ᠪᠠᠭᠠᠳᠤᠷ ᠬᠢᠬᠡᠳ ᠲᠥᠪᠡᠳ ᠮᠤᠩᠭᠤᠯ ᠰᠤᠷᠪᠤᠯᠵᠢ ᠪᠢᠴᠢᠭ ᠤᠨ ᠬᠤᠪᠢ ᠪᠠᠷᠢᠯᠳᠤᠯᠭ᠎ᠠ
ᠨᠡᠶᠢᠲᠡᠯᠡᠭᠰᠡᠨ ᠴᠠᠭ᠄
2020/11/19

ᠠᠮᠢᠳᠤᠷᠠᠬᠤᠢ ᠶᠢᠨ ᠤᠳᠬ᠎ᠠ ᠤᠴᠢᠷ ᠦᠨ᠎ᠡ ᠥᠷᠳᠡᠭ ᠢ ᠵᠥᠪ ᠢᠶᠠᠷ ᠥᠢᠯᠠᠭᠠᠵᠥ᠂ ᠦᠨᠡᠨᠴᠢ ᠪᠠᠷ ᠬᠠᠨᠳᠤᠳᠠᠬ

ᠬᠥᠮᠥᠰ ᠲᠤ ᠠᠪᠴᠤ ᠬᠡᠯᠡᠪᠡᠯ ᠡᠷᠬᠢᠯᠡᠭᠰᠡᠨ ᠠᠵᠢᠯ ᠥᠢᠯᠡᠰ ᠢᠶᠠᠨ ᠡᠷᠬᠢᠮᠯᠡᠨ ᠬᠠᠶᠢᠷᠠᠯᠠᠬᠤ ᠭᠡᠭᠴᠢ

ᠢᠳᠡᠭᠡᠯ ᠰᠢᠳᠤᠭᠡᠨ ᠨᠢ ᠪᠠᠶᠢᠵᠦ ᠲᠠᠭᠠᠷᠠᠨ᠎ᠠ︔ ᠬᠡᠯᠡᠵᠥ ᠬᠢᠬᠦ ᠶᠢᠨ ᠨᠢᠬᠡᠳᠤᠯ ᠢᠶᠠᠷ ᠲᠤᠭᠤᠵᠥ

ᠬᠠᠶᠢᠷᠠᠯᠠᠬᠰᠠᠨ ᠠᠵᠢᠯ ᠥᠢᠯᠡᠰ ᠲᠡᠭᠡᠨ ᠴᠠᠯᠠᠭᠠᠢᠢᠳᠠᠯ ᠥᠬᠡᠢ ᠴᠢᠷᠮᠠᠶᠢᠵᠥ ᠶᠠᠪᠤᠬᠤ ᠭᠡᠭᠴᠢ

ᠰᠡᠳᠬᠢᠯ ᠤᠨ ᠬᠠᠳᠠᠭᠤ ᠲᠠᠩᠭᠠᠷᠢᠬ ᠭᠡᠯᠳᠠᠢ᠃ ᠡᠷᠳᠡᠨ ᠤ ᠨᠤᠮ ᠰᠤᠳᠤᠷ ᠤᠨ ᠲᠠᠯᠠᠢ ᠶᠡᠭᠡ

ᠰᠠᠩ ᠠᠴᠠ ᠲᠥᠪᠡᠳ ᠮᠤᠩᠭᠤᠯ ᠰᠤᠷᠪᠤᠯᠵᠢ ᠪᠢᠴᠢᠭ ᠬᠡᠮᠡᠬᠦ ᠰᠤᠶᠤᠯ ᠤᠨ ᠲᠠᠨ᠎ᠠ ᠰᠤᠪᠤᠳ ᠢ ᠬᠠᠮᠠᠭᠠᠯᠠᠨ

ᠬᠠᠳᠠᠭᠠᠯᠠᠵᠥ ᠶᠠᠪᠤᠭ᠎ᠠ ᠤᠯᠠᠭᠠᠨᠴᠠᠪ ᠬᠤᠳᠠ ᠶᠢᠨ ᠵᠢᠨᠢᠩ ᠨᠤᠳᠤᠬᠳᠠᠢ ᠪᠠᠭᠠᠳᠤᠷ ᠪᠤᠯ ᠶᠠᠬ ᠯᠡ

ᠢᠡᠭᠬᠢᠵᠦ ᠪᠤᠲᠤᠵᠦ ᠢᠡᠭᠬᠢᠵᠦ ᠬᠢᠳᠡᠭ ᠭᠠᠭᠴᠠ ᠦᠵᠦᠬᠦᠷᠳᠦ ᠰᠡᠳᠬᠢᠯ ᠢᠶᠠᠷ ᠵᠢᠳᠬᠦᠨ ᠲᠡᠮᠡᠦᠯᠡᠵᠦ

ᠶᠠᠪᠤᠭ᠎ᠠ ᠬᠥᠮᠤᠨ ᠶᠤᠮᠰᠠᠨ︕

   ᠪᠠᠭᠠᠳᠤᠷ᠂ ᠠᠮᠢᠳᠤᠷᠠᠯ ᠤᠨ ᠭᠠᠨᠭ᠍ᠭᠠᠡᠭ ᠲᠥᠷᠥᠭᠡᠨ ᠳᠤ ᠲᠥᠴᠢᠨ ᠲᠠᠪᠤᠲᠠᠢ ᠬᠢᠯᠠᠷᠠᠭᠤᠯᠵᠥ ᠶᠠᠪᠤᠭ᠎ᠠ ᠥᠨᠳᠤᠷᠭᠡᠨ

ᠪᠡᠶ᠎ᠠ ᠲᠠᠢ ᠲᠥᠪᠯᠡᠬᠦᠨ ᠬᠢᠨᠠᠭᠤᠷ ᠬᠥᠮᠥᠨ᠃ ᠨᠡᠷᠡ ᠬᠤᠷ᠎ᠠ ᠲᠠᠩᠴᠡᠭᠰᠡᠨ 6 ᠰᠠᠷ᠎ᠠ ᠶᠢᠨ

1 ᠤ ᠡᠳᠤᠷ ᠪᠢᠳᠠ ᠤᠯᠠᠭᠠᠨᠴᠠᠪ ᠬᠤᠳᠠ ᠶᠢᠨ ᠵᠢᠨᠢᠩ ᠲᠤᠭᠤᠷᠢᠬ ᠲᠤ ᠪᠠᠶᠢᠷᠢᠯᠠᠭ᠎ᠠ ︽ᠲᠥᠪᠡᠳ ᠮᠤᠩᠭᠤᠯ

ᠰᠤᠷᠪᠤᠯᠵᠢ ᠪᠢᠴᠢᠭ ᠲᠠᠩᠰᠠ ᠡᠪᠬᠡᠮᠡᠯ︾ ᠭᠡᠬᠦ ᠡᠷᠳᠡᠨ ᠤ ᠨᠤᠮ ᠰᠤᠳᠤᠷ ᠬᠠᠳᠠᠭᠠᠯᠠᠵᠥ ᠪᠠᠶᠢᠭ᠎ᠠ

ᠭᠠᠵᠠᠷ ᠬᠥᠷᠴᠤ ᠲᠡᠬᠦᠨ ᠢ ᠰᠤᠷᠪᠤᠯᠵᠢᠯᠠᠪᠠ᠃

              ᠪᠠᠭᠠᠲᠣᠷ ᠬᠠᠭᠤᠴᠢᠨ ᠤ ᠪᠣᠳᠠᠰ ᠢᠶᠠᠨ ᠦᠵᠡᠭᠴᠢᠳ ᠲᠤ ᠲᠠᠨᠢᠯᠴᠠᠭᠤᠯᠣᠨ᠎ᠠ

   ᠡᠷᠳᠡᠨ ᠤ ᠨᠤᠮ ᠰᠤᠳᠤᠷ ᠭᠡᠵᠦ ᠬᠡᠯᠡᠬᠦ ᠳᠤ ᠤᠯᠠᠩᠬᠢ ᠬᠦᠮᠦᠰ ᠲᠡᠶᠢᠮᠦ ᠬᠦᠨ ᠤᠢᠢᠯᠠᠭᠠᠯᠳᠠ ᠲᠠᠢ ᠪᠢᠰᠢ ᠪᠠᠶᠢᠬ᠎ᠠ᠃

ᠪᠢᠳᠡ ᠪᠠᠭᠠᠳᠤᠷ ᠭᠤᠸᠠᠢ ᠶᠢᠨ ᠬᠤᠪᠢ ᠬᠥᠮᠥᠨ ᠤ ᠰᠤᠷᠪᠤᠯᠵᠢ ᠪᠢᠴᠢᠭ ᠲᠠᠩᠰᠠ ᠡᠪᠬᠡᠮᠡᠯ ᠬᠠᠳᠠᠭᠠᠯᠠᠵᠤ ᠪᠠᠶᠢᠭ᠎ᠠ

ᠭᠠᠵᠠᠷ ᠬᠦᠷᠦᠭᠡᠳ ᠰᠠᠶ᠋ᠢ ᠡᠷᠳᠡᠨ ᠤ ᠨᠤᠮ ᠰᠤᠳᠤᠷ ᠤᠨ ᠲᠠᠯᠠᠢ ᠶᠡᠭᠡ ᠠᠭᠤᠯᠤᠭᠳᠠᠬᠤᠨ ᠵᠢᠴᠢ ᠦᠨᠢ

ᠤᠳᠠᠭᠠᠨ ᠲᠡᠤᠭᠡ ᠲᠠᠢ ᠲᠦᠪᠡᠳ ᠮᠤᠩᠭᠤᠯ ᠨᠤᠮ ᠰᠤᠳᠤᠷ ᠤᠨ ᠦᠪ ᠰᠤᠶᠤᠯ ᠤᠨ ᠥᠨ᠎ᠠ ᠴᠠᠨ᠎ᠠ ᠶᠢ ᠨᠢ

ᠭᠠᠶᠢᠬᠠᠵᠦ ᠠᠮᠳᠠᠷᠬᠠᠯ᠎ᠠ᠃ ᠰᠢᠷ᠎ᠠ ᠬᠠᠪᠢᠰᠤ ᠲᠠᠢ ᠲᠤᠬᠤᠢ ᠵᠤᠵᠠᠭᠠᠨ ᠲᠥᠪᠡᠳ ᠮᠤᠩᠭᠤᠯ ᠡᠷᠳᠡᠨ ᠤ

ᠨᠤᠮ ᠰᠤᠲᠤᠷ ᠤᠳ᠂ ᠬᠤᠷᠢᠳᠤᠭᠠᠷ ᠵᠠᠭᠤᠨ ᠤ ᠭᠤᠴᠢᠭᠠᠳ ᠣᠨ ᠠᠴᠠ ᠳᠠᠯᠠᠭᠠᠳ ᠣᠨ ᠪᠣᠯᠲᠠᠯᠠᠬᠢ ᠪᠦᠬᠦ

ᠤᠯᠤᠰ ᠤᠨ ᠡᠯ᠎ᠡ ᠭᠠᠵᠠᠷ ᠤᠷᠤᠨ ᠤ ᠭᠠᠵᠠᠷ ᠤᠨ ᠵᠢᠷᠤᠭ᠂ ᠠᠯᠪᠠᠨ ᠤ ᠲᠠᠮᠠᠭ᠎ᠠ᠂ ᠠᠯᠪᠠᠨ ᠪᠢᠴᠢᠭ᠂

ᠪᠠᠷᠢᠮᠲᠠ ᠪᠢᠴᠢᠭ᠂ ᠭᠠᠵᠠᠷ ᠰᠢᠷᠣᠢ ᠭᠡᠷ ᠬᠦᠷᠦᠩᠭᠡ ᠶᠢᠨ ᠥᠮᠴᠢᠯᠡᠯ ᠤᠨ ᠦᠨᠡᠮᠯᠡᠯ᠂ ᠬᠠᠭᠤᠴᠢᠨ ᠭᠡᠷᠡᠯ

ᠵᠢᠷᠤᠭ ᠵᠢᠴᠢ ᠡᠬᠡ ᠹᠢᠯᠢᠮ᠂ ᠴᠠᠭᠠᠰᠢᠯᠠᠪᠠᠯ ᠬᠠᠭᠤᠴᠢᠨ ᠤ ᠠᠷᠢᠬᠢ ᠲᠠᠮᠠᠬᠢ ᠶᠢᠨ ᠬᠠᠶᠢᠷᠴᠠᠭ᠂ ᠪᠥᠰ ᠪᠠᠷᠠᠭᠠᠨ ᠤ ᠫᠢᠶᠤᠤ ᠁

ᠵᠡᠷᠭᠡ ᠶᠢ ᠥᠷᠥᠭᠡ ᠲᠥᠬᠦᠷᠡᠩ ᠡᠮᠬᠢᠯᠡᠨ ᠲᠢᠭᠯᠡᠵᠥ ᠵᠢᠬᠢᠷᠢᠭᠯᠠᠨ ᠬᠠᠳᠠᠭᠠᠯᠠᠵᠤ᠂ ᠨᠤᠮ ᠪᠢᠴᠢᠭ ᠤᠨ ᠦᠨᠦᠷ ᠦᠷᠦᠭᠡ

ᠲᠦᠬᠦᠷᠡᠩ ᠬᠠᠩᠬᠤᠯᠵᠤ᠂ ᠦᠩᠭᠡᠷᠡᠨ ᠤᠲᠤᠭᠰᠠᠨ ᠣᠨ ᠵᠢᠯ ᠤᠨ ᠤᠴᠠᠷᠠᠯ ᠲᠡᠦᠭᠡ ᠶᠢ ᠬᠦᠤᠷᠨᠢᠨ᠎ᠡ᠃

   ︽ᠮᠢᠨᠦ ᠬᠠᠳᠠᠭᠠᠯᠠᠵᠤ ᠪᠠᠶᠢᠭ᠎ᠠ ᠡᠷᠲᠡᠨ ᠤ ᠨᠣᠮ ᠪᠢᠴᠢᠭ ᠤᠨ ᠳᠣᠲᠣᠷ᠎ᠠ 60 ᠲᠦᠮᠡᠨ ᠦᠰᠦᠭ ᠤᠨ ᠲᠥᠪᠡᠳ ᠨᠤᠮ

ᠪᠠ 80 ᠲᠦᠮᠡᠨ ᠦᠰᠦᠭ ᠤᠨ ᠮᠤᠩᠭᠤᠯ ᠨᠤᠮ ᠪᠠᠶᠢᠨ᠎ᠠ᠂ ᠠᠨᠠᠭᠠᠬᠤ ᠤᠬᠠᠭᠠᠨ᠂ ᠱᠠᠰᠢᠨ ᠰᠤᠷᠲᠠᠬᠤᠨ᠂ ᠤᠳᠬ᠎ᠠ

ᠵᠣᠬᠢᠶᠠᠯ ᠵᠡᠷᠭᠡ ᠲᠥᠷᠥᠯ ᠵᠦᠢᠯ ᠶᠡᠭᠡᠨᠭᠭᠢ ᠶᠢ ᠨᠢ ᠡᠵᠡᠯᠡᠨ᠎ᠡ︾ ᠭᠡᠵᠦ ᠪᠠᠭᠠᠲᠦᠷ ᠲᠠᠨᠢᠯᠴᠠᠭᠤᠯᠵᠦ ᠭᠠᠷᠤᠯ᠎ᠠ᠃

ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠯᠳᠠ ᠶᠢ ᠥᠨᠳᠤᠰᠤᠯᠠᠪᠠᠯ᠂ ᠪᠠᠭᠠᠲᠦᠷ ᠤᠨ ᠬᠠᠲᠠᠭᠠᠯᠠᠵᠦ ᠪᠠᠶᠢᠭ᠎ᠠ ᠡᠷᠳᠡᠨ ᠤ

ᠨᠤᠮ ᠰᠤᠲᠤᠷ ᠤᠨ ᠲᠤᠳᠤᠷ᠎ᠠ ᠬᠠᠮᠤᠭ ᠤᠨ ᠡᠷᠳᠡᠨ ᠤ ᠨᠤᠮ ᠰᠤᠲᠤᠷ ᠨᠢ 500 ᠵᠢᠯ ᠤᠨ ᠡᠮᠦᠨ᠎ᠡ ᠪᠢᠴᠢᠭᠳᠡᠭᠰᠡᠨ ᠪᠠᠶᠢᠵᠤ᠂

ᠮᠠᠰᠢ ᠣᠯᠠᠨ ᠬᠠᠭᠤᠴᠢ ᠮᠠᠲ᠋ᠧᠷᠢᠶᠠᠯ ᠨᠢ ᠲᠤᠩ ᠶᠡᠭᠡ ᠰᠤᠳᠤᠯᠭᠠᠨ ᠤ ᠥᠨ᠎ᠠ ᠴᠠᠨ᠎ᠠ ᠲᠠᠢ ᠠᠵᠢ᠃

   ᠪᠠᠭᠠᠳᠤᠷ ᠭᠤᠸᠠᠢ ᠶᠢᠨ ᠡᠷᠳᠡᠨ ᠤ ᠰᠤᠷᠪᠤᠯᠵᠢ ᠪᠢᠴᠢᠭ ᠲᠠᠩᠰᠠ ᠡᠪᠬᠡᠮᠡᠯ ᠬᠤᠷᠢᠶᠠᠨ ᠬᠠᠳᠠᠭᠠᠯᠠᠭᠰᠠᠨ ᠦᠯᠢᠭᠡᠷ

ᠤᠴᠠᠷᠠᠯ ᠢ ᠲᠡᠬᠦᠨ ᠤ ᠪᠠᠭ᠎ᠠ ᠨᠠᠰᠤ᠂ ᠴᠠᠭᠠᠰᠢᠯᠠᠭᠠᠳ ᠡᠪᠦᠭᠡ ᠠᠪᠤ ᠶᠢᠨ ᠬᠢᠨᠢ ᠥᠶ᠎ᠠ ᠠᠴᠠ ᠶᠠᠷᠢᠬᠤ ᠴᠢᠬᠤᠯᠠᠳᠠᠢ᠃

︽ᠮᠢᠨᠦ ᠡᠪᠦᠭᠡ ᠠᠪᠤ ᠪᠠ ᠠᠪᠤ ᠪᠦᠷ ᠮᠤᠩᠭᠤᠯ ᠲᠦᠪᠡᠳ ᠡᠷᠳᠡᠨ ᠤ ᠰᠤᠷᠪᠤᠯᠵᠢ ᠪᠢᠴᠢᠭ ᠢ ᠬᠠᠲᠠᠭᠠᠯᠠᠲᠠᠭ ᠪᠠᠶᠢᠬᠰᠠᠨ᠃

ᠠᠪᠤ ᠮᠢᠨᠢ ᠮᠠᠯ ᠠᠵᠦ ᠠᠬᠤᠢ ᠶᠢᠨ ᠰᠢᠰᠲᠧᠮ ᠤᠨ ᠠᠵᠢᠯᠲᠠᠨ ᠪᠠᠶᠢᠬᠰᠠᠨ ᠦᠶ᠎ᠡ ᠳᠡᠭᠡᠨ ᠮᠤᠩᠭᠤᠯ ᠨᠤᠮ ᠰᠤᠳᠤᠷ ᠲᠤ

ᠬᠤᠷᠤᠬᠠᠢ ᠲᠠᠢ ᠪᠤᠯᠵᠥ᠂ ᠡᠳᠤᠷ ᠲᠤᠳᠤᠮ ᠤᠨ ᠠᠮᠢᠳᠤᠷᠠᠯ ᠲᠤᠮᠳᠠ ᠪᠠᠨ ᠪᠥᠰ ᠤᠨ ᠡᠭᠡᠳᠠᠰᠤ

ᠴᠤᠬᠯᠠᠭᠤᠯᠬᠤ ᠰᠢᠬ ᠲᠥᠪᠡᠳ ᠮᠤᠩᠭᠤᠯ ᠡᠷᠳᠡᠨ ᠤ ᠰᠤᠷᠪᠤᠯᠵᠢ ᠪᠢᠴᠢᠭ ᠢ ᠡᠷᠢᠵᠦ ᠴᠤᠭᠯᠠᠭᠤᠯᠤᠨ

ᠡᠷᠳᠡᠨᠢ ᠪᠤᠯᠭᠠᠨ ᠬᠠᠳᠠᠭᠠᠯᠠᠳᠠᠬ ᠵᠠᠩᠰᠢᠯ ᠲᠠᠢ ᠪᠠᠶᠢᠵᠠᠢ︾ ᠭᠡᠵᠦ ᠪᠠᠭᠠᠲᠤᠷ ᠪᠢᠳᠡᠨ ᠳᠤ ᠶᠠᠷᠢᠵᠤ ᠦᠭᠴᠦ ᠪᠠᠶᠢᠯ᠎ᠠ᠃

ᠪᠠᠭᠠᠲᠦᠷ ᠤᠨ ᠡᠵᠢ ᠨᠢ ᠡᠭᠡᠯ ᠵᠢᠷ ᠤᠨ ᠮᠠᠯᠴᠢᠨ ᠪᠥᠰᠡᠬᠦᠢ ᠪᠠᠶᠢᠬᠰᠠᠨ ᠴᠤ ᠬᠠᠳᠬᠤᠮᠠᠯ

ᠤᠶᠤᠳᠠᠯ ᠳᠤ ᠴᠠᠭᠠᠷᠠᠵᠦ᠂ ᠮᠤᠩᠭᠤᠯ ᠬᠠᠳᠬᠤᠮᠠᠯ ᠤᠨ ᠪᠤᠲᠠᠰ ᠤᠨ ᠪᠤᠰᠤ ᠰᠤᠶᠤᠯ ᠤᠨ ᠦᠪ ᠤᠨ

ᠤᠯᠠᠮᠵᠢᠯᠠᠭᠴᠢ ᠪᠤᠯᠤᠬᠰᠠᠨ ᠶᠤᠮ᠃ ᠡᠶᠢᠮᠦᠷᠬᠦᠤ ᠰᠤᠶᠤᠯ ᠤᠷᠠᠯᠢᠭ ᠤᠨ ᠠᠭᠤᠷ

ᠠᠮᠢᠰᠬᠤᠯ ᠢᠶᠠᠷ ᠦᠳᠭᠡᠨ ᠵᠤᠵᠠᠭᠠᠨ ᠭᠡᠷ ᠪᠥᠯᠢ ᠳᠤ ᠦᠰᠴᠦ ᠲᠤᠷᠨᠢᠬᠰᠠᠨ ᠪᠠᠭᠠᠳᠤᠷ

ᠭᠤᠸᠠᠢ ᠬᠠᠷᠠᠬᠠᠨ ᠪᠠᠭ᠎ᠠ ᠠᠴᠠ ᠪᠠᠨ ᠪᠤᠰᠤᠳ ᠬᠡᠦᠬᠡᠳ ᠠᠴᠠ ᠬᠤᠯᠠ ᠡᠷᠳᠡ ᠨᠤᠮ ᠰᠤᠳᠤᠷ ᠲᠠᠢ ᠤᠢᠢᠷᠠᠳᠤᠨ᠂

ᠦᠰᠦᠭ ᠨᠢᠳᠤᠯᠠᠵᠥ ᠦᠬᠦᠯᠡᠪᠦᠷᠢ ᠬᠤᠯᠪᠤᠵᠦ ᠴᠢᠲᠠᠬᠰᠠᠨ ᠪᠦᠬᠡᠳ ᠡᠪᠦᠭᠡ ᠠᠪᠤ ᠪᠠ ᠠᠪᠤ ᠶᠢᠨ ᠢᠶᠠᠨ ᠰᠠᠶᠢᠬᠠᠨ

ᠰᠤᠷᠳᠠᠯ ᠢ ᠤᠯᠠᠮᠵᠢᠯᠠᠨ ᠵᠠᠯᠭᠠᠮᠵᠢᠯᠠᠵᠤ᠂ ᠮᠣᠩᠭᠤᠯ ᠲᠥᠪᠡᠳ ᠰᠤᠷᠪᠤᠯᠵᠢ ᠪᠢᠴᠢᠭ ᠪᠣᠯᠤᠨ ᠳᠠᠩᠰᠠ

ᠡᠪᠬᠡᠮᠡᠯ ᠢ ᠬᠠᠳᠠᠭᠠᠯᠠᠵᠤ ᠡᠬᠢᠯᠡᠭᠰᠡᠨ ᠪᠠᠶᠢᠳᠠᠬ᠃

   ᠪᠠᠭᠠᠳᠤᠷ 1999 ᠤᠨ ᠳᠤ ᠦᠪᠦᠷ ᠮᠤᠩᠭᠤᠯ ᠤᠨ ᠦᠨᠳᠤᠰᠤᠳᠡᠨ ᠤ ᠶᠡᠭᠡ ᠰᠤᠷᠭᠠᠭᠤᠯᠢ ᠶᠢᠨ ᠤᠷᠠᠨ ᠵᠢᠷᠤᠬ ᠤᠨ

ᠰᠠᠯᠪᠦᠷᠢ ᠳᠤ ᠮᠣᠩᠭᠤᠯ ᠰᠡᠶᠢᠯᠦᠮᠡᠯ ᠤᠷᠠᠨ ᠪᠢᠴᠢᠯᠭᠡ ᠰᠤᠷᠴᠤ ᠪᠠᠶᠢᠬᠤ ᠳᠠᠭᠠᠨ᠂ ᠴᠢᠩᠭᠢᠰ

ᠬᠠᠭᠠᠨ ᠤ ᠲᠠᠮᠠᠭ᠎ᠠ ᠶᠢᠨ ᠲᠤᠬᠠᠢ ᠬᠦᠨᠵᠡᠬᠡᠢ ᠤᠢᠢᠯᠠᠭᠠᠵᠦ᠂ ᠮᠣᠩᠭᠤᠯ ᠡᠷᠳᠡᠨ ᠤ ᠦᠰᠦᠭ ᠪᠢᠴᠢᠭ ᠤᠨ

ᠲᠤᠬᠠᠢ ᠨᠡᠩ ᠢᠯᠡᠬᠦᠦ ᠲᠤᠷ᠎ᠠ ᠪᠠᠬ᠎ᠠ ᠲᠠᠢ ᠪᠤᠯᠵᠠᠢ᠃ ᠲᠡᠬᠦᠨ ᠠᠴᠠ ᠡᠬᠢᠯᠡᠭᠡᠳ᠂ ᠲᠡᠷᠡ ᠴᠦᠬᠡᠨ ᠲᠤᠭᠠᠳᠦ

ᠦᠨᠳᠦᠰᠦᠳᠡᠨ ᠤ ᠡᠷᠳᠡᠨ ᠤ ᠰᠤᠷᠪᠤᠯᠵᠢ ᠪᠢᠴᠢᠭ ᠪᠠ ᠬᠠᠭᠤᠴᠢᠨ ᠲᠠᠩᠰᠠ ᠡᠪᠬᠡᠮᠡᠯ ᠢ

ᠤᠯᠲᠠᠬᠤ ᠶᠢᠨ ᠬᠢᠷᠢ ᠪᠠᠷ ᠢᠶᠠᠨ ᠡᠮᠬᠢᠯᠡᠨ ᠴᠤᠭᠯᠠᠭᠤᠯᠬᠤ ᠶᠢᠨ ᠲᠠᠭᠠᠤ ᠲᠦᠪᠡᠳ ᠮᠤᠩᠭᠤᠯ

ᠰᠤᠷᠪᠤᠯᠵᠢ ᠪᠢᠴᠢᠭ᠂ ᠲᠠᠩᠰᠠ ᠡᠪᠬᠡᠮᠡᠯ ᠢᠶᠠᠨ ᠲᠦᠷᠦᠯ ᠠᠩᠬᠢᠯᠠᠨ ᠰᠢᠰᠲ᠋ᠧᠮ ᠲᠠᠢ ᠬᠤᠷᠢᠶᠠᠨ

ᠬᠠᠲᠠᠭᠠᠯᠠᠵᠤ ᠢᠷᠠᠪᠠ᠃ ︽ᠲᠡᠷᠡ ᠦᠶ᠎ᠡ ᠳᠤ ᠡᠷᠲᠡᠨ ᠤ ᠶᠠᠭᠤᠮ᠎ᠠ ᠬᠤᠪᠢ ᠬᠥᠮᠦᠨ ᠤ ᠭᠠᠷ ᠲᠤ

ᠲᠠᠷᠠᠬᠠᠢ ᠪᠤᠲᠠᠷᠬᠠᠶ ᠬᠠᠳᠠᠭᠠᠯᠠᠬᠳᠠᠵᠥ᠂ ᠨᠣᠮ ᠤᠨ ᠳᠡᠯᠭᠡᠭᠦᠷ ᠠᠴᠠ ᠶᠡᠷᠦ ᠨᠢ ᠣᠯᠳᠠᠬᠤ ᠦᠭᠡᠢ ᠪᠠᠶᠢᠬᠰᠠᠨ ᠶᠤᠮ᠂

ᠡᠶᠢᠮᠦ ᠠᠴᠠ ᠪᠢ ᠶᠡᠭᠡ ᠬᠡᠮᠵᠢᠶᠡᠨ ᠤ ᠴᠠᠭ ᠵᠠᠷᠤᠴᠠᠭᠤᠯᠵᠤ ᠪᠠᠶᠢᠭᠠᠳ ᠮᠠᠯᠵᠢᠬᠤ ᠲᠠᠷᠢᠶᠠᠯᠠᠬᠤ

ᠣᠷᠣᠨ ᠳᠤ ᠣᠴᠢᠵᠤ ᠰᠤᠷᠪᠤᠯᠵᠢᠯᠠᠬᠤ ᠶᠢᠨ ᠬᠠᠮᠳᠤ ᠭᠠᠷ ᠲᠠᠬᠢ ᠪᠡᠯᠡ ᠮᠥᠡᠭᠭᠦ ᠪᠠᠷ ᠢᠶᠠᠨ ᠮᠣᠩᠭᠤᠯ

ᠲᠥᠪᠡᠳ ᠰᠤᠷᠪᠤᠯᠵᠢ ᠪᠢᠴᠢᠭ ᠢ ᠬᠤᠳᠠᠯᠳᠤᠨ ᠠᠪᠴᠦ ᠪᠠᠶᠢᠬᠰᠠᠨ᠃ ᠬᠤᠵᠢᠮ ᠨᠢ ᠪᠢ ᠥᠪᠥᠷ ᠮᠣᠩᠭᠤᠯ ᠤᠨ

ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠠᠭᠠᠰᠢᠯᠠᠪᠠᠯ ᠳᠤᠮᠳᠠᠳᠤ ᠤᠯᠤᠰ ᠤᠨ

ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠤᠷᠪᠤᠯᠵᠢ ᠪᠢᠴᠢᠭ ᠰᠤᠳᠤᠯᠬᠤ

ᠭᠠᠵᠠᠷ ᠤᠨ ᠲᠤᠰᠬᠠᠶ ᠮᠡᠷᠭᠡᠵᠢᠯᠲᠡᠳ ᠲᠠᠢ ᠲᠠᠨᠢᠯᠴᠠᠵᠤ᠂ ᠲᠥᠪᠡᠳ ᠮᠤᠩᠭᠤᠯ ᠡᠷᠳᠠᠨ ᠤ ᠰᠤᠷᠪᠤᠯᠵᠢ ᠪᠢᠴᠢᠭ ᠤᠨ ᠲᠤᠬᠠᠢ

ᠰᠤᠷᠴᠤ ᠰᠤᠳᠤᠯᠵᠥ ᠪᠠᠶᠢᠬᠰᠠᠨ ᠠ᠊ · ᠫᠤᠩᠰᠤᠬ᠂ ᠵᠠ ᠯᠥᠸᠧ᠂ ᠰᠠᠶᠢᠨ᠂ ᠰᠠᠷᠠᠩᠭᠤᠸ᠎ᠠ ᠵᠡᠷᠭᠡ ᠪᠠᠭᠰᠢ

ᠨᠠᠷ ᠠᠴᠠ ᠰᠤᠷᠤᠯᠴᠠᠵᠦ᠂ ᠡᠷᠲᠡᠨ ᠤ ᠨᠣᠮ ᠪᠢᠴᠢᠭ ᠢ ᠢᠯᠭᠠᠨ ᠲᠠᠨᠢᠬᠤ ᠴᠢᠳᠠᠪᠤᠷᠢ ᠪᠠᠨ ᠠᠭᠠᠵᠢᠮ ᠢᠶᠠᠷ

ᠳᠡᠭᠡᠭᠰᠢᠯᠡᠬᠦᠯᠦᠭᠰᠡᠨ ᠶᠤᠮ︾ ᠭᠡᠵᠦ ᠲᠡᠷᠡ ᠡᠷᠬᠢᠴᠡᠬᠦᠯᠦᠨ᠎ᠡ᠃

   ᠬᠤᠷᠢᠶᠠᠨ ᠬᠠᠳᠠᠭᠠᠯᠠᠭᠰᠠᠨ ᠨᠤᠮ ᠰᠤᠳᠤᠷ ᠤᠨ ᠢᠶᠠᠨ ᠢᠷᠡᠯᠲᠡ᠂ ᠤᠨ ᠵᠢᠯ᠂ ᠦᠯᠢᠭᠡᠷ ᠤᠴᠡᠷᠠᠯ ᠤᠳ ᠢ ᠪᠢᠳᠡᠨ ᠳᠤ

ᠨᠢᠭᠡ ᠵᠠᠬ᠎ᠠ ᠠᠴᠠ ᠡᠬᠢ ᠠᠳᠠᠭ ᠲᠠᠢ ᠲᠠᠨᠢᠯᠴᠠᠭᠤᠯᠬᠤ ᠳᠤ ᠦᠪ ᠰᠤᠶᠤᠯ ᠳᠠᠭᠠᠨ ᠰᠢᠩᠭᠡᠭᠰᠡᠨ ᠬᠠᠯᠠᠭᠤᠨ ᠬᠠᠶᠢᠷ᠎ᠠ᠂

ᠢᠲᠡᠭᠡᠯ ᠤᠮᠤᠭᠰᠢᠯ ᠪᠠᠭᠠᠳᠤᠷ ᠤᠨ ᠴᠢᠷᠠᠢ ᠳᠤ ᠲᠤᠳᠤᠬᠠᠨ ᠬᠠᠷᠠᠭᠳᠠᠨ᠎ᠠ᠃ 2008 ᠣᠨ ᠳᠤ᠂ ᠪᠠᠭᠠᠲᠤᠷ

ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠥᠨᠡᠳᠤ ᠬᠤᠰᠢᠭᠤᠨ ᠤ ᠳᠠᠩᠰᠠ ᠡᠪᠬᠡᠮᠡᠯ ᠤᠨ ᠠᠵᠢᠯᠲᠠᠨ ᠹᠦ᠋ ᠨᠠ

ᠶᠢᠩ ᠲᠠᠢ ᠠᠶᠢᠯ ᠭᠡᠷ ᠪᠤᠯᠪᠠ᠃ ᠲᠡᠭᠡᠭᠡᠳ ᠯᠡ ᠡᠷᠲᠡᠨ ᠤ ᠨᠣᠮ ᠰᠤᠳᠤᠷ᠂ ᠬᠠᠭᠤᠴᠢᠨ ᠪᠣᠳᠠᠰ ᠢ

ᠬᠤᠷᠢᠶᠠᠨ ᠬᠠᠳᠠᠭᠠᠯᠠᠵᠦ ᠡᠮᠬᠢᠯᠡᠨ ᠴᠤᠭᠯᠠᠭᠤᠯᠬᠤ ᠬᠠᠮᠲᠦ ᠶᠢᠨ ᠲᠤᠷ᠎ᠠ ᠰᠤᠨᠢᠷᠬᠠᠯ ᠲᠠᠢ ᠪᠠᠭᠠᠲᠤᠷ ᠹᠦ᠋ ᠨᠠ

ᠶᠢᠩ ᠬᠤᠶᠠᠭᠤᠯᠠ ᠡᠬᠡ ᠤᠯᠤᠰ ᠤᠨ ᠡᠯ᠎ᠡ ᠭᠠᠵᠠᠷ ᠢᠶᠠᠷ ᠲᠤᠭᠤᠷᠢᠵᠦ᠂ ᠬᠦᠷᠦᠭᠰᠡᠨ ᠭᠠᠵᠠᠷ ᠪᠤᠯᠭᠠᠨ ᠤ ᠬᠠᠭᠤᠴᠢ

ᠪᠠᠭᠤᠷᠢ ᠪᠠᠷ ᠰᠤᠷᠪᠤᠯᠵᠢᠯᠠᠵᠦ᠂ ᠨᠤᠮ ᠤᠨ ᠰᠠᠩ᠂ ᠨᠤᠮ ᠤᠨ ᠲᠡᠯᠭᠡᠬᠦᠷ ᠢᠶᠠᠷ ᠤᠷᠤᠵᠦ᠂

ᠮᠣᠩᠭᠤᠯ ᠲᠥᠪᠡᠳ ᠡᠷᠲᠡᠨ ᠤ ᠰᠤᠷᠪᠤᠯᠵᠢ ᠪᠢᠴᠢᠭ᠂ ᠳᠠᠩᠰᠠ ᠡᠪᠬᠡᠮᠡᠯ ᠪᠢᠴᠢᠭ ᠮᠠᠲ᠋ᠧᠷᠢᠶᠠᠯ ᠡᠷᠢᠳᠡᠭ ᠪᠠᠶᠢᠯ᠎ᠠ᠃

2009 ᠤᠨ ᠤ 9 ᠰᠠᠷ᠎ᠠ ᠳᠤ ᠲᠡᠷᠡ ᠭᠡᠷᠭᠡᠢ ᠲᠠᠢ ᠪᠠᠨ ᠤᠷᠲᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ

ᠨᠠᠷᠠᠨᠰᠢᠯᠢ ᠭᠠᠴᠠᠭ᠎ᠠ ᠪᠠᠷ ᠡᠷᠳᠡᠨ ᠤ ᠨᠤᠮ ᠰᠤᠳᠤᠷ ᠬᠠᠶᠢᠵᠦ ᠶᠠᠪᠤᠬᠤ ᠳᠠᠭᠠᠨ᠂ ᠨᠢᠬᠡᠨ ᠮᠠᠯᠴᠢᠨ

ᠠᠶᠢᠯ ᠳᠤ ︽ᠭᠡᠰᠡᠷ ᠤᠨ ᠲᠤᠭᠤᠵᠢ︾ ᠶᠢᠨ ᠨᠢᠭᠡᠨ ᠪᠦᠯᠦᠭ — 1716 ᠤᠨ ᠤ ︽ᠠᠷᠪᠡᠨ

ᠵᠦᠭ ᠲᠤ ᠡᠵᠡᠨ ᠠᠴᠢ ᠲᠤ ᠬᠡᠰᠡᠷ ᠪᠤᠭᠲᠠ ᠮᠡᠷᠭᠡᠨ ᠬᠠᠭᠠᠨ︾ ᠬᠡᠮᠡᠬᠦ ᠨᠤᠮ ᠰᠤᠳᠤᠷ ᠢ ᠬᠠᠲᠠᠭᠠᠯᠠᠵᠦ

ᠪᠠᠶᠢᠬᠤ ᠶᠢ ᠤᠯᠵᠦ ᠮᠡᠳᠡᠭᠡᠳ ᠶᠠᠭᠡᠲᠡ ᠲᠤᠭᠲᠤᠯᠤᠨ᠂ ᠮᠠᠯᠴᠢᠨ ᠠᠶᠢᠯ ᠳᠤ ᠠᠶᠢᠯᠴᠢᠯᠠᠨ ᠬᠥᠷᠴᠤ᠂

ᠬᠡᠷ ᠤᠨ ᠠᠵᠢᠯ ᠳᠤᠨᠢ ᠬᠠᠪᠰᠤᠷᠬᠤ ᠶᠢᠨ ᠬᠠᠮᠲᠦ ᠵᠤᠭᠤᠰ ᠮᠦᠩᠬᠦ ᠴᠤᠭᠯᠠᠭᠤᠯᠵᠦ ᠲᠤᠰ ᠨᠤᠮ ᠢ ᠬᠤᠳᠠᠯᠳᠤᠨ ᠠᠪᠤᠭᠰᠠᠨ ᠭᠡᠳᠡᠭ᠃

            ᠪᠠᠭᠠᠲᠣᠷ ᠨᠣᠮ ᠬᠠᠳᠠᠭᠠᠯᠠᠬᠤ ᠭᠠᠵᠠᠷ ᠲᠠᠭᠠᠨ

   ︽ᠡᠷᠳᠡᠨ ᠤ ᠰᠤᠷᠪᠤᠯᠵᠢ ᠪᠢᠴᠢᠭ ᠢ ᠬᠤᠷᠢᠶᠠᠨ ᠬᠠᠳᠠᠭᠠᠯᠠᠬᠤ ᠳᠤ ᠬᠦᠴᠦ ᠬᠦᠯᠦᠰᠦ᠂ ᠵᠤᠭᠤᠰ ᠮᠦᠩᠭᠦ ᠵᠠᠷᠤᠴᠠᠭᠤᠯᠳᠠᠭ᠃

ᠭᠡᠷᠪᠡ ᠭᠡᠷᠭᠡᠢ ᠶᠢᠨ ᠮᠢᠨᠢ ᠲᠡᠮᠵᠢᠯᠭᠡ ᠪᠠᠶᠢᠬᠤ ᠦᠬᠡᠢ ᠪᠤᠯ ᠨᠤᠮ ᠪᠢᠴᠢᠭ ᠤᠨ ᠬᠠᠲᠠᠭᠠᠯᠠᠮᠵᠢ ᠦᠨᠦᠲᠦᠷ ᠤᠨ ᠰᠢᠭ ᠡᠶᠢᠮᠦ

ᠬᠡᠮᠵᠢᠶᠡᠨ ᠳᠤ ᠬᠦᠷᠴᠦ ᠲᠡᠶᠢᠯᠬᠦ ᠦᠭᠡᠢ ᠰᠢᠦ︾ ᠭᠡᠵᠦ ᠪᠠᠭᠠᠲᠤᠷ ᠢᠨᠢᠶᠡᠮᠰᠦᠭᠯᠡᠨ ᠶᠠᠷᠢᠨ᠎ᠠ᠃

ᠹᠦ᠋ ᠨᠠ ᠶᠢᠩ ᠡᠷᠳᠡᠨ ᠤ ᠨᠤᠮ ᠰᠤᠳᠤᠷ ᠢ ᠬᠢᠮᠠᠭᠠᠲᠠᠨ ᠬᠠᠶᠢᠷᠠᠯᠠᠵᠦ᠂ ᠡᠮᠳᠡᠷᠡᠵᠦ ᠤᠷᠠᠬᠲᠠᠬᠰᠠᠨ ᠢ ᠨᠢ ᠰᠡᠯᠪᠢᠵᠦ᠂

ᠲᠤᠲᠠᠭᠲᠠᠵᠦ ᠤᠷᠬᠢᠬᠲᠠᠬᠰᠠᠨ ᠢ ᠨᠢ ᠨᠦᠬᠦᠵᠦ᠂ ᠵᠢᠷᠤᠭ ᠰᠡᠭᠦᠳᠡᠷ᠂ ᠪᠢᠴᠢᠭ ᠮᠠᠲ᠋ᠧᠷᠢᠶᠠᠯ ᠢ ᠨᠢᠭᠡ

ᠨᠢᠭᠡ ᠨᠢᠭᠤᠷ ᠢᠶᠠᠷ ᠰᠢᠯ ᠬᠠᠶᠢᠷᠴᠠᠭ ᠲᠤ ᠨᠢᠮᠪᠠᠢ ᠬᠢᠵᠦ ᠬᠤᠷᠢᠶᠠᠳᠠᠭ᠃ ︽ᠡᠷᠳᠡᠨ ᠤ ᠰᠤᠷᠪᠤᠯᠵᠢ ᠪᠢᠴᠢᠭ ᠪᠤᠯ

ᠦᠨᠳᠦᠰᠦᠳᠡᠨ ᠤ ᠰᠤᠶᠤᠯ ᠰᠤᠳᠤᠯᠭᠠᠨ ᠤ ᠠᠵᠢᠯ ᠤᠨ ᠴᠢᠬᠤᠯᠠ ᠠᠭᠤᠯᠭ᠎ᠠ ᠮᠦᠨ᠂ ᠪᠢᠳᠡ

ᠬᠤᠶᠠᠭᠤᠯᠠ ᠴᠦᠬᠡᠨ ᠲᠤᠭᠠᠳᠦ ᠦᠨᠳᠦᠰᠦᠳᠡᠨ ᠤ ᠡᠷᠳᠡᠨ ᠤ ᠨᠤᠮ ᠰᠤᠳᠤᠷ ᠢ ᠴᠤᠭᠯᠠᠭᠤᠯᠤᠨ᠂ ᠬᠠᠮᠠᠭᠠᠯᠠᠵᠦ᠂

ᠤᠯᠠᠮᠵᠢᠯᠠᠨ᠂ ᠡᠷᠳᠡᠮ ᠰᠢᠨᠵᠢᠯᠡᠭᠡᠨ ᠳᠤ ᠦᠨᠡᠨ ᠪᠤᠳᠠᠳᠠᠢ ᠪᠦᠭᠡᠳ ᠨᠠᠶᠢᠳᠠᠪᠦᠷᠢᠳᠠᠢ ᠪᠢᠴᠢᠭ ᠮᠠᠲ᠋ᠧᠷᠢᠶᠠᠯ ᠬᠠᠩᠭᠠᠵᠦ᠂

ᠦᠨᠳᠦᠰᠦᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠵᠠᠯᠭᠠᠮᠵᠢᠯᠠᠨ ᠪᠠᠳᠠᠷᠠᠭᠤᠯᠬᠤ ᠳᠤ

ᠦᠴᠦᠭᠡᠨ ᠴᠦ ᠭᠡᠰᠡᠨ ᠬᠤᠪᠢ ᠨᠡᠮᠡᠷᠢ ᠪᠠᠨ ᠦᠵᠡᠬᠦᠯᠦᠶ᠎ᠡ ᠯᠡ ᠭᠡᠵᠦ ᠪᠤᠳᠤᠵᠤ ᠪᠠᠶᠢᠨ᠎ᠠ︾ ᠭᠡᠵᠥ ᠲᠡᠷᠡ

ᠪᠤᠳᠤᠯ ᠢᠶᠠᠨ ᠲᠡᠯᠭᠡᠯ᠎ᠡ᠃

   ᠤᠲᠤ᠂ ᠪᠠᠭᠠᠲᠤᠷ ᠤᠨ ᠬᠠᠳᠠᠭᠠᠯᠠᠵᠦ ᠪᠠᠶᠢᠭ᠎ᠠ ᠡᠷᠳᠡᠨ ᠤ ᠨᠤᠮ ᠰᠤᠳᠤᠷ ᠤᠳ ᠨᠢ ᠲᠤᠮᠳᠠᠳᠦ ᠤᠯᠤᠰ ᠤᠨ ᠲᠦᠪᠡᠳ

ᠰᠤᠳᠤᠯᠤᠯ ᠤᠨ ᠲᠦᠪ᠂ ᠲᠤᠮᠳᠠᠳᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂

ᠤᠯᠤᠰ ᠤᠨ ᠨᠤᠮ ᠤᠨ ᠰᠠᠩ ᠤᠨ ᠴᠦᠬᠡᠨ ᠲᠤᠭᠠᠳᠦ ᠦᠨᠳᠦᠰᠦᠳᠡᠨ ᠤ ᠡᠷᠳᠡᠨ ᠤ ᠰᠤᠷᠪᠤᠯᠵᠢ ᠪᠢᠴᠢᠭ ᠤᠨ ᠤᠷᠳᠤᠨ᠂

ᠪᠡᠭᠡᠵᠢᠩ ᠶᠡᠭᠡ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠵᠡᠷᠭᠡ ᠰᠤᠲᠤᠯᠭᠠᠨ ᠤ

ᠪᠠᠶᠢᠭᠤᠯᠤᠮᠵᠢ ᠪᠠ ᠶᠡᠭᠡ ᠲᠡᠭᠡᠲᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠤᠳᠤᠯᠭᠠᠨ ᠳᠤ

ᠤᠯᠳᠠᠰᠢ ᠦᠭᠡᠢ ᠬᠤᠪᠤᠷ ᠮᠠᠲ᠋ᠧᠷᠢᠶᠠᠯ ᠬᠠᠩᠭᠠᠵᠦ ᠪᠤᠢ᠃ ︽ᠪᠢ ᠪᠠᠰᠠ ᠰᠤᠳᠤᠯᠭᠠᠨ ᠬᠢᠵᠦ ᠪᠠᠶᠢᠭ᠎ᠠ ᠡᠷᠳᠡᠮᠳᠡᠨ ᠪᠠᠭᠰᠢ

ᠨᠠᠷ ᠠᠴᠠ ᠲᠦᠪᠡᠳ ᠮᠤᠩᠭᠤᠯ ᠡᠷᠳᠡᠨ ᠤ ᠰᠤᠷᠪᠤᠯᠵᠢ ᠪᠢᠴᠢᠭ ᠤᠨ ᠲᠡᠦᠬᠡ ᠰᠤᠶᠤᠯ ᠤᠨ ᠬᠠᠮᠢᠶ᠎ᠠ ᠲᠠᠢ

ᠮᠡᠳᠡᠯᠭᠡ ᠶᠢ ᠰᠤᠷᠤᠯᠴᠠᠵᠥ ᠪᠤᠢ᠃ ᠬᠤᠵᠢᠮ ᠦᠨᠳᠦᠰᠦᠳᠡᠨ ᠤ ᠰᠢᠯᠢᠳᠡᠭ ᠤᠯᠠᠮᠵᠢᠯᠠᠯᠳᠦ

ᠰᠤᠶᠤᠯ ᠢ ᠤᠯᠠᠮᠵᠢᠯᠠᠨ ᠪᠠᠳᠠᠷᠠᠭᠤᠯᠵᠤ᠂ ᠴᠦᠬᠡᠨ ᠲᠤᠭᠠᠳᠦ ᠦᠨᠳᠦᠰᠦᠳᠡᠨ ᠤ ᠡᠷᠳᠡᠨ ᠤ ᠰᠤᠷᠪᠤᠯᠵᠢ

ᠪᠢᠴᠢᠭ ᠢ ᠨᠡᠩ ᠰᠠᠶᠢᠲᠦᠷ ᠤᠯᠠᠮᠵᠢᠯᠠᠨ ᠬᠦᠭᠵᠢᠬᠦᠯᠬᠦ ᠪᠠᠷ ᠴᠢᠷᠮᠠᠶᠢᠵᠦ᠂ ᠦᠷ᠎ᠡ ᠬᠤᠶᠢᠴᠢᠰ ᠲᠠᠭᠠᠨ

ᠡᠳᠡᠭᠡᠷ ᠦᠪ ᠰᠤᠶᠤᠯ ᠢᠶᠠᠨ ᠦᠪᠯᠡᠬᠦᠯᠦᠨ ᠵᠠᠯᠭᠠᠮᠵᠢᠯᠠᠭᠤᠯᠬᠤ ᠶᠢ ᠬᠦᠰᠡᠵᠦ ᠪᠠᠶᠢᠨ᠎ᠠ︾ ᠭᠡᠵᠦ ᠲᠡᠷᠡ

ᠲᠠᠨᠢᠯᠴᠠᠭᠤᠯᠵᠥ ᠪᠢᠯᠠ᠃

   2019 ᠤᠨ ᠤ 7 ᠰᠠᠷ᠎ᠠ ᠶᠢᠨ 16 ᠤ ᠡᠳᠤᠷ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ

ᠰᠢᠨᠵᠢᠯᠡᠨ ᠪᠠᠶᠢᠴᠠᠭᠠᠬᠤ ᠳᠠᠭᠠᠨ ︽ᠮᠤᠩᠭᠤᠯ ᠡᠷᠳᠡᠨ ᠤ ᠨᠤᠮ ᠰᠤᠳᠤᠷ ᠢ ᠴᠤᠭᠯᠠᠭᠤᠯᠬᠤ᠂ ᠡᠮᠬᠢᠳᠭᠡᠬᠦ᠂

ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠳᠡᠢ︾ ᠭᠡᠵᠤ ᠵᠢᠭᠠᠵᠤ ᠭᠠᠷᠭᠠᠨᠨᠰᠡᠨ ᠪᠠᠶᠢᠨ᠎ᠠ᠃ ᠡᠨᠡ ᠨᠢ ᠪᠠᠭᠠᠳᠤᠷ

ᠭᠤᠸᠠᠢ ᠶᠢᠨ ᠡᠷᠳᠡᠨ ᠤ ᠨᠤᠮ ᠰᠤᠳᠤᠷ ᠴᠤᠭᠯᠠᠭᠤᠯᠬᠤ ᠠᠵᠢᠯ ᠳᠤ ᠮᠠᠰᠢ ᠶᠡᠭᠡ ᠵᠤᠷᠢᠭᠵᠢᠭᠤᠯᠤᠯ ᠪᠤᠯᠵᠤ᠂

ᠴᠦᠭᠡᠨ ᠲᠤᠭᠠᠳᠦ ᠦᠨᠳᠦᠰᠦᠳᠡᠨ ᠤ ᠦᠪ ᠰᠤᠶᠤᠯ ᠢᠶᠠᠨ ᠤᠯᠠᠮᠵᠢᠯᠠᠨ ᠬᠦᠭᠵᠢᠬᠦᠯᠵᠦ᠂ ᠬᠤᠵᠢᠮ ᠤᠨ ᠬᠦᠮᠦᠰ ᠲᠤ

ᠦᠪᠯᠡᠬᠦᠯᠦᠨ ᠦᠯᠡᠳᠡᠭᠡᠬᠦ ᠪᠠᠷ ᠤᠯᠠᠮ ᠵᠤᠷᠢᠭ ᠰᠢᠭᠤᠳᠴᠠᠢ᠃ ᠡᠨᠡ ᠵᠢᠯ ᠤᠨ ᠬᠢᠵᠢᠭ ᠤᠨ

ᠬᠤᠭᠤᠴᠠᠭᠠᠨ ᠳᠤ ᠲᠤᠮᠳᠠᠳᠦ ᠤᠯᠤᠰ ᠤᠨ ᠲᠦᠪᠡᠳ ᠰᠤᠳᠤᠯᠤᠯ ᠤᠨ ᠲᠦᠪ᠂ ᠲᠤᠮᠳᠠᠳᠦ

ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦ᠋ᠷᠢᠶᠡᠯᠡᠩ ᠵᠢᠴᠢ ᠨᠠᠢᠮᠠᠨ ᠮᠤᠵᠢ ᠤᠷᠤᠨ ᠤ ᠮᠤᠩᠭᠤᠯ᠂

ᠲᠦᠪᠡᠳ ᠡᠷᠲᠡᠨ ᠤ ᠰᠤᠷᠪᠤᠯᠵᠢ ᠪᠢᠴᠢᠭ ᠤᠨ ᠰᠤᠲᠤᠯᠭᠠᠨ ᠤ ᠡᠷᠲᠠᠮᠲᠡᠳ ᠤᠨ ᠰᠠᠨᠠᠭᠤᠯᠭ᠎ᠠ ᠪᠠ ᠲᠠᠮᠵᠢᠯᠭᠡ ᠪᠠᠷ ᠪᠠᠭᠠᠲᠤᠷ

ᠭᠤᠸᠠᠢ ᠦᠪᠡᠷ ᠤᠨ ᠨᠤᠮ ᠤᠨ ᠦᠷᠦᠭᠡ ᠪᠠᠨ ᠰᠡᠭᠦᠵᠡᠢ᠃ ︽ᠭᠠᠵᠠᠷ ᠳᠣᠣᠷᠠᠬᠢ ᠥᠷᠥᠭᠡ ᠪᠠᠨ ᠨᠤᠮ

ᠬᠠᠳᠠᠭᠠᠯᠠᠬᠤ ᠭᠠᠵᠠᠷ ᠪᠤᠯᠭᠠᠬᠰᠠᠨ ᠨᠢ ᠡᠷᠲᠡᠨ ᠤ ᠨᠣᠮ ᠪᠢᠴᠢᠭ ᠢ ᠨᠡᠩ ᠰᠠᠶᠢᠲᠦᠷ

ᠬᠠᠮᠠᠭᠠᠯᠠᠬᠤ ᠶᠢᠨ ᠲᠦᠯᠦᠬᠡ ᠶᠤᠮ᠂ ᠪᠠᠭ᠎ᠠ ᠴᠢᠭᠢᠭ ᠲᠠᠢ᠂ ᠨᠠᠷᠠᠨ ᠤ ᠲᠤᠰᠤᠯᠳᠠ

ᠪᠠᠭ᠎ᠠ ᠪᠠᠶᠢᠪᠠᠯ ᠰᠠᠶᠢ ᠡᠷᠲᠡᠨ ᠤ ᠨᠣᠮ ᠪᠢᠴᠢᠭ ᠤᠨ ᠬᠠᠳᠠᠭᠠᠯᠠᠬᠤ ᠬᠤᠭᠤᠴᠠᠭ᠎ᠠ ᠶᠢ ᠤᠷᠲᠤᠳᠬᠠᠵᠤ ᠴᠢᠳᠠᠨ᠎ᠠ︾

ᠬᠡᠵᠥ ᠪᠠᠭᠠᠳᠤᠷ ᠡᠷ᠎ᠠ ᠡᠮ᠎ᠠ ᠬᠤᠶᠠᠭᠤᠯᠠ ᠰᠠᠨᠠᠯ ᠨᠢᠭᠡᠳᠠᠢ ᠶᠡᠷᠢᠵᠥ ᠪᠢᠯᠠ᠃

   ᠮᠣᠩᠭᠤᠯ ᠲᠥᠪᠡᠳ ᠰᠤᠷᠪᠤᠯᠵᠢ ᠪᠢᠴᠢᠭ ᠠᠴᠠ ᠭᠠᠳᠠᠨ᠎ᠠ᠂ ᠪᠠᠭᠠᠲᠤᠷ ᠪᠠᠰᠠ ᠲᠠᠩᠰᠠ ᠡᠪᠬᠡᠮᠡᠯ ᠤᠨ ᠲᠤᠯᠭᠤᠷ ᠪᠢᠴᠢᠭ

ᠮᠠᠲ᠋ᠧᠷᠢᠶᠠᠯ ᠬᠠᠲᠠᠭᠠᠯᠠᠲᠠᠭ᠃ ᠡᠳᠡᠭᠡᠷ ᠪᠢᠴᠢᠭ ᠮᠠᠲᠧᠷᠢᠶᠠᠯ ᠡᠷᠳᠡᠮᠲᠡᠨ ᠮᠡᠷᠭᠡᠵᠢᠯᠲᠡᠳ ᠲᠤ ᠠᠪᠴᠤ ᠬᠡᠯᠡᠪᠡᠯ᠂ ᠲᠦᠢᠯ ᠤᠨ

ᠡᠷᠬᠢᠮ ᠨᠠᠨᠳᠢᠨ ᠮᠠᠲ᠋ᠧᠷᠢᠶᠠᠯ ᠪᠣᠯᠬᠤ ᠶᠤᠮ᠃ ᠵᠢᠱᠢᠶᠡᠯᠡᠪᠡᠯ᠂ ᠲᠡᠤᠬᠡᠨ ᠳᠡᠭᠡᠷᠡᠬᠢ ᠵᠠᠷᠢᠮ ᠭᠠᠵᠠᠷ ᠣᠷᠣᠨ ᠤ ᠬᠤᠪᠢᠶᠠᠷᠢᠯᠠᠯ᠂

ᠭᠠᠵᠠᠷ ᠤᠨ ᠨᠡᠷ᠎ᠡ ᠬᠡᠳᠦ ᠤᠳᠠᠭ᠎ᠠ ᠵᠠᠰᠠᠪᠤᠷᠢ ᠣᠷᠣᠭᠤᠯᠤᠬᠰᠠᠨ ᠠᠴᠠ ᠪᠤᠯᠵᠦ ᠤᠤᠯ ᠨᠡᠷ᠎ᠡ ᠶᠢᠨ ᠲᠤᠬᠠᠢ ᠮᠠᠳᠠᠬ ᠲᠠᠢ

ᠵᠦᠢᠯᠠᠰ ᠭᠠᠷᠴᠦ ᠢᠷᠡᠳᠡᠭ᠃ ︽ᠡᠨᠡ ᠦᠶ᠎ᠡ ᠳᠤ ᠲᠤᠬᠠᠢ ᠶᠢᠨ ᠦᠶ᠎ᠡ ᠶᠢᠨ ᠭᠠᠵᠠᠷ ᠤᠨ ᠵᠢᠷᠤᠭ ᠵᠡᠷᠭᠡ ᠶᠢ

ᠦᠵᠡᠭᠰᠡᠭᠡᠷ ᠲᠤᠲᠤᠷᠬᠠᠢ ᠪᠤᠯᠲᠠᠭ ᠪᠤᠯᠬᠤᠷ ᠮᠠᠨ ᠤ ᠡᠨᠡ ᠨᠤᠮ ᠬᠠᠲᠠᠭᠠᠯᠠᠬᠤ ᠭᠠᠵᠠᠷ ᠲᠤ ᠮᠠᠰᠢ ᠤᠯᠠᠨ ᠰᠤᠲᠤᠯᠭᠠᠲᠠᠨ

ᠮᠡᠷᠭᠡᠵᠢᠯᠳᠡᠳ ᠢᠷᠡᠵᠦ ᠯᠠᠪᠯᠠᠯᠲᠠ ᠪᠤᠯᠭᠠᠵᠦ ᠪᠠᠶᠢᠬᠰᠠᠨ︾ ᠬᠡᠵᠦ ᠪᠠᠭᠠᠳᠤᠷ ᠶᠠᠷᠢᠵᠤ ᠪᠠᠶᠢᠪᠠ᠃

ᠲᠡᠬᠦᠨ ᠤ ᠨᠤᠮ ᠬᠠᠲᠠᠭᠠᠯᠠᠬᠤ ᠭᠠᠵᠠᠷ ᠤᠨ ᠬᠠᠭᠤᠴᠢ ᠮᠠᠲ᠋ᠧᠷᠢᠶᠠᠯ ᠢ ᠨᠠᠷᠢᠪᠴᠢᠯᠠᠨ ᠰᠢᠨᠵᠢᠪᠡᠯ᠂ ᠪᠦᠬᠦ ᠤᠯᠤᠰ ᠤᠨ ᠡᠯ᠎ᠡ

ᠭᠠᠵᠠᠷ ᠤᠨ ᠭᠠᠵᠠᠷ ᠤᠨ ᠵᠢᠷᠤᠭ ᠪᠠ ᠲᠡᠬᠦᠨ ᠤ ᠤᠤᠯ ᠡᠬᠢ᠂ ᠵᠠᠰᠠᠭ ᠤᠨ ᠣᠷᠳᠣᠨ ᠤ ᠲᠠᠮᠠᠭ᠎ᠠ᠂ ᠡᠯ᠎ᠡ

ᠭᠠᠵᠠᠷ ᠡᠯ᠎ᠡ ᠱᠠᠲᠤᠨ ᠤ ᠠᠯᠪᠠᠨ ᠪᠢᠴᠢᠭ᠂ ᠶᠡᠭᠡ ᠰᠤᠷᠭᠠᠭᠤᠯᠢ ᠳᠤ ᠡᠯᠰᠡᠭᠰᠡᠨ ᠮᠡᠳᠡᠭᠳᠡᠯ ᠤᠨ ᠪᠢᠴᠢᠭ᠂ ᠬᠤᠳᠠ ᠶᠢᠨ

ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠵᠢᠷᠤᠭ᠂ ᠭᠠᠵᠠᠷ ᠰᠢᠷᠣᠢ ᠭᠡᠷ

ᠬᠦᠷᠦᠩᠭᠡ ᠶᠢᠨ ᠥᠮᠴᠢᠯᠡᠯ ᠤᠨ ᠦᠨᠡᠮᠯᠡᠯ᠂ ᠬᠠᠭᠤᠴᠢᠨ ᠭᠡᠷᠡᠯ ᠵᠢᠷᠤᠭ᠂ ᠵᠠᠬᠢᠳᠠᠯ ᠤᠨ ᠴᠠᠭᠠᠰᠤ᠂

ᠵᠠᠬᠢᠳᠠᠯ ᠤᠨ ᠳᠤᠭᠲᠤᠢ᠂ ᠬᠠᠳᠠᠭᠠᠯᠠᠮᠵᠢ ᠶᠢᠨ ᠳᠡᠪᠲᠡᠷ᠂ ᠠᠷᠢᠬᠢ ᠲᠠᠮᠠᠬᠢᠨ ᠤ ᠬᠠᠶᠢᠷᠴᠠᠭ ᠵᠡᠷᠭᠡ ᠤᠯᠠᠨ ᠵᠦᠢᠯᠡᠰ ᠬᠠᠳᠠᠭᠠᠯᠠᠬᠳᠠᠵᠥ᠂

ᠡᠷᠳᠡᠮᠳᠡᠨ ᠰᠤᠲᠤᠯᠭᠠᠲᠠᠳ ᠲᠤ ᠰᠤᠲᠤᠯᠭᠠᠨ ᠤ ᠪᠠᠷᠢᠮᠲᠠ ᠪᠤᠯᠤᠮᠠᠷ ᠨᠤᠮ ᠰᠤᠲᠤᠷ ᠪᠠᠶᠢᠬᠤ ᠠᠴᠠ ᠭᠠᠲᠠᠨ᠎ᠠ᠂ ᠨᠢᠮᠪᠠᠶᠢᠯᠠᠨ

ᠬᠠᠲᠠᠭᠠᠯᠠᠵᠦ ᠪᠠᠶᠢᠭ᠎ᠠ ᠲᠡᠦᠭᠡ ᠶᠢᠨ ᠬᠠᠭᠤᠴᠢᠨ ᠪᠤᠲᠠᠰ ᠨᠢ ᠤᠯᠤᠰ ᠬᠦᠷᠦᠨ ᠤ ᠬᠦᠭᠵᠢᠯ ᠲᠠᠪᠰᠢᠯᠲᠠ᠂

ᠨᠡᠶᠢᠬᠡᠮ ᠤᠨ ᠤᠯᠠᠷᠢᠯ ᠬᠤᠪᠢᠷᠠᠯᠲᠠ ᠶᠢᠨ ᠠᠮᠢᠲᠤ ᠭᠡᠷᠡᠴᠢ ᠪᠤᠯᠵᠦ ᠪᠠᠶᠢᠲᠠᠭ᠃

   ᠪᠠᠭᠠᠳᠤᠷ ᠭᠤᠸᠠᠢ ᠡᠪᠦᠭᠡ ᠲᠡᠭᠡᠳᠦᠰ ᠠᠴᠠ ᠪᠠᠨ ᠤᠯᠠᠮᠵᠢᠯᠠᠵᠤ ᠢᠷᠡᠭᠰᠡᠨ ᠡᠷᠳᠡᠨ ᠤ ᠨᠤᠮ ᠰᠤᠳᠤᠷ ᠢ ᠦᠪᠯᠡᠨ

ᠬᠠᠳᠠᠭᠠᠯᠠᠬᠤ ᠶᠢᠨ ᠵᠡᠷᠭᠡ ᠪᠠᠷ ᠨᠤᠮ ᠰᠤᠲᠤᠷ ᠢ ᠦᠷᠭᠡᠨ ᠢᠶᠠᠷ ᠴᠤᠭᠯᠠᠭᠤᠯᠵᠦ ᠦᠷ᠎ᠡ

ᠬᠤᠶᠢᠴᠢᠰ ᠲᠠᠭᠠᠨ ᠦᠪᠯᠡᠬᠦᠯᠦᠨ ᠤᠯᠠᠮᠵᠢᠯᠠᠭᠤᠯᠤᠨ᠎ᠠ ᠬᠡᠮᠡᠬᠦ‍ ᠨᠢᠬᠡ ᠯᠡ ᠵᠤᠷᠢᠭ ᠢᠶᠠᠷ

ᠮᠤᠩᠭᠤᠯ ᠲᠦᠪᠡᠳ ᠨᠤᠮ ᠰᠤᠲᠤᠷ ᠤᠨ ᠬᠠᠳᠠᠭᠠᠯᠠᠮᠵᠢ ᠪᠠᠨ ᠲᠠᠰᠤᠷᠠᠯᠳᠠ ᠦᠭᠡᠢ ᠲᠡᠯᠡᠵᠦ ᠦᠨᠦᠳᠤᠷ᠂

ᠤᠯᠠᠭᠠᠨᠴᠠᠪ ᠴᠠᠭᠠᠰᠢᠯᠠᠭᠠᠳ ᠪᠦᠬᠦ ᠤᠷᠤᠨ ᠳᠤ ᠴᠤ ᠨᠠᠷ᠎ᠠ ᠨᠥᠯᠥᠭᠡ ᠲᠠᠢ ᠪᠤᠯᠵᠠᠢ᠂ ᠪᠠᠭᠠᠲᠦᠷ ᠤᠨ

ᠡᠨᠡ ᠬᠦ ᠤᠷᠤᠯᠲᠤᠯᠭ᠎ᠠ ᠴᠢᠷᠮᠠᠶᠢᠯᠭ᠎ᠠ ᠠᠴᠠ ᠪᠤᠯᠵᠦ ᠮᠤᠩᠭᠤᠯ ᠲᠦᠪᠡᠳ ᠰᠤᠷᠪᠤᠯᠵᠢ ᠪᠢᠴᠢᠭ᠂ ᠬᠠᠭᠤᠴᠢᠨ ᠤ ᠡᠳ᠋

ᠪᠤᠲᠠᠰ ᠨᠢ ᠰᠤᠶᠤᠯ ᠤᠨ ᠦᠨ᠎ᠡ ᠴᠡᠨ᠎ᠡ ᠪᠠᠨ ᠤᠯᠠᠮ ᠪᠠᠲᠠᠷᠠᠭᠤᠯᠬᠤ ᠨᠢ ᠯᠠᠪᠲᠠᠢ᠃

 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号