᠷᠭᠠᠨ ᠬᠦᠮᠦᠵᠢᠭᠦᠯᠵᠦ ᠵᠢᠭᠠᠨ ᠰᠤᠷᠭᠠᠬᠤ ᠠᠵᠢᠯ ᠢ ᠰᠠᠶᠢᠳᠣᠷ ᠬᠢᠬᠦ
ᠭᠡᠷᠡᠭᠳᠡᠢ᠂ ᠰᠤᠷᠭᠠᠭᠤᠯᠢ ᠶᠢ ᠬᠠᠮᠵᠢᠨ ᠭᠡᠤᠭᠡᠳ ᠤᠨ ᠢᠶᠠᠨ ᠰᠡᠳᠭᠢᠴᠠ ᠶᠢ ᠵᠢᠯᠤᠭᠤᠳᠬᠤ ᠪᠠ ᠤᠷᠮ᠎ᠠ ᠰᠡᠳᠭᠢᠯᠭᠡ ᠶᠢ ᠬᠠᠮᠢᠶᠠᠷᠬᠤ
ᠠᠵᠢᠯ ᠢ ᠰᠡᠶᠢᠳᠤᠷ ᠭᠢᠵᠤ᠂ ᠭᠡᠤᠭᠡᠳ ᠢᠶᠠᠨ ᠬᠠᠪᠰᠤᠷᠴᠤ ᠦᠪᠡᠷ ᠢ ᠪᠠᠨ ᠢᠳᠡᠭᠡᠬᠦ ᠰᠡᠳᠭᠢᠯᠭᠡ ᠲᠠᠢ ᠪᠤᠯᠭᠠᠵᠤ᠂
ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠤᠯᠭᠠᠬᠤ ᠭᠡᠷᠡᠭᠳᠡᠢ᠃ ᠭᠡᠤᠭᠡᠳ ᠤᠨ ᠢᠶᠠᠨ ᠤᠯᠤᠰ ᠤᠨ ᠨᠡᠶᠢᠳᠡᠮ
ᠬᠡᠷᠡᠭᠯᠡᠬᠦ ᠦᠭᠡ ᠭᠡᠯᠡ ᠦᠰᠤᠭ᠌ ᠪᠢᠴᠢᠭ ᠢ ᠰᠤᠷᠤᠯᠴᠠᠬᠤ ᠳᠤᠷ᠎ᠠ ᠪᠠᠬ᠎ᠠ ᠶᠢ ᠬᠦᠮᠤᠵᠢᠬᠦᠯᠬᠦ ᠶᠢ
ᠠᠩᠬᠠᠷᠣᠨ ᠴᠢᠬᠤᠯᠠᠴᠢᠯᠠᠵᠤ᠂ ᠠᠭᠤᠵᠢᠭᠤ ᠳᠠᠯᠪᠢᠭᠤ ᠡᠶ᠎ᠡ ᠵᠣᠬᠢᠴᠠᠩᠭᠤᠢ ᠦᠭᠡ ᠭᠡᠯᠡᠨ ᠤ ᠤᠷᠴᠢᠨ ᠳᠤᠭᠤᠷᠢᠨ ᠢ
ᠢᠳᠡᠪᠭᠢᠳᠡᠢ ᠡᠬᠦᠳᠴᠤ᠂ ᠭᠡᠤᠭᠡᠳ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠤᠨ ᠭᠡᠤᠭᠡᠯᠳᠡᠢ
ᠵᠦᠴᠤᠭᠡ ᠪᠠ ᠸᠢᠳᠢᠣ᠋ ᠰᠤᠷᠭᠠᠨ ᠬᠦᠮᠤᠵᠢᠯ ᠤᠨ ᠡᠭᠢ ᠪᠠᠶᠠᠯᠢᠭ ᠵᠡᠷᠭᠡ ᠶᠢ ᠰᠣᠨᠢᠷᠬᠠᠬᠤ ᠶᠢ ᠳᠠᠮᠵᠢᠬᠦ ᠭᠡᠷᠡᠭᠳᠡᠢ︔
ᠭᠡᠤᠭᠡᠳ ᠤᠨ ᠢᠶᠠᠨ ᠭᠢᠴᠢᠶᠠᠯ ᠤᠨ ᠭᠠᠳᠠᠨᠠᠭᠢ ᠤᠩᠰᠢᠯᠭ᠎ᠠ ᠶᠢ ᠵᠤᠷᠢᠭᠵᠢᠭᠤᠯᠵᠤ᠂ ᠭᠡᠤᠭᠡᠳ ᠤᠨ
ᠠᠮᠢᠳᠤᠷᠠᠯ ᠤᠨ ᠦᠩᠭᠡᠷᠡᠯᠳᠡ᠂ ᠡᠶ᠎ᠡ ᠵᠣᠬᠢᠴᠠᠩᠭᠤᠢ ᠤᠷᠴᠢᠨ ᠳᠤᠭᠤᠷᠢᠨ ᠪᠠ ᠨᠠᠭᠠᠳᠤᠮ
ᠳᠤᠭᠯᠠᠭᠠᠮ ᠤᠨ ᠠᠵᠢᠯᠯᠠᠭ᠎ᠠ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌
ᠪᠢᠴᠢᠭ ᠤᠨ ᠳᠦᠪᠰᠢᠨ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠢ ᠭᠡᠷᠡᠭᠯᠡᠨ
ᠰᠤᠷᠤᠯᠴᠠᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃ ᠪᠠᠭᠰᠢ ᠪᠤᠯ ᠰᠤᠷᠤᠭᠴᠢ ᠶᠢᠨ
ᠦᠰᠤᠨ ᠪᠦᠢᠵᠢᠯᠳᠡ ᠶᠢᠨ ᠵᠠᠮᠴᠢᠯᠠᠭᠴᠢ ᠮᠥᠨ᠃ ᠪᠠᠭᠰᠢ ᠨᠢᠭᠡᠪᠤᠷᠢ ᠶᠣᠰᠣ ᠰᠣᠷᠳᠠᠬᠤᠨ ᠢᠶᠠᠷ ᠬᠦᠮᠤᠨ ᠬᠦᠮᠤᠵᠢᠬᠦᠯᠬᠦ ᠣᠭ
ᠰᠠᠨᠠᠭ᠎ᠠ ᠪᠠᠨ ᠢᠮᠠᠭᠳᠠ ᠪᠠᠷᠢᠮᠳᠠᠯᠠᠵᠤ᠂ ᠨᠠᠮ ᠳᠤ ᠬᠦᠮᠦᠨ ᠬᠦᠮᠤᠵᠢᠬᠦᠯᠦᠨ ᠦᠭᠬᠦ᠂
ᠤᠯᠤᠰ ᠲᠤ ᠴᠢᠳᠠᠪᠤᠷᠢᠳᠠᠨ ᠬᠦᠮᠤᠵᠢᠬᠦᠯᠦᠨ ᠦᠭᠬᠦ ᠳᠡᠤᠭᠡᠳᠤ ᠡᠬᠦᠷᠭᠡ ᠪᠠᠨ ᠪᠠᠳᠤ ᠴᠡᠭᠡᠵᠢᠯᠡᠬᠦ ᠭᠡᠷᠡᠭᠳᠡᠢ᠃ ᠨᠠᠮ ᠤᠨ ᠳᠦᠪ
ᠬᠤᠷᠢᠶᠠᠨ ᠤ ᠰᠶᠢᠳᠪᠤᠷᠢᠳᠣ ᠪᠣᠳᠣᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ
ᠠᠵᠢᠯ ᠤᠨ ᠪᠠᠶᠢᠷᠢᠯᠠᠭᠤᠯᠣᠯᠳᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ
ᠵᠢᠭᠠᠬᠤ ᠮᠠᠲ᠋ᠧᠷᠢᠶᠠᠯ ᠢ ᠭᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ ᠠᠭᠢᠭᠤᠯᠵᠤ᠂ ᠭᠡᠷ ᠤᠨ ᠠᠬᠠᠮᠠᠳ ᠲᠤ ᠨᠠᠷᠢᠨ
ᠭᠢᠨᠠᠮᠠᠭᠠᠢ ᠬᠦᠯᠢᠴᠡᠩᠬᠦᠢ ᠪᠠᠷ ︽ᠳᠠᠪᠤ ᠶᠢ ᠳᠤᠳᠤᠷᠬᠠᠢ ᠳᠠᠶᠢᠯᠪᠣᠷᠢᠯᠠᠨ ᠦᠭᠬᠦ︾᠂ ︽ᠭᠤᠷᠪᠠ ᠶᠢ ᠬᠤᠪᠢᠷᠠᠭᠤᠯᠬᠤ ᠦᠭᠡᠢ︾
ᠳᠦᠷᠤ ᠶᠢᠨ ᠪᠤᠳᠤᠯᠭ᠎ᠠ ᠶᠢ ᠳᠠᠶᠢᠯᠪᠤᠷᠢᠯᠠᠨ ᠦᠭᠬᠦ ᠠᠵᠢᠯ ᠢ ᠰᠠᠶᠢᠳᠤᠷ ᠭᠢᠬᠦ ᠭᠡᠷᠡᠭᠳᠡᠢ᠃
ᠡᠬᠦᠨ ᠤ ᠬᠠᠮᠳᠤ ᠣᠳᠣ ᠶᠢᠨ ᠪᠤᠳᠠᠳᠠᠢ ᠠᠴᠠ ᠪᠠᠨ ᠡᠬᠦᠰᠦᠨ᠂ ᠠᠯᠣᠰ ᠢᠷᠡᠭᠡᠳᠤᠢ ᠳᠤ ᠬᠠᠨᠳᠤᠵᠤ᠂ ᠢᠳᠡᠭᠡᠯ
ᠵᠤᠷᠢᠭ ᠢᠶᠠᠨ ᠪᠠᠳᠣᠳᠬᠠᠨ ᠭᠢᠴᠢᠶᠠᠯ ᠨᠢᠭᠡᠪᠤᠷᠢ ᠶᠢ ᠰᠠᠶᠢᠳᠤᠷ ᠵᠢᠭᠠᠵᠤ᠂ ᠰᠤᠷᠤᠭᠴᠢ ᠨᠢᠭᠡᠪᠤᠷᠢ ᠶᠢ
ᠰᠠᠶᠢᠳᠤᠷ ᠬᠦᠮᠤᠵᠢᠬᠦᠯᠵᠤ᠂ ᠨᠢᠭᠡ ᠭᠡᠤᠭᠡᠳ ᠢ ᠴᠤ ᠡᠩᠨᠡᠭᠡ ᠠᠴᠠ ᠬᠤᠴᠤᠷᠤᠭᠤᠯᠬᠤ ᠦᠭᠡᠢ ᠪᠠᠶᠢᠬᠤ ᠶᠢ ᠦᠨᠡᠨᠬᠦ
ᠪᠠᠳᠤᠯᠠᠬᠤ ᠭᠡᠷᠡᠭᠳᠡᠢ᠃ ᠠᠵᠢᠯ ᠳᠤᠮᠳᠠ ᠪᠠᠨ ᠵᠢᠭᠠᠬᠤ ᠮᠠᠲ᠋ᠧᠷᠢᠶᠠᠯ ᠢᠶᠠᠨ ᠨᠠᠷᠢᠨ ᠭᠢᠨᠠᠮᠠᠭᠠᠢ ᠰᠤᠳᠤᠯᠵᠤ᠂
ᠭᠢᠴᠢᠶᠠᠯ ᠤᠨ ᠪᠠᠷᠢᠮᠵᠢᠶ᠎ᠠ ᠶᠢ ᠰᠤᠷᠤᠯᠴᠠᠵᠤ᠂ ᠵᠢᠭᠠᠬᠤ ᠠᠷᠭ᠎ᠠ ᠪᠠᠨ ᠰᠠᠶᠢᠵᠢᠷᠠᠭᠤᠯᠵᠣ᠂ ᠰᠤᠷᠭᠠᠨ
ᠬᠦᠮᠤᠵᠢᠭᠦᠯᠬᠦ ᠦᠢᠯᠠᠭᠠᠭᠳᠠᠬᠤᠨ ᠢᠶᠠᠨ ᠰᠢᠨᠡᠴᠢᠯᠡᠵᠤ᠂ ᠰᠤᠷᠤᠯᠴᠠᠯᠭ᠎ᠠ ᠶᠢᠨ ᠪᠠᠶᠢᠳᠠᠯ ᠢ ᠬᠦᠨᠵᠡᠭᠡᠢ ᠰᠤᠳᠤᠯᠵᠤ᠂
ᠭᠡᠷ ᠤᠨ ᠠᠬᠠᠮᠠᠳ ᠰᠤᠷᠭᠠᠭᠤᠯᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠰᠢᠯᠢᠳᠡᠭ ᠪᠠᠭᠰᠢ ᠪᠤᠯᠬᠤ ᠪᠠᠷ ᠴᠢᠷᠮᠠᠶᠢᠵᠤ᠂ ᠰᠢᠯᠢᠳᠡᠭ
ᠰᠤᠷᠤᠭᠴᠢ ᠶᠢ ᠬᠦᠮᠤᠵᠢᠬᠦᠯᠤᠨ᠂ ᠠᠷᠠᠳ ᠳᠦᠮᠠᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠭᠡᠢ
ᠪᠠᠶᠢᠬᠤ ᠬᠡᠷᠡᠭᠳᠡᠢ᠃     23. ᠠᠰᠠᠭᠤᠯᠲᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ
ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ
ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠦᠷᠢ ᠲᠦᠪᠰᠢᠨ ᠲᠡᠭᠡᠭᠰᠢᠯᠡᠬᠦ ᠶᠢ ᠲᠠᠭᠠᠯᠳᠤᠨ᠂ ᠬᠤᠶᠢᠰᠢᠲᠡ ᠡᠨᠡᠬᠦ ᠭᠤᠷᠪᠠᠨ
ᠬᠢᠴᠢᠶᠡᠯ ᠲᠦᠷᠦᠯ ᠳᠤ ᠵᠦᠪᠬᠡᠨ ᠮᠤᠩᠭᠤᠯ ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ ᠪᠠᠭᠰᠢ ᠶᠢ ᠯᠠ ᠤᠷᠢᠵᠦ ᠬᠡᠷᠡᠭᠯᠡᠬᠦ ᠤᠤ︖
ᠡᠰᠡᠬᠦᠯ᠎ᠡ ᠵᠦᠪᠬᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ ᠴᠢᠳᠠᠬᠤ ᠪᠠᠭᠰᠢ ᠶᠢ ᠯᠠ
ᠤᠷᠢᠵᠦ ᠬᠡᠷᠡᠭᠯᠡᠬᠦ ᠤᠤ︖     ᠬᠠᠷᠢᠭᠤᠯᠲᠠ᠄ ᠪᠠᠭᠰᠢ ᠤᠷᠢᠵᠦ ᠬᠡᠷᠡᠭᠯᠡᠬᠦ ᠪᠤᠯ ᠤᠷᠤᠨ ᠨᠤᠲᠤᠭ ᠤᠨ ᠠᠵᠢᠯ ᠡᠷᠬᠡ ᠮᠦᠨ᠃
ᠤᠷᠤᠨ ᠨᠤᠲᠤᠭ ᠤᠨ ᠬᠤᠭᠤᠷᠤᠨᠳᠤᠬᠢ᠂ ᠬᠤᠲᠠ ᠬᠦᠳᠡᠭᠡ ᠶᠢᠨ ᠬᠤᠭᠤᠷᠤᠨᠳᠤᠬᠢ ᠠᠵᠦ ᠠᠬᠤᠢ ᠨᠡᠶᠢᠭᠡᠮ ᠤᠨ ᠬᠦᠭᠵᠢᠯᠲᠡ᠂
ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠪᠠ ᠦᠭᠡ ᠬᠡᠯᠡᠨ ᠤ ᠰᠠᠭᠤᠷᠢ ᠶᠢᠨ
ᠤᠷᠴᠢᠨ ᠳᠣᠭᠤᠷᠢᠨ ᠳᠤ ᠵᠤᠬᠢᠬᠤ ᠵᠦᠷᠢᠶ᠎ᠠ ᠤᠷᠤᠰᠢᠵᠦ ᠪᠣᠢ᠂ ᠡᠯ᠎ᠡ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠪᠦᠲᠦᠴᠡ᠂
ᠵᠢᠭᠠᠨ ᠰᠤᠷᠭᠠᠯᠲᠠ ᠶᠢᠨ ᠤᠨᠴᠠᠯᠢᠭ ᠤᠨ ᠲᠠᠯ᠎ᠠ ᠪᠠᠷ ᠪᠠᠭᠰᠢ ᠳᠤ ᠲᠠᠯᠪᠢᠬᠤ ᠵᠢᠭᠠᠨ ᠰᠤᠷᠭᠠᠬᠤ ᠴᠢᠳᠠᠪᠦᠷᠢ ᠶᠢᠨ ᠱᠠᠭᠠᠷᠳᠠᠯᠭ᠎ᠠ ᠨᠢ
ᠴᠦ ᠪᠦᠷᠢᠮᠦᠰᠦᠨ ᠠᠳᠠᠯᠢ ᠪᠤᠰᠤ ᠪᠠᠶᠢᠳᠠᠭ᠃ ᠡᠶᠢᠮᠦ ᠠᠴᠠ᠂ ᠡᠯ᠎ᠡ ᠭᠠᠵᠠᠷ ᠤᠷᠤᠨ ᠤ ᠪᠠᠭᠰᠢ ᠤᠷᠢᠨ ᠬᠡᠷᠡᠭᠯᠡᠬᠦ ᠨᠦᠬᠦᠴᠡᠯ ᠨᠢ
ᠴᠦ ᠵᠦᠷᠢᠶ᠎ᠡ ᠲᠠᠢ ᠶᠤᠮ᠃ ᠭᠡᠪᠡᠴᠦ ᠶᠡᠷᠦᠩᠬᠡᠢ ᠳᠤᠨᠢ ᠠᠪᠴᠦ ᠦᠵᠡᠪᠡᠯ᠂ ᠮᠤᠩᠭᠤᠯ ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ᠂
ᠦᠨᠳᠦᠷ ᠲᠦᠪᠰᠢᠨ ᠪᠦᠬᠦᠢ᠂ ᠲᠤᠰᠬᠠᠢ ᠮᠡᠷᠭᠡᠵᠢᠯ ᠤᠨ᠂ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠪᠤᠯ ᠰᠤᠷᠭᠠᠭᠤᠯᠢ ᠳᠤ
ᠬᠠᠮᠤᠭ ᠠᠴᠠ ᠱᠠᠭᠠᠷᠳᠠᠭᠳᠠᠬᠤ ᠶᠤᠮ᠃
 
ᠢᠷᠡᠯᠲᠡ᠄            
 
 
ᠬᠠᠮᠢᠶ᠎ᠠ ᠪᠥᠬᠦᠢ ᠰᠤᠨᠢᠨ
 
                                   : 010098    蒙ICP备05000248号