ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ  ᠡᠬᠡ ᠬᠦᠤ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ  ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠦᠷᠭᠦᠯᠵᠢᠯᠡᠭᠦᠯᠬᠦ ᠪᠠᠷ ᠲᠣᠭᠲᠠᠭᠠᠪᠠ
ᠨᠡᠶᠢᠲᠡᠯᠡᠭᠰᠡᠨ ᠴᠠᠭ᠄
2020/12/24
︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠪᠠ
︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ
︵ᠵᠠᠰᠠᠪᠤᠷᠢ ᠣᠷᠣᠭᠤᠯᠤᠭᠰᠠᠨ ᠲᠥᠰᠦᠯ︾᠎ ᠢ ᠪᠠᠲᠤᠯᠠᠪᠠ     ᠲᠥᠷᠥ ᠶᠢᠨ ᠶᠠᠪᠤᠳᠠᠯ ᠤᠨ ᠬᠤᠷᠢᠶᠠᠨ ᠤ
ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 21᠎ ᠤ ᠡᠳᠦᠷ ᠲᠥᠷᠥ ᠶᠢᠨ ᠶᠠᠪᠤᠳᠠᠯ ᠤᠨ
ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠭᠡᠮᠡᠯ ᠬᠠᠷᠠᠭᠠᠯᠵᠠᠯᠲᠤ ᠵᠢᠵᠢᠭ
ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ
ᠲᠥᠷᠥ ᠶᠢᠨ ᠪᠣᠳᠣᠯᠭ᠎ᠠ ᠪᠣᠯᠣᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠥᠷᠭᠦᠯᠵᠢᠯᠡᠭᠦᠯᠬᠦ ᠪᠠᠷ ᠲᠣᠭᠲᠠᠭᠠᠵᠤ᠂
︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾ ᠪᠠ
︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠦᠷᠢᠮ
︵ᠵᠠᠰᠠᠪᠤᠷᠢ ᠣᠷᠣᠭᠤᠯᠤᠭᠰᠠᠨ ᠲᠥᠰᠦᠯ︶︾᠎ ᠢ ᠪᠠᠲᠤᠯᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂
ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠪᠣᠳᠠᠲᠤ
ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠬᠦ᠂
ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠤᠭᠤᠯᠬᠤ ᠶᠢᠨ ᠲᠥᠯᠥᠭᠡ᠂
ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠭᠤᠰ ᠤᠨ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠬᠦ ᠬᠤᠶᠠᠷ ᠠᠷᠭ᠎ᠠ ᠶᠢ
ᠨᠡᠶᠢᠲᠡᠯᠡᠪᠡ᠄ ᠲᠣᠬᠠᠶᠢᠯᠠᠪᠠᠯ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠲᠦᠭᠡᠮᠡᠯ
ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ
ᠪᠤᠴᠠᠭᠠᠬᠤ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ ᠬᠡᠷᠡᠭᠵᠢᠭᠦᠯᠬᠦ ᠳᠤ ᠵᠣᠬᠢᠬᠤ
ᠬᠡᠮᠵᠢᠶᠡᠨ ᠤ ᠤᠷᠮᠠᠰᠢᠭᠤᠯᠤᠯ ᠣᠯᠭᠤᠬᠤ ᠪᠠ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ
ᠪᠠᠩᠬᠢ ᠠᠴᠠ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ
ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠣᠯᠣᠨ᠎ᠠ᠃ ᠡᠨᠡᠬᠦ ᠲᠥᠷᠥ ᠶᠢᠨ
ᠪᠣᠳᠣᠯᠭ᠎ᠠ ᠶᠢᠨ ᠬᠡᠷᠡᠭᠵᠢᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ 310 ᠭᠠᠷᠤᠶ ᠲᠦᠮᠡᠨ ᠡᠷᠦᠬᠡ ᠵᠢᠵᠢᠭ ᠪᠢᠴᠢᠯ ᠠᠵᠤ
ᠠᠬᠤᠶᠢᠯᠠᠯ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠬᠤ᠂
ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠳᠤ ᠢᠳᠡᠪᠬᠢᠲᠡᠶ
ᠦᠢᠯᠡᠳᠦᠯ ᠦᠵᠡᠭᠦᠯᠪᠡ᠃ ᠣᠳᠣᠬᠠᠨ ᠳᠤ ᠠᠵᠤ ᠠᠬᠤᠶ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠤ ᠪᠠᠨ ᠣᠷᠣᠵᠤ ᠪᠠᠶᠢᠭ᠎ᠠ
ᠪᠣᠯᠪᠠᠴᠤ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ
ᠣᠨᠴᠠᠭᠠᠢ ᠬᠦᠴᠢᠷᠳᠡᠯ ᠢ ᠮᠥᠨ ᠬᠦ ᠬᠠᠪᠰᠤᠷᠤᠨ ᠲᠡᠳᠬᠦᠬᠦ ᠴᠢᠬᠤᠯᠠᠲᠠᠶ ᠪᠠᠶᠢᠨ᠎ᠠ᠃ ᠲᠥᠪ ᠤᠨ ᠠᠵᠤ ᠠᠬᠤᠢ ᠶᠢᠨ
ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠶ
ᠵᠣᠬᠢᠰᠲᠠᠶ ᠣᠷᠣᠨ ᠵᠠᠢ ᠲᠠᠢ ᠪᠠᠶᠢᠯᠭᠠᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠥᠷᠭᠦᠯᠵᠢᠯᠡᠯᠲᠦ ᠴᠢᠨᠠᠷ᠂
ᠲᠣᠭᠲᠠᠪᠤᠷᠢᠲᠤ ᠴᠢᠨᠠᠷ ᠪᠣᠯᠤᠨ ᠥᠷᠭᠦᠯᠵᠢᠯᠡᠭᠦ᠋ᠢᠴᠡ ᠴᠢᠨᠠᠷ ᠢ ᠪᠠᠲᠤᠯᠠᠨ᠂ ᠲᠥᠷᠥ ᠶᠢᠨ ᠪᠣᠳᠣᠯᠭ᠎ᠠ ᠶᠢ ᠥᠷᠭᠦᠯᠵᠢᠯᠡᠭᠦᠯᠬᠦ ᠪᠠ ᠵᠦᠶ
ᠵᠣᠬᠢᠰᠲᠠᠶ ᠲᠣᠬᠢᠷᠠᠭᠤᠯᠬᠤ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂
ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ ᠪᠠᠶᠢᠨ᠎ᠠ᠃     ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂
ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠤᠤᠯ ᠤᠨ ᠲᠣᠭᠲᠠᠭᠠᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ
ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ
ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠡᠨᠡᠬᠦ ᠰᠠᠭᠤᠷᠢᠨ ᠳᠡᠭᠡᠷ᠎ᠡ
ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ ᠵᠣᠬᠢᠰᠲᠠᠶ ᠤᠷᠳᠤᠳᠬᠠᠨ᠂ ᠵᠠᠬ᠎ᠠ ᠳᠡᠯᠭᠡᠭᠦᠷᠴᠢᠯᠡᠬᠦ ᠵᠠᠷᠴᠢᠮ ᠤᠨ
ᠶᠣᠰᠣᠭᠠᠷ ᠤᠷᠲᠤᠳᠬᠠᠪᠠᠰᠤ ᠵᠣᠬᠢᠬᠤ ᠪᠦᠬᠦᠨ ᠢ ᠤᠷᠲᠤᠳᠬᠠᠵᠤ᠂ ᠪᠠᠩᠬᠢ ᠪᠣᠯᠤᠨ ᠠᠵᠤ ᠠᠬᠤᠶᠢᠯᠠᠯ ᠡᠵᠡᠨ
ᠮᠡᠳᠡᠨ ᠵᠥᠪᠳᠡᠯᠴᠡᠵᠦ ᠲᠣᠭᠲᠠᠭᠠᠬᠤ ᠬᠡᠷᠡᠭᠲᠡᠶ᠃ ᠵᠢᠭᠡᠯᠡᠯᠭᠡ ᠶᠢᠨ ᠡᠬᠡ ᠬᠦᠦ ᠮᠥᠩᠭᠦ ᠶᠢ ᠨᠢ ᠪᠤᠴᠠᠭᠠᠬᠤ ᠶᠢ
ᠬᠤᠶᠢᠰᠢᠯᠠᠭᠤᠯᠤᠭᠰᠠᠨ ᠮᠥᠷᠲᠡᠭᠡᠨ ᠬᠤᠭᠤᠴᠠᠭ᠎ᠠ ᠨᠢ 6 ᠰᠠᠷ᠎ᠠ ᠠᠴᠠ ᠳᠡᠭᠡᠭᠰᠢ ᠪᠠᠶᠢᠬᠤ
ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠵᠢᠭᠡᠯᠡᠯᠭᠡ ᠶᠢᠨ ᠡᠬᠡ ᠮᠥᠩᠭᠦ ᠶᠢᠨ 1%᠎ ᠪᠠᠷ ᠦᠷᠭᠦᠯᠵᠢᠯᠡᠨ
ᠤᠷᠮᠠᠰᠢᠭᠤᠯᠬᠤ ᠬᠡᠷᠡᠭᠲᠡᠶ᠃ ᠬᠤᠶᠠᠷ ᠲᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ
ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ
ᠬᠤᠭᠤᠴᠠᠭ᠎ᠠ ᠶᠢᠨ ᠡᠨᠡ ᠵᠢᠯ ᠤᠨ ᠡᠴᠦᠰ ᠠᠴᠠ ᠵᠣᠬᠢᠰᠲᠠᠶ ᠤᠷᠲᠤᠳᠬᠠᠬᠤ ᠬᠡᠷᠡᠭᠲᠡᠢ᠃
ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ
ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠪᠠᠯ᠂ ᠵᠢᠭᠡᠯᠡᠯᠭᠡ ᠶᠢᠨ ᠡᠬᠡ ᠮᠥᠩᠭᠦ ᠶᠢᠨ 40%᠎ ᠪᠠᠷ
ᠦᠷᠭᠦᠯᠵᠢᠯᠡᠨ ᠬᠠᠷᠠᠭᠠᠯᠵᠠᠯᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠳᠡᠭᠡᠷ᠎ᠡ
ᠳᠤᠷᠠᠳᠤᠭᠰᠠᠨ ᠵᠣᠭᠤᠰ ᠤᠨ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠬᠦ ᠠᠷᠭ᠎ᠠ ᠶᠢ ᠰᠠᠶᠢᠲᠤᠷ
ᠬᠡᠷᠡᠭᠵᠢᠭᠦᠯᠬᠦ ᠪᠠ ᠵᠣᠬᠢᠰᠲᠠᠶ ᠤᠷᠲᠤᠳᠬᠠᠬᠤ ᠶᠠᠪᠤᠳᠠᠯ ᠨᠢ᠂ ᠵᠢᠵᠢᠭ ᠪᠢᠴᠢᠯ ᠠᠵᠤ ᠠᠬᠤᠶᠢᠯᠠᠯ ᠢ
ᠬᠠᠪᠰᠤᠷᠤᠨ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ ᠬᠤᠪᠢᠷᠠᠯᠲᠠ ᠶᠢ ᠨᠡᠩ
ᠰᠠᠶᠢᠲᠤᠷ ᠠᠷᠭᠠᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠰᠡᠷᠭᠦᠯᠲᠡ ᠶᠢ ᠪᠡᠶᠡᠯᠡᠭᠦᠯᠬᠦ ᠳᠤ
ᠠᠰᠢᠭᠲᠠᠶ ᠶᠤᠮ᠃     ᠬᠤᠷᠠᠯ ᠠᠴᠠ ᠴᠢᠬᠤᠯᠠᠴᠢᠯᠠᠭᠰᠠᠨ ᠨᠢ᠂ ᠬᠠᠣᠯᠢ ᠪᠠᠷ ᠵᠠᠰᠠᠬᠤ ᠠᠷᠭ᠎ᠠ ᠪᠠᠷ ᠴᠢᠬᠤᠯᠠ
ᠪᠦᠬᠦᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂
ᠣᠯᠠᠨ ᠲᠦᠮᠡᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠡᠢ᠃ ᠬᠤᠷᠠᠯ ᠠᠴᠠ ︽ᠬᠠᠤᠯᠢ ᠪᠤᠰᠤ ᠪᠠᠷ
ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ᠲᠥᠰᠦᠯ︶︾᠎ ᠢ ᠪᠠᠲᠤᠯᠠᠵᠤ᠂ ᠮᠤᠵᠢ ᠶᠢᠨ
ᠱᠠᠲᠤᠨ ᠤ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠠᠤᠯᠢ ᠪᠤᠰᠤ ᠪᠡᠯᠡ
ᠴᠤᠭᠯᠠᠭᠤᠯᠬᠤ ᠠᠵᠢᠯ ᠢ ᠰᠡᠷᠭᠡᠶᠢᠯᠡᠬᠦ ᠪᠠ ᠰᠢᠢᠳᠪᠦᠷᠢᠯᠡᠬᠦ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ
ᠬᠡᠷᠡᠭᠲᠡᠢ ᠭᠡᠵᠦ ᠲᠣᠭᠲᠠᠭᠠᠭᠰᠠᠨ ᠪᠦᠭᠡᠳ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂
ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ
ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯ᠂ ᠢᠨᠲ᠋ᠧᠷ
ᠰᠦᠯᠵᠢᠶᠡᠨ ᠤ ᠬᠠᠮᠢᠶᠠᠷᠤᠯᠲᠠ᠂ ᠵᠠᠷ ᠮᠡᠳᠡᠭᠡ ᠪᠠ ᠪᠡᠯᠡ ᠮᠥᠩᠭᠦ ᠶᠢᠨ ᠬᠢᠨᠠᠨ ᠬᠡᠮᠵᠢᠯᠲᠡ
ᠵᠡᠷᠭᠡ ᠲᠠᠯ᠎ᠠ ᠪᠠᠷ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠲᠣᠷᠬᠠᠶᠢᠯᠠᠵᠤ᠂ ᠪᠠᠶᠢᠴᠠᠭᠠᠨ ᠰᠢᠢᠳᠪᠦᠷᠢᠯᠡᠬᠦ
ᠶᠠᠪᠤᠴᠠ ᠳᠠᠬᠢ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠨ
ᠬᠠᠮᠢᠶᠠᠷᠴᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠠᠢ᠃ ᠲᠥᠰᠦᠯ ᠳᠤ ᠬᠠᠤᠯᠢ ᠪᠤᠰᠤ ᠪᠠᠷ ᠪᠡᠯᠡ
ᠴᠤᠭᠯᠠᠭᠤᠯᠤᠭᠰᠠᠨ ᠵᠠᠰᠠᠭ ᠵᠠᠬᠢᠷᠭᠠᠨ᠂ ᠡᠷᠡᠭᠦᠤ ᠶᠢᠨ ᠬᠠᠷᠢᠭᠤᠴᠠᠯᠭ᠎ᠠ ᠪᠠ ᠪᠡᠯᠡ ᠮᠥᠩᠭᠦ ᠶᠢ
ᠢᠯᠭᠠᠷᠠᠭᠤᠯᠤᠨ ᠪᠤᠴᠠᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠭᠰᠠᠳ ᠤᠨ
ᠬᠠᠷᠢᠭᠤᠴᠠᠪᠠᠰᠤ ᠵᠣᠬᠢᠬᠤ ᠦᠷ᠎ᠡ ᠳ᠋ᠦᠩ ᠵᠡᠷᠭᠡ ᠶᠢᠨ ᠲᠠᠯ᠎ᠠ ᠪᠠᠷ ᠴᠢᠩᠭ᠎ᠠ ᠲᠣᠭᠲᠠᠭᠠᠯ ᠭᠠᠷᠭᠠᠵᠠᠶ᠃
ᠲᠥᠰᠦᠯ ᠳᠤ ᠪᠠᠰᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ
ᠪᠠᠶᠢᠭᠤᠯᠤᠮᠵᠢ ᠨᠤᠭᠤᠳ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ
ᠰᠡᠷᠭᠡᠶᠢᠯᠡᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠢᠨ ᠤ ᠬᠠᠤᠯᠢ
ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ
ᠬᠡᠷᠡᠭᠲᠡᠢ ᠭᠡᠵᠦ ᠲᠣᠭᠲᠠᠭᠠᠵᠠᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮᠴᠢᠯᠡᠭᠡᠨ ᠤ ᠪᠠᠭᠠᠵᠢ
ᠬᠡᠷᠡᠭᠰᠡᠯ ᠨᠢ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ
ᠲᠦᠪᠰᠢᠨ ᠲᠠᠢ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠬᠠᠮᠤᠭ ᠤᠨ ᠴᠢᠩᠭ᠎ᠠ ᠬᠢᠨᠠᠯᠲᠠ
ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠡᠮᠴᠢᠯᠡᠭᠡᠨ ᠤ ᠪᠠᠭᠠᠵᠢ
ᠬᠡᠷᠡᠭᠰᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ
ᠲᠥᠰᠦᠯ︶︾᠎ ᠢ ᠪᠠᠲᠤᠯᠠᠵᠤ᠂ ᠠᠵᠤ ᠠᠬᠤᠶᠢᠯᠠᠯ᠂ ᠰᠤᠳᠤᠯᠤᠨ ᠦᠢᠯᠡᠳᠬᠦ ᠪᠠᠶᠢᠭᠤᠯᠤᠮᠵᠢ ᠶᠢᠨ ᠡᠮᠴᠢᠯᠡᠭᠡᠨ ᠤ ᠪᠠᠭᠠᠵᠢ
ᠬᠡᠷᠡᠭᠰᠡᠯ ᠤᠨ ᠠᠮᠤᠷ ᠲᠥᠪᠰᠢᠨ ᠴᠢᠨᠠᠷ ᠪᠣᠯᠣᠨ ᠦᠷ᠎ᠡ ᠪᠦᠳᠦᠮᠵᠢᠳᠦ ᠴᠢᠨᠠᠷ ᠲᠤ ᠬᠠᠷᠢᠭᠤᠴᠠᠬᠤ ᠬᠠᠷᠢᠭᠤᠴᠠᠯᠭ᠎ᠠ ᠶᠢ ᠴᠢᠩᠭᠠᠳᠬᠠᠵᠤ᠂
ᠬᠢᠨᠠᠨ ᠵᠥᠪᠰᠢᠶᠡᠷᠡᠯ᠂ ᠳᠠᠩᠰᠠᠯᠠᠭᠤᠯᠬᠤ ᠳᠡᠰ ᠳᠠᠷᠠᠭᠠᠯᠠᠯ ᠢ ᠲᠤᠲᠤᠷᠬᠠᠶᠢᠯᠠᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂
ᠦᠢᠯᠡᠳᠬᠦᠨ ᠤ ᠴᠤᠷ ᠤᠨ ᠭᠠᠭᠴᠠ ᠢᠯᠭᠠᠬᠤ ᠲᠡᠮᠳᠡᠭ ᠢ ᠮᠥᠷᠳᠡᠨ ᠪᠠᠶᠢᠴᠠᠭᠠᠬᠤ ᠵᠡᠷᠭᠡ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠡᠮᠡᠵᠦ᠂
ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠭᠡᠬᠦ ᠡᠷᠴᠢᠮ ᠢ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠳᠤ
ᠬᠤᠯᠪᠣᠭᠳᠠᠭᠰᠠᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠬᠤ
ᠵᠣᠭᠤᠰᠣᠨ ᠤ ᠲᠤᠭ᠎ᠠ ᠶᠢ ᠶᠡᠬᠡᠪᠡᠷ ᠨᠡᠮᠡᠭᠳᠡᠭᠦᠯᠦᠨ᠂ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠨᠢᠭᠡᠴᠢ ᠵᠢᠴᠢ
ᠬᠠᠷᠢᠭᠤᠴᠠᠯᠭᠠᠲᠠᠨ ᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ
ᠠᠪᠴᠤ ᠬᠦᠴᠦᠨ ᠦᠭᠡᠢ ᠪᠣᠯᠭᠠᠬᠤ ᠪᠠ ᠠᠵᠢᠯ ᠲᠦᠷᠦᠯ ᠪᠣᠯᠣᠨ ᠵᠠᠬ᠎ᠠ ᠳᠡᠯᠭᠡᠭᠦᠷ ᠲᠤ ᠣᠷᠣᠬᠤ ᠶᠢ ᠨᠢ ᠴᠠᠭᠠᠵᠠᠯᠠᠬᠤ
ᠵᠡᠷᠭᠡ ᠴᠢᠩᠭ᠎ᠠ ᠰᠢᠢᠳᠬᠡᠯ ᠥᠭᠴᠦ᠂ ᠶᠠᠯᠠᠲᠤ ᠠᠵᠢᠯᠯᠠᠭ᠎ᠠ ᠳᠤ ᠬᠤᠯᠪᠣᠭᠳᠠᠪᠠᠯ ᠬᠠᠤᠯᠢ ᠶᠣᠰᠣᠭᠠᠷ ᠡᠷᠡᠭᠦᠤ ᠶᠢᠨ
ᠬᠠᠷᠢᠭᠤᠴᠠᠯᠭ᠎ᠠ ᠨᠡᠬᠡᠮᠵᠢᠯᠡᠬᠦ ᠪᠠᠷ ᠪᠣᠯᠵᠠᠢ᠃     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄            
 
 
ᠬᠠᠮᠢᠶ᠎ᠠ ᠪᠥᠬᠦᠢ ᠰᠤᠨᠢᠨ
 
                                   : 010098    蒙ICP备05000248号